ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠦ᠋ ᠫᠧᠩ ᠮᠠᠯᠵᠢᠬᠤ ᠤᠷᠤᠨ ᠤ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-07-09
                     ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ                      ᠬᠤᠰᠢᠭᠤ ᠲᠠᠷᠤᠭ᠎ᠠ ᠰᠦ᠋ ᠫᠧᠩ  ᠮᠠᠯᠵᠢᠬᠤ ᠤᠷᠤᠨ ᠤ ᠭᠠᠩ ᠢ ᠡᠰᠡᠷᠬᠦᠴᠡᠨ                            ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠤᠭᠤᠳᠪᠠ        7 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠰᠦ᠋ ᠫᠧᠩ ᠮᠢᠩᠭᠠᠨᠳᠦ ᠪᠠᠯᠭᠠᠰᠤᠨ ᠤ ᠦᠨᠡᠨᠪᠡᠳᠦ ᠭᠠᠴᠠᠭ᠎ᠠ᠂ ᠤᠯᠠᠭᠠᠠᠴᠠᠪ ᠰᠤᠮᠤᠨ ᠤ ᠬᠤᠨᠳᠦ ᠭᠠᠴᠠᠭ᠎ᠠ᠂ ᠤᠷᠢᠶᠠᠳᠦ ᠭᠠᠴᠠᠭ᠎ᠠ᠂ ᠰᠢᠷᠭ᠎ᠠ ᠭᠠᠴᠠᠭ᠎ᠠ ᠵᠢᠴᠢ ᠶᠡᠬᠡᠨᠠᠭᠤᠷ ᠰᠤᠮᠤᠨ ᠤ ᠪᠠᠶ᠋ᠬᠠᠤᠪᠤᠭ᠎ᠠ ᠭᠠᠴᠠᠭᠠᠨ ᠳᠤ ᠬᠦᠨᠵᠡᠬᠡᠶᠢᠷᠡᠵᠦ ᠮᠠᠯᠴᠢᠳ ᠤᠨ ᠤᠳᠤᠬᠠᠨ ᠤ ᠠᠮᠢᠳᠤᠷᠠᠯ ᠦᠢᠯᠡᠳᠪᠦᠷᠢᠯᠡᠯ ᠤᠨ ᠪᠠᠶᠢᠳᠠᠯ ᠪᠠ ᠮᠠᠯᠵᠢᠬᠤ ᠤᠷᠤᠨ ᠤ ᠭᠠᠩ ᠢ ᠡᠰᠡᠷᠬᠦᠴᠡᠬᠦ ᠠᠵᠢᠯ ᠢ ᠦᠷᠨᠢᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠡᠷᠳᠡᠨᠢᠸ᠋ᠴᠢᠷ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠳ᠋ ᠡᠷᠬᠢᠯᠡᠭᠴᠢ ᠡᠷᠭᠡ ᠪᠠᠷ᠎ᠠ ᠪᠤᠯᠵᠦ ᠪᠠᠶᠢᠴᠠᠭᠠᠪᠠ᠃
        ᠵᠤᠨ ᠠᠴᠠ ᠨᠠᠰᠢ᠂ ᠮᠠᠨ ᠤ ᠬᠤᠰᠢᠭᠤᠨ ᠳᠤ ᠶᠡᠭᠡ ᠰᠠᠯᠬᠢ ᠲᠤᠭᠤᠰᠦ ᠲᠠᠢ ᠠᠭᠤᠷ ᠠᠮᠢᠰᠬᠤᠯ ᠦᠷᠬᠦᠯᠵᠢᠯᠡᠵᠦ᠂ ᠲᠤᠨᠤᠳᠠᠰᠦᠨ ᠤ ᠬᠡᠮᠵᠢᠶ᠎ᠡ ᠪᠠᠭᠠᠰᠴᠤ᠂ ᠭᠠᠩ ᠤᠨ ᠪᠠᠶᠢᠳᠠᠯ ᠬᠦᠨᠳᠦᠷᠡᠨ᠂ ᠭᠠᠩᠳᠠᠭᠰᠠᠨ ᠲᠠᠯᠠᠪᠠᠢ ᠲᠠᠰᠤᠷᠠᠯᠳᠠ ᠦᠬᠡᠢ ᠨᠡᠮᠡᠭᠳᠡᠭᠰᠡᠨ ᠪᠠᠶᠢᠨ᠎ᠠ᠃ ᠴᠠᠭ ᠠᠭᠤᠷ ᠤᠨ ᠰᠠᠯᠠᠭ᠎ᠠ ᠮᠦᠴᠢᠷ ᠤᠨ ᠪᠦᠷᠢᠳᠬᠡᠭᠰᠡᠨ ᠢᠶᠠᠷ᠂ 6 ᠰᠠᠷ᠎ᠠ ᠠᠴᠠ ᠨᠠᠰᠢ ᠮᠠᠨ ᠤ ᠬᠤᠰᠢᠭᠤᠨ ᠤ ᠲᠤᠨᠤᠳᠠᠰᠤᠨ ᠤ ᠬᠡᠮᠵᠢᠶ᠎ᠡ 14.4 ᠮᠢᠯᠯᠢᠮᠧᠲᠷ᠂ ᠡᠭ ᠤᠨ ᠵᠢᠯ ᠤᠨ ᠠᠳᠠᠯᠢ ᠬᠤᠭᠤᠴᠠᠭᠠᠨ ᠠᠴᠠ 42.9 ᠮᠢᠯᠯᠢᠮᠧᠲᠷ ᠪᠠᠭᠤᠷᠠᠵᠦ 75% ᠪᠠᠷ ᠲᠤᠷᠤᠭᠰᠢᠯᠠᠨ᠂ ᠪᠦᠬᠦ ᠬᠤᠰᠢᠭᠤᠨ ᠤ 5 ᠰᠤᠮᠤ ᠪᠠᠯᠭᠠᠰᠤᠨ ᠤ 77 ᠭᠠᠴᠠᠭ᠎ᠠ ᠲᠤᠰᠬᠤᠨ ᠨᠢ ᠴᠦᠮ ᠠᠳᠠᠯᠢ ᠪᠤᠰᠤ ᠬᠡᠮᠵᠢᠶ᠎ᠡ ᠪᠠᠷ ᠭᠠᠩᠳᠠᠭᠰᠠᠨ ᠪᠠᠶᠢᠨ᠎ᠠ᠃      
       ᠰᠦ᠋ ᠫᠧᠩ ᠤᠴᠢᠭᠰᠠᠨ ᠭᠠᠵᠠᠷ ᠪᠤᠯᠭᠠᠨ ᠳᠠᠭᠠᠨ ᠭᠠᠩᠳᠠᠭᠰᠠᠨ ᠨᠤᠳᠤᠭ ᠪᠡᠯᠴᠢᠭᠡᠷ᠂ ᠬᠦᠮᠦᠨ ᠮᠠᠯ ᠤᠨ ᠤᠤᠭᠤᠬᠤ ᠤᠰᠤᠨ ᠤ ᠪᠠᠶᠢᠳᠠᠯ ᠢ ᠪᠠᠶᠢᠴᠠᠭᠠᠨ ᠦᠵᠡᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠤᠶᠢᠯᠠᠭᠠᠨ᠂ ᠲᠡᠳᠡᠨ ᠤ ᠨᠤᠳᠤᠭ ᠪᠡᠯᠴᠢᠭᠡᠷ ᠤᠨ ᠲᠠᠯᠠᠪᠠᠢ᠂ ᠲᠡᠵᠢᠭᠡᠨ ᠦᠷᠡᠵᠢᠬᠦᠯᠵᠦ ᠪᠠᠶᠢᠭ᠎ᠠ ᠬᠦᠷᠢᠶ᠎ᠡ ᠬᠡᠪᠴᠢᠶ᠎ᠡ᠂ ᠦᠢᠯᠡᠳᠪᠦᠷᠢᠯᠡᠯ ᠤᠨ ᠪᠡᠯᠡ ᠤᠷᠤᠭᠤᠯᠤᠯᠳᠠ ᠵᠡᠷᠭᠡ ᠶᠢ ᠠᠰᠠᠭᠤᠨ ᠯᠠᠪᠯᠠᠵᠦ᠂ ᠲᠡᠳᠡᠨ ᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠡᠮᠵᠢᠯᠭᠡ ᠲᠤᠤᠷ᠎ᠠ ᠭᠠᠩ ᠤᠨ ᠪᠠᠶᠢᠳᠠᠯ ᠳᠤ ᠢᠳᠠᠪᠬᠢᠳᠡᠢ ᠬᠠᠨᠳᠦᠵᠦ᠂ ᠭᠠᠮᠰᠢᠭ ᠢ ᠡᠰᠡᠷᠬᠦᠴᠡᠨ ᠦᠪᠡᠷ ᠢ ᠪᠠᠨ ᠠᠪᠤᠷᠠᠵᠦ᠂ ᠡᠬᠡ ᠮᠠᠯ ᠢ ᠬᠦᠢᠴᠡᠳ ᠦᠯᠡᠳᠡᠭᠡᠭᠰᠡᠨ ᠤ ᠰᠠᠭᠤᠷᠢ ᠲᠡᠭᠡᠷ᠎ᠡ᠂ ᠪᠤᠰᠤᠳ ᠮᠠᠯ ᠤᠨ ᠭᠠᠷᠭᠠᠯᠳᠠ ᠪᠠᠨ ᠲᠤᠬᠢᠳᠠᠢ ᠪᠠᠶᠢᠷᠢᠯᠠᠭᠤᠯᠬᠤ ᠶᠢ ᠵᠣᠷᠢᠭᠵᠢᠭᠤᠯᠪᠠ᠃
      ᠰᠦ᠋ ᠫᠧᠩ ᠠᠴᠠ᠂ ᠪᠦᠬᠦ ᠬᠤᠰᠢᠭᠤᠨ ᠤ ᠡᠯ᠎ᠡ ᠱᠠᠳᠦ ᠨᠢ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠠᠵᠢᠯ ᠢ ᠤᠳᠤᠬᠠᠨ ᠤ ᠨᠢᠭᠡᠨ ᠴᠢᠬᠤᠯᠠ ᠡᠬᠦᠷᠭᠡ ᠪᠤᠯᠭᠠᠵᠦ᠂ ᠡᠯ᠎ᠡ ᠲᠠᠯ᠎ᠠ ᠶᠢᠨ ᠬᠦᠴᠦᠨ ᠢ ᠦᠷᠭᠡᠨ ᠲᠠᠶᠢᠴᠢᠯᠠᠨ᠂ ᠡᠳ᠋ ᠪᠤᠳᠠᠰ ᠴᠤᠬᠯᠠᠭᠤᠯᠵᠦ᠂ ᠤᠯᠠᠨ ᠵᠤᠶᠢᠯ ᠤᠨ ᠠᠷᠭ᠎ᠠ ᠬᠡᠮᠵᠢᠶ᠎ᠡ ᠪᠠᠷ ᠤᠳᠤᠬᠠᠨ ᠤ ᠭᠠᠩ ᠤᠨ ᠪᠠᠶᠢᠳᠠᠯ ᠢ ᠠᠷᠭᠠᠴᠠᠭᠠᠨ᠂ ᠭᠠᠩ ᠠᠴᠠ ᠪᠤᠯᠤᠭᠰᠠᠨ ᠬᠤᠬᠢᠷᠠᠯ ᠪᠠ ᠨᠦᠯᠦᠭᠡ ᠶᠢ ᠴᠢᠳᠠᠬᠤ ᠶᠢᠨ ᠬᠢᠷᠢ ᠳᠤ ᠬᠠᠮᠤᠭ ᠲᠤᠤᠷ᠎ᠠ ᠬᠡᠮᠵᠢᠶᠡᠨ ᠳᠤ ᠬᠢᠵᠠᠭᠠᠷᠯᠠᠬᠤ ᠭᠡᠷᠡᠭᠳᠡᠢ᠃ ᠭᠠᠩᠳᠠᠭᠰᠠᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠤᠶᠢᠯᠠᠭᠠᠭᠰᠠᠨ ᠤ ᠰᠠᠭᠤᠷᠢ ᠲᠡᠭᠡᠷ᠎ᠡ᠂ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠪᠤᠳᠠᠳᠠᠢ ᠠᠷᠭ᠎ᠠ ᠬᠡᠮᠵᠢᠶ᠎ᠡ ᠪᠠ ᠠᠵᠢᠯ ᠤᠨ ᠲᠦᠰᠦᠯ ᠢ ᠬᠠᠨᠳᠤᠯᠭᠠᠳᠦ ᠴᠢᠨᠠᠷᠳᠠᠢ ᠰᠤᠳᠤᠯᠤᠨ ᠲᠤᠬᠳᠠᠭᠠᠵᠦ᠂ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠪᠡᠯᠡ ᠮᠦᠩᠬᠦᠨ ᠤ ᠤᠷᠤᠭᠤᠯᠤᠯᠳᠠ ᠶᠢ ᠨᠡᠮᠡᠭᠳᠡᠬᠦᠯᠵᠦ᠂ ᠮᠠᠯ ᠠᠵᠦ ᠠᠬᠤᠢ ᠶᠢᠨ ᠲᠤᠭᠳᠠᠭᠤᠨ ᠪᠠᠶᠢᠬᠤ ᠪᠠ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠳᠤᠯᠠᠬᠤ ᠭᠡᠷᠡᠭᠳᠡᠢ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠨᠴᠠᠭᠠᠶᠢᠯᠠᠨ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷᠴᠤᠳ ᠨᠢ ᠬᠦᠳᠡᠯᠦᠩᠬᠦᠢ ᠪᠠᠷ ᠠᠵᠢᠯᠯᠠᠭ᠎ᠠ ᠠᠪᠴᠦ᠂ ︽ᠬᠦᠯᠢᠶᠡᠬᠦ᠂ ᠲᠦᠰᠢᠬᠦ᠂ ᠠᠪᠬᠤ︾ ᠦᠵᠡᠯ ᠰᠠᠨᠠᠭ᠎ᠠ ᠶᠢ ᠤᠭᠤᠷᠴᠦ᠂ ᠦᠢᠯᠡᠳᠦᠯ ᠢᠶᠠᠨ ᠪᠠᠳᠠᠷᠠᠭᠤᠯᠤᠨ᠂ ᠭᠠᠩ ᠢ ᠡᠰᠡᠷᠬᠦᠴᠡᠨ ᠭᠠᠮᠰᠢᠭ ᠠᠴᠠ ᠠᠪᠤᠷᠠᠬᠤ ᠠᠵᠢᠯ ᠳᠤ ᠲᠦᠷᠭᠡᠨ ᠤᠷᠤᠯᠴᠠᠵᠦ᠂ ᠡᠨᠡᠬᠦ ᠬᠠᠳᠠᠭᠤ ᠲᠠᠶᠢᠯᠠᠯᠳᠤᠭᠠᠨ ᠳᠤ ᠢᠯᠠᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号