ᠰᠢᠯᠣᠭᠤᠨ ᠬᠥᠪᠡᠭᠡᠲᠦ ᠴᠠᠭᠠᠨ ᠬᠤᠰᠢᠭᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ  ᠪᠠᠶᠢᠴᠠᠭᠠᠯᠳᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ  ᠶᠠᠪᠣᠬᠳᠠᠭᠤᠯᠪᠠ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 10 ᠤ ᠦᠳᠡ ᠶᠢᠨ ᠡᠮᠦᠨ᠎ᠡ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠠᠶᠢᠴᠠᠭᠠᠯᠲᠠ ᠶᠢᠨ ᠠᠩᠭᠢ ᠶᠢᠨ ᠬᠠᠮᠲᠤᠷᠠᠨ ᠡᠷᠭᠢᠯᠡᠭᠰᠡᠨ ᠰᠢᠯᠤᠭᠤᠨ ᠬᠥᠪᠡᠭᠡᠲᠦ ᠴᠠᠭᠠᠨ  ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠣᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ  ᠬᠤᠰᠢᠭᠤ ᠴᠠᠭᠠᠨᠨᠠᠭᠤᠷ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠂ ᠡᠨᠡ ᠨᠢ ᠪᠥᠬᠦ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠨᠢᠭᠡᠨᠲᠡ ᠪᠦᠬᠦ ᠲᠠᠯ᠎ᠠ ᠪᠠᠷ ᠦᠷᠨᠢᠵᠦ ᠨᠡᠶᠢᠲᠡᠮ ᠪᠦᠷᠭᠦᠭᠰᠡᠨ ᠢ ᠬᠠᠷᠠᠭᠤᠯᠵᠤ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠬᠤᠰᠢᠭᠤ ᠳᠣᠯᠣᠳᠤᠭᠠᠷ ᠤᠳᠠᠭᠠᠨ ᠤ ᠪᠦᠬᠦ ᠤᠯᠤᠰ  ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠤ ᠰᠢᠶᠠᠨ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠤ ᠱᠣ᠋ ᠷᠧᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠧᠩ ᠯᠢ ᠮᠢᠩ᠂ ᠤᠯᠤᠰ ᠲᠥᠷᠥ ᠶᠢᠨ  ᠵᠦᠪᠯᠡᠯᠭᠡᠨ ᠤ ᠳᠡᠳ᠋ ᠲᠡᠷᠢᠭᠦᠯᠡᠭᠴᠢ  ᠰᠠᠭᠠᠯᠢᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠵᠧᠦ ᠰᠢᠶᠠᠨ ᠵᠢᠶᠦ᠋ᠨ ᠪᠠᠶᠠᠷ ᠤᠨ ᠦᠭᠡ ᠬᠡᠯᠡᠵᠡᠢ᠃     ᠵᠧᠤ ᠰᠢᠶᠠᠨ ᠵᠢᠶᠦ᠋ᠨ ᠠᠴᠠ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠡᠨᠡ ᠵᠢᠯ ᠤᠨ ᠤᠯᠤᠰ ᠤᠨ ᠪᠠᠶᠢᠳᠠᠯ ᠪᠠ ᠤᠯᠤᠰ ᠤᠨ ᠶᠡᠷᠦᠩᠬᠡᠶᠢᠯᠡᠭᠰᠡᠨ ᠬᠦᠴᠦᠨ ᠤ ᠨᠢᠭᠡᠨ ᠴᠢᠬᠤᠯᠠ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠬᠤᠪᠢᠷᠠᠯᠲᠠ ᠶᠢᠨ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠰᠢᠨ᠎ᠡ ᠬᠥᠭᠵᠢᠯᠲᠡ ᠶᠢᠨ  ᠣᠶᠢᠯᠭᠠᠬᠳᠠᠬᠤᠨ ᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠬᠦ  ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ  ᠶᠤᠮ ᠭᠡᠵᠦ ᠵᠢᠭᠠᠵᠦ ᠭᠠᠷᠭᠠᠪᠠ᠃    ᠵᠧᠤ ᠰᠢᠶᠠᠨ ᠵᠢᠶᠦ᠋ᠨ  ᠴᠢᠬᠤᠯᠠᠴᠢᠯᠠᠬᠤ ᠳᠠᠭᠠᠨ  ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠡᠷᠬᠡᠪᠰᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ︽ᠮᠣᠩᠭᠤᠯ ᠮᠣᠷᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂  ᠲᠡᠭᠡᠳᠦ ᠬᠡᠮᠵᠢᠶᠡᠨ ᠤ  ᠡᠭᠦᠷᠭᠡ ᠬᠠᠷᠢᠭᠤᠴᠠᠯᠭᠠᠲᠤ ᠰᠡᠳᠬᠢᠯᠭᠡ  ᠪᠠᠷ ᠨᠡᠶᠢᠳᠡᠮ ᠪᠠᠶᠢᠴᠠᠭᠠᠯᠳᠠ ᠳᠤ ᠣᠷᠣᠯᠴᠠᠬᠤ ᠬᠡᠷᠡᠭᠲᠡᠶ︔ ᠥᠪᠡᠷ ᠢ ᠪᠠᠨ ᠴᠢᠩᠭ᠎ᠠ ᠱᠠᠭᠠᠷᠳᠠᠵᠤ᠂  ᠰᠠᠬᠢᠯᠭ᠎ᠠ ᠪᠠᠲᠤ ᠶᠢ ᠵᠢᠷᠤᠮᠯᠠᠨ  ᠰᠠᠬᠢᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ  ᠢ ᠦᠨᠡᠨᠬᠦ ᠪᠠᠲᠤᠯᠠᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠠᠢ ᠭᠡᠵᠠᠢ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号