ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ | ᠬᠤᠰᠢᠭᠤ ᠲᠠᠷᠤᠭ᠎ᠠ ᠰᠦ᠋ ᠫᠧᠩ ᠮᠠᠯᠵᠢᠬᠤ ᠤᠷᠤᠨ ᠤ ᠭᠠᠩ ᠢ ᠡᠰᠡᠷᠬᠦᠴᠡᠨ | ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠤᠭᠤᠳᠪᠠ | | | 7 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ | ᠤᠷᠳᠤᠨ ᠤ ᠬᠤᠰᠢᠭᠤ ᠲᠠᠷᠤᠭ᠎ᠠ ᠰᠦ᠋ ᠫᠧᠩ ᠮᠢᠩᠭᠠᠨᠳᠦ ᠪᠠᠯᠭᠠᠰᠤᠨ ᠤ ᠦᠨᠡᠨᠪᠡᠳᠦ ᠭᠠᠴᠠᠭ᠎ᠠ᠂ ᠤᠯᠠᠭᠠᠠᠴᠠᠪ | ᠰᠤᠮᠤᠨ ᠤ ᠬᠤᠨᠳᠦ ᠭᠠᠴᠠᠭ᠎ᠠ᠂ ᠤᠷᠢᠶᠠᠳᠦ ᠭᠠᠴᠠᠭ᠎ᠠ᠂ ᠰᠢᠷᠭ᠎ᠠ ᠭᠠᠴᠠᠭ᠎ᠠ ᠵᠢᠴᠢ ᠶᠡᠬᠡᠨᠠᠭᠤᠷ ᠰᠤᠮᠤᠨ ᠤ | ᠪᠠᠶ᠋ᠬᠠᠤᠪᠤᠭ᠎ᠠ ᠭᠠᠴᠠᠭᠠᠨ ᠳᠤ ᠬᠦᠨᠵᠡᠬᠡᠶᠢᠷᠡᠵᠦ ᠮᠠᠯᠴᠢᠳ ᠤᠨ ᠤᠳᠤᠬᠠᠨ ᠤ ᠠᠮᠢᠳᠤᠷᠠᠯ ᠦᠢᠯᠡᠳᠪᠦᠷᠢᠯᠡᠯ ᠤᠨ | ᠪᠠᠶᠢᠳᠠᠯ ᠪᠠ ᠮᠠᠯᠵᠢᠬᠤ ᠤᠷᠤᠨ ᠤ ᠭᠠᠩ ᠢ ᠡᠰᠡᠷᠬᠦᠴᠡᠬᠦ ᠠᠵᠢᠯ ᠢ ᠦᠷᠨᠢᠬᠦᠯᠦᠭᠰᠡᠨ ᠪᠠᠶᠢᠳᠠᠯ ᠢ ᠪᠠᠶᠢᠴᠠᠭᠠᠨ | ᠰᠤᠳᠤᠯᠵᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠡᠷᠳᠡᠨᠢᠸ᠋ᠴᠢᠷ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ ᠡᠷᠭᠡ ᠪᠠᠷ᠎ᠠ ᠪᠤᠯᠵᠦ ᠪᠠᠶᠢᠴᠠᠭᠠᠪᠠ᠃ | | | | | ᠵᠤᠨ ᠠᠴᠠ ᠨᠠᠰᠢ᠂ ᠮᠠᠨ ᠤ ᠬᠤᠰᠢᠭᠤᠨ ᠳᠤ ᠶᠡᠭᠡ ᠰᠠᠯᠬᠢ ᠲᠤᠭᠤᠰᠦ ᠲᠠᠢ ᠠᠭᠤᠷ ᠠᠮᠢᠰᠬᠤᠯ | ᠦᠷᠬᠦᠯᠵᠢᠯᠡᠵᠦ᠂ ᠲᠤᠨᠤᠳᠠᠰᠦᠨ ᠤ ᠬᠡᠮᠵᠢᠶ᠎ᠡ ᠪᠠᠭᠠᠰᠴᠤ᠂ ᠭᠠᠩ ᠤᠨ ᠪᠠᠶᠢᠳᠠᠯ ᠬᠦᠨᠳᠦᠷᠡᠨ᠂ ᠭᠠᠩᠳᠠᠭᠰᠠᠨ ᠲᠠᠯᠠᠪᠠᠢ | ᠲᠠᠰᠤᠷᠠᠯᠳᠠ ᠦᠬᠡᠢ ᠨᠡᠮᠡᠭᠳᠡᠭᠰᠡᠨ ᠪᠠᠶᠢᠨ᠎ᠠ᠃ ᠴᠠᠭ ᠠᠭᠤᠷ ᠤᠨ ᠰᠠᠯᠠᠭ᠎ᠠ ᠮᠦᠴᠢᠷ ᠤᠨ ᠪᠦᠷᠢᠳᠬᠡᠭᠰᠡᠨ ᠢᠶᠠᠷ᠂ 6 | ᠰᠠᠷ᠎ᠠ ᠠᠴᠠ ᠨᠠᠰᠢ ᠮᠠᠨ ᠤ ᠬᠤᠰᠢᠭᠤᠨ ᠤ ᠲᠤᠨᠤᠳᠠᠰᠤᠨ ᠤ ᠬᠡᠮᠵᠢᠶ᠎ᠡ 14.4 ᠮᠢᠯᠯᠢᠮᠧᠲᠷ᠂ ᠡᠭ ᠤᠨ ᠵᠢᠯ ᠤᠨ | ᠠᠳᠠᠯᠢ ᠬᠤᠭᠤᠴᠠᠭᠠᠨ ᠠᠴᠠ 42.9 ᠮᠢᠯᠯᠢᠮᠧᠲᠷ ᠪᠠᠭᠤᠷᠠᠵᠦ 75% ᠪᠠᠷ ᠲᠤᠷᠤᠭᠰᠢᠯᠠᠨ᠂ ᠪᠦᠬᠦ ᠬᠤᠰᠢᠭᠤᠨ ᠤ | 5 ᠰᠤᠮᠤ ᠪᠠᠯᠭᠠᠰᠤᠨ ᠤ 77 ᠭᠠᠴᠠᠭ᠎ᠠ ᠲᠤᠰᠬᠤᠨ ᠨᠢ ᠴᠦᠮ ᠠᠳᠠᠯᠢ ᠪᠤᠰᠤ ᠬᠡᠮᠵᠢᠶ᠎ᠡ ᠪᠠᠷ ᠭᠠᠩᠳᠠᠭᠰᠠᠨ ᠪᠠᠶᠢᠨ᠎ᠠ᠃ | | | | | | ᠰᠦ᠋ ᠫᠧᠩ ᠤᠴᠢᠭᠰᠠᠨ ᠭᠠᠵᠠᠷ ᠪᠤᠯᠭᠠᠨ ᠳᠠᠭᠠᠨ ᠭᠠᠩᠳᠠᠭᠰᠠᠨ ᠨᠤᠳᠤᠭ ᠪᠡᠯᠴᠢᠭᠡᠷ᠂ ᠬᠦᠮᠦᠨ ᠮᠠᠯ ᠤᠨ | ᠤᠤᠭᠤᠬᠤ ᠤᠰᠤᠨ ᠤ ᠪᠠᠶᠢᠳᠠᠯ ᠢ ᠪᠠᠶᠢᠴᠠᠭᠠᠨ ᠦᠵᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠪᠠᠶᠢᠳᠠᠯ ᠢ ᠨᠠᠷᠢᠨ ᠤᠶᠢᠯᠠᠭᠠᠨ᠂ ᠲᠡᠳᠡᠨ ᠤ ᠨᠤᠳᠤᠭ ᠪᠡᠯᠴᠢᠭᠡᠷ ᠤᠨ ᠲᠠᠯᠠᠪᠠᠢ᠂ ᠲᠡᠵᠢᠭᠡᠨ ᠦᠷᠡᠵᠢᠬᠦᠯᠵᠦ ᠪᠠᠶᠢᠭ᠎ᠠ | ᠬᠦᠷᠢᠶ᠎ᠡ ᠬᠡᠪᠴᠢᠶ᠎ᠡ᠂ ᠦᠢᠯᠡᠳᠪᠦᠷᠢᠯᠡᠯ ᠤᠨ ᠪᠡᠯᠡ ᠤᠷᠤᠭᠤᠯᠤᠯᠳᠠ ᠵᠡᠷᠭᠡ ᠶᠢ ᠠᠰᠠᠭᠤᠨ ᠯᠠᠪᠯᠠᠵᠦ᠂ ᠲᠡᠳᠡᠨ ᠢ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠡᠮᠵᠢᠯᠭᠡ ᠲᠤᠤᠷ᠎ᠠ ᠭᠠᠩ ᠤᠨ ᠪᠠᠶᠢᠳᠠᠯ ᠳᠤ ᠢᠳᠠᠪᠬᠢᠳᠡᠢ | ᠬᠠᠨᠳᠦᠵᠦ᠂ ᠭᠠᠮᠰᠢᠭ ᠢ ᠡᠰᠡᠷᠬᠦᠴᠡᠨ ᠦᠪᠡᠷ ᠢ ᠪᠠᠨ ᠠᠪᠤᠷᠠᠵᠦ᠂ ᠡᠬᠡ ᠮᠠᠯ ᠢ ᠬᠦᠢᠴᠡᠳ ᠦᠯᠡᠳᠡᠭᠡᠭᠰᠡᠨ ᠤ | ᠰᠠᠭᠤᠷᠢ ᠲᠡᠭᠡᠷ᠎ᠡ᠂ ᠪᠤᠰᠤᠳ ᠮᠠᠯ ᠤᠨ ᠭᠠᠷᠭᠠᠯᠳᠠ ᠪᠠᠨ ᠲᠤᠬᠢᠳᠠᠢ ᠪᠠᠶᠢᠷᠢᠯᠠᠭᠤᠯᠬᠤ ᠶᠢ ᠵᠣᠷᠢᠭᠵᠢᠭᠤᠯᠪᠠ᠃ | | | | | ᠰᠦ᠋ ᠫᠧᠩ ᠠᠴᠠ᠂ ᠪᠦᠬᠦ ᠬᠤᠰᠢᠭᠤᠨ ᠤ ᠡᠯ᠎ᠡ ᠱᠠᠳᠦ ᠨᠢ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ | ᠠᠵᠢᠯ ᠢ ᠤᠳᠤᠬᠠᠨ ᠤ ᠨᠢᠭᠡᠨ ᠴᠢᠬᠤᠯᠠ ᠡᠬᠦᠷᠭᠡ ᠪᠤᠯᠭᠠᠵᠦ᠂ ᠡᠯ᠎ᠡ ᠲᠠᠯ᠎ᠠ ᠶᠢᠨ | ᠬᠦᠴᠦᠨ ᠢ ᠦᠷᠭᠡᠨ ᠲᠠᠶᠢᠴᠢᠯᠠᠨ᠂ ᠡᠳ᠋ ᠪᠤᠳᠠᠰ ᠴᠤᠬᠯᠠᠭᠤᠯᠵᠦ᠂ ᠤᠯᠠᠨ ᠵᠤᠶᠢᠯ ᠤᠨ ᠠᠷᠭ᠎ᠠ ᠬᠡᠮᠵᠢᠶ᠎ᠡ ᠪᠠᠷ | ᠤᠳᠤᠬᠠᠨ ᠤ ᠭᠠᠩ ᠤᠨ ᠪᠠᠶᠢᠳᠠᠯ ᠢ ᠠᠷᠭᠠᠴᠠᠭᠠᠨ᠂ ᠭᠠᠩ ᠠᠴᠠ ᠪᠤᠯᠤᠭᠰᠠᠨ ᠬᠤᠬᠢᠷᠠᠯ ᠪᠠ ᠨᠦᠯᠦᠭᠡ ᠶᠢ | ᠴᠢᠳᠠᠬᠤ ᠶᠢᠨ ᠬᠢᠷᠢ ᠳᠤ ᠬᠠᠮᠤᠭ ᠲᠤᠤᠷ᠎ᠠ ᠬᠡᠮᠵᠢᠶᠡᠨ ᠳᠤ ᠬᠢᠵᠠᠭᠠᠷᠯᠠᠬᠤ ᠭᠡᠷᠡᠭᠳᠡᠢ᠃ ᠭᠠᠩᠳᠠᠭᠰᠠᠨ ᠪᠠᠶᠢᠳᠠᠯ ᠢ ᠪᠦᠬᠦ | ᠲᠠᠯ᠎ᠠ ᠪᠠᠷ ᠪᠠᠶᠢᠴᠠᠭᠠᠨ ᠤᠶᠢᠯᠠᠭᠠᠭᠰᠠᠨ ᠤ ᠰᠠᠭᠤᠷᠢ ᠲᠡᠭᠡᠷ᠎ᠡ᠂ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ | ᠪᠤᠳᠠᠳᠠᠢ ᠠᠷᠭ᠎ᠠ ᠬᠡᠮᠵᠢᠶ᠎ᠡ ᠪᠠ ᠠᠵᠢᠯ ᠤᠨ ᠲᠦᠰᠦᠯ ᠢ ᠬᠠᠨᠳᠤᠯᠭᠠᠳᠦ ᠴᠢᠨᠠᠷᠳᠠᠢ ᠰᠤᠳᠤᠯᠤᠨ ᠲᠤᠬᠳᠠᠭᠠᠵᠦ᠂ | ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠪᠡᠯᠡ ᠮᠦᠩᠬᠦᠨ ᠤ ᠤᠷᠤᠭᠤᠯᠤᠯᠳᠠ ᠶᠢ ᠨᠡᠮᠡᠭᠳᠡᠬᠦᠯᠵᠦ᠂ ᠮᠠᠯ ᠠᠵᠦ | ᠠᠬᠤᠢ ᠶᠢᠨ ᠲᠤᠭᠳᠠᠭᠤᠨ ᠪᠠᠶᠢᠬᠤ ᠪᠠ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠳᠤᠯᠠᠬᠤ ᠭᠡᠷᠡᠭᠳᠡᠢ᠃ | ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ | ᠤᠨᠴᠠᠭᠠᠶᠢᠯᠠᠨ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷᠴᠤᠳ ᠨᠢ ᠬᠦᠳᠡᠯᠦᠩᠬᠦᠢ ᠪᠠᠷ ᠠᠵᠢᠯᠯᠠᠭ᠎ᠠ ᠠᠪᠴᠦ᠂ ︽ | ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠶᠢ ᠤᠭᠤᠷᠴᠦ᠂ ᠦᠢᠯᠡᠳᠦᠯ ᠢᠶᠠᠨ ᠪᠠᠳᠠᠷᠠᠭᠤᠯᠤᠨ᠂ ᠭᠠᠩ ᠢ | ᠡᠰᠡᠷᠬᠦᠴᠡᠨ ᠭᠠᠮᠰᠢᠭ ᠠᠴᠠ ᠠᠪᠤᠷᠠᠬᠤ ᠠᠵᠢᠯ ᠳᠤ ᠲᠦᠷᠭᠡᠨ ᠤᠷᠤᠯᠴᠠᠵᠦ᠂ ᠡᠨᠡᠬᠦ ᠬᠠᠳᠠᠭᠤ ᠲᠠᠶᠢᠯᠠᠯᠳᠤᠭᠠᠨ ᠳᠤ | ᠢᠯᠠᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃ | | |