ᠰᠢᠯᠤᠭᠤᠨ ᠬᠦᠪᠡᠭᠡᠳᠦ ᠴᠠᠭᠠᠨ ᠬᠤᠰᠢᠭᠤ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ  ᠤᠨ ᠤᠢ ᠶᠢ ᠲᠤᠷᠠᠰᠬᠠᠬᠤ ᠵᠢᠴᠢ 2018 ᠤᠨ ᠤ ᠪᠦᠬᠦ ᠬᠤᠰᠢᠭᠤᠨ ᠤ ᠡᠪ  ᠬᠠᠮᠳᠦ ᠵᠠᠯᠠᠭᠤᠴᠤᠳ ᠤᠨ ᠡᠪᠯᠡᠯ ᠤᠨ ︽ᠬᠤᠶᠡᠷ ᠤᠯᠠᠭᠠᠨ ᠬᠤᠶᠡᠷ ᠰᠢᠯᠢᠳᠡᠭ︾ ᠢ ᠰᠡᠶᠢᠰᠢᠶᠠᠨ ᠬᠦᠭᠢᠬᠦᠯᠬᠦ ᠬᠤᠷᠠᠯ ᠬᠤᠷᠠᠯᠳᠤᠵᠡᠢ
ᠨᠡᠶᠢᠲᠡᠯᠡᠭᠰᠡᠨ ᠴᠠᠭ᠄
2019-06-03
      ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠡᠯᠡᠬᠦ ᠪᠠ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ ᠤᠨ ᠤᠢ ᠶᠢ ᠲᠤᠷᠠᠰᠬᠠᠵᠦ᠂ ᠦᠷᠭᠡᠨ ᠤᠯᠡᠨ ᠡᠪᠯᠡᠯ ᠤᠨ ᠭᠡᠰᠢᠭᠦᠨ ᠵᠠᠯᠠᠭᠤᠴᠤᠳ ᠢ ᠲᠠᠪᠤᠨ ᠰᠠᠷ᠎ᠡ ᠶᠢᠨ ᠲᠦᠷᠪᠡᠨ ᠤ ᠦᠩᠭᠡ ᠭᠡᠷᠡᠯᠳᠦ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠦ᠂ ᠡᠭᠡ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠶᠡᠭᠡᠪᠡᠷ ᠪᠠᠳᠠᠷᠠᠭᠤᠯᠬᠤ ᠪᠠ ᠬᠦᠮᠦᠵᠢᠭᠦᠯᠬᠦ ᠶᠢ ᠰᠤᠷᠳᠡᠯᠴᠢᠯᠡᠨ᠂ ᠵᠠᠯᠠᠭᠤᠴᠤᠳ ᠤᠨ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠨ᠂ ᠲᠡᠳᠡᠨ ᠤ ᠨᠡᠩ ᠰᠡᠶᠢᠨ ᠢᠶᠠᠷ ᠦᠰᠦᠨ ᠪᠦᠢᠵᠢᠬᠤ ᠶᠢ ᠠᠬᠢᠭᠤᠯᠬᠤ ᠶᠢᠨ ᠲᠦᠯᠦᠭᠡ᠂ 5 ᠰᠠᠷ᠎ᠡ ᠶᠢᠨ 31 ᠤ ᠡᠳᠦᠷ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠬᠤᠷᠠᠯ ᠤᠨ ᠲᠦᠪ ᠳᠤ᠂ ᠲᠠᠪᠤᠨ ᠰᠠᠷ᠎ᠡ ᠶᠢᠨ ᠲᠦᠷᠪᠡᠨ ᠤ ᠬᠦᠳᠡᠯᠭᠡᠭᠡᠨ ᠤ 100 ᠵᠢᠯ ᠤᠨ ᠤᠢ ᠶᠢ ᠲᠤᠷᠠᠰᠬᠠᠬᠤ ᠵᠢᠴᠢ ᠪᠦᠬᠦ ᠬᠤᠰᠢᠭᠤᠨ ᠤ ᠡᠪ ᠬᠠᠮᠳᠦ ᠵᠠᠯᠠᠭᠤᠴᠤᠳ ᠤᠨ ︽ᠬᠤᠶᠡᠷ ᠤᠯᠠᠭᠠᠨ ᠬᠤᠶᠡᠷ ᠰᠢᠯᠢᠳᠡᠭ︾ ᠢ ᠰᠡᠶᠢᠰᠢᠶᠠᠨ ᠬᠦᠬᠢᠭᠦᠯᠬᠦ ᠬᠤᠷᠠᠯ ᠢ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠲᠠᠯᠭᠡᠷᠴᠤᠭᠳᠦ ᠬᠤᠷᠠᠯ ᠳᠤ ᠤᠷᠦᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠯᠢ ᠳ᠋ᠦᠡᠭ ᠯᠢᠨ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠠᠭᠠᠯᠢᠴᠢᠨ ᠬᠤᠷᠠᠯ ᠳᠤ ᠤᠷᠤᠯᠴᠠᠨ᠂ ᠵᠠᠰᠠᠭ ᠤᠨ ᠤᠷᠳᠦᠨ ᠤ ᠲᠡᠳ᠋ ᠲᠠᠷᠤᠭ᠎ᠠ ᠴᠢᠮᠡᠭ ᠬᠤᠷᠠᠯ ᠢ ᠡᠷᠬᠢᠯᠡᠵᠡᠢ᠃
     ᠲᠠᠯᠭᠡᠷᠴᠤᠭᠳᠦ ᠠᠴᠠ᠂ ᠵᠠᠯᠠᠭᠤᠴᠤᠳ ᠪᠤᠯ ᠪᠦᠭᠦᠶᠢᠯᠨ ᠨᠡᠶᠢᠭᠡᠮ ᠤᠨ ᠬᠦᠴᠦᠨ ᠲᠤᠳᠤᠷᠡᠬᠢ ᠬᠠᠮᠤᠭ ᠤᠨ ᠢᠳᠡᠪᠬᠢᠳᠡᠢ᠂ ᠬᠠᠮᠤᠭ ᠤᠨ ᠠᠮᠢᠵᠢᠷᠠᠯ ᠤᠨ ᠬᠦᠴᠦᠨ ᠲᠠᠢ ᠬᠦᠮᠦᠰ ᠪᠤᠯᠦᠨ᠎ᠡ᠃ ᠡᠭᠡ ᠤᠯᠦᠰ ᠤᠨ ᠬᠦᠰᠡᠯ ᠡᠷᠡᠮᠡᠯᠵᠢᠯᠡᠯ ᠵᠠᠯᠠᠭᠤᠴᠤᠳ ᠳᠤ ᠪᠠᠶᠢᠬᠤ ᠶᠤᠮ᠂ ᠦᠨᠳᠦᠰᠦᠳᠡᠨ ᠤ ᠢᠷᠡᠭᠡᠳᠦᠢ ᠴᠤ ᠵᠠᠯᠠᠭᠤᠴᠤᠳ ᠤᠨ ᠶᠤᠮ ᠭᠡᠵᠦ ᠵᠢᠭᠠᠭᠰᠠᠨ ᠪᠦᠭᠡᠳ ᠪᠦᠬᠦ ᠬᠤᠰᠢᠭᠤᠨ ᠤ ᠦᠷᠭᠡᠨ ᠤᠯᠡᠨ ᠵᠠᠯᠠᠭᠤᠴᠤᠳ ᠳᠤ ᠬᠦᠰᠡᠯ ᠡᠷᠡᠮᠡᠯᠵᠢᠯᠡᠯ ᠢᠶᠠᠨ ᠲᠠᠯᠪᠢᠵᠦ ᠂ ᠨᠢᠭᠡ ᠳᠤ᠂ ᠪᠦᠬᠦ ᠬᠤᠰᠢᠭᠤᠨ ᠤ ᠦᠷᠭᠡᠨ ᠤᠯᠡᠨ ᠵᠠᠯᠠᠭᠤᠴᠤᠳ ᠢᠳᠡᠭᠡᠯ ᠪᠢᠰᠢᠷᠡᠯ ᠢᠶᠠᠷ ᠦᠨᠳᠦᠰᠦ ᠪᠤᠯᠭᠠᠬᠤ  ᠶᠢ ᠪᠠᠳᠤ ᠴᠡᠭᠡᠵᠢᠯᠡᠨ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠤᠨᠤᠰᠦᠨ ᠨᠠᠮ ᠢᠶᠠᠨ ᠲᠠᠭᠠᠬᠤ ᠬᠡᠷᠡᠭᠳᠡᠢ᠃ ᠤᠯᠤᠰ ᠲᠦᠷᠦ ᠶᠢᠨ ᠭᠡᠪ ᠴᠢᠨᠠᠷ ᠢᠶᠠᠨ ᠦᠷᠭᠦᠯᠵᠢ ᠲᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠦᠢᠯᠭᠠᠵᠦ᠂ ︽ᠲᠦᠷᠪᠡᠨ ᠤᠬᠠᠮᠰᠠᠷ ᠲᠠᠨᠢᠯᠳᠠ︾ ᠪᠠᠨ ᠤᠯᠡᠮ ᠨᠡᠮᠡᠭᠳᠡᠭᠦᠯᠦᠨ᠂ ︽ᠲᠦᠷᠪᠡᠨ ᠢᠳᠡᠭᠡᠯ︾ ᠢᠶᠠᠨ ᠪᠠᠳᠤᠳᠬᠠᠵᠦ᠂ ︽ᠬᠤᠶᠡᠷ ᠢ ᠬᠠᠮᠠᠭᠠᠯᠠᠬᠤ︾ ᠶᠢ ᠪᠡᠶᠡᠯᠡᠭᠦᠯᠦᠨ᠂ ᠴᠠᠭ ᠦᠶ᠎ᠡ ᠠᠴᠠ ᠤᠯᠭᠤᠭᠰᠠᠨ ᠡᠷᠬᠢᠮ ᠲᠡᠭᠡᠳᠦ ᠡᠭᠦᠷᠭᠡ ᠬᠠᠷᠢᠭᠤᠴᠠᠯᠭ᠎ᠠ ᠶᠢ ᠵᠤᠷᠢᠭᠳᠠᠢ ᠡᠭᠦᠷᠭᠡᠯᠡᠬᠦ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠡ᠃      ᠬᠤᠷᠯ᠎ᠠ ᠲᠡᠭᠡᠷ᠎ᠡ ︽2018 ᠤᠨ ᠤ  ︿ᠪᠦᠬᠦ ᠬᠤᠰᠢᠭᠤᠨ ᠤ ᠲᠠᠪᠤᠨ ᠰᠠᠷ᠎ᠡ ᠶᠢᠨ ᠲᠦᠷᠪᠡᠨ ᠤ ᠤᠯᠠᠭᠠᠨ ᠲᠤᠭᠴᠢ ᠡᠪᠯᠡᠯ ᠤᠨ ᠬᠤᠷᠢᠶ᠎ᠠ﹀᠂  ︿ᠪᠦᠬᠦ ᠬᠤᠰᠢᠭᠤᠨ ᠤ ᠲᠠᠪᠤᠨ ᠰᠠᠷ᠎ᠡ ᠶᠢᠨ ᠲᠦᠷᠪᠡᠨ ᠤ ᠤᠯᠠᠭᠠᠨ ᠲᠤᠭᠴᠢ ᠡᠪᠯᠡᠯ ᠤᠨ ᠡᠭᠦᠷ﹀᠂ ︿ᠪᠦᠬᠦ ᠬᠤᠰᠢᠭᠤᠨ ᠤ ᠰᠢᠯᠢᠳᠡᠭ ᠡᠪᠯᠡᠯ ᠤᠨ ᠺᠠᠳ᠋ᠷ﹀᠂ ︿ᠪᠦᠬᠦ ᠬᠤᠰᠢᠭᠤᠨ ᠤ ᠰᠢᠯᠢᠳᠡᠭ ᠡᠪᠯᠡᠯ ᠤᠨ ᠭᠡᠰᠢᠭᠦᠨ﹀ ᠤ ᠲᠤᠭᠳᠠᠭᠠᠯ︾ ᠢ ᠤᠩᠰᠢᠨ ᠨᠠᠶᠢᠳᠠᠯᠠᠵᠡᠢ᠃ 23 ᠨᠡᠷ᠎ᠡ ︽ᠬᠤᠶᠡᠷ ᠤᠯᠠᠭᠠᠨ ᠬᠤᠶᠡᠷ ᠰᠢᠯᠢᠳᠡᠭ︾ ᠬᠠᠮᠳᠦ ᠬᠢᠭᠡᠳ ᠬᠤᠪᠢ ᠬᠦᠮᠦᠨ ᠢ ᠰᠠᠶᠢᠰᠢᠶᠠᠨ ᠬᠦᠭᠢᠭᠦᠯᠪᠡ᠃
      ᠪᠤᠯᠭᠠᠨᠳᠤᠬᠤᠢ ᠰᠤᠮᠦᠨ ᠤ ᠡᠪᠯᠡᠯ ᠤᠨ ᠬᠤᠷᠢᠶ᠎ᠠ᠂ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠴᠡᠬᠢᠯᠭᠠᠨ ᠬᠠᠩᠭᠠᠬᠤ ᠬᠤᠪᠢᠶᠡᠷᠢ ᠲᠤᠪᠴᠢᠶᠡᠨ ᠤ ᠡᠪᠯᠡᠯ ᠤᠨ ᠡᠭᠦᠷ᠂ ᠴᠠᠭᠠᠨᠨᠠᠭᠤᠷ ᠲᠤᠮᠳᠠᠳᠤ ᠰᠤᠷᠭᠠᠭᠤᠯᠢ ᠶᠢᠨ ᠡᠪᠯᠡᠯ ᠤᠨ ᠬᠤᠷᠢᠶ᠎ᠠ ᠬᠢᠭᠡᠳ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠰᠤᠷᠤᠭᠴᠢ ᠲᠤᠰᠪᠤᠷᠢ ᠰᠠᠶᠢᠰᠢᠶᠠᠨ ᠬᠦᠭᠢᠭᠦᠯᠦᠭᠳᠡᠭᠰᠡᠨ ᠬᠠᠮᠳᠤ ᠪᠠ ᠬᠤᠪᠢ ᠬᠦᠮᠦᠨ ᠢ ᠲᠦᠯᠦᠭᠡᠯᠡᠨ ᠶᠠᠷᠢᠶ᠎ᠠ ᠲᠠᠯᠪᠢᠵᠡᠢ᠃       ᠬᠤᠷᠠᠯ ᠨᠢ᠂ ᠤᠮᠤᠭ ᠲᠠᠭᠦᠯᠳᠡᠷ ᠲᠤᠮᠳᠠᠳᠤ ᠤᠯᠤᠰ ᠤᠨ ᠡᠪ ᠬᠠᠮᠳᠦ ᠵᠠᠯᠠᠭᠤᠴᠤᠳ ᠤᠨ ᠡᠪᠯᠡᠯ ᠤᠨ ᠲᠠᠭᠤᠤ ——  ︽ᠦᠩᠭᠡ ᠭᠡᠷᠡᠯᠳᠡᠢ —  ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ︾ ᠭᠡᠬᠦ ᠲᠠᠭᠤᠤ ᠶᠢᠨ ᠲᠤᠮᠳᠠ ᠲᠡᠭᠦᠰᠴᠡᠢ᠃       ᠡᠯ᠎ᠡ ᠰᠤᠮᠤ ᠪᠠᠯᠭᠠᠰᠦᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ᠂ ᠵᠠᠯᠠᠭᠤᠴᠤᠳ ᠤᠨ ᠲᠦᠯᠦᠭᠡᠯᠡᠭᠴᠢ᠂ ᠡᠯ᠎ᠡ ᠲᠤᠮᠳᠠᠳᠤ ᠰᠤᠷᠭᠠᠭᠤᠯᠢ ᠶᠢᠨ ᠵᠠᠬᠢᠷᠦᠯ᠂ ᠡᠪᠯᠡᠯ ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠪᠯᠡᠯ ᠤᠨ ᠡᠭᠦᠷ ᠤᠨ ᠱᠦᠵᠢ᠂ ᠡᠯ᠎ᠡ ᠭᠠᠴᠠᠭ᠎ᠠ ᠲᠤᠰᠬᠤᠨ᠂ ᠰᠠᠭᠤᠭᠠᠯᠢ ᠲᠤᠭᠤᠷᠢᠭ ᠶᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠡᠪᠯᠡᠯ ᠤᠨ ᠡᠭᠦᠷ ᠤᠨ ᠱᠦᠵᠢ᠂ ᠰᠠᠶᠢᠰᠢᠶᠠᠨ ᠬᠦᠭᠢᠭᠦᠯᠦᠭᠳᠡᠭᠰᠡᠨ ᠬᠠᠮᠳᠤ ᠪᠠ ᠬᠤᠪᠢ ᠬᠦᠮᠦᠨ ᠬᠤᠷᠠᠯ ᠳᠤ ᠤᠷᠤᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号