ᠯᠢ ᠵᠢᠢ ᠡᠾᠸᠡᠭ ᠲᠡᠶᠢᠹᠤᠰᠧ ᠬᠤᠰᠢᠭᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠪᠠᠶᠢᠴᠠᠭᠠᠨ ᠰᠤᠳᠦᠯᠦᠯᠳᠡ ᠬᠢᠬᠦ ᠳᠡᠭᠡᠨ ᠲᠤᠤᠭᠠᠷᠪᠡᠯ ᠲᠠᠭᠠᠤ ᠨᠢᠭᠡᠳᠡᠢ ᠲᠤᠭᠳᠤᠷᠠᠪᠠᠯ ᠬᠦᠴᠦᠨ ᠨᠢᠭᠡᠳᠡᠢ ᠪᠠᠷ ᠶᠠᠳᠠᠭᠤ ᠎ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠶᠢᠯᠠᠯᠳᠤᠭᠠᠨ ᠢ ᠡᠷᠡᠰ ᠰᠢᠭᠤᠷᠬᠠᠢ ᠬᠢᠵᠦ ᠢᠯᠡᠯᠳᠡ ᠤᠯᠬᠤ ᠬᠡᠷᠡᠭᠳᠡᠢ ᠭᠡᠵᠦ ᠴᠢᠬᠤᠯᠠᠴᠢᠯᠡᠪᠡ
ᠨᠡᠶᠢᠲᠡᠯᠡᠭᠰᠡᠨ ᠴᠠᠭ᠄
2019-05-13
  ᠯᠢ ᠵᠢᠢ ᠡᠾᠸᠡᠭ ᠲᠡᠶᠢᠹᠤᠰᠧ ᠬᠤᠰᠢᠭᠤ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ  ᠪᠠᠶᠢᠴᠠᠭᠠᠨ     ᠰᠤᠳᠦᠯᠦᠯᠳᠡ ᠬᠢᠬᠦ ᠳᠡᠭᠡᠨ ᠲᠤᠤᠭᠠᠷᠪᠡᠯ ᠲᠠᠭᠠᠤ ᠨᠢᠭᠡᠳᠡᠢ ᠲᠤᠭᠳᠤᠷᠠᠪᠠᠯ ᠬᠦᠴᠦᠨ ᠨᠢᠭᠡᠳᠡᠢ ᠪᠠᠷ  ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠡᠶᠢᠯᠠᠯᠳᠤᠭᠠᠨ ᠢ ᠡᠷᠡᠰ ᠰᠢᠭᠤᠷᠬᠠᠢ ᠬᠢᠵᠦ                      ᠢᠯᠡᠯᠳᠡ ᠤᠯᠬᠤ ᠬᠡᠷᠡᠭᠳᠡᠢ ᠭᠡᠵᠦ ᠴᠢᠬᠤᠯᠠᠴᠢᠯᠡᠪᠡ         5 ᠰᠠᠷ᠎ᠡ ᠶᠢᠨ 8᠎ ᠤ ᠡᠳᠦᠷ ᠠᠴᠠ 9᠎ ᠤ ᠡᠳᠦᠷ ᠬᠦᠷᠳᠡᠯ᠎ᠡ᠂ ᠦᠪᠡᠷᠳᠡᠭᠡᠨ ᠵᠠᠰᠠᠬᠤ ᠤᠷᠦᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᠾᠸᠡᠭ ᠰᠢᠯᠢ ᠶᠢᠨ ᠭᠤᠤᠯ ᠠᠶᠢᠮᠠᠭ ᠤᠨ ᠲᠡᠶᠢᠹᠤᠰᠧ ᠬᠤᠰᠢᠭᠤ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠢᠷᠡᠵᠦ᠂ ︽ᠬᠤᠶᠡᠷ ᠲᠤ ᠵᠤᠪᠠᠭ᠋ᠤ ᠦᠭᠡᠢ ᠭᠤᠷᠪᠡ ᠶᠢ ᠪᠠᠳᠤᠯᠠᠬᠤ︾ ᠲᠤᠪᠦᠶᠢᠮ᠎ᠡ ᠠᠰᠠᠭᠤᠳᠠᠯ ᠢ ᠰᠶᠢᠳᠪᠤᠷᠢᠯᠡᠬᠦ ᠭᠤᠤᠯᠳᠠᠯᠭ᠎ᠠ ᠲᠠᠢ ᠲᠤᠭᠤᠷᠢᠨ ᠳᠤ ᠪᠠᠶᠢᠴᠠᠭᠠᠨ ᠰᠤᠳᠤᠯᠤᠯᠳᠠ ᠬᠢᠵᠦ᠂ ᠲᠤᠤᠭᠠᠷᠪᠡᠯ ᠲᠠᠭᠤ ᠨᠢᠭᠡᠳᠡᠢ ᠲᠤᠭᠳᠤᠷᠠᠪᠡᠯ ᠬᠦᠴᠦ ᠨᠢᠭᠡᠳᠡᠢ᠂ ᠰᠢᠯᠭᠠᠯᠳᠠ ᠶᠢ ᠲᠠᠭᠠᠭᠠᠵᠦ ᠴᠢᠳᠠᠬᠤ ᠠᠵᠢᠯ ᠤᠨ ᠰᠤᠷᠳᠡᠯ ᠬᠢᠭᠡᠳ ᠯᠠᠪᠳᠠᠭᠤᠨ ᠪᠠᠳᠤᠳᠡᠢ ᠠᠵᠢᠯᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠨᠡᠬᠦ ᠬᠠᠳᠠᠭᠤ ᠲᠡᠶᠢᠯᠡᠯᠳᠦᠭᠠᠨ ᠢ ᠡᠷᠡᠰ ᠰᠢᠭᠤᠷᠬᠠᠢ ᠬᠢᠵᠦ ᠢᠯᠡᠯᠳᠡ ᠤᠯᠬᠤ ᠬᠡᠷᠡᠭᠳᠡᠢ ᠭᠡᠵᠦ ᠴᠢᠬᠤᠯᠴᠢᠯᠠᠵᠡᠢ᠃
       ᠯᠢ ᠵᠢᠢ ᠡᠾᠸᠡᠭ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠲᠤᠯᠢᠨᠪᠤᠯᠠᠭ ᠭᠠᠴᠠᠭᠠᠨ ᠤ ᠶᠠᠳᠠᠭᠤ ᠬᠦᠴᠢᠷᠳᠡᠢ ᠡᠷᠤᠭᠡ ᠠᠯᠳᠠᠨᠰᠤᠪᠤᠳ ᠤᠨ ᠳᠤ ᠬᠦᠷᠴᠦ ᠤᠯᠤᠰ ᠤᠨ ᠶᠠᠳᠠᠭᠤ ᠶᠢ ᠲᠡᠳᠬᠦᠬᠦ ᠰᠡᠶᠢᠨ ᠲᠦᠷᠦ ᠶᠢᠨ ᠪᠤᠳᠤᠯᠭ᠎ᠠ ᠶᠢ ᠲᠡᠶᠢᠯᠪᠤᠷᠢᠯᠡᠨ ᠶᠠᠷᠢᠭᠰᠠᠨ ᠳᠤ᠂ ᠨᠠᠰᠤᠳᠠᠨ ᠪᠠᠶᠠᠷᠯᠠᠵᠦ ᠲᠠᠯᠠᠷᠬᠠᠬᠤ ᠳᠠᠭᠠᠨ ᠨᠢᠯᠪᠤᠰᠦ ᠤᠨᠠᠭᠠᠵᠦ ᠪᠠᠶᠢᠯ᠎ᠡ᠃ ᠬᠤᠰᠢᠭᠤ ᠵᠠᠰᠠᠭ ᠤᠨ ᠤᠷᠳᠦᠨ ᠠᠴᠠ ᠲᠡᠳᠡᠨ ᠤ ᠳᠤ ᠬᠤᠶᠡᠷ ᠦᠨᠢᠶ᠎ᠡ ᠬᠤᠳᠠᠯᠳᠦᠨ ᠠᠪᠴᠦ ᠦᠭᠴᠡᠢ᠃ ᠬᠦᠤ ᠶᠢ ᠨᠢ ᠭᠠᠴᠠᠭᠠᠨ ᠤ ᠠᠮᠢ ᠠᠬᠤᠢ ᠤᠢ ᠮᠤᠳᠦ ᠶᠢ ᠬᠠᠮᠠᠭᠠᠯᠠᠭᠴᠢ ᠪᠠᠷ ᠤᠷᠢᠨ ᠭᠡᠷᠡᠭᠯᠡᠭᠰᠡᠨ ᠪᠠᠶᠢᠨ᠎ᠡ᠃ ᠲᠡᠭᠦᠨ ᠤ ᠡᠪᠤᠳᠦᠭ ᠤᠨ ᠦᠶ᠎ᠡ ᠶᠢᠨ ᠵᠠᠰᠠᠯ ᠪᠠ ᠬᠦᠤ ᠪᠡᠷᠢ ᠶᠢᠨ ᠬᠢᠨᠢ ᠡᠪᠡᠳᠴᠢᠨ ᠢᠶᠠᠨ ᠡᠮᠨᠡᠭᠦᠯᠦᠭᠰᠡᠨ ᠲᠦᠮᠨ ᠭᠠᠷᠦᠢ ᠲᠦᠭᠦᠷᠢᠭ ᠢ ᠨᠢ ᠲᠠᠩᠰᠨ ᠠᠴᠠ ᠴᠠᠶᠢᠷᠠᠭᠤᠯᠵᠦ ᠦᠭᠴᠠᠢ᠃       ᠯᠢ ᠵᠢᠢ ᠡᠾᠸᠡᠭ ᠤᠷᠢᠳ ᠬᠤᠵᠢᠳ ᠳ᠋ᠠ ᠱᠠᠨ ᠭᠸᠦ ᠲᠤᠰᠬᠤᠨ᠂ ᠳ᠋ᠠ ᠬᠤᠨᠭ᠌ ᠱᠠᠨ ᠪᠠ ᠲᠤᠯᠢᠨᠪᠤᠯᠠᠭ ᠭᠠᠴᠠᠭ᠎ᠠ ᠪᠠᠷ ᠬᠦᠷᠴᠦ᠂ ᠶᠠᠳᠠᠭᠤ ᠬᠦᠴᠢᠷᠳᠡᠢ ᠡᠷᠤᠭᠡ ᠵᠡᠩ ᠬᠦᠢ ᠱᠢ᠂ ᠵᠡᠩ ᠶᠤᠸᠠᠨ᠂ ᠹᠸᠡᠭ ᠮᠠᠨ᠂ ᠰᠦᠡᠭ ᠡᠾᠦ᠋ᠡᠭ ᠽᠠᠢ ᠪᠠ ᠠᠯᠳᠠᠨᠰᠤᠪᠤᠳ ᠶᠢᠨ ᠬᠢᠨ ᠢ ᠡᠷᠬᠢᠨ ᠦᠵᠡᠵᠦ᠂ ᠶᠠᠳᠠᠭᠤᠷᠠᠭᠰᠠᠨ ᠰᠢᠯᠳᠠᠭᠠᠨ᠂ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠠ ᠪᠡ ᠦᠷ᠎ᠡ ᠪᠦᠳᠦᠮᠵᠢ ᠶᠢ ᠨᠠᠷᠢᠨ ᠨᠢᠮᠪᠠᠢ ᠠᠰᠠᠭᠤᠨ ᠯᠠᠪᠯᠡᠵᠦ᠂ ᠤᠷᠤᠨ ᠰᠠᠭᠤᠴᠨ᠂ ᠤᠤᠭᠤᠬᠤ ᠤᠰᠦᠨ ᠤ ᠪᠠᠶᠢᠳᠠᠯ ᠵᠡᠷᠭᠡ ᠶᠢ ᠬᠢᠨᠠᠮᠠᠭᠠᠢ ᠪᠠᠶᠢᠴᠠᠭᠠᠨ ᠦᠵᠡᠭᠰᠡᠨ ᠪᠠᠶᠢᠨ᠎ᠡ᠃ ᠲᠡᠷᠡ ᠭᠡᠯᠡᠬᠦ ᠎ ᠳᠡᠭᠡᠨ᠂ ᠰᠢ ᠶᠢᠨ ᠫᠢᠡᠭ ᠶᠡᠷᠤᠩᠬᠡᠢ ᠱᠦᠵᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠨ ᠦᠵᠡᠵᠦ ᠪᠤᠢ᠂ ᠡᠯ᠎ᠡ ᠱᠠᠳᠦᠨ ᠤ ᠨᠠᠮ ᠤᠨ ᠬᠤᠷᠢᠶ᠎ᠠ ᠵᠠᠰᠠᠭ ᠤᠨ ᠤᠷᠳᠦᠨ ᠰᠢᠷᠢᠰ ᠲᠦᠷᠦ ᠶᠢᠨ ᠪᠤᠳᠤᠯᠭ᠎ᠠ ᠪᠠ ᠤᠯᠡᠨ ᠠᠷᠭ᠎ᠠ ᠬᠡᠮᠵᠢᠶ᠎ᠡ ᠠᠪᠴᠦ ᠶᠠᠳᠠᠭᠤ ᠶᠢ ᠲᠡᠳᠬᠦᠬᠦ ᠬᠡᠷᠡᠭᠳᠡᠢ᠂ ᠤᠯᠡᠨ ᠎ ᠢᠶᠠᠷ ᠢᠶᠠᠨ ᠡᠷᠭᠡᠪᠰᠢ ᠢᠳᠡᠭᠡᠯ ᠵᠤᠷᠢᠭ ᠢᠶᠠᠨ ᠪᠠᠳᠤᠳᠬᠠᠨ᠂ ᠰᠢᠷᠭᠠᠭᠤ ᠲᠡᠮᠡᠴᠡᠵᠦ᠂ ᠡᠷᠳᠡ ᠡᠳᠦᠷ ᠶᠠᠳᠠᠭᠤ ᠠᠴᠠ ᠠᠩᠬᠢᠵᠢᠷᠠᠨ ᠴᠢᠨᠡᠭᠡᠯᠢᠭ ᠨᠡᠶᠢᠭᠡᠮ ᠲᠤ ᠤᠷᠤᠬᠤ ᠪᠠᠷ ᠴᠢᠷᠮᠠᠶᠢᠬᠤ ᠬᠡᠷᠡᠭᠳᠡᠢ ᠭᠡᠵᠡᠢ᠂ ᠡᠯ᠎ᠡ ᠱᠠᠳᠦᠨ ᠤ ᠨᠠᠮ ᠤᠨ ᠬᠤᠷᠢᠶᠠᠨ ᠤ ᠱᠦᠵᠢ ︽ᠬᠤᠶᠡᠷ ᠶᠢ ᠬᠦᠷᠢᠶᠡᠯᠡᠬᠦ︾᠎ ᠶᠢ ᠡᠷᠡᠰ ᠪᠠᠷᠢᠮᠳᠠᠯᠠᠨ᠂ ᠲᠠᠪᠤᠨ ᠱᠠᠳᠦᠨ ᠤ ᠺᠠᠳ᠋ᠷ ᠶᠠᠳᠠᠭᠤ ᠶᠢ ᠲᠡᠳᠭᠦᠬᠦ ᠶᠢ ᠠᠳᠬᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠶᠠᠳᠠᠭᠤ ᠬᠦᠴᠢᠷᠳᠡᠢ ᠡᠷᠤᠭᠡ ᠶᠢ ᠪᠦᠬᠦᠨ ᠢ ᠲᠤᠭᠤᠷᠢᠨ ᠦᠢᠯᠭᠠᠬᠤ ᠶᠢ ᠪᠡᠶᠡᠯᠡᠭᠦᠯᠵᠦ᠂ ᠡᠯ᠎ᠡ ᠲᠠᠯ᠎ᠠ ᠶᠢᠨ ᠬᠦᠴᠦᠨ ᠡᠭᠢ ᠪᠠᠶᠡᠯᠢᠭ᠋ ᠢ ᠨᠢᠭᠡᠳᠦᠯᠳᠡᠢ ᠲᠦᠯᠦᠪᠯᠡᠨ ᠲᠠᠶᠢᠴᠢᠯᠡᠵᠦ ᠲᠤᠪᠦᠶᠢᠮ᠎ᠡ ᠠᠰᠠᠭᠤᠳᠠᠯ ᠢ ᠬᠦᠴᠦᠯᠡᠨ ᠰᠶᠢᠳᠪᠤᠷᠢᠯᠡᠬᠦ ᠶᠢ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ᠃        ᠯᠢ ᠵᠢᠢ ᠡᠾᠸᠡᠭ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠦᠨᠳᠦᠰᠦᠨ ᠱᠠᠳᠦᠨ ᠤ ᠡᠮᠨᠡᠯᠭᠡ ᠶᠢᠨ ᠦᠷᠦᠭᠡ ᠪᠠᠷ ᠪᠠᠶᠢᠴᠠᠭᠠᠨ ᠰᠤᠳᠤᠯᠤᠯᠳᠠ ᠬᠢᠵᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠭᠰᠡᠨ ᠪᠠᠶᠢᠳᠠᠯ ᠢ ᠦᠢᠯᠭᠠᠵᠡᠢ᠃
       ᠡᠷᠡᠭᠦᠯ ᠴᠢᠭᠢᠷᠠᠭ ᠢᠶᠠᠷ ᠶᠠᠳᠠᠭᠤ ᠶᠢ ᠲᠡᠳᠭᠦᠬᠦ ᠪᠤᠯ ᠮᠠᠨ ᠤ ᠤᠷᠦᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠭᠤᠤᠯᠳᠠᠯᠭ᠎ᠠ ᠶᠢᠨ ᠲᠤᠳᠤᠷᠡᠬᠢ ᠭᠤᠤᠯᠳᠠᠯᠭ᠎ᠠ ᠶᠢᠨ ᠨᠢᠭᠡ ᠶᠤᠮ᠂ ᠡᠨᠡᠬᠦ ᠠᠵᠢᠯ ᠎ ᠢ ᠯᠢ ᠵᠢᠢ ᠡᠾᠸᠡᠭ ᠲᠦᠢᠯ ᠢᠶᠠᠷ ᠠᠩᠬᠠᠷᠴᠦ ᠪᠠᠶᠢᠭ᠎ᠠ ᠶᠤᠮ᠃ ᠲᠡᠷᠡ ᠲᠡᠶᠢᠹᠤᠰᠧ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠬᠦᠷᠴᠦ᠂ ᠶᠠᠳᠠᠭᠤ ᠬᠦᠴᠢᠷᠳᠡᠢ ᠡᠪᠡᠳᠴᠢᠳᠡᠨ ᠲᠠᠢ ᠶᠠᠷᠢᠯᠴᠠᠨ᠂ ᠡᠪᠡᠳᠴᠢᠨ ᠤ ᠪᠠᠶᠢᠳᠠᠯ ᠪᠠ ᠡᠮᠨᠡᠯᠭᠡ ᠶᠢᠨ ᠰᠦᠢᠳᠭᠡᠯ ᠢ ᠨᠢ ᠲᠠᠩᠰᠠᠨ ᠠᠴᠠ ᠴᠡᠶᠢᠷᠠᠭᠤᠯᠵᠦ ᠪᠠᠶᠢᠭ᠎ᠠ ᠪᠠᠶᠢᠳᠠᠯ ᠵᠡᠷᠭᠡ ᠶᠢ ᠨᠢᠮᠪᠠᠢ ᠠᠰᠠᠭᠤᠨ ᠦᠢᠯᠭᠠᠵᠦ᠂ ᠡᠪᠡᠳᠴᠢᠳᠡᠨ ᠨᠠᠷ ᠲᠤ ᠡᠮ ᠡᠮᠨᠡᠯᠭᠡ ᠶᠢᠨ ᠲᠦᠭᠦᠮ ᠦᠵᠡᠭᠦᠯᠬᠦ ᠶᠢ ᠡᠮᠨᠡᠯᠭᠡ ᠶᠢᠨ ᠬᠤᠷᠢᠶᠠᠨ ᠳᠤ ᠵᠠᠬᠢᠭᠰᠠᠨ ᠪᠠᠶᠢᠨ᠎ᠡ᠃ ᠡᠭᠦᠨ ᠤ ᠬᠠᠮᠳᠦ ᠲᠤᠬᠠᠢ ᠶᠢᠨ ᠭᠠᠵᠠᠷ ᠤᠨ ᠬᠠᠮᠢᠶ᠎ᠠ ᠲᠠᠢ ᠰᠠᠯᠠᠭ᠎ᠠ ᠮᠦᠴᠢᠷ ᠲᠤ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ ᠶᠢ ᠰᠡᠶᠢᠳᠦᠷ ᠨᠠᠶᠢᠳᠠᠪᠤᠷᠢᠵᠢᠭᠤᠯᠬᠤ ᠬᠡᠷᠡᠭᠳᠡᠢ ᠭᠡᠵᠦ ᠵᠢᠭᠠᠪᠤᠷᠢᠯᠠᠵᠦ᠂ ︽ᠴᠤᠭᠴᠠ ᠶᠢᠨ ᠡᠷᠡᠭᠦᠯ ᠮᠡᠨᠲᠦ︾᠎ ᠤᠨ ᠦᠵᠡᠯᠳᠠ ᠪᠠ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠬᠦᠴᠦᠯᠡᠴᠨ ᠪᠠᠨ ᠶᠡᠭᠡᠰᠭᠡᠬᠦ ᠬᠡᠷᠡᠭᠳᠡᠢ ᠭᠡᠵᠡᠢ᠃ ᠯᠢ ᠵᠢᠢ ᠡᠾᠸᠡᠭ ᠪᠠᠰᠨ ᠪᠡᠭᠡᠵᠢᠩ ᠬᠤᠳᠠ ᠶᠢᠨ ᠠᠵᠢᠯ ᠲᠦᠷᠦᠯ ᠢᠶᠠᠷ ᠶᠠᠳᠠᠭᠤ ᠶᠢ ᠲᠡᠳᠭᠦᠵᠦ ᠪᠠᠶᠢᠭ᠎ᠠ ᠡᠮᠨᠡᠯᠭᠡ ᠶᠢᠨ ᠠᠵᠢᠯᠳᠠᠨ ᠲᠠᠢ ᠲᠤᠳᠤᠨᠤ ᠪᠠᠷ ᠶᠠᠷᠢᠯᠴᠠᠵᠦ᠂ ᠲᠡᠳᠠᠨᠠᠷ ᠤᠨ ᠶᠡᠭᠡ ᠬᠦᠴᠦᠨ ᠤ ᠲᠡᠮᠵᠢᠯᠭᠡ ᠪᠠ ᠰᠢᠷᠭᠠᠭᠤ ᠬᠠᠳᠠᠭᠤᠵᠢᠯᠳᠡᠢ ᠠᠵᠢᠯᠯᠠᠵᠦ ᠬᠤᠪᠢ ᠨᠡᠮᠡᠷᠢ ᠪᠠᠨ ᠡᠷᠭᠦᠵᠦ ᠪᠠᠶᠢᠭ᠎ᠠ ᠳᠤ ᠲᠠᠯᠠᠷᠬᠠᠯ ᠢᠶᠠᠨ ᠢᠯᠡᠳᠭᠡᠵᠡᠢ᠃         ᠯᠢ ᠵᠢᠢ ᠡᠾᠸᠡᠭ ᠲᠡᠶᠢᠹᠤᠰᠧ ᠬᠤᠰᠢᠭᠤᠨ ᠤ ᠶᠠᠳᠠᠭᠤ ᠶᠢ ᠲᠡᠳᠭᠦᠬᠦ ᠦᠢᠯᠡᠳᠪᠤᠷᠢ ᠶᠢᠨ ᠲᠠᠰᠤᠭ ᠢᠶᠠᠷ ᠪᠠᠶᠢᠴᠠᠭᠠᠨ ᠰᠤᠳᠤᠯᠤᠯᠳᠠ ᠬᠢᠵᠦ᠂ ᠠᠵᠤ ᠦᠢᠯᠡᠰ ᠢᠶᠠᠷ ᠶᠠᠳᠠᠭᠤ ᠶᠢ ᠲᠡᠳᠭᠦᠵᠦ ᠪᠠᠶᠢᠭ᠎ᠠ ᠪᠠᠶᠢᠳᠠᠯ ᠢ ᠦᠢᠯᠭᠠᠵᠡᠢ᠃ ᠲᠡᠷᠡ᠂ ᠹᠦ᠋ ᠱᠸᠡᠭ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠭᠦᠬᠦ ᠲᠠᠷᠢᠶᠡᠯᠡᠩ ᠤᠨ ᠰᠢᠨᠵᠢᠯᠠᠬᠦ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ᠂ ᠡᠤ ᠹᠸᠡᠭ ᠮᠢᠬᠠᠨ ᠤ ᠦᠭᠡᠷ ᠦᠷᠡᠵᠢᠭᠦᠯᠬᠦ ᠰᠠᠭᠤᠷᠢᠨ᠂ ᠡᠷᠳᠡᠨᠢᠳᠡᠯ᠎ᠡ ᠦᠭᠡᠷ ᠤᠨ ᠦᠢᠯᠡᠰ ᠤᠨ ᠵᠢᠱᠢᠶ᠎ᠡ ᠦᠵᠡᠭᠦᠯᠬᠦ ᠲᠠᠯᠠᠪᠠᠢ᠂ ᠡᠤ ᠶᠢᠨ ᠲᠤᠰᠬᠤᠨ ᠬᠢᠭᠡᠳ ᠶᠢᠨ ᠵᠠᠨ ᠲᠤᠰᠬᠤᠨ ᠤ ᠶᠠᠳᠠᠭᠤ ᠶᠢ ᠲᠡᠳᠭᠦᠬᠦ ᠲᠠᠰᠤᠭ ᠢᠶᠠᠷ ᠬᠦᠷᠴᠦ᠂ ᠶᠠᠳᠠᠭᠤ ᠶᠢ ᠲᠡᠳᠭᠦᠬᠦ ᠺᠠᠳ᠋ᠷ ᠵᠢᠴᠢ ᠶᠠᠳᠠᠭᠤ ᠬᠦᠴᠢᠷᠳᠡᠢ ᠡᠷᠤᠭᠡ ᠳᠤ ᠬᠦᠨᠵᠡᠭᠡᠶᠢᠷᠡᠨ ᠲᠠᠳᠠᠨ ᠲᠠᠢ ᠶᠠᠷᠢᠯᠴᠠᠨ᠂ ᠠᠵᠤ ᠦᠢᠯᠡᠰ ᠤᠨ ᠬᠦᠭᠵᠢᠯᠳᠡ᠂ ᠶᠠᠳᠠᠭᠤ ᠶᠢ ᠲᠡᠳᠭᠦᠬᠦ ᠭᠡᠪ ᠮᠠᠶ᠋ᠢᠭ᠂ ᠠᠰᠢᠭ ᠲᠤᠰᠨ ᠶᠢᠨ ᠬᠤᠯᠪᠤᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠦᠢᠯᠭᠠᠭᠰᠠᠨ ᠪᠠᠶᠢᠨ᠎ᠡ᠃ ᠲᠡᠷᠡ ᠴᠢᠬᠤᠯᠴᠢᠯᠠᠬᠤ ᠳᠠᠭᠠᠨ᠂ ᠭᠠᠵᠠᠷ ᠤᠷᠦᠨ ᠤ ᠡᠭᠢ ᠪᠠᠶᠠᠯᠢᠭ᠂ ᠠᠵᠤ ᠦᠢᠯᠡᠰ ᠤᠨ ᠰᠠᠭᠤᠷᠢ ᠪᠤᠯᠦᠨ ᠶᠠᠳᠠᠭᠤ ᠬᠦᠴᠢᠷᠳᠡᠢ ᠡᠷᠣᠭᠡ ᠶᠢᠨ ᠤᠨᠴᠠᠯᠢᠭ ᠲᠠᠢ ᠤᠶᠠᠯᠳᠤᠭᠤᠯᠦᠨ᠂ ᠶᠠᠳᠠᠭᠤ ᠶᠢ ᠲᠡᠳᠭᠦᠬᠦ ᠠᠵᠤ ᠦᠢᠯᠡᠰ ᠢ ᠤᠨᠤᠪᠴᠢᠳᠡᠢ ᠰᠤᠩᠭᠤᠨ ᠪᠤᠳᠡᠳᠡᠢ ᠨᠠᠶᠢᠳᠠᠪᠤᠷᠢᠵᠢᠭᠤᠯᠵᠦ᠂ ᠡᠯ᠎ᠡ ᠱᠠᠳᠦ ᠡᠯ᠎ᠡ ᠰᠠᠯᠠᠭ᠎ᠠ ᠮᠦᠴᠢᠷ ᠨᠢ ᠠᠵᠤ ᠠᠬᠤᠶᠢᠯᠡᠯ ᠤᠨ ᠪᠦᠳᠦᠭᠡᠨ ᠪᠠᠶᠢᠭᠤᠯᠤᠯᠳᠠ ᠶᠢᠨ ᠬᠦᠭᠵᠢᠯᠳᠡ ᠶᠢ ᠪᠦᠬᠦ ᠬᠦᠴᠦᠨ ᠢᠶᠠᠷ ᠲᠡᠮᠵᠢᠵᠦ᠂ ᠠᠵᠤ ᠠᠬᠤᠶᠢᠯᠡᠯ ᠨᠢ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠵᠦ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠦᠭᠵᠢᠯᠳᠡ ᠳᠤ ᠢᠯᠡᠭᠦᠭᠡᠨ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠭᠡᠪᠡ᠃
       ᠯᠢ ᠵᠢᠢ ᠡᠾᠸᠡᠭ ᠲᠡᠶᠢᠹᠤᠰᠧ ᠬᠤᠰᠢᠭᠤᠨ ᠤ ᠳ᠋ᠠ ᠱᠠᠨ ᠭᠸᠤ ᠲᠤᠰᠬᠤᠨ ᠪᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠭᠦᠳ ᠲᠠᠢ ᠨᠠᠷᠢᠨ ᠨᠢᠮᠪᠠᠢ ᠶᠠᠷᠢᠯᠴᠠᠨ ᠪᠠᠶᠢᠳᠠᠯ ᠢ ᠦᠢᠯᠠᠭᠠᠨ᠂ ᠲᠡᠳᠡᠨ ᠢ ᠤᠶᠤᠨ ᠴᠢᠳᠠᠯ ᠢᠶᠠᠨ ᠲᠦᠪᠯᠡᠷᠡᠭᠦᠯᠦᠨ ᠶᠠᠳᠠᠭᠤ ᠶᠢ ᠲᠡᠳᠬᠦᠬᠦ ᠠᠵᠢᠯ ᠢ ᠰᠡᠶᠢᠳᠦᠷ ᠬᠢᠵᠦ᠂ ᠶᠠᠳᠠᠭᠤ ᠶᠢ ᠲᠡᠳᠭᠦᠬᠦ ᠲᠡᠶᠢᠯᠠᠯᠳᠤᠭᠠᠨ ᠤ ᠢᠯᠡᠯᠳᠡ ᠤᠯᠬᠤ ᠶᠢ ᠦᠨᠡᠨᠬᠦ ᠪᠠᠳᠤᠯᠠᠬᠤ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠡ᠃        ᠭᠠᠴᠠᠭ᠎ᠠ ᠲᠤᠰᠬᠤᠨ ᠳᠤ ᠬᠦᠷᠬᠦ ᠪᠦᠷᠢ ᠯᠢ ᠵᠢᠢ ᠡᠾᠸᠡᠭ ︽ᠬᠤᠶᠡᠷ ᠵᠦᠪᠯᠡᠯ︾ ᠵᠢᠴᠢ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠰᠠᠭᠤᠭ᠎ᠠ ᠭᠠᠵᠠᠷ ᠲᠤ ᠬᠦᠷᠴᠦ᠂ ᠶᠠᠳᠠᠭᠤ ᠶᠢ ᠲᠡᠳᠭᠦᠬᠦ ᠠᠵᠢᠯ ᠢ ᠪᠠᠶᠢᠴᠠᠭᠠᠨ᠂ ᠶᠠᠳᠠᠭᠤ ᠶᠢ ᠲᠡᠳᠭᠦᠬᠦ ᠺᠠᠳ᠋ᠷ ᠢ ᠲᠤᠬᠤᠨᠢᠭᠤᠯᠵᠦ᠂ ᠦᠨᠳᠦᠰᠦᠨ ᠱᠠᠳᠦᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠵᠡᠷᠭᠡ ᠪᠠᠶᠢᠳᠡᠯ ᠢ ᠦᠢᠯᠭᠠᠵᠡᠢ᠃ ᠲᠡᠷᠡ᠂ ᠶᠠᠳᠠᠭᠤ ᠶᠢ ᠲᠡᠳᠭᠦᠬᠦ ᠺᠠᠳ᠋ᠷ ᠤᠨ ᠬᠠᠮᠢᠶᠠᠷᠤᠯᠳᠠ ᠶᠢ ᠴᠢᠩᠭᠠᠳᠬᠠᠵᠦ᠂ ᠲᠤᠮᠢᠯᠠᠭᠰᠠᠨ ᠺᠠᠳ᠋ᠷ ᠨᠢ ᠡᠷᠭᠡᠪᠰᠢ ᠴᠢᠳᠠᠮᠠᠭᠠᠢ ᠪᠡᠶᠢᠵᠦ᠂ ᠠᠵᠢᠯ ᠠᠴᠠ ᠪᠠᠨ ᠰᠠᠯᠵᠦ᠂ ᠰᠠᠨᠠᠭ᠎ᠠ ᠰᠡᠳᠬᠢᠯ ᠨᠢ ᠲᠦᠪᠯᠡᠷᠡᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠬᠤ ᠬᠡᠷᠡᠭᠳᠡᠢ᠃ ᠦᠨᠳᠦᠰᠦᠨ ᠱᠠᠳᠦᠨ ᠤ ᠨᠠᠮ ᠤᠨ ᠡᠭᠦᠷ ᠤᠨ ᠪᠠᠶᠢᠭᠤᠯᠤᠯᠳᠠ ᠶᠢ ᠴᠢᠩᠭᠠᠳᠬᠠᠨ᠂ ᠲᠡᠭᠦᠨ ᠤ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠲᠡᠶᠢᠯᠠᠯᠳᠤᠭᠠᠨ ᠤ ᠲᠤᠮᠳᠠᠬᠢ ᠲᠡᠶᠢᠴᠢᠨ ᠪᠠᠬᠢᠯᠡᠯᠳᠡ ᠶᠢᠨ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ ᠭᠡᠵᠦ ᠱᠠᠭᠠᠷᠳᠠᠵᠠᠢ᠃       ᠦᠪᠡᠷᠳᠡᠭᠡᠨ ᠵᠠᠰᠠᠬᠤ ᠤᠷᠦᠨ ᠤ ᠲᠡᠳ᠋ ᠲᠡᠷᠢᠭᠦᠯᠡᠭᠴᠢ ᠯᠢ ᠪᠢᠡᠭ ᠷᠦᠡᠭ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠳᠠ ᠳᠤ ᠤᠷᠤᠯᠴᠠᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号