ᠰᠢᠯᠥᠭᠤᠨ ᠬᠦᠪᠡᠭᠡᠲᠦ ᠴᠠᠭᠠᠨ ᠬᠤᠰᠢᠭᠤ《 ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠥᠢᠯᠠᠯᠭ᠎ᠠ ( 2000--2010 ) 》( ᠡᠬᠡ ᠨᠤᠤᠷᠠᠭ )᠎ ᠶᠢ ᠬᠢᠨᠠᠨ ᠲᠤᠭᠲᠠᠭᠠᠬᠤ ᠬᠤᠷᠠᠯ ᠬᠤᠷᠠᠯᠲᠤᠵᠠᠢ
ᠨᠡᠶᠢᠲᠡᠯᠡᠭᠰᠡᠨ ᠴᠠᠭ᠄
2019-05-24
ᠰᠢᠯᠥᠭᠤᠨ ᠬᠦᠪᠡᠭᠡᠲᠦ ᠴᠠᠭᠠᠨ ᠬᠤᠰᠢᠭᠤ《 ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠥᠢᠯᠠᠯᠭ᠎ᠠ ( 2000--2010 ) 》( ᠡᠬᠡ ᠨᠤᠤᠷᠠᠭ )᠎ ᠶᠢ ᠬᠢᠨᠠᠨ ᠲᠤᠭᠲᠠᠭᠠᠬᠤ ᠬᠤᠷᠠᠯ ᠬᠤᠷᠠᠯᠲᠤᠵᠠᠢ                 5 ᠰᠠᠷ᠎ᠠ ᠶᠢᠨ 21᠎ ᠤ ᠡᠲᠤᠷ᠂ ᠰᠢᠯᠥᠭᠤᠨ ᠬᠦᠪᠡᠭᠡᠲᠦ ᠴᠠᠭᠠᠨ ᠬᠤᠰᠢᠭᠤ 《  ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠤᠶᠢᠯᠠᠯᠭ᠎ᠠ  ( 2000--2010 ) 》( ᠡᠬᠡ ᠨᠤᠤᠷᠠᠭ )᠎ ᠶᠢ ᠬᠢᠨᠠᠨ ᠲᠤᠭᠲᠠᠭᠠᠬᠤ ᠬᠤᠷᠠᠯ ᠢ ᠬᠤᠷᠠᠯᠲᠤᠵᠠᠢ᠃ ᠥᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠤᠶᠢᠯᠠᠯᠭ᠎ᠠ ᠶᠢᠨ ᠠᠯᠪᠠᠨ ᠭᠡᠷ ᠤᠨ ᠲᠡᠳ᠋ ᠡᠷᠬᠢᠯᠡᠭᠴᠢ᠂ ᠲᠡᠳ᠋ ᠤᠷᠴᠢᠭᠤᠯᠭ᠎ᠠ ᠶᠢᠨ ᠬᠢᠨ᠋ᠬᠠᠴᠢ ᠴᠠᠭᠠᠨᠯᠠᠩᠲᠦ᠂ ᠠᠶᠢᠮᠠᠭ ᠤᠨ ᠨᠠᠮ ᠤᠨ ᠲᠡᠤᠭᠡ ᠤᠷᠤᠨ ᠨᠤᠲᠤᠭ ᠤᠨ ᠤᠶᠢᠯᠠᠯᠭ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠵᠢᠶᠠᠨ ᠸᠧᠨ ᠨᠠᠷ ᠤᠷᠢᠯᠭ᠎ᠠ ᠪᠠᠷ ᠬᠢᠨᠠᠨ ᠲᠤᠭᠲᠠᠭᠠᠬᠤ ᠬᠤᠷᠠᠯ ᠳᠤ ᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠲᠡᠯᠭᠡᠷᠴᠤᠭᠲᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠡᠷᠭᠡ᠂ ᠵᠠᠰᠠᠭ ᠤᠨ ᠤᠷᠲᠤᠨ ᠤ ᠲᠡᠳ᠋ ᠬᠤᠰᠢᠭᠤ ᠲᠠᠷᠤᠭ᠎ᠠ ᠵᠤᠷᠢᠭᠲᠦ᠂ ᠤᠯᠥᠰ ᠲᠦᠷᠤ ᠶᠢᠨ ᠵᠥᠪᠯᠡᠯᠭᠡᠨ ᠤ ᠲᠡᠳ᠋ ᠲᠡᠷᠢᠬᠦᠯᠡᠭᠴᠢ ᠡᠯᠪᠡᠷᠢᠯᠲᠦ ᠬᠢᠨᠠᠨ ᠲᠤᠭᠲᠠᠭᠠᠬᠤ ᠬᠤᠷᠠᠯ ᠳᠤ ᠤᠷᠤᠯᠴᠠᠪᠠ᠃ ᠯᠢ ᠵᠢᠶᠠᠨ ᠸᠧᠨ ᠬᠤᠷᠠᠯ ᠢ ᠡᠷᠬᠢᠯᠡᠵᠠᠢ
      ᠬᠤᠷᠠᠯ ᠤᠨ ᠵᠥᠪᠯᠡᠬᠦ ᠵᠥᠢᠯ ᠤᠨ ᠲᠠᠷᠠᠭᠠᠯᠠᠯ ᠢᠶᠠᠷ᠂ ᠤᠷᠢᠲᠠᠪᠡᠷ《 ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠤᠶᠢᠯᠠᠯᠭ᠎ᠠ( 2000--2010 ᠤᠨ ) 》( ᠡᠭᠡ ᠨᠤᠤᠷᠠᠭ )᠎ ᠶᠢ ᠬᠢᠨᠠᠨ ᠲᠤᠭᠲᠠᠭᠠᠬᠤ ᠵᠥᠪᠯᠡᠯ ᠤᠨ ᠪᠦᠷᠢᠯᠲᠦᠬᠦᠨ ᠨᠠᠷ ᠢ ᠪᠠᠲᠤᠯᠠᠭᠰᠠᠨ ᠪᠠᠶᠢᠨ᠎ᠠ᠃
      ᠲᠡᠯᠭᠡᠷᠴᠤᠭᠲᠦ ᠠᠴᠠ ᠬᠤᠷᠠᠯ ᠳᠤ ᠤᠷᠤᠯᠴᠬᠠᠰᠠᠨ ᠤᠲᠤᠷᠢᠲᠤᠯᠭ᠎ᠠ ᠪᠤᠯᠥᠨ ᠲᠤᠰᠬᠠᠢ ᠮᠡᠷᠭᠡᠵᠢᠯᠲᠡᠨ ᠨᠠᠷ ᠎ ᠤᠨ ᠲᠤᠷᠠᠳᠤᠠᠠᠰᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤ ᠲᠠᠯᠠᠷᠬᠠᠵᠦ ᠪᠠᠶᠢᠭ᠎ᠠ ᠰᠡᠳᠬᠢᠯᠭᠡ ᠪᠠᠨ ᠢᠯᠡᠳᠭᠡᠭᠰᠡᠨ ᠤ ᠬᠠᠮᠲᠦ ᠪᠦᠬᠦᠶᠢᠯᠡ ᠨᠠᠶᠢᠷᠠᠭᠤᠯᠥᠨ ᠵᠤᠬᠢᠶᠠᠬᠤ ᠠᠵᠢᠯᠲᠠᠨ ᠨᠠᠷ ᠥᠵᠡᠯ ᠰᠠᠨᠠᠭ᠎ᠠ ᠲᠠᠨᠢᠯᠲᠠ ᠪᠠᠨ ᠤᠯᠠᠮ ᠲᠡᠭᠡᠭᠰᠢᠯᠡᠬᠦᠯᠵᠦ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠲᠠᠲᠦ ᠤᠯᠥᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠤᠶᠢᠯᠠᠯᠭ᠎ᠠ ᠶᠢ ᠵᠠᠰᠠᠨ ᠨᠠᠶᠢᠷᠠᠭᠤᠯᠬᠤ ᠠᠵᠢᠯ ᠢ ᠨᠢᠭᠡᠲᠦᠯᠲᠠᠢ ᠵᠢᠯᠥᠭᠤᠲᠤᠭᠤᠯᠵᠦ᠂ ᠰᠤᠶᠤᠯ ᠤᠨ ᠢᠲᠡᠭᠡᠯ ᠢᠶᠠᠨ ᠪᠠᠲᠤᠳᠬᠠᠵᠦ᠂ ᠲᠡᠭᠡᠲᠦ ᠬᠡᠮᠵᠢᠶᠡᠨ ᠤ ᠬᠠᠷᠢᠭᠤᠴᠠᠯᠭᠠᠲᠦ ᠰᠡᠳᠬᠢᠯᠭᠡ ᠪᠠ ᠤᠬᠠᠮᠰᠠᠷᠲᠦ ᠰᠡᠳᠬᠢᠯᠭᠡ ᠪᠠᠷ ᠲᠤᠰᠬᠠᠢ ᠮᠡᠷᠭᠡᠵᠢᠯᠲᠡᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠨ ᠰᠢᠩᠭᠡᠭᠡᠨ ᠠᠪᠴᠦ᠂ ᠤᠶᠢᠯᠠᠯᠭ᠎ᠠ ᠶᠢᠨ ᠴᠢᠨᠠᠷ ᠴᠢᠨᠰᠠᠭ᠎ᠠ ᠶᠢ ᠴᠢᠷᠮᠠᠶᠢᠨ ᠲᠡᠭᠡᠭᠰᠢᠯᠡᠬᠦᠯᠵᠦ᠂ ᠨᠢᠠᠠᠲᠠᠯᠠᠨ ᠨᠠᠷᠢᠯᠢᠠᠠᠵᠢᠭᠤᠯᠬᠤ᠂ ᠨᠢᠮᠪᠠᠢ ᠬᠠᠷᠢᠭᠤᠴᠠᠬᠤ ᠤᠪᠤᠷ ᠢᠶᠠᠷ ᠨᠠᠶᠢᠷᠠᠭᠤᠯᠥᠨ ᠵᠤᠬᠢᠶ᠋ᠬᠠᠰᠨᠨ ᠤᠶᠢᠯᠠᠯᠭ᠎ᠠ ᠨᠢ ᠴᠠᠭ ᠥᠶ᠎ᠡ ᠪᠤᠯᠥᠨ ᠨᠡᠶᠢᠭᠡᠮ ᠤᠨ ᠰᠢᠯᠭᠠᠯᠲᠠ ᠶᠢ ᠲᠠᠭᠠᠭᠠᠵᠦ ᠴᠢᠲᠠᠬᠤ ᠮᠥᠷᠲᠡᠭᠡᠨ ᠴᠢᠨᠠᠷ ᠡᠯ᠎ᠡ ᠲᠠᠯ᠎ᠠ ᠪᠠᠷ ᠰᠤᠲᠤᠨ ᠪᠦᠲᠦᠬᠡᠯ ᠪᠤᠯᠥᠠᠠᠰᠠᠨ ᠪᠠᠶᠢᠬᠤ ᠭᠡᠷᠡᠭᠲᠠᠢ ᠭᠡᠵᠦ ᠱᠠᠭᠠᠷᠳ᠋ᠬᠠᠰᠠᠨ ᠪᠠᠶᠢᠨ᠎ᠠ᠃
       ᠬᠤᠷᠠᠯ ᠠᠴᠠ ᠵᠢᠭᠠᠬᠤ ᠳᠠᠭᠠᠨ᠂《 ᠰᠢᠯᠥᠭᠤᠨ ᠬᠦᠪᠡᠭᠡᠲᠦ ᠴᠠᠭᠠᠨ ᠬᠤᠰᠢᠭᠤᠨ ᠤ ᠤᠶᠢᠯᠠᠯᠭ᠎ᠠ ( ᠡᠬᠡ ᠨᠤᠤᠷᠠᠭ )27 ᠲᠤᠪᠬᠢᠮᠠᠯ᠂ 122 ᠪᠦᠯᠥᠭ᠂ 120 ᠲᠦᠮᠡᠨ ᠥᠰᠥᠭ ᠲᠠᠢ ᠪᠠᠶᠢᠵᠦ ᠰᠢᠯᠥᠭᠤᠨ ᠬᠦᠪᠡᠭᠡᠲᠦ ᠴᠠᠭᠠᠨ ᠬᠤᠰᠢᠭᠤᠨ ᠤ2000--2010 ᠤᠨ ᠪᠤᠯᠲᠠᠯᠬᠢ ᠤᠯᠥᠰ ᠲᠦᠷᠤ᠂ ᠠᠵᠦ ᠠᠬᠤᠢ᠂ ᠰᠤᠶᠤᠯ᠂ ᠨᠡᠶᠢᠭᠡᠮ ᠪᠤᠯᠥᠨ ᠠᠮᠢ ᠠᠬᠤᠢ ᠵᠡᠷᠭᠡ ᠪᠦᠲᠦᠭᠡᠨ ᠪᠠᠶᠢᠭᠤᠯᠥᠯᠲᠠ ᠶᠢᠨ ᠲᠡᠤᠭᠡ ᠪᠤᠯᠥᠨ ᠤᠲᠤᠬᠢ ᠪᠠᠶᠢᠲᠠᠯ ᠢ ᠪᠦᠬᠦ ᠲᠠᠯ᠎ᠠ ᠪᠠᠷ ᠨᠠᠷᠢᠨ ᠲᠤᠲᠤᠷᠬᠠᠢ ᠲᠡᠮᠲᠡᠭᠯᠡᠨ ᠲᠤᠭᠠᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号