ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠯᠡᠭᠴᠢ ᠹᠧᠩ ᠭᠦᠸᠧ ᠬᠤᠸᠠ ᠨᠠᠷ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-04
      7 ᠰᠠᠷ᠎ᠠ ᠶᠢᠨ 29  — 30 ᠤ ᠡᠳᠦᠷ ᠪᠣᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠯᠡᠭᠴᠢ ᠹᠧᠩ ᠭᠦᠸᠧ ᠬᠤᠸᠠ ᠨᠠᠷ ᠮᠠᠨ ᠤ ᠬᠤᠰᠢᠭᠤᠨ ᠳᠤ ᠢᠷᠡᠵᠦ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ᠂ ︽ᠮᠣᠩᠭᠤᠯ ᠦᠬᠡᠷ︾ ᠢ ᠬᠠᠮᠠᠭᠠᠯᠠᠨ ᠬᠥᠭᠵᠢᠭᠦᠯᠬᠦ  ᠲᠤᠬᠠᠶ ᠪᠠᠶᠢᠴᠠᠭᠠᠨ ᠰᠤᠳᠤᠯᠤᠯᠲᠠ ᠬᠢᠪᠠ᠃        ᠹᠧᠩ ᠭᠦᠸᠧ ᠬᠤᠸᠠ ᠨᠠᠷ  ᠬᠤᠰᠢᠭᠤ ᠤᠳᠤᠷᠢᠳᠤᠯᠭ᠎ᠠ ᠵᠧᠤ ᠰᠢᠶᠠᠨ ᠵᠢᠶᠦ᠋ᠨ᠂ ᠴᠧᠨ ᠬᠠᠢ ᠯᠢᠩ ᠲᠠᠢ ᠬᠠᠮᠳᠣ ᠤᠷᠢᠳ ᠬᠤᠵᠢᠳ ᠤᠯᠠᠭᠠᠨᠴᠠᠪ ᠰᠤᠮᠤᠨ ᠤ ᠰᠠᠶᠢᠨᠪᠣᠯᠠᠭ ᠭᠠᠴᠠᠭᠠᠨ ᠤ ᠰᠣᠶᠣᠯᠳᠣ᠂  ᠬᠤᠶᠠᠷᠬᠤᠳᠳᠤᠭ ᠭᠠᠴᠠᠭᠠᠨ ᠤ ᠰᠠᠶᠢᠨᠪᠠᠶᠠᠷ ᠂ ᠰᠢᠩ ᠶᠣᠣ ᠪᠠᠯᠭᠠᠰᠣᠨ ᠤ ᠳ᠋ᠠ ᠬᠤᠩ ᠱᠠᠨ ᠲᠣᠰᠬᠤᠨ ᠤ 2019 ᠣᠨ ᠤ ᠣᠣᠭᠤᠬᠤ ᠣᠰᠣᠨ ᠤ ᠠᠮᠤᠷ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ᠂  ᠪᠣᠯᠭᠠᠨᠳᠣᠬᠤᠢ ᠰᠤᠮᠤᠨ ᠤ ᠵᠣᠯᠣ ᠭᠠᠴᠠᠭᠠᠨ ᠤ ᠵᠠᠩ ᠼᠠᠢ  ᠂ ᠶᠡᠬᠡᠨᠠᠭᠤᠷ ᠰᠤᠮᠤᠨ ᠤ  ᠪᠣᠷᠣᠳᠣᠯᠣᠭᠠᠢ  ᠭᠠᠴᠠᠭᠠᠨ ᠤ ᠸᠠᠩ ᠪᠦᠦ ᠱᠠᠨ ᠨᠠᠷ ‍ᠤᠨ‌‍ᠬᠢᠨ ᠳᠤ ᠬᠦᠷᠴᠦ᠂ ᠲᠡᠳᠡᠨ ᠤ ᠣᠣᠭᠤᠬᠤ ᠣᠰᠣᠨ ᠤ ᠠᠮᠤᠷ ᠲᠦᠪᠰᠢᠨ ᠵᠢᠴᠢ ᠰᠢᠮᠧᠨ᠋ᠲ᠋ᠧᠷ ᠦᠬᠡᠷ  ᠮᠠᠯᠵᠢᠵᠦ ᠪᠠᠶᠢᠭ᠎ᠠ ᠪᠠᠶᠢᠳᠠᠯ ᠢ ᠪᠠᠶᠢᠴᠠᠭᠠᠨ  ᠣᠶᠢᠯᠭᠠᠵᠠᠢ᠃        ᠹᠧᠩ ᠭᠦᠸᠧ ᠬᠤᠸᠠ ᠠᠴᠠ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ  ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠣᠰᠣᠨ ᠤ ᠠᠮᠤᠷ ᠲᠦᠪᠰᠢᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ  ᠲᠣᠲᠠᠬᠳᠠᠯ ᠶᠢ ᠭᠦᠨᠵᠡᠭᠡᠶ ᠰᠤᠳᠤᠯᠤᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ  ᠣᠣᠭᠤᠬᠤ ᠣᠰᠣᠨ ᠤ ᠠᠮᠤᠷ ᠲᠦᠪᠰᠢᠨ ᠤ ᠰᠢᠪᠲᠤᠯᠤᠯᠲᠠ ᠵᠢᠨ‌ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠰᠤᠨ ᠠᠰᠢᠭᠯᠠᠯᠲᠠ ᠶᠢᠨ ᠪᠠᠭᠤᠷᠠᠶ ᠲᠠᠯ᠎ᠠ ᠶᠢᠨ ᠪᠦᠲᠦᠭᠡᠨ ᠪᠠᠶᠢᠭᠤᠯᠣᠯᠳᠠ ᠶᠢ ᠬᠦᠴᠦᠯᠡᠨ ᠴᠢᠩᠭᠠᠳᠬᠠᠵᠤ᠂ ᠠᠷᠠᠳ ᠣᠯᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠦᠨᠡᠨᠬᠦ  ᠲᠡᠭᠡᠭᠰᠢᠯᠡᠭᠦᠯᠵᠦ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠶ᠃ ︽ᠮᠣᠩᠭᠤᠯ ᠦᠬᠡᠷ︾ ᠢ ᠬᠠᠮᠠᠭᠠᠯᠠᠨ ᠬᠥᠭᠵᠢᠭᠦᠯᠬᠦ ᠲᠠᠯ᠎ᠠ ᠪᠠᠷ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠲᠥᠷᠥᠯ ᠵᠦᠢᠯ  ᠤᠨ ᠲᠡᠮᠵᠢᠯᠭᠡ ᠦᠵᠡᠭᠦᠯᠬᠦ ᠪᠠᠷ ᠲᠠᠮᠵᠢᠭᠤᠯᠣᠨ᠂  ᠮᠠᠯᠵᠢᠬᠤ ᠡᠷᠦᠬᠡ ᠶᠢ ᠵᠣᠷᠢᠭᠵᠢᠭᠤᠯᠤᠨ  ᠮᠣᠩᠭᠤᠯ ᠦᠬᠡᠷ ᠤᠨ ᠲᠥᠷᠥᠯ ᠵᠦᠢᠯ ᠤᠨ ᠡᠬᠢ ᠪᠠᠶᠠᠯᠢᠭ ᠢ ᠬᠠᠮᠠᠭᠠᠯᠠᠬᠤ ᠵᠢᠴᠢ ᠰᠣᠩᠭᠤᠨ ᠦᠷᠡᠵᠢᠭᠦᠯᠵᠦ ᠪᠤᠶᠢᠵᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ  ᠢ ᠬᠠᠮᠠᠭᠠᠯᠠᠬᠤ ᠰᠢᠰᠲ᠋ᠧᠮ ᠶᠢ ᠪᠠᠶᠢᠭᠤᠯᠤᠨ ᠪᠦᠷᠢᠨᠰᠢᠭᠦᠯᠵᠦ᠂ ᠮᠣᠩᠭᠤᠯ ᠦᠬᠡᠷ ᠤᠨ ᠡᠭᠦᠯᠳᠡᠷ ᠤᠨ ᠶᠠᠰᠤ ᠴᠢᠨᠠᠷ᠂ ᠲᠡᠵᠢᠭᠡᠨ ᠦᠷᠡᠵᠢᠭᠦᠯᠬᠦ ᠬᠡᠪᠴᠢᠶ᠎ᠡ ᠪᠣᠯᠤᠨ  ᠠᠵᠦ ᠠᠬᠤᠢ ᠶᠢᠨ ᠦᠷ᠎ᠡ ᠠᠰᠢᠭ ᠢ ᠤᠯᠠᠮ  ᠲᠡᠭᠡᠭᠰᠢᠯᠡᠭᠦᠯᠬᠦ ᠬᠡᠷᠡᠭᠲᠠᠢ ᠭᠡᠵᠦ ᠴᠢᠬᠤᠯᠠᠴᠢᠯᠠᠪᠠ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号