ᠬᠤᠰᠢᠭᠤ ᠤᠯᠤᠰ ᠲᠥᠷᠥ ᠶᠢᠨ ᠵᠥᠪᠯᠡᠯᠭᠡᠨ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠵᠢᠴᠢ ᠰᠠᠨᠠᠯ ᠬᠤᠷᠢᠶᠠᠬᠤ ᠬᠤᠷᠠᠯ  ᠬᠤᠷᠠᠯᠳᠣᠪᠠ
ᠨᠡᠶᠢᠲᠡᠯᠡᠭᠰᠡᠨ ᠴᠠᠭ᠄
2020-07-24
     ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠲᠣᠣᠱᠯᠠᠭᠤᠯᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠶᠢᠨ ᠲᠦᠯᠦᠭᠡ᠂ 7 ᠰᠠᠷ᠎ᠠ ᠶᠢᠨ 22 ᠤᠨ ᠡᠳᠣᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠤᠨ ᠶᠠᠷᠢᠯᠴᠠᠬᠤ ᠬᠤᠷᠠᠯ ᠵᠢᠴᠢ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠦᠨ ︽ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠦᠪᠯᠡᠯᠭᠡᠨ  ᠬᠠᠮᠲᠤᠷᠠᠨ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠲᠤᠬᠠᠶ ᠵᠥᠪᠲᠡᠯᠴᠡᠬᠦ ᠠᠵᠢᠯ ᠢ ᠨᠠᠶᠢᠲᠠᠪᠤᠷᠢᠵᠢᠭᠤᠯᠬᠤ ᠲᠦᠰᠦᠯ︾ ᠵᠢᠴᠢ  ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠤᠰᠬᠠᠶ ᠰᠡᠳᠦᠪᠲᠦ  ᠵᠦᠪᠳᠡᠯᠴᠡᠬᠦ ᠪᠠᠶᠢᠴᠠᠭᠠᠨ ᠰᠤᠳᠤᠯᠤᠯᠲᠠ ᠶᠢᠨ ᠲᠣᠪᠴᠢ ᠶᠢ ᠤᠩᠰᠢᠨ ᠨᠡᠶᠢᠲᠡᠯᠡᠪᠡ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠰᠠᠯᠠᠭ᠎ᠠ  ᠮᠦᠴᠢᠷ ᠤᠨ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠬᠤᠯᠪᠤᠭᠲᠠᠯ ᠪᠦᠬᠦᠢ ᠠᠵᠤ ᠠᠬᠤᠶᠢᠯᠠᠯ ᠤᠨ ᠠᠷᠠᠯᠵᠢᠶ᠎ᠠ ᠬᠤᠲᠠᠯᠲᠤᠭ᠎ᠠ ᠡᠵᠡᠩᠨᠡᠬᠦ ᠣᠷᠴᠢᠨ ᠲᠣᠭᠤᠷᠢᠨ   ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠬᠤ  ᠶᠡᠷᠢᠶ᠎ᠠ ᠲᠠᠯᠪᠢᠵᠦ᠂ ᠳᠠᠷᠠᠭ᠎ᠠ ᠨᠢ ᠠᠵᠤ ᠠᠬᠤᠶᠢᠯᠠᠯ ᠤᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠪᠠ᠃       ᠬᠤᠷᠠᠯ ᠠᠴᠠ᠂ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠶᠠᠪᠤᠴᠠ ᠳᠤ ᠰᠠᠨᠠᠯ ᠵᠥᠪᠯᠡᠯᠭᠡ ᠳᠤᠷᠠᠳᠤᠨ ᠵᠠᠰᠠᠭ   ᠤᠨ ᠶᠠᠪᠤᠳᠠᠯ ᠳᠤ ᠲᠤᠰᠠᠯᠠᠵᠤ᠂  ᠤᠶᠤᠨ ᠴᠢᠳᠠᠯ ᠢᠶᠠᠨ ᠡᠷᠭᠦᠵᠦ᠂ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ  ︔ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ   ᠢ ᠰᠢᠯᠢᠳᠡᠭᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠨᠳᠤᠨ ᠦᠵᠡᠯ ᠰᠠᠨᠠᠭ᠎ᠠ ᠪᠠᠨ ᠨᠢᠭᠡᠳᠬᠡᠬᠦ᠂  ᠵᠢᠱᠢᠯᠳᠠ ᠶᠢ ᠬᠥᠲᠥᠯᠥᠨ ᠵᠢᠯᠣᠭᠤᠳᠬᠤ᠂ ᠢᠲᠡᠭᠡᠯ ᠢᠶᠠᠨ ᠬᠥᠪᠴᠢᠯᠡᠬᠦ᠂ ᠰᠡᠵᠢᠭᠯᠡᠯ ᠢ ᠲᠠᠶᠢᠯᠬᠤ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ ᠵᠡᠷᠭᠡ ᠠᠵᠢᠯ ᠢ ᠰᠠᠶᠢᠲᠤᠷ  ᠬᠢᠵᠦ᠂  ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠦᠨᠡᠨᠬᠦ  ᠪᠠᠳᠠᠷᠠᠭᠤᠯᠵᠦ  ᠂ ᠬᠠᠨᠳᠤᠯᠭᠠᠲᠤ ᠴᠢᠨᠠᠷ ᠲᠠᠢ ᠰᠠᠨᠠᠯ ᠰᠠᠨᠠᠭᠤᠯᠭ᠎ᠠ ᠳᠤᠷᠠᠳᠴᠤ᠂ ᠪᠦᠬᠦ ᠬᠤᠰᠢᠭᠤᠨ ᠤ ᠬᠤᠳᠠᠯᠳᠤᠭᠠᠨ ᠤ ᠡᠵᠡᠩᠨᠡᠯᠲᠡ ᠶᠢᠨ ᠣᠷᠴᠢᠨ ᠲᠣᠭᠤᠷᠢᠨ   ᠢ ᠤᠯᠠᠮ ᠰᠠᠶᠢᠵᠢᠷᠠᠭᠤᠯᠬᠤ ᠳᠤ ᠬᠦᠴᠦᠨ  ᠨᠡᠮᠡᠷᠢᠯᠡᠬᠦ ᠬᠡᠷᠡᠭᠲᠠᠢ᠃ ᠡᠯ᠎ᠡ ᠠᠵᠤ ᠠᠬᠤᠢ ᠶᠢᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠵᠤ ᠠᠬᠤᠶᠢᠯᠠᠯᠲᠠᠨ ᠤ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠬᠥᠭᠵᠢᠯᠲᠡ ᠶᠢᠨ ᠦᠨᠳᠦᠷᠴᠡ ᠠᠴᠠ ᠠᠵᠠ ᠲᠣᠬᠢᠶᠠᠯ   ᠢ ᠠᠳᠬᠤᠵᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠳᠣᠭᠢᠷᠠᠭᠤᠯᠤᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠣᠨ ᠬᠥᠭᠵᠢᠭᠦᠯᠬᠦ᠂ ᠣᠯᠠᠨ ᠡᠰᠢᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ︔ ᠭᠡᠰᠢᠭᠦᠳ ᠤᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠴᠤᠭᠯᠠᠭᠤᠯᠵᠤ ᠲᠤᠰᠬᠠᠨ ᠲᠠᠮᠵᠢᠭᠤᠯᠵᠦ᠂ ᠬᠤᠲᠠᠯᠲᠤᠭᠠᠨ ᠤ ᠡᠵᠡᠩᠨᠡᠯᠲᠡ ᠶᠢᠨ ᠣᠷᠴᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ  ᠠᠬᠢᠭᠤᠯᠵᠦ᠂ ᠬᠤᠰᠢᠭᠤ ᠬᠡᠪᠴᠢᠶᠡᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ  ᠵᠦᠪᠯᠡᠯᠭᠡᠨ ᠤ ᠬᠦᠴᠦᠨ ᠢᠶᠠᠨ ᠡᠷᠭᠦᠵᠦ᠂ ᠠᠵᠢᠯ ᠵᠢᠳᠬᠦᠯ ᠢᠶᠠᠨ  ᠬᠠᠷᠠᠭᠤᠯᠬᠤ ᠬᠡᠷᠡᠭᠲᠠᠢ ᠭᠡᠵᠦ ᠴᠢᠬᠤᠯᠠᠴᠢᠯᠠᠬᠰᠠᠨ ᠪᠠᠶᠢᠨ᠎ᠠ᠃     ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ᠂  ᠬᠤᠰᠢᠭᠤᠨ ᠳᠤ ᠰᠠᠭᠤᠭ᠎ᠠ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号