ᠰᠢᠯᠤᠭᠤᠨ ᠬᠥᠪᠡᠭᠡᠲᠦ ᠴᠠᠭᠠᠨ ᠬᠤᠰᠢᠭᠤ ᠲᠥᠯᠥᠪᠦᠷᠢ ᠦᠭᠡᠢ ᠪᠠᠷ ᠴᠢᠰᠤ ᠡᠷᠭᠦᠬᠦ ᠵᠢᠴᠢ ᠴᠢᠰᠤ  ᠪᠦᠳᠦᠭᠡᠬᠦ ᠭᠤᠤᠯ ᠡᠰ ‍ᠤᠨ‌ᠦᠯᠢᠭᠡᠷ ᠠᠪᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/29
  ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠢᠲᠠᠨ ᠤ ᠵᠣᠷᠢᠭ ᠰᠠᠨᠠᠭ᠎ᠠ ᠶᠢ ᠶᠡᠬᠡᠪᠡᠷ  ᠪᠠᠳᠠᠷᠠᠭᠤᠯᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ ᠪᠠ ᠴᠢᠰᠤ ᠪᠦᠲᠦᠭᠡᠬᠦ ᠭᠤᠤᠯ ᠡᠰ ᠤᠨ ᠮᠡᠳᠡᠯᠭᠡ ᠬᠠᠨᠳᠢᠪᠯᠠᠬᠤ ᠶᠢ ᠥᠷᠭᠡᠨ ᠢᠶᠠᠷ  ᠣᠬᠠᠭᠤᠯᠬᠤ ᠶᠢᠨ ᠲᠦᠯᠦᠭᠡ᠂ 9 ᠰᠠᠷ᠎ᠠ ᠶᠢᠨ 25᠎ ᠤ ᠦᠳᠡ ᠶᠢᠨ ᠡᠮᠦᠨ᠎ᠡ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠯᠢ ᠶᠢᠨ ᠭᠤᠤᠯ ᠠᠶᠢᠮᠠᠭ ᠤᠨ ᠭᠤᠤᠯ ᠴᠢᠰᠤᠨ ᠥᠷᠲᠡᠭᠡ ᠲᠠᠢ ᠬᠤᠯᠪᠣᠭᠠᠯᠠᠨ ᠬᠤᠰᠢᠭᠤ ᠡᠮᠨᠡᠯᠭᠡ ᠶᠢᠨ ᠬᠤᠷᠢᠶ᠎ᠠ ᠳᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠪᠠ ᠴᠢᠰᠤ ᠪᠦᠲᠦᠭᠡᠬᠦ ᠭᠤᠤᠯ ᠡᠰ ᠤᠨ ᠥᠯᠢᠭᠡᠷ ᠴᠤᠭᠯᠠᠭᠤᠯᠬᠤ  ᠠᠵᠢᠯᠯᠠᠭ᠎ᠠ ᠥᠷᠨᠢᠭᠦᠯᠪᠡ᠃       ᠥᠷᠯᠥᠭᠡ  ᠡᠷᠳᠡ᠂ ᠬᠤᠰᠢᠭᠤ ᠡᠮᠨᠡᠯᠭᠡ ᠶᠢᠨ ᠬᠤᠷᠢᠶᠠᠨ ᠤ ᠴᠢᠰᠤ ᠠᠪᠬᠤ ᠭᠠᠵᠠᠷ ᠲᠤ ᠬᠦᠮᠦᠰ ᠣᠷᠳᠣ ᠮᠦᠷᠦᠯᠡᠵᠦ᠂ ᠠᠵᠢᠯᠲᠠᠳ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠡᠶ ᠤᠬᠠᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠬᠤ ᠶᠢᠨ ᠬᠠᠮᠲᠤ ᠴᠢᠰᠤ ᠥᠭᠬᠦ ᠵᠢᠴᠢ ᠴᠢᠰᠤ ᠪᠦᠳᠦᠭᠡᠬᠦ ᠭᠤᠣᠯ ᠡᠰ ᠢᠶᠠᠨ ᠬᠠᠨᠳᠢᠪᠯᠠᠬᠤ ᠶᠠᠪᠤᠴᠠ ᠶᠢᠨ ᠵᠢᠯᠣᠭᠤᠳᠤᠯᠭ᠎ᠠ ᠬᠢᠵᠦ᠂ ᠠᠵᠢᠯᠯᠠᠭ᠎ᠠ ᠶᠢᠨ ᠠᠭᠤᠯᠭ᠎ᠠ  ᠂ ᠠᠴᠢ ᠬᠤᠯᠪᠣᠬᠳᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠲᠤᠰ ᠤᠳᠠᠭᠠᠨ ᠤ ᠠᠵᠢᠯᠯᠠᠭ᠎ᠠ ᠳᠤ 105 ᠬᠥᠮᠦᠨ ᠲᠥᠯᠥᠪᠦᠷᠢ ᠦᠭᠡᠶ ᠪᠠᠷ ᠴᠢᠰᠤ ᠡᠷᠭᠦᠬᠦ ᠠᠵᠢᠯᠯᠠᠭ᠎ᠠ ᠳᠤ ᠣᠷᠣᠯᠴᠠᠵᠤ᠂ ᠨᠡᠶᠢᠲᠡ 31900 ᠮᠢᠯᠢᠯᠢᠲᠷ ᠴᠢᠰᠤ ᠬᠠᠨᠳᠢᠪᠯᠠᠭᠰᠠᠨ ᠪᠠᠶᠢᠨ᠎ᠠ᠃ 4 ᠬᠥᠮᠦᠨ ᠴᠢᠰᠤ  ᠪᠦᠳᠦᠭᠡᠬᠦ ᠭᠤᠤᠯ ᠡᠰ ᠤᠨ ᠵᠠᠭᠪᠤᠷ ᠴᠤᠭᠯᠠᠭᠤᠯᠬᠤ ᠠᠵᠢᠯᠯᠠᠭ᠎ᠠ ᠳᠤ ᠣᠷᠣᠯᠴᠠᠵᠠᠶ᠃  
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号