ᠰᠢᠯᠥᠭᠤᠨ ᠬᠦᠪᠡᠭᠡᠲᠦ ᠴᠠᠭᠠᠨ ᠬᠤᠰᠢᠭᠤ ᠨᠢ ᠠᠷᠠᠳ ᠤᠯᠠᠨ ᠤ ᠤᠤᠭᠤᠬᠤ    ᠤᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠵᠦ ᠪᠠᠶᠢᠨ᠎ᠠ
ᠨᠡᠶᠢᠲᠡᠯᠡᠭᠰᠡᠨ ᠴᠠᠭ᠄
2019-05-22
                ᠰᠢᠯᠥᠭᠤᠨ ᠬᠦᠪᠡᠭᠡᠲᠦ ᠴᠠᠭᠠᠨ ᠬᠤᠰᠢᠭᠤ ᠨᠢ ᠠᠷᠠᠳ ᠤᠯᠠᠨ ᠤ ᠤᠤᠭᠤᠬᠤ                ᠤᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠵᠦ ᠪᠠᠶᠢᠨ᠎ᠠ       ᠲᠦᠪᠯᠡᠷᠡᠩᠭᠦᠢ ᠬᠠᠩᠭᠠᠬᠤ ᠤᠰᠤᠨ ᠤ ᠡᠬᠢ ᠶᠢ ᠰᠠᠶᠢᠲᠤᠷ ᠬᠠᠮᠠᠭᠠᠯᠠᠵᠦ᠂ ᠠᠷᠠᠳ ᠤᠯᠠᠨ ᠤ ᠭᠡᠷᠡᠭᠯᠡᠭᠡᠨ ᠤ ᠤᠰᠤᠨ ᠤ ᠡᠬᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 2018 ᠤᠨ ᠳᠤ ᠰᠢᠯᠥᠭᠤᠨ ᠬᠦᠪᠡᠭᠡᠲᠦ ᠴᠠᠭᠠᠨ ᠬᠤᠰᠢᠭᠤ 3 ᠰᠠᠭᠤᠷᠢ ᠲᠥᠪᠯᠡᠷᠨᠩᠭᠦᠢ ᠬᠠᠩᠭᠠᠬᠤ ᠤᠰᠤᠨ ᠤ ᠡᠬᠢ ᠶᠢᠨ ᠭᠠᠵᠠᠷ ᠢ ᠲᠥᠷᠢᠮᠵᠢᠬᠦᠯᠥᠨ ᠪᠦᠲᠦᠭᠡᠨ ᠪᠠᠶᠢᠭᠤᠯᠬᠤ ᠲᠦᠷᠦᠯ ᠵᠥᠢᠯ ᠢ ᠭᠡᠷᠡᠭᠵᠢᠬᠦᠯᠪᠡ᠃
      3 ᠰᠠᠭᠤᠷᠢ ᠲᠥᠪᠯᠡᠷᠡᠩᠭᠦᠢ ᠬᠠᠩᠭᠠᠬᠤ ᠤᠰᠤᠨ ᠤ ᠡᠬᠢ ᠶᠢᠨ ᠭᠠᠵᠠᠷ ᠢ ᠲᠦᠷᠢᠮᠵᠢᠬᠦᠯᠥᠨ ᠪᠦᠲᠦᠭᠡᠨ ᠪᠠᠶᠢᠭᠤᠯᠬᠤ ᠲᠦᠷᠦᠯ ᠵᠥᠢᠯ ᠤᠨ ᠪᠡᠯᠡᠳᠬᠡᠯ ᠤᠰᠤᠨ ᠤ ᠡᠬᠢ ᠭᠠᠵᠠᠷ ᠪᠤᠯ ᠠᠯᠲᠠ ᠭᠠᠲᠠᠰᠤ᠂ ᠴᠠᠭᠠᠨ ᠪᠤᠮᠪᠠᠨ᠂ ᠴᠢᠯᠠᠭᠤᠨ ᠤᠩᠭᠤᠴᠠ ᠵᠡᠷᠭᠡ ᠬᠤᠲᠠ ᠪᠠᠯᠭᠠᠰᠤᠨ ᠤ ᠲᠥᠪᠯᠡᠷᠡᠩᠭᠦᠢ ᠤᠰᠤ ᠬᠠᠩᠭᠠᠬᠤ ᠤᠰᠤᠨ ᠤ ᠡᠬᠢ ᠶᠢᠨ ᠭᠠᠵᠠᠷ ᠪᠤᠯᠥᠨ᠎ᠠ᠃ ᠤᠲᠤᠬᠠᠨ ᠳᠤ᠂ ᠠᠯᠲᠠᠨ ᠭᠠᠲᠠᠰᠤ ᠤᠰᠤᠨ ᠤ ᠡᠬᠢ ᠶᠢᠨ ᠭᠠᠵᠠᠷ ᠶᠢᠨ ᠲᠥᠷᠢᠮᠵᠢᠭᠰᠡᠨ ᠪᠦᠲᠦᠭᠡᠨ ᠪᠠᠶᠢᠭᠤᠯᠥᠯᠲᠠ ᠶᠢᠨ ᠠᠵᠢᠯ ᠢ ᠥᠨᠲᠦᠰᠦᠨ ᠳᠡᠭᠡᠨ ᠪᠡᠶᠡᠯᠡᠬᠦᠯᠵᠦ᠂ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠮᠡᠳᠡᠭᠦᠯᠥᠭᠡᠳ ᠵᠥᠪᠰᠢᠶᠡᠷᠡᠯ ᠬᠦᠯᠢᠶᠡᠵᠦ ᠪᠤᠢ᠃ ᠴᠠᠭᠠᠨ ᠪᠤᠮᠪᠠᠨ᠂ ᠴᠢᠯᠠᠭᠤᠨ ᠤᠩᠭᠤᠴᠠ ᠶᠢᠨ 2 ᠰᠠᠭᠤᠷᠢ ᠲᠥᠪᠯᠡᠷᠡᠩᠭᠦᠢ ᠤᠰᠤ ᠬᠠᠩᠭᠠᠬᠤ ᠤᠰᠤᠨ ᠤ ᠡᠬᠢ ᠶᠢᠨ ᠭᠠᠵᠠᠷ ᠤᠨ ᠨᠢᠭᠡᠲᠦᠭᠡᠷ ᠲᠡᠰ  ᠤᠨ ᠬᠠᠮᠠᠭᠠᠯᠠᠯᠲᠠ ᠶᠢᠨ ᠲᠤᠭᠤᠷᠢᠭ ᠢ ᠬᠤᠪᠢᠶᠠᠨ ᠲᠤᠭᠲᠠᠭᠠᠵᠦ ᠢᠯᠡᠳᠬᠡᠮᠵᠢ ᠪᠤᠰᠬᠠᠬᠤ ᠠᠵᠢᠯ ᠢ ᠬᠢᠵᠦ. ᠲᠠᠭᠤᠰᠬᠠᠪᠠ᠃
     ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠤᠰᠤᠨ ᠤ ᠡᠬᠢ ᠶᠢᠨ ᠭᠠᠵᠠᠷ ᠲᠤ ᠨᠢᠬᠡᠲᠦᠭᠡᠷ ᠲᠡᠰ ᠤᠨ ᠬᠠᠮᠠᠭᠠᠯᠠᠯᠲᠠ ᠶᠢᠨ ᠲᠤᠭᠤᠷᠢᠭ ᠬᠤᠪᠢᠶᠠᠨ ᠢᠯᠡᠳᠬᠡᠮᠵᠢ ᠪᠤᠰᠬᠠᠠᠠᠰᠠᠨ ᠰᠠᠭᠤᠷᠢᠨ ᠲᠡᠭᠡᠷ᠎ᠡ᠂ ᠲᠥᠪᠯᠡᠷᠡᠩᠭᠦᠢ ᠤᠰᠤ ᠬᠠᠩᠭᠠᠬᠤ ᠤᠰᠤᠨ ᠤ ᠡᠬᠢ ᠶᠢᠨ ᠭᠠᠵᠠᠷ ᠤᠨ ᠬᠠᠮᠠᠭᠠᠯᠠᠯᠲᠠ ᠶᠢᠨ ᠲᠤᠭᠤᠷᠢᠭ ᠲᠠᠬᠢ ᠠᠵᠦ ᠥᠢᠯᠡᠳᠪᠦᠷᠢ᠂ ᠠᠮᠢᠲᠤᠷᠠᠯ᠂ ᠮᠠᠯ ᠵᠢᠬᠦᠷᠲᠡᠨ ᠲᠡᠵᠢᠭᠡᠨ ᠮᠠᠯᠵᠢᠬᠤ ᠵᠡᠷᠭᠡ ᠪᠤᠬᠢᠷᠲᠤᠯ ᠪᠠ ᠪᠤᠬᠢᠷᠲᠤᠯ ᠢ ᠭᠠᠳ᠋ᠬᠠᠰᠢᠯᠠᠭᠤᠯᠬᠤ ᠥᠵᠡᠭᠲᠡᠯ  ᠢ ᠬᠤᠭᠤᠴᠠᠭ᠎ᠠ ᠲᠤᠠᠠᠲᠠᠭᠠᠨ ᠬᠤᠷᠢᠠᠠᠯᠠᠨ ᠵᠤᠭᠰᠤᠭᠠᠵᠠᠢ᠃ ᠡᠬᠦᠨ ᠤ ᠬᠠᠮᠲᠦ ᠨᠢᠭᠡᠲᠦᠭᠡᠷ ᠲᠡᠰ ᠤᠨ ᠬᠠᠮᠠᠭᠠᠯᠠᠯᠲᠠ  ᠶᠢᠨ ᠲᠤᠭᠤᠷᠢᠭ ᠤᠨ ᠬᠠᠭᠤᠷᠠᠢ ᠭᠠᠵᠠᠷ ᠤᠨ ᠭᠠᠲᠠᠭᠤᠷᠠᠬᠢ ᠵᠠᠭᠠᠭ ᠢ ᠲᠤᠭᠲᠠᠭᠠᠨ᠂ ᠬᠦᠮᠦᠨ ᠠᠮᠢᠲᠠᠨ ᠤ ᠠᠵᠢᠯᠯᠠᠭᠠᠨ ᠤ ᠤᠷᠤᠨ ᠲᠤᠭᠤᠷᠢᠭ ᠢ ᠲᠤᠰᠭᠠᠷᠯᠠᠬᠤ ᠲᠤᠤᠷ ᠲᠠᠲᠠᠵᠦ᠂ ᠮᠠᠯ ᠠᠲᠤᠭᠭᠤᠯᠬᠤ᠂ ᠲᠠᠷᠢᠶ᠎ᠠ ᠲᠠᠷᠢᠬᠤ ᠵᠡᠷᠭᠡ ᠠᠵᠢᠯᠯᠠᠭ᠎ᠠ ᠶᠢ ᠬᠤᠷᠢᠠᠠᠯᠠᠨ ᠵᠤᠭᠰᠤᠭᠠᠵᠦ᠂ ᠮᠠᠯ ᠵᠢᠬᠦᠷᠲᠡᠨ ᠬᠬᠠᠮᠠᠭᠠᠯᠠᠯᠲᠠ ᠶᠢᠨ ᠤᠷᠤᠨ ᠳᠤ ᠤᠷᠤᠵᠦ ᠪᠠᠭᠠᠵᠦ ᠰᠢᠭᠡᠬᠦ ᠶᠢ ᠰᠡᠷᠭᠡᠶᠢᠯᠡᠨ᠂ ᠤᠰᠤᠨ ᠤ ᠡᠬᠢ ᠶᠢᠨ ᠤᠷᠴᠢᠨ ᠲᠤᠭᠤᠷᠢᠨ ᠪᠤᠵᠠᠷᠲᠤᠬᠤ ᠶᠢ ᠰᠡᠷᠭᠡᠶᠢᠯᠡᠪᠡ᠃ ᠨᠢᠭᠡᠲᠦᠭᠡᠷ ᠲᠡᠰ ᠤᠨ ᠬᠠᠮᠠᠭᠠᠯᠠᠯᠲᠠ ᠶᠢᠨ ᠲᠤᠭᠤᠷᠢᠭ ᠲᠤ ᠪᠤᠲᠠᠲᠠᠢ ᠭᠡᠮᠵᠢᠯᠲᠡ ᠬᠢᠵᠦ᠂ ᠬᠠᠮᠠᠭᠠᠯᠠᠯᠲᠠ ᠶᠢᠨ ᠲᠤᠭᠤᠷᠢᠭ ᠲᠤ ᠤᠯᠠᠭᠠᠨ ᠱᠤᠭᠤᠮ ᠤᠨ ᠵᠢᠷᠤᠭ ᠢ ᠪᠦᠷᠢᠯᠲᠦᠬᠦᠯᠵᠦ᠂ ᠨᠢᠭᠡᠲᠦᠭᠡᠷ ᠲᠡᠰ ᠶᠢᠨ ᠬᠠᠮᠠᠭᠠᠯᠠᠯᠲᠠ ᠶᠢᠨ ᠲᠤᠭᠤᠷᠢᠭ ᠤᠨ ᠬᠠᠭᠤᠷᠠᠢ ᠭᠠᠵᠠᠷ ᠤᠨ ᠭᠠᠲᠠᠭᠤᠷᠠᠬᠢ ᠵᠠᠭᠠᠭ ᠤᠨ ᠭᠠᠲᠠᠰᠤ ᠪᠤᠯᠠᠬᠤ ᠪᠠ ᠵᠢᠷᠤᠭ ᠲᠡᠭᠡᠷᠡᠬᠢ ᠵᠤᠬᠢᠶᠠᠮᠠᠯ ᠤᠯᠠᠭᠠᠨ ᠱᠤᠭᠤᠮ ᠢ ᠥᠨᠡᠨ ᠪᠤᠲᠠᠲᠠᠢ ᠪᠠᠷ ᠤᠰᠤᠨ ᠤ ᠡᠬᠢ ᠶᠢᠨ ᠲᠤᠬᠠᠢ ᠶᠢᠨ ᠲᠠᠯᠠᠪᠤᠷ ᠲᠠᠭᠡᠷ᠎ᠡ ᠢᠯᠡᠳᠬᠡᠬᠦ ᠵᠡᠷᠭᠡ ᠠᠵᠢᠯ ᠤᠳ ᠢ ᠬᠢᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号