2020 ᠤᠨ ᠤ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠨᠡᠶᠢᠳᠡ ᠶᠢᠨ ᠠᠰᠠᠷᠠᠵᠢ ᠶᠢᠨ ᠠᠵᠢᠯᠯᠠᠭ᠎ᠠ ᠤᠯᠠᠭᠠᠨᠴᠠᠪ ᠪᠠ ᠰᠢᠯᠢ ᠶᠢᠨ ᠭᠤᠤᠯ ᠳᠤ ᠶᠠᠪᠤᠭᠳᠠᠪᠠ ᠪᠦ᠋ ᠰᠢᠶᠤᠤ ᠯᠢᠨ ᠮᠡᠰᠡ ᠵᠠᠰᠠᠯ ᠬᠢᠯᠭᠡᠭᠰᠡᠨ ᠴᠠᠭᠠᠨ ᠬᠠᠷᠠᠩ ᠡᠪᠡᠳᠴᠢᠲᠠᠨ ᠢ ᠪᠣᠯᠭᠤᠭᠠᠨ ᠦᠵᠡᠪᠡ
ᠨᠡᠶᠢᠲᠡᠯᠡᠭᠰᠡᠨ ᠴᠠᠭ᠄
2020-08-06
   8 ᠰᠠᠷ᠎ᠠ ᠶᠢᠨ 4 ᠠᠴᠠ 5 ᠤ ᠡᠳᠦᠷ ᠪᠤᠯᠳᠠᠯ᠎ᠠ᠂ 2020 ᠤᠨ ᠤ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠤᠯᠠᠭᠠᠨᠴᠠᠪ ᠪᠠ ᠰᠢᠯᠢ ᠶᠢᠨ ᠭᠤᠤᠯ ᠳᠤ ᠤᠷᠢᠳ ᠬᠤᠵᠢᠳ ᠶᠠᠪᠤᠭᠲᠠᠪᠠ᠃ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠭᠡᠰᠢᠬᠦᠨ ᠪᠦ᠋ ᠰᠢᠶᠤᠤ ᠯᠢᠨ ᠠᠵᠢᠯᠯᠠᠭ᠎ᠠ ᠳᠤ ᠤᠷᠤᠯᠴᠠᠬᠤ ᠶᠢᠨ ᠬᠠᠮᠳᠦ ᠭᠡᠰᠡᠭ ᠬᠤᠰᠢᠭᠤ ᠰᠢᠶᠠᠨ ᠢᠶᠠᠷ ᠬᠦᠨᠵᠡᠭᠡᠶᠢᠷᠡᠨ ᠮᠡᠰᠡ ᠵᠡᠰᠠᠯ ᠬᠢᠯᠭᠡᠭᠰᠡᠨ ᠠᠮᠢᠲᠤᠷᠠᠯ ᠬᠦᠴᠢᠷᠳᠡᠯᠳᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠳᠡᠨ ᠢ ᠪᠤᠯᠭᠤᠭᠠᠨ ᠦᠵᠡᠵᠡᠢ᠃
 
 ᠤᠯᠠᠭᠠᠨᠴᠠᠪ ᠪᠠ ᠰᠢᠯᠢ ᠶᠢᠨ ᠭᠤᠤᠯ ᠬᠤᠶᠠᠷ ᠭᠠᠵᠠᠷ ᠲᠤ ᠲᠤᠰ ᠲᠤᠰ ᠶᠠᠪᠤᠭᠳᠠᠭᠤᠯᠤᠭᠰᠠᠨ ᠠᠵᠢᠯᠯᠠᠭ᠎ᠠ ᠶᠢᠨ ᠶᠤᠰᠤᠯᠠᠯ ᠳᠡᠭᠡᠷ᠎ᠠ᠂ ᠪᠦ᠋ ᠰᠢᠶᠤᠤ ᠯᠢᠨ ᠶᠠᠳᠠᠭᠤ ᠬᠦᠴᠢᠷᠳᠡᠯᠳᠠᠢ ᠴᠠᠭᠠᠨ ᠬᠠᠷᠠᠩ ᠡᠪᠡᠳᠴᠢᠳᠡᠨ ᠳᠤ ᠲᠤᠬᠤᠨᠢᠭᠤᠯᠬᠤ ᠪᠤᠳᠠᠰ ᠬᠦᠷᠭᠡᠪᠡ᠃ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠰᠢᠯᠢ ᠶᠢᠨ ᠭᠤᠤᠯ ᠠᠶᠢᠮᠠᠬ ᠤᠨ ᠨᠠᠮ ᠤᠨ ᠬᠤᠷᠢᠶᠠᠨ ᠤ ᠬᠠᠷᠢᠭᠤᠴᠠᠯᠭᠠᠳᠠᠨ ᠪᠠᠶᠠᠷ ᠤᠨ ᠦᠭᠡ ᠭᠡᠯᠡᠵᠦ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠠᠯᠪᠡᠨ ᠭᠡᠷ ᠤᠨ ᠬᠠᠷᠢᠭᠤᠴᠠᠯᠭᠠᠳᠠᠨ ᠶᠡᠷᠦᠩᠭᠡᠢ ᠠᠬᠢᠴᠠ ᠶᠢᠨ ᠪᠠᠶᠢᠳᠠᠯ ᠢ ᠲᠠᠨᠢᠯᠴᠠᠭᠤᠯᠵᠦ᠂ ᠠᠰᠢᠬ ᠬᠦᠷᠳᠡᠭᠰᠡᠨ ᠴᠠᠭᠠᠨ ᠬᠠᠷᠠᠩ ᠡᠪᠡᠳᠴᠢᠳᠡᠨ ᠤ ᠲᠦᠯᠦᠭᠡᠯᠡᠭᠴᠢ ᠦᠭᠡ ᠭᠡᠯᠡᠪᠡ᠃ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃     ᠡᠨᠡ ᠬᠦ ᠬᠤᠭᠤᠴᠠᠭᠠᠨ ᠳᠤ᠂ ᠪᠦ᠋ ᠰᠢᠶᠤᠤ ᠯᠢᠨ ᠨᠠᠷ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠨᠡᠯᠭᠡ ᠶᠢᠨ ᠬᠤᠷᠢᠶ᠎ᠠ᠂ ᠱᠠᠩᠳᠦ ᠰᠢᠶᠠᠨ ᠤ ᠡᠮᠨᠡᠯᠭᠡ ᠶᠢᠨ ᠬᠤᠷᠢᠶ᠎ᠠ ᠪᠠ ᠰᠢᠯᠢ ᠶᠢᠨ ᠭᠤᠤᠯ ᠠᠶᠢᠮᠠᠬ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠢᠷᠡᠵᠦ᠂ ᠤᠯᠠᠨ ᠲᠦᠮᠡᠨ ᠤ ᠡᠷᠡᠬᠦᠯ ᠮᠡᠨᠳᠦ ᠶᠢᠨ ᠦᠢᠯᠡᠰ ᠢ ᠬᠠᠯᠠᠮᠵᠢᠯᠠᠨ ᠠᠬᠢᠭᠤᠯᠵᠦ ᠪᠠᠶᠢᠭ᠎ᠠ ᠪᠠᠶᠢᠳᠠᠯ ᠢ ᠤᠢᠢᠯᠠᠭᠠᠨ᠂ ᠡᠪᠡᠳᠴᠢᠳᠡᠨ ᠤ ᠦᠷᠦᠭᠡ ᠳᠤ ᠢᠷᠡᠵᠦ ᠮᠡᠰᠡ ᠵᠠᠰᠠᠯ ᠬᠢᠯᠭᠡᠭᠰᠡᠨ ᠴᠠᠭᠠᠨ ᠬᠠᠷᠠᠩ ᠡᠪᠡᠳᠴᠢᠳᠡᠨ ᠢ ᠪᠤᠯᠭᠤᠭᠠᠨ ᠦᠵᠡᠵᠦ᠂ ᠳᠡᠳᠡᠨ ᠤ ᠮᠠᠰᠠ ᠵᠠᠰᠠᠯ ᠬᠢᠯᠭᠡᠭᠰᠡᠡ ᠨᠢᠲᠦᠨ ᠤ ᠪᠤᠭᠤᠯᠳᠠ ᠶᠢ ᠱᠠᠭᠠᠯᠠᠵᠤ ᠠᠪᠴᠤ ᠦᠭᠭᠦ ᠶᠢᠨ ᠬᠠᠮᠳᠦ ᠬᠠᠶᠢᠷ᠎ᠠ ᠬᠠᠯᠠᠮᠵᠢ ᠶᠢᠨ ᠬᠦᠨᠵᠢᠯᠡ᠂ ᠨᠢᠳᠤ ᠬᠠᠮᠠᠭᠠᠯᠠᠬᠤ ᠲᠦᠢᠯᠰᠢᠷᠠᠭ᠎ᠠ ᠭᠡᠷᠡᠯ ᠤᠨ ᠰᠢᠯ ᠪᠠ ᠡᠷᠡᠬᠦᠯ ᠮᠡᠨᠳᠦ ᠶᠢᠨ ᠬᠠᠶᠢᠷᠴᠠᠭ ᠬᠦᠷᠭᠡᠵᠦ᠂ ᠳᠡᠳᠡᠨ ᠤ ᠲᠠᠬᠢᠨ ᠬᠠᠷᠠᠭ᠎ᠠ ᠤᠷᠤᠬᠰᠠᠨ ᠳᠤ ᠪᠠᠶᠠᠷ ᠬᠦᠷᠭᠡᠵᠡᠢ᠃ ᠪᠦ᠋ ᠰᠢᠶᠤᠤ ᠯᠢᠨ᠂ ︽ᠬᠡᠷᠡᠯ ᠬᠡᠬᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠤᠯ ᠡᠬᠡᠯ ᠠᠷᠠᠳ ᠤᠨ ᠡᠷᠡᠬᠦᠯ ᠮᠡᠨᠳᠤ ᠶᠢ ᠬᠠᠯᠠᠮᠵᠢᠯᠠᠨ ᠬᠠᠶᠢᠷᠠᠯᠠᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠲᠤᠰᠠᠯᠠᠬᠤ᠂ ᠡᠷᠡᠬᠦᠯ ᠡᠩᠬᠡ ᠦᠪᠤᠷ ᠮᠤᠩᠭᠤᠯ ᠢ ᠪᠦᠳᠦᠬᠡᠨ ᠪᠠᠶᠢᠭᠤᠯᠬᠤ ᠠᠷᠠᠳ ᠲᠤ ᠠᠰᠢᠭ ᠬᠦᠷᠳᠡᠬᠡᠬᠦ ᠢᠨᠵᠧᠨᠧᠷᠢᠩ᠂ ᠮᠤᠷᠠᠯᠳᠤ ᠵᠠᠰᠠᠭ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠤᠯᠤᠨ᠎ᠠ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠥ᠂ ᠡᠨᠡ ᠬᠦ ᠡᠬᠡᠯ ᠠᠷᠠᠳ ᠲᠤ ᠪᠤᠶᠠᠨ ᠦᠢᠯᠡᠳᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠥ᠂ ᠰᠠᠶᠢᠳᠤᠷ ᠬᠡᠷᠡᠭᠵᠢᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ ᠮᠡᠰᠡ ᠵᠠᠰᠠᠯ ᠬᠢᠯᠬᠡᠭᠰᠡᠡ ᠴᠠᠭᠠᠨ ᠬᠠᠷᠠᠩ ᠡᠪᠡᠳᠴᠢᠳᠡᠨ ᠤ ᠲᠤᠳᠤᠷ᠎ᠠ᠂ ᠤᠯᠠᠩᠬᠢ ᠨᠢ ᠨᠠᠰᠦ ᠠᠬᠠᠰᠢᠷᠠᠵᠤ ᠠᠮᠢᠳᠤᠷᠠᠯ ᠨᠢ ᠨᠡᠯᠢᠶᠡᠳ ᠬᠦᠴᠢᠷ ᠲᠠᠢ ᠬᠦᠮᠦᠰ ᠪᠠᠶᠢᠪᠠ᠂ ᠲᠡᠲᠡ ᠨᠢᠳᠤᠨ ᠤ ᠡᠪᠡᠳᠴᠢᠨ ᠠᠴᠠ ᠪᠤᠯᠵᠥ ᠬᠦᠳᠡᠯᠮᠤᠷᠢᠯᠡᠬᠦ ᠶᠢᠨ ᠠᠷᠭ᠎ᠠ ᠦᠬᠡᠢ ᠪᠤᠯᠵᠥ᠂ ᠴᠢᠨᠠᠭᠰᠢᠯᠠᠪᠠᠯ ᠠᠮᠢᠳᠤᠷᠠᠯ ᠢᠶᠠᠨ ᠠᠷᠭᠠᠴᠠᠭᠠᠵᠥ ᠲᠡᠶᠢᠯᠬᠦ ᠦᠬᠡᠢ ᠪᠤᠯᠪᠠ᠃ ᠪᠤᠭᠤᠯᠳᠠ ᠶᠢ ᠱᠠᠭᠠᠯᠠᠵᠤ ᠠᠪᠴᠤ ᠭᠡᠷᠡᠯ ᠭᠡᠭᠡ ᠤᠯᠵᠤ ᠬᠠᠷᠠᠭᠰᠠᠠ ᠲᠡᠷᠡ ᠬᠦ ᠭᠱᠠᠨ᠎ᠠ᠂ ᠲᠡᠳᠡ ᠲᠤᠳᠤᠭᠠᠳᠤ ᠰᠡᠳᠬᠢᠯ ᠤᠨ ᠲᠤᠭᠳᠤᠯᠤᠯ ᠢᠶᠠᠨ ᠲᠠᠷᠤᠵᠥ ᠶᠠᠳᠠᠨ᠂ ᠪᠠᠶᠠᠷᠯᠠᠬᠰᠠᠠ ᠰᠡᠳᠬᠢᠯ ᠢᠶᠠᠨ ᠦᠬᠡ ᠪᠠᠷ ᠬᠡᠯᠡᠵᠥ ᠭᠠᠷᠬᠤ ᠦᠬᠡᠢ ᠪᠤᠯᠵᠠᠢ᠃ ᠤᠢᠢᠯᠠᠭᠠᠬᠰᠠᠠ ᠢᠶᠠᠷ᠂ 2020 ᠤᠨ ᠳᠤ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠳᠤ ᠶᠠᠳᠠᠭᠤ ᠬᠦᠴᠢᠷᠳᠡᠯᠳᠡᠢ ᠬᠡᠷ ᠪᠦᠯᠢ ᠶᠢᠨ 3000 ᠠᠴᠠ 5000 ᠴᠠᠭᠠᠨ ᠬᠠᠷᠠᠩ ᠡᠪᠡᠳᠴᠢᠳᠡᠨ ᠳᠤ ᠰᠦᠢᠳᠬᠡᠯ ᠠᠪᠬᠤ ᠦᠬᠡᠢ ᠪᠠᠷ ᠬᠠᠷᠠᠭ᠎ᠠ ᠤᠷᠤᠭᠤᠯᠬᠤ ᠮᠠᠰᠠ ᠵᠠᠰᠠᠯ ᠬᠢᠵᠥ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ ᠰᠢᠨ᠎ᠡ ᠪᠠᠷ ᠨᠡᠮᠡᠭᠳᠡᠭᠰᠡᠡ ᠴᠠᠭᠠᠨ ᠬᠠᠷᠠᠩ ᠡᠪᠡᠳᠴᠢᠳᠡᠨ ᠳᠤ ᠰᠦᠢᠳᠬᠡᠯ ᠠᠪᠬᠤ ᠦᠬᠡᠢ ᠪᠠᠷ ᠮᠠᠰᠠ ᠵᠠᠰᠠᠯ ᠬᠢᠬᠦ ᠶᠢ ᠪᠦᠷᠬᠦᠬᠦᠯᠬᠦ ᠪᠠᠷ ᠲᠦᠯᠥᠪᠯᠡᠵᠥ ᠪᠠᠶᠢᠨ᠎ᠠ᠃ ᠤᠳᠤᠬᠠᠨ ᠪᠤᠯᠳᠠᠯ᠎ᠠ᠂ ᠨᠢᠳᠤᠨ ᠤ ᠡᠪᠡᠳᠴᠢᠳᠡᠨ ᠢ 7.5 ᠲᠦᠮᠡᠨ ᠬᠦᠮᠥᠨ ᠤᠳᠠᠭ᠎ᠠ ᠰᠢᠭᠰᠢᠨ ᠪᠠᠶᠢᠴᠠᠭᠠᠵᠥ᠂ ᠴᠠᠭᠠᠨ ᠬᠠᠷᠠᠩ ᠡᠪᠡᠳᠴᠢᠲᠡᠨ ᠳᠤ ᠰᠦᠢᠳᠬᠡᠯ ᠠᠪᠬᠤ ᠦᠬᠡᠢ ᠮᠡᠰᠡ ᠵᠠᠰᠠᠯ ᠢ 2054 ᠬᠢᠪᠠ︔ ᠬᠡᠤᠬᠡᠳ ᠵᠠᠯᠠᠭᠤᠴᠤᠳ ᠪᠠᠭᠠᠴᠤᠳ ᠤᠨ ᠨᠢᠳᠤᠨ ᠤ ᠡᠷᠡᠬᠦᠯ ᠮᠡᠨᠳᠤ ᠶᠢ ᠬᠠᠯᠠᠮᠵᠢᠯᠠᠬᠤ ᠨᠢᠳᠤ ᠬᠠᠮᠠᠭᠠᠯᠠᠬᠤ ᠠᠵᠢᠯᠯᠠᠭ᠎ᠠ ᠶᠢ ᠬᠦᠴᠦᠳᠠᠢ ᠠᠬᠢᠭᠤᠯᠵᠥ᠂ ᠡᠨᠡ ᠵᠢᠯ 40 ᠲᠦᠮᠡᠨ ᠬᠦᠮᠥᠨ ᠤᠳᠠᠭ᠎ᠠ ᠶᠢ ᠰᠢᠭᠰᠢᠨ ᠪᠠᠶᠢᠴᠠᠭᠠᠵᠥ᠂ 3000 ᠰᠢᠬᠠᠮ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠡᠤᠬᠡᠳ ᠵᠠᠯᠠᠭᠤᠴᠤᠳ ᠪᠠᠭᠠᠴᠤᠳ ᠲᠤ ᠰᠦᠢᠳᠬᠡᠯ ᠠᠪᠬᠤ ᠦᠬᠡᠢ ᠪᠠᠷ ᠨᠢᠳᠤᠨ ᠰᠢᠯ ᠲᠠᠭᠠᠷᠠᠭᠤᠯᠵᠥ ᠦᠭᠴᠤ᠂ 350 ᠬᠢᠯᠠᠷ ᠬᠠᠷᠠᠭ᠎ᠠ ᠲᠠᠢ ᠬᠡᠤᠬᠡᠳ ᠵᠠᠯᠠᠭᠤᠴᠤᠳ ᠪᠠᠭᠠᠴᠤᠳ ᠲᠤ ᠬᠠᠷᠠᠭ᠎ᠠ ᠵᠠᠯᠠᠷᠠᠭᠤᠯᠬᠤ ᠮᠠᠰᠠ ᠵᠠᠰᠠᠯ ᠬᠢᠬᠦ ᠪᠠᠷ ᠲᠦᠯᠥᠪᠯᠡᠵᠥ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号