ᠵᠠᠰᠠᠭ ᠤᠨ ᠤᠷᠳᠤᠨ ᠤ ᠠᠵᠢᠯ ᠤᠨ ᠢᠯᠡᠳᠬᠡᠯ | | — 2019 ᠤᠨ ᠤ 3 ᠰᠠᠷ᠎ᠠ ᠶᠢᠨ 8 ᠤ ᠡᠳᠦᠷ ᠤᠨ | ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ | | ᠵᠠᠰᠠᠭ ᠤᠨ ᠤᠷᠳᠤᠨ ᠤ ᠲᠠᠷᠤᠭ᠎ᠠ ᠰᠦ᠋ ᠫᠧᠩ | | | ᠲᠦᠯᠦᠭᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ | ᠮᠡᠳᠡᠬᠦᠯᠦᠯᠳᠡ ᠬᠢᠶ᠎ᠡ ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠤᠯᠠ ᠤᠷᠤᠯᠴᠠᠭ᠎ᠠ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2018 ᠤᠨ ᠤ ᠠᠵᠢᠯ ᠤᠨ ᠡᠷᠬᠢᠴᠡᠬᠦᠯᠦᠯ | ᠨᠢᠭᠡ ᠵᠢᠯ ᠤᠨ ᠲᠤᠷᠰᠢ᠂ ᠬᠤᠰᠢᠭᠤ ᠵᠠᠰᠠᠭ ᠤᠨ ᠤᠷᠳᠤᠨ ᠨᠢ ᠰᠢ ᠶᠢᠨ ᠫᠢᠡᠭ ᠤᠨ ᠰᠢᠨ᠎ᠡ ᠴᠠᠭ ᠦᠶ᠎ᠡ | ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ | ᠂ ᠨᠡᠮ ᠤᠨ ᠠᠷᠪᠡ ᠶᠢᠰᠦᠳᠦᠭᠡᠷ ᠶᠡᠭᠡ ᠬᠤᠷᠠᠯ ᠪᠠ ᠠᠷᠪᠡ ᠶᠢᠰᠦᠳᠤᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠲᠤᠤᠷ᠎ᠠ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ | ᠲᠡᠮᠵᠢᠯᠭᠡ ᠲᠤᠤᠷ᠎ᠠ᠂ ᠯᠠᠪᠳᠠᠭᠤᠨ ᠪᠠᠳᠤᠳᠠᠢ ᠠᠵᠢᠯᠯᠠᠵᠦ᠂ ᠰᠢᠷᠭᠠᠭᠤ ᠴᠢᠷᠮᠠᠶᠢᠨ ᠲᠡᠮᠡᠴᠡᠵᠦ᠂ ᠬᠦᠴᠦᠨ ᠢᠶᠠᠨ | ᠲᠦᠪᠯᠡᠷᠡᠬᠦᠯᠦᠨ ᠪᠤᠭᠤᠮᠳᠠ ᠰᠢᠪᠳᠤᠯᠵᠦ᠂ ᠪᠦᠬᠦ ᠵᠢᠯ ᠤᠨ ᠭᠤᠤᠯ ᠬᠠᠷᠠᠯᠲᠠ ᠡᠬᠦᠷᠭᠡ ᠪᠠᠨ ᠪᠡᠶᠡᠯᠡᠬᠦᠯᠪᠡ᠃ ᠪᠦᠬᠦ | ᠵᠢᠯ ᠤᠨ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 2.4% ᠪᠠᠷ ᠨᠡᠮᠡᠭᠳᠡᠪᠡ᠃ ᠡᠩ ᠤᠨ | ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 1.2 ᠳ᠋ᠦᠩᠰᠢᠭᠤᠷ ᠲᠦᠭᠦᠷᠢᠭ ᠲᠤ ᠬᠦᠷᠴᠦ᠂ 6.3% ᠪᠠᠷ | ᠨᠡᠮᠡᠭᠳᠡᠪᠡ︔ ᠡᠩ ᠤᠨ ᠤᠯᠡᠨ ᠨᠡᠶᠢᠳᠡ ᠶᠢᠨ ᠲᠦᠰᠤᠪ ᠤᠨ ᠵᠠᠷᠤᠯᠭ᠎ᠠ 12.7 ᠳ᠋ᠦᠩᠰᠢᠭᠤᠷ ᠲᠦᠭᠦᠷᠢᠭ ᠲᠤ | ᠬᠦᠷᠴᠦ᠂ 9.8% ᠪᠠᠷ ᠨᠡᠮᠡᠭᠳᠡᠪᠠ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 2.8% ᠪᠠᠷ | ᠪᠠᠭᠤᠷᠠᠭᠰᠠᠨ ᠪᠤᠯᠪᠠᠴᠦ ᠨᠡᠮᠡᠭᠳᠡᠯ ᠤᠨ ᠬᠤᠷᠳᠤᠴᠠ ᠪᠦᠬᠦ ᠠᠶᠢᠮᠠᠭ ᠲᠤ ᠲᠦᠷᠪᠡᠳᠦᠭᠡᠷ ᠲᠤ ᠤᠷᠤᠪᠠ᠃ ᠬᠤᠳᠠ | ᠬᠦᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠦ ᠪᠤᠯᠬᠤᠶᠢᠴᠨ ᠤᠷᠤᠯᠭ᠎ᠠ | ᠲᠤᠰᠪᠤᠷᠢ 34951 ᠲᠦᠭᠦᠷᠢᠭ ᠪᠠ 11185 ᠲᠦᠭᠦᠷᠢᠭ ᠢ ᠪᠡᠶᠡᠯᠡᠭᠦᠯᠵᠦ᠂ 8.0% ᠪᠠ 10.2% ᠢᠶᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠴᠦᠮ ᠪᠦᠬᠦ ᠠᠶᠢᠮᠠᠭ ᠤᠨ ᠲᠡᠷᠢᠬᠦᠨ ᠳᠤ ᠪᠠᠶᠢᠷᠢᠯᠠᠪᠠ᠃ ᠨᠡᠶᠢᠭᠡᠮ ᠤᠨ | ᠬᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠶᠠᠷᠤᠩᠬᠡᠢ ᠦᠷᠳᠡᠭ ᠢ 9.5 ᠳ᠋ᠦᠩᠰᠢᠭᠤᠷ ᠲᠦᠭᠦᠷᠢᠭ | ᠪᠡᠶᠡᠯᠡᠬᠦᠯᠵᠦ᠂ 6.9% ᠪᠠᠷ ᠨᠡᠮᠡᠭᠳᠡᠵᠡᠢ᠃ | ︵ᠨᠢᠭᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠱᠠᠳᠤᠴᠢ ᠴᠢᠨᠠᠷᠳᠠᠢ ᠢᠯᠠᠯᠳᠠ | ᠤᠯᠪᠠ | ᠴᠢᠬᠤᠯᠠ ᠶᠡᠭᠡ ᠲᠦᠭᠰᠢᠭᠦᠷᠢ ᠶᠢ ᠪᠦᠳᠦᠮᠵᠢᠳᠡᠢ ᠰᠡᠷᠬᠡᠶᠢᠯᠡᠨ ᠡᠵᠡᠮᠳᠡᠪᠡ᠃ ᠵᠠᠰᠠᠭ ᠤᠨ ᠤᠷᠳᠦᠨ ᠤ | ᠴᠢᠨᠠᠷᠳᠡᠢ ᠦᠷᠢ ᠰᠢᠷᠢ ᠶᠢ ᠰᠢᠩᠭᠡᠭᠡᠬᠦ ᠲᠦᠰᠦᠯ ᠢ ᠴᠢᠩᠭ᠎ᠠ ᠨᠠᠶᠢᠳᠠᠪᠤᠷᠢᠵᠢᠭᠤᠯᠵᠦ᠂ ᠲᠦᠭᠰᠢᠭᠦᠷᠢ ᠶᠢ ᠪᠠᠴᠢᠮ | ᠰᠶᠢᠳᠪᠤᠷᠢᠯᠡᠬᠦ ᠲᠤᠭᠳᠠᠴᠠ ᠶᠢ ᠪᠠᠶᠢᠭᠤᠯᠦᠨ ᠲᠡᠭᠦᠯᠳᠡᠷᠵᠢᠭᠦᠯᠵᠦ᠂ ︽ᠠᠷᠪᠠ ᠶᠢ ᠪᠦᠷᠭᠦᠭᠦᠯᠬᠦ︾ ᠢᠨᠵᠧᠨᠧᠷᠢᠩ ᠤᠨ | ᠦᠷᠢ ᠰᠢᠷᠢ ᠶᠢ ᠬᠢᠨᠠᠨ ᠪᠤᠳᠤᠵᠦ ᠨᠤᠳᠠᠯᠠᠬᠤ ᠶᠢ ᠪᠡᠶᠡᠯᠡᠭᠦᠯᠪᠡ᠃ ᠨᠢᠭᠤᠭᠳᠠᠮᠠᠯ ᠦᠷᠢ ᠰᠢᠷᠢ ᠶᠢ ᠨᠠᠷᠢᠯᠢᠭ ᠢᠯᠭᠠᠵᠦ | ᠂ ᠵᠠᠰᠠᠭ ᠤᠨ ᠤᠷᠳᠦᠨ ᠤ ᠨᠢᠭᠤᠭᠳᠠᠮᠠᠯ ᠦᠷᠢ ᠰᠢᠷᠢ ᠶᠢᠨ ᠲᠦᠭᠰᠢᠭᠦᠷᠢ ᠶᠢ ᠰᠶᠢᠳᠪᠤᠷᠢᠯᠡᠬᠦ ᠲᠦᠰᠦᠯ ᠢ | ᠲᠤᠭᠳᠠᠭᠠᠪᠠ᠃ ᠪᠦᠬᠦ ᠵᠢᠯ ᠳᠤ ᠵᠠᠰᠠᠭ ᠤᠨ ᠤᠷᠳᠦᠨ ᠤ ᠴᠢᠨᠠᠷᠳᠡᠢ 20771.5 ᠲᠦᠮᠡᠨ ᠲᠦᠭᠦᠷᠢᠭ ᠤᠨ ᠦᠷᠢ | ᠰᠢᠷᠢ ᠶᠢ ᠰᠶᠢᠳᠪᠤᠷᠢᠯᠡᠵᠦ᠂ ᠵᠢᠯ ᠤᠨ ᠡᠭᠦᠷᠭᠡ ᠪᠠᠨ 286.3% ᠪᠠᠷ ᠪᠡᠶᠡᠯᠡᠭᠦᠯᠵᠦ᠂ ᠡᠭᠦᠨ ᠳᠤ ︽ᠠᠷᠪᠠ ᠶᠢ | ᠪᠦᠷᠭᠦᠭᠦᠯᠬᠦ︾ ᠢᠨᠵᠧᠨᠧᠷᠢᠩ ᠤᠨ 13803.2 ᠲᠦᠮᠡᠨ ᠲᠦᠭᠦᠷᠢᠭ ᠢ ᠪᠦᠬᠦᠨ ᠢ ᠰᠢᠢᠳᠪᠦᠷᠢᠯᠡᠪᠡ᠃ 4056 | ᠲᠦᠮᠡᠨ ᠲᠦᠭᠦᠷᠢᠭ ᠤᠨ ᠦᠪᠡᠷᠳᠡᠭᠡᠨ ᠵᠠᠰᠠᠬᠤ ᠤᠷᠤᠨ ᠪᠠ ᠠᠶᠢᠮᠠᠭ ᠤᠨ ᠲᠡᠰ ᠤᠨ ᠦᠷᠢ ᠰᠢᠷᠢ ᠶᠢ ᠰᠢᠩᠭᠡᠭᠡᠨ | ᠰᠶᠢᠳᠪᠤᠷᠢᠯᠡᠭᠰᠡᠨ ᠱᠠᠩᠨᠡᠯ ᠤᠨ ᠮᠦᠩᠬᠦ ᠤᠯᠪᠠ᠃ ᠵᠠᠰᠠᠭ ᠤᠨ ᠤᠷᠳᠦᠨ ᠤ ᠦᠷᠢᠳᠦᠬᠦ ᠠᠵᠢᠯᠯᠠᠭ᠎ᠠ ᠶᠢ ᠴᠢᠩᠭ᠎ᠠ | ᠲᠦᠷᠢᠮᠵᠢᠭᠦᠯᠵᠦ᠂ ᠦᠷᠢ ᠰᠢᠷᠢ ᠨᠡᠮᠡᠭᠳᠡᠬᠦ ᠶᠢ ᠴᠢᠩᠭ᠎ᠠ ᠬᠢᠵᠠᠭᠠᠷᠯᠡᠪᠡ᠃ ᠮᠠᠯᠵᠢᠬᠤ ᠲᠠᠷᠢᠶᠠᠯᠠᠬᠤ ᠤᠷᠤᠨ ᠤ ᠠᠷᠠᠳ | ᠤᠨ ᠬᠤᠭᠤᠷᠤᠨᠳᠤᠬᠢ ᠵᠢᠭᠡᠯᠡᠯᠭᠡ ᠶᠢᠨ ᠲᠦᠭᠰᠢᠬᠦᠷᠢ ᠶᠢ ᠦᠷᠬᠦᠯᠵᠢᠯᠡᠨ ᠰᠡᠷᠬᠡᠶᠢᠯᠡᠨ ᠰᠶᠢᠳᠪᠤᠷᠢᠯᠡᠵᠦ᠂ ᠵᠢᠭᠡᠯᠡᠯᠭᠡ | ᠲᠠᠢ ᠡᠷᠤᠭᠡ ᠶᠢᠨ ᠲᠤᠭ᠎ᠠ ᠬᠢᠭᠡᠳ ᠵᠢᠭᠡᠯᠡᠯᠭᠡ ᠶᠢᠨ ᠦᠯᠡᠳᠡᠪᠤᠷᠢ ᠠᠳᠠᠯᠢ ᠬᠤᠭᠤᠴᠠᠭᠠᠨ ᠠᠴᠠ ᠲᠤᠰᠪᠤᠷᠢ 51.6% | ᠪᠠ 43.2% ᠢᠶᠠᠷ ᠪᠠᠭᠤᠷᠠᠪᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠯᠠᠪᠳᠠᠭᠤᠨ ᠪᠠᠳᠤᠳᠠᠢ ᠠᠬᠢᠪᠠ᠃ ᠠᠵᠦ ᠦᠢᠯᠡᠰ | ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠦᠷᠬᠦᠯᠵᠢᠯᠡᠵᠦ ᠪᠤᠯᠬᠤᠶᠢᠴᠠ ᠴᠢᠨᠠᠷ ᠪᠠ ᠬᠠᠮᠤᠷᠬᠤ | ᠨᠤᠷᠮ᠎ᠠ ᠶᠢ ᠲᠡᠭᠡᠭᠰᠢᠯᠡᠬᠦᠯᠵᠦ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠲᠦᠷᠦᠯ | ᠵᠦᠢᠯ ᠪᠤᠯᠦᠨ ᠭᠠᠴᠠᠭ᠎ᠠ ᠲᠤᠰᠬᠤᠨ ᠤ ᠲᠡᠰ ᠤᠨ ᠶᠠᠳᠠᠭᠤ ᠶᠢ ᠲᠡᠳᠭᠦᠬᠦ ᠲᠦᠷᠦᠯ ᠵᠦᠢᠯ ᠢ ᠶᠡᠭᠡᠪᠡᠷ | ᠭᠡᠷᠡᠭᠵᠢᠭᠦᠯᠵᠦ᠂ ᠶᠤᠸᠠᠢ ᠱᠸᠡᠭ ᠵᠠᠢ ᠢᠳᠡᠭᠡᠨ᠂ ᠡᠷᠳᠡᠨᠢ ᠮᠢᠬᠠᠨ ᠤ ᠦᠢᠯᠡᠰ᠂ ᠮᠸᠡᠭ ᠱᠸᠡᠭ ᠮᠢᠬᠠᠨ ᠤ ᠦᠢᠯᠡᠰ | ᠵᠡᠷᠭᠡ ᠲᠠᠭᠠᠭᠤᠯᠤᠭᠴᠢ ᠠᠵᠤ ᠠᠬᠤᠶᠢᠯᠠᠯ ᠲᠠᠢ ᠶᠠᠳᠠᠭᠤ ᠶᠢ ᠲᠡᠳᠭᠦᠬᠦ ᠶᠢ ᠲᠠᠶᠢᠴᠢᠯᠠᠬᠤ ᠲᠤᠭᠳᠠᠴᠠ ᠶᠢ | ᠪᠠᠶᠢᠭᠤᠯᠵᠦ᠂ 6433 ᠺᠢᠯᠤᠸᠠᠲ ᠤᠨ ᠭᠠᠴᠠᠭ᠎ᠠ ᠲᠤᠰᠬᠤᠨ ᠤ ᠲᠡᠰ ᠤᠨ ᠭᠡᠷᠡᠯ ᠴᠠᠬᠢᠯᠭᠠᠨ ᠢᠶᠠᠷ ᠶᠠᠳᠠᠭᠤ ᠶᠢ | ᠲᠡᠳᠭᠦᠬᠦ ᠴᠠᠬᠢᠯᠭᠠᠨ ᠦᠷᠳᠡᠭᠡ ᠪᠦᠬᠦ ᠪᠠᠭᠳᠠᠭᠠᠮᠵᠢ ᠪᠠᠷ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ | ᠪᠡᠶᠡᠯᠡᠭᠦᠯᠵᠦ᠂ 2861 ᠡᠷᠦᠭᠡ ᠶᠢᠨ 6430 ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠭ᠎ᠠ ᠶᠢᠨ | ᠨᠡᠮᠡᠭᠳᠡᠯ ᠢ ᠲᠡᠶᠢᠴᠢᠯᠠᠵᠡᠢ᠃ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠶᠢᠨ ︽ᠭᠤᠷᠪᠠᠨ ᠨᠢᠭᠡ ᠪᠦᠯᠦᠭ︾ | 〔1〕ᠠᠵᠢᠯᠯᠠᠭᠠᠨ ᠤ ᠲᠦᠯᠦᠪᠯᠡᠭᠡ ᠶᠢ ᠬᠦᠨᠵᠡᠭᠡᠢ ᠭᠡᠷᠡᠭᠵᠢᠬᠦᠯᠵᠦ᠂ ᠦᠨᠳᠦᠰᠦᠨ ᠡᠮᠴᠢᠯᠡᠭᠡᠨ ᠤ ᠲᠠᠭᠠᠳᠬᠠᠯ᠂ | ᠬᠦᠨᠳᠦ ᠡᠪᠡᠳᠴᠢᠨ ᠤ ᠲᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠶᠢ ︽ᠨᠢᠭᠡ ᠦᠷᠳᠡᠬᠡᠯᠡᠭᠰᠡᠨ ᠮᠠᠶ᠋ᠢᠭ︾ | ᠢᠶᠠᠷ ᠴᠠᠭ ᠲᠤᠨᠢ ᠬᠦᠢᠴᠡᠳᠬᠡᠵᠦ ᠴᠠᠶᠢᠷᠠᠭᠤᠯᠬᠤ ᠶᠢ ᠪᠡᠶᠡᠯᠡᠬᠦᠯᠵᠦ᠂ 1275 ᠲᠦᠮᠡᠨ ᠲᠦᠬᠦᠷᠢᠭ ᠤᠨ ᠡᠮᠴᠢᠯᠡᠭᠡᠨ | ᠤ ᠵᠠᠷᠤᠳᠠᠯ ᠢ ᠲᠠᠩᠰᠠᠨ ᠠᠴᠠ ᠴᠠᠶᠢᠷᠠᠭᠤᠯᠵᠦ᠂ 1424 ᠬᠦᠮᠦᠨ ᠤᠳᠠᠭ᠎ᠠ ᠳᠤ ᠠᠰᠢᠭ ᠬᠦᠷᠳᠡᠭᠡᠪᠡ᠃ ᠶᠠᠳᠠᠭᠤ | ᠬᠦᠴᠢᠷᠳᠡᠯ ᠲᠠᠢ ᠭᠡᠷ ᠪᠦᠯᠢ ᠶᠢᠨ ᠰᠤᠷᠤᠭᠴᠢᠳ ᠢ ᠮᠦᠩᠬᠦ ᠪᠠᠷ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠦ᠂ ᠰᠤᠷᠭᠠᠨ ᠬᠦᠮᠦᠵᠢᠯ ᠤᠨ ᠲᠡᠳᠬᠦᠮᠵᠢ ᠶᠢᠨ ᠮᠦᠩᠬᠦ ᠶᠢ 197.9 ᠲᠦᠮᠡᠨ ᠲᠦᠬᠦᠷᠢᠭ | ᠲᠠᠷᠬᠠᠭᠠᠵᠦ᠂ 556 ᠬᠦᠮᠦᠨ ᠤᠳᠠᠭ᠎ᠠ ᠳᠤ ᠠᠰᠢᠭ ᠬᠦᠷᠳᠡᠭᠡᠪᠡ᠃ ᠮᠦᠩᠬᠦᠨ ᠬᠦᠢᠯᠭᠡᠭᠡᠨ ᠤ ᠶᠠᠳᠠᠭᠤ ᠶᠢ | ᠲᠡᠳᠬᠦᠬᠦ ᠪᠠᠭ᠎ᠠ ᠲᠤᠭᠠᠨ ᠤ ᠵᠢᠬᠡᠯᠡᠯᠭᠡ ᠶᠢᠨ ︽ᠵᠢᠷᠭᠤᠭᠠᠨ ᠡᠯᠧᠮᠧᠨ᠋ᠲ︾〔 2 〕 ᠶᠤᠰᠤᠭᠠᠷ᠂ 3721 | ᠲᠦᠮᠡᠨ ᠲᠦᠬᠦᠷᠢᠭ ᠤᠨ ᠪᠠᠭ᠎ᠠ ᠲᠤᠭᠠᠨ ᠤ ᠵᠢᠬᠡᠯᠡᠯᠭᠡ ᠲᠠᠯᠪᠢᠵᠦ᠂ 786 ᠶᠠᠳᠠᠭᠤ ᠬᠦᠴᠢᠷᠳᠡᠢ ᠡᠷᠦᠭᠡ ᠠᠰᠢᠭ | ᠬᠦᠷᠳᠡᠪᠡ᠃ ᠲᠤᠬᠢᠷᠠᠮᠵᠢᠳᠡᠢ ᠭᠠᠵᠠᠷ ᠨᠡᠬᠦᠯᠭᠡᠨ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠠᠬᠢᠭᠤᠯᠵᠦ᠂ 80 | ᠡᠷᠤᠭᠡ ᠶᠢᠨ 215 ᠬᠦᠮᠦᠨ ᠢ ᠲᠤᠬᠢᠷᠠᠮᠵᠢᠳᠡᠢ ᠭᠠᠵᠠᠷ ᠨᠡᠬᠦᠯᠬᠡᠵᠦ᠂ 58 ᠬᠦᠮᠦᠨ ᠢ ᠬᠠᠮᠳᠤ ᠳᠤᠨᠢ ᠨᠡᠬᠦᠯᠭᠡᠨ᠂ | ᠪᠦᠬᠦ ᠵᠢᠯ ᠤᠨ ᠡᠭᠦᠷᠭᠡ ᠪᠠᠨ ᠠᠮᠵᠢᠯᠳᠡᠳᠡᠢ ᠪᠡᠶᠡᠯᠡᠬᠦᠯᠪᠡ᠃ ᠪᠡᠭᠡᠵᠢᠩ ᠦᠪᠤᠷ ᠮᠤᠩᠭᠤᠯ ᠤᠨ ᠶᠠᠳᠠᠭᠤ ᠶᠢ ᠲᠡᠳᠭᠦᠬᠦ | ᠬᠠᠮᠳᠤᠷᠠᠯᠴᠠᠭ᠎ᠠ ᠶᠢ ᠦᠷᠬᠦᠯᠵᠢᠯᠡᠨ ᠬᠦᠨᠵᠡᠭᠡᠶᠢᠷᠡᠬᠦᠯᠵᠦ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠡᠯᠨ ᠮᠦᠩᠬᠦ | ᠶᠢ 4457 ᠲᠦᠮᠡᠨ ᠲᠦᠭᠦᠷᠢᠭ ᠨᠠᠶᠢᠳᠠᠪᠤᠷᠢᠵᠢᠭᠤᠯᠵᠦ᠂ 24 ᠶᠠᠳᠠᠭᠤ ᠶᠢ ᠲᠡᠳᠭᠦᠬᠦ ᠬᠠᠮᠳᠤᠷᠠᠯᠴᠠᠭᠠᠨ ᠤ ᠲᠦᠷᠦᠯ | ᠵᠤᠶᠢᠯ ᠢ ᠭᠡᠷᠡᠭᠵᠢᠬᠦᠯᠵᠦ᠂ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ 2212 ᠡᠷᠤᠭᠡ ᠶᠢᠨ 3248 ᠬᠦᠮᠦᠨ | ᠳᠤ ᠠᠰᠢᠭ ᠬᠦᠷᠳᠡᠭᠡᠵᠦ᠂ 5 ᠰᠤᠮᠤ ᠪᠠᠯᠭᠠᠰᠦ ᠨᠢ ᠪᠡᠭᠡᠵᠢᠩ ᠤᠨ ᠳ᠋ᠠ ᠰᠢᠩ ᠲᠤᠭᠤᠷᠢᠭ ᠤᠨ ᠪᠠᠯᠭᠠᠰᠦ ᠵᠡᠭᠡᠯᠢ ᠲᠠᠢ | ᠬᠠᠷᠢᠴᠠᠭ᠎ᠠ ᠪᠠᠶᠢᠭᠤᠯᠵᠦ᠂ 464 ᠬᠦᠮᠦᠨ ᠤᠳᠠᠭᠠᠨ ᠤ ᠺᠠᠳ᠋ᠷ ᠤᠯᠠᠨ ᠲᠦᠮᠡᠨ ᠳᠤ ᠪᠤᠯᠪᠠᠰᠤᠷᠠᠯ ᠬᠦᠷᠳᠡᠭᠡᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠰᠢᠨ᠎ᠡ ᠠᠮᠢᠵᠢᠷᠠᠯ ᠤᠨ ᠬᠦᠴᠦᠨ ᠤᠯᠭᠤᠪᠠ᠃ | ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠡ᠂ ᠦᠪᠡᠷᠳᠡᠭᠡᠨ ᠵᠠᠰᠠᠬᠤ ᠤᠷᠦᠨ ᠬᠢᠭᠡᠳ ᠠᠶᠢᠮᠠᠭ ᠤᠨ ᠱᠠᠳᠦᠨ ᠤ | ᠲᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ ᠬᠠᠪᠰᠤᠷᠤᠨ ᠲᠡᠳᠬᠦᠬᠦ ᠪᠠᠶᠢᠭᠤᠯᠭ᠎ᠠ ᠠᠴᠠ ᠬᠦᠴᠦᠳᠡᠢ ᠲᠡᠮᠵᠢᠵᠦ᠂ | ᠪᠦᠬᠦ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠬᠢᠴᠠ ᠶᠢ ᠲᠦᠷᠬᠡᠳᠬᠡᠬᠦ ᠳᠤ | ᠬᠦᠴᠦᠨ ᠴᠢᠳᠠᠯ ᠢᠶᠠᠨ ᠡᠷᠬᠦᠵᠦ᠂ ᠦᠷᠭᠡᠨ ᠤᠯᠠᠨ ᠺᠠᠳ᠋ᠷ ᠤᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠪᠠ᠃ | ︽ᠤᠶᠤᠨ ᠤᠬᠠᠭᠠᠨ ᠵᠤᠷᠢᠭ ᠬᠦᠴᠦᠨ ᠢ ᠬᠠᠮᠳᠤ ᠳᠤᠨᠢ ᠲᠡᠳᠬᠦᠬᠦ︾ 〔 3 〕 ᠶᠢ ᠪᠠᠷᠢᠮᠳᠠᠯᠠᠵᠦ᠂ ᠶᠠᠳᠠᠭᠤ ᠶᠢ | ᠲᠡᠳᠬᠦᠬᠦ ᠬᠦᠷᠢᠶ᠎ᠡ ᠴᠡᠷ᠎ᠡ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠵᠦ᠂ ᠶᠠᠳᠠᠭᠤ | ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠷᠢᠶᠡᠨ ᠤ ᠨᠡᠶᠢᠳᠡᠯᠢᠭ ᠵᠢᠱᠢᠶ᠎ᠡ ᠶᠢ ᠰᠤᠩᠭᠤᠨ ᠪᠤᠢ ᠪᠤᠯᠭᠠᠬᠤ᠂ | ᠲᠡᠷᠢᠬᠦᠨ ᠢ ᠡᠬᠦᠳᠴᠦ ᠰᠢᠯᠢᠳᠡᠭ ᠢ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠵᠦ᠂ ᠤᠯᠠᠨ ᠲᠦᠮᠡᠨ ᠤ ᠶᠠᠳᠠᠭᠤ | ᠠᠴᠠ ᠠᠩᠬᠢᠵᠢᠷᠠᠬᠤ ᠲᠤᠳᠤᠭᠠᠳᠦ ᠬᠦᠳᠡᠯᠭᠡᠬᠦ ᠬᠦᠴᠦᠨ ᠢ ᠬᠦᠢᠴᠡᠳ ᠬᠦᠭᠵᠢᠬᠡᠪᠡ᠃ ᠤᠯᠤᠰ ᠤᠨ ᠶᠠᠳᠠᠭᠤ ᠶᠢ | ᠲᠡᠳᠬᠦᠵᠦ ᠨᠡᠭᠡᠭᠡᠨ ᠬᠦᠭᠵᠢᠭᠦᠯᠬᠦ ᠠᠵᠢᠯ ᠤᠨ ᠠᠮᠵᠢᠯᠳᠠ ᠶᠢ ᠰᠢᠯᠭᠠᠬᠤ ᠲᠤᠮᠳᠠ ᠢᠯᠡᠷᠡᠭᠦᠯᠦᠭᠰᠡᠨ ᠠᠰᠠᠭᠤᠳᠠᠯ | ᠵᠢᠴᠢ ᠦᠪᠡᠷᠳᠡᠭᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ | ᠲᠦᠷᠦᠯ ᠤᠨ ᠱᠠᠭᠠᠷᠳᠡᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠡᠯ ᠢ ᠬᠠᠯᠠᠨ ᠰᠠᠶᠢᠵᠢᠷᠠᠭᠤᠯᠬᠤ ᠠᠵᠢᠯ | ᠢ ᠬᠢᠨᠠᠮᠠᠭᠠᠢ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠲᠦᠷᠦᠯ ᠤᠨ | ᠠᠵᠢᠯ ᠤᠨ ᠦᠷ᠎ᠠ ᠪᠦᠳᠦᠮᠵᠢ ᠤᠯᠡᠮ ᠲᠡᠭᠡᠭᠰᠢᠯᠡᠵᠦ᠂ 17 ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ ᠨᠢ | ᠶᠠᠳᠠᠭᠤ ᠶᠢᠨ ᠡᠩᠨᠡᠭᠡᠨ ᠠᠴᠠ ᠤᠷᠤᠭᠰᠢᠳᠠᠢ ᠭᠠᠷᠴᠦ᠂ 437 ᠡᠷᠤᠭᠡ ᠶᠢᠨ 982 ᠶᠠᠳᠠᠭᠤ ᠬᠦᠴᠢᠷᠳᠡᠯ ᠲᠠᠢ | ᠬᠦᠮᠦᠨ ᠶᠠᠳᠠᠭᠤ ᠠᠴᠠ ᠠᠩᠬᠢᠵᠢᠷᠠᠵᠦ᠂ ᠶᠠᠳᠠᠭᠤᠷᠠᠭᠰᠠᠨ ᠨᠤᠷᠮ᠎ᠡ 2.8% ᠠᠴᠠ 1.1% ᠪᠤᠯᠤᠨ | ᠲᠤᠷᠤᠭᠰᠢᠯᠠᠵᠦ᠂ ᠵᠢᠯ ᠤᠨ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠪᠠᠨ ᠲᠠᠪᠠᠭᠤᠯᠦᠨ ᠪᠡᠶᠡᠯᠡᠭᠦᠯᠵᠡᠢ᠃ | ᠪᠤᠬᠢᠷᠳᠦᠯ ᠢ ᠰᠡᠷᠬᠡᠶᠢᠯᠡᠨ ᠵᠠᠰᠠᠭᠰᠠᠨ ᠦᠷ᠎ᠠ ᠪᠦᠳᠦᠮᠵᠢ ᠲᠤᠪᠦᠶᠢᠮ᠎ᠡ ᠪᠤᠯᠪᠠ᠃ ᠴᠡᠯᠮᠡᠭ ᠤᠭᠳᠠᠷᠭᠤᠢ᠂ | ᠴᠡᠩᠭᠡᠭ ᠤᠰᠦ᠂ ᠴᠡᠪᠡᠷ ᠬᠦᠷᠦᠰᠦ ᠶᠢᠨ ︽ᠭᠤᠷᠪᠡᠨ ᠲᠤᠮᠤ ᠬᠠᠮᠠᠭᠠᠯᠠᠯᠳᠠ ᠶᠢᠨ ᠲᠡᠶᠢᠯᠠᠯᠳᠤᠭᠠᠨ︾ ᠢ ᠰᠡᠶᠢᠳᠦᠷ | ᠬᠢᠪᠡ᠃ ᠲᠦᠪ᠂ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ | ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠢ ᠬᠠᠯᠠᠨ ᠰᠠᠶᠢᠵᠢᠷᠠᠭᠤᠯᠬᠤ ᠠᠵᠢᠯ ᠪᠠ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ︾ ᠬᠤᠭᠤᠴᠠᠭᠠᠨ ᠳᠤ | ᠬᠦᠢᠴᠡᠳᠬᠡᠬᠦᠯᠬᠦ ᠪᠠᠷ ᠲᠤᠰᠢᠶᠠᠭᠰᠠᠨ ᠢᠯᠠᠴᠢᠯᠠᠨ ᠮᠡᠳᠡᠬᠦᠯᠦᠭᠰᠡᠨ ᠭᠡᠷᠡᠭ ᠢ ᠪᠠᠶᠢᠴᠠᠭᠠᠨ ᠬᠠᠷᠭᠤᠭᠤᠯᠵᠦ | ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠦ᠂ ᠬᠠᠯᠠᠨ ᠰᠠᠶᠢᠵᠢᠷᠠᠭᠤᠯᠤᠭᠰᠠᠨ ᠨᠤᠷᠮ᠎ᠠ 100% ᠳᠤ | ᠬᠦᠷᠪᠡ᠃ 3 ᠲᠤᠯᠠᠭᠠᠯᠭ᠎ᠠ ᠬᠠᠩᠭᠠᠬᠤ ᠠᠵᠦ ᠠᠬᠤᠶᠢᠯᠠᠯ ᠤᠨ ᠬᠦᠬᠦᠷ ᠲᠤᠭᠤᠰᠦ ᠠᠷᠢᠯᠭᠠᠬᠤ ᠪᠠᠷᠢᠮᠵᠢᠶ᠎ᠠ ᠶᠢ | ᠲᠡᠭᠡᠭᠰᠢᠯᠡᠬᠦᠯᠬᠦ ᠦᠭᠡᠷᠡᠴᠢᠯᠡᠯᠳᠡ ᠪᠠ ᠪᠢᠳᠡᠭᠦᠤ ᠮᠠᠶ᠋ᠢᠭ ᠤᠨ ᠨᠡᠭᠦᠷᠡᠰᠦ ᠬᠠᠳᠠᠭᠠᠯᠠᠬᠤ ᠲᠠᠯᠠᠪᠤᠷ᠂ ᠦᠨᠡᠰᠦ ᠭᠡᠭᠡᠬᠦ | ᠫᠸᠡᠭ ᠤᠨ ᠪᠠᠶᠢᠭᠤᠯᠤᠯᠳᠠ ᠶᠢ ᠪᠡᠶᠡᠯᠡᠭᠦᠯᠵᠦ᠂ ᠲᠤᠭᠳᠠᠮᠠᠯ ᠬᠤᠭᠤᠴᠠᠭ᠎ᠠ ᠲᠠᠢ ᠬᠢᠨᠠᠨ ᠬᠡᠮᠵᠢᠯᠳᠡ ᠬᠢᠪᠡ︔ 10 | ᠲᠦᠮᠡᠨ ᠲᠡᠭᠰᠢ ᠲᠦᠷᠪᠡᠯᠵᠢᠨ ᠮᠧᠲᠷ ᠤᠨ ᠰᠡᠯᠬᠢᠨ ᠴᠡᠬᠢᠯᠭᠠᠨ ᠤ ᠴᠡᠪᠡᠷ ᠡᠨᠧᠷᠬᠢ ᠪᠠᠷ ᠲᠤᠯᠠᠭᠠᠯᠭ᠎ᠠ ᠬᠠᠩᠭᠠᠬᠤ | ᠲᠦᠷᠦᠯ ᠵᠦᠢᠯ ᠠᠰᠢᠭᠯᠠᠯᠳᠠ ᠳᠤ ᠤᠷᠤᠵᠦ᠂ 10 ᠠᠭᠤᠷᠰᠢᠭᠤᠯᠬᠤ ᠲᠤᠨ ᠠᠴᠠ ᠲᠤᠷᠤᠭᠰᠢᠬᠢ ᠨᠡᠬᠦᠷᠡᠰᠦ ᠲᠦᠯᠡᠬᠦ | 21 ᠪᠠᠭ᠎ᠠ ᠬᠦᠸᠧᠯᠦ ᠶᠢ ᠵᠤᠭᠰᠤᠭᠠᠪᠠ᠃ ᠠᠭᠠᠷ ᠮᠠᠨᠳᠠᠯ ᠤᠨ ᠶᠠᠰᠦ ᠴᠢᠨᠠᠷ ᠰᠢᠯᠢᠳᠡᠭ ᠡᠳᠦᠷ ᠤᠨ ᠬᠠᠷᠢᠴᠡᠯ 94. | 3% ᠳᠤ ᠬᠦᠷᠪᠡ᠃ ᠬᠤᠳᠠ ᠪᠠᠯᠭᠠᠰᠦᠨ ᠤ ᠲᠦᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠰᠤᠷᠪᠤᠯᠵᠢ ᠶᠢᠨ | ᠨᠢᠭᠡᠳᠦᠭᠡᠷ ᠲᠡᠰ ᠤᠨ ᠬᠠᠮᠠᠭᠠᠯᠠᠯᠳᠠ ᠶᠢᠨ ᠤᠷᠤᠨ ᠢ ᠬᠠᠶᠢᠨ ᠰᠢᠨᠵᠢᠯᠡᠵᠦ ᠵᠠᠭᠠᠭ ᠲᠤᠭᠳᠠᠭᠠᠬᠤ᠂ ᠠᠯᠤᠰ ᠠᠴᠠ | ᠡᠵᠡᠮᠰᠢᠬᠦ ᠠᠵᠢᠯ ᠢ ᠦᠷᠨᠢᠭᠦᠯᠪᠡ︔ ᠮᠢᠩᠭᠠᠳᠦ ᠪᠠᠯᠭᠠᠰᠦᠨ ᠤ ᠪᠤᠬᠢᠷᠳᠦᠯ ᠤᠰᠦ ᠶᠢ ᠰᠶᠢᠳᠪᠤᠷᠢᠯᠡᠬᠦ ᠦᠢᠯᠡᠳᠪᠤᠷᠢ | ᠶᠢᠨ ᠮᠡᠷᠭᠡᠵᠢᠯ ᠤᠨ ᠦᠭᠡᠷᠡᠴᠢᠯᠡᠯᠳᠡ ᠶᠢ ᠪᠡᠶᠡᠯᠡᠬᠦᠯᠦᠨ ᠭᠠᠳᠠᠭᠰᠢᠯᠠᠭᠤᠯᠬᠤ ᠪᠠᠷᠢᠮᠵᠢᠶᠠᠨ ᠳᠤ ᠬᠦᠷᠭᠡᠬᠦ ᠶᠢᠨ ᠬᠠᠮᠳᠦ | ᠦᠪᠡᠷᠳᠡᠬᠡᠨ ᠵᠠᠰᠠᠬᠤ ᠤᠷᠤᠨ ᠤ ᠰᠢᠯᠭᠠᠨ ᠬᠤᠷᠢᠶᠠᠯᠳᠠ ᠳᠤ ᠬᠢᠷᠢ ᠲᠡᠩᠴᠡᠵᠦ᠂ ᠤᠰᠦ ᠶᠢ ᠲᠠᠬᠢᠨ ᠠᠰᠢᠭᠯᠠᠬᠤ | ᠭᠤᠤᠯ ᠴᠤᠭᠴᠨ ᠶᠢᠨ ᠢᠨᠵᠧᠨᠧᠷᠢᠩ ᠢ ᠪᠦᠬᠦ ᠲᠠᠯ᠎ᠠ ᠪᠠᠷ ᠪᠠᠶᠢᠭᠤᠯᠵᠦ ᠲᠠᠭᠤᠰᠪᠠ︔ ᠪᠠᠷᠠᠭᠤᠨ ᠨᠤᠭᠤ ᠭᠠᠵᠠᠷ〔 | 4 〕 ᠤᠨ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠡᠮᠤᠨ᠎ᠡ ᠬᠤᠭᠤᠴᠠᠭᠠᠨ ᠤ ᠠᠵᠢᠯ ᠤᠷᠤᠭᠰᠢᠳᠡᠢ | ᠠᠬᠢᠪᠠ᠃ ᠲᠤᠰᠤ ᠨᠡᠮᠡᠬᠦ ᠦᠷᠳᠡᠭᠡᠨ ᠤ ᠭᠠᠵᠠᠷ ᠲᠤᠤᠷᠠᠬᠢ 20 ᠲᠤᠰᠤ ᠬᠠᠳᠠᠭᠠᠯᠠᠬᠤ ᠰᠠᠪᠠᠨ ᠤ ᠨᠡᠪᠴᠢᠬᠦ ᠠᠴᠠ | ᠰᠡᠷᠭᠡᠶᠢᠯᠡᠬᠦ ᠦᠭᠡᠷᠡᠴᠢᠯᠡᠯᠳᠡ ᠶᠢᠨ ᠠᠵᠢᠯ ᠢ ᠪᠡᠶᠡᠯᠡᠬᠦᠯᠪᠡ︔ ︽ᠭᠤᠷᠪᠠᠨ ᠲᠤᠭᠤᠷᠢᠭ ᠬᠤᠶᠠᠷ ᠱᠤᠭᠤᠮ︾〔 5 | 〕 ᠤᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠬᠤ ᠪᠠ ᠭᠠᠵᠠᠷ ᠰᠢᠷᠤᠢ ᠶᠢ ᠴᠡᠭᠴᠡᠯᠡᠨ ᠵᠠᠰᠠᠬᠤ | ᠠᠵᠢᠯ ᠢ ᠦᠷᠬᠦᠯᠵᠢᠯᠡᠨ ᠰᠠᠶᠢᠳᠦᠷ ᠠᠳᠬᠤᠵᠦ᠂ 4 ᠵᠠᠳᠠᠭᠠᠢ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢ ᠬᠠᠭᠠᠪᠠ | ᠃ ᠤᠰᠤ᠂ ᠬᠦᠷᠦᠰᠦ ᠰᠢᠷᠤᠢ ᠶᠢᠨ ᠪᠤᠬᠢᠷᠳᠦᠯ ᠢ ᠰᠡᠷᠬᠡᠶᠢᠯᠡᠨ ᠵᠠᠰᠠᠬᠤ ᠪᠠ ᠲᠦᠭᠰᠢᠬᠦᠷᠢ ᠶᠢ ᠬᠠᠮᠢᠶᠠᠷᠤᠨ | ᠡᠷᠬᠡᠰᠢᠶᠡᠬᠦ ᠶᠢ ᠤᠯᠠᠮ ᠴᠢᠩᠭᠠᠳᠬᠠᠪᠠ᠃ ᠭᠠᠵᠠᠷ ᠰᠢᠷᠤᠢ ᠶᠢᠨ ᠵᠤᠷᠰᠢᠯ ᠱᠠᠭᠠᠷᠳᠠᠨ ᠪᠠᠶᠢᠴᠠᠭᠠᠯᠳᠠ ᠶᠢᠨ | ᠢᠯᠡᠷᠡᠬᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠠᠬᠢᠭᠤᠯᠵᠦ᠂ | ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠷᠢᠶᠡᠨ ᠳᠠᠬᠢ ᠲᠠᠯᠳᠠ ᠬᠡᠮ ᠢ ᠪᠠᠶᠢᠴᠠᠭᠠᠨ | ᠴᠡᠭᠴᠡᠯᠡᠬᠦ ᠶᠢ ᠪᠦᠬᠦ ᠲᠠᠯ᠎ᠠ ᠪᠠᠷ ᠦᠷᠨᠢᠬᠦᠯᠵᠦ᠂ ᠤᠯᠡᠨ ᠵᠢᠯ ᠤᠨ ᠲᠤᠷᠰᠢ ᠦᠯᠡᠳᠡᠭᠳᠡᠵᠦ ᠢᠷᠡᠭᠰᠡᠨ ᠨᠤᠳᠤᠭ | ᠪᠡᠯᠴᠢᠭᠡᠷ ᠢ ᠲᠠᠳᠠᠪᠤᠷᠢᠯᠠᠨ ᠡᠵᠡᠯᠡᠵᠦ ᠬᠡᠷᠡᠭᠯᠡᠬᠦ ᠳᠤ ᠭᠠᠷ ᠬᠦᠢᠴᠡᠳᠭᠡᠯ ᠬᠢᠭᠰᠡᠨ ᠦᠭᠡᠢ 40 ᠲᠦᠷᠦᠯ ᠵᠦᠢᠯ ᠪᠠ | ᠬᠠᠤᠯᠢ ᠶᠢ ᠵᠦᠷᠢᠴᠡᠵᠦ ᠨᠤᠳᠤᠭ ᠪᠡᠯᠴᠢᠭᠡᠷ ᠢ ᠡᠪᠳᠡᠭᠰᠡᠨ 24 ᠭᠡᠷᠡᠭ ᠢ ᠪᠦᠬᠦᠨ ᠢ ᠰᠶᠢᠳᠪᠤᠷᠢᠯᠡᠪᠡ᠃ ᠪᠦᠬᠦ ᠵᠢᠯ | ᠳᠤ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠤᠷᠤᠨ ᠳᠤ 6089 ᠲᠦᠮᠡᠨ ᠲᠦᠭᠦᠷᠢᠭ ᠤᠨ ᠪᠡᠯᠨ | ᠮᠦᠩᠬᠦ ᠶᠢ ᠰᠢᠯᠵᠢᠭᠦᠯᠦᠨ ᠦᠭᠴᠦ᠂ ᠠᠳᠠᠯᠢ ᠬᠤᠭᠤᠴᠠᠭᠠᠨ ᠠᠴᠠ 8.5% ᠪᠠᠷ ᠨᠡᠮᠡᠭᠳᠡᠪᠡ᠃ | ︵ᠬᠤᠶᠠᠷ︶ ᠠᠵᠦ ᠠᠬᠤᠢ ᠶᠢᠨ ᠬᠦᠭᠵᠢᠯᠳᠡ ᠶᠢᠨ ᠶᠠᠰᠦ ᠴᠢᠨᠠᠷ ᠪᠠ ᠦᠷ᠎ᠠ ᠠᠰᠢᠭ ᠢᠯᠡᠳᠳᠡ | ᠲᠡᠭᠡᠭᠰᠢᠯᠡᠪᠡ | ᠭᠤᠤᠯᠳᠠᠯᠭ᠎ᠠ ᠲᠠᠢ ᠲᠦᠷᠦᠯ ᠵᠤᠶᠢᠯ ᠤᠨ ᠪᠠᠶᠢᠭᠤᠯᠤᠯᠳᠠ ᠬᠦᠴᠦᠳᠡᠢ ᠠᠬᠢᠪᠠ᠃ ᠲᠦᠷᠦᠯ ᠵᠦᠢᠯ ᠢ | ᠠᠳᠬᠤᠵᠦ ᠪᠡᠯᠨ ᠤᠷᠤᠭᠤᠯᠤᠯᠳᠠ ᠶᠢ ᠠᠬᠢᠭᠤᠯᠬᠤ ᠶᠢ ᠠᠵᠤ ᠠᠬᠤᠢ ᠶᠢᠨ ᠨᠡᠮᠡᠭᠳᠡᠯ ᠢ ᠲᠦᠷᠭᠡᠳᠭᠡᠬᠦ ᠴᠢᠬᠤᠯᠠ | ᠬᠦᠴᠦᠯᠡᠬᠦ ᠴᠡᠭ ᠪᠤᠯᠭᠠᠬᠤ ᠶᠢ ᠢᠮᠠᠭᠳᠠ ᠪᠠᠷᠢᠮᠳᠠᠯᠠᠵᠦ᠂ ᠪᠦᠬᠦ ᠵᠢᠯ ᠳᠤ 500 ᠲᠦᠮᠡᠨ ᠲᠦᠭᠦᠷᠢᠭ ᠠᠴᠠ | ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢᠨ 42 ᠲᠦᠷᠦᠯ ᠵᠦᠢᠯ ᠢ ᠬᠡᠷᠡᠭᠵᠢᠭᠦᠯᠵᠦ᠂ | ᠡᠭᠦᠨ ᠳᠤ ᠠᠶᠢᠮᠠᠭ ᠤᠨ ᠲᠡᠰ ᠤᠨ 8 ᠭᠤᠤᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠰᠡᠷᠭᠦᠭᠡᠭᠰᠡᠨ ᠨᠤᠷᠮ᠎ᠡ | ᠂ ᠭᠠᠷᠳᠠᠮ ᠬᠦᠢᠴᠡᠳᠭᠡᠭᠰᠡᠨ ᠨᠤᠷᠮ᠎ᠠ᠂ ᠪᠠᠯᠨ ᠤᠷᠤᠭᠤᠯᠤᠯᠳᠠ ᠶᠢ ᠪᠡᠶᠡᠯᠡᠭᠦᠯᠦᠭᠰᠡᠨ ᠨᠤᠷᠮ᠎ᠡ ᠴᠦᠮ ᠪᠦᠬᠦ ᠠᠶᠢᠮᠠᠭ | ᠤᠨ ᠲᠡᠷᠢᠬᠦᠨ ᠳᠤ ᠪᠠᠶᠢᠷᠢᠯᠡᠵᠦ ᠪᠠᠶᠢᠨ᠎ᠡ᠃ ᠪᠡᠭᠡᠵᠢᠩ ᠱᠠᠨᠰᠢ ᠡᠾᠧᠪᠸᠢ ᠵᠡᠷᠭᠡ ᠭᠠᠵᠠᠷ ᠤᠷᠤᠨ ᠢᠶᠠᠷ ᠬᠦᠷᠴᠦ | ᠠᠷᠠᠯᠵᠢᠶᠠᠴᠢᠨ ᠤᠷᠢᠬᠤ ᠠᠵᠢᠯ ᠦᠷᠨᠢᠭᠦᠯᠵᠦ᠂ ᠵᠢᠷᠭᠤᠳᠤᠭᠠᠷ ᠬᠤᠭᠤᠴᠠᠭᠠᠨ ᠤ ︽ᠪᠡᠭᠡᠵᠢᠩ ᠤᠨ ᠲᠠᠷᠢᠶᠠᠯᠠᠩ | ᠦᠢᠯᠡᠰ ᠤᠨ ᠬᠦᠭᠵᠢᠶᠠᠨᠳᠦ ᠴᠤᠭᠯᠠᠭᠠᠨ ᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠭᠤᠤᠯ ᠰᠡᠳᠤᠪᠳᠦ | ᠡᠳᠦᠷ ᠤᠨ ᠠᠵᠢᠯᠯᠠᠭ᠎ᠠ︾ ᠶᠢ ᠠᠮᠵᠢᠯᠳᠠ ᠲᠠᠢ ᠡᠷᠬᠢᠯᠡᠵᠦ᠂ ᠤᠬᠢ ᠰᠡᠶᠢᠨ ᠦᠷ᠎ᠠ ᠠᠰᠢᠭ ᠤᠯᠪᠠ᠃ ᠪᠦᠬᠦ ᠵᠢᠯ ᠳᠤ | 11 ᠠᠷᠠᠯᠵᠢᠶᠠᠴᠢᠨ ᠤᠷᠢᠵᠦ ᠪᠡᠯᠨ ᠲᠠᠳᠠᠬᠤ ᠲᠦᠷᠦᠯ ᠵᠦᠢᠯ ᠤᠨ ᠭᠡᠷ᠎ᠡ ᠲᠤᠭᠳᠠᠵᠦ᠂ ᠭᠡᠷ᠎ᠡ ᠲᠤᠭᠳᠠᠭᠰᠠᠨ ᠪᠡᠯᠨ | ᠤᠷᠤᠭᠤᠯᠤᠯᠳᠠ 32.8 ᠳ᠋ᠦᠩᠰᠢᠭᠤᠷ ᠲᠦᠭᠦᠷᠢᠭ ᠲᠤ ᠬᠦᠷᠴᠦ᠂ ᠡᠭᠦᠨ ᠳᠤ 9 ᠲᠦᠷᠦᠯ ᠵᠦᠢᠯ ᠢ ᠲᠤᠰ ᠵᠢᠯ | ᠳᠤᠨᠢ ᠵᠦᠪᠳᠡᠨ ᠲᠤᠬᠳᠠᠵᠦ᠂ ᠡᠬᠢᠯᠡᠨ ᠪᠠᠶᠢᠭᠤᠯᠪᠠ᠃ | ᠤᠳᠤᠬᠢᠴᠢᠯᠠᠭᠰᠠᠨ ᠮᠠᠯ ᠲᠠᠷᠢᠶᠠᠯᠠᠩ ᠤᠨ ᠦᠢᠯᠡᠰ ᠯᠠᠪᠳᠠᠭᠤᠨ ᠬᠦᠭᠵᠢᠪᠡ᠃ ᠰᠢᠯᠢᠳᠡᠭ ᠴᠢᠨᠠᠷ ᠤᠨ ᠰᠡᠶᠢᠨ | ᠡᠭᠦᠯᠳᠡᠷ ᠤᠨ ᠮᠢᠬᠠᠨ ᠤ ᠦᠭᠡᠷ᠂ ᠴᠠᠬᠠᠷ ᠬᠤᠨᠢ ᠪᠠ ᠤᠨᠴᠠᠯᠢᠭᠳᠦ ᠲᠠᠷᠢᠮᠠᠯ ᠤᠨ ᠠᠵᠤ ᠦᠢᠯᠡᠰ ᠢ ᠪᠤᠶᠢᠵᠢᠭᠤᠯᠤᠨ | ᠬᠦᠭᠵᠢᠭᠦᠯᠬᠦ ᠲᠤᠭᠤᠷᠢᠨ ᠳᠤ᠂ ᠭᠤᠷᠪᠡᠨ ᠵᠢᠯ ᠤᠨ ᠬᠦᠭᠵᠢᠯᠳᠡ ᠶᠢᠨ ᠲᠦᠯᠦᠪᠯᠡᠭᠡ ᠶᠢ ᠲᠤᠰᠪᠤᠷᠢ ᠲᠤᠭᠳᠠᠭᠠᠪᠠ᠃ | ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠦᠷᠭᠡᠳᠭᠡᠨ ᠪᠠᠶᠢᠭᠤᠯᠬᠤ ᠢᠨᠵᠧᠨᠧᠷᠢᠩ᠂ ᠡᠪᠡᠰᠦ ᠪᠤᠷᠳᠤᠭᠠᠨ | ᠤ ᠰᠠᠭᠤᠷᠢᠨ ᠭᠠᠵᠠᠷ ᠤᠨ ᠪᠠᠶᠢᠭᠤᠯᠦᠯᠳᠠ ᠶᠢᠨ ᠢᠨᠵᠧᠨᠧᠷᠢᠩ ᠢ ᠡᠮᠬᠢ ᠲᠠᠷᠠᠭᠠᠯᠠᠯ ᠲᠠᠢ ᠠᠬᠢᠭᠤᠯᠪᠠ᠃ ᠶᠤᠸᠠᠢ | ᠱᠸᠡᠭ ᠵᠠᠢ ᠤᠳᠤᠬᠢᠴᠢᠯᠠᠭᠰᠠᠨ ᠮᠡᠯ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠤᠨ ᠲᠦᠷᠦᠯ ᠵᠦᠢᠯ᠂ | ᠡᠷᠳᠡᠨᠢ ᠮᠢᠬᠠᠨ ᠤ ᠦᠢᠯᠡᠰ ᠤᠨ ᠦᠭᠡᠷ ᠪᠤᠷᠳᠤᠨ ᠲᠠᠷᠭᠤᠯᠠᠭᠤᠯᠬᠤ ᠤᠳᠣᠬᠢᠴᠢᠯᠠᠭᠰᠠᠨ ᠵᠢᠱᠢᠶ᠎ᠡ ᠦᠵᠡᠭᠦᠯᠬᠦ | ᠲᠠᠯᠠᠪᠤᠷ ᠪᠤᠯᠦᠨ ᠪᠦᠬᠦ ᠲᠠᠯ᠎ᠠ ᠪᠠᠷ ᠠᠦ᠋ᠲ᠋ᠥᠴᠢᠯᠠᠭᠰᠠᠨ ᠠᠯᠠᠵᠦ ᠨᠢᠳᠤᠯᠬᠤ ᠦᠢᠯᠡᠳᠪᠤᠷᠢ ᠶᠢᠨ ᠲᠦᠷᠦᠯ ᠵᠦᠢᠯ ᠢ | ᠤᠷᠤᠭᠤᠯᠪᠠ᠃ ᠰᠢᠮᠧᠨ᠋ᠲ᠋ᠧᠷ ᠦᠭᠡᠷ ᠤᠨ 6 ᠭᠤᠤᠯ ᠰᠦᠷᠦᠭ ᠪᠠ ᠴᠠᠬᠠᠷ ᠬᠤᠨᠢᠨ ᠤ 12 ᠭᠤᠤᠯ ᠰᠦᠷᠦᠭ ᠢ | ᠪᠠᠶᠢᠭᠤᠯᠪᠠ᠃ ᠮᠠᠯ ᠲᠠᠷᠢᠶᠠᠯᠠᠩ ᠤᠨ ᠦᠢᠯᠡᠰ ᠤᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠬᠦ ᠠᠯᠬᠤᠴᠠ | ᠲᠦᠷᠭᠡᠰᠴᠦ᠂ ᠬᠤᠶᠢᠳᠦ ᠬᠡᠰᠡᠭ ᠤᠨ ᠡᠯᠡᠰᠦᠷᠭᠡᠭ ᠭᠠᠵᠠᠷ ᠲᠤ ᠮᠢᠬᠠᠨ ᠤ ᠦᠭᠡᠷ ᠲᠡᠵᠢᠬᠡᠬᠦ᠂ ᠲᠤᠮᠳᠠ ᠪᠡᠶ᠎ᠡ ᠶᠢᠨ | ᠲᠠᠯ᠎ᠠ ᠭᠠᠵᠠᠷ ᠲᠤ ᠮᠢᠬᠠᠨ ᠤ ᠬᠤᠨᠢ ᠲᠡᠵᠢᠬᠡᠬᠦ᠂ ᠡᠮᠦᠨ᠎ᠡ ᠬᠡᠰᠡᠭ ᠤᠨ ᠲᠠᠷᠢᠶᠠᠯᠠᠬᠤ ᠤᠷᠤᠨ ᠳᠤ ᠤᠨᠴᠠᠯᠢᠬᠳᠦ | ᠲᠠᠷᠢᠮᠠᠯ ᠲᠠᠷᠢᠬᠤ ᠠᠵᠦ ᠦᠢᠯᠡᠰ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠬᠦᠯᠪᠡ᠃ 6.2 ᠲᠦᠮᠡᠨ ᠦᠭᠡᠷ᠂ | 18 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠵᠦ᠂ ᠤᠯᠦᠰ ᠤᠨ ᠲᠤᠳᠤᠭᠠᠳᠦ ᠠᠴᠠ 1095 ᠰᠢᠯᠢᠳᠡᠭ ᠴᠢᠨᠠᠷ | ᠤᠨ ᠰᠡᠶᠢᠨ ᠡᠭᠦᠯᠳᠡᠷ ᠤᠨ ᠮᠢᠬᠠᠨ ᠤ ᠦᠭᠡᠷ ᠢ ᠤᠷᠤᠭᠤᠯᠵᠡᠢ᠃ ᠴᠠᠭ ᠤᠯᠠᠷᠢᠯ ᠤᠨ ᠤᠨ ᠤ ᠮᠢᠬᠠᠨ ᠤ ᠦᠭᠡᠷ ᠢ | ᠲᠡᠵᠢᠬᠡᠨ ᠦᠷᠡᠵᠢᠬᠦᠯᠵᠦ ᠪᠠᠶᠢᠭ᠎ᠠ ᠬᠡᠮᠵᠢᠶ᠎ᠡ ᠠᠳᠠᠯᠢ ᠬᠤᠭᠤᠴᠠᠭᠠᠨ ᠠᠴᠠ 17% ᠪᠠᠷ ᠨᠡᠮᠡᠭᠳᠡᠪᠡ︔ ᠮᠢᠬᠠᠨ ᠤ | ᠬᠤᠨᠢ ᠲᠠᠵᠢᠭᠡᠨ ᠦᠰᠬᠡᠬᠦ ᠬᠡᠪᠴᠢᠶ᠎ᠡ ᠳᠠᠬᠢ ᠴᠠᠬᠠᠷ ᠬᠤᠨᠢᠨ ᠤ ᠡᠵᠡᠯᠡᠬᠦ ᠬᠠᠷᠢᠴᠠᠯ 39% ᠠᠴᠠ 57% ᠪᠤᠯᠵᠦ | ᠲᠡᠭᠡᠭᠰᠢᠯᠡᠪᠡ︔ ᠶᠡᠷᠦᠩᠭᠡᠢ ᠲᠠᠷᠢᠮᠠᠯ ᠤᠨ ᠲᠠᠯᠠᠪᠠᠢ ᠳᠠᠬᠢ ᠠᠵᠤ ᠠᠬᠤᠢ ᠶᠢᠨ ᠲᠠᠷᠢᠮᠡᠯ᠂ ᠴᠢᠨᠠᠷᠯᠢᠭ ᠲᠡᠵᠢᠭᠡᠯ | ᠡᠪᠡᠰᠦᠨ ᠤ ᠡᠵᠡᠯᠡᠬᠦ ᠬᠠᠷᠢᠴᠠᠯ 40% ᠠᠴᠠ 48% ᠪᠤᠯᠵᠦ ᠲᠡᠭᠡᠭᠰᠢᠯᠡᠪᠡ᠃ ᠮᠠᠯ ᠲᠠᠷᠢᠶᠠᠯᠠᠩ ᠦᠢᠯᠡᠰ ᠤᠨ | ᠲᠠᠷᠢᠵᠦ ᠲᠡᠵᠢᠭᠡᠬᠦ ᠶᠠᠰᠦ ᠴᠢᠨᠠᠷ ᠪᠠ ᠮᠠᠯᠴᠢᠨ ᠲᠠᠷᠢᠶᠠᠴᠢᠳ ᠤᠨ ᠨᠠᠷᠢᠯᠢᠭ ᠲᠠᠷᠢᠵᠦ ᠲᠡᠵᠢᠬᠡᠬᠦ ᠦᠵᠡᠯ ᠤᠬᠠᠮᠰᠠᠷ | ᠤᠯᠠᠮ ᠲᠡᠭᠡᠭᠰᠢᠯᠡᠵᠦ᠂ ᠮᠠᠯᠴᠢᠨ ᠲᠠᠷᠢᠶᠠᠴᠢᠳ ᠤᠨ ᠴᠢᠨᠡᠬᠡᠯᠢᠭᠵᠢᠯ ᠤᠨ ᠲᠠᠭᠠᠭᠤᠯᠤᠭᠴᠢ ᠨᠠᠷ ᠨᠢ ᠪᠦᠬᠦ ᠤᠷᠤᠨ᠂ | ᠪᠦᠬᠦ ᠠᠶᠢᠮᠠᠭ ᠤᠨ ᠲᠡᠷᠢᠬᠦᠨ ᠤ ᠨᠡᠶᠢᠳᠡᠯᠢᠭ ᠵᠢᠱᠢᠶ᠎ᠡ ᠪᠠᠷ ᠦᠨᠡᠯᠡᠭᠳᠡᠪᠡ᠃ ᠮᠠᠯ ᠲᠠᠷᠢᠶᠠᠯᠠᠩ ᠤᠨ ᠲᠤᠭᠳᠠᠭᠤᠨ | ᠦᠢᠯᠡᠳᠪᠦᠷᠢᠯᠡᠯ ᠢ ᠬᠦᠴᠦᠳᠡᠢ ᠪᠠᠳᠤᠯᠠᠵᠦ᠂ ᠴᠠᠭ ᠠᠭᠤᠷ ᠤᠨ ᠭᠠᠮᠰᠢᠭ ᠵᠤᠤᠨ ᠢ ᠤᠷᠢᠳᠴᠢᠯᠠᠨ ᠮᠡᠳᠡᠭᠡᠯᠡᠬᠦ᠂ | ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠢ ᠬᠢᠨᠠᠮᠠᠭᠠᠢ ᠬᠢᠵᠦ᠂ ᠠᠹᠷᠢᠺᠠ ᠭᠠᠭ᠋ᠠᠢ ᠶᠢᠨ | ᠬᠢᠵᠢᠭ ᠤᠨ ᠬᠠᠯᠳᠠᠪᠤᠷᠢᠯᠠᠯ ᠢ ᠰᠡᠷᠬᠡᠶᠢᠯᠡᠪᠡ᠃ ᠮᠠᠯᠵᠢᠯ ᠤᠨ ᠤᠨ ᠤ ᠮᠠᠯ ᠤᠨ ᠶᠡᠷᠤᠩᠬᠡᠢ ᠲᠤᠭ᠎ᠠ 49.5 ᠲᠦᠮᠡ ︵ | ᠪᠤᠳᠡ ᠮᠡᠯ 11.7 ᠲᠦᠮᠡ᠂ ᠪᠤᠭ ᠮᠠᠯ 37.8 ᠲᠦᠮᠡ︶ ᠳᠤ ᠬᠦᠷᠴᠦ᠂ 27.7 ᠲᠦᠮᠡᠨ ᠮᠡᠯ ︵ᠪᠤᠳᠡ ᠮᠡᠯ 3. | 9 ᠲᠦᠮᠨ᠂ ᠪᠤᠭ ᠮᠠᠯ 23.5 ᠲᠦᠮᠡ︶ ᠢ ᠵᠠᠷᠤᠴᠠᠭᠤᠯᠪᠠ᠃ ᠲᠠᠷᠢᠮᠠᠯ ᠤᠨ ᠲᠠᠯᠠᠪᠠᠢ 25.8 ᠲᠦᠮᠡᠨ ᠮᠤ᠋ ᠳᠤ | ᠬᠦᠷᠴᠦ᠂ ᠶᠡᠷᠦᠩᠭᠡᠢ ᠭᠠᠷᠤᠯᠳᠠ 9.6 ᠲᠦᠮᠡᠨ ᠲᠤᠨ ᠳᠤ ᠬᠦᠷᠪᠡ᠃ 3 ᠲᠦᠮᠡᠨ ᠲᠡᠭᠰᠢ ᠲᠦᠷᠪᠡᠯᠵᠢᠨ | ᠮᠧᠲᠷ ᠤᠨ ᠲᠤᠯᠠᠭᠠᠨ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠲᠠᠷᠤᠰᠢ ᠶᠢᠨ | ᠵᠤᠭᠤᠷᠢ ᠶᠢ ᠪᠠᠶᠢᠭᠤᠯᠵᠦ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠦᠷᠬᠦᠯᠵᠢᠯᠡᠨ ᠰᠠᠶᠢᠵᠢᠷᠠᠪᠠ᠃ | 1.2 ᠳ᠋ᠦᠩᠰᠢᠭᠤᠷ ᠺᠢᠯᠤᠭ᠍ᠷᠠᠮ ᠡᠪᠡᠰᠦ ᠵᠦᠭᠡᠭᠡᠪᠦᠷᠢᠯᠡᠨ ᠬᠠᠳᠠᠭᠠᠯᠠᠵᠦ᠂ ᠮᠠᠯ ᠤᠨᠤᠭ᠎ᠠ ᠪᠠᠨ ᠮᠠᠨᠳᠦ ᠡᠪᠦᠯᠵᠢᠬᠦᠯᠪᠡ᠃ | | ᠠᠵᠦ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠬᠦ ᠠᠬᠢᠴᠠ ᠲᠦᠷᠬᠡᠰᠪᠡ᠃ | ᠪᠠᠶᠢᠭᠠᠯᠢᠯᠢᠭ ᠮᠡᠯ ᠲᠠᠷᠢᠶᠠᠯᠠᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ᠂ ᠴᠡᠪᠡᠷ ᠡᠨᠧᠷᠬᠢ᠂ ᠲᠤᠨᠤᠭ | ᠲᠦᠭᠦᠭᠡᠷᠦᠮᠵᠢ ᠦᠢᠯᠡᠳᠬᠦ᠂ ᠠᠭᠤᠷᠬᠠᠢ ᠨᠡᠭᠡᠭᠡᠨ ᠪᠤᠯᠪᠠᠰᠤᠷᠠᠭᠤᠯᠬᠤ ᠠᠵᠤ ᠦᠢᠯᠡᠰ ᠤᠨ ᠲᠤᠯᠭᠠᠭᠤᠷᠢᠯᠠᠬᠤ | ᠦᠢᠯᠡᠳᠦᠯ ᠤᠯᠡᠮ ᠢᠶᠠᠷ ᠴᠢᠩᠭᠠᠷᠠᠪᠠ᠃ ᠮᠸᠡᠭ ᠱᠸᠡᠭ᠂ ᠢ ᠱᠸᠡᠭ ᠮᠢᠬᠠᠨ ᠤ ᠲᠦᠷᠦᠯ ᠢ ᠪᠤᠯᠪᠠᠰᠤᠷᠠᠭᠤᠯᠬᠤ | ᠬᠤᠶᠠᠷ ᠠᠵᠤ ᠠᠬᠤᠶᠢᠯᠡᠯ ᠨᠢ ᠦᠪᠤᠷ ᠮᠤᠩᠭᠤᠯ ᠤᠨ ᠰᠲ᠋ᠤᠺ ᠤᠨ ᠡᠷᠭᠡ ᠶᠢᠨ ᠰᠤᠯᠢᠯᠴᠠᠭᠠᠨ ᠤ ᠲᠦᠪ ᠤᠨ | ᠬᠢᠨᠠᠯᠳᠠ ᠶᠢ ᠦᠩᠭᠡᠷᠡᠭᠡᠵᠦ ᠢᠯᠡᠷᠬᠡᠶᠢᠯᠡᠯ ᠡᠯᠭᠦᠵᠡᠢ︔ ᠬᠤᠩ ᠶᠧ ᠨᠤᠤᠰᠦᠨ ᠨᠡᠭᠡᠮᠡᠯ ᠤᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠤᠨ ᠪᠠᠷᠢᠯᠭ᠎ᠠ ᠲᠠᠭᠤᠰᠴᠦ ᠠᠰᠢᠭᠯᠠᠯᠳᠠ ᠳᠤ ᠤᠷᠤᠪᠠ᠃ ᠵᠠᠭᠤᠨ ᠲᠦᠮᠡᠨ | ᠺᠢᠯᠤᠸᠠᠲ ᠤᠨ ᠤᠨᠴᠨ ᠦᠨᠳᠦᠷ ᠬᠦᠴᠦᠳᠡᠯ ᠤᠨ ᠰᠡᠯᠬᠢᠨ ᠬᠦᠴᠦᠨ ᠤ ᠴᠠᠬᠢᠯᠭᠠᠨ ᠢ ᠭᠠᠳᠠᠭᠰᠢ ᠬᠦᠷᠭᠡᠬᠦ᠂ ᠡᠷᠢᠶᠠᠨ | ᠤ ᠪᠢᠴᠢᠯ ᠴᠡᠬᠢᠯᠭᠠᠨ ᠲᠤᠤᠷ ᠤᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠴᠤᠭᠯᠠᠷᠠᠯ ᠵᠡᠷᠭᠡ ᠲᠦᠷᠦᠯ ᠵᠦᠢᠯ | ᠢ ᠬᠢᠨᠠᠨ ᠵᠦᠪᠰᠢᠶᠡᠷᠡᠭᠦᠯᠵᠦ᠂ ᠡᠮᠤᠨ᠎ᠡ ᠬᠤᠭᠤᠴᠠᠭᠠᠨ ᠤ ᠭᠠᠷᠳᠠᠮ ᠬᠢᠬᠦ ᠠᠬᠢᠴᠨ ᠶᠢ ᠲᠦᠷᠭᠡᠳᠭᠡᠪᠡ︔ ᠤᠨᠴᠠ | ᠦᠨᠳᠦᠷ ᠬᠦᠴᠦᠳᠡᠯ ᠤᠨ 500 ᠺᠢᠯᠤᠸᠤᠯᠲ ᠤᠨ ᠴᠤᠭᠯᠠᠷᠠᠯ ᠦᠷᠳᠡᠭᠡ ᠵᠢᠴᠢ ᠴᠠᠬᠢᠯᠭᠠᠨ ᠬᠦᠷᠭᠡᠬᠦ ᠱᠤᠭᠤᠮ᠂ | 220 ᠺᠢᠯᠤᠸᠤᠯᠲ ᠤᠨ ᠬᠦᠴᠦᠳᠡᠯ ᠲᠡᠭᠡᠭᠰᠢᠯᠡᠭᠦᠯᠬᠦ ᠦᠷᠳᠡᠭᠡ ᠵᠢᠴᠢ ᠵᠠᠯᠭᠠᠵᠦ ᠤᠷᠤᠭᠤᠯᠬᠤ ᠴᠠᠬᠢᠯᠭᠠᠨ | ᠱᠤᠭᠤᠮ ᠤᠨ ᠡᠮᠤᠨ᠎ᠡ ᠬᠤᠭᠤᠴᠠᠭᠠᠨ ᠤ ᠠᠵᠢᠯ ᠪᠦᠬᠦ ᠲᠠᠯ᠎ᠠ ᠪᠠᠷ ᠡᠬᠢᠯᠡᠪᠡ᠃ ᠤᠨᠴᠠ ᠬᠦᠴᠦᠳᠡᠯ ᠦᠭᠡᠷᠡᠴᠢᠯᠡᠬᠦ | ᠴᠠᠬᠢᠯᠭᠠᠨ ᠭᠡᠷᠡᠭᠰᠡᠯ ᠤᠨ ᠦᠪᠤᠷ ᠮᠤᠩᠭᠤᠯ ᠤᠨ ᠡᠨᠧᠷᠬᠢ ᠶᠢᠨ ᠬᠢᠵᠠᠭᠠᠷᠳᠦ ᠺᠤᠮᠫᠠᠨᠢ ᠶᠢ ᠬᠡᠪᠴᠢᠶᠡᠵᠢᠯ ᠠᠴᠠ | ᠲᠡᠭᠡᠭᠰᠢᠬᠢ ᠠᠵᠤ ᠠᠬᠤᠶᠢᠯᠡᠯ ᠳᠤ ᠤᠷᠤᠭᠤᠯᠬᠤ ᠶᠢ ᠪᠡᠶᠡᠯᠡᠭᠦᠯᠪᠡ᠃ ᠴᠢᠶᠠᠨ ᠶᠢᠨ ᠳ᠋ᠠ ᠠᠭᠤᠷᠬᠠᠢ ᠶᠢᠨ ᠦᠢᠯᠡᠰ ᠨᠢ | ᠠᠭᠤᠷᠬᠠᠢ ᠨᠡᠭᠡᠭᠡᠬᠦ ᠭᠡᠷᠡᠴᠢ ᠪᠤᠯᠦᠨ ᠲᠦᠷᠦᠯ ᠵᠦᠢᠯ ᠤᠨ ᠬᠢᠨᠠᠨ ᠵᠦᠪᠰᠢᠶᠡᠷᠡᠯ ᠢ ᠤᠯᠵᠦ᠂ ᠠᠭᠤᠷᠬᠠᠢ ᠨᠡᠭᠡᠭᠡᠬᠦ | ᠰᠢᠰᠲ᠋ᠧᠮ ᠤᠨ ᠪᠠᠶᠢᠭᠤᠯᠤᠯᠳᠠ ᠶᠢ ᠦᠨᠳᠦᠰᠦᠨ ᠳᠡᠭᠡᠨ ᠪᠡᠶᠡᠯᠡᠭᠦᠯᠵᠡᠢ᠃ ᠰᠢᠨ᠎ᠡ ᠮᠠᠲ᠋ᠧᠷᠢᠶᠠᠯ ᠪᠤᠯᠦᠨ ᠡᠨᠧᠷᠬᠢ | ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠰᠢᠪᠳᠤᠯᠤᠯᠳᠠ ᠶᠢ ᠪᠡᠶᠡᠯᠡᠬᠦᠯᠪᠡ᠃ ᠨᠦᠸᠧ ᠶᠢᠨ | ᠨᠡᠬᠦᠷᠡᠰᠦᠳᠦ᠋ᠷᠦᠭᠴᠢᠳᠦ ᠮᠠᠲ᠋ᠧᠷᠢᠶᠠᠯ ᠤᠨ ᠵᠢᠯ ᠤᠨ ᠭᠠᠷᠤᠯᠳᠠ 10 ᠲᠦᠮᠡᠨ ᠲᠤᠨ ᠤ ᠭᠡᠳᠦ ᠦᠨᠳᠦᠷ ᠴᠢᠳᠠᠮᠵᠢ | ᠶᠢᠨ ᠪᠠᠯ ᠴᠢᠯᠠᠭᠤᠨ ᠤ ᠴᠠᠬᠢᠯᠭᠠᠨ ᠲᠤᠶᠢᠯ ᠤᠨ ᠲᠦᠷᠦᠯ ᠵᠦᠢᠯ᠂ ᠬᠠᠢ ᠮᠸᠡᠭ ᠪᠠᠯ ᠴᠢᠯᠠᠭᠤᠨ ᠠᠯᠺᠧᠨ ᠤ ᠵᠢᠯ ᠤᠨ | ᠭᠠᠷᠤᠯᠳᠠ 10 ᠲᠦᠮᠡᠨ ᠢᠵᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠤᠰᠬᠠᠢ ᠬᠡᠷᠡᠭᠯᠡᠬᠦ ᠬᠠᠶᠢᠯᠤᠭᠤᠯᠬᠤ | ᠵᠤᠤᠬ᠎ᠠ ᠵᠢᠴᠢ 2 ᠲᠦᠮᠡᠨ ᠲᠤᠨ ᠤ ᠪᠢᠯᠢᠭ ᠲᠦᠢᠯ ᠤᠨ ᠪᠠᠯ ᠴᠢᠯᠠᠭᠤᠵᠢᠭᠰᠠᠨ ᠲᠦᠷᠦᠯ ᠵᠦᠢᠯ ᠡᠬᠢᠯᠡᠨ | ᠪᠠᠶᠢᠭᠤᠯᠤᠭᠳᠠᠵᠦ᠂ ᠪᠦᠬᠦ ᠠᠶᠢᠮᠠᠭ ᠤᠨ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠤᠭᠤᠰᠦᠨ | ᠢ ᠨᠦᠬᠦᠪᠤᠷᠢᠯᠠᠪᠡ︔ ᠳ᠋ᠦᠡᠭ ᠹᠠᠨᠭ᠌ ᠴᠡᠴᠡᠷᠯᠢᠭ ᠤᠨ ᠡᠷᠬᠢᠯᠳᠠᠳᠦ ᠰᠢᠨᠵᠢᠯᠡᠭᠡ ᠮᠠᠷᠭᠡᠵᠢᠯ ᠤᠨ ᠬᠢᠵᠠᠭᠠᠷᠳᠦ ᠺᠤᠮᠫᠠᠨᠢ | ᠶᠢᠨ ᠬᠠᠳᠠᠭᠤ ᠪᠡᠶᠡᠳᠦ ᠬᠠᠶᠠᠭᠳᠠᠮᠠᠯ ᠪᠤᠳᠡᠰ ᠢ ᠶᠠᠷᠤᠩᠬᠡᠶᠢᠯᠡᠨ ᠠᠰᠢᠭᠯᠠᠬᠤ ᠪᠤᠯᠦᠨ ᠰᠶᠢᠳᠪᠤᠷᠢᠯᠡᠬᠦ ᠲᠦᠷᠦᠯ ᠵᠦᠢᠯ | ᠤᠨ ᠡᠮᠤᠨ᠎ᠡ ᠬᠤᠭᠤᠴᠠᠭᠠᠨ ᠤ ᠠᠵᠢᠯ ᠤᠷᠤᠭᠰᠢᠳᠡᠢ ᠠᠬᠢᠪᠠ᠃ ᠤᠨᠴᠠ ᠬᠦᠴᠦᠳᠡᠯ ᠦᠭᠡᠷᠡᠴᠢᠯᠡᠬᠦ ᠴᠠᠬᠢᠯᠭᠠᠨ | ᠭᠡᠷᠡᠭᠰᠡᠯ᠂ ᠶᠢᠨ ᠹᠸᠡᠭ ᠰᠢᠨᠵᠢᠯᠡᠭᠡ ᠮᠡᠷᠭᠡᠵᠢᠯ᠂ ᠬᠠᠢ ᠮᠸᠡᠭ ᠪᠠᠯ ᠴᠢᠯᠠᠭᠤᠨ ᠠᠯᠺᠧᠨ᠂ ᠨᠦᠸᠧ ᠶᠢᠨ | ᠨᠡᠭᠦᠷᠡᠰᠦᠳᠦ᠋ᠷᠦᠭᠴᠢᠳᠦ ᠮᠠᠲ᠋ᠧᠷᠢᠶᠠᠯ ᠵᠡᠷᠭᠡ ᠲᠦᠷᠪᠡᠨ ᠠᠵᠤ ᠠᠬᠤᠶᠢᠯᠡᠯ ᠨᠢ ᠦᠪᠡᠷᠳᠡᠭᠡᠨ ᠵᠠᠰᠠᠬᠤ ᠤᠷᠤᠨ ᠤ | ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠴᠢᠨᠠᠷᠯᠢᠭ ᠬᠦᠭᠵᠢᠯᠳᠡ ᠶᠢᠨ ᠭᠤᠷᠪᠡᠨ ᠵᠢᠯ ᠤᠨ ᠡᠷᠬᠢᠯᠳᠡ ᠶᠢᠨ | ᠲᠦᠷᠦᠯ ᠵᠦᠢᠯ ᠤᠨ ᠲᠦᠯᠦᠪᠯᠡᠭᠡ ᠳᠤ ᠤᠷᠤᠵᠦ᠂ ᠪᠦᠬᠦ ᠠᠶᠢᠮᠠᠭ ᠤᠨ ᠰᠤᠩᠭᠤᠭᠳᠠᠭᠰᠠᠨ ᠲᠦᠷᠦᠯ ᠵᠦᠢᠯ ᠤᠨ | 50% ᠶᠢ ᠡᠵᠡᠯᠡᠵᠡᠢ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠦᠷᠨᠢᠩᠬᠦᠢ ᠬᠦᠭᠵᠢᠪᠠ᠃ ︽ᠲᠦᠷᠪᠡᠨ ᠤᠯᠡᠷᠢᠯ ᠤᠨ ᠲᠠᠯ᠎ᠠ | ᠨᠤᠳᠤᠭ᠂ ᠴᠠᠬᠠᠷ ᠨᠤᠳᠤᠭ︾ 〔 6 〕ᠵᠤᠭᠠᠴᠠᠯ ᠤᠨ ᠨᠡᠷ᠎ᠡ ᠲᠡᠮᠳᠡᠭ ᠢ ᠡᠭᠦᠳᠬᠦ ᠲᠤᠭᠤᠷᠢᠨ ᠳᠤ᠂ ᠠᠵᠢᠨᠠᠢ | ᠬᠦᠯᠦᠭ ᠨᠠᠭᠤᠷ〔 7 〕 ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠤᠯᠦᠨ ᠮᠢᠩᠭᠠᠳᠦ ᠤᠳᠦᠨ ᠤᠷᠤᠨ | ᠤ ᠰᠠᠭᠤᠷᠢᠨ ᠤ ᠲᠦᠯᠦᠪᠵᠢᠭᠦᠯᠭᠡ ᠵᠢᠴᠢ ᠭᠡᠰᠡᠭ ᠴᠡᠭ ᠢ ᠰᠠᠯᠪᠢᠨ ᠪᠠᠶᠢᠭᠤᠯᠬᠤ ᠨᠠᠷᠢᠯᠢᠭ ᠲᠦᠯᠦᠪᠵᠢᠭᠦᠯᠭᠡ ᠶᠢ | ᠨᠠᠶᠢᠷᠠᠭᠤᠯᠦᠨ ᠵᠤᠬᠢᠶᠠᠬᠤ ᠠᠵᠢᠯ ᠢ ᠡᠬᠢᠯᠡᠬᠦᠯᠵᠦ᠂ ︽ᠤᠳᠦᠨ ᠤᠷᠤᠨ ᠤ ᠰᠠᠭᠤᠷᠢᠨ ᠤ ᠰᠢᠨᠵᠢᠯᠡᠯ︾᠂ ︽ᠠᠪᠤ | ᠡᠵᠢ ᠶᠢᠨ ᠨᠤᠳᠤᠭ ᠤᠰᠦᠨ︾ ᠵᠡᠷᠭᠡ ᠵᠤᠭᠠᠴᠠᠯ ᠤᠨ ᠭᠤᠤᠯ ᠰᠡᠳᠤᠪᠳᠦ ᠠᠵᠢᠯᠯᠠᠭ᠎ᠠ ᠶᠢ ᠡᠷᠬᠢᠯᠡᠨ᠂ ᠰᠢᠨᠵᠢᠯᠡᠬᠦ | ᠮᠡᠷᠭᠡᠵᠢᠯ ᠢ ᠲᠦᠭᠡᠮᠡᠯᠵᠢᠭᠦᠯᠦᠨ ᠤᠳᠦᠨ ᠤᠷᠤᠨ ᠢ ᠠᠵᠢᠭᠯᠠᠬᠤ᠂ ᠨᠤᠭᠤ ᠭᠠᠵᠠᠷ ᠤᠨ ᠦᠵᠡᠮᠵᠢ ᠶᠢ ᠰᠤᠨᠢᠷᠬᠠᠬᠤ᠂ | ᠮᠠᠩᠬᠠᠨ ᠭᠠᠵᠠᠷ ᠤᠨ ᠭᠡᠭᠡᠷ᠎ᠡ ᠶᠢᠨ ᠠᠶᠠᠯᠠᠯ ᠪᠤᠯᠦᠨ ᠦᠨᠳᠦᠰᠤᠳᠡᠨ ᠤ ᠵᠡᠩ ᠠᠷᠠᠨᠰᠢᠨ ᠢ ᠦᠢᠯᠠᠭᠠᠬᠤ ᠵᠡᠷᠭᠡ | ᠵᠤᠭᠠᠴᠠᠯ ᠤᠨ ᠰᠤᠳᠦᠨ ᠵᠡᠮ ᠱᠤᠭᠤᠮ ᠢ ᠡᠭᠦᠳᠪᠡ᠃ ᠵᠤᠭᠠᠴᠠᠯ ᠤᠨ ᠰᠠᠭᠤᠷᠢ ᠲᠦᠭᠦᠭᠡᠷᠦᠮᠵᠢ ᠶᠢ ᠤᠯᠡᠮ | ᠪᠦᠷᠢᠨᠰᠢᠭᠦᠯᠵᠦ᠂ ᠵᠤᠭᠠᠴᠠᠭᠰᠠᠳ ᠪᠤᠯᠦᠨ ᠵᠤᠭᠠᠴᠠᠯ ᠤᠨ ᠤᠷᠤᠯᠭ᠎ᠠ ᠲᠤᠰᠪᠤᠷᠢ 2.1% ᠪᠠ 7.5% ᠪᠠᠷ | ᠨᠡᠮᠡᠭᠳᠡᠪᠡ᠃ ᠲᠦᠷᠪᠡᠳᠡᠭᠢ ᠪᠦᠯᠦᠭ ᠤᠯᠦᠰ ᠤᠨ ᠲᠡᠰ ᠤᠨ ᠡᠯᠧᠺᠲᠷᠦᠨ ᠬᠤᠳᠠᠯᠳᠤᠭᠠᠨ ᠤ ᠶᠡᠪᠤᠳᠡᠯ ᠢ ᠬᠦᠳᠡᠭᠡ | ᠲᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠡᠷᠡᠮᠡᠯᠵᠡᠯᠡᠨ ᠮᠡᠳᠡᠭᠦᠯᠬᠦ ᠠᠵᠢᠯ | ᠠᠮᠵᠢᠯᠳᠠ ᠤᠯᠵᠦ᠂ ᠬᠤᠰᠢᠭᠤ ᠲᠡᠰ ᠤᠨ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠤᠯᠡᠨ ᠨᠡᠶᠢᠳᠡ ᠶᠢᠨ | ᠦᠢᠯᠡᠴᠢᠯᠡᠭᠡᠨ ᠤ ᠲᠦᠪ ᠢ ᠪᠠᠶᠢᠭᠤᠯᠵᠦ᠂ ᠡᠯᠧᠺᠲᠷᠦᠨ ᠬᠤᠳᠠᠯᠳᠤᠭᠠᠨ ᠤ 10 ᠠᠵᠤ ᠠᠬᠤᠶᠢᠯᠡᠯ ᠤᠷᠤᠵᠦ | ᠰᠠᠭᠤᠷᠢᠰᠢᠪᠡ᠃ ᠯᠧ ᠼᠦᠨ ᠲᠤᠤ᠂ ᠴᠠᠬᠠᠷ᠂ ᠰᠢᠨ᠎ᠡ ᠲᠠᠷᠢᠶᠠᠴᠢᠨ᠂ ᠬᠠᠢ ᠲᠢᠶᠠᠨ ᠱᠸᠡᠭ ᠶᠡᠩ ᠵᠡᠷᠭᠡ | ᠡᠯᠧᠺᠲᠷᠦᠨ ᠬᠤᠳᠠᠯᠳᠤᠭᠠᠨ ᠤ ᠶᠠᠪᠤᠳᠡᠯ ᠤᠨ ᠠᠵᠤ ᠠᠬᠤᠶᠢᠯᠡᠯ ᠤᠨ ᠡᠷᠬᠢᠯᠳᠡ ᠲᠤᠭᠳᠠᠭᠤᠨ ᠶᠠᠪᠤᠬᠳᠠᠵᠦ᠂ | 1200 ᠲᠦᠮᠡᠨ ᠲᠦᠭᠦᠷᠢᠭ ᠤᠨ ᠪᠤᠷᠤᠯᠠᠭᠤᠯᠭ᠎ᠠ ᠲᠠᠢ ᠪᠤᠯᠪᠠ᠃ ᠪᠤᠳᠡᠰ ᠤᠨ ᠬᠦᠢᠯᠭᠡᠭᠡᠨ ᠤ ᠦᠢᠯᠡᠰ ᠦᠳᠳᠡᠷ | ᠲᠦᠷᠭᠡᠨ ᠬᠦᠭᠵᠢᠵᠦ᠂ ᠳ᠋ᠧ ᠪᠠᠨᠭ᠌᠂ ᠪᠠᠢ ᠱᠢ ᠵᠡᠷᠭᠡ ᠠᠵᠤ ᠠᠬᠤᠶᠢᠯᠡᠯ ᠵᠠᠯᠭᠠᠪᠠᠷ ᠰᠠᠭᠤᠷᠢᠰᠢᠨ᠂ ᠮᠸᠢ ᠲᠤᠸᠠᠨ᠂ | ᠤᠤᠢ ᠬᠤ᠋ ᠵᠡᠷᠭᠡ ᠵᠠᠬᠢᠶᠠᠯᠠᠭ᠎ᠠ ᠬᠦᠷᠭᠡᠬᠦ ᠦᠢᠯᠡᠰ ᠴᠤ ᠬᠦᠭᠵᠢᠯᠳᠡ ᠲᠠᠢ ᠪᠤᠯᠵᠦ᠂ ᠲᠦᠷᠭᠡᠨ ᠭᠤᠪᠢᠭᠤᠯᠭ᠎ᠠ ᠪᠤᠳᠡᠰ | ᠤᠨ ᠬᠦᠢᠯᠭᠡᠭᠡᠨ ᠤ ᠠᠵᠤ ᠠᠬᠤᠶᠢᠯᠡᠯ 14 ᠪᠤᠯᠪᠠ᠃ 25 ᠰᠠᠭᠤᠭᠠᠯᠢ ᠲᠤᠭᠤᠷᠢᠭ ᠲᠤ ᠠᠳᠠᠯ ᠠᠬᠤᠢ ᠶᠢᠨ ᠠᠵᠦ | ᠠᠬᠤᠶᠢᠯᠠᠯ ᠲᠠᠢ ᠪᠤᠯᠵᠦ᠂ 27 ᠰᠠᠭᠤᠭᠠᠯᠢ ᠲᠤᠭᠤᠷᠢᠭ ᠤᠨ ᠴᠠᠬᠢᠯᠭᠠᠨ ᠬᠦᠴᠦᠨ ᠤ ᠲᠦᠬᠦᠬᠡᠷᠦᠮᠵᠢ ᠶᠢ ᠴᠠᠬᠢᠯᠭᠠᠨ | ᠬᠠᠩᠭᠠᠬᠤ ᠰᠠᠯᠠᠭ᠎ᠠ ᠮᠦᠴᠢᠷ ᠲᠤ ᠰᠢᠯᠵᠢᠬᠦᠯᠦᠨ ᠲᠤᠰᠢᠶᠠᠪᠠ᠃ ᠢᠳᠡᠵᠦ ᠤᠤᠭᠤᠬᠤ ᠶᠠᠪᠤᠵᠦ ᠰᠠᠭᠤᠬᠤ᠂ ᠵᠠᠮ | ᠬᠠᠷᠢᠯᠴᠠᠭ᠎ᠠ ᠵᠦᠭᠡᠭᠡᠪᠤᠷᠢ᠂ ᠮᠦᠩᠭᠦᠨ ᠬᠦᠢᠯᠭᠡᠭᠡ ᠲᠠᠭᠠᠳᠬᠠᠯ ᠵᠡᠷᠭᠡ ᠤᠯᠠᠮᠵᠢᠯᠠᠯᠳᠦ ᠦᠢᠯᠡᠴᠢᠯᠡᠭᠡᠨ ᠤ ᠦᠢᠯᠡᠰ | ᠤᠨ ᠶᠠᠰᠦ ᠴᠢᠨᠠᠷ ᠲᠡᠭᠡᠭᠰᠢᠯᠡᠨ᠂ ᠰᠠᠭᠤᠭᠠᠯᠢ ᠲᠤᠭᠤᠷᠢᠭ ᠤᠨ ᠦᠢᠯᠡᠴᠢᠯᠡᠭᠡ᠂ ᠡᠷᠡᠭᠦᠯ ᠮᠠᠨᠳᠦ ᠨᠠᠰᠦᠵᠢᠯ ᠤᠨ | ᠠᠰᠠᠷᠠᠮᠵᠢ ᠵᠡᠷᠭᠡ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠲᠦᠷᠭᠡᠳᠪᠡ᠃ | ︵ᠭᠤᠷᠪᠠ︶ ᠬᠤᠳᠠ ᠬᠦᠳᠡᠭᠡ ᠶᠢᠨ ᠤᠷᠴᠢᠨ ᠲᠤᠭᠤᠷᠢᠨ ᠤ ᠲᠦᠷᠢ ᠲᠦᠷᠬᠦ ᠦᠷᠬᠦᠯᠵᠢᠯᠡᠨ ᠰᠠᠶᠢᠵᠢᠷᠠᠪᠠ | ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠦᠷᠬᠦᠯᠵᠢᠯᠡᠨ ᠴᠢᠩᠭᠠᠷᠠᠪᠠ᠃ ᠰᠢᠨ᠎ᠡ ᠨᠢᠭᠡ ᠡᠭᠡᠯᠵᠢ ᠶᠢᠨ | ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠤᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠴᠢᠩᠭ᠎ᠠ | ᠨᠢᠮᠪᠠᠢ ᠨᠠᠶᠢᠳᠠᠪᠤᠷᠢᠵᠢᠭᠤᠯᠵᠦ᠂ 6320 ᠲᠦᠮᠡᠨ ᠲᠦᠭᠦᠷᠢᠭ ᠤᠨ ᠨᠤᠳᠤᠭ ᠪᠡᠯᠴᠢᠭᠡᠷ ᠤᠨ ᠱᠠᠩᠨᠠᠯ ᠨᠦᠬᠦᠪᠤᠷᠢ | ᠶᠢᠨ ᠮᠦᠩᠬᠦ ᠲᠠᠯᠪᠢᠵᠦ᠂ ᠮᠠᠯᠵᠢᠬᠤ ᠶᠢ ᠵᠤᠭᠰᠤᠭᠠᠬᠤ ᠰᠡᠯᠬᠦᠬᠡᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠬᠦᠷᠢ ᠶᠢ | ᠪᠠᠳᠤᠯᠠᠬᠤ ᠠᠵᠢᠯ ᠤᠨ ᠦᠷ᠎ᠠ ᠠᠰᠢᠭ ᠲᠤᠪᠤᠶᠢᠮ᠎ᠠ ᠪᠤᠯᠵᠦ᠂ ᠮᠠᠯᠴᠢᠳ ᠤᠨ ᠰᠡᠯᠬᠦᠬᠡᠨ ᠮᠠᠯᠵᠢᠬᠤ᠂ ᠮᠠᠯᠵᠢᠬᠤ ᠶᠢ | ᠵᠤᠭᠰᠤᠭᠠᠬᠤ ᠤᠬᠠᠮᠰᠠᠷ ᠮᠡᠳᠡᠭᠳᠡᠮ᠎ᠡ ᠲᠡᠭᠡᠭᠰᠢᠯᠡᠪᠡ᠃ 2207 ᠲᠦᠮᠡᠨ ᠲᠦᠭᠦᠷᠢᠭ ᠤᠨ ᠨᠡᠶᠢᠳᠡ ᠶᠢᠨ ᠠᠰᠢᠭᠳᠦ | ᠤᠢ ᠮᠤᠳᠦᠨ ᠤ ᠨᠦᠬᠦᠪᠤᠷᠢ ᠲᠠᠯᠪᠢᠵᠦ᠂ ᠲᠠᠷᠢᠶᠠᠯᠠᠬᠤ ᠶᠢ ᠵᠤᠭᠰᠤᠭᠠᠨ ᠦᠢᠵᠢᠭᠤᠯᠬᠤ ᠨᠦᠬᠦᠪᠤᠷᠢ ᠶᠢ 743 | ᠲᠦᠮᠡᠨ ᠲᠦᠭᠦᠷᠢᠭ ᠲᠠᠷᠬᠠᠭᠠᠵᠠᠢ᠃ 9813 ᠮᠤ᠋ ᠭᠠᠵᠠᠷ ᠰᠢᠷᠦᠢ ᠶᠢ ᠴᠡᠭᠴᠡᠯᠡᠨ ᠵᠠᠰᠠᠵᠦ᠂ 240 ᠮᠤ᠋ | ᠬᠠᠶᠠᠭᠳᠠᠮᠠᠯ ᠭᠤᠤ ᠶᠢ ᠪᠦᠭᠯᠡᠨ ᠵᠠᠰᠠᠪᠠ︔ ᠨᠢᠰᠭᠡᠯ ᠢᠶᠠᠷ 3 ᠲᠦᠮᠡᠨ ᠮᠤ᠋ ᠦᠢᠵᠢᠭᠤᠯᠵᠦ᠂ 5000 ᠮᠤ᠋ ᠠᠭᠤᠯᠨ | ︵ᠡᠯᠡᠰᠦ︶ ᠶᠢ ᠪᠢᠳᠡᠭᠦᠮᠵᠢᠯᠡᠨ ᠦᠢᠵᠢᠭᠤᠯᠵᠦ᠂ 3600 ᠮᠤ᠋ ᠶᠢ ᠪᠢᠳᠡᠭᠦᠮᠵᠢᠯᠡᠨ ᠵᠠᠰᠠᠵᠦ᠂ 4000 ᠮᠤ᠋ ᠤᠢ | ᠮᠤᠳᠤ ᠲᠠᠷᠢᠵᠦ᠂ 900 ᠮᠤ᠋ ᠡᠪᠡᠰᠦ ᠲᠠᠷᠢᠵᠦ᠂ ᠢᠨᠵᠧᠨᠧᠷᠢᠩ ᠢᠶᠠᠷ 6000 ᠮᠤ᠋ ᠡᠯᠡᠰᠦ ᠶᠢ | ᠲᠤᠭᠳᠠᠪᠤᠷᠢᠵᠢᠭᠤᠯᠦᠨ᠂ ᠭᠤᠤᠯᠳᠠᠯᠭ᠎ᠠ ᠲᠠᠢ ᠤᠷᠤᠨ ᠲᠤᠭᠤᠷᠢᠭ ᠤᠨ 1450 ᠮᠤ᠋ ᠶᠢ ᠨᠤᠭᠤᠭᠠᠷᠠᠭᠤᠯᠵᠦ᠂ 10 | ᠲᠡᠭᠰᠢ ᠲᠦᠷᠪᠡᠯᠵᠢᠨ ᠺᠢᠯᠤᠮᠧᠲᠷ ᠤᠨ ᠵᠢᠵᠢᠭ ᠰᠠᠪᠠ ᠭᠠᠵᠠᠷ ᠢ ᠵᠠᠰᠠᠪᠠ᠃ ᠤᠷᠭᠤᠮᠡᠯ ᠤᠨ ᠪᠦᠷᠭᠦᠴᠨ ᠪᠠ ᠤᠢ | ᠰᠢᠭᠤᠢ ᠶᠢᠨ ᠪᠦᠷᠭᠦᠴᠨ ᠶᠢᠨ ᠨᠤᠷᠮ᠎ᠡ ᠲᠤᠰᠪᠤᠷᠢ 58% ᠪᠠ 23.8% ᠳᠤ ᠬᠦᠷᠪᠡ᠃ ᠭᠤᠤᠯ ᠨᠠᠭᠤᠷ ᠤᠨ | ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ〔 8 〕 ᠤᠨ ︽ᠨᠢᠭᠡ ᠭᠤᠤᠯ ᠨᠢᠭᠡ ᠨᠠᠭᠤᠷ ᠨᠢᠭᠡ ᠪᠤᠳᠤᠯᠭ᠎ᠠ︾ | ᠶᠢᠨ ᠲᠦᠰᠦᠯ ᠢ ᠨᠡᠶᠢᠷᠠᠭᠤᠯᠵᠦ ᠲᠠᠭᠤᠰᠬᠠᠨ᠂ ᠪᠦᠬᠦ ᠬᠤᠰᠢᠭᠤᠨ ᠤ 11 ᠭᠤᠤᠯ ᠪᠠ 9 ᠨᠠᠭᠤᠷ ᠲᠤ ᠭᠤᠤᠯ | ᠨᠠᠭᠤᠷ ᠤᠨ ᠲᠠᠷᠤᠭ᠎ᠠ ᠶᠢᠨ ᠲᠦᠷᠢᠮ ᠢ ᠬᠡᠷᠡᠭᠵᠢᠭᠦᠯᠪᠡ᠃ | ᠬᠤᠳᠠ ᠪᠠᠯᠭᠠᠰᠦᠨ ᠤ ᠪᠦᠳᠦᠭᠡᠨ ᠪᠠᠶᠢᠭᠤᠯᠤᠯᠳᠠ ᠦᠷᠬᠦᠯᠵᠢᠯᠡᠨ ᠲᠦᠷᠬᠡᠳᠪᠡ᠃ ᠰᠠᠭᠤᠷᠢᠰᠢᠨ ᠠᠵᠦ | ᠲᠦᠷᠦᠬᠦ ᠳᠤ ᠲᠤᠬᠢᠳᠠᠢ ᠪᠠᠶᠢᠬᠤ ᠪᠠ ᠲᠠᠭᠠᠭᠠᠴᠠ ᠶᠢᠨ ᠬᠡᠮᠵᠢᠶ᠎ᠠ ᠶᠢ ᠲᠡᠭᠡᠭᠰᠢᠯᠡᠬᠦᠯᠬᠦ ᠠᠴᠠ ᠭᠠᠷᠳᠠᠵᠦ᠂ ︽ᠬᠤᠷᠠᠯ | ᠢ ᠤᠭᠳᠦᠨ ᠬᠤᠳᠠ ᠪᠠᠶᠢᠭᠤᠯᠬᠤ︾ 〔 9 〕ᠠᠵᠢᠯ ᠲᠠᠢ ᠤᠶᠠᠯᠳᠤᠭᠤᠯᠵᠦ᠂ ᠬᠤᠳᠠ ᠪᠠᠯᠭᠠᠰᠦᠨ ᠤ ᠪᠦᠳᠦᠭᠡᠨ | ᠪᠠᠶᠢᠭᠤᠯᠤᠯᠳᠠ ᠶᠢ ᠶᠡᠭᠡᠪᠡᠷ ᠠᠬᠢᠭᠤᠯᠵᠦ᠂ ᠬᠤᠳᠠ ᠪᠠᠯᠭᠠᠰᠦᠨ ᠤ ᠬᠠᠮᠢᠶᠠᠷᠤᠯᠳᠠ ᠶᠢ ᠴᠢᠩᠭᠠᠳᠬᠠᠪᠠ᠃ | ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠬᠤᠰᠢᠭᠤ ᠰᠢᠶᠠᠨ ᠤ ᠲᠡᠪᠳᠡᠨ ᠪᠠᠶᠢᠴᠠᠭᠠᠬᠤ ᠬᠢᠨᠠᠨ | ᠰᠢᠯᠭᠠᠯᠳᠠ ᠳᠤ ᠬᠢᠷᠢ ᠲᠡᠩᠴᠡᠪᠡ᠃ 2.4 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ ᠮᠢᠩᠭᠠᠳᠦ | ᠪᠠᠯᠭᠠᠰᠦᠨ ᠤ ᠪᠤᠬᠢᠷᠳᠦᠯ ᠤᠰᠦ ᠶᠢ ᠲᠠᠬᠢᠨ ᠠᠰᠢᠭᠯᠠᠬᠤ᠂ ᠲᠤᠯᠠᠭᠠᠯᠭ᠎ᠠ ᠬᠠᠩᠭᠠᠬᠤ ᠶᠢ ᠵᠠᠰᠠᠨ ᠰᠡᠶᠢᠵᠢᠷᠠᠭᠤᠯᠬᠤ᠂ | ᠭᠤᠤᠯᠳᠠᠯᠭ᠎ᠠ ᠲᠠᠢ ᠤᠷᠦᠨ ᠲᠤᠭᠤᠷᠢᠭ ᠢ ᠨᠤᠭᠤᠭᠠᠷᠭᠤᠯᠬᠤ ᠵᠡᠷᠭᠡ ᠭᠤᠤᠯ ᠪᠤᠯᠬᠤ ᠢᠨᠵᠧᠨᠧᠷᠢᠩ ᠢ ᠭᠡᠷᠡᠭᠵᠢᠬᠦᠯᠵᠦ᠂ | ︽ᠬᠤᠳᠠ ᠪᠠᠯᠭᠠᠰᠦᠨ ᠤ ᠭᠤᠤᠯᠳᠠᠯᠭ᠎ᠠ ᠲᠠᠢ ᠢᠨᠵᠧᠨᠧᠷᠢᠩ︾ ᠬᠢᠭᠡᠳ ︽ᠭᠤᠤᠯ ᠰᠤᠪᠠᠭ ᠢ ᠦᠭᠡᠷᠡᠴᠢᠯᠡᠨ | ᠪᠠᠶᠢᠭᠤᠯᠬᠤ ᠵᠢᠴᠢ ᠦᠵᠡᠮᠵᠢ ᠶᠢᠨ ᠤᠷᠤᠨ ᠢ ᠪᠠᠶᠢᠭᠤᠯᠬᠤ ᠢᠨᠵᠧᠨᠧᠷᠢᠩ︾ ᠤᠨ PPP ᠲᠦᠷᠦᠯ ᠵᠦᠢᠯ ᠢ | ᠢᠳᠡᠪᠬᠢᠳᠡᠢ ᠠᠬᠢᠭᠤᠯᠵᠦ᠂ 12.5 ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠵᠠᠮ ᠢ ᠲᠠᠪᠢᠰᠴᠦ᠂ 258 | ᠵᠠᠮ ᠤᠨ ᠳ᠋ᠧᠩ ᠤᠬᠰᠠᠷᠠᠵᠦ᠂ ᠵᠡᠬᠡᠯᠢ ᠶᠢᠨ ᠬᠠᠵᠠᠭᠤᠳᠠᠬᠢ ᠪᠠᠷᠢᠯᠭ᠎ᠠ ᠶᠢᠨ 3.7 ᠲᠦᠮᠡᠨ ᠲᠡᠭᠰᠢ ᠲᠦᠷᠪᠡᠯᠵᠢᠨ | ᠮᠧᠲᠷ ᠤᠨ ᠪᠤᠰᠤᠭ᠎ᠠ ᠭᠠᠳᠠᠷᠭᠤ᠂ 5000 ᠲᠡᠭᠰᠢ ᠲᠦᠷᠪᠡᠯᠵᠢᠨ ᠮᠧᠲᠷ ᠤᠨ ᠢᠯᠡᠷᠬᠡᠶᠢᠯᠡᠯ᠂ 3.6 ᠺᠢᠯᠤᠮᠧᠲᠷ ᠤᠨ | ᠪᠤᠵᠠᠷ ᠤᠰᠦᠨ ᠤ ᠬᠤᠭᠤᠯᠠᠢ ᠲᠤᠤᠷ ᠢ ᠦᠭᠡᠷᠡᠴᠢᠯᠡᠨ ᠵᠠᠰᠠᠵᠦ᠂ 15 ᠲᠦᠮᠡᠨ ᠴᠢᠬᠢ ᠮᠤᠳᠦ ᠲᠠᠷᠢᠪᠠ︔ 2.3 | ᠺᠢᠯᠤᠮᠧᠲᠷ ᠤᠨ ᠲᠤᠯᠠᠭᠠᠯᠭ᠎ᠠ ᠬᠠᠩᠭᠠᠬᠤ ᠬᠤᠭᠤᠯᠠᠢ ᠲᠤᠤᠷ ᠢ ᠦᠭᠡᠷᠡᠴᠢᠯᠡᠨ ᠪᠠᠶᠢᠭᠤᠯᠵᠦ᠂ 2 ᠢᠯᠴᠢ ᠰᠤᠯᠢᠬᠤ | ᠦᠷᠳᠡᠭᠡ ᠶᠢ ᠰᠢᠨ᠎ᠡ ᠪᠠᠷ ᠪᠠᠶᠢᠭᠤᠯᠵᠠᠢ᠃ ᠬᠤᠳᠠ ᠪᠠᠯᠭᠠᠰᠦᠨ ᠤ ᠪᠤᠷᠤ ᠭᠡᠷ ᠤᠨ ᠲᠤᠭᠤᠷᠢᠭ ᠤᠨ 739 ᠢᠵᠢ | ᠤᠷᠤᠨ ᠰᠠᠭᠤᠴᠨ ᠶᠢ ᠦᠭᠡᠷᠡᠴᠢᠯᠡᠨ ᠪᠠᠶᠢᠭᠤᠯᠵᠦ᠂ 158 ᠢᠵᠢ ᠨᠡᠶᠢᠳᠡ ᠶᠢᠨ ᠲᠦᠷᠢᠶᠡᠰᠦᠨ ᠭᠡᠷ ᠢ ᠬᠤᠪᠢᠶᠠᠨ | ᠦᠭᠪᠡ᠃ ᠤᠷᠤᠨ ᠰᠠᠭᠤᠴᠨ ᠭᠠᠵᠠᠷ ᠬᠦᠷᠦᠩᠭᠡ ᠶᠢ ᠨᠡᠭᠡᠭᠡᠨ ᠬᠦᠭᠵᠢᠬᠦᠯᠵᠦ 14.4 ᠲᠦᠮᠡᠨ ᠲᠡᠭᠰᠢ | ᠲᠦᠷᠪᠡᠯᠵᠢᠨ ᠮᠧᠲᠷ ᠤᠨ ᠤᠷᠤᠨ ᠰᠠᠭᠤᠴᠨ ᠶᠢ ᠰᠢᠨ᠎ᠡ ᠪᠠᠷ ᠪᠠᠶᠢᠭᠤᠯᠵᠡᠢ᠃ | ᠰᠠᠭᠤᠷᠢ ᠲᠦᠬᠦᠬᠡᠷᠦᠮᠵᠢ ᠲᠠᠰᠤᠷᠠᠯᠳᠠ ᠦᠬᠡᠢ ᠲᠡᠬᠦᠯᠳᠡᠷᠵᠢᠪᠡ᠃ 6.5 ᠺᠢᠯᠤᠮᠧᠲᠷ ᠤᠨ ᠲᠤᠮᠳᠠ ᠪᠠᠭ᠎ᠠ | ᠭᠤᠤᠯ ᠢ ᠵᠠᠰᠠᠵᠦ᠂ 4.3 ᠺᠢᠯᠤᠮᠧᠲᠷ ᠤᠨ ᠭᠤᠤᠯ ᠤᠨ ᠤᠷᠤᠰᠬᠠᠯ ᠢ ᠴᠡᠪᠡᠷᠰᠢᠭᠦᠯᠦᠨ ᠨᠡᠪᠳᠡᠷᠡᠭᠦᠯᠪᠡ︔ 13 | ᠲᠦᠪᠯᠡᠷᠡᠬᠦᠯᠦᠨ ᠤᠰᠦ ᠬᠠᠩᠭᠠᠬᠤ ᠢᠨᠵᠧᠨᠧᠷᠢᠩ᠂ 270 ᠲᠠᠷᠬᠠᠢ ᠪᠠᠷ ᠤᠰᠦ ᠬᠠᠩᠭᠠᠬᠤ ᠢᠨᠵᠧᠨᠧᠷᠢᠩ ᠢ ᠰᠢᠨ᠎ᠡ | ᠪᠠᠷ ᠪᠤᠶᠤ ᠦᠭᠡᠷᠡᠴᠢᠯᠡᠨ ᠪᠠᠶᠢᠭᠤᠯᠵᠦ᠂ ᠤᠰᠦ ᠴᠡᠪᠡᠷᠰᠢᠭᠦᠯᠬᠦ ᠲᠦᠭᠦᠭᠡᠷᠦᠮᠵᠢ ᠶᠢ 702 ᠢᠵᠢ ᠤᠭᠰᠠᠷᠠᠵᠦ᠂ | 1174 ᠡᠷᠤᠭᠡ ᠶᠢᠨ 3076 ᠬᠦᠮᠦᠨ ᠤ ᠠᠮᠤᠷ ᠲᠦᠪᠰᠢᠨ ᠤᠰᠦᠨ ᠤ ᠠᠰᠠᠭᠤᠳᠠᠯ ᠢ ᠰᠶᠢᠳᠪᠤᠷᠢᠯᠡᠵᠡᠢ᠃ | ᠤᠯᠦᠰ ᠤᠨ ᠵᠠᠮ ᠤᠨ 510 ᠱᠤᠭᠤᠮ〔 10 〕 ᠢ ᠪᠠᠶᠢᠭᠤᠯᠵᠦ ᠲᠡᠷᠭᠡ ᠨᠡᠪᠳᠡᠷᠡᠨ᠂ ᠮᠤᠵᠢ ᠶᠢᠨ ᠵᠠᠮ ᠤᠨ | 313 ᠱᠤᠭᠤᠮ〔 11 〕 ᠤᠨ ᠪᠦᠳᠦᠭᠡᠨ ᠪᠠᠶᠢᠭᠤᠯᠤᠯᠳᠠ ᠪᠦᠬᠦ ᠲᠠᠯ᠎ᠠ ᠪᠠᠷ ᠡᠬᠢᠯᠡᠪᠡ︔ ᠰᠢᠨ᠎ᠡ ᠪᠠᠷ ᠬᠠᠰᠤᠵᠦ | ᠨᠡᠶᠢᠯᠡᠬᠦᠯᠦᠭᠰᠡᠨ ᠭᠠᠴᠠᠭ᠎ᠠ ᠲᠤᠰᠬᠤᠨ ᠳᠤ 53.1 ᠺᠢᠯᠤᠮᠧᠲᠷ ᠤᠨ ᠬᠠᠳᠠᠭᠤᠷᠠᠭᠤᠯᠤᠭᠰᠠᠨ ᠵᠠᠮ ᠨᠡᠪᠳᠡᠷᠡᠬᠦᠯᠵᠦ᠂ | ᠵᠠᠰᠠᠮᠠᠯ ᠵᠠᠮ ᠤᠨ ᠠᠮᠤᠷ ᠲᠦᠪᠰᠢᠨ ᠤ ᠰᠡᠷᠬᠡᠶᠢᠯᠡᠯᠳᠡ ᠶᠢᠨ ᠲᠦᠭᠦᠭᠡᠷᠦᠮᠵᠢ ᠶᠢ ᠲᠠᠰᠤᠷᠠᠯᠳᠠ ᠦᠭᠡᠢ ᠪᠦᠷᠢᠨᠰᠢᠭᠦᠯᠵᠦ | ᠂ ᠦᠶᠡᠷ ᠤᠰᠦᠨ ᠤ ᠰᠦᠢᠳᠦᠯ ᠢ ᠵᠠᠰᠠᠨ ᠰᠡᠷᠭᠦᠭᠡᠬᠦ ᠪᠡ ᠡᠳᠦᠷ ᠲᠤᠳᠦᠮ ᠤᠨ ᠠᠷᠠᠴᠢᠯᠠᠭ᠎ᠠ ᠶᠢ ᠰᠡᠶᠢᠳᠦᠷ ᠬᠢᠵᠦ᠂ | ᠮᠠᠯᠴᠢᠨ ᠲᠠᠷᠢᠶᠠᠴᠢᠳ ᠤᠨ ᠶᠠᠪᠤᠵᠦ ᠰᠠᠭᠤᠬᠤ ᠳᠤ ᠲᠦᠬᠦᠮ ᠦᠵᠡᠬᠦᠯᠪᠡ᠃ 386.9 ᠺᠢᠯᠤᠮᠧᠲᠷ ᠤᠨ ᠴᠠᠬᠢᠯᠭᠠᠨ | ᠬᠦᠷᠭᠡᠬᠦ ᠤᠳᠠᠰᠦ ᠶᠢ ᠰᠢᠨ᠎ᠡ ᠪᠠᠷ ᠲᠠᠳᠠᠵᠦ᠂ 196 ᠬᠦᠴᠦᠳᠡᠯ ᠦᠭᠡᠷᠡᠴᠢᠯᠡᠭᠴᠢ ᠶᠢ ᠰᠢᠨ᠎ᠡ ᠪᠠᠷ ᠲᠤᠬᠢᠷᠠᠭᠤᠯᠦᠨ᠂ | 498 ᠮᠠᠯᠴᠢᠨ ᠲᠠᠷᠢᠶᠠᠴᠢᠨ ᠡᠷᠦᠭᠡ ᠳᠤ ᠴᠠᠬᠢᠯᠭᠠᠨ ᠤᠷᠤᠭᠤᠯᠵᠡᠢ᠃ ᠴᠢᠮᠡᠭᠡ ᠬᠤᠯᠪᠤᠭ᠎ᠠ ᠶᠢ ᠲᠦᠭᠡᠮᠡᠯᠵᠢᠭᠦᠯᠬᠦ | ᠦᠢᠯᠡᠴᠢᠯᠡᠭᠡᠨ ᠤ ᠲᠤᠷᠰᠢᠯᠳᠡ ᠶᠢᠨ ᠴᠡᠭ ᠤᠨ ᠢᠨᠵᠧᠨᠧᠷᠢᠩ ᠢ ᠪᠡᠶᠡᠯᠡᠭᠦᠯᠵᠦ᠂ 740 ᠺᠢᠯᠤᠮᠧᠲᠷ ᠤᠨ ᠬᠡᠷᠡᠯᠯᠢᠭ | ᠤᠳᠡᠰᠦ ᠶᠢ ᠲᠡᠪᠢᠰᠴᠦ᠂ ᠴᠢᠮᠡᠭᠡ ᠬᠤᠯᠪᠤᠭᠠᠨ ᠤ 1 ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠦ᠂ 13 | ᠰᠠᠭᠤᠷᠢ ᠦᠷᠳᠡᠭᠡ ᠶᠢ ᠦᠭᠡᠷᠡᠴᠢᠯᠡᠨ ᠪᠠᠶᠢᠭᠤᠯᠵᠦ᠂ ᠪᠦᠬᠦ ᠬᠤᠰᠢᠭᠤᠨ ᠤ 78 ᠵᠠᠰᠠᠭ ᠵᠠᠬᠢᠷᠭᠠᠨ ᠤ ᠭᠠᠴᠠᠭ᠎ᠠ | ᠲᠤᠰᠬᠤᠨ ︵ᠮᠠᠯᠵᠢᠯ ᠤᠨ ᠲᠠᠯᠠᠪᠠᠢ︶ ᠳᠤ ᠬᠡᠷᠡᠯᠯᠢᠭ ᠤᠳᠡᠰᠦᠨ ᠤ ᠦᠷᠭᠡᠨ ᠪᠦᠰᠨ ᠶᠢ ᠤᠷᠤᠭᠤᠯᠵᠠᠢ᠃ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠪᠤᠨ ᠵᠢᠯ ᠤᠨ | ᠲᠦᠯᠦᠪᠵᠢᠭᠦᠯᠭᠡ ᠶᠢ ᠲᠣᠭᠳᠠᠭᠠᠨ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠠᠷᠠᠳ ᠤᠨ ᠰᠠᠭᠤᠷᠢᠰᠢᠨ | ᠠᠮᠢᠳᠤᠷᠠᠬᠤ ᠤᠷᠴᠢᠨ ᠲᠤᠭᠤᠷᠢᠨ ᠢ ᠶᠠᠷᠤᠩᠬᠡᠶᠢᠯᠡᠨ ᠵᠠᠰᠠᠬᠤ ᠭᠤᠷᠪᠡᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ | 13 ᠭᠠᠴᠠᠭ᠎ᠠ ᠲᠤᠰᠬᠤᠨ ᠤ ᠤᠷᠴᠢᠨ ᠲᠤᠭᠤᠷᠢᠨ ᠢ ᠵᠠᠰᠠᠬᠤ ᠡᠭᠦᠷᠭᠡ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ | ᠤᠷᠤᠨ ᠤ ᠨᠤᠷᠠᠬᠤ ᠠᠶᠤᠯᠳᠠᠢ ᠤᠷᠤᠨ ᠰᠠᠭᠤᠴᠨ ᠶᠢ ᠦᠭᠡᠷᠡᠴᠢᠯᠡᠨ ᠪᠠᠶᠢᠭᠤᠯᠬᠤ ᠵᠢᠯ ᠤᠨ ᠡᠭᠦᠷᠭᠡ ᠪᠠᠨ | ᠪᠡᠶᠡᠯᠡᠭᠦᠯᠪᠡ᠃ ︽ᠵᠤᠷᠯᠤᠩ ᠤᠨ ᠬᠤᠪᠢᠰᠬᠠᠯ︾ ᠤᠨ ᠲᠦᠷᠦᠯ ᠵᠤᠶᠢᠯ ᠢᠶᠠᠷ 361 ᠭᠠᠴᠠᠭ᠎ᠠ ᠲᠤᠰᠬᠤᠨ ᠤ | ᠨᠡᠶᠢᠳᠡ ᠶᠢᠨ ᠵᠤᠷᠯᠤᠩ ᠢ ᠰᠢᠨ᠎ᠡ ᠪᠠᠷ ᠪᠠᠶᠢᠭᠤᠯᠪᠠ᠃ | ︵ᠲᠦᠷᠪᠡ︶ ᠤᠯᠠᠨ ᠲᠦᠮᠡᠨ ᠤ ᠬᠦᠷᠳᠡᠭᠡᠮᠵᠢ ᠶᠢᠨ ᠲᠦᠷᠦᠭᠳᠡᠯ ᠲᠠᠰᠤᠷᠠᠯᠳᠠ ᠦᠬᠡᠢ ᠲᠡᠭᠡᠭᠰᠢᠯᠡᠪᠡ | ᠨᠡᠶᠢᠭᠡᠮ ᠤᠨ ᠪᠠᠳᠤᠯᠠᠭ᠎ᠠ ᠤᠯᠠᠮ ᠬᠦᠴᠦᠳᠡᠢ ᠪᠤᠯᠪᠠ᠃ ᠪᠦᠬᠦ ᠵᠢᠯ ᠤᠨ ᠠᠷᠠᠳ ᠤᠨ ᠠᠮᠢᠳᠦᠷᠠᠯ ᠤᠨ | ᠵᠠᠷᠤᠯᠭ᠎ᠠ 9.6 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 4.0% ᠢᠶᠠᠷ ᠨᠡᠮᠡᠭᠳᠡᠵᠦ᠂ | ᠡᠩ ᠤᠨ ᠤᠯᠡᠨ ᠨᠡᠶᠢᠳᠡ ᠶᠢᠨ ᠲᠦᠰᠤᠪ ᠤᠨ ᠵᠠᠷᠤᠯᠭ᠎ᠠ ᠶᠢᠨ 75.8% ᠶᠢ ᠡᠵᠡᠯᠡᠪᠡ᠃ ᠬᠤᠳᠠ ᠪᠠᠯᠭᠠᠰᠦᠨ ᠤ | 722 ᠬᠦᠮᠦᠨ ᠰᠢᠨ᠎ᠡ ᠪᠠᠷ ᠠᠵᠢᠯ ᠤᠯᠵᠦ᠂ ᠬᠤᠳᠠ ᠪᠠᠯᠭᠠᠰᠦᠨ ᠤ ᠲᠠᠩᠰᠠᠯᠠᠭᠤᠯᠤᠭᠰᠠᠨ ᠠᠵᠢᠯ ᠠᠯᠳᠠᠭᠰᠠᠨ | ᠨᠤᠷᠮ᠎ᠡ ᠶᠢ 3.6% ᠶᠢᠨ ᠲᠤᠳᠤᠷ᠎ᠡ ᠬᠢᠵᠠᠭᠠᠷᠯᠠᠪᠠ︔ ᠲᠤᠰ ᠵᠢᠯ ᠳᠤ 1726 ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠤᠯᠭᠤᠪᠠ᠃ ᠬᠤᠳᠠ ᠬᠦᠳᠡᠭᠡ ᠶᠢᠨ ᠲᠤᠤᠷ᠎ᠡ ᠪᠠᠳᠤᠯᠠᠭᠠᠳᠦ᠂ ᠠᠰᠠᠷᠠᠨ ᠲᠡᠵᠢᠬᠡᠵᠦ ᠪᠠᠶᠢᠭ᠎ᠠ | ᠤᠨᠴᠠ ᠬᠦᠴᠢᠷᠳᠡᠭᠰᠡᠳ ᠵᠡᠷᠭᠡ ᠬᠦᠴᠢᠷᠳᠡᠯᠳᠡᠢ ᠤᠯᠡᠨ ᠲᠦᠮᠡᠨ ᠤ ᠠᠮᠢᠳᠦᠷᠡᠯ ᠤᠨ ᠨᠦᠬᠦᠪᠤᠷᠢ ᠶᠢᠨ ᠪᠠᠷᠢᠮᠵᠢᠶ᠎ᠠ ᠶᠢ | ᠲᠠᠬᠢᠨᠳᠠ ᠲᠡᠭᠡᠭᠰᠢᠯᠡᠭᠦᠯᠪᠡ᠃ ᠪᠦᠬᠦ ᠠᠷᠠᠳ ᠢ ᠲᠠᠭᠠᠳᠬᠠᠯ ᠳᠤ ᠤᠷᠤᠭᠤᠯᠬᠤ ᠲᠦᠯᠦᠪᠯᠡᠭᠡ ᠶᠢ ᠬᠦᠨᠵᠡᠭᠡᠢ | ᠭᠡᠷᠡᠭᠵᠢᠬᠦᠯᠵᠦ᠂ ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠳᠤ | ᠤᠷᠤᠭᠰᠠᠨ ᠬᠦᠮᠦᠨ 2.9 ᠲᠦᠮᠡ ᠳᠤ ᠬᠦᠷᠴᠦ᠂ ᠡᠬᠦᠨ ᠳᠤ 3529 ᠬᠦᠴᠢᠷᠳᠡᠯᠳᠡᠢ ᠤᠯᠠᠨ ᠲᠦᠮᠡᠨ ᠤ | ᠰᠦᠢᠳᠬᠡᠯ ᠢ ᠵᠠᠰᠠᠭ ᠤᠨ ᠤᠷᠳᠤᠨ ᠠᠴᠠ ᠤᠷᠤᠯᠠᠨ ᠲᠤᠰᠢᠶᠠᠪᠠ︔ ᠦᠨᠳᠦᠰᠦᠨ ᠡᠮ ᠡᠮᠨᠡᠯᠭᠡ ᠶᠢᠨ ᠲᠠᠭᠠᠳᠬᠠᠯ | ᠢᠶᠠᠷ ᠬᠤᠳᠡ ᠬᠦᠳᠡᠭᠡ ᠶᠢᠨ ᠰᠠᠭᠤᠭᠠᠯᠢ ᠠᠷᠠᠳ ᠢ ᠪᠦᠭᠦᠨ ᠢ ᠪᠦᠷᠬᠦᠬᠦᠯᠬᠦ ᠶᠢ ᠪᠡᠶᠡᠯᠡᠬᠦᠯᠵᠦ᠂ 4129.6 ᠲᠦᠮᠡᠨ | ᠲᠦᠬᠦᠷᠢᠭ ᠤᠨ ᠡᠮ ᠡᠮᠨᠡᠯᠭᠡ ᠶᠢᠨ ᠰᠦᠢᠳᠬᠡᠯ ᠢ ᠴᠠᠶᠢᠷᠠᠭᠤᠯᠵᠦ᠂ 16346 ᠬᠦᠮᠦᠨ ᠤᠳᠠᠭ᠎ᠠ ᠳᠤ ᠠᠰᠢᠭ | ᠬᠦᠷᠳᠡᠬᠡᠪᠡ᠃ ᠤᠷᠤᠰᠢᠭᠤᠯᠭ᠎ᠠ ᠶᠢᠨ ᠦᠢᠯᠡᠰ ᠤᠨ ᠬᠦᠭᠵᠢᠯᠳᠡ ᠶᠢ ᠲᠦᠷᠭᠡᠳᠬᠡᠨ ᠠᠬᠢᠭᠤᠯᠵᠦ᠂ ᠤᠷᠤᠰᠢᠭᠤᠯᠭ᠎ᠠ | ᠶᠢᠨ ᠭᠠᠵᠠᠷ ᠤᠨ ᠭᠤᠤᠯ ᠴᠣᠭᠴᠨ ᠶᠢᠨ ᠪᠠᠷᠢᠯᠭ᠎ᠠ ᠶᠢ ᠪᠠᠶᠢᠭᠤᠯᠵᠦ ᠲᠠᠭᠤᠰᠬᠠᠪᠠ᠃ | ᠤᠯᠠᠨ ᠨᠡᠶᠢᠳᠡ ᠶᠢᠨ ᠦᠢᠯᠡᠴᠢᠯᠡᠭᠡ ᠨᠡᠩ ᠲᠡᠬᠦᠯᠳᠡᠷᠵᠢᠪᠡ᠃ ᠰᠠᠭᠤᠷᠢ ᠰᠤᠷᠭᠠᠨ ᠬᠦᠮᠦᠵᠢᠯ ᠤᠨ ᠶᠠᠰᠦ | ᠴᠢᠨᠠᠷ ᠢ ᠲᠡᠰ ᠲᠡᠪᠰᠢᠭᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ | ᠪᠦᠬᠦ ᠲᠠᠯ᠎ᠠ ᠪᠠᠷ ᠡᠬᠢᠯᠡᠭᠦᠯᠵᠦ᠂ ᠮᠢᠩᠭᠠᠳᠦ ᠬᠢᠳᠡᠳ ᠢᠶᠠᠷ ᠬᠢᠴᠢᠶᠡᠯᠯᠡᠬᠦ ᠬᠡᠤᠬᠡᠳ ᠤᠨ ᠴᠡᠴᠡᠷᠯᠢᠭ ᠢ ᠪᠦᠳᠦᠭᠡᠨ | ᠪᠠᠶᠢᠭᠤᠯᠬᠤ ᠲᠦᠷᠦᠯ ᠵᠦᠢᠯ᠂ ᠮᠢᠩᠭᠠᠳᠦ ᠪᠠᠭ᠎ᠠ ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠦᠨ ᠤ ᠢᠨᠵᠧᠨᠧᠷᠢᠩ | ᠢ ᠡᠮᠬᠢ ᠲᠠᠷᠠᠭᠠᠯᠠᠯ ᠲᠠᠢ ᠠᠬᠢᠭᠤᠯᠪᠠ᠃ ᠡᠯ᠎ᠡ ᠲᠦᠷᠦᠯ ᠤᠨ ᠰᠤᠷᠤᠯᠭ᠎ᠠ ᠲᠡᠳᠬᠦᠬᠦ ᠮᠦᠩᠬᠦ ᠶᠢ 920.2 ᠲᠦᠮᠡᠨ | ᠲᠦᠭᠦᠷᠢᠭ ᠲᠠᠯᠪᠢᠵᠦ᠂ 12572 ᠬᠦᠮᠦᠨ ᠤᠳᠠᠭ᠎ᠠ ᠠᠰᠢᠭ ᠬᠦᠷᠳᠡᠪᠡ᠃ ᠡᠷᠡᠭᠦᠯ ᠬᠠᠮᠠᠭᠠᠯᠠᠯ ᠡᠷᠡᠬᠦᠯ ᠴᠢᠬᠢᠷᠠᠭ | ᠤᠨ ᠬᠢᠷᠢ ᠲᠦᠪᠰᠢᠨ ᠯᠠᠪᠳᠠᠭᠤᠨ ᠲᠡᠭᠡᠭᠰᠢᠯᠡᠵᠦ᠂ ᠬᠤᠰᠢᠭᠤ ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠨ᠎ᠡ | ᠪᠠᠷ ᠪᠠᠶᠢᠭᠤᠯᠬᠤ ᠢᠨᠵᠧᠨᠧᠷᠢᠩ ᠪᠦᠬᠦ ᠲᠠᠯ᠎ᠠ ᠪᠠᠷ ᠡᠬᠢᠯᠡᠪᠡ︔ ᠦᠨᠳᠦᠰᠦᠨ ᠡᠮ ᠲᠡᠩ ᠬᠡᠷᠡᠭᠯᠡᠬᠦ ᠬᠠᠷᠢᠴᠠᠯ | ᠮᠡᠳᠡᠭᠳᠡᠮ᠎ᠡ ᠲᠡᠭᠡᠭᠰᠢᠯᠡᠵᠡᠢ︔ ᠲᠦᠷᠦ ᠶᠢᠨ ᠪᠤᠳᠤᠯᠭ᠎ᠠ ᠶᠢᠨ ᠭᠡᠪᠴᠢᠶᠠᠨ ᠳᠠᠬᠢ ᠡᠮᠨᠡᠯᠭᠡ ᠳᠤ ᠰᠠᠭᠤᠭᠰᠠᠨ | ᠰᠦᠢᠳᠭᠡᠯ ᠤᠨ ᠲᠤᠮᠳᠠᠴᠢ ᠴᠡᠶᠢᠷᠠᠭᠤᠯᠦᠭ᠌ᠰᠠᠨ ᠬᠠᠷᠢᠴᠠᠯ 75.6% ᠳᠤ ᠬᠦᠷᠴᠠᠢ᠃ ᠬᠤᠰᠢᠭᠤᠨ ᠤ ᠬᠤᠶᠠᠷ | ᠠᠯᠪᠠᠨ ᠤ ᠡᠮᠨᠡᠯᠭᠡ ᠶᠢᠨ ᠬᠤᠷᠢᠶ᠎ᠠ ᠨᠢ ᠪᠡᠭᠡᠵᠢᠩ ᠤᠨ ᠭᠤᠸᠠᠩ ᠠᠨ ᠮᠧᠨ ᠬᠢᠳᠡᠳ ᠡᠮᠨᠡᠯᠭᠡ ᠶᠢᠨ ᠬᠤᠷᠢᠶ᠎ᠠ ᠲᠠᠢ | ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠵᠦᠪᠳᠡᠯᠴᠡᠭᠡᠷ ᠲᠤᠭᠳᠠᠵᠦ᠂ ᠦᠪᠤᠷ ᠮᠤᠩᠭᠤᠯ ᠤᠨ ᠠᠷᠠᠳ ᠤᠨ | ᠡᠮᠨᠡᠯᠭᠡ ᠶᠢᠨ ᠬᠤᠷᠢᠶ᠎ᠠ ᠲᠠᠢ ︽ᠤᠷᠢᠳᠡᠪᠠᠷ ᠡᠮᠴᠢᠯᠡᠬᠦᠯᠵᠦ᠂ ᠲᠠᠷᠠᠭ᠎ᠠ ᠨᠢ ᠰᠦᠢᠳᠭᠡᠯ ᠲᠤᠰᠢᠶᠠᠬᠤ︾ ᠵᠦᠪᠳᠡᠯᠴᠡᠭᠡᠷ | ᠢ ᠲᠤᠭᠳᠠᠵᠦ᠂ ᠰᠢᠯᠢ ᠶᠢᠨ ᠭᠤᠤᠯ ᠠᠶᠢᠮᠠᠭ ᠤᠨ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ | ᠮᠤᠩᠭᠤᠯ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠤᠭᠠᠯᠠᠨ ᠬᠠᠮᠳᠤᠷᠠᠵᠦ ᠠᠵᠢᠯᠯᠠᠬᠤ ᠵᠦᠪᠳᠡᠯᠴᠡᠭᠡᠷ | ᠲᠤᠭᠳᠠᠵᠦ᠂ ᠪᠡᠭᠡᠵᠢᠩ᠂ ᠨᠢᠩᠰᠢᠶᠡ ᠵᠡᠷᠭᠡ ᠭᠠᠵᠠᠷ ᠤᠷᠤᠨ ᠤ ᠡᠮᠨᠡᠯᠭᠡ ᠶᠢᠨ ᠪᠠᠶᠢᠭᠤᠯᠤᠮᠵᠢ ᠲᠠᠢ ᠵᠣᠬᠢᠴᠠᠭᠤᠯᠤᠨ | ᠲᠤᠰᠬᠠᠢ ᠮᠡᠷᠭᠡᠵᠢᠯᠳᠡᠳ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠵᠦ᠂ 2639 ᠬᠦᠮᠦᠨ | ᠤᠳᠠᠭᠠᠨ ᠤ ᠡᠪᠡᠳᠴᠢᠳᠡᠨ ᠢ ᠤᠨᠤᠰᠢᠯᠡᠨ ᠡᠮᠴᠢᠯᠡᠵᠡᠢ᠃ ᠦᠨᠳᠦᠰᠦᠳᠡᠨ ᠤ ᠰᠤᠶᠤᠯ ᠢ ᠤᠯᠠᠮᠵᠢᠯᠠᠨ ᠬᠠᠮᠠᠭᠠᠯᠠᠬᠤ | ᠠᠵᠢᠯ ᠦᠷ᠎ᠠ ᠪᠦᠳᠦᠭᠡᠯ ᠤᠯᠵᠦ᠂ ᠴᠠᠬᠠᠷ ᠠᠷᠠᠳ ᠤᠨ ᠲᠠᠭᠤᠤ ᠪᠠ ᠭᠠᠯ ᠲᠠᠬᠢᠯᠭ᠎ᠠ ᠶᠢᠨ 2 ᠤᠯᠠᠮᠵᠢᠯᠠᠭᠴᠢ ᠨᠢ | ᠵᠢᠷᠭᠤᠳᠤᠭᠠᠷ ᠪᠦᠯᠦᠭ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠲᠦᠯᠦᠭᠡᠯᠡᠬᠦ ᠴᠢᠨᠠᠷᠳᠠᠢ ᠲᠦᠷᠦᠯ ᠵᠤᠶᠢᠯ ᠤᠨ ᠤᠯᠠᠮᠵᠢᠯᠠᠭᠴᠢ ᠪᠠᠷ ᠰᠤᠩᠭᠤᠬᠳᠠᠪᠠ᠃ ᠠᠷᠠᠳ ᠲᠤ ᠠᠰᠢᠭ | ᠬᠦᠷᠳᠡᠭᠡᠬᠦ ᠰᠤᠶᠤᠯ ᠲᠠᠮᠢᠷ ᠤᠨ ᠠᠵᠢᠯᠯᠠᠭᠠᠨ ᠤ ᠲᠡᠪᠴᠡᠩ ᠢ ᠬᠦᠴᠦᠯᠡᠨ ᠪᠠᠶᠢᠭᠤᠯᠵᠦ᠂ ᠨᠡᠶᠢᠭᠡᠮ ᠤᠨ ᠬᠦᠴᠦᠨ ᠤ | ᠤᠷᠤᠯᠴᠠᠬᠤ ᠶᠢ ᠵᠤᠷᠢᠭᠵᠢᠭᠤᠯᠵᠦ᠂ ᠺᠢᠨᠤ᠋ ᠤᠷᠳᠤᠨ ᠤ ᠲᠦᠷᠦᠯ ᠵᠤᠶᠢᠯ ᠢ ᠤᠷᠤᠭᠤᠯᠤᠨ ᠠᠰᠢᠭᠯᠠᠯᠳᠠ ᠳᠤ ᠤᠷᠤᠵᠦ | ᠂ ᠤᠯᠠᠭᠠᠨᠮᠦ᠋ᠴᠢᠷ ᠠᠴᠠ 110 ᠭᠠᠷᠦᠢ ᠲᠠᠯᠠᠪᠠᠢ ᠠᠷᠠᠳ ᠲᠤ ᠠᠰᠢᠭ ᠬᠦᠷᠳᠡᠭᠡᠬᠦ ᠲᠤᠭᠯᠠᠯᠳᠠ ᠭᠠᠷᠭᠠᠵᠦ᠂ ᠡᠯ᠎ᠡ | ᠠᠷᠠᠳ ᠤᠨ ᠤᠷᠠᠯᠢᠭ ᠤᠨ ᠪᠦᠯᠭᠦᠮ ᠪᠠ ᠠᠵᠢᠯ ᠤᠨ ᠴᠢᠯᠦᠭᠡᠨ ᠤ ᠤᠷᠠᠯᠢᠭ ᠤᠨ ᠪᠦᠯᠭᠦᠮ 100 ᠭᠠᠷᠦᠢ ᠲᠠᠯᠠᠪᠠᠢ | ᠲᠤᠭᠯᠠᠵᠦ᠂ ᠡᠯ᠎ᠡ ᠤᠯᠡᠨ ᠲᠦᠮᠡᠨᠴᠢ ᠪᠡᠶ᠎ᠡ ᠲᠡᠮᠢᠷ ᠤᠨ ᠨᠡᠶᠢᠭᠡᠮᠯᠢᠭ 30 ᠤᠳᠠᠭᠠᠨ ᠤ ᠲᠠᠮᠢᠷ ᠤᠨ ᠤᠷᠤᠯᠳᠤᠭᠠᠨ | ᠡᠷᠬᠢᠯᠡᠪᠡ᠃ | ᠨᠡᠶᠢᠭᠡᠮ ᠤᠨ ᠵᠠᠰᠠᠯᠳᠠ ᠨᠡᠩ ᠦᠨᠳᠦᠷ ᠦᠷ᠎ᠠ ᠠᠰᠢᠭ ᠲᠠᠢ ᠪᠤᠯᠪᠠ᠃ ᠨᠠᠮ ᠤᠨ ᠦᠨᠳᠦᠰᠦᠳᠡᠨ ᠱᠠᠰᠢᠨ | ᠰᠤᠷᠳᠠᠬᠤᠨ ᠤ ᠲᠦᠷᠦ ᠶᠢᠨ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠦ᠂ ᠡᠷᠭᠡ ᠲᠡᠭᠰᠢ᠂ ᠪᠦᠯᠬᠦᠮᠳᠡᠯ ᠲᠠᠢ᠂ | ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯ ᠲᠠᠢ ᠦᠨᠳᠦᠰᠦᠳᠡᠨ ᠤ ᠬᠠᠷᠢᠴᠠᠭ᠎ᠠ ᠲᠠᠰᠤᠷᠠᠯᠳᠠ ᠦᠬᠡᠢ | ᠪᠠᠬᠢᠵᠢᠪᠠ᠃ ︽ᠦᠷᠢᠳᠦᠬᠦ ᠶᠢ ᠵᠠᠰᠠᠵᠦ ᠴᠠᠯᠢᠩ ᠢ ᠪᠠᠳᠤᠯᠠᠬᠤ︾ 〔 12 〕ᠠᠵᠢᠯ ᠢ ᠯᠠᠪᠳᠠᠭᠤᠨ ᠪᠠᠳᠤᠳᠡᠢ | ᠬᠢᠵᠦ᠂ 1900 ᠭᠠᠷᠤᠢ ᠲᠦᠮᠡᠨ ᠲᠦᠬᠦᠷᠢᠭ ᠤᠨ ᠦᠷᠢᠳᠦᠭᠰᠡᠨ ᠴᠡᠯᠢᠩ ᠢ ᠨᠡᠬᠡᠮᠵᠢᠯᠡᠨ ᠠᠪᠴᠢᠷᠠᠵᠦ᠂ ᠮᠠᠯᠴᠢᠨ | ᠲᠠᠷᠢᠶᠠᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠪᠠ᠃ ᠵᠠᠬᠢᠳᠠᠯ | ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠰᠢᠯᠤᠭᠤᠳᠬᠠᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠨᠢᠭᠡ ᠪᠦᠯᠦᠭ ᠭᠤᠤᠯᠳᠠᠯᠭ᠎ᠠ ᠲᠠᠢ | ᠵᠠᠬᠢᠳᠡᠯ ᠰᠤᠷᠪᠤᠯᠵᠢᠯᠠᠭ᠎ᠠ ᠶᠢᠨ ᠭᠡᠷᠡᠭ ᠢ ᠲᠤᠬᠢᠳᠠᠢ ᠰᠢᠢᠳᠪᠦᠷᠢᠯᠡᠪᠡ᠃ ᠢᠳᠡᠭᠡᠨ ᠡᠮ ᠤᠨ ᠵᠦᠢᠯ ᠤᠨ | ᠲᠦᠭᠰᠢᠬᠦᠷᠢ ᠶᠢ ᠪᠦᠬᠦ ᠶᠠᠪᠤᠴᠠ ᠪᠠᠷ ᠡᠵᠡᠮᠳᠡᠬᠦ ᠶᠢ ᠴᠢᠩᠭᠠᠳᠬᠠᠵᠦ᠂ ᠠᠶᠤᠯᠭᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠤᠯᠠᠨ ᠲᠦᠮᠡᠨ ᠤ ᠠᠮᠢ ᠨᠠᠰᠦ ᠡᠳ᠋ ᠬᠦᠷᠦᠩᠭᠡ | ᠶᠢᠨ ᠠᠮᠦᠷ ᠲᠦᠪᠰᠢᠨ ᠢ ᠪᠠᠳᠤᠯᠠᠪᠠ᠃ ᠬᠠᠷ᠎ᠡ ᠪᠦᠯᠦᠭ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠬᠦᠴᠦᠳᠡᠢ ᠠᠬᠢᠭᠤᠯᠵᠦ᠂ ᠬᠠᠷ᠎ᠠ ᠪᠦᠯᠦᠭ ᠲᠤ ᠬᠤᠯᠪᠤᠬᠳᠠᠭᠰᠠᠨ 28 ᠡᠷᠡᠬᠦᠦ ᠶᠢᠨ ᠭᠡᠷᠡᠭ ᠢ ᠮᠦᠷᠳᠡᠨ | ᠢᠯᠡᠷᠡᠬᠦᠯᠵᠦ᠂ ᠶᠠᠯ᠎ᠠ ᠬᠢᠭᠰᠡᠨ 58 ᠰᠡᠵᠢᠭᠳᠡᠨ ᠳᠤ ᠴᠤᠬᠢᠯᠳᠠ ᠦᠭᠴᠦ ᠰᠢᠢᠳᠪᠦᠷᠢᠯᠡᠨ᠂ ᠠᠮᠤᠷ ᠢ ᠬᠠᠮᠠᠭᠠᠯᠠᠬᠤ᠂ | ᠵᠠᠮ ᠬᠠᠷᠢᠯᠴᠠᠭ᠎ᠠ᠂ ᠭᠠᠯ ᠰᠡᠷᠬᠡᠶᠢᠯᠡᠬᠦ ᠵᠡᠷᠭᠡ ᠤᠯᠠᠨ ᠨᠡᠶᠢᠳᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠦᠷ᠎ᠠ | ᠠᠰᠢᠭ ᠢᠯᠡᠷᠬᠡᠢ ᠪᠤᠯᠵᠦ᠂ ᠨᠡᠶᠢᠭᠡᠮ ᠤᠨ ᠠᠮᠤᠷ ᠲᠤᠭᠳᠠᠭᠤᠨ ᠢ ᠰᠠᠶᠢᠳᠦᠷ ᠬᠠᠮᠠᠭᠠᠯᠠᠪᠠ᠃ | ︵ᠲᠠᠪᠤ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠦᠷᠬᠦᠯᠵᠢᠯᠡᠨ ᠴᠢᠩᠭᠠᠷᠠᠪᠠ᠃ | ᠬᠠᠤᠯᠢ ᠪᠠᠷ ᠵᠠᠰᠠᠭ ᠪᠠᠷᠢᠬᠤ᠂ ᠠᠷᠢᠭᠤᠨ ᠴᠢᠭᠡᠴᠢ ᠪᠠᠷ ᠵᠠᠰᠠᠭ ᠪᠠᠷᠢᠬᠤ᠂ ᠵᠠᠰᠠᠭ ᠢ ᠴᠢᠩᠭ᠎ᠠ ᠵᠠᠰᠠᠬᠤ ᠶᠢ | ᠪᠠᠷᠢᠮᠳᠠᠯᠠᠵᠦ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭ᠎ᠠ ᠠᠳᠬᠤᠵᠦ᠂ ︽ᠨᠢᠭᠡ | ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ 〔 13 〕 ᠶᠢ ᠴᠢᠩᠭ᠎ᠠ ᠬᠦᠢᠴᠡᠳᠬᠡᠵᠦ᠂ | ᠵᠠᠰᠠᠭ ᠤᠨ ᠤᠷᠳᠤᠨ ᠤ ᠭᠡᠷᠡᠭᠵᠢᠬᠦᠯᠦᠯᠳᠡ ᠶᠢᠨ ᠴᠢᠳᠠᠯ ᠲᠠᠰᠤᠷᠠᠯᠳᠠ ᠦᠬᠡᠢ ᠲᠡᠭᠡᠭᠰᠢᠯᠡᠪᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠬᠢᠨᠠᠯᠳᠠ ᠲᠠᠯᠪᠢᠬᠤ᠂ ᠠᠵᠢᠯ ᠤᠨ ᠬᠢᠨᠠᠯᠳᠠ ᠲᠠᠯᠪᠢᠬᠤ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ | ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠳᠡᠭᠡᠳ ᠤᠨ ᠬᠦᠮᠦᠰ ᠤᠨ ᠰᠠᠨᠠᠯ | ᠵᠦᠪᠯᠡᠯᠭᠡ ᠶᠢ ᠬᠢᠨᠠᠮᠠᠭᠠᠢ ᠬᠦᠯᠢᠶᠡᠨ ᠠᠪᠴᠦ᠂ ᠠᠷᠠᠳ ᠤᠨ ᠲᠦᠯᠦᠭᠡᠯᠡᠭᠴᠢᠳ ᠤᠨ 95 ᠬᠤᠪᠢ ᠰᠠᠨᠠᠯ ᠵᠦᠪᠯᠡᠯᠭᠡ᠂ | ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ 64 ᠬᠤᠪᠢ ᠰᠠᠨᠠᠯ ᠲᠤᠷᠠᠳᠤᠯᠭ᠎ᠠ ᠶᠢ ᠬᠦᠯᠢᠶᠡᠨ | ᠰᠢᠢᠳᠪᠦᠷᠢᠯᠡᠵᠦ᠂ ᠬᠦᠢᠴᠡᠳᠬᠡᠨ ᠬᠠᠷᠢᠭᠤᠯᠤᠭᠰᠠᠨ ᠨᠤᠷᠮ᠎ᠠ 100% ᠳᠤ ᠬᠦᠷᠪᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ 〔 14 〕ᠦᠭᠡᠷᠡᠴᠢᠯᠡᠯᠳᠡ ᠶᠢ ᠦᠷᠬᠦᠯᠵᠢᠯᠡᠨ ᠠᠬᠢᠭᠤᠯᠵᠦ᠂ ᠰᠦᠢᠳᠭᠡᠯ ᠬᠤᠷᠢᠶᠠᠬᠤ | ᠭᠠᠷᠴᠠᠭ ᠤᠨ ᠨᠠᠷᠢᠨ ᠲᠠᠩᠰᠠ ᠶᠢᠨ ᠬᠠᠮᠢᠶᠠᠷᠤᠯᠳᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ 80 | ᠲᠦᠷᠦᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠡᠢ ᠰᠦᠢᠳᠭᠡᠯ ᠬᠤᠷᠢᠶᠠᠬᠤ ᠪᠠ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡ ᠶᠢ ᠰᠢᠯᠤᠭᠤᠳᠬᠠᠨ ᠨᠡᠶᠢᠳᠡᠯᠡᠪᠡ᠃ ᠪᠠᠶᠢᠭᠤᠯᠤᠮᠵᠢ ᠶᠢᠨ ᠦᠨᠳᠦᠰᠦᠨ | ᠰᠤᠷᠠᠭ ᠵᠠᠩᠬᠢ ᠶᠢ ᠨᠢᠬᠡᠳᠬᠡᠬᠦ ᠠᠵᠢᠯ ᠢ ᠪᠡᠶᠡᠯᠡᠭᠦᠯᠵᠦ᠂ ᠬᠤᠰᠢᠭᠤ ᠰᠢᠭᠤᠳ ᠬᠠᠷᠢᠶ᠎ᠠ 23 ᠰᠠᠯᠠᠭ᠎ᠠ ᠮᠦᠴᠢᠷ ᠤᠨ | ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ 6335 ᠲᠦᠷᠦᠯ ᠵᠦᠢᠯ ᠢ ᠨᠡᠶᠢᠳᠠᠯᠠᠵᠡᠢ᠃ ᠠᠷᠠᠳ ᠠᠴᠠ | ᠡᠵᠡᠩᠨᠡᠭᠰᠡᠨ ᠠᠵᠦ ᠠᠬᠤᠢ ᠶᠢᠨ ᠡᠷᠡᠬᠦᠯ ᠢᠶᠠᠷ ᠬᠦᠭᠵᠢᠬᠦ ᠶᠢ ᠢᠳᠠᠪᠬᠢᠳᠡᠢ ᠲᠡᠮᠵᠢᠵᠦ᠂ ᠴᠠᠬᠢᠯᠭᠠᠨ ᠬᠦᠴᠦᠨ ᠤ ᠵᠠᠬ᠎ᠠ | ᠲᠡᠯᠭᠡᠭᠦᠷᠴᠢᠯᠡᠬᠦ ᠦᠭᠡᠷᠡᠴᠢᠯᠡᠯᠳᠡ᠂ ᠭᠠᠶᠢᠯᠢ ᠶᠢ ᠬᠠᠰᠦᠨ ᠰᠦᠢᠳᠭᠡᠯ ᠢ ᠪᠠᠭᠤᠷᠠᠭᠤᠯᠬᠤ᠂ ᠮᠦᠩᠭᠦᠨ ᠬᠦᠢᠯᠭᠡᠭᠡ ᠪᠠᠷ | ᠲᠡᠳᠭᠦᠬᠦ ᠵᠡᠷᠭᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠤ ᠠᠬᠤᠶᠢᠯᠡᠯ ᠤᠨ | ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 210 ᠲᠦᠮᠡᠨ ᠲᠦᠭᠦᠷᠢᠭ ᠲᠤᠷᠤᠬᠰᠢᠯᠠᠭᠤᠯᠵᠦ᠂ 178 ᠲᠦᠮᠡᠨ | ᠲᠦᠭᠦᠷᠢᠭ ᠤᠨ ᠭᠠᠶᠢᠯᠢ ᠶᠢ ᠬᠡᠯᠳᠦᠷᠢᠬᠦᠯᠦᠨ ᠬᠠᠰᠤᠵᠦ᠂ ᠪᠠᠭ᠎ᠠ ᠵᠢᠵᠢᠭ ᠠᠵᠤ ᠠᠬᠤᠶᠢᠯᠡᠯ ᠤᠨ ᠵᠢᠭᠡᠯᠡᠯᠭᠡ ᠶᠢᠨ | ᠬᠡᠮᠵᠢᠶ᠎ᠡ ᠠᠳᠠᠯᠢ ᠬᠤᠭᠤᠴᠠᠭᠠᠨ ᠠᠴᠠ 5.9% ᠪᠠᠷ ᠨᠡᠮᠡᠭᠳᠡᠵᠡᠢ᠃ ᠵᠠᠬ᠎ᠠ ᠲᠠᠯᠭᠡᠭᠦᠷ ᠲᠤ ᠤᠷᠤᠬᠤ ᠶᠢ ᠤᠯᠡᠮ | ᠴᠢᠯᠦᠭᠡᠳᠡᠢ ᠪᠤᠯᠭᠠᠵᠦ᠂ ᠭᠡᠷᠡᠭ ᠶᠠᠪᠤᠳᠠᠯ ᠤᠨ ᠲᠤᠮᠳᠠᠬᠢ ᠪᠠ ᠬᠤᠶᠢᠨᠠᠬᠢ ᠬᠢᠨᠠᠯᠳᠠ ᠬᠠᠮᠢᠶᠠᠷᠤᠯᠳᠠ ᠶᠢ ᠦᠷᠭᠦᠯᠵᠢᠯᠡᠨ | ᠴᠢᠩᠭᠠᠳᠬᠠᠭᠰᠠᠨ ᠠᠴᠠ ᠵᠠᠬ᠎ᠠ ᠲᠡᠯᠭᠡᠭᠦᠷ ᠤᠨ ᠭᠤᠤᠯ ᠴᠤᠭᠴᠨ ᠶᠢᠨ ᠡᠷᠤᠭᠡ ᠰᠢᠨ᠎ᠡ ᠪᠠᠷ 394 ᠨᠡᠮᠡᠭᠳᠡᠵᠦ᠂ | ᠶᠡᠷᠤᠩᠬᠡᠢ ᠲᠤᠭ᠎ᠠ 5727 ᠳᠤ ᠬᠦᠷᠴᠠᠢ᠃ ᠴᠢᠨᠠᠷ ᠴᠢᠨᠰᠠᠭᠠᠨ ᠤ ᠤᠷᠠᠮᠰᠢᠭᠤᠯᠬᠤ ᠲᠦᠷᠢᠮ ᠢ ᠪᠠᠶᠢᠭᠤᠯᠦᠨ | ᠲᠡᠭᠦᠯᠳᠡᠷᠵᠢᠭᠦᠯᠵᠦ᠂ ︽ᠬᠤᠰᠢᠭᠤ ᠲᠠᠷᠤᠭ᠎ᠠ ᠶᠢᠨ ᠶᠠᠰᠦ ᠴᠢᠨᠠᠷ ᠤᠨ ᠱᠠᠩᠨᠠᠯ︾ ᠤᠨ ᠠᠳᠠᠯᠢᠳᠬᠠᠨ ᠬᠦᠬᠢᠭᠦᠯᠬᠦ | ᠠᠵᠢᠯᠯᠠᠭ᠎ᠠ ᠶᠢ ᠦᠷᠨᠢᠭᠦᠯᠪᠡ᠃ ᠭᠠᠶᠢᠯᠢ ᠶᠢᠨ ᠲᠠᠳᠠᠪᠤᠷᠢᠯᠠᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ᠂ | ᠲᠠᠪᠤᠰᠤᠨ ᠤ ᠦᠢᠯᠡᠰ ᠤᠨ ᠰᠢᠰᠲ᠋ᠧᠮ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠤᠯᠤᠰ ᠤᠨ ᠦᠮᠴᠢᠯᠡᠯᠳᠦ | ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢ ᠤᠷᠤᠭᠰᠢᠳᠠᠢ ᠪᠡᠶᠡᠯᠡᠬᠦᠯᠪᠡ᠃ ᠲᠤᠭ᠎ᠠ ᠪᠦᠷᠢᠳᠬᠡᠯ | ᠪᠠᠶᠢᠴᠠᠭᠠᠬᠤ ᠠᠵᠢᠯ ᠤᠯᠠᠮ ᠯᠠᠪᠳᠠᠭᠤᠨ ᠪᠤᠳᠠᠳᠠᠢ ᠪᠤᠯᠵᠦ᠂ ᠲᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠦ | ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ ᠡᠬᠦᠨ ᠤ ᠬᠠᠮᠳᠦ᠂ | ᠠᠵᠢᠯᠴᠢᠨ ᠵᠠᠯᠠᠭᠤᠴᠤᠳ ᠡᠮᠡᠭᠳᠡᠶᠢᠴᠤᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ | ᠤ ᠨᠡᠶᠢᠬᠡᠮᠯᠢᠭ᠂ ᠵᠡᠮᠳᠡᠭᠴᠤᠳ᠂ ᠨᠠᠰᠤᠵᠢᠯ᠂ ᠭᠠᠳᠠᠭᠠᠳᠦ ᠶᠠᠪᠤᠳᠠᠯ᠂ ᠠᠷᠠᠳ ᠤᠨ ᠵᠡᠪᠰᠡᠭᠳᠦ ᠬᠦᠴᠦᠨ᠂ ᠭᠠᠯ | ᠰᠡᠷᠬᠡᠶᠢᠯᠡᠬᠦ᠂ ᠲᠠᠩᠰᠠ ᠡᠪᠬᠡᠮᠡᠯ᠂ ᠲᠡᠤᠬᠡ ᠤᠶᠢᠯᠠᠯᠭ᠎ᠠ᠂ ᠤᠳᠬ᠎ᠠ ᠤᠷᠠᠯᠢᠭ ᠤᠨ ᠬᠤᠯᠪᠤᠭ᠎ᠠ ᠵᠡᠷᠭᠡ ᠠᠵᠢᠯ ᠰᠢᠨ᠎ᠡ | ᠲᠠᠪᠰᠢᠯᠳᠠ ᠲᠠᠢ ᠪᠤᠯᠪᠠ᠃ ᠭᠠᠶᠢᠯᠢ ᠶᠢᠨ ᠶᠠᠪᠤᠳᠠᠯ᠂ ᠨᠡᠶᠢᠳᠡ ᠶᠢᠨ ᠬᠤᠷᠠᠮᠳᠤᠯᠭ᠎ᠠ ᠶᠢᠨ ᠮᠦᠩᠬᠦ᠂ ᠰᠢᠤᠳᠠᠨ᠂ ᠴᠠᠭ | ᠠᠭᠤᠷ᠂ ᠨᠠᠪᠴᠢᠨ ᠲᠡᠮᠡᠬᠢ᠂ ᠴᠠᠬᠢᠯᠭᠠᠨ ᠬᠦᠴᠦᠨ᠂ ᠴᠢᠯᠠᠭᠤᠨ ᠲᠤᠰᠤ᠂ ᠴᠢᠮᠡᠭᠡ ᠬᠤᠯᠪᠤᠭ᠎ᠠ᠂ ᠮᠦᠩᠬᠦᠨ | ᠬᠦᠢᠯᠭᠡᠭᠡ ᠲᠠᠭᠠᠳᠬᠠᠯ ᠵᠡᠷᠭᠡ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠡ ᠨᠢ ᠪᠦᠬᠦ ᠬᠤᠰᠢᠭᠤᠨ ᠤ | ᠬᠦᠭᠵᠢᠯᠳᠡ ᠳᠤ ᠰᠢᠨ᠎ᠡ ᠬᠤᠪᠢ ᠨᠡᠮᠡᠷᠢ ᠦᠵᠡᠬᠦᠯᠪᠡ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠡ ᠰᠠᠭᠤᠷᠢ ᠲᠠᠯᠪᠢᠬᠤ ᠪᠠ ᠠᠯᠤᠰ ᠬᠡᠳᠦ ᠶᠢ | ᠲᠦᠯᠦᠪᠯᠡᠬᠦ ᠶᠢ ᠵᠡᠷᠭᠡᠪᠡᠷ ᠬᠦᠭᠵᠢᠬᠦᠯᠬᠦ᠂ ᠲᠤᠳᠠᠭᠤᠳᠠᠯ ᠢ ᠨᠦᠬᠦᠪᠦᠷᠢᠯᠡᠬᠦ ᠪᠠ ᠨᠡᠮᠡᠭᠳᠡᠯ ᠢ ᠲᠤᠭᠳᠠᠭᠤᠨ ᠪᠠᠶᠢᠯᠭᠠᠬᠤ | ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ ᠡᠯ᠎ᠡ ᠲᠦᠷᠦᠯ ᠤᠨ ᠠᠵᠢᠯ ᠢ ᠨᠢᠬᠡᠳᠦᠯᠳᠡᠢ ᠲᠦᠯᠦᠪᠵᠢᠬᠦᠯᠦᠨ | ᠠᠬᠢᠭᠤᠯᠵᠦ᠂ ᠪᠦᠬᠦ ᠬᠤᠰᠢᠭᠤ ᠪᠠᠷ ᠢᠶᠠᠨ ᠬᠦᠴᠢᠷ ᠪᠡᠷᠭᠡᠰᠢᠶᠡᠯ ᠢ ᠢᠯᠠᠨ᠂ ᠬᠦᠨᠳᠦ ᠡᠬᠦᠷᠭᠡ ᠶᠢ ᠡᠬᠦᠷᠭᠡᠯᠡᠨ | ᠱᠠᠯᠠᠮᠠᠭᠠᠶᠢᠯᠠᠨ ᠤᠷᠤᠭᠰᠢᠯᠠᠵᠦ᠂ ᠲᠠᠪᠬᠤᠷ ᠲᠠᠪᠬᠤᠷ ᠲᠠᠪᠠᠭ᠎ᠠ ᠶᠢ ᠲᠠᠪᠠᠵᠦ᠂ ᠵᠤᠶᠢᠯ ᠪᠦᠷᠢ ᠶᠢᠨ ᠬᠠᠳᠠᠭᠤ | ᠲᠠᠶᠢᠯᠠᠯᠳᠤᠭᠠᠨ ᠢ ᠠᠮᠵᠢᠯᠳᠠᠳᠠᠢ ᠬᠢᠭᠰᠡᠨ ᠢᠶᠠᠷ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠨᠢ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠬᠠᠷᠠᠯᠳᠠ ᠲᠡᠰᠢ ᠯᠠᠪᠳᠠᠭᠤᠨ ᠠᠯᠬᠤᠮ ᠢ | ᠠᠯᠬᠤᠪᠠ᠃ ᠡᠳᠡᠭᠡᠷ ᠠᠮᠵᠢᠯᠳᠠ ᠪᠦᠳᠦᠮᠵᠢ ᠳᠤ ᠦᠷᠭᠡᠨ ᠤᠯᠠᠨ ᠺᠠᠳ᠋ᠷ ᠠᠵᠢᠯᠳᠠᠳ ᠪᠠ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠤᠯᠠᠨ ᠲᠦᠮᠡᠨ ᠤ ᠬᠦᠴᠦ ᠬᠦᠯᠦᠰᠦ ᠪᠠ ᠤᠶᠤᠨ ᠤᠬᠠᠭᠠᠨ ᠰᠢᠩᠭᠡᠵᠦ ᠪᠠᠶᠢᠬᠤ ᠪᠦᠬᠡᠳ ᠡᠯ᠎ᠡ | ᠡᠳᠡᠭᠡᠳ ᠤᠨ ᠬᠠᠯᠠᠮᠵᠢᠯᠠᠯ ᠲᠡᠮᠵᠢᠯᠭᠡ ᠠᠴᠠ ᠰᠠᠯᠵᠦ ᠪᠤᠯᠤᠰᠢ ᠦᠬᠡᠢ ᠶᠤᠮ᠃ ᠠᠳᠡ ᠪᠢ ᠬᠤᠰᠢᠭᠤ ᠠᠷᠠᠳ ᠤᠨ | ᠵᠠᠰᠠᠭ ᠤᠨ ᠤᠷᠳᠤᠨ ᠢ ᠲᠦᠯᠦᠭᠡᠯᠡᠵᠦ᠂ ᠦᠷᠭᠡᠨ ᠤᠯᠠᠨ ᠺᠠᠳ᠋ᠷ ᠠᠵᠢᠯᠳᠠᠳ᠂ ᠪᠦᠬᠦ ᠬᠤᠰᠢᠭᠤᠨ ᠤ ᠡᠯ᠎ᠡ | ᠦᠨᠳᠦᠰᠦᠳᠡᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ | ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠠ ᠠᠵᠢᠯ ᠢᠶᠠᠨ ᠲᠠᠷᠬᠠᠯᠠᠭᠰᠠᠨ ᠠᠮᠠᠷᠠᠭᠰᠠᠨ ᠠᠬᠠᠮᠠᠳ ᠺᠠᠳ᠋ᠷ᠂ ᠡᠯ᠎ᠡ | ᠠᠷᠠᠳ ᠤᠨ ᠪᠦᠯᠬᠦᠮ ᠪᠠ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ | ᠡᠯ᠎ᠡ ᠡᠳᠡᠭᠡᠳ ᠤᠨ ᠬᠦᠮᠦᠰ ᠲᠤ ᠡᠷᠬᠢᠮ ᠲᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠲᠡᠪᠰᠢᠬᠦᠯᠦᠶ᠎ᠡ | ︕ | ᠠᠮᠵᠢᠯᠳᠠ ᠪᠠᠨ ᠨᠤᠳᠠᠯᠠᠬᠤ ᠶᠢᠨ ᠲᠠᠭᠠᠤ᠂ ᠪᠢᠳᠡ ᠪᠠᠰᠠ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ | ᠭᠦᠭᠵᠢᠯᠳᠡ ᠨᠢ ᠪᠠᠭ᠎ᠠ ᠪᠤᠰᠤ ᠬᠦᠴᠢᠷᠳᠡᠯ ᠪᠠ ᠦᠷᠢᠰᠦᠯᠳᠦᠭᠡᠨ ᠳᠤ ᠤᠴᠠᠷᠠᠵᠦ ᠪᠠᠶᠢᠬᠤ ᠶᠢ ᠰᠡᠷᠭᠡᠭ ᠢᠶᠠᠷ ᠤᠯᠵᠦ | ᠬᠠᠷᠠᠯ᠎ᠠ᠃ ᠠᠵᠦ ᠦᠢᠯᠡᠰ ᠤᠨ ᠲᠤᠯᠭᠠᠭᠤᠷᠢᠯᠠᠬᠤ ᠴᠢᠳᠠᠪᠤᠷᠢ ᠬᠦᠢᠴᠡᠳ ᠪᠤᠰᠤ ᠪᠠᠶᠢᠭ᠎ᠠ ᠪᠠᠶᠢᠳᠠᠯ ᠦᠨᠳᠦᠰᠦᠨ | ᠠᠴᠠ ᠪᠠᠨ ᠬᠤᠪᠢᠷᠠᠭᠠᠳᠦᠢ︔ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ᠂ ᠤᠯᠡᠨ ᠨᠡᠶᠢᠳᠡ ᠶᠢᠨ | ᠦᠢᠯᠡᠴᠢᠯᠡᠭᠡ ᠬᠢᠭᠡᠳ ᠬᠤᠳᠠ ᠪᠠᠯᠭᠠᠰᠦᠨ ᠤ ᠴᠢᠳᠠᠮᠵᠢ ᠶᠢᠨ ᠢᠵᠢ ᠪᠦᠷᠢᠳᠦᠯ᠂ ᠨᠠᠷᠢᠯᠢᠭᠵᠢᠭᠰᠠᠨ ᠬᠠᠮᠢᠶᠠᠷᠤᠯᠳᠠ | ᠵᠡᠷᠭᠡ ᠶᠢ ᠤᠯᠡᠮ ᠰᠠᠶᠢᠵᠢᠷᠠᠭᠤᠯᠬᠤ ᠴᠢᠬᠤᠯᠠᠳᠠᠢ︔ ᠰᠤᠷᠭᠠᠨ ᠬᠦᠮᠦᠵᠢᠯ᠂ ᠡᠮ ᠡᠮᠨᠡᠯᠭᠡ᠂ ᠨᠠᠰᠦᠵᠢᠯ ᠵᠡᠷᠭᠡ ᠠᠵᠢᠯ | ᠦᠢᠯᠡᠰ ᠲᠤ ᠪᠠᠰᠠ ᠪᠠᠭᠤᠷᠠᠢ ᠭᠤᠭᠴᠤᠭ᠎ᠠ ᠤᠷᠤᠰᠢᠵᠦ᠂ ᠠᠷᠠᠳ ᠤᠯᠡᠨ ᠤ ᠬᠦᠰᠡᠯ ᠱᠠᠭᠠᠷᠳᠠᠯᠭ᠎ᠠ ᠠᠴᠠ ᠵᠤᠬᠢᠬᠤ | ᠬᠡᠮᠵᠢᠶᠠᠨ ᠤ ᠵᠦᠷᠢᠶ᠎ᠡ ᠲᠠᠢ ᠪᠤᠢ︔ ᠴᠦᠭᠡᠨ ᠲᠤᠭᠠᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠦᠵᠡᠯ ᠰᠠᠨᠠᠭ᠎ᠠ | ᠲᠤᠳᠠᠮᠠᠭ᠂ ᠠᠵᠢᠯ ᠤᠨ ᠰᠤᠷᠳᠠᠯ ᠪᠤᠳᠠᠳᠠᠢ ᠪᠤᠰᠤ᠂ ᠬᠦᠢᠴᠡᠳᠭᠡᠬᠦ ᠴᠢᠳᠠᠪᠤᠷᠢ ᠰᠤᠯᠠ ᠲᠤᠷᠤᠢ᠂ ᠵᠠᠰᠠᠭ ᠵᠠᠬᠢᠷᠭᠠᠨ | ᠤ ᠴᠢᠳᠠᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠠᠬᠤᠶᠢᠯᠠᠯ ᠤᠨ ᠡᠵᠡᠩᠨᠡᠯᠳᠡ ᠶᠢᠨ ᠤᠷᠴᠢᠨ ᠢ ᠤᠯᠠᠮ | ᠰᠢᠯᠢᠳᠡᠭᠵᠢᠭᠦᠯᠬᠦ ᠴᠢᠬᠤᠯᠠᠳᠠᠢ ᠪᠠᠶᠢᠨ᠎ᠠ᠃ ᠪᠢᠳᠡ ᠡᠳᠡᠭᠡᠷ ᠠᠰᠠᠭᠤᠳᠡᠯ ᠳᠤ ᠰᠢᠭᠤᠳ ᠬᠠᠨᠳᠤᠨ᠂ ᠦᠨᠡᠨ ᠪᠤᠳᠠᠳᠠᠢ | ᠪᠠᠷ ᠰᠢᠢᠳᠪᠦᠷᠢᠯᠡᠨ᠎ᠡ᠃ | ᠬᠤᠶᠠᠷ᠂ 2019 ᠤᠨ ᠤ ᠠᠵᠢᠯ ᠤᠨ ᠭᠤᠤᠯᠳᠠᠯᠭ᠎ᠠ | ᠦᠨᠦ ᠵᠢᠯ ᠪᠤᠯ ᠰᠢᠨ᠎ᠡ ᠲᠤᠮᠳᠠᠳᠦ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠬᠢᠯᠠᠭ᠎ᠠ ᠶᠢᠨ ᠵᠢᠯ᠂ ᠮᠦᠨᠴᠦ ᠮᠠᠨ ᠤ ᠬᠤᠰᠢᠭᠤᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢᠨ ᠰᠢᠢᠳᠪᠦᠷᠢᠯᠡᠭᠴᠢ ᠴᠢᠨᠠᠷᠳᠠᠢ ᠢᠯᠠᠯᠳᠠ ᠤᠯᠬᠤ ᠨᠢᠭᠡ ᠵᠢᠯ ᠪᠤᠯᠤᠨ᠎ᠠ᠃ | ᠦᠨᠦ ᠵᠢᠯ ᠤᠨ ᠠᠵᠢᠯ ᠢ ᠰᠠᠶᠢᠳᠦᠷ ᠬᠢᠬᠦ ᠳᠤ ᠡᠬᠦᠷᠭᠡ ᠬᠦᠨᠳᠦ᠂ ᠠᠴᠢ ᠬᠤᠯᠪᠤᠭᠳᠠᠯ ᠶᠡᠭᠡ ᠶᠤᠮ᠃ ᠠᠵᠢᠯ ᠤᠨ | ᠶᠡᠷᠦᠩᠭᠡᠢ ᠰᠡᠳᠬᠢᠴᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ 〔 15 | 〕ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠦ᠂ ︽ᠲᠦᠷᠪᠡᠨ ᠪᠦᠬᠦ ᠲᠠᠯ᠎ᠠ︾ | 〔 16 〕 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ | ᠪᠠᠶᠢᠷᠢᠯᠠᠭᠤᠯᠤᠯᠳᠠ ᠶᠤᠰᠤᠭᠠᠷ᠂ ᠰᠢᠨ᠎ᠡ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠦ᠂ ᠴᠢᠨᠠᠷ ᠰᠠᠶᠢᠲᠠᠢ | ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠦ᠂ ᠬᠠᠩᠭᠠᠯᠭ᠎ᠠ ᠶᠢᠨ ᠲᠠᠯ᠎ᠠ ᠳᠠᠬᠢ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠵᠦ᠂ ᠵᠠᠬ᠎ᠠ ᠲᠡᠯᠭᠡᠬᠦᠷᠴᠢᠯᠡᠬᠦ ᠦᠭᠡᠷᠡᠴᠢᠯᠡᠯᠳᠡ ᠶᠢ | ᠬᠦᠨᠵᠡᠭᠡᠶᠢᠷᠡᠬᠦᠯᠬᠦ ᠪᠠ ᠦᠨᠳᠦᠷ ᠬᠢᠷᠢ ᠲᠦᠪᠰᠢᠨ ᠲᠠᠢ ᠨᠡᠭᠡᠭᠡᠯᠳᠡ ᠶᠢ ᠦᠷᠭᠡᠳᠬᠡᠨ ᠬᠢᠬᠦ ᠶᠢ ᠪᠠᠷᠢᠮᠳᠠᠯᠠᠵᠦ᠂ | ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠦᠷ ᠬᠢᠵᠦ᠂ ᠨᠡᠮᠡᠭᠳᠡᠯ ᠢ | ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠳᠡᠬᠡᠬᠦ᠂ ᠲᠦᠭᠰᠢᠬᠦᠷᠢ ᠶᠢ ᠰᠡᠷᠬᠡᠶᠢᠯᠡᠬᠦ ᠠᠵᠢᠯ ᠢ ᠨᠢᠬᠡᠳᠦᠯᠳᠡᠢ ᠲᠦᠯᠦᠪᠵᠢᠬᠦᠯᠦᠨ | ᠠᠬᠢᠭᠤᠯᠵᠦ᠂ ᠠᠷᠠᠳ ᠤᠯᠠᠨ ᠤ ᠬᠦᠷᠳᠡᠭᠡᠮᠵᠢ ᠲᠠᠢ ᠪᠠᠶᠢᠬᠤ᠂ ᠵᠤᠯ ᠵᠢᠷᠭᠠᠯ ᠲᠠᠢ ᠪᠠᠶᠢᠬᠤ᠂ ᠠᠮᠤᠷ ᠲᠦᠪᠰᠢᠨ | ᠪᠠᠶᠢᠬᠤ ᠰᠡᠳᠬᠢᠭᠳᠡᠯ ᠲᠦᠷᠦᠭᠳᠡᠯ ᠢ ᠨᠡᠮᠡᠭᠳᠡᠬᠦᠯᠵᠦ᠂ ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠪᠠ | ᠨᠡᠶᠢᠭᠡᠮ ᠤᠨ ᠪᠦᠬᠦ ᠲᠠᠯ᠎ᠠ ᠶᠢᠨ ᠲᠤᠭᠳᠠᠭᠤᠨ ᠪᠠᠶᠢᠳᠠᠯ ᠢ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠳᠤ ᠰᠢᠢᠳᠪᠦᠷᠢᠯᠡᠬᠦ ᠴᠢᠨᠠᠷᠳᠠᠢ ᠰᠠᠭᠤᠷᠢ ᠶᠢ ᠲᠠᠯᠪᠢᠵᠦ᠂ ᠰᠢᠯᠢᠳᠡᠭ ᠬᠢᠷᠢ ᠪᠦᠳᠦᠮᠵᠢ ᠪᠠᠷ | ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠡᠨ | ᠪᠡᠯᠬᠡᠯᠡᠨ᠎ᠡ᠃ | ᠭᠤᠤᠯ ᠪᠤᠯᠬᠤ ᠵᠢᠱᠢᠭᠰᠡᠨ ᠬᠠᠷᠠᠯᠲᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ | ᠦᠷᠲᠡᠭ ᠢ 6.5% ᠪᠠᠷ ᠨᠡᠮᠡᠭᠳᠡᠬᠦᠯᠵᠦ᠂ ᠡᠭᠦᠨ ᠳᠤ᠄ ᠨᠢᠬᠡᠳᠦᠭᠡᠷ ᠠᠵᠦ ᠦᠢᠯᠡᠰ ᠤᠨ ᠨᠡᠮᠡᠭᠳᠡᠯ ᠦᠷᠲᠡᠭ ᠢ4. | 8% ᠪᠠᠷ ᠨᠡᠮᠡᠭᠳᠡᠬᠦᠯᠦᠨ᠂ ᠬᠤᠶᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 7.6% ᠪᠠᠷ ᠨᠡᠮᠡᠭᠳᠡᠬᠦᠯᠵᠦ᠂ | ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠲᠡᠭ ᠢ 6.5% ᠪᠠᠷ ᠨᠡᠮᠡᠭᠳᠡᠬᠦᠯᠦᠨ᠎ᠡ᠃ ᠡᠩ ᠤᠨ ᠤᠯᠠᠨ | ᠨᠡᠶᠢᠳᠡ ᠶᠢᠨ ᠲᠦᠰᠦᠪ ᠤᠨ ᠤᠷᠤᠯᠭ᠎ᠠ ᠶᠢ 4.2% ᠢᠶᠠᠷ ᠨᠡᠮᠡᠭᠳᠡᠬᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠳᠠ ᠶᠢ 16.8% ᠪᠠᠷ ᠨᠡᠮᠡᠭᠳᠡᠬᠦᠯᠦᠨ᠎ᠡ᠃ ᠬᠤᠳᠠ ᠬᠦᠳᠡᠭᠡ ᠶᠢᠨ ᠪᠠᠶᠢᠩᠭᠤ | ᠰᠠᠭᠤᠭᠠᠯᠢ ᠠᠷᠠᠳ ᠤᠨ ᠬᠦᠮᠦᠨ ᠲᠤᠮᠳᠠᠴᠢ ᠲᠤᠬᠢᠷᠠᠭᠤᠯᠵᠦ ᠪᠤᠯᠬᠤᠶᠢᠴᠠ ᠤᠷᠤᠯᠭ᠎ᠠ ᠶᠢ ᠲᠤᠰᠪᠤᠷᠢ 8.0% ᠪᠠ 8. | 5% ᠪᠠᠷ ᠨᠡᠮᠡᠭᠳᠡᠬᠦᠯᠦᠨ᠎ᠡ᠃ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ | ᠬᠡᠮᠵᠢᠶ᠎ᠡ ᠶᠢ 8.0% ᠢᠶᠠᠷ ᠨᠡᠮᠡᠭᠳᠡᠬᠦᠯᠦᠨ᠎ᠡ᠃ ᠭᠤᠤᠯ ᠪᠤᠯᠬᠤ ᠠᠵᠦ ᠠᠬᠤᠢ ᠶᠢᠨ ᠬᠦᠢᠴᠡᠳᠬᠡᠬᠦ ᠲᠤᠭᠠᠨ ᠤ | ᠨᠡᠮᠡᠭᠳᠡᠯ ᠤᠨ ᠬᠤᠷᠳᠤᠴᠠ ᠶᠢ ᠪᠦᠬᠦ ᠠᠶᠢᠮᠠᠭ ᠤᠨ ᠲᠤᠮᠳᠠᠴᠢ ᠲᠦᠪᠰᠢᠨ ᠠᠴᠠ ᠦᠨᠳᠦᠷ ᠪᠠᠶᠢᠯᠭᠠᠨ᠎ᠠ᠃ | ᠲᠡᠭᠡᠷᠡᠬᠢ ᠬᠠᠷᠠᠯᠲᠠ ᠶᠢᠨ ᠲᠤᠭᠤᠷᠢᠨ ᠳᠤ᠂ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠠᠳᠬᠤᠨ᠎ᠠ᠃ | ︵ᠨᠢᠭᠡ︶ ︽ᠭᠤᠷᠪᠡᠨ ᠲᠤᠮᠦ ᠪᠤᠭᠤᠮᠳᠠ ᠰᠢᠪᠳᠤᠯᠬᠤ ᠲᠡᠶᠢᠯᠡᠯᠳᠤᠭᠠᠨ︾ ᠢ ᠦᠷᠬᠦᠯᠵᠢᠯᠡᠨ ᠰᠠᠶᠢᠳᠦᠷ | ᠬᠢᠵᠦ᠂ ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠠᠭᠤᠷᠢ ᠶᠢ ᠪᠠᠳᠤᠳᠬᠠᠨ᠎ᠠ | ᠳᠤᠮᠤ ᠶᠡᠭᠡ ᠲᠦᠭᠰᠢᠭᠦᠷᠢ ᠶᠢ ᠴᠢᠩᠭ᠎ᠠ ᠰᠡᠷᠬᠡᠶᠢᠯᠡᠨ᠎ᠡ᠃ ᠵᠠᠰᠠᠭ ᠤᠨ ᠣᠷᠳᠤᠨ ᠤ ᠴᠢᠨᠠᠷᠳᠠᠢ ᠦᠷᠢ ᠰᠢᠷᠢ | ᠶᠢᠨ ᠳᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠶᠢ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠵᠦ᠂ ᠵᠠᠰᠠᠭ ᠤᠨ | ᠣᠷᠳᠤᠨ ᠤ ᠦᠷᠢ ᠰᠢᠷᠢ ᠶᠢᠨ ᠲᠦᠭᠰᠢᠬᠦᠷᠢ ᠶᠢ ᠦᠨᠡᠯᠡᠨ ᠪᠠᠷᠤᠭᠴᠠᠭᠠᠯᠠᠬᠤ᠂ ᠤᠷᠢᠳᠴᠢᠯᠡᠨ ᠰᠡᠷᠡᠮᠵᠢᠯᠡᠬᠦᠯᠬᠦ ᠪᠠ | ᠬᠢᠨᠠᠵᠦ ᠬᠠᠮᠢᠶᠠᠷᠬᠤ ᠶᠢ ᠴᠢᠩᠭᠠᠳᠬᠠᠵᠦ᠂ ᠦᠷᠢ ᠰᠢᠷᠢ ᠶᠢ ᠰᠢᠢᠳᠪᠦᠷᠢᠯᠡᠬᠦ ᠲᠦᠰᠥᠯ ᠢ ᠴᠢᠩᠭ᠎ᠠ | ᠨᠠᠶᠢᠳᠠᠪᠤᠷᠢᠵᠢᠭᠤᠯᠵᠦ᠂ ᠤᠯᠤᠰ ᠤᠨ ᠰᠣᠯᠠ ᠪᠠᠶᠢᠭ᠎ᠠ ᠡᠳ᠋ ᠬᠦᠷᠥᠩᠭᠡ ᠶᠢ ᠠᠮᠢᠯᠠᠭᠤᠯᠤᠨ ᠬᠡᠷᠡᠭᠯᠡᠬᠦ᠂ ᠡᠳ᠋ ᠤᠨ | ᠵᠠᠰᠠᠭ ᠤᠨ ᠴᠢᠨᠠᠷᠳᠠᠢ ᠪᠡᠯᠡ ᠮᠦᠩᠭᠦ ᠶᠢ ᠨᠡᠶᠢᠯᠡᠭᠦᠯᠬᠦ᠂ ᠭᠠᠶᠢᠯᠢ ᠶᠢᠨ ᠰᠣᠷᠪᠥᠯᠵᠢ ᠠᠴᠠ ᠳᠠᠳᠠᠪᠥᠷᠢᠯᠠᠨ ᠬᠠᠮᠢᠶᠠᠷᠬᠤ | ᠶᠢ ᠴᠢᠩᠭᠠᠳᠬᠠᠬᠤ᠂ ᠡᠩ ᠤᠨ ᠴᠢᠨᠠᠷᠳᠠᠢ ᠵᠠᠷᠤᠯᠭ᠎ᠠ ᠶᠢ ᠡᠵᠡᠮᠳᠡᠬᠦ ᠵᠡᠷᠭᠡ ᠳᠠᠯ᠎ᠠ ᠪᠠᠷ ᠦᠷᠭᠦᠯᠵᠢᠯᠡᠨ ᠬᠦᠴᠤᠯᠡᠵᠤ᠂ | ᠤᠯᠤᠰ ᠤᠨ ᠦᠮᠴᠢᠯᠡᠯ ᠤᠨ ᠪᠡᠯᠡ ᠤᠷᠤᠭᠤᠯᠵᠦ ᠬᠤᠷᠠᠮᠳᠤᠭᠤᠯᠬᠤ ᠲᠠᠪᠴᠠᠩ ᠢ ᠲᠦᠷᠢᠮᠵᠢᠬᠦᠯᠵᠦ᠂ ᠤᠯᠠᠨ ᠳᠡᠯ᠎ᠠ | ᠪᠠᠷ ᠦᠷᠢ ᠲᠦᠯᠥᠬᠦ ᠪᠡᠯᠡ ᠮᠦᠩᠭᠦ ᠴᠤᠭᠯᠠᠭᠤᠯᠵᠤ᠂ 1.4 ᠳ᠋ᠦᠩᠰᠢᠭᠤᠷ ᠳᠦᠭᠦᠷᠢᠭ ᠤᠨ ᠵᠢᠯ ᠤᠨ ᠦᠷᠢ ᠲᠦᠯᠥᠬᠦ | ᠡᠭᠦᠷᠭᠡ ᠶᠢ ᠪᠡᠶᠡᠯᠡᠭᠦᠯᠥᠨ᠎ᠡ᠃ ᠮᠦᠩᠭᠦᠨ ᠭᠦᠢᠯᠭᠡᠭᠡᠨ ᠤ ᠠᠵᠢᠯᠯᠠᠭ᠎ᠠ ᠶᠢ ᠤᠯᠠᠮ ᠳᠦᠷᠢᠮᠵᠢᠭᠦᠯᠵᠤ᠂ ᠬᠠᠤᠯᠢ ᠪᠤᠰᠤ | ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠶᠢ ᠬᠢᠨᠠᠨ ᠪᠠᠶᠢᠴᠠᠭᠠᠬᠤ ᠪᠤᠯᠤᠨ ᠰᠡᠷᠡᠮᠵᠢᠯᠡᠬᠦ ᠶᠢ ᠰᠠᠶᠢᠳᠤᠷ ᠬᠢᠵᠤ᠂ | ᠢᠨᠲ᠋ᠧᠷ ᠰᠦᠯᠵᠢᠶᠡᠨ ᠳᠡᠭᠡᠷᠡᠭᠢ ᠮᠦᠩᠭᠦᠨ ᠭᠦᠢᠯᠭᠡᠭᠡᠨ ᠤ ᠳᠦᠭᠰᠢᠭᠦᠷᠢ ᠶᠢ ᠰᠡᠷᠬᠡᠶᠢᠯᠡᠬᠦ ᠠᠵᠢᠯ ᠢ ᠠᠬᠢᠭᠤᠯᠵᠤ᠂ | ᠠᠷᠠᠳ ᠤᠨ ᠳᠤᠮᠳᠠᠬᠢ ᠵᠢᠭᠡᠯᠡᠯᠭᠡ ᠶᠢ ᠴᠡᠭᠴᠡᠯᠡᠨ ᠳᠦᠷᠢᠮᠵᠢᠭᠦᠯᠵᠤ᠂ ᠦᠩᠭᠡᠨ ᠲᠠᠯ᠎ᠠ ᠪᠠ ᠦᠨᠳᠦᠰᠦᠨ ᠠᠴᠠ ᠨᠢ | ᠵᠠᠰᠠᠬᠤ ᠶᠢ ᠪᠠᠷᠢᠮᠳᠠᠯᠠᠵᠦ᠂ ᠮᠠᠯᠴᠢᠨ ᠳᠠᠷᠢᠶᠠᠴᠢᠨ ᠤ ᠪᠡᠯᠡ ᠬᠤᠷᠠᠮᠳᠤᠭᠤᠯᠬᠤ ᠠᠷᠭ᠎ᠠ ᠵᠡᠮ ᠢ ᠦᠷᠭᠡᠳᠬᠡᠵᠤ᠂ | ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠡᠮᠬᠢ ᠲᠢᠭᠯᠢᠮ ᠪᠠ ᠮᠠᠯᠴᠢᠨ ᠲᠠᠷᠢᠶᠠᠴᠢᠳ ᠤᠨ ᠲᠤᠰ | ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠡᠴᠦᠰ ᠤᠨ ᠰᠢᠪᠳᠤᠯᠤᠯᠳᠠ ᠶᠢ ᠬᠢᠨ᠎ᠠ᠃ | ᠡᠯ᠎ᠡ ᠱᠠᠳᠤᠨ ᠤ ᠬᠠᠷᠢᠭᠤᠴᠠᠯᠭ᠎ᠠ ᠶᠢ ᠰᠠᠶᠢᠳᠦᠷ ᠨᠠᠶᠢᠳᠠᠪᠤᠷᠢᠵᠢᠭᠤᠯᠤᠨ᠎ᠠ᠃ ︽ᠬᠤᠶᠠᠷ ᠲᠤ ᠵᠤᠪᠠᠭ᠋ᠤ ᠦᠬᠡᠢ᠂ | ᠭᠤᠷᠪᠠᠨ ᠪᠠᠳᠤᠯᠠᠭ᠎ᠠ ᠲᠠᠢ ᠪᠠᠶᠢᠬᠤ︾ 〔 17 〕 ᠪᠠᠷᠢᠮᠵᠢᠶ᠎ᠠ ᠶᠢᠨ ᠲᠤᠭᠤᠷᠢᠨ ᠳᠤ᠂ ︽ᠵᠢᠷᠭᠤᠭ᠎ᠠ ᠶᠢ | ᠴᠡᠪᠡᠷᠯᠡᠬᠦ ᠲᠦᠷᠪᠡ ᠶᠢ ᠪᠠᠷᠢᠮᠵᠢᠶᠠᠨ ᠳᠤ ᠬᠦᠷᠭᠡᠬᠦ︾ 〔 18 〕ᠲᠤᠰᠬᠠᠢ ᠲᠦᠷᠦᠯ ᠤᠨ ᠠᠵᠢᠯᠯᠠᠭ᠎ᠠ ᠶᠢ | ᠬᠢᠨᠠᠮᠠᠭᠠᠢ ᠦᠷᠨᠢᠬᠦᠯᠵᠦ᠂ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠦᠷᠬᠦᠯᠵᠢᠯᠡᠨ ᠴᠢᠩᠭᠠᠳᠬᠠᠵᠦ᠂ | ᠬᠠᠷᠢᠭᠤᠴᠠᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠦ᠂ ᠡᠯ᠎ᠡ ᠲᠠᠯ᠎ᠠ ᠶᠢᠨ ᠬᠦᠴᠦᠨ ᠢ ᠨᠢᠬᠡᠳᠦᠯᠳᠡᠢ | ᠲᠦᠯᠦᠪᠵᠢᠬᠦᠯᠦᠨ᠂ ᠲᠤᠰᠬᠠᠢ ᠲᠦᠷᠦᠯ ᠢᠶᠠᠷ ᠶᠠᠳᠠᠭᠤ ᠶᠢ ᠲᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ | ᠂ ᠨᠡᠶᠢᠭᠡᠮ ᠠᠴᠠ ᠶᠠᠳᠠᠭᠤ ᠶᠢ ᠲᠡᠳᠬᠦᠬᠦ ᠵᠡᠷᠭᠡ ᠲᠦᠷᠦ ᠶᠢᠨ ᠪᠤᠳᠤᠯᠭ᠎ᠠ ᠶᠢᠨ ᠡᠬᠢ ᠪᠠᠶᠠᠯᠢᠭ ᠢ ᠪᠦᠳᠦᠮᠵᠢᠳᠡᠢ | ᠨᠢᠬᠡᠳᠬᠡᠵᠦ᠂ ᠬᠤᠯᠪᠤᠭᠠᠯᠠᠵᠦ ᠬᠠᠪᠰᠤᠷᠤᠨ ᠲᠡᠳᠬᠦᠬᠦ ᠶᠢ ᠬᠦᠨᠵᠡᠬᠡᠢ ᠦᠷᠨᠢᠬᠦᠯᠵᠦ᠂ ᠰᠠᠯᠠᠭ᠎ᠠ ᠮᠦᠴᠢᠷ ᠠᠵᠢᠯ | ᠲᠦᠷᠦᠯ ᠢᠶᠠᠷ ᠶᠠᠳᠠᠭᠤ ᠶᠢ ᠲᠡᠳᠬᠦᠬᠦ ᠵᠢᠴᠢ ᠨᠡᠶᠢᠭᠡᠮ ᠠᠴᠠ ᠶᠠᠳᠠᠭᠤ ᠶᠢ ᠲᠡᠳᠬᠦᠬᠦ ᠠᠵᠢᠯ ᠢ ᠴᠢᠩᠭᠠᠳᠬᠠᠵᠦ᠂ | ᠪᠦᠬᠦ ᠬᠦᠴᠦᠨ ᠢᠶᠠᠷ ᠲᠠᠶᠢᠯᠠᠯᠳᠤᠭᠠᠨ ᠬᠢᠵᠦ᠂ ᠶᠠᠳᠠᠭᠤ ᠶᠢ ᠲᠡᠳᠬᠦᠬᠦ ᠳᠡᠭᠡᠨ ᠤᠨᠤᠪᠴᠢᠳᠠᠢ ᠲᠡᠳᠬᠦᠬᠦ᠂ | ᠦᠨᠳᠦᠰᠦᠨ ᠠᠴᠠ ᠨᠢ ᠲᠡᠳᠬᠦᠬᠦ ᠶᠢ ᠪᠠᠳᠤᠯᠠᠵᠦ᠂ 11 ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ ᠢ ᠶᠠᠳᠠᠭᠤ | ᠶᠢᠨ ᠡᠩᠨᠡᠭᠡᠨ ᠠᠴᠠ ᠭᠠᠷᠭᠠᠬᠤ᠂ 282 ᠡᠷᠦᠭᠡ ᠶᠢᠨ 606 ᠬᠦᠮᠦᠨ ᠢ ᠶᠠᠳᠠᠭᠤ ᠠᠴᠠ ᠠᠩᠬᠢᠵᠢᠷᠠᠭᠤᠯᠬᠤ ᠶᠢ | ᠲᠤᠬᠳᠠᠭᠰᠠᠨ ᠬᠤᠭᠤᠴᠠᠭᠠᠨ ᠳᠤ ᠪᠡᠶᠡᠯᠡᠬᠦᠯᠦᠨ᠎ᠡ᠃ ᠶᠠᠳᠠᠭᠤ ᠶᠢ ᠲᠡᠳᠬᠦᠬᠦ ᠲᠦᠷᠦᠯ ᠵᠤᠶᠢᠯ ᠢ ᠰᠠᠶᠢᠳᠦᠷ | ᠭᠡᠷᠡᠭᠵᠢᠬᠦᠯᠦᠨ᠎ᠡ᠃ ᠡᠷᠡᠬᠦᠯ ᠮᠡᠨᠳᠦ᠂ ᠰᠣᠷᠭᠠᠨ ᠬᠦᠮᠥᠵᠢᠯ᠂ ᠠᠵᠢᠯ ᠤᠯᠭᠤᠯᠳᠠ᠂ ᠠᠮᠢ ᠠᠬᠤᠢ᠂ ᠮᠦᠩᠬᠦᠨ | ᠬᠦᠢᠯᠭᠡᠭᠡ᠂ ᠲᠤᠬᠢᠷᠠᠮᠵᠢᠳᠡᠢ ᠭᠠᠵᠠᠷ ᠨᠡᠬᠦᠯᠭᠡᠭᠰᠡᠨ ᠤ ᠲᠠᠷᠠᠭᠠᠬᠢ ᠦᠷᠬᠦᠯᠵᠢᠯᠡᠬᠦᠢ ᠠᠵᠦ ᠦᠢᠯᠡᠰ᠂ ᠨᠡᠶᠢᠭᠡᠮ ᠤᠨ | ᠪᠠᠳᠤᠯᠠᠭ᠎ᠠ ᠶᠢᠨ ᠵᠦᠷᠢᠶ᠎ᠡ ᠶᠢ ᠨᠦᠬᠦᠪᠦᠷᠢᠯᠡᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠨᠡᠶᠢᠭᠡᠮ ᠠᠴᠠ ᠬᠠᠪᠰᠤᠷᠤᠨ ᠲᠡᠳᠬᠦᠬᠦ ᠠᠷᠭ᠎ᠠ ᠮᠠᠶ᠋ᠢᠭ ᠢ ᠲᠠᠰᠤᠷᠠᠯᠳᠠ ᠦᠬᠡᠢ | ᠬᠦᠨᠵᠡᠭᠡᠶᠢᠷᠡᠬᠦᠯᠬᠦ ᠪᠠ ᠰᠢᠨᠡᠳᠬᠡᠨ᠎ᠡ᠃ ᠨᠢᠭᠡ ᠪᠦᠯᠦᠭ ᠲᠠᠪᠳᠠᠵᠦ ᠪᠤᠯᠬᠤ ᠲᠡᠯᠬᠡᠷᠡᠬᠦᠯᠵᠦ ᠪᠤᠯᠬᠤ ᠠᠷᠭ᠎ᠠ ᠬᠡᠮᠵᠢᠶ᠎ᠡ | ᠶᠢ ᠰᠢᠯᠢᠨ ᠳ᠋ᠦᠩᠨᠡᠵᠦ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠤᠶᠢᠯ ᠢ ᠨᠤᠳᠠᠯᠠᠵᠦ ᠬᠦᠮᠦᠷᠬᠡᠯᠡᠬᠦ᠂ | ᠢᠯᠠ ᠨᠡᠶᠢᠳᠡᠯᠡᠵᠦ ᠵᠠᠷᠯᠠᠬᠤ ᠵᠡᠷᠬᠡ ᠠᠵᠢᠯ ᠢ ᠰᠠᠶᠢᠳᠦᠷ ᠬᠢᠵᠦ᠂ ᠲᠦᠷᠦᠯ ᠵᠤᠶᠢᠯ ᠤᠨ ᠡᠷᠳᠡᠭᠡᠨ ᠦᠷ᠎ᠠ ᠠᠰᠢᠭ | ᠭᠠᠷᠭᠠᠬᠤ ᠶᠢ ᠠᠬᠢᠭᠤᠯᠤᠨ᠎ᠠ᠃ ᠠᠵᠦ ᠦᠢᠯᠡᠰ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠬᠦᠢᠴᠡᠳ | ᠠᠰᠢᠭᠯᠠᠵᠦ᠂ 1.48 ᠳ᠋ᠦᠩᠰᠢᠭᠤᠷ ᠲᠦᠭᠦᠷᠢᠭ ᠤᠨ ᠶᠠᠳᠠᠭᠤ ᠶᠢ ᠳᠡᠳᠭᠦᠭᠦ ᠪᠡᠯᠡ ᠮᠦᠩᠭᠦ ᠶᠢ ᠤᠷᠤᠭᠤᠯᠵᠦ᠂ | ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ᠂ ᠡᠷᠥᠬᠡ ᠳᠤ ᠬᠦᠷᠭᠡᠬᠦ ᠠᠵᠤ ᠦᠢᠯᠡᠰ᠂ ᠭᠡᠷᠡᠯ ᠡᠨᠧᠷᠬᠢ ᠪᠠᠷ | ᠶᠠᠳᠠᠭᠤ ᠶᠢ ᠳᠡᠳᠭᠦᠭᠦ᠂ ᠮᠡᠷᠭᠡᠵᠢᠯ ᠤᠨ ᠪᠤᠯᠪᠠᠰᠣᠷᠠᠯ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ | ᠮᠦᠩᠭᠦᠨ ᠭᠦᠢᠯᠭᠡᠭᠡᠨ ᠤ ᠶᠠᠳᠠᠭᠤ ᠶᠢ ᠳᠡᠳᠭᠦᠭᠦ ᠵᠢᠴᠢ ᠰᠠᠭᠤᠷᠢ ᠪᠦᠳᠥᠭᠡᠨ ᠪᠠᠶᠢᠭᠤᠯᠤᠯᠳᠠ ᠶᠢᠨ | ᠰᠠᠶᠢᠵᠢᠷᠠᠭᠤᠯᠤᠯᠳᠠ ᠵᠡᠷᠭᠡ 106 ᠲᠦᠷᠥᠯ ᠵᠦᠢᠯ ᠢ ᠭᠡᠷᠡᠭᠵᠢᠬᠦᠯᠦᠨ᠎ᠡ᠃ ᠶᠤᠸᠠᠢ ᠱᠧᠩ ᠵᠠᠢ ᠢᠳᠡᠭᠡᠨ ᠤ ᠦᠢᠯᠡᠰ | ᠂ ᠡᠷᠳᠡᠨᠢ ᠮᠢᠬᠠᠨ ᠤ ᠦᠢᠯᠡᠰ᠂ ᠮᠧᠩ ᠱᠧᠩ ᠮᠢᠬᠠᠨ ᠤ ᠦᠢᠯᠡᠰ ᠵᠡᠷᠭᠡ ᠡᠵᠡᠩᠨᠡᠯᠳᠡ ᠶᠢᠨ ᠭᠤᠤᠯ ᠴᠤᠭᠴᠠ ᠪᠤᠯᠤᠨ | ᠶᠠᠳᠠᠭᠤ ᠬᠦᠴᠢᠷᠳᠡᠢ ᠬᠦᠮᠥᠨ ᠠᠮᠠ ᠯᠤᠭ᠎ᠠ ᠶᠢᠨ ᠠᠰᠢᠭ ᠲᠤᠰᠠ ᠶᠢᠨ ᠬᠤᠯᠪᠤᠭᠠᠯᠠᠯ ᠢ ᠤᠯᠠᠮ ᠪᠠᠳᠤᠳᠬᠠᠵᠤ᠂ | ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠨ᠎ᠠ᠃ ᠶᠠᠳᠠᠭᠤ ᠠᠴᠠ | ᠠᠩᠬᠢᠵᠢᠷᠠᠭᠤᠯᠤᠭᠰᠠᠨ ᠦᠷ᠎ᠠ ᠪᠦᠳᠦᠭᠡᠯ ᠢ ᠪᠠᠳᠤᠳᠬᠠᠨ᠎ᠠ᠃ ᠶᠠᠳᠠᠭᠤ ᠶᠢ ᠲᠡᠳᠬᠦᠬᠦ ᠪᠡᠯᠡ ᠮᠦᠩᠬᠦᠨ ᠤ | ᠬᠠᠮᠢᠶᠠᠷᠤᠯᠳᠠ ᠪᠠ ᠭᠡᠷᠡᠭᠯᠡᠯᠳᠡ ᠶᠢ ᠴᠢᠩᠭᠠᠳᠬᠠᠵᠦ᠂ ᠮᠠᠯᠵᠢᠬᠤ ᠲᠠᠷᠢᠶᠠᠯᠠᠬᠤ ᠳᠤ ᠬᠤᠯᠪᠤᠭᠳᠠᠭᠰᠠᠨ ᠪᠡᠯᠡ ᠮᠦᠩᠬᠦ | ᠶᠢ ᠨᠢᠬᠡᠳᠦᠯᠳᠡᠢ ᠲᠦᠯᠦᠪᠵᠢᠬᠦᠯᠦᠨ ᠨᠡᠶᠢᠯᠡᠬᠦᠯᠬᠦ ᠶᠢ ᠰᠠᠶᠢᠳᠦᠷ ᠬᠢᠵᠦ᠂ ᠶᠠᠳᠠᠭᠤ ᠶᠢ ᠲᠡᠳᠬᠦᠬᠦ ᠲᠦᠷᠦᠯ ᠵᠤᠶᠢᠯ ᠤᠨ | ᠪᠡᠯᠡ ᠮᠦᠩᠬᠦ ᠶᠢ ᠬᠤᠪᠢᠶᠠᠷᠢᠯᠠᠨ ᠦᠭᠬᠦ ᠶᠢ ᠲᠦᠷᠢᠮᠵᠢᠬᠦᠯᠵᠦ᠂ ᠲᠤᠰᠬᠠᠢ ᠪᠠᠶᠢᠭᠤᠯᠤᠮᠵᠢ ᠪᠠᠶᠢᠭᠤᠯᠤᠨ ᠶᠠᠳᠠᠭᠤ | ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠷᠦᠯ ᠵᠤᠶᠢᠯ ᠤᠨ ᠡᠳ᠋ ᠬᠦᠷᠦᠩᠭᠡ ᠶᠢ ᠬᠠᠷᠭᠤᠭᠤᠯᠤᠨ | ᠪᠠᠶᠢᠴᠠᠭᠠᠬᠤ ᠲᠠᠭᠠᠤ ᠲᠦᠷᠢᠮᠵᠢᠯ ᠲᠠᠢ ᠬᠠᠮᠢᠶᠠᠷᠴᠦ ᠶᠠᠪᠤᠭᠳᠠᠭᠤᠯᠬᠤ ᠶᠢ ᠡᠷᠢᠯᠬᠢᠯᠡᠵᠦ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠦᠷᠢᠶᠡᠨ ᠤ ᠢᠯᠵᠢᠷᠠᠯ ᠪᠠ ᠰᠤᠷᠳᠠᠯ ᠤᠨ ᠠᠰᠠᠭᠤᠳᠠᠯ ᠢ ᠲᠤᠰᠬᠠᠢ | ᠴᠡᠭᠴᠡᠯᠡᠬᠦ ᠶᠢ ᠦᠷᠬᠦᠯᠵᠢᠯᠡᠨ ᠠᠬᠢᠭᠤᠯᠵᠦ᠂ ᠶᠠᠳᠠᠭᠤ ᠶᠢ ᠲᠡᠳᠬᠦᠬᠦ ᠪᠡᠯᠡ ᠮᠦᠩᠬᠦᠨ ᠤ ᠠᠮᠤᠷ ᠲᠦᠪᠰᠢᠨ ᠡᠷᠬᠢᠯᠳᠡ | ᠪᠠ ᠦᠨᠳᠦᠷ ᠪᠦᠳᠦᠮᠵᠢᠳᠡᠢ ᠭᠡᠷᠡᠭᠯᠡᠯᠳᠡ ᠶᠢ ᠪᠠᠳᠤᠯᠠᠨ᠎ᠠ᠃ ︽ᠤᠶᠤᠨ ᠤᠬᠠᠭᠠᠨ ᠵᠤᠷᠢᠭ ᠬᠦᠴᠦᠨ ᠢ ᠵᠡᠷᠬᠡᠪᠡᠷ | ᠲᠡᠳᠬᠦᠬᠦ︾ ᠡᠷᠴᠢᠮ ᠢ ᠴᠢᠩᠭᠠᠷᠠᠭᠤᠯᠵᠦ᠂ ᠶᠠᠳᠠᠭᠤ ᠬᠦᠴᠢᠷᠳᠡᠢ ᠬᠦᠮᠦᠨ ᠠᠮᠠ ᠶᠢᠨ ᠲᠤᠳᠤᠭᠠᠳᠦ ᠬᠦᠳᠡᠯᠭᠡᠬᠦ | ᠬᠦᠴᠦᠨ ᠢ ᠬᠦᠭᠵᠢᠬᠡᠬᠦ ᠶᠢ ᠨᠡᠩ ᠴᠢᠬᠤᠯᠠᠴᠢᠯᠠᠵᠦ᠂ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠤᠷᠳᠦ ᠬᠤᠭᠤᠴᠠᠭᠠᠨ | ᠤ ᠪᠦᠳᠦᠮᠵᠢᠳᠦ ᠲᠤᠭᠳᠠᠴᠠ ᠶᠢ ᠲᠡᠬᠦᠯᠳᠡᠷᠵᠢᠬᠦᠯᠵᠦ᠂ ᠶᠠᠳᠠᠭᠤ ᠬᠦᠴᠢᠷᠳᠡᠢ ᠤᠯᠠᠨ ᠲᠦᠮᠡᠨ ᠤ ᠬᠤᠪᠢ ᠪᠡᠶ᠎ᠡ ᠶᠢᠨ | ︽ᠴᠢᠰᠦ ᠪᠦᠳᠦᠭᠡᠬᠦ︾ ᠴᠢᠳᠠᠪᠤᠷᠢ ᠶᠢ ᠨᠡᠮᠡᠭᠳᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠪᠦᠳᠦᠮᠵᠢᠳᠡᠢ ᠵᠠᠯᠭᠠᠭᠤᠯᠬᠤ ᠶᠢ | ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠲᠠᠰᠤᠷᠠᠯᠳᠠ | ᠦᠬᠡᠢ ᠰᠠᠶᠢᠵᠢᠷᠠᠭᠤᠯᠤᠨ᠎ᠠ᠃ ᠶᠠᠳᠠᠭᠤ ᠬᠦᠴᠢᠷᠳᠡᠢ ᠬᠦᠮᠦᠨ ᠠᠮᠠ ᠶᠢᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ | ᠶᠢ ᠲᠦᠷᠬᠡᠳᠬᠡᠨ᠎ᠡ᠃ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠪᠦᠬᠦ ᠤᠷᠤᠨ ᠪᠠᠶᠢᠷᠢ᠂ ᠤᠯᠠᠨ | ᠬᠦᠷᠢᠶ᠎ᠡ ᠬᠡᠪᠴᠢᠶᠡᠨ ᠳᠠᠬᠢ ᠬᠠᠪᠰᠤᠷᠤᠨ ᠠᠵᠢᠯᠯᠠᠬᠤ ᠶᠢ ᠬᠦᠨᠵᠡᠬᠡᠶᠢᠷᠡᠬᠦᠯᠵᠦ᠂ ᠤᠯᠤᠰ ᠤᠨ ᠲᠤᠭ᠎ᠠ ᠪᠦᠷᠢᠳᠬᠡᠯ ᠤᠨ | ᠲᠤᠪᠴᠢᠶ᠎ᠠ᠂ ᠦᠪᠡᠷᠳᠡᠭᠡᠨ ᠵᠠᠰᠠᠬᠤ ᠤᠷᠤᠨ ᠬᠢᠬᠡᠳ ᠠᠶᠢᠮᠠᠭ ᠤᠨ ᠲᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ᠂ | ᠬᠠᠪᠰᠤᠷᠤᠨ ᠲᠡᠳᠬᠦᠬᠦ ᠪᠠᠶᠢᠭᠤᠯᠭ᠎ᠠ ᠶᠢᠨ ᠨᠡᠩ ᠤᠯᠠᠨ ᠬᠠᠪᠰᠤᠷᠤᠯᠭ᠎ᠠ ᠲᠡᠮᠵᠢᠯᠭᠡ ᠶᠢ ᠤᠯᠬᠤ ᠪᠠᠷ ᠴᠢᠷᠮᠠᠶᠢᠨ᠎ᠠ᠃ | ᠶᠠᠳᠠᠭᠤ ᠬᠦᠴᠢᠷᠳᠡᠢ ᠭᠠᠴᠠᠭ᠎ᠠ ᠲᠤᠰᠬᠤᠨ᠂ ᠶᠠᠳᠠᠭᠤ ᠬᠦᠴᠢᠷᠳᠡᠢ ᠡᠷᠦᠭᠡ ᠶᠢᠨ ᠤᠬᠤᠷᠢᠵᠦ ᠭᠠᠷᠬᠤ ᠶᠢ ᠬᠢᠨᠠᠨ | ᠲᠤᠭᠳᠠᠭᠠᠬᠤ ᠲᠤᠭᠳᠠᠴᠠ ᠶᠢ ᠤᠯᠠᠮ ᠲᠡᠬᠦᠯᠳᠡᠷᠵᠢᠬᠦᠯᠵᠦ᠂ ᠤᠬᠤᠷᠢᠵᠦ ᠭᠠᠷᠬᠤ ᠪᠠᠷᠢᠮᠵᠢᠶ᠎ᠠ ᠶᠢ ᠴᠢᠩᠭ᠎ᠠ | ᠭᠡᠷᠡᠭᠵᠢᠬᠦᠯᠵᠦ᠂ ᠤᠬᠤᠷᠢᠵᠦ ᠭᠠᠷᠬᠤ ᠶᠠᠪᠤᠴᠠ ᠶᠢ ᠲᠦᠷᠢᠮᠵᠢᠬᠦᠯᠵᠦ᠂ ᠨᠡᠩ ᠡᠷᠴᠢᠮᠳᠡᠢ ᠮᠦᠷᠳᠡᠭᠡᠨ ᠯᠠᠪᠳᠠᠭᠤᠨ | ᠠᠵᠢᠯ ᠢᠶᠠᠷ ᠲᠠᠮᠵᠢᠭᠤᠯᠵᠦ᠂ ᠶᠠᠳᠠᠭᠤ ᠮᠠᠯᠠᠭᠠᠢ ᠪᠠᠨ ᠰᠢᠯᠤᠭᠤᠬᠠᠨ ᠠᠪᠴᠦ ᠬᠠᠶᠠᠬᠤ ᠶᠢ ᠪᠠᠳᠤᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠳᠬᠤᠨ᠎ᠠ᠃ ᠤᠷᠴᠢᠨ ᠲᠤᠭᠤᠷᠢᠨ ᠢ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠱᠠᠭᠠᠷᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠵᠢᠴᠢ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ︽ᠡᠷᠬᠢᠵᠦ ᠬᠠᠷᠠᠬᠤ︾ ᠪᠠᠶᠢᠴᠠᠭᠠᠯᠳᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠦᠷ᠎ᠠ ᠪᠦᠳᠦᠭᠡᠯ ᠢ ᠪᠦᠬᠦ ᠲᠠᠯ᠎ᠠ ᠪᠠᠷ ᠪᠠᠳᠤᠳᠬᠠᠵᠦ᠂ | ᠠᠮᠢ ᠠᠬᠤᠢ ᠶᠢᠨ ᠤᠷᠴᠢᠨ ᠲᠤᠭᠤᠷᠢᠨ ᠤ ᠤᠷᠳᠦ ᠬᠤᠭᠤᠴᠠᠭᠠᠨ ᠤ ᠦᠷ᠎ᠠ ᠪᠦᠳᠦᠮᠵᠢᠳᠦ ᠬᠠᠮᠠᠭᠠᠯᠠᠯᠳᠠ ᠶᠢᠨ | ᠲᠤᠭᠳᠠᠴᠠ ᠶᠢ ᠲᠡᠬᠦᠯᠳᠡᠷᠵᠢᠬᠦᠯᠦᠨ᠎ᠡ᠃ ᠠᠭᠠᠷ ᠮᠠᠨᠳᠠᠯ᠂ ᠤᠰᠤ᠂ ᠬᠦᠷᠦᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ | ᠭᠤᠷᠪᠡᠨ ᠠᠵᠢᠯᠯᠠᠭᠠᠨ ᠤ ᠲᠦᠯᠦᠪᠯᠡᠭᠡ ᠶᠢ ᠴᠢᠩᠭ᠎ᠠ ᠨᠠᠶᠢᠳᠠᠪᠤᠷᠢᠵᠢᠭᠤᠯᠵᠦ᠂ ᠤᠷᠴᠢᠨ ᠲᠤᠭᠤᠷᠢᠨ ᠤ ᠬᠠᠮᠠᠭᠠᠯᠠᠯᠳᠠ | ᠳᠤ ᠤᠷᠤᠬᠤ ᠵᠦᠪᠰᠢᠶᠡᠷᠡᠯ ᠢ ᠴᠢᠩᠭ᠎ᠠ ᠬᠢᠨᠠᠵᠦ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠯᠳᠠ | ᠪᠠᠶᠢᠴᠠᠭᠠᠯᠳᠠ ᠶᠢ ᠴᠢᠩᠭᠠᠳᠬᠠᠵᠦ᠂ ᠭᠠᠵᠠᠷ ᠰᠢᠷᠤᠢ ᠶᠢᠨ ᠵᠤᠷᠰᠢᠯ ᠱᠠᠭᠠᠷᠳᠠᠨ ᠪᠠᠶᠢᠴᠠᠭᠠᠯᠳᠠ ᠵᠢᠴᠢ ᠳᠠᠭᠠᠭᠤᠯᠢ | ᠤᠳᠦᠨ ᠤ ᠵᠢᠷᠤᠭ ᠢᠶᠠᠷ ᠬᠠᠤᠯᠢ ᠭᠡᠷᠡᠭᠵᠢᠬᠦᠯᠦᠯᠳᠡ ᠳᠤ ᠬᠢᠨᠠᠯᠳᠠ ᠲᠠᠯᠪᠢᠭᠰᠠᠨ ᠪᠠᠶᠢᠴᠠᠭᠠᠯᠳᠠ ᠶᠢᠨ ᠬᠠᠯᠠᠨ | ᠰᠠᠶᠢᠵᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠤᠨ᠎ᠠ᠃ ᠴᠡᠪᠡᠷ ᠡᠨᠧᠷᠬᠢ ᠪᠠᠷ ᠤᠷᠤᠯᠠᠭᠤᠯᠬᠤ ᠢᠨᠵᠧᠨᠧᠷᠢᠩ ᠢ | ᠬᠠᠨᠳᠤᠯᠭᠠᠳᠦ ᠴᠢᠨᠠᠷᠳᠠᠢ ᠠᠬᠢᠭᠤᠯᠵᠦ᠂ ᠳᠤᠰᠦ ᠪᠤᠷᠤᠯᠠᠭᠤᠯᠬᠤ ᠠᠵᠦ ᠠᠬᠤᠶᠢᠯᠠᠯ ᠤᠨ ᠭᠠᠵᠠᠷ ᠳᠤᠤᠷᠠᠬᠢ ᠲᠤᠰᠤ | ᠬᠠᠳᠠᠭᠠᠯᠠᠬᠤ ᠰᠠᠪᠠᠨ ᠤ ᠨᠡᠪᠴᠢᠬᠦ ᠶᠢ ᠰᠡᠷᠬᠡᠶᠢᠯᠡᠨ ᠦᠭᠡᠷᠡᠴᠢᠯᠡᠬᠦ ᠡᠷᠴᠢᠮ ᠢ ᠶᠡᠬᠡᠰᠬᠡᠵᠦ᠂ ᠪᠠᠷᠠᠭᠤᠨ ᠨᠤᠭᠤ ᠭᠠᠵᠠᠷ | ᠤᠨ ᠠᠮᠢ ᠠᠬᠤᠢ ᠶᠢ ᠰᠡᠷᠬᠦᠬᠡᠬᠦ ᠲᠦᠷᠦᠯ ᠵᠤᠶᠢᠯ ᠤᠨ ᠠᠵᠢᠯ ᠢ ᠡᠬᠢᠯᠡᠨ ᠪᠠᠶᠢᠭᠤᠯᠵᠦ᠂ ᠬᠤᠲᠠ ᠪᠠᠯᠭᠠᠰᠤᠨ ᠤ | ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠡᠨ ᠨᠤᠷᠮ᠎ᠠ︾ 〔 19 〕 ᠶᠢ ᠪᠠᠷᠢᠮᠵᠢᠶᠠᠨ ᠳᠤ | ᠬᠦᠷᠭᠡᠬᠦ ᠶᠢ ᠪᠠᠳᠤᠯᠠᠵᠦ᠂ ᠠᠯᠳᠠᠠᠭᠠᠳᠠᠰᠦ ᠶᠢᠨ ᠤᠰᠤᠨ ᠤ ᠰᠤᠷᠪᠤᠯᠵᠢ ᠶᠢᠨ ᠭᠠᠵᠠᠷ ᠢ ᠢᠯᠭᠠᠨ ᠲᠤᠭᠳᠠᠭᠠᠵᠦ | ᠮᠡᠳᠡᠭᠦᠯᠦᠨ ᠵᠦᠪᠰᠢᠶᠡᠷᠡᠬᠦᠯᠬᠦ ᠪᠤᠯᠤᠨ ᠪᠤᠰᠤᠳ 3 ᠤᠰᠤᠨ ᠤ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠤ | ᠵᠠᠭᠠᠭ ᠢ ᠬᠠᠶᠢᠵᠦ ᠲᠡᠮᠳᠡᠭ ᠪᠤᠰᠬᠠᠬᠤ ᠠᠵᠢᠯ ᠢ ᠯᠠᠪᠳᠠᠭᠤᠨ ᠠᠬᠢᠭᠤᠯᠵᠦ᠂ 5 ᠭᠠᠴᠠᠭ᠎ᠠ ᠳᠤᠰᠬᠤᠨ ᠤ ᠤᠷᠴᠢᠨ | ᠳᠤᠭᠤᠷᠢᠨ ᠤ ᠶᠡᠷᠦᠩᠭᠡᠶᠢᠯᠡᠭᠰᠡᠨ ᠴᠡᠭᠴᠡᠯᠡᠯᠳᠡ ᠶᠢ ᠪᠡᠶᠡᠯᠡᠬᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ | ᠬᠤᠷᠢᠭ᠎ᠠ ᠱᠤᠭᠤᠮ ᠤᠨ ᠲᠦᠷᠢᠮ ᠪᠠ ᠲᠠᠯ᠎ᠠ ᠨᠤᠳᠤᠭ ᠤᠨ ᠮᠠᠯᠵᠢᠬᠤ ᠶᠢ ᠵᠤᠭᠰᠤᠭᠠᠬᠤ ᠰᠡᠯᠬᠦᠬᠡᠨ ᠮᠠᠯᠵᠢᠬᠤ᠂ ᠮᠠᠯ | ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠢᠨᠠᠯᠳᠠ ᠬᠠᠮᠢᠶᠠᠷᠤᠯᠳᠠ᠂ ᠠᠮᠢ ᠠᠬᠤᠢ ᠶᠢ ᠵᠠᠰᠠᠨ ᠴᠡᠭᠴᠡᠯᠡᠬᠦ ᠲᠦᠷᠦᠯ | ᠵᠤᠶᠢᠯ ᠤᠨ ᠲᠤᠭᠤᠷᠢᠭ ᠤᠨ ᠬᠠᠮᠢᠶᠠᠷᠤᠯᠳᠠ ᠬᠠᠮᠠᠭᠠᠯᠠᠯᠳᠠ ᠵᠢᠴᠢ ᠲᠠᠷᠢᠶᠠᠯᠠᠬᠤ ᠤᠷᠤᠨ ᠤ ᠮᠠᠯᠵᠢᠬᠤ ᠶᠢ ᠵᠤᠭᠰᠤᠭᠠᠬᠤ | ᠬᠠᠮᠢᠶᠠᠷᠤᠯᠳᠠ ᠵᠡᠷᠭᠡ ᠠᠷᠭ᠎ᠠ ᠬᠡᠮᠵᠢᠶ᠎ᠠ ᠶᠢ ᠰᠠᠶᠢᠳᠦᠷ ᠨᠠᠶᠢᠳᠠᠪᠤᠷᠢᠵᠢᠭᠤᠯᠵᠦ᠂ ᠳᠠᠯ᠎ᠡ ᠨᠤᠲᠤᠭ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠯ ᠨᠦᠬᠦᠪᠤᠷᠢ᠂ ᠲᠠᠷᠢᠶᠠᠯᠠᠬᠤ ᠪᠠᠨ ᠵᠤᠭᠰᠤᠭᠠᠵᠦ ᠤᠶᠢᠵᠢᠭᠤᠯᠬᠤ ᠪᠠ ᠨᠡᠶᠢᠲᠡ ᠶᠢᠨ | ᠠᠰᠢᠭᠲᠤ ᠤᠢ ᠰᠢᠭᠤᠢ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠲᠠᠯ᠎ᠠ | ᠨᠤᠳᠤᠭ ᠤᠨ ᠠᠮᠢ ᠠᠬᠤᠢ ᠶᠢᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ︔ ᠤᠢ ᠰᠢᠭᠤᠢ ᠲᠠᠯ᠎ᠠ | ᠨᠤᠳᠤᠭ ᠤᠨ ᠡᠬᠢ ᠪᠠᠶᠠᠯᠢᠭ᠂ ᠵᠡᠷᠯᠢᠭ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠤᠢ ᠰᠢᠭᠤᠢ | ᠲᠠᠯ᠎ᠠ ᠨᠤᠳᠤᠭ ᠤᠨ ᠭᠠᠯ ᠢ ᠰᠡᠷᠬᠡᠶᠢᠯᠡᠬᠦ ᠠᠵᠢᠯ ᠢ ᠴᠢᠩᠭᠠᠳᠬᠠᠵᠦ᠂ ᠠᠮᠢ ᠠᠬᠤᠢ ᠶᠢᠨ ᠤᠷᠴᠢᠨ ᠲᠤᠭᠤᠷᠢᠨ ᠤ | ᠠᠮᠤᠷ ᠲᠦᠪᠰᠢᠨ ᠢ ᠬᠠᠮᠠᠭᠠᠯᠠᠨ᠎ᠠ᠃ ᠠᠶᠠᠨᠳᠠᠭᠠᠨ ᠰᠡᠷᠬᠦᠬᠡᠬᠦ ᠪᠠ ᠢᠨᠵᠧᠨᠧᠷᠢᠩ ᠤᠨ ᠠᠷᠭ᠎ᠠ ᠬᠡᠮᠵᠢᠶ᠎ᠡ ᠶᠢ | ᠤᠶᠠᠯᠳᠤᠭᠤᠯᠬᠤ ᠶᠢ ᠪᠠᠷᠢᠮᠳᠠᠯᠠᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠡᠯᠡᠰᠦᠷᠭᠡᠭ | ᠭᠠᠵᠠᠷ ᠤᠨ ᠭᠤᠤᠯᠳᠠᠯᠭ᠎ᠠ ᠲᠠᠢ ᠬᠦᠨᠦᠬᠡᠯ ᠤᠨ ᠲᠤᠭᠤᠷᠢᠭ ᠢ ᠵᠠᠰᠠᠬᠤ ᠵᠡᠷᠭᠡ ᠠᠮᠢ ᠠᠬᠤᠢ ᠶᠢᠨ ᠢᠨᠵᠧᠨᠧᠷᠢᠩ ᠤᠨ | ᠪᠠᠶᠢᠭᠤᠯᠤᠯᠳᠠ ᠶᠢ ᠰᠠᠶᠢᠳᠦᠷ ᠭᠡᠷᠡᠭᠵᠢᠬᠦᠯᠵᠦ᠂ 2 ᠲᠦᠮᠡᠨ ᠮᠤ᠋ ᠶᠢ ᠨᠢᠰᠭᠡᠯ ᠢᠶᠠᠷ ᠦᠢᠵᠢᠭᠤᠯᠵᠦ᠂ 1.3 ᠲᠦᠮᠡᠨ | ᠮᠤ᠋ ᠤᠢ ᠮᠤᠳᠤ ᠲᠠᠷᠢᠵᠦ᠂ 1.2 ᠲᠦᠮᠡᠨ ᠮᠤ᠋ ᠡᠯᠡᠰᠦ ᠶᠢ ᠢᠨᠵᠧᠨᠧᠷᠢᠩ ᠢᠶᠠᠷ ᠲᠤᠭᠳᠠᠪᠤᠷᠢᠵᠢᠭᠤᠯᠦᠨ᠂ 9 ᠲᠦᠮᠡᠨ | ᠮᠤ᠋ ᠠᠭᠤᠯᠨ ︵ᠡᠯᠡᠰᠦ︶ ᠶᠢ ᠪᠢᠳᠡᠭᠦᠮᠵᠢᠯᠡᠨ ᠦᠢᠵᠢᠭᠤᠯᠵᠦ᠂ 3 ᠲᠦᠮᠡᠨ ᠮᠦ ᠲᠠᠴᠢᠷᠳᠠᠭᠰᠠᠨ ᠤᠢ ᠶᠢ ᠰᠡᠷᠬᠦᠬᠡᠵᠦ | ᠂ 1000 ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠵᠦ᠂ 10 ᠲᠡᠭᠰᠢ ᠲᠦᠷᠪᠡᠯᠵᠢᠨ | ᠺᠢᠯᠤᠮᠧᠲᠷ ᠤᠨ ᠵᠢᠵᠢᠭ ᠰᠠᠪᠠ ᠭᠠᠵᠠᠷ ᠢ ᠵᠠᠰᠠᠨ᠎ᠠ᠃ ᠠᠭᠤᠷᠬᠠᠢ ᠰᠢᠨᠵᠢᠯᠡᠵᠦ ᠨᠡᠭᠡᠭᠡᠬᠦ ᠡᠷᠭᠡ ᠶᠢᠨ ᠬᠠᠮᠢᠶᠠᠷᠤᠯᠳᠠ ᠶᠢ | ᠦᠷᠬᠦᠯᠵᠢᠯᠡᠨ ᠰᠠᠶᠢᠳᠦᠷ ᠠᠳᠬᠤᠵᠦ᠂ ᠴᠢᠯᠠᠭᠤ ᠮᠠᠯᠳᠠᠬᠤ᠂ ᠰᠢᠷᠤᠢ ᠮᠠᠯᠳᠠᠬᠤ ᠠᠭᠤᠷᠬᠠᠢ ᠶᠢᠨ ᠲᠠᠯᠠᠪᠤᠷ ᠢ | ᠲᠦᠷᠢᠮᠵᠢᠬᠦᠯᠦᠨ ᠪᠠᠶᠢᠷᠢᠯᠠᠭᠤᠯᠬᠤ ᠶᠢ ᠠᠬᠢᠭᠤᠯᠵᠦ᠂ ᠭᠠᠵᠠᠷ ᠰᠢᠷᠤᠢ ᠶᠢ ᠴᠡᠭᠴᠡᠯᠡᠨ ᠵᠠᠰᠠᠬᠤ᠂ ᠬᠠᠮᠳᠦ ᠶᠢᠨ | ᠪᠦᠳᠦᠭᠡᠨ ᠪᠠᠶᠢᠭᠤᠯᠤᠯᠳᠠ ᠳᠤ ᠭᠡᠷᠡᠭᠰᠡᠬᠦ ᠭᠠᠵᠠᠷ ᠢ ᠲᠠᠬᠢᠨ ᠠᠳᠠᠷᠰᠢᠭᠤᠯᠬᠤ ᠪᠠ ᠠᠭᠤᠷᠬᠠᠢ ᠶᠢᠨ ᠠᠭᠤᠯᠠ ᠶᠢᠨ | ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠤᠯᠠᠮ ᠰᠠᠶᠢᠳᠦᠷ ᠬᠢᠨ᠎ᠡ᠃ ᠭᠤᠤᠯ ︵ | ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠠᠮᠢᠶᠠᠷᠤᠯᠳᠠ ᠶᠢᠨ ᠲᠤᠭᠳᠠᠴᠠ ᠶᠢ ᠰᠠᠶᠢᠳᠤᠷ | ᠭᠡᠷᠡᠭᠵᠢᠬᠦᠯᠵᠦ᠂ ᠭᠤᠤᠯ ᠤᠨ ᠲᠠᠷᠤᠭ᠎ᠠ ᠶᠢᠨ ᠲᠦᠷᠢᠮ᠂ ᠨᠠᠭᠤᠷ ᠤᠨ ᠲᠠᠷᠤᠭ᠎ᠠ ᠶᠢᠨ ᠲᠦᠷᠢᠮ ᠤᠨ ︽ᠨᠡᠷ᠎ᠡ ᠲᠡᠳᠦᠢ | ᠪᠠᠶᠢᠬᠤ︾ ᠠᠴᠠ ︽ᠨᠢᠳᠡᠷ ᠲᠠᠢ ᠪᠤᠯᠬᠤ︾ ᠵᠦᠭ ᠬᠤᠪᠢᠷᠠᠬᠤ ᠶᠢ ᠠᠬᠢᠭᠤᠯᠤᠨ᠎ᠠ᠃ | ︵ᠬᠤᠶᠠᠷ︶ ᠬᠦᠴᠦᠨ ᠢᠶᠠᠨ ᠲᠦᠪᠯᠡᠷᠡᠭᠦᠯᠦᠨ ᠲᠦᠷᠦᠯ ᠵᠦᠢᠯ ᠤᠨ ᠪᠡᠯᠡ ᠤᠷᠤᠭᠤᠯᠤᠯᠳᠠ ᠶᠢ ᠠᠳᠬᠤᠵᠦ | ᠂ ᠠᠵᠦ ᠠᠬᠤᠢ ᠶᠢᠨ ᠨᠡᠮᠡᠭᠳᠡᠯ ᠤᠨ ᠰᠢᠨ᠎ᠡ ᠬᠦᠳᠡᠯᠬᠡᠬᠦ ᠬᠦᠴᠦᠨ ᠢ ᠪᠤᠶᠢᠵᠢᠭᠤᠯᠤᠨ᠎ᠠ | ᠲᠦᠷᠦᠯ ᠵᠤᠶᠢᠯ ᠤᠨ ᠬᠠᠳᠠᠭᠠᠯᠠᠯᠳᠠ ᠪᠠ ᠭᠡᠷᠡᠭᠵᠢᠬᠦᠯᠦᠯᠳᠡ ᠶᠢ ᠰᠠᠶᠢᠳᠦᠷ ᠠᠳᠬᠤᠨ᠎ᠠ᠃ ᠤᠯᠤᠰ ᠪᠠ ᠦᠪᠡᠷᠳᠡᠭᠡᠨ | ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ | ᠶᠢ ᠨᠠᠷᠢᠨ ᠠᠩᠬᠠᠷᠴᠦ᠂ ᠴᠢᠨᠠᠷ ᠰᠠᠶᠢᠲᠠᠢ᠂ ᠦᠷ᠎ᠠ ᠠᠰᠢᠭ ᠢᠶᠠᠷ ᠦᠨᠳᠦᠷ᠂ ᠲᠠᠶᠢᠴᠢᠯᠠᠬᠤ ᠴᠢᠳᠠᠪᠤᠷᠢ ᠪᠠᠷ ᠴᠢᠩᠭ᠎ᠠ | ᠨᠢᠭᠡ ᠪᠦᠯᠦᠭ ᠲᠦᠷᠦᠯ ᠵᠤᠶᠢᠯ ᠢ ᠲᠦᠯᠦᠪᠯᠡᠨ ᠬᠠᠳᠠᠭᠠᠯᠠᠨ᠎ᠠ᠃ ᠭᠤᠤᠯᠳᠠᠯᠭ᠎ᠠ ᠲᠠᠢ ᠲᠦᠷᠦᠯ ᠵᠤᠶᠢᠯ ᠢ ᠬᠤᠰᠢᠭᠤ | ᠲᠡᠰ ᠤᠨ ᠤᠳᠤᠷᠢᠳᠤᠯᠭ᠎ᠠ ᠠᠴᠠ ᠬᠠᠷᠢᠯᠴᠠᠬᠤ᠂ ᠰᠠᠯᠠᠭ᠎ᠠ ᠮᠦᠴᠢᠷ ᠠᠴᠠ ᠮᠦᠷᠳᠡᠨ ᠦᠢᠯᠡᠴᠢᠯᠡᠬᠦ᠂ ᠭᠠᠷ | ᠬᠦᠢᠴᠡᠳᠬᠡᠯ ᠢ ᠬᠤᠭᠤᠴᠠᠭ᠎ᠠ ᠲᠤᠭᠳᠠᠭᠠᠨ ᠬᠦᠢᠴᠡᠳᠬᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ | ᠡᠮᠦᠨ᠎ᠡ ᠬᠤᠭᠤᠴᠠᠭᠠᠨ ᠤ ᠠᠵᠢᠯ ᠢ ᠨᠠᠷᠢᠨ ᠪᠤᠳᠠᠳᠠᠢ ᠬᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ | ᠬᠦᠴᠦᠯᠡᠨ ᠪᠠᠳᠤᠯᠠᠵᠦ᠂ ᠤᠷᠴᠢᠨ ᠲᠤᠭᠤᠷᠢᠨ ᠤ ᠦᠨᠡᠯᠡᠯᠳᠡ ᠶᠢᠨ ᠭᠠᠷ ᠬᠦᠢᠴᠡᠳᠬᠡᠯ ᠢ ᠬᠦᠴᠦᠯᠡᠨ | ᠪᠦᠷᠢᠨᠰᠢᠬᠦᠯᠵᠦ᠂ ᠡᠬᠢ ᠪᠠᠶᠠᠯᠢᠭ ᠤᠨ ᠡᠯᠧᠮᠧᠨ᠋ᠲ ᠤᠨ ᠬᠤᠪᠢᠶᠠᠷᠢᠯᠠᠯᠳᠠ ᠶᠢ ᠬᠦᠴᠦᠯᠡᠨ ᠪᠠᠲᠤᠯᠠᠵᠦ᠂ ᠵᠢᠯ ᠤᠨ | ᠲᠤᠳᠤᠷ᠎ᠠ ᠭᠡᠷᠡᠭᠵᠢᠬᠦᠯᠬᠦ 44 ᠭᠤᠤᠯᠳᠠᠯᠭᠠᠲᠦ ᠲᠦᠷᠦᠯ ᠵᠦᠢᠯ ᠤᠨ ᠭᠠᠷ ᠭᠦᠢᠴᠡᠳᠬᠡᠯ ᠢ ᠬᠦᠢᠴᠡᠳᠭᠡᠭᠰᠡᠨ ᠨᠤᠷᠮ᠎ᠠ | ᠂ ᠠᠵᠢᠯ ᠡᠬᠢᠯᠡᠭᠰᠡᠨ ᠨᠤᠷᠮ᠎ᠠ ᠪᠠ ᠪᠡᠯᠡ ᠤᠷᠤᠭᠤᠯᠤᠯᠳᠠ ᠶᠢ ᠪᠡᠶᠡᠯᠡᠬᠦᠯᠦᠭᠰᠡᠨ ᠨᠤᠷᠮ᠎ᠠ ᠶᠢ ᠴᠠᠭ ᠤᠨ ᠲᠡᠰ | ᠲᠠᠷᠠᠭᠠᠯᠠᠯ ᠢᠶᠠᠷ ᠠᠬᠢᠭᠤᠯᠬᠤ ᠶᠢ ᠪᠠᠳᠤᠯᠠᠵᠦ᠂ 20.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠭᠦᠯᠦᠨ᠎ᠠ︔ ᠡᠭᠦᠨ ᠳᠤ᠂ ᠠᠶᠢᠮᠠᠭ ᠤᠨ ᠲᠡᠰ ᠤᠨ 10 ᠭᠤᠤᠯᠳᠠᠯᠭᠠᠲᠦ ᠲᠦᠷᠦᠯ ᠵᠦᠢᠯ ᠪᠠᠭᠳᠠᠵᠦ᠂ 11.3 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠠ᠃ | ᠲᠦᠷᠦᠯ ᠵᠤᠶᠢᠯ ᠤᠨ ᠠᠷᠠᠯᠵᠢᠶᠠᠴᠢᠨ ᠤᠷᠢᠬᠤ ᠪᠠ ᠨᠠᠶᠢᠳᠠᠪᠤᠷᠢᠵᠢᠭᠤᠯᠬᠤ ᠶᠢ ᠰᠠᠶᠢᠳᠦᠷ ᠠᠳᠬᠤᠨ᠎ᠠ᠃ | ᠤᠷᠤᠨ ᠪᠠᠶᠢᠷᠢᠰᠢᠯ᠂ ᠵᠠᠮ ᠬᠠᠷᠢᠯᠴᠠᠭ᠎ᠠ᠂ ᠬᠢᠮᠳᠡ ᠴᠠᠬᠢᠯᠭᠠᠨ ᠤ ᠦᠨ᠎ᠡ ᠶᠢᠨ ᠳᠠᠪᠠᠭᠤᠯᠢᠭ ᠢ ᠬᠦᠢᠴᠡᠳ | ᠠᠰᠢᠭᠯᠠᠵᠦ᠂ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠬᠦᠨᠳᠦ ᠬᠦᠴᠢᠷᠳᠡᠯᠳᠡᠢ ᠭᠠᠵᠠᠷ ᠤᠷᠤᠨ ᠤ | ᠲᠦᠷᠬᠡᠨ ᠬᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠪᠠ ᠪᠡᠭᠡᠵᠢᠩ ᠦᠪᠦᠷ ᠮᠤᠩᠭᠤᠯ | ᠤᠨ ᠶᠠᠳᠠᠭᠤ ᠶᠢ ᠳᠡᠳᠬᠦᠬᠦ ᠬᠠᠮᠳᠤᠷᠠᠯᠴᠠᠭᠠᠨ ᠤ ᠠᠰᠢᠬᠳᠠᠢ ᠲᠤᠬᠢᠶᠠᠯ ᠢ ᠰᠠᠶᠢᠳᠤᠷ ᠠᠳᠬᠤᠨ᠂ ᠤᠯᠤᠰ ᠪᠠ | ᠦᠪᠡᠷᠳᠡᠭᠡᠨ ᠵᠠᠰᠠᠬᠤ ᠤᠷᠤᠨ ᠤ ᠪᠡᠯᠡ ᠤᠷᠤᠭᠤᠯᠤᠯᠳᠠ ᠶᠢᠨ ᠬᠠᠨᠳᠦᠰᠢ ᠴᠢᠭᠯᠡᠯ ᠪᠠ ᠭᠤᠤᠯᠳᠠᠯᠭᠠᠲᠦ ᠬᠦᠷᠢᠶ᠎ᠡ | ᠴᠡᠷ᠎ᠡ ᠶᠢᠨ ᠪᠠᠶᠢᠳᠠᠯ ᠢ ᠴᠠᠭ ᠳᠤᠬᠠᠢ ᠳᠤᠨᠢ ᠮᠦᠷᠳᠡᠨ ᠤᠶᠢᠯᠠᠭᠠᠵᠦ᠂ ᠴᠡᠪᠡᠷ ᠡᠨᠧᠷᠬᠢ᠂ ᠲᠤᠨᠤᠭ ᠳᠦᠭᠦᠭᠡᠷᠦᠮᠵᠢ | ᠦᠢᠯᠡᠳᠬᠦ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠬᠦᠭᠵᠢᠵᠦ ᠪᠠᠶᠢᠭ᠎ᠠ ᠠᠵᠦ ᠦᠢᠯᠡᠰ ᠢ ᠠᠩᠬᠠᠷᠴᠦ᠂ ᠬᠠᠷᠠᠯᠳᠠ ᠴᠢᠭᠯᠡᠯ ᠢᠶᠠᠨ | ᠦᠪᠡᠷ ᠤᠨ ᠠᠵᠦ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠲᠠᠢ ᠨᠡᠶᠢᠴᠡᠬᠦ ᠭᠠᠵᠠᠷ ᠤᠷᠤᠨ ᠪᠤᠶᠤ ᠠᠵᠦ | ᠠᠬᠤᠶᠢᠯᠠᠯ ᠳᠤ ᠬᠠᠨᠳᠤᠭᠤᠯᠵᠦ᠂ ︽ᠴᠡᠭ ᠠᠴᠠ ᠴᠡᠭ︾ ᠲᠤ ᠠᠷᠠᠯᠵᠢᠶᠠᠴᠢᠨ ᠤᠷᠢᠬᠤ ᠡᠷᠴᠢᠮ ᠢ | ᠴᠢᠩᠭᠠᠷᠠᠭᠤᠯᠤᠨ᠎ᠠ᠃ ᠠᠷᠠᠯᠵᠢᠶᠠᠴᠢᠨ ᠤᠷᠢᠭᠰᠠᠨ ᠲᠦᠷᠦᠯ ᠵᠦᠢᠯ ᠢ ᠮᠦᠷᠳᠡᠨ ᠵᠠᠯᠭᠠᠭᠤᠯᠬᠤ ᠶᠢ ᠲᠤᠪᠤᠶᠢᠯᠭᠠᠵᠦ᠂ | ︽ᠪᠦᠬᠦ ᠶᠠᠪᠤᠴᠠ ᠳᠤ ᠤᠷᠤᠯᠠᠨ ᠭᠦᠢᠴᠡᠳᠬᠡᠬᠦ︾ ᠦᠢᠯᠡᠴᠢᠯᠡᠭᠡ ᠶᠢ ᠴᠢᠩᠭᠠᠳᠬᠠᠵᠦ᠂ ᠠᠵᠦ ᠠᠬᠤᠶᠢᠯᠠᠯ ᠢ | ᠰᠡᠳᠬᠢᠯ ᠠᠮᠤᠷ ᠪᠡᠯᠡ ᠤᠷᠤᠭᠤᠯᠵᠦ᠂ ᠰᠠᠨᠠᠭ᠎ᠠ ᠠᠮᠤᠷ ᠬᠦᠭᠵᠢᠬᠦ ᠪᠤᠯᠭᠠᠨ᠎ᠠ᠃ | ᠲᠦᠷᠦᠯ ᠵᠦᠢᠯ ᠤᠨ ᠪᠡᠯᠡ ᠤᠷᠤᠭᠤᠯᠤᠯᠳᠠ ᠬᠢᠭᠡᠳ ᠪᠡᠯᠨ ᠬᠤᠷᠠᠮᠳᠤᠭᠤᠯᠬᠤ ᠶᠢ ᠰᠡᠶᠢᠳᠦᠷ ᠠᠳᠬᠤᠨ᠎ᠡ᠃ | ᠤᠯᠤᠰ᠂ ᠦᠪᠡᠷᠳᠡᠭᠡᠨ ᠵᠠᠰᠠᠬᠤ ᠤᠷᠤᠨ ᠠᠴᠠ ᠤᠷᠤᠨ ᠨᠤᠳᠤᠭ ᠤᠨ ᠵᠠᠰᠠᠭ ᠤᠨ ᠤᠷᠳᠦᠨ ᠤ ᠵᠢᠭᠡᠯᠡᠯᠭᠡ ᠶᠢᠨ | ᠲᠡᠮᠳᠡᠭᠳᠦ ᠶᠢᠨ ᠲᠠᠷᠬᠠᠭᠠᠯᠳᠠ ᠶᠢ ᠨᠡᠮᠡᠭᠳᠡᠭᠦᠯᠵᠦ ᠪᠠᠶᠢᠭ᠎ᠠ ᠲᠤᠬᠢᠶᠠᠯ ᠢ ᠠᠳᠬᠤᠵᠦ᠂ ᠲᠡᠭᠡᠳᠦ ᠱᠠᠳᠦᠨ ᠠᠴᠠ | ᠲᠦᠷᠦᠯ ᠵᠦᠢᠯ ᠤᠯᠬᠤ ᠡᠷᠴᠢᠮ ᠢᠶᠠᠨ ᠦᠷᠭᠦᠯᠵᠢᠯᠡᠨ ᠶᠡᠭᠡᠰᠭᠡᠵᠦ᠂ ᠲᠦᠪ ᠤᠨ ᠲᠦᠰᠤᠪ ᠤᠨ ᠲᠤᠳᠤᠷᠠᠬᠢ ᠪᠡᠯᠨ | ᠤᠷᠣᠭᠤᠯᠤᠯᠳᠠ ᠬᠢᠭᠡᠳ ᠠᠵᠢᠯ ᠲᠦᠷᠦᠯ ᠤᠨ ᠭᠡᠪᠴᠢᠶᠡᠨ ᠳᠠᠬᠢ ᠲᠦᠷᠦᠯ ᠵᠦᠢᠯ ᠤᠨ ᠪᠡᠯᠨ ᠮᠦᠩᠭᠦᠨ ᠤ | ᠲᠡᠮᠵᠢᠯᠭᠡ ᠶᠢ ᠢᠳᠡᠪᠬᠢᠳᠡᠢ ᠤᠯᠤᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠠᠴᠠ ᠪᠠᠷᠠᠭᠤᠨ ᠤᠷᠤᠨ ᠢ ᠨᠡᠭᠡᠭᠡᠨ | ᠬᠦᠭᠵᠢᠭᠦᠯᠬᠦ᠂ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ᠂ ᠴᠦᠭᠡᠨ ᠲᠤᠭᠠᠳᠦ ᠦᠨᠳᠦᠰᠦᠳᠡᠨ ᠤ | ᠭᠠᠵᠠᠷ ᠤᠷᠤᠨ ᠳᠤ ᠰᠢᠯᠵᠢᠭᠦᠯᠦᠨ ᠦᠭᠬᠦ ᠪᠡᠯᠨ ᠮᠦᠩᠬᠦ ᠬᠢᠭᠡᠳ ᠲᠦᠷᠦᠯ ᠵᠦᠢᠯ ᠢᠶᠠᠷ ᠲᠡᠳᠭᠦᠬᠦ ᠶᠢ ᠨᠡᠮᠡᠭᠳᠡᠭᠦᠯᠵᠦ | ᠪᠠᠶᠢᠭ᠎ᠠ ᠲᠤᠬᠢᠶᠠᠯ ᠢ ᠡᠵᠡᠮᠰᠢᠵᠦ᠂ ᠵᠢᠭᠡᠯᠡᠯᠭᠡ ᠶᠢᠨ ᠲᠡᠮᠳᠡᠭᠳᠦ ᠶᠢ ᠤᠯᠬᠤ ᠬᠦᠴᠦᠯᠡᠴᠨ ᠪᠠᠨ ᠨᠡᠮᠡᠭᠳᠡᠭᠦᠯᠦᠨ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠬᠢᠭᠡᠳ ᠤᠷᠴᠢᠨ ᠲᠤᠭᠤᠷᠢᠨ ᠢ ᠬᠠᠮᠠᠭᠠᠯᠠᠬᠤ ᠵᠢᠴᠢ ᠰᠤᠷᠭᠠᠨ ᠬᠦᠮᠦᠵᠢᠯ᠂ | ᠵᠡᠮ ᠬᠠᠷᠢᠯᠴᠠᠭ᠎ᠠ᠂ ᠪᠤᠷᠦ ᠭᠡᠷ ᠤᠨ ᠦᠭᠡᠷᠡᠴᠢᠯᠡᠯᠳᠡ᠂ ᠤᠰᠦᠨ ᠤ ᠬᠠᠩᠭᠠᠯᠭ᠎ᠠ ᠵᠡᠷᠭᠡ ᠠᠷᠠᠳ ᠤᠨ ᠠᠮᠢᠳᠦᠷᠡᠯ ᠤᠨ | ᠭᠡᠪᠴᠢᠶᠡᠨ ᠳᠠᠬᠢ ᠲᠦᠷᠦᠯ ᠵᠦᠢᠯ ᠤᠳ ᠢ ᠭᠤᠤᠯᠳᠠᠯᠭ᠎ᠠ ᠲᠠᠢ ᠪᠠᠳᠤᠯᠠᠨ᠎ᠡ᠃ ᠦᠪᠡᠷᠳᠡᠭᠡᠨ ᠵᠠᠰᠠᠬᠤ ᠤᠷᠤᠨ᠂ | ᠠᠶᠢᠮᠠᠭ ᠤᠨ ᠱᠠᠳᠦᠨ ᠤ ᠵᠠᠰᠠᠭ ᠤᠨ ᠤᠷᠳᠦᠨ ᠤ ᠡᠯ᠎ᠡ ᠲᠦᠷᠦᠯ ᠤᠨ ᠠᠵᠤ ᠦᠢᠯᠡᠰ ᠤᠨ ᠪᠡᠯᠨ ᠤᠷᠤᠭᠤᠯᠤᠯᠳᠠ | ᠶᠢᠨ ᠰᠠᠭᠤᠷᠢ ᠮᠦᠩᠭᠦᠨ ᠤ ᠲᠡᠮᠵᠢᠯᠭᠡ ᠶᠢ ᠴᠢᠷᠮᠠᠶᠢᠨ ᠤᠯᠵᠦ᠂ ᠰᠲ᠋ᠤᠺ ᠤᠨ ᠡᠷᠭᠡ᠂ ᠠᠪᠴᠠᠭᠠᠨ ᠤ ᠡᠷᠭᠡ ᠶᠢᠨ | ᠪᠡᠯᠨ ᠤᠷᠤᠭᠤᠯᠤᠯᠳᠠ ᠪᠠᠷ ᠲᠡᠮᠵᠢᠨ᠂ ᠭᠤᠤᠯᠳᠠᠯᠭᠠᠳᠦ ᠠᠵᠤ ᠠᠬᠤᠶᠢᠯᠡᠯ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠲᠡᠮᠵᠢᠨ᠎ᠡ᠃ ᠶᠠᠳᠠᠭᠤ ᠬᠦᠴᠢᠷᠳᠡᠢ ᠭᠠᠵᠠᠷ ᠤᠷᠤᠨ ᠤ ᠠᠵᠤ ᠠᠬᠤᠶᠢᠯᠡᠯ ᠤᠨ ᠰᠲ᠋ᠤᠺ ᠢᠶᠠᠨ | ᠠᠩᠬ᠎ᠠ ᠤᠳᠠᠭ᠎ᠠ ᠢᠯᠡ ᠪᠠᠷ ᠲᠠᠷᠬᠠᠭᠠᠬᠤ᠂ ᠪᠦᠬᠦ ᠤᠯᠦᠰ ᠤᠨ ᠲᠤᠮᠳᠠ ᠪᠠᠭ᠎ᠠ ᠠᠵᠤ ᠠᠬᠤᠶᠢᠯᠡᠯ ᠤᠨ ᠬᠤᠪᠢ | ᠤᠷᠤᠭᠤᠯᠤᠯᠳᠠ ᠪᠠᠨ ᠰᠢᠯᠵᠢᠭᠦᠯᠬᠦ ᠰᠢᠰᠲ᠋ᠧᠮ ᠲᠤ ᠨᠡᠷ᠎ᠡ ᠪᠦᠷᠢᠳᠭᠡᠭᠦᠯᠬᠦ ᠳᠤ ︽ᠰᠠᠭᠠᠳ ᠦᠭᠡᠢ ᠨᠡᠪᠳᠡᠷᠡᠬᠦ︾ | ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ ᠪᠠᠶᠢᠬᠤ ᠶᠢ ᠬᠦᠢᠴᠡᠳ ᠠᠰᠢᠭᠯᠠᠵᠦ᠂ ᠨᠦᠬᠦᠴᠡᠯ ᠳᠤ ᠨᠡᠶᠢᠴᠡᠬᠦ ᠠᠵᠤ | ᠠᠬᠤᠶᠢᠯᠡᠯ ᠤᠨ ᠢᠯᠡᠷᠬᠡᠶᠢᠯᠡᠯ ᠡᠯᠭᠦᠵᠦ ᠵᠠᠬ᠎ᠠ ᠲᠡᠯᠭᠡᠭᠦᠷ ᠲᠤ ᠭᠠᠷᠬᠤ ᠶᠢ ᠲᠦᠷᠭᠡᠳᠭᠡᠨ᠂ ᠤᠯᠡᠨ ᠲᠡᠰ ᠲᠡᠪᠬᠤᠷᠭ᠎ᠠ | ᠶᠢᠨ ᠬᠦᠷᠦᠩᠭᠡ ᠶᠢᠨ ᠵᠠᠬ᠎ᠠ ᠲᠡᠯᠭᠡᠭᠦᠷ ᠢ ᠠᠰᠢᠭᠯᠠᠵᠦ᠂ ᠤᠯᠡᠨ ᠠᠷᠭ᠎ᠠ ᠵᠡᠮ ᠢᠶᠠᠷ ᠪᠡᠯᠨ ᠬᠤᠷᠠᠮᠳᠤᠭᠤᠯᠬᠤ ᠶᠢ | ᠠᠬᠢᠭᠤᠯᠦᠨ᠎ᠡ᠃ | ︵ᠭᠤᠷᠪᠠ︶ ᠠᠵᠤ ᠦᠢᠯᠡᠰ ᠤᠨ ᠪᠦᠳᠦᠴᠨ ᠶᠢᠨ ᠲᠤᠬᠢᠷᠠᠭᠤᠯᠦᠯᠳᠠ ᠶᠢ ᠲᠦᠷᠭᠡᠳᠭᠡᠨ᠂ ᠴᠢᠨᠠᠷ ᠰᠠᠶᠢᠳᠠᠢ | ᠬᠦᠭᠵᠢᠯᠳᠡ ᠶᠢᠨ ᠰᠢᠨ᠎ᠡ ᠰᠢᠪᠳᠤᠯᠤᠯᠳᠠ ᠶᠢ ᠪᠡᠶᠡᠯᠡᠭᠦᠯᠦᠨ᠎ᠡ | ᠮᠠᠯ ᠲᠠᠷᠢᠶᠠᠯᠠᠩ ᠤᠨ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠭᠡᠨ᠎ᠡ᠃ ᠲᠠᠪᠠᠭᠤᠯᠢᠭ | ᠠᠵᠤ ᠦᠢᠯᠡᠰ ᠢ ᠬᠦᠭᠵᠢᠭᠦᠯᠦᠨ᠎ᠡ᠃ ︽ᠬᠤᠨᠢ ᠶᠢ ᠴᠦᠭᠡᠳᠭᠡᠵᠦ ᠦᠭᠡᠷ ᠢ ᠨᠡᠮᠡᠭᠳᠡᠭᠦᠯᠬᠦ︾ ᠪᠠ ︽ᠠᠵᠤ ᠠᠬᠤᠢ | ᠶᠢᠨ ᠲᠠᠷᠢᠮᠡᠯ ᠤᠨ ᠲᠦᠷᠦᠯ ᠵᠤᠶᠢᠯ ᠤᠨ ᠪᠦᠳᠦᠴᠡ ᠶᠢ ᠰᠢᠯᠢᠳᠡᠭᠵᠢᠭᠦᠯᠦᠨ ᠲᠡᠵᠢᠭᠡᠯ ᠪᠤᠷᠳᠤᠭᠠᠨ ᠤ ᠲᠠᠷᠢᠮᠠᠯ ᠢ | ᠲᠠᠷᠢᠵᠦ ᠤᠷᠭᠤᠭᠤᠯᠬᠤ ᠶᠢ ᠦᠷᠭᠡᠳᠭᠡᠬᠦ︾ ᠬᠤᠤᠰ ᠬᠦᠷᠳᠦᠳᠦ ᠬᠦᠳᠡᠯᠬᠡᠬᠦᠷ ᠢ ᠪᠠᠷᠢᠮᠳᠠᠯᠠᠵᠦ᠂ ᠰᠢᠯᠢᠳᠡᠭ | ᠡᠭᠦᠯᠳᠡᠷ ᠤᠨ ᠮᠢᠬᠠᠨ ᠤ ᠦᠭᠡᠷ᠂ ᠴᠠᠬᠠᠷ ᠬᠤᠨᠢ᠂ ᠤᠨᠴᠠᠯᠢᠭᠳᠦ ᠲᠠᠷᠢᠮᠡᠯ ᠵᠡᠷᠭᠡ ᠭᠤᠷᠪᠡᠨ ᠲᠤᠮᠤ ᠤᠨᠴᠠᠯᠢᠭᠳᠦ | ᠠᠵᠤ ᠦᠢᠯᠡᠰ ᠤᠨ ᠭᠤᠷᠪᠠᠨ ᠵᠢᠯ ᠤᠨ ᠬᠦᠭᠵᠢᠯᠳᠡ ᠶᠢᠨ ᠲᠦᠯᠦᠪᠵᠢᠬᠦᠯᠭᠡ ᠶᠢ ᠬᠢᠨᠠᠮᠠᠭᠠᠢ ᠲᠤᠤᠱᠯᠠᠭᠤᠯᠤᠨ | ᠭᠡᠷᠡᠭᠵᠢᠬᠦᠯᠦᠨ᠎ᠡ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠤᠷᠤᠭᠤᠯᠬᠤ ᠪᠠ ᠮᠠᠯᠵᠢᠬᠤ ᠶᠢ ᠤᠶᠠᠯᠳᠤᠭᠤᠯᠬᠤ | ᠶᠢ ᠪᠠᠷᠢᠮᠳᠠᠯᠠᠵᠦ᠂ ᠤᠷᠤᠭᠤᠯᠬᠤ ᠪᠠ ᠮᠠᠯᠵᠢᠬᠤ ᠵᠢᠴᠢ ᠭᠡᠪᠴᠢᠶᠠᠵᠢᠭᠦᠯᠦᠨ ᠪᠤᠷᠳᠤᠨ ᠲᠠᠷᠭᠤᠯᠠᠭᠤᠯᠬᠤ ᠵᠡᠷᠭᠡ ᠠᠵᠢᠯ | ᠢ ᠤᠯᠡᠮ ᠰᠡᠶᠢᠨ ᠠᠳᠬᠤᠨ᠎ᠡ᠃ 2000 ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠷᠤᠭᠤᠯᠦᠨ ᠠᠪᠴᠢᠷᠠᠵᠦ᠂ | 1.7 ᠲᠦᠮᠡᠨ ᠰᠢᠮᠧᠨ᠋ᠲ᠋ᠧᠷ ᠦᠭᠡᠷ ᠤᠨ ᠬᠤᠶᠠᠳᠤᠭᠠᠷ ᠦᠶ᠎ᠡ ᠶᠢ ᠪᠤᠶᠢᠵᠢᠭᠤᠯᠤᠨ᠂ ᠰᠢᠯᠢᠳᠡᠭ ᠡᠭᠦᠯᠳᠡᠷ ᠤᠨ ᠮᠢᠬᠠᠨ | ᠤ ᠦᠭᠡᠷ ᠢ ᠮᠠᠯᠵᠢᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠬᠦᠯᠦᠨ᠎ᠡ᠃ | ᠮᠡᠯᠵᠢᠯ ᠤᠨ ᠡᠷᠤᠭᠡ ᠪᠠᠷ ᠰᠠᠭᠤᠷᠢ ᠪᠤᠯᠭᠠᠵᠦ᠂ ᠦᠷ᠎ᠡ ᠶᠢᠨ ᠮᠠᠯ ᠤᠨ ᠲᠠᠯᠠᠪᠡᠢ ᠪᠠᠷ ᠭᠤᠤᠯᠯᠠᠨ᠂ ᠭᠤᠤᠯ ᠰᠦᠷᠦᠭ᠂ | ᠦᠰᠭᠡᠨ ᠦᠷᠡᠵᠢᠭᠦᠯᠬᠦ ᠰᠦᠷᠦᠭ ᠢᠶᠠᠷ ᠭᠠᠷᠤᠯᠳᠠ ᠶᠢᠨ ᠰᠦᠷᠦᠭ ᠪᠤᠯᠭᠠᠭᠰᠠᠨ ᠮᠢᠬᠠᠨ ᠤ ᠬᠤᠨᠢᠨ ᠤ ᠡᠭᠦᠯᠳᠡᠷ ᠢ | ᠦᠷᠭᠡᠳᠭᠡᠨ ᠪᠤᠶᠢᠵᠢᠭᠤᠯᠬᠤ ᠰᠢᠰᠲ᠋ᠧᠮ ᠢ ᠪᠦᠷᠢᠨᠰᠢᠭᠦᠯᠦᠨ᠎ᠡ᠃ ᠲᠠᠷᠢᠮᠡᠯ ᠤᠨ ᠦᠢᠯᠡᠰ ᠤᠨ ᠠᠵᠦ ᠠᠬᠤᠢ ᠶᠢᠨ | ᠦᠷ᠎ᠠ ᠠᠰᠢᠭ ᠢ ᠦᠷᠬᠦᠯᠵᠢᠯᠡᠨ ᠲᠡᠭᠡᠭᠰᠢᠯᠡᠬᠦᠯᠵᠦ᠂ ᠵᠢᠯ ᠤᠨ ᠲᠤᠳᠤᠷ᠎ᠡ 2 ᠲᠦᠮᠡᠨ ᠮᠤ᠋ ᠢᠳᠡᠰᠢᠨ ᠨᠤᠭᠤᠭ᠎ᠠ᠂ | 5000 ᠮᠤ᠋ ᠡᠪᠡᠰᠦᠨ ᠡᠮ᠂ 8 ᠲᠦᠮᠡᠨ ᠮᠤ᠋ ᠠᠴᠠ ᠲᠡᠭᠡᠭᠰᠢ ᠦᠨᠳᠦᠷ ᠤᠨᠠᠯᠳᠠᠳᠦ ᠲᠡᠵᠢᠭᠡᠯ ᠪᠤᠷᠳᠤᠭ᠎ᠠ ᠲᠠᠷᠢᠨ᠎ᠡ᠃ | ᠭᠡᠪᠴᠢᠶᠠᠵᠢᠭᠦᠯᠦᠭᠰᠡᠨ ᠡᠵᠡᠩᠨᠡᠯᠳᠡ ᠶᠢ ᠠᠬᠢᠭᠤᠯᠦᠨ᠎ᠡ᠃ ᠪᠦᠬᠦ ᠤᠷᠤᠨ ᠤ ᠮᠠᠯ ᠲᠠᠷᠢᠶᠡᠯᠡᠩ ᠤᠨ ᠦᠢᠯᠡᠰ ᠤᠨ | ᠴᠢᠨᠠᠷ ᠰᠠᠶᠢᠳᠠᠢ ᠬᠦᠭᠵᠢᠯᠳᠡ ᠶᠢᠨ ︽ᠠᠷᠪᠠᠨ ᠶᠡᠭᠡ ᠠᠵᠢᠯᠯᠠᠭᠠᠨ ᠤ ᠲᠦᠯᠦᠪᠯᠡᠭᠡ︾ 〔 20 〕 ᠶᠢ | ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠮᠠᠯ ᠲᠠᠷᠢᠶᠠᠯᠡᠩ ᠤᠨ ᠦᠢᠯᠡᠳᠪᠤᠷᠢᠯᠡᠯ ᠤᠨ ᠪᠠᠷᠢᠮᠵᠢᠶᠠᠵᠢᠭᠰᠠᠨ | ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠵᠦ᠂ ᠰᠢᠨ᠎ᠡ ᠭᠡᠯᠪᠡᠷᠢ ᠶᠢᠨ ᠮᠠᠯ ᠲᠠᠷᠢᠶᠡᠯᠡᠩ ᠤᠨ ᠦᠢᠯᠡᠳᠪᠤᠷᠢᠯᠡᠯ | ᠤᠨ ᠡᠵᠡᠩᠨᠡᠯᠳᠡ ᠶᠢᠨ ᠭᠤᠤᠯ ᠴᠤᠭᠴᠠ ᠶᠢ ᠪᠦᠢᠵᠢᠭᠤᠯᠵᠦ᠂ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠪᠤᠯᠦᠨ | ᠤᠳᠤᠬᠢᠴᠢᠯᠠᠭᠰᠠᠨ ᠮᠡᠯ ᠲᠠᠷᠢᠶᠡᠯᠡᠩ ᠤᠨ ᠬᠦᠭᠵᠢᠯᠳᠡ ᠶᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠦᠨ᠎ᠡ᠃ | ᠲᠠᠭᠠᠭᠤᠯᠤᠭᠴᠢ ᠠᠵᠤ ᠠᠬᠤᠶᠢᠯᠡᠯ᠂ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠮᠡᠯ ᠲᠠᠷᠢᠶᠠᠯᠡᠩ ᠤᠨ ᠲᠠᠯᠠᠪᠠᠢ᠂ | ᠲᠠᠷᠢᠵᠦ ᠲᠡᠵᠢᠭᠡᠬᠦ ᠲᠤᠮᠤ ᠡᠷᠤᠭᠡ ᠵᠡᠷᠭᠡ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠨ ᠶᠢ ᠶᠡᠭᠡᠪᠡᠷ | ᠪᠦᠢᠵᠢᠭᠤᠯᠵᠦ᠂ ᠤᠯᠡᠨ ᠵᠦᠢᠯ ᠤᠨ ᠠᠰᠢᠭ ᠲᠤᠰᠨ ᠨᠢᠭᠳᠠᠷᠠᠨ ᠬᠤᠯᠪᠤᠭᠠᠯᠠᠭᠰᠠᠨ ᠭᠡᠯᠪᠡᠷᠢ ᠶᠢ ᠢᠳᠡᠪᠬᠢᠳᠡᠢ | ᠰᠤᠳᠤᠯᠵᠦ᠂ ᠵᠢᠯ ᠳᠤ 300 ᠦᠭᠡᠷ ᠬᠤᠳᠠᠯᠳᠤᠨ ᠪᠤᠷᠤᠯᠠᠭᠤᠯᠬᠤ 3 ᠲᠤᠰᠬᠠᠢ ᠬᠤᠷᠰᠢᠶᠠᠵᠢᠯ ᠤᠨ | ᠦᠢᠯᠡᠳᠪᠦᠷᠢᠯᠡᠯ ᠢ ᠪᠠᠭᠢᠵᠢᠭᠦᠯᠵᠦ᠂ 6 ᠭᠤᠤᠯ ᠰᠦᠷᠦᠭ᠂ 50 ᠦᠭᠡᠷ ᠠᠴᠠ ᠲᠡᠭᠡᠭᠰᠢ ᠭᠡᠷ ᠪᠦᠯᠢ ᠶᠢᠨ ᠮᠠᠯᠵᠢᠯ | ᠤᠨ ᠲᠠᠯᠠᠪᠠᠢ 50 ᠶᠢ ᠪᠠᠶᠢᠭᠤᠯᠤᠨ᠎ᠠ︔ ᠴᠠᠬᠠᠷ ᠬᠤᠨᠢᠨ ᠤ ᠭᠤᠤᠯ ᠰᠦᠷᠦᠭ 20 ᠶᠢ ᠪᠠᠶᠢᠭᠤᠯᠦᠨ᠎ᠡ︔ | ᠲᠠᠷᠢᠶᠠᠯᠠᠬᠤ ᠤᠷᠤᠨ ᠤ 3 ᠲᠦᠮᠡᠨ ᠮᠤ᠋ ᠭᠠᠵᠠᠷ ᠰᠢᠷᠦᠢ ᠶᠢ ᠨᠡᠶᠢᠯᠡᠭᠦᠯᠦᠨ ᠰᠢᠯᠵᠢᠬᠦᠯᠦᠨ᠎ᠡ᠃ ᠶᠤᠸᠠᠢ ᠱᠸᠡᠭ ᠵᠠᠢ | ᠢᠳᠡᠭᠡᠨ᠂ ᠡᠷᠳᠡᠨᠢ ᠮᠢᠬᠠᠨ ᠤ ᠦᠢᠯᠡᠰ ᠵᠡᠷᠭᠡ ᠰᠢᠨ᠎ᠡ ᠰᠠᠭᠤᠷᠢᠰᠢᠭᠰᠠᠨ ᠠᠵᠤ ᠠᠬᠤᠶᠢᠯᠡᠯ ᠢ ᠤᠤᠯ ᠤᠨ ᠪᠠᠶᠢᠭ᠎ᠠ ᠢ | ᠱᠸᠡᠭ ᠮᠢᠬᠠᠨ ᠤ ᠦᠢᠯᠡᠰ᠂ ᠮᠸᠡᠭ ᠱᠸᠡᠭ ᠮᠢᠬᠠᠨ ᠤ ᠦᠢᠯᠡᠰ ᠵᠡᠷᠭᠡ ᠠᠵᠤ ᠠᠬᠤᠶᠢᠯᠡᠯ ᠲᠠᠢ ᠬᠠᠮᠳᠤ ᠤᠷᠤᠨ | ᠲᠤᠭᠤᠷᠢᠭᠵᠢᠭᠰᠠᠨ ᠠᠵᠤ ᠠᠬᠤᠶᠢᠯᠡᠯ ᠤᠨ ᠰᠦᠷᠦᠭᠵᠢᠯ ᠪᠠᠶᠢᠭᠤᠯᠬᠤ ᠶᠢ ᠠᠬᠢᠭᠤᠯᠵᠦ᠂ ᠪᠧᠨ ᠼᠤᠤ ᠹᠠᠨᠭ᠌ ᠶᠤᠸᠠᠨ | ᠡᠮ ᠤᠨ ᠦᠢᠯᠡᠰ ᠤᠨ ᠡᠪᠡᠰᠦᠨ ᠡᠮ ᠲᠠᠷᠢᠬᠤ ᠵᠢᠱᠢᠶ᠎ᠡ ᠦᠵᠡᠭᠦᠯᠬᠦ ᠰᠠᠭᠤᠷᠢᠨ᠂ ᠯᠢᠤᠢ ᠶᠤᠸᠠᠨ ᠲᠢᠶᠠᠨ ᠰᠢᠨ | ᠡᠪᠡᠰᠦᠨ ᠡᠮ ᠲᠠᠷᠢᠬᠤ ᠵᠡᠷᠭᠡ ᠲᠦᠷᠦᠯ ᠵᠦᠢᠯ ᠢ ᠡᠭᠢᠯᠡᠭᠦᠯᠦᠨ᠎ᠡ᠃ ︽ᠭᠤᠷᠪᠡᠨ ᠪᠦᠳᠦᠭᠡᠭᠳᠡᠭᠦᠨ ᠨᠢᠭᠡ ᠲᠡᠮᠳᠡᠭ︾ | 〔 21 〕 ᠢ ᠭᠡᠷᠡᠴᠢᠯᠡᠨ ᠨᠤᠳᠠᠯᠠᠬᠤ ᠬᠦᠴᠦᠯᠡᠴᠨ ᠪᠠᠨ ᠶᠡᠭᠡᠰᠭᠡᠵᠦ᠂ ᠬᠤᠨᠢᠨ ᠮᠢᠬᠠᠨ ᠤ ᠪᠦᠬᠦ ᠠᠵᠤ ᠦᠢᠯᠡᠰ | ᠤᠨ ᠬᠡᠯᠬᠢᠶᠠᠵᠢᠯ ᠢ ᠮᠦᠷᠳᠡᠬᠦ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠮᠠᠯ ᠲᠠᠷᠢᠶᠠᠯᠡᠩ ᠤᠨ | ᠪᠦᠳᠦᠭᠡᠭᠳᠡᠭᠦᠨ ᠢ ᠨᠠᠷᠢᠯᠢᠭ ᠪᠤᠯᠪᠠᠰᠤᠷᠠᠭᠤᠯᠬᠤ ᠪᠠᠷ ᠤᠨᠴᠠᠯᠢᠭᠳᠦ ᠮᠠᠯ ᠲᠠᠷᠢᠶᠠᠯᠡᠩ ᠤᠨ ᠪᠦᠳᠦᠭᠡᠭᠳᠡᠭᠦᠨ ᠤ ᠨᠡᠷ᠎ᠡ | ᠲᠡᠮᠳᠡᠭ ᠤᠨ ᠪᠠᠶᠢᠭᠤᠯᠤᠯᠳᠠ ᠶᠢ ᠠᠬᠢᠭᠤᠯᠦᠨ᠎ᠡ᠃ ᠦᠢᠯᠡᠳᠪᠤᠷᠢᠯᠡᠬᠦ ᠴᠢᠳᠠᠮᠵᠢ ᠪᠠᠨ ᠲᠡᠭᠡᠭᠰᠢᠯᠡᠭᠦᠯᠦᠨ᠎ᠡ᠃ ᠤᠰᠦ | ᠠᠷᠪᠢᠯᠠᠬᠤ᠂ ᠰᠢᠯᠢᠳᠡᠭ ᠡᠬᠦᠯᠳᠡᠷ᠂ ᠪᠤᠷᠳᠤᠭᠤᠷ ᠨᠠᠶᠢᠷᠠᠬᠤ ᠵᠡᠷᠭᠡ ᠲᠠᠷᠢᠶᠠᠯᠠᠩ ᠤᠨ ᠦᠢᠯᠡᠰ ᠤᠨ ᠰᠢᠨᠵᠢᠯᠡᠭᠡ | ᠮᠡᠷᠭᠡᠵᠢᠯ ᠢ ᠶᠡᠭᠡᠪᠡᠷ ᠲᠡᠯᠭᠡᠷᠡᠭᠦᠯᠵᠦ᠂ ᠲᠠᠷᠢᠶᠠᠯᠠᠩ ᠤᠨ ᠦᠢᠯᠡᠰ ᠤᠨ ᠤᠳᠤᠬᠢᠴᠢᠯᠠᠯᠳᠠ ᠶᠢ ᠲᠦᠷᠬᠡᠳᠬᠡᠨ | ᠠᠬᠢᠭᠤᠯᠤᠨ᠎ᠠ᠃ ᠲᠤᠯᠠᠭᠠᠨ ᠫᠸᠡᠭ᠂ ᠡᠪᠡᠰᠦ ᠬᠤᠷᠢᠶᠠᠬᠤ ᠫᠸᠡᠭ᠂ ᠨᠤᠭᠤᠭᠠᠨ ᠲᠠᠷᠤᠰᠢ ᠶᠢᠨ ᠵᠤᠭᠤᠷᠢ᠂ | ᠤᠰᠤᠯᠠᠯᠳᠡ ᠶᠢᠨ ᠲᠠᠷᠢᠶᠠᠨ ᠭᠠᠵᠠᠷ ᠵᠡᠷᠭᠡ ᠮᠠᠯ ᠲᠠᠷᠢᠶᠠᠯᠡᠩ ᠤᠨ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ | ᠰᠠᠶᠢᠵᠢᠷᠠᠭᠤᠯᠵᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠬᠦ ᠭᠠᠵᠠᠷ ᠲᠤ ᠨᠠᠮᠡᠵᠦ ᠬᠠᠰᠤᠬᠤ | ᠶᠢ ᠬᠤᠯᠪᠤᠬᠤ ᠲᠦᠷᠦ ᠶᠢᠨ ᠪᠤᠳᠤᠯᠭ᠎ᠠ ᠶᠢ ᠠᠮᠢᠳᠦᠯᠢᠭ᠋ ᠢᠶᠠᠷ ᠬᠡᠷᠡᠭᠵᠢᠭᠦᠯᠵᠦ᠂ ᠭᠠᠵᠠᠷ ᠰᠢᠷᠦᠢ ᠶᠢ ᠨᠡᠭᠡᠭᠡᠨ | ᠬᠦᠭᠵᠢᠭᠦᠯᠬᠦ ᠪᠠ ᠴᠡᠭᠴᠡᠯᠡᠨ ᠵᠠᠰᠠᠬᠤ ᠶᠢ ᠠᠬᠢᠭᠤᠯᠦᠨ᠎ᠡ᠃ ᠠᠹᠷᠢᠺᠠ ᠭᠠᠭ᠋ᠠᠢ ᠶᠢᠨ ᠬᠢᠵᠢᠭ ᠵᠡᠷᠭᠡ ᠠᠮᠢᠳᠠᠨ ᠤ | ᠬᠦᠨᠳᠦ ᠶᠡᠭᠡ ᠬᠢᠵᠢᠭ ᠭᠡᠮ ᠵᠢᠴᠢ ᠬᠦᠮᠦᠨ ᠮᠠᠯ ᠳᠤ ᠵᠡᠷᠭᠡᠪᠡᠷ ᠬᠠᠯᠳᠠᠪᠤᠷᠢᠯᠠᠬᠤ ᠡᠪᠡᠳᠴᠢᠨ ᠢ ᠰᠡᠷᠬᠡᠶᠢᠯᠡᠨ ᠡᠵᠡᠮᠳᠡᠬᠦ | ᠠᠵᠢᠯ ᠢ ᠰᠠᠶᠢᠳᠦᠷ ᠬᠢᠵᠦ᠂ ᠭᠠᠳᠠᠨ᠎ᠠ ᠠᠴᠠ ᠢᠷᠡᠭᠰᠡᠨ ᠮᠠᠯ ᠵᠢᠬᠦᠷᠳᠡᠨ ᠢ ᠰᠢᠯᠭᠠᠨ ᠪᠠᠶᠢᠴᠠᠭᠠᠵᠦ ᠬᠢᠨᠠᠨ ᠬᠠᠮᠢᠶᠠᠷᠬᠤ | ᠶᠢ ᠴᠢᠩᠭᠠᠳᠬᠠᠨ᠎ᠠ᠃ ᠮᠠᠯ ᠲᠠᠷᠢᠶᠠᠯᠡᠩ ᠤᠨ ᠪᠦᠳᠦᠭᠡᠭᠳᠡᠭᠦᠨ ᠢ ᠰᠢᠯᠭᠠᠨ ᠪᠠᠶᠢᠴᠠᠭᠠᠬᠤ ᠲᠦᠪ ᠤᠨ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠢ ᠪᠡᠶᠡᠯᠡᠭᠦᠯᠵᠦ᠂ ᠪᠦᠬᠦ ᠬᠤᠰᠢᠭᠤᠨ ᠤ ᠮᠠᠯ ᠲᠠᠷᠢᠶᠠᠯᠡᠩ ᠤᠨ ᠪᠦᠳᠦᠭᠡᠭᠳᠡᠭᠦᠨ | ᠤ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠨᠤᠷᠮ᠎ᠡ ᠶᠢ ᠲᠤᠰᠪᠤᠷᠢ 96% ᠠᠴᠠ ᠲᠡᠭᠡᠭᠰᠢ ᠪᠠ 100% | ᠳᠤ ᠬᠦᠷᠭᠡᠬᠦ ᠶᠢ ᠪᠠᠳᠤᠯᠠᠨ᠎ᠡ᠃ ᠴᠠᠭ ᠠᠭᠤᠷ ᠤᠨ ᠭᠠᠮᠰᠢᠭ ᠬᠦᠨᠦᠭᠡᠯ ᠢ ᠤᠷᠢᠳᠴᠢᠯᠡᠨ ᠮᠡᠳᠡᠭᠡᠯᠡᠬᠦ ᠠᠵᠢᠯ ᠢ | ᠴᠢᠩᠭᠠᠷᠠᠭᠤᠯᠵᠦ᠂ ᠬᠤᠶᠢᠳᠦ ᠵᠠᠬ᠎ᠠ ᠶᠢᠨ ᠡᠯᠡᠰᠦᠷᠭᠡᠭ ᠤᠷᠤᠨ ᠳᠤ ᠭᠠᠮᠰᠢᠭ ᠢ ᠡᠰᠡᠷᠬᠦᠴᠡᠬᠦ ᠡᠪᠡᠰᠦ ᠪᠤᠷᠳᠤᠭᠠᠨ ᠤ | ᠰᠠᠭᠤᠷᠢᠨ 3 ᠶᠢ ᠪᠠᠶᠢᠭᠤᠯᠵᠦ᠂ ᠮᠠᠯ ᠲᠠᠷᠢᠶᠠᠯᠡᠩ ᠤᠨ ᠭᠠᠮᠰᠢᠭ ᠢ ᠰᠡᠷᠬᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠶᠡᠷᠤᠩᠬᠡᠶᠢᠯᠡᠭᠰᠡᠨ ᠦᠢᠯᠡᠴᠢᠯᠡᠭᠡᠨ ᠤ ᠲᠡᠪᠴᠡᠩ ᠢ ᠲᠡᠭᠦᠯᠳᠡᠷᠵᠢᠭᠦᠯᠵᠦ᠂ | ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠤᠷᠤᠭᠤᠯᠬᠤ᠂ ᠴᠠᠬᠠᠷ ᠬᠤᠨᠢ ᠶᠢ ᠦᠰᠭᠡᠨ ᠦᠷᠡᠵᠢᠭᠦᠯᠬᠦ᠂ ᠰᠢᠯᠢᠳᠡᠭ | ᠴᠢᠨᠠᠷ ᠤᠨ ᠡᠪᠡᠰᠦ ᠲᠠᠷᠢᠬᠤ᠂ ᠲᠠᠷᠢᠶᠠᠯᠠᠩ ᠤᠨ ᠮᠠᠰᠢᠨ ᠬᠤᠳᠠᠯᠳᠦᠨ ᠠᠪᠬᠤ᠂ ᠲᠠᠷᠢᠵᠦ ᠲᠠᠵᠢᠭᠡᠬᠦ ᠦᠷᠡᠵᠢᠭᠦᠯᠬᠦ | ᠲᠠᠭᠠᠳᠬᠠᠯ᠂ ᠵᠢᠭᠡᠯᠡᠯᠭᠡ ᠶᠢᠨ ᠬᠦᠤ ᠮᠦᠩᠬᠦ ᠶᠢ ᠨᠦᠬᠦᠪᠤᠷᠢᠯᠡᠬᠦ ᠵᠡᠷᠭᠡ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ | ᠰᠡᠶᠢᠳᠦᠷ ᠨᠡᠶᠢᠳᠠᠪᠤᠷᠢᠵᠢᠭᠤᠯᠵᠦ᠂ ᠠᠵᠤ ᠦᠢᠯᠡᠰ ᠤᠨ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢᠨ ᠲᠠᠭᠠᠭᠤᠯᠬᠤ | ᠦᠢᠯᠡᠳᠦᠯ ᠢ ᠬᠦᠢᠴᠡᠳ ᠪᠠᠳᠠᠷᠠᠭᠤᠯᠦᠨ᠎ᠡ᠃ | ᠠᠵᠤ ᠦᠢᠯᠡᠳᠪᠤᠷᠢ ᠶᠢᠨ ᠭᠡᠯᠪᠡᠷᠢ ᠪᠠᠨ ᠬᠤᠪᠢᠷᠠᠭᠤᠯᠵᠦ ᠬᠦᠭᠵᠢᠬᠦ ᠶᠢ ᠲᠦᠷᠭᠡᠳᠭᠡᠨ᠎ᠡ᠃ ᠤᠯᠠᠮᠵᠢᠯᠠᠯᠳᠦ ᠠᠵᠤ | ᠦᠢᠯᠡᠰ ᠢ ᠦᠭᠡᠷᠡᠴᠢᠯᠡᠨ ᠲᠡᠰ ᠲᠡᠪᠰᠢᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ᠂ | ᠠᠭᠤᠷᠬᠠᠢ ᠨᠡᠭᠡᠭᠡᠵᠦ ᠰᠤᠩᠭᠤᠨ ᠪᠤᠯᠪᠠᠰᠤᠷᠠᠭᠤᠯᠬᠤ ᠪᠠᠷ ᠭᠤᠤᠯᠳᠠᠯᠭ᠎ᠠ ᠪᠤᠯᠭᠠᠭᠰᠠᠨ ᠤᠯᠠᠮᠵᠢᠯᠡᠯᠳᠦ ᠠᠵᠤ ᠦᠢᠯᠡᠰ ᠢ | ᠦᠭᠡᠷᠡᠴᠢᠯᠡᠨ ᠲᠡᠰ ᠲᠡᠪᠰᠢᠭᠦᠯᠬᠦ ᠶᠢ ᠲᠦᠷᠭᠡᠳᠭᠡᠵᠦ᠂ ᠨᠢᠷᠦᠭᠤᠪᠴᠢ ᠠᠵᠤ ᠠᠬᠤᠶᠢᠯᠡᠯ ᠤᠨ ᠴᠢᠳᠠᠮᠵᠢ ᠪᠠᠨ | ᠲᠡᠭᠡᠭᠰᠢᠯᠡᠭᠦᠯᠦᠨ ᠴᠢᠨᠠᠷ ᠢᠶᠠᠨ ᠰᠡᠶᠢᠵᠢᠷᠠᠭᠤᠯᠬᠤ᠂ ᠦᠷ᠎ᠡ ᠠᠰᠢᠭ ᠢᠶᠠᠨ ᠨᠡᠮᠡᠭᠳᠡᠬᠦᠯᠬᠦ ᠶᠢ ᠠᠬᠢᠭᠤᠯᠦᠨ᠎ᠡ᠃ ᠮᠡᠯ | ᠲᠠᠷᠢᠶᠡᠯᠡᠩ ᠤᠨ ᠪᠦᠳᠦᠭᠡᠭᠳᠡᠭᠦᠨ ᠤ ᠴᠢᠨᠠᠷ ᠴᠢᠨᠰᠠᠭ᠎ᠠ ᠬᠢᠭᠡᠳ ᠨᠡᠮᠡᠭᠳᠡᠯ ᠦᠷᠳᠡᠭ ᠢ ᠨᠡᠮᠡᠭᠳᠡᠭᠦᠯᠬᠦ ᠲᠤᠭᠤᠷᠢᠨ ᠳᠤ᠂ | ᠶᠤᠸᠠᠢ ᠱᠸᠡᠭ ᠵᠠᠢ ᠤᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ᠂ ᠡᠷᠳᠡᠨᠢ ᠮᠢᠬᠠᠨ ᠤ | ᠦᠢᠯᠡᠰ ᠤᠨ ᠠᠦ᠋ᠲ᠋ᠤᠴᠢᠯᠠᠭᠰᠠᠨ ᠠᠯᠠᠵᠦ ᠨᠢᠳᠤᠯᠬᠤ ᠦᠢᠯᠡᠳᠪᠤᠷᠢ ᠵᠡᠷᠭᠡ ᠲᠦᠷᠦᠯ ᠵᠦᠢᠯ ᠠᠰᠢᠭᠯᠠᠯᠳᠠ ᠳᠤ | ᠤᠷᠤᠵᠦ ᠦᠷ᠎ᠡ ᠠᠰᠢᠭ ᠭᠠᠷᠭᠠᠬᠤ ᠶᠢ ᠠᠬᠢᠭᠤᠯᠦᠨ᠎ᠡ︔ ᠮᠸᠡᠭ ᠱᠸᠡᠭ ᠮᠢᠬᠠᠨ ᠤ ᠦᠢᠯᠡᠰ᠂ ᠢ ᠱᠸᠡᠭ ᠮᠢᠬᠠᠨ ᠤ | ᠦᠢᠯᠡᠰ ᠤᠨ ᠪᠦᠳᠦᠭᠡᠭᠳᠡᠭᠦᠨ ᠤ ᠲᠦᠷᠦᠯ ᠵᠦᠢᠯ ᠢ ᠤᠯᠡᠮ ᠪᠠᠶᠠᠯᠢᠭᠵᠢᠭᠤᠯᠵᠦ᠂ ᠦᠷ᠎ᠡ ᠠᠰᠢᠭ ᠢ | ᠲᠡᠭᠡᠭᠰᠢᠯᠡᠬᠦᠯᠦᠨ᠎ᠡ︔ ᠰᠢᠨ ᠺᠠᠢ ᠮᠢᠠᠬᠨ ᠤ ᠦᠢᠯᠡᠰ ᠤᠨ ᠮᠡᠷᠭᠡᠵᠢᠯ ᠤᠨ ᠦᠭᠡᠷᠡᠴᠢᠯᠡᠯᠳᠡ ᠶᠢᠨ ᠲᠦᠷᠦᠯ ᠵᠦᠢᠯ | ᠠᠵᠢᠯ ᠡᠬᠢᠯᠡᠬᠦ ᠶᠢ ᠪᠠᠳᠤᠯᠠᠵᠦ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠦᠨ᠎ᠡ︔ ᠬᠤᠨᠭ᠌ ᠶᠧ ᠨᠤᠤᠰᠦᠨ | ᠨᠡᠭᠡᠮᠡᠯ ᠤᠨ ᠬᠦᠭᠵᠢᠨ ᠪᠤᠵᠠᠭᠠᠶᠢᠷᠠᠬᠤ ᠶᠢ ᠵᠤᠷᠢᠭᠵᠢᠭᠤᠯᠦᠨ᠂ ᠯᠤ᠋ ᠸᠠᠩ ᠺᠤᠮᠫᠠᠨᠢ ᠶᠢᠨ ᠠᠦ᠋ᠲ᠋ᠤᠴᠢᠯᠠᠭᠰᠠᠨ | ᠦᠢᠯᠡᠳᠪᠦᠷᠢᠯᠡᠯ ᠢ ᠪᠡᠶᠡᠯᠡᠬᠦᠯᠬᠦ ᠶᠢ ᠲᠡᠮᠵᠢᠨ᠎ᠡ︔ ᠴᠠᠭᠠᠨ ᠢᠳᠡᠭᠡ ᠪᠤᠯᠪᠠᠰᠤᠷᠠᠭᠤᠯᠬᠤ ᠠᠵᠤ ᠠᠬᠤᠶᠢᠯᠡᠯ ᠤᠨ | ᠡᠷᠡᠭᠦᠯ ᠢᠶᠠᠷ ᠬᠦᠭᠵᠢᠬᠦ ᠶᠢ ᠠᠬᠢᠭᠤᠯᠦᠨ᠎ᠡ︔ ᠬᠢᠳᠡᠳ ᠡᠮ ᠪᠤᠯᠪᠠᠰᠤᠷᠠᠭᠤᠯᠬᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢᠨ ᠡᠮᠤᠨ᠎ᠡ ᠬᠤᠭᠤᠴᠠᠭᠠᠨ ᠤ ᠠᠵᠢᠯ ᠢ ᠡᠬᠢᠯᠡᠭᠦᠯᠦᠨ᠎ᠡ︔ ᠤᠷᠭᠠᠨᠢᠭ ᠪᠤᠷᠳᠤᠭᠤᠷ | ᠪᠤᠯᠪᠠᠰᠤᠷᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠶᠢ ᠲᠦᠷᠬᠡᠳᠬᠡᠨ ᠠᠬᠢᠭᠤᠯᠦᠨ᠎ᠡ᠃ ᠴᠢᠶᠠᠨ ᠶᠢᠨ ᠳ᠋ᠠ | ᠦᠩᠭᠡᠳᠦ ᠲᠡᠮᠦᠷᠯᠢᠭ ᠤᠨ ᠠᠭᠤᠷᠬᠠᠢ ᠶᠢ ᠨᠠᠭᠡᠭᠡᠨ ᠰᠤᠩᠭᠤᠬᠤ ᠲᠦᠷᠦᠯ ᠵᠦᠢᠯ ᠤᠨ ᠦᠢᠯᠡᠳᠪᠤᠷᠢᠯᠡᠯ ᠢᠶᠠᠨ ᠡᠬᠢᠯᠡᠬᠦ | ᠶᠢ ᠠᠬᠢᠭᠤᠯᠵᠦ᠂ ᠰᠢᠨ᠎ᠡ ᠦᠢᠯᠡᠳᠪᠤᠷᠢᠯᠡᠯ ᠤᠨ ᠴᠢᠳᠠᠮᠵᠢ ᠶᠢ ᠲᠦᠷᠭᠡᠨ ᠪᠦᠷᠢᠯᠳᠦᠭᠦᠯᠦᠨ᠎ᠡ᠃ ᠴᠡᠪᠡᠷ ᠡᠨᠧᠷᠬᠢ ᠶᠢᠨ | ᠠᠵᠦ ᠦᠢᠯᠡᠰ ᠢ ᠪᠤᠵᠠᠭᠠᠶᠢᠷᠠᠭᠤᠯᠵᠦ᠂ ᠤᠨᠴᠨ ᠦᠨᠳᠦᠷ ᠬᠦᠴᠦᠳᠠᠯᠳᠦ ᠭᠠᠳᠠᠭᠰᠢ ᠬᠦᠷᠭᠡᠬᠦ ᠵᠠᠭᠤᠨ ᠲᠦᠮᠡᠨ | ᠺᠢᠯᠤᠸᠠᠲ ᠤᠨ ᠰᠡᠯᠬᠢᠨ ᠬᠦᠴᠦᠨ ᠤ ᠴᠠᠬᠢᠯᠭᠠᠨ ᠤ ᠲᠠᠯᠠᠪᠤᠷ᠂ ᠤᠨᠴᠨ ᠦᠨᠳᠦᠷ ᠬᠦᠴᠤᠳᠠᠯᠳᠦ 500 ᠺᠢᠯᠤᠸᠤᠯᠲ | ᠤᠨ ᠴᠤᠭᠯᠠᠷᠡᠯ ᠦᠷᠳᠡᠭᠡᠨ ᠤ ᠪᠠᠷᠢᠯᠭ᠎ᠠ ᠡᠬᠢᠯᠡᠬᠦ ᠶᠢ ᠪᠠᠳᠤᠯᠠᠨ᠎ᠡ᠃ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠪᠤᠶᠢᠵᠢᠭᠤᠯᠦᠨ ᠬᠦᠴᠦᠷᠭᠡᠭᠵᠢᠭᠦᠯᠦᠨ᠎ᠡ᠃ ᠲᠤᠨᠤᠭ ᠲᠦᠭᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠡᠨᠧᠷᠬᠢ | ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠢ ᠮᠠᠨ ᠤ ᠬᠤᠰᠢᠭᠤᠨ ᠤ ᠠᠵᠤ ᠦᠢᠯᠡᠳᠪᠤᠷᠢ ᠶᠢᠨ | ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠵᠦ ᠲᠡᠰ ᠲᠡᠪᠰᠢᠭᠦᠯᠬᠦ ᠰᠢᠪᠳᠤᠯᠤᠯᠳᠠ ᠶᠢᠨ ᠴᠡᠭ ᠪᠤᠯᠭᠠᠨ᠂ ᠰᠢᠨ᠎ᠡ | ᠪᠠᠷ ᠬᠦᠭᠵᠢᠭᠰᠡᠨ ᠠᠵᠤ ᠦᠢᠯᠡᠰ ᠤᠨ ᠬᠤᠷᠳᠤᠴᠠ ᠠᠰᠢᠭ ᠢ ᠨᠡᠮᠡᠭᠳᠡᠭᠦᠯᠬᠦ ᠪᠠ ᠲᠦᠪᠯᠡᠷᠡᠨ ᠬᠦᠭᠵᠢᠬᠦ ᠶᠢ | ᠠᠬᠢᠭᠤᠯᠦᠨ᠎ᠡ᠃ ᠲᠤᠨᠤᠭ ᠲᠦᠭᠦᠭᠡᠷᠦᠮᠵᠢ ᠦᠢᠯᠡᠳᠬᠦ ᠠᠵᠤ ᠠᠬᠤᠶᠢᠯᠡᠯ ᠤᠨ ᠰᠢᠯᠢ ᠶᠢᠨ ᠭᠤᠤᠯ ᠠᠶᠢᠮᠠᠭ ᠤᠨ | ᠤᠨᠴᠨ ᠦᠨᠳᠦᠷ ᠬᠦᠴᠦᠳᠡᠯ ᠢ ᠭᠠᠳᠠᠭᠰᠢ ᠬᠦᠷᠬᠦ ᠰᠠᠯᠬᠢᠨ ᠢᠶᠠᠷ ᠴᠠᠬᠢᠯᠭᠠᠨ ᠬᠠᠩᠭᠠᠬᠤ ᠲᠦᠷᠦᠯ ᠵᠤᠶᠢᠯ ᠤᠨ | ᠪᠠᠶᠢᠭᠤᠯᠤᠯᠳᠠ ᠶᠢᠨ ᠲᠤᠬᠢᠶᠠᠯ ᠢ ᠠᠮᠵᠢᠨ ᠠᠳᠬᠤᠬᠤ ᠶᠢ ᠬᠠᠪᠰᠤᠷᠤᠨ ᠱᠠᠭᠠᠷᠳᠠᠵᠦ᠂ ᠤᠨᠴᠠ ᠬᠦᠴᠦᠳᠡᠯ | ᠦᠭᠡᠷᠡᠴᠢᠯᠡᠬᠦ ᠴᠠᠬᠢᠯᠭᠠᠨ ᠭᠡᠷᠡᠭᠰᠡᠯ᠂ ᠶᠢᠨ ᠹᠸᠡᠭ ᠰᠢᠨᠵᠢᠯᠡᠭᠡ ᠮᠡᠷᠭᠡᠵᠢᠯ᠂ ᠵᠢᠶᠠᠨ ᠠᠨ ᠴᠸᠡᠭ ᠠᠵᠦ ᠠᠬᠤᠶᠢᠯᠠᠯ | ᠤᠨ ᠠᠰᠢᠭᠯᠠᠯᠳᠠ ᠳᠤ ᠤᠷᠤᠬᠤ ᠶᠢ ᠠᠬᠢᠭᠤᠯᠦᠨ᠎ᠡ᠃ ᠬᠠᠢ ᠮᠸᠡᠭ ᠪᠡᠯ ᠴᠢᠯᠠᠭᠤ᠂ ᠨᠦᠸᠧ ᠶᠢᠨ | ᠨᠡᠭᠦᠷᠡᠰᠦᠳᠦ᠋ᠷᠦᠭᠴᠢᠳᠦ ᠮᠠᠲ᠋ᠧᠷᠢᠶᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠬᠢᠴᠨ ᠶᠢ | ᠲᠦᠷᠭᠡᠳᠭᠡᠵᠦ᠂ ᠬᠠᠢ ᠮᠸᠡᠭ ᠪᠡᠯ ᠴᠢᠯᠠᠭᠤᠨ ᠤ ᠨᠢᠭᠡᠳᠦᠭᠡᠷ ᠬᠤᠭᠤᠴᠠᠭ᠎ᠠ᠂ ᠨᠦᠸᠧ ᠶᠢᠨ ᠨᠡᠭᠦᠷᠡᠰᠤᠳᠦ᠋ᠷᠦᠭᠴᠢᠳᠦ | ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠰᠢᠭᠯᠠᠯᠳᠠ ᠳᠤ | ᠤᠷᠤᠭᠤᠯᠬᠤ ᠶᠢ ᠪᠠᠳᠤᠯᠠᠬᠤ ᠶᠢᠨ ᠲᠠᠭᠠᠤ᠂ ᠠᠵᠤ ᠦᠢᠯᠡᠰ ᠤᠨ ᠬᠠᠮᠢᠶᠠᠳᠠᠢ ᠲᠦᠷᠦᠯ ᠵᠦᠢᠯ ᠢ ᠦᠷᠬᠦᠯᠵᠢᠯᠡᠨ | ᠤᠷᠤᠭᠤᠯᠵᠦ᠂ ᠠᠵᠤ ᠦᠢᠯᠡᠰ ᠤᠨ ᠰᠦᠷᠦᠭᠵᠢᠯ ᠢ ᠪᠦᠷᠢᠯᠳᠦᠬᠦᠯᠦᠨ᠎ᠡ᠃ ᠪᠤᠤ ᠰᠢ ᠦᠢᠯᠡᠳᠪᠤᠷᠢ ᠶᠢᠨ ᠡᠷᠬᠢᠯᠳᠡ | ᠶᠢ ᠲᠤᠭᠳᠠᠭᠤᠨ ᠪᠠᠶᠢᠯᠭᠠᠵᠦ᠂ ᠳ᠋ᠦᠡᠭ ᠹᠠᠨᠭ᠌ ᠴᠡᠴᠡᠷᠯᠢᠭ ᠤᠨ ᠬᠠᠳᠠᠭᠤ ᠪᠡᠶᠡᠳᠦ ᠬᠠᠶᠠᠭᠳᠠᠮᠠᠯ ᠢ ᠠᠰᠢᠭᠯᠠᠬᠤ ᠪᠠ | ᠰᠢᠢᠳᠪᠦᠷᠢᠯᠡᠬᠦ ᠲᠦᠷᠦᠯ ᠵᠦᠢᠯ ᠤᠨ ᠪᠠᠶᠢᠭᠤᠯᠤᠯᠳᠠ ᠡᠬᠢᠯᠡᠬᠦ ᠶᠢ ᠠᠬᠢᠭᠤᠯᠦᠨ᠎ᠡ᠃ ᠠᠵᠤ ᠦᠢᠯᠡᠳᠪᠤᠷᠢ ᠶᠢᠨ | ᠲᠤᠭᠤᠷᠢᠭ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠠᠵᠤ ᠦᠢᠯᠡᠳᠪᠦᠷᠢ ᠶᠢᠨ ᠲᠤᠭᠤᠷᠢᠭ ᠢ ᠠᠵᠤ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠲᠡᠪᠴᠡᠩ ᠪᠠ ᠠᠴᠢᠶᠠᠯᠠᠪᠤᠷᠢ ᠪᠤᠯᠭᠠᠬᠤ ᠶᠢ ᠪᠠᠷᠢᠮᠳᠠᠯᠠᠵᠦ᠂ | ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠵᠦ᠂ ᠲᠤᠭᠤᠷᠢᠭ ᠤᠨ | ᠲᠠᠭᠠᠭᠠᠴᠨ ᠶᠢᠨ ᠴᠢᠳᠠᠮᠵᠢ ᠶᠢ ᠲᠡᠭᠡᠭᠰᠢᠯᠡᠬᠦᠯᠦᠨ᠎ᠡ᠃ ᠪᠦᠬᠦ ᠤᠷᠤᠨ᠂ ᠪᠦᠬᠦ ᠠᠶᠢᠮᠠᠭ ᠤᠨ ᠠᠵᠤ ᠦᠢᠯᠡᠳᠪᠤᠷᠢ ᠶᠢᠨ | ᠲᠤᠭᠤᠷᠢᠭ ᠢ ᠨᠢᠭᠡᠳᠦᠯᠳᠡᠢ ᠲᠦᠯᠦᠪᠵᠢᠭᠦᠯᠬᠦ ᠬᠠᠮᠢᠶ᠎ᠠ ᠪᠦᠭᠦᠢ ᠱᠠᠭᠠᠷᠳᠠᠯᠭ᠎ᠠ ᠶᠢ ᠦᠨᠳᠦᠰᠦᠯᠡᠵᠦ᠂ ᠠᠵᠤ | ᠦᠢᠯᠡᠳᠪᠤᠷᠢ ᠶᠢᠨ ᠲᠤᠭᠤᠷᠢᠭ ᠤᠨ ᠶᠠᠷᠤᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ᠂ ᠠᠵᠤ ᠦᠢᠯᠡᠰ ᠤᠨ | ᠬᠦᠭᠵᠢᠯᠳᠡ ᠶᠢᠨ ᠲᠦᠯᠦᠪᠵᠢᠬᠦᠯᠭᠡ ᠶᠢ ᠨᠠᠶᠢᠷᠠᠭᠤᠯᠬᠤ ᠪᠠ ᠲᠦᠯᠦᠪᠵᠢᠬᠦᠯᠭᠡ ᠶᠢᠨ ᠤᠷᠴᠢᠨ ᠲᠤᠭᠤᠷᠢᠨ ᠤ | ᠦᠨᠡᠯᠡᠯᠳᠡ᠂ ᠤᠰᠦᠨ ᠤ ᠡᠬᠢ ᠪᠠᠶᠠᠯᠢᠭ ᠤᠨ ᠨᠤᠳᠠᠯᠠᠯᠳᠠ ᠵᠡᠷᠭᠡ ᠠᠵᠢᠯ ᠢ ᠲᠠᠷᠤᠶᠢᠬᠠᠨ ᠪᠡᠶᠡᠯᠡᠭᠦᠯᠦᠨ᠎ᠡ᠃ ᠠᠵᠤ | ᠦᠢᠯᠡᠳᠪᠤᠷᠢ ᠶᠢᠨ ᠲᠤᠭᠤᠷᠢᠭ ᠲᠤ ᠰᠠᠭᠤᠷᠢᠰᠢᠭᠰᠠᠨ ᠠᠵᠤ ᠠᠬᠤᠶᠢᠯᠡᠯ ᠳᠤ ᠦᠢᠯᠡᠴᠢᠯᠡᠵᠦ ᠲᠡᠮᠵᠢᠬᠦ ᠬᠦᠴᠦᠨ ᠢᠶᠠᠨ | ᠲᠠᠰᠤᠷᠠᠯᠳᠠ ᠦᠭᠡᠢ ᠨᠡᠮᠡᠭᠳᠡᠭᠦᠯᠦᠨ᠂ ᠡᠷᠬᠢᠯᠳᠡ ᠶᠢᠨ ᠲᠤᠬᠢᠷᠠᠭᠤᠯᠭ᠎ᠠ ᠶᠢ ᠴᠢᠩᠭᠠᠯᠠᠵᠦ᠂ ᠬᠡᠪᠴᠢᠶᠡᠵᠢᠯ ᠳᠤ | ᠲᠡᠪᠰᠢᠵᠦ ᠲᠤᠭ᠎ᠠ ᠪᠦᠷᠢᠳᠬᠡᠯ ᠳᠤ ᠤᠷᠤᠬᠤ〔 22 〕 ᠶᠢ ᠠᠬᠢᠭᠤᠯᠵᠦ᠂ ᠶᠢᠨ ᠹᠸᠡᠭ ᠰᠢᠨᠵᠢᠯᠡᠭᠡ ᠮᠡᠷᠭᠡᠵᠢᠯ᠂ | ᠬᠤᠨᠭ᠌ ᠶᠧ ᠨᠤᠤᠰᠦᠨ ᠨᠡᠭᠡᠮᠡᠯ᠂ ᠬᠠᠢ ᠮᠸᠡᠭ ᠪᠡᠯ ᠴᠢᠯᠠᠭᠤ᠂ ᠨᠦᠸᠧ ᠶᠢᠨ ᠨᠡᠭᠦᠷᠡᠰᠦᠳᠦ᠋ᠷᠦᠭᠴᠢᠳᠦ ᠮᠠᠲ᠋ᠧᠷᠢᠶᠠᠯ | ᠵᠡᠷᠭᠡ ᠠᠵᠤ ᠠᠬᠤᠶᠢᠯᠡᠯ ᠢ ᠪᠤᠶᠢᠵᠢᠭᠤᠯᠵᠦ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ | ᠠᠬᠤᠶᠢᠯᠡᠯ ᠳᠤ ᠤᠷᠤᠭᠤᠯᠤᠨ᠎ᠠ᠃ ᠠᠵᠤ ᠦᠢᠯᠡᠳᠪᠤᠷᠢ ᠶᠢᠨ ᠲᠤᠭᠤᠷᠢᠭ ᠤᠨ ᠤᠯᠡᠨ ᠨᠡᠶᠢᠳᠡ ᠶᠢᠨ ᠢᠵᠢ | ᠪᠦᠷᠢᠳᠦᠭᠰᠡᠨ ᠲᠤᠨᠤᠭ ᠲᠦᠭᠦᠭᠡᠷᠦᠮᠵᠢ ᠶᠢᠨ ᠪᠠᠶᠢᠭᠤᠯᠤᠯᠳᠠ ᠶᠢ ᠲᠦᠷᠭᠡᠳᠭᠡᠵᠦ᠂ 110 ᠺᠢᠯᠤᠸᠤᠯᠲ ᠤᠨ ᠬᠤᠤᠰ | ᠪᠤᠴᠠᠯᠳᠠ ᠶᠢᠨ ᠱᠤᠭᠤᠮ ᠤᠨ ᠴᠠᠬᠢᠯᠭᠠᠨ ᠬᠦᠷᠭᠡᠬᠦ ᠪᠠᠶᠢᠭᠤᠯᠤᠯᠳᠠ ᠶᠢ ᠭᠤᠤᠯᠳᠠᠯᠭ᠎ᠠ ᠲᠠᠢ ᠪᠡᠶᠡᠯᠡᠭᠦᠯᠵᠦ᠂ ᠠᠵᠤ | ᠦᠢᠯᠡᠳᠪᠤᠷᠢ ᠶᠢᠨ ᠲᠤᠭᠤᠷᠢᠭ ᠤᠨ 220 ᠺᠢᠯᠤᠸᠤᠯᠲ ᠤᠨ ᠴᠡᠬᠢᠯᠭᠠᠨ ᠬᠦᠷᠭᠡᠬᠦ ᠬᠦᠴᠤᠳᠡᠯ ᠦᠭᠡᠷᠡᠴᠢᠯᠡᠬᠦ | ᠦᠷᠳᠡᠭᠡᠨ ᠤ ᠡᠮᠤᠨ᠎ᠡ ᠬᠤᠭᠤᠴᠠᠭᠠᠨ ᠤ ᠠᠵᠢᠯ ᠢ ᠡᠬᠢᠯᠡᠭᠦᠯᠦᠨ᠂ ᠶᠡᠷᠤᠩᠬᠡᠢ ᠦᠢᠯᠡᠳᠭᠡᠭᠦᠨ ᠤ ᠦᠷᠳᠡᠭ ᠨᠢ | ᠵᠠᠭᠤᠨ ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠬᠦ ᠰᠢᠨ᠎ᠡ ᠮᠠᠲ᠋ᠧᠷᠢᠶᠠᠯ ᠤᠨ ᠠᠵᠣ ᠦᠢᠯᠡᠰ ᠤᠨ | ᠲᠤᠭᠤᠷᠢᠭ ᠢ ᠬᠦᠴᠦᠯᠡᠨ ᠪᠠᠶᠢᠭᠤᠯᠤᠨ᠎ᠠ᠃ | ᠤᠳᠦ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠰ ᠲᠡᠪᠰᠢᠬᠦᠯᠬᠦ ᠶᠢ ᠠᠬᠢᠭᠤᠯᠤᠨ᠎ᠠ᠃ ᠵᠤᠭᠠᠴᠠᠯ ᠤᠨ ᠦᠢᠯᠡᠰ | ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠪᠦᠬᠦ ᠤᠷᠤᠨ ᠭᠡᠪᠴᠢᠶᠡᠨ ᠤ ᠵᠤᠭᠠᠴᠡᠯ ᠤᠨ | ᠦᠢᠯᠡᠰ ᠢ ᠬᠦᠭᠵᠢᠭᠦᠯᠬᠦ ᠲᠤᠭᠤᠷᠢᠨ ᠳᠤ᠂ ︽ᠲᠦᠷᠪᠡᠨ ᠤᠯᠡᠷᠢᠯ ᠤᠨ ᠲᠠᠯ᠎ᠠ ᠨᠤᠳᠤᠭ᠂ ᠴᠠᠬᠠᠷ ᠨᠤᠳᠤᠭ︾ | ᠵᠤᠭᠠᠴᠠᠯ ᠤᠨ ᠨᠠᠷ᠎ᠡ ᠲᠡᠮᠳᠡᠭ ᠢ ᠦᠷᠭᠦᠯᠵᠢᠯᠡᠨ ᠡᠭᠦᠳᠴᠦ᠂ ᠪᠦᠬᠦ ᠠᠶᠢᠮᠠᠭ ᠤᠨ ᠵᠤᠭᠠᠴᠠᠯ ᠤᠨ ᠭᠤᠤᠯᠳᠠᠯᠭ᠎ᠠ ᠲᠠᠢ | ᠲᠦᠷᠦᠯ ᠵᠦᠢᠯ ᠪᠤᠯᠦᠨ ᠵᠢᠱᠢᠶ᠎ᠡ ᠦᠵᠡᠭᠦᠯᠬᠦ ᠲᠤᠭᠤᠷᠢᠭ ᠤᠨ ᠪᠠᠶᠢᠭᠤᠯᠤᠯᠳᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠡᠨ ᠤᠷᠤᠯᠴᠠᠵᠦ᠂ ᠡᠷᠬᠢᠨ ᠲᠤᠭᠤᠷᠢᠨ ᠤ ᠤᠷᠤᠨ ᠬᠡᠪᠴᠢᠶᠡᠨ ᠤ ᠵᠤᠭᠠᠴᠠᠯ ᠤᠨ ᠡᠬᠢ ᠪᠠᠶᠠᠯᠢᠭ ᠲᠠᠢ | ᠨᠢᠬᠡᠳᠦᠨ ᠲᠡᠰ ᠲᠡᠪᠰᠢᠬᠦ ᠶᠢ ᠴᠢᠩᠭᠠᠳᠬᠠᠵᠦ᠂ ︽ᠤᠳᠦᠨ ᠤᠷᠤᠨ ᠤ ᠰᠤᠶᠤᠯ︾᠂ ︽ᠨᠤᠭᠤ ᠭᠠᠵᠠᠷ ᠤᠨ | ᠴᠡᠴᠡᠷᠯᠢᠭ︾᠂ ︽ᠡᠯᠡᠰᠤᠷᠭᠡᠭ ᠤᠷᠦᠨ ᠢᠶᠠᠷ ᠭᠡᠭᠡᠷᠯᠡᠨ ᠠᠶᠠᠯᠠᠬᠤ︾ ᠲᠡᠭᠡᠷ᠎ᠡ ᠶᠡᠭᠡᠭᠡᠨ ᠬᠦᠴᠦ ᠤᠷᠤᠭᠤᠯᠵᠦ᠂ | ᠵᠤᠭᠠᠴᠡᠯ ᠤᠨ ᠰᠤᠳᠦᠨ ᠵᠡᠮ ᠱᠤᠭᠤᠮ ᠪᠤᠯᠦᠨ ᠰᠤᠳᠦᠨ ᠲᠦᠷᠦᠯ ᠵᠦᠢᠯ ᠢ ᠪᠠᠳᠤᠳᠬᠠᠨ ᠰᠢᠯᠢᠳᠡᠭᠵᠢᠬᠦᠯᠵᠦ᠂ | ᠮᠠᠯᠴᠢᠨ ᠠᠶᠢᠯ᠂ ᠲᠠᠷᠢᠶᠠᠴᠢᠨ ᠠᠶᠢᠯ ᠤᠨ ᠪᠠᠶᠠᠰᠦᠯ᠂ ᠠᠷᠠᠳ ᠤᠨ ᠵᠡᠩ ᠠᠷᠠᠨᠰᠢᠨ ᠤ ᠵᠤᠭᠠᠴᠠᠯ ᠪᠤᠯᠦᠨ ᠭᠡᠷ ᠪᠦᠯᠢ | ᠶᠢᠨ ᠵᠤᠴᠢᠳ ᠤᠨ ᠪᠠᠭᠤᠳᠠᠯ ᠵᠡᠷᠭᠡ ᠵᠤᠭᠠᠴᠠᠯ ᠤᠨ ᠦᠢᠯᠡᠰ ᠢ ᠵᠡᠷᠭᠡᠪᠡᠷ ᠲᠡᠮᠵᠢᠨ ᠬᠦᠭᠵᠢᠭᠦᠯᠦᠨ᠎ᠡ᠃ ᠵᠤᠭᠠᠴᠠᠯ ᠤᠨ | ᠤᠷᠤᠨ ᠤ ᠨᠡᠶᠢᠳᠡ ᠶᠢᠨ ᠵᠤᠷᠯᠤᠩ ᠵᠡᠷᠭᠡ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ | ᠪᠦᠷᠢᠨᠰᠢᠭᠦᠯᠦᠨ᠎ᠡ᠃ ᠵᠠᠩ ᠦᠢᠯᠡ ᠶᠢᠨ ᠰᠤᠶᠤᠯ ᠤᠨ ᠵᠠᠬ᠎ᠠ ᠲᠡᠯᠬᠡᠬᠦᠷᠵᠢᠬᠦ ᠶᠢ ᠠᠬᠢᠭᠤᠯᠵᠦ᠂ ᠤᠨᠴᠠᠯᠢᠭᠳᠦ ᠰᠤᠶᠤᠯ | ᠵᠤᠭᠠᠴᠡᠯ ᠤᠨ ᠭᠤᠤᠯ ᠰᠡᠳᠤᠪᠳᠦ ᠠᠵᠢᠯᠯᠠᠭ᠎ᠠ ᠶᠢ ᠦᠷᠨᠢᠭᠦᠯᠦᠨ᠎ᠡ᠃ ᠵᠤᠭᠠᠴᠠᠯ ᠤᠨ ᠨᠡᠷ᠎ᠡ ᠲᠡᠮᠳᠡᠭ ᠤᠨ ᠲᠠᠨᠢᠯᠳᠠ | ᠶᠢ ᠴᠢᠩᠭᠠᠳᠬᠠᠵᠦ᠂ ᠵᠤᠭᠠᠴᠠᠯ ᠤᠨ ᠤᠬᠠᠭᠤᠯᠭ᠎ᠠ ᠶᠢ ᠡᠷᠴᠢᠮᠳᠡᠢ ᠬᠢᠵᠦ᠂ ᠵᠤᠭᠠᠴᠠᠯ ᠤᠨ ᠨᠡᠷ᠎ᠡ ᠲᠡᠮᠳᠡᠭ ᠢ | ᠠᠯᠳᠠᠷᠰᠢᠭᠤᠯᠦᠨᠡ᠃ ᠡᠯᠧᠺᠲᠷᠤᠨ ᠬᠤᠳᠠᠯᠳᠤᠭᠠᠨ ᠤ ᠠᠵᠦ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠤᠨ᠎ᠠ | ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠤᠷᠦᠨ ᠳᠤ ᠤᠷᠤᠭᠤᠯᠬᠤ ᠶᠡᠷᠤᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠡᠨ ᠤ ᠲᠦᠷᠦᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠢᠩᠭᠠᠳᠦ ᠬᠦᠮᠦᠷᠬᠡᠯᠡᠵᠦ | ᠬᠦᠯᠳᠡᠬᠡᠬᠦ ᠭᠡᠯᠬᠢᠶᠡᠨ ᠤ ᠪᠤᠳᠡᠰ ᠤᠨ ᠬᠦᠢᠯᠭᠡᠭᠡᠨ ᠤ ᠲᠦᠪ ᠤᠨ ᠪᠠᠶᠢᠭᠤᠯᠤᠯᠳᠠ ᠶᠢ ᠪᠡᠶᠡᠯᠡᠬᠦᠯᠵᠦ᠂ ᠡᠯᠧᠺᠲᠷᠤᠨ | ᠬᠤᠳᠠᠯᠳᠤᠭᠠᠨ ᠤ ᠶᠠᠪᠤᠳᠡᠯ ᠤᠨ ᠤᠯᠡᠨ ᠨᠡᠶᠢᠳᠡ ᠶᠢᠨ ᠦᠢᠯᠡᠴᠢᠯᠡᠭᠡᠨ ᠤ ᠲᠦᠪ ᠪᠠ ᠦᠨᠳᠦᠰᠦᠨ ᠱᠠᠳᠦᠨ ᠤ 40 | ᠦᠢᠯᠡᠴᠢᠯᠡᠭᠡᠨ ᠤ ᠦᠷᠳᠡᠭᠡ ᠴᠢᠭ᠋ ᠤᠨ ᠪᠠᠶᠢᠭᠤᠯᠤᠯᠳᠠ ᠶᠢᠨ ᠲᠦᠷᠦᠯ ᠵᠦᠢᠯ ᠢ ᠪᠠᠷᠢᠯᠭ᠎ᠠ ᠲᠠᠭᠤᠰᠬᠠᠨ ᠠᠰᠢᠭᠯᠠᠯᠳᠠ | ᠳᠤ ᠤᠷᠤᠭᠤᠯᠬᠤ ᠶᠢ ᠪᠠᠳᠤᠯᠡᠨ᠎ᠡ᠃ ᠰᠢᠤᠳᠡᠨ ᠤ ᠡᠬᠢ ᠪᠠᠶᠠᠯᠢᠭ ᠢ ᠠᠰᠢᠭᠯᠠᠵᠦ ᠪᠤᠳᠡᠰ ᠤᠨ ᠬᠦᠢᠯᠭᠡᠭᠡᠨ ᠤ | ᠲᠤᠬᠢᠷᠠᠭᠤᠯᠦᠨ ᠬᠦᠷᠭᠡᠬᠦ ᠦᠢᠯᠡᠴᠢᠯᠡᠭᠡ ᠶᠢ ᠦᠷᠭᠦᠯᠵᠢᠯᠡᠨ ᠪᠦᠷᠢᠨᠰᠢᠭᠦᠯᠵᠦ᠂ ᠬᠤᠰᠢᠭᠤ ᠭᠡᠪᠴᠢᠶᠡᠨ ᠤ ᠮᠠᠯ | ᠲᠠᠷᠢᠶᠠᠯᠡᠩ ᠤᠨ ᠪᠦᠳᠦᠭᠡᠭᠳᠡᠭᠦᠨ ᠤ ᠰᠢᠯᠢᠳᠡᠭ ᠨᠡᠷ᠎ᠡ ᠲᠡᠮᠳᠡᠭ ᠢ ᠬᠦᠴᠦᠯᠡᠨ ᠪᠦᠢᠵᠢᠭᠤᠯᠦᠨᠡ᠃ ᠮᠠᠯᠵᠢᠬᠤ | ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠲᠡᠭᠡᠷ᠎ᠡ ᠵᠢᠵᠢᠭᠯᠡᠨ | ᠪᠤᠷᠤᠯᠠᠭᠤᠯᠬᠤ ᠬᠡᠮᠵᠢᠶ᠎ᠡ ᠶᠢ ᠠᠳᠠᠯᠢ ᠬᠤᠭᠤᠴᠠᠭᠠᠨ ᠠᠴᠠ 20% ᠠᠴᠠ ᠲᠡᠭᠡᠭᠰᠢ ᠨᠡᠮᠡᠭᠳᠡᠭᠦᠯᠵᠦ᠂ ᠰᠤᠮᠤ | ᠪᠠᠯᠭᠠᠰᠦᠨ ᠤ ᠲᠡᠰ ᠤᠨ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ ᠴᠢᠭ᠋ ᠤᠨ ᠪᠦᠷᠭᠦᠴᠨ ᠶᠢ | 100 % ᠳᠤ ᠬᠦᠷᠭᠡᠵᠦ᠂ 78 ᠭᠠᠴᠠᠭ᠎ᠠ ᠲᠤᠰᠬᠤᠨ ︵ᠮᠠᠯᠵᠢᠯ ᠤᠨ ᠲᠠᠯᠠᠪᠠᠢ︶ ᠤ ᠡᠯᠧᠺᠲᠷᠤᠨ ᠬᠤᠳᠠᠯᠳᠤᠭᠠᠨ | ᠤ ᠦᠢᠯᠡᠴᠢᠯᠡᠭᠡᠨ ᠤ ᠪᠦᠷᠭᠦᠴᠨ ᠶᠢ 50% ᠠᠴᠠ ᠲᠡᠭᠡᠭᠰᠢ ᠳᠤ ᠬᠦᠷᠭᠡᠨ᠎ᠡ᠃ ᠤᠯᠠᠮᠵᠢᠯᠡᠯᠳᠦ ᠦᠢᠯᠡᠴᠢᠯᠡᠭᠡᠨ ᠤ | ᠦᠢᠯᠡᠰ ᠤᠨ ᠭᠡᠪᠴᠢᠶ᠎ᠡ ᠶᠢ ᠦᠷᠭᠡᠳᠭᠡᠨ ᠴᠢᠨᠠᠷ ᠢ ᠲᠡᠭᠡᠭᠰᠢᠯᠡᠭᠦᠯᠭᠦ ᠶᠢ ᠲᠦᠷᠭᠡᠳᠭᠡᠨ᠎ᠡ᠃ ᠬᠤᠳᠠ ᠪᠠᠯᠭᠠᠰᠦᠨ ᠤ | ᠬᠤᠳᠠᠯᠳᠤᠭᠠᠨ ᠤ ᠶᠡᠷᠤᠩᠬᠡᠶᠢᠯᠡᠭᠰᠡᠨ ᠴᠤᠭᠴᠨ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ ᠡᠾᠦ᠋ᠢ ᠮᠢᠨ | ᠶᠤᠸᠠᠨ ᠢᠳᠡᠭᠡᠨ ᠤ ᠠᠵᠤ ᠦᠢᠯᠡᠰ ᠤᠨ ᠲᠤᠭᠤᠷᠢᠭ ᠤᠨ ᠲᠦᠷᠦᠯ ᠵᠦᠢᠯ ᠢ ᠡᠬᠢᠯᠡᠭᠦᠯᠦᠨ᠎ᠡ᠃ ᠦᠢᠯᠡᠳᠪᠤᠷᠢ | ᠬᠤᠳᠠᠯᠳᠤᠭᠠᠨ ᠤ ᠪᠠᠩᠬᠢ ᠶᠢᠨ ᠮᠠᠨ ᠤ ᠬᠤᠰᠢᠭᠤᠨ ᠳᠠᠬᠢ ᠰᠠᠯᠪᠤᠷᠢ ᠪᠠᠶᠢᠭᠤᠯᠤᠮᠵᠢ ᠶᠢᠨ ᠪᠠᠶᠢᠭᠤᠯᠤᠯᠳᠠ ᠶᠢ | ᠠᠬᠢᠭᠤᠯᠤᠨ᠎ᠠ᠃ ᠮᠠᠰᠢᠨ ᠲᠡᠷᠭᠡ ᠰᠢᠯᠭᠠᠨ ᠪᠠᠶᠢᠴᠠᠭᠠᠬᠤ ᠲᠦᠪ ᠤᠨ ᠲᠦᠷᠦᠯ ᠵᠦᠢᠯ ᠤᠨ ᠠᠵᠢᠯ ᠢ ᠡᠬᠢᠯᠡᠭᠦᠯᠬᠦ ᠪᠠᠷ | ᠴᠢᠷᠮᠠᠶᠢᠨ᠎ᠡ᠃ ᠰᠤᠷᠠᠭ ᠵᠠᠩᠬᠢ ᠶᠢᠨ ᠵᠠᠭᠤᠴᠢ᠂ ᠢᠳᠡᠭᠡᠨ ᠤᠮᠳᠠᠭᠠᠨ ᠬᠤᠨᠤᠭ ᠪᠠᠭᠤᠳᠡᠯ᠂ ᠰᠤᠶᠤᠯ ᠤᠨ ᠡᠬᠦᠳᠦᠨ | ᠪᠦᠳᠦᠬᠡᠯᠭᠡ ᠵᠡᠷᠭᠡ ᠦᠢᠯᠡᠴᠢᠯᠡᠭᠡᠨ ᠤ ᠦᠢᠯᠡᠰ ᠢ ᠡᠷᠡᠭᠦᠯ ᠢᠶᠠᠷ ᠬᠦᠭᠵᠢᠭᠦᠯᠬᠦ ᠶᠢ ᠵᠡᠷᠭᠡᠪᠡᠷ ᠠᠬᠢᠭᠤᠯᠵᠦ᠂ ᠤᠯᠡᠨ | ᠨᠡᠶᠢᠳᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠲᠡᠷᠭᠡ ᠵᠡᠷᠭᠡ ᠠᠵᠢᠯ ᠲᠦᠷᠦᠯ ᠢ ᠤᠯᠡᠮ ᠲᠦᠷᠢᠮᠵᠢᠭᠦᠯᠵᠦ᠂ | ᠤᠯᠡᠨ ᠲᠦᠮᠡᠨ ᠤ ᠠᠮᠢᠳᠦᠷᠡᠯ ᠳᠤ ᠲᠦᠭᠦᠮ ᠦᠵᠡᠭᠦᠯᠵᠦ᠂ ᠬᠡᠷᠡᠭᠯᠡᠭᠡᠨ ᠤ ᠵᠠᠬ᠎ᠠ ᠲᠡᠯᠭᠡᠭᠦᠷ ᠢ ᠬᠦᠭᠵᠢᠶᠠᠨ ᠲᠠᠢ | ᠪᠤᠯᠭᠠᠨ᠎ᠡ᠃ ᠪᠡᠭᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠶᠠᠳᠠᠭᠤ ᠶᠢ ᠲᠡᠳᠭᠦᠬᠦ ᠲᠤᠬᠢᠶᠠᠯ ᠢ ᠠᠳᠬᠤᠵᠦ | ᠂ ᠰᠢᠯᠢᠳᠡᠭ ᠮᠠᠯ ᠲᠠᠷᠢᠶᠡᠯᠡᠩ ᠤᠨ ᠪᠦᠳᠦᠭᠡᠭᠳᠡᠭᠦᠨ ᠢ ᠪᠡᠭᠡᠵᠢᠩ ᠢᠶᠠᠷ ᠭᠤᠤᠯᠳᠠᠭᠰᠠᠨ ᠲᠡᠭᠡᠳᠦ ᠲᠡᠰ ᠤᠨ ᠵᠠᠬ᠎ᠠ | ᠲᠡᠯᠭᠡᠭᠦᠷ ᠲᠤ ᠤᠷᠤᠭᠤᠯᠦᠨ ᠪᠤᠷᠤᠯᠠᠭᠤᠯᠬᠤ ᠬᠡᠮᠵᠢᠶ᠎ᠡ ᠶᠢ ᠤᠯᠡᠮ ᠦᠷᠭᠡᠳᠭᠡᠨ᠂ ᠭᠡᠷᠡᠭᠯᠡᠭᠡ ᠪᠠᠷ ᠶᠠᠳᠠᠭᠤ ᠶᠢ | ᠲᠡᠳᠬᠦᠬᠦ ᠶᠢ ᠠᠬᠢᠭᠤᠯᠦᠨ᠎ᠡ᠃ ᠤᠯᠤᠰ ᠠᠴᠠ ᠭᠠᠳᠠᠭᠰᠢ ᠴᠢᠯᠦᠭᠡᠳᠡᠢ ᠬᠦᠭᠵᠢᠭᠦᠯᠬᠦ ᠲᠤᠬᠢᠶᠠᠯ ᠢ ᠡᠵᠡᠮᠰᠢᠵᠦ᠂ ᠰᠢᠨ | ᠺᠠᠢ ᠮᠢᠬᠠᠨ ᠤ ᠦᠢᠯᠡᠰ᠂ ᠯᠢ ᠽᠧ ᠲᠠᠷᠢᠶᠠᠯᠡᠩ ᠤᠨ ᠮᠠᠰᠢᠨ᠂ ᠨᠦᠸᠧ ᠶᠢᠨ ᠨᠡᠭᠦᠷᠡᠰᠦᠳᠦ᠋ᠷᠦᠭᠴᠢᠳᠦ ᠮᠠᠲ᠋ᠧᠷᠢᠶᠠᠯ | ᠵᠡᠷᠭᠡ ᠠᠵᠤ ᠠᠬᠤᠶᠢᠯᠡᠯ ᠤᠨ ᠤᠯᠤᠰ ᠤᠨ ᠭᠠᠳᠠᠨ᠎ᠠ ᠵᠠᠬ᠎ᠠ ᠲᠡᠯᠭᠡᠭᠦᠷ ᠨᠡᠭᠡᠭᠡᠬᠦ ᠶᠢ ᠵᠤᠷᠢᠭᠵᠢᠭᠤᠯᠦᠨ᠂ ᠭᠠᠳᠠᠭᠠᠳᠦ | ᠳᠤ ᠭᠠᠷᠭᠠᠬᠤ ᠠᠷᠠᠯᠵᠢᠶᠠᠨ ᠤ ᠰᠢᠪᠳᠤᠯᠤᠯᠳᠠ ᠶᠢ ᠪᠡᠶᠡᠯᠡᠬᠦᠯᠦᠨ᠎ᠡ᠃ | ︵ᠲᠦᠷᠪᠡ︶ ᠬᠤᠳᠡ ᠬᠦᠳᠡᠭᠡ ᠶᠢ ᠨᠢᠭᠡ ᠴᠤᠭᠵᠢᠭᠤᠯᠬᠤ ᠠᠬᠢᠴᠨ ᠶᠢ ᠲᠦᠷᠭᠡᠳᠭᠡᠨ᠂ ᠰᠠᠭᠤᠷᠢᠰᠢᠨ ᠠᠵᠦ | ᠲᠦᠷᠦᠬᠦ ᠳᠤ ᠲᠤᠬᠢᠷᠡᠮᠵᠢᠳᠡᠢ ᠰᠢᠨ᠎ᠡ ᠤᠷᠴᠢᠨ ᠢ ᠪᠠᠶᠢᠭᠤᠯᠦᠨ᠎ᠡ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠭᠵᠢᠯᠳᠡ ᠶᠢ ᠠᠬᠢᠭᠤᠯᠦᠨ᠎ᠡ᠃ ᠮᠠᠯᠵᠢᠬᠤ ᠲᠠᠷᠢᠶᠠᠯᠠᠬᠤ | ᠤᠷᠤᠨ ᠤ ᠰᠠᠭᠤᠷᠢᠰᠢᠨ ᠠᠮᠢᠳᠦᠷᠠᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠪᠠᠳᠤᠳᠬᠠᠬᠤ ᠠᠵᠢᠯᠯᠠᠭ᠎ᠠ ᠶᠢ | ᠰᠡᠶᠢᠳᠦᠷ ᠦᠷᠨᠢᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠲᠦᠯᠦᠪᠵᠢᠭᠦᠯᠭᠡ ᠵᠤᠬᠢᠶᠠᠬᠤ ᠠᠵᠢᠯ ᠢ | ᠡᠬᠢᠯᠡᠬᠦᠯᠵᠦ᠂ ᠭᠠᠴᠠᠭ᠎ᠠ ᠲᠤᠰᠬᠤᠨ ᠤ ︽ᠭᠤᠷᠪᠠ ᠶᠢ ᠴᠡᠪᠡᠷᠯᠡᠵᠦ ᠨᠢᠭᠡ ᠶᠢ ᠦᠭᠡᠷᠡᠴᠢᠯᠡᠬᠦ︾ 〔 23 | 〕ᠠᠬᠢᠴᠨ ᠶᠢ ᠲᠦᠷᠭᠡᠳᠬᠡᠵᠦ᠂ ᠭᠠᠴᠠᠭ᠎ᠠ ᠲᠤᠰᠬᠤᠨ ᠤ ᠨᠡᠶᠢᠳᠡ ᠶᠢᠨ ᠵᠤᠷᠯᠦᠩ ᠪᠠ ᠭᠡᠷ ᠤᠨ ᠵᠤᠷᠯᠦᠩ᠂ ᠬᠤᠭ | ᠨᠤᠪᠰᠢ ᠪᠤᠯᠠᠬᠤ ᠭᠠᠵᠡᠷ᠂ ᠬᠤᠭ ᠨᠤᠪᠰᠢ ᠵᠦᠭᠡᠭᠡᠪᠦᠷᠢᠯᠡᠬᠦ ᠦᠷᠳᠡᠭᠡ᠂ ᠪᠤᠬᠢᠷᠳᠦᠯ ᠤᠰᠦ ᠰᠶᠢᠳᠪᠤᠷᠢᠯᠡᠬᠦ ᠦᠷᠳᠡᠭᠡ | ᠵᠡᠷᠬᠡ ᠲᠦᠬᠦᠬᠡᠷᠦᠮᠵᠢ ᠶᠢ ᠪᠦᠷᠢᠨᠰᠢᠬᠦᠯᠵᠦ᠂ ᠭᠠᠴᠠᠭ᠎ᠠ ᠲᠤᠰᠬᠤᠨ ᠤ ᠬᠤᠳᠠ ᠲᠤᠭᠤᠶᠢᠯᠡᠩ ᠢ ᠨᠤᠭᠤᠭᠠᠷᠠᠭᠤᠯᠬᠤ | ᠵᠢᠱᠢᠶ᠎ᠡ ᠦᠵᠡᠭᠦᠯᠬᠦ ᠲᠦᠷᠦᠯ ᠵᠦᠢᠯ ᠪᠠ ᠤᠯᠡᠨ ᠨᠡᠶᠢᠳᠡ ᠶᠢᠨ ᠭᠡᠷᠡᠯᠳᠦᠭᠦᠯᠭᠡ ᠶᠢᠨ ᠢᠨᠵᠧᠨᠧᠷᠢᠩ ᠢ ᠭᠡᠷᠡᠭᠵᠢᠬᠦᠯᠵᠦ | ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠭᠦᠭᠡᠷᠦᠮᠵᠢ ᠬᠢᠭᠡᠳ ᠤᠯᠡᠨ ᠨᠡᠶᠢᠳᠡ ᠶᠢᠨ ᠦᠢᠯᠡᠴᠢᠯᠡᠭᠡᠨ ᠤ | ᠲᠦᠭᠦᠭᠡᠷᠦᠮᠵᠢ ᠶᠢᠨ ᠤᠷᠳᠦ ᠬᠤᠭᠤᠴᠠᠭᠠᠨ ᠤ ᠪᠦᠳᠦᠮᠵᠢᠳᠦ ᠬᠠᠮᠢᠶᠠᠷᠴᠦ ᠬᠠᠮᠠᠭᠠᠯᠠᠬᠤ ᠲᠤᠭᠳᠠᠴᠠ ᠶᠢ ᠵᠡᠷᠭᠡᠪᠡᠷ | ᠪᠠᠶᠢᠭᠤᠯᠵᠦ ᠲᠡᠭᠦᠯᠳᠡᠷᠵᠢᠭᠦᠯᠦᠨ᠎ᠡ᠃ ︽ᠲᠠᠷᠢᠶᠠᠨ ᠭᠠᠵᠠᠷ ᠢ ᠬᠠᠤᠯᠢ ᠪᠤᠰᠦ ᠪᠠᠷ ᠡᠵᠡᠯᠡᠭᠰᠡᠨ ᠪᠠᠷᠢᠯᠭ᠎ᠠ︾ 〔 24 | 〕 ᠶᠢ ᠴᠡᠪᠡᠷᠯᠡᠨ ᠵᠠᠰᠠᠬᠤ ᠠᠵᠢᠯ ᠢ ᠬᠦᠨᠵᠡᠭᠡᠢ ᠦᠷᠨᠢᠭᠦᠯᠵᠦ᠂ ᠴᠡᠪᠡᠷᠯᠠᠨ ᠵᠠᠰᠠᠬᠤ ᠡᠭᠦᠷᠭᠡ ᠶᠢ ᠴᠠᠭ ᠲᠤᠨᠢ | ᠴᠢᠨᠠᠷᠯᠢᠭ ᠪᠡᠶᠡᠯᠡᠭᠦᠯᠬᠦ ᠶᠢ ᠪᠠᠳᠤᠯᠠᠨ᠎ᠡ᠃ ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ ᠶᠢ | ᠤᠶᠠᠯᠳᠤᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠠᠷᠠᠳᠴᠢᠯᠠᠯ ᠢᠶᠠᠷ ᠰᠤᠩᠭᠤᠬᠤ᠂ ᠵᠦᠪᠳᠡᠯᠴᠡᠬᠦ᠂ | ᠰᠶᠢᠳᠪᠦᠷᠢᠳᠦ ᠪᠤᠳᠤᠯᠭ᠎ᠠ ᠲᠤᠭᠳᠠᠭᠠᠬᠤ᠂ ᠬᠠᠮᠢᠶᠠᠷᠤᠯᠳᠠ ᠬᠢᠬᠦ᠂ ᠬᠢᠨᠠᠯᠳᠠ ᠲᠠᠯᠪᠢᠬᠤ ᠵᠡᠷᠭᠡ ᠲᠦᠷᠢᠮ ᠢ | ᠪᠠᠶᠢᠭᠤᠯᠦᠨ ᠲᠠᠭᠦᠯᠳᠡᠷᠵᠢᠭᠦᠯᠵᠦ᠂ ᠭᠠᠴᠠᠭ᠎ᠠ ᠲᠤᠰᠬᠤᠨ ᠤ ᠠᠯᠪᠠᠨ ᠶᠠᠪᠤᠳᠠᠯ ᠢ ᠢᠯᠨ ᠪᠤᠯᠭᠠᠬᠤ ᠶᠢ ᠠᠬᠢᠭᠤᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠤᠯᠡᠨ ᠨᠡᠶᠢᠳᠡ ᠶᠢᠨ ᠬᠠᠤᠯᠢ ᠴᠠᠭᠠᠵᠨ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ︽ᠬᠠᠤᠯᠢ ᠴᠠᠭᠠᠵᠨ ᠶᠢ ᠭᠠᠴᠠᠭ᠎ᠠ ᠲᠤᠰᠬᠤᠨ ᠳᠤ ᠬᠦᠷᠭᠡᠬᠦ︾ ᠵᠡᠷᠭᠡ ᠤᠬᠠᠭᠤᠯᠭ᠎ᠠ ᠬᠦᠮᠦᠵᠢᠯ | ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠤᠯᠡᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠢ ᠤᠯᠡᠮ | ᠲᠡᠭᠡᠭᠰᠢᠯᠡᠬᠦᠯᠵᠦ᠂ ︽ᠲᠤᠰᠬᠤᠨ ᠤ ᠯᠦᠢᠪᠠᠷᠴᠢᠨ︾ ︽ᠲᠤᠰᠬᠤᠨ ᠤ ᠡᠵᠡᠷᠭᠡᠭᠴᠢ︾ ᠵᠡᠷᠭᠡ ᠬᠠᠷᠬᠢᠰ ᠬᠦᠴᠦᠨ | ᠳᠤ ᠬᠦᠴᠦᠳᠡᠢ ᠴᠤᠬᠢᠯᠳᠡ ᠦᠭᠬᠦᠨ᠎ᠡ᠃ ᠨᠡᠶᠢᠭᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠶᠡᠭᠡᠪᠡᠷ | ᠰᠤᠷᠳᠡᠯᠴᠢᠯᠡᠨ᠂ ᠦᠷᠭᠡᠨ ᠤᠯᠡᠨ ᠮᠠᠯᠴᠢᠨ ᠲᠠᠷᠢᠶᠠᠴᠢᠳ ᠢ ᠲᠠᠭᠠᠭᠤᠯᠦᠨ ᠰᠢᠨᠵᠢᠯᠡᠬᠦ ᠤᠬᠠᠭᠠᠨᠴᠢ ᠦᠵᠡᠯᠳᠡ᠂ | ᠰᠡᠶᠢᠨ ᠰᠠᠶᠢᠬᠠᠨ ᠶᠤᠰᠦ ᠮᠤᠷᠠᠯ ᠤᠨ ᠵᠡᠩ ᠲᠠᠳᠬᠠᠯ ᠲᠠᠢ ᠪᠤᠯᠭᠠᠨ᠎ᠡ᠃ | ᠬᠤᠳᠡ ᠪᠠᠯᠭᠠᠰᠦ ᠶᠢ ᠨᠡᠭᠡᠭᠡᠨ ᠬᠦᠭᠵᠢᠬᠦᠯᠬᠦ ᠪᠠᠶᠢᠭᠤᠯᠤᠯᠳᠠ ᠶᠢ ᠲᠦᠷᠭᠡᠳᠭᠡᠨ᠎ᠡ᠃ ᠠᠮᠢ ᠠᠬᠤᠢ ᠰᠠᠶᠢᠨ᠂ | ᠰᠠᠭᠤᠷᠢᠰᠢᠬᠤ ᠳᠤ ᠲᠤᠬᠢᠷᠠᠮᠵᠢᠳᠡᠢ᠂ ᠤᠨᠴᠠᠯᠢᠭᠳᠦ ᠲᠠᠯ᠎ᠡ ᠨᠤᠳᠤᠭ ᠤᠨ ᠪᠠᠯᠭᠠᠰᠦ ᠶᠢ ᠪᠦᠳᠦᠭᠡᠨ ᠪᠠᠶᠢᠭᠤᠯᠬᠤ ᠪᠠᠷ | ᠬᠠᠷᠠᠯᠳᠠ ᠪᠤᠯᠭᠠᠵᠦ᠂ 1.8 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠵᠦ᠂ ᠬᠤᠳᠠ ᠪᠠᠯᠭᠠᠰᠦᠨ ᠤ ᠪᠦᠳᠦᠭᠡᠨ | ᠪᠠᠶᠢᠭᠤᠯᠤᠯᠳᠠ ᠶᠢᠨ ᠲᠡᠰ ᠲᠡᠪᠰᠢᠬᠦ ᠶᠢ ᠠᠬᠢᠭᠤᠯᠦᠨ᠎ᠡ᠃ ᠨᠢᠭᠡ ᠳᠤ᠂ ︽ᠬᠤᠳᠠ ᠪᠠᠯᠭᠠᠰᠦᠨ ᠤ ᠭᠤᠤᠯᠳᠠᠯᠭᠠᠳᠦ | ᠢᠨᠵᠧᠨᠧᠷᠢᠩ︾ ᠪᠠ ︽ᠭᠤᠤᠯ ᠰᠤᠪᠠᠭ ᠢ ᠦᠭᠡᠷᠡᠴᠢᠯᠡᠨ ᠪᠠᠶᠢᠭᠤᠯᠬᠤ ᠵᠢᠴᠢ ᠦᠵᠡᠮᠵᠢ ᠶᠢᠨ ᠤᠷᠤᠨ ᠢ | ᠪᠠᠶᠢᠭᠤᠯᠬᠤ ᠢᠨᠵᠧᠨᠧᠷᠢᠩ︾ ᠤᠨ PPP ᠲᠦᠷᠦᠯ ᠵᠦᠢᠯ ᠢ ᠦᠷᠭᠦᠯᠵᠢᠯᠡᠨ ᠠᠬᠢᠭᠤᠯᠵᠦ᠂ ᠵᠠᠮ ᠬᠦᠬᠦᠷᠭᠡ | ᠪᠠᠶᠢᠭᠤᠯᠬᠤ᠂ ᠬᠤᠭᠤᠯᠠᠢ ᠲᠤᠤᠷ ᠢ ᠦᠭᠡᠷᠡᠴᠢᠯᠡᠬᠦ ᠶᠢ ᠭᠡᠷᠡᠭᠵᠢᠬᠦᠯᠵᠦ᠂ ᠭᠡᠰᠡᠭ ᠶᠠᠪᠠᠭᠠᠨ ᠵᠠᠮ ᠢ ᠲᠡᠪᠢᠰᠬᠦ ᠪᠠ | ᠦᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠦᠨ᠎ᠡ︔ ᠬᠤᠶᠡᠷ ᠲᠤ᠂ ᠪᠤᠷᠤ ᠭᠡᠷ ᠢ ᠦᠭᠡᠷᠡᠴᠢᠯᠡᠨ ᠪᠠᠶᠢᠭᠤᠯᠬᠤ | ᠡᠭᠦᠷᠭᠡ ᠶᠢ ᠪᠡᠶᠡᠯᠡᠭᠦᠯᠵᠦ᠂ ᠪᠤᠷᠤ ᠭᠡᠷ ᠤᠨ ᠦᠭᠡᠷᠡᠴᠢᠯᠡᠯᠳᠡ ᠶᠢᠨ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ | ᠶᠢᠨ ᠪᠠᠶᠢᠭᠤᠯᠤᠯᠳᠠ ᠶᠢ ᠲᠤᠭᠳᠠᠭᠤᠨ ᠠᠬᠢᠭᠤᠯᠦᠨ᠎ᠡ︔ ᠭᠤᠷᠪᠠ ᠳᠤ᠂ ᠬᠤᠳᠠ ᠪᠠᠯᠭᠠᠰᠦᠨ ᠤ ᠲᠤᠯᠠᠭᠠᠯᠭ᠎ᠠ ᠶᠢ | ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ 2 ᠡᠷᠬᠢᠯᠳᠡᠳᠦ ᠬᠦᠸᠧᠯᠦ ᠤᠭᠰᠠᠷᠠᠨ᠂ ᠢᠯᠴᠢ | ᠰᠤᠯᠢᠬᠤ 4 ᠦᠷᠳᠡᠭᠡ ᠶᠢ ᠰᠢᠨ᠎ᠡ ᠪᠠᠷ ᠪᠠᠶᠢᠭᠤᠯᠵᠦ᠂ 4 ᠺᠢᠯᠤᠮᠧᠲᠷ ᠤᠨ ᠲᠤᠯᠠᠭᠠᠯᠭ᠎ᠠ ᠶᠢᠨ ᠬᠤᠭᠤᠯᠠᠢ ᠲᠤᠤᠷ ᠢ | ᠰᠢᠨ᠎ᠡ ᠪᠠᠷ ᠪᠠᠶᠢᠭᠤᠯᠬᠤ ᠪᠤᠶᠤ ᠵᠠᠰᠠᠨ ᠦᠭᠡᠷᠡᠴᠢᠯᠡᠨ᠎ᠡ︔ ᠲᠦᠷᠪᠡ ᠳᠤ᠂ ᠮᠠᠰᠢᠨ ᠲᠡᠷᠭᠡᠨ ᠤ ᠲᠤᠨᠤᠭ᠂ ᠪᠠᠷᠢᠯᠭ᠎ᠠ | ᠶᠢᠨ ᠮᠠᠲ᠋ᠧᠷᠢᠶᠠᠯ᠂ ᠨᠡᠭᠦᠷᠡᠰᠦ᠂ ᠬᠠᠶᠠᠭᠳᠠᠮᠠᠯ ᠪᠤᠳᠡᠰ ᠵᠡᠷᠭᠡ ᠶᠢᠨ ᠲᠤᠰᠬᠠᠢ ᠵᠠᠬ᠎ᠠ ᠲᠡᠯᠭᠡᠭᠦᠷ ᠤᠨ ᠪᠠᠶᠢᠭᠤᠯᠦᠯᠳᠠ ᠶᠢ | ᠠᠬᠢᠭᠤᠯᠵᠦ᠂ ᠵᠠᠬ᠎ᠠ ᠲᠡᠯᠭᠡᠭᠦᠷ ᠤᠨ ᠬᠦᠭᠵᠢᠯᠳᠡ ᠶᠢᠨ ᠴᠤᠭᠯᠠᠷᠠᠯ ᠤᠨ ᠦᠷ᠎ᠡ ᠠᠰᠢᠭ ᠢ ᠨᠡᠮᠡᠭᠳᠡᠭᠦᠯᠦᠨ᠎ᠡ᠃ ᠲᠠᠪᠤ | ᠳᠤ᠂ ᠰᠠᠭᠤᠭᠠᠯᠢ ᠲᠤᠭᠤᠷᠢᠭ ᠤᠨ ᠠᠳᠠᠯ ᠦᠢᠯᠡᠰ ᠤᠨ ᠬᠠᠮᠢᠶᠠᠷᠤᠯᠳᠠ ᠪᠠ ᠤᠷᠴᠢᠨ ᠲᠤᠭᠤᠷᠢᠨ ᠤ ᠠᠷᠢᠭᠤᠨ | ᠴᠡᠪᠡᠷ ᠢ ᠬᠠᠮᠠᠭᠠᠯᠠᠬᠤ ᠠᠵᠢᠯ ᠢ ᠤᠯᠡᠮ ᠲᠦᠷᠢᠮᠵᠢᠭᠦᠯᠵᠦ᠂ ᠬᠤᠳᠠ ᠶᠢᠨ ᠬᠠᠮᠢᠶᠠᠷᠤᠯᠳᠠ ᠶᠢᠨ ᠬᠠᠤᠯᠢ | ᠬᠡᠷᠡᠭᠵᠢᠭᠦᠯᠦᠯᠳᠡ ᠳᠤ ᠬᠢᠨᠠᠯᠳᠠ ᠲᠠᠯᠪᠢᠬᠤ ᠡᠷᠴᠢᠮ ᠢ ᠶᠡᠭᠡᠰᠭᠡᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠲᠤ | ᠲᠠᠭᠠᠭᠠᠴᠢᠯᠠᠯᠳᠠ ᠪᠤᠯᠵᠦᠨ ᠵᠠᠷᠯᠠᠬᠤ ᠠᠵᠢᠯ ᠢ ᠪᠡᠶᠡᠯᠡᠭᠦᠯᠦᠨ᠂ ᠬᠤᠳᠠ ᠪᠠᠯᠭᠠᠰᠦᠨ ᠤ ᠡᠷᠡᠬᠦᠯ ᠬᠠᠮᠠᠭᠠᠯᠠᠯ ᠢ | ᠦᠷᠭᠦᠯᠵᠢᠯᠡᠨ ᠬᠠᠯᠠᠨ ᠰᠠᠶᠢᠵᠢᠷᠠᠭᠤᠯᠦᠨᠡ᠃ ᠡᠬᠦᠨ ᠠᠴᠠ ᠭᠠᠳᠠᠨ᠎ᠠ᠂ ᠨᠡᠶᠢᠭᠡᠮ ᠤᠨ ᠬᠦᠷᠦᠩᠭᠡ ᠶᠢ ᠢᠳᠡᠪᠬᠢᠳᠡᠢ | ᠤᠷᠤᠭᠤᠯᠵᠦ᠂ ᠬᠤᠳᠠ ᠶᠢᠨ ᠢᠵᠢ ᠪᠦᠷᠢᠳᠦᠭᠰᠡᠨ ᠦᠢᠯᠡᠴᠢᠯᠡᠬᠦ ᠴᠢᠳᠠᠮᠵᠢ ᠶᠢ ᠲᠠᠰᠤᠷᠠᠯᠳᠡ ᠦᠭᠡᠢ ᠪᠦᠷᠢᠨᠰᠢᠭᠦᠯᠵᠦ | ᠂ ᠪᠠᠶᠢᠭᠠᠯᠢ ᠶᠢᠨ ᠰᠢᠳᠠᠮᠬᠠᠢ ᠬᠡᠢ ᠶᠢᠨ ᠬᠤᠭᠤᠯᠠᠢ ᠶᠢ ᠵᠠᠯᠭᠠᠵᠦ ᠤᠭᠰᠠᠷᠠᠬᠤ ᠲᠦᠷᠦᠯ ᠵᠦᠢᠯ ᠤᠨ ᠡᠮᠤᠨ᠎ᠡ | ᠬᠤᠭᠤᠴᠠᠭᠠᠨ ᠤ ᠠᠵᠢᠯ ᠢ ᠡᠬᠢᠯᠡᠬᠦᠯᠵᠦ᠂ ᠤᠷᠤᠨ ᠰᠠᠭᠤᠴᠨ ᠭᠠᠵᠠᠷ ᠬᠦᠷᠦᠩᠭᠡ ᠶᠢ ᠨᠡᠭᠡᠭᠡᠨ ᠬᠦᠭᠵᠢᠭᠦᠯᠬᠦ | ᠢᠨᠵᠧᠨᠧᠷᠢᠩ ᠢ ᠦᠷᠬᠦᠯᠵᠢᠯᠡᠨ ᠬᠡᠷᠡᠭᠵᠢᠭᠦᠯᠦᠨ᠎ᠡ᠃ | ᠬᠤᠳᠠ ᠬᠦᠳᠡᠭᠡ ᠶᠢᠨ ᠰᠠᠭᠤᠷᠢ ᠨᠦᠬᠦᠴᠡᠯ ᠢ ᠬᠠᠯᠠᠨ ᠰᠡᠶᠢᠵᠢᠷᠠᠭᠤᠯᠦᠨᠡ᠃ ᠦᠪᠡᠷᠳᠡᠭᠡᠨ ᠵᠠᠰᠠᠬᠤ ᠤᠷᠤᠨ ᠤ | ᠤᠰᠦ ᠲᠤᠳᠠᠭᠳᠠᠵᠦ ᠪᠠᠶᠢᠭ᠎ᠠ ᠭᠠᠵᠠᠷ ᠤᠷᠤᠨ ᠳᠤ ᠬᠠᠶᠢᠨ ᠰᠢᠨᠵᠢᠯᠡᠭᠡ ᠬᠢᠬᠦ ᠪᠠ ᠬᠦᠷᠦᠰᠦᠨ ᠲᠤᠤᠷᠠᠬᠢ ᠬᠠᠯᠠᠭᠤᠨ | ᠷᠠᠰᠢᠶᠠᠨ ᠤ ᠡᠬᠢ ᠪᠠᠶᠠᠯᠢᠭ ᠢ ᠬᠠᠶᠢᠨ ᠰᠢᠨᠵᠢᠬᠦ ᠵᠡᠷᠭᠡ ᠲᠦᠷᠦᠯ ᠵᠦᠢᠯ ᠢ ᠤᠯᠬᠤ ᠪᠠᠷ ᠢᠳᠡᠪᠬᠢᠳᠡᠢ ᠴᠢᠷᠮᠠᠶᠢᠨ᠎ᠡ᠃ | ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠦᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠬᠦ | ᠢᠨᠵᠧᠨᠧᠷᠢᠩ ᠢ ᠵᠤᠬᠢᠶᠠᠨ ᠪᠠᠶᠢᠭᠤᠯᠵᠦ ᠰᠡᠶᠢᠳᠦᠷ ᠬᠡᠷᠡᠭᠵᠢᠭᠦᠯᠦᠨ᠎ᠡ᠃ ᠮᠤᠵᠢ ᠶᠢᠨ ᠵᠠᠮ ᠤᠨ 313 ᠱᠤᠭᠤᠮ ᠤᠨ | ᠮᠢᠩᠭᠠᠳᠦ ᠠᠴᠠ ᠰᠢᠨᠡᠪᠤᠯᠠᠭ ᠬᠦᠷᠬᠦ ᠭᠡᠰᠡᠭ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠠᠬᠢᠭᠤᠯᠵᠦ᠂ | ᠬᠤᠯᠤᠰᠤᠳᠡᠢ ᠠᠴᠠ ᠵᠢᠭᠠᠰᠦᠳᠡᠢ ᠬᠦᠷᠬᠦ ᠵᠤᠭᠠᠴᠠᠯ ᠤᠨ ᠵᠠᠰᠠᠮᠠᠯ ᠵᠠᠮ ᠤᠨ ᠲᠦᠷᠦᠯ ᠵᠦᠢᠯ ᠢ ᠠᠵᠢᠯ ᠡᠬᠢᠯᠡᠬᠦᠯᠬᠦ ᠪᠠᠷ | ᠴᠢᠷᠮᠠᠶᠢᠨ᠎ᠠ᠃ ᠬᠠᠰᠦᠵᠦ ᠨᠡᠶᠢᠯᠡᠭᠦᠯᠦᠭᠰᠡᠨ ᠲᠤᠰᠬᠤᠨ ᠤ ᠬᠠᠳᠠᠭᠤᠷᠠᠭᠤᠯᠦᠭ᠌ᠰᠠᠨ ᠵᠡᠮ ᠤᠨ ᠪᠠᠶᠢᠭᠤᠯᠤᠯᠳᠠ ᠵᠢᠴᠢ | ᠭᠠᠴᠠᠭ᠎ᠠ ᠲᠤᠰᠬᠤᠨ ᠤ ᠵᠠᠰᠠᠮᠠᠯ ᠵᠠᠮ ᠠᠷᠠᠴᠢᠯᠠᠬᠤ ᠢᠨᠵᠧᠨᠧᠷᠢᠩ ᠢ ᠰᠡᠶᠢᠳᠦᠷ ᠬᠡᠷᠡᠭᠵᠢᠭᠦᠯᠵᠦ᠂ ᠵᠢᠢ ᠲᠦᠡᠭ ᠲᠡᠮᠤᠷ | ᠵᠠᠮ ᠤᠨ ᠴᠠᠬᠢᠯᠭᠠᠨᠵᠢᠭᠤᠯᠤᠨ ᠦᠭᠡᠷᠡᠴᠢᠯᠡᠬᠦ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ ᠠᠬᠢᠭᠤᠯᠦᠨ᠎ᠡ | ᠃ ᠪᠦᠬᠦ ᠬᠤᠰᠢᠭᠤᠨ ᠤ ᠴᠠᠬᠢᠯᠭᠠᠨ ᠬᠦᠴᠦᠨ ᠤ ᠲᠤᠨᠤᠭ ᠲᠦᠭᠦᠭᠡᠷᠦᠮᠵᠢ ᠶᠢᠨ ᠦᠭᠡᠷᠡᠴᠢᠯᠡᠯᠳᠡ ᠶᠢ ᠲᠦᠷᠭᠡᠳᠭᠡᠵᠦ᠂ | ᠬᠠᠭᠤᠴᠢᠨ ᠭᠡᠮᠵᠢᠭᠦᠷ ᠤᠨ ᠲᠦᠭᠦᠭᠡᠷᠦᠮᠵᠢ ᠶᠢ ᠦᠭᠡᠷᠡᠴᠢᠯᠡᠬᠦ᠂ ᠴᠡᠬᠢᠯᠭᠠᠨ ᠲᠤᠬᠢᠷᠠᠭᠤᠯᠬᠤ ᠠᠦ᠋ᠲ᠋ᠤᠴᠢᠯᠠᠭᠰᠠᠨ | ᠪᠠᠶᠢᠭᠤᠯᠤᠯᠳᠠ ᠪᠠ ᠵᠠᠮ ᠱᠤᠭᠤᠮ ᠢ ᠦᠭᠡᠷᠡᠴᠢᠯᠡᠬᠦ ᠶᠢ ᠭᠡᠷᠡᠭᠵᠢᠬᠦᠯᠵᠦ᠂ ︽ᠴᠠᠬᠢᠯᠭᠠᠨ ᠬᠡᠷᠡᠭᠯᠡᠵᠦ ᠲᠡᠶᠢᠯᠬᠦ︾ ᠠᠴᠠ | ︽ᠴᠡᠬᠢᠯᠭᠠᠨ ᠢ ᠰᠡᠶᠢᠳᠦᠷ ᠬᠡᠷᠡᠭᠯᠡᠬᠦ︾ ᠪᠤᠯᠭᠠᠨ ᠬᠤᠪᠢᠷᠠᠭᠤᠯᠦᠨᠡ᠃ ᠰᠤᠷᠠᠭ ᠵᠠᠩᠬᠢᠵᠢᠯᠳᠠ ᠶᠢᠨ ᠰᠠᠭᠤᠷᠢ | ᠲᠦᠭᠦᠭᠡᠷᠦᠮᠵᠢ ᠶᠢᠨ ᠴᠢᠳᠠᠮᠵᠢ ᠶᠢ ᠲᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 11 ᠰᠠᠭᠤᠷᠢ ᠦᠷᠳᠡᠭᠡ ᠶᠢ | ᠰᠢᠨ᠎ᠡ ᠪᠠᠷ ᠪᠠᠶᠢᠭᠤᠯᠵᠦ᠂ 66 ᠤᠳᠤ ᠪᠠᠶᠢᠭ᠎ᠠ ᠰᠠᠭᠤᠷᠢ ᠦᠷᠳᠡᠭᠡ ᠶᠢ ᠦᠭᠡᠷᠡᠴᠢᠯᠡᠨ ᠪᠠᠶᠢᠭᠤᠯᠵᠦ᠂ 37.6 | ᠺᠢᠯᠤᠮᠧᠲᠷ ᠤᠨ ᠭᠡᠷᠡᠯᠯᠢᠭ ᠤᠳᠡᠰᠦ ᠶᠢ ᠲᠡᠪᠢᠰᠴᠦ᠂ ᠰᠤᠷᠠᠭ ᠵᠠᠩᠬᠢᠵᠢᠯᠳᠠ ᠶᠢᠨ ᠬᠦᠭᠵᠢᠯᠳᠡ ᠶᠢ ᠲᠤᠯᠭᠠᠭᠤᠷᠢᠯᠠᠬᠤ | ᠴᠢᠳᠠᠪᠤᠷᠢ ᠶᠢ ᠦᠨᠡᠨᠬᠦ ᠲᠡᠭᠡᠭᠰᠢᠯᠡᠬᠦᠯᠦᠨ᠎ᠡ᠃ | ︵ᠲᠠᠪᠤ︶ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠰᠢᠨ᠎ᠡ | ᠠᠮᠢᠵᠢᠷᠠᠯ ᠤᠨ ᠬᠦᠴᠦᠨ ᠢ ᠬᠦᠭᠵᠢᠬᠡᠨ᠎ᠡ | ᠭᠤᠤᠯᠳᠠᠯᠭ᠎ᠠ ᠲᠠᠢ ᠬᠦᠷᠢᠶ᠎ᠡ ᠭᠡᠪᠴᠢᠶᠡᠨ ᠤ ᠦᠭᠡᠷᠡᠴᠢᠯᠡᠯᠳᠡ ᠶᠢ ᠲᠦᠷᠭᠡᠳᠭᠡᠨ᠎ᠡ᠃ ᠵᠠᠰᠠᠭ ᠤᠨ ᠤᠷᠳᠦᠨ | ᠤ ᠰᠢᠰᠲ᠋ᠧᠮ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠡᠶᠡᠯᠡᠭᠦᠯᠵᠦ᠂ ᠲᠤᠰᠢᠶᠠᠯ ᠬᠠᠷᠢᠭᠤᠴᠠᠯᠭ᠎ᠠ ᠶᠢ | ᠲᠤᠬᠢᠷᠠᠭᠤᠯᠬᠤ᠂ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ ᠤᠯᠡᠮ ᠰᠢᠯᠢᠳᠡᠭᠵᠢᠭᠦᠯᠵᠦ᠂ | ᠰᠢᠰᠲ᠋ᠧᠮ ᠪᠦᠷᠢᠨ᠂ ᠰᠢᠨᠵᠢᠯᠡᠬᠦ ᠤᠬᠠᠭᠠᠨᠴᠢ ᠲᠦᠷᠢᠮᠵᠢᠭᠰᠡᠨ᠂ ᠡᠷᠬᠢᠯᠳᠡ ᠶᠢᠨ ᠦᠷ᠎ᠡ ᠠᠰᠢᠭ ᠦᠨᠳᠦᠷ | ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠵᠦ᠂ ᠵᠠᠰᠠᠭ ᠤᠨ | ᠤᠷᠳᠦᠨ ᠤ ᠪᠠᠶᠢᠭᠤᠯᠤᠮᠵᠢ ᠶᠢᠨ ᠤᠷᠤᠨ ᠲᠤᠭ᠎ᠠ᠂ ᠠᠵᠢᠯᠳᠡᠨ ᠢ ᠡᠮᠬᠢ ᠲᠢᠭᠯᠢᠮ ᠲᠠᠢ ᠲᠤᠬᠢᠷᠠᠭᠤᠯᠬᠤ ᠶᠢ ᠪᠠᠳᠤᠯᠠᠵᠦ | ᠂ ᠵᠠᠰᠠᠭ ᠤᠨ ᠤᠷᠳᠦᠨ ᠤ ᠠᠵᠢᠯ ᠢ ᠬᠦᠴᠦᠳᠡᠢ ᠠᠬᠢᠭᠤᠯᠦᠨ᠎ᠡ᠃ ᠠᠷᠠᠳ ᠤᠨ ᠠᠮᠢᠳᠦᠷᠡᠯ ᠤᠨ ᠪᠤᠳᠡᠳᠦ ᠶᠠᠪᠤᠳᠡᠯ | ᠤᠨ ᠲᠦᠷᠦᠯ ᠵᠦᠢᠯ ᠳᠤ ᠪᠢᠯᠧᠲ ᠦᠭᠴᠦ ᠰᠶᠢᠳᠪᠤᠷᠢ ᠭᠠᠷᠭᠠᠬᠤ ᠲᠦᠷᠢᠮ ᠤᠨ ᠲᠤᠷᠰᠢᠯᠳᠡ ᠶᠢᠨ ᠴᠡᠭ ᠤᠨ ᠠᠵᠢᠯ | ᠢ ᠬᠢᠨᠠᠮᠠᠭᠠᠢ ᠦᠷᠨᠢᠭᠦᠯᠵᠦ᠂ ᠲᠦᠷᠦᠯ ᠵᠦᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠦ᠂ ᠪᠤᠳᠡᠳᠦ | ᠠᠮᠵᠢᠯᠳᠠ ᠤᠯᠬᠤ ᠶᠢ ᠪᠠᠳᠤᠯᠠᠨ᠎ᠡ᠃ ︽ᠲᠦᠮᠡᠨ ᠠᠵᠤ ᠠᠬᠤᠶᠢᠯᠡᠯ ᠡᠭᠦᠯᠡᠨ ᠲᠠᠪᠴᠠᠩ ᠳᠤ ᠭᠠᠷᠬᠤ︾ 〔 25 | 〕ᠠᠵᠢᠯᠯᠠᠭᠠᠨ ᠤ ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠡᠯ ᠵᠢᠴᠢ ᠤᠷᠤᠨ ᠲᠤᠭᠤᠷᠢᠭ ᠤᠨ | ᠠᠵᠤ ᠠᠬᠤᠢ ᠶᠢᠨ ᠰᠢᠨ᠎ᠡ ᠶᠢ ᠡᠭᠦᠳᠬᠦ ᠬᠦᠭᠵᠢᠯᠳᠡ ᠶᠢᠨ ᠲᠦᠪᠰᠢᠨ ᠢ ᠲᠡᠰ ᠲᠡᠪᠰᠢᠭᠦᠯᠦᠨ᠎ᠡ᠃ ︽ᠶᠠᠰᠦ ᠴᠢᠨᠠᠷ | ᠢᠶᠠᠷ ᠬᠤᠰᠢᠭᠤ ᠪᠠᠨ ᠮᠠᠨᠳᠤᠭᠤᠯᠬᠤ︾ ᠶᠢ ᠦᠷᠬᠦᠯᠵᠢᠯᠡᠨ ᠠᠬᠢᠭᠤᠯᠵᠦ᠂ ᠠᠵᠦ ᠠᠬᠤᠶᠢᠯᠠᠯ ᠤᠨ ᠰᠢᠨ᠎ᠡ ᠶᠢ | ᠡᠬᠦᠳᠴᠦ ᠬᠡᠯᠪᠡᠷᠢ ᠪᠠᠨ ᠬᠤᠪᠢᠷᠠᠭᠤᠯᠬᠤ ᠶᠢ ᠲᠦᠷᠬᠡᠳᠬᠡᠬᠦ ᠶᠢ ᠲᠠᠭᠠᠭᠤᠯᠵᠦ᠂ ᠠᠵᠦ ᠦᠢᠯᠡᠰ ᠪᠠ ᠦᠢᠯᠡᠴᠢᠯᠡᠭᠡᠨ | ᠤ ᠶᠠᠰᠦ ᠴᠢᠨᠠᠷ ᠢ ᠲᠡᠰ ᠲᠡᠪᠰᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠭᠡ ᠶᠢᠨ ᠲᠦᠷᠢᠮ | ᠤᠨ ᠦᠭᠡᠷᠡᠴᠢᠯᠡᠯᠳᠡ ᠶᠢ ᠠᠬᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠦᠢ ᠶᠢᠨ ︽ᠭᠤᠷᠪᠡᠨ ᠡᠷᠭᠡ | ᠶᠢ ᠰᠠᠯᠭᠠᠬᠤ︾ 〔 26 〕ᠲᠦᠷᠢᠮ ᠢ ᠪᠦᠷᠢᠨᠰᠢᠭᠦᠯᠵᠦ᠂ ᠨᠤᠳᠤᠭ ᠪᠡᠯᠴᠢᠭᠡᠷ ᠤᠨ ᠡᠷᠭᠡ ᠶᠢ ᠲᠤᠭᠳᠠᠭᠠᠬᠤ᠂ | ᠲᠠᠷᠢᠶᠠᠯᠠᠬᠤ ᠤᠷᠤᠨ ᠤ ᠭᠠᠵᠠᠷ ᠰᠢᠷᠦᠢ ᠶᠢᠨ ᠡᠷᠭᠡ ᠶᠢ ᠲᠤᠭᠳᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠤᠷᠤᠨ ᠰᠠᠭᠤᠴᠨ ᠶᠢᠨ ᠭᠠᠵᠠᠷ ᠵᠢᠴᠢ ᠬᠠᠮᠳᠦ ᠶᠢᠨ ᠪᠦᠳᠦᠭᠡᠨ ᠪᠠᠶᠢᠭᠤᠯᠤᠯᠳᠠ | ᠳᠤ ᠬᠡᠷᠡᠭᠯᠡᠬᠦ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠲᠤᠭᠳᠠᠭᠠᠨ ᠪᠦᠷᠢᠳᠭᠡᠵᠦ ᠭᠡᠷᠡᠴᠢ ᠲᠠᠷᠬᠠᠭᠠᠬᠤ ᠵᠡᠷᠭᠡ | ᠠᠵᠢᠯ ᠢ ᠯᠠᠪᠳᠠᠭᠤᠨ ᠢᠶᠠᠷ ᠠᠬᠢᠭᠤᠯᠦᠨ᠎ᠡ᠃ ᠭᠠᠴᠠᠭ᠎ᠠ ᠲᠤᠰᠬᠤᠨ ᠤ ᠬᠠᠮᠳᠦ ᠶᠢᠨ ᠠᠵᠤ ᠠᠬᠤᠢ ᠶᠢᠨ ᠡᠳ᠋ | ᠬᠦᠷᠦᠩᠭᠡ ᠶᠢ ᠪᠠᠶᠢᠴᠠᠭᠠᠨ ᠬᠠᠷᠭᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠮᠳᠦ ᠶᠢᠨ ᠦᠮᠴᠢᠯᠡᠯ ᠤᠨ ᠡᠷᠭᠡ | ᠶᠢᠨ ᠬᠤᠪᠢ ᠤᠷᠤᠭᠤᠯᠦᠨ ᠬᠤᠷᠰᠢᠨ ᠠᠵᠢᠯᠯᠠᠬᠤ ᠲᠦᠷᠢᠮ ᠤᠨ ᠦᠭᠡᠷᠡᠴᠢᠯᠡᠯᠳᠡ ᠶᠢ ᠡᠬᠢᠯᠡᠭᠦᠯᠦᠨ᠎ᠡ᠃ | ᠡᠵᠡᠩᠨᠡᠯᠳᠡ ᠬᠤᠳᠠᠯᠳᠤᠭᠠᠨ ᠤ ᠤᠷᠴᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠬᠢᠨᠠᠨ ᠵᠦᠪᠰᠢᠶᠡᠷᠡᠭᠦ ᠲᠠᠷᠠᠭᠠᠯᠠᠯ ᠢ ᠲᠦᠭᠦᠮᠴᠢᠯᠡᠵᠦ᠂ | ᠲᠦᠷᠦᠯ ᠵᠦᠢᠯ ᠢ ᠵᠦᠪᠰᠢᠶᠡᠷᠡᠭᠦᠯᠬᠦ ᠳᠤ ᠰᠠᠭᠠᠳ ᠦᠭᠡᠢ ᠵᠠᠮ ᠨᠡᠭᠡᠭᠡᠵᠦ᠂ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ 〔 27 〕 ᠶᠢᠨ ᠠᠵᠢᠯ ᠢ ᠶᠡᠭᠡᠪᠡᠷ ᠠᠬᠢᠭᠤᠯᠵᠦ᠂ ᠵᠠᠰᠠᠭ ᠤᠨ ᠶᠠᠪᠤᠳᠡᠯ ᠤᠨ | ᠦᠢᠯᠡᠴᠢᠯᠡᠭᠡᠨ ᠤ ᠲᠡᠪᠴᠡᠩ ᠤᠨ ᠬᠡᠷᠡᠭᠯᠡᠭᠡ ᠪᠤᠯᠦᠨ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠰᠢᠰᠲ᠋ᠧᠮ | ᠢ ᠬᠠᠷᠢᠯᠴᠠᠨ ᠵᠠᠯᠭᠠᠭᠤᠯᠬᠤ ᠶᠢ ᠴᠢᠩᠭᠠᠳᠬᠠᠵᠦ᠂ ᠰᠦᠯᠵᠢᠶᠡᠨ ᠲᠡᠭᠡᠷ᠎ᠡ ᠠᠵᠢᠯ ᠶᠠᠪᠤᠳᠡᠯ ᠰᠶᠢᠳᠪᠤᠷᠢᠯᠡᠬᠦ ᠳᠤ | ᠲᠦᠭᠦᠮ ᠲᠦᠳᠡ᠂ ᠪᠠᠶᠢᠩᠭᠤᠵᠢᠭᠤᠯᠬᠤ ᠶᠢ ᠪᠡᠶᠡᠯᠡᠭᠦᠯᠵᠦ᠂ ︽ᠤᠯᠡᠨ ᠲᠦᠮᠡᠨ ᠴᠦᠭᠡᠨ ᠬᠦᠶᠤᠬᠦ᠂ ᠲᠤᠭ᠎ᠠ | ᠪᠠᠷᠢᠮᠳᠡ ᠢᠯᠡᠭᠦᠤ ᠬᠦᠳᠡᠯᠬᠦ︾ ᠪᠤᠯᠭᠠᠨ ᠬᠤᠪᠢᠷᠠᠭᠤᠯᠦᠨᠡ᠃ ᠵᠠᠰᠠᠭ ᠪᠤᠯᠦᠨ ᠬᠤᠳᠠᠯᠳᠤᠭᠠᠴᠢᠨ ᠤ ︽ᠲᠤᠳᠤᠨᠤ | ︾ ᠮᠦᠷᠳᠡᠭᠡᠨ ︽ᠠᠷᠢᠭᠤᠨ︾ ᠪᠠᠶᠢᠬᠤ ᠬᠠᠷᠢᠴᠠᠭ᠎ᠠ ᠶᠢ ᠢᠳᠡᠪᠬᠢᠳᠡᠢ ᠪᠠᠶᠢᠭᠤᠯᠵᠦ᠂ ᠠᠷᠠᠳ ᠠᠴᠠ ᠡᠷᠬᠢᠯᠡᠭᠰᠡᠨ | ᠠᠵᠤ ᠠᠬᠤᠶᠢᠯᠡᠯ ᠤᠨ ᠬᠦᠭᠵᠢᠯᠳᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠵᠠᠬ᠎ᠠ ᠲᠡᠯᠭᠡᠭᠦᠷ ᠢ ᠨᠢᠭᠡᠳᠭᠡᠬᠦ ᠪᠠ ᠭᠤᠤᠯᠴᠢ ᠪᠠᠷ ᠦᠷᠢᠰᠦᠯᠳᠦᠬᠦ ᠶᠢ ᠬᠠᠷᠰᠢᠯᠠᠬᠤ ᠡᠯ᠎ᠡ | ᠵᠦᠢᠯ ᠤᠨ ᠲᠦᠷᠢᠮ ᠲᠤᠭᠳᠠᠭᠠᠯ ᠪᠠ ᠠᠷᠭ᠎ᠠ ᠬᠢᠳᠡᠯ ᠢ ᠤᠯᠡᠮ ᠴᠡᠪᠡᠷᠯᠡᠨ ᠬᠦᠴᠦᠨ ᠦᠭᠡᠢ ᠪᠤᠯᠭᠠᠵᠦ᠂ ᠵᠠᠬ᠎ᠠ | ᠲᠡᠯᠭᠡᠭᠦᠷ ᠲᠤ ᠤᠷᠤᠬᠤ᠂ ᠭᠠᠶᠢᠯᠢ ᠰᠦᠢᠳᠭᠡᠯ ᠢ ᠬᠠᠰᠦᠵᠦ ᠭᠡᠯᠳᠦᠷᠢᠭᠦᠯᠬᠦ᠂ ᠭᠠᠵᠠᠷ ᠪᠠ ᠴᠡᠬᠢᠯᠭᠠᠨ ᠬᠡᠷᠡᠭᠯᠡᠬᠦ᠂ | ᠮᠦᠩᠭᠦᠨ ᠬᠦᠢᠯᠭᠡᠭᠡ ᠵᠡᠷᠭᠡ ᠲᠠᠯ᠎ᠠ ᠪᠠᠷ ᠲᠡᠳᠭᠦᠨ ᠲᠡᠮᠵᠢᠬᠦ ᠡᠷᠴᠢᠮ ᠢᠶᠠᠨ ᠴᠢᠩᠭᠠᠳᠬᠠᠨ᠂ ᠠᠷᠠᠳ ᠠᠴᠠ | ᠡᠷᠬᠢᠯᠡᠭᠰᠡᠨ ᠠᠵᠤ ᠠᠬᠤᠶᠢᠯᠡᠯ ᠤᠨ ᠬᠦᠭᠵᠢᠯᠳᠡ ᠳᠤ ᠴᠢᠯᠤᠭᠡᠳᠡᠢ ᠤᠷᠴᠢᠨ ᠬᠠᠩᠭᠠᠨ᠎ᠡ᠃ | ︵ᠵᠢᠷᠭᠤᠭ᠎ᠠ︶ ᠠᠷᠠᠳ ᠤᠯᠡᠨ ᠤ ᠵᠤᠯ ᠵᠢᠷᠭᠠᠯ ᠢ ᠨᠡᠮᠡᠭᠳᠡᠭᠦᠯᠵᠦ᠂ ᠠᠷᠠᠳ ᠲᠤ ᠠᠰᠢᠭ ᠬᠦᠷᠳᠡᠭᠡᠵᠦ | ᠬᠠᠮᠳᠤᠪᠡᠷ ᠡᠳ᠋ᠯᠡᠬᠦ ᠰᠢᠨ᠎ᠡ ᠪᠠᠶᠢᠳᠡᠯ ᠢ ᠪᠤᠢ ᠪᠤᠯᠭᠠᠨ᠎ᠡ | ᠦᠢᠯᠡᠰ ᠪᠤᠰᠬᠠᠬᠤ ᠠᠵᠢᠯ ᠤᠯᠭᠤᠯᠳᠠ ᠶᠢ ᠶᠡᠭᠡᠪᠡᠷ ᠲᠡᠳᠬᠦᠨ᠎ᠡ᠃ ︽ᠬᠤᠶᠡᠷ ᠢ ᠡᠭᠦᠳᠬᠦ︾ 〔 28 | 〕ᠠᠵᠢᠯᠯᠠᠭ᠎ᠠ ᠶᠢ ᠢᠳᠡᠪᠬᠢᠳᠡᠢ ᠠᠬᠢᠭᠤᠯᠵᠦ᠂ ᠭᠤᠤᠯᠳᠠᠯᠭ᠎ᠠ ᠲᠠᠢ ᠠᠵᠤ ᠠᠬᠤᠶᠢᠯᠡᠯ ᠲᠤᠮᠤ ᠴᠢᠬᠤᠯᠨ ᠲᠦᠷᠦᠯ | ᠵᠦᠢᠯ ᠢᠶᠠᠷ ᠠᠵᠢᠯ ᠤᠯᠭᠤᠯᠳᠠ ᠶᠢ ᠠᠬᠢᠭᠤᠯᠬᠤ ᠬᠤᠯᠪᠤᠭᠠᠯᠠᠭᠰᠠᠨ ᠲᠤᠭᠳᠠᠴᠠ ᠶᠢ ᠨᠠᠶᠢᠳᠠᠪᠤᠷᠢᠵᠢᠭᠤᠯᠵᠦ᠂ ᠲᠤᠮᠳᠠ | ᠪᠠᠭ᠎ᠠ ᠵᠢᠵᠢᠭ ᠠᠵᠤ ᠠᠬᠤᠶᠢᠯᠡᠯ ᠤᠨ ᠠᠵᠢᠯ ᠤᠯᠭᠤᠬᠤ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠦ᠂ ᠡᠯ᠎ᠡ | ᠲᠦᠷᠦᠯ ᠤᠨ ᠬᠦᠮᠦᠰ ᠤᠨ ᠠᠵᠢᠯ ᠤᠯᠬᠤ ᠦᠢᠯᠡᠰ ᠪᠦᠳᠦᠭᠡᠬᠦ ᠴᠢᠳᠠᠪᠤᠷᠢ ᠶᠢ ᠲᠤᠭᠳᠠᠭᠤᠨ ᠲᠡᠭᠡᠭᠰᠢᠯᠡᠭᠦᠯᠦᠨ᠎ᠡ᠃ | ᠶᠠᠳᠠᠭᠤ ᠬᠦᠴᠢᠷᠳᠡᠢ ᠬᠦᠮᠦᠰ ᠤᠨ ᠠᠵᠢᠯ ᠡᠷᠢᠵᠦ ᠦᠢᠯᠡᠰ ᠪᠤᠰᠬᠠᠬᠤ ᠨᠦᠬᠦᠪᠤᠷᠢ᠂ ᠬᠤᠳᠠ ᠪᠠᠯᠭᠠᠰᠦᠨ ᠤ ᠠᠵᠢᠯ | ᠤᠯᠬᠤ ᠳᠤ ᠬᠦᠴᠢᠷᠳᠡᠢ ᠬᠦᠮᠦᠰ ᠤᠨ ᠪᠤᠯᠪᠠᠰᠤᠷᠠᠯ ᠵᠡᠷᠭᠡ ᠲᠦᠷᠦ ᠶᠢᠨ ᠪᠤᠳᠤᠯᠭ᠎ᠠ ᠶᠢ ᠭᠤᠤᠯᠳᠠᠯᠭ᠎ᠠ ᠲᠠᠢ | ᠨᠡᠶᠢᠳᠡᠪᠤᠷᠢᠵᠢᠭᠤᠯᠵᠦ᠂ ᠦᠢᠯᠡᠰ ᠪᠤᠰᠬᠠᠬᠤ ᠲᠠᠭᠠᠭᠠᠯᠳᠠ ᠲᠠᠢ ᠵᠢᠭᠡᠯᠡᠯᠭᠡ ᠶᠢ 1300 ᠲᠦᠮᠡᠨ ᠲᠦᠭᠦᠷᠢᠭ | ᠲᠠᠯᠪᠢᠨ᠎ᠡ᠃ ᠶᠡᠭᠡ ᠲᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠭᠰᠡᠳ᠂ ᠬᠤᠳᠠ | ᠤᠷᠤᠭᠰᠠᠨ ᠮᠠᠯᠴᠢᠨ ᠲᠠᠷᠢᠶᠠᠴᠢᠨ ᠵᠢᠴᠢ ᠬᠦᠴᠢᠷᠳᠡᠢ ᠤᠯᠡᠨ ᠲᠦᠮᠡᠨ ᠳᠤ ᠠᠵᠢᠯ ᠤᠯᠭᠤᠬᠤ ᠠᠵᠢᠯ ᠢ ᠲᠤᠪᠦᠶᠢᠮ᠎ᠡ | ᠠᠳᠬᠤᠵᠦ᠂ ᠪᠡᠭᠡᠵᠢᠩ ᠵᠡᠷᠭᠡ ᠭᠠᠵᠠᠷ ᠤᠷᠤᠨ ᠲᠠᠢ ᠬᠦᠳᠠᠯᠮᠤᠷᠢ ᠦᠢᠯᠡᠴᠢᠯᠡᠭᠡ ᠶᠢᠨ ᠬᠠᠮᠳᠤᠷᠠᠯᠴᠠᠭ᠎ᠠ ᠬᠢᠬᠦ ᠶᠢ | ᠴᠢᠩᠭᠠᠳᠬᠠᠨ᠂ ᠨᠡᠩ ᠤᠯᠡᠨ ᠶᠠᠳᠠᠭᠤ ᠬᠦᠴᠢᠷᠳᠡᠢ ᠬᠦᠳᠠᠯᠮᠤᠷᠢ ᠬᠦᠴᠦᠨ ᠢ ᠰᠢᠯᠵᠢᠭᠦᠯᠦᠨ ᠠᠵᠢᠯ ᠤᠯᠭᠤᠵᠦ᠂ | ᠬᠤᠳᠠ ᠪᠠᠯᠭᠠᠰᠦᠨ ᠤ ︽ᠠᠵᠢᠯ ᠤᠯᠤᠭ᠎ᠠ ᠦᠭᠡᠢ ᠭᠡᠷ ᠪᠦᠯᠢ︾ ᠶᠢᠨ 1 ᠬᠦᠮᠦᠨ ᠳᠤ ᠲᠤᠭᠳᠠᠭᠤᠨ ᠠᠵᠢᠯ | ᠤᠯᠭᠤᠬᠤ ᠶᠢ ᠪᠡᠶᠡᠯᠡᠭᠦᠯᠦᠨ᠎ᠡ᠃ | ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠰ ᠲᠡᠪᠰᠢᠬᠦᠯᠦᠨ᠎ᠡ᠃ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ | ᠶᠢ ᠲᠡᠰ ᠲᠡᠪᠰᠢᠬᠦᠯᠬᠦ ᠭᠤᠷᠪᠡᠨ ᠵᠢᠯ ᠤᠨ ᠠᠵᠢᠯᠯᠠᠭ᠎ᠠ ᠶᠢᠨ ᠲᠦᠯᠦᠪᠵᠢᠭᠦᠯᠭᠡ ᠶᠢ ᠬᠦᠨᠵᠡᠭᠡᠢ ᠬᠡᠷᠡᠭᠵᠢᠭᠦᠯᠦᠨ᠂ | ᠵᠢᠩᠬᠢᠨᠢ ᠠᠩᠬᠢ ᠳᠤ ᠲᠡᠪᠰᠢᠬᠦ ᠨᠤᠷᠮ᠎ᠡ ᠶᠢ ᠪᠦᠬᠦ ᠠᠶᠢᠮᠠᠭ ᠤᠨ ᠲᠤᠮᠳᠠᠴᠢ ᠲᠦᠪᠰᠢᠨ ᠠᠴᠠ ᠲᠡᠭᠡᠭᠰᠢ ᠪᠠᠶᠢᠯᠭᠠᠬᠤ | ᠶᠢ ᠪᠠᠳᠤᠯᠠᠨ᠎ᠡ᠃ ᠰᠤᠷᠭᠠᠭᠤᠯᠢ ᠶᠢᠨ ᠵᠠᠬᠢᠷᠦᠯ ᠢ ᠰᠢᠯᠭᠠᠨ ᠦᠨᠡᠯᠡᠵᠦ ᠲᠡᠪᠰᠢᠭᠦᠯᠬᠦ ᠲᠤᠭᠳᠠᠴᠠ ᠶᠢ | ᠲᠡᠭᠦᠯᠳᠡᠷᠵᠢᠭᠦᠯᠵᠦ᠂ ᠰᠢᠯᠭᠠᠨ ᠦᠨᠡᠯᠡᠯᠳᠡ ᠪᠠᠷ ᠠᠵᠢᠯ ᠤᠨ ᠠᠮᠵᠢᠯᠳᠠ ᠦᠷ᠎ᠡ ᠠᠰᠢᠭ ᠢ ᠲᠤᠭᠳᠠᠭᠠᠬᠤ ᠶᠢ ᠴᠢᠩᠭ᠎ᠠ | ᠭᠡᠷᠡᠭᠵᠢᠬᠦᠯᠦᠨ᠎ᠡ᠃ ᠪᠠᠭᠰᠢ᠂ ᠵᠢᠭᠠᠨ ᠰᠤᠳᠤᠯᠬᠤ ᠡᠩᠨᠡᠭᠡᠨ ᠤ ᠪᠤᠯᠪᠠᠰᠤᠷᠠᠯ ᠬᠦᠮᠦᠵᠢᠯ ᠪᠠ ᠪᠠᠶᠢᠭᠤᠯᠤᠯᠳᠠ | ᠬᠠᠮᠢᠶᠠᠷᠤᠯᠳᠠ ᠶᠢ ᠴᠢᠩᠭᠠᠳᠬᠠᠵᠦ᠂ ᠰᠤᠷᠭᠠᠨ ᠬᠦᠮᠦᠵᠢᠯ ᠤᠨ ᠴᠢᠳᠠᠪᠤᠷᠢᠳᠡᠨ ᠢ ᠤᠷᠤᠭᠤᠯᠬᠤ ᠶᠢ ᠴᠢᠩᠭᠠᠳᠬᠠᠵᠦ᠂ | ᠪᠠᠭᠰᠢ ᠶᠢ ︽ᠬᠤᠰᠢᠭᠤ ᠠᠴᠠ ᠤᠷᠢᠵᠦ ᠰᠤᠷᠭᠠᠭᠤᠯᠢ ᠠᠴᠠ ᠬᠠᠮᠢᠶᠠᠷᠬᠤ︾ ᠶᠢ ᠲᠤᠷᠰᠢᠨ ᠭᠡᠷᠡᠭᠵᠢᠬᠦᠯᠵᠦ᠂ ᠠᠩᠬᠢ | ᠶᠢᠨ ᠡᠷᠬᠢᠯᠡᠭᠴᠢ ᠶᠢᠨ ᠨᠦᠬᠦᠪᠤᠷᠢ ᠶᠢ ᠲᠡᠭᠡᠭᠰᠢᠯᠡᠭᠦᠯᠵᠦ᠂ ᠦᠷᠢᠰᠦᠯᠳᠤᠭᠡᠨ ᠢᠶᠠᠷ ᠠᠵᠢᠯ ᠤᠨ ᠪᠠᠶᠢᠷᠢᠨ ᠳᠤ ᠭᠠᠷᠬᠤ | ᠪᠠ ᠠᠵᠢᠯ ᠤᠨ ᠠᠮᠵᠢᠯᠳᠠ ᠦᠷ᠎ᠠ ᠠᠰᠢᠭ ᠢᠶᠠᠷ ᠤᠷᠮᠠᠰᠢᠭᠤᠯᠬᠤ ᠲᠤᠭᠳᠠᠴᠠ ᠶᠢ ᠪᠦᠷᠢᠨᠰᠢᠬᠦᠯᠵᠦ᠂ ᠮᠡᠷᠬᠡᠵᠢᠯ ᠤᠨ | ᠴᠤᠯᠨ ᠪᠠ ᠰᠢᠯᠭᠠᠨ ᠦᠨᠡᠯᠡᠬᠦ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠨ᠎ᠠ᠃ ᠰᠤᠷᠭᠠᠨ ᠬᠦᠮᠦᠵᠢᠯ ᠤᠨ | ᠰᠢᠰᠲ᠋ᠧᠮ ᠤᠨ ᠲᠤᠳᠤᠭᠠᠳᠦ ᠶᠢᠨ ᠤᠷᠤᠨ ᠲᠤᠭ᠎ᠠ᠂ ᠠᠵᠢᠯᠳᠠᠳ ᠤᠨ ᠦᠪᠡᠷ ᠢᠶᠠᠨ ᠡᠵᠡᠨ ᠮᠡᠳᠡᠬᠦ ᠬᠠᠮᠢᠶᠠᠷᠤᠯᠳᠠ | ᠶᠢᠨ ᠲᠤᠭᠳᠠᠴᠠ ᠶᠢ ᠭᠡᠷᠡᠭᠵᠢᠬᠦᠯᠵᠦ᠂ ᠰᠤᠷᠭᠠᠨ ᠬᠦᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ | ᠡᠯ᠎ᠡ ᠰᠤᠷᠭᠠᠭᠤᠯᠢ ᠳᠤ ᠦᠪᠡᠷ ᠢᠶᠠᠨ ᠡᠵᠡᠨ ᠮᠡᠳᠡᠵᠦ ᠰᠤᠷᠭᠠᠭᠤᠯᠢ ᠡᠷᠬᠢᠯᠡᠬᠦ ᠨᠡᠩ ᠶᠡᠭᠡ ᠡᠷᠭᠡ ᠤᠯᠭᠤᠨ᠎ᠠ᠃ | ᠨᠡᠶᠢᠭᠡᠮ ᠤᠨ ᠬᠦᠴᠦᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠡᠷᠬᠢᠯᠡᠬᠦ ᠶᠢ ᠵᠤᠷᠢᠭᠵᠢᠭᠤᠯᠵᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠪᠠᠶᠢᠭᠤᠯᠤᠮᠵᠢ ᠶᠢ ᠬᠢᠨᠠᠵᠦ ᠬᠠᠮᠢᠶᠠᠷᠬᠤ ᠪᠠᠨ | ᠴᠢᠩᠭᠠᠳᠬᠠᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠷᠡᠬᠦᠯ ᠢᠶᠠᠷ ᠬᠦᠭᠵᠢᠬᠦ ᠶᠢ | ᠠᠬᠢᠭᠤᠯᠤᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠦ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠬᠡᠶᠢᠯᠡᠯᠳᠡ ᠶᠢᠨ ᠲᠦᠭᠦᠭᠡᠷᠦᠮᠵᠢ ᠶᠢ ᠦᠷᠭᠦᠯᠵᠢᠯᠡᠨ ᠪᠦᠷᠢᠨᠰᠢᠬᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠬᠡᠶᠢᠯᠡᠯᠳᠡ ᠶᠢᠨ ᠱᠤᠭᠤᠮ ᠢ ᠪᠠᠳᠤᠳᠬᠠᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ︽ᠡᠮᠨᠡᠯᠭᠡ ᠶᠢᠨ ᠬᠤᠯᠪᠤᠭᠠᠯᠠᠭᠰᠠᠨ | ᠴᠤᠭᠴᠨ〔 29 〕᠂ ᠡᠮᠨᠡᠯᠭᠡ ᠶᠢᠨ ᠬᠠᠮᠳᠤᠷᠠᠭᠰᠠᠨ ᠴᠤᠭᠴᠨ〔 30 〕︾ ᠶᠢᠨ ᠪᠠᠶᠢᠭᠤᠯᠤᠯᠳᠠ ᠶᠢ | ᠴᠢᠨᠠᠭᠰᠢᠳᠡ ᠠᠬᠢᠭᠤᠯᠵᠦ᠂ ᠠᠯᠤᠰ ᠠᠴᠠ ᠬᠠᠮᠳᠤᠷᠠᠨ ᠤᠨᠤᠰᠢᠯᠠᠬᠤ᠂ ᠮᠡᠷᠭᠡᠵᠢᠯᠳᠡᠨ ᠵᠦᠪᠳᠡᠨ ᠤᠨᠤᠰᠢᠯᠠᠬᠤ ᠪᠡ | ᠲᠦᠯᠦᠪᠤᠷᠢ ᠦᠭᠡᠢ ᠤᠨᠤᠰᠢᠯᠠᠬᠤ ᠪᠠᠷ ᠲᠡᠮᠵᠢᠵᠦ᠂ ᠴᠢᠨᠠᠷ ᠰᠡᠶᠢᠳᠡᠢ ᠡᠮ ᠡᠮᠨᠡᠯᠭᠡ ᠶᠢᠨ ᠡᠬᠢ ᠪᠠᠶᠠᠯᠢᠭ ᠢ ᠡᠮᠨᠡᠯᠭᠡ | ᠶᠢᠨ ᠬᠤᠷᠢᠶ᠎ᠠ᠂ ᠰᠠᠭᠤᠭᠠᠯᠢ ᠲᠤᠭᠤᠷᠢᠭ᠂ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠢ ᠤᠳᠦᠷᠢᠳᠦᠨ | ᠲᠠᠭᠠᠭᠤᠯᠦᠨᠡ᠃ ᠭᠡᠷ ᠪᠦᠯᠢ ᠶᠢᠨ ᠡᠮᠴᠢ ᠪᠤᠯᠵᠦᠨ ᠡᠮᠴᠢᠯᠡᠬᠦ ᠪᠠ ᠡᠷᠡᠭᠦᠯ ᠮᠡᠨᠳᠦ ᠶᠢ ᠠᠬᠢᠭᠤᠯᠬᠤ ᠢᠨᠵᠧᠨᠧᠷᠢᠩ ᠢ | ᠦᠷᠭᠦᠯᠵᠢᠯᠡᠨ ᠠᠬᠢᠭᠤᠯᠵᠦ᠂ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠰᠠᠶᠢᠳᠦᠷ ᠬᠢᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠦ᠂ | ᠭᠤᠤᠯᠳᠠᠯᠭ᠎ᠠ ᠲᠠᠢ ᠰᠠᠯᠠᠭ᠎ᠠ ᠲᠠᠰᠤᠭ ᠢ ᠪᠠᠶᠢᠭᠤᠯᠬᠤ ᠪᠠ ᠲᠡᠬᠦᠯᠳᠡᠷᠵᠢᠬᠦᠯᠬᠦ ᠲᠤᠭᠤᠷᠢᠨ ᠳᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠳᠡᠨ ᠢ ᠤᠷᠤᠭᠤᠯᠦᠨ ᠬᠦᠮᠦᠵᠢᠭᠦᠯᠦᠨ᠎ᠡ᠃ ᠪᠠᠶ᠎ᠡ ᠶᠢᠨ ᠡᠷᠡᠭᠦᠯ | ᠮᠡᠨᠳᠦ ᠶᠢᠨ ᠪᠠᠶᠢᠴᠠᠭᠠᠯᠳᠠ ᠶᠢᠨ ᠲᠦᠪ ᠬᠢᠭᠡᠳ ᠠᠵᠢᠯ ᠮᠡᠷᠭᠡᠵᠢᠯ ᠤᠨ ᠡᠪᠡᠳᠴᠢᠨ ᠤ ᠪᠡᠶ᠎ᠡ ᠶᠢᠨ ᠪᠠᠶᠢᠴᠠᠭᠠᠯᠳᠠ ᠶᠢᠨ | ᠲᠦᠪ ᠢ ᠪᠠᠶᠢᠭᠤᠯᠬᠤ ᠪᠠᠷ ᠡᠷᠡᠮᠡᠯᠵᠡᠯᠡᠨ ᠮᠡᠳᠡᠭᠦᠯᠦᠨ᠎ᠡ᠃ ᠬᠤᠰᠢᠭᠤ ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠬᠦᠯᠭᠡᠨ | ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ ᠠᠰᠢᠭᠯᠠᠯᠳᠠ ᠳᠤ ᠤᠷᠤᠭᠤᠯᠤᠨ᠂ ︽ᠡᠮᠴᠢᠯᠡᠬᠦ ᠰᠤᠪᠢᠯᠠᠬᠤ | ᠶᠢ ᠤᠶᠠᠯᠳᠤᠭᠤᠯᠬᠤ︾ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠡᠬᠢᠯᠡᠬᠦᠯᠬᠦ ᠶᠢ ᠲᠦᠷᠭᠡᠳᠬᠡᠨ᠎ᠡ᠃ | ᠪᠡᠭᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠦᠨ ᠲᠡᠳᠭᠦᠬᠦ ᠲᠤᠬᠢᠶᠠᠯ ᠢ ᠬᠦᠢᠴᠡᠳ ᠠᠰᠢᠭᠯᠠᠵᠦ᠂ | ᠴᠢᠳᠠᠪᠤᠷᠢᠳᠡᠨ ᠢ ᠬᠦᠮᠦᠵᠢᠭᠦᠯᠵᠦ ᠲᠡᠮᠵᠢᠬᠦ᠂ ᠲᠤᠨᠤᠭ ᠲᠦᠭᠦᠭᠡᠷᠦᠮᠵᠢ ᠤᠷᠤᠭᠤᠯᠬᠤ ᠵᠡᠷᠭᠡ ᠲᠡᠯ᠎ᠡ ᠪᠠᠷ ᠨᠡᠩ ᠶᠡᠭᠡ | ᠬᠠᠪᠰᠤᠷᠤᠯᠭ᠎ᠠ ᠤᠯᠬᠤ ᠪᠠᠷ ᠴᠢᠷᠮᠠᠶᠢᠨ᠎ᠠ᠃ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠦᠷᠢᠨ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠲᠠᠭᠠᠳᠬᠠᠯ | ᠳᠤ ᠤᠷᠤᠬᠤ ᠲᠦᠯᠦᠪᠯᠡᠭᠡ ᠶᠢ ᠴᠢᠨᠠᠭᠰᠢᠳᠡ ᠠᠬᠢᠭᠤᠯᠵᠦ᠂ ᠨᠡᠶᠢᠭᠡᠮ ᠤᠨ ᠲᠠᠭᠠᠳᠬᠠᠯ ᠤᠨ ᠪᠦᠷᠭᠦᠴᠨ ᠶᠢᠨ | ᠭᠡᠪᠴᠢᠶ᠎ᠡ ᠶᠢ ᠤᠯᠡᠮ ᠦᠷᠭᠡᠳᠭᠡᠵᠦ᠂ ᠨᠡᠶᠢᠭᠡᠮ ᠤᠨ ᠲᠠᠭᠠᠳᠬᠠᠯ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ | ᠠᠪᠤᠷᠠᠨ ᠲᠤᠰᠠᠯᠠᠬᠤ ᠶᠢ ᠬᠠᠷᠢᠯᠴᠠᠨ ᠵᠠᠯᠭᠠᠭᠰᠠᠨ ᠪᠠᠳᠤᠯᠠᠭᠠᠨ ᠤ ᠰᠢᠰᠲ᠋ᠧᠮ ᠢ ᠬᠦᠴᠦᠯᠡᠨ ᠪᠠᠶᠢᠭᠤᠯᠦᠨ᠎ᠡ᠃ | ᠬᠦᠴᠢᠷᠳᠡᠢ ᠤᠯᠡᠨ ᠲᠦᠮᠡᠨ ᠢ ᠠᠰᠠᠭᠤᠨ ᠲᠤᠬᠤᠨᠢᠭᠤᠯᠬᠤ᠂ ᠬᠠᠪᠰᠦᠷᠦᠨ ᠲᠡᠳᠭᠦᠵᠦ ᠠᠪᠤᠷᠠᠨ ᠲᠤᠰᠠᠯᠠᠬᠤ ᠠᠵᠢᠯ ᠢ | ᠯᠠᠪᠳᠠᠭᠤᠨ ᠬᠢᠵᠦ᠂ ᠬᠦᠨᠳᠦ ᠡᠪᠡᠳᠴᠢᠨ᠂ ᠵᠡᠮᠳᠡᠭ ᠬᠦᠮᠦᠰ ᠵᠡᠷᠭᠡ ᠪᠠᠭᠤᠷᠠᠶᠢᠴᠤᠣᠯ ᠤᠨ ᠦᠢᠯᠡᠳᠪᠤᠷᠢᠯᠡᠯ | ᠠᠮᠢᠳᠦᠷᠡᠯ ᠢ ᠭᠤᠤᠯᠳᠠᠯᠭ᠎ᠠ ᠲᠠᠢ ᠠᠩᠬᠠᠷᠦᠨ ᠬᠠᠯᠠᠮᠵᠢᠯᠡᠨᠡ᠃ ᠦᠨᠳᠦᠷ ᠨᠠᠰᠦᠳᠠᠨ ᠤ ᠨᠦᠬᠦᠪᠤᠷᠢ᠂ ᠬᠦᠨᠳᠦ | ᠡᠪᠡᠳᠴᠢᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠢ ᠤᠶᠤᠳᠡᠨ ᠢ ᠲᠤᠰᠠᠯᠠᠬᠤ᠂ ᠲᠦᠷ ᠴᠠᠭ ᠤᠨ ᠠᠪᠤᠷᠠᠨ | ᠲᠤᠰᠠᠯᠠᠬᠤ ᠵᠡᠷᠭᠡ ᠠᠷᠠᠳ ᠤᠨ ᠠᠮᠢᠳᠦᠷᠡᠯ ᠤᠨ ᠡᠯ᠎ᠡ ᠲᠦᠷᠦᠯ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ | ᠰᠡᠶᠢᠳᠦᠷ ᠨᠡᠶᠢᠳᠠᠪᠤᠷᠢᠵᠢᠭᠤᠯᠦᠨᠡ᠃ ᠤᠷᠤᠨ ᠲᠤᠭᠤᠷᠢᠭᠵᠢᠭᠰᠠᠨ ᠨᠠᠰᠦᠳᠡᠳ ᠢ ᠠᠰᠠᠷᠠᠬᠤ ᠬᠦᠷᠢᠶᠡᠯᠡᠩ ᠤᠨ | ᠲᠦᠷᠦᠯ ᠵᠦᠢᠯ᠂ ᠮᠠᠯᠵᠢᠬᠤ ᠤᠷᠤᠨ ᠤ ᠨᠠᠰᠦᠳᠡᠳ ᠢ ᠠᠰᠠᠷᠠᠬᠤ ᠶᠡᠷᠤᠩᠬᠡᠶᠢᠯᠡᠭᠰᠡᠨ ᠨᠠᠶᠢᠳᠡ ᠶᠢᠨ ᠤᠷᠤᠨ ᠰᠠᠭᠤᠴᠨ | ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠠᠵᠢᠯ ᠢ ᠡᠬᠢᠯᠡᠭᠦᠯᠬᠦ ᠪᠠᠷ ᠴᠢᠷᠮᠠᠶᠢᠨ᠎ᠡ᠃ ᠠᠮᠢ ᠠᠬᠤᠢ | ᠶᠢᠨ ᠨᠡᠶᠢᠳᠡ ᠶᠢᠨ ᠤᠩᠭᠤᠨ ᠤ ᠲᠤᠭᠤᠷᠢᠭ᠂ ᠤᠷᠤᠰᠢᠭᠤᠯᠭ᠎ᠠ ᠶᠢᠨ ᠭᠠᠵᠠᠷ ᠢ ᠪᠠᠶᠢᠭᠤᠯᠬᠤ ᠢᠨᠵᠧᠨᠧᠷᠢᠩ ᠢ | ᠲᠦᠷᠭᠡᠳᠭᠡᠨ᠂ ᠵᠡᠮᠳᠡᠭ ᠬᠦᠮᠦᠰ ᠢ ᠨᠡᠶᠢᠳᠡᠨ ᠠᠰᠠᠷᠠᠬᠤ ᠲᠦᠪ ᠤᠨ ᠪᠠᠶᠢᠭᠤᠯᠤᠯᠳᠠ ᠶᠢ ᠪᠡᠶᠡᠯᠡᠭᠦᠯᠦᠨ᠎ᠡ᠃ | ᠰᠤᠶᠤᠯ ᠤᠨ ᠬᠦᠭᠵᠢᠯ ᠴᠡᠴᠡᠭᠯᠡᠯ ᠢ ᠦᠷᠭᠦᠯᠵᠢᠯᠡᠨ ᠠᠬᠢᠭᠤᠯᠦᠨ᠎ᠡ᠃ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ | ᠢᠨᠵᠧᠨᠧᠷᠢᠩ ᠢ ᠬᠡᠷᠡᠭᠵᠢᠭᠦᠯᠵᠦ᠂ ᠤᠯᠡᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠵᠦ᠂ ︽ᠴᠠᠬᠠᠷ︾ ᠦᠨᠳᠦᠰᠦᠳᠡᠨ ᠤ ᠵᠡᠩ ᠠᠷᠠᠨᠰᠢᠨ ᠤ ᠰᠤᠶᠤᠯ ᠤᠨ ᠡᠬᠢ ᠰᠤᠷᠪᠤᠯᠵᠢ ᠶᠢ | ᠠᠭᠤᠳᠠᠯᠯᠠᠨ ᠬᠦᠭᠵᠢᠭᠦᠯᠵᠦ᠂ ᠲᠡᠤᠭᠡ ᠶᠢᠨ ᠲᠤᠷᠠᠰᠬᠠᠯᠳᠦ ᠵᠦᠢᠯ᠂ ᠡᠷᠳᠡᠨ ᠤ ᠰᠤᠶᠤᠯ ᠤᠨ ᠪᠠᠭᠤᠷᠢ᠂ | ᠦᠨᠳᠦᠰᠦᠳᠡᠨ ᠤ ᠰᠤᠶᠤᠯ ᠤᠨ ᠦᠪ ᠢ ᠤᠠᠯᠮᠵᠢᠯᠠᠨ ᠬᠠᠮᠠᠭᠠᠯᠠᠬᠤ ᠪᠠ ᠪᠤᠳᠡᠰ ᠤᠨ ᠪᠤᠰᠤ ᠰᠤᠶᠤᠯ ᠤᠨ ᠦᠪ ᠢ | ᠡᠷᠡᠮᠡᠯᠵᠡᠯᠡᠨ ᠮᠡᠳᠡᠭᠦᠯᠬᠦ ᠠᠵᠢᠯ ᠤᠳ ᠢ ᠴᠢᠩᠭᠠᠳᠬᠠᠵᠦ᠂ ᠦᠨᠳᠦᠰᠦᠳᠡᠨ ᠤ ᠤᠯᠠᠮᠵᠢᠯᠠᠯᠳᠦ ᠭᠠᠷ ᠤᠷᠠᠯᠠᠯ ᠤᠨ | ᠬᠦᠭᠵᠢᠯᠳᠡ ᠶᠢ ᠲᠡᠳᠭᠦᠨ᠎ᠡ᠃ ᠮᠤᠩᠭᠤᠯ ᠬᠢᠳᠡᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠶᠢ ᠠᠬᠢᠭᠤᠯᠵᠦ᠂ | ᠮᠤᠩᠭᠤᠯ ᠦᠭᠡ ᠭᠡᠯᠨ ᠦᠰᠦᠭ ᠪᠢᠴᠢᠭ ᠢ ᠲᠦᠷᠢᠮᠵᠢᠭᠦᠯᠦᠨ ᠬᠡᠷᠡᠭᠯᠡᠬᠦ ᠲᠠᠯ᠎ᠠ ᠶᠢᠨ ᠬᠢᠨᠠᠯᠳᠠ ᠬᠠᠮᠢᠶᠠᠷᠤᠯᠳᠠ ᠶᠢᠨ | ᠡᠷᠴᠢᠮ ᠢᠶᠠᠨ ᠴᠢᠩᠭᠠᠳᠬᠠᠨ᠎ᠡ᠃ ᠡᠯᠪᠡᠭ ᠪᠠᠶᠠᠯᠢᠭ ᠠᠭᠤᠯᠭ᠎ᠠ ᠲᠠᠢ᠂ ᠪᠤᠯᠪᠠᠰᠦᠨ ᠡᠷᠡᠭᠦᠯ ᠤᠯᠡᠨ ᠲᠦᠮᠡᠨᠴᠢ | ᠴᠢᠨᠠᠷᠳᠡᠢ ᠰᠤᠶᠤᠯ ᠲᠡᠮᠢᠷ ᠤᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠦᠨ᠂ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠪᠠ ᠡᠷᠡᠬᠦᠯᠵᠢᠬᠦ ᠶᠢ ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠤᠨ᠎ᠠ᠃ ᠤᠯᠠᠭᠠᠨᠮᠦ᠋ᠴᠢᠷ ᠤᠨ | ᠰᠢᠯᠢᠳᠡᠭ ᠤᠯᠠᠮᠵᠢᠯᠡᠯ ᠢ ᠶᠡᠭᠡᠪᠡᠷ ᠪᠠᠳᠠᠷᠠᠭᠤᠯᠵᠦ᠂ ᠬᠤᠳᠠ ᠬᠦᠳᠡᠭᠡ ᠳᠤ 120 ᠲᠠᠯᠠᠪᠠᠢ ᠠᠴᠠ ᠲᠡᠭᠡᠭᠰᠢ | ᠲᠣᠭᠯᠠᠯᠳᠠ ᠵᠤᠬᠢᠶᠠᠨ ᠪᠠᠶᠢᠭᠤᠯᠦᠨ᠎ᠡ᠃ | ᠠᠶᠤᠯᠭᠦᠢ ᠦᠢᠯᠡᠳᠪᠤᠷᠢᠯᠡᠯ ᠤᠨ ᠬᠤᠷᠢᠭ᠎ᠠ ᠱᠤᠭᠤᠮ ᠢ ᠪᠠᠳᠦ ᠰᠠᠬᠢᠨ᠎ᠠ᠃ ᠠᠶᠤᠯᠭᠦᠢ ᠦᠢᠯᠡᠳᠪᠤᠷᠢᠯᠡᠯ | ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ | ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠬᠢᠭᠡᠳ | ᠠᠵᠤ ᠠᠬᠤᠶᠢᠯᠡᠯ ᠤᠨ ᠭᠤᠤᠯ ᠴᠤᠭᠴᠨ ᠶᠢᠨ ᠬᠠᠷᠢᠭᠤᠴᠠᠯᠭ᠎ᠠ ᠶᠢ ᠦᠨᠡᠨ ᠪᠤᠳᠡᠳᠡᠢ ᠬᠡᠷᠡᠭᠵᠢᠭᠦᠯᠦᠨ᠎ᠡ᠃ ᠪᠦᠬᠦ | ᠬᠤᠰᠢᠭᠤᠨ ᠤ ᠠᠶᠤᠯᠭᠦᠢ ᠦᠢᠯᠡᠳᠪᠤᠷᠢᠯᠡᠯ ᠤᠨ ᠠᠳᠡᠯ ᠭᠡᠷᠡᠭ ᠤᠨ ᠲᠠᠯᠳᠠ ᠭᠡᠮ ᠢ ᠶᠡᠭᠡᠪᠡᠷ ᠪᠠᠶᠢᠴᠠᠭᠠᠨ ᠴᠡᠭᠴᠡᠯᠡᠨ | ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠠᠵᠢᠯ ᠲᠦᠷᠦᠯ ᠤᠨ ᠲᠤᠰᠬᠠᠢ ᠮᠠᠷᠬᠡᠵᠢᠯᠳᠡᠨ ᠪᠠ ᠬᠦᠨᠳᠡᠯᠡᠨ | ᠲᠠᠯ᠎ᠠ ᠶᠢᠨ ᠪᠠᠶᠢᠭᠤᠯᠤᠮᠵᠢ ᠶᠢ ᠤᠷᠢᠨ ᠲᠤᠭᠳᠠᠭᠰᠠᠨ ᠬᠤᠭᠤᠴᠠᠭ᠎ᠠ ᠲᠠᠢ ᠪᠠᠷ ᠭᠤᠤᠯᠳᠠᠯᠭ᠎ᠠ ᠲᠠᠢ ᠠᠵᠢᠯ ᠲᠦᠷᠦᠯ | ᠤᠨ ᠬᠡᠪᠴᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠳᠤ ᠵᠠᠳᠠᠯᠤᠯᠳᠠ ᠪᠠ ᠰᠤᠳᠤᠯᠤᠨ ᠮᠠᠭᠠᠳᠯᠠᠯᠳᠠ | ᠬᠢᠵᠦ᠂ ᠬᠢᠨᠠᠨ ᠬᠠᠮᠢᠶᠠᠷᠤᠯᠳᠠ ᠶᠢᠨ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠭᠤᠤᠯ ᠴᠤᠭᠴᠨ ᠶᠢᠨ | ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠵᠦ ᠲᠡᠶᠢᠯᠬᠦ ᠦᠭᠡᠢ ᠪᠠᠶᠢᠭ᠎ᠠ ᠠᠰᠠᠭᠤᠳᠡᠯ ᠢ ᠦᠨᠳᠦᠰᠦᠨ ᠠᠴᠠ ᠨᠢ | ᠰᠶᠢᠳᠪᠤᠷᠢᠯᠡᠵᠦ᠂ ᠨᠡᠯᠢᠶᠡᠳ ᠶᠡᠭᠡ ᠠᠮᠤᠷ ᠲᠦᠪᠰᠢᠨ ᠤ ᠠᠳᠡᠯ ᠭᠡᠷᠡᠭ ᠡᠭᠦᠰᠬᠦ ᠶᠢ ᠡᠷᠡᠰ ᠬᠤᠷᠢᠭᠯᠠᠨ᠎ᠠ᠃ | ᠠᠶᠤᠯᠭᠦᠢ ᠦᠢᠯᠡᠳᠪᠤᠷᠢᠯᠡᠯ ᠤᠨ ᠤᠬᠠᠭᠤᠯᠭ᠎ᠠ ᠪᠤᠯᠪᠠᠰᠤᠷᠠᠯ ᠢ ᠴᠢᠩᠭᠠᠳᠬᠠᠵᠦ᠂ ᠠᠶᠤᠯᠭᠦᠢ ᠦᠢᠯᠡᠳᠪᠤᠷᠢᠯᠡᠯ ᠢ ︽ | ᠲᠤᠯᠤᠭ᠎ᠠ ᠳᠤ ᠤᠷᠤᠭᠤᠯᠬᠤ︾ 〔 31 〕ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠨᠡᠶᠢᠭᠡᠮ ᠤᠨ ᠠᠮᠤᠷ | ᠲᠦᠪᠰᠢᠨ ᠤ ᠦᠵᠡᠯ ᠲᠠᠨᠢᠯᠳᠡ ᠪᠤᠯᠦᠨ ᠠᠮᠤᠷ ᠲᠦᠪᠰᠢᠨ ᠤ ᠴᠢᠨᠠᠷ ᠴᠢᠠᠰᠠᠭ᠎ᠠ ᠶᠢ ᠲᠠᠰᠤᠷᠠᠯᠳᠡ ᠦᠭᠡᠢ | ᠲᠡᠭᠡᠭᠰᠢᠯᠡᠭᠦᠯᠦᠨ᠎ᠡ᠃ ᠪᠠᠴᠢᠮ ᠪᠠᠶᠢᠳᠡᠯ ᠢ ᠠᠷᠭᠠᠴᠠᠭᠠᠬᠤ ᠬᠠᠮᠢᠶᠠᠷᠤᠯᠳᠠ ᠬᠢᠭᠡᠳ ᠭᠠᠮᠰᠢᠭ ᠢ ᠰᠡᠷᠬᠡᠶᠢᠯᠡᠨ ᠭᠠᠮᠰᠢᠭ ᠢ | ᠪᠠᠭᠠᠰᠬᠠᠬᠤ ᠪᠠᠶᠢᠭᠤᠯᠤᠮᠵᠢ ᠶᠢ ᠪᠠᠶᠢᠭᠤᠯᠦᠨ ᠲᠡᠭᠦᠯᠳᠡᠷᠵᠢᠭᠦᠯᠵᠦ᠂ ᠤᠷᠢᠳᠴᠢᠯᠡᠨ ᠰᠡᠷᠡᠮᠵᠢᠯᠡᠬᠦ ᠪᠠ ᠪᠠᠴᠢᠮ ᠪᠡᠶᠢᠳᠡᠯ | ᠢ ᠠᠷᠭᠠᠴᠠᠭᠠᠬᠤ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠭᠡᠨᠡᠳᠳᠡ ᠶᠢᠨ ᠭᠡᠷᠡᠭ ᠢ ᠪᠠᠴᠢᠮ ᠠᠷᠭᠠᠴᠠᠭᠠᠨ | ᠰᠶᠢᠳᠪᠤᠷᠢᠯᠡᠬᠦ ᠴᠢᠳᠠᠪᠤᠷᠢ ᠪᠤᠯᠦᠨ ᠪᠠᠳᠤᠯᠠᠭ᠎ᠠ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠨᠠᠮ ᠤᠨ ᠦᠨᠳᠦᠰᠤᠳᠡᠨ ᠤ ᠲᠤᠬᠠᠢ ᠲᠦᠷᠦ | ᠶᠢᠨ ᠪᠤᠳᠤᠯᠭ᠎ᠠ ᠶᠢᠨ ᠤᠬᠠᠭᠤᠯᠭ᠎ᠠ᠂ ᠦᠨᠳᠦᠰᠦᠳᠡᠨ ᠤ ᠪᠦᠯᠭᠦᠮᠳᠡᠯ ᠲᠠᠪᠰᠢᠯᠳᠡ ᠶᠢᠨ ᠬᠦᠮᠦᠵᠢᠯ ᠬᠢᠭᠡᠳ ᠡᠭᠦᠳᠦᠨ | ᠪᠠᠶᠢᠭᠤᠯᠬᠤ ᠠᠵᠢᠯᠯᠠᠭ᠎ᠠ ᠶᠢ ᠶᠡᠭᠡᠪᠡᠷ ᠦᠷᠨᠢᠭᠦᠯᠦᠨ᠎ᠡ᠃ ᠨᠠᠮ ᠤᠨ ᠱᠠᠰᠢᠨ ᠰᠤᠷᠳᠠᠬᠤᠨ ᠤ ᠴᠢᠭᠯᠡᠯᠳᠡ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠱᠠᠰᠢᠨ ᠰᠢᠳᠦᠯᠭᠡ ᠡᠷᠭᠡ ᠴᠢᠯᠤᠭᠡᠳᠡᠢ ᠪᠠᠶᠢᠬᠤ ᠶᠢ ᠪᠠᠳᠤᠯᠠᠨ᠂ | ᠱᠠᠰᠢᠨ ᠰᠤᠷᠳᠠᠬᠤᠨ ᠤ ᠲᠠᠯᠠᠪᠤᠷ ᠪᠠ ᠱᠠᠰᠢᠨ ᠤ ᠬᠡᠷᠡᠭ ᠶᠠᠪᠤᠳᠠᠯ ᠢ ᠬᠠᠤᠯᠢ ᠪᠠᠷ ᠬᠠᠮᠢᠶᠠᠷᠤᠨ᠎ᠡ᠃ ᠨᠡᠶᠢᠭᠡᠮ ᠤᠨ | ᠵᠦᠷᠢᠴᠡᠯ ᠢ ᠰᠡᠷᠬᠡᠶᠢᠯᠡᠬᠦ ᠪᠠ ᠨᠠᠮᠳᠠᠭᠤᠯᠬᠤ ᠲᠤᠭᠳᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠦᠷᠢᠴᠡᠯ ᠢ | ᠲᠤᠬᠢᠷᠠᠮᠵᠢᠳᠠᠢ ᠪᠠᠶᠢᠴᠠᠭᠠᠨ ᠰᠶᠢᠳᠪᠤᠷᠢᠯᠡᠵᠦ᠂ ᠵᠠᠬᠢᠳᠡᠯ ᠰᠤᠷᠪᠤᠯᠵᠢᠯᠠᠭ᠎ᠠ ᠪᠠ ᠰᠠᠨᠠᠯ ᠱᠠᠭᠠᠷᠳᠠᠯᠭ᠎ᠠ ᠶᠢ ᠬᠠᠤᠯᠢ ᠪᠠᠷ | ᠲᠦᠷᠦᠯ ᠬᠤᠪᠢᠶᠠᠨ ᠰᠢᠢᠳᠪᠦᠷᠢᠯᠡᠨ᠎ᠡ᠃ ᠠᠵᠤ ᠠᠬᠤᠶᠢᠯᠡᠯ ᠤᠨ ᠠᠵᠢᠯᠳᠡᠨ ᠬᠡᠷᠡᠭᠯᠡᠬᠦ ᠠᠵᠢᠯᠯᠠᠭ᠎ᠠ ᠶᠢ ᠤᠯᠠᠮ | ᠲᠦᠷᠢᠮᠵᠢᠭᠦᠯᠦᠨ᠂ ᠬᠦᠳᠡᠯᠮᠤᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠬᠠᠤᠯᠢ ᠭᠡᠷᠡᠭᠵᠢᠬᠦᠯᠬᠦ ᠡᠷᠴᠢᠮ ᠢ | ᠴᠢᠩᠭᠠᠷᠠᠭᠤᠯᠵᠦ᠂ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠡ᠃ ︽ᠭᠡᠭᠡᠨ ᠢᠨᠵᠧᠨᠧᠷᠢᠩ︾ | 〔 32 〕 ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠦᠨ᠂ ᠦᠨᠡᠨᠪᠠᠳᠦ ᠲᠤᠮᠢᠯᠠᠭᠰᠠᠨ ᠰᠠᠯᠪᠤᠷᠢ᠂ ᠮᠠᠰᠢᠨ | ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠲᠤᠬᠠᠶᠢᠯᠠᠭᠰᠠᠨ ᠠᠵᠢᠯ ᠤᠨ ᠲᠢᠩᠬᠢᠮ ᠢ ᠪᠠᠶᠢᠭᠤᠯᠬᠤ ᠲᠦᠷᠦᠯ ᠵᠦᠢᠯ ᠢ | ᠡᠬᠢᠯᠡᠭᠦᠯᠦᠨ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠬᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ | ᠬᠠᠷ᠎ᠡ ᠪᠦᠯᠦᠭ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠶᠢᠷᠡᠭᠦᠯᠵᠦ᠂ ᠡᠯ᠎ᠡ ᠲᠦᠷᠦᠯ ᠤᠨ | ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠬᠦᠴᠦᠳᠡᠢ ᠴᠤᠬᠢᠯᠳᠠ ᠦᠭᠬᠦ ᠬᠠᠨᠳᠤᠰᠢ ᠶᠢ ᠪᠠᠳᠤᠯᠠᠵᠦ᠂ | ᠤᠬᠢ ᠰᠡᠶᠢᠨ ᠨᠡᠶᠢᠭᠡᠮ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ ︽7.5︾ 〔 33 〕 ᠶᠢᠨ ᠬᠠᠤᠯᠢ | ᠲᠦᠭᠡᠮᠡᠯᠵᠢᠭᠦᠯᠬᠦ ᠶᠢ ᠬᠦᠨᠵᠡᠭᠡᠢ ᠦᠷᠨᠢᠬᠦᠯᠦᠨ᠎ᠡ᠃ ᠭᠠᠵᠠᠷ ᠰᠢᠷᠦᠢ ᠶᠢᠨ ᠬᠤᠪᠢᠷᠠᠯᠳᠠ ᠶᠢ ᠪᠠᠶᠢᠴᠠᠭᠠᠬᠤ᠂ ᠬᠤᠳᠠ | ᠪᠠᠯᠭᠠᠰᠦᠨ ᠤ ᠡᠷᠭᠡ ᠶᠢᠨ ᠬᠠᠷᠢᠶᠠᠯᠠᠯ ᠢ ᠪᠠᠶᠢᠴᠠᠭᠠᠬᠤ᠂ ᠭᠤᠷᠪᠠᠳᠤᠭᠠᠷ ᠤᠳᠠᠭᠠᠨ ᠤ ᠪᠦᠬᠦ ᠤᠯᠦᠰ ᠤᠨ ᠤᠯᠤᠰ ᠤᠨ | ᠭᠠᠵᠡᠷ ᠰᠢᠷᠦᠢ ᠶᠢᠨ ᠪᠠᠶᠢᠴᠠᠭᠠᠯᠳᠠ᠂ ᠲᠦᠷᠪᠡᠳᠤᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠯᠠᠪᠳᠠᠭᠤᠨ ᠢᠶᠠᠷ ᠠᠬᠢᠭᠤᠯᠦᠨ᠎ᠡ᠃ ᠠᠵᠢᠯᠴᠢᠨ ᠵᠠᠯᠠᠭᠤᠴᠤᠳ ᠡᠮᠡᠭᠳᠡᠶᠢᠴᠤᠳ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠳᠬ᠎ᠠ ᠤᠷᠠᠯᠢᠭ ᠤᠨ | ᠬᠤᠯᠪᠤᠭ᠎ᠠ᠂ ᠰᠢᠨᠵᠢᠯᠡᠬᠦ ᠮᠡᠷᠬᠡᠵᠢᠯ ᠤᠨ ᠨᠡᠶᠢᠬᠡᠮᠯᠢᠭ ᠵᠡᠷᠭᠡ ᠠᠷᠠᠳ ᠤᠨ ᠪᠦᠯᠭᠦᠮ ᠤᠨ ᠦᠢᠯᠡᠳᠦᠯ ᠢᠶᠠᠨ ᠬᠦᠢᠴᠡᠳ | ᠪᠠᠳᠠᠷᠠᠭᠤᠯᠬᠤ ᠶᠢ ᠲᠡᠮᠵᠢᠵᠦ᠂ ᠵᠡᠮᠳᠡᠭᠴᠤᠳ᠂ ᠨᠠᠰᠤᠳᠠᠶᠢᠴᠤᠳ᠂ ᠡᠮᠡᠭᠳᠡᠶᠢᠴᠦᠳ ᠭᠡᠤᠭᠡᠳ ᠪᠠᠭᠠᠴᠤᠳ᠂ ᠴᠡᠷᠢᠭ | ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠵᠡᠷᠭᠡ ᠨᠡᠶᠢᠭᠡᠮ ᠤᠨ ᠤᠯᠡᠨ ᠲᠦᠮᠡᠨ ᠢ | ᠠᠩᠬᠠᠷᠦᠨ ᠬᠠᠯᠠᠮᠵᠢᠯᠠᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ᠂ ᠡᠷᠦᠭᠡ ᠶᠢᠨ ᠴᠡᠷᠢᠭ ᠤᠨ | ᠪᠡᠯᠡᠳᠬᠡᠯ ᠠᠯᠪᠠ ᠬᠠᠭᠠᠬᠤ᠂ ᠬᠤᠶᠠᠷ ᠢ ᠬᠦᠷᠢᠶᠡᠯᠡᠵᠦ ᠬᠠᠮᠳᠤᠪᠠᠷ ᠪᠠᠶᠢᠭᠤᠯᠬᠤ ᠵᠡᠷᠭᠡ ᠠᠵᠢᠯ ᠢ ᠴᠢᠩᠭᠠᠳᠬᠠᠨ᠎ᠠ᠃ | ᠲᠦᠯᠦᠭᠡᠯᠡᠭᠴᠢᠳ ᠡ᠂ ᠵᠠᠰᠠᠭ ᠤᠨ ᠤᠷᠳᠦᠨ ᠤ ᠠᠵᠢᠯ ᠤᠨ ᠡᠴᠤᠰ ᠤᠨ ᠬᠠᠷᠠᠯᠳᠠ ᠪᠤᠯ ᠠᠷᠠᠳ ᠤᠯᠡᠨ ᠳᠤ | ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠬᠦᠯᠬᠦ ᠶᠠᠪᠤᠳᠡᠯ ᠪᠤᠯᠤᠨ᠎ᠠ᠃ ᠡᠨᠡ ᠵᠢᠯ ᠬᠤᠰᠢᠭᠤ | ᠵᠠᠰᠠᠭ ᠤᠨ ᠤᠷᠳᠦᠨ ᠨᠢ ᠡᠯ᠎ᠡ ᠲᠦᠷᠦᠯ ᠤᠨ ᠠᠵᠢᠯ ᠢᠶᠠᠨ ᠪᠦᠬᠦ ᠲᠠᠯ᠎ᠠ ᠪᠠᠷ ᠠᠬᠢᠭᠤᠯᠬᠤ ᠶᠢᠨ ᠵᠡᠷᠭᠡᠪᠡᠷ ᠠᠷᠠᠳ | ᠤᠯᠡᠨ ᠤ ᠠᠩᠬᠠᠷᠦᠯ ᠲᠠᠯᠪᠢᠵᠦ ᠪᠠᠶᠢᠭ᠎ᠠ ᠶᠠᠪᠤᠳᠡᠯ ᠳᠤ ᠢᠳᠡᠪᠬᠢᠳᠡᠢ ᠬᠠᠷᠢᠭᠤᠯᠳᠠ ᠦᠭᠴᠦ᠂ ᠪᠦᠬᠦ ᠬᠤᠰᠢᠭᠤᠨ ᠤ | ᠠᠷᠠᠳ ᠤᠯᠡᠨ ᠳᠤ ︽ᠨᠠᠢᠮᠠᠨ ᠪᠤᠳᠡᠳᠦ ᠶᠠᠪᠤᠳᠠᠯ︾ ᠢ ᠴᠢᠷᠮᠠᠶᠢᠨ ᠰᠡᠶᠢᠳᠦᠷ ᠬᠢᠵᠦ ᠦᠭᠭᠦᠨ᠎ᠡ᠃ | ᠨᠢᠭᠡ ᠳᠤ᠂ ᠮᠠᠯᠵᠢᠬᠤ ᠲᠠᠷᠢᠶᠠᠯᠠᠬᠤ ᠤᠷᠤᠨ ᠤ ᠤᠰᠦᠨ ᠤ ᠠᠮᠤᠷ ᠲᠦᠪᠰᠢᠨ ᠢ ᠪᠠᠬᠢᠵᠢᠭᠦᠯᠦᠨ ᠲᠡᠭᠡᠭᠰᠢᠯᠡᠭᠦᠯᠵᠦ᠂ | ᠤᠰᠦᠨ ᠤ ᠶᠠᠰᠦ ᠴᠢᠨᠠᠷ ᠢ ᠰᠢᠯᠭᠠᠨ ᠬᠡᠮᠵᠢᠬᠦ ᠠᠵᠢᠯ ᠢ ᠦᠷᠨᠢᠬᠦᠯᠵᠦ᠂ ᠮᠠᠯᠴᠢᠨ ᠲᠠᠷᠢᠶᠠᠴᠢᠳ ᠤᠨ ᠤᠤᠭᠤᠬᠤ | ᠤᠰᠦᠨ ᠤ ᠨᠦᠬᠦᠴᠡᠯ ᠢ ᠴᠢᠨᠠᠭᠰᠢᠳᠡ ᠬᠠᠯᠠᠨ ᠰᠠᠶᠢᠵᠢᠷᠠᠭᠤᠯᠤᠨ᠎ᠠ᠃ | ᠬᠤᠶᠡᠷ ᠲᠤ᠂ ᠴᠡᠬᠢᠯᠭᠠᠨ ᠲᠤᠤᠷ ᠢ ᠦᠭᠡᠷᠡᠴᠢᠯᠡᠨ ᠪᠠᠶᠢᠭᠤᠯᠬᠤ ᠠᠵᠢᠯ ᠢ ᠭᠡᠷᠡᠭᠵᠢᠬᠦᠯᠵᠦ᠂ ᠬᠤᠳᠡ ᠬᠦᠳᠡᠭᠡ ᠶᠢᠨ | ᠴᠡᠬᠢᠯᠭᠠᠨ ᠲᠤᠤᠷ ᠤᠨ ᠬᠦᠭᠵᠢᠯᠳᠡ ᠶᠢ ᠲᠤᠯᠭᠠᠭᠤᠷᠢᠯᠠᠬᠤ ᠴᠢᠳᠠᠮᠵᠢ ᠶᠢ ᠲᠡᠰ ᠲᠡᠪᠰᠢᠬᠦᠯᠦᠨ᠎ᠡ᠃ | ᠭᠤᠷᠪᠠ ᠳᠤ᠂ ᠭᠠᠴᠠᠭ᠎ᠠ ᠲᠤᠰᠬᠤᠨ ᠲᠤᠭᠤᠶᠢᠯᠡᠩ ᠤᠨ ᠵᠠᠰᠠᠮᠠᠯ ᠵᠠᠮ ᠢ 18.4 ᠺᠢᠯᠤᠮᠧᠲᠷ ᠪᠠᠶᠢᠭᠤᠯᠵᠦ᠂ ᠬᠦᠨᠳᠦ | ᠶᠠᠳᠠᠭᠤ ᠬᠦᠴᠢᠷᠳᠡᠢ 3 ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠳ ᠤᠨ ᠶᠠᠪᠤᠵᠦ ᠰᠠᠭᠤᠬᠤ ᠨᠦᠬᠦᠴᠡᠯ ᠢ | ᠬᠠᠯᠠᠨ ᠰᠠᠶᠢᠵᠢᠷᠠᠭᠤᠯᠤᠨ᠎ᠠ᠃ | ᠲᠦᠷᠪᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︵ᠤᠯᠠᠨ ᠨᠡᠶᠢᠳᠡ ᠶᠢᠨ ᠡᠬᠢ ᠪᠠᠶᠠᠯᠢᠭ ᠤᠨ | ᠰᠤᠯᠢᠯᠴᠠᠭᠠᠨ︶ ᠲᠦᠪ ᠢ ᠪᠠᠶᠢᠭᠤᠯᠵᠦ᠂ ᠵᠠᠰᠠᠭ ᠤᠨ ᠶᠠᠪᠤᠳᠠᠯ ᠤᠨ ᠬᠢᠨᠠᠨ ᠵᠦᠪᠰᠢᠶᠡᠷᠡᠯ ᠳᠤ ︽ᠨᠢᠭᠡ | ᠦᠷᠳᠡᠬᠡᠯᠡᠭᠰᠡᠨ ᠭᠡᠯᠪᠡᠷᠢ︾ ᠶᠢᠨ ᠦᠢᠯᠡᠴᠢᠯᠡᠭᠡ ᠬᠢᠬᠦ ᠶᠢ ᠠᠬᠢᠭᠤᠯᠤᠨ᠎ᠠ᠃ | ᠲᠠᠪᠤ ᠳᠤ᠂ ᠪᠤᠷᠤ ᠭᠡᠷ ᠤᠨ ᠲᠤᠭᠤᠷᠢᠭ ᠤᠨ 200 ᠢᠵᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ ᠶᠢ | ᠭᠡᠷᠡᠭᠵᠢᠬᠦᠯᠵᠦ᠂ ᠬᠤᠳᠠ ᠪᠠᠯᠭᠠᠰᠦᠨ ᠤ ᠰᠠᠭᠤᠭᠠᠯᠢ ᠠᠷᠠᠳ ᠤᠨ ᠤᠷᠤᠨ ᠰᠠᠭᠤᠴᠨ ᠶᠢᠨ ᠨᠦᠬᠦᠴᠡᠯ ᠢ ᠤᠯᠡᠮ | ᠬᠠᠯᠠᠨ ᠰᠠᠶᠢᠵᠢᠷᠠᠭᠤᠯᠤᠨ᠎ᠠ᠃ | ᠲᠡᠭᠡᠷᠡᠬᠢ 5 ᠵᠦᠢᠯ ᠢ ᠨᠢᠭᠡᠨᠳᠡ ᠠᠷᠠᠳ ᠤᠨ ᠲᠦᠯᠦᠭᠡᠯᠡᠭᠴᠢ ᠶᠢᠨ ᠪᠢᠯᠧᠲ ᠦᠭᠴᠦ ᠰᠶᠢᠳᠪᠤᠷᠢ ᠭᠠᠷᠭᠠᠬᠤ ᠠᠷᠠᠳ | ᠤᠨ ᠠᠮᠢᠳᠦᠷᠡᠯ ᠤᠨ ᠪᠤᠳᠡᠳᠦ ᠶᠠᠪᠤᠳᠡᠯ ᠤᠨ ᠰᠤᠩᠭᠤᠬᠤ ᠲᠦᠷᠦᠯ ᠵᠦᠢᠯ ᠳᠤ ᠤᠷᠤᠭᠤᠯᠵᠦ᠂ ᠬᠤᠰᠢᠭᠤ ᠵᠠᠰᠠᠭ ᠤᠨ | ᠤᠷᠳᠦᠨ ᠠᠴᠠ ᠲᠤᠰ ᠬᠤᠷᠠᠯᠳᠤᠭᠠᠨ ᠲᠡᠭᠡᠷ᠎ᠡ ᠲᠤᠰᠬᠠᠢ ᠰᠡᠳᠦᠪ ᠢᠶᠠᠷ ᠮᠡᠳᠡᠭᠦᠯᠦᠯᠳᠡ ᠬᠢᠨ᠎ᠡ᠃ | ᠵᠢᠷᠭᠤᠭ᠎ᠠ ᠳᠤ᠂ ︽ᠲᠦᠷᠪᠡᠨ ᠰᠡᠶᠢᠨᠳᠡᠢ ᠬᠦᠳᠡᠭᠡ ᠲᠤᠰᠬᠤᠨ ᠤ ᠵᠠᠮ︾ 〔 34 〕 ᠤᠨ ᠪᠦᠳᠦᠭᠡᠨ | ᠪᠠᠶᠢᠭᠤᠯᠤᠯᠳᠠ ᠶᠢ ᠠᠬᠢᠭᠤᠯᠵᠦ᠂ ᠰᠢᠨ᠎ᠡ ᠪᠠᠷ ᠬᠠᠰᠦᠵᠦ ᠨᠡᠶᠢᠯᠡᠭᠦᠯᠦᠭᠰᠡᠨ ᠲᠤᠰᠬᠤᠨ ᠳᠤ 64.5 ᠺᠢᠯᠤᠮᠧᠲᠷ ᠤᠨ | ᠬᠠᠳᠠᠭᠤᠷᠠᠭᠤᠯᠤᠭᠰᠠᠨ ᠵᠠᠮ ᠢ ᠨᠡᠪᠳᠡᠷᠡᠭᠦᠯᠵᠦ᠂ ᠡᠬᠦᠨ ᠳᠤ ᠴᠠᠭᠠᠨ ᠰᠢᠯᠢ ᠠᠴᠠ ᠪᠤᠷᠦ ᠦᠨᠳᠦᠷ ᠬᠦᠷᠬᠦ ᠬᠡᠰᠡᠭ ᠤᠨ | 26.7 ᠺᠢᠯᠤᠮᠧᠲᠷ᠂ ᠬᠤᠭᠤᠯᠠᠳᠦ ᠠᠴᠠ ᠬᠦᠨ ᠡᠷᠬᠢ ᠬᠦᠷᠬᠦ ᠬᠡᠰᠡᠭ ᠤᠨ 37.8 ᠺᠢᠯᠤᠮᠧᠲᠷ ᠵᠠᠮ ᠢ ᠵᠠᠰᠠᠨ᠎ᠠ᠃ | ᠡᠳᠦᠷ ᠲᠤᠳᠤᠮ ᠤᠨ ᠠᠷᠠᠴᠢᠯᠠᠬᠤ᠂ ᠲᠤᠭᠳᠠᠭᠰᠠᠨ ᠬᠤᠭᠤᠴᠠᠭ᠎ᠠ ᠲᠠᠢ ᠠᠷᠠᠴᠢᠯᠠᠬᠤ ᠪᠠ ᠤᠨᠴᠠᠭᠠᠢ ᠠᠷᠠᠴᠢᠯᠠᠬᠤ ᠶᠢ | ᠤᠶᠠᠯᠳᠤᠭᠤᠯᠵᠦ᠂ ᠮᠠᠯᠵᠢᠬᠤ ᠲᠠᠷᠢᠶᠠᠯᠠᠬᠤ ᠤᠷᠤᠨ ᠤ 102.2 ᠺᠢᠯᠤᠮᠧᠲᠷ ᠤᠨ ᠵᠠᠰᠠᠮᠠᠯ ᠵᠠᠮ ᠢ ᠠᠷᠠᠴᠢᠯᠠᠨ | ᠬᠠᠮᠠᠭᠠᠯᠠᠵᠦ᠂ ᠦᠷᠬᠡᠨ ᠤᠯᠠᠨ ᠮᠠᠯᠴᠢᠨ ᠲᠠᠷᠢᠶᠠᠴᠢᠳ ᠤᠨ ᠶᠠᠪᠤᠵᠦ ᠰᠠᠭᠤᠬᠤ ᠳᠤ ᠲᠦᠬᠦᠮ ᠨᠦᠬᠦᠴᠡᠯ ᠢ | ᠬᠠᠩᠭᠠᠨ᠎ᠠ᠃ | ᠲᠤᠯᠤᠭ᠎ᠠ ᠳᠤ᠂ ᠲᠦᠯᠦᠪᠯᠡᠭᠡᠳᠦ ᠦᠷᠡᠵᠢᠯ ᠤᠨ ᠤᠨᠴᠠᠭᠠᠢ ᠭᠡᠷ ᠪᠦᠯᠢ ᠶᠢ ᠲᠡᠳᠭᠦᠨ ᠬᠠᠯᠠᠮᠵᠢᠯᠠᠬᠤ ᠶᠢ | ᠤᠯᠡᠮ ᠴᠢᠩᠭᠠᠳᠬᠠᠨ᠂ ᠭᠠᠭᠴᠨ ᠭᠡᠤᠭᠡᠳ ᠢᠶᠠᠨ ᠠᠯᠳᠠᠭᠰᠠᠨ ᠭᠡᠷ ᠪᠦᠯᠢ〔 35 〕 ︵ᠡᠭᠡ ᠨᠢ ᠪᠦᠭᠦᠯᠢ 49 | ᠨᠠᠰᠦᠳᠡᠢ︶ ᠶᠢ ᠬᠠᠪᠰᠤᠷᠤᠨ ᠲᠡᠳᠬᠦᠬᠦ ᠪᠠᠷᠢᠮᠵᠢᠶ᠎ᠠ ᠶᠢ ᠡᠴᠢᠭᠡ ᠡᠭᠡ ᠨᠢ ᠬᠦᠮᠦᠨ ᠨᠢᠬᠡᠪᠦᠷᠢ ᠰᠠᠷ᠎ᠠ ᠪᠦᠷᠢ 545 | ᠲᠦᠬᠦᠷᠢᠭ ᠤᠯᠵᠦ ᠪᠠᠶᠢᠭᠰᠠᠨ ᠠᠴᠠ 655 ᠲᠦᠬᠦᠷᠢᠭ ᠪᠤᠯᠭᠠᠨ ᠲᠡᠭᠡᠭᠰᠢᠯᠡᠬᠦᠯᠵᠦ᠂ ᠭᠠᠭᠴᠨ ᠭᠡᠤᠭᠡᠳ ᠨᠢ ᠵᠡᠮᠳᠡᠭ | ︵ᠭᠤᠷᠪᠠᠳᠤᠭᠠᠷ ᠲᠡᠰ ᠠᠴᠠ ᠲᠡᠭᠡᠭᠰᠢᠬᠢ ᠵᠡᠮᠳᠡᠭ︶ ᠭᠡᠷ ᠪᠦᠯᠢ ︵ᠡᠭᠡ ᠨᠢ ᠪᠦᠭᠦᠯᠢ 49 ᠨᠠᠰᠦᠳᠡᠢ︶ ᠶᠢ | ᠬᠠᠪᠰᠤᠷᠤᠨ ᠲᠡᠳᠬᠦᠬᠦ ᠪᠠᠷᠢᠮᠵᠢᠶ᠎ᠠ ᠶᠢ ᠡᠴᠢᠭᠡ ᠡᠭᠡ ᠨᠢ ᠬᠦᠮᠦᠨ ᠨᠢᠬᠡᠪᠦᠷᠢ ᠰᠠᠷ᠎ᠠ ᠪᠦᠷᠢ 440 ᠲᠦᠬᠦᠷᠢᠭ ᠤᠯᠵᠦ | ᠪᠠᠶᠢᠭᠰᠠᠨ ᠠᠴᠠ 520 ᠲᠦᠬᠦᠷᠢᠭ ᠪᠤᠯᠭᠠᠨ ᠲᠡᠭᠡᠭᠰᠢᠯᠡᠬᠦᠯᠵᠦ᠂ ᠲᠡᠳᠬᠦᠬᠦ ᠮᠦᠩᠬᠦ ᠶᠢ ᠨᠢᠭᠡ ᠤᠳᠠᠭ᠎ᠠ ᠳᠤ ᠦᠭᠬᠦ | ᠠᠵᠢᠯ ᠢ ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ | ᠨᠡᠢᠮᠨ ᠳᠤ᠂ ᠰᠤᠷᠭᠠᠭᠤᠯᠢ ᠡᠷᠬᠢᠯᠡᠬᠦ ᠨᠦᠬᠦᠴᠡᠯ ᠢ ᠣᠯᠠᠮ ᠰᠡᠶᠢᠵᠢᠷᠠᠭᠤᠯᠵᠦ᠂ ᠮᠢᠩᠭᠠᠳᠦ ᠪᠠᠭ᠎ᠠ | ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠤᠨ ᠤ ᠲᠦᠷᠦᠯ ᠵᠤᠶᠢᠯ ᠤᠨ ᠭᠤᠤᠯ ᠴᠤᠭᠴᠠ ᠶᠢᠨ ᠢᠨᠵᠧᠨᠧᠷᠢᠩ᠂ | ᠮᠢᠩᠭᠠᠳᠦ ᠬᠢᠳᠡᠳ ᠢᠶᠠᠷ ᠬᠢᠴᠢᠶᠡᠯᠯᠡᠬᠦ ᠬᠡᠤᠬᠡᠳ ᠤᠨ ᠴᠡᠴᠡᠷᠯᠢᠭ ᠢ ᠨᠡᠬᠦᠯᠬᠡᠨ ᠰᠢᠨ᠎ᠡ ᠪᠠᠷ ᠪᠠᠶᠢᠭᠤᠯᠬᠤ ᠲᠦᠷᠦᠯ | ᠵᠤᠶᠢᠯ ᠵᠢᠴᠢ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠦᠯᠪᠤᠷᠢ ᠶᠢᠨ ᠭᠡᠷ ᠤᠨ ᠲᠠᠭᠠᠯᠳᠦᠯ ᠢᠨᠵᠧᠨᠧᠷᠢᠩ ᠢ | ᠪᠡᠶᠡᠯᠡᠬᠦᠯᠵᠦ᠂ ᠦᠷᠭᠡᠨ ᠤᠯᠠᠨ ᠪᠠᠭᠰᠢ ᠰᠤᠷᠤᠭᠴᠢᠳ ᠲᠤ ᠤᠬᠢ ᠰᠠᠶᠢᠨ ᠰᠤᠷᠤᠯᠴᠠᠵᠦ ᠠᠵᠢᠯᠯᠠᠬᠤ ᠤᠷᠴᠢᠨ | ᠲᠤᠭᠤᠷᠢᠨ ᠬᠠᠩᠭᠠᠨ᠎ᠠ᠃ | ︵ᠲᠤᠯᠤᠭ᠎ᠠ︶ ᠵᠠᠰᠠᠭ ᠤᠨ ᠤᠷᠳᠦᠨ ᠤ ᠪᠠᠶᠢᠭᠤᠯᠤᠯᠳᠠ ᠶᠢ ᠲᠠᠰᠤᠷᠠᠯᠳᠡ ᠦᠭᠡᠢ ᠴᠢᠩᠭᠠᠳᠬᠠᠵᠦ᠂ | ᠠᠷᠠᠳ ᠲᠦᠮᠡᠨ ᠳᠤ ᠦᠢᠯᠡᠴᠢᠯᠡᠬᠦ ᠰᠢᠨ᠎ᠡ ᠲᠦᠷᠢ ᠲᠦᠷᠬᠦ ᠶᠢ ᠪᠤᠢ ᠪᠤᠯᠭᠠᠨ᠎ᠡ | ᠤᠯᠤᠰ ᠲᠦᠷᠦ ᠪᠠᠷ ᠲᠠᠭᠠᠭᠤᠯᠬᠤ ᠶᠢ ᠴᠢᠩᠭᠠᠳᠬᠠᠨ᠎ᠡ᠃ ︽ᠲᠦᠷᠪᠡᠨ ᠤᠬᠠᠮᠰᠠᠷ︾ 〔 36 〕 ᠢ | ᠪᠠᠳᠦ ᠴᠡᠭᠡᠵᠢᠯᠡᠵᠦ᠂ ︽ᠲᠦᠷᠪᠡᠨ ᠢᠳᠡᠭᠡᠯ︾ 〔 37 〕 ᠢ ᠭᠤᠶᠢᠪᠢᠰᠢ ᠦᠭᠡᠢ ᠪᠠᠷᠢᠮᠳᠠᠯᠠᠵᠦ᠂ ︽ᠬᠤᠶᠡᠷ ᠢ | ᠬᠠᠮᠠᠭᠠᠯᠠᠬᠤ︾ | 〔 38 〕 ᠶᠢ ᠡᠷᠡᠰ ᠪᠡᠶᠡᠯᠡᠭᠦᠯᠵᠦ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠤᠯᠦᠰ | ᠲᠦᠷᠦ ᠶᠢᠨ ᠪᠠᠶᠢᠭᠤᠯᠤᠯᠳᠠ ᠶᠢ ᠢᠮᠠᠭᠳᠠ ᠵᠠᠰᠠᠭ ᠤᠨ ᠤᠷᠳᠦᠨ ᠤ ᠲᠤᠰ ᠪᠡᠶ᠎ᠡ ᠶᠢᠨ ᠪᠠᠶᠢᠭᠤᠯᠤᠯᠳᠠ ᠶᠢᠨ ᠴᠢᠬᠤᠯᠨ | ᠠᠭᠤᠯᠭ᠎ᠠ ᠪᠤᠯᠭᠠᠨ᠎ᠡ᠃ ᠨᠡᠮ ᠤᠨ ᠲᠦᠷᠦ ᠶᠢᠨ ᠪᠤᠳᠤᠯᠭ᠎ᠠ ᠴᠢᠭᠯᠡᠯᠳᠡ ᠬᠢᠭᠡᠳ ᠲᠡᠭᠡᠳᠦ ᠱᠠᠳᠦᠨ ᠤ ᠡᠯ᠎ᠡ ᠵᠦᠢᠯ ᠤᠨ | ᠰᠶᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠦᠨ ᠨᠡᠶᠢᠳᠠᠪᠦᠷᠢᠵᠢᠭᠤᠯᠵᠦ᠂ ᠵᠠᠰᠠᠭ ᠤᠨ | ᠵᠠᠷᠯᠢᠭ ᠤᠨ ᠰᠢᠯᠤᠭᠤᠬᠠᠨ ᠨᠡᠪᠳᠡᠷᠡᠬᠦ ᠦᠷ᠎ᠡ ᠠᠰᠢᠭ ᠪᠠ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠭᠦᠯᠵᠦ᠂ | ᠵᠠᠰᠠᠭ ᠤᠨ ᠤᠷᠳᠦᠨ ᠤ ᠠᠵᠢᠯ ᠤᠨ ᠬᠡᠷᠡᠭᠵᠢᠭᠦᠯᠦᠯᠳᠡ ᠶᠢᠨ ᠬᠦᠴᠦᠨ᠂ ᠨᠠᠶᠢᠳᠠᠪᠤᠷᠢᠵᠢᠭᠤᠯᠤᠯᠳᠠ ᠶᠢᠨ ᠬᠦᠴᠦᠨ ᠢ | ᠦᠨᠡᠨᠬᠦ ᠲᠡᠭᠡᠭᠰᠢᠯᠡᠭᠦᠯᠦᠨ᠎ᠡ᠃ ᠵᠠᠰᠠᠭ ᠤᠨ ᠤᠷᠳᠦᠨ ᠤ ᠰᠢᠰᠲ᠋ᠧᠮ ᠤᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ | ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠵᠦᠪ ᠤᠨᠤᠪᠴᠢᠳᠠᠢ ᠦᠵᠡᠯ ᠤᠬᠠᠮᠰᠠᠷ | ᠤᠨ ᠭᠡᠯᠪᠡᠷᠢ ᠶᠢᠨ ᠤᠳᠤᠷᠢᠳᠤᠮᠵᠢ ᠶᠢ ᠪᠤᠢ ᠪᠤᠯᠭᠠᠨ᠎ᠡ᠃ | ᠲᠦᠪ ᠴᠢᠩᠭ᠎ᠠ ᠪᠠᠷ ᠬᠠᠤᠯᠢ ᠪᠠᠷ ᠵᠠᠰᠠᠭ ᠶᠠᠪᠤᠭᠤᠯᠦᠨᠡ᠃ ᠬᠠᠤᠯᠢ ᠪᠠᠷ ᠵᠠᠰᠠᠬᠤ ᠵᠠᠰᠠᠭ ᠤᠨ ᠤᠷᠳᠦᠨ ᠤ | ᠪᠠᠶᠢᠭᠤᠯᠤᠯᠳᠡ ᠶᠢ ᠴᠢᠩᠭᠠᠳᠬᠠᠨ᠂ ᠲᠤᠮᠤ ᠴᠢᠬᠤᠯᠠ ᠵᠠᠰᠠᠭ ᠵᠠᠬᠢᠷᠭᠠᠨ ᠤ ᠰᠶᠢᠳᠪᠤᠷᠢᠳᠦ ᠪᠤᠳᠤᠯᠭ᠎ᠠ ᠶᠢᠨ ᠲᠡᠰ | ᠲᠡᠷᠠᠭᠠᠯᠠᠯ ᠤᠨ ᠲᠤᠭᠳᠠᠭᠠᠯ ᠢ ᠴᠢᠩᠭ᠎ᠠ ᠨᠢᠮᠪᠠᠢ ᠬᠡᠷᠡᠭᠵᠢᠭᠦᠯᠦᠨ᠂ ᠬᠠᠤᠯᠢ ᠪᠠᠷ ᠲᠤᠭᠳᠠᠭᠠᠭᠰᠠᠨ ᠡᠷᠭᠡ ᠶᠢᠨ | ᠬᠢᠵᠠᠭᠠᠷᠯᠠᠯ ᠪᠠ ᠲᠡᠰ ᠲᠡᠷᠠᠭᠠᠯᠠᠯ ᠢᠶᠠᠷ ᠡᠷᠭᠡ ᠪᠠᠨ ᠶᠠᠪᠤᠭᠤᠯᠬᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠴᠢᠩᠭ᠎ᠠ ᠵᠢᠷᠦᠮᠯᠡᠨ᠎ᠡ᠃ ᠵᠠᠰᠠᠭ ᠤᠨ ᠤᠷᠳᠦᠨ ᠤ ᠬᠠᠤᠯᠢ ᠴᠠᠭᠠᠵᠨ ᠶᠢᠨ ᠵᠦᠪᠯᠡᠭᠴᠢ ᠶᠢᠨ ᠦᠢᠯᠡᠳᠦᠯ ᠢ | ᠪᠠᠳᠠᠷᠠᠭᠤᠯᠵᠦ᠂ ᠵᠠᠰᠠᠭ ᠤᠨ ᠤᠷᠳᠦᠨ ᠤ ᠤᠴᠢᠷ ᠶᠠᠪᠤᠳᠠᠯ ᠢ ᠵᠦᠪᠳᠡᠯᠴᠡᠬᠦ ᠲᠦᠷᠢᠮ ᠪᠤᠯᠦᠨ ᠰᠶᠢᠳᠪᠤᠷᠢᠳᠦ | ᠪᠤᠳᠤᠯᠭ᠎ᠠ ᠶᠢᠨ ᠲᠡᠰ ᠲᠠᠷᠠᠭᠠᠯᠠᠯ ᠢ ᠤᠯᠡᠮ ᠪᠦᠷᠢᠨᠰᠢᠭᠦᠯᠵᠦ᠂ ᠲᠤᠮᠤ ᠴᠢᠬᠤᠯᠨ ᠵᠠᠰᠠᠭ ᠵᠠᠬᠢᠷᠭᠠᠨ ᠤ ᠰᠶᠢᠳᠪᠤᠷᠢᠳᠦ | ᠪᠤᠳᠤᠯᠭ᠎ᠠ ᠶᠢᠨ ᠬᠠᠤᠯᠢ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠲᠤᠭᠳᠠᠴᠠ ᠶᠢ ᠪᠦᠷᠢᠨ ᠲᠡᠭᠦᠯᠳᠡᠷᠵᠢᠭᠦᠯᠦᠨ᠎ᠡ᠃ | ᠬᠤᠰᠢᠭᠤ ᠨᠠᠮ ᠤᠨ ᠬᠤᠷᠢᠶᠠᠨ ᠤ ᠰᠶᠢᠳᠪᠤᠷᠢᠳᠦ ᠪᠤᠳᠤᠯᠭ᠎ᠠ ᠪᠠᠶᠢᠷᠢᠯᠠᠭᠤᠯᠦᠯᠳᠡ ᠶᠢ ᠡᠷᠡᠰ ᠬᠡᠷᠡᠭᠵᠢᠭᠦᠯᠵᠦ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ | ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠡ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠨᠠᠷᠢᠨ ᠨᠢᠮᠪᠠᠢ ᠰᠶᠢᠳᠪᠤᠷᠢᠯᠡᠨ᠎ᠡ᠃ ᠨᠠᠶᠢᠭᠡᠮ ᠤᠨ ᠬᠢᠨᠠᠯᠳᠠ | ᠪᠠ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠡᠨ᠂ ᠨᠡᠶᠢᠭᠡᠮ ᠤᠨ ᠡᠯ᠎ᠡ ᠡᠳᠡᠭᠡᠳ ᠤᠨ | ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠤᠨᠡ᠃ ᠵᠠᠰᠠᠭ ᠤᠨ ᠶᠠᠪᠤᠳᠡᠯ ᠪᠠ ᠰᠤᠷᠠᠭ ᠵᠠᠩᠬᠢ ᠶᠢ ᠢᠯᠨ ᠪᠤᠯᠭᠠᠬᠤ | ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠡᠨ ᠲᠦᠮᠡᠨ ᠤ ᠪᠠᠶᠢᠳᠡᠯ ᠢ ᠮᠡᠳᠡᠬᠦ ᠡᠷᠭᠡ᠂ ᠤᠷᠤᠯᠴᠠᠬᠤ ᠡᠷᠭᠡ ᠪᠠ | ᠬᠢᠨᠠᠯᠳᠠ ᠲᠠᠯᠪᠢᠬᠤ ᠡᠷᠭᠡ ᠶᠢ ᠪᠠᠳᠤᠯᠠᠵᠦ᠂ ᠵᠠᠰᠠᠭ ᠤᠨ ᠤᠷᠳᠦᠨ ᠤ ᠡᠷᠭᠡ ᠶᠢ ᠢᠮᠠᠭᠳᠠ ᠢᠯᠨ ᠲᠤᠳᠦ ᠶᠠᠪᠤᠭᠤᠯᠬᠤ | ᠶᠢ ᠪᠠᠳᠤᠯᠠᠨ᠎ᠡ᠃ | ᠵᠤᠷᠢᠭᠳᠡᠢ ᠪᠠᠷ ᠦᠨᠡᠨ ᠪᠤᠳᠡᠳᠡᠢ ᠠᠵᠢᠯᠯᠠᠵᠦ ᠬᠠᠷᠢᠭᠤᠴᠠᠯᠭ᠎ᠠ ᠡᠭᠦᠷᠭᠡᠯᠡᠨ᠎ᠡ᠃ ᠦᠨᠡᠨ ᠢ ᠡᠷᠬᠢᠮᠯᠡᠨ ᠪᠤᠳᠠᠳᠠᠢ | ᠠᠵᠢᠯᠯᠠᠬᠤ ᠠᠵᠢᠯ ᠤᠨ ᠰᠤᠷᠳᠠᠯ ᠢ ᠶᠡᠬᠡᠪᠡᠷ ᠪᠠᠳᠠᠷᠠᠭᠤᠯᠵᠦ᠂ ᠬᠠᠷᠢᠭᠤᠴᠠᠯᠭ᠎ᠠ ᠡᠬᠦᠷᠬᠡᠯᠡᠬᠦ ᠲᠠᠨᠢᠯᠳᠠ ᠶᠢ ᠪᠠᠲᠦ ᠪᠤᠢ | ᠪᠤᠯᠭᠠᠨ᠂ ᠬᠦᠭᠵᠢᠯᠳᠡ ᠶᠢᠨ ᠲᠤᠮᠳᠠᠬᠢ ᠬᠦᠴᠢᠷᠳᠡᠯ ᠪᠠ ᠲᠤᠳᠠᠭᠤᠳᠠᠯ ᠢ ᠴᠢᠩᠭ᠎ᠠ ᠠᠳᠬᠤᠨ᠂ ᠠᠷᠭ᠎ᠠ ᠬᠡᠮᠵᠢᠶ᠎ᠡ | ᠶᠢᠨ ᠰᠢᠨ᠎ᠡ ᠶᠢ ᠡᠬᠦᠳᠦᠨ᠂ ᠰᠢᠷᠭᠠᠭᠤ ᠬᠠᠳᠠᠭᠤᠵᠢᠯᠳᠡᠢ ᠠᠵᠢᠯᠯᠠᠵᠦ᠂ ᠰᠠᠶᠢᠨ ᠲᠦᠯᠦᠪᠯᠡᠨ ᠰᠠᠶᠢᠳᠦᠷ ᠪᠡᠶᠡᠯᠡᠬᠦᠯᠵᠦ᠂ | ᠵᠠᠰᠠᠭ ᠤᠨ ᠤᠷᠳᠤᠨ ᠤ ᠬᠦᠢᠴᠡᠳᠬᠡᠬᠦ ᠴᠢᠳᠠᠪᠤᠷᠢ ᠶᠢ ᠦᠨᠡᠨᠬᠦ ᠲᠡᠭᠡᠭᠰᠢᠯᠡᠬᠦᠯᠦᠨ᠎ᠡ᠃ ᠬᠠᠷᠠᠯᠳᠠ ᠪᠠ ᠠᠰᠠᠭᠤᠳᠠᠯ | ᠤᠨ ᠤᠳᠤᠷᠢᠳᠤᠮᠵᠢ ᠶᠢ ᠪᠠᠷᠢᠮᠳᠠᠯᠠᠨ᠂ ᠵᠠᠯᠬᠠᠭᠤ ᠬᠤᠶᠢᠷᠭᠤ ᠬᠠᠰᠢ ᠶᠠᠰᠢ ᠪᠠ ᠠᠵᠢᠯ ᠬᠢᠬᠦ ᠦᠭᠡᠢ᠂ ᠲᠤᠷ᠎ᠡ ᠪᠠᠷ | ᠢᠶᠠᠨ ᠦᠢᠯᠡᠳᠬᠦ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠦ᠂ ᠵᠠᠰᠠᠭ ᠤᠨ ᠤᠷᠳᠤᠨ ᠤ ᠠᠵᠢᠯ ᠨᠤᠭᠤᠳ ᠢ | ᠬᠦᠴᠦᠳᠡᠢ ᠰᠢᠢᠳᠪᠦᠷᠢᠯᠡᠨ᠂ ᠤᠷᠤᠨ ᠪᠠᠶᠢᠷᠢᠨ ᠳᠤᠨᠢ ᠬᠦᠷᠭᠡᠬᠦ ᠶᠢ ᠪᠠᠳᠤᠯᠠᠨ᠎ᠠ᠃ ᠵᠦᠪ ᠴᠢᠭᠯᠡᠯ ᠢᠶᠠᠷ | ᠤᠷᠮᠠᠰᠢᠭᠤᠯᠬᠤ ᠶᠢ ᠴᠢᠩᠭᠠᠳᠬᠠᠨ᠂ ᠤᠰᠤᠯ ᠪᠤᠷᠤᠭᠤ ᠶᠢ ᠪᠠᠭᠳᠠᠭᠠᠬᠤ ᠪᠠ ᠵᠠᠯᠠᠷᠠᠭᠤᠯᠬᠤ ᠲᠤᠭᠳᠠᠴᠠ ᠶᠢ | ᠪᠦᠷᠢᠨᠰᠢᠬᠦᠯᠵᠦ᠂ ᠤᠴᠢᠷ ᠶᠠᠪᠤᠳᠠᠯ ᠢ ᠰᠡᠳᠬᠢᠨ᠂ ᠦᠢᠯᠡᠰ ᠪᠦᠳᠦᠭᠡᠬᠦ ᠤᠷᠮ᠎ᠠ ᠵᠤᠷᠢᠭ ᠢ ᠬᠦᠪᠴᠢᠯᠡᠨ᠂ ᠦᠷᠭᠡᠨ | ᠤᠯᠠᠨ ᠺᠠᠳ᠋ᠷᠴᠣᠳ ᠤᠨ ᠠᠵᠢᠯ ᠶᠠᠪᠤᠳᠠᠯ ᠬᠢᠬᠦ᠂ ᠡᠬᠦᠷᠭᠡ ᠬᠠᠷᠢᠭᠤᠴᠠᠯᠭ᠎ᠠ ᠪᠠᠨ ᠦᠨᠡᠨ ᠪᠤᠳᠠᠳᠠᠢ ᠬᠦᠢᠴᠡᠳᠬᠡᠬᠦ | ᠠᠭᠤᠷ ᠠᠮᠢᠰᠬᠤᠯ ᠢ ᠴᠢᠷᠮᠠᠶᠢᠨ ᠪᠦᠷᠢᠯᠳᠦᠬᠦᠯᠦᠨ᠎ᠡ᠃ | ᠠᠷᠢᠭᠤᠨ ᠴᠢᠭᠡᠴᠢ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠡ᠃ ᠨᠡᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠭᠤᠤᠯ ᠴᠤᠭᠴᠨ ᠶᠢᠨ ᠬᠠᠷᠢᠭᠤᠴᠠᠯᠭ᠎ᠠ ᠬᠢᠭᠡᠳ ︽ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ | ᠡᠬᠦᠷᠬᠡᠯᠡᠬᠦ︾ ᠶᠢ ᠴᠢᠩᠭ᠎ᠠ ᠨᠡᠶᠢᠳᠠᠪᠤᠷᠢᠵᠢᠭᠤᠯᠦᠨ᠂ ᠵᠠᠰᠠᠭ ᠤᠨ ᠤᠷᠳᠦᠨ ᠤ ᠰᠢᠰᠲ᠋ᠧᠮ ᠤᠨ ᠨᠠᠮ ᠤᠨ ᠰᠤᠷᠳᠡᠯ | ᠠᠷᠢᠭᠤᠨ ᠴᠢᠭᠡᠴᠢ ᠶᠢᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠤᠳᠡᠳᠡᠢ ᠪᠠᠷ ᠨᠠᠶᠢᠳᠠᠪᠤᠷᠢᠵᠢᠭᠤᠯᠬᠤ | ᠶᠢ ᠠᠬᠢᠭᠤᠯᠦᠨ᠎ᠡ᠃ ᠲᠦᠪ ᠤᠨ ᠨᠠᠢᠮᠡᠨ ᠲᠤᠭᠳᠠᠭᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ︽ | ᠲᠦᠷᠪᠡᠨ ᠰᠤᠷᠳᠡᠯ︾ 〔 39 〕 ᠤᠨ ᠠᠰᠠᠭᠤᠳᠡᠯ ᠢ ᠦᠷᠭᠦᠯᠵᠢᠯᠡᠨ ᠵᠠᠰᠠᠨ ᠵᠠᠯᠠᠷᠠᠭᠤᠯᠵᠦ᠂ ᠡᠳ᠋ ᠤᠨ ᠵᠠᠰᠠᠭ | ᠤᠨ ᠲᠦᠰᠤᠪ ᠤᠨ ᠬᠡᠷᠡᠭᠵᠢᠭᠦᠯᠦᠯᠳᠡ ᠳᠤ ᠬᠢᠨᠠᠨ ᠪᠤᠳᠤᠯᠳᠠ ᠬᠢᠬᠦ ᠶᠢ ᠬᠦᠨᠵᠡᠭᠡᠶᠢᠷᠠᠭᠦᠯᠵᠦ᠂ ᠤᠳᠤᠷᠢᠳᠤᠯᠭ᠎ᠠ ᠶᠢᠨ | ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠶᠢ ᠴᠢᠩᠭᠠᠳᠬᠠᠨ᠂ ᠤᠯᠡᠨ ᠨᠡᠶᠢᠳᠡ ᠶᠢᠨ ᠪᠡᠯᠨ ᠮᠦᠩᠬᠦ᠂ | ᠤᠯᠡᠨ ᠨᠡᠶᠢᠳᠡ ᠶᠢᠨ ᠡᠳ᠋ ᠬᠦᠷᠦᠩᠭᠡ᠂ ᠤᠯᠡᠨ ᠨᠡᠶᠢᠳᠡ ᠶᠢᠨ ᠡᠬᠢ ᠪᠡᠶᠠᠯᠢᠭ ᠢ ᠰᠡᠶᠢᠨ ᠬᠠᠮᠢᠶᠠᠷᠴᠦ ᠰᠡᠶᠢᠳᠦᠷ | ᠬᠡᠷᠡᠭᠯᠡᠵᠦ᠂ ᠬᠤᠳᠠᠯ ᠬᠡᠯᠡᠵᠦ ᠬᠠᠭᠤᠷᠮᠠᠭᠯᠠᠨ ᠵᠤᠬᠢᠶᠠᠬᠤ᠂ ᠡᠷᠭᠡ ᠲᠤᠰᠢᠶᠠᠯ ᠢᠶᠠᠨ ᠲᠤᠷ᠎ᠡ ᠪᠠᠷ ᠬᠡᠷᠡᠭᠯᠡᠬᠦ᠂ ᠬᠡᠬᠡᠯᠢ | ᠬᠠᠭ᠋ᠤᠤᠯᠢ ᠠᠪᠬᠤ ᠲᠦᠯᠬᠢᠬᠦ ᠵᠡᠷᠭᠡ ᠦᠵᠡᠭᠳᠡᠯ ᠢ ᠡᠷᠡᠰ ᠬᠤᠷᠢᠭᠯᠠᠨ ᠵᠤᠭᠰᠤᠭᠠᠵᠦ᠂ ᠲᠦᠪ ᠬᠢᠴᠢᠶᠠᠩᠬᠦᠢ ᠤᠬᠢ | ᠰᠡᠶᠢᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠂ ᠠᠷᠢᠭᠤᠨ ᠴᠢᠬᠡᠴᠢ ᠲᠦᠷᠢ ᠲᠦᠷᠬᠦ ᠪᠠᠷ ᠠᠷᠠᠳ | ᠲᠦᠮᠡᠨ ᠤ ᠢᠳᠡᠭᠡᠯ ᠲᠡᠮᠵᠢᠯᠭᠡ ᠶᠢ ᠤᠯᠤᠨ᠎ᠡ᠃ | ᠲᠦᠯᠦᠭᠡᠯᠡᠭᠴᠢᠳ ᠡ᠂ ᠵᠤᠯ ᠵᠢᠷᠭᠠᠯ ᠢ ᠲᠡᠮᠡᠴᠡᠵᠦ ᠪᠠᠶᠢᠭᠠᠳ ᠤᠯᠳᠠᠭ ᠶᠤᠮ︕ ᠪᠢᠳᠡ ᠰᠢ ᠶᠢᠨ ᠫᠢᠡᠭ | ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ | ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ | ᠤᠳᠤᠷᠢᠳᠤᠯᠭ᠎ᠠ ᠪᠤᠯᠦᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ | ᠬᠢᠨᠠᠯᠳᠠ ᠲᠡᠮᠵᠢᠯᠭᠡ ᠲᠤᠤᠷ᠎ᠡ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠡᠨ ᠲᠦᠮᠡᠨ ᠢ ᠲᠠᠭᠠᠭᠤᠯᠵᠦ | ᠂ ᠤᠭ ᠰᠠᠨᠠᠭ᠎ᠠ ᠪᠠᠨ ᠦᠯᠦ ᠮᠠᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠵᠦ᠂ ᠬᠦᠴᠢᠷ ᠪᠡᠷᠭᠡᠰᠢᠶᠡᠯ ᠢ | ᠢᠯᠠᠨ ᠲᠠᠪᠠᠵᠦ᠂ ᠬᠤᠷᠴᠠ ᠱᠠᠯᠠᠮᠠᠭᠠᠢ ᠪᠠᠷ ᠤᠷᠤᠭᠰᠢᠯᠡᠵᠦ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ | ᠦᠰᠦᠷᠦᠯᠳᠡ ᠶᠢᠨ ᠴᠢᠨᠠᠷᠳᠡᠢ ᠬᠦᠭᠵᠢᠯᠳᠡ ᠪᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠰᠢᠨ᠎ᠡ ᠬᠠᠭᠤᠳᠠᠰᠦ ᠶᠢ ᠪᠢᠴᠢᠭᠯᠡᠰᠦᠭᠡᠢ︕ | | | | | | | | | | | ᠲᠠᠶᠢᠯᠪᠤᠷᠢ | 〔1〕ᠬᠦᠨᠳᠦ ᠡᠪᠡᠳᠴᠢᠨ ᠢ ᠲᠦᠪᠯᠡᠷᠡᠬᠦᠯᠦᠨ ᠨᠢᠭᠡ ᠪᠦᠯᠦᠭ ᠢ ᠠᠪᠤᠷᠠᠨ ᠵᠠᠰᠠᠬᠤ᠂ ᠠᠷᠬᠠᠭ ᠡᠪᠡᠳᠴᠢᠨ ᠤ | ᠭᠡᠷ᠎ᠡ ᠲᠤᠭᠳᠠᠬᠤ ᠦᠢᠯᠡᠴᠢᠯᠡᠭᠡ ᠪᠠᠷ ᠨᠢᠭᠡ ᠪᠦᠯᠦᠭ ᠢ ᠬᠠᠮᠢᠶᠠᠷᠬᠤ᠂ ᠬᠦᠨᠳᠦ ᠡᠪᠡᠳᠴᠢᠨ ᠢ ᠪᠦᠬᠦᠨ ᠢ | ᠬᠠᠷᠢᠭᠤᠴᠠᠬᠤ ᠪᠠᠷ ᠨᠢᠭᠡ ᠪᠦᠯᠦᠭ ᠢ ᠪᠠᠳᠤᠯᠠᠬᠤ᠃ | 〔2〕5 ᠲᠦᠮᠡᠨ ᠲᠦᠬᠦᠷᠢᠭ ᠠᠴᠠ ᠲᠤᠷᠤᠭᠰᠢᠬᠢ᠂ 3 ᠵᠢᠯ ᠤᠨ ᠬᠤᠭᠤᠴᠠᠭ᠎ᠠ ᠲᠠᠢ᠂ ᠪᠠᠳᠤᠯᠠᠭ᠎ᠠ | ᠲᠠᠨᠵᠢᠯᠠᠭ᠎ᠠ ᠪᠠᠶᠢᠬᠤ ᠦᠬᠡᠢ᠂ ᠦᠨᠳᠦᠰᠦᠨ ᠠᠰᠢᠭ ᠭᠦᠦ ᠶᠢᠨ ᠨᠤᠷᠮ᠎ᠠ ᠪᠠᠷ ᠵᠢᠬᠡᠯᠡᠯᠭᠡ ᠲᠠᠯᠪᠢᠬᠤ᠂ ᠡᠳ᠋ ᠤᠨ | ᠵᠠᠰᠠᠭ ᠠᠴᠠ ᠬᠦᠦ ᠮᠦᠩᠬᠦ ᠶᠢ ᠲᠦᠯᠦᠬᠦ᠂ ᠲᠦᠭᠰᠢᠬᠦᠷᠢ ᠶᠢᠨ ᠨᠦᠬᠦᠪᠦᠷᠢ ᠮᠦᠩᠬᠦ ᠶᠢ ᠪᠠᠶᠢᠭᠤᠯᠬᠤ᠃ | 〔3〕ᠶᠠᠳᠠᠭᠤ ᠶᠢ ᠲᠡᠳᠬᠦᠬᠦ ᠶᠢ ᠤᠶᠤᠨ ᠤᠬᠠᠭᠠᠨ ᠬᠦᠴᠦ ᠵᠤᠷᠢᠭ ᠢ ᠲᠡᠳᠬᠦᠬᠦ ᠲᠠᠢ ᠤᠶᠠᠯᠳᠤᠭᠤᠯᠵᠦ᠂ | ᠶᠠᠳᠠᠭᠤ ᠬᠦᠴᠢᠷᠳᠡᠢ ᠤᠯᠠᠨ ᠲᠦᠮᠡᠨ ᠤ ᠦᠪᠡᠷ ᠤᠨ ᠴᠢᠷᠮᠠᠶᠢᠯᠭ᠎ᠠ ᠳᠠᠭᠠᠨ ᠲᠦᠰᠢᠭᠯᠡᠨ ᠶᠠᠳᠠᠭᠤ ᠬᠦᠴᠢᠷᠳᠡᠯᠳᠡᠢ | ᠪᠠᠶᠢᠳᠠᠯ ᠢᠶᠠᠨ ᠬᠤᠪᠢᠷᠠᠭᠤᠯᠬᠤ ᠶᠢ ᠵᠤᠷᠢᠭᠵᠢᠭᠤᠯᠤᠨ ᠬᠦᠳᠦᠯᠦᠨᠡ᠃ | 〔4〕ᠮᠢᠩᠭᠠᠳᠦ ᠪᠠᠯᠭᠠᠰᠤᠨ ᠤ ᠬᠠᠭᠤᠴᠢᠨ ᠲᠤᠭᠤᠷᠢᠭ ᠤᠨ ᠪᠠᠷᠠᠭᠤᠨ ᠲᠡᠬᠦᠷᠭᠡ ᠳᠤ ᠪᠠᠶᠢᠷᠢᠰᠢᠵᠦ᠂ | ᠮᠢᠩᠭᠠᠳᠦ ᠪᠤᠬᠢᠷᠳᠦᠯ ᠤᠰᠤ ᠶᠢ ᠰᠢᠢᠳᠪᠦᠷᠢᠯᠡᠬᠦ ᠦᠢᠯᠡᠳᠪᠦᠷᠢ ᠲᠠᠢ ᠬᠦᠷᠰᠢᠯᠡᠵᠦ ᠪᠠᠶᠢᠭ᠎ᠠ ᠠᠳᠠᠷᠰᠢᠭᠰᠠᠨ ᠨᠤᠭᠤ | ᠭᠠᠵᠠᠷ᠃ | 〔5〕ᠴᠢᠬᠤᠯᠠ ᠪᠤᠯᠬᠤ ᠨᠡᠷᠡᠳᠦ ᠦᠵᠡᠮᠵᠢ ᠶᠢᠨ ᠲᠤᠭᠤᠷᠢᠭ᠂ ᠪᠠᠶᠢᠭᠠᠯᠢ ᠶᠢᠨ ᠬᠠᠮᠠᠭᠠᠯᠠᠯᠳᠠ ᠶᠢᠨ | ᠲᠤᠭᠤᠷᠢᠭ᠂ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ︔ ᠲᠡᠮᠦᠷ ᠵᠠᠮ ᠪᠠ ᠴᠢᠬᠤᠯᠠ ᠵᠠᠰᠠᠮᠠᠯ ᠵᠠᠮ ᠲᠠᠭᠠᠤ | ᠭᠠᠵᠠᠷ᠃ | 〔6〕ᠰᠢᠷᠭᠠᠯ ᠮᠠᠩᠬ᠎ᠠ᠂ ᠴᠡᠩᠭᠡᠷ ᠨᠠᠭᠤᠷ᠂ ᠤᠯᠠᠭᠠᠨ ᠪᠤᠷᠭᠠᠰᠦ᠂ ᠴᠠᠰᠦᠳᠦ ᠲᠠᠯ᠎ᠠ ᠶᠢᠨ ᠠᠳᠠᠯᠢ ᠪᠤᠰᠤ | ᠤᠯᠠᠷᠢᠯ᠂ ᠰᠤᠶᠤᠯ ᠢᠷᠭᠡᠨᠰᠢᠯ ᠵᠠᠩ ᠦᠢᠯᠡ ᠪᠠ ᠤᠯᠠᠨ ᠶᠠᠩᠵᠤᠳᠦ ᠭᠠᠵᠠᠷ ᠰᠢᠷᠦᠢ ᠤᠷᠭᠤᠮᠠᠯ ᠤᠨ ᠬᠤᠴᠢᠯᠭ᠎ᠠ | ᠪᠠᠷ ᠵᠢᠭᠤᠯᠴᠢᠯᠠᠯ ᠤᠨ ᠭᠤᠤᠯ ᠠᠭᠤᠯᠭ᠎ᠠ ᠪᠤᠯᠭᠠᠨ᠎ᠠ᠃ | 〔7〕ᠤᠯᠠᠭᠠᠠᠴᠠᠪ ᠰᠤᠮᠤᠨ ᠤ ᠰᠢᠷᠭ᠎ᠠ ᠨᠠᠭᠤᠷ᠃ | 〔8〕ᠡᠯ᠎ᠡ ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠢ ︽ᠭᠤᠤᠯ ︵ᠨᠠᠭᠤᠷ︶ ᠤᠨ | ᠲᠠᠷᠤᠭ᠎ᠠ︾ ᠶᠢᠨ ᠲᠤᠰᠢᠶᠠᠯ ᠢ ᠡᠬᠦᠷᠭᠡᠯᠡᠵᠦ᠂ ᠬᠠᠷᠠᠭᠠᠯᠵᠠᠭᠰᠠᠨ ᠭᠤᠤᠯ ︵ᠨᠠᠭᠤᠷ︶ ᠤᠨ ᠬᠠᠮᠢᠶᠠᠷᠤᠯᠳᠠ ᠪᠠ | ᠬᠠᠮᠠᠭᠠᠯᠠᠯᠳᠠ ᠶᠢᠨ ᠠᠵᠢᠯ ᠢ ᠵᠤᠬᠢᠶᠠᠨ ᠪᠠᠶᠢᠭᠤᠯᠵᠦ ᠤᠳᠤᠷᠢᠳᠬᠤ ᠶᠢ ᠬᠠᠷᠢᠭᠤᠴᠠᠨ᠎ᠠ᠃ | 〔9〕ᠪᠦᠬᠦ ᠠᠶᠢᠮᠠᠭ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ | ᠬᠤᠷᠠᠯ ᠢ ᠤᠭᠳᠤᠵᠦ᠂ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢ ᠪᠠᠶᠢᠭᠤᠯᠬᠤ᠃ | 〔10〕ᠮᠢᠩᠭᠠᠳᠦ ᠪᠠᠯᠭᠠᠰᠦ ᠠᠴᠠ ᠰᠢᠯᠤᠭᠤᠨ ᠬᠦᠭᠡ ᠬᠤᠰᠢᠭᠤᠨ ᠤ ᠬᠠᠪᠢᠷᠭ᠎ᠠ ᠪᠠᠯᠭᠠᠰᠦ ᠬᠦᠷᠬᠦ ᠵᠠᠰᠠᠮᠠᠯ | ᠵᠠᠮ ᠢ ᠵᠢᠭᠠᠵᠦ ᠪᠤᠢ᠃ | 〔11〕ᠮᠢᠩᠭᠠᠳᠦ ᠪᠠᠯᠭᠠᠰᠦ ᠠᠴᠠ ᠬᠦᠪᠡᠭᠡᠳᠦ ᠰᠢᠷ᠎ᠠ ᠬᠤᠰᠢᠭᠤᠨ ᠤ ᠪᠠᠶᠠᠨᠳᠠᠯ᠎ᠠ ᠪᠠᠯᠭᠠᠰᠦ ᠬᠦᠷᠬᠦ ᠵᠠᠰᠠᠮᠠᠯ | ᠵᠠᠮ ᠢ ᠵᠢᠭᠠᠵᠦ ᠪᠤᠢ᠃ | 〔12〕ᠬᠦᠯᠦᠰᠦᠨ ᠠᠵᠢᠯᠴᠢᠨ ᠳᠤ ᠴᠠᠯᠢᠩ ᠦᠷᠢᠳᠦᠬᠦ ᠠᠵᠢᠯᠯᠠᠭ᠎ᠠ ᠶᠢ ᠴᠡᠭᠴᠡᠯᠡᠵᠦ᠂ ᠬᠦᠯᠦᠰᠦᠨ | ᠠᠵᠢᠯᠴᠢᠳ ᠤᠨ ᠴᠠᠯᠢᠩ ᠢ ᠲᠦᠯᠦᠬᠦ ᠶᠢ ᠤᠷᠤᠨ ᠪᠠᠶᠢᠷᠢᠨ ᠳᠤᠨᠢ ᠬᠦᠷᠭᠡᠬᠦ ᠶᠢ ᠪᠠᠳᠤᠯᠠᠨ᠎ᠠ᠃ | 〔13〕ᠤᠳᠤᠷᠢᠳᠬᠤ ᠺᠠᠳ᠋ᠷᠴᠤᠳ ᠨᠢ ᠠᠵᠢᠯ ᠤᠨ ᠪᠠᠶᠢᠷᠢ ᠶᠢᠨ ᠪᠤᠳᠠᠳᠠᠢ ᠲᠤᠬᠠᠶᠢᠯᠠᠭᠰᠠᠨ ᠠᠵᠢᠯ ᠳᠤ | ᠬᠠᠷᠢᠭᠤᠴᠠᠬᠤ ᠪᠠᠷ ᠪᠠᠷᠠᠬᠤ ᠦᠬᠡᠢ ᠲᠤᠰ ᠠᠵᠢᠯ ᠤᠨ ᠪᠠᠶᠢᠷᠢ ᠶᠢᠨ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠳᠤ ᠬᠠᠷᠢᠭᠤᠴᠠᠨ᠎ᠠ᠃ | 〔14〕ᠵᠠᠰᠠᠭ ᠢ ᠴᠤᠮᠬᠠᠳᠬᠠᠨ ᠡᠷᠭᠡ ᠶᠢ ᠲᠠᠯᠪᠢᠵᠦ᠂ ᠵᠦᠪᠰᠢᠶᠡᠷᠡᠯ ᠤᠨ ᠪᠠᠷᠢᠮᠵᠢᠶ᠎ᠠ ᠶᠢ | ᠲᠤᠷᠤᠭᠰᠢᠯᠠᠭᠤᠯᠤᠨ᠎ᠠ︔ ᠲᠦᠪ ᠭᠤᠤᠯᠴᠢ ᠪᠠᠷ ᠬᠢᠨᠠᠨ ᠬᠠᠮᠢᠶᠠᠷᠴᠦ ᠡᠷᠭᠡ ᠲᠡᠭᠰᠢ ᠪᠠᠷ ᠦᠷᠢᠰᠦᠯᠳᠦᠬᠦ ᠶᠢ | ᠠᠬᠢᠭᠤᠯᠤᠨ᠎ᠠ︔ ᠦᠨᠳᠦᠷ ᠠᠰᠢᠭᠯᠠᠮᠵᠢ ᠲᠠᠢ ᠦᠢᠯᠡᠴᠢᠯᠡᠵᠦ᠂ ᠲᠦᠬᠦᠮ ᠲᠦᠳᠡ ᠤᠷᠴᠢᠨ ᠲᠤᠭᠤᠷᠢᠨ ᠢ ᠪᠤᠢ | ᠪᠤᠯᠭᠠᠨ᠎ᠠ᠃ | 〔15〕ᠠᠵᠦ ᠠᠬᠤᠢ ᠶᠢᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ | ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠃ | 〔16〕ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠦᠭᠡᠷᠡᠴᠢᠯᠡᠯᠳᠡ ᠶᠢ ᠪᠦᠬᠦ | ᠲᠠᠯ᠎ᠠ ᠪᠠᠷ ᠬᠦᠨᠵᠡᠭᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ᠃ | 〔17〕ᠢᠳᠠᠵᠦ ᠡᠮᠦᠰᠬᠦ ᠳᠡᠭᠡᠨ ᠵᠤᠪᠠᠭ᠋ᠤ ᠦᠬᠡᠢ︔ ᠠᠯᠪᠠᠨ ᠵᠢᠷᠤᠮ ᠤᠨ ᠰᠤᠷᠭᠠᠨ ᠬᠦᠮᠦᠵᠢᠯ᠂ | ᠦᠨᠳᠦᠰᠦᠨ ᠡᠮ ᠡᠮᠨᠡᠯᠭᠡ᠂ ᠤᠷᠤᠨ ᠰᠠᠭᠤᠴᠠ ᠶᠢᠨ ᠠᠮᠤᠷ ᠲᠦᠪᠰᠢᠨ ᠤ ᠪᠠᠳᠤᠯᠠᠭ᠎ᠠ ᠲᠠᠢ ᠪᠠᠶᠢᠬᠤ᠃ | 〔18〕ᠡᠷᠦᠭᠡ ᠳᠤ ᠬᠦᠷᠬᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠬᠡᠢ ᠪᠤᠶᠤ | ᠭᠡᠷᠡᠭᠵᠢᠬᠦᠯᠦᠭᠰᠡᠨ ᠨᠢ ᠵᠦᠷᠢᠶ᠎ᠡ ᠲᠠᠢ ᠪᠠᠶᠢᠪᠠᠯ ᠨᠠᠶᠢᠳᠠᠪᠤᠷᠢᠵᠢᠭᠤᠯᠵᠦ ᠵᠦᠷᠢᠶ᠎ᠡ ᠶᠢ ᠦᠬᠡᠶᠢᠰᠬᠡᠨ᠎ᠡ︔ ᠬᠦᠳᠡᠯᠮᠦᠷᠢᠯᠡᠬᠦ | ᠴᠢᠳᠠᠪᠤᠷᠢ ᠲᠠᠢ ᠶᠠᠳᠠᠭᠤ ᠬᠦᠴᠢᠷᠳᠡᠢ ᠬᠦᠮᠦᠨ ᠠᠮᠠ ᠶᠢ ᠶᠠᠳᠠᠭᠤ ᠶᠢ ᠲᠡᠳᠬᠦᠬᠦ ᠠᠵᠦ ᠦᠢᠯᠡᠰ ᠤᠨ ᠲᠦᠷᠦᠯ ᠵᠤᠶᠢᠯ | ᠢᠶᠠᠷ ᠬᠠᠮᠤᠷᠤᠭᠰᠠᠨ ᠦᠬᠡᠢ ᠪᠠ ᠬᠦᠳᠡᠯᠮᠦᠷᠢᠯᠡᠬᠦ ᠴᠢᠳᠠᠪᠤᠷᠢ ᠦᠬᠡᠢ ᠶᠠᠳᠠᠭᠤ ᠬᠦᠮᠦᠨ ᠠᠮᠠ ᠶᠢ ᠵᠦᠷᠢᠶ᠎ᠡ ᠶᠢ | ᠨᠦᠬᠦᠪᠦᠷᠢᠯᠡᠬᠦ ᠲᠦᠷᠦ ᠶᠢᠨ ᠪᠤᠳᠤᠯᠭ᠎ᠠ ᠪᠠᠷ ᠬᠠᠮᠤᠷᠤᠭᠰᠠᠨ ᠦᠬᠡᠢ ᠪᠠᠶᠢᠪᠠᠯ ᠬᠠᠮᠢᠶᠠᠳᠠᠢ ᠲᠦᠷᠦ ᠶᠢᠨ ᠪᠤᠳᠤᠯᠭ᠎ᠠ | ᠶᠢᠨ ᠬᠡᠪᠴᠢᠶᠡᠨ ᠳᠤ ᠪᠠᠭᠳᠠᠭᠠᠨ᠎ᠠ︔ ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ ᠤ ᠬᠠᠮᠳᠦ ᠶᠢᠨ ᠠᠵᠦ ᠠᠬᠤᠢ | ᠨᠢ ᠪᠠᠭᠤᠷᠠᠢ ᠪᠠᠶᠢᠪᠠᠯ ᠨᠡᠮᠡᠭᠳᠡᠬᠦᠯᠦᠨ ᠦᠰᠬᠡᠨᠡ︔ ᠲᠠᠩᠰᠠ ᠡᠪᠬᠡᠮᠡᠯ ᠪᠠᠶᠢᠭᠤᠯᠵᠦ ᠺᠠᠷᠲᠯᠠᠭᠰᠠᠨ ᠶᠠᠳᠠᠭᠤ | ᠬᠦᠴᠢᠷᠳᠡᠯ ᠲᠠᠢ ᠡᠷᠦᠭᠡ ᠨᠤᠷᠠᠬᠤ ᠠᠶᠤᠯᠳᠠᠢ ᠭᠡᠷ ᠪᠠᠶᠢᠰᠢᠩ ᠳᠤ ᠰᠠᠭᠤᠵᠦ ᠪᠠᠶᠢᠪᠠᠯ ᠤᠷᠤᠨ ᠰᠠᠭᠤᠴᠠ ᠶᠢᠨ | ᠨᠦᠬᠦᠴᠡᠯ ᠢ ᠰᠠᠶᠢᠵᠢᠷᠠᠭᠤᠯᠤᠨ᠎ᠠ︔ ᠶᠠᠳᠠᠭᠤ ᠬᠦᠴᠢᠷᠳᠡᠯ ᠲᠠᠢ ᠭᠠᠴᠠᠭ᠎ᠠ ᠲᠤᠰᠬᠤᠨ ᠳᠤ ᠦᠢᠯᠡᠳᠪᠦᠷᠢᠯᠡᠯ ᠤᠨ | ᠴᠠᠬᠢᠯᠭᠠᠨ ᠨᠡᠪᠳᠡᠷᠡᠬᠡᠳᠦᠢ᠂ ᠶᠠᠳᠠᠭᠤ ᠬᠦᠴᠢᠷᠳᠡᠯ ᠲᠠᠢ ᠡᠷᠦᠭᠡ ᠶᠢᠨ ᠠᠮᠢᠳᠤᠷᠠᠯ ᠤᠨ ᠭᠡᠷᠡᠭᠯᠡᠭᠡᠨ ᠤ ᠴᠠᠬᠢᠯᠭᠠᠨ ᠨᠢ | ᠪᠠᠷᠢᠮᠵᠢᠶ᠎ᠠ ᠳᠤ ᠨᠡᠶᠢᠴᠡᠬᠦ ᠦᠬᠡᠢ ᠪᠠᠶᠢᠪᠠᠯ ᠴᠠᠬᠢᠯᠭᠠᠨ ᠨᠡᠪᠳᠡᠷᠡᠬᠦᠯᠵᠦ ᠪᠠᠷᠢᠮᠵᠢᠶ᠎ᠠ ᠳᠤ ᠬᠦᠷᠬᠡᠨ᠎ᠡ︔ ᠲᠠᠩᠰᠠ | ᠡᠪᠬᠡᠮᠡᠯ ᠪᠠᠶᠢᠭᠤᠯᠵᠦ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠶᠢ ᠲᠤᠬᠢᠷᠠᠮᠵᠢᠳᠡᠢ ᠭᠠᠵᠠᠷ ᠨᠡᠬᠦᠯᠭᠡᠨ ᠶᠠᠳᠠᠭᠤ | ᠶᠢ ᠲᠡᠳᠬᠦᠬᠦ ᠡᠬᠦᠷᠭᠡ ᠶᠢ ᠪᠡᠶᠡᠯᠡᠬᠦᠯᠦᠨ᠎ᠡ᠃ ᠤᠨᠤᠪᠴᠢᠳᠠᠢ ᠪᠠᠷ ᠶᠠᠳᠠᠭᠤ ᠶᠢ ᠲᠡᠳᠬᠦᠬᠦ ᠶᠢᠨ ᠲᠠᠩᠰᠠ ᠡᠪᠬᠡᠮᠡᠯ | ᠪᠠᠶᠢᠭᠤᠯᠵᠦ ᠺᠠᠷᠲᠯᠠᠬᠤ ᠲᠠᠪᠴᠠᠩ ᠤᠨ ᠲᠤᠭ᠎ᠠ ᠪᠠᠷᠢᠮᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠪᠠᠷᠢᠮᠵᠢᠶᠠᠨ ᠳᠤ | ᠬᠦᠷᠭᠡᠨ᠎ᠡ︔ ᠰᠤᠮᠤ ᠪᠠᠯᠭᠠᠰᠦ᠂ ᠭᠠᠴᠠᠭ᠎ᠠ ᠲᠤᠰᠬᠤᠨ ᠤ ᠬᠤᠶᠠᠷ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ ︵ | ᠲᠠᠰᠤᠭ︶ ᠶᠢᠨ ᠲᠦᠬᠦᠬᠡᠷᠦᠮᠵᠢ᠂ ᠠᠵᠢᠯᠳᠠᠳ᠂ ᠡᠮ ᠤᠨ ᠵᠤᠶᠢᠯ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ | ᠶᠢ ᠪᠠᠷᠢᠮᠵᠢᠶᠠᠨ ᠳᠤ ᠬᠦᠷᠭᠡᠨ᠎ᠡ︔ ᠲᠠᠩᠰᠠ ᠡᠪᠬᠡᠮᠡᠯ ᠪᠠᠶᠢᠭᠤᠯᠵᠦ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ | ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠨ ᠳᠤ ᠬᠦᠷᠭᠡᠨ᠎ᠡ︔ ᠲᠠᠩᠰᠠ ᠡᠪᠬᠡᠮᠡᠯ ᠪᠠᠶᠢᠭᠤᠯᠵᠦ | ᠺᠠᠷᠲᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ | ᠦᠷ᠎ᠠ ᠬᠡᠤᠬᠡᠳ ᠤᠨ ᠰᠤᠷᠤᠯᠭ᠎ᠠ ᠠᠯᠳᠠᠬᠤ ᠨᠤᠷᠮ᠎ᠠ ᠶᠢ ᠡᠵᠡᠮᠳᠡᠵᠦ ᠰᠤᠷᠤᠯᠭ᠎ᠠ ᠶᠢ ᠪᠠᠳᠤᠯᠠᠬᠤ ᠶᠢ ᠪᠠᠷᠢᠮᠵᠢᠶᠠᠨ ᠳᠤ | ᠬᠦᠷᠭᠡᠨ᠎ᠡ᠃ | 〔19〕ᠪᠤᠬᠢᠷᠳᠦᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠲᠠᠭᠠᠭᠠᠴᠠ ᠶᠢᠨ ᠨᠤᠷᠮ᠎ᠠ᠂ | ᠰᠢᠢᠳᠪᠦᠷᠯᠡᠬᠦ ᠨᠤᠷᠮ᠎ᠠ᠂ ᠪᠠᠷᠢᠮᠵᠢᠶᠠᠨ ᠳᠤ ᠬᠦᠷᠬᠦ ᠨᠤᠷᠮ᠎ᠠ᠃ | 〔20〕ᠮᠠᠯ ᠲᠠᠷᠢᠶᠠᠯᠠᠩ ᠦᠢᠯᠡᠰ ᠤᠨ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠠᠵᠢᠯᠯᠠᠭᠠᠨ ᠤ | ᠲᠦᠯᠦᠪᠯᠡᠭᠡ᠂ ᠮᠠᠯ ᠲᠠᠷᠢᠶᠠᠯᠠᠩ ᠦᠢᠯᠡᠰ ᠤᠨ ᠭᠠᠷᠤᠯᠳᠠ ᠶᠢᠨ ᠤᠷᠤᠨ ᠤ ᠤᠷᠴᠢᠨ ᠲᠤᠭᠤᠷᠢᠨ ᠢ ᠴᠡᠪᠡᠷᠰᠢᠬᠦᠯᠬᠦ | ᠠᠵᠢᠯᠯᠠᠭᠠᠨ ᠤ ᠲᠦᠯᠦᠪᠯᠡᠭᠡ᠂ ᠮᠠᠯ ᠲᠠᠷᠢᠶᠠᠯᠠᠩ ᠦᠢᠯᠡᠰ ᠢ ᠰᠢᠨᠵᠢᠯᠡᠭᠡ ᠮᠡᠷᠭᠡᠵᠢᠯ ᠢᠶᠠᠷ ᠲᠤᠯᠭᠠᠭᠤᠷᠢᠯᠠᠬᠤ | ᠠᠵᠢᠯᠯᠠᠭᠠᠨ ᠤ ᠲᠦᠯᠦᠪᠯᠡᠭᠡ᠂ ᠮᠠᠯ ᠲᠠᠷᠢᠶᠠᠯᠠᠩ ᠦᠢᠯᠡᠰ ᠤᠨ ᠨᠡᠷ᠎ᠡ ᠲᠡᠮᠳᠡᠭ ᠢ ᠲᠡᠰ ᠲᠡᠪᠰᠢᠬᠦᠯᠬᠦ ᠠᠵᠢᠯᠯᠠᠭᠠᠨ ᠤ | ᠲᠦᠯᠦᠪᠯᠡᠭᠡ᠂ ᠮᠠᠯ ᠲᠠᠷᠢᠶᠠᠯᠠᠩ ᠦᠢᠯᠡᠰ ᠤᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠠᠵᠢᠯᠯᠠᠭᠠᠨ ᠤ ᠲᠦᠯᠦᠪᠯᠡᠭᠡ | ᠂ ᠮᠠᠯ ᠲᠠᠷᠢᠶᠠᠯᠠᠩ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠴᠢᠳᠠᠪᠤᠷᠢ ᠶᠢ | ᠲᠡᠭᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠠᠰᠦ ᠴᠢᠨᠠᠷ ᠠᠮᠤᠷ | ᠲᠦᠪᠰᠢᠨ ᠬᠤᠰᠢᠭᠤ ᠰᠢᠶᠠᠨ ᠢ ᠡᠬᠦᠳᠦᠨ ᠪᠠᠶᠢᠭᠤᠯᠬᠤ ᠠᠵᠢᠯᠯᠠᠭᠠᠨ ᠤ ᠲᠦᠯᠦᠪᠯᠡᠭᠡ᠂ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠶᠠᠰᠦ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠪᠠ ᠮᠦᠷᠳᠡᠨ ᠬᠠᠮᠢᠶᠠᠷᠬᠤ ᠠᠵᠢᠯᠯᠠᠭᠠᠨ ᠤ | ᠲᠦᠯᠦᠪᠯᠡᠭᠡ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠪᠠ ᠪᠠᠶᠢᠭᠤᠯᠬᠤ ᠠᠵᠢᠯᠯᠠᠭᠠᠨ ᠤ ᠲᠦᠯᠦᠪᠯᠡᠭᠡ | ᠪᠠ ᠮᠠᠯ ᠲᠠᠷᠢᠶᠠᠯᠠᠩ ᠤᠨ ᠰᠢᠨ᠎ᠡ ᠶᠢ ᠡᠬᠦᠳᠬᠦ ᠴᠢᠨᠠᠷ᠂ ᠰᠢᠪᠳᠤᠯᠤᠯᠳᠠ ᠶᠢᠨ ᠴᠢᠨᠠᠷ ᠤᠨ ᠠᠵᠢᠯ ᠤᠨ ᠠᠵᠢᠯᠯᠠᠭᠠᠨ ᠤ | ᠲᠦᠯᠦᠪᠯᠡᠭᠡ᠃ | 〔21〕ᠪᠤᠬᠢᠷᠳᠦᠯ ᠦᠬᠡᠢ ᠲᠠᠷᠢᠶᠠᠯᠠᠩ ᠤᠨ ᠪᠦᠳᠦᠭᠡᠭᠳᠡᠬᠦᠨ᠂ ᠪᠠᠶᠢᠭᠠᠯᠢᠯᠢᠭ ᠢᠳᠡᠭᠡᠨ᠂ ᠤᠷᠭᠠᠨᠢᠭ | ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ ᠤᠷᠤᠨ ᠤ ᠢᠯᠡᠳᠬᠡᠮᠵᠢ᠃ | 〔22〕ᠬᠡᠪᠴᠢᠶᠡᠵᠢᠯ ᠠᠴᠠ ᠲᠡᠭᠡᠭᠰᠢᠬᠢ ᠬᠢᠵᠠᠭᠠᠷᠯᠠᠯ ᠠᠴᠠ ᠲᠡᠭᠡᠭᠰᠢᠬᠢ ᠠᠵᠦ ᠠᠬᠤᠶᠢᠯᠠᠯ ᠢᠶᠠᠷ | ᠲᠡᠪᠰᠢᠬᠦᠯᠵᠦ᠂ ᠲᠤᠭ᠎ᠠ ᠪᠦᠷᠢᠳᠬᠡᠯ ᠤᠨ ᠬᠡᠪᠴᠢᠶᠡᠨ ᠳᠤ ᠪᠠᠭᠳᠠᠭᠠᠨ᠎ᠠ᠃ | 〔23〕ᠬᠤᠭ ᠨᠤᠪᠰᠢ ᠶᠢ ᠴᠡᠪᠡᠷᠯᠡᠬᠦ᠂ ᠭᠤᠤ ᠲᠠᠯᠠᠩ ᠢ ᠴᠡᠪᠡᠷᠯᠡᠬᠦ᠂ ᠮᠠᠯ ᠵᠢᠬᠦᠷᠳᠡᠨ ᠤ ᠢᠯᠭᠠᠳᠠᠰᠦ | ᠲᠡᠵᠢᠬᠡᠪᠦᠷᠢ ᠶᠢᠨ ᠦᠯᠡᠳᠡᠭᠳᠡᠯ ᠵᠡᠷᠭᠡ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠤᠳᠠᠰ ᠢ ᠴᠡᠪᠡᠷᠯᠡᠨ | ᠂ ᠮᠠᠯᠵᠢᠬᠤ ᠲᠠᠷᠢᠶᠠᠯᠠᠬᠤ ᠤᠷᠤᠨ ᠤ ᠰᠠᠭᠤᠬᠤ ᠤᠷᠴᠢᠨ ᠲᠤᠭᠤᠷᠢᠨ ᠢ ᠨᠦᠯᠦᠬᠡᠯᠡᠬᠦ ᠮᠠᠭᠤ ᠵᠠᠩ ᠲᠠᠳᠬᠠᠯ ᠢ | ᠦᠭᠡᠷᠡᠴᠢᠯᠡᠨ᠎ᠡ᠃ | 〔24〕ᠲᠠᠷᠢᠶᠠᠯᠠᠩ ᠤᠨ ᠦᠢᠯᠡᠰ ᠤᠨ ᠲᠤᠮᠤ ᠫᠧᠩ ᠤᠨ ᠨᠡᠷ᠎ᠡ ᠪᠠᠷ ᠲᠠᠷᠢᠶᠠᠯᠠᠩ ᠤᠨ ᠪᠤᠰᠤ ᠪᠦᠳᠦᠭᠡᠨ | ᠪᠠᠶᠢᠭᠤᠯᠤᠯᠳᠠ ᠬᠢᠬᠦ ᠨᠢ ᠬᠠᠤᠯᠢ ᠠᠴᠠ ᠵᠦᠷᠢᠴᠡᠭᠰᠡᠨ ᠪᠦᠳᠦᠭᠡᠨ ᠪᠠᠶᠢᠭᠤᠯᠤᠯᠳᠠ ᠳᠤ ᠬᠠᠷᠢᠶᠠᠯᠠᠭᠳᠠᠨ᠎ᠠ᠃ | 〔25〕ᠠᠵᠤ ᠠᠬᠤᠶᠢᠯᠡᠯ ᠨᠢ ᠲᠤᠤᠷ ᠰᠦᠯᠵᠢᠶ᠎ᠡ ᠪᠠᠷ ᠲᠡᠮᠵᠢᠭᠤᠯᠦᠨ᠂ ᠠᠵᠤ ᠠᠬᠤᠶᠢᠯᠡᠯ ᠤᠨ ᠰᠠᠭᠤᠷᠢ | ᠰᠢᠰᠲ᠋ᠧᠮ᠂ ᠬᠠᠮᠢᠶᠠᠷᠤᠯᠳᠠ ᠵᠢᠴᠢ ᠲᠤᠬᠠᠶᠢᠯᠠᠭᠰᠠᠨ ᠠᠵᠢᠯ ᠢᠶᠠᠨ ᠡᠭᠦᠯᠡᠨ ᠪᠤᠳᠤᠯᠳᠠ ᠶᠢᠨ ᠲᠡᠪᠴᠡᠩ ᠳᠤ | ᠪᠠᠶᠢᠷᠢᠯᠠᠭᠤᠯᠦᠨ ᠭᠠᠷᠭᠠᠵᠦ᠂ ᠡᠭᠦᠯᠡᠨ ᠲᠡᠪᠴᠡᠩ ᠤᠨ ᠦᠢᠯᠡᠴᠢᠯᠡᠭᠡ ᠶᠢᠨ ᠬᠤᠳᠠᠯᠳᠤᠭᠠᠴᠢᠨ ᠤ ᠬᠠᠩᠭᠠᠭᠰᠠᠨ | ᠲᠤᠭᠠᠴᠢᠨ ᠪᠤᠳᠤᠬᠤ᠂ ᠬᠠᠳᠠᠭᠠᠯᠠᠬᠤ᠂ ᠵᠦᠭᠡᠯᠡᠨ ᠲᠤᠨᠤᠭ᠂ ᠲᠤᠭ᠎ᠠ ᠪᠠᠷᠢᠮᠳᠠ ᠵᠡᠷᠭᠡ ᠦᠢᠯᠡᠴᠢᠯᠡᠭᠡ ᠶᠢ ᠲᠤᠤᠷ | ᠰᠦᠯᠵᠢᠶ᠎ᠡ ᠪᠠᠷ ᠲᠠᠮᠵᠢᠨ ᠠᠰᠢᠭᠯᠠᠵᠦ᠂ ᠡᠬᠢ ᠪᠠᠶᠠᠯᠢᠭ ᠢ ᠲᠤᠬᠢᠷᠠᠭᠤᠯᠬᠤ ᠠᠰᠢᠭᠯᠠᠮᠵᠢ ᠶᠢᠨ ᠨᠤᠷᠮ᠎ᠡ ᠶᠢ | ᠲᠡᠭᠡᠭᠰᠢᠯᠡᠬᠦᠯᠵᠦ᠂ ᠰᠤᠷᠠᠭ ᠵᠠᠩᠬᠢᠵᠢᠯᠳᠠ ᠶᠢᠨ ᠪᠠᠶᠢᠭᠤᠯᠤᠯᠳᠠ ᠶᠢᠨ ᠦᠪᠡᠷ ᠤᠨ ᠦᠷᠳᠡᠭ ᠢ ᠪᠠᠭᠤᠷᠠᠭᠤᠯᠵᠦ᠂ ᠠᠵᠤ | ᠠᠬᠤᠢ ᠶᠢᠨ ᠬᠦᠭᠵᠢᠯᠳᠡ ᠶᠢ ᠬᠠᠮᠳᠤᠪᠠᠷ ᠡᠳ᠋ᠯᠡᠬᠦ ᠶᠢ ᠠᠬᠢᠭᠤᠯᠦᠨ᠂ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢ | ᠰᠤᠯᠢᠨ ᠦᠭᠡᠷᠡᠴᠢᠯᠡᠬᠦ ᠶᠢ ᠲᠦᠷᠭᠡᠳᠭᠡᠨ᠎ᠡ᠃ | 〔26〕ᠭᠠᠵᠠᠷ ᠰᠢᠷᠤᠢ ᠶᠢᠨ ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ ᠬᠢᠬᠡᠳ ᠡᠵᠡᠩᠨᠡᠬᠦ ᠡᠷᠭᠡ ᠳᠤ | ᠪᠦᠬᠦᠯᠢ ᠴᠤᠭᠴᠠ ᠶᠢᠨ ᠦᠢᠯᠡᠳᠦᠯ ᠤᠷᠤᠰᠢᠵᠦ ᠪᠠᠶᠢᠬᠤ ᠮᠦᠷᠳᠡᠭᠡᠨ ᠪᠠᠰᠠ ᠲᠤᠰᠪᠤᠷᠢ ᠶᠢᠨ ᠴᠢᠳᠠᠪᠬᠢ ᠲᠠᠢ ᠪᠠᠶᠢᠬᠤ | ᠶᠢ ᠵᠢᠭᠠᠨ᠎ᠠ᠃ | 〔27〕ᠰᠤᠷᠠᠭ ᠵᠠᠩᠬᠢ ᠶᠢ ᠢᠨᠲ᠋ᠧᠷ ᠰᠦᠯᠵᠢᠶ᠎ᠡ ᠪᠠᠷ ᠴᠤᠭᠯᠠᠭᠤᠯᠬᠤ᠂ ᠬᠦᠷᠭᠡᠬᠦ ᠪᠠᠷ ᠲᠠᠮᠵᠢᠭᠤᠯᠵᠦ᠂ | ᠰᠠᠯᠠᠭ᠎ᠠ ᠮᠦᠴᠢᠷ ᠬᠤᠭᠤᠷᠤᠨᠳᠦ ᠪᠠᠨ ᠲᠤᠭ᠎ᠠ ᠪᠠᠷᠢᠮᠳᠠ ᠶᠢ ᠬᠠᠮᠳᠤᠪᠠᠷ ᠡᠳ᠋ᠯᠡᠬᠦ ᠶᠢ ᠪᠡᠶᠡᠯᠡᠬᠦᠯᠵᠦ᠂ ᠰᠤᠷᠠᠭ ᠵᠠᠩᠬᠢ | ᠶᠢ ᠲᠠᠮᠵᠢᠭᠤᠯᠬᠤ ᠪᠡᠯᠡ ᠮᠦᠩᠬᠦ᠂ ᠬᠦᠮᠦᠨ ᠤ ᠬᠦᠴᠦ᠂ ᠴᠠᠭ ᠤᠨ ᠬᠤᠪᠢ ᠶᠢᠨ ᠦᠷᠳᠡᠭ ᠢ ᠲᠤᠷᠤᠭᠰᠢᠯᠠᠭᠤᠯᠵᠦ᠂ | ᠰᠠᠭᠤᠭᠠᠯᠢ ᠠᠷᠠᠳ ᠪᠤᠯᠤᠨ ᠠᠵᠦ ᠠᠬᠤᠶᠢᠯᠠᠯ ᠤᠨ ᠬᠦᠶᠦᠬᠦ ᠶᠢ ᠴᠦᠬᠡᠳᠬᠡᠨ᠂ ᠤᠴᠢᠷ ᠶᠠᠪᠤᠳᠠᠯ ᠢ ᠰᠠᠶᠢᠳᠦᠷ | ᠰᠢᠢᠳᠪᠦᠷᠢᠯᠡᠵᠦ᠂ ᠤᠴᠢᠷ ᠶᠠᠪᠤᠳᠠᠯ ᠠᠷᠪᠢᠳᠦᠨ ᠤᠳᠠᠭᠠᠰᠢᠷᠠᠬᠤ ᠶᠢ ᠰᠡᠷᠬᠡᠶᠢᠯᠡᠨ᠎ᠡ᠃ | 〔28〕ᠤᠯᠠᠨ ᠢᠶᠠᠷ ᠢᠶᠠᠨ ᠦᠢᠯᠡᠰ ᠪᠤᠰᠬᠠᠵᠦ᠂ ᠨᠡᠶᠢᠳᠡ ᠪᠠᠷ ᠢᠶᠠᠨ ᠰᠢᠨ᠎ᠡ ᠶᠢ ᠡᠬᠦᠳᠦᠬᠦ᠃ | 〔29〕ᠠᠳᠠᠯᠢ ᠨᠢᠭᠡᠨ ᠤᠷᠤᠨ ᠲᠤᠭᠤᠷᠢᠭ ᠲᠠᠬᠢ ᠡᠮ ᠡᠮᠨᠡᠯᠭᠡ ᠶᠢᠨ ᠡᠬᠢ ᠰᠤᠷᠪᠤᠯᠵᠢ ᠶᠢ ᠴᠡᠭᠴᠡᠯᠡᠨ | ᠨᠡᠶᠢᠯᠡᠬᠦᠯᠵᠦ᠂ ᠤᠷᠤᠨ ᠲᠤᠭᠤᠷᠢᠭ ᠤᠨ ᠡᠮ ᠡᠮᠨᠡᠯᠭᠡ ᠶᠢᠨ ᠬᠠᠮᠳᠤᠷᠠᠭᠰᠠᠨ ᠴᠤᠭᠴᠠ ᠶᠢ ᠪᠠᠶᠢᠭᠤᠯᠤᠨ᠂ ᠠᠷᠠᠳ | ᠤᠯᠠᠨ ᠤ ᠡᠪᠡᠳᠴᠢᠨ ᠦᠵᠡᠬᠦᠯᠬᠦ ᠳᠤ ᠬᠦᠴᠢᠷᠳᠡᠢ ᠠᠰᠠᠭᠤᠳᠠᠯ ᠢ ᠰᠢᠢᠳᠪᠦᠷᠢᠯᠡᠨ᠎ᠡ᠃ | 〔30〕ᠡᠮ ᠡᠮᠨᠡᠯᠭᠡ ᠶᠢᠨ ᠦᠢᠯᠡᠴᠢᠯᠡᠭᠡᠨ ᠤ ᠬᠠᠮᠳᠦ ᠶᠢᠨ ᠴᠤᠭᠴᠠ᠂ ᠠᠰᠢᠭ ᠲᠤᠰᠠ ᠶᠢᠨ ᠬᠠᠮᠳᠦ ᠶᠢᠨ | ᠴᠤᠭᠴᠠ᠂ ᠬᠠᠷᠢᠭᠤᠴᠠᠯᠭ᠎ᠠ ᠶᠢᠨ ᠬᠠᠮᠳᠦ ᠶᠢᠨ ᠴᠤᠭᠴᠠ ᠪᠤᠯᠤᠨ ᠬᠦᠭᠵᠢᠯᠳᠡ ᠶᠢᠨ ᠬᠠᠮᠳᠦ ᠶᠢᠨ ᠴᠤᠭᠴᠠ ᠪᠠᠷ | ᠦᠨᠳᠦᠰᠦᠨ ᠱᠠᠳᠤᠨ ᠤ ᠤᠯᠠᠨ ᠲᠦᠮᠡᠨ ᠳᠤ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠠᠰᠢᠭ ᠲᠤᠰᠠ ᠶᠢ | ᠬᠦᠷᠳᠡᠭᠡᠬᠦ ᠶᠢ ᠪᠠᠳᠤᠯᠠᠨ᠎ᠠ᠃ | 〔31〕ᠠᠵᠦ ᠠᠬᠤᠶᠢᠯᠠᠯ ᠳᠤ ᠤᠷᠤᠬᠤ᠂ ᠰᠤᠷᠭᠠᠭᠤᠯᠢ ᠳᠤ ᠤᠷᠤᠬᠤ᠂ ᠪᠠᠶᠢᠭᠤᠯᠭ᠎ᠠ ᠳᠤ ᠤᠷᠤᠬᠤ᠂ | ᠰᠠᠭᠤᠭᠠᠯᠢ ᠲᠤᠭᠤᠷᠢᠭ ᠲᠤ ᠤᠷᠤᠬᠤ᠂ ᠬᠦᠳᠡᠭᠡ ᠲᠤᠰᠬᠤᠨ ᠳᠤ ᠤᠷᠤᠬᠤ᠂ ᠭᠡᠷ ᠪᠦᠯᠢ ᠳᠤ ᠤᠷᠤᠬᠤ᠂ ᠤᠯᠠᠨ | ᠨᠡᠶᠢᠳᠡ ᠶᠢᠨ ᠲᠠᠯᠠᠪᠤᠷ ᠲᠤ ᠤᠷᠤᠬᠤ᠃ | 〔32〕ᠰᠢᠶᠠᠨ᠂ ᠰᠢᠶᠠᠩ᠂ ᠲᠤᠰᠬᠤᠨ ᠭᠤᠷᠪᠠᠨ ᠱᠠᠳᠤᠨ ᠤ ᠶᠡᠷᠦᠩᠭᠡᠶᠢᠯᠡᠨ ᠵᠠᠰᠠᠬᠤ ᠲᠦᠪ ᠢᠶᠠᠷ | ᠵᠢᠯᠤᠭᠤᠳᠬᠤ ᠲᠠᠪᠴᠠᠩ ᠪᠤᠯᠭᠠᠨ᠂ ᠶᠠᠷᠦᠩᠭᠡᠶᠢᠯᠡᠨ ᠵᠠᠰᠠᠬᠤ ᠰᠤᠷᠠᠭ ᠵᠠᠩᠬᠢᠴᠢᠯᠠᠯᠳᠠ ᠪᠠᠷ ᠲᠤᠯᠭᠠᠭᠤᠷᠢ ᠪᠤᠯᠭᠠᠵᠦ᠂ | ᠲᠤᠤᠷᠴᠢᠯᠠᠭᠰᠠᠨ ᠬᠠᠮᠢᠶᠠᠷᠤᠯᠳᠠ ᠪᠠᠷ ᠰᠠᠭᠤᠷᠢ ᠪᠤᠯᠭᠠᠨ᠂ ᠤᠯᠠᠨ ᠨᠡᠶᠢᠳᠡ ᠶᠢᠨ ᠠᠮᠤᠷ ᠲᠦᠪᠰᠢᠨ ᠤ ᠲᠦᠷᠰᠦ | ᠰᠢᠩᠭᠡᠭᠡᠯᠳᠡ ᠶᠢᠨ ᠬᠢᠨᠠᠨ ᠡᠵᠡᠮᠳᠡᠬᠦ ᠬᠤᠯᠪᠤᠭᠠᠯᠠᠭᠰᠠᠨ ᠲᠤᠤᠷ ᠭᠡᠷᠡᠭᠯᠡᠭᠡ ᠪᠠᠷ ᠭᠤᠤᠯᠳᠠᠯᠭ᠎ᠠ ᠪᠤᠯᠭᠠᠭᠰᠠᠨ ︽ᠤᠯᠠᠨ | ᠲᠦᠮᠡᠨᠴᠢ ᠴᠢᠨᠠᠷᠳᠠᠢ ᠠᠮᠤᠷ ᠲᠦᠪᠰᠢᠨ ᠢ ᠰᠡᠷᠬᠡᠶᠢᠯᠡᠨ ᠡᠵᠡᠮᠳᠡᠬᠦ ᠢᠨᠵᠧᠨᠧᠷᠢᠩ︾ ᠪᠤᠯᠤᠨ᠎ᠠ᠃ | 〔33〕ᠲᠦᠪ ᠤᠨ ᠤᠬᠠᠭᠤᠯᠬᠤ ᠬᠡᠯᠳᠡᠰ᠂ ᠬᠠᠤᠯᠢ ᠴᠠᠭᠠᠵᠠ ᠶᠢᠨ ᠬᠡᠯᠳᠡᠰ ᠤᠨ ᠠᠷᠠᠳ ᠢᠷᠭᠡᠳ ᠤᠨ | ᠲᠤᠮᠳᠠ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠬᠢᠬᠦ ᠲᠤᠬᠠᠢ ᠲᠤᠯᠤᠳᠤᠭᠠᠷ ᠲᠠᠪᠤᠨ ᠵᠢᠯ ᠤᠨ ᠲᠦᠯᠦᠪᠯᠡᠭᠡ | ᠪᠤᠯᠤᠨ᠎ᠠ᠃ | 〔34〕ᠬᠦᠳᠡᠭᠡ ᠲᠤᠰᠬᠤᠨ ᠤ ᠵᠠᠰᠠᠮᠠᠯ ᠵᠠᠮ ᠢ ᠰᠠᠶᠢᠳᠦᠷ ᠪᠠᠶᠢᠭᠤᠯᠬᠤ᠂ ᠰᠠᠶᠢᠳᠦᠷ ᠬᠠᠮᠢᠶᠠᠷᠬᠤ᠂ | ᠰᠠᠶᠢᠳᠦᠷ ᠠᠷᠠᠴᠢᠯᠠᠬᠤ᠂ ᠰᠠᠶᠢᠳᠦᠷ ᠡᠵᠡᠩᠨᠡᠬᠦ᠃ | 〔35〕ᠭᠠᠭᠴᠠ ᠬᠡᠤᠬᠡᠳ ᠨᠢ ᠨᠠᠰᠦ ᠪᠠᠷᠠᠵᠦ᠂ ᠲᠡᠬᠦᠨ ᠤ ᠡᠴᠢᠭᠡ ᠡᠭᠡ ᠨᠢ ᠲᠠᠬᠢᠨ ᠬᠡᠤᠬᠡᠳ ᠲᠦᠷᠦᠵᠦ | ᠲᠡᠶᠢᠯᠬᠦ ᠦᠬᠡᠢ᠂ ᠲᠠᠬᠢᠨ ᠦᠷᠡᠵᠢᠯ ᠦᠬᠡᠢ ᠪᠠ ᠬᠡᠤᠬᠡᠳ ᠦᠷᠡᠴᠢᠯᠡᠨ ᠲᠡᠵᠢᠬᠡᠬᠦ ᠲᠤᠷ᠎ᠠ ᠦᠬᠡᠢ ᠬᠡᠷ ᠪᠦᠯᠢ᠃ | 〔36〕ᠤᠯᠤᠰ ᠲᠦᠷᠦ ᠶᠢᠨ ᠦᠵᠡᠯ ᠤᠬᠠᠮᠰᠠᠷ᠂ ᠪᠦᠬᠦ ᠲᠠᠯ᠎ᠠ ᠶᠢᠨ ᠦᠵᠡᠯ ᠤᠬᠠᠮᠰᠠᠷ᠂ ᠭᠤᠤᠯᠯᠠᠭᠴᠢ | ᠶᠢᠨ ᠦᠵᠡᠯ ᠤᠬᠠᠮᠰᠠᠷ᠂ ᠨᠢᠬᠡᠳᠦᠯᠳᠡᠢ ᠪᠠᠶᠢᠬᠤ ᠦᠵᠡᠯ ᠤᠬᠠᠮᠰᠠᠷ᠃ | 〔37〕ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ | ᠢᠳᠡᠭᠡᠯ᠂ ᠲᠦᠷᠢᠮ ᠤᠨ ᠢᠳᠡᠬᠡᠯ᠂ ᠰᠤᠶᠤᠯ ᠤᠨ ᠢᠳᠡᠭᠡᠯ᠃ | 〔38〕ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠲᠦᠪ ᠬᠤᠷᠢᠶ᠎ᠠ ᠪᠤᠯᠤᠨ ᠪᠦᠬᠦ ᠨᠠᠮ ᠤᠨ | ᠭᠤᠤᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶᠠᠨ ᠤ ᠡᠷᠬᠡ ᠰᠦᠷ ᠬᠢᠬᠡᠳ | ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | 〔39〕ᠬᠡᠯᠪᠡᠷᠢ ᠶᠢᠨ ᠦᠵᠡᠯ᠂ ᠨᠤᠶᠠᠨᠴᠢ ᠦᠵᠡᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠬᠡᠬᠦ | ᠰᠤᠷᠳᠠᠯ᠃ | | |