ᠰᠢᠯᠤᠭᠤᠨ ᠬᠦᠪᠡᠭᠡᠳᠦ ᠴᠠᠭᠠᠨ ᠬᠤᠰᠢᠭᠤ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ ᠎ ᠤᠨ ᠤᠢ ᠶᠢ ᠲᠤᠷᠠᠰᠬᠠᠬᠤ ᠵᠢᠴᠢ 2018 ᠤᠨ ᠤ ᠪᠦᠬᠦ ᠬᠤᠰᠢᠭᠤᠨ ᠤ ᠡᠪ  ᠬᠠᠮᠳᠦ ᠵᠠᠯᠠᠭᠤᠴᠤᠳ ᠤᠨ ᠡᠪᠯᠡᠯ ᠤᠨ ︽ᠬᠤᠶᠡᠷ ᠤᠯᠠᠭᠠᠨ ᠬᠤᠶᠡᠷ ᠰᠢᠯᠢᠳᠡᠭ︾᠎ ᠢ ᠰᠡᠶᠢᠰᠢᠶᠠᠨ ᠬᠦᠭᠢᠬᠦᠯᠬᠦ ᠬᠤᠷᠠᠯ ᠬᠤᠷᠠᠯᠳᠤᠵᠡᠢ
ᠨᠡᠶᠢᠲᠡᠯᠡᠭᠰᠡᠨ ᠴᠠᠭ᠄
2019-06-03
      ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠡᠯᠡᠬᠦ ᠪᠠ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ ᠤᠨ ᠤᠢ ᠶᠢ ᠲᠤᠷᠠᠰᠬᠠᠵᠦ᠂ ᠦᠷᠭᠡᠨ ᠤᠯᠡᠨ ᠡᠪᠯᠡᠯ ᠤᠨ ᠭᠡᠰᠢᠭᠦᠨ ᠵᠠᠯᠠᠭᠤᠴᠤᠳ ᠢ ᠲᠠᠪᠤᠨ ᠰᠠᠷ᠎ᠡ ᠶᠢᠨ ᠲᠦᠷᠪᠡᠨ ᠤ ᠦᠩᠭᠡ ᠭᠡᠷᠡᠯᠳᠦ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠦ᠂ ᠡᠭᠡ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠬᠤ ᠪᠠ ᠬᠦᠮᠦᠵᠢᠭᠦᠯᠬᠦ ᠶᠢ ᠰᠤᠷᠳᠡᠯᠴᠢᠯᠡᠨ᠂ ᠵᠠᠯᠠᠭᠤᠴᠤᠳ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠨ᠂ ᠲᠡᠳᠡᠨ ᠤ ᠨᠡᠩ ᠰᠡᠶᠢᠨ ᠢᠶᠠᠷ ᠦᠰᠦᠨ ᠪᠦᠢᠵᠢᠬᠤ ᠶᠢ ᠠᠬᠢᠭᠤᠯᠬᠤ ᠶᠢᠨ ᠲᠦᠯᠦᠭᠡ᠂ 5 ᠰᠠᠷ᠎ᠡ ᠶᠢᠨ 31᠎ ᠤ ᠡᠳᠦᠷ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠬᠤᠷᠠᠯ ᠤᠨ ᠲᠦᠪ ᠳᠤ᠂ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ ᠤᠨ ᠤᠢ ᠶᠢ ᠲᠤᠷᠠᠰᠬᠠᠬᠤ ᠵᠢᠴᠢ ᠪᠦᠬᠦ ᠬᠤᠰᠢᠭᠤᠨ ᠤ ᠡᠪ ᠬᠠᠮᠳᠦ ᠵᠠᠯᠠᠭᠤᠴᠤᠳ ᠤᠨ ︽ᠬᠤᠶᠡᠷ ᠤᠯᠠᠭᠠᠨ ᠬᠤᠶᠡᠷ ᠰᠢᠯᠢᠳᠡᠭ︾᠎ ᠢ ᠰᠡᠶᠢᠰᠢᠶᠠᠨ ᠬᠦᠬᠢᠭᠦᠯᠬᠦ ᠬᠤᠷᠠᠯ ᠢ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠲᠠᠯᠭᠡᠷᠴᠤᠭᠳᠦ ᠬᠤᠷᠠᠯ ᠳᠤ ᠤᠷᠦᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠎ ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠯᠢ ᠳ᠋ᠦᠡᠭ ᠯᠢᠨ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠭᠠᠯᠢᠴᠢᠨ ᠬᠤᠷᠠᠯ ᠳᠤ ᠤᠷᠤᠯᠴᠠᠨ᠂ ᠵᠠᠰᠠᠭ ᠤᠨ ᠤᠷᠳᠦᠨ ᠤ ᠲᠡᠳ᠋ ᠲᠠᠷᠤᠭ᠎ᠠ ᠴᠢᠮᠡᠭ ᠬᠤᠷᠠᠯ ᠢ ᠡᠷᠬᠢᠯᠡᠵᠡᠢ᠃
     ᠲᠠᠯᠭᠡᠷᠴᠤᠭᠳᠦ ᠠᠴᠠ᠂ ᠵᠠᠯᠠᠭᠤᠴᠤᠳ ᠪᠤᠯ ᠪᠦᠭᠦᠶᠢᠯᠨ ᠨᠡᠶᠢᠭᠡᠮ ᠤᠨ ᠬᠦᠴᠦᠨ ᠲᠤᠳᠤᠷᠡᠬᠢ ᠬᠠᠮᠤᠭ ᠤᠨ ᠢᠳᠡᠪᠬᠢᠳᠡᠢ᠂ ᠬᠠᠮᠤᠭ ᠤᠨ ᠠᠮᠢᠵᠢᠷᠠᠯ ᠤᠨ ᠬᠦᠴᠦᠨ ᠲᠠᠢ ᠬᠦᠮᠦᠰ ᠪᠤᠯᠦᠨ᠎ᠡ᠃ ᠡᠭᠡ ᠤᠯᠦᠰ ᠤᠨ ᠬᠦᠰᠡᠯ ᠡᠷᠡᠮᠡᠯᠵᠢᠯᠡᠯ ᠵᠠᠯᠠᠭᠤᠴᠤᠳ ᠳᠤ ᠪᠠᠶᠢᠬᠤ ᠶᠤᠮ᠂ ᠦᠨᠳᠦᠰᠦᠳᠡᠨ ᠤ ᠢᠷᠡᠭᠡᠳᠦᠢ ᠴᠤ ᠵᠠᠯᠠᠭᠤᠴᠤᠳ ᠤᠨ ᠶᠤᠮ ᠭᠡᠵᠦ ᠵᠢᠭᠠᠭᠰᠠᠨ ᠪᠦᠭᠡᠳ ᠪᠦᠬᠦ ᠬᠤᠰᠢᠭᠤᠨ ᠤ ᠦᠷᠭᠡᠨ ᠤᠯᠡᠨ ᠵᠠᠯᠠᠭᠤᠴᠤᠳ ᠳᠤ ᠬᠦᠰᠡᠯ ᠡᠷᠡᠮᠡᠯᠵᠢᠯᠡᠯ ᠢᠶᠠᠨ ᠲᠠᠯᠪᠢᠵᠦ ᠂ ᠨᠢᠭᠡ ᠳᠤ᠂ ᠪᠦᠬᠦ ᠬᠤᠰᠢᠭᠤᠨ ᠤ ᠦᠷᠭᠡᠨ ᠤᠯᠡᠨ ᠵᠠᠯᠠᠭᠤᠴᠤᠳ ᠢᠳᠡᠭᠡᠯ ᠪᠢᠰᠢᠷᠡᠯ ᠢᠶᠠᠷ ᠦᠨᠳᠦᠰᠦ ᠪᠤᠯᠭᠠᠬᠤ ᠎ ᠶᠢ ᠪᠠᠳᠤ ᠴᠡᠭᠡᠵᠢᠯᠡᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠤᠨᠤᠰᠦᠨ ᠨᠠᠮ ᠢᠶᠠᠨ ᠲᠠᠭᠠᠬᠤ ᠬᠡᠷᠡᠭᠳᠡᠢ᠃ ᠤᠯᠤᠰ ᠲᠦᠷᠦ ᠶᠢᠨ ᠭᠡᠪ ᠴᠢᠨᠠᠷ ᠢᠶᠠᠨ ᠦᠷᠭᠦᠯᠵᠢ ᠲᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠦᠢᠯᠭᠠᠵᠦ᠂ ︽ᠲᠦᠷᠪᠡᠨ ᠤᠬᠠᠮᠰᠠᠷ ᠲᠠᠨᠢᠯᠳᠠ︾᠎ ᠪᠠᠨ ᠤᠯᠡᠮ ᠨᠡᠮᠡᠭᠳᠡᠭᠦᠯᠦᠨ᠂ ︽ᠲᠦᠷᠪᠡᠨ ᠢᠳᠡᠭᠡᠯ︾᠎ ᠢᠶᠠᠨ ᠪᠠᠳᠤᠳᠬᠠᠵᠦ᠂ ︽ᠬᠤᠶᠡᠷ ᠢ ᠬᠠᠮᠠᠭᠠᠯᠠᠬᠤ︾᠎ ᠶᠢ ᠪᠡᠶᠡᠯᠡᠭᠦᠯᠦᠨ᠂ ᠴᠠᠭ ᠦᠶ᠎ᠡ ᠠᠴᠠ ᠤᠯᠭᠤᠭᠰᠠᠨ ᠡᠷᠬᠢᠮ ᠲᠡᠭᠡᠳᠦ ᠡᠭᠦᠷᠭᠡ ᠬᠠᠷᠢᠭᠤᠴᠠᠯᠭ᠎ᠠ ᠶᠢ ᠵᠤᠷᠢᠭᠳᠠᠢ ᠡᠭᠦᠷᠭᠡᠯᠡᠬᠦ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠡ᠃      ᠬᠤᠷᠯ᠎ᠠ ᠲᠡᠭᠡᠷ᠎ᠡ ︽2018 ᠤᠨ ᠤ  ︿ᠪᠦᠬᠦ ᠬᠤᠰᠢᠭᠤᠨ ᠤ ᠲᠠᠪᠤᠨ ᠰᠠᠷ᠎ᠡ ᠶᠢᠨ ᠲᠦᠷᠪᠡᠨ ᠤ ᠤᠯᠠᠭᠠᠨ ᠲᠤᠭᠴᠢ ᠡᠪᠯᠡᠯ ᠤᠨ ᠬᠤᠷᠢᠶ᠎ᠠ﹀᠂  ︿ᠪᠦᠬᠦ ᠬᠤᠰᠢᠭᠤᠨ ᠤ ᠲᠠᠪᠤᠨ ᠰᠠᠷ᠎ᠡ ᠶᠢᠨ ᠲᠦᠷᠪᠡᠨ ᠤ ᠤᠯᠠᠭᠠᠨ ᠲᠤᠭᠴᠢ ᠡᠪᠯᠡᠯ ᠤᠨ ᠡᠭᠦᠷ﹀᠂ ︿ᠪᠦᠬᠦ ᠬᠤᠰᠢᠭᠤᠨ ᠤ ᠰᠢᠯᠢᠳᠡᠭ ᠡᠪᠯᠡᠯ ᠤᠨ ᠺᠠᠳ᠋ᠷ﹀᠂ ︿ᠪᠦᠬᠦ ᠬᠤᠰᠢᠭᠤᠨ ᠤ ᠰᠢᠯᠢᠳᠡᠭ ᠡᠪᠯᠡᠯ ᠤᠨ ᠭᠡᠰᠢᠭᠦᠨ﹀᠎ ᠤ ᠲᠤᠭᠳᠠᠭᠠᠯ︾᠎ ᠢ ᠤᠩᠰᠢᠨ ᠨᠠᠶᠢᠳᠠᠯᠠᠵᠡᠢ᠃ 23 ᠨᠡᠷ᠎ᠡ ︽ᠬᠤᠶᠡᠷ ᠤᠯᠠᠭᠠᠨ ᠬᠤᠶᠡᠷ ᠰᠢᠯᠢᠳᠡᠭ︾ ᠬᠠᠮᠳᠦ ᠬᠢᠭᠡᠳ ᠬᠤᠪᠢ ᠬᠦᠮᠦᠨ ᠢ ᠰᠠᠶᠢᠰᠢᠶᠠᠨ ᠬᠦᠭᠢᠭᠦᠯᠪᠡ᠃
      ᠪᠤᠯᠭᠠᠨᠳᠤᠬᠤᠢ ᠰᠤᠮᠦᠨ ᠤ ᠡᠪᠯᠡᠯ ᠤᠨ ᠬᠤᠷᠢᠶ᠎ᠠ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠴᠡᠬᠢᠯᠭᠠᠨ ᠬᠠᠩᠭᠠᠬᠤ ᠬᠤᠪᠢᠶᠡᠷᠢ ᠲᠤᠪᠴᠢᠶᠡᠨ ᠤ ᠡᠪᠯᠡᠯ ᠤᠨ ᠡᠭᠦᠷ᠂ ᠴᠠᠭᠠᠨᠨᠠᠭᠤᠷ ᠲᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶ᠎ᠠ ᠬᠢᠭᠡᠳ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠰᠤᠷᠤᠭᠴᠢ ᠲᠤᠰᠪᠤᠷᠢ ᠰᠠᠶᠢᠰᠢᠶᠠᠨ ᠬᠦᠭᠢᠭᠦᠯᠦᠭᠳᠡᠭᠰᠡᠨ ᠬᠠᠮᠳᠤ ᠪᠠ ᠬᠤᠪᠢ ᠬᠦᠮᠦᠨ ᠢ ᠲᠦᠯᠦᠭᠡᠯᠡᠨ ᠶᠠᠷᠢᠶ᠎ᠠ ᠲᠠᠯᠪᠢᠵᠡᠢ᠃       ᠬᠤᠷᠠᠯ ᠨᠢ᠂ ᠤᠮᠤᠭ ᠲᠠᠭᠦᠯᠳᠡᠷ ᠲᠤᠮᠳᠠᠳᠤ ᠤᠯᠤᠰ ᠤᠨ ᠡᠪ ᠬᠠᠮᠳᠦ ᠵᠠᠯᠠᠭᠤᠴᠤᠳ ᠤᠨ ᠡᠪᠯᠡᠯ ᠤᠨ ᠲᠠᠭᠤᠤ ——  ︽ᠦᠩᠭᠡ ᠭᠡᠷᠡᠯᠳᠡᠢ —  ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ︾ ᠭᠡᠬᠦ ᠲᠠᠭᠤᠤ ᠶᠢᠨ ᠲᠤᠮᠳᠠ ᠲᠡᠭᠦᠰᠴᠡᠢ᠃       ᠡᠯ᠎ᠡ ᠰᠤᠮᠤ ᠪᠠᠯᠭᠠᠰᠦᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠵᠠᠯᠠᠭᠤᠴᠤᠳ ᠤᠨ ᠲᠦᠯᠦᠭᠡᠯᠡᠭᠴᠢ᠂ ᠡᠯ᠎ᠡ ᠲᠤᠮᠳᠠᠳᠤ ᠰᠤᠷᠭᠠᠭᠤᠯᠢ ᠶᠢᠨ ᠵᠠᠬᠢᠷᠦᠯ᠂ ᠡᠪᠯᠡᠯ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠪᠯᠡᠯ ᠤᠨ ᠡᠭᠦᠷ ᠤᠨ ᠱᠦᠵᠢ᠂ ᠡᠯ᠎ᠡ ᠭᠠᠴᠠᠭ᠎ᠠ ᠲᠤᠰᠬᠤᠨ᠂ ᠰᠠᠭᠤᠭᠠᠯᠢ ᠲᠤᠭᠤᠷᠢᠭ ᠶᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠡᠪᠯᠡᠯ ᠤᠨ ᠡᠭᠦᠷ ᠤᠨ ᠱᠦᠵᠢ᠂ ᠰᠠᠶᠢᠰᠢᠶᠠᠨ ᠬᠦᠭᠢᠭᠦᠯᠦᠭᠳᠡᠭᠰᠡᠨ ᠬᠠᠮᠳᠤ ᠪᠠ ᠬᠤᠪᠢ ᠬᠦᠮᠦᠨ ᠬᠤᠷᠠᠯ ᠳᠤ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号