ᠰᠢᠯᠤᠭᠤᠨ ᠬᠦᠪᠡᠭᠡᠳᠦ ᠴᠠᠭᠠᠨ ᠬᠤᠰᠢᠭᠤ 2019 ᠤᠨ ᠤ ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠡᠩ ᠤᠨ ᠲᠤᠯᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠦᠷᠨᠢᠭᠦᠯᠵᠠᠢ
ᠨᠡᠶᠢᠲᠡᠯᠡᠭᠰᠡᠨ ᠴᠠᠭ᠄
2019-05-17
       ᠰᠢᠯᠤᠭᠤᠨ ᠬᠦᠪᠡᠭᠡᠳᠦ ᠴᠠᠭᠠᠨ ᠬᠤᠰᠢᠭᠤ 2019 ᠤᠨ ᠤ ᠬᠤᠰᠢᠭᠤ ᠨᠠᠮ ᠤᠨ ᠬᠤᠷᠢᠶᠠᠨ ᠤ       ᠭᠤᠤᠯ ᠲᠤᠭᠤᠶᠢᠯᠡᠩ ᠤᠨ ᠲᠤᠯᠤᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠦᠷᠨᠢᠭᠦᠯᠵᠠᠢ       5 ᠰᠠᠷ᠎ᠡ ᠶᠢᠨ 16 ᠤ ᠡᠳᠦᠷ᠂ ᠰᠢᠯᠤᠭᠤᠨ ᠬᠦᠪᠡᠭᠡᠳᠦ ᠴᠠᠭᠠᠨ ᠬᠤᠰᠢᠭᠤ 2019 ᠤᠨ ᠤ ᠲᠤᠯᠤᠭᠠᠳᠠᠬᠢ ᠬᠤᠰᠢᠭᠤ ᠨᠠᠮ ᠤᠨ ᠬᠤᠷᠢᠶᠠᠨ ᠤ ᠭᠤᠤᠯ ᠲᠤᠭᠤᠶᠢᠯᠡᠩ ᠤᠨ ᠬᠠᠮᠳᠦ ᠶᠢᠨ ᠰᠤᠷᠤᠯᠴᠠᠯᠭ᠎ᠠ ᠡᠷᠬᠢᠯᠡᠵᠦ ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠯᠢ ᠳ᠋ᠦᠡᠭ ᠯᠢᠨ ᠰᠤᠷᠤᠯᠴᠠᠯᠭ᠎ᠠ ᠶᠢ ᠡᠷᠬᠢᠯᠡᠵᠡᠢ᠃
      ᠬᠤᠷᠠᠯ ᠲᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠨ ᠶᠢᠨ ᠬᠤᠷᠢᠶᠠᠨ ᠤ ᠱᠦᠵᠢ ᠡᠷᠳᠡᠨᠢᠪᠠᠭᠠᠳᠤᠷ ᠠᠴᠠ ︽ᠪᠦᠬᠦ ᠠᠶᠢᠮᠠᠭ ᠤᠨ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ ᠤᠨ ᠲᠤᠭᠤᠶᠢᠯᠡᠩ︶ ᠤᠨ ᠤᠨᠤᠯ ᠰᠤᠷᠤᠯᠴᠠᠬᠤ ᠭᠤᠤᠯ ᠲᠤᠭᠤᠶᠢᠯᠡᠩ ᠤᠨ 2019 ᠤᠨ ᠤ ᠬᠠᠷ᠎ᠡ ᠪᠦᠯᠦᠭ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠲᠤᠰᠬᠠᠢ ᠰᠡᠳᠤᠪᠳᠦ ᠰᠤᠷᠤᠯᠴᠠᠬᠤ ᠠᠭᠤᠯᠠᠭ᠎ᠠ︾ ᠶᠢ ᠤᠯᠡᠨ ᠳᠤ ᠤᠯᠠᠮᠵᠢᠯᠡᠨ ᠰᠤᠷᠤᠯᠴᠠᠭᠤᠯᠵᠡᠢ᠃       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠡᠩ ᠶᠤᠸᠠᠢ ᠴᠸᠡᠭ ᠠᠴᠠ ︽ᠰᠢ ᠶᠢᠨ ᠫᠢᠡᠭ ᠶᠡᠷᠤᠩᠬᠡᠢ ᠱᠦᠵᠢ ᠶᠢᠨ ᠤᠯᠤᠰ ᠤᠨ ᠠᠮᠤᠷ ᠲᠦᠪᠰᠢᠨ ᠤ ᠲᠤᠬᠠᠢ ᠦᠬᠦᠯᠡᠮᠵᠢ ᠶᠢᠨ ᠲᠡᠭᠦᠪᠤᠷᠢ︾ ᠶᠢᠨ ᠨᠢᠭᠡᠳᠦᠭᠡᠷ ᠭᠡᠰᠡᠭ᠄ ᠶᠠᠷᠤᠩᠬᠡᠢ ᠴᠤᠭᠴᠨ ᠶᠢᠨ ᠤᠯᠤᠰ ᠤᠨ ᠠᠮᠤᠷ ᠲᠦᠪᠰᠢᠨ ᠤ ᠦᠵᠡᠯᠳᠡ ᠶᠢ ᠳᠠᠭᠠᠭᠤᠯᠤᠨ ᠰᠤᠷᠤᠯᠴᠠᠪᠠ᠃       ᠯᠢ ᠳ᠋ᠦᠡᠭ ᠯᠢᠨ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠦᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ︵ᠲᠠᠶᠢᠸᠠᠨ ᠤ ᠠᠰᠠᠭᠤᠳᠠᠯ ᠪᠤᠯᠦᠨ ᠤᠯᠤᠰ ᠢᠶᠠᠨ ᠨᠢᠭᠡᠳᠭᠡᠬᠦ︶ ᠰᠤᠷᠤᠯᠴᠠᠬᠤ ᠮᠠᠲ᠋ᠧᠷᠢᠶᠠᠯ ᠢ ᠰᠡᠶᠢᠳᠦᠷ ᠰᠤᠷᠤᠯᠴᠠᠬᠤ ᠠᠵᠢᠯ ᠶᠢᠨ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠤᠯᠠᠮᠵᠢᠯᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号