ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠨᠠᠮ ᠵᠠᠰᠠᠭ ᠤᠨ ᠪᠠᠶᠢᠴᠠᠭᠠᠯᠳᠠ ᠶᠢᠨ ᠪᠦᠯᠬᠦᠮ ᠨᠢ | ᠲᠤᠯᠤᠨᠨᠠᠭᠤᠷ ᠰᠢᠶᠠᠨ᠂ ᠲᠠᠶᠢᠹᠤᠰᠧ ᠬᠤᠰᠢᠭᠤᠨ ᠳᠤ ᠬᠦᠷᠴᠦ ᠪᠠᠶᠢᠴᠠᠭᠠᠨ ᠰᠤᠷᠤᠯᠴᠠᠪᠠ | | | ᠤᠶᠢᠷ᠎ᠠ ᠶᠢᠨ ᠡᠳᠦᠷ᠂ ᠲᠡᠷᠢᠬᠦᠨ ᠤ ᠬᠤᠰᠢᠭᠤ ᠰᠢᠶᠠᠨ ᠤ ᠴᠢᠨᠠᠷᠯᠢᠭ ᠬᠦᠭᠵᠢᠯᠳᠡ ᠶᠢ ᠠᠬᠢᠭᠤᠯᠬᠤ | ᠲᠦᠷᠦᠯ ᠵᠤᠶᠢᠯ ᠤᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠰᠤᠷᠤᠯᠴᠠᠨ ᠠᠰᠢᠬᠯᠠᠵᠦ᠂ ᠠᠵᠢᠯ ᠤᠨ ᠰᠡᠳᠬᠢᠴᠠ ᠪᠠᠨ | ᠤᠯᠠᠮ ᠦᠷᠬᠡᠳᠬᠡᠬᠦ ᠶᠢᠨ ᠲᠦᠯᠦᠭᠡ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠲᠡᠯᠭᠡᠷᠴᠤᠬᠳᠦ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠶᠠᠪᠤᠳᠠᠯ ᠤᠨ ᠲᠡᠳ᠋ | ᠬᠤᠰᠢᠭᠤ ᠲᠠᠷᠤᠭ᠎ᠠ ᠡᠷᠳᠡᠨᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ ᠵᠤᠷᠢᠬᠳᠦ᠂ | ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠵᠸᠦ ᠰᠢᠶᠠᠨ ᠵᠢᠶᠦ᠋ᠨ᠂ ᠤᠯᠤᠰ ᠲᠦᠷᠦ ᠶᠢᠨ ᠵᠦᠪᠯᠡᠯᠭᠡᠨ ᠤ | ᠲᠡᠳ᠋ ᠲᠡᠷᠢᠬᠦᠯᠡᠭᠴᠢ ᠯᠢᠦ ᠶᠦᠨ ᠨᠠᠷ ᠲᠤᠯᠤᠨᠨᠠᠭᠤᠷ ᠰᠢᠶᠠᠨ ᠪᠠ ᠲᠠᠶᠢᠹᠤᠰᠧ ᠬᠤᠰᠢᠭᠤᠨ ᠳᠤ ᠬᠦᠷᠴᠦ᠂ ᠠᠵᠦ | ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠤᠯᠪᠤᠭᠳᠠᠯ ᠪᠦᠬᠦᠢ ᠠᠵᠦ ᠦᠢᠯᠡᠰ ᠪᠠ ᠲᠦᠷᠦᠯ ᠵᠤᠶᠢᠯ ᠤᠨ | ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠷᠤᠯᠴᠠᠵᠦ᠂ ᠬᠤᠰᠢᠭᠤ ᠦᠬᠡᠷᠡᠴᠢᠯᠡᠯᠳᠡ ᠬᠦᠭᠵᠢᠬᠦᠯᠦᠯᠳᠡ᠂ | ᠡᠳ᠋ ᠤᠨ ᠵᠠᠰᠠᠭ᠂ ᠠᠵᠦ ᠠᠬᠤᠢ ᠰᠤᠷᠠᠭ ᠵᠠᠩᠬᠢᠴᠢᠯᠠᠯᠳᠠ᠂ ᠮᠠᠯ ᠲᠠᠷᠢᠶᠠᠯᠠᠩ᠂ ᠤᠷᠤᠨ ᠰᠠᠭᠤᠴᠠ ᠶᠢᠨ | ᠪᠠᠶᠢᠭᠤᠯᠤᠯᠳᠠ᠂ ᠶᠠᠳᠠᠭᠤ ᠶᠢ ᠲᠡᠳᠬᠦᠬᠦ᠂ ᠠᠷᠠᠯᠵᠢᠶᠠᠴᠢᠨ ᠤᠷᠢᠬᠤ᠂ ᠠᠵᠦ ᠦᠢᠯᠡᠳᠪᠦᠷᠢ ᠶᠢᠨ ᠲᠤᠭᠤᠷᠢᠭ ᠤᠨ | ᠠᠯᠪᠠᠨ ᠭᠡᠷ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠠᠭᠠᠵᠦ ᠪᠠᠶᠢᠴᠠᠭᠠᠪᠠ᠃ ᠲᠤᠯᠤᠨᠨᠠᠭᠤᠷ ᠰᠢᠶᠠᠨ᠂ | ᠲᠠᠶᠢᠹᠤᠰᠧ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠪᠠᠷ᠎ᠠ ᠪᠤᠯᠵᠦ᠂ ᠲᠤᠬᠠᠢ ᠶᠢᠨ ᠭᠠᠵᠠᠷ ᠤᠨ ᠤᠨᠴᠠᠯᠢᠬᠳᠦ | ᠠᠵᠦ ᠦᠢᠯᠡᠰ ᠤᠨ ᠬᠦᠭᠵᠢᠯᠳᠡ ᠪᠠ ᠭᠤᠤᠯᠳᠠᠯᠭ᠎ᠠ ᠲᠠᠢ ᠲᠦᠷᠦᠯ ᠵᠤᠶᠢᠯ ᠤᠨ ᠪᠠᠶᠢᠭᠤᠯᠤᠯᠳᠠ ᠶᠢᠨ ᠪᠠᠶᠢᠳᠠᠯ ᠢᠶᠠᠨ | ᠨᠠᠷᠢᠨ ᠲᠠᠨᠢᠯᠴᠠᠭᠤᠯᠪᠠ᠃ | | | | | ᠲᠤᠯᠤᠨᠨᠠᠭᠤᠷ ᠰᠢᠶᠠᠨ ᠳᠤ᠂ ᠪᠠᠶᠢᠴᠠᠭᠠᠯᠳᠠ ᠶᠢᠨ ᠲᠤᠭᠤᠶᠢᠯᠠᠩ ᠨᠢ ᠰᠢᠨ ᠭᠠᠩ ᠲᠤᠮᠳᠠ ᠪᠠᠭ᠎ᠠ ᠵᠢᠵᠢᠭ | ᠠᠵᠦ ᠠᠬᠤᠶᠢᠯᠠᠯ ᠢ ᠪᠤᠶᠢᠵᠢᠭᠤᠯᠬᠤ ᠬᠦᠷᠢᠶᠡᠯᠡᠩ ᠲᠤᠭᠤᠷᠢᠭ᠂ ᠪᠸᠢ ᠼᠦᠨ ᠪᠠᠶᠢᠭᠠᠯᠢᠯᠢᠭ ᠤᠷᠭᠠᠨᠢᠭ ᠢᠳᠡᠰᠢᠨ | ᠨᠤᠭᠤᠭ᠎ᠠ ᠲᠠᠷᠢᠬᠤ ᠰᠠᠭᠤᠷᠢᠨ ᠭᠠᠵᠠᠷ᠂ ᠱᠧᠩ ᠱᠢ ᠰᠢᠩ ᠴᠧᠩ ᠨᠤᠤᠷᠬᠠᠢ ᠤᠷᠤᠨ ᠰᠠᠭᠤᠴᠠ ᠶᠢᠨ ᠦᠭᠡᠷᠡᠴᠢᠯᠡᠨ | ᠪᠠᠶᠢᠭᠤᠯᠤᠯᠳᠠ ᠶᠢᠨ ᠲᠦᠪᠯᠡᠷᠡᠬᠦᠯᠦᠨ ᠲᠦᠪᠬᠢᠨᠡᠬᠦᠯᠬᠦ ᠲᠦᠷᠦᠯ ᠵᠤᠶᠢᠯ᠂ ᠾᠦᠢ ᠽᠦᠩ ᠰᠦᠮ᠎ᠡ ᠶᠢᠨ ᠰᠤᠶᠤᠯ ᠤᠨ | ᠲᠤᠭᠤᠷᠢᠭ ᠢ ᠰᠠᠯᠪᠢᠨ ᠵᠠᠰᠠᠬᠤ ᠲᠦᠷᠦᠯ ᠵᠤᠶᠢᠯ ᠢ ᠲᠤᠭᠤᠷᠢᠨ ᠦᠵᠡᠪᠡ᠃ | ᠲᠠᠶᠢᠹᠤᠰᠧ ᠬᠤᠰᠢᠭᠤᠨ ᠳᠤ᠂ ᠪᠠᠶᠢᠴᠠᠭᠠᠯᠳᠠ ᠶᠢᠨ ᠲᠤᠭᠤᠶᠢᠯᠠᠩ ᠨᠢ ᠬᠤᠩ ᠵᠢᠩ ᠶᠤᠸᠠᠨ ᠲᠤᠰᠤᠨ ᠤ | ᠺᠤᠮᠫᠠᠨᠢ ᠶᠢᠨ ᠤᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠦᠢᠯᠡᠳᠪᠦᠷᠢᠯᠡᠨ ᠪᠤᠯᠪᠠᠰᠤᠷᠠᠭᠤᠯᠬᠤ ᠲᠦᠷᠦᠯ ᠵᠤᠶᠢᠯ᠂ | ᠪᠠᠢ ᠾᠦᠢ ᠱᠧᠩ ᠮᠠᠨᠵᠢᠨ ᠢᠶᠠᠷ ᠰᠢᠬᠢᠷ ᠪᠤᠯᠪᠠᠰᠤᠷᠠᠭᠤᠯᠬᠤ ᠲᠦᠷᠦᠯ ᠵᠤᠶᠢᠯ᠂ ᠪᠢᠶᠠᠨ ᠴᠢᠶᠠᠩ ᠲᠤᠰᠬᠤᠨ ᠤ ᠠᠵᠦ | ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠤᠶᠢᠯ᠂ ᠴᠠᠭᠠᠰᠦᠨ ᠱᠤᠭᠤᠮᠠᠯ ᠦᠢᠯᠡᠳᠦᠨ ᠪᠤᠯᠪᠠᠰᠤᠷᠠᠭᠤᠯᠬᠤ ᠠᠵᠦ | ᠦᠢᠯᠡᠰ ᠤᠨ ᠬᠦᠷᠢᠶᠡᠯᠡᠩ ᠲᠤᠭᠤᠷᠢᠭ᠂ ᠱᠧᠩ ᠲᠠᠢ ᠡᠯ ᠬᠢᠳᠡᠳ ᠡᠪᠡᠰᠦᠨ ᠡᠮ ᠢ ᠨᠠᠷᠢᠯᠢᠭ ᠪᠤᠯᠪᠠᠰᠤᠷᠠᠭᠤᠯᠬᠤ | ᠲᠦᠷᠦᠯ ᠵᠤᠶᠢᠯ᠂ ᠨᠠᠷᠠᠨ ᠤ ᠡᠨᠧᠷᠬᠢ ᠶᠢᠨ ᠲᠠᠷᠢᠶᠠᠯᠠᠩ ᠤᠨ ᠲᠦᠷᠦᠯ ᠵᠤᠶᠢᠯ ︵ᠴᠠᠩ ᠱᠧᠩ ᠬᠡᠷᠡᠯ ᠤᠨ ᠴᠠᠬᠢᠯᠭᠠᠨ︶ | ᠂ ᠵᠦᠩ ᠰᠢᠤᠢ ᠷᠦᠩ ᠲᠠᠢ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠶᠢᠨ ᠲᠡᠵᠢᠭᠡᠨ ᠦᠷᠡᠵᠢᠬᠦᠯᠬᠦ ᠰᠠᠭᠤᠷᠢᠨ | ᠭᠠᠵᠠᠷ ᠢ ᠲᠤᠭᠤᠷᠢᠨ ᠦᠵᠡᠪᠡ᠃ | | | | | ᠪᠠᠶᠢᠴᠠᠭᠠᠯᠳᠠ ᠶᠢᠨ ᠲᠤᠭᠤᠶᠢᠯᠠᠩ ᠨᠢ ᠬᠤᠶᠠᠷ ᠭᠠᠵᠠᠷ ᠤᠨ ᠨᠠᠮ ᠵᠠᠰᠠᠭ ᠤᠨ ᠤᠳᠤᠷᠢᠳᠤᠯᠭ᠎ᠠ ᠪᠠ ᠰᠠᠯᠠᠭ᠎ᠠ | ᠮᠦᠴᠢᠷ᠂ ᠠᠵᠦ ᠠᠬᠤᠶᠢᠯᠠᠯ ᠤᠨ ᠬᠠᠷᠢᠭᠤᠴᠠᠯᠭᠠᠳᠠᠳ ᠲᠠᠢ ᠬᠠᠮᠳᠦ ᠤᠯᠠᠮᠵᠢᠯᠠᠯᠳᠦ ᠠᠵᠦ ᠦᠢᠯᠡᠰ ᠢ ᠲᠡᠰ | ᠲᠡᠪᠰᠢᠬᠦᠯᠦᠨ ᠦᠭᠡᠷᠡᠴᠢᠯᠡᠬᠦ᠂ ᠰᠢᠨ᠎ᠡ ᠬᠡᠯᠪᠡᠷᠢ ᠶᠢᠨ ᠠᠵᠦ ᠦᠢᠯᠡᠰ ᠢ ᠬᠦᠭᠵᠢᠬᠦᠯᠬᠦ᠂ ᠠᠵᠦ ᠦᠢᠯᠡᠰ ᠢᠶᠠᠷ | ᠶᠠᠳᠠᠭᠤ ᠶᠢ ᠲᠡᠳᠬᠦᠬᠦ᠂ ᠭᠠᠴᠠᠭ᠎ᠠ ᠲᠤᠰᠬᠤᠨ ᠤ ᠬᠠᠮᠳᠦ ᠶᠢᠨ ᠠᠵᠦ ᠠᠬᠤᠢ ᠶᠢ ᠬᠦᠭᠵᠢᠬᠦᠯᠬᠦ᠂ ᠨᠤᠤᠷᠬᠠᠢ ᠤᠷᠤᠨ | ᠰᠠᠭᠤᠴᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ᠂ ᠰᠤᠶᠤᠯ ᠤᠨ ᠵᠤᠭᠠᠴᠠᠯ᠂ PPP ᠲᠦᠷᠦᠯ ᠵᠤᠶᠢᠯ ᠤᠨ | ᠪᠠᠶᠢᠭᠤᠯᠤᠯᠳᠠ ᠵᠡᠷᠭᠡ ᠠᠭᠤᠯᠭ᠎ᠠ ᠶᠢᠨ ᠲᠠᠯ᠎ᠠ ᠪᠠᠷ ᠪᠦᠬᠦ ᠲᠠᠯ᠎ᠠ ᠪᠠᠷ ᠶᠠᠷᠢᠯᠴᠠᠵᠦ ᠰᠠᠨᠠᠯ ᠪᠤᠳᠤᠯ ᠢᠶᠠᠨ ᠬᠦᠨᠵᠡᠬᠡᠢ | ᠰᠤᠯᠢᠯᠴᠠᠵᠦ᠂ ᠬᠤᠶᠠᠷ ᠭᠠᠵᠠᠷ ᠤᠨ ᠰᠢᠯᠢᠳᠡᠭ ᠲᠤᠷᠰᠢᠯᠭ᠎ᠠ ᠪᠠ ᠠᠷᠭ᠎ᠠ ᠠᠪᠴᠢᠯ ᠢ ᠪᠦᠬᠦ ᠲᠠᠯ᠎ᠠ ᠪᠠᠷ ᠰᠢᠩᠭᠡᠭᠡᠨ | ᠠᠪᠤᠪᠠ᠃ | | | | | ᠨᠢᠭᠡ ᠡᠳᠦᠷ ᠤᠨ ᠲᠤᠭᠤᠷᠢᠨ ᠰᠤᠷᠤᠯᠴᠠᠬᠤ ᠪᠠᠷ ᠲᠠᠮᠵᠢᠨ᠂ ᠪᠠᠶᠢᠴᠠᠭᠠᠯᠳᠠ ᠶᠢᠨ ᠲᠤᠭᠤᠶᠢᠯᠠᠩ ᠨᠢ ᠬᠤᠶᠠᠷ | ᠭᠠᠵᠠᠷ ᠤᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠰᠠᠭᠤᠷᠢ | ᠪᠤᠯᠬᠤ ᠨᠠᠷᠢᠯᠢᠭ ᠠᠵᠢᠯ ᠢ ᠬᠢᠵᠦ᠂ ᠪᠤᠳᠠᠳᠦ ᠦᠷ᠎ᠡ ᠠᠰᠢᠭ ᠤᠯᠤᠭᠰᠠᠨ ᠢ ᠬᠦᠨᠵᠡᠬᠡᠢ ᠤᠶᠢᠯᠠᠭᠠᠵᠦ᠂ ᠮᠠᠨ ᠤ | ᠬᠤᠰᠢᠭᠤ ᠪᠠ ᠠᠬ᠎ᠠ ᠲᠡᠬᠦᠦ ᠬᠤᠰᠢᠭᠤᠨ ᠤ ᠬᠤᠭᠤᠷᠤᠨᠳᠦ ᠤᠷᠤᠰᠢᠵᠦ ᠪᠠᠶᠢᠭ᠎ᠠ ᠵᠦᠷᠢᠶ᠎ᠡ ᠪᠠ ᠲᠤᠳᠠᠭᠳᠠᠯ ᠢᠶᠠᠨ | ᠪᠠᠰᠠ ᠤᠯᠵᠦ ᠬᠠᠷᠠᠵᠠᠢ᠃ ᠲᠠᠷᠠᠭᠠᠴᠢ ᠪᠠᠷ᠂ ᠡᠨᠡ ᠤᠳᠠᠭᠠᠨ ᠤ ᠲᠤᠭᠤᠷᠢᠨ ᠪᠠᠶᠢᠴᠠᠭᠠᠯᠳᠠ ᠪᠠᠷ ᠠᠵᠠ ᠲᠤᠬᠢᠶᠠᠯ | ᠪᠤᠯᠭᠠᠵᠦ᠂ ᠠᠬ᠎ᠠ ᠲᠡᠬᠦᠦ ᠬᠤᠰᠢᠭᠤᠨ ᠤ ᠲᠡᠷᠢᠬᠦᠨ ᠤ ᠲᠤᠷᠰᠢᠯᠭ᠎ᠠ᠂ ᠠᠷᠭ᠎ᠠ ᠬᠢᠳᠡᠯ ᠢ ᠬᠢᠨᠠᠮᠠᠭᠠᠢ ᠰᠤᠷᠤᠯᠴᠠᠨ᠂ | ᠰᠢᠨ᠎ᠡ ᠬᠠᠭᠤᠴᠢᠨ ᠬᠦᠳᠡᠯᠬᠡᠬᠦ ᠬᠦᠴᠦᠨ ᠢ ᠬᠤᠪᠢᠷᠠᠭᠤᠯᠬᠤ ᠳᠤ ᠬᠦᠴᠦᠨ ᠢᠶᠠᠨ ᠲᠦᠪᠯᠡᠷᠡᠬᠦᠯᠵᠦ᠂ ᠵᠠᠩᠬᠢᠯᠠᠭ᠎ᠠ ᠶᠢ | ᠠᠳᠬᠤᠨ᠂ ᠲᠤᠳᠠᠭᠤᠳᠠᠯ ᠢᠶᠠᠨ ᠨᠦᠬᠦᠪᠦᠷᠢᠯᠡᠨ᠂ ᠤᠨᠤᠪᠴᠢᠳᠠᠢ ᠪᠠᠷ ᠬᠦᠴᠦᠯᠡᠵᠦ᠂ ᠠᠷᠠᠯᠵᠢᠶᠠᠴᠢᠨ ᠤᠷᠢᠵᠦ ᠪᠡᠯᠡ | ᠲᠠᠲᠠᠬᠤ᠂ ᠲᠦᠷᠦᠯ ᠵᠤᠶᠢᠯ ᠤᠨ ᠪᠠᠶᠢᠭᠤᠯᠤᠯᠳᠠ ᠶᠢ ᠨᠡᠩ ᠬᠦᠴᠦᠯᠡᠨ ᠠᠬᠢᠭᠤᠯᠵᠦ᠂ ᠨᠡᠩ ᠴᠢᠨᠠᠷᠯᠢᠭ᠂ ᠨᠡᠩ | ᠦᠨᠳᠦᠷ ᠦᠷ᠎ᠡ ᠠᠰᠢᠭ ᠲᠠᠢ ᠬᠦᠭᠵᠢᠯᠳᠡ ᠶᠢ ᠪᠡᠶᠡᠯᠡᠬᠦᠯᠬᠦ ᠪᠤᠯᠤᠨ᠎ᠠ᠃ | | |