ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶ᠎ᠠ ᠶᠢᠨ  ᠠᠷᠪᠠᠳᠤᠭᠠᠷ  ᠣᠳᠠᠭᠠᠨ ᠤ  ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠤᠨ ᠶᠠᠷᠢᠶ᠎ᠠ
ᠨᠡᠶᠢᠲᠡᠯᠡᠭᠰᠡᠨ ᠴᠠᠭ᠄
2020/6/17
    ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶ᠎ᠠ ᠶᠢᠨ   ᠠᠷᠪᠠᠳᠤᠭᠠᠷ  ᠣᠳᠠᠭᠠᠨ ᠤ  ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯ ᠤᠨ ᠶᠠᠷᠢᠶ᠎ᠠ             ︵2020 ᠣᠨ ᠤ 1 ᠰᠠᠷ᠎ᠠ ᠶᠢᠨ 16 ᠤ ᠡᠳᠦᠷ︶                             ᠰᠦ᠋ ᠫᠧᠩ  ᠰᠠᠶ᠋ᠢ ᠪᠣᠣ ᠱᠦᠵᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2020 ᠣᠨ ᠤ 1 ᠳ᠋ᠦ᠋ᠭᠡᠷ ᠤᠳᠠᠭ᠎ᠠ ᠶᠢᠨ ︵ᠦᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠪᠢᠳᠡ ᠭᠦᠨᠵᠡᠭᠡᠶ ᠰᠤᠷᠤᠯᠴᠠᠨ ᠣᠶᠢᠯᠠᠭᠠᠵᠤ᠂ ᠲᠤᠤᠱᠯᠠᠭᠤᠯᠦᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠠᠳᠬᠤᠬᠤ ᠬᠡᠷᠡᠭᠲᠡᠶ᠃ ᠳᠣᠤᠷ᠎ᠠ ᠪᠢ ᠬᠡᠳᠦᠨ ᠰᠠᠨᠠᠯ ᠶᠠᠷᠢᠶ᠎ᠠ᠃    ᠨᠢᠭᠡ᠂ 2019 ᠣᠨ ᠤ ᠠᠵᠢᠯ ᠤᠨ ᠡᠷᠭᠢᠴᠡᠭᠦᠯᠦᠯ   2019 ᠣᠨ ᠳᠤ᠂ ᠪᠥᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ‌ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ  ᠃ ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ 4.1% ᠪᠠᠷ ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 44.1% ᠪᠠᠷ ᠨᠡᠮᠡᠭᠳᠡᠪᠡ᠃  ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 7.5% ᠪᠠᠷ ᠨᠡᠮᠡᠭᠳᠡᠪᠠ᠃  ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 8.0% ᠪᠠ 9.0% ᠪᠠᠷ ᠨᠡᠮᠡᠭᠳᠡᠪᠡ  ᠃  ᠪᠦᠬᠦ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ 6.1% ᠪᠠᠷ ᠨᠡᠮᠡᠭᠳᠡᠪᠠ᠃    ︵ᠨᠢᠭᠡ︶ ᠬᠤᠷᠠᠮᠳᠣᠭᠰᠠᠨ ᠠᠰᠠᠭᠤᠳᠠᠯ ᠢ ᠴᠡᠪᠡᠷᠯᠡᠭᠡᠳ ᠦᠷ᠎ᠡ ᠪᠦᠲᠦᠮᠵᠢ ᠤᠯᠪᠠ᠃ ᠥᠩᠭᠡᠷᠡᠭᠰᠡᠨ ᠤ ᠬᠥᠭᠵᠢᠯᠲᠡ ᠶᠢᠨ ᠳᠤᠮᠳᠠ  ᠤᠷᠤᠰᠢᠭᠰᠠᠨ ᠵᠥᠷᠢᠴᠡᠯ ᠪᠣᠯᠤᠨ ᠲᠤᠰᠬᠠᠶ ᠵᠦᠶᠯ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠢᠳᠡᠪᠬᠢᠲᠡᠶ ᠪᠠᠷ ᠡᠭᠦᠳᠴᠦ᠂ ᠲᠥᠪᠯᠡᠷᠡᠭᠦᠯᠦᠨ ᠰᠢᠪᠲᠤᠯᠤᠯᠲᠠ ᠬᠢᠵᠦ᠂ ᠨᠢᠭᠡ ᠨᠢᠭᠡ ᠪᠠᠷ ᠰᠢᠶᠳᠪᠦᠷᠢᠯᠡᠵᠦ᠂ ᠬᠤᠶᠢᠰᠢᠳᠠ ᠶᠢᠨ ᠬᠥᠭᠵᠢᠯᠲᠡ ᠶᠢᠨ ᠳᠠᠷᠤᠭᠠᠰᠤ ᠪᠤᠯᠦᠨ ᠬᠠᠷᠰᠢ ᠰᠠᠭᠠᠳ ᠢ ᠠᠷᠢᠯᠭᠠᠵᠠᠢ᠃ ᠨᠢᠭᠡ ᠳᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ᠶᠡᠭᠡ ᠡᠬᠢᠯᠡᠯᠲᠡ ᠶᠡᠭᠡ ᠪᠠᠶᠢᠴᠠᠭᠠᠯᠲᠠ︾᠂ ︽ᠪᠦᠬᠦᠨ ᠢ ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠰᠠᠭᠤᠳᠠᠯ  ᠢ ︽ᠪᠦᠬᠦᠨ ᠢ ᠠᠭᠤᠳᠠᠯᠯᠡᠨ ᠰᠶᠢᠳᠪᠤᠷᠢᠯᠡᠬᠦ︾ ᠶᠢ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠪᠡ᠃ ᠪᠦᠬᠦ ᠵᠢᠯ ᠳᠤ 11 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠶᠠᠳᠠᠭᠤ ᠭᠠᠴᠠᠭ᠎ᠠ ᠳᠣᠰᠬᠤᠨ ᠤ ᠡᠩᠨᠡᠭᠡ ᠠᠴᠠ  ᠭᠠᠷᠭᠠᠵᠤ᠂ 275 ᠡᠷᠦᠬᠡ ᠶᠢᠨ 573 ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠪᠠ᠃ ᠬᠤᠶᠠᠷ ᠲᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠠ ︽ ᠡᠷᠬᠢᠨ ᠬᠠᠷᠠᠬᠤ  ︾ ᠵᠢᠴᠢ ᠨᠤᠲᠤᠭ ᠪᠡᠯᠴᠢᠭᠡᠷ ᠤᠨ ᠲᠤᠰᠬᠠᠶ ᠰᠢᠪᠠᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 29 ᠵᠦᠶᠯ ᠤᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ 18 ᠵᠦᠶᠯ ᠤᠨ ᠳ᠋ᠤᠭᠠᠷ ᠢ ᠬᠦᠴᠦᠨ ᠥᠬᠡᠶ ᠪᠣᠯᠭᠠᠪᠠ᠃ ᠭᠤᠷᠪᠠ ᠳᠤ᠂ 2016 ᠣᠨ ᠠᠴᠠ 2018 ᠣᠨ ᠪᠣᠯᠲᠠᠯ᠎ᠠ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ 17 ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠦᠬᠦᠨ ᠢ ᠨᠢ ᠴᠡᠭᠴᠡᠯᠡᠨ ᠰᠠᠶᠢᠵᠢᠷᠠᠭᠤᠯᠪᠠ᠃ ᠳᠥᠷᠪᠡ ᠳᠤ᠂ ᠰᠠᠷᠠᠪᠴᠢᠨ ᠬᠡᠷ ᠢ ᠪᠥᠬᠦ ᠲᠠᠯ᠎ᠠ ᠪᠠᠷ ᠴᠡᠪᠡᠷᠯᠡᠨ ᠴᠡᠭᠴᠡᠯᠡᠨ ᠵᠠᠰᠠᠵᠤ᠂ 13 ᠬᠠᠣᠯᠢ ᠪᠣᠰᠣ ᠪᠠᠷ ᠪᠠᠶᠢᠭᠤᠯᠣᠭᠰᠠᠨ ᠰᠠᠷᠠᠪᠴᠢᠨ ᠬᠡᠷ ᠢ ᠴᠡᠭᠴᠡᠯᠡᠨ ᠰᠠᠶᠢᠵᠢᠷᠠᠭᠤᠯᠪᠠ  ᠃    ︵ᠬᠤᠶᠠᠷ︶ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠣᠳᠣ ᠦᠶ᠎ᠡ ᠶᠢᠨ ᠲᠠᠷᠢᠶᠠᠯᠠᠩ‌ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠪᠡ᠃  ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ᠂ ᠠᠵᠤ ᠠᠬᠤᠢ ᠶᠢ ᠰᠢᠯᠢᠳᠡᠭᠵᠢᠭᠦᠯᠦᠨ ᠪᠣᠷᠳᠤᠭ᠎ᠠ ᠶᠢ ᠦᠷᠭᠡᠳᠬᠡᠬᠦ ︾ ᠪᠠᠶᠢᠯᠳᠤᠬᠤ ᠪᠣᠳᠣᠯᠭ᠎ᠠ ᠶᠢ ᠪᠦᠬᠦ ᠬᠦᠴᠦᠨ ᠢᠶᠠᠷ ᠠᠬᠢᠭᠤᠯᠵᠤ᠂ 2940 ᠰᠢᠯᠢᠳᠡᠭ ᠡᠭᠦᠯᠳᠡᠷ ᠤᠨ ᠮᠢᠬᠠᠨ ᠤ ᠦᠬᠡᠷ᠂ 4087 ᠴᠠᠬᠠᠷ ᠬᠤᠨᠢ ᠶᠢ ᠣᠷᠣᠭᠤᠯᠤᠨ ᠠᠪᠴᠢᠷᠠᠵᠤ ᠲᠣᠬᠢᠷᠠᠭᠤᠯᠪᠠ᠃ 6.4 ᠲᠦᠮᠡᠨ ᠦᠬᠡᠷ ᠪᠠ 18 ᠲᠦᠮᠡᠨ ᠬᠤᠨᠢ ᠶᠢ ᠡᠭᠦᠯᠳᠡᠷ ᠰᠠᠶᠢᠵᠢᠷᠠᠭᠤᠯᠪᠠ᠃ 4  ᠱᠢᠮᠢᠨᠳᠠᠷ ᠦᠬᠡᠷ ᠤᠨ ᠭᠤᠣᠯ ᠰᠦᠷᠦᠭ᠂ 12 ᠴᠠᠬᠠᠷ ᠬᠤᠨᠢᠨ ᠤ ᠭᠤᠣᠯ ᠰᠦᠷᠦᠭ ᠢ ᠰᠢᠨ᠎ᠡ ᠪᠠᠷ ᠪᠠᠶᠢᠭᠤᠯᠵᠤ᠂ 40 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠬᠢᠨᠠᠨ ᠳᠣᠭᠳᠠᠭᠠᠪᠠ᠃ ᠲᠠᠷᠢᠮᠠᠯ ᠲᠠᠷᠢᠬᠤ ᠲᠠᠯᠠᠪᠠᠢ 25.8 ᠲᠦᠮᠡᠨ ᠮᠦ ᠪᠠᠶᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ 13.5 ᠲᠦᠮᠡᠨ ᠮᠦ᠂ ᠠᠵᠤ ᠠᠬᠤᠢ ᠶᠢᠨ ᠲᠠᠷᠢᠮᠠᠯ 4 ᠲᠦᠮᠡᠨ ᠮᠦ᠂ ᠲᠡᠵᠢᠭᠡᠯ ᠡᠪᠡᠰᠦ ᠪᠣᠷᠳᠤᠭ᠎ᠠ 8.3 ᠲᠦᠮᠡᠨ ᠮᠦ ᠪᠠᠶᠢᠵᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠣᠭᠠᠨ ᠤ ᠬᠠᠷᠢᠴᠠᠯ ᠲᠠᠰᠤᠷᠠᠯᠲᠠ ᠦᠭᠡᠢ ᠰᠢᠯᠢᠳᠡᠭᠵᠢᠵᠦ᠂ ᠲᠠᠷᠢᠮᠠᠯ ᠤᠨ ᠦᠢᠯᠡᠰ ᠤᠨ ᠦᠷ᠎ᠡ ᠠᠰᠢᠭ ᠤᠯᠠᠮ ᠳᠡᠭᠡᠭᠰᠢᠯᠡᠪᠡ᠃ ᠶᠤᠸᠠᠢ ᠱᠧᠩ ᠵᠠᠶ ᠣᠲᠣ ᠦᠶ᠎ᠡ ᠶᠢᠨ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ᠂ ᠡᠷᠳᠡᠨᠢ ᠣᠳᠣᠬᠢᠴᠢᠯᠠᠭᠰᠠᠨ ᠪᠣᠷᠳᠣᠵᠤ ᠲᠠᠷᠭᠤᠯᠠᠭᠤᠯᠬᠤ ᠦᠬᠡᠷ ᠤᠨ ᠵᠢᠱᠢᠶ᠎ᠡ ᠦᠵᠡᠭᠦᠯᠬᠦ ᠲᠠᠯᠠᠪᠠᠶ ᠶᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠶᠢᠴᠠᠭᠠᠨ ᠬᠡᠮᠵᠢᠬᠦ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠡ᠂ ᠡᠷᠴᠢᠮᠵᠢᠯᠲᠡ ᠶᠢᠨ ᠬᠢᠷᠢ ᠬᠡᠮᠵᠢᠶ᠎ᠡ‌ᠢᠯᠡᠳᠲᠡ ᠳᠡᠭᠡᠭᠰᠢᠯᠡᠭᠦᠯᠪᠡ᠃ ᠮᠠᠯ ᠤᠨ ᠫᠧᠩ 6 ᠲᠦᠮᠡᠨ ᠲᠡᠭᠰᠢ ᠳᠥᠷᠪᠡᠯᠵᠢᠨ ᠮᠧᠲᠷ᠂ ᠨᠤᠭᠤᠭᠠᠨ ᠲᠠᠷᠦᠰᠢ ᠶᠢᠨ ᠵᠣᠭᠤᠷᠢ 2.5 ᠲᠦᠮᠡᠨ ᠪᠣᠰᠤᠭ᠎ᠠ  ᠳᠦᠷᠪᠡᠯᠵᠢᠨ ᠮᠧᠲᠷ  ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠢ 3 ᠶᠢ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠠᠶᠤᠯ ᠠᠴᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠵᠤ ᠦᠶᠯᠡᠳᠪᠦᠷᠢ ᠶᠢᠨ ᠠᠵᠤ ᠠᠬᠤᠶ ᠦᠷᠭᠦᠯᠵᠢᠯᠡᠨ ᠰᠠᠶᠢᠵᠢᠷᠠᠪᠠ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 2 ᠪᠠᠶᠢᠵᠤ᠂ ᠨᠡᠶᠢᠲᠡ 19 ᠡᠷᠦᠬᠡ ᠳᠤ ᠬᠦᠷᠴᠦ᠂ ᠵᠢᠱᠢᠯᠲᠡ ᠪᠠᠷ ᠦᠶᠯᠡᠳᠬᠦᠨ ᠤ ᠶᠡᠷᠦᠩᠬᠡᠶ ᠥᠷᠲᠡᠭ  ᠢ 10.3 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠡᠭᠦᠨ ᠳᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠠᠭᠤᠷᠬᠠᠶ ᠶᠢᠨ ᠭᠠᠷᠤᠯᠲᠠ ᠶᠢ ᠰᠣᠩᠭᠤᠨ ᠪᠣᠯᠪᠠᠰᠤᠷᠠᠭᠤᠯᠬᠤ᠂ ᠲᠣᠨᠤᠭ ᠲᠥᠬᠦᠭᠡᠷᠦᠮᠵᠢ ᠦᠶᠯᠡᠳᠬᠦ ᠵᠡᠷᠭᠡ‌ᠠᠵᠤ ᠦᠶᠯᠡᠰ ᠤᠨ ᠲᠤᠯᠭᠠᠭᠤᠷᠢᠯᠠᠬᠤ ᠦᠶᠯᠡᠳᠦᠯ ᠢ ᠦᠷᠭᠦᠯᠵᠢᠯᠡᠨ ᠴᠢᠩᠭᠠᠷᠠᠭᠤᠯᠵᠤ᠂ ᠦᠶᠯᠡᠳᠬᠦᠨ ᠤ ᠥᠷᠲᠡᠭ ᠤᠨ ᠡᠵᠡᠯᠡᠬᠦ ᠬᠠᠷᠢᠴᠠᠯ 90% ᠠᠴᠠ ᠳᠡᠭᠡᠭᠰᠢ ᠳᠤ ᠬᠦᠷᠪᠡ᠃ ᠶᠤᠸᠠᠢ ᠱᠧᠩ ᠵᠠᠶ ᠮᠢᠬᠠᠨ ᠤ ᠦᠬᠡᠷ ᠪᠠ ᠬᠤᠨᠢ ᠢᠮᠠᠭ᠎ᠠ ᠠᠯᠠᠵᠤ ᠡᠳ᠋ᠰᠢᠭᠦᠯᠬᠦ᠂ ᠡᠷᠳᠡᠨᠢ ᠮᠢᠬᠠᠨ ᠤ ᠦᠶᠯᠡᠰ ᠤᠨ ᠪᠥᠬᠦ ᠠᠦ᠋ᠲ᠋ᠣᠴᠢᠯᠠᠭᠰᠠᠨ ᠨᠢᠲᠤᠯᠬᠤ ᠦᠶᠯᠡᠳᠪᠦᠷᠢ ᠶᠢᠨ ᠲᠥᠷᠥᠯ ᠵᠦᠶᠯ ᠢ ᠤᠷᠤᠭᠰᠢᠲᠠᠶ ᠠᠬᠢᠭᠤᠯᠪᠠ᠃  ᠬᠤᠩ ᠶᠧ ᠨᠣᠤᠰᠣᠨ ᠨᠡᠬᠡᠮᠡᠯ ᠤᠨ ᠦᠶᠯᠡᠳᠪᠦᠷᠢ ᠶᠢ ᠪᠠᠶᠢᠭᠤᠯᠵᠤ ᠲᠤᠷᠰᠢᠨ ᠦᠢᠯᠡᠳᠪᠤᠷᠢᠯᠡᠪᠡ᠃ ᠮᠧᠩ ᠱᠧᠩ ᠮᠢᠬᠠᠨ ᠤ ᠦᠶᠯᠡᠰ᠂ ᠢ ᠱᠧᠩ ᠮᠢᠬᠠᠨ ᠤ ᠦᠶᠯᠡᠰ᠂ ᠯᠦ ᠸᠠᠩ ᠠᠵᠤ ᠦᠶᠯᠡᠰ ᠤᠨ ᠮᠡᠷᠭᠡᠵᠢᠯ ᠤᠨ ᠦᠭᠡᠷᠡᠴᠢᠯᠡᠯᠳᠡ ᠶᠢᠨ ᠲᠠᠰ ᠳᠡᠪᠰᠢᠬᠦ ᠶᠢ ᠪᠡᠶᠡᠯᠡᠭᠦᠯᠪᠡ᠃ ᠶᠡᠷᠦᠩᠬᠡᠶ ᠬᠡᠪᠴᠢᠶ᠎ᠡ ᠨᠢ 100 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠪᠠ 500 ᠺᠢᠯᠤᠸ᠋ᠯᠲ ᠶᠢᠨ ᠬᠤᠷᠠᠮᠠᠯ ᠥᠷᠲᠡᠭᠡ ᠵᠢᠴᠢ ᠬᠦᠷᠭᠡᠬᠦ ᠱᠤᠭᠤᠮ ᠤᠨ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠮᠧᠩ‌ᠨᠧᠩ ᠲᠡᠮᠦᠷᠯᠢᠭ ᠬᠠᠶᠢᠯᠤᠭᠤᠯᠬᠤ᠂ ᠷᠦᠢ ᠰᠢᠨ ᠠᠭᠤᠷᠬᠠᠶ ᠶᠢᠨ ᠦᠶᠯᠡᠰ ᠤᠨ ᠴᠢᠨᠠᠷ ᠰᠠᠶᠢᠲᠠᠶ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠲᠣᠭᠲᠠᠭᠤᠨ ᠢᠶᠠᠷ ᠠᠵᠢᠯᠯᠠᠭᠤᠯᠪᠠ᠃ ᠭᠦᠸᠧ ᠠᠶ ᠨᠢᠺᠧᠯ ᠤᠨ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠭᠦᠯᠬᠦ ᠠᠵᠢᠯ ᠢ ᠪᠥᠬᠦ ᠲᠠᠯ ᠎ᠠ ᠪᠠᠷ ᠡᠬᠢᠯᠡᠭᠦᠯᠪᠡ᠃ ᠴᠢᠶᠠᠨ ᠶᠢᠨ ᠳ᠋ᠠ ᠠᠭᠤᠷᠬᠠᠢ ᠶᠢᠨ ᠵᠢᠯ  ᠳᠤ 30 ᠲᠦᠮᠡᠨ ᠲᠤᠨ ᠮᠦᠩᠭᠦ ᠲᠤᠭᠤᠯᠭ᠎ᠠ ᠴᠡᠶᠢᠷ᠂ ᠦᠩᠭᠡᠳᠦ ᠲᠡᠮᠦᠷᠯᠢᠭ ᠤᠨ ᠠᠭᠤᠷᠬᠠᠢ ᠶᠢᠨ ᠲᠥᠷᠥᠯ ᠵᠦᠢᠯ ᠤᠨ ᠭᠠᠷ ᠭᠦᠢᠴᠡᠳᠬᠡᠯ ᠢ ᠪᠦᠬᠦᠨ ᠢ ᠬᠢᠵᠦ ᠳᠠᠭᠤᠰᠬᠠᠵᠠᠢ᠃ ᠣᠨᠴᠠ ᠬᠤᠪᠢᠰᠬᠤ ᠴᠠᠬᠢᠯᠭᠠᠨ ᠤ ᠠᠵᠤ ᠦᠢᠯᠡᠳᠪᠦᠷᠢ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ᠂  ᠵᠢᠶᠠᠨ ᠠᠨ ᠴᠧᠩ ᠤᠨ ᠣᠶᠢᠯᠡᠳᠪᠦᠷᠢᠯᠡᠯ ᠳᠣᠭᠳᠠᠭᠤᠨ ᠬᠦᠭᠵᠢᠪᠡ᠃ ᠰᠢᠨ᠎ᠡ ᠮᠠᠲ᠋ᠧᠷᠢᠶᠠᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠨᠥᠸᠧ ᠶᠢᠨ ᠨᠡᠭᠦᠷᠡᠰᠦᠨ ᠡᠳ᠋ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠠᠢ ᠮᠧᠩ ᠪᠠᠯ ᠴᠢᠯᠠᠭᠤᠨ ᠤ ᠠᠯᠺᠧᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠲᠤᠷᠰᠢᠨ ᠦᠢᠯᠡᠳᠪᠦᠷᠢᠯᠡᠪᠡ  ᠃ ᠪᠤᠤ ᠰᠢ ᠠᠵᠤ ᠦᠶᠯᠡᠳᠪᠦᠷᠢ ᠠᠷᠠᠯᠵᠢᠶ᠎ᠠ ᠶᠢ ᠲᠣᠭᠲᠠᠭᠤᠨ ᠢᠶᠠᠷ ᠠᠵᠢᠯᠯᠠᠭᠤᠯᠵᠤ᠂ ᠳ᠋ᠥᠩ ᠹᠠᠩ ᠶᠤᠸᠠᠨ ᠯᠢᠨ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠶᠡᠷᠦᠩᠬᠡᠶᠢᠯᠡᠨ ᠰᠢᠶᠳᠪᠦᠷᠢᠯᠡᠬᠦ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠪᠠᠶᠢᠭᠤᠯᠪᠠ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠬᠦ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ᠂ ᠠᠵᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠤᠰᠤ ᠴᠠᠬᠢᠯᠭᠠᠨ ᠵᠠᠮ ᠲᠣᠤᠷ ᠵᠡᠷᠭᠡ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠦᠢᠯᠡᠴᠢᠯᠡᠭᠡᠨ ᠤ ᠦᠢᠯᠡᠰ ᠰᠢᠨ᠎ᠡ ᠠᠮᠢᠵᠢᠷᠠᠯ ᠤᠨ ᠬᠦᠴᠦᠨ ᠲᠠᠢ ᠪᠣᠯᠪᠠ᠃ ᠤᠯᠠᠮᠵᠢᠯᠠᠯᠲᠤ ᠦᠶᠯᠡᠴᠢᠯᠡᠭᠡᠨ ᠤ ᠦᠶᠯᠡᠰ ᠡᠷᠡᠭᠦᠯ ᠢᠶᠠᠷ ᠬᠥᠭᠵᠢᠵᠦ᠂ ᠵᠠᠮ ᠲᠡᠭᠡᠭᠡᠪᠦᠷᠢ ᠶᠢᠨ ᠪᠠᠷᠠᠭ᠎ᠠ  ᠲᠡᠭᠡᠭᠡᠪᠦᠷᠢ ᠶᠢᠨ ᠬᠡᠮᠵᠢᠶ᠎ᠡ 633.3 ᠲᠦᠮᠡᠨ ᠲᠣᠨ᠂ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 80.9 ᠲᠦᠮᠡᠨ ᠬᠥᠮᠦᠨ ᠤᠳᠠᠭ᠎ᠠ ᠳᠤ ᠬᠦᠷᠴᠦ᠂ ᠲᠣᠰᠪᠣᠷᠢ 8.0% ᠪᠠ 5.0% ᠪᠠᠷ ᠨᠡᠮᠡᠭᠳᠡᠪᠡ᠃ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠰ ᠲᠣᠰ 24.3 ᠳ᠋ᠦᠩᠰᠢᠭᠤᠷ ᠲᠥᠭᠦᠷᠢᠭ ᠪᠠ 12.1 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ 13.2% ᠪᠠ 13.4% ᠪᠠᠷ ᠨᠡᠮᠡᠭᠳᠡᠪᠡ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠢ 241.3% ᠪᠠᠷ ᠨᠡᠮᠡᠭᠳᠡᠪᠡ᠃ ᠡᠳ᠋ ᠤᠨ ᠵᠠᠰᠠᠭ ᠤᠨ ᠨᠠᠶᠮᠠᠨ ᠵᠦᠶᠯ ᠤᠨ ᠵᠠᠷᠤᠯᠭ᠎ᠠ 30.7% ᠪᠠᠷ ᠨᠡᠮᠡᠭᠳᠡᠪᠡ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠥᠷᠨᠢᠨ ᠬᠥᠭᠵᠢᠵᠦ᠂ ︽ ᠳᠥᠷᠪᠡᠨ ᠣᠯᠠᠷᠢᠯ ᠤᠨ ᠴᠠᠬᠠᠷ ᠨᠤᠲᠤᠭ  ︾ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢᠨ ᠲᠣᠭᠤᠷᠢᠨ ᠳᠤ᠂ ᠰᠢᠨᠵᠢᠯᠡᠬᠦ ᠮᠡᠷᠭᠡᠵᠢᠯ ᠪᠠᠷ ᠤᠳᠦᠨ ᠤᠷᠦᠨ ᠶᠢ ᠠᠵᠢᠭᠯᠠᠬᠤ᠂ ᠡᠯᠡᠰᠦᠷᠭᠡᠭ ᠭᠠᠵᠠᠷ ᠤᠨ ᠠᠶᠠᠯᠠᠯ᠂ ᠡᠯᠡᠰᠦᠷᠭᠡᠭ ᠭᠠᠵᠠᠷ ᠶᠢᠨ ᠠᠶᠠᠯᠠᠯ᠂ ᠦᠨᠳᠦᠰᠦᠳᠡᠨ ᠤ ᠵᠡᠩ ᠠᠷᠠᠨᠰᠢᠨ ᠶᠢ ᠦᠢᠯᠭᠠᠬᠤ ᠵᠢᠭᠤᠯᠴᠢᠯᠡᠯ   ᠢ ᠶᠡᠭᠡᠪᠡᠷ ᠬᠦᠭᠵᠢᠭᠦᠯᠵᠦ᠂ ᠮᠠᠯᠴᠢᠨ ᠠᠶᠢᠯ ᠢ ᠶᠡᠬᠡᠪᠡᠷ ᠲᠡᠳᠬᠦᠨ ᠬᠥᠭᠵᠢᠭᠦᠯᠵᠦ᠂ ᠵᠢᠭᠤᠯᠴᠢᠯᠠᠯ ᠤᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠯᠢᠶᠡᠨ ᠠᠪᠬᠤ ᠬᠥᠮᠦᠨ ᠤ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠶᠢ ᠲᠤᠰ ᠲᠤᠰ 6.1% ᠪᠠ 5.9% ᠪᠠᠷ ᠨᠡᠮᠡᠭᠳᠡᠭᠦᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠶᠯ ᠢ ᠯᠠᠪᠳᠠᠭᠤᠨ ᠢᠶᠠᠷ ᠠᠬᠢᠭᠤᠯᠵᠤ᠂ 5 ᠰᠤᠮᠤ ᠪᠠᠯᠭᠠᠰᠤ ᠶᠢᠨ ᠲᠠᠰ ᠪᠠ 40 ᠭᠠᠴᠠᠭ᠎ᠠ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠥᠷᠲᠡᠭᠡ ᠴᠢᠬ ᠤᠨ ᠪᠠᠶᠢᠭᠤᠯᠣᠯᠳᠠ ᠶᠢ ᠪᠡᠶᠡᠯᠡᠭᠦᠯᠵᠦ᠂ ᠬᠤᠰᠢᠭᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ  ᠨᠡᠶᠢᠳᠡ ᠶᠢᠨ ᠦᠶᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 26 ᠠᠵᠤ ᠠᠬᠤᠶᠢᠯᠠᠯ ᠢ ᠰᠠᠭᠤᠷᠢᠰᠢᠯᠠᠭᠤᠯᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠮᠦᠩᠭᠦ 2824 ᠲᠦᠮᠡᠨ ᠲᠥᠭᠦᠷᠢᠭ ᠲᠤ ᠬᠦᠷᠪᠡ᠃ ᠬᠤᠲᠠ ᠬᠥᠳᠡᠭᠡ ᠶᠢᠨ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠬᠡᠰᠡᠭ ᠤᠨ ᠭᠠᠵᠠᠷ ᠣᠷᠣᠨ ᠤ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠥᠪ ᠢ 3 ᠪᠠᠶᠢᠭᠤᠯᠵᠤ᠂ ᠬᠤᠰᠢᠭᠤᠨ ᠤ ᠳᠣᠲᠣᠷᠠᠬᠢ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠱᠣᠭᠤᠮ ᠢ 6 ᠵᠤᠷᠪᠤᠰ ᠪᠠᠶᠢᠭᠤᠯᠵᠤ᠂ ᠪᠦᠬᠦ ᠬᠢᠯᠢ ᠶᠢᠨ ᠪᠠᠷᠠᠭ᠎ᠠ ᠶᠢᠨ ᠭᠦᠢᠯᠭᠡᠭᠡ ᠶᠢ ᠪᠦᠬᠦᠨ ᠢ ᠬᠠᠮᠣᠷᠠᠭᠤᠯᠪᠠ᠃ ᠲᠣᠮᠣ ᠳ᠋ᠠᠶᠢᠲ᠋ᠠ ᠶᠢᠨ ᠡᠭᠦᠯᠡᠨ ᠪᠣᠳᠣᠯᠲᠠ ᠶᠢᠨ ᠠᠵᠤ ᠦᠢᠯᠡᠰ ᠡᠬᠢᠯᠡᠵᠦ᠂ ᠴᠦᠨ ᠬᠤᠸᠠ ᠴᠢᠦ ᠱᠢ ᠲᠣᠮᠣ ᠳ᠋ᠠᠶᠢᠲ᠋ᠠ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ︽ᠲᠦᠮᠡᠨ ᠡᠷᠦᠬᠡ ᠠᠵᠤ ᠠᠬᠤᠶᠢᠯᠠᠯ ᠡᠭᠦᠯᠡᠨ ᠲᠠᠪᠴᠠᠩ ᠳᠤ ᠭᠠᠷᠬᠤ︾ ᠠᠵᠤ ᠠᠬᠤᠶᠢᠯᠠᠯ 102 ᠪᠣᠯᠵᠤ᠂ ᠠᠵᠤ ᠠᠬᠤᠶᠢᠯᠠᠯ ᠤᠨ ᠮᠡᠳᠡᠭᠡ ᠵᠠᠩᠬᠢᠵᠢᠯᠳᠠ ᠶᠢᠨ ᠬᠡᠷᠡᠭᠯᠡᠭᠡᠨ ᠤ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠪᠠ᠃ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠬᠠᠣᠯᠢ ᠠᠴᠠ ᠵᠥᠷᠢᠴᠡᠭᠰᠡᠨ 16 ᠬᠡᠷᠡᠭ ᠢ ᠪᠠᠶᠢᠴᠠᠭᠠᠨ ᠰᠢᠢᠳᠪᠦᠷᠢᠯᠡᠪᠡ᠃ ︽ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ  ︾ ᠢ ᠪᠥᠬᠦ ᠲᠠᠯ᠎ᠠ ᠪᠠᠷ ᠬᠡᠷᠡᠭᠵᠢᠭᠦᠯᠵᠦ᠂ 11 ᠵᠤᠷᠪᠤᠰ ᠭᠤᠤᠯ  ᠨᠠᠭᠤᠷ᠂ 9 ᠨᠠᠭᠤᠷ ᠲᠣᠭᠤᠷᠢᠮ ᠤᠨ ᠡᠷᠭᠢ ᠶᠢ ᠬᠠᠮᠠᠭᠠᠯᠠᠨ ᠠᠰᠢᠭᠯᠠᠬᠤ᠂ ᠭᠤᠤᠯ  ᠨᠠᠭᠤᠷ ᠠᠴᠠ ᠡᠯᠡᠰᠦ ᠮᠠᠯᠲᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠴᠢ ᠬᠠᠶᠢᠨ ᠬᠡᠮᠵᠢᠵᠦ ᠵᠠᠭᠠᠭᠯᠠᠬᠤ ᠠᠵᠢᠯ ᠢ ᠪᠡᠶᠡᠯᠡᠬᠦᠯᠵᠡᠢ᠃ ᠣᠨ ᠤ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠳᠤ 6710 ᠲᠦᠮᠡᠨ ᠲᠥᠭᠦᠷᠢᠭ ᠤᠨ ᠰᠢᠯᠵᠢᠭᠦᠯᠦᠨ ᠦᠭᠬᠦ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠪᠡ᠃ ᠠᠮᠢ ᠠᠬᠤᠶ ᠶᠢ ᠰᠡᠷᠭᠦᠭᠡᠨ ᠵᠠᠰᠠᠬᠤ ᠶᠢ ᠦᠷᠭᠦᠯᠵᠢᠯᠡᠨ ᠴᠢᠩᠭᠠᠳᠬᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠭᠤᠤᠯᠳᠠᠯᠭ᠎ᠠ ᠲᠠᠢ ᠬᠦᠨᠦᠭᠡᠯ ᠶᠡᠬᠡᠳᠠᠢ ᠣᠷᠣᠨ ᠢ ᠲᠤᠰᠬᠠᠶᠢᠯᠠᠨ ᠵᠠᠰᠠᠬᠤ ᠢᠨᠵᠧᠨᠧᠷᠢᠩ ᠢ ᠬᠢᠨᠠᠮᠠᠭᠠᠶ ᠬᠡᠷᠡᠭᠵᠢᠬᠦᠯᠵᠦ  ᠂ 2 ᠲᠦᠮᠡᠨ ᠮᠦ ᠨᠢᠰᠬᠡᠯ ᠢᠶᠠᠷ ᠲᠠᠷᠢᠵᠤ ᠣᠶᠢᠵᠢᠭᠤᠯᠬᠤ᠂ 1.3 ᠲᠦᠮᠡᠨ ᠮᠦ ᠬᠥᠮᠦᠨ ᠤ ᠬᠦᠴᠦ ᠪᠠᠷ ᠣᠶᠢᠵᠢᠭᠤᠯᠬᠤ᠂ 1.2 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠬᠤ᠂ 9 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ 3 ᠲᠦᠮᠡᠨ ᠮᠦ ᠮᠠᠭᠤᠳᠠᠭᠰᠠᠨ ᠤᠢ ᠶᠢ ᠵᠠᠰᠠᠨ ᠰᠡᠷᠭᠦᠭᠡᠬᠦ᠂ 2100 ᠮᠦ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ 10 ᠲᠡᠭᠰᠢ ᠳᠥᠷᠪᠡᠯᠵᠢᠨ ᠺᠢᠯᠣᠮᠧᠲᠷ ᠰᠠᠪᠠ ᠭᠠᠵᠠᠷ ᠢ ᠵᠠᠰᠠᠬᠤ ᠶᠢ ᠳᠣᠰᠪᠦᠷᠢ ᠪᠡᠶᠡᠯᠡᠬᠦᠯᠵᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠣᠷᠣᠨ ᠤ ᠬᠤᠪᠢᠶᠠᠷᠢᠯᠠᠯ ᠢ ᠵᠠᠭᠠᠭᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ 260 ᠮᠦ ᠭᠠᠵᠠᠷ ᠰᠢᠷᠣᠢ ᠶᠢ ᠰᠡᠷᠭᠦᠭᠡᠨ ᠠᠳᠠᠷᠰᠢᠭᠤᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠬᠤ ᠲᠥᠷᠦ ᠶᠢᠨ ᠪᠣᠳᠣᠯᠭ᠎ᠠ ᠪᠠᠷ ᠳᠠᠮᠵᠢᠨ ᠮᠣᠵᠢ  ᠠᠯᠣᠰᠯᠠᠭᠰᠠᠨ  ᠡᠷᠭᠢᠯᠲᠡ ᠶᠢᠨ ᠪᠡᠯᠡ ᠮᠥᠩᠭᠦ 9600 ᠲᠦᠮᠡᠨ ᠲᠥᠭᠦᠷᠢᠭ ᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠃ ᠠᠭᠠᠷ ᠮᠠᠨᠳᠠᠯ ᠤᠨ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂  ᠦᠩᠭᠡᠷᠡᠬᠦ ᠵᠢᠯ ᠤᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠨᠣᠷᠮ᠎ᠠ ᠶᠢ 97%  ᠳᠤ ᠬᠦᠷᠭᠡᠵᠦ᠂ ᠮᠢᠩᠭᠠᠳᠦ ᠪᠠᠯᠭᠠᠰᠣᠨ ᠤ ᠲᠣᠭᠤᠷᠢᠭ ᠤᠨ 160 ᠲᠣᠨ ᠢᠯᠴᠢ ᠬᠠᠩᠭᠠᠬᠤ ᠭᠦᠸᠧᠯᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠦᠭᠡᠷᠡᠴᠢᠯᠡᠯᠳᠡ ᠶᠢᠨ ᠠᠵᠢᠯ ᠵᠢᠴᠢ ᠲᠥᠪᠯᠡᠷᠡᠭᠦᠯᠦᠨ ᠲᠤᠯᠠᠭᠠᠯᠠᠯᠭ᠎ᠠ ᠬᠠᠩᠭᠠᠬᠤ ᠭᠦᠸᠧᠯᠦ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠢ ᠠᠮᠵᠢᠯᠲᠠ  ᠲᠠᠢ ᠪᠡᠶᠡᠯᠡᠭᠦᠯᠵᠦ᠂ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦᠨ ᠢ ᠵᠠᠳᠠᠯᠵᠤ ᠥᠭᠡᠷᠡᠴᠢᠯᠡᠨ ᠬᠡᠷᠡᠭᠯᠡᠬᠦ  ᠶᠢ ᠵᠣᠭᠰᠣᠭᠠᠵᠠᠢ᠃ 3 ᠤᠰᠤᠨ ᠰᠤᠷᠪᠤᠯᠵᠢ ᠶᠢᠨ ᠣᠷᠣᠨ ᠤ ᠤᠰᠤᠨ ᠤ ᠴᠢᠨᠠᠷ  ᠢ ᠬᠢᠨᠠᠨ ᠬᠡᠮᠵᠢᠬᠦ ᠠᠵᠢᠯ ᠢ ᠪᠡᠶᠡᠯᠡᠭᠦᠯᠵᠦ᠂ ᠪᠦᠬᠦ  ᠬᠤᠰᠢᠭᠤᠨ   ᠤ ᠤᠤᠭᠤᠬᠤ ᠤᠰᠤᠨ ᠤ ᠴᠢᠨᠠᠷ ᠢ ᠪᠠᠷᠢᠮᠵᠢᠶᠠᠨ   ᠳᠤ ᠬᠦᠷᠭᠡᠪᠠ᠃ ᠮᠢᠩᠭᠠᠳᠦ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠣᠭᠲᠠᠭᠤᠨ ᠢᠶᠠᠷ ᠠᠵᠢᠯᠯᠠᠵᠤ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ 95% ᠳᠤ ᠬᠦᠷᠪᠡ᠃ ᠭᠠᠵᠠᠷ ᠳᠣᠣᠷᠠᠬᠢ ᠲᠣᠰᠣ ᠬᠠᠳᠠᠭᠠᠯᠠᠬᠤ ᠰᠠᠪᠠ ᠶᠢᠨ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ 9 ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃( ᠲᠦᠷᠪᠡ ) ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠭᠦᠨᠵᠡᠭᠡᠶ ᠥᠷᠨᠢᠭᠦᠯᠪᠡ᠃ ᠳᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠡᠵᠡᠩᠨᠡᠯᠳᠡ ᠬᠤᠳᠠᠯᠳᠤᠭᠠᠨ ᠤ ᠤᠷᠴᠢᠨ ᠲᠤᠭᠤᠷᠢᠨ ᠢ ᠰᠢᠯᠢᠳᠡᠭᠵᠢᠭᠦᠯᠵᠦ ᠬᠢᠨᠠᠨ ᠵᠥᠪᠰᠢᠶᠡᠷᠡᠬᠦ  ᠣᠶᠢᠯᠡᠴᠢᠯᠡᠯᠭᠡᠨ ᠤ ᠳᠠᠯ᠎ᠠ ᠪᠠᠷ ᠠᠷᠠᠳ ᠲᠤ ᠳᠥᠭᠦᠮ ᠦᠵᠡᠭᠦᠯᠬᠦ ᠠᠵᠢᠯ ᠢ ᠭᠦᠨᠵᠡᠭᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ  ᠢ ᠲᠤᠤᠷ ᠰᠦᠯᠵᠢᠶᠡᠨ ᠲᠡᠭᠡᠷ᠎ᠡ ᠰᠢᠢᠳᠪᠦᠷᠢᠯᠡᠬᠦ ᠨᠤᠷᠮ᠎ᠡ ᠶᠢ ᠬᠦᠴᠦᠯᠡᠨ ᠲᠡᠭᠡᠭᠰᠢᠯᠡᠭᠦᠯᠵᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ  ᠂ ᠠᠵᠤ ᠠᠬᠤᠶᠢᠯᠠᠯ  ᠣᠯᠠᠨ ᠲᠦᠮᠡᠨ ᠤ ᠠᠵᠢᠯ ᠶᠠᠪᠤᠳᠠᠯ ᠢ ᠰᠢᠢᠳᠪᠦᠷᠢᠯᠡᠬᠦ ᠳᠤ ︽ᠨᠢᠭᠤᠷᠳᠡᠨ ᠬᠦᠯᠢᠶᠡᠨ ᠠᠪᠴᠤ ᠵᠡᠷᠭᠡᠪᠡᠷ ᠰᠢᠢᠳᠪᠦᠷᠢᠯᠡᠬᠦ︾ ᠶᠢ ᠬᠡᠷᠡᠭᠵᠢᠭᠦᠯᠵᠦ᠂ ᠳᠠᠩᠰᠠᠯᠠᠯᠲᠠ ᠶᠢ ᠨᠢ ᠬᠦᠴᠦᠨ ᠦᠭᠡᠢ ᠪᠣᠯᠭᠠᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠷᠢᠯᠭ᠎ᠠ  ᠶᠢᠨ ᠪᠦᠳᠦᠭᠡᠨ ᠪᠠᠶᠢᠭᠤᠯᠤᠯᠲᠠ ᠶᠢᠨ ᠵᠦᠶᠯᠡᠰ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 100 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠣᠭᠤᠨᠢᠰᠬᠠᠵᠤ᠂ ᠠᠵᠤ ᠠᠬᠤᠶᠢᠯᠠᠯ ᠡᠷᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠪᠠ᠃ ᠪᠦᠬᠦ ᠵᠢᠯ ᠳᠤ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠢ 3.54 ᠲᠦᠮᠡᠨ ᠬᠤᠪᠢ ᠬᠦᠯᠢᠶᠡᠨ ᠠᠪᠴᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠦᠷᠪᠡ᠃ ︽ ᠭᠡᠷᠡᠴᠢ ᠦᠨᠡᠮᠯᠡᠯ ᠢ ᠰᠠᠯᠭᠠᠬᠤ  ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠵᠢᠯ ᠬᠡᠷᠡᠭ ᠤᠨ ᠳᠣᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠦᠷᠨᠢᠬᠦᠯᠵᠦ᠂  ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠠᠭᠤᠵᠢᠭᠤ ᠪᠣᠯᠭᠠᠵᠤ᠂ ᠵᠠᠬ᠎ᠠ ᠳᠡᠯᠭᠡᠭᠦᠷ ᠤᠨ  ᠪᠤᠳᠡᠳᠦ ᠴᠣᠭᠴᠠ 762 ᠡᠷᠦᠬᠡ ᠰᠢᠨ᠎ᠡ ᠪᠠᠷ ᠨᠡᠮᠡᠭᠳᠡᠵᠦ᠂ ᠶᠡᠷᠦᠩᠬᠡᠶ ᠡᠷᠦᠬᠡ 5878 ᠪᠤᠯᠵᠦ ᠥᠷᠭᠡᠳᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠡᠯᠡ ᠮᠥᠩᠭᠦ 16.89  ᠳ᠋ᠦᠩᠰᠢᠭᠤᠷ ᠲᠥᠭᠦᠷᠢᠭ ᠲᠤ ᠬᠦᠷᠪᠡ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠡᠶᠢᠳᠠᠪᠤᠷᠢᠵᠢᠭᠤᠯᠵᠦ᠂ 1629 ᠲᠦᠮᠡᠨ ᠲᠥᠭᠦᠷᠢᠭ ᠤᠨ ᠭᠠᠶᠢᠯᠢ ᠬᠠᠰᠤᠵᠤ ᠭᠡᠯᠳᠦᠷᠢᠭᠦᠯᠪᠡ᠃ ᠠᠵᠤ ᠠᠬᠤᠶ᠂ ᠨᠡᠶᠢᠭᠡᠮ᠂ ᠠᠮᠢ ᠠᠬᠤᠶ  ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠲᠥᠰᠦᠯ ᠢ 18 ᠨᠡᠶᠢᠲᠡᠯᠡᠵᠦ᠂ 53 ᠵᠦᠶᠯ ᠤᠨ ᠥᠭᠡᠷᠡᠴᠢᠯᠡᠯᠲᠡ  ᠶᠢᠨ ᠡᠭᠦᠷᠭᠡ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠶᠯ ᠤᠨ ᠲᠦᠷᠢᠮ︾  ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠵᠦ᠂ ︽ ᠡᠭᠦᠯᠡᠨ ᠳᠡᠪᠴᠠᠩᠳᠣ ᠰᠢᠯᠢ ᠶᠢᠨ ᠭᠤᠤᠯ  ︾ ᠪᠠ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠰᠠᠨ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠲᠠᠪᠴᠠᠩ ᠢ ᠵᠢᠩᠬᠢᠨᠢ ᠪᠠᠷ ᠡᠬᠢᠯᠡᠨ ᠬᠡᠷᠡᠭᠯᠡᠪᠡ  ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ  ᠠᠬᠢᠭᠤᠯᠵᠤ᠂ 78 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠳ᠋ ᠬᠥᠷᠥᠩᠭᠡ ᠶᠢ ᠢᠯᠭᠠᠷᠠᠭᠤᠯᠣᠨ ᠬᠢᠨᠠᠨ ᠬᠠᠷᠭᠤᠭᠤᠯᠬᠤ ᠪᠠ ᠪᠦᠷᠢᠯᠳᠦᠬᠦᠨ ᠤ ᠬᠢᠷᠢ ᠬᠡᠮ ᠢ ᠳᠣᠭᠳᠠᠭᠠᠬᠤ ᠠᠵᠢᠯ ᠢ ᠪᠦᠬᠦ ᠲᠠᠯ᠎ᠠ ᠪᠠᠷ  ᠪᠡᠶᠡᠯᠡᠬᠦᠯᠪᠡ᠃ 4 ᠠᠵᠤ ᠠᠬᠤᠶᠢᠯᠠᠯ ᠨᠢ ᠥᠪᠥᠷ ᠮᠣᠩᠭᠤᠯ ᠤᠨ ᠰᠲ᠋ᠣᠺ  ᠤᠨ ᠡᠷᠬᠡ ᠶᠢᠨ ᠠᠷᠠᠯᠵᠢᠶᠠᠨ ᠤ ᠲᠥᠪ ᠲᠤ ᠤᠷᠤᠭᠰᠢᠲᠠᠶ ᠪᠠᠷ ᠫᠠᠶᠢᠰᠠ ᠡᠯᠭᠦᠪᠡ  ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠳᠠ   ᠲᠠᠢ ᠪᠡᠶᠡᠯᠡᠭᠦᠯᠪᠡ᠃    ︵ᠲᠠᠪᠤ︶ ᠬᠦᠨᠳᠦ ᠶᠡᠭᠡ ᠲᠦᠭᠰᠢᠭᠦᠷᠢ ᠶᠢᠨ  ᠬᠡᠮ ᠰᠣᠭᠤᠭ ᠢ ᠪᠦᠲᠦᠮᠵᠢᠲᠡᠶ ᠰᠶᠢᠳᠪᠤᠷᠢᠯᠡᠵᠡᠢ᠃ ᠪᠦᠬᠦ ᠵᠢᠯ  ᠳᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ 21843.62 ᠲᠦᠮᠡᠨ ᠲᠥᠭᠦᠷᠢᠭ ᠰᠢᠢᠳᠪᠦᠷᠢᠯᠡᠵᠦ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠ ᠶᠢ 10201.88 ᠲᠦᠮᠡᠨ ᠲᠥᠭᠦᠷᠢᠭ ᠰᠢᠢᠳᠪᠦᠷᠢᠯᠡᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠲᠡᠰ ᠤᠨ ᠥᠷᠢ ᠰᠢᠷᠢ ᠪᠠᠨ ᠠᠷᠢᠯᠭᠠᠭᠰᠠᠨ ᠱᠠᠩᠨᠠᠯ ᠤᠨ ᠮᠥᠩᠭᠦ ᠶᠢ 184 ᠲᠦᠮᠡᠨ ᠲᠥᠭᠦᠷᠢᠭ ᠬᠦᠷᠲᠡᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠠᠪᠤᠳᠠᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠬᠦᠴᠦᠲᠡᠶ ᠵᠢᠷᠤᠮᠵᠢᠭᠤᠯᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠲᠣᠭᠲᠠᠭᠤᠨ ᠪᠥᠭᠡᠳ ᠡᠵᠡᠮᠳᠡᠵᠦ ᠪᠣᠯᠬᠤ ᠪᠣᠯᠭᠠᠵᠤ᠂ ᠮᠥᠩᠭᠦᠨ ᠭᠦᠶᠯᠭᠡᠭᠡᠨ ᠤ ᠡᠮᠬᠢ ᠵᠢᠷᠤᠮ ᠢ ᠦᠷᠭᠦᠯᠵᠢᠯᠡᠨ ᠲᠣᠭᠲᠠᠭᠤᠨ ᠪᠠᠶᠢᠯᠭᠠᠪᠠ᠃ ᠠᠮᠤᠷ ᠲᠦᠪᠰᠢᠨ  ᠤ ᠤᠯᠠᠭᠠᠨ ᠱᠤᠭᠤᠮ ᠢ ᠪᠠᠲᠤ ᠰᠠᠬᠢᠵᠤ᠂ ︽ᠭᠤᠷᠪᠠᠨ ᠡᠷᠬᠡᠪᠰᠢ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠬᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ᠂ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯᠭᠦᠢ ᠣᠶᠢᠯᠡᠳᠪᠦᠷᠢᠯᠡᠯ  ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ  ᠰᠠᠶᠢᠳᠣᠷ ᠠᠳᠬᠤᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ᠬᠤᠯᠤᠭᠠᠨ᠎ᠠ ᠶᠢᠨ ᠬᠢᠵᠢᠭ  ᠤᠨ ᠪᠠᠴᠢᠮ ᠪᠠᠶᠢᠳᠠᠯ ᠢ ᠠᠷᠭᠠᠴᠠᠭᠠᠵᠣ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠤᠷᠢᠳᠴᠢᠯᠠᠨ ᠪᠠᠶᠢᠴᠠᠭᠠᠵᠤ  ᠲᠤᠰᠠᠭᠠᠷᠯᠠᠨ ᠡᠮᠨᠡᠬᠦ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ᠂ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ᠂ ︽ᠰᠡᠷᠭᠡᠶᠢᠯᠡᠯᠲᠡ ᠶᠢᠨ ᠬᠡᠷᠡᠮ︾ ᠢᠶᠠᠷ ᠬᠤᠯᠪᠣᠭᠠᠯᠠᠨ ᠰᠡᠷᠭᠡᠶᠢᠯᠡᠵᠦ ᠡᠵᠡᠮᠳᠡᠬᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠵᠡᠷᠭᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ  ᠦᠷᠨᠢᠬᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠡᠮᠨᠡᠯᠭᠡ ᠶᠢᠨ ᠠᠵᠢᠯᠲᠠᠨ ᠤ ᠪᠣᠯᠪᠠᠰᠣᠷᠠᠯ ᠢ ᠪᠦᠬᠦᠨ ᠢ ᠪᠦᠷᠬᠦᠭᠦᠯᠬᠦ ᠶᠢ  ᠴᠢᠷᠮᠠᠶᠢᠨ ᠪᠡᠶᠡᠯᠡᠭᠦᠯᠪᠡ᠃ ︵ᠵᠢᠷᠭᠤᠭ᠎ᠠ︶ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠶᠢᠳᠠᠯ ᠦᠷᠭᠦᠯᠵᠢᠯᠡᠨ ᠰᠠᠶᠢᠵᠢᠷᠠᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 12.1 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠳᠡ  ᠶᠢᠨ ᠲᠥᠰᠦᠪ ᠤᠨ ᠵᠠᠷᠤᠯᠭ᠎ᠠ ᠶᠢᠨ 76.2% ᠢ ᠡᠵᠡᠯᠡᠪᠡ᠃ 5011 ᠠᠵᠢᠯ ᠤᠨ ᠪᠠᠶᠢᠷᠢ ᠴᠤᠭᠯᠠᠭᠤᠯᠵᠤ᠂ ᠬᠤᠲᠠ ᠪᠠᠯᠭᠠᠰᠤᠨ ᠤ 732 ᠬᠥᠮᠦᠨ ᠳᠤ ᠰᠢᠨ᠎ᠡ ᠪᠠᠷ ᠠᠵᠢᠯ ᠣᠯᠭᠤᠵᠤ᠂ 2416 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ ᠳᠠᠩᠰᠠᠯᠠᠭᠤᠯᠣᠭᠰᠠᠨ ᠠᠵᠢᠯ ᠠᠯᠳᠠᠭᠰᠠᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠡᠪᠡ᠃ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠶᠢᠨ ᠪᠠᠷᠢᠮᠵᠢᠶ᠎ᠠ᠂ ᠬᠦᠨᠳᠦ ᠪᠠ ᠬᠦᠴᠢᠷᠳᠡᠯᠲᠡᠶ ᠵᠡᠮᠳᠡᠭᠴᠦᠳ  ᠤᠨ ᠨᠦᠬᠦᠪᠦᠷᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠤᠲᠠ ᠬᠥᠳᠡᠭᠡ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠪᠡ᠃ ᠣᠷᠣᠨ ᠪᠦᠰᠡ ᠶᠢᠨ ᠴᠢᠨᠠᠷᠲᠠᠶ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ  ᠶᠢᠨ ᠣᠷᠣᠨ ᠰᠠᠭᠤᠴᠠ ᠵᠢᠴᠢ ᠣᠷᠣᠨ ᠪᠦᠰᠡ ᠶᠢᠨ ᠴᠢᠨᠠᠷᠲᠠᠶ ᠨᠠᠰᠤᠲᠠᠨ ᠠᠰᠠᠷᠠᠬᠤ ᠬᠦᠷᠢᠶᠡᠯᠡᠩ ᠤᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ   ᠢ ᠪᠡᠶᠡᠯᠡᠭᠦᠯᠵᠦ᠂ ᠵᠣᠯ ᠵᠢᠷᠭᠠᠯᠲᠤ ᠭᠡᠷ ᠣᠷᠣᠨ ᠤ ᠶᠡᠷᠦᠩᠬᠡᠶᠢᠯᠡᠭᠰᠡᠨ ᠠᠷᠠᠴᠢᠯᠠᠨ ᠬᠠᠮᠠᠭᠠᠯᠠᠬᠤ ᠬᠦᠷᠢᠶᠡᠯᠡᠩ ᠵᠢᠴᠢ ᠣᠷᠣᠰᠢᠭᠤᠯᠭ᠎ᠠ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠠᠬᠢᠴᠠ ᠲᠠᠢ ᠪᠤᠯᠪᠠ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ ᠎ᠡ ᠶᠢᠨ ᠲᠠᠮᠢᠷ ᠤᠨ ᠣᠷᠳᠣᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠢᠩᠭᠠᠨᠳᠣ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠤ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠡᠮᠴᠢᠯᠡᠭᠡᠨ ᠤ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ 2 ᠦᠨᠳᠦᠰᠦᠨ ᠱᠠᠲᠤᠨ  ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠵᠢᠴᠢ ᠵᠡᠮᠳᠡᠭᠴᠦᠳ ᠢ ᠨᠠᠶᠢᠳᠠᠨ  ᠠᠰᠠᠷᠠᠭᠤᠯᠬᠤ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠨ᠂ ︽ᠡᠮᠴᠢᠯᠡᠭᠡ ᠨᠠᠰᠤᠵᠢᠯ ᠢ ᠣᠶᠠᠯᠳᠣᠭᠤᠯᠬᠤ︾ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠬᠢ ᠶᠢ ᠤᠯᠠᠮ ᠨᠢᠭᠡ ᠠᠯᠬᠤᠮ ᠳᠡᠬᠦᠯᠳᠡᠷᠵᠢᠬᠦᠯᠪᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ 200 ᠢᠵᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠵᠦ ᠰᠢᠨ᠎ᠡ ᠪᠠᠷ ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠤᠭᠰᠠᠨ ᠭᠡᠷ ᠪᠠᠶᠢᠰᠢᠩ ᠤᠨ ᠲᠠᠯᠠᠪᠠᠢ ᠨᠢ 14.26 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠡᠦᠬᠡ ᠶᠢᠨ ᠦᠯᠡᠳᠡᠭᠳᠡᠵᠦ ᠢᠷᠡᠭᠰᠡᠨ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ ᠦᠨᠡᠮᠯᠡᠯ ᠢ 665 ᠭᠦᠶᠴᠡᠳᠬᠡᠵᠦ᠂ ᠡᠭᠦᠨ ᠳᠤ ᠲᠠᠸᠠᠷ ᠤᠨ ᠣᠷᠣᠨ ᠰᠠᠭᠤᠴᠠ ᠶᠢ ᠭᠦᠶᠴᠡᠳᠬᠡᠵᠦ ᠳᠠᠭᠤᠰᠬᠠᠭᠰᠠᠨ ᠨᠣᠷᠮ᠎ᠠ 80% ᠳᠤ ᠬᠦᠷᠴᠠᠢ᠃ ᠮᠠᠯᠵᠢᠬᠤ ᠲᠠᠷᠢᠶᠠᠯᠠᠬᠤ ᠣᠷᠣᠨ ᠤ 9 ᠭᠠᠴᠠᠭ᠎ᠠ ᠲᠣᠰᠬᠤᠨ ᠤ  ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠭᠤᠤᠯᠳᠠᠯᠭ᠎ᠠ ᠲᠠᠢ ᠵᠢᠱᠢᠶ᠎ᠡ‌ᠦᠵᠡᠭᠦᠯᠬᠦ ᠨᠢᠭᠤᠷᠯᠡᠯ ᠳᠤ ᠤᠷᠤᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠣᠷᠳᠠᠯ ᠦᠬᠡᠢ ᠵᠣᠷᠯᠣᠩ ᠢ 1280ᠥᠭᠡᠷᠡᠴᠢᠯᠡᠵᠦ᠂ 640 ᠲᠣᠨ ᠬᠤᠭ ᠨᠣᠪᠰᠢ ᠶᠢ ᠴᠡᠪᠡᠷᠯᠡᠵᠦ᠂ 102.2 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠪᠠ᠃ ᠦᠨᠳᠦᠰᠦᠨ ᠱᠠᠲᠤᠨ ᠤ 128 ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠶᠳᠪᠦᠷᠢᠯᠡᠵᠦ᠂ 154 ᠬᠤᠪᠢ ᠵᠠᠬᠢᠳᠠᠯ  ᠰᠣᠷᠪᠣᠯᠵᠢᠯᠠᠭ᠎ᠠ ᠶᠢᠨ ᠬᠡᠷᠡᠭ ᠢ ᠰᠶᠢᠳᠪᠤᠷᠢᠯᠡᠭᠰᠡᠨ ᠨᠤᠷᠮ᠎ᠠ 80.2%  ᠳᠤ ᠬᠦᠷᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠬᠠᠷ᠎ᠠ  ᠪᠦᠯᠦᠭ‌‍ᠦᠨ ᠰᠢᠨᠵᠢ ᠴᠢᠨᠠᠷᠲᠠᠶ ᠵᠣᠬᠢᠶᠠᠨ ᠪᠠᠶᠢᠭᠤᠯᠤᠯᠲᠠ ᠶᠢᠨ ᠶᠠᠯᠠᠲᠤ ᠬᠡᠷᠡᠭ 1᠂ ᠬᠠᠷᠭᠢᠰ ᠬᠦᠴᠦᠨ ᠤ ᠶᠠᠯᠠᠳᠣ ᠬᠡᠷᠡᠭ ᠤᠨ ᠪᠦᠯᠦᠭᠯᠡᠯ  2 ᠢ ᠢᠯᠡᠷᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠡᠶ᠎ᠡ ᠵᠣᠬᠢᠴᠠᠩᠭᠤᠢ  ᠲᠣᠭᠲᠠᠭᠤᠨ ᠪᠤᠯᠵᠡᠢ᠃ ᠠᠮᠵᠢᠯᠲᠠ ᠪᠠᠨ ᠭᠦᠶᠴᠡᠳ ᠨᠤᠲᠠᠯᠠᠬᠤ ᠶᠢᠨ ᠬᠠᠮᠲᠤ᠂ ᠣᠳᠣᠬᠠᠨ ᠤ ᠠᠵᠤ ᠠᠬᠤᠶ ᠪᠠᠭᠤᠷᠠᠬᠤ ᠳᠠᠷᠤᠯᠲᠠ ᠮᠥᠨ ᠬᠦ ᠨᠡᠯᠢᠶᠡᠳ ᠶᠡᠭᠡ᠂ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠪᠣᠯᠤᠨ ᠨᠡᠮᠡᠭᠳᠡᠯ ᠥᠷᠲᠡᠭ ᠲᠥᠯᠥᠪᠯᠡᠭᠡ ᠶᠣᠰᠣᠭᠠᠷ ᠨᠡᠮᠡᠭᠳᠡᠵᠦ ᠴᠢᠳᠠᠭᠰᠠᠨ ᠦᠭᠡᠢ᠂ ᠬᠡᠰᠡᠭ ᠭᠤᠤᠯᠳᠠᠯᠭ᠎ᠠ ᠲᠠᠢ ᠲᠥᠷᠥᠯ ᠵᠦᠶᠯ ᠢ ᠲᠥᠯᠥᠪᠯᠡᠭᠡ ᠶᠣᠰᠣᠭᠠᠷ ᠠᠬᠢᠭᠤᠯᠵᠤ ᠴᠢᠳᠠᠭᠰᠠᠨ ᠦᠭᠡᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ ᠳᠣᠪᠣᠶᠢᠮ᠎ᠠ‌‍ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠳᠦᠬᠦᠭᠡᠷᠦᠮᠵᠢ᠂ ᠣᠯᠠᠨ ᠨᠡᠶᠢᠲᠡ ᠶᠢᠨ ᠦᠶᠯᠡᠴᠢᠯᠡᠭᠡᠨ ᠢᠯᠠᠩᠭᠤᠶ᠎ᠠ ᠬᠤᠲᠠ ᠪᠠᠯᠭᠠᠰᠤ ᠶᠢᠨ ᠴᠢᠳᠠᠮᠵᠢ ᠶᠢ ᠲᠥᠬᠦᠷᠵᠢᠭᠦᠯᠬᠦ᠂ ᠨᠠᠷᠢᠯᠢᠬᠵᠢᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ᠃ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠵᠢᠯ ᠦᠢᠯᠡᠰ ᠤᠨ ᠬᠥᠭᠵᠢᠯᠲᠡ ᠨᠢ ᠠᠷᠠᠳ ᠣᠯᠠᠨ ᠤ ᠬᠦᠰᠡᠯ  ᠡᠷᠡᠮᠡᠯᠵᠢᠯᠡᠯ  ᠯᠦᠭᠡ ᠪᠠᠰᠠ ᠵᠥᠷᠢᠶ᠎ᠡ ᠲᠠᠢ ᠪᠠᠶᠢᠬᠤ ᠶᠢ ᠴᠤ ᠰᠡᠷᠭᠡᠭ ᠢᠶᠠᠷ ᠤᠯᠵᠦ ᠮᠡᠳᠡᠪᠡ᠃ ᠡᠳᠡᠭᠡᠷ ᠠᠰᠠᠭᠤᠳᠠᠯ ᠨᠢ ᠠᠯᠤᠰ ᠬᠡᠲᠦ  ᠶᠢᠨ ᠬᠥᠭᠵᠢᠯᠲᠡ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠪᠤᠯᠦᠨ ᠠᠰᠢᠭ ᠲᠤᠰᠠ ᠲᠠᠢ ᠬᠤᠯᠪᠣᠭᠳᠠᠵᠤ᠂ ᠪᠥᠬᠦ ᠬᠤᠰᠢᠭᠤᠨ ᠤ  ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ᠃ ᠪᠢᠳᠡ ᠪᠤᠰᠤᠳᠴᠢ ᠪᠠᠷ ᠪᠦᠬᠦ ᠲᠠᠯ᠎ᠠ ᠶᠢᠨ ᠬᠤᠪᠢᠰᠤᠩᠭᠤᠢ᠂ ᠢᠳᠡᠪᠬᠢᠲᠡᠢ ᠮᠠᠭᠠᠳᠯᠠᠯᠲᠠ ᠬᠢᠵᠦ᠂ ᠰᠠᠨᠠᠭᠠᠰᠢᠷᠠᠬᠤ ᠣᠬᠠᠮᠰᠠᠷ ᠢᠶᠠᠨ ᠴᠢᠩᠭᠠᠳᠬᠠᠬᠤ ᠪᠠᠷ ᠪᠠᠷᠠᠬᠤ ᠦᠭᠡᠢ ᠨᠡᠩ ᠴᠤ ᠢᠲᠡᠭᠡᠯ ᠵᠣᠷᠢᠭ ᠢᠶᠠᠨ ᠪᠠᠲᠤᠳᠬᠠᠵᠤ᠂  ᠤᠶᠤᠨ ᠴᠢᠳᠠᠯ ᠢᠶᠠᠨ ᠨᠢᠭᠳᠠᠷᠠᠭᠤᠯᠣᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ  ᠃ ᠬᠤᠶᠠᠷ᠂ 2020 ᠣᠨ ᠤ ᠭᠤᠣᠯᠳᠠᠯᠭ᠎ᠠ ᠲᠠᠢ ᠠᠵᠢᠯ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠤᠨ᠎ᠠ᠂ ᠠᠩᠬᠠᠳᠣᠭᠠᠷ  ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠣᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾  ᠢ ᠰᠡᠶᠢᠨ ᠡᠬᠢᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠂ ᠲᠡᠦᠬᠡ ᠶᠢᠨ ᠠᠭᠤᠯᠵᠠᠷ ᠤᠨ ᠴᠠᠭ ᠦᠶ᠎ᠡ ᠶᠢᠨ ᠵᠠᠩᠬᠢᠯᠠᠭ᠎ᠠ ᠶᠢᠨ ᠴᠡᠭ ᠳᠡᠭᠡᠷ᠎ᠡ ᠵᠣᠭᠰᠣᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠢᠳᠡᠨ ᠤ ᠬᠠᠷᠢᠭᠤᠴᠠᠯᠭ᠎ᠠ ᠬᠦᠨᠳᠦ᠂ ᠡᠭᠦᠷᠭᠡ ᠦᠩᠭᠡ ᠭᠡᠷᠡᠯᠳᠡᠢ ᠪᠦᠭᠡᠳ ᠠᠯᠣᠰ ᠬᠡᠳᠦ ᠶᠢᠨ  ᠠᠴᠢ ᠬᠤᠯᠪᠣᠭᠳᠠᠯ ᠲᠠᠢ ᠶᠤᠮ ᠲᠥᠪ ᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣ‌‍ᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠶᠢ ᠵᠢᠷᠣᠮᠯᠠᠨ᠂ ᠡᠯ᠎ᠡ ᠲᠠᠯ᠎ᠠ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ  ᠮᠠᠭᠠᠳᠯᠠᠵᠣ᠂ ᠮᠠᠨ ᠤ ᠬᠤᠰᠢᠭᠤᠨ ᠤ 2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠨ ᠣᠷᠣᠭᠤᠯᠤᠯᠲᠠ ᠶᠢ 50.0% ᠪᠠᠷ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.0% ᠪᠠᠷ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠳᠣᠬᠢᠷᠠᠭᠤᠯᠵᠦ ᠪᠣᠯᠬᠤᠶᠢᠴᠠ ᠣᠷᠣᠯᠭ᠎ᠠ ᠶᠢ ᠳᠣᠰᠪᠦᠷᠢ  8.0% ᠪᠠ 8.5%   ᠪᠠᠷ ᠨᠡᠮᠡᠭᠳᠡᠭᠦᠯᠦᠨ᠎ᠡ᠃  ᠪᠦᠬᠦ ᠨᠡᠶᠢᠭᠡᠮ ᠤᠨ ᠭᠡᠷᠡᠭᠯᠡᠭᠡᠨ ᠤ ᠲᠠᠸᠠᠷ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠨᠤᠷᠮ᠎ᠡ ᠶᠢ 6.0% ᠪᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ  ᠪᠣᠯ ᠲᠣᠭᠲᠠᠭᠤᠨ ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠶ ᠠᠶᠠᠰ ᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠪᠠ ᠣᠷᠣᠭᠰᠢᠯᠠᠬᠤ ᠶᠢᠨ ᠬᠤᠪᠢᠰᠤᠩᠭᠤᠶ ᠨᠢᠭᠡᠳᠦᠯᠳᠠᠢ ᠬᠠᠷᠢᠴᠠᠭ᠎ᠠ ᠬᠢᠬᠡᠳ ᠣᠳᠣᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠳᠤᠷᠠᠳᠤᠨ ᠭᠠᠷᠭᠠᠭᠰᠠᠨ ᠶᠤᠮ᠃ ᠲᠣᠭᠲᠠᠭᠤᠨ ᠤ ᠲᠠᠯ᠎ᠠ ᠠᠴᠠ ᠠᠪᠴᠤ ᠦᠵᠡᠪᠡᠯ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ  ᠦᠷᠬᠦᠯᠵᠢᠯᠡᠨ ᠭᠦᠨᠵᠡᠭᠡᠶᠢᠷᠡᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠦᠴᠦᠨ ᠮᠡᠬᠦᠰᠳᠡᠵᠦ᠂ ᠡᠷᠭᠢᠯᠲᠡ ᠶᠢ ᠪᠠᠲᠤᠯᠠᠬᠤ᠂ ᠬᠠᠲᠠᠭᠤ ᠴᠢᠨᠠᠷᠲᠠᠶ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠵᠤ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠪᠣᠯ ᠣᠳᠣᠬᠠᠨ ᠤ ᠴᠢᠬᠤᠯᠠ ᠠᠴᠠ ᠴᠢᠬᠤᠯᠠ ᠵᠦᠶᠯ ᠪᠣᠯᠤᠭᠰᠠᠭᠠᠷ ᠪᠠᠶᠢᠨ᠎ᠠ᠃ ᠤᠷᠤᠭᠰᠢᠯᠠᠬᠤ ᠲᠠᠯ᠎ᠠ ᠠᠴᠠ ᠨᠢ ᠠᠪᠴᠤ ᠦᠵᠡᠪᠡᠯ᠂ ᠳᠠᠯᠪᠢᠬᠤ ᠬᠠᠮᠢᠶᠠᠷᠬᠤ ᠦᠶᠯᠡᠴᠢᠯᠡᠬᠦ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠵᠡᠷᠭᠡ ᠠᠯᠢ ᠣᠯᠠᠨ ᠥᠭᠡᠷᠡᠴᠢᠯᠡᠯᠲᠡ ᠶᠢᠨ ᠠᠰᠢᠭ ᠲᠤᠰᠠ ᠶᠢ ᠠᠯᠬᠤᠮ ᠠᠯᠬᠤᠮ ᠢᠶᠠᠷ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃  ᠤᠯᠤᠰ ᠠᠴᠠ ᠶᠠᠳᠠᠭᠤ ᠬᠦᠴᠢᠷᠳᠡᠯᠲᠡᠶ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠵᠡᠷᠭᠡ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠦ ᠪᠤᠢ᠃ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠳᠡ ᠶᠢᠨ ᠲᠤᠬᠢᠶᠠᠯ ᠨᠢ  ᠦᠷᠢᠰᠦᠯᠳᠦᠭᠡᠨ ᠠᠴᠠ ᠪᠠᠨ ᠶᠡᠭᠡ ᠪᠠᠶᠢᠨ᠎ᠡ᠃ᠣᠳᠣᠬᠠᠨ ᠤ ᠲᠠᠯ᠎ᠠ ᠠᠴᠠ ᠠᠪᠴᠤ ᠦᠵᠡᠪᠡᠯ᠂ ᠮᠢᠬᠠᠨ ᠤ ᠦᠬᠡᠷ ᠢ ᠡᠳ᠋ᠰᠢᠭᠦᠯᠬᠦ᠂ ᠣᠨᠴᠠ ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠠᠭᠤᠷᠬᠠᠢ ᠶᠢᠨ ᠪᠦᠳᠦᠭᠡᠭᠳᠡᠭᠦᠨ ᠢ ᠰᠤᠩᠭᠤᠬᠤ᠂ ᠪᠠᠯ ᠴᠢᠯᠠᠭᠤᠨ ᠴᠠᠬᠢᠯᠭᠠᠨ ᠲᠤᠶᠢᠯ ᠤᠨ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ‌ᠨᠢᠭᠡ ᠪᠦᠯᠦᠭ ᠠᠵᠤ ᠦᠢᠯᠡᠰ ᠤᠨ ᠲᠦᠷᠦᠯ ᠵᠦᠢᠯ ᠢ ᠵᠠᠯᠭᠠᠪᠡᠷ ᠨᠡᠶᠢᠳᠡᠪᠤᠷᠢᠵᠢᠭᠤᠯᠦᠨ ᠲᠦᠷᠭᠡᠳᠭᠡᠨ ᠪᠠᠶᠢᠭᠤᠯᠬᠤ ᠶᠢ ᠳᠠᠭᠠᠯᠳᠤᠨ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠬᠡᠪᠴᠢᠶ᠎ᠡ᠂  ᠪᠦᠳᠦᠴᠠ᠂ ᠶᠠᠰᠤ ᠴᠢᠨᠠᠷ ᠤᠨ ᠳᠡᠭᠡᠭᠰᠢᠯᠡᠯᠲᠡ ᠶᠢ ᠪᠡᠶᠡᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠤᠨ ᠬᠥᠳᠡᠯᠭᠡᠬᠦ ᠬᠦᠴᠦᠨ ᠤᠯᠠᠮ ᠬᠦᠴᠦᠲᠡᠢ  ᠪᠤᠯᠵᠦ ᠪᠤᠢ᠃ ᠬᠤᠯᠠ ᠶᠢᠨ ᠵᠣᠭᠰᠣᠴᠠ ᠠᠴᠠ ᠠᠪᠴᠤ ᠦᠵᠡᠪᠡᠯ᠂ ᠠᠵᠤ ᠠᠬᠤᠶ ᠨᠡᠶᠢᠭᠡᠮ ᠤᠨ ᠬᠥᠭᠵᠢᠯᠲᠡ ᠭᠦᠶᠴᠡᠳ ᠪᠤᠰᠤ ᠪᠠᠶᠢᠨ᠎ᠡ᠃ ᠢᠢᠮᠤ ᠠᠴᠠ  ᠬᠤᠰᠢᠭᠤ ᠲᠠᠶᠠᠭᠠᠷ ᠪᠠᠨ ᠡᠷᠭᠡᠪᠰᠢ ᠬᠥᠭᠵᠢᠯᠲᠡ ᠪᠣᠯ ᠲᠡᠷᠢᠭᠦᠨ ᠴᠢᠬᠤᠯᠠ ᠡᠭᠦᠷᠭᠡ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠥᠭᠵᠢᠯᠲᠡ ᠪᠣᠯ ᠠᠯᠢᠪᠠ ᠠᠰᠠᠭᠤᠳᠠᠯ ᠢ  ᠰᠢᠢᠳᠪᠦᠷᠢᠯᠡᠬᠦ ᠶᠢᠨ ᠵᠠᠩᠭᠢᠯᠠᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠬᠤᠵᠢᠮ ᠤᠨ ᠬᠥᠭᠵᠢᠬᠦ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠣ᠂ ᠬᠦᠴᠦᠯᠡᠨ ᠴᠢᠷᠮᠠᠶᠢᠵᠤ ᠦᠶᠯᠡᠰ  ᠪᠦᠳᠦᠭᠡᠨ ᠬᠦᠭᠡᠭᠡᠨ ᠬᠦᠢᠴᠡᠵᠦ᠂ ᠬᠥᠭᠵᠢᠯᠲᠡ ᠶᠢᠨ ᠣᠷᠣᠨ ᠵᠠᠶ ᠪᠠᠨ ᠲᠠᠰᠤᠷᠠᠯᠲᠠ ᠥᠬᠡᠶ ᠥᠷᠭᠡᠳᠬᠡᠵᠦ᠂ ᠪᠥᠬᠦ ᠬᠤᠰᠢᠭᠤᠨ ᠤ ᠠᠵᠤ ᠠᠬᠤᠶ ᠶᠢᠨ ᠬᠤᠷᠳᠤᠴᠠ ᠪᠠᠨ ᠳᠡᠭᠡᠭᠰᠢᠯᠡᠭᠦᠯᠦᠨ ᠬᠥᠭᠵᠢᠭᠦᠯᠬᠦ ᠶᠢ ᠬᠦᠴᠦᠯᠡᠨ ᠠᠬᠢᠭᠤᠯᠣᠨ᠎ᠠ᠃ᠳᠡᠭᠡᠷ᠎ᠡ ᠳᠤᠷᠠᠳᠤᠭᠰᠠᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠡᠷᠬᠡᠪᠰᠢ ︽ᠭᠤᠷᠪᠠᠨ ᠡᠷᠡᠰ ᠭᠤᠶᠢᠪᠢᠰᠢ ᠦᠭᠡᠢ ᠪᠠᠶᠢᠬᠤ︾   ᠶᠢ ᠪᠡᠶᠡᠯᠡᠭᠦᠯᠬᠦ ᠬᠡᠷᠡᠭᠲᠡᠶ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠡᠷᠡᠰ ᠭᠤᠶᠢᠪᠢᠰᠢ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠦᠵᠡᠯᠲᠡ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠣᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ ᠭᠤᠷᠪᠠᠨ ᠦᠯᠦ ᠪᠣᠯᠬᠤ  ︾ ᠤᠯᠤᠰ ᠲᠦᠷᠦ ᠶᠢᠨ ᠱᠠᠭᠠᠷᠳᠠᠯᠭ᠎ᠠ ᠶᠢ ᠬᠦᠨᠵᠡᠭᠡᠢ ᠤᠢᠢᠯᠠᠭᠠᠨ  ᠲᠤᠤᠱᠯᠠᠭᠤᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠤᠳᠤᠯᠤᠨ ᠮᠠᠭᠠᠳᠯᠠᠯᠲᠠ ᠪᠣᠯᠤᠨ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠤᠤᠱᠯᠠᠭᠤᠯᠦᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠣᠨᠣᠪᠴᠢᠲᠠᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠬᠤ ᠬᠡᠷᠡᠭᠲᠡᠢ᠃  ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠴᠢᠩᠭ᠎ᠠ ᠠᠳᠬᠤᠨ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠬᠤ ᠪᠠᠷ ᠬᠦᠴᠦᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂ ᠬᠥᠭᠵᠢᠯᠲᠡ ᠶᠢᠨ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠪᠠ‌ᠦᠷᠭᠦᠯᠵᠢᠯᠡᠬᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠭᠤᠷᠪᠠ  ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠲᠠᠢ ᠡᠷᠡᠰ ᠭᠤᠶᠢᠪᠢᠰᠢ ᠦᠬᠡᠢ ᠨᠢᠭᠲᠠ ᠤᠶᠠᠯᠳᠤᠭᠤᠯᠬᠤ ᠬᠡᠷᠡᠭᠲᠡᠶ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠢᠨᠡᠭᠡᠯᠢᠭᠵᠢᠭᠦᠯᠬᠦ ᠵᠢᠷᠭᠤᠭᠠᠨ ᠲᠠᠯ᠎ᠠ ᠶᠢᠨ 52 ᠵᠦᠢᠯ ᠤᠨ ᠬᠦᠢᠴᠡᠳᠬᠡᠬᠦ ᠲᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠶᠢ ᠱᠠᠯᠠᠪᠳᠠᠨ ᠬᠢᠵᠦ᠂ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠶᠢ  ᠬᠦᠨᠵᠡᠭᠡᠢ  ᠪᠠᠶᠢᠴᠠᠭᠠᠵᠤ ᠡᠮᠬᠢᠯᠡᠨ ᠂ ᠲᠦᠷᠦᠯ ᠬᠤᠪᠢᠶᠠᠨ ᠨᠠᠷᠢᠨ ᠳᠠᠩᠰᠠ ᠭᠠᠷᠭᠠᠵᠤ᠂ ᠡᠬᠡ ᠳᠠᠩᠰᠠ ᠪᠠᠶᠢᠭᠤᠯᠵᠦ᠂ ᠪᠦᠬᠦ ᠬᠦᠴᠦᠨ ᠢᠶᠠᠷ ᠢᠶᠠᠨ ᠭᠤᠣᠯᠳᠠᠯᠭ᠎ᠠ ᠶᠢ ᠠᠳᠬᠤᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠦᠬᠦ ᠠᠶᠢᠮᠠᠭ ᠪᠦᠬᠦ ᠣᠷᠣᠨ ᠪᠦᠬᠦ ᠤᠯᠤᠰ ᠲᠠᠢ ᠵᠡᠷᠭᠡᠪᠡᠷ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃( ᠨᠢᠭᠡ ) ᠰᠢᠶᠳᠪᠦᠷᠢᠲᠦ ᠲᠡᠶᠢᠯᠠᠯᠳᠤᠭᠠᠨ ᠬᠢᠵᠦ ᠰᠢᠶᠳᠪᠦᠷᠢᠲᠦ ᠢᠯᠠᠯᠲᠠ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ ᠶᠡᠭᠡ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠢᠭᠡ ᠳᠤ᠂ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠳᠠ ᠶᠢ ᠣᠯᠤᠨ᠎ᠠ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠢᠯᠠᠯᠲᠠ ᠶᠢ ᠪᠦᠬᠦ ᠲᠠᠯ ᠎ᠠ ᠪᠠᠷ ᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠪᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠬᠦ ᠶᠢ ᠨᠥᠯᠥᠭᠡᠯᠡᠬᠦ ᠡᠯ᠎ᠡ ᠲᠦᠷᠦᠯ ᠤᠨ ᠠᠰᠠᠭᠤᠳᠠᠯ ᠢ ᠪᠦᠬᠦ ᠲᠠᠯ᠎ᠠ ᠪᠠᠷ ᠪᠠᠷᠢᠮᠵᠢᠶᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ  ᠶᠢ ᠦᠨᠡᠨᠬᠦ ᠪᠠᠬᠢᠵᠢᠭᠦᠯᠦᠨ᠎ᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ  ︾ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠬᠢᠵᠢᠷᠠᠭᠰᠠᠨ ᠴᠤ ᠬᠠᠷᠢᠭᠤᠴᠠᠯᠭ᠎ᠠ᠂ ᠲᠦᠷᠦ ᠶᠢᠨ ᠪᠤᠳᠤᠯᠭ᠎ᠠ ᠂ ᠬᠠᠪᠰᠤᠷᠦᠨ ᠲᠡᠳᠭᠦᠬᠦ᠂ ᠬᠢᠨᠠᠨ ᠬᠠᠮᠢᠶᠠᠷᠬᠤ ᠪᠠᠨ ᠲᠠᠶᠠᠭᠳᠠᠵᠤ ᠪᠤᠯᠬᠤ ᠦᠭᠡᠢ᠂ ᠬᠠᠷᠢᠭᠤᠴᠠᠯᠭ᠎ᠠ᠂ ᠲᠦᠷᠤ ᠶᠢᠨ ᠪᠤᠳᠤᠯᠭ᠎ᠠ᠂ ᠠᠷᠭ᠎ᠠ ᠬᠡᠮᠵᠢᠶᠡᠨ ᠤ ᠨᠡᠶᠢᠳᠡᠪᠤᠷᠢᠵᠢᠭᠤᠯᠦᠯᠳᠡ ᠶᠢ ᠤᠨᠤᠪᠴᠢᠳᠡᠢ ᠪᠦᠭᠡᠳ ᠦᠷ᠎ᠡ ᠠᠰᠢᠭ ᠲᠠᠢ ᠠᠬᠢᠭᠤᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠴᠢᠳᠠᠪᠤᠷᠢ ᠶᠢ ᠨᠡᠮᠡᠭᠳᠡᠬᠦᠯᠵᠦ᠂ ᠣᠷᠣᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠤ᠂ ᠡᠪᠡᠳᠴᠢᠨ ᠵᠣᠪᠠᠯᠠᠩ ᠪᠠ ᠭᠠᠮᠰᠢᠭ ᠠᠴᠠ ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃  ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠠᠵᠤ ᠦᠶᠯᠡᠰ ᠤᠨ ᠵᠠᠯᠭᠠᠮᠵᠢ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠮᠠᠶ᠋ᠢᠭ   ᠤᠨ ᠡᠵᠡᠩᠨᠡᠯᠲᠡ ᠶᠢᠨ ᠭᠤᠤᠯ ᠴᠣᠭᠴᠠ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠯ ᠲᠠᠷᠢᠶᠠᠯᠠᠩ ᠣᠶᠢᠯᠡᠰ ᠤᠨ ᠭᠤᠷᠪᠠᠨ ᠶᠡᠭᠡ ᠣᠨᠴᠠᠯᠢᠭᠳᠣ ᠠᠵᠦ ᠣᠶᠢᠯᠡᠰ ᠵᠢᠴᠢ ᠬᠠᠮᠲᠤ ᠶᠢᠨ ᠠᠵᠤ ᠠᠬᠤᠶ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠪᠠ ᠲᠤᠬᠢᠷᠠᠮᠵᠢᠳᠡᠢ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠦᠷᠭᠦᠯᠵᠢᠯᠡᠬᠦ ᠠᠵᠤ ᠦᠶᠯᠡᠰ ᠤᠨ ᠶᠠᠳᠠᠭᠤ ᠬᠦᠴᠢᠷᠳᠡᠯᠲᠡᠶ ᠡᠷᠦᠬᠡ ᠳᠤ ᠦᠵᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠠᠵᠤ ᠦᠶᠯᠡᠰ ᠢ ᠦᠷᠭᠦᠯᠵᠢᠯᠡᠨ  ᠬᠦᠭᠵᠢᠭᠦᠯᠬᠦ ᠬᠡᠷᠡᠭᠳᠡᠢ᠃ ᠭᠤᠷᠪᠠ ᠳᠤ᠂ ᠦᠷᠭᠦᠯᠵᠢᠯᠡᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠶᠠᠳᠠᠭᠤ ᠠᠴᠠ ᠰᠡᠷᠭᠡᠶᠢᠯᠡᠬᠦ ᠪᠠ‌ᠬᠠᠷᠢᠴᠠᠩᠭᠤᠶ ᠶᠠᠳᠠᠭᠤ ᠬᠦᠴᠢᠷᠳᠡᠯ ᠢ ᠰᠢᠶᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠴᠠᠩᠭᠤᠶ ᠰᠠᠭᠤᠷᠢ ᠪᠠᠭᠤᠷᠠᠶ ᠭᠠᠴᠠᠭ᠎ᠠ ᠳᠣᠰᠬᠤᠨ ᠵᠢᠴᠢ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠲᠣᠭᠲᠠᠭᠤᠨ ᠪᠤᠰᠤ ᠣᠷᠣᠯᠭ᠎ᠠ ᠪᠠᠭ᠎ᠠ ᠬᠥᠮᠦᠨ ᠠᠮᠠ ᠳᠤ ᠴᠢᠭᠯᠡᠭᠦᠯᠦᠨ᠂ ᠭᠠᠴᠠᠭ᠎ᠠ ᠲᠣᠰᠬᠤᠨ᠂ ᠡᠷᠦᠬᠡ᠂ ᠬᠥᠮᠦᠨ ᠤ ᠪᠠᠶᠢᠳᠠᠯ ᠢᠶᠠᠷ ᠪᠠᠬᠢᠵᠢᠭᠦᠯᠦᠨ ᠳᠡᠭᠡᠭᠰᠢᠯᠡᠭᠦᠯᠬᠦ ᠲᠥᠰᠦᠯ  ᠪᠤᠯᠦᠨ ᠦᠷᠭᠦᠯᠵᠢᠯᠡᠨ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠵᠤ᠂ ᠠᠵᠢᠯ  ᠢᠶᠠᠨ ᠳᠠᠪᠳᠠᠵᠦ ᠬᠢᠬᠦ ᠦᠬᠡᠢ᠂ ᠶᠠᠳᠠᠭᠤ ᠠᠴᠠ ᠠᠩᠭᠢᠵᠢᠷᠠᠭᠠᠳ ᠳᠠᠬᠢᠨ ᠶᠠᠳᠠᠭᠤᠷᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠤᠳᠤᠯᠭ᠎ᠠ ᠶᠢ ᠵᠣᠯᠭᠠᠭᠤᠯᠬᠤ ᠶᠢ ᠴᠢᠬᠤᠯᠠᠴᠢᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ᠠᠵᠤ ᠦᠢᠯᠡᠰ ᠢᠶᠠᠷ ᠶᠠᠳᠠᠭᠤ ᠠᠷᠠᠳ ᠢ ᠴᠥᠭᠡᠳᠬᠡᠬᠦ  ᠴᠢᠳᠠᠪᠬᠢ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠡᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠪᠡᠷᠬᠡ ᠰᠡᠳᠦᠪ ᠢ ᠰᠢᠶᠳᠪᠦᠷᠢᠯᠡᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠨᠢᠭᠡ ᠳᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ︽ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ  ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠦ᠂ ᠠᠵᠤ ᠦᠶᠯᠡᠳᠪᠦᠷᠢ  ᠶᠢᠨ ᠪᠣᠬᠢᠷᠲᠤᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠤᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠠᠲᠤᠯᠠᠨ᠎ᠠ᠃ ᠢᠳᠡᠭᠡᠨ ᠤᠮᠳᠠᠭᠠᠨ ᠤ ᠲᠣᠰᠣᠨ ᠣᠲᠤᠭ᠎ᠠ᠂ ᠪᠠᠷᠢᠯᠭ᠎ᠠ ᠶᠢᠨ ᠲᠣᠭᠤᠰᠣ ᠳᠡᠭᠳᠡᠬᠦ ᠵᠡᠷᠭᠡ ᠶᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠭᠠᠷ ᠤᠨ ᠶᠠᠰᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠪᠠᠳᠤᠯᠠᠨ᠎ᠡ᠃ ᠬᠤᠶᠠᠷ ᠲᠤ᠂ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠭᠤᠤᠯ ︵ᠨᠠᠭᠤᠷ ︶ ᠤᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠤᠤᠯ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠵᠢᠴᠢ ︽ ᠳᠥᠷᠪᠡᠨ ᠰᠠᠮᠠᠭᠤᠨ ᠢ ᠴᠡᠪᠡᠷᠯᠡᠬᠦ  ︾ ᠲᠤᠰᠬᠠᠶ ᠠᠵᠢᠯᠯᠠᠭ᠎ᠠ ᠶᠢ ᠰᠠᠶᠢᠲᠤᠷ ᠬᠢᠨ᠎ᠡ᠃ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠤᠯᠬᠤ ᠪᠦᠲᠦᠭᠡᠨ ᠪᠠᠶᠢᠭᠤᠯᠣᠯᠳᠠ ᠶᠢ ᠦᠷᠭᠦᠯᠵᠢᠯᠡᠨ ᠥᠷᠨᠢᠭᠦᠯᠵᠦ᠂ ᠤᠰᠤᠨ ᠤ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠬᠦᠴᠦᠯᠡᠨ ᠪᠠᠬᠢᠵᠢᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ ᠰᠢᠶᠳᠪᠦᠷᠢᠯᠡᠬᠦ ᠲᠦᠭᠦᠭᠡᠷᠦᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠤᠨ ᠪᠦᠲᠦᠭᠡᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠪᠠᠳᠤᠯᠠᠨ᠎ᠡ᠃ ᠭᠤᠷᠪᠠ ᠳᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ ᠂ ᠠᠭᠤᠷᠬᠠᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠳᠡ 1050 ᠮᠥ ᠵᠠᠰᠠᠨ᠎ᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠦᠯ ᠵᠦᠢᠯ ᠢ ᠴᠢᠨᠠᠷ ᠰᠠᠶᠢᠲᠠᠢ ᠪᠡᠶᠡᠯᠡᠭᠦᠯᠵᠦ᠂ 260 ᠮᠦ ᠪᠡᠯᠴᠢᠭᠡᠷ ᠢ ᠰᠡᠷᠭᠦᠭᠡᠨ ᠠᠳᠠᠷᠰᠢᠭᠤᠯᠣᠨ᠎ᠠ᠃  ᠲᠠᠷᠢᠶᠠᠯᠠᠩ ᠤᠨ ᠣᠯᠠᠨ ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ᠂ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠡᠯᠡᠰᠦᠵᠢᠭᠰᠡᠨ ᠣᠷᠣᠨ ᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ  ᠶᠢᠨ ᠲᠥᠷᠥᠯ ᠵᠦᠢᠯ ᠢ ᠬᠢᠨᠠᠮᠠᠭᠠᠢ  ᠨᠡᠶᠢᠳᠠᠪᠦᠷᠢᠵᠢᠭᠤᠯᠵᠦ᠂ 7.7 ᠲᠦᠮᠡᠨ ᠮᠦ ᠣᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠪᠠ 5.5 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠶᠢ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ︽ ᠡᠷᠬᠢᠨ ᠬᠠᠷᠠᠬᠤ  ︾ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠣᠶ ᠪᠥᠬᠦᠶ ᠠᠰᠠᠭᠤᠳᠠᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ︽ ᠴᠡᠪᠡᠷᠯᠡᠨ ᠠᠷᠢᠯᠭᠠᠬᠤ  ︾ ᠶᠢ ᠦᠨᠡᠨᠬᠦ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠠᠰᠠᠭᠤᠳᠠᠯ ᠤᠨ ᠬᠡᠮ ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ ᠬᠤᠶᠠᠳᠣᠭᠠᠷ ᠡᠭᠡᠯᠵᠢ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠤᠭᠲᠤᠨ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠭᠤᠷᠪᠠ ᠳᠤ᠂ ᠬᠦᠨᠳᠦ ᠶᠡᠭᠡ‌ᠠᠶᠤᠯ ᠲᠦᠭᠰᠢᠭᠦᠷᠢ ᠶᠢ ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠳᠣᠷ ᠬᠢᠬᠦ ᠬᠡᠷᠡᠭᠲᠡᠢ᠃ᠬᠠᠳᠠᠭᠠᠯᠠᠭᠳᠠᠴᠠ ᠶᠢ ᠠᠷᠢᠯᠭᠠᠬᠤ᠂ ᠨᠡᠮᠡᠭᠳᠡᠯ ᠢ ᠬᠢᠵᠠᠭᠠᠷᠯᠠᠬᠤ᠂ ᠬᠢᠵᠠᠭᠠᠷ ᠱᠤᠭᠤᠮ ᠢ ᠰᠠᠬᠢᠬᠤ ᠶᠢ ᠪᠠᠷᠢᠮᠳᠠᠯᠠᠨ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠ ᠠᠴᠠ ᠴᠢᠬᠤᠯᠠ ᠠᠵᠢᠯ ᠪᠣᠯᠭᠠᠵᠤ᠂ ᠥᠷᠢ ᠥᠭᠴᠡᠭᠡ ᠶᠢ ᠠᠷᠢᠯᠭᠠᠬᠤ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ  ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠬᠦᠯᠬᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠦᠯᠡᠳᠡᠵᠦ ᠪᠠᠶᠢᠭ᠎ᠠ ᠥᠷᠢ ᠥᠭᠴᠡᠭᠡ ᠶᠢ ᠰᠣᠯᠢᠬᠤ ᠪᠠ ᠠᠷᠢᠯᠭᠠᠬᠤ ᠠᠬᠢᠴᠠ ᠶᠢ ᠲᠦᠷᠭᠡᠳᠬᠡᠵᠦ᠂ ᠪᠦᠬᠦ ᠵᠢᠯ ᠳᠤ 2.6 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠪᠠᠷ ᠲᠥᠯᠥᠪᠯᠡᠪᠡ᠃ ᠡᠭᠦᠨ ᠳᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 5235 ᠲᠦᠮᠡᠨ ᠲᠥᠭᠦᠷᠢᠭ ᠤᠨ ᠥᠷᠢ ᠥᠭᠴᠡᠭᠡ ᠶᠢ ᠠᠷᠢᠯᠭᠠᠬᠤ ᠪᠠᠷ ᠲᠥᠯᠥᠪᠯᠡᠪᠡ᠃ ᠠᠶᠢᠮᠠᠭ ᠣᠷᠣᠨ ᠤ ᠠᠵᠤ ᠠᠬᠤᠢ ᠶᠢᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ︽1+8︾ ᠶᠢᠨ ᠲᠥᠰᠦᠯ ᠢ ᠴᠢᠩᠭ᠎ᠠ ᠲᠤᠤᠱᠯᠠᠭᠤᠯᠦᠨ᠎ᠡ᠃ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠡᠳ᠋ ᠤᠨ ᠵᠠᠰᠠᠭ ᠤᠨ ᠲᠦᠷ ᠦᠭᠬᠦ ᠵᠣᠭᠤᠰ ᠢᠶᠠᠷ ᠥᠷᠢ ᠥᠭᠴᠡᠭᠡ ᠶᠢ ᠠᠷᠢᠯᠭᠠᠵᠣ ᠪᠣᠯᠬᠤ ᠦᠬᠡᠢ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠦᠷᠬᠦᠯᠵᠢᠯᠡᠨ ᠪᠠᠭᠠᠰᠬᠠᠵᠤ᠂ ᠴᠢᠬᠤᠯᠠ ᠪᠤᠰᠤ ᠲᠥᠷᠥᠯ ᠵᠦᠶᠯ ᠤᠨ ᠵᠠᠷᠤᠯᠭ᠎ᠠ ᠶᠢ ᠡᠷᠡᠰ ᠬᠦᠴᠦᠨ ᠥᠬᠡᠶ ᠪᠣᠯᠭᠠᠵᠤ ᠂ ᠰᠢᠨ᠎ᠡ ᠪᠠᠷ ᠨᠡᠮᠡᠭᠳᠡᠭᠦᠯᠬᠦ ᠲᠥᠷᠥᠯ ᠵᠦᠶᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠰᠢᠨ᠎ᠡ ᠵᠠᠷᠤᠯᠭ᠎ᠠ ᠶᠢ ᠭᠠᠷᠭᠠᠬᠤ‌ᠥᠬᠡᠶ ᠪᠠᠶᠢᠵᠤ᠂ ︽ ᠭᠤᠷᠪᠠᠨ ᠵᠦᠶᠯ ᠤᠨ ᠠᠯᠪᠠᠨ ᠤ ᠵᠠᠷᠤᠳᠠᠯ  ︾ ᠪᠣᠯᠤᠨ ᠡᠩ  ᠤᠨ ᠴᠢᠨᠠᠷᠲᠠᠶ ᠵᠠᠷᠤᠯᠭ᠎ᠠ ᠶᠢ ᠬᠠᠰᠤᠬᠤ ᠠᠴᠠ ᠪᠢᠰᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ  ᠃ ( ᠬᠤᠶᠠᠷ ) ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ  ᠢ ᠡᠷᠡᠰ ᠪᠠᠳᠤᠯᠠᠨ᠎ᠡᠨᠢᠭᠡ ᠳᠤ᠂ ᠠᠶᠤᠯᠭᠦᠶ ᠦᠶᠯᠡᠳᠪᠦᠷᠢᠯᠡᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠡ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠪᠠᠯᠠᠷᠬᠠᠶ ᠲᠠᠨᠢᠯᠲᠠ ᠪᠠ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠠᠷᠢᠯᠭᠠᠵᠤ᠂ ᠤᠳᠤᠷᠢᠳᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ  ᠳᠣᠭᠳᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠨ ᠬᠢᠬᠦ ᠬᠡᠷᠡᠭᠲᠡᠶ  ᠃  ᠰᠠᠯᠠᠭ᠎ᠠ ᠮᠥᠴᠢᠷ  ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠶᠴᠡᠳᠬᠡᠵᠦ᠂ ᠠᠵᠣ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠬᠢᠨᠠᠨ ᠬᠠᠮᠢᠶᠠᠷᠴᠦ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠥᠬᠡᠶ ᠦᠶᠯᠡᠳᠪᠦᠷᠢᠯᠡᠯ ᠤᠨ ᠠᠳᠡᠯ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ᠎ᠡ᠃ ᠬᠤᠶᠠᠷ ᠲᠤ᠂ ᠭᠡᠮ ᠰᠤᠭᠤᠭ ᠢ ᠴᠢᠩᠭ᠎ᠠ ᠵᠢᠭᠰᠠᠭᠠᠨ ᠪᠠᠶᠢᠴᠠᠭᠠᠬᠤ ᠬᠡᠷᠡᠭᠲᠡᠶ᠃ ᠭᠡᠮ ᠰᠤᠭᠤᠭ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠭᠦᠨᠵᠡᠭᠡᠶ ᠪᠠᠶᠢᠴᠠᠭᠠᠵᠦ ᠨᠠᠷᠢᠨ ᠨᠢᠮᠪᠠᠶ ᠪᠠᠶᠢᠴᠠᠭᠠᠵᠤ᠂ ᠢᠯᠠᠩᠭᠤᠶ᠎ᠠ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠠ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠠᠳᠡᠯ ᠤᠨ ᠭᠡᠮ ᠰᠤᠭᠤᠭ ᠪᠣᠯᠤᠨ ᠬᠠᠮᠢᠶᠠᠷᠤᠯᠲᠠ ᠶᠢᠨ ᠬᠡᠮ ᠰᠣᠭᠤᠭ ᠢ ᠭᠦᠨ ᠭᠦᠨᠵᠡᠭᠡᠶ ᠨᠠᠷᠢᠨ ᠨᠢᠮᠪᠠᠶ᠂ ᠪᠦᠬᠦ ᠲᠠᠯ᠎ᠠ ᠪᠠᠷ ᠲᠤᠶᠢᠯᠪᠤᠷᠢᠲᠠᠶ ᠡᠷᠢᠵᠦ᠂ ᠭᠡᠮ ᠰᠤᠭᠤᠭ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠠᠰᠠᠭᠤᠳᠠᠯ ᠢ ᠴᠢᠩᠭ᠎ᠠ ᠵᠠᠰᠠᠬᠤ ᠬᠡᠷᠡᠭᠲᠡᠶ᠃ ᠠᠮᠤᠷ ᠲᠦᠪᠰᠢᠨ ᠪᠤᠰᠤ ᠭᠡᠮ ᠰᠤᠭᠤᠭ ᠤᠨ ᠠᠰᠠᠭᠤᠳᠠᠯ ᠳᠤ  ︽ᠥᠴᠦᠬᠡᠨ ᠴᠦ ᠢᠯᠳᠠᠷ ᠬᠠᠶᠠᠬᠤ ᠦᠭᠡᠶ︾ ᠪᠠᠶᠢᠵᠤ᠂  ︽ᠭᠡᠮ ᠰᠤᠭᠤᠭ ᠪᠣᠯ ᠠᠳᠡᠯ ᠪᠣᠯᠬᠤ︾ ᠦᠵᠡᠯ ᠤᠬᠠᠮᠰᠠᠷ ᠢ ᠪᠣᠶ ᠪᠣᠯᠭᠠᠵᠤ᠂  ᠭᠡᠮ ᠰᠤᠭᠤᠭ ᠢ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠳᠠᠭᠠᠨ ᠣᠯᠵᠤ ᠮᠡᠳᠡᠭᠰᠡᠨ ᠡᠯ᠎ᠡ ᠲᠥᠷᠥᠯ ᠤᠨ ᠭᠡᠮ ᠰᠤᠭᠤᠭ ᠪᠣᠯᠤᠨ ᠳᠦᠭᠰᠢᠬᠦᠷᠢ ᠶᠢ ᠫᠠᠶᠢᠰᠠ ᠡᠯᠭᠦᠨ ᠰᠢᠮᠳᠠᠭᠤᠯᠤᠨ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠭᠡᠮ ᠰᠤᠭᠤᠭ ᠤᠨ ᠠᠰᠠᠭᠤᠳᠠᠯ ᠢ ᠦᠨᠡᠨᠬᠦ ᠴᠡᠭᠴᠡᠯᠡᠨ ᠵᠠᠰᠠᠬᠤ ᠬᠡᠷᠡᠭᠲᠡᠶ  ᠃ ᠬᠤᠶᠠᠷ ᠲᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠦ ᠪᠠᠬᠢᠵᠢᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠪᠠ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠶ ᠵᠦᠶᠯ ᠤᠨ ᠪᠣᠭᠤᠮᠳᠠ ᠰᠢᠪᠳᠣᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠪᠠᠶᠢᠭᠤᠯᠤᠨ ᠳᠡᠬᠦᠯᠳᠡᠷᠵᠢᠬᠦᠯᠵᠦ᠂ ᠬᠢᠵᠢᠭ ᠡᠪᠡᠳᠴᠢᠨ ᠢ ᠬᠢᠨᠠᠨ ᠬᠡᠮᠵᠢᠬᠦ᠂ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠡᠷᠡᠭᠦᠯ ᠮᠡᠨᠳᠦ ᠶᠢᠨ ᠬᠥᠮᠦᠵᠢᠯ᠂ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠶᠢ ᠤᠰᠠᠳᠬᠠᠬᠤ ︽ᠲᠠᠪᠤ ᠶᠢ ᠪᠠᠶᠢᠩᠭᠤᠵᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠬᠤ ᠲᠤᠰᠬᠠᠶ ᠠᠵᠢᠯᠯᠠᠭ᠎ᠠ ᠶᠢ ᠰᠠᠶᠢᠲᠤᠷ ᠲᠣᠬᠢᠷᠠᠭᠤᠯᠤᠨ ᠬᠡᠷᠡᠭᠵᠢᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠠᠬᠢᠨ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠰᠠᠭᠤᠳᠠᠯ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ᠂ ᠤᠳᠠᠭᠠᠨ ᠴᠢᠨᠠᠷᠲᠠᠶ ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠡᠮᠭᠡᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠦᠨ᠎ᠡ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠢᠳᠡᠭᠡᠨ ᠤ ᠠᠮᠤᠷ ᠳᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ  ︾   ᠢ ᠪᠠᠲᠤᠯᠠᠬᠤ ᠬᠡᠷᠡᠭᠲᠡᠶ᠃( ᠭᠤᠷᠪᠠ ) ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠣᠪᠣᠶᠢᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰ ᠢ ᠶᠡᠬᠡᠪᠡᠷ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠤᠷᠢᠨ ᠳᠤ ︽ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ  ︾ ᠡᠨᠡᠬᠦ ᠭᠤᠤᠯᠳᠠᠯᠭ᠎ᠠ ᠶᠢ ᠴᠢᠩᠭ᠎ᠠ ᠠᠳᠬᠤᠵᠤ᠂ ︽ 333  ︾ ᠬᠦᠭᠵᠢᠯᠳᠡ ᠶᠢᠨ ᠰᠡᠳᠬᠢᠮᠵᠢ ᠪᠠᠷ᠂ ᠥᠭᠡᠷ᠎ᠡ ᠪᠠᠷ ᠬᠡᠯᠡᠪᠡᠯ ᠰᠠᠶᠢᠨ ᠡᠭᠦᠯᠳᠡᠷ ᠤᠨ ᠮᠢᠬᠠᠨ ᠤ ᠦᠬᠡᠷ᠂ ᠴᠠᠬᠠᠷ ᠬᠤᠨᠢ᠂ ᠣᠨᠴᠠᠯᠢᠭᠲᠤ ᠲᠠᠷᠢᠮᠠᠯ 3 ᠲᠣᠮᠣ ᠠᠵᠤ ᠦᠶᠯᠡᠰ ᠢ ᠬᠦᠴᠦᠯᠡᠨ ᠬᠦᠭᠵᠢᠭᠦᠯᠦᠨ᠎ᠡ᠃  ᠭᠤᠷᠪᠠᠨ ᠠᠵᠤ ᠦᠢᠯᠡᠰ ᠤᠨ ᠪᠦᠰᠡ ᠶᠢ ᠦᠷᠬᠦᠯᠵᠢᠯᠡᠨ ᠪᠠᠶᠢᠭᠤᠯᠤᠨ᠎ᠠ᠃ ᠰᠠᠶᠢᠨ ᠡᠭᠦᠯᠳᠡᠷ᠂ ᠨᠠᠷᠢᠯᠢᠭ ᠠᠷᠠᠴᠢᠯᠠᠬᠤ᠂ ᠡᠪᠡᠰᠦ ᠪᠣᠷᠳᠤᠭ᠎ᠠ ᠬᠠᠩᠭᠠᠬᠤ ᠵᠡᠷᠭᠡ 3 ᠵᠦᠶᠯ ᠤᠨ ᠭᠤᠣᠯᠳᠠᠯᠭ᠎ᠠ ᠲᠠᠢ ᠠᠵᠢᠯ ᠢ ᠳᠣᠪᠣᠶᠢᠮ᠎ᠠ ᠰᠠᠶᠢᠲᠤᠷ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠠᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠥᠲᠥᠯᠥᠨ ᠵᠢᠯᠣᠭᠤᠳᠤᠨ᠎ᠠ  ᠃ ᠨᠢᠭᠡ ᠳᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠪᠦᠬᠦ ᠠᠶᠢᠮᠠᠭ ᠤᠨ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠪᠠ ︽ᠡᠮᠦᠨᠡᠲᠦ ᠣᠷᠣᠨ ᠤ ᠦᠬᠡᠷ ᠤᠮᠠᠷᠠᠲᠤ ᠣᠷᠣᠨ ᠤ ᠬᠤᠨᠢ︾ ᠶᠢᠨ ᠠᠵᠤ ᠦᠢᠯᠡᠰ ᠤᠨ ᠪᠠᠶᠢᠷᠢᠰᠢᠯ ᠳᠤ ᠰᠠᠭᠤᠷᠢᠯᠠᠵᠦ᠂ ᠮᠢᠬᠠᠨ ᠤ ᠦᠬᠡᠷ ᠤᠨ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ ᠬᠠᠩᠭᠠᠯᠭ᠎ᠠ ᠬᠦᠷᠦᠯᠴᠡᠬᠦ ᠦᠭᠡᠢ ᠪᠠ ᠪᠣᠷᠳᠣᠵᠤ ᠲᠠᠷᠭᠤᠯᠠᠭᠤᠯᠬᠤ ᠦᠢᠯᠡᠰ ᠤᠨ ᠬᠥᠭᠵᠢᠯᠲᠡ ᠬᠤᠴᠣᠷᠤᠩᠭᠤᠢ ᠪᠠᠶᠢᠭ᠎ᠠ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠰᠦᠷᠦᠭᠵᠢᠨ ᠬᠥᠭᠵᠢᠬᠦ ᠶᠢ ᠠᠬᠢᠭᠤᠯᠤᠨ᠎ᠠ᠃ ᠨᠢᠭᠡ ᠳᠤ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂  ᠦᠷ᠎ᠡ ᠶᠢᠨ ᠮᠠᠯ  ᠤᠨ ᠲᠠᠯᠠᠪᠠᠢ ᠶᠢ ᠪᠠᠶᠢᠭᠤᠯᠤᠨ ᠠᠰᠢᠭᠯᠠᠬᠤ ᠶᠢ ᠠᠬᠢᠭᠤᠯᠵᠤ᠂ 2000 ᠰᠢᠯᠢᠳᠡᠭ ᠡᠭᠦᠯᠳᠡᠷ ᠤᠨ ᠮᠢᠬᠠᠨ ᠤ ᠦᠬᠡᠷ  ᠢ ᠲᠤᠬᠢᠷᠠᠭᠤᠯᠤᠨ ᠣᠷᠣᠭᠤᠯᠵᠦ᠂ ᠬᠤᠶᠠᠳᠤᠭᠠᠷ ᠦᠶ᠎ᠡ ᠠᠴᠠ ᠳᠡᠭᠡᠭᠰᠢᠬᠢ 1.5 ᠲᠦᠮᠡᠨ  ᠱᠢᠮᠢᠨᠳᠠᠷ ᠦᠨᠢᠶ᠎ᠡ ᠶᠢ ᠪᠣᠶᠢᠵᠢᠭᠤᠯᠵᠤ᠂ 5 ᠭᠤᠤᠯ ᠰᠦᠷᠦᠭ ᠢ ᠪᠠᠶᠢᠭᠤᠯᠬᠤ ᠶᠢ ᠠᠬᠢᠭᠤᠯᠦᠨ᠎ᠡ᠃ ᠭᠠᠴᠠᠭ᠎ᠠ ᠲᠤᠰᠬᠤᠨ ᠤ ᠮᠠᠯᠵᠢᠯ  ᠤᠨ ᠤᠳᠤᠬᠢ ᠪᠠᠶᠢᠳᠠᠯ ᠲᠠᠢ ᠤᠶᠠᠯᠳᠤᠭᠤᠯᠦᠨ᠂ ᠪᠠᠶᠢᠭᠠᠯᠢᠭ ᠭᠡᠭᠡᠯᠳᠦᠭᠦᠯᠭᠡ ᠪᠤᠯᠦᠨ ᠵᠤᠬᠢᠶᠠᠮᠠᠯ ᠭᠡᠭᠡᠯᠳᠦᠭᠦᠯᠭᠡ ᠶᠢᠨ ᠦᠷᠡᠵᠢᠯ ᠤᠨ ᠤᠷᠤᠨ ᠲᠤᠭᠤᠷᠢᠭ ᠢ ᠨᠠᠷᠢᠯᠢᠭ ᠬᠤᠪᠢᠶᠠᠷᠢᠯᠠᠨ᠂ ᠪᠠᠶᠢᠭᠠᠯᠢᠭ ᠭᠡᠭᠡᠯᠳᠦᠭᠦᠯᠭᠡ ᠶᠢᠨ ᠤᠷᠦᠨ ᠤ ᠴᠢᠨᠠᠷ ᠮᠠᠭᠤᠳᠠᠢ ᠦᠷ᠎ᠡ ᠶᠢᠨ ᠮᠠᠯ   ᠢ ᠰᠢᠭᠰᠢᠬᠦ ᠵᠢᠴᠢ ᠢᠴᠡᠭᠡᠯ  ᠦᠷ᠎ᠡ ᠶᠢᠨ ᠭᠡᠭᠡᠯᠳᠦᠭᠦᠯᠭᠡ ᠶᠢᠨ ᠤᠷᠦᠨ ᠢ ᠦᠷᠭᠡᠳᠭᠡᠬᠦ ᠠᠵᠢᠯ ᠢ ᠲᠤᠪᠤᠶᠢᠮ᠎ᠡ ᠠᠳᠬᠤᠨ᠎ᠡ᠃ᠰᠠᠶᠢᠨ ᠡᠭᠦᠯᠳᠡᠷ ᠤᠨ ᠦᠨᠢᠶ᠎ᠡ ᠵᠢᠴᠢ ᠪᠡᠯᠡᠳᠬᠡᠯ ᠦᠨᠢᠶ᠎ᠡ ᠶᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠬᠤ᠂ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠳᠦᠷᠢᠮ ᠢ ᠪᠠᠶᠢᠭᠤᠯᠤᠨ᠂ ᠰᠠᠶᠢᠨ ᠡᠭᠦᠯᠳᠡᠷ ᠤᠨ ᠦᠨᠢᠶ᠎ᠡ ᠭᠠᠳᠠᠭᠰᠢ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠯᠡᠨ ᠤ ᠰᠠᠨᠠᠯ  ᠢ ᠦᠷᠭᠡᠨ ᠢᠶᠠᠷ ᠬᠤᠷᠢᠶᠠᠨ᠂ ᠶᠠᠷᠢᠯᠴᠠᠨ ᠰᠤᠳᠤᠯᠤᠭᠰᠠᠨ ᠰᠠᠭᠤᠷᠢᠨ ᠲᠡᠭᠡᠷ᠎ᠡ᠂ ᠦᠭᠡᠷ ᠮᠠᠯᠵᠢᠬᠤ ᠤᠷᠤᠯᠭ᠎ᠠ ᠢᠶᠠᠨ ᠨᠡᠮᠡᠭᠳᠡᠭᠦᠯᠬᠦ ᠲᠤᠷᠰᠢᠯᠳᠡ ᠶᠢᠨ ᠴᠡᠭ ᠢ ᠡᠬᠢᠯᠡᠭᠦᠯᠦᠨ ᠮᠠᠯᠵᠢᠬᠤ ᠡᠷᠤᠭᠡ ᠶᠢᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠨ᠎ᠡ᠃ 2021 ᠣᠨ ᠪᠣᠯᠬᠤ ᠳᠤ᠂ ᠪᠦᠬᠦ ᠬᠤᠰᠢᠭᠤᠨ ᠤ ᠮᠢᠬᠠᠨ ᠤ ᠦᠬᠡᠷ ᠮᠠᠯᠵᠢᠬᠤ ᠬᠡᠪᠴᠢᠶ᠎ᠡ ᠶᠢ 12 ᠲᠦᠮᠡᠨ ᠲᠣᠯᠣᠭᠠᠢ ᠳᠤ ᠬᠦᠷᠭᠡᠵᠦ᠂ ᠬᠤᠶᠠᠳᠤᠭᠠᠷ ᠦᠶ᠎ᠡ ᠠᠴᠠ ᠳᠡᠭᠡᠭᠰᠢᠬᠢ ᠰᠠᠶᠢᠨ ᠡᠭᠦᠯᠳᠡᠷ  ᠤᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠤᠶᠠᠷ ᠲᠤ᠂ ᠨᠠᠷᠢᠯᠢᠭ ᠠᠷᠠᠴᠢᠯᠠᠵᠤ ᠬᠠᠮᠢᠶᠠᠷᠬᠤ ᠶᠢ ᠠᠬᠢᠭᠤᠯᠤᠨ᠎ᠠ᠃ ᠭᠠᠴᠠᠭ᠎ᠠ ᠲᠤᠰᠬᠤᠨ ᠤ ᠮᠠᠯᠵᠢᠯ  ᠤᠨ ᠲᠠᠷᠢᠶᠠᠯᠠᠬᠤ ᠣᠷᠣᠨ ᠤ ᠪᠦᠷᠢᠮᠦᠰᠦᠨ ᠬᠠᠰᠢᠶᠠᠯᠠᠨ ᠲᠡᠵᠢᠭᠡᠬᠦ᠂ ᠮᠠᠯᠵᠢᠬᠤ ᠣᠷᠣᠨ ᠤ ᠬᠠᠭᠠᠰ ᠬᠠᠰᠢᠶᠠᠯᠠᠨ  ᠬᠠᠭᠠᠰ ᠮᠠᠯᠵᠢᠵᠦ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ ᠮᠥᠷᠳᠡᠨ ᠦᠶᠯᠡᠴᠢᠯᠡᠬᠦ ᠪᠠᠨ ᠴᠢᠩᠭᠠᠳᠬᠠᠵᠤ᠂ ᠦᠷᠭᠦᠯᠵᠢᠯᠡᠨ ᠨᠡᠶᠢᠲᠡᠯᠢᠭ ᠵᠢᠱᠢᠶ᠎ᠡ ᠪᠦᠬᠦᠢ ᠲᠡᠵᠢᠭᠡᠨ ᠠᠷᠠᠴᠢᠯᠠᠬᠤ ᠣᠨᠣᠯ ᠢ ᠳᠡᠯᠭᠡᠷᠡᠭᠦᠯᠵᠦ᠂ ᠪᠦᠬᠦ ᠬᠤᠰᠢᠭᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠶ᠃ 2021 ᠣᠨ ᠪᠣᠯᠬᠤ ᠳᠤ᠂ ᠮᠢᠬᠠᠨ ᠤ ᠦᠬᠡᠷ ᠤᠨ ᠦᠷᠡᠵᠢᠯᠲᠡ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠪᠣᠷᠳᠣᠵᠤ ᠲᠠᠷᠭᠤᠯᠠᠭᠤᠯᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠶᠤᠸᠠᠢ ᠱᠧᠩ ᠵᠠᠶ᠂ ᠡᠷᠳᠡᠨᠢ ᠵᠡᠷᠭᠡ ᠠᠵᠤ ᠠᠬᠤᠶᠢᠯᠠᠯ ᠵᠢᠴᠢ ᠬᠤᠣ ᠨᠢᠦ ᠳ᠋ᠣᠤ ᠂ ᠡᠭᠡᠯᠢᠲᠦ ᠵᠡᠷᠭᠡ ᠬᠤᠷᠰᠢᠶᠠᠵᠢᠯ ᠢ ᠲᠡᠳᠬᠦᠵᠦ ᠪᠠᠶᠢᠭᠠᠳ ᠪᠣᠷᠳᠣᠵᠤ ᠲᠠᠷᠭᠤᠯᠠᠭᠤᠯᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ 2021 ᠣᠨ ᠪᠣᠯᠬᠤ ᠳᠤ᠂ ᠮᠢᠬᠠᠨ ᠤ ᠦᠬᠡᠷ ᠤᠨ ᠪᠣᠷᠳᠣᠵᠤ ᠪᠣᠯᠪᠠᠰᠤᠷᠠᠭᠤᠯᠬᠤ ᠬᠡᠪᠴᠢᠶ᠎ᠡ ᠶᠢ 1.5 ᠲᠦᠮᠡᠨ ᠲᠣᠯᠣᠭᠠᠶ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠳᠥᠷᠪᠡ ᠳᠤ᠂ ᠨᠠᠷᠠᠲᠤ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ  ᠃ ᠰᠢᠯᠢ ᠶᠢᠨ ᠭᠤᠤᠯ ᠦᠬᠡᠷ ᠤᠨ ᠮᠢᠬᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ︽ᠮᠣᠩᠭᠤᠯ ᠥᠰᠥᠭ ᠲᠡᠮᠳᠡᠭᠳᠦ︾ ᠤᠨ ᠪᠥᠲᠥᠭᠡᠨ ᠪᠠᠶᠢᠭᠤᠯᠤᠯᠲᠠ ᠶᠢᠨ ᠠᠰᠢᠭᠲᠠᠶ ᠠᠵᠠ ᠲᠣᠬᠢᠶᠠᠯ ᠢ ᠵᠠᠪᠳᠤᠨ ᠠᠳᠬᠤᠵᠤ᠂ ︽ᠲᠠᠯ᠎ᠠ ᠨᠤᠲᠤᠭ ᠤᠨ ᠰᠢᠮᠧᠨ᠋ᠳᠡᠷ  ︾  ᠤᠨ ᠰᠢᠨ᠎ᠡ ᠤᠳᠤᠮ ᠢ ᠪᠣᠶᠢᠵᠢᠭᠤᠯᠬᠤ ᠠᠵᠢᠯ ᠢ ᠡᠬᠢᠯᠡᠭᠦᠯᠵᠦ᠂ ᠬᠤᠰᠢᠭᠤᠨ ᠤ ᠳᠣᠲᠣᠷᠠᠬᠢ ᠮᠢᠬᠠᠨ ᠤ ᠦᠬᠡᠷ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠢᠬᠠᠨ ᠤ ᠦᠬᠡᠷ ᠤᠨ ᠠᠵᠤ ᠦᠶᠯᠡᠰ ᠤᠨ ᠳᠤᠮᠳᠠ ᠳᠡᠭᠡᠳᠦ ᠲᠠᠰ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠴᠠᠬᠠᠷ ᠬᠤᠨᠢᠨ ᠤ ᠠᠵᠤ ᠦᠢᠯᠡᠰ ᠢ ᠰᠢᠯᠢᠳᠡᠭᠵᠢᠭᠦᠯᠦᠨ᠎ᠡ᠃ ᠴᠠᠬᠠᠷ ᠬᠤᠨᠢᠨ ᠤ ᠲᠥᠷᠥᠯ ᠵᠦᠢᠯ ᠤᠨ ᠬᠠᠷᠢᠴᠠᠭᠤᠯᠤᠭᠰᠠᠨ ᠲᠠᠪᠠᠭᠤᠯᠢᠭ  ᠢ ᠭᠦᠢᠴᠡᠳ ᠪᠠᠳᠠᠷᠠᠭᠤᠯᠵᠤ᠂ ᠮᠢᠬᠠᠨ ᠤ ᠬᠤᠨᠢ ᠶᠢᠨ ᠠᠵᠤ ᠦᠢᠯᠡᠰ ᠤᠨ ᠪᠦᠬᠦᠯᠢ ᠴᠣᠭᠴᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠴᠠᠬᠠᠷ ᠬᠤᠨᠢ ᠶᠢ ᠰᠣᠩᠭᠤᠨ ᠪᠣᠶᠢᠵᠢᠭᠤᠯᠵᠤ ᠦᠷᠡᠵᠢᠭᠦᠯᠬᠦ ᠶᠢ ᠳᠣᠪᠣᠶᠢᠮ᠎ᠠ ᠠᠳᠬᠤᠨ᠎ᠠ᠃ ᠨᠢᠭᠡ ᠲᠠᠯ᠎ᠠ ᠪᠠᠷ᠂ ᠬᠤᠰᠢᠭᠤᠨ ᠤ ᠡᠭᠦᠯᠳᠡᠷ ᠤᠨ ᠬᠤᠨᠢᠨ ᠤ ᠲᠠᠯᠠᠪᠠᠢ ᠶᠢᠨ ᠡᠭᠦᠯᠳᠡᠷ ᠰᠣᠩᠭᠤᠨ ᠦᠷ᠎ᠡ ᠪᠣᠶᠢᠵᠢᠭᠤᠯᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ︽ᠡᠭᠦᠯᠳᠡᠷ ᠤᠨ ᠬᠤᠴᠠ ᠶᠢᠨ ᠲᠠᠯᠠᠪᠠᠢ ᠪᠠᠷ ᠭᠤᠣᠯ ᠪᠣᠯᠭᠠᠵᠤ᠂ ᠭᠤᠤᠯᠯᠠᠬᠤ ᠰᠦᠷᠦᠭ᠂ ᠥᠷᠭᠡᠳᠬᠡᠨ ᠦᠷᠡᠵᠢᠭᠦᠯᠬᠦ  ᠰᠦᠷᠦᠭ᠂ ᠲᠡᠵᠢᠭᠡᠨ ᠦᠷᠡᠵᠢᠭᠦᠯᠬᠦ ᠡᠷᠦᠬᠡ‌‍ᠪᠡᠷ ᠦᠶᠯᠡᠳᠪᠦᠷᠢᠯᠡᠯ ᠤᠨ ᠰᠦᠷᠦᠭᠵᠢᠯ ᠪᠣᠯᠭᠠᠬᠤ︾ ᠰᠣᠩᠭᠤᠨ ᠪᠣᠶᠢᠵᠢᠭᠤᠯᠵᠤ ᠦᠷᠡᠵᠢᠭᠦᠯᠬᠦ ᠢ ᠭᠦᠨᠵᠡᠭᠡᠶᠢᠷᠡᠭᠦᠯᠦᠨ ᠠᠬᠢᠭᠤᠯᠵᠤ᠂ ᠵᠤᠬᠢᠶᠠᠮᠠᠯ ᠭᠡᠭᠡᠯᠳᠦᠭᠦᠯᠭᠡ ᠪᠠᠷ ᠦᠷ᠎ᠡ ᠲᠤᠭᠳᠠᠭᠠᠬᠤ᠂ ᠲᠥᠪᠯᠡᠷᠡᠭᠦᠯᠦᠨ ᠬᠡᠭᠡᠯᠲᠦᠭᠦᠯᠬᠦ ᠵᠡᠷᠭᠡ‌ᠡᠯ᠎ᠡ ᠵᠦᠶᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ 2021 ᠣᠨ ᠪᠣᠯᠬᠤ ᠳᠤ᠂ ᠴᠠᠬᠠᠷ ᠬᠤᠨᠢ ᠲᠡᠵᠢᠭᠡᠬᠦ ᠬᠡᠪᠴᠢᠶ᠎ᠡ ᠶᠢ 30 ᠲᠦᠮᠡ ᠳᠤ ᠬᠦᠷᠭᠡᠬᠦ ᠪᠠᠷ ᠴᠢᠷᠮᠠᠶᠢᠨ᠎ᠠ᠃ ᠨᠥᠭᠦᠭᠡ ᠲᠠᠯ᠎ᠠ ᠪᠠᠷ᠂ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠵᠦ᠂ ᠮᠠᠯᠵᠢᠯ ᠬᠠᠮᠢᠶᠠᠷᠤᠯᠳᠠ ᠮᠡᠷᠭᠡᠵᠢᠯ ᠤᠨ ᠤᠬᠠᠭᠤᠯᠭ᠎ᠠ ᠶᠢ ᠲᠦᠭᠡᠮᠡᠯᠵᠢᠭᠦᠯᠬᠦ ᠶᠢ ᠴᠢᠩᠭᠠᠳᠬᠠᠨ᠂ ᠴᠠᠬᠠᠷ ᠬᠤᠨᠢ ᠶᠢ ᠴᠡᠪᠡᠷᠰᠢᠭᠦᠯᠦᠨ ᠰᠠᠶᠢᠵᠢᠷᠠᠭᠤᠯᠬᠤ ᠶᠢ ᠵᠢᠯᠤᠭᠤᠳᠤᠨ᠂ ᠮᠢᠬᠠᠨ ᠤ ᠬᠤᠨᠢᠨ ᠤ ᠴᠢᠨᠡᠷ ᠦᠷ᠎ᠡ ᠠᠰᠢᠭ ᠢ ᠲᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠡᠷᠦᠬᠡ ᠶᠢᠨ ᠬᠠᠪᠤᠷ ᠡᠪᠦᠯ ᠤᠨ ᠤᠯᠠᠷᠢᠯ ᠳᠤ ᠪᠣᠷᠳᠤᠭ᠎ᠠ ᠨᠥᠬᠦᠪᠥᠷᠢᠯᠡᠬᠦ ᠬᠦᠴᠦᠯᠡᠴᠡ ᠶᠢ ᠨᠡᠮᠡᠭᠳᠡᠭᠦᠯᠬᠦ᠂ ᠤᠷᠢᠳᠴᠢᠯᠠᠨ ᠭᠠᠷᠭᠠᠬᠤ ᠶᠢ ᠵᠣᠷᠢᠭᠵᠢᠭᠤᠯᠵᠣ᠂ ᠤᠯᠠᠷᠢᠯ ᠠᠯᠤᠰᠯᠠᠨ ᠭᠠᠳᠠᠭᠰᠢ ᠭᠠᠷᠭᠠᠬᠤ᠂ ᠲᠡᠩᠴᠡᠭᠦᠷᠢᠲᠡᠶ ᠵᠠᠬ᠎ᠠ ᠳᠡᠯᠭᠡᠭᠦᠷ ᠲᠤ ᠭᠠᠷᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃  ᠰᠢᠯᠢ ᠶᠢᠨ ᠭᠤᠣᠯ  ᠤᠨ  ᠬᠤᠨᠢᠨ ᠮᠢᠬ᠎ᠠ  ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ  ᠢ ᠴᠢᠩᠭ᠎ᠠ ᠠᠳᠬᠤᠵᠤ᠂ ᠬᠤᠰᠢᠭᠤᠨ ᠤ ᠳᠣᠲᠣᠷᠠᠬᠢ ᠮᠢᠬᠠᠨ ᠤ ᠬᠤᠨᠢ ᠶᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ  ᠢ ᠬᠥᠲᠥᠯᠥᠨ ᠵᠢᠯᠣᠭᠤᠳᠴᠤ ᠪᠠᠶᠢᠭᠠᠳ ᠨᠡᠷᠡᠲᠦ ᠲᠡᠮᠳᠡᠭᠲᠦ ᠪᠣᠯᠭᠠᠬᠤ᠂ ᠳᠡᠭᠡᠳᠦ ᠲᠡᠰ ᠤᠨ ᠪᠣᠯᠭᠠᠬᠤ ᠪᠠᠷ ᠳᠡᠰ ᠳᠡᠪᠰᠢᠭᠦᠯᠦᠨ᠎ᠡ᠃ᠭᠤᠷᠪᠠ‌‍ᠳᠤ᠂ ᠤᠨᠴᠠᠯᠢᠬᠳᠤ ᠲᠠᠷᠢᠮᠠᠯ ᠤᠨ ᠠᠵᠤ ᠦᠢᠯᠡᠰ ᠢ ᠨᠠᠷᠢᠯᠢᠬᠵᠢᠭᠤᠯᠬᠤ ᠬᠡᠷᠡᠭᠲᠡᠢ᠃ ᠲᠠᠷᠢᠶᠠᠯᠠᠩ‌ᠮᠠᠯ ᠠᠵᠤ ᠠᠬᠤᠶ ᠶᠢ ᠤᠶᠠᠯᠳᠤᠭᠤᠯᠤᠨ ᠬᠥᠭᠵᠢᠭᠦᠯᠬᠦ ᠳᠠᠪᠠᠭᠤᠯᠢᠭ ᠢ ᠭᠦᠶᠴᠡᠳ ᠪᠠᠳᠠᠷᠠᠭᠤᠯᠵᠤ ︽ᠰᠢᠯᠢᠳᠡᠭ‌ᠠᠵᠤ ᠠᠬᠤᠶ ᠶᠢᠨ ᠲᠠᠷᠢᠮᠠᠯ ᠢ ᠥᠷᠭᠡᠳᠬᠡᠬᠦ︾ ᠬᠥᠭᠵᠢᠯᠲᠡ ᠶᠢᠨ ᠰᠡᠳᠬᠢᠴᠡ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠃ 2021 ᠣᠨ ᠪᠣᠯᠬᠤ ᠳᠤ᠂ ᠡᠮᠬᠢᠯᠡᠨ ᠨᠡᠶᠢᠯᠡᠭᠦᠯᠬᠦ ᠭᠠᠵᠠᠷ ᠰᠢᠷᠣᠶ ᠶᠢᠨ ᠬᠡᠪᠴᠢᠶ᠎ᠡ ᠶᠢ 4.5 ᠲᠦᠮᠡᠨ ᠮᠥ ᠳᠤ ᠬᠦᠷᠭᠡᠬᠦ ᠪᠠᠷ ᠴᠢᠷᠮᠠᠶᠢᠵᠤ᠂ ᠣᠨᠴᠠᠯᠢᠭᠲᠤ ᠲᠠᠷᠢᠮᠠᠯ ᠤᠨ ᠦᠷ᠎ᠡ ᠠᠰᠢᠭ  ᠬᠦᠷᠢᠶ᠎ᠡ ᠭᠡᠪᠴᠢᠶ᠎ᠡ ᠶᠢ ᠲᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠠᠵᠤ ᠦᠶᠯᠡᠰ ᠤᠨ ᠬᠥᠭᠵᠢᠯᠲᠡ ᠶᠢ ᠲᠦᠷᠭᠡᠳᠬᠡᠨ᠎ᠡ  ᠃ ᠨᠢᠭᠡ ᠳᠤ ᠲᠡᠵᠢᠭᠡᠯ ᠡᠪᠡᠰᠦ ᠪᠣᠷᠳᠣᠭᠠᠨ  ᠤ ᠲᠠᠷᠢᠮᠠᠯ ᠤᠨ ︽ ᠬᠡᠪᠴᠢᠶ᠎ᠡ ᠶᠢ ᠥᠷᠭᠡᠳᠬᠡᠬᠦ  ︾ ᠶᠢ ᠠᠬᠢᠭᠤᠯᠤᠨ᠎ᠠ  ᠃ ᠮᠠᠯ ᠠᠵᠤ ᠠᠬᠤᠢ ᠶᠢᠨ ᠲᠥᠯᠥᠭᠡ ᠲᠠᠷᠢᠶᠠᠯᠠᠬᠤ᠂ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ᠂ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ  ᠤ ᠲᠠᠷᠢᠮᠠᠯ ᠪᠠ ᠴᠢᠨᠠᠷ ᠰᠠᠶᠢᠲᠠᠶ ᠲᠡᠵᠢᠭᠡᠯ ᠡᠪᠡᠰᠦ ᠲᠠᠷᠢᠬᠤ ᠲᠠᠯᠠᠪᠠᠢ ᠶᠢ ᠦᠷᠭᠦᠯᠵᠢᠯᠡᠨ ᠥᠷᠭᠡᠳᠬᠡᠵᠦ᠂ ᠲᠠᠷᠢᠶᠠᠯᠠᠩ  ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯ ᠠᠵᠤ ᠠᠬᠤᠢ ᠶᠢᠨ ᠲᠠᠷᠣᠭᠠᠰᠣ ᠶᠢ ᠬᠥᠩᠭᠡᠷᠡᠭᠦᠯᠬᠦ ᠶᠢ ᠠᠬᠢᠭᠤᠯᠵᠤ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠪᠦᠲᠦᠴᠡ  ᠶᠢ ᠪᠠᠶᠢᠭᠤᠯᠤᠨ ᠲᠡᠭᠦᠯᠳᠡᠷᠵᠢᠭᠦᠯᠵᠦ᠂ 3 ᠰᠠᠭᠤᠷᠢ ᠭᠠᠮᠰᠢᠭ ᠠᠴᠠ ᠠᠪᠣᠷᠠᠬᠤ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠵᠤ᠂ ᠮᠠᠯ ᠠᠵᠤ ᠠᠬᠤᠢ ᠶᠢᠨ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ 2021 ᠣᠨ ᠪᠣᠯᠬᠤ ᠳᠤ᠂ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ 8.5 ᠲᠦᠮᠡᠨ ᠮᠦ ᠳᠤ ᠬᠦᠷᠭᠡᠬᠦ ᠪᠠᠷ ᠴᠢᠷᠮᠠᠶᠢᠨ᠎ᠠ᠃ ᠬᠤᠶᠠᠷ ᠲᠤ ᠠᠵᠤ ᠠᠬᠤᠶ ᠶᠢᠨ ᠲᠠᠷᠢᠮᠠᠯ ᠤᠨ ︽ᠪᠦᠲᠦᠴᠡ ᠶᠢ ᠰᠢᠯᠢᠳᠡᠭᠵᠢᠭᠦᠯᠬᠦ︾ ᠶᠢ ᠠᠬᠢᠭᠤᠯᠤᠨ᠎ᠠ᠃ ᠢᠳᠡᠰᠢᠨ ᠨᠣᠭᠤᠭ᠎ᠠ ᠭᠤᠸᠠ ᠵᠢᠮᠢᠰ ᠲᠠᠷᠢᠬᠤ ᠠᠵᠤ ᠦᠶᠯᠡᠰ ᠢ ᠭᠤᠤᠯᠳᠠᠯᠭ᠎ᠠ ᠲᠠᠢ ᠰᠢᠯᠢᠳᠡᠭᠵᠢᠭᠦᠯᠦᠨ᠂ ᠪᠡᠭᠡᠵᠢᠩ ᠤᠨ ᠭᠧ ᠯᠢᠨ ᠹᠦ᠋ ᠳ᠋ᠧ᠂ ᠡᠦ ᠭᠧ ᠵᠤᠸᠠᠩ᠂ ᠯᠢᠦᠶ ᠶᠤᠸᠠᠨ ᠲᠢᠶᠠᠨ ᠰᠢᠩ᠂ ᠯᠢ ᠵᠢᠶᠠ ᠰᠢᠶᠠᠩ᠂ ᠫᠠᠩ ᠠᠨ ᠯᠦ ᠵᠡᠷᠭᠡ ᠬᠤᠷᠰᠢᠶᠠᠵᠢᠯ ᠤᠨ ᠰᠢᠯᠢᠳᠡᠭ ᠡᠭᠦᠯᠳᠡᠷ   ᠢ ᠲᠡᠳᠬᠦᠨ᠂ ᠪᠡᠭᠡᠵᠢᠩ ᠣᠷᠣᠨ ᠤ ᠲᠠᠷᠢᠮᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠬᠤᠰᠢᠭᠤᠨ ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠢ ᠭᠠᠷᠭᠠᠬᠤ ᠠᠯᠬᠤᠴᠠ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ  ᠃ 2021 ᠣᠨ ᠪᠣᠯᠬᠤ ᠳᠤ᠂ ᠰᠣᠳᠣᠨ ᠢᠳᠡᠰᠢᠨ ᠨᠣᠭᠤᠭ᠎ᠠ ᠭᠤᠸᠠ ᠵᠢᠮᠢᠰ ᠲᠠᠷᠢᠬᠤ ᠲᠠᠯᠠᠪᠠᠢ ᠶᠢ 2 ᠲᠦᠮᠡᠨ ᠮᠦ ᠳᠤ ᠳᠣᠭᠳᠠᠭᠤᠨ ᠪᠣᠯᠭᠠᠬᠤ ᠪᠠᠷ ᠴᠢᠷᠮᠠᠶᠢᠨ᠎ᠠ᠃ ᠡᠭᠦᠨ ᠤ ᠬᠠᠮᠳᠦ᠂ ᠡᠭᠡᠯᠵᠢᠯᠡᠨ ᠲᠠᠷᠢᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ 1 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠷᠳᠣᠭᠤᠷ᠂ ᠡᠮ᠂ ᠤᠰᠤ᠂ ᠰᠦᠯᠢᠶᠣᠣ ᠪᠦᠷᠬᠦᠪᠴᠢ  ᠶᠢ ᠬᠢᠵᠠᠭᠠᠷᠯᠠᠵᠣ᠂ ᠲᠠᠷᠢᠶᠠᠨ ᠭᠠᠵᠠᠷ ᠤᠨ ᠶᠠᠰᠤ ᠴᠢᠨᠠᠷ ᠤᠨ ᠵᠡᠷᠭᠡ ᠳᠡᠰ ᠢ ᠳᠡᠭᠡᠭᠰᠢᠯᠡᠭᠦᠯᠵᠦ᠂ ᠲᠠᠯᠠᠪᠠᠢ ᠨᠢᠭᠡᠴᠢ  ᠶᠢᠨ ᠣᠨᠠᠯᠳᠠ   ᠶᠢᠨ ᠬᠢᠷᠢ ᠬᠡᠮᠵᠢᠶ᠎ᠡ ᠪᠣᠯᠤᠨ ᠦᠶᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃  ᠡᠭᠦᠨ  ᠠᠴᠠ ᠭᠠᠳᠠᠨ᠎ᠡ᠂ ᠮᠠᠯ ᠲᠡᠷᠢᠶᠡᠯᠡᠩ ᠤᠨ ᠰᠢᠨᠵᠢᠯᠡᠬᠦ ᠮᠡᠷᠭᠡᠵᠢᠯ ᠢ ᠲᠡᠭᠦᠯᠳᠡᠷᠵᠢᠭᠦᠯᠵᠦ᠂ ᠲᠠᠷᠢᠶᠡᠯᠡᠩ ᠮᠠᠯ ᠠᠵᠤ ᠠᠬᠤᠢ ᠶᠢᠨ ᠮᠡᠷᠭᠡᠵᠢᠯ ᠢ ᠵᠢᠭᠠᠨ ᠵᠢᠯᠤᠭᠤᠳᠴᠦ ᠠᠮᠢᠳᠡᠨ ᠤᠷᠭᠤᠮᠠᠯ ᠤᠨ ᠬᠢᠵᠢᠭ ᠢ ᠰᠡᠷᠬᠡᠶᠢᠯᠡᠬᠦ᠂ ᠭᠠᠮᠰᠢᠭ ᠵᠤᠤᠨ  ᠢ ᠰᠡᠷᠬᠡᠶᠢᠯᠡᠬᠦ᠂ ᠮᠠᠯ ᠲᠠᠷᠢᠶᠡᠯᠡᠩ ᠤᠨ ᠪᠦᠳᠦᠭᠡᠭᠳᠡᠭᠦᠨ ᠤ ᠴᠢᠨᠠᠷ ᠴᠢᠨᠰᠠᠭ᠎ᠠ ᠠᠮᠤᠷ ᠲᠦᠪᠰᠢᠨ ᠢ ᠬᠢᠨᠠᠨ ᠬᠡᠮᠵᠢᠬᠦ ᠵᠡᠷᠭᠡ ᠠᠵᠢᠯ ᠤᠳ ᠢ ᠰᠡᠶᠢᠳᠦᠷ ᠬᠢᠨ᠎ᠡ᠃︵ᠳᠦᠷᠪᠡ︶ ᠲᠥᠷᠦᠯ ᠵᠦᠢᠯ ᠤᠨ ᠪᠡᠯᠡ ᠣᠷᠣᠭᠤᠯᠤᠯᠲᠠ ᠶᠢ ᠬᠦᠴᠦᠲᠡᠢ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢ ᠡᠷᠴᠢᠮᠲᠡᠢ  ᠬᠦᠭᠵᠢᠬᠦᠯᠦᠨ᠎ᠡ        ᠨᠢᠭᠡ ᠳᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ  ᠃ ᠡᠨᠡ ᠵᠢᠯ 45 ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠵᠤ᠂ ᠨᠡᠶᠢᠲᠡ 145 ᠳ᠋ᠦᠩᠰᠢᠭᠤᠷ ᠲᠥᠭᠦᠷᠢᠭ  ᠤᠨ ᠪᠡᠯᠡ ᠣᠷᠣᠭᠤᠯᠤᠯᠲᠠ ᠲᠠᠢ᠂ ᠳᠣᠰ ᠵᠢᠯ 41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠳᠦᠰᠦᠪᠯᠡᠪᠡ᠃ ᠡᠭᠦᠨ ᠳᠤ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ 12 ᠪᠠᠶᠢᠵᠤ᠂ ᠳᠣᠰ ᠵᠢᠯ 36 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠳᠦᠰᠦᠪᠯᠡᠵᠦ ᠪᠠᠶᠢᠨ᠎ᠠ᠃ ᠨᠢᠭᠡᠨᠲᠡ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠲᠦᠷᠦᠯ ᠵᠦᠶᠯ ᠢ ᠲᠦᠯᠬᠢᠨ ᠠᠬᠢᠭᠤᠯᠬᠤ ᠳᠦᠷᠢᠮ ᠢ ᠦᠷᠭᠦᠯᠵᠢᠯᠡᠨ ᠨᠠᠶᠢᠳᠠᠪᠦᠷᠢᠵᠢᠭᠤᠯᠬᠤ᠂ ᠲᠥᠷᠥᠯ ᠵᠦᠶᠯ ᠤᠨ ᠰᠣᠳᠣᠯᠣᠯᠳᠠ  ᠂ ᠲᠥᠯᠥᠪᠵᠢᠭᠦᠯᠬᠦ᠂ ᠨᠤᠲᠠᠯᠠᠯᠲᠠ ᠬᠢᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠵᠢᠯ ᠳᠤ ᠬᠡᠷᠡᠭᠵᠢᠭᠦᠯᠦᠭᠰᠡᠨ ᠡᠯ᠎ᠡ ᠲᠥᠷᠥᠯ ᠤᠨ ᠲᠥᠷᠥᠯ ᠵᠦᠶᠯ ᠤᠨ ᠭᠠᠷᠳᠠᠮ ᠢ ᠭᠦᠶᠴᠡᠳᠬᠡᠵᠦ ᠳᠠᠭᠤᠰᠬᠠᠬᠤ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠪᠣᠯᠤᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ ᠲᠥᠯᠥᠪᠯᠡᠭᠡ ᠶᠢᠨ ᠶᠣᠰᠣᠭᠠᠷ  ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ ᠎ᠠ ᠶᠢ ᠬᠢᠨᠠᠮᠠᠭᠠᠶ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠪᠡᠯᠡ ᠣᠷᠣᠭᠤᠯᠣᠯᠳᠠ ᠶᠢᠨ ᠴᠢᠭᠯᠡᠯ ᠪᠣᠯᠤᠨ ᠭᠤᠤᠯᠳᠠᠯᠭ᠎ᠠ ᠲᠠᠢ ᠬᠦᠷᠢᠶ᠎ᠡ ᠶᠢ ᠴᠠᠭ ᠲᠤᠬᠠᠶ ᠳᠤᠨᠢ ᠮᠥᠷᠳᠡᠨ ᠣᠶᠢᠯᠠᠭᠠᠵᠤ᠂ ᠪᠡᠯᠡ ᠮᠥᠩᠭᠦ ᠣᠯᠬᠤ ᠪᠠ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠨᠡᠨᠬᠦ ᠨᠡᠮᠡᠭᠳᠡᠭᠦᠯᠬᠦ ᠬᠡᠷᠡᠭᠲᠡᠶ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠬᠤ  ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠠᠵᠤ ᠠᠬᠤᠶᠢᠯᠠᠯ ᠢ ᠬᠠᠪᠰᠣᠷᠣᠨ ᠳᠠᠷᠤᠭᠠᠰᠤ ᠶᠢ ᠨᠢ ᠬᠥᠩᠭᠡᠷᠡᠭᠦᠯᠬᠦ᠂ ᠥᠪᠡᠷ ᠤᠨ ᠥᠷᠲᠡᠭ ᠢ ᠨᠢ ᠪᠠᠭᠤᠷᠠᠭᠤᠯᠬᠤ᠂ ᠦᠷ᠎ᠡ ᠠᠰᠢᠭ ᠢ ᠨᠡᠮᠡᠭᠳᠡᠬᠦᠯᠬᠦ ᠶᠢᠨ ᠬᠠᠮᠲᠤ ᠠᠵᠤ ᠦᠶᠯᠡᠰ ᠢ ᠳᠠᠭᠠᠭᠠᠨ ᠠᠪᠬᠤ ᠲᠠᠯ᠎ᠠ ᠪᠠᠷ ᠰᠠᠨᠠᠭᠠᠴᠢᠯᠠᠭ᠎ᠠ ᠠᠴᠠ  ᠪᠠᠨ ᠰᠢᠪᠳᠣᠯᠣᠯᠳᠠ ᠬᠢᠵᠦ᠂  ᠵᠣᠭᠰᠣᠴᠠ᠂ ᠲᠥᠷᠥ ᠶᠢᠨ ᠪᠣᠳᠣᠯᠭ᠎ᠠ ᠵᠡᠷᠭᠡ ᠳᠠᠪᠠᠭᠤᠯᠢᠭ ᠲᠤ ᠰᠠᠭᠤᠷᠢᠯᠠᠨ᠂ ᠠᠵᠤ ᠦᠶᠯᠡᠰ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠪᠦᠬᠦ ᠬᠦᠴᠦᠨ  ᠢᠶᠠᠷ  ᠠᠬᠢᠭᠤᠯᠤᠨ᠎ᠠ  ᠃ ᠰᠢᠨ᠎ᠡ ᠮᠠᠲ᠋ᠧᠷᠢᠶᠠᠯ ᠤᠨ ᠵᠠᠭᠤᠨ ᠳ᠋ᠦᠩᠰᠢᠭᠤᠷ ᠦᠶᠯᠡᠳᠬᠦᠨ ᠤ ᠥᠷᠲᠡᠭ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠠᠵᠤ ᠦᠶᠯᠡᠳᠪᠦᠷᠢ ᠳᠤ ᠬᠡᠷᠡᠭᠯᠡᠬᠦ ᠭᠠᠵᠠᠷ ᠤᠨ ᠨᠦᠭᠡᠴᠡ ᠶᠢ ᠰᠠᠶᠢᠲᠤᠷ ᠠᠳᠬᠤᠵᠦ᠂ ᠮᠢᠩᠭᠠᠨᠲᠤ ᠠᠵᠦ ᠣᠶᠢᠯᠡᠳᠪᠦᠷᠢ ᠶᠢᠨ ᠬᠦᠷᠢᠶᠡᠯᠡᠩ ᠳᠣᠭᠤᠷᠢᠭ ᠤᠨ ᠴᠠᠬᠢᠯᠭᠠᠨ ᠬᠠᠩᠭᠠᠬᠤ᠂ ᠵᠠᠮ᠂ ᠣᠰᠣ ᠬᠠᠩᠭᠠᠬᠤ ᠵᠡᠷᠭᠡ ᠳᠦᠬᠦᠭᠡᠷᠦᠮᠵᠢ ᠶᠢ ᠦᠷᠬᠦᠯᠵᠢᠯᠡᠨ ᠳᠡᠭᠦᠯᠳᠡᠷᠵᠢᠬᠦᠯᠵᠦ᠂ ᠬᠦᠷᠢᠶᠡᠯᠡᠩ ᠳᠣᠭᠤᠷᠢᠭ ᠤᠨ ᠳᠠᠭᠠᠭᠠᠴᠠ ᠶᠢ ᠳᠡᠭᠡᠭᠰᠢᠯᠡᠬᠦᠯᠦᠨ᠎ᠡ᠃  ᠬᠤᠶᠠᠷ ᠲᠤ᠂ ᠲᠤᠯᠭᠠᠭᠤᠷᠢ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ᠃ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠶᠯᠡᠳᠬᠦ᠂ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠬᠦᠨ᠂ ᠮᠠᠯ ᠤᠨ ᠠᠰᠢᠭ ᠰᠢᠮ᠎ᠡ ᠶᠢᠨ ᠡᠳ᠋ᠰᠢᠭᠦᠯᠭᠡ᠂ ᠠᠭᠤᠷᠬᠠᠢ ᠶᠢᠨ ᠭᠠᠷᠤᠯᠲᠠ ᠶᠢᠨ ᠬᠦᠳᠡᠷ ᠰᠢᠯᠢᠬᠦ  ᠬᠠᠶᠢᠯᠣᠭᠤᠯᠬᠤ᠂ ᠰᠢᠨ᠎ᠡ ᠮᠠᠲ᠋ᠧᠷᠢᠶᠠᠯ ᠪᠣᠯᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠤᠯᠭᠠᠭᠤᠷᠢ ᠠᠵᠤ ᠦᠶᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠬᠦᠴᠦᠯᠡᠨ ᠪᠣᠶᠢᠵᠢᠭᠤᠯᠬᠤ ᠬᠡᠷᠡᠭᠲᠡᠶ᠃ ᠴᠡᠪᠡᠷ ᠡᠨᠧᠷᠭᠢ ᠶᠢᠨ ᠰᠤᠷᠪᠤᠯᠵᠢ ᠶᠢᠨ ᠲᠠᠯ᠎ᠠ ᠪᠠᠷ ᠶᠡᠷᠦᠩᠬᠡᠶ ᠬᠡᠪᠴᠢᠶ᠎ᠡ ᠨᠢ 100 ᠲᠦᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠶᠯ ᠪᠣᠯᠤᠨ 500 ᠺᠢᠯᠣᠸᠣᠯᠲ ᠤᠨ ᠬᠤᠷᠠᠮᠠᠯ ᠥᠷᠲᠡᠭᠡ ᠵᠢᠴᠢ ᠴᠠᠬᠢᠯᠭᠠᠨ ᠱᠤᠭᠤᠮ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠲᠣᠤᠷ ᠨᠡᠶᠢᠯᠡᠭᠦᠯᠦᠨ ᠲᠤᠷᠰᠢᠨ ᠳᠣᠬᠢᠷᠠᠭᠤᠯᠬᠤ ᠪᠠᠷ ᠴᠢᠷᠮᠠᠶᠢᠨ᠎ᠠ᠃ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠱᠤᠭᠤᠮ ᠤᠨ ᠢᠵᠢ ᠪᠦᠷᠢᠳᠦᠭᠦᠯᠬᠦ ᠴᠠᠬᠢᠯᠭᠠᠨ ᠡᠭᠦᠰᠭᠡᠭᠴᠢ ᠶᠢᠨ ᠴᠡᠭ ᠤᠨ ᠭᠦᠢᠴᠡᠳᠬᠡᠯ ᠲᠤᠭ᠎ᠠ ᠶᠢ ᠳᠣᠬᠢᠷᠠᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠪᠦᠬᠦ ᠠᠶᠢᠮᠠᠭ ᠤᠨ ᠪᠠᠷᠠᠭᠤᠨ ᠬᠡᠰᠡᠭ ᠤᠨ ᠴᠦᠯᠯᠡᠷᠭᠡᠭᠵᠢᠭᠰᠡᠨ ᠭᠠᠵᠠᠷ ᠣᠷᠣᠨ ᠤ ᠮᠢᠩᠭᠠᠨ ᠲᠦᠮᠡᠨ ᠺᠢᠯᠣᠸᠠᠲ ᠤᠨ ᠲᠡᠰ ᠤᠨ ᠰᠢᠨ᠎ᠡ‌ᠡᠨᠧᠷᠭᠢ ᠶᠢᠨ ᠰᠠᠭᠤᠷᠢᠨ ᠭᠠᠵᠠᠷ ᠤᠨ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠠᠮᠢ ᠠᠬᠤᠢ ᠶᠢᠨ ᠰᠡᠯᠭᠦᠨ ᠰᠡᠷᠭᠦᠬᠦ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠶᠯ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠪᠦᠬᠦ ᠠᠶᠢᠮᠠᠭ ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠲᠤᠷᠰᠢᠯᠲᠠ  ᠶᠢᠨ ᠳᠡᠯᠭᠡᠷᠡᠭᠦᠯᠬᠦ ᠰᠠᠭᠤᠷᠢᠨ ᠭᠠᠵᠠᠷ ᠢ ᠪᠤᠢ ᠪᠣᠯᠭᠠᠨ᠎ᠠ᠃ ᠲᠣᠨᠣᠭᠯᠠᠯ ᠦᠶᠯᠡᠳᠬᠦ ᠲᠠᠯ᠎ᠠ ᠪᠠᠷ  ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠦ ᠰᠢᠨ᠎ᠡ ᠡᠨᠧᠷᠭᠢ ᠶᠢᠨ ᠵᠦᠶᠯᠡᠰ ᠢ ᠨᠢᠭᠳᠠᠷᠠᠭᠤᠯᠣᠨ ᠪᠦᠲᠦᠭᠡᠨ ᠪᠠᠶᠢᠭᠤᠯᠬᠤ ᠬᠤᠭᠤᠴᠠᠭ᠎ᠠ ᠶᠢ ᠴᠢᠩᠭ᠎ᠠ ᠠᠳᠬᠤᠬᠤ ᠠᠰᠢᠭᠲᠠᠶ ᠴᠠᠭ ᠲᠣᠬᠢᠶᠠᠯ ᠢ ᠡᠵᠡᠮᠳᠡᠵᠦ᠂ ᠤᠯᠠᠨ ᠲᠠᠯ᠎ᠠ ᠶᠢᠨ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠴᠢᠷᠮᠠᠶᠢᠨ ᠣᠯᠵᠤ᠂ ᠣᠶᠢᠯᠡᠳᠪᠦᠷᠢᠯᠡᠨ ᠭᠠᠳᠠᠭᠰᠢᠯᠠᠭᠤᠯᠬᠤ ᠲᠥᠯᠥᠪᠯᠡᠭᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠲᠧ ᠪᠢᠶᠠᠨ ᠳ᠋ᠢᠶᠠᠨ᠂ ᠶᠢᠨ  ᠹᠸᠡᠭ᠂ ᠵᠢᠶᠠᠨ ᠠᠨ ᠴᠧᠩ ᠰᠢᠨᠵᠢᠯᠡᠬᠦ ᠮᠡᠷᠭᠡᠵᠢᠯ ᠤᠨ ᠣᠶᠢᠯᠡᠳᠪᠦᠷᠢ ᠤᠳ ᠢ ᠳᠦᠭᠦᠷᠡᠩ ᠠᠴᠢᠶᠠᠯᠠᠯᠪᠦᠷᠢ ᠶᠢᠨ ᠬᠡᠮᠵᠢᠶ᠎ᠡ ᠪᠠᠷ‌ᠠᠵᠢᠯᠯᠠᠵᠤ ᠣᠶᠢᠯᠡᠳᠪᠦᠷᠢᠯᠡᠬᠦᠯᠬᠦ ᠪᠠᠷ ᠬᠦᠴᠦᠯᠡᠨ ᠴᠢᠷᠮᠠᠶᠢᠨ᠎ᠠ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠠᠯ᠎ᠠ ᠪᠠᠷ᠂  ᠶᠤᠸᠠᠢ ᠱᠧᠩ ᠵᠠᠶ ᠣᠲᠣ ᠦᠶ᠎ᠡ ᠶᠢᠨ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠤᠨ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠪᠠ‌ᠡᠷᠳᠡᠨᠢ ᠪᠥᠬᠦ ᠠᠦ᠋ᠲ᠋ᠣᠴᠢᠯᠠᠭᠰᠠᠨ ᠨᠢᠲᠤᠯᠬᠤ ᠦᠶᠯᠡᠳᠪᠦᠷᠢ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠦᠨ᠎ᠡ᠃ ᠮᠧᠩ ᠱᠧᠩ ᠮᠢᠬᠠᠨ ᠤ ᠦᠶᠯᠡᠰ᠂ ᠢ ᠱᠧᠩ ᠮᠢᠬᠠᠨ ᠤ ᠦᠶᠯᠡᠰ ᠤᠨ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠬᠤᠩ ᠶᠧ ᠨᠣᠤᠰᠣᠨ ᠨᠡᠬᠡᠮᠡᠯ ᠤᠨ ᠦᠶᠯᠡᠳᠪᠦᠷᠢ  ᠶᠢᠨ ᠨᠣᠤᠰᠣ ᠨᠣᠯᠤᠤᠷ ᠤᠨ ᠦᠶᠯᠡᠳᠪᠦᠷᠢ ᠶᠢᠨ ᠲᠠᠰᠤᠭ ᠢ ᠣᠶᠢᠯᠡᠳᠪᠦᠷᠢᠯᠡᠯ   ᠳᠤ ᠣᠷᠣᠭᠤᠯᠬᠤ ᠶᠢ ᠠᠬᠢᠭᠤᠯᠵᠤ᠂ ᠵᠢᠵᠢᠭ ᠲᠠᠷᠠᠬᠠᠶ ᠨᠣᠤᠰᠣ ᠨᠣᠯᠤᠤᠷ ᠤᠨ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃  ᠴᠠᠭᠠᠨ ᠢᠳᠡᠭᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠵᠦ᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ  ᠶᠢ ᠪᠣᠶᠢᠵᠢᠭᠤᠯᠬᠤ ᠪᠠ ᠳᠠᠮᠵᠢᠨ᠎ᠠ᠃ ᠠᠭᠤᠷᠬᠠᠢ ᠶᠢᠨ ᠭᠠᠷᠤᠯᠲᠠ ᠶᠢ ᠰᠣᠩᠭᠤᠨ ᠪᠣᠯᠪᠠᠰᠤᠷᠠᠭᠤᠯᠬᠤ ᠲᠠᠯ᠎ᠠ ᠪᠠᠷ‌ᠦᠢᠯᠡᠴᠢᠯᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠠᠶᠢᠭᠤᠯᠵᠤ ᠪᠠᠶᠢᠭ᠎ᠠ ᠪᠠ ᠰᠤᠯᠠ ᠪᠠᠶᠢᠭ᠎ᠠ ᠠᠵᠤ  ᠠᠬᠤᠶᠢᠯᠠᠯ ᠢ ᠠᠮᠢᠳᠤᠯᠢᠭᠵᠢᠭᠤᠯᠵᠤ᠂ ᠴᠢᠶᠠᠨ ᠶᠢᠨ ᠳ᠋ᠠ ᠶᠢᠨ ᠵᠢᠯ ᠤᠨ ᠭᠠᠷᠤᠯᠳᠠ 30 ᠲᠦᠮᠡᠨ ᠲᠤᠨ ᠤ ᠬᠠᠷ᠎ᠠ ᠲᠤᠭᠤᠯᠭ᠎ᠠ ᠴᠠᠶᠢᠷ ᠦᠩᠭᠡᠳᠦ ᠲᠡᠮᠦᠷᠯᠢᠭ ᠤᠨ ᠠᠭᠤᠷᠬᠠᠢ ᠶᠢᠨ ᠲᠥᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠭᠦᠸᠧ ᠠᠶ ᠨᠢᠺᠧᠯ  ᠤᠨ ᠵᠢᠯ ᠳᠤ 6 ᠲᠦᠮᠡᠨ ᠲᠣᠨ ᠵᠢᠪᠡᠷᠡᠬᠦ ᠦᠭᠡᠢ ᠪᠣᠯᠣᠳ ᠮᠠᠲ᠋ᠧᠷᠢᠶᠠᠯ ᠤᠨ ᠮᠡᠷᠭᠡᠵᠢᠯ ᠤᠨ ᠦᠭᠡᠷᠡᠴᠢᠯᠡᠯᠳᠡ ᠶᠢᠨ ᠲᠥᠷᠥᠯ ᠵᠦᠶᠯ ᠢ ᠠᠰᠢᠭᠯᠠᠯᠲᠠ ᠳᠤ ᠣᠷᠣᠭᠤᠯᠬᠤ ᠨᠥᠬᠦᠴᠡᠯ ᠳᠤ ᠬᠦᠷᠦᠭᠦᠯᠬᠦ ᠪᠠᠷ ᠴᠢᠷᠮᠠᠶᠢᠨ᠎ᠠ᠃ ᠰᠢᠨ᠎ᠡ ᠮᠠᠲ᠋ᠧᠷᠢᠶᠠᠯ ᠤᠨ ᠲᠠᠯ᠎ᠠ ᠪᠠᠷ᠂  ᠨᠥᠸᠧ ᠶᠢᠨ ᠨᠡᠭᠦᠷᠡᠰᠦᠨ  ᠡᠳ᠋ ᠤᠨ ᠵᠢᠯ ᠳᠤ 10 ᠲᠦᠮᠡᠨ ᠲᠣᠨ ᠬᠡᠲᠦ ᠥᠨᠳᠥᠷ ᠴᠢᠳᠠᠮᠵᠢ ᠲᠠᠢ ᠪᠠᠯ ᠴᠢᠯᠠᠭᠤᠨ ᠴᠠᠬᠢᠯᠭᠠᠨ ᠲᠣᠶᠢᠯ ᠤᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠬᠦᠯᠬᠦ ᠪᠠᠷ ᠴᠢᠷᠮᠠᠶᠢᠨ᠎ᠠ᠃ ᠬᠠᠢ ᠮᠸᠡᠭ ᠵᠢᠯ ᠳᠤ 5 ᠲᠦᠮᠡᠨ ᠢᠵᠢ ᠰᠥᠭᠡᠷᠭᠦ ᠲᠤᠶᠢᠯ ᠳᠤ ᠲᠤᠰᠬᠠᠢ ᠬᠡᠷᠡᠭᠯᠡᠬᠦ ᠬᠠᠶᠢᠯᠤᠭᠤᠷ ᠦᠢᠯᠡᠳᠪᠦᠷᠢᠯᠡᠬᠦ ᠲᠦᠷᠦᠯ ᠵᠦᠢᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠲᠠᠯ᠎ᠠ ᠪᠠᠷ᠂  ᠪᠤᠣ ᠰᠢ ᠠᠵᠤ ᠦᠶᠯᠡᠳᠪᠦᠷᠢ ᠠᠷᠠᠯᠵᠢᠶᠠᠨ ᠤ ᠦᠶᠯᠡᠳᠪᠦᠷᠢᠯᠡᠯ  ᠤᠨ ᠠᠵᠢᠯᠯᠠᠭᠠᠨ ᠢ ᠲᠣᠭᠲᠠᠪᠤᠷᠢᠵᠢᠭᠤᠯᠵᠤ᠂ ᠳ᠋ᠦᠩ ᠹᠠᠩ ᠶᠤᠸᠠᠨ ᠯᠢᠨ ᠶᠢᠨ ᠮᠠᠢ ᠰᠢᠨᠵᠢᠯᠡᠬᠦ ᠤᠬᠠᠭᠠᠨ ᠮᠡᠷᠭᠡᠵᠢᠯ  ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠰᠢᠶᠳᠪᠦᠷᠢᠯᠡᠬᠦ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ ᠡᠭᠦᠨ ᠠᠴᠠ ᠭᠠᠳᠠᠨ᠎ᠠ ᠰᠢᠯᠢ ᠶᠢᠨ ᠭᠤᠤᠯ ᠠᠶᠢᠮᠠᠭ ᠢ ᠬᠠᠩᠭᠠᠯᠭ᠎ᠠ ᠶᠢ ᠪᠠᠲᠤᠯᠠᠬᠤ ᠲᠥᠷᠥᠯ ᠤᠨ ᠨᠡᠭᠦᠷᠡᠰᠦᠨ ᠠᠭᠤᠷᠬᠠᠢ ᠶᠢᠨ ᠭᠠᠷᠳᠠᠮ ᠢ ᠠᠬᠢᠭᠤᠯᠬᠤ ᠲᠤᠷᠰᠢᠯᠲᠠ ᠶᠢᠨ ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠳᠣᠬᠢᠶᠠᠯ ᠢ ᠴᠢᠩᠭ᠎ᠠ ᠠᠳᠬᠤᠵᠤ᠂ ᠠᠵᠤ ᠠᠬᠤᠶᠢᠯᠠᠯ ᠲᠠᠢ ᠬᠠᠮᠵᠢᠯᠴᠠᠨ ᠦᠶᠯᠡᠳᠪᠦᠷᠢᠯᠡᠬᠦ ᠴᠢᠳᠠᠪᠤᠷᠢ ᠶᠢᠨ ᠠᠬᠢᠴᠠ  ᠶᠢ ᠲᠦᠷᠭᠡᠳᠬᠡᠵᠦ᠂ ᠪᠣᠯᠠᠭᠠᠨᠳᠣᠬᠤᠢ ᠨᠡᠭᠦᠷᠡᠰᠦᠨ ᠠᠭᠤᠷᠬᠠᠢ ᠶᠢᠨ ᠲᠥᠷᠥᠯ ᠵᠦᠶᠯ ᠢ ᠬᠢᠨᠠᠨ ᠵᠦᠪᠰᠢᠶᠡᠷᠡᠬᠦᠯᠬᠦ ᠪᠠᠷ ᠴᠢᠷᠮᠠᠶᠢᠨ᠎ᠠ  ᠃ ︵ᠲᠠᠪᠤ︶ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠭᠦᠢᠴᠡᠳ  ᠪᠠᠳᠠᠷᠠᠭᠤᠯᠦᠨ᠎ᠡᠨᠢᠭᠡ ᠳᠤ᠂ ᠵᠠᠩ ᠦᠢᠯᠡ ᠶᠢᠨ ᠵᠢᠭᠤᠯᠴᠢᠯᠠᠯ ᠤᠨ ᠷᠢᠳᠢ ᠰᠢᠳᠢ ᠶᠢ ᠢᠯᠡᠷᠡᠭᠦᠯᠦᠨ᠎ᠡ᠃ ︽ᠳᠥᠷᠪᠡᠨ ᠣᠯᠠᠷᠢᠯ ᠤᠨ ᠴᠠᠬᠠᠷ ᠨᠤᠲᠤᠭ︾ ᠤᠨ ᠣᠨᠴᠠᠯᠢᠭᠲᠤ ᠵᠢᠭᠤᠯᠴᠢᠯᠠᠯ ᠤᠨ ᠨᠡᠷ᠎ᠡ ᠲᠡᠮᠳᠡᠭᠳᠦ ᠵᠢ‌ᠦᠷᠬᠦᠯᠵᠢᠯᠡᠨ ᠪᠠᠶᠢᠭᠤᠯᠵᠤ᠂ ᠪᠦᠬᠦ ᠠᠶᠢᠮᠠᠭ ᠤᠨ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠪᠠ ᠵᠢᠱᠢᠶ᠎ᠡ ᠦᠵᠡᠬᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠠᠬᠢᠵᠢᠭᠦᠯᠦᠨ ᠰᠢᠯᠢᠳᠡᠭᠵᠢᠭᠦᠯᠵᠦ᠂ ︽ᠣᠳᠣᠨ ᠣᠭᠲᠠᠷᠭᠤᠢ ᠶᠢᠨ ᠰᠣᠶᠣᠯ︾᠂ ︽ᠡᠯᠡᠰᠦᠷᠬᠡᠭ ᠭᠠᠵᠠᠷ ᠤᠨ ᠠᠶᠠᠯᠠᠯ︾ ᠵᠡᠷᠭᠡ ᠰᠣᠳᠣᠨ ᠲᠥᠷᠥᠯ ᠵᠦᠢᠯ ᠢ ᠰᠠᠶᠢᠲᠤᠷ ᠬᠢᠵᠦ᠂ ᠣᠳᠣᠨ ᠣᠭᠲᠠᠷᠭᠤᠢ ᠶᠢᠨ ᠵᠣᠰᠠᠭᠠᠯ ᠤᠨ ᠨᠠᠷᠢᠨ ᠳᠦᠷᠢᠮ ᠢ ᠵᠠᠰᠠᠨ ᠨᠠᠶᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ ᠨᠡᠶᠢᠭᠡᠮ ᠤᠨ ᠬᠥᠷᠥᠩᠭᠡ ᠪᠠ ᠲᠤᠰᠬᠠᠶ ᠮᠡᠷᠭᠡᠵᠢᠯ ᠤᠨ ᠴᠢᠳᠠᠪᠦᠷᠢᠳᠠᠨ ᠢ ᠣᠷᠣᠭᠤᠯᠤᠨ ᠠᠪᠴᠢᠷᠠᠵᠤ᠂ ᠬᠡᠪᠴᠢᠶᠡᠵᠢᠭᠰᠡᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ ᠭᠠᠴᠠᠭ᠎ᠠ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠣᠶᠢᠵᠢᠭᠤᠯᠤᠨ᠂ ᠮᠠᠯᠴᠢᠨ ᠠᠶᠢᠯ ᠤᠨ ᠬᠡᠷ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ ᠵᠢᠭᠤᠯᠴᠢᠯᠠᠯ ᠤᠨ ᠦᠶᠯᠡᠰ  ᠤᠨ ᠬᠡᠯᠪᠡᠷᠢ ᠶᠢᠨ ᠬᠥᠭᠵᠢᠯᠲᠡ ᠶᠢ ᠲᠡᠳᠬᠦᠨ ᠳᠡᠮᠵᠢᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠠᠬᠢᠭᠤᠯᠤᠨ᠎ᠠ  ᠃ ᠡᠯ᠎ᠡ ᠲᠦᠷᠦᠯ ᠤᠨ ᠤᠷᠤᠯᠳᠤᠭᠠᠨ ᠵᠢᠴᠢ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠪᠡᠯᠡᠳᠬᠡᠨ ᠡᠷᠬᠢᠯᠡᠵᠦ᠂ ᠪᠦᠬᠦ ᠲᠠᠯ᠎ᠠ ᠶᠢᠨ ᠵᠤᠭᠠᠴᠠᠯ ᠤᠨ ᠤᠬᠠᠭᠤᠯᠭ᠎ᠠ ᠶᠢ ᠰᠠᠶᠢᠲᠤᠷ ᠬᠢᠵᠦ᠂ ᠵᠢᠭᠤᠯᠴᠢᠯᠠᠭᠰᠠᠳ ᠪᠠ ᠵᠢᠭᠤᠯᠴᠢᠯᠠᠯ ᠤᠨ ᠣᠷᠣᠯᠭ᠎ᠠ ᠶᠢᠨ ᠬᠤᠣᠰ ᠨᠡᠮᠡᠭᠳᠡᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠳᠬᠡᠨ ᠬᠥᠭᠵᠢᠭᠦᠯᠵᠦ᠂ ᠤᠯᠤᠰ ᠤᠨ ᠲᠠᠰ ᠤᠨ ᠡᠯᠧᠺᠲᠷᠣᠨ ᠬᠤᠳᠠᠯᠳᠣᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ ᠬᠤᠰᠢᠭᠤ ᠲᠥᠪ ᠪᠠᠶᠢᠭᠤᠯᠬᠤ᠂ ᠰᠤᠮᠤ ᠪᠠᠯᠭᠠᠰᠤ ᠥᠷᠲᠡᠭᠡ ᠪᠠᠶᠢᠭᠤᠯᠬᠤ᠂ ᠭᠠᠴᠠᠭ᠎ᠠ ᠲᠣᠰᠬᠤᠨ ᠴᠡᠭ ᠪᠠᠶᠢᠭᠤᠯᠬᠤ  ︾ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠳᠤ ᠲᠦᠰᠢᠭᠯᠡᠨ᠂ ᠣᠷᠣᠨ ᠪᠦᠰᠡ ᠶᠢᠨ ᠣᠯᠠᠨ ᠨᠡᠶᠢᠲᠡ ᠶᠢᠨ ᠨᠡᠷ᠎ᠡ ᠲᠡᠮᠳᠡᠭᠲᠦ ᠶᠢ ᠬᠦᠴᠦᠯᠡᠨ ᠡᠭᠦᠳᠴᠦ᠂ ᠲᠠᠷᠢᠶᠠᠯᠠᠩ ᠬᠡᠲᠦ ᠳᠡᠯᠭᠡᠭᠦᠷ ᠢ ᠵᠣᠯᠭᠠᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠨᠤᠷᠮ᠎ᠡ ᠶᠢ ᠠᠳᠠᠯᠢ ᠬᠤᠭᠤᠴᠠᠭᠠᠨ ᠤ ᠬᠢ ᠠᠴᠠ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠡ᠃ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ ᠢ ᠬᠦᠴᠦᠯᠡᠨ ᠤᠷᠤᠭᠤᠯᠦᠨ ᠪᠣᠶᠢᠵᠢᠭᠤᠯᠵᠤ᠂ ᠶᠡᠷᠤᠩᠬᠡᠶᠢᠯᠡᠭᠰᠡᠨ ᠴᠢᠨᠠᠷᠳᠡᠢ ᠬᠤᠳᠠᠯᠳᠤᠭᠠᠨ ᠤ ᠳᠡᠯᠭᠡᠭᠦᠷ ᠤᠨ ᠡᠵᠡᠩᠨᠡᠯᠲᠡ ᠳᠤ ᠣᠷᠣᠬᠤ ᠶᠢ ᠠᠬᠢᠭᠤᠯᠦᠨ᠎ᠡ᠃ ᠭᠤᠷᠪᠠ ᠳᠤ᠂ ᠰᠢᠨ᠎ᠡ ᠡᠵᠡᠩᠨᠡᠯᠲᠡ ᠶᠢᠨ ᠬᠡᠯᠪᠡᠷᠢ   ᠤᠨ ᠨᠢᠭᠤᠭᠳᠠᠮᠠᠯ ᠬᠦᠴᠦᠨ ᠢ ᠭᠦᠨᠵᠡᠭᠡᠶ ᠠᠭᠤᠳᠠᠯᠯᠠᠨ᠎ᠠ᠃ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ᠦᠶᠯᠡᠰ ᠢ ᠬᠥᠭᠵᠢᠭᠦᠯᠵᠦ᠂ ᠬᠤᠰᠢᠭᠤᠨ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠷᠢᠮ ᠤᠨ ᠰᠢᠨ᠎ᠡ ᠶᠢ ᠡᠭᠦᠳᠬᠦ᠂ ᠦᠶᠯᠡᠳᠬᠦᠨ ᠤ ᠰᠢᠨ᠎ᠡ ᠶᠢ ᠡᠭᠦᠳᠬᠦ ᠶᠢ ᠳᠡᠮᠵᠢᠵᠦ᠂ ᠢᠲᠡᠭᠡᠮᠵᠢ ᠣᠯᠭᠤᠬᠤ  ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠲᠣᠭᠲᠠᠮᠠᠯ ᠬᠥᠷᠥᠩᠭᠡ᠂  ᠡᠷᠭᠢᠯᠲᠡ ᠶᠢᠨ ᠪᠠᠯᠠ ᠮᠥᠩᠭᠦ ᠶᠢᠨ ᠵᠢᠭᠡᠯᠡᠯᠭᠡ ᠵᠢᠴᠢ ᠵᠥᠪᠳᠡᠯᠴᠡᠭᠡᠨ ᠤ ᠵᠢᠭᠡᠯᠡᠯᠭᠡ᠂ ᠪᠢᠴᠢᠯ ᠵᠢᠭᠡᠯᠡᠯᠭᠡ ᠵᠡᠷᠭᠡ ᠠᠵᠣ ᠠᠬᠤᠶᠢᠯᠠᠯ ᠳᠤ ᠠᠰᠢᠭ ᠬᠦᠷᠲᠡᠭᠡᠬᠦ ᠮᠥᠩᠭᠦᠨ ᠭᠦᠶᠯᠭᠡᠭᠡᠨ ᠤ ᠦᠶᠯᠡᠳᠬᠦᠨ ᠤ ᠬᠡᠪᠴᠢᠶ᠎ᠡ ᠶᠢ ᠥᠷᠭᠡᠳᠬᠡᠨ ᠨᠡᠮᠡᠭᠳᠡᠬᠦᠯᠬᠦ ᠶᠢ ᠠᠬᠢᠭᠤᠯᠵᠤ᠂ ᠮᠥᠩᠭᠦᠨ ᠭᠦᠶᠯᠭᠡᠭᠡᠨ ᠤ ︽ᠠᠮᠢᠳᠤᠯᠢᠭ ᠤᠰᠤ  ︾ ᠶᠢ ᠪᠣᠳᠠᠲᠤ ᠴᠣᠭᠴᠠ ᠶᠢᠨ ᠠᠵᠤ ᠠᠬᠤᠶ ᠲᠡᠰᠢ ᠤᠨᠤᠪᠴᠢᠳᠡᠢ ᠪᠠᠷ ᠬᠠᠩᠭᠠᠨ᠂ ᠵᠢᠯ ᠤᠨ ᠲᠤᠳᠤᠷᠡᠬᠢ ᠵᠢᠭᠡᠯᠡᠯᠭᠡ ᠶᠢᠨ ᠦᠯᠡᠳᠡᠪᠦᠷᠢ ᠶᠢ 3 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠲᠣᠮᠣ ᠳ᠋ᠠᠶᠢᠲ᠋ᠠ ᠶᠢᠨ ᠠᠵᠤ ᠦᠢᠯᠡᠰ ᠬᠦᠭᠵᠢᠯᠳᠡ ᠶᠢ ᠲᠦᠷᠭᠡᠳᠭᠡᠨ᠂ ᠴᠦᠨ ᠬᠤᠸᠠ ᠴᠢᠦ ᠱᠢ ᠲᠣᠮᠣ ᠳ᠋ᠠᠶᠢᠲ᠋ᠠ ᠶᠢᠨ ᠨᠢᠭᠡᠳᠦᠭᠡᠷ ᠬᠤᠭᠤᠴᠠᠭᠠᠨ ᠤ ᠲᠥᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡᠨ ᠤ ᠦᠢᠯᠡᠰ ᠢ ᠪᠣᠶᠢᠵᠢᠭᠤᠯᠵᠤ᠂ ᠵᠣᠯ ᠵᠢᠷᠭᠠᠯᠲᠤ ᠭᠡᠷ ᠣᠷᠣᠨ ᠤ ᠶᠡᠷᠦᠩᠬᠡᠶᠢᠯᠡᠭᠰᠡᠨ ᠠᠷᠠᠴᠢᠯᠠᠨ ᠬᠠᠮᠠᠭᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠬᠦᠯᠵᠦ᠂ ᠨᠡᠶᠢᠭᠡᠮᠴᠢᠯᠡᠭᠰᠡᠨ ᠨᠠᠰᠤᠵᠢᠯ ᠤᠨ ᠣᠷᠣ 100 ᠶᠢ ᠰᠢᠨ᠎ᠡ ᠪᠠᠷ ᠨᠡᠮᠡᠭᠳᠡᠬᠦᠯᠦᠨ᠎ᠡ  ᠃ ︵ᠵᠢᠷᠭᠤᠭ᠎ᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ ᠨᠢᠭᠡ ᠳᠤ᠂ ᠬᠥᠭᠵᠢᠯᠲᠡ ᠶᠢᠨ ᠪᠠᠶᠢᠷᠢᠰᠢᠯ ᠢ ᠨᠢᠭᠡᠳᠦᠯᠲᠡᠶ ᠲᠥᠯᠥᠪᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ  ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠲᠤᠬᠠᠶ ᠲᠥᠪ ᠬᠤᠷᠢᠶᠠᠨ ᠤ ᠱᠠᠭᠠᠷᠳᠠᠯᠭ᠎ᠠ  ᠪᠠᠷ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠪᠠᠶᠢᠴᠠᠭᠠᠯᠲᠠ ᠵᠡᠷᠭᠡ ᠠᠵᠢᠯ ᠤᠨ ᠰᠠᠭᠤᠷᠢᠨ ᠳᠡᠭᠡᠷ᠎ᠡ᠂ ᠠᠮᠢ ᠠᠬᠤᠶ᠂ ᠠᠵᠤ ᠦᠶᠯᠡᠰ᠂ ᠬᠤᠲᠠ ᠪᠠᠯᠭᠠᠰᠤ  ᠵᠡᠷᠭᠡ‌‍ᠴᠢᠳᠠᠮᠵᠢ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠤᠰᠢᠭᠤᠨ ᠤ ᠱᠠᠲᠤᠨ ᠤ ᠤᠯᠤᠰ ᠤᠨ ᠨᠤᠲᠤᠭ ᠳᠡᠪᠢᠰᠬᠡᠷ  ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠣᠨ ᠵᠣᠬᠢᠶᠠᠵᠤ᠂ ᠠᠮᠢ ᠠᠬᠤᠶ  ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠯᠠᠵᠦ᠂ ᠵᠢᠯ ᠤᠨ ᠡᠴᠦᠰ ᠠᠴᠠ ᠡᠮᠦᠨ᠎ᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ  ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠨᠢᠭᠡ ᠵᠢᠷᠤᠭ︾   ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠡᠭᠦᠨ  ᠤ ᠬᠠᠮᠲᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠤᠶᠠᠷ ᠲᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠢᠩᠭᠠᠨᠳᠦ ᠪᠠᠯᠭᠠᠰᠤᠨ ᠤ ᠪᠦᠬᠦᠯᠢ ᠴᠣᠭᠴᠠ ᠶᠢᠨ ᠲᠦᠯᠦᠪᠵᠢᠬᠦᠯᠭᠡ ᠵᠢᠨ‌‍ᠪᠦ᠋ᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠭᠤᠣᠯᠳᠠᠯᠭ᠎ᠠ ᠲᠠᠢ ᠢᠨᠵᠧᠨᠧᠷᠢᠩ ᠪᠠ ᠭᠤᠣᠯ ᠤᠨ ᠰᠤᠪᠠᠭ ᠤᠨ ᠥᠭᠡᠷᠡᠴᠢᠯᠡᠯᠲᠡ ᠵᠢᠴᠢ ᠦᠵᠡᠮᠵᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠪᠠᠯᠭᠠᠰᠤᠨ ᠤ ᠤᠰᠤ ᠬᠠᠩᠭᠠᠬᠤ᠂ ᠢᠯᠴᠢ ᠬᠠᠩᠭᠠᠬᠤ᠂   ᠪᠣᠬᠢᠷᠳᠣᠯ ᠭᠠᠳᠠᠭᠰᠢᠯᠠᠭᠤᠯᠬᠤ ᠵᠢᠴᠢ ᠨᠣᠭᠤᠭᠠᠷᠠᠭᠤᠯᠬᠤ᠂ ᠭᠡᠷᠡᠯᠲᠦᠭᠦᠯᠬᠦ ᠵᠡᠷᠭᠡ ᠰᠠᠭᠤᠷᠢ ᠳᠦᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠬᠤᠲᠠ ᠪᠠᠯᠭᠠᠰᠤᠨ ᠤ ᠳᠠᠭᠠᠭᠠᠬᠤ ᠴᠢᠳᠠᠪᠤᠷᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠳᠣᠭᠤᠷᠢᠨ ᠢ ᠴᠡᠭᠴᠡᠯᠡᠨ ᠵᠠᠰᠠᠬᠤ ᠰᠢᠰᠲ᠋ᠧᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ  ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠢᠴᠢ ᠠᠮᠢ ᠠᠬᠤᠶ ᠶᠢ ᠵᠠᠰᠠᠬᠤ ᠢᠨᠵᠧᠨ᠋ᠷᠢᠩ‌ᠢ ᠠᠬᠢᠭᠤᠯᠤᠨ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 1250 ᠵᠣᠷᠯᠣᠩ ᠢ ᠥᠭᠡᠷᠡᠴᠢᠯᠡᠬᠦ ᠪᠠᠷ ᠲᠥᠯᠥᠪᠯᠡᠪᠡ᠃  36 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠳᠤ ᠨᠡᠶᠢᠳᠡᠮ ᠨᠡᠶᠢᠲᠡ ᠶᠢᠨ ᠵᠣᠷᠯᠣᠩ ᠪᠦᠷᠬᠦᠭᠦᠯᠬᠦ ᠶᠢ ᠪᠠᠲᠤᠯᠠᠨ᠎ᠠ᠃ ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤᠨ ᠠᠰᠢᠭᠯᠠᠯᠲᠠ ᠶᠢᠨ  ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠠᠴᠠᠭ᠎ᠠ ᠲᠣᠰᠬᠤᠨ ᠳᠤᠭᠤᠶᠢᠯᠠᠩ ᠤᠨ ᠲᠥᠪᠯᠡᠷᠡᠭᠦᠯᠦᠨ ᠤᠰᠤ ᠬᠠᠩᠭᠠᠬᠤ᠂ ᠡᠯᠡᠰᠦᠨ ᠤ ᠡᠬᠢ ᠶᠢ ᠵᠠᠰᠠᠬᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ‌ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ  ᠲᠠᠢ ᠠᠬᠢᠭᠤᠯᠵᠤ᠂ ᠤᠰᠤ ᠬᠠᠳᠠᠭᠠᠯᠠᠬᠤ ᠪᠠ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ  ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠢᠩᠭᠠᠲᠤ ᠶᠢᠨ ᠵᠡᠭᠦᠨ ᠲᠡᠭᠦᠷᠭᠡ ᠶᠢᠨ 110 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡᠨ ᠤ ᠪᠦᠲᠦᠭᠡᠨ ᠪᠠᠢᠭᠤᠯᠤᠯᠲᠠ ᠶᠢ ᠡᠬᠢᠯᠡᠭᠦᠯᠵᠦ᠂ ᠬᠤᠲᠠ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠠᠵᠢᠯ ᠢ ᠠᠬᠢᠭᠤᠯᠵᠤ᠂ ︽ᠴᠠᠬᠢᠯᠭᠠᠨ ᠬᠡᠷᠡᠭᠯᠡᠬᠦ︾ ᠶᠢ ︽ᠰᠡᠶᠢᠨ ᠴᠠᠬᠢᠯᠭᠠᠨ ᠢ ᠰᠡᠶᠢᠳᠦᠷ ᠬᠡᠷᠡᠭᠯᠡᠬᠦ︾ ᠲᠡᠰᠢ  ᠬᠤᠪᠢᠷᠠᠭᠤᠯᠦᠨ᠎ᠡ᠃ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ ᠳᠤ ᠬᠠᠮᠵᠢᠯᠴᠠᠨ᠂ ᠮᠤᠵᠢ ᠶᠢᠨ ᠲᠡᠰ ᠤᠨ 313 ᠱᠤᠭᠤᠮ ᠤᠨ ᠮᠢᠩᠭᠠᠲᠤ ᠠᠴᠠ ᠰᠢᠨᠡᠪᠤᠯᠠᠭ ᠬᠦᠷᠬᠦ ᠭᠡᠰᠡᠭ ᠤᠨ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠎ᠠ᠃ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠰᠢᠰᠲ᠋ᠧᠮ ᠶᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠵᠠᠰᠠᠮᠠᠯ ᠵᠠᠮ ᠢ 90.8 ᠺᠢᠯᠣᠮᠧᠲᠷ ᠰᠢᠨ᠎ᠡ ᠪᠠᠷ ᠪᠠᠶᠢᠭᠤᠯᠵᠤ᠂ ᠲᠣᠰᠬᠤᠨ ᠳᠤᠭᠤᠶᠢᠯᠠᠩ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠠᠮ ᠤᠨ ᠲᠣᠤᠷ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠤᠲᠠ ᠬᠥᠳᠡᠭᠡ ᠶᠢᠨ ᠵᠠᠮ  ᠲᠣᠤᠷ ᠢ ᠨᠡᠩ ᠰᠠᠭᠠᠳ ᠦᠭᠡᠶ ᠨᠡᠪᠳᠡᠷᠡᠬᠦᠯᠬᠦ ᠶᠢ ᠪᠠᠲᠤᠯᠠᠬᠤ ᠬᠡᠷᠡᠭᠲᠡᠶ᠃ ᠴᠢᠮᠡᠭᠡ ᠨᠡᠪᠲᠡᠷᠡᠯᠭᠡ ᠶᠢᠨ ᠲᠣᠣᠷ ᠰᠦᠯᠵᠢᠶᠡᠨ ᠤ ᠦᠢᠯᠡᠴᠢᠯᠡᠭᠡᠨ  ᠤ ᠬᠢᠷᠢ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠵᠦ᠂ 48 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 48 ᠺᠢᠯᠣᠮᠧᠲᠷ ᠤᠨ ᠭᠡᠷᠡᠯᠯᠢᠭ ᠳᠡᠭᠡᠰᠦ ᠶᠢ ᠳᠡᠪᠢᠰᠬᠦ ᠪᠠ ᠥᠭᠡᠷᠡᠴᠢᠯᠡᠨ ᠪᠠᠶᠢᠭᠤᠯᠤᠨ᠎ᠠ᠃ 5G ᠴᠢᠮᠡᠭᠡ ᠬᠤᠯᠪᠣᠭᠠᠨ ᠤ ᠬᠡᠷᠡᠭᠯᠡᠯᠲᠡ ᠶᠢ ᠢᠳᠡᠪᠬᠢᠲᠡᠶ ᠪᠠᠶᠢᠷᠢᠯᠠᠭᠤᠯᠤᠨ᠎ᠠ  ᠃  ︵ᠳᠣᠯᠤᠭ᠎ᠠ︶ ᠠᠷᠠᠳ ᠤᠨ ᠠᠮᠢᠳᠤᠷᠠᠯ ᠢ ᠬᠠᠯᠠᠠ ᠰᠠᠶᠢᠵᠢᠷᠠᠭᠤᠯᠵᠦ᠂ ᠠᠷᠠᠳ ᠲᠦᠮᠡᠨ ᠤ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ ᠨᠢᠭᠡ ᠳᠤ᠂ ᠲᠦᠭᠡᠮᠡᠯ ᠬᠠᠷᠠᠭᠠᠯᠵᠠᠯ ᠲᠠᠢ ᠴᠢᠨᠠᠷᠲᠠᠶ ᠠᠷᠠᠳ ᠤᠨ ᠠᠮᠢᠳᠤᠷᠠᠯ ᠢ ᠰᠠᠶᠢᠲᠤᠷ ᠠᠳᠬᠤᠬᠤ ᠬᠡᠷᠡᠭᠲᠡᠶ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠳᠬᠠᠵᠦ᠂ ᠪᠠᠭᠰᠢ ᠶᠢᠨ ︽ ᠬᠤᠰᠢᠭᠤ ᠠᠴᠠ ᠤᠷᠢᠵᠤ ᠰᠤᠷᠭᠠᠭᠤᠯᠢ ᠠᠴᠠ ᠬᠠᠮᠢᠶᠠᠷᠬᠤ︾ ᠶᠢ ᠬᠡᠷᠡᠭᠵᠢᠭᠦᠯᠦᠨ᠎ᠡ᠃ ᠥᠷᠢᠰᠦᠯᠳᠦᠨ ᠤᠷᠢᠵᠤ ᠠᠵᠢᠯ ᠤᠨ ᠪᠠᠶᠢᠷᠢ ᠳᠤ ᠭᠠᠷᠬᠤ ᠪᠠ ᠠᠮᠵᠢᠯᠲᠠ ᠪᠦᠲᠦᠮᠵᠢ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠴᠣᠯᠠ ᠪᠠ ᠬᠢᠨᠠᠨ ᠰᠢᠯᠭᠠᠵᠤ ᠦᠨᠡᠯᠡᠬᠦ ᠳᠦᠷᠢᠮ  ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠮᠢᠩᠭᠠᠲᠤ ᠶᠢᠨ ᠬᠢᠲᠠᠳ ᠢᠶᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ  ᠤᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠪᠡᠶᠡᠯᠡᠭᠦᠯᠵᠦ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠮᠣᠩᠭᠤᠯ ᠡᠮᠨᠡᠯᠭᠡ ᠶᠢᠨ ᠬᠤᠷᠢᠶ᠎ᠠ ᠶᠢ ᠰᠢᠯᠵᠢᠬᠦᠯᠦᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠦᠷᠢᠳᠠᠨ ᠢ ᠬᠥᠮᠦᠵᠢᠭᠦᠯᠦᠨ ᠣᠷᠣᠭᠤᠯᠵᠤ ᠠᠪᠴᠢᠷᠠᠬᠤ  ᠶᠢ ᠰᠠᠶᠢᠲᠤᠷ ᠬᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ  ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠢ  ᠲᠡᠭᠦᠯᠳᠡᠷᠵᠢᠭᠦᠯᠦᠨ᠂ ᠡᠯᠪᠡᠭ ᠪᠠᠶᠠᠯᠢᠭ᠂ ᠪᠣᠯᠪᠠᠰᠤᠨ ᠡᠷᠡᠭᠦᠯ ᠰᠠᠷᠠᠭᠤᠯ ᠣᠯᠠᠨ ᠲᠦᠮᠡᠨᠴᠢ ᠰᠣᠶᠣᠯ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ  ᠃ ᠬᠤᠶᠠᠷ ᠲᠤ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ︽ᠦᠢ‌ᠣᠯᠠᠨ ᠢᠶᠠᠷ ᠢᠶᠠᠨ ᠠᠳᠠᠯ ᠦᠶᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ  ︾ ᠶᠢ ᠪᠠᠷᠢᠮᠲᠠᠯᠠᠵᠤ᠂ ᠠᠶᠢᠮᠠᠭ  ᠤᠨ ᠱᠠᠲᠤᠨ ᠤ ᠠᠵᠢᠯ ᠣᠯᠵᠤ ᠠᠳᠠᠯ ᠦᠶᠯᠡᠰ ᠴᠣᠭᠴᠠᠯᠠᠬᠤ ᠬᠥᠭᠵᠢᠯᠲᠡ ᠶᠢ ᠠᠬᠢᠭᠤᠯᠬᠤ ᠪᠠᠯᠠ ᠮᠥᠩᠭᠦ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠨᠤᠲᠤᠭ ᠲᠠᠭᠠᠨ ᠪᠤᠴᠠᠭᠰᠠᠨ ᠬᠥᠯᠥᠰᠥᠨ ᠲᠠᠷᠢᠶᠡᠴᠢᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠭᠤᠤᠯᠳᠠᠯᠭ᠎ᠠ  ᠲᠠᠢ ᠰᠠᠶᠢᠲᠤᠷ ᠰᠢᠶᠳᠪᠦᠷᠢᠯᠡᠵᠦ᠂ ᠬᠤᠲᠠ ᠪᠠᠯᠭᠠᠰᠤ ᠶᠢᠨ 500 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠠᠳᠤᠯᠠᠨ᠎ᠡ᠃ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠨᠡᠶᠢᠳᠠ ᠶᠢᠨ ᠣᠩᠭᠤᠨ ᠤ ᠣᠷᠣᠨ᠂ ᠣᠷᠣᠰᠢᠭᠤᠯᠭ᠎ᠠ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠵᠤ᠂ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠣᠷᠣᠨ ᠰᠠᠭᠤᠴᠠ ᠪᠠ ᠣᠷᠣᠨ ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠭᠡᠷ ᠪᠠᠶᠢᠰᠢᠩ ᠦᠯᠦ ᠬᠥᠳᠡᠯᠬᠦ ᠬᠥᠷᠥᠩᠭᠡ ᠶᠢᠨ ᠦᠨᠡᠮᠯᠡᠯ ᠢ ᠭᠦᠶᠴᠡᠳᠬᠡᠬᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠥᠷᠢ ᠰᠢᠷᠢ ᠵᠡᠷᠭᠡ ᠲᠡᠦᠬᠡᠨ ᠦᠯᠡᠳᠡᠭᠳᠡᠯ ᠠᠰᠠᠭᠤᠳᠠᠯ  ᠢ ᠲᠦᠷᠭᠡᠨ ᠰᠢᠶᠳᠪᠦᠷᠢᠯᠡᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠪᠠ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠵᠠᠰᠠᠬᠤ ᠳᠣᠭᠳᠠᠴᠠ ᠶᠢ ᠯᠠᠪᠳᠠᠭᠤᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ  ᠢ ᠲᠣᠬᠢᠲᠠᠶ ᠰᠢᠶᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠳᠣᠭᠳᠠᠭᠤᠨ ᠢ ᠪᠠᠲᠤᠯᠠᠨ᠎ᠠ᠃ ᠭᠤᠷᠪᠠ ᠳᠤ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ  ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠬᠠᠷᠢᠯᠴᠠᠨ ᠵᠣᠯᠭᠠᠯᠳᠤᠭᠤᠯᠤᠭᠰᠠᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠦᠨ᠎ᠡ᠃ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠲᠤᠰᠢᠶᠠᠭᠠᠳᠤᠶ ᠦᠯᠡᠳᠡᠭᠳᠡᠯ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ  ᠶᠢ ᠪᠠᠳᠣᠯᠠᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ᠎ᠠ᠃ ᠣᠲᠣ  ᠶᠢᠨ ᠬᠡᠷᠡᠭᠵᠢᠭᠦᠯᠵᠦ ᠪᠠᠶᠢᠭ᠎ᠠ ᠡᠮᠴᠢᠯᠡᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠬᠢᠷᠠᠭᠤᠯᠤᠯᠲᠠ ᠬᠢᠵᠦ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠠᠯᠠ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ᠂ ᠥᠨᠳᠥᠷ ᠪᠦᠲᠦᠮᠵᠢᠲᠡᠶ᠂ ᠦᠷᠭᠦᠯᠵᠢᠯᠡᠬᠦ ᠶᠢ ᠦᠨᠡᠨᠬᠦ ᠪᠠᠲᠤᠯᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠠᠶᠤᠯ ᠠᠴᠠ ᠠᠪᠤᠷᠠᠨ  ᠬᠦᠴᠢᠷᠳᠡᠯᠳᠠᠢ ᠶᠢ ᠲᠤᠰᠠᠯᠠᠬᠤ ᠪᠠ ᠨᠠᠰᠤᠲᠠᠶᠢᠴᠤᠳ᠂ ᠵᠡᠮᠳᠡᠭᠴᠦᠳ ᠢ ᠲᠤᠰᠠᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠨᠴᠠᠭᠠᠶ ᠤᠯᠡᠨ ᠲᠦᠮᠡᠨ  ᠤ ᠦᠨᠳᠦᠰᠦᠨ ᠠᠮᠢᠳᠤᠷᠠᠯ ᠢ ᠪᠠᠲᠤᠯᠠᠨ᠎ᠠ᠃ ︵ᠨᠠᠶᠮᠠ︶ ᠠᠯᠤᠰ ᠬᠡᠲᠦ ᠶᠢᠨ ᠬᠥᠭᠵᠢᠯᠲᠡ ᠳᠤ ᠬᠠᠨᠳᠤᠭᠤᠯᠵᠤ᠂ ︽ ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠦᠯᠦᠪᠵᠢᠬᠦᠯᠭᠡ ᠶᠢ ᠪᠥᠬᠦ ᠲᠠᠯ᠎ᠠ ᠪᠠᠷ ᠨᠠᠶᠢᠷᠠᠭᠤᠯᠤᠨ ᠵᠣᠬᠢᠶᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠬᠤᠰᠢᠭᠤᠨ ᠤ ᠴᠢᠨᠠᠷᠵᠢᠭᠤᠨ ᠬᠥᠭᠵᠢᠯᠲᠡ ᠶᠢ ᠠᠬᠢᠭᠤᠯᠬᠤ ᠴᠢᠬᠤᠯᠠ ᠰᠢᠯᠵᠢᠯᠲᠡ ᠶᠢᠨ ᠬᠤᠭᠤᠴᠠᠭ᠎ᠠ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠣᠯ ᠣᠳᠣᠬᠠᠨ ᠤ ᠨᠢᠭᠡ ᠴᠢᠬᠤᠯᠠ ᠶᠡᠭᠡ ᠡᠭᠦᠷᠭᠡ ᠪᠣᠯᠤᠨ᠎ᠠ᠃ ᠪᠥᠬᠦ ᠬᠤᠰᠢᠭᠤ ᠪᠠᠷ ᠢᠶᠠᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠠᠴᠠ ᠵᠥᠪ ᠢ ᠡᠷᠢᠵᠦ᠂ ᠠᠯᠤᠰ ᠢ ᠬᠠᠷᠠᠨ᠂  ᠶᠡᠷᠤᠩᠬᠡᠢ  ᠪᠠ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠱᠠᠯᠠᠪᠳᠠᠨ ᠡᠬᠢᠯᠡᠭᠦᠯᠬᠦ ᠬᠡᠷᠡᠭᠲᠡᠶ᠃ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ  ᠪᠠᠷ ᠲᠣᠭᠲᠠᠭᠠᠬᠤ ᠬᠡᠷᠡᠭᠲᠡᠢ᠃  ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠬᠢᠴᠠ ᠶᠢ ᠦᠨᠳᠦᠰᠦᠨ ᠳᠡᠭᠡᠨ ᠪᠡᠶᠡᠯᠡᠭᠦᠯᠬᠦ ᠶᠢᠨ ᠳᠣᠭᠤᠷᠢᠨ   ᠳᠤ᠂ ᠴᠢᠨᠠᠷ ᠰᠠᠶᠢᠲᠠᠶ ᠬᠥᠭᠵᠢᠯᠲᠡ ᠶᠢᠨ ᠰᠢᠰᠲ᠋ᠧᠮ ᠢ ᠦᠨᠳᠦᠷ ᠪᠠᠶᠢᠯᠭᠠᠬᠤ᠂ ᠬᠤᠰᠢᠭᠤᠨ ᠤ ᠭᠡᠪᠴᠢᠶᠡᠵᠢᠯ  ᠤᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠬᠥᠭᠵᠢᠯᠲᠡ ᠶᠢᠨ ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠵᠣᠬᠢᠰᠲᠠᠶ ᠰᠢᠯᠢᠳᠡᠭᠵᠢᠭᠦᠯᠦᠨ ᠳᠣᠭᠢᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠣᠨᠣᠪᠴᠢᠲᠠᠶ ᠡᠵᠡᠮᠳᠡᠬᠦ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠲᠥᠷᠥ ᠶᠢᠨ ᠪᠣᠳᠣᠯᠭ᠎ᠠ ᠪᠠᠷ ᠵᠢᠯᠤᠭᠤᠳᠦᠮᠵᠢ ᠪᠣᠯᠭᠠᠵᠦ᠂ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠪᠥᠬᠦ ᠣᠷᠣᠨ ᠪᠦᠰᠡ ᠳᠤ ᠠᠩᠬᠠᠷᠤᠯ ᠢᠶᠠᠨ ᠬᠠᠨᠳᠤᠭᠤᠯᠬᠤ ᠪᠠᠷ ᠬᠠᠷᠠᠭᠠᠰᠤ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠴᠢᠬᠤᠯᠠ ᠶᠡᠭᠡ ᠰᠡᠳᠦᠪ ᠤᠨ ᠰᠤᠳᠤᠯᠭᠠᠨ ᠢ ᠭᠦᠨᠵᠡᠭᠡᠶ ᠥᠷᠨᠢᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠰᠤᠳᠤᠯᠤᠨ ᠮᠠᠭᠠᠳᠯᠠᠵᠤ᠂ ᠬᠥᠭᠵᠢᠯᠲᠡ ᠶᠢᠨ ᠥᠷᠢᠰᠥᠯᠳᠦᠭᠡᠨ ᠢ ᠪᠥᠬᠦ ᠲᠠᠯ᠎ᠠ ᠪᠠᠷ ᠵᠠᠳᠠᠯᠤᠨ ᠰᠢᠨᠵᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠤᠨ ᠰᠡᠳᠬᠢᠴᠡ᠂ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠤᠨ ᠭᠠᠷᠭᠠᠪᠠ᠃ ᠳᠤᠲᠠᠭᠤᠳᠠᠯ ᠵᠥᠷᠢᠶ᠎ᠡ ᠪᠠᠨ ᠪᠤᠰᠤᠳᠴᠢ ᠪᠠᠷ ᠣᠨᠣᠪᠴᠢᠲᠠᠢ ᠡᠷᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠨᠢᠭᠡᠳᠬᠡᠬᠦ ᠶᠢ ᠪᠠᠷᠢᠮᠳᠠᠯᠠᠵᠦ᠂ ︽ᠠᠷᠪᠡᠨ ᠭᠤᠷᠪᠠᠳᠤᠭᠠᠷ ᠲᠠᠪᠤᠨ ᠵᠢᠯ  ︾ ᠶᠢᠨ ᠠᠵᠢᠯ ᠤᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠳᠤᠮᠳᠠᠬᠢ ᠠᠰᠠᠭᠤᠳᠠᠯ ᠳᠤ ᠵᠥᠪ ᠬᠠᠨᠳᠤᠵᠤ᠂ ᠲᠣᠪᠣᠶᠢᠮ᠎ᠠ ᠳᠤᠲᠠᠭᠤᠳᠠᠯ ᠪᠠ ᠵᠥᠷᠢᠶ᠎ᠡ ᠶᠢ ᠡᠷᠢᠵᠦ᠂ ᠬᠡᠮ ᠰᠣᠭᠤᠭ ᠢ ᠵᠠᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢ ᠲᠣᠭᠲᠠᠭᠠᠬᠤ ᠳᠤᠮᠳᠠ ᠳᠤᠲᠠᠭᠤᠳᠠᠯ ᠢ ᠨᠥᠬᠦᠪᠥᠷᠢᠯᠡᠬᠦ ᠰᠡᠳᠬᠢᠮᠵᠢ ᠪᠠ ᠠᠷᠭ᠎ᠠ ᠬᠡᠮᠵᠢᠶ᠎ᠡ ᠶᠢ ᠳᠤᠷᠠᠳᠪᠠ  ᠃ ︽ ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠠᠮᠤᠷᠬᠤ ᠬᠡᠪᠴᠢᠶ ᠎ᠡ ᠥᠷᠭᠡᠨ᠂ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ ᠪᠣᠯᠬᠤᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠲᠦᠷᠦᠭᠦᠯᠡᠨ ᠶᠡᠷᠦᠩᠬᠡᠶ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠬᠠᠮᠢᠶ᠎ᠠ ᠪᠥᠬᠦᠶ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ  ᠃ ( ᠶᠢᠰᠦ ) ᠡᠭᠦᠷᠭᠡ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠠᠲᠤ ᠪᠤᠢ ᠪᠣᠯᠭᠠᠵᠤ᠂ ᠵᠠᠰᠠᠭ ᠤᠨ ᠣᠷᠳᠣᠨ ᠤ ᠵᠠᠰᠠᠭ ᠢ ᠵᠠᠰᠠᠬᠤ ᠴᠢᠳᠠᠪᠤᠷᠢ ᠶᠢ ᠴᠢᠩᠭᠠᠳᠬᠠᠨ᠎ᠡ  ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠡᠯ᠎ᠡ ᠱᠠᠳᠣᠨ ᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠵᠠᠰᠠᠭ ᠤᠨ ᠣᠷᠳᠣᠨ ᠤ ᠵᠠᠰᠠᠯᠲᠠ ᠶᠢᠨ  ᠴᠢᠳᠠᠪᠤᠷᠢ ᠶᠢ ᠳᠡᠭᠡᠭᠰᠢᠯᠡᠭᠦᠯᠬᠦ ᠳᠤ ᠭᠠᠷᠭᠠᠭᠰᠠᠨ  ᠲᠥᠯᠥᠪᠯᠡᠭᠡ ᠪᠠ ᠰᠢᠰᠲ᠋ᠧᠮ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠬᠤ᠂ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠯᠲᠠ ᠵᠢᠴᠢ ᠵᠠᠰᠠᠯᠲᠠ  ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠦᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠦ᠂  ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠡᠷᠡᠰ ᠬᠡᠷᠡᠭᠵᠢᠭᠦᠯᠵᠦ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ ᠪᠠᠲᠤᠯᠠᠨ᠎ᠠ᠃ ᠬᠠᠤᠯᠢ ᠪᠠᠷ ᠵᠠᠰᠠᠬᠤ ᠪᠠᠶᠢᠭᠤᠯᠤᠯᠲᠠ  ᠶᠢ  ᠴᠢᠩᠭᠠᠳᠬᠠᠨ᠎ᠡ᠃ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ  ᠶᠢ ᠬᠦᠨᠵᠡᠭᠡᠶᠢᠷᠡᠬᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠲᠦᠭᠰᠢᠭᠦᠷᠢ ᠶᠢ  ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠷᠢᠭᠤᠨ ᠴᠢᠬᠡᠴᠢ  ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠎ᠡ᠃ ︽ᠨᠢᠭᠡᠳᠦᠭᠡᠷ ᠬᠠᠷᠢᠭᠤᠴᠠᠯᠭ᠎ᠠ︾ ᠪᠠ ︽ ᠨᠢᠭᠡ ᠠᠵᠢᠯ  ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠬᠦᠢᠴᠡᠳᠬᠡᠵᠦ᠂ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ  ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠣᠯᠠᠨ ᠨᠡᠶᠢᠳᠡ ᠶᠢᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ  ᠢ ᠦᠨᠡᠨ ᠬᠦ ᠰᠠᠶᠢᠲᠤᠷ ᠬᠠᠮᠢᠶᠠᠷᠤᠨ ᠬᠡᠷᠡᠭᠯᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠃ ᠬᠦᠴᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠤᠯ ᠠᠶᠠᠰ ᠪᠣᠯᠭᠠᠵᠤ᠂ ᠳᠦᠷᠢᠮ ᠤᠨ ᠦᠵᠡᠯ ᠤᠬᠠᠮᠰᠠᠷ ᠢ ᠬᠡᠷᠡᠭᠵᠢᠭᠦᠯᠬᠦ ᠴᠢᠳᠠᠪᠤᠷᠢ ᠪᠣᠯᠭᠠᠨ ᠬᠤᠪᠢᠷᠠᠭᠤᠯᠵᠦ᠂  ᠦᠨᠡᠨ ᠪᠤᠳᠡᠳᠡᠢ ᠠᠵᠢᠯᠯᠠᠬᠤ ᠰᠤᠷᠳᠡᠯ ᠢ ᠶᠡᠭᠡᠪᠡᠷ  ᠪᠠᠳᠠᠷᠠᠭᠤᠯᠦᠨ᠂ ᠥᠷᠯᠥᠭᠡ‌ᠦᠳᠡᠰᠢ ᠶᠢ ᠲᠡᠮᠡᠴᠡᠨ᠂ ᠴᠠᠭ ᠦᠶ᠎ᠡ ᠶᠢᠨ ᠱᠠᠭᠠᠷᠳᠠᠯᠭ᠎ᠠ ᠶᠢ ᠬᠦᠰᠡᠷᠳᠡᠭᠦᠯᠦᠯ  ᠦᠭᠡᠢ ᠪᠠᠷ ᠠᠵᠤ ᠠᠬᠤᠢ ᠨᠡᠶᠢᠭᠡᠮ ᠤᠨ ᠲᠦᠷᠭᠡᠨ ᠬᠦᠭᠵᠢᠯᠳᠡ ᠶᠢᠨ ᠠᠤᠭ᠎ᠠ ᠬᠠᠭᠤᠳᠠᠰᠦ ᠶᠢ ᠪᠢᠴᠢᠭᠯᠡᠵᠦ᠂ ᠪᠦᠬᠦ ᠬᠤᠰᠢᠭᠤᠨ ᠤ ᠠᠷᠠᠳ ᠲᠦᠮᠡᠨ ᠳᠤ ᠨᠢᠭᠡᠨ ᠬᠢᠷᠢ ᠲᠡᠭᠴᠡᠭᠰᠡᠨ ᠬᠠᠷᠢᠭᠤᠯᠳᠠ ᠲᠤᠰᠢᠶᠠᠰᠤᠭᠠᠢ︕ᠲᠠᠶᠢᠯᠪᠤᠷᠢ︵1︶ ︽ᠲᠦᠮᠡᠨ ᠠᠵᠤ ᠠᠬᠤᠶᠢᠯᠡᠯ ᠡᠭᠦᠯᠡᠨ ᠲᠡᠪᠴᠡᠩ ᠳᠤ ᠭᠠᠷᠬᠤ︾᠄ ᠠᠵᠤ ᠠᠬᠤᠶᠢᠯᠡᠯ ᠲᠤᠤᠷ ᠰᠦᠯᠵᠢᠶ᠎ᠡ  ᠪᠠᠷ ᠲᠡᠮᠵᠢᠭᠠᠳ᠂ ᠠᠵᠤ ᠠᠬᠤᠶᠢᠯᠡᠯ ᠤᠨ ᠰᠠᠭᠤᠷᠢ ᠰᠢᠰᠲ᠋ᠧᠮ᠂ ᠬᠠᠮᠢᠶᠠᠷᠤᠯᠳᠠ ᠵᠢᠴᠢ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠳᠠ ᠶᠢ ᠡᠭᠦᠯᠡᠨ ᠲᠡᠪᠴᠡᠩ ᠳᠤ ᠭᠠᠷᠭᠠᠵᠦ᠂ ᠲᠤᠤᠷ ᠰᠦᠯᠵᠢᠶ᠎ᠡ ᠶᠢ ᠠᠰᠢᠭᠯᠠᠨ᠂ ᠡᠭᠦᠯᠡᠨ ᠪᠤᠳᠤᠯᠳᠠ  ᠶᠢᠨ ᠦᠢᠯᠡᠴᠢᠯᠡᠭᠡ ᠪᠠᠷ ᠲᠡᠮᠵᠢᠨ ᠠᠵᠤ ᠠᠬᠤᠶᠢᠯᠡᠯ ᠤᠨ ᠮᠠᠰᠢ ᠤᠯᠡᠨ ᠲᠤᠭ᠎ᠠ ᠪᠠᠷᠢᠮᠳᠠ᠂   ᠡᠯᠧᠺᠲᠷᠦᠨ᠂ ᠵᠦᠭᠡᠯᠡᠨ ᠲᠤᠨᠤᠭ᠂ ᠲᠤᠭ᠎ᠠ ᠪᠠᠷᠢᠮᠳᠠ ᠶᠢᠨ ᠦᠢᠯᠡᠴᠢᠯᠡᠭᠡ ᠨᠤᠭᠤᠳ ᠢ ᠬᠦᠷᠳᠡᠬᠦ ᠪᠠ ᠰᠤᠷᠠᠭ ᠵᠠᠩᠬᠢ ᠶᠢᠨ ᠰᠤᠯᠢᠯᠴᠠᠭᠠᠨ ᠳᠤ ᠲᠦᠭᠦᠮ ᠦᠵᠡᠭᠦᠯᠦᠨ᠎ᠡ᠃ ︵2︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠡᠨ ᠵᠦᠢᠯ ᠤᠨ ᠲᠦᠷᠢᠮ︾ ᠤᠨ ᠦᠭᠡᠷᠡᠴᠢᠯᠡᠯᠳᠡ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠨ ᠨᠡᠶᠢᠳᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠨ  ᠶᠢ ᠲᠡᠮᠳᠡᠭᠯᠡᠬᠦ ᠲᠦᠷᠢᠮ᠂ ᠴᠢᠬᠤᠯᠨ ᠶᠡᠭᠡ ᠬᠠᠤᠯᠢ ᠬᠡᠷᠡᠭᠵᠢᠭᠦᠯᠬᠦ ᠲᠤᠭᠳᠠᠭᠠᠯ᠂ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠤᠨ ᠦᠭᠡᠷᠡᠴᠢᠯᠡᠯᠳᠡ᠃ ︵3︶ ︽ᠭᠤᠷᠪᠡᠨ ᠡᠷᠭᠡᠪᠰᠢ︾ ᠠᠵᠢᠯ ᠲᠦᠷᠦᠯ ᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠤᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠭᠡᠪᠰᠢ ᠠᠮᠤᠷ ᠲᠦᠪᠰᠢᠨ ᠢ ᠬᠠᠮᠢᠶᠠᠷᠬᠤ᠃ ︵4  ︶ ︽ᠭᠤᠷᠪᠠᠨ ᠪᠤᠯᠬᠤ ᠦᠭᠡᠢ︾  ᠲᠦᠷᠢᠮ ᠢᠶᠠᠷ ᠤᠯᠤᠰ ᠤᠨ ᠲᠤᠳᠤᠭᠠᠳᠦ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠤᠨ ᠨᠡᠮᠡᠭᠳᠡᠯ ᠶᠢᠨ ᠨᠤᠷᠮ᠎ᠡ ᠶᠢ ᠪᠠᠭᠠᠳᠤᠷᠯᠢᠭ ᠬᠠᠭᠤᠴᠢᠨ ᠵᠠᠮ ᠲᠡᠭᠡᠷ᠎ᠡ ᠪᠤᠴᠠᠭᠠᠨ ᠠᠪᠴᠢᠷᠠᠵᠦ ᠪᠤᠯᠬᠤ ᠦᠭᠡᠢ᠂ ᠤᠷᠴᠢᠨ ᠲᠤᠭᠤᠷᠢᠨ ᠢ ᠡᠪᠳᠡᠬᠦ ᠪᠠᠷ ᠦᠷᠳᠡᠭ ᠪᠤᠯᠭᠠᠨ ᠬᠦᠭᠵᠢᠭᠦᠯᠵᠦ ᠪᠠᠶᠢᠨ᠎ᠡ ᠭᠡᠮᠡᠭᠴᠢ ᠶᠢᠨ ᠠᠷᠭ᠎ᠠ ᠪᠠᠷᠢᠯ ᠪᠤᠯᠭᠠᠵᠦ ᠪᠤᠯᠬᠤ ᠦᠭᠡᠢ᠃ ᠨᠡᠩ ᠴᠤ ᠪᠦᠳᠦᠭᠦᠯᠢᠭ ᠭᠡᠯᠪᠡᠷᠢ ᠶᠢᠨ ᠬᠦᠭᠵᠢᠯᠳᠡ ᠶᠢᠨ ᠭᠡᠯᠪᠡᠷᠢ ᠲᠡᠭᠡᠷ᠎ᠡ ᠠᠪᠴᠢᠷᠠᠵᠦ ᠪᠤᠯᠬᠤ ᠦᠭᠡᠢ᠃︵5︶ ᠲᠦᠷᠪᠡᠨ ᠲᠤᠷ᠎ᠡ ᠪᠠᠷ ᠢᠶᠠᠨ ᠪᠠᠶᠢᠬᠤ ᠶᠢ ᠴᠡᠪᠡᠷᠯᠡᠬᠦ︾᠄ ᠲᠤᠷ᠎ᠡ ᠪᠠᠷ ᠢᠶᠠᠷ ᠮᠠᠯᠳᠠᠬᠤ᠂ ᠲᠤᠷ᠎ᠡ ᠪᠠᠷ ᠢᠶᠠᠨ ᠤᠪᠤᠭᠠᠯᠠᠬᠤ᠂ ᠲᠤᠷ᠎ᠡ ᠪᠠᠷ ᠢᠶᠠᠨ ᠪᠠᠶᠢᠭᠤᠯᠬᠤ ᠠᠰᠠᠭᠤᠳᠠᠯ᠃ ︵6︶  ︽1 + 8︾   ᠨᠢ ︽ᠰᠢᠯᠢ ᠶᠢᠨ ᠭᠤᠤᠯ ᠠᠶᠢᠮᠠᠭ ᠤᠨ ᠲᠤᠮᠤ ᠴᠢᠬᠤᠯᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠶᠡᠷᠤᠩᠬᠡᠢ ᠴᠤᠭᠴᠨ ᠶᠢᠨ ᠠᠵᠢᠯ ᠤᠨ ᠭᠡᠷᠡᠭᠵᠢᠭᠦᠯᠬᠦ ᠲᠦᠰᠦᠯ︾᠃ 8 ᠨᠢ ︽ᠤᠯᠤᠰ ᠲᠦᠷᠦ ᠶᠢᠨ ᠬᠦᠷᠢᠶ᠎ᠡ ᠭᠡᠪᠴᠢᠶᠡᠨ ᠳᠠᠬᠢ ᠲᠤᠮᠤ ᠴᠢᠬᠤᠯᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠠᠵᠢᠯ ᠤᠨ ᠬᠡᠷᠡᠭᠵᠢᠭᠦᠯᠬᠦ ᠲᠦᠰᠦᠯ︾ ︽ᠦᠵᠡᠯ ᠤᠬᠠᠮᠰᠠᠷ ᠤᠨ ᠭᠡᠪᠴᠢᠶᠡᠨ ᠳᠠᠬᠢ ᠲᠤᠮᠤ ᠴᠢᠬᠤᠯᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠠᠵᠢᠯ ᠤᠨ ᠬᠡᠷᠡᠭᠵᠢᠭᠦᠯᠬᠦ ᠲᠦᠰᠦᠯ︾ ︽ᠠᠵᠤ ᠠᠬᠤᠢ ᠶᠢᠨ ᠠᠵᠢᠯ ᠤᠨ ᠬᠦᠷᠢᠶ᠎ᠡ ᠭᠡᠪᠴᠢᠶᠡᠨ ᠳᠠᠬᠢ ᠲᠤᠮᠤ ᠴᠢᠬᠤᠯᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠠᠵᠢᠯ ᠤᠨ ᠬᠡᠷᠡᠭᠵᠢᠭᠦᠯᠬᠦ ᠲᠦᠰᠦᠯ︾ ︽ᠠᠮᠧᠷᠢᠺᠠ  ᠶᠢᠨ  ᠠᠵᠤ ᠠᠬᠤᠢ ᠠᠷᠠᠯᠵᠢᠶᠠᠨ ᠤ ᠲᠡᠮᠡᠴᠡᠯ ᠤᠨ ᠬᠦᠷᠢᠶ᠎ᠡ ᠭᠡᠪᠴᠢᠶᠡᠨ ᠳᠠᠬᠢ ᠲᠤᠮᠤ ᠴᠢᠬᠤᠯᠨ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠠᠵᠢᠯ ᠤᠨ ᠬᠡᠷᠡᠭᠵᠢᠭᠦᠯᠬᠦ ᠲᠦᠰᠦᠯ︾ ︵7︶ 3 ᠲᠤᠭᠤᠷᠢᠭ ᠠᠵᠤ ᠦᠢᠯᠡᠰ ᠤᠨ ᠪᠦᠰᠨ᠄ ᠬᠤᠶᠢᠳᠦ ᠡᠯᠡᠰᠤᠷᠭᠡᠭ ᠤᠷᠤᠨ ᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠮᠠᠯᠵᠢᠨ ᠦᠷᠡᠵᠢᠭᠦᠯᠬᠦ ᠠᠵᠤ ᠦᠢᠯᠡᠰ ᠤᠨ ᠪᠦᠰᠨ᠂ ᠲᠤᠮᠳᠠ ᠲᠤᠪᠤᠷᠬᠠᠭ ᠭᠠᠵᠠᠷ ᠤᠨ ᠴᠠᠬᠠᠷ ᠬᠤᠨᠢ ᠮᠠᠯᠵᠢᠨ ᠦᠷᠡᠵᠢᠭᠦᠯᠬᠦ ᠪᠤᠯᠦᠨ ᠰᠡᠶᠢᠨ ᠡᠭᠦᠯᠳᠡᠷ ᠤᠨ ᠮᠢᠬᠠᠨ ᠤ ᠦᠭᠡᠷ ᠢ ᠦᠷᠭᠡᠳᠭᠡᠨ ᠦᠷᠡᠵᠢᠭᠦᠯᠬᠦ ᠠᠵᠤ ᠦᠢᠯᠡᠰ ᠤᠨ ᠪᠦᠰᠨ᠂ ᠡᠮᠤᠨ᠎ᠡ ᠭᠡᠰᠡᠭ ᠤᠨ ᠲᠠᠷᠢᠶᠠᠯᠠᠬᠤ ᠤᠷᠤᠨ ᠤ ᠤᠨᠴᠠᠯᠢᠭᠳᠦ ᠲᠠᠷᠢᠮᠠᠯ ᠤᠨ ᠠᠵᠤ ᠦᠢᠯᠡᠰ  ᠤᠨ ᠪᠦᠰᠨ᠃ ︵8︶ ᠮᠤᠩᠭᠤᠯ ᠦᠰᠤᠭ᠍ᠳᠦ ᠢᠯᠡᠳᠭᠡᠮᠵᠢ᠄ ᠦᠪᠤᠷ ᠮᠤᠩᠭᠤᠯ ᠤᠨ ᠰᠢᠯᠢᠳᠡᠭ ᠲᠠᠸᠠᠷ ᠶᠢᠨ ᠬᠤᠯᠪᠤᠭᠠᠯᠠᠨ ᠨᠤᠳᠠᠯᠠᠨ ᠲᠤᠭᠳᠠᠭᠠᠬᠤ ᠬᠤᠯᠪᠤᠭ᠎ᠠ ᠠᠴᠠ ᠲᠤᠭᠳᠠᠭᠠᠭᠰᠠᠨ ᠤ ᠲᠠᠷᠠᠭ᠎ᠠ ᠲᠡᠭᠡᠷ᠎ᠡ ᠨᠢ ︽ᠮᠤᠩᠭᠤᠯ ᠦᠰᠦᠭ ᠤᠨ ᠢᠯᠡᠳᠭᠡᠮᠵᠢ︾ ᠬᠠᠳᠠᠭᠰᠠᠨ᠂ ᠪᠦᠬᠦ ᠤᠯᠤᠰ ᠲᠤ ᠲᠡᠯᠭᠡᠷᠡᠭᠦᠯᠦᠭᠰᠡᠨ ᠦᠪᠤᠷ ᠮᠤᠩᠭᠤᠯ ᠤᠨ ᠪᠦᠳᠦᠭᠡᠭᠳᠡᠭᠦᠨ ᠪᠤᠯᠦᠨ ᠦᠢᠯᠡᠴᠢᠯᠡᠭᠡᠨ ᠤ ᠲᠠᠸᠠᠷ ᠤᠨ ᠲᠦᠷᠢ ᠲᠦᠷᠬᠦ ᠶᠢ ᠪᠤᠢ ᠪᠤᠯᠭᠠᠭᠰᠠᠨ ᠨᠦᠯᠦᠭᠡᠯᠡᠯ ᠶᠡᠭᠡᠳᠡᠢ ᠲᠠᠸᠠᠷ ᠤᠨ ᠨᠡᠷ᠎ᠡ ᠲᠡᠮᠳᠡᠭ ᠪᠤᠯᠦᠨ᠎ᠡ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号