ᠰᠢᠯᠤᠭᠤᠨ ᠴᠠᠭᠠᠨ ᠵᠠᠰᠠᠭ ᠠᠯᠪᠡᠨ ᠲᠠᠷᠬᠠᠭᠠᠭᠰᠠᠨ ︵2019︶ 85 ᠲᠤᠭᠠᠳᠦᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠤ ᠠᠯᠪᠡᠨ ᠭᠡᠷ ᠤᠨ︽ᠰᠢᠯᠤᠭᠤᠨ  ᠬᠦᠪᠡᠭᠡᠳᠦ  ᠴᠠᠭᠠᠨ ᠬᠤᠰᠢᠭᠤᠨ ᠤ  ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ‌ᠤᠰᠦᠨ ᠤ ᠢᠨᠵᠧᠨᠧᠷᠢᠩ ᠤᠨ ᠡᠷᠬᠢᠯᠳᠠ ᠶᠢᠨ ᠬᠠᠮᠢᠶᠠᠷᠤᠯᠳᠠ ᠶᠢᠨ ᠠᠷᠭ᠎ᠠ︾ ᠶᠢ ᠲᠠᠷᠦᠮᠠᠯᠠᠨ ᠲᠠᠷᠬᠠᠭᠠᠬᠤ
ᠨᠡᠶᠢᠲᠡᠯᠡᠭᠰᠡᠨ ᠴᠠᠭ᠄
2019/9/11
ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠤ ᠠᠯᠪᠡᠨ ᠭᠡᠷ ᠤᠨ︽ᠰᠢᠯᠤᠭᠤᠨ  ᠬᠦᠪᠡᠭᠡᠳᠦ  ᠴᠠᠭᠠᠨ ᠬᠤᠰᠢᠭᠤᠨ ᠤ  ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠠ ᠶᠢᠨ ᠬᠠᠮᠢᠶᠠᠷᠤᠯᠳᠠ ᠶᠢᠨ ᠠᠷᠭ᠎ᠠ︾ ᠶᠢ ᠲᠠᠷᠦᠮᠠᠯᠠᠨ ᠲᠠᠷᠬᠠᠭᠠᠬᠤ ᠮᠡᠳᠡᠭᠳᠡᠯ ᠡᠯ᠎ᠡ ᠰᠤᠮᠤ ᠪᠠᠯᠭᠠᠰᠦᠨ ᠤ ᠠᠷᠠᠳ ᠤᠨ ᠵᠠᠰᠠᠭ ᠤᠨ ᠤᠷᠳᠦᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ᠄ ᠤᠳᠤ ︽ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠠᠷᠭ᠎ᠠ︾ ᠶᠢ ᠲᠡᠨᠡᠷ ᠲᠤ ᠲᠠᠷᠤᠮᠠᠯᠯᠡᠨ ᠲᠠᠷᠬᠠᠭᠠᠯ᠎ᠡ᠂ ᠵᠢᠷᠦᠮᠯᠡᠨ ᠬᠡᠷᠡᠭᠵᠢᠭᠦᠯᠳᠦᠭᠡᠢ᠃      ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠤ ᠠᠯᠪᠡᠨ ᠭᠡᠷ                                  2019 ᠤᠨ ᠤ 9 ᠰᠠᠷ᠎ᠡ ᠶᠢᠨ 11 ᠤ ᠡᠳᠦᠷ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ   ᠤᠰᠦᠨ   ᠤ  ᠢᠨᠵᠧᠨᠧᠷᠢᠩ   ᠤᠨ  ᠡᠷᠬᠢᠯᠳᠡ   ᠶᠢᠨ  ᠬᠠᠮᠢᠶᠠᠷᠤᠯᠳᠠ   ᠶᠢᠨ  ᠠᠷᠭ᠎ᠠ ᠨᠢᠭᠡᠳᠦᠭᠡᠷ ᠪᠦᠯᠦᠭ     ᠶᠡᠷᠤᠩᠬᠡᠢ ᠲᠦᠷᠢᠮ ᠨᠢᠭᠡᠳᠦᠭᠡᠷ ᠵᠦᠢᠯ     ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠰᠦᠨ ᠤ ᠬᠠᠤᠯᠢ︾᠂ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠤᠰᠦᠨ ᠠᠰᠢᠭᠯᠠᠯᠳᠠ ᠶᠢᠨ ᠶᠠᠮᠤᠨ᠂ ᠡᠷᠡᠭᠦᠯ ᠬᠠᠮᠠᠭᠠᠯᠠᠯ ᠤᠨ ᠶᠠᠮᠤᠨ ᠤ ︽ᠬᠦᠳᠡᠭᠡ ᠲᠤᠰᠬᠤᠨ ᠤᠨ ᠠᠮᠤᠷ ᠲᠦᠪᠰᠢᠨ ᠤᠤᠭᠤᠬᠤ ᠤᠰᠦᠨ ᠤ ᠲᠦᠷᠦᠯ ᠵᠦᠢᠯ  ᠤᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠠᠷᠭ᠎ᠠ︾᠂ ᠦᠪᠡᠷᠳᠡᠭᠡᠨ ᠵᠠᠰᠠᠬᠤ ᠤᠷᠦᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠤᠰᠦᠨ ᠠᠰᠢᠭᠯᠠᠯᠳᠠ ᠶᠢᠨ ᠲᠢᠩᠬᠢᠮ᠂ ᠡᠷᠡᠭᠦᠯ ᠬᠠᠮᠠᠭᠠᠯᠠᠯ ᠤᠨ ᠲᠢᠩᠭᠢᠮ ᠤᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠦᠨ ᠤ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠪᠤᠳᠡᠳᠡᠢ ᠬᠡᠷᠡᠭᠵᠢᠭᠦᠯᠬᠦ ᠨᠠᠷᠢᠨ ᠲᠦᠷᠢᠮ︾᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤ ᠬᠠᠩᠭᠠᠬᠤ ᠲᠦᠷᠢᠮ︾᠂ ᠤᠰᠦᠨ ᠠᠰᠢᠭᠯᠠᠯᠳᠠ ᠶᠢᠨ ᠶᠠᠮᠤᠨ ᠤ ︽ᠬᠦᠳᠡᠭᠡ ᠲᠤᠰᠬᠤᠨ ᠤ ᠠᠮᠤᠷ ᠲᠦᠪᠰᠢᠨ ᠤᠤᠭᠤᠬᠤ ᠤᠰᠦᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠮᠡᠳᠡᠭᠳᠡᠯ︾ ᠵᠡᠷᠭᠡ ᠬᠤᠯᠪᠤᠭᠳᠠᠯ ᠪᠦᠭᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠨ ᠬᠠᠤᠯᠢ ᠲᠦᠷᠢᠮ ᠢ ᠦᠨᠳᠦᠰᠦᠯᠡᠵᠦ᠂ ᠮᠠᠨ ᠤ ᠬᠤᠰᠢᠭᠤᠨ ᠤ ᠪᠤᠳᠡᠳᠡᠢ ᠲᠠᠢ ᠤᠶᠠᠯᠳᠤᠭᠤᠯᠦᠨ ᠲᠤᠰ ᠠᠷᠭ᠎ᠠ ᠶᠢ ᠲᠤᠭᠳᠠᠭᠠᠪᠠ᠃ ᠬᠤᠶᠠᠳᠤᠭᠠᠷ ᠵᠦᠢᠯ     ᠲᠤᠰ ᠠᠷᠭ᠎ᠠ ᠳᠤ ᠲᠤᠷᠠᠳᠤᠭᠰᠠᠨ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠦᠨ  ᠤ ᠠᠮᠤᠷ ᠲᠦᠪᠰᠢᠨ ᠤ ᠢᠨᠵᠧᠨᠧᠷᠢᠩ ᠭᠡᠳᠡᠭ ᠪᠤᠯ ᠲᠤᠰ ᠬᠤᠰᠢᠭᠤᠨ ᠤ ᠵᠠᠰᠠᠭ ᠵᠠᠬᠢᠷᠭᠠᠨ ᠤ ᠭᠡᠪᠴᠢᠶᠡᠨ ᠲᠤᠳᠤᠷᠠᠬᠢ ᠤᠯᠤᠰ ᠠᠴᠠ ᠪᠡᠯᠨ ᠤᠷᠤᠭᠤᠯᠤᠭᠰᠠᠨ ᠪᠠ ᠤᠷᠤᠨ ᠨᠤᠳᠤᠭ ᠠᠴᠠ ᠪᠡᠯᠨ ᠮᠦᠩᠭᠦ ᠢᠵᠢ ᠪᠦᠷᠢᠳᠦᠭᠦᠯᠬᠦ ︵ᠤᠷᠦᠨ᠂ ᠠᠶᠢᠮᠠᠭ᠂ ᠬᠤᠰᠢᠭᠤᠨ ᠤ ᠡᠳ᠋ ᠤᠨ ᠵᠠᠰᠠᠭ ᠠᠴᠠ ᠪᠡᠯᠨ ᠤᠷᠤᠭᠤᠯᠬᠤ ᠪᠠᠭᠳᠠᠨ᠎ᠡ︶ ᠪᠠᠷ ᠭᠤᠤᠯ ᠪᠤᠯᠭᠠᠨ ᠪᠦᠳᠦᠭᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠲᠦᠪᠯᠡᠷᠡᠩᠭᠦᠢ ᠤᠰᠦ ᠬᠠᠩᠭᠠᠬᠤ ᠢᠨᠵᠧᠨᠧᠷᠢᠩ ᠪᠠᠶᠢᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠭᠤᠤᠯ ᠠᠭᠤᠯᠭ᠎ᠠ ᠨᠢ ᠤᠰᠦ ᠬᠠᠩᠭᠠᠬᠤ ᠤᠰᠦᠨ ᠤ ᠡᠬᠢ ᠰᠤᠷᠪᠦᠯᠵᠢ᠂ ᠤᠯᠡᠨ ᠨᠡᠶᠢᠳᠡ ᠶᠢᠨ ᠤᠰᠦ ᠬᠠᠩᠭᠠᠬᠤ ᠬᠤᠭᠤᠯᠠᠢ ᠲᠤᠤᠷ ᠢ  ᠤᠭᠰᠤᠷᠠᠬᠤ ᠵᠢᠴᠢ ᠬᠠᠮᠢᠶ᠎ᠠ ᠲᠠᠢ ᠲᠠᠭᠠᠯᠳᠦᠯ ᠲᠦᠭᠦᠭᠡᠷᠦᠮᠵᠢ ᠶᠢᠨ ᠪᠦᠷᠢᠯᠳᠦᠯ ᠢ ᠵᠢᠭᠠᠵᠦ ᠪᠤᠢ᠃ ᠭᠤᠷᠪᠠᠳᠤᠭᠠᠷ ᠵᠦᠢᠯ    ᠬᠤᠰᠢᠭᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠦᠨ ᠲᠤᠳᠤᠷᠠᠬᠢ ᠬᠦᠳᠡᠭᠡ ᠲᠤᠰᠬᠤᠨ ᠤ ᠤᠤᠭᠤᠬᠤ ᠤᠰᠦᠨ ᠤ ᠢᠨᠵᠧᠨᠧᠷᠢᠩ ᠢ ᠲᠦᠯᠦᠪᠯᠡᠬᠦ᠂ ᠲᠦᠷᠦᠯ ᠵᠦᠢᠯ ᠢ ᠬᠡᠷᠡᠭᠵᠢᠭᠦᠯᠬᠦ ᠲᠦᠰᠦᠯ ᠵᠡᠷᠭᠡ ᠡᠮᠤᠨ᠎ᠡ ᠬᠤᠭᠤᠴᠠᠭᠠᠨ ᠤ ᠠᠵᠢᠯ ᠪᠠ ᠵᠤᠬᠢᠶᠠᠨ ᠪᠠᠶᠢᠭᠤᠯᠵᠦ ᠬᠡᠷᠡᠭᠵᠢᠭᠦᠯᠬᠦ ᠶᠢ ᠬᠠᠷᠢᠭᠤᠴᠠᠨ᠂ ᠬᠦᠳᠡᠭᠡ ᠲᠤᠰᠬᠤᠨ ᠤ ᠤᠤᠭᠤᠬᠤ ᠤᠰᠦᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠬᠢᠭᠡᠳ ᠡᠷᠬᠢᠯᠳᠡ ᠶᠢᠨ ᠬᠠᠮᠢᠶᠠᠷᠤᠯᠳᠠ ᠵᠡᠷᠭᠡ ᠠᠵᠢᠯ ᠢ ᠵᠢᠯᠤᠭᠤᠳᠬᠤ ᠪᠠ ᠬᠢᠨᠠᠨ ᠬᠠᠮᠢᠶᠠᠷᠤᠨ᠎ᠡ᠃ ᠬᠦᠭᠵᠢᠭᠦᠯᠦᠯᠳᠡ ᠦᠭᠡᠷᠡᠴᠢᠯᠡᠯᠳᠡ᠂ ᠡᠷᠡᠭᠦᠯ ᠬᠠᠮᠠᠭᠠᠯᠠᠯ᠂ ᠠᠮᠢ ᠠᠬᠤᠢ ᠶᠢᠨ ᠤᠷᠴᠢᠨ ᠲᠤᠭᠤᠷᠢᠨ ᠂ ᠤᠷᠤᠨ ᠰᠠᠭᠤᠴᠨ ᠶᠢᠨ ᠪᠦᠳᠦᠭᠡᠨ ᠪᠠᠶᠢᠭᠤᠯᠤᠯᠳᠠ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠵᠡᠷᠭᠡ ᠬᠤᠯᠪᠤᠭᠳᠠᠯ ᠪᠦᠭᠦᠢ ᠰᠠᠯᠠᠭ᠎ᠠ ᠮᠦᠴᠢᠷ ᠨᠢ ᠦᠪᠡᠷᠰᠡᠳ ᠤᠨ ᠢᠶᠠᠨ ᠡᠭᠦᠷᠭᠡ ᠲᠤᠰᠢᠶᠡᠯ ᠶᠢᠨ ᠶᠤᠰᠤᠭᠠᠷ ᠬᠦᠳᠡᠭᠡ ᠲᠤᠰᠬᠤᠨ ᠤ ᠤᠤᠭᠤᠬᠤ ᠤᠰᠦ ᠶᠢ ᠬᠠᠩᠭᠠᠬᠤ ᠬᠠᠮᠢᠶ᠎ᠡ ᠪᠦᠭᠦᠢ ᠬᠠᠮᠢᠶᠠᠷᠤᠯᠳᠠ  ᠶᠢᠨ ᠠᠵᠢᠯ ᠢ ᠬᠦᠢᠴᠡᠳᠭᠡᠨ᠎ᠡ᠃ ᠡᠯ᠎ᠡ ᠰᠤᠮᠤ ᠪᠠᠯᠭᠠᠰᠦᠨ ᠤ ᠠᠷᠠᠳ ᠤᠨ ᠵᠠᠰᠠᠭ ᠤᠨ ᠤᠷᠳᠦᠨ ᠨᠢ ᠲᠤᠰ ᠵᠠᠰᠠᠭ ᠵᠠᠬᠢᠷᠭᠠᠨ ᠤ ᠭᠡᠪᠴᠢᠶᠡᠨ ᠲᠤᠳᠤᠷᠡᠬᠢ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠦᠨ ᠤ ᠬᠠᠩᠭᠠᠯᠭ᠎ᠠ ᠶᠢᠨ ᠠᠵᠢᠯ ᠢ ᠵᠤᠬᠢᠶᠠᠨ ᠪᠠᠶᠢᠭᠤᠯᠵᠦ᠂ ᠵᠤᠬᠢᠴᠠᠭᠤᠯᠦᠨ ᠠᠵᠢᠯᠯᠠᠨ᠎ᠡ᠃ ᠲᠦᠷᠪᠡᠳᠤᠭᠡᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠠᠷᠭ᠎ᠠ ᠨᠢ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠦᠢᠯᠡᠳᠪᠤᠷᠢᠯᠡᠯ ᠠᠮᠢᠳᠦᠷᠡᠯ ᠤᠨ ᠬᠡᠷᠡᠭᠯᠡᠭᠡᠨ ᠤ ᠤᠰᠦᠨ ᠤ ᠬᠠᠩᠭᠠᠯᠠᠭ᠎ᠠ ᠶᠢ ᠪᠠᠳᠤᠯᠠᠵᠦ᠂ ᠴᠢᠨᠠᠷᠯᠢᠭ ᠤᠰᠦ ᠬᠠᠩᠭᠠᠬᠤ ᠪᠠ ᠴᠢᠨᠠᠷᠯᠢᠭ ᠤᠰᠦᠨ ᠬᠠᠩᠭᠠᠬᠤ ᠪᠠᠷ ᠵᠤᠷᠢᠯᠳᠡ ᠪᠤᠯᠭᠠᠨ᠂ ᠨᠡᠶᠢᠭᠡᠮ ᠵᠢᠷᠦᠮ ᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠳᠤ ᠵᠤᠬᠢᠴᠠᠭᠰᠠᠨ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠤᠨᠴᠠᠯᠢᠭ ᠲᠤ ᠨᠡᠶᠢᠴᠡᠭᠰᠡᠨ᠂ ᠦᠮᠴᠢᠯᠡᠯ ᠤᠨ ᠡᠷᠭᠡ ᠶᠢᠨ ᠬᠠᠷᠢᠶᠠᠯᠠᠯ ᠨᠢ ᠲᠤᠳᠤᠷᠬᠠᠢ᠂ ᠬᠠᠷᠢᠭᠤᠴᠠᠯᠭ᠎ᠠ ᠶᠢᠨ ᠭᠤᠤᠯ ᠴᠤᠭᠴᠨ ᠶᠢᠨ ᠨᠠᠶᠢᠳᠠᠪᠤᠷᠢᠵᠢᠯᠳᠠ᠂ ᠬᠠᠷᠢᠭᠤᠴᠠᠯᠭ᠎ᠠ ᠡᠷᠭᠡ ᠠᠰᠢᠭ ᠶᠢᠨ ᠨᠢᠭᠡᠳᠦᠯᠳᠡᠢ ᠬᠠᠮᠢᠶᠠᠷᠤᠯᠳᠠ ᠪᠤᠯᠦᠨ ᠠᠵᠢᠯᠯᠠᠭᠠᠨ ᠤ ᠲᠤᠭᠳᠠᠴᠨ ᠶᠢ ᠠᠯᠬᠤᠮ ᠠᠯᠬᠤᠮ ᠢᠶᠠᠷ ᠪᠠᠶᠢᠭᠤᠯᠵᠦ᠂ ᠤᠰᠦᠨ ᠤ ᠦᠨ᠎ᠡ ᠬᠠᠩᠰᠢ ᠶᠢ ᠵᠤᠬᠢᠰᠳᠡᠢ ᠲᠤᠭᠳᠠᠭᠠᠨ᠂ ᠬᠡᠮᠵᠢᠶ᠎ᠡ ᠪᠠᠷ ᠨᠢ ᠰᠦᠢᠳᠭᠡᠯ ᠬᠤᠷᠢᠶᠠᠬᠤ  ᠶᠢ ᠬᠡᠷᠡᠭᠵᠢᠭᠦᠯᠦᠨ᠂ ᠤᠰᠦ ᠪᠠᠷ ᠤᠰᠦ ᠶᠢ ᠲᠡᠵᠢᠭᠡᠨ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠰᠡᠶᠢᠨ ᠡᠷᠬᠢᠯᠳᠡ ᠪᠠ ᠦᠷᠭᠦᠯᠵᠢᠯᠡᠬᠦ ᠦᠷ᠎ᠡ ᠠᠰᠢᠭ ᠢ  ᠤᠯᠠᠮ ᠪᠠᠳᠠᠷᠠᠭᠤᠯᠬᠤ ᠬᠡᠷᠡᠭᠳᠡᠢ᠃ ᠬᠤᠶᠠᠳᠤᠭᠠᠷ ᠪᠦᠯᠦᠭ     ᠦᠮᠴᠢᠯᠡᠯ ᠤᠨ ᠡᠷᠭᠡ ᠵᠢᠴᠢ ᠰᠢᠯᠵᠢᠭᠦᠯᠦᠨ ᠲᠤᠰᠢᠶᠠᠬᠤ ᠲᠠᠪᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠢ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠦ ᠬᠡᠷᠡᠭᠵᠢᠭᠦᠯᠦᠨ᠎ᠡ᠂ ᠪᠠᠷᠢᠯᠭ᠎ᠠ ᠲᠠᠭᠤᠰᠤᠭᠰᠠᠨ ᠤ ᠲᠠᠷᠠᠭ᠎ᠠ ᠡᠯ᠎ᠡ ᠱᠠᠳᠦᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠠᠴᠠ ᠰᠢᠯᠭᠠᠨ ᠬᠤᠷᠢᠶᠠᠵᠦ ᠬᠢᠷᠢ ᠲᠡᠩᠴᠡᠭᠰᠡᠨ ᠤ ᠲᠠᠷᠠᠭ᠎ᠠ᠂ ᠢᠨᠵᠧᠨᠧᠷᠢᠩ ᠤᠨ ᠪᠠᠷᠢᠯᠭ᠎ᠠ ᠶᠢ ᠪᠦᠳᠦᠭᠡᠨ ᠪᠠᠶᠢᠭᠤᠯᠤᠭᠰᠠᠨ ᠨᠢᠭᠡᠴᠨ ᠠᠴᠠ ᠬᠠᠷᠢᠭᠤᠴᠠᠨ ᠢᠨᠵᠧᠨᠧᠷᠢᠩ ᠳᠤ ᠬᠠᠷᠢᠶᠠᠯᠠᠭᠳᠠᠬᠤ ᠭᠠᠴᠠᠭ᠎ᠠ ᠲᠤᠰᠬᠤᠨ  ᠤ ᠠᠷᠠᠳ ᠤᠨ ᠵᠦᠪᠯᠡᠯ ᠳᠤ ᠰᠢᠯᠵᠢᠭᠦᠯᠦᠨ ᠲᠤᠰᠢᠶᠠᠵᠦ᠂ ᠦᠮᠴᠢᠯᠡᠬᠦ ᠡᠷᠭᠡ ᠨᠢ ᠭᠠᠴᠠᠭ᠎ᠠ ᠲᠤᠰᠬᠤᠨ ᠤ ᠵᠦᠪᠯᠡᠯ  ᠤᠨ ᠬᠠᠮᠳᠦ ᠶᠢᠨ ᠦᠮᠴᠢᠯᠡᠯ ᠳᠤ ᠬᠠᠷᠢᠶᠠᠯᠠᠬᠳᠠᠬᠤ ᠪᠦᠭᠡᠳ ᠢᠨᠵᠧᠨᠧᠷᠢᠩ ᠤᠨ ᠦᠮᠴᠢᠯᠡᠯ ᠤᠨ ᠡᠷᠭᠡ ᠶᠢᠨ ᠦᠨᠡᠮᠡᠯᠡᠯ ᠢ ᠬᠠᠷᠭᠤᠭᠤᠯᠦᠨ ᠭᠠᠷᠳᠠᠭᠤᠯᠦᠨ᠎ᠡ᠃ ᠵᠢᠷᠭᠤᠳᠤᠭᠠᠷ ᠵᠦᠢᠯ     ᠤᠯᠤᠰ ᠤᠨ ᠪᠤᠰᠤ ᠪᠡᠯᠨ ᠤᠷᠤᠭᠤᠯᠤᠯᠳᠠ ᠪᠠᠷ ᠭᠤᠤᠯ ᠪᠤᠯᠭᠠᠭᠰᠠᠨ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠢ ᠵᠠᠰᠠᠨ ᠪᠠᠶᠢᠭᠤᠯᠦᠭ᠌ᠰᠠᠨ ᠪᠤᠯ᠂ ᠦᠮᠴᠢᠯᠡᠯ ᠤᠨ ᠡᠷᠭᠡ ᠨᠢ ᠪᠡᠯᠨ ᠤᠷᠤᠭᠤᠯᠤᠭᠰᠠᠨ ᠭᠤᠤᠯ ᠴᠤᠭᠴᠨ ᠳᠤ ᠬᠠᠷᠢᠶᠠᠯᠠᠭᠳᠠᠵᠦ᠂ ᠪᠠᠯᠨ ᠤᠷᠤᠭᠤᠯᠤᠭᠰᠠᠨ ᠭᠤᠤᠯ ᠴᠤᠭᠴᠨ ᠶᠢᠨ ᠰᠠᠨᠠᠯ ᠢ ᠦᠨᠳᠦᠰᠦᠯᠡᠨ ᠦᠮᠴᠢᠯᠡᠬᠦ ᠡᠷᠭᠡ ᠶᠢᠨ ᠬᠠᠷᠢᠶᠠᠯᠠᠯ ᠢ ᠲᠤᠭᠳᠠᠭᠠᠵᠦ ᠪᠤᠯᠦᠨ᠎ᠡ᠃ ᠲᠤᠯᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠨᠢ ᠡᠳ᠋ ᠬᠦᠷᠦᠩᠭᠡ ᠪᠠᠨ ᠰᠢᠯᠵᠢᠭᠦᠯᠬᠦ᠂ ᠬᠡᠷᠡᠭᠯᠡᠭᠡᠨ ᠠᠴᠠ ᠭᠠᠷᠭᠠᠬᠤ᠂ ᠲᠠᠬᠢᠵᠦ ᠪᠠᠶᠢᠭᠤᠯᠬᠤ᠂ ᠨᠤᠷᠭᠠᠬᠤ ᠵᠡᠷᠭᠡ ᠰᠢᠯᠳᠠᠭᠠᠨ ᠠᠴᠠ ᠪᠤᠯᠵᠦ᠂ ᠦᠮᠴᠢᠯᠡᠬᠦ ᠡᠷᠭᠡ ᠶᠢ ᠰᠶᠢᠳᠪᠤᠷᠢᠯᠡᠬᠦ ᠦᠶ᠎ᠡ ᠳᠤ᠂ ᠡᠳ᠋ ᠬᠦᠷᠦᠩᠭᠡ  ᠶᠢ ᠰᠶᠢᠳᠪᠤᠷᠢᠯᠡᠬᠦ ᠬᠤᠯᠪᠤᠭᠳᠠᠯ ᠪᠦᠭᠦᠢ ᠬᠠᠤᠯᠢ ᠲᠦᠷᠢᠮ ᠢ ᠦᠨᠳᠦᠰᠦᠯᠡᠨ ᠰᠶᠢᠳᠪᠤᠷᠢᠯᠡᠨ᠎ᠡ᠃ ᠭᠤᠷᠪᠠᠳᠤᠭᠠᠷ ᠪᠦᠯᠦᠭ     ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠳᠠ ᠨᠠᠢᠮᠠᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠶᠢᠨ ᠡᠷᠬᠢᠯᠳᠡ ᠶᠢᠨ ᠬᠠᠮᠢᠶᠠᠷᠤᠯᠳᠠ ᠶᠢ ︽ᠭᠡᠨ ᠪᠡᠯᠨ ᠤᠷᠤᠭᠤᠯᠪᠡᠯ᠂ ᠭᠡᠨ ᠤ ᠦᠮᠴᠢᠯᠡᠯ ᠪᠤᠯᠬᠤ᠂ ᠭᠡᠨ ᠠᠰᠢᠭ ᠬᠦᠷᠳᠡᠪᠡᠯ᠂ ᠭᠡᠨ ᠡᠭᠦᠷᠭᠡᠯᠡᠬᠦ︾ ᠪᠠ ︽ᠤᠰᠦ ᠪᠠᠷ ᠤᠰᠦ ᠶᠢ ᠲᠡᠵᠢᠭᠡᠬᠦ᠂ ᠤᠰᠦ ᠠᠷᠪᠢᠯᠠᠬᠤ᠂ ᠲᠦᠯᠦᠪᠤᠷᠢ ᠲᠠᠢ ᠬᠡᠷᠡᠭᠯᠡᠬᠦ᠂ ᠵᠤᠬᠢᠬᠤ ᠬᠡᠮᠵᠢᠶᠡᠨ ᠤ ᠨᠦᠬᠦᠪᠤᠷᠢ ᠲᠠᠢ ᠪᠠᠶᠢᠬᠤ︾ ᠵᠠᠷᠴᠢᠮ ᠢ ᠵᠢᠷᠦᠮᠯᠠᠨ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠶᠢᠨ ᠡᠷᠬᠢᠯᠳᠡ ᠶᠢᠨ ᠬᠠᠮᠢᠶᠠᠷᠤᠯᠳᠠ  ᠶᠢ ᠱᠠᠳᠦ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠂ ᠬᠠᠷᠢᠭᠤᠴᠠᠯᠭ᠎ᠠ ᠶᠢᠨ ᠭᠤᠤᠯ ᠴᠤᠭᠴᠨ ᠪᠤᠯ ᠬᠤᠰᠢᠭᠤᠨ  ᠤ ᠠᠷᠠᠳ ᠤᠨ ᠵᠠᠰᠠᠭ ᠤᠨ ᠤᠷᠳᠦᠨ ᠪᠠᠶᠢᠵᠦ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠢᠨᠵᠧᠨᠧᠷᠢᠩ ᠤᠨ ᠰᠠᠭᠤᠭ᠎ᠠ ᠭᠠᠵᠠᠷ ᠤᠨ ᠰᠤᠮᠤ ᠪᠠᠯᠭᠠᠰᠦᠨ ᠤ ᠠᠷᠠᠳ ᠤᠨ ᠵᠠᠰᠠᠭ ᠤᠨ ᠤᠷᠳᠦᠨ ᠪᠤᠯᠦᠨ᠎ᠡ᠂ ᠡᠷᠬᠢᠯᠳᠡ ᠶᠢᠨ ᠬᠠᠮᠢᠶᠠᠷᠤᠯᠳᠠ ᠶᠢᠨ ᠪᠠᠶᠢᠭᠤᠯᠭ᠎ᠠ ᠪᠤᠯ ᠢᠨᠵᠧᠨᠧᠷᠢᠩ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ᠵᠦᠪᠯᠡᠯ ᠪᠤᠶᠤ ᠤᠰᠦ ᠬᠡᠷᠡᠭᠯᠡᠬᠦ ᠨᠡᠶᠢᠭᠡᠮᠯᠢᠭ ᠪᠠᠶᠢᠵᠦ᠂ ᠠᠵᠢᠯ ᠲᠦᠷᠦᠯ ᠤᠨ ᠬᠠᠮᠢᠶᠠᠷᠤᠯᠳᠠ ᠶᠢ ᠬᠤᠰᠢᠭᠤᠨ ᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠷᠢᠭᠤᠴᠠᠨ᠎ᠡ᠂ ᠬᠠᠮᠵᠢᠯᠴᠠᠬᠤ ᠰᠠᠯᠠᠭ᠎ᠠ ᠮᠦᠴᠢᠷ ᠨᠢ ᠬᠤᠰᠢᠭᠤ ᠡᠳ᠋ ᠤᠨ ᠵᠠᠰᠠᠭ᠂ ᠡᠷᠡᠭᠦᠯ ᠬᠠᠮᠠᠭᠠᠯᠠᠯ᠂ ᠠᠮᠢ ᠠᠬᠤᠢ ᠶᠢᠨ ᠤᠷᠴᠢᠨ ᠲᠤᠭᠤᠷᠢᠨ᠂ ᠴᠡᠬᠢᠯᠭᠠᠨ ᠬᠦᠴᠦᠨ᠂ ᠲᠠᠷᠢᠶᠡᠯᠡᠩ ᠮᠠᠯ ᠠᠵᠤ ᠠᠬᠤᠢ ᠵᠡᠷᠭᠡ ᠬᠤᠯᠪᠤᠭᠳᠠᠯ ᠪᠦᠭᠦᠢ ᠰᠠᠯᠠᠭ᠎ᠠ ᠮᠦᠴᠢᠷ ᠪᠤᠯᠦᠨ᠎ᠡ᠃ ᠶᠢᠰᠦᠳᠦᠭᠡᠷ ᠵᠦᠢᠯ     ᠬᠤᠰᠢᠭᠤᠨ ᠤ ᠠᠷᠠᠳ ᠤᠨ ᠵᠠᠰᠠᠭ ᠤᠨ ᠤᠷᠳᠦᠨ ᠨᠢ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠬᠠᠷᠢᠭᠤᠴᠠᠯᠭ᠎ᠠ ᠶᠢᠨ ᠭᠤᠤᠯ ᠴᠤᠭᠴᠨ ᠪᠤᠯᠤᠭᠰᠠᠨ ᠤ ᠬᠤᠪᠢ ᠳᠤ᠂ ᠬᠠᠷᠢᠶᠠᠨ ᠳᠠᠬᠢ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠢ ᠵᠤᠬᠢᠶᠠᠨ ᠪᠠᠶᠢᠭᠤᠯᠬᠤ᠂ ᠲᠦᠷᠢᠮ ᠤᠨ ᠪᠠᠳᠤᠯᠠᠭ᠎ᠠ᠂ ᠬᠠᠮᠢᠶᠠᠷᠤᠯᠳᠠ ᠶᠢᠨ ᠪᠠᠶᠢᠭᠤᠯᠤᠮᠵᠢ᠂ ᠠᠵᠢᠯᠳᠠᠨ ᠪᠤᠯᠦᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠵᠢᠴᠢ ᠡᠷᠬᠢᠯᠳᠡ ᠶᠢᠨ ᠵᠠᠷᠤᠳᠠᠯ ᠤᠨ ᠨᠠᠶᠢᠳᠠᠪᠤᠷᠢᠵᠢᠯᠳᠠ ᠶᠢᠨ ᠠᠵᠢᠯ ᠢ ᠬᠠᠷᠢᠭᠤᠴᠠᠵᠦ ᠡᠯ᠎ᠡ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠬᠠᠮᠢᠶᠠᠷᠤᠯᠳᠠ ᠶᠢᠨ ᠡᠭᠦᠷᠭᠡ ᠬᠠᠷᠢᠭᠤᠴᠠᠯᠭ᠎ᠠ ᠶᠢ ᠬᠤᠪᠢᠳᠡᠨ ᠲᠤᠳᠤᠷᠠᠬᠠᠶᠢᠯᠠᠨ᠎ᠡ᠃ ᠠᠷᠪᠠᠳᠤᠭᠠᠷ ᠵᠦᠢᠯ     ᠰᠤᠮᠤ ᠪᠠᠯᠭᠠᠰᠦᠨ ᠤ ᠠᠷᠠᠳ ᠤᠨ ᠵᠠᠰᠠᠭ ᠤᠨ ᠤᠷᠳᠦᠨ ᠪᠤᠯ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠳᠤ ᠬᠢᠨᠠᠯᠳᠠ ᠲᠠᠯᠪᠢᠬᠤ ᠪᠠ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠳᠤ ᠬᠢᠨᠠᠯᠳᠠ ᠲᠠᠯᠪᠢᠬᠤ ᠪᠠ ᠡᠷᠬᠢᠯᠳᠡ ᠶᠢᠨ ᠬᠠᠮᠢᠶᠠᠷᠤᠯᠳᠠ  ᠶᠢᠨ ᠠᠵᠢᠯ ᠢ ᠬᠠᠷᠢᠭᠤᠴᠠᠵᠦ᠂ ᠤᠰᠦᠨ ᠤ ᠡᠬᠢ ᠰᠤᠷᠪᠤᠯᠵᠢ ᠶᠢ ᠴᠠᠭᠳᠠᠨ ᠪᠠᠶᠢᠴᠠᠭᠠᠬᠤ᠂ ᠤᠰᠦᠨ ᠤ ᠴᠢᠨᠠᠷ ᠢ ᠪᠠᠶᠢᠴᠠᠭᠠᠨ ᠬᠡᠮᠵᠢᠬᠦ ᠵᠢᠴᠢ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢ ᠰᠡᠶᠢᠳᠦᠷ ᠬᠢᠵᠦ᠂ ᠬᠠᠮᠢᠶ᠎ᠠ ᠪᠦᠭᠦᠢ ᠬᠠᠤᠯᠢ ᠴᠠᠭᠠᠵᠨ ᠬᠠᠤᠯᠢ ᠲᠦᠷᠢᠮ᠂ ᠲᠤᠭᠳᠠᠭᠠᠯ ᠵᠡᠷᠭᠡ ᠶᠢ ᠦᠨᠳᠦᠰᠦᠯᠡᠨ᠂ ᠲᠤᠰᠬᠤᠨ ᠤ ᠵᠦᠪᠯᠡᠯ ᠠᠴᠠ ᠲᠤᠭᠳᠠᠭᠠᠭᠰᠠᠨ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠭᠡᠯᠪᠡᠷᠢ ᠬᠢᠭᠡᠳ ᠬᠠᠮᠢᠶᠠᠷᠤᠯᠳᠠ ᠶᠢᠨ ᠲᠦᠷᠢᠮ ᠢ ᠵᠢᠯᠤᠭᠤᠳᠤᠨ᠎ᠡ᠂ ᠢᠨᠵᠧᠨ᠋ᠸᠢᠷᠡᠭ ᠤᠨ ᠡᠷᠬᠢᠯᠳᠡ ᠶᠢᠨ ᠬᠠᠮᠢᠶᠠᠷᠤᠯᠳᠠ ᠶᠢᠨ ᠭᠡᠯᠪᠡᠷᠢ ᠬᠢᠭᠡᠳ ᠬᠠᠮᠢᠶᠠᠷᠤᠯᠳᠠ ᠶᠢᠨ ᠲᠦᠷᠢᠮ ᠢ ᠡᠷᠭᠡᠪᠰᠢ ᠲᠤᠰᠬᠤᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠲᠤᠰᠬᠤᠨ ᠤ ᠵᠦᠪᠯᠡᠯ ᠬᠠᠮᠳᠦ ᠪᠠᠷ ᠶᠠᠷᠢᠯᠴᠠᠨ ᠲᠤᠭᠳᠠᠭᠠᠨ᠎ᠡ᠃ ᠵᠠᠷᠴᠢᠮ ᠲᠡᠭᠡᠷ᠎ᠡ ᠪᠠᠨ ᠠᠵᠤ ᠠᠬᠤᠶᠢᠴᠢᠯᠠᠭᠰᠠᠨ ᠬᠠᠮᠢᠶᠠᠷᠤᠯᠳᠠ  ᠶᠢ ᠬᠡᠷᠡᠭᠵᠢᠭᠦᠯᠦᠨ᠂ ᠠᠰ ᠢᠶᠠᠷ ᠢᠶᠠᠨ ᠡᠵᠡᠩᠨᠡᠵᠦ᠂ ᠤᠰᠦ ᠪᠠᠷ ᠤᠰᠦ ᠶᠢ ᠲᠡᠵᠢᠭᠡᠬᠦ ᠤᠬᠢ ᠰᠡᠶᠢᠨ ᠡᠷᠬᠢᠯᠳᠡᠳᠦ ᠬᠠᠮᠢᠶᠠᠷᠤᠯᠳᠠ ᠶᠢᠨ ᠠᠵᠢᠯᠯᠠᠭᠠᠨ ᠤ ᠲᠤᠭᠳᠠᠴᠨ ᠶᠢ ᠪᠦᠷᠢᠯᠳᠦᠭᠦᠯᠦᠨ᠎ᠡ᠃ ᠠᠷᠪᠡᠨ ᠨᠢᠭᠡᠳᠦᠭᠡᠷ ᠵᠦᠢᠯ      ᠡᠯ᠎ᠡ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠤ ᠵᠦᠪᠯᠡᠯ ᠪᠤᠯ ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ  ᠶᠢᠨ ᠨᠢᠭᠡᠴᠨ ᠪᠠᠶᠢᠵᠦ᠂ ᠡᠷᠬᠢᠯᠳᠡ ᠶᠢᠨ ᠬᠠᠮᠢᠶᠠᠷᠤᠯᠳᠠ ᠶᠢᠨ ᠵᠤᠬᠢᠶᠠᠨ ᠪᠠᠶᠢᠭᠤᠯᠤᠯᠳᠠ ᠶᠢ ᠪᠠᠶᠢᠭᠤᠯᠦᠨ᠂ ᠡᠷᠬᠢᠯᠳᠡ  ᠶᠢᠨ ᠬᠠᠮᠢᠶᠠᠷᠤᠯᠳᠠ ᠶᠢᠨ ᠭᠡᠯᠪᠡᠷᠢ ᠪᠡ ᠲᠦᠷᠢᠮ ᠢ ᠲᠤᠭᠳᠠᠭᠠᠵᠦ᠂ ᠬᠠᠮᠢᠶᠠᠷᠬᠤ ᠬᠦᠮᠦᠨ ᠢ ᠲᠤᠭᠳᠠᠨ᠂ ᠤᠰᠦᠨ ᠤ ᠦᠨ᠎ᠡ ᠬᠠᠩᠰᠢ ᠪᠤᠯᠦᠨ ᠰᠦᠢᠳᠭᠡᠯ ᠬᠤᠷᠢᠶᠠᠬᠤ ᠭᠡᠯᠪᠡᠷᠢ ᠶᠢ ᠲᠤᠭᠳᠠᠭᠠᠬᠤ ᠬᠡᠷᠡᠭᠳᠡᠢ᠃ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ᠂ ᠤᠰᠦᠨ ᠤ ᠡᠬᠢ ᠰᠤᠷᠪᠤᠯᠵᠢ ᠶᠢ ᠴᠠᠭᠳᠠᠨ ᠪᠠᠶᠢᠴᠠᠭᠠᠬᠤ᠂ ᠤᠰᠦᠨ ᠤ ᠰᠦᠢᠳᠭᠡᠯ  ᠢ ᠪᠤᠳᠤᠵᠦ ᠬᠤᠷᠢᠶᠠᠬᠤ ᠪᠠ ᠢᠨᠵᠧᠨᠧᠷᠢᠩ ᠢ ᠰᠡᠯᠪᠢᠨ ᠵᠠᠰᠠᠵᠦ ᠠᠷᠠᠴᠢᠯᠠᠬᠤ ᠵᠡᠷᠭᠡ ᠠᠵᠢᠯ ᠢ ᠰᠡᠶᠢᠳᠦᠷ ᠬᠢᠵᠦ᠂ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠦᠯᠳᠡ ᠶᠢᠨ ᠵᠤᠬᠢᠶᠠᠨ ᠪᠠᠶᠢᠭᠤᠯᠤᠯᠳᠠ ᠳᠤ ᠡᠩ ᠤᠨ ᠪᠠᠶᠢᠳᠠᠯ ᠲᠤᠤᠷ᠎ᠡ 3 — 5 ᠬᠦᠮᠦᠨ ᠢᠶᠠᠷ ᠪᠦᠷᠢᠯᠳᠦᠵᠦ᠂ ᠡᠭᠦᠨ ᠳᠤ 1— 2 ᠬᠦᠮᠦᠨ ᠢ ᠲᠤᠨᠤᠭ ᠲᠦᠭᠦᠭᠡᠷᠦᠮᠵᠢ ᠶᠢᠨ ᠮᠡᠷᠭᠡᠵᠢᠯ ᠪᠠ ᠠᠷᠠᠴᠢᠯᠠᠵᠦ ᠬᠠᠮᠢᠶᠠᠷᠬᠤ ᠲᠤᠰᠬᠠᠢ ᠬᠠᠮᠢᠶᠠᠷᠤᠭᠴᠢ ᠪᠠᠷ ᠰᠤᠩᠭᠤᠨ ᠲᠤᠬᠢᠷᠠᠭᠤᠯᠵᠦ᠂ ᠤᠰᠦ ᠬᠡᠷᠡᠭᠯᠡᠬᠦ ᠡᠷᠤᠭᠡ ᠳᠤ ᠤᠰᠦᠨ ᠤ ᠴᠢᠨᠠᠷ᠂ ᠤᠰᠦᠨ ᠤ ᠬᠡᠮᠵᠢᠶ᠎ᠡ ᠨᠢ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡ ᠶᠢ ᠬᠠᠩᠭᠠᠨ᠂ ᠭᠡᠪ ᠤᠨ ᠪᠠᠶᠢᠳᠠᠯ ᠤᠨ ᠤᠰᠦᠨ ᠤ ᠬᠠᠩᠭᠠᠯᠭ᠎ᠠ ᠪᠠ ᠢᠨᠵᠧᠨᠧᠷᠢᠩ ᠤᠨ ᠤᠬᠢ ᠰᠡᠶᠢᠨ ᠡᠷᠬᠢᠯᠳᠡ ᠶᠢ ᠪᠠᠳᠤᠯᠠᠨ᠎ᠡ᠃ ᠠᠷᠪᠠᠨ ᠬᠤᠶᠠᠳᠤᠭᠠᠷ ᠵᠦᠢᠯ     ᠬᠤᠰᠢᠭᠤᠨ ᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠨᠢᠭᠡᠴᠨ ᠪᠠ ᠠᠵᠢᠯ ᠲᠦᠷᠦᠯ ᠤᠨ ᠬᠠᠮᠢᠶᠠᠷᠤᠯᠳᠠ  ᠶᠢᠨ ᠰᠠᠯᠠᠭ᠎ᠠ ᠮᠦᠴᠢᠷ ᠤᠨ ᠬᠤᠪᠢ ᠳᠤ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ  ᠤ ᠢᠨᠵᠧᠨᠧᠷᠢᠩ ᠢ ᠲᠦᠯᠦᠪᠯᠡᠬᠦ᠂ ᠲᠦᠷᠦᠯ ᠵᠦᠢᠯ ᠢ ᠬᠡᠷᠡᠭᠵᠢᠭᠦᠯᠬᠦ ᠲᠦᠰᠦᠯ ᠲᠤᠭᠳᠠᠭᠠᠬᠤ ᠵᠡᠷᠭᠡ ᠡᠮᠤᠨ᠎ᠡ ᠬᠤᠭᠤᠴᠠᠭᠠᠨ ᠤ ᠠᠵᠢᠯ ᠪᠠ ᠵᠤᠬᠢᠶᠠᠨ ᠪᠠᠶᠢᠭᠤᠯᠵᠦ ᠬᠡᠷᠡᠭᠵᠢᠭᠦᠯᠬᠦ ᠶᠢ ᠬᠠᠷᠢᠭᠤᠴᠠᠵᠦ᠂ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠪᠤᠯᠦᠨ ᠬᠠᠮᠠᠭᠠᠯᠠᠬᠤ ᠲᠠᠯ᠎ᠠ ᠪᠠᠷ ᠬᠢᠨᠠᠨ ᠬᠠᠮᠢᠶᠠᠷᠬᠤ᠂ ᠵᠢᠯᠤᠭᠤᠳᠬᠤ ᠪᠠ ᠮᠡᠷᠭᠡᠵᠢᠯ  ᠤᠨ ᠪᠠᠳᠤᠯᠠᠭ᠎ᠠ ᠬᠠᠩᠭᠠᠨ ᠦᠭᠴᠦ᠂ ᠪᠠᠶᠢᠭᠤᠯᠬᠤ ᠬᠠᠮᠢᠶᠠᠷᠬᠤ ᠶᠢ ᠵᠡᠷᠭᠡᠪᠡᠷ ᠶᠠᠪᠤᠭᠤᠯᠬᠤ ᠬᠠᠮᠢᠶᠠᠷᠤᠯᠳᠠ ᠶᠢᠨ ᠲᠤᠭᠳᠠᠴᠨ ᠶᠢ ᠪᠦᠷᠢᠯᠳᠦᠭᠦᠯᠦᠨ᠎ᠡ᠃ ᠠᠷᠪᠠᠨ ᠭᠤᠷᠪᠠᠳᠤᠭᠠᠷ ᠵᠦᠢᠯ     ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠤᠯᠪᠤᠭᠳᠠᠯ ᠪᠦᠭᠦᠢ ᠱᠠᠭᠠᠷᠳᠠᠯᠭ᠎ᠠ ᠪᠠᠷ᠂ ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠪᠡᠯᠨ ᠮᠦᠩᠭᠦᠨ ᠤ ᠨᠠᠶᠢᠳᠠᠪᠤᠷᠢᠵᠢᠯᠳᠠ ᠶᠢ ᠬᠠᠷᠢᠭᠤᠴᠠᠬᠤ  ᠶᠢᠨ ᠬᠠᠮᠳᠦ ᠪᠠᠯᠨ ᠮᠦᠩᠭᠦᠨ ᠤ ᠬᠠᠮᠢᠶᠠᠷᠤᠯᠳᠠ ᠬᠡᠷᠡᠭᠯᠡᠯᠳᠡ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠡ︔ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠨᠢ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠤᠰᠦ ᠬᠠᠩᠭᠠᠬᠤ ᠤᠰᠦᠨ ᠤ ᠴᠢᠨᠠᠷ ᠲᠤ ᠬᠢᠨᠠᠯᠳᠠ ᠲᠠᠯᠪᠢᠵᠦ ᠬᠢᠨᠠᠨ ᠬᠡᠮᠵᠢᠬᠦ ᠠᠵᠢᠯ ᠢ ᠬᠠᠷᠢᠭᠤᠴᠠᠨ᠎ᠡ︔ ᠠᠮᠢ ᠠᠬᠤᠢ ᠶᠢᠨ ᠤᠷᠴᠢᠨ ᠲᠤᠭᠤᠷᠢᠨ ᠤ ᠰᠠᠯᠠᠭ᠎ᠠ ᠮᠦᠴᠢᠷ ᠨᠢ ᠤᠤᠭᠤᠬᠤ ᠤᠰᠦᠨ ᠤ ᠡᠬᠢ ᠰᠤᠷᠪᠤᠯᠵᠢ ᠶᠢᠨ ᠭᠠᠵᠠᠷ ᠤᠨ ᠤᠷᠴᠢᠨ ᠲᠤᠭᠤᠷᠢᠨ ᠳᠤ ᠬᠢᠨᠠᠨ ᠬᠠᠮᠢᠶᠠᠷᠤᠯᠳᠠ ᠬᠢᠬᠦ ᠶᠢ ᠬᠠᠷᠢᠭᠤᠴᠠᠨ᠎ᠡ︔ ᠴᠡᠬᠢᠯᠭᠠᠨ ᠬᠦᠴᠦᠨ ᠤ ᠰᠠᠯᠠᠭ᠎ᠠ ᠮᠦᠴᠢᠷ ᠨᠢ ᠴᠡᠬᠢᠯᠭᠠᠨ ᠤ ᠬᠠᠩᠭᠠᠯᠭ᠎ᠠ ᠶᠢ ᠪᠠᠳᠤᠯᠠᠵᠦ᠂ ᠴᠡᠬᠢᠯᠭᠠᠨ ᠤ ᠦᠨ᠎ᠡ ᠬᠠᠩᠰᠢ ᠶᠢᠨ ᠬᠠᠷᠠᠭᠠᠯᠵᠡᠯ ᠲᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠡ︔ ᠲᠠᠷᠢᠶᠡᠯᠡᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ ᠤᠰᠦᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠳᠠ ᠶᠢᠨ ᠭᠡᠪᠴᠢᠶᠡᠨ ᠳᠠᠬᠢ ᠲᠠᠷᠢᠶᠡᠯᠡᠩ ᠤᠨ ᠡᠮ ᠬᠢᠮᠢ ᠶᠢᠨ ᠪᠤᠷᠳᠤᠭᠤᠷ ᠬᠡᠷᠡᠭᠯᠡᠭᠰᠡᠨ ᠪᠠᠶᠢᠳᠠᠯ ᠳᠤ ᠬᠢᠨᠠᠨ ᠬᠠᠮᠢᠶᠠᠷᠤᠯᠳᠠ ᠬᠢᠬᠦ ᠶᠢ ᠬᠠᠷᠢᠭᠤᠴᠠᠨ᠎ᠡ︔ ᠡᠯ᠎ᠡ ᠬᠤᠯᠪᠤᠭᠳᠠᠯ ᠪᠦᠭᠦᠢ ᠰᠠᠯᠠᠭ᠎ᠠ ᠮᠦᠴᠢᠷ ᠡᠷᠭᠡᠪᠰᠢ ᠨᠢᠭᠳᠠ ᠬᠠᠮᠵᠢᠯᠴᠡᠨ ᠠᠵᠢᠯᠯᠠᠵᠦ᠂ ᠦᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠶᠢᠨ ᠬᠠᠮᠢᠶᠠᠷᠤᠯᠳᠠ ᠶᠢ ᠤᠯᠡᠮ ᠨᠠᠷᠢᠯᠢᠭᠵᠢᠭᠰᠠᠨ ᠂ ᠲᠤᠰᠬᠠᠶᠢᠵᠢᠭᠰᠠᠨ᠂ ᠲᠦᠷᠢᠮᠵᠢᠭᠰᠡᠨ ᠬᠢᠷᠢ ᠲᠦᠪᠰᠢᠨ ᠳᠤ ᠬᠦᠷᠭᠡᠬᠦ ᠭᠡᠷᠡᠭᠳᠡᠢ᠃ᠠᠷᠪᠡᠨ ᠲᠦᠷᠪᠡᠳᠦᠭᠡᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠬᠠᠮᠢᠶᠠᠷᠤᠯᠳᠠ ᠶᠢᠨ ᠵᠠᠷᠦᠳᠡᠯ ᠤᠨ ᠢᠷᠡᠯᠳᠡ ᠨᠢ ᠭᠤᠤᠯᠳᠠᠭᠤ ᠭᠤᠷᠪᠡᠨ ᠭᠡᠰᠡᠭ ᠢᠶᠠᠷ ᠪᠦᠷᠢᠯᠳᠦᠨ᠎ᠡ᠃ ᠨᠢᠭᠡ ᠳᠤ᠂ ᠬᠤᠷᠢᠶᠡᠭ᠌ᠰᠡᠨ ᠤᠰᠦᠨ ᠤ ᠰᠦᠢᠳᠭᠡᠯ ᠠᠴᠠ ᠭᠠᠷᠭᠠᠨ ᠦᠯᠡᠳᠡᠭᠡᠨ᠎ᠡ︔ ᠬᠤᠶᠡᠷ ᠲᠤ᠂ ᠭᠠᠴᠠᠭ᠎ᠠ ᠲᠤᠰᠬᠤᠨ ᠤ ᠬᠠᠮᠳᠦ ᠶᠢᠨ ᠠᠵᠤ ᠠᠬᠤᠢ ᠲᠤᠳᠤᠷ᠎ᠡ ᠠᠴᠠ ᠭᠠᠷᠭᠠᠨ ᠦᠯᠡᠳᠡᠭᠡᠨ᠎ᠡ︔ ᠭᠤᠷᠪᠠ ᠳᠤ᠂ ᠬᠤᠰᠢᠭᠤᠨ ᠤ ᠡᠳ᠋ ᠤᠨ ᠵᠠᠰᠠᠭ ᠠᠴᠠ ᠨᠦᠬᠦᠪᠤᠷᠢᠯᠡᠨ᠎ᠡ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠵᠠᠷᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠦᠰᠦᠪ ᠳᠤ ᠤᠷᠤᠭᠤᠯᠦᠨ᠎ᠡ᠃ᠲᠦᠷᠪᠡᠳᠤᠭᠡᠷ ᠪᠦᠯᠦᠭ     ᠤᠰᠦᠨ ᠤ ᠡᠬᠢ ᠰᠤᠷᠪᠤᠯᠵᠢ ᠵᠢᠴᠢ ᠤᠰᠦᠨ ᠤ ᠴᠢᠨᠠᠷ ᠤᠨ ᠬᠠᠮᠢᠶᠠᠷᠤᠯᠳᠠᠠᠷᠪᠠᠨ ᠲᠠᠪᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠤᠰᠦᠨ ᠤ ᠡᠬᠢ ᠰᠤᠷᠪᠤᠯᠵᠢ ᠶᠢ ᠬᠠᠮᠠᠭᠠᠯᠠᠬᠤ ᠲᠦᠷᠢᠮ ᠢ ᠬᠠᠤᠯᠢ ᠪᠠᠷ ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠤᠰᠦᠨ ᠤ ᠡᠬᠢ ᠰᠤᠷᠪᠤᠯᠵᠢ  ᠶᠢᠨ ᠭᠠᠵᠠᠷ ᠲᠤ ᠬᠠᠮᠠᠭᠠᠯᠠᠯᠳᠠ ᠶᠢᠨ ᠲᠤᠭᠤᠷᠢᠭ ᠲᠤᠭᠳᠠᠭᠠᠨ᠎ᠠ᠃ᠠᠷᠪᠡᠨ ᠵᠢᠷᠭᠤᠳᠤᠭᠠᠷ ᠵᠦᠢᠯ     ᠤᠰᠦᠨ ᠤ ᠡᠬᠢ ᠰᠤᠷᠪᠤᠯᠵᠢ ᠶᠢᠨ ᠬᠤᠳᠳᠤᠭ ᠶᠢᠨ ᠬᠠᠮᠢᠶᠠᠷᠤᠳᠠ ᠶᠢᠨ ᠭᠡᠷ ᠤᠨ ᠲᠤᠳᠤᠷ᠎ᠡ ᠭᠠᠳᠠᠨᠠᠬᠢ ᠠᠷᠢᠭᠤᠨ ᠴᠡᠪᠡᠷ ᠢ ᠪᠠᠳᠤᠯᠠᠵᠦ᠂ ᠤᠰᠦ ᠬᠠᠩᠭᠠᠬᠤ ᠬᠤᠳᠳᠤᠭ ᠤᠨ 100  ᠮᠧᠲᠷ ᠤᠨ ᠦᠢᠷ᠎ᠡ ᠬᠠᠪᠢ ᠳᠤ ᠵᠤᠷᠯᠦᠩ᠂ ᠲᠡᠵᠢᠭᠡᠨ ᠮᠠᠯᠵᠢᠬᠤ ᠲᠠᠯᠠᠪᠤᠷ᠂ ᠪᠠᠭᠠᠰᠦᠨ ᠨᠦᠭᠡ ᠪᠠᠶᠢᠭᠤᠯᠬᠤ ᠶᠢ ᠴᠠᠭᠠᠵᠠᠯᠠᠵᠦ᠂ ᠬᠤᠭ ᠯᠤᠪᠰᠢ ᠪᠤᠯᠦᠨ ᠪᠤᠬᠢᠷᠳᠦᠯ ᠤᠰᠦ ᠴᠢᠳᠬᠤᠬᠤ᠂ ᠬᠤᠤᠷᠳᠦᠯ ᠲᠠᠢ ᠬᠢᠮᠢ ᠶᠢᠨ ᠪᠤᠷᠳᠤᠭᠤᠷ᠂ ᠲᠠᠷᠢᠶᠡᠯᠡᠩ ᠤᠨ ᠡᠮ ᠬᠡᠷᠡᠭᠯᠡᠬᠦ ᠶᠢ ᠴᠠᠭᠠᠵᠠᠯᠠᠵᠦ᠂ ᠬᠤᠤᠷᠳᠦᠯ ᠲᠠᠢ ᠪᠤᠳᠡᠰ ᠤᠪᠤᠭᠠᠯᠠᠵᠦ ᠲᠠᠯᠪᠢᠬᠤ᠂ ᠰᠢᠷᠦᠢ ᠴᠢᠯᠠᠭᠤ ᠮᠠᠯᠳᠠᠵᠦ ᠠᠪᠬᠤ ᠪᠠ ᠬᠢᠯᠪᠡᠷᠬᠠᠨ ᠢᠶᠠᠷ ᠤᠰᠦᠨ ᠤ ᠡᠬᠢ ᠰᠤᠷᠪᠤᠯᠵᠢ ᠶᠢ ᠪᠤᠵᠡᠷᠳᠡᠭᠤᠯᠬᠤ ᠠᠵᠢᠯᠯᠠᠭ᠎ᠠ ᠬᠢᠬᠦ ᠶᠢ ᠡᠷᠡᠰ ᠴᠠᠭᠠᠵᠠᠯᠠᠬᠤ ᠬᠡᠷᠡᠭᠳᠡᠢ᠃ ᠠᠷᠪᠠᠨ ᠲᠤᠯᠤᠳᠤᠭᠠᠷ ᠵᠦᠢᠯ     ᠲᠤᠬᠠᠢ ᠶᠢᠨ ᠭᠠᠵᠠᠷ ᠤᠨ ᠭᠠᠵᠠᠷ ᠰᠢᠨᠵᠢᠯᠡᠭᠡᠨ ᠤ ᠪᠠᠶᠢᠳᠠᠯ ᠢ ᠦᠨᠳᠦᠰᠦᠯᠡᠨ᠂ ᠤᠤᠭᠤᠬᠤ ᠤᠰᠦᠨ ᠤ ᠬᠤᠳᠳᠤᠭ ᠢ ᠨᠦᠯᠦᠭᠡᠯᠡᠬᠦ ᠷᠠᠳᠢᠤᠰ  ︵ᠡᠩ ᠤᠨ ᠪᠠᠶᠢᠳᠠᠯ ᠳᠤ 1000 ᠮᠧᠲᠷ︶ ᠤᠨ ᠭᠡᠪᠴᠢᠶᠠᠨ ᠲᠤᠳᠤᠷ᠎ᠡ ᠪᠤᠰᠤᠳ ᠵᠦᠢᠯ ᠤᠨ ᠬᠤᠳᠳᠤᠭ ᠮᠠᠯᠳᠠᠬᠤ ᠶᠢ ᠴᠢᠩᠭ᠎ᠠ ᠴᠠᠭᠠᠵᠠᠯᠡᠵᠦ᠂ ᠨᠢᠭᠡᠨᠳᠡ ᠮᠠᠯᠳᠠᠭᠰᠠᠨ ᠮᠦᠷᠳᠡᠭᠡᠨ ᠤᠰᠦᠨ ᠤ ᠡᠬᠢ ᠰᠤᠷᠪᠤᠯᠵᠢ ᠶᠢ ᠵᠤᠬᠢᠬᠤ ᠬᠡᠮᠵᠢᠶ᠎ᠡ ᠪᠠᠷ ᠨᠦᠯᠦᠭᠡᠯᠡᠵᠦ ᠪᠠᠶᠢᠪᠠᠯ ᠬᠠᠤᠯᠢ  ᠪᠠᠷ ᠪᠠᠶᠢᠴᠠᠭᠠᠬᠤ ᠪᠢᠳᠡᠭᠦᠮᠵᠢᠯᠡᠬᠦ ᠬᠡᠷᠡᠭᠳᠡᠢ᠃ ᠠᠷᠪᠠᠨ ᠨᠠᠢᠮᠠᠳᠤᠭᠠᠷ ᠵᠦᠢᠯ     ᠭᠡᠮ ᠬᠢᠵᠢᠭ ᠢ ᠰᠡᠷᠬᠡᠶᠢᠯᠡᠨ ᠡᠵᠡᠮᠳᠡᠬᠦ ᠲᠦᠪ ᠨᠢ ᠤᠤᠭᠤᠬᠤ ᠤᠰᠦᠨ ᠤ ᠴᠢᠨᠠᠷ  ᠲᠤ ᠴᠠᠭ ᠲᠤᠭᠳᠠᠭᠠᠨ ᠬᠢᠨᠠᠨ ᠬᠡᠮᠵᠢᠬᠦ ᠪᠠ ᠪᠠᠶᠢᠴᠠᠭᠠᠨ ᠬᠡᠮᠵᠢᠯᠳᠡ ᠬᠢᠵᠦ᠂ ᠵᠢᠯ ᠪᠦᠷᠢ ᠬᠤᠶᠡᠷ ᠤᠳᠠᠭ᠎ᠠ ᠤᠰᠦᠨ ᠤ ᠴᠢᠨᠠᠷ ᠤᠨ ᠪᠠᠶᠢᠴᠠᠭᠠᠯᠳᠠ ᠬᠢᠵᠦ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠦᠨ ᠤ ᠴᠢᠨᠠᠷ ᠨᠢ ︽ᠠᠮᠢᠳᠦᠷᠠᠯ ᠤᠨ ᠤᠤᠭᠤᠬᠤ ᠤᠰᠦᠨ ᠤ ᠠᠷᠢᠭᠤᠨ ᠴᠡᠪᠡᠷ ᠤᠨ ᠪᠠᠷᠢᠮᠵᠢᠶ᠎ᠠ︾ ᠳᠤ ᠨᠡᠶᠢᠴᠡᠭᠰᠡᠨ ᠪᠠᠶᠢᠬᠤ ᠬᠡᠷᠡᠭᠳᠡᠢ ︵GB5749 — 2006︶ ᠠᠷᠪᠡ ᠶᠢᠰᠦᠳᠤᠭᠡᠷ ᠵᠦᠢᠯ    ᠤᠭᠰᠠᠷᠠᠭᠰᠠᠨ ᠤᠰᠦ ᠴᠡᠪᠡᠷᠰᠢᠭᠦᠯᠬᠦ᠂ ᠠᠷᠢᠭᠤᠳᠬᠠᠬᠤ ᠲᠤᠨᠤᠭ ᠲᠦᠭᠦᠭᠡᠷᠦᠮᠵᠢ  ᠶᠢ ᠤᠷᠤᠭᠤᠯᠦᠨ ᠬᠡᠷᠡᠭᠯᠡᠬᠦ ᠳᠡᠭᠡᠨ ᠤᠰᠦ ᠬᠠᠳᠠᠭᠠᠯᠠᠬᠤ ᠲᠦᠭᠦᠭᠡᠷᠦᠮᠵᠢ ᠶᠢᠨ ᠢᠨᠵᠧᠨᠧᠷᠢᠩ ᠤ ᠲᠦᠭᠦᠭᠡᠷᠦᠮᠵᠢ ᠶᠢᠨ ᠠᠷᠢᠭᠤᠨ ᠴᠡᠪᠡᠷ ᠤᠨ ᠬᠠᠮᠠᠭᠠᠯᠠᠯᠳᠠ ᠶᠢ ᠴᠢᠩᠭᠠᠳᠬᠠᠨ᠂ ᠲᠤᠭᠳᠠᠭᠰᠠᠨ ᠬᠤᠭᠤᠴᠠᠭ᠎ᠠ ᠲᠠᠢ ᠪᠠᠷ ᠤᠰᠦ ᠬᠠᠳᠠᠭᠠᠯᠠᠬᠤ ᠤᠩᠭᠤᠴᠨ ᠶᠢ ᠤᠬᠢᠶᠠᠨ ᠴᠡᠪᠡᠷᠯᠡᠨ ᠠᠷᠢᠭᠤᠳᠬᠠᠵᠦ᠂ ᠤᠰᠦᠨ ᠤ ᠴᠢᠨᠡᠷ ᠬᠤᠪᠢᠷᠠᠬᠤ ᠶᠢ ᠰᠡᠷᠬᠡᠶᠢᠯᠡᠬᠦ ᠬᠡᠷᠡᠭᠳᠡᠢ᠃ ᠬᠤᠷᠢᠳᠤᠭᠠᠷ ᠵᠦᠢᠯ     ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠨᠢ ᠡᠷᠡᠭᠦᠯ ᠬᠠᠮᠠᠭᠠᠯᠠᠯ᠂ ᠤᠰᠦᠨ ᠠᠰᠢᠭᠯᠠᠯᠳᠠ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠤᠷᠠᠨ᠂ ᠮᠠᠯᠵᠢᠬᠤ ᠲᠠᠷᠢᠶᠠᠯᠠᠬᠤ ᠤᠷᠦᠨ  ᠤ ᠤᠤᠭᠤᠬᠤ ᠤᠰᠦᠨ ᠤ ᠡᠬᠢ ᠰᠤᠷᠪᠤᠯᠵᠢ ᠶᠢᠨ ᠪᠤᠬᠢᠷᠳᠦᠯ ᠢ ᠲᠤᠰᠬᠠᠢ ᠲᠦᠷᠦᠯ ᠢᠶᠠᠷ ᠪᠠᠴᠢᠮ ᠠᠷᠭᠠᠴᠠᠭᠠᠬᠤ ᠲᠦᠰᠦᠯ ᠲᠤᠭᠳᠠᠭᠠᠵᠦ᠂ ᠭᠡᠨᠡᠳᠳᠡ ᠶᠢᠨ ᠭᠡᠷᠡᠭ ᠡᠭᠦᠰᠦᠭᠰᠡᠨ ᠤ ᠲᠠᠷᠠᠭᠠᠬᠢ ᠮᠠᠯᠴᠢᠨ ᠲᠠᠷᠢᠶᠠᠴᠢᠨ ᠤ ᠤᠤᠭᠤᠬᠤ ᠤᠰᠦᠨ ᠤ ᠠᠮᠤᠷ ᠲᠦᠪᠰᠢᠨ ᠢ ᠪᠠᠳᠤᠯᠠᠬᠤ ᠬᠡᠷᠡᠭᠳᠡᠢ᠃ ᠬᠤᠷᠢᠨ ᠨᠢᠭᠡᠳᠦᠭᠡᠷ ᠵᠦᠢᠯ     ᠶᠠᠮᠠᠷᠪᠠ ᠪᠠᠶᠢᠭᠤᠯᠭ᠎ᠠ ᠨᠢᠭᠡᠴᠨ ᠬᠢᠭᠡᠳ ᠬᠤᠪᠢ ᠬᠦᠮᠦᠨ ᠨᠢ ᠮᠠᠯᠵᠢᠬᠤ ᠲᠠᠷᠢᠶᠠᠯᠠᠬᠤ ᠤᠷᠦᠨ ᠤ ᠤᠤᠭᠤᠬᠤ ᠤᠰᠦᠨ ᠤ ᠡᠬᠢ ᠰᠤᠷᠪᠦᠯᠵᠢ ᠡᠪᠳᠡᠯᠡᠭᠡ ᠳᠤ ᠤᠴᠠᠷᠠᠬᠤ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠲᠠᠢ ᠪᠠᠶᠢᠵᠦ᠂ ᠡᠭᠦᠰᠴᠦ ᠮᠡᠳᠡᠬᠦ ᠤᠰᠦᠨ ᠤ ᠡᠬᠢ ᠰᠤᠷᠪᠦᠯᠵᠢ ᠶᠢ ᠪᠤᠬᠢᠷᠳᠤᠭᠤᠯᠬᠤ ᠠᠯᠢᠪᠠ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠭᠡ ᠲᠠᠢ᠃ ᠬᠤᠷᠢᠨ ᠬᠤᠶᠠᠳᠤᠭᠠᠷ ᠵᠦᠢᠯ      ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠳᠤ ᠬᠤᠬᠢᠷᠠᠯ ᠤᠴᠠᠷᠠᠭᠤᠯᠬᠤ᠂ ᠤᠰᠦᠨ ᠤ ᠴᠢᠨᠠᠷ ᠢ ᠪᠤᠬᠢᠷᠳᠤᠭᠤᠯᠬᠤ ᠠᠵᠢᠯᠯᠠᠭ᠎ᠠ ᠬᠢᠪᠡᠯ᠂ ︽ᠭᠡᠨ ᠬᠤᠬᠢᠷᠠᠭᠤᠯᠪᠡᠯ᠂ ᠭᠡᠨ ᠲᠦᠯᠦᠬᠦ᠂ ᠭᠡᠨ ᠪᠤᠬᠢᠷᠳᠤᠭᠤᠯᠪᠡᠯ᠂ ᠭᠡᠨ ᠬᠠᠷᠢᠭᠤᠴᠠᠬᠤ︾ ᠵᠠᠷᠴᠢᠮ ᠢᠶᠠᠷ᠂ ᠡᠪᠳᠡᠯᠡᠭᠡ ᠪᠡ ᠪᠤᠬᠢᠷᠳᠦᠯ ᠪᠤᠯᠠᠭᠠᠭᠰᠠᠨ ᠪᠠᠶᠢᠭᠤᠯᠭ᠎ᠠ ᠪᠤᠶᠤ ᠬᠤᠪᠢ ᠬᠦᠮᠦᠨ ᠬᠠᠷᠢᠭᠤᠴᠠᠨ ᠰᠠᠯᠪᠢᠨ ᠵᠠᠰᠠᠬᠤ ᠶᠢᠨ ᠬᠠᠮᠳᠦ ᠠᠵᠤ ᠠᠬᠤᠢ ᠶᠢᠨ ᠬᠤᠬᠢᠷᠠᠯ ᠢ ᠲᠦᠯᠦᠬᠦ ᠬᠡᠷᠡᠭᠳᠡᠢ︔ ᠶᠠᠯ᠎ᠠ ᠳᠤ ᠬᠦᠷᠪᠡᠯ᠂ ᠬᠠᠤᠯᠢ ᠪᠠᠷ ᠡᠷᠡᠭᠦᠤ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ ᠲᠠᠪᠤᠳᠤᠭᠠᠷ ᠪᠦᠯᠦᠭ     ᠢᠨᠵᠧᠨᠧᠷᠢᠩ ᠤᠨ ᠬᠠᠮᠢᠶᠠᠷᠤᠯᠳᠠ ᠬᠤᠷᠢᠨ ᠭᠤᠷᠪᠠᠳᠤᠭᠠᠷ ᠵᠦᠢᠯ     ᠤᠰᠦ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ︵ᠠᠵᠢᠯᠳᠠᠨ︶ ᠨᠢ ᠤᠰᠦ ᠬᠠᠩᠭᠠᠬᠤ ᠢᠨᠵᠧᠨᠧᠷᠢᠩ ᠤᠨ ᠬᠠᠮᠢᠶᠠᠷᠤᠯᠳᠠ᠂ ᠬᠠᠮᠢᠶᠠᠷᠴᠦ ᠬᠠᠮᠠᠭᠠᠯᠠᠬᠤ ᠠᠵᠢᠯ ᠢ ᠰᠡᠶᠢᠳᠦᠷ ᠬᠢᠵᠦ᠂ ᠤᠰᠦ ᠬᠠᠩᠭᠠᠬᠤ ᠬᠤᠭᠤᠯᠠᠢ ᠲᠤᠤᠷ᠂ ᠲᠦᠭᠦᠭᠡᠷᠦᠮᠵᠢ ᠵᠡᠷᠭᠡ ᠶᠢ ᠢᠮᠠᠭᠳᠠᠨ ᠤᠬᠢ ᠰᠡᠶᠢᠨ ᠡᠷᠬᠢᠯᠳᠡ ᠲᠠᠢ ᠪᠠᠶᠢᠬᠤ ᠶᠢ ᠪᠠᠳᠤᠯᠠᠬᠤ ᠬᠡᠷᠡᠭᠳᠡᠢ᠃ ᠤᠰᠦ ᠬᠠᠩᠭᠠᠬᠤ ᠭᠤᠤᠯ ᠬᠤᠭᠤᠯᠠᠢ ᠪᠠ ᠰᠠᠯᠪᠤᠷᠢ ᠬᠤᠭᠤᠯᠠᠢ ᠱᠤᠭᠤᠮ ᠶᠢᠨ ᠬᠤᠶᠡᠷ ᠬᠠᠵᠠᠭᠤ ᠠᠴᠠ ᠰᠢᠷᠦᠢ ᠠᠪᠬᠤ᠂ ᠡᠳ᠋ ᠪᠤᠳᠡᠰ᠂ ᠬᠤᠭ ᠯᠤᠪᠰᠢ ᠤᠪᠤᠭᠠᠯᠠᠬᠤ᠂ ᠮᠤᠳᠦ ᠲᠠᠷᠢᠬᠤ ᠪᠠ ᠪᠠᠷᠢᠯᠭ᠎ᠠ ᠶᠢᠨ ᠵᠦᠢᠯᠡᠰ ᠪᠠᠷᠢᠬᠤ ᠶᠢ ᠴᠢᠩᠭ᠎ᠠ ᠴᠠᠭᠠᠵᠠᠯᠡᠨ᠎ᠡ᠃ ᠬᠤᠷᠢᠨ ᠲᠦᠷᠪᠡᠳᠦᠭᠡᠷ ᠵᠦᠢᠯ     ᠤᠰᠤ ᠬᠠᠩᠭᠠᠬᠤ ᠤᠰᠦᠨ ᠰᠢᠬᠠᠭᠤᠷ᠂ ᠲᠡᠪᠳᠡᠮᠵᠢ ᠦᠭᠡᠷᠡᠴᠢᠯᠡᠬᠦ᠂ ᠴᠠᠬᠢᠯᠭᠠᠨ ᠲᠦᠭᠦᠭᠡᠷᠦᠮᠵᠢ᠂ ᠨᠡᠭᠡᠯᠡᠭᠡᠢ ᠵᠡᠷᠭᠡ ᠤᠰᠦ ᠬᠠᠩᠭᠠᠬᠤ ᠲᠦᠭᠦᠭᠡᠷᠦᠮᠵᠢ ᠶᠢ ᠦᠷᠭᠦᠯᠵᠢ ᠪᠠᠶᠢᠴᠠᠭᠠᠨ᠂ ᠬᠤᠭᠤᠴᠠᠭ᠎ᠠ ᠲᠤᠭᠳᠠᠭᠠᠨ ᠠᠷᠠᠴᠢᠯᠡᠨ ᠬᠠᠮᠠᠭᠠᠯᠠᠵᠦ᠂ ᠡᠪᠳᠡᠷᠡᠭᠰᠡᠨ ᠵᠦᠢᠯᠡᠰ ᠢ ᠵᠠᠰᠠᠵᠦ ᠲᠡᠶᠢᠯᠬᠦ ᠦᠭᠡᠢ ᠪᠤᠯ ᠴᠠᠭ ᠳᠤᠨᠢ ᠰᠢᠨᠡᠳᠭᠡᠨ ᠰᠤᠯᠢᠬᠤ ᠬᠡᠷᠡᠭᠳᠡᠢ᠃ ᠬᠤᠷᠢᠨ ᠲᠠᠪᠤᠳᠤᠭᠠᠷ ᠵᠦᠢᠯ     ᠤᠰᠤ ᠬᠠᠩᠭᠠᠬᠤ ᠬᠤᠭᠤᠯᠠᠢ ᠡᠪᠳᠡᠷᠡᠨ ᠤᠰᠦ ᠭᠠᠷᠬᠤ᠂ ᠤᠰᠦ ᠭᠤᠭᠤᠵᠢᠬᠤ ᠭᠡᠷᠡᠭ ᠭᠠᠷᠪᠡᠯ᠂ ᠰᠢᠯᠳᠠᠭᠠᠨ ᠢ ᠪᠠᠶᠢᠴᠠᠭᠠᠨ ᠲᠤᠳᠤᠷᠬᠠᠶᠢᠯᠠᠵᠦ ᠲᠠᠷᠦᠢ ᠳᠤᠨᠢ ᠰᠠᠯᠪᠢᠨ ᠵᠠᠰᠠᠵᠦ᠂ ᠲᠡᠶᠢᠯᠬᠦ ᠦᠭᠡᠢ ᠪᠤᠯ ᠴᠠᠭ ᠲᠤᠨᠢ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ᠂ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠮᠡᠷᠭᠡᠵᠢᠯᠳᠡ ᠲᠤᠮᠢᠯᠠᠨ ᠲᠤᠬᠠᠢ  ᠶᠢᠨ ᠲᠠᠯᠠᠪᠤᠷ ᠲᠤ ᠵᠢᠭᠠᠨ ᠵᠢᠯᠤᠭᠤᠳᠴᠦ ᠰᠠᠯᠪᠢᠨ ᠵᠠᠰᠠᠬᠤ ᠬᠡᠷᠡᠭᠳᠡᠢ᠃ ᠬᠤᠷᠢᠨ ᠵᠢᠷᠭᠤᠳᠤᠭᠠᠷ ᠵᠦᠢᠯ     ᠰᠢᠨ᠎ᠡ ᠪᠠᠷ ᠨᠡᠮᠡᠭᠳᠡᠭᠰᠡᠨ ᠤᠰᠦ ᠬᠡᠷᠡᠭᠯᠡᠬᠦ ᠡᠷᠤᠭᠡ ᠪᠤᠶᠤ ᠤᠤᠯ ᠡᠷᠤᠭᠡ ᠤᠰᠦᠨ ᠤ ᠲᠦᠭᠦᠭᠡᠷᠦᠮᠵᠢ ᠪᠠᠨ ᠦᠭᠡᠷᠡᠴᠢᠯᠡᠨ ᠰᠢᠯᠵᠢᠭᠦᠯᠬᠦ ᠳᠤ ᠡᠷᠭᠡᠪᠰᠢ ᠰᠤᠮᠤ ᠪᠠᠯᠭᠠᠰᠦᠨ ᠤ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠭᠤᠶᠤᠴᠢᠯᠠᠨ᠂ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠵᠦ᠂ ᠵᠦᠪᠰᠢᠶᠡᠷᠡᠯ ᠦᠭᠪᠡᠯ᠂ ᠲᠤᠰᠬᠠᠢ ᠮᠡᠷᠭᠡᠵᠢᠯᠳᠡᠨ ᠲᠤᠮᠢᠯᠡᠨ ᠤᠭᠰᠠᠷᠠᠭᠤᠯᠦᠨ᠎ᠡ᠃ ᠲᠤᠷ᠎ᠡ ᠪᠠᠷ ᠢᠶᠠᠨ ᠦᠭᠡᠷᠡᠴᠢᠯᠡᠨ ᠤᠭᠰᠠᠷᠠᠬᠤ᠂ ᠤᠰᠦ ᠬᠠᠩᠭᠠᠬᠤ ᠲᠦᠭᠦᠭᠡᠷᠦᠮᠵᠢ ᠶᠢ ᠨᠤᠷᠠᠭᠠᠬᠤ ᠪᠠ ᠦᠪᠡᠷ ᠢᠶᠠᠨ ᠬᠤᠭᠤᠯᠠᠢ ᠲᠤᠤᠷ ᠵᠠᠯᠭᠠᠨ ᠤᠰᠦ ᠬᠡᠷᠡᠭᠯᠡᠬᠦ ᠶᠢ ᠴᠢᠩᠭ᠎ᠠ ᠴᠠᠭᠠᠵᠠᠯᠡᠨ᠎ᠡ᠃ ᠵᠢᠷᠭᠤᠳᠤᠭᠠᠷ ᠪᠦᠯᠦᠭ     ᠤᠰᠦ ᠬᠠᠩᠭᠠᠬᠤ ᠪᠠ ᠤᠰᠦ ᠬᠡᠷᠡᠭᠯᠡᠬᠦ ᠬᠠᠮᠢᠶᠠᠷᠤᠯᠳᠠ ᠬᠤᠷᠢᠨ ᠲᠤᠯᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠬᠦᠷᠢᠶ᠎ᠡ ᠭᠡᠪᠴᠢᠶᠡᠨ ᠳᠤ ᠪᠠᠶᠢᠭ᠎ᠠ ᠰᠠᠭᠤᠭᠠᠯᠢ ᠠᠷᠠᠳ ᠤᠨ ᠠᠮᠢᠳᠦᠷᠠᠯ ᠤᠨ ᠤᠰᠦ ᠶᠢ ᠤᠷᠢᠳᠡᠪᠠᠷ ᠪᠠᠳᠤᠯᠠᠵᠦ᠂ ᠨᠦᠬᠦᠴᠡᠯ ᠲᠠᠢ ᠪᠤᠯ ᠪᠤᠰᠤᠳ ᠠᠵᠤ ᠦᠢᠯᠡᠰ ᠤᠨ ᠬᠡᠷᠡᠭᠯᠡᠭᠡᠨ ᠤ ᠤᠰᠦ ᠶᠢ ᠬᠠᠪᠰᠤᠷᠭᠠᠨ ᠬᠠᠩᠭᠠᠵᠦ ᠪᠤᠯᠦᠨ᠎ᠡ᠃ ᠬᠤᠷᠢᠨ ᠨᠡᠢᠮᠠᠳᠤᠭᠠᠷ ᠵᠦᠢᠯ     ᠢᠨᠵᠧᠨᠧᠷᠢᠩ ᠤᠨ ᠪᠠᠷᠢᠯᠭ᠎ᠠ ᠬᠢᠬᠦ᠂ ᠰᠠᠯᠪᠢᠨ ᠵᠠᠰᠠᠬᠤ ᠵᠡᠷᠭᠡ ᠰᠢᠯᠳᠠᠭᠠᠨ ᠠᠴᠠ ᠤᠰᠦ ᠵᠤᠭᠰᠤᠭᠠᠪᠡᠯ᠂ ᠤᠰᠦ ᠬᠠᠩᠭᠠᠬᠤ ᠪᠠᠶᠢᠭᠤᠯᠭ᠎ᠠ ︵ᠠᠵᠢᠯᠳᠠᠨ︶ ᠨᠢ ᠬᠡᠷᠡᠭᠯᠡᠭᠡᠨ ᠤ ᠡᠷᠤᠭᠡ ᠳᠤ ᠤᠷᠢᠳᠴᠢᠯᠡᠨ ᠮᠡᠳᠡᠭᠳᠡᠨ᠎ᠡ᠂ ᠭᠡᠷᠪᠡ ᠪᠠᠶᠢᠭᠠᠯᠢ ᠶᠢᠨ ᠭᠠᠮᠰᠢᠭ ᠪᠤᠶᠤ ᠤᠰᠦ ᠬᠠᠩᠭᠠᠬᠤ ᠢᠨᠵᠧᠨᠧᠷᠢᠩ ᠤᠷᠢᠳᠴᠢᠯᠠᠨ ᠮᠡᠳᠡᠭᠦᠶ᠎ᠡ ᠪᠡᠷᠭᠡ ᠬᠡᠷᠡᠭ ᠠᠴᠠ ᠪᠤᠯᠵᠦ᠂ ᠤᠷᠢᠳᠴᠢᠯᠡᠨ ᠮᠡᠳᠡᠭᠳᠡᠵᠦ ᠲᠡᠶᠢᠯᠬᠦ ᠦᠭᠡᠢ ᠪᠤᠯ ᠤᠰᠦ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ︵ᠠᠵᠢᠯᠳᠠᠨ︶ ᠨᠢ ᠴᠠᠭ ᠢ ᠵᠠᠪᠳᠦᠨ ᠰᠠᠯᠪᠢᠨ ᠵᠠᠰᠠᠬᠤ ᠶᠢᠨ ᠬᠠᠮᠳᠦ ᠲᠠᠷᠤᠢ ᠳᠤᠨᠢ ᠡᠷᠤᠭᠡ ᠳᠤ ᠮᠡᠳᠡᠭᠳᠡᠬᠦ ᠪᠠ ᠢᠨᠵᠧᠨᠧᠷᠢᠩ ᠪᠠᠶᠢᠭ᠎ᠠ ᠰᠤᠮᠤ ᠪᠠᠯᠭᠠᠰᠦᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠬᠤᠰᠢᠭᠤᠨ ᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠳᠡᠢ᠃ ᠬᠤᠷᠢ ᠶᠢᠰᠦᠳᠦᠭᠡᠷ ᠵᠦᠢᠯ     ᠤᠰᠤ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ︵ᠠᠵᠢᠯᠳᠠ︶ ᠨᠢ ᠡᠵᠡᠩᠨᠡᠨ ᠬᠠᠮᠢᠶᠠᠷᠤᠯᠳᠠ ᠪᠠᠨ ᠴᠢᠩᠭᠠᠳᠬᠠᠵᠦ᠂ ᠰᠢᠯᠢᠳᠡᠭ ᠦᠢᠯᠡᠴᠢᠯᠡᠭᠡ ᠬᠠᠩᠭᠠᠨ᠂ ᠤᠰᠦ ᠠᠷᠪᠢᠯᠡᠨ ᠬᠡᠷᠡᠭᠯᠡᠵᠦ᠂ ᠤᠰᠦ ᠬᠠᠩᠭᠠᠬᠤ ᠲᠦᠭᠦᠭᠡᠷᠦᠮᠵᠢ ᠭᠡᠪ ᠤᠨ ᠪᠠᠶᠢᠳᠠᠯ ᠢᠶᠠᠷ ᠡᠷᠬᠢᠯᠳᠦᠬᠦ ᠤᠷᠢᠳᠡᠯ ᠲᠤᠤᠷ᠎ᠡ᠂ ᠦᠷ᠎ᠡ ᠪᠦᠳᠦᠮᠵᠢᠳᠡᠢ ᠠᠷᠭ᠎ᠠ ᠬᠡᠮᠵᠢᠶ᠎ᠡ ᠠᠪᠴᠦ ᠡᠷᠬᠢᠯᠳᠡ ᠶᠢᠨ ᠦᠪᠡᠷ ᠤᠨ ᠦᠷᠳᠡᠭ ᠢ ᠪᠠᠭᠤᠷᠠᠭᠤᠯᠦᠨ᠂ ᠭᠡᠷᠡᠭᠯᠡᠭᠡᠨ ᠤ ᠡᠷᠤᠭᠡ ᠠᠴᠠ ᠬᠠᠮᠢᠶᠠᠷᠤᠯᠳᠠ ᠦᠢᠯᠡᠴᠢᠯᠡᠭᠡᠨ ᠤ ᠲᠤᠬᠠᠢ ᠰᠠᠨᠠᠯ ᠢ ᠬᠤᠭᠤᠴᠠᠭ᠎ᠠ ᠲᠤᠭᠳᠠᠭᠠᠨ ᠬᠤᠷᠢᠶᠠᠨ ᠰᠤᠨᠤᠰᠴᠦ᠂ ᠤᠰᠦ ᠬᠡᠷᠡᠭᠯᠡᠬᠦ ᠡᠷᠤᠭᠡ ᠶᠢᠨ ᠲᠦᠯᠦᠭᠡᠯᠡᠭᠴᠢ ᠶᠢᠨ ᠬᠢᠨᠠᠯᠳᠠ ᠶᠢ ᠬᠦᠯᠢᠶᠡᠨ᠂ ᠤᠰᠦᠨ ᠤ ᠰᠦᠢᠳᠭᠡᠯ ᠤᠨ ᠬᠠᠮᠢᠶᠠᠷᠤᠯᠳᠠ  ᠶᠢ ᠴᠢᠩᠭᠠᠳᠬᠠᠨ᠂ ︽ᠤᠰᠦᠨ ᠤ ᠦᠨ᠎ᠡ ᠬᠠᠩᠰᠢ᠂ ᠬᠡᠮᠵᠢᠶ᠎ᠡ᠂ ᠴᠢᠨᠠᠷ᠂ ᠵᠠᠷᠤᠳᠠᠯ︾ ᠢ ᠢᠯᠨ ᠨᠡᠶᠢᠳᠡᠯᠡᠬᠦ ᠲᠦᠷᠢᠮ  ᠢ ᠬᠡᠷᠡᠭᠵᠢᠭᠦᠯᠦᠨ᠎ᠡ᠃ ᠭᠤᠴᠢᠳᠤᠭᠠᠷ ᠵᠦᠢᠯ     ᠤᠰᠦ ᠬᠡᠷᠡᠭᠯᠡᠬᠦ ᠡᠷᠤᠭᠡ ᠨᠢ ᠴᠠᠭ ᠲᠠᠭᠠᠨ ᠤᠰᠦᠨ ᠤ ᠰᠦᠢᠳᠭᠡᠯ ᠢᠶᠠᠨ ᠲᠤᠰᠢᠶᠠᠵᠦ᠂ ᠤᠳᠠᠭᠠᠰᠢᠷᠠᠭᠤᠯᠬᠤ ᠦᠷᠢᠳᠦᠭᠦ ᠪᠤᠶᠤ ᠲᠤᠰᠢᠶᠠᠬᠤ ᠦᠭᠡᠢ ᠪᠠᠶᠢᠵᠦ ᠪᠤᠯᠬᠤ ᠦᠭᠡᠢ᠂ ᠤᠰᠦ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ᠨᠢ ᠠᠮᠢᠳᠦᠷᠠᠯ ᠤᠨ ᠤᠰᠦᠨ ᠤ ᠠᠷᠢᠭᠤᠨ ᠴᠡᠪᠡᠷ ᠤᠨ ᠪᠠᠷᠢᠮᠵᠢᠶ᠎ᠠ᠂ ᠬᠦᠳᠡᠭᠡ ᠲᠤᠰᠬᠤᠨ ᠤ ᠤᠰᠦ ᠬᠡᠷᠡᠭᠯᠡᠬᠦ ᠳᠤ ᠲᠤᠭᠳᠠᠭᠠᠭᠰᠠᠨ ᠲᠤᠭ᠎ᠠ ᠨᠤᠷᠮ᠎ᠡ ᠤᠨ ᠲᠤᠭᠳᠠᠭᠠᠯ ᠢᠶᠠᠷ ᠤᠰᠦᠨ ᠤ ᠴᠢᠨᠠᠷ᠂ ᠬᠡᠮᠵᠢᠶ᠎ᠡ ᠪᠠ ᠬᠡᠷᠡᠭᠯᠡᠬᠦ ᠳᠤ ᠲᠦᠭᠦᠮ ᠦᠵᠡᠭᠦᠯᠬᠦ ᠶᠢ ᠪᠠᠳᠤᠯᠠᠨ᠎ᠡ᠃ ᠲᠤᠯᠤᠳᠤᠭᠠᠷ ᠪᠦᠯᠦᠭ      ᠤᠰᠦᠨ ᠤ ᠰᠦᠢᠳᠭᠡᠯ ᠢ ᠪᠤᠳᠤᠵᠦ ᠬᠤᠷᠢᠶᠠᠬᠤ ᠬᠠᠮᠢᠶᠠᠷᠤᠯᠳᠠᠭᠤᠴᠢᠨ ᠨᠢᠭᠡᠳᠦᠭᠡᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠤᠷᠳᠦ ᠬᠤᠭᠤᠴᠠᠭᠠᠨ ᠤ ᠦᠷ᠎ᠡ ᠠᠰᠢᠭ ᠢ ᠪᠠᠳᠠᠷᠠᠭᠤᠯᠵᠦ᠂ ᠡᠨᠡᠬᠦ ᠢᠨᠵᠧᠨᠧᠷᠢᠩ ᠳᠤ ᠦᠨ᠎ᠡ ᠲᠦᠯᠦᠪᠤᠷᠢ ᠲᠠᠢ ᠤᠰᠦ ᠬᠠᠩᠭᠠᠬᠤ᠂ ᠬᠡᠷᠡᠭᠯᠡᠭᠰᠡᠨ ᠬᠡᠮᠵᠢᠶ᠎ᠡ ᠶᠢ ᠪᠤᠳᠤᠵᠦ ᠰᠦᠢᠳᠭᠡᠯ ᠬᠤᠷᠢᠶᠠᠬᠤ ᠶᠢ ᠬᠡᠷᠡᠭᠵᠢᠭᠦᠯᠦᠨ᠂ ᠤᠰᠦ ᠬᠠᠩᠭᠠᠬᠤ ᠦᠨ᠎ᠡ ᠬᠠᠩᠰᠢ ᠳᠤ ᠴᠡᠬᠢᠯᠭᠠᠨ ᠤ  ᠰᠦᠢᠳᠭᠡᠯ᠂ ᠬᠠᠮᠢᠶᠠᠷᠤᠭᠴᠢ ᠶᠢᠨ ᠴᠠᠯᠢᠩ ᠂ ᠰᠠᠯᠪᠢᠨ ᠵᠠᠰᠠᠬᠤ ᠰᠦᠢᠳᠭᠡᠯ᠂ ᠨᠤᠭᠤᠯᠡᠨ ᠪᠤᠳᠤᠬᠤ ᠰᠦᠢᠳᠭᠡᠯ ᠵᠡᠷᠭᠡ ᠵᠠᠷᠤᠳᠠᠯ ᠪᠠᠭᠳᠠᠵᠦ᠂ ᠦᠨ᠎ᠡ ᠬᠠᠩᠰᠢ ᠶᠢ ᠰᠤᠮᠤ ᠪᠠᠯᠭᠠᠰᠦᠨ ᠠᠴᠠ ᠭᠠᠴᠠᠭ᠎ᠠ ᠲᠤᠰᠬᠤᠨ ᠢ ᠵᠤᠬᠢᠶᠠᠨ ᠪᠠᠶᠢᠭᠤᠯᠵᠦ᠂ ᠤᠰᠦ ᠬᠠᠩᠭᠠᠬᠤ ᠳᠤ ᠪᠤᠳᠡᠳᠡᠢ ᠬᠡᠷᠡᠭᠯᠡᠭᠰᠡᠨ ᠵᠠᠷᠤᠳᠠᠯ ᠢ ᠬᠡᠮᠵᠢᠨ ᠪᠤᠳᠤᠬᠤ ᠪᠠᠷ ᠦᠨᠳᠦᠰᠦᠯᠡᠯ ᠪᠤᠯᠭᠠᠨ᠂ ᠡᠭᠡ ᠪᠡᠯᠨ ᠪᠠᠨ ᠪᠠᠳᠤᠯᠠᠵᠦ ᠪᠠᠭ᠎ᠠ ᠠᠰᠢᠭ ᠤᠯᠬᠤ ᠵᠠᠷᠴᠢᠮ ᠢᠶᠠᠷ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠶᠠᠷᠢᠯᠴᠠᠭᠤᠯᠦᠨ ᠵᠦᠢ ᠵᠤᠬᠢᠰᠳᠡᠢ ᠦᠨ᠎ᠡ ᠬᠠᠩᠰᠢ ᠲᠤᠭᠳᠠᠭᠠᠬᠤ ᠬᠡᠷᠡᠭᠳᠡᠢ᠃ᠭᠤᠴᠢᠨ ᠬᠤᠶᠠᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠭ᠎ᠠ ᠨᠢ ᠡᠳ᠋ ᠤᠨ ᠶᠠᠪᠤᠳᠠᠯ ᠤᠨ ᠲᠦᠷᠢᠮ ᠢ ᠪᠠᠶᠢᠭᠤᠯᠦᠨ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠠᠮᠢᠶᠠᠷᠤᠯᠳᠡ ᠪᠠᠨ ᠴᠢᠩᠭᠠᠳᠬᠠᠵᠦ᠂ ᠤᠰᠦᠨ ᠤ ᠰᠦᠢᠳᠭᠡᠯ ᠢ ᠬᠤᠷᠢᠶᠠᠬᠤ ᠲᠤᠰᠬᠠᠢ ᠲᠠᠩᠰᠨ ᠪᠠᠶᠢᠭᠤᠯᠦᠨ᠂ ᠲᠤᠰᠬᠠᠢ ᠮᠦᠩᠭᠦ ᠶᠢ ᠲᠤᠰᠬᠠᠢ ᠭᠠᠵᠠᠷ ᠲᠤᠨᠢ ᠬᠡᠷᠡᠭᠯᠡᠬᠦ ᠬᠡᠷᠡᠭᠳᠡᠢ᠂ ᠶᠠᠮᠠᠷᠪᠠ ᠪᠠᠶᠢᠭᠤᠯᠭ᠎ᠠ ᠪᠠ ᠬᠤᠪᠢ ᠬᠦᠮᠦᠨ ᠤᠰᠦᠨ ᠤ ᠰᠦᠢᠳᠭᠡᠯ ᠢ ᠬᠤᠴᠤᠷᠭᠠᠨ ᠦᠯᠡᠳᠡᠭᠡᠬᠦ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃ ᠤᠰᠦ ᠬᠡᠷᠡᠭᠯᠡᠬᠦ ᠡᠷᠤᠭᠡ ᠨᠢ ᠲᠤᠭᠳᠠᠭᠰᠠᠨ ᠴᠠᠭ ᠬᠤᠭᠤᠴᠠᠭᠠᠨ ᠳᠤ ᠤᠰᠦᠨ ᠤ ᠰᠦᠢᠳᠭᠡᠯ ᠢᠶᠠᠨ ᠲᠤᠰᠢᠶᠠᠨ᠎ᠡ᠂ ᠬᠤᠭᠤᠴᠠᠭ᠎ᠠ ᠨᠢ ᠦᠩᠭᠡᠷᠡᠭᠡᠳ ᠲᠤᠰᠢᠶᠠᠬᠤ ᠦᠭᠡᠢ ᠪᠤᠯ ᠤᠰᠦ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ᠠᠴᠠ ᠵᠤᠬᠢᠬᠤ ᠬᠠᠷᠢᠴᠠᠯ ᠤᠨ ᠤᠳᠠᠭᠠᠰᠢᠷᠠᠭᠤᠯᠦᠭ᠌ᠰᠠᠨ ᠰᠦᠢᠳᠭᠡᠯ ᠬᠤᠷᠢᠶᠠᠨ᠎ᠡ᠃  ᠤᠰᠦᠨ ᠤ ᠰᠦᠢᠳᠭᠡᠯ ᠢ ᠬᠤᠷᠢᠶᠠᠬᠤ ᠲᠤᠰᠢᠶᠠᠬᠤ ᠳᠤ ᠲᠠᠩᠰᠨ ᠺᠠᠷᠲ ᠪᠠᠶᠢᠭᠤᠯᠦᠨ᠂ ᠤᠰᠦᠨ ᠤ ᠰᠦᠢᠳᠭᠡᠯ ᠬᠤᠷᠢᠶᠠᠭᠰᠠᠨ ᠪᠠ ᠬᠡᠷᠡᠭᠯᠡᠭᠰᠡᠨ ᠪᠠᠶᠢᠳᠠᠯ ᠢ ᠲᠤᠭᠳᠠᠭᠰᠠᠨ ᠬᠤᠭᠤᠴᠠᠭ᠎ᠠ ᠲᠠᠢ ᠪᠠᠷ ᠢᠯᠨ ᠨᠡᠶᠢᠳᠡᠯᠡᠵᠦ᠂ ᠰᠤᠮᠤ ᠪᠠᠯᠭᠠᠰᠦᠨ ᠤ ᠭᠤᠤᠯᠯᠠᠨ ᠬᠠᠮᠢᠶᠠᠷᠬᠤ ᠪᠠᠶᠢᠭᠤᠯᠭ᠎ᠠ ᠬᠢᠭᠡᠳ ᠤᠯᠡᠨ ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠡᠢ᠃ᠭᠤᠴᠢᠨ ᠭᠤᠷᠪᠠᠳᠤᠭᠠᠷ ᠵᠦᠢᠯ     ᠬᠤᠰᠢᠭᠤᠨ ᠤ ᠡᠳ᠋ ᠤᠨ ᠵᠠᠰᠠᠭ ᠨᠢ ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠰᠠᠭᠤᠷᠢ ᠮᠦᠩᠭᠦ ᠪᠠᠶᠢᠭᠤᠯᠵᠦ᠂ ᠲᠤᠰ ᠰᠠᠭᠤᠷᠢ ᠮᠦᠩᠭᠦᠨ ᠤ ᠭᠤᠤᠯ ᠬᠡᠷᠡᠭᠯᠡᠬᠦ ᠠᠷᠭ᠎ᠠ ᠵᠠᠮ ᠪᠤᠯ᠄ ᠨᠢᠭᠡ ᠳᠤ᠂ ᠤᠰᠦ ᠬᠠᠩᠭᠠᠬᠤ ᠦᠪᠡᠷ ᠤᠨ ᠦᠷᠳᠡᠭ ᠨᠢ ᠦᠨᠳᠦᠷ᠂ ᠤᠰᠦᠨ ᠤ ᠰᠦᠢᠳᠭᠡᠯ ᠤᠨ ᠤᠷᠤᠯᠭ᠎ᠠ ᠨᠢ ᠢᠨᠵᠧᠨᠧᠷᠢᠩ ᠤᠨ ᠭᠡᠪ ᠤᠨ ᠡᠷᠬᠢᠯᠳᠡ ᠶᠢᠨ ᠵᠠᠷᠤᠳᠠᠯ ᠢ ᠪᠠᠳᠤᠯᠠᠬᠤ ᠳᠤ ᠬᠦᠴᠢᠷ ᠲᠠᠢ ᠪᠠᠶᠢᠪᠠᠯ ᠨᠦᠬᠦᠪᠤᠷᠢ ᠤᠯᠭᠤᠨ᠎ᠡ︔ ᠬᠤᠶᠡᠷ ᠲᠤ᠂ ᠤᠰᠦ ᠬᠠᠩᠭᠠᠬᠤ ᠬᠠᠮᠢᠶᠠᠷᠤᠯᠳᠠ ᠶᠢᠨ ᠠᠵᠢᠯᠳᠠᠨ ᠤ ᠪᠤᠯᠪᠠᠰᠤᠷᠠᠯ᠂ ᠬᠢᠨᠠᠨ ᠰᠢᠯᠭᠠᠬᠤ᠂ ᠱᠠᠩᠨᠠᠵᠦ ᠲᠤᠷᠭᠤᠭᠠᠬᠤ ᠪᠠ ᠰᠢᠨ᠎ᠡ ᠮᠡᠷᠭᠡᠵᠢᠯ ᠢ ᠲᠦᠭᠡᠮᠡᠯᠵᠢᠭᠦᠯᠬᠦ ᠳᠤ ᠬᠡᠷᠡᠭᠯᠡᠨ᠎ᠡ︔ ᠭᠤᠷᠪᠠ ᠳᠤ᠂ ᠶᠠᠳᠠᠭᠤ ᠬᠦᠴᠢᠷᠳᠡᠢ ᠡᠷᠤᠭᠡ᠂ ᠲᠤᠤᠷ᠎ᠡ ᠪᠠᠳᠤᠯᠠᠭ᠎ᠠ ᠶᠢᠨ ᠡᠷᠤᠭᠡ᠂ ᠤᠨᠴᠨ ᠬᠦᠴᠢᠷᠳᠡᠢ ᠠᠰᠠᠷᠠᠨ ᠲᠡᠵᠢᠭᠡᠬᠦ ᠡᠷᠤᠭᠡ ᠵᠡᠷᠭᠡ ᠬᠦᠴᠢᠷᠳᠡᠢ ᠤᠯᠡᠨ ᠲᠦᠮᠡᠨ ᠤ ᠤᠰᠦᠨ ᠤ ᠰᠦᠢᠳᠭᠡᠯ ᠳᠤ ᠨᠦᠬᠦᠪᠤᠷᠢ ᠤᠯᠭᠤᠨ᠎ᠡ᠃ᠭᠤᠴᠢᠨ ᠲᠦᠷᠪᠡᠳᠦᠭᠡᠷ ᠵᠦᠢᠯ     ᠬᠤᠰᠢᠭᠤᠨ ᠤ ᠡᠳ᠋ ᠤᠨ ᠵᠠᠰᠠᠭ ᠤᠨ ᠠᠮᠤᠷ ᠲᠦᠪᠰᠢᠨ ᠤᠤᠭᠤᠬᠤ ᠤᠰᠦᠨ ᠤ ᠡᠷᠬᠢᠯᠳᠡ ᠶᠢᠨ ᠬᠠᠮᠢᠶᠠᠷᠤᠯᠳᠠ ᠶᠢᠨ ᠵᠠᠷᠤᠳᠠᠯ ᠢ ᠬᠤᠰᠢᠭᠤᠨ ᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠢᠭᠡᠳᠦᠯᠳᠡᠢ ᠬᠡᠷᠡᠭᠯᠡᠵᠦ᠂ ᠬᠤᠰᠢᠭᠤᠨ ᠤ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠦᠴᠢᠷ ᠠᠴᠠ ᠬᠠᠮᠳᠤᠪᠡᠷ ᠬᠢᠨᠠᠯᠳᠠ ᠲᠠᠯᠪᠢᠵᠦ᠂ ᠬᠤᠰᠢᠭᠤᠨ ᠤ ᠤᠰᠦᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠤᠳᠡᠳᠦ ᠪᠠᠶᠢᠳᠠᠯ ᠢ ᠦᠨᠳᠦᠰᠦᠯᠡᠨ᠂ ᠵᠢᠯ ᠪᠦᠷᠢ ᠶᠢᠨ ᠲᠤᠬᠢᠷᠠᠮᠵᠢᠳᠠᠢ ᠦᠶ᠎ᠡ ᠳᠤ ᠬᠤᠰᠢᠭᠤᠨ ᠤ ᠡᠳ᠋ ᠤᠨ ᠵᠠᠰᠠᠭ ᠲᠤ ᠤᠰᠦᠨ ᠤ ᠡᠷᠬᠢᠯᠳᠡ ᠶᠢᠨ ᠬᠠᠮᠢᠶᠠᠷᠤᠯᠳᠠ ᠶᠢᠨ ᠵᠠᠷᠤᠳᠠᠯ ᠢ ᠭᠠᠷᠭᠠᠨ ᠦᠭᠬᠦ ᠡᠷᠡᠮᠡᠯᠵᠡᠯᠡᠯ ᠢᠶᠠᠨ ᠲᠡᠪᠰᠢᠭᠦᠯᠬᠦ ᠶᠢᠨ ᠬᠠᠮᠳᠦ ᠪᠠᠩᠭᠢ ᠶᠢᠨ ᠲᠤᠰᠬᠠᠢ ᠲᠠᠩᠰᠨ ᠪᠠᠶᠢᠭᠤᠯᠦᠨ᠂ ᠲᠤᠰᠬᠠᠢ ᠲᠠᠩᠰᠨ ᠪᠠᠷ ᠬᠠᠮᠢᠶᠠᠷᠬᠤ᠂ ᠲᠤᠰᠬᠠᠢ ᠮᠦᠩᠭᠦ ᠶᠢ ᠲᠤᠰᠬᠠᠢ ᠭᠠᠵᠠᠷ ᠲᠤ ᠬᠡᠷᠡᠭᠯᠡᠬᠦ ᠬᠡᠷᠡᠭᠳᠡᠢ ᠨᠠᠢᠮᠠᠳᠤᠭᠠᠷ ᠵᠦᠢᠯ     ᠱᠠᠩᠨᠠᠵᠦ ᠲᠤᠷᠭᠤᠭᠠᠬᠤ ᠭᠤᠴᠢᠨ ᠲᠠᠪᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠤᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠲᠠᠯ᠎ᠠ ᠪᠠᠷ ᠲᠤᠪᠦᠶᠢᠮ᠎ᠠ ᠠᠮᠵᠢᠯᠳᠠ ᠭᠠᠷᠭᠠᠭᠰᠠᠨ ᠪᠠᠶᠢᠭᠤᠯᠭ᠎ᠠ ᠪᠠ ᠬᠤᠪᠢ ᠬᠦᠮᠦᠨ ᠢ ᠬᠤᠰᠢᠭᠤ ᠵᠠᠰᠠᠭ ᠤᠨ ᠤᠷᠳᠦᠨ ᠠᠴᠠ ᠬᠦᠭᠢᠭᠦᠯᠦᠨ ᠱᠠᠩᠨᠠᠨ᠎ᠡ᠃ ᠭᠤᠴᠢᠨ ᠵᠢᠷᠭᠤᠳᠤᠭᠠᠷ ᠵᠦᠢᠯ     ᠮᠠᠯᠵᠢᠬᠤ ᠲᠠᠷᠢᠶᠠᠯᠠᠬᠤ ᠤᠷᠦᠨ ᠤ ᠠᠮᠤᠷ ᠲᠦᠪᠰᠢᠨ ᠤᠤᠭᠤᠬᠤ ᠤᠰᠦᠨ ᠤ ᠢᠨᠵᠧᠨᠧᠷᠢᠩ ᠤᠨ ᠡᠷᠬᠢᠯᠳᠡ ᠬᠠᠮᠢᠶᠠᠷᠤᠯᠳᠠ ᠶᠢ ᠬᠠᠷᠢᠭᠤᠴᠠᠵᠦ ᠪᠠᠶᠢᠭ᠎ᠠ ᠡᠯ᠎ᠡ ᠱᠠᠳᠦᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠲᠡᠭᠦᠨ ᠤ ᠠᠵᠢᠯᠳᠠᠨ ᠨᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ᠂ ᠡᠷᠭᠡ  ᠪᠠᠨ ᠠᠰᠢᠭᠯᠠᠨ ᠬᠤᠪᠢ ᠪᠠᠨ ᠪᠤᠷᠳᠤᠬᠤ᠂ ᠡᠭᠦᠷᠭᠡ ᠲᠤᠰᠢᠶᠡᠯ ᠢᠶᠠᠨ ᠤᠰᠦᠯᠳᠤᠬᠤ ᠵᠡᠷᠭᠡ ᠪᠠᠷ ᠬᠦᠨᠳᠦ ᠨᠤᠴᠢᠳᠡᠢ ᠦᠷ᠎ᠡ ᠳ᠋ᠦᠡᠭ ᠭᠠᠷᠭᠠᠪᠠᠯ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠠᠴᠠ ᠲᠤᠭᠳᠠᠭᠠᠯ ᠶᠤᠰᠤᠭᠠᠷ ᠬᠠᠷᠢᠭᠤᠴᠠᠯᠭ᠎ᠠ  ᠲᠠᠢ ᠤᠳᠤᠷᠢᠳᠬᠤ ᠬᠦᠮᠦᠰ ᠵᠢᠴᠢ ᠰᠢᠭᠤᠳ ᠬᠠᠷᠢᠭᠤᠴᠠᠯᠭ᠎ᠠ ᠲᠠᠢ ᠬᠦᠮᠦᠨ ᠠᠴᠠ ᠬᠠᠷᠢᠭᠤᠴᠠᠯᠭ᠎ᠠ ᠠᠰᠠᠭᠤᠵᠦ᠂ ᠶᠠᠯ᠎ᠡ ᠳᠤ ᠬᠤᠯᠪᠤᠭᠳᠠᠭᠰᠠᠨ ᠪᠤᠯ ᠬᠠᠤᠯᠢ ᠴᠠᠭᠠᠵᠨ ᠶᠢᠨ ᠪᠠᠶᠢᠭᠤᠯᠭ᠎ᠠ ᠳᠤ ᠲᠤᠰᠢᠶᠡᠨ ᠬᠠᠤᠯᠢ ᠪᠠᠷ ᠰᠶᠢᠳᠪᠤᠷᠢᠯᠡᠬᠦᠯᠬᠦ ᠬᠡᠷᠡᠭᠳᠡᠢ᠃ ᠭᠤᠴᠢᠨ ᠲᠤᠯᠤᠳᠤᠭᠠᠷ ᠵᠦᠢᠯ     ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠪᠠᠶᠢᠭᠤᠯᠭ᠎ᠠ ᠳᠤ ᠲᠤᠤᠷᠠᠬᠢ ᠪᠠᠶᠢᠳᠠᠯ ᠤᠨ ᠨᠢᠭᠡ ᠵᠦᠢᠯ ᠪᠠᠶᠢᠪᠠᠯ᠂ ᠲᠡᠭᠦᠨ ᠤ ᠦᠢᠯᠨ ᠪᠠᠶᠢᠳᠠᠯ ᠢ ᠦᠵᠡᠵᠦ᠂ ᠬᠤᠯᠪᠤᠭᠳᠠᠯ ᠪᠦᠭᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠭᠦᠷᠭᠡ ᠲᠤᠰᠢᠶᠠᠯ ᠢᠶᠠᠨ ᠦᠨᠳᠦᠰᠦᠯᠡᠨ ᠲᠡᠭᠦᠨ ᠢ ᠵᠠᠷᠯᠢᠭᠳᠠᠨ ᠬᠠᠯᠠᠨ ᠵᠠᠯᠠᠷᠠᠭᠤᠯᠠᠭᠤᠯᠬᠤ ᠬᠡᠷᠡᠭᠳᠡᠢ᠂ ᠬᠦᠨᠳᠦ ᠨᠤᠴᠢᠳᠡᠢ ᠪᠠᠶᠢᠪᠠᠯ ᠬᠠᠮᠢᠶ᠎ᠠ ᠪᠦᠬᠦᠢ ᠬᠠᠤᠯᠢ ᠴᠠᠭᠠᠵᠨ᠂ ᠬᠠᠤᠯᠢ ᠲᠦᠷᠢᠮ ᠬᠢᠭᠡᠳ ᠲᠤᠭᠳᠠᠭᠠᠯ ᠢᠶᠠᠷ ᠲᠡᠭᠦᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ ᠨᠢᠭᠡ ᠳᠤ᠂ ᠤᠰᠦᠨ ᠤ ᠬᠠᠩᠭᠠᠯᠠᠭ᠎ᠠ ᠶᠢᠨ ᠴᠢᠨᠠᠷ ᠨᠢ ᠤᠯᠤᠰ ᠠᠴᠠ ᠲᠤᠭᠳᠠᠭᠠᠭᠰᠠᠨ ᠪᠠᠷᠢᠮᠵᠢᠶᠠᠨ ᠳᠤ ᠬᠦᠷᠭᠦ ᠦᠭᠡᠢ ᠮᠦᠷᠳᠡᠭᠡᠨ ᠤᠰᠦ ᠴᠡᠪᠡᠷᠰᠢᠭᠦᠯᠬᠦ ᠠᠷᠢᠭᠤᠳᠬᠠᠬᠤ ᠲᠦᠭᠦᠭᠡᠷᠦᠮᠵᠢ ᠤᠭᠰᠠᠷᠠᠭᠰᠠᠨ ᠪᠠᠶᠢᠳᠠᠯ᠎ᠠ ᠬᠡᠷᠡᠭᠯᠡᠭᠰᠡᠨ ᠦᠭᠡᠢ︔ ᠬᠤᠶᠡᠷ ᠲᠤ᠂ ᠲᠤᠷ᠎ᠡ ᠪᠠᠷ ᠢᠶᠠᠨ ᠤᠰᠦᠨ ᠤ ᠬᠠᠩᠭᠠᠯᠠᠭ᠎ᠠ ᠶᠢ ᠵᠤᠭᠰᠤᠭᠠᠬᠤ ᠪᠤᠶᠤ ᠤᠰᠦ ᠵᠤᠭᠰᠤᠬᠤ ᠮᠡᠳᠡᠭᠳᠡᠯ ᠢ ᠭᠡᠯᠡᠵᠦ ᠬᠦᠢᠴᠡᠳᠭᠡᠬᠦ ᠡᠭᠦᠷᠭᠡ ᠶᠢ ᠪᠡᠶᠡᠯᠡᠭᠦᠯᠦᠭᠰᠡᠨ ᠦᠭᠡᠢ︔ ᠭᠤᠷᠪᠡ ᠳᠤ᠂ ᠲᠤᠷ᠎ᠡ ᠪᠠᠷ ᠢᠶᠠᠨ ᠦᠭᠡᠷᠡᠴᠢᠯᠡᠨ ᠤᠭᠰᠠᠷᠠᠵᠦ ᠤᠰᠦ ᠬᠠᠩᠭᠠᠬᠤ ᠬᠦᠷᠢᠶ᠎ᠡ ᠭᠡᠪᠴᠢᠶ᠎ᠡ ᠶᠢ ᠦᠷᠭᠡᠳᠭᠡᠭᠰᠡᠨ ᠪᠤᠶᠤ ᠤᠰᠦ ᠬᠠᠩᠭᠠᠬᠤ ᠰᠢᠨᠵᠢ ᠴᠢᠨᠠᠷ ᠢ ᠬᠤᠪᠢᠷᠠᠭᠤᠯᠦᠭ᠌ᠰᠠᠨ︔ ᠲᠦᠷᠪᠡ ᠳᠤ᠂ ᠲᠤᠷ᠎ᠡ ᠪᠠᠷ ᠢᠶᠠᠨ ᠤᠰᠦ ᠬᠠᠩᠭᠠᠬᠤ ᠦᠨ᠎ᠡ ᠬᠠᠩᠰᠢ ᠶᠢ ᠦᠰᠭᠡᠭᠰᠡᠨ︔ ᠲᠠᠪᠤ ᠳᠤ᠂ ᠤᠰᠦᠨ ᠤ ᠡᠬᠢ ᠰᠤᠷᠪᠤᠯᠵᠢ ᠵᠢᠴᠢ ᠤᠰᠦᠨ ᠤ ᠴᠢᠨᠠᠷ ᠤᠨ ᠬᠢᠨᠠᠨ ᠬᠠᠮᠢᠶᠠᠷᠤᠯᠳᠠ ᠨᠢ ᠴᠢᠩᠭ᠎ᠠ ᠪᠤᠰᠦ ᠠᠴᠠ ᠪᠤᠯᠵᠦ᠂ ᠬᠦᠨᠳᠦ ᠨᠤᠴᠢᠳᠡᠢ ᠦᠷ᠎ᠡ ᠳ᠋ᠦᠡᠭ ᠢ ᠤᠴᠠᠷᠠᠭᠤᠯᠦᠭ᠌ᠰᠠᠨ︔ ᠵᠢᠷᠭᠤᠭ᠎ᠠ ᠳᠤ᠂ ᠤᠰᠦ ᠬᠠᠩᠭᠠᠬᠤ ᠲᠦᠭᠦᠭᠡᠷᠦᠮᠵᠢ ᠳᠤ ᠭᠡᠮᠳᠦᠯ ᠰᠠᠭᠠᠳᠠᠯ ᠡᠭᠦᠰᠦᠭᠰᠡᠨ ᠪᠠᠶᠢᠳᠠᠯ᠎ᠡ ᠴᠠᠭ ᠲᠤᠨᠢ ᠰᠠᠯᠪᠢᠨ ᠵᠠᠰᠠᠬᠤ ᠶᠢ ᠵᠤᠬᠢᠶᠠᠨ ᠪᠠᠶᠢᠭᠤᠯᠦᠭ᠌ᠰᠠᠨ ᠦᠭᠡᠢ︔ ᠭᠤᠴᠢᠨ ᠨᠠᠢᠮᠠᠳᠤᠭᠠᠷ ᠵᠦᠢᠯ     ᠢᠨᠵᠧᠨᠧᠷᠢᠩ ᠤᠨ ᠡᠷᠬᠢᠯᠳᠡ ᠶᠢᠨ ᠬᠠᠮᠢᠶᠠᠷᠤᠯᠳᠠ ᠶᠢᠨ ᠠᠵᠢᠯᠳᠠᠨ ᠳᠤ ᠲᠤᠤᠷᠠᠬᠢ ᠪᠠᠶᠢᠳᠠᠯ ᠤᠨ ᠨᠢᠭᠡ ᠵᠦᠢᠯ ᠪᠠᠶᠢᠪᠠᠯ᠂ ᠲᠡᠭᠦᠨ ᠤ ᠦᠢᠯᠨ ᠪᠠᠶᠢᠳᠠᠯ ᠢ ᠦᠵᠡᠵᠦ᠂ ᠬᠤᠯᠪᠤᠭᠳᠠᠯ ᠪᠦᠭᠦᠢ ᠪᠠᠶᠢᠭᠤᠯᠭ᠎ᠠ ᠠᠴᠠ ᠡᠭᠦᠷᠭᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠨ ᠵᠠᠰᠠᠨ ᠵᠠᠯᠠᠷᠠᠭᠤᠯᠠᠭᠤᠯᠵᠦ᠂ ᠪᠠᠶᠢᠳᠠᠯ ᠨᠢ ᠬᠦᠨᠳᠦ ᠨᠤᠴᠢᠳᠡᠢ ᠪᠤᠯ ᠬᠠᠮᠢᠶ᠎ᠠ ᠪᠦᠭᠦᠢ ᠬᠠᠤᠯᠢ ᠴᠠᠭᠠᠵᠨ᠂ ᠬᠠᠤᠯᠢ ᠲᠦᠷᠢᠮ ᠪᠠ ᠲᠤᠭᠳᠠᠭᠠᠯ ᠢᠶᠠᠷ ᠲᠡᠭᠦᠨ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ ᠨᠢᠭᠡ ᠳᠤ᠂ ᠲᠤᠷ᠎ᠡ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠵᠦ ᠤᠰᠦ ᠬᠠᠩᠭᠠᠬᠤ ᠶᠢ ᠨᠦᠯᠦᠭᠡᠯᠡᠭᠰᠡᠨ ᠪᠤᠶᠤ ᠤᠴᠢᠷ ᠰᠢᠯᠳᠠᠭᠠᠨ ᠦᠭᠡᠢ ᠪᠠᠷ ᠤᠰᠦ ᠵᠤᠭᠰᠤᠭᠠᠭᠰᠠᠨ︔ ᠬᠤᠶᠡᠷ  ᠲᠤ᠂ ᠲᠦᠷᠢᠮ ᠲᠤᠭᠳᠠᠭᠠᠯ ᠢ ᠵᠦᠷᠢᠴᠡᠨ ᠠᠵᠢᠯᠯᠠᠭᠠᠳ ᠲᠤᠨᠤᠭ ᠲᠦᠭᠦᠭᠡᠷᠦᠮᠵᠢ ᠶᠢ ᠡᠪᠳᠡᠨ ᠰᠦᠢᠳᠭᠡᠭᠰᠡᠨ ᠠᠴᠠ ᠤᠰᠦ ᠬᠠᠩᠭᠠᠬᠤ ᠶᠢ ᠨᠡᠯᠢᠶᠡᠳ ᠶᠡᠭᠡ ᠨᠦᠯᠦᠭᠡᠯᠡᠭᠰᠡᠨ ᠪᠤᠶᠤ ᠬᠤᠬᠢᠷᠠᠯ ᠤᠴᠠᠷᠠᠭᠤᠯᠦᠭ᠌ᠰᠠᠨ︔ ᠭᠤᠷᠪᠠ ᠳᠤ᠂ ᠤᠰᠦᠨ ᠤ ᠰᠦᠢᠳᠭᠡᠯ ᠢ ᠱᠠᠮᠰᠢᠭᠰᠠᠨ᠂ ᠨᠡᠭᠦᠯᠭᠡᠨ ᠬᠡᠷᠡᠭᠯᠡᠭᠰᠡᠨ︔ ᠲᠦᠷᠪᠡ ᠳᠤ᠂ ᠡᠭᠦᠷᠭᠡ ᠲᠤᠰᠢᠶᠠᠯ ᠢᠶᠠᠨ ᠤᠮᠳᠦᠭᠠᠶᠢᠯᠠᠨ ᠠᠮᠤᠷ ᠲᠦᠪᠰᠢᠨ ᠤ ᠭᠡᠮ ᠰᠤᠭᠤᠭ ᠢᠯᠡᠷᠡᠪᠡᠴᠦ ᠰᠶᠢᠳᠪᠤᠷᠢᠯᠡᠬᠦ  ᠦᠭᠡᠢ᠂ ᠮᠡᠳᠡᠭᠦᠯᠬᠦ ᠦᠭᠡᠢ ᠠᠴᠠ ᠪᠤᠯᠵᠦ ᠬᠦᠨᠳᠦ ᠨᠤᠴᠢᠳᠡᠢ ᠬᠤᠬᠢᠷᠠᠯ ᠤᠴᠠᠷᠠᠭᠤᠯᠦᠭ᠌ᠰᠠᠨ︔ ᠲᠠᠪᠤ ᠳᠤ᠂ ᠪᠠᠴᠢᠮ ᠪᠠᠶᠢᠳᠠᠯ ᠢ ᠠᠷᠭᠠᠴᠠᠭᠠᠨ ᠰᠶᠢᠳᠪᠤᠷᠢᠯᠡᠬᠦ ᠲᠤᠮᠳᠠ᠂ ᠬᠠᠷᠢᠭᠤᠴᠠᠯᠭ᠎ᠠ ᠠᠯᠳᠠᠬᠤ᠂ ᠲᠤᠰᠢᠶᠠᠯ ᠢᠶᠠᠨ ᠤᠰᠤᠯᠳᠠᠬᠤ ᠵᠡᠷᠭᠡ ᠦᠢᠯᠨ ᠠᠵᠢᠯᠯᠠᠭ᠎ᠠ  ᠲᠠᠢ ᠪᠤᠶᠤ ᠴᠢᠬᠤᠯᠨ ᠪᠠᠶᠢᠳᠠᠯ ᠢ ᠤᠷᠤᠶᠢᠳᠠᠵᠦ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠠᠳᠡᠭᠦᠯᠬᠦ ᠠᠴᠠ ᠭᠤᠭᠤᠵᠢᠬᠤ ᠵᠡᠷᠭᠡ ᠦᠢᠯᠨ ᠬᠢᠳᠠᠯ ᠲᠠᠢ᠃  ᠭᠤᠴᠢ ᠶᠢᠰᠦᠳᠦᠭᠡᠷ ᠵᠦᠢᠯ     ᠤᠰᠦ ᠭᠡᠷᠡᠭᠯᠡᠬᠦ ᠡᠷᠤᠭᠡ ᠳᠤ ᠲᠤᠤᠷᠠᠬᠢ ᠪᠠᠶᠢᠳᠠᠯ ᠤᠨ ᠨᠢᠭᠡ ᠵᠦᠢᠯ ᠨᠢ ᠪᠠᠶᠢᠪᠠᠯ ᠬᠤᠯᠪᠤᠭᠳᠠᠯ ᠪᠦᠭᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠤᠰᠦ ᠬᠠᠩᠭᠠᠬᠤ ᠬᠠᠮᠢᠶᠠᠷᠤᠯᠳᠠ ᠶᠢᠨ ᠪᠠᠶᠢᠭᠤᠯᠭ᠎ᠠ ᠨᠢ ᠴᠠᠭ ᠲᠤᠨᠢ ᠬᠤᠷᠢᠭᠯᠠᠨ ᠵᠤᠭᠰᠤᠭᠠᠵᠦ᠂ ᠬᠤᠭᠤᠴᠠᠭ᠎ᠠ ᠲᠤᠭᠳᠠᠭᠠᠨ ᠵᠠᠯᠠᠷᠠᠭᠤᠯᠠᠭᠤᠯᠬᠤ ᠬᠡᠷᠡᠭᠳᠡᠢ᠂ ᠤᠯᠡᠨᠳᠡ ᠰᠤᠷᠭᠠᠪᠠᠴᠦ ᠵᠠᠰᠠᠷᠠᠬᠤ ᠦᠭᠡᠢ ᠪᠤᠯ ᠲᠡᠭᠦᠨ ᠤ ᠦᠢᠯᠨ ᠪᠠᠶᠢᠳᠠᠯ ᠤᠨ ᠬᠦᠨᠳᠦ ᠬᠦᠩᠭᠡᠨ ᠢ ᠦᠵᠡᠵᠦ 200 — 1000 ᠲᠦᠭᠦᠷᠢᠭ ᠤᠨ ᠠᠵᠤ ᠠᠬᠤᠢ ᠶᠢᠨ ᠲᠤᠷᠭᠤᠭᠠᠯᠢ ᠦᠭᠬᠦ ᠬᠡᠷᠡᠭᠳᠡᠢ᠃ ᠨᠢᠭᠡ ᠳᠤ᠂ ᠲᠤᠷ᠎ᠡ ᠪᠠᠷ ᠢᠶᠠᠨ ᠤᠰᠦ ᠬᠡᠷᠡᠭᠯᠡᠬᠦ ᠠᠷᠭ᠎ᠠ ᠵᠠᠮ ᠢ ᠬᠤᠪᠢᠷᠠᠭᠤᠯᠦᠭ᠌ᠰᠠᠨ︔ ᠬᠤᠶᠡᠷ ᠲᠤ᠂ ᠲᠤᠷ᠎ᠡ ᠪᠠᠷ ᠢᠶᠠᠨ ᠤᠰᠦ ᠬᠠᠩᠭᠠᠬᠤ ᠲᠦᠭᠦᠭᠡᠷᠦᠮᠵᠢ ᠶᠢ ᠦᠭᠡᠷᠡᠴᠢᠯᠡᠨ ᠪᠠᠶᠢᠭᠤᠯᠤᠭᠰᠠᠨ᠂ ᠨᠤᠷᠠᠭᠠᠵᠦ ᠬᠠᠶᠠᠭᠰᠠᠨ︔ ᠭᠤᠷᠪᠡ ᠳᠤ᠂ ᠤᠯᠡᠨ ᠨᠡᠶᠢᠳᠡ ᠶᠢᠨ ᠬᠡᠷᠡᠭᠯᠡᠬᠦ ᠤᠰᠦ ᠶᠢ ᠬᠤᠯᠠᠭᠠᠶᠢᠯᠠᠨ ᠬᠡᠷᠡᠭᠯᠡᠭᠰᠡᠨ︔ ᠶᠢᠰᠦᠳᠦᠭᠡᠷ ᠪᠦᠯᠦᠭ     ᠲᠠᠭᠠᠯᠳᠦᠯ ᠲᠦᠷᠢᠮ ᠲᠦᠴᠢᠳᠦᠭᠡᠷ ᠵᠦᠢᠯ    ᠲᠤᠰ ᠠᠷᠭ᠎ᠠ ᠶᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号