ᠰᠢᠯᠤᠭᠤᠨ ᠴᠠᠭᠠᠨ ᠵᠠᠰᠠᠭ ᠲᠠᠷᠬᠠᠭᠠᠠᠠᠰᠠᠨ ﹇2020﹈ 132 ᠲᠤᠭᠠᠲᠦ    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠡᠷᠡᠭᠵᠢᠬᠦᠯᠬᠦ ᠲᠥᠰᠦᠯ
ᠨᠡᠶᠢᠲᠡᠯᠡᠭᠰᠡᠨ ᠴᠠᠭ᠄
2020/7/21
   ᠰᠢᠯᠤᠭᠤᠨ ᠴᠠᠭᠠᠨ ᠵᠠᠰᠠᠭ ᠲᠠᠷᠬᠠᠭᠠᠠᠠᠰᠠᠨ ﹇2020﹈ 132 ᠲᠤᠭᠠᠲᠦ             ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠡᠷᠡᠭᠵᠢᠭᠦᠯᠬᠦ ᠲᠥᠰᠦᠯ ︵2020 — 2021 ᠤᠨ︶︾ ᠢ ᠳᠠᠷᠤᠮᠠᠯᠯᠠᠨ ᠲᠠᠷᠬᠠᠭᠠᠬᠤ ᠮᠡᠳᠡᠭᠳᠡᠯ  ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ᠡᠳᠦᠭᠡ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠡᠷᠡᠭᠵᠢᠬᠦᠯᠬᠦ ᠲᠥᠰᠦᠯ ︵2020 — 2021 ᠣᠨ︶︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠤᠤᠱᠯᠠᠭᠤᠯᠥᠨ  ᠬᠡᠷᠡᠭᠵᠢᠬᠦᠯᠲᠦᠬᠡᠢ᠃       ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                 2020 ᠣᠨ ᠤ 7 ᠰᠠᠷ᠎ᠠ ᠶᠢᠨ 16 ᠤ ᠡᠳᠦᠷ      ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠡᠷᠡᠭᠵᠢᠬᠦᠯᠬᠦ ᠲᠥᠰᠦᠯ                                                                       ︵2020 — 2021 ᠣᠨ︶ᠮᠠᠨ ᠤ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠶᠢᠨ ᠲᠦᠯᠥᠬᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠪᠠᠨ ᠠᠮᠵᠢᠯᠲᠠ ᠲᠠᠢ ᠲᠡᠭᠦᠰᠬᠡᠬᠦ ᠪᠠ ︽ᠠᠷᠪᠠᠨ ᠲᠦᠷᠪᠡᠲᠦᠭᠡᠷ ᠲᠠᠪᠤᠨ ᠵᠢᠯ︾ ᠤᠨ ᠲᠦᠯᠥᠪᠵᠢᠬᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠶᠢᠨ ᠲᠤᠰᠠᠲᠠ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ᠨᠢᠭᠡ᠂ ᠶᠡᠷᠦᠩᠬᠡᠶ ᠱᠠᠭᠠᠷᠳᠠᠯᠭ᠎ᠠ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠲᠠᠭᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠲᠠᠪᠤᠷᠢᠵᠢᠭᠤᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠵᠢᠷᠤᠮᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠲᠡᠬᠦᠯᠬᠦ ᠪᠠᠷ ᠬᠠᠷᠠᠯᠲᠠ ᠪᠣᠯᠭᠠᠵᠤ᠂ ᠬᠥᠳᠡᠭᠡ ᠲᠣᠰᠬᠤᠨ ᠮᠠᠯᠵᠢᠬᠤ ᠣᠷᠣᠨ ᠢ ᠮᠠᠨᠲᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠤᠩᠭᠡᠢ ᠭᠠᠷᠳᠠᠴᠠ ᠪᠣᠯᠭᠠᠵᠤ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠤᠶᠠᠷ ᠬᠤᠷᠢᠭ᠎ᠠ ᠱᠤᠭᠤᠮ ᠢ ᠰᠠᠶᠢᠲᠤᠷ ᠰᠠᠬᠢᠵᠦ᠂ ᠪᠣᠬᠢᠷᠲᠤᠯ ᠦᠭᠡᠢ ᠪᠣᠯᠭᠠᠬᠤ᠂ ᠴᠢᠨᠠᠷᠵᠢᠭᠤᠯᠬᠤ᠂ ᠨᠡᠷᠡᠲᠦ ᠲᠡᠮᠳᠡᠭᠲᠦ ᠪᠣᠯᠭᠠᠬᠤ᠂ ᠥᠪᠡᠷᠮᠢᠴᠡ ᠣᠨᠴᠠᠯᠢᠭ ᠲᠠᠢ ᠪᠣᠯᠭᠠᠬᠤ ᠶᠢ ᠳᠣᠪᠤᠶᠢᠯᠭᠠᠵᠤ᠂ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠷᠭᠡᠳᠬᠡᠵᠦ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠠᠵᠤ ᠥᠢᠯᠡᠰ ᠤᠨ ᠬᠢᠯᠬᠢᠶᠡᠵᠢᠯ ᠢ  ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠤᠤᠯᠯᠠᠬᠤ ᠠᠵᠤ  ᠥᠢᠯᠡᠰ ᠢ ᠰᠢᠯᠢᠲᠡᠭᠵᠢᠬᠦᠯᠥᠨ ᠬᠦᠴᠦᠷᠬᠡᠭᠵᠢᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ᠃︵ᠬᠤᠶᠠᠷ︶ ᠬᠥᠭᠵᠢᠭᠦᠯᠬᠦ ᠬᠠᠷᠠᠯᠲᠠ᠃ ᠪᠦᠬᠦ ᠠᠶᠢᠮᠠᠭ ᠤᠨ ᠭᠤᠤᠯᠳᠠᠯᠭ᠎ᠠ ᠲᠠᠢ ᠰᠠᠶᠢᠨ ᠡᠭᠦᠯᠳᠡᠷ ᠤᠨ ᠮᠠᠯ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠤᠨ ᠪᠦᠬᠦ ᠠᠶᠢᠮᠠᠭ ᠤᠨ ᠴᠢᠬᠤᠯᠠ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠥᠢᠯᠡᠳᠪᠦᠷᠢᠯᠡᠵᠦ ᠡᠳ᠋ᠰᠢᠭᠦᠯᠦᠨ ᠵᠠᠷᠤᠴᠠᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠥᠯᠲᠠ ᠳᠤ ᠰᠠᠭᠤᠷᠢᠯᠠᠵᠤ᠂ 2021 ᠤᠨ ᠪᠣᠯᠬᠤ ᠳᠤ᠂ ᠮᠠᠯ ᠠᠵᠤ ᠠᠬᠤᠢ ᠶᠢᠨ ᠪᠦᠬᠦ ᠬᠤᠰᠢᠭᠤᠨ ᠤ ᠮᠢᠬᠠᠨ ᠤ ᠦᠬᠡᠷ ᠢ 13 ᠲᠦᠮᠡ ᠳᠤ ᠬᠦᠷᠭᠡᠵᠦ᠂ ᠪᠠᠶᠢᠭᠠᠯᠢᠯᠢᠭ ᠬᠠᠷᠢᠭᠤᠯᠬᠤ ᠬᠤᠨᠢ ᠶᠢ 30 ᠲᠦᠮᠡ ᠳᠤ ᠲᠣᠭᠲᠠᠪᠤᠷᠢᠵᠢᠭᠤᠯᠵᠤ᠂  ᠬᠠᠰᠢᠶᠠᠯᠠᠨ ᠲᠠᠷᠭᠤᠯᠠᠭᠤᠯᠬᠤ ᠬᠤᠨᠢ ᠶᠢ 5 ᠲᠦᠮᠡ ᠳᠤ ᠬᠦᠷᠭᠡᠨ᠎ᠡ᠃ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 97% ᠳᠤ ᠬᠦᠷᠬᠡᠵᠦ᠂ ᠰᠢᠯᠢᠳᠡᠭ ᠡᠭᠦᠯᠳᠡᠷ ᠤᠨ ᠪᠤᠬ᠎ᠠ ᠶᠢᠨ ᠵᠢᠯ ᠤᠨ ᠬᠠᠩᠭᠠᠯᠭ᠎ᠠ ᠶᠢᠨ ᠴᠢᠳᠠᠪᠤᠷᠢ ᠶᠢ 400 ᠳᠤ ᠬᠦᠷᠭᠡᠵᠦ᠂ ᠬᠤᠶᠠᠳᠤᠭᠠᠷ ᠦᠶ᠎ᠡ ᠠᠴᠠ ᠳᠡᠭᠡᠭᠰᠢᠬᠢ ᠰᠠᠶᠢᠨ ᠡᠭᠦᠯᠳᠡᠷ ᠤᠨ ᠦᠬᠡᠷ ᠤᠨ ᠬᠤᠪᠢ ᠶᠢᠨ ᠵᠢᠩ ᠢ 79% ᠳᠤ ᠬᠦᠷᠭᠡᠨ᠎ᠡ᠃ ᠮᠢᠬᠠᠨ  ᠤ ᠦᠬᠡᠷ ᠤᠨ ᠬᠡᠪᠴᠢᠶᠡᠵᠢᠭᠦᠯᠦᠨ ᠪᠣᠷᠳᠣᠵᠤ ᠲᠠᠷᠭᠤᠯᠠᠭᠤᠯᠥᠨ ᠵᠠᠷᠤᠴᠠᠭᠤᠯᠬᠤ ᠨᠣᠷᠮ᠎ᠠ ᠶᠢ 25% ᠳᠤ ᠬᠦᠷᠭᠡᠵᠦ᠂ ᠮᠢᠬᠠᠨ ᠤ ᠦᠬᠡᠷ ᠤᠨ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ ᠶᠢ 20% ᠳᠤ ᠬᠦᠷᠭᠡᠨ᠎ᠡ᠃  ᠮᠢᠬᠠᠨ ᠤ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ ᠶᠢ 98% ᠳᠤ ᠬᠦᠷᠭᠡᠵᠦ᠂ ᠡᠭᠦᠯᠳᠡᠷ ᠰᠠᠶᠢᠲᠠᠶ ᠬᠤᠴᠠ ᠶᠢᠨ ᠵᠢᠯ ᠤᠨ ᠬᠠᠩᠭᠠᠯᠭ᠎ᠠ ᠶᠢᠨ ᠴᠢᠳᠠᠪᠤᠷᠢ ᠶᠢ 600 ᠳᠤ ᠬᠦᠷᠭᠡᠵᠦ᠂ ᠴᠠᠬᠠᠷ ᠬᠤᠨᠢ ᠶᠢᠨ ᠦᠷᠡᠵᠢᠯ ᠤᠨ ᠴᠢᠲᠠᠪᠤᠷᠢ ᠲᠠᠢ ᠡᠭᠡ ᠮᠠᠯ ᠤᠨ ᠬᠤᠪᠢ ᠶᠢᠨ ᠵᠢᠩ ᠢ 70% ᠳᠤ ᠬᠦᠷᠭᠡᠵᠦ᠂ ᠮᠢᠬᠠᠨ ᠤ ᠬᠤᠨᠢᠨ ᠤ ᠨᠠᠷᠢᠯᠢᠭ ᠡᠳ᠋ᠰᠢᠭᠦᠯᠦᠯᠲᠡ ᠶᠢᠨ ᠨᠣᠷᠮ᠎ᠠ ᠶᠢ 45% ᠳᠤ ᠬᠦᠷᠭᠡᠨ᠎ᠡ᠃ᠬᠤᠶᠠᠷ᠂ ᠭᠤᠤᠯᠳᠠᠯᠭ᠎ᠠ ᠲᠠᠢ ᠠᠵᠢᠯ ᠤᠨ ᠡᠭᠦᠷᠭᠡ︵ᠨᠢᠭᠡ︶ ᠣᠳᠣ ᠦᠶ᠎ᠡ ᠶᠢᠨ ᠮᠢᠬᠠᠨ ᠤ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠮᠢᠬᠠᠨ ᠤ ᠦᠬᠡᠷ ᠤᠨ ᠠᠵᠤ ᠥᠢᠯᠡᠰ ᠤᠨ ᠬᠥᠭᠵᠢᠯᠲᠡ ᠶᠢ ᠭᠤᠤᠯᠳᠠᠭᠤ ᠰᠠᠶᠢᠨ ᠡᠭᠦᠯᠳᠡᠷ ᠢ ᠥᠷᠭᠡᠳᠬᠡᠨ ᠦᠷᠡᠵᠢᠭᠦᠯᠬᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠬᠤ᠂ ᠪᠤᠶᠢᠵᠢᠭᠤᠯᠤᠨ ᠪᠣᠷᠳᠣᠵᠤ ᠲᠠᠷᠭᠤᠯᠠᠭᠤᠯᠬᠤ᠂ ᠨᠠᠷᠢᠯᠢᠭ ᠡᠳ᠋ᠰᠢᠭᠦᠯᠬᠦ ᠳᠡᠭᠡᠷ᠎ᠡ ᠬᠦᠴᠦ ᠤᠷᠤᠭᠤᠯᠥᠨ᠎ᠠ᠃1. ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠥᠷ᠎ᠡ ᠶᠢᠨ ᠮᠠᠯ ᠤᠨ ᠲᠠᠯᠠᠪᠠᠢ ᠶᠢᠨ ᠪᠦᠲᠦᠭᠡᠨ ᠪᠠᠶᠢᠭᠤᠯᠥᠯᠲᠠ ᠶᠢ ᠰᠠᠶᠢᠲᠤᠷ ᠠᠳᠬᠤᠵᠤ᠂ ᠭᠠᠴᠠᠭᠠᠨ ᠤ ᠳᠤᠭᠤᠶᠢᠯᠠᠩ ᠪᠠ ᠮᠠᠯᠵᠢᠬᠤ ᠡᠷᠦᠬᠡ ᠪᠠᠷ ᠨᠢᠭᠡᠴᠢ ᠪᠣᠯᠭᠠᠨ ᠮᠢᠬᠠᠨ ᠤ ᠦᠬᠡᠷ ᠤᠨ ᠭᠤᠣᠯ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠦᠷ᠎ᠡ ᠬᠠᠩᠭᠠᠬᠤ ᠴᠢᠲᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠪᠥᠬᠦ ᠬᠤᠰᠢᠭᠤᠨ ᠤ ᠰᠠᠶᠢᠨ ᠡᠭᠦᠯᠳᠡᠷ ᠤᠨ ᠥᠷᠡᠵᠢᠪᠦᠷᠢ ᠶᠢᠨ ᠴᠢᠲᠠᠪᠤᠷᠢ ᠲᠠᠢ ᠦᠨᠢᠶᠡᠨ ᠤ ᠬᠡᠷᠡᠭᠴᠡᠭᠡ ᠶᠢ ᠬᠠᠩᠭᠠᠵᠤ᠂ ᠪᠠᠶᠢᠭᠠᠯᠢᠭ ᠬᠡᠬᠡᠯᠲᠦᠬᠦᠯᠭᠡ ᠶᠢᠨ ᠲᠤᠭᠤᠷᠢᠭ ᠲᠤ ᠬᠢᠷᠢ ᠲᠡᠩᠴᠡᠭᠰᠡᠨ ᠪᠤᠬ᠎ᠠ ᠬᠠᠩᠭᠠᠨ᠎ᠠ᠃ 2021 ᠤᠨ ᠪᠣᠯᠬᠤ ᠳᠤ᠂ ᠮᠢᠬᠠᠨ ᠤ ᠦᠬᠡᠷ ᠤᠨ ᠭᠤᠤᠯ ᠰᠦᠷᠦᠭ ᠢ 20 ᠰᠦᠷᠦᠭ ᠲᠤ ᠬᠦᠷᠭᠡᠵᠦ᠂ ᠰᠠᠭᠤᠷᠢ ᠦᠨᠢᠶ᠎ᠡ ᠶᠢ 1200 ᠳᠤ ᠬᠦᠷᠭᠡᠨ᠎ᠡ᠃ ᠢᠴᠡᠭᠡᠯ ᠥᠷ᠎ᠡ ᠪᠠᠷ ᠬᠡᠭᠡᠯᠲᠦᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃  ᠢᠴᠡᠭᠡᠯ ᠥᠷ᠎ᠡ ᠶᠢᠨ ᠬᠡᠭᠡᠯᠲᠦᠭᠦᠯᠭᠡ ᠶᠢᠨ ᠣᠷᠣᠨ ᠢ ᠳᠠᠬᠢᠨ ᠬᠤᠪᠢᠶᠠᠷᠢᠯᠠᠵᠤ᠂ ᠲᠠᠷᠢᠶᠠᠯᠠᠬᠤ ᠣᠷᠣᠨ ᠨᠢ ᠠᠶᠢᠯ ᠲᠣᠰᠬᠤᠨ ᠢᠶᠠᠷ ᠨᠢᠭᠡᠴᠢ ᠪᠣᠯᠭᠠᠵᠤ᠂ ᠮᠠᠯᠵᠢᠬᠤ ᠣᠷᠣᠨ ᠨᠢ ᠬᠤᠲᠠ ᠪᠠᠷ ᠨᠢᠭᠡᠴᠢ ᠪᠤᠯᠭᠠᠠᠠᠰᠠᠨ ᠢᠴᠡᠭᠡᠯ ᠥᠷ᠎ᠡ ᠶᠢᠨ ᠬᠡᠭᠡᠯᠲᠦᠭᠦᠯᠭᠡ ᠪᠠ  ᠪᠠᠶᠢᠭᠠᠯᠢᠭ ᠬᠡᠭᠡᠯᠲᠦᠬᠦᠯᠭᠡ ᠶᠢᠨ ᠪᠠᠶᠢᠷᠢᠰᠢᠯ ᠢ ᠪᠤᠢ ᠪᠤᠯᠭᠠᠵᠦ᠂ ᠢᠴᠡᠭᠡᠯ ᠥᠷ᠎ᠡ ᠶᠢᠨ ᠬᠡᠬᠡᠯᠲᠦᠬᠦᠯᠭᠡ ᠶᠢᠨ ᠣᠷᠣᠨ ᠳᠤ ᠭᠠᠳᠠᠭᠠᠳᠤ ᠠᠴᠠ ᠣᠷᠣᠭᠤᠯᠤᠭᠰᠠᠨ ᠢᠴᠡᠭᠡᠯ ᠦᠷ᠎ᠡ ᠶᠢᠨ ᠰᠢᠩᠭᠡᠨ ᠢ ᠳᠡᠯᠭᠡᠷᠡᠭᠦᠯᠦᠨ ᠬᠡᠷᠡᠭᠯᠡᠵᠦ᠂ 2021ᠤᠨ ᠪᠣᠯᠬᠤ ᠳᠤ᠂ ᠢᠴᠡᠭᠡᠯ ᠥᠷ᠎ᠡ ᠶᠢᠨ ᠬᠡᠭᠡᠯᠲᠦᠭᠦᠯᠭᠡ ᠶᠢᠨ ᠮᠠᠯ ᠤᠨ ᠲᠤᠭ᠎ᠠ  ᠶᠢ 4.5 ᠲᠦᠮᠡ ᠳᠤ  ᠬᠦᠷᠭᠡᠨ᠎ᠡ︔  ᠪᠠᠶᠢᠭᠠᠯᠢᠭ ᠬᠡᠬᠡᠯᠲᠦᠬᠦᠯᠭᠡ ᠶᠢᠨ ᠲᠣᠭᠤᠷᠢᠭ ᠤᠨ ᠬᠢᠷᠢ ᠲᠡᠩᠴᠡᠬᠦ ᠦᠭᠡᠢ ᠪᠤᠬ᠎ᠠ ᠶᠢ ᠰᠢᠭᠰᠢᠵᠦ᠂ ᠪᠦᠬᠦᠨ ᠢ ᠭᠤᠷᠪᠠᠨ ᠦᠶ᠎ᠡ ᠠᠴᠠ ᠳᠡᠭᠡᠭᠰᠢᠬᠢ ᠡᠭᠦᠯᠲᠡᠷ ᠤᠨ ᠪᠤᠬ᠎ᠠ ᠶᠢ ᠰᠣᠩᠭᠤᠨ ᠬᠡᠷᠡᠭᠯᠡᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— ᠥᠪᠡᠷᠲᠡᠭᠡᠨ ᠵᠠᠰᠠᠬᠤ ᠣᠷᠣᠨ ᠤ ᠥᠷ᠎ᠡ ᠶᠢᠨ ᠮᠠᠯ ᠤᠨ ᠲᠠᠯᠠᠪᠠᠢ ᠳᠤ ᠠᠮᠵᠢᠯᠲᠠ ᠲᠠᠢ ᠡᠷᠡᠮᠡᠯᠵᠢᠯᠡᠨ ᠮᠡᠳᠡᠬᠦᠯᠥᠭᠰᠡᠨ ᠪᠣᠯ ᠨᠢᠭᠡ ᠯᠡ ᠤᠳᠠᠭᠠᠨ ᠤ ᠴᠢᠨᠠᠷᠲᠠᠶ 20 ᠲᠦᠮᠡᠨ ᠲᠥᠭᠦᠷᠢᠭ ᠢᠶᠠᠷ ᠱᠠᠩᠨᠠᠨ᠎ᠠ︔ ᠠᠶᠢᠮᠠᠭ ᠤᠨ  ᠱᠠᠳᠦᠨ ᠤ ᠭᠤᠤᠯ ᠰᠦᠷᠦᠭ ᠲᠤ  ᠠᠮᠵᠢᠯᠲᠠ ᠲᠠᠢ ᠡᠷᠡᠮᠡᠯᠵᠢᠯᠡᠨ ᠮᠡᠳᠡᠭᠦᠯᠥᠭᠰᠡᠨ ᠪᠣᠯ ᠨᠢᠭᠡ ᠤᠳᠠᠭᠠᠨ ᠤ ᠴᠢᠨᠠᠷᠳᠡᠢ 2 ᠲᠦᠮᠡᠨ ᠲᠥᠭᠦᠷᠢᠭ ᠱᠠᠩᠨᠠᠨ᠎ᠠ᠃— ᠠᠶᠢᠮᠠᠭ ᠤᠨ ᠳᠣᠲᠣᠷᠠᠬᠢ ᠡᠭᠦᠯᠳᠡᠷ ᠤᠨ ᠦᠬᠡᠷ ᠡᠵᠡᠩᠨᠡᠬᠦ ᠨᠢᠭᠡᠴᠡ ︵ ᠭᠤᠤᠯ ᠰᠦᠷᠦᠭ᠂ ᠡᠭᠦᠯᠳᠡᠷ ᠤᠨ ᠦᠬᠡᠷ ᠤᠨ ᠲᠠᠯᠠᠪᠠᠶ︶ ᠠᠴᠠ ᠪᠦᠷᠢᠨ ᠪᠦᠲᠦᠨ ᠰᠢᠰᠲ᠋ᠧᠮ ᠤᠨ ᠲᠠᠩᠰᠠ ᠡᠪᠬᠡᠮᠡᠯ ᠲᠠᠢ ᠭᠤᠷᠪᠠᠨ ᠦᠶ᠎ᠡ ᠠᠴᠠ ᠳᠡᠭᠡᠭᠰᠢᠬᠢ ᠪᠤᠬ᠎ᠠ ᠬᠤᠳᠠᠯᠳᠤᠨ ᠠᠪᠴᠤ  ᠬᠢᠨᠠᠨ ᠲᠣᠭᠲᠠᠭᠠᠯᠲᠠ ᠪᠠᠷ ᠬᠢᠷᠢ ᠲᠡᠩᠴᠡᠪᠡᠯ  ᠪᠤᠬ᠎ᠠ ᠪᠦᠷᠢ ᠳᠤ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃— 2020 ᠤᠨ ᠳᠤ᠂ ᠤᠯᠤᠰ ᠤᠨ ᠭᠠᠳᠠᠭᠠᠳᠤ ᠪᠠ ᠠᠶᠢᠮᠠᠭ ᠤᠨ ᠳᠣᠲᠣᠭᠠᠳᠤ ᠠᠴᠠ ᠲᠠᠷᠢᠶᠠᠯᠠᠩ ᠤᠨ ᠶᠠᠮᠤᠨ ᠤ ᠪᠠᠷᠢᠮᠵᠢᠶ᠎ᠠ ᠳᠤ ᠨᠡᠶᠢᠴᠡᠭᠰᠡᠨ ᠠᠩᠬᠢᠰ᠂ ᠰᠢᠮᠢᠨᠳᠡᠷ ᠵᠡᠷᠭᠡ ᠰᠠᠶᠢᠨ ᠡᠭᠦᠯᠳᠡᠷ  ︵ᠴᠡᠪᠡᠷ ᠡᠭᠦᠯᠲᠡᠷ︶ ᠤᠨ ᠦᠨᠢᠶ᠎ᠡ ︵10 — 18 ᠰᠠᠷ᠎ᠠ ᠲᠠᠢ︶ ᠶᠢ ᠬᠤᠳᠠᠯᠳᠤᠨ ᠠᠪᠤᠪᠠᠯ᠂ ᠲᠤᠯᠥᠭᠠᠢ ᠪᠦᠷᠢ ᠳᠤ ᠨᠢᠭᠡ ᠤᠳᠠᠭᠠᠨ ᠤ ᠴᠢᠨᠠᠷᠳᠡᠢ 5000 ᠲᠥᠭᠦᠷᠢᠭ ᠤᠨ ᠨᠥᠬᠦᠪᠥᠷᠢ ᠥᠭᠭᠦᠨ᠎ᠡ︔ ᠤᠯᠤᠰ  ᠤᠨ ᠳᠣᠲᠣᠭᠠᠳᠤ ᠶᠢᠨ ᠦᠷ᠎ᠡ ᠶᠢᠨ ᠦᠬᠡᠷ ᠤᠨ ᠡᠵᠡᠩᠨᠡᠯᠲᠡ ᠶᠢᠨ ᠨᠢᠭᠡᠴᠢ ︵ᠠᠶᠢᠮᠠᠭ ᠤᠨ ᠲᠤᠲᠤᠷᠠᠬᠢ ᠥᠷᠭᠡᠳᠬᠡᠨ ᠦᠷᠡᠵᠢᠭᠦᠯᠬᠦ  ᠰᠦᠷᠦᠭ᠂ ᠭᠤᠤᠯ ᠰᠦᠷᠦᠭ᠂ ᠦᠷ᠎ᠡ ᠶᠢᠨ ᠦᠬᠡᠷ ᠤᠨ ᠲᠠᠯᠠᠪᠠᠢ ᠪᠠᠭᠲᠠᠨ᠎ᠠ︶ ᠠᠴᠠ ᠬᠤᠶᠠᠳᠤᠭᠠᠷ ᠦᠶ᠎ᠡ ᠠᠴᠠ ᠳᠡᠭᠡᠭᠰᠢᠬᠢ ᠰᠠᠶᠢᠨ ᠡᠭᠦᠯᠳᠡᠷ ᠤᠨ ᠦᠨᠢᠶ᠎ᠡ ︵10 — 24 ᠰᠠᠷ᠎ᠠ ᠲᠠᠢ︶ ᠬᠤᠳᠠᠯᠳᠤᠨ ᠠᠪᠤᠪᠠᠯ᠂ ᠬᠢᠨᠠᠨ ᠲᠣᠭᠲᠠᠭᠠᠯᠲᠠ ᠪᠠᠷ ᠬᠢᠷᠢ ᠲᠡᠩᠴᠡᠪᠡᠯ ᠲᠣᠯᠣᠭᠠᠶ ᠪᠦᠷᠢ ᠳᠤ 1500 ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ 2021 ᠣᠨ ᠳᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ ᠦᠨᠳᠦᠰᠦᠯᠡᠨ ᠴᠠᠭ ᠲᠤᠬᠠᠢ  ᠳᠤᠨᠢ ᠲᠤᠬᠢᠷᠠᠭᠤᠯᠥᠯᠲᠠ ᠬᠢᠨ᠎ᠠ᠃—  ᠢᠴᠡᠭᠡᠯ ᠦᠷ᠎ᠡ ᠶᠢᠨ ᠭᠡᠭᠡᠯᠳᠦᠭᠦᠯᠭᠡ ᠬᠢᠭᠰᠡᠨ ᠮᠠᠯᠵᠢᠬᠤ ᠡᠷᠦᠬᠡ ᠳᠤ ᠢᠴᠡᠭᠡᠯ ᠦᠷ᠎ᠡ᠂ ᠰᠢᠩᠭᠡᠨ ᠠᠽᠣᠲ᠂ ᠪᠠᠭᠠᠵᠢ ᠬᠡᠷᠡᠭᠰᠡᠯ ᠲᠥᠬᠦᠭᠡᠷᠦᠮᠵᠢ ᠵᠡᠷᠭᠡ ᠶᠢ ᠰᠦᠢᠳᠭᠡᠯ ᠬᠤᠷᠢᠶᠠᠬᠤ ᠥᠬᠡᠶ ᠪᠠᠷ ᠬᠠᠩᠭᠠᠨ᠎ᠠ᠃—  ᠪᠠᠶᠢᠭᠠᠯᠢᠭ ᠭᠡᠭᠡᠯᠳᠦᠭᠦᠯᠭᠡ ᠶᠢᠨ ᠲᠣᠭᠤᠷᠢᠭ ᠲᠤ ᠬᠤᠰᠢᠭᠤᠨ ᠳᠣᠲᠣᠷᠠᠬᠢ ᠭᠤᠤᠯ ᠰᠦᠷᠦᠭ ᠠᠴᠠ ᠭᠤᠷᠪᠠᠨ ᠦᠶ᠎ᠡ ᠠᠴᠠ ᠳᠡᠭᠡᠭᠰᠢᠬᠢ ᠬᠢᠷᠢ ᠲᠡᠩᠴᠡᠭᠰᠡᠨ ᠰᠢᠮᠢᠨᠳᠡᠷ ᠪᠤᠬ᠎ᠠ ᠲᠤᠬᠢᠷᠠᠭᠤᠯᠪᠡᠯ ᠲᠣᠯᠣᠭᠠᠶ ᠪᠦᠷᠢ ᠳᠤ 2000 ᠲᠥᠭᠦᠷᠢᠭ ᠨᠥᠬᠦᠪᠥᠷᠢᠯᠡᠨ᠎ᠡ᠃2. ᠦᠬᠡᠷ ᠢ ᠪᠤᠶᠢᠵᠢᠭᠤᠯᠤᠨ ᠬᠠᠮᠠᠭᠠᠯᠠᠬᠤ ᠶᠢ ᠰᠠᠶᠢᠲᠤᠷ ᠠᠳᠬᠤᠨ᠎ᠠ᠃ ᠮᠠᠯᠴᠢᠨ ᠲᠠᠷᠢᠶᠠᠴᠢᠳ ᠤᠨ ᠬᠤᠷᠰᠢᠶ᠎ᠡ᠂ ᠬᠤᠯᠪᠣᠭᠠᠲᠤ ᠴᠣᠭᠴᠠ ᠵᠢᠴᠢ ᠭᠤᠤᠯ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠣᠭᠤᠳᠴᠤ ᠨᠥᠭᠡᠴᠡ ᠦᠨᠢᠶ᠎ᠡ᠂ ᠪᠤᠬ᠎ᠠ ᠪᠤᠶᠢᠵᠢᠭᠤᠯᠬᠤ ᠠᠵᠢᠯ ᠢ ᠥᠷᠨᠢᠭᠦᠯᠦᠨ᠎ᠡ᠃ ᠨᠥᠬᠦᠴᠡᠯ ᠪᠦᠷᠢᠳᠦᠭᠰᠡᠨ ᠭᠠᠵᠠᠷ ᠣᠷᠣᠨ ᠳᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠶᠢᠭᠤᠯᠬᠤ ᠶᠢ ᠵᠣᠷᠢᠭᠵᠢᠭᠤᠯᠵᠤ᠂ ᠬᠢᠨᠠᠨ ᠲᠣᠭᠲᠠᠭᠠᠬᠤ ᠪᠠ ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠰᠠᠶᠢᠨ ᠡᠭᠦᠯᠳᠡᠷ ᠤᠨ ᠥᠭᠢᠨ ᠲᠤᠭᠤᠯ ᠤᠨ ᠭᠠᠳᠠᠭᠰᠢ ᠤᠷᠤᠰᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠤᠰᠢᠭᠤᠨ ᠤ ᠳᠣᠲᠣᠷ᠎ᠠ ᠪᠠᠨ ᠦᠨᠢᠶ᠎ᠡ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2020 — 2021 ᠣᠨ ᠳᠤ᠂ ᠦᠨᠢᠶ᠎ᠡ ᠪᠤᠶᠢᠵᠢᠭᠤᠯᠬᠤ ᠬᠡᠪᠴᠢᠶ᠎ᠡ ᠨᠢ 100 ᠲᠣᠯᠣᠭᠠᠶ ᠠᠴᠠ ᠲᠡᠭᠡᠭᠰᠢ ᠪᠠᠶᠢᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ 5 ᠶᠢ ᠲᠡᠳᠬᠦᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— ᠮᠠᠯᠴᠢᠨ ᠲᠠᠷᠢᠶᠠᠴᠢᠨ ᠤ ᠬᠤᠷᠰᠢᠶ᠎ᠠ᠂ ᠬᠤᠯᠪᠣᠭᠠᠲᠤ ᠴᠣᠭᠴᠠ᠂ ᠭᠤᠤᠯ ᠰᠦᠷᠦᠭ ᠤᠨ ᠬᠢᠨᠠᠨ ᠲᠣᠭᠲᠠᠭᠠᠯᠲᠠ ᠲᠤ ᠬᠢᠷᠢ ᠲᠡᠩᠴᠡᠭᠰᠡᠨ ᠬᠤᠶᠠᠳᠤᠭᠠᠷ ᠦᠶ᠎ᠡ ᠠᠴᠠ ᠳᠡᠭᠡᠭᠰᠢᠬᠢ ᠰᠢᠮᠢᠨᠳᠡᠷ ᠪᠡᠯᠡᠳᠬᠡᠯ ᠥᠨᠢᠶᠡᠨ ᠲᠤ ᠵᠢᠯ ᠪᠦᠷᠢ ᠲᠤᠯᠥᠭᠠᠢ ᠪᠦᠷᠢ ᠳᠤ 1200 ᠲᠥᠭᠦᠷᠢᠭ ᠤᠨ ᠨᠥᠬᠦᠪᠥᠷᠢ ᠣᠯᠭᠤᠨ᠎ᠠ᠃ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠵᠥᠪᠯᠡᠨ ᠲᠣᠭᠲᠠᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠬᠤᠶᠠᠳᠤᠭᠠᠷ ᠦᠶ᠎ᠡ ᠠᠴᠠ ᠳᠡᠭᠡᠭᠰᠢᠬᠢ ᠰᠢᠮᠢᠨᠳᠡᠷ ᠪᠡᠯᠡᠳᠬᠡᠯ ᠥᠨᠢᠶᠡᠨ  ᠳᠤ ᠵᠢᠯ ᠪᠦᠷᠢ ᠲᠣᠯᠣᠭᠠᠶ ᠪᠦᠷᠢ ᠳᠤ 1000 ᠲᠥᠭᠦᠷᠢᠭ ᠤᠨ ᠨᠥᠬᠦᠪᠥᠷᠢ ᠣᠯᠭᠤᠨ᠎ᠠ᠃3. ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠳᠤᠲᠠᠭᠤᠳᠠᠯ ᠢ ᠨᠥᠬᠦᠪᠥᠷᠢᠯᠡᠨ᠎ᠡ᠃ ᠣᠳᠣ ᠪᠠᠶᠢᠭ᠎ᠠ ᠰᠠᠭᠤᠷᠢ ᠲᠥᠬᠦᠭᠡᠷᠦᠮᠵᠢ ᠶᠢ ᠭᠦᠢᠴᠡᠳ ᠠᠰᠢᠠᠠᠯᠬᠠᠰᠠᠨ ᠰᠠᠭᠤᠷᠢᠨ ᠲᠡᠭᠡᠷ᠎ᠡ᠂ ᠳᠠᠭᠠᠭᠤᠯᠤᠭᠴᠢ ᠠᠵᠤ ᠠᠬᠤᠶᠢᠯᠠᠯ᠂ ᠬᠠᠮᠲᠤ ᠶᠢᠨ ᠠᠵᠤ ᠠᠬᠤᠢ ᠶᠢᠨ ᠬᠤᠷᠰᠢᠠᠠᠰᠠᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ᠂ ᠬᠤᠷᠰᠢᠶ᠎ᠠ ᠵᠢᠴᠢ ᠲᠡᠵᠢᠭᠡᠨ ᠦᠷᠡᠵᠢᠭᠦᠯᠬᠦ ᠡᠷᠦᠬᠡ ᠶᠢᠨ ᠬᠡᠪᠴᠢᠶᠡᠵᠢᠭᠦᠯᠦᠨ ᠪᠤᠷᠲᠤᠨ ᠲᠠᠷᠭᠤᠯᠠᠭᠤᠯᠬᠤ ᠶᠢ ᠵᠣᠷᠢᠭᠵᠢᠭᠤᠯᠵᠤ᠂ 2021 ᠤᠨ ᠪᠣᠯᠬᠤ ᠳᠤ᠂ ᠬᠤᠶᠠᠷ ᠮᠢᠩᠭᠠᠨ ᠲᠣᠯᠣᠭᠠᠢ ᠠᠴᠠ ᠳᠡᠭᠡᠭᠰᠢ ᠬᠡᠪᠴᠢᠶᠡᠲᠦ ᠪᠣᠷᠳᠣᠵᠤ ᠲᠠᠷᠭᠤᠯᠠᠭᠤᠯᠬᠤ ᠲᠠᠯᠠᠪᠠᠢ ᠶᠢ 1 ᠳᠤ ᠬᠦᠷᠭᠡᠨ᠂ ᠮᠢᠩᠭᠠᠨ ᠲᠣᠯᠣᠭᠠᠢ ᠠᠴᠠ ᠳᠡᠭᠡᠭᠰᠢ ᠬᠡᠪᠴᠢᠶᠡᠲᠦ ᠪᠣᠷᠳᠣᠵᠤ ᠲᠠᠷᠭᠤᠯᠠᠭᠤᠯᠬᠤ ᠲᠠᠯᠠᠪᠠᠢ 1 ᠶᠢ ᠪᠠᠶᠢᠭᠤᠯᠵᠦ᠂ 200 — 1000 ᠲᠣᠯᠣᠭᠠᠢ ᠠᠴᠠ ᠳᠡᠭᠡᠭᠰᠢ ᠬᠡᠪᠴᠢᠶᠡᠲᠦ ᠪᠣᠷᠳᠣᠵᠤ ᠲᠠᠷᠭᠤᠯᠠᠭᠤᠯᠬᠤ ᠲᠠᠯᠠᠪᠠᠢ ᠶᠢ 5 ᠳᠤ ᠭᠦᠷᠭᠡᠵᠦ ᠂ ᠮᠢᠬᠠᠨ ᠤ ᠦᠬᠡᠷ ᠤᠨ ᠪᠣᠷᠳᠣᠵᠤ ᠲᠠᠷᠭᠤᠯᠠᠭᠤᠯᠬᠤ ᠬᠡᠮᠵᠢᠶ᠎ᠡ ᠶᠢ 3000 ᠠᠴᠠ ᠳᠡᠭᠡᠭᠰᠢ ᠳᠤ ᠬᠦᠷᠭᠡᠵᠦ᠂ ᠠᠮᠢᠳᠤ ᠮᠠᠯ ᠤᠨ ᠠᠷᠠᠯᠵᠢᠶᠠᠨ ᠤ ᠵᠢᠷᠤᠮᠵᠢᠭᠰᠠᠨ ᠵᠠᠬ᠎ᠠ ᠳᠡᠯᠭᠡᠭᠦᠷ ᠢ 2 ᠠᠴᠠ ᠳᠡᠭᠡᠭᠰᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ᠂  ᠬᠤᠷᠰᠢᠶᠠᠵᠢᠯ ᠤᠨ ᠦᠬᠡᠷ ᠪᠤᠶᠢᠵᠢᠭᠤᠯᠬᠤ ᠠᠵᠢᠯ ᠥᠷᠨᠢᠭᠦᠯᠬᠦ ᠶᠢ ᠳᠠᠮᠵᠢᠵᠤ᠂ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ ᠳᠤ ᠬᠢᠷᠢ ᠲᠡᠩᠴᠡᠭᠰᠡᠨ ᠪᠤᠷᠲᠤᠭᠰᠠᠨ ᠦᠬᠡᠷ ᠬᠠᠩᠭᠠᠨ᠎ᠠ᠃4. ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠢᠬᠠᠨ ᠤ ᠦᠬᠡᠷ ᠤᠨ ᠭᠤᠣᠯ ᠰᠦᠷᠦᠭ᠂ ᠲᠡᠵᠢᠭᠡᠨ ᠦᠷᠡᠵᠢᠭᠦᠯᠬᠦ ᠡᠷᠦᠬᠡ ᠶᠢ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠦᠷᠡᠵᠢᠭᠦᠯᠦᠨ ᠪᠤᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠡᠷᠦᠬᠡ ᠪᠣᠯᠭᠠᠨ ᠪᠤᠶᠢᠵᠢᠭᠤᠯᠵᠤ᠂  ᠭᠤᠤᠯ ᠰᠦᠷᠦᠭ ᠤᠨ ᠵᠢᠱᠢᠶ᠎ᠡ ᠦᠵᠡᠭᠦᠯᠦᠨ ᠳᠠᠶᠢᠴᠢᠯᠠᠬᠤ ᠥᠢᠯᠡᠲᠤᠯ ᠢ ᠪᠠᠳᠠᠷᠠᠭᠤᠯᠤᠨ᠎ᠠ︔ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠤᠪᠢᠷᠠᠭᠤᠯᠬᠤ ᠶᠢ ᠴᠢᠬᠤᠯᠠᠴᠢᠯᠠᠵᠤ᠂ ᠲᠠᠷᠢᠶᠠᠯᠠᠬᠤ ᠣᠷᠣᠨ ᠤ ᠪᠥᠬᠦ ᠵᠢᠯ ᠢᠶᠠᠷ ᠬᠠᠰᠢᠶᠠᠯᠠᠨ ᠲᠡᠵᠢᠭᠡᠬᠦ᠂ ᠮᠠᠯᠵᠢᠬᠤ ᠣᠷᠣᠨ ᠤ ᠬᠠᠭᠠᠰ ᠬᠠᠰᠢᠶᠠᠯᠠᠨ ᠬᠠᠭᠠᠰ ᠮᠠᠯᠵᠢᠬᠤ ᠲᠡᠵᠢᠭᠡᠨ ᠥᠷᠡᠵᠢᠬᠦᠯᠬᠦ ᠵᠠᠭᠪᠤᠷ ᠢ ᠬᠡᠷᠡᠭᠵᠢᠭᠦᠯᠦᠨ᠎ᠡ︔ ᠡᠪᠡᠰᠦ ᠪᠣᠷᠳᠤᠭ᠎ᠠ ᠶᠢᠨ ᠰᠢᠮ᠎ᠡ ᠲᠡᠵᠢᠭᠡᠯ ᠢ ᠲᠤᠬᠢᠷᠠᠭᠤᠯᠬᠤ ᠪᠤᠯᠪᠠᠰᠤᠷᠠᠯ ᠤᠨ ᠬᠦᠴᠦᠯᠡᠴᠡ ᠪᠠᠨ  ᠨᠨᠡᠮᠡᠭᠲᠡᠬᠦᠯᠵᠦ᠂ ᠮᠠᠨ ᠤ ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠲᠣᠬᠢᠷᠠᠬᠤ ᠪᠠᠷᠢᠮᠵᠢᠶᠠᠵᠢᠠᠠᠰᠠᠨ ᠠᠷᠠᠴᠢᠯᠠᠨ ᠮᠠᠯᠵᠢᠬᠤ ᠮᠡᠷᠭᠡᠵᠢᠯ ᠢ ᠪᠦᠷᠢᠯᠳᠦᠭᠦᠯᠬᠦ ᠶᠢᠨ ᠬᠠᠮᠲᠤ ᠳᠡᠯᠭᠡᠷᠡᠭᠦᠯᠦᠨ᠎ᠡ᠃ ᠡᠪᠦᠯᠵᠢᠬᠦ ᠮᠠᠯ ᠤᠨ ᠲᠡᠵᠢᠭᠡᠯ ᠪᠣᠷᠳᠣᠭᠠᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠯᠴᠢᠨ ᠲᠠᠷᠢᠶᠠᠴᠢᠳ ᠤᠨ ᠳᠠᠩᠰᠠ ᠪᠣᠳᠣᠵᠤ ᠮᠠᠯ ᠮᠠᠯᠵᠢᠬᠤ᠂ ᠰᠢᠨᠵᠢᠯᠡᠬᠦ ᠤᠬᠠᠭᠠᠨᠴᠢ ᠪᠠᠷ ᠦᠬᠡᠷ ᠮᠠᠯᠵᠢᠬᠤ ᠶᠢ ᠤᠬᠠᠭᠤᠯᠤᠨ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠢᠭᠡ ᠪᠦᠯᠦᠭ ᠳᠠᠩᠰᠠ ᠪᠣᠳᠣᠵᠤ ᠮᠠᠯ ᠮᠠᠯᠵᠢᠬᠤ ᠵᠢᠱᠢᠶ᠎ᠡ ᠦᠵᠡᠭᠦᠯᠬᠦ ᠡᠷᠦᠬᠡ ᠶᠢ ᠡᠭᠦᠳᠦᠨ ᠪᠠᠶᠢᠭᠤᠯᠥᠨ᠎ᠠ᠃ 2020 ᠣᠨ ᠳᠤ᠂ ᠮᠢᠬᠠᠨ ᠤ ᠦᠬᠡᠷ ᠤᠨ ᠦᠷᠡᠵᠢᠯᠲᠡ ᠪᠤᠶᠢᠵᠢᠯᠲᠠ ᠶᠢᠨ ᠨᠣᠷᠮ᠎ᠠ ᠶᠢ 82% ᠳᠤ ᠬᠦᠷᠦᠭᠦᠯᠦᠨ᠎ᠡ︔ 2021 ᠣᠨ ᠪᠤᠯᠬᠤ ᠳᠤ 85% ᠳᠤ ᠬᠦᠷᠭᠡᠨ᠎ᠡ᠃ᠣᠳᠣ ᠦᠶ᠎ᠡ ᠶᠢᠨ ᠮᠢᠬᠠᠨ ᠤ ᠦᠬᠡᠷ ᠤᠨ ᠠᠵᠤ  ᠦᠢᠯᠡᠰ ᠢ ᠬᠥᠭᠵᠢᠭᠦᠯᠬᠦ ᠭᠤᠤᠯᠳᠠᠯᠭ᠎ᠠ ᠲᠠᠢ ᠢᠨᠵᠧᠨᠧᠷᠢᠩ᠂ ᠲᠥᠷᠥᠯ ᠵᠥᠢᠯ1. ᠰᠠᠶᠢᠨ ᠡᠭᠦᠯᠳᠡᠷ ᠤᠨ ᠮᠢᠬᠠᠨ ᠤ ᠦᠬᠡᠷ ᠤᠷᠤᠭᠤᠯᠬᠤ᠄ ᠬᠤᠶᠠᠷ ᠵᠢᠯ ᠳᠤ 3000 ᠥᠬᠡᠷ ᠣᠷᠣᠭᠤᠯᠬᠤ ᠪᠠᠷ ᠲᠥᠯᠥᠪᠯᠡᠵᠦ᠂ ᠡᠭᠦᠨ ᠳᠤ 2020 ᠣᠨ ᠳᠤ 1500 ᠶᠢ ᠣᠷᠣᠭᠤᠯᠵᠤ᠂ ᠤᠯᠥᠰ ᠤᠨ ᠭᠠᠳᠠᠭᠠᠳᠤ ᠠᠴᠠ ᠦᠭᠡᠷ ᠤᠷᠤᠭᠤᠯᠪᠠᠯ ᠲᠤᠯᠥᠭᠠᠢ ᠪᠦᠷᠢ ᠳᠤ 5000 ᠲᠥᠭᠦᠷᠢᠭ ᠤᠨ ᠨᠦᠬᠦᠪᠤᠷᠢ ᠦᠭᠭᠦᠨ᠎ᠡ᠂ ᠤᠯᠤᠰ ᠤᠨ ᠳᠣᠲᠣᠭᠠᠳᠤ  ᠠᠴᠠ ᠤᠷᠤᠭᠤᠯᠪᠠᠯ ᠲᠣᠯᠣᠭᠠᠶ ᠪᠦᠷᠢ ᠳᠤ 1500 ᠲᠥᠭᠦᠷᠢᠭ ᠤᠨ ᠨᠥᠬᠦᠪᠥᠷᠢ ᠣᠯᠭᠤᠨ᠎ᠠ︔ 2021 ᠣᠨ ᠳᠤ 1500 ᠥᠬᠡᠷ ᠣᠷᠣᠭᠤᠯᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢ ᠦᠨᠳᠦᠰᠦᠯᠡᠨ ᠴᠠᠭ ᠲᠤᠨᠢ ᠵᠤᠬᠢᠴᠠᠭᠤᠯᠥᠨ ᠲᠣᠬᠢᠷᠠᠭᠤᠯᠤᠯᠲᠠ ᠬᠢᠨ᠎ᠡ᠃2. ᠦᠬᠡᠷ ᠤᠨ ᠡᠭᠦᠯᠳᠡᠷ ᠰᠠᠶᠢᠵᠢᠷᠠᠭᠤᠯᠤᠯᠲᠠ᠄ 2020 ᠣᠨ ᠳᠤ 7 ᠲᠦᠮᠡᠨ ᠦᠬᠡᠷ ᠢ ᠡᠭᠦᠯᠳᠡᠷ ᠰᠠᠶᠢᠵᠢᠷᠠᠭᠤᠯᠵᠦ᠂ ᠡᠭᠦᠨ ᠳᠤ 4.2 ᠲᠦᠮᠡᠨ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠨ᠎ᠠ︔ 2021 ᠣᠨ ᠳᠤ 7 ᠲᠦᠮᠡᠨ ᠦᠨᠢᠶ᠎ᠡ ᠶᠢ ᠡᠭᠦᠯᠳᠡᠷ ᠰᠠᠶᠢᠵᠢᠷᠠᠭᠤᠯᠵᠤ᠂ ᠡᠭᠦᠨ ᠳᠤ 4.5 ᠲᠦᠮᠡᠨ ᠦᠨᠢᠶᠡᠨ ᠳᠤ ᠢᠴᠡᠭᠡᠯ ᠦᠷ᠎ᠡ ᠶᠢᠨ ᠭᠡᠭᠡᠯᠳᠦᠭᠦᠯᠭᠡ ᠬᠢᠨ᠎ᠡ᠃3. ᠦᠷ᠎ᠡ ᠶᠢᠨ ᠮᠠᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ᠄ 2020 — 2021 ᠣᠨ ᠳᠤ 1 ᠰᠠᠭᠤᠷᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃4. ᠭᠤᠤᠯ ᠰᠦᠷᠦᠭ ᠤᠨ ᠪᠥᠲᠥᠭᠡᠨ ᠪᠠᠶᠢᠭᠤᠯᠤᠯᠲᠠ᠄ 2020 ᠣᠨ ᠳᠤ 15 ᠰᠦᠷᠦᠭ ᠲᠤ ᠬᠦᠷᠭᠡᠵᠦ᠂ ᠭᠤᠤᠯ ᠰᠦᠷᠦᠭ ᠤᠨ ᠰᠠᠭᠤᠷᠢ ᠦᠨᠢᠶᠡᠨ ᠤ ᠲᠤᠭ᠎ᠠ ᠶᠢ 900 ᠪᠣᠯᠲᠠᠯ᠎ᠠ ᠨᠡᠮᠡᠭᠳᠡᠭᠦᠯᠦᠨ᠎ᠡ︔ 2021 ᠣᠨ ᠳᠤ 20 ᠰᠦᠷᠦᠭ ᠲᠤ ᠬᠦᠷᠭᠡᠵᠦ᠂  ᠭᠤᠤᠯ ᠰᠦᠷᠦᠭ ᠤᠨ ᠰᠠᠭᠤᠷᠢ ᠦᠨᠢᠶ᠎ᠡ ᠶᠢ 1200 ᠪᠤᠯᠳᠠᠯ᠎ᠡ ᠨᠡᠮᠡᠭᠳᠡᠭᠦᠯᠦᠨ᠎ᠡ᠃5. ᠦᠬᠡᠷ ᠢ ᠪᠤᠶᠢᠵᠢᠭᠤᠯᠤᠨ ᠬᠠᠮᠠᠭᠠᠯᠠᠬᠤ᠄ 2020 ᠣᠨ ᠳᠤ ᠦᠬᠡᠷ ᠢ ᠪᠤᠶᠢᠵᠢᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ 2 ᠶᠢ ᠲᠡᠳᠭᠦᠨ ᠪᠠᠶᠢᠭᠤᠯᠵᠦ᠂ 200 ᠦᠬᠡᠷ ᠪᠦᠢᠵᠢᠭᠤᠯᠦᠨ᠎ᠡ︔ 2021 ᠣᠨ ᠳᠤ ᠦᠬᠡᠷ ᠪᠤᠶᠢᠵᠢᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ 3 ᠶᠢ ᠲᠡᠳᠭᠦᠨ ᠪᠠᠶᠢᠭᠤᠯᠵᠦ᠂ 500 ᠦᠭᠡᠷ ᠠᠴᠠ ᠳᠡᠭᠡᠭᠰᠢ ᠳᠤ ᠬᠦᠷᠦᠭᠦᠯᠦᠨ᠎ᠡ᠃6. ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠢᠨᠵᠧᠨᠧᠷᠢᠩ᠄ 2020 ᠤᠨ ᠳᠤ ᠮᠢᠩᠭᠠᠨ ᠲᠣᠯᠣᠭᠠᠢ ᠠᠴᠠ ᠳᠡᠭᠡᠭᠰᠢ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠢ 2 ᠶᠢ ᠪᠠᠶᠢᠭᠤᠯᠵᠦ᠂ 200 — —1000 ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠢ ᠶᠢ 4 ᠳᠤ ᠬᠦᠷᠭᠡᠨ᠎ᠡ︔ 2021 ᠣᠨ ᠪᠤᠯᠬᠤ ᠳᠤ ᠬᠤᠶᠠᠷ ᠮᠢᠩᠭᠠᠨ ᠲᠣᠯᠣᠭᠠᠶ ᠠᠴᠠ ᠳᠡᠭᠡᠭᠰᠢ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠢ ᠶᠢ 1 ᠳᠤ ᠬᠦᠷᠭᠡᠵᠦ᠂ ᠮᠢᠩᠭᠠᠨ ᠲᠣᠯᠣᠭᠠᠶ ᠠᠴᠠ ᠳᠡᠭᠡᠭᠰᠢᠬᠢ ᠮᠢᠬᠠᠨ ᠤ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠢ 1 ᠶᠢ ᠪᠠᠶᠢᠭᠤᠯᠵᠦ᠂ 200 — 1000 ᠲᠤᠯᠤᠭᠠᠢ ᠮᠢᠬᠠᠨ ᠤ ᠦᠭᠡᠷ ᠪᠤᠷᠳᠦᠵᠦ ᠲᠠᠷᠭᠤᠯᠠᠭᠤᠯᠬᠤ ᠲᠠᠯᠠᠪᠠᠢ ᠶᠢ 5   ᠳᠤ ᠬᠦᠷᠭᠡᠨ᠎ᠡ᠃7. ᠮᠢᠬᠠᠨ ᠤ ᠦᠬᠡᠷ ᠤᠨ ᠳᠠᠭᠠᠳᠬᠠᠯ᠄ ᠮᠠᠯᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠠᠭᠠᠳᠬᠠᠯ ᠲᠤᠰᠢᠶᠠᠯᠭᠠᠨ᠎ᠠ᠃ ᠦᠬᠡᠷ ᠨᠢᠭᠡᠪᠦᠷᠢ ᠶᠢᠨ ᠳᠠᠭᠠᠳᠬᠠᠯ ᠤᠨ ᠵᠠᠷᠤᠳᠠᠯ 200 ᠲᠥᠭᠦᠷᠢᠭ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 40% ᠶᠢ ᠡᠭᠦᠷᠭᠡᠯᠡᠵᠦ᠂ ᠠᠶᠢᠮᠠᠭ ᠠᠴᠠ 25% ᠶᠢ ᠡᠭᠦᠷᠭᠡᠯᠡᠵᠦ᠂ ᠣᠷᠣᠨ ᠨᠤᠲᠤᠭ ᠤᠨ ᠢᠵᠢ ᠪᠦᠷᠢᠳᠦᠭᠦᠯᠬᠦ 5%᠂ ᠲᠡᠵᠢᠭᠡᠨ ᠦᠷᠡᠵᠢᠭᠦᠯᠬᠦ ᠡᠷᠦᠬᠡ 30% ᠶᠢ ᠡᠭᠦᠷᠭᠡᠯᠡᠨ᠎ᠡ᠃8. ᠮᠢᠬᠠᠨ ᠤ ᠦᠬᠡᠷ ᠨᠠᠷᠢᠯᠢᠭ ᠡᠳ᠋ᠰᠢᠭᠦᠯᠦᠨ ᠦᠢᠯᠡᠳᠪᠦᠷᠢᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ᠄ 2020 ᠤᠨ ᠳᠤ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠷᠳᠡᠨᠢ ᠲᠠᠯ᠎ᠠ ᠦᠬᠡᠷ ᠤᠨ ᠦᠢᠯᠡᠰ ᠤᠨ ᠺᠣᠮᠫᠠᠨᠢ ᠶᠢᠨ ᠪᠦᠬᠦ ᠨᠢᠲᠤᠯᠬᠤ ᠪᠣᠯᠪᠠᠰᠤᠷᠠᠭᠤᠯᠬᠤ ᠦᠢᠯᠡᠳᠪᠦᠷᠢ ᠶᠢ ᠠᠰᠢᠭᠯᠠᠯᠲᠠ ᠳᠤ ᠤᠷᠤᠭᠤᠯᠵᠦ᠂ ᠢ ᠱᠧᠩ ᠺᠣᠮᠫᠠᠨᠢ ᠶᠢᠨ ᠨᠢᠲᠤᠯᠬᠤ ᠪᠤᠯᠪᠠᠰᠤᠷᠠᠭᠤᠯᠬᠤ ᠦᠢᠯᠡᠳᠪᠦᠷᠢ ᠶᠢ ᠳᠡᠰ ᠲᠡᠪᠰᠢᠭᠦᠯᠦᠨ ᠦᠭᠡᠷᠡᠴᠢᠯᠡᠬᠦ ᠶᠢ ᠪᠡᠶᠡᠯᠡᠭᠦᠯᠦᠨ᠎ᠡ︔ ᠮᠸᠡᠭ ᠱᠧᠩ ᠺᠣᠮᠫᠠᠨᠢ ᠶᠢᠨ ᠪᠤᠯᠭᠤᠭᠰᠠᠨ ᠢᠳᠡᠭᠡᠨ ᠡᠳ᠋ᠰᠢᠭᠦᠯᠬᠦ ᠦᠢᠯᠡᠳᠪᠤᠷᠢ ᠶᠢᠨ ᠲᠠᠰᠤᠭ ᠢ ᠠᠰᠢᠭᠯᠠᠯᠲᠠ ᠳᠤ ᠤᠷᠤᠭᠤᠯᠦᠨ ᠦᠷ᠎ᠡ ᠪᠦᠲᠦᠮᠵᠢ ᠡᠭᠦᠳᠦᠨ᠎ᠡ︔ 2021 ᠣᠨ ᠳᠤ ᠢ ᠱᠧᠩ ᠺᠣᠮᠫᠠᠨᠢ ᠶᠢᠨ ᠪᠤᠯᠭᠤᠭᠰᠠᠨ ᠢᠳᠡᠭᠡᠨ ᠡᠳ᠋ᠰᠢᠭᠦᠯᠬᠦ ᠲᠠᠰᠤᠭ ᠢ ᠪᠠᠶᠢᠭᠤᠯᠵᠤ ᠠᠰᠢᠭᠯᠠᠯᠲᠠ ᠳᠤ ᠤᠷᠤᠭᠤᠯᠦᠨ᠎ᠡ᠃9. ᠮᠠᠯ ᠵᠢᠭᠦᠷᠲᠡᠨ ᠤ ᠢᠯᠭᠠᠳᠠᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ᠄ 2020 ᠣᠨ ᠳᠤ ᠮᠠᠯ ᠵᠢᠭᠦᠷᠳᠡᠨ ᠤ ᠢᠯᠭᠠᠳᠠᠰᠦ ᠶᠢ ᠶᠡᠷᠦᠩᠬᠡᠶᠢᠯᠡᠨ ᠰᠶᠢᠳᠪᠤᠷᠢᠯᠡᠬᠦ ᠪᠠ ᠠᠰᠢᠭᠯᠠᠬᠤ ᠲᠥᠪ 4 ᠶᠢ ᠪᠠᠶᠢᠭᠤᠯᠤᠨ᠎ᠠ︔ 2021 ᠣᠨ ᠳᠤ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠳᠤ ᠪᠦᠬᠦ ᠰᠢᠶᠠᠨ ᠢᠶᠠᠷ ᠲᠦᠯᠬᠢᠨ ᠠᠬᠢᠭᠤᠯᠬᠤ ᠲᠤᠷᠰᠢᠯᠲᠠ ᠶᠢᠨ ᠴᠢᠭ᠋ ᠤᠨ 1 ᠲᠥᠷᠥᠯ ᠵᠦᠢᠯ ᠢ ᠴᠢᠷᠮᠠᠶᠢᠨ ᠣᠯᠵᠤ᠂ ᠪᠦᠬᠦ ᠬᠤᠰᠢᠭᠤᠨ ᠤ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 75% ᠳᠤ ᠬᠦᠷᠭᠡᠨ᠎ᠡ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠣᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠨᠣᠷᠮ᠎ᠠ  ᠶᠢ  95% ᠳᠤ ᠬᠦᠷᠭᠡᠨ᠎ᠡ᠃︵ᠬᠤᠶᠠᠷ︶ ᠣᠲᠣ ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠢ ᠰᠢᠯᠢᠳᠡᠭᠵᠢᠭᠦᠯᠦᠨ᠎ᠡ᠃ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠭᠤᠣᠯᠳᠠᠭᠤ ᠴᠡᠪᠡᠷᠰᠢᠭᠦᠯᠦᠨ ᠬᠦᠴᠦᠷᠬᠡᠭᠵᠢᠭᠦᠯᠬᠦ᠂  ᠡᠷᠯᠢᠰᠵᠢᠭᠦᠯᠦᠨ ᠪᠤᠷᠳᠦᠵᠦ ᠲᠠᠷᠭᠤᠯᠠᠭᠤᠯᠬᠤ᠂ ᠨᠠᠷᠢᠯᠢᠭ ᠡᠳ᠋ᠰᠢᠭᠦᠯᠬᠦ᠂ ᠨᠡᠷᠡᠲᠦ ᠲᠡᠮᠳᠡᠭᠲᠦ ᠶᠢ ᠡᠵᠡᠩᠨᠡᠨ ᠪᠣᠷᠣᠯᠠᠭᠤᠯᠬᠤ ᠳᠡᠭᠡᠷ᠎ᠡ ᠬᠦᠴᠦ ᠣᠷᠣᠭᠤᠯᠤᠨ᠎ᠠ᠃1. ᠴᠠᠬᠠᠷ ᠬᠤᠨᠢ ᠶᠢ ᠰᠣᠩᠭᠤᠨ ᠪᠤᠶᠢᠵᠢᠭᠤᠯᠬᠤ ᠪᠠ ᠡᠭᠦᠯᠳᠡᠷ ᠬᠠᠮᠠᠭᠠᠯᠠᠵᠤ ᠦᠷᠡᠵᠢᠭᠦᠯᠦᠨ ᠪᠤᠶᠢᠵᠢᠭᠤᠯᠬᠤ ᠠᠵᠢᠯ ᠢ ᠴᠢᠩᠭᠠᠳᠬᠠᠨ᠎ᠡ᠃ ᠦᠷ᠎ᠡ ᠶᠢᠨ ᠮᠠᠯ ᠤᠨ ᠲᠠᠯᠠᠪᠠᠢ᠂ ᠮᠢᠬᠠᠨ ᠤ ᠬᠤᠨᠢᠨ ᠤ ᠭᠤᠣᠯ ᠰᠦᠷᠦᠭ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 2020 ᠣᠨ ᠳᠤ ᠴᠠᠬᠠᠷ ᠬᠤᠨᠢᠨ ᠤ ᠦᠷ᠎ᠡ ᠶᠢᠨ ᠮᠠᠯ ︵ᠬᠤᠴᠨ︶ ᠤᠨ ᠲᠠᠯᠠᠪᠠᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠥᠷᠥᠯ ᠵᠦᠢᠯ ᠪᠠ ᠥᠷᠭᠡᠳᠬᠡᠨ ᠦᠷᠡᠵᠢᠭᠦᠯᠬᠦ ᠲᠠᠯᠠᠪᠠᠢ ᠶᠢᠨ ᠰᠠᠭᠤᠷᠢ ᠲᠥᠬᠦᠭᠡᠷᠦᠮᠵᠢ ᠶᠢᠨ ᠦᠭᠡᠷᠡᠴᠢᠯᠡᠯᠳᠡ ᠶᠢ ᠪᠡᠶᠡᠯᠡᠭᠦᠯᠦᠨ᠎ᠡ᠃ 2021 ᠤᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠢᠬᠠᠨ ᠤ ᠬᠤᠨᠢ ᠶᠢᠨ ᠭᠤᠤᠯ ᠦᠷ᠎ᠡ ᠶᠢᠨ ᠮᠠᠯ  ᠪᠤᠶᠢᠵᠢᠭᠤᠯᠬᠤ ᠲᠠᠯᠠᠪᠠᠶ 1 ᠶᠢ ᠴᠢᠷᠮᠠᠶᠢᠨ ᠣᠯᠵᠤ᠂ ᠥᠷᠭᠡᠳᠬᠡᠨ ᠦᠷᠡᠵᠢᠭᠦᠯᠬᠦ ᠲᠠᠯᠠᠪᠠᠶ ᠶᠢ 5 ᠳᠤ ᠬᠦᠷᠭᠡᠵᠦ᠂ ᠭᠤᠤᠯ ᠰᠦᠷᠦᠭ ᠢ 180 ᠰᠦᠷᠦᠭ ᠲᠤ ᠬᠦᠷᠭᠡᠨ᠎ᠡ᠃ ᠭᠤᠤᠯᠳᠠᠯᠭ᠎ᠠ ᠲᠠᠢ ᠦᠷ᠎ᠡ ᠶᠢᠨ ᠮᠠᠯ ᠤᠨ ᠲᠠᠯᠠᠪᠠᠢ + ᠥᠷᠭᠡᠳᠬᠡᠨ ᠦᠷᠡᠵᠢᠭᠦᠯᠬᠦ ᠲᠠᠯᠠᠪᠠᠢ + ᠭᠤᠤᠯ ᠰᠦᠷᠦᠭ ᠤᠨ ︽ᠨᠢᠭᠡ ᠴᠣᠭᠴᠠᠵᠢᠭᠰᠠᠨ︾ ᠰᠠᠶᠢᠨ ᠡᠭᠦᠯᠳᠡᠷ ᠤᠨ ᠮᠢᠬᠠᠨ ᠤ ᠬᠤᠨᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠦᠷᠢᠯᠳᠦᠭᠦᠯᠵᠦ᠂ ᠵᠢᠯ ᠳᠤ ᠴᠢᠨᠠᠷ ᠰᠠᠶᠢᠲᠠᠶ ᠦᠷ᠎ᠡ ᠶᠢᠨ ᠮᠠᠯ ︵ᠬᠤᠴᠨ︶ ᠬᠠᠩᠭᠠᠬᠤ ᠴᠢᠳᠠᠪᠤᠷᠢ ᠶᠢ 600 ᠠᠴᠠ ᠳᠡᠭᠡᠭᠰᠢ ᠳᠤ ᠬᠦᠷᠦᠭᠦᠯᠦᠨ᠎ᠡ᠃ ᠣᠷᠣᠨ ᠨᠤᠲᠤᠭ ᠤᠨ ᠰᠠᠶᠢᠨ ᠡᠭᠦᠯᠳᠡᠷ ᠤᠨ ᠣᠷᠣᠨ ᠪᠦᠰᠡ ᠶᠢ ᠭᠠᠴᠠᠭ᠎ᠠ᠂  ᠬᠤᠷᠰᠢᠶᠠᠵᠢᠯ᠂ ᠲᠤᠰᠬᠠᠶ ᠡᠷᠦᠬᠡ ᠶᠢᠨ ᠦᠮᠴᠢᠯᠡᠯ ᠢᠶᠠᠷ ᠭᠤᠤᠯᠳᠠᠯᠭ᠎ᠠ ᠪᠣᠯᠭᠠᠵᠤ᠂ ᠬᠤᠴᠠ ᠶᠢ ᠲᠥᠪᠯᠡᠷᠡᠭᠦᠯᠦᠨ ᠬᠠᠮᠢᠶᠠᠷᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠴᠠ ᠶᠢᠨ ᠶᠠᠰᠤ  ᠴᠢᠨᠡᠷ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠴᠠᠬᠠᠷ ᠬᠤᠨᠢᠨ ᠤ ᠣᠷᠣᠨ ᠪᠦᠰᠡ ᠳᠤ ᠳ᠋ᠧ ᠮᠧᠶ ᠬᠤᠨᠢ ᠶᠢ ᠬᠡᠷᠡᠭᠯᠡᠨ ᠴᠡᠪᠡᠷ ᠦᠷᠡᠵᠢᠯ ᠪᠠ ᠡᠭᠦᠯᠳᠡᠷ ᠤᠨ ᠴᠢᠰᠤ ᠳᠠᠮᠵᠢᠭᠤᠯᠬᠤ ᠠᠵᠢᠯ ᠢ ᠥᠷᠨᠢᠭᠦᠯᠵᠦ᠂ ᠭᠠᠷ ᠬᠡᠭᠡᠯᠲᠦᠭᠦᠯᠭᠡ ᠶᠢᠨ ᠬᠤᠪᠢ ᠶᠢᠨ ᠵᠢᠩ ᠢ ᠢᠳᠡᠪᠬᠢᠲᠡᠢ ᠥᠷᠭᠡᠳᠬᠡᠵᠦ᠂ ᠪᠤᠳᠠᠭᠠᠯᠢ ᠪᠠᠶ᠎ᠡ ᠶᠢᠨ ᠬᠤᠪᠢ ᠶᠢᠨ ᠦᠢᠯᠡᠳᠪᠤᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ 2020 ᠣᠨ ᠳᠤ ᠰᠢᠨ᠎ᠡ ᠪᠠᠷ ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ ᠶᠢ 28 ᠪᠠᠶᠢᠭᠤᠯᠵᠤ᠂ 2021 ᠤᠨ ᠪᠣᠯᠬᠤ ᠳᠤ ᠴᠠᠬᠠᠷ ᠬᠤᠨᠢᠨ ᠤ ᠭᠠᠷ ᠬᠡᠭᠡᠯᠲᠦᠭᠦᠯᠭᠡ ᠶᠢᠨ ᠨᠣᠷᠮ᠎ᠠ ᠶᠢ 50% ᠠᠴᠠ ᠳᠡᠭᠡᠭᠰᠢ ᠳᠤ ᠬᠦᠷᠭᠡᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— ᠣᠷᠣᠭᠤᠯᠵᠤ ᠢᠷᠡᠭᠰᠡᠨ ᠪᠤᠶᠤ ᠪᠤᠶᠢᠵᠢᠭᠤᠯᠤᠭᠰᠠᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠴᠠᠬᠠᠷ ᠬᠤᠴᠠ ᠳᠤ ᠬᠤᠴᠨ ᠪᠦᠷᠢ ᠳᠤ 1600 ᠲᠥᠭᠦᠷᠢᠭ ᠤᠨ ᠨᠥᠬᠦᠪᠥᠷᠢ ᠥᠭᠭᠦᠨ᠎ᠡ᠃— 300 ᠬᠤᠨᠢ ᠠᠴᠠ ᠳᠡᠭᠡᠭᠰᠢ ᠲᠥᠪᠯᠡᠷᠡᠭᠦᠯᠦᠨ ᠬᠡᠭᠡᠯᠲᠦᠭᠦᠯᠭᠡ ᠬᠢᠭᠰᠡᠨ ᠴᠠᠬᠠᠷ ᠬᠤᠨᠢ ᠪᠦᠷᠢ ᠳᠤ 50 ᠲᠥᠭᠦᠷᠢᠭ ᠤᠨ ᠨᠦᠬᠦᠪᠤᠷᠢ ᠣᠯᠭᠤᠨ᠎ᠠ︔ 300 ᠬᠤᠨᠢ ᠠᠴᠠ ᠳᠣᠷᠣᠭᠰᠢ ᠪᠣᠯ ᠬᠤᠨᠢ ᠪᠦᠷᠢ ᠳᠤ 30 ᠲᠥᠭᠦᠷᠢᠭ ᠤᠨ ᠨᠥᠬᠦᠪᠥᠷᠢ ᠣᠯᠭᠤᠨ᠎ᠠ᠃    ᡺ — ᠬᠤᠨᠢᠨ ᠤ ᠭᠠᠷ ᠬᠡᠭᠡᠯᠲᠦᠭᠦᠯᠭᠡ ᠶᠢᠨ ᠥᠷᠲᠡᠭᠡ ᠪᠠᠶᠢᠭᠤᠯᠬᠤ ᠪᠦᠷᠢ᠂ ᠦᠷᠳᠡᠭᠡ ᠪᠦᠷᠢ ᠳᠤ ᠨᠢᠭᠡ ᠢᠵᠢ ᠬᠡᠭᠡᠯᠲᠦᠭᠦᠯᠭᠡ ᠳᠤ ᠬᠡᠷᠡᠭᠰᠡᠬᠦ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠡ᠂ ᠢᠵᠢ ᠪᠦᠷᠢ 2000 ᠲᠥᠭᠦᠷᠢᠭ᠂ ᠠᠶᠢᠮᠠᠭ ᠤᠨ ᠱᠠᠳᠦᠨ ᠤ ᠪᠡᠯᠡ ᠮᠥᠩᠭᠦ ᠶᠢ ᠤᠯᠬᠤ ᠪᠠᠷ ᠴᠢᠷᠮᠠᠶᠢᠨ᠎ᠡ᠃2. ᠮᠠᠯ ᠰᠦᠷᠦᠭ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠰᠠᠨ ᠰᠦᠷᠦᠭ᠂ ᠭᠤᠤᠯ ᠰᠦᠷᠦᠭ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠪᠠ ᠲᠡᠳᠬᠦᠬᠦ ᠪᠠᠷ ᠳᠠᠮᠵᠢᠨ᠂ ᠮᠠᠯᠴᠢᠨ ᠲᠠᠷᠢᠶᠠᠴᠢᠨ ᠢ ᠳᠠᠶᠢᠴᠢᠯᠠᠨ ᠰᠠᠭᠤᠷᠢ ᠡᠬᠡ ᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠴᠢᠨᠠᠷ ᠰᠡᠶᠢᠳᠡᠢ ᠡᠬᠡ ᠮᠠᠯ ᠢ ᠰᠣᠩᠭᠤᠨ ᠦᠯᠡᠳᠡᠭᠡᠨ ᠲᠣᠬᠢᠷᠠᠭᠤᠯᠵᠤ᠂ ᠰᠠᠭᠤᠷᠢ ᠡᠬᠡ ᠮᠠᠯ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠰᠠᠭᠤᠷᠢ ᠡᠮ᠎ᠡ ᠬᠤᠨᠢᠨ ᠤ ᠬᠤᠪᠢ ᠶᠢᠨ ᠵᠢᠩ ᠢ 85% ᠪᠠᠷ ᠪᠠᠲᠤᠯᠠᠵᠤ᠂ ᠡᠮ᠎ᠡ ᠬᠤᠨᠢᠨ ᠤ ᠰᠢᠭᠰᠢᠬᠦ ᠨᠣᠷᠮ᠎ᠠ ᠶᠢ 15% ᠳᠤ ᠪᠠᠶᠢᠯᠭᠠᠵᠤ᠂ ᠡᠷ᠎ᠡ ᠡᠮ᠎ᠡ ᠶᠢᠨ ᠬᠠᠷᠢᠴᠠᠯ ᠢ 1:35 ᠶᠢᠨ ᠲᠤᠳᠤᠷ᠎ᠡ  ᠪᠠᠶᠢᠯᠭᠠᠵᠤ ᠂  ᠬᠤᠴᠨ ᠶᠢ ᠣᠨᠴᠠ ᠳᠡᠰ᠂ ᠨᠢᠭᠡᠳᠦᠭᠡᠷ ᠳᠡᠰ ᠤᠨ ᠪᠠᠷᠢᠮᠵᠢᠶ᠎ᠠ ᠳᠤ ᠬᠦᠷᠭᠡᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— ᠴᠠᠬᠠᠷ ᠬᠤᠨᠢᠨ ᠤ ᠭᠤᠤᠯ ᠰᠦᠷᠦᠭ ᠤᠨ ᠵᠢᠯ ᠤᠨ ᠮᠠᠯᠵᠢᠵᠦ ᠪᠠᠶᠢᠭ᠎ᠠ ᠦᠷᠡᠵᠢᠯ ᠤᠨ ᠴᠢᠳᠠᠪᠤᠷᠢ ᠲᠠᠢ ᠡᠬᠡ ᠮᠠᠯ ᠪᠦᠷᠢ ᠳᠤ ᠵᠢᠯ ᠪᠦᠷᠢ 50 ᠲᠥᠭᠦᠷᠢᠭ ᠤᠨ ᠨᠥᠬᠦᠪᠥᠷᠢ ᠣᠯᠭᠤᠨ᠎ᠠ᠃  ᠠᠷᠠᠴᠢᠯᠠᠨ ᠮᠠᠯᠵᠢᠬᠤ ᠰᠠᠭᠤᠷᠢᠨ ᠤ ᠭᠤᠤᠯ ᠰᠦᠷᠦᠭ ᠪᠦᠷᠢ ᠶᠢᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠨᠦᠬᠦᠪᠤᠷᠢ ᠶᠢ 5000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃       ᠣᠳᠣ ᠦᠶ᠎ᠡ ᠶᠢᠨ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠢᠨᠵᠧᠨᠧᠷᠢᠩ᠂ ᠲᠦᠷᠦᠯ ᠵᠦᠢᠯ1. ᠬᠤᠴᠨ ᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ᠄ 2020 ᠣᠨ ᠳᠤ ᠲᠡᠭᠡᠳᠦ ᠱᠠᠲᠤᠨ ᠤ ᠪᠡᠯᠡ ᠮᠦᠩᠬᠦ ᠶᠢ ᠴᠢᠷᠮᠠᠶᠢᠨ ᠣᠯᠵᠤ᠂ ᠠᠵᠤ ᠠᠬᠤᠶᠢᠯᠠᠯ᠂ ᠬᠠᠮᠲᠤ ᠶᠢᠨ ᠠᠵᠤ ᠠᠬᠤᠢ ᠶᠢᠨ ᠬᠤᠷᠰᠢᠭᠰᠠᠨ ᠵᠣᠬᠢᠶᠠᠨ ᠪᠠᠶᠢᠭᠤᠯᠤᠯᠲᠠ᠂ ᠬᠤᠷᠰᠢᠶᠠᠵᠢᠯ᠂  ᠭᠤᠤᠯ ᠰᠦᠷᠦᠭ ᠤᠨ ᠬᠤᠴᠨ ᠤ ᠲᠠᠯᠠᠪᠠᠢ 1 ᠶᠢ ᠪᠠᠶᠢᠭᠤᠯᠵᠤ᠂ 30 ᠲᠦᠮᠡᠨ ᠲᠥᠭᠦᠷᠢᠭ ᠤᠨ ᠪᠡᠯᠡ ᠤᠷᠤᠭᠤᠯᠦᠨ᠎ᠡ᠃ 2021 ᠣᠨ ᠳᠤ ᠲᠡᠭᠡᠳᠦ ᠱᠠᠲᠤᠨ ᠤ ᠪᠡᠯᠡ ᠮᠥᠩᠭᠦ ᠶᠢ ᠴᠢᠷᠮᠠᠶᠢᠨ ᠣᠯᠵᠤ᠂ ᠠᠵᠤ ᠠᠬᠤᠶᠢᠯᠠᠯ᠂ ᠬᠠᠮᠲᠤ ᠶᠢᠨ ᠠᠵᠤ ᠠᠬᠤᠢ ᠶᠢᠨ ᠬᠤᠷᠰᠢᠭᠰᠠᠨ ᠵᠣᠬᠢᠶᠠᠨ ᠪᠠᠶᠢᠭᠤᠯᠤᠯᠲᠠ᠂ ᠬᠤᠷᠰᠢᠶᠠᠵᠢᠯ᠂ ᠭᠤᠤᠯ ᠰᠦᠷᠦᠭ ᠤᠨ ᠬᠤᠴᠨ ᠤ ᠲᠠᠯᠠᠪᠠᠢ 1 ᠶᠢ ᠪᠠᠶᠢᠭᠤᠯᠵᠤ᠂ 30 ᠲᠦᠮᠡᠨ ᠲᠥᠭᠦᠷᠢᠭ ᠤᠨ ᠪᠡᠯᠡ ᠤᠷᠤᠭᠤᠯᠦᠨ᠎ᠡ᠃ 2021 ᠣᠨ ᠳᠤ ᠬᠤᠰᠢᠭᠤᠨ ᠤ ᠴᠠᠬᠠᠷ ᠬᠤᠴᠨ ᠤ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠦᠷ᠎ᠡ ᠪᠤᠶᠢᠵᠢᠭᠤᠯᠬᠤ ᠲᠠᠯᠠᠪᠠᠢ ᠪᠣᠯᠭᠠᠨ ᠲᠡᠰ ᠲᠡᠪᠰᠢᠭᠦᠯᠬᠦ ᠪᠠᠷ ᠴᠢᠷᠮᠠᠶᠢᠨ᠎ᠠ᠃2. ᠬᠤᠴᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ᠄ 2020 ᠣᠨ ᠳᠤ 500 ᠬᠤᠴᠨ ᠳᠤ ᠨᠥᠬᠦᠪᠥᠷᠢ ᠥᠭᠴᠦ᠂ ᠬᠤᠴᠨ ᠪᠦᠷᠢ ᠳᠤ 1600 ᠲᠥᠭᠦᠷᠢᠭ ᠤᠨ ᠨᠥᠬᠦᠪᠥᠷᠢ ᠥᠭᠭᠦᠨ᠎ᠡ︔ 2021 ᠣᠨ ᠳᠤ 500 ᠬᠤᠴᠠ ᠳᠤ ᠨᠦᠬᠦᠪᠤᠷᠢ ᠦᠭᠴᠦ᠂  ᠬᠤᠴᠨ ᠪᠦᠷᠢ ᠳᠤ 1600 ᠲᠥᠭᠦᠷᠢᠭ ᠨᠥᠬᠦᠪᠥᠷᠢᠯᠡᠨ᠎ᠡ᠃3. ᠴᠠᠬᠠᠷ ᠬᠤᠨᠢᠨ ᠤ ᠭᠠᠷ  ᠭᠡᠭᠡᠯᠳᠦᠭᠦᠯᠭᠡ᠄ 2020 ᠣᠨ ᠳᠤ ᠴᠠᠬᠠᠷ ᠬᠤᠨᠢᠨ ᠤ ᠭᠠᠷ ᠭᠡᠭᠡᠯᠳᠦᠭᠦᠯᠭᠡ ᠶᠢᠨ ᠬᠤᠪᠢ ᠶᠢᠨ ᠵᠢᠩ ᠢ 40% ᠳᠤ ᠬᠦᠷᠭᠡᠨ᠎ᠡ᠃ 2021 ᠣᠨ ᠳᠤ ᠴᠠᠬᠠᠷ ᠬᠤᠨᠢᠨ ᠤ ᠭᠠᠷ ᠭᠡᠭᠡᠯᠳᠦᠭᠦᠯᠭᠡ ᠶᠢᠨ ᠬᠤᠪᠢ ᠶᠢᠨ ᠵᠢᠩ ᠢ 50% ᠳᠤ ᠬᠦᠷᠭᠡᠨ᠎ᠡ᠃4. ᠮᠢᠬᠠᠨ ᠤ ᠬᠤᠨᠢ ᠶᠢ ᠪᠣᠷᠳᠣᠨ ᠲᠠᠷᠭᠤᠯᠠᠭᠤᠯᠵᠦ ᠵᠠᠷᠤᠴᠠᠭᠤᠯᠬᠤ᠄ 2020 ᠣᠨ ᠳᠤ  ᠮᠢᠬᠠᠨ ᠤ ᠬᠤᠨᠢ ᠶᠢ ᠪᠣᠷᠳᠣᠨ ᠲᠠᠷᠭᠤᠯᠠᠭᠤᠯᠵᠦ ᠤᠷᠢᠳᠴᠢᠯᠠᠨ ᠵᠠᠷᠤᠴᠠᠭᠤᠯᠬᠤ ᠲᠤᠭ᠎ᠠ ᠶᠢ 2 ᠲᠦᠮᠨ ᠳᠤ ᠬᠦᠷᠭᠡᠨ᠎ᠡ︔ 2021 ᠣᠨ ᠳᠤ 3 ᠲᠦᠮᠨ ᠳᠤ ᠬᠦᠷᠭᠡᠨ᠎ᠡ᠃5. ᠮᠢᠬᠠᠨ ᠤ ᠬᠤᠨᠢᠨ ᠳᠤ ᠬᠦᠪᠦᠷᠡᠯ ᠰᠢᠯᠵᠢᠭᠦᠯᠦᠨ ᠲᠠᠷᠢᠬᠤ᠄ 2020 ᠣᠨ ᠳᠤ ᠴᠠᠬᠠᠷ ᠬᠤᠨᠢᠨ ᠤ ᠬᠦᠪᠦᠷᠡᠯ ᠢ 200 ᠰᠢᠯᠵᠢᠭᠦᠯᠦᠨ ᠲᠠᠷᠢᠨ᠎ᠡ᠃6. ᠮᠢᠬᠠᠨ ᠤ ᠬᠤᠨᠢᠨ ᠤ ᠳᠠᠭᠠᠳᠬᠠᠯ᠄ ᠮᠠᠯᠴᠢᠳ ᠢ ᠢᠳᠡᠪᠬᠢᠲᠡᠢ ᠬᠥᠲᠥᠯᠥᠨ ᠵᠢᠯᠣᠭᠤᠳᠴᠤ ᠮᠢᠬᠠᠨ ᠤ ᠬᠤᠨᠢᠨ ᠤ ᠳᠠᠭᠠᠳᠬᠠᠯ ᠲᠤᠰᠢᠶᠠᠯᠭᠠᠨ᠎ᠠ᠃ ᠬᠤᠨᠢ ᠪᠦᠷᠢ ᠶᠢᠨ ᠳᠠᠭᠠᠳᠬᠠᠯ ᠤᠨ ᠵᠠᠷᠤᠳᠠᠯ 15 ᠲᠥᠭᠦᠷᠢᠭ᠂ ᠡᠭᠦᠨ ᠳᠤ ᠥᠪᠡᠷᠲᠡᠭᠡᠨ ᠵᠠᠰᠠᠬᠤ ᠣᠷᠣᠨ 40% ᠶᠢ ᠡᠭᠦᠷᠭᠡᠯᠡᠵᠦ᠂ ᠠᠶᠢᠮᠠᠭ ᠠᠴᠠ 15% ᠶᠢ ᠡᠭᠦᠷᠭᠡᠯᠡᠵᠦ᠂ ᠣᠷᠣᠨ ᠨᠤᠲᠤᠭ 15% ᠶᠢ ᠲᠥᠬᠦᠷᠵᠢᠭᠦᠯᠵᠦ᠂ ᠮᠠᠯᠴᠢᠳ ᠦᠪᠡᠷ  ᠢᠶᠠᠨ 30% ᠶᠢ ᠴᠤᠭᠯᠠᠭᠤᠯᠤᠨ᠎ᠠ᠃︵ᠭᠤᠷᠪᠠ︶ ᠣᠨᠴᠠᠯᠢᠭᠲᠤ ᠠᠵᠤ ᠦᠢᠯᠡᠰ ᠢ ᠨᠠᠷᠢᠯᠢᠭᠵᠢᠭᠤᠯᠤᠨ᠎ᠠ᠃ ᠭᠠᠵᠠᠷ ᠣᠷᠣᠨ ᠤ ᠪᠠᠨ ᠪᠠᠶᠢᠳᠠᠯ ᠳᠤᠨᠢ ᠲᠤᠬᠢᠷᠠᠭᠤᠯᠤᠨ ᠠᠳᠤᠭᠤᠨ ᠤ ᠠᠵᠤ ᠦᠢᠯᠡᠰ ᠵᠢᠴᠢ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠶᠢ ᠦᠷᠭᠡᠳᠭᠡᠨ᠎ᠡ᠃1. ᠠᠳᠤᠭᠤᠨ ᠤ ᠠᠵᠤ ᠦᠢᠯᠡᠰ ᠶᠢᠨ ᠬᠦᠭᠵᠢᠯᠳᠡ᠃ ᠠᠳᠤᠭᠤᠨ ᠤ ᠲᠥᠷᠥᠯ ᠤᠨ ᠠᠮᠢᠲᠠᠨ ᠤ ᠬᠢᠵᠢᠭ ᠪᠠᠶᠢᠴᠠᠭᠠᠬᠤ ᠶᠢ ᠢᠳᠡᠪᠬᠢᠲᠡᠢ ᠥᠷᠨᠢᠭᠦᠯᠵᠦ᠂ ᠠᠳᠤᠭᠤᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠴᠡᠭᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠴᠡᠭᠡ ᠦᠢᠯᠡᠳᠪᠤᠷᠢᠯᠡᠵᠦ ᠡᠳ᠋ᠰᠢᠭᠦᠯᠬᠦ ᠳᠤᠮᠳᠠ ᠵᠢᠵᠢᠭ ᠬᠡᠯᠪᠡᠷᠢ ᠶᠢᠨ ᠦᠢᠯᠡᠳᠪᠦᠷᠢ᠂ ᠵᠣᠬᠢᠬᠤ ᠬᠡᠪᠴᠢᠶ᠎ᠡ ᠲᠠᠢ ᠵᠢᠵᠢᠭ ᠦᠢᠯᠡᠳᠬᠡᠯ ᠤᠨ ᠭᠡᠷ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠬᠢᠬᠦ ᠶᠢ ᠭᠤᠣᠯᠳᠠᠯᠭ᠎ᠠ ᠲᠠᠢ ᠳᠠᠮᠵᠢᠨ᠎ᠠ᠃2. ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠰᠶᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠾᠰᠲ᠋ᠠᠨ ᠦᠬᠡᠷ᠂ ᠵᠢᠤᠸᠠᠨ ᠱᠠᠨ ᠦᠬᠡᠷ ᠪᠣᠯᠤᠨ ᠰᠦ ᠮᠢᠬ᠎ᠠ ᠬᠤᠤᠰᠯᠠᠭᠰᠠᠨ ᠰᠢᠮᠢᠨᠳᠡᠷ ᠦᠬᠡᠷ ᠲᠡᠵᠢᠭᠡᠨ ᠦᠷᠡᠵᠢᠭᠦᠯᠬᠦ ᠶᠢ ᠶᠡᠬᠡᠪᠡᠷ ᠳᠡᠯᠭᠡᠷᠡᠭᠦᠯᠦᠨ᠎ᠡ᠃ 2021 ᠤᠨ ᠪᠣᠯᠬᠤ ᠳᠤ᠂ ᠪᠦᠬᠦ ᠬᠤᠰᠢᠭᠤᠨ ᠤ ᠰᠠᠭᠠᠯᠢ ᠶᠢᠨ ᠦᠨᠢᠶ᠎ᠡ ᠶᠢ 3000 ᠳᠤ ᠬᠦᠷᠭᠡᠵᠦ᠂ ᠡᠭᠦᠨ ᠳᠤ ᠡᠾᠰᠲ᠋ᠠᠨ ᠦᠬᠡᠷ 1000᠂ ᠰᠦ ᠮᠢᠬ᠎ᠠ ᠬᠤᠤᠰᠯᠠᠭᠰᠠᠨ ᠰᠢᠮᠢᠨᠳᠡᠷ ᠦᠬᠡᠷ ᠢ 2000 ᠳᠤ ᠬᠦᠷᠭᠡᠨ᠂ ᠡᠳᠦᠷ ᠤᠨ ᠰᠦ ᠶᠢᠨ ᠭᠠᠷᠤᠯᠲᠠ ᠶᠢ 20 ᠲᠣᠨ ᠳᠤ ᠬᠦᠷᠭᠡᠨ᠎ᠡ᠃ ᠵᠢᠯ ᠤᠨ ᠰᠦ ᠶᠢᠨ ᠭᠠᠷᠤᠯᠲᠠ ᠶᠢ 7000 ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠠᠭᠠᠨ ᠢᠳᠡᠭᠡ ᠪᠣᠯᠪᠠᠰᠤᠷᠠᠭᠤᠯᠬᠤ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠦᠨᠳᠦᠰᠦᠲᠡᠨ ᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ 2020 ᠣᠨ ᠠᠴᠠ 2021 ᠤᠨ ᠪᠣᠯᠲᠠᠯ᠎ᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠂ ᠴᠠᠭᠠᠨ ᠢᠳᠡᠭᠡ ᠦᠢᠯᠡᠳᠪᠣᠷᠢᠯᠡᠬᠦ ᠠᠵᠤ ᠠᠬᠤᠶᠢᠯᠠᠯ᠂ ᠭᠡᠷ ᠪᠦᠯᠢ ᠶᠢᠨ ᠴᠠᠭᠠᠨ ᠢᠳᠡᠭᠡᠨ ᠤ ᠵᠢᠵᠢᠭ  ᠦᠢᠯᠡᠳᠭᠡᠯ ᠢ 20 ᠠᠴᠠ ᠳᠡᠭᠡᠭᠰᠢ ᠪᠦᠢᠵᠢᠭᠤᠯᠦᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— 500 ᠮᠦ ᠠᠴᠠ ᠳᠡᠭᠡᠭᠰᠢ ᠲᠥᠪᠯᠡᠷᠡᠨ ᠵᠠᠯᠭᠠᠯᠳᠤᠭᠰᠠᠨ ᠰᠢᠯᠢᠳᠡᠭ ᠴᠠᠷᠭᠤᠰᠦ ᠶᠢ ᠲᠠᠷᠢᠵᠦ᠂ ᠤᠰᠤ ᠠᠷᠪᠢᠯᠠᠬᠤ ᠤᠰᠤᠯᠠᠯᠲᠠ ᠪᠠ ᠮᠠᠰᠢᠨᠴᠢᠯᠠᠭᠰᠠᠨ ᠬᠤᠷᠢᠶᠠᠨ ᠬᠠᠳᠠᠭᠠᠯᠠᠬᠤ ᠨᠥᠬᠦᠴᠡᠯ ᠢ ᠪᠦᠷᠢᠯᠳᠦᠭᠦᠯᠦᠭᠰᠡᠨ ᠪᠥᠭᠡᠳ ᠠᠶᠢᠮᠠᠭ ᠤᠨ ᠳᠣᠲᠣᠷᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠯᠤᠭ᠎ᠠ ᠬᠤᠳᠠᠯᠳᠤᠨ ᠠᠪᠴᠤ ᠪᠣᠷᠣᠯᠠᠭᠤᠯᠬᠤ ᠭᠡᠷ᠎ᠡ ᠪᠠᠶᠢᠭᠤᠯᠤᠭᠰᠠᠨ ᠲᠠᠷᠢᠮᠠᠯ ᠤᠨ ᠡᠷᠦᠬᠡ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠷᠦᠬᠡ ᠵᠢᠴᠢ ᠲᠠᠷᠢᠮᠠᠯ ᠤᠨ ᠠᠵᠤ ᠠᠬᠤᠶᠢᠯᠠᠯ ᠶᠢᠨ ᠮᠦ ᠪᠦᠷᠢ ᠳᠤ 600 ᠲᠥᠭᠦᠷᠢᠭ ᠤᠨ ᠪᠠᠷᠢᠮᠵᠢᠶᠠᠳᠦ ᠨᠥᠬᠦᠪᠥᠷᠢ ᠣᠯᠭᠤᠨ᠎ᠠ᠃— ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠠ ᠬᠤᠷᠰᠢᠶᠠᠵᠢᠯ᠂ ᠲᠡᠵᠢᠭᠡᠯ ᠡᠪᠡᠰᠦ ᠪᠣᠷᠳᠤᠭ᠎ᠠ ᠬᠤᠷᠢᠶᠠᠨ ᠠᠪᠴᠤ ᠬᠠᠳᠠᠭᠠᠯᠠᠬᠤ ᠳᠤ ᠲᠣᠨ ᠪᠦᠷᠢ ᠳᠤ 50 ᠲᠥᠭᠦᠷᠢᠭ ᠨᠦᠬᠦᠪᠤᠷᠢᠯᠡᠵᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠨᠥᠬᠦᠪᠥᠷᠢ 30 ᠲᠥᠭᠦᠷᠢᠭ᠂ ᠠᠶᠢᠮᠠᠭ ᠤᠨ ᠨᠥᠬᠦᠪᠥᠷᠢ 10 ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠳᠤ 10 ᠲᠥᠭᠦᠷᠢᠭ ᠨᠥᠬᠦᠪᠥᠷᠢᠯᠡᠨ᠎ᠡ᠃— ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠳᠤ ᠴᠢᠨᠠᠷ ᠰᠠᠶᠢᠲᠠᠶ ᠬᠥᠯᠳᠡᠭᠡᠬᠦ ᠶᠢ ᠬᠢᠵᠠᠭᠠᠷᠯᠠᠬᠤ ᠦᠷ᠎ᠡ ᠬᠡᠷᠡᠭᠯᠡᠬᠦ ᠳᠤ ᠨᠥᠬᠦᠪᠥᠷᠢ ᠣᠯᠭᠤᠵᠤ᠂ ᠦᠷᠡᠵᠢᠯ ᠤᠨ ᠴᠢᠳᠠᠪᠤᠷᠢ ᠲᠠᠢ ᠦᠨᠢᠶ᠎ᠡ ᠪᠦᠷᠢ ᠳᠤ ᠵᠢᠯ ᠳᠤ 120 ᠲᠥᠭᠦᠷᠢᠭ ᠤᠨ ᠨᠥᠬᠦᠪᠥᠷᠢ ᠥᠭᠭᠦᠨ᠎ᠡ᠃— ᠰᠦ ᠰᠠᠭᠠᠬᠤ ᠮᠠᠰᠢᠨ ᠤ ᠳᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ ᠶᠢᠨ ᠬᠡᠮᠵᠢᠶ᠎ᠡ ᠶᠢ 12 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠠᠷᠤᠰᠢᠭᠤᠯᠵᠦ ᠬᠠᠳᠠᠭᠠᠯᠠᠬᠤ ᠬᠠᠳᠦᠵᠦ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠤ ᠬᠠᠮᠤᠭ ᠤᠨ ᠥᠨᠳᠥᠷ ᠨᠥᠬᠦᠪᠥᠷᠢ ᠶᠢᠨ ᠬᠡᠮᠵᠢᠶ᠎ᠡ ᠶᠢ 15 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠠᠭᠠᠯᠢ ᠶᠢᠨ ᠦᠨᠢᠶᠡᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠡᠵᠢᠭᠡᠨ ᠦᠷᠡᠵᠢᠭᠦᠯᠬᠦ  ᠬᠤᠷᠰᠢᠶ᠎ᠡ ᠶᠢᠨ ᠮᠠᠯ ᠠᠵᠤ ᠠᠬᠤᠢ ᠶᠢᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠤᠨ 30% ᠵᠢᠨ‌ᠨᠥ᠋ᠬᠦᠪᠥᠷᠢ ᠶᠢᠨ ᠰᠠᠭᠤᠷᠢᠨ ᠳᠡᠭᠡᠷ᠎ᠡ᠂ 50% ᠳᠤ ᠬᠦᠷᠲᠡᠯ᠎ᠡ ᠲᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠦ ᠰᠠᠭᠠᠬᠤ ᠮᠠᠰᠢᠨ ᠪᠠ ᠳᠠᠷᠤᠰᠢᠭᠤᠯᠵᠤ ᠬᠠᠳᠠᠭᠠᠯᠠᠬᠤ ᠬᠠᠳᠦᠵᠦ ᠬᠤᠷᠢᠶᠠᠬᠤ ᠮᠠᠰᠢᠨ ᠪᠠᠭᠠᠵᠢ ᠶᠢᠨ ᠳᠠᠩ ᠮᠠᠰᠢᠨ ᠤ ᠬᠠᠮᠤᠭ ᠥᠨᠳᠥᠷ ᠨᠥᠬᠦᠪᠥᠷᠢ ᠶᠢᠨ ᠬᠡᠮᠵᠢᠶ᠎ᠡ ᠶᠢ 20 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃— ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠂ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠭᠠᠳᠠᠭᠠᠳᠦ ᠠᠴᠠ ᠣᠷᠣᠭᠤᠯᠤᠭᠰᠠᠨ ᠰᠠᠶᠢᠨ ᠡᠭᠦᠯᠳᠡᠷ ᠤᠨ ᠦᠨᠢᠶᠡᠨ ᠳᠤ ︽ᠤᠷᠢᠳᠠᠪᠠᠷ ᠦᠵᠡᠵᠦ ᠳᠠᠷᠠᠭ᠎ᠠ ᠨᠢ ᠨᠦᠬᠦᠪᠤᠷᠢ ᠤᠯᠭᠤᠬᠤ︾ ᠠᠷᠭ᠎ᠠ ᠮᠠᠶ᠋ᠢᠭ ᠢ ᠠᠪᠴᠤ ᠨᠥᠬᠦᠪᠥᠷᠢ ᠥᠭᠭᠦᠨ᠎ᠡ᠃ ᠭᠠᠳᠠᠭᠠᠳᠤ ᠠᠴᠠ ᠣᠷᠣᠭᠤᠯᠤᠭᠰᠠᠨ ᠰᠠᠶᠢᠨ ᠡᠭᠦᠯᠳᠡᠷ ᠤᠨ ᠦᠨᠢᠶᠡᠨ ᠤ ᠨᠥᠬᠦᠪᠥᠷᠢ 5000 ᠲᠥᠭᠦᠷᠢᠭ᠂ ᠡᠭᠦᠨ ᠳᠤ ᠦᠪᠡᠷᠳᠡᠭᠡᠨ ᠵᠠᠰᠠᠬᠤ ᠣᠷᠣᠨ ᠤ ᠨᠥᠬᠦᠪᠥᠷᠢ 3000 ᠲᠥᠭᠦᠷᠢᠭ᠂ ᠠᠶᠢᠮᠠᠭ ᠤᠨ ᠨᠥᠬᠦᠪᠥᠷᠢ 2000 ᠲᠥᠭᠦᠷᠢᠭ᠃— ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠤᠶᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ᠂ 50 — 800 ᠰᠠᠭᠠᠯᠢ ᠶᠢᠨ ᠦᠨᠢᠶᠡᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠤᠨ ᠰᠠᠭᠠᠯᠢ ᠶᠢᠨ ᠡᠷᠦᠬᠡ ᠶᠢᠨ ᠬᠤᠷᠰᠢᠶ᠎ᠠ ᠶᠢ ᠲᠡᠰ ᠲᠡᠪᠰᠢᠭᠦᠯᠦᠨ ᠰᠠᠶᠢᠵᠢᠷᠠᠭᠤᠯᠵᠤ᠂ ᠨᠥᠬᠦᠪᠥᠷᠢ ᠶᠢᠨ ᠬᠡᠮᠵᠢᠶ᠎ᠡ ᠶᠢ ᠮᠠᠯᠵᠢᠵᠦ ᠪᠠᠶᠢᠭ᠎ᠠ ᠬᠡᠪᠴᠢᠶ᠎ᠡ ᠪᠠᠷ ᠦᠵᠡᠵᠦ ᠵᠦᠷᠢᠶᠡᠴᠢᠯᠡᠭᠰᠡᠨ ᠨᠦᠬᠦᠪᠤᠷᠢ ᠶᠢ ᠠᠪᠴᠤ ᠂ ᠳᠤᠮᠳᠠᠴᠢ ᠨᠥᠬᠦᠪᠥᠷᠢ ᠶᠢ 60 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠂ ᠡᠭᠦᠨ ᠳᠤ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠨᠦᠬᠦᠪᠤᠷᠢ 80%᠂ ᠠᠶᠢᠮᠠᠭ ᠤᠨ ᠢᠵᠢ ᠪᠦᠷᠢᠳᠦᠭᠦᠯᠬᠦ ᠨᠦᠬᠦᠪᠤᠷᠢ 10%᠂ ᠣᠷᠣᠨ ᠨᠤᠲᠤᠭ ᠤᠨ ᠢᠵᠢ ᠪᠦᠷᠢᠳᠦᠭᠦᠯᠬᠦ ᠨᠦᠬᠦᠪᠤᠷᠢ 10% ᠪᠤᠯᠦᠨ᠎ᠡ᠃— ᠦᠨᠳᠦᠰᠦᠲᠡᠨ ᠤ ᠣᠨᠴᠠᠯᠢᠭ ᠲᠠᠢ ᠴᠠᠭᠠᠨ ᠢᠳᠡᠭᠡ ᠡᠳ᠋ᠰᠢᠭᠦᠯᠬᠦ ᠶᠢ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂      ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ︾ ᠪᠤᠶᠤ ︽ᠱᠠᠩᠨᠠᠬᠤ ᠪᠠᠷ ᠨᠥᠬᠦᠪᠥᠷᠢ ᠶᠢ ᠤᠷᠤᠭᠤᠯᠬᠤ︾ ᠠᠷᠭ᠎ᠠ ᠮᠠᠶ᠋ᠢᠭ ᠢ ᠠᠪᠴᠤ᠂ ᠲᠤᠷᠰᠢᠯᠲᠠ ᠶᠢᠨ ᠴᠢᠭ ᠤᠨ ᠲᠥᠷᠥᠯ ᠵᠦᠢᠯ ᠪᠦᠷᠢ ᠳᠤ ᠳᠤᠮᠳᠠᠴᠢ ᠪᠠᠷ 50 ᠲᠦᠮᠡᠨ ᠲᠥᠭᠦᠷᠢᠭ ᠤᠨ ᠨᠦᠬᠦᠪᠤᠷᠢ ᠦᠭᠬᠦ ᠠᠴᠠ ᠬᠡᠲᠦᠷᠡᠭᠦᠯᠵᠦ ᠪᠣᠯᠬᠤ ᠦᠭᠡᠢ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠨᠥᠬᠦᠪᠥᠷᠢ 60%᠂ ᠠᠶᠢᠮᠠᠭ ᠤᠨ ᠢᠵᠢ ᠪᠦᠷᠢᠳᠦᠭᠦᠯᠬᠦ ᠨᠦᠬᠦᠪᠤᠷᠢ 20%᠂ ᠣᠷᠣᠨ ᠨᠤᠲᠤᠭ ᠤᠨ ᠢᠵᠢ ᠪᠦᠷᠢᠳᠦᠭᠦᠯᠬᠦ  ᠨᠦᠬᠦᠪᠤᠷᠢ 20%  ᠪᠤᠯᠦᠨ᠎ᠡ᠃ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠢᠨᠵᠧᠨᠧᠷᠢᠩ ᠪᠠ ᠲᠥᠷᠥᠯ ᠵᠦᠢᠯ1. ᠠᠳᠤᠭᠤᠨ ᠤ ᠲᠥᠷᠥᠯ ᠤᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ᠄ 2020 ᠣᠨ ᠳᠤ ᠠᠳᠤᠭᠤᠨ ᠤ ᠲᠥᠷᠥᠯ ᠤᠨ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠬᠤ ᠠᠵᠢᠯ ᠢ ᠥᠷᠨᠢᠭᠦᠯᠵᠦ᠂ 800 ᠠᠳᠤᠭᠤᠨ ᠤ ᠬᠢᠵᠢᠭ ᠡᠪᠡᠳᠴᠢᠨ ᠢ ᠪᠠᠶᠢᠴᠠᠭᠠᠨ᠎ᠠ᠃ ᠲᠡᠭᠡᠳᠦ ᠱᠠᠲᠤᠨ ᠤ ᠪᠡᠯᠡ ᠣᠷᠣᠭᠤᠯᠤᠯᠲᠠ ᠶᠢ 10 ᠲᠦᠮᠡᠨ ᠲᠥᠭᠦᠷᠢᠭ ᠣᠯᠬᠤ ᠪᠠᠷ ᠴᠢᠷᠮᠠᠶᠢᠨ᠎ᠠ᠃2. ᠴᠡᠭᠡ ᠪᠣᠯᠪᠠᠰᠤᠷᠠᠭᠤᠯᠬᠤ ᠲᠥᠷᠥᠯ ᠵᠦᠢᠯ᠄ 2020 ᠣᠨ ᠳᠤ ᠴᠡᠭᠡ ᠪᠣᠯᠪᠠᠰᠤᠷᠠᠭᠤᠯᠬᠤ ᠵᠢᠵᠢᠭ ᠦᠢᠯᠡᠳᠬᠡᠯ 1 ᠰᠠᠭᠤᠷᠢ ᠶᠢ ᠳᠦᠷᠢᠮᠵᠢᠭᠦᠯᠦᠨ᠎ᠡ︔ 2021 ᠣᠨ ᠳᠤ ᠴᠡᠭᠡ ᠪᠣᠯᠪᠠᠰᠤᠷᠠᠭᠤᠯᠬᠤ ᠵᠢᠵᠢᠭ ᠦᠢᠯᠡᠳᠬᠡᠯ 1 ᠶᠢ ᠲᠦᠷᠢᠮᠵᠢᠭᠦᠯᠦᠨ᠎ᠡ᠃3. ᠤᠯᠠᠮᠵᠢᠯᠠᠯᠲᠤ ᠴᠠᠭᠠᠨ ᠢᠳᠡᠭᠡᠨ ᠤ ᠲᠥᠷᠥᠯ ᠵᠦᠢᠯ᠄ 2020 — 2021 ᠤᠨ ᠪᠣᠯᠲᠠᠯ᠎ᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠮᠳᠠ ᠵᠢᠵᠢᠭ ᠲᠠᠯᠠᠪᠠᠢ᠂ ᠴᠠᠭᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠭᠡᠷ ᠪᠦᠯᠢ ᠶᠢᠨ ᠮᠠᠶ᠋ᠢᠭ ᠤᠨ ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠢ 20 ᠠᠴᠠ ᠳᠡᠭᠡᠭᠰᠢ ᠲᠡᠳᠬᠦᠨ᠎ᠡ᠃ ᠲᠡᠭᠡᠳᠦ ᠱᠠᠲᠤᠨ ᠤ ᠪᠡᠯᠡ ᠣᠷᠣᠭᠤᠯᠤᠯᠲᠠ ᠶᠢ 800 ᠲᠦᠮᠡᠨ ᠲᠥᠭᠦᠷᠢᠭ ᠣᠯᠬᠤ ᠪᠠᠷ ᠴᠢᠷᠮᠠᠶᠢᠨ᠎ᠠ᠃4. ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠄ 2020 — 2021 ᠣᠨ ᠳᠤ ᠴᠠᠭᠠᠨ ᠢᠳᠡᠭᠡ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠲᠦᠯᠦᠪᠵᠢᠭᠦᠯᠦᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ᠭᠤᠷᠪᠠ᠂ ᠣᠳᠣ ᠦᠶ᠎ᠡ ᠶᠢᠨ ᠮᠠᠯ ᠠᠵᠤ ᠠᠬᠤᠢ ᠶᠢᠨ ᠲᠤᠯᠭᠠᠭᠤᠷᠢᠯᠠᠬᠤ ᠰᠢᠰᠲ᠋ᠧᠮ︵ᠨᠢᠭᠡ︶ ᠡᠪᠡᠰᠦ ᠪᠣᠷᠳᠤᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠦᠨ᠎ᠡ᠃ ᠨᠢᠭᠡ ᠳᠤ᠂ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠢᠨᠵᠧᠨᠧᠷᠢᠩ ᠪᠠ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2021 ᠤᠨ ᠪᠣᠯᠬᠤ ᠳᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠬᠡᠪᠴᠢᠶ᠎ᠡ ᠶᠢ 17.5 ᠲᠦᠮᠡᠨ ᠮᠦ ᠳᠤ ᠬᠦᠷᠭᠡᠨ᠎ᠡ᠃ ᠪᠠᠶᠢᠭᠠᠯᠢ ᠶᠢᠨ ᠬᠠᠳᠤᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠦ ᠬᠠᠳᠤᠯᠠᠩ ᠤᠨ ᠲᠠᠯᠠᠪᠠᠢ ᠶᠢ ᠴᠢᠷᠮᠠᠶᠢᠨ ᠥᠷᠭᠡᠳᠬᠡᠨ᠎ᠡ᠃ ᠬᠤᠶᠠᠷ ᠲᠤ᠂ ︽ᠮᠠᠯ ᠪᠡᠯᠴᠢᠭᠡᠷ ᠢ ᠨᠢᠭᠡ ᠴᠤᠭᠴᠠᠵᠢᠭᠤᠯᠬᠤ᠂ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠳᠠᠯᠠᠵᠦ︾᠂ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ︽ᠠᠮᠤ ᠪᠤᠳᠠᠭ᠎ᠠ ᠶᠢ ᠪᠣᠷᠳᠤᠭ᠎ᠠ ᠪᠤᠯᠭᠠᠨ ᠥᠭᠡᠷᠡᠴᠢᠯᠡᠬᠦ︾ ᠲᠥᠷᠥᠯ ᠵᠦᠶ᠋ᠯ ᠢ ᠠᠬᠢᠭᠤᠯᠵᠤ᠂ ᠳᠠᠷᠤᠰᠢᠭᠤᠯᠤᠭᠰᠠᠨ ᠡᠷᠳᠡᠨᠢ ᠰᠢᠰᠢ᠂  ᠬᠦᠭᠡ ᠨᠠᠷᠢᠮᠤ ᠶᠢᠨ ᠡᠪᠡᠰᠦ᠂  ᠬᠦᠭᠡ ᠶᠢᠤᠮᠠᠢ ᠵᠡᠷᠭᠡ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠵᠡᠷᠭᠡ ᠰᠢᠯᠢᠳᠡᠭ ᠲᠡᠵᠢᠭᠡᠯ ᠡᠪᠡᠰᠦ ᠲᠠᠷᠢᠬᠤ ᠬᠡᠪᠴᠢᠶ᠎ᠡ ᠶᠢ  ᠦᠷᠭᠡᠳᠭᠡᠨ᠂ ᠡᠪᠡᠰᠦ ᠪᠣᠷᠳᠤᠭ᠎ᠠ ᠲᠠᠷᠢᠬᠤ ᠲᠠᠯᠠᠪᠠᠢ ᠶᠢ 8.5 ᠲᠦᠮᠡᠨ ᠮᠦ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠭᠤᠷᠪᠠ ᠳᠤ᠂ ᠡᠪᠡᠰᠦ ᠨᠥᠭᠡᠴᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠬᠤᠷᠰᠢᠶ᠎ᠠ︶ ᠭᠤᠷᠪᠠᠨ ᠱᠠᠲᠤᠨ ᠤ ᠡᠪᠡᠰᠦ ᠬᠠᠳᠠᠭᠠᠯᠠᠬᠤ ᠰᠢᠰᠲ᠋ᠧᠮ ᠢ ᠪᠦᠷᠢᠨᠰᠢᠬᠦᠯᠵᠦ᠂ 2021 ᠣᠨ ᠳᠤ ᠭᠠᠮᠰᠢᠭ ᠲᠠᠢ ᠲᠡᠮᠡᠴᠡᠬᠦ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠠᠬᠢᠭᠤᠯᠤᠨ᠎ᠠ᠃ ᠵᠢᠯ ᠤᠨ ᠡᠪᠡᠰᠦ ᠬᠠᠳᠠᠭᠠᠯᠠᠬᠤ ᠴᠢᠳᠠᠪᠤᠷᠢ ᠶᠢ 1 ᠲᠦᠮᠡᠨ ᠲᠣᠨ ᠠᠴᠠ ᠳᠡᠭᠡᠭᠰᠢ ᠳᠤ ᠬᠦᠷᠦᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠶᠢ ᠲᠦᠷᠢᠮ ᠤᠨ ᠴᠢᠨᠠᠷᠳᠡᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠠᠮᠢ ᠬᠠᠮᠠᠭᠠᠯᠠᠬᠤ ᠮᠠᠶ᠋ᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠤᠯᠠᠷᠢᠯ ᠤᠨ ᠴᠢᠨᠠᠷᠳᠡᠢ ᠰᠢᠮ᠎ᠡ ᠲᠡᠵᠢᠭᠡᠯ ᠢ ᠲᠡᠩᠴᠡᠭᠦᠷᠢᠲᠡᠶ ᠪᠣᠯᠭᠠᠬᠤ ᠲᠡᠰᠢ ᠬᠤᠪᠢᠷᠠᠭᠤᠯᠦᠨ᠎ᠡ᠃ ᠰᠢᠯᠵᠢᠭᠦᠯᠦᠭᠰᠡᠨ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢ ᠴᠢᠩᠭᠠᠳᠬᠠᠨ᠂ ᠬᠠᠳᠤᠯᠠᠩ ᠪᠡᠯᠴᠢᠭᠡᠷ ᠢ ᠰᠢᠯᠵᠢᠭᠦᠯᠬᠦ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠦᠷᠢᠨ ᠪᠠᠳᠠᠷᠠᠭᠤᠯᠦᠨ᠎ᠡ᠃ ᠳᠥᠷᠪᠡ ᠳᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠪᠣᠳᠠ ᠮᠣᠳᠣ ᠶᠢ ᠠᠰᠢᠭᠯᠠᠨ ᠡᠪᠡᠰᠦ ᠪᠣᠷᠳᠤᠭ᠎ᠠ ᠡᠳ᠋ᠰᠢᠭᠦᠯᠬᠦ ᠶᠢ ᠳᠡᠮᠵᠢᠵᠦ᠂ ᠪᠠᠶᠢᠭᠠᠯᠢ ᠶᠢᠨ ᠨᠤᠳᠤᠭ ᠪᠡᠯᠴᠢᠭᠡᠷ ᠤᠨ ᠬᠠᠩᠭᠠᠯᠭ᠎ᠠ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠦᠨ᠎ᠡ᠃ ᠲᠠᠷᠢᠵᠤ ᠤᠷᠭᠤᠭᠤᠯᠬᠤ᠂ ᠬᠤᠷᠢᠶᠠᠵᠤ ᠬᠠᠳᠠᠭᠠᠯᠠᠬᠤ᠂  ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ  ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨ ᠲᠡᠭᠦᠯᠳᠡᠷᠵᠢᠭᠦᠯᠦᠨ᠎ᠡ᠃ᠨᠥᠬᠦᠪᠥᠷᠢ ᠶᠢᠨ ᠲᠥᠷᠥ ᠶᠢᠨ ᠪᠣᠳᠣᠯᠭ᠎ᠠ᠄— ᠲᠠᠷᠢᠶᠠᠯᠠᠬᠤ ᠣᠷᠣᠨ ᠤ ᠣᠳᠣ ᠪᠠᠶᠢᠭ᠎ᠠ ᠲᠠᠷᠢᠶᠠᠨ ᠭᠠᠵᠠᠷ ᠢ ᠡᠮᠬᠢᠯᠡᠨ ᠨᠡᠶᠢᠯᠡᠭᠦᠯᠵᠦ ᠠᠰᠢᠭᠯᠠᠨ ᠲᠣᠰ ᠵᠢᠯ ᠤᠨ ᠨᠢᠭᠡ ᠨᠠᠰᠦᠳᠦ ᠡᠪᠡᠰᠦ ᠵᠢᠴᠢ ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠲᠠᠷᠢᠮᠠᠯ ᠢ 300 ᠮᠦ ᠠᠴᠠ ᠳᠡᠭᠡᠭᠰᠢ ᠲᠠᠷᠢᠪᠡᠯ᠂ ᠮᠦ ᠪᠦᠷᠢ ᠳᠤ ᠵᠢᠯ ᠪᠦᠷᠢ 100 ᠲᠥᠭᠦᠷᠢᠭ ᠨᠥᠬᠦᠪᠥᠷᠢᠯᠡᠨ᠎ᠡ᠃ ᠣᠳᠣ ᠪᠠᠶᠢᠭ᠎ᠠ ᠲᠠᠷᠢᠶᠠᠨ ᠭᠠᠵᠠᠷ ᠢ ᠡᠮᠬᠢᠯᠡᠨ ᠨᠡᠶᠢᠯᠡᠭᠦᠯᠵᠦ ᠠᠰᠢᠭᠯᠠ ᠣᠯᠠᠨ ᠨᠠᠰᠤᠲᠤ ᠴᠢᠨᠠᠷ ᠰᠠᠶᠢᠲᠠᠶ ᠲᠡᠵᠢᠭᠡᠯ ᠡᠪᠡᠰᠦ ᠶᠢ 500 ᠮᠦ ᠠᠴᠠ ᠳᠡᠭᠡᠭᠰᠢ ᠲᠠᠷᠢᠪᠠᠯ᠂ ᠲᠣᠰ ᠵᠢᠯ ᠤᠨ ᠮᠦ ᠪᠦᠷᠢ ᠳᠤ ᠨᠢᠭᠡ ᠤᠳᠠᠭ᠎ᠠ ᠶᠢᠨ ᠴᠢᠨᠠᠷᠲᠠᠶ 300 ᠲᠥᠭᠦᠷᠢᠭ ᠤᠨ ᠨᠥᠬᠦᠪᠥᠷᠢ ᠦᠭᠭᠦᠨ᠎ᠡ᠃— ᠮᠠᠯᠵᠢᠬᠤ ᠣᠷᠣᠨ ᠳᠤ ᠣᠳᠣ ᠪᠠᠶᠢᠭ᠎ᠠ ᠲᠡᠵᠢᠭᠡᠯ ᠡᠪᠡᠰᠦ ᠪᠣᠷᠳᠣᠭᠠᠨ ᠤ ᠭᠠᠵᠠᠷ ᠢ ᠡᠮᠬᠢᠯᠡᠨ ᠨᠡᠶᠢᠯᠡᠭᠦᠯᠵᠦ ᠠᠰᠢᠭᠯᠠᠨ ᠴᠠᠷᠭᠠᠰᠤ 500 ᠮᠦ ᠠᠴᠠ ᠳᠡᠭᠡᠭᠰᠢ ᠲᠠᠷᠢᠪᠠᠯ ᠮᠦ ᠪᠦᠷᠢ ᠳᠤ ᠵᠢᠯ ᠪᠦᠷᠢ 600 ᠲᠥᠭᠦᠷᠢᠭ ᠨᠥᠬᠦᠪᠥᠷᠢᠯᠡᠨ᠎ᠡ᠃︵ᠬᠤᠶᠠᠷ︶ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢᠨ ᠰᠢᠰᠲ᠋ᠧᠮ ᠢ ᠴᠢᠩᠭᠠᠷᠠᠭᠤᠯᠦᠨ᠎ᠡ᠃ ᠨᠢᠭᠡ ᠳᠤ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ︾ ᠶᠢ ᠪᠠᠷᠢᠮᠲᠠᠯᠠᠨ᠎ᠠ᠃ ᠰᠢᠯᠦᠬᠡᠶ ᠡᠪᠡᠳᠴᠢᠨ᠂ ᠵᠢᠵᠢᠭ ᠬᠡᠪᠢᠬᠦ ᠮᠠᠯ ᠤᠨ ᠬᠢᠵᠢᠭ᠂ ᠠᠹᠷᠢᠺᠠ ᠶᠢᠨ ᠭᠠᠭ᠋ᠠᠶ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠪᠷᠦ᠋ᠼᠧᠯ ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢᠶᠠᠷ ᠭᠤᠤᠯᠳᠠᠯᠭ᠎ᠠ ᠪᠣᠯᠭᠠᠵᠤ᠂ ᠠᠯᠪᠠᠳᠠᠯᠭ᠎ᠠ ᠪᠠᠷ ᠬᠢᠵᠢᠭ ᠦᠯᠤ ᠬᠠᠯᠳᠠᠭᠠᠬᠤ ᠲᠠᠷᠢᠯᠭ᠎ᠠ ᠬᠢᠯᠭᠡᠬᠦ᠂ ᠬᠢᠵᠢᠭ ᠢ ᠪᠠᠶᠢᠴᠠᠭᠠᠬᠤ ᠬᠢᠨᠠᠨ ᠬᠠᠮᠢᠶᠠᠷᠬᠤ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠠᠷᠢᠭᠤᠳᠬᠠᠵᠤ ᠡᠬᠢ ᠰᠤᠷᠪᠤᠯᠵᠢ ᠶᠢ ᠨᠢ ᠤᠰᠠᠳᠬᠠᠬᠤ ᠵᠡᠷᠭᠡ ᠠᠵᠢᠯ ᠢ ᠰᠠᠶᠢᠲᠤᠷ ᠠᠳᠬᠤᠨ᠎ᠠ᠃ ᠨᠢᠭᠲᠠᠴᠠ ᠪᠣᠯᠤᠨ ᠶᠠᠰᠤ ᠴᠢᠨᠠᠷ ᠢ 100% ᠪᠠᠷ ᠪᠠᠳᠤᠯᠠᠵᠦ ᠂ ᠣᠷᠣᠨ ᠪᠦᠰᠡ ᠶᠢᠨ ᠴᠢᠨᠠᠷᠲᠠᠶ ᠠᠮᠢᠲᠠᠨ ᠤ ᠬᠦᠨᠳᠦ ᠶᠡᠭᠡ ᠬᠢᠵᠢᠭ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠦ᠂ ᠲᠡᠵᠢᠭᠡᠨ ᠦᠷᠡᠵᠢᠭᠦᠯᠬᠦ᠂ ᠲᠡᠭᠡᠭᠡᠪᠦᠷᠢᠯᠡᠬᠦ᠂ ᠨᠢᠲᠤᠯᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠬᠢᠨᠠᠯᠲᠠ ᠲᠠᠯᠪᠢᠵᠦ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠡᠪᠡᠳᠴᠢᠨ ᠤ ᠬᠥᠨᠥᠭᠡᠯ ᠲᠠᠢ ᠮᠠᠯ ᠵᠢᠭᠦᠷᠲᠡᠨ ᠵᠢᠴᠢ ᠲᠡᠭᠦᠨ ᠤ ᠦᠢᠯᠡᠳᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠤᠷᠪᠠ ᠳᠤ᠂ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠰᠢᠰᠲ᠋ᠧᠮ ᠢ ᠴᠢᠩᠭᠠᠳᠬᠠᠨ᠎ᠠ᠃ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠡᠩᠨᠡᠭᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠡᠭᠡᠭᠰᠢᠯᠡᠭᠦᠯᠦᠨ᠎ᠡ᠃ ᠳᠥᠷᠪᠡ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠶᠢ ᠬᠢᠨᠠᠨ ᠬᠡᠮᠵᠢᠬᠦ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠴᠢᠩᠭᠠᠷᠠᠭᠤᠯᠵᠦ᠂ ᠮᠠᠯ ᠤᠨ ᠠᠰᠢᠭ ᠰᠢᠮ᠎ᠡ ᠶᠢᠨ ᠬᠢᠷᠢ ᠲᠡᠩᠴᠡᠭᠰᠡᠨ ᠨᠣᠷᠮ᠎ᠠ ᠶᠢ 98% ᠠᠴᠠ ᠳᠡᠭᠡᠭᠰᠢ ᠪᠠᠶᠢᠯᠭᠠᠬᠤ ᠶᠢ ᠪᠠᠳᠤᠯᠠᠬᠤ ᠬᠡᠷᠡᠭᠳᠡᠢ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠢᠳᠡᠰᠢᠨ ᠤ ᠮᠠᠯ ᠤᠨ ᠠᠰᠢᠭ ᠰᠢᠮ᠎ᠡ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠪᠦᠬᠦ ᠲᠠᠯ᠎ᠠ ᠪᠠᠷ ᠲᠤᠷᠰᠢᠨ ᠬᠡᠷᠡᠭᠵᠢᠭᠦᠯᠦᠨ᠎ᠡ᠃︵ᠭᠤᠷᠪᠠ︶ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠢᠭᠡ ᠳᠤ᠂ ᠲᠣᠯᠣᠭᠠᠶᠢᠯᠠᠭᠴᠢ ᠠᠵᠤ ᠠᠬᠤᠶᠢᠯᠠᠯ᠂ ᠬᠤᠷᠰᠢᠶᠠᠵᠢᠯ᠂  ᠭᠤᠤᠯ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠢ ᠂ ᠲᠠᠷᠢᠵᠤ ᠲᠡᠵᠢᠭᠡᠬᠦ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠨ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠲᠡᠶᠢᠴᠢᠯᠠᠬᠤ᠂ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠬᠠᠷᠢᠯᠴᠠᠨ ᠬᠥᠳᠡᠯᠦᠯᠴᠡᠬᠦ᠂ ᠲᠣᠮᠣ ᠡᠷᠦᠬᠡ ᠬᠠᠮᠳᠤᠷᠠᠨ ᠬᠥᠳᠡᠯᠦᠯᠴᠡᠬᠦ᠂ ᠮᠥᠩᠭᠦᠨ ᠬᠦᠢᠯᠭᠡᠭᠡᠨ ᠤ ᠲᠥᠷᠥ ᠶᠢᠨ ᠪᠣᠳᠣᠯᠭ᠎ᠠ᠂ ᠺᠠᠳ᠋ᠷ ᠬᠠᠪᠰᠤᠷᠤᠨ ᠲᠡᠳᠬᠦᠬᠦ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠬᠢᠭᠡᠳ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ ᠯᠦᠭᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ︽ᠬᠤᠭᠤᠰᠣᠨ ᠨᠡᠷ᠎ᠡ ᠮᠡᠳᠡᠭᠦᠯᠬᠦ ᠬᠤᠷᠰᠢᠶ᠎ᠠ︾ ᠶᠢ ᠲᠤᠰᠬᠠᠶᠢᠯᠠᠨ ᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠲᠦᠷᠢᠮ ᠲᠤᠭᠳᠠᠭᠠᠯ ᠢ ᠲᠡᠭᠦᠯᠳᠡᠷᠵᠢᠭᠦᠯᠬᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠠᠰᠢᠭ ᠣᠷᠣᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠣᠲᠣ ᠶᠢᠨ ᠪᠠᠶᠢᠭ᠎ᠠ ᠬᠤᠷᠰᠢᠶ᠎ᠠ ᠶᠢ ᠵᠢᠷᠤᠮᠵᠢᠭᠤᠯᠤᠨ ᠲᠡᠰ ᠲᠡᠪᠰᠢᠭᠦᠯᠦᠨ᠎ᠡ᠃ 2020 ᠣᠨ ᠤ ᠡᠴᠦᠰ ᠢᠶᠠᠷ ᠵᠢᠱᠢᠶ᠎ᠡ ᠦᠵᠡᠭᠦᠯᠬᠦ ᠬᠤᠷᠰᠢᠶ᠎ᠠ ᠶᠢ 3 ᠳᠤ ᠬᠦᠷᠭᠡᠨ᠎ᠡ᠃ ᠭᠤᠷᠪᠠ ᠳᠤ᠂ ᠣᠯᠠᠨ ᠵᠦᠢᠯ ᠤᠨ ᠬᠡᠯᠪᠡᠷᠢ  ᠶᠢᠨ ᠮᠠᠯᠴᠢᠨ ᠲᠠᠷᠢᠶᠠᠴᠢᠳ ᠤᠨ ᠰᠢᠨ᠎ᠡ ᠮᠠᠶ᠋ᠢᠭ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠴᠢᠬᠤᠯᠠᠴᠢᠯᠠᠨ ᠪᠤᠶᠢᠵᠢᠭᠤᠯᠦᠨ᠎ᠡ᠃ ᠮᠠᠯᠵᠢᠬᠤ ᠡᠷᠦᠬᠡ ᠶᠢ ᠬᠥᠲᠥᠯᠥᠨ ᠵᠢᠯᠣᠭᠤᠳᠴᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠮᠠᠯ ᠤᠨᠤᠭ᠎ᠠ ᠶᠢ ᠨᠢᠭᠡᠳᠦᠯᠲᠡᠶ ᠬᠠᠮᠢᠶᠠᠷᠬᠤ᠂ ᠡᠷᠦᠬᠡ ᠬᠤᠯᠪᠣᠭᠠᠯᠠᠨ ᠬᠡᠪᠴᠢᠶᠡᠵᠢᠭᠦᠯᠦᠨ ᠡᠵᠡᠩᠨᠡᠬᠦ᠂ ᠡᠬᠢ ᠪᠠᠶᠠᠯᠢᠭ᠂ ᠬᠥᠷᠥᠩᠭᠡ᠂ ᠬᠥᠳᠡᠯᠮᠦᠷᠢ᠂ ᠮᠡᠷᠭᠡᠵᠢᠯ ᠪᠠ ᠪᠣᠷᠣᠯᠠᠭᠤᠯᠭ᠎ᠠ ᠵᠡᠷᠭᠡ ᠲᠠᠯ᠎ᠠ ᠶᠢᠨ ᠬᠠᠮᠳᠤᠷᠠᠯᠴᠠᠭ᠎ᠠ ᠪᠠ ᠬᠤᠯᠪᠣᠭᠠᠯᠠᠯ ᠢ ᠥᠷᠨᠢᠭᠦᠯᠵᠦ᠂ ᠮᠠᠯᠴᠢᠳ ᠤᠨ ᠵᠣᠬᠢᠶᠠᠨ ᠪᠠᠶᠢᠭᠤᠯᠤᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠦᠨ  ᠪᠤᠵᠠᠭᠠᠶᠢᠷᠠᠭᠤᠯᠦᠨ᠎ᠡ᠃ ︽ᠨᠠᠮ ᠤᠨ ᠡᠭᠦᠷ + ᠬᠤᠷᠰᠢᠶ᠎ᠠ︾ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠶᠡᠬᠡᠪᠡᠷ ᠪᠦᠢᠵᠢᠭᠤᠯᠵᠦ᠂ ᠨᠥᠬᠦᠴᠡᠯ ᠪᠦᠷᠢᠳᠦᠭᠰᠡᠨ ᠭᠠᠴᠠᠭ᠎ᠠ ᠲᠣᠰᠬᠤᠨ ᠳᠤ ᠲᠣᠬᠢᠷᠠᠮᠵᠢᠲᠠᠶ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠨᠢᠭᠡ ᠨᠢ ᠨᠢᠭᠡ ᠶᠢ ᠬᠠᠪᠰᠤᠷᠤᠨ ᠲᠡᠳᠬᠦᠵᠦ ᠬᠤᠤᠰᠯᠠᠭᠤᠯᠬᠤ ᠲᠣᠭᠲᠠᠴᠠ ᠶᠢ ᠪᠠᠶᠢᠭᠤᠯᠵᠤ᠂ ᠭᠠᠴᠠᠭ᠎ᠠ ᠲᠣᠰᠬᠤᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠎ᠡ᠃ 2020 ᠣᠨ ᠤ ᠡᠴᠦᠰ ᠲᠤ ᠭᠠᠴᠠᠭ᠎ᠠ ᠲᠣᠰᠬᠤᠨ ᠤ ᠬᠠᠮᠲᠤ ᠶᠢᠨ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠦᠨ᠎ᠡ᠃ 2021 ᠤᠨ ᠪᠣᠯᠬᠤ ᠳᠤ ︽ᠨᠠᠮ ᠤᠨ ᠡᠭᠦᠷ + ᠬᠤᠷᠰᠢᠶ᠎ᠠ︾ ᠶᠢᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ ᠬᠠᠮᠲᠤ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ 15 ᠭᠠᠴᠠᠭ᠎ᠠ ᠲᠣᠰᠬᠤᠨ ᠢ ᠪᠠᠶᠢᠭᠤᠯᠤᠨ᠎ᠠ᠃ ᠲᠠᠪᠤ ᠳᠤ᠂ ᠬᠠᠮᠲᠤ ᠶᠢᠨ ᠠᠵᠤ ᠠᠬᠤᠢ ᠶᠢᠨ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠨ᠂ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠲᠡᠵᠢᠭᠡᠨ ᠦᠷᠡᠵᠢᠭᠦᠯᠬᠦ ᠡᠷᠦᠬᠡ ᠶᠢᠨ ᠪᠣᠯᠪᠠᠰᠤᠷᠠᠯ ᠢ ᠴᠢᠩᠭᠠᠳᠬᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠶᠠᠳᠠᠭᠤ ᠶᠢ ᠲᠡᠳᠬᠦᠬᠦ᠂ ᠠᠵᠢᠯ ᠣᠯᠭᠤᠬᠤ ᠵᠡᠷᠭᠡ ᠰᠠᠯᠠᠭ᠎ᠠ ᠮᠥᠴᠢᠷ ᠪᠠᠷ ᠳᠠᠮᠵᠢᠭᠤᠯᠤᠨ 2000 ᠠᠴᠠ ᠳᠡᠭᠡᠭᠰᠢ ᠬᠥᠮᠦᠨ ᠢ ᠪᠣᠯᠪᠠᠰᠤᠷᠠᠭᠤᠯᠵᠤ᠂ ᠬᠠᠮᠢᠶᠠᠷᠤᠯᠲᠠ ᠪᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃︵ᠲᠦᠷᠪᠡ︶ ᠬᠥᠭᠵᠢᠯᠲᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠬᠦᠢᠳᠡᠨ ᠬᠡᠯᠬᠢᠶᠡᠲᠦ ᠪᠠᠷᠠᠭᠠᠨ ᠤ ᠬᠦᠢᠯᠭᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠪᠠ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠭᠤᠣᠯᠳᠠᠯᠭ᠎ᠠ ᠪᠣᠯᠭᠠᠵᠤ᠂ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠢ ᠪᠠᠲᠤᠯᠠᠬᠤ ᠪᠠᠷᠠᠭᠠᠨ ᠤ ᠬᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠵᠨ ᠲᠤᠬᠢᠶᠠᠯ ᠢ ᠠᠳᠬᠤᠵᠦ᠂ ᠡᠯ᠎ᠡ ᠱᠠᠲᠤᠨ ᠤ ᠪᠡᠯᠡ ᠮᠦᠩᠭᠦᠨ ᠤ ᠲᠥᠷᠥᠯ ᠵᠦᠢᠯ ᠢ ᠢᠳᠡᠪᠬᠢᠳᠡᠢ ᠴᠢᠷᠮᠠᠶᠢᠨ ᠤᠯᠵᠦ᠂ ᠮᠠᠨ ᠤ ᠬᠤᠰᠢᠭᠤᠨ ᠤ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠣᠯᠠᠨ ᠵᠦᠢᠯ ᠤᠨ ᠬᠡᠯᠪᠡᠷᠢ ᠶᠢᠨ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠳᠠ ᠶᠢ ᠰᠦᠪᠡᠭᠴᠢᠯᠡᠨ ᠬᠥᠭᠵᠢᠭᠦᠯᠵᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠬᠠᠨᠳᠤᠯᠠᠭ᠎ᠠ ᠲᠠᠢ ᠨᠠᠶᠢᠳᠠᠬᠤ᠂ ᠱᠠᠩᠨᠠᠵᠤ ᠨᠦᠬᠦᠪᠤᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠠᠵᠢᠯ ᠲᠥᠷᠥᠯ ᠤᠨ ᠨᠡᠶᠢᠭᠡᠮᠯᠢᠭ ᠠᠴᠠ ᠲᠦᠷᠦᠭᠦᠯᠡᠨ ᠦᠷᠨᠢᠭᠦᠯᠦᠭᠰᠡᠨ ᠮᠠᠯ ᠠᠵᠤ ᠠᠬᠤᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠲᠤᠰᠬᠠᠶᠢᠵᠢᠭᠰᠠᠨ ᠠᠵᠢᠯ ᠤᠨ ᠬᠤᠪᠢᠶᠠᠷᠢᠯᠠᠯ᠂ ᠦᠢᠯᠡᠴᠢᠯᠡᠭᠡᠨ ᠤ ᠰᠢᠰᠲ᠋ᠧᠮ ᠨᠢ ᠬᠦᠢᠴᠡᠳ᠂ ᠬᠠᠩᠭᠠᠯᠭ᠎ᠠ ᠬᠡᠷᠡᠭᠴᠡᠭᠡ ᠨᠢ ᠢᠵᠢ ᠪᠦᠷᠢᠳᠦᠭᠰᠡᠨ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠤᠷᠢᠳᠠᠪᠠᠷ ᠲᠤᠷᠰᠢᠯᠲᠠ ᠬᠢᠬᠦ ᠵᠠᠷᠴᠢᠮ ᠢ ᠪᠠᠷᠢᠮᠲᠠᠯᠠᠵᠤ᠂ ᠮᠠᠯ ᠠᠵᠤ ᠠᠬᠤᠶ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠪᠣᠯᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠬᠤ ᠪᠠᠷ ᠲᠣᠬᠢᠶᠠᠯ ᠪᠣᠯᠭᠠᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠢᠭ ᠤᠨ ᠠᠵᠢᠯ ᠢ ᠳᠡᠯᠭᠡᠷᠡᠭᠦᠯᠬᠦ ᠡᠷᠴᠢᠮ ᠢᠶᠠᠨ  ᠨᠡᠮᠡᠭᠳᠡᠭᠦᠯᠬᠦ ᠬᠡᠷᠡᠭᠲᠡᠶ᠃ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ  ︽ᠲᠤᠰᠬᠠᠶ ᠮᠡᠷᠭᠡᠵᠢᠯ ᠥᠨᠳᠥᠷ᠂ ᠦᠢᠯᠡᠴᠢᠯᠡᠭᠡᠨ ᠤ ᠴᠢᠳᠠᠪᠤᠷᠢ ᠴᠢᠩᠭ᠎ᠠ᠂ ᠨᠡᠶᠢᠭᠡᠮ ᠤᠨ ᠲᠤᠰᠬᠠᠯ ᠰᠠᠶᠢᠨ︾ ᠵᠢᠱᠢᠶ᠎ᠡ ᠦᠵᠡᠭᠦᠯᠬᠦ ᠦᠢᠯᠡᠴᠢᠯᠡᠭᠡᠨ ᠤ  ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠎ᠠ᠃ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠳᠤᠭᠤᠶᠢᠯᠠᠩ ᠤᠨ ᠳᠠᠷᠤᠭ᠎ᠠ ᠶᠢ ᠬᠠᠷᠢᠭᠤᠴᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠪᠢᠳᠠᠨ ᠬᠠᠮᠢᠶᠠᠷᠴᠤ ᠪᠦᠬᠦᠢ ᠳᠡᠳ᠋ ᠬᠤᠰᠢᠭᠤ ᠳᠠᠷᠤᠭ᠎ᠠ ᠳᠡᠳ᠋ ᠲᠤᠭᠤᠶᠢᠯᠠᠩ ᠤᠨ ᠳᠠᠷᠤᠭ᠎ᠠ ᠶᠢ ᠡᠭᠦᠷᠭᠡᠯᠡᠵᠦ᠂ ᠡᠯ᠎ᠡ ᠰᠤᠮᠤ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠦ ᠠᠵᠢᠯ  ᠢᠶᠠᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠯ᠎ᠡ ᠰᠤᠮᠤ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠥᠢᠯ ᠳᠡᠭᠡᠨ ᠣᠷᠣᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠠᠮᠢᠶ᠎ᠠ ᠪᠦᠬᠦᠢ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠥᠨ ᠥᠷᠨᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠡᠯ᠎ᠡ ᠵᠥᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠠᠢ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠣᠤᠷᠠᠬᠢ ᠮᠡᠲᠦ᠄ᠳᠤᠭᠤᠶᠢᠯᠠᠩ ᠤᠨ ᠳᠠᠷᠤᠭ᠎ᠠ᠄  ᠰᠤ᠋ ᠫᠧᠩ                                    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄ ᠵᠧᠤ ᠰᠢᠶᠠᠨ ᠵᠢᠶᠦ᠋ᠨ          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ                                                                     ᠳᠡᠳ᠋ ᠳᠠᠷᠤᠭ᠎ᠠ                                                   ᠵᠣᠷᠢᠭᠲᠤ                   ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ                                                   ᠴᠢᠮᠡᠭ                     ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ                                                   ᠴᠡᠩᠭᠡᠯ                    ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠᠭᠡᠰᠢᠭᠦᠨ᠄                                  ᠤᠶᠤᠨᠪᠢᠯᠢᠭ᠌                  ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ                                                   ᠸᠠᠴᠢᠷ                      ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ                                                   ᠵᠧᠤ ᠢ ᠵᠢᠶᠦ᠋ᠨ              ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ                                                   ᠭᠤᠤ ᠹᠧᠩ                  ᠬᠤᠰᠢᠭᠤ ᠠᠵᠤ ᠥᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ                                                   ᠭᠦᠸᠧ ᠵᠧᠨ ᠪᠢᠨ             ᠬᠤᠰᠢᠭᠤ  ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ                                                   ᠮᠠ ᠵᠠᠨ ᠶᠢᠩ               ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ                                                   ᠸᠠᠩ ᠴᠦᠨ ᠵᠢᠶᠦ᠋ᠨ          ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ                                                   ᠬᠤᠩ ᠴᠢᠤᠸᠠᠨ              ᠬᠤᠰᠢᠭᠤ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ                                                   ᠠᠯᠲᠠᠨᠱᠠ                  ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ                                                   ᠸᠠᠩ ᠭᠦᠸᠧ ᠯᠢᠨ            ᠬᠤᠰᠢᠭᠤ  ᠬᠠᠩᠭᠠᠨ ᠪᠣᠷᠣᠯᠠᠭᠤᠯᠬᠤ ᠬᠤᠷᠰᠢᠶᠠᠨ ᠤ ᠡᠷᠬᠢᠯᠡᠭᠴᠢ                                                   ᠰᠢᠨ ᠬᠠᠢ ᠱᠠᠨ              ᠬᠤᠰᠢᠭᠤ ᠠᠷᠠᠯᠵᠢᠶᠠᠴᠢᠨ ᠤᠷᠢᠬᠤ ᠲᠣᠪᠴᠢᠶᠠᠨ ᠤ ᠳᠠᠷᠤᠭ᠎ᠠ                            ᠤᠷᠠᠩᠭᠤᠸ᠎ᠠ               ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠲᠠᠷᠤᠭ᠎ᠠ᠂                                                     ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ                            ᠶᠤᠸᠠᠨ ᠰᠢᠤ ᠱᠧᠩ          ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ᠂                                                     ᠠᠮᠢᠲᠠᠨ ᠤ ᠬᠢᠵᠢᠭ ᠢ ᠬᠢᠵᠠᠭᠠᠷᠯᠠᠬᠤ ᠲᠥᠪ ᠤᠨ ᠡᠷᠬᠢᠯᠡᠭᠴᠢ                            ᠡᠷᠲᠡᠨᠢᠪᠠᠶᠠᠷ               ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ                            ᠨᠢᠤ ᠹᠠᠩ                 ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠲᠠᠷᠤᠭ᠎ᠠ                            ᠬᠦᠬᠡᠲᠠᠯ᠎ᠠ                 ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭ᠊ ᠬᠡᠷᠡᠭᠵᠢᠬᠦᠯᠬᠦ ᠶᠡᠭᠡ ᠠᠩᠭᠢ ᠶᠢᠨ ᠳᠠᠷᠤᠭ᠎ᠠ                            ᠨᠠᠷᠠᠩᠭᠤᠸ᠎ᠠ               ᠮᠢᠩᠭᠠᠲᠤ ᠪᠠᠯᠭᠠᠰᠤᠨ ᠤ ᠳᠠᠷᠤᠭ᠎ᠠ                            ᠰᠢᠤᠢ ᠱᠢ ᠯᠢᠶᠠᠩ           ᠰᠢᠩ ᠶᠣᠣ ᠪᠠᠯᠭᠠᠰᠤᠨ ᠤ ᠳᠠᠷᠤᠭ᠎ᠠ                            ᠪᠠᠶᠠᠷ                     ᠤᠯᠠᠭᠠᠨᠴᠠᠪ ᠰᠤᠮᠤᠨ ᠤ ᠳᠠᠷᠤᠭ᠎ᠠ                            ᠡᠷᠲᠡᠨᠢᠪᠤᠯᠠᠭ               ᠶᠡᠬᠡᠨᠡᠭᠤᠷ ᠰᠤᠮᠤᠨ ᠤ ᠳᠠᠷᠤᠭ᠎ᠠ                            ᠳᠡᠯᠭᠡᠷ                   ᠪᠤᠯᠭᠠᠨᠲᠤᠬᠠᠢ ᠰᠤᠮᠤᠨ ᠤ ᠳᠠᠷᠤᠭ᠎ᠠ︵ᠬᠤᠶᠠᠷ︶ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠳᠬᠠᠨ᠎ᠠ᠃ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠥᠢᠯᠡᠰ ᠤᠨ ᠬᠦᠭᠵᠢᠯᠲᠡ ᠶᠢ ᠬᠡᠷᠡᠭᠵᠢᠭᠦᠯᠬᠦ ᠲᠥᠰᠦᠯ ︵2018 — 2020  ᠤᠨ︶︾᠂ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠠᠬᠠᠷ ᠬᠤᠨᠢᠨ ᠤ ᠠᠵᠤ ᠥᠢᠯᠡᠰ ᠤᠨ ᠬᠥᠭᠵᠢᠯᠲᠡ ᠶᠢ ᠬᠡᠷᠡᠭᠵᠢᠭᠦᠯᠬᠦ ᠲᠥᠰᠦᠯ ︵2018 — 2020 ᠤᠨ︶︾ ᠢ ᠥᠷᠬᠦᠯᠵᠢᠯᠡᠨ ᠬᠡᠷᠡᠭᠯᠡᠵᠦ᠂ ᠡᠭᠦᠨ ᠤ ᠬᠠᠮᠲᠤ ᠲᠣᠰ ᠤᠳᠠᠭᠠᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠤᠲᠤᠯᠭ᠎ᠠ ᠶᠢ ᠦᠨᠳᠦᠰᠦᠯᠡᠨ᠂ ᠡᠭᠦᠯᠳᠡᠷ ᠤᠨ ᠦᠬᠡᠷ ᠤᠨ ᠲᠠᠯᠠᠪᠠᠶ ᠵᠢᠴᠢ ᠮᠢᠬᠠᠨ ᠤ ᠦᠬᠡᠷ ᠤᠨ ᠭᠤᠤᠯ ᠰᠦᠷᠦᠭ ᠤᠨ ᠪᠥᠲᠥᠭᠡᠨ ᠪᠠᠶᠢᠭᠤᠯᠤᠯᠲᠠ᠂ ᠦᠬᠡᠷ ᠢ ᠪᠤᠶᠢᠵᠢᠭᠤᠯᠬᠤ᠂ ᠮᠢᠬᠠᠨ ᠤ ᠦᠬᠡᠷ  ᠢ ᠪᠣᠷᠳᠣᠵᠤ ᠲᠠᠷᠭᠤᠯᠠᠭᠤᠯᠬᠤ ᠵᠡᠷᠭᠡ ᠭᠤᠭᠴᠤᠭ᠎ᠠ ᠶᠢ ᠭᠤᠤᠯᠳᠠᠯᠭ᠎ᠠ ᠲᠠᠢ ᠳᠡᠮᠵᠢᠨ᠎ᠡ︔ ᠴᠠᠬᠠᠷ ᠬᠤᠨᠢ ᠶᠢ ᠰᠣᠩᠭᠤᠨ ᠪᠤᠶᠢᠵᠢᠭᠤᠯᠬᠤ ᠪᠠ ᠡᠭᠦᠯᠳᠡᠷ ᠬᠠᠮᠠᠭᠠᠯᠠᠵᠤ ᠦᠷᠡᠵᠢᠭᠦᠯᠦᠨ ᠪᠤᠶᠢᠵᠢᠭᠤᠯᠬᠤ ᠵᠡᠷᠭᠡ  ᠠᠵᠢᠯ ᠢ ᠠᠬᠢᠭᠤᠯᠤᠨ᠎ᠠ᠃︵ᠭᠤᠷᠪᠠ︶ ᠪᠡᠯᠡ ᠮᠥᠩᠭᠦᠨ ᠤ ᠣᠷᠣᠭᠤᠯᠤᠯᠲᠠ ᠶᠢ  ᠨᠡᠮᠡᠭᠲᠡᠭᠦᠯᠥᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠰᠠᠶᠢᠨ ᠡᠭᠦᠯᠳᠡᠷ ᠢ ᠳᠡᠯᠭᠡᠷᠡᠭᠦᠯᠬᠦ᠂  ᠰᠥᠨ ᠤ ᠥᠢᠯᠡᠰ ᠢ ᠬᠥᠭᠵᠢᠭᠦᠯᠬᠦ᠂ ᠠᠳᠤᠭᠤᠨ ᠤ ᠠᠵᠤ ᠥᠢᠯᠡᠰ ᠢ ᠬᠥᠭᠵᠢᠭᠦᠯᠬᠦ᠂ ᠠᠮᠤ ᠪᠤᠳᠠᠭ᠎ᠠ ᠶᠢ ᠪᠣᠷᠳᠣᠭᠠ ᠪᠣᠯᠭᠠᠨ ᠥᠭᠡᠷᠡᠴᠢᠯᠡᠬᠦ᠂ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠷᠥᠯ ᠵᠥᠢᠯ ᠤᠨ ᠳᠡᠮᠵᠢᠯᠭᠡ ᠶᠢ ᠢᠳᠡᠪᠬᠢᠲᠡᠶ ᠪᠠᠷ ᠴᠠᠷᠮᠠᠶᠢᠨ ᠤᠯᠥᠨ᠎ᠠ᠃ ᠣᠯᠠᠨ ᠵᠥᠢᠯ ᠤᠨ ᠪᠡᠯᠡ  ᠮᠥᠩᠭᠦ ᠬᠤᠷᠠᠮᠲᠤᠭᠤᠯᠬᠤ ᠵᠠᠭᠪᠤᠷ ᠶᠢ ᠶᠡᠬᠡᠪᠡᠷ ᠲᠡᠯᠭᠡᠷᠡᠭᠦᠯᠵᠦ᠂ ᠨᠡᠶᠢᠭᠡᠮ ᠤᠨ ᠬᠥᠷᠥᠩᠭᠡ ᠶᠢ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠳᠤ ᠲᠡᠳᠡᠨ ᠣᠷᠣᠭᠤᠯᠤᠨ᠎ᠠ᠃ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥᠯ ᠵᠥᠢᠯ ᠪᠣᠯᠤᠨ ᠶᠠᠳᠠᠭᠤ ᠶᠢ ᠲᠡᠳᠬᠦᠬᠦ ᠪᠡᠯᠡ ᠮᠥᠩᠭᠦ᠂ ᠵᠢᠬᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠪᠡᠯᠡ ᠮᠥᠩᠭᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠲᠠᠭᠠᠭᠤᠯᠥᠠᠠᠴᠢ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠤᠭᠠᠲᠦ ᠴᠣᠭᠴᠠ᠂ ᠬᠤᠷᠰᠢᠶ᠎ᠠ ᠂ ᠭᠤᠤᠯ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠳᠤᠮᠳᠠ ᠵᠢᠵᠢᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ᠂ ᠴᠠᠭᠠᠨ ᠢᠳᠡᠭᠡᠨ ᠥᠢᠯᠡᠳᠪᠦᠷᠢᠯᠡᠬᠦ ᠠᠵᠤ ᠠᠬᠤᠶᠢᠯᠠᠯ᠂ ᠭᠡᠷ ᠪᠦᠯᠢ ᠶᠢᠨ ᠮᠠᠶ᠋ᠢᠭ ᠤᠨ ᠴᠠᠭᠠᠨ ᠢᠳᠡᠭᠡᠨ ᠤ ᠵᠢᠵᠢᠭ ᠥᠢᠯᠡᠳᠬᠡᠯ᠂ ᠵᠢᠱᠢᠶ᠎ᠡ ᠦᠵᠡᠭᠦᠯᠬᠦ ᠡᠷᠦᠬᠡ᠂ ᠲᠡᠵᠢᠭᠡᠨ ᠦᠷᠡᠵᠢᠭᠦᠯᠬᠦ ᠲᠣᠮᠣ ᠡᠷᠦᠬᠡ ᠲᠡᠰᠢ ᠤᠷᠢᠲᠠᠪᠡᠷ ᠬᠡᠯᠪᠠᠶᠢᠯᠭᠡᠨ᠎ᠡ᠃︵ᠲᠦᠷᠪᠡ︶ ᠲᠥᠷᠥᠯ ᠵᠥᠢᠯ ᠤᠨ ᠬᠠᠮᠢᠶᠠᠷᠤᠯᠲᠠ ᠶᠢ ᠴᠢᠩᠳᠠᠯᠠᠨ᠎ᠡ᠃ ᠲᠥᠷᠥᠯ ᠵᠥᠢᠯ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠬᠦᠷᠢᠶ᠎ᠡ ᠴᠠᠷᠠᠭ᠎ᠠ ᠶᠢᠨ ᠲᠥᠷᠥᠯ ᠵᠥᠢᠯ ᠤᠨ ᠨᠦᠭᠡᠴᠡ ᠵᠦᠭᠯᠡᠭᠦᠷ ᠤᠨ ᠱᠠᠭᠠᠷᠳᠠᠯᠭ᠎ᠠ ᠪᠠᠷ ᠭᠤᠤᠯᠳᠠᠯᠭ᠎ᠠ ᠲᠠᠢ ᠲᠥᠷᠥᠯ ᠵᠥᠢᠯ ᠢ ᠲᠦᠯᠥᠪᠵᠢᠬᠦᠯᠥᠨ ᠨᠠᠶᠢᠷᠠᠭᠤᠯᠤᠨ ᠵᠣᠬᠢᠶᠠᠨ᠎ᠠ᠃ ᠲᠥᠷᠥᠯ ᠵᠥᠢᠯ ᠮᠡᠳᠡᠭᠦᠯᠬᠦ᠂ ᠨᠤᠲᠠᠯᠠᠯᠲᠠ ᠬᠢᠵᠦ ᠬᠢᠨᠠᠨ ᠲᠣᠭᠲᠠᠭᠠᠬᠤ ᠵᠡᠷᠭᠡ ᠠᠵᠢᠯ ᠤᠨ ᠲᠠᠷᠠᠭᠠᠯᠠᠯ ᠢ ᠤᠯᠠᠮ ᠲᠡᠭᠦᠯᠳᠡᠷᠵᠢᠭᠦᠯᠵᠦ᠂ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ ᠢ ᠨᠡᠮᠡᠭᠳᠡᠭᠦᠯᠬᠦ ᠬᠡᠷᠡᠭᠲᠡᠶ᠃ ᠲᠥᠷᠥᠯ ᠵᠦᠢᠯ ᠤᠨ ᠪᠡᠯᠡ ᠮᠥᠩᠭᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠵᠦ᠂ ᠬᠢᠨᠠᠨ ᠪᠣᠳᠣᠵᠤ ᠬᠢᠨᠠᠯᠲᠠ ᠲᠠᠯᠪᠢᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠮᠠᠯ ᠠᠵᠤ ᠠᠬᠤᠢ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠪᠠ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠬᠦ ᠬᠡᠷᠡᠭᠳᠡᠢ᠃︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠠᠮᠢᠳᠤᠯᠢᠭ ᠪᠥᠭᠡᠳ ᠣᠯᠠᠨ ᠶᠠᠩᠵᠤ ᠶᠢᠨ ᠤᠬᠠᠭᠤᠯᠭ᠎ᠠ ᠶᠢᠨ ᠠᠷᠭ᠎ᠠ ᠮᠠᠶ᠋ᠢᠭ ᠢ ᠭᠦᠢᠴᠡᠳ ᠠᠰᠢᠭᠯᠠᠵᠤ᠂ ᠳᠠᠩᠰᠠ ᠪᠣᠳᠣᠵᠤ ᠮᠠᠯ  ᠮᠠᠯᠵᠢᠬᠤ᠂ ᠨᠡᠶᠢᠲᠡᠯᠢᠭ ᠵᠢᠱᠢᠶ᠎ᠡ ᠦᠵᠡᠭᠦᠯᠬᠦ ᠪᠠᠷ ᠳᠠᠮᠵᠢᠨ᠂ ᠲᠡᠭᠡᠲᠦ ᠱᠠᠲᠤ ᠪᠣᠯᠤᠨ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠯᠠᠨ ᠲᠠᠯ᠎ᠠ ᠠᠴᠠ ᠤᠬᠠᠭᠤᠯᠵᠤ᠂ ᠡᠯ᠎ᠡ ᠭᠠᠵᠠᠷ ᠲᠤ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ ᠲᠡᠷᠢᠭᠦᠨ ᠤ ᠲᠤᠷᠰᠢᠯᠭ᠎ᠠ ᠶᠢᠨ ᠠᠷᠭ᠎ᠠ ᠪᠠᠷᠢᠯ ᠢ ᠤᠬᠠᠭᠤᠯᠵᠤ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠣᠭᠤᠳᠴᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠮᠠᠯᠵᠢᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ᠃︵ᠵᠢᠷᠭᠤᠭ᠎ᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠷ᠎ᠡ ᠪᠦᠲᠦᠮᠵᠢ ᠶᠢ ᠬᠢᠨᠠᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠤᠨ ᠬᠡᠪᠴᠢᠶᠡᠨ ᠳᠤ ᠤᠷᠤᠭᠤᠯᠵᠦ᠂ ᠬᠢᠨᠠᠨ ᠰᠢᠯᠭᠠᠵᠤ ᠦᠨᠡᠯᠡᠬᠦ ᠠᠷᠭ᠎ᠠ ᠶᠢ ᠰᠤᠳᠤᠯᠤᠨ ᠲᠣᠭᠲᠠᠭᠠᠵᠤ᠂ ᠡᠯ᠎ᠡ ᠰᠤᠮᠤ ᠪᠠᠯᠭᠠᠰᠤ ᠪᠣᠯᠤᠨ ᠡᠯ᠎ᠡ ᠰᠠᠯᠠᠭ᠎ᠠ ᠮᠥᠴᠢᠷ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠱᠠᠩᠨᠠᠯ ᠲᠣᠷᠭᠠᠭᠤᠯᠢ ᠶᠢ ᠪᠡᠶᠡᠯᠡᠭᠦᠯᠵᠦ᠂ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠤᠷᠭᠤᠭᠠᠨ᠎ᠠ᠃ ᠮᠦᠷᠳᠡᠵᠦ ᠬᠢᠨᠠᠨ ᠪᠣᠳᠣᠵᠤ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠵᠣᠷᠢᠭᠤᠳᠠ ᠭᠠᠷ ᠲᠦᠷᠦᠭᠦ ᠶᠢ ᠤᠭ ᠡᠭᠦᠰᠦᠯ ᠠᠴᠠ ᠨᠢ ᠵᠣᠭᠰᠣᠭᠠᠬᠤ ᠪᠤᠶᠤ ᠪᠠᠭᠠᠰᠬᠠᠵᠤ᠂ ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠵᠠᠷᠠᠮᠠᠯ ᠦᠢᠯᠡ ᠠᠵᠢᠯᠯᠠᠭ᠎ᠠ  ᠡᠭᠦᠰᠬᠦ ᠶᠢ ᠴᠢᠩᠭ᠎ᠠ ᠰᠡᠷᠭᠡᠶᠢᠯᠡᠨ ᠵᠠᠰᠠᠬᠤ ᠬᠡᠷᠡᠭᠲᠡᠶ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号