ᠰᠢᠯᠣᠭᠤᠨ ᠬᠥᠪᠡᠭᠡᠲᠦ ᠴᠠᠭᠠᠨ ᠬᠤᠰᠢᠭᠤ ︽ᠲᠠᠯ᠎ᠠ ᠨᠤᠲᠤᠭ ᠤᠨ ᠰᠣᠶᠣᠯ ᠤᠨ ᠪᠡᠯᠭᠡ ᠲᠡᠮᠳᠡᠭ ᠤᠨ ᠴᠤᠪᠤᠷᠠᠯ ᠪᠢᠴᠢᠭ — ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠣᠳᠢ︾ ᠶᠢ ᠠᠩᠬ᠎ᠠ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020-08-12
      8 ᠰᠠᠷ᠎ᠠ ᠶᠢᠨ 8 ᠤ ᠡᠳᠦᠷ᠂ ᠮᠠᠨ ᠤ ᠬᠤᠰᠢᠭᠤ ︽ᠲᠠᠯ᠎ᠠ ᠨᠤᠲᠤᠭ ᠤᠨ ᠰᠣᠶᠣᠯ ᠤᠨ ᠪᠡᠯᠭᠡ ᠲᠡᠮᠳᠡᠭ ᠤᠨ ᠴᠤᠪᠤᠷᠠᠯ ᠪᠢᠴᠢᠭ — ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠤᠳᠢ︾ ᠶᠢ ᠠᠩᠬ᠎ᠠ ᠲᠠᠷᠬᠠᠭᠠᠬᠤ ᠶᠣᠰᠣᠯᠠᠯ  ᠶᠠᠪᠣᠬᠳᠠᠭᠤᠯᠪᠠ᠃    ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠣᠹᠧᠰᠰᠣᠷ᠂  ᠳ᠋ᠣᠺᠲ᠋ᠣᠷ ᠤᠨ ᠵᠢᠯᠣᠭᠤᠳᠣᠭᠴᠢ ᠪᠠᠭᠰᠢ ᠰᠡᠴᠡᠨᠪᠠᠭᠠᠲᠤᠷ᠂ ᠰᠢᠯᠢ ᠶᠢᠨ ᠭᠤᠣᠯ ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠴᠣᠬᠳᠣᠨᠠᠷᠠᠨ᠂ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠬᠤᠷᠢᠶᠠᠨ ᠤ ᠤᠳᠤᠷᠢᠳᠤᠭᠠᠴᠢ ᠨᠠᠩᠵᠢᠳ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠯᠧᠺᠲ᠋ᠣᠷ ᠠᠷᠢᠭᠤᠨᠭᠤᠸ᠎ᠡ ᠵᠢᠴᠢ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠤᠯᠠᠭ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠲᠤᠭᠠᠷ ᠲᠡᠰ ᠤᠨ ᠪᠠᠶᠢᠴᠠᠭᠠᠨ ᠰᠤᠳᠤᠯᠤᠭᠴᠢ ᠡᠷᠬᠡ ᠠᠩᠬ᠎ᠠ ᠲᠠᠷᠬᠠᠭᠠᠬᠤ ᠶᠣᠰᠣᠯᠠᠯ ᠳᠤ ᠣᠷᠣᠯᠴᠠᠵᠤ᠂ ᠤᠯᠤᠰ ᠲᠥᠷᠥ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠡᠯᠪᠡᠷᠢᠯᠲᠦ ᠶᠣᠰᠣᠯᠠᠯ ᠢ ᠡᠷᠭᠢᠯᠡᠪᠡ᠃      ᠶᠣᠰᠣᠯᠠᠯ ᠳᠡᠭᠡᠷ᠎ᠡ᠂ ᠰᠡᠴᠡᠨᠪᠠᠭᠠᠲᠤᠷ᠂  ᠴᠣᠬᠳᠣᠨᠠᠷᠠᠨ ︽ᠲᠠᠯ᠎ᠠ ᠨᠤᠲᠤᠭ ᠤᠨ ᠰᠣᠶᠣᠯ ᠤᠨ ᠪᠡᠯᠭᠡ ᠳᠡᠮᠳᠡᠭ ᠤᠨ ᠴᠤᠪᠤᠷᠠᠯ ᠪᠢᠴᠢᠭ — ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠪᠤᠳᠢ︾ ᠳᠤ ᠲᠠᠨᠢᠯᠴᠠᠭᠤᠯᠭ᠎ᠠ ᠬᠢᠵᠦ᠂ ᠬᠤᠷᠠᠯ ᠳᠤ ᠣᠷᠣᠯᠴᠠᠭᠰᠠᠳ ᠲᠤ ᠮᠠᠨ ᠤ  ᠬᠤᠰᠢᠭᠤᠨ ᠤ ᠴᠠᠬᠠᠷ ᠰᠣᠶᠣᠯ ᠢ ᠨᠡᠩ ᠪᠦᠬᠦ ᠲᠠᠯ᠎ᠠ ᠪᠠᠷ ᠭᠦᠨᠵᠡᠭᠡᠢ  ᠣᠶᠢᠯᠭᠠᠭᠤᠯᠵᠦ᠂ ᠰᠣᠶᠣᠯ ᠤᠨ ᠢᠲᠡᠭᠡᠯ ᠪᠠ ᠣᠮᠣᠭᠰᠢᠯ ᠢ ᠬᠥᠭᠵᠢᠭᠡᠪᠡ᠃      ᠬᠤᠷᠠᠯ ᠠᠴᠠ᠂ ᠰᠣᠶᠣᠯ ᠤᠨ ᠡᠲᠡᠭᠡᠳ ᠤᠨ ᠬᠥᠮᠦᠰ ᠴᠠᠬᠠᠷ ᠰᠣᠶᠣᠯ ᠢ ᠭᠦᠨᠵᠡᠭᠡᠶ ᠠᠭᠤᠲᠠᠯᠯᠠᠨ ᠡᠮᠬᠢᠳᠬᠡᠵᠦ ᠂ ᠴᠠᠬᠠᠷ ᠰᠣᠶᠣᠯ ᠤᠨ ᠠᠭᠤᠯᠤᠭᠳᠠᠬᠤᠨ ᠢ ᠭᠦᠨᠵᠡᠭᠡᠶ ᠰᠤᠳᠤᠯᠵᠤ᠂ ᠮᠣᠩᠭᠤᠯ ᠦᠨᠳᠦᠰᠦᠲᠡᠨ ᠤ ᠴᠠᠬᠠᠷ ᠲᠡᠤᠬᠡ ᠰᠣᠶᠣᠯ   ᠤᠨ ᠰᠤᠳᠤᠷ ᠪᠢᠴᠢᠭ ᠢ ᠠᠭᠤᠲᠠᠯᠯᠠᠬᠤ᠂ ᠡᠮᠬᠢᠳᠬᠡᠬᠦ᠂ ᠬᠠᠮᠠᠭᠠᠯᠠᠬᠤ ᠪᠠ ᠤᠯᠠᠮᠵᠢᠯᠠᠬᠤ ᠠᠵᠢᠯ ᠢ ᠴᠢᠩᠭᠠᠳᠬᠠᠵᠤ᠂ ᠡᠭᠦᠨ ᠤ ᠬᠠᠮᠲᠤ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠴᠠᠬᠠᠷ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠠᠢ ᠭᠡᠵᠦ ᠴᠢᠬᠤᠯᠠᠴᠢᠯᠠᠪᠠ᠃        ᠮᠠᠨ ᠤ ᠬᠤᠰᠢᠭᠤ ᠨᠢ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠪᠦᠭᠡᠳ ᠴᠠᠬᠠᠷ ᠠᠶᠢᠠᠮᠭ ᠤᠨ ᠰᠣᠶᠣᠯ ᠤᠨ ᠬᠥᠭᠵᠢᠯᠲᠡ ᠶᠢᠨ ᠥᠯᠥᠭᠡᠶ  ᠪᠠᠶᠢᠵᠦ᠂ ᠲᠠᠯ᠎ᠠ ᠨᠤᠲᠤᠭ ᠤᠨ ᠥᠨᠢ ᠤᠳᠠᠭᠠᠨ ᠤ ᠪᠤᠯᠪᠠᠰᠤᠨ ᠤᠯᠠᠮᠵᠢᠯᠠᠯ ᠲᠠᠢ ᠶᠤᠮ᠃  ᠣᠶᠢᠷ᠎ᠠ ᠶᠢᠨ ᠵᠢᠯ ᠳᠤ᠂ ᠮᠠᠨ ᠤ ᠬᠤᠰᠢᠭᠤ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠵᠣᠬᠢᠶᠠᠯᠴᠢᠳ ᠤᠨ ᠨᠡᠶᠢᠭᠡᠮᠯᠢᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠵᠣᠬᠢᠶᠠᠨ ᠪᠦᠲᠦᠭᠡᠬᠦ ᠰᠠᠭᠤᠷᠢᠨ ᠭᠠᠵᠠᠷ︾᠂ ︽ᠮᠣᠩᠭᠤᠯ ᠬᠡᠯᠡᠨ ᠤ ᠮᠣᠳᠣᠨ ᠪᠠᠷ ᠤᠨ ᠬᠡᠪᠯᠡᠬᠦ ᠮᠡᠷᠭᠡᠵᠢᠯ ᠤᠨ ᠡᠭᠦᠰᠦᠯ ᠤᠨ ᠭᠠᠵᠠᠷ︾᠂ ︽ᠥᠪᠥᠷ ᠮᠣᠩᠭᠤᠯ ᠤᠨ ᠴᠠᠬᠠᠷ ᠨᠤᠲᠤᠭ ᠪᠠ ᠥᠪᠥᠷ ᠮᠣᠩᠭᠤᠯ ᠤᠨ ᠴᠠᠬᠠᠷ ᠠᠷᠠᠳ ᠤᠨ ᠳᠠᠭᠤᠤ ᠶᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ︾᠂ ︽ᠪᠦᠬᠦ ᠠᠶᠢᠮᠠᠭ ᠤᠨ ᠮᠣᠩᠭᠤᠯ ᠷᠣᠮᠠᠨ ᠵᠣᠬᠢᠶᠠᠨ ᠪᠦᠲᠦᠭᠡᠬᠦ ᠰᠠᠭᠤᠷᠢᠨ ᠭᠠᠵᠠᠷ︾ ᠬᠡᠮᠡᠨ ᠨᠡᠷᠡᠯᠡᠭᠲᠡᠵᠦ᠂ 20 ᠤᠳᠬ᠎ᠠ ᠤᠷᠠᠯᠢᠭ ᠤᠨ ᠪᠦᠲᠦᠭᠡᠯ ᠠᠶᠢᠮᠠᠭ ᠤᠨ ᠲᠡᠰ ᠠᠴᠠ ᠳᠡᠭᠡᠭᠰᠢᠬᠢ ᠱᠠᠩᠨᠠᠯ ᠢ ᠭᠦᠷᠳᠡᠵᠦ᠂11 ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ︽ᠲᠠᠪᠤ ᠨᠢᠭᠡ ᠶᠢᠨ ᠢᠨᠵᠧᠨᠧᠷᠢᠩ︾ ᠤᠨ ᠱᠠᠩᠨᠠᠯ᠂ ︽ᠰᠣᠯᠣᠩᠭ᠎ᠠ︾  ᠂ ︽ᠲᠤᠷᠤᠨ᠎ᠠ︾  ᠂ ︽ᠰᠠᠷᠠᠨ᠎ᠠ︾   ᠵᠡᠷᠭᠡ ᠱᠠᠩᠨᠠᠯ ᠢ ᠬᠦᠷᠳᠡᠵᠦ᠂ ᠤᠯᠠᠨ ᠵᠢᠯ ᠳᠠᠷᠠᠭᠠᠯᠠᠨ ︽ᠴᠠᠬᠠᠷ ᠠᠷᠠᠳ ᠤᠨ ᠳᠠᠭᠤᠤ︾ ᠶᠢᠨ ᠶᠡᠭᠡ ᠱᠠᠩᠨᠠᠯᠲᠤ ᠤᠷᠤᠯᠳᠤᠭᠠᠨ ᠢ ᠡᠷᠬᠢᠯᠡᠭᠰᠡᠨ  ᠪᠦᠭᠡᠳ ︽ᠴᠠᠬᠠᠷ ᠠᠷᠠᠳ ᠤᠨ ᠳᠠᠭᠤᠤ ᠶᠢᠨ ᠰᠤᠳᠤᠯᠤᠨ ᠶᠠᠷᠢᠯᠴᠠᠬᠤ ᠬᠤᠷᠠᠯ︾ ᠢ ᠡᠷᠬᠢᠯᠡᠭᠰᠡᠨ ᠶᠤᠮ᠃      ᠬᠤᠷᠠᠯ ᠤᠨ ᠳᠠᠷᠠᠭ᠎ᠠ᠂ ᠶᠣᠰᠣᠯᠠᠯ ᠳᠤ ᠣᠷᠣᠯᠴᠠᠭᠰᠠᠳ ᠪᠣᠯᠭᠠᠨᠳᠣᠬᠤᠢ ᠰᠤᠮᠤᠨ ᠤ ᠲᠣᠯᠢᠨᠪᠤᠠᠯᠭ ᠭᠠᠴᠠᠭᠠᠨ  ᠤ ᠲᠠᠯ᠎ᠠ ᠨᠤᠲᠤᠭ ᠤᠨ ᠣᠳᠣᠨ ᠣᠭᠲᠠᠷᠭᠤᠢ ᠶᠢᠨ  ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠦ ᠰᠠᠨᠠᠯ ᠢᠶᠠᠨ ᠰᠣᠯᠢᠯᠴᠠᠪᠠ᠃       ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠮᠠᠨ ᠤ ᠬᠤᠰᠢᠭᠤᠨ ᠤ ᠬᠡᠰᠡᠭ ᠵᠣᠬᠢᠶᠠᠯᠴᠢ ᠠᠩᠬ᠎ᠠ ᠲᠠᠷᠬᠠᠭᠠᠬᠤ  ᠶᠣᠰᠣᠯᠠᠯ ᠳᠤ ᠣᠷᠣᠯᠴᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号