ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠵᠠᠰᠠᠭ ᠤᠨ ᠪᠠᠶᠢᠴᠠᠭᠠᠯᠳᠠ ᠶᠢᠨ ᠪᠦᠯᠬᠦᠮ ᠨᠢ ᠲᠤᠯᠤᠨᠨᠠᠭᠤᠷ ᠰᠢᠶᠠᠨ᠂ ᠲᠠᠶᠢᠹᠤᠰᠧ ᠬᠤᠰᠢᠭᠤᠨ ᠳᠤ ᠬᠦᠷᠴᠦ ᠪᠠᠶᠢᠴᠠᠭᠠᠨ ᠰᠤᠷᠤᠯᠴᠠᠪᠠ
ᠨᠡᠶᠢᠲᠡᠯᠡᠭᠰᠡᠨ ᠴᠠᠭ᠄
2018-07-03
       ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠵᠠᠰᠠᠭ ᠤᠨ ᠪᠠᠶᠢᠴᠠᠭᠠᠯᠳᠠ ᠶᠢᠨ ᠪᠦᠯᠬᠦᠮ ᠨᠢ            ᠲᠤᠯᠤᠨᠨᠠᠭᠤᠷ ᠰᠢᠶᠠᠨ᠂ ᠲᠠᠶᠢᠹᠤᠰᠧ ᠬᠤᠰᠢᠭᠤᠨ ᠳᠤ ᠬᠦᠷᠴᠦ ᠪᠠᠶᠢᠴᠠᠭᠠᠨ ᠰᠤᠷᠤᠯᠴᠠᠪᠠ        ᠤᠶᠢᠷ᠎ᠠ ᠶᠢᠨ ᠡᠳᠦᠷ᠂ ᠲᠡᠷᠢᠬᠦᠨ ᠤ ᠬᠤᠰᠢᠭᠤ ᠰᠢᠶᠠᠨ ᠤ ᠴᠢᠨᠠᠷᠯᠢᠭ ᠬᠦᠭᠵᠢᠯᠳᠡ ᠶᠢ ᠠᠬᠢᠭᠤᠯᠬᠤ ᠲᠦᠷᠦᠯ ᠵᠤᠶᠢᠯ ᠤᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠰᠤᠷᠤᠯᠴᠠᠨ ᠠᠰᠢᠬᠯᠠᠵᠦ᠂ ᠠᠵᠢᠯ ᠤᠨ ᠰᠡᠳᠬᠢᠴᠠ ᠪᠠᠨ ᠤᠯᠠᠮ ᠦᠷᠬᠡᠳᠬᠡᠬᠦ ᠶᠢᠨ ᠲᠦᠯᠦᠭᠡ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠲᠡᠯᠭᠡᠷᠴᠤᠬᠳᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠲᠡᠳ᠋ ᠬᠤᠰᠢᠭᠤ ᠲᠠᠷᠤᠭ᠎ᠠ ᠡᠷᠳᠡᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ ᠵᠤᠷᠢᠬᠳᠦ᠂ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠵᠸᠦ ᠰᠢᠶᠠᠨ ᠵᠢᠶᠦ᠋ᠨ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠯᠢᠦ ᠶᠦᠨ ᠨᠠᠷ ᠲᠤᠯᠤᠨᠨᠠᠭᠤᠷ ᠰᠢᠶᠠᠨ ᠪᠠ ᠲᠠᠶᠢᠹᠤᠰᠧ ᠬᠤᠰᠢᠭᠤᠨ ᠳᠤ ᠬᠦᠷᠴᠦ᠂ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠤᠯᠪᠤᠭᠳᠠᠯ ᠪᠦᠬᠦᠢ ᠠᠵᠦ ᠦᠢᠯᠡᠰ ᠪᠠ ᠲᠦᠷᠦᠯ ᠵᠤᠶᠢᠯ ᠤᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠷᠤᠯᠴᠠᠵᠦ᠂ ᠬᠤᠰᠢᠭᠤ ᠦᠬᠡᠷᠡᠴᠢᠯᠡᠯᠳᠡ ᠬᠦᠭᠵᠢᠬᠦᠯᠦᠯᠳᠡ᠂ ᠡᠳ᠋ ᠤᠨ ᠵᠠᠰᠠᠭ᠂ ᠠᠵᠦ ᠠᠬᠤᠢ ᠰᠤᠷᠠᠭ ᠵᠠᠩᠬᠢᠴᠢᠯᠠᠯᠳᠠ᠂ ᠮᠠᠯ ᠲᠠᠷᠢᠶᠠᠯᠠᠩ᠂ ᠤᠷᠤᠨ ᠰᠠᠭᠤᠴᠠ ᠶᠢᠨ ᠪᠠᠶᠢᠭᠤᠯᠤᠯᠳᠠ᠂ ᠶᠠᠳᠠᠭᠤ ᠶᠢ ᠲᠡᠳᠬᠦᠬᠦ᠂ ᠠᠷᠠᠯᠵᠢᠶᠠᠴᠢᠨ ᠤᠷᠢᠬᠤ᠂ ᠠᠵᠦ ᠦᠢᠯᠡᠳᠪᠦᠷᠢ ᠶᠢᠨ ᠲᠤᠭᠤᠷᠢᠭ ᠤᠨ ᠠᠯᠪᠠᠨ ᠭᠡᠷ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠠᠭᠠᠵᠦ ᠪᠠᠶᠢᠴᠠᠭᠠᠪᠠ᠃ ᠲᠤᠯᠤᠨᠨᠠᠭᠤᠷ ᠰᠢᠶᠠᠨ᠂ ᠲᠠᠶᠢᠹᠤᠰᠧ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠪᠠᠷ᠎ᠠ ᠪᠤᠯᠵᠦ᠂ ᠲᠤᠬᠠᠢ ᠶᠢᠨ ᠭᠠᠵᠠᠷ ᠤᠨ ᠤᠨᠴᠠᠯᠢᠬᠳᠦ ᠠᠵᠦ ᠦᠢᠯᠡᠰ ᠤᠨ ᠬᠦᠭᠵᠢᠯᠳᠡ ᠪᠠ ᠭᠤᠤᠯᠳᠠᠯᠭ᠎ᠠ ᠲᠠᠢ ᠲᠦᠷᠦᠯ ᠵᠤᠶᠢᠯ ᠤᠨ ᠪᠠᠶᠢᠭᠤᠯᠤᠯᠳᠠ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃
       ᠲᠤᠯᠤᠨᠨᠠᠭᠤᠷ ᠰᠢᠶᠠᠨ ᠳᠤ᠂ ᠪᠠᠶᠢᠴᠠᠭᠠᠯᠳᠠ ᠶᠢᠨ ᠲᠤᠭᠤᠶᠢᠯᠠᠩ ᠨᠢ ᠰᠢᠨ ᠭᠠᠩ ᠲᠤᠮᠳᠠ ᠪᠠᠭ᠎ᠠ ᠵᠢᠵᠢᠭ ᠠᠵᠦ ᠠᠬᠤᠶᠢᠯᠠᠯ ᠢ ᠪᠤᠶᠢᠵᠢᠭᠤᠯᠬᠤ ᠬᠦᠷᠢᠶᠡᠯᠡᠩ ᠲᠤᠭᠤᠷᠢᠭ᠂ ᠪᠸᠢ ᠼᠦᠨ ᠪᠠᠶᠢᠭᠠᠯᠢᠯᠢᠭ ᠤᠷᠭᠠᠨᠢᠭ ᠢᠳᠡᠰᠢᠨ ᠨᠤᠭᠤᠭ᠎ᠠ ᠲᠠᠷᠢᠬᠤ ᠰᠠᠭᠤᠷᠢᠨ ᠭᠠᠵᠠᠷ᠂ ᠱᠧᠩ ᠱᠢ ᠰᠢᠩ ᠴᠧᠩ ᠨᠤᠤᠷᠬᠠᠢ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠳᠠ ᠶᠢᠨ ᠲᠦᠪᠯᠡᠷᠡᠬᠦᠯᠦᠨ ᠲᠦᠪᠬᠢᠨᠡᠬᠦᠯᠬᠦ ᠲᠦᠷᠦᠯ ᠵᠤᠶᠢᠯ᠂ ᠾᠦᠢ ᠽᠦᠩ ᠰᠦᠮ᠎ᠡ ᠶᠢᠨ ᠰᠤᠶᠤᠯ ᠤᠨ ᠲᠤᠭᠤᠷᠢᠭ ᠢ ᠰᠠᠯᠪᠢᠨ ᠵᠠᠰᠠᠬᠤ ᠲᠦᠷᠦᠯ ᠵᠤᠶᠢᠯ ᠢ ᠲᠤᠭᠤᠷᠢᠨ ᠦᠵᠡᠪᠡ᠃        ᠲᠠᠶᠢᠹᠤᠰᠧ ᠬᠤᠰᠢᠭᠤᠨ ᠳᠤ᠂ ᠪᠠᠶᠢᠴᠠᠭᠠᠯᠳᠠ ᠶᠢᠨ ᠲᠤᠭᠤᠶᠢᠯᠠᠩ ᠨᠢ ᠬᠤᠩ ᠵᠢᠩ ᠶᠤᠸᠠᠨ ᠲᠤᠰᠤᠨ ᠤ ᠺᠤᠮᠫᠠᠨᠢ ᠶᠢᠨ ᠤᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠦᠢᠯᠡᠳᠪᠦᠷᠢᠯᠡᠨ ᠪᠤᠯᠪᠠᠰᠤᠷᠠᠭᠤᠯᠬᠤ ᠲᠦᠷᠦᠯ ᠵᠤᠶᠢᠯ᠂ ᠪᠠᠢ ᠾᠦᠢ ᠱᠧᠩ ᠮᠠᠨᠵᠢᠨ ᠢᠶᠠᠷ ᠰᠢᠬᠢᠷ ᠪᠤᠯᠪᠠᠰᠤᠷᠠᠭᠤᠯᠬᠤ ᠲᠦᠷᠦᠯ ᠵᠤᠶᠢᠯ᠂ ᠪᠢᠶᠠᠨ ᠴᠢᠶᠠᠩ ᠲᠤᠰᠬᠤᠨ ᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠤᠶᠢᠯ᠂ ᠴᠠᠭᠠᠰᠦᠨ ᠱᠤᠭᠤᠮᠠᠯ ᠦᠢᠯᠡᠳᠦᠨ ᠪᠤᠯᠪᠠᠰᠤᠷᠠᠭᠤᠯᠬᠤ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠱᠧᠩ ᠲᠠᠢ ᠡᠯ ᠬᠢᠳᠡᠳ ᠡᠪᠡᠰᠦᠨ ᠡᠮ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠤᠶᠢᠯ᠂ ᠨᠠᠷᠠᠨ ᠤ ᠡᠨᠧᠷᠬᠢ ᠶᠢᠨ ᠲᠠᠷᠢᠶᠠᠯᠠᠩ ᠤᠨ ᠲᠦᠷᠦᠯ ᠵᠤᠶᠢᠯ ︵ᠴᠠᠩ ᠱᠧᠩ ᠬᠡᠷᠡᠯ ᠤᠨ ᠴᠠᠬᠢᠯᠭᠠᠨ︶ ᠂ ᠵᠦᠩ ᠰᠢᠤᠢ ᠷᠦᠩ ᠲᠠᠢ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠶᠢᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢ ᠲᠤᠭᠤᠷᠢᠨ ᠦᠵᠡᠪᠡ᠃  
       ᠪᠠᠶᠢᠴᠠᠭᠠᠯᠳᠠ ᠶᠢᠨ ᠲᠤᠭᠤᠶᠢᠯᠠᠩ ᠨᠢ ᠬᠤᠶᠠᠷ ᠭᠠᠵᠠᠷ ᠤᠨ ᠨᠠᠮ ᠵᠠᠰᠠᠭ ᠤᠨ ᠤᠳᠤᠷᠢᠳᠤᠯᠭ᠎ᠠ ᠪᠠ ᠰᠠᠯᠠᠭ᠎ᠠ ᠮᠦᠴᠢᠷ᠂ ᠠᠵᠦ ᠠᠬᠤᠶᠢᠯᠠᠯ ᠤᠨ ᠬᠠᠷᠢᠭᠤᠴᠠᠯᠭᠠᠳᠠᠳ ᠲᠠᠢ ᠬᠠᠮᠳᠦ ᠤᠯᠠᠮᠵᠢᠯᠠᠯᠳᠦ ᠠᠵᠦ ᠦᠢᠯᠡᠰ ᠢ ᠲᠡᠰ ᠲᠡᠪᠰᠢᠬᠦᠯᠦᠨ ᠦᠭᠡᠷᠡᠴᠢᠯᠡᠬᠦ᠂ ᠰᠢᠨ᠎ᠡ ᠬᠡᠯᠪᠡᠷᠢ ᠶᠢᠨ ᠠᠵᠦ ᠦᠢᠯᠡᠰ ᠢ ᠬᠦᠭᠵᠢᠬᠦᠯᠬᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ᠂ ᠭᠠᠴᠠᠭ᠎ᠠ ᠲᠤᠰᠬᠤᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ᠂ ᠨᠤᠤᠷᠬᠠᠢ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ᠂ ᠰᠤᠶᠤᠯ ᠤᠨ ᠵᠤᠭᠠᠴᠠᠯ᠂ PPP ᠲᠦᠷᠦᠯ ᠵᠤᠶᠢᠯ ᠤᠨ ᠪᠠᠶᠢᠭᠤᠯᠤᠯᠳᠠ ᠵᠡᠷᠭᠡ ᠠᠭᠤᠯᠭ᠎ᠠ ᠶᠢᠨ ᠲᠠᠯ᠎ᠠ ᠪᠠᠷ ᠪᠦᠬᠦ ᠲᠠᠯ᠎ᠠ ᠪᠠᠷ ᠶᠠᠷᠢᠯᠴᠠᠵᠦ ᠰᠠᠨᠠᠯ ᠪᠤᠳᠤᠯ ᠢᠶᠠᠨ ᠬᠦᠨᠵᠡᠬᠡᠢ ᠰᠤᠯᠢᠯᠴᠠᠵᠦ᠂ ᠬᠤᠶᠠᠷ ᠭᠠᠵᠠᠷ ᠤᠨ ᠰᠢᠯᠢᠳᠡᠭ ᠲᠤᠷᠰᠢᠯᠭ᠎ᠠ ᠪᠠ ᠠᠷᠭ᠎ᠠ ᠠᠪᠴᠢᠯ ᠢ ᠪᠦᠬᠦ ᠲᠠᠯ᠎ᠠ ᠪᠠᠷ ᠰᠢᠩᠭᠡᠭᠡᠨ ᠠᠪᠤᠪᠠ᠃
      ᠨᠢᠭᠡ ᠡᠳᠦᠷ ᠤᠨ ᠲᠤᠭᠤᠷᠢᠨ ᠰᠤᠷᠤᠯᠴᠠᠬᠤ ᠪᠠᠷ ᠲᠠᠮᠵᠢᠨ᠂ ᠪᠠᠶᠢᠴᠠᠭᠠᠯᠳᠠ ᠶᠢᠨ ᠲᠤᠭᠤᠶᠢᠯᠠᠩ ᠨᠢ ᠬᠤᠶᠠᠷ ᠭᠠᠵᠠᠷ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠰᠠᠭᠤᠷᠢ ᠪᠤᠯᠬᠤ ᠨᠠᠷᠢᠯᠢᠭ ᠠᠵᠢᠯ ᠢ ᠬᠢᠵᠦ᠂ ᠪᠤᠳᠠᠳᠦ ᠦᠷ᠎ᠡ ᠠᠰᠢᠭ ᠤᠯᠤᠭᠰᠠᠨ ᠢ ᠬᠦᠨᠵᠡᠬᠡᠢ ᠤᠶᠢᠯᠠᠭᠠᠵᠦ᠂ ᠮᠠᠨ ᠤ ᠬᠤᠰᠢᠭᠤ ᠪᠠ ᠠᠬ᠎ᠠ ᠲᠡᠬᠦᠦ ᠬᠤᠰᠢᠭᠤᠨ ᠤ ᠬᠤᠭᠤᠷᠤᠨᠳᠦ ᠤᠷᠤᠰᠢᠵᠦ ᠪᠠᠶᠢᠭ᠎ᠠ ᠵᠦᠷᠢᠶ᠎ᠡ ᠪᠠ ᠲᠤᠳᠠᠭᠳᠠᠯ ᠢᠶᠠᠨ ᠪᠠᠰᠠ ᠤᠯᠵᠦ ᠬᠠᠷᠠᠵᠠᠢ᠃ ᠲᠠᠷᠠᠭᠠᠴᠢ ᠪᠠᠷ᠂ ᠡᠨᠡ ᠤᠳᠠᠭᠠᠨ ᠤ ᠲᠤᠭᠤᠷᠢᠨ ᠪᠠᠶᠢᠴᠠᠭᠠᠯᠳᠠ ᠪᠠᠷ ᠠᠵᠠ ᠲᠤᠬᠢᠶᠠᠯ ᠪᠤᠯᠭᠠᠵᠦ᠂ ᠠᠬ᠎ᠠ ᠲᠡᠬᠦᠦ ᠬᠤᠰᠢᠭᠤᠨ ᠤ ᠲᠡᠷᠢᠬᠦᠨ ᠤ ᠲᠤᠷᠰᠢᠯᠭ᠎ᠠ᠂ ᠠᠷᠭ᠎ᠠ ᠬᠢᠳᠡᠯ ᠢ ᠬᠢᠨᠠᠮᠠᠭᠠᠢ ᠰᠤᠷᠤᠯᠴᠠᠨ᠂ ᠰᠢᠨ᠎ᠡ ᠬᠠᠭᠤᠴᠢᠨ ᠬᠦᠳᠡᠯᠬᠡᠬᠦ ᠬᠦᠴᠦᠨ ᠢ ᠬᠤᠪᠢᠷᠠᠭᠤᠯᠬᠤ ᠳᠤ ᠬᠦᠴᠦᠨ ᠢᠶᠠᠨ ᠲᠦᠪᠯᠡᠷᠡᠬᠦᠯᠵᠦ᠂ ᠵᠠᠩᠬᠢᠯᠠᠭ᠎ᠠ ᠶᠢ ᠠᠳᠬᠤᠨ᠂ ᠲᠤᠳᠠᠭᠤᠳᠠᠯ ᠢᠶᠠᠨ ᠨᠦᠬᠦᠪᠦᠷᠢᠯᠡᠨ᠂ ᠤᠨᠤᠪᠴᠢᠳᠠᠢ ᠪᠠᠷ ᠬᠦᠴᠦᠯᠡᠵᠦ᠂ ᠠᠷᠠᠯᠵᠢᠶᠠᠴᠢᠨ ᠤᠷᠢᠵᠦ ᠪᠡᠯᠡ ᠲᠠᠲᠠᠬᠤ᠂ ᠲᠦᠷᠦᠯ ᠵᠤᠶᠢᠯ ᠤᠨ ᠪᠠᠶᠢᠭᠤᠯᠤᠯᠳᠠ ᠶᠢ ᠨᠡᠩ ᠬᠦᠴᠦᠯᠡᠨ ᠠᠬᠢᠭᠤᠯᠵᠦ᠂ ᠨᠡᠩ ᠴᠢᠨᠠᠷᠯᠢᠭ᠂ ᠨᠡᠩ ᠦᠨᠳᠦᠷ ᠦᠷ᠎ᠡ ᠠᠰᠢᠭ ᠲᠠᠢ ᠬᠦᠭᠵᠢᠯᠳᠡ ᠶᠢ ᠪᠡᠶᠡᠯᠡᠬᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号