ᠪᠦᠬᠦ ᠠᠶᠢᠮᠠᠭ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠤᠰᠬᠠᠶ ᠮᠡᠷᠭᠡᠵᠢᠯ ᠤᠨ ᠪᠦᠯᠬᠦᠮ ᠤᠨ ᠪᠣᠯᠪᠠᠰᠣᠷᠠᠯ ᠤᠨ ᠠᠩᠭᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020-07-28
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠰᠢᠯᠤᠭᠤᠨ ᠬᠥᠪᠡᠭᠡᠲᠦ ᠴᠠᠭᠠᠨ ᠬᠤᠰᠢᠭᠤ ᠶᠢ ᠲᠠᠭᠠᠭᠠᠴᠢᠯᠠᠨ ᠬᠤᠯᠪᠣᠭᠠᠯᠠᠬᠤ  ᠳᠤᠭᠤᠶᠢᠯᠠᠩ ᠤᠨ  ᠬᠦᠴᠦᠲᠠᠢ ᠳᠡᠮᠵᠢᠯᠭᠡ ᠳᠣᠣᠷ᠎ᠠ᠂ 7  ᠰᠠᠷ᠎ᠠ ᠶᠢᠨ 27 ᠤ ᠡᠳᠦᠷ᠂ ᠪᠥᠬᠦ ᠠᠶᠢᠮᠠᠭ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ  ᠲᠣᠰᠬᠠᠢ ᠮᠡᠷᠭᠡᠵᠢᠯ ᠤᠨ ᠪᠦᠯᠬᠦᠮ ᠤᠨ ᠪᠣᠯᠪᠠᠰᠤᠷᠠᠯ ᠤᠨ ᠠᠩᠭᠢ ᠮᠠᠨ ᠤ ᠬᠤᠰᠢᠭᠤᠨ ᠳᠤ ᠶᠠᠪᠤᠭᠳᠠᠪᠠ᠃    
 ᠪᠣᠯᠪᠠᠰᠤᠷᠠᠯ ᠢ ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠬᠠᠳᠠ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠰᠢᠯᠤᠭᠤᠨ ᠬᠥᠪᠡᠭᠡᠲᠦ ᠴᠠᠭᠠᠨ  ᠬᠤᠰᠢᠭᠤᠨ ᠤ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ  ᠡᠷᠬᠢᠯᠡᠭᠴᠢ ᠵᠤᠤ ᠰᠢᠨ ᠯᠢ ᠶᠠᠷᠢᠶ᠎ᠠ ᠲᠠᠯᠪᠢᠵᠤ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠡᠷᠬᠢᠯᠡᠬᠦ ᠵᠣᠷᠢᠯᠭ᠎ᠠ ᠠᠴᠢ ᠬᠤᠯᠪᠣᠭᠳᠠᠯ ᠢ ᠴᠢᠬᠤᠯᠠᠴᠢᠯᠠᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ  ᠡᠵᠡᠮᠳᠡᠬᠦ  ᠪᠠᠶᠢᠭᠤᠯᠤᠮᠵᠢ ᠦᠯᠦ ᠬᠠᠯᠳᠠᠭᠠᠬᠤ᠂  ᠰᠢᠯᠵᠢᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠠᠮᠢᠲᠠᠨ ᠤ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡᠯᠡᠬᠦ ᠡᠭᠦᠷᠭᠡ ᠴᠢᠳᠠᠪᠬᠢ ᠪᠠᠨ ᠴᠢᠩᠭᠠᠷᠠᠭᠤᠯᠵᠤ᠂  ᠦᠢᠯᠡᠴᠢᠯᠡᠭᠡᠨ ᠤ ᠴᠢᠳᠠᠪᠤᠷᠢ ᠪᠠᠨ ᠪᠦᠬᠦ ᠲᠠᠯ᠎ᠠ ᠪᠠᠷ  ᠲᠡᠭᠡᠭᠰᠢᠯᠡᠭᠦᠯᠬᠦ ᠬᠡᠷᠡᠭᠲᠠᠢ ᠭᠡᠵᠦ ᠱᠠᠭᠠᠷᠳᠠᠪᠠ᠃  
 ᠪᠣᠯᠪᠠᠰᠣᠷᠠᠯ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ ᠨᠥᠬᠦᠪᠥᠷᠢ ᠶᠢᠨ ᠲᠤᠰᠬᠠᠶ ᠮᠡᠷᠭᠡᠵᠢᠯᠲᠡᠨ᠂ ᠬᠥᠳᠡᠭᠡ ᠠᠵᠤ ᠠᠬᠤᠢ ᠶᠢᠨ ᠶᠠᠮᠤᠨ ᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ᠂ ᠤᠯᠤᠰ ᠤᠨ ᠮᠠᠯ ᠳᠤ ᠬᠡᠷᠡᠭᠯᠡᠬᠦ ᠡᠮ ᠤᠨ ᠵᠦᠢᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠲᠢᠶᠠᠨ ᠺᠧ ᠬᠥᠩ   ᠢ ᠣᠷᠢᠨ ᠵᠠᠯᠠᠵᠦ  ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ  ᠲᠦᠪᠰᠢᠨ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠡᠮᠵᠢᠯᠲᠡ ᠶᠢᠨ ᠭᠡᠷᠡᠴᠢᠯᠡᠯ ᠪᠠ ᠵᠢᠷᠤᠮᠵᠢᠭᠰᠠᠨ ᠬᠠᠮᠢᠶᠠᠷᠣᠯᠳᠠ ᠵᠡᠷᠭᠡ 3 ᠲᠠᠯ᠎ᠠ ᠪᠠᠷ  ᠲᠠᠶᠢᠯᠣᠮᠵᠢ ᠬᠢᠯᠭᠡᠪᠡ᠃    
ᠣᠶᠢᠯᠠᠭᠠᠭᠰᠠᠨ ᠢᠶᠠᠷ᠂ ᠪᠦᠬᠦ ᠠᠶᠢᠮᠠᠭ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠤᠰᠬᠠᠶ ᠮᠡᠷᠭᠡᠵᠢᠯ  ᠤᠨ ᠪᠦᠯᠬᠦᠮ ᠪᠠᠶᠢᠭᠤᠯᠤᠭᠳᠠᠭᠰᠠᠨ ᠨᠢ ᠡᠯ᠎ᠡ ᠱᠠᠲᠤᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠴᠠᠭᠠᠨ ᠬᠡᠮᠵᠢᠬᠦ ᠰᠢᠨ᠎ᠡ ᠮᠡᠷᠭᠡᠵᠢᠯ ᠢ ᠡᠵᠡᠮᠰᠢᠨ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠲᠣᠳᠠᠬᠳᠠᠯ ᠢ   ᠰᠢᠢᠳᠪᠦᠷᠢᠯᠡᠵᠦ  ᠂ ᠵᠢᠱᠢᠭᠰᠡᠨ ᠦᠷ᠎ᠡ ᠪᠦᠲᠦᠮᠵᠢ ᠳᠤ ᠬᠦᠷᠴᠦ᠂ ᠴᠢᠨᠠᠷ ᠰᠠᠶᠢᠲᠠᠶ ᠮᠠᠯ ᠠᠵᠤ ᠠᠬᠤᠶ ᠶᠢ ᠬᠥᠭᠵᠢᠭᠦᠯᠬᠦ ᠳᠤ ᠪᠠᠲᠤᠯᠠᠭ᠎ᠠ ᠬᠠᠩᠭᠠᠵᠤ᠂ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠳᠤ ᠰᠠᠭᠤᠷᠢ ᠲᠠᠯᠪᠢᠬᠰᠠᠨ ᠪᠠᠶᠢᠨ᠎ᠠ᠃    
 ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂  ᠬᠤᠰᠢᠭᠤ  ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠣᠯᠤᠨ  ᠬᠤᠰᠢᠭᠤ  ᠳ᠋ᠦᠩ ᠠᠨ ᠮᠠᠯ ᠠᠵᠤ ᠠᠬᠤᠶ ᠮᠠᠯ ᠡᠮᠨᠡᠯᠭᠡ ᠶᠢᠨ  ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠣᠭᠤᠷᠢᠨ ᠦᠵᠡᠪᠡ᠃       ᠠᠶᠢᠮᠠᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠤᠳᠤᠷᠢᠳᠬᠤ ᠪᠠᠭ ᠪᠣᠯᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠵᠢᠯᠲᠠᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯ ᠬᠦᠴᠦᠨ ᠨᠡᠶᠢᠲᠡ 40 ᠭᠠᠷᠣᠢ  ᠬᠦᠮᠦᠨ ᠲᠤᠰ ᠤᠳᠠᠭᠠᠨ ᠤ  ᠪᠣᠯᠪᠠᠰᠣᠷᠠᠯ ᠳᠤ ᠣᠷᠣᠯᠴᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号