ᠬᠤᠰᠢᠭᠤ ᠤᠯᠤᠰ ᠲᠥᠷᠥ ᠶᠢᠨ ᠵᠥᠪᠯᠡᠯᠭᠡᠨ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠵᠢᠴᠢ ᠰᠠᠨᠠᠯ ᠬᠤᠷᠢᠶᠠᠬᠤ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2020-07-24
     ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠲᠣᠣᠱᠯᠠᠭᠤᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠶᠢᠨ ᠲᠦᠯᠦᠭᠡ᠂ 7 ᠰᠠᠷ᠎ᠠ ᠶᠢᠨ 22᠎ ᠤᠨ ᠡᠳᠣᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠵᠢᠴᠢ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠦᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠦᠪᠯᠡᠯᠭᠡᠨ  ᠬᠠᠮᠲᠤᠷᠠᠨ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠲᠤᠬᠠᠶ ᠵᠥᠪᠲᠡᠯᠴᠡᠬᠦ ᠠᠵᠢᠯ ᠢ ᠨᠠᠶᠢᠲᠠᠪᠤᠷᠢᠵᠢᠭᠤᠯᠬᠤ ᠲᠦᠰᠦᠯ︾ ᠵᠢᠴᠢ  ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠶ ᠰᠡᠳᠦᠪᠲᠦ  ᠵᠦᠪᠳᠡᠯᠴᠡᠬᠦ ᠪᠠᠶᠢᠴᠠᠭᠠᠨ ᠰᠤᠳᠤᠯᠤᠯᠲᠠ ᠶᠢᠨ ᠲᠣᠪᠴᠢ ᠶᠢ ᠤᠩᠰᠢᠨ ᠨᠡᠶᠢᠲᠡᠯᠡᠪᠡ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠰᠠᠯᠠᠭ᠎ᠠ  ᠮᠦᠴᠢᠷ ᠤᠨ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠬᠤᠯᠪᠤᠭᠲᠠᠯ ᠪᠦᠬᠦᠢ ᠠᠵᠤ ᠠᠬᠤᠶᠢᠯᠠᠯ ᠤᠨ ᠠᠷᠠᠯᠵᠢᠶ᠎ᠠ ᠬᠤᠲᠠᠯᠲᠤᠭ᠎ᠠ ᠡᠵᠡᠩᠨᠡᠬᠦ ᠣᠷᠴᠢᠨ ᠲᠣᠭᠤᠷᠢᠨ  ᠎ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠬᠤ  ᠶᠡᠷᠢᠶ᠎ᠠ ᠲᠠᠯᠪᠢᠵᠦ᠂ ᠳᠠᠷᠠᠭ᠎ᠠ ᠨᠢ ᠠᠵᠤ ᠠᠬᠤᠶᠢᠯᠠᠯ ᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠪᠠ᠃       ᠬᠤᠷᠠᠯ ᠠᠴᠠ᠂ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠶᠠᠪᠤᠴᠠ ᠳᠤ ᠰᠠᠨᠠᠯ ᠵᠥᠪᠯᠡᠯᠭᠡ ᠳᠤᠷᠠᠳᠤᠨ ᠵᠠᠰᠠᠭ  ᠎ ᠤᠨ ᠶᠠᠪᠤᠳᠠᠯ ᠳᠤ ᠲᠤᠰᠠᠯᠠᠵᠤ᠂  ᠤᠶᠤᠨ ᠴᠢᠳᠠᠯ ᠢᠶᠠᠨ ᠡᠷᠭᠦᠵᠦ᠂ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ  ︔ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ  ᠎ ᠢ ᠰᠢᠯᠢᠳᠡᠭᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠨᠳᠤᠨ ᠦᠵᠡᠯ ᠰᠠᠨᠠᠭ᠎ᠠ ᠪᠠᠨ ᠨᠢᠭᠡᠳᠬᠡᠬᠦ᠂  ᠵᠢᠱᠢᠯᠳᠠ ᠶᠢ ᠬᠥᠲᠥᠯᠥᠨ ᠵᠢᠯᠣᠭᠤᠳᠬᠤ᠂ ᠢᠲᠡᠭᠡᠯ ᠢᠶᠠᠨ ᠬᠥᠪᠴᠢᠯᠡᠬᠦ᠂ ᠰᠡᠵᠢᠭᠯᠡᠯ ᠢ ᠲᠠᠶᠢᠯᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠵᠡᠷᠭᠡ ᠠᠵᠢᠯ ᠢ ᠰᠠᠶᠢᠲᠤᠷ  ᠬᠢᠵᠦ᠂  ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠦᠨᠡᠨᠬᠦ  ᠪᠠᠳᠠᠷᠠᠭᠤᠯᠵᠦ  ᠂ ᠬᠠᠨᠳᠤᠯᠭᠠᠲᠤ ᠴᠢᠨᠠᠷ ᠲᠠᠢ ᠰᠠᠨᠠᠯ ᠰᠠᠨᠠᠭᠤᠯᠭ᠎ᠠ ᠳᠤᠷᠠᠳᠴᠤ᠂ ᠪᠦᠬᠦ ᠬᠤᠰᠢᠭᠤᠨ ᠤ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ  ᠎ ᠢ ᠤᠯᠠᠮ ᠰᠠᠶᠢᠵᠢᠷᠠᠭᠤᠯᠬᠤ ᠳᠤ ᠬᠦᠴᠦᠨ  ᠨᠡᠮᠡᠷᠢᠯᠡᠬᠦ ᠬᠡᠷᠡᠭᠲᠠᠢ᠃ ᠡᠯ᠎ᠡ ᠠᠵᠤ ᠠᠬᠤᠢ ᠶᠢᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠵᠤ ᠠᠬᠤᠶᠢᠯᠠᠯᠲᠠᠨ ᠤ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠬᠥᠭᠵᠢᠯᠲᠡ ᠶᠢᠨ ᠦᠨᠳᠦᠷᠴᠡ ᠠᠴᠠ ᠠᠵᠠ ᠲᠣᠬᠢᠶᠠᠯ  ᠎ ᠢ ᠠᠳᠬᠤᠵᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠳᠣᠭᠢᠷᠠᠭᠤᠯᠤᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠣᠨ ᠬᠥᠭᠵᠢᠭᠦᠯᠬᠦ᠂ ᠣᠯᠠᠨ ᠡᠰᠢᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ︔ ᠭᠡᠰᠢᠭᠦᠳ ᠤᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠴᠤᠭᠯᠠᠭᠤᠯᠵᠤ ᠲᠤᠰᠬᠠᠨ ᠲᠠᠮᠵᠢᠭᠤᠯᠵᠦ᠂ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ  ᠠᠬᠢᠭᠤᠯᠵᠦ᠂ ᠬᠤᠰᠢᠭᠤ ᠬᠡᠪᠴᠢᠶᠡᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ  ᠵᠦᠪᠯᠡᠯᠭᠡᠨ ᠤ ᠬᠦᠴᠦᠨ ᠢᠶᠠᠨ ᠡᠷᠭᠦᠵᠦ᠂ ᠠᠵᠢᠯ ᠵᠢᠳᠬᠦᠯ ᠢᠶᠠᠨ  ᠬᠠᠷᠠᠭᠤᠯᠬᠤ ᠬᠡᠷᠡᠭᠲᠠᠢ ᠭᠡᠵᠦ ᠴᠢᠬᠤᠯᠠᠴᠢᠯᠠᠬᠰᠠᠨ ᠪᠠᠶᠢᠨ᠎ᠠ᠃     ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ᠂  ᠬᠤᠰᠢᠭᠤᠨ ᠳᠤ ᠰᠠᠭᠤᠭ᠎ᠠ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号