ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠬᠤᠰᠢᠭᠤ ᠨᠠᠮ ᠤᠨ ᠬᠤᠷᠢᠶᠠᠨ ᠤ 2018 ᠤᠨ ᠤ 16 ᠤᠳᠠᠭᠠᠨ ᠤ ᠪᠠᠶᠢᠩᠭᠤ ᠶᠢᠨ ᠬᠡᠰᠢᠬᠦᠳ ᠤᠨ ︵ᠦᠷᠭᠡᠳᠭᠡᠭᠰᠡᠨ︶ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-07-03
                   ᠰᠢᠯᠤᠭᠤᠨ ᠬᠦᠪᠡᠭᠡᠳᠦ ᠴᠠᠭᠠᠨ ᠬᠤᠰᠢᠭᠤ ᠨᠢ ᠬᠤᠰᠢᠭᠤ ᠨᠠᠮ ᠤᠨ ᠬᠤᠷᠢᠶᠠᠨ ᠤ                         2018 ᠤᠨ ᠤ  16 ᠤᠳᠠᠭᠠᠨ ᠤ ᠪᠠᠶᠢᠩᠭᠤ ᠶᠢᠨ ᠬᠡᠰᠢᠬᠦᠳ ᠤᠨ                               ︵ᠦᠷᠭᠡᠳᠭᠡᠭᠰᠡᠨ︶ ᠬᠤᠷᠠᠯ ᠢ ᠬᠤᠷᠠᠯᠳᠤᠭᠤᠯᠪᠠ         ᠰᠢ ᠶᠢᠨ ᠫᠢᠩ ᠶᠡᠷᠦᠩᠭᠡᠢ ᠱᠦᠵᠢ᠂ ᠯᠢ ᠺᠧ ᠴᠢᠶᠠᠩ ᠶᠡᠷᠦᠩᠭᠡᠢ ᠰᠠᠶᠢᠳ ᠤᠨ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠯᠢ ᠵᠢᠢ ᠾᠧᠩ ᠨᠦᠬᠦᠷ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠵᠢᠴᠢ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠶᠢᠨ ᠪᠦᠬᠦ ᠠᠶᠢᠮᠠᠭ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 6 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠤᠤ ᠯᠢ ᠬᠤᠸᠠ ᠠᠴᠠ ᠬᠤᠰᠢᠭᠤ ᠨᠠᠮ ᠤᠨ ᠬᠤᠷᠢᠶᠠᠨ ᠤ 2018 ᠤᠨ ᠤ 16 ᠤᠳᠠᠭᠠᠨ ᠤ ᠪᠠᠶᠢᠩᠭᠤ ᠶᠢᠨ ᠬᠡᠰᠢᠬᠦᠳ ᠤᠨ ︵ᠦᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠦ᠂ ᠬᠤᠰᠢᠭᠤ ᠤᠳᠤᠷᠢᠳᠤᠯᠭ᠎ᠠ ᠲᠡᠯᠭᠡᠷᠴᠤᠬᠳᠦ᠂ ᠡᠷᠳᠡᠨᠢ᠂ ᠡᠷᠳᠡᠨᠢᠪᠠᠭᠠᠳᠤᠷ᠂ ᠵᠠᠩ ᠶᠤᠸᠠᠢ ᠴᠧᠩ᠂ ᠨᠠᠷᠠᠨᠮᠠᠨᠳᠤᠬᠤ᠂ ᠵᠠᠩ ᠺᠠᠢ ᠳ᠋ᠦᠩ᠂ ᠯᠢ ᠳ᠋ᠦᠩ ᠯᠢᠨ ᠬᠤᠷᠠᠯ ᠳᠤ ᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠰᠠᠭᠤᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯᠯᠠᠬᠤ ᠠᠩᠬᠢ ᠶᠢᠨ ᠶᠡᠷᠦᠩᠭᠡᠢ ᠠᠩᠬᠢ ᠶᠢᠨ ᠲᠠᠷᠤᠭ᠎ᠠ ᠡᠦ ᠸᠧᠢ ᠳ᠋ᠦᠩ᠂ ᠠᠶᠢᠮᠠᠭ ᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠰᠠᠭᠤᠭ᠎ᠠ ᠱᠠᠭᠠᠷᠳᠠᠨ ᠵᠢᠯᠤᠭᠤᠳᠬᠤ ᠲᠤᠭᠤᠶᠢᠯᠠᠩ ᠤᠨ ᠲᠠᠷᠤᠭ᠎ᠠ ᠪᠤᠤ ᠰᠤᠶᠤᠯᠳᠦ ᠶᠢ ᠲᠤᠰᠬᠠᠢ ᠤᠷᠢᠨ ᠬᠤᠷᠠᠯ ᠳᠤ ᠤᠷᠤᠯᠴᠠᠭᠤᠯᠪᠠ᠃ ᠬᠤᠰᠢᠭᠤ ᠤᠳᠤᠷᠢᠳᠤᠯᠭ᠎ᠠ ᠪᠤᠯᠠᠭ᠂ ᠡᠷᠭᠡ᠂ ᠵᠸᠦ ᠰᠢᠶᠠᠨ ᠵᠢᠶᠦ᠋ᠨ᠂ ᠱᠢ ᠺᠠᠢ ᠯᠦᠩ᠂ ᠴᠢᠮᠡᠭ᠂ ᠰᠢᠶᠠ ᠶᠤᠸᠠᠨ ᠹᠧᠩ᠂ ᠯᠢᠦ ᠶᠦᠨ᠂ ᠡᠯᠪᠡᠷᠢᠯᠳᠦ ᠬᠤᠷᠠᠯ ᠳᠤ ᠰᠤᠯᠠ ᠤᠷᠤᠯᠴᠠᠵᠦ᠂ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃
       ᠪᠤᠤ ᠯᠢ ᠬᠤᠸᠠ ᠠᠴᠠ ᠰᠢ ᠶᠢᠨ ᠫᠢᠩ ᠶᠡᠷᠦᠩᠭᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠯᠢ ᠺᠧ ᠴᠢᠶᠠᠩ ᠶᠡᠷᠦᠩᠭᠡᠢ ᠰᠠᠶᠢᠳ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠴᠤᠬᠤᠯᠠᠪᠤᠷᠢ ᠶᠢᠨ ᠵᠤᠷᠢᠭ ᠰᠠᠨᠠᠭ᠎ᠠ ᠵᠢᠴᠢ ᠯᠢ ᠵᠢᠢ ᠾᠧᠩ ᠱᠦᠵᠢ ᠶᠢᠨ ᠰᠢᠯᠢ ᠶᠢᠨ ᠭᠤᠤᠯ ᠠᠶᠢᠮᠠᠭ ᠤᠨ ᠬᠦᠪᠡᠭᠡᠳᠦ ᠰᠢᠷ᠎ᠠ ᠬᠤᠰᠢᠭᠤ ᠪᠠ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠪᠠᠶᠢᠴᠠᠭᠠᠨ ᠰᠤᠳᠤᠯᠤᠯᠳᠠ ᠬᠢᠬᠦ ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃       ᠨᠠᠮ ᠤᠨ ᠬᠤᠷᠢᠶᠠᠨ ᠤ ᠲᠡᠳ᠋ ᠱᠦᠵᠢ ᠲᠡᠯᠭᠡᠷᠴᠤᠬᠳᠦ ᠠᠴᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠶᠢᠨ ᠪᠦᠬᠦ ᠠᠶᠢᠮᠠᠭ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃       ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠵᠠᠩ ᠺᠠᠢ ᠳ᠋ᠦᠩ ᠠᠴᠠ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠦᠷᠭᠡᠨ ᠤᠯᠠᠨ ᠺᠠᠳ᠋ᠷᠴᠤᠳ ᠢ ᠤᠯᠠᠮ ᠤᠷᠮᠠᠰᠢᠭᠤᠯᠤᠨ ᠵᠤᠷᠢᠬᠵᠢᠭᠤᠯᠵᠦ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠬᠦᠷᠭᠡᠯᠡᠨ ᠰᠢᠨ᠎ᠡ ᠠᠮᠵᠢᠯᠳᠠ ᠭᠠᠷᠭᠠᠬᠤ ᠲᠤᠬᠠᠢ ᠰᠠᠨᠠᠯ︾ ᠢ ᠤᠯᠠᠮᠵᠢᠯᠠᠪᠠ᠃       ᠪᠤᠤ ᠰᠤᠶᠤᠯᠳᠦ ᠠᠴᠠ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠦᠵᠡᠬᠦ ᠦᠶ᠎ᠡ ᠳᠤ ᠢᠯᠡᠷᠡᠬᠦᠯᠦᠭᠰᠡᠨ ᠠᠰᠠᠭᠤᠳᠠᠯ ᠢᠶᠠᠨ ᠠᠩᠬ᠎ᠠ ᠠᠯᠬᠤᠮ ᠬᠠᠷᠢᠭᠤ ᠲᠤᠰᠬᠠᠵᠦ᠂ ᠲᠠᠷᠠᠭᠠᠴᠢ ᠶᠢᠨ ᠠᠵᠢᠯ ᠳᠤ ᠬᠠᠯᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠶᠢ ᠲᠤᠷᠠᠳᠤᠪᠠ᠃       ᠪᠤᠤ ᠯᠢ ᠬᠤᠸᠠ ᠠᠴᠠ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠨᠢ ᠨᠢᠬᠡᠨᠳᠡ ᠬᠠᠳᠠᠭᠤ ᠲᠠᠪᠠᠭ᠎ᠠ ᠶᠢ ᠲᠠᠪᠠᠵᠦ ᠪᠤᠭᠤᠮᠳᠠ ᠰᠢᠪᠳᠤᠯᠬᠤ ᠵᠠᠩᠬᠢᠯᠠᠭ᠎ᠠ ᠶᠢᠨ ᠱᠠᠳᠤᠨ ᠳᠤ ᠤᠷᠤᠵᠦ ᠂ ᠪᠦᠬᠦ ᠬᠤᠰᠢᠭᠤᠨ ᠤ ᠡᠯ᠎ᠡ ᠱᠠᠳᠤᠨ ᠤ ᠤᠳᠤᠷᠢᠳᠬᠤ ᠺᠠᠳ᠋ᠷ ᠨᠢ ᠦᠯᠢᠭᠡᠷ ᠵᠢᠱᠢᠶᠡᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠡᠬᠦᠷᠭᠡ ᠲᠤᠰᠢᠶᠠᠯ ᠢᠶᠠᠨ ᠬᠤᠰᠢᠭᠤᠴᠢᠯᠠᠨ ᠬᠦᠢᠴᠡᠳᠬᠡᠵᠦ᠂ ᠪᠡᠶ᠎ᠡ ᠪᠠᠷ ᠢᠶᠠᠨ ᠲᠦᠷᠦᠬᠦᠯᠡᠵᠦ ᠬᠠᠷᠢᠭᠤᠴᠠᠯᠭ᠎ᠠ ᠡᠬᠦᠷᠭᠡᠯᠡᠨ ᠠᠵᠢᠯᠯᠠᠬᠤ ᠭᠡᠷᠡᠭᠳᠡᠢ᠃ ᠶᠠᠳᠠᠭᠤ ᠶᠢ ᠲᠡᠳᠬᠦᠬᠦ ᠠᠵᠢᠯᠯᠠᠬᠤ ᠠᠩᠬᠢ ᠨᠢ ᠪᠦᠬᠦ ᠲᠠᠯ᠎ᠠ ᠪᠠᠷ ᠪᠠᠶᠢᠴᠠᠭᠠᠬᠤ ᠪᠦᠬᠦ ᠲᠠᠯ᠎ᠠ ᠪᠠᠷ ᠬᠠᠯᠠᠨ ᠰᠠᠶᠢᠵᠢᠷᠠᠭᠤᠯᠬᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠠᠵᠢᠯ ᠤᠨ ᠠᠭᠤᠯᠭ᠎ᠠ ᠶᠢ ᠲᠤᠳᠤᠷᠬᠠᠢ ᠤᠶᠢᠯᠠᠭᠠᠵᠦ᠂ ᠡᠷᠦᠬᠡ ᠳᠤ ᠤᠷᠤᠵᠦ ᠪᠤᠳᠠᠳᠠᠢ ᠭᠠᠵᠠᠷ ᠲᠤᠨᠢ ᠬᠢᠨᠠᠨ ᠪᠠᠶᠢᠴᠠᠭᠠᠬᠤ ᠶᠢᠨ ᠬᠠᠮᠳᠦ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠢᠴᠡᠳ ᠤᠶᠢᠯᠠᠭᠠᠭᠤᠯᠤᠨ ᠮᠡᠳᠡᠬᠦᠯᠵᠦ᠂ ᠪᠠᠶᠢᠴᠠᠭᠠᠨ ᠢᠯᠡᠷᠡᠬᠦᠯᠦᠭᠰᠡᠨ ᠠᠰᠠᠭᠤᠳᠠᠯ ᠳᠤ ᠴᠢᠭᠯᠡᠬᠦᠯᠦᠨ᠂ ᠠᠰᠠᠭᠤᠳᠠᠯ ᠤᠨ ᠵᠢᠬᠰᠠᠭᠠᠯᠳᠠ᠂ ᠬᠠᠷᠢᠭᠤᠴᠠᠯᠭ᠎ᠠ ᠶᠢᠨ ᠵᠢᠬᠰᠠᠭᠠᠯᠳᠠ᠂ ᠡᠬᠦᠷᠭᠡ ᠶᠢᠨ ᠵᠢᠬᠰᠠᠭᠠᠯᠳᠠ ᠶᠢ ᠨᠠᠷᠢᠯᠢᠭ ᠲᠦᠷᠦᠯᠵᠢᠬᠦᠯᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠪᠠᠨ ᠨᠠᠷᠢᠯᠢᠬᠵᠢᠭᠤᠯᠵᠦ᠂ ᠬᠠᠯᠠᠨ ᠰᠠᠶᠢᠵᠢᠷᠠᠭᠤᠯᠬᠤ ᠴᠠᠭ ᠤᠨ ᠬᠢᠵᠠᠭᠠᠷᠯᠠᠯ ᠢ ᠲᠤᠳᠤᠷᠬᠠᠶᠢᠯᠠᠨ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠪᠠᠷ ᠨᠠᠶᠢᠳᠠᠪᠤᠷᠢᠵᠢᠭᠤᠯᠵᠦ᠂ ᠶᠠᠳᠠᠭᠤ ᠶᠢ ᠲᠡᠳᠬᠦᠬᠦ ᠡᠯ᠎ᠡ ᠲᠦᠷᠦᠯ ᠤᠨ ᠲᠠᠩᠰᠠ ᠡᠪᠬᠡᠮᠡᠯ ᠢ ᠲᠡᠬᠦᠯᠳᠡᠷᠵᠢᠬᠦᠯᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠳᠬᠡᠨ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃        ᠪᠤᠤ ᠯᠢ ᠬᠤᠸᠠ ᠠᠴᠠ᠂ ᠡᠯ᠎ᠡ ᠰᠤᠮᠤ ᠪᠠᠯᠭᠠᠰᠤ᠂ ᠶᠠᠳᠠᠭᠤ ᠶᠢ ᠲᠡᠳᠬᠦᠬᠦ ᠠᠵᠢᠯᠯᠠᠬᠤ ᠠᠩᠬᠢ ᠨᠢ ᠠᠵᠢᠯ ᠤᠨ ᠰᠤᠷᠳᠠᠯ ᠢᠶᠠᠨ ᠬᠤᠪᠢᠷᠠᠭᠤᠯᠵᠦ᠂ ᠠᠵᠢᠯ ᠤᠨ ᠰᠡᠳᠬᠢᠴᠠ ᠪᠠᠨ ᠰᠢᠨᠡᠳᠬᠡᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠲᠦᠷᠦᠯ ᠤᠨ ᠠᠵᠢᠯ ᠢ ᠨᠠᠷᠢᠯᠢᠭ ᠪᠤᠳᠠᠳᠠᠢ ᠪᠡᠶᠡᠯᠡᠬᠦᠯᠵᠦ᠂ ᠭᠠᠴᠠᠭ᠎ᠠ ᠲᠤᠰᠬᠤᠨ ᠳᠤ ᠲᠤᠭᠳᠠᠭᠰᠠᠨ ᠬᠤᠭᠤᠴᠠᠭ᠎ᠠ ᠲᠠᠢ ᠪᠤᠶᠤ ᠲᠤᠭᠳᠠᠭᠰᠠᠨ ᠬᠤᠭᠤᠴᠠᠭ᠎ᠠ ᠦᠬᠡᠢ ᠪᠠᠷ ᠬᠦᠨᠵᠡᠭᠡᠶᠢᠷᠡᠵᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠤᠨ ᠪᠠᠶᠢᠴᠠᠭᠠᠯᠳᠠ ᠶᠢ ᠦᠷᠨᠢᠬᠦᠯᠵᠦ᠂ ᠠᠰᠠᠭᠤᠳᠠᠯ ᠢ ᠢᠯᠡᠷᠡᠬᠦᠯᠪᠡᠯ ᠲᠠᠷᠤᠢ ᠳᠤᠨᠢ ᠬᠠᠯᠠᠨ ᠨᠠᠶᠢᠳᠠᠪᠤᠷᠢᠵᠢᠭᠤᠯᠬᠤ ᠶᠢ ᠱᠠᠭᠠᠷᠳᠠᠨ᠂ ᠠᠵᠢᠯ ᠤᠨ ᠰᠤᠷᠳᠠᠯ ᠬᠠᠭᠤᠳᠠᠮ ᠠᠴᠠ ᠪᠤᠯᠵᠦ ᠬᠦᠨᠳᠦ ᠨᠤᠴᠢᠳᠠᠢ ᠦᠷ᠎ᠡ ᠳ᠋ᠦᠩ ᠭᠠᠷᠭᠠᠪᠠᠯ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ᠃ ᠬᠦᠳᠡᠯᠦᠩᠬᠦᠢ ᠬᠠᠮᠢᠶᠠᠷᠤᠯᠳᠠ ᠶᠢᠨ ᠰᠠᠭᠤᠷᠢᠨ ᠲᠡᠭᠡᠷ᠎ᠡ ᠶᠠᠳᠠᠭᠤ ᠡᠷᠦᠭᠡ ᠶᠢᠨ ᠬᠦᠮᠦᠨ ᠠᠮᠠ ᠶᠢᠨ ᠰᠤᠷᠠᠭ ᠵᠠᠩᠬᠢ᠂ ᠤᠷᠤᠯᠭ᠎ᠠ ᠶᠢᠨ ᠬᠤᠪᠢᠷᠠᠯᠳᠠ᠂ ᠬᠦᠨᠳᠦ ᠡᠪᠡᠳᠴᠢᠨ ᠠᠴᠠ ᠪᠤᠯᠤᠭᠰᠠᠨ ᠶᠠᠳᠠᠭᠤᠷᠠᠯᠳᠠ ᠵᠢᠴᠢ ᠰᠤᠷᠤᠭᠴᠢ ᠶᠢᠨ ᠰᠤᠷᠭᠠᠨ ᠬᠦᠮᠦᠵᠢᠯ ᠤᠨ ᠨᠦᠬᠦᠪᠦᠷᠢ ᠵᠡᠷᠭᠡ ᠠᠰᠠᠭᠤᠳᠠᠯ ᠢ ᠤᠨᠤᠪᠴᠢᠳᠠᠢ ᠡᠵᠡᠮᠳᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠤᠨᠤᠪᠴᠢᠳᠠᠢ᠂ ᠰᠤᠷᠠᠭ ᠵᠠᠩᠬᠢ ᠶᠢᠨ ᠮᠠᠲ᠋ᠧᠷᠢᠶᠠᠯ ᠤᠨᠤᠪᠴᠢᠳᠠᠢ ᠪᠠᠶᠢᠬᠤ ᠶᠢ ᠦᠨᠡᠨᠬᠦ ᠪᠡᠶᠡᠯᠡᠬᠦᠯᠬᠦ ᠭᠡᠷᠡᠭᠳᠡᠢ᠃ ᠬᠠᠷᠢᠭᠤᠴᠠᠯᠭ᠎ᠠ ᠡᠬᠦᠷᠬᠡᠯᠡᠨ ᠲᠤᠰᠢᠶᠠᠯ ᠢᠶᠠᠨ ᠬᠦᠢᠴᠡᠳᠬᠡᠬᠦ ᠵᠤᠷᠢᠭ ᠰᠠᠨᠠᠭ᠎ᠠ ᠶᠢ ᠪᠠᠳᠠᠷᠠᠭᠤᠯᠬᠤ ᠲᠡᠭᠡᠷ᠎ᠡ ᠠᠵᠢᠯᠯᠠᠭ᠎ᠠ ᠠᠪᠴᠦ᠂ ᠠᠯᠪᠠ ᠬᠠᠭᠠᠬᠤ ᠦᠵᠡᠯ ᠰᠠᠨᠠᠭ᠎ᠠ ᠪᠠ ᠪᠠᠷ᠎ᠠ ᠬᠠᠷᠠᠬᠤ ᠰᠡᠳᠬᠢᠴᠡ ᠶᠢ ᠡᠷᠡᠰ ᠲᠡᠪᠴᠢᠵᠦ᠂ ᠦᠷᠬᠦᠯᠵᠢᠯᠡᠨ ᠬᠦᠴᠦᠯᠡᠵᠦ ᠰᠢᠨᠳᠠᠷᠠᠰᠢ ᠦᠬᠡᠢ ᠴᠢᠩᠭ᠎ᠠ ᠠᠳᠬᠤᠨ᠂ ᠬᠠᠷᠢᠭᠤ ᠲᠤᠰᠬᠠᠭᠰᠠᠨ ᠠᠰᠠᠭᠤᠳᠠᠯ ᠪᠠ ᠦᠪᠡᠷ ᠢᠶᠠᠨ ᠪᠠᠶᠢᠴᠠᠭᠠᠵᠦ ᠭᠠᠷᠭᠠᠭᠰᠠᠨ ᠠᠰᠠᠭᠤᠳᠠᠯ ᠳᠤ ᠴᠢᠭᠯᠡᠬᠦᠯᠵᠦ᠂ ᠡᠬᠦᠷᠭᠡ ᠬᠠᠷᠢᠭᠤᠴᠠᠯᠭ᠎ᠠ ᠪᠠᠨ ᠬᠦᠳᠡᠯᠦᠩᠬᠦᠢ ᠪᠠᠷ ᠬᠦᠯᠢᠶᠡᠨ ᠲᠠᠨᠢᠵᠦ᠂ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠤᠳᠤᠷᠬᠠᠶᠢᠯᠠᠨ᠂ ᠡᠬᠦᠷᠭᠡᠯᠡᠬᠦ ᠶᠤᠰᠤᠳᠠᠢ ᠬᠠᠷᠢᠭᠤᠴᠠᠯᠭ᠎ᠠ ᠪᠠᠨ ᠢᠳᠠᠪᠬᠢᠳᠡᠢ ᠡᠬᠦᠷᠬᠡᠯᠡᠵᠦ᠂ ᠰᠠᠶᠢᠳᠦᠷ ᠪᠡᠶᠡᠯᠡᠬᠦᠯᠦᠨ ᠨᠠᠶᠢᠳᠠᠪᠤᠷᠢᠵᠢᠭᠤᠯᠬᠤ ᠭᠡᠷᠡᠭᠳᠡᠢ᠃ ᠴᠢᠩᠭ᠎ᠠ ᠠᠳᠬᠤᠵᠦ ᠨᠠᠶᠢᠳᠠᠪᠤᠷᠢᠵᠢᠭᠤᠯᠬᠤ ᠲᠡᠭᠡᠷ᠎ᠡ ᠠᠵᠢᠯᠯᠠᠭ᠎ᠠ ᠠᠪᠴᠦ᠂ ᠭᠠᠴᠠᠭ᠎ᠠ ᠲᠤᠰᠬᠤᠨ ᠳᠤ ᠰᠠᠭᠤᠬᠤ ᠬᠠᠮᠢᠶᠠᠷᠤᠯᠳᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠡᠳᠦᠷ ᠤᠨ ᠲᠡᠮᠳᠡᠭᠯᠡᠯ ᠲᠠᠩᠰᠠ ᠡᠪᠬᠡᠮᠡᠯ ᠪᠠᠶᠢᠭᠤᠯᠤᠨ᠂ ᠬᠢᠨᠠᠨ ᠪᠠᠶᠢᠴᠠᠭᠠᠬᠤ ᠳᠤ ᠲᠦᠬᠦᠮ ᠪᠤᠯᠭᠠᠨ᠂ ᠲᠤᠳᠠᠭᠤᠳᠠᠯ ᠢᠶᠠᠨ ᠬᠢᠨᠠᠮᠠᠭᠠᠢ ᠪᠠᠶᠢᠴᠠᠭᠠᠨ ᠨᠦᠬᠦᠪᠦᠷᠢᠯᠡᠵᠦ᠂ ᠬᠠᠷᠢᠭᠤᠴᠠᠯᠭ᠎ᠠ ᠨᠡᠭᠡᠮᠵᠢᠯᠡᠬᠦ ᠶᠢ ᠬᠠᠷᠢᠭᠤᠴᠠᠯᠭ᠎ᠠ ᠡᠬᠦᠷᠬᠡᠯᠡᠬᠦᠯᠬᠦ ᠪᠤᠯᠭᠠᠨ ᠱᠠᠭᠠᠷᠳᠠᠵᠦ᠂ ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠤᠳᠠᠳᠦ ᠦᠷ᠎ᠡ ᠠᠰᠢᠭ ᠤᠯᠬᠤ ᠶᠢ ᠠᠬᠢᠭᠤᠯᠬᠤ ᠭᠡᠷᠡᠭᠳᠡᠢ ᠭᠡᠵᠦ ᠱᠠᠭᠠᠷᠳᠠᠪᠠ᠃
   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号