ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠰᠢᠯᠢ ᠶᠢᠨ ᠭᠤᠤᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠵᠡᠮᠳᠡᠭᠴᠦᠳ ᠢ ᠨᠤᠲᠠᠯᠠᠨ ᠲᠣᠭᠲᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/7/24
       ᠳᠡᠭᠡᠲᠦ ᠱᠠᠲᠤᠨ ᠤ ᠵᠡᠮᠳᠡᠭᠴᠦᠳ ᠤᠨ ᠬᠤᠯᠪᠣᠭᠠᠨ ᠤ ᠵᠡᠮᠳᠡᠭᠴᠦᠳ ᠤᠨ ᠦᠨᠡᠮᠯᠡᠯ ᠰᠣᠯᠢᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ᠵᠡᠮᠳᠡᠭᠴᠦᠳ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 7 ᠰᠠᠷ᠎ᠠ ᠶᠢᠨ 16 — 18 ᠤ ᠡᠳᠦᠷ ᠪᠣᠯᠲᠠᠯ᠎ᠠ᠂  ᠬᠤᠰᠢᠭᠤ ᠵᠡᠮᠳᠡᠭᠴᠦᠳ ᠤᠨ ᠬᠤᠯᠪᠣᠭ᠎ᠠ ᠰᠢᠯᠢ ᠶᠢᠨ ᠭᠤᠤᠯ ᠠᠶᠢᠮᠠᠭ ᠤᠨ ᠠᠨ ᠱᠧᠨ ᠡᠮᠨᠡᠯᠭᠡ ᠶᠢᠨ ᠬᠤᠷᠢᠶ᠎ᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ   ᠢ ᠤᠷᠢᠵᠤ  ᠮᠠᠨ ᠤ ᠬᠤᠰᠢᠭᠤᠨ ᠤ  ᠣᠶᠤᠨ ᠮᠡᠳᠡᠷᠡᠯ ᠰᠠᠭᠠᠳ ᠲᠠᠢ ᠵᠡᠮᠳᠡᠭᠴᠦᠳ ᠢ ᠳᠠᠬᠢᠨ ᠨᠤᠲᠠᠯᠠᠨ ᠲᠣᠭᠲᠠᠭᠠᠵᠤ ᠦᠨᠡᠮᠯᠡᠯ ᠰᠣᠯᠢᠬᠤ ᠠᠵᠢᠯ ᠢ ᠦᠷᠨᠢᠭᠦᠯᠪᠠ᠃        ᠨᠤᠲᠠᠯᠠᠨ ᠲᠣᠭᠲᠠᠭᠠᠬᠤ ᠶᠠᠪᠤᠴᠠ ᠳᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠡᠪᠡᠳᠴᠢᠲᠡᠨ ᠤ ᠡᠪᠡᠳᠴᠢᠨ ᠤ ᠲᠡᠮᠳᠡᠭᠯᠡᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠡᠪᠡᠳᠴᠢᠲᠡᠨ ᠤ  ᠡᠪᠡᠳᠴᠢᠯᠡᠭᠰᠡᠨ ᠰᠢᠯᠲᠠᠭᠠᠨ ᠵᠢᠴᠢ ᠣᠶᠤᠨ ᠮᠡᠳᠡᠷᠡᠯ ᠤᠨ ᠪᠠᠶᠢᠳᠠᠯ ᠢ ᠨᠠᠷᠢᠨ ᠠᠰᠠᠭᠤᠨ  ᠪᠠᠶᠢᠴᠠᠭᠠᠨ ᠦᠵᠡᠵᠦ᠂ ᠨᠤᠲᠠᠯᠠᠨ  ᠲᠣᠭᠲᠠᠭᠠᠬᠤ ᠠᠵᠢᠯ ᠢ ᠴᠢᠩᠭ᠎ᠠ ᠬᠢᠨᠠᠮᠠᠭᠠᠶ ᠥᠷᠨᠢᠭᠦᠯᠪᠡ᠃ ᠡᠭᠦᠨ ᠤ ᠬᠠᠮᠲᠤ᠂ ᠡᠪᠡᠳᠴᠢᠲᠡᠨ ᠤ ᠵᠡᠮᠳᠡᠭ ᠤᠨ ᠬᠡᠮᠵᠢᠶ᠎ᠡ ᠨᠢ ᠬᠦᠨᠳᠦ ᠠᠴᠠ ᠪᠣᠯᠵᠤ ᠲᠤᠬᠠᠶ ᠶᠢᠨ  ᠭᠠᠵᠠᠷ ᠲᠤ ᠬᠦᠷᠴᠦ  ᠳᠡᠶᠢᠯᠬᠦ ᠦᠭᠡᠶ ᠵᠡᠮᠳᠡᠭᠴᠦᠳ ᠤᠨ ᠡᠷᠦᠬᠡ ᠳᠤ ᠬᠦᠷᠴᠦ ᠨᠤᠲᠠᠯᠠᠨ ᠲᠣᠭᠲᠠᠭᠠᠯᠲᠠ ᠬᠢᠵᠠᠢ᠃         ᠲᠣᠰ ᠤᠳᠠᠭᠠᠨ ᠤ ᠨᠤᠲᠠᠯᠠᠨ ᠲᠣᠭᠲᠠᠭᠠᠬᠤ ᠠᠵᠢᠯ ᠲᠤ᠂ ᠬᠤᠰᠢᠭᠤᠨ ᠤ 373 ᠵᠡᠮᠳᠡᠭᠴᠦᠳ ᠶᠢ ᠨᠤᠲᠠᠯᠠᠨ ᠲᠤᠠᠠᠲᠠᠭᠠᠵᠦ᠂ ᠣᠶᠤᠨ ᠮᠡᠳᠡᠷᠡᠯ ᠰᠠᠭᠠᠳ ᠲᠠᠢ ᠡᠪᠡᠳᠴᠢᠲᠡᠨ ᠤ ᠡᠪᠡᠳᠴᠢᠨ ᠤ  ᠪᠠᠶᠢᠳᠠᠯ᠂ ᠶᠠᠪᠤᠵᠤ ᠰᠠᠭᠤᠬᠤ   ᠲᠦᠭᠦᠮ ᠦᠭᠡᠢ ᠠᠴᠠ ᠪᠣᠯᠵᠦ ᠳᠡᠭᠡᠲᠦ ᠱᠠᠲᠤᠨ ᠤ ᠡᠮᠨᠡᠯᠭᠡ ᠶᠢᠨ ᠬᠤᠷᠢᠶᠠᠨ ᠳᠤ ᠬᠦᠷᠴᠦ ᠬᠠᠮᠢᠶ᠎ᠠ ᠪᠦᠬᠦᠢ ᠨᠤᠲᠠᠯᠠᠨ ᠲᠣᠭᠲᠠᠭᠠᠯᠲᠠ ᠬᠢᠯᠭᠡᠬᠦ ᠠᠷᠭ᠎ᠠ ᠦᠭᠡᠢ ᠠᠰᠠᠭᠤᠳᠠᠯ   ᠢ ᠰᠢᠢᠳᠪᠦᠷᠢᠯᠡᠵᠦ᠂ ᠲᠡᠳᠡᠨ ᠤ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠮᠥᠷᠲᠡᠭᠡᠨ ᠦᠨᠡᠮᠯᠡᠯ ᠢᠶᠠᠨ ᠴᠠᠭ  ᠳᠠᠭᠠᠨ  ᠰᠣᠯᠢᠬᠤ ᠶᠢ ᠪᠠᠳᠣᠯᠠᠵᠦ ᠂ ᠣᠨᠴᠠᠭᠠᠶ  ᠭᠦᠴᠢᠷᠲᠡᠯᠲᠠᠢ ᠣᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠵᠠᠢ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号