ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2020 ᠣᠨ ᠤ ᠤᠯᠤᠰ ᠤᠨ ᠰᠦᠯᠵᠢᠶᠡᠨ ᠤ ᠠᠮᠤᠷ  ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠤᠯ ᠰᠡᠳᠦᠪᠲᠦ ᠡᠳᠦᠷ ᠤᠨ ᠠᠵᠢᠯᠯᠠᠭ᠎ᠠ
ᠨᠡᠶᠢᠲᠡᠯᠡᠭᠰᠡᠨ ᠴᠠᠭ᠄
2020/9/23
  ᠪᠦᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ  ᠠᠬᠢᠭᠤᠯᠵᠦ᠂ ᠪᠦᠬᠦ ᠠᠷᠠᠳ ᠤᠨ ᠰᠦᠯᠵᠢᠶᠡᠨ ᠠᠮᠤᠷ ᠲᠦᠪᠰᠢᠨ ᠤ ᠤᠬᠠᠮᠰᠠᠷ ᠢ  ᠲᠡᠭᠡᠭᠰᠢᠯᠡᠭᠦᠯᠵᠦ᠂  ᠰᠦᠯᠵᠢᠶᠡᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ᠂ ᠡᠷᠡᠭᠦᠯ ᠴᠢᠭᠢᠷᠠᠭ᠂   ᠪᠣᠯᠪᠠᠰᠣᠨ ᠰᠦᠯᠵᠢᠶᠡᠨ ᠤ ᠣᠷᠴᠢᠨ ᠲᠣᠭᠤᠷᠢᠨ  ᠢ ᠪᠤᠢ  ᠪᠣᠯᠭᠠᠬᠤ ᠶᠢᠨ ᠲᠦᠯᠦᠭᠡ᠂ 9 ᠰᠠᠷ᠎ᠠ ᠶᠢᠨ 14᠎ ᠤ  ᠡᠳᠦᠷ ᠠᠴᠠ 20᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ  ᠴᠠᠭᠠᠨ ᠬᠤᠰᠢᠭᠤᠨ ᠤ ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠠᠯᠪᠠᠨ ᠬᠡᠷ ᠠᠶᠢᠮᠠᠭ ᠤᠨ ᠨᠠᠮ ᠤᠨ  ᠬᠣ‌‍ᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠪᠠᠷ᠂ 2020  ᠣᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠡᠷᠭᠢᠯᠡᠪᠡ᠂  ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠨᠢ᠄ ︽ᠰᠦᠯᠵᠢᠶᠡᠨ ᠤ ᠠᠮᠤᠷ ᠲᠦᠪᠰᠢᠨ ᠨᠢ ᠠᠷᠠᠳ  ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠳᠤ ᠲᠦᠰᠢᠭᠯᠡᠨ᠎ᠡ︾᠃  ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠤᠤᠯ ᠰᠡᠳᠦᠪᠲᠦ ᠡᠳᠦᠷ ᠤᠨ ᠲᠦᠷᠦᠭᠦᠯᠡᠨ ᠬᠢᠬᠦ ᠰᠠᠯᠠᠭ᠎ᠠ ᠮᠥᠴᠢᠷ ᠨᠢ  ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠎ ᠶᠢᠨ  ᠠᠵᠢᠯᠯᠠᠭ᠎ᠠ ᠥᠷᠨᠢᠭᠦᠯᠪᠡ᠃     9 ᠰᠠᠷ᠎ᠠ ᠶᠢᠨ 15᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ  ᠠᠯᠪᠠᠨ ᠬᠡᠷ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ 5 ᠳᠤᠮᠳᠠᠳᠤ ᠪᠠᠭ᠎ᠠ  ᠰᠤᠷᠭᠠᠭᠤᠯᠢ ᠶᠢ ᠵᠣᠬᠢᠶᠠᠨ ᠪᠠᠶᠢᠭᠤᠯᠵᠤ ᠰᠦᠯᠵᠢᠶᠡᠨ ᠤ ᠠᠮᠤᠷ ᠲᠦᠪᠰᠢᠨ ᠤ ︽ᠰᠤᠷᠭᠠᠭᠤᠯᠢ ᠶᠢᠨ ᠬᠦᠷᠢᠶᠡᠨ ᠤ  ᠡᠳᠦᠷ︾᠎ ᠤᠨ ᠭᠤᠤᠯ ᠰᠡᠳᠣᠪᠲᠣ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ ︽ ᠰᠦᠯᠵᠢᠶᠡᠨ ᠤ ᠠᠮᠤᠷ ᠲᠦᠪᠰᠢᠨ ᠤ ᠶᠠᠷᠢᠶᠠᠨ ᠤ ᠲᠠᠩᠬᠢᠮ︾᠎ ᠤᠨ ᠮᠡᠳᠡᠯᠭᠡ ᠶᠢᠨ ᠲᠤᠰᠬᠠᠶ ᠰᠡᠳᠦᠪᠲᠦ ᠠᠩᠭᠢ ᠶᠢᠨ   ᠬᠤᠷᠠᠯ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠰᠡᠳᠦᠪ ᠬᠠᠷᠢᠭᠤᠯᠬᠤ᠂ ᠰᠦᠯᠵᠢᠶᠡᠨ ᠤ ᠠᠮᠤᠷ  ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ  ᠵᠦᠢᠯ ᠤᠨ ᠬᠡᠯᠪᠡᠷᠢ ᠪᠠᠷ ᠳᠠᠮᠵᠢᠭᠤᠯᠤᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠶᠡᠭᠡ ᠪᠠᠷ ᠤᠬᠠᠭᠤᠯᠵᠤ᠂  ᠪᠠᠭᠰᠢ ᠰᠤᠷᠤᠭᠴᠢᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠦ᠂ ᠥᠪᠡᠷ ᠢ ᠪᠠᠨ  ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃     9 ᠰᠠᠷ᠎ᠠ ᠶᠢᠨ 16᠎ ᠤ ᠡᠳᠦᠷ᠂ ᠬᠤᠰᠢᠭᠤ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  ᠎ ᠠᠴᠠ ᠲᠠ ᠱᠠᠨ ᠨᠡᠶᠢᠭᠡᠮ ᠲᠣᠭᠤᠷᠢᠭ ᠲᠤ ᠰᠦᠯᠵᠢᠶᠡᠨ ᠤ ᠠᠮᠤᠷ ᠲᠦᠪᠰᠢᠨ ᠤ ︽ᠴᠠᠬᠢᠯᠭᠠᠨ ᠬᠤᠯᠪᠣᠭᠠᠨ ᠤ ᠡᠳᠦᠷ  ︾᠎ ᠤᠨ ᠭᠤᠤᠯ  ᠰᠡᠳᠣᠪᠲᠣ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ᠃  ᠠᠵᠢᠯᠯᠠᠭᠠᠨ ᠤ ᠳᠤᠮᠳᠠ ᠭᠤᠤᠯᠳᠠᠭᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠪᠣᠯᠤᠨ ︽ᠰᠦᠯᠵᠢᠶᠡᠨ ᠤ  ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢ ᠵᠠᠰᠠᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ  ᠲᠦᠷᠢᠮ  ᠢ ᠰᠤᠷᠤᠯᠴᠠᠬᠤ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠦᠯᠵᠢᠶᠡᠨ ᠤ ᠠᠮᠤᠷ  ᠲᠦᠪᠰᠢᠨ ᠤ ᠦᠵᠡᠯ ᠤᠬᠠᠮᠰᠠᠷ ᠢ  ᠲᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ  ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ ᠰᠠᠶᠢᠨ  ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃     9 ᠰᠠᠷ᠎ᠠ ᠶᠢᠨ 17᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ  ᠬᠡᠷ᠂  ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠶᠡᠭᠡ ᠠᠩᠭᠢ  ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠰᠦᠯᠵᠢᠶᠡᠨ ᠤ ᠠᠮᠤᠷ ᠲᠦᠪᠰᠢᠨ ᠤ ︽ᠬᠠᠤᠯᠢ ᠪᠠᠷ ᠵᠠᠰᠠᠬᠤ ᠡᠳᠦᠷ︾ ᠎ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ ᠲᠣᠤᠷ  ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ  ᠭᠤᠣᠯᠳᠠᠯᠭ᠎ᠠ ᠲᠠᠢ ᠤᠬᠠᠭᠤᠯᠬᠤ ᠶᠢᠨ  ᠬᠠᠮᠲᠤ ᠤᠬᠠᠭᠤᠯᠬᠤ ᠮᠠᠲ᠋ᠧᠷᠢᠶᠠᠯ ᠲᠠᠷᠬᠠᠭᠠᠵᠦ᠂ ᠣᠯᠠᠨ ᠲᠦᠮᠡᠨ ᠎ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ  ᠬᠤᠯᠪᠣᠭᠳᠠᠭᠰᠠᠨ ᠶᠠᠯᠠᠲᠤ  ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ᠂ ᠬᠠᠷ᠎ᠠ ᠪᠦᠯᠦᠭᠲᠡᠨ ᠬᠠᠷᠭᠢᠰ  ᠬᠦᠴᠦᠨ ᠳᠤ ᠬᠤᠯᠪᠣᠬᠳᠠᠬᠰᠠᠨ ᠶᠠᠯᠠᠲᠤ ᠠᠵᠢᠯᠯᠠᠭ᠎ᠠ ᠲᠠᠢ ᠢᠳᠡᠪᠬᠢᠲᠡᠶ ᠲᠡᠮᠡᠴᠡᠬᠦ ᠶᠢ ᠵᠢᠯᠣᠭᠤᠳᠪᠠ᠃ ᠡᠭᠦᠨ ᠤ  ᠬᠠᠮᠲᠤ ᠠᠵᠢᠯᠯᠠᠭ᠎ᠠ ᠨᠢ ᠪᠠᠰᠠ ᠨᠢᠭᠡ ᠪᠦᠯᠦᠭ ᠰᠦᠯᠵᠢᠶᠡᠨ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠢ ᠢᠯᠡ  ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ᠂  ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠭᠰᠡᠨ  ᠲᠠᠯ᠎ᠠ ᠪᠠᠷ ᠣᠯᠤᠭᠰᠠᠨ  ᠦᠷ᠎ᠡ ᠪᠦᠲᠦᠮᠵᠢ ᠶᠢ ᠤᠬᠠᠭᠤᠯᠪᠠ᠃        9 ᠰᠠᠷ᠎ᠠ ᠶᠢᠨ 18᠎ ᠤ ᠡᠳᠦᠷ᠂ ᠠᠷᠠᠳ ᠤᠨ ᠪᠠᠩᠬᠢ ᠶᠢᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ  ᠰᠠᠯᠪᠤᠷᠢ ᠪᠠᠩᠭᠢ  ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ  ᠰᠦᠯᠵᠢᠶᠡᠨ ᠤ ᠠᠮᠤᠷ ᠲᠦᠪᠰᠢᠨ ᠤ ︽ᠮᠥᠩᠭᠦᠨ  ᠭᠦᠢᠯᠭᠡᠭᠡᠨ ᠤ ᠡᠳᠦᠷ︾᠎ ᠤᠨ ᠭᠤᠤᠯ ᠰᠡᠳᠦᠪᠲᠦ  ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ  ᠶᠢᠨ ᠳᠤᠮᠳᠠ᠂ ᠨᠡᠶᠢᠭᠡᠮ ᠤᠨ ᠡᠯ᠎ᠡ ᠡᠲᠡᠭᠡᠳ ᠤᠨ  ᠣᠯᠠᠨ ᠲᠦᠮᠡᠨ ᠳᠤ ᠰᠦᠯᠵᠢᠶᠡᠨ ᠤ ᠮᠡᠳᠡᠭᠡ ᠵᠠᠩᠭᠢ ᠶᠢᠨ ᠠᠮᠢ ᠠᠬᠤᠶ ᠶᠢᠨ ᠵᠠᠰᠠᠯᠲᠠ ᠶᠢᠨ ᠲᠣᠭᠲᠠᠭᠠᠯ᠂  ᠰᠦᠯᠵᠢᠶᠡᠨ ᠤ ᠠᠮᠤᠷ ᠲᠦᠪᠰᠢᠨ ᠤ ᠲᠣᠭᠠᠴᠠᠭ᠎ᠠ᠂ ᠨᠢᠭᠤᠴᠠ  ᠨᠣᠮᠸᠢ ᠎ ᠤᠨ ᠠᠮᠤᠷ ᠲᠦᠪᠰᠢᠨ᠂ ᠰᠦᠯᠵᠢᠶᠡᠨ ᠳᠤ  ᠭᠠᠷᠬᠤ ᠠᠮᠤᠷ ᠲᠦᠪᠰᠢᠨ᠂ ᠸᠢᠷᠦ᠋ᠰ ᠢ ᠰᠡᠷᠭᠡᠶᠢᠯᠡᠬᠦ᠂ ᠠᠮᠤᠷ ᠲᠦᠪᠰᠢᠨ ᠤ ᠤᠬᠠᠮᠰᠠᠷ ᠢ ᠲᠦᠭᠡᠮᠡᠯᠵᠢᠭᠦᠯᠬᠦ ᠵᠡᠷᠭᠡ ᠶᠢ  ᠣᠬᠠᠭᠤᠯᠵᠦ  ᠂ ᠳᠡᠯᠭᠡᠨ ᠦᠵᠡᠭᠦᠯᠬᠦ  ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠠᠢ ᠳᠤ  ᠣᠬᠠᠭᠤᠯᠬᠤ ᠮᠠᠲ᠋ᠧᠷᠢᠶᠠᠯ  ᠲᠠᠷᠬᠠᠭᠠᠬᠤ ᠵᠡᠷᠭᠡ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠪᠣᠯᠤᠨ ᠬᠤᠪᠢ ᠬᠥᠮᠦᠨ ᠤ  ᠮᠡᠳᠡᠭᠡ ᠵᠠᠩᠭᠢ ᠶᠢᠨ ᠬᠠᠮᠠᠭᠠᠯᠠᠯᠲᠠ ᠶᠢ  ᠭᠤᠣᠯᠳᠠᠯᠭ᠎ᠠ ᠲᠠᠢ ᠤᠬᠠᠭᠤᠯᠵᠤ᠂ ᠥᠷᠭᠡᠨ ᠣᠯᠠᠨ ᠲᠦᠮᠡᠨ ᠤ  ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ  ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ  ᠮᠡᠬᠡᠯᠡᠯ᠂ ᠰᠦᠯᠵᠢᠶᠡᠨ ᠤ ᠮᠡᠬᠡᠯᠡᠯ᠂ ᠬᠠᠤᠯᠢ ᠪᠤᠰᠤ ᠮᠥᠩᠭᠦᠨ  ᠭᠦᠢᠯᠭᠡᠭᠡᠨ ᠤ ᠵᠠᠷ ᠮᠡᠳᠡᠭᠡ ᠶᠢ ᠢᠯᠭᠠᠨ ᠲᠠᠨᠢᠬᠤ  ᠠᠷᠭ᠎ᠠ ᠵᠢᠴᠢ ᠲᠡᠳᠬᠦᠬᠦ ᠠᠷᠭ᠎ᠠ ᠵᠠᠮ ᠢ ᠰᠠᠶᠢᠲᠤᠷ ᠡᠵᠡᠮᠰᠢᠵᠦ᠂ ᠲᠦᠭᠰᠢᠭᠦᠷᠢ ᠶᠢᠨ ᠬᠠᠷᠢᠭᠤᠴᠠᠯᠭ᠎ᠠ ᠶᠢᠨ ᠤᠬᠠᠮᠰᠠᠷ  ᠪᠣᠯᠤᠨ  ᠬᠠᠮᠢᠶᠠᠷᠤᠯᠲᠠ ᠶᠢᠨ ᠴᠢᠳᠠᠪᠤᠷᠢ ᠶᠢ ᠪᠦᠳᠦᠮᠵᠢᠲᠠᠢ ᠲᠡᠭᠡᠭᠰᠢᠯᠡᠭᠦᠯᠵᠦ᠂ ᠮᠥᠩᠭᠦᠨ  ᠭᠦᠢᠯᠭᠡᠭᠡᠨ ᠤ  ᠬᠡᠷᠡᠭᠯᠡᠭᠡᠨ ᠤ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠪᠠᠶᠢᠭᠤᠯᠬᠤ ᠳᠤ  ᠰᠠᠭᠤᠷᠢ ᠲᠠᠯᠪᠢᠵᠠᠶ᠃        9 ᠰᠠᠷ᠎ᠠ ᠶᠢᠨ 19᠎ ᠤ ᠡᠳᠦᠷ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠪᠯᠡᠯ ᠤᠨ ᠬᠤᠷᠢᠶ᠎ᠠ   ᠬᠤᠰᠢᠭᠤ  ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠡᠪᠯᠡᠯ ᠤᠨ ᠡᠭᠦᠷ᠂ ᠬᠤᠰᠢᠭᠤᠨ ᠤ ᠢᠲᠡᠭᠡᠮᠵᠢ ᠶᠢᠨ  ᠬᠣ‌‍ᠷᠢᠶᠠᠨ ᠤ ᠡᠪᠯᠡᠯ ᠤᠨ ᠡᠭᠦᠷ᠂ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠡᠪᠯᠡᠯ ᠤᠨ ᠭᠡᠰᠢᠭᠦᠳ ᠢ ᠵᠣᠬᠢᠶᠠᠨ  ᠪᠠᠶᠢᠭᠤᠯᠵᠤ ᠰᠦᠯᠵᠢᠶᠡᠨ ᠤ ᠠᠮᠤᠷ ᠲᠦᠪᠰᠢᠨ ᠤ ︽ᠵᠠᠯᠠᠭᠤᠴᠤᠳ ᠪᠠᠭᠠᠴᠤᠳ ᠤᠨ ᠡᠳᠦᠷ︾᠎ ᠤᠨ ᠭᠤᠤᠯ   ᠰᠡᠳᠣᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠲᠣᠤᠷ ᠰᠦᠯᠵᠢᠶᠡᠨ ᠤ ᠠᠮᠤᠷ  ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠣᠤᠷ ᠰᠦᠯᠵᠢᠶᠡᠨ ᠤ ᠠᠮᠤᠷ ᠲᠦᠪᠰᠢᠨ ᠤ  ᠤᠬᠠᠭᠤᠯᠭ᠎ᠠ ᠶᠢᠨ ᠸᠢᠳᠢᠣ᠋ ᠶᠢ ᠰᠢᠩᠭᠡᠭᠡᠨ  ᠦᠢᠯᠡᠳᠬᠦ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ  ᠪᠣᠯᠪᠠᠰᠤᠨ ᠢᠶᠠᠷ ᠰᠦᠯᠵᠢᠶᠡᠨ ᠳᠡᠭᠡᠷ᠎ᠡ ᠭᠠᠷᠬᠤ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ  ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠪᠣᠯᠪᠠᠰᠤᠨ ᠢᠶᠠᠷ ᠰᠦᠯᠵᠢᠶᠡᠨ ᠳᠤ  ᠂ ᠰᠦᠯᠵᠢᠶᠡᠨ ᠤ ᠠᠮᠤᠷ  ᠲᠦᠪᠰᠢᠨ ᠤ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ  ᠰᠡᠷᠭᠡᠶᠢᠯᠡᠯᠲᠡ ᠶᠢᠨ ᠱᠤᠭᠤᠮ ᠢ ᠪᠠᠲᠤ  ᠴᠣᠬᠴᠠᠯᠠᠬᠤ ᠶᠢ ᠵᠢᠭᠠᠨ ᠵᠢᠯᠣᠭᠤᠳᠴᠠᠢ᠃     9 ᠰᠠᠷ᠎ᠠ ᠶᠢᠨ 20᠎ ᠤ ᠡᠳᠦᠷ᠂  ᠬᠤᠰᠢᠭᠤ ᠠᠵᠢᠯᠴᠢᠨ ᠤ ᠡᠪᠯᠡᠯ ᠰᠦᠯᠵᠢᠶᠡᠨ ᠤ ᠠᠮᠤᠷ ᠲᠦᠪᠰᠢᠨ ᠤ ︽ ᠬᠤᠪᠢ  ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ︾᠎ ᠤᠨ ᠭᠤᠤᠯ ᠰᠡᠳᠦᠪᠲᠦ ᠤᠬᠠᠭᠤᠯᠭ᠎ᠠ ᠶᠢᠨ  ᠠᠵᠢᠯᠯᠠᠭ᠎ᠠ  ᠦᠷᠨᠢᠭᠦᠯᠪᠡ᠃ ᠣᠯᠠᠨ ᠨᠡᠶᠢᠲᠡ ᠶᠢᠨ ᠲᠠᠪᠴᠠᠩ ᠢᠶᠠᠷ ︽ᠬᠤᠪᠢ ᠬᠥᠮᠦᠨ ᠤ ᠮᠡᠳᠡᠭᠡ ᠵᠠᠩᠭᠢ ᠶᠢᠨ  ᠰᠦᠯᠵᠢᠶᠡᠨ ᠤ ᠠᠮᠤᠷ ᠲᠦᠪᠰᠢᠨ ᠤ  ᠲᠦᠭᠰᠢᠭᠦᠷᠢ ᠶᠢᠨ ᠰᠠᠨᠠᠭᠤᠯᠤᠮᠵᠢ︾ ᠎ ᠶᠢ ᠨᠡᠶᠢᠲᠡᠯᠡᠵᠦ᠂  ᠤᠬᠠᠭᠤᠯᠭ᠎ᠠ ᠶᠢᠨ  ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠰᠦᠯᠵᠢᠶᠡᠨ ᠢᠷᠭᠡᠳ ᠤᠨ ᠲᠠᠨᠢᠯ ᠪᠤᠰᠤ WIFI ᠂ ᠰᠦᠯᠵᠢᠶᠡᠨ  ᠳᠡᠭᠡᠷᠡᠬᠢ ᠰᠢᠯᠭᠠᠯᠲᠠ᠂ ᠲᠡᠷᠭᠡᠨ ᠪᠢᠯᠧᠲ ᠤᠨ ᠮᠡᠳᠡᠭᠡ ᠵᠠᠩᠭᠢ ᠵᠡᠷᠭᠡ ᠶᠢ ᠰᠡᠷᠭᠡᠶᠢᠯᠡᠬᠦ ᠴᠢᠳᠠᠪᠣᠷᠢ ᠶᠢ ᠤᠯᠠᠮ ᠨᠢᠭᠡ  ᠠᠯᠬᠤᠮ ᠳᠡᠭᠡᠭᠰᠢᠯᠡᠭᠦᠯᠪᠡ᠃  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号