2019 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ  ᠢ ᠪᠡᠶᠡᠯᠡᠭᠦᠯᠦᠭᠰᠡᠨ ᠪᠠᠶᠢᠳᠠᠯ ᠪᠠ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠬᠳᠠᠭᠰᠠᠨ ᠲᠦᠷᠦᠯ ᠵᠤᠶᠢᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2020/6/17
        2019 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠢ ᠪᠡᠶᠡᠯᠡᠭᠦᠯᠦᠭᠰᠡᠨ ᠪᠠᠶᠢᠳᠠᠯ ᠪᠠ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠬᠳᠠᠭᠰᠠᠨ ᠲᠦᠷᠦᠯ ᠵᠤᠶᠢᠯ ᠤᠨ ᠲᠤᠬᠠᠢ ᠮᠡᠳᠡᠭᠦᠯᠦᠯᠲᠡ                          — — 2020 ᠣᠨ ᠤ 5 ᠰᠠᠷ᠎ᠠ ᠶᠢᠨ 13 ᠤ ᠡᠳᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ      ᠵᠠᠰᠠᠭ ᠤᠨ ᠣᠷᠳᠣᠨ ᠤ  ᠪᠠᠶᠢᠩᠭᠤ ᠶᠢᠨ ᠲᠡᠳ᠋ ᠬᠤᠰᠢᠭᠤ ᠲᠠᠷᠤᠭ᠎ᠠ    ᠵᠸᠦ ᠰᠢᠶᠠᠠ ᠵᠢᠶᠦ᠋ᠨ                                                                                       ᠲᠥᠯᠥᠭᠡᠯᠡᠭᠴᠢᠳ ᠡ᠄     ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ 2019 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠭᠳᠠᠭᠰᠠᠨ ᠲᠥᠷᠥᠯ ᠵᠦᠢᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠃      ᠨᠢᠭᠡ᠂ 2019 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠪᠡᠶᠡᠯᠡᠬᠦᠯᠦᠭᠰᠡᠨ ᠪᠠᠶᠢᠳᠠᠯ      2019 ᠣᠨ ᠪᠣᠯ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠳᠤ ᠲᠦᠯᠦᠭᠡᠯᠡᠭᠴᠢᠳ ᠠᠴᠠ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠢ ᠬᠡᠷᠡᠭᠵᠢᠭᠦᠯᠦᠭᠰᠡᠨ ᠠᠩᠬᠠᠨ ᠤ ᠵᠢᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠬᠤᠰᠢᠭᠤ ᠵᠠᠰᠠᠭ ᠤᠨ ᠣᠷᠳᠣᠨ ᠨᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠳᠤ ᠲᠦᠯᠦᠭᠡᠯᠡᠭᠴᠢᠳ ᠠᠴᠠ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ︽ᠡᠷᠳᠡ ᠠᠴᠠ ᠲᠦᠯᠦᠪᠯᠡᠬᠦ᠂ ᠨᠢᠮᠪᠠᠶ ᠰᠢᠯᠢᠨ ᠰᠣᠩᠭᠤᠬᠤ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠪᠣᠳᠠᠲᠤ ᠦᠷ᠎ᠡ ᠪᠦᠳᠦᠮᠵᠢ ᠶᠢ ᠴᠢᠬᠤᠯᠠᠴᠢᠯᠠᠬᠤ︾ ᠠᠵᠢᠯ ᠤᠨ ᠰᠡᠳᠬᠢᠮᠵᠢ  ᠪᠠᠷ᠂ ᠰᠠᠨᠠᠭᠤᠯᠭ᠎ᠠ ᠵᠦᠪᠯᠡᠯᠬᠡ ᠶᠢᠨ ᠲᠥᠷᠥᠯ ᠵᠤᠶᠢᠯ ᠢ ᠴᠤᠬᠯᠠᠭᠤᠯᠵᠦ ᠰᠢᠯᠢᠨ ᠰᠣᠩᠭᠤᠬᠤ ᠠᠵᠢᠯ ᠢ ᠡᠬᠢᠯᠡᠭᠦᠯᠪᠡ᠃ ︽ᠨᠢᠭᠡᠳᠦᠯᠲᠠᠢ ᠲᠦᠯᠦᠪᠯᠡᠨ ᠨᠡᠶᠢᠲᠡ ᠳᠤᠨᠢ ᠬᠠᠷᠭᠠᠯᠵᠠᠵᠦ᠂ ᠭᠤᠤᠯᠳᠠᠯᠭ᠎ᠠ ᠶᠢ ᠲᠤᠪᠤᠶᠢᠯᠭᠠᠬᠤ︔ ᠠᠷᠠᠳ ᠤᠨ ᠰᠠᠨᠠᠭ᠎ᠠ ᠶᠢ ᠭᠦᠡᠳᠦᠳᠬᠡᠵᠦ᠂ ᠠᠷᠠᠳ ᠤᠨ ᠠᠮᠢᠳᠣᠷᠠᠯ   ᠢ ᠲᠤᠪᠤᠶᠢᠯᠭᠠᠬᠤ︔ ᠨᠡᠶᠢᠲᠡ ᠶᠢᠨ ᠠᠰᠠᠷᠠᠮᠵᠢ ᠶᠢ ᠠᠳᠠᠯᠢ ᠲᠡᠭᠰᠢ ᠪᠠᠶᠢᠯᠭᠠᠵᠦ᠂ ᠨᠡᠶᠢᠳᠡᠮ ᠠᠰᠢᠭ ᠭᠦᠷᠲᠡᠭᠡᠨ ᠬᠠᠮᠲᠦᠪᠡᠷ ᠡᠳᠡᠯᠡᠭᠦ︔ ᠴᠢᠲᠠᠯ ᠤᠨ ᠬᠢᠷᠢ ᠪᠠᠷ ᠪᠡᠶᠡᠯᠡᠬᠦᠯᠵᠦ᠂ ᠪᠠᠴᠢᠮ ᠶᠠᠪᠦᠳᠠᠯ ᠢ ᠣᠷᠢᠳᠠᠪᠡᠷ᠂ ᠪᠣᠰᠤᠳ ᠢ ᠨᠢ ᠲᠠᠷᠠᠭᠠᠪᠡᠷ ᠶᠠᠪᠤᠬᠳᠠᠭᠤᠯᠬᠤ︔ ᠦᠨᠡᠯᠡᠨ ᠪᠠᠶᠢᠴᠠᠭᠠᠵᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠢᠶᠠᠷ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠪᠠᠷ ᠰᠠᠨᠠᠯ ᠰᠠᠨᠠᠭᠤᠯᠭ᠎ᠠ ᠬᠤᠷᠢᠶᠠᠵᠤ᠂ ᠱᠠᠲᠤ ᠱᠠᠲᠤ ᠪᠠᠷ ᠰᠢᠯᠢᠨ ᠰᠣᠩᠭᠤᠵᠤ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠠ ᠤ ᠬᠤᠷᠠᠯ ᠳᠤ ᠬᠡᠷᠡᠭᠵᠢᠭᠦᠯᠬᠦ ᠭᠡᠵᠦ ᠪᠠᠶᠢᠭ᠎ᠠ 5 ᠲᠥᠷᠥᠯ ᠵᠤᠶᠢᠯ ᠢ ᠳᠡᠪᠰᠢᠭᠦᠯᠦᠨ ᠥᠭᠴᠦ᠂ ᠬᠤᠷᠠᠯ ᠠᠴᠠ 4 ᠶᠢ ᠨᠢ ᠪᠢᠯᠧᠲ ᠥᠭᠴᠦ ᠪᠠᠲᠦᠯᠠᠪᠠ᠃ ᠲᠦᠷᠦᠯ ᠵᠤᠶᠢᠯ ᠨᠢ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤᠤᠭᠤᠬᠤ ᠤᠰᠤ᠂ ᠴᠠᠬᠢᠯᠭᠠᠨ ᠬᠦᠴᠦᠨ ᠤ ᠥᠭᠡᠷᠡᠴᠢᠯᠡᠯᠲᠡ᠂ ᠵᠠᠮ ᠤᠨ ᠪᠥᠲᠥᠭᠡᠨ ᠪᠠᠶᠢᠭᠤᠯᠤᠯᠲᠠ ᠵᠢᠴᠢ ᠬᠤᠲᠠ ᠪᠠᠯᠭᠠᠰᠤᠨ ᠤ ᠨᠤᠤᠷᠬᠠᠢ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠵᠡᠷᠭᠡ ᠳᠥᠷᠪᠡᠨ ᠲᠠᠯ᠎ᠠ ᠳᠤ ᠬᠤᠯᠪᠣᠭᠳᠠᠵᠠᠶ᠃ ᠲᠥᠷᠥᠯ ᠵᠤᠶᠢᠯ ᠢ ᠲᠣᠭᠲᠠᠭᠠᠭᠰᠠᠨ ᠤ ᠳᠠᠷᠠᠭ᠎ᠠ᠂ ᠬᠤᠰᠢᠭᠤ ᠵᠠᠰᠠᠭ ᠤᠨ ᠣᠷᠳᠣᠨ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠡᠭᠦᠷᠭᠡ ᠲᠤᠰᠢᠶᠠᠯᠳᠦ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤ ᠵᠠᠰᠠᠭ ᠤᠨ ᠣᠷᠳᠣᠨ ᠶᠡᠷᠦᠩᠬᠡᠶᠢᠯᠡᠨ ᠠᠳᠬᠤᠵᠦ᠂ ᠡᠯ᠎ᠡ ᠰᠤᠮᠤ ᠪᠠᠯᠭᠠᠰᠤ ᠢᠳᠠᠪᠬᠢᠳᠡᠢ ᠬᠠᠮᠵᠢᠯᠴᠠᠨ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠠᠩᠭᠠᠬᠤ ᠵᠡᠷᠭᠡ ᠰᠠᠯᠠᠭ᠎ᠠ ᠮᠥᠴᠢᠷ ᠲᠤᠰᠪᠤᠷᠢ ᠠᠵᠢᠯ ᠤᠨ ᠲᠤᠰᠬᠠᠶ ᠠᠩᠭᠢ ᠪᠠᠶᠢᠭᠤᠯᠵᠦ᠂ ᠠᠵᠢᠯ ᠤᠨ ᠲᠥᠯᠥᠪᠯᠡᠭᠡ ᠪᠣᠯᠤᠨ ᠭᠡᠷᠡᠭᠵᠢᠬᠦᠯᠬᠦ ᠲᠦᠰᠦᠯ ᠲᠣᠬᠲᠠᠭᠠᠨ᠂ ᠠᠵᠢᠯ ᠤᠨ ᠲᠠᠷᠠᠭᠠᠯᠠᠯ ᠢ ᠦᠨᠳᠦᠰᠦᠯᠡᠨ ᠬᠢᠨᠠᠮᠠᠭᠠᠶ ᠵᠣᠬᠢᠶᠠᠨ ᠪᠠᠶᠢᠭᠤᠯᠤᠨ ᠭᠡᠷᠡᠭᠵᠢᠬᠦᠯᠪᠡ᠃ ᠬᠤᠰᠢᠭᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠦ᠂ ᠡᠯ᠎ᠡ ᠲᠥᠷᠥᠯ ᠵᠦᠢᠯ ᠤᠨ ᠲᠤᠭᠳᠠᠭᠰᠠᠨ ᠴᠠᠭ ᠬᠤᠭᠤᠴᠠᠭᠠᠨ ᠳᠠᠬᠢ ᠢᠨᠵᠧᠨᠧᠷᠢᠩ ᠤᠨ ᠠᠬᠢᠴᠠ ᠶᠢ ᠨᠢᠬᠳᠠ ᠮᠥᠷᠳᠡᠵᠦ᠂ ᠲᠥᠷᠥᠯ ᠵᠦᠢᠯ ᠢ ᠴᠠᠭ ᠤᠨ ᠲᠠᠷᠠᠭᠠᠯᠠᠯ ᠶᠣᠰᠣᠭᠠᠷ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠪᠠᠳᠤᠯᠠᠪᠠ᠃ᠬᠤᠰᠢᠭᠤ ᠨᠠᠮ ᠤᠨ ᠬᠤᠷᠢᠶᠠᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠳᠤ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠤᠨ ᠠᠵᠢᠯ ᠵᠢᠴᠢ ᠲᠥᠷᠥᠯ  ᠵᠤᠶᠢᠯ ᠢ ᠭᠡᠷᠡᠭᠵᠢᠬᠦᠯᠦᠭᠰᠡᠨ ᠪᠠᠶᠢᠳᠠᠯ ᠤᠨ ᠲᠠᠯ᠎ᠠ ᠪᠠᠷ ᠰᠠᠶᠢᠳᠦᠷ ᠤᠳᠤᠷᠢᠳᠴᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠨᠢ ᠲᠥᠷᠥᠯ ᠵᠦᠢᠯ ᠤᠨ ᠭᠡᠷᠡᠭᠵᠢᠬᠦᠯᠦᠯᠳᠡ ᠪᠠ ᠠᠬᠢᠯᠲᠠ ᠶᠢ ᠪᠦᠬᠦ ᠠᠬᠢᠴᠠ ᠪᠠᠷ ᠨᠢ ᠬᠢᠨᠠᠨ ᠵᠢᠯᠤᠭᠤᠳᠪᠠ᠃ ᠬᠤᠰᠢᠭᠤ ᠵᠠᠰᠠᠭ ᠤᠨ ᠤᠷᠳᠤᠨ᠂ ᠡᠯ᠎ᠡ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠮᠳᠦ ᠶᠢᠨ ᠴᠢᠷᠮᠠᠶᠢᠯᠭ᠎ᠠ ᠪᠠᠷ᠂ ᠪᠦᠬᠦ ᠬᠤᠰᠢᠭᠤᠨ ᠤ 2019 ᠣᠨ ᠳᠤ ᠠᠷᠠᠳ ᠤᠨ ᠠᠮᠢᠳᠤᠷᠠᠯ ᠤᠨ 4 ᠪᠣᠳᠠᠲᠤ ᠶᠠᠪᠤᠳᠠᠯ ᠤᠨ ᠲᠥᠷᠥᠯ ᠵᠦᠢᠯ ᠢ ᠴᠥᠮ ᠲᠣᠰ ᠵᠢᠯ ᠳᠤᠨᠢ ᠠᠮᠵᠢᠯᠲᠠ ᠲᠠᠢ ᠪᠡᠶᠡᠯᠡᠬᠦᠯᠵᠦ᠂ ᠨᠡᠯᠢᠶᠡᠳ ᠰᠠᠶᠢᠨ ᠨᠡᠶᠢᠭᠡᠮ ᠤᠨ ᠦᠷ᠎ᠠ ᠠᠰᠢᠭ ᠤᠯᠪᠠ᠃      ︵ᠨᠢᠭᠡ︶ 2019 ᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠰ ᠲᠡᠪᠰᠢᠭᠦᠯᠬᠦ ᠢᠨᠵᠧᠨᠧᠷᠢᠩ ᠵᠢᠴᠢ ᠶᠠᠳᠠᠭᠤ ᠬᠦᠴᠢᠷᠳᠡᠢ ᠬᠥᠮᠦᠨ ᠠᠮᠠ ᠶᠢᠨ ᠤᠤᠭᠤᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠲᠥᠷᠥᠯ ᠵᠤᠶᠢᠯ᠃ 747 ᠲᠦᠮᠡᠨ ᠲᠥᠭᠦᠷᠢᠭ ᠤᠨ ᠶᠡᠷᠦᠩᠬᠡᠶ ᠪᠠᠯᠠ ᠤᠷᠤᠭᠤᠯᠬᠤ ᠪᠠᠷ ᠲᠥᠯᠥᠪᠯᠡᠵᠦ᠂ ᠲᠥᠷᠥᠯ ᠵᠤᠶᠢᠯ ᠤᠨ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠢᠳᠡᠪᠬᠢᠲᠡᠶ ᠣᠯᠵᠤ᠂ 2285.7 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠤᠳᠠᠳᠠᠢ ᠪᠡᠶᠠᠯᠡᠭᠦᠯᠤᠨ᠂ ᠵᠢᠯ ᠤᠨ ᠡᠬᠢᠨ ᠤ ᠲᠥᠯᠥᠪᠯᠡᠭᠡ ᠠᠴᠠ 1538.7 ᠲᠦᠮᠡᠨ ᠲᠥᠭᠦᠷᠢᠭ ᠨᠡᠮᠡᠭᠳᠡᠭᠦᠯᠬᠦ ᠪᠠᠷ ᠲᠦᠯᠦᠪᠡᠯᠵᠦ᠂ ᠵᠢᠯ ᠤᠨ ᠲᠦᠯᠦᠪᠯᠡᠭᠡ ᠪᠠᠨ 306% ᠪᠠᠷ ᠪᠡᠶᠡᠯᠡᠭᠦᠯᠪᠡ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 3᠂ ᠲᠥᠪᠯᠡᠷᠡᠭᠦᠯᠦᠨ ᠤᠰᠤ ᠰᠢᠢᠳᠪᠦᠷᠢᠯᠡᠬᠦ ᠢᠨᠵᠧᠨᠧᠷᠢᠩ 3᠂ ᠲᠠᠷᠬᠠᠢ ᠪᠠᠷ ᠤᠰᠤ ᠬᠠᠩᠭᠠᠬᠤ ᠢᠨᠵᠧᠨᠧᠷᠢᠩ 151  ᠶᠢ ᠰᠢᠨ᠎ᠡ ᠪᠠᠷ ᠪᠠᠶᠢᠭᠤᠯᠵᠦ᠂ 3992 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠲᠠᠯᠪᠢᠵᠤ᠂ 37 ᠭᠠᠴᠠᠭ᠎ᠠ ᠲᠣᠰᠬᠤᠨ ᠤ ᠣᠯᠠᠨ ᠵᠢᠯ ᠵᠠᠰᠠᠭᠰᠠᠨ ᠦᠭᠡᠢ 58 ᠲᠦᠭᠡᠭᠡᠯ ᠤᠰᠤᠨ ᠤ ᠲᠥᠬᠦᠭᠡᠷᠦᠮᠵᠢ ᠶᠢ ᠵᠠᠰᠠᠨ ᠰᠢᠨᠡᠳᠬᠡᠵᠦ᠂ 6448 ᠮᠠᠯᠴᠢᠨ ᠲᠠᠷᠢᠶᠠᠴᠢᠨ ᠡᠷᠦᠬᠡ ᠶᠢᠨ 17373 ᠬᠥᠮᠦᠨ ᠳᠤ ᠢᠨᠵᠧᠨᠧᠷᠢᠩ ᠤᠨ ᠠᠰᠢᠭ ᠢ ᠬᠦᠷᠲᠡᠭᠡᠪᠡ᠃ ᠡᠭᠦᠨ ᠠᠴᠠ ᠬᠠᠮᠳᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠣᠣᠭᠤᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ 3300 ᠭᠠᠷᠤᠶ ᠬᠤᠪᠢ ᠤᠰᠤᠨ ᠤ ᠴᠢᠨᠠᠷ ᠢ ᠰᠢᠨᠵᠢᠯᠡᠨ ᠰᠢᠯᠭᠠᠭᠰᠠᠨ ᠮᠡᠳᠡᠬᠦᠯᠦᠯᠳᠡ ᠶᠢ ᠭᠠᠷᠭᠠᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤ ᠶᠢ ᠪᠠᠶᠢᠴᠠᠭᠠᠨ ᠬᠡᠮᠵᠢᠬᠦ ᠶᠢ ︽ᠪᠦᠷᠢᠨ ᠪᠦᠷᠬᠦᠭᠦᠯᠬᠦ︾ ᠶᠢ ᠪᠡᠶᠡᠯᠡᠭᠦᠯᠪᠡ᠃     ︵ᠬᠤᠶᠠᠷ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2019 ᠣᠨ ᠤ ᠴᠠᠬᠢᠯᠭᠠᠨ ᠬᠦᠴᠦᠨ ᠤ ᠥᠭᠡᠷᠡᠴᠢᠯᠡᠯᠲᠡ ᠶᠢᠨ ᠢᠨᠵᠧᠨᠧᠷᠢᠩ᠃ ᠶᠡᠷᠦᠩᠬᠡᠶ ᠪᠠᠯᠠ ᠣᠷᠣᠭᠤᠯᠤᠯᠲᠠ ᠶᠢ 2431.7 ᠲᠦᠮᠡᠨ ᠲᠥᠭᠦᠷᠢᠭ ᠤᠷᠤᠭᠤᠯᠬᠤ ᠪᠠᠷ ᠲᠦᠯᠦᠪᠯᠡᠵᠦ᠂ ᠪᠣᠳᠠᠲᠠᠶ ᠪᠠᠯᠠ ᠣᠷᠣᠭᠤᠯᠤᠯᠲᠠ ᠨᠢ 7784.3 ᠲᠦᠮᠡᠨ ᠲᠥᠭᠦᠷᠢᠭ ᠪᠠᠶᠢᠵᠤ᠂ ᠵᠢᠯ ᠤᠨ ᠲᠦᠯᠦᠪᠯᠡᠭᠡ ᠶᠢᠨ 320% ᠶᠢ ᠪᠡᠶᠡᠯᠡᠭᠦᠯᠪᠡ᠃ ᠲᠦᠷᠦᠯ ᠵᠦᠢᠯ ᠨᠢ 5 ᠰᠤᠮᠤ ᠪᠠᠯᠭᠠᠰᠤᠨ ᠤ 48 ᠭᠠᠴᠠᠭ᠎ᠠ ᠲᠤᠰᠬᠤᠨ ᠢ ᠬᠠᠮᠤᠷᠴᠤ᠂ 10013 ᠡᠷᠦᠬᠡ ᠶᠢᠨ 26033 ᠬᠥᠮᠦᠨ ᠳᠤ ᠠᠰᠢᠭ  ᠬᠦᠷᠳᠡᠭᠡᠵᠦ᠂ 3 ᠲᠥᠷᠥᠯ ᠵᠤᠶᠢᠯ ᠢ ᠪᠠᠭᠳᠠᠭᠠᠨ᠎ᠠ᠃ ᠨᠢᠭᠡ ᠳᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠲᠥᠷᠦᠯ ᠵᠦᠢᠯ᠃ ᠶᠡᠷᠦᠩᠭᠡᠢ ᠪᠡᠯᠡ ᠣᠷᠣᠭᠤᠯᠤᠯᠲᠠ ᠨᠢ 6325.8 ᠲᠦᠮᠡᠨ ᠲᠥᠭᠦᠷᠢᠭ᠂ 262.5 ᠺᠢᠯᠤᠮᠧᠲᠷ ᠤᠨ ᠥᠨᠳᠥᠷ ᠲᠤᠤᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠵᠤ᠂ 8.2 ᠺᠢᠯᠤᠮᠧᠲᠷ ᠤᠨ ᠴᠠᠬᠢᠯᠭᠠᠨ ᠤᠳᠠᠰᠦ ᠳᠡᠪᠢᠰᠴᠦ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ ᠶᠢ 91 ᠰᠠᠣᠷᠢ ᠵᠢᠴᠢ ᠪᠤᠰᠤᠳ ᠢᠵᠢ ᠪᠦᠷᠢᠳᠦᠭᠰᠡᠨ ᠲᠦᠬᠦᠭᠡᠷᠦᠮᠵᠢ ᠶᠢ ᠤᠭᠰᠠᠷᠠᠪᠠ᠃ ᠬᠤᠶᠠᠷ ᠲᠤ᠂ ᠬᠠᠭᠤᠴᠢᠨ ᠭᠡᠮᠵᠢᠭᠦᠷ ᠢ ᠦᠭᠡᠷᠡᠴᠢᠯᠡᠬᠦ ᠲᠥᠷᠥᠯ ᠵᠤᠶᠢᠯ᠃ ᠶᠡᠷᠦᠩᠭᠡᠢ ᠪᠠᠯᠠ ᠣᠷᠣᠭᠤᠯᠤᠯᠲᠠ 902.5 ᠲᠦᠮᠡᠨ ᠲᠥᠭᠦᠷᠢᠭ ᠪᠠᠶᠢᠵᠦ᠂ ᠡᠯ᠎ᠡ ᠵᠦᠢᠯ ᠤᠨ ᠬᠡᠮᠵᠢᠭᠦᠷ ᠢ 7400 ᠰᠤᠯᠢᠵᠦ᠂ ᠡᠯ᠎ᠡ ᠵᠦᠢᠯ ᠤᠨ ᠬᠡᠮᠵᠢᠭᠦᠷ ᠤᠨ ᠬᠠᠶᠢᠷᠴᠠᠭ ᠢ 2231 ᠰᠤᠯᠢᠵᠦ᠂ ᠴᠠᠬᠢᠯᠭᠠᠨ ᠭᠦᠶᠦᠳᠡᠯ ᠤᠨ ᠬᠠᠷᠢᠯᠴᠠᠨ ᠨᠥᠯᠥᠭᠡᠯᠡᠭᠴᠢ ᠶᠢ 338 ᠪᠦᠯᠦᠭ ᠰᠤᠯᠢᠵᠦ᠂ 66.2 ᠺᠢᠯᠣᠮᠧᠲᠷ ᠤᠨ ᠳᠠᠮᠵᠢᠭᠤᠯᠬᠤ ᠤᠲᠠᠰᠤ ᠶᠢ ᠰᠤᠯᠢᠪᠠ᠃ ᠭᠤᠷᠪᠠ ᠳᠤ᠂ ᠶᠠᠳᠠᠭᠤ ᠬᠦᠴᠢᠷᠲᠠᠢ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ︽ᠪᠦᠬᠦᠨ ᠢ ᠢᠯᠭᠠᠷᠠᠭᠤᠯᠤᠨ ᠪᠠᠷᠢᠮᠵᠢᠶ᠎ᠠ ᠳᠤ ᠬᠦᠷᠭᠡᠬᠦ︾ ᠪᠠ ᠴᠠᠬᠢᠯᠭᠠᠨ ᠥᠬᠡᠶ ᠡᠷᠦᠬᠡ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠲᠦᠷᠦᠯ ᠵᠤᠶᠢᠯ᠃ ᠶᠡᠷᠦᠩᠬᠡᠶ ᠪᠠᠯᠠ ᠣᠷᠣᠭᠤᠯᠤᠯᠲᠠ 556 ᠲᠦᠮᠡᠨ ᠲᠥᠭᠦᠷᠢᠭ ᠪᠠᠶᠢᠵᠦ᠂ 40 ᠡᠷᠦᠬᠡ ᠳᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠵᠦ᠂ 95 ᠡᠷᠦᠬᠡ ᠳᠤ ᠴᠠᠬᠢᠯᠭᠠᠨ ᠲᠤᠤᠷ ᠤᠨ ᠤᠷᠲᠤᠳᠬᠠᠰᠠᠨ ᠢᠨᠵᠧᠨᠧᠷᠢᠩ ᠢ ᠭᠡᠷᠡᠭᠵᠢᠬᠦᠯᠵᠦ᠂ 124 ᠡᠷᠦᠬᠡ   ᠳᠤ ᠴᠠᠬᠢᠯᠭᠠᠨ ᠲᠤᠤᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠭᠡᠷᠡᠭᠵᠢᠬᠦᠯᠵᠦ᠂ 60 ᠡᠷᠦᠬᠡ ᠳᠤ ᠰᠠᠯᠬᠢ ᠨᠠᠷᠠᠨ ᠤ ᠡᠨᠧᠷᠬᠢ ᠬᠠᠷᠢᠯᠴᠠᠨ ᠨᠦᠬᠦᠪᠦᠷᠢᠯᠡᠭᠰᠡᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠪᠡ᠃ ᠲᠥᠷᠥᠯ ᠵᠤᠶᠢᠯ ᠤᠨ ᠭᠡᠷᠡᠭᠵᠢᠬᠦᠯᠦᠯᠳᠡ ᠨᠢ ᠴᠠᠬᠢᠯᠭᠠᠨ ᠥᠬᠡᠶ ᠮᠠᠯᠵᠢᠬᠤ ᠲᠠᠷᠢᠶᠠᠯᠠᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠪᠠᠷᠢᠮᠵᠢᠶ᠎ᠠ ᠶᠢ ᠶᠡᠬᠡᠪᠡᠷ ᠳᠡᠭᠡᠭᠰᠢᠯᠡᠭᠦᠯᠵᠦ᠂ ᠬᠤᠲᠠ ᠬᠥᠳᠡᠭᠡ ᠶᠢ ᠬᠠᠮᠤᠷᠤᠭᠰᠠᠨ ᠴᠠᠬᠢᠯᠭᠠᠨ ᠬᠠᠩᠭᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠥᠨᠳᠥᠷ ᠲᠤᠤᠷ᠎ᠠ ᠬᠦᠴᠦᠳᠡᠯᠲᠦ ᠴᠠᠬᠢᠯᠭᠠᠨ ᠲᠤᠬᠢᠷᠠᠭᠤᠯᠬᠤ ᠲᠤᠤᠷ ᠤᠨ ᠪᠦᠲᠦᠴᠡ ᠶᠢ ᠤᠯᠠᠮ ᠪᠠᠬᠢᠵᠢᠭᠦᠯᠪᠡ᠃      ︵ᠭᠤᠷᠪᠠ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠦᠨᠳᠦ ᠶᠠᠳᠠᠭᠤ ᠬᠦᠴᠢᠷᠲᠠᠢ ᠭᠠᠴᠠᠭ᠎ᠠ ᠲᠣᠰᠬᠤᠨ ᠲᠤᠭᠤᠶᠢᠯᠠᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃ 1085 ᠲᠦᠮᠡᠨ ᠲᠥᠭᠦᠷᠢᠭ ᠤᠨ ᠶᠡᠷᠦᠩᠭᠡᠢ ᠪᠡᠯᠡ ᠣᠷᠣᠭᠤᠯᠬᠤ ᠪᠠᠷ ᠲᠥᠯᠥᠪᠯᠡᠵᠦ᠂ 1192.8 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠣᠲᠠᠲᠠᠢ ᠪᠡᠶᠡᠯᠡᠭᠦᠯᠵᠦ᠂ ᠵᠢᠯ ᠤᠨ ᠲᠦᠯᠦᠪᠯᠡᠭᠡ ᠪᠠᠨ 110% ᠪᠠᠷ ᠪᠡᠶᠡᠯᠡᠭᠦᠯᠵᠦ᠂ 3 ᠶᠠᠳᠠᠭᠤ ᠬᠦᠴᠢᠷᠲᠠᠢ ᠭᠠᠴᠠᠭ᠎ᠠ ᠲᠣᠰᠬᠤᠨ ᠳᠤ 18.8 ᠺᠢᠯᠤᠮᠧᠲᠷ ᠤᠨ ᠲᠣᠰᠬᠤᠨ ᠳᠤᠭᠤᠶᠢᠯᠠᠩ ᠤᠨ ᠵᠠᠰᠠᠮᠠᠯ ᠵᠠᠮ  ᠢ ᠵᠠᠰᠠᠵᠦ᠂ ᠡᠭᠦᠨ ᠳᠤ ᠮᠢᠩᠭᠠᠳᠦ ᠪᠠᠯᠭᠠᠰᠤᠨ ᠤ ᠭᠤᠷᠪᠠᠨ ᠬᠤᠳᠳᠤᠭ ᠭᠠᠴᠠᠭᠠᠨ ᠳᠤ 4.1 ᠺᠢᠯᠤᠮᠧᠲᠷ᠂ ᠪᠤᠯᠠᠭᠠᠠᠲᠤᠬᠤᠢ ᠰᠤᠮᠤᠨ ᠤ ᠰᠡᠨᠵᠢᠨᠪᠤᠯᠠᠭ ᠭᠠᠴᠠᠭᠠᠨ ᠳᠤ 10.8 ᠺᠢᠯᠤᠮᠧᠲᠷ᠂ ᠤᠯᠠᠭᠠᠨᠴᠠᠪ ᠰᠤᠮᠤᠨ ᠤ ᠰᠠᠶᠢᠨᠪᠤᠯᠠᠭ ᠭᠠᠴᠠᠭᠠᠨ ᠳᠤ 3.9 ᠺᠢᠯᠤᠮᠧᠲᠷ ᠵᠠᠮ ᠵᠠᠰᠠᠪᠠ᠃ ᠲᠣᠰ ᠲᠥᠷᠥᠯ ᠵᠤᠶᠢᠯ ᠨᠢ 922 ᠡᠷᠦᠬᠡ ᠶᠢᠨ 2004 ᠬᠥᠮᠦᠨ ᠳᠤ ᠠᠰᠢᠭ ᠬᠦᠷᠲᠡᠭᠡᠵᠦ᠂ ᠡᠭᠦᠨ ᠳᠤ 97 ᠡᠷᠦᠬᠡ ᠶᠢᠨ 201 ᠶᠠᠳᠠᠭᠤ ᠭᠦᠴᠢᠷᠲᠠᠢ ᠬᠦᠮᠦᠨ ᠠᠮᠠ ᠪᠠᠭᠳᠠᠵᠦ᠂ ᠭᠤᠷᠪᠠᠨ ᠬᠦᠨᠳᠦ ᠶᠠᠳᠠᠭᠤ ᠬᠦᠴᠢᠷᠳᠡᠯᠳᠡᠢ ᠭᠠᠴᠠᠭ᠎ᠠ ᠲᠣᠰᠬᠤᠨ ᠵᠢᠴᠢ ᠦᠢᠷ᠎ᠠ ᠬᠠᠪᠢ ᠶᠢᠨ ᠭᠠᠵᠠᠷ ᠤᠷᠤᠨ ᠤ ᠶᠠᠪᠤᠵᠤ ᠰᠠᠭᠤᠬᠤ ᠨᠦᠬᠦᠴᠡᠯ ᠢᠯᠡᠳᠲᠡ ᠰᠠᠶᠢᠵᠢᠷᠠᠵᠤ᠂ ᠪᠥᠬᠦ ᠬᠤᠰᠢᠭᠤᠨ ᠤ ᠵᠠᠮ ᠨᠡᠪᠲᠡᠷᠡᠬᠦ ᠨᠣᠷᠮ᠎ᠠ ᠦᠷᠭᠦᠯᠵᠢᠯᠡᠨ ᠲᠡᠰ ᠲᠡᠪᠰᠢᠪᠡ᠃     ︵ᠳᠥᠷᠪᠡ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2019 ᠣᠨ ᠤ ᠨᠤᠤᠷᠠᠬᠠᠢ ᠣᠷᠣᠨ ᠰᠠᠭᠤᠴᠠ ᠶᠢᠨ ᠲᠤᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ᠃ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 6000 ᠲᠦᠮᠡᠨ ᠲᠥᠭᠦᠷᠢᠭ ᠢᠶᠠᠷ ᠲᠦᠯᠤᠪᠯᠡᠵᠦ᠂ ᠪᠠᠯᠠ ᠮᠦᠩᠬᠦᠨ ᠤ ᠢᠷᠡᠯᠲᠡ ᠨᠢ 2019 ᠣᠨ ᠤ ᠡᠳ᠋ ᠤᠨ ᠵᠠᠰᠠᠭ ᠤᠨ ᠶᠠᠮᠤᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠪᠠᠷ ᠪᠠᠯᠠ ᠴᠤᠬᠯᠠᠭᠤᠯᠵᠦ᠂ 6000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠵᠦ᠂ ᠮᠢᠩᠭᠠᠳᠦ ᠪᠠᠯᠭᠠᠰᠤᠨ ᠤ ᠲᠤᠭᠤᠷᠢᠭ ᠤᠨ ᠬᠡᠪᠴᠢᠶᠡᠡ ᠤ ᠨᠤᠤᠷᠬᠠᠢ ᠣᠷᠣᠨ ᠰᠠᠭᠤᠴᠠ ᠶᠢᠨ 200 ᠢᠵᠢ ᠭᠡᠷ ᠪᠠᠶᠢᠰᠢᠩ ᠢ ᠲᠠᠳᠠᠪᠤᠷᠢᠯᠠᠨ ᠠᠪᠴᠦ ᠦᠭᠡᠷᠡᠴᠢᠯᠡᠨ ᠪᠠᠶᠢᠭᠤᠯᠬᠤ ᠶᠢ ᠪᠡᠶᠡᠯᠡᠬᠦᠯᠵᠦ᠂30000 ᠲᠡᠭᠰᠢ ᠳᠥᠷᠪᠡᠯᠵᠢᠨ ᠮᠧᠲᠷ ᠤᠨ ᠨᠤᠤᠷᠬᠠᠢ ᠣᠷᠣᠨ ᠰᠠᠭᠤᠴᠠ ᠶᠢ ᠦᠭᠡᠷᠡᠴᠢᠯᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠨ ᠰᠠᠭᠤᠴᠠ  ᠶᠢ ᠨᠦᠬᠦᠴᠡᠯ ᠢ ᠤᠯᠠᠮ ᠰᠠᠶᠢᠵᠢᠷᠠᠭᠤᠯᠪᠠ᠃       ᠬᠤᠶᠠᠷ᠂ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠬᠳᠡᠬᠰᠠ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ     2019 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠵᠢᠯ ᠤᠨ ᠲᠤᠷᠰᠢᠯᠭ᠎ᠠ ᠶᠢ ᠬᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠨᠠᠩ ᠪᠤᠳᠠᠳᠠᠢ ᠰᠠᠶᠢᠳᠦᠷ ᠬᠢᠵᠦ᠂ ᠣᠯᠠᠨ ᠲᠦᠮᠡᠨ ᠢ ᠨᠠᠩ ᠬᠠᠨᠤᠮᠵᠢᠲᠠᠶ ᠪᠣᠯᠭᠠᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 2019 ᠣᠨ ᠤ 11 ᠰᠠᠷ᠎ᠠ ᠠᠴᠠ ᠡᠬᠢᠯᠡᠨ 2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠴᠤᠭᠯᠠᠭᠤᠯᠬᠤ ᠲᠥᠰᠦᠯ ᠢ ᠰᠤᠳᠤᠯᠤᠨ ᠲᠤᠭᠳᠠᠭᠠᠬᠤ ᠶᠢᠨ ᠬᠠᠮᠳᠦ ᠲᠦᠷᠦᠯ ᠵᠤᠶᠢᠯ ᠢ ᠡᠯᠰᠡᠬᠦ ᠠᠵᠢᠯ ᠢ ᠥᠷᠨᠢᠭᠦᠯᠪᠡ᠃ ᠲᠦᠷᠦᠯ ᠵᠤᠶᠢᠯ ᠳᠤ᠂ ᠰᠦᠯᠵᠢᠶᠡᠨ ᠳᠡᠭᠡᠷ᠎ᠡ ︽ᠮᠡᠷᠬᠡᠨ ᠴᠤᠬᠤᠷ︾ ᠰᠢᠷᠪᠢᠬᠦ ᠪᠠ ᠰᠦᠯᠵᠢᠶᠡᠨ ᠲᠤᠤᠷ᠎ᠠ ︽ᠲᠥᠷᠥᠯ ᠵᠤᠶᠢᠯ ᠢ ᠡᠯᠰᠡᠬᠦ ᠬᠦᠰᠦᠨᠦᠭᠲᠦ︾ ᠶᠢ ᠲᠠᠭᠯᠠᠬᠤ ᠠᠷᠭ᠎ᠠ ᠮᠠᠶ᠋ᠢᠭ ᠢ ᠭᠡᠷᠡᠭᠯᠡᠵᠦ᠂ ᠨᠡᠶᠢᠳᠡ 21895 ᠬᠤᠪᠢ ᠰᠠᠨᠠᠭᠤᠯᠭ᠎ᠠ ᠬᠤᠷᠢᠶᠠᠨ ᠤᠯᠵᠦ᠂ 12282 ᠬᠥᠮᠦᠨ ᠤᠳᠠᠭ᠎ᠠ ᠡᠯᠰᠡᠨ ᠴᠤᠭᠯᠠᠭᠤᠯᠬᠤ ᠠᠵᠢᠯ ᠳᠤ  ᠤᠷᠤᠯᠴᠠᠪᠠ᠃ ᠬᠤᠰᠢᠭᠤ ᠠᠷᠠᠳ ᠤᠨ ᠠᠮᠢᠳᠤᠷᠠᠯ ᠤᠨ ᠪᠣᠲᠠᠲᠦ ᠶᠠᠪᠦᠳᠠᠯ ᠤᠨ ᠲᠦᠷᠦᠯ ᠵᠤᠶᠢᠯ ᠳᠤ ᠪᠢᠯᠧᠲ ᠦᠭᠴᠦ ᠰᠶᠢᠳᠪᠦᠷᠢ ᠭᠠᠷᠭᠠᠬᠤ ᠲᠦᠷᠢᠮ ᠤᠨ ᠣᠳᠤᠷᠢᠳᠬᠤ ᠳᠣᠭᠤᠶᠢᠯᠭᠭ᠌ ᠤᠨ ᠠᠯᠪᠠᠨ ᠭᠡᠷ ᠨᠢ ᠰᠠᠨᠠᠯ ᠵᠦᠪᠯᠡᠯᠭᠡ ᠬᠤᠷᠢᠶᠠᠭᠰᠠᠨ ᠪᠠᠶᠢᠳᠠᠯ ᠢ ᠦᠨᠳᠦᠰᠦᠯᠡᠵᠦ᠂ 286 ᠬᠤᠪᠢ ᠲᠦᠪᠯᠡᠷᠡᠭᠦᠯᠦᠨ ᠲᠤᠰᠬᠠᠭᠰᠠᠨ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠵᠦ᠂ ᠡᠬᠦᠨ ᠤ ᠰᠠᠭᠤᠷᠢᠨ ᠲᠡᠭᠡᠷ᠎ᠡ᠂ ᠰᠠᠨᠠᠯ ᠵᠦᠪᠯᠡᠯᠭᠡ ᠶᠢᠨ ᠲᠦᠪᠯᠡᠷᠡᠭᠰᠡᠨ ᠬᠡᠮᠵᠢᠶ᠎ᠡ᠂ ᠪᠡᠯᠡ ᠮᠦᠩᠬᠦᠨ ᠤ ᠢᠷᠡᠯᠲᠡ ᠪᠠ ᠬᠡᠷᠡᠭᠵᠢᠭᠦᠯᠬᠦ ᠨᠥᠬᠦᠴᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠵᠢᠱᠢᠭᠳᠡᠵᠦ ᠵᠦᠪᠯᠡᠭᠰᠡᠨ 12 ᠲᠥᠷᠥᠯ ᠵᠦᠢᠯ ᠢ ᠡᠮᠬᠢᠯᠡᠨ ᠭᠠᠷᠭᠠᠵᠤ᠂ ᠬᠤᠰᠢᠭᠤ ᠵᠠᠰᠠᠭ ᠤᠨ ᠣᠷᠳᠣᠨ ᠳᠤ ᠲᠤᠰᠢᠶᠠᠵᠤ ᠠᠩᠬ᠎ᠠ ᠠᠯᠬᠤᠮ ᠲᠤᠭᠳᠠᠭᠠᠯᠭᠠᠪᠠ᠃ ᠬᠤᠰᠢᠭᠤ ᠵᠠᠰᠠᠭ ᠤᠨ ᠣᠷᠳᠣᠨ ᠨᠢ ᠡᠯ᠎ᠡ ᠰᠤᠮᠤ ᠪᠠᠯᠭᠠᠰᠦ ᠵᠢᠴᠢ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠣᠯᠠᠨ ᠤᠳᠠᠭ᠎ᠠ ᠰᠢᠯᠢᠨ ᠰᠣᠩᠭᠤᠵᠤ᠂ ᠬᠠᠮᠤᠭ ᠰᠡᠭᠦᠯ ᠲᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ᠂ 7 ᠰᠤᠩᠭᠤᠬᠳᠠᠬᠤ ᠲᠥᠷᠥᠯ ᠵᠦᠢᠯ ᠢ ᠲᠤᠬᠲᠠᠭᠠᠬᠰᠠᠨ ᠤ ᠬᠠᠮᠲᠦ ᠬᠤᠰᠢᠭᠤᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠬᠤᠷᠠᠯ  ᠢᠶᠠᠷ ᠪᠠᠲᠦᠯᠠᠭᠤᠯᠵᠦ᠂ ᠬᠤᠰᠢᠭᠤ ᠠᠷᠪᠠᠨ ᠲᠠᠪᠤᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠳᠤ ᠲᠡᠪᠰᠢᠬᠦᠯᠪᠡ᠃ ᠲᠥᠷᠥᠯ ᠵᠤᠶᠢᠯ ᠢ ᠰᠣᠩᠭᠤᠬᠤ ᠶᠠᠪᠤᠴᠠ ᠳᠤ ᠂ ᠪᠢᠳᠡ ᠲᠤᠤᠷᠠᠬᠢ ᠬᠡᠳᠦᠨ ᠲᠠᠯ᠎ᠠ ᠶᠢ ᠭᠤᠤᠯᠴᠢᠯᠠᠨ ᠡᠵᠡᠮᠰᠢᠪᠡ᠄ ᠨᠢᠭᠡ ᠳᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠪᠠ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠨᠠᠩ ᠳᠣᠪᠤᠶᠢᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠨᠠᠩ ᠳᠣᠪᠤᠶᠢᠯᠭᠠᠵᠤ᠂ ᠲᠡᠲᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠣᠯᠠᠨ ᠠᠷᠭ᠎ᠠ ᠵᠠᠮ ᠢᠶᠠᠷ ᠲᠥᠷᠥᠯ ᠵᠤᠶᠢᠯ ᠢ ᠴᠤᠭᠯᠠᠭᠤᠯᠤᠨ᠂ ᠲᠦᠷᠦᠯ ᠵᠤᠶᠢᠯ ᠢ ᠣᠨᠣᠪᠴᠢᠲᠠᠶ ᠰᠣᠩᠭᠤᠵᠤ᠂ ᠨᠭ᠌ᠭ ᠣᠯᠠᠨ ᠠᠷᠠᠳ ᠲᠦᠮᠡᠨ ᠳᠤ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠥᠷᠥᠯ ᠵᠤᠶᠢᠯ ᠤᠨ ᠦᠷ᠎ᠡ ᠪᠦᠲᠦᠭᠡᠯ ᠢ ᠡᠳ᠋ᠯᠡᠭᠦᠯᠦᠨ᠎ᠡ᠃ ᠵᠢᠱᠢᠶᠡᠯᠡᠪᠡᠯ᠂ ᠤᠯᠠᠨ ᠲᠦᠮᠡᠨ ᠤ ᠠᠩᠬᠠᠷᠤᠯ ᠤᠯᠠᠨ ᠬᠦᠷᠴᠦ᠂ ᠦᠷ᠎ᠠ ᠠᠰᠢᠭ ᠦᠷᠭᠡᠨ ᠪᠠᠶᠢᠬᠤ ᠲᠠᠯ᠎ᠠ ᠳᠤ ᠴᠢᠭᠯᠡᠬᠦᠯᠵᠦ᠂ ᠪᠢᠳᠡ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠵᠠᠰᠠᠯᠲᠠ᠂ ᠠᠷᠢᠭᠤᠨ ᠴᠡᠪᠡᠷ ᠤᠨ ᠵᠣᠷᠯᠣᠩ ᠵᠡᠷᠭᠡ ᠲᠦᠷᠦᠯ ᠵᠤᠶᠢᠯ ᠢ ᠰᠤᠩᠭᠤᠪᠠ᠃ ᠬᠤᠶᠠᠷ ᠲᠤ᠂ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠨᠠᠩ ᠴᠢᠬᠤᠯᠴᠢᠯᠠᠪᠠ᠃ ᠪᠣᠳᠠᠲᠤ ᠠᠬᠤᠶ ᠶᠢᠨ ᠳᠤᠮᠳᠠᠬᠢ ᠤᠯᠠᠨ ᠲᠦᠮᠡᠨ ᠤ ᠨᠡᠶᠢᠳᠡᠮ ᠤᠨ ᠬᠦᠴᠢᠷᠳᠡᠯ ᠪᠠ ᠬᠡᠷᠡᠭᠴᠡᠭᠡ ᠪᠣᠯ ᠮᠠᠨ ᠤ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ ᠪᠤᠯᠤᠨ᠎ᠠ᠃ ᠲᠦᠷᠦᠯ ᠵᠦᠢᠯ ᠢ ᠰᠣᠩᠭᠤᠬᠤ ᠳᠤᠮᠳᠠ᠂ ᠪᠢᠳᠡ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠨᠡᠩ ᠴᠢᠬᠤᠯᠠᠴᠢᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠬᠦᠪᠦᠷᠢᠯᠡᠬᠦ ᠶᠢ ᠣᠯᠠᠮ ᠴᠢᠬᠤᠯᠠᠴᠢᠯᠠᠪᠠ᠃ ᠵᠢᠱᠢᠶᠡᠯᠡᠪᠡᠯ᠂ ᠭᠠᠳᠠᠭᠰᠢ ᠭᠠᠷᠬᠤ ᠳᠤ ᠬᠦᠴᠢᠷᠲᠡᠶ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠷᠤᠯᠠᠭᠤᠯᠬᠤ ᠠᠷᠭ᠎ᠠ ᠵᠠᠮ ᠳᠤᠲᠠᠮᠠᠭ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠬᠦᠯᠦᠨ᠂ ᠪᠢᠳᠡ ᠶᠠᠪᠤᠵᠦ ᠰᠠᠭᠤᠬᠤ ᠵᠠᠮ ᠱᠤᠭᠤᠮ ᠤᠨ ᠲᠤᠤᠷ ᠢ ᠰᠡᠯᠪᠢᠨ ᠵᠠᠰᠠᠵᠤ ᠠᠷᠠᠴᠢᠯᠠᠬᠤ᠂ ᠲᠠᠷᠢᠶᠠᠯᠠᠩ  ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠤᠶᠢᠯ ᠢ ᠰᠣᠩᠭᠤᠨ ᠭᠠᠷᠭᠠᠪᠠ᠃ ᠭᠤᠷᠪᠠ ᠳᠤ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠵᠦ᠂ ᠨᠡᠶᠢᠳᠠᠮ ᠠᠰᠢᠭ ᠬᠦᠷᠳᠡᠨ ᠶᠠᠪᠤᠭᠳᠠᠭᠤᠯᠵᠦ ᠪᠤᠯᠬᠤᠶᠢᠴᠠ ᠪᠠᠶᠢᠬᠤ ᠶᠢ ᠨᠡᠩ ᠴᠢᠬᠤᠯᠠᠴᠢᠯᠠᠪᠠ᠃ ᠪᠢᠳᠡ ᠠᠷᠠᠳ ᠤᠨ ᠠᠮᠢᠳᠤᠷᠠᠯ ᠤᠨ ᠬᠦᠷᠢᠶᠡᠨ ᠤ ᠡᠯ᠎ᠡ ᠲᠠᠯ᠎ᠠ ᠶᠢ ᠬᠠᠮᠲᠦ ᠳᠤᠨᠢ ᠬᠠᠷᠠᠭᠠᠯᠵᠠᠵᠦ᠂ ᠲᠦᠷᠦᠯ ᠵᠦᠢᠯ ᠤᠨ ᠠᠭᠤᠯᠭ᠎ᠠ ᠨᠢ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠮᠥᠷᠲᠡᠭᠡᠨ ᠶᠠᠳᠠᠭᠤ ᠬᠦᠴᠢᠷᠲᠡᠶ ᠪᠠ ᠪᠠᠭᠤᠷᠠᠢ ᠬᠥᠮᠦᠰ ᠤᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠪᠤᠳᠤᠯᠬᠢᠯᠠᠵᠦ᠂ ᠨᠡᠶᠢᠳᠡᠮ ᠠᠰᠢᠭᠳᠠᠢ ᠪᠠᠶᠢᠬᠤ ᠴᠢᠨᠠᠷ ᠢ ᠦᠨᠡᠨ ᠬᠦ ᠢᠯᠡᠷᠡᠭᠦᠯᠦᠭᠰᠡᠨ ᠪᠠᠶᠢᠨ᠎ᠠ᠃ ᠪᠡᠯᠡ ᠮᠦᠡᠭᠭᠦᠨ ᠤ ᠲᠣᠬᠢᠷᠠᠭᠤᠯᠤᠯᠲᠠ ᠶᠢᠨ ᠲᠠᠯ᠎ᠠ ᠪᠠᠷ᠂ ᠮᠠᠨ ᠤ ᠬᠤᠰᠢᠭᠤᠨ ᠤ ᠬᠦᠯᠢᠶᠡᠵᠦ ᠳᠡᠶᠢᠯᠭᠦ ᠴᠢᠳᠠᠪᠤᠷᠢ ᠶᠢ ᠭᠦᠢᠴᠡᠳ ᠪᠣᠳᠣᠯᠬᠢᠯᠠᠨ᠂ ᠴᠢᠳᠠᠯ ᠤᠨ ᠬᠢᠷᠢ ᠪᠠᠷ ᠢᠶᠠᠨ ᠬᠢᠵᠦ᠂  ᠲᠥᠷᠥᠯ ᠵᠥᠢᠯ ᠤᠨ ᠪᠡᠯᠡ ᠤᠷᠤᠭᠤᠯᠤᠯᠳᠠ ᠶᠢ ᠪᠦᠬᠦᠨ ᠢ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠳᠤ ᠪᠠᠭᠳᠠᠭᠠᠵᠦ᠂ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠶᠢ ᠦᠨᠡᠨᠬᠦ ᠪᠠᠳᠤᠯᠠᠵᠦ᠂ ᠰᠤᠩᠭᠤᠭᠳᠠᠭᠰᠠᠨ ᠲᠦᠷᠦᠯ ᠵᠤᠶᠢᠯ ᠢ ᠲᠤᠰ ᠵᠢᠯ ᠳᠡᠭᠡᠨ ᠡᠬᠢᠯᠡᠨ ᠪᠠᠶᠢᠭᠤᠯᠬᠤ ᠶᠢᠨ ᠬᠠᠮᠲᠤ ᠲᠤᠰ ᠵᠢᠯ ᠳᠤ ᠪᠠᠨ ᠳᠠᠭᠤᠰᠬᠠᠵᠤ᠂ ᠲᠤᠰ ᠵᠢᠯ ᠳᠡᠭᠡᠨ ᠠᠰᠢᠭ ᠬᠦᠷᠳᠡᠬᠦ ᠶᠢ ᠪᠠᠳᠤᠯᠠᠪᠠ᠃     2020 ᠣᠨ ᠳᠤ ᠬᠤᠰᠢᠭᠤ ᠵᠠᠰᠠᠭ ᠤᠨ ᠣᠷᠳᠣᠨ ᠤ ᠬᠡᠷᠡᠭᠵᠢᠭᠦᠯᠬᠦ 7 ᠠᠷᠠᠳ ᠤᠨ ᠠᠮᠢᠳᠤᠷᠠᠯ ᠤᠨ ᠪᠤᠲᠠᠲᠦ ᠶᠠᠪᠤᠳᠠᠯ ᠤᠨ ᠰᠤᠩᠭᠤᠬᠳᠠᠬᠰᠠ ᠲᠥᠷᠥᠯ ᠵᠤᠶᠢᠯ ᠨᠢ ᠲᠣᠰᠪᠦᠷᠢ ᠲᠣᠣᠷᠠᠬᠢ ᠮᠡᠲᠦ᠄     ︵ᠨᠢᠭᠡ︶ ᠵᠠᠮ ᠱᠤᠭᠤᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠥᠢᠯ᠃ ᠲᠣᠰ ᠲᠥᠷᠥᠯ ᠵᠥᠢᠯ ᠳᠤ 300 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ S222 ᠱᠤᠭᠤᠮ ᠤᠨ ᠮᠢᠩᠭᠠᠲᠦ ︱ ᠤᠯᠠᠭᠠᠨᠴᠠᠪ ᠤᠨ ᠬᠡᠰᠡᠭ ᠪᠠ ᠤᠯᠠᠭᠠᠨᠴᠠᠪ ︱ ᠱᠠᠩᠳᠠ ᠶᠢᠨ ᠬᠡᠰᠡᠭ ᠢ ᠰᠡᠯᠪᠢᠨ ᠵᠠᠰᠠᠨ᠎ᠠ᠃ ᠲᠣᠰ ᠲᠦᠷᠦᠯ ᠵᠥᠢᠯ ᠤᠨ ᠭᠡᠷᠡᠭᠵᠢᠬᠦᠯᠦᠯᠳᠡ ᠨᠢ ᠬᠤᠶᠠᠷ ᠵᠤᠷᠪᠤᠰ ᠵᠠᠰᠠᠮᠠᠯ ᠵᠠᠮ ᠤᠨ ᠨᠦᠬᠦᠴᠡᠯ ᠢ ᠤᠯᠠᠮ ᠰᠠᠶᠢᠵᠢᠷᠠᠭᠤᠯᠵᠤ᠂ ᠬᠤᠶᠠᠷ ᠵᠤᠷᠪᠤᠰ ᠵᠠᠰᠠᠮᠠᠯ ᠵᠠᠮ ᠤᠨ ᠰᠠᠭᠠᠳ ᠦᠬᠡᠢ ᠨᠡᠪᠳᠡᠷᠡᠵᠦ ᠦᠢᠯᠡᠴᠢᠯᠡᠬᠦ ᠪᠠᠶᠢᠳᠠᠯ ᠢ ᠪᠠᠳᠤᠯᠠᠵᠦ᠂ ᠡᠷᠭᠢᠨ ᠲᠣᠭᠤᠷᠢᠨ ᠤ ᠮᠠᠯᠴᠢᠨ ᠲᠠᠷᠢᠶᠠᠴᠢᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠵᠠᠮ ᠲᠠᠭᠠᠤ ᠶᠢᠨ ᠮᠠᠯᠴᠢᠨ ᠲᠠᠷᠢᠶᠠᠴᠢᠳ ᠤᠨ ᠥᠢᠯᠡᠳᠪᠦᠷᠢᠯᠡᠯ ᠠᠮᠢᠲᠤᠷᠠᠯ ᠳᠤ ᠨᠠᠩ ᠲᠦᠭᠦ ᠲᠦᠳᠡ ᠵᠠᠮ ᠬᠠᠷᠢᠯᠴᠠᠭ᠎ᠠ ᠵᠦᠭᠡᠬᠡᠪᠦᠷᠢ ᠶᠢᠨ ᠨᠦᠬᠦᠴᠡᠯ ᠬᠠᠨᠭ᠍ᠭᠠᠨ᠎ᠠ᠃     ︵ᠬᠤᠶᠠᠷ︶ ᠯᠥᠩ ᠸᠠᠩ ᠮᠢᠶᠤᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠲᠥᠷᠥᠯ ᠵᠤᠶᠢᠯ᠃ ᠲᠣᠰ ᠲᠥᠷᠥᠯ ᠤᠨ ᠶᠡᠷᠦᠩᠬᠡᠶ ᠪᠠᠯᠠ ᠣᠷᠣᠭᠤᠯᠤᠯᠲᠠ ᠨᠢ 560 ᠲᠦᠮᠡᠨ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ᠂ ᠯᠦᠩ ᠸᠠᠩ ᠮᠢᠶᠣᠣ ᠲᠤᠰᠬᠤᠨ ᠳᠤ  ᠲᠠᠷᠢᠶᠠᠯᠠᠩ ᠤᠨ  ᠲᠤᠭᠲᠠᠩᠭᠤᠢ ᠲᠤᠯᠠᠭᠠᠨ ᠬᠦᠮᠦᠷᠭᠡ᠂  ᠥᠩᠭᠡᠲᠦ ᠪᠤᠯᠤᠳ ᠤᠨ ᠰᠠᠷᠠᠪᠴᠢ᠂ ᠠᠷᠠᠯᠵᠢᠶᠠᠨ ᠤ ᠲᠠᠯᠠᠪᠤᠷ᠂ ᠲᠡᠷᠭᠡᠨ ᠵᠤᠭᠰᠤᠭᠠᠯ᠂᠂ ᠬᠤᠭ ᠨᠣᠪᠰᠢ ᠰᠢᠢᠳᠪᠦᠷᠢᠯᠡᠬᠦ ᠥᠷᠲᠡᠭᠡ᠂ ᠵᠣᠷᠯᠣᠩ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠤᠮᠵᠢ ᠪᠠᠭᠲᠠᠭᠠᠪᠠ᠃ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠰᠢᠩ ᠶᠣᠣ ᠪᠠᠯᠭᠠᠰᠤᠨ ᠤ ᠥᠷᠭᠡᠨ ᠤᠯᠠᠨ ᠲᠠᠷᠢᠶᠠᠴᠢᠨ ᠲᠦᠮᠡᠨ ᠤ ᠲᠠᠷᠢᠶᠠᠯᠠᠩ ᠤᠨ ᠠᠷᠠᠯᠵᠢᠶ᠎ᠠ ᠬᠤᠲᠠᠯᠲᠤᠭ᠎ᠠ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠲᠠᠪᠴᠠᠩ ᠬᠠᠩᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠪᠠ ᠲᠠᠷᠢᠶᠠᠯᠠᠩ ᠤᠨ ᠦᠢᠯᠡᠳᠪᠦᠷᠢᠯᠡᠯ  ᠶᠢᠨ ᠬᠡᠷᠡᠭᠰᠡᠯ ᠢ ᠬᠤᠳᠠᠯᠳᠤᠨ ᠠᠪᠬᠤ ᠪᠠ ᠪᠣᠷᠣᠯᠠᠭᠤᠯᠬᠤ ᠳᠤ ᠲᠦᠬᠦᠮ ᠦᠵᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠣᠯᠤᠨ ᠰᠢᠯᠢᠳᠡᠭᠵᠢᠯᠲᠡ ᠶᠢ ᠠᠬᠢᠭᠤᠯᠵᠤ᠂ ᠰᠢᠩ ᠶᠣᠣ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠪᠣᠯᠤᠨ ᠬᠡᠷᠡᠭᠯᠡᠭᠡᠨ ᠤ ᠲᠡᠰ ᠳᠡᠪᠰᠢᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯᠤᠨ᠎ᠠ᠃       ︵ᠭᠤᠷᠪᠠ︶ C016 ᠴᠤᠭ ᠥᠨᠲᠤᠷ — ᠴᠧᠨ ᠭᠤᠸᠠᠩ ᠲᠤᠰᠬᠤᠨ ︵ᠬᠤᠰᠢᠭᠤ ᠣᠪᠣᠭᠠᠨ ᠵᠠᠮ︶ ᠬᠦᠷᠬᠦ ᠵᠠᠮ ᠤᠨ ᠭᠠᠲᠠᠷᠭᠤ ᠤᠨ ᠴᠢᠨᠠᠷ ᠢ ᠥᠭᠡᠷᠴᠢᠯᠡᠨ ᠪᠠᠷᠤᠭᠰᠢᠨ ᠭᠠᠲᠠᠷᠭᠤ ᠪᠤᠯᠭᠠᠬᠤ 〔1〕 ᠲᠥᠷᠥᠯ ᠵᠥᠢᠯ ᠃ ᠲᠣᠰ ᠲᠥᠷᠥᠯ ᠵᠥᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 120 ᠲᠦᠮᠡᠨ ᠲᠥᠭᠦᠷᠢᠭ ᠪᠠᠶᠢᠵᠤ᠂ ᠮᠢᠩᠭᠠᠲᠦ ᠪᠠᠯᠭᠠᠰᠤᠨ ᠤ C016 ᠴᠤᠭ ᠥᠨᠳᠥᠷ ︱ ᠴᠧᠨ ᠭᠤᠸᠠᠩ ᠲᠤᠰᠬᠤᠨ ︵ᠬᠤᠰᠢᠭᠤ ᠣᠪᠣᠭᠠᠨ ᠵᠠᠮ︶ ᠬᠥᠷᠬᠦ ᠵᠠᠮ ᠤᠨ 8.234 ᠺᠢᠯᠣᠮᠧᠲᠷ ︵k0+000-k8+234︶ ᠤᠨ ᠵᠠᠮ ᠤᠨ ᠭᠠᠲᠠᠷᠭᠤ ᠶᠢ ᠥᠭᠡᠷᠡᠴᠢᠯᠡᠨ ᠪᠠᠷᠤᠠᠠᠰᠢᠨ ᠭᠠᠲᠠᠷᠭᠤ ᠪᠤᠯᠭᠠᠨ ᠥᠭᠡᠷᠡᠴᠢᠯᠡᠨ᠎ᠡ᠃ ᠲᠥᠷᠥᠯ ᠵᠥᠢᠯ ᠢ ᠭᠡᠷᠡᠭᠵᠢᠬᠦᠯᠬᠦ ᠨᠢ ᠲᠣᠰ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠬᠤᠰᠢᠭᠤᠨ ᠤ ᠰᠠᠭᠤᠭ᠎ᠠ ᠭᠠᠵᠠᠷ ᠮᠢᠩᠭᠠᠲᠤ ᠪᠠᠯᠭᠠᠰᠤ ᠬᠢᠭᠡᠳ ᠬᠤᠰᠢᠭᠤᠨ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠢ ᠶᠢᠨ ᠬᠤᠭᠤᠷᠣᠨᠳᠣᠬᠢ ᠪᠠ ᠮᠤᠵᠢ ᠶᠢᠨ ᠬᠤᠭᠤᠷᠣᠨᠳᠣᠬᠢ ᠶᠡᠭᠡ ᠵᠠᠮ ᠬᠢᠭᠡᠳ ᠬᠤᠰᠢᠭᠤᠨ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠶ ᠶᠢᠨ ᠬᠤᠭᠤᠷᠣᠨᠳᠣᠬᠢ ᠵᠠᠮ ᠢ ᠬᠤᠯᠪᠣᠨ ᠨᠡᠪᠲᠡᠷᠡᠭᠦᠯᠬᠦ ᠶᠢ ᠰᠢᠯᠢᠲᠡᠭᠵᠢᠬᠦᠯᠵᠦ᠂ ᠵᠠᠮ ᠲᠠᠭᠤ ᠶᠢᠨ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠠᠵᠤ ᠥᠢᠯᠡᠰ ᠤᠨ ᠬᠥᠭᠵᠢᠯᠲᠡ ᠶᠢ ᠲᠠᠶᠢᠴᠢᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︵ᠳᠥᠷᠪᠡ︶ ᠪᠦᠷᠬᠦᠭᠡᠰᠦᠲᠠᠢ ᠭᠠᠴᠠᠭᠠᠨ ᠤ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠥᠢᠯ᠃ ᠲᠣᠰ ᠲᠥᠷᠥᠯ ᠵᠥᠢᠯ ᠳᠤ 272 ᠲᠦᠮᠡᠨ ᠲᠥᠭᠦᠷᠢᠭ ᠤᠨ ᠶᠡᠷᠤᠩᠭᠡᠢ ᠪᠡᠯᠡ ᠤᠷᠤᠭᠤᠯᠬᠤ ᠪᠠᠷ ᠲᠥᠯᠥᠪᠯᠡᠵᠦ᠂ ᠶᠡᠭᠡᠨᠡᠭᠤᠷ ᠰᠤᠮᠤᠨ ᠤ ᠪᠦᠷᠬᠦᠬᠡᠰᠤᠲᠠᠢ ᠭᠠᠴᠠᠭᠠᠨ ᠳᠤ 3.789 ᠺᠢᠯᠣᠮᠧᠲᠷ ᠱᠦᠶ᠋ᠨᠢ ᠵᠠᠮ ᠰᠢᠨ᠎ᠡ ᠪᠠᠷ ᠪᠠᠶᠢᠭᠤᠯᠥᠨ᠎ᠠ᠃ ᠲᠤᠰ ᠲᠦᠷᠦᠯ ᠵᠥᠢᠯ ᠭᠡᠷᠡᠭᠵᠢᠬᠦᠯᠥᠭᠲᠡᠭᠰᠡᠨ ᠤ ᠲᠠᠷᠠᠭ᠎ᠠ᠂ ᠬᠦᠲᠡᠭᠡ ᠲᠤᠰᠬᠤᠨ ᠮᠠᠯᠵᠢᠬᠤ ᠤᠷᠤᠨ  ᠤ ᠵᠠᠰᠠᠮᠠᠯ ᠵᠠᠮ ᠤᠨ ᠨᠡᠪᠲᠡᠷᠡᠯᠲᠡ ᠪᠠ ᠪᠦᠷᠬᠦᠴᠡ ᠢ ᠤᠯᠠᠮ ᠥᠷᠭᠡᠳᠭᠡᠵᠦ᠂ ᠲᠤᠬᠠᠢ ᠶᠢᠨ ᠭᠠᠵᠠᠷ ᠤᠨ ᠮᠠᠯᠴᠢᠳ  ᠤᠨ ᠶᠠᠪᠤᠵᠦ ᠰᠠᠭᠤᠬᠤ ᠳᠤ ᠲᠦᠬᠦᠮ ᠥᠵᠡᠬᠦᠯᠵᠦ᠂ ᠬᠤᠶᠢᠲᠦ ᠭᠡᠰᠡᠭ ᠤᠨ ᠡᠯᠡᠰᠤᠷᠭᠡᠭ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠤᠯᠥᠨ᠎ᠠ᠃     ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠤᠶᠢᠯ᠃ ᠲᠣᠰ ᠲᠥᠷᠥᠯ ᠵᠤᠶᠢᠯ ᠳᠤ ᠨᠡᠶᠢᠲᠡ 180 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠪᠥᠬᠦ ᠬᠤᠰᠢᠭᠤᠨ ᠤ ᠲᠠᠪᠤᠨ ᠰᠤᠮᠤ ᠪᠠᠯᠭᠠᠰᠤᠨ ᠳᠤ 36 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠪᠠᠶᠢᠭᠤᠯᠥᠨ᠎ᠠ  ᠂ ᠡᠭᠦᠨ ᠳᠤ ᠮᠢᠩᠭᠠᠳᠦ ᠪᠠᠯᠭᠠᠰᠤᠨ ᠳᠤ 6᠂ ᠰᠢᠩ ᠶᠣᠣ ᠪᠠᠯᠭᠠᠰᠤᠨ ᠳᠤ 9᠂ ᠤᠯᠠᠭᠠᠨᠴᠠᠪ ᠰᠤᠮᠤᠨ ᠳᠤ 7᠂ ᠶᠡᠬᠡᠨᠠᠭᠤᠷ ᠰᠤᠮᠤᠨ ᠳᠤ 7᠂ ᠪᠤᠯᠠᠭᠠᠠᠲᠤᠬᠤᠢ ᠰᠤᠮᠤᠨ ᠳᠤ 7 ᠪᠣᠶ᠃ ᠲᠥᠷᠥᠯ ᠵᠤᠶᠢᠯ ᠢ ᠪᠠᠶᠢᠭᠤᠯᠤᠭᠰᠠᠨ ᠤ ᠳᠠᠷᠠᠭ᠎ᠠ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠢᠵᠢ ᠪᠦᠷᠢᠳᠦᠭᠦᠯᠬᠦ ᠳᠦᠬᠦᠬᠡᠷᠤᠮᠵᠢ ᠶᠢ ᠤᠯᠠᠮ  ᠲᠡᠭᠦᠯᠳᠡᠷᠵᠢᠭᠦᠯᠵᠦ᠂ ᠭᠠᠴᠠᠭᠠᠨ ᠤ ᠨᠡᠶᠢᠲᠡ ᠶᠢᠨ ᠵᠣᠷᠯᠣᠩ ᠴᠥᠭᠡᠨ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠬᠦᠯᠦᠨ᠂ ᠤᠯᠠᠮᠵᠢᠯᠠᠯᠲᠤ ᠡᠷᠡᠭᠦᠯ ᠬᠠᠮᠠᠭᠠᠯᠠᠯ ᠤᠨ ᠳᠠᠳᠬᠠᠯ ᠢ ᠬᠤᠪᠢᠷᠠᠭᠤᠯᠬᠤ ᠳᠤ ᠠᠰᠢᠭᠲᠠᠶ ᠪᠠᠶᠢᠵᠤ᠂  ᠭᠦᠳᠡᠭᠡ ᠳᠤᠰᠬᠤᠨ ᠮᠠᠯᠵᠢᠬᠤ ᠤᠷᠤᠨ ᠤ ᠳᠦᠷᠢ ᠲᠥᠷᠬᠦ ᠶᠢ ᠭᠤᠶᠣᠯᠠᠬᠤ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠬᠠᠯᠠᠨ ᠰᠠᠶᠢᠵᠢᠷᠠᠭᠤᠯᠥᠨ᠎ᠠ᠃       ︵ᠵᠢᠷᠭᠤᠭ᠎ᠠ︶ ᠲᠤᠯᠢᠨᠪᠤᠯᠠᠭ ᠭᠠᠴᠠᠭᠠᠨ ᠤ ᠠᠷᠠᠳ ᠤᠨ ᠵᠠᠩ ᠦᠢᠯᠡ ᠶᠢᠨ ᠵᠢᠭᠤᠯᠴᠢᠯᠠᠯ ᠤᠨ ᠲᠥᠷᠥᠯ ᠵᠤᠶᠢᠯ᠃ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ 370 ᠲᠦᠮᠡᠨ ᠲᠥᠭᠦᠷᠢᠭ ᠪᠠᠶᠢᠵᠤ᠂ ᠪᠤᠯᠠᠭᠠᠠᠲᠤᠬᠤᠢ ᠰᠤᠮᠤᠨ ᠤ ᠲᠤᠯᠢᠨᠪᠤᠯᠠᠭ ᠭᠠᠴᠠᠭᠠᠨ ᠤ ᠵᠡᠭᠡᠯᠢ ᠭᠤᠳᠤᠮᠵᠢ ᠶᠢ 3 ᠺᠢᠯᠣᠮᠧᠲᠷ ᠬᠠᠲᠠᠭᠤᠷᠠᠭᠤᠯᠵᠤ᠂ ᠣᠲᠣ ᠪᠠᠶᠢᠭ᠎ᠠ ᠱᠦᠢᠨᠢ ᠵᠠᠮ ᠤᠨ ᠬᠤᠶᠠᠷ ᠬᠠᠵᠠᠭᠤ ᠶᠢᠨ ᠦᠶᠡᠷ ᠤᠨ ᠰᠤᠪᠠᠭ ᠢ 10 ᠺᠢᠯᠣᠮᠧᠲᠷ ᠵᠠᠰᠠᠨ᠎ᠠ︔ 100 ᠡᠷᠦᠬᠡ ᠶᠢᠨ ᠬᠦᠷᠢᠶ᠎ᠡ ᠬᠠᠰᠢᠶ᠎ᠠ ᠶᠢ ᠥᠭᠡᠷᠡᠴᠢᠯᠡᠨ ᠵᠠᠰᠠᠵᠤ 5000 ᠮᠧᠲᠷ ᠣᠷᠲᠦᠳᠬᠠᠨ᠎ᠠ︔ 100 ᠡᠷᠦᠬᠡ ᠶᠢᠨ ᠬᠦᠷᠢᠶ᠎ᠡ ᠬᠠᠰᠢᠶ᠎ᠠ ᠶᠢ ᠬᠠᠲᠠᠭᠤᠷᠠᠭᠤᠯᠵᠤ  3000 ᠲᠡᠭᠰᠢ ᠳᠥᠷᠪᠡᠯᠵᠢᠨ ᠮᠧᠲᠷ ᠲᠤ ᠭᠦᠷᠭᠡᠨ᠎ᠡ︔ 20 ᠮᠠᠯᠴᠢᠨ ᠡᠷᠦᠬᠡ ᠶᠢ ᠬᠥᠮᠦᠵᠢᠭᠦᠯᠵᠦ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠥᠢᠯᠡᠰ ᠢ ᠬᠥᠭᠵᠢᠭᠦᠯᠦᠨ᠎ᠡ︔ ᠥᠪᠡᠷᠮᠢᠴᠡ ᠣᠨᠴᠠᠯᠢᠭ ᠲᠠᠢ ᠬᠡᠰᠡᠭ ᠮᠠᠯᠵᠢᠬᠤ ᠡᠷᠦᠬᠡ ᠶᠢ ᠤᠨᠴᠠᠯᠢᠬᠲᠦ ᠦᠵᠡᠮᠵᠢ ᠶᠢᠨ ᠣᠷᠤᠨ ᠪᠣᠯᠭᠠᠨ᠎ᠠ᠃ ᠤᠷ᠎ᠠ ᠮᠡᠷᠭᠡᠵᠢᠯ ᠲᠠᠢ ᠮᠠᠯᠴᠢᠳ ᠲᠤ ᠨᠤᠮᠤ ᠰᠤᠮᠤ᠂ ᠮᠣᠩᠭᠤᠯ ᠲᠡᠷᠯᠢᠭ᠂ ᠮᠥᠩᠭᠦᠨ ᠵᠠᠰᠠᠯ ᠵᠢᠮᠰᠡᠭ ᠬᠢᠬᠦ ᠵᠡᠷᠭᠡ ᠭᠠᠷ ᠤᠷᠠᠯᠠᠯ ᠤᠨ ᠪᠣᠯᠪᠠᠰᠤᠷᠠᠯ ᠬᠦᠷᠲᠡᠬᠡᠬᠦ ᠶᠢᠨ ᠬᠠᠮᠲᠤ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠴᠡᠭ ᠪᠣᠯᠭᠠᠨ ᠪᠦᠲᠦᠭᠡᠨ ᠪᠠᠶᠢᠭᠤᠯᠤᠨ᠎ᠠ᠃ ᠲᠣᠰ ᠲᠥᠷᠥᠯ ᠵᠤᠶᠢᠯ ᠢ ᠬᠡᠷᠡᠭᠵᠢᠭᠦᠯᠬᠦ ᠪᠠᠷ ᠳᠠᠮᠵᠢᠨ᠂ ᠲᠤᠯᠢᠨᠪᠤᠯᠠᠭ ᠭᠠᠴᠠᠭᠠᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠪᠦᠬᠦᠯᠢ ᠴᠣᠭᠴᠠ ᠶᠢᠨ ᠳᠦᠷᠢ ᠲᠥᠷᠬᠦ ᠶᠢ ᠤᠯᠠᠮ ᠰᠠᠶᠢᠵᠢᠷᠠᠭᠤᠯᠵᠦ᠂᠂ ᠲᠣᠰ ᠭᠠᠴᠠᠭ᠎ᠠ ᠵᠢᠴᠢ ᠣᠶᠢᠷ᠎ᠠ ᠬᠠᠪᠢ ᠶᠢᠨ ᠮᠠᠯᠴᠢᠨ ᠲᠦᠮᠡᠨ ᠤ ᠥᠨᠲᠦᠰᠦᠲᠡᠨ ᠤ ᠵᠠᠩ ᠠᠷᠠᠨᠰᠢᠨ ᠤ ᠵᠢᠭᠤᠯᠴᠢᠯᠠᠯ ᠪᠤᠯᠥᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ ᠬᠦᠭᠵᠢᠬᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ   ᠢ ᠥᠷᠭᠡᠳᠬᠡᠨ᠂ ᠲᠤᠯᠢᠨᠪᠤᠯᠠᠭ ᠭᠠᠴᠠᠭ᠎ᠠ ᠶᠢ ᠬᠤᠰᠢᠭᠤ ᠬᠡᠪᠴᠢᠶᠡᠵᠢᠯ ᠤᠨ ᠭᠤᠤᠯᠲᠠᠯᠭ᠎ᠠ ᠲᠠᠢ ᠵᠢᠭᠤᠯᠴᠢᠯᠠᠯ ᠤᠨ ᠠᠵᠦ ᠥᠢᠯᠡᠰ ᠤᠨ ᠬᠦᠭᠵᠢᠯᠲᠡ ᠶᠢᠨ ᠵᠢᠱᠢᠶ᠎ᠡ ᠥᠵᠡᠬᠦᠯᠬᠦ ᠭᠠᠴᠠᠭ᠎ᠠ ᠪᠤᠯᠭᠠᠨ  ᠪᠦᠲᠦᠭᠡᠨ‌‍ᠪᠠᠶᠢᠭᠤᠯᠥᠨ᠎ᠠ᠃       ︵ᠳᠣᠯᠤᠭ᠎ᠠ︶ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠨᠦᠬᠡ ᠶᠢ ᠵᠠᠰᠠᠬᠤ ᠲᠥᠷᠥᠯ ᠵᠤᠶᠢᠯ᠃ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 450 ᠲᠦᠮᠡᠨ ᠲᠥᠭᠦᠷᠢᠭ ᠲᠥᠯᠥᠪᠯᠡᠵᠦ᠂ ᠪᠥᠬᠦ ᠬᠤᠰᠢᠭᠤᠨ ᠤ ᠲᠠᠪᠤᠨ ᠰᠤᠮᠤ ᠪᠠᠯᠭᠠᠰᠤᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠢᠷ ᠴᠢᠯᠠᠭᠤ ᠮᠠᠯᠳ᠋ᠬᠠᠰᠠᠨ ᠬᠠᠶᠠᠭᠳᠠᠮᠠᠯ ᠨᠦᠬᠡ ᠶᠢ ᠰᠢᠷᠣᠶ ᠪᠠᠷ ᠲᠡᠭᠰᠢᠯᠡᠬᠦ᠂ ᠨᠠᠯᠠᠤ ᠭᠠᠵᠠᠷ ᠢ ᠲᠡᠭᠰᠢᠯᠡᠬᠦ᠂ ᠰᠢᠷᠣᠶ ᠪᠠᠷ ᠪᠦᠭᠯᠡᠬᠦ᠂ ᠤᠷᠭᠤᠮᠠᠯ ᠤᠨ ᠬᠤᠴᠢᠯᠭ᠎ᠠ ᠶᠢ ᠵᠠᠰᠠᠨ ᠰᠡᠷᠬᠦᠬᠡᠬᠦ ᠵᠡᠷᠭᠡ ᠠᠵᠢᠯ ᠤᠳ ᠢ ᠬᠢᠵᠦ᠂ 500 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠲᠤᠰ ᠲᠦᠷᠦᠯ ᠵᠥᠢᠯ ᠢ ᠬᠡᠷᠡᠭᠵᠢᠬᠦᠯᠬᠦ ᠨᠢ ᠲᠦᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠬᠦᠯᠬᠦ ᠳᠤ ᠪᠤᠲᠠᠲᠦ ᠠᠴᠢ ᠬᠤᠯᠪᠤᠭᠲᠠᠯ ᠲᠠᠢ ᠶᠤᠮ᠃       ᠲᠥᠯᠥᠭᠡᠯᠡᠭᠴᠢᠳ ᠡ᠂ ᠭᠡᠰᠢᠭᠦᠳ ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠪᠣᠯ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠬᠤᠰᠢᠭᠤ ᠵᠠᠰᠠᠭ ᠤᠨ ᠤᠷᠲᠤᠨ ᠤᠭ ᠰᠠᠨᠠᠭ᠎ᠠ ᠪᠠᠨ ᠥᠯᠤ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠯᠥᠨ ᠡᠯ᠎ᠡ ᠰᠤᠮᠤ ᠪᠠᠯᠭᠠᠰᠤᠨ ᠤ ᠵᠠᠰᠠᠭ ᠤᠨ ᠤᠷᠲᠤᠨ ᠢ ᠲᠠᠶᠢᠴᠢᠯᠠᠨ ᠲᠠᠭᠠᠭᠤᠯᠵᠦ᠂ ᠥᠨᠡᠨ ᠪᠤᠲᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠲᠥᠷᠥᠯ ᠵᠤᠶᠢᠯ ᠨᠢᠭᠡᠪᠦᠷᠢ ᠶᠢ ᠰᠣᠳᠣᠨ ᠢᠨᠵᠧᠨᠧᠷᠢᠩ ᠪᠣᠯᠭᠠᠵᠤ᠂ ᠣᠯᠠᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠪᠣᠳᠠᠲᠠᠶ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢᠲᠠᠶ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠵᠦ᠂ ᠪᠦᠬᠦ ᠬᠤᠰᠢᠭᠤᠨ ᠤ ᠡᠯ᠎ᠡ ᠥᠨᠲᠦᠰᠦᠲᠡᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠬᠦᠨ᠎ᠡ᠃       ᠲᠠᠶᠢᠯᠪᠤᠷᠢ    〔1〕᠄ ᠲᠤᠰᠬᠠᠶ ᠲᠥᠬᠦᠭᠡᠷᠦᠮᠵᠢ ᠶᠢ ᠬᠡᠷᠡᠭᠯᠡᠵᠦ᠂ ᠪᠦᠭᠡᠭᠡᠨᠡᠷᠡᠯ ᠪᠣᠳᠠᠰ ᠤᠨ ᠴᠢᠨᠠᠷ ᠢ ᠬᠤᠪᠢᠷᠠᠭᠤᠯᠤᠭᠰᠠᠨ ᠴᠡᠶᠢᠳᠡᠮᠯᠢᠭ ᠪᠠᠷᠤᠭᠰᠢᠨ᠂ ᠴᠢᠯᠠᠭᠤᠯᠢᠭ ᠮᠠᠲ᠋ᠧᠷᠢᠶᠠᠯ᠂ ᠴᠢᠭ᠍ᠵᠢᠶᠠᠰᠦ᠂  ᠤᠰᠤ ᠪᠣᠯᠤᠨ ᠨᠡᠮᠡᠯᠲᠡ ᠡᠳ᠋ ᠵᠡᠷᠭᠡ ᠶᠢ ᠵᠤᠬᠢᠬᠤ ᠲᠤᠬᠢᠷᠠᠭᠤᠯᠬᠤ ᠬᠠᠷᠢᠴᠠᠯ ᠢᠶᠠᠷ ᠬᠤᠯᠢᠵᠦ ᠨᠡᠶᠢᠯᠡᠬᠦᠯᠦᠨ᠂ ᠰᠢᠩᠭᠡᠨ ᠴᠠᠷᠳᠠᠭᠤᠯ ᠤᠨ ᠬᠤᠯᠢᠮᠠᠭ ᠪᠤᠳᠠᠰ ᠪᠤᠯᠭᠠᠨ ᠤᠤᠯ ᠤᠨ ᠵᠠᠮ ᠤᠨ ᠭᠠᠳᠠᠷᠭᠤ ᠲᠡᠭᠡᠷ᠎ᠡ ᠲᠦᠷᠬᠡᠨ ᠨᠠᠶᠢᠳᠠᠮ ᠲᠡᠪᠢᠰᠴᠦ᠂ ᠨᠢᠮᠭᠡᠨ ᠪᠦᠷᠬᠦᠪᠴᠢ ᠪᠦᠷᠢᠯᠳᠦᠬᠦᠯᠬᠦ ᠶᠢᠨ ᠬᠠᠮᠳᠦ ᠤᠬᠤᠷ ᠴᠠᠭ ᠤᠨ ᠲᠤᠳᠤᠷ᠎ᠠ ᠲᠦᠷᠭᠡᠨ ᠨᠡᠪᠳᠡᠷᠡᠬᠦᠯᠳᠡᠭ ᠵᠠᠰᠠᠮᠠᠯ ᠵᠠᠮ ᠤᠨ ᠵᠠᠮ ᠤᠨ ᠭᠠᠳᠠᠷᠭᠤ ᠶᠢ  ᠬᠠᠮᠠᠭᠠᠯᠠᠵᠦ ᠰᠡᠯᠪᠢᠳᠡᠭ ᠮᠡᠷᠬᠡᠵᠢᠯ ᠪᠤᠯᠤᠨ᠎ᠠ᠃                                  2019 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠢ                                   ᠪᠡᠶᠡᠯᠡᠭᠦᠯᠦᠭᠰᠡᠨ ᠪᠠᠶᠢᠳᠠᠯ ᠪᠠ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ                                   ᠶᠠᠪᠤᠳᠠᠯ ᠤᠨ ᠰᠤᠩᠭᠤᠬᠳᠠᠭᠰᠠᠨ ᠲᠦᠷᠦᠯ ᠵᠤᠶᠢᠯ ᠤᠨ ᠲᠤᠬᠠᠢ ᠮᠡᠳᠡᠭᠦᠯᠦᠯᠲᠡ                                                        — — 2020 ᠣᠨ ᠤ 5 ᠰᠠᠷ᠎ᠠ ᠶᠢᠨ 13 ᠤ ᠡᠳᠦᠷ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ                                                                  ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ                                                                  ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ                                                                     ᠵᠠᠰᠠᠭ ᠤᠨ ᠣᠷᠳᠣᠨ ᠤ  ᠪᠠᠶᠢᠩᠭᠤ ᠶᠢᠨ ᠲᠡᠳ᠋ ᠬᠤᠰᠢᠭᠤ ᠲᠠᠷᠤᠭ᠎ᠠ    ᠵᠸᠦ ᠰᠢᠶᠠᠠ ᠵᠢᠶᠦ᠋ᠨ                                                                                       ᠲᠥᠯᠥᠭᠡᠯᠡᠭᠴᠢᠳ ᠡ᠄     ᠣᠳᠣ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ 2019 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠭᠳᠠᠭᠰᠠᠨ ᠲᠥᠷᠥᠯ ᠵᠦᠢᠯ ᠢ ᠮᠡᠳᠡᠭᠦᠯᠦᠶ᠎ᠡ᠂ ᠬᠢᠨᠠᠨ ᠵᠥᠪᠯᠡᠬᠦ ᠪᠤᠯᠪᠠᠤ᠃      ᠨᠢᠭᠡ᠂ 2019 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠪᠡᠶᠡᠯᠡᠬᠦᠯᠦᠭᠰᠡᠨ ᠪᠠᠶᠢᠳᠠᠯ      2019 ᠣᠨ ᠪᠣᠯ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠳᠤ ᠲᠦᠯᠦᠭᠡᠯᠡᠭᠴᠢᠳ ᠠᠴᠠ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠢ ᠬᠡᠷᠡᠭᠵᠢᠭᠦᠯᠦᠭᠰᠡᠨ ᠠᠩᠬᠠᠨ ᠤ ᠵᠢᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠬᠤᠰᠢᠭᠤ ᠵᠠᠰᠠᠭ ᠤᠨ ᠣᠷᠳᠣᠨ ᠨᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠳᠤ ᠲᠦᠯᠦᠭᠡᠯᠡᠭᠴᠢᠳ ᠠᠴᠠ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ︽ᠡᠷᠳᠡ ᠠᠴᠠ ᠲᠦᠯᠦᠪᠯᠡᠬᠦ᠂ ᠨᠢᠮᠪᠠᠶ ᠰᠢᠯᠢᠨ ᠰᠣᠩᠭᠤᠬᠤ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠪᠣᠳᠠᠲᠤ ᠦᠷ᠎ᠡ ᠪᠦᠳᠦᠮᠵᠢ ᠶᠢ ᠴᠢᠬᠤᠯᠠᠴᠢᠯᠠᠬᠤ︾ ᠠᠵᠢᠯ ᠤᠨ ᠰᠡᠳᠬᠢᠮᠵᠢ  ᠪᠠᠷ᠂ ᠰᠠᠨᠠᠭᠤᠯᠭ᠎ᠠ ᠵᠦᠪᠯᠡᠯᠬᠡ ᠶᠢᠨ ᠲᠥᠷᠥᠯ ᠵᠤᠶᠢᠯ ᠢ ᠴᠤᠬᠯᠠᠭᠤᠯᠵᠦ ᠰᠢᠯᠢᠨ ᠰᠣᠩᠭᠤᠬᠤ ᠠᠵᠢᠯ ᠢ ᠡᠬᠢᠯᠡᠭᠦᠯᠪᠡ᠃ ︽ᠨᠢᠭᠡᠳᠦᠯᠲᠠᠢ ᠲᠦᠯᠦᠪᠯᠡᠨ ᠨᠡᠶᠢᠲᠡ ᠳᠤᠨᠢ ᠬᠠᠷᠭᠠᠯᠵᠠᠵᠦ᠂ ᠭᠤᠤᠯᠳᠠᠯᠭ᠎ᠠ ᠶᠢ ᠲᠤᠪᠤᠶᠢᠯᠭᠠᠬᠤ︔ ᠠᠷᠠᠳ ᠤᠨ ᠰᠠᠨᠠᠭ᠎ᠠ ᠶᠢ ᠭᠦᠡᠳᠦᠳᠬᠡᠵᠦ᠂ ᠠᠷᠠᠳ ᠤᠨ ᠠᠮᠢᠳᠣᠷᠠᠯ   ᠢ ᠲᠤᠪᠤᠶᠢᠯᠭᠠᠬᠤ︔ ᠨᠡᠶᠢᠲᠡ ᠶᠢᠨ ᠠᠰᠠᠷᠠᠮᠵᠢ ᠶᠢ ᠠᠳᠠᠯᠢ ᠲᠡᠭᠰᠢ ᠪᠠᠶᠢᠯᠭᠠᠵᠦ᠂ ᠨᠡᠶᠢᠳᠡᠮ ᠠᠰᠢᠭ ᠭᠦᠷᠲᠡᠭᠡᠨ ᠬᠠᠮᠲᠦᠪᠡᠷ ᠡᠳᠡᠯᠡᠭᠦ︔ ᠴᠢᠲᠠᠯ ᠤᠨ ᠬᠢᠷᠢ ᠪᠠᠷ ᠪᠡᠶᠡᠯᠡᠬᠦᠯᠵᠦ᠂ ᠪᠠᠴᠢᠮ ᠶᠠᠪᠦᠳᠠᠯ ᠢ ᠣᠷᠢᠳᠠᠪᠡᠷ᠂ ᠪᠣᠰᠤᠳ ᠢ ᠨᠢ ᠲᠠᠷᠠᠭᠠᠪᠡᠷ ᠶᠠᠪᠤᠬᠳᠠᠭᠤᠯᠬᠤ︔ ᠦᠨᠡᠯᠡᠨ ᠪᠠᠶᠢᠴᠠᠭᠠᠵᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠢᠶᠠᠷ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠪᠠᠷ ᠰᠠᠨᠠᠯ ᠰᠠᠨᠠᠭᠤᠯᠭ᠎ᠠ ᠬᠤᠷᠢᠶᠠᠵᠤ᠂ ᠱᠠᠲᠤ ᠱᠠᠲᠤ ᠪᠠᠷ ᠰᠢᠯᠢᠨ ᠰᠣᠩᠭᠤᠵᠤ᠂ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠠ ᠤ ᠬᠤᠷᠠᠯ ᠳᠤ ᠬᠡᠷᠡᠭᠵᠢᠭᠦᠯᠬᠦ ᠭᠡᠵᠦ ᠪᠠᠶᠢᠭ᠎ᠠ 5 ᠲᠥᠷᠥᠯ ᠵᠤᠶᠢᠯ ᠢ ᠳᠡᠪᠰᠢᠭᠦᠯᠦᠨ ᠥᠭᠴᠦ᠂ ᠬᠤᠷᠠᠯ ᠠᠴᠠ 4 ᠶᠢ ᠨᠢ ᠪᠢᠯᠧᠲ ᠥᠭᠴᠦ ᠪᠠᠲᠦᠯᠠᠪᠠ᠃ ᠲᠦᠷᠦᠯ ᠵᠤᠶᠢᠯ ᠨᠢ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠤᠤᠭᠤᠬᠤ ᠤᠰᠤ᠂ ᠴᠠᠬᠢᠯᠭᠠᠨ ᠬᠦᠴᠦᠨ ᠤ ᠥᠭᠡᠷᠡᠴᠢᠯᠡᠯᠲᠡ᠂ ᠵᠠᠮ ᠤᠨ ᠪᠥᠲᠥᠭᠡᠨ ᠪᠠᠶᠢᠭᠤᠯᠤᠯᠲᠠ ᠵᠢᠴᠢ ᠬᠤᠲᠠ ᠪᠠᠯᠭᠠᠰᠤᠨ ᠤ ᠨᠤᠤᠷᠬᠠᠢ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠵᠡᠷᠭᠡ ᠳᠥᠷᠪᠡᠨ ᠲᠠᠯ᠎ᠠ ᠳᠤ ᠬᠤᠯᠪᠣᠭᠳᠠᠵᠠᠶ᠃ ᠲᠥᠷᠥᠯ ᠵᠤᠶᠢᠯ ᠢ ᠲᠣᠭᠲᠠᠭᠠᠭᠰᠠᠨ ᠤ ᠳᠠᠷᠠᠭ᠎ᠠ᠂ ᠬᠤᠰᠢᠭᠤ ᠵᠠᠰᠠᠭ ᠤᠨ ᠣᠷᠳᠣᠨ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠡᠭᠦᠷᠭᠡ ᠲᠤᠰᠢᠶᠠᠯᠳᠦ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤ ᠵᠠᠰᠠᠭ ᠤᠨ ᠣᠷᠳᠣᠨ ᠶᠡᠷᠦᠩᠬᠡᠶᠢᠯᠡᠨ ᠠᠳᠬᠤᠵᠦ᠂ ᠡᠯ᠎ᠡ ᠰᠤᠮᠤ ᠪᠠᠯᠭᠠᠰᠤ ᠢᠳᠠᠪᠬᠢᠳᠡᠢ ᠬᠠᠮᠵᠢᠯᠴᠠᠨ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠴᠠᠬᠢᠯᠭᠠᠨ ᠬᠠᠩᠭᠠᠬᠤ ᠵᠡᠷᠭᠡ ᠰᠠᠯᠠᠭ᠎ᠠ ᠮᠥᠴᠢᠷ ᠲᠤᠰᠪᠤᠷᠢ ᠠᠵᠢᠯ ᠤᠨ ᠲᠤᠰᠬᠠᠶ ᠠᠩᠭᠢ ᠪᠠᠶᠢᠭᠤᠯᠵᠦ᠂ ᠠᠵᠢᠯ ᠤᠨ ᠲᠥᠯᠥᠪᠯᠡᠭᠡ ᠪᠣᠯᠤᠨ ᠭᠡᠷᠡᠭᠵᠢᠬᠦᠯᠬᠦ ᠲᠦᠰᠦᠯ ᠲᠣᠬᠲᠠᠭᠠᠨ᠂ ᠠᠵᠢᠯ ᠤᠨ ᠲᠠᠷᠠᠭᠠᠯᠠᠯ ᠢ ᠦᠨᠳᠦᠰᠦᠯᠡᠨ ᠬᠢᠨᠠᠮᠠᠭᠠᠶ ᠵᠣᠬᠢᠶᠠᠨ ᠪᠠᠶᠢᠭᠤᠯᠤᠨ ᠭᠡᠷᠡᠭᠵᠢᠬᠦᠯᠪᠡ᠃ ᠬᠤᠰᠢᠭᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠤᠭᠤᠳᠴᠦ᠂ ᠡᠯ᠎ᠡ ᠲᠥᠷᠥᠯ ᠵᠦᠢᠯ ᠤᠨ ᠲᠤᠭᠳᠠᠭᠰᠠᠨ ᠴᠠᠭ ᠬᠤᠭᠤᠴᠠᠭᠠᠨ ᠳᠠᠬᠢ ᠢᠨᠵᠧᠨᠧᠷᠢᠩ ᠤᠨ ᠠᠬᠢᠴᠠ ᠶᠢ ᠨᠢᠬᠳᠠ ᠮᠥᠷᠳᠡᠵᠦ᠂ ᠲᠥᠷᠥᠯ ᠵᠦᠢᠯ ᠢ ᠴᠠᠭ ᠤᠨ ᠲᠠᠷᠠᠭᠠᠯᠠᠯ ᠶᠣᠰᠣᠭᠠᠷ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠬᠤ ᠶᠢ ᠪᠠᠳᠤᠯᠠᠪᠠ᠃ᠬᠤᠰᠢᠭᠤ ᠨᠠᠮ ᠤᠨ ᠬᠤᠷᠢᠶᠠᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠳᠤ ᠪᠢᠯᠧᠲ ᠦᠭᠴᠦ ᠰᠢᠢᠳᠪᠦᠷᠢ ᠭᠠᠷᠭᠠᠬᠤ ᠲᠦᠷᠢᠮ ᠤᠨ ᠠᠵᠢᠯ ᠵᠢᠴᠢ ᠲᠥᠷᠥᠯ  ᠵᠤᠶᠢᠯ ᠢ ᠭᠡᠷᠡᠭᠵᠢᠬᠦᠯᠦᠭᠰᠡᠨ ᠪᠠᠶᠢᠳᠠᠯ ᠤᠨ ᠲᠠᠯ᠎ᠠ ᠪᠠᠷ ᠰᠠᠶᠢᠳᠦᠷ ᠤᠳᠤᠷᠢᠳᠴᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶ᠎ᠠ ᠨᠢ ᠲᠥᠷᠥᠯ ᠵᠦᠢᠯ ᠤᠨ ᠭᠡᠷᠡᠭᠵᠢᠬᠦᠯᠦᠯᠳᠡ ᠪᠠ ᠠᠬᠢᠯᠲᠠ ᠶᠢ ᠪᠦᠬᠦ ᠠᠬᠢᠴᠠ ᠪᠠᠷ ᠨᠢ ᠬᠢᠨᠠᠨ ᠵᠢᠯᠤᠭᠤᠳᠪᠠ᠃ ᠬᠤᠰᠢᠭᠤ ᠵᠠᠰᠠᠭ ᠤᠨ ᠤᠷᠳᠤᠨ᠂ ᠡᠯ᠎ᠡ ᠰᠤᠮᠤ ᠪᠠᠯᠭᠠᠰᠤ ᠪᠠ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠮᠳᠦ ᠶᠢᠨ ᠴᠢᠷᠮᠠᠶᠢᠯᠭ᠎ᠠ ᠪᠠᠷ᠂ ᠪᠦᠬᠦ ᠬᠤᠰᠢᠭᠤᠨ ᠤ 2019 ᠣᠨ ᠳᠤ ᠠᠷᠠᠳ ᠤᠨ ᠠᠮᠢᠳᠤᠷᠠᠯ ᠤᠨ 4 ᠪᠣᠳᠠᠲᠤ ᠶᠠᠪᠤᠳᠠᠯ ᠤᠨ ᠲᠥᠷᠥᠯ ᠵᠦᠢᠯ ᠢ ᠴᠥᠮ ᠲᠣᠰ ᠵᠢᠯ ᠳᠤᠨᠢ ᠠᠮᠵᠢᠯᠲᠠ ᠲᠠᠢ ᠪᠡᠶᠡᠯᠡᠬᠦᠯᠵᠦ᠂ ᠨᠡᠯᠢᠶᠡᠳ ᠰᠠᠶᠢᠨ ᠨᠡᠶᠢᠭᠡᠮ ᠤᠨ ᠦᠷ᠎ᠠ ᠠᠰᠢᠭ ᠤᠯᠪᠠ᠃      ︵ᠨᠢᠭᠡ︶ 2019 ᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠲᠡᠰ ᠲᠡᠪᠰᠢᠭᠦᠯᠬᠦ ᠢᠨᠵᠧᠨᠧᠷᠢᠩ ᠵᠢᠴᠢ ᠶᠠᠳᠠᠭᠤ ᠬᠦᠴᠢᠷᠳᠡᠢ ᠬᠥᠮᠦᠨ ᠠᠮᠠ ᠶᠢᠨ ᠤᠤᠭᠤᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠲᠥᠷᠥᠯ ᠵᠤᠶᠢᠯ᠃ 747 ᠲᠦᠮᠡᠨ ᠲᠥᠭᠦᠷᠢᠭ ᠤᠨ ᠶᠡᠷᠦᠩᠬᠡᠶ ᠪᠠᠯᠠ ᠤᠷᠤᠭᠤᠯᠬᠤ ᠪᠠᠷ ᠲᠥᠯᠥᠪᠯᠡᠵᠦ᠂ ᠲᠥᠷᠥᠯ ᠵᠤᠶᠢᠯ ᠤᠨ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠢᠳᠡᠪᠬᠢᠲᠡᠶ ᠣᠯᠵᠤ᠂ 2285.7 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠤᠳᠠᠳᠠᠢ ᠪᠡᠶᠠᠯᠡᠭᠦᠯᠤᠨ᠂ ᠵᠢᠯ ᠤᠨ ᠡᠬᠢᠨ ᠤ ᠲᠥᠯᠥᠪᠯᠡᠭᠡ ᠠᠴᠠ 1538.7 ᠲᠦᠮᠡᠨ ᠲᠥᠭᠦᠷᠢᠭ ᠨᠡᠮᠡᠭᠳᠡᠭᠦᠯᠬᠦ ᠪᠠᠷ ᠲᠦᠯᠦᠪᠡᠯᠵᠦ᠂ ᠵᠢᠯ ᠤᠨ ᠲᠦᠯᠦᠪᠯᠡᠭᠡ ᠪᠠᠨ 306% ᠪᠠᠷ ᠪᠡᠶᠡᠯᠡᠭᠦᠯᠪᠡ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 3᠂ ᠲᠥᠪᠯᠡᠷᠡᠭᠦᠯᠦᠨ ᠤᠰᠤ ᠰᠢᠢᠳᠪᠦᠷᠢᠯᠡᠬᠦ ᠢᠨᠵᠧᠨᠧᠷᠢᠩ 3᠂ ᠲᠠᠷᠬᠠᠢ ᠪᠠᠷ ᠤᠰᠤ ᠬᠠᠩᠭᠠᠬᠤ ᠢᠨᠵᠧᠨᠧᠷᠢᠩ 151  ᠶᠢ ᠰᠢᠨ᠎ᠡ ᠪᠠᠷ ᠪᠠᠶᠢᠭᠤᠯᠵᠦ᠂ 3992 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠲᠠᠯᠪᠢᠵᠤ᠂ 37 ᠭᠠᠴᠠᠭ᠎ᠠ ᠲᠣᠰᠬᠤᠨ ᠤ ᠣᠯᠠᠨ ᠵᠢᠯ ᠵᠠᠰᠠᠭᠰᠠᠨ ᠦᠭᠡᠢ 58 ᠲᠦᠭᠡᠭᠡᠯ ᠤᠰᠤᠨ ᠤ ᠲᠥᠬᠦᠭᠡᠷᠦᠮᠵᠢ ᠶᠢ ᠵᠠᠰᠠᠨ ᠰᠢᠨᠡᠳᠬᠡᠵᠦ᠂ 6448 ᠮᠠᠯᠴᠢᠨ ᠲᠠᠷᠢᠶᠠᠴᠢᠨ ᠡᠷᠦᠬᠡ ᠶᠢᠨ 17373 ᠬᠥᠮᠦᠨ ᠳᠤ ᠢᠨᠵᠧᠨᠧᠷᠢᠩ ᠤᠨ ᠠᠰᠢᠭ ᠢ ᠬᠦᠷᠲᠡᠭᠡᠪᠡ᠃ ᠡᠭᠦᠨ ᠠᠴᠠ ᠬᠠᠮᠳᠦ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠦᠨ ᠠᠮᠠ ᠶᠢᠨ ᠣᠣᠭᠤᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠵᠦ᠂ 3300 ᠭᠠᠷᠤᠶ ᠬᠤᠪᠢ ᠤᠰᠤᠨ ᠤ ᠴᠢᠨᠠᠷ ᠢ ᠰᠢᠨᠵᠢᠯᠡᠨ ᠰᠢᠯᠭᠠᠭᠰᠠᠨ ᠮᠡᠳᠡᠬᠦᠯᠦᠯᠳᠡ ᠶᠢ ᠭᠠᠷᠭᠠᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤ ᠶᠢ ᠪᠠᠶᠢᠴᠠᠭᠠᠨ ᠬᠡᠮᠵᠢᠬᠦ ᠶᠢ ︽ᠪᠦᠷᠢᠨ ᠪᠦᠷᠬᠦᠭᠦᠯᠬᠦ︾ ᠶᠢ ᠪᠡᠶᠡᠯᠡᠭᠦᠯᠪᠡ᠃     ︵ᠬᠤᠶᠠᠷ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2019 ᠣᠨ ᠤ ᠴᠠᠬᠢᠯᠭᠠᠨ ᠬᠦᠴᠦᠨ ᠤ ᠥᠭᠡᠷᠡᠴᠢᠯᠡᠯᠲᠡ ᠶᠢᠨ ᠢᠨᠵᠧᠨᠧᠷᠢᠩ᠃ ᠶᠡᠷᠦᠩᠬᠡᠶ ᠪᠠᠯᠠ ᠣᠷᠣᠭᠤᠯᠤᠯᠲᠠ ᠶᠢ 2431.7 ᠲᠦᠮᠡᠨ ᠲᠥᠭᠦᠷᠢᠭ ᠤᠷᠤᠭᠤᠯᠬᠤ ᠪᠠᠷ ᠲᠦᠯᠦᠪᠯᠡᠵᠦ᠂ ᠪᠣᠳᠠᠲᠠᠶ ᠪᠠᠯᠠ ᠣᠷᠣᠭᠤᠯᠤᠯᠲᠠ ᠨᠢ 7784.3 ᠲᠦᠮᠡᠨ ᠲᠥᠭᠦᠷᠢᠭ ᠪᠠᠶᠢᠵᠤ᠂ ᠵᠢᠯ ᠤᠨ ᠲᠦᠯᠦᠪᠯᠡᠭᠡ ᠶᠢᠨ 320% ᠶᠢ ᠪᠡᠶᠡᠯᠡᠭᠦᠯᠪᠡ᠃ ᠲᠦᠷᠦᠯ ᠵᠦᠢᠯ ᠨᠢ 5 ᠰᠤᠮᠤ ᠪᠠᠯᠭᠠᠰᠤᠨ ᠤ 48 ᠭᠠᠴᠠᠭ᠎ᠠ ᠲᠤᠰᠬᠤᠨ ᠢ ᠬᠠᠮᠤᠷᠴᠤ᠂ 10013 ᠡᠷᠦᠬᠡ ᠶᠢᠨ 26033 ᠬᠥᠮᠦᠨ ᠳᠤ ᠠᠰᠢᠭ  ᠬᠦᠷᠳᠡᠭᠡᠵᠦ᠂ 3 ᠲᠥᠷᠥᠯ ᠵᠤᠶᠢᠯ ᠢ ᠪᠠᠭᠳᠠᠭᠠᠨ᠎ᠠ᠃ ᠨᠢᠭᠡ ᠳᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠲᠥᠷᠦᠯ ᠵᠦᠢᠯ᠃ ᠶᠡᠷᠦᠩᠭᠡᠢ ᠪᠡᠯᠡ ᠣᠷᠣᠭᠤᠯᠤᠯᠲᠠ ᠨᠢ 6325.8 ᠲᠦᠮᠡᠨ ᠲᠥᠭᠦᠷᠢᠭ᠂ 262.5 ᠺᠢᠯᠤᠮᠧᠲᠷ ᠤᠨ ᠥᠨᠳᠥᠷ ᠲᠤᠤᠷ᠎ᠠ ᠬᠦᠴᠦᠳᠡᠯᠲᠦ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠵᠤ᠂ 8.2 ᠺᠢᠯᠤᠮᠧᠲᠷ ᠤᠨ ᠴᠠᠬᠢᠯᠭᠠᠨ ᠤᠳᠠᠰᠦ ᠳᠡᠪᠢᠰᠴᠦ᠂ ᠴᠠᠬᠢᠯᠭᠠᠨ ᠲᠦᠭᠡᠭᠡᠬᠦ ᠬᠦᠴᠦᠳᠡᠯ ᠥᠭᠡᠷᠡᠴᠢᠯᠡᠭᠴᠢ ᠶᠢ 91 ᠰᠠᠣᠷᠢ ᠵᠢᠴᠢ ᠪᠤᠰᠤᠳ ᠢᠵᠢ ᠪᠦᠷᠢᠳᠦᠭᠰᠡᠨ ᠲᠦᠬᠦᠭᠡᠷᠦᠮᠵᠢ ᠶᠢ ᠤᠭᠰᠠᠷᠠᠪᠠ᠃ ᠬᠤᠶᠠᠷ ᠲᠤ᠂ ᠬᠠᠭᠤᠴᠢᠨ ᠭᠡᠮᠵᠢᠭᠦᠷ ᠢ ᠦᠭᠡᠷᠡᠴᠢᠯᠡᠬᠦ ᠲᠥᠷᠥᠯ ᠵᠤᠶᠢᠯ᠃ ᠶᠡᠷᠦᠩᠭᠡᠢ ᠪᠠᠯᠠ ᠣᠷᠣᠭᠤᠯᠤᠯᠲᠠ 902.5 ᠲᠦᠮᠡᠨ ᠲᠥᠭᠦᠷᠢᠭ ᠪᠠᠶᠢᠵᠦ᠂ ᠡᠯ᠎ᠡ ᠵᠦᠢᠯ ᠤᠨ ᠬᠡᠮᠵᠢᠭᠦᠷ ᠢ 7400 ᠰᠤᠯᠢᠵᠦ᠂ ᠡᠯ᠎ᠡ ᠵᠦᠢᠯ ᠤᠨ ᠬᠡᠮᠵᠢᠭᠦᠷ ᠤᠨ ᠬᠠᠶᠢᠷᠴᠠᠭ ᠢ 2231 ᠰᠤᠯᠢᠵᠦ᠂ ᠴᠠᠬᠢᠯᠭᠠᠨ ᠭᠦᠶᠦᠳᠡᠯ ᠤᠨ ᠬᠠᠷᠢᠯᠴᠠᠨ ᠨᠥᠯᠥᠭᠡᠯᠡᠭᠴᠢ ᠶᠢ 338 ᠪᠦᠯᠦᠭ ᠰᠤᠯᠢᠵᠦ᠂ 66.2 ᠺᠢᠯᠣᠮᠧᠲᠷ ᠤᠨ ᠳᠠᠮᠵᠢᠭᠤᠯᠬᠤ ᠤᠲᠠᠰᠤ ᠶᠢ ᠰᠤᠯᠢᠪᠠ᠃ ᠭᠤᠷᠪᠠ ᠳᠤ᠂ ᠶᠠᠳᠠᠭᠤ ᠬᠦᠴᠢᠷᠲᠠᠢ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ︽ᠪᠦᠬᠦᠨ ᠢ ᠢᠯᠭᠠᠷᠠᠭᠤᠯᠤᠨ ᠪᠠᠷᠢᠮᠵᠢᠶ᠎ᠠ ᠳᠤ ᠬᠦᠷᠭᠡᠬᠦ︾ ᠪᠠ ᠴᠠᠬᠢᠯᠭᠠᠨ ᠥᠬᠡᠶ ᠡᠷᠦᠬᠡ ᠳᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠲᠦᠷᠦᠯ ᠵᠤᠶᠢᠯ᠃ ᠶᠡᠷᠦᠩᠬᠡᠶ ᠪᠠᠯᠠ ᠣᠷᠣᠭᠤᠯᠤᠯᠲᠠ 556 ᠲᠦᠮᠡᠨ ᠲᠥᠭᠦᠷᠢᠭ ᠪᠠᠶᠢᠵᠦ᠂ 40 ᠡᠷᠦᠬᠡ ᠳᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠵᠦ᠂ 95 ᠡᠷᠦᠬᠡ ᠳᠤ ᠴᠠᠬᠢᠯᠭᠠᠨ ᠲᠤᠤᠷ ᠤᠨ ᠤᠷᠲᠤᠳᠬᠠᠰᠠᠨ ᠢᠨᠵᠧᠨᠧᠷᠢᠩ ᠢ ᠭᠡᠷᠡᠭᠵᠢᠬᠦᠯᠵᠦ᠂ 124 ᠡᠷᠦᠬᠡ   ᠳᠤ ᠴᠠᠬᠢᠯᠭᠠᠨ ᠲᠤᠤᠷ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠭᠡᠷᠡᠭᠵᠢᠬᠦᠯᠵᠦ᠂ 60 ᠡᠷᠦᠬᠡ ᠳᠤ ᠰᠠᠯᠬᠢ ᠨᠠᠷᠠᠨ ᠤ ᠡᠨᠧᠷᠬᠢ ᠬᠠᠷᠢᠯᠴᠠᠨ ᠨᠦᠬᠦᠪᠦᠷᠢᠯᠡᠭᠰᠡᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠪᠡ᠃ ᠲᠥᠷᠥᠯ ᠵᠤᠶᠢᠯ ᠤᠨ ᠭᠡᠷᠡᠭᠵᠢᠬᠦᠯᠦᠯᠳᠡ ᠨᠢ ᠴᠠᠬᠢᠯᠭᠠᠨ ᠥᠬᠡᠶ ᠮᠠᠯᠵᠢᠬᠤ ᠲᠠᠷᠢᠶᠠᠯᠠᠬᠤ ᠡᠷᠦᠬᠡ ᠳᠤ ᠴᠠᠬᠢᠯᠭᠠᠨ ᠨᠡᠪᠲᠡᠷᠡᠭᠦᠯᠬᠦ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠬᠦ ᠪᠠᠷᠢᠮᠵᠢᠶ᠎ᠠ ᠶᠢ ᠶᠡᠬᠡᠪᠡᠷ ᠳᠡᠭᠡᠭᠰᠢᠯᠡᠭᠦᠯᠵᠦ᠂ ᠬᠤᠲᠠ ᠬᠥᠳᠡᠭᠡ ᠶᠢ ᠬᠠᠮᠤᠷᠤᠭᠰᠠᠨ ᠴᠠᠬᠢᠯᠭᠠᠨ ᠬᠠᠩᠭᠠᠬᠤ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠥᠨᠳᠥᠷ ᠲᠤᠤᠷ᠎ᠠ ᠬᠦᠴᠦᠳᠡᠯᠲᠦ ᠴᠠᠬᠢᠯᠭᠠᠨ ᠲᠤᠬᠢᠷᠠᠭᠤᠯᠬᠤ ᠲᠤᠤᠷ ᠤᠨ ᠪᠦᠲᠦᠴᠡ ᠶᠢ ᠤᠯᠠᠮ ᠪᠠᠬᠢᠵᠢᠭᠦᠯᠪᠡ᠃      ︵ᠭᠤᠷᠪᠠ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠦᠨᠳᠦ ᠶᠠᠳᠠᠭᠤ ᠬᠦᠴᠢᠷᠲᠠᠢ ᠭᠠᠴᠠᠭ᠎ᠠ ᠲᠣᠰᠬᠤᠨ ᠲᠤᠭᠤᠶᠢᠯᠠᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ᠃ 1085 ᠲᠦᠮᠡᠨ ᠲᠥᠭᠦᠷᠢᠭ ᠤᠨ ᠶᠡᠷᠦᠩᠭᠡᠢ ᠪᠡᠯᠡ ᠣᠷᠣᠭᠤᠯᠬᠤ ᠪᠠᠷ ᠲᠥᠯᠥᠪᠯᠡᠵᠦ᠂ 1192.8 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠣᠲᠠᠲᠠᠢ ᠪᠡᠶᠡᠯᠡᠭᠦᠯᠵᠦ᠂ ᠵᠢᠯ ᠤᠨ ᠲᠦᠯᠦᠪᠯᠡᠭᠡ ᠪᠠᠨ 110% ᠪᠠᠷ ᠪᠡᠶᠡᠯᠡᠭᠦᠯᠵᠦ᠂ 3 ᠶᠠᠳᠠᠭᠤ ᠬᠦᠴᠢᠷᠲᠠᠢ ᠭᠠᠴᠠᠭ᠎ᠠ ᠲᠣᠰᠬᠤᠨ ᠳᠤ 18.8 ᠺᠢᠯᠤᠮᠧᠲᠷ ᠤᠨ ᠲᠣᠰᠬᠤᠨ ᠳᠤᠭᠤᠶᠢᠯᠠᠩ ᠤᠨ ᠵᠠᠰᠠᠮᠠᠯ ᠵᠠᠮ  ᠢ ᠵᠠᠰᠠᠵᠦ᠂ ᠡᠭᠦᠨ ᠳᠤ ᠮᠢᠩᠭᠠᠳᠦ ᠪᠠᠯᠭᠠᠰᠤᠨ ᠤ ᠭᠤᠷᠪᠠᠨ ᠬᠤᠳᠳᠤᠭ ᠭᠠᠴᠠᠭᠠᠨ ᠳᠤ 4.1 ᠺᠢᠯᠤᠮᠧᠲᠷ᠂ ᠪᠤᠯᠠᠭᠠᠠᠲᠤᠬᠤᠢ ᠰᠤᠮᠤᠨ ᠤ ᠰᠡᠨᠵᠢᠨᠪᠤᠯᠠᠭ ᠭᠠᠴᠠᠭᠠᠨ ᠳᠤ 10.8 ᠺᠢᠯᠤᠮᠧᠲᠷ᠂ ᠤᠯᠠᠭᠠᠨᠴᠠᠪ ᠰᠤᠮᠤᠨ ᠤ ᠰᠠᠶᠢᠨᠪᠤᠯᠠᠭ ᠭᠠᠴᠠᠭᠠᠨ ᠳᠤ 3.9 ᠺᠢᠯᠤᠮᠧᠲᠷ ᠵᠠᠮ ᠵᠠᠰᠠᠪᠠ᠃ ᠲᠣᠰ ᠲᠥᠷᠥᠯ ᠵᠤᠶᠢᠯ ᠨᠢ 922 ᠡᠷᠦᠬᠡ ᠶᠢᠨ 2004 ᠬᠥᠮᠦᠨ ᠳᠤ ᠠᠰᠢᠭ ᠬᠦᠷᠲᠡᠭᠡᠵᠦ᠂ ᠡᠭᠦᠨ ᠳᠤ 97 ᠡᠷᠦᠬᠡ ᠶᠢᠨ 201 ᠶᠠᠳᠠᠭᠤ ᠭᠦᠴᠢᠷᠲᠠᠢ ᠬᠦᠮᠦᠨ ᠠᠮᠠ ᠪᠠᠭᠳᠠᠵᠦ᠂ ᠭᠤᠷᠪᠠᠨ ᠬᠦᠨᠳᠦ ᠶᠠᠳᠠᠭᠤ ᠬᠦᠴᠢᠷᠳᠡᠯᠳᠡᠢ ᠭᠠᠴᠠᠭ᠎ᠠ ᠲᠣᠰᠬᠤᠨ ᠵᠢᠴᠢ ᠦᠢᠷ᠎ᠠ ᠬᠠᠪᠢ ᠶᠢᠨ ᠭᠠᠵᠠᠷ ᠤᠷᠤᠨ ᠤ ᠶᠠᠪᠤᠵᠤ ᠰᠠᠭᠤᠬᠤ ᠨᠦᠬᠦᠴᠡᠯ ᠢᠯᠡᠳᠲᠡ ᠰᠠᠶᠢᠵᠢᠷᠠᠵᠤ᠂ ᠪᠥᠬᠦ ᠬᠤᠰᠢᠭᠤᠨ ᠤ ᠵᠠᠮ ᠨᠡᠪᠲᠡᠷᠡᠬᠦ ᠨᠣᠷᠮ᠎ᠠ ᠦᠷᠭᠦᠯᠵᠢᠯᠡᠨ ᠲᠡᠰ ᠲᠡᠪᠰᠢᠪᠡ᠃     ︵ᠳᠥᠷᠪᠡ︶ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2019 ᠣᠨ ᠤ ᠨᠤᠤᠷᠠᠬᠠᠢ ᠣᠷᠣᠨ ᠰᠠᠭᠤᠴᠠ ᠶᠢᠨ ᠲᠤᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ᠃ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 6000 ᠲᠦᠮᠡᠨ ᠲᠥᠭᠦᠷᠢᠭ ᠢᠶᠠᠷ ᠲᠦᠯᠤᠪᠯᠡᠵᠦ᠂ ᠪᠠᠯᠠ ᠮᠦᠩᠬᠦᠨ ᠤ ᠢᠷᠡᠯᠲᠡ ᠨᠢ 2019 ᠣᠨ ᠤ ᠡᠳ᠋ ᠤᠨ ᠵᠠᠰᠠᠭ ᠤᠨ ᠶᠠᠮᠤᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠪᠠᠷ ᠪᠠᠯᠠ ᠴᠤᠬᠯᠠᠭᠤᠯᠵᠦ᠂ 6000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶ ᠪᠡᠶᠡᠯᠡᠭᠦᠯᠵᠦ᠂ ᠮᠢᠩᠭᠠᠳᠦ ᠪᠠᠯᠭᠠᠰᠤᠨ ᠤ ᠲᠤᠭᠤᠷᠢᠭ ᠤᠨ ᠬᠡᠪᠴᠢᠶᠡᠡ ᠤ ᠨᠤᠤᠷᠬᠠᠢ ᠣᠷᠣᠨ ᠰᠠᠭᠤᠴᠠ ᠶᠢᠨ 200 ᠢᠵᠢ ᠭᠡᠷ ᠪᠠᠶᠢᠰᠢᠩ ᠢ ᠲᠠᠳᠠᠪᠤᠷᠢᠯᠠᠨ ᠠᠪᠴᠦ ᠦᠭᠡᠷᠡᠴᠢᠯᠡᠨ ᠪᠠᠶᠢᠭᠤᠯᠬᠤ ᠶᠢ ᠪᠡᠶᠡᠯᠡᠬᠦᠯᠵᠦ᠂30000 ᠲᠡᠭᠰᠢ ᠳᠥᠷᠪᠡᠯᠵᠢᠨ ᠮᠧᠲᠷ ᠤᠨ ᠨᠤᠤᠷᠬᠠᠢ ᠣᠷᠣᠨ ᠰᠠᠭᠤᠴᠠ ᠶᠢ ᠦᠭᠡᠷᠡᠴᠢᠯᠡᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠷᠤᠨ ᠰᠠᠭᠤᠴᠠ  ᠶᠢ ᠨᠦᠬᠦᠴᠡᠯ ᠢ ᠤᠯᠠᠮ ᠰᠠᠶᠢᠵᠢᠷᠠᠭᠤᠯᠪᠠ᠃       ᠬᠤᠶᠠᠷ᠂ 2020 ᠣᠨ ᠤ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠤᠩᠭᠤᠬᠳᠡᠬᠰᠠ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ     2019 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠠᠵᠢᠯ ᠤᠨ ᠲᠤᠷᠰᠢᠯᠭ᠎ᠠ ᠶᠢ ᠬᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠨᠠᠩ ᠪᠤᠳᠠᠳᠠᠢ ᠰᠠᠶᠢᠳᠦᠷ ᠬᠢᠵᠦ᠂ ᠣᠯᠠᠨ ᠲᠦᠮᠡᠨ ᠢ ᠨᠠᠩ ᠬᠠᠨᠤᠮᠵᠢᠲᠠᠶ ᠪᠣᠯᠭᠠᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ 2019 ᠣᠨ ᠤ 11 ᠰᠠᠷ᠎ᠠ ᠠᠴᠠ ᠡᠬᠢᠯᠡᠨ 2020 ᠣᠨ ᠤ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠴᠤᠭᠯᠠᠭᠤᠯᠬᠤ ᠲᠥᠰᠦᠯ ᠢ ᠰᠤᠳᠤᠯᠤᠨ ᠲᠤᠭᠳᠠᠭᠠᠬᠤ ᠶᠢᠨ ᠬᠠᠮᠳᠦ ᠲᠦᠷᠦᠯ ᠵᠤᠶᠢᠯ ᠢ ᠡᠯᠰᠡᠬᠦ ᠠᠵᠢᠯ ᠢ ᠥᠷᠨᠢᠭᠦᠯᠪᠡ᠃ ᠲᠦᠷᠦᠯ ᠵᠤᠶᠢᠯ ᠳᠤ᠂ ᠰᠦᠯᠵᠢᠶᠡᠨ ᠳᠡᠭᠡᠷ᠎ᠡ ︽ᠮᠡᠷᠬᠡᠨ ᠴᠤᠬᠤᠷ︾ ᠰᠢᠷᠪᠢᠬᠦ ᠪᠠ ᠰᠦᠯᠵᠢᠶᠡᠨ ᠲᠤᠤᠷ᠎ᠠ ︽ᠲᠥᠷᠥᠯ ᠵᠤᠶᠢᠯ ᠢ ᠡᠯᠰᠡᠬᠦ ᠬᠦᠰᠦᠨᠦᠭᠲᠦ︾ ᠶᠢ ᠲᠠᠭᠯᠠᠬᠤ ᠠᠷᠭ᠎ᠠ ᠮᠠᠶ᠋ᠢᠭ ᠢ ᠭᠡᠷᠡᠭᠯᠡᠵᠦ᠂ ᠨᠡᠶᠢᠳᠡ 21895 ᠬᠤᠪᠢ ᠰᠠᠨᠠᠭᠤᠯᠭ᠎ᠠ ᠬᠤᠷᠢᠶᠠᠨ ᠤᠯᠵᠦ᠂ 12282 ᠬᠥᠮᠦᠨ ᠤᠳᠠᠭ᠎ᠠ ᠡᠯᠰᠡᠨ ᠴᠤᠭᠯᠠᠭᠤᠯᠬᠤ ᠠᠵᠢᠯ ᠳᠤ  ᠤᠷᠤᠯᠴᠠᠪᠠ᠃ ᠬᠤᠰᠢᠭᠤ ᠠᠷᠠᠳ ᠤᠨ ᠠᠮᠢᠳᠤᠷᠠᠯ ᠤᠨ ᠪᠣᠲᠠᠲᠦ ᠶᠠᠪᠦᠳᠠᠯ ᠤᠨ ᠲᠦᠷᠦᠯ ᠵᠤᠶᠢᠯ ᠳᠤ ᠪᠢᠯᠧᠲ ᠦᠭᠴᠦ ᠰᠶᠢᠳᠪᠦᠷᠢ ᠭᠠᠷᠭᠠᠬᠤ ᠲᠦᠷᠢᠮ ᠤᠨ ᠣᠳᠤᠷᠢᠳᠬᠤ ᠳᠣᠭᠤᠶᠢᠯᠭᠭ᠌ ᠤᠨ ᠠᠯᠪᠠᠨ ᠭᠡᠷ ᠨᠢ ᠰᠠᠨᠠᠯ ᠵᠦᠪᠯᠡᠯᠭᠡ ᠬᠤᠷᠢᠶᠠᠭᠰᠠᠨ ᠪᠠᠶᠢᠳᠠᠯ ᠢ ᠦᠨᠳᠦᠰᠦᠯᠡᠵᠦ᠂ 286 ᠬᠤᠪᠢ ᠲᠦᠪᠯᠡᠷᠡᠭᠦᠯᠦᠨ ᠲᠤᠰᠬᠠᠭᠰᠠᠨ ᠰᠠᠨᠠᠭᠤᠯᠭ᠎ᠠ ᠶᠢ ᠡᠮᠬᠢᠯᠡᠨ ᠬᠤᠷᠢᠶᠠᠩᠭᠤᠶᠢᠯᠠᠵᠦ᠂ ᠡᠬᠦᠨ ᠤ ᠰᠠᠭᠤᠷᠢᠨ ᠲᠡᠭᠡᠷ᠎ᠡ᠂ ᠰᠠᠨᠠᠯ ᠵᠦᠪᠯᠡᠯᠭᠡ ᠶᠢᠨ ᠲᠦᠪᠯᠡᠷᠡᠭᠰᠡᠨ ᠬᠡᠮᠵᠢᠶ᠎ᠡ᠂ ᠪᠡᠯᠡ ᠮᠦᠩᠬᠦᠨ ᠤ ᠢᠷᠡᠯᠲᠡ ᠪᠠ ᠬᠡᠷᠡᠭᠵᠢᠭᠦᠯᠬᠦ ᠨᠥᠬᠦᠴᠡᠯ ᠵᠡᠷᠭᠡ ᠬᠦᠴᠦᠨ ᠵᠦᠢᠯ ᠢ ᠶᠡᠷᠦᠩᠬᠡᠶᠢᠯᠡᠨ᠂ ᠵᠢᠱᠢᠭᠳᠡᠵᠦ ᠵᠦᠪᠯᠡᠭᠰᠡᠨ 12 ᠲᠥᠷᠥᠯ ᠵᠦᠢᠯ ᠢ ᠡᠮᠬᠢᠯᠡᠨ ᠭᠠᠷᠭᠠᠵᠤ᠂ ᠬᠤᠰᠢᠭᠤ ᠵᠠᠰᠠᠭ ᠤᠨ ᠣᠷᠳᠣᠨ ᠳᠤ ᠲᠤᠰᠢᠶᠠᠵᠤ ᠠᠩᠬ᠎ᠠ ᠠᠯᠬᠤᠮ ᠲᠤᠭᠳᠠᠭᠠᠯᠭᠠᠪᠠ᠃ ᠬᠤᠰᠢᠭᠤ ᠵᠠᠰᠠᠭ ᠤᠨ ᠣᠷᠳᠣᠨ ᠨᠢ ᠡᠯ᠎ᠡ ᠰᠤᠮᠤ ᠪᠠᠯᠭᠠᠰᠦ ᠵᠢᠴᠢ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠤᠨ ᠰᠠᠨᠠᠯ ᠢ ᠬᠤᠷᠢᠶᠠᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠣᠯᠠᠨ ᠤᠳᠠᠭ᠎ᠠ ᠰᠢᠯᠢᠨ ᠰᠣᠩᠭᠤᠵᠤ᠂ ᠬᠠᠮᠤᠭ ᠰᠡᠭᠦᠯ ᠲᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ᠂ 7 ᠰᠤᠩᠭᠤᠬᠳᠠᠬᠤ ᠲᠥᠷᠥᠯ ᠵᠦᠢᠯ ᠢ ᠲᠤᠬᠲᠠᠭᠠᠬᠰᠠᠨ ᠤ ᠬᠠᠮᠲᠦ ᠬᠤᠰᠢᠭᠤᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠬᠤᠷᠠᠯ  ᠢᠶᠠᠷ ᠪᠠᠲᠦᠯᠠᠭᠤᠯᠵᠦ᠂ ᠬᠤᠰᠢᠭᠤ ᠠᠷᠪᠠᠨ ᠲᠠᠪᠤᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯ ᠳᠤ ᠲᠡᠪᠰᠢᠬᠦᠯᠪᠡ᠃ ᠲᠥᠷᠥᠯ ᠵᠤᠶᠢᠯ ᠢ ᠰᠣᠩᠭᠤᠬᠤ ᠶᠠᠪᠤᠴᠠ ᠳᠤ ᠂ ᠪᠢᠳᠡ ᠲᠤᠤᠷᠠᠬᠢ ᠬᠡᠳᠦᠨ ᠲᠠᠯ᠎ᠠ ᠶᠢ ᠭᠤᠤᠯᠴᠢᠯᠠᠨ ᠡᠵᠡᠮᠰᠢᠪᠡ᠄ ᠨᠢᠭᠡ ᠳᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠪᠠ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠨᠠᠩ ᠳᠣᠪᠤᠶᠢᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠨᠠᠩ ᠳᠣᠪᠤᠶᠢᠯᠭᠠᠵᠤ᠂ ᠲᠡᠲᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠣᠯᠠᠨ ᠠᠷᠭ᠎ᠠ ᠵᠠᠮ ᠢᠶᠠᠷ ᠲᠥᠷᠥᠯ ᠵᠤᠶᠢᠯ ᠢ ᠴᠤᠭᠯᠠᠭᠤᠯᠤᠨ᠂ ᠲᠦᠷᠦᠯ ᠵᠤᠶᠢᠯ ᠢ ᠣᠨᠣᠪᠴᠢᠲᠠᠶ ᠰᠣᠩᠭᠤᠵᠤ᠂ ᠨᠭ᠌ᠭ ᠣᠯᠠᠨ ᠠᠷᠠᠳ ᠲᠦᠮᠡᠨ ᠳᠤ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠥᠷᠥᠯ ᠵᠤᠶᠢᠯ ᠤᠨ ᠦᠷ᠎ᠡ ᠪᠦᠲᠦᠭᠡᠯ ᠢ ᠡᠳ᠋ᠯᠡᠭᠦᠯᠦᠨ᠎ᠡ᠃ ᠵᠢᠱᠢᠶᠡᠯᠡᠪᠡᠯ᠂ ᠤᠯᠠᠨ ᠲᠦᠮᠡᠨ ᠤ ᠠᠩᠬᠠᠷᠤᠯ ᠤᠯᠠᠨ ᠬᠦᠷᠴᠦ᠂ ᠦᠷ᠎ᠠ ᠠᠰᠢᠭ ᠦᠷᠭᠡᠨ ᠪᠠᠶᠢᠬᠤ ᠲᠠᠯ᠎ᠠ ᠳᠤ ᠴᠢᠭᠯᠡᠬᠦᠯᠵᠦ᠂ ᠪᠢᠳᠡ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ᠵᠠᠰᠠᠯᠲᠠ᠂ ᠠᠷᠢᠭᠤᠨ ᠴᠡᠪᠡᠷ ᠤᠨ ᠵᠣᠷᠯᠣᠩ ᠵᠡᠷᠭᠡ ᠲᠦᠷᠦᠯ ᠵᠤᠶᠢᠯ ᠢ ᠰᠤᠩᠭᠤᠪᠠ᠃ ᠬᠤᠶᠠᠷ ᠲᠤ᠂ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠨᠠᠩ ᠴᠢᠬᠤᠯᠴᠢᠯᠠᠪᠠ᠃ ᠪᠣᠳᠠᠲᠤ ᠠᠬᠤᠶ ᠶᠢᠨ ᠳᠤᠮᠳᠠᠬᠢ ᠤᠯᠠᠨ ᠲᠦᠮᠡᠨ ᠤ ᠨᠡᠶᠢᠳᠡᠮ ᠤᠨ ᠬᠦᠴᠢᠷᠳᠡᠯ ᠪᠠ ᠬᠡᠷᠡᠭᠴᠡᠭᠡ ᠪᠣᠯ ᠮᠠᠨ ᠤ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ ᠪᠤᠯᠤᠨ᠎ᠠ᠃ ᠲᠦᠷᠦᠯ ᠵᠦᠢᠯ ᠢ ᠰᠣᠩᠭᠤᠬᠤ ᠳᠤᠮᠳᠠ᠂ ᠪᠢᠳᠡ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠨᠡᠩ ᠴᠢᠬᠤᠯᠠᠴᠢᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠬᠦᠪᠦᠷᠢᠯᠡᠬᠦ ᠶᠢ ᠣᠯᠠᠮ ᠴᠢᠬᠤᠯᠠᠴᠢᠯᠠᠪᠠ᠃ ᠵᠢᠱᠢᠶᠡᠯᠡᠪᠡᠯ᠂ ᠭᠠᠳᠠᠭᠰᠢ ᠭᠠᠷᠬᠤ ᠳᠤ ᠬᠦᠴᠢᠷᠲᠡᠶ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠤᠷᠤᠯᠠᠭᠤᠯᠬᠤ ᠠᠷᠭ᠎ᠠ ᠵᠠᠮ ᠳᠤᠲᠠᠮᠠᠭ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠬᠦᠯᠦᠨ᠂ ᠪᠢᠳᠡ ᠶᠠᠪᠤᠵᠦ ᠰᠠᠭᠤᠬᠤ ᠵᠠᠮ ᠱᠤᠭᠤᠮ ᠤᠨ ᠲᠤᠤᠷ ᠢ ᠰᠡᠯᠪᠢᠨ ᠵᠠᠰᠠᠵᠤ ᠠᠷᠠᠴᠢᠯᠠᠬᠤ᠂ ᠲᠠᠷᠢᠶᠠᠯᠠᠩ  ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠤᠶᠢᠯ ᠢ ᠰᠣᠩᠭᠤᠨ ᠭᠠᠷᠭᠠᠪᠠ᠃ ᠭᠤᠷᠪᠠ ᠳᠤ᠂ ᠨᠢᠭᠡᠳᠦᠯᠲᠡᠶ ᠲᠥᠯᠥᠪᠯᠡᠨ ᠨᠡᠶᠢᠳᠡ ᠳᠤᠨᠢ ᠬᠠᠷᠠᠭᠠᠯᠵᠠᠵᠦ᠂ ᠨᠡᠶᠢᠳᠠᠮ ᠠᠰᠢᠭ ᠬᠦᠷᠳᠡᠨ ᠶᠠᠪᠤᠭᠳᠠᠭᠤᠯᠵᠦ ᠪᠤᠯᠬᠤᠶᠢᠴᠠ ᠪᠠᠶᠢᠬᠤ ᠶᠢ ᠨᠡᠩ ᠴᠢᠬᠤᠯᠠᠴᠢᠯᠠᠪᠠ᠃ ᠪᠢᠳᠡ ᠠᠷᠠᠳ ᠤᠨ ᠠᠮᠢᠳᠤᠷᠠᠯ ᠤᠨ ᠬᠦᠷᠢᠶᠡᠨ ᠤ ᠡᠯ᠎ᠡ ᠲᠠᠯ᠎ᠠ ᠶᠢ ᠬᠠᠮᠲᠦ ᠳᠤᠨᠢ ᠬᠠᠷᠠᠭᠠᠯᠵᠠᠵᠦ᠂ ᠲᠦᠷᠦᠯ ᠵᠦᠢᠯ ᠤᠨ ᠠᠭᠤᠯᠭ᠎ᠠ ᠨᠢ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠮᠥᠷᠲᠡᠭᠡᠨ ᠶᠠᠳᠠᠭᠤ ᠬᠦᠴᠢᠷᠲᠡᠶ ᠪᠠ ᠪᠠᠭᠤᠷᠠᠢ ᠬᠥᠮᠦᠰ ᠤᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ ᠪᠤᠳᠤᠯᠬᠢᠯᠠᠵᠦ᠂ ᠨᠡᠶᠢᠳᠡᠮ ᠠᠰᠢᠭᠳᠠᠢ ᠪᠠᠶᠢᠬᠤ ᠴᠢᠨᠠᠷ ᠢ ᠦᠨᠡᠨ ᠬᠦ ᠢᠯᠡᠷᠡᠭᠦᠯᠦᠭᠰᠡᠨ ᠪᠠᠶᠢᠨ᠎ᠠ᠃ ᠪᠡᠯᠡ ᠮᠦᠡᠭᠭᠦᠨ ᠤ ᠲᠣᠬᠢᠷᠠᠭᠤᠯᠤᠯᠲᠠ ᠶᠢᠨ ᠲᠠᠯ᠎ᠠ ᠪᠠᠷ᠂ ᠮᠠᠨ ᠤ ᠬᠤᠰᠢᠭᠤᠨ ᠤ ᠬᠦᠯᠢᠶᠡᠵᠦ ᠳᠡᠶᠢᠯᠭᠦ ᠴᠢᠳᠠᠪᠤᠷᠢ ᠶᠢ ᠭᠦᠢᠴᠡᠳ ᠪᠣᠳᠣᠯᠬᠢᠯᠠᠨ᠂ ᠴᠢᠳᠠᠯ ᠤᠨ ᠬᠢᠷᠢ ᠪᠠᠷ ᠢᠶᠠᠨ ᠬᠢᠵᠦ᠂  ᠲᠥᠷᠥᠯ ᠵᠥᠢᠯ ᠤᠨ ᠪᠡᠯᠡ ᠤᠷᠤᠭᠤᠯᠤᠯᠳᠠ ᠶᠢ ᠪᠦᠬᠦᠨ ᠢ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠳᠤ ᠪᠠᠭᠳᠠᠭᠠᠵᠦ᠂ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠶᠢ ᠦᠨᠡᠨᠬᠦ ᠪᠠᠳᠤᠯᠠᠵᠦ᠂ ᠰᠤᠩᠭᠤᠭᠳᠠᠭᠰᠠᠨ ᠲᠦᠷᠦᠯ ᠵᠤᠶᠢᠯ ᠢ ᠲᠤᠰ ᠵᠢᠯ ᠳᠡᠭᠡᠨ ᠡᠬᠢᠯᠡᠨ ᠪᠠᠶᠢᠭᠤᠯᠬᠤ ᠶᠢᠨ ᠬᠠᠮᠲᠤ ᠲᠤᠰ ᠵᠢᠯ ᠳᠤ ᠪᠠᠨ ᠳᠠᠭᠤᠰᠬᠠᠵᠤ᠂ ᠲᠤᠰ ᠵᠢᠯ ᠳᠡᠭᠡᠨ ᠠᠰᠢᠭ ᠬᠦᠷᠳᠡᠬᠦ ᠶᠢ ᠪᠠᠳᠤᠯᠠᠪᠠ᠃     2020 ᠣᠨ ᠳᠤ ᠬᠤᠰᠢᠭᠤ ᠵᠠᠰᠠᠭ ᠤᠨ ᠣᠷᠳᠣᠨ ᠤ ᠬᠡᠷᠡᠭᠵᠢᠭᠦᠯᠬᠦ 7 ᠠᠷᠠᠳ ᠤᠨ ᠠᠮᠢᠳᠤᠷᠠᠯ ᠤᠨ ᠪᠤᠲᠠᠲᠦ ᠶᠠᠪᠤᠳᠠᠯ ᠤᠨ ᠰᠤᠩᠭᠤᠬᠳᠠᠬᠰᠠ ᠲᠥᠷᠥᠯ ᠵᠤᠶᠢᠯ ᠨᠢ ᠲᠣᠰᠪᠦᠷᠢ ᠲᠣᠣᠷᠠᠬᠢ ᠮᠡᠲᠦ᠄     ︵ᠨᠢᠭᠡ︶ ᠵᠠᠮ ᠱᠤᠭᠤᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠥᠢᠯ᠃ ᠲᠣᠰ ᠲᠥᠷᠥᠯ ᠵᠥᠢᠯ ᠳᠤ 300 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ S222 ᠱᠤᠭᠤᠮ ᠤᠨ ᠮᠢᠩᠭᠠᠲᠦ ︱ ᠤᠯᠠᠭᠠᠨᠴᠠᠪ ᠤᠨ ᠬᠡᠰᠡᠭ ᠪᠠ ᠤᠯᠠᠭᠠᠨᠴᠠᠪ ︱ ᠱᠠᠩᠳᠠ ᠶᠢᠨ ᠬᠡᠰᠡᠭ ᠢ ᠰᠡᠯᠪᠢᠨ ᠵᠠᠰᠠᠨ᠎ᠠ᠃ ᠲᠣᠰ ᠲᠦᠷᠦᠯ ᠵᠥᠢᠯ ᠤᠨ ᠭᠡᠷᠡᠭᠵᠢᠬᠦᠯᠦᠯᠳᠡ ᠨᠢ ᠬᠤᠶᠠᠷ ᠵᠤᠷᠪᠤᠰ ᠵᠠᠰᠠᠮᠠᠯ ᠵᠠᠮ ᠤᠨ ᠨᠦᠬᠦᠴᠡᠯ ᠢ ᠤᠯᠠᠮ ᠰᠠᠶᠢᠵᠢᠷᠠᠭᠤᠯᠵᠤ᠂ ᠬᠤᠶᠠᠷ ᠵᠤᠷᠪᠤᠰ ᠵᠠᠰᠠᠮᠠᠯ ᠵᠠᠮ ᠤᠨ ᠰᠠᠭᠠᠳ ᠦᠬᠡᠢ ᠨᠡᠪᠳᠡᠷᠡᠵᠦ ᠦᠢᠯᠡᠴᠢᠯᠡᠬᠦ ᠪᠠᠶᠢᠳᠠᠯ ᠢ ᠪᠠᠳᠤᠯᠠᠵᠦ᠂ ᠡᠷᠭᠢᠨ ᠲᠣᠭᠤᠷᠢᠨ ᠤ ᠮᠠᠯᠴᠢᠨ ᠲᠠᠷᠢᠶᠠᠴᠢᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠵᠠᠮ ᠲᠠᠭᠠᠤ ᠶᠢᠨ ᠮᠠᠯᠴᠢᠨ ᠲᠠᠷᠢᠶᠠᠴᠢᠳ ᠤᠨ ᠥᠢᠯᠡᠳᠪᠦᠷᠢᠯᠡᠯ ᠠᠮᠢᠲᠤᠷᠠᠯ ᠳᠤ ᠨᠠᠩ ᠲᠦᠭᠦ ᠲᠦᠳᠡ ᠵᠠᠮ ᠬᠠᠷᠢᠯᠴᠠᠭ᠎ᠠ ᠵᠦᠭᠡᠬᠡᠪᠦᠷᠢ ᠶᠢᠨ ᠨᠦᠬᠦᠴᠡᠯ ᠬᠠᠨᠭ᠍ᠭᠠᠨ᠎ᠠ᠃     ︵ᠬᠤᠶᠠᠷ︶ ᠯᠥᠩ ᠸᠠᠩ ᠮᠢᠶᠤᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠲᠥᠷᠥᠯ ᠵᠤᠶᠢᠯ᠃ ᠲᠣᠰ ᠲᠥᠷᠥᠯ ᠤᠨ ᠶᠡᠷᠦᠩᠬᠡᠶ ᠪᠠᠯᠠ ᠣᠷᠣᠭᠤᠯᠤᠯᠲᠠ ᠨᠢ 560 ᠲᠦᠮᠡᠨ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ᠂ ᠯᠦᠩ ᠸᠠᠩ ᠮᠢᠶᠣᠣ ᠲᠤᠰᠬᠤᠨ ᠳᠤ  ᠲᠠᠷᠢᠶᠠᠯᠠᠩ ᠤᠨ  ᠲᠤᠭᠲᠠᠩᠭᠤᠢ ᠲᠤᠯᠠᠭᠠᠨ ᠬᠦᠮᠦᠷᠭᠡ᠂  ᠥᠩᠭᠡᠲᠦ ᠪᠤᠯᠤᠳ ᠤᠨ ᠰᠠᠷᠠᠪᠴᠢ᠂ ᠠᠷᠠᠯᠵᠢᠶᠠᠨ ᠤ ᠲᠠᠯᠠᠪᠤᠷ᠂ ᠲᠡᠷᠭᠡᠨ ᠵᠤᠭᠰᠤᠭᠠᠯ᠂᠂ ᠬᠤᠭ ᠨᠣᠪᠰᠢ ᠰᠢᠢᠳᠪᠦᠷᠢᠯᠡᠬᠦ ᠥᠷᠲᠡᠭᠡ᠂ ᠵᠣᠷᠯᠣᠩ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠤᠮᠵᠢ ᠪᠠᠭᠲᠠᠭᠠᠪᠠ᠃ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠰᠢᠩ ᠶᠣᠣ ᠪᠠᠯᠭᠠᠰᠤᠨ ᠤ ᠥᠷᠭᠡᠨ ᠤᠯᠠᠨ ᠲᠠᠷᠢᠶᠠᠴᠢᠨ ᠲᠦᠮᠡᠨ ᠤ ᠲᠠᠷᠢᠶᠠᠯᠠᠩ ᠤᠨ ᠠᠷᠠᠯᠵᠢᠶ᠎ᠠ ᠬᠤᠲᠠᠯᠲᠤᠭ᠎ᠠ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠲᠠᠪᠴᠠᠩ ᠬᠠᠩᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠪᠠ ᠲᠠᠷᠢᠶᠠᠯᠠᠩ ᠤᠨ ᠦᠢᠯᠡᠳᠪᠦᠷᠢᠯᠡᠯ  ᠶᠢᠨ ᠬᠡᠷᠡᠭᠰᠡᠯ ᠢ ᠬᠤᠳᠠᠯᠳᠤᠨ ᠠᠪᠬᠤ ᠪᠠ ᠪᠣᠷᠣᠯᠠᠭᠤᠯᠬᠤ ᠳᠤ ᠲᠦᠬᠦᠮ ᠦᠵᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠪᠣᠯᠤᠨ ᠰᠢᠯᠢᠳᠡᠭᠵᠢᠯᠲᠡ ᠶᠢ ᠠᠬᠢᠭᠤᠯᠵᠤ᠂ ᠰᠢᠩ ᠶᠣᠣ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠪᠣᠯᠤᠨ ᠬᠡᠷᠡᠭᠯᠡᠭᠡᠨ ᠤ ᠲᠡᠰ ᠳᠡᠪᠰᠢᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯᠤᠨ᠎ᠠ᠃       ︵ᠭᠤᠷᠪᠠ︶ C016 ᠴᠤᠭ ᠥᠨᠲᠤᠷ — ᠴᠧᠨ ᠭᠤᠸᠠᠩ ᠲᠤᠰᠬᠤᠨ ︵ᠬᠤᠰᠢᠭᠤ ᠣᠪᠣᠭᠠᠨ ᠵᠠᠮ︶ ᠬᠦᠷᠬᠦ ᠵᠠᠮ ᠤᠨ ᠭᠠᠲᠠᠷᠭᠤ ᠤᠨ ᠴᠢᠨᠠᠷ ᠢ ᠥᠭᠡᠷᠴᠢᠯᠡᠨ ᠪᠠᠷᠤᠭᠰᠢᠨ ᠭᠠᠲᠠᠷᠭᠤ ᠪᠤᠯᠭᠠᠬᠤ 〔1〕 ᠲᠥᠷᠥᠯ ᠵᠥᠢᠯ ᠃ ᠲᠣᠰ ᠲᠥᠷᠥᠯ ᠵᠥᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 120 ᠲᠦᠮᠡᠨ ᠲᠥᠭᠦᠷᠢᠭ ᠪᠠᠶᠢᠵᠤ᠂ ᠮᠢᠩᠭᠠᠲᠦ ᠪᠠᠯᠭᠠᠰᠤᠨ ᠤ C016 ᠴᠤᠭ ᠥᠨᠳᠥᠷ ︱ ᠴᠧᠨ ᠭᠤᠸᠠᠩ ᠲᠤᠰᠬᠤᠨ ︵ᠬᠤᠰᠢᠭᠤ ᠣᠪᠣᠭᠠᠨ ᠵᠠᠮ︶ ᠬᠥᠷᠬᠦ ᠵᠠᠮ ᠤᠨ 8.234 ᠺᠢᠯᠣᠮᠧᠲᠷ ︵k0+000-k8+234︶ ᠤᠨ ᠵᠠᠮ ᠤᠨ ᠭᠠᠲᠠᠷᠭᠤ ᠶᠢ ᠥᠭᠡᠷᠡᠴᠢᠯᠡᠨ ᠪᠠᠷᠤᠠᠠᠰᠢᠨ ᠭᠠᠲᠠᠷᠭᠤ ᠪᠤᠯᠭᠠᠨ ᠥᠭᠡᠷᠡᠴᠢᠯᠡᠨ᠎ᠡ᠃ ᠲᠥᠷᠥᠯ ᠵᠥᠢᠯ ᠢ ᠭᠡᠷᠡᠭᠵᠢᠬᠦᠯᠬᠦ ᠨᠢ ᠲᠣᠰ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠬᠤᠰᠢᠭᠤᠨ ᠤ ᠰᠠᠭᠤᠭ᠎ᠠ ᠭᠠᠵᠠᠷ ᠮᠢᠩᠭᠠᠲᠤ ᠪᠠᠯᠭᠠᠰᠤ ᠬᠢᠭᠡᠳ ᠬᠤᠰᠢᠭᠤᠨ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠢ ᠶᠢᠨ ᠬᠤᠭᠤᠷᠣᠨᠳᠣᠬᠢ ᠪᠠ ᠮᠤᠵᠢ ᠶᠢᠨ ᠬᠤᠭᠤᠷᠣᠨᠳᠣᠬᠢ ᠶᠡᠭᠡ ᠵᠠᠮ ᠬᠢᠭᠡᠳ ᠬᠤᠰᠢᠭᠤᠨ ᠣᠪᠣᠭ᠎ᠠ᠂ ᠨᠠᠭᠠᠳᠤᠮ ᠤᠨ ᠬᠤᠷᠠᠯ ᠤᠨ ᠲᠠᠯᠠᠪᠠᠶ ᠶᠢᠨ ᠬᠤᠭᠤᠷᠣᠨᠳᠣᠬᠢ ᠵᠠᠮ ᠢ ᠬᠤᠯᠪᠣᠨ ᠨᠡᠪᠲᠡᠷᠡᠭᠦᠯᠬᠦ ᠶᠢ ᠰᠢᠯᠢᠲᠡᠭᠵᠢᠬᠦᠯᠵᠦ᠂ ᠵᠠᠮ ᠲᠠᠭᠤ ᠶᠢᠨ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠠᠵᠤ ᠥᠢᠯᠡᠰ ᠤᠨ ᠬᠥᠭᠵᠢᠯᠲᠡ ᠶᠢ ᠲᠠᠶᠢᠴᠢᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︵ᠳᠥᠷᠪᠡ︶ ᠪᠦᠷᠬᠦᠭᠡᠰᠦᠲᠠᠢ ᠭᠠᠴᠠᠭᠠᠨ ᠤ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠥᠢᠯ᠃ ᠲᠣᠰ ᠲᠥᠷᠥᠯ ᠵᠥᠢᠯ ᠳᠤ 272 ᠲᠦᠮᠡᠨ ᠲᠥᠭᠦᠷᠢᠭ ᠤᠨ ᠶᠡᠷᠤᠩᠭᠡᠢ ᠪᠡᠯᠡ ᠤᠷᠤᠭᠤᠯᠬᠤ ᠪᠠᠷ ᠲᠥᠯᠥᠪᠯᠡᠵᠦ᠂ ᠶᠡᠭᠡᠨᠡᠭᠤᠷ ᠰᠤᠮᠤᠨ ᠤ ᠪᠦᠷᠬᠦᠬᠡᠰᠤᠲᠠᠢ ᠭᠠᠴᠠᠭᠠᠨ ᠳᠤ 3.789 ᠺᠢᠯᠣᠮᠧᠲᠷ ᠱᠦᠶ᠋ᠨᠢ ᠵᠠᠮ ᠰᠢᠨ᠎ᠡ ᠪᠠᠷ ᠪᠠᠶᠢᠭᠤᠯᠥᠨ᠎ᠠ᠃ ᠲᠤᠰ ᠲᠦᠷᠦᠯ ᠵᠥᠢᠯ ᠭᠡᠷᠡᠭᠵᠢᠬᠦᠯᠥᠭᠲᠡᠭᠰᠡᠨ ᠤ ᠲᠠᠷᠠᠭ᠎ᠠ᠂ ᠬᠦᠲᠡᠭᠡ ᠲᠤᠰᠬᠤᠨ ᠮᠠᠯᠵᠢᠬᠤ ᠤᠷᠤᠨ  ᠤ ᠵᠠᠰᠠᠮᠠᠯ ᠵᠠᠮ ᠤᠨ ᠨᠡᠪᠲᠡᠷᠡᠯᠲᠡ ᠪᠠ ᠪᠦᠷᠬᠦᠴᠡ ᠢ ᠤᠯᠠᠮ ᠥᠷᠭᠡᠳᠭᠡᠵᠦ᠂ ᠲᠤᠬᠠᠢ ᠶᠢᠨ ᠭᠠᠵᠠᠷ ᠤᠨ ᠮᠠᠯᠴᠢᠳ  ᠤᠨ ᠶᠠᠪᠤᠵᠦ ᠰᠠᠭᠤᠬᠤ ᠳᠤ ᠲᠦᠬᠦᠮ ᠥᠵᠡᠬᠦᠯᠵᠦ᠂ ᠬᠤᠶᠢᠲᠦ ᠭᠡᠰᠡᠭ ᠤᠨ ᠡᠯᠡᠰᠤᠷᠭᠡᠭ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠤᠯᠥᠨ᠎ᠠ᠃     ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠤᠶᠢᠯ᠃ ᠲᠣᠰ ᠲᠥᠷᠥᠯ ᠵᠤᠶᠢᠯ ᠳᠤ ᠨᠡᠶᠢᠲᠡ 180 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠪᠥᠬᠦ ᠬᠤᠰᠢᠭᠤᠨ ᠤ ᠲᠠᠪᠤᠨ ᠰᠤᠮᠤ ᠪᠠᠯᠭᠠᠰᠤᠨ ᠳᠤ 36 ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠣᠷᠯᠣᠩ ᠪᠠᠶᠢᠭᠤᠯᠥᠨ᠎ᠠ  ᠂ ᠡᠭᠦᠨ ᠳᠤ ᠮᠢᠩᠭᠠᠳᠦ ᠪᠠᠯᠭᠠᠰᠤᠨ ᠳᠤ 6᠂ ᠰᠢᠩ ᠶᠣᠣ ᠪᠠᠯᠭᠠᠰᠤᠨ ᠳᠤ 9᠂ ᠤᠯᠠᠭᠠᠨᠴᠠᠪ ᠰᠤᠮᠤᠨ ᠳᠤ 7᠂ ᠶᠡᠬᠡᠨᠠᠭᠤᠷ ᠰᠤᠮᠤᠨ ᠳᠤ 7᠂ ᠪᠤᠯᠠᠭᠠᠠᠲᠤᠬᠤᠢ ᠰᠤᠮᠤᠨ ᠳᠤ 7 ᠪᠣᠶ᠃ ᠲᠥᠷᠥᠯ ᠵᠤᠶᠢᠯ ᠢ ᠪᠠᠶᠢᠭᠤᠯᠤᠭᠰᠠᠨ ᠤ ᠳᠠᠷᠠᠭ᠎ᠠ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠢᠵᠢ ᠪᠦᠷᠢᠳᠦᠭᠦᠯᠬᠦ ᠳᠦᠬᠦᠬᠡᠷᠤᠮᠵᠢ ᠶᠢ ᠤᠯᠠᠮ  ᠲᠡᠭᠦᠯᠳᠡᠷᠵᠢᠭᠦᠯᠵᠦ᠂ ᠭᠠᠴᠠᠭᠠᠨ ᠤ ᠨᠡᠶᠢᠲᠡ ᠶᠢᠨ ᠵᠣᠷᠯᠣᠩ ᠴᠥᠭᠡᠨ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠬᠦᠯᠦᠨ᠂ ᠤᠯᠠᠮᠵᠢᠯᠠᠯᠲᠤ ᠡᠷᠡᠭᠦᠯ ᠬᠠᠮᠠᠭᠠᠯᠠᠯ ᠤᠨ ᠳᠠᠳᠬᠠᠯ ᠢ ᠬᠤᠪᠢᠷᠠᠭᠤᠯᠬᠤ ᠳᠤ ᠠᠰᠢᠭᠲᠠᠶ ᠪᠠᠶᠢᠵᠤ᠂  ᠭᠦᠳᠡᠭᠡ ᠳᠤᠰᠬᠤᠨ ᠮᠠᠯᠵᠢᠬᠤ ᠤᠷᠤᠨ ᠤ ᠳᠦᠷᠢ ᠲᠥᠷᠬᠦ ᠶᠢ ᠭᠤᠶᠣᠯᠠᠬᠤ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠬᠠᠯᠠᠨ ᠰᠠᠶᠢᠵᠢᠷᠠᠭᠤᠯᠥᠨ᠎ᠠ᠃       ︵ᠵᠢᠷᠭᠤᠭ᠎ᠠ︶ ᠲᠤᠯᠢᠨᠪᠤᠯᠠᠭ ᠭᠠᠴᠠᠭᠠᠨ ᠤ ᠠᠷᠠᠳ ᠤᠨ ᠵᠠᠩ ᠦᠢᠯᠡ ᠶᠢᠨ ᠵᠢᠭᠤᠯᠴᠢᠯᠠᠯ ᠤᠨ ᠲᠥᠷᠥᠯ ᠵᠤᠶᠢᠯ᠃ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ 370 ᠲᠦᠮᠡᠨ ᠲᠥᠭᠦᠷᠢᠭ ᠪᠠᠶᠢᠵᠤ᠂ ᠪᠤᠯᠠᠭᠠᠠᠲᠤᠬᠤᠢ ᠰᠤᠮᠤᠨ ᠤ ᠲᠤᠯᠢᠨᠪᠤᠯᠠᠭ ᠭᠠᠴᠠᠭᠠᠨ ᠤ ᠵᠡᠭᠡᠯᠢ ᠭᠤᠳᠤᠮᠵᠢ ᠶᠢ 3 ᠺᠢᠯᠣᠮᠧᠲᠷ ᠬᠠᠲᠠᠭᠤᠷᠠᠭᠤᠯᠵᠤ᠂ ᠣᠲᠣ ᠪᠠᠶᠢᠭ᠎ᠠ ᠱᠦᠢᠨᠢ ᠵᠠᠮ ᠤᠨ ᠬᠤᠶᠠᠷ ᠬᠠᠵᠠᠭᠤ ᠶᠢᠨ ᠦᠶᠡᠷ ᠤᠨ ᠰᠤᠪᠠᠭ ᠢ 10 ᠺᠢᠯᠣᠮᠧᠲᠷ ᠵᠠᠰᠠᠨ᠎ᠠ︔ 100 ᠡᠷᠦᠬᠡ ᠶᠢᠨ ᠬᠦᠷᠢᠶ᠎ᠡ ᠬᠠᠰᠢᠶ᠎ᠠ ᠶᠢ ᠥᠭᠡᠷᠡᠴᠢᠯᠡᠨ ᠵᠠᠰᠠᠵᠤ 5000 ᠮᠧᠲᠷ ᠣᠷᠲᠦᠳᠬᠠᠨ᠎ᠠ︔ 100 ᠡᠷᠦᠬᠡ ᠶᠢᠨ ᠬᠦᠷᠢᠶ᠎ᠡ ᠬᠠᠰᠢᠶ᠎ᠠ ᠶᠢ ᠬᠠᠲᠠᠭᠤᠷᠠᠭᠤᠯᠵᠤ  3000 ᠲᠡᠭᠰᠢ ᠳᠥᠷᠪᠡᠯᠵᠢᠨ ᠮᠧᠲᠷ ᠲᠤ ᠭᠦᠷᠭᠡᠨ᠎ᠡ︔ 20 ᠮᠠᠯᠴᠢᠨ ᠡᠷᠦᠬᠡ ᠶᠢ ᠬᠥᠮᠦᠵᠢᠭᠦᠯᠵᠦ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠥᠢᠯᠡᠰ ᠢ ᠬᠥᠭᠵᠢᠭᠦᠯᠦᠨ᠎ᠡ︔ ᠥᠪᠡᠷᠮᠢᠴᠡ ᠣᠨᠴᠠᠯᠢᠭ ᠲᠠᠢ ᠬᠡᠰᠡᠭ ᠮᠠᠯᠵᠢᠬᠤ ᠡᠷᠦᠬᠡ ᠶᠢ ᠤᠨᠴᠠᠯᠢᠬᠲᠦ ᠦᠵᠡᠮᠵᠢ ᠶᠢᠨ ᠣᠷᠤᠨ ᠪᠣᠯᠭᠠᠨ᠎ᠠ᠃ ᠤᠷ᠎ᠠ ᠮᠡᠷᠭᠡᠵᠢᠯ ᠲᠠᠢ ᠮᠠᠯᠴᠢᠳ ᠲᠤ ᠨᠤᠮᠤ ᠰᠤᠮᠤ᠂ ᠮᠣᠩᠭᠤᠯ ᠲᠡᠷᠯᠢᠭ᠂ ᠮᠥᠩᠭᠦᠨ ᠵᠠᠰᠠᠯ ᠵᠢᠮᠰᠡᠭ ᠬᠢᠬᠦ ᠵᠡᠷᠭᠡ ᠭᠠᠷ ᠤᠷᠠᠯᠠᠯ ᠤᠨ ᠪᠣᠯᠪᠠᠰᠤᠷᠠᠯ ᠬᠦᠷᠲᠡᠬᠡᠬᠦ ᠶᠢᠨ ᠬᠠᠮᠲᠤ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠴᠡᠭ ᠪᠣᠯᠭᠠᠨ ᠪᠦᠲᠦᠭᠡᠨ ᠪᠠᠶᠢᠭᠤᠯᠤᠨ᠎ᠠ᠃ ᠲᠣᠰ ᠲᠥᠷᠥᠯ ᠵᠤᠶᠢᠯ ᠢ ᠬᠡᠷᠡᠭᠵᠢᠭᠦᠯᠬᠦ ᠪᠠᠷ ᠳᠠᠮᠵᠢᠨ᠂ ᠲᠤᠯᠢᠨᠪᠤᠯᠠᠭ ᠭᠠᠴᠠᠭᠠᠨ ᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠪᠦᠬᠦᠯᠢ ᠴᠣᠭᠴᠠ ᠶᠢᠨ ᠳᠦᠷᠢ ᠲᠥᠷᠬᠦ ᠶᠢ ᠤᠯᠠᠮ ᠰᠠᠶᠢᠵᠢᠷᠠᠭᠤᠯᠵᠦ᠂᠂ ᠲᠣᠰ ᠭᠠᠴᠠᠭ᠎ᠠ ᠵᠢᠴᠢ ᠣᠶᠢᠷ᠎ᠠ ᠬᠠᠪᠢ ᠶᠢᠨ ᠮᠠᠯᠴᠢᠨ ᠲᠦᠮᠡᠨ ᠤ ᠥᠨᠲᠦᠰᠦᠲᠡᠨ ᠤ ᠵᠠᠩ ᠠᠷᠠᠨᠰᠢᠨ ᠤ ᠵᠢᠭᠤᠯᠴᠢᠯᠠᠯ ᠪᠤᠯᠥᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ ᠬᠦᠭᠵᠢᠬᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠤᠨ ᠠᠷᠭ᠎ᠠ ᠵᠠᠮ   ᠢ ᠥᠷᠭᠡᠳᠬᠡᠨ᠂ ᠲᠤᠯᠢᠨᠪᠤᠯᠠᠭ ᠭᠠᠴᠠᠭ᠎ᠠ ᠶᠢ ᠬᠤᠰᠢᠭᠤ ᠬᠡᠪᠴᠢᠶᠡᠵᠢᠯ ᠤᠨ ᠭᠤᠤᠯᠲᠠᠯᠭ᠎ᠠ ᠲᠠᠢ ᠵᠢᠭᠤᠯᠴᠢᠯᠠᠯ ᠤᠨ ᠠᠵᠦ ᠥᠢᠯᠡᠰ ᠤᠨ ᠬᠦᠭᠵᠢᠯᠲᠡ ᠶᠢᠨ ᠵᠢᠱᠢᠶ᠎ᠡ ᠥᠵᠡᠬᠦᠯᠬᠦ ᠭᠠᠴᠠᠭ᠎ᠠ ᠪᠤᠯᠭᠠᠨ  ᠪᠦᠲᠦᠭᠡᠨ‌‍ᠪᠠᠶᠢᠭᠤᠯᠥᠨ᠎ᠠ᠃       ︵ᠳᠣᠯᠤᠭ᠎ᠠ︶ ᠮᠠᠯᠵᠢᠬᠤ ᠲᠠᠷᠢᠶᠠᠯᠠᠬᠤ ᠣᠷᠣᠨ ᠤ ᠬᠠᠶᠠᠭᠳᠠᠮᠠᠯ ᠨᠦᠬᠡ ᠶᠢ ᠵᠠᠰᠠᠬᠤ ᠲᠥᠷᠥᠯ ᠵᠤᠶᠢᠯ᠃ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 450 ᠲᠦᠮᠡᠨ ᠲᠥᠭᠦᠷᠢᠭ ᠲᠥᠯᠥᠪᠯᠡᠵᠦ᠂ ᠪᠥᠬᠦ ᠬᠤᠰᠢᠭᠤᠨ ᠤ ᠲᠠᠪᠤᠨ ᠰᠤᠮᠤ ᠪᠠᠯᠭᠠᠰᠤᠨ ᠤ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠢᠷ ᠴᠢᠯᠠᠭᠤ ᠮᠠᠯᠳ᠋ᠬᠠᠰᠠᠨ ᠬᠠᠶᠠᠭᠳᠠᠮᠠᠯ ᠨᠦᠬᠡ ᠶᠢ ᠰᠢᠷᠣᠶ ᠪᠠᠷ ᠲᠡᠭᠰᠢᠯᠡᠬᠦ᠂ ᠨᠠᠯᠠᠤ ᠭᠠᠵᠠᠷ ᠢ ᠲᠡᠭᠰᠢᠯᠡᠬᠦ᠂ ᠰᠢᠷᠣᠶ ᠪᠠᠷ ᠪᠦᠭᠯᠡᠬᠦ᠂ ᠤᠷᠭᠤᠮᠠᠯ ᠤᠨ ᠬᠤᠴᠢᠯᠭ᠎ᠠ ᠶᠢ ᠵᠠᠰᠠᠨ ᠰᠡᠷᠬᠦᠬᠡᠬᠦ ᠵᠡᠷᠭᠡ ᠠᠵᠢᠯ ᠤᠳ ᠢ ᠬᠢᠵᠦ᠂ 500 ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠲᠤᠰ ᠲᠦᠷᠦᠯ ᠵᠥᠢᠯ ᠢ ᠬᠡᠷᠡᠭᠵᠢᠬᠦᠯᠬᠦ ᠨᠢ ᠲᠦᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠬᠦᠯᠬᠦ ᠳᠤ ᠪᠤᠲᠠᠲᠦ ᠠᠴᠢ ᠬᠤᠯᠪᠤᠭᠲᠠᠯ ᠲᠠᠢ ᠶᠤᠮ᠃       ᠲᠥᠯᠥᠭᠡᠯᠡᠭᠴᠢᠳ ᠡ᠂ ᠭᠡᠰᠢᠭᠦᠳ ᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠪᠣᠯ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠬᠤᠰᠢᠭᠤ ᠵᠠᠰᠠᠭ ᠤᠨ ᠤᠷᠲᠤᠨ ᠤᠭ ᠰᠠᠨᠠᠭ᠎ᠠ ᠪᠠᠨ ᠥᠯᠤ ᠮᠠᠷᠲᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠯᠥᠨ ᠡᠯ᠎ᠡ ᠰᠤᠮᠤ ᠪᠠᠯᠭᠠᠰᠤᠨ ᠤ ᠵᠠᠰᠠᠭ ᠤᠨ ᠤᠷᠲᠤᠨ ᠢ ᠲᠠᠶᠢᠴᠢᠯᠠᠨ ᠲᠠᠭᠠᠭᠤᠯᠵᠦ᠂ ᠥᠨᠡᠨ ᠪᠤᠲᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠲᠥᠷᠥᠯ ᠵᠤᠶᠢᠯ ᠨᠢᠭᠡᠪᠦᠷᠢ ᠶᠢ ᠰᠣᠳᠣᠨ ᠢᠨᠵᠧᠨᠧᠷᠢᠩ ᠪᠣᠯᠭᠠᠵᠤ᠂ ᠣᠯᠠᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠪᠣᠳᠠᠲᠠᠶ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢᠲᠠᠶ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠬᠦᠯᠵᠦ᠂ ᠪᠦᠬᠦ ᠬᠤᠰᠢᠭᠤᠨ ᠤ ᠡᠯ᠎ᠡ ᠥᠨᠲᠦᠰᠦᠲᠡᠨ ᠤ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠥᠭᠬᠦᠨ᠎ᠡ᠃       ᠲᠠᠶᠢᠯᠪᠤᠷᠢ    〔1〕᠄ ᠲᠤᠰᠬᠠᠶ ᠲᠥᠬᠦᠭᠡᠷᠦᠮᠵᠢ ᠶᠢ ᠬᠡᠷᠡᠭᠯᠡᠵᠦ᠂ ᠪᠦᠭᠡᠭᠡᠨᠡᠷᠡᠯ ᠪᠣᠳᠠᠰ ᠤᠨ ᠴᠢᠨᠠᠷ ᠢ ᠬᠤᠪᠢᠷᠠᠭᠤᠯᠤᠭᠰᠠᠨ ᠴᠡᠶᠢᠳᠡᠮᠯᠢᠭ ᠪᠠᠷᠤᠭᠰᠢᠨ᠂ ᠴᠢᠯᠠᠭᠤᠯᠢᠭ ᠮᠠᠲ᠋ᠧᠷᠢᠶᠠᠯ᠂ ᠴᠢᠭ᠍ᠵᠢᠶᠠᠰᠦ᠂  ᠤᠰᠤ ᠪᠣᠯᠤᠨ ᠨᠡᠮᠡᠯᠲᠡ ᠡᠳ᠋ ᠵᠡᠷᠭᠡ ᠶᠢ ᠵᠤᠬᠢᠬᠤ ᠲᠤᠬᠢᠷᠠᠭᠤᠯᠬᠤ ᠬᠠᠷᠢᠴᠠᠯ ᠢᠶᠠᠷ ᠬᠤᠯᠢᠵᠦ ᠨᠡᠶᠢᠯᠡᠬᠦᠯᠦᠨ᠂ ᠰᠢᠩᠭᠡᠨ ᠴᠠᠷᠳᠠᠭᠤᠯ ᠤᠨ ᠬᠤᠯᠢᠮᠠᠭ ᠪᠤᠳᠠᠰ ᠪᠤᠯᠭᠠᠨ ᠤᠤᠯ ᠤᠨ ᠵᠠᠮ ᠤᠨ ᠭᠠᠳᠠᠷᠭᠤ ᠲᠡᠭᠡᠷ᠎ᠡ ᠲᠦᠷᠬᠡᠨ ᠨᠠᠶᠢᠳᠠᠮ ᠲᠡᠪᠢᠰᠴᠦ᠂ ᠨᠢᠮᠭᠡᠨ ᠪᠦᠷᠬᠦᠪᠴᠢ ᠪᠦᠷᠢᠯᠳᠦᠬᠦᠯᠬᠦ ᠶᠢᠨ ᠬᠠᠮᠳᠦ ᠤᠬᠤᠷ ᠴᠠᠭ ᠤᠨ ᠲᠤᠳᠤᠷ᠎ᠠ ᠲᠦᠷᠭᠡᠨ ᠨᠡᠪᠳᠡᠷᠡᠬᠦᠯᠳᠡᠭ ᠵᠠᠰᠠᠮᠠᠯ ᠵᠠᠮ ᠤᠨ ᠵᠠᠮ ᠤᠨ ᠭᠠᠳᠠᠷᠭᠤ ᠶᠢ  ᠬᠠᠮᠠᠭᠠᠯᠠᠵᠦ ᠰᠡᠯᠪᠢᠳᠡᠭ ᠮᠡᠷᠬᠡᠵᠢᠯ ᠪᠤᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号