ᠰᠢᠯᠣᠭᠤᠨ ᠬᠥᠪᠡᠭᠡᠲᠦ ᠴᠠᠭᠠᠨ ᠬᠤᠰᠢᠭᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ  ᠪᠠᠶᠢᠴᠠᠭᠠᠯᠳᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ  ᠶᠠᠪᠣᠬᠳᠠᠭᠤᠯᠪᠠ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 10᠎ ᠤ ᠦᠳᠡ ᠶᠢᠨ ᠡᠮᠦᠨ᠎ᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠶᠢᠴᠠᠭᠠᠯᠲᠠ ᠶᠢᠨ ᠠᠩᠭᠢ ᠶᠢᠨ ᠬᠠᠮᠲᠤᠷᠠᠨ ᠡᠷᠭᠢᠯᠡᠭᠰᠡᠨ ᠰᠢᠯᠤᠭᠤᠨ ᠬᠥᠪᠡᠭᠡᠲᠦ ᠴᠠᠭᠠᠨ  ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠣᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ  ᠬᠤᠰᠢᠭᠤ ᠴᠠᠭᠠᠨᠨᠠᠭᠤᠷ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠂ ᠡᠨᠡ ᠨᠢ ᠪᠥᠬᠦ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠨᠢᠭᠡᠨᠲᠡ ᠪᠦᠬᠦ ᠲᠠᠯ᠎ᠠ ᠪᠠᠷ ᠦᠷᠨᠢᠵᠦ ᠨᠡᠶᠢᠲᠡᠮ ᠪᠦᠷᠭᠦᠭᠰᠡᠨ ᠢ ᠬᠠᠷᠠᠭᠤᠯᠵᠤ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤ ᠳᠣᠯᠣᠳᠤᠭᠠᠷ ᠤᠳᠠᠭᠠᠨ ᠤ ᠪᠦᠬᠦ ᠤᠯᠤᠰ ᠎ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠤ ᠰᠢᠶᠠᠨ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠤ ᠱᠣ᠋ ᠷᠧᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠧᠩ ᠯᠢ ᠮᠢᠩ᠂ ᠤᠯᠤᠰ ᠲᠥᠷᠥ ᠶᠢᠨ  ᠵᠦᠪᠯᠡᠯᠭᠡᠨ ᠤ ᠳᠡᠳ᠋ ᠲᠡᠷᠢᠭᠦᠯᠡᠭᠴᠢ  ᠰᠠᠭᠠᠯᠢᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠵᠧᠦ ᠰᠢᠶᠠᠨ ᠵᠢᠶᠦ᠋ᠨ ᠪᠠᠶᠠᠷ ᠤᠨ ᠦᠭᠡ ᠬᠡᠯᠡᠵᠡᠢ᠃     ᠵᠧᠤ ᠰᠢᠶᠠᠨ ᠵᠢᠶᠦ᠋ᠨ ᠠᠴᠠ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠡᠨᠡ ᠵᠢᠯ ᠤᠨ ᠤᠯᠤᠰ ᠤᠨ ᠪᠠᠶᠢᠳᠠᠯ ᠪᠠ ᠤᠯᠤᠰ ᠤᠨ ᠶᠡᠷᠦᠩᠬᠡᠶᠢᠯᠡᠭᠰᠡᠨ ᠬᠦᠴᠦᠨ ᠤ ᠨᠢᠭᠡᠨ ᠴᠢᠬᠤᠯᠠ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠬᠤᠪᠢᠷᠠᠯᠲᠠ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠰᠢᠨ᠎ᠡ ᠬᠥᠭᠵᠢᠯᠲᠡ ᠶᠢᠨ  ᠣᠶᠢᠯᠭᠠᠬᠳᠠᠬᠤᠨ ᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠬᠦ ᠎ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ  ᠶᠤᠮ ᠭᠡᠵᠦ ᠵᠢᠭᠠᠵᠦ ᠭᠠᠷᠭᠠᠪᠠ᠃    ᠵᠧᠤ ᠰᠢᠶᠠᠨ ᠵᠢᠶᠦ᠋ᠨ  ᠴᠢᠬᠤᠯᠠᠴᠢᠯᠠᠬᠤ ᠳᠠᠭᠠᠨ  ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠡᠷᠬᠡᠪᠰᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ︽ᠮᠣᠩᠭᠤᠯ ᠮᠣᠷᠢ︾᠎ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂  ᠲᠡᠭᠡᠳᠦ ᠬᠡᠮᠵᠢᠶᠡᠨ ᠤ  ᠡᠭᠦᠷᠭᠡ ᠬᠠᠷᠢᠭᠤᠴᠠᠯᠭᠠᠲᠤ ᠰᠡᠳᠬᠢᠯᠭᠡ  ᠪᠠᠷ ᠨᠡᠶᠢᠳᠡᠮ ᠪᠠᠶᠢᠴᠠᠭᠠᠯᠳᠠ ᠳᠤ ᠣᠷᠣᠯᠴᠠᠬᠤ ᠬᠡᠷᠡᠭᠲᠡᠶ︔ ᠥᠪᠡᠷ ᠢ ᠪᠠᠨ ᠴᠢᠩᠭ᠎ᠠ ᠱᠠᠭᠠᠷᠳᠠᠵᠤ᠂  ᠰᠠᠬᠢᠯᠭ᠎ᠠ ᠪᠠᠲᠤ ᠶᠢ ᠵᠢᠷᠤᠮᠯᠠᠨ  ᠰᠠᠬᠢᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ  ᠢ ᠦᠨᠡᠨᠬᠦ ᠪᠠᠲᠤᠯᠠᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠠᠢ ᠭᠡᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号