| ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠲᠠᠪᠤ︶ | 2020-09-25 | ᠬᠤᠶᠠᠳᠤᠭᠠᠷ ᠪᠦᠯᠦᠭ ᠤᠷᠦᠬᠯᠠᠬᠤ | ᠮᠢᠩᠭ᠎ᠠ ᠳᠥᠴᠢᠨ ᠵᠢᠷᠭᠤᠳᠤᠭᠠᠷ ᠵᠦᠢᠯ ᠤᠷᠤᠭᠯᠠᠬᠤ ᠳᠤ ᠡᠷᠡᠭᠲᠡᠶ ᠡᠮᠡᠭᠲᠡᠶ ᠬᠤᠶᠠᠷ ᠲᠠᠯ᠎ᠠ ᠪᠠᠷ ᠢᠶᠠᠨ ᠪᠦᠷᠢᠮᠦᠰᠦᠨ | ᠰᠡᠶᠢᠠ ᠳᠤᠷ᠎ᠠ ᠶᠢᠨ ᠪᠠᠶᠢᠬᠤ ᠬᠡᠷᠡᠭᠲᠡᠶ᠂ ᠠᠯᠢ ᠨᠢᠭᠡ ᠲᠠᠯ᠎ᠠ ᠨᠢ ᠨᠦᠬᠦᠭᠡ ᠲᠠᠯ᠎ᠠ ᠪᠠᠨ ᠠᠯᠪᠠᠳᠠᠬᠤ ᠶᠢ ᠴᠠᠭᠠᠵᠠᠯᠠᠵᠤ᠂ | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠤ ᠭᠠᠷ ᠲᠦᠷᠦᠭᠦ ᠶᠢ ᠴᠠᠭᠠᠵᠠᠯᠠᠨ᠎ᠠ᠃ | ᠮᠢᠩᠭ᠎ᠠ ᠳᠥᠴᠢᠨ ᠳᠣᠯᠣᠳᠤᠭᠠᠷ ᠵᠦᠢᠯ ᠤᠷᠦᠬᠯᠡᠬᠤ ᠨᠡᠰᠦᠠ ᠤ ᠲᠡᠯ᠎ᠠ ᠪᠠᠷ᠂ ᠡᠷᠡᠭᠳᠡᠢ ᠪᠦᠬᠦᠯᠢ ᠬᠤᠷᠢᠠ ᠬᠤᠶᠡᠷ | ᠨᠡᠰᠦ ᠬᠦᠷᠦᠭᠡᠳᠤᠢ᠂ ᠡᠮᠡᠭᠳᠡᠢ ᠪᠦᠬᠦᠯᠢ ᠬᠤᠷᠢᠠ ᠨᠡᠰᠦ ᠬᠦᠷᠦᠭᠡᠳᠤᠢ ᠪᠤᠯ ᠤᠷᠦᠬᠯᠡᠵᠦ ᠪᠤᠯᠬᠤ ᠤᠢᠭᠡᠢ᠃ | ᠮᠢᠩᠭ᠎ᠠ ᠳᠥᠴᠢᠨ ᠨᠠᠢᠮᠠᠳᠤᠭᠠᠷ ᠵᠦᠢᠯ ᠰᠢᠭᠤᠦᠠ ᠴᠢᠰᠦᠠ ᠲᠦᠷᠦᠯ ᠪᠤᠶᠤ ᠭᠤᠷᠪᠡᠠ ᠤᠢᠶ᠎ᠠ ᠶᠢᠨ ᠲᠤᠳᠦᠷᠡᠬᠢ | ᠰᠢᠭᠤᠳ ᠪᠤᠰᠤ ᠴᠢᠰᠦᠠ ᠲᠦᠷᠦᠯ ᠤᠨ ᠬᠢᠨ ᠤ ᠬᠤᠭᠤᠷᠤᠨᠳᠤ ᠪᠠᠨ ᠤᠷᠤᠭᠯᠠᠬᠤ ᠶᠢ ᠴᠠᠭᠠᠵᠠᠯᠠᠨ᠎ᠠ᠃ | ᠮᠢᠩᠭ᠎ᠠ ᠳᠥᠴᠢ ᠶᠢᠰᠦᠳᠦᠭᠡᠷ ᠵᠦᠢᠯ ᠤᠷᠦᠬᠯᠠᠬᠤ ᠬᠦᠰᠡᠯ ᠲᠠᠢ ᠡᠷᠡᠭᠳᠡᠢ ᠡᠮᠡᠭᠳᠡᠢ ᠬᠤᠶᠡᠭᠤᠯᠠ ᠪᠠᠨ ᠤᠷᠤᠬ | ᠪᠦᠷᠢᠦᠡᠭᠡᠬᠦ ᠪᠠᠶᠢᠭᠤᠯᠭ᠎ᠠ ᠳᠤ ᠪᠡᠶ᠎ᠡ ᠪᠠᠷ ᠢᠶᠠᠨ ᠤᠴᠢᠵᠦ ᠤᠷᠤᠬ ᠤᠨ ᠪᠦᠷᠢᠦᠡᠭᠡᠯ ᠬᠢᠯᠭᠡᠬᠦ ᠪᠠᠷ ᠭᠤᠶᠤᠴᠢᠯᠠᠬᠤ | ᠭᠡᠷᠡᠭᠳᠡᠢ᠃ ᠲᠤᠰ ᠬᠠᠦᠯᠢ ᠶᠢᠨ ᠲᠤᠬᠳᠡᠭᠠᠯ ᠳᠤ ᠨᠡᠶᠢᠴᠡᠪᠡᠯ ᠪᠦᠷᠢᠦᠡᠭᠡᠠ ᠤᠢᠭ᠍ᠴᠦ᠂ ᠤᠷᠤᠬ ᠤᠨ ᠪᠠᠳᠤᠯᠠᠪᠤᠷᠢ | ᠤᠯᠭᠤᠨ᠎ᠡ᠃ ᠤᠷᠤᠭ ᠤᠨ ᠪᠦᠷᠢᠳᠬᠡᠯ ᠬᠢᠯᠭᠡᠮᠡᠭᠴᠡ ᠤᠷᠤᠭ ᠤᠨ ᠬᠠᠷᠢᠴᠠᠭ᠎ᠠ ᠪᠤᠶ ᠪᠣᠯᠤᠨ᠎ᠠ᠃ | ᠤᠷᠤᠬ ᠤᠨ ᠪᠦᠷᠢᠦᠡᠭᠡᠯ ᠬᠢᠯᠭᠡᠭᠰᠡᠠ ᠤᠢᠭᠡᠢ ᠪᠠᠶᠢᠪᠡᠯ᠂ ᠨᠦᠬᠦᠠ ᠪᠦᠷᠢᠦᠡᠭᠡᠬᠦᠯᠬᠦ ᠭᠡᠷᠡᠭᠳᠡᠢ᠃ | ᠮᠢᠩᠭ᠎ᠠ ᠲᠠᠪᠢᠳᠤᠭᠠᠷ ᠵᠦᠢᠯ ᠪᠦᠷᠢᠦᠡᠭᠡᠯ ᠬᠢᠯᠭᠡᠵᠦ ᠤᠷᠦᠬᠯᠠᠬᠰᠡᠠ ᠤ ᠲᠡᠷᠠᠭ᠎ᠠ᠂ ᠡᠷᠡᠭᠳᠡᠢ ᠡᠮᠡᠭᠳᠡᠢ ᠬᠤᠶᠡᠷ | ᠪᠤᠯᠵᠦᠯ ᠢᠶᠠᠨ ᠤᠢᠡᠳᠦᠰᠦᠯᠡᠵᠦ ᠡᠮᠡᠭᠳᠡᠢ ᠨᠢ ᠡᠷᠡᠭᠳᠡᠢ ᠲᠠᠯ᠎ᠠ ᠶᠢᠨ ᠢᠶᠠᠨ ᠭᠡᠷ ᠪᠦᠯᠢ ᠶᠢᠨ ᠪᠦᠷᠢᠯᠳᠦᠬᠦᠠ ᠪᠤᠯᠵᠦ | ᠪᠤᠯᠦᠨ᠎ᠡ᠂ ᠡᠷᠡᠭᠳᠡᠢ ᠨᠢ ᠡᠮᠡᠭᠳᠡᠢ ᠲᠠᠯ᠎ᠠ ᠶᠢᠨ ᠢᠶᠠᠨ ᠭᠡᠷ ᠪᠦᠯᠢ ᠶᠢᠨ ᠪᠦᠷᠢᠯᠳᠦᠬᠦᠠ ᠪᠤᠯᠵᠦ ᠪᠤᠯᠦᠨ᠎ᠡ᠃ | ᠮᠢᠩᠭ᠎ᠠ ᠲᠠᠪᠢᠨ ᠨᠢᠭᠡᠳᠦᠭᠡᠷ ᠵᠦᠢᠯ ᠲᠤᠤᠷ᠎ᠠ ᠵᠢᠬᠰᠡᠭᠠᠬᠰᠡᠠ ᠪᠠᠶᠢᠳᠡᠯ ᠤᠨ ᠨᠢᠭᠡ ᠨᠢ ᠪᠠᠶᠢᠪᠡᠯ᠂ ᠤᠷᠤᠬ ᠨᠢ ᠬᠦᠴᠦᠠ | ᠤᠢᠭᠡᠢ᠄ | ︵ᠨᠢᠭᠡ︶ ᠲᠡᠪᠬᠤᠷ ᠤᠷᠦᠬᠯᠡᠬᠰᠡᠠ︔ | ︵ᠬᠤᠶᠡᠷ︶ ᠤᠷᠦᠬᠯᠡᠬᠤ ᠶᠢ ᠴᠡᠭᠠᠵᠡᠯᠡᠬᠰᠡᠠ ᠲᠦᠷᠦᠯ ᠰᠡᠳᠦᠠ ᠤ ᠬᠠᠷᠢᠴᠠᠭ᠎ᠠ ᠲᠠᠢ︔ | ︵ᠭᠤᠷᠪᠡ︶ ᠬᠠᠦᠯᠢ ᠳᠤ ᠲᠤᠬᠳᠡᠭᠠᠬᠰᠡᠠ ᠤᠷᠦᠬᠯᠡᠬᠤ ᠨᠡᠰᠦᠠ ᠳᠤ ᠬᠦᠷᠦᠭᠡᠳᠦᠢ᠃ | ᠮᠢᠩᠭ᠎ᠠ ᠲᠠᠪᠢᠨ ᠬᠤᠶᠠᠳᠤᠭᠠᠷ ᠵᠦᠢᠯ ᠪᠤᠰᠤᠤᠠ ᠤᠨ ᠰᠢᠬᠠᠮᠳᠠᠭᠤᠯᠤᠯ ᠰᠦᠷᠳᠡᠬᠦᠯᠭᠡ ᠲᠤᠤᠷ᠎ᠠ ᠤᠷᠦᠬᠯᠡᠬᠰᠡᠠ | ᠪᠠᠶᠢᠪᠡᠯ ᠰᠢᠬᠠᠮᠳᠠᠭᠤᠯᠤᠯ ᠰᠦᠷᠳᠡᠬᠦᠯᠭᠡ ᠳᠤ ᠤᠴᠡᠷᠡᠬᠰᠡᠠ ᠲᠠᠯ᠎ᠠ ᠨᠢ ᠠᠷᠡᠦᠠ ᠤᠨ ᠰᠢᠬᠦᠬᠦ ᠬᠤᠷᠢᠶᠡᠠ ᠳᠤ ᠤᠷᠤᠬ ᠢ | ᠬᠦᠴᠦᠨ ᠦᠭᠡᠢ ᠪᠤᠯᠭᠠᠬᠤ ᠪᠠᠷ ᠭᠤᠶᠤᠴᠢᠯᠠᠵᠤ ᠪᠤᠯᠦᠨ᠎ᠡ᠃ | ᠤᠷᠤᠬ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ ᠳᠤ ᠬᠦᠷᠪᠡᠯ᠂ ᠰᠢᠬᠠᠮᠳᠠᠭᠤᠯᠤᠨ ᠰᠦᠷᠳᠡᠭᠦᠯᠬᠦ ᠦᠢᠯᠡ | ᠠᠵᠢᠯᠯᠠᠭ᠎ᠠ ᠳᠠᠭᠤᠰᠤᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠳᠤᠷᠠᠳᠬᠤ ᠬᠡᠷᠡᠭᠲᠡᠶ᠃ | ᠪᠡᠶ᠎ᠠ ᠶᠢᠨ ᠡᠷᠭᠡ ᠴᠢᠯᠦᠭᠡ ᠨᠢ ᠬᠠᠦᠯᠢ ᠪᠤᠰᠦ ᠪᠠᠷ ᠬᠢᠵᠡᠭᠠᠷᠯᠡᠬᠳᠡᠬᠰᠡᠠ ᠲᠤᠬᠠᠢ ᠶᠢᠨ ᠬᠦᠮᠦᠠ ᠤᠷᠤᠬ ᠢ ᠬᠦᠴᠦᠨ | ᠦᠭᠡᠢ ᠪᠤᠯᠭᠠᠬᠤ ᠪᠠᠷ ᠭᠤᠶᠦᠴᠢᠯᠡᠬᠤ ᠳᠤ ᠬᠦᠷᠪᠡᠯ᠂ ᠪᠡᠶ᠎ᠠ ᠶᠢᠨ ᠡᠷᠭᠡ ᠴᠢᠯᠦᠭᠡ ᠨᠢ ᠰᠡᠷᠬᠦᠭᠰᠡᠨ ᠡᠳᠦᠷ ᠠᠴᠠ | ᠡᠬᠢᠯᠡᠠ ᠨᠢᠭᠡ ᠵᠢᠯ ᠤᠨ ᠲᠤᠳᠦᠷ᠎ᠠ ᠲᠤᠷᠡᠦᠡᠬᠤ ᠭᠡᠷᠡᠭᠳᠡᠢ᠃ | ᠮᠢᠩᠭ᠎ᠠ ᠲᠠᠪᠢᠨ ᠭᠤᠷᠪᠠᠳᠤᠭᠠᠷ ᠵᠦᠢᠯ ᠨᠢᠭᠡ ᠲᠠᠯ᠎ᠠ ᠨᠢ ᠬᠦᠨᠳᠦ ᠡᠪᠡᠳᠴᠢᠨ ᠳᠤ ᠨᠡᠷᠪᠡᠭᠳᠡᠭᠰᠡᠨ ᠪᠠᠶᠢᠪᠠᠯ᠂ | ᠤᠷᠤᠭ ᠤᠨ ᠪᠦᠷᠢᠳᠬᠡᠯ ᠬᠢᠯᠭᠡᠬᠦ ᠠᠴᠠ ᠪᠠᠨ ᠡᠮᠦᠨ᠎ᠡ ᠨᠥᠭᠦᠭᠡ ᠲᠠᠯ᠎ᠠ ᠳᠠᠭᠠᠨ ᠦᠨᠡᠨ ᠮᠥᠨ ᠢᠶᠠᠷ ᠨᠢ ᠬᠡᠯᠡᠵᠦ ᠥᠭᠬᠦ | ᠬᠡᠷᠡᠭᠲᠡᠶ︔ ᠦᠨᠡᠨ ᠮᠥᠨ ᠢᠶᠠᠷ ᠨᠢ ᠬᠡᠯᠡᠵᠦ ᠥᠭᠭᠦᠭᠰᠡᠨ ᠤᠢᠭᠡᠢ ᠪᠠᠶᠢᠪᠠᠯ᠂ ᠨᠦᠬᠦᠭᠡ ᠲᠠᠯ᠎ᠠ ᠨᠢ ᠠᠷᠠᠳ ᠤᠨ | ᠰᠢᠭᠦᠬᠦ ᠬᠤᠷᠢᠶᠠᠨ ᠳᠤ ᠤᠷᠤᠬ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠵᠤ ᠪᠣᠯᠤᠨ᠎ᠠ᠃ | ᠤᠷᠤᠬ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ ᠳᠤ ᠬᠦᠷᠪᠡᠯ᠂ ᠬᠦᠴᠦᠨ ᠦᠭᠡᠢ ᠪᠤᠯᠭᠠᠬᠤ ᠤᠴᠢᠷ | ᠰᠢᠯᠲᠠᠭᠠᠨ ᠢ ᠮᠡᠳᠡᠭᠰᠡᠨ ᠪᠤᠶᠤ ᠮᠡᠳᠡᠬᠦ ᠶᠣᠰᠣᠲᠠᠶ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠳᠤᠷᠠᠳᠬᠤ | ᠬᠡᠷᠡᠭᠲᠡᠶ᠃ | ᠮᠢᠩᠭ᠎ᠠ ᠲᠠᠪᠢᠨ ᠳᠥᠷᠪᠡᠳᠦᠭᠡᠷ ᠵᠦᠢᠯ ᠬᠦᠴᠦᠠ ᠤᠢᠭᠡᠢ ᠪᠤᠶᠦ ᠬᠦᠴᠦᠨ ᠦᠭᠡᠢ ᠪᠤᠯᠭᠠᠭᠳᠠᠭᠰᠠᠨ ᠤᠷᠤᠬ ᠪᠤᠯ | ᠡᠬᠢᠯᠡᠭᠰᠡᠠ ᠠᠴᠠ ᠪᠠᠨ ᠠᠪᠦᠭᠠᠦᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠠ ᠤᠢᠭᠡᠢ᠂ ᠲᠤᠬᠠᠢ ᠶᠢᠨ | ᠬᠦᠮᠦᠨ ᠳᠤ ᠡᠷ᠎ᠠ ᠡᠮ᠎ᠠ ᠶᠢᠨ ᠡᠷᠭᠡ ᠪᠡ ᠡᠬᠦᠷᠭᠡ ᠪᠠᠶᠢᠬᠤ ᠤᠢᠭᠡᠢ᠃ ᠬᠠᠨᠢᠯᠡᠠ ᠰᠡᠭᠤᠵᠦ ᠪᠠᠶᠢᠬᠰᠡᠠ | ᠬᠤᠭᠤᠴᠡᠭᠠᠠ ᠳᠤ ᠤᠯᠦᠬᠰᠡᠠ ᠡᠳ᠋ ᠬᠦᠷᠦᠩᠭᠡ ᠪᠠᠨ ᠲᠤᠬᠠᠢ ᠶᠢᠨ ᠬᠦᠮᠦᠠ ᠵᠦᠪᠳᠡᠯᠴᠡᠨ ᠰᠢᠢᠦᠡᠪᠦᠷᠢᠯᠡᠨᠡ︔ | ᠵᠦᠪᠳᠡᠯᠴᠡᠭᠡᠳ ᠪᠦᠳᠦᠭᠰᠡᠠ ᠤᠢᠭᠡᠢ ᠪᠠᠶᠢᠪᠠᠯ᠂ ᠠᠷᠡᠦᠠ ᠤᠨ ᠰᠢᠬᠦᠬᠦ ᠬᠤᠷᠢᠶ᠎ᠠ ᠠᠴᠠ ᠤᠰᠤᠯ ᠤᠢᠭᠡᠢ ᠲᠠᠯ᠎ᠠ ᠶᠢ ᠨᠢ | ᠬᠠᠷᠡᠭᠠᠯᠵᠡᠬᠤ ᠵᠡᠷᠴᠢᠮ ᠢ ᠤᠢᠡᠳᠦᠰᠦᠯᠡᠠ ᠰᠢᠬᠦᠠ ᠲᠡᠰᠦᠯᠦᠨᠡ᠃ ᠲᠡᠪᠬᠤᠷ ᠤᠷᠦᠬᠯᠡᠬᠰᠡᠠ ᠠᠴᠠ ᠪᠤᠯᠤᠭᠰᠠᠨ | ᠬᠦᠴᠦᠠ ᠤᠢᠭᠡᠢ ᠤᠷᠤᠬ ᠤᠨ ᠡᠳ᠋ ᠬᠦᠷᠦᠩᠭᠡ ᠶᠢ ᠰᠢᠢᠦᠡᠪᠦᠷᠢᠯᠡᠬᠦ ᠳᠡᠭᠡᠨ ᠬᠠᠦᠯᠢ ᠶᠤᠰᠦᠭᠠᠷ ᠤᠷᠦᠬᠯᠠᠬᠰᠡᠠ | ᠲᠤᠬᠠᠢ ᠶᠢᠨ ᠬᠦᠮᠦᠠ ᠤ ᠡᠳ᠋ ᠬᠦᠷᠦᠩᠭᠡ ᠶᠢᠨ ᠡᠷᠭᠡ ᠠᠰᠢᠬ ᠢ ᠬᠤᠬᠢᠷᠡᠭᠤᠯᠵᠦ ᠪᠤᠯᠬᠤ ᠤᠢᠭᠡᠢ᠃ ᠲᠤᠬᠠᠢ ᠶᠢᠨ | ᠬᠦᠮᠦᠨ ᠤ ᠲᠦᠷᠦᠭᠰᠡᠠ ᠤᠢᠷ᠎ᠠ ᠭᠡᠤᠭᠡᠦᠠ ᠲᠤ ᠲᠤᠰ ᠬᠠᠦᠯᠢ ᠶᠢᠨ ᠡᠴᠢᠭᠡ ᠡᠭᠡ ᠤᠢᠷ᠎ᠠ ᠭᠡᠤᠭᠡᠦᠠ ᠤᠨ ᠲᠤᠬᠠᠢ | ᠲᠤᠬᠳᠡᠭᠠᠯ ᠢ ᠲᠤᠬᠢᠷᠠᠭᠤᠯᠤᠨ ᠭᠡᠷᠡᠭᠯᠡᠨ᠎ᠡ᠃ | ᠤᠷᠤᠬ ᠨᠢ ᠬᠦᠴᠦᠨ ᠤᠢᠭᠡᠢ ᠪᠤᠶᠤ ᠬᠦᠴᠦᠨ ᠤᠢᠭᠡᠢ ᠪᠣᠯᠭᠠᠭᠳᠠᠭᠰᠠᠨ ᠪᠠᠶᠢᠪᠠᠯ᠂ ᠤᠰᠤᠯ ᠤᠢᠭᠡᠢ ᠲᠠᠯ᠎ᠠ ᠨᠢ | ᠬᠤᠬᠢᠷᠠᠯ ᠢᠶᠠᠨ ᠲᠦᠯᠦᠬᠦᠯᠬᠦ ᠪᠠᠷ ᠭᠤᠶᠤᠴᠢᠯᠠᠬᠤ ᠡᠷᠬᠡ ᠲᠠᠢ᠃ | ᠭᠤᠷᠪᠠᠳᠤᠭᠠᠷ ᠪᠦᠯᠦᠭ ᠭᠡᠷ ᠪᠦᠯᠢ ᠶᠢᠨ ᠬᠠᠷᠢᠴᠠᠭ᠎ᠠ | ᠨᠢᠭᠡᠳᠦᠭᠡᠷ ᠬᠡᠰᠡᠭ ᠡᠷ᠎ᠡ ᠡᠮ᠎ᠡ ᠶᠢᠨ ᠬᠠᠷᠢᠴᠠᠭ᠎ᠠ | ᠮᠢᠩᠭ᠎ᠠ ᠲᠠᠪᠢᠨ ᠲᠠᠪᠤᠳᠤᠭᠠᠷ ᠵᠦᠢᠯ ᠤᠷᠤᠭ ᠭᠡᠷ ᠪᠦᠯᠢ ᠳᠤ ᠡᠷ᠎ᠡ ᠡᠮ᠎ᠡ ᠡᠷᠬᠡ ᠲᠡᠭᠰᠢ ᠪᠠᠶᠢᠷᠢ ᠰᠠᠭᠤᠷᠢ ᠲᠠᠢ᠃ | ᠮᠢᠩᠭ᠎ᠠ ᠲᠠᠪᠢᠨ ᠵᠢᠷᠭᠤᠳᠤᠭᠠᠷ ᠵᠦᠢᠯ ᠡᠷ᠎ᠠ ᠡᠮ᠎ᠠ ᠬᠤᠶᠡᠷ ᠴᠦᠮ ᠥᠪᠡᠷ ᠥᠪᠡᠷ ᠤᠨ ᠤᠪᠦᠬ ᠨᠡᠷ᠎ᠠ ᠪᠠᠨ ᠭᠡᠷᠡᠭᠯᠡᠬᠦ | ᠡᠷᠭᠡ ᠲᠠᠢ᠃ | ᠮᠢᠩᠭ᠎ᠠ ᠲᠠᠪᠢᠨ ᠳᠤᠯᠤᠳᠤᠭᠠᠷ ᠵᠦᠢᠯ ᠡᠷ᠎ᠠ ᠡᠮ᠎ᠠ ᠬᠤᠶᠠᠷ ᠴᠦᠮ ᠤᠢᠢᠯᠡᠦᠡᠪᠦᠷᠢᠯᠡᠯ᠂ ᠠᠵᠢᠯ᠂ ᠰᠤᠷᠦᠯᠴᠡᠯᠭ᠎ᠠ ᠪᠡ | ᠨᠡᠶᠢᠭᠡᠮ ᠤᠨ ᠠᠵᠢᠯᠯᠠᠭ᠎ᠠ ᠳᠤ ᠤᠷᠦᠯᠴᠡᠬᠤ ᠡᠷᠭᠡ ᠴᠢᠯᠦᠭᠡ ᠲᠠᠢ᠂ ᠨᠢᠭᠡ ᠲᠠᠯ᠎ᠠ ᠨᠢ ᠨᠦᠬᠦᠭᠡ ᠲᠠᠯ᠎ᠠ ᠪᠠᠨ | ᠬᠢᠵᠡᠭᠠᠷᠯᠡᠬᠤ ᠪᠤᠶᠦ ᠤᠢᠢᠯᠠ ᠠᠵᠢᠯᠯᠠᠭ᠎ᠠ ᠳᠤᠨᠢ ᠭᠠᠷ ᠲᠦᠷᠦᠵᠦ ᠪᠤᠯᠬᠤ ᠤᠢᠭᠡᠢ᠃ | ᠮᠢᠩᠭ᠎ᠠ ᠲᠠᠪᠢᠨ ᠨᠠᠢᠮᠠᠳᠤᠭᠠᠷ ᠵᠦᠢᠯ ᠡᠷ᠎ᠡ ᠡᠮ᠎ᠡ ᠬᠤᠶᠠᠷ ᠨᠠᠰᠤᠨ ᠳᠤ ᠬᠦᠷᠦᠭᠡᠳᠦᠢ ᠦᠷ᠎ᠡ ᠬᠡᠤᠬᠡᠳ ᠢᠶᠠᠨ ᠠᠰᠠᠷᠠᠨ | ᠲᠡᠵᠢᠭᠡᠬᠦ᠂ ᠰᠤᠷᠭᠠᠨ ᠬᠥᠮᠦᠵᠢᠭᠦᠯᠬᠦ ᠪᠠ ᠬᠠᠮᠠᠭᠠᠯᠠᠬᠤ ᠡᠷᠬᠡ ᠶᠢ ᠠᠳᠠᠯᠢ ᠲᠡᠭᠰᠢ ᠪᠠᠷ ᠡᠳ᠋ᠯᠡᠵᠦ᠂ ᠨᠠᠰᠤᠨ ᠳᠤ | ᠬᠦᠷᠦᠭᠡᠳᠦᠢ ᠦᠷ᠎ᠡ ᠬᠡᠤᠬᠡᠳ ᠢᠶᠠᠨ ᠠᠰᠠᠷᠠᠨ ᠲᠡᠵᠢᠭᠡᠬᠦ᠂ ᠰᠤᠷᠭᠠᠨ ᠬᠥᠮᠦᠵᠢᠭᠦᠯᠬᠦ ᠪᠠ ᠬᠠᠮᠠᠭᠠᠯᠠᠬᠤ ᠡᠭᠦᠷᠭᠡ ᠶᠢ | ᠬᠠᠮᠲᠤ ᠪᠠᠷ ᠡᠭᠦᠷᠭᠡᠯᠡᠨ᠎ᠡ᠃ | ᠮᠢᠩᠭ᠎ᠠ ᠲᠠᠪᠢ ᠶᠢᠰᠦᠳᠦᠭᠡᠷ ᠵᠦᠢᠯ ᠡᠷ᠎ᠠ ᠡᠮ᠎ᠠ ᠬᠤᠶᠡᠷ ᠬᠠᠷᠢᠯᠴᠡᠠ ᠲᠡᠦᠡᠬᠦᠠ ᠲᠡᠵᠢᠭᠡᠬᠦ ᠡᠬᠦᠷᠭᠡ ᠲᠠᠢ᠃ | ᠨᠢᠭᠡ ᠲᠠᠯ᠎ᠠ ᠨᠢ ᠲᠡᠦᠡᠬᠦᠠ ᠲᠡᠵᠢᠭᠡᠬᠦ ᠡᠬᠦᠷᠭᠡ ᠪᠠᠨ ᠬᠦᠢᠴᠡᠦᠡᠭᠡᠬᠦ ᠤᠢᠭᠡᠢ ᠦᠶ᠎ᠡ ᠳᠤ ᠲᠡᠦᠡᠬᠦᠠ ᠲᠡᠵᠢᠭᠡᠯᠭᠡᠬᠦ | ᠴᠢᠬᠤᠯᠠᠲᠠᠢ ᠲᠠᠯ᠎ᠠ ᠨᠢ ᠨᠦᠬᠦᠭᠡ ᠲᠠᠯ᠎ᠠ ᠠᠴᠠ ᠪᠠᠨ ᠲᠡᠦᠡᠬᠦᠠ ᠲᠡᠵᠢᠭᠡᠬᠦ ᠵᠡᠷᠦᠳᠡᠯ ᠠᠪᠬᠤ ᠪᠠᠷ ᠱᠡᠭᠠᠷᠳᠡᠬᠤ | ᠡᠷᠭᠡ ᠲᠠᠢ᠃ | ᠮᠢᠩᠭ᠎ᠠ ᠵᠢᠷᠠᠳᠤᠭᠠᠷ ᠵᠦᠢᠯ ᠡᠷ᠎ᠡ ᠡᠮ᠎ᠡ ᠬᠤᠶᠠᠷ ᠤᠨ ᠨᠢᠭᠡ ᠶᠢᠨ ᠬᠢᠨᠢ ᠭᠡᠷ ᠪᠦᠯᠢ ᠶᠢᠨ ᠡᠳᠦᠷ ᠲᠤᠲᠤᠮ ᠤᠨ | ᠠᠮᠢᠳᠤᠷᠠᠯ ᠤᠨ ᠬᠡᠷᠡᠭᠴᠡᠭᠡ ᠠᠴᠠ ᠪᠣᠯᠵᠤ ᠬᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠨᠢ ᠡᠷ᠎ᠡ ᠡᠮ᠎ᠡ ᠬᠤᠶᠠᠷ ᠲᠤ ᠬᠦᠴᠦᠨ ᠲᠠᠢ᠂ ᠭᠡᠪᠡᠴᠦ ᠡᠷ᠎ᠡ ᠡᠮ᠎ᠡ ᠬᠤᠶᠠᠷ ᠤᠨ ᠨᠢᠭᠡ ᠨᠢ ᠬᠠᠷᠢᠴᠠᠩᠭᠤᠢ | ᠬᠥᠮᠦᠨ ᠲᠠᠢ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠶ᠃ | ᠡᠷ᠎ᠡ ᠡᠮ᠎ᠡ ᠶᠢᠨ ᠬᠤᠭᠤᠷᠣᠨᠳᠣ ᠨᠢᠭᠡ ᠲᠠᠯ᠎ᠠ ᠶᠢᠨ ᠢᠶᠠᠨ ᠬᠡᠷᠡᠭᠵᠢᠭᠦᠯᠵᠦ ᠪᠣᠯᠬᠤ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠤᠢᠢᠯᠠ ᠠᠵᠢᠯᠯᠠᠭ᠎ᠠ ᠶᠢᠨ ᠬᠡᠪᠴᠢᠶ᠎ᠡ ᠶᠢ ᠬᠢᠵᠠᠭᠠᠷᠯᠠᠬᠤ ᠳᠠᠭᠠᠨ ᠰᠡᠶᠢᠠ ᠰᠠᠨᠠᠭᠠᠳᠤ ᠬᠠᠷᠢᠴᠠᠩᠭᠤᠶ | ᠬᠥᠮᠦᠨ ᠲᠠᠢ ᠡᠰᠡᠷᠭᠦᠴᠡᠯᠳᠦᠵᠦ ᠪᠣᠯᠬᠤ ᠤᠢᠭᠡᠢ᠃ | ᠮᠢᠩᠭ᠎ᠠ ᠵᠢᠷᠠᠨ ᠨᠢᠭᠡᠳᠦᠭᠡᠷ ᠵᠦᠢᠯ ᠡᠷ᠎ᠠ ᠡᠮ᠎ᠠ ᠬᠤᠶᠡᠷ ᠬᠠᠷᠢᠯᠴᠡᠠ ᠤᠢᠪ ᠵᠡᠯᠭᠠᠮᠵᠢᠯᠡᠬᠤ ᠡᠷᠭᠡ ᠲᠠᠢ᠃ | ᠮᠢᠩᠭ᠎ᠠ ᠵᠢᠷᠠᠨ ᠬᠤᠶᠠᠳᠤᠭᠠᠷ ᠵᠦᠢᠯ ᠡᠷ᠎ᠠ ᠡᠮ᠎ᠠ ᠬᠤᠶᠡᠷ ᠤᠨ ᠤᠷᠤᠬ ᠤᠨ ᠬᠠᠷᠢᠴᠠᠭ᠎ᠠ ᠤᠢᠷᠬᠦᠯᠵᠢᠯᠡᠵᠦ ᠪᠠᠶᠢᠬᠰᠡᠠ | ᠬᠤᠭᠤᠴᠡᠭᠠᠠ ᠳᠤ ᠤᠯᠦᠬᠰᠡᠠ ᠲᠤᠤᠷ᠎ᠠ ᠵᠢᠬᠰᠡᠭᠠᠬᠰᠡᠠ ᠡᠳ᠋ ᠬᠦᠷᠦᠩᠭᠡ ᠪᠤᠯ ᠡᠷ᠎ᠠ ᠡᠮ᠎ᠠ ᠬᠤᠶᠡᠷ ᠤᠨ ᠬᠠᠮᠳᠦ ᠶᠢᠨ | ᠡᠳ᠋ ᠬᠦᠷᠦᠩᠭᠡ ᠮᠦᠨ᠂ ᠡᠷ᠎ᠠ ᠡᠮ᠎ᠠ ᠬᠤᠶᠡᠷ ᠬᠠᠮᠳᠦ ᠪᠠᠷ ᠦᠮᠴᠢᠯᠡᠨᠡ᠄ | ︵ᠨᠢᠭᠡ︶ ᠴᠡᠯᠢᠩ᠂ ᠱᠡᠩᠨᠡᠯ ᠤᠨ ᠮᠦᠩᠬᠦ᠂ ᠬᠦᠳᠡᠯᠮᠤᠷᠢ ᠦᠢᠯᠡᠴᠢᠯᠡᠭᠡ ᠶᠢᠨ ᠬᠦᠯᠦᠰᠤ ᠤᠯᠭᠤᠮᠵᠢ︔ | ︵ᠬᠤᠶᠡᠷ︶ ᠤᠢᠢᠯᠡᠦᠡᠪᠦᠷᠢᠯᠡᠯ᠂ ᠡᠵᠡᠩᠨᠡᠯᠳᠠ᠂ ᠪᠡᠯᠡ ᠤᠷᠤᠭᠤᠯᠤᠯᠳᠠ ᠶᠢᠨ ᠠᠰᠢᠬ ᠤᠷᠦᠯᠭ᠎ᠠ︔ | ︵ᠭᠤᠷᠪᠡ︶ ᠮᠡᠳᠡᠯᠭᠡ ᠶᠢᠨ ᠪᠦᠳᠦᠭᠡᠭᠳᠡᠬᠦᠠ ᠤ ᠤᠢᠮᠴᠢᠯᠡᠬᠦ ᠡᠷᠭᠡ ᠶᠢᠨ ᠠᠰᠢᠬ ᠤᠷᠦᠯᠭ᠎ᠠ︔ | ︵ᠲᠦᠷᠪᠡ︶ ᠵᠡᠯᠭᠠᠮᠵᠢᠯᠡᠬᠰᠡᠠ ᠪᠤᠶᠦ ᠪᠤᠰᠤᠤᠠ ᠤᠨ ᠪᠡᠯᠡᠭᠯᠡᠵᠦ ᠤᠢᠭ᠍ᠬᠦᠭᠰᠡᠠ ᠡᠳ᠋ ᠬᠦᠷᠦᠩᠭᠡ᠂ ᠭᠡᠪᠡᠴᠦ ᠲᠤᠰ | ᠬᠠᠦᠯᠢ ᠶᠢᠨ ᠮᠢᠩᠭ᠎ᠠ ᠵᠢᠷᠠᠨ ᠭᠤᠷᠪᠠᠳᠤᠭᠠᠷ ᠵᠦᠢᠯ ᠤᠨ ᠭᠤᠷᠪᠡᠳᠦᠭᠠᠷ ᠵᠤᠷᠪᠦᠰ ᠲᠤ ᠲᠤᠬᠳᠡᠭᠠᠬᠰᠡᠠ ᠵᠦᠢᠯ | ᠡᠬᠦᠠ ᠳᠤ ᠪᠠᠭᠳᠡᠬᠤ ᠤᠢᠭᠡᠢ︔ | ︵ᠲᠡᠪᠦ︶ ᠬᠠᠮᠳᠦ ᠪᠠᠷ ᠦᠮᠴᠢᠯᠡᠬᠦ ᠶᠤᠰᠦᠳᠡᠢ ᠪᠤᠰᠤᠤᠠ ᠡᠳ᠋ ᠬᠦᠷᠦᠩᠭᠡ᠃ | ᠡᠷ᠎ᠠ ᠡᠮ᠎ᠠ ᠬᠤᠶᠡᠷ ᠬᠠᠮᠳᠦ ᠶᠢᠨ ᠡᠳ᠋ ᠬᠦᠷᠦᠩᠭᠡ ᠪᠠᠨ ᠰᠢᠢᠦᠡᠪᠦᠷᠢᠯᠡᠬᠦ ᠠᠳᠡᠯᠢ ᠲᠡᠭᠰᠢ ᠡᠷᠭᠡ ᠲᠠᠢ᠃ | ᠮᠢᠩᠭ᠎ᠠ ᠵᠢᠷᠠᠨ ᠭᠤᠷᠪᠠᠳᠤᠭᠠᠷ ᠵᠦᠢᠯ ᠳᠣᠣᠷ᠎ᠠ ᠵᠢᠭᠰᠠᠭᠠᠭᠰᠠᠨ ᠡᠳ᠋ ᠬᠥᠷᠥᠩᠭᠡ ᠪᠤᠯ ᠡᠷ᠎ᠡ ᠡᠮ᠎ᠡ ᠶᠢᠨ ᠨᠢᠭᠡ ᠶᠢᠨ | ᠬᠢᠨᠢ ᠬᠤᠪᠢ ᠶᠢᠨ ᠡᠳ᠋ ᠬᠥᠷᠥᠩᠭᠡ ᠪᠣᠯᠤᠨ᠎ᠠ᠄ | ︵ᠨᠢᠭᠡ︶ ᠨᠢᠭᠡ ᠲᠠᠯ᠎ᠠ ᠶᠢᠨ ᠬᠢᠨᠢ ᠤᠷᠤᠭᠯᠠᠬᠤ ᠠᠴᠠ ᠡᠮᠦᠨᠡᠬᠢ ᠡᠳ᠋ ᠬᠦᠷᠦᠩᠭᠡ︔ | ︵ᠬᠤᠶᠠᠷ︶ ᠨᠢᠭᠡ ᠲᠠᠯ᠎ᠠ ᠨᠢ ᠪᠡᠶ᠎ᠡ ᠮᠠᠬᠠᠪᠤᠳ ᠤᠨ ᠬᠤᠬᠢᠷᠠᠯ ᠳᠤ ᠤᠴᠠᠷᠠᠭᠰᠠᠨ ᠠᠴᠠ ᠪᠤᠯᠵᠦ ᠣᠯᠤᠭᠰᠠᠨ | ᠲᠥᠯᠥᠪᠦᠷᠢ ᠪᠠ ᠨᠦᠭᠦᠪᠤᠷᠢ︔ | ︵ᠭᠤᠷᠪᠠ︶ ᠭᠡᠷᠢᠶᠡᠰ ᠪᠤᠶᠤ ᠪᠡᠯᠡᠭᠯᠡᠵᠦ ᠦᠭᠭᠦ ᠭᠡᠷ᠎ᠡ ᠳᠤ ᠵᠥᠪᠬᠡᠨ ᠨᠢᠭᠡ ᠲᠠᠯ᠎ᠠ ᠳᠤᠨᠢ ᠤᠯᠭᠤᠬᠤ ᠪᠠᠷ | ᠲᠤᠭᠳᠠᠭᠠᠭᠰᠠᠨ ᠡᠳ᠋ ᠬᠦᠷᠦᠩᠭᠡ︔ | ︵ᠲᠦᠷᠪᠡ︶ ᠨᠢᠭᠡ ᠶᠢᠨ ᠬᠢᠨᠢ ᠲᠤᠰᠬᠠᠶ ᠭᠡᠷᠡᠭᠯᠡᠭᠡᠨ ᠤ ᠠᠮᠢᠳᠤᠷᠠᠯ ᠤᠨ ᠬᠡᠷᠡᠭᠰᠡᠯ︔ | ︵ᠲᠠᠪᠤ︶ ᠨᠢᠭᠡ ᠲᠠᠯ᠎ᠠ ᠳᠤᠨᠢ ᠬᠠᠷᠢᠶᠠᠯᠠᠭᠳᠠᠬᠤ ᠶᠤᠰᠤᠲᠠᠢ ᠪᠤᠰᠤᠳ ᠡᠳ᠋ ᠬᠦᠷᠦᠩᠭᠡ᠃ | ᠮᠢᠩᠭ᠎ᠠ ᠵᠢᠷᠠᠨ ᠳᠥᠷᠪᠡᠳᠦᠭᠡᠷ ᠵᠦᠢᠯ ᠡᠷ᠎ᠡ ᠡᠮ᠎ᠡ ᠬᠤᠶᠠᠷ ᠬᠠᠮᠲᠤ ᠭᠠᠷ ᠤᠨ ᠦᠰᠦᠭ ᠵᠢᠷᠤᠭᠰᠠᠨ ᠪᠤᠶᠤ ᠡᠷ᠎ᠡ | ᠡᠮ᠎ᠡ ᠶᠢᠨ ᠨᠢᠭᠡ ᠨᠢ ᠬᠡᠷᠡᠭ ᠤᠨ ᠳᠠᠷᠠᠭ᠎ᠠ ᠨᠡᠬᠡᠮᠵᠢᠯᠡᠨ ᠵᠥᠪᠰᠢᠶᠡᠷᠡᠭᠰᠡᠨ ᠵᠡᠷᠭᠡ ᠬᠠᠮᠲᠤ ᠶᠢᠨ ᠰᠠᠨᠠᠭᠠᠨ ᠤ | ᠢᠯᠡᠳᠭᠡᠯᠳᠡ ᠲᠠᠢ ᠪᠠᠶᠢᠬᠤ ᠥᠷᠢᠲᠦᠭᠰᠡᠨ ᠦᠭᠴᠡᠭᠡ ᠬᠢᠭᠡᠳ ᠡᠷ᠎ᠡ ᠡᠮ᠎ᠡ ᠶᠢᠨ ᠨᠢᠭᠡ ᠨᠢ ᠤᠷᠤᠭ ᠤᠨ ᠬᠠᠷᠢᠴᠠᠭ᠎ᠠ | ᠦᠷᠭᠦᠯᠵᠢᠯᠡᠵᠦ ᠪᠠᠶᠢᠬᠤ ᠬᠤᠭᠤᠴᠠᠭᠠᠨ ᠳᠤ ᠬᠤᠪᠢ ᠬᠥᠮᠦᠨ ᠤ ᠨᠡᠷ᠎ᠡ ᠪᠠᠷ ᠢᠶᠠᠨ ᠭᠡᠷ ᠪᠦᠯᠢ ᠶᠢᠨ ᠡᠳᠦᠷ | ᠲᠤᠲᠤᠮ ᠤᠨ ᠠᠮᠢᠳᠤᠷᠠᠯ ᠤᠨ ᠬᠡᠷᠡᠭᠴᠡᠭᠡ ᠶᠢᠨ ᠲᠦᠯᠦᠭᠡ ᠥᠷᠢᠲᠦᠭᠰᠡᠨ ᠦᠭᠴᠡᠭᠡ ᠪᠣᠯ ᠡᠷ᠎ᠡ ᠡᠮ᠎ᠡ ᠬᠤᠶᠠᠷ ᠤᠨ | ᠬᠠᠮᠲᠤ ᠶᠢᠨ ᠥᠭᠴᠡᠭᠡ ᠳᠤ ᠲᠣᠭᠠᠴᠠᠭᠳᠠᠨ᠎ᠠ᠃ | ᠡᠷ᠎ᠡ ᠡᠮ᠎ᠡ ᠬᠤᠶᠠᠷ ᠤᠨ ᠨᠢᠭᠡ ᠨᠢ ᠤᠷᠤᠭ ᠤᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭᠠᠨ ᠳᠤ ᠬᠤᠪᠢ | ᠬᠥᠮᠦᠨ ᠤ ᠨᠡᠷ᠎ᠡ ᠪᠠᠷ ᠢᠶᠠᠨ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠠᠴᠠ ᠪᠠᠨ | ᠳᠠᠪᠠᠭᠤᠯᠵᠤ ᠥᠷᠢᠲᠦᠭᠰᠡᠨ ᠥᠭᠴᠡᠭᠡ ᠨᠢ ᠡᠷ᠎ᠡ ᠡᠮ᠎ᠡ ᠬᠤᠶᠠᠷ ᠤᠨ ᠬᠠᠮᠲᠤ ᠶᠢᠨ ᠥᠭᠴᠡᠭᠡ ᠳᠤ ᠲᠣᠭᠠᠴᠠᠭᠳᠠᠬᠤ | ᠦᠭᠡᠶ︔ ᠭᠡᠪᠡᠴᠦ ᠠᠪᠴᠠᠭᠠᠲᠠᠨ ᠨᠢ ᠲᠤᠰ ᠥᠭᠴᠡᠭᠡ ᠶᠢ ᠡᠷ᠎ᠡ ᠡᠮ᠎ᠡ ᠬᠤᠶᠠᠷ ᠤᠨ ᠬᠠᠮᠲᠤ ᠶᠢᠨ ᠠᠮᠢᠳᠤᠷᠠᠯ᠂ | ᠬᠠᠮᠲᠤ ᠶᠢᠨ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠭᠰᠡᠨ ᠪᠤᠶᠤ ᠡᠷ᠎ᠡ ᠡᠮ᠎ᠡ ᠬᠤᠶᠠᠷ ᠤᠨ ᠬᠠᠮᠲᠤ ᠶᠢᠨ ᠰᠠᠨᠠᠭᠠᠨ ᠤ | ᠢᠯᠡᠳᠭᠡᠯᠳᠡ ᠶᠢ ᠦᠨᠳᠦᠰᠦᠯᠡᠭᠰᠡᠨ ᠭᠡᠳᠡᠭ ᠢ ᠭᠡᠷᠡᠴᠢᠯᠡᠵᠦ ᠳᠡᠶᠢᠯᠬᠦ ᠨᠢ ᠡᠭᠦᠨ ᠳᠤ ᠪᠠᠭᠲᠠᠬᠤ ᠦᠭᠡᠢ᠃ | ᠮᠢᠩᠭ᠎ᠠ ᠵᠢᠷᠠᠨ ᠲᠠᠪᠤᠳᠤᠭᠠᠷ ᠵᠦᠢᠯ ᠡᠷᠡᠭᠲᠡᠶ ᠡᠮᠡᠭᠲᠡᠶ ᠬᠤᠶᠠᠷ ᠲᠠᠯ᠎ᠠ ᠪᠠᠷ ᠢᠶᠠᠨ ᠤᠷᠤᠬ ᠤᠨ ᠬᠠᠷᠢᠴᠠᠭ᠎ᠠ | ᠦᠷᠭᠦᠯᠵᠢᠯᠡᠵᠦ ᠪᠠᠶᠢᠬᠤ ᠬᠤᠭᠤᠴᠠᠭᠠᠨ ᠳᠤ ᠣᠯᠤᠭᠰᠠᠨ ᠡᠳ᠋ ᠬᠦᠷᠦᠩᠭᠡ ᠵᠢᠴᠢ ᠤᠷᠤᠭᠯᠠᠬᠤ ᠠᠴᠠ ᠡᠮᠦᠨᠡᠬᠢ ᠡᠳ᠋ | ᠬᠦᠷᠦᠩᠭᠡ ᠶᠢ ᠬᠤᠪᠢ ᠬᠤᠪᠢᠨ ᠳᠠᠭᠠᠨ ᠥᠮᠴᠢᠯᠡᠬᠦ᠂ ᠬᠠᠮᠲᠤ ᠪᠠᠷ ᠥᠮᠴᠢᠯᠡᠬᠦ ᠪᠤᠶᠤ ᠬᠡᠰᠡᠭ ᠢ ᠨᠢ ᠬᠤᠪᠢ | ᠬᠤᠪᠢᠨ ᠳᠠᠭᠠᠨ ᠥᠮᠴᠢᠯᠡᠬᠦ᠂ ᠬᠡᠰᠡᠭ ᠢ ᠨᠢ ᠬᠠᠮᠲᠤ ᠪᠠᠷ ᠥᠮᠴᠢᠯᠡᠬᠦ ᠪᠠᠷ ᠪᠣᠯᠵᠣᠨ ᠲᠣᠭᠲᠠᠵᠤ ᠪᠣᠯᠤᠨ᠎ᠠ᠃ | ᠪᠤᠯᠵᠤᠯ ᠢ ᠪᠢᠴᠢᠭ ᠤᠨ ᠬᠡᠯᠪᠡᠷᠢ ᠪᠠᠷ ᠲᠤᠭᠳᠠᠬᠤ ᠬᠡᠷᠡᠭᠲᠡᠶ᠃ ᠪᠤᠯᠵᠤᠨ ᠲᠤᠭᠳᠠᠭᠰᠠᠨ ᠦᠭᠡᠢ ᠪᠤᠶᠤ ᠪᠤᠯᠵᠦᠨ | ᠲᠤᠭᠳᠠᠭᠰᠠᠨ ᠨᠢ ᠲᠣᠳᠣᠷᠬᠠᠶ ᠦᠭᠡᠢ ᠪᠠᠶᠢᠪᠠᠯ᠂ ᠲᠤᠰ ᠬᠠᠤᠯᠢ ᠶᠢᠨ ᠮᠢᠩᠭ᠎ᠠ ᠵᠢᠷᠠᠨ ᠬᠤᠶᠠᠳᠤᠭᠠᠷ ᠵᠦᠢᠯ᠂ ᠮᠢᠩᠭ᠎ᠠ | ᠵᠢᠷᠠᠨ ᠭᠤᠷᠪᠠᠳᠤᠭᠠᠷ ᠵᠦᠢᠯ ᠤᠨ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠡᠷ᠎ᠡ ᠡᠮ᠎ᠡ ᠬᠤᠶᠠᠷ ᠤᠨ ᠤᠷᠤᠬ ᠤᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭᠠᠨ ᠳᠤ ᠣᠯᠤᠭᠰᠠᠨ ᠡᠳ᠋ | ᠬᠦᠷᠦᠩᠭᠡ ᠵᠢᠴᠢ ᠤᠷᠤᠭᠯᠠᠬᠤ ᠠᠴᠠ ᠡᠮᠦᠨᠡᠬᠢ ᠡᠳ᠋ ᠬᠦᠷᠦᠩᠭᠡ ᠶᠢᠨ ᠲᠤᠬᠠᠶ ᠪᠣᠯᠵᠣᠯ ᠨᠢ ᠬᠤᠶᠠᠷ ᠲᠠᠯ᠎ᠠ ᠳᠤ ᠬᠠᠤᠯᠢ | ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ | ᠡᠷ᠎ᠡ ᠡᠮ᠎ᠡ ᠬᠤᠶᠠᠷ ᠤᠷᠤᠬ ᠤᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭᠠᠨ ᠳᠤ ᠣᠯᠤᠭᠰᠠᠨ ᠡᠳ᠋ | ᠬᠦᠷᠦᠩᠭᠡ ᠪᠠᠨ ᠬᠤᠪᠢ ᠬᠤᠪᠢᠨ ᠳᠠᠭᠠᠨ ᠦᠮᠴᠢᠯᠡᠨᠡ ᠭᠡᠵᠦ ᠪᠤᠯᠵᠤᠨ ᠲᠤᠭᠲᠠᠭᠰᠠᠨ ᠪᠠᠶᠢᠪᠠᠯ᠂ ᠡᠷ᠎ᠡ ᠪᠤᠶᠤ | ᠡᠮ᠎ᠡ ᠶᠢᠨ ᠬᠢᠨᠢ ᠪᠤᠰᠤᠳ ᠲᠤ ᠥᠷᠢᠲᠦᠭᠰᠡᠨ ᠦᠭᠴᠡᠭᠡ ᠶᠢ ᠲᠦᠯᠦᠭᠦ ᠳᠤ᠂ ᠬᠠᠷᠢᠴᠠᠩᠭᠤᠶ ᠬᠥᠮᠦᠨ ᠲᠡᠷᠡ | ᠪᠣᠯᠵᠣᠯ ᠢ ᠨᠢ ᠮᠡᠳᠡᠵᠦ ᠪᠠᠶᠢᠪᠠᠯ᠂ ᠡᠷ᠎ᠡ ᠡᠮ᠎ᠡ ᠬᠤᠶᠠᠷ ᠤᠨ ᠨᠢᠭᠡ ᠶᠢᠨ ᠬᠢᠨᠢ ᠬᠤᠪᠢ ᠬᠥᠮᠦᠨ ᠤ ᠡᠳ᠋ | ᠬᠦᠷᠦᠩᠭᠡ ᠪᠠᠷ ᠢᠯᠭᠠᠷᠠᠭᠤᠯᠤᠨ ᠲᠦᠯᠦᠨ᠎ᠠ᠃ | ᠮᠢᠩᠭ᠎ᠠ ᠵᠢᠷᠠᠨ ᠵᠢᠷᠭᠤᠳᠤᠭᠠᠷ ᠵᠦᠢᠯ ᠤᠷᠤᠭ ᠤᠨ ᠬᠠᠷᠢᠴᠠᠭ᠎ᠠ ᠦᠷᠭᠦᠯᠵᠢᠯᠡᠵᠦ ᠪᠠᠶᠢᠬᠤ ᠬᠤᠭᠤᠴᠠᠭᠠᠨ ᠳᠤ ᠳᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠷ᠎ᠡ ᠡᠮ᠎ᠡ ᠬᠤᠶᠠᠷ ᠤᠨ ᠨᠢᠭᠡ ᠨᠢ ᠬᠠᠮᠳᠤ ᠶᠢᠨ ᠡᠳ᠋ | ᠬᠦᠷᠦᠩᠭᠡ ᠪᠠᠨ ᠬᠤᠪᠢᠶᠠᠨ ᠰᠠᠯᠭᠠᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠄ | ︵ᠨᠢᠭᠡ︶ ᠨᠢᠭᠡ ᠲᠠᠯ᠎ᠠ ᠨᠢ ᠡᠷ᠎ᠡ ᠡᠮ᠎ᠡ ᠬᠤᠶᠠᠷ ᠤᠨ ᠬᠠᠮᠲᠤ ᠶᠢᠨ ᠡᠳ᠋ ᠬᠦᠷᠦᠩᠭᠡ ᠶᠢ ᠨᠢᠭᠤᠨ ᠳᠠᠯᠳᠠᠯᠠᠭᠰᠠᠨ᠂ | ᠰᠢᠯᠵᠢᠭᠦᠯᠦᠭᠰᠡᠨ᠂ ᠬᠤᠪᠢᠷᠠᠭᠤᠯᠤᠨ ᠬᠤᠳᠠᠯᠳᠤᠭᠰᠠᠨ᠂ ᠡᠪᠳᠡᠵᠦ ᠰᠦᠢᠳᠬᠡᠭᠰᠠᠨ᠂ ᠱᠠᠯᠢᠨ ᠪᠦᠷᠢᠯᠭᠡᠭᠰᠡᠨ ᠪᠤᠶᠤ | ᠡᠷ᠎ᠡ ᠡᠮ᠎ᠡ ᠬᠤᠶᠠᠷ ᠤᠨ ᠬᠠᠮᠲᠤ ᠶᠢᠨ ᠥᠭᠴᠡᠭᠡ ᠶᠢ ᠬᠠᠭᠤᠷᠮᠠᠭᠯᠠᠨ ᠵᠣᠬᠢᠶᠠᠭᠰᠠᠨ ᠵᠡᠷᠭᠡ ᠡᠷ᠎ᠡ ᠡᠮ᠎ᠡ ᠬᠤᠶᠠᠷ ᠤᠨ | ᠬᠠᠮᠲᠤ ᠶᠢᠨ ᠡᠳ᠋ ᠬᠦᠷᠦᠩᠭᠡ ᠶᠢᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠤᠭᠰᠠᠨ ᠦᠢᠯᠡ | ᠠᠵᠢᠯᠯᠠᠭ᠎ᠠ ᠲᠠᠢ︔ | ︵ᠬᠤᠶᠠᠷ︶ ᠨᠢᠭᠡ ᠲᠠᠯ᠎ᠠ ᠶᠢᠨ ᠬᠢᠨᠢ ᠡᠭᠦᠷᠭᠡᠯᠡᠵᠦ ᠪᠠᠶᠢᠬᠤ ᠬᠠᠤᠯᠢ ᠪᠠᠷ ᠲᠣᠭᠲᠠᠭᠠᠭᠰᠠᠨ ᠳᠡᠳᠬᠦᠨ ᠲᠡᠵᠢᠭᠡᠬᠦ | ᠬᠥᠮᠦᠨ ᠨᠢ ᠬᠦᠨᠳᠤ ᠡᠪᠡᠳᠴᠢᠨ ᠳᠤ ᠨᠡᠷᠪᠡᠭᠳᠡᠭᠡᠳ ᠡᠮᠨᠡᠨ ᠵᠠᠰᠠᠬᠤ ᠴᠢᠬᠤᠯᠠᠲᠠᠢ ᠪᠠᠶᠢᠬᠤ ᠳᠤ᠂ ᠨᠥᠭᠦᠭᠡ ᠲᠠᠯ᠎ᠠ ᠨᠢ | ᠬᠤᠯᠪᠤᠭᠳᠠᠯ ᠪᠦᠬᠦᠢ ᠡᠮᠨᠡᠯᠭᠡ ᠶᠢᠨ ᠵᠠᠷᠤᠳᠠᠯ ᠢ ᠲᠥᠯᠥᠬᠦ ᠶᠢ ᠥᠯᠥ ᠵᠥᠪᠰᠢᠶᠡᠷᠡᠭᠰᠡᠨ᠃ | ᠬᠤᠶᠠᠳᠤᠭᠠᠷ ᠬᠡᠰᠡᠭ ᠡᠴᠢᠭᠡ ᠡᠭᠡ ᠦᠷ᠎ᠡ ᠬᠡᠦᠬᠡᠳ ᠤᠨ ᠬᠠᠷᠢᠴᠠᠭ᠎ᠠ ᠪᠠ ᠪᠤᠰᠤᠳ ᠤᠢᠢᠷ᠎ᠠ ᠲᠦᠷᠦᠯ ᠰᠡᠳᠦᠠ ᠤ | ᠬᠠᠷᠢᠴᠠᠭ᠎ᠠ | ᠮᠢᠩᠭ᠎ᠠ ᠵᠢᠷᠠᠨ ᠳᠤᠯᠤᠳᠤᠭᠠᠷ ᠵᠦᠢᠯ ᠡᠴᠢᠭᠡ ᠡᠭᠡ ᠨᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠤᠢᠭᠡᠢ | ᠪᠠᠶᠢᠪᠠᠯ᠂ ᠨᠠᠰᠤᠨ ᠳᠤ ᠬᠦᠷᠦᠭᠡᠳᠦᠢ ᠦᠷ᠎ᠡ ᠬᠡᠦᠬᠡᠳ ᠪᠤᠶᠤ ᠪᠡᠶ᠎ᠡ ᠪᠠᠨ ᠳᠠᠭᠠᠭᠠᠵᠤ ᠠᠮᠢᠳᠤᠷᠠᠵᠤ ᠳᠡᠶᠢᠯᠬᠦ ᠤᠢᠭᠡᠢ | ᠨᠠᠰᠤᠨ ᠳᠤ ᠬᠦᠷᠦᠭᠰᠡᠨ ᠦᠷ᠎ᠡ ᠬᠡᠦᠬᠡᠳ ᠨᠢ ᠡᠴᠢᠭᠡ ᠡᠭᠡ ᠪᠠᠷ ᠢᠶᠠᠨ ᠠᠰᠠᠷᠠᠨ ᠲᠡᠵᠢᠭᠡᠬᠦ ᠵᠠᠷᠤᠳᠠᠯ ᠲᠦᠯᠦᠭᠦᠯᠬᠦ ᠪᠠᠷ | ᠱᠠᠭᠠᠷᠳᠠᠬᠤ ᠡᠷᠬᠡ ᠲᠠᠢ᠃ | ᠨᠠᠰᠤᠨ ᠳᠤ ᠬᠦᠷᠦᠭᠰᠡᠨ ᠦᠷ᠎ᠡ ᠬᠡᠦᠬᠡᠳ ᠨᠢ ᠠᠴᠢᠯᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠤᠢᠭᠡᠢ ᠪᠠᠶᠢᠪᠠᠯ᠂ | ᠬᠦᠳᠡᠯᠮᠤᠷᠢᠯᠡᠭᠦ ᠴᠢᠳᠠᠪᠤᠷᠢ ᠮᠡᠬᠦᠰ ᠪᠤᠶᠤ ᠠᠮᠢᠳᠤᠷᠠᠯ ᠨᠢ ᠬᠦᠴᠢᠷᠳᠡᠯᠲᠡᠶ ᠡᠴᠢᠭᠡ ᠡᠭᠡ ᠨᠢ ᠨᠠᠰᠤᠨ ᠳᠤ ᠬᠦᠷᠦᠭᠰᠡᠨ | ᠦᠷ᠎ᠡ ᠬᠡᠦᠬᠡᠳ ᠢᠶᠠᠷ ᠢᠶᠠᠨ ᠠᠴᠢᠯᠠᠨ ᠲᠡᠵᠢᠭᠡᠬᠦ ᠵᠠᠷᠤᠳᠠᠯ ᠲᠦᠯᠦᠭᠦᠯᠬᠦ ᠪᠠᠷ ᠱᠠᠭᠠᠷᠳᠠᠬᠤ ᠡᠷᠬᠡ ᠲᠠᠢ᠃ | ᠮᠢᠩᠭ᠎ᠠ ᠵᠢᠷᠠᠨ ᠨᠠᠢᠮᠠᠳᠤᠭᠠᠷ ᠵᠦᠢᠯ ᠡᠴᠢᠭᠡ ᠡᠭᠡ ᠨᠢ ᠨᠠᠰᠤᠨ ᠳᠤ ᠬᠦᠷᠦᠭᠡᠳᠦᠢ ᠦᠷ᠎ᠡ ᠪᠠᠨ ᠰᠤᠷᠭᠠᠨ ᠬᠥᠮᠦᠵᠢᠭᠦᠯᠬᠦ | ᠂ ᠬᠠᠮᠠᠭᠠᠯᠠᠬᠤ ᠡᠷᠬᠡ ᠪᠠ ᠡᠭᠦᠷᠭᠡ ᠲᠠᠢ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠨᠢ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠡᠴᠢᠭᠡ ᠡᠭᠡ ᠨᠢ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ᠃ | ᠮᠢᠩᠭ᠎ᠠ ᠵᠢᠷᠠ ᠶᠢᠰᠦᠳᠦᠭᠡᠷ ᠵᠦᠢᠯ ᠦᠷ᠎ᠡ ᠬᠡᠦᠬᠡᠳ ᠨᠢ ᠡᠴᠢᠭᠡ ᠡᠭᠡ ᠶᠢᠨ ᠢᠶᠠᠨ ᠤᠷᠤᠬ ᠤᠨ ᠡᠷᠬᠡ ᠶᠢ | ᠬᠦᠨᠳᠦᠳᠬᠡᠬᠦ ᠬᠡᠷᠡᠭᠲᠡᠶ᠂ ᠡᠴᠢᠭᠡ ᠡᠭᠡ ᠶᠢᠨ ᠢᠶᠠᠨ ᠤᠷᠤᠬ ᠰᠠᠯᠬᠤ᠂ ᠲᠡᠬᠢᠠ ᠤᠷᠤᠭᠯᠠᠬᠤ ᠵᠢᠴᠢ ᠤᠷᠤᠭᠯᠠᠭᠰᠠᠨ ᠤ | ᠳᠠᠷᠠᠭᠠᠬᠢ ᠠᠮᠢᠳᠤᠷᠠᠯ ᠳᠤ ᠭᠠᠷ ᠲᠦᠷᠦᠵᠦ ᠪᠣᠯᠬᠤ ᠤᠢᠭᠡᠢ᠃ ᠦᠷ᠎ᠡ ᠬᠡᠦᠬᠡᠳ ᠤᠨ ᠡᠴᠢᠭᠡ ᠡᠭᠡ ᠪᠠᠨ ᠠᠴᠢᠯᠠᠨ | ᠲᠡᠵᠢᠭᠡᠬᠦ ᠡᠭᠦᠷᠭᠡ ᠨᠢ ᠡᠴᠢᠭᠡ ᠡᠭᠡ ᠶᠢᠨ ᠬᠢᠨᠢ ᠤᠷᠤᠬ ᠤᠨ ᠬᠠᠷᠢᠴᠠᠭᠠᠨ ᠳᠤ ᠬᠤᠪᠢᠷᠠᠯᠲᠠ ᠭᠠᠷᠤᠭᠰᠠᠨ ᠠᠴᠠ | ᠪᠤᠯᠵᠦ ᠳᠠᠭᠤᠰᠬᠤ ᠤᠢᠭᠡᠢ᠃ | ᠮᠢᠩᠭ᠎ᠠ ᠳᠠᠯᠠᠳᠤᠭᠠᠷ ᠵᠦᠢᠯ ᠡᠴᠢᠭᠡ ᠡᠭᠡ ᠪᠣᠯᠤᠨ ᠦᠷ᠎ᠡ ᠬᠡᠦᠬᠡᠳ ᠨᠢ ᠬᠠᠷᠢᠯᠴᠠᠨ ᠥᠪ ᠵᠠᠯᠭᠠᠮᠵᠢᠯᠠᠬᠤ ᠡᠷᠬᠡ ᠲᠠᠢ᠃ | | ᠮᠢᠩᠭ᠎ᠠ ᠳᠠᠯᠠᠨ ᠨᠢᠭᠡᠳᠦᠭᠡᠷ ᠵᠦᠢᠯ ᠤᠷᠤᠭᠯᠠᠭᠰᠠᠨ ᠤᠢᠭᠡᠢ ᠪᠠᠷ ᠲᠦᠷᠦᠭᠰᠡᠨ ᠦᠷ᠎ᠡ ᠬᠡᠦᠬᠡᠳ ᠨᠢ ᠤᠷᠤᠭᠯᠠᠭᠠᠳ | ᠲᠦᠷᠦᠭᠰᠡᠨ ᠦᠷ᠎ᠡ ᠬᠡᠦᠬᠡᠳ ᠲᠠᠢ ᠠᠳᠠᠯᠢ ᠲᠡᠭᠰᠢ ᠡᠷᠬᠡ ᠶᠢ ᠡᠳ᠋ᠯᠡᠨ᠎ᠡ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠬᠤᠬᠢᠷᠠᠭᠤᠯᠬᠤ ᠪᠠ ᠭᠠᠳᠠᠭᠤᠷᠴᠢᠯᠠᠵᠤ ᠪᠣᠯᠬᠤ ᠤᠢᠭᠡᠢ᠃ | ᠤᠷᠤᠭᠯᠠᠭᠰᠠᠨ ᠤᠢᠭᠡᠢ ᠪᠠᠷ ᠲᠦᠷᠦᠭᠰᠡᠨ ᠦᠷ᠎ᠡ ᠬᠡᠦᠬᠡᠳ ᠢᠶᠠᠨ ᠰᠢᠭᠤᠳ ᠠᠰᠠᠷᠠᠨ ᠲᠡᠵᠢᠭᠡᠬᠦ ᠤᠢᠭᠡᠢ ᠲᠦᠷᠦᠭᠰᠡᠨ | ᠡᠴᠢᠭᠡ ᠪᠤᠶᠤ ᠲᠦᠷᠦᠭᠰᠡᠨ ᠡᠭᠡ ᠨᠢ ᠨᠠᠰᠤᠨ ᠳᠤ ᠬᠦᠷᠦᠭᠡᠳᠦᠢ ᠦᠷ᠎ᠡ ᠬᠡᠦᠬᠡᠳ ᠪᠤᠶᠤ ᠪᠡᠶ᠎ᠡ ᠪᠠᠨ ᠳᠠᠭᠠᠭᠠᠵᠤ | ᠠᠮᠢᠳᠤᠷᠠᠵᠤ ᠳᠡᠶᠢᠯᠬᠦ ᠤᠢᠭᠡᠢ ᠨᠠᠰᠤᠨ ᠳᠤ ᠬᠦᠷᠦᠭᠰᠡᠨ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠵᠠᠷᠤᠳᠠᠯ ᠢ | ᠡᠭᠦᠷᠭᠡᠯᠡᠬᠦ ᠬᠡᠷᠡᠭᠲᠡᠶ᠃ | ᠮᠢᠩᠭ᠎ᠠ ᠳᠠᠯᠠᠨ ᠬᠤᠶᠠᠳᠤᠭᠠᠷ ᠵᠦᠢᠯ ᠬᠤᠶᠢᠲᠤ ᠡᠴᠢᠭᠡ ᠡᠬᠡ ᠪᠣᠯᠤᠨ ᠳᠠᠭᠠᠭᠤᠯᠢ ᠦᠷ᠎ᠡ ᠬᠡᠦᠬᠡᠳ ᠨᠢ ᠬᠠᠷᠢᠯᠴᠠᠨ | ᠬᠠᠯᠠ ᠦᠵᠡᠭᠦᠯᠬᠦ ᠪᠤᠶᠤ ᠭᠠᠳᠠᠭᠤᠷᠴᠢᠯᠠᠵᠦ ᠪᠣᠯᠬᠤ ᠦᠭᠡᠢ᠃ | ᠬᠤᠶᠢᠲᠤ ᠡᠴᠢᠭᠡ ᠪᠤᠶᠤ ᠬᠤᠶᠢᠲᠤ ᠡᠭᠡ ᠪᠤᠯᠤᠨ ᠲᠡᠭᠦᠨ ᠤ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠦᠭᠰᠡᠨ | ᠳᠠᠭᠠᠭᠤᠯᠢ ᠦᠷ᠎ᠡ ᠬᠡᠦᠬᠡᠳ ᠤᠨ ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠳᠤ ᠲᠤᠰ ᠬᠠᠤᠯᠢ ᠶᠢᠨ ᠡᠴᠢᠭᠡ | ᠡᠭᠡ ᠦᠷ᠎ᠡ ᠬᠡᠦᠬᠡᠳ ᠤᠨ ᠬᠠᠷᠢᠴᠠᠭᠠᠨ ᠤ ᠲᠤᠬᠠᠶ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠮᠢᠩᠭ᠎ᠠ ᠳᠠᠯᠠᠨ ᠭᠤᠷᠪᠠᠳᠤᠭᠠᠷ ᠵᠦᠢᠯ ᠡᠴᠢᠭᠡ ᠡᠬᠡ ᠦᠷ᠎ᠡ ᠬᠡᠦᠬᠡᠳ ᠤᠨ ᠴᠢᠰᠦᠨ ᠬᠠᠷᠢᠴᠠᠭ᠎ᠠ ᠳᠤ ᠣᠨᠳᠣᠤ | ᠰᠠᠨᠠᠯ ᠲᠠᠢ ᠪᠦᠭᠡᠳ ᠵᠦᠶ ᠶᠣᠰᠣᠨ ᠤ ᠰᠢᠯᠲᠠᠭᠠᠨ ᠲᠠᠢ ᠪᠠᠶᠢᠪᠠᠯ᠂ ᠡᠴᠢᠭᠡ ᠪᠤᠶᠤ ᠡᠬᠡ ᠨᠢ ᠠᠷᠠᠳ ᠤᠨ ᠰᠢᠭᠦᠬᠦ | ᠬᠤᠷᠢᠶ᠎ᠠ ᠳᠤ ᠵᠠᠭᠠᠯᠳᠤᠯᠭ᠎ᠠ ᠭᠠᠷᠭᠠᠵᠤ᠂ ᠡᠴᠢᠭᠡ ᠡᠬᠡ ᠦᠷ᠎ᠡ ᠬᠡᠦᠬᠡᠳ ᠤᠨ ᠴᠢᠰᠦᠨ ᠬᠠᠷᠢᠴᠠᠭ᠎ᠠ ᠶᠢ ᠨᠤᠲᠠᠯᠠᠭᠤᠯᠬᠤ | ᠪᠤᠶᠤ ᠦᠭᠡᠶᠢᠰᠭᠡᠯᠭᠡᠭᠦ ᠪᠠᠷ ᠭᠤᠶᠤᠴᠢᠯᠠᠵᠤ ᠪᠣᠯᠤᠨ᠎ᠠ᠃ | ᠡᠴᠢᠭᠡ ᠡᠭᠡ ᠦᠷ᠎ᠡ ᠬᠡᠦᠬᠡᠳ ᠤᠨ ᠴᠢᠰᠦᠨ ᠬᠠᠷᠢᠴᠠᠭ᠎ᠠ ᠳᠤ ᠣᠨᠳᠣᠤ ᠰᠠᠨᠠᠯ ᠲᠠᠢ ᠪᠥᠭᠡᠳ ᠵᠦᠶ ᠶᠣᠰᠣᠨ ᠤ | ᠰᠢᠯᠲᠠᠭᠠᠨ ᠲᠠᠢ ᠪᠠᠶᠢᠪᠠᠯ᠂ ᠨᠠᠰᠤᠨ ᠳᠤ ᠬᠦᠷᠦᠭᠰᠡᠨ ᠦᠷ᠎ᠡ ᠬᠡᠦᠬᠡᠳ ᠨᠢ ᠠᠷᠠᠳ ᠤᠨ ᠰᠢᠭᠦᠬᠦ ᠬᠤᠷᠢᠶ᠎ᠠ ᠳᠤ | ᠵᠠᠭᠠᠯᠳᠤᠯᠭ᠎ᠠ ᠭᠠᠷᠭᠠᠵᠤ᠂ ᠡᠴᠢᠭᠡ ᠡᠭᠡ ᠦᠷ᠎ᠡ ᠬᠡᠦᠬᠡᠳ ᠤᠨ ᠴᠢᠰᠦᠨ ᠬᠠᠷᠢᠴᠠᠭ᠎ᠠ ᠶᠢ ᠨᠤᠲᠠᠯᠠᠭᠤᠯᠬᠤ ᠪᠠᠷ | ᠭᠤᠶᠤᠴᠢᠯᠠᠵᠤ ᠪᠣᠯᠤᠨ᠎ᠠ᠃ | ᠮᠢᠩᠭ᠎ᠠ ᠳᠠᠯᠠᠨ ᠳᠦᠷᠪᠡᠳᠦᠭᠡᠷ ᠵᠦᠢᠯ ᠡᠴᠢᠭᠡ ᠡᠭᠡ ᠨᠢ ᠦᠭᠦᠭᠰᠡᠨ ᠪᠤᠶᠤ ᠡᠴᠢᠭᠡ ᠡᠭᠡ ᠨᠢ ᠠᠰᠠᠷᠠᠨ ᠲᠡᠵᠢᠭᠡᠬᠦ | ᠴᠢᠳᠠᠯ ᠤᠢᠭᠡᠢ ᠪᠣᠯᠤᠭᠰᠠᠨ ᠨᠠᠰᠤᠨ ᠳᠤ ᠬᠦᠷᠦᠭᠡᠳᠦᠢ ᠣᠮᠪᠣᠯᠣ ᠦᠷ᠎ᠡ ᠬᠡᠦᠬᠡᠳ᠂ ᠵᠢᠭᠡ ᠣᠮᠪᠣᠯᠣ ᠦᠷ᠎ᠡ | ᠭᠡᠤᠭᠡᠳ ᠢᠶᠠᠨ ᠡᠭᠦᠷᠭᠡᠯᠡᠬᠦ ᠴᠢᠳᠠᠪᠤᠷᠢ ᠲᠠᠢ ᠡᠪᠦᠭᠡ ᠡᠮᠡᠭᠡ᠂ ᠨᠠᠭᠠᠴᠤ ᠡᠪᠦᠭᠡ ᠡᠮᠡᠭᠡ ᠨᠢ ᠠᠰᠠᠷᠠᠨ ᠲᠡᠵᠢᠭᠡᠬᠦ | ᠡᠭᠦᠷᠭᠡ ᠲᠠᠢ᠃ | ᠦᠷ᠎ᠡ ᠬᠡᠦᠬᠡᠳ ᠨᠢ ᠦᠭᠦᠭᠰᠡᠨ ᠪᠤᠶᠤ ᠦᠷ᠎ᠡ ᠬᠡᠦᠬᠡᠳ ᠨᠢ ᠠᠴᠢᠯᠠᠨ ᠲᠡᠵᠢᠭᠡᠬᠦ ᠴᠢᠳᠠᠯ ᠤᠢᠭᠡᠢ ᠪᠣᠯᠤᠭᠰᠠᠨ ᠡᠪᠦᠭᠡ | ᠡᠮᠡᠭᠡ᠂ ᠨᠠᠭᠠᠴᠤ ᠡᠪᠦᠭᠡ ᠡᠮᠡᠭᠡ ᠪᠠᠨ ᠡᠭᠦᠷᠭᠡᠯᠡᠬᠦ ᠴᠢᠳᠠᠪᠤᠷᠢ ᠲᠠᠢ ᠣᠮᠪᠣᠯᠣ ᠦᠷ᠎ᠡ ᠬᠡᠦᠬᠡᠳ᠂ ᠵᠢᠭᠡ ᠣᠮᠪᠣᠯᠣ | ᠦᠷ᠎ᠡ ᠬᠡᠦᠬᠡᠳ ᠨᠢ ᠠᠴᠢᠯᠠᠨ ᠲᠡᠵᠢᠭᠡᠬᠦ ᠡᠭᠦᠷᠭᠡ ᠲᠠᠢ᠃ | ᠮᠢᠩᠭ᠎ᠠ ᠳᠠᠯᠠᠨ ᠲᠠᠪᠤᠳᠤᠭᠠᠷ ᠵᠦᠢᠯ ᠡᠴᠢᠭᠡ ᠡᠭᠡ ᠨᠢ ᠦᠭᠦᠭᠰᠡᠨ ᠪᠤᠶᠤ ᠡᠴᠢᠭᠡ ᠡᠭᠡ ᠨᠢ ᠠᠰᠠᠷᠠᠨ ᠲᠡᠵᠢᠭᠡᠬᠦ | ᠴᠢᠳᠠᠯ ᠤᠢᠭᠡᠢ ᠪᠣᠯᠤᠭᠰᠠᠨ ᠨᠠᠰᠤᠨ ᠳᠤ ᠬᠦᠷᠦᠭᠡᠳᠦᠢ ᠳᠡᠭᠦᠦ᠂ ᠥᠬᠢᠨ ᠳᠡᠭᠦᠦ ᠪᠠᠨ ᠡᠭᠦᠷᠭᠡᠯᠡᠬᠦ ᠴᠢᠳᠠᠪᠤᠷᠢ ᠲᠠᠢ | ᠠᠬ᠎ᠠ᠂ ᠡᠭᠡᠴᠢ ᠨᠢ ᠳᠡᠳᠬᠦᠨ ᠲᠡᠵᠢᠭᠡᠬᠦ ᠡᠭᠦᠷᠭᠡ ᠲᠠᠢ᠃ | ᠠᠬ᠎ᠠ᠂ ᠡᠭᠡᠴᠢ ᠨᠢ ᠳᠡᠳᠬᠦᠨ ᠲᠡᠵᠢᠭᠡᠵᠦ ᠥᠰᠬᠡᠭᠰᠡᠨ ᠡᠭᠦᠷᠭᠡᠯᠡᠬᠦ ᠴᠢᠳᠠᠪᠤᠷᠢ ᠲᠠᠢ ᠳᠡᠭᠦᠦ᠂ ᠥᠬᠢᠨ ᠳᠡᠭᠦᠦ ᠨᠢ | ᠬᠥᠳᠡᠯᠮᠦᠷᠢᠯᠡᠬᠦ ᠴᠢᠳᠠᠪᠤᠷᠢ ᠮᠡᠬᠦᠰ ᠮᠦᠷᠲᠡᠭᠡᠨ ᠠᠮᠢᠳᠤᠷᠠᠯ ᠤᠨ ᠢᠷᠡᠯᠲᠡ ᠪᠠᠷ ᠬᠤᠮᠰᠠ ᠠᠬ᠎ᠠ᠂ ᠡᠭᠡᠴᠢ ᠪᠠᠨ | ᠳᠡᠳᠭᠦᠨ ᠲᠡᠵᠢᠭᠡᠬᠦ ᠡᠭᠦᠷᠭᠡ ᠲᠠᠢ᠃ | ᠳᠥᠷᠪᠡᠳᠦᠭᠡᠷ ᠪᠦᠯᠦᠭ ᠣᠷᠤᠭ ᠰᠠᠯᠬᠤ | ᠮᠢᠩᠭ᠎ᠠ ᠳᠠᠯᠠᠨ ᠵᠢᠷᠭᠤᠳᠤᠭᠠᠷ ᠵᠦᠢᠯ ᠡᠷ᠎ᠡ ᠡᠮ᠎ᠡ ᠬᠤᠶᠠᠷ ᠰᠠᠶᠢᠨ ᠳᠤᠷ᠎ᠠ ᠠᠴᠠ ᠪᠠᠨ ᠤᠷᠤᠬ ᠰᠠᠯᠬᠤ ᠳᠤ ᠬᠦᠷᠪᠡᠯ᠂ | ᠤᠷᠤᠬ ᠰᠠᠯᠬᠤ ᠪᠢᠴᠢᠭ ᠤᠨ ᠬᠡᠯᠡᠯᠴᠡᠭᠡᠷ ᠲᠣᠭᠲᠠᠬᠤ ᠬᠡᠷᠡᠭᠲᠡᠶ ᠪᠥᠭᠡᠳ ᠤᠷᠤᠬ ᠪᠦᠷᠢᠳᠭᠡᠭᠦ ᠪᠠᠶᠢᠭᠤᠯᠭ᠎ᠠ ᠳᠤ | ᠪᠡᠶ᠎ᠡ ᠪᠠᠷ ᠢᠶᠠᠨ ᠬᠦᠷᠴᠦ ᠤᠷᠤᠬ ᠰᠠᠯᠬᠤ ᠪᠦᠷᠢᠳᠭᠡᠯ ᠬᠢᠯᠭᠡᠬᠦ ᠪᠠᠷ ᠭᠤᠶᠤᠴᠢᠯᠠᠬᠤ ᠬᠡᠷᠡᠭᠲᠡᠶ᠃ | ᠤᠷᠤᠬ ᠰᠠᠯᠬᠤ ᠬᠡᠯᠡᠯᠴᠡᠭᠡᠷ ᠲᠤ ᠬᠤᠶᠠᠷ ᠲᠠᠯ᠎ᠠ ᠶᠢᠨ ᠰᠡᠶᠢᠠ ᠳᠤᠷ᠎ᠠ ᠠᠴᠠ ᠪᠠᠨ ᠤᠷᠤᠬ ᠰᠠᠯᠬᠤ ᠰᠠᠨᠠᠭᠠᠨ ᠤ | ᠢᠯᠡᠳᠭᠡᠯᠳᠡ ᠪᠠ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠡᠳ᠋ ᠬᠦᠷᠦᠩᠭᠡ ᠵᠢᠴᠢ ᠦᠭᠴᠡᠭᠡ ᠪᠠᠨ | ᠰᠢᠢᠳᠪᠦᠷᠢᠯᠡᠬᠦ ᠵᠡᠷᠭᠡ ᠵᠦᠢᠯ ᠢ ᠵᠦᠪᠳᠡᠯᠴᠡᠵᠦ ᠨᠢᠭᠡᠳᠦᠭᠰᠡᠨ ᠰᠠᠨᠠᠯ ᠢᠶᠠᠨ ᠪᠢᠴᠢᠵᠦ ᠳᠤᠲᠤᠷᠬᠠᠢᠢᠯᠠᠬᠤ ᠬᠡᠷᠡᠭᠲᠡᠶ᠃ | ᠮᠢᠩᠭ᠎ᠠ ᠳᠠᠯᠠᠨ ᠳᠤᠯᠤᠳᠤᠭᠠᠷ ᠵᠦᠢᠯ ᠤᠷᠤᠭ ᠪᠦᠷᠢᠳᠭᠡᠭᠦ ᠪᠠᠶᠢᠭᠤᠯᠭ᠎ᠠ ᠤᠷᠤᠭ ᠰᠠᠯᠬᠤ ᠪᠠᠷ ᠪᠦᠷᠢᠳᠭᠡᠭᠦᠯᠬᠦ | ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ᠂ ᠠᠯᠢ ᠨᠢᠭᠡ ᠲᠠᠯ᠎ᠠ ᠨᠢ ᠤᠷᠤᠭ | ᠰᠠᠯᠬᠤ ᠳᠤᠷ᠎ᠠ ᠦᠭᠡᠢ ᠪᠠᠶᠢᠪᠠᠯ᠂ ᠤᠷᠤᠭ ᠪᠦᠷᠢᠳᠭᠡᠭᠦ ᠪᠠᠶᠢᠭᠤᠯᠭ᠎ᠠ ᠠᠴᠠ ᠤᠷᠤᠭ ᠰᠠᠯᠬᠤ ᠪᠠᠷ ᠪᠦᠷᠢᠳᠭᠡᠭᠦᠯᠬᠦ | ᠭᠤᠶᠤᠴᠢᠯᠠᠯ ᠢᠶᠠᠨ ᠪᠤᠴᠠᠭᠠᠨ ᠠᠪᠴᠤ ᠪᠣᠯᠤᠨ᠎ᠠ᠃ | ᠡᠮᠦᠨᠡᠬᠢ ᠪᠠᠳᠠᠭ ᠲᠤ ᠲᠣᠭᠲᠠᠭᠠᠭᠰᠠᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠭᠤᠴᠢᠨ ᠡᠳᠦᠷ ᠤᠨ ᠳᠣᠲᠣᠷ᠎ᠠ᠂ | ᠬᠤᠶᠠᠷ ᠲᠠᠯ᠎ᠠ ᠪᠠᠷ ᠢᠶᠠᠨ ᠤᠷᠤᠭ ᠪᠦᠷᠢᠳᠭᠡᠭᠦ ᠪᠠᠶᠢᠭᠤᠯᠭ᠎ᠠ ᠳᠤ ᠪᠡᠶ᠎ᠡ ᠪᠠᠷ ᠢᠶᠠᠨ ᠬᠦᠷᠴᠦ ᠤᠷᠤᠭ ᠰᠠᠯᠬᠤ ᠦᠨᠡᠮᠯᠡᠯ | ᠭᠤᠶᠤᠴᠢᠯᠠᠬᠤ ᠬᠡᠷᠡᠭᠲᠡᠶ︔ ᠭᠤᠶᠤᠴᠢᠯᠠᠭᠰᠠᠨ ᠦᠭᠡᠢ ᠪᠠᠶᠢᠪᠠᠯ᠂ ᠤᠷᠤᠭ ᠰᠠᠯᠬᠤ ᠪᠠᠷ ᠪᠦᠷᠢᠳᠬᠡᠭᠦᠯᠬᠦ | ᠭᠤᠶᠤᠴᠢᠯᠠᠯ ᠢᠶᠠᠨ ᠪᠤᠴᠠᠭᠠᠵᠤ ᠠᠪᠤᠭᠰᠠᠨ ᠢᠶᠠᠷ ᠦᠵᠡᠨ᠎ᠡ᠃ | ᠮᠢᠩᠭ᠎ᠠ ᠳᠠᠯᠠᠨ ᠨᠠᠢᠮᠠᠳᠤᠭᠠᠷ ᠵᠦᠢᠯ ᠬᠤᠶᠠᠷ ᠲᠠᠯ᠎ᠠ ᠪᠠᠷ ᠢᠶᠠᠨ ᠦᠨᠡᠬᠡᠷ ᠰᠠᠶᠢᠨ ᠳᠤᠷ᠎ᠠ ᠠᠴᠠ ᠪᠠᠨ ᠣᠷᠤᠭ ᠰᠠᠯᠬᠤ | ᠭᠡᠵᠦ ᠪᠠᠶᠢᠭ᠎ᠠ ᠪᠥᠭᠡᠳ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠡᠳ᠋ ᠬᠥᠷᠥᠩᠭᠡ ᠵᠢᠴᠢ ᠦᠭᠴᠡᠭᠡ ᠪᠠᠨ | ᠰᠢᠢᠳᠪᠦᠷᠢᠯᠡᠬᠦ ᠵᠡᠷᠭᠡ ᠵᠦᠢᠯ ᠢ ᠵᠥᠪᠳᠡᠯᠴᠡᠭᠡᠳ ᠰᠠᠨᠠᠯ ᠨᠢᠭᠡᠳᠦᠭᠰᠡᠨ ᠢ ᠨᠢ ᠤᠷᠤᠭ ᠪᠦᠷᠢᠳᠬᠡᠬᠦ ᠪᠠᠶᠢᠭᠤᠯᠭ᠎ᠠ | ᠪᠠᠶᠢᠴᠠᠭᠠᠨ ᠳᠤᠳᠤᠯᠠᠬᠰᠠᠨ ᠪᠠᠶᠢᠪᠠᠯ᠂ ᠣᠷᠤᠭ ᠪᠦᠷᠢᠳᠭᠡᠭᠦ ᠪᠠᠶᠢᠭᠤᠯᠭ᠎ᠠ ᠪᠦᠷᠢᠳᠭᠡᠨ ᠥᠭᠴᠦ᠂ ᠣᠷᠤᠭ | ᠰᠠᠯᠤᠭᠰᠠᠨ ᠦᠨᠡᠮᠯᠡᠯ ᠣᠯᠭᠤᠨ᠎ᠠ᠃ | ᠮᠢᠩᠭ᠎ᠠ ᠳᠠᠯ᠎ᠠ ᠶᠢᠰᠦᠳᠦᠭᠡᠷ ᠵᠦᠢᠯ ᠡᠷ᠎ᠡ ᠡᠮ᠎ᠡ ᠬᠤᠶᠠᠷ ᠤᠨ ᠨᠢᠭᠡ ᠨᠢ ᠤᠷᠤᠬ ᠰᠠᠯᠬᠤ ᠪᠠᠷ ᠱᠠᠭᠠᠷᠳᠠᠭᠰᠠᠨ ᠪᠠᠶᠢᠪᠠᠯ᠂ | ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠠᠴᠠ ᠡᠶᠡᠳᠡᠭᠦᠯᠬᠦ ᠪᠤᠶᠤ ᠰᠢᠭᠤᠳ ᠠᠷᠠᠳ ᠤᠨ ᠰᠢᠭᠦᠬᠦ | ᠬᠤᠷᠢᠶ᠎ᠠ ᠳᠤ ᠤᠷᠤᠬ ᠰᠠᠯᠬᠤ ᠵᠠᠭᠠᠯᠳᠤᠯᠭ᠎ᠠ ᠭᠠᠷᠭᠠᠵᠤ ᠪᠣᠯᠤᠨ᠎ᠠ᠃ | ᠠᠷᠠᠳ ᠤᠨ ᠰᠢᠭᠦᠬᠦ ᠬᠤᠷᠢᠶ᠎ᠠ ᠤᠷᠤᠭ ᠰᠠᠯᠬᠤ ᠬᠡᠷᠡᠭ ᠢ ᠰᠢᠭᠦᠬᠦ ᠳᠡᠭᠡᠨ ᠡᠶᠡᠳᠡᠭᠦᠯᠬᠦ ᠬᠡᠷᠡᠭᠲᠡᠶ︔ ᠬᠡᠷᠪᠡ ᠦᠨᠡᠬᠡᠷ | ᠰᠡᠳᠬᠢᠯ ᠡᠪᠳᠡᠷᠡᠵᠦ᠂ ᠡᠶᠡᠳᠡᠭᠦᠯᠦᠭᠡᠳ ᠲᠤᠰᠠ ᠭᠠᠷᠬᠤ ᠤᠢᠭᠡᠢ ᠪᠣᠯ ᠤᠷᠤᠬ ᠰᠠᠯᠬᠤ ᠶᠢ ᠨᠢ ᠵᠦᠪᠰᠢᠶᠡᠷᠡᠭᠦ | ᠬᠡᠷᠡᠭᠲᠡᠶ᠃ | ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠡᠶᠡᠳᠡᠭᠦᠯᠦᠭᠡᠳ ᠲᠤᠰᠠ ᠭᠠᠷᠬᠤ ᠤᠢᠭᠡᠢ ᠪᠣᠯ ᠤᠷᠤᠬ | ᠰᠠᠯᠬᠤ ᠶᠢ ᠨᠢ ᠵᠥᠪᠰᠢᠶᠡᠷᠡᠬᠦ ᠬᠡᠷᠡᠭᠲᠡᠶ᠄ | ︵ᠨᠢᠭᠡ︶ ᠳᠠᠪᠬᠤᠷ ᠤᠷᠤᠭᠯᠠᠭᠰᠠᠨ ᠪᠤᠶᠤ ᠪᠤᠰᠤᠳ ᠲᠠᠢ ᠬᠠᠨᠢᠯᠠᠨ ᠰᠠᠭᠤᠭᠰᠠᠨ︔ | ︵ᠬᠤᠶᠠᠷ︶ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ ᠪᠤᠶᠤ ᠭᠡᠷ ᠪᠦᠯᠢ ᠶᠢᠨ ᠪᠦᠷᠢᠯᠳᠦᠬᠦᠨ ᠳᠡᠭᠡᠨ ᠬᠠᠯᠠ | ᠦᠵᠡᠭᠦᠯᠵᠦ᠂ ᠭᠤᠯᠣᠵᠤ ᠤᠷᠬᠢᠬᠰᠡᠠ︔ | ︵ᠭᠤᠷᠪᠠ︶ ᠵᠣᠭᠤᠰ ᠨᠠᠭᠠᠳᠬᠤ᠂ ᠬᠤᠤᠷᠲᠤ ᠡᠳ᠋ ᠡᠳ᠋ᠯᠡᠭᠦ ᠵᠡᠷᠭᠡ ᠮᠠᠭᠤ ᠳᠠᠳᠬᠠᠯ ᠲᠠᠢ ᠪᠠᠶᠢᠵᠤ᠂ ᠣᠯᠠᠨᠲᠠ | ᠰᠤᠷᠭᠠᠭᠰᠠᠨ ᠴᠦ ᠡᠰᠡ ᠵᠠᠰᠠᠷᠠᠭᠰᠠᠨ︔ | ︵ᠲᠦᠷᠪᠡ︶ ᠰᠡᠳᠬᠢᠯ ᠲᠡᠭᠠᠷᠡᠬᠤ ᠤᠢᠭᠡᠢ ᠠᠴᠠ ᠪᠤᠯᠵᠦ ᠰᠠᠯᠵᠤ ᠰᠠᠭᠤᠭᠠᠳ ᠪᠦᠬᠦᠯᠢ ᠬᠤᠶᠠᠷ ᠵᠢᠯ ᠪᠣᠯᠤᠭᠰᠠᠨ︔ | ︵ᠲᠠᠪᠤ︶ ᠡᠷ᠎ᠡ ᠡᠮ᠎ᠡ ᠬᠤᠶᠠᠷ ᠢ ᠰᠡᠳᠬᠢᠯ ᠡᠪᠳᠡᠷᠡᠬᠦ ᠳᠤ ᠬᠦᠷᠦᠭᠦᠯᠦᠭᠰᠡᠨ ᠪᠤᠰᠤᠳ ᠪᠠᠶᠢᠳᠠᠯ᠃ | ᠨᠢᠭᠡ ᠲᠠᠯ᠎ᠠ ᠨᠢ ᠠᠯᠠᠭ᠎ᠠ ᠪᠣᠯᠤᠭᠰᠠᠨ ᠢᠶᠠᠷ ᠵᠠᠷᠯᠠᠭᠳᠠᠭᠠᠳ᠂ ᠨᠦᠭᠦᠭᠡ ᠲᠠᠯ᠎ᠠ ᠨᠢ ᠤᠷᠤᠭ ᠰᠠᠯᠬᠤ ᠵᠠᠭᠠᠯᠳᠤᠯᠭ᠎ᠠ | ᠭᠠᠷᠭᠠᠭᠰᠠᠨ ᠪᠠᠶᠢᠪᠠᠯ᠂ ᠤᠷᠤᠭ ᠰᠠᠯᠬᠤ ᠶᠢ ᠨᠢ ᠵᠥᠪᠰᠢᠶᠡᠷᠡᠬᠦ ᠬᠡᠷᠡᠭᠲᠡᠶ᠃ | ᠠᠷᠠᠳ ᠤᠨ ᠰᠢᠭᠦᠬᠦ ᠬᠤᠷᠢᠶ᠎ᠠ ᠣᠷᠤᠭ ᠰᠠᠯᠬᠤ ᠶᠢ ᠨᠢ ᠵᠥᠪᠰᠢᠶᠡᠷᠡᠬᠦ ᠦᠭᠡᠢ ᠭᠡᠵᠦ ᠲᠠᠰᠤᠯᠤᠭᠰᠠᠨ ᠤ ᠳᠠᠷᠠᠭ᠎ᠠ᠂ | ᠬᠤᠶᠠᠭᠤᠯᠠ ᠪᠠᠨ ᠰᠠᠯᠵᠤ ᠰᠠᠭᠤᠭᠠᠳ ᠪᠠᠰᠠ ᠪᠦᠬᠦᠯᠢ ᠨᠢᠭᠡ ᠵᠢᠯ ᠪᠤᠯᠤᠭᠰᠠᠨ ᠪᠦᠭᠡᠳ ᠨᠢᠭᠡ ᠨᠢ ᠳᠠᠬᠢᠨᠲᠠ ᠤᠷᠤᠬ | ᠰᠠᠯᠬᠤ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠤᠷᠤᠬ ᠰᠠᠯᠬᠤ ᠶᠢ ᠨᠢ ᠵᠥᠪᠰᠢᠶᠡᠷᠡᠬᠦ ᠬᠡᠷᠡᠭᠲᠡᠶ᠃ | ᠮᠢᠩᠭ᠎ᠠ ᠨᠠᠶᠠᠳᠤᠭᠠᠷ ᠵᠦᠢᠯ ᠤᠷᠤᠭ ᠰᠠᠯᠬᠤ ᠪᠦᠷᠢᠳᠭᠡᠯ ᠬᠢᠯᠭᠡᠬᠦ ᠪᠤᠶᠤ ᠤᠷᠤᠭ ᠰᠠᠯᠬᠤ ᠲᠠᠰᠤᠯᠤᠯᠲᠠ ᠶᠢᠨ ᠪᠢᠴᠢᠭ᠂ | ᠡᠶᠡᠳᠡᠭᠦᠯᠭᠡ ᠶᠢᠨ ᠪᠢᠴᠢᠭ ᠬᠦᠴᠦᠨ ᠲᠠᠢ ᠪᠣᠯᠤᠮᠠᠬᠴᠠ ᠤᠷᠤᠭ ᠤᠨ ᠬᠠᠷᠢᠴᠠᠭ᠎ᠠ ᠴᠤᠴᠠᠯᠤᠬᠳᠠᠨᠠ᠃ | ᠮᠢᠩᠭ᠎ᠠ ᠨᠠᠶᠠᠨ ᠨᠢᠭᠡᠳᠦᠭᠡᠷ ᠵᠦᠢᠯ ᠵᠢᠩᠬᠢᠨᠢ ᠠᠯᠪᠠ ᠶᠢᠨ ᠴᠡᠷᠢᠭ ᠤᠨ ᠬᠤᠯᠪᠣᠰᠤ ᠤᠷᠤᠬ ᠰᠠᠯᠬᠤ ᠪᠠᠷ ᠱᠠᠭᠠᠷᠳᠠᠪᠠᠯ᠂ | ᠴᠡᠷᠢᠭ ᠤᠨ ᠬᠥᠮᠦᠨ ᠤ ᠵᠥᠪᠰᠢᠶᠡᠷᠡᠯ ᠢ ᠤᠯᠬᠤ ᠬᠡᠷᠡᠭᠲᠡᠶ᠂ ᠭᠡᠪᠡᠴᠦ ᠴᠡᠷᠢᠭ ᠤᠨ ᠬᠥᠮᠦᠨ ᠲᠤᠰ ᠲᠠᠯ᠎ᠠ ᠨᠢ ᠬᠦᠨᠳᠦ | ᠶᠡᠭᠡ ᠤᠰᠤᠯ ᠲᠠᠢ ᠪᠠᠶᠢᠪᠠᠯ᠂ ᠡᠭᠦᠨ ᠳᠤ ᠪᠠᠭᠲᠠᠬᠤ ᠤᠢᠭᠡᠢ᠃ | ᠮᠢᠩᠭ᠎ᠠ ᠨᠠᠶᠠᠨ ᠬᠤᠶᠠᠳᠤᠭᠠᠷ ᠵᠦᠢᠯ ᠡᠮᠡᠭᠲᠡᠶ ᠲᠠᠯ᠎ᠠ ᠨᠢ ᠵᠢᠷᠮᠦᠰᠦᠨ ᠪᠠᠶᠢᠬᠤ ᠬᠤᠭᠤᠴᠠᠭᠠᠨ ᠳᠤ ᠪᠠ | ᠬᠦᠩᠭᠡᠵᠢᠭᠰᠡᠨ ᠤ ᠳᠠᠷᠠᠭᠠᠬᠢ ᠨᠢᠭᠡ ᠵᠢᠯ ᠤᠨ ᠳᠣᠲᠣᠷ᠎ᠠ ᠪᠤᠶᠤ ᠵᠢᠷᠮᠦᠰᠦᠯᠡᠬᠦ ᠶᠢ ᠵᠣᠭᠰᠣᠭᠠᠭᠰᠠᠨ ᠤ ᠳᠠᠷᠠᠭᠠᠬᠢ | ᠵᠢᠷᠭᠤᠭᠠᠨ ᠰᠠᠷ᠎ᠠ ᠶᠢᠨ ᠳᠣᠲᠣᠷ᠎ᠠ ᠡᠷᠡᠭᠲᠡᠶ ᠲᠠᠯ᠎ᠠ ᠨᠢ ᠤᠷᠤᠬ ᠰᠠᠯᠬᠤ ᠪᠠᠷ ᠳᠤᠷᠠᠳᠴᠤ ᠪᠣᠯᠬᠤ ᠤᠢᠭᠡᠢ︔ ᠭᠡᠪᠡᠴᠦ | ᠡᠮᠡᠭᠲᠡᠶ ᠲᠠᠯ᠎ᠠ ᠨᠢ ᠤᠷᠤᠬ ᠰᠠᠯᠬᠤ ᠪᠠᠷ ᠳᠤᠷᠠᠳᠤᠭᠰᠠᠨ ᠪᠤᠶᠤ ᠠᠷᠠᠳ ᠤᠨ ᠰᠢᠭᠦᠬᠦ ᠬᠤᠷᠢᠶ᠎ᠠ ᠠᠴᠠ ᠡᠷᠡᠭᠲᠡᠶ | ᠲᠠᠯ᠎ᠠ ᠶᠢᠨ ᠤᠷᠤᠬ ᠰᠠᠯᠬᠤ ᠭᠤᠶᠤᠴᠢᠯᠠᠯ ᠢ ᠦᠨᠡᠬᠡᠷ ᠬᠦᠯᠢᠶᠡᠠ ᠠᠪᠴᠤ ᠰᠢᠢᠳᠪᠦᠷᠢᠯᠡᠬᠦ ᠴᠢᠬᠤᠯᠠᠲᠠᠶ ᠭᠡᠵᠦ | ᠦᠵᠡᠭᠰᠡᠨ ᠪᠠᠶᠢᠪᠠᠯ ᠡᠭᠦᠨ ᠳᠤ ᠪᠠᠭᠲᠠᠬᠤ ᠤᠢᠭᠡᠢ᠃ | ᠮᠢᠩᠭ᠎ᠠ ᠨᠠᠶᠠᠨ ᠭᠤᠷᠪᠠᠳᠤᠭᠠᠷ ᠵᠦᠢᠯ ᠤᠷᠤᠬ ᠰᠠᠯᠤᠭᠰᠠᠨ ᠤ ᠲᠡᠷᠠᠭ᠎ᠠ᠂ ᠡᠷᠡᠭᠲᠡᠶ ᠡᠮᠡᠭᠲᠡᠶ ᠬᠤᠶᠠᠷ ᠤᠷᠤᠬ ᠤᠨ | ᠬᠠᠷᠢᠴᠠᠭ᠎ᠠ ᠪᠠᠨ ᠰᠡᠶᠢᠠ ᠳᠤᠷ᠎ᠠ ᠠᠴᠠ ᠪᠠᠨ ᠰᠡᠷᠭᠦᠭᠡᠬᠦ ᠳᠤ ᠬᠦᠷᠪᠡᠯ᠂ ᠤᠷᠤᠬ ᠪᠦᠷᠢᠳᠭᠡᠭᠦ ᠪᠠᠶᠢᠭᠤᠯᠭ᠎ᠠ ᠳᠤ | ᠣᠴᠢᠵᠤ ᠳᠠᠬᠢᠨ ᠤᠷᠤᠬ ᠤᠨ ᠪᠦᠷᠢᠳᠭᠡᠯ ᠬᠢᠯᠭᠡᠬᠦ ᠬᠡᠷᠡᠭᠲᠡᠶ᠃ | ᠮᠢᠩᠭ᠎ᠠ ᠨᠠᠶᠠᠨ ᠳᠦᠷᠪᠡᠳᠦᠭᠡᠷ ᠵᠦᠢᠯ ᠡᠴᠢᠭᠡ ᠡᠭᠡ ᠪᠣᠯᠤᠨ ᠦᠷ᠎ᠡ ᠬᠡᠦᠬᠡᠳ ᠤᠨ ᠬᠠᠷᠢᠴᠠᠭ᠎ᠠ ᠨᠢ ᠡᠴᠢᠭᠡ ᠡᠭᠡ ᠨᠢ | ᠤᠷᠤᠬ ᠰᠠᠯᠤᠭᠰᠠᠨ ᠠᠴᠠ ᠪᠤᠯᠵᠦ ᠲᠠᠰᠤᠷᠠᠬᠤ ᠤᠢᠭᠡᠢ᠃ ᠤᠷᠤᠬ ᠰᠠᠯᠤᠭᠰᠠᠨ ᠤ ᠲᠡᠷᠠᠭ᠎ᠠ᠂ ᠦᠷ᠎ᠡ ᠬᠡᠦᠬᠡᠳ ᠢᠶᠠᠨ | ᠡᠴᠢᠭᠡ ᠪᠤᠶᠤ ᠡᠭᠡ ᠶᠢᠨ ᠬᠢᠨᠢ ᠠᠯᠢ ᠨᠢ ᠰᠢᠭᠤᠳ ᠠᠰᠠᠷᠠᠨ ᠲᠡᠵᠢᠭᠡᠭᠰᠡᠨ ᠴᠦ ᠮᠥᠨ ᠯᠡ ᠡᠴᠢᠭᠡ ᠡᠭᠡ ᠬᠤᠶᠠᠷ | ᠲᠠᠯ᠎ᠠ ᠶᠢᠨ ᠦᠷ᠎ᠡ ᠬᠡᠦᠬᠡᠳ ᠪᠣᠯᠤᠨ᠎ᠠ᠃ | ᠣᠷᠤᠭ ᠰᠠᠯᠤᠭᠰᠠᠨ ᠤ ᠳᠠᠷᠠᠭ᠎ᠠ᠂ ᠡᠴᠢᠭᠡ ᠡᠭᠡ ᠨᠢ ᠮᠥᠨ ᠯᠡ ᠦᠷ᠎ᠡ ᠭᠡᠤᠭᠡᠳ ᠢᠶᠠᠨ ᠠᠰᠠᠷᠠᠨ ᠲᠡᠵᠢᠭᠡᠬᠦ᠂ | ᠰᠤᠷᠭᠠᠨ ᠬᠥᠮᠦᠵᠢᠭᠦᠯᠬᠦ᠂ ᠬᠠᠮᠠᠭᠠᠯᠠᠬᠤ ᠡᠷᠬᠡ ᠪᠡ ᠡᠭᠦᠷᠭᠡ ᠲᠠᠢ᠃ | ᠤᠷᠤᠬ ᠰᠠᠯᠤᠭᠰᠠᠨ ᠤ ᠲᠡᠷᠠᠭ᠎ᠠ᠂ ᠪᠦᠬᠦᠯᠢ ᠬᠤᠶᠠᠷ ᠨᠠᠰᠤ ᠬᠦᠷᠦᠭᠡᠳᠦᠢ ᠬᠡᠦᠬᠡᠳ ᠢ ᠪᠤᠯ ᠡᠭᠡ ᠨᠢ ᠰᠢᠭᠤᠳ | ᠠᠰᠠᠷᠠᠨ ᠲᠡᠵᠢᠭᠡᠬᠦ ᠪᠠᠷ ᠵᠠᠷᠴᠢᠮ ᠪᠣᠯᠭᠠᠨ᠎ᠠ᠃ ᠪᠦᠬᠦᠯᠢ ᠬᠤᠶᠠᠷ ᠨᠠᠰᠤ ᠬᠦᠷᠦᠭᠰᠡᠨ ᠬᠡᠦᠬᠡᠳ ᠢ ᠪᠤᠯ ᠡᠴᠢᠭᠡ ᠡᠭᠡ | ᠬᠤᠶᠠᠷ ᠨᠢ ᠠᠰᠠᠷᠠᠨ ᠲᠡᠵᠢᠭᠡᠬᠦ ᠠᠰᠠᠭᠤᠳᠠᠯ ᠤᠨ ᠲᠤᠬᠠᠶ ᠵᠦᠪᠲᠡᠯᠴᠡᠭᠡᠳ ᠪᠦᠲᠦᠭᠰᠡᠨ ᠤᠢᠭᠡᠢ ᠪᠠᠶᠢᠪᠠᠯ᠂ | ᠠᠷᠠᠳ ᠤᠨ ᠰᠢᠭᠦᠬᠦ ᠬᠤᠷᠢᠶ᠎ᠠ ᠠᠴᠠ ᠬᠤᠶᠠᠷ ᠲᠠᠯ᠎ᠠ ᠶᠢᠨ ᠪᠣᠳᠠᠲᠠᠢ ᠪᠠᠶᠢᠳᠠᠯ ᠢ ᠨᠢ ᠦᠨᠳᠦᠰᠦᠯᠡᠨ᠂ ᠨᠠᠰᠤᠨ ᠳᠤ | ᠬᠦᠷᠦᠭᠡᠳᠦᠢ ᠦᠷ᠎ᠡ ᠬᠡᠦᠬᠡᠳ ᠲᠤᠨᠢ ᠬᠠᠮᠤᠭ ᠤᠨ ᠠᠰᠢᠭᠲᠠᠶ ᠪᠠᠶᠢᠯᠭᠠᠬᠤ ᠵᠠᠷᠴᠢᠮ ᠢᠶᠠᠷ ᠰᠢᠭᠦᠨ ᠲᠡᠰᠦᠯᠦᠨᠡ᠃ | ᠦᠷ᠎ᠡ ᠬᠡᠤᠬᠡᠳ ᠨᠢ ᠪᠦᠬᠦᠯᠢ ᠨᠡᠢᠮᠠᠨ ᠨᠠᠰᠤ ᠬᠦᠷᠦᠭᠰᠡᠨ ᠪᠠᠶᠢᠪᠠᠯ᠂ ᠲᠡᠬᠦᠨ ᠤ ᠦᠨᠡᠨ ᠬᠦᠰᠡᠯ ᠰᠠᠨᠠᠭ᠎ᠠ ᠶᠢ | ᠬᠦᠨᠳᠦᠳᠬᠡᠬᠦ ᠬᠡᠷᠡᠭᠳᠠᠢ᠃ | ᠮᠢᠩᠭ᠎ᠠ ᠨᠠᠶᠠᠨ ᠲᠠᠪᠤᠳᠤᠭᠠᠷ ᠵᠦᠢᠯ ᠤᠷᠤᠬ ᠰᠠᠯᠤᠭᠰᠠᠨ ᠤ ᠲᠡᠷᠠᠭ᠎ᠠ᠂ ᠦᠷ᠎ᠡ ᠬᠡᠦᠬᠡᠳ ᠢᠶᠠᠨ ᠨᠢᠭᠡ ᠲᠠᠯ᠎ᠠ ᠨᠢ | ᠰᠢᠭᠤᠳ ᠠᠰᠠᠷᠠᠨ ᠲᠡᠵᠢᠭᠡᠪᠠᠯ᠂ ᠨᠦᠬᠦᠭᠡ ᠲᠠᠯ᠎ᠠ ᠨᠢ ᠠᠰᠠᠷᠠᠨ ᠲᠡᠵᠢᠭᠡᠬᠦ ᠵᠠᠷᠤᠳᠠᠯ ᠤᠨ ᠬᠡᠰᠡᠭ ᠢ ᠨᠢ ᠪᠤᠶᠤ | ᠪᠦᠬᠦᠠ ᠢ ᠡᠭᠦᠷᠭᠡᠯᠡᠬᠦ ᠬᠡᠷᠡᠭᠲᠡᠶ᠃ ᠡᠭᠦᠷᠭᠡᠯᠡᠬᠦ ᠵᠠᠷᠤᠳᠠᠯ ᠤᠨ ᠬᠡᠮᠵᠢᠶ᠎ᠠ ᠪᠠ ᠬᠤᠭᠤᠴᠠᠭ᠎ᠠ ᠬᠢᠵᠠᠭᠠᠷ ᠢ ᠬᠤᠶᠠᠷ | ᠲᠠᠯ᠎ᠠ ᠪᠠᠷ ᠢᠶᠠᠨ ᠵᠦᠪᠲᠡᠯᠴᠡᠨᠠ︔ ᠵᠦᠪᠲᠡᠯᠴᠡᠭᠡᠳ ᠪᠦᠲᠦᠭᠰᠡᠨ ᠦᠭᠡᠢ ᠪᠠᠶᠢᠪᠠᠯ᠂ ᠠᠷᠠᠳ ᠤᠨ ᠰᠢᠭᠦᠬᠦ | ᠬᠤᠷᠢᠶ᠎ᠠ ᠠᠴᠠ ᠰᠢᠭᠦᠨ ᠲᠠᠰᠤᠯᠤᠨ᠎ᠠ᠃ | ᠡᠮᠦᠨᠡᠬᠢ ᠪᠠᠳᠠᠭ ᠲᠤ ᠲᠣᠭᠲᠠᠭᠠᠭᠰᠠᠨ ᠬᠡᠯᠡᠯᠴᠡᠭᠡᠷ ᠪᠤᠶᠤ ᠰᠢᠭᠦᠨ ᠲᠡᠰᠦᠯᠦᠯᠳᠠ ᠨᠢ᠂ ᠴᠢᠬᠤᠯᠠᠲᠠᠶ ᠦᠶ᠎ᠡ ᠳᠤ ᠦᠷ᠎ᠡ | ᠬᠡᠦᠬᠡᠳ ᠨᠢ ᠡᠴᠢᠭᠡ ᠡᠭᠡ ᠶᠢᠨ ᠢᠶᠠᠨ ᠠᠯᠢ ᠨᠢᠭᠡ ᠳᠤ ᠬᠡᠯᠡᠯᠴᠡᠭᠡᠷ ᠪᠤᠶᠤ ᠲᠡᠰᠦᠯᠦᠯᠳᠠ ᠶᠢᠨ ᠤᠤᠯ ᠤᠨ | ᠲᠣᠭᠲᠠᠭᠠᠭᠰᠠᠨ ᠲᠤᠭ᠎ᠠ ᠬᠡᠮᠵᠢᠶ᠎ᠡ ᠠᠴᠠ ᠬᠡᠲᠦᠷᠡᠭᠰᠡᠨ ᠵᠦᠶ ᠵᠣᠬᠢᠰᠲᠠᠶ ᠱᠠᠭᠠᠷᠳᠠᠯᠭ᠎ᠠ ᠳᠤᠷᠠᠳᠬᠤ ᠶᠢ ᠬᠠᠷᠰᠢᠯᠠᠬᠤ | ᠤᠢᠭᠡᠢ᠃ | ᠮᠢᠩᠭ᠎ᠠ ᠨᠠᠶᠠᠨ ᠵᠢᠷᠭᠤᠳᠤᠭᠠᠷ ᠵᠦᠢᠯ ᠤᠷᠤᠬ ᠰᠠᠯᠤᠭᠰᠠᠨ ᠤ ᠲᠡᠷᠠᠭ᠎ᠠ᠂ ᠦᠷ᠎ᠡ ᠬᠡᠦᠬᠡᠳ ᠢᠶᠠᠨ ᠰᠢᠭᠤᠳ ᠠᠰᠠᠷᠠᠨ | ᠲᠡᠵᠢᠭᠡᠭᠦ ᠤᠢᠭᠡᠢ ᠡᠴᠢᠭᠡ ᠪᠤᠶᠤ ᠡᠭᠡ ᠨᠢ ᠦᠷ᠎ᠡ ᠬᠡᠦᠬᠡᠳ ᠢᠶᠠᠨ ᠡᠷᠭᠢᠵᠦ ᠦᠵᠡᠬᠦ ᠡᠷᠬᠡ ᠲᠠᠢ᠂ ᠡᠭᠦᠨ ᠳᠤ | ᠨᠦᠬᠦᠭᠡ ᠲᠠᠯ᠎ᠠ ᠨᠢ ᠬᠠᠮᠵᠢᠬᠤ ᠡᠭᠦᠷᠭᠡ ᠲᠠᠢ᠃ | ᠡᠷᠭᠢᠵᠦ ᠦᠵᠡᠬᠦ ᠡᠷᠬᠡ ᠪᠠᠨ ᠬᠡᠷᠡᠭᠵᠢᠭᠦᠯᠬᠦ ᠠᠷᠭ᠎ᠠ ᠮᠠᠶ᠋ᠢᠭ᠂ ᠴᠠᠭ ᠢ ᠲᠤᠬᠠᠶ ᠶᠢᠨ ᠬᠦᠮᠦᠨ ᠵᠦᠪᠲᠡᠯᠴᠡᠨᠠ︔ | ᠵᠦᠪᠲᠡᠯᠴᠡᠭᠡᠳ ᠪᠦᠲᠦᠭᠰᠡᠨ ᠦᠭᠡᠢ ᠪᠤᠯ᠂ ᠠᠷᠠᠳ ᠤᠨ ᠰᠢᠭᠦᠬᠦ ᠬᠤᠷᠢᠶ᠎ᠠ ᠠᠴᠠ ᠰᠢᠭᠦᠨ ᠲᠠᠰᠤᠯᠤᠨ᠎ᠠ᠃ | ᠡᠴᠢᠭᠡ ᠪᠤᠶᠤ ᠡᠬᠡ ᠶᠢᠨ ᠦᠷ᠎ᠡ ᠬᠡᠦᠬᠡᠳ ᠢᠶᠠᠨ ᠡᠷᠭᠢᠵᠦ ᠦᠵᠡᠬᠦ ᠨᠢ ᠦᠷ᠎ᠡ ᠬᠡᠦᠬᠡᠳ ᠤᠨ ᠬᠢᠨᠢ ᠪᠡᠶ᠎ᠡ ᠮᠠᠬᠠᠪᠤᠳ | ᠰᠡᠳᠬᠢᠯ ᠰᠠᠨᠠᠭᠠᠨ ᠤ ᠡᠷᠡᠭᠦᠯ ᠮᠡᠨᠳᠦ ᠳᠤ ᠠᠰᠢᠭ ᠦᠭᠡᠶ ᠪᠤᠯ᠂ ᠠᠷᠠᠳ ᠤᠨ ᠰᠢᠭᠦᠬᠦ ᠬᠤᠷᠢᠶ᠎ᠠ ᠠᠴᠠ ᠡᠷᠭᠢᠵᠦ | ᠦᠵᠡᠬᠦ ᠶᠢ ᠨᠢ ᠬᠠᠤᠯᠢ ᠶᠣᠰᠣᠭᠠᠷ ᠲᠤᠷᠭᠤᠨ ᠵᠣᠭᠰᠣᠭᠠᠨ᠎ᠠ︔ ᠲᠤᠷᠭᠤᠨ ᠵᠣᠭᠰᠣᠭᠠᠭᠰᠠᠨ ᠤᠴᠢᠷ ᠰᠢᠯᠲᠠᠭᠠᠨ ᠨᠢ | ᠠᠷᠢᠯᠤᠭᠰᠠᠨ ᠤ ᠲᠠᠷᠠᠭ᠎ᠠ ᠡᠷᠭᠢᠵᠦ ᠦᠵᠡᠬᠦ ᠶᠢ ᠨᠢ ᠰᠡᠷᠭᠦᠭᠡᠬᠦ ᠭᠡᠷᠡᠭᠲᠡᠢ᠃ | ᠮᠢᠩᠭ᠎ᠠ ᠨᠠᠶᠠᠨ ᠳᠤᠯᠤᠳᠤᠭᠠᠷ ᠵᠦᠢᠯ ᠤᠷᠤᠬ ᠰᠠᠯᠬᠤ ᠳᠤ᠂ ᠡᠷ᠎ᠡ ᠡᠮ᠎ᠡ ᠬᠤᠶᠠᠷ ᠤᠨ ᠬᠠᠮᠲᠤ ᠶᠢᠨ ᠡᠳ᠋ | ᠬᠦᠷᠦᠩᠭᠡ ᠶᠢ ᠬᠤᠶᠠᠷ ᠲᠠᠯ᠎ᠠ ᠪᠠᠷ ᠢᠶᠠᠨ ᠵᠦᠪᠲᠡᠯᠴᠡᠵᠦ ᠰᠢᠢᠳᠪᠦᠷᠢᠯᠡᠨ᠎ᠡ︔ ᠵᠦᠪᠲᠡᠯᠴᠡᠭᠡᠳ ᠪᠦᠲᠦᠭᠰᠡᠨ ᠤᠢᠭᠡᠢ | ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠡᠳ᠋ ᠬᠦᠷᠦᠩᠭᠡ ᠶᠢᠨ ᠬᠢᠨᠢ ᠪᠤᠳᠠᠳᠤ ᠪᠠᠶᠢᠳᠠᠯ ᠢ ᠦᠨᠳᠦᠰᠦᠯᠡᠨ᠂ | ᠦᠷ᠎ᠡ ᠬᠡᠦᠬᠡᠳ᠂ ᠡᠮᠡᠭᠲᠡᠶ ᠲᠠᠯ᠎ᠠ ᠪᠠ ᠤᠰᠤᠯ ᠤᠢᠭᠡᠢ ᠲᠠᠯ᠎ᠠ ᠶᠢᠨ ᠡᠷᠬᠡ ᠠᠰᠢᠭ ᠢ ᠬᠠᠷᠠᠭᠠᠯᠵᠠᠬᠤ ᠵᠠᠷᠴᠢᠮ ᠢᠶᠠᠷ | ᠰᠢᠭᠦᠨ ᠲᠡᠰᠦᠯᠦᠨᠡ᠃ | ᠭᠡᠷ ᠪᠦᠯᠢ ᠶᠢᠨ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠶᠠᠪᠤᠳᠠᠯ ᠳᠠᠬᠢ ᠡᠷ᠎ᠡ ᠪᠤᠶᠤ ᠡᠮ᠎ᠡ ᠶᠢᠨ ᠡᠳ᠋ᠯᠡᠬᠦ ᠡᠷᠭᠡ | ᠠᠰᠢᠭ ᠵᠡᠷᠭᠡ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ | ᠮᠢᠩᠭ᠎ᠠ ᠨᠠᠶᠠᠨ ᠨᠠᠢᠮᠠᠳᠤᠭᠠᠷ ᠵᠦᠢᠯ ᠡᠷ᠎ᠡ ᠡᠮ᠎ᠡ ᠶᠢᠨ ᠨᠢᠭᠡ ᠲᠠᠯ᠎ᠠ ᠨᠢ ᠦᠷ᠎ᠡ ᠬᠡᠦᠬᠡᠳ ᠢᠶᠠᠨ ᠠᠰᠠᠷᠠᠨ ᠬᠦᠮᠦᠵᠢᠭᠦᠯᠬᠦ | ᠂ ᠨᠠᠰᠤᠲᠠᠨ ᠢᠶᠠᠨ ᠬᠠᠷᠠᠭᠠᠯᠵᠠᠬᠤ᠂ ᠨᠦᠬᠦᠭᠡ ᠲᠠᠯ᠎ᠠ ᠶᠢᠨ ᠢᠶᠠᠨ ᠠᠵᠢᠯ ᠳᠤ ᠬᠠᠮᠵᠢᠬᠤ ᠵᠡᠷᠭᠡ ᠠᠴᠠ ᠪᠤᠯᠵᠦ ᠨᠡᠯᠢᠶᠡᠳ | ᠠᠷᠪᠢᠨ ᠡᠭᠦᠷᠭᠡ ᠡᠭᠦᠷᠭᠡᠯᠡᠭᠰᠡᠨ ᠪᠠᠶᠢᠪᠠᠯ᠂ ᠤᠷᠤᠬ ᠰᠠᠯᠬᠤ ᠦᠶ᠎ᠡ ᠳᠤ ᠨᠦᠬᠦᠭᠡ ᠲᠠᠯ᠎ᠠ ᠠᠴᠠ ᠪᠠᠨ ᠨᠥᠬᠦᠪᠥᠷᠢ | ᠠᠪᠬᠤ ᠪᠠᠷ ᠭᠤᠶᠤᠴᠢᠯᠠᠬᠤ ᠡᠷᠬᠡ ᠲᠠᠢ᠂ ᠨᠦᠬᠦᠭᠡ ᠲᠠᠯ᠎ᠠ ᠨᠢ ᠨᠥᠬᠦᠪᠥᠷᠢ ᠥᠭᠬᠦ ᠬᠡᠷᠡᠭᠲᠡᠶ᠃ ᠪᠣᠳᠠᠲᠠᠶ ᠠᠷᠭ᠎ᠠ ᠶᠢ | ᠬᠤᠶᠠᠷ ᠲᠠᠯ᠎ᠠ ᠪᠠᠷ ᠢᠶᠠᠨ ᠵᠦᠪᠲᠡᠯᠴᠡᠨᠠ︔ ᠵᠦᠪᠲᠡᠯᠴᠡᠭᠡᠳ ᠪᠦᠲᠦᠭᠰᠡᠨ ᠦᠭᠡᠢ ᠪᠠᠶᠢᠪᠠᠯ᠂ ᠠᠷᠠᠳ ᠤᠨ ᠰᠢᠭᠦᠬᠦ | ᠬᠤᠷᠢᠶ᠎ᠠ ᠠᠴᠠ ᠰᠢᠭᠦᠨ ᠲᠠᠰᠤᠯᠤᠨ᠎ᠠ᠃ | ᠮᠢᠩᠭ᠎ᠠ ᠨᠠᠶᠠ ᠶᠢᠰᠦᠳᠦᠭᠡᠷ ᠵᠦᠢᠯ ᠤᠷᠤᠬ ᠰᠠᠯᠬᠤ ᠦᠶ᠎ᠡ ᠳᠤ᠂ ᠡᠷ᠎ᠡ ᠡᠮ᠎ᠡ ᠬᠤᠶᠠᠷ ᠬᠠᠮᠲᠤ ᠶᠢᠨ ᠦᠭᠴᠡᠭᠡ ᠪᠠᠨ | ᠬᠠᠮᠲᠤ ᠪᠠᠷ ᠲᠦᠯᠦᠬᠦ ᠬᠡᠷᠡᠭᠲᠡᠶ᠃ ᠬᠠᠮᠲᠤ ᠶᠢᠨ ᠡᠳ᠋ ᠬᠥᠷᠥᠩᠭᠡ ᠨᠢ ᠢᠯᠭᠠᠷᠠᠭᠤᠯᠤᠨ ᠳᠥᠯᠥᠵᠦ ᠭᠦᠢᠴᠡᠬᠦ ᠦᠭᠡᠶ | ᠪᠤᠶᠤ ᠡᠳ᠋ ᠬᠥᠷᠥᠩᠭᠡ ᠨᠢ ᠬᠤᠪᠢ ᠬᠤᠪᠢᠨ ᠳᠤᠨᠢ ᠦᠮᠴᠢᠯᠡᠭᠳᠡᠵᠦ ᠪᠠᠶᠢᠭᠰᠠᠨ ᠪᠤᠯ᠂ ᠬᠤᠶᠠᠷ ᠲᠠᠯ᠎ᠠ ᠪᠠᠷ ᠢᠶᠠᠨ | ᠵᠦᠪᠲᠡᠯᠴᠡᠵᠦ ᠪᠠᠶᠢᠭᠠᠳ ᠢᠯᠭᠠᠷᠠᠭᠤᠯᠤᠨ ᠲᠦᠯᠦᠬᠦ ᠬᠡᠷᠡᠭᠲᠡᠶ︔ ᠵᠦᠪᠲᠡᠯᠴᠡᠭᠡᠳ ᠪᠦᠲᠦᠭᠰᠡᠨ ᠦᠭᠡᠢ ᠪᠠᠶᠢᠪᠠᠯ᠂ | ᠠᠷᠠᠳ ᠤᠨ ᠰᠢᠭᠦᠬᠦ ᠬᠤᠷᠢᠶ᠎ᠠ ᠠᠴᠠ ᠰᠢᠭᠦᠨ ᠲᠠᠰᠤᠯᠤᠨ᠎ᠠ᠃ | ᠮᠢᠩᠭ᠎ᠠ ᠶᠡᠷᠡᠳᠦᠭᠡᠷ ᠵᠦᠢᠯ ᠤᠷᠤᠬ ᠰᠠᠯᠬᠤ ᠦᠶ᠎ᠡ ᠳᠤ᠂ ᠭᠡᠷᠪᠡ ᠨᠢᠭᠡ ᠲᠠᠯ᠎ᠠ ᠶᠢᠨ ᠬᠢᠨᠢ ᠠᠮᠢᠳᠤᠷᠠᠯ ᠨᠢ | ᠬᠦᠴᠢᠷᠳᠡᠯ ᠲᠠᠢ ᠪᠠᠶᠢᠪᠠᠯ᠂ ᠡᠭᠦᠷᠭᠡᠯᠡᠬᠦ ᠴᠢᠳᠠᠪᠤᠷᠢ ᠲᠠᠢ ᠨᠦᠬᠦᠭᠡ ᠲᠠᠯ᠎ᠠ ᠨᠢ ᠵᠣᠬᠢᠬᠤ ᠬᠠᠪᠰᠤᠷᠤᠯᠭ᠎ᠠ ᠦᠵᠡᠭᠦᠯᠬᠦ | ᠬᠡᠷᠡᠭᠲᠡᠶ᠃ ᠪᠣᠳᠠᠲᠠᠶ ᠠᠷᠭ᠎ᠠ ᠶᠢ ᠬᠤᠶᠠᠷ ᠲᠠᠯ᠎ᠠ ᠪᠠᠷ ᠢᠶᠠᠨ ᠵᠦᠪᠲᠡᠯᠴᠠᠨᠠ︔ ᠵᠦᠪᠲᠡᠯᠴᠡᠭᠡᠳ ᠪᠦᠲᠦᠭᠰᠡᠨ ᠦᠭᠡᠢ | ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠠᠴᠠ ᠰᠢᠭᠦᠨ ᠲᠠᠰᠤᠯᠤᠨ᠎ᠠ᠃ | ᠮᠢᠩᠭ᠎ᠠ ᠶᠡᠷᠡᠨ ᠨᠢᠭᠡᠳᠦᠭᠡᠷ ᠵᠦᠢᠯ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠦ᠂ ᠤᠷᠤᠬ ᠰᠠᠯᠬᠤ ᠳᠤ | ᠬᠦᠷᠦᠭᠦᠯᠦᠭᠰᠡᠨ ᠪᠠᠶᠢᠪᠠᠯ᠂ ᠤᠰᠤᠯ ᠤᠢᠭᠡᠢ ᠲᠠᠯ᠎ᠠ ᠨᠢ ᠬᠤᠬᠢᠷᠠᠯ ᠢ ᠲᠦᠯᠦᠭᠦᠯᠭᠦ ᠪᠠᠷ ᠭᠤᠶᠤᠴᠢᠯᠠᠬᠤ ᠡᠷᠭᠡ ᠲᠠᠢ᠄ | ︵ᠨᠢᠭᠡ︶ ᠳᠠᠪᠬᠤᠷ ᠤᠷᠤᠭᠯᠠᠬᠰᠠᠨ︔ | ︵ᠬᠤᠶᠠᠷ︶ ᠪᠤᠰᠤᠳ ᠲᠠᠢ ᠬᠠᠨᠢᠯᠠᠨ ᠰᠠᠭᠤᠬᠰᠠᠨ︔ | ︵ᠭᠤᠷᠪᠠ︶ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ︔ | ︵ᠲᠦᠷᠪᠡ︶ ᠭᠡᠷ ᠪᠦᠯᠢ ᠶᠢᠨ ᠪᠦᠷᠢᠯᠳᠦᠬᠦᠨ ᠳᠡᠭᠡᠨ ᠬᠠᠯᠠ ᠦᠵᠡᠭᠦᠯᠦᠭᠰᠡᠨ᠂ ᠭᠤᠯᠣᠵᠤ ᠤᠷᠬᠢᠬᠰᠡᠠ︔ | ︵ᠲᠠᠪᠤ︶ ᠪᠤᠰᠤᠳ ᠬᠦᠨᠳᠦ ᠶᠡᠭᠡ ᠤᠰᠤᠯ ᠲᠠᠢ ᠪᠠᠶᠢᠬᠤ᠃ | ᠮᠢᠩᠭ᠎ᠠ ᠶᠡᠷᠡᠨ ᠬᠤᠶᠠᠳᠤᠭᠠᠷ ᠵᠦᠢᠯ ᠡᠷ᠎ᠡ ᠡᠮ᠎ᠡ ᠬᠤᠶᠠᠷ ᠤᠨ ᠨᠢᠭᠡ ᠨᠢ ᠡᠷ᠎ᠡ ᠡᠮ᠎ᠡ ᠬᠤᠶᠠᠷ ᠤᠨ ᠬᠠᠮᠲᠤ ᠶᠢᠨ ᠡᠳ᠋ | ᠬᠦᠷᠦᠩᠭᠡ ᠶᠢ ᠨᠢᠭᠤᠨ ᠳᠠᠯᠳᠠᠯᠠᠭᠰᠠᠨ᠂ ᠰᠢᠯᠵᠢᠭᠦᠯᠦᠭᠰᠡᠨ᠂ ᠬᠤᠪᠢᠷᠠᠭᠤᠯᠤᠨ ᠬᠤᠳᠠᠯᠳᠤᠭᠰᠠᠨ᠂ ᠡᠪᠳᠡᠵᠦ | ᠰᠦᠢᠳᠬᠡᠭᠰᠠᠨ᠂ ᠱᠠᠯᠢᠨ ᠪᠦᠷᠢᠯᠭᠡᠭᠰᠡᠨ᠂ ᠡᠰᠡᠬᠦᠯ᠎ᠡ ᠡᠷ᠎ᠡ ᠡᠮ᠎ᠡ ᠬᠤᠶᠠᠷ ᠤᠨ ᠬᠠᠮᠲᠤ ᠶᠢᠨ ᠥᠭᠴᠡᠭᠡ ᠶᠢ | ᠬᠠᠭᠤᠷᠮᠠᠭᠯᠠᠨ ᠵᠣᠬᠢᠶᠠᠵᠤ ᠨᠦᠬᠦᠭᠡ ᠲᠠᠯ᠎ᠠ ᠶᠢᠨ ᠢᠶᠠᠨ ᠡᠳ᠋ ᠬᠦᠷᠦᠩᠭᠡ ᠶᠢ ᠡᠵᠡᠯᠡᠨ ᠠᠪᠬᠤ ᠭᠡᠵᠦ ᠤᠷᠤᠯᠳᠤᠭᠰᠠᠨ | ᠪᠠᠶᠢᠪᠠᠯ᠂ ᠤᠷᠤᠬ ᠰᠠᠯᠬᠤ ᠳᠤᠨᠢ ᠡᠷ᠎ᠡ ᠡᠮ᠎ᠡ ᠬᠤᠶᠠᠷ ᠤᠨ ᠬᠠᠮᠲᠤ ᠶᠢᠨ ᠡᠳ᠋ ᠬᠦᠷᠦᠩᠭᠡ ᠶᠢ ᠬᠤᠪᠢᠶᠠᠬᠤ ᠦᠶ᠎ᠡ ᠳᠤ᠂ | ᠲᠤᠰ ᠲᠠᠯ᠎ᠠ ᠳᠤᠨᠢ ᠴᠦᠭᠡᠨ ᠬᠤᠪᠢᠶᠠᠬᠤ ᠪᠤᠶᠤ ᠬᠤᠪᠢᠶᠠᠬᠤ ᠤᠢᠭᠡᠢ ᠪᠠᠶᠢᠵᠤ ᠪᠣᠯᠤᠨ᠎ᠠ᠃ ᠤᠷᠤᠭ ᠰᠠᠯᠤᠭᠰᠠᠨ ᠤ | ᠳᠠᠷᠠᠭ᠎ᠠ᠂ ᠨᠦᠭᠦᠭᠡ ᠲᠠᠯ᠎ᠠ ᠶᠢᠨ ᠢᠶᠠᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ | ᠮᠡᠳᠡᠪᠡᠯ᠂ ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠯᠭ᠎ᠠ ᠭᠠᠷᠭᠠᠵᠤ᠂ ᠡᠷ᠎ᠡ ᠡᠮ᠎ᠡ ᠬᠤᠶᠠᠷ ᠤᠨ ᠬᠠᠮᠲᠤ ᠶᠢᠨ ᠡᠳ᠋ | ᠬᠦᠷᠦᠩᠭᠡ ᠶᠢ ᠳᠠᠬᠢᠨ ᠬᠤᠪᠢᠶᠠᠬᠤ ᠪᠠᠷ ᠭᠤᠶᠤᠴᠢᠯᠠᠵᠤ ᠪᠣᠯᠤᠨ᠎ᠠ᠃ | ᠲᠠᠪᠤᠳᠤᠭᠠᠷ ᠪᠦᠯᠦᠭ ᠡᠷᠭᠦᠨ ᠲᠡᠵᠢᠭᠡᠬᠦ | ᠨᠢᠭᠡᠳᠦᠭᠡᠷ ᠬᠡᠰᠡᠭ ᠡᠷᠭᠦᠨ ᠲᠡᠵᠢᠭᠡᠬᠦ ᠬᠠᠷᠢᠴᠠᠭ᠎ᠠ ᠶᠢᠨ ᠪᠤᠢ ᠪᠣᠯᠬᠤ | ᠮᠢᠩᠭ᠎ᠠ ᠶᠡᠷᠡᠨ ᠭᠤᠷᠪᠠᠳᠤᠭᠠᠷ ᠵᠦᠢᠯ ᠳᠣᠤᠷ᠎ᠠ ᠵᠢᠭᠰᠠᠭᠠᠭᠰᠠᠨ ᠨᠠᠰᠤᠨ ᠳᠤ ᠤᠢᠯᠦ ᠬᠦᠷᠦᠭᠰᠡᠳ ᠡᠷᠭᠦᠨ | ᠲᠡᠵᠢᠭᠡᠭᠳᠡᠵᠦ ᠪᠣᠯᠤᠨ᠎ᠠ᠄ | ︵ᠨᠢᠭᠡ︶ ᠡᠴᠢᠭᠡ ᠡᠭᠡ ᠪᠠᠨ ᠠᠯᠳᠠᠭᠰᠠᠨ ᠥᠨᠥᠴᠢᠨ ᠬᠡᠦᠬᠡᠳ︔ | ︵ᠬᠤᠶᠠᠷ︶ ᠲᠦᠷᠦᠭᠰᠡᠨ ᠡᠴᠢᠭᠡ ᠡᠭᠡ ᠪᠠᠨ ᠡᠷᠢᠵᠦ ᠤᠯᠬᠤ ᠤᠢᠭᠡᠢ ᠪᠠᠶᠢᠬᠤ ᠨᠠᠰᠤᠨ ᠳᠤ ᠦᠯᠦ ᠬᠦᠷᠦᠭᠰᠡᠳ︔ | ︵ᠭᠤᠷᠪᠠ︶ ᠣᠨᠴᠠᠭᠠᠶ ᠬᠦᠴᠢᠷᠳᠡᠯ ᠲᠠᠢ ᠠᠴᠠ ᠪᠣᠯᠣᠭᠠᠳ ᠲᠦᠷᠦᠭᠰᠡᠨ ᠡᠴᠢᠬᠡ ᠡᠬᠡ ᠨᠢ ᠠᠰᠠᠷᠠᠨ ᠲᠡᠵᠢᠭᠡᠬᠦ | ᠴᠢᠳᠠᠯ ᠤᠢᠭᠡᠢ ᠪᠣᠯᠤᠭᠰᠠᠨ ᠦᠷ᠎ᠡ ᠬᠡᠦᠬᠡᠳ᠃ | ᠮᠢᠩᠭ᠎ᠠ ᠶᠡᠷᠡᠨ ᠳᠦᠷᠪᠡᠳᠦᠭᠡᠷ ᠵᠦᠢᠯ ᠳᠣᠤᠷ᠎ᠠ ᠵᠢᠭᠰᠠᠭᠠᠭᠰᠠᠨ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠨᠢ | ᠡᠷᠭᠦᠨ ᠲᠡᠵᠢᠭᠡᠯᠭᠡᠭᠴᠢ ᠪᠤᠯᠵᠦ ᠪᠣᠯᠤᠨ᠎ᠠ᠄ | ︵ᠨᠢᠭᠡ︶ ᠥᠨᠥᠴᠢᠨ ᠬᠡᠦᠬᠡᠳ ᠤᠨ ᠬᠢᠨᠡᠨ ᠬᠠᠮᠠᠭᠠᠯᠠᠭᠴᠢ︔ | ︵ᠬᠤᠶᠠᠷ︶ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ︔ | ︵ᠭᠤᠷᠪᠠ︶ ᠣᠨᠴᠠᠭᠠᠶ ᠬᠦᠴᠢᠷᠳᠡᠯ ᠲᠠᠢ ᠠᠴᠠ ᠪᠣᠯᠣᠭᠠᠳ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠴᠢᠳᠠᠯ | ᠤᠢᠭᠡᠢ ᠪᠣᠯᠤᠭᠰᠠᠨ ᠲᠦᠷᠦᠭᠰᠡᠨ ᠡᠴᠢᠭᠡ ᠡᠭᠡ᠃ | ᠮᠢᠩᠭ᠎ᠠ ᠶᠡᠷᠡᠨ ᠲᠠᠪᠤᠳᠤᠭᠠᠷ ᠵᠦᠢᠯ ᠨᠠᠰᠤᠨ ᠳᠤ ᠤᠢᠯᠦ ᠬᠦᠷᠦᠭᠰᠡᠳ ᠤᠨ ᠡᠴᠢᠭᠡ ᠡᠭᠡ ᠨᠢ ᠴᠥᠮ ᠢᠷᠭᠡᠨ ᠤ | ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠶᠢ ᠪᠦᠷᠢᠳᠦᠭᠦᠯᠦᠭᠰᠡᠨ ᠤᠢᠭᠡᠢ ᠪᠦᠭᠡᠳ ᠲᠤᠰ ᠨᠠᠰᠤᠨ ᠳᠤ | ᠤᠢᠯᠦ ᠬᠦᠷᠦᠭᠰᠡᠳ ᠲᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠵᠤ ᠮᠡᠳᠡᠬᠦ ᠳᠤ ᠬᠦᠷᠪᠡᠯ᠂ ᠲᠤᠰ | ᠨᠠᠰᠤᠨ ᠳᠤ ᠤᠢᠯᠦ ᠬᠦᠷᠦᠭᠰᠡᠳ ᠤᠨ ᠬᠢᠨᠡᠨ ᠬᠠᠮᠠᠭᠠᠯᠠᠭᠴᠢ ᠨᠢ ᠲᠡᠭᠦᠨ ᠢ ᠡᠷᠭᠦᠨ ᠲᠡᠵᠢᠭᠡᠯᠭᠡᠵᠦ ᠪᠣᠯᠤᠨ᠎ᠠ᠃ | ᠮᠢᠩᠭ᠎ᠠ ᠶᠡᠷᠡᠨ ᠵᠢᠷᠭᠤᠳᠤᠭᠠᠷ ᠵᠦᠢᠯ ᠬᠢᠨᠠᠨ ᠬᠠᠮᠠᠭᠠᠯᠠᠭᠴᠢ ᠨᠢ ᠥᠨᠥᠴᠢᠨ ᠬᠡᠦᠬᠡᠳ ᠢ ᠡᠷᠭᠦᠨ ᠲᠡᠵᠢᠭᠡᠯᠭᠡᠬᠦ ᠪᠠᠷ | ᠥᠭᠬᠦ ᠳᠡᠭᠡᠨ ᠠᠰᠠᠷᠠᠨ ᠲᠡᠵᠢᠭᠡᠬᠦ ᠡᠭᠦᠷᠭᠡ ᠲᠠᠢ ᠬᠥᠮᠦᠨ ᠤ ᠵᠥᠪᠰᠢᠶᠡᠷᠡᠯ ᠢ ᠤᠯᠬᠤ ᠬᠡᠷᠡᠭᠲᠡᠶ᠃ ᠠᠰᠠᠷᠠᠨ ᠲᠡᠵᠢᠭᠡᠬᠦ | ᠡᠭᠦᠷᠭᠡ ᠲᠠᠢ ᠬᠥᠮᠦᠨ ᠨᠢ ᠡᠷᠭᠦᠨ ᠲᠡᠵᠢᠭᠡᠯᠭᠡᠬᠦ ᠶᠢ ᠵᠥᠪᠰᠢᠶᠡᠷᠡᠬᠦ ᠦᠭᠡᠢ᠂ ᠬᠢᠨᠠᠨ ᠬᠠᠮᠠᠭᠠᠯᠠᠭᠴᠢ ᠨᠢ ᠬᠢᠨᠠᠨ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠭᠦᠢᠴᠡᠳᠬᠡᠬᠦ ᠳᠤᠷ᠎ᠠ ᠦᠭᠡᠢ ᠪᠠᠶᠢᠪᠠᠯ᠂ ᠲᠤᠰ | ᠬᠠᠤᠯᠢ ᠶᠢᠨ ᠨᠢᠭᠡᠳᠦᠭᠡᠷ ᠠᠩᠭᠢ ᠶᠢᠨ ᠲᠣᠭᠲᠠᠭᠠᠯ ᠶᠣᠰᠣᠭᠠᠷ ᠠᠰᠳᠠᠭᠠᠨ ᠬᠢᠨᠠᠨ ᠬᠠᠮᠠᠭᠠᠯᠠᠭᠴᠢ ᠲᠣᠭᠲᠠᠭᠠᠬᠤ | ᠬᠡᠷᠡᠭᠲᠡᠶ᠃ | ᠮᠢᠩᠭ᠎ᠠ ᠶᠡᠷᠡᠨ ᠳᠤᠯᠤᠳᠤᠭᠠᠷ ᠵᠦᠢᠯ ᠲᠦᠷᠦᠭᠰᠡᠨ ᠡᠴᠢᠭᠡ ᠡᠭᠡ ᠨᠢ ᠦᠷ᠎ᠡ ᠬᠡᠦᠬᠡᠳ ᠢᠶᠠᠨ ᠡᠷᠭᠦᠨ ᠲᠡᠵᠢᠭᠡᠯᠭᠡᠬᠦ ᠳᠤ | ᠬᠤᠶᠠᠷ ᠲᠠᠯ᠎ᠠ ᠪᠠᠷ ᠢᠶᠠᠨ ᠬᠠᠮᠲᠤ ᠪᠠᠷ ᠡᠷᠭᠦᠨ ᠲᠡᠵᠢᠭᠡᠯᠭᠡᠬᠦ ᠪᠠᠷ ᠬᠦᠷᠭᠡᠬᠦ ᠬᠡᠷᠡᠭᠲᠡᠶ᠃ ᠲᠦᠷᠦᠭᠰᠡᠨ ᠡᠴᠢᠭᠡ | ᠡᠭᠡ ᠶᠢᠨ ᠬᠢᠨᠢ ᠨᠢᠭᠡ ᠨᠢ ᠲᠣᠳᠣᠷᠬᠠᠶ ᠤᠢᠭᠡᠢ ᠪᠤᠶᠤ ᠡᠷᠢᠵᠦ ᠤᠯᠬᠤ ᠤᠢᠭᠡᠢ ᠪᠣᠯ᠂ ᠭᠠᠭᠴᠠ ᠲᠠᠯ᠎ᠠ ᠨᠢ ᠡᠷᠭᠦᠨ | ᠲᠡᠵᠢᠭᠡᠯᠭᠡᠵᠦ ᠪᠣᠯᠤᠨ᠎ᠠ᠃ | ᠮᠢᠩᠭ᠎ᠠ ᠶᠡᠷᠡᠨ ᠨᠠᠢᠮᠠᠳᠤᠭᠠᠷ ᠵᠦᠢᠯ ᠡᠷᠭᠦᠨ ᠲᠡᠵᠢᠭᠡᠭᠴᠢ ᠨᠢ ᠳᠣᠤᠷ᠎ᠠ ᠵᠢᠭᠰᠠᠭᠠᠭᠰᠠᠨ ᠨᠥᠬᠦᠴᠡᠯ ᠢ ᠬᠠᠮᠲᠤ ᠳᠤᠨᠢ | ᠪᠦᠷᠢᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠦᠷ᠎ᠡ ᠬᠡᠦᠬᠡᠳ ᠦᠭᠡᠢ ᠪᠤᠶᠤ ᠨᠢᠭᠡ ᠯᠡ ᠦᠷ᠎ᠡ ᠬᠡᠦᠬᠡᠳ ᠲᠠᠢ ᠪᠠᠶᠢᠬᠤ︔ | ︵ᠬᠤᠶᠠᠷ︶ ᠡᠷᠭᠦᠨ ᠲᠡᠵᠢᠭᠡᠭᠳᠡᠭᠴᠢ ᠶᠢ ᠠᠰᠠᠷᠠᠨ ᠲᠡᠵᠢᠭᠡᠬᠦ᠂ ᠰᠤᠷᠭᠠᠨ ᠬᠥᠮᠦᠵᠢᠭᠦᠯᠬᠦ ᠪᠠ ᠬᠠᠮᠠᠭᠠᠯᠠᠬᠤ | ᠴᠢᠳᠠᠪᠤᠷᠢ ᠲᠠᠢ ᠪᠠᠶᠢᠬᠤ︔ | ︵ᠭᠤᠷᠪᠠ︶ ᠠᠨᠠᠭᠠᠬᠤ ᠤᠬᠠᠭᠠᠨ ᠳᠤ ᠦᠷ᠎ᠡ ᠬᠡᠦᠬᠡᠳ ᠡᠷᠭᠦᠨ ᠲᠡᠵᠢᠭᠡᠵᠦ ᠪᠣᠯᠬᠤ ᠦᠭᠡᠢ ᠭᠡᠵᠦ ᠦᠵᠡᠭᠰᠡᠨ | ᠡᠪᠡᠳᠴᠢᠨ ᠳᠤ ᠨᠡᠷᠪᠡᠭᠳᠡᠭᠰᠡᠨ ᠦᠭᠡᠢ ᠪᠠᠶᠢᠬᠤ︔ | ︵ᠲᠦᠷᠪᠡ︶ ᠡᠷᠭᠦᠨ ᠲᠡᠵᠢᠭᠡᠭᠳᠡᠭᠴᠢ ᠶᠢᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭ ᠦᠭᠡᠢ ᠬᠠᠤᠯᠢ ᠠᠴᠠ | ᠵᠦᠷᠢᠴᠡᠵᠦ ᠶᠠᠯᠠᠲᠤ ᠠᠵᠢᠯᠯᠠᠭ᠎ᠠ ᠬᠢᠭᠰᠡᠨ ᠲᠡᠮᠳᠡᠭᠯᠡᠯ ᠦᠭᠡᠢ ᠪᠠᠶᠢᠬᠤ︔ | ︵ᠲᠠᠪᠤ︶ ᠪᠦᠬᠦᠯᠢ ᠭᠤᠴᠢᠨ ᠨᠠᠰᠤ ᠬᠦᠷᠦᠭᠰᠡᠨ ᠪᠠᠶᠢᠬᠤ᠃ | ᠮᠢᠩᠭ᠎ᠠ ᠶᠡᠷᠡ ᠶᠢᠰᠦᠳᠦᠭᠡᠷ ᠵᠦᠢᠯ ᠭᠤᠷᠪᠠᠨ ᠦᠶ᠎ᠡ ᠶᠢᠨ ᠳᠣᠲᠣᠷᠠᠬᠢ ᠦᠶ᠎ᠡ ᠰᠠᠴᠠᠭᠤ ᠰᠢᠭᠤᠳ ᠪᠤᠰᠤ ᠴᠢᠰᠤᠨ | ᠲᠦᠷᠦᠯ ᠤᠨ ᠢᠶᠠᠨ ᠦᠷ᠎ᠡ ᠬᠡᠦᠬᠡᠳ ᠢ ᠡᠷᠭᠦᠨ ᠲᠡᠵᠢᠭᠡᠬᠦ ᠳᠤ ᠲᠤᠰ ᠬᠠᠤᠯᠢ ᠶᠢᠨ ᠮᠢᠩᠭ᠎ᠠ ᠶᠡᠷᠡᠨ ᠭᠤᠷᠪᠠᠳᠤᠭᠠᠷ | ᠵᠦᠢᠯ ᠤᠨ ᠭᠤᠷᠪᠠᠳᠤᠭᠠᠷ ᠵᠤᠷᠪᠤᠰ᠂ ᠮᠢᠩᠭ᠎ᠠ ᠶᠡᠷᠡᠨ ᠳᠥᠷᠪᠡᠳᠦᠭᠡᠷ ᠵᠦᠢᠯ ᠤᠨ ᠭᠤᠷᠪᠠᠳᠤᠭᠠᠷ ᠵᠤᠷᠪᠤᠰ ᠪᠠ ᠮᠢᠩᠭ᠎ᠠ | ᠨᠢᠭᠡ ᠵᠠᠭᠤ ᠬᠤᠶᠠᠳᠤᠭᠠᠷ ᠵᠦᠢᠯ ᠤᠨ ᠲᠣᠭᠲᠠᠭᠠᠯ ᠳᠤ ᠬᠢᠵᠠᠭᠠᠷᠯᠠᠭᠳᠠᠬᠤ ᠤᠢᠭᠡᠢ ᠪᠠᠶᠢᠵᠤ ᠪᠣᠯᠤᠨ᠎ᠠ᠃ | ᠳᠤᠮᠳᠠᠳᠤ ᠶᠢᠨ ᠬᠠᠷᠢᠶᠠᠲᠤ ᠭᠤᠷᠪᠠᠨ ᠦᠶ᠎ᠡ ᠶᠢᠨ ᠳᠣᠲᠣᠷᠠᠬᠢ ᠦᠶ᠎ᠡ ᠰᠠᠴᠠᠭᠤ ᠰᠢᠭᠤᠳ ᠪᠤᠰᠤ ᠴᠢᠰᠤᠨ | ᠲᠦᠷᠦᠯ ᠤᠨ ᠢᠶᠠᠨ ᠦᠷ᠎ᠡ ᠬᠡᠦᠬᠡᠳ ᠢ ᠡᠷᠭᠦᠨ ᠲᠡᠵᠢᠭᠡᠬᠦ ᠳᠤ ᠪᠠᠰᠠ ᠲᠤᠰ ᠬᠠᠤᠯᠢ ᠶᠢᠨ ᠮᠢᠩᠭ᠎ᠠ ᠶᠡᠷᠡᠨ ᠨᠠᠢᠮᠠᠳᠤᠭᠠᠷ | ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ ᠬᠢᠵᠠᠭᠠᠷᠯᠠᠭᠳᠠᠬᠤ ᠤᠢᠭᠡᠢ ᠪᠠᠶᠢᠵᠤ ᠪᠣᠯᠤᠨ᠎ᠠ᠃ | ᠮᠢᠩᠭ᠎ᠠ ᠨᠢᠭᠡ ᠵᠠᠭᠤᠳᠤᠭᠠᠷ ᠵᠦᠢᠯ ᠦᠷ᠎ᠡ ᠬᠡᠦᠬᠡᠳ ᠤᠢᠭᠡᠢ ᠡᠷᠭᠦᠨ ᠲᠡᠵᠢᠭᠡᠭᠴᠢ ᠬᠤᠶᠠᠷ ᠦᠷ᠎ᠡ ᠬᠡᠦᠬᠡᠳ ᠡᠷᠭᠦᠨ | ᠲᠡᠵᠢᠭᠡᠵᠦ ᠪᠣᠯᠤᠨ᠎ᠠ︔ ᠦᠷ᠎ᠡ ᠬᠡᠦᠬᠡᠳ ᠲᠠᠢ ᠡᠷᠭᠦᠨ ᠲᠡᠵᠢᠭᠡᠭᠴᠢ ᠨᠢᠭᠡ ᠯᠡ ᠦᠷ᠎ᠡ ᠬᠡᠦᠬᠡᠳ ᠡᠷᠭᠦᠨ ᠲᠡᠵᠢᠭᠡᠵᠦ | ᠪᠣᠯᠤᠨ᠎ᠠ᠃ | ᠥᠨᠥᠴᠢᠨ ᠬᠡᠦᠬᠡᠳ᠂ ᠵᠡᠮᠳᠡᠭ ᠨᠠᠰᠤᠨ ᠳᠤ ᠦᠯᠦ ᠬᠦᠷᠦᠭᠰᠡᠳ ᠪᠤᠶᠤ ᠬᠡᠦᠬᠡᠳ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠠᠰᠠᠷᠠᠨ ᠲᠡᠵᠢᠭᠡᠵᠦ ᠪᠠᠶᠢᠭ᠎ᠠ ᠲᠦᠷᠦᠭᠰᠡᠨ ᠡᠴᠢᠭᠡ ᠡᠭᠡ ᠪᠠᠨ ᠡᠷᠢᠵᠦ ᠤᠯᠬᠤ ᠤᠢᠭᠡᠢ | ᠨᠠᠰᠤᠨ ᠳᠤ ᠤᠢᠯᠦ ᠬᠦᠷᠦᠭᠰᠡᠳ ᠢ ᠡᠷᠭᠦᠨ ᠲᠡᠵᠢᠭᠡᠬᠦ ᠳᠤ ᠡᠮᠦᠨᠡᠬᠢ ᠪᠠᠳᠠᠭ ᠪᠠ ᠲᠤᠰ ᠬᠠᠤᠯᠢ ᠶᠢᠨ ᠮᠢᠩᠭ᠎ᠠ ᠶᠡᠷᠡᠨ | ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ ᠬᠢᠵᠠᠭᠠᠷᠯᠠᠭᠳᠠᠬᠤ ᠤᠢᠭᠡᠢ ᠪᠠᠶᠢᠵᠤ ᠪᠣᠯᠤᠨ᠎ᠠ᠃ | ᠮᠢᠩᠭ᠎ᠠ ᠨᠢᠭᠡ ᠵᠠᠭᠤ ᠨᠢᠭᠡᠳᠦᠭᠡᠷ ᠵᠦᠢᠯ ᠬᠤᠯᠪᠣᠰᠤ ᠲᠠᠢ ᠬᠥᠮᠦᠨ ᠦᠷ᠎ᠡ ᠬᠡᠦᠬᠡᠳ ᠡᠷᠭᠦᠨ ᠲᠡᠵᠢᠭᠡᠪᠡᠯ᠂ ᠡᠷ᠎ᠡ ᠡᠮ᠎ᠡ | ᠬᠤᠶᠠᠭᠤᠯᠠ ᠪᠠᠨ ᠬᠠᠮᠳᠤ ᠪᠠᠷ ᠡᠷᠭᠦᠨ ᠲᠡᠵᠢᠭᠡᠬᠦ ᠬᠡᠷᠡᠭᠲᠡᠶ᠃ | ᠮᠢᠩᠭ᠎ᠠ ᠨᠢᠭᠡ ᠵᠠᠭᠤ ᠬᠤᠶᠠᠳᠤᠭᠠᠷ ᠵᠦᠢᠯ ᠬᠤᠯᠪᠣᠰᠤ ᠤᠢᠭᠡᠢ ᠬᠥᠮᠦᠨ ᠣᠨᠳᠣᠤ ᠬᠦᠢᠰᠤᠲᠦ ᠦᠷ᠎ᠡ ᠬᠡᠦᠬᠡᠳ | ᠡᠷᠭᠦᠨ ᠲᠡᠵᠢᠭᠡᠬᠦ ᠳᠤ᠂ ᠡᠷᠭᠦᠨ ᠲᠡᠵᠢᠭᠡᠭᠴᠢ ᠪᠣᠯᠤᠨ ᠡᠷᠭᠦᠨ ᠲᠡᠵᠢᠭᠡᠭᠳᠡᠭᠴᠢ ᠶᠢᠨ ᠨᠠᠰᠤ ᠨᠢ ᠪᠦᠬᠦᠯᠢ ᠳᠥᠴᠢᠨ | ᠨᠠᠰᠤᠨ ᠠᠴᠠ ᠳᠡᠭᠡᠭᠰᠢ ᠵᠥᠷᠢᠶ᠎ᠡ ᠲᠠᠢ ᠪᠠᠶᠢᠬᠤ ᠬᠡᠷᠡᠭᠲᠡᠶ᠃ | ᠮᠢᠩᠭ᠎ᠠ ᠨᠢᠭᠡ ᠵᠠᠭᠤ ᠭᠤᠷᠪᠠᠳᠤᠭᠠᠷ ᠵᠦᠢᠯ ᠬᠤᠶᠢᠲᠤ ᠡᠴᠢᠭᠡ ᠪᠤᠶᠤ ᠬᠤᠶᠢᠲᠤ ᠡᠭᠡ ᠨᠢ ᠳᠠᠭᠠᠭᠤᠯᠢ ᠦᠷ᠎ᠡ | ᠬᠡᠦᠬᠡᠳ ᠤᠨ ᠢᠶᠠᠨ ᠲᠦᠷᠦᠭᠰᠡᠨ ᠡᠴᠢᠭᠡ ᠡᠭᠡ ᠪᠠᠷ ᠵᠥᠪᠰᠢᠶᠡᠷᠡᠭᠦᠯᠦᠭᠡᠳ ᠳᠠᠭᠠᠭᠤᠯᠢ ᠦᠷ᠎ᠡ ᠬᠡᠦᠬᠡᠳ ᠢᠶᠠᠨ ᠡᠷᠭᠦᠨ | ᠲᠡᠵᠢᠭᠡᠵᠦ ᠪᠣᠯᠬᠤ ᠪᠥᠭᠡᠳ ᠲᠤᠰ ᠬᠠᠤᠯᠢ ᠶᠢᠨ ᠮᠢᠩᠭ᠎ᠠ ᠶᠡᠷᠡᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ᠂ | ᠮᠢᠩᠭ᠎ᠠ ᠶᠡᠷᠡᠨ ᠳᠥᠷᠪᠡᠳᠦᠭᠡᠷ ᠵᠦᠢᠯ ᠤᠨ ᠭᠤᠷᠪᠠᠳᠤᠭᠠᠷ ᠵᠤᠷᠪᠤᠰ᠂ ᠮᠢᠩᠭ᠎ᠠ ᠶᠡᠷᠡᠨ ᠨᠠᠢᠮᠠᠳᠤᠭᠠᠷ ᠵᠦᠢᠯ ᠪᠠ ᠮᠢᠩᠭ᠎ᠠ | ᠨᠢᠭᠡ ᠵᠠᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠳᠤ ᠬᠢᠵᠠᠭᠠᠷᠯᠠᠭᠳᠠᠬᠤ ᠤᠢᠭᠡᠢ ᠪᠠᠶᠢᠵᠤ ᠪᠣᠯᠤᠨ᠎ᠠ | ᠃ | ᠮᠢᠩᠭ᠎ᠠ ᠨᠢᠭᠡ ᠵᠠᠭᠤ ᠳᠦᠷᠪᠡᠳᠦᠭᠡᠷ ᠵᠦᠢᠯ ᠡᠷᠭᠦᠨ ᠲᠡᠵᠢᠭᠡᠭᠴᠢ ᠡᠷᠭᠦᠨ ᠲᠡᠵᠢᠭᠡᠬᠦ ᠪᠠ ᠡᠷᠭᠦᠨ ᠲᠡᠵᠢᠭᠡᠯᠭᠡᠭᠴᠢ | ᠡᠷᠭᠦᠨ ᠲᠡᠵᠢᠭᠡᠯᠭᠡᠬᠦ ᠳᠡᠭᠡᠨ ᠬᠤᠶᠠᠷ ᠲᠠᠯ᠎ᠠ ᠪᠠᠷ ᠢᠶᠠᠨ ᠰᠡᠶᠢᠠ ᠳᠤᠷ᠎ᠠ ᠶᠢᠨ ᠪᠠᠶᠢᠬᠤ ᠬᠡᠷᠡᠭᠲᠡᠶ᠃ ᠪᠦᠬᠦᠯᠢ ᠨᠠᠢᠮᠠᠨ | ᠨᠠᠰᠤᠨ ᠠᠴᠠ ᠳᠡᠭᠡᠭᠰᠢᠬᠢ ᠨᠠᠰᠤᠨ ᠳᠤ ᠤᠢᠯᠦ ᠬᠦᠷᠦᠭᠰᠡᠳ ᠢ ᠡᠷᠭᠦᠨ ᠲᠡᠵᠢᠭᠡᠬᠦ ᠳᠤ᠂ ᠡᠷᠭᠦᠨ ᠲᠡᠵᠢᠭᠡᠭᠳᠡᠭᠴᠢ ᠶᠢᠨ | ᠵᠥᠪᠰᠢᠶᠡᠷᠡᠯ ᠢ ᠤᠯᠬᠤ ᠬᠡᠷᠡᠭᠲᠡᠶ᠃ | ᠮᠢᠩᠭ᠎ᠠ ᠨᠢᠭᠡ ᠵᠠᠭᠤ ᠲᠠᠪᠤᠳᠤᠭᠠᠷ ᠵᠦᠢᠯ ᠡᠷᠭᠦᠨ ᠲᠡᠵᠢᠭᠡᠬᠦ ᠳᠡᠭᠡᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠪᠦᠷᠢᠳᠭᠡᠭᠦᠯᠭᠦ ᠬᠡᠷᠡᠭᠲᠡᠶ᠃ ᠡᠷᠭᠦᠨ | ᠲᠡᠵᠢᠭᠡᠬᠦ ᠬᠠᠷᠢᠴᠠᠭ᠎ᠠ ᠨᠢ ᠪᠦᠷᠢᠳᠭᠡᠭᠦᠯᠦᠭᠰᠡᠨ ᠡᠳᠦᠷ ᠠᠴᠠ ᠡᠬᠢᠯᠡᠵᠦ ᠪᠠᠶᠢᠭᠤᠯᠤᠭᠳᠠᠨ᠎ᠠ᠃ | ᠲᠦᠷᠦᠭᠰᠡᠨ ᠡᠴᠢᠭᠡ ᠡᠭᠡ ᠪᠠᠨ ᠡᠷᠢᠵᠦ ᠤᠯᠬᠤ ᠤᠢᠭᠡᠢ ᠨᠠᠰᠤᠨ ᠳᠤ ᠤᠢᠯᠦ ᠬᠦᠷᠦᠭᠰᠡᠳ ᠢ ᠡᠷᠭᠦᠨ ᠲᠡᠵᠢᠭᠡᠬᠦ ᠳᠤ᠂ | ᠪᠦᠷᠢᠳᠭᠡᠯ ᠬᠢᠵᠦ ᠦᠭᠬᠦ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠦᠷᠢᠳᠬᠡᠭᠦ ᠠᠴᠠ ᠪᠠᠨ ᠡᠮᠦᠨ᠎ᠡ ᠵᠠᠷᠯᠠᠨ | ᠨᠡᠶᠢᠲᠡᠯᠡᠬᠦ ᠬᠡᠷᠡᠭᠲᠡᠶ᠃ | ᠡᠷᠭᠦᠨ ᠲᠡᠵᠢᠭᠡᠬᠦ ᠬᠠᠷᠢᠴᠠᠭᠠᠨ ᠤ ᠲᠤᠬᠠᠶ ᠶᠢᠨ ᠬᠥᠮᠦᠨ ᠨᠢ ᠡᠷᠭᠦᠨ ᠲᠡᠵᠢᠭᠡᠬᠦ ᠬᠡᠯᠡᠯᠴᠡᠭᠡᠷ ᠲᠣᠭᠲᠠᠬᠤ ᠳᠤᠷᠠᠲᠠᠢ | ᠪᠠᠶᠢᠪᠠᠯ᠂ ᠡᠷᠭᠦᠨ ᠲᠡᠵᠢᠭᠡᠬᠦ ᠬᠡᠯᠡᠯᠴᠡᠭᠡᠷ ᠲᠣᠭᠲᠠᠵᠤ ᠪᠣᠯᠤᠨ᠎ᠠ᠃ | ᠡᠷᠭᠦᠨ ᠲᠡᠵᠢᠭᠡᠬᠦ ᠬᠠᠷᠢᠴᠠᠭᠠᠨ ᠤ ᠲᠤᠬᠠᠶ ᠶᠢᠨ ᠬᠥᠮᠦᠨ ᠤ ᠡᠯ᠎ᠡ ᠲᠠᠯ᠎ᠠ ᠪᠤᠶᠤ ᠨᠢᠭᠡ ᠲᠠᠯ᠎ᠠ ᠨᠢ ᠡᠷᠭᠦᠨ ᠲᠡᠵᠢᠭᠡᠬᠦ | ᠠᠯᠪᠠᠨ ᠭᠡᠷᠡᠴᠢᠯᠡᠭᠡ ᠬᠢᠯᠭᠡᠬᠦ ᠪᠠᠷ ᠱᠠᠭᠠᠷᠳᠠᠪᠠᠯ᠂ ᠡᠷᠭᠦᠨ ᠲᠡᠵᠢᠭᠡᠬᠦ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠶ᠃ | ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠡᠷᠭᠦᠨ ᠲᠡᠵᠢᠭᠡᠭᠦ ᠶᠠᠪᠤᠳᠠᠯ ᠳᠤ ᠬᠠᠤᠯᠢ ᠶᠤᠰᠤᠭᠠᠷ ᠦᠨᠡᠯᠡᠨ ᠵᠢᠱᠢᠯᠳᠡ ᠬᠢᠬᠦ ᠭᠡᠷᠡᠭᠲᠡᠢ᠃ | ᠮᠢᠩᠭ᠎ᠠ ᠨᠢᠭᠡ ᠵᠠᠭᠤ ᠵᠢᠷᠭᠤᠳᠤᠭᠠᠷ ᠵᠦᠢᠯ ᠡᠷᠭᠦᠨ ᠲᠡᠵᠢᠭᠡᠬᠦ ᠬᠠᠷᠢᠴᠠᠭ᠎ᠠ ᠪᠠᠶᠢᠭᠤᠯᠤᠭᠳᠠᠭᠰᠠᠨ ᠤ ᠲᠡᠷᠠᠭ᠎ᠠ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠭᠦᠨ | ᠲᠡᠵᠢᠭᠡᠭᠳᠡᠭᠴᠢ ᠳᠤ ᠡᠷᠦᠭᠡ ᠠᠮᠠ ᠶᠢᠨ ᠳᠠᠩᠰᠠᠯᠠᠯᠳᠠ ᠬᠢᠵᠦ ᠥᠭᠬᠦ ᠬᠡᠷᠡᠭᠲᠡᠶ᠃ | ᠮᠢᠩᠭ᠎ᠠ ᠨᠢᠭᠡ ᠵᠠᠭᠤ ᠳᠤᠯᠤᠳᠤᠭᠠᠷ ᠵᠦᠢᠯ ᠥᠨᠥᠴᠢᠨ ᠬᠡᠦᠬᠡᠳ ᠪᠤᠶᠤ ᠲᠦᠷᠦᠭᠰᠡᠨ ᠡᠴᠢᠭᠡ ᠡᠭᠡ ᠨᠢ ᠠᠰᠠᠷᠠᠨ | ᠲᠡᠵᠢᠭᠡᠬᠦ ᠴᠢᠳᠠᠯ ᠤᠢᠭᠡᠢ ᠪᠣᠯᠤᠭᠰᠠᠨ ᠦᠷ᠎ᠡ ᠬᠡᠦᠬᠡᠳ ᠢ ᠲᠦᠷᠦᠭᠰᠡᠨ ᠡᠴᠢᠭᠡ ᠡᠭᠡ ᠶᠢᠨ ᠬᠢᠨᠢ ᠲᠦᠷᠦᠯ ᠰᠡᠳᠦᠠ᠂ | ᠨᠠᠶᠢᠵᠠ ᠨᠥᠬᠦᠳ ᠨᠢ ᠠᠰᠠᠷᠠᠨ ᠲᠡᠵᠢᠭᠡᠵᠦ ᠪᠣᠯᠤᠨ᠎ᠠ︔ ᠠᠰᠠᠷᠠᠨ ᠲᠡᠵᠢᠭᠡᠭᠴᠢ ᠪᠣᠯᠤᠨ ᠠᠰᠠᠷᠠᠨ | ᠲᠡᠵᠢᠭᠡᠭᠳᠡᠭᠴᠢ ᠶᠢᠨ ᠬᠠᠷᠢᠴᠠᠭ᠎ᠠ ᠳᠤ ᠲᠤᠰ ᠪᠦᠯᠦᠭ ᠤᠨ ᠲᠣᠭᠲᠠᠭᠠᠯ ᠢ ᠲᠤᠬᠢᠷᠠᠭᠤᠯᠤᠨ ᠭᠡᠷᠡᠭᠯᠡᠭᠦ ᠦᠭᠡᠢ᠃ | ᠮᠢᠩᠭ᠎ᠠ ᠨᠢᠭᠡ ᠵᠠᠭᠤ ᠨᠠᠢᠮᠠᠳᠤᠭᠠᠷ ᠵᠦᠢᠯ ᠬᠤᠯᠪᠣᠰᠤ ᠶᠢᠨ ᠨᠢᠭᠡ ᠨᠢ ᠤᠢᠬᠦᠭᠡᠦᠠ᠂ ᠨᠦᠬᠦᠭᠡ ᠨᠢ ᠨᠠᠰᠤᠨ ᠳᠤ | ᠬᠦᠷᠦᠭᠡᠳᠦᠢ ᠦᠷ᠎ᠡ ᠬᠡᠦᠬᠡᠳ ᠢᠶᠠᠨ ᠡᠷᠭᠦᠨ ᠲᠡᠵᠢᠭᠡᠯᠭᠡᠬᠦ ᠭᠡᠪᠡᠯ᠂ ᠦᠭᠦᠭᠰᠡᠨ ᠲᠠᠯ᠎ᠠ ᠶᠢᠨ ᠬᠢᠨᠢ ᠡᠴᠢᠭᠡ ᠡᠭᠡ ᠨᠢ | ᠤᠷᠢᠳ ᠢᠶᠠᠷ ᠠᠰᠠᠷᠠᠨ ᠲᠡᠵᠢᠭᠡᠬᠦ ᠡᠷᠬᠡ ᠲᠠᠢ᠃ | ᠮᠢᠩᠭ᠎ᠠ ᠨᠢᠭᠡ ᠵᠠᠭᠤ ᠶᠢᠰᠦᠳᠦᠭᠡᠷ ᠵᠦᠢᠯ ᠭᠠᠳᠠᠭᠠᠳᠤ ᠶᠢᠨ ᠬᠥᠮᠦᠨ ᠬᠠᠤᠯᠢ ᠶᠣᠰᠣᠭᠠᠷ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠠᠴᠠ ᠦᠷ᠎ᠡ ᠬᠡᠦᠬᠡᠳ ᠡᠷᠭᠦᠨ ᠲᠡᠵᠢᠭᠡᠵᠦ ᠪᠣᠯᠤᠨ᠎ᠠ᠃ | ᠭᠠᠳᠠᠭᠠᠳᠤ ᠶᠢᠨ ᠬᠥᠮᠦᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠦᠷ᠎ᠡ ᠬᠡᠦᠬᠡᠳ ᠡᠷᠭᠦᠨ | ᠲᠡᠵᠢᠭᠡᠬᠦ ᠳᠡᠭᠡᠨ᠂ ᠲᠡᠭᠦᠨ ᠤ ᠪᠠᠶᠢᠭ᠎ᠠ ᠤᠯᠤᠰ ᠤᠨ ᠡᠷᠬᠢᠯᠡᠨ ᠬᠠᠮᠢᠶᠠᠷᠬᠤ ᠪᠠᠶᠢᠭᠤᠯᠭ᠎ᠠ ᠪᠠᠷ ᠲᠤᠰ ᠤᠯᠤᠰ ᠤᠨ | ᠬᠠᠤᠯᠢ ᠴᠠᠭᠠᠵᠠ ᠶᠢᠨ ᠶᠣᠰᠣᠭᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠡᠷᠭᠦᠨ ᠲᠡᠵᠢᠭᠡᠭᠴᠢ ᠨᠢ | ᠲᠡᠭᠦᠨ ᠤ ᠪᠠᠶᠢᠭ᠎ᠠ ᠤᠯᠤᠰ ᠤᠨ ᠡᠷᠬᠡᠲᠦ ᠪᠠᠶᠢᠭᠤᠯᠤᠮᠵᠢ ᠠᠴᠠ ᠭᠠᠷᠭᠠᠵᠤ ᠦᠭᠭᠦᠭᠰᠡᠨ ᠨᠠᠰᠤ ᠵᠢᠯ᠂ ᠤᠷᠤᠬ ᠤᠨ | ᠪᠠᠶᠢᠳᠠᠯ᠂ ᠡᠷᠬᠢᠯᠡᠭᠰᠡᠨ ᠠᠵᠢᠯ᠂ ᠡᠳ᠋ ᠬᠦᠷᠦᠩᠭᠡ᠂ ᠡᠷᠡᠭᠦᠯ ᠮᠡᠡᠳᠦ᠂ ᠡᠷᠡᠭᠦᠦ ᠶᠢᠨ ᠰᠢᠢᠳᠭᠡᠯ ᠢᠶᠠᠷ ᠰᠢᠢᠳᠭᠡᠭᠳᠡᠵᠦ | ᠥᠩᠭᠡᠷᠡᠭᠰᠡᠨ ᠡᠰᠡᠬᠦ ᠵᠡᠷᠭᠡ ᠪᠠᠶᠢᠳᠠᠯ ᠤᠨ ᠲᠤᠬᠠᠶ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ | ᠪᠥᠭᠡᠳ ᠡᠷᠭᠦᠨ ᠲᠡᠵᠢᠭᠡᠯᠭᠡᠭᠴᠢ ᠲᠠᠢ ᠪᠢᠴᠢᠭ ᠤᠨ ᠬᠡᠯᠡᠯᠴᠡᠭᠡᠷ ᠲᠣᠭᠲᠠᠵᠤ᠂ ᠮᠤᠵᠢ᠂ ᠥᠪᠡᠷᠲᠡᠭᠡᠨ ᠵᠠᠰᠠᠬᠤ ᠣᠷᠣᠨ | ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠲᠤ ᠪᠡᠶ᠎ᠡ ᠪᠠᠷ ᠢᠶᠠᠨ ᠤᠴᠢᠵᠤ ᠪᠦᠷᠢᠳᠭᠡᠭᠦᠯᠭᠦ ᠬᠡᠷᠡᠭᠲᠡᠶ᠃ | ᠡᠮᠦᠨᠡᠬᠢ ᠪᠠᠳᠠᠭ ᠲᠤ ᠲᠣᠭᠲᠠᠭᠠᠭᠰᠠᠨ ᠭᠡᠷᠡᠴᠢ ᠮᠠᠲ᠋ᠧᠷᠢᠶᠠᠯ ᠢ ᠡᠷᠭᠦᠨ ᠲᠡᠵᠢᠭᠡᠭᠴᠢ ᠶᠢᠨ ᠪᠠᠶᠢᠭ᠎ᠠ ᠤᠯᠤᠰ ᠤᠨ | ᠭᠠᠳᠠᠭᠠᠳᠤ ᠬᠠᠷᠢᠯᠴᠠᠭᠠᠨ ᠤ ᠪᠠᠶᠢᠭᠤᠯᠭ᠎ᠠ ᠪᠤᠶᠤ ᠭᠠᠳᠠᠭᠠᠳᠤ ᠬᠠᠷᠢᠯᠴᠠᠭᠠᠨ ᠤ ᠪᠠᠶᠢᠭᠤᠯᠭ᠎ᠠ ᠶᠢᠨ ᠡᠷᠬᠡ ᠤᠯᠭᠤᠭᠰᠠᠨ | ᠪᠠᠶᠢᠭᠤᠯᠤᠮᠵᠢ ᠪᠠᠷ ᠭᠡᠷᠡᠴᠢᠯᠡᠭᠦᠯᠬᠦ ᠬᠡᠷᠡᠭᠲᠡᠶ ᠪᠥᠭᠡᠳ ᠲᠤᠰ ᠤᠯᠤᠰ ᠲᠤ ᠰᠠᠭᠤᠭ᠎ᠠ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠢᠶᠠᠷ ᠭᠡᠷᠡᠴᠢᠯᠡᠭᠦᠯᠦᠭᠰᠡᠨ | ᠪᠠᠶᠢᠬᠤ ᠬᠡᠷᠡᠭᠲᠡᠶ᠂ ᠭᠡᠪᠡᠴᠦ ᠤᠯᠤᠰ ᠠᠴᠠ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠮᠢᠩᠭ᠎ᠠ ᠨᠢᠭᠡ ᠵᠠᠭᠤ ᠠᠷᠪᠠᠳᠤᠭᠠᠷ ᠵᠦᠢᠯ ᠡᠷᠭᠦᠨ ᠲᠡᠵᠢᠭᠡᠭᠴᠢ ᠪᠠ ᠡᠷᠭᠦᠨ ᠲᠡᠵᠢᠭᠡᠯᠭᠡᠭᠴᠢ ᠨᠢ ᠡᠷᠭᠦᠨ ᠲᠡᠵᠢᠭᠡᠬᠦ | ᠨᠢᠭᠤᠴᠠ ᠶᠢ ᠬᠠᠮᠠᠭᠠᠯᠠᠭᠤᠯᠬᠤ ᠪᠠᠷ ᠱᠠᠭᠠᠷᠳᠠᠭᠰᠠᠨ ᠪᠠᠶᠢᠪᠠᠯ᠂ ᠪᠤᠰᠤᠳ ᠬᠥᠮᠦᠨ ᠲᠡᠳᠡᠨ ᠤ ᠬᠦᠰᠡᠯ ᠰᠠᠨᠠᠭ᠎ᠠ ᠶᠢ | ᠬᠦᠨᠳᠦᠳᠭᠡᠭᠦ ᠭᠡᠷᠡᠭᠲᠡᠢ᠂ ᠨᠢᠭᠤᠴᠠ ᠶᠢ ᠵᠠᠳᠠᠷᠠᠭᠤᠯᠵᠤ ᠪᠣᠯᠬᠤ ᠤᠢᠭᠡᠢ᠃ | ᠬᠤᠶᠠᠳᠤᠭᠠᠷ ᠬᠡᠰᠡᠭ ᠡᠷᠭᠦᠨ ᠲᠡᠵᠢᠭᠡᠬᠦ ᠶᠢᠨ ᠬᠦᠴᠦᠨ | ᠮᠢᠩᠭ᠎ᠠ ᠨᠢᠭᠡ ᠵᠠᠭᠤ ᠠᠷᠪᠠᠨ ᠨᠢᠭᠡᠳᠦᠭᠡᠷ ᠵᠦᠢᠯ ᠡᠷᠭᠦᠨ ᠲᠡᠵᠢᠭᠡᠬᠦ ᠬᠠᠷᠢᠴᠠᠭ᠎ᠠ ᠪᠠᠶᠢᠭᠤᠯᠤᠭᠳᠠᠭᠰᠠᠨ ᠡᠳᠦᠷ ᠠᠴᠠ | ᠡᠬᠢᠯᠡᠨ᠂ ᠲᠡᠵᠢᠭᠡᠭᠰᠡᠨ ᠡᠴᠢᠭᠡ ᠡᠭᠡ ᠪᠣᠯᠤᠨ ᠲᠡᠵᠢᠭᠡᠭᠰᠡᠨ ᠦᠷ᠎ᠡ ᠬᠡᠦᠬᠡᠳ ᠤᠨ ᠬᠤᠭᠤᠷᠣᠨᠳᠣᠬᠢ ᠡᠷᠬᠡ | ᠡᠭᠦᠷᠭᠡ ᠶᠢᠨ ᠬᠠᠷᠢᠴᠠᠭ᠎ᠠ ᠳᠤ ᠲᠤᠰ ᠬᠠᠤᠯᠢ ᠶᠢᠨ ᠡᠴᠢᠭᠡ ᠡᠭᠡ ᠦᠷ᠎ᠡ ᠬᠡᠦᠬᠡᠳ ᠤᠨ ᠬᠠᠷᠢᠴᠠᠭᠠᠨ ᠤ ᠲᠤᠬᠠᠶ | ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ︔ ᠲᠡᠵᠢᠭᠡᠭᠰᠡᠨ ᠦᠷ᠎ᠡ ᠬᠡᠦᠬᠡᠳ ᠬᠢᠭᠡᠳ ᠲᠡᠵᠢᠭᠡᠭᠰᠡᠨ ᠡᠴᠢᠭᠡ ᠡᠭᠡ ᠶᠢᠨ | ᠬᠢᠨᠢ ᠤᠢᠢᠷ᠎ᠠ ᠲᠦᠷᠦᠯ ᠰᠡᠳᠦᠠ ᠤ ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠳᠤ ᠲᠤᠰ ᠬᠠᠤᠯᠢ ᠶᠢᠨ ᠦᠷ᠎ᠡ | ᠬᠡᠦᠬᠡᠳ ᠪᠣᠯᠤᠨ ᠡᠴᠢᠭᠡ ᠡᠭᠡ ᠶᠢᠨ ᠬᠢᠨᠢ ᠤᠢᠢᠷ᠎ᠠ ᠲᠦᠷᠦᠯ ᠰᠡᠳᠦᠠ ᠤ ᠬᠠᠷᠢᠴᠠᠭᠠᠨ ᠤ ᠲᠤᠬᠠᠶ ᠲᠣᠭᠲᠠᠭᠠᠯ ᠢ | ᠲᠤᠬᠢᠷᠠᠭᠤᠯᠤᠨ ᠬᠡᠷᠡᠭᠯᠡᠨ᠎ᠡ᠃ | ᠲᠡᠵᠢᠭᠡᠭᠰᠡᠨ ᠦᠷ᠎ᠡ ᠬᠡᠦᠬᠡᠳ ᠪᠤᠯᠤᠨ ᠲᠦᠷᠦᠭᠰᠡᠨ ᠡᠴᠢᠭᠡ ᠡᠭᠡ ᠵᠢᠴᠢ ᠪᠤᠰᠤᠳ ᠤᠢᠢᠷ᠎ᠠ ᠲᠦᠷᠦᠯ ᠰᠡᠳᠦᠠ ᠤ | ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠨᠢ ᠡᠷᠭᠦᠨ ᠲᠡᠵᠢᠭᠡᠬᠦ ᠬᠠᠷᠢᠴᠠᠭ᠎ᠠ ᠪᠠᠶᠢᠭᠤᠯᠤᠭᠳᠠᠭᠰᠠᠨ ᠠᠴᠠ | ᠪᠤᠯᠵᠦ ᠤᠰᠠᠳᠤᠨ᠎ᠠ᠃ | ᠮᠢᠩᠭ᠎ᠠ ᠨᠢᠭᠡ ᠵᠠᠭᠤ ᠠᠷᠪᠠᠨ ᠬᠤᠶᠠᠳᠤᠭᠠᠷ ᠵᠦᠢᠯ ᠲᠡᠵᠢᠭᠡᠭᠰᠡᠨ ᠦᠷ᠎ᠡ ᠬᠡᠦᠬᠡᠳ ᠨᠢ ᠲᠡᠵᠢᠭᠡᠭᠰᠡᠨ ᠡᠴᠢᠭᠡ ᠪᠤᠶᠤ | ᠲᠡᠵᠢᠭᠡᠭᠰᠡᠨ ᠡᠭᠡ ᠶᠢᠨ ᠢᠶᠠᠨ ᠤᠪᠦᠬ ᠢ ᠲᠡᠭᠠᠵᠦ ᠪᠣᠯᠤᠨ᠎ᠠ᠂ ᠲᠤᠬᠠᠶ ᠶᠢᠨ ᠬᠥᠮᠦᠨ ᠵᠥᠪᠳᠡᠯᠴᠡᠭᠡᠳ ᠰᠠᠨᠠᠯ | ᠨᠢᠭᠡᠳᠪᠡᠯ᠂ ᠤᠤᠯ ᠤᠨ ᠤᠪᠦᠬ ᠢᠶᠠᠨ ᠦᠯᠡᠳᠡᠭᠡᠭᠰᠡᠨ ᠴᠦ ᠪᠣᠯᠤᠨ᠎ᠠ᠃ | ᠮᠢᠩᠭ᠎ᠠ ᠨᠢᠭᠡ ᠵᠠᠭᠤ ᠠᠷᠪᠠᠨ ᠭᠤᠷᠪᠠᠳᠤᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠤᠢᠢᠯᠠ | ᠠᠵᠢᠯᠯᠠᠭ᠎ᠠ ᠶᠢᠨ ᠬᠦᠴᠦᠨ ᠤᠢᠭᠡᠢ ᠶᠢᠨ ᠲᠤᠬᠠᠶ ᠲᠤᠰ ᠬᠠᠤᠯᠢ ᠶᠢᠨ ᠨᠢᠬᠡᠳᠦᠬᠡᠷ ᠠᠩᠬᠢ ᠳᠤ ᠲᠣᠭᠲᠠᠭᠠᠭᠰᠠᠨ | ᠪᠠᠶᠢᠳᠠᠯ ᠪᠤᠶᠤ ᠲᠤᠰ ᠠᠩᠬᠢ ᠶᠢᠨ ᠲᠣᠭᠲᠠᠭᠠᠯ ᠠᠴᠠ ᠵᠥᠷᠢᠴᠡᠭᠰᠡᠨ ᠡᠷᠭᠦᠨ ᠲᠡᠵᠢᠭᠡᠬᠦ ᠤᠢᠢᠯᠠ ᠠᠵᠢᠯᠯᠠᠭ᠎ᠠ | ᠬᠦᠴᠦᠨ ᠤᠢᠭᠡᠢ᠃ | ᠬᠦᠴᠦᠨ ᠦᠭᠡᠢ ᠡᠷᠭᠦᠨ ᠲᠡᠵᠢᠭᠡᠬᠦ ᠦᠢᠯᠡ ᠠᠵᠢᠯᠯᠠᠭ᠎ᠠ ᠨᠢ ᠡᠬᠢᠯᠡᠭᠰᠡᠨ ᠠᠴᠠ ᠪᠠᠨ ᠠᠪᠤᠭᠠᠳ ᠬᠠᠤᠯᠢ ᠴᠠᠭᠠᠵᠠ ᠶᠢᠨ | ᠬᠢᠵᠠᠭᠠᠷᠯᠠᠬᠤ ᠬᠦᠴᠦᠨ ᠦᠭᠡᠢ᠃ | ᠭᠤᠷᠪᠠᠳᠤᠭᠠᠷ ᠬᠡᠰᠡᠭ ᠡᠷᠭᠦᠨ ᠲᠡᠵᠢᠭᠡᠬᠦ ᠬᠠᠷᠢᠴᠠᠭ᠎ᠠ ᠶᠢ ᠴᠣᠴᠠᠯᠬᠤ | ᠮᠢᠩᠭ᠎ᠠ ᠨᠢᠭᠡ ᠵᠠᠭᠤ ᠠᠷᠪᠠᠨ ᠳᠦᠷᠪᠡᠳᠦᠭᠡᠷ ᠵᠦᠢᠯ ᠡᠷᠭᠦᠨ ᠲᠡᠵᠢᠭᠡᠭᠴᠢ ᠨᠢ ᠡᠷᠭᠦᠨ ᠲᠡᠵᠢᠭᠡᠭᠳᠡᠭᠴᠢ ᠶᠢ ᠨᠠᠰᠤᠨ ᠳᠤ | ᠬᠦᠷᠬᠦ ᠠᠴᠠ ᠨᠢ ᠡᠮᠦᠨ᠎ᠡ ᠡᠷᠭᠦᠨ ᠲᠡᠵᠢᠭᠡᠬᠦ ᠬᠠᠷᠢᠴᠠᠭ᠎ᠠ ᠪᠠᠨ ᠴᠣᠴᠠᠯᠵᠦ ᠪᠣᠯᠬᠤ ᠤᠢᠭᠡᠢ᠂ ᠭᠡᠪᠡᠴᠦ ᠡᠷᠭᠦᠨ | ᠲᠡᠵᠢᠭᠡᠭᠴᠢ᠂ ᠡᠷᠭᠦᠨ ᠲᠡᠵᠢᠭᠡᠯᠭᠡᠭᠴᠢ ᠬᠤᠶᠠᠷ ᠲᠠᠯ᠎ᠠ ᠪᠠᠷ ᠢᠶᠠᠨ ᠵᠥᠪᠳᠡᠯᠴᠡᠨ ᠴᠤᠴᠠᠯᠤᠭᠰᠠᠨ ᠨᠢ ᠡᠭᠦᠨ ᠳᠤ | ᠪᠠᠭᠲᠠᠬᠤ ᠤᠢᠭᠡᠢ᠃ ᠲᠡᠵᠢᠭᠡᠭᠰᠡᠨ ᠦᠷ᠎ᠡ ᠬᠡᠦᠬᠡᠳ ᠨᠢ ᠪᠦᠬᠦᠯᠢ ᠨᠠᠢᠮᠠᠨ ᠨᠠᠰᠤ ᠠᠴᠠ ᠭᠡᠲᠦᠷᠡᠭᠰᠡᠨ ᠪᠠᠶᠢᠪᠠᠯ᠂ ᠲᠤᠰ | ᠬᠥᠮᠦᠨ ᠤ ᠬᠢᠨᠢ ᠵᠦᠪᠰᠢᠶᠡᠷᠡᠯ ᠢ ᠤᠯᠬᠤ ᠬᠡᠷᠡᠭᠲᠡᠶ᠃ | ᠡᠷᠭᠦᠨ ᠲᠡᠵᠢᠭᠡᠭᠴᠢ ᠨᠢ ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠤᠢᠭᠡᠢ᠂ ᠬᠠᠯᠠ ᠦᠵᠡᠭᠦᠯᠬᠦ᠂ ᠭᠤᠯᠣᠵᠤ | ᠤᠷᠬᠢᠬᠤ ᠮᠡᠲᠦ ᠶᠢᠨ ᠨᠠᠰᠤᠨ ᠳᠤ ᠬᠦᠷᠦᠭᠡᠳᠦᠢ ᠲᠡᠵᠢᠭᠡᠭᠰᠡᠨ ᠦᠷ᠎ᠡ ᠬᠡᠦᠬᠡᠳ ᠤᠨ ᠢᠶᠠᠨ ᠬᠠᠤᠯᠢ ᠶᠣᠰᠣᠨ ᠤ ᠡᠷᠬᠡ | ᠠᠰᠢᠭ ᠲᠤ ᠬᠠᠯᠳᠠᠭᠰᠠᠨ ᠤᠢᠢᠯᠠ ᠠᠵᠢᠯᠯᠠᠭ᠎ᠠ ᠲᠠᠢ ᠪᠠᠶᠢᠪᠠᠯ᠂ ᠡᠷᠭᠦᠨ ᠲᠡᠵᠢᠭᠡᠯᠭᠡᠭᠴᠢ ᠨᠢ ᠲᠡᠵᠢᠭᠡᠭᠰᠡᠨ ᠡᠴᠢᠭᠡ | ᠡᠭᠡ ᠪᠣᠯᠤᠨ ᠲᠡᠵᠢᠭᠡᠭᠰᠡᠨ ᠦᠷ᠎ᠡ ᠬᠡᠦᠬᠡᠳ ᠤᠨ ᠬᠤᠭᠤᠷᠣᠨᠳᠣᠬᠢ ᠡᠷᠭᠦᠨ ᠲᠡᠵᠢᠭᠡᠬᠦ ᠬᠠᠷᠢᠴᠠᠭ᠎ᠠ ᠶᠢ ᠴᠣᠴᠠᠯᠬᠤ ᠪᠠᠷ | ᠱᠠᠭᠠᠷᠳᠠᠬᠤ ᠡᠷᠬᠡ ᠲᠠᠢ᠃ ᠡᠷᠭᠦᠨ ᠲᠡᠵᠢᠭᠡᠯᠭᠡᠭᠴᠢ ᠪᠠ ᠡᠷᠭᠦᠨ ᠲᠡᠵᠢᠭᠡᠭᠴᠢ ᠨᠢ ᠡᠷᠭᠦᠨ ᠲᠡᠵᠢᠭᠡᠬᠦ ᠬᠠᠷᠢᠴᠠᠭ᠎ᠠ ᠶᠢ | ᠴᠤᠴᠠᠯᠬᠤ ᠬᠡᠯᠡᠯᠴᠡᠭᠡᠷ ᠲᠤᠬᠢᠷᠠᠵᠤ ᠳᠡᠶᠢᠯᠬᠦ ᠤᠢᠭᠡᠢ ᠪᠣᠯ ᠠᠷᠠᠳ ᠤᠨ ᠰᠢᠭᠦᠬᠦ ᠬᠤᠷᠢᠶ᠎ᠠ ᠳᠤ ᠵᠡᠭᠠᠯᠳᠦᠵᠦ ᠪᠤᠯᠤᠨ᠎ᠠ᠃ | | ᠮᠢᠩᠭ᠎ᠠ ᠨᠢᠭᠡ ᠵᠠᠭᠤ ᠠᠷᠪᠠᠨ ᠲᠠᠪᠤᠳᠤᠭᠠᠷ ᠵᠦᠢᠯ ᠲᠡᠵᠢᠭᠡᠭᠰᠡᠨ ᠡᠴᠢᠭᠡ ᠡᠭᠡ ᠪᠣᠯᠤᠨ ᠨᠠᠰᠤᠨ ᠳᠤ ᠬᠦᠷᠦᠭᠰᠡᠨ | ᠲᠡᠵᠢᠭᠡᠭᠰᠡᠨ ᠦᠷ᠎ᠡ ᠬᠡᠦᠬᠡᠳ ᠤᠨ ᠬᠤᠭᠤᠷᠣᠨᠳᠣᠬᠢ ᠬᠠᠷᠢᠴᠠᠭ᠎ᠠ ᠮᠠᠭᠤᠳᠠᠵᠤ᠂ ᠬᠠᠮᠲᠤ ᠠᠮᠢᠳᠤᠷᠠᠬᠤ ᠶᠢᠨ ᠠᠷᠭ᠎ᠠ | ᠤᠢᠭᠡᠢ ᠪᠣᠯᠤᠭᠰᠠᠨ ᠪᠠᠶᠢᠪᠠᠯ᠂ ᠵᠥᠪᠳᠡᠯᠴᠡᠵᠦ ᠪᠠᠶᠢᠭᠠᠳ ᠡᠷᠭᠦᠨ ᠲᠡᠵᠢᠭᠡᠬᠦ ᠬᠠᠷᠢᠴᠠᠭ᠎ᠠ ᠶᠢ ᠴᠣᠴᠠᠯᠵᠦ ᠪᠣᠯᠤᠨ᠎ᠠ᠃ | ᠬᠡᠯᠡᠯᠴᠡᠭᠡᠷ ᠲᠤᠬᠢᠷᠠᠵᠤ ᠳᠡᠶᠢᠯᠬᠦ ᠤᠢᠭᠡᠢ ᠪᠣᠯ᠂ ᠠᠷᠠᠳ ᠤᠨ ᠰᠢᠭᠦᠬᠦ ᠬᠤᠷᠢᠶ᠎ᠠ ᠳᠤ ᠵᠡᠭᠠᠯᠳᠦᠵᠦ ᠪᠣᠯᠤᠨ᠎ᠠ᠃ | ᠮᠢᠩᠭ᠎ᠠ ᠨᠢᠭᠡ ᠵᠠᠭᠤ ᠠᠷᠪᠠᠨ ᠵᠢᠷᠭᠤᠳᠤᠭᠠᠷ ᠵᠦᠢᠯ ᠲᠤᠬᠠᠶ ᠶᠢᠨ ᠬᠥᠮᠦᠨ ᠨᠢ ᠵᠥᠪᠳᠡᠯᠴᠡᠵᠦ ᠪᠠᠶᠢᠭᠠᠳ ᠡᠷᠭᠦᠨ | ᠲᠡᠵᠢᠭᠡᠬᠦ ᠬᠠᠷᠢᠴᠠᠭ᠎ᠠ ᠶᠢ ᠴᠣᠴᠠᠯᠬᠤ ᠳᠤ ᠬᠦᠷᠪᠡᠯ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠣᠴᠢᠵᠤ | ᠡᠷᠭᠦᠨ ᠲᠡᠵᠢᠭᠡᠬᠦ ᠬᠠᠷᠢᠴᠠᠭ᠎ᠠ ᠶᠢ ᠴᠣᠴᠠᠯᠬᠤ ᠪᠠᠷ ᠪᠦᠷᠢᠳᠭᠡᠭᠦᠯᠭᠦ ᠬᠡᠷᠡᠭᠲᠡᠶ᠃ | ᠮᠢᠩᠭ᠎ᠠ ᠨᠢᠭᠡ ᠵᠠᠭᠤ ᠠᠷᠪᠠᠨ ᠳᠤᠯᠤᠳᠤᠭᠠᠷ ᠵᠦᠢᠯ ᠡᠷᠭᠦᠨ ᠲᠡᠵᠢᠭᠡᠬᠦ ᠬᠠᠷᠢᠴᠠᠭ᠎ᠠ ᠶᠢ ᠴᠤᠴᠠᠯᠤᠭᠰᠠᠨ ᠤ ᠲᠡᠷᠠᠭ᠎ᠠ᠂ | ᠲᠡᠵᠢᠭᠡᠭᠰᠡᠨ ᠦᠷ᠎ᠡ ᠬᠡᠦᠬᠡᠳ ᠪᠣᠯᠤᠨ ᠲᠡᠵᠢᠭᠡᠭᠰᠡᠨ ᠡᠴᠢᠭᠡ ᠡᠭᠡ ᠵᠢᠴᠢ ᠪᠤᠰᠤᠳ ᠤᠢᠢᠷ᠎ᠠ ᠲᠦᠷᠦᠯ ᠰᠡᠳᠦᠠ ᠤ | ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠨᠢ ᠤᠰᠠᠳᠴᠤ᠂ ᠲᠦᠷᠦᠭᠰᠡᠨ ᠡᠴᠢᠭᠡ ᠡᠭᠡ ᠵᠢᠴᠢ ᠪᠤᠰᠤᠳ | ᠤᠢᠢᠷ᠎ᠠ ᠲᠦᠷᠦᠯ ᠰᠡᠳᠦᠠ ᠤ ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠨᠢ ᠠᠶᠠᠨᠳᠠᠭᠠᠨ ᠰᠡᠷᠭᠦᠨ᠎ᠡ᠃ | ᠭᠡᠪᠡᠴᠦ ᠨᠠᠰᠤᠨ ᠳᠤ ᠬᠦᠷᠦᠭᠰᠡᠨ ᠲᠡᠵᠢᠭᠡᠭᠰᠡᠨ ᠦᠷ᠎ᠡ ᠬᠡᠦᠬᠡᠳ ᠪᠣᠯᠤᠨ ᠲᠦᠷᠦᠭᠰᠡᠨ ᠡᠴᠢᠭᠡ ᠡᠭᠡ ᠵᠢᠴᠢ ᠪᠤᠰᠤᠳ | ᠤᠢᠢᠷ᠎ᠠ ᠲᠦᠷᠦᠯ ᠰᠡᠳᠦᠠ ᠤ ᠬᠤᠭᠤᠷᠣᠨᠳᠣᠬᠢ ᠡᠷᠬᠡ ᠡᠭᠦᠷᠭᠡ ᠶᠢᠨ ᠬᠠᠷᠢᠴᠠᠭ᠎ᠠ ᠶᠢ ᠰᠡᠷᠭᠦᠭᠡᠬᠦ ᠡᠰᠡᠬᠦ ᠶᠢ | ᠵᠥᠪᠳᠡᠯᠴᠡᠵᠦ ᠪᠠᠶᠢᠭᠠᠳ ᠲᠣᠭᠲᠠᠭᠠᠵᠤ ᠪᠣᠯᠤᠨ᠎ᠠ᠃ | ᠮᠢᠩᠭ᠎ᠠ ᠨᠢᠭᠡ ᠵᠠᠭᠤ ᠠᠷᠪᠠᠨ ᠨᠠᠢᠮᠠᠳᠤᠭᠠᠷ ᠵᠦᠢᠯ ᠡᠷᠭᠦᠨ ᠲᠡᠵᠢᠭᠡᠬᠦ ᠬᠠᠷᠢᠴᠠᠭ᠎ᠠ ᠶᠢ ᠴᠤᠴᠠᠯᠤᠭᠰᠠᠨ ᠤ ᠲᠡᠷᠠᠭ᠎ᠠ᠂ | ᠲᠡᠵᠢᠭᠡᠭᠰᠡᠨ ᠡᠴᠢᠭᠡ ᠡᠭᠡ ᠶᠢᠨ ᠠᠰᠠᠷᠠᠨ ᠲᠡᠵᠢᠭᠡᠭᠰᠡᠨ ᠨᠠᠰᠤᠨ ᠳᠤ ᠬᠦᠷᠦᠭᠰᠡᠨ ᠲᠡᠵᠢᠭᠡᠭᠰᠡᠨ ᠦᠷ᠎ᠡ ᠬᠡᠦᠬᠡᠳ ᠨᠢ | ᠬᠥᠳᠡᠯᠮᠦᠷᠢᠯᠡᠬᠦ ᠴᠢᠳᠠᠪᠤᠷᠢ ᠮᠡᠬᠦᠰ ᠮᠦᠷᠲᠡᠭᠡᠨ ᠠᠮᠢᠳᠤᠷᠠᠯ ᠤᠨ ᠢᠷᠡᠯᠳᠠ ᠪᠠᠷ ᠬᠤᠮᠰᠠ ᠲᠡᠵᠢᠭᠡᠭᠰᠡᠨ ᠡᠴᠢᠭᠡ | ᠡᠭᠡ ᠳᠡᠭᠡᠨ ᠠᠮᠢᠳᠤᠷᠠᠯ ᠤᠨ ᠵᠠᠷᠤᠳᠠᠯ ᠥᠭᠬᠦ ᠬᠡᠷᠡᠭᠲᠡᠶ᠃ ᠲᠡᠵᠢᠭᠡᠭᠰᠡᠨ ᠦᠷ᠎ᠡ ᠬᠡᠦᠬᠡᠳ ᠨᠢ ᠨᠠᠰᠤᠨ ᠳᠤ | ᠬᠦᠷᠦᠭᠰᠡᠨ ᠤ ᠲᠡᠷᠠᠭ᠎ᠠ ᠲᠡᠵᠢᠭᠡᠭᠰᠡᠨ ᠡᠴᠢᠭᠡ ᠡᠭᠡ ᠳᠡᠭᠡᠨ ᠬᠠᠯᠠ ᠦᠵᠡᠭᠦᠯᠦᠭᠰᠡᠨ᠂ ᠭᠤᠯᠣᠵᠤ ᠤᠷᠬᠢᠬᠰᠡᠠ ᠠᠴᠠ | ᠪᠤᠯᠵᠦ ᠡᠷᠭᠦᠨ ᠲᠡᠵᠢᠭᠡᠬᠦ ᠬᠠᠷᠢᠴᠠᠭ᠎ᠠ ᠶᠢ ᠴᠤᠴᠠᠯᠤᠭᠰᠠᠨ ᠪᠠᠶᠢᠪᠠᠯ᠂ ᠲᠡᠵᠢᠭᠡᠭᠰᠡᠨ ᠡᠴᠢᠭᠡ ᠡᠭᠡ ᠨᠢ ᠲᠡᠵᠢᠭᠡᠭᠰᠡᠨ | ᠦᠷ᠎ᠡ ᠬᠡᠦᠬᠡᠳ ᠢᠶᠠᠷ ᠢᠶᠠᠨ ᠡᠷᠭᠦᠨ ᠲᠡᠵᠢᠭᠡᠭᠰᠡᠨ ᠬᠤᠭᠤᠴᠠᠭᠠᠨ ᠳᠤ ᠵᠠᠷᠤᠴᠠᠭᠤᠯᠤᠭᠰᠠᠨ ᠠᠰᠠᠷᠠᠨ ᠲᠡᠵᠢᠭᠡᠭᠰᠡᠨ | ᠵᠠᠷᠤᠳᠠᠯ ᠢ ᠨᠥᠬᠦᠨ ᠲᠦᠯᠦᠬᠦᠯᠬᠦ ᠪᠠᠷ ᠱᠠᠭᠠᠷᠳᠠᠵᠤ ᠪᠣᠯᠤᠨ᠎ᠠ᠃ | ᠲᠦᠷᠦᠭᠰᠡᠨ ᠡᠴᠢᠭᠡ ᠡᠭᠡ ᠨᠢ ᠡᠷᠭᠦᠨ ᠲᠡᠵᠢᠭᠡᠬᠦ ᠬᠠᠷᠢᠴᠠᠭ᠎ᠠ ᠶᠢ ᠴᠣᠴᠠᠯᠤᠭᠤᠯᠬᠤ ᠪᠠᠷ ᠱᠠᠭᠠᠷᠳᠠᠭᠰᠠᠨ ᠪᠠᠶᠢᠪᠠᠯ᠂ | ᠲᠡᠵᠢᠭᠡᠭᠰᠡᠨ ᠡᠴᠢᠭᠡ ᠡᠭᠡ ᠨᠢ ᠲᠦᠷᠦᠭᠰᠡᠨ ᠡᠴᠢᠭᠡ ᠡᠭᠡ ᠪᠠᠷ ᠨᠢ ᠡᠷᠭᠦᠨ ᠲᠡᠵᠢᠭᠡᠭᠰᠡᠨ ᠬᠤᠭᠤᠴᠠᠭᠠᠨ ᠳᠤ | ᠵᠠᠷᠤᠴᠠᠭᠤᠯᠤᠭᠰᠠᠨ ᠠᠰᠠᠷᠠᠨ ᠲᠡᠵᠢᠭᠡᠭᠰᠡᠨ ᠵᠠᠷᠤᠳᠠᠯ ᠢ ᠵᠣᠬᠢᠰᠲᠠᠶ ᠪᠠᠷ ᠨᠦᠬᠦᠨ ᠲᠦᠯᠦᠬᠦᠯᠬᠦ ᠪᠠᠷ ᠱᠠᠭᠠᠷᠳᠠᠵᠤ | ᠪᠣᠯᠤᠨ᠎ᠠ᠂ ᠭᠡᠪᠡᠴᠦ ᠲᠡᠵᠢᠭᠡᠭᠰᠡᠨ ᠡᠴᠢᠭᠡ ᠡᠭᠡ ᠨᠢ ᠲᠡᠵᠢᠭᠡᠭᠰᠡᠨ ᠦᠷ᠎ᠡ ᠬᠡᠦᠬᠡᠳ ᠲᠡᠭᠡᠨ ᠬᠠᠯᠠ ᠦᠵᠡᠭᠦᠯᠵᠦ᠂ | ᠭᠤᠯᠣᠵᠤ ᠤᠷᠬᠢᠬᠰᠡᠠ ᠠᠴᠠ ᠪᠤᠯᠵᠦ ᠡᠷᠭᠦᠨ ᠲᠡᠵᠢᠭᠡᠬᠦ ᠬᠠᠷᠢᠴᠠᠭ᠎ᠠ ᠶᠢ ᠴᠤᠴᠠᠯᠤᠭᠰᠠᠨ ᠨᠢ ᠡᠭᠦᠨ ᠳᠤ ᠪᠠᠭᠲᠠᠬᠤ | ᠤᠢᠭᠡᠢ᠃ | ᠵᠢᠷᠭᠤᠳᠤᠭᠠᠷ ᠠᠩᠬᠢ ᠦᠪ ᠵᠠᠯᠭᠠᠮᠵᠢᠯᠠᠯᠳᠠ | ᠨᠢᠭᠡᠳᠦᠭᠡᠷ ᠪᠦᠯᠦᠭ ᠡᠩ ᠤᠨ ᠲᠣᠭᠲᠠᠭᠠᠯ | | ᠮᠢᠩᠭ᠎ᠠ ᠨᠢᠭᠡ ᠵᠠᠭᠤ ᠠᠷᠪᠠ ᠶᠢᠰᠦᠳᠦᠭᠡᠷ ᠵᠦᠢᠯ ᠲᠤᠰ ᠠᠩᠭᠢ ᠳᠤ ᠥᠪ ᠵᠠᠯᠭᠠᠮᠵᠢᠯᠠᠯᠲᠠ ᠠᠴᠠ ᠪᠣᠯᠤᠭᠰᠠᠨ | ᠢᠷᠭᠡᠨ ᠤ ᠬᠡᠷᠡᠭ ᠤᠨ ᠬᠠᠷᠢᠴᠠᠭ᠎ᠠ ᠶᠢ ᠲᠤᠬᠢᠷᠠᠭᠤᠯᠤᠨ᠎ᠠ᠃ | ᠮᠢᠩᠭ᠎ᠠ ᠨᠢᠭᠡ ᠵᠠᠭᠤ ᠬᠤᠷᠢᠳᠤᠭᠠᠷ ᠵᠦᠢᠯ ᠤᠯᠤᠰ ᠠᠴᠠ ᠪᠠᠶᠢᠭᠠᠯᠢ ᠬᠥᠮᠦᠨ ᠤ ᠥᠪ ᠵᠠᠯᠭᠠᠮᠵᠢᠯᠠᠬᠤ ᠡᠷᠬᠡ ᠶᠢ | ᠬᠠᠮᠠᠭᠠᠯᠠᠨ᠎ᠠ᠃ | ᠮᠢᠩᠭ᠎ᠠ ᠨᠢᠭᠡ ᠵᠠᠭᠤ ᠬᠤᠷᠢᠨ ᠨᠢᠭᠡᠳᠦᠭᠡᠷ ᠵᠦᠢᠯ ᠥᠪ ᠵᠠᠯᠭᠠᠮᠵᠢᠯᠠᠯᠲᠠ ᠨᠢ ᠥᠪ ᠵᠠᠯᠭᠠᠮᠵᠢᠯᠠᠭᠤᠯᠤᠭᠴᠢ ᠦᠭᠦᠭᠰᠡᠨ | ᠴᠠᠭ ᠠᠴᠠ ᠡᠬᠢᠯᠡᠨ᠎ᠡ᠃ | ᠬᠠᠷᠢᠯᠴᠠᠨ ᠥᠪ ᠵᠠᠯᠭᠠᠮᠵᠢᠯᠠᠬᠤ ᠬᠠᠷᠢᠴᠠᠭ᠎ᠠ ᠲᠠᠢ ᠬᠡᠳᠦᠨ ᠬᠥᠮᠦᠨ ᠮᠦᠨ ᠨᠢᠭᠡ ᠬᠡᠷᠡᠭ ᠤᠨ ᠳᠤᠮᠳᠠ ᠦᠭᠦᠭᠡᠳ᠂ | ᠲᠡᠳᠡᠨ ᠤ ᠦᠬᠦᠭᠰᠡᠨ ᠴᠠᠭ ᠢ ᠨᠢ ᠲᠣᠭᠲᠠᠭᠠᠬᠤ ᠳᠤ ᠪᠡᠷᠬᠡᠲᠡᠶ ᠪᠠᠶᠢᠪᠠᠯ᠂ ᠪᠤᠰᠤᠳ ᠥᠪ ᠵᠠᠯᠭᠠᠮᠵᠢᠯᠠᠭᠴᠢ ᠦᠭᠡᠢ | ᠬᠥᠮᠦᠨ ᠢ ᠤᠷᠢᠳ ᠢᠶᠠᠷ ᠦᠬᠦᠭᠰᠡᠨ ᠢᠶᠠᠷ ᠵᠦᠢᠴᠢᠯᠡᠨ ᠲᠣᠭᠲᠠᠭᠠᠨ᠎ᠠ᠃ ᠪᠦᠭᠦᠳᠡᠭᠡᠷ ᠪᠤᠰᠤᠳ ᠥᠪ | ᠵᠠᠯᠭᠠᠮᠵᠢᠯᠠᠭᠴᠢ ᠲᠠᠢ ᠪᠦᠭᠡᠳ ᠦᠶ᠎ᠡ ᠪᠠᠷ ᠠᠳᠠᠯᠢ ᠦᠭᠡᠢ ᠪᠠᠶᠢᠪᠠᠯ᠂ ᠠᠬᠠᠮᠠᠳ ᠦᠶ᠎ᠡ ᠶᠢᠨ ᠬᠢᠨᠢ ᠬᠥᠮᠥᠨ ᠢ | ᠤᠷᠢᠳ ᠢᠶᠠᠷ ᠦᠬᠦᠭᠰᠡᠨ ᠢᠶᠠᠷ ᠵᠦᠢᠴᠢᠯᠡᠨ ᠲᠣᠭᠲᠠᠭᠠᠨ᠎ᠠ︔ ᠦᠶ᠎ᠡ ᠰᠠᠴᠠᠭᠤ ᠶᠢ ᠨᠢ ᠵᠡᠷᠭᠡ ᠪᠠᠷ ᠦᠬᠦᠭᠰᠡᠨ ᠢᠶᠠᠷ | ᠵᠦᠢᠴᠢᠯᠡᠨ ᠲᠣᠭᠲᠠᠭᠠᠵᠤ᠂ ᠬᠠᠷᠢᠯᠴᠠᠨ ᠥᠪ ᠵᠠᠯᠭᠠᠮᠵᠢᠯᠠᠬᠤ ᠶᠠᠪᠤᠳᠠᠯ ᠭᠠᠷᠬᠤ ᠦᠭᠡᠢ᠃ | ᠮᠢᠩᠭ᠎ᠠ ᠨᠢᠭᠡ ᠵᠠᠭᠤ ᠬᠤᠷᠢᠨ ᠬᠤᠶᠠᠳᠤᠭᠠᠷ ᠵᠦᠢᠯ ᠥᠪ ᠬᠥᠷᠥᠩᠭᠡ ᠪᠣᠯ ᠪᠠᠶᠢᠭᠠᠯᠢ ᠬᠥᠮᠦᠨ ᠤ ᠦᠬᠦᠬᠦ | ᠦᠶ᠎ᠡ ᠳᠡᠭᠡᠨ ᠦᠯᠡᠳᠡᠭᠡᠭᠰᠡᠨ ᠬᠤᠪᠢ ᠬᠥᠮᠦᠨ ᠤ ᠬᠠᠤᠯᠢ ᠶᠣᠰᠣᠨ ᠤ ᠡᠳ᠋ ᠬᠥᠷᠥᠩᠭᠡ ᠮᠥᠨ᠃ | ᠬᠠᠤᠯᠢ ᠴᠠᠭᠠᠵᠠ ᠶᠢᠨ ᠲᠤᠭᠳᠠᠭᠠᠯ ᠢ ᠦᠨᠳᠦᠰᠦᠯᠡᠭᠦ ᠪᠤᠶᠤ ᠲᠡᠭᠦᠨ ᠤ ᠰᠢᠨᠵᠢ ᠴᠢᠨᠡᠷ ᠢ ᠦᠨᠳᠦᠰᠦᠯᠡᠪᠡᠯ | ᠵᠠᠯᠭᠠᠮᠵᠢᠯᠠᠵᠦ ᠦᠯᠦ ᠪᠤᠯᠬᠤ ᠦᠪ ᠬᠦᠷᠦᠩᠭᠡ ᠶᠢ ᠵᠠᠯᠭᠠᠮᠵᠢᠯᠠᠭᠤᠯᠵᠦ ᠪᠤᠯᠬᠤ ᠦᠭᠡᠢ᠃ | ᠮᠢᠩᠭ᠎ᠠ ᠨᠢᠭᠡ ᠵᠠᠭᠤ ᠬᠤᠷᠢᠨ ᠭᠤᠷᠪᠠᠳᠤᠭᠠᠷ ᠵᠦᠢᠯ ᠥᠪ ᠵᠠᠯᠭᠠᠮᠵᠢᠯᠠᠯᠲᠠ ᠡᠬᠢᠯᠡᠭᠰᠡᠨ ᠤ ᠳᠠᠷᠠᠭ᠎ᠠ᠂ ᠬᠠᠤᠯᠢ ᠳᠤ | ᠲᠣᠭᠲᠠᠭᠠᠭᠰᠠᠨ ᠥᠪ ᠵᠠᠯᠭᠠᠮᠵᠢᠯᠠᠯᠲᠠ ᠶᠢᠨ ᠶᠣᠰᠣᠭᠠᠷ ᠰᠢᠢᠳᠪᠦᠷᠢᠯᠡᠨ᠎ᠡ︔ ᠭᠡᠷᠢᠶᠡᠰ ᠦᠯᠡᠳᠡᠭᠡᠭᠰᠡᠨ ᠪᠠᠶᠢᠪᠠᠯ᠂ | ᠭᠡᠷᠢᠶᠡᠰ ᠢᠶᠠᠷ ᠥᠪ ᠵᠠᠯᠭᠠᠮᠵᠢᠯᠠᠬᠤ ᠪᠤᠶᠤ ᠭᠡᠷᠢᠶᠡᠰᠯᠡᠨ ᠬᠦᠷᠭᠡᠭᠦ ᠶᠤᠰᠤᠭᠠᠷ ᠰᠢᠢᠳᠪᠦᠷᠢᠯᠡᠨ᠎ᠡ︔ ᠭᠡᠷᠢᠶᠡᠰᠯᠡᠨ | ᠬᠦᠷᠭᠡᠯᠲᠡ ᠦᠭᠴᠦ ᠳᠡᠳᠬᠦᠨ ᠲᠡᠵᠢᠭᠡᠯᠭᠡᠬᠦ ᠬᠡᠯᠡᠯᠴᠡᠭᠡᠷ ᠲᠠᠢ ᠪᠠᠶᠢᠪᠠᠯ᠂ ᠬᠡᠯᠡᠯᠴᠡᠭᠡᠷ ᠶᠣᠰᠣᠭᠠᠷ ᠰᠢᠢᠳᠪᠤᠷᠢᠯᠡᠨ᠎ᠡ᠃ | ᠮᠢᠩᠭ᠎ᠠ ᠨᠢᠭᠡ ᠵᠠᠭᠤ ᠬᠤᠷᠢᠨ ᠳᠦᠷᠪᠡᠳᠦᠭᠡᠷ ᠵᠦᠢᠯ ᠥᠪ ᠵᠠᠯᠭᠠᠮᠵᠢᠯᠠᠯᠲᠠ ᠡᠬᠢᠯᠡᠭᠰᠡᠨ ᠤ ᠳᠠᠷᠠᠭ᠎ᠠ᠂ ᠥᠪ | ᠵᠠᠯᠭᠠᠮᠵᠢᠯᠠᠭᠴᠢ ᠥᠪ ᠵᠠᠯᠭᠠᠮᠵᠢᠯᠠᠬᠤ ᠪᠠᠨ ᠳᠠᠶᠠᠭᠳᠠᠬᠤ ᠳᠤ ᠬᠦᠷᠪᠡᠯ᠂ ᠥᠪ ᠬᠥᠷᠥᠩᠭᠡ ᠶᠢ ᠰᠢᠢᠳᠪᠦᠷᠢᠯᠡᠬᠦ ᠠᠴᠠ | ᠡᠮᠦᠨ᠎ᠡ᠂ ᠪᠢᠴᠢᠭ ᠤᠨ ᠬᠡᠯᠪᠡᠷᠢ ᠪᠠᠷ ᠥᠪ ᠵᠠᠯᠭᠠᠮᠵᠢᠯᠠᠬᠤ ᠪᠠᠨ ᠳᠠᠶᠠᠭᠳᠠᠬᠤ ᠪᠠᠷ ᠢᠯᠡᠷᠬᠡᠶᠢᠯᠡᠬᠦ ᠬᠡᠷᠡᠭᠲᠡᠢ︔ | ᠢᠯᠡᠷᠬᠡᠶᠢᠯᠡᠭᠰᠡᠨ ᠦᠭᠡᠢ ᠪᠣᠯ ᠥᠪ ᠵᠠᠯᠭᠠᠮᠵᠢᠯᠠᠯᠲᠠ ᠶᠢ ᠬᠦᠯᠢᠶᠡᠵᠦ ᠠᠪᠬᠤ ᠪᠠᠷ ᠦᠵᠡᠨ᠎ᠡ᠃ | ᠭᠡᠷᠢᠶᠡᠰᠯᠡᠨ ᠬᠦᠷᠭᠡᠯᠲᠡ ᠬᠦᠷᠳᠡᠭᠴᠢ ᠨᠢ ᠭᠡᠷᠢᠶᠡᠰᠯᠡᠨ ᠬᠦᠷᠭᠡᠯᠲᠡ ᠬᠦᠷᠲᠡᠬᠦ ᠪᠠᠨ ᠮᠡᠳᠡᠭᠰᠡᠨ ᠤ ᠳᠠᠷᠠᠭ᠎ᠠ ᠵᠢᠷᠠᠨ | ᠡᠳᠦᠷ ᠤᠨ ᠳᠣᠲᠣᠷ᠎ᠠ ᠭᠡᠷᠢᠶᠡᠰᠯᠡᠨ ᠬᠦᠷᠭᠡᠯᠲᠡ ᠶᠢ ᠬᠦᠷᠲᠡᠭᠦ ᠪᠤᠶᠤ ᠲᠠᠶᠠᠭᠳᠠᠬᠤ ᠪᠠᠨ ᠢᠯᠡᠷᠬᠡᠶᠢᠯᠡᠬᠦ ᠬᠡᠷᠡᠭᠲᠡᠢ︔ | ᠬᠤᠭᠤᠴᠠᠭ᠎ᠠ ᠨᠢ ᠲᠤᠯᠲᠠᠯ᠎ᠠ ᠢᠯᠡᠷᠬᠡᠶᠢᠯᠡᠭᠰᠡᠨ ᠦᠭᠡᠢ ᠪᠤᠯ᠂ ᠭᠡᠷᠢᠶᠡᠰᠯᠡᠨ ᠬᠦᠷᠭᠡᠯᠲᠡ ᠬᠥᠷᠳᠡᠬᠦ ᠪᠠᠨ | ᠲᠠᠶᠠᠭᠳᠠᠭᠰᠠᠨ ᠢᠶᠠᠷ ᠦᠵᠡᠨ᠎ᠡ᠃ | ᠮᠢᠩᠭ᠎ᠠ ᠨᠢᠭᠡ ᠵᠠᠭᠤ ᠬᠤᠷᠢᠨ ᠲᠠᠪᠤᠳᠤᠭᠠᠷ ᠵᠦᠢᠯ ᠥᠪ ᠵᠠᠯᠭᠠᠮᠵᠢᠯᠠᠭᠴᠢ ᠨᠢ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠨᠢ ᠬᠢᠭᠰᠡᠨ ᠪᠠᠶᠢᠪᠠᠯ᠂ ᠥᠪ ᠵᠠᠯᠭᠠᠮᠵᠢᠯᠠᠬᠤ ᠡᠷᠭᠡ ᠪᠠᠨ ᠠᠯᠳᠠᠨ᠎ᠠ᠄ | ︵ᠨᠢᠭᠡ︶ ᠥᠪ ᠵᠠᠯᠭᠠᠮᠵᠢᠯᠠᠭᠤᠯᠤᠭᠴᠢ ᠶᠢ ᠵᠣᠷᠢᠭᠤᠳᠠ ᠬᠤᠤᠷᠯᠠᠵᠤ ᠠᠯᠠᠭᠰᠠᠨ︔ | ︵ᠬᠤᠶᠠᠷ︶ ᠥᠪ ᠬᠦᠷᠦᠩᠭᠡ ᠪᠤᠯᠢᠶᠠᠬᠤ ᠶᠢᠨ ᠲᠥᠯᠥᠭᠡ ᠪᠤᠰᠤᠳ ᠥᠪ ᠵᠠᠯᠭᠠᠮᠵᠢᠯᠠᠭᠴᠢ ᠶᠢ ᠬᠤᠤᠷᠯᠠᠵᠤ ᠠᠯᠠᠭᠰᠠᠨ | ︔ | ︵ᠭᠤᠷᠪᠠ︶ ᠥᠪ ᠵᠠᠯᠭᠠᠮᠵᠢᠯᠠᠭᠤᠯᠤᠭᠴᠢ ᠶᠢ ᠭᠤᠯᠣᠵᠤ ᠤᠷᠬᠢᠬᠰᠡᠠ᠂ ᠡᠰᠡᠬᠦᠯ᠎ᠡ ᠥᠪ ᠵᠠᠯᠭᠠᠮᠵᠢᠯᠠᠭᠤᠯᠤᠭᠴᠢ ᠳᠤ | ᠬᠠᠯᠠ ᠦᠵᠡᠭᠦᠯᠦᠬᠡᠳ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠬᠤ︔ | ︵ᠲᠦᠷᠪᠡ︶ ᠭᠡᠷᠢᠶᠡᠰ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠠᠰᠠᠭᠰᠡᠨ᠂ ᠨᠢᠭᠤᠨ ᠳᠠᠯᠳᠠᠯᠠᠭᠰᠠᠨ | ᠪᠤᠶᠤ ᠤᠰᠠᠳᠬᠠᠭᠠᠳ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠬᠤ︔ | ︵ᠲᠠᠪᠤ︶ ᠮᠡᠭᠡᠯᠡᠭᠦ᠂ ᠰᠢᠬᠠᠮᠳᠠᠭᠤᠯᠤᠨ ᠰᠦᠷᠳᠡᠭᠦᠯᠬᠦ ᠠᠷᠭ᠎ᠠ ᠪᠠᠷᠢᠯ ᠢᠶᠠᠷ ᠥᠪ ᠵᠠᠯᠭᠠᠮᠵᠢᠯᠠᠭᠤᠯᠤᠭᠴᠢ ᠶᠢᠨ ᠭᠡᠷᠢᠶᠡᠰ | ᠦᠯᠡᠳᠡᠭᠡᠭᠦ᠂ ᠭᠡᠷᠢᠶᠡᠰ ᠢᠶᠠᠨ ᠬᠤᠪᠢᠷᠠᠭᠤᠯᠬᠤ ᠪᠤᠶᠤ ᠭᠡᠷᠢᠶᠡᠰ ᠢᠶᠠᠨ ᠪᠤᠴᠠᠭᠠᠵᠤ ᠠᠪᠬᠤ ᠶᠢ ᠠᠯᠪᠠᠳᠠᠭᠰᠠᠨ ᠪᠤᠶᠤ | ᠬᠠᠷᠰᠢᠯᠠᠭᠠᠳ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠬᠤ᠃ | ᠥᠪ ᠵᠠᠯᠭᠠᠮᠵᠢᠯᠠᠭᠴᠢ ᠡᠮᠦᠨᠡᠬᠢ ᠪᠠᠳᠠᠭ ᠤᠨ ᠭᠤᠷᠪᠠᠳᠤᠭᠠᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ | ᠦᠢᠯᠡ ᠠᠵᠢᠯᠯᠠᠭ᠎ᠠ ᠶᠢ ᠬᠢᠭᠡᠳ᠂ ᠦᠨᠡᠬᠡᠷ ᠭᠡᠮᠰᠢᠨ ᠵᠠᠰᠠᠷᠠᠬᠤ ᠢᠯᠡᠷᠡᠯ ᠲᠠᠢ ᠪᠦᠭᠡᠳ ᠥᠪ ᠵᠠᠯᠭᠠᠮᠵᠢᠯᠠᠭᠤᠯᠤᠭᠴᠢ | ᠠᠭᠤᠴᠢᠯᠠᠬᠤ ᠪᠠᠷ ᠢᠯᠡᠷᠬᠡᠶᠢᠯᠡᠭᠰᠡᠨ ᠪᠤᠶᠤ ᠬᠡᠷᠡᠭ ᠤᠨ ᠲᠠᠷᠠᠭ᠎ᠠ ᠭᠡᠷᠢᠶᠡᠰ ᠲᠡᠭᠡᠨ ᠲᠡᠭᠦᠨ ᠢ ᠥᠪ | ᠵᠠᠯᠭᠠᠮᠵᠢᠯᠠᠭᠴᠢ ᠪᠠᠷ ᠵᠢᠭᠰᠠᠭᠠᠭᠰᠠᠨ ᠪᠠᠶᠢᠪᠠᠯ᠂ ᠲᠤᠰ ᠥᠪ ᠵᠠᠯᠭᠠᠮᠵᠢᠯᠠᠭᠴᠢ ᠥᠪ ᠵᠠᠯᠭᠠᠮᠵᠢᠯᠠᠬᠤ ᠡᠷᠬᠡ ᠪᠠᠨ | ᠠᠯᠳᠠᠬᠤ ᠦᠭᠡᠢ᠃ | ᠭᠡᠷᠢᠶᠡᠰᠯᠡᠨ ᠬᠦᠷᠭᠡᠯᠲᠡ ᠬᠦᠷᠲᠡᠭᠴᠢ ᠲᠣᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠦᠢᠯᠡ | ᠠᠵᠢᠯᠯᠠᠭ᠎ᠠ ᠶᠢ ᠬᠢᠭᠰᠡᠨ ᠪᠠᠶᠢᠪᠠᠯ᠂ ᠭᠡᠷᠢᠶᠡᠰᠯᠡᠨ ᠬᠦᠷᠭᠡᠯᠲᠡ ᠬᠦᠷᠲᠡᠬᠦ ᠡᠷᠬᠡ ᠪᠠᠨ ᠠᠯᠳᠠᠨ᠎ᠠ᠃ | ᠬᠤᠶᠠᠳᠤᠭᠠᠷ ᠪᠦᠯᠦᠭ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠯᠲᠠ | ᠮᠢᠩᠭ᠎ᠠ ᠨᠢᠭᠡ ᠵᠠᠭᠤ ᠬᠤᠷᠢᠨ ᠵᠢᠷᠭᠤᠳᠤᠭᠠᠷ ᠵᠦᠢᠯ ᠡᠷᠡᠭᠲᠡᠶ ᠡᠮᠡᠭᠲᠡᠶ ᠡᠷᠬᠡ ᠲᠡᠭᠰᠢ ᠥᠪ ᠵᠠᠯᠭᠠᠮᠵᠢᠯᠠᠬᠤ ᠡᠷᠭᠡ ᠲᠠᠢ᠃ | | ᠮᠢᠩᠭ᠎ᠠ ᠨᠢᠭᠡ ᠵᠠᠭᠤ ᠬᠤᠷᠢᠨ ᠳᠤᠯᠤᠳᠤᠭᠠᠷ ᠵᠦᠢᠯ ᠥᠪ ᠬᠥᠷᠥᠩᠭᠡ ᠶᠢ ᠳᠤᠤᠷ᠎ᠠ ᠵᠢᠭᠰᠠᠭᠠᠭᠰᠠᠨ ᠲᠡᠰ | ᠳᠠᠷᠠᠭᠠᠯᠠᠯ ᠢᠶᠠᠷ ᠵᠠᠯᠭᠠᠮᠵᠢᠯᠠᠨ᠎ᠠ᠄ | ︵ᠨᠢᠭᠡ︶ ᠨᠢᠭᠡᠳᠦᠭᠡᠷ ᠳᠡᠰ ᠳᠠᠷᠠᠭᠠᠯᠠᠯ᠄ ᠬᠤᠯᠪᠣᠰᠤ᠂ ᠦᠷ᠎ᠡ ᠬᠡᠦᠬᠡᠳ᠂ ᠡᠴᠢᠭᠡ ᠡᠭᠡ︔ | ︵ᠬᠤᠶᠠᠷ︶ ᠬᠤᠶᠠᠳᠤᠭᠠᠷ ᠳᠡᠰ ᠳᠠᠷᠠᠭᠠᠯᠠᠯ᠄ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ | ᠡᠪᠦᠭᠡ ᠡᠮᠡᠭᠡ᠃ | ᠥᠪ ᠵᠠᠯᠭᠠᠮᠵᠢᠯᠠᠯᠲᠠ ᠡᠬᠢᠯᠡᠭᠰᠡᠨ ᠤ ᠳᠠᠷᠠᠭ᠎ᠠ᠂ ᠨᠢᠭᠡᠳᠦᠭᠡᠷ ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ | ᠵᠠᠯᠭᠠᠮᠵᠢᠯᠠᠨ᠎ᠠ᠂ ᠬᠤᠶᠠᠳᠤᠭᠠᠷ ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ ᠵᠠᠯᠭᠠᠮᠵᠢᠯᠠᠬᠤ ᠦᠭᠡᠢ᠃ ᠨᠢᠭᠡᠳᠦᠭᠡᠷ | ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ ᠦᠭᠡᠢ ᠪᠣᠯ ᠬᠤᠶᠠᠳᠤᠭᠠᠷ ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ | ᠵᠠᠯᠭᠠᠮᠵᠢᠯᠠᠨ᠎ᠠ᠃ | ᠲᠤᠰ ᠠᠩᠬᠢ ᠳᠤ ᠬᠡᠯᠡᠵᠦ ᠪᠠᠶᠢᠭ᠎ᠠ ᠦᠷ᠎ᠡ ᠬᠡᠦᠬᠡᠳ ᠭᠡᠳᠡᠭ ᠲᠤ ᠤᠷᠤᠭᠯᠠᠭᠠᠳ ᠲᠦᠷᠦᠭᠰᠡᠨ ᠦᠷ᠎ᠡ ᠬᠡᠦᠬᠡᠳ᠂ | ᠤᠷᠤᠭᠯᠠᠭᠰᠠᠨ ᠤᠢᠭᠡᠢ ᠪᠠᠷ ᠲᠦᠷᠦᠭᠰᠡᠨ ᠦᠷ᠎ᠡ ᠬᠡᠦᠬᠡᠳ᠂ ᠲᠡᠵᠢᠭᠡᠭᠰᠡᠨ ᠦᠷ᠎ᠡ ᠬᠡᠦᠬᠡᠳ ᠪᠣᠯᠤᠨ ᠳᠡᠳᠬᠦᠨ | ᠲᠡᠵᠢᠭᠡᠬᠦ ᠬᠠᠷᠢᠴᠠᠭ᠎ᠠ ᠲᠠᠢ ᠳᠠᠭᠠᠭᠤᠯᠢ ᠦᠷ᠎ᠡ ᠬᠡᠦᠬᠡᠳ ᠪᠠᠭᠲᠠᠨ᠎ᠠ᠃ | ᠲᠤᠰ ᠠᠩᠬᠢ ᠳᠤ ᠬᠡᠯᠡᠵᠦ ᠪᠠᠶᠢᠭ᠎ᠠ ᠡᠴᠢᠭᠡ ᠡᠭᠡ ᠭᠡᠳᠡᠭ ᠲᠤ ᠲᠦᠷᠦᠭᠰᠡᠨ ᠡᠴᠢᠭᠡ ᠡᠭᠡ᠂ ᠲᠡᠵᠢᠭᠡᠭᠰᠡᠨ ᠡᠴᠢᠭᠡ | ᠡᠭᠡ ᠪᠣᠯᠤᠨ ᠳᠡᠳᠬᠦᠨ ᠲᠡᠵᠢᠭᠡᠬᠦ ᠬᠠᠷᠢᠴᠠᠭ᠎ᠠ ᠲᠠᠢ ᠬᠤᠶᠢᠲᠤ ᠡᠴᠢᠭᠡ ᠡᠭᠡ ᠪᠠᠭᠲᠠᠨ᠎ᠠ᠃ | ᠲᠤᠰ ᠠᠩᠬᠢ ᠳᠤ ᠬᠡᠯᠡᠵᠦ ᠪᠠᠶᠢᠭ᠎ᠠ ᠠᠬ᠎ᠠ ᠳᠡᠭᠦᠦ ᠡᠭᠡᠴᠢ ᠥᠬᠢᠨ ᠳᠡᠭᠦᠦ ᠭᠡᠳᠡᠭ ᠲᠤ ᠡᠴᠢᠭᠡ ᠡᠭᠡ ᠨᠢᠭᠡᠲᠡᠶ ᠠᠬ᠎ᠠ | ᠳᠡᠭᠦᠦ ᠡᠭᠡᠴᠢ ᠥᠬᠢᠨ ᠳᠡᠭᠦᠦ᠂ ᠡᠴᠢᠭᠡ ᠨᠢᠭᠡᠲᠡᠶ ᠡᠭᠡ ᠣᠨᠳᠣᠤ ᠪᠤᠶᠤ ᠡᠭᠡ ᠨᠢᠭᠡᠲᠡᠶ ᠡᠴᠢᠭᠡ ᠤᠨᠳᠤᠤ ᠠᠬ᠎ᠠ | ᠳᠡᠭᠦᠦ ᠡᠭᠡᠴᠢ ᠥᠬᠢᠨ ᠳᠡᠭᠦᠦ᠂ ᠲᠡᠵᠢᠭᠡᠭᠰᠡᠨ ᠠᠬ᠎ᠠ ᠳᠡᠭᠦᠦ ᠡᠭᠡᠴᠢ ᠥᠬᠢᠨ ᠳᠡᠭᠦᠦ᠂ ᠳᠡᠳᠬᠦᠨ ᠲᠡᠵᠢᠭᠡᠬᠦ | ᠬᠠᠷᠢᠴᠠᠭ᠎ᠠ ᠪᠦᠬᠦᠢ ᠬᠤᠶᠢᠲᠤ ᠠᠬ᠎ᠠ ᠳᠡᠭᠦᠦ ᠡᠭᠡᠴᠢ ᠥᠬᠢᠨ ᠳᠡᠭᠦᠦ ᠪᠠᠭᠲᠠᠨ᠎ᠠ᠃ | ᠮᠢᠩᠭ᠎ᠠ ᠨᠢᠭᠡ ᠵᠠᠭᠤ ᠬᠤᠷᠢᠨ ᠨᠠᠢᠮᠠᠳᠤᠭᠠᠷ ᠵᠦᠢᠯ ᠥᠪ ᠵᠠᠯᠭᠠᠮᠵᠢᠯᠠᠭᠤᠯᠤᠭᠴᠢ ᠶᠢᠨ ᠦᠷ᠎ᠡ ᠬᠡᠦᠬᠡᠳ ᠨᠢ ᠥᠪ | ᠵᠠᠯᠭᠠᠮᠵᠢᠯᠠᠭᠤᠯᠤᠭᠴᠢ ᠠᠴᠠ ᠡᠮᠦᠨ᠎ᠡ ᠦᠭᠦᠭᠰᠡᠨ ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ ᠦᠷ᠎ᠡ ᠬᠡᠦᠬᠡᠳ ᠤᠨ | ᠬᠢᠨᠢ ᠳᠣᠤᠷ᠎ᠠ ᠦᠶ᠎ᠡ ᠶᠢᠨ ᠰᠢᠭᠤᠳ ᠴᠢᠰᠤᠨ ᠲᠦᠷᠦᠯ ᠤᠨ ᠬᠦᠮᠦᠨ ᠨᠢ ᠣᠷᠣᠯᠠᠵᠤ ᠵᠠᠯᠭᠠᠮᠵᠢᠯᠠᠨ᠎ᠠ᠃ | ᠥᠪ ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ ᠳᠡᠭᠦᠦ ᠨᠢ ᠥᠪ ᠵᠠᠯᠭᠠᠮᠵᠢᠯᠠᠭᠤᠯᠤᠭᠴᠢ ᠠᠴᠠ | ᠡᠮᠦᠨ᠎ᠡ ᠦᠬᠦᠭᠰᠡᠨ ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠬᠢᠨᠢ | ᠦᠷ᠎ᠡ ᠬᠡᠦᠬᠡᠳ ᠨᠢ ᠣᠷᠣᠯᠠᠵᠤ ᠵᠠᠯᠭᠠᠮᠵᠢᠯᠠᠨ᠎ᠠ᠃ | ᠣᠷᠣᠯᠠᠨ ᠵᠠᠯᠭᠠᠮᠵᠢᠯᠠᠭᠴᠢ ᠨᠢ ᠡᠩ ᠤᠨ ᠪᠠᠶᠢᠳᠠᠯ ᠳᠤ ᠵᠥᠪᠬᠡᠨ ᠣᠷᠣᠯᠠᠨ ᠵᠠᠯᠭᠠᠮᠵᠢᠯᠠᠭᠤᠯᠤᠭᠴᠢ ᠶᠢᠨ ᠵᠠᠯᠭᠠᠮᠵᠢᠯᠠᠬᠤ | ᠡᠷᠬᠡ ᠲᠠᠢ ᠥᠪ ᠬᠥᠷᠥᠩᠭᠡ ᠶᠢᠨ ᠬᠤᠪᠢᠳᠠᠴᠠ ᠶᠢ ᠵᠠᠯᠭᠠᠮᠵᠢᠯᠠᠨ᠎ᠠ᠃ | ᠮᠢᠩᠭ᠎ᠠ ᠨᠢᠭᠡ ᠵᠠᠭᠤ ᠬᠤᠷᠢ ᠶᠢᠰᠦᠳᠦᠭᠡᠷ ᠵᠦᠢᠯ ᠡᠷ᠎ᠡ ᠨᠦᠬᠦᠷ ᠨᠢ ᠦᠭᠦᠭᠰᠡᠨ ᠪᠡᠷᠢ ᠬᠠᠳᠠᠮ ᠡᠴᠢᠭᠡ ᠡᠭᠡ ᠳᠡᠭᠡᠨ᠂ | ᠡᠭᠡᠨᠡᠷ ᠨᠢ ᠦᠭᠦᠭᠰᠡᠨ ᠬᠦᠷᠭᠡᠨ ᠬᠠᠳᠠᠮ ᠡᠴᠢᠭᠡ ᠡᠭᠡ ᠳᠡᠭᠡᠨ ᠠᠴᠢᠯᠠᠨ ᠲᠡᠵᠢᠭᠡᠬᠦ ᠭᠤᠤᠯ ᠡᠭᠦᠷᠭᠡ ᠭᠦᠢᠴᠡᠳᠬᠡᠭᠰᠡᠨ | ᠪᠠᠶᠢᠪᠠᠯ᠂ ᠨᠢᠭᠡᠳᠦᠭᠡᠷ ᠳᠡᠰ ᠳᠠᠷᠠᠭᠠᠯᠠᠯ ᠤᠨ ᠥᠪ ᠵᠠᠯᠭᠠᠮᠵᠢᠯᠠᠭᠴᠢ ᠪᠤᠯᠵᠦ ᠪᠤᠯᠤᠨ᠎ᠠ᠃ | ᠮᠢᠩᠭ᠎ᠠ ᠨᠢᠭᠡ ᠵᠠᠭᠤ ᠭᠤᠴᠢᠳᠤᠭᠠᠷ ᠵᠦᠢᠯ ᠠᠳᠠᠯᠢ ᠨᠢᠭᠡᠨ ᠳᠡᠰ ᠳᠠᠷᠠᠭᠠᠯᠠᠯ ᠳᠠᠬᠢ ᠥᠪ ᠵᠠᠯᠭᠠᠮᠵᠢᠯᠠᠭᠴᠢ ᠶᠢᠨ | ᠵᠠᠯᠭᠠᠮᠵᠢᠯᠠᠬᠤ ᠥᠪ ᠬᠥᠷᠥᠩᠭᠡ ᠶᠢᠨ ᠬᠤᠪᠢᠳᠠᠴᠠ ᠨᠢ ᠡᠩ ᠤᠨ ᠪᠠᠶᠢᠳᠠᠯ ᠳᠤ ᠠᠳᠠᠯᠢ ᠲᠡᠭᠰᠢ ᠪᠠᠶᠢᠬᠤ ᠬᠡᠷᠡᠭᠲᠡᠢ᠃ | ᠠᠮᠢᠳᠤᠷᠠᠯ ᠨᠢ ᠣᠨᠴᠠᠭᠠᠶ ᠬᠦᠴᠢᠷᠳᠡᠯ ᠲᠠᠢ ᠮᠦᠷᠲᠡᠭᠡᠨ ᠬᠥᠳᠡᠯᠮᠦᠷᠢᠯᠡᠬᠦ ᠴᠢᠳᠠᠪᠤᠷᠢ ᠮᠠᠬᠦᠰ ᠥᠪ ᠵᠠᠯᠭᠠᠮᠵᠢᠯᠠᠭᠴᠢ ᠶᠢ | ᠥᠪ ᠬᠦᠷᠦᠩᠭᠡ ᠬᠤᠪᠢᠶᠠᠬᠤ ᠳᠠᠭᠠᠨ ᠬᠠᠷᠠᠭᠠᠯᠵᠠᠬᠤ ᠬᠡᠷᠡᠭᠲᠡᠶ᠃ | ᠥᠪ ᠵᠠᠯᠭᠠᠮᠵᠢᠯᠠᠭᠤᠯᠤᠭᠴᠢ ᠶᠢ ᠳᠡᠳᠬᠦᠨ ᠲᠡᠵᠢᠭᠡᠬᠦ ᠭᠤᠤᠯ ᠡᠭᠦᠷᠭᠡ ᠶᠢ ᠭᠦᠢᠴᠡᠳᠬᠡᠭᠰᠡᠨ ᠪᠤᠶᠤ ᠥᠪ | ᠵᠠᠯᠭᠠᠮᠵᠢᠯᠠᠭᠤᠯᠤᠭᠴᠢ ᠲᠠᠢ ᠬᠠᠮᠲᠤ ᠠᠮᠢᠳᠤᠷᠠᠵᠤ ᠪᠠᠶᠢᠭᠰᠠᠨ ᠥᠪ ᠵᠠᠯᠭᠠᠮᠵᠢᠯᠠᠭᠴᠢ ᠳᠤ ᠥᠪ ᠬᠦᠷᠦᠩᠭᠡ ᠬᠤᠪᠢᠶᠠᠬᠤ | ᠦᠶ᠎ᠡ ᠳᠤ ᠢᠯᠡᠭᠦᠦ ᠥᠭᠴᠦ ᠪᠣᠯᠤᠨ᠎ᠠ᠃ | ᠳᠡᠳᠬᠦᠨ ᠲᠡᠵᠢᠭᠡᠬᠦ ᠴᠢᠳᠠᠪᠤᠷᠢ ᠲᠠᠢ ᠪᠦᠭᠡᠳ ᠳᠡᠳᠬᠦᠨ ᠲᠡᠵᠢᠭᠡᠬᠦ ᠨᠥᠬᠦᠴᠡᠯ ᠲᠠᠢ ᠥᠪ ᠵᠠᠯᠭᠠᠮᠵᠢᠯᠠᠭᠴᠢ ᠳᠡᠳᠬᠦᠨ | ᠲᠡᠵᠢᠭᠡᠭᠦ ᠡᠭᠦᠷᠭᠡ ᠪᠠᠨ ᠭᠦᠢᠴᠡᠳᠬᠡᠭᠰᠡᠨ ᠦᠭᠡᠢ ᠪᠤᠯ᠂ ᠥᠪ ᠬᠥᠷᠥᠩᠭᠡ ᠬᠤᠪᠢᠶᠠᠬᠤ ᠦᠶ᠎ᠡ ᠳᠤ ᠦᠭᠭᠦ ᠦᠭᠡᠢ | ᠪᠤᠶᠤ ᠳᠤᠲᠠᠭᠤ ᠦᠭᠭᠦ ᠬᠡᠷᠡᠭᠲᠡᠶ᠃ | ᠥᠪ ᠵᠠᠯᠭᠠᠮᠵᠢᠯᠠᠭᠴᠢ ᠵᠦᠪᠲᠡᠯᠴᠡᠭᠡᠳ ᠵᠥᠪᠰᠢᠶᠡᠷᠡᠭᠰᠡᠨ ᠪᠠᠶᠢᠪᠠᠯ᠂ ᠲᠡᠭᠰᠢ ᠪᠤᠰᠤ ᠪᠠᠷ ᠬᠤᠪᠢᠶᠠᠭᠰᠠᠨ ᠴᠤ ᠪᠣᠯᠤᠨ᠎ᠠ | ᠃ | ᠮᠢᠩᠭ᠎ᠠ ᠨᠢᠭᠡ ᠵᠠᠭᠤ ᠭᠤᠴᠢᠨ ᠨᠢᠭᠡᠳᠦᠭᠡᠷ ᠵᠦᠢᠯ ᠥᠪ ᠵᠠᠯᠭᠠᠮᠵᠢᠯᠠᠭᠴᠢ ᠠᠴᠠ ᠭᠠᠳᠠᠨᠠᠬᠢ ᠥᠪ | ᠵᠠᠯᠭᠠᠮᠵᠢᠯᠠᠭᠤᠯᠤᠭᠴᠢ ᠶᠢᠨ ᠳᠡᠳᠬᠦᠨ ᠲᠡᠵᠢᠭᠡᠬᠦ ᠳᠤ ᠲᠦᠰᠢᠭᠯᠡᠵᠦ ᠪᠠᠶᠢᠭᠰᠠᠨ ᠬᠥᠮᠦᠨ ᠪᠤᠶᠤ ᠥᠪ | ᠵᠠᠯᠭᠠᠮᠵᠢᠯᠠᠭᠴᠢ ᠠᠴᠠ ᠭᠠᠳᠠᠨᠠᠬᠢ ᠥᠪ ᠵᠠᠯᠭᠠᠮᠵᠢᠯᠠᠭᠤᠯᠤᠭᠴᠢ ᠶᠢ ᠨᠡᠯᠢᠶᠡᠳ ᠢᠯᠡᠬᠦᠦ ᠳᠡᠳᠬᠦᠨ ᠲᠡᠵᠢᠭᠡᠵᠦ | ᠪᠠᠶᠢᠭᠰᠠᠨ ᠬᠥᠮᠦᠨ ᠳᠤ ᠵᠣᠬᠢᠬᠤ ᠬᠡᠮᠵᠢᠶᠡᠨ ᠤ ᠥᠪ ᠬᠦᠷᠦᠩᠭᠡ ᠬᠤᠪᠢᠶᠠᠨ ᠥᠭᠴᠦ ᠪᠣᠯᠤᠨ᠎ᠠ᠃ | ᠮᠢᠩᠭ᠎ᠠ ᠨᠢᠭᠡ ᠵᠠᠭᠤ ᠭᠤᠴᠢᠨ ᠬᠤᠶᠠᠳᠤᠭᠠᠷ ᠵᠦᠢᠯ ᠥᠪ ᠵᠠᠯᠭᠠᠮᠵᠢᠯᠠᠭᠴᠢᠳ ᠬᠠᠷᠢᠯᠴᠠᠨ ᠠᠭᠤᠴᠢᠯᠠᠵᠦ ᠬᠠᠷᠢᠯᠴᠠᠨ | ᠨᠠᠶᠢᠷ ᠲᠠᠯᠪᠢᠬᠤ᠂ ᠡᠶ᠎ᠡ ᠨᠠᠶᠢᠷᠲᠠᠶ ᠪᠦᠯᠬᠦᠮᠳᠡᠯ ᠲᠠᠢ ᠪᠠᠶᠢᠬᠤ ᠵᠣᠷᠢᠭ ᠰᠠᠨᠠᠭ᠎ᠠ ᠪᠠᠷ ᠥᠪ ᠵᠠᠯᠭᠠᠮᠵᠢᠯᠠᠬᠤ | ᠠᠰᠠᠭᠤᠳᠠᠯ ᠢ ᠵᠦᠪᠲᠡᠯᠴᠡᠵᠦ ᠰᠢᠢᠳᠪᠦᠷᠢᠯᠡᠬᠦ ᠬᠡᠷᠡᠭᠲᠡᠶ᠃ ᠥᠪ ᠬᠦᠷᠦᠩᠭᠡ ᠶᠢ ᠬᠤᠪᠢᠶᠠᠬᠤ ᠴᠠᠭ᠂ ᠠᠷᠭ᠎ᠠ ᠪᠠ | ᠬᠤᠪᠢᠳᠠᠴᠠ ᠶᠢ ᠥᠪ ᠵᠠᠯᠭᠠᠮᠵᠢᠯᠠᠭᠴᠢ ᠵᠦᠪᠲᠡᠯᠴᠡᠵᠦ ᠲᠣᠭᠲᠠᠭᠠᠨ᠎ᠠ︔ ᠵᠥᠪᠳᠡᠯᠴᠡᠭᠡᠳ ᠪᠦᠲᠦᠭᠰᠡᠨ ᠦᠭᠡᠢ | ᠪᠠᠶᠢᠪᠠᠯ᠂ ᠠᠷᠠᠳ ᠤᠨ ᠡᠶᠡᠳᠡᠭᠦᠯᠭᠡ ᠶᠢᠨ ᠵᠦᠪᠯᠡᠯ ᠠᠴᠠ ᠡᠶᠡᠳᠡᠭᠦᠯᠬᠦ ᠪᠤᠶᠤ ᠠᠷᠠᠳ ᠤᠨ ᠰᠢᠭᠦᠬᠦ ᠬᠤᠷᠢᠶ᠎ᠠ ᠳᠤ | ᠵᠠᠭᠠᠯᠳᠤᠵᠤ ᠪᠣᠯᠤᠨ᠎ᠠ᠃ | ᠭᠤᠷᠪᠠᠳᠤᠭᠠᠷ ᠪᠦᠯᠦᠭ ᠭᠡᠷᠢᠶᠡᠰ ᠢᠶᠠᠷ ᠥᠪ ᠵᠠᠯᠭᠠᠮᠵᠢᠯᠠᠬᠤ ᠪᠠ ᠭᠡᠷᠢᠶᠡᠰᠯᠡᠨ ᠬᠦᠷᠭᠡᠬᠦ | ᠮᠢᠩᠭ᠎ᠠ ᠨᠢᠭᠡ ᠵᠠᠭᠤ ᠭᠤᠴᠢᠨ ᠭᠤᠷᠪᠠᠳᠤᠭᠠᠷ ᠵᠦᠢᠯ ᠪᠠᠶᠢᠭᠠᠯᠢ ᠬᠥᠮᠦᠨ ᠲᠤᠰ ᠬᠠᠤᠯᠢ ᠶᠢᠨ ᠲᠣᠭᠲᠠᠭᠠᠯ ᠶᠣᠰᠣᠭᠠᠷ | ᠭᠡᠷᠢᠶᠡᠰ ᠦᠯᠡᠳᠡᠭᠡᠵᠦ ᠬᠤᠪᠢ ᠶᠢᠨ ᠡᠳ᠋ ᠬᠦᠷᠦᠩᠭᠡ ᠪᠠᠨ ᠰᠢᠢᠳᠪᠦᠷᠢᠯᠡᠵᠦ ᠪᠣᠯᠬᠤ ᠪᠥᠭᠡᠳ ᠭᠡᠷᠢᠶᠡᠰ | ᠭᠦᠢᠴᠡᠳᠬᠡᠭᠴᠢ ᠶᠢ ᠵᠢᠭᠠᠨ ᠲᠣᠭᠲᠠᠭᠠᠵᠤ ᠪᠣᠯᠤᠨ᠎ᠠ᠃ | ᠪᠠᠶᠢᠭᠠᠯᠢ ᠬᠥᠮᠦᠨ ᠭᠡᠷᠢᠶᠡᠰ ᠦᠯᠡᠳᠡᠭᠡᠵᠦ ᠬᠤᠪᠢ ᠶᠢᠨ ᠡᠳ᠋ ᠬᠦᠷᠦᠩᠭᠡ ᠪᠠᠨ ᠬᠠᠤᠯᠢ ᠪᠠᠷ ᠲᠣᠭᠲᠠᠭᠠᠭᠰᠠᠨ | ᠵᠠᠯᠭᠠᠮᠵᠢᠯᠠᠭᠴᠢ ᠶᠢᠨ ᠳᠣᠲᠣᠷᠠᠬᠢ ᠨᠢᠭᠡ ᠬᠥᠮᠦᠨ ᠪᠤᠶᠤ ᠬᠡᠳᠦᠨ ᠬᠥᠮᠦᠨ ᠢᠶᠠᠷ ᠵᠠᠯᠭᠠᠮᠵᠢᠯᠠᠭᠤᠯᠬᠤ ᠪᠠᠷ ᠵᠢᠭᠠᠨ | ᠲᠤᠭᠳᠠᠭᠠᠵᠦ ᠪᠤᠯᠤᠨ᠎ᠠ᠃ | ᠪᠠᠶᠢᠭᠠᠯᠢ ᠬᠥᠮᠦᠨ ᠭᠡᠷᠢᠶᠡᠰ ᠦᠯᠡᠳᠡᠭᠡᠵᠦ ᠬᠤᠪᠢ ᠶᠢᠨ ᠡᠳ᠋ ᠬᠦᠷᠦᠩᠭᠡ ᠪᠠᠨ ᠤᠯᠤᠰ᠂ ᠬᠠᠮᠲᠤ ᠨᠡᠶᠢᠳᠠ ᠪᠤᠶᠤ | ᠬᠠᠤᠯᠢ ᠪᠠᠷ ᠲᠣᠭᠲᠠᠭᠠᠭᠰᠠᠨ ᠥᠪ ᠵᠠᠯᠭᠠᠮᠵᠢᠯᠠᠭᠴᠢ ᠠᠴᠠ ᠪᠤᠰᠤᠳ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠳᠤ | ᠪᠡᠯᠡᠭᠯᠡᠨ ᠦᠭᠴᠦ ᠪᠣᠯᠤᠨ᠎ᠠ᠃ | ᠪᠠᠶᠢᠭᠠᠯᠢ ᠬᠥᠮᠥᠨ ᠬᠠᠤᠯᠢ ᠶᠣᠰᠣᠭᠠᠷ ᠭᠡᠷᠢᠶᠡᠰ ᠤᠨ ᠢᠲᠡᠭᠡᠮᠵᠢᠲᠦ ᠨᠠᠶᠢᠳᠠᠯᠭ᠎ᠠ ᠪᠠᠶᠢᠭᠤᠯᠵᠤ ᠪᠣᠯᠣᠨ᠎ᠠ᠃ | ᠮᠢᠩᠭ᠎ᠠ ᠨᠢᠭᠡ ᠵᠠᠭᠤ ᠭᠤᠴᠢᠨ ᠳᠦᠷᠪᠡᠳᠦᠭᠡᠷ ᠵᠦᠢᠯ ᠥᠪᠡᠷ ᠢᠶᠠᠨ ᠪᠢᠴᠢᠭᠦ ᠭᠡᠷᠢᠶᠡᠰ ᠢ ᠭᠡᠷᠢᠶᠡᠰ ᠦᠯᠡᠳᠡᠭᠡᠭᠴᠢ | ᠦᠪᠡᠷ ᠢᠶᠠᠨ ᠭᠠᠷᠳᠠᠨ ᠪᠢᠴᠢᠵᠦ᠂ ᠭᠠᠷ ᠤᠨ ᠦᠰᠦᠭ ᠢᠶᠠᠨ ᠵᠢᠷᠤᠭᠠᠳ᠂ ᠣᠨ᠂ ᠰᠠᠷ᠎ᠠ᠂ ᠡᠳᠦᠷ ᠢᠶᠠᠨ ᠪᠢᠴᠢᠵᠦ | ᠲᠤᠲᠤᠷᠬᠠᠢᠢᠯᠠᠬᠤ ᠭᠡᠷᠡᠭᠲᠡᠢ᠃ | ᠮᠢᠩᠭ᠎ᠠ ᠨᠢᠭᠡ ᠵᠠᠭᠤ ᠭᠤᠴᠢᠨ ᠲᠠᠪᠤᠳᠤᠭᠠᠷ ᠵᠦᠢᠯ ᠣᠷᠣᠯᠠᠨ ᠪᠢᠴᠢᠬᠦ ᠭᠡᠷᠢᠶᠡᠰ ᠢ ᠬᠤᠶᠠᠷ ᠠᠴᠠ ᠳᠡᠭᠡᠭᠰᠢ | ᠭᠡᠷᠡᠴᠢᠯᠡᠭᠴᠢ ᠲᠤᠬᠠᠶ ᠶᠢᠨ ᠲᠠᠯᠠᠪᠤᠷ ᠲᠤ ᠦᠵᠡᠨ ᠭᠡᠷᠡᠴᠢᠯᠡᠵᠦ᠂ ᠲᠡᠭᠦᠨ ᠤ ᠳᠣᠲᠣᠷᠠᠬᠢ ᠨᠢᠭᠡ ᠬᠥᠮᠦᠨ ᠨᠢ | ᠣᠷᠣᠯᠠᠨ ᠪᠢᠴᠢᠭᠡᠳ ᠭᠡᠷᠢᠶᠡᠰ ᠦᠯᠡᠳᠡᠭᠡᠭᠴᠢ᠂ ᠣᠷᠣᠯᠠᠨ ᠪᠢᠴᠢᠭᠴᠢ ᠪᠠ ᠪᠤᠰᠤᠳ ᠦᠵᠡᠨ ᠭᠡᠷᠡᠴᠢᠯᠡᠭᠴᠢ ᠭᠠᠷ ᠤᠨ | ᠦᠰᠦᠭ ᠢᠶᠠᠨ ᠵᠢᠷᠤᠵᠤ᠂ ᠣᠨ᠂ ᠰᠠᠷ᠎ᠠ᠂ ᠡᠳᠦᠷ ᠢᠶᠠᠨ ᠪᠢᠴᠢᠵᠦ ᠲᠤᠲᠤᠷᠬᠠᠢᠢᠯᠠᠬᠤ ᠬᠡᠷᠡᠭᠲᠡᠶ᠃ | ᠮᠢᠩᠭ᠎ᠠ ᠨᠢᠭᠡ ᠵᠠᠭᠤ ᠭᠤᠴᠢᠨ ᠵᠢᠷᠭᠤᠳᠤᠭᠠᠷ ᠵᠦᠢᠯ ᠭᠡᠷᠢᠶᠡᠰ ᠢ ᠳᠠᠷᠤᠮᠠᠯᠯᠠᠬᠤ ᠳᠤ ᠬᠤᠶᠠᠷ ᠠᠴᠠ ᠳᠡᠭᠡᠭᠰᠢ ᠦᠵᠡᠨ | ᠭᠡᠷᠡᠴᠢᠯᠡᠭᠴᠢ ᠲᠤᠬᠠᠶ ᠶᠢᠨ ᠲᠠᠯᠠᠪᠤᠷ ᠲᠤ ᠦᠵᠡᠨ ᠭᠡᠷᠡᠴᠢᠯᠡᠬᠦ ᠬᠡᠷᠡᠭᠲᠡᠶ᠃ ᠭᠡᠷᠢᠶᠡᠰ ᠦᠯᠡᠳᠡᠭᠡᠭᠴᠢ ᠪᠠ ᠦᠵᠡᠨ | ᠭᠡᠷᠡᠴᠢᠯᠡᠭᠴᠢ ᠭᠡᠷᠢᠶᠡᠰ ᠤᠨ ᠬᠠᠭᠤᠳᠠᠰᠤ ᠪᠦᠷᠢ ᠳᠤ ᠭᠠᠷ ᠤᠨ ᠦᠰᠦᠭ ᠢᠶᠠᠨ ᠵᠢᠷᠤᠵᠦ᠂ ᠣᠨ᠂ ᠰᠠᠷ᠎ᠠ᠂ | ᠡᠳᠦᠷ ᠢᠶᠠᠨ ᠪᠢᠴᠢᠵᠦ ᠲᠤᠲᠤᠷᠬᠠᠢᠢᠯᠠᠬᠤ ᠬᠡᠷᠡᠭᠲᠡᠶ᠃ | ᠮᠢᠩᠭ᠎ᠠ ᠨᠢᠭᠡ ᠵᠠᠭᠤ ᠭᠤᠴᠢᠨ ᠳᠤᠯᠤᠳᠤᠭᠠᠷ ᠵᠦᠢᠯ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ ᠬᠡᠯᠪᠡᠷᠢ ᠪᠠᠷ | ᠦᠯᠡᠳᠡᠭᠡᠭᠦ ᠭᠡᠷᠢᠶᠡᠰ ᠢ ᠬᠤᠶᠠᠷ ᠠᠴᠠ ᠳᠡᠭᠡᠭᠰᠢ ᠦᠵᠡᠨ ᠭᠡᠷᠡᠴᠢᠯᠡᠭᠴᠢ ᠲᠤᠬᠠᠶ ᠶᠢᠨ ᠲᠠᠯᠠᠪᠤᠷ ᠲᠤ ᠦᠵᠡᠨ | ᠭᠡᠷᠡᠴᠢᠯᠡᠬᠦ ᠬᠡᠷᠡᠭᠲᠡᠶ᠃ ᠭᠡᠷᠢᠶᠡᠰ ᠦᠯᠡᠳᠡᠭᠡᠭᠴᠢ ᠪᠠ ᠦᠵᠡᠨ ᠭᠡᠷᠡᠴᠢᠯᠡᠭᠴᠢ ᠨᠢ ᠲᠠᠭᠤ ᠰᠢᠩᠭᠡᠭᠡᠯᠲᠡ ᠳᠦᠷᠰᠦ | ᠰᠢᠩᠭᠡᠭᠡᠯᠲᠡ ᠳᠡᠭᠡᠨ ᠦᠪᠡᠷ ᠤᠨ ᠤᠪᠤᠭ ᠨᠡᠷ᠎ᠡ ᠪᠤᠶᠤ ᠬᠦᠷᠦᠭ ᠵᠢᠷᠤᠭ ᠢᠶᠠᠨ ᠤᠷᠤᠭᠤᠯᠵᠤ᠂ ᠣᠨ᠂ ᠰᠠᠷ᠎ᠠ᠂ | ᠡᠳᠦᠷ ᠢ ᠲᠡᠮᠳᠡᠭᠯᠡᠬᠦ ᠬᠡᠷᠡᠭᠲᠡᠶ᠃ | ᠮᠢᠩᠭ᠎ᠠ ᠨᠢᠭᠡ ᠵᠠᠭᠤ ᠭᠤᠴᠢᠨ ᠨᠠᠢᠮᠠᠳᠤᠭᠠᠷ ᠵᠦᠢᠯ ᠭᠡᠷᠢᠶᠡᠰ ᠦᠯᠡᠳᠡᠭᠡᠭᠴᠢ ᠪᠠᠴᠢᠮ ᠲᠦᠭᠰᠢᠭᠦᠷᠢᠳᠦ ᠪᠠᠶᠢᠳᠠᠯ ᠳᠤ | ᠠᠮᠠᠨ ᠭᠡᠷᠢᠶᠡᠰ ᠦᠯᠡᠳᠡᠭᠡᠵᠦ ᠪᠣᠯᠤᠨ᠎ᠠ᠃ ᠠᠮᠠᠨ ᠭᠡᠷᠢᠶᠡᠰ ᠢ ᠬᠤᠶᠠᠷ ᠠᠴᠠ ᠳᠡᠭᠡᠭᠰᠢ ᠦᠵᠡᠨ ᠭᠡᠷᠡᠴᠢᠯᠡᠭᠴᠢ | ᠲᠤᠬᠠᠶ ᠶᠢᠨ ᠲᠠᠯᠠᠪᠤᠷ ᠲᠤ ᠭᠡᠷᠡᠴᠢᠯᠡᠬᠦ ᠬᠡᠷᠡᠭᠲᠡᠶ᠃ ᠲᠦᠭᠰᠢᠭᠦᠷᠢᠳᠦ ᠪᠠᠶᠢᠳᠠᠯ ᠠᠷᠢᠯᠤᠭᠰᠠᠨ ᠤ ᠳᠠᠷᠠᠭ᠎ᠠ᠂ ᠭᠡᠷᠢᠶᠡᠰ | ᠦᠯᠡᠳᠡᠭᠡᠭᠴᠢ ᠪᠢᠴᠢᠭ ᠢᠶᠠᠷ ᠪᠤᠶᠤ ᠳᠠᠭᠤ ᠰᠢᠩᠬᠡᠬᠡᠯᠳᠠ ᠳᠦᠷᠰᠦ ᠰᠢᠩᠭᠡᠭᠡᠯᠲᠡ ᠶᠢᠨ ᠬᠡᠯᠪᠡᠷᠢ ᠪᠠᠷ ᠭᠡᠷᠢᠶᠡᠰ | ᠦᠯᠡᠳᠡᠭᠡᠵᠦ ᠳᠡᠶᠢᠯᠪᠡᠯ᠂ ᠠᠮᠠᠨ ᠭᠡᠷᠢᠶᠡᠰ ᠨᠢ ᠬᠦᠴᠦᠨ ᠦᠭᠡᠢ ᠪᠤᠯᠤᠨ᠎ᠠ᠃ | ᠮᠢᠩᠭ᠎ᠠ ᠨᠢᠭᠡ ᠵᠠᠭᠤ ᠭᠤᠴᠢ ᠶᠢᠰᠦᠳᠦᠭᠡᠷ ᠵᠦᠢᠯ ᠠᠯᠪᠠᠨ ᠭᠡᠷᠡᠴᠢᠯᠡᠭᠡ ᠬᠢᠯᠭᠡᠬᠦ ᠭᠡᠷᠢᠶᠡᠰ ᠢ ᠭᠡᠷᠢᠶᠡᠰ ᠦᠯᠡᠳᠡᠭᠡᠭᠴᠢ | ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠᠷ ᠳᠠᠮᠵᠢᠭᠤᠯᠤᠨ ᠭᠦᠢᠴᠡᠳᠬᠡᠨ᠎ᠡ᠃ | ᠮᠢᠩᠭ᠎ᠠ ᠨᠢᠭᠡ ᠵᠠᠭᠤ ᠳᠦᠴᠢᠳᠦᠭᠡᠷ ᠵᠦᠢᠯ ᠳᠣᠣᠷ᠎ᠠ ᠵᠢᠭᠰᠠᠭᠠᠭᠰᠠᠨ ᠬᠥᠮᠦᠰ ᠭᠡᠷᠢᠶᠡᠰ ᠤᠨ ᠦᠵᠡᠨ ᠭᠡᠷᠡᠴᠢᠯᠡᠭᠴᠢ | ᠪᠤᠯᠵᠤ ᠪᠣᠯᠬᠤ ᠦᠭᠡᠢ᠄ | ︵ᠨᠢᠭᠡ︶ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ᠂ ᠢᠷᠭᠡᠨ ᠤ ᠬᠡᠷᠡᠭ ᠤᠨ | ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠳᠠᠢ ᠬᠥᠮᠦᠨ ᠵᠢᠴᠢ ᠪᠤᠰᠤᠳ ᠦᠵᠡᠡ ᠭᠡᠷᠡᠴᠢᠯᠡᠬᠦ ᠴᠢᠳᠠᠪᠤᠷᠢ | ᠦᠭᠡᠢ ᠬᠥᠮᠦᠨ︔ | ︵ᠬᠤᠶᠠᠷ︶ ᠥᠪ ᠵᠠᠯᠭᠠᠮᠵᠢᠯᠠᠭᠴᠢ᠂ ᠭᠡᠷᠢᠶᠡᠰᠯᠡᠨ ᠬᠦᠷᠭᠡᠯᠲᠡ ᠬᠦᠷᠲᠡᠭᠴᠢ︔ | ︵ᠭᠤᠷᠪᠠ︶ ᠥᠪ ᠵᠠᠯᠭᠠᠮᠵᠢᠯᠠᠭᠴᠢ᠂ ᠭᠡᠷᠢᠶᠡᠰᠯᠡᠨ ᠬᠦᠷᠭᠡᠯᠲᠡ ᠬᠦᠷᠲᠡᠭᠴᠢ ᠯᠦᠭᠡ ᠠᠰᠢᠭ ᠬᠤᠤᠷ ᠤᠨ | ᠬᠠᠷᠢᠴᠠᠭ᠎ᠠ ᠲᠠᠢ ᠬᠥᠮᠦᠨ᠃ | ᠮᠢᠩᠭ᠎ᠠ ᠨᠢᠭᠡ ᠵᠠᠭᠤ ᠳᠦᠴᠢᠨ ᠨᠢᠭᠡᠳᠦᠭᠡᠷ ᠵᠦᠢᠯ ᠭᠡᠷᠢᠶᠡᠰ ᠲᠤ ᠬᠥᠳᠡᠯᠮᠦᠷᠢᠯᠡᠬᠦ ᠴᠢᠳᠠᠪᠤᠷᠢ ᠮᠡᠬᠦᠰ ᠮᠥᠷᠲᠡᠭᠡᠨ | ᠠᠮᠢᠳᠤᠷᠠᠯ ᠤᠨ ᠢᠷᠡᠯᠳᠡ ᠦᠭᠡᠢ ᠥᠪ ᠵᠠᠯᠭᠠᠮᠵᠢᠯᠠᠭᠴᠢ ᠳᠤ ᠴᠢᠬᠤᠯᠠ ᠪᠦᠬᠦᠢ ᠥᠪ ᠬᠦᠷᠦᠩᠭᠡ ᠶᠢᠨ | ᠬᠤᠪᠢᠳᠠᠴᠠ ᠶᠢ ᠦᠯᠡᠳᠡᠭᠡᠵᠦ ᠥᠭᠬᠦ ᠬᠡᠷᠡᠭᠲᠡᠶ᠃ | ᠮᠢᠩᠭ᠎ᠠ ᠨᠢᠭᠡ ᠵᠠᠭᠤ ᠳᠦᠴᠢᠨ ᠬᠤᠶᠠᠳᠤᠭᠠᠷ ᠵᠦᠢᠯ ᠭᠡᠷᠢᠶᠡᠰ ᠦᠯᠡᠳᠡᠭᠡᠭᠴᠢ ᠥᠪᠡᠷ ᠤᠨ ᠦᠯᠡᠳᠡᠭᠡᠭᠰᠡᠨ | ᠭᠡᠷᠢᠶᠡᠰ ᠢᠶᠠᠨ ᠪᠤᠴᠠᠭᠠᠵᠤ ᠠᠪᠬᠤ ᠪᠠ ᠬᠤᠪᠢᠷᠠᠭᠤᠯᠵᠤ ᠪᠣᠯᠤᠨ᠎ᠠ᠃ | ᠭᠡᠷᠢᠶᠡᠰ ᠦᠯᠡᠳᠡᠭᠡᠭᠰᠡᠨ ᠤ ᠲᠠᠷᠠᠭ᠎ᠠ᠂ ᠭᠡᠷᠢᠶᠡᠰ ᠦᠯᠡᠳᠡᠭᠡᠭᠴᠢ ᠭᠡᠷᠢᠶᠡᠰ ᠤᠨ ᠠᠭᠤᠯᠭ᠎ᠠ ᠯᠤᠭ᠎ᠠ ᠡᠰᠡᠷᠭᠦ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠭᠰᠡᠨ ᠪᠠᠶᠢᠪᠠᠯ᠂ ᠭᠡᠷᠢᠶᠡᠰ ᠤᠨ ᠬᠤᠯᠪᠣᠭᠳᠠᠯ ᠪᠦᠬᠦᠢ | ᠠᠭᠤᠯᠭ᠎ᠠ ᠪᠠᠨ ᠪᠤᠴᠠᠭᠠᠵᠤ ᠠᠪᠤᠭᠰᠠᠨ ᠢᠶᠠᠷ ᠦᠵᠡᠨ᠎ᠡ᠃ | ᠬᠡᠳᠦᠨ ᠬᠤᠪᠢ ᠭᠡᠷᠢᠶᠡᠰ ᠦᠯᠡᠳᠡᠭᠡᠭᠡᠳ᠂ ᠠᠭᠤᠯᠭ᠎ᠠ ᠨᠢ ᠬᠤᠭᠤᠷᠤᠨᠳᠤ ᠪᠠᠨ ᠬᠠᠷᠰᠢᠯᠳᠤᠭᠰᠠᠨ ᠪᠠᠶᠢᠪᠠᠯ᠂ ᠬᠠᠮᠤᠭ | ᠡᠴᠦᠰ ᠤᠨ ᠭᠡᠷᠢᠶᠡᠰ ᠢᠶᠠᠷ ᠪᠠᠷᠢᠮᠵᠢᠶ᠎ᠠ ᠪᠣᠯᠭᠠᠨ᠎ᠠ᠃ | ᠮᠢᠩᠭ᠎ᠠ ᠨᠢᠭᠡ ᠵᠠᠭᠤ ᠳᠦᠴᠢᠨ ᠭᠤᠷᠪᠠᠳᠤᠭᠠᠷ ᠵᠦᠢᠯ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ | ᠦᠭᠡᠢ ᠬᠥᠮᠦᠨ ᠪᠤᠶᠤ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠶ ᠬᠥᠮᠦᠨ ᠤ | ᠦᠯᠡᠳᠡᠭᠡᠭᠰᠡᠨ ᠭᠡᠷᠢᠶᠡᠰ ᠬᠦᠴᠦᠨ ᠦᠭᠡᠢ᠃ | ᠭᠡᠷᠢᠶᠡᠰ ᠲᠤ ᠡᠷᠬᠡᠪᠰᠢ ᠭᠡᠷᠢᠶᠡᠰ ᠦᠯᠡᠳᠡᠭᠡᠭᠴᠢ ᠶᠢᠨ ᠦᠨᠡᠨ ᠰᠠᠨᠠᠭ᠎ᠠ ᠶᠢ ᠢᠯᠡᠳᠬᠡᠭᠰᠡᠨ ᠪᠠᠶᠢᠬᠤ ᠬᠡᠷᠡᠭᠲᠡᠢ᠂ | ᠮᠡᠬᠡᠯᠡᠭᠳᠡᠬᠦ ᠪᠠ ᠰᠢᠬᠠᠮᠳᠠᠭᠤᠯᠤᠯ ᠰᠦᠷᠳᠡᠭᠦᠯᠭᠡ ᠳᠤ ᠤᠴᠠᠷᠠᠭᠠᠳ ᠦᠯᠡᠳᠡᠬᠡᠭᠰᠡᠨ ᠭᠡᠷᠢᠶᠡᠰ ᠬᠦᠴᠦᠨ ᠦᠭᠡᠢ᠃ | ᠬᠠᠭᠤᠷᠮᠠᠭᠯᠠᠨ ᠵᠣᠬᠢᠶᠠᠭᠰᠠᠨ ᠭᠡᠷᠢᠶᠡᠰ ᠬᠦᠴᠦᠨ ᠦᠭᠡᠢ᠃ | ᠭᠡᠷᠢᠶᠡᠰ ᠢ ᠥᠭᠡᠷᠡᠲᠦᠭᠦᠯᠦᠨ ᠵᠠᠰᠠᠭᠰᠡᠨ ᠪᠠᠶᠢᠪᠠᠯ᠂ ᠥᠭᠡᠷᠡᠲᠦᠭᠦᠯᠦᠨ ᠵᠠᠰᠠᠭᠰᠡᠨ ᠠᠭᠤᠯᠭ᠎ᠠ ᠨᠢ ᠬᠦᠴᠦᠨ ᠦᠭᠡᠢ᠃ | ᠮᠢᠩᠭ᠎ᠠ ᠨᠢᠭᠡ ᠵᠠᠭᠤ ᠳᠦᠴᠢᠨ ᠳᠦᠷᠪᠡᠳᠦᠭᠡᠷ ᠵᠦᠢᠯ ᠭᠡᠷᠢᠶᠡᠰ ᠢᠶᠠᠷ ᠥᠪ ᠵᠠᠯᠭᠠᠮᠵᠢᠯᠠᠬᠤ ᠪᠤᠶᠤ ᠭᠡᠷᠢᠶᠡᠰᠯᠡᠨ | ᠬᠦᠷᠭᠡᠬᠦ ᠳᠤ ᠡᠭᠦᠷᠭᠡ ᠳᠠᠭᠠᠯᠳᠤᠭᠤᠯᠤᠭᠰᠠᠨ ᠪᠠᠶᠢᠪᠠᠯ᠂ ᠥᠪ ᠵᠠᠯᠭᠠᠮᠵᠢᠯᠠᠭᠴᠢ ᠪᠤᠶᠤ ᠭᠡᠷᠢᠶᠡᠰᠯᠡᠨ ᠬᠦᠷᠭᠡᠯᠲᠡ | ᠬᠦᠷᠲᠡᠭᠴᠢ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠵᠦᠶ ᠶᠣᠰᠣᠨ ᠤ ᠰᠢᠯᠲᠠᠭᠠᠨ ᠦᠭᠡᠢ ᠪᠠᠷ ᠡᠭᠦᠷᠭᠡ ᠪᠠᠨ | ᠭᠦᠢᠴᠡᠳᠬᠡᠬᠦ ᠦᠭᠡᠢ ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠪᠤᠶᠤ ᠬᠤᠯᠪᠣᠭᠳᠠᠯ ᠪᠦᠬᠦᠢ | ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠯ ᠢᠶᠠᠷ ᠠᠷᠠᠳ ᠤᠨ ᠰᠢᠭᠦᠭᠦ ᠬᠤᠷᠢᠶ᠎ᠠ ᠲᠡᠭᠦᠨ ᠤ ᠡᠭᠦᠷᠭᠡ | ᠳᠠᠭᠠᠯᠳᠤᠭᠤᠯᠤᠭᠰᠠᠨ ᠬᠡᠰᠡᠭ ᠤᠨ ᠥᠪ ᠬᠦᠷᠦᠩᠭᠡ ᠶᠢ ᠬᠦᠯᠢᠶᠡᠨ ᠠᠪᠬᠤ ᠡᠷᠬᠡ ᠶᠢ ᠨᠢ ᠬᠦᠴᠦᠨ ᠦᠭᠡᠢ ᠪᠣᠯᠭᠠᠵᠤ | ᠪᠣᠯᠤᠨ᠎ᠠ᠃ | ᠳᠥᠷᠪᠡᠳᠦᠭᠡᠷ ᠪᠦᠯᠦᠭ ᠥᠪ ᠬᠥᠷᠥᠩᠭᠡ ᠶᠢ ᠰᠢᠢᠳᠪᠦᠷᠢᠯᠡᠬᠦ | ᠮᠢᠩᠭ᠎ᠠ ᠨᠢᠭᠡ ᠵᠠᠭᠤ ᠳᠦᠴᠢᠨ ᠲᠠᠪᠤᠳᠤᠭᠠᠷ ᠵᠦᠢᠯ ᠥᠪ ᠵᠠᠯᠭᠠᠮᠵᠢᠯᠠᠯᠲᠠ ᠡᠬᠢᠯᠡᠭᠰᠡᠨ ᠤ ᠲᠠᠷᠠᠭ᠎ᠠ᠂ ᠭᠡᠷᠢᠶᠡᠰ | ᠭᠦᠢᠴᠡᠳᠬᠡᠭᠴᠢ ᠨᠢ ᠥᠪ ᠬᠠᠮᠢᠶᠠᠷᠤᠭᠴᠢ ᠪᠤᠯᠤᠨ᠎ᠠ︔ ᠭᠡᠷᠢᠶᠡᠰ ᠬᠦᠢᠴᠡᠳᠭᠡᠭᠴᠢ ᠦᠭᠡᠢ ᠪᠠᠶᠢᠪᠠᠯ᠂ ᠥᠪ | ᠵᠠᠯᠭᠠᠮᠵᠢᠯᠠᠭᠴᠢ ᠴᠠᠭ ᠲᠤᠬᠠᠢ ᠳᠤᠨᠢ ᠥᠪ ᠬᠠᠮᠢᠶᠠᠷᠤᠭᠴᠢ ᠰᠤᠩᠭᠤᠬᠤ ᠬᠡᠷᠡᠭᠲᠡᠢ︔ ᠥᠪ ᠵᠠᠯᠭᠠᠮᠵᠢᠯᠠᠭᠴᠢ ᠨᠢ ᠦᠪ | ᠬᠠᠮᠢᠶᠠᠷᠤᠭᠴᠢ ᠰᠤᠩᠭᠤᠭᠰᠠᠨ ᠦᠭᠡᠢ ᠪᠤᠯ᠂ ᠥᠪ ᠵᠠᠯᠭᠠᠮᠵᠢᠯᠠᠭᠴᠢᠳ ᠬᠠᠮᠲᠤ ᠪᠠᠷ ᠥᠪ ᠬᠠᠮᠢᠶᠠᠷᠤᠭᠴᠢ ᠪᠤᠯᠤᠨ᠎ᠠ︔ | ᠥᠪ ᠵᠠᠯᠭᠠᠮᠵᠢᠯᠠᠭᠴᠢ ᠦᠭᠡᠢ ᠪᠤᠶᠤ ᠥᠪ ᠵᠠᠯᠭᠠᠮᠵᠢᠯᠠᠭᠴᠢ ᠨᠢ ᠴᠥᠮ ᠥᠪ ᠵᠠᠯᠭᠠᠮᠵᠢᠯᠠᠬᠤ ᠪᠠᠨ ᠲᠠᠶᠠᠭᠳᠠᠭᠰᠠᠨ | ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ ᠠᠮᠢᠳᠤ ᠪᠠᠶᠢᠬᠤ ᠳᠠᠭᠠᠨ ᠰᠠᠭᠤᠵᠤ ᠪᠠᠶᠢᠭᠰᠠᠨ ᠭᠠᠵᠠᠷ ᠤᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠪᠤᠶᠤ ᠲᠤᠰᠬᠤᠨ ᠤ ᠠᠷᠠᠳ ᠤᠨ ᠵᠥᠪᠯᠡᠯ ᠨᠢ ᠥᠪ ᠬᠠᠮᠢᠶᠠᠷᠤᠭᠴᠢ ᠪᠤᠯᠤᠨ᠎ᠠ᠃ | ᠮᠢᠩᠭ᠎ᠠ ᠨᠢᠭᠡ ᠵᠠᠭᠤ ᠳᠦᠴᠢᠨ ᠵᠢᠷᠭᠤᠳᠤᠭᠠᠷ ᠵᠦᠢᠯ ᠥᠪ ᠬᠠᠮᠢᠶᠠᠷᠤᠭᠴᠢ ᠶᠢ ᠲᠣᠭᠲᠠᠭᠠᠬᠤ ᠳᠤ ᠮᠠᠷᠭᠤᠭᠠᠨ ᠲᠠᠢ | ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠠᠷᠠᠳ ᠤᠨ ᠰᠢᠭᠦᠬᠦ ᠬᠤᠷᠢᠶ᠎ᠠ ᠳᠤ ᠥᠪ ᠬᠠᠮᠢᠶᠠᠷᠤᠭᠴᠢ ᠶᠢ | ᠵᠢᠭᠠᠨ ᠲᠤᠭᠳᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ | ᠮᠢᠩᠭ᠎ᠠ ᠨᠢᠭᠡ ᠵᠠᠭᠤ ᠳᠦᠴᠢᠨ ᠳᠤᠯᠤᠳᠤᠭᠠᠷ ᠵᠦᠢᠯ ᠥᠪ ᠬᠠᠮᠢᠶᠠᠷᠤᠭᠴᠢ ᠳᠤᠤᠷ᠎ᠠ ᠵᠢᠭᠰᠠᠭᠠᠭᠰᠠᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠥᠪ ᠬᠦᠷᠦᠩᠭᠡ ᠶᠢ ᠢᠯᠭᠠᠷᠠᠭᠤᠯᠤᠨ ᠲᠢᠭᠯᠡᠬᠦ ᠶᠢᠨ ᠬᠠᠮᠲᠤ ᠥᠪ ᠬᠦᠷᠦᠩᠭᠡ ᠶᠢᠨ ᠨᠠᠷᠢᠨ ᠳᠠᠩᠰᠠ | ᠵᠤᠬᠢᠶᠠᠬᠤ︔ | ︵ᠬᠤᠶᠠᠷ︶ ᠥᠪ ᠵᠠᠯᠭᠠᠮᠵᠢᠯᠠᠭᠴᠢ ᠳᠤ ᠥᠪ ᠬᠦᠷᠦᠩᠭᠡ ᠶᠢᠨ ᠪᠠᠶᠢᠳᠠᠯ ᠢ ᠮᠡᠳᠡᠭᠦᠯᠭᠦ︔ | ︵ᠭᠤᠷᠪᠠ︶ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠥᠪ ᠬᠦᠷᠦᠩᠭᠡ ᠶᠢᠨ ᠡᠪᠳᠡᠷᠡᠨ ᠰᠦᠢᠳᠬᠦ᠂ | ᠤᠰᠠᠳᠬᠤ ᠶᠢ ᠰᠡᠷᠭᠡᠶᠢᠯᠡᠭᠦ︔ | ︵ᠲᠦᠷᠪᠡ︶ ᠥᠪ ᠵᠠᠯᠭᠠᠮᠵᠢᠯᠠᠭᠤᠯᠤᠭᠴᠢ ᠶᠢᠨ ᠠᠪᠴᠠᠭ᠎ᠠ ᠥᠭᠴᠡᠭᠡ ᠶᠢ ᠰᠢᠢᠳᠪᠤᠷᠢᠯᠡᠭᠦ︔ | ︵ᠲᠠᠪᠤ︶ ᠭᠡᠷᠢᠶᠡᠰ ᠪᠤᠶᠤ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠥᠪ ᠬᠦᠷᠦᠩᠭᠡ ᠶᠢ ᠬᠤᠪᠢᠶᠠᠬᠤ︔ | ︵ᠵᠢᠷᠭᠤᠭ᠎ᠠ︶ ᠥᠪ ᠬᠥᠷᠥᠩᠭᠡ ᠶᠢ ᠬᠠᠮᠢᠶᠠᠷᠬᠤ ᠯᠤᠭ᠎ᠠ ᠬᠤᠯᠪᠣᠭᠳᠠᠬᠤ ᠪᠤᠰᠤᠳ ᠴᠢᠬᠤᠯᠠ ᠪᠦᠬᠦᠢ ᠦᠢᠯᠡ | ᠠᠵᠢᠯᠯᠠᠭ᠎ᠠ ᠶᠢ ᠬᠢᠬᠦ᠃ | ᠮᠢᠩᠭ᠎ᠠ ᠨᠢᠭᠡ ᠵᠠᠭᠤ ᠳᠦᠴᠢᠨ ᠨᠠᠢᠮᠠᠳᠤᠭᠠᠷ ᠵᠦᠢᠯ ᠥᠪ ᠬᠠᠮᠢᠶᠠᠷᠤᠭᠴᠢ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠭᠦ ᠬᠡᠷᠡᠭᠲᠡᠶ᠂ ᠵᠣᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠭᠠᠷᠭᠠᠭᠰᠠᠨ ᠠᠴᠠ | ᠪᠤᠯᠵᠤ ᠥᠪ ᠵᠠᠯᠭᠠᠮᠵᠢᠯᠠᠭᠴᠢ᠂ ᠭᠡᠷᠢᠶᠡᠰᠯᠡᠨ ᠬᠦᠷᠭᠡᠯᠲᠡ ᠬᠦᠷᠲᠡᠭᠴᠢ᠂ ᠠᠪᠴᠠᠭᠠᠳᠠᠨ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠮᠢᠩᠭ᠎ᠠ ᠨᠢᠭᠡ ᠵᠠᠭᠤ ᠳᠦᠴᠢ ᠶᠢᠰᠦᠳᠦᠭᠡᠷ ᠵᠦᠢᠯ ᠥᠪ ᠬᠠᠮᠢᠶᠠᠷᠤᠭᠴᠢ ᠬᠠᠤᠯᠢ ᠴᠠᠭᠠᠵᠠ ᠶᠢᠨ ᠲᠣᠭᠲᠠᠭᠠᠯ ᠪᠤᠶᠤ | ᠪᠣᠯᠵᠣᠯ ᠶᠣᠰᠣᠭᠠᠷ ᠬᠦᠯᠦᠰᠦ ᠤᠯᠭᠤᠮᠵᠢ ᠣᠯᠵᠤ ᠪᠣᠯᠤᠨ᠎ᠠ᠃ | ᠮᠢᠩᠭ᠎ᠠ ᠨᠢᠭᠡ ᠵᠠᠭᠤ ᠲᠠᠪᠢᠳᠤᠭᠠᠷ ᠵᠦᠢᠯ ᠥᠪ ᠵᠠᠯᠭᠠᠮᠵᠢᠯᠠᠯᠲᠠ ᠡᠬᠢᠯᠡᠭᠰᠡᠨ ᠤ ᠲᠠᠷᠠᠭ᠎ᠠ᠂ ᠥᠪ | ᠵᠠᠯᠭᠠᠮᠵᠢᠯᠠᠭᠤᠯᠤᠭᠴᠢ ᠶᠢᠨ ᠦᠭᠦᠭᠰᠡᠨ ᠢ ᠮᠡᠳᠡᠭᠦ ᠥᠪ ᠵᠠᠯᠭᠠᠮᠵᠢᠯᠠᠭᠴᠢ ᠴᠠᠭ ᠲᠤᠬᠠᠶ ᠳᠤᠨᠢ ᠪᠤᠰᠤᠳ ᠥᠪ | ᠵᠠᠯᠭᠠᠮᠵᠢᠯᠠᠭᠴᠢ ᠪᠠ ᠭᠡᠷᠢᠶᠡᠰ ᠭᠦᠢᠴᠡᠳᠬᠡᠭᠴᠢ ᠳᠤ ᠮᠡᠳᠡᠭᠳᠡᠬᠦ ᠬᠡᠷᠡᠭᠲᠡᠶ᠃ ᠥᠪ ᠵᠠᠯᠭᠠᠮᠵᠢᠯᠠᠭᠴᠢ ᠶᠢᠨ ᠳᠤᠲᠤᠷ᠎ᠠ | ᠥᠪ ᠵᠠᠯᠭᠠᠮᠵᠢᠯᠠᠭᠤᠯᠤᠭᠴᠢ ᠶᠢᠨ ᠦᠬᠦᠭᠰᠡᠨ ᠢ ᠮᠡᠳᠡᠬᠦ ᠬᠥᠮᠦᠨ ᠦᠭᠡᠢ ᠪᠤᠶᠤ ᠥᠪ ᠵᠠᠯᠭᠠᠮᠵᠢᠯᠠᠭᠤᠯᠤᠭᠴᠢ ᠶᠢᠨ | ᠦᠬᠦᠭᠰᠡᠨ ᠢ ᠮᠡᠳᠡᠪᠡᠴᠦ ᠮᠡᠳᠡᠭᠳᠡᠵᠦ ᠳᠡᠶᠢᠯᠬᠦ ᠦᠭᠡᠢ ᠪᠤᠯ᠂ ᠥᠪ ᠵᠠᠯᠭᠠᠮᠵᠢᠯᠠᠭᠤᠯᠤᠭᠴᠢ ᠶᠢᠨ ᠠᠮᠢᠳᠤ ᠪᠠᠶᠢᠭ᠎ᠠ | ᠦᠶ᠎ᠡ ᠶᠢᠨ ᠨᠢᠭᠡᠴᠢ ᠪᠤᠶᠤ ᠣᠷᠣᠨ ᠰᠠᠭᠤᠴᠠ ᠶᠢᠨ ᠭᠠᠵᠠᠷ ᠤᠨ ᠬᠢᠨᠢ ᠰᠠᠭᠤᠭᠠᠯᠢ ᠠᠷᠠᠳ ᠤᠨ ᠵᠥᠪᠯᠡᠯ᠂ | ᠲᠤᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ ᠮᠡᠳᠡᠭᠳᠡᠨ᠎ᠡ᠃ | ᠮᠢᠩᠭ᠎ᠠ ᠨᠢᠭᠡ ᠵᠠᠭᠤ ᠲᠠᠪᠢᠨ ᠨᠢᠭᠡᠳᠦᠭᠡᠷ ᠵᠦᠢᠯ ᠥᠪ ᠬᠦᠷᠦᠩᠭᠡ ᠲᠠᠢ ᠬᠥᠮᠦᠨ ᠥᠪ ᠬᠦᠷᠦᠩᠬᠡ ᠪᠠᠨ ᠳᠤᠬᠢᠳᠠᠢ | ᠬᠠᠳᠠᠭᠠᠯᠠᠨ ᠬᠠᠮᠢᠶᠠᠷᠬᠤ ᠬᠡᠷᠡᠭᠲᠡᠶ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠵᠠᠯᠭᠢᠨ ᠡᠵᠡᠯᠡᠭᠦ | ᠪᠤᠶᠤ ᠪᠤᠯᠢᠶᠠᠨ ᠠᠪᠴᠦ ᠪᠤᠯᠬᠤ ᠦᠭᠡᠢ᠃ | ᠮᠢᠩᠭ᠎ᠠ ᠨᠢᠭᠡ ᠵᠠᠭᠤ ᠲᠠᠪᠢᠨ ᠬᠤᠶᠠᠳᠤᠭᠠᠷ ᠵᠦᠢᠯ ᠥᠪ ᠵᠠᠯᠭᠠᠮᠵᠢᠯᠠᠯᠲᠠ ᠡᠬᠢᠯᠡᠭᠰᠡᠨ ᠤ ᠲᠠᠷᠠᠭ᠎ᠠ᠂ ᠥᠪ | ᠵᠠᠯᠭᠠᠮᠵᠢᠯᠠᠭᠴᠢ ᠥᠪ ᠬᠦᠷᠦᠩᠭᠡ ᠶᠢ ᠬᠤᠪᠢᠶᠠᠬᠤ ᠠᠴᠠ ᠡᠮᠦᠨ᠎ᠡ ᠦᠬᠦᠭᠰᠡᠨ ᠪᠦᠭᠡᠳ ᠥᠪ ᠵᠠᠯᠭᠠᠮᠵᠢᠯᠠᠬᠤ ᠪᠠᠨ | ᠲᠠᠶᠠᠭᠳᠠᠭᠰᠠᠨ ᠦᠭᠡᠢ ᠪᠠᠶᠢᠪᠠᠯ᠂ ᠲᠤᠰ ᠥᠪ ᠵᠠᠯᠭᠠᠮᠵᠢᠯᠠᠭᠴᠢ ᠶᠢᠨ ᠵᠠᠯᠭᠠᠮᠵᠢᠯᠠᠬᠤ ᠶᠣᠰᠣᠲᠠᠢ ᠥᠪ ᠬᠦᠷᠦᠩᠭᠡ ᠶᠢ | ᠲᠡᠭᠦᠨ ᠤ ᠥᠪ ᠵᠠᠯᠭᠠᠮᠵᠢᠯᠠᠭᠴᠢ ᠳᠤ ᠰᠢᠯᠵᠢᠭᠦᠯᠦᠨ ᠥᠭᠭᠦᠨ᠎ᠡ᠂ ᠭᠡᠪᠡᠴᠦ ᠭᠡᠷᠢᠶᠡᠰ ᠲᠤ ᠠᠰᠲᠠᠭᠠᠨ | ᠲᠣᠬᠢᠷᠠᠭᠤᠯᠤᠯᠲᠠ ᠲᠠᠢ ᠨᠢ ᠡᠭᠦᠨ ᠳᠤ ᠪᠠᠭᠲᠠᠬᠤ ᠦᠭᠡᠢ᠃ | ᠮᠢᠩᠭ᠎ᠠ ᠨᠢᠭᠡ ᠵᠠᠭᠤ ᠲᠠᠪᠢᠨ ᠭᠤᠷᠪᠠᠳᠤᠭᠠᠷ ᠵᠦᠢᠯ ᠡᠷ᠎ᠡ ᠡᠮ᠎ᠡ ᠬᠤᠶᠠᠷ ᠤᠨ ᠬᠠᠮᠲᠤ ᠪᠠᠷ ᠥᠮᠴᠢᠯᠡᠬᠦ ᠡᠳ᠋ | ᠬᠦᠷᠦᠩᠭᠡ ᠶᠢᠨ ᠪᠣᠯᠵᠣᠨ ᠲᠣᠭᠲᠠᠭᠰᠠᠨ ᠠᠴᠠ ᠭᠠᠳᠠᠨᠠᠬᠢ ᠶᠢ ᠨᠢ ᠪᠣᠯ᠂ ᠥᠪ ᠬᠦᠷᠦᠩᠭᠡ ᠬᠤᠪᠢᠶᠠᠬᠤ ᠦᠶ᠎ᠡ ᠳᠤ | ᠤᠷᠢᠳ ᠢᠶᠠᠷ ᠬᠠᠮᠳᠤ ᠪᠠᠷ ᠥᠮᠴᠢᠯᠡᠬᠦ ᠡᠳ᠋ ᠬᠦᠷᠦᠩᠭᠡ ᠶᠢᠨ ᠬᠢᠨᠢ ᠬᠠᠭᠠᠰ ᠢ ᠬᠤᠪᠢᠶᠠᠨ ᠭᠠᠷᠭᠠᠵᠤ ᠬᠤᠯᠪᠣᠰᠤ ᠳᠤᠨᠢ | ᠦᠮᠴᠢᠯᠡᠭᠦᠯᠦᠭᠡᠳ᠂ ᠦᠯᠡᠳᠡᠭᠰᠡᠨ ᠢ ᠨᠢ ᠥᠪ ᠵᠠᠯᠭᠠᠮᠵᠢᠯᠠᠭᠤᠯᠤᠭᠴᠢ ᠶᠢᠨ ᠥᠪ ᠬᠦᠷᠦᠩᠭᠡ ᠪᠣᠯᠭᠠᠬᠤ ᠬᠡᠷᠡᠭᠲᠡᠢ᠃ | ᠥᠪ ᠬᠦᠷᠦᠩᠭᠡ ᠨᠢ ᠭᠡᠷ ᠪᠦᠯᠢ ᠶᠢᠨ ᠬᠠᠮᠲᠤ ᠶᠢᠨ ᠡᠳ᠋ ᠬᠦᠷᠦᠩᠭᠡ ᠶᠢᠨ ᠳᠣᠲᠣᠷ᠎ᠠ ᠪᠠᠶᠢᠪᠠᠯ᠂ ᠥᠪ ᠬᠦᠷᠦᠩᠭᠡ ᠶᠢ | ᠬᠤᠪᠢᠶᠠᠬᠤ ᠦᠶ᠎ᠡ ᠳᠤ ᠤᠷᠢᠳ ᠢᠶᠠᠷ ᠪᠤᠰᠤᠳ ᠤᠨ ᠡᠳ᠋ ᠬᠦᠷᠦᠩᠭᠡ ᠶᠢ ᠬᠤᠪᠢᠶᠠᠵᠦ ᠭᠠᠷᠭᠠᠬᠤ ᠬᠡᠷᠡᠭᠲᠡᠶ᠃ | ᠮᠢᠩᠭ᠎ᠠ ᠨᠢᠭᠡ ᠵᠠᠭᠤ ᠲᠠᠪᠢᠨ ᠳᠦᠷᠪᠡᠳᠦᠭᠡᠷ ᠵᠦᠢᠯ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠥᠪ | ᠬᠦᠷᠦᠩᠭᠡ ᠶᠢᠨ ᠳᠣᠲᠣᠷᠠᠬᠢ ᠬᠤᠯᠪᠣᠭᠳᠠᠯ ᠪᠦᠬᠦᠢ ᠬᠡᠰᠡᠭ ᠢ ᠬᠠᠤᠯᠢ ᠳᠤ ᠲᠣᠭᠲᠠᠭᠠᠭᠰᠠᠨ ᠥᠪ ᠵᠠᠯᠭᠠᠮᠵᠢᠯᠠᠯᠲᠠ ᠶᠢᠨ | ᠶᠤᠰᠤᠭᠠᠷ ᠰᠢᠢᠳᠪᠦᠷᠢᠯᠡᠨ᠎ᠡ᠄ | ︵ᠨᠢᠭᠡ︶ ᠭᠡᠷᠢᠶᠡᠰ ᠢᠶᠠᠷ ᠥᠪ ᠵᠠᠯᠭᠠᠮᠵᠢᠯᠠᠭᠴᠢ ᠨᠢ ᠵᠠᠯᠭᠠᠮᠵᠢᠯᠠᠬᠤ ᠪᠠᠨ ᠲᠠᠶᠠᠭᠳᠠᠭᠰᠠᠨ ᠪᠤᠶᠤ ᠭᠡᠷᠢᠶᠡᠰᠯᠡᠨ | ᠬᠦᠷᠭᠡᠯᠲᠡ ᠬᠥᠷᠳᠡᠭᠴᠢ ᠨᠢ ᠬᠦᠷᠳᠡᠭᠦ ᠪᠠᠨ ᠲᠠᠶᠠᠭᠳᠠᠭᠰᠠᠨ︔ | ︵ᠬᠤᠶᠠᠷ︶ ᠭᠡᠷᠢᠶᠡᠰ ᠢᠶᠠᠷ ᠥᠪ ᠵᠠᠯᠭᠠᠮᠵᠢᠯᠠᠭᠴᠢ ᠨᠢ ᠵᠠᠯᠭᠠᠮᠵᠢᠯᠠᠬᠤ ᠡᠷᠬᠡ ᠪᠠᠨ ᠠᠯᠳᠠᠭᠰᠠᠨ ᠪᠤᠶᠤ ᠭᠡᠷᠢᠶᠡᠰᠯᠡᠨ | ᠬᠦᠷᠭᠡᠯᠲᠡ ᠬᠦᠷᠲᠡᠭᠴᠢ ᠨᠢ ᠬᠦᠷᠳᠡᠬᠦ ᠡᠷᠬᠡ ᠪᠠᠨ ᠠᠯᠳᠠᠭᠰᠠᠨ︔ | ︵ᠭᠤᠷᠪᠠ︶ ᠭᠡᠷᠢᠶᠡᠰ ᠢᠶᠠᠷ ᠥᠪ ᠵᠠᠯᠭᠠᠮᠵᠢᠯᠠᠭᠴᠢ᠂ ᠭᠡᠷᠢᠶᠡᠰᠯᠡᠨ ᠬᠦᠷᠭᠡᠯᠲᠡ ᠬᠦᠷᠲᠡᠭᠴᠢ ᠨᠢ ᠭᠡᠷᠢᠶᠡᠰ | ᠦᠯᠡᠳᠡᠭᠡᠭᠴᠢ ᠠᠴᠠ ᠡᠮᠦᠨ᠎ᠡ ᠦᠭᠦᠭᠰᠡᠨ ᠪᠤᠶᠤ ᠳᠠᠭᠤᠰᠤᠭᠰᠠᠨ︔ | ︵ᠲᠦᠷᠪᠡ︶ ᠭᠡᠷᠢᠶᠡᠰ ᠤᠨ ᠬᠦᠴᠦᠨ ᠦᠭᠡᠢ ᠬᠡᠰᠡᠭ ᠲᠤ ᠬᠤᠯᠪᠣᠭᠳᠠᠭᠰᠠᠨ ᠥᠪ ᠬᠦᠷᠦᠩᠭᠡ︔ | ︵ᠲᠠᠪᠤ︶ ᠭᠡᠷᠢᠶᠡᠰ ᠲᠤ ᠰᠢᠢᠳᠪᠤᠷᠢᠯᠡᠭᠰᠡᠨ ᠦᠭᠡᠢ ᠥᠪ ᠬᠦᠷᠦᠩᠭᠡ᠃ | ᠮᠢᠩᠭ᠎ᠠ ᠨᠢᠭᠡ ᠵᠠᠭᠤ ᠲᠠᠪᠢᠨ ᠲᠠᠪᠤᠳᠤᠭᠠᠷ ᠵᠦᠢᠯ ᠥᠪ ᠬᠦᠷᠦᠩᠭᠡ ᠶᠢ ᠬᠤᠪᠢᠶᠠᠬᠤ ᠦᠶ᠎ᠡ ᠳᠤ᠂ ᠬᠡᠪᠡᠯᠢ ᠳᠠᠬᠢ | ᠬᠡᠦᠬᠡᠳ ᠤᠨ ᠵᠠᠯᠭᠠᠮᠵᠢᠯᠠᠬᠤ ᠬᠤᠪᠢᠳᠠᠴᠠ ᠶᠢ ᠦᠯᠡᠳᠡᠭᠡᠬᠦ ᠬᠡᠷᠡᠭᠲᠡᠢ᠃ ᠬᠥᠩᠭᠡᠵᠢᠭᠦ ᠳᠤ ᠭᠡᠤᠭᠡᠳ ᠨᠢ ᠬᠡᠪᠡᠯᠢ ᠳᠡᠭᠡᠨ | ᠦᠬᠦᠭᠰᠡᠨ ᠪᠠᠶᠢᠪᠠᠯ᠂ ᠦᠯᠡᠳᠡᠭᠡᠭᠰᠡᠨ ᠬᠤᠪᠢᠳᠠᠴᠠ ᠶᠢ ᠨᠢ ᠬᠠᠤᠯᠢ ᠪᠠᠷ ᠲᠣᠭᠲᠠᠭᠠᠭᠰᠠᠨ ᠥᠪ ᠵᠠᠯᠭᠠᠮᠵᠢᠯᠠᠯᠲᠠ ᠶᠢᠨ | ᠶᠣᠰᠣᠭᠠᠷ ᠰᠢᠢᠳᠪᠦᠷᠢᠯᠡᠨ᠎ᠡ᠃ | ᠮᠢᠩᠭ᠎ᠠ ᠨᠢᠭᠡ ᠵᠠᠭᠤ ᠲᠠᠪᠢᠨ ᠵᠢᠷᠭᠤᠳᠤᠭᠠᠷ ᠵᠦᠢᠯ ᠥᠪ ᠬᠥᠷᠥᠩᠭᠡ ᠶᠢ ᠬᠤᠪᠢᠶᠠᠬᠤ ᠳᠠᠭᠠᠨ ᠦᠢᠯᠡᠳᠪᠦᠷᠢᠯᠡᠯ ᠪᠠ | ᠠᠮᠢᠳᠤᠷᠠᠯ ᠤᠨ ᠭᠡᠷᠡᠭᠴᠡᠭᠡ ᠳᠤ ᠠᠰᠢᠭᠲᠠᠢ ᠪᠠᠶᠢᠯᠭᠠᠵᠤ᠂ ᠥᠪ ᠬᠥᠷᠥᠩᠭᠡ ᠶᠢᠨ ᠦᠢᠯᠡᠳᠦᠯ ᠢ ᠬᠤᠬᠢᠷᠠᠭᠤᠯᠬᠤ | ᠦᠭᠡᠢ ᠪᠠᠶᠢᠬᠤ ᠭᠡᠷᠡᠭᠲᠡᠢ᠃ | ᠬᠤᠪᠢᠶᠠᠬᠤ ᠳᠤ ᠲᠣᠬᠢᠷᠠᠮᠵᠢ ᠦᠭᠡᠢ ᠥᠪ ᠬᠦᠷᠦᠩᠭᠡ ᠶᠢ ᠦᠨ᠎ᠠ ᠨᠤᠭᠤᠯᠤᠨ ᠪᠤᠳᠤᠬᠤ᠂ ᠵᠣᠬᠢᠰᠲᠠᠶ ᠨᠦᠬᠦᠪᠦᠷᠢ | ᠥᠭᠬᠦ ᠪᠤᠶᠤ ᠬᠠᠮᠲᠤ ᠪᠠᠷ ᠥᠮᠴᠢᠯᠡᠬᠦ ᠵᠡᠷᠭᠡ ᠠᠷᠭ᠎ᠠ ᠪᠠᠷ ᠰᠢᠢᠳᠪᠦᠷᠢᠯᠡᠵᠦ ᠪᠣᠯᠤᠨ᠎ᠠ᠃ | ᠮᠢᠩᠭ᠎ᠠ ᠨᠢᠭᠡ ᠵᠠᠭᠤ ᠲᠠᠪᠢᠨ ᠳᠤᠯᠤᠳᠤᠭᠠᠷ ᠵᠦᠢᠯ ᠡᠷ᠎ᠡ ᠡᠮ᠎ᠡ ᠬᠤᠶᠠᠷ ᠤᠨ ᠨᠢᠭᠡ ᠨᠢ ᠦᠭᠦᠭᠰᠡᠨ ᠤ ᠬᠤᠶᠢᠨ᠎ᠠ᠂ | ᠨᠦᠬᠦᠭᠡ ᠨᠢ ᠲᠡᠬᠢᠵᠦ ᠤᠷᠤᠭᠯᠠᠭᠰᠠᠨ ᠪᠠᠶᠢᠪᠠᠯ᠂ ᠵᠠᠯᠭᠠᠮᠵᠢᠯᠠᠭᠰᠠᠨ ᠡᠳ᠋ ᠬᠦᠷᠦᠩᠭᠡ ᠪᠠᠨ ᠰᠢᠢᠳᠪᠦᠷᠢᠯᠡᠬᠦ ᠡᠷᠬᠡ ᠲᠠᠢ | ᠂ ᠶᠠᠮᠠᠷᠪᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠥᠮᠦᠨ ᠭᠠᠷ ᠲᠦᠷᠦᠵᠦ ᠪᠣᠯᠬᠤ ᠤᠢᠭᠡᠢ᠃ | ᠮᠢᠩᠭ᠎ᠠ ᠨᠢᠭᠡ ᠵᠠᠭᠤ ᠲᠠᠪᠢᠨ ᠨᠠᠢᠮᠠᠳᠤᠭᠠᠷ ᠵᠦᠢᠯ ᠪᠠᠶᠢᠭᠠᠯᠢ ᠬᠥᠮᠦᠨ ᠨᠢ ᠥᠪ ᠵᠠᠯᠭᠠᠮᠵᠢᠯᠠᠭᠴᠢ ᠠᠴᠠ ᠭᠠᠳᠠᠨᠠᠬᠢ | ᠵᠣᠬᠢᠶᠠᠨ ᠪᠠᠶᠢᠭᠤᠯᠤᠯᠳᠠ ᠪᠤᠶᠤ ᠬᠤᠪᠢ ᠬᠥᠮᠦᠨ ᠯᠦᠭᠡ ᠭᠡᠷᠢᠶᠡᠰᠯᠡᠨ ᠬᠦᠷᠭᠡᠯᠲᠡ ᠦᠭᠴᠦ ᠳᠡᠳᠬᠦᠨ ᠲᠡᠵᠢᠭᠡᠯᠭᠡᠬᠦ | ᠬᠡᠯᠡᠯᠴᠡᠭᠡᠷ ᠲᠣᠭᠲᠠᠵᠤ ᠪᠤᠯᠤᠨ᠎ᠠ᠃ ᠬᠡᠯᠡᠯᠴᠡᠭᠡᠷ ᠶᠣᠰᠣᠭᠠᠷ᠂ ᠲᠤᠰ ᠵᠣᠬᠢᠶᠠᠨ ᠪᠠᠶᠢᠭᠤᠯᠤᠯᠲᠠ ᠪᠤᠶᠤ ᠬᠤᠪᠢ | ᠬᠥᠮᠦᠨ ᠨᠢ ᠲᠤᠰ ᠪᠠᠶᠢᠭᠠᠯᠢ ᠬᠥᠮᠦᠨ ᠢ ᠠᠮᠢᠳᠤ ᠪᠠᠶᠢᠬᠤ ᠳᠤᠨᠢ ᠠᠰᠠᠷᠠᠵᠤ᠂ ᠦᠭᠦᠪᠡᠯ ᠣᠷᠣᠰᠢᠭᠤᠯᠬᠤ ᠡᠭᠦᠷᠭᠡ ᠶᠢ | ᠡᠭᠦᠷᠭᠡᠯᠡᠵᠦ᠂ ᠭᠡᠷᠢᠶᠡᠰᠯᠡᠨ ᠬᠦᠷᠭᠡᠯᠲᠡ ᠬᠦᠷᠲᠡᠬᠦ ᠡᠷᠬᠡ ᠶᠢ ᠡᠳ᠋ᠯᠡᠨ᠎ᠠ᠃ | ᠮᠢᠩᠭ᠎ᠠ ᠨᠢᠭᠡ ᠵᠠᠭᠤ ᠲᠠᠪᠢ ᠶᠢᠰᠦᠳᠦᠭᠡᠷ ᠵᠦᠢᠯ ᠥᠪ ᠬᠦᠷᠦᠩᠭᠡ ᠶᠢ ᠬᠤᠪᠢᠶᠠᠬᠤ ᠳᠤ᠂ ᠥᠪ | ᠵᠠᠯᠭᠠᠮᠵᠢᠯᠠᠭᠤᠯᠤᠭᠴᠢ ᠶᠢᠨ ᠬᠠᠤᠯᠢ ᠶᠤᠰᠤᠭᠠᠷ ᠲᠤᠰᠢᠶᠠᠬᠤ ᠶᠣᠰᠣᠲᠠᠶ ᠭᠠᠶᠢᠯᠢ ᠶᠢᠨ ᠵᠣᠭᠤᠰ ᠪᠠ ᠥᠭᠴᠡᠭᠡ ᠶᠢ | ᠢᠯᠭᠠᠷᠠᠭᠤᠯᠤᠨ ᠲᠦᠯᠤᠬᠦ ᠬᠡᠷᠡᠭᠲᠡᠶ︔ ᠭᠡᠪᠡᠴᠦ ᠬᠥᠳᠡᠯᠮᠦᠷᠢᠯᠡᠬᠦ ᠴᠢᠳᠠᠪᠤᠷᠢ ᠮᠡᠬᠦᠰ ᠮᠥᠷᠲᠡᠭᠡᠨ ᠠᠮᠢᠳᠤᠷᠠᠯ ᠤᠨ | ᠢᠷᠡᠯᠳᠡ ᠦᠭᠡᠢ ᠥᠪ ᠵᠠᠯᠭᠠᠮᠵᠢᠯᠠᠭᠴᠢ ᠳᠤ ᠴᠢᠬᠤᠯᠠ ᠪᠦᠬᠦᠢ ᠥᠪ ᠬᠦᠷᠦᠩᠭᠡ ᠦᠯᠡᠳᠡᠭᠡᠵᠦ ᠥᠭᠬᠦ ᠬᠡᠷᠡᠭᠲᠡᠶ᠃ | ᠮᠢᠩᠭ᠎ᠠ ᠨᠢᠭᠡ ᠵᠠᠭᠤ ᠵᠢᠷᠠᠳᠤᠭᠠᠷ ᠵᠦᠢᠯ ᠥᠪ ᠵᠠᠯᠭᠠᠮᠵᠢᠯᠠᠬᠤ ᠬᠥᠮᠦᠨ ᠦᠭᠡᠢ ᠮᠥᠷᠲᠡᠭᠡᠨ ᠭᠡᠷᠢᠶᠡᠰᠯᠡᠨ ᠬᠦᠷᠭᠡᠯᠲᠡ | ᠬᠥᠷᠳᠡᠬᠦ ᠬᠥᠮᠦᠨ ᠴᠦ ᠦᠭᠡᠢ ᠥᠪ ᠬᠦᠷᠦᠩᠭᠡ ᠶᠢ ᠤᠯᠤᠰ ᠥᠮᠴᠢᠯᠡᠵᠦ᠂ ᠨᠡᠶᠢᠲᠡ ᠶᠢᠨ ᠠᠰᠠᠷᠠᠮᠵᠢ ᠶᠢᠨ | ᠦᠢᠯᠡᠰ ᠲᠤ ᠬᠡᠷᠡᠭᠯᠡᠨ᠎ᠡ︔ ᠳᠠᠯᠢᠢᠭᠴᠢ ᠨᠢ ᠠᠮᠢᠳᠤ ᠪᠠᠶᠢᠬᠤ ᠳᠠᠭᠠᠨ ᠬᠠᠮᠲᠤ ᠶᠢᠨ ᠥᠮᠴᠢᠯᠡᠯ ᠤᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠪᠠᠶᠢᠭᠰᠠᠨ ᠪᠣᠯ ᠲᠡᠭᠦᠨ ᠤ ᠪᠠᠶᠢᠭ᠎ᠠ ᠬᠠᠮᠲᠤ ᠶᠢᠨ ᠥᠮᠴᠢᠯᠡᠯ ᠤᠨ ᠵᠣᠬᠢᠶᠠᠨ | ᠪᠠᠶᠢᠭᠤᠯᠤᠯᠲᠠ ᠳᠤ ᠥᠮᠴᠢᠯᠡᠭᠳᠡᠨ᠎ᠡ᠃ | ᠮᠢᠩᠭ᠎ᠠ ᠨᠢᠭᠡ ᠵᠠᠭᠤ ᠵᠢᠷᠠᠨ ᠨᠢᠭᠡᠳᠦᠭᠡᠷ ᠵᠦᠢᠯ ᠥᠪ ᠵᠠᠯᠭᠠᠮᠵᠢᠯᠠᠭᠴᠢ ᠨᠢ ᠣᠯᠤᠭᠰᠠᠨ ᠥᠪ ᠬᠦᠷᠦᠩᠭᠡ ᠶᠢᠨ | ᠪᠣᠳᠠᠲᠠᠶ ᠦᠷᠳᠡᠭ ᠢᠶᠠᠷ ᠬᠢᠵᠠᠭᠠᠷ ᠪᠣᠯᠭᠠᠵᠤ ᠥᠪ ᠵᠠᠯᠭᠠᠮᠵᠢᠯᠠᠭᠤᠯᠤᠭᠴᠢ ᠶᠢᠨ ᠬᠠᠤᠯᠢ ᠶᠣᠰᠣᠭᠠᠷ ᠲᠤᠰᠢᠶᠠᠬᠤ | ᠶᠣᠰᠣᠲᠠᠶ ᠭᠠᠶᠢᠯᠢ ᠶᠢᠨ ᠵᠣᠭᠤᠰ ᠪᠠ ᠥᠭᠴᠡᠭᠡ ᠶᠢ ᠢᠯᠭᠠᠷᠠᠭᠤᠯᠤᠨ ᠲᠦᠯᠦᠨ᠎ᠠ᠃ ᠥᠪ ᠬᠥᠷᠥᠩᠭᠡ ᠶᠢᠨ ᠪᠣᠳᠠᠲᠠᠢ | ᠥᠷᠲᠡᠭ ᠠᠴᠠ ᠬᠡᠲᠦᠷᠡᠭᠰᠡᠨ ᠬᠡᠰᠡᠭ ᠢ ᠥᠪ ᠵᠠᠯᠭᠠᠮᠵᠢᠯᠠᠭᠴᠢ ᠰᠠᠶᠢᠨ ᠳᠤᠷ᠎ᠠ ᠠᠴᠠ ᠪᠠᠨ ᠲᠦᠯᠦᠪᠡᠯ ᠡᠭᠦᠨ ᠳᠤ | ᠬᠢᠵᠠᠭᠠᠷᠯᠠᠭᠳᠠᠬᠤ ᠦᠭᠡᠢ᠃ | ᠥᠪ ᠵᠠᠯᠭᠠᠮᠵᠢᠯᠠᠭᠴᠢ ᠦᠪ ᠵᠠᠯᠭᠠᠮᠵᠢᠯᠠᠬᠤ ᠪᠠᠨ ᠲᠠᠶᠠᠭᠳᠠᠭᠰᠠᠨ ᠪᠠᠶᠢᠪᠠᠯ᠂ ᠥᠪ ᠵᠠᠯᠭᠠᠮᠵᠢᠯᠠᠭᠤᠯᠤᠭᠴᠢ ᠶᠢᠨ ᠬᠠᠤᠯᠢ | ᠶᠣᠰᠣᠭᠠᠷ ᠲᠤᠰᠢᠶᠠᠬᠤ ᠶᠣᠰᠣᠲᠠᠶ ᠭᠠᠶᠢᠯᠢ ᠶᠢᠨ ᠵᠣᠭᠤᠰ ᠪᠠ ᠥᠭᠴᠡᠭᠡ ᠳᠤ ᠢᠯᠭᠠᠷᠠᠭᠤᠯᠤᠨ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠦᠭᠡᠢ ᠪᠠᠶᠢᠵᠤ ᠪᠣᠯᠤᠨ᠎ᠠ᠃ | ᠮᠢᠩᠭ᠎ᠠ ᠨᠢᠭᠡ ᠵᠠᠭᠤ ᠵᠢᠷᠠᠨ ᠬᠤᠶᠠᠳᠤᠭᠠᠷ ᠵᠦᠢᠯ ᠭᠡᠷᠢᠶᠡᠰᠯᠡᠨ ᠬᠦᠷᠭᠡᠯᠲᠡ ᠶᠢ ᠭᠦᠢᠴᠡᠳᠬᠡᠬᠦ ᠳᠡᠭᠡᠨ ᠭᠡᠷᠢᠶᠡᠰᠯᠡᠨ | ᠬᠦᠷᠭᠡᠭᠴᠢ ᠶᠢᠨ ᠬᠠᠤᠯᠢ ᠶᠤᠰᠤᠭᠠᠷ ᠲᠤᠰᠢᠶᠠᠬᠤ ᠶᠤᠰᠤᠳᠠᠢ ᠭᠠᠶᠢᠯᠢ ᠶᠢᠨ ᠵᠣᠭᠤᠰ ᠪᠠ ᠥᠭᠴᠡᠭᠡ ᠶᠢ | ᠢᠯᠭᠠᠷᠠᠭᠤᠯᠤᠨ ᠲᠥᠯᠥᠬᠦ ᠶᠢ ᠬᠠᠷᠰᠢᠯᠠᠵᠤ ᠪᠤᠯᠬᠤ ᠦᠭᠡᠢ᠃ | ᠮᠢᠩᠭ᠎ᠠ ᠨᠢᠭᠡ ᠵᠠᠭᠤ ᠵᠢᠷᠠᠨ ᠭᠤᠷᠪᠠᠳᠤᠭᠠᠷ ᠵᠦᠢᠯ ᠬᠠᠤᠯᠢ ᠳᠤ ᠲᠤᠭᠲᠠᠭᠠᠭᠰᠠᠨ ᠥᠪ ᠵᠠᠯᠭᠠᠮᠵᠢᠯᠠᠯᠲᠠ ᠪᠠᠶᠢᠬᠤ | ᠮᠦᠷᠲᠡᠭᠡᠨ ᠭᠡᠷᠢᠶᠡᠰ ᠢᠶᠠᠷ ᠵᠠᠯᠭᠠᠮᠵᠢᠯᠠᠬᠤ ᠥᠪ ᠵᠠᠯᠭᠠᠮᠵᠢᠯᠠᠯᠲᠠ᠂ ᠭᠡᠷᠢᠶᠡᠰᠯᠡᠨ ᠬᠦᠷᠭᠡᠯᠲᠡ ᠪᠠᠶᠢᠪᠠᠯ᠂ ᠬᠠᠤᠯᠢ ᠳᠤ | ᠲᠤᠭᠲᠠᠭᠠᠭᠰᠠᠨ ᠦᠪ ᠵᠠᠯᠭᠠᠮᠵᠢᠯᠠᠭᠴᠢ ᠦᠪ ᠵᠠᠯᠭᠠᠮᠵᠢᠯᠠᠭᠤᠯᠤᠭᠴᠢ ᠶᠢᠨ ᠬᠠᠤᠯᠢ ᠶᠤᠰᠤᠭᠠᠷ ᠲᠤᠰᠢᠶᠠᠬᠤ ᠶᠤᠰᠤᠲᠠᠢ | ᠭᠠᠶᠢᠯᠢ ᠶᠢᠨ ᠵᠤᠭᠤᠰ ᠪᠠ ᠦᠭᠴᠡᠭᠡ ᠶᠢ ᠢᠯᠭᠠᠷᠠᠭᠤᠯᠤᠨ ᠲᠦᠯᠦᠬᠦ ᠬᠡᠷᠡᠭᠲᠡᠢ︔ ᠬᠠᠤᠯᠢ ᠳᠤ ᠲᠤᠭᠲᠠᠭᠠᠭᠰᠠᠨ ᠦᠪ | ᠵᠠᠯᠭᠠᠮᠵᠢᠯᠠᠯᠲᠠ ᠶᠢᠨ ᠪᠤᠳᠠᠲᠠᠢ ᠦᠷᠲᠡᠭ ᠠᠴᠠ ᠬᠡᠲᠦᠷᠡᠭᠰᠡᠨ ᠬᠡᠰᠡᠭ ᠢ ᠭᠡᠷᠢᠶᠡᠰ ᠢᠶᠠᠷ ᠦᠪ ᠵᠠᠯᠭᠠᠮᠵᠢᠯᠠᠭᠴᠢ ᠪᠠ | ᠭᠡᠷᠢᠶᠡᠰᠯᠡᠨ ᠬᠦᠷᠭᠡᠯᠲᠡ ᠬᠦᠷᠲᠡᠭᠴᠢ ᠤᠯᠤᠭᠰᠠᠨ ᠦᠪ ᠬᠦᠷᠦᠩᠭᠡ ᠪᠠᠷ ᠢᠶᠠᠨ ᠬᠠᠷᠢᠴᠠᠯ ᠶᠤᠰᠤᠭᠠᠷ ᠢᠯᠭᠠᠷᠠᠭᠤᠯᠤᠨ | ᠲᠦᠯᠦᠨ᠎ᠠ᠃ | ᠳᠤᠯᠤᠳᠤᠭᠠᠷ ᠠᠩᠭᠢ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠨᠢᠭᠡᠳᠦᠭᠡᠷ ᠪᠦᠯᠦᠭ ᠡᠩ ᠤᠨ ᠲᠤᠭᠲᠠᠭᠠᠯ | ᠮᠢᠩᠭ᠎ᠠ ᠨᠢᠭᠡ ᠵᠠᠭᠤ ᠵᠢᠷᠠᠨ ᠳᠦᠷᠪᠡᠳᠦᠭᠡᠷ ᠵᠦᠢᠯ ᠲᠤᠰ ᠠᠩᠭᠢ ᠳᠤ ᠢᠷᠭᠡᠨ ᠤ ᠬᠡᠷᠡᠭ ᠤᠨ ᠡᠷᠬᠡ ᠠᠰᠢᠭ ᠲᠤ | ᠬᠠᠯᠳᠠᠭᠰᠠᠨ ᠠᠴᠠ ᠪᠤᠯᠤᠭᠰᠠᠨ ᠢᠷᠭᠡᠨ ᠤ ᠬᠡᠷᠡᠭ ᠤᠨ ᠬᠠᠷᠢᠴᠠᠭ᠎ᠠ ᠶᠢ ᠲᠤᠬᠢᠷᠠᠭᠤᠯᠤᠨ᠎ᠠ᠃ | ᠮᠢᠩᠭ᠎ᠠ ᠨᠢᠭᠡ ᠵᠠᠭᠤ ᠵᠢᠷᠠᠨ ᠲᠠᠪᠤᠳᠤᠭᠠᠷ ᠵᠦᠢᠯ ᠦᠢᠯᠡ ᠠᠵᠢᠯᠯᠠᠭᠠᠲᠠᠨ ᠤ ᠣᠰᠣᠯ ᠠᠴᠠ ᠪᠣᠯᠵᠦ ᠪᠣᠰᠣᠳ ᠤᠨ | ᠢᠷᠭᠡᠨ ᠤ ᠭᠡᠷᠡᠭ ᠤᠨ ᠡᠷᠭᠡ ᠠᠰᠢᠭ ᠲᠤ ᠬᠠᠯᠳᠠᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠭᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠬᠠᠣᠯᠢ ᠴᠠᠭᠠᠵᠠ ᠶᠢᠨ ᠲᠣᠭᠳᠠᠭᠠᠯ ᠢ ᠦᠨᠳᠣᠰᠣᠯᠡᠨ ᠦᠢᠯᠡ ᠠᠵᠢᠯᠯᠠᠭᠠᠲᠠᠨ ᠢ ᠣᠰᠣᠯ ᠲᠠᠢ ᠭᠡᠵᠦ ᠵᠦᠢᠴᠢᠯᠡᠨ | ᠲᠣᠭᠲᠠᠭᠠᠭᠠᠳ᠂ ᠲᠡᠷᠡ ᠨᠢ ᠦᠪᠡᠷ ᠢ ᠪᠠᠨ ᠣᠰᠣᠯ ᠦᠭᠡᠢ ᠭᠡᠵᠦ ᠭᠡᠷᠡᠴᠢᠯᠡᠵᠦ ᠲᠠᠶᠢᠯᠭᠦ ᠦᠭᠡᠢ ᠪᠠᠶᠢᠪᠠᠯ᠂ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠨᠢᠭᠡ ᠵᠠᠭᠤ ᠵᠢᠷᠠᠨ ᠵᠢᠷᠭᠤᠳᠤᠭᠠᠷ ᠵᠦᠢᠯ ᠦᠢᠯᠡ ᠠᠵᠢᠯᠯᠠᠭᠠᠲᠠᠨ ᠪᠣᠰᠣᠳ ᠤᠨ ᠢᠷᠭᠡᠨ ᠤ ᠭᠡᠷᠡᠭ ᠤᠨ ᠡᠷᠭᠡ | ᠠᠰᠢᠭ ᠲᠤ ᠬᠤᠭᠢᠷᠠᠯ ᠣᠴᠠᠷᠠᠭᠤᠯᠤᠭᠰᠠᠨ ᠪᠤᠯ ᠦᠢᠯᠡ ᠠᠵᠢᠯᠯᠠᠭᠠᠲᠠᠨ ᠣᠰᠣᠯ ᠲᠠᠢ ᠡᠰᠡᠬᠦ ᠭᠡᠰᠡᠨ ᠦᠭᠡᠢ ᠴᠦᠮ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ ᠭᠡᠵᠦ ᠬᠠᠣᠯᠢ ᠴᠠᠭᠠᠵᠠ ᠳᠤ ᠲᠣᠭᠳᠠᠭᠠᠭᠰᠠᠨ ᠪᠠᠶᠢᠪᠠᠯ | ᠂ ᠲᠠᠷᠠ ᠲᠣᠭᠳᠠᠭᠠᠯ ᠶᠤᠰᠤᠭᠠᠷ ᠶᠠᠪᠤᠭᠤᠯᠤᠨ᠎ᠠ᠃ | ᠮᠢᠩᠭ᠎ᠠ ᠨᠢᠭᠡ ᠵᠠᠭᠤ ᠵᠢᠷᠠᠨ ᠳᠤᠯᠤᠳᠤᠭᠠᠷ ᠵᠦᠢᠯ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠨᠢ ᠪᠤᠰᠤᠳ ᠤᠨ | ᠪᠡᠶ᠎ᠡ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠠᠶᠤᠯ ᠬᠦᠨᠦᠭᠡᠯ ᠤᠴᠠᠷᠠᠭᠤᠯᠤᠭᠰᠠᠨ ᠪᠠᠶᠢᠪᠠᠯ᠂ | ᠡᠷᠬᠡ ᠨᠢ ᠬᠠᠯᠳᠠᠭᠳᠠᠭᠰᠨᠨ ᠬᠦᠮᠦᠨ ᠡᠷᠬᠡ ᠳᠤ ᠬᠠᠯᠳᠠᠭᠰᠠᠨ ᠬᠦᠮᠦᠨ ᠢᠶᠠᠷ ᠡᠷᠬᠡ ᠳᠤ ᠬᠠᠯᠳᠠᠬᠤ ᠶᠢ ᠵᠤᠭᠰᠤᠭᠠᠬᠤ᠂ | ᠬᠠᠷᠰᠢᠯᠠᠯ ᠢ ᠠᠷᠢᠯᠭᠠᠬᠤ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠡᠷᠬᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃ | ᠮᠢᠩᠭ᠎ᠠ ᠨᠢᠭᠡ ᠵᠠᠭᠤ ᠵᠢᠷᠠᠨ ᠨᠠᠢᠮᠠᠳᠤᠭᠠᠷ ᠵᠦᠢᠯ ᠡᠷᠭᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠬᠤᠶᠠᠷ ᠠᠴᠠ | ᠲᠡᠭᠡᠭᠰᠢ ᠭᠦᠮᠦᠨ ᠬᠠᠮᠳᠣ ᠪᠠᠷ ᠭᠢᠵᠦ᠂ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠬᠤᠯᠪᠣᠯᠳᠣᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠨᠢᠭᠡ ᠵᠠᠭᠤ ᠵᠢᠷᠠ ᠶᠢᠰᠦᠳᠦᠭᠡᠷ ᠵᠦᠢᠯ ᠪᠣᠰᠣᠳ ᠢ ᠵᠢᠭᠠᠨ ᠲᠣᠭᠢᠵᠦ᠂ ᠬᠠᠪᠰᠦᠷᠴᠦ ᠪᠠᠶᠢᠭᠠᠳ ᠡᠷᠭᠡ ᠳᠤ | ᠬᠠᠯᠳᠠᠭᠰᠠᠨ ᠦᠢᠯᠡ ᠠᠵᠢᠯᠯᠠᠭ᠎ᠠ ᠭᠢᠯᠭᠡᠭᠰᠡᠨ ᠪᠠᠶᠢᠪᠠᠯ᠂ ᠦᠢᠯᠡ ᠠᠵᠢᠯᠯᠠᠭᠠᠲᠠᠨ ᠲᠠᠢ ᠬᠤᠯᠪᠣᠯᠳᠣᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ ᠭᠦᠮᠦᠨ ᠪᠠ ᠢᠷᠭᠡᠨ ᠤ ᠭᠡᠷᠡᠭ ᠤᠨ ᠦᠢᠯᠡ | ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠢ ᠵᠢᠭᠠᠨ ᠲᠣᠭᠢᠵᠦ᠂ ᠬᠠᠪᠰᠦᠷᠴᠦ ᠪᠠᠶᠢᠭᠠᠳ ᠡᠷᠭᠡ ᠳᠤ | ᠬᠠᠯᠳᠠᠭᠰᠠᠨ ᠦᠢᠯᠡ ᠠᠵᠢᠯᠯᠠᠭ᠎ᠠ ᠭᠢᠯᠭᠡᠭᠰᠡᠨ ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ | ᠭᠡᠷᠡᠭᠳᠡᠢ︔ ᠲᠣᠰ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ ᠭᠦᠮᠦᠨ ᠪᠠ ᠢᠷᠭᠡᠨ ᠤ | ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠤ ᠭᠢᠨᠠᠨ ᠬᠠᠮᠠᠭᠠᠯᠠᠭᠴᠢ ᠨᠢ ᠬᠢᠨᠠᠠ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠠᠶᠢᠪᠠᠯ᠂ ᠵᠣᠭᠢᠴᠠᠩᠭᠤᠢ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ᠃ | ᠮᠢᠩᠭ᠎ᠠ ᠨᠢᠭᠡ ᠵᠠᠭᠤ ᠳᠠᠯᠠᠳᠤᠭᠠᠷ ᠵᠦᠢᠯ ᠬᠤᠶᠠᠷ ᠠᠴᠠ ᠲᠡᠭᠡᠭᠰᠢ ᠭᠦᠮᠦᠨ ᠪᠣᠰᠣᠳ ᠤᠨ ᠪᠡᠶ᠎ᠡ ᠮᠠᠬᠠᠪᠤᠳ᠂ ᠡᠳ᠋ | ᠭᠦᠷᠦᠩᠭᠡ ᠶᠢᠨ ᠠᠮᠦᠷ ᠲᠦᠪᠰᠢᠨ ᠳᠤ ᠠᠶᠤᠯ ᠬᠦᠨᠦᠭᠡᠯ ᠤᠴᠠᠷᠠᠭᠤᠯᠬᠤ ᠦᠢᠯᠡ ᠠᠵᠢᠯᠯᠠᠭ᠎ᠠ ᠭᠢᠵᠦ᠂ ᠲᠡᠭᠦᠨ ᠤ | ᠲᠣᠳᠣᠷᠠᠭᠢ ᠨᠢᠭᠡ ᠭᠦᠮᠦᠨ ᠪᠣᠶᠣ ᠭᠡᠳᠦᠨ ᠭᠦᠮᠦᠨ ᠤ ᠦᠢᠯᠡ ᠠᠵᠢᠯᠯᠠᠭ᠎ᠠ ᠨᠢ ᠪᠣᠰᠣᠳ ᠲᠤ ᠬᠤᠭᠢᠷᠠᠯ | ᠣᠴᠠᠷᠠᠭᠤᠯᠤᠭᠰᠠᠨ ᠪᠤᠯ᠂ ᠡᠷᠭᠡ ᠳᠤ ᠬᠠᠯᠳᠠᠭᠰᠠᠨ ᠪᠣᠳᠠᠳᠠᠢ ᠭᠦᠮᠦᠨ ᠢ ᠨᠢ ᠲᠣᠳᠣᠯᠠᠵᠤ ᠳᠠᠶᠢᠯᠪᠠᠯ᠂ ᠡᠷᠭᠡ ᠳᠤ | ᠬᠠᠯᠳᠠᠭᠰᠠᠨ ᠭᠦᠮᠦᠨ ᠨᠢ ᠬᠠᠷᠢᠭᠤᠴᠠᠯᠭ᠎ᠠ ᠡᠭᠦᠷᠭᠡᠯᠡᠨ᠎ᠡ︔ ᠡᠷᠭᠡ ᠳᠤ ᠬᠠᠯᠳᠠᠭᠰᠠᠨ ᠪᠣᠳᠠᠳᠠᠢ ᠭᠦᠮᠦᠨ ᠢ ᠨᠢ | ᠲᠣᠳᠣᠯᠠᠵᠦ ᠳᠠᠶᠢᠯᠬᠦ ᠦᠭᠡᠢ ᠪᠠᠶᠢᠪᠠᠯ᠂ ᠦᠢᠯᠡ ᠠᠵᠢᠯᠯᠠᠭᠠᠲᠠᠨ ᠨᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠠ | ᠃ | ᠮᠢᠩᠭ᠎ᠠ ᠨᠢᠭᠡ ᠵᠠᠭᠤ ᠳᠠᠯᠠᠨ ᠨᠢᠭᠡᠳᠦᠭᠡᠷ ᠵᠦᠢᠯ ᠬᠤᠶᠠᠷ ᠠᠴᠠ ᠲᠡᠭᠡᠭᠰᠢ ᠭᠦᠮᠦᠨ ᠡᠷᠭᠡ ᠳᠤ ᠬᠠᠯᠳᠠᠭᠰᠠᠨ ᠦᠢᠯᠡ | ᠠᠵᠢᠯᠯᠠᠭ᠎ᠠ ᠶᠢ ᠲᠣᠰ ᠲᠣᠰ ᠲᠠᠭᠠᠨ ᠭᠢᠵᠦ ᠮᠦᠨ ᠨᠢᠬᠡ ᠬᠤᠭᠢᠷᠠᠯ ᠣᠴᠠᠷᠠᠭᠤᠯᠤᠭᠠᠳ᠂ ᠭᠦᠮᠦᠨ ᠨᠢᠭᠡᠪᠦᠷᠢ ᠶᠢᠨ | ᠡᠷᠭᠡ ᠳᠤ ᠬᠠᠯᠳᠠᠭᠰᠠᠨ ᠦᠢᠯᠡ ᠠᠵᠢᠯᠯᠠᠭ᠎ᠠ ᠨᠢ ᠴᠦᠮ ᠪᠦᠭᠦ ᠬᠤᠭᠢᠷᠠᠯ ᠢ ᠡᠬᠦᠰᠬᠡᠬᠦ ᠭᠡᠮᠵᠢᠶᠠᠨ ᠳᠤ ᠭᠦᠷᠦᠭᠰᠡᠨ | ᠪᠠᠶᠢᠪᠠᠯ᠂ ᠦᠢᠯᠡ ᠠᠵᠢᠯᠯᠠᠭᠠᠲᠠᠨ ᠨᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠨᠢᠭᠡ ᠵᠠᠭᠤ ᠳᠠᠯᠠᠨ ᠬᠤᠶᠠᠳᠤᠭᠠᠷ ᠵᠦᠢᠯ ᠬᠤᠶᠠᠷ ᠠᠴᠠ ᠲᠡᠭᠡᠭᠰᠢ ᠭᠦᠮᠦᠨ ᠡᠷᠭᠡ ᠳᠤ ᠬᠠᠯᠳᠠᠭᠰᠠᠨ ᠦᠢᠯᠡ | ᠠᠵᠢᠯᠯᠠᠭ᠎ᠠ ᠶᠢ ᠲᠣᠰ ᠲᠣᠰ ᠲᠠᠭᠠᠨ ᠭᠢᠵᠦ ᠮᠦᠨ ᠨᠢᠬᠡ ᠬᠤᠭᠢᠷᠠᠯ ᠣᠴᠠᠷᠠᠭᠤᠯᠤᠭᠰᠠᠨ ᠪᠤᠯ᠂ ᠬᠠᠷᠢᠭᠤᠴᠠᠯᠭ᠎ᠠ ᠶᠢᠨ | ᠬᠢᠨᠢ ᠶᠡᠭᠡ ᠪᠠᠭ᠎ᠠ ᠶᠢ ᠳᠤᠭᠳᠠᠭᠠᠵᠤ ᠳᠠᠶᠢᠯᠪᠡᠯ᠂ ᠲᠣᠰ ᠪᠦᠷᠢ ᠵᠣᠭᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ︔ | ᠬᠠᠷᠢᠭᠤᠴᠠᠯᠭ᠎ᠠ ᠶᠢᠨ ᠬᠢᠨᠢ ᠶᠡᠭᠡ ᠪᠠᠭ᠎ᠠ ᠶᠢ ᠳᠤᠭᠳᠠᠭᠠᠬᠤ ᠳᠤ ᠪᠠᠷᠭᠡᠳᠡᠢ ᠪᠠᠶᠢᠪᠠᠯ᠂ ᠬᠠᠷᠢᠭᠤᠴᠠᠯᠭ᠎ᠠ ᠶᠢ ᠲᠡᠭᠰᠢ ᠪᠠᠷ | ᠡᠭᠦᠷᠭᠡᠯᠡᠨ᠎ᠡ᠃ | ᠮᠢᠩᠭ᠎ᠠ ᠨᠢᠭᠡ ᠵᠠᠭᠤ ᠳᠠᠯᠠᠨ ᠭᠤᠷᠪᠠᠳᠤᠭᠠᠷ ᠵᠦᠢᠯ ᠡᠷᠬᠡ ᠨᠢ ᠬᠠᠯᠳᠠᠭᠳᠠᠭᠰᠠᠨ ᠬᠦᠮᠦᠨ ᠠᠳᠠᠯᠢ ᠨᠢᠭᠡᠨ | ᠬᠤᠬᠢᠷᠠᠯ ᠤᠨ ᠡᠭᠦᠰᠬᠦ ᠪᠤᠶᠤ ᠦᠷᠭᠡᠳᠬᠦ ᠳᠤ ᠤᠰᠤᠯ ᠲᠠᠢ ᠪᠠᠶᠢᠪᠠᠯ᠂ ᠡᠷᠬᠡ ᠳᠤ ᠬᠠᠯᠳᠠᠭᠴᠢ ᠶᠢᠨ | ᠬᠠᠷᠢᠭᠤᠴᠠᠯᠭ᠎ᠠ ᠶᠢ ᠬᠦᠩᠭᠡᠷᠡᠭᠦᠯᠵᠦ ᠪᠤᠯᠤᠨ᠎ᠠ᠃ | ᠮᠢᠩᠭ᠎ᠠ ᠨᠢᠭᠡ ᠵᠠᠭᠤ ᠳᠠᠯᠠᠨ ᠳᠦᠷᠪᠡᠳᠦᠭᠡᠷ ᠵᠦᠢᠯ ᠬᠤᠭᠢᠷᠠᠯ ᠢ ᠬᠤᠭᠢᠷᠠᠯ ᠠᠮᠰᠠᠭᠴᠢ ᠵᠣᠷᠢᠭᠤᠳᠠ ᠪᠣᠢ ᠪᠣᠯᠭᠠᠭᠰᠠᠨ | ᠪᠠᠶᠢᠪᠠᠯ᠂ ᠦᠢᠯᠡ ᠠᠵᠢᠯᠯᠠᠭᠠᠲᠠᠨ ᠬᠠᠷᠢᠭᠤᠴᠠᠯᠭ᠎ᠠ ᠡᠭᠦᠷᠭᠡᠯᠡᠭᠦ ᠦᠭᠡᠢ᠃ | ᠮᠢᠩᠭ᠎ᠠ ᠨᠢᠭᠡ ᠵᠠᠭᠤ ᠳᠠᠯᠠᠨ ᠲᠠᠪᠤᠳᠤᠭᠠᠷ ᠵᠦᠢᠯ ᠬᠤᠭᠢᠷᠠᠯ ᠨᠢ ᠭᠤᠷᠪᠠᠳᠠᠭᠢ ᠭᠦᠮᠦᠨ ᠠᠴᠠ ᠪᠣᠯᠣᠭᠰᠠᠨ ᠪᠠᠶᠢᠪᠠᠯ᠂ | ᠭᠤᠷᠪᠠᠳᠠᠭᠢ ᠭᠦᠮᠦᠨ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠨᠢᠭᠡ ᠵᠠᠭᠤ ᠳᠠᠯᠠᠨ ᠵᠢᠷᠭᠤᠳᠤᠭᠠᠷ ᠵᠦᠢᠯ ᠵᠣᠬᠢᠬᠤ ᠠᠶᠤᠯ ᠲᠦᠭᠰᠢᠭᠦᠷᠢ ᠲᠠᠢ ᠤᠳᠬ᠎ᠠ ᠤᠷᠠᠯᠢᠭ ᠪᠡᠶ᠎ᠡ ᠶᠢᠨ | ᠲᠠᠮᠢᠷ ᠤᠨ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠣᠷᠣᠯᠴᠠᠭᠠᠳ᠂ ᠪᠤᠰᠤᠳ ᠣᠷᠣᠯᠴᠠᠭᠴᠢ ᠶᠢᠨ ᠦᠢᠯᠡ | ᠠᠵᠢᠯᠯᠠᠭ᠎ᠠ ᠠᠴᠠ ᠪᠣᠯᠵᠤ ᠬᠤᠬᠢᠷᠠᠯ ᠠᠮᠰᠠᠭᠰᠠᠨ ᠪᠠᠶᠢᠪᠠᠯ᠂ ᠬᠤᠬᠢᠷᠠᠯ ᠠᠮᠰᠠᠭᠴᠢ ᠪᠤᠰᠤᠳ ᠣᠷᠣᠯᠴᠠᠭᠴᠢ ᠪᠠᠷ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠬᠤ ᠦᠭᠡᠢ︔ ᠭᠡᠪᠡᠴᠦ ᠪᠤᠰᠤᠳ | ᠣᠷᠣᠯᠴᠠᠭᠴᠢ ᠬᠤᠬᠢᠷᠠᠯ ᠡᠭᠦᠰᠦᠭᠰᠡᠨ ᠶᠠᠪᠤᠳᠠᠯ ᠢ ᠵᠣᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠭᠠᠷᠭᠠᠭᠰᠠᠨ | ᠪᠠᠶᠢᠪᠠᠯ ᠡᠭᠦᠨ ᠳᠤ ᠪᠠᠭᠲᠠᠬᠤ ᠦᠭᠡᠢ᠃ | ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠶᠢᠨ ᠬᠠᠷᠢᠭᠤᠴᠠᠯᠭ᠎ᠠ ᠳᠤ ᠲᠤᠰ ᠬᠠᠤᠯᠢ ᠶᠢᠨ ᠮᠢᠩᠭ᠎ᠠ ᠨᠢᠭᠡ ᠵᠠᠭᠤ ᠶᠡᠷᠡᠨ | ᠨᠠᠢᠮᠠᠳᠤᠭᠠᠷ ᠵᠦᠢᠯ ᠠᠴᠠ ᠮᠢᠩᠭ᠎ᠠ ᠬᠤᠶᠠᠷ ᠵᠠᠭᠤ ᠨᠢᠭᠡᠳᠦᠭᠡᠷ ᠵᠦᠢᠯ ᠤᠨ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | | ᠮᠢᠩᠭ᠎ᠠ ᠨᠢᠭᠡ ᠵᠠᠭᠤ ᠳᠠᠯᠠᠨ ᠳᠤᠯᠤᠳᠤᠭᠠᠷ ᠵᠦᠢᠯ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ | ᠤᠴᠠᠷᠠᠭᠠᠳ᠂ ᠪᠠᠶᠢᠳᠠᠯ ᠪᠠᠴᠢᠮ ᠮᠥᠷᠲᠡᠭᠡᠨ ᠴᠠᠭ ᠲᠤᠬᠠᠶ ᠳᠤᠨᠢ ᠲᠦᠷᠦ ᠶᠢᠨ ᠪᠠᠶᠢᠭᠤᠯᠭ᠎ᠠ ᠶᠢᠨ ᠬᠠᠮᠠᠭᠠᠯᠠᠯᠲᠠ ᠶᠢ | ᠣᠯᠵᠤ ᠳᠡᠶᠢᠯᠬᠦ ᠦᠭᠡᠢ ᠪᠠᠶᠢᠵᠤ᠂ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠬᠤ ᠦᠭᠡᠢ ᠪᠣᠯ ᠦᠪᠡᠷ ᠤᠨ ᠬᠠᠤᠯᠢ | ᠶᠣᠰᠣᠨ ᠤ ᠡᠷᠬᠡ ᠠᠰᠢᠭ ᠲᠤᠨᠢ ᠨᠥᠬᠦᠪᠥᠷᠢᠯᠡᠬᠦᠶᠡ ᠪᠡᠷᠬᠡ ᠬᠤᠬᠢᠷᠠᠯ ᠤᠴᠠᠷᠠᠭᠤᠯᠬᠤ ᠪᠠᠶᠢᠳᠠᠯ ᠡᠬᠦᠰᠬᠦ ᠳᠤ ᠬᠦᠷᠪᠡᠯ᠂ | ᠬᠤᠬᠢᠷᠠᠯ ᠠᠮᠰᠠᠭᠴᠢ ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠴᠢᠬᠤᠯᠠ ᠪᠦᠬᠦᠢ | ᠬᠡᠪᠴᠢᠶᠡᠨ ᠳᠣᠲᠣᠷ᠎ᠠ ᠡᠷᠬᠡ ᠳᠤ ᠬᠠᠯᠳᠠᠭᠴᠢ ᠶᠢᠨ ᠡᠳ᠋ ᠪᠣᠳᠠᠰ ᠢ ᠦᠯᠡᠳᠡᠭᠡᠨ ᠠᠪᠬᠤ ᠵᠡᠷᠭᠡ ᠵᠦᠶ ᠵᠣᠬᠢᠰᠲᠠᠶ | ᠠᠷᠭ᠎ᠠ ᠬᠡᠮᠵᠢᠶ᠎ᠡ ᠠᠪᠴᠤ ᠪᠣᠯᠤᠨ᠎ᠠ︔ ᠭᠡᠪᠡᠴᠦ ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠳᠤ ᠳᠠᠷᠤᠢ ᠳᠤᠨᠢ | ᠭᠤᠶᠤᠴᠢᠯᠠᠯ ᠭᠠᠷᠭᠠᠵᠤ ᠰᠢᠢᠳᠪᠦᠷᠢᠯᠡᠭᠦᠯᠬᠦ ᠬᠡᠷᠡᠭᠲᠡᠶ᠃ | ᠬᠤᠬᠢᠷᠠᠯ ᠠᠮᠰᠠᠭᠴᠢ ᠶᠢᠨ ᠠᠪᠤᠭᠰᠠᠨ ᠠᠷᠭ᠎ᠠ ᠬᠡᠮᠵᠢᠶ᠎ᠡ ᠨᠢ ᠵᠣᠬᠢᠰ ᠦᠭᠡᠢ ᠠᠴᠠ ᠪᠣᠯᠵᠤ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠮᠢᠩᠭ᠎ᠠ ᠨᠢᠭᠡ ᠵᠠᠭᠤ ᠳᠠᠯᠠᠨ ᠨᠠᠢᠮᠠᠳᠤᠭᠠᠷ ᠵᠦᠢᠯ ᠲᠤᠰ ᠬᠠᠤᠯᠢ ᠪᠠ ᠪᠤᠰᠤᠳ ᠬᠠᠤᠯᠢ ᠴᠠᠭᠠᠵᠠ ᠳᠤ ᠬᠠᠷᠢᠭᠤᠴᠠᠯᠭ᠎ᠠ | ᠥᠯᠥ ᠡᠭᠦᠷᠭᠡᠯᠡᠬᠦ ᠪᠤᠶᠤ ᠬᠠᠷᠢᠭᠤᠴᠠᠯᠭ᠎ᠠ ᠶᠢ ᠬᠦᠩᠭᠡᠷᠡᠬᠦᠯᠬᠦ ᠪᠠᠶᠢᠳᠠᠯ ᠤᠨ ᠲᠤᠬᠠᠢ ᠠᠰᠳᠠᠭᠠᠨ ᠲᠤᠭᠲᠠᠭᠠᠯ ᠲᠠᠢ | ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃ | ᠬᠤᠶᠠᠳᠤᠭᠠᠷ ᠪᠦᠯᠦᠭ ᠬᠤᠬᠢᠷᠠᠯ ᠤᠨ ᠲᠦᠯᠦᠪᠦᠷᠢ | ᠮᠢᠩᠭ᠎ᠠ ᠨᠢᠭᠡ ᠵᠠᠭᠤ ᠳᠠᠯ᠎ᠠ ᠶᠢᠰᠦᠳᠦᠭᠡᠷ ᠵᠦᠢᠯ ᠪᠣᠰᠣᠳ ᠲᠤ ᠬᠠᠯᠳᠠᠵᠦ ᠭᠦᠮᠦᠨ ᠤ ᠪᠡᠶ᠎ᠡ ᠮᠠᠬᠠᠪᠤᠳ ᠲᠤ ᠬᠤᠤᠷ | ᠬᠦᠨᠦᠬᠡᠯ ᠣᠴᠠᠷᠠᠭᠤᠯᠣᠭᠰᠠᠨ ᠪᠠᠶᠢᠪᠠᠯ᠂ ᠡᠮᠴᠢᠯᠡᠬᠡᠨ ᠤ ᠵᠠᠷᠣᠳᠠᠯ᠂ ᠰᠣᠪᠢᠯᠠᠯᠳᠠ ᠶᠢᠨ ᠵᠠᠷᠣᠳᠠᠯ᠂ ᠵᠠᠮ | ᠬᠠᠷᠢᠯᠴᠠᠭᠠᠨ ᠤ ᠵᠠᠷᠣᠳᠠᠯ᠂ ᠰᠢᠮ᠎ᠠ ᠲᠡᠵᠢᠬᠡᠯ ᠤᠨ ᠵᠠᠷᠤᠳᠠᠯ᠂ ᠡᠮᠨᠡᠯᠭᠡ ᠳᠤ ᠰᠠᠭᠤᠭᠰᠠᠨ ᠬᠤᠭᠤᠯᠠᠨ ᠵᠠᠷᠤᠳᠠᠯ ᠤᠨ | ᠨᠥᠬᠦᠪᠦᠷᠢ ᠵᠠᠷᠤᠳᠠᠯ ᠵᠡᠷᠭᠡ ᠡᠮᠴᠢᠯᠡᠬᠡᠨ ᠪᠠ ᠡᠷᠡᠭᠦᠯᠵᠢᠯ ᠳᠤ ᠵᠠᠷᠣᠴᠠᠭᠤᠯᠣᠭᠰᠠᠨ ᠵᠦᠢ ᠶᠤᠰᠤᠨ ᠤ ᠵᠠᠷᠣᠳᠠᠯ ᠵᠢᠴᠢ | ᠠᠵᠢᠯ ᠰᠠᠭᠠᠳᠠᠭᠰᠠᠨ ᠠᠴᠠ ᠪᠣᠯᠵᠦ ᠬᠠᠰᠣᠭᠳᠠᠭᠰᠠᠨ ᠣᠷᠣᠯᠭ᠎ᠠ ᠶᠢ ᠨᠢ ᠲᠦᠯᠦᠭᠦ ᠭᠡᠷᠡᠭᠳᠡᠢ᠃ ᠵᠠᠮᠳᠡᠭ ᠪᠣᠯᠭᠠᠭᠰᠠᠨ | ᠪᠠᠶᠢᠪᠠᠯ᠂ ᠪᠠᠰᠠ ᠵᠡᠮᠳᠡᠭ ᠲᠤ ᠲᠣᠰᠠᠯᠠᠬᠤ ᠪᠠᠭᠠᠵᠢ ᠬᠡᠷᠡᠭᠰᠡᠯ ᠤᠨ ᠵᠠᠷᠣᠳᠠᠯ ᠪᠠ ᠵᠡᠮᠳᠡᠭᠷᠡᠭᠦᠯᠦᠭᠰᠡᠨ ᠲᠦᠯᠦᠪᠦᠷᠢ | ᠮᠦᠡᠭᠭᠦ ᠲᠦᠯᠦᠭᠦ ᠭᠡᠷᠡᠭᠳᠡᠢ︔ ᠦᠭᠦᠭᠦᠯᠦᠭᠰᠡᠨ ᠪᠠᠶᠢᠪᠠᠯ ᠪᠠᠰᠠ ᠣᠷᠣᠰᠢᠭᠤᠯᠭ᠎ᠠ ᠶᠢᠨ ᠵᠠᠷᠣᠳᠠᠯ ᠪᠠ | ᠦᠭᠦᠭᠦᠯᠦᠭᠰᠡᠨ ᠤ ᠲᠦᠯᠦᠪᠦᠷᠢ ᠮᠦᠡᠭᠭᠦ ᠲᠦᠯᠦᠭᠦ ᠭᠡᠷᠡᠭᠳᠡᠢ᠃ | ᠮᠢᠩᠭ᠎ᠠ ᠨᠢᠭᠡ ᠵᠠᠭᠤ ᠨᠠᠶᠠᠳᠤᠭᠠᠷ ᠵᠦᠢᠯ ᠮᠦᠨ ᠨᠢᠭᠡ ᠡᠷᠭᠡ ᠳᠤ ᠬᠠᠯᠳᠠᠭᠰᠠᠨ ᠦᠢᠯᠡ ᠠᠵᠢᠯᠯᠠᠭ᠎ᠠ ᠠᠴᠠ ᠪᠣᠯᠵᠦ | ᠣᠯᠠᠨ ᠭᠦᠮᠦᠨ ᠢ ᠦᠭᠦᠭᠦᠯᠦᠭᠰᠡᠨ ᠪᠠᠶᠢᠪᠠᠯ᠂ ᠦᠭᠦᠭᠦᠯᠦᠭᠰᠡᠨ ᠤ ᠲᠦᠯᠦᠪᠦᠷᠢ ᠮᠦᠡᠭᠭᠦ ᠶᠢ ᠠᠳᠠᠯᠢ ᠲᠤᠭ᠎ᠠ | ᠭᠡᠮᠵᠢᠶ᠎ᠡ ᠪᠠᠷ ᠲᠣᠭᠳᠠᠭᠠᠵᠦ ᠪᠣᠯᠣᠨ᠎ᠠ᠃ | ᠮᠢᠩᠭ᠎ᠠ ᠨᠢᠭᠡ ᠵᠠᠭᠤ ᠨᠠᠶᠠᠨ ᠨᠢᠭᠡᠳᠦᠭᠡᠷ ᠵᠦᠢᠯ ᠡᠷᠭᠡ ᠨᠢ ᠬᠠᠯᠳᠠᠭᠳᠠᠭᠰᠠᠨ ᠬᠦᠮᠦᠨ ᠦᠭᠦᠭᠰᠡᠨ ᠪᠠᠶᠢᠪᠠᠯ᠂ | ᠲᠠᠭᠦᠨ ᠤ ᠦᠢᠷ᠎ᠡ ᠲᠦᠷᠦᠯ ᠰᠠᠳᠦᠨ ᠨᠢ ᠡᠷᠭᠡ ᠳᠤ ᠬᠠᠯᠳᠠᠭᠰᠠᠨ ᠬᠦᠮᠦᠨ ᠢᠶᠠᠷ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦᠯᠭᠦ ᠪᠠᠷ ᠭᠤᠶᠣᠴᠢᠯᠠᠬᠤ ᠡᠷᠭᠡ ᠲᠠᠢ᠃ ᠡᠷᠭᠡ ᠨᠢ ᠬᠠᠯᠳᠠᠭᠳᠠᠭᠰᠠᠨ ᠬᠦᠮᠦᠨ ᠨᠢ ᠵᠤᠬᠢᠶᠠᠨ | ᠪᠠᠶᠢᠭᠤᠯᠤᠯᠲᠠ ᠪᠠᠶᠢᠵᠦ᠂ ᠲᠣᠰ ᠵᠤᠬᠢᠶᠠᠨ ᠪᠠᠶᠢᠭᠤᠯᠤᠯᠲᠠ ᠨᠢ ᠰᠠᠯᠵᠤ ᠲᠣᠰᠠᠭᠠᠷᠯᠠᠭᠰᠠᠨ᠂ ᠨᠡᠶᠢᠯᠡᠭᠰᠡᠨ ᠪᠠᠶᠢᠪᠠᠯ᠂ | ᠡᠷᠭᠡ ᠵᠠᠯᠭᠠᠮᠵᠢᠯᠠᠭᠰᠠᠨ ᠵᠤᠬᠢᠶᠠᠨ ᠪᠠᠶᠢᠭᠤᠯᠤᠯᠲᠠ ᠨᠢ ᠡᠷᠭᠡ ᠳᠤ ᠬᠠᠯᠳᠠᠭᠰᠠᠨ ᠬᠦᠮᠦᠨ ᠢᠶᠠᠷ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦᠯᠭᠦ ᠪᠠᠷ ᠭᠤᠶᠣᠴᠢᠯᠠᠬᠤ ᠡᠷᠭᠡ ᠲᠠᠢ᠃ | ᠡᠷᠭᠡ ᠨᠢ ᠬᠠᠯᠳᠠᠭᠳᠠᠭᠰᠠᠨ ᠬᠦᠮᠦᠨ ᠦᠭᠦᠭᠰᠡᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ ᠤ ᠡᠮᠴᠢᠯᠡᠭᠡᠨ ᠤ | ᠵᠠᠷᠣᠳᠠᠯ᠂ ᠣᠷᠣᠰᠢᠭᠤᠯᠭ᠎ᠠ ᠶᠢᠨ ᠵᠠᠷᠣᠳᠠᠯ ᠵᠡᠷᠭᠡ ᠵᠦᠢ ᠶᠤᠰᠤᠨ ᠤ ᠵᠠᠷᠣᠳᠠᠯ ᠢ ᠲᠦᠯᠦᠭᠰᠡᠨ ᠭᠦᠮᠦᠨ ᠨᠢ ᠡᠷᠭᠡ ᠳᠤ | ᠬᠠᠯᠳᠠᠭᠰᠠᠨ ᠬᠦᠮᠦᠨ ᠢᠶᠠᠷ ᠲᠦᠯᠦᠭᠦᠯᠭᠦ ᠪᠠᠷ ᠭᠤᠶᠣᠴᠢᠯᠠᠬᠤ ᠡᠷᠭᠡ ᠲᠠᠢ᠂ ᠭᠡᠪᠡᠴᠦ ᠡᠷᠭᠡ ᠳᠤ ᠬᠠᠯᠳᠠᠭᠰᠠᠨ | ᠬᠦᠮᠦᠨ ᠨᠢ ᠲᠣᠰ ᠵᠠᠷᠣᠳᠠᠯ ᠢ ᠨᠢᠭᠡᠨᠳᠠ ᠲᠦᠯᠦᠭᠰᠡᠨ ᠪᠠᠶᠢᠪᠡᠯ ᠡᠭᠦᠨ ᠳᠤ ᠪᠠᠭᠳᠠᠬᠤ ᠦᠭᠡᠢ᠃ | ᠮᠢᠩᠭ᠎ᠠ ᠨᠢᠭᠡ ᠵᠠᠭᠤ ᠨᠠᠶᠠᠨ ᠬᠤᠶᠠᠳᠤᠭᠠᠷ ᠵᠦᠢᠯ ᠪᠣᠰᠣᠳ ᠤᠨ ᠪᠡᠶ᠎ᠡ ᠶᠢᠨ ᠡᠷᠭᠡ ᠠᠰᠢᠭ ᠲᠤ ᠬᠠᠯᠳᠠᠵᠦ ᠡᠳ᠋ | ᠭᠦᠷᠦᠩᠭᠡ ᠶᠢᠨ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ ᠤ ᠡᠭᠦᠨ ᠠᠴᠠ | ᠪᠣᠯᠤᠭᠰᠠᠨ ᠬᠤᠭᠢᠷᠠᠯ ᠪᠤᠶᠤ ᠡᠷᠬᠡ ᠳᠤ ᠬᠠᠯᠳᠠᠭᠰᠠᠨ ᠬᠦᠮᠦᠨ ᠤ ᠡᠭᠦᠨ ᠠᠴᠠ ᠤᠯᠤᠭᠰᠠᠨ ᠠᠰᠢᠭ ᠲᠤᠰᠠ ᠶᠢᠨ | ᠶᠣᠰᠣᠭᠠᠷ ᠲᠦᠯᠦᠨ᠎ᠡ︔ ᠡᠷᠭᠡ ᠨᠢ ᠬᠠᠯᠳᠠᠭᠳᠠᠭᠰᠠᠨ ᠬᠦᠮᠦᠨ ᠤ ᠡᠭᠦᠨ ᠠᠴᠠ ᠪᠤᠯᠤᠭᠰᠠᠨ ᠬᠤᠬᠢᠷᠠᠯ ᠵᠢᠴᠢ | ᠡᠷᠬᠡ ᠳᠤ ᠬᠠᠯᠳᠠᠭᠰᠠᠨ ᠬᠦᠮᠦᠨ ᠤ ᠡᠭᠦᠨ ᠠᠴᠠ ᠤᠯᠤᠭᠰᠠᠨ ᠠᠰᠢᠭ ᠲᠤᠰᠠ ᠶᠢ ᠲᠣᠭᠳᠠᠭᠠᠬᠤ ᠳᠤ ᠪᠡᠷᠭᠡᠳᠡᠢ | ᠪᠠᠶᠢᠵᠦ᠂ ᠡᠷᠭᠡ ᠨᠢ ᠬᠠᠯᠳᠠᠭᠳᠠᠭᠰᠠᠨ ᠬᠦᠮᠦᠨ ᠪᠠ ᠡᠷᠭᠡ ᠳᠤ ᠬᠠᠯᠳᠠᠭᠰᠠᠨ ᠬᠦᠮᠦᠨ ᠨᠢ ᠲᠦᠯᠦᠭᠦ ᠲᠤᠭ᠎ᠠ | ᠭᠡᠮᠵᠢᠶ᠎ᠡ ᠶᠢᠨ ᠲᠣᠬᠠᠢ ᠵᠦᠪᠳᠡᠯᠴᠡᠭᠡᠳ ᠰᠠᠨᠠᠯ ᠨᠢᠭᠡᠳᠦᠭᠰᠡᠨ ᠦᠭᠡᠢ ᠠᠷᠠᠳ ᠤᠨ ᠰᠢᠭᠦᠭᠦ ᠬᠤᠷᠢᠶ᠎ᠡ ᠳᠤ | ᠵᠠᠭᠠᠯᠳᠣᠭᠰᠠᠨ ᠪᠠᠶᠢᠪᠠᠯ᠂ ᠠᠷᠠᠳ ᠤᠨ ᠰᠢᠭᠦᠭᠦ ᠬᠤᠷᠢᠶ᠎ᠡ ᠪᠣᠳᠠᠳᠦ ᠪᠠᠶᠢᠳᠠᠯ ᠢ ᠦᠨᠳᠣᠰᠣᠯᠡᠵᠦ ᠲᠦᠯᠦᠭᠦ ᠲᠤᠭ᠎ᠠ | ᠭᠡᠮᠵᠢᠶ᠎ᠡ ᠶᠢ ᠲᠣᠭᠳᠠᠭᠠᠨᠡ᠃ | ᠮᠢᠩᠭ᠎ᠠ ᠨᠢᠭᠡ ᠵᠠᠭᠤ ᠨᠠᠶᠠᠨ ᠭᠤᠷᠪᠠᠳᠤᠭᠠᠷ ᠵᠦᠢᠯ ᠪᠠᠶᠢᠭᠠᠯᠢ ᠬᠦᠮᠦᠨ ᠤ ᠪᠡᠶ᠎ᠡ ᠶᠢᠨ ᠡᠷᠭᠡ ᠠᠰᠢᠭ ᠲᠤ ᠬᠠᠯᠳᠠᠵᠦ | ᠭᠦᠨᠳᠦ ᠨᠣᠴᠢᠳᠠᠢ ᠣᠶᠣᠨ ᠰᠠᠨᠠᠭᠠᠨ ᠤ ᠬᠤᠬᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠨᠢ ᠬᠠᠯᠳᠠᠭᠳᠠᠭᠰᠠᠨ | ᠬᠦᠮᠦᠨ ᠣᠶᠣᠨ ᠰᠠᠨᠠᠭᠠᠨ ᠤ ᠬᠤᠬᠢᠷᠠᠯ ᠤᠨ ᠲᠦᠯᠦᠪᠦᠷᠢ ᠠᠪᠬᠤ ᠪᠠᠷ ᠭᠤᠶᠣᠴᠢᠯᠠᠬᠤ ᠡᠷᠬᠡ ᠲᠠᠢ᠃ | ᠵᠣᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠭᠠᠷᠭᠠᠭᠰᠠᠨ ᠠᠴᠠ ᠪᠤᠯᠵᠤ ᠪᠠᠶᠢᠭᠠᠯᠢ ᠬᠥᠮᠦᠨ ᠤ ᠬᠤᠪᠢ | ᠪᠡᠶ᠎ᠡ ᠶᠢᠨ ᠠᠴᠢ ᠬᠤᠯᠪᠣᠭᠳᠠᠯ ᠪᠦᠬᠦᠢ ᠣᠨᠴᠠᠭᠠᠶ ᠪᠣᠳᠠᠰ ᠲᠤ ᠬᠠᠯᠳᠠᠵᠤ ᠬᠦᠨᠳᠦ ᠨᠣᠴᠢᠲᠠᠶ ᠤᠶᠤᠨ ᠰᠠᠨᠠᠭᠠᠨ ᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠨᠢ ᠬᠠᠯᠳᠠᠭᠳᠠᠭᠰᠠᠨ ᠬᠦᠮᠦᠨ ᠤᠶᠤᠨ ᠰᠠᠨᠠᠭᠠᠨ ᠤ ᠬᠤᠬᠢᠷᠠᠯ ᠤᠨ | ᠲᠥᠯᠥᠪᠦᠷᠢ ᠠᠪᠬᠤ ᠪᠠᠷ ᠭᠤᠶᠤᠴᠢᠯᠠᠬᠤ ᠡᠷᠬᠡ ᠲᠠᠢ᠃ | ᠮᠢᠩᠭ᠎ᠠ ᠨᠢᠭᠡ ᠵᠠᠭᠤ ᠨᠠᠶᠠᠨ ᠳᠦᠷᠪᠡᠳᠦᠭᠡᠷ ᠵᠦᠢᠯ ᠪᠣᠰᠣᠳ ᠤᠨ ᠡᠳ᠋ ᠭᠦᠷᠦᠩᠭᠡ ᠳᠤ ᠬᠠᠯᠳᠠᠭᠰᠠᠨ ᠪᠠᠶᠢᠪᠠᠯ᠂ ᠡᠳ᠋ | ᠭᠦᠷᠦᠩᠭᠡ ᠶᠢᠨ ᠬᠤᠭᠢᠷᠠᠯ ᠢ ᠬᠤᠭᠢᠷᠠᠯ ᠡᠭᠦᠰᠭᠦ ᠦᠶ᠎ᠡ ᠶᠢᠨ ᠵᠠᠬ᠎ᠠ ᠲᠠᠯᠭᠡᠭᠦᠷ ᠤᠨ ᠦᠨ᠎ᠡ ᠬᠠᠨᠭ᠍ᠰᠢ ᠪᠣᠶᠣ ᠪᠣᠰᠣᠳ | ᠵᠤᠬᠢᠰᠲᠠᠢ ᠠᠷᠭ᠎ᠠ ᠮᠠᠶ᠋ᠢᠭ ᠢᠶᠠᠷ ᠪᠣᠳᠣᠨ᠎ᠡ᠃ | ᠮᠢᠩᠭ᠎ᠠ ᠨᠢᠭᠡ ᠵᠠᠭᠤ ᠨᠠᠶᠠᠨ ᠲᠠᠪᠤᠳᠤᠭᠠᠷ ᠵᠦᠢᠯ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ | ᠡᠷᠬᠡ ᠳᠤ ᠵᠤᠷᠢᠭᠤᠳᠠ ᠬᠠᠯᠳᠠᠭᠠᠳ᠂ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠡᠷᠬᠡ ᠨᠢ | ᠬᠠᠯᠳᠠᠭᠳᠠᠭᠰᠠᠨ ᠬᠦᠮᠦᠨ ᠵᠤᠬᠢᠴᠠᠩᠭᠤᠢ ᠵᠠᠯᠬᠠᠭᠠᠨ ᠰᠢᠢᠳᠭᠡᠬᠦ ᠴᠢᠨᠠᠷᠲᠠᠢ ᠲᠦᠯᠦᠪᠦᠷᠢ ᠠᠪᠬᠤ ᠪᠠᠷ ᠭᠤᠶᠤᠴᠢᠯᠠᠬᠤ | ᠡᠷᠬᠡ ᠲᠠᠢ᠃ | ᠮᠢᠩᠭ᠎ᠠ ᠨᠢᠭᠡ ᠵᠠᠭᠤ ᠨᠠᠶᠠᠨ ᠵᠢᠷᠭᠤᠳᠤᠭᠠᠷ ᠵᠦᠢᠯ ᠬᠤᠭᠢᠷᠠᠯ ᠠᠮᠰᠠᠭᠴᠢ ᠪᠠ ᠦᠢᠯᠡ ᠠᠵᠢᠯᠯᠠᠭᠠᠲᠠᠨ ᠨᠢ | ᠬᠤᠭᠢᠷᠠᠯ ᠤᠨ ᠡᠭᠦᠰᠭᠦ ᠳᠤ ᠴᠦᠮ ᠣᠰᠣᠯ ᠦᠭᠡᠢ ᠪᠠᠶᠢᠪᠠᠯ᠂ ᠬᠠᠤᠯᠢ ᠴᠠᠭᠠᠵᠠ ᠶᠢᠨ ᠲᠤᠭᠲᠠᠭᠠᠯ ᠶᠤᠰᠤᠭᠠᠷ ᠬᠤᠶᠠᠷ | ᠲᠠᠯ᠎ᠠ ᠪᠠᠷ ᠢᠶᠠᠨ ᠬᠤᠭᠢᠷᠠᠯ ᠢ ᠬᠤᠪᠢᠶᠠᠨ ᠡᠭᠦᠷᠭᠡᠯᠡᠨ᠎ᠠ᠃ | ᠮᠢᠩᠭ᠎ᠠ ᠨᠢᠭᠡ ᠵᠠᠭᠤ ᠨᠠᠶᠠᠨ ᠳᠤᠯᠤᠳᠤᠭᠠᠷ ᠵᠦᠢᠯ ᠬᠤᠭᠢᠷᠠᠯ ᠡᠭᠦᠰᠦᠭᠰᠡᠨ ᠤ ᠲᠠᠷᠠᠭ᠎ᠠ᠂ ᠲᠣᠬᠠᠢ ᠶᠢᠨ ᠭᠦᠮᠦᠨ ᠨᠢ | ᠲᠦᠯᠦᠪᠦᠷᠢ ᠶᠢᠨ ᠵᠠᠷᠣᠳᠠᠯ ᠦᠭᠭᠦ ᠠᠷᠭ᠎ᠠ ᠮᠠᠶ᠋ᠢᠭ ᠢ ᠵᠦᠪᠳᠡᠯᠴᠡᠵᠦ ᠪᠣᠯᠣᠨ᠎ᠠ᠃ ᠵᠦᠪᠳᠡᠯᠴᠡᠭᠡᠳ ᠰᠠᠨᠠᠯ ᠨᠢᠭᠡᠳᠭᠦ | ᠦᠭᠡᠢ ᠪᠣᠯ ᠲᠦᠯᠦᠪᠦᠷᠢ ᠶᠢᠨ ᠵᠠᠷᠣᠳᠠᠯ ᠢ ᠨᠢᠭᠡ ᠯᠠ ᠣᠳᠠᠭ᠎ᠠ ᠳᠤ ᠦᠭᠭᠦ ᠭᠡᠷᠡᠭᠳᠡᠢ︔ ᠨᠢᠭᠡ ᠯᠡ ᠣᠳᠠᠭ᠎ᠠ ᠲᠠᠭᠡᠷ᠎ᠡ | ᠦᠭᠭᠦ ᠳᠤ ᠦᠨᠡᠨ ᠭᠦ ᠭᠦᠴᠢᠷᠳᠡᠢ ᠪᠠᠶᠢᠪᠠᠯ ᠬᠤᠭᠤᠴᠠᠭ᠎ᠠ ᠬᠤᠪᠢᠶᠠᠨ ᠦᠭᠴᠦ ᠪᠣᠯᠣᠨ᠎ᠡ᠂ ᠭᠡᠪᠡᠴᠦ ᠡᠷᠬᠡ ᠨᠢ | ᠬᠠᠯᠳᠠᠭᠳᠠᠭᠰᠠᠨ ᠬᠦᠮᠦᠨ ᠵᠣᠭᠢᠴᠠᠩᠭᠤᠢ ᠲᠠᠭᠠᠭᠠᠯᠳᠠ ᠬᠠᠨᠭ᠍ᠭᠠᠯᠭᠠᠬᠤ ᠪᠠᠷ ᠭᠤᠶᠤᠴᠢᠯᠠᠬᠤ ᠡᠷᠬᠡ ᠲᠠᠢ᠃ | ᠭᠤᠷᠪᠠᠳᠤᠭᠠᠷ ᠪᠦᠯᠦᠭ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠲᠣᠬᠠᠢ ᠣᠨᠴᠠᠭᠠᠢ ᠲᠣᠭᠳᠠᠭᠠᠯ | ᠮᠢᠩᠭ᠎ᠠ ᠨᠢᠭᠡ ᠵᠠᠭᠤ ᠨᠠᠶᠠᠨ ᠨᠠᠢᠮᠠᠳᠤᠭᠠᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ | ᠭᠦᠮᠦᠨ᠂ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠪᠣᠰᠣᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠬᠢᠨᠠᠨ ᠬᠠᠮᠠᠭᠠᠯᠠᠬᠴᠢ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠨ᠎ᠡ᠃ ᠬᠢᠨᠠᠨ ᠬᠠᠮᠠᠭᠠᠯᠠᠬᠴᠢ ᠨᠢ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ | ᠪᠠᠶᠢᠪᠠᠯ᠂ ᠲᠡᠭᠦᠨ ᠤ ᠡᠷᠭᠡ ᠳᠤ ᠬᠠᠯᠳᠠᠭᠰᠠᠨ ᠬᠠᠷᠢᠭᠤᠴᠠᠯᠭ᠎ᠠ ᠶᠢ ᠭᠦᠡᠭᠭᠡᠷᠡᠭᠦᠯᠵᠦ ᠪᠣᠯᠣᠨ᠎ᠡ᠃ | ᠡᠳ᠋ ᠭᠦᠷᠦᠩᠭᠡ ᠲᠠᠢ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ ᠭᠦᠮᠦᠨ᠂ ᠢᠷᠭᠡᠨ ᠤ | ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠲᠣᠰ ᠭᠦᠮᠦᠨ ᠤ ᠡᠳ᠋ ᠭᠦᠷᠦᠩᠭᠡ ᠶᠢᠨ ᠲᠣᠳᠣᠷ᠎ᠠ ᠠᠴᠠ ᠲᠦᠯᠦᠪᠦᠷᠢ ᠶᠢᠨ ᠵᠠᠷᠣᠳᠠᠯ ᠢ | ᠭᠠᠷᠭᠠᠵᠤ ᠦᠭᠭᠦᠨ᠎ᠡ︔ ᠬᠦᠷᠦᠯᠴᠡᠬᠦ ᠦᠭᠡᠢ ᠭᠡᠰᠡᠭ ᠢ ᠨᠢ ᠬᠢᠨᠠᠨ ᠬᠠᠮᠠᠭᠠᠯᠠᠬᠴᠢ ᠲᠦᠯᠦᠨ᠎ᠡ᠃ | ᠮᠢᠩᠭ᠎ᠠ ᠨᠢᠭᠡ ᠵᠠᠭᠤ ᠨᠠᠶᠠ ᠶᠢᠰᠦᠳᠦᠭᠡᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ | ᠭᠦᠮᠦᠨ᠂ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠪᠣᠰᠣᠳ ᠲᠤ | ᠬᠤᠭᠢᠷᠠᠯ ᠣᠴᠠᠷᠠᠭᠤᠯᠵᠤ᠂ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠪᠤᠰᠤᠳ ᠲᠤ ᠨᠠᠶᠢᠳᠠᠭᠰᠠᠨ ᠪᠠᠶᠢᠪᠠᠯ᠂ ᠬᠢᠨᠠᠨ ᠬᠠᠮᠠᠭᠠᠯᠠᠬᠴᠢ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ︔ ᠨᠠᠶᠢᠳᠠᠯᠭ᠎ᠠ ᠬᠦᠯᠢᠶᠡᠭᠴᠢ ᠤᠰᠤᠯ ᠲᠠᠢ ᠪᠠᠶᠢᠪᠠᠯ᠂ ᠵᠤᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠨᠢᠭᠡ ᠵᠠᠭᠤ ᠶᠡᠷᠡᠳᠦᠭᠡᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ | ᠭᠦᠮᠦᠨ ᠦᠪᠡᠷ ᠤᠨ ᠦᠢᠯᠡ ᠠᠵᠢᠯᠯᠠᠭ᠎ᠠ ᠪᠠᠨ ᠲᠦᠷ ᠴᠠᠭ ᠮᠡᠳᠡᠬᠦ ᠦᠬᠡᠢ ᠪᠤᠯᠤᠭᠰᠠᠨ ᠪᠣᠶᠣ ᠡᠵᠡᠮᠳᠠᠵᠦ ᠲᠠᠶᠢᠯᠬᠦ | ᠦᠭᠡᠢ ᠪᠤᠯᠤᠭᠰᠠᠨ ᠠᠴᠠ ᠪᠣᠯᠵᠦ ᠪᠣᠰᠣᠳ ᠲᠤ ᠬᠤᠭᠢᠷᠠᠯ ᠣᠴᠠᠷᠠᠭᠤᠯᠣᠭᠠᠳ ᠣᠰᠣᠯ ᠲᠠᠢ ᠪᠠᠶᠢᠪᠠᠯ᠂ ᠡᠷᠭᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠣᠰᠣᠯ ᠦᠭᠡᠢ ᠪᠠᠶᠢᠪᠠᠯ᠂ ᠦᠢᠯᠡ ᠠᠵᠢᠯᠯᠠᠭᠠᠲᠠᠨ ᠤ ᠠᠵᠦ | ᠠᠬᠤᠢ ᠶᠢᠨ ᠪᠠᠶᠢᠳᠠᠯ ᠢ ᠦᠨᠳᠣᠰᠣᠯᠡᠵᠦ ᠬᠤᠭᠢᠷᠠᠯ ᠠᠮᠰᠠᠬᠴᠢ ᠳᠤ ᠵᠣᠭᠢᠴᠠᠩᠭᠤᠢ ᠨᠦᠬᠦᠪᠦᠷᠢ ᠦᠭᠭᠦᠬᠦᠯᠦᠨᠡ᠃ | ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ ᠭᠦᠮᠦᠨ ᠠᠷᠢᠭᠢᠨ ᠳᠤ ᠰᠣᠭᠳᠣᠬᠰᠠᠨ᠂ | ᠮᠢᠨᠴᠦᠭᠦᠷᠡᠭᠦᠯᠭᠦ ᠡᠮ ᠪᠣᠶᠣ ᠮᠡᠳᠡᠷᠠᠯ ᠤᠨ ᠡᠮ ᠢ ᠲᠣᠷ᠎ᠠ ᠪᠠᠷ ᠢᠶᠠᠨ ᠭᠡᠷᠡᠭᠯᠡᠭᠰᠡᠨ ᠠᠴᠠ ᠪᠣᠯᠵᠦ ᠦᠪᠡᠷ ᠤᠨ ᠦᠢᠯᠡ | ᠠᠵᠢᠯᠯᠠᠭ᠎ᠠ ᠪᠠᠨ ᠲᠦᠷ ᠴᠠᠭ ᠮᠡᠳᠡᠬᠦ ᠥᠭᠡᠢ ᠪᠣᠯᠣᠭᠰᠠᠨ ᠪᠣᠶᠣ ᠡᠵᠡᠮᠳᠡᠵᠥ ᠲᠠᠶᠢᠯᠭᠦ ᠦᠭᠡᠢ ᠪᠤᠯᠤᠭᠰᠠᠨ ᠠᠴᠠ | ᠪᠣᠯᠵᠦ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ | ᠬᠡᠷᠡᠭᠳᠡᠢ᠃ | ᠮᠢᠩᠭ᠎ᠠ ᠨᠢᠭᠡ ᠵᠠᠭᠤ ᠶᠡᠷᠡᠨ ᠨᠢᠭᠡᠳᠦᠭᠡᠷ ᠵᠦᠢᠯ ᠭᠦᠮᠦᠨ ᠭᠡᠷᠡᠭᠯᠡᠭᠦ ᠨᠢᠭᠡᠴᠢ ᠶᠢᠨ ᠠᠵᠢᠯᠳᠠᠨ ᠠᠵᠢᠯ ᠤᠨ ᠡᠭᠦᠷᠭᠡ ᠪᠠᠨ | ᠭᠦᠢᠴᠡᠳᠭᠡᠭᠦ ᠶᠢᠨ ᠬᠠᠷᠠᠭ᠎ᠠ ᠪᠠᠷ ᠪᠣᠰᠣᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ᠂ ᠭᠦᠮᠦᠨ ᠭᠡᠷᠡᠭᠯᠡᠭᠦ ᠨᠢᠭᠡᠴᠢ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠬᠦᠮᠦᠨ ᠬᠡᠷᠡᠭᠯᠡᠬᠦ ᠨᠢᠭᠡᠴᠢ ᠡᠷᠬᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠰᠡᠨ ᠤ ᠳᠠᠷᠠᠭ᠎ᠠ᠂ ᠵᠤᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠭᠠᠷᠭᠠᠭᠰᠠᠨ | ᠠᠵᠢᠯᠲᠠᠨ ᠢᠶᠠᠷ ᠨᠡᠬᠡᠮᠵᠢᠯᠡᠨ ᠲᠦᠯᠦᠭᠦᠯᠵᠦ ᠪᠤᠯᠤᠨ᠎ᠠ᠃ | ᠭᠦᠳᠡᠯᠮᠦᠷᠢ ᠦᠢᠯᠡᠴᠢᠯᠡᠭᠡ ᠲᠣᠮᠢᠯᠠᠬᠤ ᠬᠤᠭᠤᠴᠠᠭᠠᠨ ᠳᠤ᠂ ᠲᠣᠮᠢᠯᠠᠭᠳᠠᠭᠰᠠᠨ ᠠᠵᠢᠯᠳᠠᠨ ᠨᠢ ᠠᠵᠢᠯ ᠤᠨ | ᠡᠭᠦᠷᠭᠡ ᠪᠠᠨ ᠭᠦᠢᠴᠡᠳᠭᠡᠭᠦ ᠶᠢᠨ ᠬᠠᠷᠠᠭ᠎ᠠ ᠪᠠᠷ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠭᠦᠳᠡᠯᠮᠦᠷᠢ | ᠦᠢᠯᠡᠴᠢᠯᠡᠭᠡ ᠶᠢᠨ ᠲᠣᠮᠢᠯᠠᠯᠳᠠ ᠶᠢ ᠭᠦᠯᠢᠶᠡᠨ ᠠᠪᠣᠭᠰᠡᠨ ᠭᠦᠮᠦᠨ ᠭᠡᠷᠡᠭᠯᠡᠭᠦ ᠨᠢᠭᠡᠴᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠨ᠎ᠡ︔ ᠭᠦᠳᠡᠯᠮᠦᠷᠢ ᠦᠢᠯᠡᠴᠢᠯᠡᠭᠡ ᠲᠣᠮᠢᠯᠠᠬᠰᠠᠨ ᠨᠢᠭᠡᠴᠢ ᠣᠰᠣᠯ ᠲᠠᠢ ᠪᠠᠶᠢᠪᠠᠯ᠂ | ᠵᠣᠭᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠠ᠃ | ᠮᠢᠩᠭ᠎ᠠ ᠨᠢᠭᠡ ᠵᠠᠭᠤ ᠶᠡᠷᠡᠨ ᠬᠤᠶᠠᠳᠤᠭᠠᠷ ᠵᠦᠢᠯ ᠬᠤᠪᠢ ᠭᠦᠮᠦᠨ ᠤ ᠬᠤᠭᠤᠷᠣᠨᠳᠦ ᠭᠦᠳᠡᠯᠮᠦᠷᠢ ᠦᠢᠯᠡᠴᠢᠯᠡᠭᠡᠨ ᠤ | ᠬᠠᠷᠢᠴᠠᠭ᠎ᠠ ᠪᠦᠷᠢᠯᠳᠦᠵᠦ᠂ ᠭᠦᠳᠡᠯᠮᠦᠷᠢ ᠦᠢᠯᠡᠴᠢᠯᠡᠭᠡ ᠬᠠᠨᠭ᠍ᠭᠠᠬᠤ ᠲᠠᠯ᠎ᠠ ᠨᠢ ᠭᠦᠳᠡᠯᠮᠦᠷᠢ ᠦᠢᠯᠡᠴᠢᠯᠡᠭᠡ ᠠᠴᠠ ᠪᠠᠨ | ᠪᠣᠯᠵᠦ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠭᠦᠳᠡᠯᠮᠦᠷᠢ ᠦᠢᠯᠡᠴᠢᠯᠡᠭᠡ ᠶᠢ ᠭᠦᠯᠢᠶᠡᠨ ᠠᠪᠣᠭᠰᠡᠨ | ᠲᠠᠯ᠎ᠠ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠭᠦᠳᠡᠯᠮᠦᠷᠢ ᠦᠢᠯᠡᠴᠢᠯᠡᠭᠡ ᠶᠢ ᠭᠦᠯᠢᠶᠡᠨ ᠠᠪᠣᠭᠰᠡᠨ ᠲᠠᠯ᠎ᠠ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ | ᠡᠭᠦᠷᠭᠡᠯᠡᠭᠰᠡᠨ ᠤ ᠳᠠᠷᠠᠭ᠎ᠠ᠂ ᠵᠤᠷᠢᠭᠤᠳᠠ ᠬᠢᠭᠰᠡᠨ ᠪᠤᠶᠤ ᠬᠦᠨᠳᠦ ᠶᠡᠭᠡ ᠠᠳᠡᠯ ᠭᠠᠷᠭᠠᠭᠰᠠᠨ ᠬᠦᠳᠡᠯᠮᠦᠷᠢ | ᠦᠢᠯᠡᠴᠢᠯᠡᠭᠡ ᠬᠠᠩᠭᠠᠭᠰᠠᠨ ᠲᠠᠯ᠎ᠠ ᠪᠠᠷ ᠨᠡᠬᠡᠮᠵᠢᠯᠡᠨ ᠲᠦᠯᠦᠭᠦᠯᠵᠦ ᠪᠤᠯᠤᠨ᠎ᠠ᠃ ᠭᠦᠳᠡᠯᠮᠦᠷᠢ ᠦᠢᠯᠡᠴᠢᠯᠡᠭᠡ | ᠬᠠᠨᠭ᠍ᠭᠠᠭᠰᠠᠨ ᠲᠠᠯ᠎ᠠ ᠨᠢ ᠭᠦᠳᠡᠯᠮᠦᠷᠢ ᠦᠢᠯᠡᠴᠢᠯᠡᠭᠡ ᠠᠴᠠ ᠪᠣᠯᠵᠦ ᠬᠤᠭᠢᠷᠠᠯ ᠳᠤ ᠣᠴᠠᠷᠠᠭᠰᠠᠨ ᠪᠠᠶᠢᠪᠠᠯ᠂ ᠬᠤᠶᠠᠷ | ᠲᠠᠯ᠎ᠠ ᠨᠢ ᠲᠣᠰ ᠪᠦᠷᠢ ᠶᠢᠨ ᠣᠰᠣᠯ ᠢᠶᠠᠨ ᠦᠨᠳᠣᠰᠣᠯᠡᠵᠦ ᠵᠣᠭᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ᠃ | ᠬᠥᠳᠡᠯᠮᠦᠷᠢ ᠦᠢᠯᠡᠴᠢᠯᠡᠭᠡ ᠬᠠᠩᠭᠠᠬᠤ ᠬᠤᠭᠤᠴᠠᠭᠠᠨ ᠳᠤ᠂ ᠭᠤᠷᠪᠠᠳᠠᠬᠢ ᠬᠥᠮᠦᠨ ᠤ ᠦᠢᠯᠡ ᠠᠵᠢᠯᠯᠠᠭ᠎ᠠ ᠠᠴᠠ | ᠪᠤᠯᠵᠤ ᠬᠥᠳᠡᠯᠮᠦᠷᠢ ᠦᠢᠯᠡᠴᠢᠯᠡᠭᠡ ᠬᠠᠩᠭᠠᠭᠰᠠᠨ ᠲᠠᠯ᠎ᠠ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠥᠳᠡᠯᠮᠦᠷᠢ | ᠦᠢᠯᠡᠴᠢᠯᠡᠭᠡ ᠬᠠᠩᠭᠠᠬᠰᠠᠨ ᠲᠠᠯ᠎ᠠ ᠨᠢ ᠭᠤᠷᠪᠠᠳᠠᠬᠢ ᠬᠥᠮᠦᠨ ᠢᠶᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠂ ᠪᠠᠰᠠ ᠬᠥᠳᠡᠯᠮᠦᠷᠢ ᠦᠢᠯᠡᠴᠢᠯᠡᠭᠡ ᠶᠢ ᠬᠦᠯᠢᠶᠡᠨ ᠠᠪᠤᠭᠰᠠᠨ | ᠲᠠᠯ᠎ᠠ ᠪᠠᠷ ᠨᠦᠬᠦᠪᠦᠷᠢ ᠦᠭᠬᠦᠬᠦᠯᠬᠦ ᠪᠠᠷ ᠭᠤᠶᠤᠴᠢᠯᠠᠬᠤ ᠡᠷᠬᠡ ᠲᠠᠢ᠃ ᠬᠥᠳᠡᠯᠮᠦᠷᠢ ᠦᠢᠯᠡᠴᠢᠯᠡᠭᠡ ᠶᠢ ᠬᠦᠯᠢᠶᠡᠨ | ᠠᠪᠤᠭᠰᠠᠨ ᠲᠠᠯ᠎ᠠ ᠨᠢ ᠨᠦᠬᠦᠪᠦᠷᠢ ᠦᠭᠭᠦᠭᠰᠡᠨ ᠤ ᠳᠠᠷᠠᠭ᠎ᠠ᠂ ᠭᠤᠷᠪᠠᠳᠠᠬᠢ ᠬᠥᠮᠥᠨ ᠢᠶᠠᠷ ᠨᠡᠬᠡᠮᠵᠢᠯᠡᠨ ᠲᠦᠯᠦᠭᠦᠯᠵᠦ | ᠪᠣᠯᠤᠨ᠎ᠠ᠃ | ᠮᠢᠩᠭ᠎ᠠ ᠨᠢᠭᠡ ᠵᠠᠭᠤ ᠶᠡᠷᠡᠨ ᠭᠤᠷᠪᠠᠳᠤᠭᠠᠷ ᠵᠦᠢᠯ ᠳᠠᠭᠠᠭᠠᠨ ᠠᠪᠤᠭᠴᠢ ᠠᠵᠢᠯ ᠢᠶᠠᠨ ᠪᠡᠶᠡᠯᠡᠭᠦᠯᠬᠦ ᠶᠠᠪᠤᠴᠠ ᠳᠤ | ᠭᠤᠷᠪᠠᠳᠠᠬᠢ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠤᠶᠤ ᠥᠪᠡᠰᠦᠪᠡᠨ ᠬᠤᠬᠢᠷᠠᠯ ᠳᠤ ᠤᠴᠠᠷᠠᠭᠰᠠᠨ ᠪᠠᠶᠢᠪᠠᠯ᠂ | ᠵᠠᠬᠢᠶᠠᠯᠠᠨ ᠬᠢᠯᠭᠡᠭᠴᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠦᠭᠡᠢ᠃ ᠭᠡᠪᠡᠴᠦ ᠵᠠᠬᠢᠶᠠᠯᠠᠨ | ᠬᠢᠯᠭᠡᠭᠴᠢ ᠶᠢᠨ ᠵᠠᠬᠢᠶᠠᠯᠠᠨ ᠬᠢᠯᠭᠡᠭᠰᠡᠨ᠂ ᠵᠢᠭᠠᠪᠤᠷᠢ ᠥᠭᠭᠦᠭᠰᠡᠨ ᠪᠤᠶᠤ ᠰᠣᠩᠭᠤᠨ ᠲᠣᠮᠢᠯᠠᠭᠰᠠᠨ ᠨᠢ ᠤᠰᠤᠯ ᠲᠠᠢ | ᠪᠠᠶᠢᠪᠠᠯ᠂ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠮᠢᠩᠭ᠎ᠠ ᠨᠢᠭᠡ ᠵᠠᠭᠤ ᠶᠡᠷᠡᠨ ᠳᠦᠷᠪᠡᠳᠦᠭᠡᠷ ᠵᠦᠢᠯ ᠰᠦᠯᠵᠢᠶᠡᠨ ᠭᠡᠷᠡᠭᠯᠡᠭᠴᠢ᠂ ᠰᠦᠯᠵᠢᠶᠠᠨ ᠦᠢᠯᠡᠴᠢᠯᠡᠭᠡ | ᠬᠠᠨᠭ᠍ᠭᠠᠭᠴᠢ ᠰᠦᠯᠵᠢᠶ᠎ᠡ ᠶᠢ ᠠᠰᠢᠬᠯᠠᠨ ᠪᠣᠰᠣᠳ ᠤᠨ ᠢᠷᠭᠡᠨ ᠤ ᠭᠡᠷᠡᠭ ᠤᠨ ᠡᠷᠭᠡ ᠠᠰᠢᠭ ᠲᠤ ᠬᠠᠯᠳᠠᠭᠰᠠᠨ ᠪᠠᠶᠢᠪᠠᠯ | ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ ᠬᠠᠤᠯᠢ ᠴᠠᠭᠠᠵᠠ ᠳᠤ ᠠᠰᠲᠠᠭᠠᠨ | ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃ | ᠮᠢᠩᠭ᠎ᠠ ᠨᠢᠭᠡ ᠵᠠᠭᠤ ᠶᠡᠷᠡᠨ ᠲᠠᠪᠤᠳᠤᠭᠠᠷ ᠵᠦᠢᠯ ᠰᠦᠯᠵᠢᠶᠡᠨ ᠭᠡᠷᠡᠭᠯᠡᠭᠴᠢ ᠰᠦᠯᠵᠢᠶᠠᠨ ᠦᠢᠯᠡᠴᠢᠯᠡᠭᠡ ᠶᠢ | ᠠᠰᠢᠬᠯᠠᠵᠦ ᠡᠷᠭᠡ ᠳᠤ ᠬᠠᠯᠳᠠᠬᠰᠠᠨ ᠦᠢᠯᠡ ᠠᠵᠢᠯᠯᠠᠭ᠎ᠠ ᠭᠢᠭᠰᠡᠨ ᠪᠠᠶᠢᠪᠠᠯ᠂ ᠡᠷᠭᠡᠲᠦ ᠬᠦᠮᠦᠨ ᠨᠢ ᠰᠦᠯᠵᠢᠶᠠᠨ | ᠦᠢᠯᠡᠴᠢᠯᠡᠭᠡ ᠬᠠᠨᠭ᠍ᠭᠠᠭᠴᠢ ᠳᠤ ᠮᠡᠳᠡᠭᠳᠡᠵᠦ ᠬᠠᠰᠦᠵᠦ ᠬᠠᠶᠠᠬᠤ᠂ ᠬᠠᠯᠬᠠᠯᠠᠬᠤ᠂ ᠴᠦᠷᠭᠡᠯᠡᠭᠡ ᠶᠢ ᠲᠠᠰᠤᠯᠬᠤ ᠵᠡᠷᠭᠡ | ᠴᠢᠬᠤᠯᠠ ᠪᠦᠭᠦᠢ ᠠᠷᠭ᠎ᠠ ᠭᠡᠮᠵᠢᠶ᠎ᠡ ᠠᠪᠣᠭᠤᠯᠬᠤ ᠡᠷᠭᠡ ᠲᠠᠢ᠃ ᠮᠡᠳᠡᠭᠳᠡᠯ ᠳᠤ ᠡᠷᠬᠡ ᠳᠤ ᠬᠠᠯᠳᠠᠭᠰᠠᠨ ᠠᠩᠬ᠎ᠠ | ᠠᠯᠬᠤᠮ ᠤᠨ ᠭᠡᠷᠡᠴᠢ ᠪᠠᠷᠢᠮᠲᠠ ᠵᠢᠴᠢ ᠡᠷᠭᠡᠲᠦ ᠬᠦᠮᠦᠨ ᠤ ᠦᠨᠡᠨ ᠪᠤᠳᠠᠲᠠᠢ ᠪᠡᠶ᠎ᠡ ᠬᠡᠮ ᠤᠨ ᠮᠡᠳᠡᠭᠡ ᠵᠠᠩᠭᠢ ᠶᠢ | ᠪᠠᠭᠲᠠᠭᠠᠬᠤ ᠬᠡᠷᠡᠭᠲᠡᠢ᠃ | ᠰᠦᠯᠵᠢᠶᠠᠨ ᠦᠢᠯᠡᠴᠢᠯᠡᠭᠡ ᠬᠠᠨᠭ᠍ᠭᠠᠭᠴᠢ ᠮᠡᠳᠡᠭᠳᠡᠯ ᠢ ᠣᠯᠣᠭᠰᠠᠨ ᠤ ᠲᠠᠷᠠᠭ᠎ᠠ᠂ ᠲᠤᠰ ᠮᠡᠳᠡᠭᠳᠡᠯ ᠢ ᠴᠠᠭ | ᠲᠤᠬᠠᠢ ᠳᠤᠨᠢ ᠬᠠᠮᠢᠶ᠎ᠠ ᠪᠦᠬᠦᠢ ᠰᠦᠯᠵᠢᠶᠡᠨ ᠬᠡᠷᠡᠭᠯᠡᠭᠴᠢ ᠳᠤ ᠳᠠᠮᠵᠢᠭᠤᠯᠤᠨ ᠬᠦᠷᠭᠡᠬᠦ ᠶᠢᠨ ᠬᠠᠮᠲᠤ ᠡᠷᠬᠡ ᠳᠤ | ᠬᠠᠯᠳᠠᠭᠰᠠᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠠᠩᠬ᠎ᠠ ᠠᠯᠬᠤᠮ ᠤᠨ ᠭᠡᠷᠡᠴᠢ ᠪᠠᠷᠢᠮᠲᠠ ᠪᠠ | ᠦᠢᠯᠡᠴᠢᠯᠡᠭᠡᠨ ᠤ ᠲᠦᠷᠦᠯ ᠵᠦᠢᠯ ᠢ ᠦᠨᠳᠦᠰᠦᠯᠡᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠢ︔ ᠴᠠᠭ | ᠲᠣᠬᠠᠢ ᠳᠤᠨᠢ ᠴᠢᠬᠤᠯᠠ ᠪᠦᠭᠦᠢ ᠠᠷᠭ᠎ᠠ ᠭᠡᠮᠵᠢᠶ᠎ᠠ ᠠᠪᠣᠭᠰᠠᠨ ᠦᠭᠡᠢ ᠪᠠᠶᠢᠪᠠᠯ᠂ ᠬᠤᠭᠢᠷᠠᠯ ᠤᠨ ᠶᠠᠭᠡᠰᠦᠭᠰᠡᠨ | ᠭᠡᠰᠡᠭ ᠲᠤ ᠲᠣᠰ ᠰᠦᠯᠵᠢᠶᠡᠨ ᠭᠡᠷᠡᠭᠯᠡᠭᠴᠢ ᠲᠠᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠠ᠃ | ᠡᠷᠬᠡᠲᠦ ᠬᠥᠮᠥᠨ ᠪᠤᠷᠤᠭᠤ ᠮᠡᠳᠡᠭᠳᠡᠭᠰᠡᠨ ᠠᠴᠠ ᠪᠤᠯᠵᠤ ᠰᠦᠯᠵᠢᠶᠡᠨ ᠬᠡᠷᠡᠭᠯᠡᠭᠴᠢ ᠪᠤᠶᠤ ᠰᠦᠯᠵᠢᠶᠡᠨ ᠦᠢᠯᠡᠴᠢᠯᠡᠭᠡ | ᠬᠠᠩᠭᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠶ᠃ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ | ᠶᠠᠪᠤᠭᠤᠯᠤᠨ᠎ᠠ᠃ | ᠮᠢᠩᠭ᠎ᠠ ᠨᠢᠭᠡ ᠵᠠᠭᠤ ᠶᠡᠷᠡᠨ ᠵᠢᠷᠭᠤᠳᠤᠭᠠᠷ ᠵᠦᠢᠯ ᠰᠦᠯᠵᠢᠶᠡᠨ ᠬᠡᠷᠡᠭᠯᠡᠭᠴᠢ ᠳᠠᠮᠵᠢᠭᠤᠯᠤᠨ ᠬᠦᠷᠭᠡᠬᠦ ᠮᠡᠳᠡᠭᠳᠡᠯ ᠢ | ᠣᠯᠤᠭᠰᠠᠨ ᠤ ᠲᠠᠷᠠᠭ᠎ᠠ᠂ ᠰᠦᠯᠵᠢᠶᠡᠨ ᠦᠢᠯᠡᠴᠢᠯᠡᠭᠡ ᠬᠠᠩᠭᠠᠭᠴᠢ ᠳᠤ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ | ᠣᠷᠣᠰᠢᠬᠤ ᠦᠭᠡᠢ ᠭᠡᠰᠡᠨ ᠢᠯᠡᠷᠬᠡᠶᠢᠯᠡᠯᠲᠡ ᠲᠤᠰᠢᠶᠠᠵᠤ ᠪᠣᠯᠤᠨ᠎ᠠ᠃ ᠢᠯᠡᠷᠬᠡᠶᠢᠯᠡᠯᠲᠡ ᠳᠤ ᠡᠷᠬᠡ ᠳᠤ ᠬᠠᠯᠳᠠᠭᠰᠠᠨ | ᠦᠢᠯᠡ ᠠᠵᠢᠯᠯᠠᠭ᠎ᠠ ᠦᠯᠦ ᠣᠷᠣᠰᠢᠬᠤ ᠠᠩᠬ᠎ᠠ ᠠᠯᠬᠤᠮ ᠤᠨ ᠭᠡᠷᠡᠴᠢ ᠪᠠᠷᠢᠮᠲᠠ ᠵᠢᠴᠢ ᠰᠦᠯᠵᠢᠶᠡᠨ | ᠬᠡᠷᠡᠭᠯᠡᠭᠴᠢ ᠶᠢᠨ ᠦᠨᠡᠨ ᠪᠤᠳᠠᠲᠠᠢ ᠪᠡᠶ᠎ᠡ ᠭᠡᠮ ᠤᠨ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠶ᠃ | ᠰᠦᠯᠵᠢᠶᠡᠨ ᠦᠢᠯᠡᠴᠢᠯᠡᠭᠡ ᠬᠠᠩᠭᠠᠭᠴᠢ ᠢᠯᠡᠷᠬᠡᠶᠢᠯᠡᠯᠲᠡ ᠶᠢ ᠣᠯᠤᠭᠰᠠᠨ ᠤ ᠲᠠᠷᠠᠭ᠎ᠠ᠂ ᠲᠤᠰ ᠢᠯᠡᠷᠬᠡᠶᠢᠯᠡᠯᠲᠡ ᠶᠢ | ᠮᠡᠳᠡᠭᠳᠡᠯ ᠭᠠᠷᠭᠠᠭᠰᠠᠨ ᠡᠷᠬᠡᠲᠦ ᠬᠥᠮᠦᠨ ᠳᠤ ᠳᠠᠮᠵᠢᠭᠤᠯᠤᠨ ᠬᠦᠷᠭᠡᠬᠦ ᠬᠡᠷᠡᠭᠲᠡᠶ ᠪᠥᠭᠡᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠵᠠᠭᠠᠯᠳᠤᠬᠤ ᠪᠤᠶᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠣᠯᠬᠤ ᠶᠢ | ᠲᠡᠭᠦᠨ ᠳᠤ ᠬᠡᠯᠡᠵᠦ ᠥᠭᠬᠦ ᠬᠡᠷᠡᠭᠲᠡᠶ᠃ ᠰᠦᠯᠵᠢᠶᠡᠨ ᠦᠢᠯᠡᠴᠢᠯᠡᠭᠡ ᠬᠠᠩᠭᠠᠭᠴᠢ ᠨᠢ ᠢᠯᠡᠷᠬᠡᠶᠢᠯᠡᠯᠲᠡ ᠶᠢ ᠡᠷᠬᠡᠲᠦ | ᠬᠥᠮᠦᠨ ᠳᠤ ᠰᠢᠯᠵᠢᠭᠦᠯᠦᠨ ᠬᠦᠷᠭᠡᠭᠰᠡᠨ ᠤ ᠳᠠᠷᠠᠭᠠᠬᠢ ᠵᠦᠶ ᠵᠣᠬᠢᠰᠲᠠᠶ ᠬᠤᠭᠤᠴᠠᠭᠠᠨ ᠤ ᠳᠣᠲᠣᠷ᠎ᠠ᠂ ᠡᠷᠬᠡᠲᠦ | ᠬᠥᠮᠦᠨ ᠤ ᠨᠢᠭᠡᠨᠲᠡ ᠵᠠᠭᠠᠯᠳᠤᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠮᠡᠳᠡᠭᠳᠡᠯ ᠢ ᠣᠯᠤᠭᠰᠠᠨ ᠦᠭᠡᠢ ᠪᠠᠶᠢᠪᠠᠯ᠂ | ᠠᠪᠤᠭᠰᠠᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤᠨᠢ ᠳᠠᠭᠤᠰᠬᠠᠬᠤ ᠬᠡᠷᠡᠭᠲᠡᠶ᠃ | ᠮᠢᠩᠭ᠎ᠠ ᠨᠢᠭᠡ ᠵᠠᠭᠤ ᠶᠡᠷᠡᠨ ᠳᠣᠯᠣᠳᠤᠭᠠᠷ ᠵᠦᠢᠯ ᠰᠦᠯᠵᠢᠶᠡᠨ ᠦᠢᠯᠡᠴᠢᠯᠡᠭᠡ ᠬᠠᠩᠭᠠᠭᠴᠢ ᠨᠢ ᠰᠦᠯᠵᠢᠶᠡᠨ | ᠬᠡᠷᠡᠭᠯᠡᠭᠴᠢ ᠶᠢᠨ ᠰᠦᠯᠵᠢᠶᠡᠨ ᠦᠢᠯᠡᠴᠢᠯᠡᠭᠡ ᠶᠢ ᠠᠰᠢᠬᠯᠠᠨ ᠪᠤᠰᠤᠳ ᠤᠨ ᠢᠷᠭᠡᠨ ᠤ ᠬᠡᠷᠡᠭ ᠤᠨ ᠡᠷᠬᠡ ᠠᠰᠢᠭ ᠲᠤ | ᠬᠠᠯᠳᠠᠭᠰᠠᠨ ᠢ ᠮᠡᠳᠡᠭᠰᠡᠨ ᠪᠤᠶᠤ ᠮᠡᠳᠡᠬᠦ ᠶᠣᠰᠣᠲᠠᠶ ᠪᠠᠶᠢᠲᠠᠯ᠎ᠠ ᠪᠠᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ | ᠦᠭᠡᠢ ᠪᠠᠶᠢᠪᠠᠯ᠂ ᠲᠤᠰ ᠰᠦᠯᠵᠢᠶᠡᠨ ᠬᠡᠷᠡᠭᠯᠡᠭᠴᠢ ᠲᠠᠢ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠨᠢᠭᠡ ᠵᠠᠭᠤ ᠶᠡᠷᠡᠨ ᠨᠠᠢᠮᠠᠳᠤᠭᠠᠷ ᠵᠦᠢᠯ ᠵᠣᠴᠢᠳ ᠤᠨ ᠪᠠᠭᠤᠳᠠᠯ᠂ ᠬᠤᠳᠠᠯᠳᠣᠭᠠᠨ ᠤ ᠲᠠᠯᠠᠪᠠᠢ᠂ ᠪᠠᠩᠭᠢ᠂ | ᠲᠡᠷᠭᠡᠨ ᠦᠷᠳᠡᠭᠡ᠂ ᠨᠢᠰᠭᠡᠯ ᠤᠨ ᠪᠠᠭᠤᠳᠠᠯ᠂ ᠪᠡᠶ᠎ᠡ ᠶᠢᠨ ᠲᠠᠮᠢᠷ ᠤᠨ ᠲᠠᠯᠠᠪᠤᠷ ᠤᠷᠳᠤᠨ᠂ ᠵᠤᠭ᠎ᠠ ᠴᠡᠩᠭᠡᠯ ᠤᠨ | ᠭᠠᠵᠠᠷ ᠵᠡᠷᠭᠡ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠨᠠᠶᠢᠳᠠ ᠶᠢᠨ ᠲᠠᠯᠡᠪᠣᠷ ᠤᠨ ᠡᠵᠡᠩᠨᠡᠭᠴᠢ᠂ | ᠬᠠᠮᠢᠶᠠᠷᠣᠭᠴᠢ ᠪᠣᠶᠣ ᠣᠯᠠᠨ ᠲᠦᠮᠡᠨᠴᠢ ᠴᠢᠨᠠᠷᠳᠠᠢ ᠠᠵᠢᠯᠯᠠᠭ᠎ᠠ ᠶᠢᠨ ᠵᠣᠭᠢᠶᠠᠨ ᠪᠠᠶᠢᠭᠤᠯᠣᠭᠴᠢ ᠠᠮᠣᠷ ᠲᠦᠪᠰᠢᠨ ᠢ | ᠪᠠᠳᠣᠯᠠᠬᠤ ᠡᠭᠦᠷᠭᠡ ᠪᠠᠨ ᠦᠯᠦ ᠭᠦᠢᠴᠡᠳᠭᠡᠵᠦ᠂ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ | ᠭᠤᠷᠪᠠᠳᠠᠭᠢ ᠭᠦᠮᠦᠨ ᠤ ᠦᠢᠯᠡ ᠠᠵᠢᠯᠯᠠᠭ᠎ᠠ ᠠᠴᠠ ᠪᠣᠯᠵᠦ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ | ᠭᠤᠷᠪᠠᠳᠠᠭᠢ ᠭᠦᠮᠦᠨ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠠ︔ ᠡᠵᠡᠩᠨᠡᠭᠴᠢ᠂ ᠬᠠᠮᠢᠶᠠᠷᠣᠭᠴᠢ ᠪᠣᠶᠣ | ᠵᠣᠭᠢᠶᠠᠨ ᠪᠠᠶᠢᠭᠤᠯᠣᠭᠴᠢ ᠠᠮᠦᠷ ᠲᠦᠪᠰᠢᠨ ᠢ ᠪᠠᠳᠣᠯᠠᠬᠤ ᠡᠭᠦᠷᠭᠡ ᠪᠠᠨ ᠭᠦᠢᠴᠡᠳᠭᠡᠭᠰᠡᠨ ᠦᠭᠡᠢ ᠪᠠᠶᠢᠪᠠᠯ᠂ | ᠵᠣᠭᠢᠴᠠᠩᠭᠤᠢ ᠨᠦᠭᠦᠪᠦᠷᠢᠯᠡᠬᠦ ᠬᠠᠷᠢᠭᠤᠴᠠᠯᠭ᠎ᠠ ᠡᠭᠦᠷᠭᠡᠯᠡᠨ᠎ᠠ᠃ ᠡᠵᠡᠩᠨᠡᠭᠴᠢ᠂ ᠬᠠᠮᠢᠶᠠᠷᠤᠭᠴᠢ ᠪᠤᠶᠤ ᠵᠤᠬᠢᠶᠠᠨ | ᠪᠠᠶᠢᠭᠤᠯᠤᠭᠴᠢ ᠨᠦᠬᠦᠪᠦᠷᠢᠯᠡᠬᠦ ᠬᠠᠷᠢᠭᠤᠴᠠᠯᠭ᠎ᠠ ᠡᠭᠦᠷᠭᠡᠯᠡᠭᠰᠡᠨ ᠤ ᠳᠠᠷᠠᠭ᠎ᠠ᠂ ᠭᠤᠷᠪᠠᠳᠠᠬᠢ ᠬᠦᠮᠦᠨ ᠢᠶᠠᠷ ᠨᠡᠭᠡᠮᠵᠢᠯᠡᠨ | ᠲᠦᠯᠦᠭᠦᠯᠵᠦ ᠪᠤᠯᠤᠨ᠎ᠠ᠃ | ᠮᠢᠩᠭ᠎ᠠ ᠨᠢᠭᠡ ᠵᠠᠭᠤ ᠶᠡᠷᠡ ᠶᠢᠰᠦᠳᠦᠭᠡᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ | ᠭᠦᠮᠦᠨ ᠭᠡᠦᠭᠡᠳ ᠤᠨ ᠴᠡᠴᠡᠷᠯᠢᠭ᠂ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ ᠳᠤ | ᠰᠣᠷᠣᠯᠴᠠᠵᠣ ᠠᠮᠢᠳᠦᠷᠠᠵᠤ ᠪᠠᠶᠢᠬᠤ ᠬᠤᠭᠤᠴᠠᠭᠠᠨ ᠳᠠᠭᠠᠨ ᠪᠡᠶ᠎ᠡ ᠮᠠᠬᠠᠪᠤᠳ ᠨᠢ ᠬᠤᠤᠷ ᠬᠦᠨᠦᠬᠡᠯ ᠳᠤ ᠣᠴᠠᠷᠠᠭᠰᠠᠨ | ᠪᠠᠶᠢᠪᠠᠯ᠂ ᠭᠡᠦᠭᠡᠳ ᠤᠨ ᠴᠡᠴᠡᠷᠯᠢᠭ᠂ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ ᠰᠣᠷᠭᠠᠨ ᠭᠦᠮᠦᠵᠢᠭᠦᠯᠭᠦ᠂ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠨ ᠭᠡᠷᠡᠴᠢᠯᠡᠵᠦ ᠲᠠᠶᠢᠯᠪᠡᠯ ᠡᠷᠬᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦ ᠦᠭᠡᠢ᠃ | ᠮᠢᠩᠭ᠎ᠠ ᠬᠤᠶᠠᠷ ᠵᠠᠭᠤᠳᠤᠭᠠᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ | ᠭᠦᠮᠦᠨ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ ᠳᠤ ᠰᠣᠷᠣᠯᠴᠠᠵᠣ ᠠᠮᠢᠳᠣᠷᠠᠵᠤ | ᠪᠠᠶᠢᠬᠤ ᠬᠤᠭᠤᠴᠠᠭᠠᠨ ᠳᠠᠭᠠᠨ ᠪᠡᠶ᠎ᠡ ᠮᠠᠬᠠᠪᠤᠳ ᠨᠢ ᠬᠤᠤᠷ ᠬᠦᠨᠦᠬᠡᠯ ᠳᠤ ᠣᠴᠠᠷᠠᠵᠦ᠂ ᠰᠣᠷᠭᠠᠭᠤᠯᠢ ᠪᠣᠶᠣ | ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ ᠰᠣᠷᠭᠠᠨ ᠭᠦᠮᠦᠵᠢᠭᠦᠯᠭᠦ᠂ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠠᠶᠢᠪᠠᠯ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ | ᠭᠡᠷᠡᠭᠳᠡᠢ᠃ | ᠮᠢᠩᠭ᠎ᠠ ᠬᠤᠶᠠᠷ ᠵᠠᠭᠤ ᠨᠢᠭᠡᠳᠦᠭᠡᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠦᠭᠡᠢ | ᠭᠦᠮᠦᠨ ᠪᠣᠶᠣ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠠᠪᠦᠷᠢ ᠨᠢ ᠬᠢᠵᠠᠭᠠᠷᠲᠠᠢ ᠭᠦᠮᠦᠨ ᠭᠡᠦᠭᠡᠳ ᠤᠨ | ᠴᠡᠴᠡᠷᠯᠢᠭ᠂ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ ᠳᠤ ᠰᠣᠷᠣᠯᠴᠠᠵᠣ ᠠᠮᠢᠳᠣᠷᠠᠵᠤ | ᠪᠠᠶᠢᠬᠤ ᠬᠤᠭᠤᠴᠠᠭᠠᠨ ᠳᠤ ᠭᠡᠦᠭᠡᠳ ᠤᠨ ᠴᠡᠴᠡᠷᠯᠢᠭ᠂ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ | ᠪᠠᠶᠢᠭᠤᠯᠣᠮᠵᠢ ᠠᠴᠠ ᠭᠠᠳᠠᠨᠠᠬᠢ ᠭᠤᠷᠪᠠᠳᠠᠬᠢ ᠭᠦᠮᠦᠨ ᠲᠡᠭᠦᠨ ᠤ ᠪᠡᠶ᠎ᠡ ᠮᠠᠬᠠᠪᠤᠳ ᠲᠤ ᠬᠤᠤᠷ ᠬᠦᠨᠦᠬᠡᠯ | ᠤᠴᠠᠷᠠᠭᠤᠯᠤᠭᠰᠠᠨ ᠪᠠᠶᠢᠪᠠᠯ᠂ ᠭᠤᠷᠪᠠᠳᠠᠬᠢ ᠭᠦᠮᠦᠨ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ | ᠭᠡᠦᠭᠡᠳ ᠤᠨ ᠴᠡᠴᠡᠷᠯᠢᠭ᠂ ᠰᠣᠷᠭᠠᠭᠤᠯᠢ ᠪᠣᠶᠣ ᠪᠣᠰᠣᠳ ᠰᠣᠷᠭᠠᠨ ᠭᠦᠮᠦᠵᠢᠯ ᠤᠨ ᠪᠠᠶᠢᠭᠤᠯᠣᠮᠵᠢ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠠᠶᠢᠪᠠᠯ᠂ ᠵᠣᠭᠢᠴᠠᠩᠭᠤᠢ ᠨᠦᠭᠦᠪᠦᠷᠢᠯᠡᠬᠦ ᠬᠠᠷᠢᠭᠤᠴᠠᠯᠭ᠎ᠠ | ᠡᠭᠦᠷᠭᠡᠯᠡᠨ᠎ᠡ᠃ ᠬᠡᠤᠬᠡᠳ ᠤᠨ ᠴᠡᠴᠡᠷᠯᠢᠭ᠂ ᠰᠤᠷᠭᠠᠭᠤᠯᠢ ᠪᠤᠶᠤ ᠪᠤᠰᠤᠳ ᠰᠤᠷᠭᠠᠨ ᠬᠦᠮᠦᠵᠢᠯ ᠤᠨ | ᠪᠠᠶᠢᠭᠤᠯᠤᠮᠵᠢ ᠨᠢ ᠨᠦᠬᠦᠪᠦᠷᠢᠯᠡᠬᠦ ᠬᠠᠷᠢᠭᠤᠴᠠᠯᠭ᠎ᠠ ᠡᠬᠦᠷᠬᠡᠯᠡᠭᠰᠡᠨ ᠤ ᠳᠠᠷᠠᠭ᠎ᠠ᠂ ᠭᠤᠷᠪᠠᠳᠠᠬᠢ ᠬᠦᠮᠦᠨ ᠢᠶᠠᠷ | ᠨᠡᠬᠡᠮᠵᠢᠯᠡᠨ ᠲᠦᠯᠦᠬᠦᠯᠵᠦ ᠪᠤᠯᠤᠨ᠎ᠠ᠃ | ᠳᠦᠷᠪᠡᠳᠦᠭᠡᠷ ᠪᠦᠯᠦᠭ ᠦᠢᠯᠡᠳᠭᠦᠨ ᠤ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠬᠤᠶᠠᠳᠤᠭᠠᠷ ᠵᠦᠢᠯ ᠦᠢᠯᠡᠳᠭᠦᠨ ᠨᠢ ᠬᠡᠮ ᠰᠤᠭᠤᠭ ᠲᠠᠢ ᠠᠴᠠ ᠪᠣᠯᠵᠦ ᠪᠣᠰᠣᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠦᠢᠯᠡᠳᠪᠦᠷᠢᠯᠡᠭᠴᠢ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠭᠤᠷᠪᠠᠳᠤᠭᠠᠷ ᠵᠦᠢᠯ ᠦᠢᠯᠡᠳᠭᠦᠨ ᠨᠢ ᠬᠡᠮ ᠰᠤᠭᠤᠭ ᠲᠠᠢ ᠠᠴᠠ ᠪᠣᠯᠵᠦ ᠪᠤᠰᠤᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ ᠦᠢᠯᠡᠳᠭᠦᠨ ᠤ | ᠦᠢᠯᠡᠳᠪᠦᠷᠢᠯᠡᠭᠴᠢ ᠪᠠᠷ ᠲᠦᠯᠦᠭᠦᠯᠬᠦ ᠪᠠᠷ ᠭᠤᠶᠣᠴᠢᠯᠠᠵᠦ ᠪᠣᠯᠣᠨ᠎ᠡ᠂ ᠦᠢᠯᠡᠳᠭᠦᠨ ᠤ ᠪᠣᠷᠣᠯᠠᠭᠤᠯᠣᠭᠴᠢ ᠪᠠᠷ | ᠲᠦᠯᠦᠭᠦᠯᠬᠦ ᠪᠠᠷ ᠭᠤᠶᠣᠴᠢᠯᠠᠭᠰᠠᠨ ᠴᠦ ᠪᠣᠯᠣᠨ᠎ᠡ᠃ | ᠦᠢᠯᠡᠳᠭᠦᠨ ᠤ ᠬᠡᠮ ᠰᠤᠭᠤᠭ ᠢ ᠦᠢᠯᠡᠳᠪᠦᠷᠢᠯᠡᠭᠴᠢ ᠪᠣᠢ ᠪᠣᠯᠭᠠᠭᠰᠠᠨ ᠪᠠᠶᠢᠪᠠᠯ᠂ ᠪᠣᠷᠣᠯᠠᠭᠤᠯᠣᠭᠴᠢ ᠨᠢ | ᠲᠦᠯᠦᠭᠰᠡᠨ ᠤ ᠲᠠᠷᠠᠭ᠎ᠠ ᠦᠢᠯᠡᠳᠪᠦᠷᠢᠯᠡᠭᠴᠢ ᠪᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ ᠪᠣᠷᠣᠯᠠᠭᠤᠯᠣᠭᠴᠢ ᠶᠢᠨ | ᠣᠰᠣᠯ ᠠᠴᠠ ᠪᠣᠯᠵᠦ ᠦᠢᠯᠡᠳᠭᠦᠨ ᠢ ᠬᠡᠮ ᠰᠤᠭᠤᠭ ᠲᠠᠢ ᠪᠣᠯᠭᠠᠭᠰᠠᠨ ᠪᠠᠶᠢᠪᠠᠯ᠂ ᠦᠢᠯᠡᠳᠪᠦᠷᠢᠯᠡᠭᠴᠢ ᠨᠢ | ᠲᠦᠯᠦᠭᠰᠡᠨ ᠤ ᠲᠡᠷᠠᠭ᠎ᠠ ᠪᠣᠷᠣᠯᠠᠭᠤᠯᠣᠭᠴᠢ ᠪᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠳᠦᠷᠪᠡᠳᠦᠭᠡᠷ ᠵᠦᠢᠯ ᠲᠡᠭᠡᠭᠡᠪᠦᠷᠢᠯᠡᠭᠴᠢ᠂ ᠭᠦᠮᠦᠷᠭᠡᠯᠡᠨ ᠬᠠᠳᠠᠭᠠᠯᠠᠭᠴᠢ ᠵᠡᠷᠭᠡ ᠭᠤᠷᠪᠠᠳᠠᠭᠢ | ᠭᠦᠮᠦᠨ ᠤ ᠣᠰᠣᠯ ᠠᠴᠠ ᠪᠣᠯᠵᠦ ᠦᠢᠯᠡᠳᠭᠦᠨ ᠢ ᠬᠡᠮ ᠰᠤᠭᠤᠭ ᠲᠠᠢ ᠪᠣᠯᠭᠠᠵᠦ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠦᠢᠯᠡᠳᠭᠦᠨ ᠤ ᠦᠢᠯᠡᠳᠪᠦᠷᠢᠯᠡᠭᠴᠢ᠂ ᠪᠣᠷᠣᠯᠠᠭᠤᠯᠣᠭᠴᠢ ᠨᠢ ᠲᠦᠯᠦᠭᠰᠡᠨ ᠤ ᠲᠠᠷᠠᠭ᠎ᠠ | ᠭᠤᠷᠪᠠᠳᠠᠭᠢ ᠭᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠲᠠᠪᠤᠳᠤᠭᠠᠷ ᠵᠦᠢᠯ ᠦᠢᠯᠡᠳᠭᠦᠨ ᠨᠢ ᠬᠡᠮ ᠰᠤᠭᠤᠭ ᠲᠠᠢ ᠠᠴᠠ ᠪᠣᠯᠵᠦ ᠪᠣᠰᠣᠳ ᠤᠨ ᠪᠡᠶ᠎ᠡ | ᠮᠠᠬᠠᠪᠤᠳ᠂ ᠡᠳ᠋ ᠭᠦᠷᠦᠩᠭᠡ ᠶᠢᠨ ᠠᠮᠦᠷ ᠲᠦᠪᠰᠢᠨ ᠳᠤ ᠠᠶᠣᠯ ᠭᠦᠨᠦᠭᠡᠯ ᠣᠴᠠᠷᠠᠭᠤᠯᠣᠭᠰᠠᠨ ᠪᠠᠶᠢᠪᠠᠯ᠂ ᠡᠷᠭᠡ ᠨᠢ | ᠬᠠᠯᠳᠠᠭᠳᠠᠭᠰᠠᠨ ᠬᠦᠮᠦᠨ ᠨᠢ ᠦᠢᠯᠡᠳᠪᠦᠷᠢᠯᠡᠭᠴᠢ᠂ ᠪᠣᠷᠣᠯᠠᠭᠤᠯᠣᠭᠴᠢ ᠪᠠᠷ ᠬᠠᠯᠳᠠᠯᠭ᠎ᠠ ᠶᠢ ᠵᠤᠭᠰᠤᠭᠠᠬᠤ᠂ | ᠬᠠᠷᠰᠢᠯᠠᠯ ᠢ ᠠᠷᠢᠯᠭᠠᠬᠤ᠂ ᠠᠶᠣᠯ ᠲᠦᠭᠰᠢᠭᠦᠷᠢ ᠶᠢ ᠠᠷᠢᠯᠭᠠᠬᠤ ᠵᠡᠷᠭᠡ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦᠯᠭᠦ ᠪᠠᠷ ᠭᠤᠶᠣᠴᠢᠯᠠᠬᠤ ᠡᠷᠭᠡ ᠲᠠᠢ᠃ | ᠮᠢᠩᠭ᠎ᠠ ᠬᠤᠶᠠᠷ ᠵᠠᠭᠤ ᠵᠢᠷᠭᠤᠳᠤᠭᠠᠷ ᠵᠦᠢᠯ ᠦᠢᠯᠡᠳᠭᠦᠨ ᠢ ᠭᠦᠢᠯᠭᠡᠭᠡᠨ ᠳᠤ ᠣᠷᠣᠭᠤᠯᠣᠭᠰᠠᠨ ᠤ ᠲᠠᠷᠠᠭ᠎ᠠ ᠬᠡᠮ | ᠰᠤᠭᠤᠭ ᠲᠠᠢ ᠪᠠᠶᠢᠬᠤ ᠶᠢ ᠣᠯᠵᠦ ᠮᠡᠳᠡᠭᠰᠡᠨ ᠪᠠᠶᠢᠪᠠᠯ᠂ ᠦᠢᠯᠡᠳᠪᠦᠷᠢᠯᠡᠭᠴᠢ᠂ ᠪᠣᠷᠣᠯᠠᠭᠤᠯᠣᠭᠴᠢ ᠨᠢ | ᠪᠤᠷᠤᠯᠠᠭᠤᠯᠬᠤ ᠶᠢ ᠵᠤᠭᠰᠤᠭᠠᠬᠤ᠂ ᠰᠡᠷᠡᠮᠵᠢᠯᠡᠭᠦᠯᠭᠦ᠂ ᠡᠭᠡᠭᠦᠯᠦᠨ ᠠᠪᠬᠤ ᠵᠡᠷᠭᠡ ᠨᠦᠬᠦᠪᠦᠷᠢᠯᠡᠬᠦ ᠠᠷᠭ᠎ᠠ ᠭᠡᠮᠵᠢᠶ᠎ᠡ ᠶᠢ | ᠴᠠᠭ ᠲᠣᠬᠠᠢ ᠳᠤᠨᠢ ᠠᠪᠬᠤ ᠭᠡᠷᠡᠭᠳᠡᠢ︔ ᠴᠠᠭ ᠲᠣᠬᠠᠢ ᠳᠤᠨᠢ ᠨᠦᠬᠦᠪᠦᠷᠢᠯᠡᠬᠦ ᠠᠷᠭ᠎ᠠ ᠭᠡᠮᠵᠢᠶ᠎ᠡ ᠠᠪᠣᠭᠰᠠᠨ ᠦᠭᠡᠢ | ᠪᠣᠶᠣ ᠨᠦᠬᠦᠪᠦᠷᠢᠯᠡᠬᠦ ᠠᠷᠭ᠎ᠠ ᠭᠡᠮᠵᠢᠶ᠎ᠡ ᠨᠢ ᠰᠤᠯᠠᠪᠳᠤᠷ ᠠᠴᠠ ᠪᠤᠯᠵᠤ ᠬᠤᠭᠢᠷᠠᠯ ᠢ ᠶᠡᠬᠡᠰᠭᠡᠭᠰᠡᠨ ᠪᠠᠶᠢᠪᠠᠯ᠂ | ᠶᠡᠬᠡᠰᠦᠭᠰᠡᠨ ᠬᠤᠬᠢᠷᠠᠯ ᠳᠤ ᠮᠦᠨ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠡᠮᠦᠨᠡᠬᠢ ᠪᠠᠳᠠᠭ ᠤᠨ ᠲᠤᠭᠲᠠᠭᠠᠯ ᠢ ᠦᠨᠳᠦᠰᠦᠯᠡᠨ ᠡᠭᠡᠭᠦᠯᠦᠨ ᠠᠪᠬᠤ ᠠᠷᠭ᠎ᠠ ᠬᠡᠮᠵᠢᠶ᠎ᠡ ᠠᠪᠤᠭᠰᠠᠨ ᠪᠠᠶᠢᠪᠠᠯ᠂ | ᠦᠢᠯᠡᠳᠪᠦᠷᠢᠯᠡᠭᠴᠢ᠂ ᠪᠤᠷᠤᠯᠠᠭᠤᠯᠤᠭᠴᠢ ᠡᠷᠬᠡ ᠨᠢ ᠬᠠᠯᠳᠠᠭᠳᠠᠭᠰᠠᠨ ᠬᠦᠮᠦᠨ ᠤ ᠡᠭᠦᠨ ᠠᠴᠠ ᠪᠤᠯᠵᠤ | ᠵᠠᠷᠤᠴᠠᠭᠤᠯᠤᠭᠰᠠᠨ ᠴᠢᠬᠤᠯᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ᠃ | ᠮᠢᠩᠭ᠎ᠠ ᠬᠤᠶᠠᠷ ᠵᠠᠭᠤ ᠳᠤᠯᠤᠳᠤᠭᠠᠷ ᠵᠦᠢᠯ ᠦᠢᠯᠡᠳᠭᠦᠨ ᠨᠢ ᠬᠡᠮ ᠰᠤᠭᠤᠭ ᠲᠠᠢ ᠪᠠᠶᠢᠬᠤ ᠶᠢ ᠲᠣᠳᠣᠷᠬᠠᠢ ᠮᠡᠳᠡᠵᠦ | ᠪᠠᠶᠢᠭᠠᠳ ᠮᠦᠨ ᠬᠦ ᠦᠢᠯᠡᠳᠪᠣᠷᠢᠯᠡᠵᠦ᠂ ᠪᠣᠷᠣᠯᠠᠭᠤᠯᠣᠭᠰᠠᠨ ᠪᠤᠶᠤ ᠡᠮᠦᠨᠡᠬᠢ ᠪᠠᠳᠠᠭ ᠤᠨ ᠲᠤᠭᠲᠠᠭᠠᠯ ᠢ | ᠦᠨᠳᠦᠰᠦᠯᠡᠨ ᠨᠦᠬᠦᠪᠦᠷᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠵᠤ᠂ ᠪᠣᠰᠣᠳ ᠢ ᠦᠭᠦᠭᠦᠯᠦᠭᠰᠡᠨ ᠪᠣᠶᠣ | ᠡᠷᠡᠭᠦᠯ ᠮᠡᠨᠳᠦ ᠶᠢ ᠨᠢ ᠭᠦᠨᠳᠦ ᠨᠣᠴᠢᠳᠠᠢ ᠬᠤᠭᠢᠷᠠᠭᠤᠯᠣᠭᠰᠠᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ | ᠵᠣᠭᠢᠴᠠᠩᠭᠤᠢ ᠵᠠᠯᠬᠠᠭᠠᠨ ᠰᠢᠢᠳᠭᠡᠭᠦ ᠴᠢᠨᠠᠷᠳᠠᠢ ᠲᠦᠯᠦᠪᠣᠷᠢ ᠠᠪᠬᠤ ᠪᠠᠷ ᠭᠤᠶᠣᠴᠢᠯᠠᠬᠤ ᠡᠷᠭᠡ ᠲᠠᠢ᠃ | ᠲᠠᠪᠤᠳᠤᠭᠠᠷ ᠪᠦᠯᠦᠭ ᠮᠠᠰᠢᠨᠳᠦ ᠲᠡᠷᠭᠡᠨ ᠤ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠨᠠᠢᠮᠠᠳᠤᠭᠠᠷ ᠵᠦᠢᠯ ᠮᠠᠰᠢᠨᠳᠦ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠵᠠᠮ ᠬᠠᠷᠢᠯᠴᠠᠭᠠᠨ ᠤ ᠠᠮᠦᠷ ᠲᠦᠪᠰᠢᠨ ᠤ ᠬᠠᠣᠯᠢ ᠴᠠᠭᠠᠵᠠ ᠪᠠ ᠲᠤᠰ ᠬᠠᠤᠯᠢ ᠶᠢᠨ | ᠬᠤᠯᠪᠣᠭᠳᠠᠯ ᠪᠦᠭᠦᠢ ᠲᠣᠭᠳᠠᠭᠠᠯ ᠶᠣᠰᠣᠭᠠᠷ ᠲᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠶᠢᠰᠦᠳᠦᠭᠡᠷ ᠵᠦᠢᠯ ᠲᠦᠷᠢᠶᠠᠰᠦᠯᠡᠭᠦᠯᠦᠭᠰᠡᠨ᠂ ᠵᠢᠭᠡᠯᠡᠨ ᠭᠡᠷᠡᠭᠯᠡᠭᠰᠡᠨ ᠵᠡᠷᠭᠡ ᠪᠠᠶᠢᠳᠠᠯ ᠠᠴᠠ | ᠪᠣᠯᠵᠦ ᠮᠠᠰᠢᠨᠳᠦ ᠲᠡᠷᠭᠡᠨ ᠤ ᠦᠮᠴᠢᠯᠡᠭᠴᠢ᠂ ᠬᠠᠮᠢᠶᠠᠷᠤᠭᠴᠢ ᠪᠠ ᠭᠡᠷᠡᠭᠯᠡᠭᠴᠢ ᠨᠢ ᠮᠥᠨ ᠨᠢᠭᠡ ᠭᠦᠮᠦᠨ ᠪᠢᠰᠢ | ᠪᠠᠶᠢᠬᠤ ᠪᠠᠶᠢᠳᠠᠯ ᠳᠤ᠂ ᠵᠠᠮ ᠬᠠᠷᠢᠯᠴᠠᠭᠠᠨ ᠤ ᠭᠡᠨᠡᠳᠡᠯ ᠭᠠᠷᠴᠦ ᠬᠤᠬᠢᠷᠠᠯ ᠤᠴᠠᠷᠠᠭᠤᠯᠤᠭᠠᠳ᠂ ᠲᠣᠰ ᠮᠡᠰᠢᠨᠳᠦ | ᠲᠡᠷᠭᠡᠨ ᠤ ᠲᠠᠯ᠎ᠡ ᠶᠢᠨ ᠬᠠᠷᠢᠭᠤᠴᠠᠯᠭ᠎ᠠ ᠠᠴᠠ ᠪᠣᠯᠣᠭᠰᠠᠨ ᠪᠠᠶᠢᠪᠠᠯ᠂ ᠮᠠᠰᠢᠨᠳᠦ ᠲᠡᠷᠭᠡᠨ ᠤ ᠭᠡᠷᠡᠭᠯᠡᠭᠴᠢ ᠲᠦᠯᠦᠭᠦ | ᠬᠠᠷᠢᠭᠤᠴᠠᠯᠭ᠎ᠠ ᠡᠭᠦᠷᠭᠡᠯᠡᠨ᠎ᠡ︔ ᠮᠠᠰᠢᠨᠳᠦ ᠲᠡᠷᠭᠡᠨ ᠤ ᠦᠮᠴᠢᠯᠡᠭᠴᠢ᠂ ᠬᠠᠮᠢᠶᠠᠷᠤᠭᠴᠢ ᠨᠢ ᠬᠤᠭᠢᠷᠠᠯ ᠤᠨ | ᠡᠭᠦᠰᠭᠦ ᠳᠤ ᠣᠰᠣᠯ ᠲᠠᠢ ᠪᠠᠶᠢᠪᠠᠯ᠂ ᠵᠣᠭᠢᠴᠠᠩᠭᠤᠢ ᠲᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠠᠷᠪᠠᠳᠤᠭᠠᠷ ᠵᠦᠢᠯ ᠲᠣᠬᠠᠢ ᠶᠢᠨ ᠭᠦᠮᠦᠨ ᠤ ᠬᠤᠭᠤᠷᠣᠨᠳᠦ ᠨᠢᠭᠡᠨᠳᠡ ᠬᠤᠳᠠᠯᠳᠣᠭᠠᠯᠠᠬᠤ | ᠪᠤᠶᠤ ᠪᠤᠰᠤᠳ ᠠᠷᠭ᠎ᠠ ᠮᠠᠶ᠋ᠢᠭ ᠢᠶᠠᠷ ᠮᠠᠰᠢᠨᠳᠦ ᠲᠡᠷᠭᠡ ᠶᠢ ᠰᠢᠯᠵᠢᠭᠦᠯᠦᠨ ᠦᠭᠭᠦᠭᠰᠡᠨ ᠪᠦᠭᠡᠳ ᠨᠢᠭᠡᠨᠲᠡ | ᠲᠣᠰᠢᠶᠠᠭᠰᠠᠨ ᠪᠣᠯᠪᠡᠴᠦ ᠲᠠᠩᠰᠠᠯᠠᠯᠳᠠ ᠭᠢᠯᠭᠡᠭᠡᠳᠦᠢ ᠪᠠᠶᠢᠳᠠᠯ ᠳᠤ᠂ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠬᠢᠷᠠᠯ | ᠤᠴᠠᠷᠠᠭᠤᠯᠤᠭᠠᠳ᠂ ᠲᠣᠰ ᠮᠠᠰᠢᠨᠳᠦ ᠲᠡᠷᠭᠡᠨ ᠤ ᠲᠠᠯ᠎ᠡ ᠶᠢᠨ ᠬᠠᠷᠢᠭᠤᠴᠠᠯᠭ᠎ᠠ ᠠᠴᠠ ᠪᠣᠯᠣᠭᠰᠠᠨ ᠪᠠᠶᠢᠪᠠᠯ᠂ | ᠰᠢᠯᠵᠢᠬᠦᠯᠦᠨ ᠠᠪᠣᠭᠴᠢ ᠲᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠠᠷᠪᠠᠨ ᠨᠢᠭᠡᠳᠦᠭᠡᠷ ᠵᠦᠢᠯ ᠲᠦᠰᠢᠭᠯᠡᠯᠳᠠ ᠶᠢᠨ ᠬᠡᠯᠪᠡᠷᠢ ᠪᠠᠷ ᠵᠠᠮ ᠲᠡᠭᠡᠭᠡᠪᠦᠷᠢ ᠶᠢᠨ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠮᠠᠰᠢᠨᠲᠤ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠬᠢᠷᠠᠯ | ᠤᠴᠠᠷᠠᠭᠤᠯᠤᠭᠠᠳ᠂ ᠲᠣᠰ ᠮᠠᠰᠢᠨᠲᠤ ᠲᠡᠷᠭᠡᠨ ᠤ ᠲᠠᠯ᠎ᠠ ᠶᠢᠨ ᠬᠠᠷᠢᠭᠤᠴᠠᠯᠭ᠎ᠠ ᠠᠴᠠ ᠪᠤᠯᠤᠭᠰᠠᠨ ᠪᠠᠶᠢᠪᠠᠯ᠂ | ᠲᠦᠰᠢᠭᠯᠡᠭᠴᠢ ᠪᠠ ᠲᠦᠰᠢᠭᠯᠡᠭᠦᠯᠦᠭᠴᠢ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠠᠷᠪᠠᠨ ᠬᠤᠶᠠᠳᠤᠭᠠᠷ ᠵᠦᠢᠯ ᠵᠥᠪᠰᠢᠶᠡᠷᠡᠯ ᠦᠭᠡᠢ ᠪᠠᠷ ᠪᠤᠰᠤᠳ ᠤᠨ ᠮᠠᠰᠢᠨᠲᠤ ᠲᠡᠷᠭᠡ ᠶᠢ | ᠵᠢᠯᠣᠭᠤᠳᠤᠨ᠂ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠬᠢᠷᠠᠯ ᠤᠴᠠᠷᠠᠭᠤᠯᠤᠭᠠᠳ᠂ ᠲᠤᠰ ᠮᠠᠰᠢᠨᠲᠤ ᠲᠡᠷᠭᠡᠨ ᠤ | ᠲᠠᠯ᠎ᠠ ᠶᠢᠨ ᠬᠠᠷᠢᠭᠤᠴᠠᠯᠭ᠎ᠠ ᠠᠴᠠ ᠪᠤᠯᠤᠭᠰᠠᠨ ᠪᠠᠶᠢᠪᠠᠯ᠂ ᠮᠠᠰᠢᠨᠲᠤ ᠲᠡᠷᠭᠡᠨ ᠤ ᠬᠡᠷᠡᠭᠯᠡᠭᠴᠢ ᠲᠦᠯᠦᠬᠦ | ᠬᠠᠷᠢᠭᠤᠴᠠᠯᠭ᠎ᠠ ᠡᠭᠦᠷᠭᠡᠯᠡᠨ᠎ᠡ︔ ᠮᠠᠰᠢᠨᠲᠤ ᠲᠡᠷᠭᠡᠨ ᠤ ᠥᠮᠴᠢᠯᠡᠭᠴᠢ᠂ ᠬᠠᠮᠢᠶᠠᠷᠤᠭᠴᠢ ᠨᠢ ᠬᠤᠬᠢᠷᠠᠯ ᠤᠨ | ᠡᠭᠦᠰᠬᠦ ᠳᠤ ᠤᠰᠤᠯ ᠲᠠᠢ ᠪᠠᠶᠢᠪᠠᠯ᠂ ᠵᠣᠬᠢᠴᠠᠩᠭᠤᠶ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠂ ᠭᠡᠪᠡᠴᠦ ᠲᠤᠰ | ᠪᠦᠯᠦᠭ ᠲᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠮᠢᠩᠭ᠎ᠠ ᠬᠤᠶᠠᠷ ᠵᠠᠭᠤ ᠠᠷᠪᠠᠨ ᠭᠤᠷᠪᠠᠳᠤᠭᠠᠷ ᠵᠦᠢᠯ ᠮᠠᠰᠢᠨᠲᠤ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠴᠤ | ᠬᠤᠬᠢᠷᠠᠯ ᠤᠴᠠᠷᠠᠭᠤᠯᠤᠭᠠᠳ᠂ ᠲᠤᠰ ᠮᠠᠰᠢᠨᠲᠤ ᠲᠡᠷᠭᠡᠨ ᠤ ᠲᠠᠯ᠎ᠠ ᠶᠢᠨ ᠬᠠᠷᠢᠭᠤᠴᠠᠯᠭ᠎ᠠ ᠠᠴᠠ ᠪᠤᠯᠤᠭᠰᠠᠨ ᠪᠠᠶᠢᠪᠠᠯ᠂ | ᠤᠷᠢᠳ ᠢᠶᠠᠷ ᠮᠠᠰᠢᠨᠲᠤ ᠲᠡᠷᠭᠡᠨ ᠤ ᠠᠯᠪᠠᠳᠠᠯᠭ᠎ᠠ ᠶᠢᠨ ᠳᠠᠭᠠᠳᠬᠠᠯ ᠢ ᠳᠠᠭᠠᠭᠠᠴᠢᠯᠠᠭᠰᠠᠨ ᠳᠠᠭᠠᠳᠬᠠᠭᠴᠢ | ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷ ᠲᠣᠭᠠᠨ ᠤ ᠬᠡᠪᠴᠢᠶᠡᠨ ᠳᠣᠲᠣᠷ᠎ᠠ ᠲᠥᠯᠥᠪᠦᠷᠢ | ᠥᠭᠭᠦᠨ᠎ᠡ︔ ᠬᠦᠷᠦᠯᠴᠡᠬᠦ ᠦᠭᠡᠢ ᠬᠡᠰᠡᠭ ᠢ ᠨᠢ ᠮᠠᠰᠢᠨᠲᠤ ᠲᠡᠷᠭᠡᠨ ᠤ ᠬᠤᠳᠠᠯᠳᠤᠭᠠᠨ ᠤ ᠳᠠᠭᠠᠳᠬᠠᠯ ᠢ | ᠳᠠᠭᠠᠭᠠᠴᠢᠯᠠᠭᠰᠠᠨ ᠳᠠᠭᠠᠳᠬᠠᠭᠴᠢ ᠠᠴᠠ ᠳᠠᠭᠠᠳᠬᠠᠯ ᠤᠨ ᠭᠡᠷ᠎ᠡ ᠶᠢᠨ ᠪᠣᠯᠵᠣᠯ ᠶᠣᠰᠣᠭᠠᠷ ᠲᠥᠯᠥᠪᠦᠷᠢ ᠥᠭᠭᠦᠨ᠎ᠡ︔ | ᠮᠥᠨ ᠯᠡ ᠬᠦᠷᠦᠯᠴᠡᠬᠦ ᠦᠭᠡᠢ ᠪᠤᠶᠤ ᠮᠠᠰᠢᠨᠲᠤ ᠲᠡᠷᠭᠡᠨ ᠤ ᠬᠤᠳᠠᠯᠳᠤᠭᠠᠨ ᠤ ᠳᠠᠭᠠᠳᠬᠠᠯ ᠠᠪᠤᠭᠰᠠᠨ ᠦᠭᠡᠢ | ᠪᠠᠶᠢᠪᠠᠯ᠂ ᠡᠷᠬᠡ ᠳᠤ ᠬᠠᠯᠳᠠᠭᠰᠠᠨ ᠬᠥᠮᠦᠨ ᠲᠦᠯᠦᠨ᠎ᠡ᠃ | ᠮᠢᠩᠭ᠎ᠠ ᠬᠤᠶᠠᠷ ᠵᠠᠭᠤ ᠠᠷᠪᠠᠨ ᠳᠦᠷᠪᠡᠳᠦᠭᠡᠷ ᠵᠦᠢᠯ ᠨᠠᠶᠢᠯᠠᠭᠦᠯᠵᠦ ᠣᠭᠰᠠᠷᠠᠭᠰᠠᠨ ᠪᠣᠶᠣ ᠨᠢᠭᠡᠨᠳᠡ ᠭᠡᠷᠡᠭᠴᠡᠭᠡ ᠠᠴᠠ | ᠭᠠᠷᠭᠠᠬᠤ ᠪᠠᠷᠢᠮᠵᠢᠶ᠎ᠡ ᠳᠤ ᠭᠦᠷᠦᠭᠰᠡᠨ ᠮᠠᠰᠢᠨᠳᠦ ᠲᠡᠷᠭᠡ ᠶᠢ ᠬᠤᠳᠠᠯᠳᠣᠭᠠᠯᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ | ᠰᠢᠯᠵᠢᠭᠦᠯᠦᠨ ᠦᠭᠭᠦᠭᠡᠳ᠂ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠭᠢᠷᠠᠯ ᠣᠴᠠᠷᠠᠭᠤᠯᠣᠭᠰᠠᠨ ᠪᠠᠶᠢᠪᠠᠯ᠂ | ᠰᠢᠯᠵᠢᠭᠦᠯᠦᠨ ᠦᠭᠭᠦᠭᠴᠢ ᠪᠠ ᠰᠢᠯᠵᠢᠬᠦᠯᠦᠨ ᠠᠪᠣᠭᠴᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠠᠷᠪᠠᠨ ᠲᠠᠪᠤᠳᠤᠭᠠᠷ ᠵᠦᠢᠯ ᠬᠤᠯᠠᠭᠠᠢᠢᠯᠠᠭᠰᠠᠨ᠂ ᠲᠡᠭᠡᠷᠡᠮᠳᠡᠭᠰᠡᠨ ᠪᠣᠶᠣ ᠪᠣᠯᠢᠶᠠᠭᠰᠠᠨ | ᠮᠠᠰᠢᠨᠳᠦ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠴᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠬᠤᠯᠠᠭᠠᠢᠢᠯᠠᠭᠴᠢ᠂ | ᠲᠡᠭᠡᠷᠡᠮᠳᠡᠭᠴᠢ ᠪᠣᠶᠣ ᠪᠣᠯᠢᠶᠠᠭᠴᠢ ᠲᠦᠯᠦᠭᠦ ᠬᠠᠷᠢᠭᠤᠴᠠᠯᠭ᠎ᠠ ᠡᠭᠦᠷᠭᠡᠯᠡᠨ᠎ᠠ᠃ ᠬᠤᠯᠠᠭᠠᠢᠢᠯᠠᠭᠴᠢ᠂ ᠲᠡᠭᠡᠷᠡᠮᠳᠡᠭᠴᠢ | ᠪᠣᠶᠣ ᠪᠣᠯᠢᠶᠠᠭᠴᠢ ᠪᠤᠯᠤᠨ ᠮᠠᠰᠢᠨᠲᠤ ᠲᠡᠷᠭᠡᠨ ᠤ ᠬᠡᠷᠡᠭᠯᠡᠭᠴᠢ ᠨᠢ ᠮᠥᠨ ᠨᠢᠭᠡ ᠬᠦᠮᠦᠨ ᠪᠢᠰᠢ ᠪᠠᠶᠢᠵᠤ᠂ ᠵᠠᠮ | ᠬᠠᠷᠢᠯᠴᠠᠭᠠᠨ ᠤ ᠭᠡᠨᠡᠳᠡᠯ ᠭᠠᠷᠴᠤ ᠬᠤᠬᠢᠷᠠᠯ ᠤᠴᠠᠷᠠᠭᠤᠯᠤᠭᠠᠳ ᠲᠤᠰ ᠮᠠᠰᠢᠨᠲᠦ ᠲᠡᠷᠭᠡᠨ ᠤ ᠲᠠᠯ᠎ᠠ ᠶᠢᠨ | ᠬᠠᠷᠢᠭᠤᠴᠠᠯᠭ᠎ᠠ ᠠᠴᠠ ᠪᠤᠯᠤᠭᠰᠠᠨ ᠪᠠᠶᠢᠪᠠᠯ᠂ ᠬᠤᠯᠠᠭᠠᠢᠢᠯᠠᠭᠴᠢ᠂ ᠲᠡᠭᠡᠷᠡᠮᠳᠡᠭᠴᠢ ᠪᠣᠶᠣ ᠪᠣᠯᠢᠶᠠᠭᠴᠢ ᠪᠤᠯᠤᠨ | ᠮᠠᠰᠢᠨᠲᠤ ᠲᠡᠷᠭᠡᠨ ᠤ ᠬᠡᠷᠡᠭᠯᠡᠭᠴᠢ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠲᠠᠭᠠᠳᠬᠠᠭᠴᠢ ᠨᠢ ᠮᠠᠰᠢᠨᠳᠦ ᠲᠡᠷᠭᠡᠨ ᠤ ᠠᠯᠪᠠᠳᠠᠯᠭ᠎ᠠ ᠶᠢᠨ ᠲᠠᠭᠠᠳᠬᠠᠯ ᠤᠨ ᠬᠠᠷᠢᠭᠤᠴᠠᠯᠭ᠎ᠠ ᠶᠢᠨ ᠭᠢᠵᠠᠭᠠᠷ | ᠲᠣᠭᠠᠨ ᠤ ᠭᠡᠪᠴᠢᠶᠠᠨ ᠲᠣᠳᠣᠷ᠎ᠡ ᠵᠠᠪᠳᠤᠨ ᠠᠪᠣᠷᠠᠬᠤ ᠵᠠᠷᠣᠳᠠᠯ ᠢ ᠣᠷᠣᠯᠠᠨ ᠲᠥᠯᠥᠭᠰᠡᠨ ᠪᠠᠶᠢᠪᠠᠯ᠂ ᠵᠠᠮ | ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠲᠠᠢ ᠭᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠠᠷᠪᠠᠨ ᠵᠢᠷᠭᠤᠳᠤᠭᠠᠷ ᠵᠦᠢᠯ ᠮᠠᠰᠢᠨᠳᠦ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠭᠡᠨᠡᠳᠡᠯ | ᠭᠠᠷᠭᠠᠭᠰᠠᠨ ᠤ ᠲᠠᠷᠠᠭ᠎ᠠ ᠲᠣᠳᠠᠭᠠᠬᠰᠠᠨ ᠪᠤᠯ᠂ ᠲᠣᠰ ᠮᠠᠰᠢᠨᠳᠦ ᠲᠡᠷᠭᠡ ᠨᠢ ᠠᠯᠪᠠᠳᠠᠯᠭ᠎ᠠ ᠶᠢᠨ ᠲᠠᠭᠠᠳᠬᠠᠯ ᠳᠤ | ᠣᠷᠣᠯᠴᠠᠭᠰᠠᠨ ᠪᠠᠶᠢᠪᠠᠯ᠂ ᠲᠠᠭᠠᠳᠬᠠᠭᠴᠢ ᠠᠴᠠ ᠮᠠᠰᠢᠨᠳᠦ ᠲᠡᠷᠭᠡᠨ ᠤ ᠠᠯᠪᠠᠳᠠᠯᠭ᠎ᠠ ᠶᠢᠨ ᠲᠠᠭᠠᠳᠬᠠᠯ ᠤᠨ | ᠬᠠᠷᠢᠭᠤᠴᠠᠯᠭ᠎ᠠ ᠶᠢᠨ ᠭᠢᠵᠠᠭᠠᠷ ᠲᠣᠭᠠᠨ ᠤ ᠭᠡᠪᠴᠢᠶᠠᠨ ᠲᠣᠳᠣᠷ᠎ᠠ ᠲᠦᠯᠦᠪᠦᠷᠢ ᠦᠭᠭᠦᠨ᠎ᠡ︔ ᠮᠠᠰᠢᠨᠳᠦ ᠲᠡᠷᠭᠡ ᠨᠢ | ᠲᠣᠳᠣᠷᠬᠠᠢ ᠦᠭᠡᠢ᠂ ᠲᠣᠰ ᠮᠠᠰᠢᠨᠳᠦ ᠲᠡᠷᠭᠡ ᠨᠢ ᠠᠯᠪᠠᠳᠠᠯᠭ᠎ᠠ ᠶᠢᠨ ᠲᠠᠭᠠᠳᠬᠠᠯ ᠳᠤ ᠣᠷᠣᠯᠴᠠᠭᠰᠠᠨ ᠦᠭᠡᠢ ᠪᠤᠶᠤ | ᠵᠠᠪᠳᠤᠨ ᠠᠪᠤᠷᠠᠬᠤ ᠵᠠᠷᠤᠳᠠᠯ ᠨᠢ ᠮᠠᠰᠢᠨᠳᠦ ᠲᠡᠷᠬᠡᠨ ᠤ ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ | ᠬᠢᠵᠠᠭᠠᠷ ᠲᠤᠭ᠎ᠠ ᠠᠴᠠ ᠲᠠᠪᠠᠵᠤ᠂ ᠡᠷᠭᠡ ᠨᠢ ᠬᠠᠯᠳᠠᠭᠳᠠᠭᠰᠠᠨ ᠭᠦᠮᠦᠨ ᠤ ᠦᠭᠦᠯ ᠰᠢᠷᠠᠭᠳᠦᠯ ᠳᠤ ᠬᠤᠯᠪᠤᠭᠳᠠᠭᠰᠠᠨ | ᠵᠠᠪᠳᠤᠨ ᠠᠪᠣᠷᠠᠬᠤ᠂ ᠣᠷᠣᠰᠢᠭᠤᠯᠬᠤ ᠵᠡᠷᠭᠡ ᠵᠠᠷᠣᠳᠠᠯ ᠢ ᠲᠦᠯᠦᠬᠦ ᠴᠢᠬᠤᠯᠠᠲᠠᠢ ᠪᠠᠶᠢᠪᠠᠯ᠂ ᠵᠠᠮ ᠬᠠᠷᠢᠯᠴᠠᠭᠠᠨ ᠤ | ᠭᠡᠨᠡᠳᠡᠯ ᠤᠨ ᠨᠠᠶᠢᠭᠡᠮ ᠤᠨ ᠠᠪᠣᠷᠠᠨ ᠲᠣᠰᠠᠯᠠᠬᠤ ᠰᠠᠭᠤᠷᠢ ᠮᠦᠡᠭᠭᠦ ᠪᠠᠷ ᠣᠷᠣᠯᠠᠨ ᠲᠦᠯᠦᠨ᠎ᠡ᠃ ᠵᠠᠮ ᠬᠠᠷᠢᠯᠴᠠᠭᠠᠨ ᠤ | ᠭᠡᠨᠡᠳᠡᠯ ᠤᠨ ᠨᠠᠶᠢᠭᠡᠮ ᠤᠨ ᠠᠪᠣᠷᠠᠨ ᠲᠣᠰᠠᠯᠠᠬᠤ ᠰᠠᠭᠤᠷᠢ ᠮᠦᠡᠭᠭᠦ ᠪᠠᠷ ᠣᠷᠣᠯᠠᠨ ᠲᠦᠯᠦᠭᠰᠡᠨ ᠤ ᠲᠠᠷᠠᠭ᠎ᠠ᠂ | ᠲᠡᠭᠦᠨ ᠤ ᠬᠠᠮᠢᠶᠠᠷᠣᠯᠳᠠ ᠶᠢᠨ ᠪᠠᠶᠢᠭᠤᠯᠣᠮᠵᠢ ᠨᠢ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠲᠠᠢ | ᠬᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠠᠷᠪᠠᠨ ᠳᠤᠯᠤᠳᠤᠭᠠᠷ ᠵᠦᠢᠯ ᠡᠵᠡᠩᠨᠡᠯᠲᠡ ᠶᠢᠨ ᠪᠤᠰᠤ ᠮᠠᠰᠢᠨᠲᠤ ᠲᠡᠷᠭᠡ ᠵᠠᠮ ᠬᠠᠷᠢᠯᠴᠠᠭᠠᠨ ᠤ | ᠭᠡᠨᠡᠳᠡᠯ ᠭᠠᠷᠴᠤ ᠲᠥᠯᠥᠪᠦᠷᠢ ᠦᠭᠡᠢ ᠪᠠᠷ ᠲᠡᠷᠭᠡᠨ ᠳᠤ ᠰᠠᠭᠤᠭᠴᠢ ᠳᠤ ᠬᠤᠬᠢᠷᠠᠯ ᠤᠴᠠᠷᠠᠭᠤᠯᠤᠭᠠᠳ᠂ ᠲᠤᠰ | ᠮᠠᠰᠢᠨᠲᠤ ᠲᠡᠷᠭᠡᠨ ᠤ ᠲᠠᠯ᠎ᠠ ᠶᠢᠨ ᠬᠠᠷᠢᠭᠤᠴᠠᠯᠭ᠎ᠠ ᠠᠴᠠ ᠪᠤᠯᠤᠭᠰᠠᠨ ᠪᠠᠶᠢᠪᠠᠯ᠂ ᠲᠡᠭᠦᠨ ᠤ ᠲᠦᠯᠦᠬᠦ | ᠬᠠᠷᠢᠭᠤᠴᠠᠯᠭ᠎ᠠ ᠶᠢ ᠬᠥᠩᠭᠡᠷᠡᠭᠦᠯᠬᠦ ᠬᠡᠷᠡᠭᠲᠡᠶ᠂ ᠭᠡᠪᠡᠴᠦ ᠮᠠᠰᠢᠨᠲᠤ ᠲᠡᠷᠭᠡᠨ ᠤ ᠬᠡᠷᠡᠭᠯᠡᠭᠴᠢ ᠵᠣᠷᠢᠭᠤᠳᠠ ᠪᠤᠶᠤ ᠬᠦᠨᠳᠦ | ᠶᠡᠭᠡ ᠠᠳᠡᠯ ᠠᠴᠠ ᠪᠣᠯᠣᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ᠵᠢᠷᠭᠤᠳᠤᠭᠠᠷ ᠪᠦᠯᠦᠭ ᠡᠮᠴᠢᠯᠡᠭᠡᠨ ᠤ ᠬᠤᠭᠢᠷᠠᠭᠤᠯᠤᠯ ᠤᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠠᠷᠪᠠᠨ ᠨᠠᠢᠮᠠᠳᠤᠭᠠᠷ ᠵᠦᠢᠯ ᠣᠨᠣᠰᠢᠯᠡᠨ ᠡᠮᠨᠡᠬᠦ ᠠᠵᠢᠯᠯᠠᠭ᠎ᠠ ᠲᠣᠮᠳᠠ ᠡᠪᠡᠳᠴᠢᠲᠡᠨ | ᠬᠤᠬᠢᠷᠠᠯ ᠳᠤ ᠣᠴᠠᠷᠠᠵᠦ᠂ ᠡᠮᠨᠡᠯᠭᠡ ᠶᠢᠨ ᠪᠠᠶᠢᠭᠤᠯᠣᠮᠵᠢ ᠪᠤᠶᠤ ᠡᠮᠨᠡᠯᠭᠡ ᠶᠢᠨ ᠠᠵᠢᠯᠳᠠᠨ ᠣᠰᠣᠯ ᠲᠠᠢ ᠪᠠᠶᠢᠪᠠᠯ᠂ | ᠡᠮᠨᠡᠯᠭᠡ ᠶᠢᠨ ᠪᠠᠶᠢᠭᠤᠯᠣᠮᠵᠢ ᠲᠦᠯᠦᠭᠦ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠠᠷᠪᠠ ᠶᠢᠰᠦᠳᠦᠭᠡᠷ ᠵᠦᠢᠯ ᠡᠮᠨᠡᠯᠭᠡ ᠶᠢᠨ ᠠᠵᠢᠯᠳᠠᠨ ᠣᠨᠣᠰᠢᠯᠡᠨ ᠡᠮᠨᠡᠬᠦ ᠠᠵᠢᠯᠯᠠᠭ᠎ᠠ | ᠲᠣᠮᠳᠠ ᠪᠠᠨ ᠡᠪᠡᠳᠴᠢᠳᠡᠨ ᠳᠤ ᠡᠪᠡᠳᠴᠢᠨ ᠤ ᠪᠠᠶᠢᠳᠠᠯ ᠪᠠ ᠡᠮᠴᠢᠯᠡᠭᠦ ᠠᠷᠭ᠎ᠠ ᠭᠡᠮᠵᠢᠶ᠎ᠡ ᠶᠢ ᠳᠠᠶᠢᠯᠪᠤᠷᠢᠯᠠᠨ | ᠲᠣᠳᠣᠷᠬᠠᠢᠢᠯᠠᠬᠤ ᠭᠡᠷᠡᠭᠳᠡᠢ᠃ ᠮᠡᠰᠡ ᠵᠠᠰᠠᠯ ᠭᠢᠭᠦ᠂ ᠣᠨᠴᠠᠭᠠᠢ ᠪᠠᠶᠢᠴᠠᠭᠠᠯᠳᠠ ᠭᠢᠭᠦ᠂ ᠣᠨᠴᠠᠭᠠᠢ ᠡᠮᠨᠡᠨ ᠵᠠᠰᠠᠯᠲᠠ | ᠭᠢᠭᠦ ᠴᠢᠬᠤᠯᠠᠲᠠᠢ ᠪᠠᠶᠢᠪᠠᠯ᠂ ᠡᠮᠨᠡᠯᠭᠡ ᠶᠢᠨ ᠠᠵᠢᠯᠳᠠᠨ ᠨᠢ ᠡᠮᠴᠢᠯᠡᠭᠡᠨ ᠤ ᠠᠶᠣᠯ ᠲᠦᠭᠰᠢᠭᠦᠷᠢ᠂ ᠣᠷᠣᠯᠠᠭᠤᠯᠬᠤ | ᠡᠮᠴᠢᠯᠡᠭᠡᠨ ᠤ ᠲᠦᠰᠦᠯ ᠵᠡᠷᠭᠡ ᠪᠠᠶᠢᠳᠠᠯ ᠢ ᠡᠪᠡᠳᠴᠢᠳᠡᠨ ᠳᠤ ᠴᠠᠭ ᠲᠣᠬᠠᠢ ᠳᠤᠨᠢ ᠪᠤᠳᠠᠲᠠᠢ ᠲᠣᠳᠣᠷᠬᠠᠢᠢᠯᠠᠬᠤ | ᠭᠡᠷᠡᠭᠳᠡᠢ ᠪᠦᠭᠡᠳ ᠡᠪᠡᠳᠴᠢᠳᠡᠨ ᠤ ᠲᠤᠳᠤᠷᠬᠠᠢ ᠵᠦᠪᠰᠢᠶᠠᠷᠠᠯ ᠢ ᠣᠯᠬᠤ ᠭᠡᠷᠡᠭᠳᠡᠢ︔ ᠡᠪᠡᠳᠴᠢᠳᠡᠨ ᠳᠤ | ᠲᠤᠳᠤᠷᠬᠠᠶᠢᠯᠠᠵᠤ ᠪᠤᠯᠬᠤ ᠦᠭᠡᠢ ᠪᠤᠶᠤ ᠲᠣᠳᠣᠷᠬᠠᠢᠢᠯᠠᠬᠤ ᠳᠤ ᠳᠤᠬᠢᠷᠠᠮᠵᠢ ᠦᠭᠡᠢ ᠪᠠᠶᠢᠪᠠᠯ᠂ ᠡᠪᠡᠳᠴᠢᠳᠡᠨ ᠤ | ᠦᠢᠷ᠎ᠡ ᠲᠦᠷᠦᠯ ᠰᠠᠳᠦᠨ ᠳᠤ ᠲᠣᠳᠣᠷᠬᠠᠢᠢᠯᠠᠬᠤ ᠭᠡᠷᠡᠭᠳᠡᠢ ᠪᠦᠭᠡᠳ ᠡᠪᠡᠳᠴᠢᠳᠡᠨ ᠤ ᠦᠢᠷ᠎ᠡ ᠲᠦᠷᠦᠯ ᠰᠠᠳᠦᠨ ᠤ | ᠲᠤᠳᠤᠷᠬᠠᠢ ᠵᠦᠪᠰᠢᠶᠠᠷᠠᠯ ᠢ ᠣᠯᠬᠤ ᠭᠡᠷᠡᠭᠳᠡᠢ᠃ | ᠡᠮᠨᠡᠯᠭᠡ ᠶᠢᠨ ᠠᠵᠢᠯᠳᠠᠨ ᠡᠮᠦᠨᠡᠭᠢ ᠪᠠᠳᠠᠭ ᠲᠤ ᠲᠣᠷᠠᠳᠣᠭᠰᠠᠨ ᠡᠭᠦᠷᠭᠡ ᠶᠢ ᠭᠦᠢᠴᠡᠳᠭᠡᠭᠰᠡᠨ ᠦᠭᠡᠢ ᠪᠠᠶᠢᠵᠦ᠂ | ᠡᠪᠡᠳᠴᠢᠳᠡᠨ ᠳᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠮᠨᠡᠯᠭᠡ ᠶᠢᠨ ᠪᠠᠶᠢᠭᠤᠯᠣᠮᠵᠢ ᠲᠦᠯᠦᠭᠦ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠬᠤᠷᠢᠳᠤᠭᠠᠷ ᠵᠦᠢᠯ ᠠᠮᠢ ᠨᠠᠰᠦ ᠨᠢ ᠲᠦᠭᠰᠢᠭᠦᠷᠢᠳᠡᠢ ᠪᠣᠯᠣᠭᠰᠠᠨ ᠡᠪᠡᠳᠴᠢᠳᠡᠨ ᠢ ᠵᠠᠪᠳᠦᠨ | ᠠᠪᠣᠷᠠᠬᠤ ᠵᠡᠷᠭᠡ ᠪᠠᠴᠢᠮ ᠪᠠᠶᠢᠳᠠᠯ ᠠᠴᠠ ᠪᠤᠯᠵᠤ᠂ ᠡᠪᠡᠳᠴᠢᠳᠡᠨ ᠪᠣᠶᠣ ᠲᠠᠭᠦᠨ ᠤ ᠦᠢᠷ᠎ᠡ ᠲᠦᠷᠦᠯ ᠰᠠᠳᠦᠨ ᠤ | ᠰᠠᠨᠠᠯ ᠢ ᠠᠪᠴᠦ ᠴᠢᠳᠠᠬᠤ ᠦᠭᠡᠢ ᠪᠠᠶᠢᠪᠠᠯ᠂ ᠡᠮᠨᠡᠯᠭᠡ ᠶᠢᠨ ᠪᠠᠶᠢᠭᠤᠯᠣᠮᠵᠢ ᠶᠢᠨ ᠬᠠᠷᠢᠭᠤᠴᠠᠯᠭᠠᠳᠠᠨ ᠪᠣᠶᠣ ᠡᠷᠭᠡ | ᠣᠯᠭᠤᠭᠰᠠᠨ ᠬᠠᠷᠢᠭᠤᠴᠠᠯᠭᠠᠳᠠᠨ ᠢᠶᠠᠷ ᠵᠦᠪᠰᠢᠶᠠᠷᠠᠭᠦᠯᠦᠭᠡᠳ᠂ ᠲᠠᠷᠡ ᠲᠠᠷᠦᠢ ᠳᠤᠨᠢ ᠵᠣᠭᠢᠴᠠᠩᠭᠤᠢ ᠡᠮᠴᠢᠯᠡᠭᠡᠨ ᠤ | ᠠᠷᠭ᠎ᠠ ᠭᠡᠮᠵᠢᠶ᠎ᠡ ᠶᠢ ᠭᠡᠷᠡᠭᠵᠢᠭᠦᠯᠵᠦ ᠪᠣᠯᠣᠨ᠎ᠡ᠃ | ᠮᠢᠩᠭ᠎ᠠ ᠬᠤᠶᠠᠷ ᠵᠠᠭᠤ ᠬᠤᠷᠢᠨ ᠨᠢᠭᠡᠳᠦᠭᠡᠷ ᠵᠦᠢᠯ ᠡᠮᠨᠡᠯᠭᠡ ᠶᠢᠨ ᠠᠵᠢᠯᠳᠠᠨ ᠣᠨᠣᠰᠢᠯᠠᠨ ᠡᠮᠨᠡᠬᠦ ᠠᠵᠢᠯᠯᠠᠭ᠎ᠠ | ᠲᠣᠮᠳᠠ ᠪᠠᠨ ᠲᠣᠬᠠᠢ ᠶᠢᠨ ᠦᠶ᠎ᠡ ᠶᠢᠨ ᠡᠮᠴᠢᠯᠡᠭᠡᠨ ᠤ ᠭᠢᠷᠢ ᠭᠡᠮᠵᠢᠶ᠎ᠡ ᠲᠠᠢ ᠵᠣᠭᠢᠴᠠᠭᠰᠠᠨ ᠣᠨᠣᠰᠢᠯᠠᠨ ᠡᠮᠨᠡᠬᠦ | ᠡᠭᠦᠷᠭᠡ ᠶᠢ ᠭᠦᠢᠴᠡᠳᠭᠡᠭᠰᠡᠨ ᠦᠭᠡᠢ ᠪᠠᠶᠢᠵᠦ᠂ ᠡᠪᠡᠳᠴᠢᠳᠡᠨ ᠳᠤ ᠬᠤᠭᠢᠷᠠᠯ ᠣᠴᠠᠷᠠᠭᠤᠯᠣᠭᠰᠠᠨ ᠪᠠᠶᠢᠪᠠᠯ᠂ | ᠡᠮᠨᠡᠯᠭᠡ ᠶᠢᠨ ᠪᠠᠶᠢᠭᠤᠯᠣᠮᠵᠢ ᠲᠦᠯᠦᠭᠦ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠬᠤᠷᠢᠨ ᠬᠤᠶᠠᠳᠤᠭᠠᠷ ᠵᠦᠢᠯ ᠤᠨᠤᠰᠢᠯᠠᠨ ᠡᠮᠨᠡᠬᠦ ᠠᠵᠢᠯᠯᠠᠭ᠎ᠠ ᠳᠤᠮᠳᠠ ᠡᠪᠡᠳᠴᠢᠲᠡᠡ | ᠬᠤᠭᠢᠷᠠᠯ ᠳᠤ ᠣᠴᠠᠷᠠᠭᠠᠳ᠂ ᠲᠣᠣᠷ᠎ᠡ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠮᠨᠡᠯᠭᠡ ᠶᠢᠨ | ᠪᠠᠶᠢᠭᠤᠯᠣᠮᠵᠢ ᠶᠢ ᠣᠰᠣᠯ ᠲᠠᠢ ᠭᠡᠵᠦ ᠵᠦᠢᠴᠢᠯᠡᠨ ᠲᠣᠭᠲᠠᠭᠠᠨ᠎ᠡ᠄ | ︵ᠨᠢᠭᠡ︶ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ᠂ ᠲᠦᠷᠢᠮ ᠲᠣᠭᠳᠠᠭᠠᠯ ᠵᠢᠴᠢ ᠣᠨᠣᠰᠢᠯᠠᠨ | ᠡᠮᠨᠡᠬᠦ ᠵᠢᠷᠣᠮᠵᠢᠯ ᠤᠨ ᠲᠣᠬᠠᠢ ᠬᠤᠯᠪᠣᠭᠳᠠᠯ ᠪᠦᠭᠦᠢ ᠪᠣᠰᠣᠳ ᠲᠣᠭᠳᠠᠭᠠᠯ ᠠᠴᠠ ᠵᠦᠷᠢᠴᠡᠭᠰᠡᠨ︔ | ︵ᠬᠤᠶᠠᠷ︶ ᠵᠠᠭᠤᠷᠠᠯᠳᠣᠭᠠᠨ ᠳᠤ ᠬᠤᠯᠪᠣᠭᠳᠠᠬᠤ ᠡᠪᠡᠳᠴᠢᠨ ᠤ ᠳᠡᠮᠳᠡᠭᠯᠡᠯ ᠮᠠᠲ᠋ᠧᠷᠢᠶᠠᠯ ᠢ ᠨᠢᠭᠤᠭᠰᠠᠨ ᠪᠣᠶᠣ | ᠬᠠᠨᠭ᠍ᠭᠠᠬᠤ ᠶᠢ ᠲᠡᠪᠴᠢᠭᠰᠡᠨ︔ | ︵ᠭᠤᠷᠪᠠ︶ ᠡᠪᠡᠳᠴᠢᠨ ᠤ ᠳᠡᠮᠳᠡᠭᠯᠡᠯ ᠮᠡᠲ᠋ᠧᠷᠢᠶᠠᠯ ᠢ ᠭᠡᠭᠡᠭᠰᠡᠨ᠂ ᠬᠠᠭᠤᠷᠮᠠᠭᠯᠠᠨ ᠵᠣᠭᠢᠶᠠᠬᠰᠠᠨ᠂ ᠦᠭᠡᠷᠡᠳᠦᠭᠦᠯᠦᠨ | ᠵᠠᠰᠠᠬᠰᠠᠨ ᠪᠣᠶᠣ ᠬᠠᠤᠯᠢ ᠠᠴᠠ ᠵᠦᠷᠢᠴᠡᠵᠦ ᠣᠰᠠᠳᠬᠠᠬᠰᠠᠨ᠃ | ᠮᠢᠩᠭ᠎ᠠ ᠬᠤᠶᠠᠷ ᠵᠠᠭᠤ ᠬᠤᠷᠢᠨ ᠭᠤᠷᠪᠠᠳᠤᠭᠠᠷ ᠵᠦᠢᠯ ᠡᠮ ᠤᠨ ᠵᠦᠢᠯ᠂ ᠠᠷᠢᠭᠤᠳᠬᠠᠬᠤ ᠦᠢᠯᠡᠳᠭᠦᠨ᠂ | ᠡᠮᠨᠡᠯᠭᠡ ᠶᠢᠨ ᠪᠠᠭᠠᠵᠢ ᠭᠡᠷᠡᠭᠰᠡᠯ ᠨᠢ ᠬᠡᠮ ᠰᠤᠭᠤᠭ ᠲᠠᠢ ᠪᠣᠶᠣ ᠭᠢᠷᠢ ᠲᠠᠩᠴᠡᠭᠦ ᠦᠭᠡᠢ ᠴᠢᠰᠦ ᠶᠠᠭᠦᠯᠡᠵᠦ | ᠦᠭᠭᠦᠭᠰᠡᠨ ᠠᠴᠠ ᠪᠣᠯᠵᠦ ᠡᠪᠡᠳᠴᠢᠳᠡᠨ ᠳᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠪᠡᠳᠴᠢᠳᠡᠨ ᠨᠢ ᠡᠮ ᠤᠨ | ᠵᠦᠢᠯ ᠢ ᠵᠠᠬ᠎ᠠ ᠳᠡᠯᠭᠡᠭᠦᠷ ᠲᠤ ᠭᠠᠷᠭᠠᠬᠤ ᠵᠦᠪᠰᠢᠶᠡᠷᠡᠯ ᠲᠠᠢ ᠬᠦᠮᠦᠨ᠂ ᠦᠢᠯᠡᠳᠪᠦᠷᠢᠯᠡᠭᠴᠢ ᠪᠣᠶᠣ ᠴᠢᠰᠦ | ᠬᠠᠨᠭ᠍ᠭᠠᠭᠰᠠᠨ ᠪᠠᠶᠢᠭᠤᠯᠣᠮᠵᠢ ᠠᠴᠠ ᠲᠦᠯᠦᠪᠦᠷᠢ ᠠᠪᠬᠤ ᠪᠠᠷ ᠭᠤᠶᠣᠴᠢᠯᠠᠵᠦ ᠪᠣᠯᠣᠨ᠎ᠡ᠂ ᠡᠮᠨᠡᠯᠭᠡ ᠶᠢᠨ | ᠪᠠᠶᠢᠭᠤᠯᠣᠮᠵᠢ ᠠᠴᠠ ᠲᠦᠯᠦᠪᠦᠷᠢ ᠠᠪᠬᠤ ᠪᠠᠷ ᠭᠤᠶᠣᠴᠢᠯᠠᠭᠰᠠᠨ ᠴᠦ ᠪᠣᠯᠣᠨ᠎ᠡ᠃ ᠡᠪᠡᠳᠴᠢᠳᠡᠨ ᠨᠢ ᠡᠮᠨᠡᠯᠭᠡ ᠶᠢᠨ | ᠪᠠᠶᠢᠭᠤᠯᠣᠮᠵᠢ ᠠᠴᠠ ᠲᠦᠯᠦᠪᠦᠷᠢ ᠠᠪᠬᠤ ᠪᠠᠷ ᠭᠤᠶᠣᠴᠢᠯᠠᠭᠰᠠᠨ ᠪᠠᠶᠢᠪᠠᠯ᠂ ᠡᠮᠨᠡᠯᠭᠡ ᠶᠢᠨ ᠪᠠᠶᠢᠭᠤᠯᠣᠮᠵᠢ | ᠲᠦᠯᠦᠭᠰᠡᠨ ᠤ ᠲᠠᠷᠠᠭ᠎ᠠ᠂ ᠬᠠᠷᠢᠭᠤᠴᠠᠯᠭ᠎ᠠ ᠪᠦᠬᠦᠢ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠬᠤ | ᠵᠦᠪᠰᠢᠶᠡᠷᠡᠯ ᠲᠠᠢ ᠬᠦᠮᠦᠨ᠂ ᠦᠢᠯᠡᠳᠪᠦᠷᠢᠯᠡᠭᠴᠢ ᠪᠣᠶᠣ ᠴᠢᠰᠦ ᠬᠠᠨᠭ᠍ᠭᠠᠭᠰᠠᠨ ᠪᠠᠶᠢᠭᠤᠯᠣᠮᠵᠢ ᠪᠠᠷ ᠨᠡᠭᠡᠮᠵᠢᠯᠡᠨ | ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠬᠤᠷᠢᠨ ᠳᠦᠷᠪᠡᠳᠦᠭᠡᠷ ᠵᠦᠢᠯ ᠤᠨᠤᠰᠢᠯᠠᠨ ᠡᠮᠨᠡᠬᠦ ᠠᠵᠢᠯᠯᠠᠭ᠎ᠠ ᠳᠤᠮᠳᠠ ᠡᠪᠡᠳᠴᠢᠲᠡᠨ | ᠬᠤᠭᠢᠷᠠᠯ ᠳᠤ ᠣᠴᠠᠷᠠᠭᠠᠳ᠂ ᠲᠣᠣᠷ᠎ᠡ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠡᠮᠨᠡᠯᠭᠡ ᠶᠢᠨ | ᠪᠠᠶᠢᠭᠤᠯᠣᠮᠵᠢ ᠲᠦᠯᠦᠭᠦ ᠬᠠᠷᠢᠭᠤᠴᠠᠯᠭ᠎ᠠ ᠡᠭᠦᠷᠭᠡᠯᠡᠭᠦ ᠦᠭᠡᠢ᠄ | ︵ᠨᠢᠭᠡ︶ ᠡᠪᠡᠳᠴᠢᠳᠡᠨ ᠪᠣᠶᠣ ᠲᠠᠭᠦᠨ ᠤ ᠦᠢᠷ᠎ᠡ ᠲᠦᠷᠦᠯ ᠰᠠᠳᠦᠨ ᠨᠢ ᠡᠮᠨᠡᠯᠭᠡ ᠶᠢᠨ ᠪᠠᠶᠢᠭᠤᠯᠣᠮᠵᠢ ᠶᠢᠨ | ᠣᠨᠣᠰᠢᠯᠠᠨ ᠡᠮᠨᠡᠬᠦ ᠵᠢᠷᠣᠮᠵᠢᠯ ᠳᠤ ᠨᠠᠶᠢᠴᠡᠭᠰᠡᠨ ᠣᠨᠣᠰᠢᠯᠠᠨ ᠡᠮᠨᠡᠬᠦ ᠠᠵᠢᠯᠯᠠᠭ᠎ᠠ ᠳᠤ ᠦᠯᠦ ᠬᠠᠮᠵᠢᠯᠴᠠᠭᠰᠠᠨ︔ | ︵ᠬᠤᠶᠠᠷ︶ ᠡᠮᠨᠡᠯᠭᠡ ᠶᠢᠨ ᠠᠵᠢᠯᠳᠠᠨ ᠠᠮᠢ ᠨᠠᠰᠦ ᠨᠢ ᠲᠦᠭᠰᠢᠭᠦᠷᠢᠳᠡᠢ ᠪᠣᠯᠣᠭᠰᠠᠨ ᠡᠪᠡᠳᠴᠢᠳᠡᠨ ᠢ ᠵᠠᠪᠳᠦᠨ | ᠠᠪᠣᠷᠠᠬᠤ ᠵᠡᠷᠭᠡ ᠪᠠᠴᠢᠮ ᠪᠠᠶᠢᠳᠠᠯ ᠲᠣᠣᠷ᠎ᠠ ᠨᠢᠭᠡᠨᠳᠡ ᠵᠦᠢ ᠶᠣᠰᠣᠨ ᠤ ᠣᠨᠣᠰᠢᠯᠠᠨ ᠡᠮᠨᠡᠬᠦ ᠡᠭᠦᠷᠭᠡ ᠪᠠᠨ | ᠭᠦᠢᠴᠡᠳᠭᠡᠭᠰᠡᠨ︔ | ︵ᠭᠤᠷᠪᠠ︶ ᠲᠣᠬᠠᠢ ᠶᠢᠨ ᠦᠶ᠎ᠡ ᠶᠢᠨ ᠡᠮᠴᠢᠯᠡᠭᠡᠨ ᠤ ᠭᠢᠷᠢ ᠭᠡᠮᠵᠢᠶᠠᠨ ᠤ ᠬᠢᠵᠠᠭᠠᠷᠯᠠᠯ ᠠᠴᠠ ᠪᠤᠯᠵᠤ ᠣᠨᠣᠰᠢᠯᠠᠨ | ᠡᠮᠨᠡᠬᠦ ᠳᠤ ᠪᠠᠷᠭᠡᠳᠡᠢ ᠪᠠᠶᠢᠬᠤ᠃ | ᠡᠮᠦᠨᠡᠭᠢ ᠪᠠᠳᠠᠭ ᠲᠤ ᠲᠣᠷᠠᠳᠣᠭᠰᠠᠨ ᠨᠢᠭᠡᠳᠦᠭᠡᠷ ᠵᠤᠷᠪᠤᠰ ᠤᠨ ᠪᠠᠶᠢᠳᠠᠯ ᠲᠣᠣᠷ᠎ᠡ᠂ ᠡᠮᠨᠡᠯᠭᠡ ᠶᠢᠨ ᠪᠠᠶᠢᠭᠤᠯᠣᠮᠵᠢ | ᠪᠤᠶᠤ ᠲᠠᠭᠦᠨ ᠤ ᠡᠮᠨᠡᠯᠭᠡ ᠶᠢᠨ ᠠᠵᠢᠯᠳᠠᠨ ᠪᠠᠰᠠ ᠣᠰᠣᠯ ᠲᠠᠢ ᠪᠠᠶᠢᠪᠠᠯ᠂ ᠵᠣᠭᠢᠴᠠᠩᠭᠤᠢ ᠲᠦᠯᠦᠭᠦ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠬᠤᠷᠢᠨ ᠲᠠᠪᠤᠳᠤᠭᠠᠷ ᠵᠦᠢᠯ ᠡᠮᠨᠡᠯᠭᠡ ᠶᠢᠨ ᠪᠠᠶᠢᠭᠤᠯᠣᠮᠵᠢ ᠵᠢᠴᠢ ᠲᠡᠭᠦᠨ ᠤ ᠡᠮᠨᠡᠯᠭᠡ ᠶᠢᠨ | ᠠᠵᠢᠯᠳᠠᠨ ᠨᠢ ᠡᠮᠨᠡᠯᠭᠡ ᠳᠤ ᠰᠠᠭᠤᠭᠰᠠᠨ ᠲᠡᠮᠳᠡᠭᠯᠡᠯ᠂ ᠡᠮᠴᠢ ᠶᠢᠨ ᠵᠠᠬᠢᠶ᠎ᠠ ᠶᠢᠨ ᠬᠠᠭᠤᠳᠠᠰᠦ᠂ ᠰᠢᠯᠭᠠᠨ | ᠪᠠᠶᠢᠴᠠᠭᠠᠭᠰᠠᠨ ᠮᠡᠳᠡᠭᠦᠯᠦᠯᠳᠡ᠂ ᠮᠡᠰᠡ ᠵᠠᠰᠠᠯ ᠵᠢᠴᠢ ᠮᠢᠨᠴᠦᠭᠦᠷᠡᠭᠦᠯᠭᠡ ᠭᠢᠭᠰᠡᠨ ᠲᠠᠮᠳᠡᠭᠯᠡᠯ᠂ ᠡᠪᠡᠳᠴᠢᠨ ᠤ | ᠵᠦᠢ ᠶᠢᠨ ᠮᠠᠲ᠋ᠧᠷᠢᠶᠠᠯ᠂ ᠰᠣᠪᠢᠯᠠᠯᠳᠠ ᠶᠢᠨ ᠲᠡᠮᠳᠡᠭᠯᠡᠯ ᠵᠡᠷᠭᠡ ᠡᠪᠡᠳᠴᠢᠨ ᠤ ᠳᠡᠮᠳᠡᠭᠯᠡᠯ ᠮᠠᠲ᠋ᠧᠷᠢᠶᠠᠯ ᠢ ᠲᠣᠭᠳᠠᠭᠠᠯ | ᠶᠣᠰᠣᠭᠠᠷ ᠲᠠᠭᠯᠠᠨ ᠪᠢᠴᠢᠭᠦ ᠶᠢᠨ ᠬᠠᠮᠳᠤ ᠲᠣᠬᠢᠳᠡᠢ ᠬᠠᠳᠠᠭᠠᠯᠠᠨ ᠬᠠᠮᠢᠶᠠᠷᠬᠤ ᠭᠡᠷᠡᠭᠳᠡᠢ᠃ | ᠡᠪᠡᠳᠴᠢᠳᠡᠨ ᠡᠮᠦᠨᠡᠭᠢ ᠪᠠᠳᠠᠭ ᠲᠤ ᠲᠣᠭᠳᠠᠭᠠᠭᠰᠠᠨ ᠡᠪᠡᠳᠴᠢᠨ ᠤ ᠳᠡᠮᠳᠡᠭᠯᠡᠯ ᠮᠠᠲ᠋ᠧᠷᠢᠶᠠᠯ ᠢ ᠡᠷᠢᠵᠦ ᠦᠵᠡᠭᠦ᠂ | ᠬᠠᠭᠤᠯᠪᠤᠷᠢ ᠠᠪᠬᠤ ᠪᠠᠷ ᠱᠠᠭᠠᠷᠳᠠᠪᠠᠯ᠂ ᠡᠮᠨᠡᠯᠭᠡ ᠶᠢᠨ ᠪᠠᠶᠢᠭᠤᠯᠣᠮᠵᠢ ᠴᠠᠭ ᠲᠤᠬᠠᠢ ᠳᠤᠨᠢ ᠬᠠᠨᠭ᠍ᠭᠠᠬᠤ ᠭᠡᠷᠡᠭᠳᠡᠢ᠃ | ᠮᠢᠩᠭ᠎ᠠ ᠬᠤᠶᠠᠷ ᠵᠠᠭᠤ ᠬᠤᠷᠢᠨ ᠵᠢᠷᠭᠤᠳᠤᠭᠠᠷ ᠵᠦᠢᠯ ᠡᠮᠨᠡᠯᠭᠡ ᠶᠢᠨ ᠪᠠᠶᠢᠭᠤᠯᠣᠮᠵᠢ ᠵᠢᠴᠢ ᠲᠡᠬᠦᠨ ᠤ ᠡᠮᠨᠡᠯᠭᠡ ᠶᠢᠨ | ᠠᠵᠢᠯᠳᠠᠨ ᠨᠢ ᠡᠪᠡᠳᠴᠢᠳᠡᠨ ᠤ ᠬᠤᠪᠢ ᠶᠢᠨ ᠨᠢᠭᠤᠴᠠ ᠪᠠ ᠬᠤᠪᠢ ᠬᠦᠮᠦᠨ ᠤ ᠮᠡᠳᠡᠭᠡ ᠵᠠᠩᠭᠢ ᠶᠢᠨ ᠨᠢᠭᠤᠴᠠ ᠶᠢ | ᠬᠠᠮᠠᠭᠠᠯᠠᠬᠤ ᠭᠡᠷᠡᠭᠳᠡᠢ᠃ ᠡᠪᠡᠳᠴᠢᠳᠡᠨ ᠤ ᠬᠤᠪᠢ ᠶᠢᠨ ᠨᠢᠭᠤᠴᠡ ᠪᠠ ᠬᠤᠪᠢ ᠬᠦᠮᠦᠨ ᠤ ᠮᠡᠳᠡᠭᠡ ᠵᠠᠩᠭᠢ ᠶᠢ | ᠵᠠᠳᠠᠷᠠᠭᠤᠯᠣᠭᠰᠠᠨ᠂ ᠡᠰᠡᠭᠦᠯ᠎ᠡ ᠡᠪᠡᠳᠴᠢᠳᠡᠨ ᠤ ᠵᠦᠪᠰᠢᠶᠠᠷᠠᠯ ᠦᠭᠡᠢ ᠪᠠᠷ ᠡᠪᠡᠳᠴᠢᠨ ᠤ ᠳᠡᠮᠳᠡᠭᠯᠡᠯ ᠮᠡᠲ᠋ᠧᠷᠢᠶᠠᠯ ᠢ | ᠢᠯᠡ ᠪᠣᠯᠭᠠᠭᠰᠠᠨ ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠬᠤᠷᠢᠨ ᠳᠤᠯᠤᠳᠤᠭᠠᠷ ᠵᠦᠢᠯ ᠡᠮᠨᠡᠯᠭᠡ ᠶᠢᠨ ᠪᠠᠶᠢᠭᠤᠯᠣᠮᠵᠢ ᠵᠢᠴᠢ ᠲᠡᠬᠦᠨ ᠤ ᠡᠮᠨᠡᠯᠭᠡ ᠶᠢᠨ | ᠠᠵᠢᠯᠳᠠᠨ ᠣᠨᠣᠰᠢᠯᠠᠨ ᠡᠮᠨᠡᠬᠦ ᠵᠢᠷᠣᠮᠵᠢᠯ ᠠᠴᠠ ᠵᠦᠷᠢᠴᠡᠵᠦ ᠴᠢᠬᠤᠯᠠ ᠪᠤᠰᠤ ᠪᠠᠶᠢᠴᠠᠭᠠᠯᠳᠠ ᠶᠢ ᠭᠢᠵᠦ ᠪᠣᠯᠬᠤ | ᠦᠭᠡᠢ᠃ | ᠮᠢᠩᠭ᠎ᠠ ᠬᠤᠶᠠᠷ ᠵᠠᠭᠤ ᠬᠤᠷᠢᠨ ᠨᠠᠢᠮᠠᠳᠤᠭᠠᠷ ᠵᠦᠢᠯ ᠡᠮᠨᠡᠯᠭᠡ ᠶᠢᠨ ᠪᠠᠶᠢᠭᠤᠯᠣᠮᠵᠢ ᠵᠢᠴᠢ ᠲᠡᠭᠦᠨ ᠤ ᠡᠮᠨᠡᠯᠭᠡ ᠶᠢᠨ | ᠠᠵᠢᠯᠳᠠᠨ ᠤ ᠬᠠᠣᠯᠢ ᠶᠣᠰᠣᠨ ᠤ ᠡᠷᠭᠡ ᠠᠰᠢᠭ ᠢ ᠬᠠᠣᠯᠢ ᠪᠠᠷ ᠬᠠᠮᠠᠭᠠᠯᠠᠨ᠎ᠡ᠃ | ᠡᠮᠴᠢᠯᠡᠭᠡᠨ ᠤ ᠡᠮᠭᠢ ᠵᠢᠷᠣᠮ ᠢ ᠬᠠᠷᠰᠢᠯᠠᠨ᠂ ᠡᠮᠨᠡᠯᠭᠡ ᠶᠢᠨ ᠠᠵᠢᠯᠳᠠᠨ ᠤ ᠠᠵᠢᠯ ᠠᠮᠢᠳᠣᠷᠠᠯ ᠢ ᠬᠠᠷᠰᠢᠯᠠᠵᠤ᠂ | ᠡᠮᠨᠡᠯᠭᠡ ᠶᠢᠨ ᠠᠵᠢᠯᠲᠠᠨ ᠤ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ᠂ ᠬᠠᠣᠯᠢ ᠶᠣᠰᠣᠭᠠᠷ | ᠬᠠᠣᠯᠢ ᠶᠢᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠳᠤᠯᠤᠳᠤᠭᠠᠷ ᠪᠦᠯᠦᠭ ᠣᠷᠴᠢᠨ ᠠᠬᠤᠢ ᠶᠢ ᠪᠣᠭᠢᠷᠳᠣᠭᠤᠯᠣᠭᠰᠠᠨ ᠪᠠ ᠠᠮᠢ ᠠᠬᠤᠢ ᠶᠢ ᠡᠪᠳᠡᠭᠰᠡᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠬᠤᠷᠢ ᠶᠢᠰᠦᠳᠦᠭᠡᠷ ᠵᠦᠢᠯ ᠣᠷᠴᠢᠨ ᠠᠬᠤᠢ ᠶᠢ ᠪᠣᠭᠢᠷᠳᠦᠭᠤᠯᠣᠭᠰᠠᠨ᠂ ᠠᠮᠢ ᠠᠬᠤᠢ ᠶᠢ | ᠡᠪᠳᠡᠭᠰᠡᠨ ᠠᠴᠠ ᠪᠣᠯᠵᠦ ᠪᠤᠰᠤᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠬᠡ ᠳᠤ ᠬᠠᠯᠳᠠᠭᠰᠠᠨ | ᠬᠦᠮᠦᠨ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠭᠤᠴᠢᠳᠤᠭᠠᠷ ᠵᠦᠢᠯ ᠣᠷᠴᠢᠨ ᠠᠬᠤᠢ ᠶᠢ ᠪᠣᠭᠢᠷᠳᠦᠭᠤᠯᠣᠭᠰᠠᠨ᠂ ᠠᠮᠢ ᠠᠬᠤᠢ ᠶᠢ | ᠡᠪᠳᠡᠭᠰᠡᠨ ᠠᠴᠠ ᠪᠣᠯᠵᠦ ᠵᠠᠭᠤᠷᠠᠯᠳᠣᠭᠠᠨ ᠡᠭᠦᠰᠪᠠᠯ᠂ ᠦᠢᠯᠡ ᠠᠵᠢᠯᠯᠠᠭᠠᠲᠠᠨ ᠨᠢ ᠬᠠᠣᠯᠢ ᠴᠠᠭᠠᠵᠠ ᠳᠤ | ᠲᠣᠭᠳᠠᠭᠠᠭᠰᠠᠨ ᠬᠠᠷᠢᠭᠤᠴᠠᠯᠭ᠎ᠠ ᠦᠯᠦ ᠡᠭᠦᠷᠭᠡᠯᠡᠭᠦ ᠪᠣᠶᠣ ᠬᠠᠷᠢᠭᠤᠴᠠᠯᠭ᠎ᠠ ᠶᠢ ᠭᠦᠡᠭᠭᠡᠷᠡᠭᠦᠯᠭᠦ ᠪᠠᠶᠢᠳᠠᠯ ᠵᠢᠴᠢ | ᠲᠠᠭᠦᠨ ᠤ ᠦᠢᠯᠡ ᠠᠵᠢᠯᠯᠠᠭ᠎ᠠ ᠪᠠ ᠬᠤᠭᠢᠷᠠᠯ ᠤᠨ ᠬᠤᠭᠤᠷᠣᠨᠳᠦ ᠰᠢᠯᠳᠠᠭᠠᠨ ᠦᠷ᠎ᠡ ᠳ᠋ᠦ᠋ᠩ ᠤᠨ ᠬᠠᠷᠢᠴᠠᠭ᠎ᠠ | ᠣᠷᠣᠰᠢᠬᠤ ᠦᠭᠡᠢ ᠪᠠᠶᠢᠬᠤ ᠲᠣᠬᠠᠢ ᠭᠡᠷᠡᠴᠢ ᠲᠣᠷᠠᠳᠬᠤ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠭᠤᠴᠢᠨ ᠨᠢᠭᠡᠳᠦᠭᠡᠷ ᠵᠦᠢᠯ ᠬᠤᠶᠠᠷ ᠠᠴᠠ ᠲᠡᠭᠡᠭᠰᠢ ᠡᠷᠬᠡ ᠳᠤ ᠬᠠᠯᠳᠠᠭᠰᠠᠨ ᠬᠦᠮᠦᠨ | ᠣᠷᠴᠢᠨ ᠠᠬᠤᠢ ᠶᠢ ᠪᠣᠭᠢᠷᠳᠣᠭᠤᠯᠵᠦ᠂ ᠠᠮᠢ ᠠᠬᠤᠢ ᠶᠢ ᠡᠪᠳᠡᠭᠰᠡᠨ ᠪᠠᠶᠢᠪᠠᠯ᠂ ᠪᠣᠭᠢᠷᠳᠣᠭᠤᠯᠤᠯ ᠪᠣᠳᠠᠰ ᠤᠨ | ᠲᠦᠷᠦᠯ ᠵᠦᠢᠯ᠂ ᠦᠳᠭᠡᠴᠡ᠂ ᠭᠠᠳᠠᠭᠰᠢᠯᠠᠭᠤᠯᠣᠭᠰᠠᠠ ᠭᠡᠮᠵᠢᠶ᠎ᠡ᠂ ᠠᠮᠢ ᠠᠬᠤᠢ ᠶᠢ ᠡᠪᠳᠡᠭᠰᠡᠨ ᠠᠷᠭ᠎ᠠ ᠮᠠᠶ᠋ᠢᠭ᠂ | ᠬᠡᠪᠴᠢᠶ᠎ᠡ᠂ ᠬᠡᠮᠵᠢᠶ᠎ᠡ ᠵᠢᠴᠢ ᠦᠢᠯᠡ ᠠᠵᠢᠯᠯᠠᠭ᠎ᠠ ᠶᠢᠨ ᠬᠢᠨᠢ ᠬᠤᠬᠢᠷᠠᠯ ᠤᠨ ᠦᠷ᠎ᠡ ᠳ᠋ᠦᠩ ᠳᠤ ᠦᠵᠡᠭᠦᠯᠬᠦ | ᠦᠢᠯᠡᠳᠦᠯ ᠵᠡᠷᠭᠡ ᠭᠦᠴᠦᠨ ᠵᠦᠢᠯ ᠢ ᠦᠨᠳᠣᠰᠣᠯᠡᠵᠦ ᠡᠭᠦᠷᠭᠡᠯᠡᠭᠦ ᠬᠠᠷᠢᠭᠤᠴᠠᠯᠭ᠎ᠠ ᠶᠢᠨ ᠬᠢᠨᠢ ᠶᠡᠭᠡ ᠪᠠᠭ᠎ᠠ ᠶᠢ | ᠲᠣᠭᠳᠠᠭᠠᠨᠡ᠃ | ᠮᠢᠩᠭ᠎ᠠ ᠬᠤᠶᠠᠷ ᠵᠠᠭᠤ ᠭᠤᠴᠢᠨ ᠬᠤᠶᠠᠳᠤᠭᠠᠷ ᠵᠦᠢᠯ ᠡᠷᠬᠡ ᠳᠤ ᠬᠠᠯᠳᠠᠭᠰᠠᠨ ᠬᠦᠮᠦᠨ ᠨᠢ ᠬᠠᠤᠯᠢ ᠴᠠᠭᠠᠵᠠ ᠶᠢᠨ | ᠲᠤᠭᠲᠠᠭᠠᠯ ᠠᠴᠠ ᠵᠦᠷᠢᠴᠡᠵᠦ ᠵᠤᠷᠢᠭᠤᠳᠠ ᠤᠷᠴᠢᠨ ᠠᠬᠤᠢ ᠶᠢ ᠪᠤᠬᠢᠷᠳᠤᠭᠤᠯᠤᠨ᠂ ᠠᠮᠢ ᠠᠬᠤᠢ ᠶᠢ ᠡᠪᠳᠡᠭᠡᠳ | ᠬᠦᠨᠳᠦ ᠨᠤᠴᠢᠲᠠᠢ ᠤᠷᠰᠢᠭ ᠲᠠᠲᠠᠭᠰᠠᠨ ᠪᠠᠶᠢᠪᠠᠯ᠂ ᠡᠷᠬᠡ ᠨᠢ ᠬᠠᠯᠳᠠᠭᠳᠠᠭᠰᠠᠨ ᠬᠦᠮᠦᠨ ᠵᠤᠬᠢᠴᠠᠩᠭᠤᠢ ᠵᠠᠯᠬᠠᠭᠠᠨ | ᠰᠢᠢᠳᠭᠡᠬᠦ ᠴᠢᠨᠠᠷᠲᠠᠢ ᠲᠦᠯᠦᠪᠦᠷᠢ ᠠᠪᠬᠤ ᠪᠠᠷ ᠭᠤᠶᠤᠴᠢᠯᠠᠬᠤ ᠡᠷᠬᠡ ᠲᠠᠢ᠃ | ᠮᠢᠩᠭ᠎ᠠ ᠬᠤᠶᠠᠷ ᠵᠠᠭᠤ ᠭᠤᠴᠢᠨ ᠭᠤᠷᠪᠠᠳᠤᠭᠠᠷ ᠵᠦᠢᠯ ᠭᠤᠷᠪᠠᠳᠠᠭᠢ ᠭᠦᠮᠦᠨ ᠤ ᠣᠰᠣᠯ ᠠᠴᠠ ᠪᠣᠯᠵᠦ ᠣᠷᠴᠢᠨ | ᠠᠬᠤᠢ ᠶᠢ ᠪᠣᠭᠢᠷᠳᠣᠭᠤᠯᠤᠭᠰᠠᠨ᠂ ᠠᠮᠢ ᠠᠬᠤᠢ ᠶᠢ ᠡᠪᠳᠡᠭᠰᠡᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ | ᠡᠷᠬᠡ ᠳᠤ ᠬᠠᠯᠳᠠᠭᠰᠠᠨ ᠬᠦᠮᠦᠨ ᠠᠴᠠ ᠲᠦᠯᠦᠪᠦᠷᠢ ᠠᠪᠬᠤ ᠪᠠᠷ ᠭᠤᠶᠣᠴᠢᠯᠠᠵᠦ ᠪᠣᠯᠣᠨ᠎ᠠ᠂ ᠭᠤᠷᠪᠠᠳᠠᠭᠢ | ᠭᠦᠮᠦᠨ ᠠᠴᠠ ᠲᠦᠯᠦᠪᠦᠷᠢ ᠠᠪᠬᠤ ᠪᠠᠷ ᠭᠤᠶᠣᠴᠢᠯᠠᠭᠰᠠᠨ ᠴᠦ ᠪᠣᠯᠣᠨ᠎ᠠ᠃ ᠡᠷᠬᠡ ᠳᠤ ᠬᠠᠯᠳᠠᠭᠰᠠᠨ ᠬᠦᠮᠦᠨ | ᠲᠦᠯᠦᠭᠰᠡᠨ ᠤ ᠪᠠᠨ ᠲᠠᠷᠠᠭ᠎ᠠ ᠭᠤᠷᠪᠠᠳᠡᠭᠢ ᠭᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠭᠤᠴᠢᠨ ᠳᠦᠷᠪᠡᠳᠦᠭᠡᠷ ᠵᠦᠢᠯ ᠤᠯᠤᠰ ᠤᠨ ᠲᠣᠭᠲᠠᠭᠠᠯ ᠠᠴᠠ ᠵᠥᠷᠢᠴᠡᠨ ᠠᠮᠢ ᠠᠬᠤᠶ ᠶᠢᠨ | ᠣᠷᠴᠢᠨ ᠨᠦᠬᠦᠴᠡᠯ ᠢ ᠬᠤᠬᠢᠷᠠᠭᠤᠯᠤᠭᠰᠠᠨ ᠪᠠᠶᠢᠪᠠᠯ᠂ ᠠᠮᠢ ᠠᠬᠤᠶ ᠶᠢᠨ ᠣᠷᠴᠢᠨ ᠨᠦᠬᠦᠴᠡᠯ ᠢ ᠵᠠᠰᠠᠨ ᠰᠡᠷᠭᠦᠭᠡᠵᠦ | ᠳᠡᠶᠢᠯᠬᠦ ᠳᠤ ᠬᠦᠷᠪᠡᠯ᠂ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠪᠤᠶᠤ ᠬᠠᠤᠯᠢ ᠴᠠᠭᠠᠵᠠ ᠳᠤ ᠲᠣᠭᠲᠠᠭᠠᠭᠰᠠᠨ | ᠵᠣᠬᠢᠶᠠᠨ ᠪᠠᠶᠢᠭᠤᠯᠤᠯᠲᠠ ᠡᠷᠬᠡ ᠳᠤ ᠬᠠᠯᠳᠠᠭᠰᠠᠨ ᠬᠦᠮᠦᠨ ᠢ ᠵᠦᠶ ᠵᠣᠬᠢᠰᠲᠠᠶ ᠬᠤᠭᠤᠴᠠᠭᠠᠨ ᠳᠣᠲᠣᠷ᠎ᠠ ᠵᠠᠰᠠᠨ | ᠰᠡᠷᠭᠦᠭᠡᠬᠦ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃ ᠡᠷᠬᠡ ᠳᠤ ᠬᠠᠯᠳᠠᠭᠰᠠᠨ ᠬᠦᠮᠦᠨ ᠨᠢ | ᠬᠢᠵᠠᠭᠠᠷᠯᠠᠭᠰᠠᠨ ᠬᠤᠭᠤᠴᠠᠭᠠᠨ ᠳᠣᠲᠣᠷ᠎ᠠ ᠵᠠᠰᠠᠨ ᠰᠡᠷᠭᠦᠭᠡᠭᠰᠡᠨ ᠦᠭᠡᠢ ᠪᠠᠶᠢᠪᠠᠯ᠂ ᠤᠯᠤᠰ ᠠᠴᠠ ᠲᠣᠭᠲᠠᠭᠠᠭᠰᠠᠨ | ᠪᠠᠶᠢᠭᠤᠯᠭ᠎ᠠ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠥᠪᠡᠰᠦᠪᠡᠨ ᠪᠤᠶᠤ | ᠪᠤᠰᠤᠳ ᠲᠤ ᠨᠠᠶᠢᠳᠠᠵᠤ ᠵᠠᠰᠠᠨ ᠰᠡᠷᠭᠦᠭᠡᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠡᠷᠬᠡ ᠳᠤ ᠬᠠᠯᠳᠠᠭᠰᠠᠨ ᠬᠦᠮᠦᠨ | ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠭᠤᠴᠢᠨ ᠲᠠᠪᠤᠳᠤᠭᠠᠷ ᠵᠦᠢᠯ ᠤᠯᠤᠰ ᠤᠨ ᠲᠣᠭᠲᠠᠭᠠᠯ ᠠᠴᠠ ᠵᠥᠷᠢᠴᠡᠵᠦ ᠠᠮᠢ ᠠᠬᠤᠢ ᠶᠢᠨ | ᠣᠷᠴᠢᠨ ᠨᠦᠬᠦᠴᠡᠯ ᠢ ᠬᠤᠬᠢᠷᠠᠭᠤᠯᠤᠭᠰᠠᠨ ᠪᠠᠶᠢᠪᠠᠯ᠂ ᠤᠯᠤᠰ ᠠᠴᠠ ᠲᠣᠭᠲᠠᠭᠠᠭᠰᠠᠨ ᠪᠠᠶᠢᠭᠤᠯᠭ᠎ᠠ ᠪᠤᠶᠤ ᠬᠠᠤᠯᠢ | ᠴᠠᠭᠠᠵᠠ ᠳᠤ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠡᠷᠬᠡ ᠳᠤ ᠬᠠᠯᠳᠠᠭᠰᠠᠨ ᠬᠦᠮᠦᠨ ᠢᠶᠠᠷ ᠳᠣᠤᠷ᠎ᠠ | ᠵᠢᠭᠰᠠᠭᠠᠭᠰᠠᠨ ᠬᠤᠬᠢᠷᠠᠯ ᠪᠠ ᠵᠠᠷᠤᠳᠠᠯ ᠢ ᠲᠦᠯᠦᠬᠦᠯᠬᠦ ᠪᠠᠷ ᠭᠤᠶᠤᠴᠢᠯᠠᠬᠤ ᠡᠷᠬᠡ ᠲᠠᠢ᠄ | ︵ᠨᠢᠭᠡ︶ ᠠᠮᠢ ᠠᠬᠤᠶ ᠶᠢᠨ ᠣᠷᠴᠢᠨ ᠨᠦᠬᠦᠴᠡᠯ ᠬᠤᠬᠢᠷᠠᠯ ᠳᠤ ᠤᠴᠠᠷᠠᠭᠰᠠᠨ ᠠᠴᠠ ᠵᠠᠰᠠᠨ ᠰᠡᠷᠭᠦᠭᠡᠵᠦ ᠳᠠᠭᠤᠰᠬᠤ | ᠬᠦᠷᠲᠡᠯᠡᠬᠢ ᠬᠤᠭᠤᠴᠠᠭᠠᠨ ᠳᠠᠬᠢ ᠦᠢᠯᠡᠴᠢᠯᠡᠭᠡᠨ ᠤ ᠴᠢᠳᠠᠮᠵᠢ ᠪᠠᠨ ᠠᠯᠳᠠᠭᠰᠠᠨ ᠠᠴᠠ ᠪᠣᠯᠤᠭᠰᠠᠨ ᠬᠤᠬᠢᠷᠠᠯ︔ | ︵ᠬᠤᠶᠠᠷ︶ ᠠᠮᠢ ᠠᠬᠤᠶ ᠶᠢᠨ ᠣᠷᠴᠢᠨ ᠨᠥᠬᠦᠴᠡᠯ ᠤᠨ ᠴᠢᠳᠠᠮᠵᠢ ᠳᠤ ᠥᠨᠢᠳᠡ ᠶᠢᠨ ᠴᠢᠨᠠᠷᠲᠠᠶ ᠬᠤᠬᠢᠷᠠᠯ | ᠤᠴᠠᠷᠠᠭᠤᠯᠤᠭᠰᠠᠨ ᠠᠴᠠ ᠪᠤᠯᠤᠭᠰᠠᠨ ᠬᠤᠬᠢᠷᠠᠯ︔ | ︵ᠭᠤᠷᠪᠠ︶ ᠠᠮᠢ ᠠᠬᠤᠶ ᠶᠢᠨ ᠣᠷᠴᠢᠨ ᠨᠥᠬᠦᠴᠡᠯ ᠤᠨ ᠬᠤᠬᠢᠷᠠᠯ ᠢ ᠪᠠᠶᠢᠴᠠᠭᠠᠬᠤ᠂ ᠬᠢᠨᠠᠨ ᠲᠣᠭᠲᠠᠭᠠᠵᠤ ᠦᠨᠡᠯᠡᠨ | ᠵᠢᠱᠢᠬᠦ ᠵᠡᠷᠭᠡ ᠵᠠᠷᠤᠳᠠᠯ︔ | ︵ᠲᠥᠷᠪᠡ︶ ᠪᠣᠬᠢᠷᠲᠤᠯ ᠢ ᠠᠷᠢᠯᠭᠠᠨ᠂ ᠠᠮᠢ ᠠᠬᠤᠢ ᠶᠢᠨ ᠣᠷᠴᠢᠨ ᠨᠦᠬᠦᠴᠡᠯ ᠢ ᠵᠠᠰᠠᠨ ᠰᠡᠷᠭᠦᠭᠡᠬᠦ ᠵᠠᠷᠤᠳᠠᠯ︔ | ︵ᠲᠠᠪᠤ︶ ᠬᠤᠬᠢᠷᠠᠯ ᠤᠨ ᠡᠭᠦᠰᠬᠦ ᠪᠠ ᠦᠷᠭᠡᠳᠬᠦ ᠶᠢ ᠰᠡᠷᠭᠡᠶᠢᠯᠡᠬᠦ ᠳᠤ ᠵᠠᠷᠤᠴᠠᠭᠤᠯᠤᠭᠰᠠᠨ ᠵᠦᠶ ᠵᠣᠬᠢᠰᠲᠠᠶ ᠵᠠᠷᠤᠳᠠᠯ | ᠃ | | ᠨᠠᠢᠮᠠᠳᠤᠭᠠᠷ ᠪᠦᠯᠦᠭ ᠶᠡᠭᠡ ᠠᠶᠣᠯ ᠲᠦᠭᠰᠢᠭᠦᠷᠢ ᠶᠢᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠭᠤᠴᠢᠨ ᠵᠢᠷᠭᠤᠳᠤᠭᠠᠷ ᠵᠦᠢᠯ ᠠᠶᠣᠯ ᠲᠦᠭᠰᠢᠭᠦᠷᠢ ᠶᠡᠬᠡᠳᠠᠢ ᠠᠵᠢᠯ ᠭᠢᠵᠦ ᠪᠣᠰᠣᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠭᠤᠴᠢᠨ ᠳᠤᠯᠤᠳᠤᠭᠠᠷ ᠵᠦᠢᠯ ᠠᠷᠠᠳ ᠤᠨ ᠭᠡᠷᠡᠭᠯᠡᠭᠡᠨ ᠤ ᠴᠦᠮ᠎ᠡ ᠶᠢᠨ ᠲᠦᠭᠦᠭᠡᠷᠦᠮᠵᠢ | ᠪᠤᠶᠤ ᠴᠦᠮ᠎ᠡ ᠶᠢᠨ ᠲᠦᠭᠦᠭᠡᠷᠦᠮᠵᠢ ᠶᠢᠨ ᠴᠦᠮ᠎ᠡ ᠶᠢᠨ ᠮᠠᠲ᠋ᠧᠷᠢᠶᠠᠯ ᠢ ᠵᠦᠭᠡᠭᠡᠪᠦᠷᠢᠯᠡᠨ ᠤᠷᠤᠭᠤᠯᠬᠤ ᠵᠦᠭᠡᠭᠡᠪᠦᠷᠢᠯᠡᠨ | ᠭᠠᠷᠭᠠᠬᠤ ᠳᠤ ᠭᠡᠨᠡᠳᠡᠯ ᠭᠠᠷᠴᠦ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠠᠷᠠᠳ ᠤᠨ ᠭᠡᠷᠡᠭᠯᠡᠭᠡᠨ ᠤ | ᠴᠦᠮ᠎ᠡ ᠶᠢᠨ ᠲᠦᠭᠦᠭᠡᠷᠦᠮᠵᠢ ᠶᠢᠨ ᠳᠡᠬᠡᠬᠡᠪᠦᠷᠢ ᠡᠵᠡᠩᠨᠡᠯᠲᠡ ᠶᠢᠨ ᠨᠢᠭᠡᠴᠢ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ︔ ᠭᠡᠪᠡᠴᠦ ᠬᠤᠭᠢᠷᠠᠯ ᠨᠢ ᠲᠠᠶᠢᠨ ᠪᠠᠶᠢᠯᠳᠦᠭᠠᠨ᠂ ᠵᠡᠪᠰᠡᠭᠲᠦ ᠮᠦᠷᠭᠦᠯᠳᠦᠭᠡᠨ᠂ ᠤᠷᠪᠠᠯᠭᠠᠨ | ᠵᠡᠷᠭᠡ ᠪᠠᠶᠢᠳᠠᠯ ᠠᠴᠠ ᠪᠣᠯᠭᠠᠭᠰᠠᠨ ᠪᠣᠶᠣ ᠬᠤᠬᠢᠷᠠᠯ ᠠᠮᠰᠠᠭᠴᠢ ᠵᠣᠷᠢᠭᠤᠳᠠ ᠪᠣᠢ ᠪᠣᠯᠣᠭᠰᠠᠨ ᠢ ᠭᠡᠷᠡᠴᠢᠯᠡᠵᠦ | ᠲᠠᠶᠢᠯᠪᠠᠯ ᠬᠠᠷᠢᠭᠤᠴᠠᠯᠭ᠎ᠠ ᠡᠭᠦᠷᠭᠡᠯᠡᠭᠦ ᠦᠭᠡᠢ᠃ | ᠮᠢᠩᠭ᠎ᠠ ᠬᠤᠶᠠᠷ ᠵᠠᠭᠤ ᠭᠤᠴᠢᠨ ᠨᠠᠢᠮᠠᠳᠤᠭᠠᠷ ᠵᠦᠢᠯ ᠠᠷᠠᠳ ᠤᠨ ᠬᠡᠷᠡᠭᠯᠡᠭᠡᠨ ᠤ ᠠᠭᠠᠷ ᠤᠨ ᠨᠢᠰᠦᠭᠦᠷ ᠪᠣᠰᠣᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠠᠷᠠᠳ ᠤᠨ ᠬᠡᠷᠡᠭᠯᠡᠭᠡᠨ ᠤ ᠠᠭᠠᠷ ᠤᠨ ᠨᠢᠰᠦᠭᠦᠷ ᠤᠨ ᠡᠵᠡᠩᠨᠡᠭᠴᠢ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ ᠬᠤᠭᠢᠷᠠᠯ ᠢ ᠬᠤᠭᠢᠷᠠᠯ ᠠᠮᠰᠠᠭᠴᠢ | ᠵᠣᠷᠢᠭᠤᠳᠠ ᠪᠣᠢ ᠪᠣᠯᠭᠠᠭᠰᠠᠨ ᠢ ᠭᠡᠷᠡᠴᠢᠯᠡᠵᠦ ᠲᠠᠶᠢᠯᠪᠠᠯ ᠬᠠᠷᠢᠭᠤᠴᠠᠯᠭ᠎ᠠ ᠡᠭᠦᠷᠭᠡᠯᠡᠭᠦ ᠦᠭᠡᠢ᠃ | ᠮᠢᠩᠭ᠎ᠠ ᠬᠤᠶᠠᠷ ᠵᠠᠭᠤ ᠭᠤᠴᠢ ᠶᠢᠰᠦᠳᠦᠭᠡᠷ ᠵᠦᠢᠯ ᠨᠣᠴᠣᠮᠠᠳᠠᠭᠠᠢ᠂ ᠳᠡᠰᠤᠷᠠᠮᠡᠳᠡᠬᠡᠢ᠂ ᠶᠡᠭᠡ ᠬᠤᠤᠷᠲᠠᠢ᠂ ᠴᠢᠩᠭ᠎ᠠ | ᠰᠠᠴᠣᠷᠠᠭ ᠢᠳᠡᠪᠬᠢ ᠴᠢᠨᠠᠷᠲᠠᠢ᠂ ᠴᠢᠩᠭ᠎ᠠ ᠢᠳᠡᠮᠡᠬᠡᠢ ᠴᠢᠨᠠᠷᠲᠠᠢ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠡᠷᠭᠡ | ᠠᠶᠤᠯ ᠶᠡᠬᠡᠳᠠᠢ ᠪᠣᠳᠠᠰ ᠢ ᠡᠵᠡᠮᠰᠢᠭᠦ ᠪᠣᠶᠣ ᠭᠡᠷᠡᠭᠯᠡᠭᠡᠳ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ | ᠡᠵᠡᠮᠰᠢᠭᠴᠢ ᠪᠣᠶᠣ ᠭᠡᠷᠡᠭᠯᠡᠭᠴᠢ ᠨᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ | ᠬᠤᠭᠢᠷᠠᠯ ᠨᠢ ᠬᠤᠭᠢᠷᠠᠯ ᠠᠮᠰᠠᠭᠴᠢ ᠵᠣᠷᠢᠭᠤᠳᠠ ᠬᠢᠭᠰᠡᠨ ᠪᠣᠶᠣ ᠡᠰᠡᠷᠭᠦᠴᠡᠭᠳᠡᠰᠢ ᠦᠭᠡᠢ ᠭᠦᠴᠦᠨ ᠠᠴᠠ | ᠪᠣᠯᠣᠭᠰᠠᠨ ᠢ ᠭᠡᠷᠡᠴᠢᠯᠡᠵᠦ ᠲᠠᠶᠢᠯᠪᠠᠯ ᠬᠠᠷᠢᠭᠤᠴᠠᠯᠭ᠎ᠠ ᠡᠭᠦᠷᠭᠡᠯᠡᠭᠦ ᠦᠭᠡᠢ᠃ ᠡᠷᠭᠡ ᠨᠢ ᠬᠠᠯᠳᠠᠭᠳᠠᠭᠰᠠᠨ ᠬᠦᠮᠦᠨ | ᠬᠤᠭᠢᠷᠠᠯ ᠤᠨ ᠡᠭᠦᠰᠭᠦ ᠳᠤ ᠭᠦᠨᠳᠦ ᠶᠡᠭᠡ ᠠᠳᠠᠯ ᠭᠠᠷᠭᠠᠭᠰᠠᠨ ᠪᠠᠶᠢᠪᠠᠯ᠂ ᠡᠵᠡᠮᠰᠢᠭᠴᠢ ᠪᠣᠶᠣ ᠭᠡᠷᠡᠭᠯᠡᠭᠴᠢ ᠶᠢᠨ | ᠬᠠᠷᠢᠭᠤᠴᠠᠯᠭ᠎ᠠ ᠶᠢ ᠭᠦᠡᠭᠭᠡᠷᠡᠭᠦᠯᠵᠦ ᠪᠣᠯᠣᠨ᠎ᠡ᠃ | ᠮᠢᠩᠭ᠎ᠠ ᠬᠤᠶᠠᠷ ᠵᠠᠭᠤ ᠳᠦᠴᠢᠳᠦᠭᠡᠷ ᠵᠦᠢᠯ ᠦᠨᠳᠦᠷ ᠲᠡᠭᠡᠷ᠎ᠡ ᠠᠵᠢᠯᠯᠠᠬᠤ᠂ ᠦᠨᠳᠣᠷ ᠲᠠᠷᠦᠯᠳᠠ ᠲᠣᠣᠷ᠎ᠠ | ᠠᠵᠢᠯᠯᠠᠬᠤ᠂ ᠭᠠᠵᠠᠷ ᠲᠣᠣᠷ᠎ᠡ ᠣᠬᠤᠵᠦ ᠮᠠᠯᠳᠠᠬᠤ ᠠᠵᠢᠯᠯᠠᠭ᠎ᠠ ᠭᠢᠭᠦ ᠪᠣᠶᠣ ᠲᠦᠷᠭᠡᠨ ᠲᠠᠪᠭᠢᠬᠤ ᠲᠡᠮᠦᠷ ᠵᠠᠮ ᠤᠨ | ᠲᠡᠭᠡᠭᠡᠪᠦᠷᠢ ᠶᠢᠨ ᠪᠠᠭᠠᠵᠢ ᠶᠢ ᠭᠡᠷᠡᠭᠯᠡᠬᠡᠳ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠵᠡᠩᠨᠡᠭᠴᠢ ᠨᠢ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ ᠬᠤᠭᠢᠷᠠᠯ ᠨᠢ ᠬᠤᠭᠢᠷᠠᠯ ᠠᠮᠰᠠᠭᠴᠢ | ᠵᠣᠷᠢᠭᠤᠳᠠ ᠪᠣᠢ ᠪᠣᠯᠭᠠᠭᠰᠠᠨ ᠪᠣᠶᠣ ᠡᠰᠡᠷᠭᠦᠴᠡᠭᠳᠡᠰᠢ ᠦᠭᠡᠢ ᠭᠦᠴᠦᠨ ᠠᠴᠠ ᠪᠣᠯᠣᠭᠰᠠᠨ ᠢ ᠭᠡᠷᠡᠴᠢᠯᠡᠵᠦ ᠲᠠᠶᠢᠯᠪᠠᠯ | ᠬᠠᠷᠢᠭᠤᠴᠠᠯᠭ᠎ᠠ ᠡᠭᠦᠷᠭᠡᠯᠡᠭᠦ ᠦᠭᠡᠢ᠃ ᠡᠷᠭᠡ ᠨᠢ ᠬᠠᠯᠳᠠᠭᠳᠠᠭᠰᠠᠨ ᠬᠦᠮᠦᠨ ᠬᠤᠭᠢᠷᠠᠯ ᠤᠨ ᠡᠭᠦᠰᠭᠦ ᠳᠤ ᠬᠦᠨᠳᠦ | ᠶᠡᠭᠡ ᠠᠳᠠᠯ ᠭᠠᠷᠭᠠᠭᠰᠠᠨ ᠪᠠᠶᠢᠪᠠᠯ᠂ ᠡᠵᠡᠩᠨᠡᠭᠴᠢ ᠶᠢᠨ ᠬᠠᠷᠢᠭᠤᠴᠠᠯᠭ᠎ᠠ ᠶᠢ ᠭᠦᠡᠭᠭᠡᠷᠡᠭᠦᠯᠵᠦ ᠪᠣᠯᠣᠨ᠎ᠡ᠃ | ᠮᠢᠩᠭ᠎ᠠ ᠬᠤᠶᠠᠷ ᠵᠠᠭᠤ ᠳᠦᠴᠢᠨ ᠨᠢᠭᠡᠳᠦᠭᠡᠷ ᠵᠦᠢᠯ ᠠᠶᠤᠯ ᠶᠡᠬᠡᠳᠠᠢ ᠪᠣᠳᠠᠰ ᠢ ᠭᠡᠭᠡᠵᠦ ᠠᠯᠳᠠᠬᠤ ᠪᠠ ᠬᠠᠶᠠᠵᠤ | ᠤᠷᠬᠢᠭᠠᠳ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠦᠮᠴᠢᠯᠡᠭᠴᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠨ᠎ᠡ᠃ ᠦᠮᠴᠢᠯᠡᠭᠴᠢ ᠠᠶᠤᠯ ᠶᠡᠬᠡᠳᠠᠢ ᠪᠣᠳᠠᠰ ᠢ ᠪᠣᠰᠣᠳ ᠲᠤ ᠦᠭᠴᠦ | ᠬᠠᠮᠢᠶᠠᠷᠣᠭᠤᠯᠣᠭᠰᠠᠨ ᠪᠠᠶᠢᠪᠠᠯ᠂ ᠬᠠᠮᠢᠶᠠᠷᠣᠭᠴᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ | ᠦᠮᠴᠢᠯᠡᠭᠴᠢ ᠣᠰᠣᠯ ᠲᠠᠢ ᠪᠠᠶᠢᠪᠠᠯ᠂ ᠬᠠᠮᠢᠶᠠᠷᠣᠭᠴᠢ ᠲᠠᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠳᠦᠴᠢᠨ ᠬᠤᠶᠠᠳᠤᠭᠠᠷ ᠵᠦᠢᠯ ᠠᠶᠤᠯ ᠶᠡᠬᠡᠳᠠᠢ ᠪᠣᠳᠠᠰ ᠢ ᠬᠠᠣᠯᠢ ᠪᠣᠰᠣ ᠪᠠᠷ ᠡᠵᠡᠮᠰᠢᠵᠦ | ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠬᠠᠣᠯᠢ ᠪᠣᠰᠣ ᠪᠠᠷ ᠡᠵᠡᠮᠰᠢᠭᠴᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠨ᠎ᠡ᠃ ᠦᠮᠴᠢᠯᠡᠭᠴᠢ᠂ ᠬᠠᠮᠢᠶᠠᠷᠣᠭᠴᠢ ᠨᠢ ᠪᠣᠰᠣᠳ ᠤᠨ ᠬᠠᠣᠯᠢ ᠪᠣᠰᠣ ᠪᠠᠷ ᠡᠵᠡᠮᠰᠢᠭᠦ ᠶᠢ | ᠰᠡᠷᠭᠡᠶᠢᠯᠡᠭᠦ ᠳᠤ ᠲᠡᠭᠡᠳᠦ ᠭᠡᠮᠵᠢᠶᠠᠨ ᠤ ᠠᠩᠬᠠᠷᠣᠯ ᠲᠠᠯᠪᠢᠬᠤ ᠡᠭᠦᠷᠭᠡ ᠪᠠᠨ ᠭᠦᠢᠴᠡᠳᠭᠡᠭᠰᠡᠨ ᠢᠶᠠᠨ ᠭᠡᠷᠡᠴᠢᠯᠡᠵᠦ | ᠲᠠᠶᠢᠯᠭᠦ ᠦᠭᠡᠢ ᠪᠠᠶᠢᠪᠠᠯ᠂ ᠬᠠᠣᠯᠢ ᠪᠣᠰᠣ ᠪᠠᠷ ᠡᠵᠡᠮᠰᠢᠭᠴᠢ ᠲᠠᠢ ᠬᠤᠯᠪᠣᠯᠳᠣᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠳᠦᠴᠢᠨ ᠭᠤᠷᠪᠠᠳᠤᠭᠠᠷ ᠵᠦᠢᠯ ᠠᠶᠤᠯ ᠶᠡᠬᠡᠳᠠᠢ ᠠᠵᠢᠯᠯᠠᠭ᠎ᠠ ᠶᠢᠨ ᠣᠷᠣᠨ ᠪᠣᠶᠣ ᠠᠶᠤᠯ | ᠶᠡᠬᠡᠳᠠᠢ ᠪᠣᠳᠠᠰ ᠢ ᠬᠠᠳᠠᠭᠠᠯᠠᠵᠦ ᠪᠠᠶᠢᠭ᠎ᠠ ᠣᠷᠣᠨ ᠳᠤ ᠵᠦᠪᠰᠢᠶᠡᠷᠠᠯ ᠦᠭᠡᠢ ᠪᠠᠷ ᠣᠷᠣᠭᠠᠳ ᠬᠤᠭᠢᠷᠠᠯ ᠳᠤ | ᠣᠴᠠᠷᠠᠬᠰᠠᠨ ᠪᠤᠯ᠂ ᠬᠠᠮᠢᠶᠠᠷᠣᠭᠴᠢ ᠨᠢ ᠨᠢᠭᠡᠨᠳᠡ ᠬᠦᠢᠴᠡᠳ ᠠᠮᠤᠷ ᠲᠦᠪᠰᠢᠨ ᠤ ᠠᠷᠭ᠎ᠠ ᠭᠡᠮᠵᠢᠶ᠎ᠡ ᠠᠪᠣᠭᠰᠠᠠ | ᠪᠦᠭᠡᠳ ᠰᠡᠷᠡᠮᠵᠢᠯᠡᠭᠦᠯᠭᠦ ᠡᠭᠦᠷᠭᠡ ᠪᠠᠨ ᠬᠦᠢᠴᠡᠳ ᠭᠦᠢᠴᠡᠳᠭᠡᠭᠰᠡᠨ ᠭᠡᠳᠡᠭ ᠢᠶᠠᠨ ᠭᠡᠷᠡᠴᠢᠯᠡᠵᠦ ᠳᠡᠶᠢᠯᠪᠡᠯ᠂ | ᠬᠠᠷᠢᠭᠤᠴᠠᠯᠭ᠎ᠠ ᠶᠢ ᠨᠢ ᠭᠦᠡᠭᠭᠡᠷᠡᠭᠦᠯᠭᠦ ᠪᠣᠶᠣ ᠬᠠᠷᠢᠭᠤᠴᠠᠯᠭ᠎ᠠ ᠡᠭᠦᠷᠭᠡᠯᠡᠭᠦ ᠦᠭᠡᠢ ᠪᠠᠶᠢᠵᠦ ᠪᠣᠯᠣᠨ᠎ᠡ᠃ | ᠮᠢᠩᠭ᠎ᠠ ᠬᠤᠶᠠᠷ ᠵᠠᠭᠤ ᠳᠦᠴᠢᠨ ᠳᠦᠷᠪᠡᠳᠦᠭᠡᠷ ᠵᠦᠢᠯ ᠶᠡᠭᠡ ᠠᠶᠣᠯ ᠲᠦᠭᠰᠢᠭᠦᠷᠢ ᠶᠢᠨ ᠬᠠᠷᠢᠭᠤᠴᠠᠯᠭ᠎ᠠ ᠶᠢ | ᠡᠭᠦᠷᠭᠡᠯᠡᠭᠦ ᠳᠤ᠂ ᠬᠠᠣᠯᠢ ᠴᠠᠭᠠᠵᠠ ᠳᠤ ᠲᠦᠯᠦᠪᠦᠷᠢ ᠶᠢᠨ ᠭᠢᠵᠠᠭᠠᠷ ᠲᠤᠭ᠎ᠠ ᠶᠢ ᠲᠣᠭᠳᠠᠭᠠᠭᠰᠠᠨ ᠪᠠᠶᠢᠪᠠᠯ ᠲᠠᠷᠡ | ᠲᠣᠭᠳᠠᠭᠠᠯ ᠶᠤᠰᠤᠭᠠᠷ ᠶᠠᠪᠤᠭᠤᠯᠤᠨ᠎ᠠ᠂ ᠭᠡᠪᠡᠴᠦ ᠦᠢᠯᠡ ᠠᠵᠢᠯᠯᠠᠭᠠᠲᠠᠨ ᠨᠢ ᠵᠤᠷᠢᠭᠤᠳᠠ ᠪᠣᠢ ᠪᠣᠯᠭᠠᠭᠰᠠᠨ ᠪᠤᠶᠤ | ᠬᠦᠨᠳᠦ ᠶᠡᠭᠡ ᠠᠳᠠᠯ ᠭᠠᠷᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ᠶᠢᠰᠦᠳᠦᠭᠡᠷ ᠪᠦᠯᠦᠭ ᠲᠡᠵᠢᠭᠡᠪᠦᠷᠢ ᠠᠮᠢᠳᠠᠨ ᠤ ᠬᠤᠭᠢᠷᠠᠭᠤᠯᠣᠯ ᠤᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠳᠦᠴᠢᠨ ᠲᠠᠪᠤᠳᠤᠭᠠᠷ ᠵᠦᠢᠯ ᠲᠠᠵᠢᠭᠡᠪᠦᠷᠢ ᠠᠮᠢᠳᠠᠨ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠠᠮᠢᠳᠠᠨ ᠤ ᠲᠠᠵᠢᠭᠡᠭᠴᠢ ᠪᠣᠶᠣ ᠬᠠᠮᠢᠶᠠᠷᠣᠭᠴᠢ ᠨᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ ᠬᠤᠭᠢᠷᠠᠯ ᠢ ᠡᠷᠭᠡ ᠨᠢ ᠬᠠᠯᠳᠠᠭᠳᠠᠭᠰᠠᠨ ᠬᠦᠮᠦᠨ ᠵᠣᠷᠢᠭᠤᠳᠠ ᠪᠣᠢ | ᠪᠣᠯᠭᠠᠭᠰᠠᠨ ᠪᠣᠶᠣ ᠬᠦᠨᠳᠦ ᠶᠡᠭᠡ ᠠᠳᠠᠯ ᠭᠠᠷᠭᠠᠭᠰᠠᠨ ᠠᠴᠠ ᠪᠣᠯᠣᠭᠰᠠᠨ ᠢ ᠭᠡᠷᠡᠴᠢᠯᠡᠵᠦ ᠲᠠᠶᠢᠯᠪᠡᠯ᠂ ᠬᠠᠷᠢᠭᠤᠴᠠᠯᠭ᠎ᠠ | ᠡᠭᠦᠷᠭᠡᠯᠡᠭᠦ ᠦᠭᠡᠢ ᠪᠣᠶᠣ ᠬᠠᠷᠢᠭᠤᠴᠠᠯᠭ᠎ᠠ ᠶᠢ ᠨᠢ ᠭᠦᠡᠭᠭᠡᠷᠡᠭᠦᠯᠵᠦ ᠪᠣᠯᠣᠨ᠎ᠡ᠃ | ᠮᠢᠩᠭ᠎ᠠ ᠬᠤᠶᠠᠷ ᠵᠠᠭᠤ ᠳᠦᠴᠢᠨ ᠵᠢᠷᠭᠤᠳᠤᠭᠠᠷ ᠵᠦᠢᠯ ᠬᠠᠮᠢᠶᠠᠷᠣᠯᠳᠠ ᠶᠢᠨ ᠲᠣᠭᠳᠠᠭᠠᠯ ᠠᠴᠠ ᠵᠦᠷᠢᠴᠡᠵᠦ᠂ | ᠠᠮᠢᠳᠠᠨ ᠳᠤ ᠠᠮᠤᠷ ᠲᠦᠪᠰᠢᠨ ᠤ ᠠᠷᠭ᠎ᠠ ᠭᠡᠮᠵᠢᠶ᠎ᠡ ᠠᠪᠣᠭᠰᠠᠨ ᠦᠭᠡᠢ ᠠᠴᠠ ᠪᠣᠯᠵᠦ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠠᠮᠢᠳᠠᠨ ᠤ ᠲᠡᠵᠢᠭᠡᠭᠴᠢ ᠪᠣᠶᠣ ᠬᠠᠮᠢᠶᠠᠷᠣᠭᠴᠢ ᠨᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ︔ ᠭᠡᠪᠡᠴᠦ ᠬᠤᠬᠢᠷᠠᠯ ᠢ ᠡᠷᠬᠡ ᠨᠢ ᠬᠠᠯᠳᠠᠭᠳᠠᠭᠰᠠᠨ ᠬᠦᠮᠦᠨ ᠵᠤᠷᠢᠭᠤᠳᠠ ᠪᠤᠢ | ᠪᠤᠯᠭᠠᠭᠰᠠᠨ ᠭᠡᠳᠡᠭ ᠢ ᠭᠡᠷᠡᠴᠢᠯᠡᠵᠦ ᠳᠡᠶᠢᠯᠪᠡᠯ᠂ ᠬᠠᠷᠢᠭᠤᠴᠠᠯᠭ᠎ᠠ ᠶᠢ ᠨᠢ ᠬᠦᠩᠭᠡᠷᠡᠭᠦᠯᠵᠦ ᠪᠤᠯᠤᠨ᠎ᠠ᠃ | ᠮᠢᠩᠭ᠎ᠠ ᠬᠤᠶᠠᠷ ᠵᠠᠭᠤ ᠳᠦᠴᠢᠨ ᠳᠤᠯᠤᠳᠤᠭᠠᠷ ᠵᠦᠢᠯ ᠲᠡᠵᠢᠭᠡᠭᠦ ᠶᠢ ᠴᠠᠭᠠᠵᠠᠯᠠᠭᠰᠠᠨ ᠲᠣᠭᠰᠢᠨ ᠨᠣᠬᠠᠢ ᠵᠡᠷᠭᠡ | ᠠᠶᠣᠯᠳᠠᠢ ᠠᠮᠢᠳᠠᠨ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠠᠮᠢᠳᠠᠨ ᠤ ᠲᠡᠵᠢᠭᠡᠭᠴᠢ ᠪᠣᠶᠣ | ᠬᠠᠮᠢᠶᠠᠷᠣᠭᠴᠢ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠳᠦᠴᠢᠨ ᠨᠠᠢᠮᠠᠳᠤᠭᠠᠷ ᠵᠦᠢᠯ ᠠᠮᠢᠳᠠᠨ ᠤ ᠭᠦᠷᠢᠶᠡᠯᠡᠩ ᠤᠨ ᠠᠮᠢᠳᠠᠨ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠠᠮᠢᠳᠠᠨ ᠤ ᠭᠦᠷᠢᠶᠠᠯᠡᠩ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ | ᠭᠡᠷᠡᠭᠳᠡᠢ︔ ᠭᠡᠪᠡᠴᠦ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠨ ᠭᠡᠷᠡᠴᠢᠯᠡᠵᠦ | ᠲᠠᠶᠢᠯᠪᠠᠯ ᠡᠷᠬᠡ ᠳᠤ ᠬᠠᠯᠳᠠᠬᠰᠠᠨ ᠬᠠᠷᠢᠭᠤᠴᠠᠯᠭ᠎ᠠ ᠡᠭᠦᠷᠭᠡᠯᠡᠭᠦ ᠦᠭᠡᠢ᠃ | ᠮᠢᠩᠭ᠎ᠠ ᠬᠤᠶᠠᠷ ᠵᠠᠭᠤ ᠳᠦᠴᠢ ᠶᠢᠰᠦᠳᠦᠭᠡᠷ ᠵᠦᠢᠯ ᠭᠤᠯᠤᠵᠤ ᠬᠠᠶᠠᠭᠰᠠᠨ᠂ ᠲᠣᠳᠠᠭᠠᠭᠰᠠᠨ ᠠᠮᠢᠳᠠᠨ ᠨᠢ | ᠭᠤᠯᠤᠭᠳᠠᠨ ᠬᠠᠶᠠᠭᠳᠠᠭᠰᠠᠨ᠂ ᠲᠣᠳᠠᠭᠠᠵᠤ ᠪᠠᠶᠢᠬᠤ ᠬᠤᠭᠤᠴᠠᠭᠠᠨ ᠳᠠᠭᠠᠨ ᠪᠣᠰᠣᠳ ᠲᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠠᠮᠢᠳᠠᠨ ᠤ ᠣᠣᠯ ᠤᠨ ᠲᠡᠵᠢᠭᠡᠭᠴᠢ ᠪᠣᠶᠣ ᠬᠠᠮᠢᠶᠠᠷᠣᠭᠴᠢ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠲᠠᠪᠢᠳᠤᠭᠠᠷ ᠵᠦᠢᠯ ᠠᠮᠢᠳᠠᠨ ᠨᠢ ᠭᠤᠷᠪᠠᠳᠠᠭᠢ ᠭᠦᠮᠦᠨ ᠤ ᠣᠰᠣᠯ ᠠᠴᠠ ᠪᠣᠯᠵᠦ | ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠭᠡ ᠨᠢ ᠬᠠᠯᠳᠠᠭᠳᠠᠭᠰᠠᠨ ᠬᠦᠮᠦᠨ ᠠᠮᠢᠳᠠᠨ ᠤ ᠲᠡᠵᠢᠭᠡᠭᠴᠢ | ᠪᠣᠶᠣ ᠬᠠᠮᠢᠶᠠᠷᠣᠭᠴᠢ ᠠᠴᠠ ᠲᠦᠯᠦᠪᠦᠷᠢ ᠠᠪᠬᠤ ᠪᠠᠷ ᠭᠤᠶᠣᠴᠢᠯᠠᠵᠦ ᠪᠣᠯᠣᠨ᠎ᠠ᠂ ᠭᠤᠷᠪᠠᠳᠠᠭᠢ ᠭᠦᠮᠦᠨ ᠠᠴᠠ | ᠲᠦᠯᠦᠪᠦᠷᠢ ᠠᠪᠬᠤ ᠪᠠᠷ ᠭᠤᠶᠣᠴᠢᠯᠠᠭᠰᠠᠨ ᠴᠦ ᠪᠣᠯᠣᠨ᠎ᠡ᠃ ᠠᠮᠢᠳᠠᠨ ᠤ ᠲᠡᠵᠢᠭᠡᠭᠴᠢ ᠪᠣᠶᠣ ᠬᠠᠮᠢᠶᠠᠷᠣᠭᠴᠢ | ᠲᠦᠯᠦᠭᠰᠡᠨ ᠤ ᠪᠠᠨ ᠲᠠᠷᠠᠭ᠎ᠠ ᠭᠤᠷᠪᠠᠳᠠᠭᠢ ᠭᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠲᠠᠪᠢᠨ ᠨᠢᠭᠡᠳᠦᠭᠡᠷ ᠵᠦᠢᠯ ᠠᠮᠢᠳᠡᠨ ᠲᠡᠵᠢᠭᠡᠭᠦ ᠳᠤ ᠬᠠᠣᠯᠢ ᠴᠠᠭᠠᠵᠠ ᠬᠠᠤᠯᠢ ᠲᠤᠭᠲᠠᠭᠠᠯ ᠢ | ᠵᠢᠷᠣᠮᠯᠠᠵᠦ᠂ ᠨᠠᠶᠢᠭᠡᠮ ᠨᠠᠶᠢᠳᠠ ᠶᠢᠨ ᠶᠣᠰᠣ ᠮᠣᠷᠠᠯ ᠢ ᠭᠦᠨᠳᠦᠳᠭᠡᠭᠦ ᠭᠡᠷᠡᠭᠳᠡᠢ᠂ ᠪᠣᠰᠣᠳ ᠤᠨ ᠠᠮᠢᠳᠣᠷᠠᠯ ᠢ | ᠬᠠᠷᠰᠢᠯᠠᠵᠦ ᠪᠣᠯᠬᠤ ᠦᠭᠡᠢ᠃ | ᠠᠷᠪᠠᠳᠤᠭᠠᠷ ᠪᠦᠯᠦᠭ ᠪᠠᠷᠢᠯᠭ᠎ᠠ ᠪᠠ ᠡᠳ᠋ ᠪᠣᠳᠠᠰ ᠤᠨ ᠬᠤᠭᠢᠷᠠᠭᠤᠯᠤᠯ ᠤᠨ ᠬᠠᠷᠢᠭᠤᠴᠠᠯᠭ᠎ᠠ | ᠮᠢᠩᠭ᠎ᠠ ᠬᠤᠶᠠᠷ ᠵᠠᠭᠤ ᠲᠠᠪᠢᠨ ᠬᠤᠶᠠᠳᠤᠭᠠᠷ ᠵᠦᠢᠯ ᠪᠠᠷᠢᠯᠭ᠎ᠠ᠂ ᠪᠠᠶᠢᠭᠤᠯᠪᠤᠷᠢ ᠪᠣᠶᠣ ᠪᠣᠰᠣᠳ ᠲᠦᠭᠦᠭᠡᠷᠦᠮᠵᠢ | ᠨᠤᠷᠠᠵᠤ᠂ ᠴᠦᠮᠥᠷᠡᠭᠡᠳ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠪᠦᠲᠦᠭᠡᠨ ᠪᠠᠶᠢᠭᠤᠯᠤᠯᠳᠠ ᠶᠢᠨ | ᠨᠢᠭᠡᠴᠢ ᠬᠢᠭᠡᠳ ᠪᠠᠷᠢᠯᠭ᠎ᠠ ᠶᠢᠨ ᠨᠢᠭᠡᠴᠢ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠂ ᠭᠡᠪᠡᠴᠦ ᠪᠦᠲᠦᠭᠡᠨ | ᠪᠠᠶᠢᠭᠤᠯᠤᠯᠳᠠ ᠶᠢᠨ ᠨᠢᠭᠡᠴᠢ ᠬᠢᠭᠡᠳ ᠪᠠᠷᠢᠯᠭ᠎ᠠ ᠶᠢᠨ ᠨᠢᠭᠡᠴᠢ ᠨᠢ ᠶᠠᠰᠤ ᠴᠢᠨᠠᠷ ᠤᠨ ᠭᠡᠮ ᠰᠤᠭᠤᠭ ᠤᠷᠤᠰᠢᠬᠤ | ᠦᠭᠡᠢ ᠭᠡᠳᠡᠭ ᠢ ᠭᠡᠷᠡᠴᠢᠯᠡᠵᠦ ᠳᠠᠶᠢᠯᠪᠡᠯ ᠡᠭᠦᠨ ᠳᠤ ᠪᠠᠭᠲᠠᠬᠤ ᠦᠭᠡᠢ᠃ ᠪᠦᠲᠦᠭᠡᠨ ᠪᠠᠶᠢᠭᠤᠯᠤᠯᠳᠠ ᠶᠢᠨ ᠨᠢᠭᠡᠴᠢ᠂ | ᠪᠠᠷᠢᠯᠭ᠎ᠠ ᠶᠢᠨ ᠨᠢᠭᠡᠴᠢ ᠲᠦᠯᠦᠭᠰᠡᠨ ᠤ ᠳᠠᠷᠠᠭ᠎ᠠ᠂ ᠪᠣᠰᠣᠳ ᠬᠠᠷᠢᠭᠤᠴᠠᠯᠭ᠎ᠠ ᠲᠠᠢ ᠭᠦᠮᠦᠨ ᠪᠠᠶᠢᠪᠠᠯ᠂ ᠪᠣᠰᠣᠳ | ᠬᠠᠷᠢᠭᠤᠴᠠᠯᠭ᠎ᠠ ᠲᠠᠢ ᠭᠦᠮᠦᠨ ᠢᠶᠠᠷ ᠨᠡᠭᠡᠮᠵᠢᠯᠡᠨ ᠲᠦᠯᠦᠭᠦᠯᠭᠦ ᠡᠷᠭᠡ ᠲᠠᠢ᠃ | ᠦᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ ᠭᠤᠷᠪᠠᠳᠠᠬᠢ ᠬᠦᠮᠦᠨ ᠤ ᠰᠢᠯᠲᠠᠭᠠᠨ ᠠᠴᠠ ᠪᠤᠯᠵᠤ᠂ ᠪᠠᠷᠢᠯᠭ᠎ᠠ᠂ | ᠪᠠᠶᠢᠭᠤᠯᠪᠤᠷᠢ ᠪᠤᠶᠤ ᠪᠤᠰᠤᠳ ᠲᠦᠬᠦᠭᠡᠷᠦᠮᠵᠢ ᠨᠤᠷᠠᠵᠤ᠂ ᠴᠦᠮᠥᠷᠡᠭᠡᠳ ᠪᠤᠰᠤᠳ ᠲᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠦᠮᠴᠢᠯᠡᠭᠴᠢ᠂ ᠬᠠᠮᠢᠶᠠᠷᠤᠭᠴᠢ᠂ ᠬᠡᠷᠡᠭᠯᠡᠭᠴᠢ ᠪᠤᠶᠤ ᠭᠤᠷᠪᠠᠳᠠᠬᠢ ᠬᠦᠮᠦᠨ ᠡᠷᠬᠡ ᠳᠤ | ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃ | ᠮᠢᠩᠭ᠎ᠠ ᠬᠤᠶᠠᠷ ᠵᠠᠭᠤ ᠲᠠᠪᠢᠨ ᠭᠤᠷᠪᠠᠳᠤᠭᠠᠷ ᠵᠦᠢᠯ ᠪᠠᠷᠢᠯᠭ᠎ᠠ᠂ ᠪᠠᠶᠢᠭᠤᠯᠪᠤᠷᠢ ᠪᠣᠶᠣ ᠪᠣᠰᠣᠳ ᠲᠦᠭᠦᠭᠡᠷᠦᠮᠵᠢ | ᠵᠢᠴᠢ ᠲᠠᠭᠦᠨ ᠤ ᠲᠡᠭᠡᠷ᠎ᠡ ᠲᠠᠯᠪᠢᠭᠰᠠᠨ ᠪᠣᠳᠠᠰ᠂ ᠡᠯᠭᠦᠭᠰᠡᠨ ᠪᠣᠳᠠᠰ ᠮᠣᠯᠳᠣᠷᠠᠬᠰᠠᠨ᠂ ᠣᠨᠠᠵᠤ ᠢᠷᠡᠭᠰᠡᠨ ᠠᠴᠠ | ᠪᠣᠯᠵᠦ ᠪᠣᠰᠣᠳ ᠲᠤ ᠬᠤᠭᠢᠷᠠᠯ ᠣᠴᠠᠷᠠᠭᠤᠯᠤᠭᠰᠠᠨ ᠪᠤᠯ᠂ ᠦᠮᠴᠢᠯᠡᠭᠴᠢ᠂ ᠬᠠᠮᠢᠶᠠᠷᠣᠭᠴᠢ ᠪᠣᠶᠣ ᠭᠡᠷᠡᠭᠯᠡᠭᠴᠢ | ᠦᠪᠡᠷ ᠤᠨ ᠣᠰᠣᠯ ᠦᠭᠡᠢ ᠭᠡᠳᠡᠭ ᠢᠶᠠᠨ ᠭᠡᠷᠡᠴᠢᠯᠡᠵᠦ ᠲᠠᠶᠢᠯᠭᠦ ᠦᠭᠡᠢ ᠪᠠᠶᠢᠪᠠᠯ᠂ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ ᠦᠮᠴᠢᠯᠡᠭᠴᠢ᠂ ᠬᠠᠮᠢᠶᠠᠷᠣᠭᠴᠢ ᠪᠣᠶᠣ ᠭᠡᠷᠡᠭᠯᠡᠭᠴᠢ ᠲᠦᠯᠦᠭᠰᠡᠨ ᠤ ᠲᠠᠷᠠᠭ᠎ᠠ | ᠂ ᠪᠣᠰᠣᠳ ᠬᠠᠷᠢᠭᠤᠴᠠᠯᠭ᠎ᠠ ᠲᠠᠢ ᠭᠦᠮᠦᠨ ᠪᠠᠶᠢᠪᠠᠯ᠂ ᠪᠣᠰᠣᠳ ᠬᠠᠷᠢᠭᠤᠴᠠᠯᠭ᠎ᠠ ᠲᠠᠢ ᠭᠦᠮᠦᠨ ᠢᠶᠠᠷ ᠨᠡᠭᠡᠮᠵᠢᠯᠡᠨ | ᠲᠦᠯᠦᠭᠦᠯᠭᠦ ᠡᠷᠭᠡ ᠲᠠᠢ᠃ | ᠮᠢᠩᠭ᠎ᠠ ᠬᠤᠶᠠᠷ ᠵᠠᠭᠤ ᠲᠠᠪᠢᠨ ᠳᠦᠷᠪᠡᠳᠦᠭᠡᠷ ᠵᠦᠢᠯ ᠪᠠᠷᠢᠯᠭ᠎ᠠ ᠶᠢᠨ ᠲᠤᠳᠤᠷ᠎ᠠ ᠠᠴᠠ ᠶᠠᠭᠤᠮ᠎ᠠ ᠬᠡᠦᠮ᠎ᠡ ᠰᠢᠳᠡᠬᠦ ᠶᠢ | ᠴᠠᠭᠠᠵᠠᠯᠠᠨ᠎ᠠ᠃ ᠪᠠᠷᠢᠯᠭ᠎ᠠ ᠶᠢᠨ ᠲᠣᠳᠣᠷ᠎ᠠ ᠠᠴᠠ ᠶᠠᠭᠤᠮ᠎ᠡ ᠭᠡᠦᠮ᠎ᠡ ᠰᠢᠳᠡᠬᠦ ᠪᠣᠶᠣ ᠪᠠᠷᠢᠯᠭ᠎ᠠ ᠲᠡᠭᠡᠷ᠎ᠡ ᠠᠴᠠ ᠣᠨᠠᠵᠤ | ᠢᠷᠡᠭᠰᠡᠨ ᠶᠠᠭᠤᠮ᠎ᠡ ᠭᠡᠦᠮ᠎ᠡ ᠨᠢ ᠪᠣᠰᠣᠳ ᠲᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠡᠷᠬᠡ ᠳᠤ ᠬᠠᠯᠳᠠᠭᠰᠠᠨ | ᠬᠦᠮᠦᠨ ᠬᠠᠤᠯᠢ ᠶᠤᠰᠤᠭᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠨ᠎ᠡ︔ ᠪᠠᠶᠢᠴᠠᠭᠠᠯᠲᠠ ᠪᠠᠷ | ᠳᠠᠮᠵᠢᠭᠠᠳ ᠡᠷᠭᠡ ᠳᠤ ᠬᠠᠯᠳᠠᠭᠰᠠᠨ ᠪᠣᠳᠠᠳᠠᠢ ᠭᠦᠮᠦᠨ ᠢ ᠲᠣᠳᠣᠯᠠᠬᠤ ᠳᠤ ᠪᠡᠷᠭᠡᠳᠡᠢ ᠪᠠᠶᠢᠪᠠᠯ᠂ ᠦᠪᠡᠷ ᠢ ᠪᠠᠨ | ᠡᠷᠭᠡ ᠳᠤ ᠬᠠᠯᠳᠠᠭᠰᠠᠨ ᠬᠦᠮᠦᠨ ᠪᠢᠰᠢ ᠭᠡᠳᠡᠭ ᠢ ᠭᠡᠷᠡᠴᠢᠯᠡᠵᠦ ᠲᠠᠶᠢᠯᠭᠦ ᠶᠢ ᠭᠠᠷᠭᠠᠪᠠᠯ᠂ ᠬᠤᠭᠢᠷᠠᠭᠤᠯᠵᠦ ᠮᠡᠳᠡᠭᠦ | ᠪᠠᠷᠢᠯᠭ᠎ᠠ ᠭᠡᠷᠡᠭᠯᠡᠭᠴᠢ ᠨᠥᠬᠦᠯᠲᠡ ᠲᠦᠯᠦᠪᠦᠷᠢ ᠦᠭᠭᠦᠨ᠎ᠡ᠃ ᠬᠤᠬᠢᠷᠠᠭᠤᠯᠵᠤ ᠮᠡᠳᠡᠬᠦ ᠪᠠᠷᠢᠯᠭ᠎ᠠ ᠬᠡᠷᠡᠭᠯᠡᠭᠴᠢ ᠨᠥᠬᠦᠨ | ᠲᠦᠯᠦᠭᠰᠡᠨ ᠤ ᠳᠠᠷᠠᠭ᠎ᠠ᠂ ᠡᠷᠬᠡ ᠳᠤ ᠬᠠᠯᠳᠠᠭᠰᠠᠨ ᠬᠦᠮᠦᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ᠃ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠪᠠᠷᠢᠯᠭ᠎ᠠ ᠬᠠᠮᠢᠶᠠᠷᠤᠭᠴᠢ ᠴᠢᠬᠤᠯᠠ ᠪᠥᠬᠦᠶ ᠠᠮᠤᠷ | ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ ᠡᠮᠦᠨᠡᠬᠢ ᠪᠠᠳᠠᠭ ᠲᠤ ᠲᠣᠭᠲᠠᠭᠠᠭᠰᠠᠨ ᠪᠠᠶᠢᠳᠠᠯ | ᠡᠭᠦᠰᠬᠦ ᠠᠴᠠ ᠰᠡᠷᠭᠡᠶᠢᠯᠡᠬᠦ ᠬᠡᠷᠡᠭᠲᠡᠶ︔ ᠴᠢᠬᠤᠯᠠ ᠪᠦᠬᠦᠢ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ | ᠠᠪᠤᠭᠰᠠᠨ ᠦᠭᠡᠢ ᠪᠠᠶᠢᠪᠠᠯ᠂ ᠠᠮᠤᠷ ᠲᠦᠪᠰᠢᠨ ᠤ ᠪᠠᠲᠤᠯᠠᠭ᠎ᠠ ᠶᠢᠨ ᠡᠭᠦᠷᠭᠡ ᠪᠠᠨ ᠦᠯᠦ ᠭᠦᠢᠴᠡᠳᠬᠡᠭᠰᠡᠨ ᠡᠷᠬᠡ ᠳᠤ | ᠬᠠᠯᠳᠠᠭᠰᠠᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ | ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠪᠠᠶᠢᠳᠠᠯ ᠭᠠᠷᠤᠭᠰᠠᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠵᠡᠷᠭᠡ ᠪᠠᠶᠢᠭᠤᠯᠭ᠎ᠠ ᠬᠠᠤᠯᠢ ᠶᠣᠰᠣᠭᠠᠷ ᠴᠠᠭ ᠲᠤᠬᠠᠶ ᠳᠤᠨᠢ ᠪᠠᠶᠢᠴᠠᠭᠠᠵᠤ᠂ ᠬᠠᠷᠢᠭᠤᠴᠠᠯᠭ᠎ᠠ ᠲᠠᠢ | ᠬᠥᠮᠦᠨ ᠢ ᠨᠢ ᠪᠠᠶᠢᠴᠠᠭᠠᠨ ᠲᠤᠳᠦᠯᠡᠬᠤ ᠬᠡᠷᠡᠭᠲᠡᠶ᠃ | ᠮᠢᠩᠭ᠎ᠠ ᠬᠤᠶᠠᠷ ᠵᠠᠭᠤ ᠲᠠᠪᠢᠨ ᠲᠠᠪᠤᠳᠤᠭᠠᠷ ᠵᠦᠢᠯ ᠣᠪᠣᠭᠠᠯᠠᠵᠦ ᠲᠠᠯᠪᠢᠭᠰᠠᠨ ᠪᠣᠳᠠᠰ ᠨᠣᠷᠠᠬᠤ᠂ ᠦᠩᠬᠦᠷᠢᠲᠦᠵᠦ | ᠤᠨᠠᠬᠤ ᠪᠤᠶᠤ ᠭᠤᠯᠭᠤᠨ ᠤᠨᠠᠵᠤ᠂ ᠪᠣᠰᠣᠳ ᠲᠤ ᠬᠤᠭᠢᠷᠠᠯ ᠣᠴᠠᠷᠠᠭᠤᠯᠣᠭᠠᠳ᠂ ᠣᠪᠣᠭᠠᠯᠠᠨ ᠲᠠᠯᠪᠢᠬᠴᠢ ᠨᠢ | ᠦᠪᠡᠷ ᠤᠨ ᠢᠶᠠᠨ ᠣᠰᠣᠯ ᠦᠭᠡᠢ ᠭᠡᠳᠡᠭ ᠢ ᠭᠡᠷᠡᠴᠢᠯᠡᠵᠦ ᠲᠠᠶᠢᠯᠭᠦ ᠦᠭᠡᠢ ᠪᠠᠶᠢᠪᠠᠯ᠂ ᠡᠷᠭᠡ ᠳᠤ ᠬᠠᠯᠳᠠᠭᠰᠠᠨ | ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠲᠠᠪᠢᠨ ᠵᠢᠷᠭᠤᠳᠤᠭᠠᠷ ᠵᠦᠢᠯ ᠣᠯᠠᠨ ᠨᠠᠶᠢᠳᠠ ᠶᠢᠨ ᠵᠠᠮ ᠲᠡᠭᠡᠷ᠎ᠡ ᠨᠠᠪᠳᠡᠷᠡᠨ ᠦᠡᠭᠭᠡᠷᠡᠭᠦ ᠶᠢ | ᠬᠠᠷᠰᠢᠯᠠᠬᠤ ᠶᠠᠭᠤᠮ᠎ᠠ ᠭᠡᠦᠮ᠎ᠡ ᠣᠪᠣᠭᠠᠯᠠᠨ ᠲᠠᠯᠪᠢᠵᠦ᠂ ᠴᠢᠳᠬᠤᠵᠦ᠂ ᠭᠤᠭᠤᠵᠢᠭᠤᠯᠣᠨ ᠠᠰᠬᠠᠭᠠᠳ ᠪᠣᠰᠣᠳ ᠲᠤ | ᠬᠤᠭᠢᠷᠠᠯ ᠣᠴᠠᠷᠠᠭᠤᠯᠣᠭᠰᠠᠨ ᠪᠠᠶᠢᠪᠠᠯ᠂ ᠦᠢᠯᠡ ᠠᠵᠢᠯᠯᠠᠭᠠᠲᠠᠨ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦ ᠭᠡᠷᠡᠭᠳᠡᠢ᠃ ᠤᠯᠠᠨ ᠨᠡᠶᠢᠲᠡ ᠶᠢᠨ ᠵᠠᠮ ᠬᠠᠮᠢᠶᠠᠷᠤᠭᠴᠢ ᠴᠡᠪᠡᠷᠯᠡᠬᠦ᠂ ᠰᠡᠷᠭᠡᠶᠢᠯᠡᠨ ᠬᠠᠮᠠᠭᠠᠯᠠᠬᠤ᠂ | ᠰᠡᠷᠡᠮᠵᠢᠯᠡᠭᠦᠯᠬᠦ ᠵᠡᠷᠭᠡ ᠡᠭᠦᠷᠭᠡ ᠪᠠᠨ ᠨᠢᠭᠡᠨᠲᠡ ᠭᠦᠢᠴᠡᠳᠭᠡᠭᠰᠡᠨ ᠭᠡᠳᠡᠭ ᠢ ᠭᠡᠷᠡᠴᠢᠯᠡᠵᠦ ᠳᠡᠶᠢᠯᠬᠦ ᠦᠭᠡᠢ ᠪᠠᠶᠢᠪᠠᠯ᠂ | ᠵᠤᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠮᠢᠩᠭ᠎ᠠ ᠬᠤᠶᠠᠷ ᠵᠠᠭᠤ ᠲᠠᠪᠢᠨ ᠳᠤᠯᠤᠳᠤᠭᠠᠷ ᠵᠦᠢᠯ ᠮᠣᠳᠣ ᠬᠤᠭᠤᠷᠠᠭᠰᠠᠨ᠂ ᠬᠠᠶᠢᠪᠠᠶᠢᠵᠤ ᠤᠨᠠᠭᠰᠠᠨ ᠪᠤᠶᠤ | ᠵᠢᠮᠢᠰ ᠨᠢ ᠤᠨᠠᠵᠤ ᠢᠷᠡᠭᠰᠡᠨ ᠵᠡᠷᠭᠡ ᠠᠴᠠ ᠪᠣᠯᠵᠦ ᠪᠣᠰᠣᠳ ᠲᠤ ᠬᠤᠭᠢᠷᠠᠯ ᠣᠴᠠᠷᠠᠭᠤᠯᠣᠭᠠᠳ᠂ ᠣᠢ ᠮᠣᠳᠣ ᠶᠢᠨ | ᠦᠮᠴᠢᠯᠡᠭᠴᠢ ᠪᠣᠶᠣ ᠬᠠᠮᠢᠶᠠᠷᠣᠭᠴᠢ ᠦᠪᠡᠷ ᠤᠨ ᠢᠶᠠᠨ ᠣᠰᠣᠯ ᠦᠭᠡᠢ ᠭᠡᠳᠡᠭ ᠢ ᠭᠡᠷᠡᠴᠢᠯᠡᠵᠦ ᠲᠠᠶᠢᠯᠭᠦ ᠦᠭᠡᠢ | ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠮᠢᠩᠭ᠎ᠠ ᠬᠤᠶᠠᠷ ᠵᠠᠭᠤ ᠲᠠᠪᠢᠨ ᠨᠠᠢᠮᠠᠳᠤᠭᠠᠷ ᠵᠦᠢᠯ ᠣᠯᠠᠨ ᠨᠠᠶᠢᠳᠠ ᠶᠢᠨ ᠲᠠᠯᠠᠪᠣᠷ ᠪᠣᠶᠣ ᠵᠠᠮ ᠲᠡᠭᠡᠷ᠎ᠡ ᠤᠬᠤᠵᠤ | ᠮᠠᠯᠳᠠᠬᠤ᠂ ᠭᠠᠵᠠᠷ ᠲᠣᠣᠷᠠᠭᠢ ᠲᠦᠭᠦᠭᠡᠷᠦᠮᠵᠢ ᠶᠢ ᠰᠡᠯᠪᠢᠨ ᠵᠠᠰᠠᠵᠣ ᠣᠭᠰᠠᠷᠠᠬᠤ ᠵᠡᠷᠭᠡ ᠠᠵᠢᠯ ᠭᠢᠭᠦ ᠳᠡᠭᠡᠨ | ᠪᠣᠰᠣᠳ ᠲᠤ ᠬᠤᠭᠢᠷᠠᠯ ᠣᠴᠠᠷᠠᠭᠤᠯᠣᠭᠠᠳ᠂ ᠪᠠᠷᠢᠯᠭ᠎ᠠ ᠶᠢᠨ ᠠᠵᠢᠯ ᠭᠢᠭᠰᠡᠳ ᠨᠢᠭᠡᠨᠲᠡ ᠢᠯᠡᠷᠭᠡᠢ ᠲᠡᠮᠳᠡᠭ | ᠲᠠᠯᠪᠢᠭᠰᠠᠨ ᠪᠠ ᠠᠶᠣᠯᠭᠦᠢ ᠶᠢᠨ ᠠᠷᠭ᠎ᠠ ᠭᠡᠮᠵᠢᠶ᠎ᠡ ᠠᠪᠣᠭᠰᠠᠨ ᠭᠡᠳᠡᠭ ᠢᠶᠠᠨ ᠭᠡᠷᠡᠴᠢᠯᠡᠵᠦ ᠳᠡᠶᠢᠯᠬᠦ ᠦᠭᠡᠢ ᠪᠠᠶᠢᠪᠠᠯ᠂ | ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠦᠵᠡᠯᠭᠡ ᠶᠢᠨ ᠬᠤᠳᠳᠤᠭ ᠵᠡᠷᠭᠡ ᠭᠠᠵᠠᠷ ᠲᠣᠣᠷᠠᠭᠢ ᠲᠦᠭᠦᠭᠡᠷᠦᠮᠵᠢ ᠪᠣᠰᠣᠳ ᠲᠤ ᠬᠤᠭᠢᠷᠠᠯ ᠣᠴᠠᠷᠠᠭᠤᠯᠣᠭᠠᠳ᠂ | ᠬᠠᠮᠢᠶᠠᠷᠣᠭᠴᠢ ᠬᠠᠮᠢᠶᠠᠷᠣᠯᠳᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢᠶᠠᠨ ᠭᠡᠷᠡᠴᠢᠯᠡᠵᠦ ᠲᠠᠶᠢᠯᠭᠦ | ᠦᠭᠡᠢ ᠪᠠᠶᠢᠪᠠᠯ᠂ ᠡᠷᠭᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠳᠠᠭᠠᠯᠳᠤᠭᠤᠯᠤᠭᠰᠠᠨ ᠳᠦᠷᠢᠮ | ᠮᠢᠩᠭ᠎ᠠ ᠬᠤᠶᠠᠷ ᠵᠠᠭᠤ ᠲᠠᠪᠢ ᠶᠢᠰᠦᠳᠦᠭᠡᠷ ᠵᠦᠢᠯ ᠢᠷᠭᠡᠨ ᠤ ᠬᠠᠤᠯᠢ ᠳᠤ ᠬᠡᠯᠡᠵᠦ ᠪᠠᠶᠢᠭ᠎ᠠ ︽ᠳᠡᠭᠡᠭᠰᠢ︾᠂ ︽ | ᠳᠣᠷᠣᠭᠰᠢ︾᠂ ︽ᠳᠣᠲᠣᠷᠠᠬᠢ︾᠂ ︽ᠬᠤᠭᠤᠴᠠᠭ᠎ᠠ ᠳᠦᠭᠦᠷᠬᠦ︾ ᠭᠡᠳᠡᠭ ᠲᠤ ᠲᠤᠰ ᠲᠤᠭ᠎ᠠ ᠶᠢ ᠨᠢ ᠪᠠᠭᠲᠠᠭᠠᠨ᠎ᠠ | ︔ ︽ᠬᠦᠷᠦᠭᠡᠳᠦᠢ︾᠂ ︽ᠬᠡᠲᠦᠷᠡᠭᠰᠡᠨ︾᠂ ︽ᠭᠠᠳᠠᠨᠠᠬᠢ︾ ᠭᠡᠳᠡᠭ ᠲᠤ ᠲᠤᠰ ᠲᠤᠭ᠎ᠠ ᠶᠢ ᠨᠢ ᠪᠠᠭᠲᠠᠭᠠᠬᠤ | ᠦᠭᠡᠢ᠃ | ᠮᠢᠩᠭ᠎ᠠ ᠬᠤᠶᠠᠷ ᠵᠠᠭᠤ ᠵᠢᠷᠠᠳᠤᠭᠠᠷ ᠵᠦᠢᠯ ᠲᠤᠰ ᠬᠠᠤᠯᠢ ᠶᠢ 2021 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠤᠭ ᠤᠨ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠥᠪ ᠵᠠᠯᠭᠠᠮᠵᠢᠯᠠᠬᠤ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠡᠩ ᠤᠨ ᠲᠦᠷᠢᠮ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠭᠦᠨ ᠲᠡᠵᠢᠭᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠳᠠᠭᠠᠭᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠭᠡᠷ᠎ᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠡᠷᠬᠡ ᠶᠢᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ | ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠢ ᠳᠦᠷᠢᠮ︾ ᠢ | ᠳᠠᠭᠠᠤ ᠳᠤᠨᠢ ᠬᠦᠴᠦᠨ ᠦᠭᠡᠢ ᠪᠣᠯᠭᠠᠨ᠎ᠠ᠃ | ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ᠂ ᠳᠣᠮᠳᠠᠳᠣ | ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶ | |