︽ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢᠨ ᠰᠣᠶᠣᠯ ᠤᠨ ᠠᠵᠢᠯᠲᠠᠨ ᠤ ᠲᠤᠰᠬᠠᠶ ᠲᠦᠷᠦᠯ ᠤᠨ ᠬᠡᠷᠡᠭᠵᠢᠭᠦᠯᠬᠦ ᠲᠥᠰᠦᠯ︾ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠠᠵᠢᠯ ᠢ ᠠᠬᠢᠭᠤᠯᠵᠤ᠂ ᠮᠣᠩᠭᠤᠯ ᠤᠷᠠᠨ ᠪᠢᠴᠢᠯᠭᠡ ᠶᠢ ᠤᠯᠠᠮᠵᠢᠯᠠᠨ ᠵᠠᠯᠭᠠᠮᠵᠢᠯᠠᠬᠤ ᠡᠩᠨᠡᠭᠡᠨ ᠤ | ᠪᠠᠶᠢᠭᠤᠯᠤᠯᠲᠠ ᠶᠢ ᠤᠯᠠᠮ ᠴᠢᠩᠭᠠᠳᠬᠠᠬᠤ ᠶᠢᠨ ᠲᠦᠯᠦᠭᠡ᠂ 8 ᠰᠠᠷ᠎ᠠ ᠶᠢᠨ 5 — 7 ᠤ ᠡᠳᠦᠷ ᠪᠣᠯᠲᠠᠯ᠎ᠠ᠂ | ᠪᠦᠬᠦ ᠠᠶᠢᠮᠠᠭ ᠤᠨ ᠮᠣᠩᠭᠤᠯ ᠤᠷᠠᠨ ᠪᠢᠴᠢᠯᠭᠡ ᠵᠣᠬᠢᠶᠠᠨ ᠪᠦᠲᠦᠭᠡᠬᠦ ᠪᠣᠯᠪᠠᠰᠤᠷᠠᠯ ᠤᠨ ᠠᠩᠭᠢ ᠨᠢ ᠪᠣᠯᠭᠠᠨᠳᠣᠬᠤᠢ | ᠰᠤᠮᠤᠨ ᠤ ᠲᠣᠯᠢᠨᠪᠣᠯᠠᠭ ᠭᠠᠴᠠᠭᠠᠨ ᠤ ᠣᠳᠣᠨ ᠣᠭᠲᠠᠷᠭᠤᠶ ᠶᠢᠨ ᠰᠣᠶᠣᠯ ᠤᠨ ᠭᠠᠵᠠᠷ ᠲᠤ ᠶᠠᠪᠣᠬᠳᠠᠪᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠯᠪᠡᠷᠢᠯᠲᠦ ᠠᠩᠭᠢ ᠡᠬᠢᠯᠡᠬᠦ ᠶᠣᠰᠣᠯᠠᠯ ᠳᠤ | ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠯ ᠢ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠲᠥᠪ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠭᠤᠣᠯᠯᠠᠨ ᠡᠷᠬᠢᠯᠡᠵᠦ᠂ ᠬᠤᠰᠢᠭᠤ ᠰᠣᠶᠣᠯ ᠤᠨ ᠣᠷᠳᠣᠨ ᠳᠠᠭᠠᠭᠠᠴᠢᠯᠠᠨ ᠡᠷᠬᠢᠯᠡᠪᠡ᠃ ᠣᠣᠯ ᠤᠨ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶᠠᠨ ᠤ ᠳᠡᠳ᠋ ᠶᠡᠷᠦᠩᠬᠡᠶ ᠨᠠᠶᠢᠷᠠᠭᠤᠯᠤᠭᠴᠢ᠂ ᠲᠣᠮᠳᠠᠳᠣ | ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ | ᠨᠡᠶᠢᠭᠡᠮᠯᠢᠭ ᠤᠨ ᠲᠠᠮᠠᠭ᠎ᠠ ᠰᠡᠶᠢᠯᠦᠮᠡᠯ ᠤᠨ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠲᠡᠤᠬᠡ ᠰᠤᠳᠤᠯᠬᠤ ᠭᠠᠵᠠᠷ ᠤᠨ ᠠᠵᠢᠯᠲᠠᠨ ᠴᠣᠯᠮᠣᠨ ᠢ ᠤᠷᠢᠪᠠ᠃ ᠵᠡᠭᠦᠨ ᠦᠵᠦᠮᠦᠴᠢᠨ | ᠬᠤᠰᠢᠭᠤᠨ ᠤ ᠰᠣᠶᠣᠯ ᠤᠨ ᠣᠷᠳᠣᠨ ᠤ ᠳᠡᠳ᠋ ᠳᠠᠷᠤᠭ᠎ᠠ ︵ᠰᠤᠳᠤᠯᠭᠠᠨ ᠤ ᠣᠷᠳᠣᠨ︶᠂ ᠮᠣᠩᠭᠤᠯ ᠤᠷᠠᠨ | ᠪᠢᠴᠢᠯᠭᠡ ᠶᠢᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠰᠢᠯᠢ ᠶᠢᠨ ᠭᠤᠣᠯ ᠠᠶᠢᠮᠠᠭ ᠤᠨ ᠤᠷᠠᠨ ᠪᠢᠴᠢᠯᠭᠡᠲᠡᠨ ᠤ | ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ | ᠡᠷᠬᠢᠯᠡᠭᠴᠢ᠂ ᠳᠤᠮᠳᠠᠳᠤ ᠤᠯᠤᠰ ᠤᠨ ᠤᠷᠠᠨ ᠪᠢᠴᠢᠯᠭᠡ ᠤᠷᠠᠨ ᠵᠢᠷᠤᠭ ᠤᠨ ᠤᠷᠠᠯᠢᠭ ᠤᠨ ᠨᠡᠶᠢᠭᠡᠮᠯᠢᠭ ᠤᠨ ᠬᠡᠷᠡᠭ | ᠡᠷᠬᠢᠯᠡᠭᠴᠢ ᠰᠢ ᠶᠢᠨ ᠵᠦ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠳᠠ ︵ᠲᠣᠭᠤᠷᠢᠭ︶ ᠶᠢᠨ 22 ᠨᠡᠷ᠎ᠡ | ᠮᠣᠩᠭᠤᠯ ᠤᠷᠠᠨ ᠪᠢᠴᠢᠯᠭᠡ ᠳᠤ ᠪᠠᠭ᠋ᠠᠲᠠᠢ ᠬᠥᠮᠦᠰ ᠲᠤ ᠬᠢᠴᠢᠶᠡᠯ ᠣᠷᠣᠪᠠ ᠃ ᠪᠣᠯᠪᠠᠰᠤᠷᠠᠯ ᠨᠢ ᠮᠣᠩᠭᠤᠯ ᠤᠷᠠᠨ | ᠪᠢᠴᠢᠯᠭᠡ ᠶᠢᠨ ᠤᠨᠤᠯ᠂ ᠮᠣᠩᠭᠤᠯ ᠤᠷᠠᠨ ᠪᠢᠴᠢᠯᠭᠡ ᠶᠢᠨ ᠪᠢᠴᠢᠯᠭᠡ᠂ ᠮᠣᠩᠭᠤᠯ ᠤᠷᠠᠨ ᠪᠢᠴᠢᠯᠭᠡ ᠶᠢᠨ ᠵᠣᠬᠢᠶᠠᠨ | ᠪᠦᠲᠦᠭᠡᠯᠭᠡ ᠪᠠᠷ ᠭᠤᠣᠯ ᠠᠭᠤᠯᠭ᠎ᠠ ᠪᠠᠨ ᠪᠣᠯᠭᠠᠪᠠ᠃ | ᠪᠣᠯᠪᠠᠰᠤᠷᠠᠯ ᠳᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠨᠢᠭᠡ ᠪᠦᠯᠦᠭ | ᠰᠢᠨ᠎ᠡ ᠬᠦᠴᠦᠨ ᠢ ᠬᠦᠮᠦᠵᠢᠭᠦᠯᠵᠦ᠂ ᠮᠠᠨ ᠤ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠢ ᠲᠥᠷᠥᠯ ᠵᠦᠢᠯ ᠪᠣᠯᠬᠤ ᠮᠣᠩᠭᠤᠯ ᠤᠷᠠᠨ ᠪᠢᠴᠢᠯᠭᠡ ᠶᠢ ᠤᠯᠠᠮᠵᠢᠯᠠᠨ ᠵᠠᠯᠭᠠᠮᠵᠢᠯᠠᠬᠤ ᠡᠩᠨᠡᠭᠡᠨ ᠤ ᠬᠢᠷᠢ | ᠲᠦᠪᠰᠢᠨ ᠢ ᠲᠡᠭᠡᠭᠰᠢᠯᠡᠭᠦᠯᠪᠠ᠃ | |