2018 ᠤᠨ ᠳᠤ ︽ᠲᠠᠪᠤᠨ ᠲᠠᠭᠠᠳᠬᠠᠯ ᠨᠢᠭᠡ ᠮᠦᠩᠬᠦ︾᠎ ᠨᠢ ᠲᠠᠪᠤᠨ ᠬᠤᠪᠢᠷᠠᠯᠳᠠ ᠲᠠᠢ ᠪᠤᠯᠤᠨ᠎ᠠ
ᠨᠡᠶᠢᠲᠡᠯᠡᠭᠰᠡᠨ ᠴᠠᠭ᠄
2020/6/16
   2018 ᠤᠨ ᠳᠤ ᠤᠯᠤᠰ ᠠᠴᠠ ᠠᠷᠠᠳ ᠤᠨ ᠠᠮᠢᠳᠤᠷᠠᠯ ᠳᠤ ᠠᠰᠢᠭ ᠭᠦᠷᠳᠡᠭᠡᠭᠦ ᠠᠵᠢᠯ ᠢ ᠦᠷᠭᠦᠯᠵᠢᠯᠡᠨ ᠠᠬᠢᠭᠤᠯᠬᠤ ᠪᠤᠯᠤᠨ᠎ᠠ᠃ ᠡᠬᠦᠨ ᠳᠤ ᠠᠷᠠᠳ ᠤᠯᠠᠨ ᠲᠠᠢ ᠨᠢᠬᠳᠠ ᠬᠠᠷᠢᠴᠠᠭ᠎ᠠ ᠲᠠᠢ ︽ᠲᠠᠪᠤᠨ ᠲᠠᠭᠠᠳᠬᠠᠯ ᠨᠢᠭᠡ ᠮᠦᠩᠬᠦ︾ ᠲᠤᠬᠠᠢᠢᠯᠠᠪᠠᠯ ᠨᠠᠰᠤᠵᠢᠯ ᠤᠨ ᠲᠠᠭᠠᠳᠬᠠᠯ᠂ ᠡᠮᠴᠢᠯᠡᠭᠡᠨ ᠤ ᠲᠠᠭᠠᠳᠬᠠᠯ᠂ ᠠᠵᠢᠯ ᠠᠯᠳᠠᠬᠰᠡᠳ ᠤᠨ ᠲᠠᠭᠠᠳᠬᠠᠯ᠂ ᠠᠵᠢᠯ ᠠᠴᠠ ᠪᠤᠯᠤᠬᠰᠠᠨ ᠭᠡᠮᠳᠦᠯ ᠤᠨ ᠲᠠᠭᠠᠳᠬᠠᠯ᠂ ᠦᠷᠡᠵᠢᠯ ᠤᠨ ᠲᠠᠭᠠᠳᠬᠠᠯ ᠪᠠ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠨᠢ ᠨᠠᠭᠠᠳᠤ ᠵᠠᠬ ᠎ᠠ ᠳᠠᠭᠠᠨ 5 ᠴᠢᠬᠤᠯᠠ ᠶᠡᠭᠡ ᠬᠤᠪᠢᠷᠠᠯᠳᠠ ᠲᠠᠢ ᠪᠤᠯᠵᠤ᠂ ᠪᠢᠳᠠ ᠪᠦᠬᠦᠨ ᠤ ᠤᠷᠤᠯᠭ᠎ᠠ ᠪᠠ ᠠᠮᠢᠳᠤᠷᠠᠯ ᠳᠤ ᠢᠳᠡᠪᠬᠢᠳᠡᠢ ᠨᠦᠯᠦᠭᠡ ᠦᠵᠡᠭᠦᠯᠬᠦ ᠪᠤᠯᠤᠨ᠎ᠠ᠃    ᠬᠤᠪᠢᠷᠠᠯᠳᠠ ᠨᠢᠭᠡ᠄ ᠪᠦᠬᠦ ᠤᠯᠤᠰ ᠲᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠢ    ᠨᠢᠭᠡᠳᠦᠯᠳᠡᠢ ᠲᠦᠯᠦᠪᠵᠢᠬᠦᠯᠬᠦ ᠠᠵᠢᠯ ᠠᠩᠬ ᠎ᠠ ᠠᠯᠬᠤᠮ ᠶᠠᠪᠤᠬᠳᠠᠬᠤ ᠪᠤᠯᠤᠨ᠎ᠠ    ᠤᠢᠢᠷ ᠎ᠠ ᠳᠤ ᠬᠤᠷᠠᠯᠳᠤᠬᠰᠠᠨ ᠪᠦᠬᠦ ᠤᠯᠤᠰ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠠᠵᠢᠯ ᠤᠨ ᠬᠤᠷᠠᠯ ᠳᠤ᠂ 2018 ᠤᠨ ᠳᠤ ᠪᠦᠬᠦ ᠠᠷᠠᠳ ᠢ ᠨᠡᠶᠢᠭᠡᠮ ᠤᠨ ᠲᠠᠭᠠᠳᠬᠠᠯ ᠳᠤ ᠤᠷᠤᠯᠴᠠᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠤᠨ ᠰᠠᠭᠤᠷᠢ ᠮᠦᠩᠭᠦ ᠶᠢ ᠲᠦᠪ ᠠᠴᠠ ᠲᠤᠬᠢᠷᠠᠭᠤᠯᠬᠤ ᠲᠦᠷᠢᠮ ᠢ ᠬᠡᠷᠡᠭᠵᠢᠬᠦᠯᠦᠨ᠎ᠡ ᠭᠡᠵᠦ ᠲᠤᠷᠠᠳᠤᠨ ᠭᠠᠷᠭᠠᠪᠠ᠃    ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠡᠭᠠᠳᠬᠠᠯ ᠤᠨ ᠰᠠᠭᠤᠷᠢ ᠮᠦᠩᠬᠦ ᠶᠢ ᠲᠦᠪ ᠠᠴᠠ ᠨᠢᠭᠡᠳᠦᠯᠳᠡᠢ ᠲᠤᠬᠢᠷᠠᠭᠤᠯᠬᠤ ᠲᠦᠷᠢᠮ ᠢ ᠬᠡᠷᠡᠭᠵᠢᠬᠦᠯᠬᠦ ᠪᠤᠯ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠢ ᠪᠦᠬᠦ ᠤᠯᠤᠰ ᠲᠤ ᠨᠢᠭᠡᠳᠦᠯᠳᠡᠢ ᠲᠦᠯᠦᠪᠵᠢᠬᠦᠯᠬᠦ ᠠᠵᠢᠯ ᠤᠨ ᠠᠩᠬᠠᠨ ᠤ ᠠᠯᠬᠤᠮ ᠮᠦᠨ᠃ ᠬᠦᠮᠦᠨ ᠤ ᠬᠦᠴᠦᠨ ᠤ ᠡᠬᠢ ᠪᠡᠶᠠᠯᠢᠬ ᠪᠠ ᠨᠠᠶᠢᠭᠡᠮ ᠤᠨ ᠪᠠᠳᠤᠯᠠᠪᠤᠷᠢ ᠶᠢᠨ ᠶᠠᠮᠤᠨ ᠠᠴᠠ᠂ ᠲᠤᠰ ᠲᠦᠷᠢᠮ ᠨᠢ ᠭᠠᠵᠠᠷ ᠤᠷᠤᠨ ᠤ ᠬᠤᠭᠤᠷᠤᠨᠳᠤᠬᠢ ᠬᠦᠮᠦᠨ ᠠᠮᠠ ᠶᠢᠨ ᠪᠦᠳᠦᠴᠡ ᠢᠯᠡᠩᠭᠤᠶ᠎ᠠ ᠬᠦᠮᠦᠨ ᠠᠮᠠ ᠶᠢᠨ ᠰᠢᠯᠵᠢᠯᠳᠠ ᠠᠴᠠ ᠪᠤᠯᠤᠬᠰᠠᠨ ᠠᠰᠠᠷᠠᠨ ᠲᠡᠵᠢᠭᠡᠬᠦ ᠬᠦᠮᠦᠨ ᠠᠮᠠ ᠶᠢᠨ ᠬᠠᠷᠢᠴᠠᠯ ᠤᠨ ᠵᠦᠷᠢᠶ ᠎ᠡ ᠬᠡᠳᠦ ᠶᠡᠭᠡ ᠪᠤᠯᠤᠬᠰᠠᠨ ᠶᠠᠪᠤᠳᠠᠯ ᠤᠨ ᠠᠪᠴᠢᠷᠠᠬᠰᠠᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠠᠷᠤᠭᠠᠰᠤ ᠶᠢ ᠬᠦᠩᠭᠡᠷᠡᠭᠦᠯᠵᠦ᠂ ᠢᠳᠡᠪᠬᠢᠳᠡᠢ ᠲᠤᠬᠢᠷᠠᠭᠤᠯᠤᠯᠳᠠ ᠬᠢᠬᠦ ᠶᠢᠨ ᠤᠯᠠᠮ ᠠᠴᠠ ᠪᠦᠬᠦ ᠤᠯᠤᠰ ᠤᠨ ᠬᠡᠪᠴᠢᠶᠡᠨ ᠳᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠬᠠᠷᠢᠯᠴᠠᠨ ᠲᠤᠰᠠᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠤᠯᠤᠨ᠎ᠠ᠃    ᠬᠤᠪᠢᠷᠠᠯᠳᠠ ᠬᠤᠶᠠᠷ᠄ ᠠᠵᠢᠯ ᠠᠯᠳᠠᠬᠰᠠᠳ ᠢ ᠤᠷᠤᠯᠠᠨ ᠨᠠᠰᠤᠵᠢᠯ ᠤᠨ ᠠᠰᠠᠷᠠᠮᠵᠢ ᠶᠢᠨ    ᠲᠠᠭᠠᠳᠬᠠᠯ ᠪᠤᠯᠤᠨ ᠡᠮᠴᠢᠯᠡᠭᠡᠨ ᠤ ᠲᠠᠭᠠᠳᠬᠠᠯ ᠤᠨ ᠵᠠᠷᠤᠳᠠᠯ ᠢ ᠨᠢ ᠲᠤᠰᠢᠶᠠᠵᠤ ᠦᠭᠭᠦ ᠪᠠᠷ ᠪᠤᠢ    ᠪᠦᠬᠦ ᠤᠯᠤᠰ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠠᠵᠢᠯ ᠤᠨ ᠬᠤᠷᠠᠯ ᠠᠴᠠ᠂ ᠨᠡᠶᠢᠭᠡᠮ ᠤᠨ ᠲᠠᠭᠠᠳᠬᠠᠯ ᠤᠨ ᠵᠠᠷᠤᠳᠠᠯ ᠤᠨ ᠨᠤᠷᠮ ᠎ᠠ ᠶᠢ ᠱᠠᠳᠤᠴᠢ ᠴᠢᠨᠠᠷᠳᠠᠢ ᠪᠠᠷ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠢᠭᠡ ᠵᠢᠯ ᠤᠷᠳᠤᠳᠬᠠᠨ᠎ᠠ᠃ ᠠᠵᠢᠯ ᠠᠯᠳᠠᠬᠰᠠᠳ ᠤᠨ ᠲᠠᠭᠠᠳᠬᠠᠯ ᠤᠨ ᠮᠦᠩᠬᠦ ᠶᠢᠨ ᠲᠦᠷᠢᠮ ᠳᠤ ᠵᠠᠰᠠᠪᠤᠷᠢ ᠤᠷᠤᠭᠤᠯᠵᠤ ᠬᠡᠷᠡᠭᠵᠢᠬᠦᠯᠬᠦ ᠠᠵᠢᠯ ᠢ ᠰᠠᠶᠢᠳᠤᠷ ᠬᠢᠨ᠎ᠡ ᠭᠡᠵᠦ ᠲᠤᠷᠠᠳᠤᠨ ᠭᠠᠷᠭᠠᠵᠠᠢ᠃    ᠬᠦᠮᠦᠨ ᠤ ᠬᠦᠴᠦᠨ ᠤ ᠡᠬᠢ ᠪᠡᠶᠠᠯᠢᠭ ᠪᠠ ᠨᠠᠶᠢᠭᠡᠮ ᠤᠨ ᠪᠠᠳᠤᠯᠠᠪᠤᠷᠢ ᠶᠢᠨ ᠶᠠᠮᠤᠨ 2017 ᠤᠨ ᠤ 11 ᠰᠠᠷ ᠎ᠠ ᠳᠤ ︽ᠠᠵᠢᠯ ᠠᠯᠳᠠᠬᠰᠠᠳ ᠤᠨ ᠲᠠᠭᠠᠳᠬᠠᠯ ᠤᠨ ᠲᠦᠷᠢᠮ ︵ᠵᠠᠰᠠᠪᠤᠷᠢ ᠤᠷᠤᠭᠤᠯᠬᠤ ᠲᠦᠰᠦᠯ ᠤᠨ ᠰᠠᠨᠠᠯ ᠬᠤᠷᠢᠶᠠᠬᠤ ᠨᠤᠤᠷᠠᠭ︶︾᠎ ᠤᠨ ᠲᠤᠬᠠᠢ ᠨᠡᠶᠢᠭᠡᠮ ᠲᠡᠭᠡᠷ ᠎ᠡ ᠢᠯᠠ ᠪᠠᠷ ᠰᠠᠨᠠᠯ ᠬᠤᠷᠢᠶᠠᠵᠠᠢ᠃ ᠤᠳᠤ ᠶᠢᠨ ᠬᠡᠷᠡᠭᠵᠢᠬᠦᠯᠵᠦ ᠪᠠᠶᠢᠭ᠎ᠠ ᠲᠦᠷᠢᠮ ᠲᠠᠢ ᠬᠠᠷᠢᠴᠠᠭᠤᠯᠪᠠᠯ᠂ ᠰᠠᠨᠠᠯ ᠬᠤᠷᠢᠶᠠᠬᠤ ᠨᠤᠤᠷᠠᠭ ᠲᠤ ᠠᠵᠢᠯ ᠠᠯᠳᠠᠬᠰᠠᠳ ᠤᠨ ᠡᠮᠦᠨ᠎ᠡ ᠠᠴᠠ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠵᠡᠷᠤᠳᠠᠯ᠂ ᠠᠵᠢᠯ ᠮᠠᠷᠭᠡᠵᠢᠯ ᠤᠨ ᠤᠷ ᠎ᠠ ᠴᠢᠳᠠᠪᠤᠷᠢ ᠶᠢ ᠬᠢᠨᠠᠨ ᠲᠤᠬᠳᠠᠭᠠᠬᠤ ᠨᠦᠭᠦᠪᠦᠷᠢ ᠪᠠ ᠦᠢᠯᠡᠰ ᠪᠤᠰᠬᠠᠬᠤ ᠨᠦᠭᠦᠪᠦᠷᠢ ᠶᠢ ᠲᠤᠰᠢᠶᠠᠨ ᠦᠭᠴᠦ᠂ ᠡᠮᠴᠢᠯᠡᠭᠡᠨ ᠤ ᠨᠦᠭᠦᠪᠦᠷᠢ ᠮᠦᠩᠬᠦ ᠶᠢ ᠲᠤᠬᠢᠷᠠᠭᠤᠯᠤᠭᠠᠳ ᠦᠨᠳᠦᠰᠦᠨ ᠡᠮᠴᠢᠯᠡᠭᠡᠨ ᠤ ᠲᠠᠭᠠᠳᠬᠠᠯ ᠤᠨ ᠵᠠᠷᠤᠳᠠᠯ ᠢ ᠤᠷᠤᠯᠠᠨ ᠲᠤᠰᠢᠶᠠᠬᠤ ᠪᠤᠯᠭᠠᠪᠠ᠃    ᠬᠤᠪᠢᠷᠠᠯᠳᠠ ᠭᠤᠷᠪᠠ᠄ ᠠᠵᠤ ᠠᠬᠤᠢᠢᠯᠠᠯ ᠤᠨ ᠤᠨ ᠤ ᠮᠦᠩᠬᠦ ᠲᠠᠢ ᠪᠤᠯᠪᠠ    2018 ᠤᠨ ᠤ 2 ᠰᠠᠷ ᠎ᠠ ᠶᠢᠨ 1᠎ ᠤ ᠡᠳᠦᠷ ᠠᠴᠠ ᠡᠬᠢᠯᠡᠨ᠂ ︽ᠠᠵᠤ ᠠᠬᠤᠢᠢᠯᠠᠯ ᠤᠨ ᠤᠨ ᠤ ᠮᠦᠩᠭᠦ ᠶᠢᠨ ᠠᠷᠭ᠎ᠠ︾᠎ ᠶᠢ ᠵᠢᠩᠬᠢᠨᠢ ᠪᠠᠷ ᠬᠡᠷᠡᠭᠵᠢᠬᠦᠯᠦᠨ᠎ᠡ᠃ ᠠᠵᠤ ᠠᠬᠤᠢᠢᠯᠠᠯ ᠤᠨ ᠤᠨ ᠤ ᠮᠦᠩᠬᠦ ᠪᠤᠯ ᠠᠵᠤ ᠠᠬᠤᠢᠢᠯᠠᠯ ᠵᠢᠴᠢ ᠲᠡᠭᠦᠨ ᠤ ᠠᠵᠢᠯᠳᠠᠨ ᠠᠵᠢᠯᠴᠢᠨ ᠬᠠᠤᠯᠢ ᠶᠤᠰᠤᠭᠠᠷ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠳᠤ ᠤᠷᠤᠯᠴᠠᠬᠰᠠᠨ ᠰᠠᠭᠤᠷᠢᠨ ᠲᠡᠭᠡᠷ᠎ᠠ᠂ ᠬᠠᠮᠳᠤᠪᠡᠷ ᠵᠦᠪᠳᠡᠯᠴᠡᠬᠦ ᠪᠠᠷ ᠲᠠᠮᠵᠢᠨ ᠪᠡᠶ ᠎ᠡ ᠪᠠᠨ ᠲᠠᠭᠠᠭᠠᠵᠤ ᠪᠠᠶᠢᠭᠤᠯᠤᠬᠰᠠᠨ ᠨᠦᠭᠦᠪᠦᠷᠢ ᠪᠤᠯᠬᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠮᠦᠨ᠂ ᠲᠡᠷᠡ ᠪᠤᠯ ᠮᠠᠨ ᠤ ᠤᠯᠤᠰ ᠤᠨ ᠤᠯᠠᠨ ᠲᠠᠪᠬᠤᠷᠭᠠᠳᠤ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ ᠤᠨ ᠰᠢᠰᠲᠧᠮ ᠳᠠᠬᠢ ᠴᠢᠬᠤᠯᠠ ᠪᠦᠷᠢᠯᠳᠦᠭᠦᠨ ᠭᠡᠰᠡᠭ ᠪᠤᠯᠤᠨ᠎ᠠ᠃    ᠲᠤᠬᠳᠠᠭᠠᠯ ᠢ ᠦᠨᠳᠦᠰᠦᠯᠡᠪᠡᠯ᠂ ᠠᠵᠤ ᠠᠬᠤᠢᠢᠯᠡᠯ ᠤᠨ ᠤᠨ ᠤ ᠮᠦᠩᠬᠦ ᠶᠢᠨ ᠬᠡᠷᠡᠭᠰᠡᠬᠦ ᠵᠡᠷᠤᠳᠠᠯ ᠢ ᠠᠵᠤ ᠠᠬᠤᠢᠢᠯᠠᠯ ᠪᠠ ᠠᠵᠢᠯᠳᠠᠨ ᠠᠵᠢᠯᠴᠢᠨ ᠬᠤᠪᠢ ᠬᠦᠮᠦᠨ ᠬᠠᠮᠳᠤᠪᠡᠷ ᠲᠤᠰᠢᠶᠠᠨ᠎ᠠ᠃ ᠠᠵᠤ ᠠᠬᠤᠢᠢᠯᠠᠯ ᠤᠨ ᠵᠢᠯ ᠪᠦᠷᠢ ᠶᠢᠨ ᠲᠤᠰᠢᠶᠠᠬᠤ ᠵᠡᠷᠤᠳᠠᠯ ᠨᠢ ᠲᠤᠰ ᠠᠵᠤ ᠠᠬᠤᠢᠢᠯᠠᠯ ᠤᠨ ᠠᠵᠢᠯᠳᠠᠨ ᠠᠵᠢᠯᠴᠢᠨ ᠤ ᠴᠠᠯᠢᠩ ᠤᠨ ᠪᠦᠬᠦ ᠲᠤᠭᠠᠨ ᠤ 8%᠎ ᠠᠴᠠ ᠬᠡᠳᠦᠷᠡᠭᠦᠯᠬᠦ ᠦᠭᠡᠢ ᠭᠡᠵᠡᠢ᠃    ᠬᠤᠪᠢᠷᠠᠯᠳᠠ ᠲᠦᠷᠪᠡ᠄ ᠬᠡᠰᠡᠭ ᠤᠯᠤᠰ ᠤᠨ ᠦᠮᠴᠢᠯᠠᠯ ᠤᠨ ᠬᠦᠷᠦᠩᠭᠡ ᠪᠠᠷ ᠨᠠᠶᠢᠭᠡᠮ ᠤᠨ    ᠪᠠᠳᠤᠯᠠᠪᠤᠷᠢ ᠶᠢᠨ ᠰᠠᠭᠤᠷᠢ ᠮᠦᠩᠬᠦ ᠶᠢ ᠲᠡᠭᠦᠯᠳᠡᠷᠵᠢᠬᠦᠯᠦᠨ᠎ᠡ    ᠲᠦᠷᠦ ᠶᠢᠨ ᠶᠠᠪᠤᠳᠠᠯ ᠤᠨ ᠬᠤᠷᠢᠶᠠᠨ ᠠᠴᠠ ᠨᠡᠶᠢᠳᠡᠯᠡᠭᠰᠡᠨ ︽ᠬᠡᠰᠡᠭ ᠤᠯᠤᠰ ᠤᠨ ᠦᠮᠴᠢᠯᠡᠯ ᠤᠨ ᠬᠦᠷᠦᠩᠭᠡ ᠶᠢ ᠰᠠᠯᠭᠠᠨ ᠰᠢᠯᠵᠢᠭᠦᠯᠵᠦ ᠨᠡᠶᠢᠭᠡᠮ ᠤᠨ ᠪᠠᠳᠤᠯᠠᠪᠤᠷᠢ ᠶᠢᠨ ᠰᠠᠭᠤᠷᠢ ᠮᠦᠩᠬᠦ ᠶᠢ ᠲᠡᠭᠦᠯᠳᠡᠷᠵᠢᠬᠦᠯᠬᠦ ᠲᠤᠬᠠᠢ ᠬᠡᠷᠡᠭᠵᠢᠬᠦᠯᠬᠦ ᠲᠦᠰᠦᠯ︾᠎ ᠢ ᠦᠨᠳᠦᠰᠦᠯᠡᠪᠡᠯ᠂ ᠰᠠᠯᠭᠠᠨ ᠰᠢᠯᠵᠢᠬᠦᠯᠬᠦ ᠬᠠᠷᠢᠴᠠᠯ ᠢ ᠠᠵᠤ ᠠᠬᠤᠢᠢᠯᠠᠯ ᠤᠨ ᠤᠯᠤᠰ ᠤᠨ ᠦᠮᠴᠢᠯᠠᠯ ᠤᠨ ᠰᠲ᠋ᠦᠺ ᠤᠨ ᠡᠷᠬᠡ ᠶᠢᠨ 10%᠎ ᠢᠶᠠᠷ ᠨᠢᠭᠡᠳᠭᠡᠨ᠎ᠠ ᠭᠡᠵᠦ ᠲᠤᠳᠤᠷᠬᠠᠢ ᠲᠤᠬᠳᠠᠭᠠᠪᠠ᠃    ᠲᠦᠰᠦᠯ ᠳᠤ᠂ 2017 ᠤᠨ ᠳᠤ ᠬᠡᠰᠡᠭ ᠲᠦᠪ ᠤᠨ ᠠᠵᠤ ᠠᠬᠤᠢᠢᠯᠠᠯ ᠪᠤᠯᠤᠨ ᠬᠡᠰᠡᠭ ᠮᠤᠵᠢ ᠶᠢ ᠰᠤᠩᠭᠤᠵᠤ ᠲᠤᠷᠰᠢᠯᠳᠠ ᠶᠢᠨ ᠴᠢᠬ ᠪᠤᠯᠭᠠᠵᠤ ᠲᠤᠷᠰᠢᠨ ᠬᠡᠷᠡᠭᠵᠢᠬᠦᠯᠦᠨ᠎ᠡ᠃ ᠡᠳᠡᠭᠡᠷ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠲᠡᠭᠡᠷ ᠎ᠡ᠂ 2018 ᠤᠨ ᠵᠢᠴᠢ ᠲᠡᠭᠦᠨ ᠠᠴᠠ ᠬᠤᠶᠢᠰᠢ ᠨᠦᠭᠦᠴᠡᠯ ᠳᠤ ᠨᠡᠶᠢᠴᠡᠬᠦ ᠪᠤᠰᠤᠳ ᠲᠦᠪ ᠠᠴᠠ ᠬᠠᠮᠢᠶᠠᠷᠴᠤ ᠪᠠᠶᠢᠭ᠎ᠠ ᠠᠵᠤ    ᠠᠬᠤᠢᠢᠯᠠᠯ᠂ ᠲᠦᠪ ᠤᠨ ᠵᠠᠰᠠᠭ ᠵᠠᠬᠢᠷᠭᠠᠨ ᠤ ᠪᠠ ᠠᠵᠢᠯ ᠦᠢᠯᠡᠰ ᠤᠨ ᠨᠢᠭᠡᠴᠡ ᠶᠢᠨ ᠡᠷᠬᠢᠯᠡᠭᠰᠡᠨ ᠠᠵᠤ ᠠᠬᠤᠢᠢᠯᠠᠯ ᠵᠢᠴᠢ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠦᠮᠴᠢᠯᠡᠯ ᠤᠨ ᠰᠲ᠋ᠤᠺ ᠤᠨ ᠡᠷᠬᠡ ᠶᠢ ᠪᠦᠯᠦᠭ ᠬᠤᠪᠢᠶᠠᠨ ᠰᠠᠯᠭᠠᠨ ᠰᠢᠯᠵᠢᠭᠦᠯᠵᠦ᠂ ᠰᠠᠯᠭᠠᠨ ᠰᠢᠯᠵᠢᠬᠦᠯᠬᠦ ᠠᠵᠢᠯ ᠢ ᠲᠦᠷᠭᠡᠳᠭᠡᠨ ᠪᠡᠶᠡᠯᠡᠭᠦᠯᠬᠦ ᠬᠡᠷᠡᠭᠳᠡᠢ ᠭᠡᠵᠦ ᠱᠠᠭᠠᠷᠳᠠᠵᠠᠢ᠃    ᠬᠤᠪᠢᠷᠠᠯᠳᠠ ᠲᠠᠪᠤ᠄ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ    ᠮᠦᠩᠬᠦ ᠶᠢᠨ ᠵᠢᠭᠡᠯᠡᠯᠭᠡ ᠪᠠᠷ ᠭᠡᠷ ᠬᠤᠳᠠᠯᠳᠤᠨ ᠠᠪᠬᠤ ᠳᠤ ᠨᠡᠩ ᠲᠦᠬᠦᠮ ᠪᠤᠯᠤᠨ᠎ᠠ    ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠨᠢ ᠠᠵᠢᠯᠳᠠᠨ ᠠᠵᠢᠯᠴᠢᠨ ᠤ ᠭᠡᠷ ᠬᠤᠳᠠᠯᠳᠤᠨ ᠠᠪᠬᠤ ᠲᠠᠷᠤᠭᠠᠰᠤ ᠶᠢ ᠪᠦᠳᠦᠮᠵᠢᠳᠡᠢ ᠬᠦᠩᠭᠡᠷᠡᠭᠦᠯᠵᠦ ᠲᠡᠶᠢᠯᠦᠨ᠎ᠡ᠃ ᠵᠢᠱᠢᠶᠡᠯᠡᠪᠡᠯ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠶᠢᠨ ᠬᠤᠪᠢ ᠬᠦᠮᠦᠨ ᠤ ᠤᠷᠤᠨ ᠰᠠᠭᠤᠴᠠ ᠶᠢᠨ ᠵᠢᠭᠡᠯᠡᠯᠭᠡ ᠪᠠᠷ 100 ᠲᠦᠮᠡᠨ ᠲᠦᠭᠦᠷᠢᠭ ᠢ 20 ᠵᠢᠯ ᠤᠨ ᠬᠤᠭᠤᠴᠠᠭ᠎ᠠ ᠲᠠᠢ ᠵᠢᠭᠡᠯᠡᠬᠦ ᠨᠢ ᠪᠠᠩᠬᠢ ᠠᠴᠠ ᠬᠤᠪᠢ ᠬᠦᠮᠦᠨ ᠤᠷᠤᠨ ᠰᠠᠭᠤᠴᠠ ᠶᠢᠨ ᠵᠢᠭᠡᠯᠡᠯᠭᠡ ᠬᠢᠭᠰᠡᠨ ᠲᠠᠢ ᠬᠠᠷᠢᠴᠠᠭᠤᠯᠪᠠᠯ᠂ ᠬᠦᠦ ᠮᠦᠩᠬᠦ ᠶᠢᠨ ᠵᠠᠷᠤᠯᠭ᠎ᠠ ᠶᠢ 20 ᠭᠠᠷᠤᠢ ᠲᠦᠮᠡᠨ ᠲᠦᠭᠦᠷᠢᠭ ᠠᠷᠪᠢᠯᠠᠨ᠎ᠠ᠃ ᠭᠡᠪᠡᠴᠤ ᠭᠡᠰᠡᠭ ᠭᠡᠷ ᠭᠠᠵᠠᠷ ᠤᠨ ᠬᠦᠷᠦᠩᠭᠡ ᠶᠢᠨ ᠠᠵᠤ ᠠᠬᠤᠢᠢᠯᠠᠯ ᠨᠢ ᠬᠠᠷᠢᠨ ᠬᠤᠳᠠᠯᠳᠤᠨ ᠠᠪᠤᠬᠴᠢ ᠶᠢᠨ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠶᠢᠨ ᠵᠢᠭᠡᠯᠡᠯᠭᠡ ᠪᠠᠷ ᠭᠡᠷ ᠤᠨ ᠵᠤᠭᠤᠰ ᠢ ᠲᠦᠯᠦᠭᠦ ᠶᠢ ᠲᠠᠪᠴᠢᠵᠤ᠂ ᠲᠤᠰᠢᠶᠠᠨ ᠬᠠᠳᠠᠭᠠᠯᠠᠭᠤᠯᠬᠤ ᠠᠵᠢᠯᠳᠠᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠬ ᠢ ᠬᠦᠨᠳᠦ ᠨᠤᠴᠢᠳᠠᠢ ᠬᠤᠬᠢᠷᠠᠭᠤᠯᠵᠤ ᠪᠠᠶᠢᠭ᠎ᠠ ᠪᠠᠶᠢᠳᠠᠯ ᠤᠷᠤᠰᠢᠨ᠎ᠠ᠃    ᠡᠶᠢᠨᠬᠦ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ ᠵᠡᠷᠭᠡ ᠰᠠᠯᠠᠭ᠎ᠠ ᠮᠦᠴᠢᠷ    ᠤᠢᠢᠷ ᠎ᠠ ᠳᠤ᠂ ︽ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠭᠦ ᠲᠤᠰᠢᠶᠠᠨ ᠬᠠᠳᠠᠭᠠᠯᠠᠭᠤᠯᠬᠤ ᠠᠵᠢᠯᠳᠠᠨ ᠠᠵᠢᠯᠴᠢᠨ ᠤ ᠭᠡᠷ ᠬᠤᠳᠠᠯᠳᠤᠨ ᠠᠪᠬᠤ ᠵᠢᠭᠡᠯᠡᠯᠭᠡ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠮᠠᠳᠡᠭᠳᠡᠯ︾᠎ ᠢ ᠲᠠᠷᠤᠮᠠᠯᠯᠠᠨ ᠲᠠᠷᠬᠠᠭᠠᠵᠤ᠂ ᠭᠡᠷ ᠭᠠᠵᠠᠷ ᠤᠨ ᠬᠦᠷᠦᠩᠭᠡ ᠶᠢᠨ ᠠᠵᠤ ᠠᠬᠤᠢᠢᠯᠠᠯ ᠤᠷᠤᠨ ᠰᠠᠭᠤᠴᠠ ᠶᠢᠨ ᠪᠤᠷᠤᠯᠠᠭᠤᠯᠤᠯᠭ᠎ᠠ ᠶᠢᠨ ᠦᠨ᠎ᠡ ᠶᠢ ᠦᠰᠭᠡᠭᠦ᠂ ᠦᠨ᠎ᠡ ᠶᠢ ᠬᠢᠮᠳᠡᠷᠠᠭᠤᠯᠬᠤ ᠬᠡᠮᠵᠢᠶ ᠎ᠡ ᠶᠢ ᠪᠠᠭᠠᠰᠬᠠᠬᠤ ᠵᠡᠷᠭᠡ ᠠᠷᠭ᠎ᠠ ᠪᠠᠷ ᠬᠤᠳᠠᠯᠳᠤᠨ ᠠᠪᠤᠬᠴᠢ ᠶᠢᠨ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠶᠢᠨ ᠵᠢᠭᠡᠯᠡᠯᠭᠡ ᠪᠠᠷ ᠭᠡᠷ ᠤᠨ ᠵᠤᠭᠤᠰ ᠲᠦᠯᠦᠭᠦ ᠶᠢ ᠬᠢᠵᠠᠭᠠᠷᠯᠠᠵᠤ᠂ ᠬᠠᠷᠰᠢᠯᠠᠵᠤ᠂ ᠲᠡᠪᠴᠢᠵᠤ ᠪᠤᠯᠬᠤ ᠦᠭᠡᠢ᠂ ᠬᠤᠳᠠᠯᠳᠤᠨ ᠠᠪᠤᠬᠴᠢ ᠶᠢ ᠤᠷᠤᠨ ᠰᠠᠭᠤᠴᠠ ᠶᠢᠨ ᠨᠠᠶᠢᠳᠠ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠬᠦ ᠶᠢᠨ ᠵᠢᠭᠡᠯᠡᠯᠭᠡ ᠶᠢᠨ ᠡᠷᠭᠡ ᠪᠠᠨ ᠰᠠᠶᠢᠨ ᠲᠤᠷ᠎ᠠ ᠠᠴᠠ ᠪᠠᠨ ᠬᠠᠶᠠᠨ᠎ᠠ ᠭᠡᠵᠦ ᠪᠢᠴᠢᠭ ᠮᠠᠲ᠋ᠧᠷᠢᠶᠠᠯ ᠲᠡᠭᠡᠷ᠎ᠠ ᠭᠠᠷ ᠤᠨ ᠦᠰᠦᠭ ᠵᠢᠷᠤᠭᠤᠯᠬᠤ ᠪᠠᠷ ᠱᠠᠭᠠᠷᠳᠠᠬᠤ ᠪᠤᠶᠤ ᠬᠡᠯᠪᠡᠷᠢ ᠶᠢ ᠨᠢ ᠦᠭᠡᠷᠡᠴᠢᠯᠡᠨ ᠱᠠᠭᠠᠷᠳᠠᠵᠤ ᠪᠤᠯᠬᠤ ᠦᠭᠡᠢ ᠭᠡᠵᠦ ᠲᠤᠬᠳᠠᠭᠠᠵᠠᠢ᠃    
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号