ᠪᠦᠬᠦ ᠠᠶᠢᠮᠠᠭ ᠤᠨ ᠮᠣᠩᠭᠤᠯ ᠤᠷᠠᠨ ᠪᠢᠴᠢᠯᠭᠡ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2020-08-10
       ︽ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣ‌‍ᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ  ᠰᠣᠶᠣᠯ ᠤᠨ ᠠᠵᠢᠯᠲᠠᠨ ᠤ ᠲᠤᠰᠬᠠᠶ ᠲᠦᠷᠦᠯ ᠤᠨ ᠬᠡᠷᠡᠭᠵᠢᠭᠦᠯᠬᠦ ᠲᠥᠰᠦᠯ︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠠᠬᠢᠭᠤᠯᠵᠤ᠂ ᠮᠣᠩᠭᠤᠯ ᠤᠷᠠᠨ ᠪᠢᠴᠢᠯᠭᠡ ᠶᠢ ᠤᠯᠠᠮᠵᠢᠯᠠᠨ ᠵᠠᠯᠭᠠᠮᠵᠢᠯᠠᠬᠤ ᠡᠩᠨᠡᠭᠡᠨ ᠤ ᠪᠠᠶᠢᠭᠤᠯᠤᠯᠲᠠ ᠶᠢ ᠤᠯᠠᠮ  ᠴᠢᠩᠭᠠᠳᠬᠠᠬᠤ ᠶᠢᠨ ᠲᠦᠯᠦᠭᠡ᠂ 8 ᠰᠠᠷ᠎ᠠ ᠶᠢᠨ 5᠎  — 7᠎ ᠤ ᠡᠳᠦᠷ ᠪᠣᠯᠲᠠᠯ᠎ᠠ᠂ ᠪᠦᠬᠦ ᠠᠶᠢᠮᠠᠭ ᠤᠨ ᠮᠣᠩᠭᠤᠯ ᠤᠷᠠᠨ ᠪᠢᠴᠢᠯᠭᠡ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ ᠨᠢ ᠪᠣᠯᠭᠠᠨᠳᠣᠬᠤᠢ ᠰᠤᠮᠤᠨ ᠤ ᠲᠣᠯᠢᠨᠪᠣᠯᠠᠭ ᠭᠠᠴᠠᠭᠠᠨ ᠤ ᠣᠳᠣᠨ ᠣᠭᠲᠠᠷᠭᠤᠶ ᠶᠢᠨ ᠰᠣᠶᠣᠯ ᠤᠨ ᠭᠠᠵᠠᠷ ᠲᠤ ᠶᠠᠪᠣᠬᠳᠠᠪᠠ᠃  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ  ᠡᠯᠪᠡᠷᠢᠯᠲᠦ  ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃       ᠲᠣᠰ ᠤᠳᠠᠭᠠᠨ ᠤ ᠪᠣᠯᠪᠠᠰᠤᠷᠠᠯ ᠢ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ᠂  ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂  ᠬᠤᠰᠢᠭᠤ ᠰᠣᠶᠣᠯ ᠤᠨ ᠣᠷᠳᠣᠨ ᠳᠠᠭᠠᠭᠠᠴᠢᠯᠠᠨ ᠡᠷᠬᠢᠯᠡᠪᠡ᠃ ᠣᠣᠯ ᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶᠠᠨ ᠤ ᠳᠡᠳ᠋ ᠶᠡᠷᠦᠩᠬᠡᠶ ᠨᠠᠶᠢᠷᠠᠭᠤᠯᠤᠭᠴᠢ᠂  ᠲᠣᠮᠳᠠᠳᠣ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠲᠠᠮᠠᠭ᠎ᠠ ᠰᠡᠶᠢᠯᠦᠮᠡᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠲᠡᠤᠬᠡ ᠰᠤᠳᠤᠯᠬᠤ ᠭᠠᠵᠠᠷ ᠤᠨ ᠠᠵᠢᠯᠲᠠᠨ ᠴᠣᠯᠮᠣᠨ ᠢ ᠤᠷᠢᠪᠠ᠃ ᠵᠡᠭᠦᠨ ᠦᠵᠦᠮᠦᠴᠢᠨ ᠬᠤᠰᠢᠭᠤᠨ ᠤ ᠰᠣᠶᠣᠯ ᠤᠨ ᠣᠷᠳᠣᠨ ᠤ ᠳᠡᠳ᠋ ᠳᠠᠷᠤᠭ᠎ᠠ ︵ᠰᠤᠳᠤᠯᠭᠠᠨ ᠤ ᠣᠷᠳᠣᠨ︶᠂ ᠮᠣᠩᠭᠤᠯ ᠤᠷᠠᠨ ᠪᠢᠴᠢᠯᠭᠡ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠰᠢᠯᠢ ᠶᠢᠨ ᠭᠤᠣᠯ ᠠᠶᠢᠮᠠᠭ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠨᠡᠶᠢᠭᠡᠮᠯᠢᠭ ᠤᠨ ᠬᠡᠷᠡᠭ  ᠡᠷᠬᠢᠯᠡᠭᠴᠢ ᠰᠢ ᠶᠢᠨ ᠵᠦ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ︵ᠲᠣᠭᠤᠷᠢᠭ︶᠎ ᠶᠢᠨ 22 ᠨᠡᠷ᠎ᠡ ᠮᠣᠩᠭᠤᠯ ᠤᠷᠠᠨ ᠪᠢᠴᠢᠯᠭᠡ ᠳᠤ ᠪᠠᠭ᠋ᠠᠲᠠᠢ ᠬᠥᠮᠦᠰ ᠲᠤ ᠬᠢᠴᠢᠶᠡᠯ  ᠣᠷᠣᠪᠠ  ᠃ ᠪᠣᠯᠪᠠᠰᠤᠷᠠᠯ ᠨᠢ ᠮᠣᠩᠭᠤᠯ ᠤᠷᠠᠨ ᠪᠢᠴᠢᠯᠭᠡ ᠶᠢᠨ ᠤᠨᠤᠯ᠂ ᠮᠣᠩᠭᠤᠯ ᠤᠷᠠᠨ ᠪᠢᠴᠢᠯᠭᠡ ᠶᠢᠨ ᠪᠢᠴᠢᠯᠭᠡ᠂  ᠮᠣᠩᠭᠤᠯ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ᠪᠠᠷ ᠭᠤᠣᠯ  ᠠᠭᠤᠯᠭ᠎ᠠ ᠪᠠᠨ ᠪᠣᠯᠭᠠᠪᠠ᠃       ᠪᠣᠯᠪᠠᠰᠤᠷᠠᠯ ᠳᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠨᠢᠭᠡ ᠪᠦᠯᠦᠭ ᠰᠢᠨ᠎ᠡ ᠬᠦᠴᠦᠨ ᠢ ᠬᠦᠮᠦᠵᠢᠭᠦᠯᠵᠦ᠂ ᠮᠠᠨ ᠤ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠣᠯᠬᠤ ᠮᠣᠩᠭᠤᠯ ᠤᠷᠠᠨ ᠪᠢᠴᠢᠯᠭᠡ ᠶᠢ ᠤᠯᠠᠮᠵᠢᠯᠠᠨ ᠵᠠᠯᠭᠠᠮᠵᠢᠯᠠᠬᠤ ᠡᠩᠨᠡᠭᠡᠨ ᠤ  ᠬᠢᠷᠢ ᠲᠦᠪᠰᠢᠨ ᠢ  ᠲᠡᠭᠡᠭᠰᠢᠯᠡᠭᠦᠯᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号