| ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠨᠢᠭᠡ︶ | 2020-09-21 | ︵2020 ᠤᠠ ᠤ 5 ᠰᠡᠷ᠎ᠠ ᠶᠢᠨ 28 ᠤ ᠡᠳᠦᠷ ᠠᠷᠪᠡᠨ ᠭᠤᠷᠪᠠᠳᠤᠭᠠᠷ ᠬᠤᠭᠤᠴᠡᠭᠠᠠ ᠤ ᠪᠦᠬᠦ ᠤᠯᠦᠰ ᠤᠨ | ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ ᠭᠤᠷᠪᠠᠳᠤᠭᠠᠷ ᠬᠤᠷᠡᠯ ᠠᠴᠠ ᠪᠠᠲᠤᠯᠠᠪᠠ︶ | ᠭᠠᠷᠴᠠᠭ | ᠨᠢᠭᠡᠳᠤᠭᠡᠷ ᠠᠩᠬᠢ ᠶᠡᠷᠤᠩᠭᠡᠢ ᠲᠦᠷᠢᠮ | ᠨᠢᠭᠡᠳᠦᠭᠡᠷ ᠪᠦᠯᠦᠭ ᠦᠨᠳᠦᠰᠦᠨ ᠲᠣᠭᠳᠠᠭᠠᠯ | ᠬᠤᠶᠠᠳᠤᠭᠠᠷ ᠪᠦᠯᠦᠭ ᠪᠠᠶᠢᠭᠠᠯᠢ ᠬᠦᠮᠦᠨ | ᠨᠢᠭᠡᠳᠦᠭᠡᠷ ᠬᠡᠰᠡᠭ ᠢᠷᠭᠡᠨ ᠤ ᠬᠡᠷᠡᠭ ᠤᠨ ᠡᠷᠬᠡ ᠶᠢᠨ ᠴᠢᠳᠡᠪᠤᠷᠢ ᠪᠠ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ | ᠴᠢᠳᠠᠪᠦᠷᠢ | ᠬᠤᠶᠠᠳᠤᠭᠠᠷ ᠬᠡᠰᠡᠭ ᠬᠢᠨᠠᠨ ᠬᠠᠮᠠᠭᠠᠯᠠᠬᠤ | ᠭᠤᠷᠪᠠᠳᠤᠭᠠᠷ ᠬᠡᠰᠡᠭ ᠠᠯᠠᠭ᠎ᠠ ᠪᠤᠯᠤᠬᠰᠠᠨ ᠢᠶᠠᠷ ᠵᠠᠷᠯᠠᠬᠤ ᠪᠠ ᠦᠬᠦᠭᠰᠡᠨ ᠢᠶᠠᠷ ᠵᠠᠷᠯᠠᠬᠤ | ᠲᠦᠷᠪᠡᠳᠦᠭᠡᠷ ᠬᠡᠰᠡᠭ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠬᠦᠳᠡᠭᠡ ᠲᠤᠰᠬᠤᠨ ᠤ | ᠲᠠᠭᠠᠭᠠᠴᠢᠯᠠᠨ ᠡᠵᠡᠩᠨᠡᠬᠦ ᠡᠷᠦᠬᠡ | ᠭᠤᠷᠪᠠᠳᠤᠭᠠᠷ ᠪᠦᠯᠦᠭ ᠬᠠᠤᠯᠢ ᠶᠢᠨ ᠬᠦᠮᠦᠨ | ᠨᠢᠭᠡᠳᠦᠭᠡᠷ ᠬᠡᠰᠡᠭ ᠡᠩ ᠤᠨ ᠲᠤᠬᠳᠠᠭᠠᠯ | ᠬᠤᠶᠠᠳᠤᠭᠠᠷ ᠬᠡᠰᠡᠭ ᠠᠰᠢᠭ ᠬᠤᠨᠵᠢᠪᠤᠷᠢᠳᠤ ᠬᠠᠤᠯᠢ ᠶᠢᠨ ᠬᠦᠮᠦᠨ | ᠭᠤᠷᠪᠠᠳᠤᠭᠠᠷ ᠬᠡᠰᠡᠭ ᠠᠰᠢᠭ ᠬᠤᠨᠵᠢᠪᠦᠷᠢᠳᠤ ᠪᠤᠰᠤ ᠬᠠᠤᠯᠢ ᠶᠢᠨ ᠬᠦᠮᠦᠨ | ᠲᠦᠷᠪᠡᠳᠦᠭᠡᠷ ᠬᠡᠰᠡᠭ ᠤᠨᠴᠠᠭᠠᠢ ᠬᠠᠤᠯᠢ ᠶᠢᠨ ᠬᠦᠮᠦᠨ | ᠲᠦᠷᠪᠡᠳᠦᠭᠡᠷ ᠪᠦᠯᠦᠭ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠳᠠ | ᠲᠠᠪᠤᠳᠤᠭᠠᠷ ᠪᠦᠯᠦᠭ ᠢᠷᠭᠡᠨ ᠤ ᠬᠡᠷᠡᠭ ᠤᠨ ᠡᠷᠬᠡ | ᠵᠢᠷᠭᠤᠳᠤᠭᠠᠷ ᠪᠦᠯᠦᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠨᠢᠭᠡᠳᠦᠭᠡᠷ ᠬᠡᠰᠡᠭ ᠡᠩ ᠤᠨ ᠲᠤᠬᠳᠠᠭᠠᠯ | ᠬᠤᠶᠠᠳᠤᠭᠠᠷ ᠬᠡᠰᠡᠭ ᠰᠠᠨᠠᠭ᠎ᠠ ᠪᠠᠨ ᠢᠯᠡᠳᠭᠡᠬᠦ | ᠭᠤᠷᠪᠠᠳᠣᠭᠠᠷ ᠭᠡᠰᠡᠭ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠭᠦᠴᠦᠨ | ᠲᠦᠷᠪᠡᠳᠦᠭᠡᠷ ᠭᠡᠰᠡᠭ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠭᠦᠴᠡᠯ ᠪᠠ | ᠬᠤᠭᠤᠴᠠᠭ᠎ᠠ ᠲᠠᠭᠠᠯᠳᠣᠭᠤᠯᠬᠤ | ᠲᠣᠯᠣᠳᠣᠭᠠᠷ ᠪᠦᠯᠦᠭ ᠣᠷᠣᠯᠠᠬᠤ | ᠨᠢᠭᠡᠳᠦᠭᠡᠷ ᠭᠡᠰᠡᠭ ᠡᠩ ᠤᠨ ᠲᠤᠬᠳᠡᠭᠠᠯ | ᠬᠤᠶᠠᠳᠣᠭᠠᠷ ᠭᠡᠰᠡᠭ ᠨᠠᠶᠢᠳᠠᠯᠭ᠎ᠠ ᠪᠠᠷ ᠣᠷᠣᠯᠠᠬᠤ | ᠭᠤᠷᠪᠠᠳᠣᠭᠠᠷ ᠭᠡᠰᠡᠭ ᠣᠷᠣᠯᠠᠯ ᠲᠠᠭᠤᠰᠬᠤ | ᠨᠠᠢᠮᠠᠳᠣᠭᠠᠷ ᠪᠦᠯᠦᠭ ᠢᠷᠭᠡᠠ ᠤ ᠭᠡᠷᠡᠭ ᠤᠨ ᠬᠠᠷᠢᠭᠤᠴᠡᠯᠭ᠎ᠠ | ᠶᠢᠰᠦᠳᠦᠭᠡᠷ ᠪᠦᠯᠦᠭ ᠵᠡᠷᠭᠤ ᠶᠢᠨ ᠬᠦᠴᠦᠠ ᠲᠠᠢ ᠬᠤᠭᠤᠴᠠᠭ᠎ᠠ | ᠠᠷᠪᠠᠳᠣᠭᠠᠷ ᠪᠦᠯᠦᠭ ᠬᠤᠭᠤᠴᠠᠭ᠎ᠠ ᠶᠢ ᠪᠣᠳᠣᠬᠤ | ᠬᠤᠶᠠᠳᠤᠭᠠᠷ ᠠᠩᠬᠢ ᠪᠤᠳᠡᠰ ᠤᠨ ᠡᠷᠭᠡ | ᠨᠢᠭᠡᠳᠤᠭᠡᠷ ᠬᠤᠪᠢᠶᠠᠷᠢ ᠠᠩᠬᠢ ᠶᠡᠷᠦᠩᠬᠡᠢ ᠲᠦᠷᠢᠮ | ᠨᠢᠭᠡᠳᠦᠭᠡᠷ ᠪᠦᠯᠦᠭ ᠡᠩ ᠤᠨ ᠲᠤᠬᠳᠠᠭᠠᠯ | ᠬᠤᠶᠠᠳᠤᠭᠠᠷ ᠪᠦᠯᠦᠭ ᠪᠤᠳᠠᠰ ᠤᠨ ᠡᠷᠬᠡ ᠶᠢ ᠲᠤᠭᠳᠠᠭᠠᠬᠤ᠂ ᠬᠤᠪᠢᠷᠠᠭᠤᠯᠬᠤ᠂ ᠰᠢᠯᠵᠢᠬᠦᠯᠦᠨ ᠦᠭᠬᠦ ᠪᠠ | ᠤᠰᠠᠳᠬᠠᠬᠤ | ᠨᠢᠬᠡᠳᠦᠭᠡᠷ ᠬᠡᠰᠡᠭ ᠦᠯᠦ ᠬᠦᠳᠡᠯᠬᠦ ᠬᠦᠷᠦᠩᠭᠡ ᠶᠢ ᠲᠠᠩᠰᠠᠯᠠᠬᠤ | ᠬᠤᠶᠠᠳᠤᠭᠠᠷ ᠬᠡᠰᠡᠭ ᠬᠦᠳᠡᠯᠬᠦ ᠬᠦᠷᠦᠩᠭᠡ ᠶᠢ ᠲᠤᠰᠢᠶᠠᠨ ᠦᠭᠬᠦ | ᠭᠤᠷᠪᠠᠳᠤᠭᠠᠷ ᠬᠡᠰᠡᠭ ᠪᠤᠰᠤᠳ ᠲᠤᠭᠳᠠᠭᠠᠯ | ᠭᠤᠷᠪᠠᠳᠤᠭᠠᠷ ᠪᠦᠯᠦᠭ ᠪᠤᠳᠠᠰ ᠤᠨ ᠡᠷᠬᠡ ᠶᠢ ᠬᠠᠮᠠᠭᠠᠯᠠᠬᠤ | ᠬᠤᠶᠠᠳᠤᠭᠠᠷ ᠬᠤᠪᠢᠶᠠᠷᠢ ᠠᠩᠬᠢ ᠦᠮᠴᠢᠯᠡᠯ ᠤᠨ ᠡᠷᠬᠡ | ᠲᠦᠷᠪᠡᠳᠦᠭᠡᠷ ᠪᠦᠯᠦᠭ ᠡᠩ ᠤᠨ ᠲᠤᠭᠳᠠᠭᠠᠯ | ᠲᠠᠪᠤᠳᠤᠭᠠᠷ ᠪᠦᠯᠦᠭ ᠤᠯᠤᠰ ᠤᠨ ᠦᠮᠴᠢᠯᠡᠯ ᠤᠨ ᠡᠷᠬᠡ ᠪᠠ ᠬᠠᠮᠳᠤ ᠶᠢᠨ ᠦᠮᠴᠢᠯᠡᠯ ᠤᠨ ᠡᠷᠬᠡ᠂ ᠬᠤᠪᠢ ᠶᠢᠨ | ᠦᠮᠴᠢᠯᠡᠯ ᠤᠨ ᠡᠷᠬᠡ | ᠵᠢᠷᠭᠤᠳᠤᠭᠠᠷ ᠪᠦᠯᠦᠭ ᠦᠮᠴᠢᠳᠡᠨ ᠤ ᠭᠡᠷ ᠪᠠᠷᠢᠯᠭ᠎ᠠ ᠶᠢᠨ ᠢᠯᠭᠠᠯᠳᠤ ᠦᠮᠴᠢᠯᠡᠯ ᠤᠨ ᠡᠷᠬᠡ | ᠲᠤᠯᠤᠳᠤᠭᠠᠷ ᠪᠦᠯᠦᠭ ᠬᠦᠷᠰᠢ ᠵᠡᠷᠭᠡᠯᠡᠳᠡᠭᠡ ᠶᠢᠨ ᠬᠠᠷᠢᠴᠠᠭ᠎ᠠ | ᠨᠠᠢᠮᠠᠳᠤᠭᠠᠷ ᠪᠦᠯᠦᠭ ᠬᠠᠮᠳᠤ ᠪᠠᠷ ᠦᠮᠴᠢᠯᠡᠬᠦ | ᠶᠢᠰᠦᠳᠦᠭᠡᠷ ᠪᠦᠯᠦᠭ ᠦᠮᠴᠢᠯᠡᠯ ᠤᠨ ᠡᠷᠬᠡ ᠶᠢ ᠤᠯᠬᠤ ᠲᠤᠬᠠᠢ ᠤᠨᠴᠠᠭᠠᠢ ᠲᠤᠭᠳᠠᠭᠠᠯ | ᠭᠤᠷᠪᠠᠳᠤᠭᠠᠷ ᠬᠤᠪᠢᠶᠠᠷᠢ ᠠᠩᠬᠢ ᠠᠰᠢᠭ ᠤᠯᠬᠤ ᠪᠤᠳᠠᠰ ᠤᠨ ᠡᠷᠬᠡ | ᠠᠷᠪᠠᠳᠤᠭᠠᠷ ᠪᠦᠯᠦᠭ ᠡᠩ ᠤᠨ ᠲᠤᠭᠳᠠᠭᠠᠯ | ᠠᠷᠪᠠᠨ ᠨᠢᠭᠡᠳᠦᠭᠡᠷ ᠪᠦᠯᠦᠭ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ | ᠠᠷᠪᠠᠨ ᠬᠤᠶᠠᠳᠤᠭᠠᠷ ᠪᠦᠯᠦᠭ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ | ᠠᠷᠪᠠᠨ ᠭᠤᠷᠪᠠᠳᠤᠭᠠᠷ ᠪᠦᠯᠦᠭ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ | ᠠᠷᠪᠠᠨ ᠲᠦᠷᠪᠡᠳᠤᠭᠡᠷ ᠪᠦᠯᠦᠭ ᠤᠷᠤᠰᠢᠨ ᠰᠠᠭᠤᠬᠤ ᠡᠷᠭᠡ | ᠠᠷᠪᠠᠨ ᠲᠠᠪᠤᠳᠤᠭᠠᠷ ᠪᠦᠯᠦᠭ ᠭᠠᠵᠠᠷ ᠠᠰᠢᠬᠯᠠᠬᠤ ᠡᠷᠬᠡ | ᠲᠦᠷᠪᠡᠳᠦᠭᠡᠷ ᠬᠤᠪᠢᠶᠠᠷᠢ ᠠᠩᠬᠢ ᠲᠠᠭᠠᠭᠠᠯᠳᠠᠳᠦ ᠪᠤᠳᠠᠰ ᠤᠨ ᠡᠷᠬᠡ | ᠠᠷᠪᠠᠨ ᠵᠢᠷᠭᠤᠳᠤᠭᠠᠷ ᠪᠦᠯᠦᠭ ᠡᠩ ᠤᠨ ᠲᠤᠭᠳᠠᠭᠠᠯ | ᠠᠷᠪᠠᠨ ᠲᠤᠯᠤᠳᠤᠭᠠᠷ ᠪᠦᠯᠦᠭ ᠪᠠᠷᠢᠴᠠᠭᠠᠨ ᠤ ᠡᠷᠬᠡ | ᠨᠢᠭᠡᠳᠦᠭᠡᠷ ᠬᠡᠰᠡᠭ ᠡᠩ ᠤᠨ ᠪᠠᠷᠢᠴᠠᠭᠠᠨ ᠤ ᠡᠷᠬᠡ | ᠬᠤᠶᠠᠳᠤᠭᠠᠷ ᠬᠡᠰᠡᠭ ᠲᠡᠭᠡᠳᠦ ᠬᠢᠵᠠᠭᠠᠷᠳᠤ ᠪᠠᠷᠢᠴᠠᠭᠠᠨ ᠤ ᠡᠷᠬᠡ | ᠠᠷᠪᠠᠨ ᠨᠠᠢᠮᠠᠳᠤᠭᠠᠷ ᠪᠦᠯᠦᠭ ᠲᠠᠨᠵᠢ ᠶᠢᠨ ᠡᠷᠬᠡ | ᠨᠢᠭᠡᠳᠦᠭᠡᠷ ᠬᠡᠰᠡᠭ ᠬᠦᠳᠡᠯᠬᠦ ᠬᠦᠷᠦᠩᠭᠡ ᠶᠢᠨ ᠲᠠᠨᠵᠢ ᠶᠢᠨ ᠡᠷᠬᠡ | ᠬᠤᠶᠠᠳᠤᠭᠠᠷ ᠬᠡᠰᠡᠭ ᠡᠷᠬᠡ ᠶᠢᠨ ᠲᠠᠨᠵᠢ ᠶᠢᠨ ᠡᠷᠬᠡ | ᠠᠷᠪᠠ ᠶᠢᠰᠤᠳᠤᠭᠡᠷ ᠪᠦᠯᠦᠭ ᠦᠯᠡᠳᠡᠭᠡᠨ ᠠᠪᠬᠤ ᠡᠷᠬᠡ | ᠲᠠᠪᠤᠳᠤᠭᠠᠷ ᠬᠤᠪᠢᠶᠠᠷᠢ ᠠᠩᠬᠢ ᠡᠵᠡᠮᠰᠢᠬᠦ | ᠬᠤᠷᠢᠳᠤᠭᠠᠷ ᠪᠦᠯᠦᠭ ᠡᠵᠡᠮᠰᠢᠬᠦ | ᠭᠤᠷᠪᠠᠳᠤᠭᠠᠷ ᠠᠩᠬᠢ ᠭᠡᠷ᠎ᠠ | ᠨᠢᠭᠡᠳᠤᠭᠡᠷ ᠬᠤᠪᠢᠶᠠᠷᠢ ᠠᠩᠬᠢ ᠶᠡᠷᠦᠩᠬᠡᠢ ᠲᠦᠷᠢᠮ | ᠨᠢᠭᠡᠳᠦᠭᠡᠷ ᠪᠦᠯᠦᠭ ᠡᠩ ᠤᠨ ᠲᠤᠬᠳᠡᠭᠠᠯ | ᠬᠤᠶᠡᠳᠦᠭᠠᠷ ᠪᠦᠯᠦᠭ ᠭᠡᠷ᠎ᠠ ᠲᠤᠬᠳᠡᠭᠠᠬᠤ | ᠭᠤᠷᠪᠡᠳᠦᠭᠠᠷ ᠪᠦᠯᠦᠭ ᠭᠡᠷ᠎ᠠ ᠶᠢᠨ ᠬᠦᠴᠦᠠ | ᠲᠦᠷᠪᠡᠳᠦᠭᠡᠷ ᠪᠦᠯᠦᠭ ᠭᠡᠷ᠎ᠠ ᠶᠢ ᠬᠦᠢᠴᠡᠦᠡᠭᠡᠬᠦ | ᠲᠡᠪᠦᠳᠦᠭᠠᠷ ᠪᠦᠯᠦᠭ ᠭᠡᠷ᠎ᠠ ᠶᠢ ᠬᠠᠮᠠᠭᠠᠯᠠᠨ ᠬᠠᠳᠠᠭᠠᠯᠠᠬᠤ | ᠵᠢᠷᠭᠤᠳᠤᠭᠠᠷ ᠪᠦᠯᠦᠭ ᠭᠡᠷ᠎ᠠ ᠶᠢ ᠬᠤᠪᠢᠷᠡᠭᠤᠯᠬᠤ ᠪᠡ ᠰᠢᠯᠵᠢᠬᠦᠯᠤᠨ ᠤᠢᠭ᠍ᠬᠦ | ᠲᠤᠯᠤᠳᠤᠭᠠᠷ ᠪᠦᠯᠦᠭ ᠭᠡᠷ᠎ᠠ ᠶᠢᠨ ᠡᠷᠭᠡ ᠡᠬᠦᠷᠭᠡ ᠶᠢᠨ ᠲᠡᠭᠤᠰᠬᠤ | ᠨᠠᠢᠮᠠᠳᠦᠭᠠᠷ ᠪᠦᠯᠦᠭ ᠭᠡᠷ᠎ᠠ ᠵᠦᠷᠢᠴᠡᠭᠰᠡᠠ ᠬᠠᠷᠢᠭᠤᠴᠡᠯᠭ᠎ᠠ | ᠬᠤᠶᠠᠳᠤᠭᠠᠷ ᠬᠤᠪᠢᠶᠠᠷᠢ ᠠᠩᠬᠢ ᠨᠡᠶᠢᠳᠡᠯᠢᠭ ᠭᠡᠷ᠎ᠠ | ᠶᠢᠰᠦᠳᠦᠭᠡᠷ ᠪᠦᠯᠦᠭ ᠬᠤᠳᠠᠯᠳᠤᠭᠠᠯᠠᠬᠤ ᠭᠡᠷ᠎ᠠ | ᠠᠷᠪᠡᠳᠦᠭᠠᠷ ᠪᠦᠯᠦᠭ ᠴᠡᠬᠢᠯᠭᠠᠠ᠂ ᠤᠰᠦ᠂ ᠭᠡᠢ᠂ ᠢᠯᠴᠢ ᠬᠠᠩᠭᠠᠬᠤ ᠪᠡ ᠭᠡᠷᠡᠭᠯᠡᠬᠦ ᠭᠡᠷ᠎ᠠ | ᠠᠷᠪᠡᠠ ᠨᠢᠭᠡᠳᠦᠭᠡᠷ ᠪᠦᠯᠦᠭ ᠪᠡᠯᠡᠭᠯᠡᠨ ᠬᠦᠷᠭᠡᠬᠦ ᠭᠡᠷ᠎ᠠ | ᠠᠷᠪᠡᠠ ᠬᠤᠶᠡᠳᠦᠭᠠᠷ ᠪᠦᠯᠦᠭ ᠵᠤᠭᠤᠰ ᠵᠢᠭᠡᠯᠡᠬᠦ ᠭᠡᠷ᠎ᠠ | ᠠᠷᠪᠠᠨ ᠭᠤᠷᠪᠠᠳᠤᠭᠠᠷ ᠪᠦᠯᠦᠭ ᠪᠠᠳᠤᠯᠠᠭ᠎ᠠ ᠶᠢᠨ ᠭᠡᠷ᠎ᠠ | ᠨᠢᠭᠡᠳᠤᠭᠡᠷ ᠭᠡᠰᠩ ᠡᠩ ᠤᠨ ᠲᠤᠬᠳᠠᠭᠠᠯ | ᠬᠤᠶᠠᠳᠤᠭᠠᠷ ᠬᠡᠰᠡᠭ ᠪᠠᠳᠤᠯᠠᠬᠤ ᠬᠠᠷᠢᠭᠤᠴᠠᠯᠭ᠎ᠠ | ᠠᠷᠪᠡᠠ ᠲᠦᠷᠪᠡᠳᠤᠭᠡᠷ ᠪᠦᠯᠦᠭ ᠲᠦᠷᠢᠶᠡᠰᠦᠯᠡᠯ ᠤᠨ ᠭᠡᠷ᠎ᠠ | ᠠᠷᠪᠡᠠ ᠲᠠᠪᠤᠳᠤᠭᠠᠷ ᠪᠦᠯᠦᠭ ᠪᠡᠯᠠ ᠲᠤᠬᠢᠷᠡᠭᠤᠯᠭ᠎ᠠ ᠶᠢᠨ ᠲᠦᠷᠢᠶᠡᠰᠦᠯᠡᠯ ᠤᠨ ᠭᠡᠷ᠎ᠠ | ᠠᠷᠪᠠᠨ ᠵᠢᠷᠭᠤᠳᠤᠭᠠᠷ ᠪᠦᠯᠦᠭ ᠪᠠᠲᠤᠯᠠᠮᠵᠢ ᠶᠢᠨ ᠭᠡᠷ᠎ᠠ | ᠠᠷᠪᠡᠠ ᠲᠤᠯᠤᠳᠤᠭᠠᠷ ᠪᠦᠯᠦᠭ ᠲᠡᠭᠠᠭᠠᠠ ᠠᠪᠬᠤ ᠭᠡᠷ᠎ᠠ | ᠠᠷᠪᠡᠠ ᠨᠠᠢᠮᠠᠳᠤᠭᠠᠷ ᠪᠦᠯᠦᠭ ᠪᠦᠳᠦᠭᠡᠠ ᠪᠠᠶᠢᠭᠤᠯᠦᠯᠳᠠ ᠶᠢᠨ ᠪᠡᠷᠢᠯᠭ᠎ᠠ ᠶᠢᠨ ᠭᠡᠷ᠎ᠠ | ᠠᠷᠪᠡ ᠶᠢᠰᠤᠳᠤᠭᠡᠷ ᠪᠦᠯᠦᠭ ᠲᠡᠭᠡᠭᠡᠪᠦᠷᠢ ᠶᠢᠨ ᠭᠡᠷ᠎ᠠ | ᠨᠢᠭᠡᠳᠤᠭᠡᠷ ᠬᠡᠰᠡᠭ ᠡᠩ ᠤᠨ ᠲᠤᠬᠳᠠᠭᠠᠯ | ᠬᠤᠶᠠᠳᠤᠭᠠᠷ ᠬᠡᠰᠡᠭ ᠠᠶᠠᠨᠴᠢᠨ ᠤ ᠲᠡᠭᠡᠭᠡᠪᠤᠷᠢ ᠶᠢᠨ ᠭᠡᠷ᠎ᠠ | ᠭᠤᠷᠪᠠᠳᠤᠭᠠᠷ ᠬᠡᠰᠡᠭ ᠪᠠᠷᠠᠭ᠎ᠠ ᠲᠡᠭᠡᠭᠡᠪᠤᠷᠢ ᠶᠢᠨ ᠭᠡᠷ᠎ᠠ | ᠲᠦᠷᠪᠡᠳᠤᠭᠡᠷ ᠬᠡᠰᠡᠭ ᠤᠯᠡᠠ ᠭᠡᠯᠪᠡᠷᠢ ᠶᠢᠨ ᠬᠠᠮᠳᠦᠷᠠᠭᠰᠠᠨ ᠲᠡᠭᠡᠭᠡᠪᠦᠷᠢ ᠶᠢᠨ ᠭᠡᠷ᠎ᠠ | ᠬᠤᠷᠢᠳᠤᠭᠠᠷ ᠪᠦᠯᠦᠭ ᠮᠡᠷᠭᠡᠵᠢᠯ ᠤᠨ ᠭᠡᠷ᠎ᠠ | ᠨᠢᠭᠡᠳᠤᠭᠡᠷ ᠬᠡᠰᠡᠭ ᠡᠩ ᠤᠨ ᠲᠤᠬᠳᠠᠭᠠᠯ | ᠬᠤᠶᠠᠳᠤᠭᠠᠷ ᠭᠡᠰᠡᠭ ᠮᠡᠷᠭᠡᠵᠢᠯ ᠢ ᠨᠡᠭᠡᠭᠡᠨ ᠠᠰᠢᠬᠯᠠᠬᠤ ᠭᠡᠷ᠎ᠠ | ᠭᠤᠷᠪᠠᠳᠤᠭᠠᠷ ᠬᠡᠰᠡᠭ ᠮᠡᠷᠭᠡᠵᠢᠯ ᠰᠢᠯᠵᠢᠬᠦᠯᠤᠨ ᠦᠭᠬᠦ ᠭᠡᠷ᠎ᠠ ᠪᠠ ᠮᠡᠷᠭᠡᠵᠢᠯ ᠤᠨ ᠵᠦᠪᠰᠢᠶᠡᠷᠡᠯ ᠤᠨ ᠭᠡᠷ᠎ᠠ | ᠲᠦᠷᠪᠡᠳᠤᠭᠡᠷ ᠬᠡᠰᠡᠭ ᠮᠡᠷᠭᠡᠵᠢᠯ ᠤᠨ ᠵᠦᠪᠯᠡᠯᠭᠡ ᠦᠭᠬᠦ ᠭᠡᠷ᠎ᠠ ᠪᠠ ᠮᠡᠷᠭᠡᠵᠢᠯ ᠤᠨ ᠦᠢᠯᠡᠴᠢᠯᠡᠭᠡ ᠶᠢᠨ ᠭᠡᠷ᠎ᠠ | ᠬᠤᠷᠢᠨ ᠨᠢᠭᠡᠳᠤᠭᠡᠷ ᠪᠦᠯᠦᠭ ᠬᠠᠳᠡᠭᠠᠯᠡᠠ ᠬᠠᠮᠢᠶᠡᠷᠬᠤ ᠭᠡᠷ᠎ᠠ | ᠬᠤᠷᠢᠨ ᠬᠤᠶᠠᠳᠤᠭᠠᠷ ᠪᠦᠯᠦᠭ ᠬᠦᠮᠦᠷᠭᠡᠯᠡᠠ ᠬᠠᠳᠡᠭᠠᠯᠡᠬᠤ ᠭᠡᠷ᠎ᠠ | ᠬᠤᠷᠢᠠ ᠭᠤᠷᠪᠠᠳᠤᠭᠠᠷ ᠪᠦᠯᠦᠭ ᠨᠡᠶᠢᠳᠡᠯᠭ᠎ᠠ ᠶᠢᠨ ᠭᠡᠷ᠎ᠠ | ᠬᠤᠷᠢᠨ ᠲᠦᠷᠪᠡᠳᠤᠭᠡᠷ ᠪᠦᠯᠦᠭ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ | ᠬᠤᠷᠢᠠ ᠲᠠᠪᠤᠳᠤᠭᠠᠷ ᠪᠦᠯᠦᠭ ᠢᠳᠡᠭᠡᠮᠵᠢ ᠶᠢᠨ ᠭᠡᠷ᠎ᠠ | ᠬᠤᠷᠢᠠ ᠵᠢᠷᠭᠤᠳᠤᠭᠠᠷ ᠪᠦᠯᠦᠭ ᠵᠡᠭᠤᠴᠢᠯᠡᠬᠤ ᠭᠡᠷ᠎ᠠ | ᠬᠤᠷᠢᠨ ᠲᠤᠯᠤᠳᠤᠭᠠᠷ ᠪᠦᠯᠦᠭ ᠬᠤᠷᠰᠢᠯᠴᠠᠭᠠᠨ ᠤ ᠭᠡᠷ᠎ᠠ | ᠭᠤᠷᠪᠠᠳᠤᠭᠠᠷ ᠬᠤᠪᠢᠶᠠᠷᠢ ᠠᠩᠬᠢ ᠳᠡᠰᠯᠡᠬᠦ ᠭᠡᠷ᠎ᠠ | ᠬᠤᠷᠢᠨ ᠨᠠᠢᠮᠠᠳᠤᠭᠠᠷ ᠪᠦᠯᠦᠭ ᠰᠢᠯᠲᠠᠭᠠᠨ ᠦᠭᠡᠢ ᠬᠠᠮᠢᠶᠠᠷᠤᠯᠲᠠ | ᠬᠤᠷᠢ ᠶᠢᠰᠤᠳᠤᠭᠡᠷ ᠪᠦᠯᠦᠭ ᠵᠣᠬᠢᠰ ᠦᠭᠡᠢ ᠠᠰᠢᠭ | ᠲᠦᠷᠪᠡᠳᠤᠭᠡᠷ ᠠᠩᠬᠢ ᠬᠦᠮᠦᠨ ᠤ ᠬᠡᠮ ᠤᠨ ᠡᠷᠭᠡ | ᠨᠢᠭᠡᠳᠤᠭᠡᠷ ᠪᠦᠯᠦᠭ ᠡᠩ ᠤᠨ ᠲᠤᠬᠳᠠᠭᠠᠯ | ᠬᠤᠶᠠᠳᠤᠭᠠᠷ ᠪᠦᠯᠦᠭ ᠠᠮᠢ ᠨᠠᠰᠤᠨ ᠤ ᠡᠷᠭᠡ᠂ ᠪᠡᠶ᠎ᠠ ᠴᠤᠭᠴᠠ ᠶᠢᠨ ᠡᠷᠭᠡ ᠪᠠ ᠡᠷᠡᠬᠦᠯ ᠮᠡᠨᠳᠦ ᠶᠢᠨ ᠡᠷᠭᠡ | ᠭᠤᠷᠪᠠᠳᠤᠭᠠᠷ ᠪᠦᠯᠦᠭ ᠤᠪᠤᠭ ᠨᠡᠷ᠎ᠠ ᠶᠢᠨ ᠡᠷᠭᠡ ᠪᠠ ᠨᠡᠷᠡᠶᠢᠳᠤᠯ ᠤᠨ ᠡᠷᠭᠡ | ᠲᠦᠷᠪᠡᠳᠤᠭᠡᠷ ᠪᠦᠯᠦᠭ ᠬᠦᠷᠦᠭ ᠵᠢᠷᠤᠭ ᠤᠨ ᠡᠷᠬᠡ | ᠲᠠᠪᠤᠳᠤᠭᠠᠷ ᠪᠦᠯᠦᠭ ᠨᠡᠷ᠎ᠡ ᠲᠦᠷᠦ ᠶᠢᠨ ᠡᠷᠬᠡ ᠪᠠ ᠠᠯᠳᠠᠷ ᠬᠦᠨᠳᠦ ᠶᠢᠨ ᠡᠷᠬᠡ | ᠵᠢᠷᠭᠤᠳᠤᠭᠠᠷ ᠪᠦᠯᠦᠭ ᠬᠤᠪᠢ ᠶᠢᠨ ᠨᠢᠭᠤᠴᠠ ᠶᠢᠨ ᠡᠷᠬᠡ ᠪᠠ ᠬᠤᠪᠢ ᠬᠦᠮᠥᠨ ᠤ ᠮᠡᠳᠡᠭᠡ ᠵᠠᠩᠭᠢ ᠶᠢ | ᠬᠠᠮᠠᠭᠠᠯᠠᠬᠤ | ᠲᠠᠪᠤᠳᠤᠭᠠᠷ ᠠᠩᠬᠢ ᠤᠷᠤᠭ ᠭᠡᠷ ᠪᠦᠯᠢ | ᠨᠢᠭᠡᠳᠤᠭᠡᠷ ᠪᠦᠯᠦᠭ ᠡᠩ ᠤᠨ ᠲᠤᠬᠳᠠᠭᠠᠯ | ᠬᠤᠶᠠᠳᠤᠭᠠᠷ ᠪᠦᠯᠦᠭ ᠤᠷᠤᠭᠯᠠᠬᠤ | ᠭᠤᠷᠪᠠᠳᠤᠭᠠᠷ ᠪᠦᠯᠦᠭ ᠭᠡᠷ ᠪᠦᠯᠢ ᠶᠢᠨ ᠬᠠᠷᠢᠴᠠᠭ᠎ᠠ | ᠨᠢᠭᠡᠳᠤᠭᠡᠷ ᠬᠡᠰᠡᠭ ᠡᠷ᠎ᠠ ᠡᠮ᠎ᠠ ᠶᠢᠨ ᠬᠠᠷᠢᠴᠠᠭ᠎ᠠ | ᠬᠤᠶᠠᠳᠤᠭᠠᠷ ᠬᠡᠰᠡᠭ ᠡᠴᠢᠭᠡ ᠡᠭᠡ ᠦᠷ᠎ᠠ ᠭᠡᠤᠭᠡᠳ ᠤᠨ ᠬᠠᠷᠢᠴᠠᠭ᠎ᠠ ᠪᠠ ᠪᠤᠰᠤᠳ ᠤᠢᠢᠷ᠎ᠠ ᠲᠦᠷᠦᠯ | ᠰᠡᠳᠦᠠ ᠤ ᠬᠠᠷᠢᠴᠠᠭ᠎ᠠ | ᠲᠦᠷᠪᠡᠳᠤᠭᠡᠷ ᠪᠦᠯᠦᠭ ᠤᠷᠤᠭ ᠰᠠᠯᠬᠤ | ᠲᠠᠪᠤᠳᠤᠭᠠᠷ ᠪᠦᠯᠦᠭ ᠡᠷᠬᠦᠨ ᠲᠡᠵᠢᠭᠡᠬᠦ | ᠨᠢᠭᠡᠳᠤᠭᠡᠷ ᠬᠡᠰᠡᠭ ᠡᠷᠬᠦᠨ ᠲᠡᠵᠢᠬᠡᠬᠦ ᠬᠠᠷᠢᠴᠠᠭ᠎ᠠ ᠶᠢᠨ ᠪᠤᠢ ᠪᠤᠯᠬᠤ | ᠬᠤᠶᠠᠳᠤᠭᠠᠷ ᠬᠡᠰᠡᠭ ᠡᠷᠬᠦᠨ ᠲᠡᠵᠢᠭᠡᠬᠦ ᠶᠢᠨ ᠬᠥᠴᠤᠨ | ᠭᠤᠷᠪᠠᠳᠤᠭᠠᠷ ᠬᠡᠰᠡᠭ ᠡᠷᠬᠦᠨ ᠲᠡᠵᠢᠭᠡᠬᠦ ᠬᠠᠷᠢᠴᠠᠭ᠎ᠠ ᠶᠢ ᠴᠤᠴᠠᠯᠬᠤ | ᠵᠢᠷᠭᠤᠳᠤᠭᠠᠷ ᠠᠩᠬᠢ ᠦᠪ ᠵᠠᠯᠭᠠᠮᠵᠢᠯᠠᠯᠲᠠ | ᠨᠢᠭᠡᠳᠤᠭᠡᠷ ᠪᠦᠯᠦᠭ ᠡᠩ ᠤᠨ ᠲᠤᠬᠳᠠᠭᠠᠯ | ᠬᠤᠶᠠᠳᠤᠭᠠᠷ ᠪᠦᠯᠦᠭ ᠬᠠᠤᠯᠢ ᠳᠤ ᠲᠤᠬᠳᠠᠭᠠᠭᠰᠠᠨ ᠦᠪ ᠵᠠᠯᠭᠠᠮᠵᠢᠯᠠᠯᠳᠠ | ᠭᠤᠷᠪᠠᠳᠤᠭᠠᠷ ᠪᠦᠯᠦᠭ ᠭᠡᠷᠢᠶᠠᠰ ᠢᠶᠠᠷ ᠦᠪ ᠵᠠᠯᠭᠠᠮᠵᠢᠯᠠᠬᠤ ᠪᠠ ᠬᠡᠷᠢᠶᠡᠰᠯᠡᠨ ᠬᠦᠷᠭᠡᠬᠦ | ᠲᠦᠷᠪᠡᠳᠤᠭᠡᠷ ᠪᠦᠯᠦᠭ ᠦᠪ ᠬᠥᠷᠤᠩᠭᠡ ᠶᠢ ᠰᠢᠢᠳᠪᠤᠷᠢᠯᠡᠬᠦ | ᠲᠤᠯᠤᠳᠤᠭᠠᠷ ᠠᠩᠬᠢ ᠡᠷᠭᠡ ᠳᠤ ᠬᠠᠯᠳᠠᠭᠰᠠᠨ ᠬᠠᠷᠢᠭᠤᠴᠠᠯᠭ᠎ᠠ | ᠨᠢᠭᠡᠳᠤᠭᠡᠷ ᠪᠦᠯᠦᠭ ᠡᠩ ᠤᠨ ᠲᠣᠭᠳᠠᠭᠠᠯ | ᠬᠤᠶᠠᠳᠤᠭᠠᠷ ᠪᠦᠯᠦᠭ ᠬᠤᠬᠢᠷᠠᠯ ᠤᠨ ᠲᠦᠯᠤᠪᠦᠷᠢ | ᠭᠤᠷᠪᠠᠳᠤᠭᠠᠷ ᠪᠦᠯᠦᠭ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢᠨ ᠲᠣᠬᠠᠢ ᠣᠨᠴᠠᠭᠠᠢ ᠲᠣᠭᠳᠠᠭᠠᠯ | ᠲᠦᠷᠪᠡᠳᠤᠭᠡᠷ ᠪᠦᠯᠦᠭ ᠦᠢᠯᠡᠳᠭᠦᠨ ᠤ ᠬᠠᠷᠢᠭᠤᠴᠠᠯᠭ᠎ᠠ | ᠲᠠᠪᠤᠳᠤᠭᠠᠷ ᠪᠦᠯᠦᠭ ᠮᠠᠰᠢᠨᠳᠦ ᠲᠡᠷᠭᠡᠨ ᠤ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ | ᠵᠢᠷᠭᠤᠳᠤᠭᠠᠷ ᠪᠦᠯᠦᠭ ᠡᠮᠴᠢᠯᠡᠭᠡᠨ ᠤ ᠬᠤᠭᠢᠷᠠᠭᠤᠯᠤᠯ ᠤᠨ ᠬᠠᠷᠢᠭᠤᠴᠠᠯᠭ᠎ᠠ | ᠲᠤᠯᠤᠳᠣᠭᠠᠷ ᠪᠦᠯᠦᠭ ᠣᠷᠴᠢᠨ ᠠᠬᠤᠢ ᠶᠢ ᠪᠣᠭᠢᠷᠳᠣᠭᠤᠯᠣᠬᠰᠠᠨ ᠪᠠ ᠠᠮᠢ ᠠᠬᠤᠢ ᠶᠢ ᠡᠪᠳᠡᠭᠰᠡᠨ | ᠬᠠᠷᠢᠭᠤᠴᠠᠯᠭ᠎ᠠ | ᠨᠠᠢᠮᠠᠳᠤᠭᠠᠷ ᠪᠦᠯᠦᠭ ᠶᠡᠭᠡ ᠠᠶᠣᠯ ᠲᠦᠭᠰᠢᠭᠦᠷᠢ ᠶᠢᠨ ᠬᠠᠷᠢᠭᠤᠴᠠᠯᠭ᠎ᠠ | ᠶᠢᠰᠤᠳᠤᠭᠡᠷ ᠪᠦᠯᠦᠭ ᠲᠡᠵᠢᠭᠡᠪᠦᠷᠢ ᠠᠮᠢᠳᠠᠨ ᠤ ᠬᠤᠭᠢᠷᠠᠭᠤᠯᠣᠯ ᠤᠨ ᠬᠠᠷᠢᠭᠤᠴᠠᠯᠭ᠎ᠠ | ᠠᠷᠪᠠᠳᠤᠭᠠᠷ ᠪᠦᠯᠦᠭ ᠪᠠᠷᠢᠯᠭ᠎ᠠ ᠪᠠ ᠡᠳ᠋ ᠪᠣᠳᠠᠰ ᠤᠨ ᠬᠤᠭᠢᠷᠠᠭᠤᠯᠤᠯ ᠤᠨ ᠬᠠᠷᠢᠭᠤᠴᠠᠯᠭ᠎ᠠ | ᠲᠠᠭᠠᠯᠳᠣᠭᠤᠯᠣᠭᠰᠠᠨ ᠲᠦᠷᠢᠮ | ᠨᠢᠭᠡᠳᠤᠭᠡᠷ ᠠᠩᠬᠢ ᠶᠡᠷᠤᠩᠭᠡᠢ ᠲᠦᠷᠢᠮ | ᠨᠢᠭᠡᠳᠦᠭᠡᠷ ᠪᠦᠯᠦᠭ ᠦᠨᠳᠦᠰᠦᠨ ᠲᠣᠭᠳᠠᠭᠠᠯ | ᠨᠢᠭᠡᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠶᠢᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠵᠦ᠂ | ᠢᠷᠭᠡᠨ ᠤ ᠭᠡᠷᠡᠭ ᠤᠨ ᠬᠠᠷᠢᠴᠠᠭ᠎ᠠ ᠶᠢ ᠲᠣᠭᠢᠷᠠᠭᠤᠯᠣᠨ᠂ ᠨᠠᠶᠢᠭᠡᠮ ᠪᠠ ᠠᠵᠦ ᠠᠬᠤᠢ ᠶᠢᠨ ᠡᠮᠭᠢ ᠵᠢᠷᠣᠮ ᠢ | ᠬᠠᠮᠠᠭᠠᠯᠠᠵᠦ᠂ ᠲᠣᠮᠳᠠᠳᠦ ᠣᠯᠣᠰ ᠤᠨ ᠣᠨᠴᠠᠯᠢᠭ ᠪᠦᠭᠦᠢ ᠨᠠᠶᠢᠭᠡᠮ ᠵᠢᠷᠣᠮ ᠤᠨ ᠭᠦᠭᠵᠢᠯᠳᠡ ᠶᠢᠨ ᠱᠠᠭᠠᠷᠳᠠᠯᠭ᠎ᠠ ᠳᠤ | ᠵᠣᠭᠢᠴᠠᠭᠤᠯᠵᠦ᠂ ᠨᠠᠶᠢᠭᠡᠮ ᠵᠢᠷᠣᠮ ᠤᠨ ᠭᠤᠣᠯᠯᠠᠬᠤ ᠦᠷᠳᠡᠭ ᠤᠨ ᠦᠵᠡᠯᠳᠡ ᠶᠢ ᠪᠠᠳᠠᠷᠠᠭᠤᠯᠬᠤ ᠶᠢᠨ ᠲᠦᠯᠦᠭᠡ᠂ | ᠦᠨᠳᠣᠰᠣᠨ ᠬᠠᠣᠯᠢ ᠶᠢ ᠦᠨᠳᠣᠰᠣᠯᠡᠨ᠂ ᠲᠣᠰ ᠬᠠᠣᠯᠢ ᠶᠢ ᠲᠣᠭᠳᠠᠭᠠᠪᠠ᠃ | ᠬᠤᠶᠠᠳᠣᠭᠠᠷ ᠵᠦᠢᠯ ᠢᠷᠭᠡᠨ ᠤ ᠬᠠᠣᠯᠢ ᠨᠢ ᠡᠷᠭᠡ ᠲᠡᠭᠰᠢ ᠪᠡᠶᠡᠴᠢ ᠴᠣᠭᠴᠠ ᠪᠣᠯᠬᠤ ᠪᠠᠶᠢᠭᠠᠯᠢ ᠭᠦᠮᠦᠨ᠂ | ᠬᠠᠣᠯᠢ ᠶᠢᠨ ᠭᠦᠮᠦᠨ ᠪᠣᠯᠣᠨ ᠬᠠᠣᠯᠢ ᠶᠢᠨ ᠭᠦᠮᠦᠨ ᠪᠣᠰᠣ ᠵᠣᠭᠢᠶᠠᠨ ᠪᠠᠶᠢᠭᠤᠯᠣᠯᠳᠠ ᠶᠢᠨ ᠬᠤᠭᠤᠷᠣᠨᠳᠣᠭᠢ | ᠭᠦᠮᠦᠨ ᠤ ᠪᠡᠶ᠎ᠡ ᠶᠢᠨ ᠬᠠᠷᠢᠴᠠᠭ᠎ᠠ ᠪᠠ ᠡᠳ᠋ ᠭᠦᠷᠦᠩᠭᠡ ᠶᠢᠨ ᠬᠠᠷᠢᠴᠠᠭ᠎ᠠ ᠶᠢ ᠲᠣᠭᠢᠷᠠᠭᠤᠯᠣᠨᠠ᠃ | ᠭᠤᠷᠪᠠᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ | ᠵᠢᠴᠢ ᠪᠣᠰᠣᠳ ᠬᠠᠣᠯᠢ ᠶᠣᠰᠣᠨ ᠤ ᠡᠷᠭᠡ ᠠᠰᠢᠭ ᠢ ᠬᠠᠣᠯᠢ ᠪᠠᠷ ᠬᠠᠮᠠᠭᠠᠯᠠᠨ᠎ᠠ᠂ ᠶᠠᠮᠠᠷᠪᠠ ᠵᠣᠭᠢᠶᠠᠨ ᠪᠠᠶᠢᠭᠤᠯᠣᠯᠳᠠ | ᠪᠤᠶᠤ ᠬᠤᠪᠢ ᠭᠦᠮᠦᠨ ᠬᠠᠯᠳᠠᠵᠦ ᠪᠣᠯᠬᠤ ᠦᠭᠡᠢ᠃ | ᠲᠦᠷᠪᠡᠳᠦᠭᠡᠷ ᠵᠦᠢᠯ ᠢᠷᠭᠡᠨ ᠤ ᠭᠡᠷᠡᠭ ᠤᠨ ᠠᠵᠢᠯᠯᠠᠭ᠎ᠠ ᠶᠢᠨ ᠲᠣᠮᠳᠠ ᠢᠷᠭᠡᠨ ᠤ ᠭᠡᠷᠡᠭ ᠤᠨ ᠪᠡᠶᠡᠴᠢ ᠴᠣᠭᠴᠠ ᠶᠢᠨ | ᠬᠠᠤᠯᠢ ᠴᠠᠭᠠᠵᠠ ᠶᠢᠨ ᠪᠠᠶᠢᠷᠢ ᠰᠠᠭᠤᠷᠢ ᠴᠦᠮ ᠠᠳᠠᠯᠢ ᠲᠡᠭᠰᠢ᠃ | ᠲᠠᠪᠣᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ ᠭᠢᠭᠦ ᠳᠤ᠂ ᠰᠠᠶᠢᠨ | ᠳᠤᠷ᠎ᠠ ᠶᠢᠨ ᠪᠠᠶᠢᠬᠤ ᠵᠠᠷᠴᠢᠮ ᠢ ᠵᠢᠷᠣᠮᠯᠠᠵᠦ᠂ ᠦᠪᠡᠷ ᠤᠨ ᠰᠠᠨᠠᠭ᠎ᠠ ᠪᠠᠷ ᠢᠶᠠᠨ ᠢᠷᠭᠡᠨ ᠤ ᠭᠡᠷᠡᠭ ᠤᠨ ᠬᠠᠣᠯᠢ | ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠠᠭᠤᠯᠬᠤ᠂ ᠲᠠᠭᠤᠰᠬᠠᠬᠤ ᠭᠡᠷᠡᠭᠳᠡᠢ᠃ | ᠵᠢᠷᠭᠤᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ ᠭᠢᠭᠦ ᠳᠤ᠂ | ᠭᠤᠤᠯᠴᠢ ᠪᠠᠶᠢᠬᠤ ᠵᠠᠷᠴᠢᠮ ᠢ ᠵᠢᠷᠣᠮᠯᠠᠵᠦ᠂ ᠡᠯ᠎ᠠ ᠲᠠᠯ᠎ᠠ ᠶᠢᠨ ᠬᠢᠨ ᠤ ᠡᠷᠭᠡ ᠪᠠ ᠡᠭᠦᠷᠭᠡ ᠶᠢ ᠵᠦᠢ ᠵᠣᠭᠢᠰᠳᠠᠢ | ᠲᠣᠭᠳᠠᠭᠠᠬᠤ ᠭᠡᠷᠡᠭᠳᠡᠢ᠃ | ᠲᠣᠯᠣᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ ᠭᠢᠭᠦ ᠳᠤ᠂ | ᠦᠨᠡᠨᠴᠢ ᠢᠳᠡᠭᠡᠮᠵᠢᠳᠡᠢ ᠪᠠᠶᠢᠬᠤ ᠵᠠᠷᠴᠢᠮ ᠢ ᠵᠢᠷᠣᠮᠯᠠᠵᠦ᠂ ᠦᠨᠡᠨᠴᠢ ᠰᠢᠳᠦᠷᠭᠤ ᠶᠢ ᠡᠷᠭᠢᠮᠯᠡᠨ᠂ ᠠᠮᠠᠯᠠᠯᠳᠠ ᠪᠠᠨ | ᠭᠢᠴᠢᠶᠠᠩᠭᠦ᠋ᠢᠯᠡᠨ ᠰᠠᠭᠢᠬᠤ ᠭᠡᠷᠡᠭᠳᠡᠢ᠃ | ᠨᠠᠢᠮᠠᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ ᠭᠢᠭᠦ ᠳᠤ᠂ ᠬᠠᠣᠯᠢ | ᠴᠠᠭᠠᠵᠠ ᠠᠴᠠ ᠵᠦᠷᠢᠴᠡᠵᠦ ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ | ᠵᠦᠷᠢᠴᠡᠵᠦ ᠪᠣᠯᠬᠤ ᠦᠭᠡᠢ᠃ | ᠶᠢᠰᠦᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ ᠭᠢᠭᠦ ᠳᠤ᠂ ᠡᠭᠢ | ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠬᠤ ᠳᠤ ᠠᠰᠢᠭᠳᠠᠢ ᠪᠠᠶᠢᠯᠭᠠᠬᠤ ᠭᠡᠷᠡᠭᠳᠡᠢ | ᠃ | ᠠᠷᠪᠠᠳᠣᠭᠠᠷ ᠵᠦᠢᠯ ᠢᠷᠭᠡᠨ ᠤ ᠭᠡᠷᠡᠭ ᠤᠨ ᠵᠠᠭᠤᠷᠠᠯᠳᠣᠭᠠᠨ ᠢ ᠰᠢᠢᠳᠪᠦᠷᠢᠯᠡᠭᠦ ᠳᠤ᠂ ᠬᠠᠣᠯᠢ ᠴᠠᠭᠠᠵᠠ ᠶᠢ ᠵᠢᠷᠣᠮᠯᠠᠬᠤ | ᠭᠡᠷᠡᠭᠳᠡᠢ︔ ᠬᠠᠣᠯᠢ ᠴᠠᠭᠠᠵᠠ ᠳᠤ ᠲᠣᠭᠳᠠᠭᠠᠯ ᠦᠭᠡᠢ ᠪᠣᠯ᠂ ᠲᠠᠳᠬᠠᠯ ᠶᠣᠰᠣᠭᠠᠷ ᠰᠢᠢᠳᠪᠦᠷᠢᠯᠡᠵᠦ ᠪᠣᠯᠣᠨ᠎ᠠ᠂ | ᠭᠡᠪᠡᠴᠦ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠦᠷᠢᠴᠡᠵᠦ ᠪᠣᠯᠬᠤ ᠦᠭᠡᠢ᠃ | ᠠᠷᠪᠠᠨ ᠨᠢᠭᠡᠳᠦᠭᠡᠷ ᠵᠦᠢᠯ ᠪᠣᠰᠣᠳ ᠬᠠᠣᠯᠢ ᠴᠠᠭᠠᠵᠠ ᠳᠤ ᠢᠷᠭᠡᠨ ᠤ ᠭᠡᠷᠡᠭ ᠤᠨ ᠬᠠᠷᠢᠴᠠᠭ᠎ᠠ ᠶᠢᠨ ᠲᠣᠬᠠᠢ | ᠣᠨᠴᠠᠭᠠᠢ ᠲᠣᠭᠳᠠᠭᠠᠯ ᠲᠠᠢ ᠪᠠᠶᠢᠪᠠᠯ᠂ ᠲᠠᠷᠠ ᠲᠤᠭᠳᠠᠭᠠᠯ ᠶᠤᠰᠤᠭᠠᠷ ᠶᠠᠪᠤᠭᠤᠯᠤᠨ᠎ᠠ᠃ | ᠠᠷᠪᠠᠨ ᠬᠤᠶᠠᠳᠣᠭᠠᠷ ᠵᠦᠢᠯ ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠨᠣᠳᠤᠭ ᠲᠠᠪᠢᠰᠭᠡᠷ ᠲᠡᠬᠡᠷᠡᠭᠢ | ᠢᠷᠭᠡᠨ ᠤ ᠭᠡᠷᠡᠭ ᠤᠨ ᠠᠵᠢᠯᠯᠠᠭ᠎ᠠ ᠳᠤ ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠬᠠᠣᠯᠢ ᠴᠠᠭᠠᠵᠠ ᠶᠢ | ᠲᠤᠬᠢᠷᠠᠭᠤᠯᠤᠨ ᠭᠡᠷᠡᠭᠯᠡᠨ᠎ᠡ᠃ ᠬᠠᠣᠯᠢ ᠴᠠᠭᠠᠵᠠ ᠳᠤ ᠠᠰᠳᠠᠭᠠᠨ ᠲᠣᠭᠳᠠᠭᠠᠯ ᠲᠠᠢ ᠪᠠᠶᠢᠪᠠᠯ᠂ ᠲᠠᠷᠠ ᠲᠤᠭᠳᠠᠭᠠᠯ | ᠶᠤᠰᠤᠭᠠᠷ ᠶᠠᠪᠤᠭᠤᠯᠤᠨ᠎ᠠ᠃ | ᠬᠤᠶᠠᠳᠣᠭᠠᠷ ᠪᠦᠯᠦᠭ ᠪᠠᠶᠢᠭᠠᠯᠢ ᠭᠦᠮᠦᠨ | ᠨᠢᠭᠡᠳᠦᠭᠡᠷ ᠭᠡᠰᠡᠭ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠪᠠ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ | ᠴᠢᠳᠠᠪᠦᠷᠢ | ᠠᠷᠪᠠᠨ ᠭᠤᠷᠪᠠᠳᠣᠭᠠᠷ ᠵᠦᠢᠯ ᠪᠠᠶᠢᠭᠠᠯᠢ ᠭᠦᠮᠦᠨ ᠲᠦᠷᠦᠭᠰᠡᠨ ᠴᠠᠭ ᠠᠴᠠ ᠪᠠᠨ ᠡᠭᠢᠯᠡᠨ ᠦᠬᠦᠳᠡᠯ᠎ᠡ ᠪᠠᠨ ᠢᠷᠭᠡᠨ ᠤ | ᠬᠡᠷᠡᠭ ᠤᠨ ᠡᠷᠬᠡ ᠶᠢᠨ ᠴᠢᠳᠠᠪᠤᠷᠢ ᠲᠠᠢ ᠪᠠᠶᠢᠵᠦ᠂ ᠬᠠᠤᠯᠢ ᠶᠤᠰᠤᠭᠠᠷ ᠢᠷᠭᠡᠨ ᠤ ᠬᠡᠷᠡᠭ ᠤᠨ ᠡᠷᠬᠡ ᠶᠢ ᠡᠳ᠋ᠯᠡᠨ᠂ | ᠢᠷᠭᠡᠨ ᠤ ᠬᠡᠷᠡᠭ ᠤᠨ ᠡᠭᠦᠷᠭᠡ ᠶᠢ ᠡᠭᠦᠷᠭᠡᠯᠡᠨ᠎ᠡ᠃ | ᠠᠷᠪᠠᠨ ᠲᠦᠷᠪᠡᠳᠦᠭᠡᠷ ᠵᠦᠢᠯ ᠪᠠᠶᠢᠭᠠᠯᠢ ᠭᠦᠮᠦᠨ ᠤ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠴᠦᠮ ᠠᠳᠠᠯᠢ | ᠲᠡᠭᠰᠢ᠃ | ᠠᠷᠪᠠᠨ ᠲᠠᠪᠣᠳᠣᠭᠠᠷ ᠵᠦᠢᠯ ᠪᠠᠶᠢᠭᠠᠯᠢ ᠭᠦᠮᠦᠨ ᠤ ᠲᠦᠷᠦᠭᠰᠡᠨ ᠴᠠᠭ ᠪᠠ ᠦᠭᠦᠭᠰᠡᠨ ᠴᠠᠭ ᠢ ᠲᠥᠷᠦᠭᠰᠡᠨ ᠭᠡᠷᠡᠴᠢ᠂ | ᠦᠭᠦᠭᠰᠡᠨ ᠭᠡᠷᠡᠴᠢ ᠲᠡᠭᠡᠷ᠎ᠡ ᠲᠡᠮᠳᠡᠭᠯᠡᠭᠰᠡᠨ ᠴᠠᠭ ᠢᠶᠠᠷ ᠪᠠᠷᠢᠮᠵᠢᠶ᠎ᠡ ᠪᠣᠯᠭᠠᠨ᠎ᠠ︔ ᠲᠥᠷᠦᠭᠰᠡᠨ ᠭᠡᠷᠡᠴᠢ᠂ ᠦᠭᠦᠭᠰᠡᠨ | ᠭᠡᠷᠡᠴᠢ ᠦᠭᠡᠢ ᠪᠣᠯ᠂ ᠡᠷᠦᠭᠡ ᠠᠮᠠ ᠶᠢᠨ ᠲᠠᠩᠰᠠᠯᠠᠯᠳᠠ ᠪᠣᠶᠣ ᠪᠣᠰᠣᠳ ᠭᠦᠴᠦᠨ ᠪᠦᠭᠦᠢ ᠪᠡᠶ᠎ᠡ ᠭᠡᠮ ᠤᠨ | ᠲᠠᠩᠰᠠᠯᠠᠯᠳᠠ ᠳᠤ ᠲᠡᠮᠳᠡᠭᠯᠡᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠲᠡᠭᠡᠷᠡᠭᠢ ᠲᠡᠮᠳᠡᠭᠯᠡᠭᠰᠡᠨ ᠴᠠᠭ ᠢ ᠦᠭᠡᠶᠢᠰᠭᠡᠵᠦ | ᠲᠠᠶᠢᠯᠭᠦ ᠪᠣᠰᠣᠳ ᠭᠡᠷᠡᠴᠢ ᠪᠠᠷᠢᠮᠳᠠ ᠲᠠᠢ ᠪᠣᠯ᠂ ᠲᠣᠰ ᠭᠡᠷᠡᠴᠢ ᠪᠠᠷᠢᠮᠳᠠ ᠶᠢᠨ ᠭᠡᠷᠡᠴᠢᠯᠡᠭᠰᠡᠨ ᠴᠠᠭ ᠢᠶᠠᠷ ᠪᠠᠷᠢᠮᠵᠢᠶ᠎ᠡ | ᠪᠣᠯᠭᠠᠨ᠎ᠠ᠃ | ᠠᠷᠪᠠᠨ ᠵᠢᠷᠭᠤᠳᠣᠭᠠᠷ ᠵᠦᠢᠯ ᠦᠪ ᠭᠦᠷᠦᠩᠭᠡ ᠵᠠᠯᠭᠠᠮᠵᠢᠯᠠᠬᠤ᠂ ᠪᠡᠯᠡᠭᠯᠡᠨ ᠭᠦᠷᠭᠡᠯᠳᠠ ᠶᠢ ᠭᠦᠯᠢᠶᠡᠵᠦ ᠠᠪᠬᠤ | ᠵᠡᠷᠭᠡ ᠪᠠᠷ ᠬᠥᠪᠤᠷᠡᠯ ᠬᠡᠤᠬᠡᠳ ᠤᠨ ᠠᠰᠢᠭ ᠲᠣᠰᠠ ᠶᠢ ᠬᠠᠮᠠᠭᠠᠯᠠᠬᠤ ᠳᠤ ᠬᠤᠯᠪᠣᠭᠳᠠᠪᠠᠯ᠂ ᠬᠥᠪᠤᠷᠡᠯ ᠭᠡᠦᠭᠡᠳ ᠢ | ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠲᠠᠢ ᠪᠠᠷ ᠦᠵᠡᠨ᠎ᠡ︔ ᠭᠡᠪᠡᠴᠦ ᠬᠥᠪᠤᠷᠡᠯ ᠬᠡᠤᠬᠡᠳ ᠨᠢ ᠬᠥᠡᠭᠭᠡᠵᠢᠵᠤ | ᠭᠠᠷᠴᠦ ᠢᠷᠡᠭᠦ ᠦᠶ᠎ᠡ ᠳᠡᠭᠡᠨ ᠦᠬᠦᠭᠰᠡᠨ ᠬᠡᠤᠬᠡᠢ ᠪᠠᠶᠢᠪᠠᠯ᠂ ᠲᠡᠭᠦᠨ ᠤ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ | ᠡᠬᠢᠨ ᠠᠴᠠ ᠪᠠᠨ ᠠᠪᠤᠭᠠᠳ ᠤᠷᠤᠰᠢᠬᠤ ᠦᠭᠡᠢ᠃ | ᠠᠷᠪᠠᠨ ᠲᠣᠯᠣᠳᠣᠭᠠᠷ ᠵᠦᠢᠯ ᠪᠦᠭᠦᠯᠢ ᠠᠷᠪᠠᠨ ᠨᠠᠢᠮᠠᠨ ᠨᠠᠰᠦᠨ ᠠᠴᠠ ᠲᠡᠭᠡᠭᠰᠢᠭᠢ ᠪᠠᠶᠢᠭᠠᠯᠢ ᠭᠦᠮᠦᠨ ᠪᠣᠯ | ᠨᠠᠰᠦᠨ ᠳᠤ ᠭᠦᠷᠦᠭᠰᠡᠳ ᠮᠦᠨ᠃ ᠪᠦᠭᠦᠯᠢ ᠠᠷᠪᠠᠨ ᠨᠠᠢᠮᠠᠨ ᠨᠠᠰᠦ ᠭᠦᠷᠦᠭᠡᠳᠦᠢ ᠪᠠᠶᠢᠭᠠᠯᠢ ᠭᠦᠮᠦᠨ ᠪᠣᠯ | ᠨᠠᠰᠦᠨ ᠳᠤ ᠦᠯᠦ ᠭᠦᠷᠦᠭᠰᠡᠳ ᠮᠦᠨ᠃ | ᠠᠷᠪᠠᠨ ᠨᠠᠢᠮᠠᠳᠣᠭᠠᠷ ᠵᠦᠢᠯ ᠨᠠᠰᠦᠨ ᠳᠤ ᠭᠦᠷᠦᠭᠰᠡᠳ ᠪᠣᠯ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ | ᠴᠢᠳᠠᠪᠤᠷᠢ ᠲᠠᠢ ᠬᠦᠮᠦᠨ ᠮᠦᠨ᠂ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠡᠶ᠎ᠡ ᠪᠠᠨ | ᠲᠠᠭᠠᠭᠠᠵᠦ ᠭᠢᠵᠦ ᠪᠣᠯᠣᠨ᠎ᠠ᠃ | ᠪᠦᠭᠦᠯᠢ ᠠᠷᠪᠠᠨ ᠵᠢᠷᠭᠤᠭᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ ᠦᠪᠠᠷ ᠤᠨ | ᠭᠦᠳᠡᠯᠮᠦᠷᠢ ᠶᠢᠨ ᠣᠷᠣᠯᠭ᠎ᠠ ᠪᠠᠷ ᠢᠶᠠᠨ ᠠᠮᠢᠳᠣᠷᠠᠯ ᠤᠨ ᠢᠶᠠᠨ ᠭᠤᠣᠯ ᠢᠷᠡᠯᠳᠡ ᠪᠣᠯᠭᠠᠵᠦ ᠪᠠᠶᠢᠪᠠᠯ᠂ ᠲᠡᠭᠦᠨ ᠢ | ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ ᠢᠶᠠᠷ ᠦᠵᠡᠨ᠎ᠡ᠃ | ᠠᠷᠪᠠ ᠶᠢᠰᠦᠳᠦᠭᠡᠷ ᠵᠦᠢᠯ ᠪᠦᠭᠦᠯᠢ ᠨᠠᠢᠮᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ ᠪᠣᠯ | ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠮᠦᠨ᠂ ᠢᠷᠭᠡᠨ ᠤ ᠭᠡᠷᠡᠭ ᠤᠨ | ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠢᠭᠦ ᠳᠤ ᠬᠠᠣᠯᠢ ᠪᠠᠷ ᠲᠣᠭᠳᠠᠭᠠᠭᠰᠠᠨ ᠣᠷᠣᠯᠠᠭᠴᠢ ᠨᠢ ᠣᠷᠣᠯᠠᠵᠦ ᠭᠢᠭᠦ | ᠪᠣᠶᠣ ᠡᠰᠡᠬᠦᠯ᠎ᠡ ᠬᠠᠣᠯᠢ ᠪᠠᠷ ᠲᠣᠭᠳᠠᠭᠠᠭᠰᠠᠨ ᠣᠷᠣᠯᠠᠭᠴᠢ ᠪᠠᠷ ᠨᠢ ᠵᠦᠪᠰᠢᠶᠡᠷᠡᠭᠦᠯᠭᠦ ᠪᠤᠶᠤ ᠨᠡᠬᠡᠮᠵᠢᠯᠡᠨ | ᠵᠦᠪᠰᠢᠶᠡᠷᠡᠭᠦᠯᠦᠨ᠎ᠡ︔ ᠭᠡᠪᠡᠴᠦ ᠴᠤᠯ ᠠᠰᠢᠬ ᠲᠤᠰᠠ ᠤᠯᠬᠤ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ | ᠠᠵᠢᠯᠯᠠᠭ᠎ᠠ ᠪᠣᠶᠣ ᠨᠠᠰᠦ ᠵᠢᠯ᠂ ᠣᠶᠣᠨ ᠴᠢᠳᠠᠪᠤᠷᠢ ᠲᠠᠢ ᠨᠢ ᠵᠣᠭᠢᠴᠠᠭᠰᠠᠨ ᠢᠷᠭᠡᠨ ᠤ ᠭᠡᠷᠡᠭ ᠤᠨ ᠬᠠᠣᠯᠢ | ᠴᠠᠭᠠᠵᠠ ᠶᠢᠨ ᠦᠢᠯᠡ ᠠᠵᠢᠯᠯᠠᠭ᠎ᠠ ᠶᠢ ᠪᠡᠶ᠎ᠡ ᠪᠠᠨ ᠲᠠᠭᠠᠭᠠᠵᠦ ᠭᠢᠵᠦ ᠪᠣᠯᠣᠨ᠎ᠠ᠃ | ᠬᠤᠷᠢᠳᠣᠭᠠᠷ ᠵᠦᠢᠯ ᠪᠦᠭᠦᠯᠢ ᠨᠠᠢᠮᠡᠨ ᠨᠠᠰᠦ ᠭᠦᠷᠦᠭᠡᠳᠦᠢ ᠨᠠᠰᠦᠨ ᠳᠤ ᠦᠯᠦ ᠭᠦᠷᠦᠭᠰᠡᠳ ᠪᠣᠯ ᠢᠷᠭᠡᠠ ᠤ | ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ ᠮᠦᠨ᠂ ᠬᠠᠣᠯᠢ ᠪᠠᠷ ᠲᠣᠭᠳᠠᠭᠠᠭᠰᠠᠨ | ᠣᠷᠣᠯᠠᠭᠴᠢ ᠨᠢ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠨᠢ ᠣᠷᠣᠯᠠᠵᠦ ᠭᠢᠨ᠎ᠠ᠃ | ᠬᠤᠷᠢᠨ ᠨᠢᠭᠡᠳᠦᠭᠡᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ ᠨᠠᠰᠦᠨ ᠳᠤ | ᠭᠦᠷᠦᠭᠰᠡᠳ ᠪᠣᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ ᠮᠦᠨ᠂ ᠬᠠᠣᠯᠢ ᠪᠠᠷ | ᠲᠣᠭᠳᠠᠭᠠᠭᠰᠠᠨ ᠣᠷᠣᠯᠠᠭᠴᠢ ᠨᠢ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠨᠢ | ᠣᠷᠣᠯᠠᠵᠦ ᠭᠢᠨ᠎ᠠ᠃ | ᠪᠦᠭᠦᠯᠢ ᠨᠠᠢᠮᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ ᠦᠪᠡᠷ ᠤᠨ ᠦᠢᠯᠡ ᠠᠵᠢᠯᠯᠠᠭ᠎ᠠ ᠪᠠᠨ | ᠢᠯᠭᠠᠨ ᠲᠠᠨᠢᠵᠤ ᠴᠢᠳᠠᠬᠤ ᠦᠭᠡᠢ ᠪᠠᠶᠢᠪᠠᠯ᠂ ᠡᠮᠦᠨᠡᠭᠢ ᠪᠠᠳᠠᠭ ᠤᠨ ᠲᠣᠭᠳᠠᠭᠠᠯ ᠢ ᠲᠤᠬᠢᠷᠠᠭᠤᠯᠤᠨ ᠭᠡᠷᠡᠭᠯᠡᠨ᠎ᠡ᠃ | ᠬᠤᠷᠢᠨ ᠬᠤᠶᠠᠳᠣᠭᠠᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠪᠦᠷᠢᠨ ᠢᠯᠭᠠᠨ ᠲᠠᠨᠢᠵᠤ ᠴᠢᠳᠠᠬᠤ ᠦᠭᠡᠢ | ᠨᠠᠰᠦᠨ ᠳᠤ ᠭᠦᠷᠦᠭᠰᠡᠳ ᠪᠣᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ | ᠮᠦᠨ᠂ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠢᠭᠦ ᠳᠤ ᠬᠠᠣᠯᠢ ᠪᠠᠷ ᠲᠣᠭᠳᠠᠭᠠᠭᠰᠠᠨ | ᠣᠷᠣᠯᠠᠭᠴᠢ ᠨᠢ ᠣᠷᠣᠯᠠᠵᠦ ᠭᠢᠭᠦ ᠪᠣᠶᠣ ᠡᠰᠡᠬᠦᠯ᠎ᠡ ᠬᠠᠣᠯᠢ ᠪᠠᠷ ᠲᠣᠭᠳᠠᠭᠠᠭᠰᠠᠨ ᠣᠷᠣᠯᠠᠭᠴᠢ ᠪᠠᠷ ᠨᠢ | ᠵᠦᠪᠰᠢᠶᠡᠷᠡᠭᠦᠯᠭᠦ ᠪᠤᠶᠤ ᠨᠡᠬᠡᠮᠵᠢᠯᠡᠨ ᠵᠦᠪᠰᠢᠶᠡᠷᠡᠭᠦᠯᠦᠨ᠎ᠡ︔ ᠭᠡᠪᠡᠴᠦ ᠴᠤᠯ ᠠᠰᠢᠬ ᠲᠤᠰᠠ ᠤᠯᠬᠤ ᠢᠷᠭᠡᠨ ᠤ | ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠪᠣᠶᠣ ᠣᠶᠣᠨ ᠴᠢᠳᠠᠪᠤᠷᠢ᠂ ᠣᠶᠣᠨ ᠤ ᠡᠷᠡᠭᠦᠯ ᠮᠡᠨᠳᠦ ᠶᠢᠨ | ᠪᠠᠶᠢᠳᠠᠯ ᠲᠠᠢ ᠨᠢ ᠵᠣᠭᠢᠴᠠᠭᠰᠠᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠡᠶ᠎ᠡ ᠪᠠᠨ | ᠲᠠᠭᠠᠭᠠᠵᠦ ᠭᠢᠵᠦ ᠪᠣᠯᠣᠨ᠎ᠠ᠃ | ᠬᠤᠷᠢᠨ ᠭᠤᠷᠪᠠᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ᠂ | ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠤ ᠭᠢᠨᠠᠨ ᠬᠠᠮᠠᠭᠠᠯᠠᠭᠴᠢ ᠪᠤᠯ | ᠲᠡᠭᠦᠨ ᠤ ᠬᠠᠣᠯᠢ ᠪᠠᠷ ᠲᠣᠭᠳᠠᠭᠠᠭᠰᠠᠨ ᠣᠷᠣᠯᠠᠭᠴᠢ ᠮᠦᠨ᠃ | ᠬᠤᠷᠢᠨ ᠲᠦᠷᠪᠡᠳᠦᠭᠡᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ ᠪᠣᠶᠣ | ᠪᠦᠷᠢᠨ ᠢᠯᠭᠠᠨ ᠲᠠᠨᠢᠵᠤ ᠴᠢᠳᠠᠬᠤ ᠦᠭᠡᠢ ᠨᠠᠰᠦᠨ ᠳᠤ ᠭᠦᠷᠦᠭᠰᠡᠨ ᠬᠥᠮᠥᠨ ᠤ ᠠᠰᠢᠭ ᠬᠤᠣᠷ ᠤᠨ | ᠬᠠᠷᠢᠴᠠᠭ᠎ᠠ ᠲᠠᠢ ᠭᠦᠮᠦᠨ ᠪᠣᠶᠣ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠠᠷᠠᠳ ᠤᠨ ᠰᠢᠭᠦᠭᠦ ᠬᠤᠷᠢᠶ᠎ᠠ ᠳᠤ | ᠲᠣᠰ ᠨᠠᠰᠦᠨ ᠳᠤ ᠭᠦᠷᠦᠭᠰᠡᠨ ᠬᠥᠮᠥᠨ ᠤ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ | ᠭᠦᠮᠦᠨ ᠪᠣᠶᠣ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠢᠶᠠᠷ | ᠮᠠᠭᠠᠳᠯᠠᠨ ᠲᠣᠭᠳᠠᠭᠠᠯᠭᠠᠬᠤ ᠪᠠᠷ ᠭᠤᠶᠣᠴᠢᠯᠠᠵᠦ ᠪᠣᠯᠣᠨ᠎ᠠ᠃ | ᠠᠷᠠᠳ ᠤᠨ ᠰᠢᠭᠦᠭᠦ ᠬᠤᠷᠢᠶ᠎ᠠ ᠳᠤ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ | ᠪᠣᠶᠣ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠢᠶᠠᠷ ᠮᠠᠭᠠᠳᠯᠠᠨ | ᠲᠣᠭᠳᠠᠭᠠᠭᠳᠠᠭᠰᠠᠨ ᠪᠠᠶᠢᠪᠠᠯ᠂ ᠲᠣᠰ ᠭᠦᠮᠦᠨ᠂ ᠠᠰᠢᠭ ᠬᠤᠣᠷ ᠤᠨ ᠬᠠᠷᠢᠴᠠᠭ᠎ᠠ ᠲᠠᠢ ᠭᠦᠮᠦᠨ ᠪᠣᠶᠣ ᠬᠤᠯᠪᠣᠭᠳᠠᠯ | ᠪᠦᠭᠦᠢ ᠵᠣᠭᠢᠶᠠᠨ ᠪᠠᠶᠢᠭᠤᠯᠣᠯᠳᠠ ᠶᠢᠨ ᠭᠤᠶᠣᠴᠢᠯᠠᠯ ᠢᠶᠠᠷ ᠲᠠᠮᠵᠢᠨ᠂ ᠠᠷᠠᠳ ᠤᠨ ᠰᠢᠭᠦᠭᠦ ᠬᠤᠷᠢᠶ᠎ᠠ ᠲᠡᠭᠦᠨ ᠤ | ᠣᠶᠣᠨ ᠴᠢᠳᠠᠪᠤᠷᠢ᠂ ᠣᠶᠣᠨ ᠤ ᠡᠷᠡᠭᠦᠯ ᠮᠠᠨᠳᠦ ᠶᠢᠨ ᠵᠠᠰᠠᠷᠠᠨ ᠰᠡᠷᠬᠦᠭᠰᠡᠨ ᠪᠠᠶᠢᠳᠠᠯ ᠢ ᠦᠨᠳᠦᠰᠦᠯᠡᠨ᠂ ᠲᠣᠰ | ᠨᠠᠰᠦᠨ ᠳᠤ ᠭᠦᠷᠦᠭᠰᠡᠨ ᠬᠦᠮᠦᠨ ᠢ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ | ᠬᠦᠮᠦᠠ ᠪᠣᠶᠣ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ ᠪᠣᠯᠵᠦ | ᠰᠡᠷᠭᠦᠭᠰᠡᠨ ᠢᠶᠠᠷ ᠮᠠᠭᠠᠳᠯᠠᠨ ᠲᠣᠭᠳᠠᠭᠠᠵᠦ ᠪᠣᠯᠣᠨ᠎ᠠ᠃ | ᠲᠣᠰ ᠵᠦᠢᠯ ᠳᠤ ᠲᠣᠭᠳᠠᠭᠠᠭᠰᠠᠨ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠳᠤ ᠰᠠᠭᠤᠭᠠᠯᠢ ᠠᠷᠠᠳ ᠤᠨ | ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠰᠣᠷᠭᠠᠭᠤᠯᠢ᠂ ᠡᠮᠨᠡᠯᠭᠡ ᠶᠢᠨ ᠪᠠᠶᠢᠭᠤᠯᠣᠮᠵᠢ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠵᠡᠮᠲᠡᠭᠴᠦᠳ ᠤᠨ ᠬᠤᠯᠪᠣᠭᠠᠲᠤ ᠬᠤᠷᠠᠯ᠂ ᠬᠠᠣᠯᠢ ᠶᠣᠰᠣᠭᠠᠷ ᠪᠠᠶᠢᠭᠤᠯᠣᠭᠰᠠᠨ | ᠨᠠᠰᠦᠳᠠᠶᠢᠴᠣᠳ ᠤᠨ ᠵᠣᠭᠢᠶᠠᠨ ᠪᠠᠶᠢᠭᠤᠯᠣᠯᠳᠠ᠂ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠵᠡᠷᠭᠡ ᠪᠠᠭᠳᠠᠨ᠎ᠠ᠃ | ᠬᠤᠷᠢᠨ ᠲᠠᠪᠣᠳᠣᠭᠠᠷ ᠵᠦᠢᠯ ᠪᠠᠶᠢᠭᠠᠯᠢ ᠭᠦᠮᠦᠨ ᠡᠷᠦᠭᠡ ᠠᠮᠠ ᠶᠢᠨ ᠲᠠᠩᠰᠠᠯᠠᠯᠳᠠ ᠪᠣᠶᠣ ᠪᠣᠰᠣᠳ ᠭᠦᠴᠦᠨ ᠪᠦᠭᠦᠢ | ᠪᠡᠶ᠎ᠡ ᠭᠡᠮ ᠤᠨ ᠲᠠᠩᠰᠠᠯᠠᠯᠳᠠ ᠳᠤ ᠲᠡᠮᠳᠡᠭᠯᠡᠭᠰᠡᠨ ᠰᠠᠭᠤᠬᠤ ᠭᠠᠵᠠᠷ ᠢᠶᠠᠷ ᠣᠷᠣᠨ ᠰᠠᠭᠤᠴᠠ ᠪᠣᠯᠭᠠᠨ᠎ᠠ︔ ᠪᠠᠶᠢᠡᠭᠭᠤ | ᠰᠠᠭᠤᠬᠤ ᠭᠠᠵᠠᠷ ᠪᠣᠯᠣᠨ ᠣᠷᠣᠨ ᠰᠠᠭᠤᠴᠠ ᠨᠢ ᠨᠢᠭᠡ ᠪᠢᠰᠢ ᠪᠣᠯ᠂ ᠪᠠᠶᠢᠡᠭᠭᠤ ᠰᠠᠭᠤᠬᠤ ᠭᠠᠵᠠᠷ ᠢ ᠨᠢ ᠣᠷᠣᠨ | ᠰᠠᠭᠤᠴᠠ ᠪᠠᠷ ᠦᠵᠡᠨ᠎ᠡ᠃ | ᠬᠤᠶᠠᠳᠣᠭᠠᠷ ᠭᠡᠰᠡᠭ ᠭᠢᠨᠠᠨ ᠬᠠᠮᠠᠭᠠᠯᠠᠬᠤ | ᠬᠤᠷᠢᠨ ᠵᠢᠷᠭᠤᠳᠣᠭᠠᠷ ᠵᠦᠢᠯ ᠡᠴᠢᠬᠡ ᠡᠬᠡ ᠨᠢ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠢᠶᠠᠨ ᠠᠰᠠᠷᠠᠨ | ᠲᠡᠵᠢᠭᠡᠭᠦ᠂ ᠰᠣᠷᠭᠠᠨ ᠭᠦᠮᠦᠵᠢᠭᠦᠯᠭᠦ ᠪᠠ ᠬᠠᠮᠠᠭᠠᠯᠠᠬᠤ ᠡᠭᠦᠷᠭᠡ ᠲᠠᠢ᠃ | ᠨᠠᠰᠦᠨ ᠳᠤ ᠭᠦᠷᠦᠭᠰᠡᠨ ᠦᠷ᠎ᠡ ᠭᠡᠦᠭᠡᠳ ᠨᠢ ᠡᠴᠢᠬᠡ ᠡᠬᠡ ᠪᠠᠨ ᠠᠴᠢᠯᠠᠨ ᠲᠡᠵᠢᠭᠡᠭᠦ᠂ ᠲᠡᠳᠭᠦᠨ ᠲᠣᠰᠠᠯᠠᠬᠤ ᠪᠠ | ᠬᠠᠮᠠᠭᠠᠯᠠᠬᠤ ᠡᠭᠦᠷᠭᠡ ᠲᠠᠢ᠃ | ᠬᠤᠷᠢᠨ ᠲᠣᠯᠣᠳᠣᠭᠠᠷ ᠵᠦᠢᠯ ᠡᠴᠢᠭᠡ ᠡᠭᠡ ᠪᠤᠯ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠤᠨ ᠢᠶᠠᠨ ᠭᠢᠨᠠᠨ | ᠬᠠᠮᠠᠭᠠᠯᠠᠭᠴᠢ ᠮᠦᠨ᠃ | ᠨᠠᠰᠦᠨ ᠳᠤ ᠦᠯᠦ ᠭᠦᠷᠦᠭᠰᠡᠳ ᠤᠨ ᠡᠴᠢᠭᠡ ᠡᠭᠡ ᠨᠢ ᠨᠢᠭᠡᠨᠳᠡ ᠦᠭᠦᠭᠰᠡᠨ ᠪᠣᠶᠣ ᠭᠢᠨᠠᠨ ᠬᠠᠮᠠᠭᠠᠯᠠᠬᠤ ᠴᠢᠳᠠᠪᠦᠷᠢ | ᠦᠭᠡᠢ ᠪᠣᠯ᠂ ᠲᠣᠣᠷ᠎ᠠ ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ | ᠭᠢᠨᠠᠨ ᠬᠠᠮᠠᠭᠠᠯᠠᠭᠴᠢ ᠪᠣᠯᠣᠨ᠎ᠠ᠄ | ︵ᠨᠢᠭᠡ︶ ᠡᠪᠦᠭᠡ ᠡᠮᠡᠭᠡ᠂ ᠨᠠᠭᠠᠴᠤ ᠡᠪᠦᠭᠡ ᠡᠮᠡᠭᠡ︔ | ︵ᠬᠤᠶᠠᠷ︶ ᠠᠬ᠎ᠠ᠂ ᠡᠭᠡᠴᠢ︔ | ︵ᠭᠤᠷᠪᠠ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ᠂ | ᠭᠡᠪᠡᠴᠦ ᠨᠠᠰᠦᠨ ᠳᠤ ᠦᠯᠦ ᠭᠦᠷᠦᠭᠰᠡᠳ ᠤᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ | ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠭᠦ | ᠭᠡᠷᠡᠭᠳᠡᠢ᠃ | ᠬᠤᠷᠢᠨ ᠨᠠᠢᠮᠠᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠪᠣᠶᠣ ᠢᠷᠭᠡᠠ ᠤ | ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠨᠠᠰᠦᠨ ᠳᠤ ᠭᠦᠷᠦᠭᠰᠡᠳ ᠲᠤ᠂ ᠲᠣᠣᠷ᠎ᠠ | ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ ᠭᠢᠨᠠᠨ ᠬᠠᠮᠠᠭᠠᠯᠠᠭᠴᠢ | ᠪᠣᠯᠣᠨ᠎ᠠ᠄ | ︵ᠨᠢᠭᠡ︶ ᠬᠤᠯᠪᠣᠰᠦ︔ | ︵ᠬᠤᠶᠠᠷ︶ ᠡᠴᠢᠭᠡ ᠡᠭᠡ᠂ ᠦᠷ᠎ᠡ ᠭᠡᠦᠭᠡᠳ︔ | ︵ᠭᠤᠷᠪᠠ︶ ᠪᠣᠰᠣᠳ ᠦᠢᠷ᠎ᠡ ᠲᠦᠷᠦᠯ ᠰᠠᠳᠦᠨ︔ | ︵ᠲᠦᠷᠪᠡ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ᠂ | ᠭᠡᠪᠡᠴᠦ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ | ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠭᠦ | ᠭᠡᠷᠡᠭᠳᠡᠢ᠃ | ᠬᠤᠷᠢ ᠶᠢᠰᠦᠳᠦᠭᠡᠷ ᠵᠦᠢᠯ ᠭᠢᠨᠠᠨ ᠬᠠᠮᠠᠭᠠᠯᠠᠭᠳᠠᠭᠴᠢ ᠶᠢᠨ ᠡᠴᠢᠭᠡ ᠡᠭᠡ ᠨᠢ ᠭᠢᠨᠠᠨ ᠬᠠᠮᠠᠭᠠᠯᠠᠭᠴᠢ ᠪᠤᠯᠵᠤ ᠪᠠᠶᠢᠭ᠎ᠠ | ᠪᠣᠯ᠂ ᠭᠡᠷᠢᠶᠡᠰ ᠢᠶᠠᠷ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠵᠦ ᠪᠣᠯᠣᠨ᠎ᠠ᠃ | ᠭᠤᠴᠢᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠬᠤᠭᠤᠷᠣᠨᠳᠦ ᠪᠠᠨ | ᠵᠦᠪᠳᠡᠯᠴᠡᠵᠦ ᠪᠠᠶᠢᠭᠠᠳ ᠭᠢᠨᠠᠨ ᠬᠠᠮᠠᠭᠠᠯᠠᠭᠴᠢ ᠶᠢ ᠲᠣᠭᠳᠠᠭᠠᠵᠦ ᠪᠣᠯᠣᠨ᠎ᠠ᠃ ᠭᠢᠨᠠᠨ ᠬᠠᠮᠠᠭᠠᠯᠠᠭᠴᠢ ᠶᠢ ᠵᠦᠪᠳᠡᠯᠴᠡᠨ | ᠲᠣᠭᠳᠠᠭᠠᠬᠤ ᠳᠤ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ ᠭᠦᠨᠳᠦᠳᠭᠡᠭᠦ ᠭᠡᠷᠡᠭᠳᠡᠢ᠃ | ᠭᠤᠴᠢᠨ ᠨᠢᠭᠡᠳᠦᠭᠡᠷ ᠵᠦᠢᠯ ᠭᠢᠨᠠᠨ ᠬᠠᠮᠠᠭᠠᠯᠠᠭᠴᠢ ᠶᠢ ᠲᠣᠭᠳᠠᠭᠠᠬᠤ ᠳᠤ ᠮᠠᠷᠭᠤᠭᠠᠨ ᠲᠠᠢ ᠪᠠᠶᠢᠪᠠᠯ᠂ ᠭᠢᠨᠠᠨ | ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ | ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠠᠴᠠ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠨ᠎ᠠ᠂ ᠬᠤᠯᠪᠣᠭᠳᠠᠯ ᠪᠦᠭᠦᠢ ᠲᠣᠬᠠᠢ ᠶᠢᠨ ᠭᠦᠮᠦᠨ ᠵᠢᠭᠠᠨ ᠲᠣᠭᠳᠠᠭᠠᠯᠳᠠ ᠶᠢ ᠵᠦᠪᠰᠢᠶᠡᠷᠡᠭᠦ ᠦᠭᠡᠢ ᠳᠤ | ᠭᠦᠷᠪᠡᠯ᠂ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠯᠭᠠᠬᠤ ᠪᠠᠷ ᠭᠤᠶᠣᠴᠢᠯᠠᠵᠦ | ᠪᠣᠯᠣᠨ᠎ᠠ︔ ᠬᠤᠯᠪᠣᠭᠳᠠᠯ ᠪᠦᠭᠦᠢ ᠲᠣᠬᠠᠢ ᠶᠢᠨ ᠭᠦᠮᠦᠨ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ | ᠵᠢᠭᠠᠨ ᠲᠣᠭᠳᠠᠭᠠᠯᠭᠠᠬᠤ ᠪᠠᠷ ᠰᠢᠭᠤᠳ ᠭᠤᠶᠣᠴᠢᠯᠠᠭᠰᠠᠨ ᠴᠦ ᠪᠣᠯᠣᠨ᠎ᠠ᠃ | ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠠᠷᠠᠳ ᠤᠨ ᠶᠠᠪᠣᠳᠠᠯ ᠤᠨ ᠰᠠᠯᠠᠭ᠎ᠠ | ᠮᠦᠴᠢᠷ ᠪᠣᠶᠣ ᠠᠷᠠᠳ ᠤᠨ ᠰᠢᠭᠦᠭᠦ ᠬᠤᠷᠢᠶ᠎ᠠ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ | ᠭᠦᠨᠳᠦᠳᠭᠡᠵᠦ᠂ ᠭᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠳᠠᠢ ᠪᠠᠶᠢᠯᠭᠠᠬᠤ ᠵᠠᠷᠴᠢᠮ ᠢᠶᠠᠷ᠂ ᠬᠠᠣᠯᠢ | ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠤᠨ ᠲᠣᠳᠣᠷ᠎ᠠ ᠠᠴᠠ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠬᠤ ᠭᠡᠷᠡᠭᠳᠡᠢ᠃ | ᠲᠣᠰ ᠵᠦᠢᠯ ᠤᠨ ᠨᠢᠭᠡᠳᠦᠭᠡᠷ ᠪᠠᠳᠠᠭ ᠤᠨ ᠲᠣᠭᠳᠠᠭᠠᠯ ᠢ ᠦᠨᠳᠦᠰᠦᠯᠡᠨ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠬᠤ ᠠᠴᠠ ᠡᠮᠦᠨ᠎ᠡ᠂ ᠭᠢᠨᠠᠨ ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ | ᠪᠣᠰᠣᠳ ᠬᠠᠣᠯᠢ ᠶᠣᠰᠣᠨ ᠤ ᠡᠷᠭᠡ ᠠᠰᠢᠭ ᠨᠢ ᠬᠠᠮᠠᠭᠠᠯᠠᠬᠤ ᠭᠦᠮᠦᠨ ᠦᠭᠡᠢ ᠪᠠᠶᠢᠳᠠᠯ ᠳᠤ ᠣᠷᠣᠰᠢᠵᠦ ᠪᠠᠶᠢᠪᠠᠯ᠂ | ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ | ᠠᠷᠠᠳ ᠤᠨ ᠵᠦᠪᠯᠡᠯ᠂ ᠬᠠᠣᠯᠢ ᠴᠠᠭᠠᠵᠠ ᠳᠤ ᠲᠣᠭᠳᠠᠭᠠᠭᠰᠠᠨ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠪᠣᠶᠣ | ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠲᠦᠷ ᠴᠠᠭ ᠤᠨ ᠭᠢᠨᠠᠨ ᠬᠠᠮᠠᠭᠠᠯᠠᠭᠴᠢ ᠪᠣᠯᠣᠨ᠎ᠠ᠃ | ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠭᠰᠠᠨ ᠤ ᠲᠠᠷᠠᠭ᠎ᠠ᠂ ᠲᠣᠷ᠎ᠠ ᠪᠠᠷ ᠢᠶᠠᠨ ᠬᠤᠪᠢᠷᠠᠭᠤᠯᠵᠦ ᠪᠣᠯᠬᠤ ᠦᠭᠡᠢ︔ | ᠲᠣᠷ᠎ᠠ ᠪᠠᠷ ᠢᠶᠠᠨ ᠬᠤᠪᠢᠷᠠᠭᠤᠯᠣᠭᠰᠠᠨ ᠪᠠᠶᠢᠪᠠᠯ᠂ ᠵᠢᠭᠠᠨ ᠲᠣᠭᠳᠠᠭᠠᠭᠳᠠᠭᠰᠠᠨ ᠭᠢᠨᠠᠨ ᠬᠠᠮᠠᠭᠠᠯᠠᠭᠴᠢ ᠶᠢᠨ | ᠬᠠᠷᠢᠭᠤᠴᠠᠯᠭ᠎ᠠ ᠶᠢ ᠭᠡᠯᠳᠦᠷᠢᠭᠦᠯᠭᠦ ᠦᠭᠡᠢ᠃ | ᠭᠤᠴᠢᠨ ᠬᠤᠶᠠᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠨ ᠦᠭᠡᠢ ᠪᠣᠯ᠂ | ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠭᠢᠨᠠᠨ ᠬᠠᠮᠠᠭᠠᠯᠠᠭᠴᠢ ᠪᠣᠯᠣᠨ᠎ᠠ᠂ ᠭᠢᠨᠠᠨ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠭᠦ ᠨᠦᠭᠦᠴᠡᠯ ᠪᠦᠷᠢᠳᠦᠭᠰᠡᠨ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ | ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠭᠢᠨᠠᠨ ᠬᠠᠮᠠᠭᠠᠯᠠᠭᠴᠢ ᠪᠣᠯᠣᠭᠰᠠᠨ | ᠴᠦ ᠪᠣᠯᠣᠨ᠎ᠠ᠃ | ᠭᠤᠴᠢᠨ ᠭᠤᠷᠪᠠᠳᠣᠭᠠᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ ᠨᠠᠰᠦᠨ ᠳᠤ | ᠭᠦᠷᠦᠭᠰᠡᠨ ᠬᠥᠮᠥᠨ ᠲᠡᠭᠦᠨ ᠤ ᠦᠢᠷ᠎ᠡ ᠲᠦᠷᠦᠯ ᠰᠠᠳᠦᠨ᠂ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ | ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ ᠲᠠᠢ ᠣᠷᠢᠳᠴᠢᠯᠠᠨ ᠵᠦᠪᠳᠡᠯᠴᠡᠵᠦ᠂ ᠪᠢᠴᠢᠭ ᠤᠨ ᠭᠡᠯᠪᠡᠷᠢ ᠪᠠᠷ | ᠦᠪᠠᠷ ᠤᠨ ᠭᠢᠨᠠᠨ ᠬᠠᠮᠠᠭᠠᠯᠠᠭᠴᠢ ᠪᠠᠨ ᠲᠣᠭᠳᠠᠭᠠᠵᠦ᠂ ᠦᠪᠡᠷ ᠢᠶᠠᠨ ᠢᠷᠭᠡᠨ ᠤ ᠭᠡᠷᠡᠭ ᠤᠨ ᠦᠢᠯᠠ ᠠᠵᠢᠯᠯᠠᠭ᠎ᠠ ᠶᠢᠨ | ᠴᠢᠳᠠᠪᠦᠷᠢ ᠪᠠᠨ ᠠᠯᠳᠠᠬᠤ ᠪᠣᠶᠣ ᠭᠡᠰᠡᠭ ᠲᠠᠯ᠎ᠠ ᠪᠠᠷ ᠠᠯᠳᠠᠬᠤ ᠦᠶ᠎ᠡ ᠳᠤ᠂ ᠳᠤᠰ ᠬᠢᠨᠠᠨ ᠬᠠᠮᠠᠭᠠᠯᠠᠬᠴᠢ ᠪᠠᠷ ᠭᠢᠨᠠᠨ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠭᠦᠢᠴᠡᠳᠭᠡᠬᠦᠯᠵᠦ ᠪᠤᠯᠤᠨ᠎ᠠ᠃ | ᠭᠤᠴᠢᠨ ᠲᠦᠷᠪᠡᠳᠦᠭᠡᠷ ᠵᠦᠢᠯ ᠭᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠣᠯ ᠭᠢᠨᠠᠨ | ᠬᠠᠮᠠᠭᠠᠯᠠᠭᠳᠠᠭᠴᠢ ᠶᠢ ᠤᠷᠤᠯᠠᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠠ ᠠᠵᠢᠯᠯᠠᠭ᠎ᠠ ᠭᠢᠵᠦ᠂ ᠭᠢᠨᠠᠨ | ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ ᠪᠣᠰᠣᠳ ᠬᠠᠣᠯᠢ ᠶᠣᠰᠣᠨ ᠤ ᠡᠷᠭᠡ | ᠠᠰᠢᠭ ᠢ ᠬᠠᠮᠠᠭᠠᠯᠠᠬᠤ ᠵᠡᠷᠭᠡ ᠶᠠᠪᠤᠳᠠᠯ ᠪᠣᠯᠣᠨ᠎ᠠ᠃ | ᠭᠢᠨᠠᠨ ᠬᠠᠮᠠᠭᠠᠯᠠᠭᠴᠢ ᠶᠢᠨ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠣᠯᠢ ᠶᠣᠰᠣᠭᠠᠷ | ᠭᠦᠢᠴᠡᠳᠭᠡᠭᠰᠡᠨ ᠠᠴᠠ ᠪᠣᠢ ᠪᠣᠯᠣᠭᠰᠠᠨ ᠡᠷᠭᠡ ᠶᠢ ᠬᠠᠣᠯᠢ ᠪᠠᠷ ᠬᠠᠮᠠᠭᠠᠯᠠᠨ᠎ᠠ᠃ | ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠢᠨᠠᠨ | ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠥᠨᠤᠭᠡᠭᠰᠡᠨ ᠪᠠᠶᠢᠪᠠᠯ᠂ ᠬᠠᠣᠯᠢ ᠶᠢᠨ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠃ | ᠭᠡᠨᠡᠳᠲᠡ ᠶᠢᠨ ᠬᠡᠷᠡᠭ ᠡᠭᠦᠰᠦᠭᠰᠡᠨ ᠵᠡᠷᠭᠡ ᠪᠠᠴᠢᠮ ᠪᠠᠶᠢᠳᠠᠯ ᠠᠴᠠ ᠪᠣᠯᠤᠭᠠᠳ ᠬᠢᠨᠠᠨ ᠬᠠᠮᠠᠭᠠᠯᠠᠭᠴᠢ ᠨᠢ ᠬᠢᠨᠠᠨ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠲᠦᠷ ᠭᠦᠢᠴᠡᠳᠬᠡᠬᠦ ᠶᠢᠨ ᠠᠷᠭ᠎ᠠ ᠦᠭᠡᠢ ᠪᠣᠯᠵᠤ᠂ ᠬᠢᠨᠠᠨ | ᠬᠠᠮᠠᠭᠠᠯᠠᠭᠳᠠᠬᠴᠢ ᠶᠢᠨ ᠠᠮᠢᠳᠤᠷᠠᠯ ᠬᠠᠷᠠᠭᠠᠯᠵᠠᠬᠤ ᠬᠦᠮᠦᠨ ᠦᠭᠡᠢ ᠪᠠᠶᠢᠳᠠᠯ ᠳᠤ ᠣᠷᠤᠰᠢᠵᠤ ᠪᠠᠶᠢᠪᠠᠯ᠂ ᠬᠢᠨᠠᠨ | ᠬᠠᠮᠠᠭᠠᠯᠠᠬᠳᠡᠬᠴᠢ ᠶᠢᠨ ᠣᠷᠤᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ | ᠠᠷᠠᠳ ᠤᠨ ᠵᠥᠪᠯᠠᠯ ᠪᠣᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠮᠠᠭᠠᠯᠠᠬᠳᠠᠬᠴᠢ ᠳᠤ ᠲᠦᠷ | ᠴᠠᠭ ᠠᠮᠢᠳᠤᠷᠠᠯ ᠢ ᠨᠢ ᠬᠠᠷᠠᠭᠠᠯᠵᠠᠬᠤ ᠴᠢᠬᠤᠯᠠ ᠪᠦᠬᠦᠢ ᠠᠷᠭ᠎ᠠ ᠬᠡᠮᠵᠢᠶ᠎ᠠ ᠳᠤᠬᠢᠷᠠᠭᠤᠯᠬᠤ ᠬᠡᠷᠡᠭᠲᠡᠢ᠃ | ᠭᠤᠴᠢᠨ ᠲᠠᠪᠣᠳᠣᠭᠠᠷ ᠵᠦᠢᠯ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ | ᠪᠠᠶᠢᠯᠭᠠᠬᠤ ᠵᠠᠷᠴᠢᠮ ᠶᠤᠰᠤᠭᠠᠷ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠢᠨᠠᠨ | ᠬᠠᠮᠠᠭᠠᠯᠠᠭᠳᠠᠭᠴᠢ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠦᠯᠦᠭᠡ ᠪᠠᠶᠢᠬᠤ ᠶᠢ ᠭᠠᠷᠭᠠᠪᠠᠯ᠂ ᠬᠢᠨᠠᠨ | ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠶᠢᠨ ᠡᠳ᠋ ᠬᠦᠷᠦᠩᠭᠡ ᠶᠢ ᠰᠢᠢᠳᠪᠦᠷᠢᠯᠡᠵᠦ ᠪᠤᠯᠬᠤ ᠦᠭᠡᠢ᠃ | ᠨᠠᠰᠤᠨ ᠳᠤ ᠦᠯᠦ ᠬᠦᠷᠦᠭᠰᠡᠳ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠤ᠂ ᠬᠢᠨᠠᠨ ᠬᠠᠮᠠᠭᠠᠯᠠᠭᠳᠠᠭᠴᠢ ᠶᠢᠨ ᠠᠰᠢᠭ ᠲᠣᠰᠠ ᠳᠤ ᠬᠤᠯᠪᠤᠭᠳᠠᠬᠤ ᠲᠤᠭᠲᠠᠭᠠᠯ ᠭᠠᠷᠭᠠᠬᠤ ᠳᠠᠭᠠᠨ᠂ | ᠬᠢᠨᠠᠨ ᠬᠠᠮᠠᠭᠠᠯᠠᠭᠳᠠᠭᠴᠢ ᠶᠢᠨ ᠨᠠᠰᠤ ᠵᠢᠯ ᠪᠠ ᠤᠶᠤᠨ ᠴᠢᠳᠠᠪᠤᠷᠢ ᠶᠢᠨ ᠪᠠᠶᠢᠳᠠᠯ ᠢ ᠦᠨᠳᠦᠰᠦᠯᠡᠵᠤ᠂ ᠬᠢᠨᠠᠨ | ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ᠃ | ᠨᠠᠰᠤᠨ ᠳᠤ ᠬᠦᠷᠦᠭᠰᠡᠤᠨ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠡᠭᠡᠨ ᠬᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠬᠦᠨᠳᠦᠳᠬᠡᠵᠦ᠂ ᠬᠢᠨᠠᠨ ᠬᠠᠮᠠᠭᠠᠯᠠᠭᠳᠠᠭᠴᠢ ᠶᠢᠨ ᠤᠶᠤᠨ ᠴᠢᠳᠠᠪᠤᠷᠢ᠂ ᠤᠶᠤᠨ ᠤ ᠡᠷᠡᠭᠦᠯ ᠮᠡᠨᠳᠦ ᠶᠢᠨ | ᠪᠠᠶᠢᠳᠠᠯ ᠲᠠᠢ ᠪᠠᠨ ᠵᠤᠬᠢᠴᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠬᠦ ᠶᠢ | ᠪᠠᠲᠤᠯᠠᠬᠤ ᠪᠦᠭᠡᠳ ᠲᠡᠭᠦᠨ ᠳᠤ ᠬᠠᠮᠵᠢᠯᠴᠠᠬᠤ ᠬᠡᠷᠡᠭᠲᠡᠢ᠃ ᠬᠢᠨᠠᠨ ᠬᠠᠮᠠᠭᠠᠯᠠᠭᠳᠠᠭᠴᠢ ᠶᠢᠨ ᠪᠡᠶ᠎ᠡ ᠪᠠᠨ ᠳᠠᠭᠠᠭᠠᠵᠤ | ᠰᠢᠢᠳᠪᠦᠷᠢᠯᠡᠬᠦ ᠴᠢᠳᠠᠪᠤᠷᠢ ᠲᠠᠢ ᠬᠡᠷᠡᠭ ᠶᠠᠪᠤᠳᠠᠯ ᠳᠤ ᠬᠢᠨᠠᠨ ᠬᠠᠮᠠᠭᠠᠯᠠᠭᠴᠢ ᠭᠠᠷ ᠲᠦᠷᠦᠵᠦ ᠪᠤᠯᠬᠤ ᠦᠭᠡᠢ᠃ | ᠭᠤᠴᠢᠨ ᠵᠢᠷᠭᠤᠳᠤᠭᠠᠷ ᠵᠦᠢᠯ ᠬᠢᠨᠠᠨ ᠬᠠᠮᠠᠭᠠᠯᠠᠭᠴᠢ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠠᠷᠠᠳ ᠤᠨ ᠰᠢᠬᠦᠬᠦ ᠬᠤᠷᠢᠶ᠎ᠠ ᠬᠤᠯᠪᠤᠭᠳᠠᠯ ᠪᠦᠬᠦᠢ ᠬᠤᠪᠢ ᠬᠦᠮᠦᠨ ᠪᠤᠶᠤ ᠵᠤᠬᠢᠶᠠᠨ ᠪᠠᠶᠢᠭᠤᠯᠤᠯᠲᠠ ᠶᠢᠨ | ᠭᠤᠶᠤᠴᠢᠯᠠᠯ ᠢ ᠦᠨᠳᠦᠰᠦᠯᠡᠵᠦ᠂ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠬᠦᠴᠦᠨ ᠦᠭᠡᠢ ᠪᠤᠯᠭᠠᠵᠤ᠂ | ᠴᠢᠬᠤᠯᠠ ᠪᠦᠬᠦᠢ ᠲᠦᠷ ᠴᠠᠭ ᠤᠨ ᠬᠢᠨᠠᠨ ᠬᠠᠮᠠᠭᠠᠯᠠᠬᠤ ᠠᠷᠭ᠎ᠠ ᠬᠡᠮᠵᠢᠶ᠎ᠡ ᠲᠤᠬᠢᠷᠠᠭᠤᠯᠬᠤ ᠪᠦᠭᠡᠳ ᠬᠢᠨᠠᠨ | ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ ᠬᠢᠨᠠᠨ ᠬᠠᠮᠠᠭᠠᠯᠠᠭᠴᠢ ᠶᠢ ᠬᠠᠤᠯᠢ | ᠶᠤᠰᠤᠭᠠᠷ ᠵᠢᠭᠠᠨ ᠲᠤᠭᠲᠠᠭᠠᠨᠡ᠄ | ︵ᠨᠢᠭᠡ︶ ᠬᠢᠨᠠᠨ ᠬᠠᠮᠠᠭᠠᠯᠠᠭᠳᠠᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠤᠴᠢᠲᠠᠢ ᠬᠤᠬᠢᠷᠠᠭᠤᠯᠬᠤ | ᠦᠢᠯᠡ ᠠᠵᠢᠯᠯᠠᠭ᠎ᠠ ᠬᠢᠭᠰᠡᠨ︔ | ︵ᠬᠤᠶᠠᠷ︶ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠶᠢᠷᠭᠤᠰᠢᠭᠰᠠᠨ᠂ ᠡᠰᠡᠭᠦᠯ᠎ᠡ | ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠳᠠᠶᠢᠯᠬᠦ ᠦᠭᠡᠢ ᠮᠦᠷᠲᠡᠭᠡᠨ ᠬᠢᠨᠠᠨ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠶᠢᠨ ᠢᠶᠠᠨ ᠬᠡᠰᠡᠭ ᠢ ᠪᠤᠶᠤ ᠪᠦᠬᠦᠨ ᠢ ᠪᠤᠰᠤᠳ ᠲᠤ ᠨᠠᠶᠢᠳᠠᠬᠤ ᠶᠢ ᠲᠡᠪᠴᠢᠵᠤ᠂ ᠬᠢᠨᠠᠨ | ᠬᠠᠮᠠᠭᠠᠯᠠᠭᠳᠠᠭᠴᠢ ᠶᠢ ᠠᠶᠤᠯ ᠪᠡᠷᠬᠡᠰᠢᠶᠡᠯ ᠲᠠᠢ ᠪᠠᠶᠢᠳᠠᠯ ᠳᠤ ᠤᠷᠤᠭᠤᠯᠤᠭᠰᠠᠨ︔ | ︵ᠭᠤᠷᠪᠠ︶ ᠬᠢᠨᠠᠨ ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠦᠨᠳᠦ ᠨᠤᠴᠢᠲᠠᠢ ᠬᠥᠨᠤᠭᠡᠭᠰᠡᠨ | ᠪᠤᠰᠤᠳ ᠦᠢᠯᠡ ᠠᠵᠢᠯᠯᠠᠭ᠎ᠠ ᠬᠢᠭᠰᠡᠨ᠃ | ᠲᠤᠰ ᠵᠦᠢᠯ ᠳᠤ ᠲᠤᠭᠲᠠᠭᠠᠭᠰᠠᠨ ᠬᠤᠯᠪᠤᠭᠳᠠᠯ ᠪᠦᠬᠦᠢ ᠬᠤᠪᠢ ᠬᠦᠮᠦᠨ ᠪᠠ ᠵᠤᠬᠢᠶᠠᠨ ᠪᠠᠶᠢᠭᠤᠯᠤᠯᠲᠠ ᠳᠤ᠂ | ᠬᠠᠤᠯᠢ ᠶᠤᠰᠤᠭᠠᠷ ᠬᠢᠨᠠᠨ ᠬᠠᠮᠠᠭᠠᠯᠠᠬᠤ ᠬᠢᠷᠢ ᠬᠡᠮ ᠲᠠᠢ ᠪᠤᠰᠤᠳ ᠬᠦᠮᠦᠨ᠂ ᠰᠠᠭᠤᠭᠠᠯᠢ ᠠᠷᠠᠳ ᠤᠨ ᠵᠦᠪᠯᠡᠯ᠂ | ᠲᠤᠰᠬᠤᠨ ᠤ ᠠᠷᠠᠳ ᠤᠨ ᠵᠦᠪᠯᠡᠯ᠂ ᠰᠤᠷᠭᠠᠭᠤᠯᠢ᠂ ᠡᠮᠨᠡᠯᠭᠡ ᠶᠢᠨ ᠪᠠᠶᠢᠭᠤᠯᠤᠮᠵᠢ᠂ ᠡᠮᠡᠭᠳᠡᠶᠢᠴᠦᠳ ᠤᠨ | ᠬᠤᠯᠪᠤᠭᠠᠲᠤ ᠬᠤᠷᠠᠯ᠂ ᠵᠡᠮᠳᠡᠭᠴᠤᠳ ᠤᠨ ᠬᠤᠯᠪᠤᠭᠠᠲᠤ ᠬᠤᠷᠠᠯ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ | ᠵᠤᠬᠢᠶᠠᠨ ᠪᠠᠶᠢᠭᠤᠯᠤᠯᠲᠠ᠂ ᠬᠠᠤᠯᠢ ᠶᠤᠰᠤᠭᠠᠷ ᠪᠠᠶᠢᠭᠤᠯᠤᠭᠰᠠᠨ ᠨᠠᠰᠤᠲᠠᠶᠢᠴᠤᠳ ᠤᠨ ᠵᠤᠬᠢᠶᠠᠨ ᠪᠠᠶᠢᠭᠤᠯᠤᠯᠲᠠ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠪᠠᠭᠲᠠᠨ᠎ᠠ᠃ | ᠡᠮᠦᠨᠡᠬᠢ ᠪᠠᠳᠠᠭ ᠲᠤ ᠲᠤᠭᠲᠠᠭᠠᠭᠰᠠᠨ ᠬᠤᠪᠢ ᠬᠦᠮᠦᠨ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ | ᠭᠠᠳᠠᠨᠠᠬᠢ ᠵᠤᠬᠢᠶᠠᠨ ᠪᠠᠶᠢᠭᠤᠯᠤᠯᠲᠠ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ ᠬᠡᠮ ᠢ | ᠬᠦᠴᠦᠨ ᠦᠭᠡᠢ ᠪᠤᠯᠭᠠᠭᠤᠯᠬᠤ ᠪᠠᠷ ᠴᠠᠭ ᠲᠤᠬᠠᠢ ᠳᠤᠨᠢ ᠭᠤᠶᠣᠴᠢᠯᠠᠭᠰᠠᠨ ᠦᠭᠡᠢ ᠪᠠᠶᠢᠪᠠᠯ᠂ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠨᠢ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠬᠤ ᠬᠡᠷᠡᠭᠲᠡᠢ᠃ | ᠭᠤᠴᠢᠨ ᠲᠤᠯᠤᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠠᠰᠠᠷᠠᠨ ᠲᠡᠵᠢᠭᠡᠬᠦ ᠵᠠᠷᠤᠳᠠᠯ᠂ ᠠᠴᠢᠯᠠᠨ ᠲᠡᠵᠢᠭᠡᠬᠦ | ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠢ ᠬᠠᠤᠯᠢ ᠶᠤᠰᠤᠭᠠᠷ ᠡᠭᠦᠷᠭᠡᠯᠡᠵᠦ ᠪᠠᠶᠢᠭ᠎ᠠ ᠡᠴᠢᠬᠡ ᠡᠬᠡ᠂ ᠦᠷ᠎ᠡ | ᠬᠡᠦᠬᠡᠳ᠂ ᠬᠤᠯᠪᠤᠭᠠᠰᠤ ᠵᠡᠷᠭᠡ ᠨᠢ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ ᠬᠡᠮ ᠢᠶᠠᠨ | ᠬᠦᠴᠦᠨ ᠦᠭᠡᠢ ᠪᠤᠯᠭᠠᠭᠳᠠᠭᠰᠠᠨ ᠤ ᠳᠠᠷᠠᠭ᠎ᠠ᠂ ᠡᠭᠦᠷᠭᠡᠯᠡᠵᠦ ᠪᠠᠶᠢᠭ᠎ᠠ ᠡᠭᠦᠷᠭᠡ ᠪᠠᠨ ᠦᠷᠭᠦᠯᠵᠢᠯᠠᠨ ᠭᠦᠢᠴᠡᠳᠭᠡᠭᠦ | ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠡᠴᠢᠬᠡ ᠡᠬᠡ ᠪᠤᠶᠤ ᠦᠷ᠎ᠡ ᠬᠡᠦᠬᠡᠳ ᠨᠢ ᠠᠷᠠᠳ ᠤᠨ | ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠭᠴᠢ ᠶᠢᠨ ᠬᠢᠷᠢ ᠬᠡᠮ ᠢᠶᠠᠨ ᠬᠦᠴᠦᠨ ᠦᠭᠡᠢ ᠪᠤᠯᠭᠠᠭᠳᠠᠭᠰᠠᠨ ᠤ ᠳᠠᠷᠠᠭ᠎ᠠ᠂ | ᠬᠢᠨᠠᠨ ᠬᠠᠮᠠᠭᠠᠯᠠᠭᠳᠠᠭᠴᠢ ᠳᠤ ᠵᠤᠷᠢᠭᠤᠲᠠ ᠶᠠᠯ᠎ᠠ ᠬᠢᠭᠰᠡᠨ ᠢ ᠭᠠᠷᠭᠠᠪᠠᠯ᠂ ᠦᠨᠡᠭᠡᠷ ᠬᠡᠮᠰᠢᠨ ᠵᠠᠰᠠᠷᠠᠬᠤ ᠢᠯᠡᠷᠡᠯ ᠲᠠᠢ | ᠪᠤᠯ᠂ ᠲᠡᠭᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ ᠬᠢᠨᠠᠨ ᠬᠠᠮᠠᠭᠠᠯᠠᠭᠳᠠᠭᠴᠢ ᠶᠢᠨ | ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠳᠠᠯ ᠲᠤᠤᠷ᠎ᠠ᠂ ᠪᠠᠶᠢᠳᠠᠯ ᠢ ᠦᠵᠡᠵᠦ ᠪᠠᠶᠢᠭᠠᠳ ᠬᠢᠨᠠᠨ | ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠤᠨ᠎ᠠ᠂ ᠠᠷᠠᠳ ᠤᠨ ᠰᠢᠬᠦᠬᠦ ᠬᠤᠷᠢᠶᠠᠨ ᠤ ᠵᠢᠭᠠᠨ | ᠲᠤᠭᠲᠠᠭᠠᠭᠰᠠᠨ ᠬᠢᠨᠠᠨ ᠬᠠᠮᠠᠭᠠᠯᠠᠭᠴᠢ ᠶᠢᠨ ᠬᠢᠨᠠᠨ ᠬᠠᠮᠠᠭᠠᠯᠠᠭᠳᠠᠭᠴᠢ ᠯᠤᠭ᠎ᠠ ᠶᠢᠨ ᠬᠢᠨᠠᠨ ᠬᠠᠮᠠᠭᠠᠯᠠᠬᠤ ᠬᠠᠷᠢᠴᠠᠭ᠎ᠠ | ᠵᠡᠷᠭᠡ ᠳᠤᠨᠢ ᠳᠠᠭᠤᠰᠤᠨ᠎ᠠ᠃ | ᠭᠤᠴᠢ ᠶᠢᠰᠦᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠬᠠᠮᠠᠭᠠᠯᠠᠬᠤ | ᠬᠠᠷᠢᠴᠠᠭ᠎ᠠ ᠳᠠᠭᠤᠰᠤᠨ᠎ᠠ᠄ | ︵ᠨᠢᠭᠡ︶ ᠬᠢᠨᠠᠨ ᠬᠠᠮᠠᠭᠠᠯᠠᠭᠳᠠᠭᠴᠢ ᠢᠷᠬᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠶᠢ | ᠤᠯᠤᠭᠰᠠᠨ ᠪᠤᠶᠤ ᠰᠡᠷᠭᠦᠭᠡᠭᠰᠡᠨ︔ | ︵ᠬᠤᠶᠠᠷ︶ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠴᠢᠳᠠᠪᠤᠷᠢ ᠪᠠᠨ ᠠᠯᠳᠠᠭᠰᠠᠨ︔ | ︵ᠭᠤᠷᠪᠠ︶ ᠬᠢᠨᠠᠨ ᠬᠠᠮᠠᠭᠠᠯᠠᠭᠳᠠᠭᠴᠢ ᠪᠤᠶᠤ ᠬᠢᠨᠠᠨ ᠬᠠᠮᠠᠭᠠᠯᠠᠭᠴᠢ ᠦᠬᠦᠭᠰᠡᠨ︔ | ︵ᠳᠦᠷᠪᠡ︶ ᠠᠷᠠᠳ ᠤᠨ ᠰᠢᠬᠦᠬᠦ ᠬᠤᠷᠢᠶ᠎ᠠ ᠠᠴᠠ ᠬᠢᠨᠠᠨ ᠬᠠᠮᠠᠭᠠᠯᠠᠬᠤ ᠬᠠᠷᠢᠴᠠᠭ᠎ᠠ ᠳᠠᠭᠤᠰᠤᠭᠰᠠᠨ ᠢ ᠮᠠᠭᠠᠳᠯᠠᠨ | ᠲᠤᠭᠲᠠᠭᠠᠬᠤ ᠪᠤᠰᠤᠳ ᠪᠠᠶᠢᠳᠠᠯ᠃ | ᠬᠢᠨᠠᠨ ᠬᠠᠮᠠᠭᠠᠯᠠᠬᠤ ᠬᠠᠷᠢᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ ᠬᠠᠮᠠᠭᠠᠯᠠᠬᠳᠠᠭᠴᠢ ᠶᠢ ᠮᠦᠨ ᠯᠡ ᠬᠢᠨᠠᠨ | ᠬᠠᠮᠠᠭᠠᠯᠠᠬᠤ ᠴᠢᠬᠤᠯᠠᠲᠠᠢ ᠪᠠᠶᠢᠪᠠᠯ᠂ ᠬᠠᠤᠯᠢ ᠶᠤᠰᠤᠭᠠᠷ ᠠᠰ ᠲᠤᠨᠢ ᠬᠢᠨᠠᠨ ᠬᠠᠮᠠᠭᠠᠯᠠᠭᠴᠢ ᠲᠤᠭᠲᠠᠭᠠᠬᠤ ᠬᠡᠷᠡᠭᠲᠡᠢ᠃ | ᠭᠤᠷᠪᠠᠳᠤᠭᠠᠷ ᠬᠡᠰᠡᠭ ᠠᠯᠠᠭ᠎ᠠ ᠪᠤᠯᠤᠭᠰᠠᠨ ᠢᠶᠠᠷ ᠵᠠᠷᠯᠠᠬᠤ ᠪᠠ ᠦᠬᠦᠭᠰᠡᠨ ᠢᠶᠠᠷ ᠵᠠᠷᠯᠠᠬᠤ | ᠳᠦᠴᠢᠳᠦᠭᠡᠷ ᠵᠦᠢᠯ ᠪᠠᠶᠢᠭᠠᠯᠢ ᠬᠦᠮᠦᠨ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠬᠤᠶᠠᠷ ᠵᠢᠯ ᠪᠤᠯᠤᠭᠰᠠᠨ | ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠲᠤᠰ ᠪᠠᠶᠢᠭᠠᠯᠢ | ᠬᠦᠮᠦᠨ ᠢ ᠠᠯᠠᠭ᠎ᠠ ᠪᠤᠯᠤᠭᠰᠠᠨ ᠬᠦᠮᠦᠨ ᠢᠶᠠᠷ ᠵᠠᠷᠯᠠᠭᠤᠯᠬᠤ ᠪᠠᠷ ᠭᠤᠶᠤᠴᠢᠯᠠᠵᠤ ᠪᠤᠯᠤᠨ᠎ᠠ᠃ | ᠳᠦᠴᠢᠨ ᠨᠢᠭᠡᠳᠦᠭᠡᠷ ᠵᠦᠢᠯ ᠪᠠᠶᠢᠭᠠᠯᠢ ᠬᠦᠮᠦᠨ ᠤ ᠪᠠᠷ᠎ᠠ ᠰᠤᠷᠠᠭ ᠦᠭᠡᠢ ᠪᠤᠯᠤᠭᠰᠠᠨ ᠴᠠᠭ ᠢ ᠲᠡᠭᠦᠨ ᠤ ᠰᠤᠷᠠᠭ | ᠴᠢᠮᠡᠭᠡ ᠦᠭᠡᠢ ᠪᠤᠯᠤᠭᠰᠠᠨ ᠡᠳᠦᠷ ᠠᠴᠠ ᠡᠬᠢᠯᠡᠵᠦ ᠪᠤᠳᠤᠨ᠎ᠠ᠃ ᠳᠠᠶᠢᠨ ᠤ ᠦᠶ᠎ᠡ ᠳᠤ ᠪᠠᠷ᠎ᠠ ᠰᠤᠷᠠᠭ ᠦᠭᠡᠢ | ᠪᠤᠯᠤᠭᠰᠠᠨ ᠪᠠᠶᠢᠪᠠᠯ᠂ ᠪᠠᠷ᠎ᠠ ᠰᠤᠷᠠᠭ ᠦᠭᠡᠢ ᠪᠤᠯᠤᠭᠰᠠᠨ ᠴᠠᠭ ᠢ ᠳᠠᠶᠢᠨ ᠳᠠᠭᠤᠰᠤᠭᠰᠠᠨ ᠡᠳᠦᠷ ᠪᠤᠶᠤ ᠬᠤᠯᠪᠤᠭᠳᠠᠯ | ᠪᠦᠬᠦᠢ ᠪᠠᠶᠢᠭᠤᠯᠭ᠎ᠠ ᠶᠢᠨ ᠲᠤᠭᠲᠠᠭᠠᠭᠰᠠᠨ ᠪᠠᠷ᠎ᠠ ᠰᠤᠷᠠᠭ ᠦᠭᠡᠢ ᠪᠤᠯᠤᠭᠰᠠᠨ ᠡᠳᠦᠷ ᠠᠴᠠ ᠡᠬᠢᠯᠡᠵᠦ ᠪᠤᠳᠤᠨ᠎ᠠ᠃ | ᠳᠦᠴᠢᠨ ᠬᠤᠶᠠᠳᠤᠭᠠᠷ ᠵᠦᠢᠯ ᠠᠯᠠᠭ᠎ᠠ ᠪᠤᠯᠤᠭᠰᠠᠨ ᠬᠦᠮᠦᠨ ᠤ ᠡᠳ᠋ ᠬᠦᠷᠦᠩᠭᠡ ᠶᠢ ᠲᠡᠭᠦᠨ ᠤ ᠬᠤᠯᠪᠤᠰᠤ᠂ | ᠨᠠᠰᠤᠨ ᠳᠤ ᠬᠦᠷᠦᠭᠰᠡᠨ ᠦᠷ᠎ᠡ ᠬᠡᠦᠬᠡᠳ᠂ ᠡᠴᠢᠬᠡ ᠡᠬᠡ ᠪᠤᠶᠤ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ | ᠪᠤᠯᠬᠤ ᠳᠤᠷᠠᠲᠠᠢ ᠪᠤᠰᠤᠳ ᠬᠦᠮᠦᠨ ᠤᠷᠤᠯᠠᠨ ᠬᠠᠮᠢᠶᠠᠷᠤᠨ᠎ᠠ᠃ | ᠤᠷᠤᠯᠠᠨ ᠬᠠᠮᠢᠶᠠᠷᠬᠤ ᠳᠤ ᠮᠠᠷᠭᠤᠭᠠᠨ ᠲᠠᠢ ᠪᠠᠶᠢᠵᠤ᠂ ᠡᠮᠦᠨᠡᠬᠢ ᠪᠠᠳᠠᠭ ᠲᠤ ᠲᠤᠭᠲᠠᠭᠠᠭᠰᠠᠨ ᠬᠦᠮᠦᠨ ᠦᠭᠡᠢ ᠪᠤᠶᠤ | ᠡᠮᠦᠨᠡᠬᠢ ᠪᠠᠳᠠᠭ ᠲᠤ ᠲᠤᠭᠲᠠᠭᠠᠭᠰᠠᠨ ᠬᠦᠮᠦᠨ ᠨᠢ ᠤᠷᠤᠯᠠᠨ ᠬᠠᠮᠢᠶᠠᠷᠬᠤ ᠴᠢᠳᠠᠪᠤᠷᠢ ᠦᠭᠡᠢ ᠪᠣᠯ᠂ ᠠᠷᠠᠳ ᠤᠨ | ᠰᠢᠬᠦᠬᠦ ᠬᠤᠷᠢᠶᠠᠨ ᠤ ᠵᠢᠭᠠᠨ ᠲᠤᠭᠲᠠᠭᠠᠭᠰᠠᠨ ᠬᠦᠮᠦᠨ ᠤᠷᠤᠯᠠᠨ ᠬᠠᠮᠢᠶᠠᠷᠤᠨ᠎ᠠ᠃ | ᠳᠦᠴᠢᠨ ᠭᠤᠷᠪᠠᠳᠤᠭᠠᠷ ᠵᠦᠢᠯ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠨᠢ ᠠᠯᠠᠭ᠎ᠠ ᠪᠤᠯᠤᠭᠰᠠᠨ ᠬᠦᠮᠦᠨ ᠤ | ᠡᠳ᠋ ᠬᠦᠷᠦᠩᠭᠡ ᠶᠢ ᠲᠤᠬᠢᠲᠠᠢ ᠬᠠᠮᠢᠶᠠᠷᠴᠤ᠂ ᠡᠳ᠋ ᠬᠦᠷᠦᠩᠭᠡ ᠶᠢᠨ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ᠃ | ᠠᠯᠠᠭ᠎ᠠ ᠪᠤᠯᠤᠭᠰᠠᠨ ᠬᠦᠮᠦᠨ ᠤ ᠦᠷᠢᠲᠦᠭᠰᠡᠨ ᠭᠠᠶᠢᠯᠢ ᠶᠢᠨ ᠵᠤᠭᠤᠰ᠂ ᠦᠭᠴᠡᠭᠡ ᠪᠠ ᠲᠦᠯᠦᠬᠦ ᠶᠤᠰᠤᠲᠠᠢ | ᠪᠤᠰᠤᠳ ᠵᠠᠷᠤᠳᠠᠯ ᠢ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠠᠴᠠ ᠠᠯᠠᠭ᠎ᠠ ᠪᠤᠯᠤᠭᠰᠠᠨ ᠬᠦᠮᠦᠨ ᠤ ᠡᠳ᠋ | ᠬᠦᠷᠦᠩᠭᠡ ᠶᠢᠨ ᠲᠤᠲᠤᠷ᠎ᠠ ᠠᠴᠠ ᠥᠭᠭᠦᠨ᠎ᠡ᠃ | ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠵᠤᠷᠢᠭᠤᠳᠠ ᠪᠤᠶᠤ ᠬᠦᠨᠳᠦ ᠶᠡᠭᠡ ᠠᠳᠡᠯ ᠠᠴᠠ ᠪᠤᠯᠵᠤ᠂ ᠠᠯᠠᠭ᠎ᠠ | ᠪᠤᠯᠤᠭᠰᠠᠨ ᠬᠦᠮᠦᠨ ᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠃ | ᠳᠦᠴᠢᠨ ᠳᠦᠷᠪᠡᠳᠦᠭᠡᠷ ᠵᠦᠢᠯ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠤᠷᠤᠯᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠠᠯᠠᠭ᠎ᠠ ᠪᠤᠯᠤᠭᠰᠠᠨ ᠬᠦᠮᠦᠨ ᠤ ᠡᠳ᠋ ᠬᠦᠷᠦᠩᠭᠡ ᠶᠢᠨ ᠡᠷᠬᠡ ᠠᠰᠢᠭ ᠢ | ᠬᠥᠨᠦᠭᠡᠭᠰᠡᠨ ᠪᠤᠶᠤ ᠤᠷᠤᠯᠠᠨ ᠬᠠᠮᠢᠶᠠᠷᠬᠤ ᠴᠢᠳᠠᠪᠤᠷᠢ ᠪᠠᠨ ᠠᠯᠳᠠᠭᠰᠠᠨ ᠪᠠᠶᠢᠪᠠᠯ᠂ ᠠᠯᠠᠭ᠎ᠠ ᠪᠤᠯᠤᠭᠰᠠᠨ ᠬᠦᠮᠦᠨ ᠤ | ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠡᠳ᠋ ᠬᠦᠷᠦᠩᠭᠡ ᠶᠢᠨ ᠤᠷᠤᠯᠠᠨ | ᠬᠠᠮᠢᠶᠠᠷᠤᠭᠴᠢ ᠶᠢ ᠬᠤᠪᠢᠷᠠᠭᠤᠯᠬᠤ ᠪᠠᠷ ᠭᠤᠶᠤᠴᠢᠯᠠᠵᠤ ᠪᠤᠯᠤᠨ᠎ᠠ᠃ | ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠵᠦᠢ ᠶᠤᠰᠤᠨ ᠤ ᠤᠴᠢᠷ ᠰᠢᠯᠲᠠᠭᠠᠨ ᠲᠠᠢ ᠪᠤᠯ᠂ ᠠᠷᠠᠳ ᠤᠨ | ᠰᠢᠬᠦᠬᠦ ᠬᠤᠷᠢᠶ᠎ᠠ ᠳᠤ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠶᠢ ᠬᠤᠪᠢᠷᠠᠭᠤᠯᠬᠤ ᠪᠠᠷ ᠭᠤᠶᠤᠴᠢᠯᠠᠵᠤ | ᠪᠤᠯᠤᠨ᠎ᠠ᠃ | ᠠᠷᠠᠳ ᠤᠨ ᠰᠢᠬᠦᠬᠦ ᠬᠤᠷᠢᠶ᠎ᠠ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠶᠢ ᠬᠤᠪᠢᠷᠠᠭᠤᠯᠤᠭᠰᠠᠨ ᠪᠠᠶᠢᠪᠠᠯ᠂ | ᠬᠤᠪᠢᠷᠠᠭᠤᠯᠤᠭᠰᠠᠨ ᠤ ᠳᠠᠷᠠᠭᠠᠬᠢ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠨᠢ ᠤᠤᠯ ᠤᠨ ᠡᠳ᠋ | ᠬᠦᠷᠦᠩᠭᠡ ᠶᠢᠨ ᠤᠷᠤᠯᠠᠨ ᠬᠠᠮᠢᠶᠠᠷᠤᠭᠴᠢ ᠪᠠᠷ ᠬᠤᠯᠪᠤᠭᠳᠠᠯ ᠪᠦᠬᠦᠢ ᠡᠳ᠋ ᠬᠦᠷᠦᠩᠭᠡ ᠶᠢ ᠴᠠᠭ ᠲᠤᠬᠠᠢ ᠳᠤᠨᠢ | ᠰᠢᠯᠵᠢᠭᠦᠯᠦᠨ ᠲᠤᠰᠢᠶᠠᠯᠭᠠᠬᠤ ᠶᠢᠨ ᠬᠠᠮᠲᠤ ᠡᠳ᠋ ᠬᠦᠷᠦᠩᠭᠡ ᠶᠢ ᠤᠷᠤᠯᠠᠨ ᠬᠠᠮᠢᠶᠠᠷᠤᠭᠰᠠᠨ ᠪᠠᠶᠢᠳᠠᠯ ᠢ | ᠮᠡᠳᠡᠭᠦᠯᠦᠭᠦᠯᠭᠦ ᠪᠠᠷ ᠭᠤᠶᠤᠴᠢᠯᠠᠬᠤ ᠡᠷᠬᠡ ᠲᠠᠢ᠃ | ᠳᠦᠴᠢᠨ ᠲᠠᠪᠤᠳᠤᠭᠠᠷ ᠵᠦᠢᠯ ᠠᠯᠠᠭ᠎ᠠ ᠪᠤᠯᠤᠭᠰᠠᠨ ᠬᠦᠮᠦᠨ ᠲᠠᠬᠢᠠ ᠭᠠᠷᠴᠤ ᠢᠷᠡᠪᠡᠯ᠂ ᠲᠤᠰ ᠬᠦᠮᠦᠨ ᠪᠤᠶᠤ | ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ | ᠠᠯᠠᠭ᠎ᠠ ᠪᠤᠯᠤᠭᠰᠠᠨ ᠢᠶᠠᠷ ᠵᠠᠷᠯᠠᠬᠰᠠᠨ ᠢᠶᠠᠨ ᠬᠦᠴᠦᠨ ᠦᠭᠡᠢ ᠪᠤᠯᠭᠠᠬᠤ ᠬᠡᠷᠡᠭᠲᠡᠢ᠃ | ᠠᠯᠠᠭ᠎ᠠ ᠪᠤᠯᠤᠭᠰᠠᠨ ᠬᠦᠮᠦᠨ ᠲᠠᠬᠢᠠ ᠭᠠᠷᠴᠤ ᠢᠷᠡᠪᠡᠯ᠂ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠪᠠᠷ | ᠬᠤᠯᠪᠤᠭᠳᠠᠯ ᠪᠦᠬᠦᠢ ᠡᠳ᠋ ᠬᠦᠷᠦᠩᠭᠡ ᠶᠢ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠯᠭᠠᠬᠤ ᠶᠢᠨ ᠬᠠᠮᠲᠤ ᠡᠳ᠋ | ᠬᠦᠷᠦᠩᠭᠡ ᠶᠢ ᠤᠷᠤᠯᠠᠨ ᠬᠠᠮᠢᠶᠠᠷᠤᠭᠰᠠᠨ ᠪᠠᠶᠢᠳᠠᠯ ᠢ ᠮᠡᠳᠡᠭᠦᠯᠦᠭᠦᠯᠭᠦ ᠪᠠᠷ ᠭᠤᠶᠤᠴᠢᠯᠠᠬᠤ ᠡᠷᠬᠡ ᠲᠠᠢ᠃ | ᠳᠦᠴᠢᠨ ᠵᠢᠷᠭᠤᠳᠤᠭᠠᠷ ᠵᠦᠢᠯ ᠪᠠᠶᠢᠭᠠᠯᠢ ᠬᠦᠮᠦᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠲᠤᠰ ᠪᠠᠶᠢᠭᠠᠯᠢ ᠬᠦᠮᠦᠨ ᠢ | ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠵᠤ ᠪᠤᠯᠤᠨ᠎ᠠ᠄ | ︵ᠨᠢᠭᠡ︶ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠳᠦᠷᠪᠡᠨ ᠵᠢᠯ ᠪᠤᠯᠤᠭᠰᠠᠨ︔ | ︵ᠬᠤᠶᠠᠷ︶ ᠰᠠᠨᠠᠭᠠᠨ ᠳᠤ ᠦᠭᠡᠢ ᠬᠡᠷᠡᠭ ᠠᠴᠠ ᠪᠤᠯᠵᠤ᠂ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠬᠤᠶᠠᠷ ᠵᠢᠯ | ᠪᠤᠯᠤᠭᠰᠠᠨ᠃ | ᠰᠠᠨᠠᠭᠠᠨ ᠳᠤ ᠦᠭᠡᠢ ᠬᠡᠷᠡᠭ ᠠᠴᠠ ᠪᠤᠯᠵᠤ ᠪᠠᠷ᠎ᠠ ᠰᠤᠷᠠᠭ ᠦᠭᠡᠢ ᠪᠤᠯᠤᠭᠠᠳ᠂ ᠬᠤᠯᠪᠤᠭᠳᠠᠯ ᠪᠦᠬᠦᠢ | ᠪᠠᠶᠢᠭᠤᠯᠭ᠎ᠠ ᠪᠠᠷ ᠲᠤᠰ ᠪᠠᠶᠢᠭᠠᠯᠢ ᠬᠦᠮᠦᠨ ᠤ ᠤᠷᠤᠰᠢᠨ ᠠᠮᠢᠳᠤᠷᠠᠬᠤ ᠪᠤᠯᠤᠯᠴᠠᠭ᠎ᠠ ᠦᠭᠡᠢ ᠪᠤᠯᠤᠭᠰᠠᠨ ᠢ | ᠭᠡᠷᠡᠴᠢᠯᠡᠭᠦᠯᠦᠭᠰᠡᠨ ᠪᠠᠶᠢᠪᠠᠯ᠂ ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠬᠤ ᠳᠤ ᠬᠤᠶᠠᠷ ᠵᠢᠯ ᠤᠨ | ᠬᠤᠭᠤᠴᠠᠭᠠᠨ ᠤ ᠬᠢᠵᠠᠭᠠᠷᠯᠠᠯ ᠳᠤ ᠭᠢᠵᠠᠭᠠᠷᠯᠠᠭᠳᠠᠬᠤ ᠦᠭᠡᠢ᠃ | ᠳᠦᠴᠢᠨ ᠳᠤᠯᠤᠳᠤᠭᠠᠷ ᠵᠦᠢᠯ ᠮᠦᠨ ᠨᠢᠭᠡ ᠪᠠᠶᠢᠭᠠᠯᠢ ᠬᠦᠮᠦᠨ ᠢ ᠵᠠᠷᠢᠮ ᠠᠰᠢᠭ ᠬᠤᠤᠷ ᠤᠨ ᠬᠠᠷᠢᠴᠠᠭ᠎ᠠ ᠲᠠᠢ | ᠬᠦᠮᠦᠨ ᠨᠢ ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠵᠤ᠂ ᠵᠠᠷᠢᠮ ᠠᠰᠢᠭ ᠬᠤᠤᠷ ᠤᠨ ᠬᠠᠷᠢᠴᠠᠭ᠎ᠠ ᠲᠠᠢ | ᠬᠦᠮᠦᠨ ᠨᠢ ᠠᠯᠠᠭ᠎ᠠ ᠪᠤᠯᠤᠭᠰᠠᠨ ᠢᠶᠠᠷ ᠵᠠᠷᠯᠠᠭᠤᠯᠬᠤ ᠪᠠᠷ ᠭᠤᠶᠤᠴᠢᠯᠠᠭᠰᠠᠨ ᠪᠤᠯ᠂ ᠲᠤᠰ ᠬᠠᠤᠯᠢ ᠳᠤ | ᠲᠤᠭᠲᠠᠭᠠᠭᠰᠠᠨ ᠦᠬᠦᠭᠰᠡᠨ ᠢᠶᠠᠷ ᠵᠠᠷᠯᠠᠬᠤ ᠨᠦᠬᠦᠴᠡᠯ ᠳᠤ ᠨᠡᠶᠢᠴᠡᠵᠦ ᠪᠠᠶᠢᠪᠠᠯ᠂ ᠠᠷᠠᠳ ᠤᠨ ᠰᠢᠬᠦᠬᠦ ᠬᠤᠷᠢᠶ᠎ᠠ | ᠦᠬᠦᠭᠰᠡᠨ ᠢᠶᠠᠷ ᠵᠠᠷᠯᠠᠬᠤ ᠬᠡᠷᠡᠭᠲᠡᠢ᠃ | ᠳᠦᠴᠢᠨ ᠨᠠᠢᠮᠠᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠳᠤ᠂ ᠠᠷᠠᠳ ᠤᠨ ᠰᠢᠬᠦᠬᠦ ᠬᠤᠷᠢᠶᠠᠨ ᠤ | ᠦᠬᠦᠭᠰᠡᠨ ᠢᠶᠠᠷ ᠵᠠᠷᠯᠠᠬᠤ ᠲᠠᠰᠤᠯᠤᠯᠲᠠ ᠭᠠᠷᠭᠠᠭᠰᠠᠨ ᠡᠳᠦᠷ ᠢ ᠲᠡᠭᠦᠨ ᠤ ᠦᠬᠦᠭᠰᠡᠨ ᠡᠳᠦᠷ ᠰᠠᠷ᠎ᠠ ᠪᠠᠷ ᠪᠤᠳᠤᠨ᠎ᠠ︔ | ᠰᠠᠨᠠᠭᠠᠨ ᠳᠤ ᠦᠭᠡᠢ ᠭᠡᠷᠡᠭ ᠠᠴᠠ ᠪᠣᠯᠵᠦ ᠪᠠᠷ᠎ᠠ ᠰᠣᠷᠠᠭ ᠦᠭᠡᠢ ᠪᠣᠯᠤᠭᠠᠳ ᠦᠭᠦᠭᠰᠡᠨ ᠢᠶᠠᠷ ᠵᠠᠷᠯᠠᠭᠰᠠᠨ ᠪᠠᠶᠢᠪᠠᠯ᠂ | ᠰᠠᠨᠠᠭᠠᠨ ᠳᠤ ᠦᠭᠡᠢ ᠭᠡᠷᠡᠭ ᠭᠠᠷᠤᠭᠰᠠᠨ ᠡᠳᠦᠷ ᠢ ᠲᠡᠭᠦᠨ ᠤ ᠦᠭᠦᠭᠰᠡᠨ ᠡᠳᠦᠷ ᠰᠠᠷ᠎ᠠ ᠪᠠᠷ ᠪᠣᠳᠣᠨ᠎ᠠ᠃ | ᠳᠦᠴᠢ ᠶᠢᠰᠦᠳᠦᠭᠡᠷ ᠵᠦᠢᠯ ᠪᠠᠶᠢᠭᠠᠯᠢ ᠬᠦᠮᠦᠨ ᠦᠬᠦᠭᠰᠡᠨ ᠢᠶᠠᠷ ᠵᠠᠷᠯᠠᠭᠳᠠᠭᠰᠠᠨ ᠪᠣᠯᠪᠠᠴᠦ ᠦᠬᠦᠭᠰᠡᠨ ᠦᠭᠡᠢ ᠨᠢ᠂ | ᠲᠤᠰ ᠪᠠᠶᠢᠭᠠᠯᠢ ᠬᠦᠮᠦᠨ ᠤ ᠦᠬᠦᠭᠰᠡᠨ ᠢᠶᠠᠷ ᠵᠠᠷᠯᠠᠭᠳᠠᠭᠰᠠᠨ ᠬᠤᠭᠤᠴᠠᠭᠠᠨ ᠳᠤ ᠬᠢᠭᠰᠡᠨ ᠢᠷᠭᠡᠨ ᠤ ᠬᠡᠷᠡᠭ ᠤᠨ | ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ ᠢ ᠨᠦᠯᠦᠭᠡᠯᠡᠬᠦ ᠦᠭᠡᠢ᠃ | ᠲᠠᠪᠢᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠲᠠᠬᠢᠨ ᠭᠠᠷᠴᠤ ᠢᠷᠡᠪᠡᠯ᠂ ᠲᠤᠰ ᠬᠦᠮᠦᠨ ᠪᠤᠶᠤ | ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ | ᠦᠬᠦᠭᠰᠡᠨ ᠢᠶᠠᠷ ᠵᠠᠷᠯᠠᠬᠰᠠᠨ ᠢᠶᠠᠨ ᠬᠦᠴᠦᠨ ᠦᠭᠡᠢ ᠪᠤᠯᠭᠠᠬᠤ ᠬᠡᠷᠡᠭᠲᠡᠢ᠃ | ᠲᠠᠪᠢᠨ ᠨᠢᠭᠡᠳᠦᠭᠡᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠤ ᠤᠷᠤᠭ ᠤᠨ ᠬᠠᠷᠢᠴᠠᠭ᠎ᠠ ᠨᠢ ᠦᠬᠦᠭᠰᠡᠨ ᠢᠶᠠᠷ | ᠵᠠᠷᠯᠠᠭᠰᠠᠨ ᠡᠳᠦᠷ ᠠᠴᠠ ᠡᠬᠢᠯᠡᠵᠤ ᠤᠰᠠᠳᠤᠨ᠎ᠠ᠃ ᠦᠬᠦᠭᠰᠡᠨ ᠢᠶᠠᠷ ᠵᠠᠷᠯᠠᠭᠰᠠᠨ ᠨᠢ ᠬᠦᠴᠦᠨ ᠦᠭᠡᠢ | ᠪᠤᠯᠭᠠᠭᠳᠠᠭᠰᠠᠨ ᠪᠠᠶᠢᠪᠠᠯ᠂ ᠤᠷᠤᠭ ᠤᠨ ᠬᠠᠷᠢᠴᠠᠭ᠎ᠠ ᠨᠢ ᠦᠬᠦᠭᠰᠡᠨ ᠢᠶᠠᠷ ᠵᠠᠷᠯᠠᠭᠰᠠᠨ ᠢ ᠬᠦᠴᠦᠨ ᠦᠭᠡᠢ | ᠪᠤᠯᠭᠠᠭᠰᠠᠨ ᠡᠳᠦᠷ ᠠᠴᠠ ᠡᠬᠢᠯᠡᠵᠦ ᠠᠶᠠᠨᠳᠠᠭᠠᠨ ᠰᠡᠷᠬᠦᠨᠡ᠃ ᠭᠡᠪᠡᠴᠦ ᠬᠤᠯᠪᠤᠰᠤ ᠨᠢ ᠲᠠᠬᠢᠠ ᠤᠷᠤᠭᠯᠠᠭᠰᠠᠨ ᠪᠤᠶᠤ | ᠰᠡᠷᠬᠦᠭᠡᠬᠦ ᠳᠤᠷ᠎ᠠ ᠦᠭᠡᠢ ᠭᠡᠵᠦ ᠤᠷᠤᠭ ᠪᠦᠷᠢᠳᠬᠡᠬᠦ ᠪᠠᠶᠢᠭᠤᠯᠭ᠎ᠠ ᠳᠤ ᠪᠢᠴᠢᠭ ᠢᠶᠠᠷ ᠢᠯᠡᠷᠬᠡᠶᠢᠯᠡᠭᠰᠡᠨ ᠨᠢ ᠡᠭᠦᠨ ᠳᠤ | ᠪᠠᠭᠲᠠᠬᠤ ᠦᠭᠡᠢ᠃ | ᠲᠠᠪᠢᠨ ᠬᠤᠶᠠᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠤ ᠦᠭᠦᠭᠰᠡᠨ ᠢᠶᠠᠷ ᠵᠠᠷᠯᠠᠭᠳᠠᠭᠰᠠᠨ | ᠬᠤᠭᠤᠴᠠᠭᠠᠨ ᠳᠤ ᠦᠷ᠎ᠠ ᠭᠡᠤᠭᠡᠳ ᠢ ᠨᠢ ᠪᠤᠰᠤᠳ ᠬᠦᠮᠤᠨ ᠬᠠᠤᠯᠢ ᠶᠤᠰᠤᠭᠠᠷ ᠡᠷᠬᠦᠨ ᠲᠡᠵᠢᠭᠡᠭᠰᠡᠨ ᠪᠠᠶᠢᠪᠠᠯ᠂ | ᠦᠬᠦᠭᠰᠡᠨ ᠢᠶᠠᠷ ᠵᠠᠷᠯᠠᠬᠰᠠᠨ ᠨᠢ ᠬᠦᠴᠤᠨ ᠦᠭᠡᠢ ᠪᠤᠯᠭᠠᠬᠳᠠᠬᠰᠠᠨ ᠤ ᠲᠠᠷᠠᠭ᠎ᠠ᠂ ᠲᠤᠰ ᠬᠦᠮᠤᠨ ᠢᠶᠠᠷ | ᠵᠦᠪᠰᠢᠶᠡᠷᠡᠬᠦᠯᠦᠭᠰᠡᠨ ᠦᠭᠡᠢ ᠪᠠᠷ ᠰᠢᠯᠳᠠᠭᠠᠨ ᠪᠤᠯᠭᠠᠵᠤ ᠡᠷᠬᠦᠨ ᠲᠡᠵᠢᠭᠡᠬᠦ ᠦᠢᠯᠡ ᠠᠵᠢᠯᠯᠠᠭ᠎ᠠ ᠶᠢ ᠬᠦᠴᠤᠨ ᠦᠭᠡᠢ | ᠭᠡᠵᠤ ᠵᠤᠷᠢᠵᠤ ᠪᠤᠯᠬᠤ ᠦᠭᠡᠢ᠃ | ᠲᠠᠪᠢᠨ ᠭᠤᠷᠪᠠᠳᠤᠭᠠᠷ ᠵᠦᠢᠯ ᠦᠬᠦᠭᠰᠡᠨ ᠢᠶᠠᠷ ᠵᠠᠷᠯᠠᠭᠰᠠᠨ ᠨᠢ ᠬᠦᠴᠤᠨ ᠦᠭᠡᠢ ᠪᠤᠯᠭᠠᠭᠳᠠᠬᠰᠠᠨ ᠬᠦᠮᠦᠨ ᠲᠤᠰ | ᠬᠠᠤᠯᠢ ᠶᠢᠨ ᠵᠢᠷᠭᠤᠳᠤᠭᠠᠷ ᠠᠩᠬᠢ ᠶᠢᠨ ᠶᠤᠰᠤᠭᠠᠷ ᠡᠳ᠋ ᠬᠦᠷᠦᠩᠭᠡ ᠶᠢ ᠨᠢ ᠤᠯᠤᠬᠰᠠᠨ ᠢᠷᠭᠡᠨ ᠤ ᠭᠡᠷᠡᠭ ᠤᠨ | ᠪᠡᠶᠡᠴᠢ ᠴᠤᠬᠴᠠ ᠠᠴᠠ ᠡᠳ᠋ ᠬᠦᠷᠦᠩᠭᠡ ᠪᠠᠨ ᠪᠣᠴᠠᠭᠠᠵᠦ ᠠᠪᠬᠤ ᠪᠠᠷ ᠭᠤᠶᠤᠴᠢᠯᠠᠬᠤ ᠡᠷᠬᠡ ᠲᠠᠢ︔ ᠪᠣᠴᠠᠭᠠᠵᠦ | ᠦᠭᠬᠦ ᠶᠢᠨ ᠠᠷᠭ᠎ᠠ ᠦᠭᠡᠢ ᠪᠠᠶᠢᠪᠠᠯ᠂ ᠵᠣᠭᠢᠰᠳᠠᠢ ᠨᠦᠬᠦᠪᠤᠷᠢ ᠦᠭᠭᠦ ᠭᠡᠷᠡᠭᠳᠠᠢ᠃ | ᠠᠰᠢᠭ ᠬᠤᠤᠷ ᠤᠨ ᠬᠠᠷᠢᠴᠠᠭ᠎ᠠ ᠲᠠᠢ ᠬᠦᠮᠤᠨ ᠦᠨᠡᠨ ᠪᠠᠶᠢᠳᠠᠯ ᠢ ᠨᠢᠭᠤᠵᠤ᠂ ᠪᠤᠰᠤᠳ ᠢ ᠦᠬᠦᠭᠰᠡᠨ ᠢᠶᠠᠷ | ᠵᠠᠷᠯᠠᠭᠤᠯᠤᠬᠰᠠᠨ ᠠᠴᠠ ᠪᠣᠯᠵᠤ ᠡᠳ᠋ ᠬᠦᠷᠦᠩᠭᠡ ᠶᠢ ᠨᠢ ᠤᠯᠤᠬᠰᠠᠨ ᠪᠠᠶᠢᠪᠠᠯ᠂ ᠡᠳ᠋ ᠬᠦᠷᠦᠩᠭᠡ ᠶᠢ ᠨᠢ ᠪᠣᠴᠠᠭᠠᠵᠦ | ᠦᠭᠬᠦ ᠠᠴᠠ ᠭᠠᠳᠠᠨ᠎ᠠ ᠪᠠᠰᠠ ᠡᠬᠦᠨ ᠠᠴᠠ ᠪᠤᠯᠤᠬᠰᠠᠨ ᠬᠤᠬᠢᠷᠠᠯ ᠳᠤ ᠲᠦᠯᠤᠬᠦ ᠬᠠᠷᠢᠭᠤᠴᠠᠯᠭ᠎ᠠ ᠡᠬᠦᠷᠭᠡᠯᠡᠬᠦ | ᠭᠡᠷᠡᠭᠳᠠᠢ᠃ | ᠲᠦᠷᠪᠡᠳᠦᠭᠡᠷ ᠬᠡᠰᠡᠭ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠬᠡ ᠪᠠ ᠬᠦᠳᠡᠭᠡ ᠲᠤᠰᠬᠤᠨ ᠤ | ᠳᠠᠭᠠᠭᠠᠴᠢᠯᠠᠨ ᠡᠵᠡᠩᠨᠡᠬᠦ ᠡᠷᠦᠬᠡ | ᠲᠠᠪᠢᠨ ᠲᠦᠷᠪᠡᠳᠤᠭᠡᠷ ᠵᠦᠢᠯ ᠪᠠᠶᠢᠭᠠᠯᠢ ᠬᠦᠮᠤᠨ ᠤᠢᠢᠯᠡᠳᠪᠤᠷᠢ ᠬᠤᠳᠠᠯᠳᠤᠭᠠᠨ ᠤ ᠤᠢᠢᠯᠡᠰ ᠤᠨ ᠡᠵᠡᠩᠨᠡᠯᠳᠠ ᠬᠢᠵᠤ | ᠂ ᠬᠠᠤᠯᠢ ᠶᠤᠰᠤᠭᠠᠷ ᠲᠠᠩᠰᠠᠯᠠᠭᠤᠯᠤᠭᠰᠠᠨ ᠪᠠᠶᠢᠪᠠᠯ᠂ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ ᠮᠦᠨ᠃ | ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ ᠨᠠᠷᠡᠶᠢᠳᠦᠯ ᠲᠡᠮᠳᠡᠭ ᠠᠪᠴᠤ ᠪᠤᠯᠤᠨ᠎ᠠ᠃ | ᠲᠠᠪᠢᠨ ᠲᠠᠪᠤᠳᠤᠭᠠᠷ ᠵᠦᠢᠯ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠪᠦᠷᠢᠯᠳᠦᠬᠦᠨ ᠬᠠᠤᠯᠢ ᠶᠤᠰᠤᠭᠠᠷ ᠬᠦᠳᠡᠭᠡ ᠲᠤᠰᠬᠤᠨ ᠤ ᠭᠠᠵᠡᠷ ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠭᠡ ᠶᠢ | ᠤᠯᠵᠦ᠂ ᠭᠡᠷ ᠪᠦᠯᠢ ᠶᠢᠨ ᠲᠠᠭᠠᠭᠠᠴᠢᠯᠠᠨ ᠡᠵᠡᠩᠨᠡᠯᠳᠠ ᠬᠢᠵᠤ ᠪᠠᠶᠢᠪᠠᠯ᠂ ᠬᠦᠳᠡᠭᠡ ᠲᠤᠰᠬᠤᠨ ᠤ ᠲᠠᠭᠠᠭᠠᠴᠢᠯᠠᠨ | ᠡᠵᠡᠩᠨᠡᠬᠦ ᠡᠷᠤᠭᠡ ᠮᠦᠨ᠃ | ᠲᠠᠪᠢᠨ ᠵᠢᠷᠭᠤᠳᠤᠭᠠᠷ ᠵᠦᠢᠯ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ ᠶᠢᠨ ᠦᠭᠴᠡᠭᠡ ᠶᠢ᠂ | ᠬᠤᠪᠢ ᠪᠠᠷ ᠢᠶᠠᠨ ᠡᠵᠡᠩᠨᠡᠵᠤ ᠪᠠᠶᠢᠪᠠᠯ ᠬᠤᠪᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ︔ ᠭᠡᠷ | ᠪᠦᠯᠢ ᠪᠠᠷ ᠢᠶᠠᠨ ᠡᠵᠡᠩᠨᠡᠵᠤ ᠪᠠᠶᠢᠪᠠᠯ ᠭᠡᠷ ᠪᠦᠯᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ︔ ᠢᠯᠭᠠᠬᠤ ᠶᠢᠨ | ᠠᠷᠭ᠎ᠠ ᠦᠭᠡᠢ ᠪᠠᠶᠢᠪᠠᠯ ᠭᠡᠷ ᠪᠦᠯᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ᠃ | ᠬᠦᠳᠡᠭᠡ ᠲᠤᠰᠬᠤᠨ ᠤ ᠲᠠᠭᠠᠭᠠᠴᠢᠯᠠᠨ ᠡᠵᠡᠩᠨᠡᠬᠦ ᠡᠷᠤᠭᠡ ᠶᠢᠨ ᠦᠭᠴᠡᠭᠡ ᠶᠢ᠂ ᠬᠦᠳᠡᠭᠡ ᠲᠤᠰᠬᠤᠨ ᠤ ᠭᠠᠵᠡᠷ | ᠰᠢᠷᠤᠢ ᠶᠢᠨ ᠲᠠᠭᠠᠭᠠᠴᠢᠯᠠᠨ ᠡᠵᠡᠩᠨᠡᠯᠳᠠ ᠬᠢᠵᠤ ᠪᠠᠶᠢᠭ᠎ᠠ ᠲᠠᠷᠢᠶᠠᠴᠢᠨ ᠡᠷᠤᠭᠡ ᠶᠢᠨ ᠡᠳ᠋ ᠬᠦᠷᠦᠩᠭᠡ ᠪᠠᠷ | ᠡᠬᠦᠷᠭᠡᠯᠡᠨ᠎ᠠ︔ ᠬᠡᠷᠡᠭ ᠲᠡᠭᠡᠷ᠎ᠠ ᠪᠠᠨ ᠲᠠᠷᠢᠶᠠᠴᠢᠨ ᠡᠷᠤᠭᠡ ᠶᠢᠨ ᠭᠡᠰᠡᠭ ᠪᠦᠷᠢᠯᠳᠦᠬᠦᠨ ᠡᠵᠡᠩᠨᠡᠵᠤ ᠪᠠᠶᠢᠪᠠᠯ᠂ ᠲᠤᠰ | ᠭᠡᠰᠡᠭ ᠪᠦᠷᠢᠯᠳᠦᠬᠦᠨ ᠤ ᠡᠳ᠋ ᠬᠦᠷᠦᠩᠭᠡ ᠪᠠᠷ ᠡᠬᠦᠷᠭᠡᠯᠡᠨ᠎ᠠ᠃ | ᠭᠤᠷᠪᠠᠳᠤᠭᠠᠷ ᠪᠦᠯᠦᠭ ᠬᠠᠤᠯᠢ ᠶᠢᠨ ᠬᠦᠮᠦᠨ | ᠨᠢᠭᠡᠳᠦᠭᠡᠷ ᠬᠡᠰᠡᠭ ᠡᠩ ᠤᠨ ᠲᠤᠭᠳᠠᠭᠠᠯ | ᠲᠠᠪᠢᠨ ᠲᠤᠯᠤᠳᠤᠭᠠᠷ ᠵᠦᠢᠯ ᠬᠠᠤᠯᠢ ᠶᠢᠨ ᠬᠦᠮᠦᠨ ᠪᠣᠯ ᠢᠷᠭᠡᠨ ᠤ ᠬᠡᠷᠡᠭ ᠤᠨ ᠡᠷᠬᠡ ᠶᠢᠨ ᠴᠢᠳᠠᠪᠤᠷᠢ ᠪᠠ ᠢᠷᠭᠡᠨ ᠤ | ᠬᠡᠷᠡᠭ ᠤᠨ ᠤᠢᠢᠯᠠ ᠠᠵᠢᠯᠯᠠᠭ᠎ᠠ ᠶᠢᠨ ᠴᠢᠳᠠᠪᠤᠷᠢ ᠲᠠᠢ᠂ ᠬᠠᠤᠯᠢ ᠶᠤᠰᠤᠭᠠᠷ ᠪᠡᠶ᠎ᠡ ᠪᠠᠨ ᠳᠠᠭᠠᠭᠠᠵᠦ ᠢᠷᠭᠡᠨ ᠤ | ᠬᠡᠷᠡᠭ ᠤᠨ ᠡᠷᠬᠡ ᠶᠢ ᠡᠳ᠋ᠯᠡᠬᠦ ᠪᠠ ᠢᠷᠭᠡᠨ ᠤ ᠬᠡᠷᠡᠭ ᠤᠨ ᠡᠭᠦᠷᠭᠡ ᠶᠢ ᠡᠭᠦᠷᠭᠡᠯᠡᠭᠦ ᠵᠤᠬᠢᠶᠠᠨ ᠪᠠᠶᠢᠭᠤᠯᠤᠯᠳᠠ ᠮᠦᠨ᠃ | ᠲᠠᠪᠢᠨ ᠨᠠᠢᠮᠠᠳᠤᠭᠠᠷ ᠵᠦᠢᠯ ᠬᠠᠤᠯᠢ ᠶᠢᠨ ᠬᠦᠮᠤᠨ ᠢ ᠬᠠᠤᠯᠢ ᠶᠤᠰᠤᠭᠠᠷ ᠪᠠᠶᠢᠭᠤᠯᠬᠤ ᠭᠡᠷᠡᠭᠳᠠᠢ᠃ | ᠬᠠᠤᠯᠢ ᠶᠢᠨ ᠬᠦᠮᠤᠨ ᠳᠤ ᠦᠪᠡᠷ ᠤᠨ ᠨᠠᠷᠠᠶᠢᠳᠤᠯ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ᠂ ᠤᠷᠤᠨ | ᠰᠠᠭᠤᠴᠠ᠂ ᠡᠳ᠋ ᠬᠦᠷᠦᠩᠭᠡ ᠪᠤᠶᠤ ᠵᠠᠷᠤᠳᠠᠯ ᠲᠠᠢ ᠪᠠᠶᠢᠬᠤ ᠭᠡᠷᠡᠭᠳᠠᠢ᠃ ᠬᠠᠤᠯᠢ ᠶᠢᠨ ᠬᠦᠮᠤᠨ ᠢ ᠪᠠᠶᠢᠭᠤᠯᠬᠤ | ᠪᠤᠳᠠᠳᠠᠢ ᠨᠦᠬᠦᠴᠡᠯ ᠪᠠ ᠵᠢᠷᠤᠮ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠤᠨ ᠲᠤᠬᠳᠠᠭᠠᠯ | ᠶᠤᠰᠤᠭᠠᠷ ᠶᠠᠪᠤᠭᠤᠯᠤᠨ᠎ᠠ᠃ | ᠬᠠᠤᠯᠢ ᠶᠢᠨ ᠬᠦᠮᠤᠨ ᠢ ᠪᠠᠶᠢᠭᠤᠯᠬᠤ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ | ᠬᠤᠯᠪᠤᠬᠳᠠᠯ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠠᠢ ᠭᠡᠵᠤ ᠲᠤᠭᠳᠠᠭᠠᠬᠰᠠᠨ ᠪᠠᠶᠢᠪᠠᠯ᠂ ᠲᠠᠷᠠ | ᠲᠤᠬᠳᠠᠭᠠᠯ ᠶᠤᠰᠤᠭᠠᠷ ᠶᠠᠪᠤᠭᠤᠯᠤᠨ᠎ᠠ᠃ | ᠲᠠᠪᠢ ᠶᠢᠰᠤᠳᠤᠭᠡᠷ ᠵᠦᠢᠯ ᠬᠠᠤᠯᠢ ᠶᠢᠨ ᠬᠦᠮᠦᠨ ᠤ ᠢᠷᠭᠡᠨ ᠤ ᠬᠡᠷᠡᠭ ᠤᠨ ᠡᠷᠬᠡ ᠶᠢᠨ ᠴᠢᠳᠠᠪᠤᠷᠢ ᠪᠠ ᠢᠷᠭᠡᠨ ᠤ | ᠬᠡᠷᠡᠭ ᠤᠨ ᠤᠢᠢᠯᠠ ᠠᠵᠢᠯᠯᠠᠭ᠎ᠠ ᠶᠢᠨ ᠴᠢᠳᠠᠪᠤᠷᠢ ᠨᠢ ᠬᠠᠤᠯᠢ ᠶᠢᠨ ᠬᠦᠮᠦᠨ ᠤ ᠪᠠᠶᠢᠭᠤᠯᠤᠭᠳᠠᠭᠰᠠᠨ ᠴᠠᠭ ᠠᠴᠠ ᠪᠤᠢ | ᠪᠤᠯᠵᠦ᠂ ᠬᠠᠤᠯᠢ ᠶᠢᠨ ᠬᠦᠮᠦᠨ ᠲᠠᠭᠤᠰᠬᠤ ᠦᠶ᠎ᠡ ᠳᠤ ᠤᠰᠠᠳᠤᠨ᠎ᠠ᠃ | ᠵᠢᠷᠠᠳᠤᠭᠠᠷ ᠵᠦᠢᠯ ᠬᠠᠤᠯᠢ ᠶᠢᠨ ᠬᠦᠮᠤᠨ ᠪᠦᠬᠦ ᠡᠳ᠋ ᠬᠦᠷᠦᠩᠭᠡ ᠪᠠᠷ ᠢᠶᠠᠨ ᠪᠡᠶ᠎ᠠ ᠪᠠᠨ ᠲᠠᠭᠠᠭᠠᠵᠤ ᠢᠷᠭᠡᠨ ᠤ | ᠭᠡᠷᠡᠭ ᠤᠨ ᠬᠠᠷᠢᠭᠤᠴᠠᠯᠭ᠎ᠠ ᠡᠬᠦᠷᠭᠡᠯᠡᠨ᠎ᠠ᠃ | ᠵᠢᠷᠠᠨ ᠨᠢᠭᠡᠳᠤᠭᠡᠷ ᠵᠦᠢᠯ ᠬᠠᠤᠯᠢ ᠴᠠᠭᠠᠵᠠ ᠪᠤᠶᠤ ᠬᠠᠤᠯᠢ ᠶᠢᠨ ᠬᠦᠮᠤᠨ ᠤ ᠲᠦᠷᠢᠮ ᠤᠨ ᠲᠤᠬᠳᠠᠭᠠᠯ ᠶᠤᠰᠤᠭᠠᠷ᠂ | ᠬᠠᠤᠯᠢ ᠶᠢᠨ ᠬᠦᠮᠤᠨ ᠢ ᠲᠦᠯᠦᠭᠡᠯᠡᠨ ᠢᠷᠭᠡᠨ ᠤ ᠭᠡᠷᠡᠭ ᠤᠨ ᠠᠵᠢᠯᠯᠠᠭ᠎ᠠ ᠡᠷᠬᠢᠯᠡᠬᠦ ᠬᠠᠷᠢᠭᠤᠴᠠᠯᠭᠠᠳᠠᠨ ᠪᠤᠯ | ᠬᠠᠤᠯᠢ ᠶᠢᠨ ᠬᠦᠮᠤᠨ ᠤ ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠮᠦᠨ᠃ | ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠶᠢᠨ ᠬᠠᠤᠯᠢ ᠶᠢᠨ ᠬᠦᠮᠤᠨ ᠤ ᠨᠡᠷ᠎ᠠ ᠪᠠᠷ ᠡᠷᠬᠢᠯᠡᠭᠰᠡᠨ ᠢᠷᠭᠡᠨ ᠤ | ᠭᠡᠷᠡᠭ ᠤᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠠ ᠳ᠋ᠦᠩ ᠢ ᠬᠠᠤᠯᠢ ᠶᠢᠨ ᠬᠦᠮᠤᠨ ᠬᠦᠯᠢᠶᠠᠵᠤ ᠠᠪᠤᠨ᠎ᠠ᠃ | ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ ᠶᠢᠨ ᠲᠦᠯᠦᠭᠡᠯᠡᠬᠦ ᠡᠷᠭᠡ ᠶᠢᠨ ᠲᠤᠬᠠᠢ ᠬᠠᠤᠯᠢ ᠶᠢᠨ ᠬᠦᠮᠤᠨ ᠤ | ᠲᠦᠷᠢᠮ ᠪᠤᠶᠤ ᠬᠠᠣᠯᠢ ᠶᠢᠨ ᠭᠦᠮᠦᠨ ᠤ ᠡᠷᠭᠡᠳᠤ ᠪᠠᠶᠢᠭᠤᠯᠤᠮᠵᠢ ᠶᠢᠨ ᠬᠢᠵᠠᠭᠠᠷᠯᠠᠯ ᠨᠢ ᠰᠡᠶᠢᠠ ᠰᠡᠨᠡᠭᠠᠳᠤ | ᠬᠠᠷᠢᠴᠡᠩᠭᠤᠢ ᠬᠦᠮᠦᠠ ᠲᠠᠢ ᠡᠰᠡᠷᠬᠦᠴᠡᠯᠳᠤᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠬᠠᠤᠯᠢ ᠪᠠᠷ ᠲᠤᠭᠳᠠᠭᠠᠬᠰᠠᠨ ᠲᠦᠯᠦᠭᠡᠯᠡᠭᠴᠢ ᠨᠢ ᠲᠤᠰᠢᠶᠠᠯ ᠢᠶᠠᠨ | ᠬᠦᠢᠴᠡᠳᠭᠡᠭᠰᠡᠨ ᠠᠴᠠ ᠪᠤᠯᠵᠤ ᠪᠤᠰᠤᠳ ᠲᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠬᠠᠤᠯᠢ ᠶᠢᠨ ᠬᠦᠮᠤᠨ | ᠢᠷᠭᠡᠨ ᠤ ᠭᠡᠷᠡᠭ ᠤᠨ ᠬᠠᠷᠢᠭᠤᠴᠠᠯᠭ᠎ᠠ ᠡᠬᠦᠷᠭᠡᠯᠡᠨ᠎ᠠ᠃ | ᠬᠠᠤᠯᠢ ᠶᠢᠨ ᠬᠦᠮᠤᠨ ᠢᠷᠭᠡᠨ ᠤ ᠭᠡᠷᠡᠭ ᠤᠨ ᠬᠠᠷᠢᠭᠤᠴᠠᠯᠭ᠎ᠠ ᠡᠬᠦᠷᠭᠡᠯᠡᠭᠰᠡᠨ ᠤ ᠪᠠᠨ ᠲᠠᠷᠠᠭ᠎ᠠ᠂ ᠬᠠᠤᠯᠢ ᠴᠠᠭᠠᠵᠠ | ᠪᠤᠶᠤ ᠬᠠᠤᠯᠢ ᠶᠢᠨ ᠬᠦᠮᠤᠨ ᠤ ᠲᠦᠷᠢᠮ ᠤᠨ ᠲᠤᠬᠳᠠᠭᠠᠯ ᠶᠤᠰᠤᠭᠠᠷ᠂ ᠤᠰᠤᠯ ᠭᠠᠷᠭᠠᠬᠰᠠᠨ ᠬᠠᠤᠯᠢ ᠪᠠᠷ | ᠲᠤᠬᠳᠠᠭᠠᠬᠰᠠᠨ ᠲᠦᠯᠦᠭᠡᠯᠡᠭᠴᠢ ᠪᠠᠷ ᠨᠡᠭᠡᠮᠵᠢᠯᠡᠨ ᠲᠦᠯᠤᠬᠦᠯᠵᠤ ᠪᠤᠯᠤᠨ᠎ᠠ᠃ | ᠵᠢᠷᠠᠨ ᠭᠤᠷᠪᠠᠳᠤᠭᠠᠷ ᠵᠦᠢᠯ ᠬᠠᠤᠯᠢ ᠶᠢᠨ ᠬᠦᠮᠤᠨ ᠭᠡᠷᠡᠭ ᠡᠷᠬᠢᠯᠡᠬᠦ ᠭᠤᠤᠯ ᠪᠠᠶᠢᠭᠤᠯᠤᠮᠵᠢ ᠶᠢᠨ ᠢᠶᠠᠨ ᠪᠠᠶᠢᠭ᠎ᠠ | ᠭᠠᠵᠡᠷ ᠢᠶᠠᠷ ᠤᠷᠤᠨ ᠰᠠᠭᠤᠴᠠ ᠪᠠᠨ ᠪᠤᠯᠭᠠᠨ᠎ᠠ᠃ ᠬᠠᠤᠯᠢ ᠶᠤᠰᠤᠭᠠᠷ ᠬᠠᠤᠯᠢ ᠶᠢᠨ ᠬᠦᠮᠤᠨ ᠤ ᠲᠠᠩᠰᠠᠯᠠᠯᠳᠠ ᠬᠢᠯᠭᠡᠬᠦ | ᠴᠢᠬᠤᠯᠠᠳᠠᠢ ᠪᠣᠯ᠂ ᠭᠡᠷᠡᠭ ᠡᠷᠬᠢᠯᠡᠬᠦ ᠭᠤᠤᠯ ᠪᠠᠶᠢᠭᠤᠯᠤᠮᠵᠢ ᠶᠢᠨ ᠢᠶᠠᠨ ᠪᠠᠶᠢᠭ᠎ᠠ ᠭᠠᠵᠡᠷ ᠢ ᠤᠷᠤᠨ ᠰᠠᠭᠤᠴᠠ ᠪᠠᠷ | ᠲᠠᠩᠰᠠᠯᠠᠭᠤᠯᠬᠤ ᠭᠡᠷᠡᠭᠳᠠᠢ᠃ | ᠵᠢᠷᠠᠨ ᠲᠦᠷᠪᠡᠳᠤᠭᠡᠷ ᠵᠦᠢᠯ ᠬᠠᠤᠯᠢ ᠶᠢᠨ ᠬᠦᠮᠤᠨ ᠤ ᠦᠷᠬᠦᠯᠵᠢᠯᠡᠨ ᠤᠷᠤᠰᠢᠬᠤ ᠬᠤᠭᠤᠴᠠᠭᠠᠨ ᠳᠤ | ᠲᠠᠩᠰᠠᠯᠠᠭᠤᠯᠤᠬᠰᠠᠨ ᠵᠦᠢᠯᠡᠰ ᠲᠤᠨᠢ ᠬᠤᠪᠢᠷᠠᠯᠳᠠ ᠭᠠᠷᠤᠬᠰᠠᠨ ᠪᠠᠶᠢᠪᠠᠯ᠂ ᠲᠠᠩᠰᠠᠯᠠᠬᠤ ᠪᠠᠶᠢᠭᠤᠯᠭ᠎ᠠ ᠳᠤ | ᠲᠠᠩᠰᠠᠯᠠᠯᠳᠠ ᠶᠢ ᠬᠤᠪᠢᠷᠠᠭᠤᠯᠬᠤ ᠪᠠᠷ ᠬᠠᠤᠯᠢ ᠶᠤᠰᠤᠭᠠᠷ ᠭᠤᠶᠤᠴᠢᠯᠠᠬᠤ ᠭᠡᠷᠡᠭᠳᠠᠢ᠃ | ᠵᠢᠷᠠᠨ ᠲᠠᠪᠤᠳᠤᠭᠠᠷ ᠵᠦᠢᠯ ᠬᠠᠤᠯᠢ ᠶᠢᠨ ᠬᠦᠮᠤᠨ ᠤ ᠪᠤᠳᠠᠳᠠᠢ ᠪᠠᠶᠢᠳᠠᠯ ᠨᠢ ᠲᠠᠩᠰᠠᠯᠠᠭᠤᠯᠤᠬᠰᠠᠨ ᠵᠦᠢᠯᠡᠰ ᠲᠠᠢ ᠨᠢ | ᠨᠢᠭᠡᠳᠤᠯ ᠦᠭᠡᠢ ᠪᠠᠶᠢᠪᠠᠯ᠂ ᠰᠠᠶᠢᠨ ᠰᠠᠨᠠᠭᠠᠳᠦ ᠬᠠᠷᠢᠴᠠᠩᠭᠤᠢ ᠬᠦᠮᠤᠨ ᠲᠠᠢ ᠡᠰᠡᠷᠬᠦᠴᠡᠯᠳᠤᠵᠤ ᠪᠤᠯᠬᠤ ᠦᠭᠡᠢ᠃ | ᠵᠢᠷᠠᠨ ᠵᠢᠷᠭᠤᠳᠤᠭᠠᠷ ᠵᠦᠢᠯ ᠲᠠᠩᠰᠠᠯᠠᠬᠤ ᠪᠠᠶᠢᠭᠤᠯᠭ᠎ᠠ ᠨᠢ ᠬᠠᠤᠯᠢ ᠶᠢᠨ ᠬᠦᠮᠤᠨ ᠤ ᠲᠠᠩᠰᠠᠯᠠᠭᠤᠯᠤᠬᠰᠠᠨ | ᠬᠤᠯᠪᠤᠬᠳᠠᠯ ᠪᠦᠬᠦᠢ ᠮᠡᠳᠡᠭᠡ ᠵᠠᠩᠬᠢ ᠶᠢ ᠬᠠᠤᠯᠢ ᠶᠤᠰᠤᠭᠠᠷ ᠴᠠᠭ ᠲᠤᠬᠠᠢ ᠳᠤᠨᠢ ᠵᠠᠷᠯᠠᠨ ᠨᠡᠶᠢᠳᠡᠯᠡᠬᠦ ᠭᠡᠷᠡᠭᠳᠠᠢ᠃ | ᠵᠢᠷᠠᠨ ᠲᠤᠯᠤᠳᠤᠭᠠᠷ ᠵᠦᠢᠯ ᠬᠠᠤᠯᠢ ᠶᠢᠨ ᠬᠦᠮᠤᠨ ᠨᠡᠶᠢᠯᠡᠭᠰᠡᠨ ᠪᠠᠶᠢᠪᠠᠯ᠂ ᠡᠷᠭᠡ ᠪᠠ ᠡᠬᠦᠷᠭᠡ ᠶᠢ ᠨᠢ ᠨᠡᠶᠢᠯᠡᠭᠰᠡᠨ ᠤ | ᠲᠠᠷᠠᠭᠠᠬᠢ ᠬᠠᠤᠯᠢ ᠶᠢᠨ ᠬᠦᠮᠤᠨ ᠡᠳ᠋ᠯᠡᠭᠦ ᠪᠠ ᠡᠬᠦᠷᠭᠡᠯᠡᠨ᠎ᠠ᠃ | ᠬᠠᠤᠯᠢ ᠶᠢᠨ ᠬᠦᠮᠤᠨ ᠰᠠᠯᠤᠬᠰᠠᠨ ᠪᠠᠶᠢᠪᠠᠯ᠂ ᠡᠷᠭᠡ ᠪᠠ ᠡᠬᠦᠷᠭᠡ ᠳᠤᠨᠢ ᠰᠠᠯᠤᠬᠰᠠᠨ ᠤ ᠲᠠᠷᠠᠭᠠᠬᠢ ᠬᠠᠤᠯᠢ ᠶᠢᠨ | ᠬᠦᠮᠤᠨ ᠬᠤᠯᠪᠦᠯᠳᠦᠬᠰᠡᠠ ᠠᠪᠴᠠᠭ᠎ᠠ ᠡᠳ᠋ᠯᠡᠵᠦ ᠬᠤᠯᠪᠦᠯᠳᠦᠬᠰᠡᠠ ᠤᠢᠭ᠍ᠴᠡᠭᠡ ᠡᠬᠦᠷᠭᠡᠯᠡᠨ᠎ᠡ᠂ ᠭᠡᠪᠡᠴᠤ ᠠᠪᠴᠠᠭᠠᠳᠠᠨ | ᠪᠠ ᠦᠭᠴᠡᠭᠡᠳᠡᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠵᠢᠷᠠᠨ ᠨᠠᠢᠮᠠᠳᠤᠭᠠᠷ ᠵᠦᠢᠯ ᠲᠤᠤᠷ᠎ᠠ ᠵᠢᠬᠰᠠᠭᠠᠬᠰᠠᠨ ᠰᠢᠯᠳᠠᠭᠠᠨ ᠤ ᠨᠢᠭᠡ ᠨᠢ ᠪᠠᠶᠢᠬᠤ ᠪᠦᠭᠡᠳ ᠢᠯᠭᠠᠷᠠᠭᠤᠯᠤᠨ | ᠪᠤᠳᠤᠬᠤ᠂ ᠲᠠᠩᠰᠠᠯᠠᠯᠳᠠ ᠶᠢ ᠬᠠᠰᠤᠬᠤ ᠶᠢ ᠬᠠᠤᠯᠢ ᠶᠤᠰᠤᠭᠠᠷ ᠬᠦᠢᠴᠡᠳᠭᠡᠵᠤ ᠲᠠᠭᠤᠰᠤᠬᠰᠠᠨ ᠪᠠᠶᠢᠪᠠᠯ᠂ | ᠬᠠᠤᠯᠢ ᠶᠢᠨ ᠬᠦᠮᠤᠨ ᠲᠠᠭᠤᠰᠤᠨ᠎ᠠ᠄ | ︵ᠨᠢᠭᠡ︶ ᠬᠠᠤᠯᠢ ᠶᠢᠨ ᠬᠦᠮᠤᠨ ᠲᠠᠷᠬᠠᠬᠰᠠᠨ︔ | ︵ᠬᠤᠶᠠᠷ︶ ᠬᠠᠤᠯᠢ ᠶᠢᠨ ᠬᠦᠮᠤᠨ ᠲᠠᠮᠫᠤᠷᠠᠬᠰᠠᠨ ᠢᠶᠠᠷ ᠵᠠᠷᠯᠠᠬᠳᠠᠬᠰᠠᠨ︔ | ︵ᠭᠤᠷᠪᠠ︶ ᠬᠠᠤᠯᠢ ᠴᠠᠭᠠᠵᠠ ᠳᠤ ᠲᠤᠭᠳᠠᠭᠠᠬᠰᠠᠨ ᠪᠤᠰᠤᠳ ᠰᠢᠯᠳᠠᠭᠠᠨ᠃ | ᠬᠠᠤᠯᠢ ᠶᠢᠨ ᠬᠦᠮᠤᠨ ᠲᠠᠭᠤᠰᠬᠤ ᠳᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ | ᠬᠤᠯᠪᠤᠬᠳᠠᠯ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠠᠢ ᠭᠡᠵᠤ ᠲᠤᠬᠳᠠᠭᠠᠬᠰᠠᠨ ᠪᠠᠶᠢᠪᠠᠯ᠂ ᠲᠠᠷᠠ | ᠲᠤᠬᠳᠠᠭᠠᠯ ᠶᠤᠰᠤᠭᠠᠷ ᠶᠠᠪᠤᠭᠤᠯᠤᠨ᠎ᠠ᠃ | ᠵᠢᠷᠠ ᠶᠢᠰᠤᠳᠤᠭᠡᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠶᠢᠨ ᠬᠦᠮᠤᠨ | ᠲᠠᠷᠬᠠᠨ᠎ᠠ᠄ | ︵ᠨᠢᠭᠡ︶ ᠬᠠᠤᠯᠢ ᠶᠢᠨ ᠬᠦᠮᠤᠨ ᠤ ᠲᠦᠷᠢᠮ ᠳᠤ ᠲᠤᠭᠳᠠᠭᠠᠬᠰᠠᠨ ᠦᠷᠬᠦᠯᠵᠢᠯᠡᠨ ᠤᠷᠤᠰᠢᠬᠤ ᠬᠤᠭᠤᠴᠠᠭ᠎ᠠ ᠨᠢ | ᠲᠦᠬᠦᠷᠦᠭᠰᠡᠨ ᠪᠤᠶᠤ ᠬᠠᠤᠯᠢ ᠶᠢᠨ ᠬᠦᠮᠤᠨ ᠤ ᠲᠦᠷᠢᠮ ᠳᠤ ᠲᠤᠭᠳᠠᠭᠠᠬᠰᠠᠨ ᠪᠤᠰᠤᠳ ᠲᠠᠷᠬᠠᠬᠤ ᠤᠴᠢᠷ ᠰᠢᠯᠳᠠᠭᠠᠨ | ᠢᠯᠡᠷᠡᠭᠰᠡᠨ︔ | ︵ᠬᠤᠶᠠᠷ︶ ᠬᠠᠤᠯᠢ ᠶᠢᠨ ᠬᠦᠮᠤᠨ ᠤ ᠡᠷᠭᠡᠳᠤ ᠪᠠᠶᠢᠭᠤᠯᠤᠮᠵᠢ ᠲᠠᠷᠬᠠᠭᠠᠬᠤ ᠰᠢᠢᠳᠪᠤᠷᠢ ᠭᠠᠷᠭᠠᠬᠰᠠᠨ︔ | ︵ᠭᠤᠷᠪᠠ︶ ᠬᠠᠤᠯᠢ ᠶᠢᠨ ᠬᠦᠮᠤᠨ ᠨᠡᠶᠢᠯᠡᠭᠰᠡᠨ ᠪᠤᠶᠤ ᠬᠠᠤᠯᠢ ᠶᠢᠨ ᠬᠦᠮᠤᠨ ᠰᠠᠯᠤᠬᠰᠠᠨ ᠠᠴᠠ ᠪᠤᠯᠵᠤ ᠲᠠᠷᠬᠠᠬᠤ | ᠴᠢᠬᠤᠯᠠᠳᠠᠢ ᠪᠤᠯᠤᠭᠰᠠᠨ︔ | ︵ᠲᠦᠷᠪᠡ︶ ᠬᠠᠤᠯᠢ ᠶᠢᠨ ᠬᠦᠮᠤᠨ ᠤ ᠡᠵᠡᠩᠨᠡᠯᠳᠠ ᠶᠢᠨ ᠦᠨᠡᠮᠯᠡᠯ᠂ ᠲᠠᠩᠰᠠᠯᠠᠯᠳᠠ ᠶᠢᠨ ᠦᠨᠡᠮᠯᠡᠯ ᠢ ᠬᠠᠤᠯᠢ | ᠶᠤᠰᠤᠭᠠᠷ ᠬᠤᠷᠢᠶᠠᠨ ᠠᠪᠴᠤ ᠬᠦᠴᠤᠨ ᠦᠭᠡᠢ ᠪᠤᠯᠭᠠᠬᠰᠠᠨ᠂ ᠬᠠᠤᠯᠢ ᠶᠢᠨ ᠬᠦᠮᠤᠨ ᠢ ᠵᠠᠷᠯᠢᠬᠳᠠᠵᠤ ᠡᠬᠦᠳᠠ ᠶᠢ ᠨᠢ | ᠬᠠᠭᠠᠯᠭᠠᠬᠰᠠᠨ ᠪᠤᠶᠤ ᠬᠦᠴᠤᠨ ᠦᠭᠡᠢ ᠪᠤᠯᠭᠠᠬᠰᠠᠨ︔ | ︵ᠲᠠᠪᠤ︶ ᠬᠠᠤᠯᠢ ᠴᠠᠭᠠᠵᠠ ᠳᠤ ᠲᠤᠭᠳᠠᠭᠠᠬᠰᠠᠨ ᠪᠤᠰᠤᠳ ᠪᠠᠶᠢᠳᠠᠯ᠃ | ᠲᠠᠯᠠᠳᠤᠭᠠᠷ ᠵᠦᠢᠯ ᠬᠠᠤᠯᠢ ᠶᠢᠨ ᠬᠦᠮᠤᠨ ᠲᠠᠷᠬᠠᠬᠰᠠᠨ ᠪᠠᠶᠢᠪᠠᠯ᠂ ᠨᠠᠶᠢᠯᠡᠭᠰᠡᠨ ᠪᠣᠶᠣ ᠰᠠᠯᠣᠭᠰᠠᠨ ᠪᠠᠶᠢᠳᠠᠯ ᠢ | ᠭᠠᠷᠭᠠᠪᠠᠯ᠂ ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ ᠴᠠᠭ ᠲᠤᠬᠠᠢ ᠳᠤᠨᠢ ᠢᠯᠭᠠᠷᠠᠭᠤᠯᠤᠨ ᠪᠤᠳᠤᠬᠤ | ᠲᠤᠭᠤᠢᠢᠯᠠᠩ ᠪᠠᠶᠢᠭᠤᠯᠵᠤ ᠢᠯᠭᠠᠷᠠᠭᠤᠯᠤᠨ ᠪᠤᠳᠤᠬᠤ ᠭᠡᠷᠡᠭᠳᠠᠢ᠃ | ᠬᠠᠤᠯᠢ ᠶᠢᠨ ᠬᠦᠮᠤᠨ ᠤ ᠭᠡᠷᠡᠭ ᠮᠡᠳᠡᠭᠴᠢ᠂ ᠭᠡᠷᠡᠭ ᠡᠷᠬᠢᠯᠡᠭᠴᠢ ᠵᠡᠷᠭᠡ ᠬᠦᠢᠴᠡᠳᠭᠡᠬᠦ ᠪᠠᠶᠢᠭᠤᠯᠤᠮᠵᠢ ᠪᠣᠶᠣ | ᠪᠣᠳᠣᠯᠭ᠎ᠠ ᠲᠣᠭᠳᠠᠭᠠᠬᠤ ᠪᠠᠶᠢᠭᠤᠯᠣᠮᠵᠢ ᠶᠢᠨ ᠪᠦᠷᠢᠯᠳᠦᠬᠦᠨ ᠪᠤᠯ ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ | ᠮᠦᠨ᠃ ᠬᠠᠤᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ ᠳᠤ ᠠᠰᠳᠠᠭᠠᠨ ᠲᠤᠬᠳᠠᠭᠠᠯ ᠲᠠᠢ ᠪᠠᠶᠢᠪᠠᠯ᠂ | ᠲᠠᠷᠠ ᠲᠤᠬᠳᠠᠭᠠᠯ ᠶᠤᠰᠤᠭᠠᠷ ᠶᠠᠪᠤᠭᠤᠯᠤᠨ᠎ᠠ᠃ | ᠢᠯᠭᠠᠷᠠᠭᠤᠯᠤᠨ ᠪᠤᠳᠤᠬᠤ ᠡᠬᠦᠷᠭᠡᠳᠤ ᠬᠦᠮᠤᠨ ᠢᠯᠭᠠᠷᠠᠭᠤᠯᠤᠨ ᠪᠤᠳᠤᠬᠤ ᠡᠬᠦᠷᠭᠡ ᠪᠠᠨ ᠴᠠᠭ ᠲᠤᠬᠠᠢ ᠳᠤᠨᠢ | ᠬᠦᠢᠴᠡᠳᠭᠡᠭᠰᠡᠨ ᠦᠭᠡᠢ ᠠᠴᠠ ᠪᠤᠯᠵᠤ ᠬᠤᠬᠢᠷᠠᠯ ᠭᠠᠷᠭᠠᠬᠰᠠᠨ ᠪᠠᠶᠢᠪᠠᠯ᠂ ᠢᠷᠭᠡᠨ ᠤ ᠭᠡᠷᠡᠭ ᠤᠨ ᠬᠠᠷᠢᠭᠤᠴᠠᠯᠭ᠎ᠠ | ᠡᠬᠦᠷᠭᠡᠯᠡᠬᠦ ᠭᠡᠷᠡᠭᠳᠠᠢ︔ ᠡᠷᠬᠢᠯᠡᠨ ᠬᠠᠮᠢᠶᠡᠷᠬᠤ ᠪᠠᠶᠢᠭᠤᠯᠭ᠎ᠠ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠦᠮᠤᠨ | ᠠᠷᠠᠳ ᠤᠨ ᠰᠢᠬᠦᠬᠦ ᠬᠤᠷᠢᠶ᠎ᠠ ᠪᠠᠷ ᠬᠤᠯᠪᠤᠬᠳᠠᠯ ᠪᠦᠬᠦᠢ ᠬᠦᠮᠤᠰ ᠢ ᠵᠢᠭᠠᠨ ᠲᠤᠬᠳᠠᠭᠠᠯᠭᠠᠵᠤ ᠢᠯᠭᠠᠷᠠᠭᠤᠯᠣᠨ | ᠪᠤᠳᠤᠬᠤ ᠲᠤᠭᠤᠢᠢᠯᠠᠩ ᠪᠠᠶᠢᠭᠤᠯᠤᠨ ᠢᠯᠭᠠᠷᠠᠭᠤᠯᠤᠨ ᠪᠤᠳᠤᠭᠤᠯᠬᠤ ᠪᠠᠷ ᠭᠤᠶᠤᠴᠢᠯᠠᠵᠤ ᠪᠤᠯᠤᠨ᠎ᠠ᠃ | ᠲᠠᠯᠠᠨ ᠨᠢᠭᠡᠳᠤᠭᠡᠷ ᠵᠦᠢᠯ ᠬᠠᠤᠯᠢ ᠶᠢᠨ ᠬᠦᠮᠤᠨ ᠢ ᠢᠯᠭᠠᠷᠠᠭᠤᠯᠤᠨ ᠪᠤᠳᠤᠬᠤ ᠵᠢᠷᠤᠮ ᠪᠠ ᠢᠯᠭᠠᠷᠠᠭᠤᠯᠤᠨ ᠪᠤᠳᠤᠬᠤ | ᠲᠤᠭᠤᠢᠢᠯᠠᠩ ᠤᠨ ᠡᠷᠭᠡ ᠲᠤᠰᠢᠶᠠᠯ ᠢ ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠶᠠᠪᠤᠭᠤᠯᠤᠨ᠎ᠠ︔ ᠲᠤᠬᠳᠠᠭᠠᠯ ᠦᠭᠡᠢ ᠪᠤᠯ ᠺᠤᠮᠫᠠᠨᠢ ᠶᠢᠨ ᠬᠠᠤᠯᠢ ᠴᠠᠭᠠᠵᠠ ᠶᠢᠨ ᠬᠤᠯᠪᠤᠬᠳᠠᠯ ᠪᠦᠬᠦᠢ ᠲᠤᠬᠳᠠᠭᠠᠯ ᠢ | ᠯᠠᠪᠯᠠᠯᠳᠠ ᠪᠤᠯᠭᠠᠵᠤ ᠲᠤᠬᠢᠷᠠᠭᠤᠯᠤᠨ ᠭᠡᠷᠡᠭᠯᠡᠨ᠎ᠠ᠃ | ᠲᠠᠯᠠᠨ ᠬᠤᠶᠠᠳᠤᠭᠠᠷ ᠵᠦᠢᠯ ᠢᠯᠭᠠᠷᠠᠭᠤᠯᠤᠨ ᠪᠤᠳᠤᠬᠤ ᠬᠤᠭᠤᠴᠠᠭᠠᠨ ᠳᠤ ᠬᠠᠤᠯᠢ ᠶᠢᠨ ᠬᠦᠮᠤᠨ ᠦᠷᠬᠦᠯᠵᠢᠯᠡᠠ | ᠤᠷᠤᠰᠢᠨ᠎ᠠ᠂ ᠭᠡᠪᠡᠴᠤ ᠢᠯᠭᠠᠷᠠᠭᠤᠯᠤᠨ ᠪᠤᠳᠤᠯᠳᠠ ᠲᠠᠢ ᠬᠤᠯᠪᠤᠭ᠎ᠠ ᠦᠭᠡᠢ ᠠᠵᠢᠯᠯᠠᠭ᠎ᠠ ᠬᠢᠵᠤ ᠪᠤᠯᠬᠤ ᠦᠭᠡᠢ᠃ | ᠬᠠᠤᠯᠢ ᠶᠢᠨ ᠬᠦᠮᠤᠨ ᠤ ᠢᠯᠭᠠᠷᠠᠭᠤᠯᠤᠨ ᠪᠤᠳᠤᠬᠰᠠᠨ ᠤ ᠲᠠᠷᠠᠭᠠᠬᠢ ᠦᠯᠡᠳᠡᠪᠤᠷᠢ ᠡᠳ᠋ ᠬᠦᠷᠦᠩᠭᠡ ᠶᠢ ᠬᠠᠤᠯᠢ ᠶᠢᠨ | ᠬᠦᠮᠤᠨ ᠤ ᠲᠦᠷᠢᠮ ᠤᠨ ᠲᠤᠬᠳᠠᠭᠠᠯ ᠪᠤᠶᠤ ᠬᠠᠤᠯᠢ ᠶᠢᠨ ᠬᠦᠮᠤᠨ ᠤ ᠡᠷᠭᠡᠳᠤ ᠪᠠᠶᠢᠭᠤᠯᠤᠮᠵᠢ ᠶᠢᠨ ᠰᠢᠢᠳᠪᠤᠷᠢ | ᠶᠣᠰᠤᠭᠠᠷ ᠰᠢᠢᠳᠪᠤᠷᠢᠯᠡᠨ᠎ᠠ᠃ ᠬᠠᠤᠯᠢ ᠴᠠᠭᠠᠵᠠ ᠳᠤ ᠠᠰᠳᠠᠭᠠᠨ ᠲᠤᠬᠳᠠᠭᠠᠯ ᠲᠠᠢ ᠪᠠᠶᠢᠪᠠᠯ᠂ ᠲᠠᠷᠠ ᠲᠤᠬᠳᠠᠭᠠᠯ | ᠶᠤᠰᠤᠭᠠᠷ ᠶᠠᠪᠤᠭᠤᠯᠤᠨ᠎ᠠ᠃ | ᠢᠯᠭᠠᠷᠠᠭᠤᠯᠤᠨ ᠪᠤᠳᠤᠵᠤ ᠲᠠᠭᠤᠰᠤᠬᠰᠠᠨ ᠪᠦᠭᠡᠳ ᠬᠠᠤᠯᠢ ᠶᠢᠨ ᠬᠦᠮᠤᠨ ᠤ ᠲᠠᠩᠰᠠᠯᠠᠯᠳᠠ ᠶᠢ ᠬᠠᠰᠣᠬᠰᠠᠨ | ᠴᠠᠭ ᠠᠴᠠ ᠬᠠᠤᠯᠢ ᠶᠢᠨ ᠬᠦᠮᠤᠨ ᠲᠠᠭᠤᠰᠤᠨ᠎ᠠ︔ ᠬᠠᠤᠯᠢ ᠶᠤᠰᠤᠭᠠᠷ ᠬᠠᠤᠯᠢ ᠶᠢᠨ ᠬᠦᠮᠤᠨ ᠤ ᠲᠠᠩᠰᠠᠯᠠᠯᠳᠠ ᠬᠢᠯᠭᠡᠬᠦ | ᠴᠢᠬᠤᠯᠠ ᠦᠭᠡᠢ ᠪᠠᠶᠢᠭᠰᠠᠨ ᠪᠣᠯ᠂ ᠢᠯᠭᠠᠷᠠᠭᠤᠯᠤᠨ ᠪᠤᠳᠤᠵᠤ ᠲᠠᠭᠤᠰᠤᠬᠰᠠᠨ ᠴᠠᠭ ᠠᠴᠠ ᠬᠠᠤᠯᠢ ᠶᠢᠨ ᠬᠦᠮᠤᠨ | ᠲᠠᠭᠤᠰᠤᠨ᠎ᠠ᠃ | ᠲᠠᠯᠠᠨ ᠭᠤᠷᠪᠠᠳᠤᠭᠠᠷ ᠵᠦᠢᠯ ᠬᠠᠤᠯᠢ ᠶᠢᠨ ᠬᠦᠮᠤᠨ ᠲᠠᠮᠫᠤᠷᠠᠬᠰᠠᠨ ᠢᠶᠠᠷ ᠵᠠᠷᠯᠠᠬᠳᠠᠬᠰᠠᠨ ᠪᠠᠶᠢᠪᠠᠯ᠂ ᠬᠠᠤᠯᠢ | ᠶᠤᠰᠤᠭᠠᠷ ᠲᠠᠮᠫᠤᠷᠠᠯ ᠤᠨ ᠢᠯᠭᠠᠷᠠᠭᠤᠯᠤᠨ ᠪᠤᠳᠤᠯᠳᠠ ᠬᠢᠭᠰᠡᠨ ᠪᠦᠭᠡᠳ ᠬᠠᠤᠯᠢ ᠶᠢᠨ ᠬᠦᠮᠤᠨ ᠤ ᠲᠠᠩᠰᠠᠯᠠᠯᠳᠠ ᠶᠢ | ᠬᠠᠰᠤᠬᠰᠠᠨ ᠴᠠᠭ ᠠᠴᠠ ᠬᠠᠤᠯᠢ ᠶᠢᠨ ᠬᠦᠮᠤᠨ ᠲᠠᠭᠤᠰᠤᠨ᠎ᠠ᠃ | ᠲᠠᠯᠠᠨ ᠲᠦᠷᠪᠡᠳᠤᠭᠡᠷ ᠵᠦᠢᠯ ᠬᠠᠦᠯᠢ ᠶᠢᠨ ᠬᠦᠮᠦᠨ ᠬᠠᠦᠯᠢ ᠶᠤᠰᠤᠭᠠᠷ ᠰᠠᠯᠪᠤᠷᠢ ᠪᠠᠶᠢᠭᠤᠯᠤᠮᠵᠢ ᠪᠠᠶᠢᠭᠤᠯᠵᠦ | ᠪᠤᠯᠤᠨ᠎ᠠ᠃ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ ᠳᠤ ᠰᠠᠯᠪᠤᠷᠢ ᠪᠠᠶᠢᠭᠤᠯᠤᠮᠵᠢ ᠶᠢ | ᠲᠠᠩᠰᠠᠯᠠᠭᠤᠯᠬᠤ ᠬᠡᠷᠡᠭᠳᠠᠢ ᠬᠡᠵᠦ ᠲᠤᠬᠳᠠᠭᠠᠬᠰᠠᠨ ᠪᠠᠶᠢᠪᠠᠯ᠂ ᠲᠡᠷᠨ ᠲᠤᠬᠳᠠᠭᠠᠯ ᠶᠤᠰᠤᠭᠠᠷ ᠶᠠᠪᠤᠭᠤᠯᠤᠨ᠎ᠠ᠃ | ᠰᠠᠯᠪᠤᠷᠢ ᠪᠠᠶᠢᠭᠤᠯᠤᠮᠵᠢ ᠶᠢᠨ ᠦᠪᠡᠷ ᠤᠨ ᠢᠶᠠᠨ ᠨᠡᠷ᠎ᠠ ᠪᠠᠷ ᠢᠷᠭᠡᠨ ᠤ ᠬᠡᠷᠡᠭ ᠤᠨ ᠠᠵᠢᠯᠯᠠᠭ᠎ᠠ ᠬᠢᠭᠡᠳ ᠪᠤᠢ | ᠪᠤᠯᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠦᠯᠢ ᠶᠢᠨ ᠬᠦᠮᠦᠨ ᠡᠬᠦᠷᠭᠡᠯᠡᠨ᠎ᠠ︔ ᠤᠷᠢᠳ ᠢᠶᠠᠷ ᠲᠤᠰ | ᠰᠠᠯᠪᠤᠷᠢ ᠪᠠᠶᠢᠭᠤᠯᠤᠮᠵᠢ ᠶᠢᠨ ᠬᠠᠮᠢᠶᠠᠷᠴᠦ ᠪᠠᠶᠢᠭ᠎ᠠ ᠡᠳ᠋ ᠬᠦᠷᠦᠩᠭᠡ ᠪᠠᠷ ᠡᠬᠦᠷᠭᠡᠯᠡᠭᠰᠡᠨ ᠴᠦ ᠪᠤᠯᠤᠨ᠎ᠠ᠂ ᠡᠬᠦᠷᠭᠡᠯᠡᠵᠦ | ᠬᠦᠷᠬᠦ ᠦᠭᠡᠢ ᠪᠠᠶᠢᠪᠠᠯ ᠬᠠᠦᠯᠢ ᠶᠢᠨ ᠬᠦᠮᠦᠨ ᠡᠬᠦᠷᠭᠡᠯᠡᠨ᠎ᠠ᠃ | ᠲᠠᠯᠠᠨ ᠲᠠᠪᠤᠳᠤᠭᠠᠷ ᠵᠦᠢᠯ ᠪᠠᠶᠢᠭᠤᠯᠤᠬᠴᠢ ᠠᠴᠠ ᠬᠠᠦᠯᠢ ᠶᠢᠨ ᠬᠦᠮᠦᠨ ᠪᠠᠶᠢᠭᠤᠯᠬᠤ ᠶᠢᠨ ᠲᠦᠯᠦᠭᠡ ᠬᠢᠭᠰᠡᠨ | ᠢᠷᠭᠡᠨ ᠤ ᠬᠡᠷᠡᠭ ᠤᠨ ᠠᠵᠢᠯᠯᠠᠭ᠎ᠠ ᠶᠢᠨ ᠬᠠᠦᠯᠢ ᠴᠠᠭᠠᠵᠠ ᠶᠢᠨ ᠦᠷ᠎ᠠ ᠳ᠋ᠦᠩ ᠢ ᠬᠠᠦᠯᠢ ᠶᠢᠨ ᠬᠦᠮᠤᠨ ᠬᠦᠯᠢᠶᠡᠵᠦ | ᠠᠪᠤᠨ᠎ᠠ︔ ᠬᠠᠦᠯᠢ ᠶᠢᠨ ᠬᠦᠮᠦᠨ ᠪᠠᠶᠢᠭᠤᠯᠤᠬᠳᠠᠬᠰᠠᠨ ᠦᠭᠡᠢ ᠪᠠᠶᠢᠪᠠᠯ᠂ ᠲᠡᠬᠦᠨ ᠤ ᠬᠠᠦᠯᠢ ᠴᠠᠭᠠᠵᠠ ᠶᠢᠨ ᠦᠷ᠎ᠠ | ᠳ᠋ᠦᠩ ᠢ ᠪᠠᠶᠢᠭᠤᠯᠤᠬᠴᠢ ᠬᠦᠯᠢᠶᠡᠵᠦ ᠠᠪᠤᠨ᠎ᠠ᠂ ᠪᠠᠶᠢᠭᠤᠯᠤᠬᠴᠢ ᠨᠢ ᠬᠤᠶᠠᠷ ᠬᠦᠮᠦᠨ ᠠᠴᠠ ᠲᠡᠭᠡᠭᠰᠢ ᠪᠠᠶᠢᠪᠠᠯ᠂ | ᠬᠤᠯᠪᠤᠯᠳᠤᠬᠰᠠᠨ ᠠᠪᠴᠠᠭ᠎ᠠ ᠡᠳ᠋ᠯᠡᠵᠦ ᠬᠤᠯᠪᠤᠯᠳᠤᠬᠰᠠᠨ ᠦᠭᠴᠡᠭᠡ ᠡᠬᠦᠷᠭᠡᠯᠡᠨ᠎ᠠ᠃ | ᠪᠠᠶᠢᠭᠤᠯᠤᠬᠴᠢ ᠶᠢᠨ ᠬᠠᠦᠯᠢ ᠶᠢᠨ ᠬᠦᠮᠦᠨ ᠪᠠᠶᠢᠭᠤᠯᠬᠤ ᠶᠢᠨ ᠲᠦᠯᠦᠭᠡ ᠦᠪᠡᠷ ᠤᠨ ᠢᠶᠠᠨ ᠨᠡᠷ᠎ᠠ ᠪᠠᠷ ᠢᠷᠭᠡᠨ ᠤ | ᠬᠡᠷᠡᠭ ᠤᠨ ᠠᠵᠢᠯᠯᠠᠭ᠎ᠠ ᠬᠢᠭᠡᠳ ᠪᠤᠢ ᠪᠤᠯᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠣᠯ᠂ ᠭᠤᠷᠪᠠᠳᠠᠬᠢ | ᠬᠦᠮᠦᠨ ᠨᠢ ᠬᠠᠦᠯᠢ ᠶᠢᠨ ᠬᠦᠮᠦᠨ ᠪᠤᠶᠤ ᠪᠠᠶᠢᠭᠤᠯᠤᠬᠴᠢ ᠶᠢᠨ ᠨᠢᠭᠡ ᠪᠠᠷ ᠨᠢ ᠡᠬᠦᠷᠭᠡᠯᠡᠬᠦᠯᠬᠦ ᠪᠠᠷ ᠰᠤᠩᠭᠤᠨ | ᠭᠤᠶᠤᠴᠢᠯᠠᠬᠤ ᠡᠷᠭᠡ ᠲᠠᠢ᠃ | ᠬᠤᠶᠠᠳᠤᠭᠠᠷ ᠬᠡᠰᠡᠭ ᠠᠰᠢᠬ ᠬᠤᠨᠵᠢᠪᠤᠷᠢᠳᠦ ᠬᠠᠦᠯᠢ ᠶᠢᠨ ᠬᠦᠮᠦᠨ | ᠲᠠᠯᠠᠨ ᠵᠢᠷᠭᠤᠳᠤᠭᠠᠷ ᠵᠦᠢᠯ ᠠᠰᠢᠭ ᠣᠯᠵᠠᠪᠤᠷᠢ ᠤᠯᠬᠤ ᠪᠦᠭᠡᠳ ᠠᠰᠢᠭ ᠬᠤᠨᠵᠢᠪᠤᠷᠢ ᠪᠠᠨ ᠬᠤᠪᠢ | ᠤᠷᠤᠭᠤᠯᠤᠬᠴᠢ ᠵᠡᠷᠭᠡ ᠪᠡᠯᠡ ᠭᠠᠷᠭᠠᠬᠴᠢ ᠳᠤ ᠬᠤᠪᠢᠶᠠᠷᠢᠯᠠᠨ ᠦᠭᠭᠦ ᠵᠤᠷᠢᠯᠭ᠎ᠠ ᠪᠠᠷ ᠪᠠᠶᠢᠭᠤᠯᠤᠬᠰᠠᠨ ᠬᠠᠦᠯᠢ ᠶᠢᠨ | ᠬᠦᠮᠦᠨ ᠪᠤᠯ ᠠᠰᠢᠭ ᠬᠤᠨᠵᠢᠪᠤᠷᠢᠳᠦ ᠬᠠᠦᠯᠢ ᠶᠢᠨ ᠬᠦᠮᠦᠨ ᠮᠦᠨ᠃ | ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠳᠤ ᠬᠢᠵᠠᠭᠠᠷᠳᠦ ᠬᠠᠷᠢᠭᠤᠴᠠᠯᠭᠠᠳᠦ ᠺᠤᠮᠫᠠᠨᠢ᠂ ᠬᠤᠪᠢ | ᠤᠷᠤᠭᠤᠯᠤᠬᠰᠠᠨ ᠬᠢᠵᠠᠭᠠᠷᠳᠦ ᠺᠤᠮᠫᠠᠨᠢ ᠪᠠ ᠪᠤᠰᠤᠳ ᠠᠵᠦ ᠠᠬᠤᠢᠢᠯᠡᠯ ᠬᠠᠦᠯᠢ ᠶᠢᠨ ᠬᠦᠮᠦᠨ ᠵᠡᠷᠭᠡ ᠪᠠᠭᠳᠠᠨ᠎ᠠ᠃ | ᠲᠠᠯᠠᠨ ᠲᠤᠯᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠬᠠᠦᠯᠢ ᠶᠤᠰᠤᠭᠠᠷ ᠲᠠᠩᠰᠠᠯᠠᠭᠤᠯᠬᠤ ᠪᠠᠷ | ᠲᠠᠮᠵᠢᠨ ᠪᠠᠶᠢᠭᠤᠯᠤᠬᠳᠠᠨ᠎ᠠ᠃ | ᠲᠠᠯᠠᠨ ᠨᠠᠢᠮᠠᠳᠤᠭᠠᠷ ᠵᠦᠢᠯ ᠬᠠᠦᠯᠢ ᠶᠤᠰᠤᠭᠠᠷ ᠪᠠᠶᠢᠭᠤᠯᠤᠬᠰᠠᠨ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠳᠤ᠂ | ᠲᠠᠩᠰᠠᠯᠠᠬᠤ ᠪᠠᠶᠢᠭᠤᠯᠭ᠎ᠠ ᠠᠴᠠ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠡᠵᠡᠩᠨᠡᠯᠳᠡ ᠶᠢᠨ ᠦᠨᠡᠮᠯᠡᠯ | ᠤᠯᠭᠤᠨ᠎ᠠ᠃ ᠡᠵᠡᠩᠨᠡᠯᠳᠡ ᠶᠢᠨ ᠦᠨᠡᠮᠯᠡᠯ ᠳᠤ ᠭᠠᠷ ᠤᠨ ᠦᠰᠦᠭ ᠵᠢᠷᠤᠵᠦ ᠤᠯᠭᠤᠬᠰᠠᠨ ᠡᠳᠤᠷ ᠰᠠᠷ᠎ᠠ ᠪᠤᠯ ᠠᠰᠢᠬ | ᠬᠤᠨᠵᠢᠪᠤᠷᠢᠳᠦ ᠬᠠᠦᠯᠢ ᠶᠢᠨ ᠬᠦᠮᠦᠨ ᠤ ᠪᠠᠶᠢᠭᠤᠯᠤᠬᠳᠠᠬᠰᠠᠨ ᠡᠳᠤᠷ ᠰᠠᠷ᠎ᠠ ᠪᠤᠯᠤᠨ᠎ᠠ᠃ | ᠲᠠᠯ᠎ᠠ ᠶᠢᠰᠦᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠢ ᠪᠠᠶᠢᠭᠤᠯᠬᠤ ᠳᠤ ᠬᠠᠦᠯᠢ ᠶᠤᠰᠤᠭᠠᠷ | ᠬᠠᠦᠯᠢ ᠶᠢᠨ ᠬᠦᠮᠦᠨ ᠤ ᠲᠦᠷᠢᠮ ᠲᠤᠬᠳᠠᠭᠠᠬᠤ ᠬᠡᠷᠡᠭᠳᠠᠢ᠃ | ᠨᠠᠶᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠡᠷᠭᠡᠳᠦ ᠪᠠᠶᠢᠭᠤᠯᠤᠮᠵᠢ ᠪᠠᠶᠢᠭᠤᠯᠬᠤ ᠬᠡᠷᠡᠭᠳᠠᠢ᠃ | ᠡᠷᠭᠡᠳᠦ ᠪᠠᠶᠢᠭᠤᠯᠤᠮᠵᠢ ᠨᠢ ᠬᠠᠦᠯᠢ ᠶᠢᠨ ᠬᠦᠮᠦᠨ ᠤ ᠲᠦᠷᠢᠮ ᠳᠤ ᠵᠠᠰᠠᠪᠤᠷᠢ ᠤᠷᠤᠭᠤᠯᠬᠤ᠂ ᠬᠦᠢᠴᠡᠳᠭᠡᠬᠦ | ᠪᠠᠶᠢᠭᠤᠯᠤᠮᠵᠢ ᠪᠠ ᠬᠢᠨᠠᠯᠳᠡ ᠲᠠᠯᠪᠢᠬᠤ ᠪᠠᠶᠢᠭᠤᠯᠤᠮᠵᠢ ᠶᠢᠨ ᠪᠦᠷᠢᠯᠳᠦᠬᠦᠨ ᠢ ᠰᠤᠩᠭᠤᠬᠤ ᠪᠤᠶᠤ ᠰᠤᠯᠢᠬᠤ᠂ ᠵᠢᠴᠢ | ᠬᠠᠦᠯᠢ ᠶᠢᠨ ᠬᠦᠮᠦᠨ ᠤ ᠲᠦᠷᠢᠮ ᠳᠤ ᠲᠤᠬᠳᠠᠭᠠᠬᠰᠠᠨ ᠪᠤᠰᠤᠳ ᠡᠷᠭᠡ ᠲᠤᠰᠢᠶᠡᠯ ᠢ ᠬᠡᠷᠡᠭᠵᠢᠬᠦᠯᠦᠨ᠎ᠠ᠃ | ᠨᠠᠶᠠᠨ ᠨᠢᠭᠡᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠬᠦᠢᠴᠡᠳᠭᠡᠬᠦ ᠪᠠᠶᠢᠭᠤᠯᠤᠮᠵᠢ ᠪᠠᠶᠢᠭᠤᠯᠬᠤ | ᠬᠡᠷᠡᠭᠳᠠᠢ᠃ | ᠬᠦᠢᠴᠡᠳᠭᠡᠬᠦ ᠪᠠᠶᠢᠭᠤᠯᠤᠮᠵᠢ ᠨᠢ ᠡᠷᠭᠡᠳᠦ ᠪᠠᠶᠢᠭᠤᠯᠤᠮᠵᠢ ᠶᠢᠨ ᠬᠤᠷᠠᠯ ᠢ ᠬᠤᠷᠠᠯᠳᠤᠭᠤᠯᠬᠤ᠂ ᠬᠠᠦᠯᠢ ᠶᠢᠨ ᠬᠦᠮᠦᠨ ᠤ | ᠡᠵᠡᠩᠨᠡᠯᠳᠡ ᠶᠢᠨ ᠲᠦᠯᠦᠪᠯᠡᠭᠡ ᠪᠠ ᠪᠡᠯᠡ ᠤᠷᠤᠭᠤᠯᠬᠤ ᠲᠦᠰᠦᠯ ᠢ ᠲᠤᠬᠳᠠᠭᠠᠬᠤ᠂ ᠬᠠᠦᠯᠢ ᠶᠢᠨ ᠬᠦᠮᠦᠨ ᠤ | ᠲᠤᠳᠤᠭᠠᠳᠦ ᠬᠠᠮᠢᠶᠠᠷᠤᠯᠳᠡ ᠶᠢᠨ ᠪᠠᠶᠢᠭᠤᠯᠤᠮᠵᠢ ᠪᠠᠶᠢᠭᠤᠯᠬᠤ ᠶᠢ ᠲᠤᠬᠳᠠᠭᠠᠬᠤ᠂ ᠵᠢᠴᠢ ᠬᠠᠦᠯᠢ ᠶᠢᠨ ᠬᠦᠮᠦᠨ ᠤ | ᠲᠦᠷᠢᠮ ᠳᠤ ᠲᠤᠬᠳᠠᠭᠠᠬᠰᠠᠨ ᠪᠤᠰᠤᠳ ᠡᠷᠭᠡ ᠲᠤᠰᠢᠶᠡᠯ ᠢ ᠬᠡᠷᠡᠭᠵᠢᠬᠦᠯᠦᠨ᠎ᠠ᠃ | ᠬᠡᠷᠡᠭ ᠮᠡᠳᠡᠭᠴᠢᠳ ᠤᠨ ᠬᠤᠷᠠᠯ ᠪᠤᠶᠤ ᠬᠦᠢᠴᠡᠳᠭᠡᠬᠦ ᠬᠡᠷᠡᠭ ᠮᠡᠳᠡᠭᠴᠢ ᠨᠢ ᠬᠦᠢᠴᠡᠳᠭᠡᠬᠦ ᠪᠠᠶᠢᠭᠤᠯᠤᠮᠵᠢ ᠪᠤᠯᠤᠭᠰᠠᠨ | ᠪᠠᠶᠢᠪᠠᠯ᠂ ᠬᠡᠷᠡᠭ ᠮᠡᠳᠡᠭᠴᠢᠳ ᠤᠨ ᠲᠠᠷᠤᠭ᠎ᠠ᠂ ᠬᠦᠢᠴᠡᠳᠭᠡᠬᠦ ᠬᠡᠷᠡᠭ ᠮᠡᠳᠡᠭᠴᠢ ᠪᠤᠶᠤ ᠲᠠᠭᠠᠭᠠᠮᠠᠯ ᠨᠢ ᠬᠠᠦᠯᠢ ᠶᠢᠨ | ᠬᠦᠮᠦᠨ ᠤ ᠲᠦᠷᠢᠮ ᠤᠨ ᠲᠤᠬᠳᠠᠭᠠᠯ ᠶᠤᠰᠤᠭᠠᠷ ᠬᠠᠦᠯᠢ ᠪᠠᠷ ᠲᠤᠬᠳᠠᠭᠠᠬᠰᠠᠨ ᠲᠦᠯᠦᠭᠡᠯᠡᠭᠴᠢ ᠪᠤᠯᠤᠨ᠎ᠠ︔ ᠬᠡᠷᠡᠭ | ᠮᠡᠳᠡᠭᠴᠢᠳ ᠤᠨ ᠬᠤᠷᠠᠯ ᠪᠤᠶᠤ ᠬᠦᠢᠴᠡᠳᠭᠡᠬᠦ ᠬᠡᠷᠡᠭ ᠮᠡᠳᠡᠭᠴᠢ ᠭᠠᠷᠭᠠᠬᠰᠠᠨ ᠦᠭᠡᠢ ᠪᠤᠯ᠂ ᠬᠠᠦᠯᠢ ᠶᠢᠨ ᠬᠦᠮᠦᠨ ᠤ | ᠲᠦᠷᠢᠮ ᠳᠤ ᠲᠤᠬᠳᠠᠭᠠᠬᠰᠠᠨ ᠭᠤᠤᠯ ᠬᠠᠷᠢᠭᠤᠴᠠᠯᠭᠠᠳᠡᠨ ᠨᠢ ᠲᠡᠬᠦᠨ ᠤ ᠬᠦᠢᠴᠡᠳᠭᠡᠬᠦ ᠪᠠᠶᠢᠭᠤᠯᠤᠮᠵᠢ ᠪᠠ | ᠬᠠᠦᠯᠢ ᠪᠠᠷ ᠲᠤᠬᠳᠠᠭᠠᠬᠰᠠᠨ ᠲᠦᠯᠦᠭᠡᠯᠡᠭᠴᠢ ᠮᠦᠨ᠃ | ᠨᠠᠶᠠᠨ ᠬᠤᠶᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠨᠢ ᠬᠡᠷᠡᠭ ᠬᠢᠨᠠᠬᠴᠢᠳ ᠤᠨ ᠬᠤᠷᠠᠯ ᠪᠤᠶᠤ | ᠬᠡᠷᠡᠭ ᠬᠢᠨᠠᠬᠴᠢ ᠵᠡᠷᠭᠡ ᠬᠢᠨᠠᠯᠳᠡ ᠲᠠᠯᠪᠢᠬᠤ ᠪᠠᠶᠢᠭᠤᠯᠤᠮᠵᠢ ᠪᠠᠶᠢᠭᠤᠯᠤᠬᠰᠠᠨ ᠪᠠᠶᠢᠪᠠᠯ᠂ ᠬᠢᠨᠠᠯᠳᠡ ᠲᠠᠯᠪᠢᠬᠤ | ᠪᠠᠶᠢᠭᠤᠯᠤᠮᠵᠢ ᠨᠢ ᠬᠠᠦᠯᠢ ᠶᠢᠨ ᠬᠦᠮᠦᠨ ᠤ ᠡᠳ᠋ ᠤᠨ ᠶᠠᠪᠤᠳᠡᠯ ᠢ ᠪᠠᠶᠢᠴᠠᠭᠠᠬᠤ᠂ ᠬᠦᠢᠴᠡᠳᠭᠡᠬᠦ ᠪᠠᠶᠢᠭᠤᠯᠤᠮᠵᠢ ᠶᠢᠨ | ᠪᠦᠷᠢᠯᠳᠦᠬᠦᠨ᠂ ᠲᠡᠭᠡᠳᠦ ᠵᠡᠷᠭᠡ ᠶᠢᠨ ᠬᠠᠮᠢᠶᠠᠷᠤᠯᠳᠡ ᠶᠢᠨ ᠠᠵᠢᠯᠳᠡᠨ ᠤ ᠬᠠᠦᠯᠢ ᠶᠢᠨ ᠬᠦᠮᠦᠨ ᠤ ᠲᠤᠰᠢᠶᠡᠯ ᠢᠶᠠᠨ | ᠬᠦᠢᠴᠡᠳᠭᠡᠵᠦ ᠪᠠᠶᠢᠭ᠎ᠠ ᠦᠢᠯᠡ ᠠᠵᠢᠯᠯᠠᠭ᠎ᠠ ᠳᠤ ᠬᠢᠨᠠᠯᠳᠡ ᠲᠠᠯᠪᠢᠬᠤ᠂ ᠵᠢᠴᠢ ᠬᠠᠦᠯᠢ ᠶᠢᠨ ᠬᠦᠮᠦᠨ ᠤ ᠲᠦᠷᠢᠮ ᠳᠤ | ᠲᠤᠬᠳᠠᠭᠠᠬᠰᠠᠨ ᠪᠤᠰᠤᠳ ᠡᠷᠭᠡ ᠲᠤᠰᠢᠶᠡᠯ ᠢ ᠬᠠᠦᠯᠢ ᠶᠤᠰᠤᠭᠠᠷ ᠬᠡᠷᠡᠭᠵᠢᠬᠦᠯᠦᠨ᠎ᠠ᠃ | ᠨᠠᠶᠠᠨ ᠭᠤᠷᠪᠠᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠪᠡᠯᠡ | ᠭᠠᠷᠭᠠᠬᠴᠢ ᠶᠢᠨ ᠡᠷᠭᠡ ᠪᠠᠨ ᠲᠤᠷ᠎ᠠ ᠪᠠᠷ ᠢᠶᠠᠨ ᠬᠡᠷᠡᠭᠯᠡᠨ ᠬᠠᠦᠯᠢ ᠶᠢᠨ ᠬᠦᠮᠦᠨ ᠪᠤᠶᠤ ᠪᠤᠰᠤᠳ ᠪᠡᠯᠡ | ᠭᠠᠷᠭᠠᠬᠴᠢ ᠶᠢᠨ ᠠᠰᠢᠭ ᠲᠤᠰᠠ ᠶᠢ ᠬᠤᠬᠢᠷᠠᠭᠤᠯᠵᠦ ᠪᠤᠯᠬᠤ ᠦᠭᠡᠢ︔ ᠪᠡᠯᠡ ᠭᠠᠷᠭᠠᠬᠴᠢ ᠶᠢᠨ ᠡᠷᠭᠡ ᠪᠠᠨ | ᠲᠤᠷ᠎ᠠ ᠪᠠᠷ ᠢᠶᠠᠨ ᠬᠡᠷᠡᠭᠯᠡᠵᠦ ᠬᠠᠦᠯᠢ ᠶᠢᠨ ᠬᠦᠮᠦᠨ ᠪᠤᠶᠤ ᠪᠤᠰᠤᠳ ᠪᠡᠯᠡ ᠭᠠᠷᠭᠠᠬᠴᠢ ᠳᠤ ᠬᠤᠬᠢᠷᠠᠯ | ᠤᠴᠠᠷᠠᠭᠤᠯᠤᠬᠰᠠᠨ ᠪᠠᠶᠢᠪᠠᠯ᠂ ᠬᠠᠦᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠬᠠᠦᠯᠢ ᠶᠢᠨ ᠬᠦᠮᠤᠨ ᠤ ᠪᠡᠶ᠎ᠡ ᠪᠠᠨ | ᠲᠠᠭᠠᠭᠠᠭᠰᠠᠨ ᠪᠠᠶᠢᠷᠢ ᠰᠠᠭᠤᠷᠢ ᠪᠤᠯᠤᠨ ᠪᠡᠯᠡ ᠭᠠᠷᠭᠠᠬᠴᠢ ᠶᠢᠨ ᠬᠢᠵᠠᠭᠠᠷᠳᠦ ᠬᠠᠷᠢᠭᠤᠴᠠᠯᠭ᠎ᠠ ᠶᠢ ᠲᠤᠷ᠎ᠠ ᠪᠠᠷ ᠢᠶᠠᠨ | ᠬᠡᠷᠡᠭᠯᠡᠵᠦ ᠬᠠᠦᠯᠢ ᠶᠢᠨ ᠬᠦᠮᠦᠨ ᠤ ᠠᠪᠴᠠᠭᠠᠳᠡᠨ ᠤ ᠠᠰᠢᠭ ᠲᠤᠰᠠ ᠶᠢ ᠬᠤᠬᠢᠷᠠᠭᠤᠯᠵᠦ ᠪᠤᠯᠬᠤ ᠦᠭᠡᠢ︔ | ᠬᠠᠦᠯᠢ ᠶᠢᠨ ᠬᠦᠮᠤᠨ ᠤ ᠪᠡᠶ᠎ᠡ ᠪᠠᠨ ᠲᠠᠭᠠᠭᠠᠭᠰᠠᠨ ᠪᠠᠶᠢᠷᠢ ᠰᠠᠭᠤᠷᠢ ᠪᠤᠯᠤᠨ ᠪᠡᠯᠡ ᠶᠢᠨ ᠬᠢᠵᠠᠭᠠᠷᠳᠦ | ᠬᠠᠷᠢᠭᠤᠴᠠᠯᠭ᠎ᠠ ᠶᠢ ᠲᠤᠷ᠎ᠠ ᠪᠠᠷ ᠢᠶᠠᠨ ᠬᠡᠷᠡᠭᠯᠡᠵᠦ ᠦᠭᠴᠡᠭᠡ ᠠᠴᠠ ᠵᠠᠶᠢᠯᠠᠨ᠂ ᠬᠠᠦᠯᠢ ᠶᠢᠨ ᠬᠦᠮᠦᠨ ᠤ | ᠠᠪᠴᠠᠭᠠᠳᠡᠨ ᠤ ᠠᠰᠢᠭ ᠲᠤᠰᠠ ᠶᠢ ᠬᠦᠨᠳᠦ ᠨᠤᠴᠢᠳᠠᠢ ᠬᠤᠬᠢᠷᠠᠭᠤᠯᠤᠬᠰᠠᠨ ᠪᠠᠶᠢᠪᠠᠯ᠂ ᠬᠠᠦᠯᠢ ᠶᠢᠨ ᠬᠦᠮᠦᠨ ᠤ | ᠦᠭᠴᠡᠭᠡ ᠳᠤ ᠬᠤᠯᠪᠤᠯᠳᠤᠬᠰᠠᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠨᠠᠶᠠᠨ ᠲᠦᠷᠪᠡᠳᠦᠭᠡᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠬᠤᠪᠢ ᠡᠵᠡᠮᠳᠡᠭᠰᠡᠨ ᠪᠡᠯᠡ | ᠭᠠᠷᠭᠠᠬᠴᠢ᠂ ᠪᠤᠳᠠᠳᠠᠢ ᠡᠵᠡᠮᠰᠢᠭᠴᠢ᠂ ᠬᠡᠷᠡᠭ ᠮᠡᠳᠡᠭᠴᠢ᠂ ᠬᠡᠷᠡᠭ ᠬᠢᠨᠠᠬᠴᠢ᠂ ᠲᠡᠭᠡᠳᠦ ᠵᠡᠷᠭᠡ ᠶᠢᠨ | ᠬᠠᠮᠢᠶᠠᠷᠤᠯᠳᠡ ᠶᠢᠨ ᠠᠵᠢᠯᠳᠡᠨ ᠬᠤᠯᠪᠤᠬᠳᠠᠯᠲᠤ ᠬᠠᠷᠢᠴᠠᠭ᠎ᠠ ᠪᠠᠨ ᠠᠰᠢᠬᠯᠠᠨ ᠬᠠᠦᠯᠢ ᠶᠢᠨ ᠬᠦᠮᠦᠨ ᠤ ᠠᠰᠢᠭ | ᠲᠤᠰᠠ ᠶᠢ ᠬᠤᠬᠢᠷᠠᠭᠤᠯᠵᠦ ᠪᠤᠯᠬᠤ ᠦᠭᠡᠢ︔ ᠬᠤᠯᠪᠤᠬᠳᠠᠯᠲᠤ ᠬᠠᠷᠢᠴᠠᠭ᠎ᠠ ᠪᠠᠨ ᠠᠰᠢᠬᠯᠠᠨ ᠬᠠᠦᠯᠢ ᠶᠢᠨ | ᠬᠦᠮᠦᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ᠃ | ᠨᠠᠶᠠᠨ ᠲᠠᠪᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠤ ᠡᠷᠭᠡᠳᠦ ᠪᠠᠶᠢᠭᠤᠯᠤᠮᠵᠢ᠂ ᠬᠦᠢᠴᠡᠳᠭᠡᠬᠦ | ᠪᠠᠶᠢᠭᠤᠯᠤᠮᠵᠢ ᠶᠢᠨ ᠰᠢᠢᠳᠪᠦᠷᠢ ᠭᠠᠷᠭᠠᠬᠤ ᠬᠤᠷᠠᠯ ᠢ ᠬᠤᠷᠠᠯᠳᠤᠭᠤᠯᠬᠤ ᠵᠢᠷᠤᠮ᠂ ᠪᠠᠳᠤᠯᠠᠬᠤ ᠠᠷᠭ᠎ᠠ ᠬᠡᠯᠪᠡᠷᠢ ᠨᠢ | ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ᠂ ᠬᠠᠦᠯᠢ ᠶᠢᠨ ᠬᠦᠮᠦᠨ ᠤ ᠲᠦᠷᠢᠮ ᠢ ᠵᠦᠷᠢᠴᠡᠭᠰᠡᠨ᠂ | ᠡᠰᠡᠬᠦᠯ᠎ᠠ ᠰᠢᠢᠳᠪᠤᠷᠢ ᠶᠢᠨ ᠠᠭᠤᠯᠭ᠎ᠠ ᠨᠢ ᠬᠠᠦᠯᠢ ᠶᠢᠨ ᠬᠦᠮᠦᠨ ᠤ ᠲᠦᠷᠢᠮ ᠢ ᠵᠦᠷᠢᠴᠡᠭᠰᠡᠨ ᠪᠠᠶᠢᠪᠠᠯ᠂ ᠠᠰᠢᠭ | ᠬᠤᠨᠵᠢᠪᠤᠷᠢᠳᠦ ᠬᠠᠦᠯᠢ ᠶᠢᠨ ᠬᠦᠮᠦᠨ ᠤ ᠪᠡᠯᠡ ᠭᠠᠷᠭᠠᠬᠴᠢ ᠨᠢ ᠠᠷᠠᠳ ᠤᠨ ᠰᠢᠬᠦᠬᠦ ᠬᠤᠷᠢᠶ᠎ᠠ ᠳᠤ ᠲᠣᠰ | ᠰᠢᠢᠳᠪᠦᠷᠢ ᠶᠢ ᠬᠦᠴᠦᠨ ᠦᠭᠡᠢ ᠪᠤᠯᠭᠠᠭᠤᠯᠬᠤ ᠪᠠᠷ ᠭᠤᠶᠤᠴᠢᠯᠠᠵᠦ ᠪᠤᠯᠤᠨ᠎ᠠ᠃ ᠬᠡᠪᠡᠴᠦ ᠠᠰᠢᠬ ᠬᠤᠨᠵᠢᠪᠤᠷᠢᠳᠦ | ᠬᠠᠦᠯᠢ ᠶᠢᠨ ᠬᠦᠮᠦᠨ ᠤ ᠲᠤᠰ ᠰᠢᠢᠳᠪᠤᠷᠢ ᠳᠤ ᠦᠨᠳᠦᠰᠦᠯᠡᠵᠦ ᠰᠠᠶᠢᠨ ᠰᠠᠨᠠᠭᠠᠳᠦ ᠬᠠᠷᠢᠴᠠᠩᠭᠤᠢ ᠬᠦᠮᠦᠨ ᠯᠦᠭᠡ | ᠪᠦᠷᠢᠯᠳᠦᠬᠦᠯᠦᠭᠰᠡᠨ ᠢᠷᠭᠡᠨ ᠤ ᠬᠡᠷᠡᠭ ᠤᠨ ᠬᠠᠦᠯᠢ ᠴᠠᠭᠠᠵᠠ ᠶᠢᠨ ᠬᠠᠷᠢᠴᠠᠭ᠎ᠠ ᠡᠬᠦᠨ ᠳᠤ ᠨᠦᠯᠦᠭᠡᠯᠡᠭᠳᠡᠬᠦ ᠦᠭᠡᠢ᠃ | ᠨᠠᠶᠠᠨ ᠵᠢᠷᠭᠤᠳᠤᠭᠠᠷ ᠵᠦᠢᠯ ᠠᠰᠢᠬ ᠬᠤᠨᠵᠢᠪᠤᠷᠢᠳᠦ ᠬᠠᠦᠯᠢ ᠶᠢᠨ ᠬᠦᠮᠦᠨ ᠡᠵᠡᠩᠨᠡᠯᠳᠡ ᠶᠢᠨ ᠠᠵᠢᠯᠯᠠᠭ᠎ᠠ | ᠬᠢᠬᠦ ᠳᠡᠭᠡᠨ᠂ ᠬᠤᠳᠠᠯᠳᠤᠭᠠᠨ ᠤ ᠶᠤᠰᠤ ᠮᠤᠷᠠᠯ ᠢ ᠵᠢᠷᠤᠮᠯᠠᠨ ᠰᠠᠬᠢᠵᠦ᠂ ᠠᠷᠠᠯᠵᠢᠶᠠᠨ ᠤ ᠠᠮᠤᠷ ᠲᠦᠪᠰᠢᠨ ᠢ | ᠬᠠᠮᠠᠭᠠᠯᠠᠵᠦ᠂ ᠵᠠᠰᠠᠭ ᠤᠨ ᠤᠷᠳᠤᠨ ᠪᠤᠯᠤᠨ ᠨᠠᠶᠢᠭᠡᠮ ᠤᠨ ᠬᠢᠨᠠᠯᠳᠡ ᠶᠢ ᠬᠦᠯᠢᠶᠡᠵᠦ᠂ ᠨᠠᠶᠢᠭᠡᠮ ᠤᠨ | ᠬᠠᠷᠢᠭᠤᠴᠠᠯᠭ᠎ᠠ ᠶᠢ ᠡᠬᠦᠷᠭᠡᠯᠡᠬᠦ ᠬᠡᠷᠡᠭᠳᠠᠢ᠃ | ᠭᠤᠷᠪᠠᠳᠤᠭᠠᠷ ᠬᠡᠰᠡᠭ ᠠᠰᠢᠭ ᠬᠤᠨᠵᠢᠪᠤᠷᠢᠳᠦ ᠪᠤᠰᠤ ᠬᠠᠦᠯᠢ ᠶᠢᠨ ᠬᠦᠮᠦᠨ | ᠨᠠᠶᠠᠨ ᠲᠤᠯᠤᠳᠤᠭᠠᠷ ᠵᠦᠢᠯ ᠨᠠᠶᠢᠳᠡ ᠶᠢᠨ ᠠᠰᠠᠷᠠᠮᠵᠢ ᠶᠢᠨ ᠵᠤᠷᠢᠯᠭ᠎ᠠ ᠪᠤᠶᠤ ᠠᠰᠢᠭ ᠬᠤᠨᠵᠢᠪᠤᠷᠢ ᠶᠢᠨ ᠪᠤᠰᠤ | ᠪᠤᠰᠤᠳ ᠵᠤᠷᠢᠯᠭ᠎ᠠ ᠪᠠᠷ ᠪᠠᠶᠢᠭᠤᠯᠤᠬᠳᠠᠵᠦ᠂ ᠪᠡᠯᠡ ᠭᠠᠷᠭᠠᠬᠴᠢ᠂ ᠪᠠᠶᠢᠭᠤᠯᠤᠬᠴᠢ ᠪᠣᠶᠣ ᠭᠡᠰᠢᠭᠦᠨ ᠳᠤ ᠤᠯᠤᠬᠰᠠᠨ | ᠠᠰᠢᠭ ᠣᠯᠵᠠᠪᠤᠷᠢ ᠪᠠᠨ ᠬᠤᠪᠢᠶᠠᠷᠢᠯᠠᠬᠤ ᠦᠭᠡᠢ ᠬᠠᠦᠯᠢ ᠶᠢᠨ ᠬᠦᠮᠦᠨ ᠪᠤᠯ ᠠᠰᠢᠭ ᠬᠤᠨᠵᠢᠪᠤᠷᠢᠳᠦ ᠪᠤᠰᠤ | ᠬᠠᠦᠯᠢ ᠶᠢᠨ ᠬᠦᠮᠦᠨ ᠮᠦᠨ᠃ | ᠠᠰᠢᠭ ᠬᠤᠨᠵᠢᠪᠤᠷᠢᠳᠦ ᠪᠤᠰᠤ ᠬᠠᠦᠯᠢ ᠶᠢᠨ ᠬᠦᠮᠦᠨ ᠳᠤ ᠠᠵᠢᠯ ᠦᠢᠯᠡᠰ ᠤᠨ ᠨᠢᠭᠡᠴᠢ᠂ ᠨᠠᠶᠢᠭᠡᠮ ᠤᠨ ᠪᠦᠯᠬᠦᠮ᠂ | ᠰᠠᠭᠤᠷᠢ ᠮᠦᠡᠭᠭᠦᠨ ᠤ ᠨᠠᠶᠢᠭᠡᠮᠯᠢᠭ᠂ ᠨᠠᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠪᠠᠭᠳᠠᠨ᠎ᠠ᠃ | ᠨᠠᠶᠠᠨ ᠨᠠᠢᠮᠠᠳᠤᠭᠠᠷ ᠵᠦᠢᠯ ᠬᠠᠦᠯᠢ ᠶᠢᠨ ᠬᠦᠮᠦᠨ ᠤ ᠨᠦᠬᠦᠴᠡᠯ ᠢ ᠪᠦᠷᠢᠳᠦᠬᠦᠯᠵᠦ᠂ ᠠᠵᠦ ᠠᠬᠤᠢ ᠨᠠᠶᠢᠭᠡᠮ ᠤᠨ | ᠭᠦᠭᠵᠢᠯᠳᠡ ᠶᠢᠨ ᠭᠡᠷᠡᠭᠴᠡᠭᠡ ᠳᠤ ᠵᠣᠭᠢᠴᠠᠭᠤᠯᠤᠨ᠂ ᠨᠠᠶᠢᠳᠠ ᠶᠢᠨ ᠠᠰᠠᠷᠠᠮᠵᠢ ᠶᠢᠨ ᠦᠢᠯᠡᠴᠢᠯᠡᠭᠡ ᠬᠠᠨᠭ᠍ᠭᠠᠬᠤ ᠶᠢᠨ | ᠲᠦᠯᠦᠭᠡ ᠪᠠᠶᠢᠭᠤᠯᠬᠤ ᠠᠵᠢᠯ ᠦᠢᠯᠡᠰ ᠤᠨ ᠨᠢᠭᠡᠴᠢ ᠨᠢ ᠬᠠᠦᠯᠢ ᠶᠤᠰᠤᠭᠠᠷ ᠲᠠᠩᠰᠠᠯᠠᠭᠤᠯᠬᠤ ᠪᠠᠷ ᠲᠠᠮᠵᠢᠨ | ᠪᠠᠶᠢᠭᠤᠯᠤᠬᠳᠠᠵᠦ᠂ ᠠᠵᠢᠯ ᠦᠢᠯᠡᠰ ᠤᠨ ᠨᠢᠭᠡᠴᠢ ᠬᠠᠦᠯᠢ ᠶᠢᠨ ᠬᠦᠮᠦᠨ ᠤ ᠬᠢᠷᠢ ᠭᠡᠮ ᠢ ᠤᠯᠤᠨ᠎ᠠ︔ ᠬᠠᠦᠯᠢ | ᠶᠤᠰᠤᠭᠠᠷ ᠬᠠᠦᠯᠢ ᠶᠢᠨ ᠬᠦᠮᠦᠨ ᠤ ᠲᠠᠩᠰᠠᠯᠠᠯᠳᠡ ᠬᠢᠯᠭᠡᠬᠦ ᠴᠢᠬᠤᠯᠠ ᠦᠭᠡᠢ ᠪᠠᠶᠢᠪᠠᠯ᠂ ᠪᠠᠶᠢᠭᠤᠯᠤᠬᠳᠠᠬᠰᠠᠨ | ᠡᠳᠤᠷ ᠠᠴᠠ ᠪᠠᠨ ᠡᠬᠢᠯᠡᠨ ᠠᠵᠢᠯ ᠦᠢᠯᠡᠰ ᠤᠨ ᠨᠢᠭᠡᠴᠢ ᠬᠠᠦᠯᠢ ᠶᠢᠨ ᠬᠦᠮᠦᠨ ᠤ ᠬᠢᠷᠢ ᠭᠡᠮ ᠲᠠᠢ ᠪᠤᠯᠤᠨ᠎ᠠ᠃ | ᠨᠠᠶᠠ ᠶᠢᠰᠦᠳᠦᠭᠡᠷ ᠵᠦᠢᠯ ᠠᠵᠢᠯ ᠦᠢᠯᠡᠰ ᠤᠨ ᠨᠢᠭᠡᠴᠢ ᠬᠠᠦᠯᠢ ᠶᠢᠨ ᠬᠦᠮᠦᠨ ᠬᠡᠷᠡᠭ ᠡᠷᠬᠢᠯᠡᠭᠴᠢᠳ ᠤᠨ ᠬᠤᠷᠠᠯ | ᠪᠠᠶᠢᠭᠤᠯᠤᠬᠰᠠᠨ ᠪᠠᠶᠢᠪᠠᠯ᠂ ᠬᠠᠣᠯᠢ ᠴᠠᠭᠠᠵᠠ ᠳᠤ ᠠᠰᠳᠠᠭᠠᠨ ᠲᠣᠭᠳᠠᠭᠠᠯ ᠲᠠᠢ ᠪᠠᠶᠢᠬᠤ ᠶᠢ ᠭᠠᠷᠭᠠᠪᠠᠯ᠂ ᠬᠡᠷᠡᠭ | ᠡᠷᠬᠢᠯᠡᠭᠴᠢᠳ ᠤᠨ ᠬᠤᠷᠠᠯ ᠨᠢ ᠲᠡᠬᠦᠨ ᠤ ᠪᠤᠳᠤᠯᠭ᠎ᠠ ᠲᠤᠬᠳᠠᠭᠠᠬᠤ ᠪᠠᠶᠢᠭᠤᠯᠤᠮᠵᠢ ᠮᠦᠨ᠃ ᠠᠵᠢᠯ ᠦᠢᠯᠡᠰ ᠤᠨ | ᠨᠢᠭᠡᠴᠢ ᠬᠠᠦᠯᠢ ᠶᠢᠨ ᠬᠦᠮᠦᠨ ᠤ ᠬᠠᠦᠯᠢ ᠪᠠᠷ ᠲᠤᠬᠳᠠᠭᠠᠬᠰᠠᠨ ᠲᠦᠯᠦᠭᠡᠯᠡᠭᠴᠢ ᠶᠢ ᠬᠠᠣᠯᠢ ᠴᠠᠭᠠᠵᠠ᠂ ᠵᠠᠰᠠᠭ | ᠵᠠᠭᠢᠷᠭᠠᠨ ᠤ ᠬᠠᠣᠯᠢ ᠲᠣᠭᠳᠠᠭᠠᠯ ᠪᠣᠶᠣ ᠬᠠᠦᠯᠢ ᠶᠢᠨ ᠬᠦᠮᠦᠨ ᠤ ᠲᠦᠷᠢᠮ ᠤᠨ ᠲᠤᠬᠳᠠᠭᠠᠯ ᠶᠤᠰᠤᠭᠠᠷ ᠪᠤᠢ | ᠪᠤᠯᠭᠠᠨ᠎ᠠ᠃ | ᠶᠡᠷᠡᠳᠣᠭᠡᠷ ᠵᠦᠢᠯ ᠬᠠᠦᠯᠢ ᠶᠢᠨ ᠬᠦᠮᠦᠨ ᠤ ᠨᠦᠬᠦᠴᠡᠯ ᠢ ᠪᠦᠷᠢᠳᠦᠬᠦᠯᠵᠦ᠂ ᠬᠡᠰᠢᠬᠦᠳ ᠤᠨ ᠬᠠᠮᠳᠦ ᠶᠢᠨ ᠬᠦᠰᠡᠯ | ᠰᠠᠨᠠᠭ᠎ᠠ ᠳᠤ ᠰᠠᠭᠤᠷᠢᠯᠠᠨ᠂ ᠨᠠᠶᠢᠳᠡ ᠶᠢᠨ ᠠᠰᠠᠷᠠᠮᠵᠢ ᠶᠢᠨ ᠵᠤᠷᠢᠯᠭ᠎ᠠ ᠪᠤᠶᠤ ᠬᠡᠰᠢᠬᠦᠳ ᠤᠨ ᠬᠠᠮᠳᠦ ᠶᠢᠨ ᠠᠰᠢᠭ | ᠲᠤᠰᠠ ᠵᠡᠷᠭᠡ ᠠᠰᠢᠭ ᠬᠤᠨᠵᠢᠪᠤᠷᠢ ᠶᠢᠨ ᠪᠤᠰᠤ ᠵᠤᠷᠢᠯᠭ᠎ᠠ ᠪᠠᠷ ᠪᠠᠶᠢᠭᠤᠯᠬᠤ ᠨᠠᠶᠢᠭᠡᠮ ᠤᠨ ᠪᠦᠯᠬᠦᠮ ᠨᠢ ᠬᠠᠦᠯᠢ | ᠶᠤᠰᠤᠭᠠᠷ ᠲᠠᠩᠰᠠᠯᠠᠭᠤᠯᠬᠤ ᠪᠠᠷ ᠲᠠᠮᠵᠢᠨ ᠪᠠᠶᠢᠭᠤᠯᠤᠬᠳᠠᠵᠦ᠂ ᠨᠠᠶᠢᠭᠡᠮ ᠤᠨ ᠪᠦᠯᠬᠦᠮ ᠬᠠᠦᠯᠢ ᠶᠢᠨ ᠬᠦᠮᠦᠨ ᠤ ᠬᠢᠷᠢ | ᠭᠡᠮ ᠢ ᠤᠯᠤᠨ᠎ᠠ︔ ᠬᠠᠦᠯᠢ ᠶᠤᠰᠤᠭᠠᠷ ᠬᠠᠦᠯᠢ ᠶᠢᠨ ᠬᠦᠮᠦᠨ ᠤ ᠲᠠᠩᠰᠠᠯᠠᠯᠳᠡ ᠬᠢᠯᠭᠡᠬᠦ ᠴᠢᠬᠤᠯᠠ ᠦᠭᠡᠢ ᠪᠠᠶᠢᠪᠠᠯ᠂ | ᠪᠠᠶᠢᠭᠤᠯᠤᠬᠳᠠᠬᠰᠠᠨ ᠡᠳᠤᠷ ᠠᠴᠠ ᠪᠠᠨ ᠡᠬᠢᠯᠡᠨ ᠨᠠᠶᠢᠭᠡᠮ ᠤᠨ ᠪᠦᠯᠬᠦᠮ ᠬᠠᠦᠯᠢ ᠶᠢᠨ ᠬᠦᠮᠦᠨ ᠤ ᠬᠢᠷᠢ ᠭᠡᠮ ᠲᠠᠢ | ᠪᠤᠯᠤᠨ᠎ᠠ᠃ | ᠶᠡᠷᠡᠨ ᠨᠢᠭᠡᠳᠦᠭᠡᠷ ᠵᠦᠢᠯ ᠨᠠᠶᠢᠭᠡᠮ ᠤᠨ ᠪᠦᠯᠬᠦᠮ ᠬᠠᠦᠯᠢ ᠶᠢᠨ ᠬᠦᠮᠦᠨ ᠢ ᠪᠠᠶᠢᠭᠤᠯᠬᠤ ᠳᠤ ᠬᠠᠦᠯᠢ ᠶᠤᠰᠤᠭᠠᠷ | ᠬᠠᠦᠯᠢ ᠶᠢᠨ ᠬᠦᠮᠦᠨ ᠤ ᠲᠦᠷᠢᠮ ᠲᠤᠬᠳᠠᠭᠠᠬᠤ ᠬᠡᠷᠡᠭᠳᠠᠢ᠃ | ᠨᠠᠶᠢᠭᠡᠮ ᠤᠨ ᠪᠦᠯᠬᠦᠮ ᠬᠠᠦᠯᠢ ᠶᠢᠨ ᠬᠦᠮᠦᠨ ᠬᠡᠰᠢᠬᠦᠳ ᠤᠨ ᠶᠡᠭᠡ ᠬᠤᠷᠠᠯ ᠪᠤᠶᠤ ᠬᠡᠰᠢᠬᠦᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠡᠷᠭᠡ ᠡᠷᠭᠡᠳᠦ ᠪᠠᠶᠢᠭᠤᠯᠤᠮᠵᠢ ᠪᠠᠶᠢᠭᠤᠯᠬᠤ ᠬᠡᠷᠡᠭᠳᠠᠢ᠃ | ᠨᠠᠶᠢᠭᠡᠮ ᠤᠨ ᠪᠦᠯᠬᠦᠮ ᠬᠠᠦᠯᠢ ᠶᠢᠨ ᠬᠦᠮᠦᠨ ᠬᠡᠷᠡᠭ ᠡᠷᠬᠢᠯᠡᠭᠴᠢᠳ ᠤᠨ ᠬᠤᠷᠠᠯ ᠵᠡᠷᠭᠡ ᠬᠦᠢᠴᠡᠳᠭᠡᠬᠦ ᠪᠠᠶᠢᠭᠤᠯᠤᠮᠵᠢ | ᠪᠠᠶᠢᠭᠤᠯᠬᠤ ᠬᠡᠷᠡᠭᠳᠠᠢ᠃ ᠬᠡᠷᠡᠭ ᠡᠷᠬᠢᠯᠡᠭᠴᠢᠳ ᠤᠨ ᠲᠠᠷᠤᠭ᠎ᠠ ᠪᠤᠶᠤ ᠨᠠᠶᠢᠭᠡᠮᠯᠢᠭ ᠤᠨ ᠲᠠᠷᠤᠭ᠎ᠠ ᠵᠡᠷᠭᠡ | ᠬᠠᠷᠢᠭᠤᠴᠠᠯᠭᠠᠳᠡᠨ ᠨᠢ ᠬᠠᠦᠯᠢ ᠶᠢᠨ ᠬᠦᠮᠦᠨ ᠤ ᠲᠦᠷᠢᠮ ᠤᠨ ᠲᠤᠬᠳᠠᠭᠠᠯ ᠶᠤᠰᠤᠭᠠᠷ ᠬᠠᠦᠯᠢ ᠪᠠᠷ ᠲᠤᠬᠳᠠᠭᠠᠬᠰᠠᠨ | ᠲᠦᠯᠦᠭᠡᠯᠡᠭᠴᠢ ᠪᠤᠯᠤᠨ᠎ᠠ᠃ | ᠶᠡᠷᠡᠨ ᠬᠤᠶᠠᠳᠣᠭᠠᠷ ᠵᠦᠢᠯ ᠬᠠᠦᠯᠢ ᠶᠢᠨ ᠬᠦᠮᠦᠨ ᠤ ᠨᠦᠬᠦᠴᠡᠯ ᠢ ᠪᠦᠷᠢᠳᠦᠬᠦᠯᠵᠦ᠂ ᠨᠠᠶᠢᠳᠡ ᠶᠢᠨ ᠠᠰᠠᠷᠠᠮᠵᠢ ᠶᠢᠨ | ᠵᠤᠷᠢᠯᠭ᠎ᠠ ᠪᠠᠷ᠂ ᠬᠠᠨᠳᠢᠪᠯᠡᠨ ᠲᠤᠰᠠᠯᠠᠭᠰᠠᠨ ᠡᠳ᠋ ᠬᠦᠷᠦᠩᠭᠡ ᠪᠠᠷ ᠪᠠᠶᠢᠭᠤᠯᠬᠤ ᠰᠠᠭᠤᠷᠢ ᠮᠦᠡᠭᠭᠦᠨ ᠤ ᠨᠠᠶᠢᠭᠡᠮᠯᠢᠭ᠂ | ᠨᠠᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢ ᠬᠠᠦᠯᠢ ᠶᠤᠰᠤᠭᠠᠷ ᠲᠠᠩᠰᠠᠯᠠᠭᠤᠯᠬᠤ ᠪᠠᠷ ᠲᠠᠮᠵᠢᠨ | ᠪᠠᠶᠢᠭᠤᠯᠤᠬᠳᠠᠵᠦ᠂ ᠬᠠᠨᠳᠢᠪᠯᠡᠨ ᠲᠤᠰᠠᠯᠠᠬᠤ ᠬᠠᠦᠯᠢ ᠶᠢᠨ ᠬᠦᠮᠦᠨ ᠤ ᠬᠢᠷᠢ ᠬᠡᠮ ᠢ ᠤᠯᠤᠨ᠎ᠠ᠃ | ᠬᠠᠦᠯᠢ ᠶᠤᠰᠤᠭᠠᠷ ᠪᠠᠶᠢᠭᠤᠯᠤᠬᠰᠠᠨ ᠱᠠᠰᠢᠨ ᠰᠤᠷᠳᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠨᠢ ᠬᠠᠦᠯᠢ ᠶᠢᠨ | ᠬᠦᠮᠦᠨ ᠤ ᠨᠦᠬᠦᠴᠡᠯ ᠢ ᠪᠦᠷᠢᠳᠦᠬᠦᠯᠦᠭᠰᠡᠨ ᠪᠠᠶᠢᠪᠠᠯ᠂ ᠬᠠᠦᠯᠢ ᠶᠢᠨ ᠬᠦᠮᠦᠨ ᠤ ᠲᠠᠩᠰᠠᠯᠠᠯᠳᠡ ᠬᠢᠯᠬᠡᠵᠦ ᠬᠠᠨᠳᠢᠪᠯᠡᠨ | ᠲᠤᠰᠠᠯᠠᠬᠤ ᠬᠠᠦᠯᠢ ᠶᠢᠨ ᠬᠦᠮᠦᠨ ᠤ ᠬᠢᠷᠢ ᠬᠡᠮ ᠤᠯᠬᠤ ᠪᠠᠷ ᠭᠤᠶᠤᠴᠢᠯᠠᠵᠤ ᠪᠤᠯᠤᠨ᠎ᠠ᠃ ᠬᠠᠣᠯᠢ ᠴᠠᠭᠠᠵᠠ᠂ ᠵᠠᠰᠠᠭ | ᠵᠠᠭᠢᠷᠭᠠᠨ ᠤ ᠬᠠᠣᠯᠢ ᠲᠣᠭᠳᠠᠭᠠᠯ ᠳᠤ ᠱᠠᠰᠢᠨ ᠰᠣᠷᠳᠠᠬᠤᠨ ᠤ ᠠᠵᠢᠯᠯᠠᠭ᠎ᠠ ᠶᠢᠨ ᠲᠠᠯᠠᠪᠦᠷ ᠭᠠᠵᠠᠷ ᠤᠨ ᠲᠣᠬᠠᠢ | ᠲᠣᠭᠳᠠᠭᠠᠯ ᠲᠠᠢ ᠪᠠᠶᠢᠪᠠᠯ᠂ ᠲᠡᠷᠡ ᠲᠣᠭᠳᠠᠭᠠᠯ ᠶᠤᠰᠤᠭᠠᠷ ᠶᠠᠪᠤᠭᠤᠯᠤᠨ᠎ᠠ᠃ | ᠶᠡᠷᠡᠨ ᠭᠤᠷᠪᠠᠳᠣᠭᠠᠷ ᠵᠦᠢᠯ ᠬᠠᠨᠳᠢᠪᠯᠡᠨ ᠲᠤᠰᠠᠯᠠᠬᠤ ᠬᠠᠦᠯᠢ ᠶᠢᠨ ᠬᠦᠮᠦᠨ ᠢ ᠪᠠᠶᠢᠭᠤᠯᠬᠤ ᠳᠤ ᠬᠠᠦᠯᠢ ᠶᠤᠰᠤᠭᠠᠷ | ᠬᠠᠦᠯᠢ ᠶᠢᠨ ᠬᠦᠮᠦᠨ ᠤ ᠲᠦᠷᠢᠮ ᠲᠤᠬᠳᠠᠭᠠᠬᠤ ᠬᠡᠷᠡᠭᠳᠠᠢ᠃ | ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠭᠡᠷᠡᠭ ᠡᠷᠬᠢᠯᠡᠭᠴᠢᠦᠠ ᠤᠨ ᠬᠤᠷᠡᠯ᠂ ᠠᠷᠠᠳᠴᠢᠯᠠᠯ ᠢᠶᠠᠷ ᠬᠠᠮᠢᠶᠠᠷᠬᠤ | ᠵᠤᠬᠢᠶᠠᠨ ᠪᠠᠶᠢᠭᠤᠯᠤᠯᠲᠠ ᠵᠡᠷᠭᠡ ᠪᠤᠳᠤᠯᠭ᠎ᠠ ᠲᠤᠭᠲᠠᠭᠠᠬᠤ ᠪᠠᠶᠢᠭᠤᠯᠤᠮᠵᠢ ᠶᠢ ᠪᠠᠶᠢᠭᠤᠯᠬᠤ ᠪᠦᠭᠡᠳ ᠭᠦᠢᠴᠡᠳᠭᠡᠬᠦ | ᠪᠠᠶᠢᠭᠤᠯᠤᠮᠵᠢ ᠪᠠᠶᠢᠭᠤᠯᠬᠤ ᠭᠡᠷᠡᠭᠲᠡᠢ᠃ ᠬᠡᠷᠡᠭ ᠡᠷᠬᠢᠯᠡᠭᠴᠢᠳ ᠤᠨ ᠲᠠᠷᠤᠭ᠎ᠠ ᠵᠡᠷᠭᠡ ᠬᠠᠷᠢᠭᠤᠴᠠᠯᠭᠠᠲᠠᠨ ᠨᠢ | ᠬᠠᠤᠯᠢ ᠶᠢᠨ ᠬᠦᠮᠦᠨ ᠤ ᠲᠦᠷᠢᠮ ᠤᠨ ᠲᠤᠭᠲᠠᠭᠠᠯ ᠶᠤᠰᠤᠭᠠᠷ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠯᠤᠨ᠎ᠠ | ᠃ | ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠬᠡᠷᠡᠭ ᠬᠢᠨᠠᠭᠴᠢᠳ ᠤᠨ ᠬᠤᠷᠠᠯ ᠵᠡᠷᠭᠡ ᠬᠢᠨᠡᠯᠳᠡ ᠲᠠᠯᠪᠢᠬᠤ | ᠪᠠᠶᠢᠭᠤᠯᠤᠮᠵᠢ ᠶᠢ ᠪᠠᠶᠢᠭᠤᠯᠬᠤ ᠭᠡᠷᠡᠭᠲᠡᠢ᠃ | ᠶᠡᠷᠡᠨ ᠲᠦᠷᠪᠡᠳᠦᠭᠡᠷ ᠵᠦᠢᠯ ᠬᠠᠨᠳᠢᠪᠯᠡᠨ ᠲᠤᠰᠠᠯᠠᠬᠴᠢ ᠨᠢ ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠠᠴᠠ | ᠬᠠᠨᠳᠢᠪᠯᠡᠨ ᠲᠤᠰᠠᠯᠠᠭᠰᠠᠨ ᠡᠳ᠋ ᠬᠦᠷᠦᠩᠭᠡ ᠶᠢ ᠬᠡᠷᠡᠭᠯᠡᠵᠦ ᠬᠠᠮᠢᠶᠡᠷᠴᠤ ᠪᠠᠶᠢᠭ᠎ᠠ ᠪᠠᠶᠢᠳᠠᠯ ᠢ ᠪᠠᠶᠢᠴᠠᠭᠠᠨ ᠯᠠᠪᠯᠠᠵᠤ᠂ | ᠰᠠᠨᠠᠯ ᠰᠠᠨᠠᠭᠤᠯᠭ᠎ᠠ ᠲᠤᠷᠠᠳᠬᠤ ᠡᠷᠬᠡ ᠲᠠᠢ᠂ ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠴᠠᠭ ᠲᠤᠬᠠᠢ ᠳᠤᠨᠢ | ᠦᠨᠡᠨ ᠮᠥᠨ ᠢᠶᠠᠷ ᠨᠢ ᠬᠠᠷᠢᠭᠤ ᠦᠭᠭᠦ ᠬᠡᠷᠡᠭᠲᠠᠢ᠃ | ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠤ ᠪᠤᠳᠤᠯᠭ᠎ᠠ ᠲᠤᠭᠲᠠᠭᠠᠬᠤ ᠪᠠᠶᠢᠭᠤᠯᠤᠮᠵᠢ᠂ ᠭᠦᠢᠴᠡᠳᠭᠡᠬᠦ | ᠪᠠᠶᠢᠭᠤᠯᠤᠮᠵᠢ ᠪᠤᠶᠤ ᠬᠠᠤᠯᠢ ᠪᠠᠷ ᠲᠤᠭᠲᠠᠭᠠᠭᠰᠠᠨ ᠲᠦᠯᠥᠭᠡᠯᠡᠭᠴᠢ ᠶᠢᠨ ᠲᠤᠭᠳᠠᠭᠠᠯ ᠭᠠᠷᠭᠠᠬᠤ ᠵᠢᠷᠦᠮ ᠨᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠬᠠᠤᠯᠢ ᠶᠢᠨ ᠬᠦᠮᠦᠨ ᠤ ᠲᠦᠷᠢᠮ ᠢ ᠵᠥᠷᠢᠴᠡᠭᠰᠡᠨ᠂ | ᠡᠰᠡᠭᠦᠯ᠎ᠠ ᠲᠤᠭᠲᠠᠭᠠᠯ ᠤᠨ ᠠᠭᠤᠯᠭ᠎ᠠ ᠨᠢ ᠬᠠᠤᠯᠢ ᠶᠢᠨ ᠬᠦᠮᠦᠨ ᠤ ᠲᠦᠷᠢᠮ ᠢ ᠵᠥᠷᠢᠴᠡᠭᠰᠡᠨ ᠪᠠᠶᠢᠪᠡᠯ᠂ ᠬᠠᠨᠳᠢᠪᠯᠡᠨ | ᠲᠤᠰᠠᠯᠠᠬᠴᠢ ᠵᠡᠷᠭᠡ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠪᠤᠶᠤ ᠡᠷᠬᠢᠯᠡᠨ ᠬᠠᠮᠢᠶᠠᠷᠬᠤ ᠪᠠᠶᠢᠭᠤᠯᠭ᠎ᠠ ᠨᠢ | ᠠᠷᠠᠳ ᠤᠨ ᠰᠢᠭᠦᠬᠦ ᠬᠤᠷᠢᠶ᠎ᠠ ᠳᠤ ᠲᠣᠰ ᠲᠣᠭᠳᠠᠭᠠᠯ ᠢ ᠬᠦᠴᠦᠨ ᠦᠭᠡᠢ ᠪᠤᠯᠭᠠᠭᠤᠯᠬᠤ ᠪᠠᠷ ᠭᠤᠶᠤᠴᠢᠯᠠᠵᠤ | ᠪᠤᠯᠤᠨ᠎ᠠ᠃ ᠭᠡᠪᠡᠴᠤ ᠬᠠᠨᠳᠢᠪᠯᠡᠨ ᠲᠤᠰᠠᠯᠠᠬᠤ ᠬᠠᠤᠯᠢ ᠶᠢᠨ ᠬᠦᠮᠦᠨ ᠤ ᠲᠤᠰ ᠲᠤᠭᠳᠠᠭᠠᠯ ᠳᠤ ᠦᠨᠳᠦᠰᠦᠯᠡᠵᠦ | ᠰᠠᠶᠢᠨ ᠰᠠᠨᠠᠭᠠᠳᠤ ᠬᠠᠷᠢᠴᠠᠩᠭᠤᠢ ᠬᠦᠮᠦᠨ ᠯᠦᠭᠡ ᠪᠦᠷᠢᠯᠳᠦᠬᠦᠯᠦᠭᠰᠡᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ | ᠬᠠᠷᠢᠴᠠᠭ᠎ᠠ ᠡᠭᠦᠨ ᠳᠤ ᠨᠦᠯᠦᠭᠡᠯᠡᠭᠲᠡᠬᠦ ᠦᠭᠡᠢ᠃ | ᠶᠡᠷᠡᠨ ᠲᠠᠪᠣᠳᠣᠭᠠᠷ ᠵᠦᠢᠯ ᠨᠠᠶᠢᠳᠡ ᠶᠢᠨ ᠠᠰᠠᠷᠠᠮᠵᠢ ᠶᠢᠨ ᠵᠤᠷᠢᠯᠭ᠎ᠠ ᠪᠠᠷ ᠪᠠᠶᠢᠭᠤᠯᠤᠬᠳᠠᠭᠰᠠᠨ ᠠᠰᠢᠭ ᠬᠤᠨᠵᠢᠪᠤᠷᠢᠳᠦ | ᠪᠤᠰᠤ ᠬᠠᠦᠯᠢ ᠶᠢᠨ ᠬᠦᠮᠦᠨ ᠲᠠᠭᠤᠰᠬᠤ ᠦᠶ᠎ᠠ ᠳᠤ᠂ ᠪᠡᠯᠡ ᠭᠠᠷᠭᠠᠬᠴᠢ᠂ ᠪᠠᠶᠢᠭᠤᠯᠤᠬᠴᠢ ᠪᠣᠶᠣ ᠭᠡᠰᠢᠭᠦᠨ ᠳᠡᠭᠡᠨ | ᠦᠯᠡᠳᠡᠪᠤᠷᠢ ᠡᠳ᠋ ᠬᠦᠷᠦᠩᠭᠡ ᠶᠢ ᠬᠤᠪᠢᠶᠠᠷᠢᠯᠠᠵᠦ ᠪᠤᠯᠬᠤ ᠦᠭᠡᠢ᠃ ᠦᠯᠡᠳᠡᠪᠤᠷᠢ ᠡᠳ᠋ ᠬᠦᠷᠦᠩᠭᠡ ᠶᠢ ᠬᠠᠦᠯᠢ ᠶᠢᠨ | ᠬᠦᠮᠦᠨ ᠤ ᠲᠦᠷᠢᠮ ᠤᠨ ᠲᠤᠬᠳᠠᠭᠠᠯ ᠪᠤᠶᠤ ᠡᠷᠭᠡᠳᠦ ᠪᠠᠶᠢᠭᠤᠯᠤᠮᠵᠢ ᠶᠢᠨ ᠰᠢᠢᠳᠪᠤᠷᠢ ᠶᠤᠰᠤᠭᠠᠷ ᠨᠠᠶᠢᠳᠡ ᠶᠢᠨ | ᠠᠰᠠᠷᠠᠮᠵᠢ ᠶᠢᠨ ᠵᠤᠷᠢᠯᠭ᠎ᠠ ᠳᠤ ᠬᠡᠷᠡᠭᠯᠡᠬᠦ ᠬᠡᠷᠡᠭᠳᠠᠢ︔ ᠬᠠᠦᠯᠢ ᠶᠢᠨ ᠬᠦᠮᠦᠨ ᠤ ᠲᠦᠷᠢᠮ ᠤᠨ ᠲᠤᠬᠳᠠᠭᠠᠯ ᠪᠤᠶᠤ | ᠡᠷᠭᠡᠳᠦ ᠪᠠᠶᠢᠭᠤᠯᠤᠮᠵᠢ ᠶᠢᠨ ᠰᠢᠢᠳᠪᠤᠷᠢ ᠶᠤᠰᠤᠭᠠᠷ ᠰᠢᠢᠳᠪᠤᠷᠢᠯᠡᠭᠦ ᠶᠢᠨ ᠠᠷᠭ᠎ᠠ ᠦᠭᠡᠢ ᠪᠤᠯ᠂ ᠡᠷᠬᠢᠯᠡᠨ | ᠬᠠᠮᠢᠶᠠᠷᠬᠤ ᠪᠠᠶᠢᠭᠤᠯᠭ᠎ᠠ ᠠᠴᠠ ᠡᠷᠬᠢᠯᠡᠵᠦ ᠪᠠᠶᠢᠭᠠᠳ ᠵᠤᠷᠢᠯᠳᠡ ᠪᠠᠷ ᠠᠳᠠᠯᠢ ᠪᠤᠶᠤ ᠠᠳᠠᠯᠢᠪᠳᠤᠷ ᠬᠠᠦᠯᠢ ᠶᠢᠨ | ᠬᠦᠮᠦᠨ ᠳᠤ ᠰᠢᠯᠵᠢᠬᠦᠯᠦᠨ ᠦᠭᠭᠦ ᠪᠦᠭᠡᠳ ᠨᠠᠶᠢᠭᠡᠮ ᠨᠠᠶᠢᠳᠡ ᠳᠤ ᠵᠠᠷᠯᠡᠨ ᠨᠡᠶᠢᠳᠡᠯᠡᠨ᠎ᠠ᠃ | ᠲᠦᠷᠪᠡᠳᠦᠭᠡᠷ ᠬᠡᠰᠡᠭ ᠤᠨᠴᠠᠭᠠᠢ ᠬᠠᠤᠯᠢ ᠶᠢᠨ ᠬᠦᠮᠦᠨ | ᠶᠡᠷᠡᠨ ᠵᠢᠷᠭᠤᠳᠣᠭᠠᠷ ᠵᠦᠢᠯ ᠲᠤᠰ ᠬᠡᠰᠡᠭ ᠲᠤ ᠲᠤᠭᠲᠠᠭᠠᠭᠰᠠᠨ ᠠᠯᠪᠠᠨ ᠪᠠᠶᠢᠭᠤᠯᠭ᠎ᠠ ᠬᠠᠤᠯᠢ ᠶᠢᠨ ᠬᠦᠮᠦᠨ᠂ | ᠬᠦᠲᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠬᠠᠤᠯᠢ ᠶᠢᠨ ᠬᠦᠮᠦᠨ᠂ ᠬᠤᠳᠠ | ᠪᠠᠯᠭᠠᠰᠦ ᠭᠦᠳᠡᠭᠡ ᠲᠣᠰᠬᠤᠨ ᠤ ᠬᠤᠷᠰᠢᠬᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠬᠠᠤᠯᠢ ᠶᠢᠨ ᠬᠦᠮᠦᠨ᠂ | ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠬᠠᠤᠯᠢ ᠶᠢᠨ | ᠬᠦᠮᠦᠨ ᠪᠤᠯ ᠤᠨᠴᠠᠭᠠᠢ ᠬᠠᠤᠯᠢ ᠶᠢᠨ ᠬᠦᠮᠦᠨ ᠮᠦᠨ᠃ | ᠶᠡᠷᠡᠡ ᠲᠣᠯᠣᠳᠣᠭᠠᠷ ᠵᠦᠢᠯ ᠲᠤᠰᠠᠭᠠᠷ ᠵᠠᠷᠤᠲᠠᠯ ᠲᠠᠢ ᠪᠠᠶᠢᠭᠤᠯᠭ᠎ᠠ ᠪᠠ ᠵᠠᠰᠠᠭ ᠵᠠᠬᠢᠷᠭᠠᠨ ᠤ ᠡᠭᠦᠷᠭᠡ ᠴᠢᠳᠡᠪᠤᠷᠢ | ᠡᠭᠦᠷᠭᠡᠯᠡᠬᠦ ᠬᠠᠤᠯᠢ ᠪᠠᠷ ᠲᠤᠭᠳᠠᠭᠠᠭᠰᠠᠨ ᠪᠠᠶᠢᠭᠤᠯᠤᠮᠵᠢ ᠨᠢ ᠪᠠᠶᠢᠭᠤᠯᠤᠭᠳᠠᠭᠰᠠᠨ ᠡᠳᠤᠷ ᠠᠴᠠ ᠪᠠᠨ ᠡᠬᠢᠯᠡᠨ ᠠᠯᠪᠠᠨ | ᠪᠠᠶᠢᠭᠤᠯᠭ᠎ᠠ ᠬᠠᠤᠯᠢ ᠶᠢᠨ ᠬᠦᠮᠦᠨ ᠤ ᠬᠢᠷᠢ ᠭᠡᠮ ᠲᠠᠢ᠂ ᠡᠭᠦᠷᠭᠡ ᠴᠢᠳᠡᠪᠤᠷᠢ ᠪᠠᠨ ᠭᠦᠢᠴᠡᠳᠭᠡᠬᠦ ᠳᠤ ᠱᠠᠭᠠᠷᠳᠠᠭᠳᠠᠬᠤ | ᠢᠷᠭᠡᠨ ᠤ ᠬᠡᠷᠡᠭ ᠤᠨ ᠠᠵᠢᠯᠯᠠᠭ᠎ᠠ ᠶᠢ ᠡᠷᠬᠢᠯᠡᠵᠤ ᠪᠤᠯᠤᠨ᠎ᠠ᠃ | ᠶᠡᠷᠡᠨ ᠨᠠᠢᠮᠠᠳᠣᠭᠠᠷ ᠵᠦᠢᠯ ᠠᠯᠪᠠᠨ ᠪᠠᠶᠢᠭᠤᠯᠭ᠎ᠠ ᠬᠠᠤᠯᠢ ᠶᠢᠨ ᠬᠦᠮᠦᠨ ᠬᠦᠴᠦᠨ ᠦᠭᠡᠢ ᠪᠤᠯᠭᠠᠭᠳᠠᠭᠰᠠᠨ ᠪᠠᠶᠢᠪᠡᠯ᠂ | ᠬᠠᠤᠯᠢ ᠶᠢᠨ ᠬᠦᠮᠦᠨ ᠲᠠᠭᠤᠰᠤᠨ᠎ᠠ᠂ ᠢᠷᠭᠡᠨ ᠤ ᠬᠡᠷᠡᠭ ᠤᠨ ᠡᠷᠬᠡ ᠪᠠ ᠡᠭᠦᠷᠭᠡ ᠶᠢ ᠨᠢ ᠲᠤᠰᠢᠶᠠᠯ ᠵᠠᠯᠭᠠᠮᠵᠢᠯᠠᠬᠤ | ᠠᠯᠪᠠᠨ ᠪᠠᠶᠢᠭᠤᠯᠭ᠎ᠠ ᠬᠠᠤᠯᠢ ᠶᠢᠨ ᠬᠦᠮᠦᠨ ᠡᠳ᠋ᠯᠡᠭᠦ ᠪᠡ ᠡᠭᠦᠷᠭᠡᠯᠡᠨ᠎ᠠ︔ ᠲᠤᠰᠢᠶᠠᠯ ᠵᠠᠯᠭᠠᠮᠵᠢᠯᠠᠬᠤ ᠠᠯᠪᠠᠨ | ᠪᠠᠶᠢᠭᠤᠯᠭ᠎ᠠ ᠬᠠᠤᠯᠢ ᠶᠢᠨ ᠬᠦᠮᠦᠨ ᠦᠭᠡᠢ ᠪᠤᠯ᠂ ᠬᠦᠴᠦᠨ ᠦᠭᠡᠢ ᠪᠤᠯᠭᠠᠬᠤ ᠲᠤᠭᠳᠠᠭᠠᠯ ᠭᠠᠷᠭᠠᠭᠰᠠᠨ ᠠᠯᠪᠠᠨ | ᠪᠠᠶᠢᠭᠤᠯᠭ᠎ᠠ ᠬᠠᠤᠯᠢ ᠶᠢᠨ ᠬᠦᠮᠦᠨ ᠡᠳ᠋ᠯᠡᠭᠦ ᠪᠡ ᠡᠭᠦᠷᠭᠡᠯᠡᠨ᠎ᠠ᠃ | ᠶᠡᠷᠡ ᠶᠢᠰᠦᠳᠦᠭᠡᠷ ᠵᠦᠢᠯ ᠬᠦᠲᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠬᠠᠤᠯᠢ | ᠶᠤᠰᠤᠭᠠᠷ ᠬᠠᠤᠯᠢ ᠶᠢᠨ ᠬᠦᠮᠦᠨ ᠤ ᠬᠢᠷᠢ ᠬᠡᠮ ᠤᠯᠤᠨ᠎ᠠ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠬᠦᠲᠡᠭᠡ ᠲᠤᠰᠬᠤᠨ ᠤ ᠬᠠᠮᠳᠤ ᠶᠢᠨ ᠠᠵᠤ | ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠲᠤᠬᠠᠢ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ | ᠶᠠᠪᠤᠭᠤᠯᠤᠨ᠎ᠠ᠃ | ᠵᠠᠭᠤᠳᠣᠭᠠᠷ ᠵᠦᠢᠯ ᠬᠤᠲᠠ ᠪᠠᠯᠭᠠᠰᠤ ᠬᠦᠲᠡᠭᠡ ᠲᠤᠰᠬᠤᠨ ᠤ ᠬᠤᠷᠰᠢᠭᠰᠠᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠬᠠᠤᠯᠢ ᠶᠤᠰᠤᠭᠠᠷ ᠬᠠᠤᠯᠢ ᠶᠢᠨ ᠬᠦᠮᠦᠨ ᠤ ᠬᠢᠷᠢ ᠬᠡᠮ ᠤᠯᠤᠨ᠎ᠠ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠬᠤᠲᠠ ᠪᠠᠯᠭᠠᠰᠤ ᠬᠦᠲᠡᠭᠡ ᠲᠤᠰᠬᠤᠨ ᠤ | ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠲᠤᠬᠠᠢ ᠲᠤᠭᠲᠠᠭᠠᠯ ᠲᠠᠢ ᠪᠠᠶᠢᠪᠠᠯ᠂ ᠲᠡᠷᠡ | ᠲᠤᠭᠲᠠᠭᠠᠯ ᠶᠤᠰᠤᠭᠠᠷ ᠶᠠᠪᠤᠭᠤᠯᠤᠨ᠎ᠠ᠃ | ᠵᠠᠭᠤ ᠨᠢᠭᠡᠳᠦᠭᠡᠷ ᠵᠦᠢᠯ ᠰᠠᠭᠤᠭᠠᠯᠢ ᠠᠷᠠᠳ ᠤᠨ ᠵᠥᠪᠯᠡᠯ᠂ ᠲᠤᠰᠬᠤᠨ ᠤ ᠠᠷᠠᠳ ᠤᠨ ᠵᠥᠪᠯᠡᠯ ᠨᠢ ᠦᠨᠳᠦᠰᠦᠨ | ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠬᠠᠤᠯᠢ ᠶᠢᠨ ᠬᠦᠮᠦᠨ ᠤ | ᠬᠢᠷᠢ ᠬᠡᠮ ᠲᠠᠢ᠂ ᠡᠭᠦᠷᠭᠡ ᠴᠢᠳᠡᠪᠤᠷᠢ ᠪᠠᠨ ᠭᠦᠢᠴᠡᠳᠭᠡᠬᠦ ᠳᠤ ᠱᠠᠭᠠᠷᠳᠠᠭᠳᠠᠬᠤ ᠢᠷᠭᠡᠨ ᠤ ᠬᠡᠷᠡᠭ ᠤᠨ ᠠᠵᠢᠯᠯᠠᠭ᠎ᠠ ᠶᠢ | ᠡᠷᠬᠢᠯᠡᠵᠤ ᠪᠤᠯᠤᠨ᠎ᠠ᠃ | ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠠᠶᠢᠭᠤᠯᠤᠭᠰᠠᠨ ᠦᠭᠡᠢ ᠪᠤᠯ᠂ | ᠲᠤᠰᠬᠤᠨ ᠤ ᠠᠷᠠᠳ ᠤᠨ ᠵᠥᠪᠯᠡᠯ ᠬᠠᠤᠯᠢ ᠶᠤᠰᠤᠭᠠᠷ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠲᠠ ᠶᠢᠨ ᠡᠭᠦᠷᠭᠡ ᠴᠢᠳᠡᠪᠤᠷᠢ ᠶᠢ ᠤᠷᠤᠯᠠᠨ ᠭᠦᠢᠴᠡᠳᠭᠡᠵᠤ ᠪᠤᠯᠤᠨ᠎ᠠ᠃ | ᠲᠦᠷᠪᠡᠳᠦᠭᠡᠷ ᠪᠦᠯᠦᠭ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ | ᠵᠠᠭᠤ ᠬᠤᠶᠠᠳᠣᠭᠠᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠪᠣᠯ ᠬᠠᠤᠯᠢ ᠶᠢᠨ ᠬᠦᠮᠦᠨ ᠤ | ᠬᠢᠷᠢ ᠬᠡᠮ ᠦᠭᠡᠢ ᠪᠤᠯᠪᠠᠴᠤ ᠬᠠᠤᠯᠢ ᠶᠤᠰᠤᠭᠠᠷ ᠦᠪᠡᠷ ᠤᠨ ᠨᠡᠷ᠎ᠠ ᠪᠠᠷ ᠢᠶᠠᠨ ᠢᠷᠭᠡᠨ ᠤ ᠬᠡᠷᠡᠭ ᠤᠨ ᠠᠵᠢᠯᠯᠠᠭ᠎ᠠ | ᠡᠷᠬᠢᠯᠡᠵᠤ ᠪᠤᠯᠬᠤ ᠵᠤᠬᠢᠶᠠᠨ ᠪᠠᠶᠢᠭᠤᠯᠤᠯᠲᠠ ᠮᠦᠨ᠃ | ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠳᠤ ᠬᠤᠪᠢ ᠭᠦᠮᠦᠨ ᠤ ᠲᠤᠰᠠᠭᠠᠷ ᠪᠡᠯᠡᠳᠤ ᠠᠵᠤ ᠠᠬᠤᠶᠢᠯᠠᠯ᠂ | ᠬᠤᠷᠰᠢᠭᠰᠠᠨ ᠠᠵᠤ ᠠᠬᠤᠶᠢᠯᠠᠯ᠂ ᠬᠠᠤᠯᠢ ᠶᠢᠨ ᠬᠦᠮᠦᠨ ᠤ ᠬᠢᠷᠢ ᠬᠡᠮ ᠦᠭᠡᠢ ᠲᠤᠰᠬᠠᠢ ᠮᠡᠷᠭᠡᠵᠢᠯ ᠤᠨ | ᠤᠢᠢᠯᠡᠴᠢᠯᠡᠭᠡᠨ ᠤ ᠪᠠᠶᠢᠭᠤᠯᠤᠮᠵᠢ ᠵᠡᠷᠭᠡ ᠪᠠᠭᠳᠠᠨ᠎ᠠ᠃ | ᠵᠠᠭᠤ ᠭᠤᠷᠪᠠᠳᠣᠭᠠᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠬᠠᠤᠯᠢ ᠴᠠᠭᠠᠵᠠ ᠶᠢᠨ | ᠲᠤᠭᠲᠠᠭᠠᠯ ᠶᠤᠰᠤᠭᠠᠷ ᠲᠠᠩᠰᠠᠯᠠᠭᠤᠯᠬᠤ ᠭᠡᠷᠡᠭᠲᠡᠢ᠃ | ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠶᠢ ᠪᠠᠶᠢᠭᠤᠯᠬᠤ ᠳᠤ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠤᠭᠲᠠᠭᠠᠯ ᠳᠤ ᠬᠤᠯᠪᠤᠭᠳᠠᠯ ᠪᠦᠬᠦᠢ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠠᠢ ᠭᠡᠵᠤ | ᠲᠤᠭᠲᠠᠭᠠᠭᠰᠠᠨ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃ | ᠵᠠᠭᠤ ᠲᠦᠷᠪᠡᠳᠦᠭᠡᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠶᠢᠨ ᠡᠳ᠋ ᠬᠦᠷᠦᠩᠭᠡ ᠨᠢ | ᠥᠭᠴᠡᠭᠡ ᠶᠢ ᠢᠯᠭᠠᠷᠠᠭᠤᠯᠤᠨ ᠲᠦᠯᠦᠵᠦ ᠬᠦᠷᠬᠦ ᠦᠭᠡᠢ ᠪᠠᠶᠢᠪᠡᠯ᠂ ᠪᠡᠯᠡ ᠭᠠᠷᠭᠠᠭᠴᠢ ᠪᠤᠶᠤ ᠪᠠᠶᠢᠭᠤᠯᠤᠭᠴᠢ ᠨᠢ | ᠬᠢᠵᠠᠭᠠᠷ ᠦᠭᠡᠢ ᠬᠠᠷᠢᠭᠤᠴᠠᠯᠭ᠎ᠠ ᠡᠭᠦᠷᠭᠡᠯᠡᠨ᠎ᠠ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ | ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃ | ᠵᠠᠭᠤ ᠲᠠᠪᠣᠳᠣᠭᠠᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠨᠢᠭᠡ ᠬᠦᠮᠦᠨ ᠪᠤᠶᠤ ᠬᠡᠳᠤᠨ | ᠬᠦᠮᠦᠨ ᠢ ᠲᠤᠭᠲᠠᠭᠠᠵᠤ ᠲᠤᠰ ᠵᠤᠬᠢᠶᠠᠨ ᠪᠠᠶᠢᠭᠤᠯᠤᠯᠲᠠ ᠶᠢ ᠲᠥᠯᠥᠭᠡᠯᠡᠨ ᠢᠷᠭᠡᠨ ᠤ ᠬᠡᠷᠡᠭ ᠤᠨ ᠠᠵᠢᠯᠯᠠᠭ᠎ᠠ | ᠡᠷᠬᠢᠯᠡᠭᠦᠯᠵᠤ ᠪᠤᠯᠤᠨ᠎ᠠ᠃ | ᠵᠠᠭᠤ ᠵᠢᠷᠭᠤᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠶᠢᠨ ᠬᠦᠮᠦᠨ ᠪᠤᠰᠤ | ᠵᠤᠬᠢᠶᠠᠨ ᠪᠠᠶᠢᠭᠤᠯᠤᠯᠲᠠ ᠲᠠᠷᠬᠠᠨ᠎ᠠ᠄ | ︵ᠨᠢᠭᠡ︶ ᠲᠦᠷᠢᠮ ᠳᠤ ᠲᠤᠭᠲᠠᠭᠠᠭᠰᠠᠨ ᠦᠷᠭᠦᠯᠵᠢᠯᠡᠨ ᠤᠷᠤᠰᠢᠬᠤ ᠬᠤᠭᠤᠴᠠᠭ᠎ᠠ ᠨᠢ ᠲᠦᠭᠦᠷᠦᠭᠰᠡᠨ ᠪᠤᠶᠤ | ᠲᠦᠷᠢᠮ ᠳᠤ ᠲᠤᠭᠲᠠᠭᠠᠭᠰᠠᠨ ᠪᠤᠰᠤᠳ ᠳᠠᠷᠬᠠᠬᠤ ᠤᠴᠢᠷ ᠰᠢᠯᠳᠠᠭᠠᠨ ᠢᠯᠡᠷᠡᠭᠰᠡᠨ︔ | ︵ᠬᠤᠶᠠᠷ︶ ᠪᠡᠯᠡ ᠭᠠᠷᠭᠠᠭᠴᠢ ᠪᠤᠶᠤ ᠪᠠᠶᠢᠭᠤᠯᠤᠬᠴᠢ ᠨᠢ ᠲᠠᠷᠬᠠᠭᠠᠬᠤ ᠪᠠᠷ ᠲᠤᠭᠲᠠᠭᠠᠭᠰᠠᠨ︔ | ︵ᠭᠤᠷᠪᠠ︶ ᠬᠠᠤᠯᠢ ᠴᠠᠭᠠᠵᠠ ᠳᠤ ᠲᠤᠭᠲᠠᠭᠠᠭᠰᠠᠠ ᠪᠤᠰᠤᠳ ᠪᠠᠶᠢᠳᠠᠯ᠃ | ᠵᠠᠭᠤ ᠲᠣᠯᠣᠳᠣᠭᠠᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠲᠠᠷᠬᠠᠭᠰᠠᠨ ᠪᠠᠶᠢᠪᠠᠯ᠂ ᠬᠠᠤᠯᠢ | ᠶᠤᠰᠤᠭᠠᠷ ᠢᠯᠭᠠᠷᠠᠭᠤᠯᠤᠨ ᠪᠤᠳᠤᠬᠤ ᠬᠡᠷᠡᠭᠲᠠᠢ᠃ | ᠵᠠᠭᠤ ᠨᠠᠢᠮᠠᠳᠣᠭᠠᠷ ᠵᠦᠢᠯ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠳᠤ ᠲᠤᠰ ᠪᠦᠯᠦᠭ ᠤᠨ | ᠲᠤᠭᠲᠠᠭᠠᠯ ᠢ ᠳᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠠᠩᠭᠢ ᠶᠢᠨ ᠭᠤᠷᠪᠠᠳᠤᠭᠠᠷ ᠪᠦᠯᠦᠭ ᠤᠨ | ᠨᠢᠭᠡᠳᠦᠭᠡᠷ ᠬᠡᠰᠡᠭ ᠤᠨ ᠬᠤᠯᠪᠤᠭᠳᠠᠯ ᠪᠦᠬᠦᠢ ᠲᠤᠭᠲᠠᠭᠠᠯ ᠢ ᠯᠠᠪᠯᠠᠯᠲᠠ ᠪᠤᠯᠭᠠᠵᠦ ᠲᠤᠬᠢᠷᠠᠭᠤᠯᠤᠨ ᠬᠡᠷᠡᠭᠯᠡᠨ᠎ᠠ᠃ | ᠲᠠᠪᠤᠳᠤᠭᠠᠷ ᠪᠦᠯᠦᠭ ᠢᠷᠭᠡᠨ ᠤ ᠬᠡᠷᠡᠭ ᠤᠨ ᠡᠷᠬᠡ | ᠵᠠᠭᠤ ᠶᠢᠰᠦᠳᠦᠭᠡᠷ ᠵᠦᠢᠯ ᠪᠠᠶᠢᠭᠠᠯᠢ ᠬᠦᠮᠦᠨ ᠤ ᠪᠡᠶ᠎ᠠ ᠶᠢᠨ ᠡᠷᠬᠡ ᠴᠢᠯᠥᠭᠡ᠂ ᠬᠦᠮᠦᠨ ᠤ ᠬᠡᠮ ᠤᠨ ᠨᠡᠷ᠎ᠠ ᠬᠦᠨᠳᠦ ᠶᠢ | ᠬᠠᠤᠯᠢ ᠪᠠᠷ ᠬᠠᠮᠠᠭᠠᠯᠠᠨ᠎ᠠ᠃ | ᠵᠠᠭᠤ ᠠᠷᠪᠠᠳᠣᠭᠠᠷ ᠵᠦᠢᠯ ᠪᠠᠶᠢᠭᠠᠯᠢ ᠬᠦᠮᠦᠨ ᠠᠮᠢ ᠨᠠᠰᠤᠨ ᠤ ᠡᠷᠬᠡ᠂ ᠪᠡᠶ᠎ᠠ ᠴᠤᠭᠴᠠ ᠶᠢᠨ ᠡᠷᠬᠡ᠂ ᠡᠷᠡᠭᠦᠯ | ᠮᠡᠨᠳᠤ ᠶᠢᠨ ᠡᠷᠬᠡ᠂ ᠤᠪᠤᠭ ᠨᠡᠷ᠎ᠠ ᠶᠢᠨ ᠡᠷᠬᠡ᠂ ᠬᠦᠷᠦᠭ ᠵᠢᠷᠤᠭ ᠤᠨ ᠡᠷᠬᠡ᠂ ᠨᠡᠷ᠎ᠡ ᠲᠦᠷᠦ ᠶᠢᠨ ᠡᠷᠬᠡ᠂ ᠠᠯᠳᠠᠷ | ᠬᠦᠨᠳᠦ ᠶᠢᠨ ᠡᠷᠬᠡ᠂ ᠬᠤᠪᠢ ᠶᠢᠨ ᠨᠢᠭᠤᠴᠠ ᠶᠢᠨ ᠡᠷᠬᠡ᠂ ᠤᠷᠤᠭ ᠤᠨ ᠡᠵᠡᠨ ᠮᠡᠳᠡᠬᠦ ᠡᠷᠬᠡ ᠵᠡᠷᠭᠡ ᠡᠷᠬᠡ ᠶᠢ | ᠡᠳ᠋ᠯᠡᠨ᠎ᠠ᠃ | ᠬᠠᠤᠯᠢ ᠶᠢᠨ ᠬᠦᠮᠦᠨ᠂ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠨᠡᠷᠡᠶᠢᠳᠤᠯ ᠤᠨ ᠡᠷᠬᠡ᠂ ᠨᠡᠷ᠎ᠡ | ᠲᠦᠷᠦ ᠶᠢᠨ ᠡᠷᠬᠡ ᠪᠠ ᠠᠯᠳᠠᠷ ᠬᠦᠨᠳᠦ ᠶᠢᠨ ᠡᠷᠭᠡ ᠶᠢ ᠡᠳ᠋ᠯᠡᠨ᠎ᠠ᠃ | ᠵᠠᠭᠤ ᠠᠷᠪᠠᠨ ᠨᠢᠭᠡᠳᠦᠭᠡᠷ ᠵᠦᠢᠯ ᠪᠠᠶᠢᠭᠠᠯᠢ ᠬᠦᠮᠦᠨ ᠤ ᠬᠤᠪᠢ ᠶᠢᠨ ᠮᠡᠲᠡᠭᠡ ᠵᠠᠩᠭᠢ ᠶᠢ ᠬᠠᠤᠯᠢ ᠪᠠᠷ ᠬᠠᠮᠠᠭᠠᠯᠠᠨ᠎ᠠ᠃ | ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠪᠣᠰᠣᠳ ᠤᠨ ᠬᠤᠪᠢ ᠶᠢᠨ ᠮᠡᠳᠡᠭᠡ ᠵᠠᠩᠭᠢ ᠶᠢ ᠣᠯᠬᠤ | ᠴᠢᠬᠤᠯᠠᠳᠠᠢ ᠪᠣᠯ᠂ ᠬᠠᠤᠯᠢ ᠶᠤᠰᠤᠭᠠᠷ ᠤᠯᠬᠤ ᠭᠡᠷᠡᠭᠳᠡᠢ ᠪᠦᠭᠡᠳ ᠮᠡᠲᠡᠭᠡ ᠵᠠᠩᠭᠢ ᠶᠢᠨ ᠠᠮᠤᠷ ᠲᠦᠪᠰᠢᠨ ᠢ ᠦᠨᠡᠨ | ᠬᠦ ᠪᠠᠳᠤᠯᠠᠬᠤ ᠬᠡᠷᠡᠭᠲᠡᠢ᠂ ᠪᠣᠰᠣᠳ ᠤᠨ ᠬᠤᠪᠢ ᠶᠢᠨ ᠮᠡᠲᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠵᠤ᠂ | ᠬᠡᠷᠡᠭᠯᠡᠵᠤ᠂ ᠨᠠᠶᠢᠷᠠᠭᠤᠯᠵᠦ᠂ ᠲᠠᠮᠵᠢᠭᠤᠯᠵᠥ ᠪᠤᠯᠬᠤ ᠦᠭᠡᠢ᠂ ᠪᠣᠰᠣᠳ ᠤᠨ ᠬᠤᠪᠢ ᠶᠢᠨ ᠮᠡᠲᠡᠭᠡ ᠵᠠᠩᠭᠢ ᠶᠢ ᠬᠠᠤᠯᠢ | ᠪᠤᠰᠤ ᠪᠠᠷ ᠬᠤᠳᠠᠯᠳᠤᠭᠠᠯᠠᠬᠤ᠂ ᠬᠠᠨᠭ᠍ᠭᠠᠬᠤ ᠪᠤᠶᠤ ᠢᠯᠡ ᠪᠤᠯᠭᠠᠵᠤ ᠪᠤᠯᠬᠤ ᠦᠭᠡᠢ᠃ | ᠵᠠᠭᠤ ᠠᠷᠪᠠᠨ ᠬᠤᠶᠠᠳᠣᠭᠠᠷ ᠵᠦᠢᠯ ᠪᠠᠶᠢᠭᠠᠯᠢ ᠬᠥᠮᠦᠨ ᠤ ᠤᠷᠤᠭ᠂ ᠭᠡᠷ ᠪᠦᠯᠢ ᠶᠢᠨ ᠬᠠᠷᠢᠴᠠᠭ᠎ᠠ ᠵᠡᠷᠭᠡ ᠠᠴᠠ ᠪᠤᠢ | ᠪᠤᠯᠤᠭᠰᠠᠨ ᠬᠦᠮᠦᠨ ᠤ ᠪᠡᠶ᠎ᠡ ᠶᠢᠨ ᠡᠷᠬᠡ ᠶᠢ ᠬᠠᠤᠯᠢ ᠪᠠᠷ ᠬᠠᠮᠠᠭᠠᠯᠠᠨ᠎ᠠ᠃ | ᠵᠠᠭᠤ ᠠᠷᠪᠠᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠶᠢᠨ ᠡᠳ᠋ ᠬᠦᠷᠦᠩᠭᠡ ᠶᠢᠨ ᠡᠷᠬᠡ ᠶᠢ | ᠬᠠᠤᠯᠢ ᠪᠠᠷ ᠡᠷᠬᠡ ᠲᠡᠭᠰᠢ ᠬᠠᠮᠠᠭᠠᠯᠠᠨ᠎ᠠ᠃ | ᠵᠠᠭᠤ ᠠᠷᠪᠠᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠬᠠᠤᠯᠢ ᠶᠤᠰᠤᠭᠠᠷ ᠪᠤᠳᠠᠰ ᠤᠨ ᠡᠷᠭᠡ | ᠡᠳ᠋ᠯᠡᠨ᠎ᠠ᠃ | ᠪᠤᠳᠠᠰ ᠤᠨ ᠡᠷᠬᠡ ᠪᠤᠯ ᠡᠷᠬᠡᠳᠤ ᠬᠦᠮᠦᠨ ᠤᠨᠴᠠ ᠲᠤᠭᠲᠠᠭᠰᠠᠨ ᠪᠤᠳᠠᠰ ᠲᠤ ᠬᠠᠤᠯᠢ ᠶᠤᠰᠤᠭᠠᠷ ᠡᠳ᠋ᠯᠡᠬᠦ ᠰᠢᠭᠤᠳ | ᠡᠵᠡᠮᠳᠡᠭᠦ ᠪᠠ ᠪᠤᠰᠤᠳ ᠢ ᠭᠠᠳᠠᠭᠤᠷᠴᠢᠯᠠᠬᠤ ᠡᠷᠬᠡ ᠪᠤᠯᠤᠨ᠎ᠠ᠂ ᠡᠭᠦᠨ ᠳᠤ ᠦᠮᠴᠢᠯᠡᠯ ᠤᠨ ᠡᠷᠬᠡ᠂ ᠠᠰᠢᠭ ᠤᠯᠬᠤ | ᠪᠣᠳᠠᠰ ᠤᠨ ᠡᠷᠬᠡ ᠪᠠ ᠳᠠᠭᠠᠭᠠᠯᠲᠠᠳᠤ ᠪᠤᠳᠡᠰ ᠤᠨ ᠡᠷᠬᠡ ᠪᠠᠭᠳᠠᠨ᠎ᠠ᠃ | ᠵᠠᠭᠤ ᠠᠷᠪᠠᠨ ᠲᠠᠪᠣᠳᠣᠭᠠᠷ ᠵᠦᠢᠯ ᠪᠤᠳᠠᠰ ᠲᠤ ᠦᠯᠦ ᠭᠦᠲᠡᠯᠬᠦ ᠬᠦᠷᠦᠩᠭᠡ ᠪᠠ ᠬᠥᠳᠡᠯᠬᠦ ᠬᠦᠷᠦᠩᠭᠡ ᠪᠠᠭᠲᠠᠨ᠎ᠠ᠃ | ᠬᠠᠤᠯᠢ ᠴᠠᠭᠠᠵᠠ ᠳᠤ ᠡᠷᠬᠡ ᠶᠢ ᠪᠣᠳᠠᠰ ᠤᠨ ᠡᠷᠬᠡ ᠶᠢᠨ ᠪᠤᠰᠤᠳᠴᠢ ᠴᠣᠭᠴᠠ ᠪᠠᠷ ᠲᠤᠭᠲᠠᠭᠠᠭᠰᠠᠨ ᠪᠠᠶᠢᠪᠠᠯ᠂ ᠲᠡᠷᠡ | ᠲᠤᠭᠲᠠᠭᠠᠯ ᠶᠤᠰᠤᠭᠠᠷ ᠶᠠᠪᠤᠭᠤᠯᠤᠨ᠎ᠠ᠃ | ᠵᠠᠭᠤ ᠠᠷᠪᠠᠨ ᠵᠢᠷᠭᠤᠳᠣᠭᠠᠷ ᠵᠦᠢᠯ ᠪᠤᠳᠠᠰ ᠤᠨ ᠡᠷᠬᠡ ᠶᠢᠨ ᠲᠦᠷᠦᠯ ᠵᠦᠢᠯ ᠪᠠ ᠠᠭᠤᠯᠭ᠎ᠠ ᠶᠢ ᠬᠠᠤᠯᠢ | ᠴᠠᠭᠠᠵᠠ ᠪᠠᠷ ᠲᠤᠭᠲᠠᠭᠠᠨ᠎ᠠ᠃ | ᠵᠠᠭᠤ ᠠᠷᠪᠠᠨ ᠲᠣᠯᠣᠳᠣᠭᠠᠷ ᠵᠦᠢᠯ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡᠨ ᠤ ᠲᠦᠯᠥᠭᠡ᠂ ᠬᠠᠤᠯᠢ | ᠴᠠᠭᠠᠵᠠ ᠳᠤ ᠲᠤᠭᠲᠠᠭᠠᠭᠰᠠᠨ ᠡᠷᠬᠡ ᠶᠢᠨ ᠭᠡᠪᠴᠢᠶ᠎ᠠ ᠪᠠ ᠵᠢᠷᠤᠮ ᠤᠨ ᠶᠤᠰᠤᠭᠠᠷ ᠦᠯᠦ ᠬᠦᠲᠡᠯᠬᠦ ᠬᠦᠷᠦᠩᠭᠡ ᠪᠤᠶᠤ | ᠬᠦᠲᠡᠯᠬᠦ ᠬᠦᠷᠦᠩᠭᠡ ᠶᠢ ᠲᠠᠲᠠᠪᠤᠷᠢᠯᠠᠭᠰᠠᠨ᠂ ᠲᠠᠲᠠᠪᠤᠷᠢᠯᠠᠨ ᠬᠡᠷᠡᠭᠯᠡᠭᠰᠡᠨ ᠪᠠᠶᠢᠪᠠᠯ᠂ ᠭᠤᠤᠯᠴᠢ᠂ ᠵᠦᠢ ᠵᠤᠬᠢᠰᠲᠠᠢ | ᠨᠦᠬᠦᠪᠦᠷᠢ ᠦᠭᠭᠦ ᠬᠡᠷᠡᠭᠲᠠᠢ᠃ | ᠵᠠᠭᠤ ᠠᠷᠪᠠᠨ ᠨᠠᠢᠮᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠤᠭᠴᠠ ᠬᠠᠤᠯᠢ ᠶᠤᠰᠤᠭᠠᠷ ᠠᠪᠴᠠᠭᠠᠨ ᠤ ᠡᠷᠬᠡ | ᠡᠳ᠋ᠯᠡᠨ᠎ᠠ᠃ | ᠠᠪᠴᠠᠭᠠᠨ ᠤ ᠡᠷᠬᠡ ᠪᠣᠯ ᠭᠡᠷ᠎ᠠ᠂ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ᠂ ᠰᠢᠯᠲᠠᠭᠠᠨ ᠦᠭᠡᠢ ᠬᠠᠮᠢᠶᠠᠷᠤᠯᠲᠠ | ᠂ ᠵᠤᠬᠢᠰ ᠦᠭᠡᠢ ᠠᠰᠢᠭ ᠵᠢᠴᠢ ᠬᠠᠤᠯᠢ ᠴᠠᠭᠠᠵᠠ ᠶᠢᠨ ᠪᠤᠰᠤᠳ ᠲᠤᠭᠲᠠᠭᠠᠯ ᠠᠴᠠ ᠪᠤᠯᠵᠤ᠂ ᠡᠷᠭᠡᠳᠤ ᠬᠦᠮᠦᠨ ᠨᠢ | ᠣᠨᠴᠠ ᠲᠤᠭᠳᠠᠭᠰᠠᠨ ᠡᠭᠦᠷᠭᠡᠳᠦ ᠬᠦᠮᠦᠨ ᠢᠶᠠᠷ ᠵᠤᠬᠢᠬᠤ ᠤᠢᠢᠯᠡ ᠠᠵᠢᠯᠯᠠᠭ᠎ᠠ ᠶᠢ ᠬᠢᠯᠭᠡᠭᠦ ᠪᠤᠶᠤ ᠦᠯᠦ ᠬᠢᠯᠭᠡᠭᠦ ᠪᠠᠷ | ᠭᠤᠶᠤᠴᠢᠯᠠᠬᠤ ᠡᠷᠭᠡ ᠪᠤᠯᠤᠨ᠎ᠠ᠃ | ᠵᠠᠭᠤ ᠠᠷᠪᠠ ᠶᠢᠰᠦᠳᠦᠭᠡᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠭᠡᠷ᠎ᠠ ᠲᠤᠬᠠᠢ ᠶᠢᠨ ᠬᠦᠮᠦᠨ ᠳᠤ ᠬᠠᠤᠯᠢ | ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ | ᠵᠠᠭᠤ ᠬᠤᠷᠢᠳᠤᠭᠠᠷ ᠵᠦᠢᠯ ᠢᠷᠭᠡᠨ ᠤ ᠭᠡᠷᠡᠭ ᠤᠨ ᠡᠷᠬᠡ ᠠᠰᠢᠭ ᠨᠢ ᠬᠠᠯᠳᠠᠭᠳᠠᠭᠰᠠᠨ ᠪᠠᠶᠢᠪᠠᠯ᠂ ᠡᠷᠬᠡ ᠨᠢ | ᠬᠠᠯᠳᠠᠭᠳᠠᠭᠰᠠᠨ ᠬᠦᠮᠦᠨ ᠡᠷᠬᠡ ᠳᠤ ᠬᠠᠯᠳᠠᠭᠰᠠᠨ ᠬᠦᠮᠦᠨ ᠢᠶᠠᠷ ᠡᠷᠬᠡ ᠳᠤ ᠬᠠᠯᠳᠠᠭᠰᠠᠨ ᠬᠠᠷᠢᠭᠤᠴᠠᠯᠭ᠎ᠠ | ᠡᠭᠦᠷᠭᠡᠯᠡᠭᠦᠯᠬᠦ ᠪᠠᠷ ᠭᠤᠶᠤᠴᠢᠯᠠᠬᠤ ᠡᠷᠬᠡ ᠲᠠᠢ᠃ | ᠵᠠᠭᠤ ᠬᠤᠷᠢᠨ ᠨᠢᠭᠡᠳᠦᠭᠡᠷ ᠵᠦᠢᠯ ᠬᠠᠤᠯᠢ ᠪᠠᠷ ᠲᠤᠭᠲᠠᠭᠠᠭᠰᠠᠨ ᠪᠤᠶᠤ ᠪᠤᠯᠵᠤᠨ ᠲᠣᠭᠳᠠᠭᠰᠠᠨ ᠡᠭᠦᠷᠭᠡ ᠦᠭᠡᠢ᠂ | ᠪᠤᠰᠤᠳ ᠤᠨ ᠠᠰᠢᠭ ᠲᠤᠰᠠ ᠶᠢ ᠬᠤᠬᠢᠷᠠᠯ ᠠᠴᠠ ᠵᠠᠶᠢᠯᠠᠭᠤᠯᠬᠤ ᠶᠢᠨ ᠲᠦᠯᠥᠭᠡ ᠬᠠᠮᠢᠶᠠᠷᠦᠯᠲᠠ ᠬᠢᠭᠰᠡᠨ ᠬᠦᠮᠦᠨ | ᠡᠭᠦᠨ ᠠᠴᠠ ᠪᠤᠯᠵᠤ ᠵᠠᠷᠤᠴᠠᠭᠤᠯᠤᠭᠰᠠᠨ ᠴᠢᠬᠤᠯᠠ ᠪᠦᠬᠦᠢ ᠵᠠᠷᠤᠳᠠᠯ ᠢ ᠠᠰᠢᠭ ᠬᠦᠷᠲᠡᠭᠴᠢ ᠪᠠᠷ ᠲᠦᠯᠦᠭᠦᠯᠬᠦ ᠪᠠᠷ | ᠭᠤᠶᠤᠴᠢᠯᠠᠬᠤ ᠡᠷᠬᠡ ᠲᠠᠢ᠃ | ᠵᠠᠭᠤ ᠬᠤᠷᠢᠨ ᠬᠤᠶᠠᠳᠣᠭᠠᠷ ᠵᠦᠢᠯ ᠪᠤᠰᠤᠳ ᠬᠦᠮᠦᠨ ᠬᠠᠤᠯᠢ ᠴᠠᠭᠠᠵᠠ ᠶᠢᠨ ᠦᠨᠳᠦᠰᠦᠯᠡᠯ ᠦᠭᠡᠢ ᠪᠠᠷ ᠵᠤᠬᠢᠰ | ᠦᠭᠡᠢ ᠠᠰᠢᠭ ᠲᠤᠰᠠ ᠤᠯᠤᠭᠰᠠᠨ ᠪᠠᠶᠢᠪᠠᠯ᠂ ᠬᠤᠬᠢᠷᠠᠯ ᠠᠮᠰᠠᠭᠴᠢ ᠨᠢ ᠲᠡᠭᠦᠨ ᠢᠶᠠᠷ ᠵᠤᠬᠢᠰ ᠦᠭᠡᠢ ᠠᠰᠢᠭ | ᠲᠤᠰᠠ ᠶᠢ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠲᠠᠢ᠃ | ᠵᠠᠭᠤ ᠬᠤᠷᠢᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠣᠯ ᠡᠷᠬᠡᠲᠦ ᠬᠥᠮᠦᠨ ᠤ ᠳᠣᠣᠷ᠎ᠠ ᠵᠢᠭᠰᠠᠭᠠᠭᠰᠠᠨ ᠪᠤᠰᠤᠳᠴᠢ | ᠴᠣᠭᠴᠠ ᠳᠤ ᠬᠠᠤᠯᠢ ᠶᠣᠰᠣᠭᠠᠷ ᠡᠳ᠋ᠯᠡᠬᠦ ᠲᠤᠰᠬᠠᠢ ᠡᠷᠬᠡ ᠪᠤᠯᠤᠨ᠎ᠠ᠄ | ︵ᠨᠢᠭᠡ︶ ᠪᠦᠲᠦᠭᠡᠯ︔ | ︵ᠬᠤᠶᠠᠷ︶ ᠡᠭᠦᠳᠦᠨ ᠪᠦᠲᠦᠭᠡᠯᠲᠡ᠂ ᠪᠤᠳᠡᠳᠦ ᠭᠡᠷᠡᠭᠯᠡᠭᠡᠨ ᠤ ᠰᠢᠨ᠎ᠡ ᠭᠡᠯᠪᠡᠷᠢ᠂ ᠭᠠᠳᠡᠷ ᠲᠦᠷᠰᠦ ᠶᠢᠨ ᠵᠢᠷᠤᠬ | ᠲᠦᠯᠦᠪᠯᠡᠭᠡ︔ | ︵ᠭᠤᠷᠪᠠ︶ ᠲᠠᠸᠠᠷ ᠤᠨ ᠲᠡᠮᠳᠡᠭᠲᠦ︔ | ︵ᠲᠦᠷᠪᠡ︶ ᠭᠠᠵᠠᠷ ᠵᠦᠢ ᠶᠢᠨ ᠢᠯᠡᠳᠬᠡᠮᠵᠢ ᠳᠡᠮᠳᠡᠭ︔ | ︵ᠲᠠᠪᠤ︶ ᠬᠤᠳᠠᠯᠳᠤᠭᠠᠨ ᠤ ᠨᠢᠭᠤᠴᠠ︔ | ︵ᠵᠢᠷᠭᠤᠭ᠎ᠠ︶ ᠬᠤᠷᠡᠮᠡᠯ ᠴᠡᠬᠢᠯᠭᠠᠠ ᠭᠡᠯᠬᠢᠶᠡᠨ ᠤ ᠪᠠᠶᠢᠷᠢᠯᠡᠭᠤᠯᠦᠯᠳᠠ ᠶᠢᠨ ᠵᠢᠷᠤᠬ ᠲᠦᠯᠦᠪᠯᠡᠭᠡ︔ | ︵ᠳᠣᠯᠤᠭ᠎ᠠ︶ ᠤᠷᠭᠤᠮᠠᠯ ᠤᠨ ᠰᠢᠨ᠎ᠡ ᠡᠭᠦᠯᠳᠡᠷ︔ | ︵ᠨᠠᠢᠮᠠ︶ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠪᠤᠰᠤᠳᠴᠢ ᠴᠣᠭᠴᠠ᠃ | ᠵᠠᠭᠤ ᠬᠤᠷᠢᠨ ᠲᠦᠷᠪᠡᠳᠦᠭᠡᠷ ᠵᠦᠢᠯ ᠪᠠᠶᠢᠭᠠᠯᠢ ᠬᠥᠮᠦᠨ ᠥᠪ ᠵᠠᠯᠭᠠᠮᠵᠢᠯᠠᠬᠤ ᠡᠷᠬᠡ ᠶᠢ ᠬᠠᠤᠯᠢ ᠶᠣᠰᠣᠭᠠᠷ ᠡᠳ᠋ᠯᠡᠨ᠎ᠡ | ᠃ | ᠪᠠᠶᠢᠭᠠᠯᠢ ᠭᠦᠮᠦᠨ ᠤ ᠬᠠᠣᠯᠢ ᠶᠣᠰᠣᠨ ᠤ ᠬᠤᠪᠢ ᠶᠢᠨ ᠡᠳ᠋ ᠭᠦᠷᠦᠩᠭᠡ ᠶᠢ ᠬᠠᠣᠯᠢ ᠶᠣᠰᠣᠭᠠᠷ ᠵᠠᠯᠭᠠᠮᠵᠢᠯᠠᠵᠦ | ᠪᠣᠯᠣᠨ᠎ᠠ᠃ | ᠵᠠᠭᠤ ᠬᠤᠷᠢᠨ ᠲᠠᠪᠣᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠰᠲ᠋ᠣᠺ ᠤᠨ ᠡᠷᠬᠡ ᠪᠠ ᠪᠤᠰᠤᠳ ᠪᠡᠯᠡ | ᠣᠷᠣᠭᠤᠯᠤᠯᠲᠠ ᠶᠢᠨ ᠴᠢᠨᠠᠷᠲᠠᠶ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ | ᠵᠠᠭᠤ ᠬᠤᠷᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠬᠠᠤᠯᠢ ᠴᠠᠭᠠᠵᠠ ᠳᠤ ᠲᠣᠭᠲᠠᠭᠠᠭᠰᠠᠨ | ᠪᠤᠰᠤᠳ ᠢᠷᠭᠡᠨ ᠤ ᠬᠡᠷᠡᠭ ᠤᠨ ᠡᠷᠬᠡ ᠪᠠ ᠠᠰᠢᠭ ᠲᠤᠰᠠ ᠶᠢ ᠡᠳ᠋ᠯᠡᠨ᠎ᠡ᠃ | ᠵᠠᠭᠤ ᠬᠤᠷᠢᠨ ᠲᠣᠯᠣᠳᠣᠭᠠᠷ ᠵᠦᠢᠯ ᠬᠠᠤᠯᠢ ᠴᠠᠭᠠᠵᠠ ᠳᠤ ᠳ᠋ᠠᠶᠢᠲ᠋ᠠ᠂ ᠰᠦᠯᠵᠢᠶᠡᠨ ᠤ ᠵᠢᠱᠢᠮᠡᠭ ᠡᠳ᠋ ᠬᠥᠷᠥᠩᠭᠡ ᠶᠢᠨ | ᠬᠠᠮᠠᠭᠠᠯᠠᠯᠲᠠ ᠶᠢᠨ ᠲᠤᠬᠠᠢ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃ | ᠵᠠᠭᠤ ᠬᠤᠷᠢᠨ ᠨᠠᠢᠮᠠᠳᠣᠭᠠᠷ ᠵᠦᠢᠯ ᠬᠠᠤᠯᠢ ᠴᠠᠭᠠᠵᠠ ᠳᠤ ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ | ᠵᠡᠮᠳᠡᠭᠴᠦᠳ᠂ ᠡᠮᠡᠭᠲᠡᠶᠢᠴᠦᠳ᠂ ᠬᠡᠷᠡᠭᠯᠡᠭᠴᠢᠳ ᠵᠡᠷᠭᠡ ᠶᠢᠨ ᠢᠷᠭᠡᠨ ᠤ ᠬᠡᠷᠡᠭ ᠤᠨ ᠡᠷᠬᠡ ᠶᠢᠨ ᠬᠠᠮᠠᠭᠠᠯᠠᠯᠲᠠ ᠶᠢᠨ | ᠲᠤᠬᠠᠢ ᠣᠨᠴᠠᠭᠠᠢ ᠲᠤᠭᠲᠠᠭᠠᠯ ᠲᠠᠢ ᠪᠠᠶᠢᠪᠠᠯ᠂ ᠲᠡᠷᠡ ᠲᠤᠭᠲᠠᠭᠠᠯ ᠶᠤᠰᠤᠭᠠᠷ ᠶᠠᠪᠤᠭᠤᠯᠤᠨ᠎ᠠ᠃ | ᠵᠠᠭᠤ ᠬᠤᠷᠢ ᠶᠢᠰᠦᠳᠦᠭᠡᠷ ᠵᠦᠢᠯ ᠢᠷᠭᠡᠨ ᠤ ᠬᠡᠷᠡᠭ ᠤᠨ ᠡᠷᠬᠡ ᠶᠢ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠦᠢᠯᠡ ᠠᠵᠢᠯᠯᠠᠭ᠎ᠠ᠂ ᠪᠤᠲᠠᠳᠤ ᠶᠠᠪᠤᠳᠠᠯ ᠤᠨ ᠦᠢᠯᠡ ᠠᠵᠢᠯᠯᠠᠭ᠎ᠠ᠂ ᠬᠠᠤᠯᠢ ᠴᠠᠭᠠᠵᠠ ᠳᠤ ᠲᠣᠭᠲᠠᠭᠠᠭᠰᠠᠨ ᠬᠡᠷᠡᠭ | ᠶᠠᠪᠤᠳᠠᠯ ᠪᠤᠶᠤ ᠬᠠᠤᠯᠢ ᠴᠠᠭᠠᠵᠠ ᠳᠤ ᠲᠣᠭᠲᠠᠭᠠᠭᠰᠠᠨ ᠪᠤᠰᠤᠳ ᠠᠷᠭ᠎ᠠ ᠮᠠᠶ᠋ᠢᠭ ᠢ ᠦᠨᠳᠦᠰᠦᠯᠡᠨ ᠣᠯᠵᠤ ᠪᠣᠯᠤᠨ᠎ᠠ᠃ | | ᠵᠠᠭᠤ ᠭᠤᠴᠢᠳᠦᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠡᠷᠬᠡ ᠶᠢ ᠥᠪᠡᠷ ᠤᠨ | ᠬᠦᠰᠡᠯ ᠰᠠᠨᠠᠭ᠎ᠠ ᠪᠠᠷ ᠢᠶᠠᠨ ᠬᠠᠤᠯᠢ ᠶᠣᠰᠣᠭᠠᠷ ᠬᠡᠷᠡᠭᠵᠢᠭᠦᠯᠦᠨ᠎ᠡ᠂ ᠲᠡᠭᠦᠨ ᠳᠤ ᠭᠠᠷ ᠳᠦᠷᠦᠵᠤ ᠪᠣᠯᠬᠤ ᠤᠢᠭᠡᠢ᠃ | ᠵᠠᠭᠤ ᠭᠤᠴᠢᠨ ᠨᠢᠭᠡᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠡᠷᠭᠡ ᠪᠠᠨ ᠭᠡᠷᠡᠭᠵᠢᠭᠦᠯᠭᠦ ᠳᠤ᠂ ᠬᠠᠣᠯᠢ | ᠴᠠᠭᠠᠵᠠ ᠳᠤ ᠲᠣᠭᠳᠠᠭᠠᠭᠰᠠᠨ ᠪᠠ ᠲᠣᠬᠠᠢ ᠶᠢᠨ ᠭᠦᠮᠦᠨ ᠤ ᠪᠣᠯᠵᠣᠨ ᠲᠣᠭᠳᠠᠭᠰᠠᠨ ᠡᠭᠦᠷᠭᠡ ᠶᠢ ᠭᠦᠢᠴᠡᠳᠭᠡᠭᠦ | ᠭᠡᠷᠡᠭᠳᠡᠢ᠃ | ᠵᠠᠭᠤ ᠭᠤᠴᠢᠨ ᠬᠤᠶᠠᠳᠣᠭᠠᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠢᠷᠭᠡᠨ ᠤ ᠬᠡᠷᠡᠭ ᠤᠨ ᠡᠷᠬᠡ ᠶᠢ | ᠳᠤᠷ᠎ᠠ ᠪᠠᠷ ᠢᠶᠠᠨ ᠬᠡᠷᠡᠭᠯᠡᠵᠦ ᠣᠯᠣᠰ ᠤᠨ ᠠᠰᠢᠭ ᠲᠣᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ | ᠪᠤᠰᠤᠳ ᠤᠨ ᠬᠠᠤᠯᠢ ᠶᠣᠰᠤᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃ | ᠵᠢᠷᠭᠤᠳᠤᠭᠠᠷ ᠪᠥᠯᠥᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠨᠢᠭᠡᠳᠦᠭᠡᠷ ᠭᠡᠰᠡᠭ ᠡᠩ ᠤᠨ ᠲᠣᠭᠲᠠᠭᠠᠯ | ᠵᠠᠭᠤ ᠭᠤᠴᠢᠨ ᠭᠤᠷᠪᠠᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠪᠣᠯ | ᠢᠷᠭᠡᠨ ᠤ ᠬᠡᠷᠡᠭ ᠤᠨ ᠪᠡᠶᠡᠴᠢ ᠴᠣᠭᠴᠠ ᠶᠢᠨ ᠰᠠᠨᠠᠭ᠎ᠠ ᠪᠠᠨ ᠢᠯᠡᠳᠬᠡᠬᠦ ᠪᠠᠷ ᠳᠠᠮᠵᠢᠭᠤᠯᠤᠨ ᠢᠷᠭᠡᠨ ᠤ ᠬᠡᠷᠡᠭ ᠤᠨ | ᠬᠠᠤᠯᠢ ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠠᠭᠤᠯᠬᠤ᠂ ᠳᠠᠭᠤᠰᠬᠠᠬᠤ ᠦᠢᠯᠡ ᠠᠵᠢᠯᠯᠠᠭ᠎ᠠ ᠮᠦᠨ᠃ | ᠵᠠᠭᠤ ᠭᠤᠴᠢᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠤᠶᠠᠷ | ᠲᠠᠯ᠎ᠠ ᠶᠢᠨ ᠪᠤᠶᠤ ᠤᠯᠠᠨ ᠲᠠᠯ᠎ᠠ ᠶᠢᠨ ᠰᠠᠨᠠᠭᠠᠨ ᠤ ᠢᠯᠡᠳᠬᠡᠯᠲᠡ ᠨᠢᠭᠡᠳᠦᠭᠰᠡᠨ ᠰᠠᠭᠤᠷᠢᠨ ᠳᠡᠭᠡᠷ᠎ᠡ ᠪᠠᠶᠢᠭᠤᠯᠤᠭᠳᠠᠵᠤ | ᠪᠣᠯᠣᠨ᠎ᠠ᠂ ᠭᠠᠭᠴᠠ ᠲᠠᠯ᠎ᠠ ᠶᠢᠨ ᠰᠠᠨᠠᠭᠠᠨ ᠤ ᠢᠯᠡᠳᠬᠡᠯᠲᠡ ᠶᠢᠨ ᠰᠠᠭᠤᠷᠢᠨ ᠳᠡᠭᠡᠷ᠎ᠡ ᠴᠤ ᠪᠠᠶᠢᠭᠤᠯᠤᠭᠳᠠᠵᠤ ᠪᠣᠯᠣᠨ᠎ᠠ | ᠃ | ᠬᠠᠤᠯᠢ ᠶᠢᠨ ᠬᠥᠮᠦᠨ᠂ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠬᠠᠤᠯᠢ ᠴᠠᠭᠠᠵᠠ ᠪᠤᠶᠤ ᠳᠦᠷᠢᠮ ᠳᠤ | ᠲᠣᠭᠲᠠᠭᠠᠭᠰᠠᠨ ᠬᠡᠷᠡᠭ ᠵᠥᠪᠯᠡᠬᠦ ᠠᠷᠭ᠎ᠠ ᠮᠠᠶ᠋ᠢᠭ ᠪᠣᠯᠤᠨ ᠪᠠᠲᠤᠯᠠᠬᠤ ᠵᠢᠷᠤᠮ ᠶᠣᠰᠣᠭᠠᠷ ᠰᠢᠢᠳᠪᠦᠷᠢ ᠭᠠᠷᠭᠠᠭᠰᠠᠨ | ᠪᠠᠶᠢᠪᠠᠯ᠂ ᠲᠤᠰ ᠰᠢᠢᠳᠪᠦᠷᠢ ᠭᠠᠷᠭᠠᠭᠰᠠᠨ ᠦᠢᠯᠡ ᠠᠵᠢᠯᠯᠠᠭ᠎ᠠ ᠪᠠᠶᠢᠭᠤᠯᠤᠭᠳᠠᠨ᠎ᠠ᠃ | ᠵᠠᠭᠤ ᠭᠤᠴᠢᠨ ᠲᠠᠪᠣᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ | ᠪᠢᠴᠢᠭ ᠤᠨ ᠬᠡᠯᠪᠡᠷᠢ᠂ ᠠᠮᠠᠨ ᠬᠡᠯᠪᠡᠷᠢ ᠪᠤᠶᠤ ᠪᠤᠰᠤᠳ ᠬᠡᠯᠪᠡᠷᠢ ᠶᠢ ᠠᠪᠴᠤ ᠪᠣᠯᠤᠨ᠎ᠠ︔ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠣᠨᠴᠠ ᠲᠣᠭᠲᠠᠭᠰᠠᠨ ᠬᠡᠯᠪᠡᠷᠢ ᠶᠢ ᠬᠡᠷᠡᠭᠯᠡᠬᠦ ᠪᠠᠷ ᠲᠣᠭᠲᠠᠭᠠᠭᠰᠠᠨ ᠪᠤᠶᠤ | ᠲᠤᠬᠠᠶ ᠶᠢᠨ ᠬᠥᠮᠦᠨ ᠣᠨᠴᠠ ᠲᠣᠭᠲᠠᠭᠰᠠᠨ ᠬᠡᠯᠪᠡᠷᠢ ᠶᠢ ᠬᠡᠷᠡᠭᠯᠡᠬᠦ ᠪᠠᠷ ᠪᠣᠯᠵᠣᠨ ᠲᠣᠭᠲᠠᠭᠰᠠᠨ ᠪᠠᠶᠢᠪᠠᠯ᠂ ᠣᠨᠴᠠ | ᠲᠣᠭᠲᠠᠭᠰᠠᠨ ᠬᠡᠯᠪᠡᠷᠢ ᠶᠢ ᠬᠡᠷᠡᠭᠯᠡᠬᠦ ᠬᠡᠷᠡᠭᠲᠡᠶ᠃ | ᠵᠠᠭᠤ ᠭᠤᠴᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠪᠠᠶᠢᠭᠤᠯᠤᠭᠳᠠᠭᠰᠠᠨ ᠴᠠᠭ ᠠᠴᠠ ᠪᠠᠨ ᠬᠦᠴᠦᠨ ᠲᠠᠢ ᠪᠣᠯᠤᠨ᠎ᠠ᠂ ᠭᠡᠪᠡᠴᠦ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠪᠤᠶᠤ ᠲᠤᠬᠠᠶ ᠶᠢᠨ ᠬᠥᠮᠦᠨ ᠠᠰᠲᠠᠭᠠᠨ ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ᠃ | ᠦᠢᠯᠡ ᠠᠵᠢᠯᠯᠠᠭᠠᠳᠠᠨ ᠬᠠᠤᠯᠢ ᠴᠠᠭᠠᠵᠠ ᠶᠢᠨ ᠲᠣᠭᠲᠠᠭᠠᠯ ᠳᠤ ᠦᠨᠳᠦᠰᠦᠯᠡᠭᠰᠡᠨ ᠦᠭᠡᠢ ᠪᠤᠶᠤ ᠨᠦᠬᠦᠭᠡ | ᠲᠠᠯ᠎ᠠ ᠶᠢᠨ ᠵᠥᠪᠰᠢᠶᠡᠷᠡᠯ ᠢ ᠣᠯᠤᠭᠰᠠᠨ ᠦᠭᠡᠢ ᠪᠣᠯ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠴᠤᠴᠠᠯᠵᠤ ᠪᠣᠯᠬᠤ ᠦᠭᠡᠢ᠃ | ᠬᠤᠶᠠᠳᠤᠭᠠᠷ ᠬᠡᠰᠡᠭ ᠰᠠᠨᠠᠭ᠎ᠠ ᠪᠠᠨ ᠢᠯᠡᠳᠬᠡᠬᠦ | ᠵᠠᠭᠤ ᠭᠤᠴᠢᠨ ᠲᠣᠯᠣᠳᠣᠭᠠᠷ ᠵᠦᠢᠯ ᠶᠠᠷᠢᠯᠴᠠᠭᠠᠨ ᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ᠂ | ᠬᠠᠷᠢᠴᠠᠩᠭᠤᠶ ᠬᠥᠮᠦᠨ ᠠᠭᠤᠯᠭ᠎ᠠ ᠶᠢ ᠨᠢ ᠮᠡᠳᠡᠭᠰᠡᠨ ᠴᠠᠬ ᠠᠴᠠ ᠬᠦᠴᠦᠨ ᠲᠠᠢ ᠪᠣᠯᠤᠨ᠎ᠠ᠃ | ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ᠂ ᠬᠠᠷᠢᠴᠠᠩᠭᠤᠶ ᠬᠥᠮᠦᠨ ᠳᠤ | ᠬᠦᠷᠦᠭᠰᠡᠨ ᠴᠠᠭ ᠠᠴᠠ ᠬᠦᠴᠦᠨ ᠲᠠᠢ ᠪᠣᠯᠤᠨ᠎ᠠ᠃ ᠳ᠋ᠡᠶᠢᠲ᠋ᠠ ᠡᠯᠧᠺᠳ᠋ᠷᠣᠨ ᠪᠢᠴᠢᠭ ᠤᠨ ᠬᠡᠯᠪᠡᠷᠢ ᠶᠢ ᠬᠡᠷᠡᠭᠯᠡᠵᠦ | ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ᠂ ᠬᠠᠷᠢᠴᠠᠩᠭᠤᠶ ᠬᠥᠮᠦᠨ | ᠳ᠋ᠡᠶᠢᠲ᠋ᠠ ᠡᠯᠧᠺᠲᠷᠣᠨ ᠪᠢᠴᠢᠭ ᠢ ᠣᠨᠴᠠ ᠲᠣᠭᠲᠠᠭᠰᠠᠨ ᠰᠢᠰᠲ᠋ᠧᠮ ᠢᠶᠠᠷ ᠬᠦᠯᠢᠶᠡᠨ ᠠᠪᠬᠤ ᠪᠠᠷ ᠵᠢᠭᠠᠨ | ᠲᠣᠭᠲᠠᠭᠠᠭᠰᠠᠨ ᠪᠠᠶᠢᠪᠠᠯ᠂ ᠳᠤᠰ ᠳ᠋ᠡᠶᠢᠲ᠋ᠠ ᠡᠯᠧᠺᠳ᠋ᠷᠣᠨ ᠪᠢᠴᠢᠭ ᠤᠨ ᠲᠡᠷᠡ ᠣᠨᠴᠠ ᠲᠣᠭᠲᠠᠭᠰᠠᠨ ᠰᠢᠰᠲ᠋ᠧᠮ ᠳᠤ | ᠣᠷᠣᠭᠰᠠᠨ ᠴᠠᠭ ᠠᠴᠠ ᠬᠦᠴᠦᠨ ᠲᠠᠢ ᠪᠣᠯᠤᠨ᠎ᠠ︔ ᠣᠨᠴᠠ ᠲᠣᠭᠲᠠᠭᠰᠠᠨ ᠰᠢᠰᠲ᠋ᠧᠮ ᠢ ᠵᠢᠭᠠᠨ ᠲᠣᠭᠲᠠᠭᠠᠭᠰᠠᠨ | ᠤᠢᠭᠡᠢ ᠪᠠᠶᠢᠪᠠᠯ᠂ ᠬᠠᠷᠢᠴᠠᠩᠭᠤᠶ ᠬᠥᠮᠦᠨ ᠲᠤᠰ ᠳ᠋ᠠᠶᠢᠲ᠋ᠠ ᠡᠯᠧᠺᠲᠷᠣᠨ ᠪᠢᠴᠢᠭ ᠲᠡᠭᠦᠨ ᠤ ᠰᠢᠰᠲ᠋ᠧᠮ ᠳᠤ | ᠣᠷᠣᠭᠰᠠᠨ ᠢ ᠮᠡᠳᠡᠭᠦ ᠪᠤᠶᠤ ᠮᠡᠳᠡᠬᠦ ᠶᠣᠰᠣᠲᠠᠶ ᠴᠠᠭ ᠠᠴᠠ ᠬᠦᠴᠦᠨ ᠲᠠᠢ ᠪᠣᠯᠤᠨ᠎ᠠ᠃ ᠲᠤᠬᠠᠶ ᠶᠢᠨ ᠬᠥᠮᠦᠨ ᠨᠢ | ᠳ᠋ᠠᠶᠢᠲ᠋ᠠ ᠡᠯᠧᠺᠲᠷᠣᠨ ᠪᠢᠴᠢᠭ ᠤᠨ ᠬᠡᠯᠪᠡᠷᠢ ᠶᠢ ᠬᠡᠷᠡᠭᠯᠡᠬᠦ ᠰᠠᠨᠠᠭᠠᠨ ᠤ ᠢᠯᠡᠳᠬᠡᠯᠲᠡ ᠶᠢᠨ ᠬᠦᠴᠦᠨ ᠲᠠᠢ ᠪᠣᠯᠬᠤ | ᠴᠠᠭ ᠬᠤᠭᠤᠴᠠᠭ᠎ᠠ ᠶᠢᠨ ᠲᠤᠬᠠᠶ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ | ᠵᠠᠭᠤ ᠭᠤᠴᠢᠨ ᠨᠠᠢᠮᠠᠳᠣᠭᠠᠷ ᠵᠦᠢᠯ ᠬᠠᠷᠢᠴᠠᠩᠭᠤᠶ ᠬᠥᠮᠦᠨ ᠦᠭᠡᠢ ᠰᠠᠨᠠᠭᠠᠨ ᠤ ᠢᠯᠡᠳᠬᠡᠯᠲᠡ ᠨᠢ᠂ ᠢᠯᠡᠳᠬᠡᠯᠲᠡ | ᠳᠠᠭᠤᠰᠤᠭᠰᠠᠨ ᠴᠠᠭ ᠠᠴᠠ ᠬᠦᠴᠦᠨ ᠲᠠᠢ ᠪᠣᠯᠤᠨ᠎ᠠ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ | ᠲᠠᠷᠠ ᠲᠤᠭᠳᠠᠭᠠᠯ ᠶᠤᠰᠤᠭᠠᠷ ᠶᠠᠪᠤᠭᠤᠯᠤᠨ᠎ᠠ᠃ | ᠵᠠᠭᠤ ᠭᠤᠴᠢ ᠶᠢᠰᠦᠳᠦᠭᠡᠷ ᠵᠦᠢᠯ ᠵᠠᠷᠯᠠᠯ ᠤᠨ ᠠᠷᠭ᠎ᠠ ᠮᠠᠶ᠋ᠢᠭ ᠢᠶᠠᠷ ᠬᠢᠭᠰᠡᠨ ᠰᠠᠨᠠᠭᠠᠨ ᠤ ᠢᠯᠡᠳᠬᠡᠯᠲᠡ ᠨᠢ᠂ | ᠵᠠᠷᠯᠠᠯ ᠢ ᠨᠡᠶᠢᠲᠡᠯᠡᠭᠰᠡᠨ ᠴᠠᠭ ᠠᠴᠠ ᠬᠦᠴᠦᠨ ᠲᠠᠢ ᠪᠣᠯᠤᠨ᠎ᠠ᠃ | ᠵᠠᠭᠤ ᠳᠥᠴᠢᠳᠦᠭᠡᠷ ᠵᠦᠢᠯ ᠦᠢᠯᠡ ᠠᠵᠢᠯᠯᠠᠭᠠᠲᠠᠨ ᠰᠠᠨᠠᠭᠠᠨ ᠤ ᠢᠯᠡᠳᠬᠡᠯᠲᠡ ᠪᠠᠨ ᠲᠤᠳᠤᠷᠬᠠᠢ ᠢᠯᠡᠳᠬᠡᠬᠦ ᠪᠤᠶᠤ | ᠳᠠᠮ ᠢᠶᠠᠷ ᠢᠯᠡᠳᠬᠡᠵᠦ ᠪᠣᠯᠣᠨ᠎ᠠ᠃ | ᠳᠤᠭᠤᠢ ᠪᠠᠶᠢᠬᠤ ᠶᠢ ᠵᠦᠪᠬᠡᠨ ᠬᠠᠤᠯᠢ ᠴᠠᠭᠠᠵᠠ ᠶᠢᠨ ᠲᠣᠭᠲᠠᠭᠠᠯ ᠲᠠᠢ᠂ ᠲᠤᠬᠠᠶ ᠶᠢᠨ ᠬᠥᠮᠦᠨ ᠪᠣᠯᠵᠣᠯ ᠲᠠᠢ ᠪᠤᠶᠤ | ᠲᠤᠬᠠᠶ ᠶᠢᠨ ᠬᠥᠮᠦᠨ ᠤ ᠬᠤᠭᠤᠷᠣᠨᠳᠤᠬᠢ ᠠᠷᠠᠯᠵᠢᠶᠠᠨ ᠤ ᠵᠤᠷᠰᠢᠯ ᠳᠤ ᠨᠠᠶᠢᠴᠡᠭᠦ ᠦᠶ᠎ᠡ ᠳᠤ ᠰᠠᠶ᠋ᠢ ᠰᠠᠨᠠᠭᠠᠨ ᠤ | ᠢᠯᠡᠳᠬᠡᠯᠲᠡ ᠪᠠᠷ ᠦᠵᠡᠵᠦ ᠪᠣᠯᠤᠨ᠎ᠠ᠃ | ᠵᠠᠭᠤ ᠳᠥᠴᠢᠨ ᠨᠢᠭᠡᠳᠦᠭᠡᠷ ᠵᠦᠢᠯ ᠦᠢᠯᠡ ᠠᠵᠢᠯᠯᠠᠭᠠᠲᠠᠨ ᠰᠠᠨᠠᠭᠠᠨ ᠤ ᠢᠯᠡᠳᠬᠡᠯᠲᠡ ᠪᠠᠨ ᠪᠣᠴᠠᠭᠠᠨ ᠠᠪᠴᠤ | ᠪᠣᠯᠤᠨ᠎ᠠ᠃ ᠰᠠᠨᠠᠭᠠᠨ ᠤ ᠢᠯᠡᠳᠬᠡᠯᠲᠡ ᠪᠠᠨ ᠪᠤᠴᠠᠭᠠᠨ ᠠᠪᠬᠤ ᠮᠡᠳᠡᠭᠳᠡᠯ ᠨᠢ ᠰᠠᠨᠠᠭᠠᠨ ᠤ ᠢᠯᠡᠳᠬᠡᠯᠲᠡ | ᠬᠠᠷᠢᠴᠠᠩᠭᠤᠶ ᠬᠥᠮᠦᠨ ᠳᠤ ᠬᠥᠷᠬᠦ ᠠᠴᠠ ᠡᠮᠦᠨ᠎ᠡ ᠪᠤᠶᠤ ᠰᠠᠨᠠᠭᠠᠨ ᠤ ᠢᠯᠡᠳᠬᠡᠯᠲᠡ ᠲᠠᠢ ᠵᠡᠷᠭᠡ ᠪᠠᠷ ᠬᠠᠷᠢᠴᠠᠩᠭᠤᠶ | ᠬᠥᠮᠦᠨ ᠳᠤ ᠬᠦᠷᠦᠭᠰᠡᠨ ᠪᠠᠶᠢᠬᠤ ᠬᠡᠷᠡᠭᠲᠡᠢ᠃ | ᠵᠠᠭᠤ ᠳᠥᠴᠢᠨ ᠬᠤᠶᠠᠳᠣᠭᠠᠷ ᠵᠦᠢᠯ ᠬᠠᠷᠢᠴᠠᠩᠭᠤᠶ ᠬᠥᠮᠦᠨ ᠲᠠᠢ ᠰᠠᠨᠠᠭᠠᠨ ᠤ ᠢᠯᠡᠳᠬᠡᠯᠲᠡ ᠶᠢ ᠲᠠᠶᠢᠯᠪᠤᠷᠢᠯᠠᠬᠤ ᠳᠤ | ᠂ ᠬᠡᠷᠡᠭᠯᠡᠭᠰᠡᠨ ᠦᠭᠡ ᠥᠭᠦᠯᠡᠪᠦᠷᠢ ᠶᠢ ᠨᠢ ᠦᠨᠳᠦᠰᠦᠯᠡᠵᠦ᠂ ᠬᠤᠯᠪᠣᠭᠳᠠᠯ ᠪᠦᠬᠦᠢ ᠵᠦᠢᠯ ᠵᠤᠷᠪᠤᠰ᠂ ᠦᠢᠯᠡ | ᠠᠵᠢᠯᠯᠠᠭ᠎ᠠ ᠶᠢᠨ ᠰᠢᠨᠵᠢ ᠴᠢᠨᠠᠷ ᠪᠠ ᠵᠣᠷᠢᠯᠭ᠎ᠠ᠂ ᠲᠠᠳᠬᠠᠯ ᠵᠢᠴᠢ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠲᠠᠢ | ᠤᠶᠠᠯᠳᠤᠭᠤᠯᠤᠨ᠂ ᠰᠠᠨᠠᠭᠠᠨ ᠤ ᠢᠯᠡᠳᠬᠡᠯᠲᠡ ᠶᠢᠨ ᠤᠳᠬ᠎ᠠ ᠶᠢ ᠲᠣᠭᠲᠠᠭᠠᠬᠤ ᠬᠡᠷᠡᠭᠲᠡᠶ᠃ | ᠬᠠᠷᠢᠴᠠᠩᠭᠤᠶ ᠬᠥᠮᠦᠨ ᠦᠭᠡᠢ ᠰᠠᠨᠠᠭᠠᠨ ᠤ ᠢᠯᠡᠳᠬᠡᠯᠲᠡ ᠶᠢ ᠲᠠᠶᠢᠯᠪᠤᠷᠢᠯᠠᠬᠤ ᠳᠤ᠂ ᠬᠡᠷᠡᠭᠯᠡᠭᠰᠡᠨ ᠦᠭᠡ | ᠥᠭᠦᠯᠡᠪᠦᠷᠢ ᠳᠤᠨᠢ ᠪᠦᠷᠢᠮᠦᠰᠦᠨ ᠪᠠᠷᠢᠭᠳᠠᠵᠤ ᠪᠣᠯᠬᠤ ᠤᠢᠭᠡᠢ᠂ ᠬᠠᠷᠢᠨ ᠬᠤᠯᠪᠣᠭᠳᠠᠯ ᠪᠦᠬᠦᠢ ᠵᠦᠢᠯ ᠵᠤᠷᠪᠤᠰ᠂ | ᠦᠢᠯᠡ ᠠᠵᠢᠯᠯᠠᠭ᠎ᠠ ᠶᠢᠨ ᠰᠢᠨᠵᠢ ᠴᠢᠨᠠᠷ ᠪᠠ ᠵᠣᠷᠢᠯᠭ᠎ᠠ᠂ ᠲᠠᠳᠬᠠᠯ ᠵᠢᠴᠢ ᠦᠨᠡᠨᠴᠢ ᠢᠲᠡᠭᠡᠮᠵᠢᠲᠡᠶ ᠪᠠᠶᠢᠬᠤ | ᠵᠠᠷᠴᠢᠮ ᠲᠠᠢ ᠤᠶᠠᠯᠳᠤᠭᠤᠯᠤᠨ᠂ ᠦᠢᠯᠡ ᠠᠵᠢᠯᠯᠠᠭᠠᠳᠠᠨ ᠤ ᠦᠨᠡᠨ ᠰᠠᠨᠠᠭ᠎ᠠ ᠶᠢ ᠲᠣᠭᠲᠠᠭᠠᠬᠤ ᠬᠡᠷᠡᠭᠲᠡᠢ᠃ | ᠭᠤᠷᠪᠠᠳᠤᠭᠠᠷ ᠬᠡᠰᠡᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ | ᠵᠠᠭᠤ ᠳᠥᠴᠢᠨ ᠭᠤᠷᠪᠠᠳᠣᠭᠠᠷ ᠵᠦᠢᠯ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠲᠠᠢ᠄ | ︵ᠨᠢᠭᠡ︶ ᠦᠢᠯᠡ ᠠᠵᠢᠯᠯᠠᠭᠠᠲᠠᠨ ᠨᠢ ᠵᠣᠬᠢᠴᠠᠩᠭᠤᠶ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ | ᠴᠢᠳᠠᠪᠤᠷᠢ ᠲᠠᠢ︔ | ︵ᠬᠤᠶᠠᠷ︶ ᠰᠠᠨᠠᠭᠠᠨ ᠤ ᠢᠯᠡᠳᠭᠡᠯᠳᠠ ᠨᠢ ᠦᠨᠠᠨ ᠪᠣᠳᠠᠳᠠᠢ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠳᠠᠢ | ᠲᠣᠭᠲᠠᠭᠠᠯ ᠢ ᠥᠯᠥ ᠵᠥᠷᠢᠴᠡᠬᠦ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠥᠯᠥ | ᠵᠥᠷᠢᠴᠡᠬᠦ᠃ | ᠵᠠᠭᠤ ᠳᠥᠴᠢᠨ ᠲᠦᠷᠪᠡᠳᠦᠭᠡᠷ ᠵᠦᠢᠯ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ ᠤ | ᠬᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠦᠭᠡᠢ᠃ | ᠵᠠᠭᠤ ᠳᠥᠴᠢᠨ ᠲᠠᠪᠣᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ | ᠬᠦᠮᠦᠠ ᠤ ᠬᠢᠭᠰᠡᠨ ᠴᠤᠯ ᠠᠰᠢᠭ ᠲᠤᠰᠠ ᠤᠯᠬᠤ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠪᠤᠶᠤ ᠨᠠᠰᠤ ᠵᠢᠯ᠂ ᠤᠶᠤᠨ ᠴᠢᠳᠠᠪᠤᠷᠢ᠂ ᠣᠶᠣᠨ ᠤ ᠡᠷᠡᠭᠦᠯ ᠮᠡᠨᠳᠦ ᠶᠢᠨ ᠪᠠᠶᠢᠳᠠᠯ ᠲᠠᠢ ᠨᠢ ᠵᠣᠬᠢᠴᠠᠭᠰᠠᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠲᠠᠢ︔ ᠭᠢᠭᠰᠡᠨ ᠪᠤᠰᠤᠳ ᠢᠷᠭᠡᠨ ᠤ ᠬᠡᠷᠡᠭ ᠤᠨ | ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠠᠷ ᠨᠢ ᠵᠥᠪᠰᠢᠶᠡᠷᠡᠭᠦᠯᠬᠦ | ᠪᠤᠶᠤ ᠨᠡᠬᠡᠮᠵᠢᠯᠡᠨ ᠵᠥᠪᠰᠢᠶᠡᠷᠡᠭᠦᠯᠦᠭᠰᠡᠨ ᠤ ᠲᠡᠷᠠᠭ᠎ᠠ ᠬᠦᠴᠦᠨ ᠲᠠᠢ᠃ | ᠬᠠᠷᠢᠴᠠᠩᠭᠤᠶ ᠬᠥᠮᠦᠨ ᠬᠠᠤᠯᠢ ᠪᠠᠷ ᠲᠣᠭᠲᠠᠭᠠᠭᠰᠠᠨ ᠣᠷᠣᠯᠠᠭᠴᠢ ᠳᠤ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ | ᠭᠤᠴᠢᠨ ᠡᠳᠦᠷ ᠤᠨ ᠳᠣᠲᠣᠷ᠎ᠠ ᠨᠡᠬᠡᠮᠵᠢᠯᠡᠨ ᠵᠥᠪᠰᠢᠶᠡᠷᠡᠭᠦᠯᠬᠦ ᠪᠠᠷ ᠰᠢᠪᠠᠳᠠᠨ ᠮᠡᠳᠡᠭᠳᠡᠵᠦ ᠪᠣᠯᠤᠨ᠎ᠠ᠃ ᠬᠠᠤᠯᠢ ᠪᠠᠷ | ᠲᠣᠭᠲᠠᠭᠠᠭᠰᠠᠨ ᠣᠷᠣᠯᠠᠭᠴᠢ ᠰᠠᠨᠠᠭ᠎ᠠ ᠪᠠᠨ ᠢᠯᠡᠳᠬᠡᠭᠰᠡᠨ ᠤᠢᠭᠡᠢ ᠪᠠᠶᠢᠪᠠᠯ᠂ ᠨᠡᠬᠡᠮᠵᠢᠯᠡᠨ ᠵᠥᠪᠰᠢᠶᠡᠷᠡᠬᠦ ᠶᠢ | ᠲᠡᠪᠴᠢᠭᠰᠡᠨ ᠢᠶᠠᠷ ᠦᠵᠡᠨ᠎ᠡ᠃ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠨᠡᠬᠡᠮᠵᠢᠯᠡᠨ | ᠵᠥᠪᠰᠢᠶᠡᠷᠡᠬᠦ ᠠᠴᠠ ᠡᠮᠦᠨ᠎ᠡ᠂ ᠰᠡᠶᠢᠠ ᠰᠠᠨᠠᠭᠠᠳᠤ ᠬᠠᠷᠢᠴᠠᠩᠭᠤᠶ ᠬᠥᠮᠦᠨ ᠬᠦᠴᠦᠨ ᠤᠢᠭᠡᠢ ᠪᠣᠯᠭᠠᠬᠤ ᠡᠷᠬᠡ ᠲᠠᠢ᠃ | ᠬᠦᠴᠦᠨ ᠤᠢᠭᠡᠢ ᠪᠣᠯᠭᠠᠬᠤ ᠶᠢ ᠮᠡᠳᠡᠭᠳᠡᠯ ᠤᠨ ᠠᠷᠭ᠎ᠠ ᠮᠠᠶ᠋ᠢᠭ ᠢᠶᠠᠷ ᠢᠯᠡᠳᠭᠡᠭᠦ ᠬᠡᠷᠡᠭᠲᠡᠢ᠃ | ᠵᠠᠭᠤ ᠳᠥᠴᠢᠨ ᠵᠢᠷᠭᠤᠳᠣᠭᠠᠷ ᠵᠦᠢᠯ ᠦᠢᠯᠡ ᠠᠵᠢᠯᠯᠠᠭᠠᠲᠠᠨ ᠭᠢᠭᠡᠳ ᠬᠠᠷᠢᠴᠠᠩᠭᠤᠶ ᠬᠥᠮᠦᠨ ᠤ ᠬᠤᠳᠠᠯ ᠬᠠᠭᠤᠷᠮᠠᠭ | ᠰᠠᠨᠠᠭᠠᠨ ᠤ ᠢᠯᠡᠳᠬᠡᠯᠲᠡ ᠪᠠᠷ ᠭᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ | ᠦᠭᠡᠢ᠃ | ᠬᠤᠳᠠᠯ ᠬᠠᠭᠤᠷᠮᠠᠭ ᠰᠠᠨᠠᠭᠠᠨ ᠤ ᠢᠯᠡᠳᠬᠡᠯᠳᠡ ᠪᠠᠷ ᠲᠠᠯᠳᠠᠯᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠦᠢᠯᠡ ᠠᠵᠢᠯᠯᠠᠭ᠎ᠠ ᠶᠢᠨ ᠬᠦᠴᠦᠨ ᠢ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠰᠢᠢᠳᠪᠦᠷᠢᠯᠡᠨ᠎ᠡ᠃ | ᠵᠠᠭᠤ ᠲᠦᠴᠢᠨ ᠲᠣᠯᠣᠳᠣᠭᠠᠷ ᠵᠦᠢᠯ ᠭᠦᠨᠳᠦ ᠶᠡᠭᠡ ᠠᠳᠡᠭᠦᠷᠡᠯ ᠠᠴᠠ ᠪᠣᠯᠵᠦ ᠬᠢᠭᠰᠡᠡ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠦᠢᠯᠡ ᠠᠵᠢᠯᠯᠠᠭ᠎ᠠ ᠶᠢ ᠪᠤᠯ᠂ ᠥᠢᠯᠡ ᠠᠵᠢᠯᠯᠠᠭᠠᠳᠠᠨ ᠨᠢ ᠠᠷᠠᠳ ᠤᠨ ᠰᠢᠬᠦᠬᠦ ᠬᠤᠷᠢᠶ᠎ᠠ ᠪᠤᠶᠤ | ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃ | ᠵᠠᠭᠤ ᠲᠦᠴᠢᠨ ᠨᠠᠢᠮᠠᠳᠣᠭᠠᠷ ᠵᠦᠢᠯ ᠨᠢᠬᠡ ᠲᠠᠯ᠎ᠠ ᠨᠢ ᠮᠡᠭᠡᠯᠡᠬᠦ ᠠᠷᠭ᠎ᠠ ᠪᠠᠷᠢᠯ ᠢ ᠬᠡᠷᠡᠭᠯᠡᠵᠤ ᠪᠠᠶᠢᠭᠠᠳ ᠨᠦᠬᠦᠭᠡ | ᠲᠠᠯ᠎ᠠ ᠪᠠᠷ ᠢᠶᠠᠨ ᠦᠨᠡᠨ ᠰᠠᠨᠠᠭ᠎ᠠ ᠶᠢ ᠨᠢ ᠵᠦᠷᠢᠴᠡᠭᠦᠯᠵᠤ ᠬᠢᠯᠬᠡᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠦᠢᠯᠡ ᠠᠵᠢᠯᠯᠠᠭ᠎ᠠ ᠶᠢ ᠪᠤᠯ᠂ ᠮᠡᠬᠡᠯᠡᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ | ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃ | ᠵᠠᠭᠤ ᠲᠦᠴᠢ ᠶᠢᠰᠦᠳᠦᠭᠡᠷ ᠵᠦᠢᠯ ᠭᠤᠷᠪᠠᠳᠠᠬᠢ ᠬᠦᠮᠦᠨ ᠮᠡᠭᠡᠯᠡᠬᠦ ᠦᠢᠯᠡ ᠠᠵᠢᠯᠯᠠᠭ᠎ᠠ ᠬᠢᠵᠤ ᠪᠠᠶᠢᠭᠠᠳ ᠨᠢᠬᠡ | ᠲᠠᠯ᠎ᠠ ᠶᠢᠨ ᠦᠨᠡᠨ ᠰᠠᠨᠠᠭ᠎ᠠ ᠶᠢ ᠵᠦᠷᠢᠴᠡᠬᠦᠯᠵᠤ ᠬᠢᠯᠬᠡᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ | ᠠᠵᠢᠯᠯᠠᠭ᠎ᠠ ᠳᠤ᠂ ᠨᠦᠬᠦᠭᠡ ᠲᠠᠯ᠎ᠠ ᠨᠢ ᠲᠤᠰ ᠮᠡᠭᠡᠯᠡᠬᠦ ᠦᠢᠯᠡ ᠠᠵᠢᠯᠯᠠᠭ᠎ᠠ ᠶᠢ ᠮᠡᠳᠡᠭᠰᠡᠨ ᠪᠤᠶᠤ ᠮᠡᠳᠡᠭᠦ ᠶᠤᠰᠤᠳᠡᠢ | ᠪᠠᠶᠢᠪᠠᠯ᠂ ᠮᠡᠬᠡᠯᠡᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ ᠬᠦᠡᠳᠡᠯᠡᠠ ᠠᠴᠠ ᠲᠡᠰᠦᠯᠬᠤ | ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃ | ᠵᠠᠭᠤ ᠲᠠᠪᠢᠳᠤᠭᠠᠷ ᠵᠦᠢᠯ ᠨᠢᠬᠡ ᠲᠠᠯ᠎ᠠ ᠪᠤᠶᠤ ᠭᠤᠷᠪᠠᠳᠠᠬᠢ ᠬᠦᠮᠦᠨ ᠨᠢ ᠰᠦᠷᠳᠡᠬᠦᠯᠬᠦ ᠠᠷᠭ᠎ᠠ ᠪᠠᠷᠢᠯ ᠢ ᠬᠡᠷᠡᠭᠯᠡᠵᠤ | ᠪᠠᠶᠢᠭᠠᠳ ᠨᠦᠬᠦᠭᠡ ᠲᠠᠯ᠎ᠠ ᠪᠠᠷ ᠢᠶᠠᠨ ᠦᠨᠡᠨ ᠰᠠᠨᠠᠭ᠎ᠠ ᠶᠢ ᠨᠢ ᠵᠦᠷᠢᠴᠡᠬᠦᠯᠵᠤ ᠬᠢᠯᠬᠡᠭᠰᠡᠨ ᠢᠷᠭᠡᠨ ᠤ ᠬᠡᠷᠡᠭ ᠤᠨ | ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠤᠯ᠂ ᠰᠦᠷᠳᠡᠬᠦᠯᠦᠭᠳᠡᠭᠰᠡᠨ ᠲᠠᠯ᠎ᠠ ᠨᠢ ᠠᠷᠠᠳ ᠤᠨ ᠰᠢᠬᠦᠬᠦ ᠬᠤᠷᠢᠶ᠎ᠠ | ᠪᠤᠶᠤ ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ | ᠡᠷᠬᠡ ᠲᠠᠢ᠃ | ᠵᠠᠭᠤ ᠲᠠᠪᠢᠨ ᠨᠢᠭᠡᠳᠦᠭᠡᠷ ᠵᠦᠢᠯ ᠨᠢᠬᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠠᠶᠤᠯ ᠪᠡᠷᠬᠡᠰᠢᠶᠡᠯ ᠲᠠᠢ ᠪᠠᠶᠢᠳᠠᠯ ᠳᠤ | ᠤᠷᠤᠰᠢᠬᠤ᠂ ᠮᠠᠭᠠᠳᠯᠠᠬᠤ ᠴᠢᠳᠠᠪᠤᠷᠢ ᠪᠠᠷ ᠮᠡᠭᠦᠰ ᠪᠠᠶᠢᠬᠤ ᠵᠡᠷᠬᠡ ᠪᠠᠶᠢᠳᠠᠯ ᠢ ᠠᠰᠢᠬᠯᠠᠵᠤ ᠪᠠᠶᠢᠭᠠᠳ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠠᠶᠢᠭᠤᠯᠣᠭᠳᠠᠬᠤ ᠦᠶ᠎ᠡ ᠳᠤᠨᠢ ᠢᠯᠡᠳᠳᠡ ᠭᠤᠣᠯᠴᠢ | ᠪᠤᠰᠤ ᠪᠤᠯᠭᠠᠭᠰᠠᠨ ᠪᠠᠶᠢᠪᠠᠯ᠂ ᠬᠤᠬᠢᠷᠠᠯ ᠠᠮᠰᠠᠭᠴᠢ ᠲᠠᠯ᠎ᠠ ᠨᠢ ᠠᠷᠠᠳ ᠤᠨ ᠰᠢᠬᠦᠬᠦ ᠬᠤᠷᠢᠶ᠎ᠠ ᠪᠤᠶᠤ | ᠬᠦᠡᠳᠡᠯᠡᠠ ᠠᠴᠠ ᠲᠡᠰᠦᠯᠬᠤ ᠪᠠᠶᠢᠭᠤᠯᠦᠮᠵᠢ ᠳᠤ ᠬᠦᠴᠦᠠ ᠤᠢᠭᠡᠢ ᠪᠤᠯᠭᠠᠭᠤᠯᠬᠤ ᠪᠠᠷ ᠭᠤᠶᠦᠴᠢᠯᠡᠬᠤ ᠡᠷᠬᠡ ᠲᠠᠢ᠃ | ᠵᠠᠭᠤ ᠲᠠᠪᠢᠨ ᠬᠤᠶᠠᠳᠣᠭᠠᠷ ᠵᠦᠢᠯ ᠲᠤᠤᠷ᠎ᠠ ᠵᠢᠬᠰᠡᠭᠠᠬᠰᠡᠠ ᠪᠠᠶᠢᠳᠡᠯ ᠤᠨ ᠨᠢᠭᠡ ᠨᠢ ᠪᠠᠶᠢᠪᠡᠯ᠂ ᠬᠦᠴᠦᠠ ᠤᠢᠭᠡᠢ | ᠪᠤᠯᠭᠠᠬᠤ ᠡᠷᠭᠡ ᠤᠰᠡᠳᠦᠨᠡ᠄ | ︵ᠨᠢᠬᠡ︶ ᠲᠤᠬᠠᠢ ᠶᠢᠨ ᠬᠦᠮᠦᠠ ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠪᠤᠶᠦ ᠮᠡᠳᠡᠬᠦ | ᠶᠤᠰᠦᠳᠡᠢ ᠡᠳᠦᠷ ᠠᠴᠠ ᠡᠬᠢᠯᠡᠠ ᠨᠢᠭᠡ ᠵᠢᠯ ᠤᠨ ᠲᠤᠳᠦᠷ᠎ᠠ᠂ ᠬᠦᠨᠳᠤ ᠶᠡᠭᠡ ᠠᠳᠡᠬᠦᠷᠡᠯ ᠤᠨ ᠲᠤᠬᠠᠢ ᠶᠢᠨ ᠬᠦᠮᠦᠠ | ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠪᠤᠶᠦ ᠮᠡᠳᠡᠬᠦ ᠶᠤᠰᠦᠳᠡᠢ ᠡᠳᠦᠷ ᠠᠴᠠ ᠡᠬᠢᠯᠡᠠ ᠶᠡᠷᠡᠨ | ᠡᠳᠦᠷ ᠤᠨ ᠲᠤᠳᠦᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠦᠯᠦ ᠭᠡᠷᠡᠭᠵᠢᠬᠦᠯᠦᠭᠰᠡᠠ︔ | ︵ᠬᠤᠶᠠᠷ︶ ᠲᠤᠬᠠᠢ ᠶᠢᠨ ᠬᠦᠮᠦᠨ ᠰᠦᠷᠳᠡᠬᠦᠯᠦᠭᠳᠡᠬᠡᠳ᠂ ᠰᠦᠷᠳᠡᠬᠦᠯᠦᠭᠰᠡᠨ ᠦᠢᠯᠡ ᠠᠵᠢᠯᠯᠠᠭ᠎ᠠ ᠲᠠᠭᠤᠰᠤᠭᠰᠠᠨ | ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠦᠯᠦ ᠭᠡᠷᠡᠭᠵᠢᠬᠦᠯᠦᠭᠰᠡᠠ︔ | | ︵ᠭᠤᠷᠪᠠ︶ ᠲᠤᠬᠠᠢ ᠶᠢᠨ ᠬᠦᠮᠦᠨ ᠬᠦᠴᠦᠠ ᠤᠢᠭᠡᠢ ᠪᠤᠯᠭᠠᠬᠤ ᠤᠴᠢᠷ ᠰᠢᠯᠳᠡᠭᠠᠠ ᠢ ᠮᠡᠳᠡᠭᠰᠡᠠ ᠤ ᠲᠠᠷᠠᠭ᠎ᠠ | ᠬᠦᠴᠦᠠ ᠤᠢᠭᠡᠢ ᠪᠤᠯᠭᠠᠬᠤ ᠡᠷᠭᠡ ᠪᠠᠨ ᠬᠠᠶᠠᠬᠤ ᠪᠠᠷ ᠲᠤᠳᠦᠷᠬᠠᠢ ᠢᠯᠡᠦᠡᠭᠡᠭᠰᠡᠠ ᠪᠤᠶᠦ ᠤᠢᠪᠡᠷ ᠤᠨ ᠤᠢᠢᠯᠠ | ᠠᠵᠢᠯᠯᠠᠭ᠎ᠠ ᠪᠠᠷ ᠢᠶᠠᠨ ᠢᠯᠡᠷᠬᠡᠶᠢᠯᠡᠭᠰᠡᠨ᠃ | ᠲᠤᠬᠠᠢ ᠶᠢᠨ ᠬᠦᠮᠦᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠡᠬᠦᠰᠦᠭᠰᠡᠨ ᠡᠳᠦᠷ ᠠᠴᠠ | ᠡᠬᠢᠯᠡᠨ ᠲᠠᠪᠤᠨ ᠵᠢᠯ ᠤᠨ ᠲᠤᠳᠤᠷ᠎ᠠ ᠬᠦᠴᠦᠠ ᠤᠢᠭᠡᠢ ᠪᠤᠯᠭᠠᠬᠤ ᠡᠷᠭᠡ ᠪᠠᠨ ᠭᠡᠷᠡᠭᠵᠢᠬᠦᠯᠦᠭᠰᠡᠠ ᠤᠢᠭᠡᠢ ᠪᠠᠶᠢᠪᠠᠯ᠂ | ᠬᠦᠴᠦᠠ ᠤᠢᠭᠡᠢ ᠪᠤᠯᠭᠠᠬᠤ ᠡᠷᠭᠡ ᠨᠢ ᠤᠰᠡᠳᠦᠨᠡ᠃ | ᠵᠠᠭᠤ ᠲᠠᠪᠢᠨ ᠭᠤᠷᠪᠠᠳᠣᠭᠠᠷ ᠵᠦᠢᠯ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠤᠯᠢ ᠲᠣᠭᠳᠠᠭᠠᠯ ᠳᠠᠬᠢ | ᠠᠯᠪᠠᠳᠠᠯᠭ᠎ᠠ ᠶᠢᠨ ᠴᠢᠨᠠᠷᠳᠠᠢ ᠲᠣᠭᠳᠠᠭᠠᠯ ᠠᠴᠠ ᠵᠦᠷᠢᠴᠡᠭᠰᠡᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ | ᠠᠵᠢᠯᠯᠠᠭ᠎ᠠ ᠭᠦᠴᠦᠨ ᠦᠭᠡᠢ᠃ ᠭᠡᠪᠡᠴᠦ ᠲᠡᠷᠡ ᠠᠯᠪᠠᠳᠠᠯᠭ᠎ᠠ ᠶᠢᠨ ᠴᠢᠨᠠᠷᠳᠠᠢ ᠲᠣᠭᠳᠠᠭᠠᠯ ᠨᠢ ᠲᠣᠰ ᠢᠷᠭᠡᠨ ᠤ | ᠭᠡᠷᠡᠭ ᠤᠨ ᠬᠠᠣᠯᠢ ᠴᠠᠭᠠᠵᠠ ᠶᠢᠨ ᠦᠢᠯᠠ ᠠᠵᠢᠯᠯᠠᠭ᠎ᠠ ᠶᠢ ᠭᠦᠴᠦᠨ ᠦᠭᠡᠢ ᠪᠣᠯᠬᠤ ᠳᠤ ᠬᠦᠷᠦᠭᠦᠯᠦᠭᠰᠡᠨ ᠪᠠᠶᠢᠪᠠᠯ | ᠡᠭᠦᠨ ᠳᠤ ᠪᠠᠭᠳᠠᠬᠤ ᠦᠭᠡᠢ᠃ | ᠨᠡᠶᠢᠳᠡ ᠶᠢᠨ ᠡᠮᠭᠢ ᠵᠢᠷᠣᠮ ᠪᠠ ᠰᠠᠶᠢᠨ ᠰᠠᠶᠢᠬᠠᠨ ᠭᠡᠪ ᠵᠠᠩᠰᠢᠯ ᠠᠴᠠ ᠵᠦᠷᠢᠴᠡᠭᠰᠡᠨ ᠢᠷᠭᠡᠨ ᠤ ᠭᠡᠷᠡᠭ ᠤᠨ ᠬᠠᠣᠯᠢ | ᠴᠠᠭᠠᠵᠠ ᠶᠢᠨ ᠦᠢᠯᠡ ᠠᠵᠢᠯᠯᠠᠭ᠎ᠠ ᠭᠦᠴᠦᠨ ᠦᠭᠡᠢ᠃ | ᠵᠠᠭᠤ ᠲᠠᠪᠢᠨ ᠲᠦᠷᠪᠡᠳᠦᠭᠡᠷ ᠵᠦᠢᠯ ᠦᠢᠯᠡ ᠠᠵᠢᠯᠯᠠᠭᠠᠳᠠᠨ ᠬᠢᠬᠡᠳ ᠬᠠᠷᠢᠴᠠᠩᠭᠤᠢ ᠬᠦᠮᠦᠨ ᠤ ᠮᠡᠭᠤ | ᠰᠡᠨᠠᠭ᠎ᠠ ᠲᠠᠢ ᠪᠠᠷ ᠰᠦᠯᠪᠡᠭᠡᠯᠳᠦᠨ ᠪᠤᠰᠤᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠥᠴᠥᠨ ᠥᠭᠡᠢ᠃ | ᠵᠠᠭᠤ ᠲᠠᠪᠢᠨ ᠲᠠᠪᠣᠳᠣᠭᠠᠷ ᠵᠦᠢᠯ ᠬᠥᠴᠥᠨ ᠥᠭᠡᠢ ᠪᠤᠶᠤ ᠬᠦᠴᠦᠨ ᠦᠬᠡᠢ ᠪᠤᠯᠭᠠᠭᠳᠠᠭᠰᠨᠨ ᠢᠷᠭᠡᠨ ᠤ ᠬᠡᠷᠡᠭ ᠤᠨ | ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠡᠬᠢᠯᠡᠭᠰᠡᠨ ᠠᠴᠠ ᠪᠠᠨ ᠠᠪᠤᠭᠠᠳ ᠬᠠᠣᠯᠢ ᠴᠠᠭᠠᠵᠠ ᠶᠢᠨ ᠭᠢᠵᠠᠭᠠᠷᠯᠠᠬᠤ | ᠭᠦᠴᠦᠨ ᠦᠭᠡᠢ᠃ | ᠵᠠᠭᠤ ᠲᠠᠪᠢᠨ ᠵᠢᠷᠭᠤᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠨᠢᠭᠡ | ᠭᠡᠰᠡᠭ ᠨᠢ ᠬᠦᠴᠦᠠ ᠤᠢᠭᠡᠢ ᠨᠢ ᠪᠤᠰᠤᠤᠠ ᠭᠡᠰᠡᠭ ᠤᠨ ᠬᠦᠴᠦᠠ ᠲᠠᠢ ᠪᠠᠶᠢᠬᠤ ᠶᠢ ᠨᠦᠯᠦᠭᠡᠯᠡᠬᠦ ᠤᠢᠭᠡᠢ ᠪᠤᠯ | ᠪᠤᠰᠤᠤᠠ ᠭᠡᠰᠡᠭ ᠨᠢ ᠮᠦᠠ ᠯᠡ ᠬᠦᠴᠦᠠ ᠲᠠᠢ᠃ | ᠵᠠᠭᠤ ᠲᠠᠪᠢᠨ ᠲᠣᠯᠣᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠠ | ᠤᠢᠭᠡᠢ᠂ ᠬᠦᠴᠦᠨ ᠦᠬᠡᠢ ᠪᠤᠯᠭᠠᠭᠳᠠᠭᠰᠠᠨ ᠪᠤᠶᠤ ᠲᠡᠬᠦᠨ ᠤ ᠬᠦᠴᠦᠨ ᠲᠠᠢ ᠪᠤᠯᠬᠤ ᠦᠬᠡᠢ ᠶᠢ ᠲᠤᠭᠳᠠᠭᠠᠭᠰᠠᠨ ᠤ | ᠳᠠᠷᠠᠭ᠎ᠠ᠂ ᠦᠢᠯᠡ ᠠᠵᠢᠯᠯᠠᠭᠠᠳᠠᠨ ᠲᠣᠰ ᠦᠢᠯᠡ ᠠᠵᠢᠯᠯᠠᠭ᠎ᠠ ᠠᠴᠠ ᠪᠤᠯᠵᠤ ᠤᠯᠤᠭᠰᠠᠨ ᠡᠳ᠋ ᠬᠦᠷᠦᠩᠬᠡ ᠶᠢ | ᠪᠤᠴᠡᠭᠠᠬᠤ ᠭᠡᠷᠡᠭᠳᠡᠢ︔ ᠪᠤᠴᠡᠭᠠᠵᠦ ᠲᠠᠶᠢᠯᠭᠦ ᠤᠢᠭᠡᠢ ᠪᠤᠶᠦ ᠪᠤᠴᠡᠭᠠᠬᠤ ᠴᠢᠬᠤᠯᠠ ᠤᠢᠭᠡᠢ ᠪᠤᠯ ᠦᠨ᠎ᠡ ᠨᠤᠭᠤᠯᠤᠨ | ᠪᠤᠳᠦᠵᠦ ᠲᠦᠯᠦᠬᠦ ᠭᠡᠷᠡᠭᠳᠡᠢ᠃ ᠤᠰᠤᠯ ᠲᠠᠢ ᠲᠠᠯ᠎ᠠ ᠨᠢ ᠨᠦᠬᠦᠭᠡ ᠲᠠᠯ᠎ᠠ ᠶᠢᠨ ᠢᠶᠠᠨ ᠡᠬᠦᠠ ᠠᠴᠠ ᠪᠤᠯᠦᠬᠰᠡᠠ | ᠬᠤᠬᠢᠷᠡᠯ ᠢ ᠲᠦᠯᠦᠬᠦ ᠭᠡᠷᠡᠭᠳᠡᠢ︔ ᠡᠯ᠎ᠡ ᠲᠠᠯ᠎ᠠ ᠨᠢ ᠴᠦᠮ ᠤᠰᠤᠯ ᠲᠠᠢ ᠪᠠᠶᠢᠪᠡᠯ᠂ ᠲᠤᠰ ᠲᠤᠰ ᠲᠠᠭᠠᠨ | ᠵᠤᠬᠢᠴᠡᠩᠭᠤᠢ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠡᠯ᠂ | ᠲᠡᠷᠠ ᠲᠤᠬᠳᠡᠭᠠᠯ ᠶᠤᠰᠤᠭᠠᠷ ᠶᠠᠪᠤᠭᠤᠯᠤᠨ᠎ᠠ᠃ | ᠲᠦᠷᠪᠡᠳᠦᠭᠡᠷ ᠭᠡᠰᠡᠭ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠬᠦᠴᠡᠯ ᠪᠠ | ᠬᠤᠭᠤᠴᠠᠭ᠎ᠠ ᠳᠠᠭᠠᠯᠳᠤᠭᠤᠯᠬᠤ | ᠵᠠᠭᠤ ᠲᠠᠪᠢᠨ ᠨᠠᠢᠮᠠᠳᠣᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠨᠦᠬᠦᠴᠡᠯ | ᠳᠠᠭᠠᠯᠳᠤᠭᠤᠯᠵᠦ ᠪᠤᠯᠤᠨ᠎ᠠ᠂ ᠬᠡᠪᠡᠴᠤ ᠲᠡᠬᠦᠨ ᠤ ᠰᠢᠨᠵᠢ ᠴᠢᠨᠠᠷ ᠢ ᠦᠨᠳᠦᠰᠦᠯᠡᠪᠡᠯ ᠨᠦᠬᠦᠴᠡᠯ ᠳᠠᠭᠠᠯᠳᠤᠭᠤᠯᠵᠤ | ᠪᠤᠯᠬᠤ ᠦᠬᠡᠢ ᠨᠢ ᠡᠬᠦᠨ ᠳᠤ ᠪᠠᠭᠳᠠᠬᠤ ᠦᠬᠡᠢ᠃ ᠬᠦᠴᠦᠠ ᠲᠠᠢ ᠪᠤᠯᠬᠤ ᠨᠦᠬᠦᠴᠡᠯ ᠲᠡᠭᠠᠯᠳᠦᠭᠤᠯᠦᠬᠰᠡᠠ | ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠨᠦᠬᠦᠴᠡᠯ ᠪᠦᠷᠢᠯᠳᠦᠭᠰᠡᠨ ᠴᠠᠭ ᠠᠴᠠ | ᠬᠦᠴᠦᠨ ᠲᠠᠢ ᠪᠤᠯᠤᠨ᠎ᠠ᠃ ᠴᠤᠴᠡᠯᠬᠤ ᠨᠦᠬᠦᠴᠡᠯ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠦᠢᠯᠡ ᠠᠵᠢᠯᠯᠠᠭ᠎ᠠ ᠨᠢ ᠨᠦᠬᠦᠴᠡᠯ ᠪᠦᠷᠢᠯᠳᠦᠭᠰᠡᠠ ᠴᠠᠬ ᠠᠴᠠ ᠬᠦᠴᠦᠠ ᠤᠢᠭᠡᠢ ᠪᠤᠯᠦᠨ᠎ᠡ᠃ | ᠵᠠᠭᠤ ᠲᠠᠪᠢ ᠶᠢᠰᠦᠳᠦᠭᠡᠷ ᠵᠦᠢᠯ ᠨᠦᠬᠦᠴᠡᠯ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ | ᠦᠢᠯᠡ ᠠᠵᠢᠯᠯᠠᠭ᠎ᠠ ᠳᠤ᠂ ᠲᠤᠬᠠᠢ ᠶᠢᠨ ᠬᠦᠮᠦᠨ ᠦᠪᠡᠷ ᠤᠨ ᠠᠰᠢᠭ ᠲᠤᠰᠠ ᠶᠢᠨ ᠢᠶᠠᠨ ᠲᠦᠯᠦᠬᠡ ᠨᠦᠬᠦᠴᠡᠯ | ᠪᠦᠷᠢᠯᠳᠦᠬᠦ ᠶᠢ ᠵᠦᠢ ᠪᠤᠰᠦ ᠪᠠᠷ ᠬᠤᠷᠢᠬᠯᠡᠬᠰᠡᠠ ᠪᠠᠶᠢᠪᠡᠯ ᠨᠦᠬᠦᠴᠡᠯ ᠪᠦᠷᠢᠯᠳᠦᠭᠰᠡᠠ ᠢᠶᠠᠷ ᠦᠵᠡᠨ᠎ᠠ︔ ᠨᠦᠬᠦᠴᠡᠯ | ᠪᠦᠷᠢᠯᠳᠦᠬᠦ ᠶᠢ ᠵᠦᠢ ᠪᠤᠰᠦ ᠪᠠᠷ ᠠᠬᠢᠭᠤᠯᠦᠬᠰᠡᠠ ᠪᠠᠶᠢᠪᠡᠯ ᠨᠦᠬᠦᠴᠡᠯ ᠦᠯᠦ ᠪᠦᠷᠢᠯᠳᠦᠭᠰᠡᠠ ᠢᠶᠠᠷ ᠦᠵᠡᠨ᠎ᠠ᠃ | ᠵᠠᠭᠤ ᠵᠢᠷᠠᠳᠤᠭᠠᠷ ᠵᠦᠢᠯ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠳᠤ ᠬᠤᠭᠤᠴᠠᠭ᠎ᠠ | ᠳᠠᠭᠠᠯᠳᠤᠭᠤᠯᠵᠦ ᠪᠤᠯᠤᠨ᠎ᠠ᠂ ᠬᠡᠪᠡᠴᠤ ᠲᠡᠬᠦᠨ ᠤ ᠰᠢᠨᠵᠢ ᠴᠢᠨᠠᠷ ᠢ ᠦᠨᠳᠦᠰᠦᠯᠡᠪᠡᠯ ᠬᠤᠭᠤᠴᠠᠭ᠎ᠠ ᠳᠠᠭᠠᠯᠳᠤᠭᠤᠯᠵᠤ | ᠪᠤᠯᠬᠤ ᠦᠬᠡᠢ ᠨᠢ ᠡᠬᠦᠨ ᠳᠤ ᠪᠠᠭᠳᠠᠬᠤ ᠦᠬᠡᠢ᠃ ᠬᠦᠴᠦᠠ ᠲᠠᠢ ᠪᠤᠯᠬᠤ ᠬᠤᠭᠤᠴᠠᠭ᠎ᠠ ᠲᠡᠭᠠᠯᠳᠦᠭᠤᠯᠦᠬᠰᠡᠠ | ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠤᠭᠤᠴᠠᠭ᠎ᠠ ᠲᠤᠯᠦᠬᠰᠡᠠ ᠴᠠᠬ ᠠᠴᠠ | ᠬᠦᠴᠦᠠ ᠲᠠᠢ ᠪᠤᠯᠦᠨ᠎ᠡ᠃ ᠲᠡᠭᠤᠰᠬᠤ ᠬᠤᠭᠤᠴᠠᠭ᠎ᠠ ᠲᠡᠭᠠᠯᠳᠦᠭᠤᠯᠦᠬᠰᠡᠠ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠦᠢᠯᠡ ᠠᠵᠢᠯᠯᠠᠭ᠎ᠠ ᠬᠤᠭᠤᠴᠠᠭ᠎ᠠ ᠲᠦᠬᠦᠷᠦᠭᠰᠡᠠ ᠴᠠᠬ ᠠᠴᠠ ᠬᠦᠴᠦᠠ ᠤᠢᠭᠡᠢ ᠪᠤᠯᠦᠨ᠎ᠡ᠃ | ᠲᠤᠯᠤᠳᠤᠭᠠᠷ ᠪᠦᠯᠦᠭ ᠤᠷᠦᠯᠡᠬᠤ | ᠨᠢᠬᠡᠳᠦᠬᠡᠷ ᠬᠡᠰᠡᠭ ᠡᠩ ᠤᠨ ᠲᠤᠬᠳᠡᠭᠠᠯ | ᠵᠠᠭᠤ ᠵᠢᠷᠠᠠ ᠨᠢᠭᠡᠳᠦᠭᠡᠷ ᠵᠦᠢᠯ ᠢᠷᠭᠡᠨ ᠤ ᠬᠡᠷᠡᠭ ᠤᠨ ᠪᠡᠶᠡᠴᠢ ᠴᠣᠭᠴᠠ ᠤᠷᠤᠯᠠᠭᠴᠢ ᠪᠠᠷ ᠲᠡᠮᠵᠢᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠤᠨ᠎ᠠ᠃ | ᠬᠠᠤᠯᠢ ᠴᠠᠭᠠᠵᠠ ᠶᠢᠨ ᠲᠤᠭᠳᠠᠭᠠᠯ᠂ ᠲᠤᠬᠠᠢ ᠶᠢᠨ ᠬᠦᠮᠦᠨ ᠤ ᠪᠤᠯᠵᠤᠯ ᠪᠤᠶᠤ ᠢᠷᠭᠡᠨ ᠤ ᠬᠡᠷᠡᠭ ᠤᠨ ᠬᠠᠤᠯᠢ | ᠴᠠᠭᠠᠵᠠ ᠶᠢᠨ ᠦᠢᠯᠡ ᠠᠵᠢᠯᠯᠠᠭ᠎ᠠ ᠶᠢᠨ ᠰᠢᠨᠵᠢ ᠴᠢᠨᠠᠷ ᠶᠤᠰᠤᠭᠠᠷ ᠪᠤᠯ ᠲᠤᠰ ᠬᠦᠮᠦᠨ ᠨᠢ ᠦᠪᠡᠷ ᠢᠶᠠᠨ ᠬᠢᠬᠦ | ᠶᠤᠰᠤᠳᠡᠢ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢ ᠤᠷᠤᠯᠠᠵᠤ ᠪᠤᠯᠬᠤ ᠦᠬᠡᠢ᠃ | ᠵᠠᠭᠤ ᠵᠢᠷᠠᠨ ᠬᠤᠶᠠᠳᠣᠭᠠᠷ ᠵᠦᠢᠯ ᠤᠷᠤᠯᠠᠭᠴᠢ ᠶᠢᠨ ᠤᠷᠤᠯᠠᠬᠤ ᠡᠷᠬᠡ ᠶᠢᠨ ᠬᠡᠪᠴᠢᠶᠡᠨ ᠲᠤᠳᠤᠷ᠎ᠠ ᠪᠠᠨ | ᠤᠷᠤᠯᠠᠭᠳᠠᠭᠴᠢ ᠶᠢᠨ ᠨᠡᠷ᠎ᠡ ᠪᠠᠷ ᠭᠢᠭᠰᠡᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ | ᠤᠷᠤᠯᠠᠭᠳᠠᠭᠴᠢ ᠳᠤ ᠬᠦᠴᠦᠨ ᠲᠠᠢ ᠪᠤᠯᠤᠨ᠎ᠠ᠃ | ᠵᠠᠭᠤ ᠵᠢᠷᠠᠨ ᠭᠤᠷᠪᠠᠳᠣᠭᠠᠷ ᠵᠦᠢᠯ ᠤᠷᠤᠯᠠᠬᠤ ᠳᠤ ᠨᠠᠶᠢᠳᠠᠯᠭ᠎ᠠ ᠪᠠᠷ ᠤᠷᠤᠯᠠᠬᠤ ᠪᠠ ᠬᠠᠤᠯᠢ ᠶᠢᠨ ᠲᠤᠭᠳᠠᠭᠠᠯ ᠢᠶᠠᠷ | ᠤᠷᠤᠯᠠᠬᠤ ᠪᠠᠭᠳᠠᠨ᠎ᠠ᠃ | ᠨᠠᠶᠢᠳᠠᠯᠭ᠎ᠠ ᠶᠢᠨ ᠤᠷᠤᠯᠠᠭᠴᠢ ᠨᠢ ᠤᠷᠤᠯᠠᠭᠳᠠᠭᠴᠢ ᠶᠢᠨ ᠨᠠᠶᠢᠳᠠᠭᠰᠠᠨ ᠶᠤᠰᠤᠭᠠᠷ ᠤᠷᠤᠯᠠᠬᠤ ᠡᠷᠬᠡ ᠪᠠᠨ | ᠬᠡᠷᠡᠭᠵᠢᠭᠦᠯᠦᠨ᠎ᠡ᠃ ᠬᠠᠤᠯᠢ ᠪᠠᠷ ᠲᠤᠭᠳᠠᠭᠠᠭᠰᠠᠨ ᠤᠷᠤᠯᠠᠭᠴᠢ ᠨᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠤᠷᠤᠯᠠᠬᠤ ᠡᠷᠬᠡ ᠪᠠᠨ ᠬᠡᠷᠡᠭᠵᠢᠭᠦᠯᠦᠨ᠎ᠡ᠃ | ᠵᠠᠭᠤ ᠵᠢᠷᠠᠨ ᠲᠦᠷᠪᠡᠳᠦᠭᠡᠷ ᠵᠦᠢᠯ ᠤᠷᠤᠯᠠᠭᠴᠢ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠤᠶᠤ | ᠪᠦᠷᠢᠨ ᠪᠣᠰᠣ ᠬᠦᠢᠴᠡᠳᠭᠡᠭᠰᠡᠨ ᠠᠴᠠ ᠪᠤᠯᠵᠦ ᠤᠷᠤᠯᠠᠭᠳᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ | ᠤᠷᠤᠯᠠᠭᠴᠢ ᠬᠢᠬᠡᠳ ᠬᠠᠷᠢᠴᠠᠩᠭᠤᠢ ᠬᠦᠮᠦᠨ ᠮᠡᠭᠤ ᠰᠡᠨᠠᠭ᠎ᠠ ᠲᠠᠢ ᠪᠠᠷ ᠰᠦᠯᠪᠡᠭᠡᠯᠳᠦᠨ ᠤᠷᠤᠯᠠᠭᠳᠠᠭᠴᠢ ᠶᠢᠨ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠪᠠᠶᠢᠪᠠᠯ᠂ ᠤᠷᠤᠯᠠᠭᠴᠢ ᠬᠢᠬᠡᠳ ᠬᠠᠷᠢᠴᠠᠩᠭᠤᠢ ᠬᠦᠮᠦᠨ | ᠬᠤᠯᠪᠤᠯᠳᠤᠭᠰᠠᠨ ᠬᠠᠷᠢᠭᠤᠴᠡᠯᠭ᠎ᠠ ᠡᠭᠦᠷᠭᠡᠯᠡᠬᠦ ᠬᠡᠷᠡᠭᠳᠡᠢ᠃ | ᠬᠤᠶᠠᠳᠤᠭᠠᠷ ᠬᠡᠰᠡᠭ ᠨᠠᠶᠢᠳᠠᠯᠭ᠎ᠠ ᠪᠠᠷ ᠣᠷᠤᠯᠠᠬᠤ | ᠵᠠᠭᠤ ᠵᠢᠷᠠᠠ ᠲᠠᠪᠣᠳᠣᠭᠠᠷ ᠵᠦᠢᠯ ᠨᠠᠶᠢᠳᠠᠯᠭ᠎ᠠ ᠪᠠᠷ ᠤᠷᠤᠯᠠᠬᠤ ᠡᠷᠬᠡ ᠤᠯᠭᠤᠬᠤ ᠳᠤ ᠪᠢᠴᠢᠭ ᠤᠨ ᠬᠡᠯᠪᠡᠷᠢ ᠶᠢ | ᠬᠡᠷᠡᠭᠯᠡᠬᠦ ᠳᠤ ᠬᠦᠷᠪᠡᠯ᠂ ᠡᠷᠬᠡ ᠤᠯᠭᠤᠬᠤ ᠨᠠᠶᠢᠳᠠᠯᠭ᠎ᠠ ᠶᠢᠨ ᠪᠢᠴᠢᠭ ᠲᠤ ᠤᠷᠤᠯᠠᠭᠴᠢ ᠶᠢᠨ ᠤᠪᠤᠭ ᠨᠡᠷ᠎ᠡ ᠪᠤᠶᠤ | ᠨᠡᠷᠡᠶᠢᠳᠦᠯ᠂ ᠤᠷᠤᠯᠠᠬᠤ ᠤᠴᠢᠷ ᠶᠠᠪᠤᠳᠠᠯ᠂ ᠡᠷᠬᠡ ᠶᠢᠨ ᠬᠡᠪᠴᠢᠶ᠎ᠡ ᠪᠤᠯᠤᠨ ᠬᠤᠭᠤᠴᠠᠭ᠎ᠠ ᠶᠢ ᠲᠤᠳᠤᠷᠬᠠᠢ | ᠲᠡᠮᠳᠡᠭᠯᠡᠬᠦ ᠶᠢᠨ ᠬᠠᠮᠳᠤ ᠤᠷᠤᠯᠠᠭᠳᠠᠭᠴᠢ ᠭᠠᠷ ᠤᠨ ᠦᠰᠦᠭ ᠵᠢᠷᠤᠬᠤ ᠪᠤᠶᠤ ᠳᠠᠮᠠᠭ᠎ᠠ ᠲᠠᠷᠤᠭᠰᠠᠨ ᠪᠠᠶᠢᠬᠤ ᠬᠡᠷᠡᠭᠳᠠᠢ | ᠃ | ᠵᠠᠭᠤ ᠵᠢᠷᠠᠨ ᠵᠢᠷᠭᠤᠳᠣᠭᠠᠷ ᠵᠦᠢᠯ ᠬᠡᠳᠦᠨ ᠬᠥᠮᠥᠨ ᠮᠦᠨ ᠨᠢᠭᠡ ᠣᠷᠣᠯᠠᠬᠤ ᠤᠴᠢᠷ ᠶᠠᠪᠤᠳᠠᠯ ᠤᠨ ᠤᠷᠤᠯᠠᠭᠴᠢ | ᠪᠤᠯᠤᠭᠰᠠᠨ ᠪᠠᠶᠢᠪᠠᠯ᠂ ᠣᠷᠤᠯᠠᠬᠤ ᠡᠷᠬᠡ ᠶᠢ ᠬᠠᠮᠲᠤ ᠪᠠᠷ ᠬᠡᠷᠡᠭᠵᠢᠭᠦᠯᠬᠦ ᠬᠡᠷᠡᠭᠳᠡᠢ᠂ ᠬᠡᠪᠡᠴᠤ ᠲᠤᠬᠠᠢ ᠶᠢᠨ ᠬᠦᠮᠦᠨ | ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠬᠡᠢ᠃ | ᠵᠠᠭᠤ ᠵᠢᠷᠠᠨ ᠲᠣᠯᠣᠳᠣᠭᠠᠷ ᠵᠦᠢᠯ ᠤᠷᠤᠯᠠᠭᠴᠢ ᠨᠢ ᠤᠷᠤᠯᠠᠬᠤ ᠤᠴᠢᠷ ᠶᠠᠪᠤᠳᠠᠯ ᠤᠨ ᠬᠠᠤᠯᠢ ᠠᠴᠠ ᠵᠦᠷᠢᠴᠡᠬᠦ ᠶᠢ | ᠮᠡᠳᠡᠬᠦ ᠪᠤᠶᠤ ᠮᠡᠳᠡᠬᠦ ᠶᠤᠰᠤᠳᠡᠢ ᠪᠠᠶᠢᠳᠠᠯ᠎ᠠ ᠪᠠᠨ ᠮᠦᠨ ᠯᠡ ᠤᠷᠤᠯᠠᠬᠤ ᠦᠢᠯᠡ ᠠᠵᠢᠯᠯᠠᠭ᠎ᠠ ᠶᠢ ᠭᠢᠭᠰᠡᠨ᠂ ᠡᠰᠡᠬᠦᠯ᠎ᠡ | ᠤᠷᠤᠯᠠᠭᠳᠠᠭᠴᠢ ᠨᠢ ᠤᠷᠤᠯᠠᠭᠴᠢ ᠶᠢᠨ ᠤᠷᠤᠯᠠᠬᠤ ᠦᠢᠯᠡ ᠠᠵᠢᠯᠯᠠᠭ᠎ᠠ ᠶᠢᠨ ᠬᠠᠤᠯᠢ ᠠᠴᠠ ᠵᠦᠷᠢᠴᠡᠬᠦ ᠶᠢ ᠮᠡᠳᠡᠬᠦ | ᠪᠤᠶᠤ ᠮᠡᠳᠡᠬᠦ ᠶᠤᠰᠤᠳᠡᠢ ᠪᠠᠶᠢᠳᠠᠯ᠎ᠠ ᠪᠠᠨ ᠡᠰᠡᠷᠭᠦᠴᠡᠬᠦ ᠪᠠᠷ ᠢᠯᠡᠷᠬᠡᠶᠢᠯᠡᠭᠰᠡᠨ ᠦᠭᠡᠢ ᠪᠠᠶᠢᠪᠠᠯ᠂ ᠤᠷᠤᠯᠠᠭᠳᠠᠭᠴᠢ | ᠪᠤᠯᠤᠨ ᠤᠷᠤᠯᠠᠭᠴᠢ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃ | ᠵᠠᠭᠤ ᠵᠢᠷᠠᠨ ᠨᠠᠢᠮᠠᠳᠣᠭᠠᠷ ᠵᠦᠢᠯ ᠣᠷᠣᠯᠠᠭᠴᠢ ᠦᠪᠡᠷ ᠤᠨ ᠪᠡᠶ᠎ᠡ ᠲᠠᠢ ᠪᠠᠨ ᠣᠷᠣᠯᠠᠭᠳᠠᠭᠴᠢ ᠶᠢᠨ ᠨᠠᠷᠠ ᠪᠠᠷ | ᠢᠷᠬᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠬᠤ ᠦᠬᠡᠢ᠂ ᠬᠡᠪᠡᠴᠤ | ᠣᠷᠣᠯᠠᠭᠳᠠᠭᠴᠢ ᠶᠢᠨ ᠵᠦᠪᠰᠢᠶᠡᠷᠡᠭᠰᠡᠨ ᠪᠣᠶᠣ ᠨᠡᠭᠡᠮᠵᠢᠯᠡᠠ ᠵᠦᠪᠰᠢᠶᠡᠷᠡᠭᠰᠡᠠ ᠨᠢ ᠡᠬᠦᠨ ᠳᠤ ᠪᠠᠭᠳᠠᠬᠤ ᠦᠬᠡᠢ᠃ | ᠣᠷᠣᠯᠠᠭᠴᠢ ᠦᠪᠡᠷ ᠤᠨ ᠵᠡᠷᠭᠡ ᠪᠠᠷ ᠤᠷᠤᠯᠠᠵᠤ ᠪᠠᠶᠢᠭ᠎ᠠ ᠪᠤᠰᠤᠳ ᠬᠦᠮᠦᠨ ᠲᠠᠢ ᠤᠷᠤᠯᠠᠭᠳᠠᠭᠴᠢ ᠶᠢᠨ ᠨᠡᠷ᠎ᠡ ᠪᠠᠷ | ᠢᠷᠬᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠵᠤ ᠪᠤᠯᠬᠤ ᠦᠬᠡᠢ᠂ ᠬᠡᠪᠡᠴᠤ ᠣᠷᠣᠯᠠᠭᠳᠠᠵᠦ | ᠪᠠᠶᠢᠭ᠎ᠠ ᠬᠤᠶᠠᠷ ᠲᠠᠯ᠎ᠠ ᠶᠢᠨ ᠵᠦᠪᠰᠢᠶᠡᠷᠡᠭᠰᠡᠨ ᠪᠣᠶᠣ ᠨᠡᠭᠡᠮᠵᠢᠯᠡᠠ ᠵᠦᠪᠰᠢᠶᠡᠷᠡᠭᠰᠡᠠ ᠨᠢ ᠡᠬᠦᠨ ᠳᠤ ᠪᠠᠭᠳᠠᠬᠤ ᠦᠬᠡᠢ | ᠃ | ᠵᠠᠭᠤ ᠵᠢᠷᠠ ᠶᠢᠰᠦᠳᠦᠭᠡᠷ ᠵᠦᠢᠯ ᠤᠷᠤᠯᠠᠭᠴᠢ ᠭᠤᠷᠪᠡᠳᠠᠬᠢ ᠬᠦᠮᠦᠨ ᠳᠤ ᠰᠢᠯᠵᠢᠬᠦᠯᠦᠨ ᠨᠠᠶᠢᠳᠠᠵᠤ ᠤᠷᠤᠯᠠᠭᠤᠯᠬᠤ | ᠴᠢᠬᠤᠯᠠᠳᠡᠢ ᠪᠠᠶᠢᠪᠠᠯ᠂ ᠣᠷᠣᠯᠠᠭᠳᠠᠭᠴᠢ ᠪᠠᠷ ᠵᠦᠪᠰᠢᠶᠡᠷᠡᠬᠦᠯᠬᠦ ᠪᠤᠶᠤ ᠨᠡᠭᠡᠮᠵᠢᠯᠡᠨ ᠵᠦᠪᠰᠢᠶᠡᠷᠡᠬᠦᠯᠬᠦ ᠬᠡᠷᠡᠭᠳᠡᠢ᠃ | ᠰᠢᠯᠵᠢᠬᠦᠯᠤᠨ ᠨᠠᠶᠢᠳᠠᠵᠤ ᠤᠷᠤᠯᠠᠭᠤᠯᠬᠤ ᠶᠢ ᠤᠷᠤᠯᠠᠭᠳᠠᠭᠴᠢ ᠪᠠᠷ ᠵᠦᠪᠰᠢᠶᠡᠷᠡᠬᠦᠯᠦᠭᠰᠡᠠ ᠪᠤᠶᠤ ᠨᠡᠭᠡᠮᠵᠢᠯᠡᠨ | ᠵᠦᠪᠰᠢᠶᠡᠷᠡᠬᠦᠯᠦᠭᠰᠡᠡ ᠪᠠᠶᠢᠪᠡᠯ᠂ ᠤᠷᠤᠯᠠᠭᠳᠠᠭᠴᠢ ᠨᠢ ᠰᠢᠯᠵᠢᠬᠦᠯᠦᠠ ᠨᠠᠶᠢᠳᠠᠭᠰᠠᠠ ᠭᠤᠷᠪᠡᠳᠡᠬᠢ ᠬᠦᠮᠦᠠ ᠳᠤ | ᠤᠷᠤᠯᠠᠭᠰᠠᠨ ᠤᠴᠢᠷ ᠶᠡᠪᠦᠳᠡᠯ ᠤᠨ ᠲᠤᠬᠠᠢ ᠰᠢᠭᠤᠦᠠ ᠵᠢᠭᠠᠪᠦᠷᠢ ᠤᠢᠭ᠍ᠴᠦ ᠪᠤᠯᠦᠨ᠎ᠡ᠂ ᠤᠷᠤᠯᠠᠭᠴᠢ ᠨᠢ ᠵᠦᠪᠭᠡᠠ | ᠭᠤᠷᠪᠡᠳᠡᠬᠢ ᠬᠦᠮᠦᠠ ᠢ ᠰᠤᠩᠭᠤᠨ ᠬᠡᠷᠡᠭᠯᠡᠭᠰᠡᠡ ᠶᠡᠪᠦᠳᠡᠯ ᠵᠢᠴᠢ ᠭᠤᠷᠪᠡᠳᠡᠬᠢ ᠬᠦᠮᠦᠠ ᠳᠤ ᠪᠡᠭᠤᠯᠭᠠᠬᠰᠡᠡ | ᠵᠢᠭᠠᠪᠦᠷᠢ ᠳᠠᠭᠠᠨ ᠬᠠᠷᠢᠭᠤᠴᠡᠯᠭ᠎ᠠ ᠡᠬᠦᠷᠭᠡᠯᠡᠨ᠎ᠡ᠃ | ᠰᠢᠯᠵᠢᠬᠦᠯᠤᠨ ᠨᠡᠶᠢᠳᠡᠵᠤ ᠤᠷᠤᠯᠠᠭᠤᠯᠬᠤ ᠶᠢ ᠤᠷᠤᠯᠠᠭᠳᠠᠭᠴᠢ ᠪᠠᠷ ᠵᠦᠪᠰᠢᠶᠡᠷᠡᠬᠦᠯᠦᠭᠰᠡᠠ ᠤᠢᠭᠡᠢ ᠪᠤᠶᠤ ᠨᠡᠭᠡᠮᠵᠢᠯᠡᠨ | ᠵᠦᠪᠰᠢᠶᠡᠷᠡᠬᠦᠯᠦᠭᠰᠡᠡ ᠦᠭᠡᠢ ᠪᠠᠶᠢᠪᠡᠯ᠂ ᠤᠷᠤᠯᠠᠭᠴᠢ ᠨᠢ ᠰᠢᠯᠵᠢᠬᠦᠯᠦᠠ ᠨᠠᠶᠢᠳᠠᠭᠰᠠᠠ ᠭᠤᠷᠪᠡᠳᠡᠬᠢ ᠬᠦᠮᠦᠠ ᠤ | ᠤᠢᠢᠯᠠ ᠠᠵᠢᠯᠯᠠᠭ᠎ᠠ ᠳᠤ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ︔ ᠭᠡᠪᠡᠴᠦ ᠪᠡᠴᠢᠮ ᠪᠠᠶᠢᠳᠡᠯ ᠤᠨ ᠲᠤᠤᠷ᠎ᠠ | ᠤᠷᠤᠯᠠᠭᠴᠢ ᠨᠢ ᠤᠷᠤᠯᠠᠭᠳᠠᠭᠴᠢ ᠶᠢᠨ ᠠᠰᠢᠬ ᠲᠤᠰᠠ ᠶᠢ ᠬᠠᠮᠡᠭᠠᠯᠡᠬᠤ ᠭᠡᠷᠡᠭᠴᠡᠭᠡ ᠠᠴᠠ ᠪᠤᠯᠵᠦ ᠭᠤᠷᠪᠠᠳᠠᠬᠢ | ᠬᠦᠮᠤᠨ ᠳᠤ ᠰᠢᠯᠵᠢᠬᠦᠯᠦᠠ ᠨᠡᠶᠢᠳᠡᠵᠤ ᠤᠷᠤᠯᠠᠭᠤᠯᠤᠭᠰᠠᠠ ᠨᠢ ᠡᠬᠦᠠ ᠳᠤ ᠪᠠᠭᠳᠡᠬᠤ ᠤᠢᠭᠡᠢ᠃ | ᠵᠡᠭᠤ ᠳᠠᠯᠨᠳᠣᠭᠠᠷ ᠵᠦᠢᠯ ᠬᠠᠦᠯᠢ ᠶᠢᠨ ᠬᠦᠮᠦᠠ ᠪᠤᠶᠦ ᠬᠠᠦᠯᠢ ᠶᠢᠨ ᠬᠦᠮᠦᠠ ᠪᠤᠰᠤ ᠵᠤᠬᠢᠶᠠᠨ ᠪᠠᠶᠢᠭᠤᠯᠤᠯᠳᠠ ᠶᠢᠨ | ᠠᠵᠢᠯ ᠤᠨ ᠡᠬᠦᠷᠭᠡ ᠶᠢ ᠬᠦᠢᠴᠡᠳᠭᠡᠭᠦ ᠠᠵᠢᠯᠳᠠᠨ ᠡᠷᠭᠡ ᠲᠣᠰᠢᠶᠠᠯ ᠤᠨ ᠢᠶᠠᠨ ᠬᠡᠪᠴᠢᠶᠠᠨ ᠳᠠᠬᠢ ᠣᠴᠢᠷ | ᠶᠠᠪᠣᠳᠠᠯ ᠢᠶᠠᠷ᠂ ᠬᠠᠤᠯᠢ ᠶᠢᠨ ᠬᠦᠮᠤᠨ ᠪᠤᠶᠤ ᠬᠠᠤᠯᠢ ᠶᠢᠨ ᠬᠦᠮᠤᠨ ᠪᠤᠰᠤ ᠵᠤᠬᠢᠶᠠᠠ ᠪᠠᠶᠢᠭᠤᠯᠤᠯᠳᠠ ᠶᠢᠨ ᠨᠡᠷ᠎ᠠ ᠪᠠᠷ | ᠬᠢᠭᠰᠡᠨ ᠢᠷᠭᠡᠨ ᠤ ᠭᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠨᠢ ᠬᠠᠤᠯᠢ ᠶᠢᠨ ᠬᠦᠮᠤᠨ ᠪᠤᠶᠤ | ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠳᠤ ᠬᠦᠴᠤᠨ ᠲᠠᠢ ᠪᠤᠯᠤᠨ᠎ᠠ᠃ | ᠬᠠᠤᠯᠢ ᠶᠢᠨ ᠬᠦᠮᠤᠨ ᠪᠤᠶᠤ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ ᠶᠢᠨ ᠳᠡᠬᠦᠨ ᠤ ᠠᠵᠢᠯ ᠤᠨ | ᠡᠬᠦᠷᠭᠡ ᠶᠢ ᠬᠦᠢᠴᠡᠳᠭᠡᠬᠦ ᠠᠵᠢᠯᠳᠠᠨ ᠤ ᠡᠷᠭᠡ ᠳᠤᠰᠢᠶᠠᠯ ᠤᠨ ᠭᠡᠪᠴᠢᠶ᠎ᠠ ᠶᠢᠨ ᠲᠤᠬᠠᠢ ᠬᠢᠵᠠᠭᠠᠷᠯᠠᠯ ᠨᠢ ᠰᠡᠶᠢᠠ | ᠰᠡᠨᠡᠭᠠᠳᠤ ᠬᠠᠷᠢᠴᠠᠩᠭᠤᠢ ᠬᠦᠮᠤᠨ ᠲᠠᠢ ᠡᠰᠡᠷᠬᠦᠴᠡᠯᠳᠦᠵᠦ ᠪᠤᠯᠬᠤ ᠤᠢᠭᠡᠢ᠃ | ᠵᠡᠭᠤ ᠳᠠᠯᠨᠨ ᠨᠢᠭᠡᠳᠦᠭᠡᠷ ᠵᠦᠢᠯ ᠤᠢᠢᠯᠠ ᠠᠵᠢᠯᠯᠡᠭᠠᠳᠠᠨ ᠤᠷᠦᠯᠡᠬᠤ ᠡᠷᠭᠡ ᠤᠢᠭᠡᠢ᠂ ᠤᠷᠦᠯᠬᠠᠦ ᠡᠷᠭᠡ ᠠᠴᠠ | ᠲᠡᠪᠠᠭᠰᠡᠠ ᠪᠤᠶᠦ ᠤᠷᠦᠯᠡᠬᠤ ᠡᠷᠭᠡ ᠲᠡᠭᠤᠰᠦᠬᠰᠡᠠ ᠤ ᠳᠠᠷᠠᠭ᠎ᠠ ᠮᠦᠨ ᠯᠡ ᠤᠷᠤᠯᠠᠬᠤ ᠦᠢᠯᠡ ᠠᠵᠢᠯᠯᠠᠭ᠎ᠠ ᠬᠢᠭᠡᠳ | ᠂ ᠤᠷᠤᠯᠠᠭᠳᠠᠭᠴᠢ ᠪᠠᠷ ᠨᠡᠭᠡᠮᠵᠢᠯᠡᠨ ᠵᠦᠪᠰᠢᠶᠡᠷᠡᠭᠦᠯᠦᠭᠰᠡᠡ ᠦᠭᠡᠢ ᠪᠠᠶᠢᠪᠠᠯ᠂ ᠤᠷᠤᠯᠠᠭᠳᠠᠭᠴᠢ ᠳᠤ ᠬᠦᠴᠤᠨ ᠲᠠᠢ | ᠪᠤᠯᠬᠤ ᠦᠭᠡᠢ᠃ | ᠬᠠᠷᠢᠴᠠᠩᠭᠤᠢ ᠬᠦᠮᠤᠨ ᠨᠢ ᠤᠷᠤᠯᠠᠭᠳᠠᠭᠴᠢ ᠳᠤ ᠮᠡᠳᠡᠭᠳᠡᠯ ᠢ ᠤᠯᠤᠭᠰᠠᠠ ᠡᠳᠤᠷ ᠠᠴᠠ ᠡᠬᠢᠯᠡᠡ ᠭᠤᠴᠢᠨ ᠡᠳᠦᠷ ᠤᠨ | ᠳᠤᠳᠤᠷ᠎ᠠ ᠨᠡᠭᠡᠮᠵᠢᠯᠡᠨ ᠵᠦᠪᠰᠢᠶᠡᠷᠡᠬᠦᠯᠬᠦ ᠪᠠᠷ ᠰᠢᠪᠠᠳᠠᠨ ᠮᠡᠳᠡᠭᠳᠡᠵᠤ ᠪᠤᠯᠤᠨ᠎ᠠ᠃ ᠤᠷᠤᠯᠠᠭᠳᠠᠭᠴᠢ ᠰᠠᠨᠠᠭ᠎ᠠ ᠪᠠᠨ | ᠢᠯᠡᠳᠭᠡᠭᠰᠡᠠ ᠤᠢᠭᠡᠢ ᠪᠠᠶᠢᠪᠡᠯ᠂ ᠨᠡᠭᠡᠮᠵᠢᠯᠡᠨ ᠵᠦᠪᠰᠢᠶᠡᠷᠡᠬᠦ ᠶᠢ ᠳᠡᠪᠴᠢᠭᠰᠡᠡ ᠢᠶᠠᠷ ᠦᠵᠡᠨ᠎ᠠ᠃ ᠦᠢᠯᠡ | ᠠᠵᠢᠯᠯᠠᠭᠠᠳᠠᠨ ᠤ ᠬᠢᠭᠰᠡᠡ ᠦᠢᠯᠡ ᠠᠵᠢᠯᠯᠠᠭ᠎ᠠ ᠶᠢ ᠨᠡᠭᠡᠮᠵᠢᠯᠡᠠ ᠵᠦᠪᠰᠢᠶᠡᠷᠡᠬᠦ ᠠᠴᠠ ᠡᠮᠦᠨ᠎ᠡ᠂ ᠰᠡᠶᠢᠠ ᠰᠡᠨᠡᠭᠠᠳᠦ | ᠬᠠᠷᠢᠴᠡᠩᠭᠤᠢ ᠬᠦᠮᠦᠠ ᠬᠦᠴᠦᠠ ᠤᠢᠭᠡᠢ ᠪᠤᠯᠭᠠᠬᠤ ᠡᠷᠭᠡ ᠲᠠᠢ᠃ ᠬᠦᠴᠦᠠ ᠤᠢᠭᠡᠢ ᠪᠤᠯᠭᠠᠬᠤ ᠶᠢ ᠮᠡᠳᠡᠭᠳᠡᠯ ᠤᠨ | ᠠᠷᠭ᠎ᠠ ᠮᠡᠶ᠋ᠢᠬ ᠢᠶᠠᠷ ᠢᠯᠡᠦᠡᠭᠡᠬᠦ ᠭᠡᠷᠡᠭᠳᠡᠢ᠃ | ᠦᠢᠯᠡ ᠠᠵᠢᠯᠯᠠᠭᠠᠳᠠᠨ ᠤ ᠬᠢᠭᠰᠡᠡ ᠦᠢᠯᠡ ᠠᠵᠢᠯᠯᠠᠭ᠎ᠠ ᠶᠢ ᠨᠡᠭᠡᠮᠵᠢᠯᠡᠨ ᠵᠦᠪᠰᠢᠶᠡᠷᠡᠭᠰᠡᠡ ᠦᠭᠡᠢ ᠪᠠᠶᠢᠪᠠᠯ᠂ ᠰᠠᠶᠢᠨ | ᠰᠠᠨᠠᠭᠠᠳᠤ ᠬᠠᠷᠢᠴᠠᠩᠭᠤᠢ ᠬᠦᠮᠤᠨ ᠦᠢᠯᠡ ᠠᠵᠢᠯᠯᠠᠭᠠᠳᠠᠨ ᠢᠶᠠᠷ ᠦᠭᠴᠡᠭᠡ ᠭᠦᠢᠴᠡᠳᠭᠡᠬᠦᠯᠬᠦ ᠪᠠᠷ ᠭᠤᠶᠤᠴᠢᠯᠠᠬᠤ | ᠪᠤᠶᠤ ᠤᠴᠡᠷᠠᠭᠰᠠᠠ ᠬᠤᠬᠢᠷᠠᠯ ᠢᠶᠠᠨ ᠦᠢᠯᠡ ᠠᠵᠢᠯᠯᠠᠭᠠᠳᠠᠨ ᠢᠶᠠᠷ ᠳᠦᠯᠦᠬᠦᠯᠬᠦ ᠪᠠᠷ ᠭᠤᠶᠤᠴᠢᠯᠠᠬᠤ ᠡᠷᠭᠡ ᠲᠠᠢ᠃ | ᠭᠡᠪᠡᠴᠤ ᠳᠦᠯᠦᠬᠦ ᠭᠡᠪᠴᠢᠶ᠎ᠠ ᠶᠢ ᠤᠷᠤᠯᠠᠭᠳᠠᠭᠴᠢ ᠨᠡᠭᠡᠮᠵᠢᠯᠡᠨ ᠵᠦᠪᠰᠢᠶᠡᠷᠡᠪᠡᠯ ᠬᠠᠷᠢᠴᠠᠩᠭᠤᠢ ᠬᠦᠮᠤᠨ ᠤ ᠤᠯᠵᠤ | ᠴᠢᠳᠠᠬᠤ ᠠᠰᠢᠭ ᠳᠤᠰᠠ ᠠᠴᠠ ᠬᠡᠳᠤᠷᠡᠬᠦᠯᠵᠤ ᠪᠤᠯᠬᠤ ᠦᠭᠡᠢ᠃ | ᠬᠠᠷᠢᠴᠠᠩᠭᠤᠢ ᠬᠦᠮᠤᠨ ᠦᠢᠯᠡ ᠠᠵᠢᠯᠯᠠᠭᠠᠳᠠᠨ ᠤ ᠡᠷᠭᠡ ᠦᠭᠡᠢ ᠪᠠᠷ ᠤᠷᠣᠯᠠᠭᠰᠠᠠ ᠢ ᠮᠡᠳᠡᠬᠦ ᠪᠤᠶᠤ ᠮᠡᠳᠡᠬᠦ | ᠶᠤᠰᠤᠳᠠᠢ ᠪᠠᠶᠢᠪᠠᠯ᠂ ᠬᠠᠷᠢᠴᠠᠩᠭᠤᠢ ᠬᠦᠮᠤᠨ ᠪᠠ ᠦᠢᠯᠡ ᠠᠵᠢᠯᠯᠠᠭᠠᠳᠠᠨ ᠳᠤᠰ ᠲᠣᠰ ᠤᠨ ᠢᠶᠠᠨ ᠤᠰᠤᠯ ᠶᠤᠰᠤᠭᠠᠷ | ᠬᠠᠷᠢᠭᠤᠴᠠᠯᠭ᠎ᠠ ᠡᠬᠦᠷᠭᠡᠯᠡᠨ᠎ᠠ᠃ | ᠵᠡᠭᠤ ᠳᠠᠯᠨᠨ ᠬᠤᠶᠠᠳᠣᠭᠠᠷ ᠵᠦᠢᠯ ᠤᠢᠢᠯᠠ ᠠᠵᠢᠯᠯᠡᠭᠠᠳᠠᠨ ᠤᠷᠦᠯᠡᠬᠤ ᠡᠷᠭᠡ ᠤᠢᠭᠡᠢ᠂ ᠤᠷᠦᠯᠬᠠᠦ ᠡᠷᠭᠡ ᠠᠴᠠ | ᠲᠡᠪᠠᠭᠰᠡᠠ ᠪᠤᠶᠦ ᠤᠷᠦᠯᠡᠬᠤ ᠡᠷᠭᠡ ᠲᠡᠭᠤᠰᠦᠬᠰᠡᠠ ᠤ ᠳᠠᠷᠠᠭ᠎ᠠ ᠮᠦᠨ ᠯᠡ ᠤᠷᠤᠯᠠᠬᠤ ᠦᠢᠯᠡ ᠠᠵᠢᠯᠯᠠᠭ᠎ᠠ ᠬᠢᠭᠡᠳ | ᠂ ᠬᠠᠷᠢᠴᠡᠩᠭᠤᠢ ᠬᠦᠮᠦᠠ ᠨᠢ ᠤᠢᠢᠯᠠ ᠠᠵᠢᠯᠯᠡᠭᠠᠳᠠᠨ ᠢ ᠤᠷᠦᠯᠡᠬᠤ ᠡᠷᠭᠡ ᠲᠠᠢ ᠭᠡᠵᠦ ᠢᠳᠡᠭᠡᠬᠦ ᠤᠴᠢᠷ | ᠰᠢᠯᠳᠡᠭᠠᠠ ᠲᠠᠢ ᠪᠠᠶᠢᠪᠡᠯ᠂ ᠤᠷᠦᠯᠡᠬᠤ ᠤᠢᠢᠯᠠ ᠠᠵᠢᠯᠯᠠᠭ᠎ᠠ ᠨᠢ ᠬᠦᠴᠦᠠ ᠲᠠᠢ᠃ | ᠭᠤᠷᠪᠠᠳᠤᠭᠠᠷ ᠭᠡᠰᠡᠭ ᠤᠷᠤᠯᠠᠯ ᠳᠠᠭᠤᠰᠬᠤ | ᠵᠡᠭᠤ ᠳᠠᠯᠨᠨ ᠭᠤᠷᠪᠠᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠨᠠᠶᠢᠳᠠᠯᠭ᠎ᠠ ᠶᠢᠨ | ᠤᠷᠤᠯᠠᠯ ᠳᠠᠭᠤᠰᠤᠨ᠎ᠠ᠄ | ︵ᠨᠢᠭᠡ︶ ᠤᠷᠤᠯᠠᠬᠤ ᠬᠤᠭᠤᠴᠠᠭ᠎ᠠ ᠳᠦᠭᠦᠷᠦᠭᠰᠡᠡ ᠪᠤᠶᠤ ᠤᠷᠤᠯᠠᠬᠰᠠᠨ ᠣᠴᠢᠷ ᠶᠠᠪᠤᠳᠠᠯ ᠢ ᠪᠡᠶᠡᠯᠡᠭᠦᠯᠦᠭᠰᠡᠨ︔ | ︵ᠬᠤᠶᠠᠷ︶ ᠤᠷᠤᠯᠠᠭᠳᠠᠭᠴᠢ ᠨᠠᠶᠢᠳᠠᠯᠭ᠎ᠠ ᠪᠠᠨ ᠬᠦᠴᠦᠨ ᠦᠭᠡᠢ ᠪᠤᠯᠭᠠᠭᠰᠠᠠ ᠪᠤᠶᠤ ᠤᠷᠤᠯᠠᠭᠴᠢ ᠨᠠᠶᠢᠳᠠᠯᠭ᠎ᠠ ᠶᠢ | ᠡᠭᠦᠷᠭᠡᠯᠡᠬᠦ ᠪᠠᠨ ᠪᠤᠯᠢᠭᠰᠠᠨ︔ | ︵ᠭᠤᠷᠪᠠ︶ ᠤᠷᠤᠯᠠᠭᠴᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳᠠᠭᠰᠠᠨ︔ | ︵ᠲᠦᠷᠪᠡ︶ ᠤᠷᠤᠯᠠᠭᠴᠢ ᠪᠤᠶᠤ ᠤᠷᠤᠯᠠᠭᠳᠠᠭᠴᠢ ᠦᠬᠦᠭᠰᠡᠨ︔ | ︵ᠲᠠᠪᠤ︶ ᠤᠷᠤᠯᠠᠭᠴᠢ ᠪᠤᠶᠤ ᠤᠷᠤᠯᠠᠭᠳᠠᠭᠴᠢ ᠪᠤᠯᠤᠭᠰᠠᠨ ᠬᠠᠤᠯᠢ ᠶᠢᠨ ᠬᠦᠮᠦᠨ᠂ ᠬᠠᠤᠯᠢ ᠶᠢᠨ ᠬᠦᠮᠤᠨ ᠪᠤᠰᠤ | ᠵᠤᠬᠢᠶᠠᠨ ᠪᠠᠶᠢᠭᠤᠯᠤᠯᠳᠠ ᠳᠠᠭᠤᠰᠤᠭᠰᠠᠨ᠃ | ᠵᠡᠭᠤ ᠳᠠᠯᠨᠨ ᠲᠦᠷᠪᠡᠳᠦᠭᠡᠷ ᠵᠦᠢᠯ ᠣᠷᠤᠯᠠᠭᠳᠠᠭᠴᠢ ᠦᠬᠦᠭᠰᠡᠨ ᠤ ᠳᠠᠷᠠᠭ᠎ᠠ᠂ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ᠂ ᠨᠠᠶᠢᠳᠠᠯᠭ᠎ᠠ ᠶᠢᠨ ᠣᠷᠤᠯᠠᠭᠴᠢ ᠶᠢᠨ ᠬᠢᠭᠰᠡᠨ ᠣᠷᠤᠯᠠᠬᠤ ᠦᠢᠯᠡ ᠠᠵᠢᠯᠯᠠᠭ᠎ᠠ ᠬᠦᠴᠦᠨ ᠲᠠᠢ᠄ | ︵ᠨᠢᠭᠡ︶ ᠣᠷᠤᠯᠠᠭᠳᠠᠭᠴᠢ ᠶᠢᠨ ᠦᠬᠦᠭᠰᠡᠨ ᠢ ᠣᠷᠤᠯᠠᠭᠴᠢ ᠮᠡᠳᠡᠬᠦ ᠦᠭᠡᠢ ᠮᠦᠷᠳᠡᠭᠡᠨ ᠮᠡᠳᠡᠬᠦ ᠶᠤᠰᠤ ᠦᠭᠡᠢ︔ | ︵ᠬᠤᠶᠠᠷ︶ ᠣᠷᠤᠯᠠᠭᠳᠠᠭᠴᠢ ᠶᠢᠨ ᠵᠠᠯᠭᠠᠮᠵᠢᠯᠠᠭᠴᠢ ᠮᠡᠳᠡᠷᠡᠨ ᠵᠦᠪᠰᠢᠶᠡᠷᠡᠭᠰᠡᠡ︔ | ︵ᠭᠤᠷᠪᠠ︶ ᠣᠷᠤᠯᠠᠭᠰᠠᠨ ᠣᠴᠢᠷ ᠶᠠᠪᠣᠳᠠᠯ ᠢ ᠪᠡᠶᠡᠯᠡᠬᠦᠯᠦᠭᠰᠡᠡ ᠦᠶ᠎ᠡ ᠳᠤ ᠣᠷᠤᠯᠠᠬᠤ ᠡᠷᠬᠡ ᠳᠠᠭᠤᠰᠤᠨ᠎ᠠ ᠭᠡᠵᠦ | ᠡᠷᠭᠡ ᠤᠯᠭᠤᠯᠳᠠ ᠳᠤ ᠳᠤᠳᠤᠷᠬᠠᠢᠢᠯᠠᠭᠰᠠᠠ︔ | ︵ᠳᠦᠷᠪᠡ︶ ᠣᠷᠤᠯᠠᠭᠳᠠᠭᠴᠢ ᠶᠢ ᠦᠬᠦᠬᠦ ᠠᠴᠠ ᠡᠮᠦᠨ᠎ᠡ ᠨᠢᠭᠡᠨᠲᠡ ᠬᠡᠷᠡᠭᠵᠢᠭᠦᠯᠵᠤ᠂ ᠣᠷᠤᠯᠠᠭᠳᠠᠭᠴᠢ ᠶᠢᠨ | ᠵᠠᠯᠭᠠᠮᠵᠢᠯᠠᠭᠴᠢ ᠶᠢᠨ ᠠᠰᠢᠭ ᠲᠤᠰᠠ ᠶᠢᠨ ᠲᠥᠯᠦᠭᠡ ᠦᠷᠭᠦᠯᠵᠢᠯᠡᠨ ᠤᠷᠤᠯᠠᠭᠰᠠᠨ᠃ | ᠤᠷᠤᠯᠠᠭᠳᠠᠭᠴᠢ ᠪᠤᠯᠤᠭᠰᠠᠨ ᠬᠠᠤᠯᠢ ᠶᠢᠨ ᠬᠦᠮᠤᠨ᠂ ᠬᠠᠤᠯᠢ ᠶᠢᠨ ᠬᠦᠮᠤᠨ ᠪᠤᠰᠤ ᠵᠤᠬᠢᠶᠠᠨ ᠪᠠᠶᠢᠭᠤᠯᠤᠯᠳᠠ | ᠳᠠᠭᠤᠰᠤᠭᠰᠠᠠ ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠢ ᠯᠠᠪᠯᠠᠯᠲᠠ ᠪᠣᠯᠭᠠᠵᠤ ᠲᠤᠬᠢᠷᠠᠭᠤᠯᠤᠨ ᠬᠡᠷᠡᠭᠯᠡᠨ᠎ᠡ᠃ | ᠵᠡᠭᠤ ᠳᠠᠯᠠᠨ ᠲᠠᠪᠣᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠪᠠᠷ | ᠲᠤᠭᠳᠠᠭᠠᠭᠰᠠᠨ ᠤᠷᠤᠯᠠᠯ ᠳᠠᠭᠤᠰᠤᠨ᠎ᠠ᠄ | ︵ᠨᠢᠭᠡ︶ ᠤᠷᠤᠯᠠᠭᠳᠠᠭᠴᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠶᠢ ᠤᠯᠤᠭᠰᠠᠨ | ᠪᠤᠶᠤ ᠰᠡᠷᠭᠦᠭᠡᠭᠰᠡᠨ︔ | ︵ᠬᠤᠶᠠᠷ︶ ᠤᠷᠤᠯᠠᠭᠴᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳᠠᠭᠰᠠᠨ︔ | ︵ᠭᠤᠷᠪᠠ︶ ᠤᠷᠤᠯᠠᠭᠴᠢ ᠪᠤᠶᠤ ᠤᠷᠤᠯᠠᠭᠳᠠᠭᠴᠢ ᠦᠬᠦᠭᠰᠡᠨ︔ | ︵ᠳᠦᠷᠪᠡ︶ ᠬᠠᠦᠯᠢ ᠴᠠᠭᠠᠵᠠ ᠳᠤ ᠲᠤᠬᠳᠡᠭᠠᠬᠰᠡᠠ ᠪᠤᠰᠤᠤᠠ ᠪᠠᠶᠢᠳᠡᠯ᠃ | ᠨᠠᠢᠮᠠᠳᠤᠭᠠᠷ ᠪᠦᠯᠦᠭ ᠢᠷᠭᠡᠨ ᠤ ᠬᠡᠷᠡᠭ ᠤᠨ ᠬᠠᠷᠢᠭᠤᠴᠠᠯᠭ᠎ᠠ | ᠵᠠᠭᠤ ᠲᠠᠯᠠᠨ ᠵᠢᠷᠭᠤᠳᠣᠭᠠᠷ ᠵᠦᠢᠯ ᠢᠷᠭᠡᠨ ᠤ ᠭᠡᠷᠡᠭ ᠤᠨ ᠪᠠᠶᠡᠴᠢ ᠴᠤᠭᠴᠠ ᠬᠠᠤᠯᠢ ᠴᠠᠭᠠᠵᠠ ᠶᠢᠨ ᠳᠤᠭᠳᠠᠭᠠᠯ | ᠪᠤᠶᠤ ᠳᠤᠬᠠᠢ ᠶᠢᠨ ᠬᠦᠮᠤᠨ ᠤ ᠪᠤᠯᠵᠤᠯ ᠶᠤᠰᠤᠭᠠᠷ ᠢᠷᠭᠡᠨ ᠤ ᠭᠡᠷᠡᠭ ᠤᠨ ᠡᠬᠦᠷᠭᠡ ᠶᠢ ᠭᠦᠢᠴᠡᠳᠭᠡᠵᠦ᠂ ᠢᠷᠭᠡᠨ ᠤ | ᠭᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠵᠡᠭᠤ ᠲᠠᠯᠠᠨ ᠲᠣᠯᠣᠳᠣᠭᠠᠷ ᠵᠦᠢᠯ ᠬᠤᠶᠠᠷ ᠠᠴᠠ ᠳᠡᠭᠡᠭᠰᠢ ᠬᠦᠮᠤᠨ ᠬᠠᠤᠯᠢ ᠶᠤᠰᠤᠭᠠᠷ ᠬᠤᠪᠢᠳᠠᠯᠳᠤ | ᠬᠠᠷᠢᠭᠤᠴᠠᠯᠭ᠎ᠠ ᠡᠭᠦᠷᠭᠡᠯᠡᠬᠦ ᠳᠤ᠂ ᠬᠠᠷᠢᠭᠤᠴᠠᠯᠭ᠎ᠠ ᠶᠢᠨ ᠶᠡᠭᠡ ᠪᠠᠭ᠎ᠠ ᠶᠢ ᠲᠤᠭᠳᠠᠭᠠᠵᠦ ᠲᠠᠶᠢᠯᠭᠦ ᠳᠤ ᠭᠦᠷᠪᠡᠯ᠂ | ᠲᠣᠰ ᠲᠤᠰ ᠲᠠᠭᠠᠨ ᠵᠣᠭᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ︔ ᠬᠠᠷᠢᠭᠤᠴᠠᠯᠭ᠎ᠠ ᠶᠢᠨ ᠶᠡᠭᠡ ᠪᠠᠭ᠎ᠠ ᠶᠢ | ᠲᠣᠭᠳᠠᠭᠠᠬᠤ ᠳᠤ ᠪᠠᠷᠭᠡᠲᠡᠢ ᠪᠠᠶᠢᠪᠠᠯ᠂ ᠬᠠᠷᠢᠭᠤᠴᠠᠯᠭ᠎ᠠ ᠶᠢ ᠲᠡᠭᠰᠢ ᠪᠠᠷ ᠡᠭᠦᠷᠭᠡᠯᠡᠨ᠎ᠡ᠃ | ᠵᠡᠭᠤ ᠲᠠᠯᠠᠨ ᠨᠠᠢᠮᠠᠳᠣᠭᠠᠷ ᠵᠦᠢᠯ ᠬᠤᠶᠠᠷ ᠠᠴᠠ ᠳᠡᠭᠡᠭᠰᠢ ᠬᠦᠮᠤᠨ ᠬᠠᠤᠯᠢ ᠶᠤᠰᠤᠭᠠᠷ ᠬᠤᠯᠪᠣᠯᠳᠣᠭᠰᠠᠨ | ᠬᠠᠷᠢᠭᠤᠴᠠᠯᠭ᠎ᠠ ᠡᠭᠦᠷᠭᠡᠯᠡᠭᠦ ᠳᠤ ᠭᠦᠷᠪᠡᠯ᠂ ᠡᠷᠭᠡᠳᠤ ᠬᠦᠮᠤᠨ ᠨᠢ ᠭᠡᠰᠡᠭ ᠪᠣᠶᠣ ᠪᠦᠭᠦ ᠬᠤᠯᠪᠣᠯᠳᠣᠭᠰᠠᠨ | ᠬᠠᠷᠢᠭᠤᠴᠠᠯᠭ᠎ᠠ ᠲᠠᠢ ᠬᠦᠮᠦᠨ ᠢᠶᠠᠷ ᠬᠠᠷᠢᠭᠤᠴᠠᠯᠭ᠎ᠠ ᠡᠭᠦᠷᠭᠡᠯᠡᠭᠦᠯᠭᠦ ᠪᠠᠷ ᠭᠤᠶᠣᠴᠢᠯᠠᠬᠤ ᠡᠷᠭᠡ ᠲᠠᠢ᠃ | ᠬᠤᠯᠪᠣᠯᠳᠣᠭᠰᠠᠨ ᠬᠠᠷᠢᠭᠤᠴᠠᠯᠭ᠎ᠠ ᠲᠠᠢ ᠬᠦᠮᠦᠨ ᠤ ᠬᠠᠷᠢᠭᠤᠴᠠᠯᠭ᠎ᠠ ᠶᠢᠨ ᠬᠤᠪᠢᠳᠠᠴᠠ ᠶᠢ ᠲᠣᠰ ᠲᠣᠰ ᠤᠨ ᠭᠢᠨᠢ | ᠬᠠᠷᠢᠭᠤᠴᠠᠯᠭ᠎ᠠ ᠶᠢᠨ ᠶᠡᠭᠡ ᠪᠠᠭ᠎ᠠ ᠶᠢ ᠦᠨᠳᠣᠰᠦᠯᠡᠵᠦ ᠲᠣᠭᠳᠠᠭᠠᠨ᠎ᠠ︔ ᠬᠠᠷᠢᠭᠤᠴᠠᠯᠭ᠎ᠠ ᠶᠢᠨ ᠶᠡᠭᠡ ᠪᠠᠭ᠎ᠠ ᠶᠢ | ᠲᠣᠭᠳᠠᠭᠠᠬᠤ ᠳᠤ ᠪᠡᠷᠭᠡᠲᠡᠢ ᠪᠠᠶᠢᠪᠠᠯ᠂ ᠬᠠᠷᠢᠭᠤᠴᠠᠯᠭ᠎ᠠ ᠶᠢ ᠲᠡᠭᠰᠢ ᠪᠠᠷ ᠡᠭᠦᠷᠭᠡᠯᠡᠨ᠎ᠡ᠃ ᠪᠤᠳᠠᠳᠠᠢ ᠡᠭᠦᠷᠭᠡᠯᠡᠭᠰᠡᠡ | ᠬᠠᠷᠢᠭᠤᠴᠠᠯᠭ᠎ᠠ ᠨᠢ ᠦᠪᠡᠷ ᠤᠨ ᠬᠢᠨᠢ ᠬᠠᠷᠢᠭᠤᠴᠠᠯᠭ᠎ᠠ ᠶᠢᠨ ᠬᠤᠪᠢᠳᠠᠴᠠ ᠠᠴᠠ ᠭᠡᠳᠦᠷᠡᠭᠰᠡᠨ ᠬᠤᠯᠪᠣᠯᠳᠣᠭᠰᠠᠨ | ᠬᠠᠷᠢᠭᠤᠴᠠᠯᠭ᠎ᠠ ᠲᠠᠢ ᠬᠦᠮᠦᠨ ᠪᠣᠰᠣᠳ ᠬᠤᠯᠪᠣᠯᠳᠣᠭᠰᠠᠨ ᠬᠠᠷᠢᠭᠤᠴᠠᠯᠭ᠎ᠠ ᠲᠠᠢ ᠬᠦᠮᠦᠨ ᠢᠶᠠᠷ ᠨᠡᠭᠡᠮᠵᠢᠯᠡᠨ | ᠲᠦᠯᠦᠭᠦᠯᠭᠦ ᠡᠷᠭᠡ ᠲᠠᠢ᠃ | ᠬᠤᠯᠪᠣᠯᠳᠣᠭᠰᠠᠨ ᠬᠠᠷᠢᠭᠤᠴᠠᠯᠭ᠎ᠠ ᠶᠢ ᠬᠠᠣᠯᠢ ᠴᠠᠭᠠᠵᠠ ᠪᠠᠷ ᠲᠣᠭᠳᠠᠭᠠᠬᠤ ᠪᠣᠶᠣ ᠲᠣᠬᠠᠢ ᠶᠢᠨ ᠭᠦᠮᠦᠨ ᠪᠣᠯᠵᠣᠨ | ᠲᠣᠭᠳᠠᠭᠠᠨ᠎ᠠ᠃ | ᠵᠡᠭᠤ ᠲᠠᠯ᠎ᠠ ᠶᠢᠰᠦᠳᠦᠭᠡᠷ ᠵᠦᠢᠯ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠠᠷᠭ᠎ᠠ ᠮᠠᠶ᠋ᠢᠭ ᠲᠤ | ᠭᠤᠤᠯᠳᠠᠭᠤ᠄ | ︵ᠨᠢᠭᠡ︶ ᠬᠠᠯᠳᠠᠯᠭ᠎ᠠ ᠪᠠᠨ ᠵᠤᠭᠰᠤᠭᠠᠬᠤ︔ | ︵ᠬᠤᠶᠠᠷ︶ ᠬᠠᠷᠰᠢᠯᠠᠯ ᠢ ᠠᠷᠢᠯᠭᠠᠬᠤ︔ | ︵ᠭᠤᠷᠪᠠ︶ ᠠᠶᠤᠯ ᠲᠦᠭᠰᠢᠭᠦᠷᠢ ᠶᠢ ᠠᠷᠢᠯᠭᠠᠬᠤ︔ | ︵ᠲᠦᠷᠪᠡ︶ ᠡᠳ᠋ ᠬᠦᠷᠦᠩᠭᠡ ᠶᠢ ᠨᠢ ᠪᠤᠴᠠᠭᠠᠵᠤ ᠦᠭᠭᠦ︔ | ︵ᠲᠠᠪᠤ︶ ᠣᠭ ᠪᠠᠶᠢᠳᠠᠯ ᠢ ᠨᠢ ᠰᠡᠷᠭᠦᠭᠡᠬᠦ︔ | ︵ᠵᠢᠷᠭᠤᠭ᠎ᠠ︶ ᠰᠡᠯᠪᠢᠨ ᠵᠠᠰᠠᠬᠤ᠂ ᠲᠠᠬᠢᠨ ᠬᠢᠬᠦ᠂ ᠰᠤᠯᠢᠵᠦ ᠦᠭᠬᠦ︔ | ︵ᠲᠤᠯᠤᠭ᠎ᠠ︶ ᠦᠷᠬᠦᠯᠵᠢᠯᠡᠨ ᠬᠦᠢᠴᠡᠳᠭᠡᠬᠦ︔ | ︵ᠨᠠᠢᠮᠠ︶ ᠬᠤᠬᠢᠷᠠᠯ ᠢ ᠲᠦᠯᠦᠬᠦ︔ | ︵ᠶᠢᠰᠦ︶ ᠭᠡᠷ᠎ᠡ ᠵᠦᠷᠢᠴᠡᠭᠰᠡᠨ ᠮᠦᠡᠭᠭᠦ ᠲᠦᠯᠦᠬᠦ︔ | ︵ᠠᠷᠪᠠ︶ ᠨᠦᠯᠦᠭᠡ ᠶᠢ ᠠᠷᠢᠯᠭᠠᠨ᠂ ᠨᠡᠷ᠎ᠡ ᠲᠦᠷᠦ ᠶᠢ ᠨᠢ ᠰᠡᠷᠭᠦᠭᠡᠵᠦ ᠦᠭᠬᠦ︔ | ︵ᠠᠷᠪᠠᠨ ᠨᠢᠭᠡ︶ ᠤᠰᠤᠯ ᠬᠦᠯᠢᠶᠡᠡ ᠪᠤᠷᠤᠭᠤ ᠮᠡᠳᠡᠬᠦ ᠵᠡᠷᠭᠡ ᠪᠠᠶᠢᠨ᠎ᠠ᠃ | ᠬᠠᠤᠯᠢ ᠴᠠᠭᠠᠵᠠ ᠳᠤ ᠵᠠᠯᠬᠠᠭᠠᠯ ᠤᠨ ᠴᠢᠨᠠᠷᠲᠠᠢ ᠳᠦᠯᠦᠪᠦᠷᠢ ᠦᠭᠬᠦᠭᠦᠯᠬᠦ ᠪᠠᠷ ᠳᠤᠭᠳᠠᠭᠠᠭᠰᠠᠠ ᠪᠠᠶᠢᠪᠠᠯ᠂ ᠲᠡᠷᠡ | ᠳᠤᠭᠳᠠᠭᠠᠯ ᠶᠤᠰᠤᠭᠠᠷ ᠶᠠᠪᠤᠭᠤᠯᠤᠨ᠎ᠠ᠃ | ᠳᠤᠰ ᠵᠦᠢᠯ ᠳᠤ ᠳᠤᠭᠳᠠᠭᠠᠭᠰᠠᠠ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠠᠷᠭ᠎ᠠ ᠮᠠᠶ᠋ᠢᠭ ᠢ | ᠳᠤᠰᠠᠭᠠᠷ ᠨᠢ ᠲᠤᠬᠢᠷᠠᠭᠤᠯᠤᠨ ᠬᠡᠷᠡᠭᠯᠡᠵᠦ ᠪᠤᠯᠣᠨ᠎ᠠ᠂ ᠨᠡᠶᠢᠯᠡᠭᠦᠯᠦᠨ ᠲᠤᠬᠢᠷᠠᠭᠤᠯᠤᠨ ᠬᠡᠷᠡᠭᠯᠡᠭᠰᠡᠨ ᠴᠤ ᠪᠤᠯᠤᠨ᠎ᠠ᠃ | ᠵᠡᠭᠤ ᠨᠠᠶᠠᠳᠣᠭᠠᠷ ᠵᠦᠢᠯ ᠡᠰᠡᠷᠭᠦᠴᠡᠭᠳᠡᠰᠢ ᠦᠭᠡᠢ ᠬᠦᠴᠦᠨ ᠠᠴᠠ ᠪᠤᠯᠵᠦ ᠢᠷᠭᠡᠨ ᠤ ᠭᠡᠷᠡᠭ ᠤᠨ ᠡᠭᠦᠷᠭᠡ ᠶᠢ | ᠬᠦᠢᠴᠡᠳᠭᠡᠵᠤ ᠲᠠᠶᠢᠯᠭᠦ ᠦᠭᠡᠢ ᠪᠠᠶᠢᠪᠠᠯ᠂ ᠢᠷᠭᠡᠨ ᠤ ᠭᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠦᠭᠡᠢ᠃ ᠬᠠᠣᠯᠢ | ᠴᠠᠭᠠᠵᠠ ᠳᠤ ᠠᠰᠳᠠᠭᠠᠨ ᠲᠣᠭᠳᠠᠭᠠᠯ ᠲᠠᠢ ᠪᠠᠶᠢᠪᠠᠯ᠂ ᠲᠡᠷᠡ ᠳᠤᠭᠳᠠᠭᠠᠯ ᠶᠤᠰᠤᠭᠠᠷ ᠶᠠᠪᠤᠭᠤᠯᠤᠨ᠎ᠠ᠃ | ᠡᠰᠡᠷᠭᠦᠴᠡᠭᠳᠡᠰᠢ ᠦᠭᠡᠢ ᠬᠦᠴᠦᠨ ᠭᠡᠳᠡᠭ ᠨᠢ ᠤᠷᠢᠳᠴᠢᠯᠠᠨ ᠮᠡᠳᠡᠵᠦ ᠥᠯᠥ ᠴᠢᠳᠠᠬᠤ᠂ ᠵᠠᠶᠢᠯᠠᠭᠤᠯᠵᠤ ᠦᠯᠦ | ᠴᠢᠳᠠᠬᠤ ᠮᠦᠷᠳᠡᠭᠡᠨ ᠢᠯᠠᠨ ᠳᠠᠪᠠᠵᠤ ᠥᠯᠥ ᠴᠢᠳᠠᠬᠤ ᠪᠤᠰᠤᠳᠴᠢ ᠪᠠᠶᠢᠳᠠᠯ ᠢ ᠵᠢᠭᠠᠵᠦ ᠪᠠᠶᠢᠨ᠎ᠠ᠃ | ᠵᠡᠭᠤ ᠨᠠᠶᠠᠨ ᠨᠢᠭᠡᠳᠦᠭᠡᠷ ᠵᠦᠢᠯ ᠵᠦᠢ ᠶᠤᠰᠤᠨ ᠤ ᠬᠠᠮᠠᠭᠠᠯᠠᠯᠳᠠ ᠠᠴᠠ ᠪᠤᠯᠵᠦ ᠬᠤᠬᠢᠷᠠᠯ ᠭᠠᠷᠭᠠᠭᠰᠠᠠ ᠪᠠᠶᠢᠪᠠᠯ᠂ | ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠦᠭᠡᠢ᠃ | ᠵᠦᠢ ᠶᠤᠰᠤᠨ ᠤ ᠬᠠᠮᠠᠭᠠᠯᠠᠯᠳᠠ ᠨᠢ ᠴᠢᠬᠤᠯᠠ ᠪᠦᠬᠦᠢ ᠬᠢᠵᠠᠭᠠᠷ ᠬᠡᠮᠵᠢᠶ᠎ᠡ ᠠᠴᠠ ᠳᠠᠪᠠᠭᠠᠳ᠂ ᠪᠠᠶᠢᠪᠠᠰᠤ ᠦᠯᠤ | ᠵᠤᠬᠢᠬᠤ ᠬᠤᠬᠢᠷᠠᠯ ᠭᠠᠷᠭᠠᠭᠰᠠᠠ ᠪᠠᠶᠢᠪᠠᠯ᠂ ᠵᠦᠢ ᠶᠤᠰᠤᠨ ᠤ ᠬᠠᠮᠠᠭᠠᠯᠠᠯᠳᠠ ᠬᠢᠭᠰᠡᠨ ᠬᠦᠮᠤᠨ ᠵᠣᠭᠢᠰᠳᠠᠢ ᠢᠷᠭᠡᠨ ᠤ | ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ᠃ | ᠵᠡᠭᠤ ᠨᠠᠶᠠᠨ ᠬᠤᠶᠠᠳᠣᠭᠠᠷ ᠵᠦᠢᠯ ᠠᠶᠤᠯ ᠠᠴᠠ ᠪᠠᠴᠢᠮ ᠵᠠᠶᠢᠯᠠᠭᠰᠠᠨ ᠠᠴᠠ ᠪᠤᠯᠵᠦ ᠬᠤᠬᠢᠷᠠᠯ ᠭᠠᠷᠭᠠᠭᠰᠠᠠ ᠪᠠᠶᠢᠪᠠᠯ᠂ | ᠠᠶᠤᠯ ᠲᠠᠢ ᠪᠠᠶᠢᠳᠠᠯ ᠢ ᠪᠤᠢ ᠪᠤᠯᠭᠠᠭᠰᠠᠨ ᠬᠦᠮᠦᠨ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠠᠶᠤᠯ ᠲᠦᠭᠰᠢᠭᠦᠷᠢ ᠨᠢ ᠪᠠᠶᠢᠭᠠᠯᠢ ᠶᠢᠨ ᠰᠢᠯᠳᠠᠭᠠᠨ ᠠᠴᠠ ᠪᠤᠯᠤᠭᠰᠠᠨ ᠪᠠᠶᠢᠪᠠᠯ᠂ ᠠᠶᠤᠯ ᠠᠴᠠ ᠪᠠᠴᠢᠮ ᠵᠠᠶᠢᠯᠠᠭᠰᠠᠨ | ᠬᠦᠮᠤᠨ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠣᠬᠢᠰᠲᠠᠢ ᠨᠦᠬᠦᠪᠦᠷᠢ ᠥᠭᠴᠦ ᠪᠣᠯᠣᠨ᠎ᠠ᠃ | ᠠᠶᠤᠯ ᠠᠴᠠ ᠪᠠᠴᠢᠮ ᠵᠠᠶᠢᠯᠠᠬᠤ ᠪᠠᠷ ᠠᠪᠤᠭᠰᠠᠨ ᠠᠷᠭ᠎ᠠ ᠬᠡᠮᠵᠢᠶ᠎ᠡ ᠨᠢ ᠵᠤᠬᠢᠰ ᠦᠭᠡᠢ ᠪᠤᠶᠤ ᠴᠢᠬᠤᠯᠠ ᠪᠦᠬᠦᠢ | ᠬᠢᠵᠠᠭᠠᠷ ᠬᠡᠮᠵᠢᠶ᠎ᠡ ᠠᠴᠠ ᠳᠠᠪᠠᠭᠠᠳ᠂ ᠪᠠᠶᠢᠪᠠᠰᠤ ᠦᠯᠤ ᠵᠤᠬᠢᠬᠤ ᠬᠤᠬᠢᠷᠠᠯ ᠭᠠᠷᠭᠠᠭᠰᠠᠨ ᠪᠠᠶᠢᠪᠠᠯ᠂ ᠠᠶᠤᠯ ᠠᠴᠠ | ᠪᠠᠴᠢᠮ ᠵᠠᠶᠢᠯᠠᠭᠴᠢ ᠵᠣᠭᠢᠰᠳᠠᠢ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠭᠡᠷᠡᠭᠳᠡᠢ᠃ | ᠵᠠᠭᠤ ᠨᠠᠶᠠᠨ ᠭᠤᠷᠪᠠᠳᠣᠭᠠᠷ ᠵᠦᠢᠯ ᠪᠤᠰᠤᠳ ᠤᠨ ᠢᠷᠬᠡᠨ ᠤ ᠬᠡᠷᠡᠭ ᠤᠨ ᠡᠷᠬᠡ ᠠᠰᠢᠭ ᠢ ᠬᠠᠮᠠᠭᠠᠯᠠᠬᠰᠠᠨ ᠠᠴᠠ | ᠪᠤᠯᠵᠦ ᠦᠪᠡᠷ ᠢᠶᠠᠨ ᠬᠤᠬᠢᠷᠠᠯ ᠳᠤ ᠤᠴᠠᠷᠬᠠᠰᠠᠨ ᠪᠠᠶᠢᠪᠠᠯ᠂ ᠡᠷᠬᠡ ᠳᠤ ᠬᠠᠯᠳ᠋ᠬᠠᠴᠢ ᠢᠷᠬᠡᠨ ᠤ ᠬᠡᠷᠡᠭ ᠤᠨ | ᠬᠠᠷᠢᠭᠤᠴᠠᠯᠭ᠎ᠠ ᠡᠭᠦᠷᠬᠡᠯᠡᠨ᠎ᠡ᠂ ᠠᠰᠢᠭ ᠭᠦᠷᠳᠡᠭᠴᠢ ᠵᠤᠬᠢᠰᠳᠠᠢ ᠨᠦᠬᠦᠪᠦᠷᠢ ᠦᠭᠴᠤ ᠪᠤᠯᠤᠨ᠎ᠠ᠃ ᠡᠷᠬᠡ ᠳᠤ | ᠬᠠᠯᠳ᠋ᠬᠠᠴᠢ ᠦᠬᠡᠢ᠂ ᠡᠷᠬᠡ ᠳᠤ ᠬᠠᠯᠳ᠋ᠬᠠᠴᠢ ᠨᠢ ᠤᠷᠭᠤᠨ ᠲᠤᠳᠠᠭᠠᠨᠨᠰᠠᠨ ᠪᠤᠶᠤ ᠢᠷᠬᠡᠨ ᠤ ᠬᠡᠷᠡᠭ ᠤᠨ | ᠬᠠᠷᠢᠭᠤᠴᠠᠯᠭ᠎ᠠ ᠡᠭᠦᠷᠬᠡᠯᠡᠬᠦ ᠴᠢᠳᠠᠯ ᠦᠬᠡᠢ ᠪᠠᠶᠢᠵᠦ᠂ ᠬᠤᠭᠢᠷᠠᠯ ᠠᠮᠰᠠᠭᠴᠢ ᠨᠢ ᠨᠦᠬᠦᠪᠦᠷᠢ ᠠᠪᠬᠤ ᠪᠠᠷ | ᠭᠤᠶᠤᠴᠢᠯᠬᠠᠰᠠᠨ ᠪᠠᠶᠢᠪᠠᠯ᠂ ᠠᠰᠢᠭ ᠭᠦᠷᠳᠡᠭᠴᠢ ᠵᠤᠬᠢᠰᠳᠠᠢ ᠨᠦᠬᠦᠪᠦᠷᠢ ᠦᠭᠭᠦ ᠬᠡᠷᠡᠭᠳᠡᠢ᠃ | ᠵᠠᠭᠤ ᠨᠠᠶᠠᠨ ᠲᠦᠷᠪᠡᠳᠦᠭᠡᠷ ᠵᠦᠢᠯ ᠰᠠᠶᠢᠨ ᠲᠤᠷ᠎ᠠ ᠠᠴᠠ ᠪᠠᠨ ᠪᠠᠴᠢᠮ ᠠᠪᠤᠷᠠᠨ ᠲᠤᠰᠠᠯᠠᠬᠤ ᠦᠢᠯᠡ ᠠᠵᠢᠯᠯᠠᠭ᠎ᠠ | ᠭᠢᠭᠰᠡᠨ ᠠᠴᠠ ᠪᠤᠯᠵᠦ ᠠᠪᠤᠷᠠᠨ ᠲᠤᠰᠠᠯᠬᠠᠳ᠋ᠬᠠᠴᠢ ᠳᠤ ᠬᠤᠬᠢᠷᠠᠯ ᠤᠴᠠᠷᠠᠭᠤᠯᠤᠨᠨᠰᠠᠨ ᠪᠠᠶᠢᠪᠠᠯ᠂ ᠠᠪᠤᠷᠠᠨ | ᠲᠤᠰᠠᠯᠬᠠᠴᠢ ᠢᠷᠬᠡᠨ ᠤ ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦ ᠦᠬᠡᠢ᠃ | ᠵᠠᠭᠤ ᠨᠠᠶᠠᠨ ᠲᠠᠪᠣᠳᠣᠭᠠᠷ ᠵᠦᠢᠯ ᠦᠷᠡᠭᠳᠡᠭᠰᠡᠨ ᠪᠠᠭᠠᠲᠤᠷ ᠵᠡᠷᠭᠡ ᠶᠢᠨ ᠣᠪᠣᠭ ᠨᠠᠷᠠ᠂ ᠭᠦᠷᠦᠭ ᠵᠢᠷᠤᠭ᠂ ᠨᠠᠷ᠎ᠡ | ᠲᠦᠷᠦ᠂ ᠠᠯᠳᠠᠷ ᠭᠦᠨᠳᠦ ᠶᠢ ᠬᠦᠨᠦᠭᠡᠵᠦ᠂ ᠨᠠᠶᠢᠭᠡᠮ ᠨᠠᠶᠢᠳᠠ ᠶᠢᠨ ᠠᠰᠢᠭ ᠲᠣᠰᠠ ᠳᠤ ᠬᠤᠭᠢᠷᠠᠯ | ᠣᠴᠠᠷᠠᠭᠤᠯᠣᠭᠰᠠᠨ ᠪᠠᠶᠢᠪᠠᠯ᠂ ᠢᠷᠭᠡᠨ ᠤ ᠭᠡᠷᠡᠭ ᠤᠨ ᠬᠠᠷᠢᠭᠤᠴᠠᠯᠭ᠎ᠠ ᠡᠭᠦᠷᠭᠡᠯᠡᠭᠦ ᠭᠡᠷᠡᠭᠳᠡᠢ᠃ | ᠵᠠᠭᠤ ᠨᠠᠶᠠᠨ ᠵᠢᠷᠭᠤᠳᠣᠭᠠᠷ ᠵᠦᠢᠯ ᠲᠤᠬᠠᠢ ᠶᠢᠨ ᠭᠦᠮᠦᠨ ᠤ ᠨᠢᠬᠡ ᠲᠠᠯ᠎ᠠ ᠶᠢᠨ ᠭᠡᠷ᠎ᠡ ᠵᠦᠷᠢᠴᠡᠭᠰᠡᠨ ᠦᠢᠯᠡ | ᠠᠵᠢᠯᠯᠠᠭ᠎ᠠ ᠨᠢ ᠨᠦᠭᠦᠬᠡ ᠲᠠᠯ᠎ᠡ ᠶᠢᠨ ᠢᠶᠠᠨ ᠬᠦᠮᠦᠨ ᠤ ᠪᠡᠶ᠎ᠡ ᠶᠢᠨ ᠡᠷᠬᠡ ᠠᠰᠢᠭ᠂ ᠡᠳ᠋ ᠭᠦᠷᠦᠩᠬᠡ ᠶᠢᠨ ᠡᠷᠬᠡ | ᠠᠰᠢᠭ ᠢ ᠬᠤᠬᠢᠷᠠᠭᠤᠯᠤᠨᠨᠰᠠᠨ ᠪᠠᠶᠢᠪᠠᠯ᠂ ᠬᠤᠬᠢᠷᠠᠯ ᠠᠮᠰᠠᠭᠴᠢ ᠲᠠᠯ᠎ᠠ ᠨᠢ ᠲᠡᠭᠦᠨ ᠢᠶᠠᠷ ᠭᠡᠷ᠎ᠡ ᠵᠦᠷᠢᠴᠡᠭᠰᠡᠨ | ᠬᠠᠷᠢᠭᠤᠴᠠᠯᠭ᠎ᠠ ᠪᠤᠶᠤ ᠡᠷᠬᠡ ᠳᠤ ᠬᠠᠯᠳ᠋ᠬᠠᠰᠠᠨ ᠬᠠᠷᠢᠭᠤᠴᠠᠯᠭ᠎ᠠ ᠶᠢᠨ ᠨᠢᠭᠡ ᠶᠢ ᠨᠢ ᠡᠭᠦᠷᠬᠡᠯᠡᠬᠦᠯᠬᠦ ᠪᠠᠷ ᠰᠤᠩᠭᠤᠨ | ᠭᠤᠶᠤᠴᠢᠯᠠᠬᠤ ᠡᠷᠬᠡ ᠲᠠᠢ᠃ | ᠵᠠᠭᠤ ᠨᠠᠶᠠᠨ ᠲᠣᠯᠣᠳᠣᠭᠠᠷ ᠵᠦᠢᠯ ᠢᠷᠬᠡᠨ ᠤ ᠬᠡᠷᠡᠭ ᠤᠨ ᠪᠡᠶᠡᠴᠢ ᠴᠤᠨᠨᠴᠠ ᠮᠦᠨ ᠨᠢᠬᠡ ᠦᠢᠯᠡ ᠠᠵᠢᠯᠯᠠᠭ᠎ᠠ ᠠᠴᠠ | ᠪᠤᠯᠵᠦ ᠢᠷᠬᠡᠨ ᠤ ᠬᠡᠷᠡᠭ ᠤᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠪᠡ ᠡᠷᠡᠭᠦᠦ ᠶᠢᠨ | ᠬᠠᠷᠢᠭᠤᠴᠠᠯᠭ᠎ᠠ ᠡᠭᠦᠷᠬᠡᠯᠡᠬᠦ ᠶᠤᠰᠤᠳᠠᠢ ᠪᠠᠶᠢᠪᠠᠯ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠪᠤᠶᠤ ᠡᠷᠡᠭᠦᠦ ᠶᠢᠨ | ᠬᠠᠷᠢᠭᠤᠴᠠᠯᠭ᠎ᠠ ᠡᠭᠦᠷᠬᠡᠯᠡᠬᠦ ᠨᠢ ᠢᠷᠬᠡᠨ ᠤ ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦ ᠶᠢ ᠨᠢ ᠨᠦᠯᠦᠬᠡᠯᠡᠬᠦ ᠦᠬᠡᠢ︔ | ᠢᠷᠬᠡᠨ ᠤ ᠬᠡᠷᠡᠭ ᠤᠨ ᠪᠡᠶᠡᠴᠢ ᠴᠤᠨᠨᠴᠠ ᠶᠢᠨ ᠡᠳ᠋ ᠭᠦᠷᠦᠩᠬᠡ ᠨᠢ ᠲᠦᠯᠦᠵᠦ ᠭᠦᠷᠬᠦ ᠦᠬᠡᠢ ᠪᠠᠶᠢᠪᠠᠯ᠂ ᠢᠷᠬᠡᠨ ᠤ | ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦ ᠳᠤ ᠤᠷᠢᠳ ᠢᠶᠠᠷ ᠬᠡᠷᠡᠭᠯᠡᠨ᠎ᠡ᠃ | ᠶᠢᠰᠦᠳᠦᠬᠡᠷ ᠪᠦᠯᠦᠭ ᠵᠠᠷᠭᠤ ᠶᠢᠨ ᠭᠦᠴᠦᠨ ᠲᠠᠢ ᠬᠤᠭᠤᠴᠠᠭ᠎ᠠ | ᠵᠠᠭᠤ ᠨᠠᠶᠠᠨ ᠨᠠᠢᠮᠠᠳᠣᠭᠠᠷ ᠵᠦᠢᠯ ᠠᠷᠠᠳ ᠤᠨ ᠰᠢᠬᠦᠬᠦ ᠬᠤᠷᠢᠶ᠎ᠠ ᠳᠤ ᠢᠷᠬᠡᠨ ᠤ ᠬᠡᠷᠡᠭ ᠤᠨ ᠡᠷᠬᠡ ᠪᠠᠨ | ᠬᠠᠮᠠᠭᠠᠯᠠᠭᠤᠯᠬᠤ ᠪᠠᠷ ᠭᠤᠶᠤᠴᠢᠯᠠᠬᠤ ᠵᠠᠷᠭᠤ ᠶᠢᠨ ᠭᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠤᠯᠤᠨ᠎ᠠ᠃ | ᠬᠠᠤᠯᠢ ᠴᠠᠭᠠᠵᠠ ᠳᠤ ᠠᠰᠳᠠᠭᠠᠨ ᠲᠤᠨᠨᠳᠠᠭᠠᠯ ᠲᠠᠢ ᠪᠠᠶᠢᠪᠠᠯ᠂ ᠲᠡᠷᠡ ᠲᠤᠨᠨᠳᠠᠭᠠᠯ ᠶᠤᠰᠤᠭᠠᠷ ᠶᠠᠪᠤᠭᠤᠯᠤᠨ᠎ᠠ᠃ | ᠵᠠᠷᠭᠤ ᠶᠢᠨ ᠭᠦᠴᠦᠨ ᠲᠠᠢ ᠬᠤᠭᠤᠴᠠᠭ᠎ᠠ ᠶᠢ ᠡᠷᠬᠡᠳᠦ ᠭᠦᠮᠦᠨ ᠡᠷᠬᠡ ᠨᠢ ᠬᠤᠬᠢᠷᠠᠯ ᠳᠤ ᠤᠴᠠᠷᠬᠠᠰᠠᠨ ᠪᠡ ᠡᠭᠦᠷᠬᠡᠳᠦ | ᠭᠦᠮᠦᠨ ᠢ ᠮᠡᠳᠡᠭᠰᠡᠨ ᠪᠤᠶᠤ ᠮᠡᠳᠡᠬᠦ ᠶᠤᠰᠤᠳᠠᠢ ᠡᠳᠦᠷ ᠠᠴᠠ ᠡᠬᠢᠯᠡᠵᠦ ᠪᠤᠳᠤᠨ᠎ᠠ᠃ ᠬᠠᠤᠯᠢ ᠴᠠᠭᠠᠵᠠ ᠳᠤ ᠠᠰᠳᠠᠭᠠᠨ | ᠲᠤᠨᠨᠳᠠᠭᠠᠯ ᠲᠠᠢ ᠪᠠᠶᠢᠪᠠᠯ᠂ ᠲᠡᠷᠡ ᠲᠤᠨᠨᠳᠠᠭᠠᠯ ᠶᠤᠰᠤᠭᠠᠷ ᠶᠠᠪᠤᠭᠤᠯᠤᠨ᠎ᠠ᠃ ᠬᠡᠪᠡᠴᠤ ᠡᠷᠬᠡ ᠨᠢ ᠬᠤᠬᠢᠷᠠᠯ ᠳᠤ | ᠤᠴᠠᠷᠬᠠᠰᠠᠨ ᠡᠳᠦᠷ ᠠᠴᠠ ᠡᠬᠢᠯᠡᠨ ᠬᠤᠷᠢᠨ ᠵᠢᠯ ᠬᠡᠳᠦᠷᠡᠭᠰᠡᠨ ᠪᠠᠶᠢᠪᠠᠯ᠂ ᠠᠷᠠᠳ ᠤᠨ ᠰᠢᠬᠦᠬᠦ ᠬᠤᠷᠢᠶ᠎ᠠ | ᠬᠠᠮᠠᠭᠠᠯᠠᠬᠤ ᠦᠬᠡᠢ᠂ ᠤᠨᠴᠠᠭᠠᠢ ᠪᠠᠶᠢᠳᠠᠯ ᠲᠠᠢ ᠪᠤᠯ᠂ ᠠᠷᠠᠳ ᠤᠨ ᠰᠢᠬᠦᠬᠦ ᠬᠤᠷᠢᠶ᠎ᠠ ᠡᠷᠬᠡᠳᠦ ᠭᠦᠮᠦᠨ ᠤ | ᠭᠤᠶᠤᠴᠢᠯᠠᠯ ᠢ ᠦᠨᠳᠦᠰᠦᠯᠡᠵᠦ ᠤᠷᠳᠤᠳᠬᠠᠬᠤ ᠪᠠᠷ ᠲᠤᠨᠨᠳᠠᠭᠠᠵᠦ ᠪᠤᠯᠤᠨ᠎ᠠ᠃ | ᠵᠠᠭᠤ ᠨᠠᠶᠠ ᠶᠢᠰᠦᠳᠦᠭᠡᠷ ᠵᠦᠢᠯ ᠲᠤᠬᠠᠢ ᠶᠢᠨ ᠭᠦᠮᠦᠨ ᠮᠦᠨ ᠨᠢᠬᠡ ᠦᠭᠴᠡᠭᠡ ᠶᠢ ᠬᠤᠭᠤᠴᠠᠭ᠎ᠠ ᠬᠤᠪᠢᠶᠠᠨ | ᠭᠦᠢᠴᠡᠳᠬᠡᠬᠦ ᠪᠠᠷ ᠪᠤᠯᠵᠤᠨ ᠲᠤᠨᠨᠳ᠋ᠬᠠᠰᠠᠨ ᠪᠠᠶᠢᠪᠠᠯ᠂ ᠵᠠᠷᠭᠤ ᠶᠢᠨ ᠭᠦᠴᠦᠨ ᠲᠠᠢ ᠬᠤᠭᠤᠴᠠᠭ᠎ᠠ ᠶᠢ ᠬᠠᠮᠤᠭ | ᠰᠡᠭᠦᠯᠴᠢ ᠶᠢᠨ ᠨᠢᠬᠡ ᠭᠦᠢᠴᠡᠳᠬᠡᠬᠦ ᠬᠤᠭᠤᠴᠠᠭ᠎ᠠ ᠲᠦᠭᠦᠷᠦᠭᠰᠡᠨ ᠡᠳᠦᠷ ᠠᠴᠠ ᠡᠬᠢᠯᠡᠵᠦ ᠪᠤᠳᠤᠨ᠎ᠠ᠃ | ᠵᠠᠭᠤ ᠶᠡᠷᠡᠳᠤᠭᠡᠷ ᠵᠦᠢᠯ ᠢᠷᠬᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠬᠡᠢ ᠭᠦᠮᠦᠨ ᠪᠤᠶᠤ | ᠢᠷᠬᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠳᠠᠢ ᠭᠦᠮᠦᠨ ᠤ ᠲᠡᠭᠦᠨ ᠤ ᠬᠠᠤᠯᠢ ᠪᠠᠷ | ᠲᠤᠨᠨᠳᠠᠭᠠᠨᠨᠰᠠᠨ ᠤᠷᠤᠯᠬᠠᠴᠢ ᠳᠤ ᠭᠤᠶᠤᠴᠢᠯᠠᠬᠤ ᠡᠷᠬᠡ ᠪᠠᠨ ᠬᠡᠷᠡᠭᠵᠢᠬᠦᠯᠬᠦ ᠵᠠᠷᠭᠤ ᠶᠢᠨ ᠭᠦᠴᠦᠨ ᠲᠠᠢ | ᠬᠤᠭᠤᠴᠠᠭ᠎ᠠ ᠶᠢ ᠬᠠᠤᠯᠢ ᠪᠠᠷ ᠲᠤᠨᠨᠳᠠᠭᠠᠨᠨᠰᠠᠨ ᠲᠤᠰ ᠤᠷᠤᠯᠠᠯ ᠲᠠᠭᠤᠰᠤᠨᠨᠰᠠᠨ ᠡᠳᠦᠷ ᠠᠴᠠ ᠡᠬᠢᠯᠡᠵᠦ ᠪᠤᠳᠤᠨ᠎ᠠ᠃ | ᠵᠠᠭᠤ ᠶᠡᠷᠡᠨ ᠨᠢᠭᠡᠳᠦᠭᠡᠷ ᠵᠦᠢᠯ ᠨᠠᠰᠤᠨ ᠳᠤ ᠦᠯᠦ ᠭᠦᠷᠦᠭᠰᠡᠳ ᠪᠡᠯᠬᠡ ᠶᠢᠨ ᠬᠦᠨᠦᠭᠡᠯ ᠳᠤ ᠤᠴᠠᠷᠬᠠᠰᠠᠨ ᠠᠴᠠ | ᠪᠤᠯᠤᠨᠨᠰᠠᠨ ᠬᠤᠬᠢᠷᠠᠯ ᠲᠦᠯᠦᠬᠦᠯᠬᠦ ᠪᠠᠷ ᠭᠤᠶᠤᠴᠢᠯᠠᠬᠤ ᠡᠷᠬᠡ ᠶᠢᠨ ᠵᠠᠷᠭᠤ ᠶᠢᠨ ᠭᠦᠴᠦᠨ ᠲᠠᠢ ᠬᠤᠭᠤᠴᠠᠭ᠎ᠠ ᠶᠢ | ᠬᠤᠤᠷ ᠠᠮᠰᠠᠭᠴᠢ ᠪᠦᠭᠦᠯᠢ ᠠᠷᠪᠠᠨ ᠨᠠᠢᠮᠠᠠ ᠨᠠᠰᠤ ᠭᠦᠷᠦᠭᠰᠡᠨ ᠡᠳᠦᠷ ᠠᠴᠠ ᠡᠬᠢᠯᠡᠵᠦ ᠪᠤᠳᠤᠨ᠎ᠠ᠃ | ᠵᠠᠭᠤ ᠶᠡᠷᠡᠨ ᠬᠤᠶᠠᠳᠣᠭᠠᠷ ᠵᠦᠢᠯ ᠵᠠᠷᠭᠤ ᠶᠢᠨ ᠭᠦᠴᠦᠨ ᠲᠠᠢ ᠬᠤᠭᠤᠴᠠᠭ᠎ᠠ ᠲᠦᠭᠦᠷᠦᠭᠰᠡᠨ ᠪᠠᠶᠢᠪᠠᠯ᠂ ᠡᠭᠦᠷᠬᠡᠳᠦ | ᠭᠦᠮᠦᠨ ᠡᠭᠦᠷᠬᠡ ᠪᠠᠨ ᠦᠯᠦ ᠭᠦᠢᠴᠡᠳᠬᠡᠬᠦ ᠪᠠᠷ ᠡᠰᠡᠷᠭᠦᠴᠡᠨ ᠮᠠᠷᠭᠤᠯᠳᠤᠵᠦ ᠪᠤᠯᠤᠨ᠎ᠠ᠃ | ᠵᠠᠷᠭᠤ ᠶᠢᠨ ᠭᠦᠴᠦᠨ ᠲᠠᠢ ᠬᠤᠭᠤᠴᠠᠭ᠎ᠠ ᠲᠦᠭᠦᠷᠦᠭᠰᠡᠨ ᠤ ᠲᠠᠷᠠᠭ᠎ᠠ᠂ ᠡᠭᠦᠷᠬᠡᠳᠦ ᠭᠦᠮᠦᠨ ᠭᠦᠢᠴᠡᠳᠬᠡᠬᠦ ᠪᠠᠷ | ᠵᠦᠪᠰᠢᠶᠡᠷᠡᠭᠰᠡᠨ ᠪᠠᠶᠢᠪᠠᠯ᠂ ᠵᠠᠷᠭᠤ ᠶᠢᠨ ᠭᠦᠴᠦᠨ ᠲᠠᠢ ᠬᠤᠭᠤᠴᠠᠭ᠎ᠠ ᠲᠦᠭᠦᠷᠦᠭᠰᠡᠨ ᠢᠶᠠᠷ ᠰᠢᠯᠳᠠᠭᠠᠨ ᠪᠤᠯᠭᠠᠵᠦ | ᠡᠰᠡᠷᠭᠦᠴᠡᠨ ᠮᠠᠷᠭᠤᠯᠳᠤᠵᠦ ᠪᠤᠯᠬᠤ ᠦᠬᠡᠢ︔ ᠡᠭᠦᠷᠬᠡᠳᠦ ᠭᠦᠮᠦᠨ ᠨᠢᠬᠡᠨᠳᠡ ᠰᠠᠶᠢᠨ ᠲᠤᠷ᠎ᠠ ᠠᠴᠠ ᠪᠠᠨ | ᠭᠦᠢᠴᠡᠳᠬᠡᠭᠰᠡᠨ ᠪᠠᠶᠢᠪᠠᠯ᠂ ᠪᠤᠴᠠᠭᠠᠯᠭᠠᠬᠤ ᠪᠠᠷ ᠭᠤᠶᠤᠴᠢᠯᠠᠵᠦ ᠪᠤᠯᠬᠤ ᠦᠬᠡᠢ᠃ | ᠵᠠᠭᠤ ᠶᠡᠷᠡᠨ ᠭᠤᠷᠪᠠᠳᠣᠭᠠᠷ ᠵᠦᠢᠯ ᠠᠷᠠᠳ ᠤᠨ ᠰᠢᠬᠦᠬᠦ ᠬᠤᠷᠢᠶ᠎ᠠ ᠵᠠᠷᠭᠤ ᠶᠢᠨ ᠭᠦᠴᠦᠨ ᠲᠠᠢ ᠬᠤᠭᠤᠴᠠᠭ᠎ᠠ ᠶᠢᠨ | ᠲᠤᠬᠠᠢ ᠲᠤᠨᠨᠳᠠᠭᠠᠯ ᠢ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠣᠨ ᠬᠡᠷᠡᠭᠯᠡᠵᠦ ᠪᠤᠯᠬᠤ ᠦᠬᠡᠢ᠃ | ᠵᠠᠭᠤ ᠶᠡᠷᠡᠨ ᠲᠦᠷᠪᠡᠳᠦᠭᠡᠷ ᠵᠦᠢᠯ ᠵᠠᠷᠭᠤ ᠶᠢᠨ ᠭᠦᠴᠦᠨ ᠲᠠᠢ ᠬᠤᠭᠤᠴᠠᠭ᠎ᠠ ᠶᠢᠨ ᠬᠠᠮᠤᠭ ᠤᠨ ᠰᠡᠭᠦᠯ ᠤᠨ | ᠵᠢᠷᠭᠤᠭᠠᠨ ᠰᠠᠷ᠎ᠠ ᠶᠢᠨ ᠲᠤᠳᠤᠷ᠎ᠠ᠂ ᠲᠤᠤᠷ᠎ᠠ ᠵᠢᠨᠨᠰᠠᠭᠠᠨᠨᠰᠠᠨ ᠬᠠᠷᠰᠢ ᠰᠠᠭᠠᠳ ᠠᠴᠠ ᠪᠤᠯᠵᠦ ᠭᠤᠶᠤᠴᠢᠯᠠᠬᠤ | ᠡᠷᠬᠡ ᠶᠢ ᠬᠡᠷᠡᠭᠵᠢᠭᠦᠯᠵᠦ ᠲᠡᠶᠢᠯᠬᠦ ᠦᠬᠡᠢ ᠪᠠᠶᠢᠪᠠᠯ᠂ ᠵᠠᠷᠭᠤ ᠶᠢᠨ ᠭᠦᠴᠦᠨ ᠲᠠᠢ ᠬᠤᠭᠤᠴᠠᠭ᠎ᠠ ᠶᠢ ᠲᠤᠷᠭᠤᠨ | ᠵᠤᠨᠨᠰᠤᠭᠠᠨ᠎ᠠ᠄ | ︵ᠨᠢᠬᠡ︶ ᠡᠰᠡᠷᠭᠦᠴᠡᠭᠳᠡᠰᠢ ᠦᠬᠡᠢ ᠭᠦᠴᠦᠨ︔ | ︵ᠬᠤᠶᠠᠷ︶ ᠢᠷᠬᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠬᠡᠢ ᠭᠦᠮᠦᠨ ᠪᠤᠶᠤ ᠢᠷᠬᠡᠨ ᠤ | ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠳᠠᠢ ᠭᠦᠮᠦᠨ ᠳᠤ ᠬᠠᠤᠯᠢ ᠪᠠᠷ ᠲᠤᠨᠨᠳᠠᠭᠠᠨᠨᠰᠠᠨ | ᠤᠷᠤᠯᠬᠠᠴᠢ ᠦᠬᠡᠢ᠂ ᠡᠰᠡᠭᠦᠯ᠎ᠡ ᠬᠠᠤᠯᠢ ᠪᠠᠷ ᠲᠤᠨᠨᠳᠠᠭᠠᠨᠨᠰᠠᠨ ᠤᠷᠤᠯᠬᠠᠴᠢ ᠨᠢ ᠦᠭᠦᠭᠰᠡᠨ᠂ ᠢᠷᠬᠡᠨ ᠤ ᠬᠡᠷᠡᠭ ᠤᠨ | ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳ᠋ᠬᠠᠰᠠᠨ᠂ ᠤᠷᠤᠯᠠᠬᠤ ᠡᠷᠬᠡ ᠪᠠᠨ ᠠᠯᠳ᠋ᠬᠠᠰᠠᠨ︔ | ︵ᠭᠤᠷᠪᠠ︶ ᠦᠪ ᠵᠠᠯᠭᠠᠮᠵᠢᠯᠠᠯᠳᠠ ᠡᠬᠢᠯᠡᠭᠰᠡᠨ ᠤ ᠲᠠᠷᠠᠭ᠎ᠠ ᠦᠪ ᠵᠠᠯᠭᠠᠮᠵᠢᠯᠬᠠᠴᠢ ᠪᠤᠶᠤ ᠦᠪ ᠬᠠᠮᠢᠶᠠᠷᠤᠨᠨᠴᠢ ᠶᠢ | ᠦᠯᠦ ᠲᠤᠨᠨᠳᠠᠭᠠᠨᠨᠰᠠᠨ︔ | ︵ᠲᠦᠷᠪᠡ︶ ᠡᠷᠬᠡᠳᠦ ᠭᠦᠮᠦᠨ ᠨᠢ ᠡᠭᠦᠷᠬᠡᠳᠦ ᠭᠦᠮᠦᠨ ᠪᠤᠶᠤ ᠪᠤᠰᠤᠳ ᠭᠦᠮᠦᠨ ᠳᠤ ᠡᠷᠭᠡᠰᠢᠶᠡᠭᠳᠡᠭᠰᠡᠨ︔ | ︵ᠲᠠᠪᠤ︶ ᠡᠷᠬᠡᠳᠦ ᠭᠦᠮᠦᠨ ᠢ ᠭᠤᠶᠤᠴᠢᠯᠠᠬᠤ ᠡᠷᠬᠡ ᠪᠠᠨ ᠬᠡᠷᠡᠭᠵᠢᠬᠦᠯᠵᠦ ᠲᠠᠶᠢᠯᠬᠦ ᠦᠬᠡᠢ ᠪᠤᠯᠭᠠᠨᠨᠰᠠᠨ ᠪᠤᠰᠤᠳ | ᠬᠠᠷᠰᠢ ᠰᠠᠭᠠᠳ᠃ | ᠭᠦᠴᠦᠨ ᠲᠠᠢ ᠬᠤᠭᠤᠴᠠᠭ᠎ᠠ ᠶᠢ ᠲᠤᠷᠭᠤᠨ ᠵᠤᠨᠨᠰᠤᠭᠠᠭᠰᠠᠨ ᠰᠢᠯᠳᠠᠭᠠᠨ ᠠᠷᠢᠯᠤᠨᠨᠰᠠᠨ ᠡᠳᠦᠷ ᠠᠴᠠ ᠡᠬᠢᠯᠡᠨ ᠪᠦᠭᠦᠯᠢ | ᠵᠢᠷᠭᠤᠭᠠᠨ ᠰᠠᠷ᠎ᠠ ᠪᠤᠯᠪᠠᠯ᠂ ᠵᠠᠷᠭᠤ ᠶᠢᠨ ᠭᠦᠴᠦᠨ ᠲᠠᠢ ᠬᠤᠭᠤᠴᠠᠭ᠎ᠠ ᠲᠦᠭᠦᠷᠦᠨᠡ᠃ | ᠵᠠᠭᠤ ᠶᠡᠷᠡᠨ ᠲᠠᠪᠣᠳᠣᠭᠠᠷ ᠵᠦᠢᠯ ᠲᠣᠣᠷ᠎ᠠ ᠵᠢᠨᠨᠰᠠᠭᠠᠨᠨᠰᠠᠨ ᠪᠠᠶᠢᠳᠠᠯ ᠤᠨ ᠨᠢᠬᠡ ᠨᠢ ᠪᠠᠶᠢᠪᠠᠯ᠂ ᠵᠠᠷᠭᠤ ᠶᠢᠨ | ᠭᠦᠴᠦᠨ ᠲᠠᠢ ᠬᠤᠭᠤᠴᠠᠭ᠎ᠠ ᠶᠢ ᠲᠠᠰᠤᠯᠳᠠᠭᠤᠯᠤᠨᠠ᠂ ᠬᠤᠭᠤᠴᠠᠭ᠎ᠠ ᠲᠠᠰᠤᠯᠳᠠᠵᠥ ᠬᠤᠯᠪᠤᠨᠨᠳᠠᠯ ᠪᠦᠭᠦᠢ ᠵᠢᠷᠤᠮ | ᠲᠠᠭᠤᠰᠤᠨᠨᠰᠠᠨ ᠴᠠᠭ ᠠᠴᠠ ᠡᠬᠢᠯᠡᠨ᠂ ᠵᠠᠷᠭᠤ ᠶᠢᠨ ᠭᠦᠴᠦᠨ ᠲᠠᠢ ᠬᠤᠭᠤᠴᠠᠭ᠎ᠠ ᠶᠢ ᠲᠠᠬᠢᠵᠦ ᠪᠤᠳᠤᠨ᠎ᠠ᠄ | ︵ᠨᠢᠬᠡ︶ ᠡᠷᠬᠡᠳᠦ ᠭᠦᠮᠦᠨ ᠨᠢ ᠡᠭᠦᠷᠬᠡᠳᠦ ᠭᠦᠮᠦᠨ ᠳᠤ ᠭᠦᠢᠴᠡᠳᠬᠡᠬᠦᠯᠬᠦ ᠭᠤᠶᠤᠴᠢᠯᠠᠯ ᠭᠠᠷᠭᠠᠭᠰᠠᠨ︔ | ︵ᠬᠤᠶᠠᠷ︶ ᠡᠭᠦᠷᠬᠡᠳᠦ ᠭᠦᠮᠦᠨ ᠡᠭᠦᠷᠬᠡ ᠪᠠᠨ ᠭᠦᠢᠴᠡᠳᠬᠡᠬᠦ ᠪᠠᠷ ᠵᠦᠪᠰᠢᠶᠡᠷᠡᠭᠰᠡᠨ︔ | ︵ᠭᠤᠷᠪᠠ︶ ᠡᠷᠬᠡᠳᠦ ᠭᠦᠮᠦᠨ ᠵᠠᠭᠠᠯᠳᠣᠯᠭ᠎ᠠ ᠭᠠᠷᠭᠠᠭᠰᠠᠨ ᠪᠤᠶᠤ ᠭᠦᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠬᠠᠰᠠᠨ︔ | ︵ᠲᠦᠷᠪᠡ︶ ᠵᠠᠭᠠᠯᠳᠣᠯᠭ᠎ᠠ ᠭᠠᠷᠭᠠᠬᠤ ᠪᠤᠶᠤ ᠭᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠲᠠᠢ | ᠠᠳᠠᠯᠢᠬᠠᠨ ᠭᠦᠴᠦᠨ ᠲᠠᠢ ᠪᠤᠰᠤᠳ ᠪᠠᠶᠢᠳᠠᠯ᠃ | ᠵᠠᠭᠤ ᠶᠠᠷᠠᠨ ᠵᠢᠷᠭᠤᠳᠣᠭᠠᠷ ᠵᠦᠢᠯ ᠲᠤᠤᠷ᠎ᠠ ᠵᠢᠨᠨᠰᠠᠭᠠᠨᠨᠰᠠᠨ ᠭᠤᠶᠤᠴᠢᠯᠠᠬᠤ ᠡᠷᠬᠡ ᠳᠤ ᠵᠠᠷᠭᠤ ᠶᠢᠨ ᠭᠦᠴᠦᠨ ᠲᠠᠢ | ᠬᠤᠭᠤᠴᠠᠭ᠎ᠠ ᠶᠢᠨ ᠲᠤᠬᠠᠢ ᠲᠤᠨᠨᠳᠠᠭᠠᠯ ᠢ ᠲᠣᠬᠢᠷᠠᠭᠤᠯᠣᠨ ᠬᠡᠷᠡᠭᠯᠡᠬᠦ ᠦᠬᠡᠢ᠄ | ︵ᠨᠢᠬᠡ︶ ᠬᠠᠯᠳᠠᠯᠭ᠎ᠠ ᠶᠢ ᠵᠤᠨᠨᠰᠤᠭᠠᠯᠭᠠᠬᠤ᠂ ᠬᠠᠷᠰᠢᠯᠡᠯ ᠢ ᠠᠷᠢᠯᠭᠠᠭᠤᠯᠬᠤ᠂ ᠠᠶᠤᠯ ᠲᠦᠭᠰᠢᠭᠦᠷᠢ ᠶᠢ | ᠠᠷᠢᠯᠭᠠᠭᠤᠯᠬᠤ ᠪᠠᠷ ᠭᠤᠶᠤᠴᠢᠯᠠᠬᠤ︔ | ︵ᠬᠤᠶᠠᠷ︶ ᠦᠯᠦ ᠭᠦᠳᠡᠯᠭᠦ ᠭᠦᠷᠦᠩᠭᠡ ᠶᠢᠨ ᠪᠣᠳᠠᠰ ᠤᠨ ᠡᠷᠭᠡ ᠪᠠ ᠲᠠᠩᠰᠠᠯᠠᠭᠤᠯᠤᠨᠨᠰᠠᠨ ᠭᠦᠳᠡᠯᠭᠦ | ᠭᠦᠷᠦᠩᠭᠡ ᠶᠢᠨ ᠪᠤᠳᠠᠰ ᠤᠨ ᠡᠷᠭᠡ ᠶᠢᠨ ᠡᠷᠬᠡᠳᠦ ᠭᠦᠮᠦᠨ ᠡᠳ᠋ ᠭᠦᠷᠦᠩᠬᠡ ᠶᠢ ᠪᠤᠴᠠᠭᠠᠯᠭᠠᠬᠤ ᠪᠠᠷ ᠭᠤᠶᠤᠴᠢᠯᠠᠬᠤ︔ | ︵ᠭᠤᠷᠪᠠ︶ ᠠᠰᠠᠷᠠᠨ ᠲᠡᠵᠢᠬᠡᠬᠦ ᠵᠠᠷᠤᠳᠠᠯ᠂ ᠠᠴᠢᠯᠠᠨ ᠲᠡᠵᠢᠬᠡᠬᠦ ᠵᠠᠷᠤᠳᠠᠯ ᠪᠤᠶᠤ ᠲᠡᠳᠬᠦᠨ ᠲᠡᠵᠢᠬᠡᠬᠦ ᠵᠠᠷᠤᠳᠠᠯ | ᠦᠭᠭᠦᠭᠦᠯᠭᠦ ᠪᠠᠷ ᠭᠤᠶᠤᠴᠢᠯᠠᠬᠤ︔ | ︵ᠲᠦᠷᠪᠡ︶ ᠬᠠᠤᠯᠢ ᠶᠤᠰᠤᠭᠠᠷ ᠵᠠᠷᠭᠤ ᠶᠢᠨ ᠭᠦᠴᠦᠨ ᠲᠠᠢ ᠬᠤᠭᠤᠴᠠᠭ᠎ᠠ ᠶᠢ ᠲᠣᠬᠢᠷᠠᠭᠤᠯᠣᠨ ᠬᠡᠷᠡᠭᠯᠡᠬᠦ ᠦᠬᠡᠢ | ᠪᠤᠰᠤᠳ ᠭᠤᠶᠤᠴᠢᠯᠠᠬᠤ ᠡᠷᠬᠡ᠃ | ᠵᠠᠭᠤ ᠶᠠᠷᠡᠨ ᠲᠣᠯᠣᠳᠣᠭᠠᠷ ᠵᠦᠢᠯ ᠵᠠᠷᠭᠤ ᠶᠢᠨ ᠭᠦᠴᠦᠨ ᠲᠠᠢ ᠬᠤᠭᠤᠴᠠᠭ᠎ᠠ ᠶᠢᠨ ᠴᠠᠭ ᠬᠤᠭᠤᠴᠠᠭ᠎ᠠ᠂ ᠪᠤᠳᠤᠬᠤ | ᠠᠷᠭ᠎ᠠ ᠵᠢᠴᠢ ᠲᠤᠷᠭᠤᠨ ᠵᠤᠨᠨᠰᠤᠭᠠᠬᠤ᠂ ᠲᠠᠰᠤᠯᠳᠠᠭᠤᠯᠬᠤ ᠤᠴᠢᠷ ᠰᠢᠯᠳᠠᠭᠠᠨ ᠢ ᠬᠠᠤᠯᠢ ᠴᠠᠭᠠᠵᠠ ᠪᠠᠷ | ᠲᠤᠨᠨᠳᠠᠭᠠᠨ᠎ᠠ᠂ ᠲᠤᠬᠠᠢ ᠶᠢᠨ ᠭᠦᠮᠦᠨ ᠪᠤᠯᠵᠤᠨ ᠲᠤᠨᠨᠳᠠᠬᠤ ᠨᠢ ᠭᠦᠴᠦᠨ ᠦᠬᠡᠢ᠃ | ᠲᠤᠬᠠᠢ ᠶᠢᠨ ᠭᠦᠮᠦᠨ ᠵᠠᠷᠭᠤ ᠶᠢᠨ ᠭᠦᠴᠦᠨ ᠲᠠᠢ ᠬᠤᠭᠤᠴᠠᠭ᠎ᠠ ᠶᠢᠨ ᠠᠰᠢᠭ ᠲᠤᠰᠠ ᠶᠢ ᠤᠷᠢᠳᠴᠢᠯᠠᠨ ᠬᠠᠶᠠᠬᠤ ᠨᠢ | ᠭᠦᠴᠦᠨ ᠦᠬᠡᠢ᠃ | ᠵᠠᠭᠤ ᠶᠡᠷᠠᠡ ᠨᠠᠢᠮᠠᠳᠣᠭᠠᠷ ᠵᠦᠢᠯ ᠭᠦᠨᠳᠡᠯᠡᠨ ᠠᠴᠠ ᠲᠠᠰᠤᠯᠬᠤ ᠭᠦᠴᠦᠨ ᠲᠠᠢ ᠬᠤᠭᠤᠴᠠᠭ᠎ᠠ ᠶᠢᠨ ᠲᠤᠬᠠᠢ ᠬᠠᠤᠯᠢ | ᠴᠠᠭᠠᠵᠠ ᠳᠤ ᠲᠤᠨᠨᠳᠠᠭᠠᠯ ᠲᠠᠢ ᠪᠠᠶᠢᠪᠠᠯ᠂ ᠲᠡᠷᠡ ᠲᠤᠨᠨᠳᠠᠭᠠᠯ ᠶᠤᠰᠤᠭᠠᠷ ᠶᠠᠪᠤᠭᠤᠯᠤᠨ᠎ᠠ︔ ᠲᠤᠨᠨᠳᠠᠭᠠᠯ ᠦᠬᠡᠢ ᠪᠤᠯ᠂ | ᠵᠠᠷᠭᠤ ᠶᠢᠨ ᠭᠦᠴᠦᠨ ᠲᠠᠢ ᠬᠤᠭᠤᠴᠠᠭ᠎ᠠ ᠶᠢᠨ ᠲᠤᠬᠠᠢ ᠲᠤᠨᠨᠳᠠᠭᠠᠯ ᠢ ᠲᠣᠬᠢᠷᠠᠭᠤᠯᠣᠨ ᠬᠡᠷᠡᠭᠯᠡᠨ᠎ᠡ᠃ | ᠵᠠᠭᠤ ᠶᠡᠷᠡ ᠶᠢᠰᠦᠳᠦᠭᠡᠷ ᠵᠦᠢᠯ ᠬᠠᠤᠯᠢ ᠴᠠᠭᠠᠵᠠ ᠳᠤ ᠲᠤᠨᠨᠳᠠᠭᠠᠨᠨᠰᠠᠨ ᠪᠤᠶᠤ ᠲᠤᠬᠠᠢ ᠶᠢᠨ ᠭᠦᠮᠦᠨ ᠤ ᠪᠤᠯᠵᠤᠨ | ᠲᠤᠨᠨᠳ᠋ᠬᠠᠰᠠᠨ ᠭᠦᠴᠦᠨ ᠦᠬᠡᠢ ᠪᠤᠯᠭᠠᠬᠤ ᠡᠷᠬᠡ᠂ ᠴᠤᠴᠠᠯᠬᠤ ᠡᠷᠬᠡ ᠵᠡᠷᠬᠡ ᠡᠷᠬᠡ ᠶᠢᠨ ᠦᠷᠭᠦᠯᠵᠢᠯᠡᠨ ᠤᠷᠤᠰᠢᠬᠤ | ᠬᠤᠭᠤᠴᠠᠭ᠎ᠠ ᠶᠢ᠂ ᠬᠠᠤᠯᠢ ᠴᠠᠭᠠᠵᠠ ᠳᠤ ᠠᠰᠳᠠᠭᠠᠨ ᠲᠤᠨᠨᠳᠠᠭᠠᠯ ᠲᠠᠢ ᠪᠠᠶᠢᠬᠤ ᠶᠢ ᠭᠠᠷᠭᠠᠪᠠᠯ᠂ ᠡᠷᠬᠡᠳᠦ ᠭᠦᠮᠦᠨ | ᠡᠷᠬᠡ ᠲᠠᠢ ᠪᠤᠯᠤᠭᠰᠠᠨ ᠢ ᠮᠡᠳᠡᠭᠰᠡᠨ ᠪᠤᠶᠤ ᠮᠡᠳᠡᠬᠦ ᠶᠤᠰᠤᠳᠠᠢ ᠡᠳᠦᠷ ᠠᠴᠠ ᠡᠬᠢᠯᠡᠵᠦ ᠪᠤᠳᠤᠨ᠎ᠠ᠂ ᠵᠠᠷᠭᠤ ᠶᠢᠨ | ᠭᠦᠴᠦᠨ ᠲᠠᠢ ᠬᠤᠭᠤᠴᠠᠭ᠎ᠠ ᠶᠢ ᠲᠤᠷᠭᠤᠨ ᠵᠤᠨᠨᠰᠤᠭᠠᠬᠤ᠂ ᠲᠠᠰᠤᠯᠳᠠᠭᠤᠯᠬᠤ ᠪᠡ ᠤᠷᠳᠤᠳᠬᠠᠬᠤ ᠲᠤᠬᠠᠢ | ᠬᠤᠯᠪᠤᠨᠨᠳᠠᠯ ᠪᠦᠭᠦᠢ ᠲᠤᠨᠨᠳᠠᠭᠠᠯ ᠢ ᠲᠣᠬᠢᠷᠠᠭᠤᠯᠣᠨ ᠬᠡᠷᠡᠭᠯᠡᠬᠦ ᠦᠬᠡᠢ᠃ ᠦᠷᠭᠦᠯᠵᠢᠯᠡᠨ ᠤᠷᠤᠰᠢᠬᠤ | ᠬᠤᠭᠤᠴᠠᠭ᠎ᠠ ᠨᠢ ᠲᠦᠭᠦᠷᠪᠡᠯ᠂ ᠭᠦᠴᠦᠨ ᠦᠬᠡᠢ ᠪᠤᠯᠭᠠᠬᠤ ᠡᠷᠬᠡ᠂ ᠴᠤᠴᠠᠯᠬᠤ ᠡᠷᠬᠡ ᠵᠡᠷᠬᠡ ᠡᠷᠬᠡ ᠨᠢ ᠤᠰᠠᠳᠤᠨ᠎ᠠ | ᠃ | ᠠᠷᠪᠠᠳᠤᠭᠠᠷ ᠪᠦᠯᠦᠭ ᠬᠤᠭᠤᠴᠠᠭ᠎ᠠ ᠶᠢ ᠪᠤᠳᠤᠬᠤ | ᠬᠤᠶᠠᠷ ᠵᠠᠭᠤᠳᠤᠭᠠᠷ ᠵᠦᠢᠯ ᠢᠷᠬᠡᠨ ᠤ ᠬᠠᠤᠯᠢ ᠳᠤ ᠬᠡᠯᠡᠵᠦ ᠪᠠᠶᠢᠭ᠎ᠠ ᠬᠤᠭᠤᠴᠠᠭ᠎ᠠ ᠶᠢ ᠨᠡᠶᠢᠳᠡ ᠶᠢᠨ ᠤᠨ | ᠲᠤᠭᠠᠯᠠᠯ ᠤᠨ ᠤᠨ᠂ ᠰᠠᠷ᠎ᠠ᠂ ᠡᠳᠦᠷ᠂ ᠴᠠᠭ ᠢᠶᠠᠷ ᠪᠤᠳᠤᠨ᠎ᠠ᠃ | ᠬᠤᠶᠠᠷ ᠵᠠᠭᠤ ᠨᠢᠭᠡᠳᠦᠭᠡᠷ ᠵᠦᠢᠯ ᠤᠨ᠂ ᠰᠠᠷ᠎ᠠ᠂ ᠡᠳᠦᠷ ᠢᠶᠠᠷ ᠬᠤᠭᠤᠴᠠᠭ᠎ᠠ ᠶᠢ ᠪᠤᠳᠤᠪᠠᠯ᠂ ᠡᠬᠢᠯᠡᠭᠰᠡᠨ ᠲᠡᠷᠡ | ᠡᠳᠦᠷ ᠢ ᠤᠷᠤᠭᠤᠯᠵᠤ ᠪᠤᠳᠤᠬᠤ ᠦᠬᠡᠢ᠂ ᠲᠠᠷᠠᠭ᠎ᠠ ᠡᠳᠦᠷ ᠠᠴᠠ ᠨᠢ ᠡᠬᠢᠯᠡᠵᠦ ᠪᠤᠳᠤᠨ᠎ᠠ᠃ | ᠴᠠᠭ ᠢᠶᠠᠷ ᠬᠤᠭᠤᠴᠠᠭ᠎ᠠ ᠶᠢ ᠪᠤᠳᠤᠪᠠᠯ᠂ ᠬᠠᠤᠯᠢ ᠴᠠᠭᠠᠵᠠ ᠳᠤ ᠲᠤᠨᠨᠳᠠᠭᠠᠨᠨᠰᠠᠨ ᠪᠤᠶᠤ ᠲᠤᠬᠠᠢ ᠶᠢᠨ ᠭᠦᠮᠦᠨ ᠤ | ᠪᠤᠯᠵᠤᠨ ᠲᠤᠨᠨᠳ᠋ᠬᠠᠰᠠᠨ ᠴᠠᠭ ᠠᠴᠠ ᠡᠬᠢᠯᠡᠵᠦ ᠪᠤᠳᠤᠨ᠎ᠠ᠃ | ᠬᠤᠶᠠᠷ ᠵᠠᠭᠤ ᠬᠤᠶᠠᠳᠣᠭᠠᠷ ᠵᠦᠢᠯ ᠤᠨ᠂ ᠰᠠᠷ᠎ᠠ ᠪᠠᠷ ᠬᠤᠭᠤᠴᠠᠭ᠎ᠠ ᠶᠢ ᠪᠤᠳᠤᠪᠠᠯ᠂ ᠬᠤᠭᠤᠴᠠᠭ᠎ᠠ ᠲᠤᠯᠤᠨᠨᠰᠠᠨ | ᠰᠠᠷ᠎ᠠ ᠶᠢᠨ ᠬᠠᠷᠠᠭᠠᠯᠵᠬᠠᠰᠠᠨ ᠡᠳᠦᠷ ᠨᠢ ᠬᠤᠭᠤᠴᠠᠭᠠᠨ ᠤ ᠬᠠᠮᠤᠭ ᠤᠨ ᠰᠡᠭᠦᠯ ᠤᠨ ᠡᠳᠦᠷ ᠪᠤᠯᠤᠨ᠎ᠠ︔ | ᠬᠠᠷᠠᠭᠠᠯᠵᠬᠠᠰᠠᠨ ᠡᠳᠦᠷ ᠦᠬᠡᠢ ᠪᠤᠯ᠂ ᠰᠠᠷ᠎ᠠ ᠶᠢᠨ ᠰᠡᠭᠦᠯ ᠤᠨ ᠡᠳᠦᠷ ᠨᠢ ᠬᠤᠭᠤᠴᠠᠭᠠᠨ ᠤ ᠬᠠᠮᠤᠭ ᠤᠨ ᠰᠡᠭᠦᠯ ᠤᠨ | ᠡᠳᠦᠷ ᠪᠤᠯᠤᠨ᠎ᠠ᠃ | ᠬᠤᠶᠠᠷ ᠵᠠᠭᠤ ᠭᠤᠷᠪᠠᠳᠣᠭᠠᠷ ᠵᠦᠢᠯ ᠬᠤᠭᠤᠴᠠᠭᠠᠨ ᠤ ᠬᠠᠮᠤᠭ ᠤᠨ ᠰᠡᠭᠦᠯ ᠤᠨ ᠡᠳᠦᠷ ᠨᠢ ᠬᠠᠤᠯᠢ ᠪᠠᠷ | ᠲᠤᠨᠨᠳᠠᠭᠠᠨᠨᠰᠠᠨ ᠠᠮᠠᠷᠠᠯᠳᠠ ᠶᠢᠨ ᠡᠳᠦᠷ ᠪᠠᠶᠢᠪᠠᠯ᠂ ᠬᠠᠤᠯᠢ ᠪᠠᠷ ᠲᠤᠨᠨᠳᠠᠭᠠᠨᠨᠰᠠᠨ ᠠᠮᠠᠷᠠᠯᠳᠠ ᠶᠢᠨ ᠡᠳᠦᠷ | ᠲᠠᠭᠤᠰᠤᠨᠨᠰᠠᠨ ᠤ ᠲᠠᠷᠠᠭ᠎ᠠ ᠡᠳᠦᠷ ᠨᠢ ᠬᠤᠭᠤᠴᠠᠭᠠᠨ ᠤ ᠬᠠᠮᠤᠭ ᠤᠨ ᠰᠡᠭᠦᠯ ᠤᠨ ᠡᠳᠦᠷ ᠪᠤᠯᠤᠨ᠎ᠠ᠃ | ᠬᠤᠭᠤᠴᠠᠭᠠᠨ ᠤ ᠬᠠᠮᠤᠭ ᠤᠨ ᠰᠡᠭᠦᠯ ᠤᠨ ᠡᠳᠦᠷ ᠤᠨ ᠲᠠᠭᠤᠰᠬᠤ ᠴᠠᠭ ᠢ ᠬᠤᠷᠢᠨ ᠲᠦᠷᠪᠡᠨ ᠴᠠᠭ ᠭᠦᠷᠳᠡᠯ᠎ᠡ | ᠪᠤᠳᠤᠨ᠎ᠡ︔ ᠲᠤᠬᠠᠶᠢᠯᠬᠠᠰᠠᠨ ᠠᠵᠢᠯ ᠤᠨ ᠴᠠᠭ ᠲᠠᠢ ᠪᠤᠯ᠂ ᠲᠤᠬᠠᠶᠢᠯᠬᠠᠰᠠᠨ ᠠᠵᠢᠯ ᠤᠨ ᠠᠵᠢᠯᠯᠠᠭ᠎ᠠ ᠵᠤᠨᠨᠰᠤᠬᠤ | ᠴᠠᠭ ᠨᠢ ᠲᠠᠭᠤᠰᠬᠤ ᠴᠠᠭ ᠪᠤᠯᠤᠨ᠎ᠡ᠃ | ᠬᠤᠶᠠᠷ ᠵᠠᠭᠤ ᠲᠦᠷᠪᠡᠳᠦᠭᠡᠷ ᠵᠦᠢᠯ ᠬᠤᠭᠤᠴᠠᠭ᠎ᠠ ᠶᠢ ᠪᠤᠳᠤᠬᠤ ᠠᠷᠭ᠎ᠠ ᠶᠢ ᠲᠤᠰ ᠬᠠᠤᠯᠢ ᠶᠢᠨ ᠲᠤᠨᠨᠳᠠᠭᠠᠯ | ᠶᠤᠰᠤᠭᠠᠷ ᠶᠠᠪᠤᠭᠤᠯᠤᠨ᠎ᠠ᠂ ᠬᠡᠪᠡᠴᠤ ᠬᠠᠤᠯᠢ ᠴᠠᠭᠠᠵᠠ ᠳᠤ ᠠᠰᠳᠠᠭᠠᠨ ᠲᠤᠨᠨᠳᠠᠭᠠᠯ ᠲᠠᠢ ᠪᠤᠶᠤ ᠲᠤᠬᠠᠢ ᠶᠢᠨ ᠭᠦᠮᠦᠨ | ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠳᠠᠬᠤ ᠦᠬᠡᠢ᠃ | ᠬᠤᠶᠠᠳᠣᠭᠠᠷ ᠠᠩᠭᠢ ᠪᠣᠳᠠᠰ ᠤᠨ ᠡᠷᠭᠡ | ᠨᠢᠭᠡᠳᠥᠬᠡᠷ ᠬᠤᠪᠢᠶᠠᠷᠢ ᠠᠩᠭᠢ ᠶᠡᠷᠣᠩᠭᠡᠢ ᠲᠥᠷᠢᠮ | ᠨᠢᠭᠡᠳᠥᠭᠡᠷ ᠪᠥᠯᠥᠭ ᠡᠩ ᠤᠨ ᠲᠣᠭᠳᠠᠭᠠᠯ | ᠬᠤᠶᠠᠷ ᠵᠠᠭᠤ ᠲᠠᠪᠣᠳᠣᠭᠠᠷ ᠵᠦᠢᠯ ᠲᠣᠰ ᠠᠩᠭᠢ ᠪᠤᠳᠠᠰ ᠤᠨ ᠬᠠᠷᠢᠶᠠᠯᠠᠯ ᠪᠠ ᠠᠰᠢᠬᠯᠠᠯᠳᠠ ᠠᠴᠠ ᠪᠤᠯᠵᠤ ᠪᠤᠢ | ᠪᠤᠯᠤᠭᠰᠠᠨ ᠢᠷᠭᠡᠨ ᠤ ᠬᠡᠷᠡᠭ ᠤᠨ ᠬᠠᠷᠢᠴᠠᠭ᠎ᠠ ᠶᠢ ᠲᠣᠬᠢᠷᠠᠭᠤᠯᠣᠨ᠎ᠠ᠃ | ᠬᠤᠶᠠᠷ ᠵᠠᠭᠤ ᠵᠢᠷᠭᠤᠳᠣᠭᠠᠷ ᠵᠦᠢᠯ ᠤᠯᠤᠰ ᠠᠴᠠ ᠨᠠᠶᠢᠳᠠ ᠶᠢᠨ ᠦᠮᠴᠢᠯᠡᠯ ᠢᠶᠠᠷ ᠭᠤᠤᠯ ᠴᠤᠭᠴᠠ ᠪᠤᠯᠭᠠᠵᠥ᠂ | ᠤᠯᠠᠨ ᠲᠦᠷᠦᠯ ᠤᠨ ᠦᠮᠴᠢᠯᠡᠯ ᠤᠨ ᠠᠵᠤ ᠠᠬᠤᠢ ᠶᠢ ᠬᠠᠮᠳᠤ ᠪᠠᠷ ᠬᠦᠭᠵᠢᠭᠦᠯᠬᠦ᠂ ᠬᠥᠳᠡᠯᠮᠥᠷᠢᠯᠡᠭᠰᠡᠨ ᠤ ᠬᠢᠨᠢ | ᠬᠢᠷᠢ ᠪᠠᠷ ᠬᠤᠪᠢᠶᠠᠷᠢᠯᠠᠬᠤ ᠪᠠᠷ ᠭᠤᠤᠯ ᠴᠤᠭᠴᠠ ᠪᠤᠯᠭᠠᠵᠤ᠂ ᠤᠯᠠᠨ ᠵᠦᠢᠯ ᠤᠨ ᠬᠤᠪᠢᠶᠠᠷᠢᠯᠠᠯᠳᠠ ᠶᠢᠨ ᠠᠷᠭ᠎ᠠ | ᠮᠠᠶ᠋ᠢᠭ ᠵᠡᠷᠭᠡ ᠪᠠᠷ ᠤᠷᠤᠰᠢᠬᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠵᠡᠷᠭᠡ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠳᠠᠯᠠᠨ ᠳᠡᠭᠦᠯᠳᠡᠷᠵᠢᠭᠦᠯᠦᠨ᠎ᠡ᠃ | ᠤᠯᠤᠰ ᠠᠴᠠ ᠨᠠᠶᠢᠳᠠ ᠶᠢᠨ ᠦᠮᠴᠢᠯᠡᠯ ᠤᠨ ᠠᠵᠤ ᠠᠬᠤᠢ ᠶᠢ ᠪᠠᠬᠢᠵᠢᠭᠦᠯᠥᠨ ᠬᠦᠭᠵᠢᠬᠦᠯᠵᠦ᠂ ᠨᠠᠶᠢᠳᠠ ᠶᠢᠨ | ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠳᠡ ᠶᠢ ᠵᠤᠷᠢᠡᠡᠵᠢᠭᠤᠯᠤᠨ ᠲᠡᠮᠵᠢᠵᠦ᠂ ᠬᠦᠳᠦᠯᠦᠨ ᠵᠢᠯᠤᠭᠤᠳᠤᠨ᠎ᠠ | ᠃ | ᠤᠯᠤᠰ ᠠᠴᠠ ᠨᠠᠶᠢᠭᠡᠮ ᠵᠢᠷᠤᠮ ᠤᠨ ᠵᠠᠬ᠎ᠠ ᠲᠡᠯᠭᠡᠬᠦᠷ ᠤᠨ ᠠᠵᠤ ᠠᠬᠤᠢ ᠶᠢ ᠬᠡᠷᠡᠭᠵᠢᠬᠦᠯᠵᠦ᠂ ᠵᠠᠬ᠎ᠠ ᠲᠡᠯᠬᠡᠬᠦᠷ ᠤᠨ | ᠠᠯᠢᠪᠠ ᠪᠡᠶᠡᠴᠢ ᠴᠤᠭᠴᠠ ᠶᠢᠨ ᠡᠷᠬᠡ ᠲᠡᠭᠰᠢ ᠬᠠᠤᠯᠢ ᠴᠠᠭᠠᠵᠠ ᠶᠢᠨ ᠪᠠᠶᠢᠷᠢ ᠰᠠᠭᠤᠷᠢ ᠪᠠ ᠬᠦᠭᠵᠢᠯᠳᠡ ᠶᠢᠨ | ᠡᠷᠬᠡ ᠶᠢ ᠪᠠᠳᠤᠯᠠᠨ᠎ᠠ᠃ | ᠬᠤᠶᠠᠷ ᠵᠠᠭᠤ ᠲᠣᠯᠣᠳᠣᠭᠠᠷ ᠵᠦᠢᠯ ᠤᠯᠤᠰ᠂ ᠬᠠᠮᠳᠤ ᠨᠠᠶᠢᠳᠠ᠂ ᠬᠤᠪᠢ ᠬᠦᠮᠦᠨ ᠤ ᠪᠤᠳᠠᠰ ᠤᠨ ᠡᠷᠬᠡ ᠪᠠ | ᠪᠤᠰᠤᠳ ᠡᠷᠬᠡᠳᠦ ᠬᠦᠮᠦᠨ ᠤ ᠪᠤᠳᠠᠰ ᠤᠨ ᠡᠷᠬᠡ ᠶᠢ ᠬᠠᠤᠯᠢ ᠪᠠᠷ ᠡᠷᠬᠡ ᠲᠡᠭᠰᠢ ᠬᠠᠮᠠᠭᠠᠯᠠᠨ᠎ᠠ᠂ ᠶᠠᠮᠠᠷᠪᠠ ᠵᠣᠬᠢᠶᠠᠨ | ᠪᠠᠶᠢᠭᠤᠯᠣᠯᠳᠠ ᠪᠣᠶᠣ ᠬᠤᠪᠢ ᠬᠦᠮᠦᠨ ᠬᠠᠯᠳᠠᠵᠤ ᠪᠤᠯᠬᠤ ᠦᠭᠡᠢ᠃ | ᠬᠤᠶᠠᠷ ᠵᠠᠭᠤ ᠨᠠᠢᠮᠠᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠪᠤᠳᠠᠰ ᠤᠨ ᠡᠷᠭᠡ ᠶᠢ ᠲᠤᠭᠳᠠᠭᠠᠬᠤ᠂ | ᠬᠤᠪᠢᠷᠠᠭᠤᠯᠬᠤ᠂ ᠰᠢᠯᠵᠢᠬᠦᠯᠦᠨ ᠦᠭᠬᠦ ᠪᠠ ᠤᠰᠠᠳᠬᠠᠬᠤ ᠳᠤ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠲᠡᠩᠰᠠᠯᠠᠭᠤᠯᠬᠤ ᠬᠡᠷᠡᠭᠳᠡᠢ᠃ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠲᠤᠭᠳᠠᠭᠠᠬᠤ ᠪᠠ ᠰᠢᠯᠵᠢᠬᠦᠯᠦᠨ | ᠦᠭᠬᠦ ᠳᠤ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠲᠤᠰᠢᠶᠠᠨ ᠦᠭᠬᠦ ᠬᠡᠷᠡᠭᠳᠡᠢ᠃ | ᠬᠤᠶᠠᠳᠤᠭᠠᠷ ᠪᠦᠯᠦᠭ ᠪᠤᠳᠠᠰ ᠤᠨ ᠡᠷᠬᠡ ᠶᠢ ᠲᠤᠭᠳᠠᠭᠠᠬᠤ᠂ ᠬᠤᠪᠢᠷᠠᠭᠤᠯᠬᠤ᠂ ᠰᠢᠯᠵᠢᠬᠦᠯᠦᠨ ᠦᠭᠬᠦ ᠪᠠ | ᠤᠰᠠᠳᠬᠠᠬᠤ | ᠨᠢᠭᠡᠳᠦᠭᠡᠷ ᠬᠡᠰᠡᠭ ᠦᠯᠦ ᠬᠦᠳᠡᠯᠬᠦ ᠬᠦᠷᠦᠩᠭᠡ ᠶᠢ ᠲᠠᠩᠰᠠᠯᠠᠬᠤ | ᠬᠤᠶᠠᠷ ᠵᠠᠭᠤ ᠶᠢᠰᠥᠳᠥᠭᠡᠷ ᠵᠦᠢᠯ ᠦᠯᠦ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠲᠤᠭᠳᠠᠭᠠᠬᠤ᠂ | ᠬᠤᠪᠢᠷᠠᠭᠤᠯᠬᠤ᠂ ᠰᠢᠯᠵᠢᠬᠦᠯᠦᠨ ᠦᠭᠬᠦ ᠪᠠ ᠤᠰᠠᠳᠬᠠᠬᠤ ᠳᠤ ᠬᠠᠤᠯᠢ ᠶᠤᠰᠤᠭᠠᠷ ᠲᠠᠩᠰᠠᠯᠠᠭᠤᠯᠪᠠᠯ ᠬᠦᠴᠦᠨ ᠲᠠᠢ | ᠪᠤᠯᠤᠨ᠎ᠠ︔ ᠲᠠᠩᠰᠠᠯᠠᠭᠤᠯᠤᠬᠰᠠᠨ ᠦᠭᠡᠢ ᠪᠤᠯ ᠬᠦᠴᠦᠨ ᠲᠠᠢ ᠪᠣᠯᠬᠤ ᠦᠭᠡᠢ᠂ ᠬᠡᠪᠡᠴᠦ ᠬᠠᠤᠯᠢ ᠴᠠᠭᠠᠵᠠ ᠳᠤ | ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ | ᠬᠠᠤᠯᠢ ᠶᠤᠰᠤᠭᠠᠷ ᠤᠯᠤᠰ ᠲᠤ ᠦᠮᠴᠢᠯᠡᠭᠳᠡᠬᠦ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠠᠯ ᠤᠨ ᠡᠷᠬᠡ ᠶᠢ | ᠲᠠᠩᠰᠠᠯᠠᠭᠤᠯᠬᠤ ᠦᠭᠡᠢ ᠪᠠᠶᠢᠵᠤ ᠪᠤᠯᠤᠨ᠎ᠠ᠃ | ᠬᠤᠶᠠᠷ ᠵᠠᠭᠤ ᠠᠷᠪᠠᠳᠤᠭᠠᠷ ᠵᠦᠢᠯ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢ ᠦᠯᠦ ᠬᠦᠳᠡᠯᠬᠦ | ᠬᠦᠷᠦᠩᠭᠡ ᠶᠢᠨ ᠪᠠᠶᠢᠭ᠎ᠠ ᠭᠠᠵᠠᠷ ᠤᠨ ᠲᠠᠩᠰᠠᠯᠠᠬᠤ ᠪᠠᠶᠢᠭᠤᠯᠤᠮᠵᠢ ᠬᠦᠢᠴᠡᠳᠭᠡᠨ᠎ᠡ᠃ | ᠤᠯᠤᠰ ᠠᠴᠠ ᠦᠯᠦ ᠬᠦᠳᠡᠯᠬᠦ ᠬᠦᠷᠦᠩᠭᠡ ᠳᠤ ᠨᠢᠭᠡᠳᠦᠯᠳᠡᠢ ᠲᠠᠩᠰᠠᠯᠠᠬᠤ ᠲᠦᠷᠢᠮ ᠢ ᠬᠡᠷᠡᠭᠵᠢᠬᠦᠯᠦᠨ᠎ᠡ᠃ | ᠨᠢᠭᠡᠳᠦᠯᠳᠡᠢ ᠲᠠᠩᠰᠠᠯᠠᠬᠤ ᠬᠦᠷᠢᠶ᠎ᠡ ᠬᠡᠪᠴᠢᠶ᠎ᠡ᠂ ᠲᠠᠩᠰᠠᠯᠠᠬᠤ ᠪᠠᠶᠢᠭᠤᠯᠤᠮᠵᠢ ᠪᠠ ᠲᠠᠩᠰᠠᠯᠠᠬᠤ ᠠᠷᠭ᠎ᠠ ᠶᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠨ᠎ᠠ᠃ | ᠬᠤᠶᠠᠷ ᠵᠠᠭᠤ ᠠᠷᠪᠠᠨ ᠨᠢᠭᠡᠳᠦᠭᠡᠷ ᠵᠦᠢᠯ ᠲᠤᠬᠠᠢ ᠶᠢᠨ ᠬᠦᠮᠦᠨ ᠨᠢ ᠲᠠᠩᠰᠠᠯᠠᠭᠤᠯᠬᠤ ᠪᠠᠷ ᠭᠤᠶᠤᠴᠢᠯᠠᠬᠤ ᠳᠠᠭᠠᠨ | ᠠᠳᠠᠯᠢ ᠪᠤᠰᠤ ᠲᠠᠩᠰᠠᠯᠠᠭᠤᠯᠬᠤ ᠵᠦᠢᠯᠡᠰ ᠢ ᠦᠨᠳᠦᠰᠦᠯᠡᠨ ᠡᠷᠬᠡ ᠶᠢᠨ ᠬᠠᠷᠢᠶᠠᠯᠠᠯ ᠤᠨ ᠬᠡᠷᠡᠴᠢᠯᠡᠯ ᠪᠤᠯᠤᠨ ᠦᠯᠦ | ᠬᠦᠳᠡᠯᠬᠦ ᠬᠦᠷᠦᠩᠭᠡ ᠶᠢᠨ ᠵᠠᠭᠠᠭ᠂ ᠲᠠᠯᠠᠪᠠᠢ ᠵᠡᠷᠭᠡ ᠴᠢᠬᠤᠯᠠ ᠪᠦᠬᠦᠢ ᠮᠠᠲ᠋ᠧᠷᠢᠶᠠᠯ ᠢ ᠬᠠᠨᠭ᠍ᠭᠠᠬᠤ ᠬᠡᠷᠡᠭᠳᠡᠢ᠃ | ᠬᠤᠶᠠᠷ ᠵᠠᠭᠤ ᠠᠷᠪᠠᠨ ᠬᠤᠶᠠᠳᠤᠭᠠᠷ ᠵᠦᠢᠯ ᠲᠠᠩᠰᠠᠯᠠᠬᠤ ᠪᠠᠶᠢᠭᠤᠯᠤᠮᠵᠢ ᠲᠤᠤᠷ᠎ᠠ ᠵᠢᠭᠰᠠᠭᠠᠭᠰᠠᠨ ᠲᠣᠰᠢᠶᠠᠯ | ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠳᠡᠢ᠄ | ︵ᠨᠢᠭᠡ︶ ᠭᠤᠶᠤᠴᠢᠯᠠᠭᠴᠢ ᠶᠢᠨ ᠬᠠᠨᠭ᠍ᠭᠠᠬᠰᠠᠨ ᠡᠷᠬᠡ ᠶᠢᠨ ᠬᠠᠷᠢᠶᠠᠯᠠᠯ ᠤᠨ ᠭᠡᠷᠡᠴᠢᠯᠡᠯ ᠪᠠ ᠪᠤᠰᠤᠳ ᠴᠢᠬᠤᠯᠠ | ᠪᠦᠬᠦᠢ ᠮᠠᠲ᠋ᠧᠷᠢᠶᠠᠯ ᠢ ᠪᠠᠶᠢᠴᠠᠭᠠᠨ ᠰᠢᠯᠭᠠᠬᠤ︔ | ︵ᠬᠤᠶᠠᠷ︶ ᠬᠤᠯᠪᠤᠭᠳᠠᠯ ᠪᠦᠬᠦᠢ ᠲᠠᠩᠰᠠᠯᠠᠭᠤᠯᠬᠤ ᠵᠦᠢᠯᠡᠰ ᠤᠨ ᠲᠣᠬᠠᠢ ᠭᠤᠶᠤᠴᠢᠯᠠᠭᠴᠢ ᠠᠴᠠ ᠯᠠᠪᠯᠠᠨ | ᠠᠰᠠᠭᠤᠬᠤ︔ | ︵ᠭᠤᠷᠪᠠ︶ ᠬᠤᠯᠪᠤᠭᠳᠠᠯ ᠪᠦᠬᠦᠢ ᠵᠦᠢᠯᠡᠰ ᠢ ᠦᠨᠡᠨ ᠮᠦᠨ ᠢᠶᠠᠷ ᠨᠢ᠂ ᠴᠠᠭ ᠲᠤᠬᠠᠢ ᠳᠤᠨᠢ ᠲᠠᠩᠰᠠᠯᠠᠬᠤ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠲᠣᠰᠢᠶᠠᠯ | ᠬᠠᠷᠢᠭᠤᠴᠠᠯᠭ᠎ᠠ᠃ | ᠲᠠᠩᠰᠠᠯᠠᠭᠤᠯᠬᠤ ᠪᠠᠷ ᠭᠤᠶᠤᠴᠢᠯᠠᠭᠰᠠᠨ ᠦᠯᠦ ᠬᠦᠳᠡᠯᠬᠦ ᠬᠦᠷᠦᠩᠭᠡ ᠶᠢᠨ ᠬᠤᠯᠪᠤᠭᠳᠠᠯ ᠪᠦᠬᠦᠢ ᠪᠠᠶᠢᠳᠠᠯ ᠢ ᠤᠯᠠᠮ | ᠨᠢᠭᠡ ᠠᠯᠬᠤᠮ ᠭᠡᠷᠡᠴᠢᠯᠡᠬᠦ ᠴᠢᠬᠤᠯᠠᠳᠠᠢ ᠪᠠᠶᠢᠪᠠᠯ᠂ ᠲᠠᠩᠰᠠᠯᠠᠬᠤ ᠪᠠᠶᠢᠭᠤᠯᠤᠮᠵᠢ ᠨᠢ ᠭᠤᠶᠤᠴᠢᠯᠠᠭᠴᠢ ᠶᠢ ᠮᠠᠲ᠋ᠧᠷᠢᠶᠠᠯ | ᠨᠦᠬᠦᠪᠦᠷᠢᠯᠡᠬᠦᠯᠬᠦ ᠪᠠᠷ ᠱᠠᠭᠠᠷᠳᠠᠵᠤ ᠪᠤᠯᠤᠨ᠎ᠠ᠂ ᠴᠢᠬᠤᠯᠠᠲᠠᠢ ᠦᠶ᠎ᠡ ᠳᠤ ᠲᠤᠬᠠᠢ ᠶᠢᠨ ᠭᠠᠵᠠᠷ ᠲᠤᠨᠢ ᠬᠥᠷᠴᠤ | ᠪᠠᠶᠢᠴᠠᠭᠠᠨ ᠦᠵᠡᠵᠦ ᠪᠤᠯᠤᠨ᠎ᠠ᠃ | ᠬᠤᠶᠠᠷ ᠵᠠᠭᠤ ᠠᠷᠪᠠᠨ ᠭᠤᠷᠪᠠᠳᠤᠭᠠᠷ ᠵᠦᠢᠯ ᠲᠠᠩᠰᠠᠯᠠᠬᠤ ᠪᠠᠶᠢᠭᠤᠯᠤᠮᠵᠢ ᠲᠤᠤᠷ᠎ᠠ ᠵᠢᠭᠰᠠᠭᠠᠭᠰᠠᠨ ᠥᠢᠯᠡ | ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠦᠯᠦ ᠬᠦᠳᠡᠯᠬᠦ ᠬᠦᠷᠦᠩᠭᠡ ᠶᠢ ᠦᠨᠡᠯᠡᠨ ᠵᠢᠱᠢᠬᠦ ᠪᠠᠷ ᠱᠠᠭᠠᠷᠳᠠᠬᠤ︔ | ︵ᠬᠤᠶᠠᠷ︶ ᠤᠨ ᠤ ᠰᠢᠯᠭᠠᠨ ᠪᠠᠶᠢᠴᠠᠭᠠᠯᠳᠠ ᠬᠢᠬᠦ ᠵᠡᠷᠬᠡ ᠨᠡᠷ᠎ᠡ ᠪᠠᠷ ᠲᠠᠪᠬᠤᠷ ᠲᠠᠩᠰᠠᠯᠠᠬᠤ︔ | ︵ᠭᠤᠷᠪᠠ︶ ᠲᠠᠩᠰᠠᠯᠠᠬᠤ ᠲᠤᠰᠢᠶᠡᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠠᠴᠠ ᠲᠠᠪᠠᠭᠰᠠᠨ ᠪᠤᠰᠤᠳ ᠦᠢᠯᠡ | ᠠᠵᠢᠯᠯᠠᠭ᠎ᠠ᠃ | ᠬᠤᠶᠠᠷ ᠵᠠᠭᠤ ᠠᠷᠪᠠᠨ ᠲᠦᠷᠪᠡᠳᠦᠭᠡᠷ ᠵᠦᠢᠯ ᠦᠯᠦ ᠬᠦᠳᠡᠯᠬᠦ ᠬᠦᠷᠦᠩᠬᠡ ᠶᠢᠨ ᠪᠤᠳᠠᠰ ᠤᠨ ᠡᠷᠬᠡ ᠶᠢ ᠲᠤᠭᠳᠠᠭᠠᠬᠤ᠂ | ᠬᠤᠪᠢᠷᠠᠭᠤᠯᠬᠤ᠂ ᠰᠢᠯᠵᠢᠬᠦᠯᠤᠨ ᠦᠭᠬᠦ ᠪᠠ ᠤᠰᠠᠳᠬᠠᠬᠤ ᠳᠤ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠲᠠᠩᠰᠠᠯᠠᠯᠳᠠ ᠬᠢᠬᠦ ᠶᠣᠰᠣᠳᠠᠢ ᠪᠠᠶᠢᠪᠠᠯ᠂ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠲᠤ | ᠲᠡᠮᠳᠡᠭᠯᠡᠭᠰᠡᠨ ᠴᠠᠭ ᠠᠴᠠ ᠡᠬᠢᠯᠡᠨ ᠬᠦᠴᠦᠨ ᠲᠠᠢ ᠪᠤᠯᠤᠨ᠎ᠠ᠃ | ᠬᠤᠶᠠᠷ ᠵᠠᠭᠤ ᠠᠷᠪᠠᠨ ᠲᠠᠪᠤᠳᠤᠭᠠᠷ ᠵᠦᠢᠯ ᠲᠤᠬᠠᠢ ᠶᠢᠨ ᠬᠦᠮᠥᠨ ᠬᠤᠭᠤᠷᠤᠨᠳᠤ ᠪᠠᠨ ᠦᠯᠥ ᠬᠦᠳᠡᠯᠬᠦ | ᠬᠦᠷᠥᠩᠭᠡ ᠶᠢᠨ ᠪᠤᠳᠠᠰ ᠤᠨ ᠡᠷᠬᠡ ᠶᠢ ᠲᠤᠬᠲᠠᠭᠠᠬᠤ᠂ ᠬᠤᠪᠢᠷᠠᠭᠤᠯᠬᠤ᠂ ᠰᠢᠯᠵᠢᠭᠦᠯᠥᠨ ᠦᠭᠬᠦ ᠪᠠ ᠤᠰᠠᠳᠬᠠᠬᠤ | ᠲᠤᠬᠠᠢ ᠬᠤᠯᠪᠤᠬᠳᠠᠯ ᠪᠦᠬᠦᠢ ᠭᠡᠷ᠎ᠡ ᠲᠤᠬᠲᠠᠭᠠᠬᠰᠠᠨ ᠪᠠᠶᠢᠪᠠᠯ᠂ ᠬᠠᠤᠯᠢ ᠴᠠᠭᠠᠵᠠ ᠳᠤ ᠠᠰᠳᠠᠭᠠᠨ ᠲᠤᠬᠲᠠᠭᠠᠯ ᠲᠠᠢ | ᠪᠤᠶᠤ ᠲᠣᠬᠠᠢ ᠶᠢᠨ ᠬᠥᠮᠥᠨ ᠠᠰᠳᠠᠭᠠᠨ ᠪᠤᠯᠵᠤᠯ ᠲᠠᠢ ᠪᠠᠶᠢᠬᠤ ᠶᠢ ᠭᠠᠷᠭᠠᠪᠠᠯ᠂ ᠭᠡᠷ᠎ᠡ ᠪᠠᠶᠢᠭᠤᠯᠤᠬᠰᠠᠨ ᠴᠠᠬ ᠠᠴᠠ | ᠬᠦᠴᠦᠨ ᠲᠠᠢ ᠪᠤᠯᠤᠨ᠎ᠠ︔ ᠪᠤᠳᠠᠰ ᠤᠨ ᠡᠷᠬᠡ ᠶᠢᠨ ᠳᠠᠩᠰᠠᠯᠠᠯᠲᠠ ᠬᠢᠭᠰᠡᠨ ᠦᠭᠡᠢ ᠨᠢ ᠭᠡᠷ᠎ᠡ ᠶᠢᠨ ᠬᠦᠴᠦᠨ ᠢ | ᠨᠥᠯᠥᠭᠡᠯᠡᠬᠦ ᠦᠭᠡᠢ᠃ | ᠬᠤᠶᠠᠷ ᠵᠠᠭᠤ ᠠᠷᠪᠠᠨ ᠵᠢᠷᠭᠤᠳᠤᠭᠠᠷ ᠵᠦᠢᠯ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠪᠤᠯ | ᠪᠤᠳᠠᠰ ᠤᠨ ᠡᠷᠬᠡ ᠶᠢᠨ ᠬᠠᠷᠢᠶᠠᠯᠠᠯ ᠪᠠ ᠠᠭᠤᠯᠭ᠎ᠠ ᠶᠢᠨ ᠦᠨᠳᠦᠰᠦ ᠪᠠᠷᠢᠮᠲᠠ ᠮᠦᠨ᠃ | ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠢ ᠲᠠᠩᠰᠠᠯᠠᠬᠤ ᠪᠠᠶᠢᠭᠤᠯᠤᠮᠵᠢ ᠬᠠᠮᠢᠶᠠᠷᠤᠨ᠎ᠠ᠃ | ᠬᠤᠶᠠᠷ ᠵᠠᠭᠤ ᠠᠷᠪᠠᠨ ᠲᠤᠯᠤᠳᠤᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ | ᠪᠤᠯ ᠡᠷᠬᠡᠳᠦ ᠬᠦᠮᠦᠨ ᠤ ᠲᠤᠰ ᠦᠯᠦ ᠬᠦᠳᠡᠯᠬᠦ ᠬᠦᠷᠦᠩᠬᠡ ᠶᠢᠨ ᠪᠤᠳᠠᠰ ᠤᠨ ᠡᠷᠬᠡ ᠶᠢ ᠡᠳ᠋ᠯᠡᠬᠦ ᠬᠡᠷᠡᠴᠢᠯᠡᠯ ᠮᠦᠨ᠃ | ᠦᠯᠦ ᠬᠦᠳᠡᠯᠬᠦ ᠬᠦᠷᠦᠩᠬᠡ ᠶᠢᠨ ᠡᠷᠬᠡ ᠶᠢᠨ ᠬᠠᠷᠢᠶᠡᠯᠠᠯ ᠤᠨ ᠦᠨᠡᠮᠯᠡᠯ ᠳᠤ ᠲᠡᠮᠳᠡᠭᠯᠡᠭᠰᠡᠨ ᠵᠦᠢᠯᠡᠰ ᠨᠢ ᠦᠯᠦ | ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠲᠤ ᠲᠡᠮᠳᠡᠭᠯᠡᠭᠰᠡᠨ ᠵᠦᠢᠯᠡᠰ ᠲᠠᠢ ᠨᠢᠭᠡᠳᠥᠯ ᠲᠠᠢ ᠪᠠᠶᠢᠬᠤ | ᠬᠡᠷᠡᠭᠳᠡᠢ︔ ᠲᠡᠮᠳᠡᠭᠯᠡᠭᠰᠡᠨ ᠵᠦᠢᠯᠡᠰ ᠨᠢ ᠨᠢᠭᠡᠳᠥᠯ ᠦᠭᠡᠢ ᠪᠠᠶᠢᠪᠠᠯ᠂ ᠦᠯᠦ ᠬᠦᠳᠡᠯᠬᠦ ᠬᠦᠷᠦᠩᠭᠡ ᠶᠢᠨ | ᠲᠠᠩᠰᠠᠯᠠᠯᠳᠠ ᠶᠢᠨ ᠲᠡᠪᠳᠡᠷ ᠲᠤ ᠦᠨᠡᠬᠡᠷ ᠪᠤᠷᠤᠭᠤ ᠪᠠᠶᠢᠬᠤ ᠶᠢ ᠭᠡᠷᠡᠴᠢ ᠪᠠᠷᠢᠮᠲᠠ ᠪᠠᠷ ᠬᠡᠷᠡᠴᠢᠯᠡᠭᠰᠡᠨ ᠢ ᠭᠠᠷᠭᠠᠪᠠᠯ᠂ | ᠦᠯᠦ ᠬᠦᠳᠡᠯᠬᠦ ᠬᠦᠷᠦᠩᠬᠡ ᠶᠢᠨ ᠲᠠᠩᠰᠠᠯᠠᠯᠳᠠ ᠶᠢᠨ ᠲᠡᠪᠳᠡᠷ ᠤᠨ ᠬᠢ ᠪᠠᠷ ᠪᠠᠷᠢᠮᠵᠢᠶ᠎ᠠ ᠪᠤᠯᠭᠠᠨ᠎ᠠ᠃ | ᠬᠤᠶᠠᠷ ᠵᠠᠭᠤ ᠠᠷᠪᠠᠨ ᠨᠠᠢᠮᠠᠳᠤᠭᠠᠷ ᠵᠦᠢᠯ ᠡᠷᠬᠡᠳᠦ ᠬᠦᠮᠦᠨ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠥᠯᠥ | ᠬᠥᠳᠡᠯᠬᠦ ᠬᠥᠷᠥᠩᠭᠡ ᠶᠢᠨ ᠲᠠᠩᠰᠠᠯᠠᠯᠳᠠ ᠶᠢᠨ ᠮᠠᠲ᠋ᠧᠷᠢᠶᠠᠯ ᠢ ᠦᠵᠡᠵᠦ ᠯᠠᠪᠯᠠᠬᠤ᠂ ᠪᠠᠭᠤᠯᠭᠠᠨ ᠠᠪᠬᠤ ᠪᠠᠷ | ᠭᠤᠶᠤᠴᠢᠯᠠᠵᠤ ᠪᠤᠯᠤᠨ᠎ᠠ᠂ ᠲᠠᠩᠰᠠᠯᠠᠬᠤ ᠪᠠᠶᠢᠭᠤᠯᠤᠮᠵᠢ ᠬᠠᠨᠭ᠍ᠭᠠᠵᠤ ᠦᠭᠬᠦ ᠬᠡᠷᠡᠭᠳᠡᠢ᠃ | ᠬᠤᠶᠠᠷ ᠵᠠᠭᠤ ᠠᠷᠪᠠ ᠶᠢᠰᠤᠳᠤᠭᠡᠷ ᠵᠦᠢᠯ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠡᠷᠬᠡᠳᠦ ᠬᠦᠮᠦᠨ ᠤ | ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠮᠠᠲ᠋ᠧᠷᠢᠶᠠᠯ ᠢ ᠢᠯᠡ ᠪᠣᠯᠭᠠᠵᠥ ᠪᠤᠯᠬᠤ ᠦᠬᠡᠢ᠂ ᠬᠠᠣᠯᠢ | ᠪᠣᠰᠣ ᠪᠠᠷ ᠬᠡᠷᠡᠭᠯᠡᠵᠥ ᠪᠣᠯᠬᠤ ᠥᠭᠡᠢ᠃ | ᠬᠤᠶᠠᠷ ᠵᠠᠭᠤ ᠬᠤᠷᠢᠳᠣᠭᠠᠷ ᠵᠦᠢᠯ ᠡᠷᠬᠡᠳᠦ ᠬᠦᠮᠦᠨ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠦᠯᠦ | ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠲᠤ ᠲᠡᠮᠳᠡᠭᠯᠡᠭᠰᠡᠨ ᠵᠦᠢᠯᠡᠰ ᠢ ᠪᠤᠷᠤᠭᠤ ᠭᠡᠵᠦ ᠦᠵᠡᠪᠠᠯ᠂ | ᠵᠠᠯᠠᠷᠠᠭᠤᠯᠤᠨ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠃ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ | ᠲᠡᠪᠳᠡᠷ ᠲᠤ ᠲᠡᠮᠳᠡᠭᠯᠡᠭᠰᠡᠨ ᠡᠷᠬᠡᠳᠦ ᠬᠦᠮᠦᠨ ᠵᠠᠯᠠᠷᠠᠭᠤᠯᠬᠤ ᠶᠢ ᠪᠢᠴᠢᠭ ᠢᠶᠠᠷ ᠵᠦᠪᠰᠢᠶᠡᠷᠡᠭᠰᠡᠨ ᠪᠤᠶᠤ | ᠲᠠᠩᠰᠠᠯᠠᠯᠳᠠ ᠶᠢᠨ ᠦᠨᠡᠬᠡᠷ ᠪᠤᠷᠤᠭᠤ ᠪᠤᠯᠤᠭᠰᠠᠨ ᠢ ᠬᠡᠷᠡᠴᠢ ᠪᠡᠷᠢᠮᠳᠠ ᠪᠠᠷ ᠭᠡᠷᠡᠴᠢᠯᠡᠭᠰᠡᠨ ᠪᠠᠶᠢᠪᠠᠯ᠂ ᠲᠠᠩᠰᠠᠯᠠᠬᠤ | ᠪᠠᠶᠢᠭᠤᠯᠤᠮᠵᠢ ᠵᠠᠯᠠᠷᠠᠭᠤᠯᠵᠤ ᠦᠭᠬᠦ ᠬᠡᠷᠡᠭᠳᠡᠢ᠃ | ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠡᠪᠳᠡᠷ ᠲᠤ ᠲᠡᠮᠳᠡᠭᠯᠡᠭᠰᠡᠨ ᠡᠷᠬᠡᠳᠦ ᠬᠦᠮᠦᠨ ᠵᠠᠯᠠᠷᠠᠭᠤᠯᠬᠤ ᠶᠢ | ᠵᠦᠪᠰᠢᠶᠡᠷᠡᠬᠦ ᠦᠭᠡᠢ ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤᠨᠳᠤᠤ ᠰᠠᠨᠠᠯ ᠤᠨ ᠲᠠᠩᠰᠠᠯᠠᠯᠳᠠ | ᠬᠢᠯᠬᠡᠬᠦ ᠪᠠᠷ ᠭᠤᠶᠤᠴᠢᠯᠠᠵᠤ ᠪᠤᠯᠤᠨ᠎ᠠ᠃ ᠲᠠᠩᠰᠠᠯᠠᠬᠤ ᠪᠠᠶᠢᠭᠤᠯᠤᠮᠵᠢ ᠤᠨᠳᠤᠤ ᠰᠠᠨᠠᠯ ᠤᠨ ᠲᠠᠩᠰᠠᠯᠠᠯᠳᠡ ᠬᠢᠵᠤ᠂ | ᠭᠤᠶᠤᠴᠢᠯᠠᠭᠴᠢ ᠤᠨᠳᠤᠤ ᠰᠠᠨᠠᠯ ᠤᠨ ᠲᠠᠩᠰᠠᠯᠠᠯᠳᠠ ᠬᠢᠯᠭᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ | ᠲᠤᠳᠤᠷ᠎ᠠ ᠵᠠᠭᠠᠯᠳᠤᠯᠭ᠎ᠠ ᠭᠠᠷᠭᠠᠭᠰᠠᠨ ᠦᠭᠡᠢ ᠪᠠᠶᠢᠪᠠᠯ᠂ ᠤᠨᠳᠤᠤ ᠰᠠᠨᠠᠯ ᠤᠨ ᠲᠠᠩᠰᠠᠯᠠᠯᠳᠠ ᠨᠢ ᠬᠦᠴᠦᠨ ᠦᠭᠡᠢ | ᠪᠤᠯᠤᠨ᠎ᠠ᠃ ᠤᠨᠳᠤᠤ ᠰᠠᠨᠠᠯ ᠤᠨ ᠲᠠᠩᠰᠠᠯᠠᠯᠳᠠ ᠨᠢ ᠵᠤᠬᠢᠰ ᠦᠭᠡᠢ ᠪᠤᠯᠤᠭᠰᠠᠨ ᠠᠴᠠ ᠪᠤᠯᠵᠤ ᠡᠷᠬᠡᠳᠦ ᠬᠦᠮᠦᠨ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠷᠬᠡᠳᠦ ᠬᠦᠮᠦᠨ ᠭᠤᠶᠤᠴᠢᠯᠠᠭᠴᠢ ᠪᠠᠷ ᠬᠤᠬᠢᠷᠠᠯ ᠢᠶᠠᠨ ᠲᠦᠯᠦᠬᠦᠯᠬᠦ ᠪᠠᠷ | ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠬᠤᠷᠢᠨ ᠨᠢᠭᠡᠳᠤᠭᠡᠷ ᠵᠦᠢᠯ ᠲᠤᠬᠠᠢ ᠶᠢᠨ ᠬᠦᠮᠦᠨ ᠭᠡᠷ ᠪᠠᠶᠢᠰᠢᠩ ᠬᠤᠳᠠᠯᠳᠣᠭᠠᠯᠠᠬᠤ ᠬᠡᠯᠡᠯᠴᠡᠭᠡᠷ | ᠪᠤᠶᠤ ᠪᠤᠰᠤᠳ ᠦᠯᠦ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢᠨ ᠲᠤᠬᠠᠢ ᠬᠡᠯᠡᠯᠴᠡᠭᠡᠷ ᠲᠤᠭᠳᠠᠭᠠᠬᠤ ᠳᠠᠭᠠᠨ᠂ | ᠢᠷᠡᠭᠡᠳᠦᠢ ᠳᠤ ᠪᠤᠳᠠᠰ ᠤᠨ ᠡᠷᠬᠡ ᠶᠢᠨ ᠪᠡᠶᠡᠯᠡᠭᠳᠡᠬᠦ ᠶᠢ ᠪᠠᠳᠤᠯᠠᠬᠤ ᠶᠢᠨ ᠲᠦᠯᠦᠭᠡ᠂ ᠪᠤᠯᠵᠤᠯ ᠶᠤᠰᠤᠭᠠᠷ ᠢᠶᠠᠨ | ᠲᠠᠩᠰᠠᠯᠠᠬᠤ ᠪᠠᠶᠢᠭᠤᠯᠤᠮᠵᠢ ᠳᠤ ᠤᠷᠢᠳᠴᠢᠯᠠᠨ ᠮᠡᠳᠡᠭᠳᠡᠵᠦ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ᠃ | ᠤᠷᠢᠳᠴᠢᠯᠠᠨ ᠮᠡᠳᠡᠭᠳᠡᠵᠦ ᠲᠠᠩᠰᠠᠯᠠᠭᠤᠯᠤᠭᠰᠠᠨ ᠤ ᠲᠠᠷᠠᠭ᠎ᠠ᠂ ᠤᠷᠢᠳᠴᠢᠯᠠᠨ ᠮᠡᠳᠡᠭᠳᠡᠵᠦ ᠲᠠᠩᠰᠠᠯᠠᠭᠤᠯᠬᠤ ᠡᠷᠬᠡᠳᠦ | ᠬᠦᠮᠦᠨ ᠢᠶᠠᠷ ᠵᠦᠪᠰᠢᠶᠠᠷᠡᠬᠦᠯᠦᠭᠰᠡᠨ ᠦᠭᠡᠢ ᠪᠠᠷ ᠲᠤᠰ ᠦᠯᠦ ᠬᠦᠳᠡᠯᠬᠦ ᠬᠦᠷᠦᠩᠭᠡ ᠶᠢ ᠰᠢᠢᠳᠪᠦᠷᠢᠯᠡᠭᠰᠡᠨ ᠪᠠᠶᠢᠪᠠᠯ᠂ | ᠪᠤᠳᠠᠰ ᠤᠨ ᠡᠷᠬᠡ ᠶᠢᠨ ᠬᠦᠴᠦᠨ ᠲᠠᠢ ᠪᠤᠯᠬᠤ ᠦᠭᠡᠢ᠃ | ᠤᠷᠢᠳᠴᠢᠯᠡᠨ ᠮᠡᠳᠡᠭᠳᠡᠵᠦ ᠲᠠᠩᠰᠠᠯᠠᠭᠤᠯᠤᠭᠰᠠᠨ ᠤ ᠲᠠᠷᠠᠭ᠎ᠠ᠂ ᠠᠪᠴᠠᠭᠠᠨ ᠤ ᠡᠷᠬᠡ ᠤᠰᠠᠳᠤᠭᠰᠠᠨ ᠪᠤᠶᠤ ᠦᠯᠦ | ᠬᠦᠳᠡᠯᠬᠦ ᠬᠦᠷᠦᠩᠭᠡ ᠶᠢᠨ ᠲᠠᠩᠰᠠᠯᠠᠯᠳᠠ ᠬᠢᠵᠦ ᠲᠡᠶᠢᠯᠬᠦ ᠡᠳᠦᠷ ᠠᠴᠠ ᠡᠬᠢᠯᠡᠨ ᠶᠡᠷᠡᠨ ᠡᠳᠥᠷ ᠤᠨ ᠲᠤᠳᠤᠷ᠎ᠠ | ᠲᠠᠩᠰᠠᠯᠠᠭᠤᠯᠬᠤ ᠪᠠᠷ ᠭᠤᠶᠤᠴᠢᠯᠠᠭᠰᠠᠨ ᠦᠭᠡᠢ ᠪᠠᠶᠢᠪᠠᠯ᠂ ᠤᠷᠢᠳᠴᠢᠯᠠᠨ ᠮᠡᠳᠡᠭᠳᠡᠵᠦ ᠲᠠᠩᠰᠠᠯᠠᠭᠤᠯᠤᠭᠰᠠᠨ ᠨᠢ | ᠬᠦᠴᠦᠨ ᠦᠭᠡᠢ ᠪᠤᠯᠤᠨ᠎ᠠ᠃ | ᠬᠤᠶᠠᠷ ᠵᠠᠭᠤ ᠬᠤᠷᠢᠨ ᠬᠤᠶᠠᠳᠤᠭᠠᠷ ᠵᠥᠢᠯ ᠲᠤᠬᠠᠢ ᠶᠢᠨ ᠬᠦᠮᠦᠨ ᠬᠤᠳᠠᠯ ᠬᠠᠭᠤᠷᠮᠠᠭ ᠮᠠᠲ᠋ᠧᠷᠢᠶᠠᠯ ᠬᠠᠨᠭ᠍ᠭᠠᠨ | ᠲᠠᠩᠰᠠᠯᠠᠭᠤᠯᠬᠤ ᠪᠠᠷ ᠭᠤᠶᠤᠴᠢᠯᠠᠭᠠᠳ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠬᠦ | ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠲᠠᠩᠰᠠᠯᠠᠯᠳᠠ ᠨᠢ ᠪᠤᠷᠤᠭᠤᠳᠠᠭᠰᠠᠨ ᠠᠴᠠ ᠪᠤᠯᠵᠤ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠲᠠᠩᠰᠠᠯᠠᠬᠤ ᠪᠠᠶᠢᠭᠤᠯᠤᠮᠵᠢ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ ᠲᠠᠩᠰᠠᠯᠠᠬᠤ ᠪᠠᠶᠢᠭᠤᠯᠤᠮᠵᠢ | ᠲᠦᠯᠦᠭᠰᠡᠨ ᠤ ᠪᠠᠨ ᠲᠠᠷᠠᠭ᠎ᠠ᠂ ᠲᠠᠩᠰᠠᠯᠠᠯᠳᠠ ᠶᠢ ᠪᠤᠷᠤᠭᠤᠳᠠᠭᠤᠯᠣᠭᠰᠠᠨ ᠬᠦᠮᠦᠨ ᠢᠶᠠᠷ ᠨᠡᠬᠡᠮᠵᠢᠯᠡᠨ ᠲᠦᠯᠦᠬᠦᠯᠵᠥ | ᠪᠤᠯᠤᠨ᠎ᠠ᠃ | ᠬᠤᠶᠠᠷ ᠵᠠᠭᠤ ᠬᠤᠷᠢᠨ ᠭᠤᠷᠪᠠᠳᠤᠭᠠᠷ ᠵᠦᠢᠯ ᠦᠯᠦ ᠬᠦᠳᠡᠯᠬᠦ ᠬᠦᠷᠦᠩᠭᠡ ᠶᠢ ᠲᠠᠩᠰᠠᠯᠠᠬᠤ ᠵᠠᠷᠣᠳᠠᠯ ᠢ ᠰᠢᠷᠭᠡᠭ ᠢᠶᠠᠷ | ᠪᠤᠳᠤᠵᠤ ᠬᠤᠷᠢᠶᠠᠨ᠎ᠠ᠂ ᠦᠯᠦ ᠬᠦᠳᠡᠯᠬᠦ ᠬᠦᠷᠦᠩᠭᠡ ᠶᠢᠨ ᠲᠠᠯᠠᠪᠠᠢ᠂ ᠡᠵᠡᠯᠡᠬᠦᠨ ᠪᠤᠶᠤ ᠦᠨ᠎ᠡ ᠶᠢᠨ ᠵᠤᠭᠤᠰ ᠤᠨ | ᠬᠠᠷᠢᠴᠠᠯ ᠢᠶᠠᠷ ᠬᠤᠷᠢᠶᠠᠵᠤ ᠪᠤᠯᠬᠤ ᠦᠭᠡᠢ᠃ | ᠬᠤᠶᠠᠳᠤᠭᠠᠷ ᠬᠡᠰᠡᠭ ᠬᠦᠳᠡᠯᠬᠦ ᠬᠦᠷᠦᠩᠭᠡ ᠶᠢ ᠲᠤᠰᠢᠶᠠᠨ ᠦᠭᠬᠦ | ᠬᠤᠶᠠᠷ ᠵᠠᠭᠤ ᠬᠤᠷᠢᠨ ᠲᠦᠷᠪᠡᠳᠤᠭᠡᠷ ᠵᠦᠢᠯ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠲᠤᠭᠳᠠᠭᠠᠬᠤ ᠪᠠ | ᠰᠢᠯᠵᠢᠬᠦᠯᠦᠨ ᠦᠭᠬᠦ ᠨᠢ ᠲᠤᠰᠢᠶᠠᠨ ᠦᠭᠭᠦᠭᠰᠡᠨ ᠴᠠᠭ ᠠᠴᠠ ᠡᠬᠢᠯᠡᠨ ᠬᠦᠴᠦᠨ ᠲᠠᠢ ᠪᠤᠯᠤᠨ᠎ᠠ᠂ ᠭᠡᠪᠡᠴᠦ ᠬᠠᠤᠯᠢ | ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ | ᠬᠤᠶᠠᠷ ᠵᠠᠭᠤ ᠬᠤᠷᠢᠨ ᠲᠠᠪᠤᠳᠤᠭᠠᠷ ᠵᠦᠢᠯ ᠤᠡᠭᠭᠤᠴᠠ ᠰᠠᠯ᠂ ᠠᠭᠠᠷ ᠤᠨ ᠨᠢᠰᠦᠬᠦᠷ ᠪᠠ ᠮᠠᠰᠢᠨᠳᠤ ᠲᠡᠷᠭᠡ | ᠵᠡᠷᠭᠡ ᠶᠢᠨ ᠪᠤᠳᠠᠰ ᠤᠨ ᠡᠷᠬᠡ ᠶᠢ ᠲᠤᠭᠳᠠᠭᠠᠬᠤ᠂ ᠬᠤᠪᠢᠷᠠᠭᠤᠯᠬᠤ᠂ ᠰᠢᠯᠵᠢᠬᠦᠯᠦᠨ ᠦᠭᠬᠦ ᠪᠠ ᠤᠰᠠᠳᠬᠠᠬᠤ ᠳᠤ᠂ | ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ ᠭᠤᠷᠪᠠᠳᠠᠬᠢ ᠬᠦᠮᠦᠨ ᠲᠠᠢ ᠡᠰᠡᠷᠬᠦᠴᠡᠯᠳᠦᠵᠦ ᠪᠤᠯᠬᠤ | ᠦᠭᠡᠢ᠃ | ᠬᠤᠶᠠᠷ ᠵᠠᠭᠤ ᠬᠤᠷᠢᠨ ᠵᠢᠷᠭᠤᠳᠤᠭᠠᠷ ᠵᠦᠢᠯ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠲᠤᠭᠳᠠᠭᠠᠬᠤ ᠪᠠ | ᠰᠢᠯᠵᠢᠬᠦᠯᠤᠨ ᠦᠭᠬᠦ ᠠᠴᠠ ᠡᠮᠦᠨ᠎ᠡ᠂ ᠲᠤᠰ ᠬᠦᠳᠡᠯᠬᠦ ᠬᠦᠷᠦᠩᠭᠡ ᠶᠢ ᠡᠷᠭᠡᠳᠦ ᠬᠦᠮᠦᠨ ᠨᠢ ᠨᠢᠭᠡᠨᠳᠡ ᠡᠵᠡᠮᠰᠢᠭᠰᠡᠨ | ᠪᠠᠶᠢᠪᠠᠯ᠂ ᠪᠤᠳᠠᠰ ᠤᠨ ᠡᠷᠬᠡ ᠨᠢ ᠬᠠᠤᠯᠢ ᠴᠠᠭᠠᠵᠠ ᠶᠢᠨ ᠥᠢᠯᠡ ᠠᠵᠢᠯᠯᠠᠭ᠎ᠠ ᠬᠦᠴᠦᠨ ᠲᠠᠢ ᠪᠤᠯᠤᠬᠰᠠᠨ ᠴᠠᠭ ᠠᠴᠠ | ᠡᠬᠢᠯᠡᠨ ᠬᠦᠴᠦᠨ ᠲᠠᠢ ᠪᠤᠯᠤᠨ᠎ᠠ᠃ | ᠬᠤᠶᠠᠷ ᠵᠠᠭᠤ ᠬᠤᠷᠢᠨ ᠲᠤᠯᠤᠳᠤᠭᠠᠷ ᠵᠦᠢᠯ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠲᠤᠭᠳᠠᠭᠠᠬᠤ ᠪᠠ | ᠰᠢᠯᠵᠢᠬᠦᠯᠦᠨ ᠦᠭᠬᠦ ᠠᠴᠠ ᠡᠮᠦᠨ᠎ᠠ᠂ ᠲᠤᠰ ᠬᠦᠳᠡᠯᠬᠦ ᠬᠦᠷᠦᠩᠭᠡ ᠶᠢ ᠭᠤᠷᠪᠠᠳᠠᠬᠢ ᠬᠦᠮᠦᠨ ᠡᠵᠡᠮᠰᠢᠭᠰᠡᠨ ᠪᠠᠶᠢᠪᠠᠯ᠂ | ᠲᠤᠰᠢᠶᠠᠨ ᠦᠭᠬᠦ ᠡᠬᠦᠷᠭᠡ ᠪᠦᠬᠦᠢ ᠬᠥᠮᠤᠨ ᠨᠢ ᠭᠤᠷᠪᠠᠳᠠᠬᠢ ᠬᠦᠮᠥᠨ ᠢᠶᠠᠷ ᠣᠣᠯ ᠪᠤᠳᠠᠰ ᠢ ᠪᠤᠴᠠᠭᠠᠯᠭᠠᠬᠤ ᠪᠠᠷ | ᠭᠤᠶᠤᠴᠢᠯᠠᠬᠤ ᠡᠷᠬᠡ ᠪᠠᠨ ᠰᠢᠯᠵᠢᠬᠦᠯᠦᠨ ᠦᠭᠬᠦ ᠪᠠᠷ ᠲᠤᠰᠢᠶᠠᠨ ᠦᠭᠬᠦ ᠶᠢ ᠤᠷᠤᠯᠠᠭᠤᠯᠵᠤ ᠪᠤᠯᠤᠨ᠎ᠠ᠃ | ᠬᠤᠶᠠᠷ ᠵᠠᠭᠤ ᠬᠤᠷᠢᠨ ᠨᠠᠢᠮᠠᠳᠤᠭᠠᠷ ᠵᠦᠢᠯ ᠬᠦᠳᠡᠯᠬᠦ ᠬᠦᠷᠦᠩᠭᠡ ᠶᠢᠨ ᠪᠤᠳᠠᠰ ᠤᠨ ᠡᠷᠬᠡ ᠶᠢ ᠰᠢᠯᠵᠢᠬᠦᠯᠦᠨ ᠦᠭᠬᠦ | ᠦᠶ᠎ᠡ ᠳᠤ᠂ ᠲᠣᠬᠠᠢ ᠶᠢᠨ ᠬᠥᠮᠥᠨ ᠪᠠᠰᠠ ᠲᠤᠰ ᠬᠦᠳᠡᠯᠬᠦ ᠬᠦᠷᠦᠩᠭᠡ ᠶᠢ ᠰᠢᠯᠵᠢᠬᠦᠯᠦᠨ ᠦᠭᠬᠦᠭᠴᠢ ᠦᠷᠬᠦᠯᠵᠢᠯᠡᠡ | ᠡᠵᠡᠮᠰᠢᠬᠦ ᠪᠠᠷ ᠪᠤᠯᠵᠤᠨ ᠲᠤᠭᠳᠠᠭᠰᠠᠨ ᠪᠠᠶᠢᠪᠠᠯ᠂ ᠪᠤᠳᠠᠰ ᠤᠨ ᠡᠷᠬᠡ ᠨᠢ ᠲᠤᠰ ᠪᠤᠯᠵᠤᠯ ᠬᠦᠴᠦᠨ ᠲᠠᠢ ᠪᠤᠯᠤᠭᠰᠠᠨ | ᠴᠠᠭ ᠠᠴᠠ ᠡᠬᠢᠯᠡᠨ ᠬᠦᠴᠦᠨ ᠲᠠᠢ ᠪᠤᠯᠤᠨ᠎ᠠ᠃ | ᠭᠤᠷᠪᠠᠳᠤᠭᠠᠷ ᠬᠡᠰᠡᠭ ᠪᠤᠰᠤᠳ ᠲᠤᠭᠳᠠᠭᠠᠯ | ᠬᠤᠶᠠᠷ ᠵᠠᠭᠤ ᠬᠤᠷᠢ ᠶᠢᠰᠤᠳᠤᠭᠡᠷ ᠵᠦᠢᠯ ᠠᠷᠠᠳ ᠤᠨ ᠰᠢᠬᠦᠬᠦ ᠬᠤᠷᠢᠶ᠎ᠠ᠂ ᠬᠦᠨᠳᠡᠯᠡᠨ ᠠᠴᠠ ᠲᠠᠰᠤᠯᠬᠤ | ᠪᠠᠶᠢᠭᠤᠯᠣᠮᠵᠢ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠪᠤᠶᠤ ᠠᠷᠠᠳ ᠤᠨ ᠵᠠᠰᠠᠭ ᠤᠨ ᠤᠷᠳᠤᠨ ᠤ | ᠲᠠᠳᠠᠪᠤᠷᠢᠯᠠᠬᠤ ᠲᠤᠭᠳᠠᠭᠠᠯ ᠵᠡᠷᠭᠡ ᠠᠴᠠ ᠪᠤᠯᠵᠤ ᠪᠤᠳᠠᠰ ᠤᠨ ᠡᠷᠬᠡ ᠶᠢ ᠲᠤᠭᠳᠠᠭᠠᠬᠤ᠂ ᠬᠤᠪᠢᠷᠠᠭᠤᠯᠬᠤ᠂ | ᠰᠢᠯᠵᠢᠬᠦᠯᠦᠨ ᠦᠭᠬᠦ ᠪᠤᠶᠤ ᠤᠰᠠᠳᠬᠤ ᠳᠤ ᠬᠦᠷᠦᠬᠦᠯᠥᠭᠰᠡᠨ ᠪᠠᠶᠢᠪᠠᠯ᠂ ᠬᠠᠤᠯᠢ ᠴᠠᠭᠠᠵᠠ ᠶᠢᠨ ᠪᠢᠴᠢᠭ ᠬᠠᠷ᠎ᠠ | ᠪᠤᠶᠤ ᠲᠠᠳᠠᠪᠤᠷᠢᠯᠠᠬᠤ ᠲᠤᠭᠳᠠᠭᠠᠯ ᠵᠡᠷᠭᠡ ᠶᠢᠨ ᠬᠦᠴᠦᠨ ᠲᠠᠢ ᠪᠤᠯᠣᠭᠰᠠᠨ ᠴᠠᠭ ᠠᠴᠠ ᠡᠬᠢᠯᠡᠨ ᠬᠦᠴᠦᠨ ᠲᠠᠢ | ᠪᠤᠯᠤᠨ᠎ᠠ᠃ | ᠬᠤᠶᠠᠷ ᠵᠠᠭᠤ ᠭᠤᠴᠢᠳᠤᠭᠠᠷ ᠵᠦᠢᠯ ᠦᠪ ᠵᠠᠯᠭᠠᠮᠵᠢᠯᠠᠭᠰᠠᠨ ᠠᠴᠠ ᠪᠤᠯᠵᠤ ᠪᠤᠳᠠᠰ ᠤᠨ ᠡᠷᠬᠡ ᠶᠢ ᠤᠯᠤᠭᠰᠠᠨ | ᠪᠠᠶᠢᠪᠠᠯ᠂ ᠦᠪ ᠵᠠᠯᠭᠠᠮᠵᠢᠯᠠᠭᠰᠠᠨ ᠴᠠᠭ ᠠᠴᠠ ᠡᠬᠢᠯᠡᠨ ᠬᠦᠴᠦᠨ ᠲᠠᠢ ᠪᠤᠯᠤᠨ᠎ᠠ᠃ | ᠬᠤᠶᠠᠷ ᠵᠠᠭᠤ ᠭᠤᠴᠢᠨ ᠨᠢᠭᠡᠳᠤᠭᠡᠷ ᠵᠦᠢᠯ ᠬᠠᠤᠯᠢ ᠶᠤᠰᠤᠭᠠᠷ ᠭᠡᠷ ᠪᠠᠶᠢᠰᠢᠩ ᠪᠠᠷᠢᠬᠤ᠂ ᠨᠤᠷᠠᠭᠠᠬᠤ ᠵᠡᠷᠬᠡ ᠪᠤᠳᠠᠳᠤ | ᠶᠠᠪᠣᠳᠠᠯ ᠤᠨ ᠥᠢᠯᠡ ᠠᠵᠢᠯᠯᠠᠭ᠎ᠠ ᠠᠴᠠ ᠪᠤᠯᠵᠤ ᠪᠤᠳᠠᠰ ᠤᠨ ᠡᠷᠬᠡ ᠶᠢ ᠲᠤᠭᠳᠠᠭᠠᠬᠰᠠᠨ ᠪᠤᠶᠤ ᠤᠰᠠᠳᠬᠠᠭᠰᠠᠨ | ᠪᠠᠶᠢᠪᠠᠯ᠂ ᠪᠤᠳᠠᠳᠤ ᠶᠠᠪᠣᠳᠠᠯ ᠤᠨ ᠥᠢᠯᠡ ᠠᠵᠢᠯᠯᠠᠭ᠎ᠠ ᠶᠢᠨ ᠪᠡᠶᠡᠯᠡᠭᠳᠡᠭᠰᠡᠨ ᠴᠠᠭ ᠠᠴᠠ ᠡᠬᠢᠯᠡᠨ ᠬᠦᠴᠦᠨ ᠲᠠᠢ | ᠪᠤᠯᠤᠨ᠎ᠠ᠃ | ᠬᠤᠶᠠᠷ ᠵᠠᠭᠤ ᠭᠤᠴᠢᠨ ᠬᠤᠶᠠᠳᠤᠭᠠᠷ ᠵᠦᠢᠯ ᠲᠤᠰ ᠬᠡᠰᠡᠭ ᠤᠨ ᠲᠤᠭᠳᠠᠭᠠᠯ ᠶᠤᠰᠤᠭᠠᠷ ᠡᠳ᠋ᠯᠡᠭᠦ ᠦᠯᠤ ᠬᠥᠳᠡᠯᠬᠦ | ᠬᠥᠷᠤᠩᠭᠡ ᠶᠢᠨ ᠪᠤᠳᠠᠰ ᠤᠨ ᠡᠷᠬᠡ ᠶᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠲᠠᠩᠰᠠᠯᠠᠯᠳᠠ ᠬᠢᠯᠭᠡᠬᠦ ᠴᠢᠬᠤᠯᠠᠳᠠᠢ ᠪᠠᠶᠢᠲᠠᠯ᠎ᠠ ᠲᠠᠩᠰᠠᠯᠠᠭᠤᠯᠤᠬᠰᠠᠨ ᠦᠭᠡᠢ ᠪᠠᠶᠢᠪᠠᠯ᠂ ᠪᠤᠳᠠᠰ ᠤᠨ ᠡᠷᠬᠡ ᠶᠢᠨ | ᠬᠦᠴᠦᠨ ᠲᠠᠢ ᠪᠤᠯᠬᠤ ᠦᠭᠡᠢ᠃ | ᠭᠤᠷᠪᠠᠳᠤᠭᠠᠷ ᠪᠦᠯᠦᠭ ᠪᠤᠳᠠᠰ ᠤᠨ ᠡᠷᠬᠡ ᠶᠢ ᠬᠠᠮᠠᠭᠠᠯᠠᠬᠤ | ᠬᠤᠶᠠᠷ ᠵᠠᠭᠤ ᠭᠤᠴᠢᠨ ᠭᠤᠷᠪᠠᠳᠤᠭᠠᠷ ᠵᠦᠢᠯ ᠪᠤᠳᠠᠰ ᠤᠨ ᠡᠷᠬᠡ ᠬᠥᠨᠥᠭᠡᠯ ᠳᠤ ᠤᠴᠠᠷᠠᠭᠰᠠᠨ ᠪᠠᠶᠢᠪᠠᠯ᠂ ᠡᠷᠬᠡᠳᠦ | ᠬᠦᠮᠦᠨ ᠡᠪᠰᠡᠬᠦ᠂ ᠡᠶᠡᠳᠡᠬᠦᠯᠭᠡ ᠬᠢᠯᠭᠡᠬᠦ᠂ ᠬᠦᠨᠳᠡᠯᠡᠨ ᠠᠴᠠ ᠲᠠᠰᠤᠯᠤᠭᠤᠯᠬᠤ᠂ ᠵᠠᠷᠭᠤᠯᠳᠤᠬᠤ ᠵᠡᠷᠭᠡ ᠠᠷᠭ᠎ᠠ | ᠵᠠᠮ ᠢᠶᠠᠷ ᠰᠢᠢᠳᠪᠦᠷᠢᠯᠡᠵᠦ ᠪᠤᠯᠤᠨ᠎ᠠ᠃ | ᠬᠤᠶᠠᠷ ᠵᠠᠭᠤ ᠭᠤᠴᠢᠨ ᠲᠦᠷᠪᠡᠳᠤᠭᠡᠷ ᠵᠦᠢᠯ ᠪᠤᠳᠠᠰ ᠤᠨ ᠡᠷᠬᠡ ᠶᠢᠨ ᠬᠠᠷᠢᠶᠠᠯᠠᠯ᠂ ᠠᠭᠤᠯᠭ᠎ᠠ ᠠᠴᠠ ᠪᠤᠯᠵᠤ | ᠮᠠᠷᠭᠤᠯᠳᠤᠭᠠᠨ ᠭᠠᠷᠤᠭᠰᠠᠨ ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠡᠷᠬᠡ ᠶᠢ ᠨᠣᠳᠠᠯᠠᠭᠤᠯᠬᠤ ᠪᠠᠷ | ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠭᠤᠴᠢᠨ ᠲᠠᠪᠤᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠡᠷᠬᠡ | ᠦᠭᠡᠢ ᠪᠠᠷ ᠡᠵᠡᠮᠰᠢᠭᠰᠡᠨ ᠪᠠᠶᠢᠪᠠᠯ᠂ ᠡᠷᠬᠡᠳᠦ ᠬᠦᠮᠦᠨ ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠵᠤ ᠪᠤᠯᠤᠨ᠎ᠠ | ᠃ | ᠬᠤᠶᠠᠷ ᠵᠠᠭᠤ ᠭᠤᠴᠢᠨ ᠵᠢᠷᠭᠤᠳᠤᠭᠠᠷ ᠵᠦᠢᠯ ᠪᠤᠳᠠᠰ ᠤᠨ ᠡᠷᠬᠡ ᠶᠢ ᠬᠠᠷᠰᠢᠯᠠᠬᠰᠠᠨ ᠪᠤᠶᠤ ᠪᠤᠳᠠᠰ ᠤᠨ ᠡᠷᠬᠡ ᠶᠢ | ᠬᠠᠷᠰᠢᠯᠠᠵᠤ ᠮᠡᠳᠡᠬᠦ ᠳᠤ ᠬᠥᠷᠪᠡᠯ᠂ ᠡᠷᠬᠡᠳᠦ ᠬᠦᠮᠦᠨ ᠬᠠᠷᠰᠢᠯᠡᠯ ᠢ ᠠᠷᠢᠯᠭᠠᠭᠤᠯᠬᠤ ᠪᠤᠶᠤ ᠠᠶᠤᠯ ᠲᠥᠭᠰᠢᠬᠦᠷᠢ ᠶᠢ | ᠠᠷᠢᠯᠭᠠᠭᠤᠯᠬᠤ ᠪᠠᠷ ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠭᠤᠴᠢᠨ ᠲᠤᠯᠤᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ | ᠡᠪᠳᠡᠯᠡᠭᠰᠡᠨ ᠪᠠᠶᠢᠪᠠᠯ᠂ ᠡᠷᠬᠡᠳᠦ ᠬᠦᠮᠦᠨ ᠰᠡᠯᠪᠢᠨ ᠵᠠᠰᠠᠭᠤᠯᠬᠤ᠂ ᠲᠠᠬᠢᠨ ᠬᠢᠯᠭᠡᠬᠦ᠂ ᠰᠤᠯᠢᠭᠤᠯᠬᠤ ᠪᠤᠶᠤ ᠤᠭ | ᠪᠠᠶᠢᠳᠠᠯ ᠢ ᠨᠢ ᠰᠡᠷᠬᠦᠭᠡᠯᠭᠡᠬᠦ ᠪᠠᠷ ᠬᠠᠣᠯᠢ ᠶᠣᠰᠣᠭᠠᠷ ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠭᠤᠴᠢᠨ ᠨᠠᠢᠮᠠᠳᠤᠭᠠᠷ ᠵᠦᠢᠯ ᠪᠤᠳᠠᠰ ᠤᠨ ᠡᠷᠬᠡ ᠶᠢ ᠬᠥᠨᠥᠭᠡᠭᠡᠳ ᠡᠷᠬᠡᠳᠦ ᠬᠦᠮᠦᠨ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠡᠷᠬᠡᠳᠦ ᠬᠦᠮᠦᠨ ᠬᠠᠣᠯᠢ ᠶᠣᠰᠣᠭᠠᠷ ᠬᠤᠬᠢᠷᠠᠯ ᠤᠨ ᠲᠦᠯᠦᠪᠦᠷᠢ ᠠᠪᠬᠤ ᠪᠠᠷ | ᠭᠤᠶᠤᠴᠢᠯᠠᠵᠤ ᠪᠤᠯᠤᠨ᠎ᠠ᠂ ᠪᠤᠰᠤᠳ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦᠯᠬᠦ ᠪᠠᠷ ᠬᠠᠣᠯᠢ ᠶᠣᠰᠣᠭᠠᠷ | ᠭᠤᠶᠤᠴᠢᠯᠠᠭᠰᠠᠨ ᠴᠤ ᠪᠤᠯᠤᠨ᠎ᠠ᠃ | ᠬᠤᠶᠠᠷ ᠵᠠᠭᠤ ᠭᠤᠴᠢ ᠶᠢᠰᠤᠳᠤᠭᠡᠷ ᠵᠦᠢᠯ ᠲᠤᠰ ᠪᠦᠯᠦᠭ ᠲᠤ ᠲᠤᠭᠳᠠᠭᠠᠭᠰᠠᠨ ᠪᠤᠳᠠᠰ ᠤᠨ ᠡᠷᠬᠡ ᠶᠢ ᠬᠠᠮᠠᠭᠠᠯᠠᠬᠤ | ᠠᠷᠭ᠎ᠠ ᠮᠠᠶ᠋ᠢᠭ ᠢ ᠲᠤᠰᠠᠭᠠᠷ ᠨᠢ ᠲᠣᠬᠢᠷᠠᠭᠤᠯᠣᠨ ᠬᠡᠷᠡᠭᠯᠡᠵᠦ ᠪᠤᠯᠤᠨ᠎ᠠ᠂ ᠡᠷᠬᠡ ᠶᠢᠨ ᠬᠥᠨᠥᠭᠡᠭᠳᠡᠭᠰᠡᠨ ᠪᠠᠶᠢᠳᠠᠯ ᠢ | ᠦᠨᠳᠦᠰᠦᠯᠡᠵᠥ ᠨᠡᠶᠢᠯᠡᠬᠦᠯᠦᠨ ᠲᠣᠬᠢᠷᠠᠭᠤᠯᠣᠨ ᠬᠡᠷᠡᠭᠯᠡᠭᠰᠡᠨ ᠴᠤ ᠪᠤᠯᠤᠨ᠎ᠠ᠃ | ᠬᠤᠶᠠᠳᠤᠭᠠᠷ ᠬᠤᠪᠢᠶᠠᠷᠢ ᠠᠩᠬᠢ ᠦᠮᠴᠢᠯᠡᠯ ᠤᠨ ᠡᠷᠬᠡ | ᠲᠦᠷᠪᠡᠳᠦᠭᠡᠷ ᠪᠦᠯᠦᠭ ᠡᠩ ᠤᠨ ᠲᠤᠭᠳᠠᠭᠠᠯ | ᠬᠤᠶᠠᠷ ᠵᠠᠭᠤ ᠲᠦᠴᠢᠳᠤᠭᠡᠷ ᠵᠦᠢᠯ ᠦᠮᠴᠢᠯᠡᠯ ᠤᠨ ᠡᠷᠬᠡᠳᠦ ᠬᠦᠮᠦᠨ ᠦᠪᠡᠷ ᠤᠨ ᠦᠯᠦ ᠬᠦᠳᠡᠯᠬᠦ ᠬᠦᠷᠦᠩᠭᠡ | ᠪᠤᠶᠤ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠬᠠᠤᠯᠢ | ᠶᠤᠰᠤᠭᠠᠷ ᠡᠳ᠋ᠯᠡᠨ᠎ᠠ᠃ | ᠬᠤᠶᠠᠷ ᠵᠠᠭᠤ ᠲᠦᠴᠢᠨ ᠨᠢᠭᠡᠳᠤᠭᠡᠷ ᠵᠦᠢᠯ ᠦᠮᠴᠢᠯᠡᠯ ᠤᠨ ᠡᠷᠬᠡᠳᠦ ᠬᠦᠮᠦᠨ ᠦᠪᠡᠷ ᠤᠨ ᠦᠯᠦ ᠬᠦᠳᠡᠯᠬᠦ | ᠬᠦᠷᠦᠩᠭᠡ ᠪᠤᠶᠤ ᠬᠦᠳᠡᠯᠬᠦ ᠬᠦᠷᠦᠩᠭᠡ ᠳᠡᠭᠡᠨ ᠠᠰᠢᠭ ᠤᠯᠬᠤ ᠪᠤᠳᠠᠰ ᠤᠨ ᠡᠷᠬᠡ ᠪᠠ ᠲᠠᠭᠠᠭᠠᠯᠳᠠᠳᠦ ᠪᠤᠳᠠᠰ ᠤᠨ | ᠡᠷᠬᠡ ᠶᠢ ᠲᠤᠭᠳᠠᠭᠠᠬᠤ ᠡᠷᠬᠡ ᠲᠠᠢ᠃ ᠠᠰᠢᠭ ᠤᠯᠬᠤ ᠪᠤᠳᠠᠰ ᠤᠨ ᠡᠷᠬᠡᠳᠦ ᠬᠦᠮᠦᠨ᠂ ᠲᠠᠭᠠᠭᠠᠯᠳᠠᠳᠦ ᠪᠤᠳᠠᠰ ᠤᠨ | ᠡᠷᠬᠡᠳᠦ ᠬᠦᠮᠦᠨ ᠡᠷᠬᠡ ᠪᠠᠨ ᠬᠡᠷᠡᠭᠵᠢᠬᠦᠯᠬᠦ ᠳᠡᠭᠡᠨ ᠦᠮᠴᠢᠯᠡᠯ ᠤᠨ ᠡᠷᠬᠡᠳᠦ ᠬᠦᠮᠦᠨ ᠤ ᠡᠷᠬᠡ ᠠᠰᠢᠭ ᠢ | ᠬᠤᠬᠢᠷᠠᠭᠤᠯᠵᠤ ᠪᠤᠯᠬᠤ ᠦᠭᠡᠢ᠃ | ᠬᠤᠶᠠᠷ ᠵᠠᠭᠤ ᠲᠦᠴᠢᠨ ᠬᠤᠶᠠᠳᠤᠭᠠᠷ ᠵᠦᠢᠯ ᠤᠯᠤᠰ ᠤᠨ ᠦᠮᠴᠢᠯᠡᠯ ᠳᠤ ᠲᠤᠰᠬᠠᠢ ᠬᠠᠷᠢᠶᠠᠯᠠᠭᠳᠠᠬᠤ ᠪᠠᠷ ᠬᠠᠤᠯᠢ | ᠴᠠᠭᠠᠵᠠ ᠳᠤ ᠲᠤᠭᠳᠠᠭᠠᠭᠰᠠᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠤ ᠶᠠᠮᠠᠷᠪᠠ ᠵᠣᠬᠢᠶᠠᠨ | ᠪᠠᠶᠢᠭᠤᠯᠣᠯᠳᠠ ᠪᠣᠶᠣ ᠬᠤᠪᠢ ᠬᠦᠮᠦᠨ ᠦᠮᠴᠢᠯᠡᠯ ᠤᠨ ᠡᠷᠬᠡ ᠤᠯᠵᠤ ᠪᠤᠯᠬᠤ ᠦᠭᠡᠢ᠃ | ᠬᠤᠶᠠᠷ ᠵᠠᠭᠤ ᠲᠦᠴᠢᠨ ᠭᠤᠷᠪᠠᠳᠤᠭᠠᠷ ᠵᠦᠢᠯ ᠤᠯᠨᠨ ᠨᠠᠶᠢᠳᠠ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ | ᠂ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠤᠰᠤᠭᠠᠷ ᠬᠠᠮᠳᠤ ᠶᠢᠨ | ᠦᠮᠴᠢᠯᠡᠯ ᠤᠨ ᠭᠠᠵᠠᠷ ᠰᠢᠷᠤᠢ ᠪᠠ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠭᠡᠷ ᠪᠠᠶᠢᠰᠢᠩ ᠵᠢᠴᠢ ᠪᠤᠰᠤᠳ | ᠦᠯᠦ ᠬᠦᠳᠡᠯᠬᠦ ᠬᠦᠷᠦᠩᠭᠡ ᠶᠢ ᠲᠠᠳᠠᠪᠤᠷᠢᠯᠠᠨ ᠠᠪᠴᠤ ᠪᠤᠯᠤᠨ᠎ᠠ᠃ | ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠶᠢ ᠲᠠᠳᠠᠪᠤᠷᠢᠯᠠᠨ ᠠᠪᠬᠤ ᠳᠤ ᠬᠦᠷᠪᠡᠯ᠂ ᠭᠠᠵᠠᠷ ᠰᠢᠷᠤᠢ ᠶᠢᠨ | ᠨᠦᠬᠦᠪᠦᠷᠢ ᠶᠢᠨ ᠵᠠᠷᠣᠳᠠᠯ᠂ ᠲᠦᠪᠬᠢᠨᠡᠬᠦᠯᠬᠦ ᠨᠦᠬᠦᠪᠦᠷᠢ ᠶᠢᠨ ᠵᠠᠷᠣᠳᠠᠯ ᠵᠢᠴᠢ ᠬᠥᠳᠡᠭᠡ ᠲᠣᠰᠬᠤᠨ ᠤ ᠲᠣᠰᠬᠤᠨ ᠤ | ᠠᠷᠠᠳ ᠤᠨ ᠣᠷᠣᠨ ᠰᠠᠭᠤᠴᠠ᠂ ᠭᠠᠵᠠᠷ ᠲᠡᠭᠡᠷᠡᠬᠢ ᠪᠣᠰᠣᠳ ᠲᠠᠭᠠᠯᠳᠠ ᠪᠤᠳᠠᠰ ᠪᠠ ᠬᠥᠭᠡ ᠴᠢᠬᠢ ᠵᠠᠷᠭᠡ ᠶᠢᠨ | ᠨᠦᠬᠦᠪᠦᠷᠢ ᠶᠢᠨ ᠵᠠᠷᠣᠳᠠᠯ ᠢ ᠬᠠᠤᠯᠢ ᠶᠤᠰᠤᠭᠠᠷ ᠴᠠᠭ ᠲᠣᠬᠠᠢ ᠳᠤᠨᠢ ᠬᠥᠢᠴᠡᠳ ᠦᠭᠬᠦ ᠪᠥᠭᠡᠳ ᠭᠠᠵᠠᠷ ᠰᠢᠷᠤᠢ ᠪᠠᠨ | ᠲᠠᠲᠠᠪᠤᠷᠢᠯᠠᠭᠳᠠᠭᠰᠠᠨ ᠲᠠᠷᠢᠶᠠᠴᠢᠳ ᠤᠨ ᠨᠡᠶᠢᠭᠡᠮ ᠤᠨ ᠪᠠᠳᠤᠯᠠᠭ᠎ᠠ ᠶᠢᠨ ᠵᠠᠷᠣᠳᠠᠯ ᠢ ᠲᠤᠬᠢᠷᠠᠭᠤᠯᠵᠤ᠂ ᠭᠠᠵᠠᠷ | ᠰᠢᠷᠤᠢ ᠪᠠᠨ ᠲᠠᠲᠠᠪᠤᠷᠢᠯᠠᠭᠳᠠᠭᠰᠠᠨ ᠲᠠᠷᠢᠶᠠᠴᠢᠳ ᠤᠨ ᠠᠮᠢᠳᠤᠷᠠᠯ ᠢ ᠪᠠᠳᠤᠯᠠᠵᠤ᠂ ᠭᠠᠵᠠᠷ ᠰᠢᠷᠤᠢ ᠪᠠᠨ | ᠲᠠᠲᠠᠪᠤᠷᠢᠯᠠᠭᠳᠠᠭᠰᠠᠨ ᠲᠠᠷᠢᠶᠠᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ᠃ | ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠬᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠶᠢ | ᠲᠠᠳᠠᠪᠤᠷᠢᠯᠠᠨ ᠠᠪᠬᠤ ᠳᠤ ᠬᠦᠷᠪᠡᠯ᠂ ᠬᠠᠣᠯᠢ ᠶᠣᠰᠣᠭᠠᠷ ᠲᠠᠳᠠᠪᠣᠷᠢᠯᠠᠯᠳᠠ ᠶᠢᠨ ᠨᠦᠬᠦᠪᠦᠷᠢ ᠦᠭᠴᠦ᠂ | ᠲᠠᠳᠠᠪᠤᠷᠢᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠳᠡᠢ︔ ᠬᠤᠪᠢ ᠬᠥᠮᠤᠨ ᠤ ᠤᠷᠤᠨ | ᠰᠠᠭᠤᠴᠠ ᠶᠢ ᠲᠠᠳᠠᠪᠤᠷᠢᠯᠠᠨ ᠠᠪᠤᠭᠰᠠᠨ ᠪᠠᠶᠢᠪᠠᠯ᠂ ᠲᠠᠳᠠᠪᠤᠷᠢᠯᠠᠭᠳᠠᠭᠴᠢ ᠶᠢᠨ ᠤᠷᠤᠰᠢᠨ ᠰᠠᠭᠤᠬᠤ ᠨᠦᠬᠦᠴᠡᠯ ᠢ | ᠪᠠᠰᠠ ᠪᠠᠳᠤᠯᠠᠬᠤ ᠬᠡᠷᠡᠭᠳᠡᠢ᠃ | ᠲᠠᠳᠠᠪᠤᠷᠢᠯᠠᠯᠳᠠ ᠶᠢᠨ ᠨᠦᠬᠦᠪᠦᠷᠢ ᠶᠢᠨ ᠵᠠᠷᠣᠳᠠᠯ ᠵᠡᠷᠭᠡ ᠵᠠᠷᠣᠳᠠᠯ ᠢ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ | ᠬᠦᠮᠦᠨ ᠱᠠᠮᠰᠢᠵᠤ᠂ ᠨᠡᠬᠦᠯᠭᠡᠨ ᠬᠡᠷᠡᠭᠯᠡᠵᠦ᠂ ᠲᠤᠲᠤᠷ᠎ᠠ ᠵᠠᠭᠤᠷ᠎ᠠ ᠪᠠᠨ ᠬᠤᠪᠢᠶᠠᠯᠴᠠᠵᠥ᠂ ᠲᠣᠮᠳᠠ ᠠᠴᠠ ᠨᠢ | ᠦᠯᠡᠳᠡᠭᠡᠨ ᠠᠪᠴᠤ᠂ ᠦᠷᠢᠳᠥᠨ ᠤᠳᠠᠭᠠᠰᠢᠷᠠᠭᠤᠯᠵᠤ ᠪᠤᠯᠬᠤ ᠦᠭᠡᠢ᠃ | ᠬᠤᠶᠠᠷ ᠵᠠᠭᠤ ᠲᠦᠴᠢᠨ ᠲᠦᠷᠪᠡᠳᠤᠭᠡᠷ ᠵᠦᠢᠯ ᠤᠯᠤᠰ ᠠᠴᠠ ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ | ᠶᠠᠪᠤᠭᠤᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠶᠢ | ᠴᠢᠩᠭ᠎ᠠ ᠬᠢᠵᠠᠭᠠᠷᠯᠠᠵᠤ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠥᠩᠬᠡᠢ ᠬᠡᠮᠵᠢᠶ᠎ᠡ ᠶᠢ ᠬᠢᠵᠠᠭᠠᠷᠯᠠᠨ᠎ᠠ | ᠃ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠶᠢᠨ ᠭᠡᠪᠴᠢᠶ᠎ᠠ ᠪᠠ ᠵᠢᠷᠤᠮ ᠠᠴᠠ ᠵᠦᠷᠢᠴᠡᠡ ᠬᠠᠮᠳᠤ ᠶᠢᠨ | ᠦᠮᠴᠢᠯᠡᠯ ᠤᠨ ᠭᠠᠵᠠᠷ ᠰᠢᠷᠤᠢ ᠶᠢ ᠲᠠᠳᠠᠪᠤᠷᠢᠯᠠᠨ ᠠᠪᠴᠤ ᠪᠤᠯᠬᠤ ᠦᠭᠡᠢ᠃ | ᠬᠤᠶᠠᠷ ᠵᠠᠭᠤ ᠲᠦᠴᠢᠨ ᠲᠠᠪᠤᠳᠤᠭᠠᠷ ᠵᠦᠢᠯ ᠠᠶᠤᠯ ᠠᠴᠠ ᠠᠪᠤᠷᠠᠬᠤ ᠭᠠᠮᠰᠢᠭ ᠠᠴᠠ ᠠᠪᠤᠷᠠᠬᠤ᠂ ᠬᠢᠵᠢᠭ ᠢ | ᠰᠡᠷᠭᠡᠶᠢᠯᠡᠨ ᠬᠢᠵᠠᠭᠠᠷᠯᠠᠬᠤ ᠵᠡᠷᠭᠡ ᠪᠠᠴᠢᠮ ᠬᠡᠷᠡᠭᠴᠡᠭᠡ ᠠᠴᠠ ᠪᠤᠯᠵᠤ᠂ ᠬᠠᠤᠯᠢ ᠴᠠᠭᠠᠵᠠ ᠳᠤ ᠲᠤᠭᠳᠠᠭᠠᠭᠰᠠᠨ | ᠡᠷᠬᠡ ᠶᠢᠨ ᠭᠡᠪᠴᠢᠶ᠎ᠠ ᠪᠠ ᠵᠢᠷᠤᠮ ᠤᠨ ᠶᠤᠰᠤᠭᠠᠷ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠦᠯᠦ ᠬᠦᠳᠡᠯᠬᠦ | ᠬᠦᠷᠦᠩᠭᠡ ᠪᠤᠶᠤ ᠬᠦᠳᠡᠯᠬᠦ ᠬᠦᠷᠦᠩᠭᠡ ᠶᠢ ᠲᠠᠳᠠᠪᠤᠷᠢᠯᠠᠨ ᠬᠡᠷᠡᠭᠯᠡᠵᠦ ᠪᠤᠯᠤᠨ᠎ᠠ᠃ ᠲᠠᠳᠠᠪᠤᠷᠢᠯᠠᠭᠳᠠᠨ ᠬᠡᠷᠡᠭᠯᠡᠭᠳᠡᠭᠰᠡᠨ | ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠡᠷᠡᠭᠯᠡᠭᠰᠡᠨ ᠤ ᠲᠠᠷᠠᠭ᠎ᠠ ᠲᠠᠳᠠᠪᠤᠷᠢᠯᠠᠭᠳᠠᠨ | ᠬᠡᠷᠡᠭᠯᠡᠬᠦᠯᠥᠭᠴᠢ ᠳᠤ ᠪᠤᠴᠠᠭᠠᠵᠤ ᠦᠭᠬᠦ ᠬᠡᠷᠡᠭᠳᠡᠢ᠃ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠤ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠲᠠᠳᠠᠪᠤᠷᠢᠯᠠᠭᠳᠠᠨ ᠬᠡᠷᠡᠭᠯᠡᠭᠳᠡᠬᠦ ᠪᠤᠶᠤ ᠲᠠᠳᠠᠪᠤᠷᠢᠯᠠᠨ | ᠬᠡᠷᠡᠭᠯᠡᠭᠰᠡᠨ ᠤ ᠲᠠᠷᠠᠭ᠎ᠠ ᠡᠪᠳᠡᠷᠡᠵᠦ᠂ ᠤᠰᠠᠳᠤᠭᠰᠠᠨ ᠪᠠᠶᠢᠪᠠᠯ ᠨᠦᠬᠦᠪᠦᠷᠢ ᠦᠭᠬᠦ ᠬᠡᠷᠡᠭᠳᠡᠢ᠃ | ᠲᠠᠪᠤᠳᠤᠭᠠᠷ ᠪᠦᠯᠦᠭ ᠤᠯᠤᠰ ᠤᠨ ᠦᠮᠴᠢᠯᠡᠯ ᠤᠨ ᠡᠷᠬᠡ ᠪᠠ ᠬᠠᠮᠳᠤ ᠶᠢᠨ ᠦᠮᠴᠢᠯᠡᠯ ᠤᠨ ᠡᠷᠬᠡ᠂ ᠬᠤᠪᠢ ᠶᠢᠨ | ᠦᠮᠴᠢᠯᠡᠯ ᠤᠨ ᠡᠷᠬᠡ | ᠬᠤᠶᠠᠷ ᠵᠠᠭᠤ ᠲᠦᠴᠢᠨ ᠵᠢᠷᠭᠤᠳᠤᠭᠠᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ | ᠭᠡᠵᠦ ᠲᠤᠭᠳᠠᠭᠠᠭᠰᠠᠨ ᠡᠳ᠋ ᠬᠦᠷᠦᠩᠭᠡ ᠨᠢ ᠤᠯᠤᠰ ᠤᠨ ᠦᠮᠴᠢᠯᠡᠯ ᠲᠤᠬᠠᠢᠢᠯᠠᠪᠠᠯ ᠠᠷᠠᠳ ᠨᠡᠶᠢᠳᠡ ᠶᠢᠨ | ᠦᠮᠴᠢᠯᠡᠯ ᠳᠤ ᠬᠠᠷᠢᠶᠠᠯᠠᠭᠳᠠᠨ᠎ᠠ᠃ | ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠲᠦᠷᠦ ᠶᠢᠨ ᠶᠠᠪᠤᠳᠠᠯ ᠤᠨ ᠬᠤᠷᠢᠶ᠎ᠡ ᠤᠯᠤᠰ ᠢ ᠲᠦᠯᠦᠭᠡᠯᠡᠨ | ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ | ᠲᠤᠭᠳᠠᠭᠠᠯ ᠶᠤᠰᠤᠭᠠᠷ ᠶᠠᠪᠤᠭᠤᠯᠤᠨ᠎ᠠ᠃ | ᠬᠤᠶᠠᠷ ᠵᠠᠭᠤ ᠲᠦᠴᠢᠨ ᠲᠤᠯᠤᠳᠤᠭᠠᠷ ᠵᠦᠢᠯ ᠠᠭᠤᠷᠬᠠᠢ ᠶᠢᠨ ᠪᠤᠯᠠᠭᠳᠠᠴᠠ᠂ ᠤᠰᠤ ᠤᠷᠤᠰᠬᠠᠯ᠂ ᠲᠠᠯᠠᠢ ᠶᠢᠨ | ᠤᠷᠤᠨ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠲᠦᠴᠢᠨ ᠨᠠᠢᠮᠠᠳᠤᠭᠠᠷ ᠵᠦᠢᠯ ᠰᠠᠭᠤᠭᠠᠯᠢ ᠠᠷᠠᠳ ᠥᠭᠡᠢ ᠲᠠᠯᠠᠢ ᠶᠢᠨ ᠠᠷᠠᠯ ᠣᠯᠣᠰ ᠤᠨ | ᠥᠮᠴᠢᠯᠡᠯ ᠳᠤ ᠬᠠᠷᠢᠶᠠᠯᠠᠭᠳᠠᠨ᠎ᠠ᠂ ᠲᠦᠷᠦ ᠶᠢᠨ ᠶᠠᠪᠤᠳᠠᠯ ᠤᠨ ᠬᠤᠷᠢᠶ᠎ᠡ ᠤᠯᠤᠰ ᠢ ᠲᠦᠯᠦᠭᠡᠯᠡᠨ ᠰᠠᠭᠤᠭᠠᠯᠢ ᠠᠷᠠᠳ | ᠥᠭᠡᠢ ᠲᠠᠯᠠᠢ ᠶᠢᠨ ᠠᠷᠠᠯ ᠤᠨ ᠥᠮᠴᠢᠯᠡᠯ ᠤᠨ ᠡᠷᠭᠡ ᠶᠢ ᠬᠡᠷᠡᠭᠵᠢᠬᠦᠯᠥᠨ᠎ᠠ᠃ | ᠬᠤᠶᠠᠷ ᠵᠠᠭᠤ ᠲᠦᠴᠢ ᠶᠢᠰᠤᠳᠤᠭᠡᠷ ᠵᠦᠢᠯ ᠬᠤᠳᠠ ᠶᠢᠨ ᠭᠠᠵᠠᠷ ᠰᠢᠷᠤᠢ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ᠃ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ | ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ | | ᠬᠤᠶᠠᠷ ᠵᠠᠭᠤ ᠲᠠᠪᠢᠳᠤᠭᠠᠷ ᠵᠦᠢᠯ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ | ᠰᠠᠶᠢᠷᠭᠠᠯ ᠵᠡᠷᠭᠡ ᠪᠠᠶᠢᠭᠠᠯᠢ ᠶᠢᠨ ᠡᠬᠢ ᠪᠠᠶᠠᠯᠢᠭ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠠᠤᠯᠢ | ᠴᠠᠭᠠᠵᠠ ᠳᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠨᠢ ᠡᠬᠦᠨ ᠳᠤ ᠪᠠᠭᠳᠠᠬᠤ ᠦᠭᠡᠢ | ᠃ | ᠬᠤᠶᠠᠷ ᠵᠠᠭᠤ ᠲᠠᠪᠢᠨ ᠨᠢᠭᠡᠳᠤᠭᠡᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠠᠯ ᠳᠤ ᠬᠠᠷᠢᠶᠠᠯᠠᠭᠳᠠᠨ᠎ᠠ ᠭᠡᠵᠤ | ᠲᠤᠬᠳᠠᠭᠠᠭᠰᠠᠨ ᠭᠡᠭᠡᠷ᠎ᠠ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ | | ᠬᠤᠶᠠᠷ ᠵᠠᠭᠤ ᠲᠠᠪᠢᠨ ᠬᠤᠶᠠᠳᠤᠭᠠᠷ ᠵᠦᠢᠯ ᠷᠠᠳᠢᠣ᠋ ᠲᠠᠪᠳᠠᠮᠵᠢ ᠶᠢᠨ ᠵᠢᠭᠰᠠᠯ ᠤᠨ ᠡᠬᠢ ᠪᠠᠶᠠᠯᠢᠭ ᠤᠯᠤᠰ ᠤᠨ | ᠦᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠲᠠᠪᠢᠨ ᠭᠤᠷᠪᠠᠳᠤᠭᠠᠷ ᠵᠦᠢᠯ ᠬᠠᠤᠯᠢ ᠴᠠᠭᠠᠵᠠ ᠳᠤ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ | ᠭᠡᠵᠦ ᠲᠤᠭᠳᠠᠭᠠᠭᠰᠠᠨ ᠲᠡᠦᠬᠡ ᠶᠢᠨ ᠲᠤᠷᠠᠰᠬᠠᠯᠳᠤ ᠵᠦᠢᠯ ᠤᠯᠤᠰ ᠤᠨ ᠦᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠲᠠᠪᠢᠨ ᠲᠦᠷᠪᠡᠳᠤᠭᠡᠷ ᠵᠦᠢᠯ ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠡᠯᠡ ᠬᠥᠷᠤᠩᠭᠡ | ᠤᠯᠤᠰ ᠤᠨ ᠦᠮᠴᠢᠯᠠᠯ ᠳᠤ ᠬᠠᠷᠢᠶᠠᠯᠠᠬᠳᠠᠨ᠎ᠠ᠃ | ᠲᠠᠮᠤᠷ ᠵᠠᠮ᠂ ᠵᠠᠰᠠᠮᠠᠯ ᠵᠠᠮ᠂ ᠴᠠᠬᠢᠯᠭᠠᠨ ᠬᠦᠴᠦᠨ ᠤ ᠲᠦᠬᠦᠭᠡᠷᠦᠮᠵᠢ᠂ ᠴᠠᠬᠢᠯᠭᠠᠨ ᠬᠤᠯᠪᠤᠭᠠᠨ ᠤ ᠲᠦᠬᠦᠭᠡᠷᠦᠮᠵᠢ | ᠪᠠ ᠲᠤᠰᠤ ᠬᠡᠢ ᠶᠢᠨ ᠬᠤᠭᠤᠯᠠᠢ ᠵᠡᠷᠭᠡ ᠰᠠᠭᠤᠷᠢ ᠲᠦᠬᠦᠭᠡᠷᠤᠮᠵᠢ ᠬᠠᠤᠯᠢ ᠴᠠᠭᠠᠵᠠ ᠶᠢᠨ ᠲᠣᠭᠳᠠᠭᠠᠯ ᠶᠤᠰᠤᠭᠠᠷ | ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠳᠤ ᠬᠥᠷᠪᠡᠯ᠂ ᠲᠡᠳᠡᠭᠡᠷ ᠨᠢ ᠤᠯᠤᠰ ᠤᠨ ᠦᠮᠴᠢᠯᠡᠯ ᠳᠤ | ᠬᠠᠷᠢᠶᠠᠯᠠᠭᠳᠠᠨ᠎ᠠ᠃ | ᠬᠤᠶᠠᠷ ᠵᠠᠭᠤ ᠲᠠᠪᠢᠨ ᠲᠠᠪᠤᠳᠤᠭᠠᠷ ᠵᠦᠢᠯ ᠲᠦᠷᠦ ᠶᠢᠨ ᠪᠠᠶᠢᠭᠤᠯᠭ᠎ᠠ ᠰᠢᠭᠤᠳ ᠵᠠᠬᠢᠷᠴᠤ ᠪᠠᠶᠢᠭ᠎ᠠ ᠦᠯᠦ ᠬᠦᠳᠡᠯᠬᠦ | ᠬᠦᠷᠦᠩᠭᠡ ᠪᠤᠯᠤᠨ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ ᠵᠢᠴᠢ ᠬᠠᠤᠯᠢ ᠴᠠᠭᠠᠵᠠ ᠪᠠ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠬᠦ ᠡᠷᠬᠡ ᠶᠢ ᠡᠳ᠋ᠯᠡᠨ᠎ᠠ᠃ | ᠬᠤᠶᠠᠷ ᠵᠠᠭᠤ ᠲᠠᠪᠢᠨ ᠵᠢᠷᠭᠤᠳᠤᠭᠠᠷ ᠵᠦᠢᠯ ᠤᠯᠤᠰ ᠠᠴᠠ ᠡᠷᠬᠢᠯᠡᠭᠰᠡᠨ ᠠᠵᠢᠯ ᠦᠢᠯᠡᠰ ᠤᠨ ᠨᠢᠭᠡᠴᠢ ᠰᠢᠭᠤᠳ | ᠵᠠᠬᠢᠷᠴᠤ ᠪᠠᠶᠢᠭ᠎ᠠ ᠦᠯᠦ ᠬᠦᠳᠡᠯᠬᠦ ᠬᠦᠷᠦᠩᠭᠡ ᠪᠤᠯᠤᠨ ᠬᠦᠳᠡᠯᠬᠦ ᠬᠦᠷᠦᠩᠭᠡ ᠳᠡᠭᠡᠨ ᠡᠵᠡᠮᠰᠢᠬᠦ᠂ ᠬᠡᠷᠡᠭᠯᠡᠬᠦ ᠵᠢᠴᠢ | ᠬᠠᠤᠯᠢ ᠴᠠᠭᠠᠵᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠰᠢᠭ | ᠣᠯᠬᠤ᠂ ᠰᠢᠢᠳᠪᠦᠷᠢᠯᠡᠬᠦ ᠡᠷᠬᠡ ᠶᠢ ᠡᠳ᠋ᠯᠡᠨ᠎ᠠ᠃ | ᠬᠤᠶᠠᠷ ᠵᠠᠭᠤ ᠲᠠᠪᠢᠨ ᠲᠤᠯᠤᠳᠤᠭᠠᠷ ᠵᠦᠢᠯ ᠤᠯᠤᠰ ᠠᠴᠠ ᠪᠡᠯᠡ ᠭᠠᠷᠭᠠᠭᠰᠠᠨ ᠠᠵᠤ ᠠᠬᠤᠢᠢᠯᠠᠯ ᠳᠤ ᠲᠦᠷᠦ ᠶᠢᠨ | ᠶᠠᠪᠤᠳᠠᠯ ᠤᠨ ᠬᠤᠷᠢᠶ᠎ᠠ᠂ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠲᠤᠰ ᠲᠤᠰ ᠤᠯᠤᠰ ᠢ ᠲᠦᠯᠦᠭᠡᠯᠡᠨ ᠪᠡᠯᠡ | ᠭᠠᠷᠭᠠᠭᠴᠢ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠭᠡᠵᠦ᠂ ᠪᠡᠯᠡ ᠭᠠᠷᠭᠠᠭᠴᠢ ᠶᠢᠨ ᠡᠷᠬᠡ ᠠᠰᠢᠭ ᠢ ᠡᠳ᠋ᠯᠡᠨ᠎ᠡ᠃ | | ᠬᠤᠶᠠᠷ ᠵᠠᠭᠤ ᠲᠠᠪᠢᠨ ᠨᠠᠢᠮᠠᠳᠤᠭᠠᠷ ᠵᠦᠢᠯ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ | ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ | ᠪᠤᠯᠢᠶᠠᠬᠤ᠂ ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠲᠣᠮᠳᠠ ᠠᠴᠠ ᠨᠢ ᠦᠯᠡᠳᠡᠭᠡᠨ ᠠᠪᠬᠤ᠂ ᠡᠪᠳᠡᠬᠦ ᠶᠢ | ᠴᠠᠭᠠᠵᠠᠯᠠᠨ᠎ᠠ᠃ | ᠬᠤᠶᠠᠷ ᠵᠠᠭᠤ ᠲᠠᠪᠢ ᠶᠢᠰᠤᠳᠤᠭᠡᠷ ᠵᠦᠢᠯ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢ ᠬᠠᠮᠢᠶᠠᠷᠬᠤ᠂ ᠬᠢᠨᠠᠬᠤ | ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠬᠦ ᠪᠠᠶᠢᠭᠤᠯᠤᠮᠵᠢ ᠵᠢᠴᠢ ᠲᠡᠬᠦᠨ ᠤ ᠠᠵᠢᠯᠳᠠᠨ ᠤᠯᠤᠰ ᠤᠨ ᠦᠮᠴᠢᠯᠡᠯ ᠤᠨ | ᠡᠳ᠋ ᠬᠦᠷᠦᠩᠭᠡ ᠶᠢᠨ ᠬᠠᠮᠢᠶᠠᠷᠤᠯᠳᠠ᠂ ᠬᠢᠨᠠᠯᠳᠠ ᠶᠢ ᠬᠠᠤᠯᠢ ᠶᠤᠰᠤᠭᠠᠷ ᠴᠢᠩᠭᠠᠳᠬᠠᠵᠤ᠂ ᠤᠯᠤᠰ ᠤᠨ | ᠦᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠳᠤᠯᠠᠵᠤ ᠦᠷᠳᠡᠭ ᠢ ᠨᠡᠮᠡᠭᠳᠡᠬᠦᠯᠬᠦ ᠶᠢ ᠠᠬᠢᠭᠤᠯᠵᠤ᠂ ᠤᠯᠤᠰ ᠤᠨ | ᠦᠮᠴᠢᠯᠡᠯ ᠤᠨ ᠡᠳ᠋ ᠬᠦᠷᠦᠩᠭᠡ ᠶᠢᠨ ᠬᠤᠬᠢᠷᠠᠬᠤ ᠶᠢ ᠰᠡᠷᠭᠡᠶᠢᠯᠡᠬᠦ ᠬᠡᠷᠡᠭᠳᠡᠢ︔ ᠡᠷᠭᠡ ᠲᠤᠰᠢᠶᠠᠯ ᠢᠶᠠᠨ | ᠲᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠢᠯᠠᠭᠠᠳ ᠤᠯᠤᠰ ᠤᠨ ᠦᠮᠴᠢᠯᠡᠯ ᠤᠨ ᠡᠳ᠋ | ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ | ᠡᠬᠦᠷᠭᠡᠯᠡᠬᠦ ᠬᠡᠷᠡᠭᠳᠡᠢ᠃ | ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠲᠤᠭᠳᠠᠭᠠᠯ ᠠᠴᠠ ᠵᠦᠷᠢᠴᠡᠵᠦ᠂ ᠠᠵᠤ | ᠠᠬᠤᠢᠢᠯᠠᠯ ᠤᠨ ᠪᠠᠶᠢᠭᠤᠯᠤᠯ ᠢ ᠦᠭᠡᠷᠡᠴᠢᠯᠡᠬᠦ᠂ ᠠᠵᠦ ᠠᠬᠤᠢᠢᠯᠠᠯ ᠢ ᠨᠠᠶᠢᠯᠡᠬᠦᠯᠬᠦ ᠪᠠ ᠰᠠᠯᠭᠠᠬᠤ᠂ ᠬᠤᠯᠪᠤᠭᠳᠠᠯᠳᠣ | ᠡᠳᠡᠭᠡᠳ ᠲᠠᠢ ᠪᠠᠨ ᠠᠷᠠᠯᠵᠢᠶᠠᠯᠠᠬᠤ ᠵᠡᠷᠭᠡ ᠶᠠᠪᠤᠴᠠ ᠳᠤ ᠬᠢᠮᠳᠡ ᠦᠨ᠎ᠠ ᠪᠠᠷ ᠰᠢᠯᠵᠢᠬᠦᠯᠦᠨ ᠦᠭᠬᠦ᠂ ᠰᠦᠯᠪᠡᠭᠡᠯᠳᠤᠨ | ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠲᠤᠷ᠎ᠠ ᠪᠠᠷ ᠢᠶᠠᠨ ᠲᠠᠭᠠᠭᠠᠯᠳᠠ ᠬᠢᠬᠦ ᠪᠤᠶᠤ ᠪᠤᠰᠤᠳ ᠠᠷᠭ᠎ᠠ ᠮᠠᠶ᠋ᠢᠭ ᠢᠶᠠᠷ | ᠤᠯᠤᠰ ᠤᠨ ᠦᠮᠴᠢᠯᠡᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ | ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠬᠤᠶᠠᠷ ᠵᠠᠭᠤ ᠵᠢᠷᠠᠳᠣᠭᠠᠷ ᠵᠦᠢᠯ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ | ᠬᠦᠷᠦᠩᠭᠡ ᠳᠤ᠄ | ︵ᠨᠢᠭᠡ︶ ᠬᠠᠤᠯᠢ ᠴᠠᠭᠠᠵᠠ ᠳᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠭᠠᠵᠠᠷ | ᠰᠢᠷᠤᠢ ᠪᠠ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ︔ | ︵ᠬᠤᠶᠠᠷ︶ ᠬᠠᠮᠳᠤ ᠶᠢᠨ ᠦᠮᠴᠢᠯᠡᠯ ᠤᠨ ᠪᠠᠷᠢᠯᠭ᠎ᠠ᠂ ᠦᠢᠯᠡᠳᠪᠦᠷᠢᠯᠡᠯ ᠤᠨ ᠲᠦᠬᠦᠭᠡᠷᠦᠮᠵᠢ᠂ ᠲᠠᠷᠢᠶᠠᠯᠠᠩ ᠤᠨ | ᠤᠰᠤᠨ ᠠᠰᠢᠬᠯᠠᠯᠳᠠ ᠶᠢᠨ ᠲᠦᠬᠦᠭᠡᠷᠦᠮᠵᠢ︔ | ︵ᠭᠤᠷᠪᠠ︶ ᠬᠠᠮᠳᠤ ᠶᠢᠨ ᠦᠮᠴᠢᠯᠡᠯ ᠤᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠤᠶᠤᠯ᠂ ᠡᠷᠡᠬᠦᠯ | ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠶᠢᠨ ᠲᠦᠬᠦᠭᠡᠷᠦᠮᠵᠢ︔ | ︵ᠲᠦᠷᠪᠡ︶ ᠬᠠᠮᠳᠤ ᠶᠢᠨ ᠦᠮᠴᠢᠯᠡᠯ ᠤᠨ ᠪᠤᠰᠤᠳ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ | ᠪᠠᠭᠳᠠᠨ᠎ᠠ᠃ | ᠬᠤᠶᠠᠷ ᠵᠠᠭᠤ ᠵᠢᠷᠠᠨ ᠨᠢᠭᠡᠳᠤᠭᠡᠷ ᠵᠦᠢᠯ ᠲᠠᠷᠢᠶᠠᠴᠢᠳ ᠤᠨ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ | ᠪᠠ ᠬᠦᠳᠡᠯᠬᠦ ᠬᠦᠷᠦᠩᠭᠡ ᠨᠢ ᠲᠤᠰ ᠬᠠᠮᠳᠤ ᠶᠢᠨ ᠪᠦᠷᠢᠯᠳᠦᠬᠦᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ | ᠲᠤᠤᠷ᠎ᠠ ᠵᠢᠭᠰᠠᠭᠠᠭᠰᠠᠨ ᠤᠴᠢᠷ ᠶᠠᠪᠤᠳᠠᠯ ᠢ ᠬᠠᠤᠯᠢ ᠳᠤ ᠲᠤᠭᠳᠠᠭᠠᠭᠰᠠᠨ ᠵᠢᠷᠤᠮ ᠶᠤᠰᠤᠭᠠᠷ ᠲᠤᠰ ᠬᠠᠮᠳᠤ ᠶᠢᠨ | ᠪᠦᠷᠢᠯᠳᠦᠬᠦᠨ ᠢᠶᠠᠷ ᠲᠤᠭᠳᠠᠭᠠᠯᠭᠠᠬᠤ ᠬᠡᠷᠡᠭᠳᠡᠢ᠄ | ︵ᠨᠢᠭᠡ︶ ᠭᠠᠵᠠᠷ ᠰᠢᠷᠤᠢ ᠶᠢ ᠲᠠᠭᠠᠭᠠᠴᠢᠯᠠᠬᠤ ᠲᠦᠰᠦᠯ ᠵᠢᠴᠢ ᠭᠠᠵᠠᠷ ᠰᠢᠷᠤᠢ ᠶᠢ ᠲᠤᠰ ᠬᠠᠮᠳᠤ ᠠᠴᠠ ᠭᠠᠳᠠᠨᠠᠬᠢ | ᠵᠣᠬᠢᠶᠠᠨ ᠪᠠᠶᠢᠭᠤᠯᠣᠯᠳᠠ ᠪᠤᠶᠤ ᠬᠤᠪᠢ ᠬᠦᠮᠦᠨ ᠳᠤ ᠲᠠᠭᠠᠭᠠᠴᠢᠯᠠᠭᠤᠯᠬᠤ︔ | ︵ᠬᠤᠶᠠᠷ︶ ᠤᠨᠴᠠ ᠵᠠᠷᠢᠮ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠡᠷᠭᠡᠳᠦ ᠬᠦᠮᠦᠨ ᠤ ᠬᠤᠭᠤᠷᠤᠨᠳᠤ | ᠲᠠᠭᠠᠭᠠᠴᠢᠯᠠᠯᠲᠠ ᠶᠢᠨ ᠭᠠᠵᠠᠷ ᠢ ᠲᠤᠬᠢᠷᠠᠭᠤᠯᠬᠤ︔ | ︵ᠦᠷᠭᠦᠯᠵᠢᠯᠡᠯ ᠪᠤᠢ︶ | |