ᠪᠦᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ | ᠠᠬᠢᠭᠤᠯᠵᠦ᠂ ᠪᠦᠬᠦ ᠠᠷᠠᠳ ᠤᠨ ᠰᠦᠯᠵᠢᠶᠡᠨ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠭᠦᠯᠵᠦ᠂ | ᠰᠦᠯᠵᠢᠶᠡᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ᠂ ᠡᠷᠡᠭᠦᠯ ᠴᠢᠭᠢᠷᠠᠭ᠂ | ᠪᠣᠯᠪᠠᠰᠣᠨ ᠰᠦᠯᠵᠢᠶᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠦᠭᠡ᠂ 9 ᠰᠠᠷ᠎ᠠ ᠶᠢᠨ 14 ᠤ | ᠡᠳᠦᠷ ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠪᠡᠭᠡᠲᠦ | ᠴᠠᠭᠠᠨ ᠬᠤᠰᠢᠭᠤᠨ ᠤ ᠨᠠᠮ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠠᠯᠪᠠᠨ ᠬᠡᠷ ᠠᠶᠢᠮᠠᠭ ᠤᠨ ᠨᠠᠮ ᠤᠨ | ᠬᠣᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠪᠠᠷ᠂ 2020 | ᠣᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠡᠷᠭᠢᠯᠡᠪᠡ᠂ | ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠨᠢ᠄ ︽ᠰᠦᠯᠵᠢᠶᠡᠨ ᠤ ᠠᠮᠤᠷ ᠲᠦᠪᠰᠢᠨ ᠨᠢ ᠠᠷᠠᠳ | ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠳᠤ ᠲᠦᠰᠢᠭᠯᠡᠨ᠎ᠡ︾᠃ | ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠤᠤᠯ ᠰᠡᠳᠦᠪᠲᠦ ᠡᠳᠦᠷ ᠤᠨ ᠲᠦᠷᠦᠭᠦᠯᠡᠨ ᠬᠢᠬᠦ ᠰᠠᠯᠠᠭ᠎ᠠ ᠮᠥᠴᠢᠷ ᠨᠢ | ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯᠪᠡᠭ ᠪᠠᠶᠠᠯᠢᠭ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ 9 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ | ᠬᠤᠰᠢᠭᠤᠨ ᠤ 5 ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠰᠦᠯᠵᠢᠶᠡᠨ ᠤ ᠠᠮᠤᠷ ᠲᠦᠪᠰᠢᠨ ᠤ | ︽ᠰᠤᠷᠭᠠᠭᠤᠯᠢ ᠶᠢᠨ ᠬᠦᠷᠢᠶᠡᠨ ᠤ ᠡᠳᠦᠷ︾ ᠤᠨ ᠭᠤᠤᠯ ᠰᠡᠳᠣᠪᠲᠣ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ︽ ᠰᠦᠯᠵᠢᠶᠡᠨ ᠤ ᠠᠮᠤᠷ ᠲᠦᠪᠰᠢᠨ ᠤ ᠶᠠᠷᠢᠶᠠᠨ ᠤ ᠲᠠᠩᠬᠢᠮ︾ ᠤᠨ ᠮᠡᠳᠡᠯᠭᠡ ᠶᠢᠨ | ᠲᠤᠰᠬᠠᠶ ᠰᠡᠳᠦᠪᠲᠦ ᠠᠩᠭᠢ ᠶᠢᠨ ᠬᠤᠷᠠᠯ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠰᠡᠳᠦᠪ | ᠬᠠᠷᠢᠭᠤᠯᠬᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠶᠢ ᠶᠡᠭᠡ ᠪᠠᠷ ᠤᠬᠠᠭᠤᠯᠵᠤ᠂ ᠪᠠᠭᠰᠢ ᠰᠤᠷᠤᠭᠴᠢᠳ ᠤᠨ ᠰᠦᠯᠵᠢᠶᠡᠨ ᠤ ᠠᠮᠤᠷ | ᠲᠦᠪᠰᠢᠨ ᠤ ᠤᠬᠠᠮᠰᠠᠷ ᠢ ᠴᠢᠩᠭᠠᠳᠬᠠᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ | 9 ᠰᠠᠷ᠎ᠠ ᠶᠢᠨ 16 ᠤ ᠡᠳᠦᠷ᠂ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠠᠴᠠ ᠲᠠ ᠱᠠᠨ ᠨᠡᠶᠢᠭᠡᠮ ᠲᠣᠭᠤᠷᠢᠭ ᠲᠤ ᠰᠦᠯᠵᠢᠶᠡᠨ ᠤ ᠠᠮᠤᠷ ᠲᠦᠪᠰᠢᠨ ᠤ ︽ᠴᠠᠬᠢᠯᠭᠠᠨ ᠬᠤᠯᠪᠣᠭᠠᠨ ᠤ ᠡᠳᠦᠷ | ︾ ᠤᠨ ᠭᠤᠤᠯ ᠰᠡᠳᠣᠪᠲᠣ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ᠭᠤᠤᠯᠳᠠᠭᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠪᠣᠯᠤᠨ ︽ᠰᠦᠯᠵᠢᠶᠡᠨ ᠤ | ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢ ᠵᠠᠰᠠᠬᠤ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ | ᠲᠦᠷᠢᠮ ᠢ ᠰᠤᠷᠤᠯᠴᠠᠬᠤ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠦᠯᠵᠢᠶᠡᠨ ᠤ ᠠᠮᠤᠷ | ᠲᠦᠪᠰᠢᠨ ᠤ ᠦᠵᠡᠯ ᠤᠬᠠᠮᠰᠠᠷ ᠢ ᠲᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ | ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | 9 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ | ᠬᠡᠷ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠶᠡᠭᠡ ᠠᠩᠭᠢ | ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠰᠦᠯᠵᠢᠶᠡᠨ ᠤ ᠠᠮᠤᠷ ᠲᠦᠪᠰᠢᠨ ᠤ ︽ᠬᠠᠤᠯᠢ ᠪᠠᠷ ᠵᠠᠰᠠᠬᠤ ᠡᠳᠦᠷ︾ | ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ ᠲᠣᠤᠷ | ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠬᠤ ᠶᠢᠨ | ᠬᠠᠮᠲᠤ ᠤᠬᠠᠭᠤᠯᠬᠤ ᠮᠠᠲ᠋ᠧᠷᠢᠶᠠᠯ ᠲᠠᠷᠬᠠᠭᠠᠵᠦ᠂ ᠣᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ᠂ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠬᠳᠠᠬᠰᠠᠨ ᠶᠠᠯᠠᠲᠤ ᠠᠵᠢᠯᠯᠠᠭ᠎ᠠ ᠲᠠᠢ ᠢᠳᠡᠪᠬᠢᠲᠡᠶ ᠲᠡᠮᠡᠴᠡᠬᠦ ᠶᠢ ᠵᠢᠯᠣᠭᠤᠳᠪᠠ᠃ ᠡᠭᠦᠨ ᠤ | ᠬᠠᠮᠲᠤ ᠠᠵᠢᠯᠯᠠᠭ᠎ᠠ ᠨᠢ ᠪᠠᠰᠠ ᠨᠢᠭᠡ ᠪᠦᠯᠦᠭ ᠰᠦᠯᠵᠢᠶᠡᠨ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠢ ᠢᠯᠡ | ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ᠂ | ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠦᠭᠭᠦᠭᠰᠡᠨ ᠲᠠᠯ᠎ᠠ ᠪᠠᠷ ᠣᠯᠤᠭᠰᠠᠨ | ᠦᠷ᠎ᠡ ᠪᠦᠲᠦᠮᠵᠢ ᠶᠢ ᠤᠬᠠᠭᠤᠯᠪᠠ᠃ 9 ᠰᠠᠷ᠎ᠠ ᠶᠢᠨ 18 ᠤ ᠡᠳᠦᠷ᠂ ᠠᠷᠠᠳ ᠤᠨ ᠪᠠᠩᠬᠢ ᠶᠢᠨ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠠᠯᠪᠤᠷᠢ ᠪᠠᠩᠭᠢ ᠰᠢᠯᠣᠭᠤᠨ ᠬᠦᠪᠡᠭᠡᠲᠦ ᠴᠠᠭᠠᠨ ᠬᠤᠰᠢᠭᠤᠨ ᠤ | ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠰᠦᠯᠵᠢᠶᠡᠨ ᠤ ᠠᠮᠤᠷ ᠲᠦᠪᠰᠢᠨ ᠤ ︽ᠮᠥᠩᠭᠦᠨ | ᠭᠦᠢᠯᠭᠡᠭᠡᠨ ᠤ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ | ᠳᠤᠮᠳᠠ᠂ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠳᠤ ᠰᠦᠯᠵᠢᠶᠡᠨ ᠤ ᠮᠡᠳᠡᠭᠡ ᠵᠠᠩᠭᠢ ᠶᠢᠨ ᠠᠮᠢ | ᠠᠬᠤᠶ ᠶᠢᠨ ᠵᠠᠰᠠᠯᠲᠠ ᠶᠢᠨ ᠲᠣᠭᠲᠠᠭᠠᠯ᠂ ᠰᠦᠯᠵᠢᠶᠡᠨ ᠤ ᠠᠮᠤᠷ ᠲᠦᠪᠰᠢᠨ ᠤ ᠲᠣᠭᠠᠴᠠᠭ᠎ᠠ᠂ ᠨᠢᠭᠤᠴᠠ ᠨᠣᠮᠸᠢ | ᠤᠨ ᠠᠮᠤᠷ ᠲᠦᠪᠰᠢᠨ᠂ ᠰᠦᠯᠵᠢᠶᠡᠨ ᠳᠤ ᠭᠠᠷᠬᠤ ᠠᠮᠤᠷ ᠲᠦᠪᠰᠢᠨ᠂ ᠸᠢᠷᠦ᠋ᠰ ᠢ ᠰᠡᠷᠭᠡᠶᠢᠯᠡᠬᠦ᠂ ᠠᠮᠤᠷ | ᠲᠦᠪᠰᠢᠨ ᠤ ᠤᠬᠠᠮᠰᠠᠷ ᠢ ᠲᠦᠭᠡᠮᠡᠯᠵᠢᠭᠦᠯᠬᠦ ᠵᠡᠷᠭᠡ ᠶᠢ ᠣᠬᠠᠭᠤᠯᠵᠦ ᠂ ᠳᠡᠯᠭᠡᠨ ᠦᠵᠡᠭᠦᠯᠬᠦ ᠪᠢᠴᠢᠭᠡᠰᠦ ᠡᠯᠭᠦᠬᠦ᠂ | ᠲᠤᠬᠠᠶ ᠶᠢᠨ ᠲᠠᠯᠠᠪᠠᠢ ᠳᠤ ᠣᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠪᠠᠷ ᠳᠠᠮᠵᠢᠭᠤᠯᠤᠨ᠂ ᠲᠤᠭ᠎ᠠ | ᠪᠠᠷᠢᠮᠲᠠ ᠶᠢᠨ ᠠᠮᠤᠷ ᠲᠦᠪᠰᠢᠨ ᠪᠣᠯᠤᠨ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ | ᠭᠤᠣᠯᠳᠠᠯᠭ᠎ᠠ ᠲᠠᠢ ᠤᠬᠠᠭᠤᠯᠵᠤ᠂ ᠥᠷᠭᠡᠨ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠦᠵᠡᠯ | ᠤᠬᠠᠮᠰᠠᠷ ᠢ ᠤᠯᠠᠮ ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ᠂ ᠰᠦᠯᠵᠢᠶᠡᠨ ᠤ ᠮᠡᠬᠡᠯᠡᠯ᠂ ᠬᠠᠤᠯᠢ | ᠪᠤᠰᠤ ᠮᠥᠩᠭᠦᠨ ᠭᠦᠢᠯᠭᠡᠭᠡᠨ ᠤ ᠵᠠᠷ ᠮᠡᠳᠡᠭᠡ ᠶᠢ ᠢᠯᠭᠠᠨ ᠲᠠᠨᠢᠬᠤ ᠠᠷᠭ᠎ᠠ ᠵᠢᠴᠢ ᠲᠡᠳᠬᠦᠬᠦ ᠠᠷᠭ᠎ᠠ ᠵᠠᠮ ᠢ | ᠰᠠᠶᠢᠲᠤᠷ ᠡᠵᠡᠮᠰᠢᠵᠦ᠂ ᠲᠦᠭᠰᠢᠭᠦᠷᠢ ᠶᠢᠨ ᠬᠠᠷᠢᠭᠤᠴᠠᠯᠭ᠎ᠠ ᠶᠢᠨ ᠤᠬᠠᠮᠰᠠᠷ ᠪᠣᠯᠤᠨ ᠬᠠᠮᠢᠶᠠᠷᠤᠯᠲᠠ ᠶᠢᠨ | ᠴᠢᠳᠠᠪᠤᠷᠢ ᠶᠢ ᠪᠦᠳᠦᠮᠵᠢᠲᠠᠢ ᠲᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠡᠷᠡᠭᠯᠡᠭᠡᠨ ᠤ ᠡᠶ᠎ᠡ ᠵᠣᠬᠢᠴᠠᠯ ᠲᠠᠢ | ᠣᠷᠴᠢᠨ ᠲᠣᠭᠤᠷᠢᠨ ᠢ ᠪᠠᠶᠢᠭᠤᠯᠬᠤ ᠳᠤ ᠰᠠᠭᠤᠷᠢ ᠲᠠᠯᠪᠢᠵᠠᠶ᠃ 9 ᠰᠠᠷ᠎ᠠ ᠶᠢᠨ 19 ᠤ ᠡᠳᠦᠷ᠂ | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠪᠯᠡᠯ ᠤᠨ ᠬᠤᠷᠢᠶ᠎ᠠ ᠬᠤᠰᠢᠭᠤ ᠴᠠᠬᠢᠯᠭᠠᠨ ᠬᠠᠩᠭᠠᠬᠤ ᠬᠤᠪᠢᠶᠠᠷᠢ | ᠲᠣᠪᠴᠢᠶ᠎ᠠ ᠶᠢᠨ ᠡᠪᠯᠡᠯ ᠤᠨ ᠡᠭᠦᠷ᠂ ᠬᠤᠰᠢᠭᠤᠨ ᠤ ᠢᠲᠡᠭᠡᠮᠵᠢ ᠶᠢᠨ ᠬᠣᠷᠢᠶᠠᠨ ᠤ ᠡᠪᠯᠡᠯ ᠤᠨ ᠡᠭᠦᠷ᠂ ᠬᠡᠰᠡᠭ | ᠳᠤᠮᠳᠠᠳᠤ ᠪᠠᠭ᠎ᠠ ᠰᠤᠷᠭᠠᠭᠤᠯᠢ ᠶᠢᠨ ᠡᠪᠯᠡᠯ ᠤᠨ ᠭᠡᠰᠢᠭᠦᠳ ᠢ ᠵᠣᠬᠢᠶᠠᠨ ᠪᠠᠶᠢᠭᠤᠯᠵᠤ ᠰᠦᠯᠵᠢᠶᠡᠨ ᠤ ᠠᠮᠤᠷ | ᠲᠦᠪᠰᠢᠨ ᠤ ︽ᠵᠠᠯᠠᠭᠤᠴᠤᠳ ᠪᠠᠭᠠᠴᠤᠳ ᠤᠨ ᠡᠳᠦᠷ︾ ᠤᠨ ᠭᠤᠤᠯ ᠰᠡᠳᠣᠪᠲᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ ᠠᠵᠢᠯᠯᠠᠭᠠᠨ ᠤ ᠳᠤᠮᠳᠠ᠂ ᠲᠣᠤᠷ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠲᠣᠤᠷ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠸᠢᠳᠢᠣ᠋ ᠶᠢ ᠰᠢᠩᠭᠡᠭᠡᠨ | ᠦᠢᠯᠡᠳᠬᠦ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠪᠣᠯᠪᠠᠰᠤᠨ ᠢᠶᠠᠷ ᠰᠦᠯᠵᠢᠶᠡᠨ ᠳᠡᠭᠡᠷ᠎ᠡ ᠭᠠᠷᠬᠤ ᠶᠢ | ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ | ᠪᠣᠯᠪᠠᠰᠤᠨ ᠢᠶᠠᠷ ᠰᠦᠯᠵᠢᠶᠡᠨ ᠳᠤ ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢᠶᠠᠨ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠬᠴᠠᠯᠠᠬᠤ ᠶᠢ | ᠵᠢᠭᠠᠨ ᠵᠢᠯᠣᠭᠤᠳᠴᠠᠢ᠃ 9 ᠰᠠᠷ᠎ᠠ ᠶᠢᠨ 20 ᠤ ᠡᠳᠦᠷ᠂ ᠬᠤᠰᠢᠭᠤ ᠠᠵᠢᠯᠴᠢᠨ ᠤ ᠡᠪᠯᠡᠯ ᠰᠦᠯᠵᠢᠶᠡᠨ ᠤ | ᠠᠮᠤᠷ ᠲᠦᠪᠰᠢᠨ ᠤ ︽ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ︾ ᠤᠨ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ ᠣᠯᠠᠨ ᠨᠡᠶᠢᠲᠡ ᠶᠢᠨ ᠲᠠᠪᠴᠠᠩ ᠢᠶᠠᠷ ︽ᠬᠤᠪᠢ ᠬᠥᠮᠦᠨ ᠤ | ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠰᠠᠨᠠᠭᠤᠯᠤᠮᠵᠢ︾ ᠶᠢ ᠨᠡᠶᠢᠲᠡᠯᠡᠵᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠰᠦᠯᠵᠢᠶᠡᠨ ᠢᠷᠭᠡᠳ ᠤᠨ ᠲᠠᠨᠢᠯ ᠪᠤᠰᠤ WIFI | ᠂ ᠰᠦᠯᠵᠢᠶᠡᠨ ᠳᠡᠭᠡᠷᠡᠬᠢ ᠰᠢᠯᠭᠠᠯᠲᠠ᠂ ᠲᠡᠷᠭᠡᠨ ᠪᠢᠯᠧᠲ ᠤᠨ ᠮᠡᠳᠡᠭᠡ ᠵᠠᠩᠭᠢ ᠵᠡᠷᠭᠡ ᠶᠢ ᠰᠡᠷᠭᠡᠶᠢᠯᠡᠬᠦ ᠴᠢᠳᠠᠪᠣᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠪᠡ᠃ |