ᠪᠦᠦ ᠯᠢ ᠬᠤᠸᠠ ᠠᠵᠤ ᠠᠬᠤᠶᠢᠯᠠᠯ ᠳᠤ ᠭᠦᠨᠵᠡᠭᠡᠶᠢᠷᠡᠨ ᠬᠤᠶᠠᠷ  ᠪᠠᠶᠠᠷ  ᠤᠨ ᠡᠳᠦᠷ ᠤᠨ ᠡᠮᠦᠨᠡᠬᠢ ᠠᠶᠤᠯᠭᠦᠶ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020/9/25
      ᠨᠠᠮᠣᠷ ᠤᠨ ᠬᠤᠷᠢᠶᠠᠯᠳᠠ ᠶᠢᠨ ᠪᠠᠶᠠᠷ᠂ ᠤᠯᠤᠰ ᠎ ᠤᠨ ᠪᠠᠶᠠᠷ ᠤᠨ ᠬᠤᠭᠤᠴᠠᠭᠠᠨ ᠳᠠᠬᠢ ᠪᠦᠬᠦ ᠬᠤᠰᠢᠭᠤᠨ ᠤ ᠠᠶᠣᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠬᠠᠯᠠᠭᠤᠨ ᠳᠤᠯᠠᠭᠠᠨ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠳᠣᠯᠠᠬᠤ ᠶᠢᠨ ᠲᠦᠯᠦᠭᠡ᠂ 9 ᠰᠠᠷ᠎ᠠ ᠶᠢᠨ 22᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢ ᠬᠤᠸᠠ ᠶᠢᠨ  ᠹᠧᠩ ᠰᠢᠨᠵᠢᠯᠡᠬᠦ ᠮᠡᠷᠭᠡᠵᠢᠯ ᠤᠨ ᠬᠢᠵᠠᠭᠠᠷᠲᠦ ᠺᠣᠮᠫᠠᠨᠢ᠂ ᠮᠢᠨ ᠠᠨ ᠳᠣᠯᠠᠭᠠᠯᠠᠮᠵᠢ ᠶᠢᠨ ᠺᠣᠮᠫᠠᠨᠢ ᠳᠤ ᠬᠦᠷᠴᠦ ᠠᠶᠣᠯᠭᠦᠢ ᠦᠢᠯᠡᠳᠪᠦᠷᠢᠯᠡᠯ ᠢ ᠬᠢᠨᠠᠨ ᠪᠠᠶᠢᠴᠠᠭᠠᠪᠠ᠃        ᠪᠦᠦ ᠯᠢ ᠬᠤᠸᠠ ᠨᠠᠷ ᠶᠢᠨ ᠹᠧᠩ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠠᠯᠬᠢᠨ ᠴᠠᠬᠢᠯᠭᠠᠨ ᠮᠠᠰᠢᠨ ᠤᠭᠰᠠᠷᠠᠬᠤ  ᠦᠢᠯᠡᠳᠪᠦᠷᠢᠯᠡᠯ ᠤᠨ ᠲᠠᠰᠤᠭ ᠲᠤ  ᠬᠦᠷᠴᠦ᠂  ᠦᠢᠯᠡᠳᠪᠦᠷᠢᠯᠡᠯ ᠤᠨ  ᠠᠵᠢᠯᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ᠂ ᠠᠵᠢᠯᠲᠠᠨ ᠤ ᠲᠣᠬᠢᠷᠠᠭᠤᠯᠤᠯᠲᠠ ᠪᠣᠯᠤᠨ ᠦᠢᠯᠡᠳᠬᠦᠨ ᠤ ᠪᠣᠷᠣᠯᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠺᠣᠮᠫᠠᠨᠢ ᠶᠢᠨ ᠬᠠᠷᠢᠭᠤᠴᠠᠯᠭᠠᠳᠠᠨ ᠤ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠡᠵᠡᠩᠨᠡᠯᠲᠡ᠂  ᠦᠢᠯᠡᠳᠪᠦᠷᠢᠯᠡᠯ ᠤᠨ ᠬᠠᠷᠠᠯᠲᠠ᠂ ᠦᠢᠯᠡᠳᠦᠯ ᠴᠢᠳᠠᠪᠤᠷᠢ ᠶᠢᠨ ᠵᠢᠭᠠᠯᠲᠠ ᠲᠤᠭ᠎ᠠ ᠵᠢᠴᠢ  ᠣᠶᠢᠷ᠎ᠡ ᠶᠢᠨ ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠦᠦ ᠯᠢ ᠬᠤᠸᠠ ᠠᠴᠠ᠂ ᠰᠠᠯᠬᠢᠨ ᠴᠠᠬᠢᠯᠭᠠᠨ ᠤ ᠲᠣᠨᠣᠭᠯᠠᠯ ᠦᠢᠯᠡᠳᠬᠦ ᠠᠵᠤ ᠠᠬᠤᠶᠢᠯᠠᠯ ᠨᠢ ᠮᠠᠨ ᠤ ᠬᠤᠰᠢᠭᠤᠨ ᠤ ᠶᠡᠭᠡ ᠬᠡᠪᠴᠢᠶᠡᠨ ᠤ ᠰᠠᠯᠬᠢᠨ ᠬᠦᠴᠦᠨ ᠤ ᠡᠨᠧᠷᠭᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠭᠥᠭᠵᠢᠯᠳᠡ ᠶᠢᠨ ᠠᠵᠠ ᠲᠣᠬᠢᠶᠠᠯ ᠢ ᠠᠳᠬᠤᠵᠤ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ  ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠦᠢᠯᠡᠳᠪᠦᠷᠢᠯᠡᠯ ᠢ ᠠᠳᠬᠤᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠬᠰᠠᠭᠠᠨ ᠪᠠᠶᠢᠴᠠᠭᠠᠵᠤ᠂ ᠴᠡᠭᠴᠡᠯᠡᠨ ᠵᠠᠰᠠᠵᠤ ᠠᠷᠢᠯᠭᠠᠨ᠂  ᠠᠵᠤ ᠠᠬᠤᠶ ᠶᠢᠨ ᠦᠷ᠎ᠡ ᠠᠰᠢᠭ ᠪᠠ ᠦᠢᠯᠡᠳᠪᠦᠷᠢᠯᠡᠯ ᠤᠨ ᠠᠮᠤᠷ ᠲᠦᠪᠰᠢᠨ ᠤ ᠬᠤᠤᠰ ᠢᠯᠠᠯᠳᠠ ᠶᠢ  ᠪᠡᠶᠡᠯᠡᠭᠦᠯᠬᠦ  ᠬᠡᠷᠡᠭᠲᠡᠢ ᠭᠡᠵᠦ  ᠵᠢᠭᠠᠵᠦ ᠭᠠᠷᠭᠠᠪᠠ      ᠮᠢᠨ ᠠᠨ  ᠳᠣᠯᠠᠭᠠᠯᠠᠮᠵᠢ ᠶᠢᠨ ᠺᠣᠮᠫᠠᠨᠢ ᠳᠤ᠂ ᠪᠦᠦ ᠯᠢ ᠬᠤᠸᠠ ᠲᠥᠪᠯᠡᠷᠡᠭᠦᠯᠦᠨ ᠤᠷᠢᠳᠴᠢᠯᠠᠨ ᠢᠯᠴᠢ ᠬᠠᠩᠭᠠᠬᠤ ᠠᠮᠤᠷ ᠲᠦᠪᠰᠢᠨ ᠤ ᠠᠵᠢᠯᠯᠠᠭ᠎ᠠ᠂ ᠨᠡᠭᠦᠷᠡᠰᠦ ᠬᠠᠳᠠᠭᠠᠯᠠᠵᠦ ᠲᠡᠭᠡᠭᠡᠪᠦᠷᠢᠯᠡᠬᠦ᠂  ᠵᠣᠤᠬ᠎ᠠ ᠶᠢᠨ ᠠᠯᠤᠰ ᠡᠵᠡᠮᠰᠢᠯᠲᠦ ᠬᠢᠨᠠᠨ ᠡᠵᠡᠮᠳᠡᠬᠦ᠂ ᠮᠡᠷᠭᠡᠵᠢᠯ ᠤᠨ ᠲᠠᠰ ᠲᠡᠪᠰᠢᠭᠦᠯᠦᠨ ᠥᠭᠡᠷᠡᠴᠢᠯᠡᠬᠦ ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠣᠯᠳᠠ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠪᠦᠦ ᠯᠢ ᠬᠤᠸᠠ ᠠᠴᠠ᠂ ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠠᠵᠢᠯ ᠨᠢ ᠠᠷᠠᠳ ᠣᠯᠠᠨ ᠤ ᠠᠰᠢᠭ ᠲᠤᠰᠠ ᠲᠠᠢ ᠬᠤᠯᠪᠣᠬᠳᠠᠵᠦ᠂ ᠨᠡᠶᠢᠭᠡᠮ ᠤᠨ ᠡᠶ᠎ᠡ ᠵᠣᠬᠢᠴᠠᠯ  ᠠᠮᠤᠷ ᠲᠣᠭᠲᠠᠭᠤᠨ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ ᠶᠢᠨ ᠦᠨᠳᠦᠰᠦᠨ ᠪᠠᠲᠤᠯᠠᠭ᠎ᠠ ᠮᠥᠨ᠃ ᠳᠤᠯᠠᠭᠠᠯᠠᠯᠭ᠎ᠠ ᠬᠠᠩᠭᠠᠬᠤ ᠠᠴᠠ ᠡᠮᠦᠨᠡᠬᠢ ᠬᠠᠮᠢᠶ᠎ᠠ ᠪᠦᠬᠦᠢ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠢᠯᠴᠢ ᠬᠠᠩᠭᠠᠬᠤ ᠪᠡᠯᠡᠳᠬᠡᠮᠵᠢ ᠪᠣᠯᠤᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ  ᠭᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂  ᠴᠡᠭᠴᠡᠯᠡᠨ ᠰᠠᠶᠢᠵᠢᠷᠠᠭᠤᠯᠵᠤ᠂ ᠢᠯᠴᠢ ᠬᠠᠩᠭᠠᠬᠤ ᠠᠵᠢᠯ ᠤᠨ ᠠᠮᠤᠷ ᠲᠦᠪᠰᠢᠨ ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃        ᠬᠤᠰᠢᠭᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ  ᠵᠢᠴᠢ  ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ  ᠬᠠᠮᠳᠣ ᠪᠠᠶᠢᠴᠠᠭᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号