ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠢᠭᠡᠳᠦᠮᠡᠯ ᠹᠷᠣᠨᠲ ᠤᠨ ᠺᠠᠳ᠋ᠷ ᠪᠡᠭᠡᠵᠢᠩ ᠬᠤᠲᠠ ᠶᠢᠨ  ᠳ᠋ᠠ ᠰᠢᠩ  ᠲᠣᠭᠤᠷᠢᠭ ᠲᠤ ᠬᠦᠷᠴᠦ ᠪᠣᠯᠪᠠᠰᠤᠷᠠᠯ ᠬᠦᠷᠳᠡᠪᠡ
ᠨᠡᠶᠢᠲᠡᠯᠡᠭᠰᠡᠨ ᠴᠠᠭ᠄
2020/9/29
  ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ  ᠰᠣᠷᠣᠯᠴᠠᠵᠦ᠂ ᠨᠢᠭᠡᠳᠦᠮᠡᠯ ᠹᠷᠣᠨᠲ ᠤᠨ ᠺᠠᠳ᠋ᠷ ᠤᠨ ᠣᠨᠣᠯ ᠤᠨ ᠬᠢᠷᠢ ᠲᠦᠪᠰᠢᠨ ᠪᠣᠯᠤᠨ ᠥᠪᠡᠷ ᠤᠨ ᠴᠢᠳᠠᠪᠤᠷᠢ ᠶᠢ ᠲᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠮᠡᠳᠡᠯᠭᠡ ᠶᠢ ᠪᠣᠳᠠᠲᠠᠶ ᠠᠵᠢᠯ ᠤᠨ ᠳᠤᠮᠳᠠ ᠨᠡᠩ ᠰᠠᠶᠢᠨ ᠢᠶᠠᠷ  ᠦᠢᠯᠡᠳᠦᠯᠭᠡᠵᠢᠭᠦᠯᠬᠦ ᠶᠢᠨ ᠲᠦᠯᠦᠭᠡ  ᠂ 9 ᠰᠠᠷ᠎ᠠ ᠶᠢᠨ 20᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠬᠠᠶ ᠯᠢᠩ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠢᠭᠡᠳᠦᠮᠡᠯ ᠹᠷᠣᠨᠲ  ᠤᠨ 15 ᠺᠠᠳ᠋ᠷ  ᠢ ᠳᠠᠭᠠᠭᠤᠯᠤᠨ ᠪᠡᠭᠡᠵᠢᠩ ᠬᠤᠲᠠ ᠶᠢᠨ ᠳ᠋ᠠ ᠰᠢᠩ  ᠲᠣᠭᠤᠷᠢᠭ ᠤᠨ ᠨᠠᠮ ᠤᠨ ᠰᠤᠷᠭᠠᠭᠤᠯᠢ ᠳᠤ ᠬᠦᠷᠴᠦ ᠨᠢᠭᠡᠳᠦᠮᠡᠯ ᠹᠷᠣᠨᠲ ᠤᠨ ᠺᠠᠳ᠋ᠷ ᠤᠨ ᠪᠣᠯᠪᠠᠰᠤᠷᠠᠯ ᠤᠨ ᠠᠩᠭᠢ ᠳᠤ ᠣᠷᠣᠯᠴᠠᠪᠠ᠃    9 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠬᠤᠲᠠ ᠶᠢᠨ ᠳ᠋ᠠ ᠰᠢᠩ  ᠲᠣᠭᠤᠷᠢᠭ ᠤᠨ  ᠨᠢᠭᠡᠳᠣᠮᠠᠯ  ᠹᠷᠣᠨᠲ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳ᠋ᠠ ᠰᠢᠩ ᠲᠣᠭᠤᠷᠢᠭ ᠤᠨ ᠨᠠᠮ ᠤᠨ ᠰᠤᠷᠭᠠᠭᠤᠯᠢ ᠳᠤ ᠶᠠᠪᠤᠭᠳᠠᠪᠠ᠃ ᠴᠧᠨ ᠬᠠᠶ ᠯᠢᠩ  ᠳ᠋ᠠ ᠰᠢᠩ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠬᠠᠮᠲᠤᠷᠠᠭᠰᠠᠨ ᠪᠣᠯᠪᠠᠰᠣᠷᠠᠯ ᠤᠨ  ᠠᠵᠢᠯᠯᠠᠭ᠎ᠠ  ᠵᠢᠴᠢ ᠳ᠋ᠠ ᠰᠢᠩ ᠲᠣᠭᠤᠷᠢᠭ ᠤᠨ ᠥᠪᠥᠷ ᠮᠣᠩᠭᠤᠯ ᠤᠨ  ᠬᠠᠪᠰᠤᠷᠤᠨ ᠲᠡᠳᠬᠦᠬᠦ ᠭᠠᠵᠠᠷ ᠣᠷᠣᠨ ᠤ ᠠᠵᠤ ᠦᠢᠯᠡᠰ ᠤᠨ ᠳᠡᠮᠵᠢᠯᠭᠡ᠂ ᠠᠵᠤ ᠠᠬᠤᠶ ᠶᠢᠨ ᠬᠥᠭᠵᠢᠯᠲᠡ ᠵᠡᠷᠭᠡ ᠲᠠᠯ᠎ᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠤᠰ  ᠣᠳᠠᠭᠠᠨ ᠤ ᠪᠣᠯᠪᠠᠰᠤᠷᠠᠯ ᠨᠢ 3ᠡᠳᠦᠷ  ᠶᠠᠪᠤᠭᠳᠠᠵᠤ᠂ ᠲᠥᠪ ᠤᠨ ᠨᠡᠶᠢᠭᠡᠮ ᠤᠨ ᠬᠤᠷᠢᠶᠠᠨ ᠤ ᠫᠷᠤᠹᠧᠰᠰᠤᠷ ᠸᠠᠩ ᠼᠠᠢ ᠯᠢᠩ᠂ ᠹᠧᠩ ᠬᠠᠢ ᠪᠥᠸᠧ ᠵᠢᠴᠢ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠴᠧᠨ ᠰᠢᠨ ᠰᠢᠨ ᠢ ᠣᠷᠢᠵᠦ ᠲᠤᠰ ᠲᠤᠰ ᠠᠷᠠᠳᠴᠢᠯᠠᠭᠰᠠᠨ ᠨᠠᠮ ᠪᠦᠯᠦᠭ ᠤᠨ ᠲᠡᠦᠬᠡ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠰᠢᠶᠠᠩᠭᠠᠩ ᠤᠨ ᠪᠠᠶᠢᠳᠠᠯ ᠵᠡᠷᠭᠡ ᠠᠭᠤᠯᠭ᠎ᠠ  ᠎ ᠪᠠᠷ ᠲᠠᠶᠢᠯᠣᠮᠵᠢ ᠬᠢᠯᠭᠡᠪᠡ  ᠃    ᠮᠠᠨ ᠤ ᠬᠤᠰᠢᠭᠤᠨ ᠤ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ ᠳ᠋ᠠ ᠰᠢᠩ ᠲᠣᠭᠤᠷᠢᠭ ᠤᠨ  ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠰᠣᠶᠣᠯ ᠤᠨ  ᠣᠬᠠᠭᠤᠯᠬᠤ ᠬᠠᠨ᠎ᠠ ᠶᠢ ᠲᠣᠭᠤᠷᠢᠨ ᠦᠵᠡᠵᠦ᠂ ᠨᠢᠭᠡᠳᠦᠮᠡᠯ ᠹᠷᠣᠨᠲ ᠤᠨ ᠠᠵᠢᠯ ᠤᠨ ᠲᠡᠤᠬᠡᠨ ᠶᠠᠪᠣᠴᠠ ᠶᠢ ᠣᠶᠢᠯᠠᠭᠠᠪᠠ᠃ ᠳᠠᠷᠠᠭ᠎ᠠ ᠨᠢ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠮᠡᠯ ᠹᠷᠣᠨᠲ ᠶᠢᠨ ᠺᠠᠳ᠋ᠷᠴᠤᠳ ᠪᠡᠭᠡᠵᠢᠩ ᠬᠤᠲᠠ ᠶᠢᠨ ᠳ᠋ᠠ ᠰᠢᠩ ᠲᠣᠭᠤᠷᠢᠭ ᠤᠨ ᠰᠢᠨ᠎ᠡ ᠬᠤᠯᠪᠣᠭᠠᠲᠤ ᠬᠤᠷᠠᠯ ᠤᠨ ᠭᠡᠰᠢᠭᠦᠨ ᠲᠠᠢ ᠶᠠᠷᠢᠯᠴᠠᠬᠤ ᠬᠤᠷᠠᠯ ᠬᠢᠵᠦ᠂ ᠰᠢᠨ᠎ᠡ ᠬᠤᠯᠪᠣᠭᠠᠲᠤ ᠬᠤᠷᠠᠯ ᠤᠨ ᠠᠵᠢᠯ ᠤᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠶᠠᠷᠢᠯᠴᠠᠨ  ᠨᠡᠪᠳᠡᠷᠡᠯᠴᠡᠵᠦ᠂ ᠮᠠᠨ ᠤ ᠬᠤᠰᠢᠭᠤᠨ ᠤ ᠳᠠᠷᠠᠭ᠎ᠠ ᠠᠯᠬᠤᠮ ᠳᠤ ᠰᠢᠨ᠎ᠡ ᠬᠤᠯᠪᠣᠭᠠᠲᠤ ᠬᠤᠷᠠᠯ ᠪᠠᠢᠭᠤᠯᠤᠭᠳᠠᠬᠤ ᠳᠤ ᠵᠢᠯᠣᠭᠤᠳᠬᠤ ᠦᠢᠯᠡᠳᠦᠯ ᠦᠵᠡᠭᠦᠯᠪᠡ᠃ 9 ᠰᠠᠷ᠎ᠠ ᠶᠢᠨ 23᠎ ᠤ ᠡᠳᠦᠷ᠂ ᠳ᠋ᠠ ᠰᠢᠩ ᠲᠣᠭᠤᠷᠢᠭ ᠤᠨ ᠹᠦ᠋ ᠶᠢᠨ ᠲᠠᠩ᠂ ᠰᠢ ᠬᠤᠩ ᠮᠧᠨ ᠯᠠᠯᠤ ᠶᠢᠨ ᠰᠦᠮ᠎ᠡ ᠵᠡᠷᠭᠡ 2 ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠪᠣᠯᠤᠨ ᠠᠮᠢᠳᠤ ᠪᠣᠳᠠᠰ ᠤᠨ ᠡᠮ  ᠦᠢᠯᠡᠳᠬᠦ ᠰᠠᠭᠤᠷᠢᠨ ᠭᠠᠵᠠᠷ ᠢᠶᠠᠷ ᠲᠣᠭᠤᠷᠢᠨ ᠦᠵᠡᠪᠡ    ᠪᠣᠯᠪᠠᠰᠤᠷᠠᠯ ᠢᠶᠠᠷ ᠳᠠᠮᠵᠢᠨ᠂ ᠮᠠᠨ ᠤ ᠬᠤᠰᠢᠭᠤᠨ ᠤ ᠨᠢᠭᠡᠳᠦᠮᠡᠯ ᠹᠷᠣᠨᠲ ᠤᠨ ᠺᠠᠳ᠋ᠷ ᠤᠨ ᠣᠨᠣᠯ ᠤᠨ ᠬᠡᠪ ᠪᠣᠯᠪᠠᠰᠤᠷᠠᠯ ᠪᠠ ᠦᠢᠯᠡᠳᠦᠯᠭᠡ ᠶᠢᠨ ᠬᠢᠷᠢ ᠲᠦᠪᠰᠢᠨ ᠢ ᠤᠯᠠᠮ  ᠳᠡᠭᠡᠭᠰᠢᠯᠡᠭᠦᠯᠵᠦ᠂ ᠣᠯᠠᠨ ᠢᠶᠠᠷ ᠢᠶᠠᠨ ᠪᠣᠯᠪᠠᠰᠤᠷᠠᠯ ᠎ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠬᠥᠳᠡᠯᠭᠡᠬᠦ ᠬᠦᠴᠦᠨ ᠪᠣᠯᠭᠠᠨ  ᠂ ᠬᠤᠶᠢᠰᠢᠳᠠ ᠶᠢᠨ ᠠᠵᠢᠯ ᠎ ᠳᠠᠭᠠᠨ ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ  ᠭᠡᠵᠦ ᠢᠯᠡᠷᠭᠡᠶᠢᠯᠡᠪᠡ᠃    
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号