7 ᠰᠠᠷ᠎ᠠ ᠶᠢᠨ 29 — 30 ᠤ ᠡᠳᠦᠷ ᠪᠣᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠵᠥᠪᠯᠡᠭᠴᠢ ᠹᠧᠩ ᠭᠦᠸᠧ ᠬᠤᠸᠠ ᠨᠠᠷ ᠮᠠᠨ ᠤ ᠬᠤᠰᠢᠭᠤᠨ ᠳᠤ ᠢᠷᠡᠵᠦ᠂ ᠮᠠᠯᠵᠢᠬᠤ ᠣᠷᠣᠨ ᠤ | ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ᠂ ︽ᠮᠣᠩᠭᠤᠯ ᠦᠬᠡᠷ︾ ᠢ ᠬᠠᠮᠠᠭᠠᠯᠠᠨ ᠬᠥᠭᠵᠢᠭᠦᠯᠬᠦ | ᠲᠤᠬᠠᠶ ᠪᠠᠶᠢᠴᠠᠭᠠᠨ ᠰᠤᠳᠤᠯᠤᠯᠲᠠ ᠬᠢᠪᠠ᠃ | ᠹᠧᠩ ᠭᠦᠸᠧ ᠬᠤᠸᠠ ᠨᠠᠷ ᠬᠤᠰᠢᠭᠤ ᠤᠳᠤᠷᠢᠳᠤᠯᠭ᠎ᠠ ᠵᠧᠤ ᠰᠢᠶᠠᠨ ᠵᠢᠶᠦ᠋ᠨ᠂ ᠴᠧᠨ ᠬᠠᠢ | ᠯᠢᠩ ᠲᠠᠢ ᠬᠠᠮᠳᠣ ᠤᠷᠢᠳ ᠬᠤᠵᠢᠳ ᠤᠯᠠᠭᠠᠨᠴᠠᠪ ᠰᠤᠮᠤᠨ ᠤ ᠰᠠᠶᠢᠨᠪᠣᠯᠠᠭ ᠭᠠᠴᠠᠭᠠᠨ ᠤ ᠰᠣᠶᠣᠯᠳᠣ᠂ | ᠬᠤᠶᠠᠷᠬᠤᠳᠳᠤᠭ ᠭᠠᠴᠠᠭᠠᠨ ᠤ ᠰᠠᠶᠢᠨᠪᠠᠶᠠᠷ ᠂ ᠰᠢᠩ ᠶᠣᠣ ᠪᠠᠯᠭᠠᠰᠣᠨ ᠤ ᠳ᠋ᠠ ᠬᠤᠩ ᠱᠠᠨ ᠲᠣᠰᠬᠤᠨ ᠤ | 2019 ᠣᠨ ᠤ ᠣᠣᠭᠤᠬᠤ ᠣᠰᠣᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ᠂ ᠪᠣᠯᠭᠠᠨᠳᠣᠬᠤᠢ | ᠰᠤᠮᠤᠨ ᠤ ᠵᠣᠯᠣ ᠭᠠᠴᠠᠭᠠᠨ ᠤ ᠵᠠᠩ ᠼᠠᠢ ᠂ ᠶᠡᠬᠡᠨᠠᠭᠤᠷ ᠰᠤᠮᠤᠨ ᠤ ᠪᠣᠷᠣᠳᠣᠯᠣᠭᠠᠢ ᠭᠠᠴᠠᠭᠠᠨ ᠤ ᠸᠠᠩ ᠪᠦᠦ | ᠱᠠᠨ ᠨᠠᠷ ᠤᠨᠬᠢᠨ ᠳᠤ ᠬᠦᠷᠴᠦ᠂ ᠲᠡᠳᠡᠨ ᠤ ᠣᠣᠭᠤᠬᠤ ᠣᠰᠣᠨ ᠤ ᠠᠮᠤᠷ ᠲᠦᠪᠰᠢᠨ ᠵᠢᠴᠢ ᠰᠢᠮᠧᠨ᠋ᠲ᠋ᠧᠷ ᠦᠬᠡᠷ | ᠮᠠᠯᠵᠢᠵᠦ ᠪᠠᠶᠢᠭ᠎ᠠ ᠪᠠᠶᠢᠳᠠᠯ ᠢ ᠪᠠᠶᠢᠴᠠᠭᠠᠨ ᠣᠶᠢᠯᠭᠠᠵᠠᠢ᠃ | ᠹᠧᠩ ᠭᠦᠸᠧ ᠬᠤᠸᠠ ᠠᠴᠠ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ | ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠣᠳᠣᠬᠠᠨ ᠤ ᠮᠠᠯᠵᠢᠬᠤ ᠲᠠᠷᠢᠶᠠᠯᠠᠬᠤ | ᠣᠷᠣᠨ ᠤ ᠤᠤᠭᠤᠬᠤ ᠣᠰᠣᠨ ᠤ ᠠᠮᠤᠷ ᠲᠦᠪᠰᠢᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ | ᠪᠣᠯᠤᠨ ᠲᠣᠲᠠᠬᠳᠠᠯ ᠶᠢ ᠭᠦᠨᠵᠡᠭᠡᠶ ᠰᠤᠳᠤᠯᠤᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠣᠣᠭᠤᠬᠤ | ᠣᠰᠣᠨ ᠤ ᠠᠮᠤᠷ ᠲᠦᠪᠰᠢᠨ ᠤ ᠰᠢᠪᠲᠤᠯᠤᠯᠲᠠ ᠵᠢᠨᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠰᠤᠨ ᠠᠰᠢᠭᠯᠠᠯᠲᠠ ᠶᠢᠨ ᠪᠠᠭᠤᠷᠠᠶ ᠲᠠᠯ᠎ᠠ ᠶᠢᠨ ᠪᠦᠲᠦᠭᠡᠨ | ᠪᠠᠶᠢᠭᠤᠯᠣᠯᠳᠠ ᠶᠢ ᠬᠦᠴᠦᠯᠡᠨ ᠴᠢᠩᠭᠠᠳᠬᠠᠵᠤ᠂ ᠠᠷᠠᠳ ᠣᠯᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠦᠨᠡᠨᠬᠦ | ᠲᠡᠭᠡᠭᠰᠢᠯᠡᠭᠦᠯᠵᠦ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠶ᠃ ︽ᠮᠣᠩᠭᠤᠯ ᠦᠬᠡᠷ︾ ᠢ | ᠬᠠᠮᠠᠭᠠᠯᠠᠨ ᠬᠥᠭᠵᠢᠭᠦᠯᠬᠦ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠲᠥᠷᠥᠯ ᠵᠦᠢᠯ ᠤᠨ | ᠲᠡᠮᠵᠢᠯᠭᠡ ᠦᠵᠡᠭᠦᠯᠬᠦ ᠪᠠᠷ ᠲᠠᠮᠵᠢᠭᠤᠯᠣᠨ᠂ ᠮᠠᠯᠵᠢᠬᠤ ᠡᠷᠦᠬᠡ ᠶᠢ ᠵᠣᠷᠢᠭᠵᠢᠭᠤᠯᠤᠨ ᠮᠣᠩᠭᠤᠯ ᠦᠬᠡᠷ ᠤᠨ ᠲᠥᠷᠥᠯ | ᠵᠦᠢᠯ ᠤᠨ ᠡᠬᠢ ᠪᠠᠶᠠᠯᠢᠭ ᠢ ᠬᠠᠮᠠᠭᠠᠯᠠᠬᠤ ᠵᠢᠴᠢ ᠰᠣᠩᠭᠤᠨ ᠦᠷᠡᠵᠢᠭᠦᠯᠵᠦ ᠪᠤᠶᠢᠵᠢᠭᠤᠯᠬᠤ ᠠᠵᠢᠯ ᠢ ᠢᠳᠡᠪᠬᠢᠲᠡᠢ | ᠥᠷᠨᠢᠭᠦᠯᠵᠦ᠂ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠰᠢᠰᠲ᠋ᠧᠮ ᠶᠢ ᠪᠠᠶᠢᠭᠤᠯᠤᠨ | ᠪᠦᠷᠢᠨᠰᠢᠭᠦᠯᠵᠦ᠂ ᠮᠣᠩᠭᠤᠯ ᠦᠬᠡᠷ ᠤᠨ ᠡᠭᠦᠯᠳᠡᠷ ᠤᠨ ᠶᠠᠰᠤ ᠴᠢᠨᠠᠷ᠂ ᠲᠡᠵᠢᠭᠡᠨ ᠦᠷᠡᠵᠢᠭᠦᠯᠬᠦ ᠬᠡᠪᠴᠢᠶ᠎ᠡ ᠪᠣᠯᠤᠨ | ᠠᠵᠦ ᠠᠬᠤᠢ ᠶᠢᠨ ᠦᠷ᠎ᠡ ᠠᠰᠢᠭ ᠢ ᠤᠯᠠᠮ ᠲᠡᠭᠡᠭᠰᠢᠯᠡᠭᠦᠯᠬᠦ ᠬᠡᠷᠡᠭᠲᠠᠢ ᠭᠡᠵᠦ ᠴᠢᠬᠤᠯᠠᠴᠢᠯᠠᠪᠠ᠃ | |