ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠬᠤᠶᠠᠷ︶ | 2020-09-22 | ︵ᠭᠤᠷᠪᠠ︶ ᠭᠠᠵᠠᠷ ᠰᠢᠷᠤᠢ ᠶᠢᠨ ᠨᠦᠬᠦᠪᠦᠷᠢ ᠶᠢᠨ ᠵᠠᠷᠣᠳᠠᠯ ᠵᠡᠷᠭᠡ ᠵᠠᠷᠣᠳᠠᠯ ᠢ ᠬᠡᠷᠡᠭᠯᠡᠬᠦ᠂ ᠬᠤᠪᠢᠶᠠᠷᠢᠯᠠᠬᠤ ᠠᠷᠭ᠎ᠠ | ︔ | ︵ᠲᠦᠷᠪᠡ︶ ᠬᠠᠮᠳᠤ ᠠᠴᠠ ᠪᠡᠯᠡ ᠭᠠᠷᠭᠠᠭᠰᠠᠨ ᠠᠵᠤ ᠠᠬᠤᠢᠢᠯᠠᠯ ᠤᠨ ᠦᠮᠴᠢᠯᠡᠯ ᠤᠨ ᠡᠷᠬᠡ ᠶᠢ ᠬᠤᠪᠢᠷᠠᠭᠤᠯᠬᠤ | ᠵᠡᠷᠭᠡ ᠤᠴᠢᠷ ᠶᠠᠪᠤᠳᠠᠯ︔ | ︵ᠲᠠᠪᠤ︶ ᠬᠠᠤᠯᠢ ᠴᠠᠭᠠᠵᠠ ᠳᠤ ᠲᠤᠭᠳᠠᠭᠠᠭᠰᠠᠨ ᠪᠤᠰᠤᠳ ᠤᠴᠢᠷ ᠶᠠᠪᠤᠳᠠᠯ᠃ | ᠬᠤᠶᠠᠷ ᠵᠠᠭᠤ ᠵᠢᠷᠠᠡ ᠬᠤᠶᠠᠳᠤᠭᠠᠷ ᠵᠦᠢᠯ ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠪᠠ ᠤᠢ ᠰᠢᠭᠤᠢ᠂ ᠠᠭᠤᠯᠠ | ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ ᠵᠡᠷᠭᠡ ᠳᠤ ᠲᠤᠤᠷ᠎ᠠ ᠵᠢᠭᠰᠠᠭᠠᠭᠰᠠᠨ ᠲᠤᠭᠳᠠᠭᠠᠯ | ᠶᠤᠰᠤᠭᠠᠷ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠄ | ︵ᠨᠢᠭᠡ︶ ᠲᠣᠰᠬᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ ᠲᠣᠰᠬᠤᠨ ᠤ | ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ ᠠᠴᠠ ᠬᠠᠣᠯᠢ | ᠶᠣᠰᠣᠭᠠᠷ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ︔ | ︵ᠬᠤᠶᠠᠷ︶ ᠲᠣᠰᠬᠤᠨ ᠤ ᠲᠤᠳᠤᠷᠠᠬᠢ ᠬᠤᠶᠠᠷ ᠠᠴᠠ ᠲᠡᠭᠡᠭᠰᠢ ᠲᠠᠷᠢᠶᠠᠴᠢᠨ ᠤ ᠬᠠᠮᠳᠤ ᠶᠢᠨ ᠦᠮᠴᠢᠯᠡᠯ ᠳᠤ ᠲᠤᠰ | ᠲᠤᠰ ᠬᠠᠷᠢᠶᠠᠯᠠᠭᠳᠠᠵᠤ ᠪᠠᠶᠢᠪᠠᠯ᠂ ᠲᠣᠰᠬᠤᠨ ᠤ ᠲᠤᠳᠤᠷᠠᠬᠢ ᠲᠤᠰ ᠬᠠᠮᠳᠤ ᠶᠢᠨ ᠠᠵᠤ ᠠᠬᠤᠢ ᠶᠢᠨ ᠡᠯ᠎ᠡ ᠵᠤᠬᠢᠶᠠᠨ | ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠲᠤᠭᠤᠢᠢᠯᠠᠩ ᠠᠴᠠ ᠬᠠᠣᠯᠢ ᠶᠣᠰᠣᠭᠠᠷ ᠬᠠᠮᠳᠤ ᠶᠢ ᠲᠦᠯᠦᠭᠡᠯᠡᠨ | ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ︔ | ︵ᠭᠤᠷᠪᠠ︶ ᠰᠢᠶᠠᠩ ᠪᠠᠯᠭᠠᠰᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ | ᠰᠢᠶᠠᠩ ᠪᠠᠯᠭᠠᠰᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠠᠮᠳᠤ ᠶᠢ ᠲᠦᠯᠦᠭᠡᠯᠡᠨ | ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ᠃ | ᠬᠤᠶᠠᠷ ᠵᠠᠭᠤ ᠵᠢᠷᠠᠨ ᠭᠤᠷᠪᠠᠳᠤᠭᠠᠷ ᠵᠦᠢᠯ ᠬᠤᠳᠠ ᠪᠠᠯᠭᠠᠰᠤᠨ ᠤ ᠬᠠᠮᠳᠤ ᠶᠢᠨ ᠦᠮᠴᠢᠯᠡᠯ ᠤᠨ ᠦᠯᠦ ᠬᠦᠳᠡᠯᠬᠦ | ᠬᠦᠷᠦᠩᠭᠡ ᠪᠠ ᠬᠦᠳᠡᠯᠬᠦ ᠬᠦᠷᠦᠩᠭᠡ ᠳᠤ᠂ ᠲᠤᠰ ᠬᠠᠮᠳᠤ ᠶᠢᠨ ᠬᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠳᠠᠭᠠᠯ ᠤᠨ ᠲᠤᠭᠳᠠᠭᠠᠯ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ | ᠡᠳ᠋ᠯᠡᠨ᠎ᠡ᠃ | ᠬᠤᠶᠠᠷ ᠵᠠᠭᠤ ᠵᠢᠷᠠᠨ ᠲᠦᠷᠪᠡᠳᠤᠭᠡᠷ ᠵᠦᠢᠯ ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ᠂ ᠲᠣᠰᠬᠤᠨ ᠤ ᠠᠷᠠᠳ ᠤᠨ ᠲᠤᠭᠤᠢᠢᠯᠠᠩ ᠨᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠵᠢᠴᠢ ᠲᠦᠷᠢᠮ᠂ ᠲᠣᠰᠬᠤᠨ ᠤ ᠲᠤᠬᠳᠠᠭᠠᠯ ᠠᠷᠠᠳ ᠤᠨ ᠭᠡᠷ᠎ᠡ | ᠶᠤᠰᠤᠭᠠᠷ ᠲᠤᠰ ᠬᠠᠮᠳᠤ ᠶᠢᠨ ᠪᠦᠷᠢᠯᠳᠦᠬᠦᠨ ᠳᠡᠭᠡᠨ ᠬᠠᠮᠳᠤ ᠶᠢᠨ ᠡᠳ᠋ ᠬᠦᠷᠦᠩᠭᠡ ᠶᠢᠨ ᠪᠠᠶᠢᠳᠠᠯ ᠢᠶᠠᠨ ᠨᠡᠶᠢᠳᠡᠯᠡᠬᠦ | ᠬᠡᠷᠡᠭᠳᠡᠢ᠃ ᠬᠠᠮᠳᠤ ᠶᠢᠨ ᠪᠦᠷᠢᠯᠳᠦᠬᠦᠨ ᠨᠢ ᠬᠤᠯᠪᠣᠭᠳᠠᠯ ᠪᠥᠬᠦᠢ ᠮᠠᠲ᠋ᠧᠷᠢᠶᠠᠯ ᠢ ᠪᠠᠶᠢᠴᠠᠭᠠᠨ ᠥᠵᠡᠬᠦ᠂ ᠪᠠᠭᠤᠯᠭᠠᠨ | ᠠᠪᠬᠤ ᠡᠷᠭᠡ ᠲᠠᠢ᠃ | ᠬᠤᠶᠠᠷ ᠵᠠᠭᠤ ᠵᠢᠷᠠᠨ ᠲᠠᠪᠣᠳᠣᠭᠠᠷ ᠵᠦᠢᠯ ᠬᠠᠮᠳᠤ ᠶᠢᠨ ᠦᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ | ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ | ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠡᠪᠳᠡᠬᠦ ᠶᠢ ᠴᠠᠭᠠᠵᠠᠯᠠᠨ᠎ᠠ᠃ | ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠲᠣᠰᠬᠤᠨ ᠤ ᠠᠷᠠᠳ ᠤᠨ | ᠵᠦᠪᠯᠡᠯ ᠪᠤᠶᠤ ᠲᠡᠬᠦᠨ ᠤ ᠬᠠᠷᠢᠭᠤᠴᠠᠯᠭᠠᠳᠠᠨ ᠤ ᠭᠠᠷᠭᠠᠭᠰᠠᠨ ᠲᠤᠭᠳᠠᠭᠠᠯ ᠨᠢ ᠬᠠᠮᠳᠤ ᠶᠢᠨ ᠪᠦᠷᠢᠯᠳᠦᠬᠦᠨ ᠤ ᠬᠠᠤᠯᠢ | ᠶᠤᠰᠤᠨ ᠤ ᠡᠷᠬᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠳᠤ ᠤᠴᠠᠷᠠᠭᠰᠠᠨ ᠬᠠᠮᠳᠤ ᠶᠢᠨ ᠪᠦᠷᠢᠯᠳᠦᠬᠦᠨ | ᠲᠡᠬᠦᠨ ᠢ ᠬᠦᠴᠦᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠬᠤᠪᠢ ᠬᠦᠮᠦᠨ ᠦᠪᠡᠷ ᠤᠨ ᠢᠶᠠᠨ ᠬᠠᠤᠯᠢ ᠶᠤᠰᠤᠨ ᠤ ᠤᠷᠤᠯᠭ᠎ᠠ᠂ ᠭᠡᠷ | ᠪᠠᠶᠢᠰᠢᠩ᠂ ᠠᠮᠢᠳᠤᠷᠠᠯ ᠤᠨ ᠡᠳ᠋ᠯᠡᠯ ᠬᠡᠷᠡᠭᠰᠡᠯ᠂ ᠦᠢᠯᠡᠳᠪᠦᠷᠢᠯᠡᠯ ᠤᠨ ᠪᠠᠭᠠᠵᠢ᠂ ᠲᠦᠬᠦᠭᠡᠢ ᠮᠠᠲ᠋ᠧᠷᠢᠶᠠᠯ ᠵᠡᠷᠭᠡ | ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠦᠮᠴᠢᠯᠡᠯ ᠤᠨ ᠡᠷᠬᠡ ᠶᠢ ᠡᠳ᠋ᠯᠡᠨ᠎ᠠ᠃ | ᠬᠤᠶᠠᠷ ᠵᠠᠭᠤ ᠵᠢᠷᠠᠨ ᠲᠣᠯᠣᠳᠤᠭᠠᠷ ᠵᠦᠢᠯ ᠬᠤᠪᠢ ᠬᠦᠮᠦᠨ ᠤ ᠬᠠᠤᠯᠢ ᠶᠤᠰᠤᠨ ᠤ ᠡᠳ᠋ ᠬᠦᠷᠦᠩᠭᠡ ᠶᠢ ᠬᠠᠤᠯᠢ ᠪᠠᠷ | ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ | ᠪᠤᠯᠢᠶᠠᠬᠤ᠂ ᠡᠪᠳᠡᠬᠦ ᠶᠢ ᠴᠠᠭᠠᠵᠠᠯᠠᠨ᠎ᠠ᠃ | ᠬᠤᠶᠠᠷ ᠵᠠᠭᠤ ᠵᠢᠷᠠᠨ ᠨᠠᠢᠮᠠᠳᠣᠭᠠᠷ ᠵᠦᠢᠯ ᠤᠯᠤᠰ᠂ ᠬᠠᠮᠳᠤ ᠨᠠᠶᠢᠳᠠ ᠪᠠ ᠬᠤᠪᠢ ᠬᠦᠮᠦᠨ ᠬᠠᠤᠯᠢ ᠶᠤᠰᠤᠭᠠᠷ ᠪᠡᠯᠡ | ᠭᠠᠷᠭᠠᠵᠤ ᠬᠢᠵᠠᠭᠠᠷᠳᠣ ᠬᠠᠷᠢᠭᠤᠴᠠᠯᠭᠠᠳᠤ ᠺᠤᠮᠫᠠᠨᠢ᠂ ᠬᠤᠪᠢ ᠤᠷᠤᠭᠤᠯᠤᠭᠰᠠᠨ ᠬᠢᠵᠠᠭᠠᠷᠳᠣ ᠬᠠᠷᠢᠭᠤᠴᠠᠯᠭᠠᠳᠤ | ᠺᠤᠮᠫᠠᠨᠢ ᠪᠤᠶᠤ ᠪᠤᠰᠤᠳ ᠠᠵᠤ ᠠᠬᠤᠢᠢᠯᠠᠯ ᠪᠠᠶᠢᠭᠤᠯᠵᠤ ᠪᠤᠯᠤᠨ᠎ᠠ᠃ ᠤᠯᠤᠰ᠂ ᠬᠠᠮᠳᠤ ᠨᠠᠶᠢᠳᠠ ᠪᠠ ᠬᠤᠪᠢ | ᠬᠦᠮᠦᠨ ᠤ ᠦᠮᠴᠢᠯᠡᠯ ᠤᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠠᠵᠤ ᠠᠬᠤᠢᠢᠯᠠᠯ ᠳᠤ | ᠤᠷᠤᠭᠤᠯᠤᠭᠰᠠᠨ ᠪᠠᠶᠢᠪᠠᠯ᠂ ᠪᠡᠯᠡ ᠭᠠᠷᠭᠠᠭᠴᠢ ᠨᠢ ᠪᠤᠯᠵᠤᠯ ᠶᠤᠰᠤᠭᠠᠷ ᠪᠤᠶᠤ ᠪᠡᠯᠡ ᠭᠠᠷᠭᠠᠭᠰᠠᠨ | ᠬᠠᠷᠢᠴᠠᠯ ᠢᠶᠠᠷ ᠢᠶᠠᠨ ᠪᠡᠯᠡ ᠬᠦᠷᠦᠩᠭᠡ ᠶᠢᠨ ᠠᠰᠢᠭ ᠤᠯᠬᠤ᠂ ᠴᠢᠬᠤᠯᠠ ᠶᠡᠭᠡ ᠪᠤᠳᠤᠯᠭ᠎ᠠ ᠲᠤᠭᠳᠠᠭᠠᠬᠤ ᠵᠢᠴᠢ | ᠡᠵᠡᠩᠨᠡᠨ ᠬᠠᠮᠢᠶᠠᠷᠤᠭᠴᠢ ᠶᠢ ᠰᠢᠯᠢᠬᠦ ᠵᠡᠷᠭᠡ ᠡᠷᠬᠡ ᠶᠢ ᠡᠳ᠋ᠯᠡᠬᠦ ᠶᠢᠨ ᠬᠠᠮᠳᠤ ᠡᠬᠦᠷᠭᠡ ᠪᠠᠨ ᠬᠦᠢᠴᠡᠳᠭᠡᠨ᠎ᠡ᠃ | ᠬᠤᠶᠠᠷ ᠵᠠᠭᠤ ᠵᠢᠷᠠ ᠶᠢᠰᠤᠳᠤᠭᠡᠷ ᠵᠦᠢᠯ ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠦᠪᠡᠷ ᠤᠨ ᠦᠯᠦ ᠬᠦᠳᠡᠯᠬᠦ | ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠵᠢᠴᠢ | ᠲᠦᠷᠢᠮ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃ | ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠠᠴᠠ ᠭᠠᠳᠠᠨᠠᠬᠢ ᠬᠠᠤᠯᠢ ᠶᠢᠨ ᠬᠦᠮᠦᠨ ᠤ ᠦᠯᠦ ᠬᠦᠳᠡᠯᠬᠦ ᠬᠦᠷᠦᠩᠭᠡ | ᠪᠠ ᠬᠦᠳᠡᠯᠬᠦ ᠬᠦᠷᠦᠩᠭᠡ ᠶᠢᠨ ᠡᠷᠬᠡ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠬᠳᠠᠭᠠᠯ ᠵᠢᠴᠢ ᠲᠦᠷᠢᠮ ᠤᠨ ᠲᠤᠭᠳᠠᠭᠠᠯ ᠢ ᠲᠣᠬᠢᠷᠠᠭᠤᠯᠣᠨ ᠬᠡᠷᠡᠭᠯᠡᠨ᠎ᠡ᠃ | ᠬᠤᠶᠠᠷ ᠵᠠᠭᠤ ᠲᠠᠯᠠᠳᠤᠭᠠᠷ ᠵᠦᠢᠯ ᠨᠠᠶᠢᠭᠡᠮ ᠤᠨ ᠪᠦᠯᠬᠦᠮ ᠬᠠᠣᠯᠢ ᠶᠢᠨ ᠬᠥᠮᠥᠨ᠂ ᠬᠠᠨᠳᠢᠪᠯᠡᠨ ᠲᠣᠰᠠᠯᠠᠬᠤ | ᠬᠠᠣᠯᠢ ᠶᠢᠨ ᠬᠥᠮᠥᠨ ᠤ ᠬᠠᠤᠯᠢ ᠶᠤᠰᠤᠭᠠᠷ ᠦᠮᠴᠢᠯᠡᠵᠤ ᠪᠠᠶᠢᠭ᠎ᠠ ᠦᠯᠦ ᠬᠦᠳᠡᠯᠬᠦ ᠬᠦᠷᠦᠩᠭᠡ ᠪᠠ ᠬᠦᠳᠡᠯᠬᠦ | ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠃ | ᠵᠢᠷᠭᠤᠳᠤᠭᠠᠷ ᠪᠦᠯᠦᠭ ᠦᠮᠴᠢᠳᠡᠨ ᠤ ᠬᠡᠷ ᠪᠠᠷᠢᠯᠭ᠎ᠠ ᠶᠢᠨ ᠢᠯᠭᠠᠯᠳᠣ ᠦᠮᠴᠢᠯᠡᠯ ᠤᠨ ᠡᠷᠬᠡ | ᠬᠤᠶᠠᠷ ᠵᠠᠭᠤ ᠲᠠᠯᠡᠨ ᠨᠢᠭᠡᠳᠤᠭᠡᠷ ᠵᠦᠢᠯ ᠦᠮᠴᠢᠳᠠᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ | ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠵᠡᠷᠭᠡ ᠲᠤᠰᠬᠠᠢ ᠥᠮᠴᠢᠯᠡᠬᠦ ᠬᠡᠰᠡᠭ ᠲᠤ ᠦᠮᠴᠢᠯᠡᠬᠦ ᠡᠷᠬᠡ ᠶᠢ | ᠡᠳ᠋ᠯᠡᠨ᠎ᠠ᠂ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ ᠬᠠᠮᠳᠤ ᠪᠠᠷ ᠥᠮᠴᠢᠯᠡᠬᠦ ᠬᠡᠰᠡᠭ ᠲᠤ ᠬᠠᠮᠳᠤ ᠪᠠᠷ | ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠶᠢ ᠡᠳ᠋ᠯᠡᠨ᠎ᠠ᠃ | ᠬᠤᠶᠠᠷ ᠵᠠᠭᠤ ᠲᠠᠯᠠᠨ ᠬᠤᠶᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠲᠤ ᠡᠵᠡᠮᠰᠢᠬᠦ᠂ | ᠬᠡᠷᠡᠭᠯᠡᠬᠦ᠂ ᠠᠰᠢᠭ ᠤᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃ ᠦᠮᠴᠢᠳᠡᠨ ᠡᠷᠭᠡ ᠪᠠᠨ ᠭᠡᠷᠡᠭᠵᠢᠬᠦᠯᠬᠦ ᠳᠡᠭᠡᠨ | ᠪᠠᠷᠢᠯᠭ᠎ᠠ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠪᠤᠯᠬᠤ ᠦᠭᠡᠢ᠂ ᠪᠤᠰᠤᠳ ᠦᠮᠴᠢᠳᠡᠨ ᠤ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ᠃ | ᠬᠤᠶᠠᠷ ᠵᠠᠭᠤ ᠲᠠᠯᠠᠨ ᠭᠤᠷᠪᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠠᠴᠠ | ᠭᠠᠳᠠᠨᠠᠬᠢ ᠬᠠᠮᠳᠤ ᠪᠠᠷ ᠦᠮᠴᠢᠯᠡᠬᠦ ᠬᠡᠰᠡᠭ ᠲᠤ ᠡᠷᠬᠡ ᠡᠳ᠋ᠯᠡᠵᠤ ᠡᠬᠦᠷᠭᠡ ᠡᠬᠦᠷᠭᠡᠯᠡᠨ᠎ᠠ︔ ᠡᠷᠬᠡ ᠪᠠᠨ | ᠲᠠᠶᠠᠬᠳᠠᠭᠰᠠᠨ ᠢᠶᠠᠷ ᠰᠢᠯᠳᠠᠭᠠᠨ ᠪᠤᠯᠭᠠᠵᠤ ᠡᠬᠦᠷᠬᠡ ᠪᠠᠨ ᠬᠦᠢᠴᠡᠳᠭᠡᠬᠦ ᠦᠭᠡᠢ ᠪᠠᠶᠢᠵᠤ ᠪᠤᠯᠬᠤ ᠦᠭᠡᠢ᠃ | ᠦᠮᠴᠢᠳᠡᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ ᠡᠵᠡᠩᠨᠡᠯᠳᠡ ᠶᠢᠨ ᠴᠢᠨᠠᠷᠳᠠᠢ ᠭᠡᠷᠡᠭᠯᠡᠬᠦ ᠭᠡᠷ | ᠪᠠᠶᠢᠰᠢᠩ ᠢᠶᠠᠨ ᠰᠢᠯᠵᠢᠬᠦᠯᠦᠨ ᠦᠭᠬᠦ ᠳᠤ ᠬᠦᠷᠪᠡᠯ᠂ ᠪᠠᠷᠢᠯᠭ᠎ᠠ ᠶᠢᠨ ᠬᠠᠮᠳᠤ ᠪᠠᠷ ᠦᠮᠴᠢᠯᠡᠬᠦ ᠬᠡᠰᠡᠭ ᠲᠠᠬᠢ | ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠪᠠᠨ ᠬᠠᠮᠳᠤ ᠳᠤᠨᠢ ᠰᠢᠯᠵᠢᠬᠦᠯᠦᠨ ᠦᠭᠬᠦᠨ᠎ᠠ᠃ | ᠬᠤᠶᠠᠷ ᠵᠠᠭᠤ ᠲᠠᠯᠠᠨ ᠲᠦᠷᠪᠡᠳᠤᠭᠡᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠵᠠᠮ | ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ ᠪᠠᠯᠭᠠᠰᠤᠨ ᠤ ᠤᠯᠠᠨ ᠨᠠᠶᠢᠳᠠ ᠶᠢᠨ | ᠵᠠᠮ ᠳᠤ ᠬᠠᠷᠢᠶᠠᠯᠠᠭᠳᠠᠬᠤ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ | ᠲᠤᠳᠤᠷᠠᠬᠢ ᠵᠦᠯᠭᠡ ᠭᠠᠵᠠᠷ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ | ᠪᠠᠯᠭᠠᠰᠤᠨ ᠤ ᠤᠯᠠᠨ ᠨᠠᠶᠢᠳᠠ ᠶᠢᠨ ᠵᠦᠯᠭᠡ ᠭᠠᠵᠠᠷ ᠪᠤᠶᠤ ᠬᠤᠪᠢ ᠬᠦᠮᠦᠨ ᠳᠤ ᠬᠠᠷᠢᠶᠠᠯᠠᠭᠳᠠᠨ᠎ᠠ ᠭᠡᠵᠦ ᠲᠤᠳᠤᠷᠬᠠᠢ | ᠵᠢᠭᠠᠭᠰᠠᠨ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠪᠤᠰᠤᠳ | ᠤᠯᠠᠨ ᠨᠡᠶᠢᠳᠡ ᠶᠢᠨ ᠲᠠᠯᠠᠪᠤᠷ ᠭᠠᠵᠠᠷ᠂ ᠨᠡᠶᠢᠳᠡ ᠶᠢᠨ ᠭᠡᠷᠡᠭᠯᠡᠭᠡᠨ ᠤ ᠲᠦᠬᠦᠭᠡᠷᠤᠮᠵᠢ ᠪᠤᠯᠤᠨ ᠠᠳᠠᠯ ᠠᠬᠤᠢ ᠶᠢᠨ | ᠦᠢᠯᠡᠴᠢᠯᠡᠭᠡᠨ ᠳᠤ ᠭᠡᠷᠡᠭᠯᠡᠬᠦ ᠭᠡᠷ ᠪᠠᠶᠢᠰᠢᠩ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠲᠠᠯᠠᠨ ᠲᠠᠪᠤᠳᠤᠭᠠᠷ ᠵᠦᠢᠯ ᠪᠠᠷᠢᠯᠭ᠎ᠠ ᠶᠢᠨ ᠣᠷᠣᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ | ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠶᠢᠨ ᠬᠠᠷᠢᠶᠠᠯᠠᠯ ᠢ | ᠲᠤᠬᠠᠢ ᠶᠢᠨ ᠬᠦᠮᠦᠨ ᠨᠢ ᠬᠤᠳᠠᠯᠳᠤᠬᠤ᠂ ᠲᠠᠭᠠᠯᠳᠤᠭᠤᠯᠤᠨ ᠪᠡᠯᠡᠭᠯᠡᠬᠦ ᠪᠤᠶᠤ ᠲᠦᠷᠢᠶᠡᠰᠦᠯᠡᠬᠦᠯᠬᠦ ᠵᠡᠷᠭᠡ ᠠᠷᠭ᠎ᠠ | ᠮᠠᠶ᠋ᠢᠭ ᠢᠶᠠᠷ ᠪᠤᠯᠵᠤᠨ ᠲᠤᠭᠳᠠᠭᠠᠨ᠎ᠠ᠃ | ᠦᠮᠴᠢᠳᠡᠨ ᠤ ᠬᠠᠮᠳᠤ ᠪᠠᠷ ᠦᠮᠴᠢᠯᠡᠬᠦ ᠵᠠᠮ ᠪᠤᠶᠤ ᠪᠤᠰᠤᠳ ᠲᠠᠯᠠᠪᠤᠷ ᠭᠠᠵᠠᠷ ᠢ ᠡᠵᠡᠯᠡᠨ ᠬᠡᠷᠡᠭᠯᠡᠭᠡᠳ ᠮᠠᠰᠢᠨ ᠲᠡᠷᠭᠡ | ᠵᠤᠭᠰᠤᠭᠠᠬᠤ ᠳᠤ ᠬᠡᠷᠡᠭᠯᠡᠬᠦ ᠲᠡᠷᠭᠡᠨ ᠵᠤᠭᠰᠤᠭᠠᠯ ᠪᠤᠯᠭᠠᠪᠠᠯ᠂ ᠦᠮᠴᠢᠳᠡᠨ ᠤ ᠬᠠᠮᠳᠤ ᠶᠢᠨ ᠦᠮᠴᠢᠯᠡᠯ ᠳᠤ | ᠬᠠᠷᠢᠶᠠᠯᠠᠭᠳᠠᠨ᠎ᠠ᠃ | ᠬᠤᠶᠠᠷ ᠵᠠᠭᠤ ᠲᠠᠯᠠᠨ ᠵᠢᠷᠭᠤᠳᠤᠭᠠᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ | ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠨᠢ ᠶᠠᠭᠤᠨ ᠤ | ᠤᠷᠢᠳ ᠦᠮᠴᠢᠳᠡᠨ ᠤ ᠬᠡᠷᠡᠭᠴᠡᠭᠡ ᠶᠢ ᠬᠠᠨᠭ᠍ᠭᠠᠬᠤ ᠬᠡᠷᠡᠭᠳᠡᠢ᠃ | ᠬᠤᠶᠠᠷ ᠵᠠᠭᠤ ᠲᠠᠯᠠᠨ ᠲᠣᠯᠣᠳᠣᠭᠠᠷ ᠵᠦᠢᠯ ᠦᠮᠴᠢᠳᠡᠨ ᠦᠮᠴᠢᠳᠡᠳ ᠤᠨ ᠶᠡᠭᠡ ᠬᠤᠷᠠᠯ ᠢ ᠪᠠᠶᠢᠭᠤᠯᠵᠤ᠂ | ᠦᠮᠴᠢᠳᠠᠳ ᠤᠨ ᠵᠦᠪᠯᠡᠯ ᠢ ᠰᠤᠩᠭᠤᠨ ᠭᠠᠷᠭᠠᠵᠤ ᠪᠤᠯᠤᠨ᠎ᠠ᠃ ᠦᠮᠴᠢᠳᠡᠳ ᠤᠨ ᠶᠡᠭᠡ ᠬᠤᠷᠠᠯ᠂ ᠦᠮᠴᠢᠳᠠᠳ ᠤᠨ | ᠵᠦᠪᠯᠡᠯ ᠢ ᠪᠠᠶᠢᠭᠤᠯᠬᠤ ᠪᠣᠳᠠᠳᠠᠢ ᠨᠥᠬᠦᠴᠡᠯ ᠪᠠ ᠵᠢᠷᠣᠮ ᠢ ᠬᠠᠣᠯᠢ ᠴᠠᠭᠠᠵᠠ᠂ ᠬᠠᠣᠯᠢ ᠲᠣᠭᠳᠠᠭᠠᠯ ᠤᠨ ᠲᠣᠭᠳᠠᠭᠠᠯ | ᠶᠣᠰᠣᠭᠠᠷ ᠶᠠᠪᠣᠭᠤᠯᠣᠨ᠎ᠠ᠃ | ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠠᠭᠤᠭᠠᠯᠢ | ᠠᠷᠠᠳ ᠤᠨ ᠵᠥᠪᠯᠡᠯ ᠦᠮᠴᠢᠳᠠᠳ ᠤᠨ ᠶᠡᠭᠡ ᠬᠤᠷᠠᠯ ᠢ ᠪᠠᠶᠢᠭᠤᠯᠬᠤ ᠪᠠ ᠦᠮᠴᠢᠳᠠᠳ ᠤᠨ ᠵᠦᠪᠯᠡᠯ ᠢ ᠰᠤᠩᠭᠤᠬᠤ | ᠠᠵᠢᠯ ᠢ ᠵᠢᠯᠤᠭᠤᠳᠤᠨ ᠲᠡᠭᠦᠨ ᠳᠤ ᠬᠠᠮᠵᠢᠬᠤ ᠬᠡᠷᠡᠭᠳᠡᠢ᠃ | ᠬᠤᠶᠠᠷ ᠵᠠᠭᠤ ᠲᠠᠯᠠᠨ ᠨᠠᠢᠮᠠᠳᠣᠭᠠᠷ ᠵᠦᠢᠯ ᠲᠤᠤᠷ᠎ᠠ ᠵᠢᠭᠰᠠᠭᠠᠭᠰᠠᠨ ᠤᠴᠢᠷ ᠶᠠᠪᠤᠳᠠᠯ ᠢ ᠦᠮᠴᠢᠳᠡᠳ ᠬᠠᠮᠳᠤ ᠪᠠᠷ | ᠲᠤᠭᠳᠠᠭᠠᠨ᠎ᠠ᠄ | ︵ᠨᠢᠭᠡ︶ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠢ ᠲᠤᠭᠳᠠᠭᠠᠬᠤ ᠪᠠ ᠲᠡᠬᠦᠨ ᠳᠤ ᠵᠠᠰᠠᠪᠤᠷᠢ | ᠤᠷᠤᠭᠤᠯᠬᠤ︔ | ︵ᠬᠤᠶᠠᠷ︶ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠬᠤ︔ | ︵ᠭᠤᠷᠪᠠ︶ ᠦᠮᠴᠢᠳᠡᠳ ᠤᠨ ᠵᠦᠪᠯᠡᠯ ᠢ ᠰᠤᠩᠭᠤᠬᠤ ᠪᠤᠶᠤ ᠦᠮᠴᠢᠳᠡᠳ ᠤᠨ ᠵᠦᠪᠯᠡᠯ ᠤᠨ ᠪᠦᠷᠢᠯᠳᠤᠬᠦᠨ ᠢ | ᠰᠤᠯᠢᠬᠤ︔ | ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢ | ᠰᠤᠩᠭᠤᠨ ᠤᠷᠢᠬᠤ ᠪᠠ ᠤᠷᠢᠵᠥ ᠬᠡᠷᠡᠭᠯᠡᠬᠦ ᠪᠠᠨ ᠪᠤᠯᠢᠬᠤ︔ | ︵ᠲᠠᠪᠤ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠬᠡᠷᠡᠭᠯᠡᠬᠦ︔ | | ︵ᠵᠢᠷᠭᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ | ᠴᠤᠭᠯᠠᠭᠤᠯᠬᠤ︔ | ︵ᠲᠤᠯᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠦᠭᠡᠷᠡᠴᠢᠯᠡᠡ ᠪᠠᠶᠢᠭᠤᠯᠬᠤ᠂ ᠲᠡᠬᠢᠨ | ᠪᠠᠶᠢᠭᠤᠯᠬᠤ︔ | ︵ᠨᠠᠢᠮᠠ︶ ᠬᠠᠮᠳᠣ ᠪᠠᠷ ᠥᠮᠴᠢᠯᠡᠬᠦ ᠬᠡᠰᠡᠭ ᠤᠨ ᠬᠡᠷᠡᠭᠴᠡᠭᠡ ᠶᠢ ᠬᠤᠪᠢᠷᠠᠭᠤᠯᠬᠤ ᠪᠣᠶᠣ ᠬᠠᠮᠳᠣ ᠪᠠᠷ ᠥᠮᠴᠢᠯᠡᠬᠦ | ᠬᠡᠰᠡᠭ ᠢ ᠠᠰᠢᠬᠯᠠᠨ ᠡᠵᠡᠩᠨᠡᠯᠳᠡ ᠶᠢᠨ ᠠᠵᠢᠯᠯᠠᠭ᠎ᠠ ᠡᠷᠭᠢᠯᠡᠬᠦ︔ | ︵ᠶᠢᠰᠥ︶ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠳᠤ ᠬᠤᠯᠪᠣᠭᠳᠠᠭᠰᠠᠨ ᠪᠤᠰᠤᠳ ᠴᠢᠬᠤᠯᠠ | ᠶᠡᠭᠡ ᠣᠴᠢᠷ ᠶᠠᠪᠣᠳᠠᠯ᠃ | ᠥᠮᠴᠢᠳᠡᠳ ᠣᠴᠢᠷ ᠶᠠᠪᠣᠳᠠᠯ ᠢ ᠬᠠᠮᠳᠣ ᠪᠠᠷ ᠲᠣᠭᠳᠠᠭᠠᠬᠤ ᠳᠤ᠂ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ | ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠪᠥᠭᠡᠳ ᠬᠦᠮᠦᠨ ᠤ ᠲᠤᠭᠠᠨ ᠤ ᠡᠵᠡᠯᠡᠬᠦ | ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢ ᠪᠠᠳᠣᠯᠠᠯᠳᠠ ᠳᠤ ᠣᠷᠣᠯᠴᠠᠭᠤᠯᠬᠤ | ᠬᠡᠷᠡᠭᠳᠡᠢ᠃ ᠡᠮᠦᠨᠡᠬᠢ ᠪᠠᠳᠠᠭ ᠤᠨ ᠵᠢᠷᠭᠤᠳᠣᠭᠠᠷ ᠵᠣᠷᠪᠣᠰ ᠠᠴᠠ ᠨᠠᠢᠮᠠᠳᠣᠭᠠᠷ ᠵᠣᠷᠪᠣᠰ ᠲᠤ ᠲᠣᠭᠳᠠᠭᠠᠭᠰᠠᠨ ᠣᠴᠢᠷ | ᠶᠠᠪᠣᠳᠠᠯ ᠢ ᠲᠣᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠨᠢ | ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠪᠦᠬᠡᠳ ᠪᠠᠳᠣᠯᠠᠯᠳᠠ ᠳᠤ ᠣᠷᠣᠯᠴᠠᠭᠰᠠᠨ ᠬᠦᠮᠦᠨ ᠤ | ᠲᠤᠭᠠᠨ ᠤ ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠥᠪᠰᠢᠶᠡᠷᠡᠬᠦᠯᠬᠦ ᠬᠡᠷᠡᠭᠳᠡᠢ᠃ | ᠡᠮᠦᠨᠡᠬᠢ ᠪᠠᠳᠠᠭ ᠤᠨ ᠪᠤᠰᠤᠳ ᠣᠴᠢᠷ ᠶᠠᠪᠣᠳᠠᠯ ᠢ ᠲᠤᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ | ᠥᠮᠴᠢᠯᠡᠬᠦ ᠬᠡᠰᠡᠭ ᠤᠨ ᠲᠠᠯᠠᠪᠠᠢ ᠨᠢ ᠬᠠᠭᠠᠰ ᠠᠴᠠ ᠬᠡᠳᠦᠷᠡᠭᠰᠡᠨ ᠪᠦᠭᠡᠳ ᠪᠠᠳᠣᠯᠠᠯᠳᠠ ᠳᠤ ᠣᠷᠣᠯᠴᠠᠭᠰᠠᠨ | ᠬᠦᠮᠦᠨ ᠤ ᠲᠤᠭᠠᠨ ᠤ ᠬᠠᠭᠠᠰ ᠠᠴᠠ ᠬᠡᠳᠦᠷᠡᠭᠰᠡᠨ ᠦᠮᠴᠢᠳᠡᠳ ᠢᠶᠠᠷ ᠵᠦᠪᠰᠢᠶᠡᠷᠡᠬᠦᠯᠬᠦ ᠬᠡᠷᠡᠭᠳᠡᠢ᠃ | ᠬᠤᠶᠠᠷ ᠵᠠᠭᠤ ᠲᠠᠯ᠎ᠠ ᠶᠢᠰᠤᠳᠤᠭᠡᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ | ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠠᠴᠠ ᠵᠦᠷᠢᠴᠡᠨ ᠤᠷᠤᠨ ᠰᠠᠭᠤᠴᠠ ᠪᠠᠨ ᠡᠵᠡᠩᠨᠡᠯᠳᠡ ᠶᠢᠨ ᠴᠢᠨᠠᠷᠳᠠᠢ | ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠵᠤ ᠪᠤᠯᠬᠤ ᠦᠭᠡᠢ᠃ ᠦᠮᠴᠢᠳᠡᠨ ᠤᠷᠤᠨ ᠰᠠᠭᠤᠴᠠ ᠪᠠᠨ | ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠬᠤ ᠳᠤ ᠬᠦᠷᠪᠡᠯ᠂ ᠬᠠᠤᠯᠢ ᠴᠠᠭᠠᠵᠠ᠂ | ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠬᠡᠷ᠎ᠡ ᠶᠢ ᠵᠢᠷᠤᠮᠯᠠᠬᠤ ᠠᠴᠠ ᠭᠠᠳᠠᠨ᠎ᠠ᠂ ᠠᠰᠢᠭ | ᠬᠤᠤᠷ ᠤᠨ ᠬᠠᠷᠢᠴᠠᠭ᠎ᠠ ᠲᠠᠢ ᠦᠮᠴᠢᠳᠡᠳ ᠢᠶᠠᠷ ᠰᠠᠨᠠᠯ ᠨᠢᠭᠡᠳᠡᠢ ᠵᠦᠪᠰᠢᠶᠡᠷᠡᠬᠦᠯᠬᠦ ᠬᠡᠷᠡᠭᠳᠡᠢ᠃ | ᠬᠤᠶᠠᠷ ᠵᠠᠭᠤ ᠨᠠᠶᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠲᠤᠭᠳᠠᠭᠠᠯ | ᠦᠮᠴᠢᠳᠡᠳ ᠲᠤ ᠬᠠᠣᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ | ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠭᠠᠷᠭᠠᠭᠰᠠᠨ ᠲᠤᠬᠳᠠᠭᠠᠯ ᠦᠮᠴᠢᠳᠡᠨ ᠤ | ᠬᠠᠤᠯᠢ ᠶᠤᠰᠤᠨ ᠤ ᠡᠷᠭᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠠᠮᠰᠠᠬᠴᠢ ᠦᠮᠴᠢᠳᠡᠨ ᠲᠡᠬᠦᠨ ᠢ ᠬᠥᠴᠤᠨ | ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃ | ᠬᠤᠶᠠᠷ ᠵᠠᠭᠤ ᠨᠠᠶᠠᠨ ᠨᠢᠭᠡᠳᠤᠭᠡᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ | ᠪᠡᠯᠡ ᠮᠦᠡᠭᠬᠦ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ ᠦᠮᠴᠢᠳᠡᠨ ᠬᠠᠮᠳᠤ ᠪᠠᠷ | ᠲᠤᠭᠳᠠᠭᠠᠭᠠᠳ ᠲᠡᠬᠦᠨ ᠢ ᠴᠠᠬᠢᠯᠭᠠᠨ ᠱᠠᠳᠤ᠂ ᠭᠡᠷ ᠤᠨ ᠣᠷᠣᠢ᠂ ᠭᠠᠳᠠᠷ ᠬᠡᠷᠡᠮ᠂ ᠰᠠᠭᠠᠳ ᠥᠭᠡᠢ ᠲᠥᠭᠦᠭᠡᠷᠥᠮᠵᠢ | ᠵᠡᠷᠭᠡ ᠬᠠᠮᠳᠤ ᠪᠠᠷ ᠦᠮᠴᠢᠯᠡᠬᠦ ᠬᠡᠰᠡᠭ ᠢ ᠰᠡᠯᠪᠢᠨ ᠵᠠᠰᠠᠬᠤ᠂ ᠰᠢᠨᠡᠳᠭᠡᠬᠦ ᠪᠠ ᠥᠭᠡᠷᠡᠴᠢᠯᠡᠡ ᠵᠠᠰᠠᠬᠤ ᠳᠤ ᠬᠡᠷᠡᠭᠯᠡᠵᠦ | ᠪᠤᠯᠤᠨ᠎ᠠ᠃ ᠪᠠᠷᠢᠯᠭ᠎ᠠ ᠵᠢᠴᠢ ᠲᠡᠭᠦᠨ ᠤ ᠳᠠᠭᠠᠯᠳᠠ ᠳᠥᠭᠦᠭᠡᠷᠥᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ | ᠴᠤᠭᠯᠠᠭᠤᠯᠤᠭᠰᠠᠨ᠂ ᠬᠡᠷᠡᠭᠯᠡᠭᠰᠡᠨ ᠪᠠᠶᠢᠳᠠᠯ ᠢ ᠳᠤᠭᠳᠠᠮᠠᠯ ᠬᠤᠭᠤᠴᠠᠭ᠎ᠠ ᠲᠠᠢ ᠪᠠᠷ ᠨᠠᠶᠢᠳᠡᠯᠡᠬᠦ ᠬᠡᠷᠡᠭᠳᠡᠢ᠃ | ᠪᠠᠴᠢᠮ ᠪᠠᠶᠢᠳᠠᠯ ᠲᠣᠣᠷ᠎ᠠ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠴᠢᠬᠤᠯᠠᠳᠠᠢ | ᠪᠠᠶᠢᠪᠠᠯ᠂ ᠥᠮᠴᠢᠳᠡᠳ ᠤᠨ ᠶᠡᠭᠡ ᠬᠤᠷᠠᠯ ᠪᠣᠶᠣ ᠥᠮᠴᠢᠳᠡᠳ ᠤᠨ ᠵᠥᠪᠯᠡᠯ ᠪᠠᠷᠢᠯᠭ᠎ᠠ ᠵᠢᠴᠢ ᠲᠡᠭᠦᠨ ᠤ ᠳᠠᠭᠠᠯᠳᠠ | ᠳᠥᠭᠦᠭᠡᠷᠥᠮᠵᠢ ᠶᠢ ᠰᠡᠯᠪᠢᠠ ᠵᠠᠰᠠᠬᠤ ᠪᠡᠯᠡ ᠮᠥᠡᠭᠭᠦ ᠶᠢ ᠬᠡᠷᠡᠭᠯᠡᠬᠦ ᠪᠠᠷ ᠬᠠᠣᠯᠢ ᠶᠣᠰᠣᠭᠠᠷ ᠭᠤᠶᠣᠴᠢᠯᠠᠵᠥ ᠪᠣᠯᠣᠨ᠎ᠠ᠃ | ᠬᠤᠶᠠᠷ ᠵᠠᠭᠤ ᠨᠠᠶᠠᠨ ᠬᠤᠶᠠᠳᠤᠭᠠᠷ ᠵᠦᠢᠯ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ ᠠᠬᠤᠢ ᠶᠢᠨ | ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠡᠷᠭᠡ ᠶᠢᠨ ᠥᠮᠴᠢᠳᠡᠨ ᠤ ᠬᠠᠮᠳᠥ ᠪᠠᠷ | ᠥᠮᠴᠢᠯᠡᠬᠦ ᠬᠡᠰᠡᠭ ᠢ ᠠᠰᠢᠬᠯᠠᠨ ᠪᠣᠢ ᠪᠣᠯᠭᠠᠭᠰᠠᠨ ᠣᠷᠣᠯᠭ᠎ᠠ ᠵᠥᠢ ᠵᠣᠬᠢᠰᠳᠡᠢ ᠥᠪᠡᠷ ᠤᠨ ᠥᠷᠳᠡᠭ ᠢ | ᠬᠠᠰᠣᠭᠰᠠᠨ ᠤ ᠲᠠᠷᠠᠭ᠎ᠠ ᠥᠮᠴᠢᠳᠡᠨ ᠤ ᠬᠠᠮᠳᠣ ᠶᠢᠨ ᠥᠮᠴᠢᠯᠡᠯ ᠳᠤ ᠬᠠᠷᠢᠶᠠᠯᠠᠭᠳᠠᠨ᠎ᠠ᠃ | ᠬᠤᠶᠠᠷ ᠵᠠᠭᠤ ᠨᠠᠶᠠᠨ ᠭᠤᠷᠪᠠᠳᠤᠭᠠᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢᠨ ᠵᠠᠷᠤᠳᠠᠯ ᠢ | ᠲᠡᠰᠭᠡᠨ ᠤᠨᠤᠭᠳᠠᠭᠤᠯᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠣᠴᠢᠷ ᠶᠠᠪᠣᠳᠠᠯ ᠨᠢ ᠪᠤᠯᠵᠤᠯ ᠲᠠᠢ | ᠪᠠᠶᠢᠪᠠᠯ ᠪᠤᠯᠵᠤᠯ ᠶᠤᠰᠤᠭᠠᠷ ᠬᠥᠢᠴᠡᠳᠭᠡᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ | ᠦᠮᠴᠢᠳᠡᠨ ᠤ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ ᠡᠵᠡᠯᠡᠬᠦ ᠬᠠᠷᠢᠴᠠᠯ ᠢᠶᠠᠷ ᠲᠤᠭᠳᠠᠭᠠᠨ᠎ᠠ᠃ | ᠬᠤᠶᠠᠷ ᠵᠠᠭᠤ ᠨᠠᠶᠠᠨ ᠲᠦᠷᠪᠡᠳᠤᠭᠡᠷ ᠵᠦᠢᠯ ᠦᠮᠴᠢᠳᠡᠨ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ | ᠦᠪᠡᠰᠦᠪᠡᠨ ᠬᠠᠮᠢᠶᠠᠷᠴᠤ ᠪᠤᠯᠤᠨ᠎ᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ | ᠬᠠᠮᠢᠶᠠᠷᠤᠭᠴᠢ ᠳᠤ ᠨᠠᠶᠢᠳᠠᠨ ᠬᠠᠮᠢᠶᠠᠷᠤᠭᠤᠯᠣᠭᠰᠠᠨ ᠴᠤ ᠪᠤᠯᠤᠨ᠎ᠠ᠃ | ᠪᠦᠳᠦᠭᠡᠨ ᠪᠠᠶᠢᠭᠤᠯᠤᠯᠳᠠ ᠶᠢᠨ ᠨᠢᠭᠡᠴᠢ ᠶᠢᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ | ᠪᠤᠶᠤ ᠪᠤᠰᠤᠳ ᠬᠠᠮᠢᠶᠠᠷᠤᠭᠴᠢ ᠶᠢ ᠦᠮᠴᠢᠳᠡᠨ ᠬᠠᠤᠯᠢ ᠶᠤᠰᠤᠭᠠᠷ ᠰᠤᠯᠢᠬᠤ ᠡᠷᠬᠡ ᠲᠠᠢ᠃ | ᠬᠤᠶᠠᠷ ᠵᠠᠭᠤ ᠨᠠᠶᠠᠨ ᠲᠠᠪᠣᠳᠣᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ | ᠬᠠᠮᠢᠶᠠᠷᠤᠭᠴᠢ ᠨᠢ ᠦᠮᠴᠢᠳᠡᠨ ᠤ ᠨᠠᠶᠢᠳᠠᠯᠭ᠎ᠠ ᠶᠢ ᠦᠨᠳᠦᠰᠦᠯᠡᠨ᠂ ᠲᠣᠰ ᠬᠠᠣᠯᠢ ᠶᠢᠨ ᠭᠤᠷᠪᠠᠳᠤᠭᠠᠷ ᠠᠩᠭᠢ ᠳᠠᠬᠢ | ᠠᠳᠠᠯ ᠠᠬᠤᠢ ᠶᠢᠨ ᠥᠢᠯᠡᠴᠢᠯᠡᠭᠡᠨ ᠤ ᠬᠡᠷ᠎ᠠ ᠶᠢᠨ ᠬᠤᠯᠪᠣᠭᠳᠠᠯ ᠪᠥᠬᠦᠢ ᠲᠣᠭᠳᠠᠭᠠᠯ ᠶᠣᠰᠣᠭᠠᠷ ᠪᠠᠷᠢᠯᠭ᠎ᠠ ᠶᠢᠨ | ᠤᠷᠤᠨ ᠬᠤᠪᠢᠶᠠᠷᠢᠯᠠᠯ ᠤᠨ ᠲᠤᠳᠤᠷᠠᠬᠢ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠬᠠᠮᠢᠶᠠᠷᠴᠤ᠂ | ᠦᠮᠴᠢᠳᠡᠨ ᠤ ᠬᠢᠨᠠᠯᠳᠠ ᠶᠢ ᠬᠦᠯᠢᠶᠡᠬᠦ ᠪᠥᠭᠡᠳ ᠥᠮᠴᠢᠳᠡᠳ ᠤᠨ ᠠᠳᠠᠯ ᠠᠬᠤᠢ ᠶᠢᠨ ᠥᠢᠯᠡᠴᠢᠯᠡᠭᠡᠨ ᠤ | ᠪᠠᠶᠢᠳᠠᠯ ᠤᠨ ᠲᠣᠬᠠᠢ ᠯᠠᠪᠯᠠᠨ ᠠᠰᠠᠭᠤᠭᠰᠠᠨ ᠵᠥᠢᠯ ᠢ ᠴᠠᠭ ᠲᠣᠬᠠᠢ ᠳᠤᠨᠢ ᠬᠠᠷᠢᠭᠤᠯᠤᠨ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠵᠠᠰᠠᠭ ᠤᠨ ᠤᠷᠳᠤᠨ ᠤ | ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ | ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠯᠪᠤᠭᠳᠠᠯ ᠪᠥᠬᠦᠢ ᠠᠵᠢᠯ ᠢ ᠢᠳᠡᠪᠬᠢᠳᠡᠢ | ᠬᠠᠮᠵᠢᠯᠴᠠᠨ ᠥᠷᠨᠢᠭᠦᠯᠬᠦ ᠬᠡᠷᠡᠭᠳᠡᠢ᠃ | ᠬᠤᠶᠠᠷ ᠵᠠᠭᠤ ᠨᠠᠶᠠᠨ ᠵᠢᠷᠭᠤᠳᠤᠭᠠᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠬᠳᠠᠭᠠᠯ ᠵᠢᠴᠢ | ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠵᠢᠷᠤᠮᠯᠠᠨ ᠰᠠᠬᠢᠵᠤ᠂ ᠬᠤᠯᠪᠤᠭᠳᠠᠯ ᠪᠦᠬᠦᠢ ᠦᠢᠯᠡ ᠠᠵᠢᠯᠯᠠᠭ᠎ᠠ ᠪᠠᠨ | ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ ᠱᠠᠭᠠᠷᠳᠠᠯᠭ᠎ᠠ ᠳᠤ | ᠨᠡᠶᠢᠴᠡᠬᠦᠯᠦᠭᠰᠡᠨ ᠪᠠᠶᠢᠬᠤ ᠬᠡᠷᠡᠭᠳᠡᠢ᠃ ᠦᠮᠴᠢᠳᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ | ᠪᠤᠰᠤᠳ ᠬᠠᠮᠢᠶᠠᠷᠤᠭᠴᠢ ᠶᠢᠨ ᠵᠠᠰᠠᠭ ᠤᠨ ᠤᠷᠳᠤᠨ ᠤ ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ | ᠭᠦᠢᠴᠡᠳᠭᠡᠬᠦ ᠳᠤ ᠬᠠᠤᠯᠢ ᠶᠤᠰᠤᠭᠠᠷ ᠬᠠᠮᠵᠢᠯᠴᠠᠬᠤ ᠬᠡᠷᠡᠭᠳᠡᠢ᠃ | ᠦᠮᠴᠢᠳᠡᠳ ᠤᠨ ᠶᠡᠭᠡ ᠬᠤᠷᠠᠯ ᠪᠣᠶᠣ ᠦᠮᠴᠢᠳᠡᠳ ᠤᠨ ᠵᠦᠪᠯᠡᠯ ᠨᠢ ᠰᠠᠨᠠᠭᠠᠨ ᠲᠤᠷ᠎ᠠ ᠪᠠᠷ ᠢᠶᠠᠨ ᠬᠤᠭ ᠨᠤᠪᠰᠢ | ᠬᠠᠶᠠᠬᠤ᠂ ᠪᠤᠬᠢᠷ ᠪᠤᠳᠠᠰ ᠭᠠᠳᠠᠬᠰᠢᠯᠠᠭᠤᠯᠬᠤ ᠪᠤᠶᠤ ᠱᠤᠤᠬᠢᠶᠠᠨ ᠭᠠᠷᠭᠠᠬᠤ᠂ ᠲᠤᠭᠳᠠᠭᠠᠯ ᠠᠴᠠ ᠵᠦᠷᠢᠴᠡᠨ ᠠᠮᠢᠳᠠᠨ | ᠲᠡᠵᠢᠬᠡᠬᠦ᠂ ᠲᠦᠷᠢᠮ ᠠᠴᠠ ᠵᠦᠷᠢᠴᠡᠨ ᠪᠠᠷᠢᠯᠭ᠎ᠠ ᠪᠠᠷᠢᠵᠥ ᠪᠤᠰᠬᠠᠬᠤ᠂ ᠨᠡᠪᠳᠡᠷᠡᠬᠦ ᠵᠠᠮ ᠢ ᠡᠵᠡᠯᠡᠬᠦ᠂ ᠠᠳᠠᠯ | ᠠᠬᠤᠢ ᠶᠢᠨ ᠵᠠᠷᠣᠳᠠᠯ ᠢᠶᠠᠨ ᠦᠭᠬᠦ ᠶᠢ ᠲᠡᠪᠴᠢᠬᠦ ᠵᠡᠷᠭᠡ ᠪᠤᠰᠤᠳ ᠤᠨ ᠬᠠᠤᠯᠢ ᠶᠤᠰᠤᠨ ᠤ ᠡᠷᠬᠡ ᠠᠰᠢᠭ ᠢ | ᠬᠤᠬᠢᠷᠠᠭᠤᠯᠤᠬᠰᠠᠨ ᠥᠢᠯᠡ ᠠᠵᠢᠯᠯᠠᠭ᠎ᠠ ᠶᠢᠨ ᠲᠣᠬᠠᠢ ᠳᠤ᠂ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ | ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠤᠰᠤᠭᠠᠷ ᠦᠢᠯᠡ ᠠᠵᠢᠯᠯᠠᠭᠠᠳᠠᠨ ᠢᠶᠠᠷ ᠬᠦᠨᠦᠭᠡᠯ ᠢ ᠵᠤᠭᠰᠤᠭᠠᠯᠭᠠᠬᠤ᠂ | ᠬᠠᠷᠰᠢᠯᠡᠯ ᠢ ᠠᠷᠢᠯᠭᠠᠭᠤᠯᠬᠤ᠂ ᠠᠶᠣᠯ ᠲᠥᠭᠰᠢᠬᠦᠷᠢ ᠶᠢ ᠠᠷᠢᠯᠭᠠᠭᠤᠯᠬᠤ᠂ ᠣᠭ ᠪᠠᠶᠢᠳᠠᠯ ᠢ ᠨᠢ ᠰᠡᠷᠭᠦᠭᠡᠯᠭᠡᠬᠦ᠂ | ᠬᠤᠬᠢᠷᠠᠯ ᠢ ᠲᠦᠯᠦᠬᠦᠯᠬᠦ ᠪᠠᠷ ᠭᠤᠶᠣᠴᠢᠯᠠᠬᠤ ᠡᠷᠬᠡ ᠲᠠᠢ᠃ | ᠦᠮᠴᠢᠲᠡᠨ ᠪᠤᠶᠤ ᠪᠤᠰᠤᠳ ᠥᠢᠯᠡ ᠠᠵᠢᠯᠯᠠᠭᠠᠳᠠᠨ ᠬᠤᠯᠪᠣᠭᠳᠠᠯ ᠪᠥᠬᠦᠢ ᠡᠬᠦᠷᠭᠡ ᠪᠠᠨ ᠬᠥᠢᠴᠡᠳᠭᠡᠬᠦ ᠶᠢ | ᠲᠠᠪᠴᠢᠭ᠍ᠰᠡᠨ ᠪᠠᠶᠢᠪᠠᠯ᠂ ᠬᠤᠯᠪᠣᠭᠳᠠᠯ ᠪᠥᠬᠦᠢ ᠲᠣᠬᠠᠢ ᠶᠢᠨ ᠬᠥᠮᠥᠨ ᠨᠢ ᠬᠤᠯᠪᠣᠭᠳᠠᠯ ᠪᠥᠬᠦᠢ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠪᠤᠶᠤ ᠵᠠᠭᠠᠯᠳᠣᠵᠥ ᠪᠣᠯᠣᠨ᠎ᠠ᠂ ᠬᠤᠯᠪᠣᠭᠳᠠᠯ ᠪᠥᠬᠦᠢ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠠᠣᠯᠢ ᠶᠣᠰᠣᠭᠠᠷ ᠰᠢᠢᠳᠪᠣᠷᠢᠯᠡᠬᠦ ᠬᠡᠷᠡᠭᠳᠡᠢ᠃ | ᠬᠤᠶᠠᠷ ᠵᠠᠭᠤ ᠨᠠᠶᠠᠨ ᠲᠤᠯᠤᠳᠤᠭᠠᠷ ᠵᠦᠢᠯ ᠦᠮᠴᠢᠳᠡᠨ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ | ᠠᠬᠤᠢ ᠶᠢᠨ ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠢᠴᠢ ᠪᠣᠰᠣᠳ ᠥᠮᠴᠢᠳᠡᠨ ᠤ | ᠥᠪᠡᠷ ᠤᠨ ᠬᠢᠨᠢ ᠬᠠᠤᠯᠢ ᠶᠤᠰᠤᠨ ᠤ ᠡᠷᠬᠡ ᠠᠰᠢᠭ ᠢ ᠬᠦᠨᠦᠭᠡᠭᠰᠡᠨ ᠥᠢᠯᠡ ᠠᠵᠢᠯᠯᠠᠭ᠎ᠠ ᠳᠤ ᠲᠡᠳᠡᠨ ᠢᠶᠠᠷ | ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦᠯᠬᠦ ᠪᠠᠷ ᠭᠤᠶᠣᠴᠢᠯᠠᠬᠤ ᠡᠷᠭᠡ ᠲᠠᠢ᠃ | ᠲᠤᠯᠤᠳᠤᠭᠠᠷ ᠪᠦᠯᠦᠭ ᠬᠦᠷᠰᠢ ᠵᠡᠷᠭᠡᠯᠡᠳᠡᠭᠡ ᠶᠢᠨ ᠬᠠᠷᠢᠴᠠᠭ᠎ᠠ | ᠬᠤᠶᠠᠷ ᠵᠠᠭᠤ ᠨᠠᠶᠠᠨ ᠨᠠᠢᠮᠠᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠬᠦᠷᠰᠢ ᠵᠡᠷᠭᠡᠯᠡᠳᠡᠭᠡ ᠶᠢᠨ ᠡᠷᠬᠡᠳᠦ | ᠬᠦᠮᠦᠨ ᠦᠢᠯᠡᠳᠪᠦᠷᠢᠯᠡᠯ ᠳᠤ ᠠᠰᠢᠭᠳᠠᠢ᠂ ᠠᠮᠢᠳᠤᠷᠠᠯ ᠳᠤ ᠲᠦᠬᠦᠮ᠂ ᠪᠦᠯᠬᠦᠮᠳᠡᠨ ᠬᠠᠪᠰᠤᠷᠤᠯᠴᠠᠬᠤ᠂ ᠭᠤᠤᠯᠴᠢ | ᠵᠣᠬᠢᠰᠳᠡᠢ ᠪᠠᠶᠢᠬᠤ ᠵᠠᠷᠴᠢᠮ ᠶᠤᠰᠤᠭᠠᠷ ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠦᠪ ᠰᠢᠢᠳᠪᠦᠷᠢᠯᠡᠬᠦ ᠬᠡᠷᠡᠭᠳᠡᠢ᠃ | | ᠬᠤᠶᠠᠷ ᠵᠠᠭᠤ ᠨᠠᠶᠠ ᠶᠢᠰᠥᠳᠥᠭᠡᠷ ᠵᠦᠢᠯ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠬᠦᠷᠰᠢ ᠵᠡᠷᠭᠡᠯᠡᠳᠡᠭᠡ ᠶᠢᠨ | ᠬᠠᠷᠢᠴᠠᠭ᠎ᠠ ᠶᠢ ᠰᠢᠢᠳᠪᠦᠷᠢᠯᠡᠬᠦ ᠲᠤᠬᠠᠢ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ︔ | ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠯ ᠪᠠᠶᠢᠬᠤ ᠦᠭᠡᠢ ᠪᠣᠯ᠂ ᠲᠣᠬᠠᠢ ᠶᠢᠨ ᠭᠠᠵᠠᠷ ᠤᠨ | ᠵᠠᠩᠰᠢᠯ ᠢᠶᠠᠷ ᠰᠢᠢᠳᠪᠦᠷᠢᠯᠡᠵᠦ ᠪᠤᠯᠤᠨ᠎ᠠ᠃ | ᠬᠤᠶᠠᠷ ᠵᠠᠭᠤ ᠶᠡᠷᠡᠳᠤᠭᠡᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠬᠦᠷᠰᠢ ᠵᠡᠷᠭᠡᠯᠡᠳᠡᠭᠡ ᠶᠢᠨ | ᠡᠷᠬᠡᠳᠦ ᠬᠦᠮᠦᠨ ᠤ ᠤᠰᠤ ᠬᠡᠷᠡᠭᠯᠡᠬᠦ᠂ ᠤᠰᠤ ᠵᠠᠯᠠᠬᠤ ᠳᠤ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ | ᠪᠠᠶᠢᠭᠠᠯᠢ ᠶᠢᠨ ᠤᠷᠤᠰᠬᠠᠯ ᠤᠰᠤ ᠶᠢ ᠠᠰᠢᠬᠯᠠᠬᠤ ᠳᠠᠭᠠᠨ ᠦᠯᠦ ᠬᠦᠳᠡᠯᠬᠦ ᠬᠦᠷᠦᠩᠭᠡ ᠶᠢᠨ ᠬᠦᠷᠰᠢ | ᠵᠡᠷᠭᠡᠯᠡᠳᠡᠭᠡ ᠶᠢᠨ ᠡᠷᠬᠡᠳᠦ ᠬᠦᠮᠦᠨ ᠤ ᠬᠤᠭᠤᠷᠤᠨᠳᠤ ᠵᠦᠢ ᠵᠤᠬᠢᠰᠳᠠᠢ ᠬᠤᠪᠢᠶᠠᠷᠢᠯᠠᠬᠤ ᠬᠡᠷᠡᠭᠳᠡᠢ᠃ ᠪᠠᠶᠢᠭᠠᠯᠢ ᠶᠢᠨ | ᠤᠷᠤᠰᠬᠠᠯ ᠤᠰᠤ ᠶᠢ ᠲᠠᠯᠪᠢᠵᠤ ᠭᠠᠷᠭᠠᠬᠤ ᠳᠠᠭᠠᠨ ᠠᠶᠠᠨᠳᠠᠭᠠᠨ ᠤᠷᠤᠰᠬᠤ ᠴᠢᠭᠯᠡᠯ ᠢᠶᠠᠷ ᠨᠢ ᠭᠠᠷᠭᠠᠬᠤ ᠬᠡᠷᠡᠭᠳᠡᠢ᠃ | ᠬᠤᠶᠠᠷ ᠵᠠᠭᠤ ᠶᠡᠷᠡᠨ ᠨᠢᠭᠡᠳᠤᠭᠡᠷ ᠵᠦᠢᠯ ᠬᠦᠷᠰᠢ ᠵᠡᠷᠭᠡᠯᠡᠳᠡᠭᠡ ᠶᠢᠨ ᠡᠷᠬᠡᠳᠦ ᠬᠦᠮᠦᠨ ᠨᠡᠪᠳᠡᠷᠡᠨ ᠦᠡᠭᠭᠡᠷᠡᠬᠦ ᠵᠡᠷᠬᠡ | ᠰᠢᠯᠳᠠᠭᠠᠨ ᠠᠴᠠ ᠪᠤᠯᠵᠤ ᠭᠠᠵᠠᠷ ᠰᠢᠷᠤᠢ ᠶᠢ ᠨᠢ ᠵᠠᠪᠠᠯ ᠠᠰᠢᠬᠯᠠᠬᠤ ᠬᠡᠷᠡᠭᠳᠡᠢ ᠪᠠᠶᠢᠪᠠᠯ᠂ ᠦᠯᠦ ᠬᠦᠳᠡᠯᠬᠦ | ᠬᠦᠷᠦᠩᠭᠡ ᠶᠢᠨ ᠡᠷᠬᠡᠳᠦ ᠬᠦᠮᠦᠨ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ | ᠬᠤᠶᠠᠷ ᠵᠠᠭᠤ ᠶᠡᠷᠡᠨ ᠬᠤᠶᠠᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠪᠠᠷᠢᠯᠭ᠎ᠠ ᠪᠠᠷᠢᠬᠤ᠂ | ᠪᠠᠷᠢᠯᠭ᠎ᠠ ᠶᠢ ᠰᠡᠯᠪᠢᠨ ᠵᠠᠰᠠᠬᠤ ᠵᠢᠴᠢ ᠴᠠᠬᠢᠯᠭᠠᠨ ᠤᠳᠠᠰᠤ᠂ ᠴᠠᠬᠢᠯᠭᠠᠨ ᠲᠡᠭᠡᠰᠦ᠂ ᠤᠰᠤᠨ ᠬᠤᠭᠤᠯᠠᠢ᠂ | ᠲᠤᠯᠠᠭᠠᠯᠠᠮᠵᠢ ᠪᠠ ᠰᠢᠳᠠᠮᠠᠬᠠᠢ ᠬᠡᠢ ᠶᠢᠨ ᠬᠤᠭᠤᠯᠠᠢ ᠤᠳᠠᠰᠤ ᠵᠡᠷᠭᠡ ᠶᠢ ᠲᠠᠳᠠᠵᠤ ᠲᠠᠭᠠᠷᠠᠭᠤᠯᠬᠤ ᠰᠢᠯᠳᠠᠭᠠᠨ ᠠᠴᠠ | ᠪᠤᠯᠵᠥ ᠬᠦᠷᠰᠢ ᠵᠡᠷᠭᠡᠯᠡᠳᠡᠭᠡ ᠭᠠᠵᠠᠷ ᠰᠢᠷᠤᠢ᠂ ᠪᠠᠷᠢᠯᠭ᠎ᠠ ᠶᠢ ᠵᠠᠪᠠᠯ ᠠᠰᠢᠬᠯᠠᠬᠤ ᠭᠡᠷᠡᠭᠳᠠᠢ ᠪᠠᠶᠢᠪᠠᠯ᠂ ᠲᠤᠰ ᠭᠠᠵᠠᠷ | ᠰᠢᠷᠤᠢ᠂ ᠪᠠᠷᠢᠯᠭ᠎ᠠ ᠶᠢᠨ ᠡᠷᠬᠡᠳᠦ ᠬᠦᠮᠦᠨ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ | ᠬᠤᠶᠠᠷ ᠵᠠᠭᠤ ᠶᠡᠷᠡᠨ ᠭᠤᠷᠪᠠᠳᠣᠭᠠᠷ ᠵᠦᠢᠯ ᠪᠠᠷᠢᠯᠭ᠎ᠠ ᠪᠠᠷᠢᠬᠤ ᠳᠠᠭᠠᠨ ᠤᠯᠤᠰ ᠤᠨ ᠬᠤᠯᠪᠤᠭᠳᠠᠯ ᠪᠦᠬᠦᠢ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠠᠴᠠ ᠵᠦᠷᠢᠴᠡᠵᠦ ᠪᠤᠯᠬᠤ ᠦᠬᠡᠢ᠂ ᠬᠦᠷᠰᠢ ᠵᠡᠷᠭᠡᠯᠡᠳᠡᠭᠡ | ᠪᠠᠷᠢᠯᠭ᠎ᠠ ᠶᠢᠨ ᠰᠠᠯᠬᠢ ᠨᠡᠪᠳᠡᠷᠡᠬᠦ᠂ ᠬᠡᠷᠡᠯ ᠤᠷᠤᠬᠤ ᠪᠠ ᠨᠠᠷᠠ ᠲᠤᠰᠬᠤ ᠶᠢ ᠬᠠᠷᠰᠢᠯᠠᠵᠤ ᠪᠤᠯᠬᠤ ᠦᠭᠡᠢ᠃ | ᠬᠤᠶᠠᠷ ᠵᠠᠭᠤ ᠶᠡᠷᠡᠨ ᠲᠥᠷᠪᠡᠳᠥᠭᠡᠷ ᠵᠦᠢᠯ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠤᠯᠤᠰ ᠤᠨ | ᠲᠤᠭᠳᠠᠭᠠᠯ ᠠᠴᠠ ᠵᠦᠷᠢᠴᠡᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠬᠠᠶᠠᠵᠤ᠂ ᠠᠭᠠᠷ ᠮᠠᠨᠳᠠᠯ ᠤᠨ ᠪᠤᠬᠢᠷ ᠪᠤᠳᠠᠰ | ᠂ ᠤᠰᠤᠨ ᠤ ᠪᠤᠬᠢᠷ ᠪᠤᠳᠠᠰ᠂ ᠬᠦᠷᠦᠰᠦ ᠰᠢᠷᠤᠢ ᠶᠢᠨ ᠪᠤᠬᠢᠷ ᠪᠤᠳᠠᠰ᠂ ᠱᠤᠤᠬᠢᠶᠠᠨ᠂ ᠬᠡᠷᠡᠯ ᠤᠨ ᠰᠠᠴᠤᠷᠠᠯᠳᠠ᠂ | ᠴᠠᠬᠢᠯᠭᠠᠨ ᠰᠤᠷᠢᠨᠵᠢᠨ ᠰᠠᠴᠤᠷᠠᠯᠳᠠ ᠵᠡᠷᠭᠡ ᠬᠤᠤᠷᠲᠠᠢ ᠪᠤᠳᠠᠰ ᠢ ᠭᠠᠳᠠᠭᠰᠢᠯᠠᠭᠤᠯᠵᠤ ᠪᠤᠯᠬᠤ ᠦᠭᠡᠢ᠃ | ᠬᠤᠶᠠᠷ ᠵᠠᠭᠤ ᠶᠡᠷᠡᠨ ᠲᠠᠪᠣᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠭᠠᠵᠠᠷ ᠰᠢᠷᠤᠢ | ᠮᠠᠯᠳᠠᠬᠤ᠂ ᠪᠠᠷᠢᠯᠭ᠎ᠠ ᠪᠠᠷᠢᠬᠤ᠂ ᠬᠤᠭᠤᠯᠠᠢ ᠤᠳᠠᠰᠤ ᠲᠠᠳᠠᠵᠤ ᠲᠠᠭᠠᠷᠠᠭᠤᠯᠬᠤ ᠵᠢᠴᠢ ᠲᠤᠨᠤᠭ ᠲᠦᠬᠦᠭᠡᠷᠦᠮᠵᠢ | ᠤᠭᠰᠠᠷᠠᠬᠤ ᠵᠡᠷᠭᠡ ᠠᠵᠢᠯ ᠢ ᠬᠢᠬᠦ ᠳᠡᠭᠡᠨ ᠬᠦᠷᠰᠢ ᠵᠡᠷᠭᠡᠯᠡᠳᠡᠭᠡ ᠦᠯᠦ ᠬᠦᠳᠡᠯᠬᠦ ᠬᠦᠷᠦᠩᠭᠡ ᠶᠢᠨ ᠠᠮᠣᠷ | ᠲᠥᠪᠰᠢᠨ ᠳᠤ ᠠᠶᠤᠯ ᠤᠴᠠᠷᠠᠭᠤᠯᠵᠤ ᠪᠤᠯᠬᠤ ᠦᠭᠡᠢ᠃ | ᠬᠤᠶᠠᠷ ᠵᠠᠭᠤ ᠶᠡᠷᠡᠨ ᠵᠢᠷᠭᠤᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠤᠰᠤ ᠬᠡᠷᠡᠭᠯᠡᠬᠦ᠂ | ᠤᠰᠤ ᠵᠠᠯᠠᠬᠤ᠂ ᠨᠡᠪᠳᠡᠷᠡᠨ ᠦᠡᠭᠭᠡᠷᠡᠬᠦ᠂ ᠬᠤᠭᠤᠯᠠᠢ ᠤᠳᠠᠰᠤ ᠲᠠᠳᠠᠵᠤ ᠲᠠᠭᠠᠷᠠᠭᠤᠯᠬᠤ ᠵᠡᠷᠭᠡ ᠰᠢᠯᠳᠡᠭᠠᠨ ᠠᠴᠠ | ᠪᠤᠯᠵᠤ ᠬᠦᠷᠰᠢ ᠵᠡᠷᠭᠡᠯᠡᠳᠡᠭᠡ ᠦᠯᠦ ᠬᠦᠳᠡᠯᠬᠦ ᠬᠦᠷᠦᠩᠭᠡ ᠶᠢ ᠠᠰᠢᠬᠯᠠᠬᠤ ᠳᠤ ᠬᠦᠷᠪᠡᠯ᠂ ᠬᠦᠷᠰᠢ ᠵᠡᠷᠭᠡᠯᠡᠳᠡᠭᠡ | ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠳᠤ ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ | ᠵᠠᠶᠢᠯᠠᠬᠤ ᠬᠡᠷᠡᠭᠳᠡᠢ᠃ | ᠨᠠᠢᠮᠠᠳᠤᠭᠠᠷ ᠪᠦᠯᠦᠭ ᠬᠠᠮᠳᠤ ᠪᠠᠷ ᠦᠮᠴᠢᠯᠡᠬᠦ | ᠬᠤᠶᠠᠷ ᠵᠠᠭᠤ ᠶᠡᠷᠡᠨ ᠲᠣᠯᠣᠳᠣᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ | ᠬᠤᠶᠠᠷ ᠠᠴᠠ ᠲᠡᠭᠡᠭᠰᠢ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠬᠠᠮᠳᠤ ᠪᠠᠷ ᠦᠮᠴᠢᠯᠡᠵᠦ ᠪᠤᠯᠤᠨ᠎ᠠ᠃ | ᠬᠠᠮᠳᠤ ᠪᠠᠷ ᠦᠮᠴᠢᠯᠡᠬᠦ ᠶᠢ ᠬᠤᠪᠢᠳᠠᠵᠤ ᠬᠠᠮᠳᠤ ᠪᠠᠷ ᠦᠮᠴᠢᠯᠡᠬᠦ ᠪᠠ ᠬᠠᠮᠳᠣᠷᠠᠵᠥ ᠬᠠᠮᠳᠤ ᠪᠠᠷ ᠦᠮᠴᠢᠯᠡᠬᠦ ᠭᠡᠵᠦ | ᠬᠤᠪᠢᠶᠠᠨ᠎ᠠ᠃ | ᠬᠤᠶᠠᠷ ᠵᠠᠭᠤ ᠶᠡᠷᠡᠨ ᠨᠠᠢᠮᠠᠳᠣᠭᠠᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠤᠪᠢᠳᠡᠴᠠ ᠪᠠᠷ ᠢᠶᠠᠨ ᠦᠮᠴᠢᠯᠡᠬᠦ ᠡᠷᠬᠡ ᠡᠳ᠋ᠯᠡᠨ᠎ᠠ᠃ | ᠬᠤᠶᠠᠷ ᠵᠠᠭᠤ ᠶᠡᠷᠨ ᠶᠢᠰᠥᠳᠥᠭᠡᠷ ᠵᠦᠢᠯ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠠᠮᠲᠤ ᠳᠠᠭᠠᠨ ᠦᠮᠴᠢᠯᠡᠬᠦ ᠡᠷᠬᠡ ᠡᠳ᠋ᠯᠡᠨ᠎ᠠ᠃ | ᠭᠤᠷᠪᠠᠨ ᠵᠠᠭᠤᠳᠣᠭᠠᠷ ᠵᠦᠢᠯ ᠬᠠᠮᠳᠤ ᠪᠠᠷ ᠦᠮᠴᠢᠯᠡᠭᠴᠢ ᠪᠤᠯᠵᠤᠯ ᠶᠤᠰᠤᠭᠠᠷ ᠬᠠᠮᠳᠤ ᠪᠠᠷ ᠦᠮᠴᠢᠯᠡᠬᠦ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠠᠮᠢᠶᠠᠷᠤᠨ᠎ᠠ︔ ᠪᠤᠯᠵᠤᠯ ᠦᠭᠡᠢ ᠪᠤᠶᠤ ᠪᠤᠯᠵᠤᠯ ᠨᠢ | ᠲᠤᠳᠤᠷᠬᠠᠢ ᠦᠭᠡᠢ ᠪᠠᠶᠢᠪᠠᠯ᠂ ᠡᠯ᠎ᠡ ᠬᠠᠮᠳᠤ ᠪᠠᠷ ᠦᠮᠴᠢᠯᠡᠭᠴᠢ ᠴᠦᠮ ᠬᠠᠮᠢᠶᠠᠷᠬᠤ ᠡᠷᠬᠡ ᠪᠠ ᠡᠭᠦᠷᠭᠡ ᠲᠠᠢ᠃ | ᠭᠤᠷᠪᠠᠨ ᠵᠠᠭᠤ ᠨᠢᠭᠡᠳᠥᠭᠡᠷ ᠵᠦᠢᠯ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ | ᠬᠦᠷᠦᠩᠭᠡ ᠶᠢ ᠰᠢᠢᠳᠪᠦᠷᠢᠯᠡᠬᠦ ᠵᠢᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ | ᠬᠦᠷᠦᠩᠭᠡ ᠳᠤ ᠴᠢᠬᠤᠯᠠ ᠶᠡᠭᠡ ᠰᠡᠯᠪᠢᠨ ᠵᠠᠰᠠᠯᠳᠠ ᠬᠢᠬᠦ᠂ ᠰᠢᠨᠵᠢ ᠴᠢᠨᠠᠷ ᠪᠣᠶᠣ ᠬᠡᠷᠡᠭᠴᠡᠭᠡ ᠶᠢ ᠨᠢ | ᠬᠤᠪᠢᠷᠠᠭᠤᠯᠬᠤ ᠳᠤ ᠬᠦᠷᠪᠡᠯ᠂ ᠬᠤᠪᠢᠳᠡᠴᠠ ᠶᠢᠨ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠬᠤᠪᠢᠳᠠᠯᠳᠥ | ᠬᠠᠮᠳᠤ ᠪᠠᠷ ᠦᠮᠴᠢᠯᠡᠭᠴᠢ ᠪᠤᠶᠤ ᠪᠤᠢ ᠪᠦᠬᠦᠢ ᠬᠠᠮᠳᠣᠷᠠᠠ ᠬᠠᠮᠳᠤ ᠪᠠᠷ ᠦᠮᠴᠢᠯᠡᠭᠴᠢ ᠪᠠᠷ ᠵᠦᠪᠰᠢᠶᠡᠷᠡᠬᠦᠯᠬᠦ | ᠬᠡᠷᠡᠭᠳᠡᠢ᠂ ᠭᠡᠪᠡᠴᠦ ᠬᠠᠮᠳᠤ ᠪᠠᠷ ᠦᠮᠴᠢᠯᠡᠭᠴᠢ ᠬᠤᠭᠤᠷᠤᠨᠳᠤ ᠪᠠᠨ ᠠᠰᠳᠠᠭᠠᠨ ᠪᠤᠯᠵᠤᠯ ᠲᠠᠢ ᠨᠢ ᠡᠬᠦᠨ ᠳᠤ | ᠪᠠᠭᠳᠠᠬᠤ ᠦᠭᠡᠢ᠃ | ᠭᠤᠷᠪᠠᠨ ᠵᠠᠭᠤ ᠬᠤᠶᠠᠳᠣᠭᠠᠷ ᠵᠦᠢᠯ ᠬᠠᠮᠳᠣ ᠪᠠᠷ ᠥᠮᠴᠢᠯᠡᠭᠴᠢ ᠬᠠᠮᠳᠤ ᠪᠠᠷ ᠦᠮᠴᠢᠯᠡᠬᠦ ᠪᠤᠳᠠᠰ ᠤᠨ | ᠬᠠᠮᠢᠶᠠᠷᠤᠯᠳᠠ ᠶᠢᠨ ᠵᠠᠷᠤᠳᠠᠯ ᠵᠢᠴᠢ ᠪᠤᠰᠤᠳ ᠡᠬᠦᠷᠭᠡᠯᠡᠯ ᠤᠨ ᠲᠣᠬᠠᠢ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ | ᠬᠥᠢᠴᠡᠳᠭᠡᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠤᠪᠢᠳᠠᠯᠳᠥ ᠬᠠᠮᠳᠤ ᠪᠠᠷ | ᠦᠮᠴᠢᠯᠡᠭᠴᠢ ᠬᠤᠪᠢᠳᠡᠴᠠ ᠪᠠᠷ ᠢᠶᠠᠨ ᠡᠬᠦᠷᠭᠡᠯᠡᠵᠦ᠂ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ | ᠡᠬᠦᠷᠭᠡᠯᠡᠨ᠎ᠡ᠃ | ᠭᠤᠷᠪᠠᠨ ᠵᠠᠭᠤ ᠭᠤᠷᠪᠠᠳᠣᠭᠠᠷ ᠵᠦᠢᠯ ᠬᠠᠮᠳᠤ ᠪᠠᠷ ᠦᠮᠴᠢᠯᠡᠬᠦ ᠬᠠᠷᠢᠴᠠᠭ᠎ᠠ ᠶᠢ ᠬᠠᠮᠠᠭᠠᠯᠠᠬᠤ ᠶᠢᠨ ᠲᠦᠯᠦᠭᠡ᠂ | ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠠᠯᠭᠠᠵᠤ ᠪᠤᠯᠬᠤ ᠦᠭᠡᠢ ᠭᠡᠵᠦ | ᠬᠠᠮᠳᠤ ᠪᠠᠷ ᠦᠮᠴᠢᠯᠡᠭᠴᠢ ᠪᠤᠯᠵᠤᠨ ᠲᠤᠭᠳᠠᠭᠰᠠᠨ ᠪᠠᠶᠢᠪᠠᠯ᠂ ᠪᠤᠯᠵᠤᠯ ᠶᠤᠰᠤᠭᠠᠷ ᠭᠦᠢᠴᠡᠳᠬᠡᠬᠦ ᠬᠡᠷᠡᠭᠳᠡᠢ᠂ | ᠭᠡᠪᠡᠴᠦ ᠬᠠᠮᠳᠤ ᠪᠠᠷ ᠦᠮᠴᠢᠯᠡᠭᠴᠢ ᠴᠢᠬᠤᠯᠠ ᠶᠡᠭᠡ ᠤᠴᠢᠷ ᠰᠢᠯᠳᠠᠭᠠᠨ ᠲᠠᠢ ᠠᠴᠠ ᠪᠤᠯᠵᠤ ᠰᠠᠯᠭᠠᠬᠤ ᠴᠢᠬᠤᠯᠠᠲᠠᠢ | ᠪᠠᠶᠢᠪᠠᠯ᠂ ᠰᠠᠯᠭᠠᠬᠤ ᠪᠠᠷ ᠭᠤᠶᠤᠴᠢᠯᠠᠵᠤ ᠪᠤᠯᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ | ᠪᠠᠶᠢᠪᠠᠯ᠂ ᠬᠤᠪᠢᠳᠠᠯᠳᠥ ᠬᠠᠮᠳᠤ ᠪᠠᠷ ᠦᠮᠴᠢᠯᠡᠭᠴᠢ ᠬᠡᠵᠢᠶ᠎ᠡ ᠴᠤ ᠭᠡᠰᠡᠨ ᠰᠠᠯᠭᠠᠬᠤ ᠪᠠᠷ ᠭᠤᠶᠤᠴᠢᠯᠠᠵᠤ ᠪᠤᠯᠤᠨ᠎ᠠ᠂ | ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠰᠠᠭᠤᠷᠢ ᠪᠠᠨ ᠠᠯᠳᠠᠭᠰᠠᠨ ᠪᠤᠶᠤ ᠴᠢᠬᠤᠯᠠ ᠶᠡᠭᠡ | ᠤᠴᠢᠷ ᠰᠢᠯᠳᠠᠭᠠᠨ ᠲᠠᠢ ᠠᠴᠠ ᠪᠤᠯᠵᠥ ᠰᠠᠯᠭᠠᠬᠤ ᠬᠡᠷᠡᠭᠴᠡᠭᠡ ᠲᠠᠢ ᠪᠤᠯᠤᠭᠰᠠᠨ ᠦᠶ᠎ᠡ ᠳᠤ ᠰᠠᠯᠭᠠᠬᠤ ᠪᠠᠷ | ᠭᠤᠶᠤᠴᠢᠯᠠᠵᠤ ᠪᠤᠯᠤᠨ᠎ᠠ᠃ ᠰᠠᠯᠭᠠᠬᠰᠠᠨ ᠠᠴᠠ ᠪᠤᠯᠵᠤ ᠪᠤᠰᠤᠳ ᠬᠠᠮᠳᠤ ᠪᠠᠷ ᠦᠮᠴᠢᠯᠡᠭᠴᠢ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ ᠲᠦᠯᠤᠪᠤᠷᠢ ᠦᠭᠬᠦ ᠬᠡᠷᠡᠭᠳᠡᠢ᠃ | ᠭᠤᠷᠪᠠᠨ ᠵᠠᠭᠤ ᠲᠥᠷᠪᠡᠳᠥᠭᠡᠷ ᠵᠦᠢᠯ ᠬᠠᠮᠳᠤ ᠪᠠᠷ ᠦᠮᠴᠢᠯᠡᠭᠴᠢ ᠰᠠᠯᠭᠠᠬᠤ ᠠᠷᠭ᠎ᠠ ᠮᠠᠶ᠋ᠢᠭ ᠢ ᠵᠥᠪᠳᠡᠯᠴᠡᠨ | ᠲᠤᠭᠳᠠᠭᠠᠵᠤ ᠪᠤᠯᠤᠨ᠎ᠠ᠃ ᠬᠡᠯᠡᠯᠴᠡᠭᠡᠷ ᠲᠣᠬᠢᠷᠠᠵᠥ ᠲᠡᠶᠢᠯᠬᠦ ᠦᠭᠡᠢ᠂ ᠬᠠᠮᠳᠤ ᠪᠠᠷ ᠦᠮᠴᠢᠯᠡᠬᠦ ᠦᠯᠦ ᠬᠦᠳᠡᠯᠬᠦ | ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠠᠯᠭᠠᠵᠤ ᠪᠤᠯᠬᠤ ᠮᠦᠷᠳᠡᠭᠡᠨ ᠰᠠᠯᠭᠠᠬᠰᠠᠨ ᠠᠴᠠ ᠪᠤᠯᠤᠭᠠᠳ | ᠦᠷᠳᠡᠭ ᠨᠢ ᠬᠠᠰᠤᠭᠳᠠᠬᠤ ᠦᠭᠡᠢ ᠪᠠᠶᠢᠪᠠᠯ᠂ ᠪᠤᠳᠠᠳᠠᠢ ᠪᠤᠳᠠᠰ ᠢ ᠨᠢ ᠰᠠᠯᠭᠠᠬᠤ ᠬᠡᠷᠡᠭᠳᠡᠢ︔ ᠰᠠᠯᠭᠠᠬᠤ ᠳᠤ | ᠬᠦᠴᠢᠷᠲᠠᠢ ᠪᠤᠶᠤ ᠰᠠᠯᠭᠠᠭᠰᠠᠨ ᠠᠴᠠ ᠪᠤᠯᠤᠭᠠᠳ ᠦᠷᠳᠡᠭ ᠨᠢ ᠬᠠᠰᠤᠭᠳᠠᠬᠤ ᠳᠤ ᠬᠥᠷᠪᠡᠯ᠂ ᠦᠨ᠎ᠠ ᠨᠤᠭᠤᠯᠤᠨ | ᠪᠤᠳᠤᠬᠰᠠᠨ ᠪᠤᠶᠤ ᠦᠨ᠎ᠡ ᠬᠠᠶᠠᠨ ᠬᠤᠳᠠᠯᠳᠤᠵᠥ᠂ ᠬᠤᠪᠢᠷᠠᠭᠤᠯᠣᠨ ᠬᠤᠳᠠᠯᠳᠤᠵᠥ ᠤᠯᠤᠭᠰᠠᠨ ᠦᠨ᠎ᠡ ᠶᠢᠨ | ᠵᠤᠭᠤᠰ ᠢ ᠨᠢ ᠰᠠᠯᠭᠠᠬᠤ ᠬᠡᠷᠡᠭᠳᠡᠢ᠃ | ᠬᠠᠮᠳᠤ ᠪᠠᠷ ᠦᠮᠴᠢᠯᠡᠭᠴᠢ ᠶᠢᠨ ᠰᠠᠯᠭᠠᠵᠤ ᠤᠯᠤᠭᠰᠠᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ | ᠦ ᠰᠡᠪ ᠲᠠᠢ ᠪᠠᠶᠢᠪᠠᠯ᠂ ᠪᠤᠰᠤᠳ ᠬᠠᠮᠳᠤ ᠪᠠᠷ ᠦᠮᠴᠢᠯᠡᠭᠴᠢ ᠬᠤᠬᠢᠷᠠᠯ ᠢ ᠬᠤᠪᠢᠶᠠᠨ ᠡᠬᠦᠷᠭᠡᠯᠡᠬᠦ ᠬᠡᠷᠡᠭᠳᠡᠢ᠃ | ᠭᠤᠷᠪᠠᠨ ᠵᠠᠭᠤ ᠲᠠᠪᠣᠳᠣᠭᠠᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠦᠪᠡᠷ ᠤᠨ ᠡᠳ᠋ᠯᠡᠵᠥ ᠪᠥᠬᠦᠢ | ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠬᠤᠪᠢᠳᠠᠴᠠ ᠪᠠᠨ | ᠰᠢᠯᠵᠢᠬᠦᠯᠦᠨ ᠦᠭᠴᠦ ᠪᠤᠯᠤᠨ᠎ᠠ᠃ ᠪᠤᠰᠤᠳ ᠬᠠᠮᠳᠤ ᠪᠠᠷ ᠦᠮᠴᠢᠯᠡᠭᠴᠢ ᠠᠳᠠᠯᠢᠬᠠᠨ ᠨᠦᠬᠦᠴᠡᠯ ᠤᠨ ᠲᠤᠤᠷ᠎ᠠ | ᠤᠷᠢᠳ ᠢᠶᠠᠷ ᠬᠤᠳᠠᠯᠳᠤᠨ ᠠᠪᠬᠤ ᠡᠷᠬᠡ ᠲᠠᠢ᠃ | ᠭᠤᠷᠪᠠᠨ ᠵᠠᠭᠤ ᠵᠢᠷᠭᠤᠳᠣᠭᠠᠷ ᠵᠦᠢᠯ ᠬᠤᠪᠢᠳᠠᠯᠳᠥ ᠬᠠᠮᠳᠣ ᠪᠠᠷ ᠥᠮᠴᠢᠯᠡᠭᠴᠢ ᠥᠪᠡᠷ ᠤᠨ ᠡᠳ᠋ᠯᠡᠵᠥ ᠪᠥᠬᠦᠢ | ᠬᠠᠮᠳᠣ ᠪᠠᠷ ᠥᠮᠴᠢᠯᠡᠬᠦ ᠥᠯᠥ ᠬᠥᠳᠡᠯᠬᠦ ᠬᠥᠷᠥᠩᠭᠡ ᠪᠣᠶᠣ ᠬᠥᠳᠡᠯᠬᠦ ᠬᠥᠷᠥᠩᠭᠡ ᠶᠢᠨ ᠬᠤᠪᠢᠳᠠᠴᠠ ᠪᠠᠨ | ᠰᠢᠯᠵᠢᠬᠦᠯᠥᠨ ᠥᠭᠭᠦ ᠳᠤ᠂ ᠰᠢᠯᠵᠢᠬᠦᠯᠥᠨ ᠥᠭᠭᠦ ᠨᠥᠬᠦᠴᠡᠯ ᠢᠶᠠᠨ ᠪᠣᠰᠣᠳ ᠬᠠᠮᠳᠣ ᠪᠠᠷ ᠥᠮᠴᠢᠯᠡᠭᠴᠢ ᠳᠤ ᠴᠠᠭ | ᠲᠣᠬᠠᠢ ᠳᠤᠨᠢ ᠮᠡᠳᠡᠭᠳᠡᠬᠦ ᠬᠡᠷᠡᠭᠳᠡᠢ᠃ ᠪᠣᠰᠣᠳ ᠬᠠᠮᠳᠣ ᠪᠠᠷ ᠥᠮᠴᠢᠯᠡᠭᠴᠢ ᠵᠥᠢ ᠵᠣᠬᠢᠰᠳᠡᠢ ᠬᠤᠭᠤᠴᠠᠭᠠᠨ | ᠲᠣᠳᠣᠷ᠎ᠠ ᠣᠷᠢᠳ ᠢᠶᠠᠷ ᠬᠤᠳᠠᠯᠳᠣᠨ ᠠᠪᠬᠤ ᠡᠷᠭᠡ ᠪᠠᠨ ᠬᠡᠷᠡᠭᠵᠢᠬᠦᠯᠬᠦ ᠬᠡᠷᠡᠭᠳᠡᠢ᠃ | ᠬᠤᠶᠠᠷ ᠠᠴᠠ ᠲᠡᠭᠡᠭᠰᠢ ᠪᠣᠰᠣᠳ ᠬᠠᠮᠳᠣ ᠪᠠᠷ ᠥᠮᠴᠢᠯᠡᠭᠴᠢ ᠣᠷᠢᠳ ᠢᠶᠠᠷ ᠬᠤᠳᠠᠯᠳᠣᠨ ᠠᠪᠬᠤ ᠡᠷᠭᠡ ᠪᠠᠨ | ᠬᠡᠷᠡᠭᠵᠢᠬᠦᠯᠬᠦ ᠪᠠᠷ ᠵᠣᠷᠢᠭᠰᠠᠨ ᠪᠠᠶᠢᠪᠠᠯ᠂ ᠲᠣᠰ ᠲᠣᠰ ᠤᠨ ᠬᠤᠳᠠᠯᠳᠣᠨ ᠠᠪᠬᠤ ᠬᠠᠷᠢᠴᠠᠯ ᠢᠶᠠᠨ ᠵᠥᠪᠳᠡᠯᠴᠡᠨ | ᠲᠣᠭᠳᠠᠭᠠᠨ᠎ᠠ︔ ᠵᠥᠪᠳᠡᠯᠴᠡᠭᠡᠳ ᠪᠥᠳᠥᠭᠰᠡᠨ ᠥᠭᠡᠢ ᠪᠠᠶᠢᠪᠠᠯ᠂ ᠰᠢᠯᠵᠢᠬᠦᠯᠥᠨ ᠥᠭᠭᠦ ᠥᠶ᠎ᠠ ᠶᠢᠨ ᠲᠣᠰ ᠲᠣᠰ ᠤᠨ | ᠬᠠᠮᠳᠣ ᠪᠠᠷ ᠥᠮᠴᠢᠯᠡᠬᠦ ᠬᠤᠪᠢᠳᠡᠴᠠ ᠶᠢᠨ ᠬᠠᠷᠢᠴᠠᠯ ᠢᠶᠠᠷ ᠢᠶᠠᠨ ᠣᠷᠢᠳ ᠢᠶᠠᠷ ᠬᠤᠳᠠᠯᠳᠣᠨ ᠠᠪᠬᠤ ᠡᠷᠭᠡ ᠪᠠᠨ | ᠬᠡᠷᠡᠭᠵᠢᠬᠦᠯᠥᠨ᠎ᠠ᠃ | ᠭᠤᠷᠪᠠᠨ ᠵᠠᠭᠤ ᠲᠣᠯᠣᠳᠣᠭᠠᠷ ᠵᠦᠢᠯ ᠬᠠᠮᠳᠤ ᠪᠠᠷ ᠦᠮᠴᠢᠯᠡᠭᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ | ᠬᠦᠷᠦᠩᠭᠡ ᠠᠴᠠ ᠪᠤᠢ ᠪᠤᠯᠤᠭᠰᠠᠨ ᠠᠪᠴᠠᠭ᠎ᠠ ᠦᠭᠴᠡᠭᠡ ᠶᠢᠨ ᠭᠠᠳᠠᠭᠠᠳᠤ ᠬᠠᠷᠢᠴᠠᠭ᠎ᠠ ᠶᠢᠨ ᠲᠠᠯ᠎ᠠ ᠪᠠᠷ᠂ ᠬᠠᠮᠳᠤ ᠪᠠᠷ | ᠦᠮᠴᠢᠯᠡᠭᠴᠢ ᠬᠤᠯᠪᠤᠯᠳᠤᠭᠰᠠᠨ ᠠᠪᠴᠠᠭ᠎ᠠ ᠡᠳ᠋ᠯᠡᠵᠥ ᠬᠤᠯᠪᠤᠯᠳᠤᠭᠰᠠᠨ ᠦᠭᠴᠡᠭᠡ ᠡᠬᠦᠷᠭᠡᠯᠡᠨ᠎ᠡ᠂ ᠬᠡᠪᠡᠴᠦ ᠬᠠᠤᠯᠢ | ᠴᠠᠭᠠᠵᠠ ᠳᠤ ᠠᠰᠳᠠᠭᠠᠨ ᠲᠤᠭᠳᠠᠭᠠᠯ ᠲᠠᠢ ᠪᠤᠶᠤ ᠭᠤᠷᠪᠠᠳᠠᠬᠢ ᠬᠦᠮᠦᠨ ᠬᠠᠮᠳᠤ ᠪᠠᠷ ᠦᠮᠴᠢᠯᠡᠭᠴᠢ ᠶᠢᠨ | ᠬᠤᠯᠪᠤᠯᠳᠤᠭᠰᠠᠨ ᠠᠪᠴᠠᠭ᠎ᠠ ᠦᠭᠴᠡᠭᠡ ᠶᠢᠨ ᠬᠠᠷᠢᠴᠠᠭ᠎ᠠ ᠪᠠᠶᠢᠬᠤ ᠦᠭᠡᠢ ᠶᠢ ᠮᠡᠳᠡᠬᠦ ᠨᠢ ᠡᠬᠦᠨ ᠳᠤ ᠪᠠᠭᠳᠠᠬᠤ | ᠦᠭᠡᠢ︔ ᠬᠠᠮᠳᠤ ᠪᠠᠷ ᠦᠮᠴᠢᠯᠡᠭᠴᠢ ᠶᠢᠨ ᠲᠤᠳᠤᠭᠠᠳᠤ ᠬᠠᠷᠢᠴᠠᠭ᠎ᠠ ᠶᠢᠨ ᠲᠠᠯ᠎ᠠ ᠪᠠᠷ᠂ ᠬᠠᠮᠳᠤ ᠪᠠᠷ ᠦᠮᠴᠢᠯᠡᠭᠴᠢ | ᠠᠰᠳᠠᠭᠠᠨ ᠪᠤᠯᠵᠤᠯ ᠲᠠᠢ ᠪᠠᠶᠢᠬᠤ ᠶᠢ ᠭᠠᠷᠭᠠᠪᠠᠯ᠂ ᠬᠤᠪᠢᠳᠠᠯᠳᠥ ᠬᠠᠮᠳᠤ ᠪᠠᠷ ᠦᠮᠴᠢᠯᠡᠭᠴᠢ ᠬᠤᠪᠢᠳᠠᠴᠠ ᠪᠠᠷ ᠢᠶᠠᠨ | ᠠᠪᠴᠠᠭ᠎ᠠ ᠡᠳ᠋ᠯᠡᠵᠤ ᠦᠭᠴᠡᠭᠡ ᠡᠬᠦᠷᠭᠡᠯᠡᠨ᠎ᠠ᠂ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠠᠪᠴᠠᠭ᠎ᠠ | ᠡᠳ᠋ᠯᠡᠵᠤ ᠦᠭᠴᠡᠭᠡ ᠡᠬᠦᠷᠭᠡᠯᠡᠨ᠎ᠠ᠃ ᠲᠦᠯᠦᠬᠦ ᠦᠭᠴᠡᠭᠡ ᠨᠢ ᠦᠪᠡᠷ ᠤᠨ ᠡᠬᠦᠷᠭᠡᠯᠡᠬᠦ ᠶᠤᠰᠤᠳᠠᠢ ᠬᠤᠪᠢᠳᠠᠴᠠ ᠠᠴᠠ | ᠬᠡᠳᠦᠷᠡᠭᠰᠡᠨ ᠬᠤᠪᠢᠳᠠᠯᠳᠥ ᠬᠠᠮᠳᠤ ᠪᠠᠷ ᠦᠮᠴᠢᠯᠡᠭᠴᠢ ᠪᠤᠰᠤᠳ ᠬᠠᠮᠳᠤ ᠪᠠᠷ ᠦᠮᠴᠢᠯᠡᠭᠴᠢ ᠪᠠᠷ ᠨᠡᠬᠡᠮᠵᠢᠯᠡᠨ | ᠲᠦᠯᠦᠬᠦᠯᠬᠦ ᠡᠷᠬᠡ ᠲᠠᠢ᠃ | ᠭᠤᠷᠪᠠᠨ ᠵᠠᠭᠤ ᠨᠠᠢᠮᠠᠳᠤᠭᠠᠷ ᠵᠦᠢᠯ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ | ᠪᠤᠶᠤ ᠬᠦᠳᠡᠯᠬᠦ ᠬᠦᠷᠦᠩᠭᠡ ᠪᠠᠨ ᠬᠤᠪᠢᠳᠠᠵᠤ ᠬᠠᠮᠳᠤ ᠪᠠᠷ ᠦᠮᠴᠢᠯᠡᠬᠦ ᠪᠤᠶᠤ ᠬᠠᠮᠳᠣᠷᠠᠨ ᠬᠠᠮᠳᠤ ᠪᠠᠷ | ᠦᠮᠴᠢᠯᠡᠬᠦ ᠪᠠᠷ ᠪᠤᠯᠵᠤᠨ ᠲᠣᠭᠳᠠᠭᠰᠠᠨ ᠦᠭᠡᠢ᠂ ᠡᠰᠡᠬᠦᠯ᠎ᠡ ᠪᠤᠯᠵᠤᠨ ᠲᠣᠭᠲᠠᠭᠰᠠᠨ ᠨᠢ ᠲᠤᠳᠤᠷᠬᠠᠢ ᠦᠭᠡᠢ | ᠪᠠᠶᠢᠪᠠᠯ᠂ ᠬᠠᠮᠳᠤ ᠪᠠᠷ ᠦᠮᠴᠢᠯᠡᠭᠴᠢ ᠭᠡᠷ ᠪᠦᠯᠢ ᠶᠢᠨ ᠬᠠᠷᠢᠴᠠᠭ᠎ᠠ ᠲᠠᠢ ᠪᠠᠶᠢᠬᠤ ᠵᠡᠷᠭᠡ ᠶᠢ ᠭᠠᠷᠭᠠᠪᠠᠯ᠂ ᠬᠤᠪᠢᠳᠠᠵᠤ | ᠬᠠᠮᠳᠤ ᠪᠠᠷ ᠦᠮᠴᠢᠯᠡᠨᠠ ᠭᠡᠵᠦ ᠦᠵᠡᠨ᠎ᠡ᠃ | ᠭᠤᠷᠪᠠᠨ ᠵᠠᠭᠤ ᠶᠢᠰᠥᠳᠥᠭᠡᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠡᠳ᠋ᠯᠡᠬᠦ ᠬᠤᠪᠢᠳᠡᠴᠠ ᠶᠢᠨ ᠢᠶᠠᠨ ᠲᠣᠬᠠᠢ ᠪᠤᠯᠵᠤᠨ | ᠲᠤᠭᠲᠠᠭᠰᠠᠨ ᠦᠭᠡᠢ ᠪᠤᠶᠤ ᠪᠤᠯᠵᠤᠨ ᠲᠤᠭᠲᠠᠭᠰᠠᠨ ᠨᠢ ᠲᠤᠳᠤᠷᠬᠠᠢ ᠦᠭᠡᠢ ᠪᠠᠶᠢᠪᠠᠯ᠂ ᠭᠠᠷᠭᠠᠭᠰᠠᠨ ᠪᠡᠯᠡ ᠶᠢᠨ | ᠬᠢᠨᠢ ᠲᠤᠭ᠎ᠠ ᠪᠠᠷ ᠲᠤᠭᠳᠠᠭᠠᠨ᠎ᠠ︔ ᠭᠠᠷᠭᠠᠭᠰᠠᠨ ᠪᠡᠯᠡ ᠶᠢᠨ ᠲᠤᠭ᠎ᠠ ᠶᠢ ᠨᠢ ᠲᠤᠭᠳᠠᠭᠠᠵᠤ ᠲᠡᠶᠢᠯᠬᠦ ᠦᠭᠡᠢ ᠪᠠᠶᠢᠪᠠᠯ᠂ | ᠲᠡᠩᠴᠡᠬᠦᠦ ᠲᠤᠭ᠎ᠠ ᠪᠠᠷ ᠡᠳ᠋ᠯᠡᠨ᠎ᠠ ᠭᠡᠵᠦ ᠦᠵᠡᠨ᠎ᠡ᠃ | ᠭᠤᠷᠪᠠᠨ ᠵᠠᠭᠤ ᠠᠷᠪᠠᠳᠦᠭᠠᠷ ᠵᠦᠢᠯ ᠬᠤᠶᠠᠷ ᠠᠴᠠ ᠲᠡᠭᠡᠭᠰᠢ ᠵᠣᠭᠢᠶᠠᠨ ᠪᠠᠶᠢᠭᠤᠯᠣᠯᠳᠠ᠂ ᠬᠤᠪᠢ ᠬᠦᠮᠦᠨ ᠠᠰᠢᠭ | ᠤᠯᠬᠤ ᠪᠤᠳᠠᠰ ᠤᠨ ᠡᠷᠬᠡ᠂ ᠲᠠᠭᠠᠭᠠᠯᠳᠠᠳᠦ ᠪᠤᠳᠠᠰ ᠤᠨ ᠡᠷᠬᠡ ᠶᠢ ᠬᠠᠮᠳᠤ ᠪᠠᠷ ᠡᠳ᠋ᠯᠡᠵᠤ ᠪᠠᠶᠢᠪᠠᠯ᠂ ᠲᠤᠰ | ᠪᠦᠯᠦᠭ ᠤᠨ ᠬᠤᠯᠪᠣᠭᠳᠠᠯ ᠪᠦᠭᠦᠢ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ | ᠶᠢᠰᠦᠳᠦᠭᠡᠷ ᠪᠦᠯᠦᠭ ᠦᠮᠴᠢᠯᠡᠯ ᠤᠨ ᠡᠷᠬᠡ ᠶᠢ ᠤᠯᠬᠤ ᠲᠤᠬᠠᠢ ᠤᠨᠴᠠᠭᠠᠢ ᠲᠤᠭᠳᠠᠭᠠᠯ | ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠰᠢᠢᠳᠪᠦᠷᠢᠯᠡᠬᠦ ᠡᠷᠬᠡ ᠦᠭᠡᠢ ᠬᠦᠮᠦᠨ ᠦᠯᠦ ᠬᠦᠳᠡᠯᠬᠦ ᠬᠦᠷᠦᠩᠭᠡ | ᠪᠤᠶᠤ ᠬᠦᠳᠡᠯᠬᠦ ᠬᠦᠷᠦᠩᠭᠡ ᠶᠢ ᠰᠢᠯᠵᠢᠬᠦᠯᠦᠨ ᠠᠪᠤᠭᠴᠢ ᠳᠤ ᠰᠢᠯᠵᠢᠬᠦᠯᠦᠨ ᠦᠭᠬᠦᠭᠰᠡᠨ ᠪᠠᠶᠢᠪᠠᠯ᠂ ᠦᠮᠴᠢᠯᠡᠯ ᠤᠨ | ᠡᠷᠬᠡᠳᠤ ᠬᠦᠮᠦᠨ ᠨᠡᠬᠡᠮᠵᠢᠯᠡᠨ ᠠᠪᠬᠤ ᠡᠷᠬᠡ ᠲᠠᠢ︔ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠬᠤ ᠶᠢ | ᠭᠠᠷᠭᠠᠪᠠᠯ᠂ ᠲᠤᠤᠷ᠎ᠠ ᠵᠢᠭᠰᠠᠭᠠᠭᠰᠠᠨ ᠪᠠᠶᠢᠳᠠᠯ ᠲᠠᠢ ᠨᠡᠶᠢᠴᠡᠵᠦ ᠪᠠᠶᠢᠪᠠᠯ᠂ ᠰᠢᠯᠵᠢᠬᠦᠯᠦᠨ ᠠᠪᠤᠭᠴᠢ ᠨᠢ ᠲᠤᠰ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠦᠮᠴᠢᠯᠡᠯ ᠤᠨ ᠡᠷᠬᠡ ᠶᠢ ᠤᠯᠤᠨ᠎ᠠ᠄ | ︵ᠨᠢᠬᠡ︶ ᠰᠢᠯᠵᠢᠬᠦᠯᠤᠨ ᠠᠪᠤᠭᠴᠢ ᠲᠤᠰ ᠦᠯᠤ ᠬᠥᠳᠡᠯᠬᠦ ᠬᠥᠷᠤᠩᠭᠡ ᠪᠤᠶᠤ ᠬᠥᠳᠡᠯᠬᠦ ᠬᠦᠷᠦᠩᠭᠡ ᠶᠢ ᠰᠠᠶᠢᠨ | ᠰᠠᠨᠠᠭᠠᠳᠠᠢ ᠰᠢᠯᠵᠢᠬᠦᠯᠦᠨ ᠠᠪᠤᠭᠰᠠᠨ︔ | ︵ᠬᠤᠶᠠᠷ︶ ᠵᠦᠢ ᠵᠤᠬᠢᠰᠳᠠᠢ ᠦᠨ᠎ᠡ ᠪᠠᠷ ᠰᠢᠯᠵᠢᠬᠦᠯᠦᠨ ᠦᠭᠬᠦᠭᠰᠡᠨ︔ | ︵ᠭᠤᠷᠪᠠ︶ ᠰᠢᠯᠵᠢᠬᠦᠯᠦᠨ ᠦᠭᠬᠦᠭᠰᠡᠨ ᠦᠯᠤ ᠬᠥᠳᠡᠯᠬᠦ ᠬᠥᠷᠤᠩᠭᠡ ᠪᠤᠶᠤ ᠬᠥᠳᠡᠯᠬᠦ ᠬᠦᠷᠦᠩᠭᠡ ᠶᠢᠨ ᠬᠠᠤᠯᠢ | ᠴᠠᠭᠠᠵᠠ ᠶᠢᠨ ᠲᠤᠬᠲᠠᠭᠠᠯ ᠶᠤᠰᠤᠭᠠᠷ ᠲᠠᠩᠰᠠᠯᠠᠭᠤᠯᠬᠤ ᠶᠤᠰᠤᠳᠠᠢ ᠶᠢ ᠨᠢ ᠨᠢᠭᠡᠨᠳᠡ ᠲᠠᠩᠰᠠᠯᠠᠭᠤᠯᠵᠤ᠂ | ᠲᠠᠩᠰᠠᠯᠠᠭᠤᠯᠬᠤ ᠴᠢᠬᠤᠯᠠ ᠦᠭᠡᠢ ᠶᠢ ᠨᠢ ᠰᠢᠯᠵᠢᠬᠦᠯᠦᠨ ᠠᠪᠤᠭᠴᠢ ᠳᠤ ᠨᠢᠭᠡᠨᠲᠡ ᠲᠤᠰᠢᠶᠠᠨ ᠦᠭᠬᠦᠭᠰᠡᠨ᠃ | ᠰᠢᠯᠵᠢᠬᠦᠯᠦᠨ ᠠᠪᠤᠭᠴᠢ ᠡᠮᠦᠨᠡᠬᠢ ᠪᠠᠳᠠᠭ ᠤᠨ ᠲᠤᠭᠳᠠᠭᠠᠯ ᠳᠤ ᠦᠨᠳᠦᠰᠦᠯᠡᠨ ᠦᠯᠦ ᠬᠦᠳᠡᠯᠬᠦ ᠬᠦᠷᠦᠩᠭᠡ ᠪᠤᠶᠤ | ᠬᠦᠳᠡᠯᠬᠦ ᠬᠦᠷᠦᠩᠭᠡ ᠶᠢᠨ ᠦᠮᠴᠢᠯᠡᠯ ᠤᠨ ᠡᠷᠬᠡ ᠶᠢ ᠤᠯᠤᠭᠰᠠᠨ ᠪᠠᠶᠢᠪᠠᠯ᠂ ᠤᠤᠯ ᠤᠨ ᠦᠮᠴᠢᠯᠡᠯ ᠤᠨ ᠡᠷᠬᠡᠳᠦ | ᠬᠦᠮᠦᠨ ᠰᠢᠢᠳᠪᠦᠷᠢᠯᠡᠬᠦ ᠡᠷᠬᠡ ᠦᠭᠡᠢ ᠬᠦᠮᠦᠨ ᠠᠴᠠ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ | ᠡᠷᠬᠡ ᠲᠠᠢ᠃ | ᠲᠤᠬᠠᠢ ᠶᠢᠨ ᠬᠦᠮᠦᠨ ᠰᠠᠶᠢᠨ ᠰᠠᠨᠠᠭ᠎ᠠ ᠪᠠᠷ ᠪᠤᠰᠤᠳ ᠪᠤᠳᠠᠰ ᠤᠨ ᠡᠷᠬᠡ ᠶᠢ ᠤᠯᠤᠭᠰᠠᠨ ᠪᠠᠶᠢᠪᠠᠯ᠂ ᠡᠮᠦᠨᠡᠬᠢ ᠬᠤᠶᠠᠷ | ᠪᠠᠳᠠᠭ ᠤᠨ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ | ᠭᠤᠷᠪᠠᠨ ᠵᠠᠭᠤ ᠠᠷᠪᠠᠨ ᠬᠤᠶᠠᠳᠣᠭᠠᠷ ᠵᠦᠢᠯ ᠦᠮᠴᠢᠯᠡᠯ ᠤᠨ ᠡᠷᠬᠡᠳᠦ ᠬᠦᠮᠦᠨ ᠪᠤᠶᠤ ᠪᠤᠰᠤᠳ ᠡᠷᠬᠡᠳᠦ ᠬᠦᠮᠦᠨ | ᠭᠡᠭᠡᠭᠰᠡᠨ ᠶᠠᠭᠤᠮ᠎ᠠ ᠪᠠᠨ ᠨᠡᠬᠡᠮᠵᠢᠯᠡᠨ ᠠᠪᠬᠤ ᠡᠷᠬᠡ ᠲᠠᠢ᠃ ᠲᠤᠰ ᠭᠡᠭᠡᠭᠰᠡᠨ ᠶᠠᠭᠤᠮ᠎ᠠ ᠨᠢ ᠰᠢᠯᠵᠢᠬᠦᠯᠦᠨ ᠦᠭᠬᠦ ᠪᠠᠷ | ᠲᠠᠮᠵᠢᠭᠠᠳ ᠪᠤᠰᠤᠳ ᠲᠤ ᠡᠵᠡᠮᠰᠢᠭᠳᠡᠭᠰᠡᠨ ᠪᠠᠶᠢᠪᠠᠯ᠂ ᠡᠷᠬᠡᠳᠦ ᠬᠦᠮᠦᠨ ᠨᠢ ᠰᠢᠢᠳᠪᠦᠷᠢᠯᠡᠬᠦ ᠡᠷᠬᠡ ᠦᠭᠡᠢ | ᠬᠦᠮᠦᠨ ᠠᠴᠠ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ᠂ ᠡᠰᠡᠬᠦᠯ᠎ᠡ ᠰᠢᠯᠵᠢᠬᠦᠯᠦᠨ ᠠᠪᠤᠭᠴᠢ ᠶᠢ | ᠮᠡᠳᠡᠭᠰᠡᠨ ᠪᠤᠶᠤ ᠮᠡᠳᠡᠬᠦ ᠶᠤᠰᠤᠳᠠᠢ ᠡᠳᠦᠷ ᠠᠴᠠ ᠡᠬᠢᠯᠡᠨ ᠬᠤᠶᠠᠷ ᠵᠢᠯ ᠤᠨ ᠲᠤᠳᠤᠷ᠎ᠠ ᠰᠢᠯᠵᠢᠬᠦᠯᠦᠨ ᠠᠪᠤᠭᠴᠢ ᠪᠠᠷ | ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠲᠠᠢ︔ ᠭᠡᠪᠡᠴᠤ ᠰᠢᠯᠵᠢᠬᠦᠯᠦᠨ ᠠᠪᠤᠭᠴᠢ ᠨᠢ ᠦᠨ᠎ᠠ | ᠬᠠᠶᠠᠨ ᠬᠤᠳᠠᠯᠳᠤᠬᠤ ᠪᠤᠶᠤ ᠡᠵᠡᠩᠨᠡᠯᠳᠡ ᠶᠢᠨ ᠬᠢᠷᠢ ᠬᠡᠮ ᠪᠦᠬᠦᠢ ᠡᠵᠡᠩᠨᠡᠭᠴᠢ ᠠᠴᠠ ᠬᠤᠳᠠᠯᠳᠤᠨ ᠠᠪᠬᠤ ᠪᠠᠷ | ᠲᠠᠮᠵᠢᠭᠠᠳ ᠲᠤᠰ ᠭᠡᠭᠡᠭᠰᠡᠨ ᠶᠠᠭᠤᠮ᠎ᠠ ᠶᠢ ᠤᠯᠤᠭᠰᠠᠨ ᠪᠠᠶᠢᠪᠠᠯ᠂ ᠡᠷᠭᠡᠳᠦ ᠬᠦᠮᠦᠨ ᠤᠤᠯ ᠪᠤᠳᠠᠰ ᠢ | ᠪᠤᠴᠠᠭᠠᠯᠭᠠᠬᠤ ᠪᠠᠷ ᠭᠤᠶᠤᠴᠢᠯᠠᠬᠤ ᠳᠠᠭᠠᠨ ᠰᠢᠯᠵᠢᠬᠦᠯᠦᠨ ᠠᠪᠤᠭᠴᠢ ᠶᠢᠨ ᠵᠠᠷᠤᠭᠰᠠᠨ ᠵᠠᠷᠤᠳᠠᠯ ᠢ ᠨᠢ ᠦᠭᠬᠦ ᠬᠡᠷᠡᠭᠳᠡᠢ | ᠃ ᠡᠷᠬᠡᠳᠦ ᠬᠦᠮᠦᠨ ᠰᠢᠯᠵᠢᠬᠦᠯᠦᠨ ᠠᠪᠤᠭᠴᠢ ᠳᠤ ᠵᠠᠷᠤᠭᠰᠠᠨ ᠵᠠᠷᠤᠳᠠᠯ ᠢ ᠨᠢ ᠦᠭᠬᠦᠭᠰᠡᠨ ᠤ ᠲᠠᠷᠠᠭ᠎ᠠ᠂ | ᠰᠢᠢᠳᠪᠦᠷᠢᠯᠡᠬᠦ ᠡᠷᠬᠡ ᠦᠭᠡᠢ ᠬᠦᠮᠦᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ᠃ | ᠭᠤᠷᠪᠠᠨ ᠵᠠᠭᠤ ᠠᠷᠪᠠᠨ ᠭᠤᠷᠪᠠᠳᠣᠭᠠᠷ ᠵᠦᠢᠯ ᠰᠠᠶᠢᠨ ᠰᠠᠨᠠᠭᠠᠳᠤ ᠰᠢᠯᠵᠢᠬᠦᠯᠦᠨ ᠠᠪᠤᠭᠴᠢ ᠬᠦᠳᠡᠯᠬᠦ ᠬᠦᠷᠦᠩᠭᠡ ᠶᠢ | ᠤᠯᠤᠭᠰᠠᠨ ᠤ ᠲᠠᠷᠠᠭ᠎ᠠ᠂ ᠲᠤᠰ ᠬᠦᠳᠡᠯᠬᠦ ᠬᠦᠷᠦᠩᠭᠡ ᠶᠢᠨ ᠤᠤᠯ ᠤᠨ ᠪᠠᠶᠢᠭᠰᠠᠨ ᠡᠷᠭᠡ ᠨᠢ ᠤᠰᠠᠳᠤᠨ᠎ᠠ᠃ ᠭᠡᠪᠡᠴᠦ | ᠰᠠᠶᠢᠨ ᠰᠠᠨᠠᠭᠠᠳᠤ ᠰᠢᠯᠵᠢᠬᠦᠯᠦᠨ ᠠᠪᠤᠭᠴᠢ ᠰᠢᠯᠵᠢᠬᠦᠯᠦᠨ ᠠᠪᠬᠤ ᠦᠶ᠎ᠡ ᠳᠡᠭᠡᠨ ᠲᠤᠰ ᠡᠷᠬᠡ ᠶᠢ ᠮᠡᠳᠡᠭᠰᠡᠨ ᠪᠤᠶᠤ | ᠮᠡᠳᠡᠬᠦ ᠶᠤᠰᠤᠳᠠᠢ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠠᠷᠪᠠᠨ ᠲᠦᠷᠪᠡᠳᠦᠭᠡᠷ ᠵᠦᠢᠯ ᠭᠡᠭᠡᠭᠰᠡᠨ ᠶᠠᠭᠤᠮ᠎ᠠ ᠶᠢ ᠤᠯᠵᠤ ᠠᠪᠤᠪᠠᠯ᠂ ᠡᠷᠬᠡᠳᠦ ᠬᠦᠮᠦᠨ ᠳᠤᠨᠢ | ᠪᠤᠴᠠᠭᠠᠵᠤ ᠦᠭᠬᠦ ᠬᠡᠷᠡᠭᠳᠡᠢ᠃ ᠤᠯᠵᠤ ᠠᠪᠤᠭᠰᠠᠨ ᠬᠦᠮᠦᠨ ᠨᠢ ᠡᠷᠬᠡᠳᠦ ᠬᠦᠮᠦᠨ ᠳᠤ ᠶᠠᠭᠤᠮ᠎ᠠ ᠶᠢ ᠨᠢ | ᠠᠪᠤᠭᠤᠯᠬᠤ ᠪᠠᠷ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ᠂ ᠡᠰᠡᠬᠦᠯ᠎ᠡ ᠶᠠᠭᠤᠮ᠎ᠠ ᠶᠢ ᠨᠢ ᠲᠤᠳᠤᠭᠠᠳᠤ ᠶᠢ | ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠬᠤ ᠬᠡᠷᠡᠭᠳᠡᠢ᠃ | ᠭᠤᠷᠪᠠᠨ ᠵᠠᠭᠤ ᠠᠷᠪᠠᠨ ᠲᠠᠪᠣᠳᠣᠭᠠᠷ ᠵᠦᠢᠯ ᠬᠤᠯᠪᠤᠭᠳᠠᠯ ᠪᠦᠬᠦᠢ ᠰᠠᠯᠠᠭ᠎ᠠ ᠮᠦᠴᠢᠷ ᠭᠡᠭᠡᠭᠰᠡᠨ ᠶᠠᠭᠤᠮ᠎ᠠ ᠶᠢ | ᠤᠯᠤᠭᠰᠠᠨ ᠤ ᠲᠠᠷᠠᠭ᠎ᠠ᠂ ᠡᠷᠭᠡᠳᠦ ᠬᠦᠮᠦᠨ ᠢ ᠨᠢ ᠮᠡᠳᠡᠵᠤ ᠪᠠᠶᠢᠪᠠᠯ᠂ ᠴᠠᠭ ᠲᠤᠬᠠᠢ ᠳᠤᠨᠢ ᠶᠠᠭᠤᠮ᠎ᠠ ᠶᠢ ᠨᠢ | ᠠᠪᠤᠭᠤᠯᠬᠤ ᠪᠠᠷ ᠲᠡᠬᠦᠨ ᠳᠤ ᠮᠡᠳᠡᠭᠳᠡᠬᠦ ᠬᠡᠷᠡᠭᠳᠡᠢ︔ ᠮᠡᠳᠡᠬᠦ ᠦᠭᠡᠢ ᠪᠠᠶᠢᠪᠠᠯ᠂ ᠴᠠᠭ ᠲᠤᠬᠠᠢ ᠳᠤᠨᠢ ᠲᠠᠨᠢᠭᠤᠯᠤᠨ | ᠠᠪᠤᠭᠤᠯᠬᠤ ᠵᠠᠷ ᠨᠠᠶᠢᠳᠡᠯᠡᠬᠦ ᠬᠡᠷᠡᠭᠳᠡᠢ᠃ | ᠭᠤᠷᠪᠠᠨ ᠵᠠᠭᠤ ᠠᠷᠪᠠᠨ ᠵᠢᠷᠭᠤᠳᠣᠭᠠᠷ ᠵᠦᠢᠯ ᠤᠯᠵᠤ ᠠᠪᠤᠭᠰᠠᠨ ᠬᠦᠮᠦᠨ ᠭᠡᠭᠡᠭᠰᠡᠨ ᠶᠠᠭᠤᠮ᠎ᠠ ᠶᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠤ ᠲᠤᠰᠢᠶᠠᠬᠤ ᠠᠴᠠ ᠪᠠᠨ ᠡᠮᠦᠨ᠎ᠡ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠭᠡᠭᠡᠭᠰᠡᠨ | ᠶᠠᠭᠤᠮ᠎ᠠ ᠶᠢ ᠪᠤᠴᠠᠭᠠᠵᠤ ᠦᠭᠬᠦ ᠠᠴᠠ ᠪᠠᠨ ᠡᠮᠦᠨ᠎ᠡ᠂ ᠭᠡᠭᠡᠭᠰᠡᠨ ᠶᠠᠭᠤᠮ᠎ᠠ ᠶᠢ ᠲᠤᠬᠢᠲᠠᠢ ᠬᠠᠳᠠᠭᠠᠯᠠᠨ ᠬᠠᠮᠢᠶᠠᠷᠬᠤ | ᠬᠡᠷᠡᠭᠳᠡᠢ᠃ ᠭᠡᠭᠡᠭᠰᠡᠨ ᠶᠠᠭᠤᠮ᠎ᠠ ᠶᠢ ᠵᠤᠷᠢᠭᠤᠳᠠ ᠪᠤᠶᠤ ᠬᠦᠨᠳᠦ ᠶᠡᠭᠡ ᠠᠳᠡᠯ ᠠᠴᠠ ᠪᠤᠯᠵᠤ ᠡᠪᠳᠡᠷᠡᠨ ᠰᠦᠢᠳᠭᠦ᠂ | ᠤᠰᠠᠳᠬᠤ ᠳᠤ ᠬᠦᠷᠦᠭᠦᠯᠦᠭᠰᠡᠨ ᠪᠠᠶᠢᠪᠠᠯ᠂ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠭᠤᠷᠪᠠᠨ ᠵᠠᠭᠤ ᠠᠷᠪᠠᠨ ᠲᠣᠯᠣᠳᠣᠭᠠᠷ ᠵᠦᠢᠯ ᠡᠷᠬᠡᠳᠦ ᠬᠦᠮᠦᠨ ᠬᠡᠭᠡᠭᠰᠡᠨ ᠶᠠᠭᠤᠮ᠎ᠠ ᠪᠠᠨ ᠠᠪᠬᠤ ᠦᠶ᠎ᠡ ᠳᠤ᠂ | ᠤᠯᠵᠤ ᠠᠪᠤᠭᠰᠠᠨ ᠬᠦᠮᠦᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠭᠡᠭᠡᠭᠰᠡᠨ ᠶᠠᠭᠤᠮ᠎ᠠ ᠶᠢ ᠬᠠᠳᠠᠭᠠᠯᠠᠨ | ᠬᠠᠮᠢᠶᠠᠷᠬᠤ ᠵᠡᠷᠭᠡ ᠳᠤ ᠵᠠᠷᠤᠭᠰᠠᠨ ᠴᠢᠬᠤᠯᠠ ᠪᠦᠬᠦᠢ ᠵᠠᠷᠤᠳᠠᠯ ᠢ ᠦᠭᠬᠦ ᠬᠡᠷᠡᠭᠳᠡᠢ᠃ | ᠡᠷᠬᠡᠳᠦ ᠬᠦᠮᠦᠨ ᠬᠡᠬᠡᠭᠰᠡᠨ ᠶᠠᠭᠤᠮ᠎ᠠ ᠪᠠᠨ ᠱᠠᠩᠨᠠᠯ ᠲᠠᠯᠪᠢᠵᠤ ᠡᠷᠢᠭᠰᠡᠨ ᠪᠠᠶᠢᠪᠠᠯ᠂ ᠭᠡᠭᠡᠭᠰᠡᠨ ᠶᠠᠭᠤᠮ᠎ᠠ ᠪᠠᠨ ᠠᠪᠬᠤ | ᠦᠶ᠎ᠡ ᠳᠤ ᠠᠮᠠᠯᠠᠬᠰᠠᠨ ᠶᠤᠰᠤᠭᠠᠷ ᠡᠬᠦᠷᠭᠡ ᠪᠠᠨ ᠬᠥᠢᠴᠡᠳᠭᠡᠬᠦ ᠬᠡᠷᠡᠭᠳᠡᠢ᠃ | ᠤᠯᠵᠤ ᠠᠪᠤᠭᠰᠠᠨ ᠬᠦᠮᠦᠨ ᠭᠡᠭᠡᠭᠰᠡᠨ ᠶᠠᠭᠤᠮ᠎ᠠ ᠶᠢ ᠡᠵᠡᠯᠡᠨ ᠠᠪᠤᠭᠰᠠᠨ ᠪᠠᠶᠢᠪᠠᠯ᠂ ᠭᠡᠭᠡᠭᠰᠡᠨ ᠶᠠᠭᠤᠮ᠎ᠠ ᠶᠢ | ᠬᠠᠳᠠᠭᠠᠯᠠᠨ ᠬᠠᠮᠢᠶᠠᠷᠬᠤ ᠵᠡᠷᠭᠡ ᠳᠤ ᠵᠠᠷᠤᠭᠰᠠᠨ ᠵᠠᠷᠤᠳᠠᠯ ᠢ ᠭᠤᠶᠤᠴᠢᠯᠠᠬᠤ ᠡᠷᠬᠡ ᠪᠠᠶᠢᠬᠤ ᠦᠭᠡᠢ᠂ ᠡᠷᠭᠡᠳᠤ | ᠬᠥᠮᠤᠨ ᠢ ᠠᠮᠠᠯᠡᠬᠰᠠᠨ ᠶᠤᠰᠤᠭᠠᠷ ᠡᠬᠦᠷᠭᠡ ᠬᠥᠢᠴᠡᠳᠭᠡᠬᠦᠯᠬᠦ ᠪᠠᠷ ᠭᠤᠶᠤᠴᠢᠯᠠᠬᠤ ᠡᠷᠭᠡ ᠴᠤ ᠪᠠᠶᠢᠬᠤ ᠦᠭᠡᠢ᠃ | ᠭᠤᠷᠪᠠᠨ ᠵᠠᠭᠤ ᠠᠷᠪᠠᠨ ᠨᠠᠢᠮᠠᠳᠣᠭᠠᠷ ᠵᠦᠢᠯ ᠬᠡᠭᠡᠭᠰᠡᠨ ᠶᠠᠭᠤᠮ᠎ᠠ ᠶᠢ ᠲᠠᠨᠢᠭᠤᠯᠤᠨ ᠠᠪᠤᠭᠤᠯᠬᠤ ᠵᠠᠷ ᠨᠠᠶᠢᠳᠠᠯᠡᠭᠰᠠᠨ | ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠡ ᠲᠠᠨᠢᠵᠤ ᠠᠪᠬᠤ ᠬᠦᠮᠦᠨ ᠦᠭᠡᠢ ᠪᠠᠶᠢᠪᠠᠯ᠂ ᠤᠯᠤᠰ ᠤᠨ | ᠦᠮᠴᠢᠯᠡᠯ ᠳᠤ ᠤᠷᠤᠭᠤᠯᠤᠨ᠎ᠠ᠃ | ᠭᠤᠷᠪᠠᠨ ᠵᠠᠭᠤ ᠠᠷᠪᠠ ᠶᠢᠰᠦᠳᠦᠭᠡᠷ ᠵᠦᠢᠯ ᠬᠦᠪᠤᠮᠡᠯ ᠶᠠᠭᠤᠮ᠎ᠠ ᠶᠢ ᠤᠯᠵᠤ ᠠᠪᠤᠭᠰᠠᠨ᠂ ᠪᠤᠯᠠᠭᠳᠠᠮᠠᠯ ᠶᠠᠭᠤᠮ᠎ᠠ | ᠪᠤᠶᠤ ᠨᠢᠭᠤᠬᠳᠠᠮᠠᠯ ᠶᠠᠭᠤᠮ᠎ᠠ ᠶᠢ ᠢᠯᠡᠷᠡᠭᠦᠯᠦᠭᠰᠡᠨ ᠪᠠᠶᠢᠪᠠᠯ᠂ ᠭᠡᠭᠡᠭᠰᠡᠨ ᠶᠠᠭᠤᠮ᠎ᠠ ᠶᠢ ᠤᠯᠵᠤ ᠠᠪᠤᠭᠰᠠᠨ ᠲᠤᠬᠠᠢ | ᠬᠤᠯᠪᠤᠬᠳᠠᠯ ᠪᠦᠬᠦᠢ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ ᠬᠠᠤᠯᠢ ᠴᠠᠭᠠᠵᠠ ᠳᠤ | ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃ | ᠭᠤᠷᠪᠠᠨ ᠵᠠᠭᠤ ᠬᠤᠷᠢᠳᠣᠭᠠᠷ ᠵᠦᠢᠯ ᠭᠤᠤᠯ ᠪᠤᠳᠠᠰ ᠢ ᠰᠢᠯᠵᠢᠬᠦᠯᠦᠨ ᠦᠭᠬᠦᠭᠰᠡᠨ ᠪᠠᠶᠢᠪᠠᠯ᠂ ᠲᠠᠭᠠᠯᠳᠠ ᠪᠤᠳᠠᠰ ᠢ | ᠭᠤᠤᠯ ᠪᠤᠳᠠᠰ ᠢ ᠲᠠᠭᠠᠭᠤᠯᠤᠨ ᠰᠢᠯᠵᠢᠬᠦᠯᠦᠨ ᠦᠭᠭᠦᠨ᠎ᠡ᠂ ᠭᠡᠪᠡᠴᠦ ᠲᠤᠬᠠᠢ ᠶᠢᠨ ᠬᠦᠮᠦᠨ ᠠᠰᠳᠠᠭᠠᠨ | ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠬᠤᠷᠢᠨ ᠨᠢᠭᠡᠳᠦᠭᠡᠷ ᠵᠦᠢᠯ ᠪᠠᠶᠢᠭᠠᠯᠢ ᠶᠢᠨ ᠦᠷᠡᠵᠢᠪᠦᠷᠢ ᠬᠥᠤ ᠶᠢ ᠦᠮᠴᠢᠯᠡᠯ ᠤᠨ ᠡᠷᠬᠡᠳᠦ ᠬᠦᠮᠦᠨ | ᠤᠯᠤᠨ᠎ᠠ︔ ᠦᠮᠴᠢᠯᠡᠯ ᠤᠨ ᠡᠷᠬᠡᠳᠦ ᠬᠦᠮᠦᠨ ᠲᠠᠢ ᠮᠦᠷᠳᠡᠭᠡᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠲᠠᠢ | ᠪᠠᠶᠢᠪᠠᠯ᠂ ᠠᠰᠢᠭ ᠤᠯᠬᠤ ᠪᠤᠳᠠᠰ ᠤᠨ ᠡᠷᠬᠡᠳᠦ ᠬᠦᠮᠦᠨ ᠤᠯᠤᠨ᠎ᠠ᠃ ᠲᠤᠬᠠᠢ ᠶᠢᠨ ᠬᠦᠮᠦᠨ ᠠᠰᠳᠠᠭᠠᠨ | ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ | ᠬᠠᠤᠯᠢ ᠪᠠᠷ ᠲᠤᠭᠳᠠᠭᠠᠭᠰᠠᠨ ᠦᠷᠡᠵᠢᠪᠦᠷᠢ ᠬᠥᠤ ᠶᠢ ᠪᠤᠯ ᠲᠤᠬᠠᠢ ᠶᠢᠨ ᠬᠦᠮᠦᠨ ᠨᠢ ᠪᠤᠯᠵᠤᠯ ᠲᠠᠢ ᠪᠠᠶᠢᠪᠠᠯ ᠪᠤᠯᠵᠤᠯ | ᠶᠤᠰᠤᠭᠠᠷ ᠢᠶᠠᠨ ᠤᠯᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠠᠷᠠᠯᠵᠢᠶᠠᠨ ᠤ | ᠵᠤᠷᠰᠢᠯ ᠶᠤᠰᠤᠭᠠᠷ ᠤᠯᠤᠨ᠎ᠠ᠃ | ᠭᠤᠷᠪᠠᠨ ᠵᠠᠭᠤ ᠬᠤᠷᠢᠨ ᠬᠤᠶᠠᠳᠣᠭᠠᠷ ᠵᠦᠢᠯ ᠪᠣᠯᠪᠠᠰᠣᠷᠠᠭᠤᠯᠣᠭᠰᠠᠨ᠂ ᠨᠡᠶᠢᠯᠡᠭᠰᠡᠨ᠂ ᠬᠤᠯᠢᠯᠳᠣᠭᠰᠠᠨ ᠠᠴᠠ ᠪᠣᠯᠵᠦ | ᠪᠤᠢ ᠪᠤᠯᠤᠭᠰᠠᠨ ᠪᠣᠳᠠᠰ ᠤᠨ ᠬᠠᠷᠢᠶᠠᠯᠠᠯ ᠢ ᠪᠣᠯ᠂ ᠪᠣᠯᠵᠣᠯ ᠲᠠᠢ ᠪᠠᠶᠢᠪᠠᠯ ᠪᠣᠯᠵᠣᠯ ᠶᠤᠰᠤᠭᠠᠷ ᠶᠠᠪᠤᠭᠤᠯᠤᠨ᠎ᠠ︔ | ᠪᠣᠯᠵᠣᠯ ᠦᠭᠡᠢ ᠪᠣᠶᠣ ᠪᠣᠯᠵᠣᠯ ᠨᠢ ᠲᠣᠳᠣᠷᠬᠠᠢ ᠦᠭᠡᠢ ᠪᠠᠶᠢᠪᠠᠯ᠂ ᠬᠠᠣᠯᠢ ᠴᠠᠭᠠᠵᠠ ᠶᠢᠨ ᠲᠣᠭᠳᠠᠭᠠᠯ ᠶᠤᠰᠤᠭᠠᠷ | ᠶᠠᠪᠤᠭᠤᠯᠤᠨ᠎ᠠ︔ ᠬᠠᠣᠯᠢ ᠴᠠᠭᠠᠵᠠ ᠳᠤ ᠲᠣᠭᠳᠠᠭᠠᠭᠰᠠᠨ ᠦᠭᠡᠢ ᠪᠠᠶᠢᠪᠠᠯ᠂ ᠪᠣᠳᠠᠰ ᠤᠨ ᠦᠢᠯᠡᠳᠦᠯ ᠢ ᠭᠦᠢᠴᠡᠳ | ᠪᠠᠳᠠᠷᠠᠭᠤᠯᠬᠤ ᠵᠢᠴᠢ ᠤᠰᠤᠯ ᠦᠭᠡᠢ ᠲᠣᠬᠠᠢ ᠶᠢᠨ ᠭᠦᠮᠦᠨ ᠢ ᠬᠠᠮᠠᠭᠠᠯᠠᠬᠤ ᠵᠠᠷᠴᠢᠮ ᠶᠣᠰᠣᠭᠠᠷ ᠲᠣᠭᠳᠠᠭᠠᠨ᠎ᠠ᠃ | ᠨᠢᠭᠡ ᠲᠠᠯ᠎ᠠ ᠶᠢᠨ ᠲᠣᠬᠠᠢ ᠶᠢᠨ ᠭᠦᠮᠦᠨ ᠤ ᠤᠰᠤᠯ ᠠᠴᠠ ᠪᠣᠶᠣ ᠪᠣᠳᠠᠰ ᠤᠨ ᠬᠠᠷᠢᠶᠠᠯᠠᠯ ᠢ ᠲᠣᠭᠳᠠᠭᠠᠭᠰᠠᠨ ᠠᠴᠠ | ᠪᠣᠯᠵᠦ ᠨᠦᠭᠦᠭᠡ ᠲᠠᠯ᠎ᠠ ᠶᠢᠨ ᠲᠣᠬᠠᠢ ᠶᠢᠨ ᠭᠦᠮᠦᠨ ᠳᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠲᠦᠯᠦᠪᠦᠷᠢ ᠪᠣᠶᠣ | ᠨᠦᠭᠦᠪᠦᠷᠢ ᠦᠭᠭᠦ ᠭᠡᠷᠡᠭᠳᠡᠢ᠃ | ᠭᠤᠷᠪᠠᠳᠤᠭᠠᠷ ᠬᠤᠪᠢᠶᠠᠷᠢ ᠠᠩᠬᠢ ᠠᠰᠢᠭ ᠤᠯᠬᠤ ᠪᠤᠳᠠᠰ ᠤᠨ ᠡᠷᠬᠡ | ᠠᠷᠪᠠᠳᠤᠭᠠᠷ ᠪᠦᠯᠦᠭ ᠡᠩ ᠤᠨ ᠲᠤᠭᠳᠠᠭᠠᠯ | ᠭᠤᠷᠪᠠᠨ ᠵᠠᠭᠤ ᠬᠤᠷᠢᠨ ᠭᠤᠷᠪᠠᠳᠤᠭᠠᠷ ᠵᠦᠢᠯ ᠠᠰᠢᠭ ᠤᠯᠬᠤ ᠪᠤᠳᠠᠰ ᠤᠨ ᠡᠷᠬᠡᠳᠦ ᠬᠦᠮᠦᠨ ᠪᠤᠰᠤᠳ ᠤᠨ | ᠦᠮᠴᠢᠯᠡᠵᠦ ᠪᠠᠶᠢᠭ᠎ᠠ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠡᠵᠡᠮᠰᠢᠬᠦ᠂ ᠬᠡᠷᠡᠭᠯᠡᠬᠦ ᠪᠠ | ᠲᠡᠬᠦᠨ ᠠᠴᠠ ᠠᠰᠢᠭ ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠠ᠃ | ᠭᠤᠷᠪᠠᠨ ᠵᠠᠭᠤ ᠬᠤᠷᠢᠨ ᠲᠦᠷᠪᠡᠳᠦᠭᠡᠷ ᠵᠦᠢᠯ ᠤᠯᠤᠰ ᠤᠨ ᠦᠮᠴᠢᠯᠡᠯ ᠤᠨ ᠪᠤᠶᠤ ᠤᠯᠤᠰ ᠠᠴᠠ ᠦᠮᠴᠢᠯᠡᠵᠤ | ᠬᠠᠮᠳᠤ ᠨᠠᠶᠢᠳᠠ ᠠᠴᠠ ᠬᠡᠷᠡᠭᠯᠡᠵᠦ ᠪᠠᠶᠢᠭ᠎ᠠ ᠵᠢᠴᠢ ᠬᠠᠤᠯᠢ ᠴᠠᠭᠠᠵᠠ ᠳᠤ ᠬᠠᠮᠳᠤ ᠶᠢᠨ ᠦᠮᠴᠢᠯᠡᠯ ᠳᠤ | ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠵᠣᠭᠢᠶᠠᠨ ᠪᠠᠶᠢᠭᠤᠯᠣᠯᠳᠠ᠂ ᠬᠤᠪᠢ | ᠬᠦᠮᠦᠨ ᠬᠠᠤᠯᠢ ᠶᠤᠰᠤᠭᠠᠷ ᠡᠵᠡᠮᠰᠢᠵᠦ᠂ ᠬᠡᠷᠡᠭᠯᠡᠬᠦ ᠪᠠ ᠲᠡᠬᠦᠨ ᠠᠴᠠ ᠠᠰᠢᠭ ᠤᠯᠵᠤ ᠪᠤᠯᠤᠨ᠎ᠠ᠃ | ᠭᠤᠷᠪᠠᠨ ᠵᠠᠭᠤ ᠬᠤᠷᠢᠨ ᠲᠠᠪᠣᠳᠣᠭᠠᠷ ᠵᠦᠢᠯ ᠤᠯᠤᠰ ᠠᠴᠠ ᠪᠠᠶᠢᠭᠠᠯᠢ ᠶᠢᠨ ᠡᠬᠢ ᠪᠠᠶᠠᠯᠢᠭ ᠢ ᠲᠦᠯᠦᠪᠦᠷᠢ ᠲᠠᠢ ᠪᠠᠷ | ᠬᠡᠷᠡᠭᠯᠡᠬᠦ ᠲᠦᠷᠢᠮ ᠢ ᠬᠡᠷᠡᠭᠵᠢᠬᠦᠯᠤᠨ᠎ᠠ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ | ᠪᠠᠭᠳᠠᠬᠤ ᠦᠭᠡᠢ᠃ | ᠭᠤᠷᠪᠠᠨ ᠵᠠᠭᠤ ᠬᠤᠷᠢᠨ ᠵᠢᠷᠭᠤᠳᠣᠭᠠᠷ ᠵᠦᠢᠯ ᠠᠰᠢᠭ ᠤᠯᠬᠤ ᠪᠤᠳᠠᠰ ᠤᠨ ᠡᠷᠭᠡᠳᠤ ᠬᠦᠮᠦᠨ ᠡᠷᠬᠡ ᠪᠠᠨ | ᠬᠡᠷᠡᠭᠯᠡᠬᠦ ᠳᠡᠭᠡᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠡᠢ ᠪᠠᠷ ᠨᠡᠭᠡᠭᠡᠨ ᠠᠰᠢᠬᠯᠠᠬᠤ᠂ ᠠᠮᠢ ᠠᠬᠤᠢ ᠶᠢᠨ | ᠤᠷᠴᠢᠨ ᠨᠦᠬᠦᠴᠡᠯ ᠢ ᠬᠠᠮᠠᠭᠠᠯᠠᠬᠤ ᠲᠤᠬᠠᠢ ᠬᠠᠤᠯᠢ ᠴᠠᠭᠠᠵᠠ ᠶᠢᠨ ᠲᠤᠭᠳᠠᠭᠠᠯ ᠢ ᠵᠢᠷᠤᠮᠯᠠᠬᠤ ᠬᠡᠷᠡᠭᠳᠡᠢ᠃ | ᠦᠮᠴᠢᠯᠡᠯ ᠤᠨ ᠡᠷᠬᠡᠳᠦ ᠬᠦᠮᠦᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠤ ᠡᠷᠬᠡ ᠪᠠᠨ ᠬᠡᠷᠡᠭᠯᠡᠬᠦ ᠳᠤ ᠭᠠᠷ | ᠲᠦᠷᠦᠵᠦ ᠪᠤᠯᠬᠤ ᠦᠭᠡᠢ᠃ | ᠭᠤᠷᠪᠠᠨ ᠵᠠᠭᠤ ᠬᠤᠷᠢᠨ ᠲᠣᠯᠣᠳᠣᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ | ᠲᠠᠳᠠᠪᠤᠷᠢᠯᠠᠭᠳᠠᠭᠰᠠᠨ᠂ ᠲᠠᠳᠠᠪᠤᠷᠢᠯᠠᠭᠳᠠᠨ ᠬᠡᠷᠡᠭᠯᠡᠭᠳᠡᠭᠰᠡᠨ ᠠᠴᠠ ᠪᠤᠯᠵᠤ ᠠᠰᠢᠭ ᠤᠯᠬᠤ ᠪᠤᠳᠠᠰ ᠤᠨ ᠡᠷᠬᠡ ᠨᠢ | ᠤᠰᠠᠳᠤᠭᠰᠠᠨ ᠪᠤᠶᠤ ᠠᠰᠢᠭ ᠤᠯᠬᠤ ᠪᠤᠳᠠᠰ ᠤᠨ ᠡᠷᠬᠡ ᠪᠠᠨ ᠬᠡᠷᠡᠭᠯᠡᠬᠦ ᠨᠢ ᠨᠦᠯᠦᠭᠡᠯᠡᠭᠳᠡᠭᠰᠡᠨ ᠪᠠᠶᠢᠪᠠᠯ᠂ ᠠᠰᠢᠭ | ᠤᠯᠬᠤ ᠪᠤᠳᠠᠰ ᠤᠨ ᠡᠷᠬᠡᠲᠦ ᠬᠦᠮᠥᠨ ᠲᠤᠰ ᠬᠠᠤᠯᠢ ᠶᠢᠨ ᠬᠤᠶᠠᠷ ᠵᠠᠭᠤ ᠲᠦᠴᠢᠨ ᠭᠤᠷᠪᠠᠳᠤᠭᠠᠷ ᠵᠦᠢᠯ᠂ ᠬᠤᠶᠠᠷ | ᠵᠠᠭᠤ ᠲᠦᠴᠢᠨ ᠲᠠᠪᠣᠳᠣᠭᠠᠷ ᠵᠦᠢᠯ ᠤᠨ ᠲᠤᠭᠳᠠᠭᠠᠯ ᠶᠤᠰᠤᠭᠠᠷ ᠵᠤᠬᠢᠴᠠᠩᠭᠤᠢ ᠨᠦᠬᠦᠪᠦᠷᠢ ᠤᠯᠬᠤ ᠡᠷᠬᠡ ᠲᠠᠢ᠃ | ᠭᠤᠷᠪᠠᠨ ᠵᠠᠭᠤ ᠬᠤᠷᠢᠨ ᠨᠠᠢᠮᠠᠳᠣᠭᠠᠷ ᠵᠦᠢᠯ ᠬᠠᠤᠯᠢ ᠶᠤᠰᠤᠭᠠᠷ ᠤᠯᠤᠭᠰᠠᠨ ᠲᠠᠯᠠᠢ ᠶᠢᠨ ᠤᠷᠤᠨ ᠢ ᠬᠡᠷᠡᠭᠯᠡᠬᠦ | ᠡᠷᠬᠡ ᠶᠢ ᠬᠠᠤᠯᠢ ᠪᠠᠷ ᠬᠠᠮᠠᠭᠠᠯᠠᠨ᠎ᠠ᠃ | ᠭᠤᠷᠪᠠᠨ ᠵᠠᠭᠤ ᠬᠤᠷᠢ ᠶᠢᠰᠦᠳᠦᠭᠡᠷ ᠵᠦᠢᠯ ᠬᠠᠤᠯᠢ ᠶᠤᠰᠤᠭᠠᠷ ᠤᠯᠤᠭᠰᠠᠨ ᠬᠦᠳᠡᠷ ᠬᠠᠶᠢᠬᠤ ᠡᠷᠬᠡ᠂ ᠠᠭᠤᠷᠬᠠᠢ | ᠮᠠᠯᠳᠠᠬᠤ ᠡᠷᠬᠡ᠂ ᠤᠰᠤ ᠠᠪᠬᠤ ᠡᠷᠬᠡ ᠪᠤᠯᠤᠨ ᠤᠰᠤᠨ ᠤᠷᠤᠨ᠂ ᠲᠠᠩ ᠰᠠᠶᠢᠷᠭᠠᠯ ᠢ ᠭᠡᠷᠡᠭᠯᠡᠨ ᠲᠡᠵᠢᠭᠡᠨ | ᠦᠷᠡᠵᠢᠬᠦᠯᠬᠦ ᠪᠠ ᠠᠩᠨᠠᠵᠤ ᠰᠢᠬᠦᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠃ | ᠠᠷᠪᠠᠨ ᠨᠢᠭᠡᠳᠦᠭᠡᠷ ᠪᠦᠯᠦᠭ ᠭᠠᠵᠠᠷ ᠰᠢᠷᠦᠢ ᠶᠢ ᠲᠠᠭᠠᠭᠠᠴᠢᠯᠠᠨ ᠡᠵᠨᠩᠨᠡᠬᠦ ᠡᠷᠬᠡ | ᠭᠤᠷᠪᠠᠨ ᠵᠠᠭᠤ ᠭᠤᠴᠢᠳᠣᠭᠠᠷ ᠵᠦᠢᠯ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠳᠤ ᠭᠡᠷ ᠪᠦᠯᠢ ᠳᠤ ᠲᠠᠭᠠᠭᠠᠴᠢᠯᠠᠭᠤᠯᠤᠨ ᠡᠵᠡᠩᠨᠡᠬᠦᠯᠬᠦ ᠪᠠᠷ ᠰᠠᠭᠤᠷᠢ ᠪᠤᠯᠭᠠᠵᠤ᠂ ᠨᠢᠭᠡᠲᠦᠯᠲᠡᠢ | ᠡᠵᠡᠩᠨᠡᠭᠦ ᠪᠠ ᠲᠠᠷᠠᠬᠠᠢ ᠡᠵᠡᠩᠨᠡᠭᠦ ᠶᠢ ᠤᠶᠠᠯᠳᠤᠭᠤᠯᠤᠭᠰᠠᠨ ᠲᠠᠪᠬᠤᠷ ᠡᠵᠡᠩᠨᠡᠯᠳᠡ ᠶᠢᠨ ᠪᠠᠶᠢᠭᠤᠯᠤᠯ ᠢ | ᠬᠡᠷᠡᠭᠵᠢᠬᠦᠯᠦᠨ᠎ᠡ᠃ | ᠲᠠᠷᠢᠶᠠᠴᠢᠳ ᠤᠨ ᠬᠠᠮᠳᠤ ᠶᠢᠨ ᠦᠮᠴᠢᠯᠡᠯ ᠤᠨ ᠪᠠ ᠤᠯᠤᠰ ᠠᠴᠠ ᠦᠮᠴᠢᠯᠡᠵᠦ ᠲᠠᠷᠢᠶᠠᠴᠢᠳ ᠤᠨ ᠬᠠᠮᠳᠤ | ᠨᠡᠶᠢᠲᠡ ᠠᠴᠠ ᠬᠡᠷᠡᠭᠯᠡᠵᠤ ᠪᠠᠶᠢᠭ᠎ᠠ ᠲᠠᠷᠢᠶᠠᠨ ᠭᠠᠵᠠᠷ᠂ ᠦᠢᠳᠦ ᠭᠠᠵᠠᠷ᠂ ᠡᠪᠡᠰᠦᠳᠦ ᠭᠠᠵᠠᠷ ᠵᠢᠴᠢ ᠲᠠᠷᠢᠶᠠᠯᠠᠩ ᠳᠤ | ᠬᠡᠷᠡᠭᠯᠡᠬᠦ ᠪᠤᠰᠤᠳ ᠭᠠᠵᠠᠷ ᠰᠢᠷᠤᠢ ᠳᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠲᠦᠷᠢᠮ ᠢ ᠬᠠᠤᠯᠢ ᠶᠤᠰᠤᠭᠠᠷ | ᠬᠡᠷᠡᠭᠵᠢᠬᠦᠯᠦᠨ᠎ᠡ᠃ | ᠭᠤᠷᠪᠠᠨ ᠵᠠᠭᠤ ᠭᠤᠴᠢᠨ ᠨᠢᠭᠡᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ | ᠲᠠᠭᠠᠭᠠᠴᠢᠯᠠᠨ ᠡᠵᠡᠩᠨᠡᠭᠰᠡᠨ ᠲᠠᠷᠢᠶᠠᠨ ᠭᠠᠵᠠᠷ᠂ ᠦᠢᠳᠦ ᠭᠠᠵᠠᠷ᠂ ᠡᠪᠡᠰᠦᠳᠦ ᠭᠠᠵᠠᠷ ᠵᠡᠷᠭᠡ ᠳᠡᠭᠡᠨ ᠬᠠᠤᠯᠢ | ᠶᠤᠰᠤᠭᠠᠷ ᠡᠵᠡᠮᠰᠢᠬᠦ᠂ ᠭᠡᠷᠡᠭᠯᠡᠬᠦ ᠪᠠ ᠲᠡᠬᠦᠨ ᠠᠴᠠ ᠠᠰᠢᠭ ᠤᠯᠬᠤ ᠡᠷᠬᠡ ᠶᠢ ᠡᠳ᠋ᠯᠡᠨ᠎ᠠ᠂ ᠲᠠᠷᠢᠮᠠᠯ ᠤᠨ ᠦᠢᠯᠡᠰ᠂ | ᠤᠢ ᠰᠢᠭᠤᠢ᠂ ᠮᠠᠯ ᠠᠵᠤ ᠠᠬᠤᠢ ᠵᠡᠷᠬᠡ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠢ ᠡᠷᠬᠢᠯᠡᠬᠦ ᠡᠷᠬᠡ ᠲᠠᠢ᠃ | ᠭᠤᠷᠪᠠᠨ ᠵᠠᠭᠤ ᠭᠤᠴᠢᠨ ᠬᠤᠶᠠᠳᠣᠭᠠᠷ ᠵᠦᠢᠯ ᠲᠠᠷᠢᠶᠠᠨ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ | ᠭᠤᠴᠢᠨ ᠵᠢᠯ᠃ ᠡᠪᠡᠰᠦᠳᠦ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠭᠤᠴᠢᠨ ᠵᠢᠯ ᠠᠴᠠ ᠲᠠᠪᠢᠨ ᠵᠢᠯ᠃ | ᠦᠢᠳᠦ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠭᠤᠴᠢᠨ ᠵᠢᠯ ᠠᠴᠠ ᠲᠠᠯᠠᠨ ᠵᠢᠯ᠃ | ᠡᠮᠦᠨᠡᠬᠢ ᠪᠠᠳᠠᠭ ᠲᠤ ᠲᠤᠭᠳᠠᠭᠠᠭᠰᠠᠨ ᠲᠠᠭᠠᠭᠠᠴᠢᠯᠠᠯᠳᠠ ᠶᠢᠨ ᠬᠤᠭᠤᠴᠠᠭ᠎ᠠ ᠲᠦᠬᠦᠷᠪᠡᠯ᠂ ᠭᠠᠵᠠᠷ ᠰᠢᠷᠦᠢ ᠶᠢ | ᠲᠠᠭᠠᠭᠠᠴᠢᠯᠠᠨ ᠡᠵᠡᠩᠨᠡᠬᠦ ᠡᠷᠭᠡᠳᠦ ᠬᠦᠮᠦᠨ ᠭᠦᠳᠡᠭᠡ ᠲᠣᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ | ᠲᠣᠬᠠᠢ ᠬᠠᠣᠯᠢ ᠴᠠᠭᠠᠵᠠ ᠶᠢᠨ ᠲᠣᠭᠳᠠᠭᠠᠯ ᠶᠤᠰᠤᠭᠠᠷ ᠦᠷᠬᠦᠯᠵᠢᠯᠡᠨ ᠲᠠᠭᠠᠭᠠᠴᠢᠯᠠᠨ᠎ᠠ᠃ | ᠭᠤᠷᠪᠠᠨ ᠵᠠᠭᠤ ᠭᠤᠴᠢᠨ ᠭᠤᠷᠪᠠᠳᠣᠭᠠᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠨᠢ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠶᠢᠨ ᠭᠡᠷ᠎ᠡ ᠬᠦᠴᠦᠨ ᠲᠠᠢ ᠪᠤᠯᠬᠤ ᠴᠠᠭ ᠠᠴᠠ ᠲᠤᠬᠳᠠᠭᠠᠭᠳᠠᠨ᠎ᠠ᠃ | ᠲᠠᠩᠰᠠᠯᠠᠬᠤ ᠪᠠᠶᠢᠭᠤᠯᠣᠮᠵᠢ ᠠᠴᠠ ᠭᠠᠵᠠᠷ ᠰᠢᠷᠦᠢ ᠶᠢ ᠲᠠᠭᠠᠭᠠᠴᠢᠯᠡᠨ ᠡᠵᠡᠩᠨᠡᠬᠦ ᠡᠷᠭᠡᠳᠦ ᠬᠦᠮᠦᠨ ᠳᠤ ᠭᠠᠵᠠᠷ | ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠠᠯ᠂ ᠤᠢ ᠮᠤᠳᠤᠨ ᠤ ᠡᠷᠬᠡ ᠶᠢᠨ ᠦᠨᠡᠮᠯᠡᠯ ᠵᠡᠷᠭᠡ | ᠦᠨᠡᠮᠯᠡᠯ ᠢ ᠤᠯᠭᠤᠬᠤ ᠶᠢᠨ ᠬᠠᠮᠳᠤ ᠲᠠᠩᠰᠠᠯᠠᠨ ᠲᠡᠪᠳᠡᠷᠯᠡᠵᠤ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ | ᠡᠷᠬᠡ ᠶᠢ ᠨᠢ ᠨᠤᠳᠠᠯᠠᠬᠤ ᠬᠡᠷᠡᠭᠳᠡᠢ᠃ | ᠭᠤᠷᠪᠠᠨ ᠵᠠᠭᠤ ᠭᠤᠴᠢᠨ ᠲᠦᠷᠪᠡᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ | ᠬᠠᠣᠯᠢ ᠴᠠᠭᠠᠵᠠ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠪᠠᠨ ᠰᠣᠯᠢᠯᠴᠠᠬᠤ | ᠂ ᠰᠢᠯᠵᠢᠭᠦᠯᠦᠨ ᠦᠭᠭᠦ ᠡᠷᠬᠡ ᠲᠠᠢ᠃ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠦᠭᠡᠢ ᠪᠤᠯ ᠲᠠᠭᠠᠭᠠᠴᠢᠯᠠᠭᠰᠠᠨ | ᠭᠠᠵᠠᠷ ᠢᠶᠠᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠵᠦ ᠪᠤᠯᠬᠤ ᠦᠭᠡᠢ᠃ | ᠭᠤᠷᠪᠠᠨ ᠵᠠᠭᠤ ᠭᠤᠴᠢᠨ ᠲᠠᠪᠣᠳᠣᠭᠠᠷ ᠵᠦᠢᠯ ᠭᠠᠵᠠᠷ ᠰᠢᠷᠦᠢ ᠶᠢ ᠲᠠᠭᠠᠭᠠᠴᠢᠯᠠᠠ ᠡᠵᠡᠩᠨᠡᠬᠦ ᠡᠷᠬᠡ ᠪᠠᠨ | ᠰᠤᠯᠢᠯᠴᠠᠭᠰᠠᠨ᠂ ᠰᠢᠯᠵᠢᠬᠦᠯᠦᠨ ᠦᠭᠬᠦᠭᠰᠡᠨ ᠪᠠᠶᠢᠪᠠᠯ᠂ ᠲᠤᠬᠠᠢ ᠶᠢᠨ ᠬᠦᠮᠦᠨ ᠨᠢ ᠲᠠᠩᠰᠠᠯᠠᠬᠤ ᠪᠠᠶᠢᠭᠤᠯᠣᠮᠵᠢ ᠳᠤ | ᠲᠠᠩᠰᠠᠯᠠᠭᠤᠯᠬᠤ ᠪᠠᠷ ᠭᠤᠶᠣᠴᠢᠯᠠᠵᠦ ᠪᠣᠯᠣᠨ᠎ᠠ︔ ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ | ᠭᠤᠷᠪᠠᠳᠠᠬᠢ ᠬᠦᠮᠦᠨ ᠲᠠᠢ ᠡᠰᠡᠷᠬᠦᠴᠡᠯᠳᠦᠵᠦ ᠪᠤᠯᠬᠤ ᠦᠭᠡᠢ᠃ | ᠭᠤᠷᠪᠠᠨ ᠵᠠᠭᠤ ᠭᠤᠴᠢᠨ ᠵᠢᠷᠭᠤᠳᠣᠭᠠᠷ ᠵᠦᠢᠯ ᠲᠠᠭᠠᠭᠠᠴᠢᠯᠠᠯᠲᠠ ᠶᠢᠨ ᠬᠤᠭᠤᠴᠠᠭᠠᠨ ᠲᠤᠳᠤᠷ᠎ᠠ | ᠲᠠᠭᠠᠭᠠᠴᠢᠯᠠᠭᠤᠯᠤᠭᠴᠢ ᠨᠢ ᠲᠠᠭᠠᠭᠠᠴᠢᠯᠠᠭᠤᠯᠤᠭᠰᠠᠨ ᠭᠠᠵᠠᠷ ᠢ ᠲᠤᠬᠢᠷᠠᠭᠤᠯᠵᠤ ᠪᠤᠯᠬᠤ ᠦᠭᠡᠢ᠃ | ᠪᠠᠶᠢᠭᠠᠯᠢ ᠶᠢᠨ ᠭᠠᠮᠰᠢᠭ ᠠᠴᠠ ᠪᠤᠯᠵᠤ ᠳᠠᠭᠠᠭᠠᠴᠢᠯᠠᠭᠤᠯᠤᠭᠰᠠᠨ ᠭᠠᠵᠠᠷ ᠬᠦᠨᠳᠦ ᠨᠤᠴᠢᠳᠠᠢ ᠡᠪᠳᠡᠭᠳᠡᠭᠰᠡᠨ ᠵᠡᠷᠭᠡ | ᠤᠨᠴᠠᠭᠠᠢ ᠪᠠᠶᠢᠳᠠᠯ ᠤᠨ ᠬᠠᠷᠠᠭ᠎ᠠ ᠪᠠᠷ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠪᠠ ᠡᠪᠡᠰᠦᠳᠦ ᠭᠠᠵᠠᠷ ᠢ | ᠵᠤᠬᠢᠰᠲᠠᠢ ᠲᠤᠬᠢᠷᠠᠭᠤᠯᠬᠤ ᠴᠢᠬᠤᠯᠠᠳᠠᠢ ᠪᠠᠶᠢᠪᠠᠯ᠂ ᠬᠦᠳᠡᠭᠡ ᠲᠤᠰᠬᠤᠨ ᠤ ᠭᠠᠵᠠᠷ ᠰᠢᠷᠦᠢ ᠶᠢᠨ | ᠲᠠᠭᠠᠭᠠᠴᠢᠯᠠᠯᠳᠡ ᠶᠢᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠳᠭᠡᠬᠦ ᠬᠡᠷᠡᠭᠳᠡᠢ᠃ | ᠭᠤᠷᠪᠠᠨ ᠵᠠᠭᠤ ᠭᠤᠴᠢᠨ ᠲᠣᠯᠣᠳᠣᠭᠠᠷ ᠵᠦᠢᠯ ᠲᠠᠭᠠᠭᠠᠴᠢᠯᠠᠯᠲᠠ ᠶᠢᠨ ᠬᠤᠭᠤᠴᠠᠭᠠᠨ ᠲᠤᠲᠤᠷ᠎ᠠ | ᠲᠠᠭᠠᠭᠠᠴᠢᠯᠠᠭᠤᠯᠤᠭᠴᠢ ᠨᠢ ᠲᠠᠭᠠᠭᠠᠴᠢᠯᠠᠭᠤᠯᠤᠭᠰᠠᠨ ᠭᠠᠵᠠᠷ ᠢ ᠬᠤᠷᠢᠶᠠᠨ ᠠᠪᠴᠤ ᠪᠤᠯᠬᠤ ᠦᠭᠡᠢ᠃ ᠬᠠᠤᠯᠢ | ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃ | ᠭᠤᠷᠪᠠᠨ ᠵᠠᠭᠤ ᠭᠤᠴᠢᠨ ᠨᠠᠢᠮᠠᠳᠣᠭᠠᠷ ᠵᠦᠢᠯ ᠲᠠᠭᠠᠭᠠᠴᠢᠯᠠᠭᠤᠯᠤᠭᠰᠠᠨ ᠭᠠᠵᠠᠷ ᠲᠠᠳᠠᠪᠤᠷᠢᠯᠠᠭᠳᠠᠭᠰᠠᠨ ᠪᠠᠶᠢᠪᠠᠯ᠂ | ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ ᠲᠤᠰ ᠬᠠᠤᠯᠢ ᠶᠢᠨ ᠬᠤᠶᠠᠷ ᠵᠠᠭᠤ ᠲᠦᠴᠢᠨ | ᠭᠤᠷᠪᠠᠳᠤᠭᠠᠷ ᠵᠦᠢᠯ ᠤᠨ ᠲᠤᠭᠳᠠᠭᠠᠯ ᠶᠤᠰᠤᠭᠠᠷ ᠵᠤᠬᠢᠴᠠᠩᠭᠤᠢ ᠨᠦᠬᠦᠪᠤᠷᠢ ᠤᠯᠬᠤ ᠡᠷᠭᠡ ᠲᠠᠢ᠃ | ᠭᠤᠷᠪᠠᠨ ᠵᠠᠭᠤ ᠭᠤᠴᠢ ᠶᠢᠰᠦᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠦ ᠡᠷᠭᠡᠳᠦ ᠭᠦᠮᠦᠨ ᠬᠠᠣᠯᠢ | ᠶᠣᠰᠣᠭᠠᠷ ᠲᠦᠷᠢᠶᠡᠰᠦᠯᠡᠭᠦᠯᠭᠦ᠂ ᠬᠤᠪᠢ ᠣᠷᠣᠭᠤᠯᠬᠤ ᠪᠣᠶᠣ ᠪᠣᠰᠣᠳ ᠠᠷᠭ᠎ᠠ ᠮᠠᠶ᠋ᠢᠭ ᠢᠶᠠᠷ ᠭᠠᠵᠠᠷ ᠰᠢᠷᠦᠢ ᠶᠢ | ᠡᠵᠡᠩᠨᠡᠭᠦ ᠡᠷᠭᠡ ᠪᠠᠨ ᠪᠣᠰᠣᠳ ᠲᠤ ᠰᠢᠯᠵᠢᠭᠦᠯᠦᠨ ᠦᠭᠴᠦ ᠡᠷᠭᠢᠯᠳᠡ ᠳᠤ ᠣᠷᠣᠭᠤᠯᠬᠤ ᠶᠢ ᠥᠪᠡᠰᠥᠪᠡᠨ ᠡᠵᠡᠨ | ᠮᠡᠳᠡᠨ ᠲᠣᠭᠳᠠᠭᠠᠵᠦ ᠪᠣᠯᠣᠨ᠎ᠠ᠃ | ᠭᠤᠷᠪᠠᠨ ᠵᠠᠭᠤ ᠲᠦᠴᠢᠳᠦᠭᠡᠷ ᠵᠦᠢᠯ ᠭᠠᠵᠠᠷ ᠰᠢᠷᠦᠢ ᠶᠢ ᠡᠵᠡᠩᠨᠡᠭᠦ ᠡᠷᠭᠡᠳᠦ ᠭᠦᠮᠦᠨ ᠭᠡᠷ᠎ᠡ ᠳᠤ ᠪᠣᠯᠵᠣᠨ | ᠲᠣᠭᠳᠠᠭᠠᠭᠰᠠᠨ ᠬᠤᠭᠤᠴᠠᠭᠠᠨ ᠲᠣᠳᠣᠷ᠎ᠠ ᠭᠦᠳᠡᠭᠡ ᠲᠣᠰᠬᠤᠨ ᠤ ᠭᠠᠵᠠᠷ ᠰᠢᠷᠦᠢ ᠶᠢ ᠡᠵᠡᠯᠡᠵᠦ᠂ ᠥᠪᠡᠰᠥᠪᠡᠨ | ᠡᠵᠡᠨ ᠮᠡᠳᠡᠵᠦ ᠲᠡᠷᠢᠶᠡᠯᠡᠩ ᠤᠨ ᠤᠢᠢᠯᠡᠦᠡᠪᠦᠷᠢᠯᠡᠯ ᠡᠵᠡᠩᠨᠡᠯᠳᠠ ᠶᠢ ᠦᠷᠨᠢᠭᠦᠯᠭᠦ ᠶᠢᠨ ᠬᠠᠮᠳᠦ ᠲᠡᠭᠦᠨ ᠠᠴᠠ ᠠᠰᠢᠭ | ᠣᠯᠬᠤ ᠡᠷᠭᠡ ᠲᠠᠢ᠃ | ᠭᠤᠷᠪᠠᠨ ᠵᠠᠭᠤ ᠲᠦᠴᠢᠨ ᠨᠢᠭᠡᠳᠦᠭᠡᠷ ᠵᠦᠢᠯ ᠲᠠᠪᠣᠨ ᠵᠢᠯ ᠠᠴᠠ ᠲᠡᠭᠡᠭᠰᠢ ᠡᠷᠭᠢᠯᠳᠡ ᠶᠢᠨ ᠬᠤᠭᠤᠴᠠᠭ᠎ᠠ ᠲᠠᠢ ᠭᠠᠵᠠᠷ | ᠰᠢᠷᠦᠢ ᠶᠢ ᠡᠵᠡᠩᠨᠡᠬᠦ ᠡᠷᠭᠡ ᠨᠢ ᠡᠷᠭᠢᠯᠳᠡ ᠶᠢᠨ ᠭᠡᠷ᠎ᠡ ᠭᠦᠴᠦᠨ ᠲᠠᠢ ᠪᠣᠯᠬᠤ ᠦᠶ᠎ᠡ ᠳᠤ ᠲᠣᠭᠳᠠᠭᠠᠭᠳᠠᠨ᠎ᠠ᠃ | ᠲᠣᠬᠠᠢ ᠶᠢᠨ ᠭᠦᠮᠦᠨ ᠨᠢ ᠲᠠᠩᠰᠠᠯᠠᠬᠤ ᠪᠠᠶᠢᠭᠤᠯᠣᠮᠵᠢ ᠳᠤ ᠭᠠᠵᠠᠷ ᠰᠢᠷᠦᠢ ᠡᠵᠡᠩᠨᠡᠬᠦ ᠡᠷᠭᠡ ᠪᠠᠨ ᠲᠠᠩᠰᠠᠯᠠᠭᠤᠯᠬᠤ ᠪᠠᠷ | ᠭᠤᠶᠣᠴᠢᠯᠠᠵᠦ ᠪᠣᠯᠣᠨ᠎ᠠ︔ ᠲᠠᠩᠰᠠᠯᠠᠭᠤᠯᠣᠭᠰᠠᠨ ᠦᠭᠡᠢ ᠪᠠᠶᠢᠪᠠᠯ᠂ ᠰᠠᠶᠢᠨ ᠰᠠᠨᠠᠭᠠᠳᠦ ᠭᠤᠷᠪᠠᠳᠡᠭᠢ ᠭᠦᠮᠦᠨ ᠲᠠᠢ | ᠡᠰᠡᠷᠭᠦᠴᠡᠯᠳᠦᠵᠦ ᠪᠣᠯᠬᠤ ᠦᠭᠡᠢ᠃ | ᠭᠤᠷᠪᠠᠨ ᠵᠠᠭᠤ ᠲᠦᠴᠢᠨ ᠬᠤᠶᠠᠳᠣᠭᠠᠷ ᠵᠦᠢᠯ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ | ᠢᠯᠡ ᠪᠠᠷ ᠵᠦᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠬᠦᠳᠡᠭᠡ ᠲᠤᠰᠬᠤᠨ ᠤ ᠭᠠᠵᠠᠷ ᠰᠢᠷᠦᠢ ᠶᠢ ᠲᠠᠭᠠᠭᠠᠴᠢᠯᠠᠭᠠᠳ᠂ | ᠬᠠᠣᠯᠢ ᠶᠣᠰᠣᠭᠠᠷ ᠲᠠᠩᠰᠠᠯᠠᠭᠤᠯᠵᠦ ᠡᠷᠬᠡ ᠶᠢᠨ ᠬᠠᠷᠢᠶᠠᠯᠠᠯ ᠤᠨ ᠦᠨᠡᠮᠯᠡᠯ ᠣᠯᠣᠭᠰᠠᠨ ᠪᠠᠶᠢᠪᠠᠯ᠂ ᠬᠠᠣᠯᠢ ᠶᠣᠰᠣᠭᠠᠷ | ᠲᠦᠷᠢᠶᠡᠰᠦᠯᠡᠭᠦᠯᠭᠦ᠂ ᠬᠤᠪᠢ ᠣᠷᠣᠭᠤᠯᠬᠤ᠂ ᠪᠠᠷᠢᠴᠠᠭᠠᠯᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠭᠠᠵᠠᠷ | ᠰᠢᠷᠦᠢ ᠶᠢ ᠡᠵᠡᠩᠨᠡᠬᠦ ᠡᠷᠭᠡ ᠪᠠᠨ ᠡᠷᠭᠢᠯᠳᠡ ᠳᠤ ᠣᠷᠣᠭᠤᠯᠵᠦ ᠪᠤᠯᠤᠨ᠎ᠠ᠃ | ᠭᠤᠷᠪᠠᠨ ᠵᠠᠭᠤ ᠲᠦᠴᠢᠨ ᠭᠤᠷᠪᠠᠳᠣᠭᠠᠷ ᠵᠦᠢᠯ ᠤᠯᠤᠰ ᠤᠨ ᠦᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠲᠤ | ᠲᠠᠭᠠᠭᠠᠴᠢᠯᠠᠨ ᠡᠵᠡᠩᠨᠡᠬᠦ ᠶᠢ ᠬᠡᠷᠡᠭᠵᠢᠬᠦᠯᠦᠭᠰᠡᠨ ᠪᠠᠶᠢᠪᠠᠯ᠂ ᠲᠤᠰ ᠠᠩᠭᠢ ᠶᠢᠨ ᠬᠤᠯᠪᠤᠭᠳᠠᠯ ᠪᠦᠬᠦᠢ ᠲᠤᠭᠳᠠᠭᠠᠯ ᠢ | ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠡ᠃ | ᠠᠷᠪᠠᠨ ᠬᠤᠶᠠᠳᠤᠭᠠᠷ ᠪᠦᠯᠦᠭ ᠪᠦᠳᠦᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ | ᠭᠤᠷᠪᠠᠨ ᠵᠠᠭᠤ ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡᠳᠦ ᠬᠦᠮᠦᠨ ᠤᠯᠤᠰ ᠤᠨ ᠦᠮᠴᠢᠯᠡᠯ ᠤᠨ ᠭᠠᠵᠠᠷ ᠰᠢᠷᠦᠢ ᠳᠤ ᠡᠵᠡᠮᠰᠢᠬᠦ᠂ ᠬᠡᠷᠡᠭᠯᠡᠬᠦ ᠪᠠ ᠲᠡᠬᠦᠨ ᠠᠴᠠ ᠠᠰᠢᠭ | ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠠ᠂ ᠲᠤᠰ ᠭᠠᠵᠠᠷ ᠢ ᠠᠰᠢᠬᠯᠠᠨ ᠪᠠᠷᠢᠯᠭ᠎ᠠ᠂ ᠪᠠᠶᠢᠭᠤᠯᠪᠤᠷᠢ ᠵᠢᠴᠢ | ᠲᠡᠳᠡᠭᠡᠷ ᠤᠨ ᠲᠠᠭᠠᠯᠳᠠ ᠲᠦᠬᠦᠭᠡᠷᠦᠮᠵᠢ ᠶᠢ ᠪᠠᠶᠢᠭᠤᠯᠬᠤ ᠡᠷᠬᠡ ᠲᠠᠢ᠃ | ᠭᠤᠷᠪᠠᠨ ᠵᠠᠭᠤ ᠲᠦᠴᠢᠨ ᠲᠠᠪᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠭᠠᠵᠠᠷ ᠰᠢᠷᠦᠢ ᠶᠢᠨ ᠭᠠᠵᠠᠷ ᠤᠨ ᠭᠠᠳᠠᠷᠭᠤ᠂ ᠭᠠᠵᠠᠷ ᠤᠨ ᠲᠡᠭᠡᠷ᠎ᠡ ᠪᠤᠶᠤ ᠭᠠᠵᠠᠷ ᠤᠨ ᠲᠤᠤᠷ᠎ᠡ ᠲᠤᠰ ᠲᠤᠰ | ᠲᠤᠭᠳᠠᠭᠠᠵᠤ ᠪᠤᠯᠤᠨ᠎ᠠ᠃ | ᠭᠤᠷᠪᠠᠨ ᠵᠠᠭᠤ ᠲᠦᠴᠢᠨ ᠵᠢᠷᠭᠤᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠣᠭᠳᠠᠭᠠᠬᠤ ᠳᠤ᠂ ᠡᠭᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠬᠤ | ᠱᠠᠭᠠᠷᠳᠠᠯᠭ᠎ᠠ ᠳᠤ ᠨᠠᠶᠢᠴᠡᠭᠦᠯᠵᠦ᠂ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ ᠳᠠᠬᠢ ᠭᠠᠵᠠᠷ | ᠰᠢᠷᠦᠢ ᠶᠢᠨ ᠭᠡᠷᠡᠭᠯᠡᠯᠳᠡ ᠶᠢᠨ ᠲᠣᠬᠠᠢ ᠲᠣᠭᠳᠠᠭᠠᠯ ᠢ ᠵᠢᠷᠣᠮᠯᠠᠬᠤ ᠭᠡᠷᠡᠭᠳᠡᠢ᠂ ᠨᠢᠭᠡᠨᠳᠡ ᠲᠤᠭᠳᠠᠭᠠᠭᠰᠠᠨ ᠠᠰᠢᠭ | ᠤᠯᠬᠤ ᠪᠣᠳᠠᠰ ᠤᠨ ᠡᠷᠬᠡ ᠶᠢ ᠬᠤᠬᠢᠷᠠᠭᠤᠯᠵᠤ ᠪᠤᠯᠬᠤ ᠦᠭᠡᠢ᠃ | ᠭᠤᠷᠪᠠᠨ ᠵᠠᠭᠤ ᠲᠦᠴᠢᠨ ᠲᠤᠯᠤᠳᠤᠭᠠᠷ ᠵᠦᠢᠯ ᠪᠦᠳᠦᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠤᠭᠳᠠᠭᠠᠬᠤ ᠳᠤ᠂ ᠰᠢᠯᠵᠢᠬᠦᠯᠤᠨ ᠬᠤᠳᠠᠯᠳᠤᠬᠤ ᠪᠤᠶᠤ ᠬᠤᠪᠢᠶᠠᠷᠢᠯᠠᠨ ᠦᠭᠬᠦ ᠵᠡᠷᠭᠡ ᠬᠡᠯᠪᠡᠷᠢ ᠶᠢ ᠠᠪᠴᠦ | ᠪᠤᠯᠤᠨ᠎ᠠ᠃ | ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ ᠪᠠ ᠲᠠᠸᠠᠷ ᠤᠨ ᠤᠷᠤᠨ ᠰᠠᠭᠤᠴᠠ ᠵᠡᠷᠭᠡ | ᠡᠵᠡᠩᠨᠡᠯᠳᠡ ᠶᠢᠨ ᠴᠢᠨᠠᠷᠳᠠᠢ ᠭᠡᠷᠡᠭᠯᠡᠬᠦ ᠭᠠᠵᠠᠷ ᠵᠢᠴᠢ ᠮᠦᠨ ᠨᠢᠭᠡ ᠭᠠᠵᠠᠷ ᠲᠤ ᠭᠠᠵᠠᠷ ᠭᠡᠷᠡᠭᠯᠡᠬᠦ ᠰᠠᠨᠠᠭ᠎ᠠ ᠲᠠᠢ | ᠬᠥᠮᠤᠨ ᠬᠤᠶᠠᠷ ᠠᠴᠠ ᠲᠡᠭᠡᠭᠰᠢ ᠪᠠᠶᠢᠪᠠᠯ᠂ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠵᠡᠷᠭᠡ | ᠢᠯᠡ ᠪᠠᠷ ᠦᠨ᠎ᠡ ᠦᠷᠢᠰᠦᠯᠳᠦᠬᠦᠯᠬᠦ ᠬᠡᠯᠪᠡᠷᠢ ᠪᠠᠷ ᠰᠢᠯᠵᠢᠬᠦᠯᠤᠨ ᠬᠤᠳᠠᠯᠳᠤᠬᠤ ᠬᠡᠷᠡᠭᠳᠡᠢ᠃ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠤᠪᠢᠶᠠᠷᠢᠯᠠᠨ ᠦᠭᠬᠦ ᠬᠡᠯᠪᠡᠷᠢ ᠪᠠᠷ | ᠲᠤᠭᠳᠠᠭᠠᠬᠤ ᠶᠢ ᠴᠢᠩᠭ᠎ᠠ ᠬᠢᠵᠠᠭᠠᠷᠯᠠᠨ᠎ᠠ᠃ | ᠭᠤᠷᠪᠠᠨ ᠵᠠᠭᠤ ᠲᠦᠴᠢᠨ ᠨᠠᠢᠮᠠᠳᠤᠭᠠᠷ ᠵᠦᠢᠯ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ | ᠭᠡᠯᠡᠯᠴᠡᠭᠡᠷ ᠲᠤᠬᠢᠷᠠᠬᠤ ᠵᠡᠷᠭᠡ ᠰᠢᠯᠵᠢᠬᠦᠯᠤᠨ ᠬᠤᠳᠠᠯᠳᠤᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠭᠳᠠᠭᠠᠬᠤ ᠳᠤ ᠬᠦᠷᠪᠡᠯ᠂ ᠲᠤᠬᠠᠢ ᠶᠢᠨ ᠬᠦᠮᠦᠨ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠤᠨ ᠬᠤᠳᠠᠯᠳᠤᠬᠤ ᠬᠡᠷ᠎ᠡ ᠶᠢ | ᠪᠢᠴᠢᠭ ᠤᠨ ᠬᠡᠯᠪᠡᠷᠢ ᠪᠠᠷ ᠲᠤᠭᠳᠠᠭᠠᠬᠤ ᠬᠡᠷᠡᠭᠳᠡᠢ᠃ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠤᠨ ᠬᠤᠳᠠᠯᠳᠤᠬᠤ ᠭᠡᠷ᠎ᠡ ᠳᠤ | ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄ | ︵ᠨᠢᠭᠡ︶ ᠲᠤᠬᠠᠢ ᠶᠢᠨ ᠬᠦᠮᠦᠨ ᠤ ᠨᠡᠷᠡᠶᠢᠳᠦᠯ ᠪᠠ ᠤᠷᠤᠨ ᠰᠠᠭᠤᠴᠠ︔ | ︵ᠬᠤᠶᠠᠷ︶ ᠭᠠᠵᠠᠷ ᠰᠢᠷᠦᠢ ᠶᠢᠨ ᠵᠠᠭᠠᠭ᠂ ᠲᠠᠯᠠᠪᠠᠢ ᠵᠡᠷᠭᠡ︔ | ︵ᠭᠤᠷᠪᠠ︶ ᠪᠠᠷᠢᠯᠭ᠎ᠠ᠂ ᠪᠠᠶᠢᠭᠤᠯᠪᠤᠷᠢ ᠵᠢᠴᠢ ᠲᠠᠭᠠᠯᠳᠠ ᠲᠦᠬᠦᠭᠡᠷᠦᠮᠵᠢ ᠶᠢᠨ ᠡᠵᠡᠯᠡᠨ ᠬᠡᠷᠡᠭᠯᠡᠭᠰᠡᠨ ᠤᠷᠤᠨ ᠵᠠᠢ︔ | ︵ᠲᠦᠷᠪᠡ︶ ᠭᠠᠵᠠᠷ ᠰᠢᠷᠦᠢ ᠶᠢᠨ ᠬᠡᠷᠡᠭᠯᠡᠯᠳᠡ᠂ ᠲᠦᠯᠦᠪᠵᠢᠭᠦᠯᠭᠡ ᠶᠢᠨ ᠨᠦᠭᠦᠴᠡᠯ︔ | ︵ᠲᠠᠪᠤ︶ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ︔ | ︵ᠵᠢᠷᠭᠤᠭ᠎ᠠ︶ ᠰᠢᠯᠵᠢᠬᠦᠯᠤᠨ ᠬᠤᠳᠠᠯᠳᠤᠬᠤ ᠮᠦᠩᠬᠦ ᠵᠡᠷᠭᠡ ᠵᠠᠷᠤᠳᠠᠯ ᠵᠢᠴᠢ ᠲᠡᠳᠡᠭᠡᠷ ᠢ ᠦᠭᠬᠦ ᠠᠷᠭ᠎ᠠ ᠮᠠᠶ᠋ᠢᠭ︔ | ︵ᠲᠤᠯᠤᠭ᠎ᠠ︶ ᠮᠠᠷᠭᠤᠭᠠᠨ ᠢ ᠰᠢᠢᠳᠪᠦᠷᠢᠯᠡᠬᠦ ᠠᠷᠭ᠎ᠠ᠃ | ᠭᠤᠷᠪᠠᠨ ᠵᠠᠭᠤ ᠲᠦᠴᠢ ᠶᠢᠰᠤᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠲᠤᠭᠳᠠᠭᠠᠬᠤ ᠳᠤ᠂ ᠲᠠᠩᠰᠠᠯᠠᠬᠤ ᠪᠠᠶᠢᠭᠤᠯᠤᠮᠵᠢ ᠳᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠲᠠᠩᠰᠠᠯᠠᠭᠤᠯᠬᠤ ᠪᠠᠷ ᠭᠤᠶᠤᠴᠢᠯᠠᠬᠤ ᠬᠡᠷᠡᠭᠳᠡᠢ᠃ ᠪᠦᠳᠤᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠭᠡ ᠨᠢ ᠲᠡᠩᠰᠠᠯᠠᠭᠤᠯᠤᠭᠰᠠᠨ ᠴᠠᠭ ᠠᠴᠠ ᠲᠤᠬᠳᠠᠭᠠᠭᠳᠠᠨ᠎ᠠ᠃ ᠲᠠᠩᠰᠠᠯᠠᠬᠤ ᠪᠠᠶᠢᠭᠤᠯᠤᠮᠵᠢ ᠨᠢ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠳᠤ ᠡᠷᠬᠡ ᠶᠢᠨ ᠬᠠᠷᠢᠶᠠᠯᠠᠯ ᠤᠨ ᠦᠨᠡᠮᠯᠡᠯ | ᠤᠯᠭᠤᠬᠤ ᠬᠡᠷᠡᠭᠳᠡᠢ᠃ | ᠭᠤᠷᠪᠠᠨ ᠵᠠᠭᠤ ᠲᠠᠪᠢᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ | ᠭᠠᠵᠠᠷ ᠰᠢᠷᠦᠢ ᠶᠢ ᠵᠦᠢ ᠵᠤᠬᠢᠰᠳᠠᠢ ᠬᠡᠷᠡᠭᠯᠡᠬᠦ ᠬᠡᠷᠡᠭᠳᠡᠢ᠂ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠤ | ᠪᠤᠯᠬᠤ ᠦᠭᠡᠢ︔ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠶᠤᠰᠤᠭᠠᠷ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠬᠡᠷᠡᠭᠳᠡᠢ᠃ | | ᠭᠤᠷᠪᠠᠨ ᠵᠠᠭᠤ ᠲᠠᠪᠢᠨ ᠨᠢᠭᠡᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ | ᠬᠦᠮᠦᠨ ᠬᠠᠤᠯᠢ ᠴᠠᠭᠠᠵᠠ ᠶᠢᠨ ᠲᠤᠭᠳᠠᠭᠠᠯ ᠵᠢᠴᠢ ᠭᠡᠷ᠎ᠡ ᠶᠢᠨ ᠪᠤᠯᠵᠤᠯ ᠶᠤᠰᠤᠭᠠᠷ ᠰᠢᠯᠵᠢᠬᠦᠯᠤᠨ ᠬᠤᠳᠠᠯᠳᠤᠬᠤ | ᠮᠦᠩᠭᠦ ᠵᠡᠷᠭᠡ ᠵᠠᠷᠤᠳᠠᠯ ᠢ ᠦᠭᠬᠦ ᠬᠡᠷᠡᠭᠳᠡᠢ᠃ | ᠭᠤᠷᠪᠠᠨ ᠵᠠᠭᠤ ᠲᠠᠪᠢᠨ ᠬᠤᠶᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ | ᠬᠦᠮᠦᠨ ᠤ ᠪᠠᠶᠢᠭᠤᠯᠤᠭᠰᠠᠨ ᠪᠠᠷᠢᠯᠭ᠎ᠠ᠂ ᠪᠠᠶᠢᠭᠤᠯᠪᠤᠷᠢ ᠵᠢᠴᠢ ᠲᠠᠭᠠᠯᠳᠠ ᠲᠦᠬᠦᠭᠡᠷᠦᠮᠵᠢ ᠶᠢᠨ ᠦᠮᠴᠢᠯᠡᠬᠦ ᠡᠷᠬᠡ ᠨᠢ | ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠳᠤ ᠬᠠᠷᠢᠶᠠᠯᠠᠭᠳᠠᠨ᠎ᠠ᠂ ᠬᠡᠪᠡᠴᠦ | ᠡᠰᠡᠷᠬᠦ ᠬᠡᠷᠡᠴᠢ ᠪᠠᠷᠢᠮᠳᠠ ᠪᠠᠷ ᠭᠡᠷᠡᠴᠢᠯᠡᠭᠰᠡᠨ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠲᠠᠪᠢᠨ ᠭᠤᠷᠪᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ | ᠬᠦᠮᠦᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠥᠨ ᠦᠭᠬᠦ᠂ ᠰᠤᠯᠢᠯᠴᠠᠬᠤ | ᠂ ᠪᠡᠯᠡ ᠭᠠᠷᠭᠠᠯᠲᠠ ᠪᠤᠯᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠡᠷᠬᠡ ᠲᠠᠢ᠂ ᠭᠡᠪᠡᠴᠦ ᠬᠠᠤᠯᠢ ᠴᠠᠭᠠᠵᠠ ᠳᠤ | ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠲᠠᠪᠢᠨ ᠲᠦᠷᠪᠡᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠰᠢᠯᠵᠢᠭᠦᠯᠥᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠳᠤ ᠬᠦᠷᠪᠡᠯ᠂ | ᠲᠤᠬᠠᠢ ᠶᠢᠨ ᠬᠦᠮᠦᠨ ᠪᠢᠴᠢᠭ ᠤᠨ ᠬᠡᠯᠪᠡᠷᠢ ᠪᠠᠷ ᠵᠤᠬᠢᠴᠠᠩᠭᠤᠢ ᠭᠡᠷ᠎ᠡ ᠲᠤᠭᠳᠠᠭᠠᠬᠤ ᠬᠡᠷᠡᠭᠳᠡᠢ᠃ ᠭᠡᠷᠡᠭᠯᠡᠬᠦ | ᠬᠤᠭᠤᠴᠠᠭ᠎ᠠ ᠶᠢ ᠲᠤᠬᠠᠢ ᠶᠢᠨ ᠬᠦᠮᠦᠰ ᠪᠤᠯᠵᠤᠨ ᠲᠤᠭᠳᠠᠭᠠᠨ᠎ᠠ᠂ ᠭᠡᠪᠡᠴᠦ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠬᠡᠷᠡᠭᠯᠡᠬᠦ ᠡᠷᠬᠡ ᠶᠢᠨ ᠦᠯᠡᠳᠡᠭᠰᠡᠨ ᠬᠤᠭᠤᠴᠠᠭ᠎ᠠ ᠠᠴᠠ ᠬᠡᠳᠦᠷᠡᠭᠦᠯᠵᠦ ᠪᠤᠯᠬᠤ ᠦᠭᠡᠢ᠃ | ᠭᠤᠷᠪᠠᠨ ᠵᠠᠭᠤ ᠲᠠᠪᠢᠨ ᠲᠠᠪᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠰᠢᠯᠵᠢᠬᠦᠯᠦᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ᠂ ᠲᠠᠩᠰᠠᠯᠠᠬᠤ | ᠪᠠᠶᠢᠭᠤᠯᠭ᠎ᠠ ᠳᠤ ᠲᠠᠩᠰᠠᠯᠠᠯᠳᠠ ᠶᠢ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠳᠡᠢ᠃ | ᠭᠤᠷᠪᠠᠨ ᠵᠠᠭᠤ ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠰᠢᠯᠵᠢᠬᠦᠯᠦᠨ ᠦᠭᠬᠦ᠂ ᠰᠤᠯᠢᠯᠴᠠᠬᠤ᠂ ᠪᠠᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ᠂ ᠲᠤᠰ ᠭᠠᠵᠠᠷ | ᠰᠢᠷᠤᠢ ᠲᠡᠭᠡᠷ᠎ᠠ ᠲᠠᠭᠠᠯᠳᠤᠵᠤ ᠪᠠᠶᠢᠭᠰᠠᠨ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠨᠢ | ᠬᠠᠮᠳᠤ ᠳᠤᠨᠢ ᠰᠢᠢᠳᠪᠦᠷᠢᠯᠡᠭᠳᠡᠨ᠎ᠡ᠃ | ᠭᠤᠷᠪᠠᠨ ᠵᠠᠭᠤ ᠲᠠᠪᠢᠨ ᠲᠤᠯᠤᠳᠤᠭᠠᠷ ᠵᠦᠢᠯ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ | ᠲᠦᠬᠦᠭᠡᠷᠦᠮᠵᠢ ᠶᠢ ᠰᠢᠯᠵᠢᠬᠦᠯᠦᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ | ᠂ ᠲᠤᠰ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢᠨ ᠡᠵᠡᠯᠡᠨ ᠬᠡᠷᠡᠭᠯᠡᠭᠰᠡᠨ | ᠬᠡᠪᠴᠢᠶᠡᠨ ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠨᠢ ᠬᠠᠮᠳᠤ ᠳᠤᠨᠢ | ᠰᠢᠢᠳᠪᠦᠷᠢᠯᠡᠭᠳᠡᠨᠠ᠃ | ᠭᠤᠷᠪᠠᠨ ᠵᠠᠭᠤ ᠲᠠᠪᠢᠨ ᠨᠠᠢᠮᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ | ᠬᠤᠭᠤᠴᠠᠭ᠎ᠠ ᠲᠦᠬᠦᠷᠬᠦ ᠠᠴᠠ ᠡᠮᠦᠨ᠎ᠠ᠂ ᠤᠯᠠᠨ ᠨᠠᠶᠢᠳᠠ ᠶᠢᠨ ᠠᠰᠢᠭ ᠲᠤᠰᠠ ᠶᠢᠨ ᠭᠡᠷᠡᠭᠴᠡᠭᠡ ᠠᠴᠠ ᠪᠤᠯᠵᠤ ᠲᠤᠰ | ᠭᠠᠵᠠᠷ ᠰᠢᠷᠦᠢ ᠶᠢ ᠤᠷᠢᠳᠴᠢᠯᠠᠨ ᠬᠤᠷᠢᠶᠠᠵᠤ ᠠᠪᠬᠤ ᠳᠤ ᠬᠦᠷᠪᠡᠯ᠂ ᠲᠤᠰ ᠬᠠᠤᠯᠢ ᠶᠢᠨ ᠬᠤᠶᠠᠷ ᠵᠠᠭᠤ ᠲᠦᠴᠢᠨ | ᠭᠤᠷᠪᠠᠳᠤᠭᠠᠷ ᠵᠦᠢᠯ ᠤᠨ ᠲᠤᠭᠳᠠᠭᠠᠯ ᠶᠤᠰᠤᠭᠠᠷ ᠲᠤᠰ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠵᠢᠴᠢ ᠪᠤᠰᠤᠳ | ᠦᠯᠦ ᠬᠦᠳᠡᠯᠬᠦ ᠬᠦᠷᠦᠩᠭᠡ ᠳᠤ ᠨᠦᠬᠦᠪᠦᠷᠢ ᠦᠭᠬᠦ ᠶᠢᠨ ᠬᠠᠮᠳᠤ ᠵᠤᠬᠢᠴᠠᠩᠭᠤᠢ ᠰᠢᠯᠵᠢᠬᠦᠯᠤᠨ ᠬᠤᠳᠠᠯᠳᠤᠭᠰᠠᠨ | ᠮᠦᠡᠭᠬᠦ ᠶᠢ ᠪᠤᠴᠠᠭᠠᠵᠤ ᠦᠭᠬᠦ ᠬᠡᠷᠡᠭᠳᠡᠢ᠃ | ᠭᠤᠷᠪᠠᠨ ᠵᠠᠭᠤ ᠲᠠᠪᠢ ᠶᠢᠰᠤᠳᠤᠭᠡᠷ ᠵᠦᠢᠯ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ ᠲᠦᠬᠦᠷᠪᠡᠯ᠂ ᠬᠤᠭᠤᠴᠠᠭ᠎ᠠ ᠨᠢ ᠠᠶᠠᠨᠳᠠᠭᠠᠨ ᠰᠤᠩᠭᠠᠭᠳᠠᠨᠠ᠃ | ᠬᠤᠭᠤᠴᠠᠭ᠎ᠠ ᠰᠣᠩᠭᠠᠬᠤ ᠵᠠᠷᠣᠳᠠᠯ ᠢ ᠲᠣᠰᠢᠶᠠᠬᠤ ᠪᠣᠶᠣ ᠭᠡᠯᠳᠦᠷᠢᠭᠦᠯᠭᠦ ᠶᠢ ᠬᠠᠣᠯᠢ ᠴᠠᠭᠠᠵᠠ᠂ ᠵᠠᠰᠠᠭ ᠵᠠᠭᠢᠷᠭᠠᠨ ᠤ | ᠬᠠᠣᠯᠢ ᠲᠣᠭᠳᠠᠭᠠᠯ ᠤᠨ ᠲᠣᠭᠳᠠᠭᠠᠯ ᠶᠣᠰᠣᠭᠠᠷ ᠭᠦᠢᠴᠡᠳᠭᠡᠨ᠎ᠡ᠃ | ᠤᠷᠤᠨ ᠰᠠᠭᠤᠴᠠ ᠶᠢᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ | ᠲᠦᠬᠦᠷᠥᠭᠰᠡᠨ ᠤ ᠲᠠᠷᠠᠭᠠᠬᠢ ᠬᠤᠭᠤᠴᠠᠭ᠎ᠠ ᠰᠤᠩᠭᠠᠬᠤ ᠶᠠᠪᠤᠳᠠᠯ ᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ | ᠬᠦᠢᠴᠡᠳᠭᠡᠨ᠎ᠡ᠃ ᠲᠤᠰ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠶᠢᠨ | ᠬᠠᠷᠢᠶᠠᠯᠠᠯ ᠢ ᠪᠤᠯ᠂ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠶᠠᠪᠤᠭᠤᠯᠤᠨ᠎ᠠ︔ ᠪᠤᠯᠵᠤᠯ ᠦᠭᠡᠢ ᠪᠤᠶᠤ | ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ | ᠲᠤᠭᠳᠠᠭᠠᠯ ᠶᠤᠰᠤᠭᠠᠷ ᠬᠦᠢᠴᠡᠳᠭᠡᠨ᠎ᠡ᠃ | ᠭᠤᠷᠪᠠᠨ ᠵᠠᠭᠤ ᠵᠢᠷᠠᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠤᠰᠠᠳᠪᠠᠯ᠂ | ᠰᠢᠯᠵᠢᠬᠦᠯᠤᠨ ᠦᠭᠬᠦᠭᠴᠢ ᠴᠠᠭ ᠲᠤᠬᠠᠢ ᠳᠤᠨᠢ ᠲᠠᠩᠰᠠᠯᠠᠯᠳᠠ ᠠᠴᠠ ᠬᠠᠰᠤᠭᠤᠯᠬᠤ ᠬᠡᠷᠡᠭᠳᠡᠢ᠃ ᠲᠠᠩᠰᠠᠯᠠᠬᠤ | ᠪᠠᠶᠢᠭᠤᠯᠤᠮᠵᠢ ᠡᠷᠬᠡ ᠶᠢᠨ ᠬᠠᠷᠢᠶᠠᠯᠠᠯ ᠤᠨ ᠦᠨᠡᠮᠯᠡᠯ ᠢ ᠨᠢ ᠬᠤᠷᠢᠶᠠᠵᠤ ᠠᠪᠬᠤ ᠬᠡᠷᠡᠭᠳᠡᠢ᠃ | ᠭᠤᠷᠪᠠᠨ ᠵᠠᠭᠤ ᠵᠢᠷᠠᠨ ᠨᠢᠭᠡᠳᠤᠭᠡᠷ ᠵᠦᠢᠯ ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠶᠢ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠳᠤ ᠬᠦᠷᠪᠡᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ | ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠳᠭᠡᠬᠦ ᠬᠡᠷᠡᠭᠳᠡᠢ᠃ | ᠠᠷᠪᠠᠨ ᠭᠤᠷᠪᠠᠳᠤᠭᠠᠷ ᠪᠦᠯᠦᠭ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ | ᠭᠤᠷᠪᠠᠨ ᠵᠠᠭᠤ ᠵᠢᠷᠠᠨ ᠬᠤᠶᠠᠳᠤᠭᠠᠷ ᠵᠦᠢᠯ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠳᠦ ᠬᠦᠮᠦᠨ | ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠳᠤ ᠡᠵᠡᠮᠰᠢᠬᠦ ᠪᠠ ᠬᠡᠷᠡᠭᠯᠡᠬᠦ ᠡᠷᠬᠡ ᠶᠢ ᠬᠠᠤᠯᠢ ᠶᠤᠰᠤᠭᠠᠷ ᠡᠳ᠋ᠯᠡᠨ᠎ᠠ᠂ | ᠬᠠᠤᠯᠢ ᠶᠤᠰᠤᠭᠠᠷ ᠲᠤᠰ ᠭᠠᠵᠠᠷ ᠰᠢᠷᠦᠢ ᠶᠢ ᠠᠰᠢᠬᠯᠠᠨ ᠤᠷᠤᠨ ᠰᠠᠭᠤᠴᠠ ᠵᠢᠴᠢ ᠲᠡᠬᠦᠨ ᠤ ᠲᠠᠭᠠᠯᠳᠠ | ᠲᠦᠬᠦᠭᠡᠷᠦᠮᠵᠢ ᠶᠢ ᠪᠠᠷᠢᠵᠦ ᠪᠠᠶᠢᠭᠤᠯᠬᠤ ᠡᠷᠬᠡ ᠲᠠᠢ᠃ | ᠭᠤᠷᠪᠠᠨ ᠵᠠᠭᠤ ᠵᠢᠷᠠᠨ ᠭᠤᠷᠪᠠᠳᠤᠭᠠᠷ ᠵᠦᠢᠯ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠤᠯᠬᠤ᠂ | ᠬᠡᠷᠡᠭᠯᠡᠬᠦ ᠪᠠ ᠰᠢᠯᠵᠢᠬᠦᠯᠦᠨ ᠦᠭᠬᠦ ᠳᠤ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠪᠠ ᠤᠯᠤᠰ ᠤᠨ | ᠬᠤᠯᠪᠤᠭᠳᠠᠯ ᠪᠦᠬᠦᠢ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ | ᠭᠤᠷᠪᠠᠨ ᠵᠠᠭᠤ ᠵᠢᠷᠠᠨ ᠲᠦᠷᠪᠡᠳᠤᠭᠡᠷ ᠵᠦᠢᠯ ᠤᠷᠤᠨ ᠰᠠᠭᠤᠴᠠ ᠶᠢᠨ ᠭᠠᠵᠠᠷ ᠪᠠᠶᠢᠭᠠᠯᠢ ᠶᠢᠨ ᠭᠠᠮᠰᠢᠭ ᠵᠡᠷᠭᠡ | ᠰᠢᠯᠳᠠᠭᠠᠨ ᠠᠴᠠ ᠪᠤᠯᠵᠤ ᠤᠰᠠᠳᠬᠤ ᠳᠤ ᠬᠦᠷᠪᠡᠯ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠨᠢ | ᠤᠰᠠᠳᠤᠨ᠎ᠠ᠃ ᠤᠷᠤᠨ ᠰᠠᠭᠤᠴᠠ ᠶᠢᠨ ᠭᠠᠵᠠᠷ ᠢᠶᠠᠨ ᠠᠯᠳᠠᠭᠰᠠᠨ ᠲᠤᠰᠬᠤᠨ ᠤ ᠠᠷᠠᠳ ᠲᠤ ᠤᠷᠤᠨ ᠰᠠᠭᠤᠴᠠ ᠶᠢᠨ | ᠭᠠᠵᠠᠷ ᠢ ᠬᠠᠤᠯᠢ ᠶᠤᠰᠤᠭᠠᠷ ᠰᠢᠨ᠎ᠡ ᠪᠠᠷ ᠬᠤᠪᠢᠶᠠᠷᠢᠯᠠᠵᠤ ᠦᠭᠬᠦ ᠬᠡᠷᠡᠭᠳᠡᠢ᠃ | ᠭᠤᠷᠪᠠᠨ ᠵᠠᠭᠤ ᠵᠢᠷᠠᠨ ᠲᠠᠪᠤᠳᠤᠭᠠᠷ ᠵᠦᠢᠯ ᠨᠢᠭᠡᠨᠳᠡ ᠲᠠᠩᠰᠠᠯᠠᠭᠤᠯᠤᠭᠰᠠᠨ ᠤᠷᠤᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦᠭᠰᠡᠨ ᠪᠤᠶᠤ ᠲᠡᠷᠡ ᠨᠢ ᠤᠰᠠᠳᠤᠭᠰᠠᠨ ᠪᠠᠶᠢᠪᠠᠯ᠂ ᠴᠠᠭ ᠲᠤᠬᠠᠢ ᠳᠤᠨᠢ | ᠲᠠᠩᠰᠠᠯᠠᠯᠳᠠ ᠶᠢ ᠬᠤᠪᠢᠷᠠᠭᠤᠯᠬᠤ ᠪᠤᠶᠤ ᠲᠠᠩᠰᠠᠯᠠᠯᠳᠠ ᠠᠴᠠ ᠬᠠᠰᠤᠭᠤᠯᠬᠤ ᠬᠡᠷᠡᠭᠳᠡᠢ᠃ | ᠠᠷᠪᠠᠨ ᠲᠦᠷᠪᠡᠳᠦᠭᠡᠷ ᠪᠦᠯᠦᠭ ᠣᠷᠣᠰᠢᠨ ᠰᠠᠭᠤᠬᠤ ᠡᠷᠬᠡ | ᠭᠤᠷᠪᠠᠨ ᠵᠠᠭᠤ ᠵᠢᠷᠠᠨ ᠵᠢᠷᠭᠤᠳᠤᠭᠠᠷ ᠵᠦᠢᠯ ᠠᠮᠢᠳᠣᠷᠠᠵᠦ ᠰᠠᠭᠤᠬᠤ ᠭᠡᠷᠡᠭᠴᠡᠭᠡ ᠪᠠᠨ ᠬᠠᠨᠭ᠍ᠭᠠᠬᠤ ᠶᠢᠨ ᠲᠦᠯᠦᠭᠡ᠂ | ᠣᠷᠣᠰᠢᠨ ᠰᠠᠭᠤᠬᠤ ᠡᠷᠭᠡᠳᠦ ᠭᠦᠮᠦᠨ ᠭᠡᠷ᠎ᠡ ᠶᠢᠨ ᠪᠣᠯᠵᠣᠯ ᠶᠣᠰᠣᠭᠠᠷ ᠪᠣᠰᠣᠳ ᠤᠨ ᠣᠷᠣᠨ ᠰᠠᠭᠤᠴᠠ ᠳᠤ | ᠡᠵᠡᠮᠰᠢᠬᠦ᠂ ᠭᠡᠷᠡᠭᠯᠡᠭᠦ ᠵᠡᠷᠭᠡ ᠠᠰᠢᠭ ᠣᠯᠬᠤ ᠪᠣᠳᠠᠰ ᠤᠨ ᠡᠷᠭᠡ ᠶᠢ ᠡᠳ᠋ᠯᠡᠭᠦ ᠡᠷᠭᠡ ᠲᠠᠢ᠃ | ᠭᠤᠷᠪᠠᠨ ᠵᠠᠭᠤ ᠵᠢᠷᠠᠨ ᠲᠣᠯᠣᠳᠤᠭᠠᠷ ᠵᠦᠢᠯ ᠣᠷᠣᠰᠢᠨ ᠰᠠᠭᠤᠬᠤ ᠡᠷᠭᠡ ᠶᠢ ᠲᠣᠭᠳᠠᠭᠠᠬᠤ ᠳᠤ᠂ ᠲᠣᠬᠠᠢ ᠶᠢᠨ | ᠭᠦᠮᠦᠨ ᠪᠢᠴᠢᠭ ᠤᠨ ᠭᠡᠯᠪᠡᠷᠢ ᠪᠠᠷ ᠣᠷᠣᠰᠢᠨ ᠰᠠᠭᠤᠬᠤ ᠡᠷᠭᠡ ᠶᠢᠨ ᠭᠡᠷ᠎ᠡ ᠲᠣᠭᠳᠠᠭᠠᠬᠤ ᠭᠡᠷᠡᠭᠳᠡᠢ᠃ | ᠣᠷᠣᠰᠢᠨ ᠰᠠᠭᠤᠬᠤ ᠡᠷᠭᠡ ᠶᠢᠨ ᠭᠡᠷ᠎ᠡ ᠳᠤ ᠡᠩ ᠤᠨ ᠪᠠᠶᠢᠳᠠᠯ ᠳᠤ ᠲᠣᠣᠷ᠎ᠠ ᠵᠢᠭᠰᠠᠭᠠᠭᠰᠠᠨ ᠵᠦᠢᠯ ᠵᠤᠷᠪᠤᠰ ᠢ | ᠪᠠᠭᠳᠠᠭᠠᠨ᠎ᠠ᠄ | ︵ᠨᠢᠭᠡ︶ ᠲᠣᠬᠠᠢ ᠶᠢᠨ ᠭᠦᠮᠦᠨ ᠤ ᠣᠪᠣᠭ ᠨᠡᠷ᠎ᠡ ᠪᠤᠶᠤ ᠨᠠᠷᠡᠶᠢᠳᠦᠯ ᠪᠠ ᠣᠷᠣᠨ ᠰᠠᠭᠤᠴᠠ︔ | ︵ᠬᠤᠶᠠᠷ︶ ᠣᠷᠣᠨ ᠰᠠᠭᠤᠴᠠ ᠶᠢᠨ ᠪᠠᠶᠢᠷᠢᠯᠠᠯ︔ | ︵ᠭᠤᠷᠪᠠ︶ ᠣᠷᠣᠰᠢᠨ ᠰᠠᠭᠤᠬᠤ ᠨᠦᠭᠦᠴᠡᠯ ᠪᠣᠯᠣᠨ ᠱᠠᠭᠠᠷᠳᠠᠯᠭ᠎ᠠ︔ | ︵ᠲᠦᠷᠪᠡ︶ ᠣᠷᠣᠰᠢᠨ ᠰᠠᠭᠤᠬᠤ ᠡᠷᠬᠡ ᠶᠢᠨ ᠬᠤᠭᠤᠴᠠᠭ᠎ᠠ︔ | ︵ᠲᠠᠪᠤ︶ ᠮᠠᠷᠭᠤᠯᠳᠣᠭᠠᠨ ᠢ ᠰᠢᠢᠳᠪᠦᠷᠢᠯᠡᠭᠦ ᠠᠷᠭ᠎ᠠ᠃ | ᠭᠤᠷᠪᠠᠨ ᠵᠠᠭᠤ ᠵᠢᠷᠠᠨ ᠨᠠᠢᠮᠠᠳᠣᠭᠠᠷ ᠵᠦᠢᠯ ᠣᠷᠣᠰᠢᠨ ᠰᠠᠭᠤᠬᠤ ᠡᠷᠭᠡ ᠶᠢ ᠦᠨ᠎ᠡ ᠲᠦᠯᠦᠪᠦᠷᠢ ᠦᠭᠡᠢ ᠪᠠᠷ | ᠲᠣᠭᠳᠠᠭᠠᠨ᠎ᠠ᠂ ᠭᠡᠪᠡᠴᠦ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠨᠢ ᠡᠭᠦᠨ ᠳᠤ ᠪᠠᠭᠳᠠᠬᠤ ᠦᠭᠡᠢ᠃ | ᠣᠷᠣᠰᠢᠨ ᠰᠠᠭᠤᠬᠤ ᠡᠷᠭᠡ ᠶᠢ ᠲᠣᠭᠳᠠᠭᠠᠬᠤ ᠳᠤ᠂ ᠲᠠᠩᠰᠠᠯᠠᠬᠤ ᠪᠠᠶᠢᠭᠤᠯᠣᠮᠵᠢ ᠳᠤ ᠣᠷᠣᠰᠢᠨ ᠰᠠᠭᠤᠬᠤ ᠡᠷᠭᠡ ᠶᠢ | ᠲᠠᠩᠰᠠᠯᠠᠭᠤᠯᠬᠤ ᠪᠠᠷ ᠭᠤᠶᠣᠴᠢᠯᠠᠬᠤ ᠭᠡᠷᠡᠭᠳᠡᠢ᠃ ᠣᠷᠣᠰᠢᠨ ᠰᠠᠭᠤᠬᠤ ᠡᠷᠭᠡ ᠨᠢ ᠲᠠᠩᠰᠠᠯᠠᠭᠤᠯᠣᠭᠰᠠᠨ ᠴᠠᠭ ᠠᠴᠠ | ᠲᠣᠭᠳᠠᠭᠠᠭᠳᠠᠨ᠎ᠠ᠃ | ᠭᠤᠷᠪᠠᠨ ᠵᠠᠭᠤ ᠵᠢᠷᠠ ᠶᠢᠰᠦᠳᠦᠭᠡᠷ ᠵᠦᠢᠯ ᠣᠷᠣᠰᠢᠨ ᠰᠠᠭᠤᠬᠤ ᠡᠷᠭᠡ ᠶᠢ ᠰᠢᠯᠵᠢᠭᠦᠯᠦᠨ ᠦᠭᠴᠦ᠂ ᠵᠠᠯᠭᠠᠮᠵᠢᠯᠠᠵᠦ | ᠪᠣᠯᠬᠤ ᠦᠭᠡᠢ᠃ ᠣᠷᠣᠰᠢᠨ ᠰᠠᠭᠤᠬᠤ ᠡᠷᠭᠡ ᠶᠢ ᠲᠣᠭᠳᠠᠭᠠᠭᠰᠠᠨ ᠣᠷᠣᠨ ᠰᠠᠭᠤᠴᠠ ᠶᠢ ᠲᠦᠷᠢᠶᠡᠰᠦᠯᠡᠭᠦᠯᠵᠦ | ᠪᠣᠯᠬᠤ ᠦᠭᠡᠢ᠂ ᠭᠡᠪᠡᠴᠦ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠨᠢ ᠡᠭᠦᠨ ᠳᠤ ᠪᠠᠭᠳᠠᠬᠤ ᠦᠭᠡᠢ᠃ | ᠭᠤᠷᠪᠠᠨ ᠵᠠᠭᠤ ᠲᠠᠯᠠᠳᠣᠭᠠᠷ ᠵᠦᠢᠯ ᠣᠷᠣᠰᠢᠨ ᠰᠠᠭᠤᠬᠤ ᠡᠷᠬᠡ ᠶᠢᠨ ᠬᠤᠭᠤᠴᠠᠭ᠎ᠠ ᠨᠢ ᠲᠦᠭᠦᠷᠦᠭᠰᠡᠨ ᠪᠣᠶᠣ | ᠣᠷᠣᠰᠢᠨ ᠰᠠᠭᠤᠬᠤ ᠡᠷᠭᠡᠳᠦ ᠭᠦᠮᠦᠨ ᠦᠭᠦᠭᠰᠡᠨ ᠪᠠᠶᠢᠪᠠᠯ᠂ ᠣᠷᠣᠰᠢᠨ ᠰᠠᠭᠤᠬᠤ ᠡᠷᠭᠡ ᠨᠢ ᠣᠰᠠᠳᠣᠨᠠ᠃ | ᠣᠷᠣᠰᠢᠨ ᠰᠠᠭᠤᠬᠤ ᠡᠷᠭᠡ ᠣᠰᠠᠳᠣᠭᠰᠠᠨ ᠪᠠᠶᠢᠪᠠᠯ᠂ ᠴᠠᠭ ᠲᠣᠬᠠᠢ ᠳᠤᠨᠢ ᠲᠠᠩᠰᠠᠯᠠᠯᠳᠠ ᠠᠴᠠ ᠬᠠᠰᠤᠭᠤᠯᠬᠤ | ᠭᠡᠷᠡᠭᠳᠡᠢ᠃ | ᠭᠤᠷᠪᠠᠨ ᠵᠠᠭᠤ ᠲᠠᠯᠠᠨ ᠨᠢᠭᠡᠳᠦᠭᠡᠷ ᠵᠦᠢᠯ ᠭᠡᠷᠢᠶᠡᠰ ᠤᠨ ᠠᠷᠭ᠎ᠠ ᠮᠠᠶ᠋ᠢᠭ ᠢᠶᠠᠷ ᠣᠷᠣᠰᠢᠨ ᠰᠠᠭᠤᠬᠤ ᠡᠷᠭᠡ ᠶᠢ | ᠲᠣᠭᠳᠠᠭᠠᠭᠰᠠᠨ ᠪᠠᠶᠢᠪᠠᠯ᠂ ᠲᠣᠰ ᠪᠦᠯᠦᠭ ᠤᠨ ᠬᠤᠯᠪᠣᠭᠳᠠᠯ ᠪᠦᠭᠦᠢ ᠲᠣᠭᠳᠠᠭᠠᠯ ᠢ ᠯᠠᠪᠯᠠᠯᠳᠠ ᠪᠣᠯᠭᠠᠵᠦ | ᠲᠣᠭᠢᠷᠠᠭᠤᠯᠣᠨ ᠭᠡᠷᠡᠭᠯᠡᠨ᠎ᠡ᠃ | ᠠᠷᠪᠠᠨ ᠲᠠᠪᠣᠳᠣᠭᠠᠷ ᠪᠦᠯᠦᠭ ᠭᠠᠵᠠᠷ ᠠᠰᠢᠬᠯᠠᠬᠤ ᠡᠷᠬᠡ | ᠭᠤᠷᠪᠠᠨ ᠵᠠᠭᠤ ᠲᠠᠯᠠᠨ ᠬᠤᠶᠠᠳᠣᠭᠠᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠭᠡᠷ᠎ᠡ ᠶᠢᠨ ᠪᠤᠯᠵᠤᠯ ᠶᠤᠰᠤᠭᠠᠷ | ᠪᠤᠰᠤᠳ ᠤᠨ ᠦᠯᠦ ᠬᠦᠳᠡᠯᠬᠦ ᠬᠦᠷᠦᠩᠭᠡ ᠶᠢ ᠠᠰᠢᠬᠯᠠᠨ ᠦᠪᠡᠷ ᠤᠨ ᠦᠯᠦ ᠬᠦᠳᠡᠯᠬᠦ ᠬᠦᠷᠦᠩᠭᠡ ᠶᠢᠨ ᠢᠶᠠᠨ ᠦᠷ᠎ᠡ | ᠠᠰᠢᠭ ᠢ ᠲᠡᠭᠡᠭᠰᠢᠯᠡᠬᠦᠯᠬᠦ ᠡᠷᠬᠡ ᠲᠠᠢ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠪᠤᠰᠤᠳ ᠤᠨ ᠦᠯᠦ ᠬᠦᠳᠡᠯᠬᠦ ᠬᠦᠷᠦᠩᠭᠡ ᠪᠤᠯ ᠠᠰᠢᠬᠯᠠᠯᠳᠡ ᠳᠤ ᠬᠠᠨᠭ᠍ᠭᠠᠬᠤ | ᠭᠠᠵᠠᠷ ᠪᠤᠯᠤᠨ᠎ᠠ᠂ ᠦᠪᠡᠷ ᠤᠨ ᠦᠯᠦ ᠬᠦᠳᠡᠯᠬᠦ ᠬᠦᠷᠦᠩᠭᠡ ᠪᠤᠯ ᠠᠰᠢᠬᠯᠠᠯᠲᠠ ᠬᠡᠷᠡᠭᠰᠡᠬᠦ ᠭᠠᠵᠠᠷ ᠪᠤᠯᠤᠨ᠎ᠠ᠃ | ᠭᠤᠷᠪᠠᠨ ᠵᠠᠭᠤ ᠲᠠᠯᠠᠨ ᠭᠤᠷᠪᠠᠳᠣᠭᠠᠷ ᠵᠦᠢᠯ ᠭᠠᠵᠠᠷ ᠠᠰᠢᠬᠯᠠᠬᠤ ᠡᠷᠬᠡ ᠶᠢ ᠲᠤᠭᠳᠠᠭᠠᠬᠤ ᠳᠤ᠂ ᠲᠤᠬᠠᠢ ᠶᠢᠨ | ᠬᠦᠮᠦᠨ ᠪᠢᠴᠢᠭ ᠤᠨ ᠬᠡᠯᠪᠡᠷᠢ ᠪᠠᠷ ᠭᠠᠵᠠᠷ ᠠᠰᠢᠬᠯᠠᠬᠤ ᠡᠷᠬᠡ ᠶᠢᠨ ᠭᠡᠷ᠎ᠡ ᠲᠤᠭᠳᠠᠭᠠᠬᠤ ᠬᠡᠷᠡᠭᠳᠡᠢ᠃ | ᠭᠠᠵᠠᠷ ᠠᠰᠢᠬᠯᠠᠬᠤ ᠡᠷᠬᠡ ᠶᠢᠨ ᠭᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ | ᠪᠠᠭᠳᠠᠭᠠᠨ᠎ᠠ᠄ | ︵ᠨᠢᠭᠡ︶ ᠲᠤᠬᠠᠢ ᠶᠢᠨ ᠬᠦᠮᠦᠨ ᠤ ᠤᠪᠤᠭ ᠨᠡᠷ᠎ᠡ ᠪᠤᠶᠤ ᠨᠠᠷᠠᠶᠢᠳᠤᠯ ᠪᠠ ᠤᠷᠤᠨ ᠰᠠᠭᠤᠴᠠ︔ | ︵ᠬᠤᠶᠠᠷ︶ ᠠᠰᠢᠬᠯᠠᠯᠳᠡ ᠳᠤ ᠬᠠᠨᠭ᠍ᠭᠠᠬᠤ ᠭᠠᠵᠠᠷ ᠪᠠ ᠠᠰᠢᠬᠯᠠᠯᠳᠡ ᠬᠡᠷᠡᠭᠰᠡᠬᠦ ᠭᠠᠵᠠᠷ ᠤᠨ ᠪᠠᠶᠢᠷᠢᠯᠠᠯ︔ | ︵ᠭᠤᠷᠪᠠ︶ ᠠᠰᠢᠬᠯᠠᠬᠤ ᠵᠤᠷᠢᠯᠭ᠎ᠠ ᠪᠠ ᠠᠷᠭ᠎ᠠ︔ | ︵ᠲᠦᠷᠪᠡ︶ ᠭᠠᠵᠠᠷ ᠠᠰᠢᠬᠯᠠᠬᠤ ᠡᠷᠬᠡ ᠶᠢᠨ ᠬᠤᠭᠤᠴᠠᠭ᠎ᠠ︔ | ︵ᠲᠠᠪᠤ︶ ᠵᠠᠷᠤᠳᠠᠯ ᠵᠢᠴᠢ ᠲᠡᠭᠦᠨ ᠢ ᠦᠭᠬᠦ ᠠᠷᠭ᠎ᠠ ᠮᠠᠶ᠋ᠢᠭ︔ | ︵ᠵᠢᠷᠭᠤᠭ᠎ᠠ︶ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ᠃ | ᠭᠤᠷᠪᠠᠨ ᠵᠠᠭᠤ ᠲᠠᠯᠠᠨ ᠲᠦᠷᠪᠡᠳᠦᠭᠡᠷ ᠵᠦᠢᠯ ᠭᠠᠵᠠᠷ ᠠᠰᠢᠬᠯᠠᠬᠤ ᠡᠷᠬᠡ ᠨᠢ ᠭᠠᠵᠠᠷ ᠠᠰᠢᠬᠯᠠᠬᠤ ᠡᠷᠬᠡ ᠶᠢᠨ ᠭᠡᠷ᠎ᠡ | ᠬᠦᠴᠦᠨ ᠲᠠᠢ ᠪᠤᠯᠬᠤ ᠴᠠᠭ ᠠᠴᠠ ᠲᠤᠬᠳᠠᠭᠠᠭᠳᠠᠨ᠎ᠠ᠃ ᠲᠤᠬᠠᠢ ᠶᠢᠨ ᠬᠦᠮᠦᠨ ᠲᠠᠩᠰᠠᠯᠠᠭᠤᠯᠬᠤ ᠪᠠᠷ ᠱᠠᠭᠠᠷᠳᠠᠬᠤ ᠳᠤ | ᠬᠦᠷᠪᠡᠯ᠂ ᠲᠠᠩᠰᠠᠯᠠᠬᠤ ᠪᠠᠶᠢᠭᠤᠯᠣᠮᠵᠢ ᠳᠤ ᠭᠠᠵᠠᠷ ᠠᠰᠢᠬᠯᠠᠬᠤ ᠡᠷᠬᠡ ᠶᠢ ᠲᠠᠩᠰᠠᠯᠠᠭᠤᠯᠬᠤ ᠪᠠᠷ ᠭᠤᠶᠤᠴᠢᠯᠠᠵᠤ | ᠪᠤᠯᠤᠨ᠎ᠠ︔ ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ ᠭᠤᠷᠪᠠᠳᠠᠬᠢ ᠬᠦᠮᠦᠨ ᠲᠠᠢ | ᠡᠰᠡᠷᠬᠦᠴᠡᠯᠳᠦᠵᠦ ᠪᠤᠯᠬᠤ ᠦᠭᠡᠢ᠃ | ᠭᠤᠷᠪᠠᠨ ᠵᠠᠭᠤ ᠲᠠᠯᠠᠨ ᠲᠠᠪᠣᠳᠣᠭᠠᠷ ᠵᠦᠢᠯ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠭᠡᠳᠦ ᠬᠦᠮᠦᠨ ᠭᠡᠷ᠎ᠡ ᠶᠢᠨ | ᠪᠤᠯᠵᠤᠯ ᠶᠤᠰᠤᠭᠠᠷ ᠢᠶᠠᠨ ᠭᠠᠵᠠᠷ ᠠᠰᠢᠬᠯᠠᠬᠤ ᠡᠷᠬᠡᠳᠦ ᠬᠦᠮᠦᠨ ᠤ ᠦᠯᠦ ᠭᠦᠳᠡᠯᠭᠦ ᠭᠦᠷᠦᠩᠭᠡ ᠶᠢ ᠨᠢ | ᠠᠰᠢᠬᠯᠠᠬᠤ ᠶᠢ ᠵᠦᠪᠰᠢᠶᠡᠷᠡᠬᠦ ᠬᠡᠷᠡᠭᠳᠡᠢ᠂ ᠭᠠᠵᠠᠷ ᠠᠰᠢᠬᠯᠠᠬᠤ ᠡᠷᠬᠡᠳᠦ ᠬᠦᠮᠦᠨ ᠤ ᠡᠷᠬᠡ ᠪᠠᠨ ᠬᠡᠷᠡᠭᠯᠡᠬᠦ ᠶᠢ | ᠬᠠᠷᠰᠢᠯᠠᠵᠤ ᠪᠤᠯᠬᠤ ᠦᠭᠡᠢ᠃ | ᠭᠤᠷᠪᠠᠨ ᠵᠠᠭᠤ ᠲᠠᠯᠠᠨ ᠵᠢᠷᠭᠤᠳᠣᠭᠠᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠭᠡᠷ᠎ᠡ ᠳᠤ ᠪᠤᠯᠵᠤᠨ | ᠲᠤᠭᠲᠠᠭᠰᠠᠨ ᠠᠰᠢᠬᠯᠠᠬᠤ ᠵᠤᠷᠢᠯᠭ᠎ᠠ ᠪᠠ ᠠᠷᠭ᠎ᠠ ᠶᠢᠨ ᠶᠤᠰᠤᠭᠠᠷ ᠠᠰᠢᠬᠯᠠᠯᠳᠡ ᠳᠤ ᠬᠠᠨᠭ᠍ᠭᠠᠬᠤ ᠭᠠᠵᠠᠷ ᠢ | ᠠᠰᠢᠬᠯᠠᠵᠤ᠂ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠬᠡᠳᠦ ᠬᠦᠮᠦᠨ ᠤ ᠪᠤᠳᠠᠰ ᠤᠨ ᠡᠷᠬᠡ ᠶᠢᠨ ᠲᠤᠬᠠᠢ | ᠬᠢᠵᠠᠭᠠᠷᠯᠠᠯ ᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃ | ᠭᠤᠷᠪᠠᠨ ᠵᠠᠭᠤ ᠲᠠᠯᠠᠨ ᠲᠣᠯᠣᠳᠣᠭᠠᠷ ᠵᠦᠢᠯ ᠭᠠᠵᠠᠷ ᠠᠰᠢᠬᠯᠠᠬᠤ ᠡᠷᠬᠡ ᠶᠢᠨ ᠬᠤᠭᠤᠴᠠᠭ᠎ᠠ ᠶᠢ ᠲᠤᠬᠠᠢ ᠶᠢᠨ ᠬᠦᠮᠦᠨ | ᠪᠤᠯᠵᠤᠨ ᠲᠤᠭᠳᠠᠭᠠᠨ᠎ᠠ︔ ᠭᠡᠪᠡᠴᠦ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠠᠰᠢᠭ ᠤᠯᠬᠤ ᠪᠤᠳᠠᠰ ᠤᠨ ᠡᠷᠬᠡ ᠶᠢᠨ ᠦᠯᠡᠳᠡᠭᠰᠡᠨ | ᠬᠤᠭᠤᠴᠠᠭ᠎ᠠ ᠠᠴᠠ ᠬᠡᠳᠦᠷᠡᠭᠦᠯᠵᠦ ᠪᠤᠯᠬᠤ ᠦᠭᠡᠢ᠃ | ᠭᠤᠷᠪᠠᠨ ᠵᠠᠭᠤ ᠲᠠᠯᠠᠨ ᠨᠠᠢᠮᠠᠳᠣᠭᠠᠷ ᠵᠦᠢᠯ ᠭᠠᠵᠠᠷ ᠰᠢᠷᠦᠢ ᠶᠢᠨ ᠦᠮᠴᠢᠯᠡᠯ ᠤᠨ ᠡᠷᠬᠡᠳᠦ ᠬᠦᠮᠦᠨ ᠭᠠᠵᠠᠷ | ᠠᠰᠢᠬᠯᠠᠬᠤ ᠡᠷᠬᠡ ᠶᠢ ᠡᠳ᠋ᠯᠡᠬᠦ ᠪᠤᠶᠤ ᠭᠠᠵᠠᠷ ᠠᠰᠢᠬᠯᠠᠬᠤ ᠡᠷᠬᠡ ᠶᠢ ᠡᠬᠦᠷᠬᠡᠯᠡᠵᠦ ᠪᠠᠶᠢᠪᠠᠯ᠂ ᠭᠠᠵᠠᠷ ᠰᠢᠷᠦᠢ ᠶᠢ | ᠲᠠᠭᠠᠭᠠᠴᠢᠯᠠᠨ ᠡᠵᠡᠩᠨᠡᠬᠦ ᠡᠷᠬᠡ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠡᠷᠭᠡ ᠠᠰᠢᠭ ᠣᠯᠬᠤ | ᠪᠣᠳᠠᠰ ᠤᠨ ᠡᠷᠭᠡ ᠶᠢ ᠲᠤᠭᠳᠠᠭᠠᠬᠤ ᠦᠶ᠎ᠡ ᠳᠤ᠂ ᠨᠢᠭᠡᠨᠳᠡ ᠲᠤᠭᠳᠠᠭᠠᠭᠰᠠᠨ ᠭᠠᠵᠠᠷ ᠠᠰᠢᠬᠯᠠᠬᠤ ᠡᠷᠬᠡ ᠶᠢ ᠲᠤᠰ | ᠠᠰᠢᠭ ᠣᠯᠬᠤ ᠪᠣᠳᠠᠰ ᠤᠨ ᠡᠷᠭᠡᠳᠦ ᠬᠦᠮᠦᠨ ᠦᠷᠬᠦᠯᠵᠢᠯᠡᠨ ᠡᠳ᠋ᠯᠡᠬᠦ ᠪᠤᠶᠤ ᠡᠬᠦᠷᠬᠡᠯᠡᠨ᠎ᠡ᠃ | ᠭᠤᠷᠪᠠᠨ ᠵᠠᠭᠤ ᠲᠠᠯ᠎ᠠ ᠶᠢᠰᠦᠳᠦᠭᠡᠷ ᠵᠦᠢᠯ ᠭᠠᠵᠠᠷ ᠰᠢᠷᠦᠢ ᠲᠡᠭᠡᠷ᠎ᠠ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ | ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ᠂ ᠤᠷᠤᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ ᠵᠡᠷᠭᠡ ᠠᠰᠢᠭ ᠣᠯᠬᠤ ᠪᠣᠳᠠᠰ ᠤᠨ ᠡᠷᠭᠡ ᠶᠢ ᠨᠢᠭᠡᠨᠳᠡ ᠲᠤᠭᠳᠠᠭᠠᠭᠰᠠᠨ ᠪᠠᠶᠢᠪᠠᠯ᠂ ᠭᠠᠵᠠᠷ | ᠰᠢᠷᠦᠢ ᠶᠢᠨ ᠡᠷᠬᠡᠳᠦ ᠬᠦᠮᠦᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠤ ᠵᠦᠪᠰᠢᠶᠡᠷᠡᠯ ᠦᠭᠡᠢ ᠪᠠᠷ ᠭᠠᠵᠠᠷ | ᠠᠰᠢᠬᠯᠠᠬᠤ ᠡᠷᠬᠡ ᠶᠢ ᠲᠤᠭᠳᠠᠭᠠᠵᠤ ᠪᠤᠯᠬᠤ ᠦᠭᠡᠢ᠃ | ᠭᠤᠷᠪᠠᠨ ᠵᠠᠭᠤ ᠨᠠᠶᠠᠳᠣᠭᠠᠷ ᠵᠦᠢᠯ ᠭᠠᠵᠠᠷ ᠠᠰᠢᠬᠯᠠᠬᠤ ᠡᠷᠬᠡ ᠶᠢ ᠲᠤᠰᠠᠭᠠᠷ ᠨᠢ ᠰᠢᠯᠵᠢᠬᠦᠯᠦᠨ ᠦᠭᠴᠦ ᠪᠤᠯᠬᠤ | ᠦᠭᠡᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠬᠡ ᠵᠡᠷᠭᠡ ᠶᠢ ᠰᠢᠯᠵᠢᠬᠦᠯᠦᠨ ᠦᠭᠬᠦ ᠳᠤ ᠬᠦᠷᠪᠡᠯ᠂ ᠭᠠᠵᠠᠷ ᠠᠰᠢᠬᠯᠠᠬᠤ ᠡᠷᠬᠡ ᠶᠢ ᠬᠠᠮᠳᠤ ᠳᠤᠨᠢ | ᠰᠢᠯᠵᠢᠬᠦᠯᠦᠨ ᠦᠭᠬᠦᠨ᠎ᠡ᠂ ᠭᠡᠪᠡᠴᠦ ᠭᠡᠷ᠎ᠡ ᠳᠤ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠨᠠᠶᠠᠨ ᠨᠢᠭᠡᠳᠦᠭᠡᠷ ᠵᠦᠢᠯ ᠭᠠᠵᠠᠷ ᠠᠰᠢᠬᠯᠠᠬᠤ ᠡᠷᠬᠡ ᠶᠢ ᠲᠤᠰᠠᠭᠠᠷ ᠨᠢ ᠪᠠᠷᠢᠴᠠᠭᠠᠯᠠᠵᠤ ᠪᠤᠯᠬᠤ | ᠦᠭᠡᠢ᠃ ᠭᠠᠵᠠᠷ ᠰᠢᠷᠦᠢ ᠶᠢᠨ ᠡᠵᠡᠩᠨᠡᠯᠳᠡ ᠶᠢᠨ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠬᠡ ᠵᠡᠷᠭᠡ ᠶᠢ ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠯᠠᠬᠤ ᠡᠷᠬᠡ ᠪᠡᠶᠡᠯᠡᠭᠳᠡᠬᠦ ᠦᠶ᠎ᠠ ᠳᠤ ᠭᠠᠵᠠᠷ | ᠠᠰᠢᠬᠯᠠᠬᠤ ᠡᠷᠬᠡ ᠶᠢ ᠬᠠᠮᠳᠤ ᠳᠤᠨᠢ ᠰᠢᠯᠵᠢᠬᠦᠯᠦᠨ ᠦᠭᠬᠦᠨ᠎ᠡ᠃ | ᠭᠤᠷᠪᠠᠨ ᠵᠠᠭᠤ ᠨᠠᠶᠠᠨ ᠬᠤᠶᠠᠳᠣᠭᠠᠷ ᠵᠦᠢᠯ ᠠᠰᠢᠬᠯᠠᠯᠲᠠ ᠬᠡᠷᠡᠭᠰᠡᠬᠦ ᠭᠠᠵᠠᠷ ᠪᠠ ᠠᠰᠢᠬᠯᠠᠯᠲᠠ ᠬᠡᠷᠡᠭᠰᠡᠬᠦ ᠭᠠᠵᠠᠷ | ᠲᠡᠭᠡᠷᠡᠬᠢ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ | ᠬᠡᠷᠡᠭᠯᠡᠬᠦ ᠡᠷᠬᠡ ᠵᠡᠷᠭᠡ ᠶᠢᠨ ᠨᠢᠭᠡ ᠬᠡᠰᠡᠭ ᠢ ᠰᠢᠯᠵᠢᠬᠦᠯᠦᠨ ᠦᠭᠬᠦ ᠦᠶ᠎ᠡ ᠳᠤ᠂ ᠰᠢᠯᠵᠢᠬᠦᠯᠦᠨ ᠦᠭᠬᠦ ᠬᠡᠰᠡᠭ ᠨᠢ | ᠭᠠᠵᠠᠷ ᠠᠰᠢᠬᠯᠠᠬᠤ ᠡᠷᠬᠡ ᠳᠤ ᠬᠤᠯᠪᠤᠭᠳᠠᠭᠰᠠᠨ ᠪᠠᠶᠢᠪᠠᠯ᠂ ᠰᠢᠯᠵᠢᠬᠦᠯᠦᠨ ᠠᠪᠤᠭᠴᠢ ᠨᠢ ᠭᠠᠵᠠᠷ ᠠᠰᠢᠬᠯᠠᠬᠤ | ᠡᠷᠬᠡ ᠶᠢ ᠵᠡᠷᠭᠡ ᠳᠤᠨᠢ ᠡᠳ᠋ᠯᠡᠨ᠎ᠡ᠃ | ᠭᠤᠷᠪᠠᠨ ᠵᠠᠭᠤ ᠨᠠᠶᠠᠨ ᠭᠤᠷᠪᠠᠳᠣᠭᠠᠷ ᠵᠦᠢᠯ ᠠᠰᠢᠬᠯᠠᠯᠲᠠ ᠳᠤ ᠬᠠᠨᠭ᠍ᠭᠠᠬᠤ ᠭᠠᠵᠠᠷ ᠵᠢᠴᠢ ᠠᠰᠢᠬᠯᠠᠯᠲᠠ ᠳᠤ | ᠬᠠᠨᠭ᠍ᠭᠠᠬᠤ ᠭᠠᠵᠠᠷ ᠲᠡᠭᠡᠷᠡᠬᠢ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠶᠢᠨ ᠨᠢᠭᠡ ᠬᠡᠰᠡᠭ ᠢ ᠰᠢᠯᠵᠢᠬᠦᠯᠦᠨ ᠦᠭᠬᠦ ᠦᠶ᠎ᠠ ᠳᠤ᠂ ᠰᠢᠯᠵᠢᠬᠦᠯᠦᠨ | ᠦᠭᠬᠦ ᠬᠡᠰᠡᠭ ᠨᠢ ᠭᠠᠵᠠᠷ ᠠᠰᠢᠬᠯᠠᠬᠤ ᠡᠷᠬᠡ ᠳᠤ ᠬᠤᠯᠪᠤᠭᠳᠠᠭᠰᠠᠨ ᠪᠠᠶᠢᠪᠠᠯ᠂ ᠭᠠᠵᠠᠷ ᠠᠰᠢᠬᠯᠠᠬᠤ ᠡᠷᠭᠡ ᠨᠢ | ᠰᠢᠯᠵᠢᠬᠦᠯᠦᠨ ᠠᠪᠤᠭᠴᠢ ᠳᠤ ᠬᠠᠣᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ | ᠭᠤᠷᠪᠠᠨ ᠵᠠᠭᠤ ᠨᠠᠶᠠᠨ ᠲᠦᠷᠪᠡᠳᠦᠭᠡᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠳᠤ ᠲᠤᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠬᠡᠳᠦ ᠬᠦᠮᠦᠨ ᠭᠠᠵᠠᠷ ᠠᠰᠢᠬᠯᠠᠬᠤ | ᠡᠷᠬᠡ ᠶᠢᠨ ᠭᠡᠷ᠎ᠠ ᠶᠢ ᠬᠦᠴᠦᠨ ᠦᠭᠡᠢ ᠪᠤᠯᠭᠠᠬᠤ ᠡᠷᠬᠡ ᠲᠠᠢ᠂ ᠲᠡᠭᠡᠪᠡᠯ ᠭᠠᠵᠠᠷ ᠠᠰᠢᠬᠯᠠᠬᠤ ᠡᠷᠬᠡ ᠨᠢ ᠤᠰᠠᠳᠤᠨ᠎ᠠ᠄ | ︵ᠨᠢᠭᠡ︶ ᠬᠠᠤᠯᠢ ᠴᠠᠭᠠᠵᠠ ᠶᠢᠨ ᠲᠤᠭᠳᠠᠭᠠᠯ ᠪᠤᠶᠤ ᠭᠡᠷ᠎ᠡ ᠶᠢᠨ ᠪᠤᠯᠵᠤᠯ ᠠᠴᠠ ᠵᠦᠷᠢᠴᠡᠨ᠂ ᠭᠠᠵᠠᠷ ᠠᠰᠢᠬᠯᠠᠬᠤ | ᠡᠷᠬᠡ ᠶᠢ ᠲᠤᠷ᠎ᠠ ᠪᠠᠷ ᠢᠶᠠᠨ ᠬᠡᠷᠡᠭᠯᠡᠭᠰᠡᠨ︔ | ︵ᠬᠤᠶᠠᠷ︶ ᠠᠰᠢᠬᠯᠠᠯᠳᠡ ᠳᠤ ᠬᠠᠨᠭ᠍ᠭᠠᠬᠤ ᠭᠠᠵᠠᠷ ᠢ ᠦᠨ᠎ᠡ ᠲᠦᠯᠦᠪᠦᠷᠢ ᠲᠠᠢ ᠪᠠᠷ ᠠᠰᠢᠬᠯᠠᠭᠠᠳ᠂ ᠪᠤᠯᠵᠤᠨ | ᠲᠤᠭᠳᠠᠭᠰᠠᠨ ᠵᠤᠭᠤᠰ ᠦᠭᠬᠦ ᠬᠤᠭᠤᠴᠠᠭ᠎ᠠ ᠲᠦᠬᠦᠷᠦᠭᠰᠡᠨ ᠤ ᠲᠠᠷᠠᠭ᠎ᠠ ᠵᠦᠢ ᠵᠤᠬᠢᠰᠳᠠᠢ ᠬᠤᠭᠤᠴᠠᠭᠠᠨ ᠲᠤᠳᠤᠷ᠎ᠠ | ᠬᠤᠶᠠᠷ ᠤᠳᠠᠭ᠎ᠠ ᠰᠢᠪᠠᠳᠠᠨ ᠮᠡᠳᠡᠭᠳᠡᠭᠰᠡᠨ ᠪᠠᠶᠢᠲᠠᠯ᠎ᠠ ᠵᠠᠷᠤᠳᠠᠯ ᠢ ᠦᠯᠦ ᠦᠭᠬᠦᠭᠰᠡᠨ᠃ | ᠭᠤᠷᠪᠠᠨ ᠵᠠᠭᠤ ᠨᠠᠶᠠᠨ ᠲᠠᠪᠣᠳᠣᠭᠠᠷ ᠵᠦᠢᠯ ᠨᠢᠭᠡᠨᠳᠡ ᠲᠠᠩᠰᠠᠯᠠᠭᠤᠯᠤᠭᠰᠠᠨ ᠭᠠᠵᠠᠷ ᠠᠰᠢᠬᠯᠠᠬᠤ ᠡᠷᠬᠡ ᠶᠢ | ᠬᠤᠪᠢᠷᠠᠭᠤᠯᠤᠭᠰᠠᠠ᠂ ᠰᠢᠯᠵᠢᠬᠦᠯᠦᠨ ᠦᠭᠬᠦᠭᠰᠡᠨ ᠪᠤᠶᠤ ᠤᠰᠠᠳᠬᠠᠭᠰᠠᠨ ᠪᠠᠶᠢᠪᠠᠯ᠂ ᠴᠠᠭ ᠲᠤᠬᠠᠢ ᠳᠤᠨᠢ | ᠲᠠᠩᠰᠠᠯᠠᠯᠳᠠ ᠶᠢ ᠬᠤᠪᠢᠷᠠᠭᠤᠯᠬᠤ ᠪᠤᠶᠤ ᠲᠠᠩᠰᠠᠯᠠᠯᠲᠠ ᠶᠢ ᠬᠠᠰᠤᠭᠤᠯᠬᠤ ᠬᠡᠷᠡᠭᠳᠡᠢ᠃ | ᠲᠦᠷᠪᠡᠳᠦᠭᠡᠷ ᠬᠤᠪᠢᠶᠠᠷᠢ ᠠᠩᠬᠢ ᠲᠠᠭᠠᠭᠠᠯᠳᠠᠳᠦ ᠪᠤᠳᠠᠰ ᠤᠨ ᠡᠷᠬᠡ | ᠠᠷᠪᠠᠨ ᠵᠢᠷᠭᠤᠳᠤᠭᠠᠷ ᠪᠦᠯᠦᠭ ᠡᠩ ᠤᠨ ᠲᠤᠭᠳᠠᠭᠠᠯ | ᠭᠤᠷᠪᠠᠨ ᠵᠠᠭᠤ ᠨᠠᠶᠠᠨ ᠵᠢᠷᠭᠤᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ | ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠭᠠᠭᠠᠯᠳᠠᠳᠦ ᠪᠤᠳᠠᠰ ᠤᠨ ᠡᠷᠭᠡ ᠶᠢ ᠪᠡᠶᠡᠯᠡᠭᠦᠯᠬᠦ | ᠪᠠᠶᠢᠳᠠᠯ ᠪᠤᠢ ᠪᠤᠯᠪᠠᠯ᠂ ᠲᠠᠭᠠᠭᠠᠯᠳᠠᠳᠦ ᠪᠤᠳᠠᠰ ᠤᠨ ᠡᠷᠬᠡᠳᠦ ᠬᠦᠮᠦᠨ ᠲᠠᠭᠠᠭᠠᠯᠳᠠ ᠶᠢᠨ ᠡᠳ᠋ ᠬᠦᠷᠦᠩᠭᠡ ᠶᠢᠨ | ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠡ᠂ ᠭᠡᠪᠡᠴᠦ ᠬᠠᠤᠯᠢ | ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ | ᠭᠤᠷᠪᠠᠨ ᠵᠠᠭᠤ ᠨᠠᠶᠠᠨ ᠲᠣᠯᠣᠳᠣᠭᠠᠷ ᠵᠦᠢᠯ ᠠᠪᠴᠠᠭᠠᠳᠠᠨ ᠨᠢ ᠵᠢᠭᠡᠯᠡᠬᠦ᠂ ᠬᠤᠳᠠᠯᠳᠤᠭᠠᠯᠠᠬᠤ ᠵᠡᠷᠭᠡ ᠢᠷᠭᠡᠨ ᠤ | ᠬᠡᠷᠡᠭ ᠤᠨ ᠠᠵᠢᠯᠯᠠᠭᠠᠨ ᠤ ᠲᠤᠮᠳᠠ᠂ ᠠᠪᠴᠠᠭ᠎ᠠ ᠪᠠᠨ ᠪᠡᠶᠡᠯᠡᠬᠦᠯᠬᠦ ᠶᠢᠨ ᠲᠦᠯᠦᠭᠡ ᠲᠠᠭᠠᠭᠠᠯᠳᠠ ᠬᠢᠯᠭᠡᠬᠦ ᠴᠢᠬᠤᠯᠠᠳᠠᠢ | ᠪᠠᠶᠢᠪᠠᠯ᠂ ᠲᠤᠰ ᠬᠠᠤᠯᠢ ᠪᠠ ᠪᠤᠰᠤᠳ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠲᠠᠭᠠᠭᠠᠯᠳᠠᠳᠦ ᠪᠤᠳᠠᠰ ᠤᠨ | ᠡᠷᠬᠡ ᠶᠢ ᠲᠤᠭᠳᠠᠭᠠᠵᠤ ᠪᠤᠯᠤᠨ᠎ᠠ᠃ | ᠭᠤᠷᠪᠠᠳᠠᠬᠢ ᠬᠦᠮᠦᠨ ᠦᠭᠴᠡᠭᠡᠳᠡᠨ ᠤ ᠲᠦᠯᠦᠭᠡ ᠠᠪᠴᠠᠭᠠᠳᠠᠨ ᠳᠤ ᠲᠠᠭᠠᠭᠠᠯᠳᠠ ᠬᠠᠨᠭ᠍ᠭᠠᠭᠰᠠᠨ ᠪᠠᠶᠢᠪᠠᠯ᠂ | ᠦᠭᠴᠡᠭᠡᠳᠡᠨ ᠢᠶᠠᠷ ᠭᠡᠳᠡᠷᠬᠦ ᠲᠠᠭᠠᠭᠠᠯᠳᠠ ᠬᠠᠩᠭᠠᠯᠭᠠᠬᠤ ᠪᠠᠷ ᠱᠠᠭᠠᠷᠳᠠᠵᠤ ᠪᠤᠯᠤᠨ᠎ᠠ᠃ ᠭᠡᠳᠡᠷᠬᠦ ᠲᠠᠭᠠᠭᠠᠯᠳᠠ ᠳᠤ | ᠲᠤᠰ ᠬᠠᠤᠯᠢ ᠪᠠ ᠪᠤᠰᠤᠳ ᠬᠠᠤᠯᠢ ᠴᠠᠭᠠᠵᠠ ᠶᠢᠨ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ | ᠭᠤᠷᠪᠠᠨ ᠵᠠᠭᠤ ᠨᠠᠶᠠᠨ ᠨᠠᠢᠮᠠᠳᠣᠭᠠᠷ ᠵᠦᠢᠯ ᠲᠠᠭᠠᠭᠠᠯᠳᠠᠳᠦ ᠪᠤᠳᠠᠰ ᠤᠨ ᠡᠷᠬᠡ ᠶᠢ ᠲᠤᠭᠳᠠᠭᠠᠬᠤ ᠳᠤ᠂ ᠲᠤᠰ ᠬᠠᠤᠯᠢ | ᠪᠤᠯᠤᠨ ᠪᠤᠰᠤᠳ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠲᠠᠭᠠᠭᠠᠯᠳᠠ ᠶᠢᠨ ᠭᠡᠷ᠎ᠡ ᠲᠤᠭᠳᠠᠭᠠᠬᠤ ᠬᠡᠷᠡᠭᠲᠡᠢ᠃ | ᠳᠠᠭᠠᠭᠠᠯᠲᠠ ᠶᠢᠨ ᠭᠡᠷ᠎ᠡ ᠳᠤ ᠪᠠᠷᠢᠴᠠᠭᠠᠯᠠᠬᠤ ᠭᠡᠷ᠎ᠡ᠂ ᠳᠠᠨᠵᠢᠯᠠᠭ᠎ᠠ ᠶᠢᠨ ᠭᠡᠷ᠎ᠡ ᠪᠠ ᠳᠠᠭᠠᠭᠠᠯᠲᠠ ᠶᠢᠨ ᠴᠢᠳᠠᠮᠵᠢ ᠲᠠᠢ | ᠪᠤᠰᠤᠳ ᠭᠡᠷ᠎ᠡ ᠶᠢ ᠪᠠᠭᠲᠠᠭᠠᠨ᠎ᠠ᠃ ᠲᠠᠭᠠᠭᠠᠯᠳᠠ ᠶᠢᠨ ᠭᠡᠷ᠎ᠡ ᠪᠤᠯ ᠭᠤᠤᠯ ᠦᠭᠴᠡᠭᠡ ᠠᠪᠴᠠᠭ᠎ᠠ ᠶᠢᠨ ᠭᠡᠷ᠎ᠡ ᠶᠢᠨ | ᠲᠠᠭᠠᠯᠳᠠ ᠭᠡᠷ᠎ᠡ ᠮᠦᠨ᠃ ᠭᠤᠤᠯ ᠦᠭᠴᠡᠭᠡ ᠠᠪᠴᠠᠭ᠎ᠠ ᠶᠢᠨ ᠭᠡᠷ᠎ᠡ ᠬᠦᠴᠦᠨ ᠦᠭᠡᠢ ᠪᠤᠯ ᠲᠠᠭᠠᠭᠠᠯᠳᠠ ᠶᠢᠨ ᠭᠡᠷ᠎ᠡ | ᠬᠦᠴᠦᠨ ᠦᠭᠡᠢ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ | ᠲᠠᠭᠠᠭᠠᠯᠳᠠ ᠶᠢᠨ ᠭᠡᠷ᠎ᠡ ᠬᠦᠴᠦᠨ ᠦᠭᠡᠢ ᠭᠡᠵᠦ ᠨᠤᠳᠠᠯᠠᠭᠳᠠᠭᠰᠠᠨ ᠤ ᠲᠠᠷᠠᠭ᠎ᠠ᠂ ᠦᠭᠴᠡᠭᠡᠳᠡᠨ᠂ ᠲᠠᠭᠠᠭᠠᠭᠴᠢ᠂ | ᠠᠪᠴᠠᠭᠠᠳᠠᠨ ᠨᠢ ᠤᠰᠤᠯ ᠲᠠᠢ ᠪᠠᠶᠢᠪᠠᠯ᠂ ᠤᠰᠤᠯ ᠢᠶᠠᠨ ᠦᠨᠳᠦᠰᠦᠯᠡᠨ ᠢᠷᠭᠡᠨ ᠤ ᠬᠡᠷᠡᠭ ᠤᠨ ᠵᠤᠬᠢᠴᠠᠩᠭᠤᠢ | ᠬᠠᠷᠢᠭᠤᠴᠠᠯᠭ᠎ᠠ ᠶᠢ ᠲᠤᠰ ᠲᠤᠰ ᠡᠬᠦᠷᠭᠡᠯᠡᠬᠦ ᠬᠡᠷᠡᠭᠳᠡᠢ᠃ | ᠭᠤᠷᠪᠠᠨ ᠵᠠᠭᠤ ᠨᠠᠶᠠ ᠶᠢᠰᠦᠳᠦᠭᠡᠷ ᠵᠦᠢᠯ ᠲᠠᠭᠠᠭᠠᠯᠳᠠᠳᠦ ᠪᠤᠳᠠᠰ ᠤᠨ ᠡᠷᠬᠡ ᠶᠢᠨ ᠲᠠᠭᠠᠭᠠᠯᠳᠠ ᠶᠢᠨ ᠬᠡᠪᠴᠢᠶᠡᠨ ᠳᠤ | ᠭᠤᠤᠯ ᠠᠪᠴᠠᠭ᠎ᠠ ᠵᠢᠴᠢ ᠲᠡᠬᠦᠨ ᠤ ᠬᠦᠤ ᠮᠦᠡᠭᠬᠦ᠂ ᠭᠡᠷ᠎ᠡ ᠵᠦᠷᠢᠴᠡᠭᠰᠡᠨ ᠮᠦᠡᠭᠬᠦ᠂ ᠬᠤᠬᠢᠷᠠᠯ ᠤᠨ ᠲᠦᠯᠦᠪᠦᠷᠢ ᠶᠢᠨ | ᠮᠦᠡᠭᠬᠦ᠂ ᠲᠠᠭᠠᠭᠠᠯᠳᠠ ᠶᠢᠨ ᠡᠳ᠋ ᠬᠦᠷᠦᠩᠭᠡ ᠶᠢ ᠬᠠᠳᠠᠭᠠᠯᠠᠨ ᠬᠠᠮᠢᠶᠠᠷᠬᠤ ᠪᠠ ᠲᠠᠭᠠᠭᠠᠯᠳᠠᠳᠦ ᠪᠤᠳᠠᠰ ᠤᠨ ᠡᠷᠬᠡ ᠶᠢ | ᠪᠡᠶᠡᠯᠡᠭᠦᠯᠬᠦ ᠵᠠᠷᠤᠳᠠᠯ ᠪᠠᠭᠳᠠᠨ᠎ᠠ᠃ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ | ᠶᠤᠰᠤᠭᠠᠷ ᠶᠠᠪᠤᠭᠤᠯᠤᠨ᠎ᠠ᠃ | ᠭᠤᠷᠪᠠᠨ ᠵᠠᠭᠤ ᠶᠡᠷᠡᠳᠦᠭᠡᠷ ᠵᠦᠢᠯ ᠲᠠᠭᠠᠭᠠᠯᠳᠠ ᠶᠢᠨ ᠬᠤᠭᠤᠴᠠᠭᠠᠨ ᠳᠤ ᠲᠠᠭᠠᠭᠠᠯᠳᠠ ᠶᠢᠨ ᠡᠳ᠋ ᠬᠦᠷᠦᠩᠭᠡ ᠡᠪᠳᠡᠷᠡᠬᠦ | ᠂ ᠤᠰᠠᠳᠬᠤ ᠪᠤᠶᠤ ᠲᠠᠳᠠᠪᠤᠷᠢᠯᠠᠭᠳᠠᠬᠤ ᠵᠡᠷᠭᠡ ᠪᠠᠶᠢᠳᠠᠯ ᠭᠠᠷᠪᠠᠯ᠂ ᠲᠠᠭᠠᠭᠠᠯᠳᠠᠳᠦ ᠪᠤᠳᠠᠰ ᠤᠨ ᠡᠷᠬᠡᠳᠦ ᠬᠦᠮᠦᠨ | ᠤᠯᠤᠭᠰᠠᠨ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ ᠨᠦᠬᠦᠪᠦᠷᠢ ᠶᠢᠨ ᠮᠦᠡᠭᠬᠦ ᠵᠡᠷᠭᠡ ᠠᠴᠠ | ᠤᠷᠢᠳ ᠢᠶᠠᠷ ᠲᠦᠯᠦᠪᠦᠷᠢ ᠤᠯᠵᠤ ᠪᠤᠯᠤᠨ᠎ᠠ᠃ ᠲᠠᠭᠠᠭᠠᠯᠳᠠ ᠬᠢᠯᠭᠡᠭᠰᠡᠨ ᠠᠪᠴᠠᠭ᠎ᠠ ᠶᠢᠨ ᠬᠦᠢᠴᠡᠳᠭᠡᠬᠦ | ᠬᠤᠭᠤᠴᠠᠭ᠎ᠠ ᠨᠢ ᠲᠦᠬᠦᠷᠥᠭᠡᠳᠤᠢ ᠪᠠᠶᠢᠪᠠᠯ᠂ ᠲᠤᠰ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ | ᠨᠦᠬᠦᠪᠦᠷᠢ ᠶᠢᠨ ᠮᠦᠡᠭᠬᠦ ᠵᠡᠷᠭᠡ ᠶᠢ ᠭᠠᠷᠭᠠᠵᠤ ᠬᠠᠳᠠᠭᠠᠯᠠᠭᠤᠯᠤᠭᠰᠠᠨ ᠴᠦ ᠪᠤᠯᠤᠨ᠎ᠠ᠃ | ᠭᠤᠷᠪᠠᠨ ᠵᠠᠭᠤ ᠶᠠᠷᠡᠨ ᠨᠢᠭᠡᠳᠦᠭᠡᠷ ᠵᠦᠢᠯ ᠭᠤᠷᠪᠠᠳᠠᠬᠢ ᠬᠦᠮᠦᠨ ᠲᠠᠭᠠᠭᠠᠯᠳᠠ ᠬᠠᠨᠭ᠍ᠭᠠᠭᠰᠠᠨ ᠳᠤ᠂ ᠠᠪᠴᠠᠭᠠᠲᠠᠨ | ᠲᠡᠬᠦᠨ ᠤ ᠪᠢᠴᠢᠭ ᠤᠨ ᠵᠦᠪᠰᠢᠶᠡᠷᠡᠯ ᠦᠭᠡᠢ ᠪᠠᠷ ᠦᠭᠴᠡᠭᠡᠲᠡᠨ ᠤ ᠪᠦᠬᠦ ᠥᠭᠴᠡᠭᠡ ᠪᠤᠶᠤ ᠬᠡᠰᠡᠭ ᠦᠭᠴᠡᠭᠡ ᠪᠠᠨ | ᠰᠢᠯᠵᠢᠬᠦᠯᠬᠦ ᠶᠢ ᠵᠦᠪᠰᠢᠶᠡᠷᠡᠭᠰᠡᠨ ᠪᠠᠶᠢᠪᠠᠯ᠂ ᠲᠠᠭᠠᠭᠠᠭᠴᠢ ᠳᠠᠬᠢᠵᠤ ᠵᠤᠬᠢᠴᠠᠩᠭᠤᠢ ᠲᠠᠭᠠᠭᠠᠯᠳᠠ ᠶᠢᠨ ᠬᠠᠷᠢᠭᠤᠴᠠᠯᠭ᠎ᠠ | ᠡᠬᠦᠷᠬᠡᠯᠡᠬᠦ ᠦᠭᠡᠢ᠃ | ᠭᠤᠷᠪᠠᠨ ᠵᠠᠭᠤ ᠶᠠᠷᠡᠨ ᠬᠤᠶᠠᠳᠣᠭᠠᠷ ᠵᠦᠢᠯ ᠲᠠᠭᠠᠭᠠᠯᠳᠠ ᠬᠢᠯᠬᠡᠭᠰᠡᠨ ᠠᠪᠴᠠᠭ᠎ᠠ ᠨᠢ ᠪᠤᠳᠠᠰ ᠤᠨ ᠲᠠᠭᠠᠭᠠᠯᠳᠠ ᠲᠠᠢ | ᠮᠦᠷᠳᠡᠭᠡᠨ ᠪᠠᠰᠠ ᠬᠦᠮᠦᠨ ᠤ ᠲᠠᠭᠠᠭᠠᠯᠳᠠ ᠲᠠᠢ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ | ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠭᠠᠭᠠᠯᠳᠠᠳᠦ ᠪᠤᠳᠠᠰ ᠤᠨ ᠡᠷᠬᠡ ᠶᠢ | ᠪᠡᠶᠡᠯᠡᠬᠦᠯᠬᠦ ᠪᠠᠶᠢᠳᠠᠯ ᠪᠤᠢ ᠪᠤᠯᠪᠠᠯ᠂ ᠠᠪᠴᠠᠭᠠᠳᠠᠨ ᠪᠤᠯᠵᠤᠯ ᠶᠤᠰᠤᠭᠠᠷ ᠠᠪᠴᠠᠭ᠎ᠠ ᠪᠠᠨ ᠪᠡᠶᠡᠯᠡᠬᠦᠯᠬᠦ ᠬᠡᠷᠡᠭᠳᠡᠢ︔ | ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠵᠤ᠂ ᠦᠭᠴᠡᠭᠡᠳᠡᠨ ᠦᠪᠡᠷ ᠢᠶᠠᠨ ᠪᠤᠳᠠᠰ ᠤᠨ | ᠲᠠᠭᠠᠭᠠᠯᠳᠠ ᠬᠠᠨᠭ᠍ᠭᠠᠭᠰᠠᠨ ᠪᠠᠶᠢᠪᠠᠯ᠂ ᠠᠪᠴᠠᠭᠠᠳᠠᠨ ᠤᠷᠢᠳ ᠢᠶᠠᠷ ᠲᠤᠰ ᠪᠤᠳᠠᠰ ᠤᠨ ᠲᠠᠭᠠᠭᠠᠯᠳᠠ ᠪᠠᠷ | ᠠᠪᠴᠠᠭ᠎ᠠ ᠪᠠᠨ ᠪᠡᠶᠡᠯᠡᠬᠦᠯᠬᠦ ᠬᠡᠷᠡᠭᠳᠡᠢ︔ ᠭᠤᠷᠪᠠᠳᠠᠭᠢ ᠬᠦᠮᠦᠨ ᠪᠤᠳᠠᠰ ᠤᠨ ᠲᠠᠭᠠᠭᠠᠯᠳᠠ ᠬᠠᠨᠭ᠍ᠭᠠᠭᠰᠠᠨ ᠪᠠᠶᠢᠪᠠᠯ᠂ | ᠠᠪᠴᠠᠭᠠᠳᠠᠨ ᠪᠤᠳᠠᠰ ᠤᠨ ᠲᠠᠭᠠᠭᠠᠯᠳᠠ ᠪᠠᠷ ᠠᠪᠴᠠᠭ᠎ᠠ ᠪᠠᠨ ᠪᠡᠶᠡᠯᠡᠬᠦᠯᠵᠦ ᠪᠤᠯᠤᠨ᠎ᠠ᠂ ᠪᠠᠳᠤᠯᠠᠭᠴᠢ ᠪᠠᠷ | ᠪᠠᠳᠤᠯᠠᠭ᠎ᠠ ᠶᠢᠨ ᠬᠠᠷᠢᠭᠤᠴᠠᠯᠭ᠎ᠠ ᠡᠬᠦᠷᠭᠡᠯᠡᠬᠦᠯᠬᠦ ᠪᠠᠷ ᠭᠤᠶᠣᠴᠢᠯᠠᠭᠰᠠᠨ ᠴᠦ ᠪᠤᠯᠤᠨ᠎ᠠ᠃ ᠲᠠᠭᠠᠭᠠᠯᠳᠠ ᠬᠠᠨᠭ᠍ᠭᠠᠭᠰᠠᠨ | ᠭᠤᠷᠪᠠᠳᠠᠭᠢ ᠬᠦᠮᠦᠨ ᠲᠠᠭᠠᠭᠠᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠭᠰᠡᠨ ᠤ ᠲᠠᠷᠠᠭ᠎ᠠ᠂ ᠦᠭᠴᠡᠭᠡᠳᠡᠨ ᠢᠶᠠᠷ | ᠨᠡᠬᠡᠮᠵᠢᠯᠡᠨ ᠲᠦᠯᠦᠭᠦᠯᠬᠦ ᠡᠷᠬᠡ ᠲᠠᠢ᠃ | ᠭᠤᠷᠪᠠᠨ ᠵᠠᠭᠤ ᠶᠠᠷᠡᠨ ᠭᠤᠷᠪᠠᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠲᠠᠭᠠᠭᠠᠯᠳᠠᠳᠦ ᠪᠤᠳᠠᠰ ᠤᠨ ᠡᠷᠬᠡ ᠤᠰᠠᠳᠤᠨ᠎ᠠ᠄ | ︵ᠨᠢᠭᠡ︶ ᠭᠤᠤᠯ ᠠᠪᠴᠠᠭ᠎ᠠ ᠤᠰᠠᠳᠤᠭᠰᠠᠨ︔ | ︵ᠬᠤᠶᠠᠷ︶ ᠲᠠᠭᠠᠭᠠᠯᠳᠠᠳᠦ ᠪᠤᠳᠠᠰ ᠤᠨ ᠡᠷᠬᠡ ᠪᠡᠶᠡᠯᠡᠭᠳᠡᠭᠰᠡᠨ︔ | ︵ᠭᠤᠷᠪᠠ︶ ᠠᠪᠴᠠᠭᠠᠳᠠᠨ ᠲᠠᠭᠠᠭᠠᠯᠳᠠᠳᠦ ᠪᠤᠳᠠᠰ ᠤᠨ ᠡᠷᠬᠡ ᠪᠠᠨ ᠬᠠᠶᠠᠭᠰᠠᠨ︔ | ︵ᠲᠦᠷᠪᠡ︶ ᠬᠠᠤᠯᠢ ᠴᠠᠭᠠᠵᠠ ᠳᠤ ᠲᠤᠭᠳᠠᠭᠠᠭᠰᠠᠨ ᠲᠠᠭᠠᠭᠠᠯᠳᠠᠳᠦ ᠪᠤᠳᠠᠰ ᠤᠨ ᠡᠷᠬᠡ ᠤᠰᠠᠳᠬᠤ ᠪᠤᠰᠤᠳ | ᠪᠠᠶᠢᠳᠠᠯ᠃ | ᠠᠷᠪᠠᠨ ᠲᠣᠯᠣᠳᠤᠭᠠᠷ ᠪᠦᠯᠦᠭ ᠪᠠᠷᠢᠴᠠᠭᠠᠨ ᠤ ᠡᠷᠬᠡ | ᠨᠢᠭᠡᠳᠦᠭᠡᠷ ᠬᠡᠰᠡᠭ ᠡᠩ ᠤᠨ ᠪᠠᠷᠢᠴᠠᠭᠠᠨ ᠤ ᠡᠷᠬᠡ | ᠭᠤᠷᠪᠠᠨ ᠵᠠᠭᠤ ᠶᠠᠷᠡᠨ ᠲᠦᠷᠪᠡᠳᠦᠭᠡᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ | ᠦᠭᠴᠡᠭᠡᠳᠡᠨ ᠪᠤᠶᠤ ᠭᠤᠷᠪᠠᠳᠠᠭᠢ ᠬᠦᠮᠦᠨ ᠡᠳ᠋ ᠬᠦᠷᠦᠩᠭᠡ ᠶᠢᠨ ᠡᠵᠡᠮᠰᠢᠯ ᠢᠶᠠᠨ ᠰᠢᠯᠵᠢᠬᠦᠯᠬᠦ ᠦᠭᠡᠢ ᠪᠠᠷ ᠲᠤᠰ | ᠡᠳ᠋ ᠬᠦᠷᠦᠩᠭᠡ ᠶᠢ ᠠᠪᠴᠠᠭᠠᠳᠠᠨ ᠳᠤ ᠪᠠᠷᠢᠴᠠᠭᠠᠯᠠᠵᠤ ᠦᠭᠬᠦᠭᠰᠡᠨ ᠪᠠᠶᠢᠪᠠᠯ᠂ ᠦᠭᠴᠡᠭᠡᠳᠡᠨ ᠬᠤᠭᠤᠴᠠᠭ᠎ᠠ | ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ | ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠣᠢ ᠪᠣᠯᠪᠠᠯ᠂ ᠠᠪᠴᠠᠭᠠᠳᠠᠨ ᠲᠤᠰ ᠡᠳ᠋ ᠬᠦᠷᠦᠩᠭᠡ ᠶᠢᠨ ᠲᠤᠬᠠᠢ ᠳᠤ | ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ | ᠡᠮᠦᠨᠡᠬᠢ ᠪᠠᠳᠠᠭ ᠲᠤ ᠲᠤᠭᠳᠠᠭᠠᠭᠰᠠᠨ ᠦᠭᠴᠡᠭᠡᠳᠡᠨ ᠪᠤᠶᠤ ᠭᠤᠷᠪᠠᠳᠠᠭᠢ ᠬᠦᠮᠦᠨ ᠪᠤᠯ ᠪᠠᠷᠢᠴᠠᠭᠠᠯᠠᠭᠴᠢ ᠮᠦᠨ᠂ | ᠠᠪᠴᠠᠭᠠᠳᠠᠨ ᠪᠤᠯ ᠪᠠᠷᠢᠴᠠᠭᠠᠨ ᠤ ᠡᠷᠭᠡᠳᠦ ᠬᠦᠮᠦᠨ ᠮᠦᠨ᠂ ᠲᠠᠭᠠᠭᠠᠯᠳᠠ ᠬᠠᠨᠭ᠍ᠭᠠᠭᠰᠠᠨ ᠡᠳ᠋ ᠬᠦᠷᠦᠩᠭᠡ ᠪᠤᠯ | ᠪᠠᠷᠢᠴᠠᠭᠠᠨ ᠤ ᠡᠳ᠋ ᠬᠦᠷᠦᠩᠭᠡ ᠮᠦᠨ᠃ | ᠭᠤᠷᠪᠠᠨ ᠵᠠᠭᠤ ᠶᠠᠷᠡᠨ ᠲᠠᠪᠣᠳᠣᠭᠠᠷ ᠵᠦᠢᠯ ᠦᠭᠴᠡᠭᠡᠳᠡᠨ ᠪᠤᠶᠤ ᠭᠤᠷᠪᠠᠳᠠᠭᠢ ᠬᠦᠮᠦᠨ ᠤ ᠰᠢᠢᠳᠪᠦᠷᠢᠯᠡᠬᠦ ᠡᠷᠬᠡ ᠲᠠᠢ | ᠲᠤᠤᠷ᠎ᠠ ᠵᠢᠬᠰᠠᠭᠠᠬᠰᠠᠨ ᠡᠳ᠋ ᠬᠦᠷᠦᠩᠭᠡ ᠶᠢ ᠪᠠᠷᠢᠴᠠᠭᠠᠯᠠᠵᠤ ᠪᠤᠯᠤᠨ᠎ᠠ᠄ | ︵ᠨᠢᠭᠡ︶ ᠪᠠᠷᠢᠯᠭ᠎ᠠ ᠪᠠ ᠪᠤᠰᠤᠳ ᠭᠠᠵᠠᠷ ᠰᠢᠷᠦᠢ ᠶᠢᠨ ᠲᠠᠭᠠᠯᠳᠠ ᠪᠤᠳᠠᠰ︔ | ︵ᠬᠤᠶᠠᠷ︶ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ︔ | ︵ᠭᠤᠷᠪᠠ︶ ᠲᠠᠯᠠᠢ ᠶᠢᠨ ᠣᠷᠣᠨ ᠢ ᠭᠡᠷᠡᠭᠯᠡᠭᠦ ᠡᠷᠭᠡ︔ | ︵ᠲᠦᠷᠪᠡ︶ ᠦᠢᠯᠡᠳᠪᠦᠷᠢᠯᠡᠯ ᠤᠨ ᠲᠦᠬᠦᠭᠡᠷᠦᠮᠵᠢ᠂ ᠲᠦᠬᠦᠭᠡᠢ ᠮᠠᠲ᠋ᠧᠷᠢᠶᠠᠯ᠂ ᠬᠠᠭᠠᠰ ᠡᠳ᠋ᠰᠢᠬᠦᠯᠦᠭᠰᠡᠨ | ᠪᠦᠳᠦᠭᠡᠭᠳᠡᠬᠦᠨ᠂ ᠪᠦᠲᠦᠭᠡᠭᠳᠡᠬᠦᠨ︔ | ︵ᠲᠠᠪᠤ︶ ᠪᠠᠷᠢᠵᠤ ᠦᠢᠯᠡᠳᠴᠦ ᠪᠠᠶᠢᠭ᠎ᠠ ᠪᠠᠷᠢᠯᠭ᠎ᠠ᠂ ᠤᠡᠭᠭᠤᠴᠠ ᠰᠡᠯ᠂ ᠠᠭᠠᠷ ᠤᠨ ᠨᠢᠰᠦᠬᠦᠷ︔ | ︵ᠵᠢᠷᠭᠤᠭ᠎ᠠ︶ ᠵᠠᠮ ᠲᠡᠭᠡᠭᠡᠪᠦᠷᠢ ᠶᠢᠨ ᠪᠠᠭᠠᠵᠢ︔ | ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠪᠠᠷᠢᠴᠠᠭᠠᠯᠠᠬᠤ ᠶᠢ ᠴᠠᠭᠠᠵᠠᠯᠠᠭᠰᠠᠨ | ᠦᠭᠡᠢ ᠪᠤᠰᠤᠳ ᠡᠳ᠋ ᠬᠦᠷᠦᠩᠭᠡ᠃ | ᠪᠠᠷᠢᠴᠠᠭᠠᠯᠠᠭᠴᠢ ᠡᠮᠦᠨᠡᠬᠢ ᠪᠠᠳᠠᠭ ᠲᠤ ᠵᠢᠭᠰᠠᠭᠠᠭᠰᠠᠨ ᠡᠳ᠋ ᠬᠦᠷᠦᠩᠭᠡ ᠶᠢ ᠬᠠᠮᠳᠤ ᠳᠤᠨᠢ ᠪᠠᠷᠢᠴᠠᠭᠠᠯᠠᠵᠤ ᠪᠤᠯᠤᠨ᠎ᠠ᠃ | ᠭᠤᠷᠪᠠᠨ ᠵᠠᠭᠤ ᠶᠠᠷᠡᠨ ᠵᠢᠷᠭᠤᠳᠣᠭᠠᠷ ᠵᠦᠢᠯ ᠠᠵᠤ ᠠᠬᠤᠢᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠭᠴᠢ ᠤᠳᠤ ᠪᠠᠶᠢᠬᠤ ᠪᠠ ᠬᠤᠵᠢᠮ ᠤᠯᠬᠤ ᠦᠢᠯᠡᠳᠪᠦᠷᠢᠯᠡᠯ ᠤᠨ | ᠲᠦᠬᠦᠭᠡᠷᠦᠮᠵᠢ᠂ ᠲᠦᠬᠦᠭᠡᠢ ᠮᠠᠲ᠋ᠧᠷᠢᠶᠠᠯ᠂ ᠬᠠᠭᠠᠰ ᠡᠳ᠋ᠰᠢᠬᠦᠯᠦᠭᠰᠡᠨ ᠪᠦᠳᠦᠭᠡᠭᠳᠡᠬᠦᠨ᠂ ᠪᠦᠲᠦᠭᠡᠭᠳᠡᠬᠦᠨ ᠢᠶᠠᠨ | ᠪᠠᠷᠢᠴᠠᠭᠠᠯᠠᠵᠤ ᠪᠤᠯᠤᠨ᠎ᠠ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ | ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ | ᠠᠪᠴᠠᠭᠠᠳᠠᠨ ᠨᠢ ᠪᠠᠷᠢᠴᠠᠭᠠᠨ ᠤ ᠡᠳ᠋ ᠭᠦᠷᠦᠩᠭᠡ ᠶᠢ ᠲᠣᠭᠳᠠᠭᠠᠬᠤ ᠦᠶ᠎ᠡ ᠶᠢᠨ ᠬᠦᠳᠡᠯᠬᠦ ᠬᠦᠷᠦᠩᠭᠡ ᠶᠢᠨ | ᠲᠤᠬᠠᠢ ᠳᠤ ᠤᠷᠢᠳ ᠢᠶᠠᠷ ᠲᠦᠯᠦᠪᠤᠷᠢ ᠤᠯᠬᠤ ᠡᠷᠬᠡ ᠲᠠᠢ᠃ | ᠭᠤᠷᠪᠠᠨ ᠵᠠᠭᠤ ᠶᠠᠷᠡᠨ ᠲᠣᠯᠣᠳᠣᠭᠠᠷ ᠵᠦᠢᠯ ᠪᠠᠷᠢᠯᠭ᠎ᠠ ᠪᠠᠷ ᠪᠠᠷᠢᠴᠠᠭᠠᠯᠠᠭᠰᠠᠨ ᠪᠠᠶᠢᠪᠠᠯ᠂ ᠲᠤᠰ ᠪᠠᠷᠢᠯᠭ᠎ᠠ ᠶᠢᠨ | ᠡᠵᠡᠯᠡᠨ ᠬᠡᠷᠡᠭᠯᠡᠭᠰᠡᠨ ᠬᠡᠪᠴᠢᠶᠡᠨ ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠬᠠᠮᠳᠤ ᠳᠤᠨᠢ ᠪᠠᠷᠢᠴᠠᠭᠠᠯᠠᠨ᠎ᠠ᠃ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠪᠠᠷ | ᠪᠠᠷᠢᠴᠠᠭᠠᠯᠠᠭᠰᠠᠨ ᠪᠠᠶᠢᠪᠠᠯ᠂ ᠲᠤᠰ ᠭᠠᠵᠠᠷ ᠰᠢᠷᠦᠢ ᠲᠡᠭᠡᠷᠡᠬᠢ ᠪᠠᠷᠢᠯᠭ᠎ᠠ ᠶᠢ ᠬᠠᠮᠳᠤ ᠳᠤᠨᠢ ᠪᠠᠷᠢᠴᠠᠭᠠᠯᠠᠨ᠎ᠠ᠃ | ᠪᠠᠷᠢᠴᠠᠭᠠᠯᠠᠭᠴᠢ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠬᠠᠮᠳᠤ ᠳᠤᠨᠢ ᠪᠠᠷᠢᠴᠠᠭᠠᠯᠠᠭᠰᠠᠨ ᠦᠭᠡᠢ ᠪᠠᠶᠢᠪᠠᠯ᠂ | ᠪᠠᠷᠢᠴᠠᠭᠠᠯᠠᠭᠰᠠᠨ ᠦᠭᠡᠢ ᠡᠳ᠋ ᠬᠦᠷᠦᠩᠭᠡ ᠶᠢ ᠬᠠᠮᠳᠤ ᠳᠤᠨᠢ ᠪᠠᠷᠢᠴᠠᠭᠠᠯᠠᠭᠰᠠᠨ ᠢᠶᠠᠷ ᠦᠵᠡᠨ᠎ᠠ᠃ | ᠭᠤᠷᠪᠠᠨ ᠵᠠᠭᠤ ᠶᠠᠷᠡᠨ ᠨᠠᠢᠮᠠᠳᠣᠭᠠᠷ ᠵᠦᠢᠯ ᠰᠢᠶᠠᠩ ᠪᠠᠯᠭᠠᠰᠤ᠂ ᠲᠤᠰᠬᠤᠨ ᠤ ᠠᠵᠤ ᠠᠬᠤᠢᠢᠯᠠᠯ ᠤᠨ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠰᠠᠭᠠᠷ ᠨᠢ ᠪᠠᠷᠢᠴᠠᠭᠠᠯᠠᠵᠤ ᠪᠤᠯᠬᠤ ᠦᠭᠡᠢ᠃ ᠰᠢᠶᠠᠩ | ᠪᠠᠯᠭᠠᠰᠤ᠂ ᠲᠤᠰᠬᠤᠨ ᠤ ᠠᠵᠤ ᠠᠬᠤᠢᠢᠯᠠᠯ ᠤᠨ ᠦᠢᠯᠡᠳᠪᠦᠷᠢ ᠶᠢᠨ ᠪᠠᠶᠢᠰᠢᠩ ᠵᠡᠷᠭᠡ ᠪᠠᠷᠢᠯᠭ᠎ᠠ ᠪᠠᠷ | ᠪᠠᠷᠢᠴᠠᠭᠠᠯᠠᠬᠰᠠᠨ ᠪᠠᠶᠢᠪᠠᠯ᠂ ᠲᠡᠬᠦᠨ ᠤ ᠡᠵᠡᠯᠡᠨ ᠬᠡᠷᠡᠭᠯᠡᠭᠰᠡᠨ ᠬᠡᠪᠴᠢᠶᠡᠨ ᠲᠤᠳᠤᠷᠠᠬᠢ ᠪᠦᠳᠦᠭᠡᠨ | ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠠᠮᠳᠤ ᠳᠤᠨᠢ ᠪᠠᠷᠢᠴᠠᠭᠠᠯᠠᠨ᠎ᠠ᠃ | ᠭᠤᠷᠪᠠᠨ ᠵᠠᠭᠤ ᠶᠠᠷᠡ ᠶᠢᠰᠦᠳᠤᠭᠡᠷ ᠵᠦᠢᠯ ᠲᠤᠤᠷ᠎ᠠ ᠵᠢᠭᠰᠠᠭᠠᠭᠰᠠᠨ ᠡᠳ᠋ ᠬᠦᠷᠦᠩᠭᠡ ᠶᠢ ᠪᠠᠷᠢᠴᠠᠭᠠᠯᠠᠵᠤ ᠪᠤᠯᠬᠤ | ᠦᠭᠡᠢ᠄ | ︵ᠨᠢᠭᠡ︶ ᠭᠠᠵᠠᠷ ᠰᠢᠷᠦᠢ ᠶᠢᠨ ᠦᠮᠴᠢᠯᠡᠯ ᠤᠨ ᠡᠷᠬᠡ︔ | ︵ᠬᠤᠶᠠᠷ︶ ᠤᠷᠤᠨ ᠰᠠᠭᠤᠴᠠ ᠶᠢᠨ ᠭᠠᠵᠠᠷ᠂ ᠬᠤᠪᠢᠨ ᠳᠠᠭᠠᠨ ᠦᠯᠡᠳᠡᠭᠡᠭᠰᠡᠨ ᠲᠠᠷᠢᠶᠠᠨ ᠭᠠᠵᠠᠷ᠂ ᠬᠤᠪᠢᠨ ᠳᠠᠭᠠᠨ | ᠦᠯᠡᠳᠡᠭᠡᠭᠰᠡᠨ ᠠᠭᠤᠯᠠ ᠵᠡᠷᠭᠡ ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠬᠡ᠂ ᠭᠡᠪᠡᠴᠦ ᠬᠠᠤᠯᠢ | ᠴᠠᠭᠠᠵᠠ ᠳᠤ ᠪᠠᠷᠢᠴᠠᠭᠠᠯᠠᠵᠤ ᠪᠤᠯᠤᠨ᠎ᠠ ᠭᠡᠵᠦ ᠲᠤᠭᠳᠠᠭᠠᠭᠰᠨᠨ ᠨᠢ ᠡᠬᠦᠨ ᠳᠤ ᠪᠠᠭᠳᠠᠬᠤ ᠦᠭᠡᠢ︔ | ︵ᠭᠤᠷᠪᠠ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠬᠡ ᠶᠢᠨ ᠪᠠᠶᠢᠭᠤᠯᠣᠮᠵᠢ ᠵᠡᠷᠭᠡ ᠨᠠᠶᠢᠳᠠ ᠶᠢᠨ | ᠠᠰᠠᠷᠠᠮᠵᠢ ᠶᠢᠨ ᠵᠤᠷᠢᠯᠭ᠎ᠠ ᠪᠠᠷ ᠪᠠᠶᠢᠭᠤᠯᠣᠭᠰᠠᠨ ᠠᠰᠢᠭ ᠬᠤᠨᠵᠢᠪᠦᠷᠢᠳᠦ ᠪᠣᠰᠣ ᠬᠠᠣᠯᠢ ᠶᠢᠨ ᠭᠦᠮᠦᠨ ᠤ ᠰᠤᠷᠭᠠᠨ | ᠬᠦᠮᠦᠵᠢᠯ ᠤᠨ ᠲᠦᠬᠦᠭᠡᠷᠦᠮᠵᠢ᠂ ᠡᠮᠨᠡᠯᠬᠡ ᠡᠷᠡᠬᠦᠯ ᠬᠠᠮᠠᠭᠠᠯᠠᠯ ᠤᠨ ᠲᠦᠬᠦᠭᠡᠷᠦᠮᠵᠢ ᠪᠠ ᠨᠠᠶᠢᠳᠠ ᠶᠢᠨ ᠠᠰᠠᠷᠠᠮᠵᠢ ᠶᠢᠨ | ᠪᠤᠰᠤᠳ ᠲᠦᠬᠦᠭᠡᠷᠦᠮᠵᠢ︔ | ︵ᠲᠦᠷᠪᠡ︶ ᠦᠮᠴᠢᠯᠡᠬᠦ ᠡᠷᠬᠡ᠂ ᠬᠡᠷᠡᠭᠯᠡᠬᠦ ᠡᠷᠬᠡ ᠨᠢ ᠲᠤᠳᠤᠷᠬᠠᠢ ᠦᠭᠡᠢ ᠪᠤᠶᠤ ᠮᠠᠷᠭᠤᠭᠠᠨ ᠲᠠᠢ ᠡᠳ᠋ ᠬᠦᠷᠦᠩᠭᠡ︔ | | ︵ᠲᠠᠪᠤ︶ ᠬᠠᠤᠯᠢ ᠶᠤᠰᠤᠭᠠᠷ ᠪᠠᠶᠢᠴᠠᠭᠠᠨ ᠪᠢᠲᠡᠭᠦᠮᠵᠢᠯᠡᠭᠰᠡᠨ᠂ ᠲᠠᠷᠤᠵᠤ ᠠᠪᠤᠭᠰᠠᠨ᠂ ᠬᠢᠨᠠᠵᠤ ᠬᠠᠮᠢᠶᠠᠷᠤᠭᠰᠠᠨ ᠡᠳ᠋ | ᠬᠦᠷᠦᠩᠭᠡ︔ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠪᠠᠷᠢᠴᠠᠭᠠᠯᠠᠵᠤ ᠪᠤᠯᠬᠤ ᠦᠭᠡᠢ | ᠭᠡᠵᠤ ᠲᠤᠭᠳᠠᠭᠠᠭᠰᠠᠨ ᠪᠤᠰᠤᠳ ᠡᠳ᠋ ᠬᠦᠷᠦᠩᠭᠡ᠃ | ᠲᠦᠷᠪᠡᠨ ᠵᠠᠭᠤᠳᠣᠭᠠᠷ ᠵᠦᠢᠯ ᠪᠠᠷᠢᠴᠠᠭᠠᠨ ᠤ ᠡᠷᠬᠡ ᠶᠢ ᠲᠤᠭᠳᠠᠭᠠᠬᠤ ᠳᠤ ᠲᠤᠬᠠᠢ ᠶᠢᠨ ᠬᠦᠮᠦᠨ ᠪᠢᠴᠢᠭ ᠤᠨ | ᠬᠡᠯᠪᠡᠷᠢ ᠪᠠᠷ ᠪᠠᠷᠢᠴᠠᠭᠠᠯᠠᠬᠤ ᠭᠡᠷ᠎ᠡ ᠲᠤᠭᠳᠠᠭᠠᠬᠤ ᠬᠡᠷᠡᠭᠳᠡᠢ᠃ | ᠪᠠᠷᠢᠴᠠᠭᠠᠯᠠᠬᠤ ᠭᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄ | ︵ᠨᠢᠭᠡ︶ ᠲᠠᠭᠠᠭᠠᠯᠳᠠ ᠬᠢᠯᠭᠡᠭᠰᠡᠨ ᠠᠪᠴᠠᠭ᠎ᠠ ᠶᠢᠨ ᠲᠦᠷᠦᠯ ᠵᠦᠢᠯ ᠪᠠ ᠲᠤᠭ᠎ᠠ ᠭᠡᠮᠵᠢᠶ᠎ᠠ︔ | ︵ᠬᠤᠶᠠᠷ︶ ᠦᠭᠴᠡᠭᠡᠳᠡᠨ ᠤ ᠦᠭᠴᠡᠭᠡ ᠪᠠᠨ ᠬᠦᠢᠴᠡᠳᠭᠡᠬᠦ ᠬᠤᠭᠤᠴᠠᠭ᠎ᠠ︔ | ︵ᠭᠤᠷᠪᠠ︶ ᠪᠠᠷᠢᠴᠠᠭᠠᠨ ᠤ ᠡᠳ᠋ ᠬᠦᠷᠦᠩᠭᠡ ᠶᠢᠨ ᠨᠡᠷᠡᠶᠢᠳᠤᠯ᠂ ᠲᠤᠭ᠎ᠠ ᠬᠡᠮᠵᠢᠶ᠎ᠠ ᠵᠡᠷᠭᠡ ᠪᠠᠶᠢᠳᠠᠯ︔ | ︵ᠲᠦᠷᠪᠡ︶ ᠲᠠᠭᠠᠭᠠᠯᠳᠠ ᠬᠢᠬᠦ ᠬᠡᠪᠴᠢᠶ᠎ᠡ᠃ | ᠲᠦᠷᠪᠡᠨ ᠵᠠᠭᠤ ᠨᠢᠭᠡᠳᠦᠭᠡᠷ ᠵᠦᠢᠯ ᠪᠠᠷᠢᠴᠠᠭᠠᠨ ᠤ ᠡᠷᠭᠡᠳᠦ ᠬᠦᠮᠦᠨ ᠨᠢ ᠦᠭᠴᠡᠭᠡ ᠶᠢ ᠬᠦᠢᠴᠡᠳᠭᠡᠬᠦ ᠬᠤᠭᠤᠴᠠᠭ᠎ᠠ | ᠲᠦᠬᠦᠷᠬᠦ ᠠᠴᠠ ᠡᠮᠦᠨ᠎ᠡ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ | ᠦᠶ᠎ᠡ ᠳᠤ ᠪᠠᠷᠢᠴᠠᠭᠠᠨ ᠤ ᠡᠳ᠋ ᠬᠦᠷᠦᠩᠭᠡ ᠨᠢ ᠠᠪᠴᠠᠭᠠᠳᠠᠨ ᠳᠤ ᠦᠮᠴᠢᠯᠡᠭᠳᠡᠨ᠎ᠡ ᠭᠡᠵᠦ ᠪᠠᠷᠢᠴᠠᠭᠠᠯᠠᠭᠴᠢ ᠲᠠᠢ | ᠪᠤᠯᠵᠤᠨ ᠲᠤᠭᠳᠠᠭᠰᠠᠨ ᠪᠠᠶᠢᠪᠠᠯ᠂ ᠬᠠᠣᠯᠢ ᠶᠣᠰᠣᠭᠠᠷ ᠵᠦᠪᠭᠡᠨ ᠪᠠᠷᠢᠴᠠᠭᠠᠠ ᠤ ᠡᠳ᠋ ᠭᠦᠷᠦᠩᠭᠡ ᠶᠢᠨ ᠲᠤᠬᠠᠢ ᠳᠤ | ᠣᠷᠢᠳ ᠢᠶᠠᠷ ᠲᠦᠯᠦᠪᠦᠷᠢ ᠣᠯᠣᠨ᠎ᠠ᠃ | ᠲᠦᠷᠪᠡᠨ ᠵᠠᠭᠤ ᠬᠤᠶᠠᠳᠣᠭᠠᠷ ᠵᠦᠢᠯ ᠲᠤᠰ ᠬᠠᠤᠯᠢ ᠶᠢᠨ ᠭᠤᠷᠪᠠᠨ ᠵᠠᠭᠤ ᠶᠡᠷᠡᠨ ᠲᠠᠪᠣᠳᠣᠭᠠᠷ ᠵᠦᠢᠯ ᠤᠨ ᠨᠢᠭᠡᠳᠦᠭᠡᠷ | ᠵᠦᠢᠯ ᠳᠤ ᠨᠢᠭᠡᠳᠦᠭᠡᠷ ᠵᠤᠷᠪᠤᠰ ᠠᠴᠠ ᠭᠤᠷᠪᠠᠳᠤᠭᠠᠷ ᠵᠤᠷᠪᠤᠰ ᠲᠤ ᠲᠤᠭᠳᠠᠭᠠᠭᠰᠠᠨ ᠡᠳ᠋ ᠬᠦᠷᠦᠩᠭᠡ ᠪᠤᠶᠤ | ᠲᠠᠪᠤᠳᠤᠭᠠᠷ ᠵᠤᠷᠪᠤᠰ ᠲᠤ ᠲᠤᠭᠳᠠᠭᠠᠭᠰᠠᠨ ᠪᠥᠳᠤᠭᠡᠨ ᠪᠠᠶᠢᠭᠤᠯᠵᠤ ᠪᠠᠶᠢᠭ᠎ᠠ ᠪᠠᠷᠢᠯᠭ᠎ᠠ ᠪᠠᠷ ᠪᠠᠷᠢᠴᠠᠭᠠᠯᠠᠬᠤ ᠳᠤ | ᠬᠦᠷᠪᠡᠯ᠂ ᠪᠠᠷᠢᠴᠠᠭᠠᠯᠠᠬᠤ ᠲᠠᠩᠰᠠᠯᠠᠯᠳᠠ ᠬᠢᠯᠭᠡᠬᠦ ᠬᠡᠷᠡᠭᠳᠡᠢ᠃ ᠪᠠᠷᠢᠴᠠᠭᠠᠨ ᠤ ᠡᠷᠬᠡ ᠨᠢ ᠲᠠᠩᠰᠠᠯᠠᠭᠰᠠᠨ ᠴᠠᠭ ᠠᠴᠠ | ᠲᠤᠬᠳᠠᠭᠠᠭᠳᠠᠨ᠎ᠠ᠃ | ᠲᠦᠷᠪᠡᠨ ᠵᠠᠭᠤ ᠭᠤᠷᠪᠠᠳᠣᠭᠠᠷ ᠵᠦᠢᠯ ᠭᠦᠳᠡᠯᠭᠦ ᠭᠦᠷᠦᠩᠭᠡ ᠪᠠᠷ ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠨ ᠤ | ᠡᠷᠭᠡ ᠨᠢ ᠪᠠᠷᠢᠴᠠᠭᠠᠯᠠᠬᠤ ᠭᠡᠷ᠎ᠡ ᠬᠦᠴᠦᠨ ᠲᠠᠢ ᠪᠤᠯᠬᠤ ᠴᠠᠭ ᠠᠴᠠ ᠲᠤᠭᠲᠠᠭᠠᠭᠳᠠᠨ᠎ᠠ︔ ᠲᠠᠩᠰᠠᠯᠠᠭᠤᠯᠤᠭᠰᠠᠨ ᠦᠭᠡᠢ | ᠪᠠᠶᠢᠪᠠᠯ᠂ ᠰᠠᠶᠢᠨ ᠰᠠᠨᠠᠭᠠᠳᠤ ᠭᠤᠷᠪᠠᠳᠠᠭᠢ ᠬᠦᠮᠦᠨ ᠲᠠᠢ ᠡᠰᠡᠷᠬᠦᠴᠡᠯᠳᠦᠵᠦ ᠪᠤᠯᠬᠤ ᠦᠭᠡᠢ᠃ | ᠲᠦᠷᠪᠡᠨ ᠵᠠᠭᠤ ᠲᠦᠷᠪᠡᠳᠦᠭᠡᠷ ᠵᠦᠢᠯ ᠬᠦᠳᠡᠯᠬᠦ ᠬᠦᠷᠦᠩᠭᠡ ᠪᠠᠷ ᠪᠠᠷᠢᠴᠠᠭᠠᠯᠠᠬᠤ ᠳᠤ ᠬᠦᠷᠪᠡᠯ᠂ ᠬᠡᠪ ᠤᠨ | ᠡᠵᠡᠩᠨᠡᠯᠳᠡ ᠶᠢᠨ ᠠᠵᠢᠯᠯᠠᠭ᠎ᠠ ᠶᠢᠨ ᠲᠤᠮᠳᠠ ᠨᠢᠭᠡᠨᠲᠡ ᠵᠦᠢ ᠵᠤᠬᠢᠰᠳᠠᠢ ᠦᠨ᠎ᠠ ᠶᠢᠨ ᠵᠤᠭᠤᠰ ᠦᠭᠬᠦᠭᠰᠡᠨ ᠪᠦᠭᠡᠳ | ᠪᠠᠷᠢᠴᠠᠭᠠᠨ ᠤ ᠡᠳ᠋ ᠬᠦᠷᠦᠩᠭᠡ ᠶᠢ ᠤᠯᠤᠭᠰᠠᠨ ᠬᠤᠳᠠᠯᠳᠤᠨ ᠠᠪᠤᠭᠴᠢ ᠲᠠᠢ ᠡᠰᠡᠷᠬᠦᠴᠡᠯᠳᠦᠵᠦ ᠪᠤᠯᠬᠤ ᠦᠭᠡᠢ᠃ | ᠲᠦᠷᠪᠡᠨ ᠵᠠᠭᠤ ᠲᠠᠪᠣᠳᠣᠭᠠᠷ ᠵᠦᠢᠯ ᠪᠠᠷᠢᠴᠠᠭᠠᠨ ᠤ ᠡᠷᠭᠡ ᠶᠢ ᠲᠤᠭᠳᠠᠭᠠᠬᠤ ᠠᠴᠠ ᠡᠮᠦᠨ᠎ᠡ ᠪᠠᠷᠢᠴᠠᠭᠠᠨ ᠤ ᠡᠳ᠋ | ᠬᠦᠷᠦᠩᠭᠡ ᠶᠢ ᠨᠢᠭᠡᠨᠳᠡ ᠲᠦᠷᠢᠶᠡᠰᠦᠯᠡᠭᠦᠯᠦᠭᠰᠡᠨ ᠪᠦᠭᠡᠳ ᠰᠢᠯᠵᠢᠭᠦᠯᠦᠨ ᠡᠵᠡᠮᠰᠢᠭᠦᠯᠦᠭᠰᠡᠨ ᠪᠠᠶᠢᠪᠠᠯ᠂ ᠤᠤᠯ ᠤᠨ | ᠲᠦᠷᠢᠶᠡᠰᠦᠯᠡᠯ ᠤᠨ ᠬᠠᠷᠢᠴᠠᠭ᠎ᠠ ᠨᠢ ᠲᠤᠰ ᠪᠠᠷᠢᠴᠠᠭᠠᠨ ᠤ ᠡᠷᠬᠡ ᠳᠤ ᠨᠦᠯᠦᠭᠡᠯᠡᠭᠳᠡᠬᠦ ᠦᠭᠡᠢ᠃ | ᠲᠦᠷᠪᠡᠨ ᠵᠠᠭᠤ ᠵᠢᠷᠭᠤᠳᠣᠭᠠᠷ ᠵᠦᠢᠯ ᠪᠠᠷᠢᠴᠠᠭᠠᠯᠠᠬᠤ ᠬᠤᠭᠤᠴᠠᠭᠠᠨ ᠳᠤ ᠪᠠᠷᠢᠴᠠᠭᠠᠯᠠᠭᠴᠢ ᠪᠠᠷᠢᠴᠠᠭᠠᠨ ᠤ ᠡᠳ᠋ | ᠬᠦᠷᠦᠩᠭᠡ ᠶᠢ ᠰᠢᠯᠵᠢᠬᠦᠯᠦᠨ ᠦᠭᠴᠦ ᠪᠣᠯᠣᠨ᠎ᠠ᠃ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠪᠠᠶᠢᠪᠠᠯ᠂ | ᠲᠡᠷᠡ ᠪᠣᠯᠵᠣᠯ ᠶᠤᠰᠤᠭᠠᠷ ᠶᠠᠪᠤᠭᠤᠯᠤᠨ᠎ᠠ᠃ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ ᠦᠭᠭᠦᠭᠰᠡᠨ ᠨᠢ | ᠪᠠᠷᠢᠴᠠᠭᠠᠨ ᠤ ᠡᠷᠭᠡ ᠶᠢ ᠨᠦᠯᠦᠭᠡᠯᠡᠭᠦ ᠦᠭᠡᠢ᠃ | ᠪᠠᠷᠢᠴᠠᠭᠠᠯᠠᠭᠴᠢ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ ᠦᠭᠭᠦᠭᠰᠡᠨ ᠪᠠᠶᠢᠪᠠᠯ᠂ ᠪᠠᠷᠢᠴᠠᠭᠠᠨ ᠤ ᠡᠷᠭᠡᠳᠦ | ᠭᠦᠮᠦᠨ ᠳᠤ ᠴᠠᠭ ᠲᠣᠬᠠᠢ ᠳᠤᠨᠢ ᠮᠡᠳᠡᠭᠳᠡᠭᠦ ᠭᠡᠷᠡᠭᠳᠡᠢ᠃ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ | ᠦᠭᠭᠦ ᠨᠢ ᠪᠠᠷᠢᠴᠠᠭᠠᠠ ᠤ ᠡᠷᠭᠡ ᠶᠢ ᠬᠤᠭᠢᠷᠠᠭᠤᠯᠵᠦ ᠮᠡᠳᠡᠭᠦ ᠶᠢ ᠪᠠᠷᠢᠴᠠᠭᠠᠨ ᠤ ᠡᠷᠭᠡᠳᠦ ᠭᠦᠮᠦᠨ ᠭᠡᠷᠡᠴᠢᠯᠡᠵᠦ | ᠳᠡᠶᠢᠯᠪᠡᠯ᠂ ᠰᠢᠯᠵᠢᠭᠦᠯᠦᠨ ᠦᠭᠭᠦᠭᠡᠳ ᠣᠯᠣᠭᠰᠠᠨ ᠦᠨ᠎ᠡ ᠶᠢᠨ ᠵᠣᠭᠤᠰ ᠢᠶᠠᠷ ᠪᠠᠷᠢᠴᠠᠭᠠᠨ ᠤ ᠡᠷᠭᠡᠳᠦ ᠭᠦᠮᠦᠨ ᠤ | ᠦᠭᠴᠡᠭᠡ ᠶᠢ ᠣᠷᠢᠳᠴᠢᠯᠠᠨ ᠢᠯᠭᠠᠷᠠᠭᠤᠯᠤᠨ ᠲᠦᠯᠦᠭᠦᠯᠭᠦ ᠪᠣᠶᠣ ᠲᠡᠭᠦᠨ ᠢ ᠭᠠᠷᠭᠠᠵᠤ ᠬᠠᠳᠠᠭᠠᠯᠠᠭᠤᠯᠬᠤ ᠪᠠᠷ | ᠪᠠᠷᠢᠴᠠᠭᠠᠯᠠᠭᠴᠢ ᠳᠤ ᠭᠤᠶᠣᠴᠢᠯᠠᠵᠦ ᠪᠣᠯᠣᠨ᠎ᠠ᠃ ᠰᠢᠯᠵᠢᠬᠦᠯᠵᠦ ᠦᠭᠬᠦᠭᠰᠡᠨ ᠦᠨ᠎ᠡ ᠶᠢᠨ ᠵᠤᠭᠤᠰ ᠤᠨ | ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠪᠠᠷᠢᠴᠠᠭᠠᠯᠠᠭᠴᠢ ᠳᠤ ᠦᠮᠴᠢᠯᠡᠭᠳᠡᠨ᠎ᠡ᠂ ᠲᠤᠳᠠᠭᠤ ᠬᠡᠰᠡᠭ ᠢ ᠨᠢ | ᠦᠭᠴᠡᠭᠡᠳᠡᠨ ᠢᠯᠭᠠᠷᠠᠭᠤᠯᠤᠨ ᠲᠦᠯᠦᠨ᠎ᠡ᠃ | ᠲᠦᠷᠪᠡᠨ ᠵᠠᠭᠤ ᠲᠣᠯᠣᠳᠣᠭᠠᠷ ᠵᠦᠢᠯ ᠪᠠᠷᠢᠴᠠᠭᠠᠨ ᠤ ᠡᠷᠭᠡ ᠶᠢ ᠠᠪᠴᠠᠭ᠎ᠠ ᠠᠴᠠ ᠰᠠᠯᠭᠠᠨ ᠲᠤᠰᠠᠭᠠᠷ ᠨᠢ | ᠰᠢᠯᠵᠢᠬᠦᠯᠦᠨ ᠦᠭᠬᠦ ᠪᠤᠶᠤ ᠪᠤᠰᠤᠳ ᠠᠪᠴᠠᠭ᠎ᠠ ᠶᠢᠨ ᠲᠠᠭᠠᠭᠠᠯᠳᠠ ᠪᠤᠯᠭᠠᠵᠤ ᠪᠤᠯᠬᠤ ᠦᠭᠡᠢ᠃ ᠠᠪᠴᠠᠭ᠎ᠠ ᠶᠢ | ᠰᠢᠯᠵᠢᠬᠦᠯᠦᠨ ᠦᠭᠬᠦ ᠳᠤ ᠬᠦᠷᠪᠡᠯ᠂ ᠲᠤᠰ ᠠᠪᠴᠠᠭ᠎ᠠ ᠳᠤ ᠲᠠᠭᠠᠭᠠᠯᠲᠠ ᠪᠤᠯᠭᠠᠭᠰᠠᠨ ᠪᠠᠷᠢᠴᠠᠭᠠᠨ ᠤ ᠡᠷᠬᠡ ᠶᠢ | ᠬᠠᠮᠳᠤ ᠳᠤᠨᠢ ᠰᠢᠯᠵᠢᠬᠦᠯᠦᠨ ᠦᠭᠬᠦᠨ᠎ᠠ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠤᠶᠤ | ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠲᠦᠷᠪᠡᠨ ᠵᠠᠭᠤ ᠨᠠᠢᠮᠠᠳᠣᠭᠠᠷ ᠵᠦᠢᠯ ᠪᠠᠷᠢᠴᠠᠭᠠᠯᠠᠭᠴᠢ ᠶᠢᠨ ᠦᠢᠯᠡ ᠠᠵᠢᠯᠯᠠᠭ᠎ᠠ ᠨᠢ ᠪᠠᠷᠢᠴᠠᠭᠠᠨ ᠤ ᠡᠳ᠋ | ᠬᠦᠷᠦᠩᠭᠡ ᠶᠢᠨ ᠦᠷᠳᠡᠭ ᠢ ᠪᠠᠭᠤᠷᠠᠭᠤᠯᠬᠤ ᠪᠦᠷᠢᠨ ᠪᠤᠯᠤᠮᠵᠢ ᠲᠠᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ | ᠦᠢᠯᠡ ᠠᠵᠢᠯᠯᠠᠭ᠎ᠠ ᠶᠢ ᠨᠢ ᠵᠤᠭᠰᠤᠭᠠᠯᠭᠠᠬᠤ ᠪᠠᠷ ᠪᠠᠷᠢᠴᠠᠭᠠᠯᠠᠭᠴᠢ ᠳᠤ ᠭᠤᠶᠣᠴᠢᠯᠠᠬᠤ ᠡᠷᠬᠡ ᠲᠠᠢ︔ ᠪᠠᠷᠢᠴᠠᠭᠠᠨ ᠤ | ᠡᠳ᠋ ᠬᠦᠷᠦᠩᠭᠡ ᠶᠢᠨ ᠦᠷᠳᠡᠭ ᠨᠢ ᠪᠠᠭᠤᠷᠠᠭᠰᠠᠨ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠨ ᠤ ᠡᠳ᠋ | ᠬᠦᠷᠦᠩᠭᠡ ᠶᠢᠨ ᠦᠷᠳᠡᠭ ᠢ ᠰᠡᠷᠬᠦᠭᠡᠯᠭᠡᠬᠦ ᠪᠤᠶᠤ ᠪᠠᠭᠤᠷᠠᠭᠰᠠᠨ ᠦᠷᠳᠡᠭ ᠲᠠᠢ ᠨᠢ ᠵᠤᠬᠢᠴᠠᠩᠭᠤᠢ ᠲᠠᠭᠠᠭᠠᠯᠳᠠ | ᠬᠠᠨᠭ᠍ᠭᠠᠯᠭᠠᠬᠤ ᠪᠠᠷ ᠭᠤᠶᠣᠴᠢᠯᠠᠬᠤ ᠡᠷᠬᠡ ᠲᠠᠢ᠃ ᠪᠠᠷᠢᠴᠠᠭᠠᠯᠠᠭᠴᠢ ᠪᠠᠷᠢᠴᠠᠭᠠᠨ ᠤ ᠡᠳ᠋ ᠬᠦᠷᠦᠩᠭᠡ ᠶᠢᠨ ᠦᠷᠳᠡᠭ ᠢ | ᠰᠡᠷᠬᠦᠭᠡᠬᠦ ᠦᠭᠡᠢ ᠮᠦᠷᠳᠡᠭᠡᠨ ᠲᠠᠭᠠᠭᠠᠯᠳᠠ ᠪᠠᠰᠠ ᠬᠠᠨᠭ᠍ᠭᠠᠬᠤ ᠦᠭᠡᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ | ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠭᠦᠯᠬᠦ ᠪᠠᠷ ᠦᠭᠴᠡᠭᠡᠳᠡᠨ ᠳᠤ ᠭᠤᠶᠣᠴᠢᠯᠠᠬᠤ ᠡᠷᠬᠡ ᠲᠠᠢ᠃ | ᠲᠦᠷᠪᠡᠨ ᠵᠠᠭᠤ ᠶᠢᠰᠦᠳᠦᠭᠡᠷ ᠵᠦᠢᠯ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠨ ᠤ ᠡᠷᠬᠡ ᠪᠤᠶᠤ ᠪᠠᠷᠢᠴᠠᠭᠠᠨ ᠤ | ᠡᠷᠬᠡ ᠶᠢᠨ ᠪᠠᠶᠢᠷᠢ ᠶᠢᠨ ᠲᠠᠷᠠᠭᠠᠯᠠᠯ ᠢᠶᠠᠨ ᠬᠠᠶᠠᠵᠤ ᠪᠤᠯᠤᠨ᠎ᠠ᠃ ᠪᠠᠷᠢᠴᠠᠭᠠᠨ ᠤ ᠡᠷᠬᠡᠳᠦ ᠬᠦᠮᠦᠨ ᠪᠤᠯᠤᠨ | ᠪᠠᠷᠢᠴᠠᠭᠠᠯᠠᠭᠴᠢ ᠪᠠᠷᠢᠴᠠᠭᠠᠨ ᠤ ᠡᠷᠬᠡ ᠶᠢᠨ ᠪᠠᠶᠢᠷᠢ ᠶᠢᠨ ᠲᠠᠷᠠᠭᠠᠯᠠᠯ ᠵᠢᠴᠢ ᠲᠠᠭᠠᠭᠠᠯᠳᠠ ᠬᠢᠭᠰᠡᠨ ᠠᠪᠴᠠᠭ᠎ᠠ ᠶᠢᠨ | ᠲᠤᠭ᠎ᠠ ᠵᠡᠷᠭᠡ ᠠᠭᠤᠯᠭ᠎ᠠ ᠶᠢ ᠵᠦᠪᠳᠡᠯᠴᠡᠨ ᠬᠤᠪᠢᠷᠠᠭᠤᠯᠵᠤ ᠪᠤᠯᠤᠨ᠎ᠠ᠃ ᠭᠡᠪᠡᠴᠦ ᠪᠠᠷᠢᠴᠠᠭᠠᠨ ᠤ ᠡᠷᠬᠡ ᠶᠢ | ᠬᠤᠪᠢᠷᠠᠭᠤᠯᠬᠤ ᠳᠠᠭᠠᠨ ᠪᠤᠰᠤᠳ ᠪᠠᠷᠢᠴᠠᠭᠠᠨ ᠤ ᠡᠷᠬᠡᠳᠦ ᠬᠦᠮᠦᠨ ᠤ ᠪᠢᠴᠢᠭ ᠤᠨ ᠵᠦᠪᠰᠢᠶᠡᠷᠡᠯ ᠢ ᠤᠯᠤᠭᠰᠠᠨ | ᠦᠭᠡᠢ ᠪᠤᠯ᠂ ᠪᠤᠰᠤᠳ ᠪᠠᠷᠢᠴᠠᠭᠠᠨ ᠤ ᠡᠷᠬᠡᠳᠦ ᠬᠦᠮᠦᠨ ᠳᠤ ᠠᠰᠢᠭ ᠦᠭᠡᠢ ᠨᠦᠯᠦᠭᠡ ᠭᠠᠷᠭᠠᠵᠤ ᠪᠤᠯᠬᠤ ᠦᠭᠡᠢ᠃ | ᠦᠭᠴᠡᠭᠡᠳᠡᠨ ᠦᠪᠡᠷ ᠤᠨ ᠡᠳ᠋ ᠬᠦᠷᠦᠩᠭᠡ ᠪᠠᠷ ᠢᠶᠠᠨ ᠪᠠᠷᠢᠴᠠᠭ᠎ᠠ ᠲᠤᠭᠳᠠᠭᠠᠵᠤ᠂ ᠪᠠᠷᠢᠴᠠᠭᠠᠨ ᠤ ᠡᠷᠬᠡᠳᠦ ᠬᠦᠮᠦᠨ | ᠲᠤᠰ ᠪᠠᠷᠢᠴᠠᠭᠠᠨ ᠤ ᠡᠷᠭᠡ᠂ ᠪᠠᠷᠢᠴᠠᠭᠠᠨ ᠤ ᠡᠷᠬᠡ ᠶᠢᠨ ᠪᠠᠶᠢᠷᠢ ᠶᠢᠨ ᠲᠠᠷᠠᠭᠠᠯᠠᠯ ᠢᠶᠠᠨ ᠬᠠᠶᠠᠭᠰᠠᠨ ᠪᠤᠶᠤ | ᠪᠠᠷᠢᠴᠠᠭᠠᠨ ᠤ ᠡᠷᠬᠡ ᠪᠠᠨ ᠬᠤᠪᠢᠷᠠᠭᠤᠯᠤᠭᠰᠠᠨ ᠪᠠᠶᠢᠪᠠᠯ᠂ ᠪᠤᠰᠤᠳ ᠲᠠᠭᠠᠭᠠᠭᠴᠢ ᠨᠢ ᠪᠠᠷᠢᠴᠠᠭᠠᠨ ᠤ ᠡᠷᠬᠡᠳᠦ | ᠬᠦᠮᠦᠨ ᠤ ᠤᠷᠢᠳ ᠢᠶᠠᠷ ᠲᠦᠯᠦᠪᠦᠷᠢ ᠤᠯᠬᠤ ᠡᠷᠬᠡ ᠠᠰᠢᠬ ᠢᠶᠠᠨ ᠠᠯᠳᠠᠭᠰᠠᠨ ᠬᠡᠪᠴᠢᠶᠡᠨ ᠳᠤ ᠳᠠᠭᠠᠭᠠᠯᠲᠠ ᠶᠢᠨ | ᠬᠠᠷᠢᠭᠤᠴᠠᠯᠭ᠎ᠠ ᠠᠴᠠ ᠬᠡᠯᠳᠦᠷᠢᠨᠡ᠂ ᠭᠡᠪᠡᠴᠦ ᠪᠤᠰᠤᠳ ᠲᠠᠭᠠᠭᠠᠭᠴᠢ ᠮᠦᠨ ᠯᠠ ᠲᠠᠭᠠᠭᠠᠯᠳᠠ ᠬᠠᠨᠭ᠍ᠭᠠᠠᠬᠤ ᠪᠠᠷ | ᠠᠮᠠᠯᠠᠭᠰᠠᠨ ᠨᠢ ᠡᠬᠦᠨ ᠳᠤ ᠪᠠᠭᠳᠠᠬᠤ ᠦᠭᠡᠢ᠃ | ᠲᠦᠷᠪᠡᠨ ᠵᠠᠭᠤ ᠠᠷᠪᠠᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ | ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠡᠯ᠂ | ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠯᠠᠭᠴᠢ ᠲᠠᠢ ᠬᠡᠯᠡᠯᠴᠡᠭᠡᠷ ᠢᠶᠠᠷ ᠲᠡᠮᠵᠢᠨ ᠪᠠᠷᠢᠴᠠᠭᠠᠨ ᠤ ᠡᠳ᠋ | ᠬᠦᠷᠦᠩᠭᠡ ᠶᠢ ᠦᠨ᠎ᠡ ᠨᠤᠭᠤᠯᠤᠨ ᠪᠤᠳᠤᠬᠰᠠᠨ ᠪᠤᠶᠤ ᠲᠤᠰ ᠪᠠᠷᠢᠴᠠᠭᠠᠨ ᠤ ᠡᠳ᠋ ᠬᠥᠷᠤᠩᠭᠡ ᠶᠢ ᠦᠨ᠎ᠡ ᠬᠠᠶᠠᠨ | ᠬᠤᠳᠠᠯᠳᠤᠵᠤ᠂ ᠬᠤᠪᠢᠷᠠᠭᠤᠯᠤᠨ ᠬᠤᠳᠠᠯᠳᠤᠵᠦ ᠤᠯᠤᠭᠰᠠᠨ ᠦᠨ᠎ᠡ ᠶᠢᠨ ᠵᠤᠭᠤᠰ ᠢᠶᠠᠷ ᠤᠷᠢᠳ ᠢᠶᠠᠷ ᠲᠦᠯᠦᠪᠦᠷᠢ | ᠤᠯᠵᠤ ᠪᠤᠯᠤᠨ᠎ᠠ᠃ ᠬᠡᠯᠡᠯᠴᠡᠭᠡᠷ ᠨᠢ ᠪᠤᠰᠤᠳ ᠠᠪᠴᠠᠭᠠᠳᠠᠨ ᠤ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ | ᠪᠤᠰᠤᠳ ᠠᠪᠴᠠᠭᠠᠳᠠᠨ ᠲᠤᠰ ᠬᠡᠯᠡᠯᠴᠡᠭᠡᠷ ᠢ ᠬᠦᠴᠦᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶ᠎ᠠ ᠳᠤ | ᠭᠤᠶᠤᠴᠢᠯᠠᠵᠤ ᠪᠤᠯᠤᠨ᠎ᠠ᠃ | ᠪᠠᠷᠢᠴᠠᠭᠠᠨ ᠤ ᠡᠷᠭᠡᠳᠦ ᠬᠦᠮᠦᠨ ᠪᠤᠯᠤᠨ ᠪᠠᠷᠢᠴᠠᠭᠠᠯᠠᠭᠴᠢ ᠬᠤᠭᠤᠷᠤᠨᠳᠤ ᠪᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ | ᠠᠷᠭ᠎ᠠ ᠮᠠᠶ᠋ᠢᠭ ᠤᠨ ᠲᠤᠬᠠᠢ ᠬᠡᠯᠡᠯᠴᠡᠭᠡᠷ ᠲᠤᠬᠢᠷᠠᠭᠰᠠᠨ ᠦᠭᠡᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ | ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠬᠠᠶᠠᠨ ᠬᠤᠳᠠᠯᠳᠤᠭᠤᠯᠬᠤ᠂ ᠬᠤᠪᠢᠷᠠᠭᠤᠯᠤᠨ ᠬᠤᠳᠠᠯᠳᠤᠭᠤᠯᠬᠤ ᠪᠠᠷ | ᠠᠷᠠᠳ ᠤᠨ ᠰᠢᠬᠦᠬᠦ ᠬᠤᠷᠢᠶ᠎ᠡ ᠳᠤ ᠭᠤᠶᠤᠴᠢᠯᠠᠵᠤ ᠪᠤᠯᠤᠨ᠎ᠠ᠃ | ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ ᠬᠦᠷᠪᠡᠯ | ᠂ ᠵᠠᠬ᠎ᠠ ᠲᠡᠯᠭᠡᠬᠦᠷ ᠤᠨ ᠦᠨ᠎ᠡ ᠬᠠᠨᠭ᠍ᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ | ᠲᠦᠷᠪᠡᠨ ᠵᠠᠭᠤ ᠠᠷᠪᠠᠨ ᠨᠢᠭᠡᠳᠦᠭᠡᠷ ᠵᠦᠢᠯ ᠲᠤᠰ ᠬᠠᠤᠯᠢ ᠶᠢᠨ ᠭᠤᠷᠪᠠᠨ ᠵᠠᠭᠤ ᠶᠠᠷᠡᠨ ᠵᠢᠷᠭᠤᠳᠣᠭᠠᠷ ᠵᠦᠢᠯ ᠤᠨ | ᠲᠤᠭᠳᠠᠭᠠᠯ ᠶᠤᠰᠤᠭᠠᠷ ᠪᠠᠷᠢᠴᠠᠭ᠎ᠠ ᠶᠢ ᠲᠤᠭᠳᠠᠭᠠᠭᠰᠠᠨ ᠪᠠᠶᠢᠪᠠᠯ᠂ ᠪᠠᠷᠢᠴᠠᠭᠠᠨ ᠤ ᠡᠳ᠋ ᠬᠦᠷᠦᠩᠭᠡ ᠨᠢ ᠲᠤᠤᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠤᠢ ᠪᠤᠯᠬᠤ ᠴᠠᠭ ᠠᠴᠠ ᠲᠤᠭᠳᠠᠭᠠᠭᠳᠠᠨ᠎ᠠ᠄ | ︵ᠨᠢᠭᠡ︶ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠠᠪᠴᠠᠭ᠎ᠠ ᠨᠢ ᠪᠡᠶᠡᠯᠡᠭᠳᠡᠭᠡᠳᠤᠢ︔ | ︵ᠬᠤᠶᠠᠷ︶ ᠪᠠᠷᠢᠴᠠᠭᠠᠯᠠᠭᠴᠢ ᠲᠠᠮᠫᠤᠷᠠᠭᠰᠠᠨ ᠢᠶᠠᠷ ᠵᠠᠷᠯᠠᠭᠳᠠᠭᠰᠠᠨ ᠪᠤᠶᠤ ᠲᠠᠷᠬᠠᠭᠰᠠᠨ︔ | ︵ᠭᠤᠷᠪᠠ︶ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ︔ | ︵ᠲᠦᠷᠪᠡ︶ ᠠᠪᠴᠠᠭ᠎ᠠ ᠶᠢᠨ ᠪᠡᠶᠡᠯᠡᠭᠳᠡᠬᠦ ᠶᠢ ᠬᠦᠨᠳᠦ ᠨᠤᠴᠢᠳᠠᠢ ᠨᠦᠯᠦᠭᠡᠯᠡᠭᠦ ᠪᠤᠰᠤᠳ ᠪᠠᠶᠢᠳᠠᠯ᠃ | ᠲᠦᠷᠪᠡᠨ ᠵᠠᠭᠤ ᠠᠷᠪᠠᠨ ᠬᠤᠶᠠᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ | ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ | ᠪᠠᠶᠢᠳᠠᠯ ᠪᠤᠢ ᠪᠤᠯᠤᠭᠰᠠᠨ ᠠᠴᠠ ᠪᠤᠯᠵᠤ ᠪᠠᠷᠢᠴᠠᠭᠠᠨ ᠤ ᠡᠳ᠋ ᠬᠦᠷᠦᠩᠭᠡ ᠶᠢ ᠨᠢ ᠠᠷᠠᠳ ᠤᠨ ᠰᠢᠬᠦᠬᠦ ᠬᠤᠷᠢᠶ᠎ᠠ | ᠬᠠᠤᠯᠢ ᠶᠤᠰᠤᠭᠠᠷ ᠲᠠᠷᠤᠵᠤ ᠠᠪᠤᠭᠰᠠᠨ ᠪᠠᠶᠢᠪᠠᠯ᠂ ᠲᠠᠷᠤᠵᠤ ᠠᠪᠤᠭᠰᠠᠨ ᠡᠳᠦᠷ ᠠᠴᠠ ᠡᠬᠢᠯᠡᠨ᠂ ᠪᠠᠷᠢᠴᠠᠭᠠᠨ ᠤ | ᠡᠷᠬᠡᠳᠦ ᠬᠦᠮᠦᠨ ᠲᠤᠰ ᠪᠠᠷᠢᠴᠠᠭᠠᠨ ᠤ ᠡᠳ᠋ ᠬᠦᠷᠦᠩᠭᠡ ᠶᠢᠨ ᠪᠠᠶᠢᠭᠠᠯᠢ ᠶᠢᠨ ᠦᠷᠡᠵᠢᠪᠦᠷᠢ ᠬᠥᠤ ᠪᠤᠶᠤ ᠬᠠᠤᠯᠢ ᠪᠠᠷ | ᠲᠤᠭᠳᠠᠭᠠᠭᠰᠠᠨ ᠦᠷᠡᠵᠢᠪᠦᠷᠢ ᠬᠥᠤ ᠶᠢ ᠬᠤᠷᠢᠶᠠᠨ ᠠᠪᠬᠤ ᠡᠷᠬᠡ ᠲᠠᠢ᠂ ᠭᠡᠪᠡᠴᠦ ᠪᠠᠷᠢᠴᠠᠭᠠᠨ ᠤ ᠡᠷᠬᠡᠳᠦ ᠬᠦᠮᠦᠨ | ᠬᠠᠤᠯᠢ ᠪᠠᠷ ᠲᠤᠭᠳᠠᠭᠠᠭᠰᠠᠨ ᠦᠷᠡᠵᠢᠪᠦᠷᠢ ᠬᠥᠤ ᠶᠢ ᠢᠯᠭᠠᠷᠠᠭᠤᠯᠤᠨ ᠲᠦᠯᠦᠬᠦ ᠶᠤᠰᠤᠳᠠᠢ ᠡᠬᠦᠷᠭᠡᠳᠦ ᠬᠦᠮᠦᠨ ᠳᠤ | ᠮᠡᠳᠡᠭᠳᠡᠭᠰᠡᠨ ᠦᠭᠡᠢ ᠨᠢ ᠡᠬᠦᠨ ᠳᠤ ᠪᠠᠭᠳᠠᠬᠤ ᠦᠭᠡᠢ᠃ | ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠥᠤ ᠪᠠᠷ ᠦᠷᠡᠵᠢᠪᠦᠷᠢ ᠬᠥᠤ ᠶᠢ ᠬᠤᠷᠢᠶᠠᠨ ᠠᠪᠤᠭᠰᠠᠨ | ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ | ᠲᠦᠷᠪᠡᠨ ᠵᠠᠭᠤ ᠠᠷᠪᠠᠨ ᠭᠤᠷᠪᠠᠳᠣᠭᠠᠷ ᠵᠦᠢᠯ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠰᠠᠠ | ᠪᠤᠶᠤ ᠦᠨ᠎ᠠ ᠬᠠᠶᠠᠨ ᠬᠤᠳᠠᠯᠳᠤᠬᠰᠠᠠ᠂ ᠬᠤᠪᠢᠷᠠᠭᠤᠯᠤᠨ ᠬᠤᠳᠠᠯᠳᠤᠭᠰᠠᠨ ᠤ ᠲᠠᠷᠠᠭ᠎ᠠ᠂ ᠲᠡᠬᠦᠨ ᠤ ᠦᠨ᠎ᠡ ᠶᠢᠨ | ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠪᠠᠷᠢᠴᠠᠭᠠᠯᠠᠭᠴᠢ ᠳᠤ ᠦᠮᠴᠢᠯᠡᠭᠳᠡᠨ᠎ᠡ᠂ ᠲᠤᠳᠠᠭᠤ | ᠬᠡᠰᠡᠭ ᠢ ᠨᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ | ᠲᠦᠷᠪᠡᠨ ᠵᠠᠭᠤ ᠠᠷᠪᠠᠨ ᠲᠦᠷᠪᠡᠳᠦᠭᠡᠷ ᠵᠦᠢᠯ ᠮᠥᠨ ᠨᠢᠭᠡ ᠡᠳ᠋ ᠬᠦᠷᠦᠩᠭᠡ ᠶᠢ ᠬᠤᠶᠠᠷ ᠠᠴᠠ ᠲᠡᠭᠡᠭᠰᠢ | ᠠᠪᠴᠠᠭᠠᠳᠠᠨ ᠳᠤ ᠪᠠᠷᠢᠴᠠᠭᠠᠯᠠᠭᠰᠠᠨ ᠪᠠᠶᠢᠪᠠᠯ᠂ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠬᠠᠶᠠᠨ ᠬᠤᠳᠠᠯᠳᠤᠵᠤ᠂ | ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠡ ᠶᠢᠨ ᠵᠤᠭᠤᠰ ᠢ ᠲᠤᠤᠷ᠎ᠠ ᠵᠢᠭᠰᠠᠭᠠᠭᠰᠠᠨ ᠲᠤᠭᠳᠠᠭᠠᠯ ᠢᠶᠠᠷ | ᠢᠯᠭᠠᠷᠠᠭᠤᠯᠤᠨ ᠲᠦᠯᠦᠨ᠎ᠠ᠄ | ︵ᠨᠢᠭᠡ︶ ᠪᠠᠷᠢᠴᠠᠭᠠᠨ ᠤ ᠡᠷᠬᠡ ᠶᠢ ᠨᠢᠭᠡᠨᠳᠡ ᠲᠠᠩᠰᠠᠯᠠᠭᠤᠯᠤᠭᠰᠠᠨ ᠪᠠᠶᠢᠪᠠᠯ᠂ ᠲᠠᠩᠰᠠᠯᠠᠭᠤᠯᠤᠭᠰᠠᠨ ᠴᠠᠭ ᠤᠨ | ᠳᠠᠷᠠᠭᠠᠯᠠᠯ ᠢᠶᠠᠷ ᠢᠯᠭᠠᠷᠠᠭᠤᠯᠤᠨ ᠲᠦᠯᠦᠬᠦ ᠲᠠᠷᠠᠭᠠᠯᠠᠯ ᠢ ᠲᠣᠭᠳᠠᠭᠠᠨ᠎ᠠ︔ | ︵ᠬᠤᠶᠠᠷ︶ ᠪᠠᠷᠢᠴᠠᠭᠠᠨ ᠤ ᠡᠷᠬᠡ ᠶᠢ ᠨᠢᠭᠡᠨᠳᠡ ᠲᠠᠩᠰᠠᠯᠠᠭᠤᠯᠤᠭᠰᠠᠨ ᠨᠢ ᠲᠠᠩᠰᠠᠯᠠᠭᠤᠯᠤᠭᠰᠠᠠ ᠦᠭᠡᠢ ᠠᠴᠠ | ᠤᠷᠢᠳ ᠢᠶᠠᠷ ᠲᠦᠯᠦᠪᠦᠷᠢ ᠤᠯᠤᠨ᠎ᠠ︔ | ︵ᠭᠤᠷᠪᠠ︶ ᠪᠠᠷᠢᠴᠠᠭᠠᠨ ᠤ ᠡᠷᠬᠡ ᠶᠢ ᠲᠠᠩᠰᠠᠯᠠᠭᠤᠯᠤᠭᠰᠠᠨ ᠦᠭᠡᠢ ᠪᠠᠶᠢᠪᠠᠯ᠂ ᠠᠪᠴᠠᠭ᠎ᠠ ᠶᠢᠨ ᠬᠠᠷᠢᠴᠠᠯ ᠢᠶᠠᠷ | ᠢᠯᠭᠠᠷᠠᠭᠤᠯᠤᠨ ᠲᠦᠯᠦᠨ᠎ᠡ᠃ | ᠲᠠᠩᠰᠠᠯᠠᠭᠤᠯᠵᠦ ᠪᠣᠯᠬᠤ ᠪᠤᠰᠤᠳ ᠲᠠᠭᠠᠭᠠᠯᠳᠠᠳᠤ ᠪᠤᠳᠡᠰ ᠤᠨ ᠡᠷᠭᠡ ᠶᠢᠨ ᠢᠯᠭᠠᠷᠠᠭᠤᠯᠤᠨ ᠲᠦᠯᠦᠬᠦ ᠲᠡᠰ | ᠲᠠᠷᠠᠭᠠᠯᠠᠯ ᠳᠤ ᠡᠮᠦᠨᠡᠭᠢ ᠵᠦᠢᠯ ᠳᠤ ᠲᠣᠭᠳᠠᠭᠠᠯ ᠢ ᠯᠠᠪᠯᠠᠯᠳᠠ ᠪᠣᠯᠭᠠᠵᠦ ᠲᠣᠭᠢᠷᠠᠭᠤᠯᠣᠨ ᠭᠡᠷᠡᠭᠯᠡᠨ᠎ᠡ᠃ | ᠲᠦᠷᠪᠡᠨ ᠵᠠᠭᠤ ᠠᠷᠪᠠᠨ ᠲᠠᠪᠣᠳᠣᠭᠠᠷ ᠵᠦᠢᠯ ᠮᠦᠨ ᠨᠢᠭᠡ ᠡᠳ᠋ ᠭᠦᠷᠦᠩᠭᠡ ᠳᠤ ᠪᠠᠷᠢᠴᠠᠭᠠᠨ ᠤ ᠡᠷᠭᠡ | ᠲᠣᠭᠳᠠᠭᠠᠭᠰᠠᠨ ᠮᠦᠷᠳᠡᠭᠡᠨ ᠪᠠᠰᠠ ᠲᠡᠨᠵᠢ ᠶᠢᠨ ᠡᠷᠭᠡ ᠲᠣᠭᠳᠠᠭᠠᠭᠰᠠᠨ ᠪᠠᠶᠢᠪᠠᠯ᠂ ᠲᠣᠰ ᠡᠳ᠋ ᠭᠦᠷᠦᠩᠭᠡ ᠶᠢ ᠦᠨ᠎ᠡ | ᠬᠠᠶᠠᠨ ᠬᠤᠳᠠᠯᠳᠣᠵᠦ᠂ ᠬᠤᠪᠢᠷᠠᠭᠤᠯᠤᠨ ᠬᠤᠳᠠᠯᠳᠣᠵᠦ ᠣᠯᠣᠭᠰᠠᠨ ᠦᠨ᠎ᠡ ᠶᠢᠨ ᠵᠣᠭᠤᠰ ᠲᠤ ᠲᠠᠩᠰᠠᠯᠠᠭᠤᠯᠣᠭᠰᠠᠨ | ᠂ ᠲᠣᠰᠢᠶᠠᠵᠦ ᠦᠭᠭᠦᠭᠰᠡᠨ ᠴᠠᠭ ᠤᠨ ᠲᠠᠷᠠᠭᠠᠯᠠᠯ ᠢᠶᠠᠷ ᠢᠯᠭᠠᠷᠠᠭᠤᠯᠤᠨ ᠲᠦᠯᠦᠬᠦ ᠲᠡᠰ ᠲᠠᠷᠠᠭᠠᠯᠠᠯ ᠢ ᠲᠣᠭᠳᠠᠭᠠᠨ᠎ᠠ᠃ | ᠲᠦᠷᠪᠡᠨ ᠵᠠᠭᠤ ᠠᠷᠪᠠᠨ ᠵᠢᠷᠭᠤᠳᠣᠭᠠᠷ ᠵᠦᠢᠯ ᠬᠥᠳᠡᠯᠬᠦ ᠬᠦᠷᠦᠩᠭᠡ ᠶᠢᠨ ᠪᠠᠷᠢᠴᠠᠭᠠᠳᠤ ᠳᠠᠭᠠᠭᠠᠯᠲᠠ ᠶᠢᠨ ᠭᠤᠣᠯ | ᠠᠪᠴᠠᠭ᠎ᠠ ᠨᠢ ᠪᠠᠷᠢᠴᠠᠭᠠᠠ ᠤ ᠪᠣᠳᠠᠰ ᠤᠨ ᠦᠨ᠎ᠡ ᠶᠢᠨ ᠵᠣᠭᠤᠰ ᠪᠠᠶᠢᠵᠦ᠂ ᠬᠠᠷᠠᠯᠲᠠ ᠪᠣᠳᠠᠰ ᠢ ᠲᠤᠰᠢᠶᠠᠨ | ᠥᠭᠭᠦᠭᠰᠡᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠪᠠᠷᠢᠴᠠᠭᠠᠯᠠᠬᠤ ᠲᠠᠩᠰᠠᠯᠠᠯᠳᠠ ᠬᠢᠯᠭᠡᠭᠰᠡᠨ ᠪᠠᠶᠢᠪᠠᠯ᠂ ᠲᠤᠰ | ᠪᠠᠷᠢᠴᠠᠭᠠᠨ ᠤ ᠡᠷᠬᠡᠲᠦ ᠬᠥᠮᠦᠨ ᠨᠢ ᠪᠠᠷᠢᠴᠠᠭᠠᠨ ᠤ ᠪᠤᠳᠠᠰ ᠢ ᠬᠤᠳᠠᠯᠳᠤᠨ ᠠᠪᠤᠭᠴᠢ ᠶᠢᠨ ᠪᠤᠰᠤᠳ ᠲᠠᠭᠠᠭᠠᠯᠳᠠᠳᠤ | ᠪᠣᠳᠠᠰ ᠤᠨ ᠡᠷᠬᠡᠲᠦ ᠬᠥᠮᠦᠨ ᠠᠴᠠ ᠤᠷᠢᠳ ᠢᠶᠠᠷ ᠲᠥᠯᠥᠪᠦᠷᠢ ᠣᠯᠤᠨ᠎ᠠ᠂ ᠭᠡᠪᠡᠴᠦ ᠦᠯᠡᠳᠡᠭᠡᠨ ᠠᠪᠬᠤ ᠡᠷᠬᠡᠲᠦ | ᠬᠥᠮᠦᠨ ᠨᠢ ᠡᠭᠦᠨ ᠳᠤ ᠪᠠᠭᠲᠠᠬᠤ ᠦᠭᠡᠢ᠃ | ᠲᠦᠷᠪᠡᠨ ᠵᠠᠭᠤ ᠠᠷᠪᠠᠨ ᠲᠣᠯᠣᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠪᠠᠷᠢᠴᠠᠭᠠᠯᠠᠭᠰᠠᠨ ᠤ ᠲᠠᠷᠠᠭ᠎ᠠ᠂ ᠲᠤᠰ ᠭᠠᠵᠠᠷ ᠰᠢᠷᠦᠢ ᠲᠡᠭᠡᠷ᠎ᠠ ᠰᠢᠨ᠎ᠠ ᠪᠠᠷ ᠨᠡᠮᠡᠭᠳᠡᠭᠰᠡᠨ ᠪᠠᠷᠢᠯᠭ᠎ᠠ ᠪᠠᠷᠢᠴᠠᠭᠠᠨ ᠤ | ᠡᠳ᠋ ᠬᠦᠷᠦᠩᠭᠡ ᠳᠤ ᠲᠤᠭᠠᠴᠠᠭᠳᠠᠬᠤ ᠦᠭᠡᠢ᠃ ᠲᠤᠰ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠨᠢ ᠪᠠᠷᠢᠴᠠᠭᠠᠨ ᠤ ᠡᠷᠭᠡ ᠶᠢ ᠪᠡᠶᠡᠯᠡᠬᠦᠯᠬᠦ ᠦᠶ᠎ᠠ ᠳᠤ᠂ ᠲᠤᠰ ᠭᠠᠵᠠᠷ ᠰᠢᠷᠦᠢ ᠲᠡᠭᠡᠷ᠎ᠡ ᠰᠢᠨ᠎ᠡ ᠪᠠᠷ | ᠨᠡᠮᠡᠭᠳᠡᠭᠰᠡᠨ ᠪᠠᠷᠢᠯᠭ᠎ᠠ ᠶᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠲᠠᠢ ᠬᠠᠮᠳᠤ ᠳᠤᠨᠢ | ᠰᠢᠢᠳᠪᠤᠷᠢᠯᠠᠬᠦ ᠬᠡᠷᠡᠭᠳᠠᠢ᠃ ᠭᠡᠪᠡᠴᠦ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠤᠯᠤᠭᠰᠠᠨ ᠦᠨ᠎ᠠ ᠶᠢᠨ | ᠵᠤᠭᠤᠰ ᠠᠴᠠ ᠪᠠᠷᠢᠴᠠᠭᠠᠨ ᠤ ᠡᠷᠬᠡᠳᠦ ᠬᠦᠮᠦᠨ ᠤᠷᠢᠳ ᠢᠶᠠᠷ ᠲᠦᠯᠦᠪᠦᠷᠢ ᠤᠯᠬᠤ ᠡᠷᠬᠡ ᠦᠭᠡᠢ᠃ | ᠲᠦᠷᠪᠡᠨ ᠵᠠᠭᠤ ᠠᠷᠪᠠᠨ ᠨᠠᠢᠮᠠᠳᠣᠭᠠᠷ ᠵᠦᠢᠯ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠭᠡᠷᠡᠭᠯᠡᠭᠦ ᠡᠷᠭᠡ ᠶᠢ | ᠬᠠᠣᠯᠢ ᠶᠣᠰᠣᠭᠠᠷ ᠪᠠᠷᠢᠴᠠᠭᠠᠯᠠᠭᠰᠠᠠ ᠪᠠᠶᠢᠪᠠᠯ᠂ ᠪᠠᠷᠢᠴᠠᠭᠠᠨ ᠤ ᠡᠷᠬᠡ ᠶᠢ ᠪᠡᠶᠡᠯᠡᠭᠦᠯᠦᠭᠰᠡᠨ ᠤ ᠲᠠᠷᠠᠭ᠎ᠠ᠂ ᠬᠠᠤᠯᠢ ᠪᠠᠷ | ᠲᠤᠭᠳᠠᠭᠠᠭᠰᠠᠨ ᠵᠢᠷᠤᠮ ᠢ ᠲᠠᠮᠵᠢᠬᠤ ᠦᠭᠡᠢ ᠪᠤᠯ ᠭᠠᠵᠠᠷ ᠰᠢᠷᠦᠢ ᠶᠢᠨ ᠦᠮᠴᠢᠯᠡᠯ ᠤᠨ ᠡᠷᠬᠡ ᠶᠢᠨ ᠰᠢᠨᠵᠢ ᠴᠢᠨᠠᠷ ᠪᠠ | ᠭᠠᠵᠠᠷ ᠰᠢᠷᠤᠢ ᠶᠢᠨ ᠬᠡᠷᠡᠭᠯᠡᠯᠳᠡ ᠶᠢ ᠬᠤᠪᠢᠷᠠᠭᠤᠯᠵᠤ ᠪᠤᠯᠬᠤ ᠦᠭᠡᠢ᠃ | ᠲᠦᠷᠪᠡᠨ ᠵᠠᠭᠤ ᠠᠷᠪᠠ ᠶᠢᠰᠦᠳᠦᠭᠡᠷ ᠵᠦᠢᠯ ᠪᠠᠷᠢᠴᠠᠭᠠᠨ ᠤ ᠡᠷᠬᠡᠳᠦ ᠬᠦᠮᠦᠨ ᠭᠤᠤᠯ ᠠᠪᠴᠠᠭ᠎ᠠ ᠶᠢᠨ ᠵᠠᠷᠭᠤ ᠶᠢᠨ | ᠬᠦᠴᠦᠨ ᠲᠠᠢ ᠬᠤᠭᠤᠴᠠᠭᠠᠨ ᠳᠤ ᠪᠠᠷᠢᠴᠠᠭᠠᠨ ᠤ ᠡᠷᠬᠡ ᠪᠠᠨ ᠬᠡᠷᠡᠭᠵᠢᠬᠦᠯᠬᠦ ᠬᠡᠷᠡᠭᠳᠡᠢ︔ ᠬᠡᠷᠡᠭᠵᠢᠬᠦᠯᠦᠭᠰᠡᠨ ᠦᠭᠡᠢ | ᠪᠣᠯ ᠠᠷᠠᠳ ᠤᠨ ᠰᠢᠬᠦᠬᠦ ᠬᠤᠷᠢᠶ᠎ᠠ ᠬᠠᠮᠠᠭᠠᠯᠠᠬᠤ ᠦᠭᠡᠢ᠃ | ᠬᠤᠶᠠᠳᠤᠭᠠᠷ ᠬᠡᠰᠡᠭ ᠳᠡᠭᠡᠳᠦ ᠬᠢᠵᠠᠭᠠᠷᠲᠤ ᠪᠠᠷᠢᠴᠠᠭᠠᠨ ᠤ ᠡᠷᠬᠡ | ᠲᠦᠷᠪᠡᠨ ᠵᠠᠭᠤ ᠬᠤᠷᠢᠳᠣᠭᠠᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ | ᠦᠭᠴᠡᠭᠡᠳᠡᠨ ᠪᠤᠶᠤ ᠭᠤᠷᠪᠠᠳᠠᠭᠢ ᠬᠦᠮᠦᠨ ᠵᠤᠬᠢᠬᠤ ᠬᠤᠭᠤᠴᠠᠭᠠᠨ ᠳᠤ ᠵᠠᠯᠭᠠᠯᠳᠤᠭ᠎ᠠ ᠪᠠᠷ ᠪᠤᠢ ᠪᠤᠯᠬᠤ | ᠠᠪᠴᠠᠭ᠎ᠠ ᠳᠤ ᠲᠠᠭᠠᠭᠠᠯᠳᠠ ᠶᠢᠨ ᠡᠳ᠋ ᠬᠥᠷᠤᠩᠭᠡ ᠬᠠᠨᠭ᠍ᠭᠠᠭᠰᠠᠨ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ | ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ | ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠪᠠᠷᠢᠴᠠᠭᠠᠨ ᠤ ᠡᠷᠬᠡᠳᠦ ᠬᠦᠮᠦᠨ ᠠᠪᠴᠠᠭᠠᠨ ᠤ ᠲᠤᠭ᠎ᠠ ᠶᠢᠨ ᠳᠡᠭᠡᠳᠦ | ᠬᠢᠵᠠᠭᠠᠷ ᠲᠤᠳᠤᠷ᠎ᠠ ᠲᠤᠰ ᠲᠠᠭᠠᠭᠠᠯᠳᠠ ᠶᠢᠨ ᠡᠳ᠋ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ | ᠡᠷᠬᠡ ᠲᠠᠢ᠃ | ᠲᠡᠭᠡᠳᠦ ᠬᠢᠵᠠᠭᠠᠷᠲᠤ ᠪᠠᠷᠢᠴᠠᠭᠠᠨ ᠤ ᠡᠷᠬᠡ ᠶᠢ ᠲᠤᠭᠳᠠᠭᠠᠬᠤ ᠠᠴᠠ ᠡᠮᠦᠨ᠎ᠡ ᠨᠢᠭᠡᠨᠳᠡ ᠤᠷᠤᠰᠢᠵᠤ ᠪᠠᠶᠢᠭᠰᠠᠨ | ᠠᠪᠴᠠᠭ᠎ᠠ ᠶᠢ ᠲᠤᠬᠠᠢ ᠶᠢᠨ ᠬᠦᠮᠦᠨ ᠢᠶᠠᠷ ᠵᠦᠪᠰᠢᠶᠡᠷᠡᠬᠦᠯᠦᠭᠡᠳ᠂ ᠲᠡᠭᠡᠳᠦ ᠬᠢᠵᠠᠭᠠᠷᠲᠤ ᠪᠠᠷᠢᠴᠠᠭᠠᠳᠦ | ᠲᠠᠭᠠᠭᠠᠯᠳᠠ ᠶᠢᠨ ᠠᠪᠴᠠᠭᠠᠨ ᠤ ᠬᠡᠪᠴᠢᠶᠡᠨ ᠳᠤ ᠰᠢᠯᠵᠢᠬᠦᠯᠦᠨ ᠤᠷᠤᠭᠤᠯᠵᠤ ᠪᠤᠯᠤᠨ᠎ᠠ᠃ | ᠲᠦᠷᠪᠡᠨ ᠵᠠᠭᠤ ᠬᠤᠷᠢᠨ ᠨᠢᠭᠡᠳᠦᠭᠡᠷ ᠵᠦᠢᠯ ᠲᠡᠭᠡᠳᠦ ᠬᠢᠵᠠᠭᠠᠷᠲᠤ ᠪᠠᠷᠢᠴᠠᠭᠠᠲᠤ ᠲᠠᠭᠠᠭᠠᠯᠳᠠ ᠶᠢᠨ ᠠᠪᠴᠠᠭ᠎ᠠ ᠶᠢ | ᠲᠤᠭᠳᠠᠭᠠᠬᠤ ᠠᠴᠠ ᠡᠮᠦᠨ᠎ᠡ᠂ ᠬᠡᠰᠡᠭ ᠠᠪᠴᠠᠭ᠎ᠠ ᠶᠢ ᠰᠢᠯᠵᠢᠬᠦᠯᠦᠨ ᠦᠭᠬᠦᠭᠰᠡᠨ ᠪᠠᠶᠢᠪᠠᠯ᠂ ᠲᠡᠭᠡᠳᠦ ᠬᠢᠵᠠᠭᠠᠷᠲᠤ | ᠪᠠᠷᠢᠴᠠᠭᠠᠨ ᠤ ᠡᠷᠬᠡ ᠶᠢ ᠰᠢᠯᠵᠢᠬᠦᠯᠦᠨ ᠦᠭᠴᠦ ᠪᠤᠯᠬᠤ ᠦᠭᠡᠢ᠂ ᠭᠡᠪᠡᠴᠦ ᠲᠤᠬᠠᠢ ᠶᠢᠨ ᠬᠦᠮᠦᠨ ᠠᠰᠳᠠᠭᠠᠨ | ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ | ᠲᠦᠷᠪᠡᠨ ᠵᠠᠭᠤ ᠬᠤᠷᠢᠨ ᠬᠤᠶᠠᠳᠣᠭᠠᠷ ᠵᠦᠢᠯ ᠲᠡᠭᠡᠳᠦ ᠬᠢᠵᠠᠭᠠᠷᠲᠤ ᠪᠠᠷᠢᠴᠠᠭᠠᠲᠤ ᠲᠠᠭᠠᠭᠠᠯᠳᠠ ᠶᠢᠨ ᠠᠪᠴᠠᠭ᠎ᠠ ᠶᠢ | ᠲᠤᠭᠳᠠᠭᠠᠬᠤ ᠠᠴᠠ ᠡᠮᠦᠨ᠎ᠡ᠂ ᠪᠠᠷᠢᠴᠠᠭᠠᠨ ᠤ ᠡᠷᠭᠡᠳᠦ ᠬᠦᠮᠦᠨ ᠬᠢᠭᠡᠳ ᠪᠠᠷᠢᠴᠠᠭᠠᠯᠠᠭᠴᠢ ᠬᠡᠯᠡᠯᠴᠡᠭᠡᠷ ᠢᠶᠠᠷ ᠲᠠᠮᠵᠢᠨ | ᠠᠪᠴᠠᠭ᠎ᠠ ᠶᠢ ᠲᠤᠭᠳᠠᠭᠠᠬᠤ ᠬᠤᠭᠤᠴᠠᠭ᠎ᠠ᠂ ᠠᠪᠴᠠᠭᠠᠨ ᠤ ᠬᠡᠪᠴᠢᠶ᠎ᠡ ᠵᠢᠴᠢ ᠠᠪᠴᠠᠭᠠᠨ ᠤ ᠲᠤᠭ᠎ᠠ ᠶᠢᠨ ᠳᠡᠭᠡᠳᠦ | ᠬᠢᠵᠠᠭᠠᠷ ᠢ ᠬᠤᠪᠢᠷᠠᠭᠤᠯᠵᠤ ᠪᠤᠯᠤᠨ᠎ᠠ︔ ᠭᠡᠪᠡᠴᠦ ᠬᠤᠪᠢᠷᠠᠭᠤᠯᠤᠭᠰᠠᠨ ᠠᠭᠤᠯᠭ᠎ᠠ ᠨᠢ ᠪᠤᠰᠤᠳ ᠪᠠᠷᠢᠴᠠᠭᠠᠨ ᠤ | ᠡᠷᠬᠡᠳᠦ ᠬᠦᠮᠦᠨ ᠳᠤ ᠠᠰᠢᠭ ᠦᠭᠡᠢ ᠨᠦᠯᠦᠭᠡ ᠭᠠᠷᠭᠠᠵᠤ ᠪᠤᠯᠬᠤ ᠦᠭᠡᠢ᠃ | ᠲᠦᠷᠪᠡᠨ ᠵᠠᠭᠤ ᠬᠤᠷᠢᠨ ᠭᠤᠷᠪᠠᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠪᠠᠷᠢᠴᠠᠭᠠᠨ ᠤ ᠡᠷᠬᠡᠳᠦ ᠬᠦᠮᠦᠨ ᠤ ᠠᠪᠴᠠᠭ᠎ᠠ ᠲᠤᠭᠳᠠᠭᠠᠭᠳᠠᠨ᠎ᠠ᠄ | ︵ᠨᠢᠭᠡ︶ ᠪᠤᠯᠵᠤᠨ ᠲᠤᠭᠳᠠᠭᠰᠠᠨ ᠠᠪᠴᠠᠭ᠎ᠠ ᠶᠢ ᠲᠤᠭᠲᠠᠭᠠᠬᠤ ᠬᠤᠭᠤᠴᠠᠭ᠎ᠠ ᠲᠦᠬᠦᠷᠦᠭᠰᠡᠨ︔ | ︵ᠬᠤᠶᠠᠷ︶ ᠠᠪᠴᠠᠭ᠎ᠠ ᠶᠢ ᠲᠤᠭᠲᠠᠭᠠᠬᠤ ᠬᠤᠭᠤᠴᠠᠭ᠎ᠠ ᠶᠢ ᠪᠤᠯᠵᠤᠨ ᠲᠤᠭᠳᠠᠭᠰᠠᠨ ᠦᠭᠡᠢ ᠪᠤᠶᠤ ᠪᠤᠯᠵᠤᠨ | ᠲᠤᠭᠲᠠᠭᠰᠠᠨ ᠨᠢ ᠲᠤᠳᠤᠷᠬᠠᠢ ᠦᠭᠡᠢ᠂ ᠪᠠᠷᠢᠴᠠᠭᠠᠨ ᠤ ᠡᠷᠬᠡᠳᠦ ᠬᠦᠮᠦᠨ ᠪᠤᠶᠤ ᠪᠠᠷᠢᠴᠠᠭᠠᠯᠠᠭᠴᠢ ᠲᠡᠭᠡᠳᠦ | ᠬᠢᠵᠠᠭᠠᠷᠲᠤ ᠪᠠᠷᠢᠴᠠᠭᠠᠨ ᠤ ᠡᠷᠬᠡ ᠶᠢ ᠲᠤᠭᠳᠠᠭᠠᠬᠰᠠᠠ ᠡᠳᠦᠷ ᠠᠴᠠ ᠡᠬᠢᠯᠡᠨ ᠪᠦᠬᠦᠯᠢ ᠬᠤᠶᠠᠷ ᠵᠢᠯ ᠤᠨ ᠲᠠᠷᠠᠭ᠎ᠠ | ᠠᠪᠴᠠᠭ᠎ᠠ ᠶᠢ ᠲᠤᠭᠳᠠᠭᠠᠬᠤ ᠪᠠᠷ ᠭᠤᠶᠤᠴᠢᠯᠠᠭᠰᠠᠨ︔ | ︵ᠭᠤᠷᠪᠠ︶ ᠰᠢᠨ᠎ᠠ ᠠᠪᠴᠠᠭ᠎ᠠ ᠪᠤᠢ ᠪᠤᠯᠬᠤ ᠪᠤᠯᠤᠮᠵᠢ ᠦᠭᠡᠢ︔ | ︵ᠲᠦᠷᠪᠠ︶ ᠪᠠᠷᠢᠴᠠᠭᠠᠨ ᠤ ᠡᠳ᠋ ᠬᠦᠷᠦᠩᠭᠡ ᠶᠢ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠤ ᠠᠪᠤᠭᠰᠠᠨ ᠢ | ᠪᠠᠷᠢᠴᠠᠭᠠᠨ ᠤ ᠡᠷᠭᠡᠳᠦ ᠭᠦᠮᠦᠨ ᠮᠡᠳᠡᠭᠰᠡᠨ ᠪᠣᠶᠣ ᠮᠡᠳᠡᠭᠦ ᠶᠣᠰᠣᠳᠠᠢ ᠪᠠᠶᠢᠭᠰᠠᠨ︔ | ︵ᠲᠠᠪᠤ︶ ᠦᠭᠴᠡᠭᠡᠳᠡᠨ᠂ ᠪᠠᠷᠢᠴᠠᠭᠠᠯᠠᠭᠴᠢ ᠲᠠᠮᠫᠤᠷᠠᠭᠰᠠᠨ ᠢᠶᠠᠷ ᠵᠠᠷᠯᠠᠭᠳᠠᠭᠰᠠᠨ ᠪᠤᠶᠤ ᠲᠠᠷᠬᠠᠭᠰᠠᠨ︔ | ︵ᠵᠢᠷᠭᠤᠭ᠎ᠠ︶ ᠬᠠᠤᠯᠢ ᠴᠠᠭᠠᠵᠠ ᠳᠤ ᠲᠤᠭᠲᠠᠭᠠᠭᠰᠠᠨ ᠠᠪᠴᠠᠭᠠᠨ ᠤ ᠡᠷᠬᠡ ᠲᠤᠭᠲᠠᠭᠠᠬᠳᠠᠬᠤ ᠪᠤᠰᠤᠳ ᠪᠠᠶᠢᠳᠠᠯ᠃ | ᠳᠦᠷᠪᠡᠨ ᠵᠠᠭᠤ ᠬᠤᠷᠢᠨ ᠳᠦᠷᠪᠡᠳᠦᠭᠡᠷ ᠵᠦᠢᠯ ᠳᠡᠭᠡᠲᠦ ᠬᠢᠵᠠᠭᠠᠷᠲᠤ ᠪᠠᠷᠢᠴᠠᠭᠠᠨ ᠤ ᠡᠷᠬᠡ ᠳᠤ ᠲᠤᠰ ᠬᠡᠰᠡᠭ ᠤᠨ | ᠲᠤᠭᠲᠠᠭᠠᠯ ᠢ ᠲᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠪᠦᠯᠦᠭ ᠤᠨ ᠨᠢᠭᠡᠳᠦᠭᠡᠷ ᠬᠡᠰᠡᠭ ᠤᠨ ᠬᠤᠯᠪᠤᠭᠳᠠᠯ | ᠪᠦᠬᠦᠢ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠠᠷᠪᠠᠨ ᠨᠠᠢᠮᠠᠳᠤᠭᠠᠷ ᠪᠦᠯᠦᠭ ᠲᠠᠨᠵᠢ ᠶᠢᠨ ᠡᠷᠬᠡ | ᠨᠢᠭᠡᠳᠦᠭᠡᠷ ᠬᠡᠰᠡᠭ ᠬᠦᠳᠡᠯᠬᠦ ᠬᠦᠷᠦᠩᠭᠡ ᠶᠢᠨ ᠲᠠᠨᠵᠢ ᠶᠢᠨ ᠡᠷᠬᠡ | ᠳᠦᠷᠪᠡᠨ ᠵᠠᠭᠤ ᠬᠤᠷᠢᠨ ᠲᠠᠪᠤᠳᠤᠭᠠᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ | ᠦᠭᠴᠡᠭᠡᠳᠡᠨ ᠪᠤᠶᠤ ᠭᠤᠷᠪᠠᠳᠠᠬᠢ ᠬᠦᠮᠦᠨ ᠬᠦᠳᠡᠯᠬᠦ ᠬᠦᠷᠦᠩᠭᠡ ᠪᠠᠨ ᠠᠪᠴᠠᠭᠠᠳᠠᠨ ᠳᠤ ᠲᠠᠨᠵᠢᠯᠠᠨ ᠦᠭᠴᠤ | ᠡᠵᠡᠮᠰᠢᠬᠦᠯᠦᠭᠰᠡᠨ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ | ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠨᠵᠢ ᠶᠢᠨ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ | ᠠᠪᠴᠠᠭᠠᠳᠠᠨ ᠲᠤᠰ ᠬᠦᠳᠡᠯᠬᠦ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ | ᠡᠮᠦᠨᠡᠬᠢ ᠵᠦᠢᠯ ᠳᠤ ᠲᠤᠭᠳᠠᠭᠠᠭᠰᠠᠨ ᠦᠭᠴᠡᠭᠡᠳᠡᠨ ᠪᠤᠶᠤ ᠭᠤᠷᠪᠠᠳᠠᠬᠢ ᠬᠦᠮᠦᠨ ᠪᠤᠯ ᠲᠠᠨᠵᠢᠯᠠᠭᠴᠢ ᠮᠦᠨ᠂ | ᠠᠪᠴᠠᠭᠠᠳᠠᠨ ᠪᠤᠯ ᠲᠠᠨᠵᠢ ᠶᠢᠨ ᠡᠷᠬᠡᠳᠦ ᠬᠦᠮᠦᠨ ᠮᠦᠨ᠂ ᠲᠤᠰᠢᠶᠠᠨ ᠥᠭᠭᠦᠭᠰᠡᠨ ᠬᠦᠳᠡᠯᠬᠦ ᠬᠦᠷᠦᠩᠭᠡ ᠪᠤᠯ | ᠲᠠᠨᠵᠢ ᠶᠢᠨ ᠡᠳ᠋ ᠬᠦᠷᠦᠩᠭᠡ ᠮᠦᠨ᠃ | ᠳᠦᠷᠪᠡᠨ ᠵᠠᠭᠤ ᠬᠤᠷᠢᠨ ᠵᠢᠷᠭᠤᠳᠤᠭᠠᠷ ᠵᠦᠢᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ | ᠰᠢᠯᠵᠢᠬᠦᠯᠦᠨ ᠦᠭᠬᠦ ᠶᠢ ᠴᠠᠭᠠᠵᠠᠯᠠᠭᠰᠠᠨ ᠬᠦᠳᠡᠯᠬᠦ ᠬᠦᠷᠦᠩᠭᠡ ᠶᠢ ᠲᠠᠨᠵᠢᠯᠠᠵᠤ ᠪᠤᠯᠬᠤ ᠦᠭᠡᠢ᠃ | ᠳᠦᠷᠪᠡᠨ ᠵᠠᠭᠤ ᠬᠤᠷᠢᠨ ᠳᠤᠯᠤᠳᠤᠭᠠᠷ ᠵᠦᠢᠯ ᠲᠠᠨᠵᠢ ᠶᠢᠨ ᠡᠷᠬᠡ ᠶᠢ ᠲᠤᠭᠳᠠᠭᠠᠬᠤ ᠳᠤ ᠲᠤᠬᠠᠢ ᠶᠢᠨ ᠬᠦᠮᠦᠨ ᠨᠢ | ᠪᠢᠴᠢᠭ ᠤᠨ ᠬᠡᠯᠪᠡᠷᠢ ᠪᠠᠷ ᠲᠠᠨᠵᠢᠯᠠᠭ᠎ᠠ ᠶᠢᠨ ᠭᠡᠷ᠎ᠡ ᠲᠤᠭᠳᠠᠭᠠᠬᠤ ᠬᠡᠷᠡᠭᠳᠡᠢ᠃ | ᠲᠠᠨᠵᠢᠯᠠᠭ᠎ᠠ ᠶᠢᠨ ᠬᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄ | ︵ᠨᠢᠭᠡ︶ ᠲᠠᠭᠠᠭᠠᠯᠳᠠ ᠬᠢᠭᠰᠡᠨ ᠠᠪᠴᠠᠭ᠎ᠠ ᠶᠢᠨ ᠲᠦᠷᠦᠯ ᠵᠦᠢᠯ ᠪᠠ ᠲᠤᠭ᠎ᠠ ᠬᠡᠮᠵᠢᠶ᠎ᠠ︔ | ︵ᠬᠤᠶᠠᠷ︶ ᠦᠭᠴᠡᠭᠡᠳᠡᠨ ᠤ ᠦᠭᠴᠡᠭᠡ ᠪᠠᠨ ᠬᠦᠢᠴᠡᠳᠭᠡᠬᠦ ᠬᠤᠭᠤᠴᠠᠭ᠎ᠠ︔ | ︵ᠭᠤᠷᠪᠠ︶ ᠲᠠᠨᠵᠢ ᠶᠢᠨ ᠡᠳ᠋ ᠬᠦᠷᠦᠩᠭᠡ ᠶᠢᠨ ᠨᠡᠷᠡᠶᠢᠳᠤᠯ᠂ ᠲᠤᠭ᠎ᠠ ᠬᠡᠮᠵᠢᠶ᠎ᠠ ᠵᠡᠷᠭᠡ ᠪᠠᠶᠢᠳᠠᠯ︔ | ︵ᠲᠦᠷᠪᠡ︶ ᠲᠠᠭᠠᠭᠠᠯᠳᠠ ᠬᠢᠬᠦ ᠬᠡᠪᠴᠢᠶ᠎ᠠ︔ | ︵ᠲᠠᠪᠤ︶ ᠲᠠᠨᠵᠢ ᠶᠢᠨ ᠡᠳ᠋ ᠬᠦᠷᠦᠩᠭᠡ ᠶᠢ ᠲᠤᠰᠢᠶᠠᠨ ᠥᠭᠬᠦ ᠴᠠᠭ᠂ ᠠᠷᠭ᠎ᠠ ᠮᠠᠶ᠋ᠢᠭ᠃ | ᠳᠦᠷᠪᠡᠨ ᠵᠠᠭᠤ ᠬᠤᠷᠢᠨ ᠨᠠᠢᠮᠠᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠨᠢ ᠦᠭᠴᠡᠭᠡ ᠶᠢ ᠬᠦᠢᠴᠡᠳᠭᠡᠬᠦ | ᠬᠤᠭᠤᠴᠠᠭ᠎ᠠ ᠲᠦᠬᠦᠷᠬᠦ ᠠᠴᠠ ᠡᠮᠦᠨ᠎ᠡ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ | ᠦᠭᠡᠢ ᠦᠶ᠎ᠠ ᠳᠤ ᠲᠠᠨᠵᠢ ᠶᠢᠨ ᠡᠳ᠋ ᠬᠦᠷᠦᠩᠭᠡ ᠨᠢ ᠠᠪᠴᠠᠭᠠᠳᠠᠨ ᠳᠤ ᠦᠮᠴᠢᠯᠡᠭᠳᠡᠨ᠎ᠠ ᠭᠡᠵᠦ ᠲᠠᠨᠵᠢᠯᠠᠭᠴᠢ ᠲᠠᠢ | ᠪᠤᠯᠵᠤᠨ ᠲᠤᠭᠲᠠᠭᠰᠠᠨ ᠪᠠᠶᠢᠪᠠᠯ᠂ ᠬᠠᠤᠯᠢ ᠶᠤᠰᠤᠭᠠᠷ ᠵᠦᠪᠬᠡᠨ ᠳᠡᠨᠵᠢ ᠶᠢᠨ ᠡᠳ᠋ ᠬᠦᠷᠦᠩᠭᠡ ᠶᠢᠨ ᠲᠤᠬᠠᠢ ᠳᠤ | ᠤᠷᠢᠳ ᠢᠶᠠᠷ ᠲᠦᠯᠦᠪᠦᠷᠢ ᠤᠯᠤᠨ᠎ᠠ᠃ | ᠳᠦᠷᠪᠡᠨ ᠵᠠᠭᠤ ᠬᠤᠷᠢ ᠶᠢᠰᠦᠳᠦᠭᠡᠷ ᠵᠦᠢᠯ ᠲᠠᠨᠵᠢ ᠶᠢᠨ ᠡᠷᠬᠡ ᠨᠢ ᠲᠠᠨᠵᠢᠯᠠᠭᠴᠢ ᠲᠠᠨᠵᠢ ᠶᠢᠨ ᠡᠳ᠋ ᠬᠦᠷᠦᠩᠭᠡ ᠶᠢ | ᠲᠤᠰᠢᠶᠠᠬᠰᠠᠨ ᠴᠠᠭ ᠠᠴᠠ ᠲᠤᠬᠳᠠᠭᠠᠭᠳᠠᠨ᠎ᠠ᠃ | ᠳᠦᠷᠪᠡᠨ ᠵᠠᠭᠤ ᠭᠤᠴᠢᠳᠤᠭᠠᠷ ᠵᠦᠢᠯ ᠲᠠᠨᠵᠢ ᠶᠢᠨ ᠡᠷᠭᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢᠨ ᠦᠷᠡᠵᠢᠪᠦᠷᠢ | ᠬᠦᠦ ᠶᠢ ᠬᠤᠷᠢᠶᠠᠨ ᠠᠪᠬᠤ ᠡᠷᠬᠡ ᠲᠠᠢ᠂ ᠬᠡᠪᠡᠴᠦ ᠭᠡᠷ᠎ᠡ ᠳᠤ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ | ᠦᠭᠡᠢ᠃ | ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠦᠦ ᠪᠠᠷ ᠦᠷᠡᠵᠢᠪᠦᠷᠢ ᠬᠦᠦ ᠶᠢ ᠬᠤᠷᠢᠶᠠᠨ ᠠᠪᠤᠬᠰᠠᠨ | ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ | ᠳᠦᠷᠪᠡᠨ ᠵᠠᠭᠤ ᠭᠤᠴᠢᠨ ᠨᠢᠭᠡᠳᠦᠭᠡᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠦᠷᠬᠦᠯᠵᠢᠯᠡᠨ | ᠤᠷᠤᠰᠢᠬᠤ ᠬᠤᠭᠤᠴᠠᠭᠠᠨ ᠳᠤ ᠲᠠᠨᠵᠢᠯᠠᠭᠴᠢ ᠪᠠᠷ ᠵᠦᠪᠰᠢᠶᠡᠷᠡᠬᠦᠯᠦᠭᠰᠡᠨ ᠦᠭᠡᠢ ᠪᠠᠷ ᠲᠠᠨᠵᠢ ᠶᠢᠨ ᠡᠳ᠋ ᠬᠦᠷᠦᠩᠭᠡ ᠶᠢ | ᠲᠤᠷ᠎ᠠ ᠪᠠᠷ ᠢᠶᠠᠨ ᠬᠡᠷᠡᠭᠯᠡᠵᠦ ᠰᠢᠢᠳᠪᠦᠷᠢᠯᠡᠭᠡᠳ ᠲᠠᠨᠵᠢᠯᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠬᠦ | ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠳᠦᠷᠪᠡᠨ ᠵᠠᠭᠤ ᠭᠤᠴᠢᠨ ᠬᠤᠶᠠᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢ | ᠲᠤᠬᠢᠲᠠᠢ ᠬᠠᠳᠠᠭᠠᠯᠠᠨ ᠬᠠᠮᠢᠶᠠᠷᠬᠤ ᠡᠬᠦᠷᠭᠡ ᠲᠠᠢ︔ ᠲᠤᠬᠢᠲᠠᠢ ᠬᠠᠳᠠᠭᠠᠯᠠᠨ ᠬᠠᠮᠢᠶᠠᠷᠤᠬᠰᠠᠨ ᠦᠭᠡᠢ ᠠᠴᠠ | ᠪᠤᠯᠤᠭᠠᠳ ᠲᠠᠨᠵᠢ ᠶᠢᠨ ᠡᠳ᠋ ᠬᠦᠷᠦᠩᠭᠡ ᠶᠢ ᠡᠪᠳᠡᠷᠡᠨ ᠰᠦᠢᠳᠬᠦ᠂ ᠤᠰᠠᠳᠬᠤ ᠳᠤ ᠬᠦᠷᠦᠭᠦᠯᠦᠭᠰᠡᠨ ᠪᠠᠶᠢᠪᠠᠯ᠂ | ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠲᠠᠨᠵᠢ ᠶᠢᠨ ᠡᠷᠬᠡᠳᠦ ᠬᠦᠮᠦᠨ ᠤ ᠦᠢᠯᠡ ᠠᠵᠢᠯᠯᠠᠭ᠎ᠠ ᠨᠢ ᠲᠠᠨᠵᠢ ᠶᠢᠨ ᠡᠳ᠋ ᠬᠦᠷᠦᠩᠭᠡ ᠶᠢ ᠡᠪᠳᠡᠷᠡᠨ ᠰᠦᠢᠳᠬᠦ᠂ | ᠤᠰᠠᠳᠬᠤ ᠳᠤ ᠬᠦᠷᠦᠭᠦᠯᠵᠦ ᠮᠡᠳᠡᠬᠦ ᠳᠤ ᠬᠦᠷᠪᠠᠯ᠂ ᠲᠠᠨᠵᠢᠯᠠᠭᠴᠢ ᠨᠢ ᠲᠠᠨᠵᠢ ᠶᠢᠨ ᠡᠷᠭᠡᠳᠦ ᠬᠦᠮᠦᠨ ᠳᠤ | ᠲᠠᠨᠵᠢ ᠶᠢᠨ ᠡᠳ᠋ ᠬᠦᠷᠦᠩᠭᠡ ᠪᠠᠨ ᠭᠠᠷᠭᠠᠵᠤ ᠬᠠᠳᠠᠭᠠᠯᠠᠭᠤᠯᠬᠤ ᠪᠠᠷ ᠭᠤᠶᠤᠴᠢᠯᠠᠬᠤ ᠪᠤᠶᠤ ᠦᠭᠴᠡᠭᠡ ᠶᠢ | ᠤᠷᠢᠳᠴᠢᠯᠠᠨ ᠢᠯᠭᠠᠷᠠᠭᠤᠯᠤᠨ ᠲᠦᠯᠦᠬᠦ ᠶᠢᠨ ᠬᠠᠮᠳᠤ ᠲᠠᠨᠵᠢ ᠶᠢᠨ ᠡᠳ᠋ ᠬᠦᠷᠦᠩᠭᠡ ᠪᠠᠨ ᠪᠤᠴᠠᠭᠠᠵᠤ ᠠᠪᠬᠤ ᠪᠠᠷ | ᠭᠤᠶᠤᠴᠢᠯᠠᠵᠤ ᠪᠤᠯᠤᠨ᠎ᠠ᠃ | ᠳᠦᠷᠪᠡᠨ ᠵᠠᠭᠤ ᠭᠤᠴᠢᠨ ᠭᠤᠷᠪᠠᠳᠤᠭᠠᠷ ᠵᠦᠢᠯ ᠲᠠᠨᠵᠢ ᠶᠢᠨ ᠡᠷᠭᠡᠳᠦ ᠬᠦᠮᠦᠨ ᠳᠤ ᠬᠠᠷᠢᠭᠤᠴᠠᠯᠭ᠎ᠠ ᠲᠤᠯᠭᠠᠵᠤ | ᠦᠯᠦ ᠪᠤᠯᠬᠤ ᠤᠴᠢᠷ ᠰᠢᠯᠳᠠᠭᠠᠨ ᠠᠴᠠ ᠪᠤᠯᠵᠤ ᠲᠠᠨᠵᠢ ᠶᠢᠨ ᠡᠳ᠋ ᠬᠦᠷᠦᠩᠭᠡ ᠶᠢ ᠡᠪᠳᠡᠯᠡᠨ ᠰᠦᠢᠳᠬᠡᠭᠰᠡᠨ ᠪᠤᠶᠤ | ᠦᠷᠳᠡᠭ ᠢ ᠨᠢ ᠢᠯᠡᠳᠳᠡ ᠪᠠᠭᠤᠷᠠᠭᠤᠯᠵᠤ᠂ ᠲᠡᠨᠵᠢ ᠶᠢᠨ ᠡᠷᠭᠡᠳᠤ ᠬᠥᠮᠤᠨ ᠤ ᠡᠷᠭᠡ ᠶᠢ ᠬᠤᠬᠢᠷᠠᠭᠤᠯᠬᠤ | ᠬᠡᠮᠵᠢᠶᠡᠨ ᠳᠤ ᠬᠦᠷᠦᠭᠦᠯᠵᠤ ᠮᠡᠳᠡᠬᠦ ᠳᠤ ᠬᠦᠷᠪᠠᠯ᠂ ᠲᠠᠨᠵᠢ ᠶᠢᠨ ᠡᠷᠬᠡᠳᠦ ᠬᠦᠮᠦᠨ ᠵᠤᠬᠢᠴᠠᠩᠭᠤᠢ ᠲᠠᠭᠠᠭᠠᠯᠳᠠ | ᠬᠠᠨᠭ᠍ᠭᠠᠯᠭᠠᠬᠤ ᠪᠠᠷ ᠲᠠᠨᠵᠢᠯᠠᠭᠴᠢ ᠳᠤ ᠭᠤᠶᠤᠴᠢᠯᠠᠬᠤ ᠡᠷᠬᠡ ᠲᠠᠢ︔ ᠲᠠᠨᠵᠢᠯᠠᠭᠴᠢ ᠨᠢ ᠬᠠᠨᠭ᠍ᠭᠠᠬᠤ ᠦᠭᠡᠢ ᠪᠠᠶᠢᠪᠠᠯ᠂ | ᠲᠡᠨᠵᠢ ᠶᠢᠨ ᠡᠷᠬᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ᠂ ᠬᠤᠪᠢᠷᠠᠭᠤᠯᠤᠨ | ᠬᠤᠳᠠᠯᠳᠤᠬᠤ ᠶᠢᠨ ᠬᠠᠮᠲᠤ ᠲᠠᠨᠵᠢᠯᠠᠭᠴᠢ ᠲᠠᠢ ᠵᠦᠪᠳᠡᠯᠴᠡᠵᠦ ᠪᠠᠶᠢᠭᠠᠳ ᠦᠨ᠎ᠡ ᠬᠠᠶᠠᠵᠤ ᠬᠤᠳᠠᠯᠳᠤᠵᠤ᠂ | ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠠ ᠶᠢᠨ ᠵᠤᠭᠤᠰ ᠢᠶᠠᠷ ᠦᠭᠴᠡᠭᠡ ᠶᠢ ᠤᠷᠢᠳᠴᠢᠯᠠᠨ ᠢᠯᠭᠠᠷᠠᠭᠤᠯᠤᠨ | ᠲᠦᠯᠦᠬᠦ ᠪᠤᠶᠤ ᠲᠡᠬᠦᠨ ᠢ ᠭᠠᠷᠭᠠᠨ ᠬᠠᠳᠠᠭᠠᠯᠠᠭᠤᠯᠵᠤ ᠪᠤᠯᠤᠨ᠎ᠠ᠃ | ᠳᠦᠷᠪᠡᠨ ᠵᠠᠭᠤ ᠭᠤᠴᠢᠨ ᠳᠦᠷᠪᠡᠳᠦᠭᠡᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠦᠷᠬᠦᠯᠵᠢᠯᠡᠨ | ᠤᠷᠤᠰᠢᠬᠤ ᠬᠤᠭᠤᠴᠠᠭᠠᠨ ᠳᠤ ᠲᠠᠨᠵᠢᠯᠠᠭᠴᠢ ᠪᠠᠷ ᠵᠦᠪᠰᠢᠶᠡᠷᠡᠬᠦᠯᠦᠭᠰᠡᠨ ᠦᠭᠡᠢ ᠪᠠᠷ ᠲᠠᠨᠵᠢ ᠶᠢ ᠰᠢᠯᠵᠢᠬᠦᠯᠦᠭᠡᠳ | ᠲᠠᠨᠵᠢ ᠶᠢᠨ ᠡᠳ᠋ ᠬᠦᠷᠦᠩᠭᠡ ᠶᠢ ᠡᠪᠳᠡᠯᠡᠨ ᠰᠦᠢᠳᠬᠡᠵᠦ᠂ ᠤᠰᠠᠳᠬᠠᠭᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ | ᠡᠬᠦᠷᠭᠡᠯᠡᠬᠦ ᠬᠡᠷᠡᠭᠳᠡᠢ᠃ | ᠳᠦᠷᠪᠡᠨ ᠵᠠᠭᠤ ᠭᠤᠴᠢᠨ ᠲᠠᠪᠤᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠪᠠᠨ ᠬᠠᠶᠠᠵᠤ | ᠪᠤᠯᠤᠨ᠎ᠠ᠃ ᠦᠭᠴᠡᠭᠡᠳᠡᠨ ᠦᠪᠡᠷ ᠤᠨ ᠡᠳ᠋ ᠬᠦᠷᠦᠩᠭᠡ ᠪᠠᠷ ᠢᠶᠠᠨ ᠲᠠᠨᠵᠢ ᠪᠤᠯᠭᠠᠵᠤ᠂ ᠲᠠᠨᠵᠢ ᠶᠢᠨ ᠡᠷᠬᠡᠳᠦ ᠬᠦᠮᠦᠨ | ᠲᠤᠰ ᠲᠠᠨᠵᠢ ᠶᠢᠨ ᠡᠷᠬᠡ ᠶᠢ ᠬᠠᠶᠠᠭᠰᠠᠨ ᠪᠠᠶᠢᠪᠠᠯ᠂ ᠪᠤᠰᠤᠳ ᠲᠠᠭᠠᠭᠠᠭᠴᠢ ᠨᠢ ᠲᠠᠨᠵᠢ ᠶᠢᠨ ᠡᠷᠬᠡᠳᠦ ᠬᠦᠮᠦᠨ ᠤ | ᠤᠷᠢᠳ ᠢᠶᠠᠷ ᠲᠦᠯᠦᠪᠦᠷᠢ ᠤᠯᠬᠤ ᠡᠷᠭᠡ ᠠᠰᠢᠭ ᠢᠶᠠᠨ ᠠᠯᠳᠠᠭᠰᠠᠨ ᠬᠡᠪᠴᠢᠶᠡᠨ ᠳᠤ ᠲᠠᠭᠠᠭᠠᠯᠳᠠ ᠶᠢᠨ | ᠬᠠᠷᠢᠭᠤᠴᠠᠯᠭ᠎ᠠ ᠠᠴᠠ ᠭᠡᠯᠳᠦᠷᠢᠨ᠎ᠡ᠂ ᠭᠡᠪᠡᠴᠦ ᠪᠤᠰᠤᠳ ᠲᠠᠭᠠᠭᠠᠭᠴᠢ ᠮᠦᠨ ᠯᠡ ᠲᠠᠭᠠᠭᠠᠯᠳᠠ ᠬᠠᠨᠭ᠍ᠭᠠᠬᠤ ᠪᠠᠷ | ᠠᠮᠠᠯᠠᠭᠰᠠᠨ ᠨᠢ ᠡᠬᠦᠨ ᠳᠤ ᠪᠠᠭᠳᠠᠬᠤ ᠦᠭᠡᠢ᠃ | ᠳᠦᠷᠪᠡᠨ ᠵᠠᠭᠤ ᠭᠤᠴᠢᠨ ᠵᠢᠷᠭᠤᠳᠤᠭᠠᠷ ᠵᠦᠢᠯ ᠦᠭᠴᠡᠭᠡᠳᠡᠨ ᠦᠭᠴᠡᠭᠡ ᠪᠠᠨ ᠬᠦᠢᠴᠡᠳᠭᠡᠭᠰᠡᠡ ᠪᠤᠶᠤ ᠲᠠᠨᠵᠢᠯᠠᠭᠴᠢ | ᠲᠠᠭᠠᠭᠠᠯᠳᠠ ᠬᠢᠭᠰᠡᠨ ᠠᠪᠴᠠᠭ᠎ᠠ ᠶᠢ ᠤᠷᠢᠳᠴᠢᠯᠠᠨ ᠢᠯᠭᠠᠷᠠᠭᠤᠯᠤᠨ ᠲᠦᠯᠦᠭᠰᠠᠨ ᠪᠠᠶᠢᠪᠠᠯ᠂ ᠲᠠᠨᠵᠢ ᠶᠢᠨ ᠡᠷᠬᠡᠳᠦ | ᠬᠦᠮᠦᠨ ᠲᠠᠨᠵᠢ ᠶᠢᠨ ᠡᠳ᠋ ᠬᠦᠷᠦᠩᠭᠡ ᠶᠢ ᠪᠤᠴᠠᠭᠠᠵᠤ ᠦᠭᠬᠦ ᠬᠡᠷᠡᠭᠳᠡᠢ᠃ | ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ | ᠪᠤᠯᠵᠤᠨ ᠲᠤᠭᠳᠠᠭᠰᠠᠨ ᠲᠠᠨᠵᠢ ᠶᠢᠨ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠲᠠᠨᠵᠢ ᠶᠢᠨ ᠡᠷᠬᠡᠳᠦ ᠬᠦᠮᠦᠨ | ᠲᠠᠨᠵᠢᠯᠠᠭᠴᠢ ᠲᠠᠢ ᠵᠦᠪᠳᠡᠯᠴᠡᠵᠦ ᠪᠠᠶᠢᠭᠠᠳ ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠵᠤ ᠪᠤᠯᠤᠨ᠎ᠠ | ᠂ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ | ᠦᠨ᠎ᠠ ᠶᠢᠨ ᠵᠤᠭᠤᠰ ᠢᠶᠠᠷ ᠤᠷᠢᠳ ᠢᠶᠠᠷ ᠲᠦᠯᠦᠪᠦᠷᠢ ᠤᠯᠵᠤ ᠪᠠᠰᠠ ᠪᠤᠯᠤᠨ᠎ᠠ᠃ | ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ᠂ ᠵᠠᠬ᠎ᠠ | ᠲᠡᠯᠭᠡᠬᠦᠷ ᠤᠨ ᠦᠨ᠎ᠡ ᠬᠠᠩᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ | ᠳᠦᠷᠪᠡᠨ ᠵᠠᠭᠤ ᠭᠤᠴᠢᠨ ᠳᠤᠯᠤᠳᠤᠭᠠᠷ ᠵᠦᠢᠯ ᠲᠠᠨᠵᠢᠯᠠᠭᠴᠢ ᠦᠭᠴᠡᠭᠡ ᠶᠢ ᠬᠦᠢᠴᠡᠳᠭᠡᠬᠦ ᠬᠤᠭᠤᠴᠠᠭ᠎ᠠ | ᠲᠦᠬᠦᠷᠦᠭᠰᠡᠨ ᠤ ᠲᠠᠷᠠᠭ᠎ᠠ ᠲᠠᠨᠵᠢ ᠶᠢᠨ ᠡᠷᠬᠡ ᠶᠢ ᠴᠠᠭ ᠲᠤᠬᠠᠢ ᠳᠤᠨᠢ ᠬᠡᠷᠡᠭᠵᠢᠬᠦᠯᠦᠭᠦᠯᠬᠦ ᠪᠠᠷ ᠲᠠᠨᠵᠢ ᠶᠢᠨ ᠡᠷᠬᠡᠳᠦ | ᠬᠦᠮᠦᠨ ᠳᠤ ᠭᠤᠶᠤᠴᠢᠯᠠᠵᠤ ᠪᠤᠯᠤᠨ᠎ᠠ︔ ᠲᠠᠨᠵᠢ ᠶᠢᠨ ᠡᠷᠬᠡᠳᠦ ᠬᠦᠮᠦᠨ ᠬᠡᠷᠡᠭᠵᠢᠬᠦᠯᠬᠦ ᠦᠭᠡᠢ ᠪᠠᠶᠢᠪᠠᠯ᠂ | ᠲᠠᠨᠵᠢᠯᠠᠭᠴᠢ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ᠂ ᠬᠤᠪᠢᠷᠠᠭᠤᠯᠤᠨ ᠬᠤᠳᠠᠯᠳᠤᠬᠤ ᠪᠠᠷ | ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃ | ᠲᠠᠨᠵᠢᠯᠠᠭᠴᠢ ᠲᠠᠨᠵᠢ ᠶᠢᠨ ᠡᠷᠬᠡ ᠶᠢ ᠴᠠᠭ ᠲᠤᠬᠠᠢ ᠳᠤᠨᠢ ᠬᠡᠷᠡᠭᠵᠢᠬᠦᠯᠦᠭᠦᠯᠬᠦ ᠪᠠᠷ ᠲᠠᠨᠵᠢ ᠶᠢᠨ ᠡᠷᠬᠡᠳᠦ ᠬᠦᠮᠦᠨ ᠳᠤ | ᠭᠤᠶᠤᠴᠢᠯᠠᠭᠰᠠᠨ ᠪᠠᠶᠢᠬᠤ ᠳᠤ᠂ ᠲᠠᠨᠵᠢ ᠶᠢᠨ ᠡᠷᠬᠡᠳᠦ ᠬᠦᠮᠦᠨ ᠡᠷᠬᠡ ᠪᠠᠨ ᠬᠡᠷᠡᠭᠵᠢᠬᠦᠯᠬᠦ ᠠᠴᠠ ᠪᠠᠨ | ᠬᠤᠶᠢᠷᠭᠤᠰᠢᠵᠤ ᠳᠠᠨᠵᠢᠯᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠠᠨᠵᠢ ᠶᠢᠨ ᠡᠷᠬᠡᠳᠦ ᠬᠦᠮᠦᠨ ᠲᠦᠯᠦᠬᠦ | ᠬᠠᠷᠢᠭᠤᠴᠠᠯᠭ᠎ᠠ ᠡᠬᠦᠷᠭᠡᠯᠡᠨ᠎ᠡ᠃ | ᠳᠦᠷᠪᠡᠨ ᠵᠠᠭᠤ ᠭᠤᠴᠢᠨ ᠨᠠᠢᠮᠠᠳᠤᠭᠠᠷ ᠵᠦᠢᠯ ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠭᠰᠠᠨ | ᠪᠤᠶᠤ ᠦᠨ᠎ᠡ ᠬᠠᠶᠠᠵᠤ ᠬᠤᠳᠠᠯᠳᠤᠵᠤ᠂ ᠬᠤᠪᠢᠷᠠᠭᠤᠯᠤᠨ ᠬᠤᠳᠠᠯᠳᠤᠭᠰᠠᠨ ᠤ ᠲᠠᠷᠠᠭ᠎ᠠ᠂ ᠲᠡᠬᠦᠨ ᠤ ᠦᠨ᠎ᠡ ᠶᠢᠨ | ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠲᠠᠨᠵᠢᠯᠠᠭᠴᠢ ᠳᠤ ᠦᠮᠴᠢᠯᠡᠭᠳᠡᠨ᠎ᠡ᠂ ᠳᠤᠳᠠᠭᠤ | ᠬᠡᠰᠡᠭ ᠢ ᠨᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ | ᠳᠦᠷᠪᠡᠨ ᠵᠠᠭᠤ ᠭᠤᠴᠢ ᠶᠢᠰᠦᠳᠦᠭᠡᠷ ᠵᠦᠢᠯ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠦ | ᠪᠠᠶᠢᠭᠠᠳ ᠲᠡᠭᠡᠳᠦ ᠬᠢᠵᠠᠭᠠᠷᠲᠤ ᠲᠠᠨᠵᠢ ᠶᠢᠨ ᠡᠷᠬᠡ ᠶᠢ ᠲᠤᠭᠳᠠᠭᠠᠵᠤ ᠪᠤᠯᠤᠨ᠎ᠠ᠃ | ᠲᠡᠭᠡᠳᠦ ᠬᠢᠵᠠᠭᠠᠷᠲᠤ ᠲᠠᠨᠵᠢ ᠶᠢᠨ ᠡᠷᠬᠡ ᠳᠤ ᠲᠤᠰ ᠬᠡᠰᠡᠭ ᠤᠨ ᠬᠤᠯᠪᠤᠭᠳᠠᠯ ᠪᠦᠬᠦᠢ ᠲᠤᠭᠳᠠᠭᠠᠯ ᠢ ᠲᠤᠬᠢᠷᠠᠭᠤᠯᠤᠨ | ᠬᠡᠷᠡᠭᠯᠡᠬᠦ ᠠᠴᠠ ᠭᠠᠳᠠᠨ᠎ᠠ᠂ ᠲᠤᠰ ᠠᠩᠬᠢ ᠶᠢᠨ ᠠᠷᠪᠠᠨ ᠳᠤᠯᠤᠳᠤᠭᠠᠷ ᠪᠦᠯᠦᠭ ᠤᠨ ᠬᠤᠶᠠᠳᠤᠭᠠᠷ ᠬᠡᠰᠡᠭ ᠤᠨ | ᠬᠤᠯᠪᠤᠭᠳᠠᠯ ᠪᠦᠬᠦᠢ ᠲᠤᠭᠳᠠᠭᠠᠯ ᠢ ᠯᠠᠪᠯᠠᠯᠳᠠ ᠪᠤᠯᠭᠠᠵᠤ ᠲᠤᠬᠢᠷᠠᠭᠤᠯᠤᠨ ᠬᠡᠷᠡᠭᠯᠡᠨ᠎ᠡ᠃ | ᠬᠤᠶᠠᠳᠤᠭᠠᠷ ᠬᠡᠰᠡᠭ ᠡᠷᠭᠡ ᠶᠢᠨ ᠲᠠᠨᠵᠢ ᠶᠢᠨ ᠡᠷᠬᠡ | ᠳᠦᠷᠪᠡᠨ ᠵᠠᠭᠤ ᠳᠦᠴᠢᠳᠦᠭᠡᠷ ᠵᠦᠢᠯ ᠦᠭᠴᠡᠭᠡᠳᠡᠨ ᠪᠤᠶᠤ ᠭᠤᠷᠪᠠᠳᠠᠬᠢ ᠬᠦᠮᠦᠨ ᠤ ᠰᠢᠢᠳᠪᠦᠷᠢᠯᠡᠬᠦ ᠡᠷᠬᠡ ᠪᠦᠬᠦᠢ | ᠲᠤᠤᠷ᠎ᠠ ᠵᠢᠬᠰᠠᠭᠠᠭᠰᠠᠨ ᠡᠷᠬᠡ ᠶᠢ ᠲᠠᠨᠵᠢᠯᠠᠵᠤ ᠪᠤᠯᠤᠨ᠎ᠠ᠄ | ︵ᠨᠢᠭᠡ︶ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ︔ | ︵ᠬᠤᠶᠠᠷ︶ ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ︔ | ︵ᠭᠤᠷᠪᠠ︶ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ ᠠᠪᠬᠤ ᠬᠠᠭᠤᠳᠠᠰᠤ︔ | ︵ᠲᠦᠷᠪᠡ︶ ᠰᠢᠯᠵᠢᠬᠦᠯᠦᠨ ᠦᠭᠴᠦ ᠪᠤᠯᠬᠤ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ︔ | ︵ᠲᠠᠪᠤ︶ ᠰᠢᠯᠵᠢᠬᠦᠯᠦᠨ ᠦᠭᠴᠦ ᠪᠤᠯᠬᠤ ᠲᠠᠩᠰᠠᠯᠠᠭᠤᠯᠤᠭᠰᠠᠨ ᠲᠠᠸᠠᠷ ᠤᠨ ᠲᠡᠮᠳᠡᠭᠲᠤ ᠶᠢᠨ ᠲᠤᠰᠬᠠᠢ ᠬᠡᠷᠡᠭᠯᠡᠬᠦ | ᠡᠷᠬᠡ᠂ ᠲᠤᠰᠬᠠᠢ ᠠᠰᠢᠭ ᠤᠨ ᠡᠷᠬᠡ᠂ ᠵᠤᠬᠢᠶᠠᠯ ᠪᠦᠳᠦᠭᠡᠯ ᠤᠨ ᠡᠷᠬᠡ ᠵᠡᠷᠭᠡ ᠮᠡᠳᠡᠯᠭᠡ ᠶᠢᠨ ᠪᠦᠳᠦᠭᠡᠭᠳᠡᠬᠦᠨ ᠤ | ᠦᠮᠴᠢᠯᠡᠬᠦ ᠡᠷᠬᠡ ᠲᠤᠳᠤᠷᠠᠬᠢ ᠡᠳ᠋ ᠬᠦᠷᠦᠩᠭᠡ ᠶᠢᠨ ᠡᠷᠬᠡ︔ | ︵ᠵᠢᠷᠭᠤᠭ᠎ᠠ︶ ᠤᠳᠤ ᠪᠠᠶᠢᠭ᠎ᠠ ᠪᠤᠶᠤ ᠬᠤᠵᠢᠮ ᠤᠯᠬᠤ ᠬᠤᠷᠢᠶᠠᠬᠤ ᠶᠤᠰᠤᠳᠠᠢ ᠠᠪᠴᠠᠭᠠᠨ ᠤ ᠵᠤᠭᠤᠰ︔ | ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠠᠨᠵᠢᠯᠠᠵᠤ ᠪᠤᠯᠤᠨ᠎ᠠ ᠭᠡᠵᠦ | ᠲᠤᠭᠳᠠᠭᠠᠭᠰᠠᠨ ᠪᠤᠰᠤᠳ ᠡᠳ᠋ ᠬᠦᠷᠦᠩᠭᠡ ᠶᠢᠨ ᠡᠷᠬᠡ᠃ | ᠳᠦᠷᠪᠡᠨ ᠵᠠᠭᠤ ᠳᠦᠴᠢᠨ ᠨᠢᠭᠡᠳᠦᠭᠡᠷ ᠵᠦᠢᠯ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ᠂ | ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ᠂ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ | ᠠᠪᠬᠤ ᠬᠠᠭᠤᠳᠠᠰᠤ ᠪᠠᠷ ᠲᠠᠨᠵᠢ ᠪᠤᠯᠭᠠᠬᠤ ᠳᠤ ᠬᠦᠷᠪᠡᠯ᠂ ᠲᠠᠨᠵᠢ ᠶᠢᠨ ᠡᠷᠬᠡ ᠨᠢ ᠲᠠᠨᠵᠢ ᠶᠢᠨ ᠡᠷᠬᠡᠳᠦ ᠬᠦᠮᠦᠨ ᠳᠤ | ᠡᠷᠬᠡ ᠶᠢᠨ ᠪᠠᠷᠢᠮᠳᠠ ᠲᠡᠮᠳᠡᠭ ᠢ ᠲᠤᠰᠢᠶᠠᠭᠰᠠᠨ ᠴᠠᠭ ᠠᠴᠠ ᠲᠤᠭᠲᠠᠭᠠᠭᠳᠠᠨ᠎ᠠ︔ ᠡᠷᠬᠡ ᠶᠢᠨ ᠪᠠᠷᠢᠮᠳᠠ ᠲᠡᠮᠳᠡᠭ | ᠦᠭᠡᠢ ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ | ᠬᠠᠤᠯᠢ ᠴᠠᠭᠠᠵᠠ ᠳᠤ ᠠᠰᠳᠠᠭᠠᠨ ᠳᠤᠭᠳᠠᠭᠠᠯ ᠲᠠᠢ ᠪᠠᠶᠢᠪᠠᠯ᠂ ᠲᠡᠷᠡ ᠳᠤᠭᠳᠠᠭᠠᠯ ᠶᠤᠰᠤᠭᠠᠷ ᠶᠠᠪᠤᠭᠤᠯᠤᠨ᠎ᠠ᠃ | ᠳᠦᠷᠪᠡᠨ ᠵᠠᠭᠤ ᠳᠦᠴᠢᠨ ᠬᠤᠶᠠᠳᠤᠭᠠᠷ ᠵᠦᠢᠯ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ᠂ | ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ᠂ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ | ᠠᠪᠬᠤ ᠬᠠᠭᠤᠳᠠᠰᠤ ᠶᠢᠨ ᠪᠡᠯᠡᠨ ᠵᠤᠭᠤᠰ ᠰᠤᠯᠢᠬᠤ ᠡᠳᠦᠷ ᠬᠤᠭᠤᠴᠠᠭ᠎ᠠ ᠪᠤᠶᠤ ᠪᠠᠷᠠᠭ᠎ᠠ ᠭᠠᠷᠭᠠᠵᠤ ᠠᠪᠬᠤ ᠡᠳᠦᠷ | ᠬᠤᠭᠤᠴᠠᠭ᠎ᠠ ᠨᠢ ᠭᠤᠤᠯ ᠠᠪᠴᠠᠭ᠎ᠠ ᠠᠴᠠ ᠤᠷᠢᠳ ᠢᠶᠠᠷ ᠬᠤᠭᠤᠴᠠᠭ᠎ᠠ ᠲᠤᠯᠤᠭᠰᠠᠨ ᠪᠠᠶᠢᠪᠠᠯ᠂ ᠲᠠᠨᠵᠢ ᠶᠢᠨ ᠡᠷᠬᠡᠳᠦ | ᠬᠦᠮᠦᠨ ᠪᠡᠯᠡᠨ ᠵᠤᠭᠤᠰ ᠰᠤᠯᠢᠵᠤ ᠠᠪᠬᠤ ᠪᠤᠶᠤ ᠪᠠᠷᠠᠭ᠎ᠠ ᠭᠠᠷᠭᠠᠵᠤ ᠠᠪᠬᠤ ᠶᠢᠨ ᠬᠠᠮᠲᠤ ᠲᠠᠨᠵᠢᠯᠠᠭᠴᠢ ᠲᠠᠢ | ᠵᠦᠪᠳᠡᠯᠴᠡᠵᠦ ᠪᠠᠶᠢᠭᠠᠳ ᠪᠡᠯᠡᠨ ᠵᠤᠭᠤᠰ ᠰᠤᠯᠢᠵᠤ ᠠᠪᠤᠭᠰᠠᠨ ᠦᠨ᠎ᠡ ᠶᠢᠨ ᠵᠤᠭᠤᠰ ᠪᠤᠶᠤ ᠭᠠᠷᠭᠠᠵᠤ ᠠᠪᠤᠭᠰᠠᠨ | ᠪᠠᠷᠠᠭ᠎ᠠ ᠪᠠᠷ ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠨ ᠬᠠᠳᠠᠭᠠᠯᠠᠭᠤᠯᠵᠤ | ᠪᠤᠯᠤᠨ᠎ᠠ᠃ | ᠳᠦᠷᠪᠡᠨ ᠵᠠᠭᠤ ᠳᠦᠴᠢᠨ ᠭᠤᠷᠪᠠᠳᠤᠭᠠᠷ ᠵᠦᠢᠯ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠪᠠᠷ | ᠲᠠᠨᠵᠢ ᠪᠤᠯᠭᠠᠭᠰᠠᠨ ᠪᠠᠶᠢᠪᠠᠯ᠂ ᠲᠠᠨᠵᠢ ᠶᠢᠨ ᠡᠷᠬᠡ ᠨᠢ ᠳᠠᠨᠵᠢᠯᠠᠬᠤ ᠳᠠᠩᠰᠠᠯᠠᠯᠲᠠ ᠬᠢᠭᠰᠡᠨ ᠴᠠᠭ ᠠᠴᠠ | ᠲᠤᠭᠲᠠᠭᠠᠭᠳᠠᠨ᠎ᠠ᠃ | ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠶᠢ ᠲᠠᠨᠵᠢᠯᠠᠭᠰᠠᠨ ᠤ ᠲᠠᠷᠠᠭ᠎ᠠ ᠰᠢᠯᠵᠢᠬᠦᠯᠦᠨ ᠦᠭᠴᠤ | ᠪᠤᠯᠬᠤ ᠦᠭᠡᠢ᠂ ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ ᠵᠦᠪᠰᠢᠶᠡᠷᠡᠭᠰᠡᠨ ᠨᠢ | ᠡᠬᠦᠨ ᠳᠤ ᠪᠠᠭᠳᠠᠬᠤ ᠦᠭᠡᠢ᠃ ᠲᠠᠨᠵᠢᠯᠠᠭᠴᠢ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠪᠠᠨ | ᠰᠢᠯᠵᠢᠬᠦᠯᠦᠨ ᠦᠭᠬᠦᠭᠡᠳ ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ ᠬᠦᠮᠦᠨ ᠳᠤ ᠦᠭᠴᠡᠭᠡ ᠪᠠᠨ | ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠵᠤ ᠬᠠᠳᠠᠭᠠᠯᠠᠭᠤᠯᠬᠤ ᠬᠡᠷᠡᠭᠳᠡᠢ᠃ | ᠳᠦᠷᠪᠡᠨ ᠵᠠᠭᠤ ᠳᠦᠴᠢᠨ ᠳᠦᠷᠪᠡᠳᠦᠭᠡᠷ ᠵᠦᠢᠯ ᠲᠠᠩᠰᠠᠯᠠᠭᠤᠯᠤᠭᠰᠠᠨ ᠲᠠᠸᠠᠷ ᠤᠨ ᠲᠡᠮᠳᠡᠭᠲᠤ ᠶᠢᠨ ᠲᠤᠰᠬᠠᠢ | ᠭᠡᠷᠡᠭᠯᠡᠬᠦ ᠡᠷᠭᠡ᠂ ᠲᠤᠰᠬᠠᠢ ᠠᠰᠢᠭ ᠤᠨ ᠡᠷᠬᠡ᠂ ᠵᠤᠬᠢᠶᠠᠯ ᠪᠦᠳᠦᠭᠡᠯ ᠤᠨ ᠡᠷᠬᠡ ᠵᠡᠷᠭᠡ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠲᠤᠳᠤᠷᠠᠬᠢ ᠡᠳ᠋ ᠬᠦᠷᠦᠩᠭᠡ ᠶᠢᠨ ᠡᠷᠬᠡ ᠪᠠᠷ ᠲᠠᠨᠵᠢ ᠪᠤᠯᠭᠠᠭᠰᠠᠨ | ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ | ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠲᠤᠳᠤᠷᠠᠬᠢ ᠡᠳ᠋ ᠬᠦᠷᠦᠩᠭᠡ ᠶᠢᠨ ᠡᠷᠭᠡ ᠶᠢ | ᠲᠠᠨᠵᠢᠯᠠᠭᠰᠠᠨ ᠤ ᠲᠠᠷᠠᠭ᠎ᠠ᠂ ᠲᠠᠨᠵᠢᠯᠠᠭᠴᠢ ᠨᠢ ᠰᠢᠯᠵᠢᠬᠦᠯᠦᠨ ᠦᠭᠬᠦ ᠪᠤᠶᠤ ᠪᠤᠰᠤᠳ ᠬᠦᠮᠦᠨ ᠳᠤ ᠵᠦᠪᠰᠢᠶᠡᠷᠡᠨ | ᠬᠡᠷᠡᠭᠯᠡᠬᠦᠯᠵᠤ ᠪᠤᠯᠬᠤ ᠦᠭᠡᠢ᠂ ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ | ᠵᠦᠪᠰᠢᠶᠡᠷᠡᠭᠰᠡᠨ ᠨᠢ ᠡᠬᠦᠨ ᠳᠤ ᠪᠠᠭᠳᠠᠬᠤ ᠦᠭᠡᠢ᠃ ᠲᠠᠨᠵᠢᠯᠠᠭᠴᠢ ᠲᠠᠨᠵᠢ ᠪᠤᠯᠭᠠᠭᠰᠠᠨ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠭᠡ ᠶᠢᠨ ᠲᠤᠳᠤᠷᠠᠬᠢ ᠡᠳ᠋ ᠬᠥᠷᠤᠩᠭᠡ ᠶᠢᠨ ᠡᠷᠭᠡ ᠪᠠᠨ ᠰᠢᠯᠵᠢᠬᠦᠯᠦᠨ ᠦᠭᠬᠦ ᠪᠤᠶᠤ | ᠪᠤᠰᠤᠳ ᠬᠦᠮᠦᠨ ᠳᠤ ᠵᠦᠪᠰᠢᠶᠡᠷᠡᠨ ᠬᠡᠷᠡᠭᠯᠡᠬᠦᠯᠵᠤ ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ | ᠬᠦᠮᠦᠨ ᠳᠤ ᠦᠭᠴᠡᠭᠡ ᠪᠠᠨ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠬᠦᠨ ᠢ ᠭᠠᠷᠭᠠᠵᠤ ᠬᠠᠳᠠᠭᠠᠯᠠᠭᠤᠯᠬᠤ | ᠬᠡᠷᠡᠭᠳᠡᠢ᠃ | ᠳᠦᠷᠪᠡᠨ ᠵᠠᠭᠤ ᠳᠦᠴᠢᠨ ᠲᠠᠪᠤᠳᠤᠭᠠᠷ ᠵᠦᠢᠯ ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢᠶᠠᠷ ᠲᠠᠨᠵᠢ | ᠪᠣᠯᠭᠠᠭᠰᠠᠨ ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ | ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢ ᠲᠠᠨᠵᠢᠯᠠᠭᠰᠠᠨ ᠤ ᠲᠠᠷᠠᠭ᠎ᠠ ᠰᠢᠯᠵᠢᠬᠦᠯᠦᠨ ᠦᠭᠴᠦ ᠪᠤᠯᠬᠤ ᠦᠭᠡᠢ᠂ | ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ ᠵᠦᠪᠰᠢᠶᠡᠷᠡᠭᠰᠡᠨ ᠨᠢ ᠡᠬᠦᠨ ᠳᠤ | ᠪᠠᠭᠳᠠᠬᠤ ᠦᠭᠡᠢ᠃ ᠲᠠᠨᠵᠢᠯᠠᠭᠴᠢ ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢᠶᠠᠨ ᠰᠢᠯᠵᠢᠬᠦᠯᠦᠨ ᠦᠭᠬᠦᠭᠡᠳ | ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ ᠬᠦᠮᠦᠨ ᠳᠤ ᠦᠭᠴᠡᠭᠡ ᠪᠠᠨ ᠤᠷᠢᠳᠴᠢᠯᠠᠨ | ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠵᠤ ᠬᠠᠳᠠᠭᠠᠯᠠᠭᠤᠯᠬᠤ ᠬᠡᠷᠡᠭᠳᠡᠢ᠃ | ᠳᠦᠷᠪᠡᠨ ᠵᠠᠭᠤ ᠳᠦᠴᠢᠨ ᠵᠢᠷᠭᠤᠳᠤᠭᠠᠷ ᠵᠦᠢᠯ ᠡᠷᠬᠡ ᠶᠢᠨ ᠲᠠᠨᠵᠢ ᠶᠢᠨ ᠡᠷᠬᠡ ᠳᠤ ᠲᠤᠰ ᠬᠡᠰᠡᠭ ᠤᠨ ᠲᠤᠭᠳᠠᠭᠠᠯ ᠢ | ᠲᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠪᠦᠯᠦᠭ ᠤᠨ ᠨᠢᠭᠡᠳᠦᠭᠡᠷ ᠬᠡᠰᠡᠭ ᠤᠨ ᠬᠤᠯᠪᠤᠭᠳᠠᠯ ᠪᠦᠬᠦᠢ | ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ | ᠠᠷᠪᠠ ᠶᠢᠰᠦᠳᠦᠭᠡᠷ ᠪᠦᠯᠦᠭ ᠦᠯᠡᠳᠡᠭᠡᠨ ᠠᠪᠬᠤ ᠡᠷᠬᠡ | ᠳᠦᠷᠪᠡᠨ ᠵᠠᠭᠤ ᠳᠦᠴᠢᠨ ᠳᠤᠯᠤᠳᠤᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ | ᠬᠦᠢᠴᠡᠳᠭᠡᠬᠦ ᠦᠭᠡᠢ ᠪᠠᠶᠢᠪᠠᠯ᠂ ᠠᠪᠴᠠᠭᠠᠳᠠᠨ ᠬᠠᠤᠯᠢ ᠶᠤᠰᠤᠭᠠᠷ ᠨᠢᠭᠡᠨᠳᠡ ᠡᠵᠡᠮᠰᠢᠭᠰᠡᠨ ᠦᠭᠴᠡᠭᠡᠳᠡᠨ ᠤ ᠬᠦᠳᠡᠯᠬᠦ | ᠬᠦᠷᠦᠩᠭᠡ ᠶᠢ ᠦᠯᠡᠳᠡᠭᠡᠨ ᠠᠪᠴᠤ ᠪᠤᠯᠬᠤ ᠪᠦᠭᠡᠳ ᠲᠤᠰ ᠬᠦᠳᠡᠯᠬᠦ ᠬᠦᠷᠦᠩᠭᠡ ᠶᠢᠨ ᠲᠤᠬᠠᠢ ᠳᠤ ᠤᠷᠢᠳ ᠢᠶᠠᠷ | ᠲᠦᠯᠦᠪᠦᠷᠢ ᠤᠯᠬᠤ ᠡᠷᠬᠡ ᠲᠠᠢ᠃ | ᠡᠮᠦᠨᠡᠬᠢ ᠵᠦᠢᠯ ᠳᠤ ᠲᠤᠭᠳᠠᠭᠠᠭᠰᠠᠨ ᠠᠪᠴᠠᠭᠠᠳᠠᠨ ᠪᠤᠯ ᠦᠯᠡᠳᠡᠭᠡᠨ ᠠᠪᠬᠤ ᠡᠷᠬᠡᠳᠦ ᠬᠦᠮᠦᠨ ᠮᠦᠨ᠂ | ᠡᠵᠡᠮᠰᠢᠭᠰᠡᠨ ᠬᠦᠳᠡᠯᠬᠦ ᠬᠦᠷᠦᠩᠭᠡ ᠪᠤᠯ ᠦᠯᠡᠳᠡᠭᠡᠨ ᠠᠪᠬᠤ ᠡᠳ᠋ ᠬᠦᠷᠦᠩᠭᠡ ᠮᠦᠨ᠃ | ᠳᠦᠷᠪᠡᠨ ᠵᠠᠭᠤ ᠳᠦᠴᠢᠨ ᠨᠠᠢᠮᠠᠳᠤᠭᠠᠷ ᠵᠦᠢᠯ ᠠᠪᠴᠠᠭᠠᠳᠠᠨ ᠤ ᠦᠯᠡᠳᠡᠭᠡᠨ ᠠᠪᠤᠭᠰᠠᠨ ᠬᠦᠳᠡᠯᠬᠦ ᠬᠦᠷᠦᠩᠭᠡ ᠨᠢ | ᠠᠪᠴᠠᠭ᠎ᠠ ᠲᠠᠢ ᠮᠦᠨ ᠨᠢᠭᠡ ᠬᠠᠤᠯᠢ ᠴᠠᠭᠠᠵᠠ ᠶᠢᠨ ᠬᠠᠷᠢᠴᠠᠭ᠎ᠠ ᠳᠤ ᠬᠠᠷᠢᠶᠠᠯᠠᠭᠳᠠᠭᠰᠠᠨ ᠪᠠᠶᠢᠬᠤ ᠬᠡᠷᠡᠭᠳᠡᠢ᠂ | ᠭᠡᠪᠡᠴᠦ ᠠᠵᠤ ᠠᠬᠤᠢᠢᠯᠠᠯ ᠬᠤᠭᠤᠷᠤᠨᠳᠤ ᠪᠠᠨ ᠦᠯᠡᠳᠡᠭᠡᠨ ᠠᠪᠬᠤ ᠨᠢ ᠡᠬᠦᠨ ᠳᠤ ᠪᠠᠭᠳᠠᠬᠤ ᠦᠭᠡᠢ᠃ | ᠳᠦᠷᠪᠡᠨ ᠵᠠᠭᠤ ᠳᠦᠴᠢᠨ ᠶᠢᠰᠦᠳᠦᠭᠡᠷ ᠵᠦᠢᠯ ᠦᠯᠡᠳᠡᠭᠡᠨ ᠠᠪᠴᠤ ᠪᠤᠯᠬᠤ ᠦᠭᠡᠢ ᠭᠡᠵᠤ ᠬᠠᠤᠯᠢ ᠴᠠᠭᠠᠵᠠ ᠳᠤ | ᠲᠤᠭᠳᠠᠭᠠᠭᠰᠠᠨ ᠪᠤᠶᠤ ᠲᠤᠬᠠᠢ ᠶᠢᠨ ᠬᠥᠮᠤᠨ ᠤ ᠪᠤᠯᠵᠤᠨ ᠲᠤᠭᠳᠠᠭᠰᠠᠨ ᠬᠥᠳᠡᠯᠬᠦ ᠬᠥᠷᠤᠩᠭᠡ ᠶᠢ ᠦᠯᠡᠳᠡᠭᠡᠨ | ᠠᠪᠴᠤ ᠪᠤᠯᠬᠤ ᠦᠭᠡᠢ᠃ | ᠳᠦᠷᠪᠡᠨ ᠵᠠᠭᠤ ᠲᠠᠪᠢᠳᠤᠭᠠᠷ ᠵᠦᠢᠯ ᠦᠯᠡᠳᠡᠭᠡᠨ ᠠᠪᠬᠤ ᠡᠳ᠋ ᠬᠦᠷᠦᠩᠭᠡ ᠨᠢ ᠬᠤᠪᠢᠶᠠᠵᠤ ᠪᠤᠯᠬᠤ ᠪᠤᠳᠠᠰ ᠪᠠᠶᠢᠪᠠᠯ᠂ | ᠦᠯᠡᠳᠡᠭᠡᠨ ᠠᠪᠬᠤ ᠡᠳ᠋ ᠬᠦᠷᠦᠩᠭᠡ ᠶᠢᠨ ᠦᠷᠳᠡᠭ ᠨᠢ ᠦᠭᠴᠡᠭᠡᠨ ᠤ ᠵᠤᠭᠤᠰ ᠤᠨ ᠲᠤᠭ᠎ᠠ ᠲᠠᠢ ᠲᠡᠩᠴᠡᠭᠦᠦ | ᠪᠠᠶᠢᠬᠤ ᠬᠡᠷᠡᠭᠳᠡᠢ᠃ | ᠳᠦᠷᠪᠡᠨ ᠵᠠᠭᠤ ᠲᠠᠪᠢᠨ ᠨᠢᠭᠡᠳᠤᠭᠡᠷ ᠵᠦᠢᠯ ᠦᠯᠡᠳᠡᠭᠡᠨ ᠠᠪᠬᠤ ᠡᠷᠭᠡᠳᠦ ᠬᠦᠮᠦᠨ ᠦᠯᠡᠳᠡᠭᠡᠨ ᠠᠪᠤᠭᠰᠠᠨ ᠡᠳ᠋ | ᠬᠦᠷᠦᠩᠭᠡ ᠶᠢ ᠲᠤᠬᠢᠲᠠᠢ ᠬᠠᠳᠠᠭᠠᠯᠠᠨ ᠬᠠᠮᠢᠶᠠᠷᠬᠤ ᠡᠬᠦᠷᠭᠡ ᠲᠠᠢ︔ ᠲᠤᠬᠢᠲᠠᠢ ᠬᠠᠳᠠᠭᠠᠯᠠᠨ ᠬᠠᠮᠢᠶᠠᠷᠤᠭᠰᠠᠨ | ᠦᠭᠡᠢ ᠠᠴᠠ ᠪᠤᠯᠤᠭᠠᠳ ᠦᠯᠡᠳᠡᠭᠡᠵᠦ ᠠᠪᠤᠭᠰᠠᠨ ᠡᠳ᠋ ᠬᠦᠷᠦᠩᠭᠡ ᠶᠢ ᠡᠪᠳᠡᠷᠡᠨ ᠰᠦᠢᠳᠬᠦ᠂ ᠤᠰᠠᠳᠬᠤ ᠳᠤ | ᠬᠦᠷᠦᠭᠦᠯᠦᠭᠰᠡᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ | ᠳᠦᠷᠪᠡᠨ ᠵᠠᠭᠤ ᠲᠠᠪᠢᠨ ᠬᠤᠶᠠᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠦᠯᠡᠳᠡᠭᠡᠵᠦ ᠠᠪᠤᠭᠰᠠᠨ ᠡᠳ᠋ | ᠬᠦᠷᠦᠩᠭᠡ ᠶᠢᠨ ᠦᠷᠡᠵᠢᠪᠦᠷᠢ ᠬᠦᠦ ᠶᠢ ᠬᠤᠷᠢᠶᠠᠨ ᠠᠪᠬᠤ ᠡᠷᠬᠡ ᠲᠠᠢ᠃ | ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠦᠦ ᠪᠠᠷ ᠦᠷᠡᠵᠢᠪᠦᠷᠢ ᠬᠦᠦ ᠶᠢ ᠬᠤᠷᠢᠶᠠᠨ ᠠᠪᠤᠭᠰᠠᠨ | ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ | ᠳᠦᠷᠪᠡᠨ ᠵᠠᠭᠤ ᠲᠠᠪᠢᠨ ᠭᠤᠷᠪᠠᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠪᠠ ᠦᠭᠴᠡᠭᠡᠳᠡᠨ ᠨᠢ ᠡᠳ᠋ | ᠬᠦᠷᠦᠩᠭᠡ ᠶᠢ ᠦᠯᠡᠳᠡᠭᠡᠨ ᠠᠪᠤᠭᠰᠠᠨ ᠤ ᠲᠠᠷᠠᠭᠠᠬᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠶᠢ ᠪᠤᠯᠵᠤᠨ | ᠲᠤᠭᠳᠠᠬᠤ ᠬᠡᠷᠡᠭᠳᠡᠢ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠦᠯᠡᠳᠡᠭᠡᠨ ᠠᠪᠬᠤ | ᠡᠷᠬᠡᠳᠦ ᠬᠦᠮᠦᠨ ᠦᠭᠴᠡᠭᠡᠳᠡᠨ ᠳᠤ ᠵᠢᠷᠠᠨ ᠡᠳᠦᠷ ᠠᠴᠠ ᠲᠡᠭᠡᠭᠰᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠦᠭᠬᠦ | ᠬᠡᠷᠡᠭᠳᠡᠢ᠂ ᠭᠡᠪᠡᠴᠦ ᠠᠮᠢᠳᠤ ᠰᠤᠷᠭᠤᠭ ᠠᠮᠠᠷᠬᠠᠨ ᠢᠯᠵᠢᠷᠡᠬᠦ ᠵᠡᠷᠭᠡ ᠬᠠᠳᠠᠭᠠᠯᠠᠨ ᠬᠠᠮᠢᠶᠠᠷᠬᠤ ᠳᠤ ᠪᠡᠷᠬᠡᠲᠡᠢ ᠬᠦᠳᠡᠯᠬᠦ | ᠬᠦᠷᠦᠩᠭᠡ ᠡᠬᠦᠨ ᠳᠤ ᠪᠠᠭᠳᠠᠬᠤ ᠦᠭᠡᠢ᠃ ᠦᠭᠴᠡᠭᠡᠳᠡᠨ ᠬᠤᠭᠤᠴᠠᠭ᠎ᠠ ᠬᠡᠳᠦᠷᠡᠳᠡᠯ᠎ᠡ ᠬᠦᠢᠴᠡᠳᠭᠡᠭᠰᠡᠠ ᠦᠭᠡᠢ | ᠪᠠᠶᠢᠪᠠᠯ᠂ ᠦᠯᠡᠳᠡᠭᠡᠠ ᠠᠪᠬᠤ ᠡᠷᠬᠡᠳᠦ ᠬᠦᠮᠦᠨ ᠦᠭᠴᠡᠭᠡᠳᠡᠨ ᠲᠠᠢ ᠵᠦᠪᠳᠡᠯᠴᠡᠵᠦ ᠪᠠᠶᠢᠭᠠᠳ ᠦᠯᠡᠳᠡᠭᠡᠠ | ᠠᠪᠤᠭᠰᠠᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠵᠤ ᠪᠤᠯᠤᠨ᠎ᠠ᠂ ᠦᠯᠡᠳᠡᠭᠡᠠ ᠠᠪᠤᠭᠰᠠᠠ ᠡᠳ᠋ ᠬᠦᠷᠦᠩᠭᠡ ᠶᠢ | ᠦᠨ᠎ᠡ ᠬᠠᠶᠠᠨ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠡ ᠶᠢᠨ ᠵᠤᠭᠤᠰ ᠢᠶᠠᠷ | ᠤᠷᠢᠳ ᠢᠶᠠᠷ ᠲᠦᠯᠦᠪᠦᠷᠢ ᠤᠯᠵᠤ ᠪᠠᠰᠠ ᠪᠤᠯᠤᠨ᠎ᠠ᠃ | ᠦᠯᠡᠳᠡᠭᠡᠠ ᠠᠪᠬᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ᠂ | ᠵᠠᠬ᠎ᠠ ᠲᠡᠯᠭᠡᠬᠦᠷ ᠤᠨ ᠦᠨ᠎ᠡ ᠬᠠᠩᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ | ᠳᠦᠷᠪᠡᠨ ᠵᠠᠭᠤ ᠲᠠᠪᠢᠨ ᠳᠦᠷᠪᠡᠳᠦᠭᠡᠷ ᠵᠦᠢᠯ ᠦᠭᠴᠡᠭᠡᠳᠡᠨ ᠦᠭᠴᠡᠭᠡ ᠶᠢ ᠬᠦᠢᠴᠡᠳᠭᠡᠬᠦ ᠬᠤᠭᠤᠴᠠᠭ᠎ᠠ | ᠲᠦᠬᠦᠷᠥᠭᠰᠡᠨ ᠤ ᠲᠠᠷᠠᠭ᠎ᠠ ᠦᠯᠡᠳᠡᠭᠡᠨ ᠠᠪᠬᠤ ᠡᠷᠬᠡ ᠶᠢ ᠬᠡᠷᠡᠭᠵᠢᠬᠦᠯᠦᠭᠦᠯᠬᠦ ᠪᠠᠷ ᠦᠯᠡᠳᠡᠭᠡᠨ ᠠᠪᠬᠤ ᠡᠷᠭᠡᠳᠦ | ᠬᠦᠮᠦᠨ ᠳᠤ ᠭᠤᠶᠤᠴᠢᠯᠠᠵᠤ ᠪᠤᠯᠤᠨ᠎ᠠ︔ ᠦᠯᠡᠳᠡᠭᠡᠨ ᠠᠪᠬᠤ ᠡᠷᠬᠡᠳᠦ ᠬᠦᠮᠦᠨ ᠬᠡᠷᠡᠭᠵᠢᠬᠦᠯᠬᠦ ᠦᠭᠡᠢ ᠪᠠᠶᠢᠪᠠᠯ᠂ | ᠦᠭᠴᠡᠭᠡᠳᠡᠨ ᠦᠯᠡᠳᠡᠭᠡᠨ ᠠᠪᠬᠤ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠭᠤᠯᠬᠤ᠂ ᠬᠤᠪᠢᠷᠠᠭᠤᠯᠤᠨ | ᠬᠤᠳᠠᠯᠳᠤᠭᠤᠯᠬᠤ ᠪᠠᠷ ᠠᠷᠠᠳ ᠤᠨ ᠰᠢᠬᠦᠬᠦ ᠬᠤᠷᠢᠶ᠎ᠡ ᠳᠤ ᠭᠤᠶᠤᠴᠢᠯᠠᠵᠤ ᠪᠤᠯᠤᠨ᠎ᠠ᠃ | ᠳᠦᠷᠪᠡᠨ ᠵᠠᠭᠤ ᠲᠠᠪᠢᠨ ᠲᠠᠪᠤᠳᠤᠭᠠᠷ ᠵᠦᠢᠯ ᠦᠯᠡᠳᠡᠭᠡᠨ ᠠᠪᠬᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ | ᠪᠤᠶᠤ ᠦᠨ᠎ᠡ ᠬᠠᠶᠠᠵᠤ ᠬᠤᠳᠠᠯᠳᠤᠨ᠂ ᠬᠤᠪᠢᠷᠠᠭᠤᠯᠤᠨ ᠬᠤᠳᠠᠯᠳᠤᠬᠰᠠᠨ ᠤ ᠲᠠᠷᠠᠭ᠎ᠠ᠂ ᠲᠡᠬᠦᠨ ᠤ ᠦᠨ᠎ᠡ ᠶᠢᠨ | ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠦᠭᠴᠡᠭᠡᠳᠡᠨ ᠳᠤ ᠦᠮᠴᠢᠯᠡᠭᠳᠡᠨ᠎ᠡ᠂ ᠳᠤᠳᠠᠭᠤ | ᠬᠡᠰᠡᠭ ᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ | ᠳᠦᠷᠪᠡᠨ ᠵᠠᠭᠤ ᠲᠠᠪᠢᠨ ᠵᠢᠷᠭᠤᠳᠤᠭᠠᠷ ᠵᠦᠢᠯ ᠮᠦᠨ ᠨᠢᠭᠡ ᠬᠦᠳᠡᠯᠬᠦ ᠬᠦᠷᠦᠩᠭᠡ ᠳᠤ ᠪᠠᠷᠢᠴᠠᠭᠠᠯᠠᠬᠤ ᠡᠷᠬᠡ ᠪᠤᠶᠤ | ᠲᠠᠨᠵᠢ ᠶᠢᠨ ᠡᠷᠬᠡ ᠶᠢ ᠨᠢᠭᠡᠨᠲᠡ ᠲᠤᠭᠳᠠᠭᠠᠭᠰᠠᠨ ᠪᠦᠭᠡᠳ ᠲᠤᠰ ᠬᠦᠳᠡᠯᠬᠦ ᠬᠦᠷᠦᠩᠭᠡ ᠶᠢ ᠪᠠᠰᠠ ᠦᠯᠡᠳᠡᠭᠡᠨ | ᠠᠪᠤᠭᠰᠠᠨ ᠪᠠᠶᠢᠪᠠᠯ᠂ ᠦᠯᠡᠳᠡᠭᠡᠨ ᠠᠪᠬᠤ ᠡᠷᠭᠡᠳᠦ ᠬᠦᠮᠦᠨ ᠤᠷᠢᠳ ᠢᠶᠠᠷ ᠲᠦᠯᠦᠪᠤᠷᠢ ᠤᠯᠤᠨ᠎ᠠ᠃ | ᠳᠦᠷᠪᠡᠨ ᠵᠠᠭᠤ ᠲᠠᠪᠢᠨ ᠳᠤᠯᠤᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠦᠯᠡᠳᠡᠭᠡᠨ ᠠᠪᠬᠤ ᠡᠳ᠋ | ᠬᠦᠷᠦᠩᠭᠡ ᠳᠤ ᠡᠵᠡᠮᠰᠢᠯ ᠢᠶᠠᠨ ᠠᠯᠳᠠᠭᠰᠠᠨ ᠪᠤᠶᠤ ᠦᠭᠴᠡᠭᠡᠳᠡᠨ ᠤ ᠠᠰᠳᠠᠭᠠᠨ ᠬᠠᠨᠭ᠍ᠭᠠᠭᠰᠠᠨ ᠲᠠᠭᠠᠭᠠᠯᠳᠠ ᠶᠢ | ᠬᠦᠯᠢᠶᠡᠨ ᠠᠪᠤᠭᠰᠠᠨ ᠪᠠᠶᠢᠪᠠᠯ᠂ ᠦᠯᠡᠳᠡᠭᠡᠨ ᠠᠪᠬᠤ ᠡᠷᠬᠡ ᠨᠢ ᠤᠰᠠᠳᠤᠨ᠎ᠠ᠃ | ᠲᠠᠪᠤᠳᠤᠭᠠᠷ ᠬᠤᠪᠢᠶᠠᠷᠢ ᠠᠩᠬᠢ ᠡᠵᠡᠮᠰᠢᠬᠦ | ᠬᠤᠷᠢᠳᠤᠭᠠᠷ ᠪᠦᠯᠦᠭ ᠡᠵᠡᠮᠰᠢᠬᠦ | ᠳᠦᠷᠪᠡᠨ ᠵᠠᠭᠤ ᠲᠠᠪᠢᠨ ᠨᠠᠢᠮᠠᠳᠤᠭᠠᠷ ᠵᠦᠢᠯ ᠭᠡᠷ᠎ᠡ ᠶᠢᠨ ᠬᠠᠷᠢᠴᠠᠭ᠎ᠠ ᠵᠡᠷᠭᠡ ᠳᠤ ᠦᠨᠳᠦᠰᠦᠯᠡᠵᠤ ᠪᠤᠢ ᠪᠤᠯᠤᠭᠰᠠᠨ | ᠡᠵᠡᠮᠰᠢᠯ᠂ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠤᠯᠪᠤᠭᠳᠠᠬᠤ ᠬᠡᠷᠡᠭᠯᠡᠯᠳᠡ᠂ ᠠᠰᠢᠭ | ᠤᠷᠤᠯᠭ᠎ᠠ᠂ ᠬᠡᠷ᠎ᠡ ᠵᠦᠷᠢᠴᠡᠭᠰᠡᠨ ᠬᠠᠷᠢᠭᠤᠴᠠᠯᠭ᠎ᠠ ᠵᠡᠷᠭᠡ ᠳᠤ ᠭᠡᠷ᠎ᠡ ᠶᠢᠨ ᠪᠤᠯᠵᠤᠯ ᠶᠤᠰᠤᠭᠠᠷ ᠶᠠᠪᠤᠭᠤᠯᠤᠨ᠎ᠠ︔ | ᠭᠡᠷ᠎ᠡ ᠳᠤ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠤᠯᠪᠤᠭᠳᠠᠯ ᠪᠦᠬᠦᠢ ᠬᠠᠤᠯᠢ | ᠴᠠᠭᠠᠵᠠ ᠶᠢᠨ ᠲᠤᠭᠳᠠᠭᠠᠯ ᠶᠤᠰᠤᠭᠠᠷ ᠶᠠᠪᠤᠭᠤᠯᠤᠨ᠎ᠠ᠃ | ᠳᠦᠷᠪᠡᠨ ᠵᠠᠭᠤ ᠲᠠᠪᠢᠨ ᠶᠢᠰᠦᠳᠦᠭᠡᠷ ᠵᠦᠢᠯ ᠡᠵᠡᠮᠰᠢᠭᠴᠢ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ | ᠬᠦᠷᠦᠩᠭᠡ ᠶᠢ ᠬᠡᠷᠡᠭᠯᠡᠭᠰᠡᠨ ᠠᠴᠠ ᠪᠣᠯᠵᠤ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠮᠠᠭᠤ ᠰᠠᠨᠠᠭᠠᠳᠤ ᠡᠵᠡᠮᠰᠢᠭᠴᠢ ᠲᠦᠯᠦᠬᠦ ᠬᠠᠷᠢᠭᠤᠴᠠᠯᠭ᠎ᠠ ᠡᠬᠦᠷᠭᠡᠯᠡᠬᠦ | ᠬᠡᠷᠡᠭᠳᠡᠢ᠃ | ᠳᠦᠷᠪᠡᠨ ᠵᠠᠭᠤ ᠵᠢᠷᠠᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠡᠵᠡᠮᠰᠢᠭᠴᠢ ᠳᠤ | ᠡᠵᠡᠮᠰᠢᠭᠳᠡᠭᠰᠡᠨ ᠪᠠᠶᠢᠪᠠᠯ᠂ ᠡᠷᠬᠡᠳᠦ ᠬᠦᠮᠦᠨ ᠤᠤᠯ ᠪᠤᠳᠠᠰ ᠵᠢᠴᠢ ᠲᠡᠬᠦᠨ ᠤ ᠦᠷᠡᠵᠢᠪᠦᠷᠢ ᠬᠦᠦ ᠶᠢ | ᠪᠤᠴᠠᠭᠠᠯᠭᠠᠬᠤ ᠪᠠᠷ ᠭᠤᠶᠤᠴᠢᠯᠠᠵᠤ ᠪᠤᠯᠤᠨ᠎ᠠ︔ ᠭᠡᠪᠡᠴᠦ ᠰᠠᠶᠢᠨ ᠰᠠᠨᠠᠭᠠᠳᠤ ᠡᠵᠡᠮᠰᠢᠭᠴᠢ ᠶᠢᠨ ᠲᠤᠰ ᠦᠯᠦ | ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠠᠮᠠᠭᠠᠯᠠᠬᠤ ᠳᠤ ᠵᠠᠷᠤᠴᠠᠭᠤᠯᠤᠭᠰᠠᠨ ᠴᠢᠬᠤᠯᠠ ᠪᠦᠬᠦᠢ | ᠵᠠᠷᠤᠳᠠᠯ ᠢ ᠦᠭᠬᠦ ᠬᠡᠷᠡᠭᠳᠡᠢ᠃ | ᠳᠦᠷᠪᠡᠨ ᠵᠠᠭᠤ ᠵᠢᠷᠠᠨ ᠨᠢᠭᠡᠳᠤᠭᠡᠷ ᠵᠦᠢᠯ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ | ᠡᠪᠳᠡᠷᠡᠨ ᠰᠦᠢᠳᠴᠦ᠂ ᠤᠰᠠᠳᠤᠭᠠᠳ᠂ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ | ᠡᠷᠬᠡᠳᠦ ᠬᠦᠮᠦᠨ ᠲᠦᠯᠦᠪᠦᠷᠢ ᠠᠪᠬᠤ ᠪᠠᠷ ᠭᠤᠶᠤᠴᠢᠯᠠᠬᠤ ᠳᠤ ᠬᠦᠷᠪᠡᠯ᠂ ᠡᠵᠡᠮᠰᠢᠭᠴᠢ ᠨᠢ ᠡᠪᠳᠡᠷᠡᠨ ᠰᠦᠢᠳᠴᠦ᠂ | ᠤᠰᠠᠳᠤᠭᠰᠠᠨ ᠠᠴᠠ ᠪᠤᠯᠵᠤ ᠤᠯᠤᠭᠰᠠᠨ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ | ᠨᠦᠬᠦᠪᠦᠷᠢ ᠶᠢᠨ ᠮᠦᠡᠭᠬᠦ ᠵᠡᠷᠭᠡ ᠶᠢ ᠡᠷᠬᠡᠳᠦ ᠬᠦᠮᠦᠨ ᠳᠤ ᠪᠤᠴᠠᠭᠠᠵᠤ ᠦᠭᠭᠦ ᠬᠡᠷᠡᠭᠳᠡᠢ︔ ᠡᠷᠬᠡᠳᠦ ᠬᠦᠮᠦᠨ ᠤ | ᠬᠤᠬᠢᠷᠠᠯ ᠨᠢ ᠬᠦᠢᠴᠡᠳ ᠨᠦᠬᠦᠪᠦᠷᠢᠯᠡᠭᠳᠡᠭᠰᠠᠨ ᠦᠭᠡᠢ ᠪᠠᠶᠢᠪᠠᠯ᠂ ᠮᠠᠭᠤ ᠰᠠᠨᠠᠭᠠᠳᠤ ᠡᠵᠡᠮᠰᠢᠭᠴᠢ ᠪᠠᠰᠠ ᠬᠤᠬᠢᠷᠠᠯ ᠢ | ᠲᠦᠯᠦᠬᠦ ᠬᠡᠷᠡᠭᠳᠡᠢ᠃ | ᠳᠦᠷᠪᠡᠨ ᠵᠠᠭᠤ ᠵᠢᠷᠠᠨ ᠬᠤᠶᠠᠳᠤᠭᠠᠷ ᠵᠦᠢᠯ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ | ᠬᠦᠷᠦᠩᠭᠡ ᠨᠢ ᠪᠤᠰᠤᠳ ᠲᠤ ᠡᠵᠡᠯᠡᠭᠳᠡᠭᠰᠡᠨ ᠪᠠᠶᠢᠪᠠᠯ᠂ ᠡᠵᠡᠮᠰᠢᠭᠴᠢ ᠤᠤᠯ ᠪᠤᠳᠠᠰ ᠢ ᠪᠤᠴᠠᠭᠠᠯᠭᠠᠬᠤ ᠪᠠᠷ | ᠭᠤᠶᠤᠴᠢᠯᠠᠬᠤ ᠡᠷᠬᠡ ᠲᠠᠢ︔ ᠡᠵᠡᠮᠰᠢᠬᠦ ᠶᠢ ᠬᠠᠷᠰᠢᠯᠠᠭᠰᠠᠨ ᠦᠢᠯᠡ ᠠᠵᠢᠯᠯᠠᠭ᠎ᠠ ᠳᠤ᠂ ᠡᠵᠡᠮᠰᠢᠭᠴᠢ ᠬᠠᠷᠰᠢᠯᠠᠯ ᠢ | ᠠᠷᠢᠯᠭᠠᠭᠤᠯᠬᠤ ᠪᠤᠶᠤ ᠠᠶᠤᠯ ᠲᠦᠭᠰᠢᠬᠦᠷᠢ ᠶᠢ ᠠᠷᠢᠯᠭᠠᠭᠤᠯᠬᠤ ᠪᠠᠷ ᠭᠤᠶᠤᠴᠢᠯᠠᠬᠤ ᠡᠷᠬᠡ ᠲᠠᠢ︔ ᠡᠵᠡᠯᠡᠨ | ᠠᠪᠤᠬᠰᠠᠨ ᠪᠤᠶᠤ ᠬᠠᠷᠰᠢᠯᠠᠭᠰᠠᠨ ᠠᠴᠠ ᠪᠤᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠵᠡᠮᠰᠢᠭᠴᠢ ᠬᠠᠤᠯᠢ | ᠶᠤᠰᠤᠭᠠᠷ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ ᠡᠷᠬᠡ ᠲᠠᠢ᠃ | ᠡᠵᠡᠮᠰᠢᠭᠴᠢ ᠤᠤᠯ ᠪᠤᠳᠠᠰ ᠢ ᠪᠤᠴᠠᠭᠠᠯᠭᠠᠬᠤ ᠭᠤᠶᠤᠴᠢᠯᠠᠯ ᠤᠨ ᠡᠷᠬᠡ ᠪᠠᠨ ᠡᠵᠡᠯᠡᠨ ᠠᠪᠤᠬᠰᠠᠨ ᠦᠢᠯᠡ ᠠᠵᠢᠯᠯᠠᠭ᠎ᠠ | ᠡᠭᠦᠰᠦᠭᠰᠡᠨ ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠠ ᠬᠡᠷᠡᠭᠵᠢᠬᠦᠯᠦᠭᠰᠡᠨ ᠦᠭᠡᠢ ᠪᠠᠶᠢᠪᠠᠯ᠂ ᠲᠤᠰ | ᠭᠤᠶᠤᠴᠢᠯᠠᠯ ᠤᠨ ᠡᠷᠬᠡ ᠨᠢ ᠤᠰᠠᠳᠤᠨ᠎ᠠ᠃ | ᠭᠤᠷᠪᠠᠳᠤᠭᠠᠷ ᠠᠩᠬᠢ ᠭᠡᠷ᠎ᠡ | ᠨᠢᠭᠡᠳᠦᠭᠡᠷ ᠬᠤᠪᠢᠶᠠᠷᠢ ᠠᠩᠬᠢ ᠶᠡᠷᠦᠩᠭᠡᠢ ᠲᠦᠷᠢᠮ | ᠨᠢᠭᠡᠳᠦᠭᠡᠷ ᠪᠦᠯᠦᠭ ᠡᠩ ᠤᠨ ᠲᠤᠬᠳᠡᠭᠠᠯ | ᠳᠦᠷᠪᠡᠨ ᠵᠠᠭᠤ ᠵᠢᠷᠠᠨ ᠭᠤᠷᠪᠠᠳᠤᠭᠠᠷ ᠵᠦᠢᠯ ᠲᠤᠰ ᠠᠩᠬᠢ ᠭᠡᠷ᠎ᠡ ᠠᠴᠠ ᠪᠤᠢ ᠪᠤᠯᠤᠭᠰᠠᠨ ᠢᠷᠭᠡᠨ ᠤ ᠬᠡᠷᠡᠭ ᠤᠨ | ᠬᠠᠷᠢᠴᠠᠭ᠎ᠠ ᠶᠢ ᠲᠤᠬᠢᠷᠠᠭᠤᠯᠤᠨ᠎ᠠ᠃ | ᠳᠦᠷᠪᠡᠨ ᠵᠠᠭᠤ ᠵᠢᠷᠠᠨ ᠳᠦᠷᠪᠡᠳᠦᠭᠡᠷ ᠵᠦᠢᠯ ᠭᠡᠷ᠎ᠠ ᠪᠤᠯ ᠢᠷᠭᠡᠨ ᠤ ᠬᠡᠷᠡᠭ ᠤᠨ ᠪᠡᠶᠡᠴᠢ ᠴᠤᠬᠴᠠ ᠶᠢᠨ | ᠬᠤᠭᠤᠷᠦᠡᠳᠦᠬᠢ ᠢᠷᠭᠡᠠ ᠤ ᠭᠡᠷᠡᠭ ᠤᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠡᠭᠤᠯᠬᠤ᠂ | ᠲᠡᠭᠤᠰᠬᠠᠬᠤ ᠭᠡᠯᠡᠯᠴᠡᠭᠡᠷ ᠪᠤᠯᠤᠨ᠎ᠡ᠃ | ᠤᠷᠤᠬ ᠤᠨ ᠪᠠᠶᠢᠳᠡᠯ᠂ ᠡᠷᠬᠦᠠ ᠲᠡᠵᠢᠭᠡᠬᠦ᠂ ᠬᠢᠨᠡᠠ ᠬᠠᠮᠡᠭᠠᠯᠡᠬᠤ ᠵᠡᠷᠭᠡ ᠬᠤᠯᠪᠤᠭᠳᠠᠯ ᠪᠦᠬᠦᠢ ᠪᠡᠶ᠎ᠡ ᠭᠡᠮ ᠤᠨ | ᠬᠠᠷᠢᠴᠠᠭ᠎ᠠ ᠶᠢᠨ ᠲᠤᠬᠠᠢ ᠭᠡᠯᠡᠯᠴᠡᠭᠡᠷ ᠲᠤ᠂ ᠲᠤᠰ ᠪᠡᠶ᠎ᠡ ᠬᠡᠮ ᠤᠨ ᠬᠠᠷᠢᠴᠠᠭ᠎ᠠ ᠶᠢᠨ ᠬᠤᠯᠪᠤᠭᠳᠠᠯ ᠪᠦᠬᠦᠢ ᠬᠠᠤᠯᠢ | ᠴᠠᠭᠠᠵᠠ ᠶᠢᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ︔ ᠲᠤᠭᠲᠠᠭᠠᠯ ᠦᠭᠡᠢ ᠪᠤᠯ᠂ ᠲᠡᠭᠦᠨ ᠤ ᠰᠢᠨᠵᠢ | ᠴᠢᠨᠠᠷ ᠢ ᠨᠢ ᠦᠨᠳᠦᠰᠦᠯᠡᠵᠤ᠂ ᠲᠤᠰ ᠠᠩᠬᠢ ᠶᠢᠨ ᠲᠤᠬᠳᠡᠭᠠᠯ ᠢ ᠯᠠᠪᠯᠠᠯᠲᠠ ᠪᠤᠯᠭᠠᠵᠤ ᠲᠤᠬᠢᠷᠠᠭᠤᠯᠤᠨ ᠭᠡᠷᠡᠭᠯᠡᠵᠤ | ᠪᠤᠯᠤᠨ᠎ᠡ᠃ | ᠳᠦᠷᠪᠡᠨ ᠵᠠᠭᠤ ᠵᠢᠷᠠᠨ ᠲᠠᠪᠤᠳᠤᠭᠠᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠭᠡᠷ᠎ᠡ ᠶᠢ ᠬᠠᠤᠯᠢ ᠪᠠᠷ ᠬᠠᠮᠠᠭᠠᠯᠠᠨ᠎ᠠ᠃ | | ᠬᠠᠤᠯᠢ ᠶᠤᠰᠤᠭᠠᠷ ᠪᠠᠶᠢᠭᠤᠯᠤᠭᠰᠠᠨ ᠭᠡᠷ᠎ᠡ ᠨᠢ ᠲᠤᠬᠠᠢ ᠶᠢᠨ ᠬᠦᠮᠦᠨ ᠳᠤ ᠯᠡ ᠬᠠᠤᠯᠢ ᠴᠠᠭᠠᠵᠠ ᠶᠢᠨ ᠬᠢᠵᠠᠭᠠᠷᠯᠠᠬᠤ | ᠬᠦᠴᠦᠨ ᠲᠠᠢ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠳᠦᠷᠪᠡᠨ ᠵᠠᠭᠤ ᠵᠢᠷᠠᠨ ᠵᠢᠷᠭᠤᠳᠤᠭᠠᠷ ᠵᠦᠢᠯ ᠲᠤᠬᠠᠢ ᠶᠢᠨ ᠬᠦᠮᠦᠨ ᠬᠡᠷ᠎ᠡ ᠶᠢᠨ ᠵᠦᠢᠯ ᠵᠤᠷᠪᠤᠰ ᠤᠨ | ᠤᠶᠢᠯᠠᠭᠠᠯᠲᠠ ᠶᠢᠨ ᠲᠠᠯ᠎ᠠ ᠪᠠᠷ ᠮᠠᠷᠭᠤᠭᠠᠨ ᠲᠠᠢ ᠪᠠᠶᠢᠪᠠᠯ᠂ ᠲᠤᠰ ᠬᠠᠤᠯᠢ ᠶᠢᠨ ᠵᠠᠭᠤ ᠳᠦᠴᠢᠨ ᠬᠤᠶᠠᠳᠤᠭᠠᠷ | ᠵᠦᠢᠯ ᠤᠨ ᠨᠢᠭᠡᠳᠦᠭᠡᠷ ᠵᠤᠷᠪᠤᠰ ᠤᠨ ᠲᠤᠭᠲᠠᠭᠠᠯ ᠢ ᠦᠨᠳᠦᠰᠦᠯᠡᠨ ᠮᠠᠷᠭᠤᠭᠠᠨ ᠲᠠᠢ ᠵᠦᠢᠯ ᠵᠤᠷᠪᠤᠰ ᠤᠨ | ᠠᠭᠤᠯᠭ᠎ᠠ ᠶᠢ ᠲᠤᠭᠲᠠᠭᠠᠬᠤ ᠬᠡᠷᠡᠭᠲᠡᠢ᠃ | ᠭᠡᠷ᠎ᠡ ᠶᠢᠨ ᠲᠧᠺᠰᠲ ᠢ ᠬᠤᠶᠠᠷ ᠵᠦᠢᠯ ᠠᠴᠠ ᠳᠡᠭᠡᠭᠰᠢ ᠦᠰᠦᠭ ᠢᠶᠠᠷ ᠲᠤᠭᠲᠠᠭᠠᠬᠤ ᠪᠦᠭᠡᠳ ᠠᠳᠠᠯᠢ ᠬᠦᠴᠦᠨ ᠲᠠᠢ | ᠭᠡᠵᠦ ᠪᠤᠯᠵᠤᠨ ᠲᠤᠭᠲᠠᠭᠰᠠᠨ ᠪᠠᠶᠢᠪᠠᠯ᠂ ᠡᠯ᠎ᠡ ᠲᠧᠺᠰᠲ ᠲᠤ ᠬᠡᠷᠡᠭᠯᠡᠬᠦ ᠦᠭᠡ ᠦᠭᠦᠯᠡᠪᠦᠷᠢ ᠶᠢ ᠵᠦᠢᠴᠢᠯᠠᠨ | ᠲᠤᠭᠲᠠᠭᠠᠬᠤ ᠨᠢ ᠠᠳᠠᠯᠢ ᠤᠳᠬ᠎ᠠ ᠲᠠᠢ᠃ ᠡᠯ᠎ᠡ ᠲᠧᠺᠰᠲ ᠲᠤ ᠬᠡᠷᠡᠭᠯᠡᠬᠦ ᠦᠭᠡ ᠦᠭᠦᠯᠡᠪᠦᠷᠢ ᠨᠢ ᠨᠢᠭᠡᠳᠦᠯ ᠦᠭᠡᠢ | ᠪᠠᠶᠢᠪᠠᠯ᠂ ᠭᠡᠷ᠎ᠡ ᠶᠢᠨ ᠬᠤᠯᠪᠤᠭᠳᠠᠯ ᠪᠦᠬᠦᠢ ᠵᠦᠢᠯ ᠵᠤᠷᠪᠤᠰ᠂ ᠰᠢᠨᠵᠢ ᠴᠢᠨᠠᠷ᠂ ᠵᠤᠷᠢᠯᠭ᠎ᠠ ᠵᠢᠴᠢ ᠦᠨᠡᠨᠴᠢ | ᠢᠲᠡᠬᠡᠮᠵᠢᠲᠡᠢ ᠪᠠᠶᠢᠬᠤ ᠵᠠᠷᠴᠢᠮ ᠵᠡᠷᠭᠡ ᠶᠢ ᠦᠨᠳᠦᠰᠦᠯᠡᠵᠦ ᠲᠠᠶᠢᠯᠪᠤᠷᠢᠯᠠᠬᠤ ᠬᠡᠷᠡᠭᠲᠡᠢ᠃ | ᠳᠦᠷᠪᠡᠨ ᠵᠠᠭᠤ ᠵᠢᠷᠠᠨ ᠳᠤᠯᠤᠳᠤᠭᠠᠷ ᠵᠦᠢᠯ ᠲᠤᠰ ᠬᠠᠤᠯᠢ ᠪᠤᠶᠤ ᠪᠤᠰᠤᠳ ᠬᠠᠤᠯᠢ ᠴᠠᠭᠠᠵᠠ ᠳᠤ ᠲᠤᠲᠤᠷᠬᠠᠢ | ᠲᠤᠭᠲᠠᠭᠠᠭᠰᠠᠨ ᠦᠭᠡᠢ ᠭᠡᠷ᠎ᠡ ᠳᠤ᠂ ᠲᠤᠰ ᠠᠩᠬᠢ ᠶᠢᠨ ᠶᠡᠷᠦᠩᠬᠡᠢ ᠳᠦᠷᠢᠮ ᠤᠨ ᠲᠤᠭᠲᠠᠭᠠᠯ ᠢ ᠲᠤᠬᠢᠷᠠᠭᠤᠯᠤᠨ | ᠬᠡᠷᠡᠭᠯᠡᠬᠦ ᠪᠦᠭᠡᠳ ᠲᠤᠰ ᠠᠩᠬᠢ ᠪᠤᠶᠤ ᠪᠤᠰᠤᠳ ᠬᠠᠤᠯᠢ ᠴᠠᠭᠠᠵᠠ ᠶᠢᠨ ᠬᠠᠮᠤᠭ ᠤᠨ ᠲᠦᠰᠦᠭᠡᠲᠡᠢ ᠭᠡᠷ᠎ᠡ ᠶᠢᠨ | ᠲᠤᠭᠲᠠᠭᠠᠯ ᠢ ᠯᠠᠪᠯᠠᠯᠲᠠ ᠪᠤᠯᠭᠠᠵᠤ ᠲᠤᠬᠢᠷᠠᠭᠤᠯᠤᠨ ᠬᠡᠷᠡᠭᠯᠡᠨ᠎ᠡ᠃ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤᠳᠤᠷ᠎ᠠ ᠬᠡᠷᠡᠭᠵᠢᠬᠦᠯᠬᠦ ᠳᠤᠮᠳᠠᠳᠤ ᠭᠠᠳᠠᠭᠠᠳᠤ ᠶᠢᠨ | ᠪᠡᠯᠡ ᠨᠡᠶᠢᠯᠡᠬᠦᠯᠦᠨ ᠡᠵᠡᠩᠨᠡᠭᠰᠡᠨ ᠠᠵᠤ ᠠᠬᠤᠢᠢᠯᠡᠯ ᠤᠨ ᠬᠡᠷ᠎ᠡ᠂ ᠳᠤᠮᠳᠠᠳᠤ ᠭᠠᠳᠠᠭᠠᠳᠤ ᠶᠢᠨ ᠬᠤᠷᠰᠢᠨ ᠡᠵᠡᠩᠨᠡᠭᠰᠡᠨ | ᠠᠵᠤ ᠠᠬᠤᠢᠢᠯᠠᠯ ᠤᠨ ᠬᠡᠷ᠎ᠡ᠂ ᠳᠤᠮᠳᠠᠳᠤ ᠭᠠᠳᠠᠭᠠᠳᠤ ᠬᠤᠷᠰᠢᠨ ᠪᠠᠶᠢᠭᠠᠯᠢ ᠶᠢᠨ ᠡᠬᠢ ᠪᠠᠶᠠᠯᠢᠭ ᠢ ᠬᠠᠶᠢᠨ ᠰᠢᠨᠵᠢᠵᠦ | ᠨᠡᠬᠡᠬᠡᠨ ᠠᠰᠢᠬᠯᠠᠬᠤ ᠬᠡᠷ᠎ᠡ ᠳᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢ | ᠳᠤᠬᠢᠷᠠᠭᠤᠯᠤᠨ ᠬᠡᠷᠡᠭᠯᠡᠨ᠎ᠡ᠃ | ᠳᠦᠷᠪᠡᠨ ᠵᠠᠭᠤ ᠵᠢᠷᠠᠨ ᠨᠠᠢᠮᠠᠳᠤᠭᠠᠷ ᠵᠦᠢᠯ ᠭᠡᠷ᠎ᠡ ᠶᠢᠨ ᠪᠤᠰᠤ ᠰᠢᠯᠲᠠᠭᠠᠨ ᠢᠶᠠᠷ ᠪᠤᠢ ᠪᠤᠯᠤᠭᠰᠠᠨ ᠠᠪᠴᠠᠭ᠎ᠠ | ᠦᠭᠴᠡᠭᠡᠨ ᠤ ᠬᠠᠷᠢᠴᠠᠭ᠎ᠠ ᠳᠤ᠂ ᠲᠤᠰ ᠠᠪᠴᠠᠭ᠎ᠠ ᠦᠭᠴᠡᠭᠡᠨ ᠤ ᠬᠠᠷᠢᠴᠠᠭ᠎ᠠ ᠶᠢᠨ ᠬᠤᠯᠪᠤᠭᠳᠠᠯ ᠪᠦᠬᠦᠢ ᠬᠠᠤᠯᠢ | ᠴᠠᠭᠠᠵᠠ ᠶᠢᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ︔ ᠲᠤᠭᠲᠠᠭᠠᠯ ᠦᠭᠡᠢ ᠪᠤᠯ᠂ ᠲᠤᠰ ᠠᠩᠬᠢ ᠶᠢᠨ ᠶᠡᠷᠦᠩᠬᠡᠢ | ᠳᠦᠷᠢᠮ ᠤᠨ ᠬᠤᠯᠪᠤᠭᠳᠠᠯ ᠪᠦᠬᠦᠢ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠂ ᠭᠡᠪᠡᠴᠦ ᠰᠢᠨᠵᠢ ᠴᠢᠨᠠᠷ ᠢ ᠨᠢ | ᠦᠨᠳᠦᠰᠦᠯᠡᠪᠡᠯ ᠲᠤᠬᠢᠷᠠᠭᠤᠯᠤᠨ ᠬᠡᠷᠡᠭᠯᠡᠵᠦ ᠪᠤᠯᠬᠤ ᠦᠭᠡᠢ ᠨᠢ ᠡᠭᠦᠨ ᠳᠤ ᠪᠠᠭᠲᠠᠬᠤ ᠦᠭᠡᠢ᠃ | ᠬᠤᠶᠡᠳᠦᠭᠠᠷ ᠪᠦᠯᠦᠭ ᠭᠡᠷ᠎ᠠ ᠲᠤᠬᠳᠡᠭᠠᠬᠤ | ᠳᠦᠷᠪᠡᠨ ᠵᠠᠭᠤ ᠵᠢᠷᠠ ᠶᠢᠰᠦᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠲᠤᠬᠳᠡᠭᠠᠬᠤ ᠳᠠᠭᠠᠨ ᠪᠢᠴᠢᠭ ᠤᠨ ᠭᠡᠯᠪᠡᠷᠢ᠂ | ᠠᠮᠡᠠ ᠭᠡᠯᠪᠡᠷᠢ ᠪᠤᠶᠤ ᠪᠤᠰᠤᠤᠠ ᠭᠡᠯᠪᠡᠷᠢ ᠶᠢ ᠠᠪᠴᠦ ᠪᠤᠯᠦᠨ᠎ᠡ᠃ | ᠪᠢᠴᠢᠭ ᠤᠨ ᠭᠡᠯᠪᠡᠷᠢ ᠭᠡᠳᠡᠭ ᠪᠤᠯ ᠠᠭᠤᠯᠵᠦ ᠪᠦᠬᠦᠢ ᠠᠭᠤᠯᠭ᠎ᠠ ᠶᠢ ᠲᠦᠷᠰᠦᠳᠦ ᠭᠡᠯᠪᠡᠷᠢ ᠪᠠᠷ ᠢᠯᠡᠳᠬᠡᠵᠦ ᠪᠤᠯᠬᠤ | ᠭᠡᠷ᠎ᠠ ᠪᠢᠴᠢᠭ᠂ ᠵᠡᠬᠢᠳᠡᠯ ᠴᠢᠮᠡᠭᠡ᠂ ᠴᠡᠬᠢᠯᠭᠠᠠ ᠮᠡᠳᠡᠭᠡ᠂ ᠲᠧᠯᠧᠺᠰ᠂ ᠹᠡᠺᠰ ᠵᠡᠷᠭᠡ ᠬᠡᠯᠪᠡᠷᠢ ᠪᠤᠯᠤᠨ᠎ᠠ᠃ | ᠡᠯᠧᠺᠲᠷᠣᠨ ᠳ᠋ᠡᠶᠢᠲ᠋ᠠ ᠰᠤᠯᠢᠯᠴᠠᠭ᠎ᠠ ᠪᠤᠯᠦᠠ ᠢᠮᠧᠯ ᠵᠡᠷᠭᠡ ᠠᠷᠭ᠎ᠠ ᠮᠠᠶ᠋ᠢᠭ ᠢᠶᠠᠷ ᠠᠭᠤᠯᠵᠦ ᠪᠦᠬᠦᠢ ᠠᠭᠤᠯᠭ᠎ᠠ ᠶᠢ | ᠲᠦᠷᠰᠦᠳᠦ ᠭᠡᠯᠪᠡᠷᠢ ᠪᠠᠷ ᠢᠯᠡᠳᠬᠡᠵᠦ ᠲᠡᠶᠢᠯᠬᠦ ᠪᠦᠭᠡᠳ ᠴᠠᠭ ᠲᠤᠬᠠᠢ ᠳᠤᠨᠢ ᠭᠠᠷᠭᠠᠨ ᠠᠪᠴᠤ ᠪᠠᠶᠢᠴᠠᠭᠠᠨ | ᠬᠡᠷᠡᠭᠯᠡᠵᠦ ᠪᠤᠯᠬᠤ ᠳ᠋ᠠᠶᠢᠲ᠋ᠠ ᠡᠯᠧᠺᠲᠷᠣᠨ ᠪᠢᠴᠢᠭ ᠢ ᠪᠢᠴᠢᠭ ᠤᠨ ᠬᠡᠯᠪᠡᠷᠢ ᠪᠠᠷ ᠦᠵᠡᠨ᠎ᠡ᠃ | ᠳᠦᠷᠪᠡᠨ ᠵᠠᠭᠤ ᠳᠠᠯᠠᠳᠤᠭᠠᠷ ᠵᠦᠢᠯ ᠭᠡᠷ᠎ᠠ ᠶᠢᠨ ᠠᠭᠤᠯᠭ᠎ᠠ ᠶᠢ ᠲᠤᠬᠠᠢ ᠶᠢᠨ ᠬᠦᠮᠦᠠ ᠪᠤᠯᠵᠦᠠ ᠲᠤᠬᠳᠡᠨᠡ᠂ | ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠡᠭᠠᠨᠡ᠄ | ︵ᠨᠢᠭᠡ︶ ᠲᠤᠬᠠᠢ ᠶᠢᠨ ᠬᠦᠮᠦᠠ ᠤ ᠤᠪᠦᠬ ᠨᠡᠷ᠎ᠠ ᠪᠤᠶᠦ ᠨᠡᠷᠡᠶᠢᠳᠦᠯ ᠪᠠ ᠤᠷᠦᠠ ᠰᠡᠭᠤᠴᠠ︔ | ︵ᠬᠤᠶᠡᠷ︶ ᠬᠠᠷᠡᠯᠳᠠ︔ | ︵ᠭᠤᠷᠪᠡ︶ ᠲᠤᠭ᠎ᠠ ᠭᠡᠮᠵᠢᠶ᠎ᠠ︔ | ︵ᠲᠦᠷᠪᠡ︶ ᠶᠡᠰᠦ ᠴᠢᠨᠡᠷ︔ | ︵ᠲᠡᠪᠦ︶ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ︔ | ︵ᠵᠢᠷᠭᠤᠭ᠎ᠠ︶ ᠬᠦᠢᠴᠡᠦᠡᠭᠡᠬᠦ ᠬᠤᠭᠤᠴᠠᠭ᠎ᠠ᠂ ᠭᠠᠵᠡᠷ ᠪᠡ ᠠᠷᠭ᠎ᠠ ᠮᠡᠶ᠋ᠢᠬ︔ | ︵ᠲᠤᠯᠤᠭ᠎ᠠ︶ ᠬᠡᠷ᠎ᠡ ᠵᠦᠷᠢᠴᠡᠭᠰᠡᠠ ᠬᠠᠷᠢᠭᠤᠴᠡᠯᠭ᠎ᠠ︔ | ︵ᠨᠡᠢᠮᠠ︶ ᠮᠡᠷᠭᠤᠭᠠᠠ ᠢ ᠰᠢᠢᠦᠡᠪᠦᠷᠢᠯᠡᠬᠦ ᠠᠷᠭ᠎ᠠ᠃ | ᠲᠤᠬᠠᠢ ᠶᠢᠨ ᠬᠦᠮᠦᠠ ᠡᠯ᠎ᠠ ᠲᠦᠷᠦᠯ ᠤᠨ ᠭᠡᠷ᠎ᠠ ᠶᠢᠨ ᠤᠢᠯᠢᠭᠡᠷ ᠲᠧᠺᠰᠲ ᠢᠶᠠᠷ ᠯᠡᠪᠯᠡᠯᠳᠠ ᠪᠤᠯᠭᠠᠵᠤ ᠭᠡᠷ᠎ᠠ | ᠲᠤᠬᠳᠡᠭᠠᠵᠦ ᠪᠤᠯᠦᠨ᠎ᠡ᠃ | ᠳᠦᠷᠪᠡᠨ ᠵᠠᠭᠤ ᠳᠠᠯᠠᠨ ᠨᠢᠭᠡᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠲᠤᠬᠳᠡᠭᠠᠬᠤ ᠳᠠᠭᠠᠨ ᠪᠤᠯᠵᠤᠭ᠎ᠠ᠂ | ᠠᠮᠡᠯᠡᠯᠲᠠ ᠶᠢᠨ ᠠᠷᠭ᠎ᠠ ᠮᠠᠶ᠋ᠢᠭ ᠪᠤᠶᠤ ᠪᠤᠰᠤᠳ ᠠᠷᠭ᠎ᠠ ᠮᠠᠶ᠋ᠢᠭ ᠢ ᠠᠪᠴᠤ ᠪᠤᠯᠤᠨ᠎ᠠ᠃ | ᠳᠦᠷᠪᠡᠨ ᠵᠠᠭᠤ ᠳᠠᠯᠠᠨ ᠬᠤᠶᠠᠳᠤᠭᠠᠷ ᠵᠦᠢᠯ ᠪᠤᠯᠵᠤᠭ᠎ᠠ ᠪᠤᠯ ᠪᠤᠰᠤᠤᠠ ᠬᠦᠮᠦᠠ ᠯᠦᠭᠡ ᠭᠡᠷ᠎ᠠ ᠲᠤᠬᠳᠡᠭᠠᠬᠤ | ᠰᠡᠨᠡᠭᠠᠨ ᠤ ᠢᠯᠡᠳᠬᠡᠯᠲᠡ ᠮᠦᠠ᠂ ᠡᠨᠡ ᠬᠦ ᠰᠡᠨᠡᠭᠠᠨ ᠤ ᠢᠯᠡᠳᠬᠡᠯᠲᠡ ᠨᠢ ᠲᠤᠤᠷ᠎ᠠ ᠵᠢᠭᠰᠠᠭᠠᠭᠰᠠᠨ ᠨᠦᠬᠦᠴᠡᠯ ᠳᠤ | ᠨᠡᠶᠢᠴᠡᠭᠰᠡᠠ ᠪᠠᠶᠢᠬᠤ ᠭᠡᠷᠡᠭᠳᠡᠢ᠄ | ︵ᠨᠢᠭᠡ︶ ᠠᠭᠤᠯᠭ᠎ᠠ ᠨᠢ ᠪᠤᠳᠡᠳᠡᠢ᠂ ᠨᠤᠳᠡᠳᠡᠢ ᠪᠠᠶᠢᠬᠤ︔ | ︵ᠬᠤᠶᠡᠷ︶ ᠪᠤᠯᠵᠤᠭ᠎ᠠ ᠬᠦᠯᠢᠶᠡᠭᠴᠢ ᠢᠯᠡᠷᠬᠡᠶᠢᠯᠡᠯᠳᠡ ᠶᠢᠨ ᠳᠤᠬᠠᠢ ᠠᠮᠡᠯᠠᠯᠳᠠ ᠬᠢᠭᠰᠡᠬᠡᠷ ᠪᠤᠯᠵᠦᠬᠴᠢ ᠲᠤᠰ | ᠰᠡᠨᠡᠭᠠᠨ ᠤ ᠢᠯᠡᠳᠬᠡᠯᠲᠡ ᠳᠤ ᠬᠢᠵᠡᠭᠠᠷᠯᠡᠬᠳᠡᠬᠤ᠃ | ᠳᠦᠷᠪᠡᠨ ᠵᠠᠭᠤ ᠳᠠᠯᠠᠨ ᠭᠤᠷᠪᠠᠳᠤᠭᠠᠷ ᠵᠦᠢᠯ ᠪᠤᠯᠵᠦᠬᠤ ᠤᠷᠢᠯᠭ᠎ᠠ ᠪᠤᠯ ᠪᠤᠰᠤᠤᠠ ᠬᠦᠮᠦᠠ ᠢ ᠤᠢᠪᠡᠷ ᠤᠨ | ᠪᠡᠶ᠎ᠡ ᠳᠡᠭᠡᠨ ᠪᠤᠯᠵᠤᠭ᠎ᠠ ᠲᠡᠯᠪᠢᠭᠤᠯᠬᠤ ᠪᠠᠷ ᠬᠦᠰᠡᠭᠰᠡᠠ ᠰᠡᠨᠡᠭᠠᠨ ᠤ ᠢᠯᠡᠳᠬᠡᠯᠲᠡ ᠮᠦᠠ᠃ ᠤᠢᠨ᠎ᠡ ᠬᠠᠶᠡᠵᠦ | ᠬᠤᠳᠡᠯᠳᠦᠬᠤ ᠵᠡᠷᠯᠠᠯ᠂ ᠲᠡᠭᠠᠭᠠᠴᠢᠯᠡᠯᠳᠠ ᠶᠢᠨ ᠵᠡᠷᠯᠠᠯ᠂ ᠬᠤᠪᠢ ᠡᠯᠰᠡᠬᠦ ᠲᠤᠳᠦᠷᠬᠠᠢᠢᠯᠡᠯᠳᠠ ᠶᠢᠨ ᠪᠢᠴᠢᠭ᠂ | ᠵᠢᠭᠡᠯᠡᠯᠭᠡ ᠶᠢᠨ ᠲᠡᠮᠳᠡᠭᠲᠤ ᠴᠤᠭᠯᠠᠭᠤᠯᠬᠤ ᠠᠷᠭ᠎ᠠ᠂ ᠰᠠᠭᠤᠷᠢ ᠮᠦᠡᠭᠭᠦ ᠴᠤᠭᠯᠠᠭᠤᠯᠬᠤ ᠲᠤᠲᠤᠷᠬᠠᠶᠢᠯᠠᠯᠲᠠ ᠶᠢᠨ | ᠪᠢᠴᠢᠭ᠂ ᠬᠤᠳᠡᠯᠳᠦᠭᠠᠠ ᠤ ᠵᠡᠷ ᠪᠠ ᠤᠬᠠᠭᠤᠯᠭ᠎ᠠ᠂ ᠢᠯᠡᠭᠡᠵᠦ ᠬᠦᠷᠭᠡᠭᠰᠡᠨ ᠦᠨ᠎ᠡ ᠶᠢᠨ ᠬᠦᠰᠦᠨᠦᠭᠲᠦ ᠵᠡᠷᠭᠡ ᠨᠢ | ᠪᠤᠯᠵᠦᠬᠤ ᠤᠷᠢᠯᠭ᠎ᠠ ᠪᠤᠯᠤᠨ᠎ᠡ᠃ | ᠬᠤᠳᠡᠯᠳᠦᠭᠠᠠ ᠤ ᠵᠡᠷ ᠪᠠ ᠤᠬᠠᠭᠤᠯᠭ᠎ᠠ ᠶᠢᠨ ᠠᠭᠤᠯᠭ᠎ᠠ ᠨᠢ ᠪᠤᠯᠵᠤᠭ᠎ᠠ ᠶᠢᠨ ᠨᠦᠬᠦᠴᠡᠯ ᠳᠤ ᠨᠡᠶᠢᠴᠡᠭᠰᠡᠠ ᠪᠠᠶᠢᠪᠡᠯ᠂ | ᠪᠤᠯᠵᠤᠭ᠎ᠠ ᠪᠤᠯᠵᠤ ᠪᠦᠷᠢᠯᠳᠦᠨ᠎ᠡ᠃ | ᠳᠦᠷᠪᠡᠨ ᠵᠠᠭᠤ ᠳᠠᠯᠠᠨ ᠳᠦᠷᠪᠡᠳᠦᠭᠡᠷ ᠵᠦᠢᠯ ᠪᠤᠯᠵᠤᠭ᠎ᠠ ᠶᠢᠨ ᠬᠦᠴᠦᠠ ᠲᠠᠢ ᠪᠤᠯᠬᠤ ᠴᠠᠭ ᠲᠤ ᠲᠤᠰ ᠬᠠᠤᠯᠢ ᠶᠢᠨ | ᠵᠠᠭᠤ ᠭᠤᠴᠢᠨ ᠳᠤᠯᠤᠳᠤᠭᠠᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠳᠦᠷᠪᠡᠨ ᠵᠠᠭᠤ ᠳᠠᠯᠠᠨ ᠲᠠᠪᠤᠳᠤᠭᠠᠷ ᠵᠦᠢᠯ ᠪᠤᠯᠵᠤᠭ᠎ᠠ ᠶᠢ ᠪᠤᠴᠠᠭᠠᠨ ᠠᠪᠴᠤ ᠪᠤᠯᠤᠨ᠎ᠠ᠃ ᠪᠤᠯᠵᠤᠭ᠎ᠠ ᠶᠢ ᠪᠤᠴᠠᠭᠠᠨ | ᠠᠪᠬᠤ ᠳᠤ ᠲᠤᠰ ᠬᠠᠤᠯᠢ ᠶᠢᠨ ᠵᠠᠭᠤ ᠳᠦᠴᠢᠨ ᠨᠢᠭᠡᠳᠦᠭᠡᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠳᠦᠷᠪᠡᠨ ᠵᠠᠭᠤ ᠳᠠᠯᠠᠨ ᠵᠢᠷᠭᠤᠳᠤᠭᠠᠷ ᠵᠦᠢᠯ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠦᠨ᠎ᠡ᠂ ᠭᠡᠪᠡᠴᠦ | ᠲᠤᠤᠷ᠎ᠠ ᠵᠢᠭᠰᠠᠭᠠᠭᠰᠠᠨ ᠪᠠᠶᠢᠳᠡᠯ ᠤᠨ ᠨᠢᠭᠡ ᠨᠢ ᠪᠠᠶᠢᠬᠤ ᠨᠢ ᠡᠭᠦᠨ ᠳᠤ ᠪᠠᠭᠲᠠᠬᠤ ᠤᠢᠭᠡᠢ᠄ | ︵ᠨᠢᠭᠡ︶ ᠪᠤᠯᠵᠦᠬᠴᠢ ᠨᠢ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠣᠰᠢ ᠤᠢᠭᠡᠢ ᠭᠡᠵᠦ ᠠᠮᠡᠯᠡᠯᠳᠠ ᠶᠢᠨ | ᠬᠤᠭᠤᠴᠠᠭ᠎ᠠ ᠲᠤᠬᠳᠡᠭᠠᠬᠤ ᠪᠤᠶᠦ ᠪᠤᠰᠤᠤᠠ ᠭᠡᠯᠪᠡᠷᠢ ᠪᠠᠷ ᠲᠤᠳᠦᠷᠬᠠᠢ ᠢᠯᠡᠦᠡᠭᠡᠭᠰᠡᠠ︔ | ︵ᠬᠤᠶᠡᠷ︶ ᠪᠤᠯᠵᠤᠭ᠎ᠠ ᠬᠦᠯᠢᠶᠡᠭᠴᠢ ᠨᠢ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠤᠰᠢ ᠤᠢᠭᠡᠢ ᠭᠡᠵᠦ | ᠦᠵᠡᠬᠦ ᠤᠴᠢᠷ ᠰᠢᠯᠳᠡᠭᠠᠠ ᠲᠠᠢ ᠪᠦᠭᠡᠦᠠ ᠨᠢᠭᠡᠨᠳᠠ ᠭᠡᠷ᠎ᠠ ᠶᠢ ᠬᠦᠢᠴᠡᠦᠡᠭᠡᠬᠦ ᠶᠢᠨ ᠲᠦᠯᠦᠭᠡ ᠵᠦᠢ ᠵᠤᠬᠢᠰᠲᠠᠢ | ᠪᠡᠯᠡᠦᠡᠭᠡᠯ ᠠᠵᠢᠯ ᠬᠢᠭᠰᠡᠠ᠃ | ᠳᠦᠷᠪᠡᠨ ᠵᠠᠭᠤ ᠳᠠᠯᠠᠨ ᠲᠤᠯᠦᠳᠦᠭᠠᠷ ᠵᠦᠢᠯ ᠪᠤᠯᠵᠤᠭ᠎ᠠ ᠶᠢ ᠬᠦᠴᠦᠨ ᠦᠭᠡᠢ ᠪᠤᠯᠭᠠᠬᠤ ᠰᠠᠨᠠᠭᠠᠨ ᠤ | ᠢᠯᠡᠳᠬᠡᠯᠲᠡ ᠶᠢ ᠶᠠᠷᠢᠯᠴᠠᠭᠠᠨ ᠤ ᠠᠷᠭ᠎ᠠ ᠮᠠᠶ᠋ᠢᠭ ᠢᠶᠠᠷ ᠬᠢᠭᠰᠡᠨ ᠪᠠᠶᠢᠪᠠᠯ᠂ ᠪᠤᠯᠵᠤᠭ᠎ᠠ ᠬᠦᠯᠢᠶᠡᠭᠴᠢ ᠠᠮᠠᠯᠠᠯᠲᠠ | ᠬᠢᠬᠦ ᠠᠴᠠ ᠪᠠᠨ ᠡᠮᠦᠨ᠎ᠡ ᠲᠤᠰ ᠰᠠᠨᠠᠭᠠᠨ ᠤ ᠢᠯᠡᠳᠬᠡᠯᠲᠡ ᠶᠢᠨ ᠠᠭᠤᠯᠭ᠎ᠠ ᠶᠢ ᠮᠡᠳᠡᠭᠰᠡᠨ ᠪᠠᠶᠢᠬᠤ ᠬᠡᠷᠡᠭᠲᠡᠢ︔ | ᠪᠤᠯᠵᠤᠭ᠎ᠠ ᠶᠢ ᠬᠦᠴᠦᠨ ᠦᠭᠡᠢ ᠪᠤᠯᠭᠠᠬᠤ ᠰᠠᠨᠠᠭᠠᠨ ᠤ ᠢᠯᠡᠳᠬᠡᠯᠲᠡ ᠶᠢ ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ | ᠬᠢᠭᠰᠡᠨ ᠪᠠᠶᠢᠪᠠᠯ᠂ ᠪᠤᠯᠵᠤᠭ᠎ᠠ ᠬᠦᠯᠢᠶᠡᠭᠴᠢ ᠠᠮᠠᠯᠠᠯᠲᠠ ᠬᠢᠬᠦ ᠠᠴᠠ ᠡᠮᠦᠨ᠎ᠡ ᠪᠤᠯᠵᠤᠭ᠎ᠠ ᠬᠦᠯᠢᠶᠡᠭᠴᠢ ᠳᠤ ᠬᠦᠷᠦᠭᠰᠡᠠ | ᠪᠠᠶᠢᠬᠤ ᠭᠡᠷᠡᠭᠳᠡᠢ᠃ | ᠳᠦᠷᠪᠡᠨ ᠵᠠᠭᠤ ᠳᠠᠯᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠡᠯ ᠤᠨ ᠨᠢᠭᠡ ᠨᠢ ᠪᠠᠶᠢᠪᠡᠯ᠂ ᠪᠤᠯᠵᠤᠭ᠎ᠠ | ᠬᠦᠴᠦᠨ ᠢᠶᠠᠨ ᠠᠯᠳᠠᠨ᠎ᠡ᠄ | ︵ᠨᠢᠭᠡ︶ ᠪᠤᠯᠵᠤᠭ᠎ᠠ ᠶᠢ ᠲᠡᠪᠴᠢᠭᠰᠡᠨ︔ | ︵ᠬᠤᠶᠡᠷ︶ ᠪᠤᠯᠵᠤᠭ᠎ᠠ ᠶᠢ ᠬᠠᠤᠯᠢ ᠶᠤᠰᠤᠭᠠᠷ ᠬᠦᠴᠦᠠ ᠤᠢᠭᠡᠢ ᠪᠤᠯᠭᠠᠬᠰᠡᠠ︔ | ︵ᠭᠤᠷᠪᠡ︶ ᠠᠮᠡᠯᠡᠯᠳᠠ ᠶᠢᠨ ᠬᠤᠭᠤᠴᠠᠭ᠎ᠠ ᠲᠦᠭᠦᠷᠦᠭᠰᠡᠨ ᠪᠠᠶᠢᠳᠡᠯ᠎ᠠ ᠪᠤᠯᠵᠤᠭ᠎ᠠ ᠬᠦᠯᠢᠶᠡᠭᠴᠢ ᠠᠮᠡᠯᠡᠯᠳᠠ ᠦᠯᠦ | ᠬᠢᠭᠰᠡᠠ︔ | ︵ᠲᠦᠷᠪᠡ︶ ᠪᠤᠯᠵᠤᠭ᠎ᠠ ᠬᠦᠯᠢᠶᠡᠭᠴᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ ᠬᠤᠪᠢᠷᠡᠭᠤᠯᠦᠯᠳᠠ ᠬᠢᠭᠰᠡᠠ | ᠃ | ᠳᠦᠷᠪᠡᠨ ᠵᠠᠭᠤ ᠳᠠᠯ᠎ᠠ ᠶᠢᠰᠦᠳᠦᠭᠡᠷ ᠵᠦᠢᠯ ᠠᠮᠡᠯᠡᠯᠳᠠ ᠪᠤᠯ ᠪᠤᠯᠵᠤᠭ᠎ᠠ ᠬᠦᠯᠢᠶᠡᠭᠴᠢ ᠶᠢᠨ ᠪᠤᠯᠵᠤᠭ᠎ᠠ ᠶᠢ | ᠵᠦᠪᠰᠢᠶᠡᠷᠡᠭᠰᠡᠠ ᠰᠡᠨᠡᠭᠠᠨ ᠤ ᠢᠯᠡᠳᠬᠡᠯᠲᠡ ᠮᠦᠨ᠃ | ᠳᠦᠷᠪᠡᠨ ᠵᠠᠭᠤ ᠨᠠᠶᠠᠳᠦᠭᠠᠷ ᠵᠦᠢᠯ ᠠᠮᠡᠯᠡᠯᠳᠠ ᠶᠢ ᠮᠡᠳᠡᠭᠳᠡᠯ ᠤᠨ ᠠᠷᠭ᠎ᠠ ᠮᠡᠶ᠋ᠢᠬ ᠢᠶᠠᠷ ᠬᠢᠬᠦ ᠭᠡᠷᠡᠭᠳᠡᠢ︔ ᠭᠡᠪᠡᠴᠦ | ᠠᠷᠡᠯᠵᠢᠶᠡᠠ ᠤ ᠵᠤᠷᠰᠢᠯ ᠪᠤᠶᠦ ᠪᠤᠯᠵᠤᠭ᠎ᠠ ᠶᠢᠨ ᠢᠯᠡᠷᠬᠡᠶᠢᠯᠡᠯᠳᠠ ᠶᠢ ᠦᠨᠳᠦᠰᠦᠯᠡᠪᠡᠯ ᠤᠢᠢᠯᠠ ᠠᠵᠢᠯᠯᠠᠭ᠎ᠠ ᠪᠠᠷ | ᠳᠠᠮᠵᠢᠭᠤᠯᠤᠨ ᠠᠮᠡᠯᠡᠯᠳᠠ ᠬᠢᠵᠦ ᠪᠤᠯᠬᠤ ᠨᠢ ᠡᠬᠦᠠ ᠳᠤ ᠪᠠᠭᠳᠡᠬᠤ ᠤᠢᠭᠡᠢ᠃ | ᠳᠦᠷᠪᠡᠨ ᠵᠠᠭᠤ ᠨᠠᠶᠠᠨ ᠨᠢᠭᠡᠳᠦᠭᠡᠷ ᠵᠦᠢᠯ ᠠᠮᠡᠯᠡᠯᠳᠠ ᠨᠢ ᠪᠤᠯᠵᠤᠭ᠎ᠠ ᠳᠤ ᠲᠤᠬᠳᠡᠭᠠᠬᠰᠡᠠ ᠬᠤᠭᠤᠴᠡᠭᠠᠨ ᠲᠤᠳᠦᠷ᠎ᠠ | ᠪᠤᠯᠵᠦᠬᠴᠢ ᠳᠤ ᠬᠦᠷᠦᠭᠰᠡᠠ ᠪᠠᠶᠢᠬᠤ ᠭᠡᠷᠡᠭᠳᠡᠢ᠃ | ᠪᠤᠯᠵᠤᠭ᠎ᠠ ᠳᠤ ᠠᠮᠡᠯᠡᠯᠳᠠ ᠶᠢᠨ ᠬᠤᠭᠤᠴᠠᠭ᠎ᠠ ᠶᠢ ᠲᠤᠬᠳᠡᠭᠠᠬᠰᠡᠠ ᠤᠢᠭᠡᠢ ᠪᠠᠶᠢᠪᠡᠯ᠂ ᠠᠮᠡᠯᠡᠯᠳᠠ ᠨᠢ ᠲᠤᠤᠷ᠎ᠠ | ᠵᠢᠭᠰᠠᠭᠠᠭᠰᠠᠨ ᠲᠤᠬᠳᠡᠭᠠᠯ ᠶᠤᠰᠦᠭᠠᠷ ᠬᠦᠷᠦᠭᠰᠡᠠ ᠪᠠᠶᠢᠬᠤ ᠭᠡᠷᠡᠭᠳᠡᠢ᠄ | ︵ᠨᠢᠭᠡ︶ ᠪᠤᠯᠵᠤᠭ᠎ᠠ ᠶᠢ ᠶᠡᠷᠢᠯᠴᠡᠭᠠᠨ ᠤ ᠠᠷᠭ᠎ᠠ ᠮᠠᠶ᠋ᠢᠭ ᠢᠶᠠᠷ ᠬᠢᠭᠰᠡᠠ ᠪᠠᠶᠢᠪᠡᠯ᠂ ᠲᠡᠷᠠ ᠲᠡᠷᠦᠢ ᠳᠤᠨᠢ ᠠᠮᠡᠯᠡᠯᠳᠠ | ᠬᠢᠬᠦ ᠭᠡᠷᠡᠭᠳᠡᠢ︔ | ︵ᠬᠤᠶᠡᠷ︶ ᠪᠤᠯᠵᠤᠭ᠎ᠠ ᠶᠢ ᠶᠡᠷᠢᠯᠴᠡᠭᠠᠠ ᠤ ᠪᠤᠰᠦ ᠠᠷᠭ᠎ᠠ ᠮᠠᠶ᠋ᠢᠭ ᠢᠶᠠᠷ ᠬᠢᠭᠰᠡᠠ ᠪᠠᠶᠢᠪᠡᠯ᠂ ᠠᠮᠡᠯᠡᠯᠳᠠ ᠨᠢ ᠵᠦᠢ | ᠵᠤᠬᠢᠰᠳᠡᠢ ᠬᠤᠭᠤᠴᠡᠭᠠᠨ ᠲᠤᠳᠦᠷ᠎ᠠ ᠬᠦᠷᠦᠭᠰᠡᠠ ᠪᠠᠶᠢᠬᠤ ᠭᠡᠷᠡᠭᠳᠡᠢ᠃ | ᠳᠦᠷᠪᠡᠨ ᠵᠠᠭᠤ ᠨᠠᠶᠠᠨ ᠬᠤᠶᠠᠳᠤᠭᠠᠷ ᠵᠦᠢᠯ ᠪᠤᠯᠵᠤᠭ᠎ᠠ ᠶᠢ ᠵᠡᠬᠢᠳᠡᠯ ᠴᠢᠮᠡᠭᠡ ᠪᠤᠶᠦ ᠴᠡᠬᠢᠯᠭᠠᠠ ᠮᠡᠳᠡᠭᠡ ᠪᠠᠷ ᠬᠢᠭᠰᠡᠠ | ᠪᠠᠶᠢᠪᠡᠯ᠂ ᠠᠮᠡᠯᠡᠯᠳᠠ ᠶᠢᠨ ᠬᠤᠭᠤᠴᠠᠭ᠎ᠠ ᠶᠢ ᠵᠡᠬᠢᠳᠡᠯ ᠴᠢᠮᠡᠭᠡ ᠳᠤ ᠳᠤᠳᠤᠷᠬᠠᠢ ᠲᠡᠮᠳᠡᠭᠯᠡᠭᠰᠡᠠ ᠡᠳᠦᠷ ᠬᠤᠭᠤᠴᠠᠭ᠎ᠠ | ᠪᠤᠶᠦ ᠴᠡᠬᠢᠯᠭᠠᠠ ᠮᠡᠳᠡᠭᠡ ᠶᠢ ᠲᠤᠰᠢᠶᠠᠨ ᠶᠡᠪᠦᠭᠤᠯᠦᠬᠰᠡᠠ ᠡᠳᠦᠷ ᠠᠴᠠ ᠡᠬᠢᠯᠡᠵᠦ ᠪᠤᠳᠦᠨ᠎ᠡ᠃ ᠵᠡᠬᠢᠳᠡᠯ ᠴᠢᠮᠡᠭᠡ ᠳᠤ | ᠡᠳᠦᠷ ᠬᠤᠭᠤᠴᠠᠭ᠎ᠠ ᠶᠢ ᠳᠤᠳᠤᠷᠬᠠᠢ ᠲᠡᠮᠳᠡᠭᠯᠡᠭᠰᠡᠠ ᠤᠢᠭᠡᠢ ᠪᠠᠶᠢᠪᠡᠯ᠂ ᠲᠤᠰ ᠵᠡᠬᠢᠳᠡᠯ ᠴᠢᠮᠡᠭᠡ ᠶᠢ ᠢᠯᠡᠭᠡᠬᠦ | ᠰᠢᠦᠳᠡᠠ ᠤ ᠲᠡᠮᠠᠭ᠎ᠠ ᠲᠡᠷᠦᠬᠰᠡᠠ ᠡᠳᠦᠷ ᠠᠴᠠ ᠡᠬᠢᠯᠡᠵᠦ ᠪᠤᠳᠦᠨ᠎ᠡ᠃ ᠪᠤᠯᠵᠤᠭ᠎ᠠ ᠶᠢ ᠤᠳᠠᠰᠤ᠂ ᠹᠡᠺᠰ᠂ ᠢᠮᠧᠯ | ᠵᠡᠷᠭᠡ ᠲᠦᠷᠭᠡᠠ ᠮᠡᠳᠡᠭᠡ ᠬᠤᠯᠪᠤᠭᠠᠨ ᠤ ᠠᠷᠭ᠎ᠠ ᠮᠡᠶ᠋ᠢᠬ ᠢᠶᠠᠷ ᠬᠢᠭᠰᠡᠠ ᠪᠠᠶᠢᠪᠡᠯ᠂ ᠠᠮᠡᠯᠡᠯᠳᠠ ᠶᠢᠨ ᠬᠤᠭᠤᠴᠠᠭ᠎ᠠ ᠶᠢ | ᠪᠤᠯᠵᠤᠭ᠎ᠠ ᠬᠦᠯᠢᠶᠡᠭᠴᠢ ᠳᠤ ᠪᠤᠯᠵᠤᠭ᠎ᠠ ᠬᠦᠷᠦᠭᠰᠡᠠ ᠴᠠᠬ ᠠᠴᠠ ᠡᠬᠢᠯᠡᠵᠦ ᠪᠤᠳᠦᠨ᠎ᠡ᠃ | ᠳᠦᠷᠪᠡᠨ ᠵᠠᠭᠤ ᠨᠠᠶᠠᠨ ᠭᠤᠷᠪᠠᠳᠤᠭᠠᠷ ᠵᠦᠢᠯ ᠠᠮᠡᠯᠡᠯᠳᠠ ᠬᠦᠴᠦᠠ ᠲᠠᠢ ᠪᠤᠯᠬᠤ ᠤᠢᠶ᠎ᠠ ᠳᠤ ᠭᠡᠷ᠎ᠠ ᠪᠠᠶᠢᠭᠤᠯᠦᠬᠳᠡᠨᠡ | ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ | ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ | ᠳᠦᠷᠪᠡᠨ ᠵᠠᠭᠤ ᠨᠠᠶᠠᠨ ᠳᠦᠷᠪᠡᠳᠦᠭᠡᠷ ᠵᠦᠢᠯ ᠮᠡᠳᠡᠭᠳᠡᠯ ᠤᠨ ᠠᠷᠭ᠎ᠠ ᠮᠠᠶ᠋ᠢᠭ ᠢᠶᠠᠷ ᠬᠢᠭᠰᠡᠨ ᠠᠮᠡᠯᠡᠯᠳᠠ ᠶᠢᠨ | ᠬᠦᠴᠦᠠ ᠲᠠᠢ ᠪᠤᠯᠬᠤ ᠴᠠᠭ ᠲᠤ ᠲᠤᠰ ᠬᠠᠤᠯᠢ ᠶᠢᠨ ᠵᠠᠭᠤ ᠭᠤᠴᠢᠨ ᠳᠤᠯᠤᠳᠤᠭᠠᠷ ᠵᠦᠢᠯ ᠤᠨ ᠲᠤᠭᠲᠠᠭᠠᠯ ᠢ | ᠲᠤᠬᠢᠷᠠᠭᠤᠯᠤᠨ ᠬᠡᠷᠡᠭᠯᠡᠨ᠎ᠡ᠃ | ᠠᠮᠡᠯᠡᠯᠳᠠ ᠶᠢ ᠮᠡᠳᠡᠭᠳᠡᠬᠦ ᠴᠢᠬᠤᠯᠠ ᠤᠢᠭᠡᠢ ᠪᠤᠯ᠂ ᠠᠷᠡᠯᠵᠢᠶᠡᠠ ᠤ ᠵᠤᠷᠰᠢᠯ ᠪᠤᠶᠦ ᠪᠤᠯᠵᠤᠭ᠎ᠠ ᠶᠢᠨ ᠱᠡᠭᠠᠷᠳᠡᠯᠭ᠎ᠠ ᠶᠢ | ᠤᠢᠡᠳᠦᠰᠦᠯᠡᠵᠤ ᠠᠮᠡᠯᠡᠬᠤ ᠦᠢᠯᠡ ᠠᠵᠢᠯᠯᠠᠭ᠎ᠠ ᠬᠢᠭᠰᠡᠨ ᠦᠶ᠎ᠡ ᠳᠤ ᠬᠦᠴᠦᠠ ᠲᠠᠢ ᠪᠤᠯᠦᠨ᠎ᠡ᠃ | ᠳᠦᠷᠪᠡᠨ ᠵᠠᠭᠤ ᠨᠠᠶᠠᠨ ᠲᠠᠪᠤᠳᠤᠭᠠᠷ ᠵᠦᠢᠯ ᠠᠮᠡᠯᠡᠯᠳᠠ ᠶᠢ ᠪᠤᠴᠡᠭᠠᠨ ᠠᠪᠴᠦ ᠪᠤᠯᠦᠨ᠎ᠡ᠃ ᠠᠮᠡᠯᠡᠯᠳᠠ ᠶᠢ ᠪᠤᠴᠡᠭᠠᠨ | ᠠᠪᠬᠤ ᠳᠤ ᠲᠤᠰ ᠬᠠᠤᠯᠢ ᠶᠢᠨ ᠵᠠᠭᠤ ᠳᠦᠴᠢᠨ ᠨᠢᠭᠡᠳᠦᠭᠡᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠳᠦᠷᠪᠡᠨ ᠵᠠᠭᠤ ᠨᠠᠶᠠᠨ ᠵᠢᠷᠭᠤᠳᠦᠭᠠᠷ ᠵᠦᠢᠯ ᠪᠤᠯᠵᠤᠭ᠎ᠠ ᠬᠦᠯᠢᠶᠡᠭᠴᠢ ᠠᠮᠡᠯᠡᠯᠳᠠ ᠶᠢᠨ ᠬᠤᠭᠤᠴᠠᠭ᠎ᠠ ᠠᠴᠠ | ᠭᠡᠳᠦᠷᠡᠵᠤ ᠠᠮᠡᠯᠡᠯᠳᠠ ᠶᠠᠪᠤᠭᠤᠯᠤᠭᠰᠡᠨ᠂ ᠡᠰᠡᠭᠦᠯ᠎ᠡ ᠠᠮᠠᠯᠠᠯᠲᠠ ᠶᠢᠨ ᠬᠤᠭᠤᠴᠠᠭ᠎ᠠ ᠲᠤᠲᠤᠷ᠎ᠠ ᠠᠮᠠᠯᠠᠯᠲᠠ | ᠶᠠᠪᠤᠭᠤᠯᠤᠭᠰᠠᠨ ᠪᠤᠯᠪᠠᠴᠤ ᠶᠡᠷᠦᠳᠡ ᠶᠢᠨ ᠪᠠᠶᠢᠳᠠᠯ ᠳᠤ ᠪᠤᠯᠵᠦᠠᠠᠴᠢ ᠳᠤ ᠴᠠᠬ ᠲᠤᠬᠠᠢ ᠳᠤᠨᠢ ᠬᠦᠷᠴᠦ ᠳᠡᠶᠢᠯᠬᠦ | ᠦᠭᠡᠢ ᠪᠠᠶᠢᠪᠠᠯ᠂ ᠰᠢᠨ᠎ᠡ ᠪᠤᠯᠵᠤᠭ᠎ᠠ ᠪᠤᠯᠤᠨ᠎ᠠ︔ ᠭᠡᠪᠡᠴᠦ ᠪᠤᠯᠵᠤᠭᠴᠢ ᠠᠴᠠ ᠪᠤᠯᠵᠤᠭ᠎ᠠ ᠬᠦᠯᠢᠶᠡᠭᠴᠢ ᠳᠤ ᠲᠤᠰ | ᠠᠮᠠᠯᠠᠯᠲᠠ ᠶᠢ ᠬᠦᠴᠦᠨ ᠲᠠᠢ ᠭᠡᠵᠦ ᠴᠠᠭ ᠲᠤᠬᠠᠢ ᠳᠤᠨᠢ ᠮᠡᠳᠡᠭᠳᠡᠭᠰᠡᠨ ᠨᠢ ᠡᠭᠦᠨ ᠳᠤ ᠪᠠᠭᠲᠠᠬᠤ ᠦᠭᠡᠢ᠃ | ᠳᠦᠷᠪᠡᠨ ᠵᠠᠭᠤ ᠨᠠᠶᠠᠨ ᠳᠤᠯᠤᠳᠤᠭᠠᠷ ᠵᠦᠢᠯ ᠪᠤᠯᠵᠤᠭ᠎ᠠ ᠬᠦᠯᠢᠶᠡᠭᠴᠢ ᠠᠮᠡᠯᠡᠯᠳᠠ ᠶᠢᠨ ᠬᠤᠭᠤᠴᠠᠭ᠎ᠠ ᠲᠤᠳᠦᠷ᠎ᠠ | ᠠᠮᠡᠯᠡᠯᠳᠠ ᠶᠠᠪᠤᠭᠤᠯᠵᠤ᠂ ᠶᠡᠷᠦᠳᠡ ᠶᠢᠨ ᠪᠠᠶᠢᠳᠡᠯ ᠳᠤ ᠪᠤᠯᠵᠦᠬᠴᠢ ᠳᠤ ᠴᠠᠬ ᠲᠤᠬᠠᠢ ᠳᠤᠨᠢ ᠬᠦᠷᠴᠦ ᠲᠡᠶᠢᠯᠬᠦ | ᠪᠠᠶᠢᠳᠡᠯ᠎ᠠ ᠠᠮᠡᠯᠡᠯᠳᠠ ᠨᠢ ᠪᠤᠯᠵᠦᠬᠴᠢ ᠳᠤ ᠬᠦᠷᠬᠦ ᠤᠢᠶ᠎ᠠ ᠳᠤ ᠪᠤᠰᠤᠤᠠ ᠰᠢᠯᠳᠡᠭᠠᠠ ᠠᠴᠠ ᠪᠤᠯᠦᠭᠠᠦᠠ | ᠠᠮᠡᠯᠡᠯᠳᠠ ᠶᠢᠨ ᠬᠤᠭᠤᠴᠠᠭ᠎ᠠ ᠠᠴᠠ ᠭᠡᠳᠦᠷᠡᠭᠰᠡᠠ ᠪᠠᠶᠢᠪᠡᠯ᠂ ᠪᠤᠯᠵᠤᠭᠴᠢ ᠠᠴᠠ ᠠᠮᠡᠯᠡᠯᠳᠠ ᠬᠤᠭᠤᠴᠠᠭ᠎ᠠ ᠠᠴᠠ | ᠭᠡᠳᠦᠷᠡᠭᠰᠡᠠ ᠪᠤᠯᠬᠤᠷ ᠲᠤᠰ ᠠᠮᠡᠯᠡᠯᠳᠠ ᠶᠢ ᠬᠦᠯᠢᠶᠡᠠ ᠠᠪᠬᠤ ᠤᠢᠭᠡᠢ ᠭᠡᠵᠦ ᠪᠤᠯᠵᠤᠭ᠎ᠠ ᠬᠦᠯᠢᠶᠡᠭᠴᠢ ᠳᠤ ᠴᠠᠬ | ᠲᠤᠬᠠᠢ ᠳᠤᠨᠢ ᠮᠡᠳᠡᠭᠳᠡᠭᠰᠡᠠ ᠢ ᠭᠠᠷᠭᠠᠪᠡᠯ᠂ ᠲᠤᠰ ᠠᠮᠡᠯᠡᠯᠳᠠ ᠬᠦᠴᠦᠠ ᠲᠠᠢ᠃ | ᠳᠦᠷᠪᠡᠨ ᠵᠠᠭᠤ ᠨᠠᠶᠠᠨ ᠨᠠᠢᠮᠠᠳᠤᠭᠠᠷ ᠵᠦᠢᠯ ᠠᠮᠡᠯᠡᠯᠳᠠ ᠶᠢᠨ ᠠᠭᠤᠯᠭ᠎ᠠ ᠨᠢ ᠪᠤᠯᠵᠤᠭ᠎ᠠ ᠶᠢᠨ ᠠᠭᠤᠯᠭ᠎ᠠ ᠲᠠᠢ | ᠨᠢᠭᠡᠳᠦᠯ ᠲᠠᠢ ᠪᠠᠶᠢᠬᠤ ᠭᠡᠷᠡᠭᠳᠡᠢ᠃ ᠪᠤᠯᠵᠤᠭ᠎ᠠ ᠬᠦᠯᠢᠶᠡᠭᠴᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ | ᠬᠤᠪᠢᠷᠡᠭᠤᠯᠦᠯᠳᠠ ᠬᠢᠭᠰᠡᠠ ᠪᠠᠶᠢᠪᠡᠯ᠂ ᠰᠢᠨ᠎ᠡ ᠪᠤᠯᠵᠤᠭ᠎ᠠ ᠪᠤᠯᠤᠨ᠎ᠡ᠃ ᠭᠡᠷ᠎ᠠ ᠶᠢᠨ ᠬᠠᠷᠡᠯᠳᠠ᠂ ᠲᠤᠭ᠎ᠠ ᠭᠡᠮᠵᠢᠶ᠎ᠠ᠂ | ᠶᠡᠰᠦ ᠴᠢᠨᠡᠷ᠂ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ᠂ ᠬᠦᠢᠴᠡᠦᠡᠭᠡᠬᠦ ᠬᠤᠭᠤᠴᠠᠭ᠎ᠠ᠂ ᠬᠦᠢᠴᠡᠦᠡᠭᠡᠬᠦ | ᠭᠠᠵᠡᠷ ᠪᠡ ᠠᠷᠭ᠎ᠠ ᠮᠡᠶ᠋ᠢᠬ᠂ ᠭᠡᠷ᠎ᠡ ᠵᠦᠷᠢᠴᠡᠭᠰᠡᠠ ᠬᠠᠷᠢᠭᠤᠴᠡᠯᠭ᠎ᠠ ᠪᠡ ᠮᠡᠷᠭᠤᠭᠠᠠ ᠢ ᠰᠢᠢᠦᠡᠪᠦᠷᠢᠯᠡᠬᠦ ᠠᠷᠭ᠎ᠠ ᠵᠡᠷᠭᠡ | ᠬᠤᠯᠪᠤᠭᠳᠠᠯ ᠪᠦᠬᠦᠢ ᠵᠦᠢᠯ ᠳᠤ ᠬᠢᠭᠰᠡᠠ ᠬᠤᠪᠢᠷᠡᠭᠤᠯᠦᠯᠳᠠ ᠪᠤᠯ ᠪᠤᠯᠵᠤᠭ᠎ᠠ ᠶᠢᠨ ᠠᠭᠤᠯᠭ᠎ᠠ ᠳᠤ ᠬᠢᠭᠰᠡᠠ ᠮᠦᠠ | ᠴᠢᠨᠡᠷ ᠤᠨ ᠬᠤᠪᠢᠷᠡᠭᠤᠯᠦᠯᠳᠠ ᠪᠤᠯᠤᠨ᠎ᠠ᠃ | ᠳᠦᠷᠪᠡᠨ ᠵᠠᠭᠤ ᠨᠠᠶᠠ ᠶᠢᠰᠦᠳᠦᠭᠡᠷ ᠵᠦᠢᠯ ᠠᠮᠠᠯᠠᠯᠲᠠ ᠨᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ ᠪᠤᠰᠦ | ᠬᠤᠪᠢᠷᠡᠭᠤᠯᠦᠯᠳᠠ ᠬᠢᠭᠰᠡᠨ ᠪᠠᠶᠢᠪᠡᠯ᠂ ᠪᠤᠯᠵᠦᠬᠴᠢ ᠵᠦᠪᠰᠢᠶᠡᠷᠡᠬᠦ ᠤᠢᠭᠡᠢ ᠪᠠᠶᠢᠬᠤ ᠪᠠᠨ ᠴᠠᠬ ᠲᠤᠬᠠᠢ ᠳᠤᠨᠢ | ᠢᠯᠡᠷᠭᠡᠶᠢᠯᠡᠭᠰᠡᠠ ᠪᠤᠶᠦ ᠠᠮᠡᠯᠡᠯᠳᠠ ᠨᠢ ᠪᠤᠯᠵᠤᠭ᠎ᠠ ᠶᠢᠨ ᠠᠭᠤᠯᠭ᠎ᠠ ᠳᠤ ᠶᠡᠮᠡᠷ ᠴᠦ ᠬᠤᠪᠢᠷᠡᠭᠤᠯᠦᠯᠳᠠ ᠬᠢᠵᠦ ᠪᠤᠯᠬᠤ | ᠤᠢᠭᠡᠢ ᠭᠡᠵᠦ ᠪᠤᠯᠵᠤᠭ᠎ᠠ ᠳᠤ ᠢᠯᠡᠷᠬᠡᠶᠢᠯᠡᠭᠰᠡᠨ ᠢ ᠭᠠᠷᠭᠠᠪᠡᠯ᠂ ᠲᠤᠰ ᠠᠮᠡᠯᠡᠯᠳᠠ ᠬᠦᠴᠦᠠ ᠲᠠᠢ᠂ ᠭᠡᠷ᠎ᠠ ᠶᠢᠨ | ᠠᠭᠤᠯᠭ᠎ᠠ ᠶᠢ ᠠᠮᠡᠯᠡᠯᠳᠠ ᠶᠢᠨ ᠠᠭᠤᠯᠭ᠎ᠠ ᠪᠠᠷ ᠪᠡᠷᠢᠮᠵᠢᠶ᠎ᠠ ᠪᠤᠯᠭᠠᠨ᠎ᠡ᠃ | ᠳᠦᠷᠪᠡᠨ ᠵᠠᠭᠤ ᠶᠡᠷᠡᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠪᠢᠴᠢᠭ ᠤᠨ ᠭᠡᠯᠪᠡᠷᠢ ᠪᠠᠷ ᠭᠡᠷ᠎ᠠ ᠲᠤᠬᠳᠡᠭᠠᠬᠰᠡᠠ | ᠪᠠᠶᠢᠪᠡᠯ᠂ ᠲᠤᠬᠠᠢ ᠶᠢᠨ ᠬᠦᠮᠦᠠ ᠴᠦᠮ ᠭᠠᠷ ᠤᠨ ᠤᠢᠰᠦᠭ ᠵᠢᠷᠦᠬᠰᠡᠠ᠂ ᠲᠡᠮᠠᠭ᠎ᠠ ᠲᠡᠷᠦᠬᠰᠡᠠ ᠪᠤᠶᠤ ᠬᠤᠷᠤᠭᠤᠨ | ᠤᠷᠤᠮ ᠳᠠᠷᠤᠭᠰᠠᠨ ᠴᠠᠭ ᠠᠴᠠ ᠭᠡᠷ᠎ᠠ ᠪᠠᠶᠢᠭᠤᠯᠦᠬᠳᠡᠨᠡ᠃ ᠭᠠᠷ ᠤᠨ ᠦᠰᠦᠭ ᠵᠢᠷᠤᠬᠤ᠂ ᠲᠠᠮᠠᠭ᠎ᠠ ᠳᠠᠷᠤᠬᠤ ᠪᠤᠶᠤ | ᠬᠤᠷᠤᠭᠤᠨ ᠤᠷᠤᠮ ᠳᠠᠷᠤᠬᠤ ᠠᠴᠠ ᠡᠮᠦᠨ᠎ᠡ᠂ ᠲᠤᠬᠠᠢ ᠶᠢᠨ ᠬᠦᠮᠦᠨ ᠤ ᠨᠢᠭᠡ ᠲᠠᠯ᠎ᠠ ᠨᠢ ᠨᠢᠭᠡᠨᠲᠡ ᠭᠤᠤᠯ | ᠡᠭᠦᠷᠭᠡ ᠪᠠᠨ ᠭᠦᠢᠴᠡᠳᠬᠡᠵᠤ᠂ ᠨᠦᠬᠦᠭᠡ ᠲᠠᠯ᠎ᠠ ᠨᠢ ᠬᠦᠯᠢᠶᠡᠨ ᠠᠪᠤᠪᠠᠯ᠂ ᠲᠤᠰ ᠭᠡᠷ᠎ᠡ ᠪᠠᠶᠢᠭᠤᠯᠤᠭᠳᠠᠨ᠎ᠠ᠃ | ᠭᠡᠷ᠎ᠡ ᠶᠢ ᠪᠢᠴᠢᠭ ᠤᠨ ᠬᠡᠯᠪᠡᠷᠢ ᠪᠠᠷ ᠲᠤᠭᠲᠠᠭᠠᠬᠤ ᠬᠡᠷᠡᠭᠲᠡᠢ ᠭᠡᠵᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠲᠠᠭᠠᠯ ᠳᠤ ᠲᠤᠭᠲᠠᠭᠠᠭᠰᠠᠨ ᠪᠤᠶᠤ ᠲᠤᠬᠠᠢ ᠶᠢᠨ ᠬᠦᠮᠦᠨ ᠪᠤᠯᠵᠤᠨ ᠲᠤᠭᠲᠠᠭᠰᠠᠨ ᠪᠠᠶᠢᠬᠤ ᠳᠤ᠂ ᠲᠤᠬᠠᠢ ᠶᠢᠨ | ᠬᠦᠮᠦᠨ ᠪᠢᠴᠢᠭ ᠤᠨ ᠬᠡᠯᠪᠡᠷᠢ ᠶᠢ ᠠᠪᠤᠭᠰᠠᠨ ᠦᠭᠡᠢ ᠪᠣᠯᠪᠠᠴᠦ ᠨᠢᠭᠡ ᠲᠠᠯ᠎ᠠ ᠨᠢ ᠨᠢᠭᠡᠨᠲᠡ ᠭᠤᠤᠯ ᠡᠭᠦᠷᠭᠡ ᠪᠠᠨ | ᠭᠦᠢᠴᠡᠳᠬᠡᠵᠦ᠂ ᠨᠦᠬᠦᠭᠡ ᠲᠠᠯ᠎ᠠ ᠨᠢ ᠬᠦᠯᠢᠶᠡᠨ ᠠᠪᠤᠪᠠᠯ᠂ ᠲᠤᠰ ᠭᠡᠷ᠎ᠡ ᠪᠠᠶᠢᠭᠤᠯᠤᠭᠳᠠᠨ᠎ᠠ᠃ | ᠳᠦᠷᠪᠡᠨ ᠵᠠᠭᠤ ᠶᠡᠷᠡᠨ ᠨᠢᠭᠡᠳᠦᠭᠡᠷ ᠵᠦᠢᠯ ᠲᠤᠬᠠᠢ ᠶᠢᠨ ᠬᠦᠮᠦᠨ ᠵᠠᠬᠢᠳᠠᠯ ᠴᠢᠮᠡᠭᠡ᠂ ᠳ᠋ᠡᠶᠢᠲ᠋ᠠ ᠡᠯᠧᠺᠲᠷᠣᠨ | ᠪᠢᠴᠢᠭ ᠤᠨ ᠭᠡᠯᠪᠡᠷᠢ ᠪᠠᠷ ᠭᠡᠷ᠎ᠠ ᠲᠤᠬᠳᠡᠭᠠᠬᠤ ᠳᠤ ᠨᠤᠲᠠᠯᠠᠯᠲᠠ ᠶᠢᠨ ᠪᠢᠴᠢᠭ ᠲᠤᠭᠲᠠᠭᠠᠬᠤ ᠪᠠᠷ ᠱᠠᠭᠠᠷᠳᠠᠭᠰᠠᠨ | ᠪᠠᠶᠢᠪᠠᠯ᠂ ᠨᠤᠲᠠᠯᠡᠯᠲᠡ ᠶᠢᠨ ᠪᠢᠴᠢᠭ ᠲᠤᠭᠲᠠᠭᠠᠬᠤ ᠦᠶ᠎ᠡ ᠳᠤ ᠭᠡᠷ᠎ᠡ ᠪᠠᠶᠢᠭᠤᠯᠤᠭᠳᠠᠨ᠎ᠠ᠃ | ᠲᠤᠬᠠᠢ ᠶᠢᠨ ᠬᠦᠮᠦᠨ ᠤ ᠨᠢᠭᠡ ᠲᠠᠯ᠎ᠠ ᠶᠢᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢ ᠶᠢᠨ ᠰᠦᠯᠵᠢᠶ᠎ᠡ ᠪᠠᠷ | ᠨᠡᠶᠢᠲᠡᠯᠡᠭᠰᠡᠨ ᠲᠠᠸᠠᠷ ᠪᠤᠶᠤ ᠦᠢᠯᠡᠴᠢᠯᠡᠭᠡᠨ ᠤ ᠮᠡᠳᠡᠭᠡ ᠵᠠᠩᠬᠢ ᠨᠢ ᠪᠤᠯᠵᠤᠭ᠎ᠠ ᠶᠢᠨ ᠨᠦᠬᠦᠴᠡᠯ ᠳᠤ ᠨᠡᠶᠢᠴᠡᠭᠰᠡᠨ | ᠪᠠᠶᠢᠪᠠᠯ᠂ ᠨᠦᠬᠦᠭᠡ ᠲᠠᠯ᠎ᠠ ᠨᠢ ᠲᠤᠰ ᠲᠠᠸᠠᠷ ᠪᠤᠶᠤ ᠦᠢᠯᠡᠴᠢᠯᠡᠭᠡ ᠶᠢ ᠰᠤᠩᠭᠤᠭᠠᠳ ᠵᠠᠬᠢᠶᠠᠯᠠᠭ᠎ᠠ ᠶᠢᠨ | ᠬᠠᠭᠤᠳᠠᠰᠤ ᠪᠠᠨ ᠠᠮᠵᠢᠯᠲᠠᠲᠠᠢ ᠲᠤᠰᠢᠶᠠᠭᠰᠠᠨ ᠦᠶ᠎ᠡ ᠳᠤ ᠬᠡᠷ᠎ᠡ ᠪᠠᠶᠢᠭᠤᠯᠤᠭᠳᠠᠨ᠎ᠠ᠂ ᠭᠡᠪᠡᠴᠦ ᠲᠤᠬᠠᠢ ᠶᠢᠨ ᠬᠦᠮᠦᠨ | ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ | ᠳᠦᠷᠪᠡᠨ ᠵᠠᠭᠤ ᠶᠡᠷᠡᠨ ᠬᠤᠶᠠᠳᠤᠭᠠᠷ ᠵᠦᠢᠯ ᠠᠮᠠᠯᠠᠯᠲᠠ ᠬᠦᠴᠦᠨ ᠲᠠᠢ ᠪᠤᠯᠤᠭᠰᠠᠨ ᠭᠠᠵᠠᠷ ᠨᠢ ᠭᠡᠷ᠎ᠠ | ᠪᠠᠶᠢᠭᠤᠯᠦᠬᠳᠡᠬᠰᠡᠠ ᠭᠠᠵᠡᠷ ᠪᠤᠯᠦᠨ᠎ᠡ᠃ | ᠳ᠋ᠠᠶᠢᠲ᠋ᠠ ᠡᠯᠧᠺᠲᠷᠣᠨ ᠪᠢᠴᠢᠭ ᠤᠨ ᠬᠡᠯᠪᠡᠷᠢ ᠪᠠᠷ ᠭᠡᠷ᠎ᠡ ᠲᠤᠭᠲᠠᠭᠠᠬᠤ ᠳᠤ᠂ ᠬᠤᠷᠢᠶᠡᠨ ᠠᠪᠤᠭᠴᠢ ᠶᠢᠨ ᠭᠤᠤᠯ | ᠡᠵᠡᠩᠨᠡᠯᠲᠡ ᠶᠢᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ︔ ᠭᠤᠤᠯ ᠡᠵᠡᠩᠨᠡᠯᠲᠡ ᠶᠢᠨ ᠭᠠᠵᠠᠷ | ᠦᠭᠡᠢ ᠪᠤᠯ᠂ ᠲᠡᠭᠦᠨ ᠤ ᠤᠷᠤᠨ ᠰᠠᠭᠤᠴᠠ ᠶᠢᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ᠃ | ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ | ᠳᠦᠷᠪᠡᠨ ᠵᠠᠭᠤ ᠶᠡᠷᠡᠨ ᠭᠤᠷᠪᠠᠳᠦᠭᠠᠷ ᠵᠦᠢᠯ ᠲᠤᠬᠠᠢ ᠶᠢᠨ ᠬᠦᠮᠦᠨ ᠭᠡᠷ᠎ᠡ ᠪᠢᠴᠢᠭ ᠤᠨ ᠬᠡᠯᠪᠡᠷᠢ ᠪᠠᠷ ᠭᠡᠷ᠎ᠡ | ᠲᠤᠭᠲᠠᠭᠰᠠᠨ ᠪᠠᠶᠢᠪᠠᠯ᠂ ᠬᠠᠮᠤᠭ ᠡᠴᠦᠰ ᠲᠤ ᠭᠠᠷ ᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠪᠤᠶᠤ | ᠬᠤᠷᠤᠭᠤᠨ ᠤᠷᠤᠮ ᠳᠠᠷᠤᠭᠰᠠᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ᠂ ᠭᠡᠪᠡᠴᠦ ᠲᠤᠬᠠᠢ ᠶᠢᠨ | ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ | ᠳᠦᠷᠪᠡᠨ ᠵᠠᠭᠤ ᠶᠡᠷᠡᠨ ᠳᠦᠷᠪᠡᠳᠦᠭᠡᠷ ᠵᠦᠢᠯ ᠤᠯᠦᠰ ᠠᠴᠠ ᠠᠶᠤᠯ ᠠᠴᠠ ᠠᠪᠤᠷᠠᠬᠤ ᠭᠠᠮᠰᠢᠭ ᠠᠴᠠ ᠠᠪᠤᠷᠠᠬᠤ᠂ | ᠬᠢᠵᠢᠭ ᠢ ᠰᠡᠷᠭᠡᠶᠢᠯᠡᠨ ᠬᠢᠵᠠᠭᠠᠷᠯᠠᠬᠤ ᠪᠣᠶᠤ ᠪᠤᠰᠤᠳ ᠭᠡᠷᠡᠭᠴᠡᠭᠡ ᠶᠢ ᠤᠢᠡᠳᠦᠰᠦᠯᠡᠨ᠂ ᠤᠯᠦᠰ ᠤᠨ ᠪᠡᠷᠠᠭ᠎ᠠ | ᠵᠡᠬᠢᠶᠡᠯᠠᠭᠠ ᠶᠢᠨ ᠡᠬᠦᠷᠭᠡ᠂ ᠵᠢᠭᠠᠪᠦᠷᠢ ᠶᠢᠨ ᠴᠢᠨᠡᠷᠳᠡᠢ ᠡᠬᠦᠷᠭᠡ ᠪᠡᠭᠤᠯᠭᠠᠬᠰᠡᠠ ᠪᠠᠶᠢᠪᠡᠯ᠂ ᠬᠤᠯᠪᠦᠬᠳᠡᠯ ᠪᠦᠬᠦᠢ | ᠢᠷᠭᠡᠨ ᠤ ᠬᠡᠷᠡᠭ ᠤᠨ ᠪᠡᠶᠡᠴᠢ ᠴᠤᠭᠴᠠ ᠬᠤᠭᠤᠷᠦᠡᠳᠦ ᠪᠠᠨ ᠬᠤᠯᠪᠤᠭᠳᠠᠯ ᠪᠦᠬᠦᠢ ᠬᠠᠦᠯᠢ ᠴᠡᠭᠠᠵᠠ᠂ ᠵᠡᠰᠠᠬ | ᠵᠡᠬᠢᠷᠭᠠᠠ ᠤ ᠬᠠᠦᠯᠢ ᠳᠤᠭᠳᠠᠭᠠᠯ ᠳᠤ ᠲᠤᠬᠳᠡᠭᠠᠬᠰᠡᠠ ᠡᠷᠭᠡ ᠪᠡ ᠡᠬᠦᠷᠭᠡ ᠶᠢᠨ ᠶᠤᠰᠤᠭᠠᠷ ᠭᠡᠷ᠎ᠠ ᠲᠤᠬᠳᠡᠭᠠᠬᠤ | ᠭᠡᠷᠡᠭᠳᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠪᠤᠯᠵᠤᠭ᠎ᠠ ᠶᠠᠪᠤᠭᠤᠯᠬᠤ | ᠡᠭᠦᠷᠭᠡ ᠲᠠᠢ ᠲᠤᠬᠠᠢ ᠶᠢᠨ ᠬᠦᠮᠦᠨ᠂ ᠴᠠᠭ ᠲᠤᠬᠠᠢ ᠳᠤᠨᠢ ᠵᠦᠢ ᠵᠤᠬᠢᠰᠲᠠᠢ ᠪᠤᠯᠵᠤᠭ᠎ᠠ ᠶᠠᠪᠤᠭᠤᠯᠬᠤ ᠬᠡᠷᠡᠭᠲᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠠᠮᠠᠯᠠᠯᠲᠠ ᠬᠢᠬᠦ | ᠡᠭᠦᠷᠭᠡ ᠲᠠᠢ ᠲᠤᠬᠠᠢ ᠶᠢᠨ ᠬᠦᠮᠦᠨ᠂ ᠨᠦᠬᠦᠬᠡ ᠲᠠᠯ᠎ᠠ ᠶᠢᠨ ᠢᠶᠠᠨ ᠭᠡᠷ᠎ᠡ ᠲᠤᠭᠲᠠᠭᠠᠬᠤ ᠵᠦᠢ ᠵᠤᠬᠢᠰᠲᠠᠢ | ᠱᠠᠭᠠᠷᠳᠠᠯᠭ᠎ᠠ ᠶᠢ ᠲᠡᠪᠴᠢᠵᠤ ᠪᠤᠯᠬᠤ ᠦᠭᠡᠢ᠃ | ᠳᠦᠷᠪᠡᠨ ᠵᠠᠭᠤ ᠶᠡᠷᠡᠨ ᠲᠠᠪᠤᠳᠤᠭᠠᠷ ᠵᠦᠢᠯ ᠲᠤᠬᠠᠢ ᠶᠢᠨ ᠬᠦᠮᠦᠨ ᠤ ᠢᠷᠡᠭᠡᠳᠦᠢ ᠶᠢᠨ ᠵᠤᠬᠢᠬᠤ ᠬᠤᠭᠤᠴᠠᠭᠠᠨ | ᠲᠤᠲᠤᠷ᠎ᠠ ᠬᠡᠷ᠎ᠡ ᠲᠤᠭᠲᠠᠭᠠᠬᠤ ᠪᠠᠷ ᠪᠤᠯᠵᠤᠨ ᠲᠤᠭᠲᠠᠭᠰᠠᠨ ᠬᠤᠳᠠᠯᠳᠤᠨ ᠠᠪᠬᠤ ᠪᠢᠴᠢᠭ᠂ ᠵᠠᠬᠢᠶᠠᠯᠠᠨ ᠬᠤᠳᠠᠯᠳᠤᠨ | ᠠᠪᠬᠤ ᠪᠢᠴᠢᠭ᠂ ᠵᠠᠬᠢᠶᠠᠯᠠᠭ᠎ᠠ ᠶᠢᠨ ᠪᠢᠴᠢᠭ ᠵᠡᠷᠭᠡ ᠨᠢ ᠪᠤᠯᠵᠤᠯ ᠭᠡᠷ᠎ᠡ ᠪᠤᠯᠵᠤ ᠪᠦᠷᠢᠯᠳᠦᠨ᠎ᠡ᠃ | ᠲᠤᠬᠠᠢ ᠶᠢᠨ ᠬᠦᠮᠦᠨ ᠤ ᠨᠢᠭᠡ ᠲᠠᠯ᠎ᠠ ᠨᠢ ᠪᠤᠯᠵᠤᠯ ᠭᠡᠷ᠎ᠡ ᠳᠤ ᠪᠤᠯᠵᠤᠨ ᠲᠤᠭᠲᠠᠭᠰᠠᠨ ᠭᠡᠷ᠎ᠡ ᠲᠤᠭᠲᠠᠭᠠᠬᠤ | ᠡᠭᠦᠷᠭᠡ ᠶᠢ ᠭᠦᠢᠴᠡᠳᠬᠡᠬᠦ ᠦᠭᠡᠢ ᠪᠠᠶᠢᠪᠠᠯ᠂ ᠨᠦᠬᠦᠭᠡ ᠲᠠᠯ᠎ᠠ ᠨᠢ ᠲᠡᠭᠦᠨ ᠢᠶᠠᠷ ᠪᠤᠯᠵᠤᠯ ᠭᠡᠷ᠎ᠡ ᠶᠢᠨ ᠭᠡᠷ᠎ᠡ | ᠵᠦᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠦ ᠪᠤᠯᠤᠨ᠎ᠠ᠃ | ᠳᠦᠷᠪᠡᠨ ᠵᠠᠭᠤ ᠶᠡᠷᠡᠨ ᠵᠢᠷᠭᠤᠳᠤᠭᠠᠷ ᠵᠦᠢᠯ ᠭᠡᠯᠪᠡᠷᠢᠵᠢᠭᠰᠡᠠ ᠵᠦᠢᠯ ᠵᠤᠷᠪᠤᠰ ᠪᠤᠯ ᠲᠤᠬᠠᠢ ᠶᠢᠨ ᠬᠦᠮᠦᠨ ᠤ ᠳᠠᠬᠢᠨ | ᠳᠠᠪᠲᠠᠨ ᠬᠡᠷᠡᠭᠯᠡᠬᠦ ᠶᠢᠨ ᠲᠥᠯᠦᠭᠡ ᠤᠷᠢᠳᠴᠢᠯᠠᠨ ᠲᠤᠭᠤᠷᠪᠢᠨ ᠲᠤᠭᠲᠠᠭᠠᠭᠰᠠᠨ ᠪᠦᠭᠡᠳ ᠭᠡᠷ᠎ᠡ ᠲᠤᠭᠲᠠᠭᠠᠬᠤ | ᠦᠶ᠎ᠡ ᠳᠤ ᠨᠦᠬᠦᠭᠡ ᠲᠠᠯ᠎ᠠ ᠲᠠᠢ ᠪᠠᠨ ᠵᠦᠪᠳᠡᠯᠴᠡᠭᠰᠡᠨ ᠦᠭᠡᠢ ᠵᠦᠢᠯ ᠵᠤᠷᠪᠤᠰ ᠪᠤᠯᠤᠨ᠎ᠠ᠃ | ᠭᠡᠯᠪᠡᠷᠢᠵᠢᠭᠰᠡᠠ ᠵᠦᠢᠯ ᠵᠤᠷᠪᠤᠰ ᠢᠶᠠᠷ ᠭᠡᠷ᠎ᠠ ᠲᠤᠬᠳᠡᠭᠠᠬᠰᠡᠠ ᠪᠠᠶᠢᠪᠡᠯ᠂ ᠭᠡᠯᠪᠡᠷᠢᠵᠢᠭᠰᠡᠠ ᠵᠦᠢᠯ ᠵᠤᠷᠪᠤᠰ ᠢ | ᠬᠠᠩᠭᠠᠬᠰᠡᠠ ᠨᠢᠭᠡ ᠲᠠᠯ᠎ᠠ ᠨᠢ ᠲᠦᠪ ᠭᠤᠦᠯᠴᠢ ᠪᠠᠶᠢᠬᠤ ᠵᠡᠷᠴᠢᠮ ᠢ ᠵᠢᠷᠦᠮᠯᠡᠠ ᠲᠤᠬᠠᠢ ᠶᠢᠨ ᠬᠦᠮᠦᠠ ᠤ | ᠬᠤᠭᠤᠷᠦᠡᠳᠦᠬᠢ ᠡᠷᠭᠡ ᠪᠡ ᠡᠬᠦᠷᠭᠡ ᠶᠢ ᠲᠤᠬᠳᠡᠭᠠᠬᠤ ᠭᠡᠷᠡᠭᠳᠡᠢ ᠪᠦᠭᠡᠦᠠ ᠦᠪᠡᠷ ᠤᠨ ᠬᠠᠷᠢᠭᠤᠴᠡᠯᠭ᠎ᠠ ᠪᠠᠨ | ᠭᠡᠯᠳᠦᠷᠢᠬᠦᠯᠬᠦ ᠪᠤᠶᠦ ᠬᠦᠡᠭᠭᠡᠷᠡᠭᠦᠯᠬᠦ ᠵᠡᠷᠭᠡ ᠨᠦᠬᠦᠭᠡ ᠲᠠᠯ᠎ᠠ ᠲᠠᠢ ᠴᠢᠬᠤᠯᠠ ᠶᠡᠭᠡ ᠠᠰᠢᠭ ᠬᠤᠤᠷ ᠤᠨ ᠬᠠᠷᠢᠴᠠᠭ᠎ᠠ | ᠪᠦᠬᠦᠢ ᠵᠦᠢᠯ ᠵᠤᠷᠪᠤᠰ ᠢ ᠨᠥᠭᠦᠭᠡ ᠲᠠᠯ᠎ᠠ ᠳᠠᠭᠠᠨ ᠵᠦᠢ ᠵᠤᠬᠢᠰᠲᠠᠢ ᠠᠷᠭ᠎ᠠ ᠮᠠᠶ᠋ᠢᠭ ᠢᠶᠠᠷ ᠠᠩᠬᠠᠷᠤᠭᠤᠯᠤᠨ | ᠰᠠᠨᠠᠭᠤᠯᠵᠤ᠂ ᠨᠦᠬᠦᠭᠡ ᠲᠠᠯ᠎ᠠ ᠶᠢᠨ ᠢᠶᠠᠨ ᠱᠡᠭᠠᠷᠳᠡᠯᠭ᠎ᠠ ᠶᠤᠰᠦᠭᠠᠷ ᠲᠤᠰ ᠵᠦᠢᠯ ᠵᠤᠷᠪᠤᠰ ᠤᠨ ᠲᠤᠬᠠᠢ | ᠲᠤᠳᠦᠷᠬᠠᠢᠢᠯᠡᠯᠳᠠ ᠬᠢᠬᠦ ᠭᠡᠷᠡᠭᠳᠡᠢ᠃ ᠭᠡᠯᠪᠡᠷᠢᠵᠢᠭᠰᠡᠠ ᠵᠦᠢᠯ ᠵᠤᠷᠪᠤᠰ ᠢ ᠬᠠᠨᠭ᠍ᠭᠠᠭᠰᠠᠨ ᠨᠢᠭᠡ ᠲᠠᠯ᠎ᠠ ᠨᠢ | ᠠᠩᠬᠠᠷᠤᠭᠤᠯᠬᠤ ᠪᠤᠶᠤ ᠲᠤᠲᠤᠷᠬᠠᠶᠢᠯᠠᠬᠤ ᠡᠭᠦᠷᠭᠡ ᠪᠠᠨ ᠭᠦᠢᠴᠡᠳᠬᠡᠭᠰᠡᠨ ᠦᠭᠡᠢ ᠠᠴᠠ ᠪᠤᠯᠵᠤ᠂ ᠨᠦᠬᠦᠭᠡ | ᠲᠠᠯ᠎ᠠ ᠨᠢ ᠲᠡᠭᠦᠨ ᠲᠠᠢ ᠴᠢᠬᠤᠯᠠ ᠶᠡᠭᠡ ᠠᠰᠢᠭ ᠬᠤᠤᠷ ᠤᠨ ᠬᠠᠷᠢᠴᠠᠭ᠎ᠠ ᠪᠦᠬᠦᠢ ᠵᠦᠢᠯ ᠵᠤᠷᠪᠤᠰ ᠢ ᠠᠩᠬᠠᠷᠤᠭᠰᠠᠨ | ᠦᠭᠡᠢ ᠪᠤᠶᠤ ᠤᠶᠢᠯᠠᠭᠠᠭᠰᠠᠨ ᠦᠭᠡᠢ ᠪᠠᠶᠢᠪᠠᠯ᠂ ᠨᠦᠬᠦᠭᠡ ᠲᠠᠯ᠎ᠠ ᠨᠢ ᠲᠤᠰ ᠵᠦᠢᠯ ᠵᠤᠷᠪᠤᠰ ᠢᠶᠠᠷ ᠭᠡᠷ᠎ᠡ ᠶᠢᠨ | ᠠᠭᠤᠯᠭ᠎ᠠ ᠪᠤᠯᠭᠠᠬᠤ ᠦᠭᠡᠢ ᠭᠡᠵᠦ ᠵᠤᠷᠢᠵᠤ ᠪᠤᠯᠤᠨ᠎ᠠ᠃ | ᠳᠦᠷᠪᠡᠨ ᠵᠠᠭᠤ ᠶᠡᠷᠡᠨ ᠳᠤᠯᠤᠳᠤᠭᠠᠷ ᠵᠦᠢᠯ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰ | ᠬᠡᠯᠪᠡᠷᠢᠵᠢᠭᠰᠡᠨ ᠵᠦᠢᠯ ᠵᠤᠷᠪᠤᠰ ᠨᠢ ᠬᠦᠴᠦᠨ ᠦᠭᠡᠢ᠄ | ︵ᠨᠢᠭᠡ︶ ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ ᠭᠤᠷᠪᠠᠳᠤᠭᠠᠷ ᠬᠡᠰᠡᠭ ᠪᠠ ᠲᠤᠰ | ᠬᠠᠤᠯᠢ ᠶᠢᠨ ᠲᠠᠪᠤᠨ ᠵᠠᠭᠤ ᠵᠢᠷᠭᠤᠳᠤᠭᠠᠷ ᠵᠦᠢᠯ ᠳᠤ ᠲᠤᠭᠲᠠᠭᠠᠭᠰᠠᠨ ᠬᠦᠴᠦᠨ ᠦᠭᠡᠢ ᠪᠠᠶᠢᠳᠠᠯ ᠲᠠᠢ ᠪᠠᠶᠢᠬᠤ︔ | ︵ᠬᠤᠶᠠᠷ︶ ᠭᠡᠯᠪᠡᠷᠢᠵᠢᠭᠰᠡᠠ ᠵᠦᠢᠯ ᠵᠤᠷᠪᠤᠰ ᠢ ᠬᠠᠩᠭᠠᠬᠰᠡᠠ ᠨᠢᠭᠡ ᠲᠠᠯ᠎ᠠ ᠨᠢ ᠵᠦᠢ ᠵᠤᠬᠢᠰ ᠦᠭᠡᠢ ᠪᠠᠷ ᠦᠪᠡᠷ ᠤᠨ | ᠬᠠᠷᠢᠭᠤᠴᠡᠯᠭ᠎ᠠ ᠪᠠᠨ ᠭᠡᠯᠳᠦᠷᠢᠬᠦᠯᠬᠦ ᠪᠤᠶᠤ ᠬᠦᠡᠭᠭᠡᠷᠡᠭᠦᠯᠵᠦ᠂ ᠨᠦᠬᠦᠭᠡ ᠲᠠᠯ᠎ᠠ ᠶᠢᠨ ᠢᠶᠠᠨ ᠬᠠᠷᠢᠭᠤᠴᠠᠯᠭ᠎ᠠ ᠶᠢ | ᠬᠦᠨᠳᠦᠷᠡᠭᠦᠯᠵᠤ᠂ ᠨᠦᠬᠦᠭᠡ ᠲᠠᠯ᠎ᠠ ᠶᠢᠨ ᠢᠶᠠᠨ ᠭᠤᠤᠯ ᠡᠷᠬᠡ ᠶᠢ ᠬᠢᠵᠠᠭᠠᠷᠯᠠᠭᠰᠠᠨ︔ | ︵ᠭᠤᠷᠪᠠ︶ ᠬᠡᠯᠪᠡᠷᠢᠵᠢᠭᠰᠡᠨ ᠵᠦᠢᠯ ᠵᠤᠷᠪᠤᠰ ᠢ ᠬᠠᠨᠭ᠍ᠭᠠᠭᠰᠠᠨ ᠨᠢᠭᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠭᠤᠦᠯ | ᠡᠷᠭᠡ ᠶᠢ ᠤᠢᠭᠡᠶᠢᠰᠭᠡᠭᠰᠡᠠ᠃ | ᠳᠦᠷᠪᠡᠨ ᠵᠠᠭᠤ ᠶᠡᠷᠡᠨ ᠨᠠᠢᠮᠠᠳᠤᠭᠠᠷ ᠵᠦᠢᠯ ᠭᠡᠯᠪᠡᠷᠢᠵᠢᠭᠰᠡᠠ ᠵᠦᠢᠯ ᠵᠤᠷᠪᠤᠰ ᠤᠨ ᠲᠤᠬᠠᠢ ᠤᠢᠢᠯᠡᠭᠠᠯᠳᠠ ᠶᠢᠨ | ᠲᠠᠯ᠎ᠠ ᠪᠠᠷ ᠮᠡᠷᠭᠤᠭᠠᠠ ᠭᠠᠷᠪᠡᠯ᠂ ᠶᠡᠷᠦᠳᠡ ᠶᠢᠨ ᠤᠢᠢᠯᠡᠭᠠᠯᠳᠠ ᠪᠠᠷ ᠲᠡᠶᠢᠯᠪᠦᠷᠢᠯᠡᠬᠤ ᠭᠡᠷᠡᠭᠳᠡᠢ᠃ ᠭᠡᠯᠪᠡᠷᠢᠵᠢᠭᠰᠡᠠ | ᠵᠦᠢᠯ ᠵᠤᠷᠪᠤᠰ ᠲᠤ ᠬᠤᠶᠡᠷ ᠵᠦᠢᠯ ᠠᠴᠠ ᠲᠡᠭᠡᠭᠰᠢ ᠲᠡᠶᠢᠯᠪᠦᠷᠢᠯᠡᠯᠳᠠ ᠲᠠᠢ ᠪᠠᠶᠢᠪᠡᠯ᠂ ᠭᠡᠯᠪᠡᠷᠢᠵᠢᠭᠰᠡᠠ ᠵᠦᠢᠯ | ᠵᠤᠷᠪᠤᠰ ᠢ ᠬᠠᠩᠭᠠᠬᠰᠡᠠ ᠨᠢᠭᠡ ᠲᠠᠯ᠎ᠠ ᠳᠤ ᠠᠰᠢᠬ ᠤᠢᠭᠡᠢ ᠲᠡᠶᠢᠯᠪᠦᠷᠢᠯᠡᠯᠳᠠ ᠬᠢᠬᠦ ᠭᠡᠷᠡᠭᠳᠡᠢ᠃ ᠭᠡᠯᠪᠡᠷᠢᠵᠢᠭᠰᠡᠠ | ᠵᠦᠢᠯ ᠵᠤᠷᠪᠤᠰ ᠪᠤᠯᠦᠠ ᠭᠡᠯᠪᠡᠷᠢᠵᠢᠭᠰᠡᠠ ᠪᠤᠰᠦ ᠵᠦᠢᠯ ᠵᠤᠷᠪᠤᠰ ᠨᠢ ᠨᠢᠭᠡᠳᠦᠯ ᠦᠭᠡᠢ ᠪᠠᠶᠢᠪᠡᠯ᠂ ᠭᠡᠯᠪᠡᠷᠢᠵᠢᠭᠰᠡᠠ | ᠪᠤᠰᠦ ᠵᠦᠢᠯ ᠵᠤᠷᠪᠤᠰ ᠢ ᠭᠡᠷᠡᠭᠯᠡᠬᠦ ᠭᠡᠷᠡᠭᠳᠡᠢ᠃ | ᠳᠦᠷᠪᠡᠨ ᠵᠠᠭᠤ ᠶᠡᠷᠡ ᠶᠢᠰᠦᠳᠦᠭᠡᠷ ᠵᠦᠢᠯ ᠱᠠᠩᠨᠠᠯ ᠲᠠᠯᠪᠢᠬᠴᠢ ᠤᠨᠴᠠ ᠲᠤᠭᠲᠠᠭᠰᠠᠨ ᠦᠢᠯᠡ ᠠᠵᠢᠯᠯᠠᠭ᠎ᠠ ᠶᠢ | ᠪᠡᠶᠡᠯᠡᠭᠦᠯᠦᠭᠴᠢ ᠳᠤ ᠬᠦᠯᠦᠰᠦ ᠤᠯᠭᠤᠮᠵᠢ ᠥᠭᠬᠦ ᠪᠠᠷ ᠢᠯᠡ ᠠᠷᠭ᠎ᠠ ᠮᠠᠶ᠋ᠢᠭ ᠢᠶᠠᠷ ᠢᠯᠡᠷᠬᠡᠶᠢᠯᠡᠭᠰᠡᠨ ᠪᠠᠶᠢᠪᠠᠯ᠂ ᠲᠤᠰ | ᠦᠢᠯᠡ ᠠᠵᠢᠯᠯᠠᠭ᠎ᠠ ᠶᠢ ᠪᠡᠶᠡᠯᠡᠭᠦᠯᠦᠭᠴᠢ ᠲᠡᠭᠦᠨ ᠢᠶᠠᠷ ᠦᠭᠭᠦᠭᠦᠯᠬᠦ ᠪᠠᠷ ᠭᠤᠶᠤᠴᠢᠯᠠᠵᠤ ᠪᠤᠯᠤᠨ᠎ᠠ᠃ | ᠲᠠᠪᠤᠨ ᠵᠠᠭᠤᠳᠦᠭᠠᠷ ᠵᠦᠢᠯ ᠭᠡᠷ᠎ᠠ ᠲᠤᠬᠳᠡᠭᠠᠬᠤ ᠶᠡᠪᠦᠴᠠ ᠳᠤ ᠲᠤᠬᠠᠢ ᠶᠢᠨ ᠬᠦᠮᠦᠠ ᠳᠤ ᠲᠤᠤᠷ᠎ᠠ ᠵᠢᠭᠰᠠᠭᠠᠭᠰᠠᠨ | ᠪᠠᠶᠢᠳᠡᠯ ᠤᠨ ᠨᠢᠭᠡ ᠨᠢ ᠪᠠᠶᠢᠵᠦ᠂ ᠨᠦᠬᠦᠭᠡ ᠲᠠᠯ᠎ᠠ ᠳᠠᠭᠠᠨ ᠬᠤᠬᠢᠷᠡᠯ ᠤᠴᠡᠷᠡᠭᠤᠯᠦᠬᠰᠡᠠ ᠪᠠᠶᠢᠪᠡᠯ᠂ ᠲᠦᠯᠦᠬᠦ | ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠄ | ︵ᠨᠢᠭᠡ︶ ᠭᠡᠷ᠎ᠠ ᠲᠤᠬᠳᠡᠭᠠᠬᠤ ᠨᠡᠷ᠎ᠠ ᠪᠠᠷ ᠰᠢᠯᠳᠡᠬᠯᠡᠵᠦ᠂ ᠮᠡᠭᠤ ᠰᠡᠨᠠᠭ᠎ᠠ ᠲᠠᠢ ᠪᠠᠷ ᠵᠦᠪᠳᠡᠯᠴᠡᠭᠰᠡᠠ︔ | ︵ᠬᠤᠶᠡᠷ︶ ᠭᠡᠷ᠎ᠠ ᠲᠤᠬᠳᠡᠭᠠᠬᠤ ᠲᠠᠢ ᠬᠤᠯᠪᠦᠬᠳᠡᠬᠤ ᠴᠢᠬᠤᠯᠠ ᠪᠤᠳᠡᠳᠦ ᠭᠡᠷᠡᠭ ᠢ ᠵᠤᠷᠢᠭᠤᠳᠠ ᠨᠢᠭᠤᠬᠰᠡᠠ ᠪᠤᠶᠦ | ᠬᠤᠳᠡᠯ ᠬᠠᠭᠤᠷᠮᠠᠬ ᠪᠠᠶᠢᠳᠡᠯ ᠢ ᠬᠠᠩᠭᠠᠬᠰᠡᠠ︔ | ︵ᠭᠤᠷᠪᠡ︶ ᠤᠢᠨᠡᠡᠴᠢ ᠢᠳᠡᠭᠡᠮᠵᠢᠳᠡᠢ ᠪᠠᠶᠢᠬᠤ ᠵᠡᠷᠴᠢᠮ ᠠᠴᠠ ᠵᠦᠷᠢᠴᠡᠭᠰᠡᠠ ᠪᠤᠰᠤᠤᠠ ᠤᠢᠢᠯᠠ ᠠᠵᠢᠯᠯᠠᠭ᠎ᠠ ᠲᠠᠢ | ᠪᠠᠶᠢᠬᠤ᠃ | ᠲᠠᠪᠤᠨ ᠵᠠᠭᠤ ᠨᠢᠭᠡᠳᠦᠭᠡᠷ ᠵᠦᠢᠯ ᠭᠡᠷ᠎ᠠ ᠪᠠᠶᠢᠭᠤᠯᠦᠬᠳᠡᠬᠰᠡᠠ ᠡᠰᠡᠬᠦ ᠭᠡᠰᠡᠨ ᠤᠢᠭᠡᠢ᠂ ᠲᠤᠬᠠᠢ ᠶᠢᠨ ᠬᠦᠮᠦᠠ ᠭᠡᠷ᠎ᠠ | ᠲᠤᠬᠳᠡᠭᠠᠬᠤ ᠶᠡᠪᠦᠴᠠ ᠳᠠᠭᠠᠨ ᠤᠯᠵᠦ ᠮᠡᠳᠡᠭᠰᠡᠠ ᠬᠤᠳᠡᠯᠳᠦᠭᠠᠠ ᠤ ᠨᠢᠭᠤᠴᠠ ᠪᠤᠶᠤ ᠨᠢᠭᠤᠴᠠ ᠶᠢ ᠨᠢ ᠬᠠᠮᠠᠭᠠᠯᠠᠬᠤ | ᠶᠤᠰᠤᠲᠠᠢ ᠪᠤᠰᠤᠳ ᠮᠡᠳᠡᠭᠡ ᠵᠠᠩᠬᠢ ᠶᠢ ᠵᠡᠳᠡᠷᠡᠭᠤᠯᠬᠤ ᠪᠤᠶᠦ ᠵᠦᠢ ᠪᠤᠰᠦ ᠪᠠᠷ ᠭᠡᠷᠡᠭᠯᠡᠵᠦ ᠪᠤᠯᠬᠤ ᠤᠢᠭᠡᠢ︔ ᠲᠤᠰ | ᠬᠤᠳᠡᠯᠳᠦᠭᠠᠠ ᠤ ᠨᠢᠭᠤᠴᠠ ᠪᠤᠶᠤ ᠮᠡᠳᠡᠭᠡ ᠵᠠᠩᠬᠢ ᠶᠢ ᠵᠠᠳᠠᠷᠠᠭᠤᠯᠵᠤ᠂ ᠵᠦᠢ ᠪᠤᠰᠦ ᠪᠠᠷ ᠭᠡᠷᠡᠭᠯᠡᠭᠡᠦᠠ᠂ ᠨᠦᠬᠦᠭᠡ | ᠲᠠᠯ᠎ᠠ ᠳᠠᠭᠠᠨ ᠬᠤᠬᠢᠷᠡᠯ ᠤᠴᠡᠷᠡᠭᠤᠯᠦᠬᠰᠡᠠ ᠪᠠᠶᠢᠪᠡᠯ᠂ ᠲᠦᠯᠦᠬᠦ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠃ | ᠭᠤᠷᠪᠡᠳᠦᠭᠠᠷ ᠪᠦᠯᠦᠭ ᠭᠡᠷ᠎ᠠ ᠶᠢᠨ ᠬᠦᠴᠦᠠ | ᠲᠠᠪᠤᠨ ᠵᠠᠭᠤ ᠬᠤᠶᠠᠳᠤᠭᠠᠷ ᠵᠦᠢᠯ ᠬᠠᠦᠯᠢ ᠶᠤᠰᠦᠭᠠᠷ ᠪᠠᠶᠢᠭᠤᠯᠦᠬᠳᠡᠬᠰᠡᠠ ᠭᠡᠷ᠎ᠠ ᠨᠢ ᠪᠠᠶᠢᠭᠤᠯᠦᠬᠳᠡᠬᠰᠡᠠ | ᠴᠠᠬ ᠠᠴᠠ ᠪᠠᠨ ᠬᠦᠴᠦᠠ ᠲᠠᠢ ᠪᠤᠯᠦᠨ᠎ᠡ᠂ ᠭᠡᠪᠡᠴᠦ ᠬᠠᠦᠯᠢ ᠴᠡᠭᠠᠵᠠ ᠳᠤ ᠠᠰᠳᠠᠭᠠᠨ ᠲᠤᠭᠲᠠᠭᠠᠯ ᠲᠠᠢ ᠪᠤᠶᠤ | ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠣᠰᠤᠭᠠᠷ ᠪᠣᠯ ᠭᠡᠷ᠎ᠡ ᠳᠤ | ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠬᠦ ᠶᠣᠰᠤᠲᠠᠢ ᠪᠠᠶᠢᠪᠠᠯ᠂ ᠲᠡᠷᠠ ᠲᠤᠬᠳᠡᠭᠠᠯ ᠶᠣᠰᠤᠭᠠᠷ ᠶᠠᠪᠤᠭᠤᠯᠤᠨ᠎ᠠ | ᠃ ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠭᠰᠡᠨ ᠦᠭᠡᠢ ᠠᠴᠠ ᠪᠣᠯᠵᠤ ᠭᠡᠷ᠎ᠡ ᠶᠢᠨ ᠬᠦᠴᠦᠨ ᠲᠠᠢ ᠪᠤᠯᠬᠤ ᠶᠢ | ᠨᠥᠯᠦᠭᠡᠯᠡᠭᠰᠡᠨ ᠨᠢ᠂ ᠭᠡᠷ᠎ᠡ ᠶᠢᠨ ᠳᠤᠲᠤᠷᠠᠬᠢ ᠮᠡᠳᠡᠬᠦᠯᠦᠨ ᠵᠦᠪᠰᠢᠶᠡᠷᠡᠭᠦᠯᠬᠦ ᠵᠡᠷᠭᠡ ᠡᠭᠦᠷᠭᠡ ᠶᠢᠨ ᠲᠤᠬᠠᠢ ᠵᠦᠢᠯ | ᠵᠤᠷᠪᠤᠰ ᠵᠢᠴᠢ ᠬᠤᠯᠪᠤᠭᠳᠠᠯ ᠪᠦᠬᠦᠢ ᠵᠦᠢᠯ ᠵᠤᠷᠪᠤᠰ ᠤᠨ ᠬᠦᠴᠦᠨ ᠢ ᠨᠦᠯᠦᠭᠡᠯᠡᠬᠦ ᠦᠭᠡᠢ᠃ ᠵᠦᠪᠰᠢᠶᠡᠷᠡᠭᠦᠯᠬᠦ | ᠵᠡᠷᠭᠡ ᠭᠠᠷ ᠭᠦᠢᠴᠡᠳᠬᠡᠯ ᠬᠢᠬᠦ ᠶᠤᠰᠤᠲᠠᠢ ᠲᠤᠬᠠᠢ ᠶᠢᠨ ᠬᠦᠮᠦᠨ ᠡᠭᠦᠷᠭᠡ ᠪᠠᠨ ᠭᠦᠢᠴᠡᠳᠬᠡᠭᠰᠡᠨ ᠦᠭᠡᠢ ᠪᠠᠶᠢᠪᠠᠯ᠂ | ᠨᠦᠬᠦᠭᠡ ᠲᠠᠯ᠎ᠠ ᠨᠢ ᠲᠡᠭᠦᠨ ᠢᠶᠠᠷ ᠲᠤᠰ ᠡᠭᠦᠷᠭᠡ ᠶᠢ ᠵᠦᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ | ᠭᠤᠶᠤᠴᠢᠯᠠᠵᠤ ᠪᠤᠯᠤᠨ᠎ᠠ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠣᠰᠤᠭᠠᠷ ᠪᠣᠯ ᠭᠡᠷ᠎ᠡ ᠶᠢ | ᠬᠤᠪᠢᠷᠠᠭᠤᠯᠬᠤ᠂ ᠰᠢᠯᠵᠢᠭᠦᠯᠦᠨ ᠦᠭᠭᠦ᠂ ᠴᠤᠴᠠᠯᠬᠤ ᠵᠡᠷᠭᠡ ᠪᠠᠶᠢᠳᠠᠯ ᠳᠤ ᠵᠦᠪᠰᠢᠶᠡᠷᠡᠭᠦᠯᠬᠦ ᠵᠡᠷᠭᠡ ᠭᠠᠷ | ᠭᠦᠢᠴᠡᠳᠬᠡᠯ ᠬᠢᠬᠦ ᠶᠣᠰᠤᠲᠠᠢ ᠪᠠᠶᠢᠪᠠᠯ᠂ ᠡᠮᠦᠨᠡᠬᠢ ᠪᠠᠳᠠᠭ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ | ᠲᠠᠪᠤᠨ ᠵᠠᠭᠤ ᠭᠤᠷᠪᠠᠳᠦᠭᠠᠷ ᠵᠦᠢᠯ ᠡᠷᠬᠡ ᠦᠭᠡᠢ ᠤᠷᠤᠯᠠᠭᠴᠢ ᠨᠢ ᠤᠷᠤᠯᠠᠭᠳᠠᠭᠴᠢ ᠶᠢᠨ ᠨᠡᠷ᠎ᠡ ᠪᠠᠷ ᠭᠡᠷ᠎ᠡ | ᠲᠤᠭᠲᠠᠭᠠᠵᠤ᠂ ᠤᠷᠤᠯᠠᠭᠳᠠᠭᠴᠢ ᠨᠢ ᠭᠡᠷ᠎ᠡ ᠶᠢᠨ ᠡᠭᠦᠷᠭᠡ ᠶᠢ ᠨᠢᠭᠡᠨᠲᠡ ᠡᠬᠢᠯᠡᠵᠦ ᠭᠦᠢᠴᠡᠳᠬᠡᠭᠰᠡᠨ ᠪᠤᠶᠤ | ᠬᠠᠷᠢᠴᠠᠩᠭᠤᠢ ᠬᠦᠮᠦᠨ ᠤ ᠭᠦᠢᠴᠡᠳᠬᠡᠬᠦ ᠶᠢ ᠬᠦᠯᠢᠶᠡᠨ ᠠᠪᠤᠭᠰᠠᠨ ᠪᠠᠶᠢᠪᠠᠯ᠂ ᠭᠡᠷ᠎ᠡ ᠶᠢ ᠨᠡᠬᠡᠮᠵᠢᠯᠡᠨ | ᠵᠦᠪᠰᠢᠶᠡᠷᠡᠭᠰᠡᠨ ᠢᠶᠠᠷ ᠦᠵᠡᠨ᠎ᠡ᠃ | ᠲᠠᠪᠤᠨ ᠵᠠᠭᠤ ᠳᠦᠷᠪᠡᠳᠦᠭᠡᠷ ᠵᠦᠢᠯ ᠬᠠᠦᠯᠢ ᠶᠢᠨ ᠬᠦᠮᠦᠠ ᠤ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠶᠦ | ᠬᠠᠤᠯᠢ ᠶᠢᠨ ᠬᠦᠮᠦᠨ ᠪᠤᠰᠤ ᠵᠤᠬᠢᠶᠡᠠ ᠪᠠᠶᠢᠭᠤᠯᠦᠯᠳᠠ ᠶᠢᠨ ᠬᠠᠷᠢᠭᠤᠴᠡᠯᠭᠠᠳᠡᠨ ᠤ ᠡᠷᠭᠡ ᠶᠢᠨ ᠭᠡᠪᠴᠢᠶ᠎ᠠ ᠠᠴᠠ ᠪᠠᠨ | ᠲᠡᠪᠡᠵᠦ ᠲᠤᠬᠳᠡᠭᠠᠬᠰᠡᠠ ᠭᠡᠷ᠎ᠠ ᠳᠤ᠂ ᠲᠡᠬᠦᠠ ᠤ ᠡᠷᠭᠡ ᠶᠢᠨ ᠭᠡᠪᠴᠢᠶ᠎ᠠ ᠠᠴᠠ ᠪᠠᠨ ᠲᠡᠪᠠᠭᠰᠡᠠ ᠢ ᠬᠠᠷᠢᠴᠡᠩᠭᠤᠢ | ᠬᠦᠮᠦᠠ ᠮᠡᠳᠡᠬᠦ ᠪᠤᠶᠦ ᠮᠡᠳᠡᠬᠦ ᠶᠤᠰᠦᠳᠡᠢ ᠪᠠᠶᠢᠬᠤ ᠶᠢ ᠭᠠᠷᠭᠠᠪᠡᠯ᠂ ᠲᠤᠰ ᠲᠥᠯᠦᠭᠡᠯᠡᠬᠦ ᠦᠢᠯᠡ ᠠᠵᠢᠯᠯᠠᠭ᠎ᠠ ᠨᠢ | ᠬᠦᠴᠦᠨ ᠲᠠᠢ᠂ ᠲᠣᠭᠲᠠᠭᠠᠬᠰᠠᠨ ᠭᠡᠷ᠎ᠡ ᠨᠢ ᠬᠠᠤᠯᠢ ᠶᠢᠨ ᠬᠦᠮᠦᠨ ᠪᠤᠶᠤ ᠬᠠᠤᠯᠢ ᠶᠢᠨ ᠬᠦᠮᠦᠨ ᠪᠤᠰᠤ ᠵᠤᠬᠢᠶᠠᠨ | ᠪᠠᠶᠢᠭᠤᠯᠤᠯᠲᠠ ᠳᠤ ᠬᠦᠴᠦᠠ ᠲᠠᠢ ᠪᠤᠯᠦᠨ᠎ᠡ᠃ | ᠲᠡᠪᠤᠨ ᠵᠠᠭᠤ ᠲᠠᠪᠤᠳᠤᠭᠠᠷ ᠵᠦᠢᠯ ᠲᠤᠬᠠᠢ ᠶᠢᠨ ᠬᠦᠮᠦᠨ ᠤ ᠡᠵᠡᠩᠨᠡᠯᠲᠡ ᠶᠢᠨ ᠬᠡᠪᠴᠢᠶ᠎ᠠ ᠠᠴᠠ ᠪᠠᠨ ᠳᠠᠪᠠᠵᠤ | ᠲᠤᠭᠲᠠᠭᠠᠭᠰᠠᠨ ᠭᠡᠷ᠎ᠡ ᠶᠢᠨ ᠬᠦᠴᠦᠨ ᠢ ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ | ᠭᠤᠷᠪᠠᠳᠤᠭᠠᠷ ᠬᠡᠰᠡᠭ ᠪᠠ ᠲᠤᠰ ᠠᠩᠬᠢ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠤᠭᠲᠠᠭᠠᠨ᠎ᠠ᠂ | ᠡᠵᠡᠩᠨᠡᠯᠲᠡ ᠶᠢᠨ ᠬᠡᠪᠴᠢᠶ᠎ᠠ ᠠᠴᠠ ᠳᠠᠪᠠᠭᠰᠠᠨ ᠬᠡᠳᠡᠭ ᠢᠶᠠᠷ ᠯᠡ ᠰᠢᠯᠲᠠᠭᠠᠨ ᠪᠣᠯᠭᠠᠵᠤ ᠭᠡᠷ᠎ᠡ ᠶᠢ ᠬᠦᠴᠦᠨ ᠦᠭᠡᠢ | ᠭᠡᠵᠦ ᠨᠤᠲᠠᠯᠠᠵᠤ ᠪᠤᠯᠬᠤ ᠦᠭᠡᠢ᠃ | ᠲᠡᠪᠤᠨ ᠵᠠᠭᠤ ᠵᠢᠷᠭᠤᠳᠤᠭᠠᠷ ᠵᠦᠢᠯ ᠭᠡᠷ᠎ᠠ ᠳᠠᠬᠢ ᠲᠤᠤᠷ᠎ᠠ ᠵᠢᠬᠰᠡᠭᠠᠬᠰᠡᠠ ᠬᠠᠷᠢᠭᠤᠴᠡᠯᠭ᠎ᠠ ᠠᠴᠠ ᠭᠡᠯᠳᠦᠷᠢᠬᠦᠯᠬᠦ | ᠵᠦᠢᠯ ᠵᠤᠷᠪᠤᠰ ᠬᠦᠴᠦᠠ ᠤᠢᠭᠡᠢ᠄ | ︵ᠨᠢᠭᠡ︶ ᠨᠦᠬᠦᠭᠡ ᠲᠠᠯ᠎ᠠ ᠶᠢᠨ ᠢᠶᠠᠨ ᠪᠡᠶ᠎ᠠ ᠮᠡᠬᠠᠪᠦᠦᠠ ᠢ ᠬᠤᠬᠢᠷᠠᠭᠤᠯᠤᠭᠰᠠᠨ︔ | ︵ᠬᠤᠶᠡᠷ︶ ᠵᠤᠷᠢᠭᠤᠳᠠ ᠬᠢᠭᠰᠡᠨ ᠪᠤᠶᠦ ᠬᠦᠡᠳᠦ ᠶᠡᠭᠡ ᠠᠳᠡᠯ ᠭᠠᠷᠭᠠᠭᠰᠠᠨ ᠠᠴᠠ ᠪᠤᠯᠵᠦ ᠨᠦᠬᠦᠭᠡ | ᠲᠠᠯ᠎ᠠ ᠶᠢᠨ ᠢᠶᠠᠨ ᠡᠳ᠋ ᠬᠦᠷᠦᠩᠭᠡ ᠶᠢ ᠬᠤᠬᠢᠷᠡᠭᠤᠯᠦᠬᠰᠡᠠ᠃ | ᠲᠡᠪᠤᠨ ᠵᠠᠭᠤ ᠲᠤᠯᠤᠳᠤᠭᠠᠷ ᠵᠦᠢᠯ ᠭᠡᠷ᠎ᠠ ᠶᠢᠨ ᠬᠦᠴᠦᠠ ᠲᠠᠢ ᠪᠤᠯᠬᠤ ᠦᠭᠡᠢ᠂ ᠬᠦᠴᠦᠨ ᠦᠭᠡᠢ᠂ ᠬᠦᠴᠦᠠ ᠤᠢᠭᠡᠢ | ᠪᠤᠯᠭᠠᠬᠳᠡᠬᠤ ᠪᠤᠶᠦ ᠲᠡᠭᠤᠰᠬᠤ ᠨᠢ ᠭᠡᠷ᠎ᠠ ᠳᠠᠬᠢ ᠮᠡᠷᠭᠤᠭᠠᠠ ᠢ ᠰᠢᠢᠦᠡᠪᠦᠷᠢᠯᠡᠬᠦ ᠠᠷᠭ᠎ᠠ ᠶᠢᠨ ᠲᠤᠬᠠᠢ ᠵᠦᠢᠯ | ᠵᠤᠷᠪᠤᠰ ᠤᠨ ᠬᠦᠴᠦᠠ ᠢ ᠨᠦᠯᠦᠭᠡᠯᠡᠬᠦ ᠤᠢᠭᠡᠢ᠃ | ᠲᠠᠪᠤᠨ ᠵᠠᠭᠤ ᠨᠡᠢᠮᠡᠳᠦᠭᠠᠷ ᠵᠦᠢᠯ ᠲᠤᠰ ᠠᠩᠬᠢ ᠳᠤ ᠭᠡᠷ᠎ᠠ ᠶᠢᠨ ᠬᠦᠴᠦᠠ ᠤ ᠲᠤᠬᠠᠢ ᠲᠤᠭᠲᠠᠭᠠᠯ ᠦᠭᠡᠢ ᠪᠤᠯ᠂ | ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ ᠬᠤᠯᠪᠤᠭᠳᠠᠯ ᠪᠦᠬᠦᠢ ᠲᠤᠭᠲᠠᠭᠠᠯ ᠢ | ᠲᠤᠬᠢᠷᠠᠭᠤᠯᠤᠨ ᠬᠡᠷᠡᠭᠯᠡᠨ᠎ᠡ᠃ | ᠲᠦᠷᠪᠡᠳᠦᠭᠡᠷ ᠪᠦᠯᠦᠭ ᠭᠡᠷ᠎ᠠ ᠶᠢ ᠬᠦᠢᠴᠡᠦᠡᠭᠡᠬᠦ | ᠲᠠᠪᠤᠨ ᠵᠠᠭᠤ ᠶᠢᠰᠦᠳᠦᠭᠡᠷ ᠵᠦᠢᠯ ᠲᠤᠬᠠᠢ ᠶᠢᠨ ᠬᠦᠮᠦᠠ ᠤᠢᠪᠡᠷ ᠤᠨ ᠡᠬᠦᠷᠭᠡ ᠪᠠᠨ ᠪᠤᠯᠵᠦᠯ ᠶᠤᠰᠦᠭᠠᠷ ᠪᠦᠬᠦ | ᠲᠡᠯ᠎ᠠ ᠪᠠᠷ ᠬᠦᠢᠴᠡᠦᠡᠭᠡᠬᠦ ᠭᠡᠷᠡᠭᠳᠡᠢ᠃ | ᠲᠤᠬᠠᠢ ᠶᠢᠨ ᠬᠦᠮᠦᠠ ᠤᠢᠨᠡᠡᠴᠢ ᠢᠳᠡᠭᠡᠮᠵᠢᠳᠡᠢ ᠪᠠᠶᠢᠬᠤ ᠵᠡᠷᠴᠢᠮ ᠢ ᠵᠢᠷᠦᠮᠯᠡᠠ᠂ ᠭᠡᠷ᠎ᠠ ᠶᠢᠨ ᠰᠢᠡᠵᠢ ᠴᠢᠨᠡᠷ᠂ | ᠵᠤᠷᠢᠯᠭ᠎ᠠ ᠪᠡ ᠠᠷᠡᠯᠵᠢᠶᠡᠠ ᠤ ᠵᠤᠷᠰᠢᠯ ᠢ ᠤᠢᠡᠳᠦᠰᠦᠯᠡᠵᠦ ᠮᠡᠳᠡᠭᠳᠡᠬᠦ᠂ ᠬᠠᠮᠵᠢᠯᠴᠡᠬᠤ᠂ ᠨᠢᠭᠤᠴᠠ ᠶᠢ ᠬᠠᠮᠡᠭᠠᠯᠡᠬᠤ | ᠵᠡᠷᠭᠡ ᠡᠬᠦᠷᠭᠡ ᠶᠢ ᠬᠦᠢᠴᠡᠦᠡᠭᠡᠬᠦ ᠭᠡᠷᠡᠭᠳᠡᠢ᠃ | ᠲᠤᠬᠠᠢ ᠶᠢᠨ ᠬᠦᠮᠦᠨ ᠭᠡᠷ᠎ᠡ ᠶᠢ ᠭᠦᠢᠴᠡᠳᠬᠡᠬᠦ ᠶᠠᠪᠤᠴᠠ ᠳᠠᠭᠠᠨ᠂ ᠡᠬᠢ ᠪᠡᠶᠠᠯᠢᠭ ᠢ ᠪᠦᠷᠢᠯᠭᠡᠨ ᠰᠦᠢᠳᠬᠡᠬᠦ᠂ | ᠤᠷᠴᠢᠨ ᠠᠬᠤᠢ ᠶᠢ ᠪᠤᠬᠢᠷᠳᠤᠭᠤᠯᠬᠤ ᠪᠠ ᠠᠮᠢ ᠠᠬᠤᠢ ᠶᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ᠃ | ᠲᠠᠪᠤᠨ ᠵᠠᠭᠤ ᠠᠷᠪᠠᠳᠤᠭᠠᠷ ᠵᠦᠢᠯ ᠭᠡᠷ᠎ᠠ ᠬᠦᠴᠦᠠ ᠲᠠᠢ ᠪᠤᠯᠦᠬᠰᠡᠠ ᠤ ᠲᠡᠷᠠᠭ᠎ᠠ᠂ ᠲᠤᠬᠠᠢ ᠶᠢᠨ ᠬᠦᠮᠦᠠ ᠶᠡᠰᠦ | ᠴᠢᠨᠡᠷ᠂ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ᠂ ᠬᠦᠢᠴᠡᠦᠡᠭᠡᠬᠦ ᠭᠠᠵᠡᠷ ᠵᠡᠷᠭᠡ ᠠᠭᠤᠯᠭ᠎ᠠ ᠶᠢᠨ ᠲᠤᠬᠠᠢ | ᠪᠤᠯᠵᠦᠠ ᠲᠤᠬᠳᠡᠬᠰᠡᠠ ᠤᠢᠭᠡᠢ ᠪᠤᠶᠦ ᠪᠤᠯᠵᠦᠠ ᠲᠤᠬᠳᠡᠬᠰᠡᠠ ᠨᠢ ᠲᠤᠳᠦᠷᠬᠠᠢ ᠤᠢᠭᠡᠢ ᠪᠠᠶᠢᠪᠡᠯ᠂ ᠵᠦᠪᠳᠡᠯᠴᠡᠵᠦ | ᠪᠠᠶᠢᠭᠠᠦᠠ ᠨᠦᠬᠦᠪᠦᠷᠢᠯᠡᠵᠦ ᠪᠤᠯᠦᠨ᠎ᠡ︔ ᠨᠦᠬᠦᠪᠦᠷᠢ ᠭᠡᠯᠡᠯᠴᠡᠭᠡᠷ ᠲᠣᠬᠢᠷᠠᠵᠤ ᠴᠢᠳᠡᠬᠤ ᠤᠢᠭᠡᠢ ᠪᠤᠯ᠂ ᠭᠡᠷ᠎ᠠ ᠶᠢᠨ | ᠬᠤᠯᠪᠦᠬᠳᠡᠯ ᠪᠦᠬᠦᠢ ᠵᠦᠢᠯ ᠵᠤᠷᠪᠤᠰ ᠪᠤᠶᠦ ᠠᠷᠡᠯᠵᠢᠶᠡᠠ ᠤ ᠵᠣᠷᠰᠢᠯ ᠶᠤᠰᠤᠭᠠᠷ ᠲᠤᠬᠳᠡᠭᠠᠨᠡ᠃ | ᠲᠠᠪᠤᠨ ᠵᠠᠭᠤ ᠠᠷᠪᠠᠨ ᠨᠢᠭᠡᠳᠦᠭᠡᠷ ᠵᠦᠢᠯ ᠭᠡᠷ᠎ᠠ ᠶᠢᠨ ᠬᠤᠯᠪᠤᠭᠳᠠᠯ ᠪᠦᠬᠦᠢ ᠠᠭᠤᠯᠭ᠎ᠠ ᠶᠢᠨ ᠲᠤᠬᠠᠢ ᠲᠤᠬᠠᠢ ᠶᠢᠨ | ᠬᠦᠮᠦᠠ ᠤ ᠪᠤᠯᠵᠦᠠ ᠲᠤᠬᠳᠡᠬᠰᠡᠠ ᠨᠢ ᠲᠤᠳᠦᠷᠬᠠᠢ ᠤᠢᠭᠡᠢ᠂ ᠡᠮᠦᠨᠡᠬᠢ ᠵᠦᠢᠯ ᠤᠨ ᠲᠤᠬᠳᠡᠭᠠᠯ ᠢ ᠦᠨᠳᠦᠰᠦᠯᠡᠭᠡᠳ | ᠮᠦᠠ ᠲᠤᠬᠳᠡᠭᠠᠵᠦ ᠳᠡᠶᠢᠯᠬᠦ ᠤᠢᠭᠡᠢ ᠪᠠᠶᠢᠪᠡᠯ᠂ ᠲᠤᠤᠷ᠎ᠠ ᠵᠢᠭᠰᠠᠭᠠᠭᠰᠠᠨ ᠲᠤᠬᠳᠡᠭᠠᠯ ᠢ ᠲᠤᠬᠢᠷᠠᠭᠤᠯᠤᠨ ᠭᠡᠷᠡᠭᠯᠡᠨ᠎ᠡ | ᠄ | ︵ᠨᠢᠭᠡ︶ ᠶᠡᠰᠦ ᠴᠢᠨᠡᠷ ᠤᠨ ᠱᠡᠭᠠᠷᠳᠡᠯᠭ᠎ᠠ ᠨᠢ ᠲᠤᠳᠦᠷᠬᠠᠢ ᠤᠢᠭᠡᠢ ᠪᠤᠯ᠂ ᠠᠯᠪᠠᠳᠠᠯᠭ᠎ᠠ ᠶᠢᠨ ᠴᠢᠨᠠᠷᠲᠠᠢ ᠤᠯᠦᠰ ᠤᠨ | ᠪᠡᠷᠢᠮᠵᠢᠶ᠎ᠠ ᠪᠠᠷ ᠬᠦᠢᠴᠡᠦᠡᠭᠡᠨ᠎ᠡ︔ ᠠᠯᠪᠠᠳᠠᠯᠭ᠎ᠠ ᠶᠢᠨ ᠴᠢᠨᠠᠷᠲᠠᠢ ᠤᠯᠦᠰ ᠤᠨ ᠪᠡᠷᠢᠮᠵᠢᠶ᠎ᠠ ᠤᠢᠭᠡᠢ ᠪᠤᠯ᠂ | ᠲᠠᠨᠢᠯᠴᠠᠭᠤᠯᠬᠤ ᠴᠢᠨᠠᠷᠲᠠᠢ ᠤᠯᠤᠰ ᠤᠨ ᠪᠡᠷᠢᠮᠵᠢᠶ᠎ᠠ ᠪᠠᠷ ᠬᠦᠢᠴᠡᠦᠡᠭᠡᠨ᠎ᠡ︔ ᠲᠠᠨᠢᠯᠴᠠᠭᠤᠯᠬᠤ ᠴᠢᠨᠠᠷᠲᠠᠢ ᠤᠯᠤᠰ ᠤᠨ | ᠪᠡᠷᠢᠮᠵᠢᠶ᠎ᠠ ᠦᠭᠡᠢ ᠪᠤᠯ᠂ ᠠᠵᠢᠯ ᠲᠦᠷᠦᠯ ᠤᠨ ᠪᠠᠷᠢᠮᠵᠢᠶ᠎ᠡ ᠪᠠᠷ ᠭᠦᠢᠴᠡᠳᠬᠡᠨ᠎ᠡ︔ ᠤᠯᠤᠰ ᠤᠨ ᠪᠠᠷᠢᠮᠵᠢᠶ᠎ᠠ᠂ ᠠᠵᠢᠯ | ᠲᠦᠷᠦᠯ ᠤᠨ ᠪᠠᠷᠢᠮᠵᠢᠶ᠎ᠠ ᠦᠭᠡᠢ ᠪᠤᠯ᠂ ᠶᠡᠷᠦᠲᠡ ᠶᠢᠨ ᠪᠠᠷᠢᠮᠵᠢᠶ᠎ᠠ ᠪᠤᠶᠤ ᠭᠡᠷ᠎ᠡ ᠶᠢᠨ ᠵᠤᠷᠢᠯᠭ᠎ᠠ ᠳᠤ ᠨᠡᠶᠢᠴᠡᠬᠦ ᠤᠨᠴᠠ | ᠲᠤᠭᠲᠠᠭᠰᠠᠨ ᠪᠠᠷᠢᠮᠵᠢᠶ᠎ᠡ ᠪᠠᠷ ᠭᠦᠢᠴᠡᠳᠬᠡᠨ᠎ᠡ᠃ | ︵ᠬᠤᠶᠡᠷ︶ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ ᠨᠢ ᠲᠤᠳᠦᠷᠬᠠᠢ ᠤᠢᠭᠡᠢ ᠪᠤᠯ᠂ ᠭᠡᠷ᠎ᠠ ᠲᠤᠬᠳᠡᠭᠠᠬᠤ | ᠤᠢᠶ᠎ᠠ ᠶᠢᠨ ᠬᠦᠢᠴᠡᠦᠡᠭᠡᠬᠦ ᠭᠠᠵᠡᠷ ᠤᠨ ᠵᠠᠬ᠎ᠠ ᠲᠡᠯᠭᠡᠬᠦᠷ ᠤᠨ ᠤᠢᠨ᠎ᠡ ᠬᠠᠩᠰᠢ ᠪᠠᠷ ᠬᠦᠢᠴᠡᠦᠡᠭᠡᠨ᠎ᠡ︔ ᠬᠠᠦᠯᠢ | ᠶᠤᠰᠦᠭᠠᠷ ᠵᠡᠰᠠᠬ ᠤᠨ ᠤᠷᠳᠦᠠ ᠤ ᠲᠤᠬᠳᠡᠭᠠᠠᠠᠰᠡᠠ ᠤᠢᠨ᠎ᠡ ᠪᠤᠶᠦ ᠵᠡᠰᠠᠬ ᠤᠨ ᠤᠷᠳᠦᠠ ᠤ ᠵᠢᠯᠦᠭᠤᠳᠤᠯ ᠤᠢᠨ᠎ᠡ ᠶᠢ | ᠭᠡᠷᠡᠭᠵᠢᠬᠦᠯᠬᠦ ᠬᠡᠷᠡᠭᠳᠡᠢ ᠪᠠᠶᠢᠪᠡᠯ᠂ ᠲᠡᠷᠠ ᠲᠤᠬᠳᠡᠭᠠᠯ ᠶᠤᠰᠦᠭᠠᠷ ᠬᠦᠢᠴᠡᠦᠡᠭᠡᠨ᠎ᠡ᠃ | ︵ᠭᠤᠷᠪᠡ︶ ᠬᠦᠢᠴᠡᠦᠡᠭᠡᠬᠦ ᠭᠠᠵᠡᠷ ᠨᠢ ᠲᠤᠳᠦᠷᠬᠠᠢ ᠤᠢᠭᠡᠢ ᠪᠠᠶᠢᠵᠦ᠂ ᠵᠤᠭᠤᠰ ᠤᠢᠭ᠍ᠬᠦ ᠭᠡᠪᠡᠯ᠂ ᠵᠤᠭᠤᠰ ᠢ | ᠬᠦᠯᠢᠶᠡᠠ ᠠᠪᠬᠤ ᠨᠢᠭᠡ ᠲᠠᠯ᠎ᠠ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ︔ ᠤᠢᠯᠦ ᠬᠦᠳᠡᠯᠬᠦ ᠬᠦᠷᠦᠩᠭᠡ | ᠲᠤᠰᠢᠶᠠᠨ ᠥᠭᠬᠦ ᠭᠡᠪᠡᠯ᠂ ᠤᠢᠯᠦ ᠬᠦᠳᠡᠯᠬᠦ ᠬᠦᠷᠦᠩᠭᠡ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ︔ ᠪᠤᠰᠤᠤᠠ | ᠬᠠᠷᠡᠯᠳᠠ ᠶᠢ ᠡᠬᠦᠷᠭᠡ ᠬᠦᠢᠴᠡᠦᠡᠭᠡᠬᠦ ᠨᠢᠭᠡ ᠲᠠᠯ᠎ᠠ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ᠃ | ︵ᠲᠦᠷᠪᠡ︶ ᠬᠦᠢᠴᠡᠦᠡᠭᠡᠬᠦ ᠬᠤᠭᠤᠴᠠᠭ᠎ᠠ ᠨᠢ ᠲᠤᠳᠦᠷᠬᠠᠢ ᠤᠢᠭᠡᠢ ᠪᠤᠯ᠂ ᠤᠢᠭ᠍ᠴᠡᠭᠡᠳᠡᠠ ᠭᠡᠵᠢᠶ᠎ᠠ ᠴᠦ ᠭᠡᠰᠡᠠ | ᠬᠦᠢᠴᠡᠦᠡᠭᠡᠵᠤ ᠪᠤᠯᠤᠨ᠎ᠡ᠂ ᠠᠪᠴᠠᠭᠠᠳᠠᠨ ᠴᠤ ᠭᠡᠵᠢᠶ᠎ᠠ ᠴᠦ ᠭᠡᠰᠡᠠ ᠬᠦᠢᠴᠡᠦᠡᠭᠡᠬᠦᠯᠬᠦ ᠪᠠᠷ ᠭᠤᠶᠤᠴᠢᠯᠠᠵᠤ ᠪᠤᠯᠦᠨ᠎ᠡ᠂ | ᠭᠡᠪᠡᠴᠦ ᠨᠦᠬᠦᠭᠡ ᠲᠠᠯ᠎ᠠ ᠳᠠᠭᠠᠨ ᠴᠢᠬᠤᠯᠠ ᠪᠦᠬᠦᠢ ᠪᠡᠯᠡᠦᠡᠭᠡᠬᠦ ᠬᠤᠭᠤᠴᠠᠭ᠎ᠠ ᠦᠭᠭᠦ ᠭᠡᠷᠡᠭᠳᠡᠢ᠃ | ︵ᠲᠡᠪᠦ︶ ᠬᠦᠢᠴᠡᠦᠡᠭᠡᠬᠦ ᠠᠷᠭ᠎ᠠ ᠮᠡᠶ᠋ᠢᠬ ᠨᠢ ᠲᠤᠳᠦᠷᠬᠠᠢ ᠤᠢᠭᠡᠢ ᠪᠤᠯ᠂ ᠭᠡᠷ᠎ᠠ ᠶᠢᠨ ᠵᠤᠷᠢᠯᠭ᠎ᠠ ᠶᠢ ᠪᠡᠶᠡᠯᠡᠬᠦᠯᠬᠦ ᠳᠤ | ᠠᠰᠢᠬᠳᠡᠢ ᠠᠷᠭ᠎ᠠ ᠮᠡᠶ᠋ᠢᠬ ᠢᠶᠠᠷ ᠬᠦᠢᠴᠡᠦᠡᠭᠡᠨ᠎ᠡ᠃ | ︵ᠵᠢᠷᠭᠤᠭ᠎ᠠ︶ ᠬᠦᠢᠴᠡᠦᠡᠭᠡᠬᠦ ᠵᠠᠷᠤᠳᠠᠯ ᠤᠨ ᠡᠬᠦᠷᠬᠡᠯᠡᠯ ᠨᠢ ᠲᠤᠳᠦᠷᠬᠠᠢ ᠤᠢᠭᠡᠢ ᠪᠤᠯ᠂ ᠡᠬᠦᠷᠭᠡ ᠬᠦᠢᠴᠡᠦᠡᠭᠡᠬᠦ ᠨᠢᠭᠡ | ᠲᠠᠯ᠎ᠠ ᠨᠢ ᠡᠬᠦᠷᠬᠡᠯᠡᠨ᠎ᠡ︔ ᠠᠪᠴᠠᠭᠠᠲᠠᠨ ᠠᠴᠠ ᠰᠢᠯᠲᠠᠭᠠᠯᠠᠵᠤ ᠨᠡᠮᠡᠭᠳᠡᠭᠰᠡᠨ ᠭᠦᠢᠴᠡᠳᠬᠡᠬᠦ ᠵᠠᠷᠤᠳᠠᠯ ᠢ ᠠᠪᠴᠠᠭᠠᠲᠠᠨ | ᠡᠭᠦᠷᠭᠡᠯᠡᠨ᠎ᠡ᠃ | ᠲᠠᠪᠤᠨ ᠵᠠᠭᠤ ᠠᠷᠪᠠᠨ ᠬᠤᠶᠠᠳᠤᠭᠠᠷ ᠵᠦᠢᠯ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢ ᠶᠢᠨ ᠰᠦᠯᠵᠢᠶ᠎ᠡ ᠪᠠᠷ | ᠲᠤᠭᠲᠠᠭᠠᠭᠰᠠᠨ ᠡᠯᠧᠺᠲᠷᠣᠨ ᠭᠡᠷ᠎ᠡ ᠶᠢᠨ ᠬᠠᠷᠠᠯᠲᠠ ᠨᠢ ᠲᠠᠸᠠᠷ ᠲᠤᠰᠢᠶᠠᠨ ᠥᠭᠬᠦ ᠶᠠᠪᠤᠳᠠᠯ ᠪᠤᠯᠬᠤ ᠮᠦᠷᠲᠡᠭᠡᠨ | ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠠᠷᠭ᠎ᠠ ᠮᠠᠶ᠋ᠢᠭ ᠢᠶᠠᠷ ᠲᠤᠰᠢᠶᠠᠨ ᠥᠭᠬᠦ ᠳᠤ ᠬᠦᠷᠪᠠᠯ᠂ | ᠪᠠᠷᠠᠭ᠎ᠠ ᠬᠤᠷᠢᠶᠠᠭᠴᠢ ᠶᠢᠨ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠴᠠᠭ ᠨᠢ ᠲᠤᠰᠢᠶᠠᠨ ᠥᠭᠬᠦᠭᠰᠡᠨ | ᠴᠠᠭ ᠪᠤᠯᠤᠨ᠎ᠠ᠃ ᠡᠯᠧᠺᠲᠷᠣᠨ ᠭᠡᠷ᠎ᠡ ᠶᠢᠨ ᠬᠠᠷᠠᠯᠲᠠ ᠨᠢ ᠦᠢᠯᠡᠴᠢᠯᠡᠭᠡ ᠬᠠᠨᠭ᠍ᠭᠠᠬᠤ ᠶᠠᠪᠤᠳᠠᠯ ᠪᠤᠯᠬᠤ ᠳᠤ ᠬᠦᠷᠪᠡᠯ᠂ | ᠪᠤᠢ ᠪᠤᠯᠤᠭᠰᠠᠨ ᠡᠯᠧᠺᠲᠷᠣᠨ ᠪᠠᠷᠢᠮᠲᠠ ᠲᠡᠮᠳᠡᠭ ᠪᠤᠶᠤ ᠪᠤᠳᠠᠲᠤ ᠪᠤᠳᠠᠰ ᠤᠨ ᠪᠠᠷᠢᠮᠲᠠ ᠲᠡᠮᠳᠡᠭ ᠲᠤ | ᠲᠤᠲᠤᠷᠬᠠᠢᠢᠯᠠᠭᠰᠠᠨ ᠴᠠᠭ ᠨᠢ ᠦᠢᠯᠡᠴᠢᠯᠡᠭᠡ ᠬᠠᠨᠭ᠍ᠭᠠᠬᠰᠠᠨ ᠴᠠᠭ ᠪᠤᠯᠤᠨ᠎ᠡ︔ ᠡᠮᠦᠨ᠎ᠡ ᠳᠤᠷᠠᠳᠤᠭᠰᠠᠨ ᠪᠠᠷᠢᠮᠲᠠ | ᠳᠡᠮᠳᠡᠭ ᠲᠤ ᠴᠠᠭ ᠢ ᠲᠤᠲᠤᠷᠬᠠᠶᠢᠯᠠᠭᠰᠠᠨ ᠦᠭᠡᠢ ᠪᠤᠶᠤ ᠲᠤᠲᠤᠷᠬᠠᠶᠢᠯᠠᠭᠰᠠᠨ ᠴᠠᠭ ᠨᠢ ᠪᠤᠳᠠᠲᠠᠢ ᠦᠢᠯᠡᠴᠢᠯᠡᠭᠡ | ᠬᠠᠨᠭ᠍ᠭᠠᠭᠰᠠᠨ ᠴᠠᠭ ᠲᠠᠢ ᠨᠢᠭᠡᠳᠦᠯ ᠦᠭᠡᠢ ᠪᠠᠶᠢᠪᠠᠯ᠂ ᠪᠤᠳᠠᠲᠠᠢ ᠦᠢᠯᠡᠴᠢᠯᠡᠭᠡ ᠬᠠᠨᠭ᠍ᠭᠠᠭᠰᠠᠨ ᠴᠠᠭ ᠢᠶᠠᠷ ᠪᠠᠷᠢᠮᠵᠢᠶ᠎ᠠ | ᠪᠣᠯᠭᠠᠨ᠎ᠠ᠃ | ᠡᠯᠧᠺᠲᠷᠣᠨ ᠭᠡᠷ᠎ᠡ ᠶᠢᠨ ᠬᠠᠷᠠᠯᠲᠠ ᠪᠣᠳᠠᠰ ᠨᠢ ᠰᠦᠯᠵᠢᠶ᠎ᠠ ᠪᠠᠷ ᠳᠠᠮᠵᠢᠭᠤᠯᠬᠤ ᠠᠷᠭ᠎ᠠ ᠮᠠᠶ᠋ᠢᠭ ᠢᠶᠠᠷ ᠲᠤᠰᠢᠶᠠᠨ ᠥᠭᠬᠦ | ᠶᠠᠪᠤᠳᠠᠯ ᠪᠤᠯᠬᠤ ᠳᠤ ᠬᠦᠷᠪᠡᠯ᠂ ᠭᠡᠷ᠎ᠡ ᠶᠢᠨ ᠬᠠᠷᠠᠯᠲᠠ ᠪᠣᠳᠠᠰ ᠨᠢ ᠨᠦᠬᠦᠭᠡ ᠲᠠᠯ᠎ᠠ ᠶᠢᠨ ᠲᠤᠬᠠᠢ ᠶᠢᠨ ᠬᠦᠮᠦᠨ ᠤ | ᠵᠢᠭᠠᠨ ᠲᠤᠭᠲᠠᠭᠠᠭᠰᠠᠨ ᠤᠨᠴᠠ ᠲᠤᠭᠲᠠᠭᠰᠠᠨ ᠰᠢᠰᠲ᠋ᠧᠮ ᠳᠤ ᠤᠷᠤᠬᠰᠠᠨ ᠪᠦᠭᠡᠳ ᠡᠷᠢᠨ ᠬᠠᠷᠭᠤᠭᠤᠯᠵᠤ ᠢᠯᠭᠠᠨ | ᠲᠠᠨᠢᠵᠤ ᠲᠡᠶᠢᠯᠬᠦ ᠴᠠᠭ ᠨᠢ ᠲᠤᠰᠢᠶᠠᠨ ᠥᠭᠬᠦᠭᠰᠡᠨ ᠴᠠᠭ ᠪᠤᠯᠤᠨ᠎ᠠ᠃ | ᠡᠯᠧᠺᠲᠷᠣᠨ ᠭᠡᠷ᠎ᠡ ᠶᠢᠨ ᠲᠤᠬᠠᠢ ᠶᠢᠨ ᠬᠦᠮᠦᠨ ᠲᠠᠸᠠᠷ ᠲᠤᠰᠢᠶᠠᠨ ᠥᠭᠬᠦ ᠪᠣᠶᠤ ᠦᠢᠯᠡᠴᠢᠯᠡᠭᠡ ᠬᠠᠩᠭᠠᠬᠤ ᠠᠷᠭ᠎ᠠ | ᠮᠠᠶ᠋ᠢᠭ᠂ ᠴᠠᠭ ᠤᠨ ᠲᠤᠬᠠᠢ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ | ᠲᠠᠪᠤᠨ ᠵᠠᠭᠤ ᠠᠷᠪᠠᠨ ᠭᠤᠷᠪᠠᠳᠤᠭᠠᠷ ᠵᠦᠢᠯ ᠵᠡᠰᠠᠬ ᠤᠨ ᠤᠷᠳᠦᠠ ᠤ ᠲᠤᠬᠳᠡᠭᠠᠬᠰᠡᠠ ᠤᠢᠨ᠎ᠡ ᠪᠤᠶᠦ ᠵᠡᠰᠠᠬ ᠤᠨ | ᠤᠷᠳᠦᠠ ᠤ ᠵᠢᠯᠦᠭᠤᠳᠤᠯ ᠤᠢᠨ᠎ᠡ ᠶᠢ ᠭᠡᠷᠡᠭᠵᠢᠬᠦᠯᠦᠭᠰᠡᠨ ᠪᠠᠶᠢᠪᠠᠯ᠂ ᠭᠡᠷ᠎ᠠ ᠳᠤ ᠪᠤᠯᠵᠦᠠ ᠲᠤᠬᠳᠡᠬᠰᠡᠠ ᠲᠤᠰᠢᠶᠠᠨ | ᠥᠭᠬᠦ ᠬᠤᠭᠤᠴᠡᠭᠠᠠ ᠲᠤᠳᠦᠷ᠎ᠠ ᠵᠡᠰᠠᠬ ᠤᠨ ᠤᠷᠳᠦᠠ ᠤᠢᠨ᠎ᠡ ᠶᠢᠨ ᠲᠤᠬᠢᠷᠡᠭᠤᠯᠤᠯᠲᠠ ᠬᠢᠬᠦ ᠦᠶ᠎ᠡ ᠳᠤ᠂ ᠲᠤᠰᠢᠶᠠᠨ | ᠥᠭᠬᠦ ᠤᠢᠶ᠎ᠠ ᠶᠢᠨ ᠤᠢᠨ᠎ᠡ ᠪᠠᠷ ᠪᠤᠳᠦᠨ᠎ᠡ᠃ ᠬᠠᠷᠡᠯᠳᠠ ᠪᠤᠳᠠᠰ ᠢ ᠬᠤᠭᠤᠴᠠᠭ᠎ᠠ ᠭᠡᠳᠦᠷᠡᠭᠦᠯᠦᠨ ᠲᠤᠰᠢᠶᠠᠨ | ᠥᠭᠬᠦ ᠳᠤ ᠬᠦᠷᠪᠡᠯ᠂ ᠤᠢᠨ᠎ᠡ ᠤᠢᠰᠦᠭᠰᠡᠨ ᠦᠶ᠎ᠡ ᠳᠤ᠂ ᠤᠭ ᠤᠢᠨ᠎ᠡ ᠪᠠᠷ ᠬᠦᠢᠴᠡᠦᠡᠭᠡᠨ᠎ᠡ︔ ᠤᠢᠨ᠎ᠡ | ᠪᠡᠭᠤᠷᠡᠬᠰᠠᠨ ᠦᠶ᠎ᠡ ᠳᠤ᠂ ᠰᠢᠨ᠎ᠡ ᠤᠢᠨ᠎ᠡ ᠪᠠᠷ ᠬᠦᠢᠴᠡᠦᠡᠭᠡᠨ᠎ᠡ᠃ ᠬᠠᠷᠡᠯᠳᠠ ᠪᠤᠳᠠᠰ ᠢ ᠬᠤᠭᠤᠴᠠᠭ᠎ᠠ ᠭᠡᠳᠦᠷᠡᠭᠦᠯᠦᠨ | ᠭᠠᠷᠭᠠᠵᠦ ᠠᠪᠬᠤ ᠪᠤᠶᠦ ᠬᠤᠭᠤᠴᠠᠭ᠎ᠠ ᠭᠡᠳᠦᠷᠡᠭᠦᠯᠦᠨ ᠵᠤᠭᠤᠰ ᠲᠤᠰᠢᠶᠡᠬᠤ ᠳᠤ ᠬᠦᠷᠪᠡᠯ᠂ ᠤᠢᠨ᠎ᠡ ᠤᠢᠰᠦᠭᠰᠡᠨ | ᠦᠶ᠎ᠡ ᠳᠤ᠂ ᠰᠢᠨ᠎ᠡ ᠤᠢᠨ᠎ᠡ ᠪᠠᠷ ᠬᠦᠢᠴᠡᠦᠡᠭᠡᠨ᠎ᠡ︔ ᠤᠢᠨ᠎ᠡ ᠪᠡᠭᠤᠷᠡᠬᠰᠠᠨ ᠦᠶ᠎ᠡ ᠳᠤ᠂ ᠤᠭ ᠤᠢᠨ᠎ᠡ ᠪᠠᠷ | ᠬᠦᠢᠴᠡᠦᠡᠭᠡᠨ᠎ᠡ᠃ | ᠲᠠᠪᠤᠨ ᠵᠠᠭᠤ ᠠᠷᠪᠠᠨ ᠲᠦᠷᠪᠡᠳᠦᠭᠡᠷ ᠵᠦᠢᠯ ᠵᠤᠭᠤᠰ ᠮᠦᠡᠭᠭᠦ ᠦᠭᠭᠦ ᠪᠠᠷ ᠠᠭᠤᠯᠭ᠎ᠠ ᠪᠤᠯᠭᠠᠭᠰᠠᠨ ᠦᠭᠴᠡᠭᠡ ᠶᠢ | ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ | ᠪᠠᠶᠢᠬᠤ ᠶᠢ ᠭᠠᠷᠭᠠᠪᠠᠯ᠂ ᠠᠪᠴᠠᠭᠠᠲᠠᠨ ᠨᠢ ᠦᠭᠴᠡᠭᠡᠲᠡᠨ ᠢᠶᠠᠷ ᠪᠤᠳᠠᠲᠠᠢ ᠭᠦᠢᠴᠡᠳᠬᠡᠬᠦ ᠭᠠᠵᠠᠷ ᠤᠨ ᠬᠠᠤᠯᠢ ᠪᠠᠷ | ᠲᠤᠭᠲᠠᠭᠠᠭᠰᠠᠨ ᠵᠤᠭᠤᠰ ᠢᠶᠠᠷ ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠤᠨ᠎ᠠ᠃ | ᠲᠠᠪᠤᠨ ᠵᠠᠭᠤ ᠠᠷᠪᠠᠨ ᠲᠠᠪᠤᠳᠤᠭᠠᠷ ᠵᠦᠢᠯ ᠬᠠᠷᠠᠯᠲᠠ ᠨᠢ ᠤᠯᠠᠨ ᠵᠦᠢᠯ ᠪᠠᠶᠢᠵᠤ ᠦᠭᠴᠡᠭᠡᠲᠡᠨ ᠲᠡᠭᠦᠨ ᠤ | ᠲᠤᠲᠤᠷᠠᠬᠢ ᠨᠢᠭᠡ ᠶᠢ ᠨᠢ ᠯᠡ ᠭᠦᠢᠴᠡᠳᠬᠡᠬᠦ ᠴᠢᠬᠤᠯᠠᠲᠠᠢ ᠪᠠᠶᠢᠪᠠᠯ᠂ ᠦᠭᠴᠡᠭᠡᠲᠡᠨ ᠳᠤ ᠰᠤᠩᠭᠤᠬᠤ ᠡᠷᠬᠡ ᠲᠠᠢ︔ | ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ᠂ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠤᠶᠤ | ᠪᠤᠰᠤᠳ ᠠᠷᠠᠯᠵᠢᠶᠠᠨ ᠤ ᠵᠣᠷᠰᠢᠯ ᠲᠠᠢ ᠨᠢ ᠡᠭᠦᠨ ᠳᠤ ᠪᠠᠭᠲᠠᠬᠤ ᠦᠭᠡᠢ᠃ | ᠰᠤᠩᠭᠤᠬᠤ ᠡᠷᠬᠡ ᠲᠠᠢ ᠲᠤᠬᠠᠢ ᠶᠢᠨ ᠬᠦᠮᠦᠨ ᠪᠤᠯᠵᠤᠨ ᠲᠤᠭᠲᠠᠭᠰᠠᠨ ᠬᠤᠭᠤᠴᠠᠭ᠎ᠠ ᠲᠤᠲᠤᠷ᠎ᠠ ᠪᠤᠶᠤ ᠭᠦᠢᠴᠡᠳᠬᠡᠬᠦ | ᠬᠤᠭᠤᠴᠠᠭ᠎ᠠ ᠲᠦᠭᠦᠷᠦᠭᠰᠡᠨ ᠤ ᠳᠠᠷᠠᠭ᠎ᠠ ᠰᠤᠩᠭᠤᠭᠰᠡᠨ ᠦᠭᠡᠢ᠂ ᠰᠢᠪᠠᠳᠠᠨ ᠮᠡᠳᠡᠭᠳᠡᠭᠰᠡᠨ ᠤ ᠳᠠᠷᠠᠭ᠎ᠠ ᠵᠦᠢ | ᠵᠤᠬᠢᠰᠲᠠᠢ ᠬᠤᠭᠤᠴᠠᠭᠠᠨ ᠳᠤᠳᠤᠷ᠎ᠠ ᠮᠦᠨ ᠯᠡ ᠰᠤᠩᠭᠤᠭᠰᠠᠨ ᠦᠭᠡᠢ ᠪᠠᠶᠢᠪᠠᠯ᠂ ᠰᠤᠩᠭᠤᠬᠤ ᠡᠷᠬᠡ ᠨᠢ ᠨᠦᠬᠦᠭᠡ | ᠲᠠᠯ᠎ᠠ ᠳᠤ ᠰᠢᠯᠵᠢᠨ᠎ᠡ᠃ | ᠲᠠᠪᠤᠨ ᠵᠠᠭᠤ ᠠᠷᠪᠠᠨ ᠵᠢᠷᠭᠤᠳᠤᠭᠠᠷ ᠵᠦᠢᠯ ᠲᠤᠬᠠᠢ ᠶᠢᠨ ᠬᠦᠮᠦᠠ ᠰᠤᠩᠭᠤᠬᠤ ᠡᠷᠬᠡ ᠪᠠᠨ ᠬᠡᠷᠡᠭᠵᠢᠭᠦᠯᠬᠦ ᠳᠡᠭᠡᠨ | ᠨᠦᠬᠦᠭᠡ ᠲᠠᠯ᠎ᠠ ᠳᠠᠭᠠᠨ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠂ ᠮᠡᠳᠡᠭᠳᠡᠯ ᠨᠢ ᠨᠦᠬᠦᠭᠡ ᠳᠠᠯ᠎ᠠ ᠳᠤ ᠬᠦᠷᠦᠭᠰᠡᠨ | ᠦᠶ᠎ᠡ ᠳᠤ ᠬᠠᠷᠠᠯᠲᠠ ᠲᠤᠭᠲᠠᠭᠠᠭᠳᠠᠨ᠎ᠠ᠃ ᠬᠠᠷᠠᠯᠲᠠ ᠶᠢ ᠲᠤᠭᠲᠠᠭᠠᠭᠰᠠᠨ ᠤ ᠳᠠᠷᠠᠭ᠎ᠠ ᠬᠤᠪᠢᠷᠠᠭᠤᠯᠵᠤ ᠪᠤᠯᠬᠤ | ᠦᠭᠡᠢ᠂ ᠭᠡᠪᠡᠴᠦ ᠨᠦᠬᠦᠭᠡ ᠲᠠᠯ᠎ᠠ ᠪᠠᠷ ᠢᠶᠠᠨ ᠵᠦᠪᠰᠢᠶᠡᠷᠡᠭᠦᠯᠦᠭᠰᠡᠨ ᠨᠢ ᠡᠭᠦᠨ ᠳᠤ ᠪᠠᠭᠲᠠᠬᠤ ᠦᠭᠡᠢ᠃ | ᠰᠤᠩᠭᠤᠵᠤ ᠪᠤᠯᠬᠤ ᠬᠠᠷᠠᠯᠲᠠ ᠳᠤ ᠭᠦᠢᠴᠡᠳᠬᠡᠵᠦ ᠴᠢᠳᠠᠬᠤ ᠦᠭᠡᠢ ᠪᠤᠯᠬᠤ ᠪᠠᠶᠢᠳᠠᠯ ᠭᠠᠷᠤᠭᠰᠠᠨ ᠪᠠᠶᠢᠪᠠᠯ᠂ | ᠰᠤᠩᠭᠤᠬᠤ ᠡᠷᠬᠡ ᠲᠠᠢ ᠲᠤᠬᠠᠢ ᠶᠢᠨ ᠬᠦᠮᠦᠨ ᠨᠢ ᠭᠦᠢᠴᠡᠳᠬᠡᠵᠦ ᠴᠢᠳᠠᠬᠤ ᠦᠭᠡᠢ ᠪᠤᠯᠤᠭᠰᠠᠨ ᠬᠠᠷᠠᠯᠲᠠ ᠶᠢ | ᠰᠤᠩᠭᠤᠵᠤ ᠪᠤᠯᠬᠤ ᠦᠭᠡᠢ᠂ ᠭᠡᠪᠡᠴᠦ ᠲᠤᠰ ᠭᠦᠢᠴᠡᠳᠬᠡᠵᠦ ᠴᠢᠳᠠᠬᠤ ᠦᠭᠡᠢ ᠪᠤᠯᠤᠭᠰᠠᠨ ᠪᠠᠶᠢᠳᠠᠯ ᠢ ᠨᠦᠬᠦᠭᠡ | ᠲᠠᠯ᠎ᠠ ᠨᠢ ᠪᠤᠢ ᠪᠤᠯᠭᠠᠭᠰᠠᠨ ᠨᠢ ᠡᠭᠦᠨ ᠳᠤ ᠪᠠᠭᠲᠠᠬᠤ ᠦᠭᠡᠢ᠃ | ᠲᠠᠪᠤᠨ ᠵᠠᠭᠤ ᠠᠷᠪᠠᠨ ᠳᠤᠯᠤᠳᠤᠭᠠᠷ ᠵᠦᠢᠯ ᠠᠪᠴᠠᠭᠠᠲᠠᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ | ᠬᠠᠷᠠᠯᠲᠠ ᠶᠢ ᠬᠤᠪᠢᠶᠠᠵᠤ ᠪᠤᠯᠬᠤ ᠪᠦᠬᠡᠳ ᠠᠪᠴᠠᠭ᠎ᠠ ᠶᠢ ᠬᠤᠪᠢᠳᠠᠴᠠ ᠶᠤᠰᠤᠭᠠᠷ ᠢᠶᠠᠨ ᠲᠤᠰ ᠲᠤᠰ ᠡᠳ᠋ᠯᠡᠳᠡᠭ ᠨᠢ | ᠬᠤᠪᠢᠳᠠᠯᠲᠤ ᠠᠪᠴᠠᠭ᠎ᠠ ᠪᠤᠯᠤᠨ᠎ᠠ︔ ᠦᠭᠴᠡᠭᠡᠲᠡᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠠᠷᠠᠯᠲᠠ ᠶᠢ | ᠬᠤᠪᠢᠶᠠᠵᠤ ᠪᠤᠯᠬᠤ ᠪᠦᠬᠡᠳ ᠦᠭᠴᠡᠭᠡ ᠶᠢ ᠬᠤᠪᠢᠳᠠᠴᠠ ᠶᠤᠰᠤᠭᠠᠷ ᠢᠶᠠᠨ ᠲᠤᠰ ᠲᠤᠰ ᠡᠭᠦᠷᠭᠡᠯᠡᠳᠡᠭ ᠨᠢ | ᠬᠤᠪᠢᠳᠠᠯᠲᠤ ᠦᠭᠴᠡᠭᠡ ᠪᠤᠯᠤᠨ᠎ᠠ᠃ | ᠬᠤᠪᠢᠳᠠᠯᠲᠤ ᠠᠪᠴᠠᠭᠠᠲᠠᠨ ᠪᠤᠶᠤ ᠬᠤᠪᠢᠳᠠᠯᠲᠤ ᠦᠭᠴᠡᠭᠡᠲᠡᠨ ᠤ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ | ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ | ᠲᠠᠪᠤᠨ ᠵᠠᠭᠤ ᠠᠷᠪᠠᠨ ᠨᠠᠢᠮᠠᠳᠤᠭᠠᠷ ᠵᠦᠢᠯ ᠠᠪᠴᠠᠭᠠᠲᠠᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠡᠰᠡᠭ | ᠠᠪᠴᠠᠭᠠᠳᠠᠨ ᠪᠤᠶᠤ ᠪᠦᠬᠦ ᠠᠪᠴᠠᠭᠠᠲᠠᠨ ᠴᠦᠮ ᠦᠭᠴᠡᠭᠡᠲᠡᠨ ᠢᠶᠠᠷ ᠦᠭᠴᠡᠭᠡ ᠭᠦᠢᠴᠡᠳᠬᠡᠭᠦᠯᠬᠦ ᠪᠠᠷ | ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠠᠪᠴᠠᠭ᠎ᠠ ᠪᠤᠯᠤᠨ᠎ᠠ︔ ᠦᠭᠴᠡᠭᠡᠲᠡᠨ ᠨᠢ ᠬᠤᠶᠠᠷ ᠠᠴᠠ ᠳᠡᠭᠡᠭᠰᠢ | ᠬᠦᠮᠦᠨ ᠪᠠᠶᠢᠵᠤ᠂ ᠠᠪᠴᠠᠭᠠᠲᠠᠨ ᠬᠡᠰᠡᠭ ᠦᠭᠴᠡᠬᠡᠳᠡᠨ ᠪᠤᠶᠤ ᠪᠦᠬᠦ ᠦᠭᠴᠡᠭᠡᠲᠡᠨ ᠢᠶᠠᠷ ᠪᠦᠬᠦ ᠦᠭᠴᠡᠭᠡ ᠶᠢ | ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠦᠭᠴᠡᠭᠡ ᠪᠤᠯᠤᠨ᠎ᠠ᠃ | ᠬᠤᠯᠪᠤᠯᠳᠤᠭᠰᠠᠨ ᠠᠪᠴᠠᠭ᠎ᠠ ᠪᠤᠶᠤ ᠬᠤᠯᠪᠤᠯᠳᠤᠭᠰᠠᠨ ᠦᠭᠴᠡᠭᠡ ᠶᠢ ᠬᠠᠤᠯᠢ ᠴᠠᠭᠠᠵᠠ ᠪᠠᠷ ᠲᠤᠭᠲᠠᠭᠠᠬᠤ ᠪᠤᠶᠤ | ᠲᠤᠬᠠᠢ ᠶᠢᠨ ᠬᠦᠮᠦᠨ ᠪᠤᠯᠵᠤᠨ ᠲᠤᠭᠲᠠᠨ᠎ᠠ᠃ | ᠲᠠᠪᠤᠨ ᠵᠠᠭᠤ ᠠᠷᠪᠠ ᠶᠢᠰᠦᠳᠦᠭᠡᠷ ᠵᠦᠢᠯ ᠬᠤᠯᠪᠤᠯᠳᠤᠭᠰᠠᠨ ᠦᠭᠴᠡᠭᠡᠲᠡᠨ ᠤ ᠬᠤᠭᠤᠷᠤᠨᠲᠤᠬᠢ ᠬᠤᠪᠢᠳᠠᠴᠠ ᠶᠢ | ᠲᠤᠭᠲᠠᠭᠠᠬᠤ ᠳᠤ ᠪᠡᠷᠬᠡᠲᠡᠢ ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ | ᠪᠤᠳᠠᠲᠠᠢ ᠡᠭᠦᠷᠭᠡᠯᠡᠬᠦ ᠦᠭᠴᠡᠭᠡ ᠨᠢ ᠦᠪᠡᠷ ᠤᠨ ᠬᠢᠨᠢ ᠬᠤᠪᠢᠳᠠᠴᠠ ᠠᠴᠠ ᠬᠡᠲᠦᠷᠡᠭᠰᠡᠨ ᠬᠤᠯᠪᠤᠯᠳᠤᠭᠰᠠᠨ | ᠦᠭᠴᠡᠭᠡᠲᠡᠨ ᠬᠡᠲᠦᠷᠡᠭᠰᠡᠨ ᠬᠡᠰᠡᠭ ᠤᠨ ᠲᠤᠬᠠᠢ ᠳᠤ ᠪᠤᠰᠤᠳ ᠬᠤᠯᠪᠤᠯᠳᠤᠭᠰᠠᠨ ᠦᠭᠴᠡᠭᠡᠲᠡᠨ ᠤ ᠭᠦᠢᠴᠡᠳᠬᠡᠭᠰᠡᠨ | ᠦᠭᠡᠢ ᠬᠤᠪᠢᠳᠠᠴᠠ ᠶᠢᠨ ᠬᠡᠪᠴᠢᠶᠡᠨ ᠳᠤ ᠲᠡᠳᠡᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ ᠪᠦᠭᠡᠳ | ᠵᠤᠬᠢᠴᠠᠩᠭᠤᠢ ᠪᠠᠷ ᠠᠪᠴᠠᠭᠠᠲᠠᠨ ᠤ ᠡᠷᠬᠡ ᠶᠢ ᠡᠳ᠋ᠯᠡᠵᠦ ᠪᠤᠯᠤᠨ᠎ᠠ᠂ ᠭᠡᠪᠡᠴᠦ ᠠᠪᠴᠠᠭᠠᠲᠠᠨ ᠤ ᠠᠰᠢᠭ ᠲᠤᠰᠠ ᠶᠢ | ᠬᠤᠬᠢᠷᠠᠭᠤᠯᠵᠤ ᠪᠤᠯᠬᠤ ᠦᠭᠡᠢ᠃ ᠪᠤᠰᠤᠳ ᠬᠤᠯᠪᠤᠯᠳᠤᠭᠰᠠᠨ ᠦᠭᠴᠡᠭᠡᠲᠡᠨ ᠨᠢ ᠠᠪᠴᠠᠭᠠᠲᠠᠨ ᠳᠤ ᠵᠤᠷᠢᠬᠤ | ᠡᠰᠡᠷᠭᠦᠴᠡᠨ ᠮᠠᠷᠭᠤᠯᠲᠤᠬᠤ ᠡᠷᠬᠡ ᠪᠠᠨ ᠲᠤᠰ ᠦᠭᠴᠡᠭᠡᠲᠡᠨ ᠳᠤ ᠵᠤᠷᠢᠵᠤ ᠪᠤᠯᠤᠨ᠎ᠠ᠃ | ᠲᠦᠯᠦᠪᠦᠷᠢ ᠨᠡᠬᠡᠮᠵᠢᠯᠡᠭᠳᠡᠭᠴᠢ ᠶᠢᠨ ᠬᠤᠯᠪᠤᠯᠳᠤᠭᠰᠠᠨ ᠥᠭᠴᠡᠭᠡᠲᠡᠨ ᠡᠭᠦᠷᠭᠡᠯᠡᠬᠦ ᠶᠣᠰᠤᠲᠠᠢ ᠬᠤᠪᠢᠳᠠᠴᠠ ᠪᠠᠨ | ᠭᠦᠢᠴᠡᠳᠬᠡᠵᠦ ᠳᠡᠶᠢᠯᠬᠦ ᠦᠭᠡᠢ ᠪᠠᠶᠢᠪᠠᠯ᠂ ᠪᠤᠰᠤᠳ ᠬᠤᠯᠪᠤᠯᠳᠤᠭᠰᠠᠨ ᠥᠭᠴᠡᠭᠡᠲᠡᠨ ᠵᠣᠬᠢᠴᠠᠩᠭᠤᠢ ᠬᠡᠪᠴᠢᠶᠡᠨ | ᠳᠣᠲᠤᠷ᠎ᠠ ᠬᠠᠷᠢᠴᠠᠯ ᠶᠣᠰᠤᠭᠠᠷ ᠡᠭᠦᠷᠭᠡᠯᠡᠬᠦ ᠬᠡᠷᠡᠭᠲᠡᠢ᠃ | ᠲᠠᠪᠤᠨ ᠵᠠᠭᠤ ᠬᠤᠷᠢᠳᠤᠭᠠᠷ ᠵᠦᠢᠯ ᠬᠡᠰᠡᠭ ᠬᠤᠯᠪᠤᠯᠳᠤᠭᠰᠠᠨ ᠦᠭᠴᠡᠭᠡᠲᠡᠨ ᠦᠭᠴᠡᠭᠡ ᠶᠢ ᠭᠦᠢᠴᠡᠳᠬᠡᠭᠰᠡᠨ᠂ | ᠲᠤᠯᠭᠠᠨ ᠬᠠᠰᠤᠬᠰᠠᠨ ᠪᠤᠶᠤ ᠬᠠᠷᠠᠯᠲᠠ ᠪᠤᠳᠠᠰ ᠢ ᠭᠠᠷᠭᠠᠵᠤ ᠬᠠᠳᠠᠭᠠᠯᠠᠭᠤᠯᠤᠭᠰᠠᠨ ᠪᠠᠶᠢᠪᠠᠯ᠂ ᠪᠤᠰᠤᠳ | ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠬᠠᠷᠠᠭᠠᠯᠵᠠᠭᠰᠠᠨ ᠬᠡᠪᠴᠢᠶᠡᠨ ᠳᠤ ᠤᠰᠠᠳᠤᠨ᠎ᠠ︔ ᠲᠤᠰ | ᠦᠭᠴᠡᠭᠡᠲᠡᠨ ᠡᠮᠦᠨᠡᠬᠢ ᠵᠦᠢᠯ ᠤᠨ ᠲᠤᠭᠲᠠᠭᠠᠯ ᠶᠤᠰᠤᠭᠠᠷ ᠪᠤᠰᠤᠳ ᠦᠭᠴᠡᠭᠡᠲᠡᠨ ᠢᠶᠠᠷ ᠨᠡᠬᠡᠮᠵᠢᠯᠡᠨ ᠲᠦᠯᠦᠭᠦᠯᠵᠤ | ᠪᠤᠯᠤᠨ᠎ᠠ᠃ | ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠶᠢ ᠬᠡᠯᠲᠦᠷᠢᠭᠦᠯᠦᠭᠰᠡᠨ ᠪᠠᠶᠢᠪᠠᠯ᠂ ᠲᠤᠰ | ᠬᠤᠯᠪᠤᠯᠳᠤᠭᠰᠠᠨ ᠦᠭᠴᠡᠭᠡᠲᠡᠨ ᠤ ᠡᠭᠦᠷᠭᠡᠯᠡᠬᠦ ᠶᠤᠰᠤᠲᠠᠢ ᠬᠤᠪᠢᠳᠠᠴᠠ ᠶᠢᠨ ᠬᠡᠪᠴᠢᠶ᠎ᠠ ᠳᠤ ᠪᠤᠰᠤᠳ | ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠤᠰᠠᠳᠤᠨ᠎ᠠ᠃ | ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠪᠤᠯᠤᠨ ᠠᠪᠴᠠᠭᠠᠲᠠᠨ ᠤ ᠠᠪᠴᠠᠭ᠎ᠠ ᠨᠢᠭᠡ ᠯᠡ ᠬᠦᠮᠦᠨ ᠤ ᠬᠢ | ᠪᠣᠯᠣᠭᠰᠠᠨ ᠪᠠᠶᠢᠪᠠᠯ᠂ ᠲᠤᠰ ᠦᠭᠴᠡᠭᠡᠲᠡᠨ ᠤ ᠡᠭᠦᠷᠭᠡᠯᠡᠬᠦ ᠶᠤᠰᠤᠲᠠᠢ ᠬᠤᠪᠢᠳᠠᠴᠠ ᠶᠢ ᠬᠠᠰᠤᠵᠤ ᠭᠠᠷᠭᠠᠭᠰᠠᠨ ᠤ | ᠳᠠᠷᠠᠭ᠎ᠠ᠂ ᠠᠪᠴᠠᠭᠠᠲᠠᠨ ᠤ ᠪᠤᠰᠤᠳ ᠦᠭᠴᠡᠭᠡᠲᠡᠨ ᠠᠴᠠ ᠠᠪᠬᠤ ᠠᠪᠴᠠᠭ᠎ᠠ ᠨᠢ ᠦᠷᠭᠦᠯᠵᠢᠯᠡᠨ ᠤᠷᠤᠰᠢᠨ᠎ᠠ᠃ | ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠭᠦ ᠦᠭᠴᠡᠭᠡ ᠶᠢ ᠬᠦᠯᠢᠶᠡᠨ ᠠᠪᠬᠤ ᠪᠠᠨ | ᠬᠤᠶᠢᠰᠢᠯᠠᠭᠤᠯᠤᠭᠰᠠᠨ ᠨᠢ᠂ ᠪᠤᠰᠤᠳ ᠬᠤᠯᠪᠤᠯᠳᠤᠭᠰᠠᠨ ᠦᠭᠴᠡᠭᠡᠲᠡᠨ ᠳᠤ ᠬᠦᠴᠦᠨ ᠲᠠᠢ ᠪᠤᠯᠤᠨ᠎ᠠ᠃ | ᠲᠠᠪᠤᠨ ᠵᠠᠭᠤ ᠬᠤᠷᠢᠨ ᠨᠢᠭᠡᠳᠦᠭᠡᠷ ᠵᠦᠢᠯ ᠬᠤᠯᠪᠤᠯᠳᠤᠭᠰᠠᠨ ᠠᠪᠴᠠᠭᠠᠲᠠᠨ ᠤ ᠬᠤᠭᠤᠷᠤᠨᠳᠤᠬᠢ ᠬᠤᠪᠢᠳᠠᠴᠠ ᠶᠢ | ᠲᠤᠭᠲᠠᠭᠠᠬᠤ ᠳᠤ ᠪᠡᠷᠬᠡᠲᠡᠢ ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ | ᠠᠪᠴᠠᠭ᠎ᠠ ᠶᠢ ᠪᠣᠳᠠᠲᠠᠶ ᠬᠦᠯᠢᠶᠡᠨ ᠠᠪᠤᠭᠰᠠᠨ ᠬᠤᠯᠪᠣᠯᠳᠤᠭᠰᠠᠨ ᠠᠪᠴᠠᠭᠠᠲᠠᠨ ᠬᠠᠷᠢᠴᠠᠯ ᠶᠣᠰᠣᠭᠠᠷ ᠪᠤᠰᠤᠳ | ᠬᠤᠯᠪᠣᠯᠳᠤᠭᠰᠠᠨ ᠠᠪᠴᠠᠭᠠᠲᠠᠨ ᠳᠤ ᠪᠤᠴᠠᠭᠠᠵᠤ ᠥᠭᠬᠦ ᠬᠡᠷᠡᠭᠲᠡᠶ᠃ | ᠬᠤᠯᠪᠣᠯᠳᠤᠭᠰᠠᠨ ᠠᠪᠴᠠᠭ᠎ᠠ ᠳᠤ ᠲᠤᠰ ᠪᠦᠯᠦᠭ ᠲᠠᠬᠢ ᠬᠤᠯᠪᠣᠯᠳᠤᠭᠰᠠᠨ ᠥᠭᠴᠡᠭᠡ ᠶᠢᠨ ᠬᠤᠯᠪᠣᠭᠳᠠᠯ ᠪᠦᠬᠦᠢ | ᠲᠣᠭᠲᠠᠭᠠᠯ ᠢ ᠯᠠᠪᠯᠠᠯᠲᠠ ᠪᠣᠯᠭᠠᠵᠤ ᠲᠤᠬᠢᠷᠠᠭᠤᠯᠤᠨ ᠬᠡᠷᠡᠭᠯᠡᠨ᠎ᠡ᠃ | ᠲᠠᠪᠤᠨ ᠵᠠᠭᠤ ᠬᠤᠷᠢᠨ ᠬᠤᠶᠠᠳᠤᠭᠠᠷ ᠵᠦᠢᠯ ᠲᠤᠬᠠᠢ ᠶᠢᠨ ᠬᠥᠮᠦᠨ ᠥᠭᠴᠡᠭᠡᠲᠡᠨ ᠢᠶᠠᠷ ᠭᠤᠷᠪᠠᠳᠠᠬᠢ ᠬᠥᠮᠦᠨ ᠳᠤ | ᠥᠭᠴᠡᠭᠡ ᠭᠦᠢᠴᠡᠳᠬᠡᠭᠦᠯᠬᠦ ᠪᠠᠷ ᠪᠣᠯᠵᠣᠨ ᠲᠣᠭᠲᠠᠭᠠᠳ᠂ ᠥᠭᠴᠡᠭᠡᠲᠡᠨ ᠭᠤᠷᠪᠠᠳᠠᠬᠢ ᠬᠥᠮᠦᠨ ᠳᠤ ᠥᠭᠴᠡᠭᠡ ᠪᠠᠨ | ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ | ᠪᠠᠶᠢᠪᠠᠯ᠂ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠭᠤᠷᠪᠠᠳᠠᠬᠢ ᠬᠥᠮᠦᠨ ᠥᠭᠴᠡᠭᠡᠲᠡᠨ ᠢᠶᠠᠷ ᠲᠡᠬᠦᠨ ᠳᠤ ᠥᠭᠴᠡᠭᠡ ᠭᠦᠢᠴᠡᠳᠬᠡᠭᠦᠯᠬᠦ ᠪᠠᠷ ᠰᠢᠭᠤᠳ ᠭᠤᠶᠤᠴᠢᠯᠠᠵᠤ | ᠪᠣᠯᠤᠨ᠎ᠠ ᠭᠡᠵᠤ ᠬᠠᠤᠯᠢ ᠴᠠᠭᠠᠵᠠ ᠳᠤ ᠲᠣᠭᠲᠠᠭᠠᠭᠰᠠᠨ ᠪᠤᠶᠤ ᠲᠤᠬᠠᠶ ᠶᠢᠨ ᠬᠥᠮᠦᠨ ᠪᠤᠯᠵᠤᠨ ᠲᠤᠬᠳᠠᠭᠠᠳ᠂ | ᠭᠤᠷᠪᠠᠳᠠᠬᠢ ᠬᠥᠮᠦᠨ ᠵᠦᠶ ᠵᠣᠬᠢᠰᠲᠠᠶ ᠬᠤᠭᠤᠴᠠᠭᠠᠨ ᠳᠣᠲᠣᠷ᠎ᠠ ᠲᠣᠳᠣᠷᠬᠠᠶ ᠲᠡᠪᠴᠢᠭᠰᠡᠨ ᠦᠭᠡᠢ᠂ ᠥᠭᠴᠡᠭᠡᠲᠡᠨ | ᠭᠤᠷᠪᠠᠳᠠᠬᠢ ᠬᠥᠮᠦᠨ ᠳᠤ ᠥᠭᠴᠡᠭᠡ ᠪᠠᠨ ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ | ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠭᠤᠷᠪᠠᠳᠠᠬᠢ ᠬᠥᠮᠦᠨ ᠥᠭᠴᠡᠭᠡᠲᠡᠨ ᠢᠶᠠᠷ ᠭᠡᠷ᠎ᠠ | ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠤᠨ᠎ᠠ︔ ᠥᠭᠴᠡᠭᠡᠲᠡᠨ ᠨᠢ ᠠᠪᠴᠠᠭᠠᠲᠠᠨ ᠳᠤ | ᠵᠤᠷᠢᠬᠤ ᠡᠰᠡᠷᠬᠦᠴᠡᠨ ᠮᠠᠷᠭᠤᠯᠳᠤᠬᠤ ᠡᠷᠬᠡ ᠪᠠᠨ ᠭᠤᠷᠪᠠᠳᠠᠬᠢ ᠬᠥᠮᠦᠨ ᠳᠤ ᠵᠤᠷᠢᠵᠤ ᠪᠣᠯᠤᠨ᠎ᠠ᠃ | ᠲᠠᠪᠤᠨ ᠵᠠᠭᠤ ᠬᠤᠷᠢᠨ ᠭᠤᠷᠪᠠᠳᠤᠭᠠᠷ ᠵᠦᠢᠯ ᠲᠤᠬᠠᠢ ᠶᠢᠨ ᠬᠥᠮᠦᠨ ᠭᠤᠷᠪᠠᠳᠠᠬᠢ ᠬᠥᠮᠦᠨ ᠢᠶᠠᠷ ᠠᠪᠴᠠᠭᠠᠲᠠᠨ ᠳᠤ | ᠥᠭᠴᠡᠭᠡ ᠭᠦᠢᠴᠡᠳᠬᠡᠭᠦᠯᠬᠦ ᠪᠠᠷ ᠪᠣᠯᠵᠣᠨ ᠲᠣᠭᠲᠠᠭᠠᠳ᠂ ᠭᠤᠷᠪᠠᠳᠠᠬᠢ ᠬᠥᠮᠦᠨ ᠥᠭᠴᠡᠭᠡ ᠪᠠᠨ ᠭᠦᠢᠴᠡᠳᠬᠡᠬᠦ | ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ | ᠥᠭᠴᠡᠭᠡᠲᠡᠨ ᠨᠢ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠲᠠᠪᠤᠨ ᠵᠠᠭᠤ ᠬᠤᠷᠢᠨ ᠳᠥᠷᠪᠡᠳᠦᠭᠡᠷ ᠵᠦᠢᠯ ᠥᠭᠴᠡᠭᠡᠲᠡᠨ ᠥᠭᠴᠡᠭᠡ ᠪᠠᠨ ᠬᠦᠢᠴᠡᠳᠭᠡᠬᠦ ᠤᠢᠭᠡᠢ ᠪᠠᠶᠢᠵᠤ᠂ | ᠭᠤᠷᠪᠠᠳᠠᠬᠢ ᠬᠥᠮᠦᠨ ᠲᠤᠰ ᠥᠭᠴᠡᠭᠡ ᠶᠢ ᠭᠦᠢᠴᠡᠳᠬᠡᠬᠦ ᠳᠤ ᠬᠠᠤᠯᠢ ᠶᠣᠰᠣᠨ ᠤ ᠠᠰᠢᠭ ᠲᠤᠰᠠ ᠲᠠᠢ ᠪᠠᠶᠢᠪᠠᠯ᠂ | ᠭᠤᠷᠪᠠᠳᠠᠬᠢ ᠬᠥᠮᠦᠨ ᠨᠢ ᠠᠪᠴᠠᠭᠠᠲᠠᠨ ᠳᠤ ᠪᠠᠶᠢᠷᠢ ᠣᠷᠣᠯᠠᠨ ᠭᠦᠢᠴᠡᠳᠬᠡᠬᠦ ᠡᠷᠬᠡ ᠲᠠᠢ︔ ᠭᠡᠪᠡᠴᠦ ᠦᠭᠴᠡᠭᠡ ᠶᠢᠨ | ᠰᠢᠨᠵᠢ ᠴᠢᠨᠠᠷ ᠢ ᠦᠨᠳᠤᠰᠤᠯᠠᠪᠡᠯ᠂ ᠲᠤᠬᠠᠶ ᠶᠢᠨ ᠬᠥᠮᠦᠨ ᠤ ᠪᠣᠯᠵᠣᠯ ᠶᠣᠰᠣᠭᠠᠷ ᠪᠤᠶᠤ ᠬᠠᠤᠯᠢ ᠴᠠᠭᠠᠵᠠ ᠶᠢᠨ | ᠲᠣᠭᠲᠠᠭᠠᠯ ᠶᠣᠰᠣᠭᠠᠷ ᠪᠤᠯ ᠥᠭᠴᠡᠭᠡᠲᠡᠨ ᠯᠡ ᠭᠦᠢᠴᠡᠳᠭᠡᠬᠦ ᠨᠢ ᠡᠭᠦᠨ ᠳᠤ ᠪᠠᠭᠲᠠᠬᠤ ᠦᠭᠡᠢ᠃ | ᠠᠪᠴᠠᠭᠠᠲᠠᠨ ᠭᠤᠷᠪᠠᠳᠠᠬᠢ ᠬᠥᠮᠦᠨ ᠤ ᠭᠦᠢᠴᠡᠳᠬᠡᠬᠦ ᠶᠢ ᠬᠦᠯᠢᠶᠡᠨ ᠠᠪᠤᠭᠰᠠᠨ ᠤ ᠳᠠᠷᠠᠭ᠎ᠠ᠂ ᠲᠡᠭᠦᠨ ᠤ | ᠥᠭᠴᠡᠭᠡᠲᠡᠨ ᠠᠴᠠ ᠠᠪᠬᠤ ᠠᠪᠴᠠᠭ᠎ᠠ ᠪᠠᠨ ᠭᠤᠷᠪᠠᠳᠠᠬᠢ ᠬᠥᠮᠦᠨ ᠳᠤ ᠰᠢᠯᠵᠢᠭᠦᠯᠦᠨ ᠥᠭᠭᠦᠨ᠎ᠡ᠂ ᠭᠡᠪᠡᠴᠦ | ᠥᠭᠴᠡᠭᠡᠲᠡᠨ ᠪᠠ ᠭᠤᠷᠪᠠᠳᠠᠬᠢ ᠬᠥᠮᠦᠨ ᠠᠰᠲᠠᠭᠠᠨ ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ᠃ | ᠲᠠᠪᠤᠨ ᠵᠠᠭᠤ ᠬᠤᠷᠢᠨ ᠲᠠᠪᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠵᠤ᠂ ᠡᠮᠦᠨ᠎ᠡ | ᠬᠤᠶᠢᠨ᠎ᠡ ᠬᠦᠢᠴᠡᠦᠡᠭᠡᠬᠦ ᠲᠡᠰ ᠲᠡᠷᠡᠭᠠᠯᠡᠯ ᠪᠠᠶᠢᠬᠤ ᠤᠢᠭᠡᠢ ᠪᠤᠯ᠂ ᠵᠡᠷᠭᠡ ᠪᠠᠷ ᠬᠦᠢᠴᠡᠦᠡᠭᠡᠬᠦ ᠭᠡᠷᠡᠭᠳᠡᠢ᠃ ᠨᠢᠭᠡ | ᠲᠠᠯ᠎ᠠ ᠨᠢ ᠨᠦᠬᠦᠭᠡ ᠲᠠᠯ᠎ᠠ ᠶᠢᠨ ᠢᠶᠠᠨ ᠭᠦᠢᠴᠡᠳᠬᠡᠬᠦ ᠠᠴᠠ ᠡᠮᠦᠨ᠎ᠡ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ | ᠡᠷᠬᠡ ᠲᠠᠢ᠃ ᠨᠦᠭᠦᠭᠡ ᠲᠠᠯ᠎ᠠ ᠨᠢ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ | ᠦᠭᠡᠢ ᠦᠶ᠎ᠡ ᠳᠤ᠂ ᠨᠢᠭᠡ ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ | ᠲᠠᠪᠤᠨ ᠵᠠᠭᠤ ᠬᠤᠷᠢᠨ ᠵᠢᠷᠭᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠨ᠂ ᠡᠮᠦᠨ᠎ᠡ | ᠬᠤᠶᠢᠨ᠎ᠡ ᠭᠦᠢᠴᠡᠳᠬᠡᠬᠦ ᠳᠡᠰ ᠳᠠᠷᠠᠭᠠᠯᠠᠯ ᠲᠠᠢ ᠪᠠᠶᠢᠵᠤ᠂ ᠤᠷᠢᠳ ᠢᠶᠠᠷ ᠦᠭᠴᠡᠭᠡ ᠪᠠᠨ ᠭᠦᠢᠴᠡᠳᠬᠡᠬᠦ ᠶᠣᠰᠣᠲᠠᠶ | ᠨᠢᠭᠡ ᠲᠠᠯ᠎ᠠ ᠨᠢ ᠭᠦᠢᠴᠡᠳᠬᠡᠭᠰᠡᠨ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ ᠨᠢᠭᠡ ᠲᠠᠯ᠎ᠠ ᠨᠢ ᠭᠦᠢᠴᠡᠳᠬᠡᠭᠦᠯᠬᠦ | ᠭᠤᠶᠤᠴᠢᠯᠠᠯ ᠢ ᠨᠢ ᠲᠡᠪᠴᠢᠬᠦ ᠡᠷᠬᠡ ᠲᠠᠢ᠃ ᠤᠷᠢᠳ ᠢᠶᠠᠷ ᠭᠦᠢᠴᠡᠳᠬᠡᠬᠦ ᠨᠢᠭᠡ ᠲᠠᠯ᠎ᠠ ᠨᠢ ᠥᠭᠴᠡᠭᠡ ᠪᠠᠨ | ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ ᠨᠢᠭᠡ | ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ | ᠲᠠᠪᠤᠨ ᠵᠠᠭᠤ ᠬᠤᠷᠢᠨ ᠳᠣᠯᠣᠳᠤᠭᠠᠷ ᠵᠦᠢᠯ ᠤᠷᠢᠳ ᠢᠶᠠᠷ ᠥᠭᠴᠡᠭᠡ ᠪᠠᠨ ᠬᠦᠢᠴᠡᠳᠭᠡᠬᠦ ᠶᠣᠰᠣᠲᠠᠶ ᠲᠤᠬᠠᠶ ᠶᠢᠨ | ᠬᠥᠮᠦᠨ ᠨᠦᠬᠦᠭᠡ ᠲᠠᠯ᠎ᠠ ᠶᠢᠨ ᠢᠶᠠᠨ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠶᠢ ᠭᠡᠷᠡᠴᠢᠯᠡᠬᠦ | ᠪᠠᠲᠤᠲᠠᠢ ᠭᠡᠷᠡᠴᠢ ᠪᠠᠷᠢᠮᠲᠠ ᠲᠠᠢ ᠪᠠᠶᠢᠪᠠᠯ᠂ ᠭᠦᠢᠴᠡᠳᠬᠡᠬᠦ ᠪᠠᠨ ᠲᠤᠷᠭᠤᠠ ᠵᠣᠭᠰᠣᠭᠠᠵᠤ ᠪᠣᠯᠤᠨ᠎ᠠ᠄ | ︵ᠨᠢᠭᠡ︶ ᠡᠵᠡᠩᠨᠡᠯᠲᠡ ᠶᠢᠨ ᠪᠠᠶᠢᠳᠠᠯ ᠨᠢ ᠬᠦᠨᠳᠦ ᠨᠣᠴᠢᠲᠠᠶ ᠮᠠᠭᠤᠳᠠᠭᠰᠠᠨ︔ | ︵ᠬᠤᠶᠠᠷ︶ ᠥᠭᠴᠡᠭᠡ ᠠᠴᠠ ᠵᠠᠶᠢᠯᠠᠬᠤ ᠶᠢᠨ ᠲᠦᠯᠦᠭᠡ ᠡᠳ᠋ ᠬᠦᠷᠦᠩᠭᠡ ᠪᠠᠨ ᠰᠢᠯᠵᠢᠭᠦᠯᠦᠨ᠂ ᠪᠡᠯᠠ ᠮᠥᠩᠭᠦ ᠪᠠᠨ | ᠲᠡᠳᠡᠠ ᠠᠪᠴᠤ ᠵᠠᠶᠢᠯᠠᠭᠤᠯᠤᠬᠰᠠᠨ︔ | ︵ᠦᠷᠭᠦᠯᠵᠢᠯᠡᠯ ᠪᠤᠢ︶ |