ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ︵ᠭᠤᠴᠢᠨ ᠬᠤᠶᠠᠷ ᠨᠤᠮᠧᠷ᠊
ᠨᠡᠶᠢᠲᠡᠯᠡᠭᠰᠡᠨ ᠴᠠᠭ᠄
2020/11/30
ᠣᠳᠣᠬᠠᠨ ᠳᠤ ᠬᠡᠰᠡᠭ ᠭᠠᠵᠠᠷ ᠣᠷᠣᠨ ᠳᠤ ᠬᠡᠰᠡᠭ ᠪᠤᠰᠠᠭ ᠡᠪᠡᠳᠴᠢᠨ ᠤ ᠵᠢᠱᠢᠶ᠎ᠡ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠮᠥᠨ ᠬᠦ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠵᠤ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠶ᠃ ︽ᠭᠠᠳᠠᠭᠠᠳᠤ ᠠᠴᠠ ᠤᠷᠤᠬᠤ ᠶᠢ ᠰᠡᠷᠭᠡᠶᠢᠯᠡᠨ᠂ ᠳᠣᠲᠣᠭᠠᠳᠤ ᠳᠠᠭᠠᠨ  ᠳᠠᠬᠢᠨ ᠡᠬᠦᠰᠬᠦ ᠶᠢ ᠰᠡᠷᠭᠡᠶᠢᠯᠡᠬᠦ︾ ᠡᠯ᠎ᠡ ᠵᠦᠢᠯ ᠤᠨ ᠬᠡᠪᠰᠢᠭᠰᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠳᠤᠯᠠᠳᠠ᠂ ᠡᠳᠦᠭᠡ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠳᠤᠷ ᠬᠢᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ ᠨᠢᠭᠡ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠤᠷᠢᠨ ᠪᠠᠶᠢᠴᠠᠭᠠᠬᠤ  ᠠᠷᠭ᠎ᠠ ᠬᠡᠮᠵᠢᠶ᠎ᠡ ᠪᠦᠬᠦ ᠬᠤᠰᠢᠭᠤᠨ ᠤ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠠᠵᠢᠯ ᠡᠷᠬᠢᠯᠡᠭᠰᠡᠳ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠤ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠢᠯ ᠠᠴᠠ ᠬᠠᠰᠢᠷᠠᠭᠰᠠᠨ ᠪᠣᠳᠣᠯ᠂ ᠠᠵᠠ ᠵᠠᠪᠰᠢᠶᠠᠨ ᠡᠷᠢᠬᠦ ᠪᠣᠳᠣᠯ ᠪᠠ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠠᠵᠢᠯ ᠢ ᠥᠴᠦᠬᠡᠨ ᠴᠦ ᠰᠤᠯᠠᠷᠠᠭᠤᠯᠬᠤ ᠦᠭᠡᠶ ᠰᠠᠶᠢᠲᠤᠷ ᠠᠳᠬᠤᠵᠤ᠂ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠬᠤ ᠦᠭᠡᠶ᠂ ᠬᠢᠵᠢᠭ ᠤᠨ ᠪᠠᠶᠢᠳᠠᠯ ᠳᠠᠬᠢᠨ ᠡᠭᠦᠰᠬᠦ ᠦᠭᠡᠶ᠂ ᠬᠥᠭᠵᠢᠯᠲᠡ ᠪᠠᠨ ᠵᠣᠭᠰᠣᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢ ᠵᠣᠬᠢᠬᠤ ᠬᠡᠮᠵᠢᠶ᠎ᠡ ᠪᠠᠷ ᠨᠥᠭᠡᠴᠡᠯᠡᠬᠦ ᠬᠡᠷᠡᠭᠲᠡᠶ᠃ ︵ᠬᠤᠶᠠᠷ︶ ᠲᠡᠷᠭᠡ ᠬᠥᠰᠬᠡ ᠶᠢᠨ ᠡᠳᠦᠷ ᠤᠨ ᠠᠷᠢᠭᠤᠳᠬᠠᠯ ᠳᠤ ᠰᠠᠯᠬᠢ ᠨᠡᠪᠲᠡᠷᠡᠭᠦᠯᠬᠦ᠂ ᠵᠢᠯᠣᠭᠤᠴᠢ ᠶᠢᠨ ᠪᠦᠬᠦ ᠶᠠᠪᠤᠴᠠ ᠳᠤ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ  ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ︵ᠭᠤᠷᠪᠠ︶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠳᠤᠮᠳᠠ᠂ ᠶᠡᠭᠡ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠳᠡᠯᠦᠩᠭᠦᠶ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠬᠢᠵᠢᠭ ᠤᠨ ᠪᠠᠶᠢᠳᠠᠯ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠪᠠᠷ ᠳᠠᠮᠵᠢᠨ ᠬᠠᠯᠳᠠᠪᠤᠷᠢᠯᠠᠬᠤ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠶ᠃ ︵ᠳᠦᠷᠪᠡ︶ ᠲᠡᠷᠭᠡᠨ ᠳᠣᠲᠣᠷᠠᠬᠢ ᠠᠷᠢᠭᠤᠨ ᠴᠡᠪᠡᠷ ᠢ ᠪᠠᠲᠤᠯᠠᠵᠤ᠂ ᠠᠶᠠᠨᠴᠢᠳ ᠠᠮᠠᠷᠬᠠᠨ ᠬᠦᠷᠦᠯᠴᠡᠬᠦ ᠰᠠᠭᠤᠳᠠᠯ᠂ ᠲᠦᠰᠢᠭᠦᠷ ᠵᠡᠷᠭᠡ ᠪᠠᠶᠢᠷᠢ ᠶᠢ ᠭᠤᠤᠯᠳᠠᠯᠭ᠎ᠠ ᠲᠠᠢ ᠠᠷᠢᠭᠤᠳᠬᠠᠵᠤ ᠵᠦᠯᠭᠦᠨ᠎ᠡ᠃ ︵ᠲᠠᠪᠤ︶ ᠴᠡᠯᠮᠡᠭ ᠡᠳᠦᠷ᠂ ᠲᠡᠭᠡᠭᠡᠪᠦᠷᠢ ᠶᠢᠨ ᠶᠠᠪᠤᠴᠠ ᠳᠤ ᠰᠠᠯᠬᠢ ᠨᠡᠪᠲᠡᠷᠡᠭᠦᠯᠬᠦ ᠲᠥᠬᠦᠭᠡᠷᠦᠮᠵᠢ ᠶᠢ ᠴᠠᠭ ᠲᠤᠬᠠᠶ ᠳᠤᠨᠢ ᠨᠡᠭᠡᠭᠡᠵᠦ᠂ ᠲᠡᠷᠭᠡᠨ ᠲᠠᠰᠤᠯᠭ᠎ᠠ ᠶᠢᠨ ᠠᠭᠠᠷ ᠤᠨ ᠭᠦᠢᠯᠭᠡᠭᠡ ᠶᠢ ᠪᠠᠲᠤᠯᠠᠬᠤ ᠬᠡᠷᠡᠭᠲᠡᠶ᠃ ᠲᠡᠷᠭᠡ ᠪᠠᠨ ᠬᠤᠷᠢᠶᠠᠭᠰᠠᠨ ᠤ ᠳᠠᠷᠠᠭ᠎ᠠ᠂ ᠪᠦᠬᠦᠶᠢᠯᠡ ᠲᠡᠷᠭᠡᠨ ᠡᠭᠦᠳᠡ ᠶᠢ ᠨᠡᠭᠡᠭᠡᠵᠦ ᠰᠠᠯᠬᠢ ᠨᠡᠪᠳᠡᠷᠡᠭᠦᠯᠵᠦ ᠠᠭᠠᠷ ᠰᠣᠯᠢᠨ᠎ᠠ᠃ ︵ᠵᠢᠷᠭᠤᠭ᠎ᠠ︶ ᠵᠢᠯᠣᠭᠤᠴᠢ ᠶᠢᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ ᠪᠠᠶᠢᠴᠠᠭᠠᠨ ᠰᠢᠯᠭᠠᠬᠤ ᠪᠠᠨ ᠴᠢᠩᠭᠠᠳᠬᠠᠬᠤ ᠬᠡᠷᠡᠭᠲᠡᠶ᠃ ᠵᠢᠯᠣᠭᠤᠴᠢ ᠠᠵᠢᠯᠯᠠᠬᠤ ᠠᠴᠠ ᠪᠠᠨ ᠡᠮᠦᠨ᠎ᠡ ᠪᠡᠶ᠎ᠡ ᠮᠠᠬᠠᠪᠣᠳ ᠨᠢ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠶ᠂ ᠬᠡᠷᠪᠡ ᠪᠡᠶ᠎ᠡ ᠨᠢ ᠡᠪ ᠦᠭᠡᠶ ᠪᠤᠯᠵᠤ ᠬᠠᠯᠠᠭᠤᠷᠠᠵᠤ ᠬᠠᠨᠢᠶᠠᠬᠤ  ᠪᠠᠶᠢᠳᠠᠯ ᠢᠯᠡᠷᠡᠪᠡᠯ ᠳᠠᠷᠦ᠋ᠢᠬᠠᠨ ᠡᠵᠡᠩᠨᠡᠬᠦ ᠪᠠᠨ ᠵᠣᠭᠰᠣᠬᠤ ᠶᠢᠨ ᠬᠠᠮᠲᠤ ᠬᠤᠰᠢᠭᠤ ᠡᠮᠨᠡᠯᠭᠡ ᠶᠢᠨ ᠬᠤᠷᠢᠶᠠᠨ ᠳᠤ ᠬᠦᠷᠴᠦ ᠪᠡᠶ᠎ᠡ ᠪᠠᠨ ᠪᠠᠶᠢᠴᠠᠭᠠᠬᠤ ᠬᠡᠷᠡᠭᠲᠡᠶ᠃ ︵ᠳᠣᠯᠤᠭ᠎ᠠ︶ ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠦᠶᠡᠰ᠂ ᠡᠷᠬᠡᠪᠰᠢ ᠠᠮᠠᠪᠴᠢ ᠵᠡᠭᠦᠬᠦ ᠬᠡᠷᠡᠭᠲᠡᠶ᠂ ᠲᠦᠷᠢᠶᠡᠰᠦᠨ ᠮᠠᠰᠢᠨ ᠳᠤ  ᠰᠠᠭᠤᠬᠤ ᠳᠤ ᠠᠷᠤ ᠶᠢᠨ ᠮᠥᠷ ᠲᠤ  ᠰᠠᠭᠤᠨ᠎ᠠ᠃ ︵ᠨᠠᠢᠮᠠ︶ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠢ ᠢᠯᠡᠴᠢᠯᠡᠨ ᠮᠡᠳᠡᠭᠦᠯᠬᠦ ᠤᠲᠠᠰᠤ᠄ 0479 — 6526499᠃       ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ ᠨᠢ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠷᠭᠡᠵᠢᠯ ᠤᠨ ᠵᠦᠭᠯᠡᠭᠦᠷ ᠶᠣᠰᠣᠭᠠᠷ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠡᠳᠦᠷ ᠲᠤᠲᠤᠮ ᠤᠨ ᠠᠷᠢᠭᠤᠳᠬᠠᠬᠤ ᠵᠢᠴᠢ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃  ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠶ ᠵᠢᠯᠣᠭᠤᠴᠢ ᠪᠤᠶᠤ᠂ ᠡᠰᠡᠬᠦᠯ᠎ᠡ ᠠᠶᠠᠨᠴᠢᠳ ᠢᠯᠡᠴᠢᠯᠡᠨ ᠮᠡᠳᠡᠭᠦᠯᠤᠭ᠍ᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ ᠵᠢᠯᠤᠭᠤᠴᠢ ᠶᠢ ᠤᠯᠵᠤ ᠮᠡᠳᠡᠪᠠᠯ᠂ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠬᠤᠶᠠᠷ᠂  ᠬᠤᠷᠢᠶᠠᠯᠠᠯ ᠤᠨ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠠᠷᠭ᠎ᠠ ᠬᠡᠮᠵᠢᠶ᠎ᠡ ᠪᠦᠬᠦ ᠬᠤᠰᠢᠭᠤᠨ ᠤ ᠡᠯ᠎ᠡ ᠨᠡᠶᠢᠭᠡᠮ ᠲᠣᠭᠤᠷᠢᠭ᠂ ᠠᠳᠠᠯ ᠦᠢᠯᠠᠰ ᠤᠨ ᠦᠢᠯᠡᠴᠢᠯᠡᠭᠡᠨ ᠤ ᠨᠢᠭᠡᠴᠡ ᠣᠳᠣᠬᠠᠨ ᠤ ᠰᠡᠷᠭᠡᠶᠢᠯᠡᠨ ᠡᠵᠡᠮᠳᠡᠬᠦ ᠪᠠᠶᠢᠳᠠᠯ ᠢ ᠲᠣᠳᠣᠷᠬᠠᠶ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠶ ᠰᠠᠶᠢᠲᠤᠷ ᠬᠢᠬᠦ ᠬᠡᠷᠡᠭᠲᠡᠶ᠃ ︵ᠨᠢᠭᠡ︶ ᠮᠢᠩᠭᠠᠨᠲᠤ ᠪᠠᠯᠭᠠᠰᠤ ᠨᠢ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠶᠡᠷᠦᠩᠬᠡᠶ ᠲᠥᠰᠦᠯ ᠪᠣᠯᠤᠨ ᠭᠡᠨᠡᠳᠲᠡ ᠡᠭᠦᠰᠬᠦ ᠬᠢᠵᠢᠭ ᠢ ᠠᠷᠭᠠᠴᠠᠭᠠᠬᠤ ᠠᠵᠢᠯ ᠤᠨ ᠲᠥᠰᠦᠯ ᠢ ᠲᠣᠭᠲᠠᠭᠠᠬᠤ ᠬᠡᠷᠡᠭᠲᠡᠶ᠃ ᠬᠢᠵᠢᠭ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠶᠢᠨ ᠬᠠᠮᠲᠤ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ︵ᠬᠤᠶᠠᠷ︶ ᠡᠯ᠎ᠡ ᠠᠳᠠᠯ ᠦᠢᠯᠠᠰ ᠤᠨ ᠦᠢᠯᠡᠴᠢᠯᠡᠭᠡᠨ ᠤ ᠨᠢᠭᠡᠴᠡ ᠡᠳᠦᠷ ᠲᠤᠲᠤᠮ ᠤᠨ ᠠᠷᠢᠭᠤᠨ ᠴᠡᠪᠡᠷ ᠢ ᠰᠠᠶᠢᠳᠤᠷ ᠬᠢᠬᠦ ᠶᠢᠨ ᠬᠠᠮᠲᠤ᠂ ᠬᠤᠷᠢᠶᠠᠯᠠᠯ ᠤᠨ ᠠᠰᠠᠷ ᠤᠨ ᠭᠤᠳᠤᠮᠵᠢ᠂ ᠴᠠᠬᠢᠯᠭᠠᠨ ᠱᠠᠲᠤ ᠵᠡᠷᠭᠡ ᠣᠯᠠᠨ ᠨᠡᠶᠢᠲᠡ ᠶᠢᠨ ᠭᠠᠵᠠᠷ ᠢ  ᠳᠤᠭᠳᠠᠮᠠᠯ ᠬᠤᠭᠤᠴᠠᠭ᠎ᠠ ᠲᠠᠢ ᠪᠠᠷ ᠠᠷᠢᠭᠤᠳᠬᠠᠵᠤ᠂ ᠴᠠᠬᠢᠯᠭᠠᠨ ᠱᠠᠲᠤ ᠶᠢᠨ ᠳᠠᠷᠤᠪᠴᠢ᠂ ᠡᠭᠦᠳᠡᠨ ᠪᠠᠷᠢᠭᠤᠯ ᠵᠡᠷᠭᠡ ᠶᠢ ᠭᠤᠤᠯᠳᠠᠯᠭ᠎ᠠ ᠲᠠᠢ ᠠᠷᠢᠭᠤᠳᠬᠠᠵᠤ ᠵᠦᠯᠭᠦᠨ᠎ᠡ᠃ ︵ᠭᠤᠷᠪᠠ︶ ᠡᠯ᠎ᠡ ᠨᠡᠶᠢᠭᠡᠮ ᠲᠣᠭᠤᠷᠢᠭ᠂ ᠡᠯ᠎ᠡ ᠠᠳᠠᠯ ᠦᠢᠯᠠᠰ ᠤᠨ ᠦᠢᠯᠡᠴᠢᠯᠡᠭᠡᠨ ᠤ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠵᠢᠴᠢ ᠬᠢᠯᠢ ᠶᠢᠨ ᠭᠠᠳᠠᠨ᠎ᠠ ᠠᠴᠠ ᠬᠤᠰᠢᠭᠤᠨ ᠲᠤ ᠪᠤᠴᠠᠭᠰᠠᠳ ᠤᠨ ᠬᠥᠳᠡᠯᠦᠩᠭᠦᠶ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠳᠤᠮᠳᠠ᠂ ᠶᠡᠭᠡ ᠠᠶᠤᠯ ᠲᠦᠭᠰᠢᠭᠦᠷᠢ ᠲᠠᠢ ᠭᠠᠵᠠᠷ ᠣᠷᠣᠨ ᠵᠢᠴᠢ ᠬᠢᠯᠢ ᠶᠢᠨ ᠭᠠᠳᠠᠨ᠎ᠠ ᠠᠴᠠ ᠬᠤᠰᠢᠭᠤᠨ ᠳᠠᠭᠠᠨ ᠪᠤᠴᠠᠭᠰᠠᠨ ᠬᠥᠮᠦᠰ ᠢ ᠴᠠᠭ ᠲᠤᠬᠠᠶ ᠳᠤᠨᠢ ᠪᠠᠶᠢᠴᠠᠭᠠᠵᠤ᠂ ᠨᠢᠭᠲᠠ ᠣᠶᠢᠷᠠᠲᠤᠭᠴᠢ ᠶᠢ ᠲᠦᠷᠭᠡᠨ ᠮᠥᠷᠳᠡᠨ᠎ᠡ︔ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ︵ᠳᠦᠷᠪᠡ︶ ᠡᠯ᠎ᠡ ᠠᠳᠠᠯ ᠦᠢᠯᠠᠰ ᠤᠨ ᠦᠢᠯᠡᠴᠢᠯᠡᠭᠡᠨ ᠤ ᠨᠢᠭᠡᠴᠡ ᠨᠦᠭᠦᠳ ᠠᠳᠠᠯ ᠦᠢᠯᠡᠰ ᠤᠨ ᠠᠵᠢᠯᠲᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠪᠠᠶᠢᠴᠠᠭᠠᠨ ᠬᠡᠮᠵᠢᠬᠦ ᠪᠠᠨ ᠴᠢᠩᠭᠠᠳᠬᠠᠵᠤ᠂ ᠡᠳᠦᠷ ᠪᠦᠷᠢ ᠪᠡᠶ᠎ᠡ ᠶᠢᠨ ᠳᠤᠯᠠᠭᠠᠨ ᠢᠶᠠᠨ ᠬᠡᠮᠵᠢᠨ᠎ᠡ᠃ ᠠᠳᠠᠯ ᠦᠢᠯᠡᠰ ᠤᠨ ᠠᠵᠢᠯᠲᠠᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠪᠡᠶ᠎ᠡ ᠮᠠᠬᠠᠪᠣᠳ ᠤᠨ ᠪᠠᠢᠳᠠᠯ ᠰᠠᠶᠢᠨ ᠪᠠᠶᠢᠬᠤ ᠶᠢ ᠪᠠᠲᠤᠯᠠᠵᠤ᠂ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠢᠳᠠᠯ ᠢᠯᠡᠷᠡᠪᠡᠯ ᠠᠵᠢᠯ ᠤᠨ ᠪᠠᠶᠢᠷᠢ ᠳᠤ ᠭᠠᠷᠬᠤ ᠶᠢ ᠨᠢ ᠳᠠᠷᠦ᠋ᠢᠬᠠᠨ ᠵᠤᠭᠰᠤᠭᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ︵ᠲᠠᠪᠤ︶ ᠡᠯ᠎ᠡ ᠨᠡᠶᠢᠭᠡᠮ ᠲᠣᠭᠤᠷᠢᠭ ᠨᠢ ᠨᠡᠶᠢᠭᠡᠮ ᠲᠣᠭᠤᠷᠢᠭ ᠤᠨ ᠳᠣᠲᠣᠷᠠᠬᠢ ᠠᠵᠢᠯᠯᠠᠬᠤ ᠭᠠᠵᠠᠷ᠂ ᠠᠷᠠᠳ ᠲᠤ ᠦᠢᠯᠡᠴᠢᠯᠡᠬᠦ ᠭᠠᠵᠠᠷ᠂ ᠭᠡᠷ ᠳᠣᠲᠣᠷᠠᠬᠢ ᠣᠯᠠᠨ ᠨᠡᠶᠢᠳᠡ ᠶᠢᠨ ᠠᠵᠢᠯᠯᠠᠭ᠎ᠠ ᠶᠢᠨ ᠭᠠᠵᠠᠷ ᠪᠣᠯᠤᠨ ᠠᠳᠠᠯ ᠦᠢᠯᠠᠰ ᠤᠨ ᠠᠯᠪᠠᠨ ᠭᠡᠷ᠂ ᠬᠦᠯᠢᠶᠡᠨ ᠠᠪᠬᠤ ᠭᠡᠷ ᠵᠡᠷᠭᠡ ᠣᠯᠠᠨ ᠨᠡᠶᠢᠳᠡ ᠶᠢᠨ ᠲᠠᠯᠠᠪᠤᠷ ᠲᠤ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠷᠭᠡᠵᠢᠯ ᠤᠨ ᠵᠦᠭᠯᠡᠭᠦᠷ ᠶᠣᠰᠣᠭᠠᠷ ᠡᠯ᠎ᠡ ᠠᠳᠠᠯ ᠦᠢᠯᠡᠰ ᠤᠨ ᠦᠢᠯᠡᠴᠢᠯᠡᠭᠡᠨ ᠤ ᠨᠢᠭᠡᠴᠡ ᠳᠤ ᠬᠢᠨᠠᠯᠲᠠ ᠪᠠᠶᠢᠴᠠᠭᠠᠯᠲᠠ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠶ ᠶᠢ ᠨᠢ ᠲᠣᠭᠲᠠᠭᠠᠯ ᠶᠣᠰᠣᠭᠠᠷ ᠴᠢᠩᠭ᠎ᠠ  ᠰᠢᠢᠳᠪᠤᠷᠢᠯᠡᠨ᠎ᠡ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ2020 ᠤᠨ ᠤ 11 ᠰᠠᠷᠡᠶᠢᠨ ᠤ 28 ᠤ ᠡᠲᠦᠷ    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号