ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠲᠤᠤ ᠹᠦ᠋ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-05
         8 ᠰᠠᠷ᠎ᠠ ᠶᠢᠨ 3᠎  — 4᠎ ᠤ ᠡᠳᠦᠷ ᠪᠣᠯᠲᠠᠯ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤ‌‍ᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠲᠤᠤ ᠹᠦ᠋ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠠᠵᠢᠯ ᠤᠨ ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠢᠯ ᠣᠯᠭᠤᠯᠲᠠ ᠵᠢᠨ‌‍ᠲ᠋ᠣᠪᠴᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠠ  ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ  ᠵᠦᠪᠯᠡᠯ ᠎ ᠤᠨ ᠡᠳ᠋ ᠤᠨ ᠵᠠᠰᠠᠭ ᠠᠵᠤ ᠠᠬᠤᠶ ᠶᠢᠨ ᠯᠠᠪᠯᠠᠨ ᠠᠰᠠᠭᠤᠬᠤ ᠬᠡᠳᠣᠨ ᠮᠡᠷᠭᠡᠵᠢᠯᠳᠠᠨ ᠢ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ᠂ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃  ᠬᠤᠰᠢᠭᠤ ᠤᠳᠤᠷᠢᠳᠤᠯᠭ᠎ᠠ  ᠰᠤ᠋ ᠫᠧᠩ᠂   ᠡᠷᠳᠡᠨᠢᠸ᠋ᠴᠢᠷ᠂ ᠵᠧᠦ ᠰᠢᠶᠠᠨ ᠵᠢᠶᠦ᠋ᠨ᠂ ᠵᠧᠩ ᠯᠢ ᠮᠢᠩ  ᠬᠠᠮᠳᠣ ᠪᠠᠶᠢᠴᠠᠭᠠᠨ ᠰᠤᠳᠤᠯᠤᠯᠲᠠ ᠬᠢᠪᠡ᠃    
  ᠲᠤᠤ ᠹᠦ᠋ ᠨᠡᠷ ᠤᠷᠢᠳ ᠬᠤᠵᠢᠳ ᠶᠤᠸᠠᠢ ᠱᠧᠩ ᠵᠠᠶ  ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠣᠲᠣ ᠦᠶ᠎ᠡ ᠶᠢᠨ ᠮᠠᠯ ᠠᠵᠤ ᠠᠬᠤᠶ ᠶᠢᠨ ᠠᠵᠤ  ᠦᠢᠯᠡᠰ ᠤᠨ ᠬᠦᠷᠢᠶᠡᠯᠡᠩ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠨᠥᠸᠧ ᠶᠢᠨ ᠨᠡᠭᠦᠷᠡᠰᠦᠨ ᠡᠳ᠋ ᠤᠨ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠯᠢ ᠽᠧ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠬᠢᠵᠠᠭᠠᠷᠲᠤ ᠺᠣᠮᠫᠠᠨᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠲᠠᠯ᠎ᠠ ᠨᠤᠲᠤᠭ ᠤᠨ ᠣᠳᠣᠨ ᠣᠭᠲᠠᠷᠭᠤᠶ ᠶᠢᠨ ᠰᠣᠶᠣᠯ ᠵᠢᠭᠤᠯᠴᠢᠯᠠᠯ ᠤᠨ  ᠭᠠᠵᠠᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠴᠢᠶᠠᠨ ᠶᠢᠨ ᠳ᠋ᠠ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠨ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ  ᠣᠶᠢᠯᠭᠠᠪᠠ᠃       ᠲᠤᠤ ᠹᠦ᠋ ᠨᠡᠷ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠯᠢ ᠶᠢᠨ ᠭᠤᠤᠯ ᠠᠶᠢᠮᠠᠭ ᠤᠨ ᠶᠢᠨ ᠹᠧᠩ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠷᠳᠡᠨᠢᠲᠠᠯ᠎ᠠ ᠦᠬᠡᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠫᠠᠩ ᠠᠨ ᠲᠠᠷᠪᠤᠰ ᠤᠨ ᠲᠤᠰᠬᠠᠶ ᠬᠤᠷᠰᠢᠶ᠎ᠠ ᠵᠡᠷᠭᠡ 11 ᠠᠵᠤ ᠠᠬᠤᠶᠢᠯᠠᠯ ᠲᠠᠢ ᠶᠠᠷᠢᠯᠴᠠᠨ᠂  ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ  ᠰᠣᠯᠢᠯᠴᠠᠵᠦ  ᠂ ᠲᠡᠳᠡᠨ ᠎ ᠠᠴᠠ ᠰᠠᠨᠠᠯ ᠰᠠᠨᠠᠭᠤᠯᠭ᠎ᠠ ᠬᠤᠷᠢᠶᠠᠪᠠ᠃       ᠲᠤᠤ ᠹᠦ᠋ ᠠᠴᠠ᠂ ᠳᠡᠭᠡᠷ᠎ᠡ ᠬᠠᠭᠠᠰ ᠵᠢᠯ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ‍ᠤᠨ‌‍ᠲ᠋ᠠᠭᠠᠷᠢᠯᠲᠠ ᠳᠤ ᠰᠢᠯᠤᠭᠤᠨ ᠬᠥᠪᠡᠭᠡᠲᠦ ᠴᠠᠭᠠᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠯᠠᠪᠳᠠᠭᠤᠨ ᠪᠠᠲᠤᠲᠠᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠲᠣᠬᠳᠠᠭᠤᠨ ᠢᠶᠠᠷ ᠰᠡᠷᠭᠦᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠨᠢ ᠰᠠᠷ᠎ᠠ ᠳᠠᠷᠠᠭᠠᠯᠠᠨ ᠰᠠᠶᠢᠵᠢᠷᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠠᠷᠢᠯᠢᠭ ᠣᠨᠣᠪᠴᠢᠲᠠᠢ ᠪᠠᠷ ᠬᠦᠴᠦᠯᠡᠨ  ᠬᠢᠵᠦ᠂ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ ᠭᠡᠵᠦ ᠵᠢᠭᠠᠵᠦ ᠭᠠᠷᠭᠠᠪᠠ  ᠃       ᠲᠡᠷᠡ᠂ ᠳᠣᠤᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠬᠳᠠᠭᠤᠨ ᠢᠶᠠᠷ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ  ᠱᠣᠭᠤᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠠᠢ᠃ ᠠᠶᠢᠮᠠᠭ ᠤᠨ ᠨᠠᠮ ᠤᠨ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠎ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠣᠨ᠂ ᠲᠡᠭᠡᠲᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢᠨ ᠬᠥᠭᠵᠢᠯᠲᠡ ᠶᠢᠨ ᠲᠤᠬᠠᠶ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠠᠵᠤ  ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠭᠠᠭᠤᠯᠵᠣ᠂ ᠠᠵᠤ ᠠᠬᠤᠶᠢᠯᠠᠯ ᠤᠨ ᠬᠦᠴᠢᠷ ᠵᠣᠪᠠᠯᠠᠩ ᠢ ᠴᠢᠷᠮᠠᠶᠢᠨ ᠰᠢᠢᠳᠪᠦᠷᠢᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠳᠤ ᠨᠥᠬᠦᠴᠡᠯ ᠪᠦᠷᠢᠯᠳᠦᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ  ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ  ᠪᠠᠳᠣᠯᠠᠬᠤ ᠬᠡᠷᠡᠭᠲᠠᠢ ᠭᠡᠵᠦ ᠴᠢᠬᠤᠯᠠᠴᠢᠯᠠᠪᠠ᠃       ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ  ᠪᠠᠶᠢᠴᠠᠭᠠᠨ‌‍ᠰᠤᠳᠤᠯᠤᠯᠲᠠ ᠳᠤ ᠣᠷᠣᠯᠴᠠᠵᠠᠶ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号