ᠰᠢᠯᠤᠭᠤᠨ ᠬᠥᠪᠡᠭᠡᠲᠦ ᠴᠠᠭᠠᠨ ᠬᠤᠰᠢᠭᠤ  ᠪᠣᠯᠣᠨ ᠳ᠋ᠠ ᠰᠢᠩ ᠲᠣᠭᠤᠷᠢᠭ ᠤᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ  ᠲᠡᠳᠭᠦᠬᠦ  ᠬᠠᠮᠵᠢᠯᠴᠠᠭ᠎ᠠ ᠶᠢᠨ ᠠᠵᠢᠯ ᠢ ᠠᠬᠢᠭᠤᠯᠬᠤ ᠲᠧᠯᠸᠢᠰ ᠬᠤᠷᠠᠯ ᠬᠢᠪᠡ
ᠨᠡᠶᠢᠲᠡᠯᠡᠭᠰᠡᠨ ᠴᠠᠭ᠄
2020-07-21
    ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠤᠯᠠᠮ  ᠭᠦᠨᠵᠡᠭᠡᠶᠢᠷᠡᠭᠦᠯᠵᠦ  ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠶᠢᠨ ᠲᠥᠯᠥᠭᠡ᠂ 7 ᠰᠠᠷ᠎ᠠ ᠶᠢᠨ 16 ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤ  ᠪᠣᠯᠣᠨ ᠳ᠋ᠠ ᠰᠢᠩ  ᠲᠣᠭᠤᠷᠢᠭ   ᠤᠨ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠠᠵᠢᠯ ᠢ ᠠᠬᠢᠭᠤᠯᠬᠤ ᠲᠧᠯᠸᠢᠰ ᠬᠤᠷᠠᠯ ᠬᠢᠵᠦ᠂ ᠬᠤᠶᠠᠷ ᠭᠠᠵᠠᠷ ᠤᠨ ᠬᠠᠮᠵᠢᠯᠴᠠᠬᠤ ᠠᠵᠢᠯ ᠢ ᠭᠦᠨᠵᠡᠭᠡᠶ ᠰᠣᠯᠢᠯᠴᠠᠵᠤ ᠪᠠᠶᠢᠷᠢᠯᠠᠭᠤᠯᠪᠠ᠃  ᠳ᠋ᠠ ᠰᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠭᠤᠤ ᠨᠢᠶᠠᠨ ᠳ᠋ᠦᠩ᠂  ᠳ᠋ᠠ ᠰᠢᠩ ᠲᠣᠭᠤᠷᠢᠭ ᠤᠨ   ᠬᠦᠭᠵᠢᠭᠦᠯᠦᠯᠳᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠸᠠᠩ  ᠰᠢᠤᠸᠠᠢ ᠵᠢᠶᠦ᠋ᠨ ᠬᠢᠭᠡᠳ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠰᠢᠶᠠᠨ ᠵᠢᠶᠦ᠋ᠨ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠱᠧᠨ ᠬᠠᠶ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠡᠩᠭᠡᠯ ᠲᠧᠯᠸᠢᠰ ᠬᠤᠷᠠᠯ ᠳᠤ ᠣᠷᠣᠯᠴᠠᠪᠠ᠃
   ᠭᠤᠤ ᠨᠢᠶᠠᠨ ᠳ᠋ᠦᠩ ᠢᠯᠡᠷᠬᠡᠶᠢᠯᠡᠬᠦ ᠳᠡᠭᠡᠨ᠂  ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠵᠢᠯ  ᠂ ᠳ᠋ᠠ ᠰᠢᠩ ᠲᠣᠭᠤᠷᠢᠭ ᠤᠨ ᠬᠢᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠦ᠂ ᠬᠤᠤᠰᠯᠠᠨ ᠬᠠᠪᠰᠤᠷᠤᠨ ᠲᠡᠳᠬᠦᠬᠦ ᠪᠠ ᠬᠠᠮᠳᠣᠷᠠᠯᠴᠠᠨ ᠠᠵᠢᠯᠯᠠᠬᠤ ᠶᠢ ᠤᠯᠠᠮ  ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠬᠠᠮᠲᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠴᠢᠩᠭ᠎ᠠ ᠠᠳᠬᠤᠵᠤ ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠵᠦ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠲᠠᠯ᠎ᠠ ᠶᠢᠨ ᠰᠣᠯᠢᠯᠴᠠᠭ᠎ᠠ ᠬᠠᠮᠳᠣᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ  ᠳᠠᠶᠢᠯᠠᠯᠳᠤᠭᠠᠨ ᠤ  ᠢᠯᠠᠯᠲᠠ ᠶᠢ ᠲᠡᠮᠡᠴᠡᠨ ᠣᠯᠬᠤ ᠳᠤ ᠬᠦᠴᠦᠨ ᠨᠡᠮᠡᠷᠢᠯᠡᠵᠦ᠂ ᠬᠠᠮᠲᠤᠪᠠᠷ ᠭᠠᠷ ᠬᠤᠯᠪᠣᠯᠴᠠᠨ  ᠴᠢᠨᠡᠭᠡᠯᠡᠭᠵᠢᠬᠦ ᠬᠡᠷᠡᠭᠲᠡᠢ ᠶᠣᠮ ᠭᠡᠵᠠᠢ᠃    ᠵᠧᠤ ᠰᠢᠶᠠᠨ ᠵᠢᠶᠦ᠋ᠨ  ᠂ 6 ᠰᠠᠷ᠎ᠠ ᠠᠴᠠ ᠨᠠᠰᠢ᠂ ᠨᠡᠶᠢᠰᠯᠡᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠬᠢᠨ ᠡᠭᠦᠰᠴᠦ᠂ ᠳ᠋ᠠ ᠰᠢᠩ ᠲᠣᠭᠤᠷᠢᠭ ᠲᠤ ᠪᠠᠰᠠ ᠣᠨᠣᠰᠢᠯᠠᠭᠰᠠᠨ ᠡᠪᠡᠳᠴᠢᠨ ᠤ ᠵᠢᠱᠢᠶ᠎ᠡ  ᠭᠠᠷᠣᠬᠰᠠᠨ ᠳᠤ ᠮᠠᠨ ᠤ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ  ᠲᠣᠩ ᠶᠡᠭᠡ  ᠰᠠᠨᠠᠭᠠᠰᠢᠷᠠᠵᠤ ᠪᠠᠶᠢᠨ᠎ᠠ︕ ᠡᠨᠡ ᠵᠢᠯ᠂ ᠬᠢᠵᠢᠭ ᠤᠨ ᠳᠠᠭᠠᠷᠢᠯᠲᠠ ᠳᠤ ᠤᠴᠠᠷᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ  ᠪᠠᠶᠢᠳᠠᠯ  ᠠᠨᠠᠢ  ᠪᠠᠶᠢᠭ᠎ᠠ  ᠪᠣᠯᠪᠠᠴᠦ ᠳ᠋ᠠ ᠰᠢᠩ ᠲᠣᠭᠤᠷᠢᠭ ᠡᠳ᠋ ᠤᠨ ᠵᠠᠰᠠᠭ ᠤᠨ ᠯᠤᠲᠤ ᠶᠡᠭᠡ ᠳᠠᠷᠤᠯᠲᠠ ᠶᠢ ᠲᠤᠯᠵᠤ᠂ ᠮᠠᠨ ᠤ ᠬᠤᠰᠢᠭᠤᠨ  ᠳᠤ ᠪᠠᠭᠤᠯᠭᠠᠬᠤ ᠠᠵᠢᠯ  ᠲᠦᠷᠦᠯ ᠤᠨ ᠬᠠᠪᠰᠤᠷᠤᠨ ᠲᠡᠳᠬᠦᠬᠦ ᠪᠡᠯᠡ ᠮᠥᠩᠭᠦ  ᠢᠶᠠᠨ ᠪᠠᠭᠠᠰᠬᠠᠬᠰᠠᠨ ᠦᠭᠡᠢ ᠮᠥᠷᠲᠡᠭᠡᠨ ᠨᠡᠮᠡᠭᠳᠡᠭᠦᠯᠵᠦ᠂ 3768.9 ᠲᠦᠮᠡᠨ ᠲᠥᠭᠦᠷᠢᠭ ᠦᠭᠭᠦᠭᠰᠡᠨ ᠶᠣᠮ᠃  ᠳ᠋ᠠ ᠰᠢᠩ ᠲᠣᠭᠤᠷᠢᠭ ᠤᠨ ᠲᠦᠷ ᠲᠤᠰᠢᠶᠠᠯ ᠡᠭᠦᠷᠭᠡᠯᠡᠬᠦ ᠺᠠᠳ᠋ᠷ 3 ᠰᠠᠷ᠎ᠠ ᠳᠤ  ᠭᠡᠷ ᠠᠴᠠ ᠪᠠᠨ ᠰᠠᠯᠵᠦ ᠲᠠᠷᠣᠶᠢᠬᠠᠨ ᠠᠵᠢᠯ ᠤᠨ ᠪᠠᠶᠢᠷᠢ ᠳᠠᠭᠠᠨ  ᠢᠷᠡᠵᠦ ᠠᠵᠢᠯᠯᠠᠪᠠ︔ ᠪᠠᠰᠠ ᠰᠤᠷᠭᠠᠨ ᠬᠥᠮᠦᠵᠢᠯ᠂ ᠡᠮ ᠡᠮᠨᠡᠯᠭᠡ ᠪᠠ ᠲᠠᠷᠢᠶᠠᠯᠠᠩ ᠤᠨ ᠲᠠᠯ᠎ᠠ ᠶᠢᠨ 17 ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠮᠠᠨ ᠤ ᠬᠤᠰᠢᠭᠤᠨ ᠳᠤ ᠲᠣᠮᠢᠯᠠᠨ  ᠢᠷᠡᠭᠦᠯᠵᠦ ᠲᠣᠷᠰᠢᠯᠭ᠎ᠠ  ᠰᠣᠯᠢᠯᠴᠠᠭᠤᠯᠵᠦ᠂ 4 ᠲᠠᠷᠢᠶᠠᠯᠠᠩ ᠤᠨ ᠠᠵᠤ ᠠᠬᠤᠶᠢᠯᠠᠯ   ᠤᠨ ᠮᠠᠨ ᠤ ᠬᠤᠰᠢᠭᠤᠨ ᠳᠤ ᠪᠡᠯᠡ ᠣᠷᠣᠭᠤᠯᠬᠤ ᠶᠢ ᠠᠬᠢᠭᠤᠯᠪᠠ᠃ ᠡᠳᠡᠭᠡᠷ  ᠬᠦᠴᠦᠲᠡᠢ ᠠᠷᠭ᠎ᠠ ᠬᠡᠮᠵᠢᠶ᠎ᠡ ᠨᠢ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡ  ᠡᠵᠡᠮᠳᠡᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠳᠤ  ᠶᠡᠬᠡᠬᠡᠨ ᠭᠦᠴᠦᠨ ᠨᠡᠮᠡᠷᠢᠯᠡᠪᠡ᠃ ᠳᠣᠣᠷ᠎ᠠ ᠬᠠᠭᠠᠰ ᠵᠢᠯ ᠳᠤ᠂ ᠮᠠᠨ ᠤ ᠬᠤᠰᠢᠭᠤ ᠠᠵᠢᠯ ᠤᠨ ᠡᠷᠴᠢᠮ ᠢᠶᠠᠨ ᠤᠯᠠᠮ  ᠴᠢᠩᠭᠠᠷᠠᠭᠤᠯᠵᠤ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠡᠯ᠎ᠡ ᠬᠦᠷᠢᠶ᠎ᠠ ᠴᠠᠷ᠎ᠠ ᠶᠢᠨ ᠬᠠᠮᠵᠢᠯᠴᠠᠭ᠎ᠠ ᠶᠢᠨ ᠠᠵᠢᠯ ᠢ ᠪᠦᠬᠦ  ᠭᠦᠴᠦᠨ ᠢᠶᠠᠷ ᠲᠦᠷᠭᠡᠨ ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ  ᠶᠢ  ᠪᠠᠳᠣᠯᠠᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠣᠷᠣᠨ   ᠤ ᠭᠦᠨ ᠵᠤᠵᠠᠭᠠᠨ ᠬᠠᠶᠢᠷ᠎ᠠ ᠰᠡᠳᠬᠢᠯᠭᠡ   ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ  ᠭᠡᠵᠦ ᠢᠯᠡᠷᠭᠡᠶᠢᠯᠡᠪᠡ᠃    ᠵᠢᠶᠤᠤ ᠱᠧᠨ ᠬᠠᠶ 2020 ᠣᠨ ᠤ ᠬᠠᠪᠰᠤᠷᠤᠨ ᠲᠡᠳᠬᠦᠬᠦ ᠲᠥᠷᠥᠯ  ᠵᠦᠢᠯ ᠤᠨ ᠠᠬᠢᠴᠠ ᠶᠢᠨ ᠪᠠᠶᠢᠳᠠᠯ ᠢ  ᠲᠠᠨᠢᠯᠴᠠᠭᠤᠯᠵᠦ᠂ ᠬᠤᠶᠠᠷ ᠲᠠᠯ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠬᠤᠳᠠᠯᠳᠤᠭᠠᠨ ᠤ ᠶᠠᠪᠤᠳᠠᠯ ᠤᠨ ᠰᠠᠯᠠᠭ᠎ᠠ  ᠮᠦᠴᠢᠷ ᠠᠴᠠ ᠪᠠᠶᠠᠵᠢᠯ ᠤᠨ ᠳᠠᠭᠠᠭᠤᠯᠤᠭᠴᠢ ᠶᠢᠨ  ᠪᠣᠯᠪᠠᠰᠣᠷᠠᠯ  ᠬᠢᠬᠦ ᠵᠢᠴᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠳᠤ ᠰᠠᠨᠠᠯ ᠢᠶᠠᠨ ᠰᠣᠯᠢᠯᠴᠠᠬᠤ  ᠲᠣᠬᠠᠢ ᠶᠠᠷᠢᠶ᠎ᠠ ᠲᠠᠯᠪᠢᠪᠠ᠃     ᠬᠤᠰᠢᠭᠤ  ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠠᠵᠢᠯ ᠣᠯᠭᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号