ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠬᠤᠶᠠᠷ︶
ᠨᠡᠶᠢᠲᠡᠯᠡᠭᠰᠡᠨ ᠴᠠᠭ᠄
2021/1/20
ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ ︵ᠬᠤᠶᠠᠷ︶2020-09-22︵ᠭᠤᠷᠪᠠ︶ ᠭᠠᠵᠠᠷ ᠰᠢᠷᠤᠢ ᠶᠢᠨ ᠨᠦᠬᠦᠪᠦᠷᠢ ᠶᠢᠨ ᠵᠠᠷᠣᠳᠠᠯ ᠵᠡᠷᠭᠡ ᠵᠠᠷᠣᠳᠠᠯ ᠢ ᠬᠡᠷᠡᠭᠯᠡᠬᠦ᠂ ᠬᠤᠪᠢᠶᠠᠷᠢᠯᠠᠬᠤ ᠠᠷᠭ᠎ᠠ ︵ᠲᠦᠷᠪᠡ︶ ᠬᠠᠮᠳᠤ ᠠᠴᠠ ᠪᠡᠯᠡ ᠭᠠᠷᠭᠠᠭᠰᠠᠨ ᠠᠵᠤ ᠠᠬᠤᠢᠢᠯᠠᠯ ᠤᠨ ᠦᠮᠴᠢᠯᠡᠯ ᠤᠨ ᠡᠷᠬᠡ ᠶᠢ ᠬᠤᠪᠢᠷᠠᠭᠤᠯᠬᠤ ᠵᠡᠷᠭᠡ ᠤᠴᠢᠷ ᠶᠠᠪᠤᠳᠠᠯ︔︵ᠲᠠᠪᠤ︶ ᠬᠠᠤᠯᠢ ᠴᠠᠭᠠᠵᠠ ᠳᠤ ᠲᠤᠭᠳᠠᠭᠠᠭᠰᠠᠨ ᠪᠤᠰᠤᠳ ᠤᠴᠢᠷ ᠶᠠᠪᠤᠳᠠᠯ᠃ᠬᠤᠶᠠᠷ ᠵᠠᠭᠤ ᠵᠢᠷᠠᠡ ᠬᠤᠶᠠᠳᠤᠭᠠᠷ ᠵᠦᠢᠯ ᠬᠠᠮᠳᠤ ᠶᠢᠨ ᠦᠮᠴᠢᠯᠡᠯ ᠤᠨ ᠭᠠᠵᠠᠷ ᠰᠢᠷᠤᠢ ᠪᠠ ᠤᠢ ᠰᠢᠭᠤᠢ᠂ ᠠᠭᠤᠯᠠ ᠲᠠᠪᠠᠭ᠎ᠠ᠂ ᠨᠤᠳᠤᠭ ᠪᠡᠯᠴᠢᠭᠡᠷ᠂ ᠠᠳᠠᠷ ᠭᠠᠵᠠᠷ᠂ ᠲᠠᠩ ᠰᠠᠶᠢᠷᠭᠠᠯ ᠵᠡᠷᠭᠡ ᠳᠤ ᠲᠤᠤᠷ᠎ᠠ ᠵᠢᠭᠰᠠᠭᠠᠭᠰᠠᠨ ᠲᠤᠭᠳᠠᠭᠠᠯ ᠶᠤᠰᠤᠭᠠᠷ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ᠄︵ᠨᠢᠭᠡ︶ ᠲᠣᠰᠬᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ ᠠᠴᠠ ᠬᠠᠣᠯᠢ ᠶᠣᠰᠣᠭᠠᠷ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠡ︔︵ᠬᠤᠶᠠᠷ︶ ᠲᠣᠰᠬᠤᠨ ᠤ ᠲᠤᠳᠤᠷᠠᠬᠢ ᠬᠤᠶᠠᠷ ᠠᠴᠠ ᠲᠡᠭᠡᠭᠰᠢ ᠲᠠᠷᠢᠶᠠᠴᠢᠨ ᠤ ᠬᠠᠮᠳᠤ ᠶᠢᠨ ᠦᠮᠴᠢᠯᠡᠯ ᠳᠤ ᠲᠤᠰ ᠲᠤᠰ ᠬᠠᠷᠢᠶᠠᠯᠠᠭᠳᠠᠵᠤ ᠪᠠᠶᠢᠪᠠᠯ᠂ ᠲᠣᠰᠬᠤᠨ ᠤ ᠲᠤᠳᠤᠷᠠᠬᠢ ᠲᠤᠰ ᠬᠠᠮᠳᠤ ᠶᠢᠨ ᠠᠵᠤ ᠠᠬᠤᠢ ᠶᠢᠨ ᠡᠯ᠎ᠡ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠲᠤᠭᠤᠢᠢᠯᠠᠩ ᠠᠴᠠ ᠬᠠᠣᠯᠢ ᠶᠣᠰᠣᠭᠠᠷ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ︔︵ᠭᠤᠷᠪᠠ︶ ᠰᠢᠶᠠᠩ ᠪᠠᠯᠭᠠᠰᠤᠨ ᠤ ᠲᠠᠷᠢᠶᠠᠴᠢᠳ ᠤᠨ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠵᠤ ᠪᠠᠶᠢᠪᠠᠯ᠂ ᠰᠢᠶᠠᠩ ᠪᠠᠯᠭᠠᠰᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠠᠮᠳᠤ ᠶᠢ ᠲᠦᠯᠦᠭᠡᠯᠡᠨ ᠦᠮᠴᠢᠯᠡᠯ ᠤᠨ ᠡᠷᠬᠡ ᠶᠢ ᠬᠡᠷᠡᠭᠵᠢᠬᠦᠯᠦᠨ᠎ᠠ᠃ᠬᠤᠶᠠᠷ ᠵᠠᠭᠤ ᠵᠢᠷᠠᠨ ᠭᠤᠷᠪᠠᠳᠤᠭᠠᠷ ᠵᠦᠢᠯ ᠬᠤᠳᠠ ᠪᠠᠯᠭᠠᠰᠤᠨ ᠤ ᠬᠠᠮᠳᠤ ᠶᠢᠨ ᠦᠮᠴᠢᠯᠡᠯ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠤ᠂ ᠲᠤᠰ ᠬᠠᠮᠳᠤ ᠶᠢᠨ ᠬᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠡ᠃ᠬᠤᠶᠠᠷ ᠵᠠᠭᠤ ᠵᠢᠷᠠᠨ ᠲᠦᠷᠪᠡᠳᠤᠭᠡᠷ ᠵᠦᠢᠯ ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠲᠣᠰᠬᠤᠨ ᠤ ᠠᠷᠠᠳ ᠤᠨ ᠵᠦᠪᠯᠡᠯ᠂ ᠲᠣᠰᠬᠤᠨ ᠤ ᠠᠷᠠᠳ ᠤᠨ ᠲᠤᠭᠤᠢᠢᠯᠠᠩ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠵᠢᠴᠢ ᠲᠦᠷᠢᠮ᠂ ᠲᠣᠰᠬᠤᠨ ᠤ ᠲᠤᠬᠳᠠᠭᠠᠯ ᠠᠷᠠᠳ ᠤᠨ ᠭᠡᠷ᠎ᠡ ᠶᠤᠰᠤᠭᠠᠷ ᠲᠤᠰ ᠬᠠᠮᠳᠤ ᠶᠢᠨ ᠪᠦᠷᠢᠯᠳᠦᠬᠦᠨ ᠳᠡᠭᠡᠨ ᠬᠠᠮᠳᠤ ᠶᠢᠨ ᠡᠳ᠋ ᠬᠦᠷᠦᠩᠭᠡ ᠶᠢᠨ ᠪᠠᠶᠢᠳᠠᠯ ᠢᠶᠠᠨ ᠨᠡᠶᠢᠳᠡᠯᠡᠬᠦ ᠬᠡᠷᠡᠭᠳᠡᠢ᠃ ᠬᠠᠮᠳᠤ ᠶᠢᠨ ᠪᠦᠷᠢᠯᠳᠦᠬᠦᠨ ᠨᠢ ᠬᠤᠯᠪᠣᠭᠳᠠᠯ ᠪᠥᠬᠦᠢ ᠮᠠᠲ᠋ᠧᠷᠢᠶᠠᠯ ᠢ ᠪᠠᠶᠢᠴᠠᠭᠠᠨ ᠥᠵᠡᠬᠦ᠂ ᠪᠠᠭᠤᠯᠭᠠᠨ ᠠᠪᠬᠤ ᠡᠷᠭᠡ ᠲᠠᠢ᠃ᠬᠤᠶᠠᠷ ᠵᠠᠭᠤ ᠵᠢᠷᠠᠨ ᠲᠠᠪᠣᠳᠣᠭᠠᠷ ᠵᠦᠢᠯ ᠬᠠᠮᠳᠤ ᠶᠢᠨ ᠦᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ ᠲᠤᠳᠤᠷ᠎ᠠ ᠵᠠᠭᠤᠷ᠎ᠠ ᠪᠠᠨ ᠬᠤᠪᠢᠶᠠᠯᠴᠠᠬᠤ᠂ ᠡᠪᠳᠡᠬᠦ ᠶᠢ ᠴᠠᠭᠠᠵᠠᠯᠠᠨ᠎ᠠ᠃ᠬᠥᠳᠡᠭᠡ ᠲᠣᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠲᠣᠰᠬᠤᠨ ᠤ ᠠᠷᠠᠳ ᠤᠨ ᠵᠦᠪᠯᠡᠯ ᠪᠤᠶᠤ ᠲᠡᠬᠦᠨ ᠤ ᠬᠠᠷᠢᠭᠤᠴᠠᠯᠭᠠᠳᠠᠨ ᠤ ᠭᠠᠷᠭᠠᠭᠰᠠᠨ ᠲᠤᠭᠳᠠᠭᠠᠯ ᠨᠢ ᠬᠠᠮᠳᠤ ᠶᠢᠨ ᠪᠦᠷᠢᠯᠳᠦᠬᠦᠨ ᠤ ᠬᠠᠤᠯᠢ ᠶᠤᠰᠤᠨ ᠤ ᠡᠷᠬᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠳᠤ ᠤᠴᠠᠷᠠᠭᠰᠠᠨ ᠬᠠᠮᠳᠤ ᠶᠢᠨ ᠪᠦᠷᠢᠯᠳᠦᠬᠦᠨ ᠲᠡᠬᠦᠨ ᠢ ᠬᠦᠴᠦᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠵᠤ ᠪᠤᠯᠤᠨ᠎ᠠ᠃ᠬᠤᠶᠠᠷ ᠵᠠᠭᠤ ᠵᠢᠷᠠᠨ ᠵᠢᠷᠭᠤᠳᠤᠭᠠᠷ ᠵᠦᠢᠯ ᠬᠤᠪᠢ ᠬᠦᠮᠦᠨ ᠦᠪᠡᠷ ᠤᠨ ᠢᠶᠠᠨ ᠬᠠᠤᠯᠢ ᠶᠤᠰᠤᠨ ᠤ ᠤᠷᠤᠯᠭ᠎ᠠ᠂ ᠭᠡᠷ ᠪᠠᠶᠢᠰᠢᠩ᠂ ᠠᠮᠢᠳᠤᠷᠠᠯ ᠤᠨ ᠡᠳ᠋ᠯᠡᠯ ᠬᠡᠷᠡᠭᠰᠡᠯ᠂ ᠦᠢᠯᠡᠳᠪᠦᠷᠢᠯᠡᠯ ᠤᠨ ᠪᠠᠭᠠᠵᠢ᠂ ᠲᠦᠬᠦᠭᠡᠢ ᠮᠠᠲ᠋ᠧᠷᠢᠶᠠᠯ ᠵᠡᠷᠭᠡ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠦᠮᠴᠢᠯᠡᠯ ᠤᠨ ᠡᠷᠬᠡ ᠶᠢ ᠡᠳ᠋ᠯᠡᠨ᠎ᠠ᠃ᠬᠤᠶᠠᠷ ᠵᠠᠭᠤ ᠵᠢᠷᠠᠨ ᠲᠣᠯᠣᠳᠤᠭᠠᠷ ᠵᠦᠢᠯ ᠬᠤᠪᠢ ᠬᠦᠮᠦᠨ ᠤ ᠬᠠᠤᠯᠢ ᠶᠤᠰᠤᠨ ᠤ ᠡᠳ᠋ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠤ ᠡᠵᠡᠯᠡᠨ ᠠᠪᠬᠤ᠂ ᠳᠦᠷᠭᠢᠯᠳᠦᠨ ᠪᠤᠯᠢᠶᠠᠬᠤ᠂ ᠡᠪᠳᠡᠬᠦ ᠶᠢ ᠴᠠᠭᠠᠵᠠᠯᠠᠨ᠎ᠠ᠃ᠬᠤᠶᠠᠷ ᠵᠠᠭᠤ ᠵᠢᠷᠠᠨ ᠨᠠᠢᠮᠠᠳᠣᠭᠠᠷ ᠵᠦᠢᠯ ᠤᠯᠤᠰ᠂ ᠬᠠᠮᠳᠤ ᠨᠠᠶᠢᠳᠠ ᠪᠠ ᠬᠤᠪᠢ ᠬᠦᠮᠦᠨ ᠬᠠᠤᠯᠢ ᠶᠤᠰᠤᠭᠠᠷ ᠪᠡᠯᠡ ᠭᠠᠷᠭᠠᠵᠤ ᠬᠢᠵᠠᠭᠠᠷᠳᠣ ᠬᠠᠷᠢᠭᠤᠴᠠᠯᠭᠠᠳᠤ ᠺᠤᠮᠫᠠᠨᠢ᠂ ᠬᠤᠪᠢ ᠤᠷᠤᠭᠤᠯᠤᠭᠰᠠᠨ ᠬᠢᠵᠠᠭᠠᠷᠳᠣ ᠬᠠᠷᠢᠭᠤᠴᠠᠯᠭᠠᠳᠤ ᠺᠤᠮᠫᠠᠨᠢ ᠪᠤᠶᠤ ᠪᠤᠰᠤᠳ ᠠᠵᠤ ᠠᠬᠤᠢᠢᠯᠠᠯ ᠪᠠᠶᠢᠭᠤᠯᠵᠤ ᠪᠤᠯᠤᠨ᠎ᠠ᠃ ᠤᠯᠤᠰ᠂ ᠬᠠᠮᠳᠤ ᠨᠠᠶᠢᠳᠠ ᠪᠠ ᠬᠤᠪᠢ ᠬᠦᠮᠦᠨ ᠤ ᠦᠮᠴᠢᠯᠡᠯ ᠤᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠠᠵᠤ ᠠᠬᠤᠢᠢᠯᠠᠯ ᠳᠤ ᠤᠷᠤᠭᠤᠯᠤᠭᠰᠠᠨ ᠪᠠᠶᠢᠪᠠᠯ᠂ ᠪᠡᠯᠡ ᠭᠠᠷᠭᠠᠭᠴᠢ ᠨᠢ ᠪᠤᠯᠵᠤᠯ ᠶᠤᠰᠤᠭᠠᠷ ᠪᠤᠶᠤ ᠪᠡᠯᠡ ᠭᠠᠷᠭᠠᠭᠰᠠᠨ ᠬᠠᠷᠢᠴᠠᠯ ᠢᠶᠠᠷ ᠢᠶᠠᠨ ᠪᠡᠯᠡ ᠬᠦᠷᠦᠩᠭᠡ ᠶᠢᠨ ᠠᠰᠢᠭ ᠤᠯᠬᠤ᠂ ᠴᠢᠬᠤᠯᠠ ᠶᠡᠭᠡ ᠪᠤᠳᠤᠯᠭ᠎ᠠ ᠲᠤᠭᠳᠠᠭᠠᠬᠤ ᠵᠢᠴᠢ ᠡᠵᠡᠩᠨᠡᠨ ᠬᠠᠮᠢᠶᠠᠷᠤᠭᠴᠢ ᠶᠢ ᠰᠢᠯᠢᠬᠦ ᠵᠡᠷᠭᠡ ᠡᠷᠬᠡ ᠶᠢ ᠡᠳ᠋ᠯᠡᠬᠦ ᠶᠢᠨ ᠬᠠᠮᠳᠤ ᠡᠬᠦᠷᠭᠡ ᠪᠠᠨ ᠬᠦᠢᠴᠡᠳᠭᠡᠨ᠎ᠡ᠃ᠬᠤᠶᠠᠷ ᠵᠠᠭᠤ ᠵᠢᠷᠠ ᠶᠢᠰᠤᠳᠤᠭᠡᠷ ᠵᠦᠢᠯ ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠦᠪᠡᠷ ᠤᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠵᠢᠴᠢ ᠲᠦᠷᠢᠮ ᠶᠤᠰᠤᠭᠠᠷ ᠡᠵᠡᠮᠰᠢᠬᠦ᠂ ᠬᠡᠷᠡᠭᠯᠡᠬᠦ᠂ ᠠᠰᠢᠭ ᠣᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃ᠠᠰᠢᠭ ᠬᠤᠨᠵᠢᠪᠣᠷᠢᠳᠥ ᠬᠠᠤᠯᠢ ᠶᠢᠨ ᠬᠦᠮᠦᠨ ᠠᠴᠠ ᠭᠠᠳᠠᠨᠠᠬᠢ ᠬᠠᠤᠯᠢ ᠶᠢᠨ ᠬᠦᠮᠦᠨ ᠤ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢᠨ ᠡᠷᠬᠡ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠵᠢᠴᠢ ᠲᠦᠷᠢᠮ ᠤᠨ ᠲᠤᠭᠳᠠᠭᠠᠯ ᠢ ᠲᠣᠬᠢᠷᠠᠭᠤᠯᠣᠨ ᠬᠡᠷᠡᠭᠯᠡᠨ᠎ᠡ᠃ᠬᠤᠶᠠᠷ ᠵᠠᠭᠤ ᠲᠠᠯᠠᠳᠤᠭᠠᠷ ᠵᠦᠢᠯ ᠨᠠᠶᠢᠭᠡᠮ ᠤᠨ ᠪᠦᠯᠬᠦᠮ ᠬᠠᠣᠯᠢ ᠶᠢᠨ ᠬᠥᠮᠥᠨ᠂ ᠬᠠᠨᠳᠢᠪᠯᠡᠨ ᠲᠣᠰᠠᠯᠠᠬᠤ ᠬᠠᠣᠯᠢ ᠶᠢᠨ ᠬᠥᠮᠥᠨ ᠤ ᠬᠠᠤᠯᠢ ᠶᠤᠰᠤᠭᠠᠷ ᠦᠮᠴᠢᠯᠡᠵᠤ ᠪᠠᠶᠢᠭ᠎ᠠ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢ ᠬᠠᠤᠯᠢ ᠪᠠᠷ ᠬᠠᠮᠠᠭᠠᠯᠠᠨ᠎ᠠ᠃ ᠵᠢᠷᠭᠤᠳᠤᠭᠠᠷ ᠪᠦᠯᠦᠭ ᠦᠮᠴᠢᠳᠡᠨ ᠤ ᠬᠡᠷ ᠪᠠᠷᠢᠯᠭ᠎ᠠ ᠶᠢᠨ ᠢᠯᠭᠠᠯᠳᠣ ᠦᠮᠴᠢᠯᠡᠯ ᠤᠨ ᠡᠷᠬᠡᠬᠤᠶᠠᠷ ᠵᠠᠭᠤ ᠲᠠᠯᠡᠨ ᠨᠢᠭᠡᠳᠤᠭᠡᠷ ᠵᠦᠢᠯ ᠦᠮᠴᠢᠳᠠᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠵᠡᠷᠭᠡ ᠲᠤᠰᠬᠠᠢ ᠥᠮᠴᠢᠯᠡᠬᠦ ᠬᠡᠰᠡᠭ ᠲᠤ ᠦᠮᠴᠢᠯᠡᠬᠦ ᠡᠷᠬᠡ ᠶᠢ ᠡᠳ᠋ᠯᠡᠨ᠎ᠠ᠂ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ ᠬᠠᠮᠳᠤ ᠪᠠᠷ ᠥᠮᠴᠢᠯᠡᠬᠦ ᠬᠡᠰᠡᠭ ᠲᠤ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠶᠢ ᠡᠳ᠋ᠯᠡᠨ᠎ᠠ᠃ᠬᠤᠶᠠᠷ ᠵᠠᠭᠤ ᠲᠠᠯᠠᠨ ᠬᠤᠶᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠲᠤ ᠡᠵᠡᠮᠰᠢᠬᠦ᠂ ᠬᠡᠷᠡᠭᠯᠡᠬᠦ᠂ ᠠᠰᠢᠭ ᠤᠯᠬᠤ ᠪᠠ ᠰᠢᠢᠳᠪᠦᠷᠢᠯᠡᠬᠦ ᠡᠷᠬᠡ ᠶᠢ ᠡᠳ᠋ᠯᠡᠨ᠎ᠠ᠃ ᠦᠮᠴᠢᠳᠡᠨ ᠡᠷᠭᠡ ᠪᠠᠨ ᠭᠡᠷᠡᠭᠵᠢᠬᠦᠯᠬᠦ ᠳᠡᠭᠡᠨ ᠪᠠᠷᠢᠯᠭ᠎ᠠ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠪᠤᠯᠬᠤ ᠦᠭᠡᠢ᠂ ᠪᠤᠰᠤᠳ ᠦᠮᠴᠢᠳᠡᠨ ᠤ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠭᠡᠢ᠃ᠬᠤᠶᠠᠷ ᠵᠠᠭᠤ ᠲᠠᠯᠠᠨ ᠭᠤᠷᠪᠠᠳᠤᠭᠠᠷ ᠵᠦᠢᠯ ᠦᠮᠴᠢᠳᠡᠨ ᠪᠠᠷᠢᠯᠭ᠎ᠠ ᠶᠢᠨ ᠲᠤᠰᠬᠠᠢ ᠥᠮᠴᠢᠯᠡᠬᠦ ᠬᠡᠰᠡᠭ ᠠᠴᠠ ᠭᠠᠳᠠᠨᠠᠬᠢ ᠬᠠᠮᠳᠤ ᠪᠠᠷ ᠦᠮᠴᠢᠯᠡᠬᠦ ᠬᠡᠰᠡᠭ ᠲᠤ ᠡᠷᠬᠡ ᠡᠳ᠋ᠯᠡᠵᠤ ᠡᠬᠦᠷᠭᠡ ᠡᠬᠦᠷᠭᠡᠯᠡᠨ᠎ᠠ︔ ᠡᠷᠬᠡ ᠪᠠᠨ ᠲᠠᠶᠠᠬᠳᠠᠭᠰᠠᠨ ᠢᠶᠠᠷ ᠰᠢᠯᠳᠠᠭᠠᠨ ᠪᠤᠯᠭᠠᠵᠤ ᠡᠬᠦᠷᠬᠡ ᠪᠠᠨ ᠬᠦᠢᠴᠡᠳᠭᠡᠬᠦ ᠦᠭᠡᠢ ᠪᠠᠶᠢᠵᠤ ᠪᠤᠯᠬᠤ ᠦᠭᠡᠢ᠃ᠦᠮᠴᠢᠳᠡᠨ ᠪᠠᠷᠢᠯᠭ᠎ᠠ ᠶᠢᠨ ᠲᠤᠳᠤᠷᠠᠬᠢ ᠤᠷᠤᠨ ᠰᠠᠭᠤᠴᠠ᠂ ᠡᠵᠡᠩᠨᠡᠯᠳᠡ ᠶᠢᠨ ᠴᠢᠨᠠᠷᠳᠠᠢ ᠭᠡᠷᠡᠭᠯᠡᠬᠦ ᠭᠡᠷ ᠪᠠᠶᠢᠰᠢᠩ ᠢᠶᠠᠨ ᠰᠢᠯᠵᠢᠬᠦᠯᠦᠨ ᠦᠭᠬᠦ ᠳᠤ ᠬᠦᠷᠪᠡᠯ᠂ ᠪᠠᠷᠢᠯᠭ᠎ᠠ ᠶᠢᠨ ᠬᠠᠮᠳᠤ ᠪᠠᠷ ᠦᠮᠴᠢᠯᠡᠬᠦ ᠬᠡᠰᠡᠭ ᠲᠠᠬᠢ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠪᠠᠨ ᠬᠠᠮᠳᠤ ᠳᠤᠨᠢ ᠰᠢᠯᠵᠢᠬᠦᠯᠦᠨ ᠦᠭᠬᠦᠨ᠎ᠠ᠃ᠬᠤᠶᠠᠷ ᠵᠠᠭᠤ ᠲᠠᠯᠠᠨ ᠲᠦᠷᠪᠡᠳᠤᠭᠡᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠵᠠᠮ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ ᠪᠠᠯᠭᠠᠰᠤᠨ ᠤ ᠤᠯᠠᠨ ᠨᠠᠶᠢᠳᠠ ᠶᠢᠨ ᠵᠠᠮ ᠳᠤ ᠬᠠᠷᠢᠶᠠᠯᠠᠭᠳᠠᠬᠤ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠵᠦᠯᠭᠡ ᠭᠠᠵᠠᠷ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠂ ᠭᠡᠪᠡᠴᠦ ᠬᠤᠳᠠ ᠪᠠᠯᠭᠠᠰᠤᠨ ᠤ ᠤᠯᠠᠨ ᠨᠠᠶᠢᠳᠠ ᠶᠢᠨ ᠵᠦᠯᠭᠡ ᠭᠠᠵᠠᠷ ᠪᠤᠶᠤ ᠬᠤᠪᠢ ᠬᠦᠮᠦᠨ ᠳᠤ ᠬᠠᠷᠢᠶᠠᠯᠠᠭᠳᠠᠨ᠎ᠠ ᠭᠡᠵᠦ ᠲᠤᠳᠤᠷᠬᠠᠢ ᠵᠢᠭᠠᠭᠰᠠᠨ ᠨᠢ ᠡᠬᠦᠨ ᠳᠤ ᠪᠠᠭᠳᠠᠬᠤ ᠦᠭᠡᠢ᠃ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠪᠤᠰᠤᠳ ᠤᠯᠠᠨ ᠨᠡᠶᠢᠳᠡ ᠶᠢᠨ ᠲᠠᠯᠠᠪᠤᠷ ᠭᠠᠵᠠᠷ᠂ ᠨᠡᠶᠢᠳᠡ ᠶᠢᠨ ᠭᠡᠷᠡᠭᠯᠡᠭᠡᠨ ᠤ ᠲᠦᠬᠦᠭᠡᠷᠤᠮᠵᠢ ᠪᠤᠯᠤᠨ ᠠᠳᠠᠯ ᠠᠬᠤᠢ ᠶᠢᠨ ᠦᠢᠯᠡᠴᠢᠯᠡᠭᠡᠨ ᠳᠤ ᠭᠡᠷᠡᠭᠯᠡᠬᠦ ᠭᠡᠷ ᠪᠠᠶᠢᠰᠢᠩ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ᠬᠤᠶᠠᠷ ᠵᠠᠭᠤ ᠲᠠᠯᠠᠨ ᠲᠠᠪᠤᠳᠤᠭᠠᠷ ᠵᠦᠢᠯ ᠪᠠᠷᠢᠯᠭ᠎ᠠ ᠶᠢᠨ ᠣᠷᠣᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠶᠢᠨ ᠬᠠᠷᠢᠶᠠᠯᠠᠯ ᠢ ᠲᠤᠬᠠᠢ ᠶᠢᠨ ᠬᠦᠮᠦᠨ ᠨᠢ ᠬᠤᠳᠠᠯᠳᠤᠬᠤ᠂ ᠲᠠᠭᠠᠯᠳᠤᠭᠤᠯᠤᠨ ᠪᠡᠯᠡᠭᠯᠡᠬᠦ ᠪᠤᠶᠤ ᠲᠦᠷᠢᠶᠡᠰᠦᠯᠡᠬᠦᠯᠬᠦ ᠵᠡᠷᠭᠡ ᠠᠷᠭ᠎ᠠ ᠮᠠᠶ᠋ᠢᠭ ᠢᠶᠠᠷ ᠪᠤᠯᠵᠤᠨ ᠲᠤᠭᠳᠠᠭᠠᠨ᠎ᠠ᠃ᠦᠮᠴᠢᠳᠡᠨ ᠤ ᠬᠠᠮᠳᠤ ᠪᠠᠷ ᠦᠮᠴᠢᠯᠡᠬᠦ ᠵᠠᠮ ᠪᠤᠶᠤ ᠪᠤᠰᠤᠳ ᠲᠠᠯᠠᠪᠤᠷ ᠭᠠᠵᠠᠷ ᠢ ᠡᠵᠡᠯᠡᠨ ᠬᠡᠷᠡᠭᠯᠡᠭᠡᠳ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠲᠡᠷᠭᠡᠨ ᠵᠤᠭᠰᠤᠭᠠᠯ ᠪᠤᠯᠭᠠᠪᠠᠯ᠂ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ᠬᠤᠶᠠᠷ ᠵᠠᠭᠤ ᠲᠠᠯᠠᠨ ᠵᠢᠷᠭᠤᠳᠤᠭᠠᠷ ᠵᠦᠢᠯ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠮᠠᠰᠢᠨ ᠲᠡᠷᠭᠡ ᠵᠤᠭᠰᠤᠭᠠᠬᠤ ᠳᠤ ᠬᠡᠷᠡᠭᠯᠡᠬᠦ ᠪᠠᠷ ᠲᠦᠯᠦᠪᠵᠢᠬᠦᠯᠦᠭᠰᠡᠨ ᠲᠡᠷᠭᠡᠨ ᠵᠤᠭᠰᠤᠭᠠᠯ᠂ ᠲᠡᠷᠭᠡᠨ ᠬᠦᠮᠦᠷᠭᠡ ᠨᠢ ᠶᠠᠭᠤᠨ ᠤ ᠤᠷᠢᠳ ᠦᠮᠴᠢᠳᠡᠨ ᠤ ᠬᠡᠷᠡᠭᠴᠡᠭᠡ ᠶᠢ ᠬᠠᠨᠭ᠍ᠭᠠᠬᠤ ᠬᠡᠷᠡᠭᠳᠡᠢ᠃ᠬᠤᠶᠠᠷ ᠵᠠᠭᠤ ᠲᠠᠯᠠᠨ ᠲᠣᠯᠣᠳᠣᠭᠠᠷ ᠵᠦᠢᠯ ᠦᠮᠴᠢᠳᠡᠨ ᠦᠮᠴᠢᠳᠡᠳ ᠤᠨ ᠶᠡᠭᠡ ᠬᠤᠷᠠᠯ ᠢ ᠪᠠᠶᠢᠭᠤᠯᠵᠤ᠂ ᠦᠮᠴᠢᠳᠠᠳ ᠤᠨ ᠵᠦᠪᠯᠡᠯ ᠢ ᠰᠤᠩᠭᠤᠨ ᠭᠠᠷᠭᠠᠵᠤ ᠪᠤᠯᠤᠨ᠎ᠠ᠃ ᠦᠮᠴᠢᠳᠡᠳ ᠤᠨ ᠶᠡᠭᠡ ᠬᠤᠷᠠᠯ᠂ ᠦᠮᠴᠢᠳᠠᠳ ᠤᠨ ᠵᠦᠪᠯᠡᠯ ᠢ ᠪᠠᠶᠢᠭᠤᠯᠬᠤ ᠪᠣᠳᠠᠳᠠᠢ ᠨᠥᠬᠦᠴᠡᠯ ᠪᠠ ᠵᠢᠷᠣᠮ ᠢ ᠬᠠᠣᠯᠢ ᠴᠠᠭᠠᠵᠠ᠂ ᠬᠠᠣᠯᠢ ᠲᠣᠭᠳᠠᠭᠠᠯ ᠤᠨ ᠲᠣᠭᠳᠠᠭᠠᠯ ᠶᠣᠰᠣᠭᠠᠷ ᠶᠠᠪᠣᠭᠤᠯᠣᠨ᠎ᠠ᠃ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠠᠭᠤᠭᠠᠯᠢ ᠠᠷᠠᠳ ᠤᠨ ᠵᠥᠪᠯᠡᠯ ᠦᠮᠴᠢᠳᠠᠳ ᠤᠨ ᠶᠡᠭᠡ ᠬᠤᠷᠠᠯ ᠢ ᠪᠠᠶᠢᠭᠤᠯᠬᠤ ᠪᠠ ᠦᠮᠴᠢᠳᠠᠳ ᠤᠨ ᠵᠦᠪᠯᠡᠯ ᠢ ᠰᠤᠩᠭᠤᠬᠤ ᠠᠵᠢᠯ ᠢ ᠵᠢᠯᠤᠭᠤᠳᠤᠨ ᠲᠡᠭᠦᠨ ᠳᠤ ᠬᠠᠮᠵᠢᠬᠤ ᠬᠡᠷᠡᠭᠳᠡᠢ᠃ᠬᠤᠶᠠᠷ ᠵᠠᠭᠤ ᠲᠠᠯᠠᠨ ᠨᠠᠢᠮᠠᠳᠣᠭᠠᠷ ᠵᠦᠢᠯ ᠲᠤᠤᠷ᠎ᠠ ᠵᠢᠭᠰᠠᠭᠠᠭᠰᠠᠨ ᠤᠴᠢᠷ ᠶᠠᠪᠤᠳᠠᠯ ᠢ ᠦᠮᠴᠢᠳᠡᠳ ᠬᠠᠮᠳᠤ ᠪᠠᠷ ᠲᠤᠭᠳᠠᠭᠠᠨ᠎ᠠ᠄︵ᠨᠢᠭᠡ︶ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠬᠤ︔︵ᠬᠤᠶᠠᠷ︶ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠬᠤ︔︵ᠭᠤᠷᠪᠠ︶ ᠦᠮᠴᠢᠳᠡᠳ ᠤᠨ ᠵᠦᠪᠯᠡᠯ ᠢ ᠰᠤᠩᠭᠤᠬᠤ ᠪᠤᠶᠤ ᠦᠮᠴᠢᠳᠡᠳ ᠤᠨ ᠵᠦᠪᠯᠡᠯ ᠤᠨ ᠪᠦᠷᠢᠯᠳᠤᠬᠦᠨ ᠢ ᠰᠤᠯᠢᠬᠤ︔︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢ ᠰᠤᠩᠭᠤᠨ ᠤᠷᠢᠬᠤ ᠪᠠ ᠤᠷᠢᠵᠥ ᠬᠡᠷᠡᠭᠯᠡᠬᠦ ᠪᠠᠨ ᠪᠤᠯᠢᠬᠤ︔︵ᠲᠠᠪᠤ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠬᠡᠷᠡᠭᠯᠡᠬᠦ︔︵ᠵᠢᠷᠭᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠴᠤᠭᠯᠠᠭᠤᠯᠬᠤ︔︵ᠲᠤᠯᠤᠭ᠎ᠠ︶ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠦᠭᠡᠷᠡᠴᠢᠯᠡᠡ ᠪᠠᠶᠢᠭᠤᠯᠬᠤ᠂ ᠲᠡᠬᠢᠨ ᠪᠠᠶᠢᠭᠤᠯᠬᠤ︔︵ᠨᠠᠢᠮᠠ︶ ᠬᠠᠮᠳᠣ ᠪᠠᠷ ᠥᠮᠴᠢᠯᠡᠬᠦ ᠬᠡᠰᠡᠭ ᠤᠨ ᠬᠡᠷᠡᠭᠴᠡᠭᠡ ᠶᠢ ᠬᠤᠪᠢᠷᠠᠭᠤᠯᠬᠤ ᠪᠣᠶᠣ ᠬᠠᠮᠳᠣ ᠪᠠᠷ ᠥᠮᠴᠢᠯᠡᠬᠦ ᠬᠡᠰᠡᠭ ᠢ ᠠᠰᠢᠬᠯᠠᠨ ᠡᠵᠡᠩᠨᠡᠯᠳᠡ ᠶᠢᠨ ᠠᠵᠢᠯᠯᠠᠭ᠎ᠠ ᠡᠷᠭᠢᠯᠡᠬᠦ︔︵ᠶᠢᠰᠥ︶ ᠬᠠᠮᠳᠤ ᠪᠠᠷ ᠦᠮᠴᠢᠯᠡᠬᠦ ᠪᠠ ᠬᠠᠮᠳᠤ ᠪᠠᠷ ᠬᠠᠮᠢᠶᠠᠷᠬᠤ ᠡᠷᠬᠡ ᠳᠤ ᠬᠤᠯᠪᠣᠭᠳᠠᠭᠰᠠᠨ ᠪᠤᠰᠤᠳ ᠴᠢᠬᠤᠯᠠ ᠶᠡᠭᠡ ᠣᠴᠢᠷ ᠶᠠᠪᠣᠳᠠᠯ᠃ᠥᠮᠴᠢᠳᠡᠳ ᠣᠴᠢᠷ ᠶᠠᠪᠣᠳᠠᠯ ᠢ ᠬᠠᠮᠳᠣ ᠪᠠᠷ ᠲᠣᠭᠳᠠᠭᠠᠬᠤ ᠳᠤ᠂ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠪᠥᠭᠡᠳ ᠬᠦᠮᠦᠨ ᠤ ᠲᠤᠭᠠᠨ ᠤ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢ ᠪᠠᠳᠣᠯᠠᠯᠳᠠ ᠳᠤ ᠣᠷᠣᠯᠴᠠᠭᠤᠯᠬᠤ ᠬᠡᠷᠡᠭᠳᠡᠢ᠃ ᠡᠮᠦᠨᠡᠬᠢ ᠪᠠᠳᠠᠭ ᠤᠨ ᠵᠢᠷᠭᠤᠳᠣᠭᠠᠷ ᠵᠣᠷᠪᠣᠰ ᠠᠴᠠ ᠨᠠᠢᠮᠠᠳᠣᠭᠠᠷ ᠵᠣᠷᠪᠣᠰ ᠲᠤ ᠲᠣᠭᠳᠠᠭᠠᠭᠰᠠᠨ ᠣᠴᠢᠷ ᠶᠠᠪᠣᠳᠠᠯ ᠢ ᠲᠣᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠨᠢ ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠪᠦᠬᠡᠳ ᠪᠠᠳᠣᠯᠠᠯᠳᠠ ᠳᠤ ᠣᠷᠣᠯᠴᠠᠭᠰᠠᠨ ᠬᠦᠮᠦᠨ ᠤ ᠲᠤᠭᠠᠨ ᠤ ᠲᠥᠷᠪᠡᠨ ᠤ ᠭᠤᠷᠪᠠ ᠠᠴᠠ ᠲᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠥᠪᠰᠢᠶᠡᠷᠡᠬᠦᠯᠬᠦ ᠬᠡᠷᠡᠭᠳᠡᠢ᠃ ᠡᠮᠦᠨᠡᠬᠢ ᠪᠠᠳᠠᠭ ᠤᠨ ᠪᠤᠰᠤᠳ ᠣᠴᠢᠷ ᠶᠠᠪᠣᠳᠠᠯ ᠢ ᠲᠤᠭᠳᠠᠭᠠᠬᠤ ᠳᠤ᠂ ᠪᠠᠳᠣᠯᠠᠯᠳᠠ ᠳᠤ ᠣᠷᠣᠯᠴᠠᠭᠰᠠᠨ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠨᠢ ᠬᠠᠭᠠᠰ ᠠᠴᠠ ᠬᠡᠳᠦᠷᠡᠭᠰᠡᠨ ᠪᠦᠭᠡᠳ ᠪᠠᠳᠣᠯᠠᠯᠳᠠ ᠳᠤ ᠣᠷᠣᠯᠴᠠᠭᠰᠠᠨ ᠬᠦᠮᠦᠨ ᠤ ᠲᠤᠭᠠᠨ ᠤ ᠬᠠᠭᠠᠰ ᠠᠴᠠ ᠬᠡᠳᠦᠷᠡᠭᠰᠡᠨ ᠦᠮᠴᠢᠳᠡᠳ ᠢᠶᠠᠷ ᠵᠦᠪᠰᠢᠶᠡᠷᠡᠬᠦᠯᠬᠦ ᠬᠡᠷᠡᠭᠳᠡᠢ᠃ᠬᠤᠶᠠᠷ ᠵᠠᠭᠤ ᠲᠠᠯᠠ ᠶᠢᠰᠤᠳᠤᠭᠡᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠠᠴᠠ ᠵᠦᠷᠢᠴᠡᠨ ᠤᠷᠤᠨ ᠰᠠᠭᠤᠴᠠ ᠪᠠᠨ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠵᠤ ᠪᠤᠯᠬᠤ ᠦᠭᠡᠢ᠃ ᠦᠮᠴᠢᠳᠡᠨ ᠤᠷᠤᠨ ᠰᠠᠭᠤᠴᠠ ᠪᠠᠨ ᠡᠵᠡᠩᠨᠡᠯᠳᠡ ᠶᠢᠨ ᠴᠢᠨᠠᠷᠳᠠᠢ ᠬᠡᠷᠡᠭᠯᠡᠬᠦ ᠭᠡᠷ ᠪᠠᠶᠢᠰᠢᠩ ᠪᠤᠯᠭᠠᠨ ᠬᠤᠪᠢᠷᠠᠭᠤᠯᠬᠤ ᠳᠤ ᠬᠦᠷᠪᠡᠯ᠂ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠬᠡᠷ᠎ᠡ ᠶᠢ ᠵᠢᠷᠤᠮᠯᠠᠬᠤ ᠠᠴᠠ ᠭᠠᠳᠠᠨ᠎ᠠ᠂ ᠠᠰᠢᠭ ᠬᠤᠤᠷ ᠤᠨ ᠬᠠᠷᠢᠴᠠᠭ᠎ᠠ ᠲᠠᠢ ᠦᠮᠴᠢᠳᠡᠳ ᠢᠶᠠᠷ ᠰᠠᠨᠠᠯ ᠨᠢᠭᠡᠳᠡᠢ ᠵᠦᠪᠰᠢᠶᠡᠷᠡᠬᠦᠯᠬᠦ ᠬᠡᠷᠡᠭᠳᠡᠢ᠃ᠬᠤᠶᠠᠷ ᠵᠠᠭᠤ ᠨᠠᠶᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠲᠤᠭᠳᠠᠭᠠᠯ ᠦᠮᠴᠢᠳᠡᠳ ᠲᠤ ᠬᠠᠣᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠤᠨ ᠭᠠᠷᠭᠠᠭᠰᠠᠨ ᠲᠤᠬᠳᠠᠭᠠᠯ ᠦᠮᠴᠢᠳᠡᠨ ᠤ ᠬᠠᠤᠯᠢ ᠶᠤᠰᠤᠨ ᠤ ᠡᠷᠭᠡ ᠠᠰᠢᠭ ᠢ ᠬᠥᠨᠥᠭᠡᠭᠰᠡᠨ ᠪᠠᠶᠢᠪᠠᠯ᠂ ᠬᠥᠨᠥᠭᠡᠯ ᠠᠮᠰᠠᠬᠴᠢ ᠦᠮᠴᠢᠳᠡᠨ ᠲᠡᠬᠦᠨ ᠢ ᠬᠥᠴᠤᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃ᠬᠤᠶᠠᠷ ᠵᠠᠭᠤ ᠨᠠᠶᠠᠨ ᠨᠢᠭᠡᠳᠤᠭᠡᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠪᠡᠯᠡ ᠮᠦᠡᠭᠬᠦ ᠦᠮᠴᠢᠳᠡᠨ ᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ᠃ ᠦᠮᠴᠢᠳᠡᠨ ᠬᠠᠮᠳᠤ ᠪᠠᠷ ᠲᠤᠭᠳᠠᠭᠠᠭᠠᠳ ᠲᠡᠬᠦᠨ ᠢ ᠴᠠᠬᠢᠯᠭᠠᠨ ᠱᠠᠳᠤ᠂ ᠭᠡᠷ ᠤᠨ ᠣᠷᠣᠢ᠂ ᠭᠠᠳᠠᠷ ᠬᠡᠷᠡᠮ᠂ ᠰᠠᠭᠠᠳ ᠥᠭᠡᠢ ᠲᠥᠭᠦᠭᠡᠷᠥᠮᠵᠢ ᠵᠡᠷᠭᠡ ᠬᠠᠮᠳᠤ ᠪᠠᠷ ᠦᠮᠴᠢᠯᠡᠬᠦ ᠬᠡᠰᠡᠭ ᠢ ᠰᠡᠯᠪᠢᠨ ᠵᠠᠰᠠᠬᠤ᠂ ᠰᠢᠨᠡᠳᠭᠡᠬᠦ ᠪᠠ ᠥᠭᠡᠷᠡᠴᠢᠯᠡᠡ ᠵᠠᠰᠠᠬᠤ ᠳᠤ ᠬᠡᠷᠡᠭᠯᠡᠵᠦ ᠪᠤᠯᠤᠨ᠎ᠠ᠃ ᠪᠠᠷᠢᠯᠭ᠎ᠠ ᠵᠢᠴᠢ ᠲᠡᠭᠦᠨ ᠤ ᠳᠠᠭᠠᠯᠳᠠ ᠳᠥᠭᠦᠭᠡᠷᠥᠮᠵᠢ ᠶᠢ ᠰᠡᠯᠪᠢᠨ ᠵᠠᠰᠠᠬᠤ ᠪᠡᠯᠡ ᠮᠦᠡᠭᠬᠦ ᠶᠢ ᠴᠤᠭᠯᠠᠭᠤᠯᠤᠭᠰᠠᠨ᠂ ᠬᠡᠷᠡᠭᠯᠡᠭᠰᠡᠨ ᠪᠠᠶᠢᠳᠠᠯ ᠢ ᠳᠤᠭᠳᠠᠮᠠᠯ ᠬᠤᠭᠤᠴᠠᠭ᠎ᠠ ᠲᠠᠢ ᠪᠠᠷ ᠨᠠᠶᠢᠳᠡᠯᠡᠬᠦ ᠬᠡᠷᠡᠭᠳᠡᠢ᠃ᠪᠠᠴᠢᠮ ᠪᠠᠶᠢᠳᠠᠯ ᠲᠣᠣᠷ᠎ᠠ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠡᠯᠪᠢᠨ ᠵᠠᠰᠠᠬᠤ ᠴᠢᠬᠤᠯᠠᠳᠠᠢ ᠪᠠᠶᠢᠪᠠᠯ᠂ ᠥᠮᠴᠢᠳᠡᠳ ᠤᠨ ᠶᠡᠭᠡ ᠬᠤᠷᠠᠯ ᠪᠣᠶᠣ ᠥᠮᠴᠢᠳᠡᠳ ᠤᠨ ᠵᠥᠪᠯᠡᠯ ᠪᠠᠷᠢᠯᠭ᠎ᠠ ᠵᠢᠴᠢ ᠲᠡᠭᠦᠨ ᠤ ᠳᠠᠭᠠᠯᠳᠠ ᠳᠥᠭᠦᠭᠡᠷᠥᠮᠵᠢ ᠶᠢ ᠰᠡᠯᠪᠢᠠ ᠵᠠᠰᠠᠬᠤ ᠪᠡᠯᠡ ᠮᠥᠡᠭᠭᠦ ᠶᠢ ᠬᠡᠷᠡᠭᠯᠡᠬᠦ ᠪᠠᠷ ᠬᠠᠣᠯᠢ ᠶᠣᠰᠣᠭᠠᠷ ᠭᠤᠶᠣᠴᠢᠯᠠᠵᠥ ᠪᠣᠯᠣᠨ᠎ᠠ᠃ᠬᠤᠶᠠᠷ ᠵᠠᠭᠤ ᠨᠠᠶᠠᠨ ᠬᠤᠶᠠᠳᠤᠭᠠᠷ ᠵᠦᠢᠯ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ ᠠᠬᠤᠢ ᠶᠢᠨ ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠡᠷᠭᠡ ᠶᠢᠨ ᠥᠮᠴᠢᠳᠡᠨ ᠤ ᠬᠠᠮᠳᠥ ᠪᠠᠷ ᠥᠮᠴᠢᠯᠡᠬᠦ ᠬᠡᠰᠡᠭ ᠢ ᠠᠰᠢᠬᠯᠠᠨ ᠪᠣᠢ ᠪᠣᠯᠭᠠᠭᠰᠠᠨ ᠣᠷᠣᠯᠭ᠎ᠠ ᠵᠥᠢ ᠵᠣᠬᠢᠰᠳᠡᠢ ᠥᠪᠡᠷ ᠤᠨ ᠥᠷᠳᠡᠭ ᠢ ᠬᠠᠰᠣᠭᠰᠠᠨ ᠤ ᠲᠠᠷᠠᠭ᠎ᠠ ᠥᠮᠴᠢᠳᠡᠨ ᠤ ᠬᠠᠮᠳᠣ ᠶᠢᠨ ᠥᠮᠴᠢᠯᠡᠯ ᠳᠤ ᠬᠠᠷᠢᠶᠠᠯᠠᠭᠳᠠᠨ᠎ᠠ᠃ᠬᠤᠶᠠᠷ ᠵᠠᠭᠤ ᠨᠠᠶᠠᠨ ᠭᠤᠷᠪᠠᠳᠤᠭᠠᠷ ᠵᠦᠢᠯ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢᠨ ᠵᠠᠷᠤᠳᠠᠯ ᠢ ᠲᠡᠰᠭᠡᠨ ᠤᠨᠤᠭᠳᠠᠭᠤᠯᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠣᠴᠢᠷ ᠶᠠᠪᠣᠳᠠᠯ ᠨᠢ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠬᠥᠢᠴᠡᠳᠭᠡᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠦᠮᠴᠢᠳᠡᠨ ᠤ ᠲᠤᠰᠬᠠᠢ ᠥᠮᠴᠢᠯᠡᠬᠦ ᠬᠡᠰᠡᠭ ᠤᠨ ᠲᠠᠯᠠᠪᠠᠢ ᠶᠢᠨ ᠡᠵᠡᠯᠡᠬᠦ ᠬᠠᠷᠢᠴᠠᠯ ᠢᠶᠠᠷ ᠲᠤᠭᠳᠠᠭᠠᠨ᠎ᠠ᠃ᠬᠤᠶᠠᠷ ᠵᠠᠭᠤ ᠨᠠᠶᠠᠨ ᠲᠦᠷᠪᠡᠳᠤᠭᠡᠷ ᠵᠦᠢᠯ ᠦᠮᠴᠢᠳᠡᠨ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠦᠪᠡᠰᠦᠪᠡᠨ ᠬᠠᠮᠢᠶᠠᠷᠴᠤ ᠪᠤᠯᠤᠨ᠎ᠠ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠳᠤ ᠨᠠᠶᠢᠳᠠᠨ ᠬᠠᠮᠢᠶᠠᠷᠤᠭᠤᠯᠣᠭᠰᠠᠨ ᠴᠤ ᠪᠤᠯᠤᠨ᠎ᠠ᠃ᠪᠦᠳᠦᠭᠡᠨ ᠪᠠᠶᠢᠭᠤᠯᠤᠯᠳᠠ ᠶᠢᠨ ᠨᠢᠭᠡᠴᠢ ᠶᠢᠨ ᠤᠷᠢᠭᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢ ᠦᠮᠴᠢᠳᠡᠨ ᠬᠠᠤᠯᠢ ᠶᠤᠰᠤᠭᠠᠷ ᠰᠤᠯᠢᠬᠤ ᠡᠷᠬᠡ ᠲᠠᠢ᠃ᠬᠤᠶᠠᠷ ᠵᠠᠭᠤ ᠨᠠᠶᠠᠨ ᠲᠠᠪᠣᠳᠣᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠨᠢ ᠦᠮᠴᠢᠳᠡᠨ ᠤ ᠨᠠᠶᠢᠳᠠᠯᠭ᠎ᠠ ᠶᠢ ᠦᠨᠳᠦᠰᠦᠯᠡᠨ᠂ ᠲᠣᠰ ᠬᠠᠣᠯᠢ ᠶᠢᠨ ᠭᠤᠷᠪᠠᠳᠤᠭᠠᠷ ᠠᠩᠭᠢ ᠳᠠᠬᠢ ᠠᠳᠠᠯ ᠠᠬᠤᠢ ᠶᠢᠨ ᠥᠢᠯᠡᠴᠢᠯᠡᠭᠡᠨ ᠤ ᠬᠡᠷ᠎ᠠ ᠶᠢᠨ ᠬᠤᠯᠪᠣᠭᠳᠠᠯ ᠪᠥᠬᠦᠢ ᠲᠣᠭᠳᠠᠭᠠᠯ ᠶᠣᠰᠣᠭᠠᠷ ᠪᠠᠷᠢᠯᠭ᠎ᠠ ᠶᠢᠨ ᠤᠷᠤᠨ ᠬᠤᠪᠢᠶᠠᠷᠢᠯᠠᠯ ᠤᠨ ᠲᠤᠳᠤᠷᠠᠬᠢ ᠪᠠᠷᠢᠯᠭ᠎ᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠬᠠᠮᠢᠶᠠᠷᠴᠤ᠂ ᠦᠮᠴᠢᠳᠡᠨ ᠤ ᠬᠢᠨᠠᠯᠳᠠ ᠶᠢ ᠬᠦᠯᠢᠶᠡᠬᠦ ᠪᠥᠭᠡᠳ ᠥᠮᠴᠢᠳᠡᠳ ᠤᠨ ᠠᠳᠠᠯ ᠠᠬᠤᠢ ᠶᠢᠨ ᠥᠢᠯᠡᠴᠢᠯᠡᠭᠡᠨ ᠤ ᠪᠠᠶᠢᠳᠠᠯ ᠤᠨ ᠲᠣᠬᠠᠢ ᠯᠠᠪᠯᠠᠨ ᠠᠰᠠᠭᠤᠭᠰᠠᠨ ᠵᠥᠢᠯ ᠢ ᠴᠠᠭ ᠲᠣᠬᠠᠢ ᠳᠤᠨᠢ ᠬᠠᠷᠢᠭᠤᠯᠤᠨ᠎ᠠ᠃ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠵᠠᠰᠠᠭ ᠤᠨ ᠤᠷᠳᠤᠨ ᠤ ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠯᠪᠤᠭᠳᠠᠯ ᠪᠥᠬᠦᠢ ᠠᠵᠢᠯ ᠢ ᠢᠳᠡᠪᠬᠢᠳᠡᠢ ᠬᠠᠮᠵᠢᠯᠴᠠᠨ ᠥᠷᠨᠢᠭᠦᠯᠬᠦ ᠬᠡᠷᠡᠭᠳᠡᠢ᠃ᠬᠤᠶᠠᠷ ᠵᠠᠭᠤ ᠨᠠᠶᠠᠨ ᠵᠢᠷᠭᠤᠳᠤᠭᠠᠷ ᠵᠦᠢᠯ ᠦᠮᠴᠢᠳᠡᠨ ᠬᠠᠤᠯᠢ ᠴᠠᠭᠠᠵᠠ᠂ ᠬᠠᠤᠯᠢ ᠲᠤᠬᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠢ ᠵᠢᠷᠤᠮᠯᠠᠨ ᠰᠠᠬᠢᠵᠤ᠂ ᠬᠤᠯᠪᠤᠭᠳᠠᠯ ᠪᠦᠬᠦᠢ ᠦᠢᠯᠡ ᠠᠵᠢᠯᠯᠠᠭ᠎ᠠ ᠪᠠᠨ ᠡᠬᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦᠯᠦᠭᠰᠡᠨ ᠪᠠᠶᠢᠬᠤ ᠬᠡᠷᠡᠭᠳᠡᠢ᠃ ᠦᠮᠴᠢᠳᠡᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠤᠶᠤ ᠪᠤᠰᠤᠳ ᠬᠠᠮᠢᠶᠠᠷᠤᠭᠴᠢ ᠶᠢᠨ ᠵᠠᠰᠠᠭ ᠤᠨ ᠤᠷᠳᠤᠨ ᠤ ᠬᠠᠤᠯᠢ ᠶᠤᠰᠤᠭᠠᠷ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠥᠷᠢᠯᠡᠬᠦ ᠠᠷᠭ᠎ᠠ ᠬᠡᠮᠵᠢᠶ᠎ᠡ ᠪᠤᠯᠤᠨ ᠪᠤᠰᠤᠳ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠭᠦᠢᠴᠡᠳᠭᠡᠬᠦ ᠳᠤ ᠬᠠᠤᠯᠢ ᠶᠤᠰᠤᠭᠠᠷ ᠬᠠᠮᠵᠢᠯᠴᠠᠬᠤ ᠬᠡᠷᠡᠭᠳᠡᠢ᠃ᠦᠮᠴᠢᠳᠡᠳ ᠤᠨ ᠶᠡᠭᠡ ᠬᠤᠷᠠᠯ ᠪᠣᠶᠣ ᠦᠮᠴᠢᠳᠡᠳ ᠤᠨ ᠵᠦᠪᠯᠡᠯ ᠨᠢ ᠰᠠᠨᠠᠭᠠᠨ ᠲᠤᠷ᠎ᠠ ᠪᠠᠷ ᠢᠶᠠᠨ ᠬᠤᠭ ᠨᠤᠪᠰᠢ ᠬᠠᠶᠠᠬᠤ᠂ ᠪᠤᠬᠢᠷ ᠪᠤᠳᠠᠰ ᠭᠠᠳᠠᠬᠰᠢᠯᠠᠭᠤᠯᠬᠤ ᠪᠤᠶᠤ ᠱᠤᠤᠬᠢᠶᠠᠨ ᠭᠠᠷᠭᠠᠬᠤ᠂ ᠲᠤᠭᠳᠠᠭᠠᠯ ᠠᠴᠠ ᠵᠦᠷᠢᠴᠡᠨ ᠠᠮᠢᠳᠠᠨ ᠲᠡᠵᠢᠬᠡᠬᠦ᠂ ᠲᠦᠷᠢᠮ ᠠᠴᠠ ᠵᠦᠷᠢᠴᠡᠨ ᠪᠠᠷᠢᠯᠭ᠎ᠠ ᠪᠠᠷᠢᠵᠥ ᠪᠤᠰᠬᠠᠬᠤ᠂ ᠨᠡᠪᠳᠡᠷᠡᠬᠦ ᠵᠠᠮ ᠢ ᠡᠵᠡᠯᠡᠬᠦ᠂ ᠠᠳᠠᠯ ᠠᠬᠤᠢ ᠶᠢᠨ ᠵᠠᠷᠣᠳᠠᠯ ᠢᠶᠠᠨ ᠦᠭᠬᠦ ᠶᠢ ᠲᠡᠪᠴᠢᠬᠦ ᠵᠡᠷᠭᠡ ᠪᠤᠰᠤᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠬᠰᠠᠨ ᠥᠢᠯᠡ ᠠᠵᠢᠯᠯᠠᠭ᠎ᠠ ᠶᠢᠨ ᠲᠣᠬᠠᠢ ᠳᠤ᠂ ᠬᠠᠤᠯᠢ ᠴᠠᠭᠠᠵᠠ᠂ ᠬᠠᠤᠯᠢ ᠲᠤᠭᠳᠠᠭᠠᠯ ᠵᠢᠴᠢ ᠬᠠᠮᠢᠶᠠᠷᠤᠯᠳᠠ ᠶᠢᠨ ᠨᠠᠶᠢᠳᠠ ᠶᠢᠨ ᠭᠡᠷ᠎ᠡ ᠶᠤᠰᠤᠭᠠᠷ ᠦᠢᠯᠡ ᠠᠵᠢᠯᠯᠠᠭᠠᠳᠠᠨ ᠢᠶᠠᠷ ᠬᠦᠨᠦᠭᠡᠯ ᠢ ᠵᠤᠭᠰᠤᠭᠠᠯᠭᠠᠬᠤ᠂ ᠬᠠᠷᠰᠢᠯᠡᠯ ᠢ ᠠᠷᠢᠯᠭᠠᠭᠤᠯᠬᠤ᠂ ᠠᠶᠣᠯ ᠲᠥᠭᠰᠢᠬᠦᠷᠢ ᠶᠢ ᠠᠷᠢᠯᠭᠠᠭᠤᠯᠬᠤ᠂ ᠣᠭ ᠪᠠᠶᠢᠳᠠᠯ ᠢ ᠨᠢ ᠰᠡᠷᠭᠦᠭᠡᠯᠭᠡᠬᠦ᠂ ᠬᠤᠬᠢᠷᠠᠯ ᠢ ᠲᠦᠯᠦᠬᠦᠯᠬᠦ ᠪᠠᠷ ᠭᠤᠶᠣᠴᠢᠯᠠᠬᠤ ᠡᠷᠬᠡ ᠲᠠᠢ᠃ᠦᠮᠴᠢᠲᠡᠨ ᠪᠤᠶᠤ ᠪᠤᠰᠤᠳ ᠥᠢᠯᠡ ᠠᠵᠢᠯᠯᠠᠭᠠᠳᠠᠨ ᠬᠤᠯᠪᠣᠭᠳᠠᠯ ᠪᠥᠬᠦᠢ ᠡᠬᠦᠷᠭᠡ ᠪᠠᠨ ᠬᠥᠢᠴᠡᠳᠭᠡᠬᠦ ᠶᠢ ᠲᠠᠪᠴᠢᠭ᠍ᠰᠡᠨ ᠪᠠᠶᠢᠪᠠᠯ᠂ ᠬᠤᠯᠪᠣᠭᠳᠠᠯ ᠪᠥᠬᠦᠢ ᠲᠣᠬᠠᠢ ᠶᠢᠨ ᠬᠥᠮᠥᠨ ᠨᠢ ᠬᠤᠯᠪᠣᠭᠳᠠᠯ ᠪᠥᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠪᠤᠶᠤ ᠵᠠᠭᠠᠯᠳᠣᠵᠥ ᠪᠣᠯᠣᠨ᠎ᠠ᠂ ᠬᠤᠯᠪᠣᠭᠳᠠᠯ ᠪᠥᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠠᠣᠯᠢ ᠶᠣᠰᠣᠭᠠᠷ ᠰᠢᠢᠳᠪᠣᠷᠢᠯᠡᠬᠦ ᠬᠡᠷᠡᠭᠳᠡᠢ᠃ᠬᠤᠶᠠᠷ ᠵᠠᠭᠤ ᠨᠠᠶᠠᠨ ᠲᠤᠯᠤᠳᠤᠭᠠᠷ ᠵᠦᠢᠯ ᠦᠮᠴᠢᠳᠡᠨ ᠪᠥᠳᠥᠭᠡᠨ ᠪᠠᠶᠢᠭᠤᠯᠣᠯᠳᠠ ᠶᠢᠨ ᠨᠢᠭᠡᠴᠢ᠂ ᠠᠳᠠᠯ ᠠᠬᠤᠢ ᠶᠢᠨ ᠥᠢᠯᠡᠴᠢᠯᠡᠭᠡᠨ ᠤ ᠠᠵᠣ ᠠᠬᠤᠢᠢᠯᠠᠯ ᠪᠣᠶᠣ ᠪᠣᠰᠣᠳ ᠬᠠᠮᠢᠶᠠᠷᠣᠭᠴᠢ ᠵᠢᠴᠢ ᠪᠣᠰᠣᠳ ᠥᠮᠴᠢᠳᠡᠨ ᠤ ᠥᠪᠡᠷ ᠤᠨ ᠬᠢᠨᠢ ᠬᠠᠤᠯᠢ ᠶᠤᠰᠤᠨ ᠤ ᠡᠷᠬᠡ ᠠᠰᠢᠭ ᠢ ᠬᠦᠨᠦᠭᠡᠭᠰᠡᠨ ᠥᠢᠯᠡ ᠠᠵᠢᠯᠯᠠᠭ᠎ᠠ ᠳᠤ ᠲᠡᠳᠡᠨ ᠢᠶᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦᠯᠬᠦ ᠪᠠᠷ ᠭᠤᠶᠣᠴᠢᠯᠠᠬᠤ ᠡᠷᠭᠡ ᠲᠠᠢ᠃ ᠲᠤᠯᠤᠳᠤᠭᠠᠷ ᠪᠦᠯᠦᠭ   ᠬᠦᠷᠰᠢ ᠵᠡᠷᠭᠡᠯᠡᠳᠡᠭᠡ ᠶᠢᠨ ᠬᠠᠷᠢᠴᠠᠭ᠎ᠠᠬᠤᠶᠠᠷ ᠵᠠᠭᠤ ᠨᠠᠶᠠᠨ ᠨᠠᠢᠮᠠᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠬᠦᠷᠰᠢ ᠵᠡᠷᠭᠡᠯᠡᠳᠡᠭᠡ ᠶᠢᠨ ᠡᠷᠬᠡᠳᠦ ᠬᠦᠮᠦᠨ ᠦᠢᠯᠡᠳᠪᠦᠷᠢᠯᠡᠯ ᠳᠤ ᠠᠰᠢᠭᠳᠠᠢ᠂ ᠠᠮᠢᠳᠤᠷᠠᠯ ᠳᠤ ᠲᠦᠬᠦᠮ᠂ ᠪᠦᠯᠬᠦᠮᠳᠡᠨ ᠬᠠᠪᠰᠤᠷᠤᠯᠴᠠᠬᠤ᠂ ᠭᠤᠤᠯᠴᠢ ᠵᠣᠬᠢᠰᠳᠡᠢ ᠪᠠᠶᠢᠬᠤ ᠵᠠᠷᠴᠢᠮ ᠶᠤᠰᠤᠭᠠᠷ ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠪᠠᠨ ᠵᠦᠪ ᠰᠢᠢᠳᠪᠦᠷᠢᠯᠡᠬᠦ ᠬᠡᠷᠡᠭᠳᠡᠢ᠃ᠬᠤᠶᠠᠷ ᠵᠠᠭᠤ ᠨᠠᠶᠠ ᠶᠢᠰᠥᠳᠥᠭᠡᠷ ᠵᠦᠢᠯ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠬᠦᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠰᠢᠢᠳᠪᠦᠷᠢᠯᠡᠬᠦ ᠲᠤᠬᠠᠢ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ︔ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠯ ᠪᠠᠶᠢᠬᠤ ᠦᠭᠡᠢ ᠪᠣᠯ᠂ ᠲᠣᠬᠠᠢ ᠶᠢᠨ ᠭᠠᠵᠠᠷ ᠤᠨ ᠵᠠᠩᠰᠢᠯ ᠢᠶᠠᠷ ᠰᠢᠢᠳᠪᠦᠷᠢᠯᠡᠵᠦ ᠪᠤᠯᠤᠨ᠎ᠠ᠃ᠬᠤᠶᠠᠷ ᠵᠠᠭᠤ ᠶᠡᠷᠡᠳᠤᠭᠡᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠬᠦᠷᠰᠢ ᠵᠡᠷᠭᠡᠯᠡᠳᠡᠭᠡ ᠶᠢᠨ ᠡᠷᠬᠡᠳᠦ ᠬᠦᠮᠦᠨ ᠤ ᠤᠰᠤ ᠬᠡᠷᠡᠭᠯᠡᠬᠦ᠂ ᠤᠰᠤ ᠵᠠᠯᠠᠬᠤ ᠳᠤ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ᠪᠠᠶᠢᠭᠠᠯᠢ ᠶᠢᠨ ᠤᠷᠤᠰᠬᠠᠯ ᠤᠰᠤ ᠶᠢ ᠠᠰᠢᠬᠯᠠᠬᠤ ᠳᠠᠭᠠᠨ ᠦᠯᠦ ᠬᠦᠳᠡᠯᠬᠦ ᠬᠦᠷᠦᠩᠭᠡ ᠶᠢᠨ ᠬᠦᠷᠰᠢ ᠵᠡᠷᠭᠡᠯᠡᠳᠡᠭᠡ ᠶᠢᠨ ᠡᠷᠬᠡᠳᠦ ᠬᠦᠮᠦᠨ ᠤ ᠬᠤᠭᠤᠷᠤᠨᠳᠤ ᠵᠦᠢ ᠵᠤᠬᠢᠰᠳᠠᠢ ᠬᠤᠪᠢᠶᠠᠷᠢᠯᠠᠬᠤ ᠬᠡᠷᠡᠭᠳᠡᠢ᠃ ᠪᠠᠶᠢᠭᠠᠯᠢ ᠶᠢᠨ ᠤᠷᠤᠰᠬᠠᠯ ᠤᠰᠤ ᠶᠢ ᠲᠠᠯᠪᠢᠵᠤ ᠭᠠᠷᠭᠠᠬᠤ ᠳᠠᠭᠠᠨ ᠠᠶᠠᠨᠳᠠᠭᠠᠨ ᠤᠷᠤᠰᠬᠤ ᠴᠢᠭᠯᠡᠯ ᠢᠶᠠᠷ ᠨᠢ ᠭᠠᠷᠭᠠᠬᠤ ᠬᠡᠷᠡᠭᠳᠡᠢ᠃ᠬᠤᠶᠠᠷ ᠵᠠᠭᠤ ᠶᠡᠷᠡᠨ ᠨᠢᠭᠡᠳᠤᠭᠡᠷ ᠵᠦᠢᠯ ᠬᠦᠷᠰᠢ ᠵᠡᠷᠭᠡᠯᠡᠳᠡᠭᠡ ᠶᠢᠨ ᠡᠷᠬᠡᠳᠦ ᠬᠦᠮᠦᠨ ᠨᠡᠪᠳᠡᠷᠡᠨ ᠦᠡᠭᠭᠡᠷᠡᠬᠦ ᠵᠡᠷᠬᠡ ᠰᠢᠯᠳᠠᠭᠠᠨ ᠠᠴᠠ ᠪᠤᠯᠵᠤ ᠭᠠᠵᠠᠷ ᠰᠢᠷᠤᠢ ᠶᠢ ᠨᠢ ᠵᠠᠪᠠᠯ ᠠᠰᠢᠬᠯᠠᠬᠤ ᠬᠡᠷᠡᠭᠳᠡᠢ ᠪᠠᠶᠢᠪᠠᠯ᠂ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ᠬᠤᠶᠠᠷ ᠵᠠᠭᠤ ᠶᠡᠷᠡᠨ ᠬᠤᠶᠠᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠪᠠᠷᠢᠯᠭ᠎ᠠ ᠪᠠᠷᠢᠬᠤ᠂ ᠪᠠᠷᠢᠯᠭ᠎ᠠ ᠶᠢ ᠰᠡᠯᠪᠢᠨ ᠵᠠᠰᠠᠬᠤ ᠵᠢᠴᠢ ᠴᠠᠬᠢᠯᠭᠠᠨ ᠤᠳᠠᠰᠤ᠂ ᠴᠠᠬᠢᠯᠭᠠᠨ ᠲᠡᠭᠡᠰᠦ᠂ ᠤᠰᠤᠨ ᠬᠤᠭᠤᠯᠠᠢ᠂ ᠲᠤᠯᠠᠭᠠᠯᠠᠮᠵᠢ ᠪᠠ ᠰᠢᠳᠠᠮᠠᠬᠠᠢ ᠬᠡᠢ ᠶᠢᠨ ᠬᠤᠭᠤᠯᠠᠢ ᠤᠳᠠᠰᠤ ᠵᠡᠷᠭᠡ ᠶᠢ ᠲᠠᠳᠠᠵᠤ ᠲᠠᠭᠠᠷᠠᠭᠤᠯᠬᠤ ᠰᠢᠯᠳᠠᠭᠠᠨ ᠠᠴᠠ ᠪᠤᠯᠵᠥ ᠬᠦᠷᠰᠢ ᠵᠡᠷᠭᠡᠯᠡᠳᠡᠭᠡ ᠭᠠᠵᠠᠷ ᠰᠢᠷᠤᠢ᠂ ᠪᠠᠷᠢᠯᠭ᠎ᠠ ᠶᠢ ᠵᠠᠪᠠᠯ ᠠᠰᠢᠬᠯᠠᠬᠤ ᠭᠡᠷᠡᠭᠳᠠᠢ ᠪᠠᠶᠢᠪᠠᠯ᠂ ᠲᠤᠰ ᠭᠠᠵᠠᠷ ᠰᠢᠷᠤᠢ᠂ ᠪᠠᠷᠢᠯᠭ᠎ᠠ ᠶᠢᠨ ᠡᠷᠬᠡᠳᠦ ᠬᠦᠮᠦᠨ ᠴᠢᠬᠤᠯᠠ ᠪᠦᠬᠦᠢ ᠲᠦᠬᠦᠮ ᠦᠵᠡᠬᠦᠯᠬᠦ ᠬᠡᠷᠡᠭᠳᠡᠢ᠃ᠬᠤᠶᠠᠷ ᠵᠠᠭᠤ ᠶᠡᠷᠡᠨ ᠭᠤᠷᠪᠠᠳᠣᠭᠠᠷ ᠵᠦᠢᠯ ᠪᠠᠷᠢᠯᠭ᠎ᠠ ᠪᠠᠷᠢᠬᠤ ᠳᠠᠭᠠᠨ ᠤᠯᠤᠰ ᠤᠨ ᠬᠤᠯᠪᠤᠭᠳᠠᠯ ᠪᠦᠬᠦᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠠᠴᠠ ᠵᠦᠷᠢᠴᠡᠵᠦ ᠪᠤᠯᠬᠤ ᠦᠬᠡᠢ᠂ ᠬᠦᠷᠰᠢ ᠵᠡᠷᠭᠡᠯᠡᠳᠡᠭᠡ ᠪᠠᠷᠢᠯᠭ᠎ᠠ ᠶᠢᠨ ᠰᠠᠯᠬᠢ ᠨᠡᠪᠳᠡᠷᠡᠬᠦ᠂ ᠬᠡᠷᠡᠯ ᠤᠷᠤᠬᠤ ᠪᠠ ᠨᠠᠷᠠ ᠲᠤᠰᠬᠤ ᠶᠢ ᠬᠠᠷᠰᠢᠯᠠᠵᠤ ᠪᠤᠯᠬᠤ ᠦᠭᠡᠢ᠃ᠬᠤᠶᠠᠷ ᠵᠠᠭᠤ ᠶᠡᠷᠡᠨ ᠲᠥᠷᠪᠡᠳᠥᠭᠡᠷ ᠵᠦᠢᠯ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠤᠯᠤᠰ ᠤᠨ ᠲᠤᠭᠳᠠᠭᠠᠯ ᠠᠴᠠ ᠵᠦᠷᠢᠴᠡᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠬᠠᠶᠠᠵᠤ᠂ ᠠᠭᠠᠷ ᠮᠠᠨᠳᠠᠯ ᠤᠨ ᠪᠤᠬᠢᠷ ᠪᠤᠳᠠᠰ ᠂ ᠤᠰᠤᠨ ᠤ ᠪᠤᠬᠢᠷ ᠪᠤᠳᠠᠰ᠂ ᠬᠦᠷᠦᠰᠦ ᠰᠢᠷᠤᠢ ᠶᠢᠨ ᠪᠤᠬᠢᠷ ᠪᠤᠳᠠᠰ᠂ ᠱᠤᠤᠬᠢᠶᠠᠨ᠂ ᠬᠡᠷᠡᠯ ᠤᠨ ᠰᠠᠴᠤᠷᠠᠯᠳᠠ᠂ ᠴᠠᠬᠢᠯᠭᠠᠨ ᠰᠤᠷᠢᠨᠵᠢᠨ ᠰᠠᠴᠤᠷᠠᠯᠳᠠ ᠵᠡᠷᠭᠡ ᠬᠤᠤᠷᠲᠠᠢ ᠪᠤᠳᠠᠰ ᠢ ᠭᠠᠳᠠᠭᠰᠢᠯᠠᠭᠤᠯᠵᠤ ᠪᠤᠯᠬᠤ ᠦᠭᠡᠢ᠃ᠬᠤᠶᠠᠷ ᠵᠠᠭᠤ ᠶᠡᠷᠡᠨ ᠲᠠᠪᠣᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠭᠡᠳᠦ ᠬᠦᠮᠦᠨ ᠭᠠᠵᠠᠷ ᠰᠢᠷᠤᠢ ᠮᠠᠯᠳᠠᠬᠤ᠂ ᠪᠠᠷᠢᠯᠭ᠎ᠠ ᠪᠠᠷᠢᠬᠤ᠂ ᠬᠤᠭᠤᠯᠠᠢ ᠤᠳᠠᠰᠤ ᠲᠠᠳᠠᠵᠤ ᠲᠠᠭᠠᠷᠠᠭᠤᠯᠬᠤ ᠵᠢᠴᠢ ᠲᠤᠨᠤᠭ ᠲᠦᠬᠦᠭᠡᠷᠦᠮᠵᠢ ᠤᠭᠰᠠᠷᠠᠬᠤ ᠵᠡᠷᠭᠡ ᠠᠵᠢᠯ ᠢ ᠬᠢᠬᠦ ᠳᠡᠭᠡᠨ ᠬᠦᠷᠰᠢ ᠵᠡᠷᠭᠡᠯᠡᠳᠡᠭᠡ ᠦᠯᠦ ᠬᠦᠳᠡᠯᠬᠦ ᠬᠦᠷᠦᠩᠭᠡ ᠶᠢᠨ ᠠᠮᠣᠷ ᠲᠥᠪᠰᠢᠨ ᠳᠤ ᠠᠶᠤᠯ ᠤᠴᠠᠷᠠᠭᠤᠯᠵᠤ ᠪᠤᠯᠬᠤ ᠦᠭᠡᠢ᠃ᠬᠤᠶᠠᠷ ᠵᠠᠭᠤ ᠶᠡᠷᠡᠨ ᠵᠢᠷᠭᠤᠳᠣᠭᠠᠷ ᠵᠦᠢᠯ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠤᠰᠤ ᠬᠡᠷᠡᠭᠯᠡᠬᠦ᠂ ᠤᠰᠤ ᠵᠠᠯᠠᠬᠤ᠂ ᠨᠡᠪᠳᠡᠷᠡᠨ ᠦᠡᠭᠭᠡᠷᠡᠬᠦ᠂ ᠬᠤᠭᠤᠯᠠᠢ ᠤᠳᠠᠰᠤ ᠲᠠᠳᠠᠵᠤ ᠲᠠᠭᠠᠷᠠᠭᠤᠯᠬᠤ ᠵᠡᠷᠭᠡ ᠰᠢᠯᠳᠡᠭᠠᠨ ᠠᠴᠠ ᠪᠤᠯᠵᠤ ᠬᠦᠷᠰᠢ ᠵᠡᠷᠭᠡᠯᠡᠳᠡᠭᠡ ᠦᠯᠦ ᠬᠦᠳᠡᠯᠬᠦ ᠬᠦᠷᠦᠩᠭᠡ ᠶᠢ ᠠᠰᠢᠬᠯᠠᠬᠤ ᠳᠤ ᠬᠦᠷᠪᠡᠯ᠂ ᠬᠦᠷᠰᠢ ᠵᠡᠷᠭᠡᠯᠡᠳᠡᠭᠡ ᠦᠯᠦ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠳᠤ ᠬᠤᠬᠢᠷᠠᠯ ᠤᠴᠠᠷᠠᠭᠤᠯᠬᠤ ᠠᠴᠠ ᠠᠯᠢ ᠴᠢᠳᠠᠬᠤ ᠪᠠᠷ ᠵᠠᠶᠢᠯᠠᠬᠤ ᠬᠡᠷᠡᠭᠳᠡᠢ᠃ ᠨᠠᠢᠮᠠᠳᠤᠭᠠᠷ ᠪᠦᠯᠦᠭ   ᠬᠠᠮᠳᠤ ᠪᠠᠷ ᠦᠮᠴᠢᠯᠡᠬᠦᠬᠤᠶᠠᠷ ᠵᠠᠭᠤ ᠶᠡᠷᠡᠨ ᠲᠣᠯᠣᠳᠣᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠤᠶᠠᠷ ᠠᠴᠠ ᠲᠡᠭᠡᠭᠰᠢ ᠵᠣᠬᠢᠶᠠᠨ ᠪᠠᠶᠢᠭᠤᠯᠣᠯᠳᠠ᠂ ᠬᠤᠪᠢ ᠬᠦᠮᠦᠨ ᠬᠠᠮᠳᠤ ᠪᠠᠷ ᠦᠮᠴᠢᠯᠡᠵᠦ ᠪᠤᠯᠤᠨ᠎ᠠ᠃ ᠬᠠᠮᠳᠤ ᠪᠠᠷ ᠦᠮᠴᠢᠯᠡᠬᠦ ᠶᠢ ᠬᠤᠪᠢᠳᠠᠵᠤ ᠬᠠᠮᠳᠤ ᠪᠠᠷ ᠦᠮᠴᠢᠯᠡᠬᠦ ᠪᠠ ᠬᠠᠮᠳᠣᠷᠠᠵᠥ ᠬᠠᠮᠳᠤ ᠪᠠᠷ ᠦᠮᠴᠢᠯᠡᠬᠦ ᠭᠡᠵᠦ ᠬᠤᠪᠢᠶᠠᠨ᠎ᠠ᠃ᠬᠤᠶᠠᠷ ᠵᠠᠭᠤ ᠶᠡᠷᠡᠨ ᠨᠠᠢᠮᠠᠳᠣᠭᠠᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠤᠪᠢᠳᠡᠴᠠ ᠪᠠᠷ ᠢᠶᠠᠨ ᠦᠮᠴᠢᠯᠡᠬᠦ ᠡᠷᠬᠡ ᠡᠳ᠋ᠯᠡᠨ᠎ᠠ᠃ᠬᠤᠶᠠᠷ ᠵᠠᠭᠤ ᠶᠡᠷᠨ ᠶᠢᠰᠥᠳᠥᠭᠡᠷ ᠵᠦᠢᠯ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠠᠮᠲᠤ ᠳᠠᠭᠠᠨ ᠦᠮᠴᠢᠯᠡᠬᠦ ᠡᠷᠬᠡ ᠡᠳ᠋ᠯᠡᠨ᠎ᠠ᠃ᠭᠤᠷᠪᠠᠨ ᠵᠠᠭᠤᠳᠣᠭᠠᠷ ᠵᠦᠢᠯ ᠬᠠᠮᠳᠤ ᠪᠠᠷ ᠦᠮᠴᠢᠯᠡᠭᠴᠢ ᠪᠤᠯᠵᠤᠯ ᠶᠤᠰᠤᠭᠠᠷ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠠᠮᠢᠶᠠᠷᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠡᠯ᠎ᠡ ᠬᠠᠮᠳᠤ ᠪᠠᠷ ᠦᠮᠴᠢᠯᠡᠭᠴᠢ ᠴᠦᠮ ᠬᠠᠮᠢᠶᠠᠷᠬᠤ ᠡᠷᠬᠡ ᠪᠠ ᠡᠭᠦᠷᠭᠡ ᠲᠠᠢ᠃ᠭᠤᠷᠪᠠᠨ ᠵᠠᠭᠤ ᠨᠢᠭᠡᠳᠥᠭᠡᠷ ᠵᠦᠢᠯ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠢᠢᠳᠪᠦᠷᠢᠯᠡᠬᠦ ᠵᠢᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠴᠢᠬᠤᠯᠠ ᠶᠡᠭᠡ ᠰᠡᠯᠪᠢᠨ ᠵᠠᠰᠠᠯᠳᠠ ᠬᠢᠬᠦ᠂ ᠰᠢᠨᠵᠢ ᠴᠢᠨᠠᠷ ᠪᠣᠶᠣ ᠬᠡᠷᠡᠭᠴᠡᠭᠡ ᠶᠢ ᠨᠢ ᠬᠤᠪᠢᠷᠠᠭᠤᠯᠬᠤ ᠳᠤ ᠬᠦᠷᠪᠡᠯ᠂ ᠬᠤᠪᠢᠳᠡᠴᠠ ᠶᠢᠨ ᠭᠤᠷᠪᠠᠨ ᠤ ᠬᠤᠶᠠᠷ ᠠᠴᠠ ᠲᠡᠭᠡᠭᠰᠢᠬᠢ ᠶᠢ ᠡᠵᠡᠯᠡᠬᠦ ᠬᠤᠪᠢᠳᠠᠯᠳᠥ ᠬᠠᠮᠳᠤ ᠪᠠᠷ ᠦᠮᠴᠢᠯᠡᠭᠴᠢ ᠪᠤᠶᠤ ᠪᠤᠢ ᠪᠦᠬᠦᠢ ᠬᠠᠮᠳᠣᠷᠠᠠ ᠬᠠᠮᠳᠤ ᠪᠠᠷ ᠦᠮᠴᠢᠯᠡᠭᠴᠢ ᠪᠠᠷ ᠵᠦᠪᠰᠢᠶᠡᠷᠡᠬᠦᠯᠬᠦ ᠬᠡᠷᠡᠭᠳᠡᠢ᠂ ᠭᠡᠪᠡᠴᠦ ᠬᠠᠮᠳᠤ ᠪᠠᠷ ᠦᠮᠴᠢᠯᠡᠭᠴᠢ ᠬᠤᠭᠤᠷᠤᠨᠳᠤ ᠪᠠᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠬᠤᠶᠠᠳᠣᠭᠠᠷ ᠵᠦᠢᠯ ᠬᠠᠮᠳᠣ ᠪᠠᠷ ᠥᠮᠴᠢᠯᠡᠭᠴᠢ ᠬᠠᠮᠳᠤ ᠪᠠᠷ ᠦᠮᠴᠢᠯᠡᠬᠦ ᠪᠤᠳᠠᠰ ᠤᠨ ᠬᠠᠮᠢᠶᠠᠷᠤᠯᠳᠠ ᠶᠢᠨ ᠵᠠᠷᠤᠳᠠᠯ ᠵᠢᠴᠢ ᠪᠤᠰᠤᠳ ᠡᠬᠦᠷᠭᠡᠯᠡᠯ ᠤᠨ ᠲᠣᠬᠠᠢ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠬᠥᠢᠴᠡᠳᠭᠡᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠤᠪᠢᠳᠠᠯᠳᠥ ᠬᠠᠮᠳᠤ ᠪᠠᠷ ᠦᠮᠴᠢᠯᠡᠭᠴᠢ ᠬᠤᠪᠢᠳᠡᠴᠠ ᠪᠠᠷ ᠢᠶᠠᠨ ᠡᠬᠦᠷᠭᠡᠯᠡᠵᠦ᠂ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠡᠬᠦᠷᠭᠡᠯᠡᠨ᠎ᠡ᠃ᠭᠤᠷᠪᠠᠨ ᠵᠠᠭᠤ ᠭᠤᠷᠪᠠᠳᠣᠭᠠᠷ ᠵᠦᠢᠯ ᠬᠠᠮᠳᠤ ᠪᠠᠷ ᠦᠮᠴᠢᠯᠡᠬᠦ ᠬᠠᠷᠢᠴᠠᠭ᠎ᠠ ᠶᠢ ᠬᠠᠮᠠᠭᠠᠯᠠᠬᠤ ᠶᠢᠨ ᠲᠦᠯᠦᠭᠡ᠂ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠠᠯᠭᠠᠵᠤ ᠪᠤᠯᠬᠤ ᠦᠭᠡᠢ ᠭᠡᠵᠦ ᠬᠠᠮᠳᠤ ᠪᠠᠷ ᠦᠮᠴᠢᠯᠡᠭᠴᠢ ᠪᠤᠯᠵᠤᠨ ᠲᠤᠭᠳᠠᠭᠰᠠᠨ ᠪᠠᠶᠢᠪᠠᠯ᠂ ᠪᠤᠯᠵᠤᠯ ᠶᠤᠰᠤᠭᠠᠷ ᠭᠦᠢᠴᠡᠳᠬᠡᠬᠦ ᠬᠡᠷᠡᠭᠳᠡᠢ᠂ ᠭᠡᠪᠡᠴᠦ ᠬᠠᠮᠳᠤ ᠪᠠᠷ ᠦᠮᠴᠢᠯᠡᠭᠴᠢ ᠴᠢᠬᠤᠯᠠ ᠶᠡᠭᠡ ᠤᠴᠢᠷ ᠰᠢᠯᠳᠠᠭᠠᠨ ᠲᠠᠢ ᠠᠴᠠ ᠪᠤᠯᠵᠤ ᠰᠠᠯᠭᠠᠬᠤ ᠴᠢᠬᠤᠯᠠᠲᠠᠢ ᠪᠠᠶᠢᠪᠠᠯ᠂ ᠰᠠᠯᠭᠠᠬᠤ ᠪᠠᠷ ᠭᠤᠶᠤᠴᠢᠯᠠᠵᠤ ᠪᠤᠯᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠤᠪᠢᠳᠠᠯᠳᠥ ᠬᠠᠮᠳᠤ ᠪᠠᠷ ᠦᠮᠴᠢᠯᠡᠭᠴᠢ ᠬᠡᠵᠢᠶ᠎ᠡ ᠴᠤ ᠭᠡᠰᠡᠨ ᠰᠠᠯᠭᠠᠬᠤ ᠪᠠᠷ ᠭᠤᠶᠤᠴᠢᠯᠠᠵᠤ ᠪᠤᠯᠤᠨ᠎ᠠ᠂ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠰᠠᠭᠤᠷᠢ ᠪᠠᠨ ᠠᠯᠳᠠᠭᠰᠠᠨ ᠪᠤᠶᠤ ᠴᠢᠬᠤᠯᠠ ᠶᠡᠭᠡ ᠤᠴᠢᠷ ᠰᠢᠯᠳᠠᠭᠠᠨ ᠲᠠᠢ ᠠᠴᠠ ᠪᠤᠯᠵᠥ ᠰᠠᠯᠭᠠᠬᠤ ᠬᠡᠷᠡᠭᠴᠡᠭᠡ ᠲᠠᠢ ᠪᠤᠯᠤᠭᠰᠠᠨ ᠦᠶ᠎ᠡ ᠳᠤ ᠰᠠᠯᠭᠠᠬᠤ ᠪᠠᠷ ᠭᠤᠶᠤᠴᠢᠯᠠᠵᠤ ᠪᠤᠯᠤᠨ᠎ᠠ᠃ ᠰᠠᠯᠭᠠᠬᠰᠠᠨ ᠠᠴᠠ ᠪᠤᠯᠵᠤ ᠪᠤᠰᠤᠳ ᠬᠠᠮᠳᠤ ᠪᠠᠷ ᠦᠮᠴᠢᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠤᠪᠤᠷᠢ ᠦᠭᠬᠦ ᠬᠡᠷᠡᠭᠳᠡᠢ᠃ᠭᠤᠷᠪᠠᠨ ᠵᠠᠭᠤ ᠲᠥᠷᠪᠡᠳᠥᠭᠡᠷ ᠵᠦᠢᠯ ᠬᠠᠮᠳᠤ ᠪᠠᠷ ᠦᠮᠴᠢᠯᠡᠭᠴᠢ ᠰᠠᠯᠭᠠᠬᠤ ᠠᠷᠭ᠎ᠠ ᠮᠠᠶ᠋ᠢᠭ ᠢ ᠵᠥᠪᠳᠡᠯᠴᠡᠨ ᠲᠤᠭᠳᠠᠭᠠᠵᠤ ᠪᠤᠯᠤᠨ᠎ᠠ᠃ ᠬᠡᠯᠡᠯᠴᠡᠭᠡᠷ ᠲᠣᠬᠢᠷᠠᠵᠥ ᠲᠡᠶᠢᠯᠬᠦ ᠦᠭᠡᠢ᠂ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠠᠯᠭᠠᠵᠤ ᠪᠤᠯᠬᠤ ᠮᠦᠷᠳᠡᠭᠡᠨ ᠰᠠᠯᠭᠠᠬᠰᠠᠨ ᠠᠴᠠ ᠪᠤᠯᠤᠭᠠᠳ ᠦᠷᠳᠡᠭ ᠨᠢ ᠬᠠᠰᠤᠭᠳᠠᠬᠤ ᠦᠭᠡᠢ ᠪᠠᠶᠢᠪᠠᠯ᠂ ᠪᠤᠳᠠᠳᠠᠢ ᠪᠤᠳᠠᠰ ᠢ ᠨᠢ ᠰᠠᠯᠭᠠᠬᠤ ᠬᠡᠷᠡᠭᠳᠡᠢ︔ ᠰᠠᠯᠭᠠᠬᠤ ᠳᠤ ᠬᠦᠴᠢᠷᠲᠠᠢ ᠪᠤᠶᠤ ᠰᠠᠯᠭᠠᠭᠰᠠᠨ ᠠᠴᠠ ᠪᠤᠯᠤᠭᠠᠳ ᠦᠷᠳᠡᠭ ᠨᠢ ᠬᠠᠰᠤᠭᠳᠠᠬᠤ ᠳᠤ ᠬᠥᠷᠪᠡᠯ᠂ ᠦᠨ᠎ᠠ ᠨᠤᠭᠤᠯᠤᠨ ᠪᠤᠳᠤᠬᠰᠠᠨ ᠪᠤᠶᠤ ᠦᠨ᠎ᠡ ᠬᠠᠶᠠᠨ ᠬᠤᠳᠠᠯᠳᠤᠵᠥ᠂ ᠬᠤᠪᠢᠷᠠᠭᠤᠯᠣᠨ ᠬᠤᠳᠠᠯᠳᠤᠵᠥ ᠤᠯᠤᠭᠰᠠᠨ ᠦᠨ᠎ᠡ ᠶᠢᠨ ᠵᠤᠭᠤᠰ ᠢ ᠨᠢ ᠰᠠᠯᠭᠠᠬᠤ ᠬᠡᠷᠡᠭᠳᠡᠢ᠃ᠬᠠᠮᠳᠤ ᠪᠠᠷ ᠦᠮᠴᠢᠯᠡᠭᠴᠢ ᠶᠢᠨ ᠰᠠᠯᠭᠠᠵᠤ ᠤᠯᠤᠭᠰᠠᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠦ ᠰᠡᠪ ᠲᠠᠢ ᠪᠠᠶᠢᠪᠠᠯ᠂ ᠪᠤᠰᠤᠳ ᠬᠠᠮᠳᠤ ᠪᠠᠷ ᠦᠮᠴᠢᠯᠡᠭᠴᠢ ᠬᠤᠬᠢᠷᠠᠯ ᠢ ᠬᠤᠪᠢᠶᠠᠨ ᠡᠬᠦᠷᠭᠡᠯᠡᠬᠦ ᠬᠡᠷᠡᠭᠳᠡᠢ᠃ᠭᠤᠷᠪᠠᠨ ᠵᠠᠭᠤ ᠲᠠᠪᠣᠳᠣᠭᠠᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠦᠪᠡᠷ ᠤᠨ ᠡᠳ᠋ᠯᠡᠵᠥ ᠪᠥᠬᠦᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠬᠤᠪᠢᠳᠠᠴᠠ ᠪᠠᠨ ᠰᠢᠯᠵᠢᠬᠦᠯᠦᠨ ᠦᠭᠴᠦ ᠪᠤᠯᠤᠨ᠎ᠠ᠃ ᠪᠤᠰᠤᠳ ᠬᠠᠮᠳᠤ ᠪᠠᠷ ᠦᠮᠴᠢᠯᠡᠭᠴᠢ ᠠᠳᠠᠯᠢᠬᠠᠨ ᠨᠦᠬᠦᠴᠡᠯ ᠤᠨ ᠲᠤᠤᠷ᠎ᠠ ᠤᠷᠢᠳ ᠢᠶᠠᠷ ᠬᠤᠳᠠᠯᠳᠤᠨ ᠠᠪᠬᠤ ᠡᠷᠬᠡ ᠲᠠᠢ᠃ᠭᠤᠷᠪᠠᠨ ᠵᠠᠭᠤ ᠵᠢᠷᠭᠤᠳᠣᠭᠠᠷ ᠵᠦᠢᠯ ᠬᠤᠪᠢᠳᠠᠯᠳᠥ ᠬᠠᠮᠳᠣ ᠪᠠᠷ ᠥᠮᠴᠢᠯᠡᠭᠴᠢ ᠥᠪᠡᠷ ᠤᠨ ᠡᠳ᠋ᠯᠡᠵᠥ ᠪᠥᠬᠦᠢ ᠬᠠᠮᠳᠣ ᠪᠠᠷ ᠥᠮᠴᠢᠯᠡᠬᠦ ᠥᠯᠥ ᠬᠥᠳᠡᠯᠬᠦ ᠬᠥᠷᠥᠩᠭᠡ ᠪᠣᠶᠣ ᠬᠥᠳᠡᠯᠬᠦ ᠬᠥᠷᠥᠩᠭᠡ ᠶᠢᠨ ᠬᠤᠪᠢᠳᠠᠴᠠ ᠪᠠᠨ ᠰᠢᠯᠵᠢᠬᠦᠯᠥᠨ ᠥᠭᠭᠦ ᠳᠤ᠂ ᠰᠢᠯᠵᠢᠬᠦᠯᠥᠨ ᠥᠭᠭᠦ ᠨᠥᠬᠦᠴᠡᠯ ᠢᠶᠠᠨ ᠪᠣᠰᠣᠳ ᠬᠠᠮᠳᠣ ᠪᠠᠷ ᠥᠮᠴᠢᠯᠡᠭᠴᠢ ᠳᠤ ᠴᠠᠭ ᠲᠣᠬᠠᠢ ᠳᠤᠨᠢ ᠮᠡᠳᠡᠭᠳᠡᠬᠦ ᠬᠡᠷᠡᠭᠳᠡᠢ᠃ ᠪᠣᠰᠣᠳ ᠬᠠᠮᠳᠣ ᠪᠠᠷ ᠥᠮᠴᠢᠯᠡᠭᠴᠢ ᠵᠥᠢ ᠵᠣᠬᠢᠰᠳᠡᠢ ᠬᠤᠭᠤᠴᠠᠭᠠᠨ ᠲᠣᠳᠣᠷ᠎ᠠ ᠣᠷᠢᠳ ᠢᠶᠠᠷ ᠬᠤᠳᠠᠯᠳᠣᠨ ᠠᠪᠬᠤ ᠡᠷᠭᠡ ᠪᠠᠨ ᠬᠡᠷᠡᠭᠵᠢᠬᠦᠯᠬᠦ ᠬᠡᠷᠡᠭᠳᠡᠢ᠃ᠬᠤᠶᠠᠷ ᠠᠴᠠ ᠲᠡᠭᠡᠭᠰᠢ ᠪᠣᠰᠣᠳ ᠬᠠᠮᠳᠣ ᠪᠠᠷ ᠥᠮᠴᠢᠯᠡᠭᠴᠢ ᠣᠷᠢᠳ ᠢᠶᠠᠷ ᠬᠤᠳᠠᠯᠳᠣᠨ ᠠᠪᠬᠤ ᠡᠷᠭᠡ ᠪᠠᠨ ᠬᠡᠷᠡᠭᠵᠢᠬᠦᠯᠬᠦ ᠪᠠᠷ ᠵᠣᠷᠢᠭᠰᠠᠨ ᠪᠠᠶᠢᠪᠠᠯ᠂ ᠲᠣᠰ ᠲᠣᠰ ᠤᠨ ᠬᠤᠳᠠᠯᠳᠣᠨ ᠠᠪᠬᠤ ᠬᠠᠷᠢᠴᠠᠯ ᠢᠶᠠᠨ ᠵᠥᠪᠳᠡᠯᠴᠡᠨ ᠲᠣᠭᠳᠠᠭᠠᠨ᠎ᠠ︔ ᠵᠥᠪᠳᠡᠯᠴᠡᠭᠡᠳ ᠪᠥᠳᠥᠭᠰᠡᠨ ᠥᠭᠡᠢ ᠪᠠᠶᠢᠪᠠᠯ᠂ ᠰᠢᠯᠵᠢᠬᠦᠯᠥᠨ ᠥᠭᠭᠦ ᠥᠶ᠎ᠠ ᠶᠢᠨ ᠲᠣᠰ ᠲᠣᠰ ᠤᠨ ᠬᠠᠮᠳᠣ ᠪᠠᠷ ᠥᠮᠴᠢᠯᠡᠬᠦ ᠬᠤᠪᠢᠳᠡᠴᠠ ᠶᠢᠨ ᠬᠠᠷᠢᠴᠠᠯ ᠢᠶᠠᠷ ᠢᠶᠠᠨ ᠣᠷᠢᠳ ᠢᠶᠠᠷ ᠬᠤᠳᠠᠯᠳᠣᠨ ᠠᠪᠬᠤ ᠡᠷᠭᠡ ᠪᠠᠨ ᠬᠡᠷᠡᠭᠵᠢᠬᠦᠯᠥᠨ᠎ᠠ᠃ᠭᠤᠷᠪᠠᠨ ᠵᠠᠭᠤ ᠲᠣᠯᠣᠳᠣᠭᠠᠷ ᠵᠦᠢᠯ ᠬᠠᠮᠳᠤ ᠪᠠᠷ ᠦᠮᠴᠢᠯᠡᠭᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠠᠴᠠ ᠪᠤᠢ ᠪᠤᠯᠤᠭᠰᠠᠨ ᠠᠪᠴᠠᠭ᠎ᠠ ᠦᠭᠴᠡᠭᠡ ᠶᠢᠨ ᠭᠠᠳᠠᠭᠠᠳᠤ ᠬᠠᠷᠢᠴᠠᠭ᠎ᠠ ᠶᠢᠨ ᠲᠠᠯ᠎ᠠ ᠪᠠᠷ᠂ ᠬᠠᠮᠳᠤ ᠪᠠᠷ ᠦᠮᠴᠢᠯᠡᠭᠴᠢ ᠬᠤᠯᠪᠤᠯᠳᠤᠭᠰᠠᠨ ᠠᠪᠴᠠᠭ᠎ᠠ ᠡᠳ᠋ᠯᠡᠵᠥ ᠬᠤᠯᠪᠤᠯᠳᠤᠭᠰᠠᠨ ᠦᠭᠴᠡᠭᠡ ᠡᠬᠦᠷᠭᠡᠯᠡᠨ᠎ᠡ᠂ ᠬᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠤᠶᠤ ᠭᠤᠷᠪᠠᠳᠠᠬᠢ ᠬᠦᠮᠦᠨ ᠬᠠᠮᠳᠤ ᠪᠠᠷ ᠦᠮᠴᠢᠯᠡᠭᠴᠢ ᠶᠢᠨ ᠬᠤᠯᠪᠤᠯᠳᠤᠭᠰᠠᠨ ᠠᠪᠴᠠᠭ᠎ᠠ ᠦᠭᠴᠡᠭᠡ ᠶᠢᠨ ᠬᠠᠷᠢᠴᠠᠭ᠎ᠠ ᠪᠠᠶᠢᠬᠤ ᠦᠭᠡᠢ ᠶᠢ ᠮᠡᠳᠡᠬᠦ ᠨᠢ ᠡᠬᠦᠨ ᠳᠤ ᠪᠠᠭᠳᠠᠬᠤ ᠦᠭᠡᠢ︔ ᠬᠠᠮᠳᠤ ᠪᠠᠷ ᠦᠮᠴᠢᠯᠡᠭᠴᠢ ᠶᠢᠨ ᠲᠤᠳᠤᠭᠠᠳᠤ ᠬᠠᠷᠢᠴᠠᠭ᠎ᠠ ᠶᠢᠨ ᠲᠠᠯ᠎ᠠ ᠪᠠᠷ᠂ ᠬᠠᠮᠳᠤ ᠪᠠᠷ ᠦᠮᠴᠢᠯᠡᠭᠴᠢ ᠠᠰᠳᠠᠭᠠᠨ ᠪᠤᠯᠵᠤᠯ ᠲᠠᠢ ᠪᠠᠶᠢᠬᠤ ᠶᠢ ᠭᠠᠷᠭᠠᠪᠠᠯ᠂ ᠬᠤᠪᠢᠳᠠᠯᠳᠥ ᠬᠠᠮᠳᠤ ᠪᠠᠷ ᠦᠮᠴᠢᠯᠡᠭᠴᠢ ᠬᠤᠪᠢᠳᠠᠴᠠ ᠪᠠᠷ ᠢᠶᠠᠨ ᠠᠪᠴᠠᠭ᠎ᠠ ᠡᠳ᠋ᠯᠡᠵᠤ ᠦᠭᠴᠡᠭᠡ ᠡᠬᠦᠷᠭᠡᠯᠡᠨ᠎ᠠ᠂ ᠬᠠᠮᠳᠣᠷᠠᠨ ᠬᠠᠮᠳᠤ ᠪᠠᠷ ᠦᠮᠴᠢᠯᠡᠭᠴᠢ ᠬᠠᠮᠳᠤ ᠪᠠᠷ ᠠᠪᠴᠠᠭ᠎ᠠ ᠡᠳ᠋ᠯᠡᠵᠤ ᠦᠭᠴᠡᠭᠡ ᠡᠬᠦᠷᠭᠡᠯᠡᠨ᠎ᠠ᠃ ᠲᠦᠯᠦᠬᠦ ᠦᠭᠴᠡᠭᠡ ᠨᠢ ᠦᠪᠡᠷ ᠤᠨ ᠡᠬᠦᠷᠭᠡᠯᠡᠬᠦ ᠶᠤᠰᠤᠳᠠᠢ ᠬᠤᠪᠢᠳᠠᠴᠠ ᠠᠴᠠ ᠬᠡᠳᠦᠷᠡᠭᠰᠡᠨ ᠬᠤᠪᠢᠳᠠᠯᠳᠥ ᠬᠠᠮᠳᠤ ᠪᠠᠷ ᠦᠮᠴᠢᠯᠡᠭᠴᠢ ᠪᠤᠰᠤᠳ ᠬᠠᠮᠳᠤ ᠪᠠᠷ ᠦᠮᠴᠢᠯᠡᠭᠴᠢ ᠪᠠᠷ ᠨᠡᠬᠡᠮᠵᠢᠯᠡᠨ ᠲᠦᠯᠦᠬᠦᠯᠬᠦ ᠡᠷᠬᠡ ᠲᠠᠢ᠃ᠭᠤᠷᠪᠠᠨ ᠵᠠᠭᠤ ᠨᠠᠢᠮᠠᠳᠤᠭᠠᠷ ᠵᠦᠢᠯ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠪᠠᠨ ᠬᠤᠪᠢᠳᠠᠵᠤ ᠬᠠᠮᠳᠤ ᠪᠠᠷ ᠦᠮᠴᠢᠯᠡᠬᠦ ᠪᠤᠶᠤ ᠬᠠᠮᠳᠣᠷᠠᠨ ᠬᠠᠮᠳᠤ ᠪᠠᠷ ᠦᠮᠴᠢᠯᠡᠬᠦ ᠪᠠᠷ ᠪᠤᠯᠵᠤᠨ ᠲᠣᠭᠳᠠᠭᠰᠠᠨ ᠦᠭᠡᠢ᠂ ᠡᠰᠡᠬᠦᠯ᠎ᠡ ᠪᠤᠯᠵᠤᠨ ᠲᠣᠭᠲᠠᠭᠰᠠᠨ ᠨᠢ ᠲᠤᠳᠤᠷᠬᠠᠢ ᠦᠭᠡᠢ ᠪᠠᠶᠢᠪᠠᠯ᠂ ᠬᠠᠮᠳᠤ ᠪᠠᠷ ᠦᠮᠴᠢᠯᠡᠭᠴᠢ ᠭᠡᠷ ᠪᠦᠯᠢ ᠶᠢᠨ ᠬᠠᠷᠢᠴᠠᠭ᠎ᠠ ᠲᠠᠢ ᠪᠠᠶᠢᠬᠤ ᠵᠡᠷᠭᠡ ᠶᠢ ᠭᠠᠷᠭᠠᠪᠠᠯ᠂ ᠬᠤᠪᠢᠳᠠᠵᠤ ᠬᠠᠮᠳᠤ ᠪᠠᠷ ᠦᠮᠴᠢᠯᠡᠨ᠎ᠠ ᠭᠡᠵᠦ ᠦᠵᠡᠨ᠎ᠡ᠃ᠭᠤᠷᠪᠠᠨ ᠵᠠᠭᠤ ᠶᠢᠰᠥᠳᠥᠭᠡᠷ ᠵᠦᠢᠯ ᠬᠤᠪᠢᠳᠠᠯᠳᠥ ᠬᠠᠮᠳᠤ ᠪᠠᠷ ᠦᠮᠴᠢᠯᠡᠭᠴᠢ ᠬᠠᠮᠳᠤ ᠪᠠᠷ ᠦᠮᠴᠢᠯᠡᠬᠦ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠡᠳ᠋ᠯᠡᠬᠦ ᠬᠤᠪᠢᠳᠡᠴᠠ ᠶᠢᠨ ᠢᠶᠠᠨ ᠲᠣᠬᠠᠢ ᠪᠤᠯᠵᠤᠨ ᠲᠤᠭᠲᠠᠭᠰᠠᠨ ᠦᠭᠡᠢ ᠪᠤᠶᠤ ᠪᠤᠯᠵᠤᠨ ᠲᠤᠭᠲᠠᠭᠰᠠᠨ ᠨᠢ ᠲᠤᠳᠤᠷᠬᠠᠢ ᠦᠭᠡᠢ ᠪᠠᠶᠢᠪᠠᠯ᠂ ᠭᠠᠷᠭᠠᠭᠰᠠᠨ ᠪᠡᠯᠡ ᠶᠢᠨ ᠬᠢᠨᠢ ᠲᠤᠭ᠎ᠠ ᠪᠠᠷ ᠲᠤᠭᠳᠠᠭᠠᠨ᠎ᠠ︔ ᠭᠠᠷᠭᠠᠭᠰᠠᠨ ᠪᠡᠯᠡ ᠶᠢᠨ ᠲᠤᠭ᠎ᠠ ᠶᠢ ᠨᠢ ᠲᠤᠭᠳᠠᠭᠠᠵᠤ ᠲᠡᠶᠢᠯᠬᠦ ᠦᠭᠡᠢ ᠪᠠᠶᠢᠪᠠᠯ᠂ ᠲᠡᠩᠴᠡᠬᠦᠦ ᠲᠤᠭ᠎ᠠ ᠪᠠᠷ ᠡᠳ᠋ᠯᠡᠨ᠎ᠠ ᠭᠡᠵᠦ ᠦᠵᠡᠨ᠎ᠡ᠃ᠭᠤᠷᠪᠠᠨ ᠵᠠᠭᠤ ᠠᠷᠪᠠᠳᠦᠭᠠᠷ ᠵᠦᠢᠯ ᠬᠤᠶᠠᠷ ᠠᠴᠠ ᠲᠡᠭᠡᠭᠰᠢ ᠵᠣᠭᠢᠶᠠᠨ ᠪᠠᠶᠢᠭᠤᠯᠣᠯᠳᠠ᠂ ᠬᠤᠪᠢ ᠬᠦᠮᠦᠨ ᠠᠰᠢᠭ ᠤᠯᠬᠤ ᠪᠤᠳᠠᠰ ᠤᠨ ᠡᠷᠬᠡ᠂ ᠲᠠᠭᠠᠭᠠᠯᠳᠠᠳᠦ ᠪᠤᠳᠠᠰ ᠤᠨ ᠡᠷᠬᠡ ᠶᠢ ᠬᠠᠮᠳᠤ ᠪᠠᠷ ᠡᠳ᠋ᠯᠡᠵᠤ ᠪᠠᠶᠢᠪᠠᠯ᠂ ᠲᠤᠰ ᠪᠦᠯᠦᠭ ᠤᠨ ᠬᠤᠯᠪᠣᠭᠳᠠᠯ ᠪᠦᠭᠦᠢ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ ᠶᠢᠰᠦᠳᠦᠭᠡᠷ ᠪᠦᠯᠦᠭ   ᠦᠮᠴᠢᠯᠡᠯ ᠤᠨ ᠡᠷᠬᠡ ᠶᠢ ᠤᠯᠬᠤ ᠲᠤᠬᠠᠢ ᠤᠨᠴᠠᠭᠠᠢ ᠲᠤᠭᠳᠠᠭᠠᠯᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠰᠢᠢᠳᠪᠦᠷᠢᠯᠡᠬᠦ ᠡᠷᠬᠡ ᠦᠭᠡᠢ ᠬᠦᠮᠦᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠰᠢᠯᠵᠢᠬᠦᠯᠦᠨ ᠠᠪᠤᠭᠴᠢ ᠳᠤ ᠰᠢᠯᠵᠢᠬᠦᠯᠦᠨ ᠦᠭᠬᠦᠭᠰᠡᠨ ᠪᠠᠶᠢᠪᠠᠯ᠂ ᠦᠮᠴᠢᠯᠡᠯ ᠤᠨ ᠡᠷᠬᠡᠳᠤ ᠬᠦᠮᠦᠨ ᠨᠡᠬᠡᠮᠵᠢᠯᠡᠨ ᠠᠪᠬᠤ ᠡᠷᠬᠡ ᠲᠠᠢ︔ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠬᠤ ᠶᠢ ᠭᠠᠷᠭᠠᠪᠠᠯ᠂ ᠲᠤᠤᠷ᠎ᠠ ᠵᠢᠭᠰᠠᠭᠠᠭᠰᠠᠨ ᠪᠠᠶᠢᠳᠠᠯ ᠲᠠᠢ ᠨᠡᠶᠢᠴᠡᠵᠦ ᠪᠠᠶᠢᠪᠠᠯ᠂ ᠰᠢᠯᠵᠢᠬᠦᠯᠦᠨ ᠠᠪᠤᠭᠴᠢ ᠨᠢ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠦᠮᠴᠢᠯᠡᠯ ᠤᠨ ᠡᠷᠬᠡ ᠶᠢ ᠤᠯᠤᠨ᠎ᠠ᠄︵ᠨᠢᠬᠡ︶ ᠰᠢᠯᠵᠢᠬᠦᠯᠤᠨ ᠠᠪᠤᠭᠴᠢ ᠲᠤᠰ ᠦᠯᠤ ᠬᠥᠳᠡᠯᠬᠦ ᠬᠥᠷᠤᠩᠭᠡ ᠪᠤᠶᠤ ᠬᠥᠳᠡᠯᠬᠦ ᠬᠦᠷᠦᠩᠭᠡ ᠶᠢ ᠰᠠᠶᠢᠨ ᠰᠠᠨᠠᠭᠠᠳᠠᠢ ᠰᠢᠯᠵᠢᠬᠦᠯᠦᠨ ᠠᠪᠤᠭᠰᠠᠨ︔︵ᠬᠤᠶᠠᠷ︶ ᠵᠦᠢ ᠵᠤᠬᠢᠰᠳᠠᠢ ᠦᠨ᠎ᠡ ᠪᠠᠷ ᠰᠢᠯᠵᠢᠬᠦᠯᠦᠨ ᠦᠭᠬᠦᠭᠰᠡᠨ︔︵ᠭᠤᠷᠪᠠ︶ ᠰᠢᠯᠵᠢᠬᠦᠯᠦᠨ ᠦᠭᠬᠦᠭᠰᠡᠨ ᠦᠯᠤ ᠬᠥᠳᠡᠯᠬᠦ ᠬᠥᠷᠤᠩᠭᠡ ᠪᠤᠶᠤ ᠬᠥᠳᠡᠯᠬᠦ ᠬᠦᠷᠦᠩᠭᠡ ᠶᠢᠨ ᠬᠠᠤᠯᠢ ᠴᠠᠭᠠᠵᠠ ᠶᠢᠨ ᠲᠤᠬᠲᠠᠭᠠᠯ ᠶᠤᠰᠤᠭᠠᠷ ᠲᠠᠩᠰᠠᠯᠠᠭᠤᠯᠬᠤ ᠶᠤᠰᠤᠳᠠᠢ ᠶᠢ ᠨᠢ ᠨᠢᠭᠡᠨᠳᠡ ᠲᠠᠩᠰᠠᠯᠠᠭᠤᠯᠵᠤ᠂ ᠲᠠᠩᠰᠠᠯᠠᠭᠤᠯᠬᠤ ᠴᠢᠬᠤᠯᠠ ᠦᠭᠡᠢ ᠶᠢ ᠨᠢ ᠰᠢᠯᠵᠢᠬᠦᠯᠦᠨ ᠠᠪᠤᠭᠴᠢ ᠳᠤ ᠨᠢᠭᠡᠨᠲᠡ ᠲᠤᠰᠢᠶᠠᠨ ᠦᠭᠬᠦᠭᠰᠡᠨ᠃ᠰᠢᠯᠵᠢᠬᠦᠯᠦᠨ ᠠᠪᠤᠭᠴᠢ ᠡᠮᠦᠨᠡᠬᠢ ᠪᠠᠳᠠᠭ ᠤᠨ ᠲᠤᠭᠳᠠᠭᠠᠯ ᠳᠤ ᠦᠨᠳᠦᠰᠦᠯᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠦᠮᠴᠢᠯᠡᠯ ᠤᠨ ᠡᠷᠬᠡ ᠶᠢ ᠤᠯᠤᠭᠰᠠᠨ ᠪᠠᠶᠢᠪᠠᠯ᠂ ᠤᠤᠯ ᠤᠨ ᠦᠮᠴᠢᠯᠡᠯ ᠤᠨ ᠡᠷᠬᠡᠳᠦ ᠬᠦᠮᠦᠨ ᠰᠢᠢᠳᠪᠦᠷᠢᠯᠡᠬᠦ ᠡᠷᠬᠡ ᠦᠭᠡᠢ ᠬᠦᠮᠦᠨ ᠠᠴᠠ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ ᠡᠷᠬᠡ ᠲᠠᠢ᠃ᠲᠤᠬᠠᠢ ᠶᠢᠨ ᠬᠦᠮᠦᠨ ᠰᠠᠶᠢᠨ ᠰᠠᠨᠠᠭ᠎ᠠ ᠪᠠᠷ ᠪᠤᠰᠤᠳ ᠪᠤᠳᠠᠰ ᠤᠨ ᠡᠷᠬᠡ ᠶᠢ ᠤᠯᠤᠭᠰᠠᠨ ᠪᠠᠶᠢᠪᠠᠯ᠂ ᠡᠮᠦᠨᠡᠬᠢ ᠬᠤᠶᠠᠷ ᠪᠠᠳᠠᠭ ᠤᠨ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ᠭᠤᠷᠪᠠᠨ ᠵᠠᠭᠤ ᠠᠷᠪᠠᠨ ᠬᠤᠶᠠᠳᠣᠭᠠᠷ ᠵᠦᠢᠯ ᠦᠮᠴᠢᠯᠡᠯ ᠤᠨ ᠡᠷᠬᠡᠳᠦ ᠬᠦᠮᠦᠨ ᠪᠤᠶᠤ ᠪᠤᠰᠤᠳ ᠡᠷᠬᠡᠳᠦ ᠬᠦᠮᠦᠨ ᠭᠡᠭᠡᠭᠰᠡᠨ ᠶᠠᠭᠤᠮ᠎ᠠ ᠪᠠᠨ ᠨᠡᠬᠡᠮᠵᠢᠯᠡᠨ ᠠᠪᠬᠤ ᠡᠷᠬᠡ ᠲᠠᠢ᠃ ᠲᠤᠰ ᠭᠡᠭᠡᠭᠰᠡᠨ ᠶᠠᠭᠤᠮ᠎ᠠ ᠨᠢ ᠰᠢᠯᠵᠢᠬᠦᠯᠦᠨ ᠦᠭᠬᠦ ᠪᠠᠷ ᠲᠠᠮᠵᠢᠭᠠᠳ ᠪᠤᠰᠤᠳ ᠲᠤ ᠡᠵᠡᠮᠰᠢᠭᠳᠡᠭᠰᠡᠨ ᠪᠠᠶᠢᠪᠠᠯ᠂ ᠡᠷᠬᠡᠳᠦ ᠬᠦᠮᠦᠨ ᠨᠢ ᠰᠢᠢᠳᠪᠦᠷᠢᠯᠡᠬᠦ ᠡᠷᠬᠡ ᠦᠭᠡᠢ ᠬᠦᠮᠦᠨ ᠠᠴᠠ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ᠂ ᠡᠰᠡᠬᠦᠯ᠎ᠡ ᠰᠢᠯᠵᠢᠬᠦᠯᠦᠨ ᠠᠪᠤᠭᠴᠢ ᠶᠢ ᠮᠡᠳᠡᠭᠰᠡᠨ ᠪᠤᠶᠤ ᠮᠡᠳᠡᠬᠦ ᠶᠤᠰᠤᠳᠠᠢ ᠡᠳᠦᠷ ᠠᠴᠠ ᠡᠬᠢᠯᠡᠨ ᠬᠤᠶᠠᠷ ᠵᠢᠯ ᠤᠨ ᠲᠤᠳᠤᠷ᠎ᠠ ᠰᠢᠯᠵᠢᠬᠦᠯᠦᠨ ᠠᠪᠤᠭᠴᠢ ᠪᠠᠷ ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠲᠠᠢ︔ ᠭᠡᠪᠡᠴᠤ ᠰᠢᠯᠵᠢᠬᠦᠯᠦᠨ ᠠᠪᠤᠭᠴᠢ ᠨᠢ ᠦᠨ᠎ᠠ ᠬᠠᠶᠠᠨ ᠬᠤᠳᠠᠯᠳᠤᠬᠤ ᠪᠤᠶᠤ ᠡᠵᠡᠩᠨᠡᠯᠳᠡ ᠶᠢᠨ ᠬᠢᠷᠢ ᠬᠡᠮ ᠪᠦᠬᠦᠢ ᠡᠵᠡᠩᠨᠡᠭᠴᠢ ᠠᠴᠠ ᠬᠤᠳᠠᠯᠳᠤᠨ ᠠᠪᠬᠤ ᠪᠠᠷ ᠲᠠᠮᠵᠢᠭᠠᠳ ᠲᠤᠰ ᠭᠡᠭᠡᠭᠰᠡᠨ ᠶᠠᠭᠤᠮ᠎ᠠ ᠶᠢ ᠤᠯᠤᠭᠰᠠᠨ ᠪᠠᠶᠢᠪᠠᠯ᠂ ᠡᠷᠭᠡᠳᠦ ᠬᠦᠮᠦᠨ ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠬᠤ ᠳᠠᠭᠠᠨ ᠰᠢᠯᠵᠢᠬᠦᠯᠦᠨ ᠠᠪᠤᠭᠴᠢ ᠶᠢᠨ ᠵᠠᠷᠤᠭᠰᠠᠨ ᠵᠠᠷᠤᠳᠠᠯ ᠢ ᠨᠢ ᠦᠭᠬᠦ ᠬᠡᠷᠡᠭᠳᠡᠢ ᠃ ᠡᠷᠬᠡᠳᠦ ᠬᠦᠮᠦᠨ ᠰᠢᠯᠵᠢᠬᠦᠯᠦᠨ ᠠᠪᠤᠭᠴᠢ ᠳᠤ ᠵᠠᠷᠤᠭᠰᠠᠨ ᠵᠠᠷᠤᠳᠠᠯ ᠢ ᠨᠢ ᠦᠭᠬᠦᠭᠰᠡᠨ ᠤ ᠲᠠᠷᠠᠭ᠎ᠠ᠂ ᠰᠢᠢᠳᠪᠦᠷᠢᠯᠡᠬᠦ ᠡᠷᠬᠡ ᠦᠭᠡᠢ ᠬᠦᠮᠦᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ᠃ ᠭᠤᠷᠪᠠᠨ ᠵᠠᠭᠤ ᠠᠷᠪᠠᠨ ᠭᠤᠷᠪᠠᠳᠣᠭᠠᠷ ᠵᠦᠢᠯ ᠰᠠᠶᠢᠨ ᠰᠠᠨᠠᠭᠠᠳᠤ ᠰᠢᠯᠵᠢᠬᠦᠯᠦᠨ ᠠᠪᠤᠭᠴᠢ ᠬᠦᠳᠡᠯᠬᠦ ᠬᠦᠷᠦᠩᠭᠡ ᠶᠢ ᠤᠯᠤᠭᠰᠠᠨ ᠤ ᠲᠠᠷᠠᠭ᠎ᠠ᠂ ᠲᠤᠰ ᠬᠦᠳᠡᠯᠬᠦ ᠬᠦᠷᠦᠩᠭᠡ ᠶᠢᠨ ᠤᠤᠯ ᠤᠨ ᠪᠠᠶᠢᠭᠰᠠᠨ ᠡᠷᠭᠡ ᠨᠢ ᠤᠰᠠᠳᠤᠨ᠎ᠠ᠃ ᠭᠡᠪᠡᠴᠦ ᠰᠠᠶᠢᠨ ᠰᠠᠨᠠᠭᠠᠳᠤ ᠰᠢᠯᠵᠢᠬᠦᠯᠦᠨ ᠠᠪᠤᠭᠴᠢ ᠰᠢᠯᠵᠢᠬᠦᠯᠦᠨ ᠠᠪᠬᠤ ᠦᠶ᠎ᠡ ᠳᠡᠭᠡᠨ ᠲᠤᠰ ᠡᠷᠬᠡ ᠶᠢ ᠮᠡᠳᠡᠭᠰᠡᠨ ᠪᠤᠶᠤ ᠮᠡᠳᠡᠬᠦ ᠶᠤᠰᠤᠳᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠠᠷᠪᠠᠨ ᠲᠦᠷᠪᠡᠳᠦᠭᠡᠷ ᠵᠦᠢᠯ ᠭᠡᠭᠡᠭᠰᠡᠨ ᠶᠠᠭᠤᠮ᠎ᠠ ᠶᠢ ᠤᠯᠵᠤ ᠠᠪᠤᠪᠠᠯ᠂ ᠡᠷᠬᠡᠳᠦ ᠬᠦᠮᠦᠨ ᠳᠤᠨᠢ ᠪᠤᠴᠠᠭᠠᠵᠤ ᠦᠭᠬᠦ ᠬᠡᠷᠡᠭᠳᠡᠢ᠃ ᠤᠯᠵᠤ ᠠᠪᠤᠭᠰᠠᠨ ᠬᠦᠮᠦᠨ ᠨᠢ ᠡᠷᠬᠡᠳᠦ ᠬᠦᠮᠦᠨ ᠳᠤ ᠶᠠᠭᠤᠮ᠎ᠠ ᠶᠢ ᠨᠢ ᠠᠪᠤᠭᠤᠯᠬᠤ ᠪᠠᠷ ᠴᠠᠭ ᠲᠤᠬᠠᠢ ᠳᠤᠨᠢ ᠮᠡᠳᠡᠭᠳᠡᠬᠦ ᠬᠡᠷᠡᠭᠳᠡᠢ᠂ ᠡᠰᠡᠬᠦᠯ᠎ᠡ ᠶᠠᠭᠤᠮ᠎ᠠ ᠶᠢ ᠨᠢ ᠲᠤᠳᠤᠭᠠᠳᠤ ᠶᠢ ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠬᠤ ᠬᠡᠷᠡᠭᠳᠡᠢ᠃ᠭᠤᠷᠪᠠᠨ ᠵᠠᠭᠤ ᠠᠷᠪᠠᠨ ᠲᠠᠪᠣᠳᠣᠭᠠᠷ ᠵᠦᠢᠯ ᠬᠤᠯᠪᠤᠭᠳᠠᠯ ᠪᠦᠬᠦᠢ ᠰᠠᠯᠠᠭ᠎ᠠ ᠮᠦᠴᠢᠷ ᠭᠡᠭᠡᠭᠰᠡᠨ ᠶᠠᠭᠤᠮ᠎ᠠ ᠶᠢ ᠤᠯᠤᠭᠰᠠᠨ ᠤ ᠲᠠᠷᠠᠭ᠎ᠠ᠂ ᠡᠷᠭᠡᠳᠦ ᠬᠦᠮᠦᠨ ᠢ ᠨᠢ ᠮᠡᠳᠡᠵᠤ ᠪᠠᠶᠢᠪᠠᠯ᠂ ᠴᠠᠭ ᠲᠤᠬᠠᠢ ᠳᠤᠨᠢ ᠶᠠᠭᠤᠮ᠎ᠠ ᠶᠢ ᠨᠢ ᠠᠪᠤᠭᠤᠯᠬᠤ ᠪᠠᠷ ᠲᠡᠬᠦᠨ ᠳᠤ ᠮᠡᠳᠡᠭᠳᠡᠬᠦ ᠬᠡᠷᠡᠭᠳᠡᠢ︔ ᠮᠡᠳᠡᠬᠦ ᠦᠭᠡᠢ ᠪᠠᠶᠢᠪᠠᠯ᠂ ᠴᠠᠭ ᠲᠤᠬᠠᠢ ᠳᠤᠨᠢ ᠲᠠᠨᠢᠭᠤᠯᠤᠨ ᠠᠪᠤᠭᠤᠯᠬᠤ ᠵᠠᠷ ᠨᠠᠶᠢᠳᠡᠯᠡᠬᠦ ᠬᠡᠷᠡᠭᠳᠡᠢ᠃ᠭᠤᠷᠪᠠᠨ ᠵᠠᠭᠤ ᠠᠷᠪᠠᠨ ᠵᠢᠷᠭᠤᠳᠣᠭᠠᠷ ᠵᠦᠢᠯ ᠤᠯᠵᠤ ᠠᠪᠤᠭᠰᠠᠨ ᠬᠦᠮᠦᠨ ᠭᠡᠭᠡᠭᠰᠡᠨ ᠶᠠᠭᠤᠮ᠎ᠠ ᠶᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠬᠤ ᠠᠴᠠ ᠪᠠᠨ ᠡᠮᠦᠨ᠎ᠡ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠭᠡᠭᠡᠭᠰᠡᠨ ᠶᠠᠭᠤᠮ᠎ᠠ ᠶᠢ ᠪᠤᠴᠠᠭᠠᠵᠤ ᠦᠭᠬᠦ ᠠᠴᠠ ᠪᠠᠨ ᠡᠮᠦᠨ᠎ᠡ᠂ ᠭᠡᠭᠡᠭᠰᠡᠨ ᠶᠠᠭᠤᠮ᠎ᠠ ᠶᠢ ᠲᠤᠬᠢᠲᠠᠢ ᠬᠠᠳᠠᠭᠠᠯᠠᠨ ᠬᠠᠮᠢᠶᠠᠷᠬᠤ ᠬᠡᠷᠡᠭᠳᠡᠢ᠃ ᠭᠡᠭᠡᠭᠰᠡᠨ ᠶᠠᠭᠤᠮ᠎ᠠ ᠶᠢ ᠵᠤᠷᠢᠭᠤᠳᠠ ᠪᠤᠶᠤ ᠬᠦᠨᠳᠦ ᠶᠡᠭᠡ ᠠᠳᠡᠯ ᠠᠴᠠ ᠪᠤᠯᠵᠤ ᠡᠪᠳᠡᠷᠡᠨ ᠰᠦᠢᠳᠭᠦ᠂ ᠤᠰᠠᠳᠬᠤ ᠳᠤ ᠬᠦᠷᠦᠭᠦᠯᠦᠭᠰᠡᠨ ᠪᠠᠶᠢᠪᠠᠯ᠂ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠭᠤᠷᠪᠠᠨ ᠵᠠᠭᠤ ᠠᠷᠪᠠᠨ ᠲᠣᠯᠣᠳᠣᠭᠠᠷ ᠵᠦᠢᠯ ᠡᠷᠬᠡᠳᠦ ᠬᠦᠮᠦᠨ ᠬᠡᠭᠡᠭᠰᠡᠨ ᠶᠠᠭᠤᠮ᠎ᠠ ᠪᠠᠨ ᠠᠪᠬᠤ ᠦᠶ᠎ᠡ ᠳᠤ᠂ ᠤᠯᠵᠤ ᠠᠪᠤᠭᠰᠠᠨ ᠬᠦᠮᠦᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠭᠡᠭᠡᠭᠰᠡᠨ ᠶᠠᠭᠤᠮ᠎ᠠ ᠶᠢ ᠬᠠᠳᠠᠭᠠᠯᠠᠨ ᠬᠠᠮᠢᠶᠠᠷᠬᠤ ᠵᠡᠷᠭᠡ ᠳᠤ ᠵᠠᠷᠤᠭᠰᠠᠨ ᠴᠢᠬᠤᠯᠠ ᠪᠦᠬᠦᠢ ᠵᠠᠷᠤᠳᠠᠯ ᠢ ᠦᠭᠬᠦ ᠬᠡᠷᠡᠭᠳᠡᠢ᠃ᠡᠷᠬᠡᠳᠦ ᠬᠦᠮᠦᠨ ᠬᠡᠬᠡᠭᠰᠡᠨ ᠶᠠᠭᠤᠮ᠎ᠠ ᠪᠠᠨ ᠱᠠᠩᠨᠠᠯ ᠲᠠᠯᠪᠢᠵᠤ ᠡᠷᠢᠭᠰᠡᠨ ᠪᠠᠶᠢᠪᠠᠯ᠂ ᠭᠡᠭᠡᠭᠰᠡᠨ ᠶᠠᠭᠤᠮ᠎ᠠ ᠪᠠᠨ ᠠᠪᠬᠤ ᠦᠶ᠎ᠡ ᠳᠤ ᠠᠮᠠᠯᠠᠬᠰᠠᠨ ᠶᠤᠰᠤᠭᠠᠷ ᠡᠬᠦᠷᠭᠡ ᠪᠠᠨ ᠬᠥᠢᠴᠡᠳᠭᠡᠬᠦ ᠬᠡᠷᠡᠭᠳᠡᠢ᠃ᠤᠯᠵᠤ ᠠᠪᠤᠭᠰᠠᠨ ᠬᠦᠮᠦᠨ ᠭᠡᠭᠡᠭᠰᠡᠨ ᠶᠠᠭᠤᠮ᠎ᠠ ᠶᠢ ᠡᠵᠡᠯᠡᠨ ᠠᠪᠤᠭᠰᠠᠨ ᠪᠠᠶᠢᠪᠠᠯ᠂ ᠭᠡᠭᠡᠭᠰᠡᠨ ᠶᠠᠭᠤᠮ᠎ᠠ ᠶᠢ ᠬᠠᠳᠠᠭᠠᠯᠠᠨ ᠬᠠᠮᠢᠶᠠᠷᠬᠤ ᠵᠡᠷᠭᠡ ᠳᠤ ᠵᠠᠷᠤᠭᠰᠠᠨ ᠵᠠᠷᠤᠳᠠᠯ ᠢ ᠭᠤᠶᠤᠴᠢᠯᠠᠬᠤ ᠡᠷᠬᠡ ᠪᠠᠶᠢᠬᠤ ᠦᠭᠡᠢ᠂ ᠡᠷᠭᠡᠳᠤ ᠬᠥᠮᠤᠨ ᠢ ᠠᠮᠠᠯᠡᠬᠰᠠᠨ ᠶᠤᠰᠤᠭᠠᠷ ᠡᠬᠦᠷᠭᠡ ᠬᠥᠢᠴᠡᠳᠭᠡᠬᠦᠯᠬᠦ ᠪᠠᠷ ᠭᠤᠶᠤᠴᠢᠯᠠᠬᠤ ᠡᠷᠭᠡ ᠴᠤ ᠪᠠᠶᠢᠬᠤ ᠦᠭᠡᠢ᠃ᠭᠤᠷᠪᠠᠨ ᠵᠠᠭᠤ ᠠᠷᠪᠠᠨ ᠨᠠᠢᠮᠠᠳᠣᠭᠠᠷ ᠵᠦᠢᠯ ᠬᠡᠭᠡᠭᠰᠡᠨ ᠶᠠᠭᠤᠮ᠎ᠠ ᠶᠢ ᠲᠠᠨᠢᠭᠤᠯᠤᠨ ᠠᠪᠤᠭᠤᠯᠬᠤ ᠵᠠᠷ ᠨᠠᠶᠢᠳᠠᠯᠡᠭᠰᠠᠨ ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠡ ᠲᠠᠨᠢᠵᠤ ᠠᠪᠬᠤ ᠬᠦᠮᠦᠨ ᠦᠭᠡᠢ ᠪᠠᠶᠢᠪᠠᠯ᠂ ᠤᠯᠤᠰ ᠤᠨ ᠦᠮᠴᠢᠯᠡᠯ ᠳᠤ ᠤᠷᠤᠭᠤᠯᠤᠨ᠎ᠠ᠃ᠭᠤᠷᠪᠠᠨ ᠵᠠᠭᠤ ᠠᠷᠪᠠ ᠶᠢᠰᠦᠳᠦᠭᠡᠷ ᠵᠦᠢᠯ ᠬᠦᠪᠤᠮᠡᠯ ᠶᠠᠭᠤᠮ᠎ᠠ ᠶᠢ ᠤᠯᠵᠤ ᠠᠪᠤᠭᠰᠠᠨ᠂ ᠪᠤᠯᠠᠭᠳᠠᠮᠠᠯ ᠶᠠᠭᠤᠮ᠎ᠠ ᠪᠤᠶᠤ ᠨᠢᠭᠤᠬᠳᠠᠮᠠᠯ ᠶᠠᠭᠤᠮ᠎ᠠ ᠶᠢ ᠢᠯᠡᠷᠡᠭᠦᠯᠦᠭᠰᠡᠨ ᠪᠠᠶᠢᠪᠠᠯ᠂ ᠭᠡᠭᠡᠭᠰᠡᠨ ᠶᠠᠭᠤᠮ᠎ᠠ ᠶᠢ ᠤᠯᠵᠤ ᠠᠪᠤᠭᠰᠠᠨ ᠲᠤᠬᠠᠢ ᠬᠤᠯᠪᠤᠬᠳᠠᠯ ᠪᠦᠬᠦᠢ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠠ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃ᠭᠤᠷᠪᠠᠨ ᠵᠠᠭᠤ ᠬᠤᠷᠢᠳᠣᠭᠠᠷ ᠵᠦᠢᠯ ᠭᠤᠤᠯ ᠪᠤᠳᠠᠰ ᠢ ᠰᠢᠯᠵᠢᠬᠦᠯᠦᠨ ᠦᠭᠬᠦᠭᠰᠡᠨ ᠪᠠᠶᠢᠪᠠᠯ᠂ ᠲᠠᠭᠠᠯᠳᠠ ᠪᠤᠳᠠᠰ ᠢ ᠭᠤᠤᠯ ᠪᠤᠳᠠᠰ ᠢ ᠲᠠᠭᠠᠭᠤᠯᠤᠨ ᠰᠢᠯᠵᠢᠬᠦᠯᠦᠨ ᠦᠭᠭᠦᠨ᠎ᠡ᠂ ᠭᠡᠪᠡᠴᠦ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠬᠤᠷᠢᠨ ᠨᠢᠭᠡᠳᠦᠭᠡᠷ ᠵᠦᠢᠯ ᠪᠠᠶᠢᠭᠠᠯᠢ ᠶᠢᠨ ᠦᠷᠡᠵᠢᠪᠦᠷᠢ ᠬᠥᠤ ᠶᠢ ᠦᠮᠴᠢᠯᠡᠯ ᠤᠨ ᠡᠷᠬᠡᠳᠦ ᠬᠦᠮᠦᠨ ᠤᠯᠤᠨ᠎ᠠ︔ ᠦᠮᠴᠢᠯᠡᠯ ᠤᠨ ᠡᠷᠬᠡᠳᠦ ᠬᠦᠮᠦᠨ ᠲᠠᠢ ᠮᠦᠷᠳᠡᠭᠡᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠲᠠᠢ ᠪᠠᠶᠢᠪᠠᠯ᠂ ᠠᠰᠢᠭ ᠤᠯᠬᠤ ᠪᠤᠳᠠᠰ ᠤᠨ ᠡᠷᠬᠡᠳᠦ ᠬᠦᠮᠦᠨ ᠤᠯᠤᠨ᠎ᠠ᠃ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ᠬᠠᠤᠯᠢ ᠪᠠᠷ ᠲᠤᠭᠳᠠᠭᠠᠭᠰᠠᠨ ᠦᠷᠡᠵᠢᠪᠦᠷᠢ ᠬᠥᠤ ᠶᠢ ᠪᠤᠯ ᠲᠤᠬᠠᠢ ᠶᠢᠨ ᠬᠦᠮᠦᠨ ᠨᠢ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠢᠶᠠᠨ ᠤᠯᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠠᠷᠠᠯᠵᠢᠶᠠᠨ ᠤ ᠵᠤᠷᠰᠢᠯ ᠶᠤᠰᠤᠭᠠᠷ ᠤᠯᠤᠨ᠎ᠠ᠃ᠭᠤᠷᠪᠠᠨ ᠵᠠᠭᠤ ᠬᠤᠷᠢᠨ ᠬᠤᠶᠠᠳᠣᠭᠠᠷ ᠵᠦᠢᠯ ᠪᠣᠯᠪᠠᠰᠣᠷᠠᠭᠤᠯᠣᠭᠰᠠᠨ᠂ ᠨᠡᠶᠢᠯᠡᠭᠰᠡᠨ᠂ ᠬᠤᠯᠢᠯᠳᠣᠭᠰᠠᠨ ᠠᠴᠠ ᠪᠣᠯᠵᠦ ᠪᠤᠢ ᠪᠤᠯᠤᠭᠰᠠᠨ ᠪᠣᠳᠠᠰ ᠤᠨ ᠬᠠᠷᠢᠶᠠᠯᠠᠯ ᠢ ᠪᠣᠯ᠂ ᠪᠣᠯᠵᠣᠯ ᠲᠠᠢ ᠪᠠᠶᠢᠪᠠᠯ ᠪᠣᠯᠵᠣᠯ ᠶᠤᠰᠤᠭᠠᠷ ᠶᠠᠪᠤᠭᠤᠯᠤᠨ᠎ᠠ︔ ᠪᠣᠯᠵᠣᠯ ᠦᠭᠡᠢ ᠪᠣᠶᠣ ᠪᠣᠯᠵᠣᠯ ᠨᠢ ᠲᠣᠳᠣᠷᠬᠠᠢ ᠦᠭᠡᠢ ᠪᠠᠶᠢᠪᠠᠯ᠂ ᠬᠠᠣᠯᠢ ᠴᠠᠭᠠᠵᠠ ᠶᠢᠨ ᠲᠣᠭᠳᠠᠭᠠᠯ ᠶᠤᠰᠤᠭᠠᠷ ᠶᠠᠪᠤᠭᠤᠯᠤᠨ᠎ᠠ︔ ᠬᠠᠣᠯᠢ ᠴᠠᠭᠠᠵᠠ ᠳᠤ ᠲᠣᠭᠳᠠᠭᠠᠭᠰᠠᠨ ᠦᠭᠡᠢ ᠪᠠᠶᠢᠪᠠᠯ᠂ ᠪᠣᠳᠠᠰ ᠤᠨ ᠦᠢᠯᠡᠳᠦᠯ ᠢ ᠭᠦᠢᠴᠡᠳ ᠪᠠᠳᠠᠷᠠᠭᠤᠯᠬᠤ ᠵᠢᠴᠢ ᠤᠰᠤᠯ ᠦᠭᠡᠢ ᠲᠣᠬᠠᠢ ᠶᠢᠨ ᠭᠦᠮᠦᠨ ᠢ ᠬᠠᠮᠠᠭᠠᠯᠠᠬᠤ ᠵᠠᠷᠴᠢᠮ ᠶᠣᠰᠣᠭᠠᠷ ᠲᠣᠭᠳᠠᠭᠠᠨ᠎ᠠ᠃ ᠨᠢᠭᠡ ᠲᠠᠯ᠎ᠠ ᠶᠢᠨ ᠲᠣᠬᠠᠢ ᠶᠢᠨ ᠭᠦᠮᠦᠨ ᠤ ᠤᠰᠤᠯ ᠠᠴᠠ ᠪᠣᠶᠣ ᠪᠣᠳᠠᠰ ᠤᠨ ᠬᠠᠷᠢᠶᠠᠯᠠᠯ ᠢ ᠲᠣᠭᠳᠠᠭᠠᠭᠰᠠᠨ ᠠᠴᠠ ᠪᠣᠯᠵᠦ ᠨᠦᠭᠦᠭᠡ ᠲᠠᠯ᠎ᠠ ᠶᠢᠨ ᠲᠣᠬᠠᠢ ᠶᠢᠨ ᠭᠦᠮᠦᠨ ᠳᠤ ᠬᠤᠭᠢᠷᠠᠯ ᠣᠴᠠᠷᠠᠭᠤᠯᠣᠭᠰᠠᠨ ᠪᠠᠶᠢᠪᠠᠯ᠂ ᠲᠦᠯᠦᠪᠦᠷᠢ ᠪᠣᠶᠣ ᠨᠦᠭᠦᠪᠦᠷᠢ ᠦᠭᠭᠦ ᠭᠡᠷᠡᠭᠳᠡᠢ᠃ ᠭᠤᠷᠪᠠᠳᠤᠭᠠᠷ ᠬᠤᠪᠢᠶᠠᠷᠢ ᠠᠩᠬᠢ ᠠᠰᠢᠭ ᠤᠯᠬᠤ ᠪᠤᠳᠠᠰ ᠤᠨ ᠡᠷᠬᠡ ᠠᠷᠪᠠᠳᠤᠭᠠᠷ ᠪᠦᠯᠦᠭ ᠡᠩ ᠤᠨ ᠲᠤᠭᠳᠠᠭᠠᠯᠭᠤᠷᠪᠠᠨ ᠵᠠᠭᠤ ᠬᠤᠷᠢᠨ ᠭᠤᠷᠪᠠᠳᠤᠭᠠᠷ ᠵᠦᠢᠯ ᠠᠰᠢᠭ ᠤᠯᠬᠤ ᠪᠤᠳᠠᠰ ᠤᠨ ᠡᠷᠬᠡᠳᠦ ᠬᠦᠮᠦᠨ ᠪᠤᠰᠤᠳ ᠤᠨ ᠦᠮᠴᠢᠯᠡᠵᠦ ᠪᠠᠶᠢᠭ᠎ᠠ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠡᠵᠡᠮᠰᠢᠬᠦ᠂ ᠬᠡᠷᠡᠭᠯᠡᠬᠦ ᠪᠠ ᠲᠡᠬᠦᠨ ᠠᠴᠠ ᠠᠰᠢᠭ ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠠ᠃ᠭᠤᠷᠪᠠᠨ ᠵᠠᠭᠤ ᠬᠤᠷᠢᠨ ᠲᠦᠷᠪᠡᠳᠦᠭᠡᠷ ᠵᠦᠢᠯ ᠤᠯᠤᠰ ᠤᠨ ᠦᠮᠴᠢᠯᠡᠯ ᠤᠨ ᠪᠤᠶᠤ ᠤᠯᠤᠰ ᠠᠴᠠ ᠦᠮᠴᠢᠯᠡᠵᠤ ᠬᠠᠮᠳᠤ ᠨᠠᠶᠢᠳᠠ ᠠᠴᠠ ᠬᠡᠷᠡᠭᠯᠡᠵᠦ ᠪᠠᠶᠢᠭ᠎ᠠ ᠵᠢᠴᠢ ᠬᠠᠤᠯᠢ ᠴᠠᠭᠠᠵᠠ ᠳᠤ ᠬᠠᠮᠳᠤ ᠶᠢᠨ ᠦᠮᠴᠢᠯᠡᠯ ᠳᠤ ᠬᠠᠷᠢᠶᠠᠯᠠᠭᠳᠠᠨ᠎ᠠ ᠭᠡᠵᠦ ᠲᠤᠭᠳᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠵᠣᠭᠢᠶᠠᠨ ᠪᠠᠶᠢᠭᠤᠯᠣᠯᠳᠠ᠂ ᠬᠤᠪᠢ ᠬᠦᠮᠦᠨ ᠬᠠᠤᠯᠢ ᠶᠤᠰᠤᠭᠠᠷ ᠡᠵᠡᠮᠰᠢᠵᠦ᠂ ᠬᠡᠷᠡᠭᠯᠡᠬᠦ ᠪᠠ ᠲᠡᠬᠦᠨ ᠠᠴᠠ ᠠᠰᠢᠭ ᠤᠯᠵᠤ ᠪᠤᠯᠤᠨ᠎ᠠ᠃ᠭᠤᠷᠪᠠᠨ ᠵᠠᠭᠤ ᠬᠤᠷᠢᠨ ᠲᠠᠪᠣᠳᠣᠭᠠᠷ ᠵᠦᠢᠯ ᠤᠯᠤᠰ ᠠᠴᠠ ᠪᠠᠶᠢᠭᠠᠯᠢ ᠶᠢᠨ ᠡᠬᠢ ᠪᠠᠶᠠᠯᠢᠭ ᠢ ᠲᠦᠯᠦᠪᠦᠷᠢ ᠲᠠᠢ ᠪᠠᠷ ᠬᠡᠷᠡᠭᠯᠡᠬᠦ ᠲᠦᠷᠢᠮ ᠢ ᠬᠡᠷᠡᠭᠵᠢᠬᠦᠯᠤᠨ᠎ᠠ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠬᠤᠷᠢᠨ ᠵᠢᠷᠭᠤᠳᠣᠭᠠᠷ ᠵᠦᠢᠯ ᠠᠰᠢᠭ ᠤᠯᠬᠤ ᠪᠤᠳᠠᠰ ᠤᠨ ᠡᠷᠭᠡᠳᠤ ᠬᠦᠮᠦᠨ ᠡᠷᠬᠡ ᠪᠠᠨ ᠬᠡᠷᠡᠭᠯᠡᠬᠦ ᠳᠡᠭᠡᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠡᠢ ᠪᠠᠷ ᠨᠡᠭᠡᠭᠡᠨ ᠠᠰᠢᠬᠯᠠᠬᠤ᠂ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠬᠤ ᠲᠤᠬᠠᠢ ᠬᠠᠤᠯᠢ ᠴᠠᠭᠠᠵᠠ ᠶᠢᠨ ᠲᠤᠭᠳᠠᠭᠠᠯ ᠢ ᠵᠢᠷᠤᠮᠯᠠᠬᠤ ᠬᠡᠷᠡᠭᠳᠡᠢ᠃ ᠦᠮᠴᠢᠯᠡᠯ ᠤᠨ ᠡᠷᠬᠡᠳᠦ ᠬᠦᠮᠦᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠤ ᠡᠷᠬᠡ ᠪᠠᠨ ᠬᠡᠷᠡᠭᠯᠡᠬᠦ ᠳᠤ ᠭᠠᠷ ᠲᠦᠷᠦᠵᠦ ᠪᠤᠯᠬᠤ ᠦᠭᠡᠢ᠃ᠭᠤᠷᠪᠠᠨ ᠵᠠᠭᠤ ᠬᠤᠷᠢᠨ ᠲᠣᠯᠣᠳᠣᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠲᠠᠳᠠᠪᠤᠷᠢᠯᠠᠭᠳᠠᠭᠰᠠᠨ᠂ ᠲᠠᠳᠠᠪᠤᠷᠢᠯᠠᠭᠳᠠᠨ ᠬᠡᠷᠡᠭᠯᠡᠭᠳᠡᠭᠰᠡᠨ ᠠᠴᠠ ᠪᠤᠯᠵᠤ ᠠᠰᠢᠭ ᠤᠯᠬᠤ ᠪᠤᠳᠠᠰ ᠤᠨ ᠡᠷᠬᠡ ᠨᠢ ᠤᠰᠠᠳᠤᠭᠰᠠᠨ ᠪᠤᠶᠤ ᠠᠰᠢᠭ ᠤᠯᠬᠤ ᠪᠤᠳᠠᠰ ᠤᠨ ᠡᠷᠬᠡ ᠪᠠᠨ ᠬᠡᠷᠡᠭᠯᠡᠬᠦ ᠨᠢ ᠨᠦᠯᠦᠭᠡᠯᠡᠭᠳᠡᠭᠰᠡᠨ ᠪᠠᠶᠢᠪᠠᠯ᠂ ᠠᠰᠢᠭ ᠤᠯᠬᠤ ᠪᠤᠳᠠᠰ ᠤᠨ ᠡᠷᠬᠡᠲᠦ ᠬᠦᠮᠥᠨ ᠲᠤᠰ ᠬᠠᠤᠯᠢ ᠶᠢᠨ ᠬᠤᠶᠠᠷ ᠵᠠᠭᠤ ᠲᠦᠴᠢᠨ ᠭᠤᠷᠪᠠᠳᠤᠭᠠᠷ ᠵᠦᠢᠯ᠂ ᠬᠤᠶᠠᠷ ᠵᠠᠭᠤ ᠲᠦᠴᠢᠨ ᠲᠠᠪᠣᠳᠣᠭᠠᠷ ᠵᠦᠢᠯ ᠤᠨ ᠲᠤᠭᠳᠠᠭᠠᠯ ᠶᠤᠰᠤᠭᠠᠷ ᠵᠤᠬᠢᠴᠠᠩᠭᠤᠢ ᠨᠦᠬᠦᠪᠦᠷᠢ ᠤᠯᠬᠤ ᠡᠷᠬᠡ ᠲᠠᠢ᠃ᠭᠤᠷᠪᠠᠨ ᠵᠠᠭᠤ ᠬᠤᠷᠢᠨ ᠨᠠᠢᠮᠠᠳᠣᠭᠠᠷ ᠵᠦᠢᠯ ᠬᠠᠤᠯᠢ ᠶᠤᠰᠤᠭᠠᠷ ᠤᠯᠤᠭᠰᠠᠨ ᠲᠠᠯᠠᠢ ᠶᠢᠨ ᠤᠷᠤᠨ ᠢ ᠬᠡᠷᠡᠭᠯᠡᠬᠦ ᠡᠷᠬᠡ ᠶᠢ ᠬᠠᠤᠯᠢ ᠪᠠᠷ ᠬᠠᠮᠠᠭᠠᠯᠠᠨ᠎ᠠ᠃ᠭᠤᠷᠪᠠᠨ ᠵᠠᠭᠤ ᠬᠤᠷᠢ ᠶᠢᠰᠦᠳᠦᠭᠡᠷ ᠵᠦᠢᠯ ᠬᠠᠤᠯᠢ ᠶᠤᠰᠤᠭᠠᠷ ᠤᠯᠤᠭᠰᠠᠨ ᠬᠦᠳᠡᠷ ᠬᠠᠶᠢᠬᠤ ᠡᠷᠬᠡ᠂ ᠠᠭᠤᠷᠬᠠᠢ ᠮᠠᠯᠳᠠᠬᠤ ᠡᠷᠬᠡ᠂ ᠤᠰᠤ ᠠᠪᠬᠤ ᠡᠷᠬᠡ ᠪᠤᠯᠤᠨ ᠤᠰᠤᠨ ᠤᠷᠤᠨ᠂ ᠲᠠᠩ ᠰᠠᠶᠢᠷᠭᠠᠯ ᠢ ᠭᠡᠷᠡᠭᠯᠡᠨ ᠲᠡᠵᠢᠭᠡᠨ ᠦᠷᠡᠵᠢᠬᠦᠯᠬᠦ ᠪᠠ ᠠᠩᠨᠠᠵᠤ ᠰᠢᠬᠦᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠃ ᠠᠷᠪᠠᠨ ᠨᠢᠭᠡᠳᠦᠭᠡᠷ ᠪᠦᠯᠦᠭ ᠭᠠᠵᠠᠷ ᠰᠢᠷᠦᠢ ᠶᠢ ᠲᠠᠭᠠᠭᠠᠴᠢᠯᠠᠨ ᠡᠵᠨᠩᠨᠡᠬᠦ ᠡᠷᠬᠡᠭᠤᠷᠪᠠᠨ ᠵᠠᠭᠤ ᠭᠤᠴᠢᠳᠣᠭᠠᠷ ᠵᠦᠢᠯ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠭᠡᠷ ᠪᠦᠯᠢ ᠳᠤ ᠲᠠᠭᠠᠭᠠᠴᠢᠯᠠᠭᠤᠯᠤᠨ ᠡᠵᠡᠩᠨᠡᠬᠦᠯᠬᠦ ᠪᠠᠷ ᠰᠠᠭᠤᠷᠢ ᠪᠤᠯᠭᠠᠵᠤ᠂ ᠨᠢᠭᠡᠲᠦᠯᠲᠡᠢ ᠡᠵᠡᠩᠨᠡᠭᠦ ᠪᠠ ᠲᠠᠷᠠᠬᠠᠢ ᠡᠵᠡᠩᠨᠡᠭᠦ ᠶᠢ ᠤᠶᠠᠯᠳᠤᠭᠤᠯᠤᠭᠰᠠᠨ ᠲᠠᠪᠬᠤᠷ ᠡᠵᠡᠩᠨᠡᠯᠳᠡ ᠶᠢᠨ ᠪᠠᠶᠢᠭᠤᠯᠤᠯ ᠢ ᠬᠡᠷᠡᠭᠵᠢᠬᠦᠯᠦᠨ᠎ᠡ᠃ᠲᠠᠷᠢᠶᠠᠴᠢᠳ ᠤᠨ ᠬᠠᠮᠳᠤ ᠶᠢᠨ ᠦᠮᠴᠢᠯᠡᠯ ᠤᠨ ᠪᠠ ᠤᠯᠤᠰ ᠠᠴᠠ ᠦᠮᠴᠢᠯᠡᠵᠦ ᠲᠠᠷᠢᠶᠠᠴᠢᠳ ᠤᠨ ᠬᠠᠮᠳᠤ ᠨᠡᠶᠢᠲᠡ ᠠᠴᠠ ᠬᠡᠷᠡᠭᠯᠡᠵᠤ ᠪᠠᠶᠢᠭ᠎ᠠ ᠲᠠᠷᠢᠶᠠᠨ ᠭᠠᠵᠠᠷ᠂ ᠦᠢᠳᠦ ᠭᠠᠵᠠᠷ᠂ ᠡᠪᠡᠰᠦᠳᠦ ᠭᠠᠵᠠᠷ ᠵᠢᠴᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠰᠢᠷᠤᠢ ᠳᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠲᠦᠷᠢᠮ ᠢ ᠬᠠᠤᠯᠢ ᠶᠤᠰᠤᠭᠠᠷ ᠬᠡᠷᠡᠭᠵᠢᠬᠦᠯᠦᠨ᠎ᠡ᠃ᠭᠤᠷᠪᠠᠨ ᠵᠠᠭᠤ ᠭᠤᠴᠢᠨ ᠨᠢᠭᠡᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ ᠲᠠᠭᠠᠭᠠᠴᠢᠯᠠᠨ ᠡᠵᠡᠩᠨᠡᠭᠰᠡᠨ ᠲᠠᠷᠢᠶᠠᠨ ᠭᠠᠵᠠᠷ᠂ ᠦᠢᠳᠦ ᠭᠠᠵᠠᠷ᠂ ᠡᠪᠡᠰᠦᠳᠦ ᠭᠠᠵᠠᠷ ᠵᠡᠷᠭᠡ ᠳᠡᠭᠡᠨ ᠬᠠᠤᠯᠢ ᠶᠤᠰᠤᠭᠠᠷ ᠡᠵᠡᠮᠰᠢᠬᠦ᠂ ᠭᠡᠷᠡᠭᠯᠡᠬᠦ ᠪᠠ ᠲᠡᠬᠦᠨ ᠠᠴᠠ ᠠᠰᠢᠭ ᠤᠯᠬᠤ ᠡᠷᠬᠡ ᠶᠢ ᠡᠳ᠋ᠯᠡᠨ᠎ᠠ᠂ ᠲᠠᠷᠢᠮᠠᠯ ᠤᠨ ᠦᠢᠯᠡᠰ᠂ ᠤᠢ ᠰᠢᠭᠤᠢ᠂ ᠮᠠᠯ ᠠᠵᠤ ᠠᠬᠤᠢ ᠵᠡᠷᠬᠡ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠢ ᠡᠷᠬᠢᠯᠡᠬᠦ ᠡᠷᠬᠡ ᠲᠠᠢ᠃ᠭᠤᠷᠪᠠᠨ ᠵᠠᠭᠤ ᠭᠤᠴᠢᠨ ᠬᠤᠶᠠᠳᠣᠭᠠᠷ ᠵᠦᠢᠯ ᠲᠠᠷᠢᠶᠠᠨ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠭᠤᠴᠢᠨ ᠵᠢᠯ᠃ ᠡᠪᠡᠰᠦᠳᠦ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠭᠤᠴᠢᠨ ᠵᠢᠯ ᠠᠴᠠ ᠲᠠᠪᠢᠨ ᠵᠢᠯ᠃ ᠦᠢᠳᠦ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠭᠤᠴᠢᠨ ᠵᠢᠯ ᠠᠴᠠ ᠲᠠᠯᠠᠨ ᠵᠢᠯ᠃ᠡᠮᠦᠨᠡᠬᠢ ᠪᠠᠳᠠᠭ ᠲᠤ ᠲᠤᠭᠳᠠᠭᠠᠭᠰᠠᠨ ᠲᠠᠭᠠᠭᠠᠴᠢᠯᠠᠯᠳᠠ ᠶᠢᠨ ᠬᠤᠭᠤᠴᠠᠭ᠎ᠠ ᠲᠦᠬᠦᠷᠪᠡᠯ᠂ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠭᠡᠳᠦ ᠬᠦᠮᠦᠨ ᠭᠦᠳᠡᠭᠡ ᠲᠣᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠲᠣᠬᠠᠢ ᠬᠠᠣᠯᠢ ᠴᠠᠭᠠᠵᠠ ᠶᠢᠨ ᠲᠣᠭᠳᠠᠭᠠᠯ ᠶᠤᠰᠤᠭᠠᠷ ᠦᠷᠬᠦᠯᠵᠢᠯᠡᠨ ᠲᠠᠭᠠᠭᠠᠴᠢᠯᠠᠨ᠎ᠠ᠃ᠭᠤᠷᠪᠠᠨ ᠵᠠᠭᠤ ᠭᠤᠴᠢᠨ ᠭᠤᠷᠪᠠᠳᠣᠭᠠᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠨᠢ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠶᠢᠨ ᠭᠡᠷ᠎ᠡ ᠬᠦᠴᠦᠨ ᠲᠠᠢ ᠪᠤᠯᠬᠤ ᠴᠠᠭ ᠠᠴᠠ ᠲᠤᠬᠳᠠᠭᠠᠭᠳᠠᠨ᠎ᠠ᠃ᠲᠠᠩᠰᠠᠯᠠᠬᠤ ᠪᠠᠶᠢᠭᠤᠯᠣᠮᠵᠢ ᠠᠴᠠ ᠭᠠᠵᠠᠷ ᠰᠢᠷᠦᠢ ᠶᠢ ᠲᠠᠭᠠᠭᠠᠴᠢᠯᠡᠨ ᠡᠵᠡᠩᠨᠡᠬᠦ ᠡᠷᠭᠡᠳᠦ ᠬᠦᠮᠦᠨ ᠳᠤ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠠᠯ᠂ ᠤᠢ ᠮᠤᠳᠤᠨ ᠤ ᠡᠷᠬᠡ ᠶᠢᠨ ᠦᠨᠡᠮᠯᠡᠯ ᠵᠡᠷᠭᠡ ᠦᠨᠡᠮᠯᠡᠯ ᠢ ᠤᠯᠭᠤᠬᠤ ᠶᠢᠨ ᠬᠠᠮᠳᠤ ᠲᠠᠩᠰᠠᠯᠠᠨ ᠲᠡᠪᠳᠡᠷᠯᠡᠵᠤ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠶᠢ ᠨᠢ ᠨᠤᠳᠠᠯᠠᠬᠤ ᠬᠡᠷᠡᠭᠳᠡᠢ᠃ᠭᠤᠷᠪᠠᠨ ᠵᠠᠭᠤ ᠭᠤᠴᠢᠨ ᠲᠦᠷᠪᠡᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ ᠬᠠᠣᠯᠢ ᠴᠠᠭᠠᠵᠠ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ ᠪᠠᠨ ᠰᠣᠯᠢᠯᠴᠠᠬᠤ ᠂ ᠰᠢᠯᠵᠢᠭᠦᠯᠦᠨ ᠦᠭᠭᠦ ᠡᠷᠬᠡ ᠲᠠᠢ᠃ ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠦᠭᠡᠢ ᠪᠤᠯ ᠲᠠᠭᠠᠭᠠᠴᠢᠯᠠᠭᠰᠠᠨ ᠭᠠᠵᠠᠷ ᠢᠶᠠᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠵᠦ ᠪᠤᠯᠬᠤ ᠦᠭᠡᠢ᠃ᠭᠤᠷᠪᠠᠨ ᠵᠠᠭᠤ ᠭᠤᠴᠢᠨ ᠲᠠᠪᠣᠳᠣᠭᠠᠷ ᠵᠦᠢᠯ ᠭᠠᠵᠠᠷ ᠰᠢᠷᠦᠢ ᠶᠢ ᠲᠠᠭᠠᠭᠠᠴᠢᠯᠠᠠ ᠡᠵᠡᠩᠨᠡᠬᠦ ᠡᠷᠬᠡ ᠪᠠᠨ ᠰᠤᠯᠢᠯᠴᠠᠭᠰᠠᠨ᠂ ᠰᠢᠯᠵᠢᠬᠦᠯᠦᠨ ᠦᠭᠬᠦᠭᠰᠡᠨ ᠪᠠᠶᠢᠪᠠᠯ᠂ ᠲᠤᠬᠠᠢ ᠶᠢᠨ ᠬᠦᠮᠦᠨ ᠨᠢ ᠲᠠᠩᠰᠠᠯᠠᠬᠤ ᠪᠠᠶᠢᠭᠤᠯᠣᠮᠵᠢ ᠳᠤ ᠲᠠᠩᠰᠠᠯᠠᠭᠤᠯᠬᠤ ᠪᠠᠷ ᠭᠤᠶᠣᠴᠢᠯᠠᠵᠦ ᠪᠣᠯᠣᠨ᠎ᠠ︔ ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ ᠭᠤᠷᠪᠠᠳᠠᠬᠢ ᠬᠦᠮᠦᠨ ᠲᠠᠢ ᠡᠰᠡᠷᠬᠦᠴᠡᠯᠳᠦᠵᠦ ᠪᠤᠯᠬᠤ ᠦᠭᠡᠢ᠃ᠭᠤᠷᠪᠠᠨ ᠵᠠᠭᠤ ᠭᠤᠴᠢᠨ ᠵᠢᠷᠭᠤᠳᠣᠭᠠᠷ ᠵᠦᠢᠯ ᠲᠠᠭᠠᠭᠠᠴᠢᠯᠠᠯᠲᠠ ᠶᠢᠨ ᠬᠤᠭᠤᠴᠠᠭᠠᠨ ᠲᠤᠳᠤᠷ᠎ᠠ ᠲᠠᠭᠠᠭᠠᠴᠢᠯᠠᠭᠤᠯᠤᠭᠴᠢ ᠨᠢ ᠲᠠᠭᠠᠭᠠᠴᠢᠯᠠᠭᠤᠯᠤᠭᠰᠠᠨ ᠭᠠᠵᠠᠷ ᠢ ᠲᠤᠬᠢᠷᠠᠭᠤᠯᠵᠤ ᠪᠤᠯᠬᠤ ᠦᠭᠡᠢ᠃ᠪᠠᠶᠢᠭᠠᠯᠢ ᠶᠢᠨ ᠭᠠᠮᠰᠢᠭ ᠠᠴᠠ ᠪᠤᠯᠵᠤ ᠳᠠᠭᠠᠭᠠᠴᠢᠯᠠᠭᠤᠯᠤᠭᠰᠠᠨ ᠭᠠᠵᠠᠷ ᠬᠦᠨᠳᠦ ᠨᠤᠴᠢᠳᠠᠢ ᠡᠪᠳᠡᠭᠳᠡᠭᠰᠡᠨ ᠵᠡᠷᠭᠡ ᠤᠨᠴᠠᠭᠠᠢ ᠪᠠᠶᠢᠳᠠᠯ ᠤᠨ ᠬᠠᠷᠠᠭ᠎ᠠ ᠪᠠᠷ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠪᠠ ᠡᠪᠡᠰᠦᠳᠦ ᠭᠠᠵᠠᠷ ᠢ ᠵᠤᠬᠢᠰᠲᠠᠢ ᠲᠤᠬᠢᠷᠠᠭᠤᠯᠬᠤ ᠴᠢᠬᠤᠯᠠᠳᠠᠢ ᠪᠠᠶᠢᠪᠠᠯ᠂ ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠯᠳᠡ ᠶᠢᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠳᠭᠡᠬᠦ ᠬᠡᠷᠡᠭᠳᠡᠢ᠃ᠭᠤᠷᠪᠠᠨ ᠵᠠᠭᠤ ᠭᠤᠴᠢᠨ ᠲᠣᠯᠣᠳᠣᠭᠠᠷ ᠵᠦᠢᠯ ᠲᠠᠭᠠᠭᠠᠴᠢᠯᠠᠯᠲᠠ ᠶᠢᠨ ᠬᠤᠭᠤᠴᠠᠭᠠᠨ ᠲᠤᠲᠤᠷ᠎ᠠ ᠲᠠᠭᠠᠭᠠᠴᠢᠯᠠᠭᠤᠯᠤᠭᠴᠢ ᠨᠢ ᠲᠠᠭᠠᠭᠠᠴᠢᠯᠠᠭᠤᠯᠤᠭᠰᠠᠨ ᠭᠠᠵᠠᠷ ᠢ ᠬᠤᠷᠢᠶᠠᠨ ᠠᠪᠴᠤ ᠪᠤᠯᠬᠤ ᠦᠭᠡᠢ᠃ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠶᠠᠪᠤᠭᠤᠯᠤᠨ᠎ᠠ᠃ᠭᠤᠷᠪᠠᠨ ᠵᠠᠭᠤ ᠭᠤᠴᠢᠨ ᠨᠠᠢᠮᠠᠳᠣᠭᠠᠷ ᠵᠦᠢᠯ ᠲᠠᠭᠠᠭᠠᠴᠢᠯᠠᠭᠤᠯᠤᠭᠰᠠᠨ ᠭᠠᠵᠠᠷ ᠲᠠᠳᠠᠪᠤᠷᠢᠯᠠᠭᠳᠠᠭᠰᠠᠨ ᠪᠠᠶᠢᠪᠠᠯ᠂ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡᠳᠦ ᠬᠦᠮᠦᠨ ᠲᠤᠰ ᠬᠠᠤᠯᠢ ᠶᠢᠨ ᠬᠤᠶᠠᠷ ᠵᠠᠭᠤ ᠲᠦᠴᠢᠨ ᠭᠤᠷᠪᠠᠳᠤᠭᠠᠷ ᠵᠦᠢᠯ ᠤᠨ ᠲᠤᠭᠳᠠᠭᠠᠯ ᠶᠤᠰᠤᠭᠠᠷ ᠵᠤᠬᠢᠴᠠᠩᠭᠤᠢ ᠨᠦᠬᠦᠪᠤᠷᠢ ᠤᠯᠬᠤ ᠡᠷᠭᠡ ᠲᠠᠢ᠃ᠭᠤᠷᠪᠠᠨ ᠵᠠᠭᠤ ᠭᠤᠴᠢ ᠶᠢᠰᠦᠳᠦᠭᠡᠷ ᠵᠦᠢᠯ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠭᠦ ᠡᠷᠭᠡᠳᠦ ᠭᠦᠮᠦᠨ ᠬᠠᠣᠯᠢ ᠶᠣᠰᠣᠭᠠᠷ ᠲᠦᠷᠢᠶᠡᠰᠦᠯᠡᠭᠦᠯᠭᠦ᠂ ᠬᠤᠪᠢ ᠣᠷᠣᠭᠤᠯᠬᠤ ᠪᠣᠶᠣ ᠪᠣᠰᠣᠳ ᠠᠷᠭ᠎ᠠ ᠮᠠᠶ᠋ᠢᠭ ᠢᠶᠠᠷ ᠭᠠᠵᠠᠷ ᠰᠢᠷᠦᠢ ᠶᠢ ᠡᠵᠡᠩᠨᠡᠭᠦ ᠡᠷᠭᠡ ᠪᠠᠨ ᠪᠣᠰᠣᠳ ᠲᠤ ᠰᠢᠯᠵᠢᠭᠦᠯᠦᠨ ᠦᠭᠴᠦ ᠡᠷᠭᠢᠯᠳᠡ ᠳᠤ ᠣᠷᠣᠭᠤᠯᠬᠤ ᠶᠢ ᠥᠪᠡᠰᠥᠪᠡᠨ ᠡᠵᠡᠨ ᠮᠡᠳᠡᠨ ᠲᠣᠭᠳᠠᠭᠠᠵᠦ ᠪᠣᠯᠣᠨ᠎ᠠ᠃ᠭᠤᠷᠪᠠᠨ ᠵᠠᠭᠤ ᠲᠦᠴᠢᠳᠦᠭᠡᠷ ᠵᠦᠢᠯ ᠭᠠᠵᠠᠷ ᠰᠢᠷᠦᠢ ᠶᠢ ᠡᠵᠡᠩᠨᠡᠭᠦ ᠡᠷᠭᠡᠳᠦ ᠭᠦᠮᠦᠨ ᠭᠡᠷ᠎ᠡ ᠳᠤ ᠪᠣᠯᠵᠣᠨ ᠲᠣᠭᠳᠠᠭᠠᠭᠰᠠᠨ ᠬᠤᠭᠤᠴᠠᠭᠠᠨ ᠲᠣᠳᠣᠷ᠎ᠠ ᠭᠦᠳᠡᠭᠡ ᠲᠣᠰᠬᠤᠨ ᠤ ᠭᠠᠵᠠᠷ ᠰᠢᠷᠦᠢ ᠶᠢ ᠡᠵᠡᠯᠡᠵᠦ᠂ ᠥᠪᠡᠰᠥᠪᠡᠨ ᠡᠵᠡᠨ ᠮᠡᠳᠡᠵᠦ ᠲᠡᠷᠢᠶᠡᠯᠡᠩ ᠤᠨ ᠤᠢᠢᠯᠡᠦᠡᠪᠦᠷᠢᠯᠡᠯ ᠡᠵᠡᠩᠨᠡᠯᠳᠠ ᠶᠢ ᠦᠷᠨᠢᠭᠦᠯᠭᠦ ᠶᠢᠨ ᠬᠠᠮᠳᠦ ᠲᠡᠭᠦᠨ ᠠᠴᠠ ᠠᠰᠢᠭ ᠣᠯᠬᠤ ᠡᠷᠭᠡ ᠲᠠᠢ᠃ᠭᠤᠷᠪᠠᠨ ᠵᠠᠭᠤ ᠲᠦᠴᠢᠨ ᠨᠢᠭᠡᠳᠦᠭᠡᠷ ᠵᠦᠢᠯ ᠲᠠᠪᠣᠨ ᠵᠢᠯ ᠠᠴᠠ ᠲᠡᠭᠡᠭᠰᠢ ᠡᠷᠭᠢᠯᠳᠡ ᠶᠢᠨ ᠬᠤᠭᠤᠴᠠᠭ᠎ᠠ ᠲᠠᠢ ᠭᠠᠵᠠᠷ ᠰᠢᠷᠦᠢ ᠶᠢ ᠡᠵᠡᠩᠨᠡᠬᠦ ᠡᠷᠭᠡ ᠨᠢ ᠡᠷᠭᠢᠯᠳᠡ ᠶᠢᠨ ᠭᠡᠷ᠎ᠡ ᠭᠦᠴᠦᠨ ᠲᠠᠢ ᠪᠣᠯᠬᠤ ᠦᠶ᠎ᠡ ᠳᠤ ᠲᠣᠭᠳᠠᠭᠠᠭᠳᠠᠨ᠎ᠠ᠃ ᠲᠣᠬᠠᠢ ᠶᠢᠨ ᠭᠦᠮᠦᠨ ᠨᠢ ᠲᠠᠩᠰᠠᠯᠠᠬᠤ ᠪᠠᠶᠢᠭᠤᠯᠣᠮᠵᠢ ᠳᠤ ᠭᠠᠵᠠᠷ ᠰᠢᠷᠦᠢ ᠡᠵᠡᠩᠨᠡᠬᠦ ᠡᠷᠭᠡ ᠪᠠᠨ ᠲᠠᠩᠰᠠᠯᠠᠭᠤᠯᠬᠤ ᠪᠠᠷ ᠭᠤᠶᠣᠴᠢᠯᠠᠵᠦ ᠪᠣᠯᠣᠨ᠎ᠠ︔ ᠲᠠᠩᠰᠠᠯᠠᠭᠤᠯᠣᠭᠰᠠᠨ ᠦᠭᠡᠢ ᠪᠠᠶᠢᠪᠠᠯ᠂ ᠰᠠᠶᠢᠨ ᠰᠠᠨᠠᠭᠠᠳᠦ ᠭᠤᠷᠪᠠᠳᠡᠭᠢ ᠭᠦᠮᠦᠨ ᠲᠠᠢ ᠡᠰᠡᠷᠭᠦᠴᠡᠯᠳᠦᠵᠦ ᠪᠣᠯᠬᠤ ᠦᠭᠡᠢ᠃ᠭᠤᠷᠪᠠᠨ ᠵᠠᠭᠤ ᠲᠦᠴᠢᠨ ᠬᠤᠶᠠᠳᠣᠭᠠᠷ ᠵᠦᠢᠯ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠢᠯᠡ ᠪᠠᠷ ᠵᠦᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠬᠦᠳᠡᠭᠡ ᠲᠤᠰᠬᠤᠨ ᠤ ᠭᠠᠵᠠᠷ ᠰᠢᠷᠦᠢ ᠶᠢ ᠲᠠᠭᠠᠭᠠᠴᠢᠯᠠᠭᠠᠳ᠂ ᠬᠠᠣᠯᠢ ᠶᠣᠰᠣᠭᠠᠷ ᠲᠠᠩᠰᠠᠯᠠᠭᠤᠯᠵᠦ ᠡᠷᠬᠡ ᠶᠢᠨ ᠬᠠᠷᠢᠶᠠᠯᠠᠯ ᠤᠨ ᠦᠨᠡᠮᠯᠡᠯ ᠣᠯᠣᠭᠰᠠᠨ ᠪᠠᠶᠢᠪᠠᠯ᠂ ᠬᠠᠣᠯᠢ ᠶᠣᠰᠣᠭᠠᠷ ᠲᠦᠷᠢᠶᠡᠰᠦᠯᠡᠭᠦᠯᠭᠦ᠂ ᠬᠤᠪᠢ ᠣᠷᠣᠭᠤᠯᠬᠤ᠂ ᠪᠠᠷᠢᠴᠠᠭᠠᠯᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠭᠠᠵᠠᠷ ᠰᠢᠷᠦᠢ ᠶᠢ ᠡᠵᠡᠩᠨᠡᠬᠦ ᠡᠷᠭᠡ ᠪᠠᠨ ᠡᠷᠭᠢᠯᠳᠡ ᠳᠤ ᠣᠷᠣᠭᠤᠯᠵᠦ ᠪᠤᠯᠤᠨ᠎ᠠ᠃ᠭᠤᠷᠪᠠᠨ ᠵᠠᠭᠤ ᠲᠦᠴᠢᠨ ᠭᠤᠷᠪᠠᠳᠣᠭᠠᠷ ᠵᠦᠢᠯ ᠤᠯᠤᠰ ᠤᠨ ᠦᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠲᠤ ᠲᠠᠭᠠᠭᠠᠴᠢᠯᠠᠨ ᠡᠵᠡᠩᠨᠡᠬᠦ ᠶᠢ ᠬᠡᠷᠡᠭᠵᠢᠬᠦᠯᠦᠭᠰᠡᠨ ᠪᠠᠶᠢᠪᠠᠯ᠂ ᠲᠤᠰ ᠠᠩᠭᠢ ᠶᠢᠨ ᠬᠤᠯᠪᠤᠭᠳᠠᠯ ᠪᠦᠬᠦᠢ ᠲᠤᠭᠳᠠᠭᠠᠯ ᠢ ᠯᠠᠪᠯᠠᠯᠳᠠ ᠪᠤᠯᠭᠠᠵᠦ ᠲᠣᠭᠢᠷᠠᠭᠤᠯᠣᠨ ᠭᠡᠷᠡᠭᠯᠡᠨ᠎ᠡ᠃ ᠠᠷᠪᠠᠨ ᠬᠤᠶᠠᠳᠤᠭᠠᠷ ᠪᠦᠯᠦᠭ ᠪᠦᠳᠦᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠭᠤᠷᠪᠠᠨ ᠵᠠᠭᠤ ᠲᠦᠴᠢᠨ ᠲᠦᠷᠪᠡᠳᠦᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠤᠯᠤᠰ ᠤᠨ ᠦᠮᠴᠢᠯᠡᠯ ᠤᠨ ᠭᠠᠵᠠᠷ ᠰᠢᠷᠦᠢ ᠳᠤ ᠡᠵᠡᠮᠰᠢᠬᠦ᠂ ᠬᠡᠷᠡᠭᠯᠡᠬᠦ ᠪᠠ ᠲᠡᠬᠦᠨ ᠠᠴᠠ ᠠᠰᠢᠭ ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠠ᠂ ᠲᠤᠰ ᠭᠠᠵᠠᠷ ᠢ ᠠᠰᠢᠬᠯᠠᠨ ᠪᠠᠷᠢᠯᠭ᠎ᠠ᠂ ᠪᠠᠶᠢᠭᠤᠯᠪᠤᠷᠢ ᠵᠢᠴᠢ ᠲᠡᠳᠡᠭᠡᠷ ᠤᠨ ᠲᠠᠭᠠᠯᠳᠠ ᠲᠦᠬᠦᠭᠡᠷᠦᠮᠵᠢ ᠶᠢ ᠪᠠᠶᠢᠭᠤᠯᠬᠤ ᠡᠷᠬᠡ ᠲᠠᠢ᠃ᠭᠤᠷᠪᠠᠨ ᠵᠠᠭᠤ ᠲᠦᠴᠢᠨ ᠲᠠᠪᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠭᠠᠵᠠᠷ ᠰᠢᠷᠦᠢ ᠶᠢᠨ ᠭᠠᠵᠠᠷ ᠤᠨ ᠭᠠᠳᠠᠷᠭᠤ᠂ ᠭᠠᠵᠠᠷ ᠤᠨ ᠲᠡᠭᠡᠷ᠎ᠡ ᠪᠤᠶᠤ ᠭᠠᠵᠠᠷ ᠤᠨ ᠲᠤᠤᠷ᠎ᠡ ᠲᠤᠰ ᠲᠤᠰ ᠲᠤᠭᠳᠠᠭᠠᠵᠤ ᠪᠤᠯᠤᠨ᠎ᠠ᠃ᠭᠤᠷᠪᠠᠨ ᠵᠠᠭᠤ ᠲᠦᠴᠢᠨ ᠵᠢᠷᠭᠤᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠣᠭᠳᠠᠭᠠᠬᠤ ᠳᠤ᠂ ᠡᠭᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠬᠤ ᠱᠠᠭᠠᠷᠳᠠᠯᠭ᠎ᠠ ᠳᠤ ᠨᠠᠶᠢᠴᠡᠭᠦᠯᠵᠦ᠂ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ ᠳᠠᠬᠢ ᠭᠠᠵᠠᠷ ᠰᠢᠷᠦᠢ ᠶᠢᠨ ᠭᠡᠷᠡᠭᠯᠡᠯᠳᠡ ᠶᠢᠨ ᠲᠣᠬᠠᠢ ᠲᠣᠭᠳᠠᠭᠠᠯ ᠢ ᠵᠢᠷᠣᠮᠯᠠᠬᠤ ᠭᠡᠷᠡᠭᠳᠡᠢ᠂ ᠨᠢᠭᠡᠨᠳᠡ ᠲᠤᠭᠳᠠᠭᠠᠭᠰᠠᠨ ᠠᠰᠢᠭ ᠤᠯᠬᠤ ᠪᠣᠳᠠᠰ ᠤᠨ ᠡᠷᠬᠡ ᠶᠢ ᠬᠤᠬᠢᠷᠠᠭᠤᠯᠵᠤ ᠪᠤᠯᠬᠤ ᠦᠭᠡᠢ᠃ᠭᠤᠷᠪᠠᠨ ᠵᠠᠭᠤ ᠲᠦᠴᠢᠨ ᠲᠤᠯᠤᠳᠤᠭᠠᠷ ᠵᠦᠢᠯ ᠪᠦᠳᠦᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠭᠳᠠᠭᠠᠬᠤ ᠳᠤ᠂ ᠰᠢᠯᠵᠢᠬᠦᠯᠤᠨ ᠬᠤᠳᠠᠯᠳᠤᠬᠤ ᠪᠤᠶᠤ ᠬᠤᠪᠢᠶᠠᠷᠢᠯᠠᠨ ᠦᠭᠬᠦ ᠵᠡᠷᠭᠡ ᠬᠡᠯᠪᠡᠷᠢ ᠶᠢ ᠠᠪᠴᠦ ᠪᠤᠯᠤᠨ᠎ᠠ᠃ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ᠂ ᠵᠤᠭ᠎ᠠ ᠴᠡᠩᠭᠡᠯ ᠪᠠ ᠲᠠᠸᠠᠷ ᠤᠨ ᠤᠷᠤᠨ ᠰᠠᠭᠤᠴᠠ ᠵᠡᠷᠭᠡ ᠡᠵᠡᠩᠨᠡᠯᠳᠡ ᠶᠢᠨ ᠴᠢᠨᠠᠷᠳᠠᠢ ᠭᠡᠷᠡᠭᠯᠡᠬᠦ ᠭᠠᠵᠠᠷ ᠵᠢᠴᠢ ᠮᠦᠨ ᠨᠢᠭᠡ ᠭᠠᠵᠠᠷ ᠲᠤ ᠭᠠᠵᠠᠷ ᠭᠡᠷᠡᠭᠯᠡᠬᠦ ᠰᠠᠨᠠᠭ᠎ᠠ ᠲᠠᠢ ᠬᠥᠮᠤᠨ ᠬᠤᠶᠠᠷ ᠠᠴᠠ ᠲᠡᠭᠡᠭᠰᠢ ᠪᠠᠶᠢᠪᠠᠯ᠂ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ ᠵᠡᠷᠭᠡ ᠢᠯᠡ ᠪᠠᠷ ᠦᠨ᠎ᠡ ᠦᠷᠢᠰᠦᠯᠳᠦᠬᠦᠯᠬᠦ ᠬᠡᠯᠪᠡᠷᠢ ᠪᠠᠷ ᠰᠢᠯᠵᠢᠬᠦᠯᠤᠨ ᠬᠤᠳᠠᠯᠳᠤᠬᠤ ᠬᠡᠷᠡᠭᠳᠡᠢ᠃ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠤᠪᠢᠶᠠᠷᠢᠯᠠᠨ ᠦᠭᠬᠦ ᠬᠡᠯᠪᠡᠷᠢ ᠪᠠᠷ ᠲᠤᠭᠳᠠᠭᠠᠬᠤ ᠶᠢ ᠴᠢᠩᠭ᠎ᠠ ᠬᠢᠵᠠᠭᠠᠷᠯᠠᠨ᠎ᠠ᠃ᠭᠤᠷᠪᠠᠨ ᠵᠠᠭᠤ ᠲᠦᠴᠢᠨ ᠨᠠᠢᠮᠠᠳᠤᠭᠠᠷ ᠵᠦᠢᠯ ᠲᠠᠭᠠᠭᠠᠴᠢᠯᠠᠯᠳᠠ ᠵᠠᠷᠯᠠᠬᠤ᠂ ᠦᠨ᠎ᠡ ᠬᠠᠶᠠᠨ ᠬᠤᠳᠠᠯᠳᠤᠬᠤ᠂ ᠭᠡᠯᠡᠯᠴᠡᠭᠡᠷ ᠲᠤᠬᠢᠷᠠᠬᠤ ᠵᠡᠷᠭᠡ ᠰᠢᠯᠵᠢᠬᠦᠯᠤᠨ ᠬᠤᠳᠠᠯᠳᠤᠬᠤ ᠠᠷᠭ᠎ᠠ ᠮᠠᠶ᠋ᠢᠭ ᠢᠶᠠᠷ ᠳᠠᠮᠵᠢᠭᠤᠯᠵᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠭᠳᠠᠭᠠᠬᠤ ᠳᠤ ᠬᠦᠷᠪᠡᠯ᠂ ᠲᠤᠬᠠᠢ ᠶᠢᠨ ᠬᠦᠮᠦᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠤᠨ ᠬᠤᠳᠠᠯᠳᠤᠬᠤ ᠬᠡᠷ᠎ᠡ ᠶᠢ ᠪᠢᠴᠢᠭ ᠤᠨ ᠬᠡᠯᠪᠡᠷᠢ ᠪᠠᠷ ᠲᠤᠭᠳᠠᠭᠠᠬᠤ ᠬᠡᠷᠡᠭᠳᠡᠢ᠃ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠤᠨ ᠬᠤᠳᠠᠯᠳᠤᠬᠤ ᠭᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄︵ᠨᠢᠭᠡ︶ ᠲᠤᠬᠠᠢ ᠶᠢᠨ ᠬᠦᠮᠦᠨ ᠤ ᠨᠡᠷᠡᠶᠢᠳᠦᠯ ᠪᠠ ᠤᠷᠤᠨ ᠰᠠᠭᠤᠴᠠ︔︵ᠬᠤᠶᠠᠷ︶ ᠭᠠᠵᠠᠷ ᠰᠢᠷᠦᠢ ᠶᠢᠨ ᠵᠠᠭᠠᠭ᠂ ᠲᠠᠯᠠᠪᠠᠢ ᠵᠡᠷᠭᠡ︔︵ᠭᠤᠷᠪᠠ︶ ᠪᠠᠷᠢᠯᠭ᠎ᠠ᠂ ᠪᠠᠶᠢᠭᠤᠯᠪᠤᠷᠢ ᠵᠢᠴᠢ ᠲᠠᠭᠠᠯᠳᠠ ᠲᠦᠬᠦᠭᠡᠷᠦᠮᠵᠢ ᠶᠢᠨ ᠡᠵᠡᠯᠡᠨ ᠬᠡᠷᠡᠭᠯᠡᠭᠰᠡᠨ ᠤᠷᠤᠨ ᠵᠠᠢ︔︵ᠲᠦᠷᠪᠡ︶ ᠭᠠᠵᠠᠷ ᠰᠢᠷᠦᠢ ᠶᠢᠨ ᠬᠡᠷᠡᠭᠯᠡᠯᠳᠡ᠂ ᠲᠦᠯᠦᠪᠵᠢᠭᠦᠯᠭᠡ ᠶᠢᠨ ᠨᠦᠭᠦᠴᠡᠯ︔︵ᠲᠠᠪᠤ︶ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ︔︵ᠵᠢᠷᠭᠤᠭ᠎ᠠ︶ ᠰᠢᠯᠵᠢᠬᠦᠯᠤᠨ ᠬᠤᠳᠠᠯᠳᠤᠬᠤ ᠮᠦᠩᠬᠦ ᠵᠡᠷᠭᠡ ᠵᠠᠷᠤᠳᠠᠯ ᠵᠢᠴᠢ ᠲᠡᠳᠡᠭᠡᠷ ᠢ ᠦᠭᠬᠦ ᠠᠷᠭ᠎ᠠ ᠮᠠᠶ᠋ᠢᠭ︔︵ᠲᠤᠯᠤᠭ᠎ᠠ︶ ᠮᠠᠷᠭᠤᠭᠠᠨ ᠢ ᠰᠢᠢᠳᠪᠦᠷᠢᠯᠡᠬᠦ ᠠᠷᠭ᠎ᠠ᠃ᠭᠤᠷᠪᠠᠨ ᠵᠠᠭᠤ ᠲᠦᠴᠢ ᠶᠢᠰᠤᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠭᠳᠠᠭᠠᠬᠤ ᠳᠤ᠂ ᠲᠠᠩᠰᠠᠯᠠᠬᠤ ᠪᠠᠶᠢᠭᠤᠯᠤᠮᠵᠢ ᠳᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠠᠩᠰᠠᠯᠠᠭᠤᠯᠬᠤ ᠪᠠᠷ ᠭᠤᠶᠤᠴᠢᠯᠠᠬᠤ ᠬᠡᠷᠡᠭᠳᠡᠢ᠃ ᠪᠦᠳᠤᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠭᠡ ᠨᠢ ᠲᠡᠩᠰᠠᠯᠠᠭᠤᠯᠤᠭᠰᠠᠨ ᠴᠠᠭ ᠠᠴᠠ ᠲᠤᠬᠳᠠᠭᠠᠭᠳᠠᠨ᠎ᠠ᠃ ᠲᠠᠩᠰᠠᠯᠠᠬᠤ ᠪᠠᠶᠢᠭᠤᠯᠤᠮᠵᠢ ᠨᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠳᠤ ᠡᠷᠬᠡ ᠶᠢᠨ ᠬᠠᠷᠢᠶᠠᠯᠠᠯ ᠤᠨ ᠦᠨᠡᠮᠯᠡᠯ ᠤᠯᠭᠤᠬᠤ ᠬᠡᠷᠡᠭᠳᠡᠢ᠃ᠭᠤᠷᠪᠠᠨ ᠵᠠᠭᠤ ᠲᠠᠪᠢᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠭᠠᠵᠠᠷ ᠰᠢᠷᠦᠢ ᠶᠢ ᠵᠦᠢ ᠵᠤᠬᠢᠰᠳᠠᠢ ᠬᠡᠷᠡᠭᠯᠡᠬᠦ ᠬᠡᠷᠡᠭᠳᠡᠢ᠂ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠤ ᠪᠤᠯᠬᠤ ᠦᠭᠡᠢ︔ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠶᠤᠰᠤᠭᠠᠷ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠬᠡᠷᠡᠭᠳᠡᠢ᠃ᠭᠤᠷᠪᠠᠨ ᠵᠠᠭᠤ ᠲᠠᠪᠢᠨ ᠨᠢᠭᠡᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠬᠠᠤᠯᠢ ᠴᠠᠭᠠᠵᠠ ᠶᠢᠨ ᠲᠤᠭᠳᠠᠭᠠᠯ ᠵᠢᠴᠢ ᠭᠡᠷ᠎ᠡ ᠶᠢᠨ ᠪᠤᠯᠵᠤᠯ ᠶᠤᠰᠤᠭᠠᠷ ᠰᠢᠯᠵᠢᠬᠦᠯᠤᠨ ᠬᠤᠳᠠᠯᠳᠤᠬᠤ ᠮᠦᠩᠭᠦ ᠵᠡᠷᠭᠡ ᠵᠠᠷᠤᠳᠠᠯ ᠢ ᠦᠭᠬᠦ ᠬᠡᠷᠡᠭᠳᠡᠢ᠃ᠭᠤᠷᠪᠠᠨ ᠵᠠᠭᠤ ᠲᠠᠪᠢᠨ ᠬᠤᠶᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠤ ᠪᠠᠶᠢᠭᠤᠯᠤᠭᠰᠠᠨ ᠪᠠᠷᠢᠯᠭ᠎ᠠ᠂ ᠪᠠᠶᠢᠭᠤᠯᠪᠤᠷᠢ ᠵᠢᠴᠢ ᠲᠠᠭᠠᠯᠳᠠ ᠲᠦᠬᠦᠭᠡᠷᠦᠮᠵᠢ ᠶᠢᠨ ᠦᠮᠴᠢᠯᠡᠬᠦ ᠡᠷᠬᠡ ᠨᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠳᠤ ᠬᠠᠷᠢᠶᠠᠯᠠᠭᠳᠠᠨ᠎ᠠ᠂ ᠬᠡᠪᠡᠴᠦ ᠡᠰᠡᠷᠬᠦ ᠬᠡᠷᠡᠴᠢ ᠪᠠᠷᠢᠮᠳᠠ ᠪᠠᠷ ᠭᠡᠷᠡᠴᠢᠯᠡᠭᠰᠡᠨ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠲᠠᠪᠢᠨ ᠭᠤᠷᠪᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡᠳᠦ ᠬᠦᠮᠦᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠥᠨ ᠦᠭᠬᠦ᠂ ᠰᠤᠯᠢᠯᠴᠠᠬᠤ ᠂ ᠪᠡᠯᠡ ᠭᠠᠷᠭᠠᠯᠲᠠ ᠪᠤᠯᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠡᠷᠬᠡ ᠲᠠᠢ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠲᠠᠪᠢᠨ ᠲᠦᠷᠪᠡᠳᠤᠭᠡᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠭᠦᠯᠥᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ᠂ ᠪᠡᠯᠡᠭᠯᠡᠬᠦ ᠪᠤᠶᠤ ᠪᠠᠷᠢᠴᠠᠭᠠᠯᠠᠬᠤ ᠳᠤ ᠬᠦᠷᠪᠡᠯ᠂ ᠲᠤᠬᠠᠢ ᠶᠢᠨ ᠬᠦᠮᠦᠨ ᠪᠢᠴᠢᠭ ᠤᠨ ᠬᠡᠯᠪᠡᠷᠢ ᠪᠠᠷ ᠵᠤᠬᠢᠴᠠᠩᠭᠤᠢ ᠭᠡᠷ᠎ᠡ ᠲᠤᠭᠳᠠᠭᠠᠬᠤ ᠬᠡᠷᠡᠭᠳᠡᠢ᠃ ᠭᠡᠷᠡᠭᠯᠡᠬᠦ ᠬᠤᠭᠤᠴᠠᠭ᠎ᠠ ᠶᠢ ᠲᠤᠬᠠᠢ ᠶᠢᠨ ᠬᠦᠮᠦᠰ ᠪᠤᠯᠵᠤᠨ ᠲᠤᠭᠳᠠᠭᠠᠨ᠎ᠠ᠂ ᠭᠡᠪᠡᠴᠦ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠦᠯᠡᠳᠡᠭᠰᠡᠨ ᠬᠤᠭᠤᠴᠠᠭ᠎ᠠ ᠠᠴᠠ ᠬᠡᠳᠦᠷᠡᠭᠦᠯᠵᠦ ᠪᠤᠯᠬᠤ ᠦᠭᠡᠢ᠃ᠭᠤᠷᠪᠠᠨ ᠵᠠᠭᠤ ᠲᠠᠪᠢᠨ ᠲᠠᠪᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ᠂ ᠲᠠᠩᠰᠠᠯᠠᠬᠤ ᠪᠠᠶᠢᠭᠤᠯᠭ᠎ᠠ ᠳᠤ ᠲᠠᠩᠰᠠᠯᠠᠯᠳᠠ ᠶᠢ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠳᠡᠢ᠃ᠭᠤᠷᠪᠠᠨ ᠵᠠᠭᠤ ᠲᠠᠪᠢᠨ ᠵᠢᠷᠭᠤᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦ᠂ ᠰᠤᠯᠢᠯᠴᠠᠬᠤ᠂ ᠪᠠᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ᠂ ᠲᠤᠰ ᠭᠠᠵᠠᠷ ᠰᠢᠷᠤᠢ ᠲᠡᠭᠡᠷ᠎ᠠ ᠲᠠᠭᠠᠯᠳᠤᠵᠤ ᠪᠠᠶᠢᠭᠰᠠᠨ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠨᠢ ᠬᠠᠮᠳᠤ ᠳᠤᠨᠢ ᠰᠢᠢᠳᠪᠦᠷᠢᠯᠡᠭᠳᠡᠨ᠎ᠡ᠃ᠭᠤᠷᠪᠠᠨ ᠵᠠᠭᠤ ᠲᠠᠪᠢᠨ ᠲᠤᠯᠤᠳᠤᠭᠠᠷ ᠵᠦᠢᠯ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠰᠢᠯᠵᠢᠬᠦᠯᠦᠨ ᠦᠭᠬᠦ᠂ ᠰᠤᠯᠢᠯᠴᠠᠬᠤ᠂ ᠪᠡᠯᠡ ᠭᠠᠷᠭᠠᠯᠲᠠ ᠪᠤᠯᠭᠠᠬᠤ ᠪᠤᠶᠤ ᠪᠡᠯᠡᠭᠯᠡᠬᠦ ᠳᠤ ᠬᠦᠷᠪᠡᠯ ᠂ ᠲᠤᠰ ᠪᠠᠷᠢᠯᠭ᠎ᠠ᠂ ᠪᠠᠶᠢᠭᠤᠯᠪᠤᠷᠢ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢᠨ ᠡᠵᠡᠯᠡᠨ ᠬᠡᠷᠡᠭᠯᠡᠭᠰᠡᠨ ᠬᠡᠪᠴᠢᠶᠡᠨ ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠨᠢ ᠬᠠᠮᠳᠤ ᠳᠤᠨᠢ ᠰᠢᠢᠳᠪᠦᠷᠢᠯᠡᠭᠳᠡᠨ᠎ᠠ᠃ᠭᠤᠷᠪᠠᠨ ᠵᠠᠭᠤ ᠲᠠᠪᠢᠨ ᠨᠠᠢᠮᠠᠳᠤᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ ᠲᠦᠬᠦᠷᠬᠦ ᠠᠴᠠ ᠡᠮᠦᠨ᠎ᠠ᠂ ᠤᠯᠠᠨ ᠨᠠᠶᠢᠳᠠ ᠶᠢᠨ ᠠᠰᠢᠭ ᠲᠤᠰᠠ ᠶᠢᠨ ᠭᠡᠷᠡᠭᠴᠡᠭᠡ ᠠᠴᠠ ᠪᠤᠯᠵᠤ ᠲᠤᠰ ᠭᠠᠵᠠᠷ ᠰᠢᠷᠦᠢ ᠶᠢ ᠤᠷᠢᠳᠴᠢᠯᠠᠨ ᠬᠤᠷᠢᠶᠠᠵᠤ ᠠᠪᠬᠤ ᠳᠤ ᠬᠦᠷᠪᠡᠯ᠂ ᠲᠤᠰ ᠬᠠᠤᠯᠢ ᠶᠢᠨ ᠬᠤᠶᠠᠷ ᠵᠠᠭᠤ ᠲᠦᠴᠢᠨ ᠭᠤᠷᠪᠠᠳᠤᠭᠠᠷ ᠵᠦᠢᠯ ᠤᠨ ᠲᠤᠭᠳᠠᠭᠠᠯ ᠶᠤᠰᠤᠭᠠᠷ ᠲᠤᠰ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠳᠤ ᠨᠦᠬᠦᠪᠦᠷᠢ ᠦᠭᠬᠦ ᠶᠢᠨ ᠬᠠᠮᠳᠤ ᠵᠤᠬᠢᠴᠠᠩᠭᠤᠢ ᠰᠢᠯᠵᠢᠬᠦᠯᠤᠨ ᠬᠤᠳᠠᠯᠳᠤᠭᠰᠠᠨ ᠮᠦᠡᠭᠬᠦ ᠶᠢ ᠪᠤᠴᠠᠭᠠᠵᠤ ᠦᠭᠬᠦ ᠬᠡᠷᠡᠭᠳᠡᠢ᠃ᠭᠤᠷᠪᠠᠨ ᠵᠠᠭᠤ ᠲᠠᠪᠢ ᠶᠢᠰᠤᠳᠤᠭᠡᠷ ᠵᠦᠢᠯ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ ᠲᠦᠬᠦᠷᠪᠡᠯ᠂ ᠬᠤᠭᠤᠴᠠᠭ᠎ᠠ ᠨᠢ ᠠᠶᠠᠨᠳᠠᠭᠠᠨ ᠰᠤᠩᠭᠠᠭᠳᠠᠨ᠎ᠠ᠃ ᠬᠤᠭᠤᠴᠠᠭ᠎ᠠ ᠰᠣᠩᠭᠠᠬᠤ ᠵᠠᠷᠣᠳᠠᠯ ᠢ ᠲᠣᠰᠢᠶᠠᠬᠤ ᠪᠣᠶᠣ ᠭᠡᠯᠳᠦᠷᠢᠭᠦᠯᠭᠦ ᠶᠢ ᠬᠠᠣᠯᠢ ᠴᠠᠭᠠᠵᠠ᠂ ᠵᠠᠰᠠᠭ ᠵᠠᠭᠢᠷᠭᠠᠨ ᠤ ᠬᠠᠣᠯᠢ ᠲᠣᠭᠳᠠᠭᠠᠯ ᠤᠨ ᠲᠣᠭᠳᠠᠭᠠᠯ ᠶᠣᠰᠣᠭᠠᠷ ᠭᠦᠢᠴᠡᠳᠭᠡᠨ᠎ᠡ᠃ᠤᠷᠤᠨ ᠰᠠᠭᠤᠴᠠ ᠶᠢᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢᠨ ᠬᠤᠭᠤᠴᠠᠭ᠎ᠠ ᠲᠦᠬᠦᠷᠥᠭᠰᠡᠨ ᠤ ᠲᠠᠷᠠᠭᠠᠬᠢ ᠬᠤᠭᠤᠴᠠᠭ᠎ᠠ ᠰᠤᠩᠭᠠᠬᠤ ᠶᠠᠪᠤᠳᠠᠯ ᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠳᠭᠡᠨ᠎ᠡ᠃ ᠲᠤᠰ ᠭᠠᠵᠠᠷ ᠰᠢᠷᠦᠢ ᠲᠡᠭᠡᠷᠡᠬᠢ ᠭᠡᠷ ᠪᠠᠶᠢᠰᠢᠩ ᠵᠢᠴᠢ ᠪᠤᠰᠤᠳ ᠦᠯᠦ ᠬᠦᠳᠡᠯᠬᠦ ᠬᠦᠷᠦᠩᠭᠡ ᠶᠢᠨ ᠬᠠᠷᠢᠶᠠᠯᠠᠯ ᠢ ᠪᠤᠯ᠂ ᠪᠤᠯᠵᠤᠯ ᠲᠠᠢ ᠪᠠᠶᠢᠪᠠᠯ ᠪᠤᠯᠵᠤᠯ ᠶᠤᠰᠤᠭᠠᠷ ᠶᠠᠪᠤᠭᠤᠯᠤᠨ᠎ᠠ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠬᠦᠢᠴᠡᠳᠭᠡᠨ᠎ᠡ᠃ᠭᠤᠷᠪᠠᠨ ᠵᠠᠭᠤ ᠵᠢᠷᠠᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠤᠰᠠᠳᠪᠠᠯ᠂ ᠰᠢᠯᠵᠢᠬᠦᠯᠤᠨ ᠦᠭᠬᠦᠭᠴᠢ ᠴᠠᠭ ᠲᠤᠬᠠᠢ ᠳᠤᠨᠢ ᠲᠠᠩᠰᠠᠯᠠᠯᠳᠠ ᠠᠴᠠ ᠬᠠᠰᠤᠭᠤᠯᠬᠤ ᠬᠡᠷᠡᠭᠳᠡᠢ᠃ ᠲᠠᠩᠰᠠᠯᠠᠬᠤ ᠪᠠᠶᠢᠭᠤᠯᠤᠮᠵᠢ ᠡᠷᠬᠡ ᠶᠢᠨ ᠬᠠᠷᠢᠶᠠᠯᠠᠯ ᠤᠨ ᠦᠨᠡᠮᠯᠡᠯ ᠢ ᠨᠢ ᠬᠤᠷᠢᠶᠠᠵᠤ ᠠᠪᠬᠤ ᠬᠡᠷᠡᠭᠳᠡᠢ᠃ᠭᠤᠷᠪᠠᠨ ᠵᠠᠭᠤ ᠵᠢᠷᠠᠨ ᠨᠢᠭᠡᠳᠤᠭᠡᠷ ᠵᠦᠢᠯ ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠶᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠬᠤ ᠳᠤ ᠬᠦᠷᠪᠡᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠬᠦᠢᠴᠡᠳᠭᠡᠬᠦ ᠬᠡᠷᠡᠭᠳᠡᠢ᠃ᠠᠷᠪᠠᠨ ᠭᠤᠷᠪᠠᠳᠤᠭᠠᠷ ᠪᠦᠯᠦᠭ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠭᠤᠷᠪᠠᠨ ᠵᠠᠭᠤ ᠵᠢᠷᠠᠨ ᠬᠤᠶᠠᠳᠤᠭᠠᠷ ᠵᠦᠢᠯ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡᠳᠦ ᠬᠦᠮᠦᠨ ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠳᠤ ᠡᠵᠡᠮᠰᠢᠬᠦ ᠪᠠ ᠬᠡᠷᠡᠭᠯᠡᠬᠦ ᠡᠷᠬᠡ ᠶᠢ ᠬᠠᠤᠯᠢ ᠶᠤᠰᠤᠭᠠᠷ ᠡᠳ᠋ᠯᠡᠨ᠎ᠠ᠂ ᠬᠠᠤᠯᠢ ᠶᠤᠰᠤᠭᠠᠷ ᠲᠤᠰ ᠭᠠᠵᠠᠷ ᠰᠢᠷᠦᠢ ᠶᠢ ᠠᠰᠢᠬᠯᠠᠨ ᠤᠷᠤᠨ ᠰᠠᠭᠤᠴᠠ ᠵᠢᠴᠢ ᠲᠡᠬᠦᠨ ᠤ ᠲᠠᠭᠠᠯᠳᠠ ᠲᠦᠬᠦᠭᠡᠷᠦᠮᠵᠢ ᠶᠢ ᠪᠠᠷᠢᠵᠦ ᠪᠠᠶᠢᠭᠤᠯᠬᠤ ᠡᠷᠬᠡ ᠲᠠᠢ᠃ᠭᠤᠷᠪᠠᠨ ᠵᠠᠭᠤ ᠵᠢᠷᠠᠨ ᠭᠤᠷᠪᠠᠳᠤᠭᠠᠷ ᠵᠦᠢᠯ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠤᠯᠬᠤ᠂ ᠬᠡᠷᠡᠭᠯᠡᠬᠦ ᠪᠠ ᠰᠢᠯᠵᠢᠬᠦᠯᠦᠨ ᠦᠭᠬᠦ ᠳᠤ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ ᠪᠠ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ᠭᠤᠷᠪᠠᠨ ᠵᠠᠭᠤ ᠵᠢᠷᠠᠨ ᠲᠦᠷᠪᠡᠳᠤᠭᠡᠷ ᠵᠦᠢᠯ ᠤᠷᠤᠨ ᠰᠠᠭᠤᠴᠠ ᠶᠢᠨ ᠭᠠᠵᠠᠷ ᠪᠠᠶᠢᠭᠠᠯᠢ ᠶᠢᠨ ᠭᠠᠮᠰᠢᠭ ᠵᠡᠷᠭᠡ ᠰᠢᠯᠳᠠᠭᠠᠨ ᠠᠴᠠ ᠪᠤᠯᠵᠤ ᠤᠰᠠᠳᠬᠤ ᠳᠤ ᠬᠦᠷᠪᠡᠯ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠨᠢ ᠤᠰᠠᠳᠤᠨ᠎ᠠ᠃ ᠤᠷᠤᠨ ᠰᠠᠭᠤᠴᠠ ᠶᠢᠨ ᠭᠠᠵᠠᠷ ᠢᠶᠠᠨ ᠠᠯᠳᠠᠭᠰᠠᠨ ᠲᠤᠰᠬᠤᠨ ᠤ ᠠᠷᠠᠳ ᠲᠤ ᠤᠷᠤᠨ ᠰᠠᠭᠤᠴᠠ ᠶᠢᠨ ᠭᠠᠵᠠᠷ ᠢ ᠬᠠᠤᠯᠢ ᠶᠤᠰᠤᠭᠠᠷ ᠰᠢᠨ᠎ᠡ ᠪᠠᠷ ᠬᠤᠪᠢᠶᠠᠷᠢᠯᠠᠵᠤ ᠦᠭᠬᠦ ᠬᠡᠷᠡᠭᠳᠡᠢ᠃ᠭᠤᠷᠪᠠᠨ ᠵᠠᠭᠤ ᠵᠢᠷᠠᠨ ᠲᠠᠪᠤᠳᠤᠭᠠᠷ ᠵᠦᠢᠯ ᠨᠢᠭᠡᠨᠳᠡ ᠲᠠᠩᠰᠠᠯᠠᠭᠤᠯᠤᠭᠰᠠᠨ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠶᠢ ᠰᠢᠯᠵᠢᠬᠦᠯᠦᠨ ᠦᠭᠬᠦᠭᠰᠡᠨ ᠪᠤᠶᠤ ᠲᠡᠷᠡ ᠨᠢ ᠤᠰᠠᠳᠤᠭᠰᠠᠨ ᠪᠠᠶᠢᠪᠠᠯ᠂ ᠴᠠᠭ ᠲᠤᠬᠠᠢ ᠳᠤᠨᠢ ᠲᠠᠩᠰᠠᠯᠠᠯᠳᠠ ᠶᠢ ᠬᠤᠪᠢᠷᠠᠭᠤᠯᠬᠤ ᠪᠤᠶᠤ ᠲᠠᠩᠰᠠᠯᠠᠯᠳᠠ ᠠᠴᠠ ᠬᠠᠰᠤᠭᠤᠯᠬᠤ ᠬᠡᠷᠡᠭᠳᠡᠢ᠃ ᠠᠷᠪᠠᠨ ᠲᠦᠷᠪᠡᠳᠦᠭᠡᠷ ᠪᠦᠯᠦᠭ ᠣᠷᠣᠰᠢᠨ ᠰᠠᠭᠤᠬᠤ ᠡᠷᠬᠡᠭᠤᠷᠪᠠᠨ ᠵᠠᠭᠤ ᠵᠢᠷᠠᠨ ᠵᠢᠷᠭᠤᠳᠤᠭᠠᠷ ᠵᠦᠢᠯ ᠠᠮᠢᠳᠣᠷᠠᠵᠦ ᠰᠠᠭᠤᠬᠤ ᠭᠡᠷᠡᠭᠴᠡᠭᠡ ᠪᠠᠨ ᠬᠠᠨᠭ᠍ᠭᠠᠬᠤ ᠶᠢᠨ ᠲᠦᠯᠦᠭᠡ᠂ ᠣᠷᠣᠰᠢᠨ ᠰᠠᠭᠤᠬᠤ ᠡᠷᠭᠡᠳᠦ ᠭᠦᠮᠦᠨ ᠭᠡᠷ᠎ᠡ ᠶᠢᠨ ᠪᠣᠯᠵᠣᠯ ᠶᠣᠰᠣᠭᠠᠷ ᠪᠣᠰᠣᠳ ᠤᠨ ᠣᠷᠣᠨ ᠰᠠᠭᠤᠴᠠ ᠳᠤ ᠡᠵᠡᠮᠰᠢᠬᠦ᠂ ᠭᠡᠷᠡᠭᠯᠡᠭᠦ ᠵᠡᠷᠭᠡ ᠠᠰᠢᠭ ᠣᠯᠬᠤ ᠪᠣᠳᠠᠰ ᠤᠨ ᠡᠷᠭᠡ ᠶᠢ ᠡᠳ᠋ᠯᠡᠭᠦ ᠡᠷᠭᠡ ᠲᠠᠢ᠃ᠭᠤᠷᠪᠠᠨ ᠵᠠᠭᠤ ᠵᠢᠷᠠᠨ ᠲᠣᠯᠣᠳᠤᠭᠠᠷ ᠵᠦᠢᠯ ᠣᠷᠣᠰᠢᠨ ᠰᠠᠭᠤᠬᠤ ᠡᠷᠭᠡ ᠶᠢ ᠲᠣᠭᠳᠠᠭᠠᠬᠤ ᠳᠤ᠂ ᠲᠣᠬᠠᠢ ᠶᠢᠨ ᠭᠦᠮᠦᠨ ᠪᠢᠴᠢᠭ ᠤᠨ ᠭᠡᠯᠪᠡᠷᠢ ᠪᠠᠷ ᠣᠷᠣᠰᠢᠨ ᠰᠠᠭᠤᠬᠤ ᠡᠷᠭᠡ ᠶᠢᠨ ᠭᠡᠷ᠎ᠡ ᠲᠣᠭᠳᠠᠭᠠᠬᠤ ᠭᠡᠷᠡᠭᠳᠡᠢ᠃ᠣᠷᠣᠰᠢᠨ ᠰᠠᠭᠤᠬᠤ ᠡᠷᠭᠡ ᠶᠢᠨ ᠭᠡᠷ᠎ᠡ ᠳᠤ ᠡᠩ ᠤᠨ ᠪᠠᠶᠢᠳᠠᠯ ᠳᠤ ᠲᠣᠣᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄︵ᠨᠢᠭᠡ︶ ᠲᠣᠬᠠᠢ ᠶᠢᠨ ᠭᠦᠮᠦᠨ ᠤ ᠣᠪᠣᠭ ᠨᠡᠷ᠎ᠡ ᠪᠤᠶᠤ ᠨᠠᠷᠡᠶᠢᠳᠦᠯ ᠪᠠ ᠣᠷᠣᠨ ᠰᠠᠭᠤᠴᠠ︔︵ᠬᠤᠶᠠᠷ︶ ᠣᠷᠣᠨ ᠰᠠᠭᠤᠴᠠ ᠶᠢᠨ ᠪᠠᠶᠢᠷᠢᠯᠠᠯ︔︵ᠭᠤᠷᠪᠠ︶ ᠣᠷᠣᠰᠢᠨ ᠰᠠᠭᠤᠬᠤ ᠨᠦᠭᠦᠴᠡᠯ ᠪᠣᠯᠣᠨ ᠱᠠᠭᠠᠷᠳᠠᠯᠭ᠎ᠠ︔︵ᠲᠦᠷᠪᠡ︶ ᠣᠷᠣᠰᠢᠨ ᠰᠠᠭᠤᠬᠤ ᠡᠷᠬᠡ ᠶᠢᠨ ᠬᠤᠭᠤᠴᠠᠭ᠎ᠠ︔︵ᠲᠠᠪᠤ︶ ᠮᠠᠷᠭᠤᠯᠳᠣᠭᠠᠨ ᠢ ᠰᠢᠢᠳᠪᠦᠷᠢᠯᠡᠭᠦ ᠠᠷᠭ᠎ᠠ᠃ᠭᠤᠷᠪᠠᠨ ᠵᠠᠭᠤ ᠵᠢᠷᠠᠨ ᠨᠠᠢᠮᠠᠳᠣᠭᠠᠷ ᠵᠦᠢᠯ ᠣᠷᠣᠰᠢᠨ ᠰᠠᠭᠤᠬᠤ ᠡᠷᠭᠡ ᠶᠢ ᠦᠨ᠎ᠡ ᠲᠦᠯᠦᠪᠦᠷᠢ ᠦᠭᠡᠢ ᠪᠠᠷ ᠲᠣᠭᠳᠠᠭᠠᠨ᠎ᠠ᠂ ᠭᠡᠪᠡᠴᠦ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠨᠢ ᠡᠭᠦᠨ ᠳᠤ ᠪᠠᠭᠳᠠᠬᠤ ᠦᠭᠡᠢ᠃ ᠣᠷᠣᠰᠢᠨ ᠰᠠᠭᠤᠬᠤ ᠡᠷᠭᠡ ᠶᠢ ᠲᠣᠭᠳᠠᠭᠠᠬᠤ ᠳᠤ᠂ ᠲᠠᠩᠰᠠᠯᠠᠬᠤ ᠪᠠᠶᠢᠭᠤᠯᠣᠮᠵᠢ ᠳᠤ ᠣᠷᠣᠰᠢᠨ ᠰᠠᠭᠤᠬᠤ ᠡᠷᠭᠡ ᠶᠢ ᠲᠠᠩᠰᠠᠯᠠᠭᠤᠯᠬᠤ ᠪᠠᠷ ᠭᠤᠶᠣᠴᠢᠯᠠᠬᠤ ᠭᠡᠷᠡᠭᠳᠡᠢ᠃ ᠣᠷᠣᠰᠢᠨ ᠰᠠᠭᠤᠬᠤ ᠡᠷᠭᠡ ᠨᠢ ᠲᠠᠩᠰᠠᠯᠠᠭᠤᠯᠣᠭᠰᠠᠨ ᠴᠠᠭ ᠠᠴᠠ ᠲᠣᠭᠳᠠᠭᠠᠭᠳᠠᠨ᠎ᠠ᠃ᠭᠤᠷᠪᠠᠨ ᠵᠠᠭᠤ ᠵᠢᠷᠠ ᠶᠢᠰᠦᠳᠦᠭᠡᠷ ᠵᠦᠢᠯ ᠣᠷᠣᠰᠢᠨ ᠰᠠᠭᠤᠬᠤ ᠡᠷᠭᠡ ᠶᠢ ᠰᠢᠯᠵᠢᠭᠦᠯᠦᠨ ᠦᠭᠴᠦ᠂ ᠵᠠᠯᠭᠠᠮᠵᠢᠯᠠᠵᠦ ᠪᠣᠯᠬᠤ ᠦᠭᠡᠢ᠃ ᠣᠷᠣᠰᠢᠨ ᠰᠠᠭᠤᠬᠤ ᠡᠷᠭᠡ ᠶᠢ ᠲᠣᠭᠳᠠᠭᠠᠭᠰᠠᠨ ᠣᠷᠣᠨ ᠰᠠᠭᠤᠴᠠ ᠶᠢ ᠲᠦᠷᠢᠶᠡᠰᠦᠯᠡᠭᠦᠯᠵᠦ ᠪᠣᠯᠬᠤ ᠦᠭᠡᠢ᠂ ᠭᠡᠪᠡᠴᠦ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠨᠢ ᠡᠭᠦᠨ ᠳᠤ ᠪᠠᠭᠳᠠᠬᠤ ᠦᠭᠡᠢ᠃ᠭᠤᠷᠪᠠᠨ ᠵᠠᠭᠤ ᠲᠠᠯᠠᠳᠣᠭᠠᠷ ᠵᠦᠢᠯ ᠣᠷᠣᠰᠢᠨ ᠰᠠᠭᠤᠬᠤ ᠡᠷᠬᠡ ᠶᠢᠨ ᠬᠤᠭᠤᠴᠠᠭ᠎ᠠ ᠨᠢ ᠲᠦᠭᠦᠷᠦᠭᠰᠡᠨ ᠪᠣᠶᠣ ᠣᠷᠣᠰᠢᠨ ᠰᠠᠭᠤᠬᠤ ᠡᠷᠭᠡᠳᠦ ᠭᠦᠮᠦᠨ ᠦᠭᠦᠭᠰᠡᠨ ᠪᠠᠶᠢᠪᠠᠯ᠂ ᠣᠷᠣᠰᠢᠨ ᠰᠠᠭᠤᠬᠤ ᠡᠷᠭᠡ ᠨᠢ ᠣᠰᠠᠳᠣᠨ᠎ᠠ᠃ ᠣᠷᠣᠰᠢᠨ ᠰᠠᠭᠤᠬᠤ ᠡᠷᠭᠡ ᠣᠰᠠᠳᠣᠭᠰᠠᠨ ᠪᠠᠶᠢᠪᠠᠯ᠂ ᠴᠠᠭ ᠲᠣᠬᠠᠢ ᠳᠤᠨᠢ ᠲᠠᠩᠰᠠᠯᠠᠯᠳᠠ ᠠᠴᠠ ᠬᠠᠰᠤᠭᠤᠯᠬᠤ ᠭᠡᠷᠡᠭᠳᠡᠢ᠃ᠭᠤᠷᠪᠠᠨ ᠵᠠᠭᠤ ᠲᠠᠯᠠᠨ ᠨᠢᠭᠡᠳᠦᠭᠡᠷ ᠵᠦᠢᠯ ᠭᠡᠷᠢᠶᠡᠰ ᠤᠨ ᠠᠷᠭ᠎ᠠ ᠮᠠᠶ᠋ᠢᠭ ᠢᠶᠠᠷ ᠣᠷᠣᠰᠢᠨ ᠰᠠᠭᠤᠬᠤ ᠡᠷᠭᠡ ᠶᠢ ᠲᠣᠭᠳᠠᠭᠠᠭᠰᠠᠨ ᠪᠠᠶᠢᠪᠠᠯ᠂ ᠲᠣᠰ ᠪᠦᠯᠦᠭ ᠤᠨ ᠬᠤᠯᠪᠣᠭᠳᠠᠯ ᠪᠦᠭᠦᠢ ᠲᠣᠭᠳᠠᠭᠠᠯ ᠢ ᠯᠠᠪᠯᠠᠯᠳᠠ ᠪᠣᠯᠭᠠᠵᠦ ᠲᠣᠭᠢᠷᠠᠭᠤᠯᠣᠨ ᠭᠡᠷᠡᠭᠯᠡᠨ᠎ᠡ᠃ ᠠᠷᠪᠠᠨ ᠲᠠᠪᠣᠳᠣᠭᠠᠷ ᠪᠦᠯᠦᠭ ᠭᠠᠵᠠᠷ ᠠᠰᠢᠬᠯᠠᠬᠤ ᠡᠷᠬᠡᠭᠤᠷᠪᠠᠨ ᠵᠠᠭᠤ ᠲᠠᠯᠠᠨ ᠬᠤᠶᠠᠳᠣᠭᠠᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠭᠡᠷ᠎ᠡ ᠶᠢᠨ ᠪᠤᠯᠵᠤᠯ ᠶᠤᠰᠤᠭᠠᠷ ᠪᠤᠰᠤᠳ ᠤᠨ ᠦᠯᠦ ᠬᠦᠳᠡᠯᠬᠦ ᠬᠦᠷᠦᠩᠭᠡ ᠶᠢ ᠠᠰᠢᠬᠯᠠᠨ ᠦᠪᠡᠷ ᠤᠨ ᠦᠯᠦ ᠬᠦᠳᠡᠯᠬᠦ ᠬᠦᠷᠦᠩᠭᠡ ᠶᠢᠨ ᠢᠶᠠᠨ ᠦᠷ᠎ᠡ ᠠᠰᠢᠭ ᠢ ᠲᠡᠭᠡᠭᠰᠢᠯᠡᠬᠦᠯᠬᠦ ᠡᠷᠬᠡ ᠲᠠᠢ᠃ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠪᠤᠰᠤᠳ ᠤᠨ ᠦᠯᠦ ᠬᠦᠳᠡᠯᠬᠦ ᠬᠦᠷᠦᠩᠭᠡ ᠪᠤᠯ ᠠᠰᠢᠬᠯᠠᠯᠳᠡ ᠳᠤ ᠬᠠᠨᠭ᠍ᠭᠠᠬᠤ ᠭᠠᠵᠠᠷ ᠪᠤᠯᠤᠨ᠎ᠠ᠂ ᠦᠪᠡᠷ ᠤᠨ ᠦᠯᠦ ᠬᠦᠳᠡᠯᠬᠦ ᠬᠦᠷᠦᠩᠭᠡ ᠪᠤᠯ ᠠᠰᠢᠬᠯᠠᠯᠲᠠ ᠬᠡᠷᠡᠭᠰᠡᠬᠦ ᠭᠠᠵᠠᠷ ᠪᠤᠯᠤᠨ᠎ᠠ᠃ᠭᠤᠷᠪᠠᠨ ᠵᠠᠭᠤ ᠲᠠᠯᠠᠨ ᠭᠤᠷᠪᠠᠳᠣᠭᠠᠷ ᠵᠦᠢᠯ ᠭᠠᠵᠠᠷ ᠠᠰᠢᠬᠯᠠᠬᠤ ᠡᠷᠬᠡ ᠶᠢ ᠲᠤᠭᠳᠠᠭᠠᠬᠤ ᠳᠤ᠂ ᠲᠤᠬᠠᠢ ᠶᠢᠨ ᠬᠦᠮᠦᠨ ᠪᠢᠴᠢᠭ ᠤᠨ ᠬᠡᠯᠪᠡᠷᠢ ᠪᠠᠷ ᠭᠠᠵᠠᠷ ᠠᠰᠢᠬᠯᠠᠬᠤ ᠡᠷᠬᠡ ᠶᠢᠨ ᠭᠡᠷ᠎ᠡ ᠲᠤᠭᠳᠠᠭᠠᠬᠤ ᠬᠡᠷᠡᠭᠳᠡᠢ᠃ᠭᠠᠵᠠᠷ ᠠᠰᠢᠬᠯᠠᠬᠤ ᠡᠷᠬᠡ ᠶᠢᠨ ᠭᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄︵ᠨᠢᠭᠡ︶ ᠲᠤᠬᠠᠢ ᠶᠢᠨ ᠬᠦᠮᠦᠨ ᠤ ᠤᠪᠤᠭ ᠨᠡᠷ᠎ᠡ ᠪᠤᠶᠤ ᠨᠠᠷᠠᠶᠢᠳᠤᠯ ᠪᠠ ᠤᠷᠤᠨ ᠰᠠᠭᠤᠴᠠ︔︵ᠬᠤᠶᠠᠷ︶ ᠠᠰᠢᠬᠯᠠᠯᠳᠡ ᠳᠤ ᠬᠠᠨᠭ᠍ᠭᠠᠬᠤ ᠭᠠᠵᠠᠷ ᠪᠠ ᠠᠰᠢᠬᠯᠠᠯᠳᠡ ᠬᠡᠷᠡᠭᠰᠡᠬᠦ ᠭᠠᠵᠠᠷ ᠤᠨ ᠪᠠᠶᠢᠷᠢᠯᠠᠯ︔︵ᠭᠤᠷᠪᠠ︶ ᠠᠰᠢᠬᠯᠠᠬᠤ ᠵᠤᠷᠢᠯᠭ᠎ᠠ ᠪᠠ ᠠᠷᠭ᠎ᠠ︔︵ᠲᠦᠷᠪᠡ︶ ᠭᠠᠵᠠᠷ ᠠᠰᠢᠬᠯᠠᠬᠤ ᠡᠷᠬᠡ ᠶᠢᠨ ᠬᠤᠭᠤᠴᠠᠭ᠎ᠠ︔︵ᠲᠠᠪᠤ︶ ᠵᠠᠷᠤᠳᠠᠯ ᠵᠢᠴᠢ ᠲᠡᠭᠦᠨ ᠢ ᠦᠭᠬᠦ ᠠᠷᠭ᠎ᠠ ᠮᠠᠶ᠋ᠢᠭ︔︵ᠵᠢᠷᠭᠤᠭ᠎ᠠ︶ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ᠃ᠭᠤᠷᠪᠠᠨ ᠵᠠᠭᠤ ᠲᠠᠯᠠᠨ ᠲᠦᠷᠪᠡᠳᠦᠭᠡᠷ ᠵᠦᠢᠯ ᠭᠠᠵᠠᠷ ᠠᠰᠢᠬᠯᠠᠬᠤ ᠡᠷᠬᠡ ᠨᠢ ᠭᠠᠵᠠᠷ ᠠᠰᠢᠬᠯᠠᠬᠤ ᠡᠷᠬᠡ ᠶᠢᠨ ᠭᠡᠷ᠎ᠡ ᠬᠦᠴᠦᠨ ᠲᠠᠢ ᠪᠤᠯᠬᠤ ᠴᠠᠭ ᠠᠴᠠ ᠲᠤᠬᠳᠠᠭᠠᠭᠳᠠᠨ᠎ᠠ᠃ ᠲᠤᠬᠠᠢ ᠶᠢᠨ ᠬᠦᠮᠦᠨ ᠲᠠᠩᠰᠠᠯᠠᠭᠤᠯᠬᠤ ᠪᠠᠷ ᠱᠠᠭᠠᠷᠳᠠᠬᠤ ᠳᠤ ᠬᠦᠷᠪᠡᠯ᠂ ᠲᠠᠩᠰᠠᠯᠠᠬᠤ ᠪᠠᠶᠢᠭᠤᠯᠣᠮᠵᠢ ᠳᠤ ᠭᠠᠵᠠᠷ ᠠᠰᠢᠬᠯᠠᠬᠤ ᠡᠷᠬᠡ ᠶᠢ ᠲᠠᠩᠰᠠᠯᠠᠭᠤᠯᠬᠤ ᠪᠠᠷ ᠭᠤᠶᠤᠴᠢᠯᠠᠵᠤ ᠪᠤᠯᠤᠨ᠎ᠠ︔ ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ ᠭᠤᠷᠪᠠᠳᠠᠬᠢ ᠬᠦᠮᠦᠨ ᠲᠠᠢ ᠡᠰᠡᠷᠬᠦᠴᠡᠯᠳᠦᠵᠦ ᠪᠤᠯᠬᠤ ᠦᠭᠡᠢ᠃ᠭᠤᠷᠪᠠᠨ ᠵᠠᠭᠤ ᠲᠠᠯᠠᠨ ᠲᠠᠪᠣᠳᠣᠭᠠᠷ ᠵᠦᠢᠯ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠭᠡᠳᠦ ᠬᠦᠮᠦᠨ ᠭᠡᠷ᠎ᠡ ᠶᠢᠨ ᠪᠤᠯᠵᠤᠯ ᠶᠤᠰᠤᠭᠠᠷ ᠢᠶᠠᠨ ᠭᠠᠵᠠᠷ ᠠᠰᠢᠬᠯᠠᠬᠤ ᠡᠷᠬᠡᠳᠦ ᠬᠦᠮᠦᠨ ᠤ ᠦᠯᠦ ᠭᠦᠳᠡᠯᠭᠦ ᠭᠦᠷᠦᠩᠭᠡ ᠶᠢ ᠨᠢ ᠠᠰᠢᠬᠯᠠᠬᠤ ᠶᠢ ᠵᠦᠪᠰᠢᠶᠡᠷᠡᠬᠦ ᠬᠡᠷᠡᠭᠳᠡᠢ᠂ ᠭᠠᠵᠠᠷ ᠠᠰᠢᠬᠯᠠᠬᠤ ᠡᠷᠬᠡᠳᠦ ᠬᠦᠮᠦᠨ ᠤ ᠡᠷᠬᠡ ᠪᠠᠨ ᠬᠡᠷᠡᠭᠯᠡᠬᠦ ᠶᠢ ᠬᠠᠷᠰᠢᠯᠠᠵᠤ ᠪᠤᠯᠬᠤ ᠦᠭᠡᠢ᠃ᠭᠤᠷᠪᠠᠨ ᠵᠠᠭᠤ ᠲᠠᠯᠠᠨ ᠵᠢᠷᠭᠤᠳᠣᠭᠠᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠭᠡᠷ᠎ᠡ ᠳᠤ ᠪᠤᠯᠵᠤᠨ ᠲᠤᠭᠲᠠᠭᠰᠠᠨ ᠠᠰᠢᠬᠯᠠᠬᠤ ᠵᠤᠷᠢᠯᠭ᠎ᠠ ᠪᠠ ᠠᠷᠭ᠎ᠠ ᠶᠢᠨ ᠶᠤᠰᠤᠭᠠᠷ ᠠᠰᠢᠬᠯᠠᠯᠳᠡ ᠳᠤ ᠬᠠᠨᠭ᠍ᠭᠠᠬᠤ ᠭᠠᠵᠠᠷ ᠢ ᠠᠰᠢᠬᠯᠠᠵᠤ᠂ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠬᠡᠳᠦ ᠬᠦᠮᠦᠨ ᠤ ᠪᠤᠳᠠᠰ ᠤᠨ ᠡᠷᠬᠡ ᠶᠢᠨ ᠲᠤᠬᠠᠢ ᠬᠢᠵᠠᠭᠠᠷᠯᠠᠯ ᠢ ᠠᠯᠢ ᠴᠢᠳᠠᠬᠤ ᠪᠠᠷ ᠪᠠᠭᠠᠰᠬᠠᠬᠤ ᠬᠡᠷᠡᠭᠳᠡᠢ᠃ᠭᠤᠷᠪᠠᠨ ᠵᠠᠭᠤ ᠲᠠᠯᠠᠨ ᠲᠣᠯᠣᠳᠣᠭᠠᠷ ᠵᠦᠢᠯ ᠭᠠᠵᠠᠷ ᠠᠰᠢᠬᠯᠠᠬᠤ ᠡᠷᠬᠡ ᠶᠢᠨ ᠬᠤᠭᠤᠴᠠᠭ᠎ᠠ ᠶᠢ ᠲᠤᠬᠠᠢ ᠶᠢᠨ ᠬᠦᠮᠦᠨ ᠪᠤᠯᠵᠤᠨ ᠲᠤᠭᠳᠠᠭᠠᠨ᠎ᠠ︔ ᠭᠡᠪᠡᠴᠦ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠠᠰᠢᠭ ᠤᠯᠬᠤ ᠪᠤᠳᠠᠰ ᠤᠨ ᠡᠷᠬᠡ ᠶᠢᠨ ᠦᠯᠡᠳᠡᠭᠰᠡᠨ ᠬᠤᠭᠤᠴᠠᠭ᠎ᠠ ᠠᠴᠠ ᠬᠡᠳᠦᠷᠡᠭᠦᠯᠵᠦ ᠪᠤᠯᠬᠤ ᠦᠭᠡᠢ᠃ᠭᠤᠷᠪᠠᠨ ᠵᠠᠭᠤ ᠲᠠᠯᠠᠨ ᠨᠠᠢᠮᠠᠳᠣᠭᠠᠷ ᠵᠦᠢᠯ ᠭᠠᠵᠠᠷ ᠰᠢᠷᠦᠢ ᠶᠢᠨ ᠦᠮᠴᠢᠯᠡᠯ ᠤᠨ ᠡᠷᠬᠡᠳᠦ ᠬᠦᠮᠦᠨ ᠭᠠᠵᠠᠷ ᠠᠰᠢᠬᠯᠠᠬᠤ ᠡᠷᠬᠡ ᠶᠢ ᠡᠳ᠋ᠯᠡᠬᠦ ᠪᠤᠶᠤ ᠭᠠᠵᠠᠷ ᠠᠰᠢᠬᠯᠠᠬᠤ ᠡᠷᠬᠡ ᠶᠢ ᠡᠬᠦᠷᠬᠡᠯᠡᠵᠦ ᠪᠠᠶᠢᠪᠠᠯ᠂ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠡᠷᠭᠡ ᠠᠰᠢᠭ ᠣᠯᠬᠤ ᠪᠣᠳᠠᠰ ᠤᠨ ᠡᠷᠭᠡ ᠶᠢ ᠲᠤᠭᠳᠠᠭᠠᠬᠤ ᠦᠶ᠎ᠡ ᠳᠤ᠂ ᠨᠢᠭᠡᠨᠳᠡ ᠲᠤᠭᠳᠠᠭᠠᠭᠰᠠᠨ ᠭᠠᠵᠠᠷ ᠠᠰᠢᠬᠯᠠᠬᠤ ᠡᠷᠬᠡ ᠶᠢ ᠲᠤᠰ ᠠᠰᠢᠭ ᠣᠯᠬᠤ ᠪᠣᠳᠠᠰ ᠤᠨ ᠡᠷᠭᠡᠳᠦ ᠬᠦᠮᠦᠨ ᠦᠷᠬᠦᠯᠵᠢᠯᠡᠨ ᠡᠳ᠋ᠯᠡᠬᠦ ᠪᠤᠶᠤ ᠡᠬᠦᠷᠬᠡᠯᠡᠨ᠎ᠡ᠃ᠭᠤᠷᠪᠠᠨ ᠵᠠᠭᠤ ᠲᠠᠯᠠ ᠶᠢᠰᠦᠳᠦᠭᠡᠷ ᠵᠦᠢᠯ ᠭᠠᠵᠠᠷ ᠰᠢᠷᠦᠢ ᠲᠡᠭᠡᠷ᠎ᠠ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ᠂ ᠤᠷᠤᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ ᠵᠡᠷᠭᠡ ᠠᠰᠢᠭ ᠣᠯᠬᠤ ᠪᠣᠳᠠᠰ ᠤᠨ ᠡᠷᠭᠡ ᠶᠢ ᠨᠢᠭᠡᠨᠳᠡ ᠲᠤᠭᠳᠠᠭᠠᠭᠰᠠᠨ ᠪᠠᠶᠢᠪᠠᠯ᠂ ᠭᠠᠵᠠᠷ ᠰᠢᠷᠦᠢ ᠶᠢᠨ ᠡᠷᠬᠡᠳᠦ ᠬᠦᠮᠦᠨ ᠠᠰᠢᠭ ᠤᠯᠬᠤ ᠪᠤᠳᠠᠰ ᠤᠨ ᠡᠷᠬᠡᠳᠦ ᠬᠦᠮᠦᠨ ᠤ ᠵᠦᠪᠰᠢᠶᠡᠷᠡᠯ ᠦᠭᠡᠢ ᠪᠠᠷ ᠭᠠᠵᠠᠷ ᠠᠰᠢᠬᠯᠠᠬᠤ ᠡᠷᠬᠡ ᠶᠢ ᠲᠤᠭᠳᠠᠭᠠᠵᠤ ᠪᠤᠯᠬᠤ ᠦᠭᠡᠢ᠃ᠭᠤᠷᠪᠠᠨ ᠵᠠᠭᠤ ᠨᠠᠶᠠᠳᠣᠭᠠᠷ ᠵᠦᠢᠯ ᠭᠠᠵᠠᠷ ᠠᠰᠢᠬᠯᠠᠬᠤ ᠡᠷᠬᠡ ᠶᠢ ᠲᠤᠰᠠᠭᠠᠷ ᠨᠢ ᠰᠢᠯᠵᠢᠬᠦᠯᠦᠨ ᠦᠭᠴᠦ ᠪᠤᠯᠬᠤ ᠦᠭᠡᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠶᠢ ᠰᠢᠯᠵᠢᠬᠦᠯᠦᠨ ᠦᠭᠬᠦ ᠳᠤ ᠬᠦᠷᠪᠡᠯ᠂ ᠭᠠᠵᠠᠷ ᠠᠰᠢᠬᠯᠠᠬᠤ ᠡᠷᠬᠡ ᠶᠢ ᠬᠠᠮᠳᠤ ᠳᠤᠨᠢ ᠰᠢᠯᠵᠢᠬᠦᠯᠦᠨ ᠦᠭᠬᠦᠨ᠎ᠡ᠂ ᠭᠡᠪᠡᠴᠦ ᠭᠡᠷ᠎ᠡ ᠳᠤ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠨᠠᠶᠠᠨ ᠨᠢᠭᠡᠳᠦᠭᠡᠷ ᠵᠦᠢᠯ ᠭᠠᠵᠠᠷ ᠠᠰᠢᠬᠯᠠᠬᠤ ᠡᠷᠬᠡ ᠶᠢ ᠲᠤᠰᠠᠭᠠᠷ ᠨᠢ ᠪᠠᠷᠢᠴᠠᠭᠠᠯᠠᠵᠤ ᠪᠤᠯᠬᠤ ᠦᠭᠡᠢ᠃ ᠭᠠᠵᠠᠷ ᠰᠢᠷᠦᠢ ᠶᠢᠨ ᠡᠵᠡᠩᠨᠡᠯᠳᠡ ᠶᠢᠨ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠶᠢ ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠯᠠᠬᠤ ᠡᠷᠬᠡ ᠪᠡᠶᠡᠯᠡᠭᠳᠡᠬᠦ ᠦᠶ᠎ᠠ ᠳᠤ ᠭᠠᠵᠠᠷ ᠠᠰᠢᠬᠯᠠᠬᠤ ᠡᠷᠬᠡ ᠶᠢ ᠬᠠᠮᠳᠤ ᠳᠤᠨᠢ ᠰᠢᠯᠵᠢᠬᠦᠯᠦᠨ ᠦᠭᠬᠦᠨ᠎ᠡ᠃ᠭᠤᠷᠪᠠᠨ ᠵᠠᠭᠤ ᠨᠠᠶᠠᠨ ᠬᠤᠶᠠᠳᠣᠭᠠᠷ ᠵᠦᠢᠯ ᠠᠰᠢᠬᠯᠠᠯᠲᠠ ᠬᠡᠷᠡᠭᠰᠡᠬᠦ ᠭᠠᠵᠠᠷ ᠪᠠ ᠠᠰᠢᠬᠯᠠᠯᠲᠠ ᠬᠡᠷᠡᠭᠰᠡᠬᠦ ᠭᠠᠵᠠᠷ ᠲᠡᠭᠡᠷᠡᠬᠢ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠶᠢᠨ ᠨᠢᠭᠡ ᠬᠡᠰᠡᠭ ᠢ ᠰᠢᠯᠵᠢᠬᠦᠯᠦᠨ ᠦᠭᠬᠦ ᠦᠶ᠎ᠡ ᠳᠤ᠂ ᠰᠢᠯᠵᠢᠬᠦᠯᠦᠨ ᠦᠭᠬᠦ ᠬᠡᠰᠡᠭ ᠨᠢ ᠭᠠᠵᠠᠷ ᠠᠰᠢᠬᠯᠠᠬᠤ ᠡᠷᠬᠡ ᠳᠤ ᠬᠤᠯᠪᠤᠭᠳᠠᠭᠰᠠᠨ ᠪᠠᠶᠢᠪᠠᠯ᠂ ᠰᠢᠯᠵᠢᠬᠦᠯᠦᠨ ᠠᠪᠤᠭᠴᠢ ᠨᠢ ᠭᠠᠵᠠᠷ ᠠᠰᠢᠬᠯᠠᠬᠤ ᠡᠷᠬᠡ ᠶᠢ ᠵᠡᠷᠭᠡ ᠳᠤᠨᠢ ᠡᠳ᠋ᠯᠡᠨ᠎ᠡ᠃ᠭᠤᠷᠪᠠᠨ ᠵᠠᠭᠤ ᠨᠠᠶᠠᠨ ᠭᠤᠷᠪᠠᠳᠣᠭᠠᠷ ᠵᠦᠢᠯ ᠠᠰᠢᠬᠯᠠᠯᠲᠠ ᠳᠤ ᠬᠠᠨᠭ᠍ᠭᠠᠬᠤ ᠭᠠᠵᠠᠷ ᠵᠢᠴᠢ ᠠᠰᠢᠬᠯᠠᠯᠲᠠ ᠳᠤ ᠬᠠᠨᠭ᠍ᠭᠠᠬᠤ ᠭᠠᠵᠠᠷ ᠲᠡᠭᠡᠷᠡᠬᠢ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠡᠷᠬᠡ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠵᠡᠷᠭᠡ ᠶᠢᠨ ᠨᠢᠭᠡ ᠬᠡᠰᠡᠭ ᠢ ᠰᠢᠯᠵᠢᠬᠦᠯᠦᠨ ᠦᠭᠬᠦ ᠦᠶ᠎ᠠ ᠳᠤ᠂ ᠰᠢᠯᠵᠢᠬᠦᠯᠦᠨ ᠦᠭᠬᠦ ᠬᠡᠰᠡᠭ ᠨᠢ ᠭᠠᠵᠠᠷ ᠠᠰᠢᠬᠯᠠᠬᠤ ᠡᠷᠬᠡ ᠳᠤ ᠬᠤᠯᠪᠤᠭᠳᠠᠭᠰᠠᠨ ᠪᠠᠶᠢᠪᠠᠯ᠂ ᠭᠠᠵᠠᠷ ᠠᠰᠢᠬᠯᠠᠬᠤ ᠡᠷᠭᠡ ᠨᠢ ᠰᠢᠯᠵᠢᠬᠦᠯᠦᠨ ᠠᠪᠤᠭᠴᠢ ᠳᠤ ᠬᠠᠣᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠃ᠭᠤᠷᠪᠠᠨ ᠵᠠᠭᠤ ᠨᠠᠶᠠᠨ ᠲᠦᠷᠪᠡᠳᠦᠭᠡᠷ ᠵᠦᠢᠯ ᠭᠠᠵᠠᠷ ᠠᠰᠢᠬᠯᠠᠬᠤ ᠡᠷᠬᠡᠳᠦ ᠬᠦᠮᠦᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠰᠢᠬᠯᠠᠯᠳᠡ ᠳᠤ ᠬᠠᠨᠭ᠍ᠭᠠᠬᠤ ᠭᠠᠵᠠᠷ ᠤᠨ ᠡᠷᠬᠡᠳᠦ ᠬᠦᠮᠦᠨ ᠭᠠᠵᠠᠷ ᠠᠰᠢᠬᠯᠠᠬᠤ ᠡᠷᠬᠡ ᠶᠢᠨ ᠭᠡᠷ᠎ᠠ ᠶᠢ ᠬᠦᠴᠦᠨ ᠦᠭᠡᠢ ᠪᠤᠯᠭᠠᠬᠤ ᠡᠷᠬᠡ ᠲᠠᠢ᠂ ᠲᠡᠭᠡᠪᠡᠯ ᠭᠠᠵᠠᠷ ᠠᠰᠢᠬᠯᠠᠬᠤ ᠡᠷᠬᠡ ᠨᠢ ᠤᠰᠠᠳᠤᠨ᠎ᠠ᠄︵ᠨᠢᠭᠡ︶ ᠬᠠᠤᠯᠢ ᠴᠠᠭᠠᠵᠠ ᠶᠢᠨ ᠲᠤᠭᠳᠠᠭᠠᠯ ᠪᠤᠶᠤ ᠭᠡᠷ᠎ᠡ ᠶᠢᠨ ᠪᠤᠯᠵᠤᠯ ᠠᠴᠠ ᠵᠦᠷᠢᠴᠡᠨ᠂ ᠭᠠᠵᠠᠷ ᠠᠰᠢᠬᠯᠠᠬᠤ ᠡᠷᠬᠡ ᠶᠢ ᠲᠤᠷ᠎ᠠ ᠪᠠᠷ ᠢᠶᠠᠨ ᠬᠡᠷᠡᠭᠯᠡᠭᠰᠡᠨ︔︵ᠬᠤᠶᠠᠷ︶ ᠠᠰᠢᠬᠯᠠᠯᠳᠡ ᠳᠤ ᠬᠠᠨᠭ᠍ᠭᠠᠬᠤ ᠭᠠᠵᠠᠷ ᠢ ᠦᠨ᠎ᠡ ᠲᠦᠯᠦᠪᠦᠷᠢ ᠲᠠᠢ ᠪᠠᠷ ᠠᠰᠢᠬᠯᠠᠭᠠᠳ᠂ ᠪᠤᠯᠵᠤᠨ ᠲᠤᠭᠳᠠᠭᠰᠠᠨ ᠵᠤᠭᠤᠰ ᠦᠭᠬᠦ ᠬᠤᠭᠤᠴᠠᠭ᠎ᠠ ᠲᠦᠬᠦᠷᠦᠭᠰᠡᠨ ᠤ ᠲᠠᠷᠠᠭ᠎ᠠ ᠵᠦᠢ ᠵᠤᠬᠢᠰᠳᠠᠢ ᠬᠤᠭᠤᠴᠠᠭᠠᠨ ᠲᠤᠳᠤᠷ᠎ᠠ ᠬᠤᠶᠠᠷ ᠤᠳᠠᠭ᠎ᠠ ᠰᠢᠪᠠᠳᠠᠨ ᠮᠡᠳᠡᠭᠳᠡᠭᠰᠡᠨ ᠪᠠᠶᠢᠲᠠᠯ᠎ᠠ ᠵᠠᠷᠤᠳᠠᠯ ᠢ ᠦᠯᠦ ᠦᠭᠬᠦᠭᠰᠡᠨ᠃ᠭᠤᠷᠪᠠᠨ ᠵᠠᠭᠤ ᠨᠠᠶᠠᠨ ᠲᠠᠪᠣᠳᠣᠭᠠᠷ ᠵᠦᠢᠯ ᠨᠢᠭᠡᠨᠳᠡ ᠲᠠᠩᠰᠠᠯᠠᠭᠤᠯᠤᠭᠰᠠᠨ ᠭᠠᠵᠠᠷ ᠠᠰᠢᠬᠯᠠᠬᠤ ᠡᠷᠬᠡ ᠶᠢ ᠬᠤᠪᠢᠷᠠᠭᠤᠯᠤᠭᠰᠠᠠ᠂ ᠰᠢᠯᠵᠢᠬᠦᠯᠦᠨ ᠦᠭᠬᠦᠭᠰᠡᠨ ᠪᠤᠶᠤ ᠤᠰᠠᠳᠬᠠᠭᠰᠠᠨ ᠪᠠᠶᠢᠪᠠᠯ᠂ ᠴᠠᠭ ᠲᠤᠬᠠᠢ ᠳᠤᠨᠢ ᠲᠠᠩᠰᠠᠯᠠᠯᠳᠠ ᠶᠢ ᠬᠤᠪᠢᠷᠠᠭᠤᠯᠬᠤ ᠪᠤᠶᠤ ᠲᠠᠩᠰᠠᠯᠠᠯᠲᠠ ᠶᠢ ᠬᠠᠰᠤᠭᠤᠯᠬᠤ ᠬᠡᠷᠡᠭᠳᠡᠢ᠃ᠲᠦᠷᠪᠡᠳᠦᠭᠡᠷ ᠬᠤᠪᠢᠶᠠᠷᠢ ᠠᠩᠬᠢ ᠲᠠᠭᠠᠭᠠᠯᠳᠠᠳᠦ ᠪᠤᠳᠠᠰ ᠤᠨ ᠡᠷᠬᠡᠠᠷᠪᠠᠨ ᠵᠢᠷᠭᠤᠳᠤᠭᠠᠷ ᠪᠦᠯᠦᠭ ᠡᠩ ᠤᠨ ᠲᠤᠭᠳᠠᠭᠠᠯᠭᠤᠷᠪᠠᠨ ᠵᠠᠭᠤ ᠨᠠᠶᠠᠨ ᠵᠢᠷᠭᠤᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠭᠠᠭᠠᠯᠳᠠᠳᠦ ᠪᠤᠳᠠᠰ ᠤᠨ ᠡᠷᠭᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠲᠠᠭᠠᠭᠠᠯᠳᠠᠳᠦ ᠪᠤᠳᠠᠰ ᠤᠨ ᠡᠷᠬᠡᠳᠦ ᠬᠦᠮᠦᠨ ᠲᠠᠭᠠᠭᠠᠯᠳᠠ ᠶᠢᠨ ᠡᠳ᠋ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠶᠢ ᠬᠠᠤᠯᠢ ᠶᠤᠰᠤᠭᠠᠷ ᠡᠳ᠋ᠯᠡᠨ᠎ᠡ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ᠭᠤᠷᠪᠠᠨ ᠵᠠᠭᠤ ᠨᠠᠶᠠᠨ ᠲᠣᠯᠣᠳᠣᠭᠠᠷ ᠵᠦᠢᠯ ᠠᠪᠴᠠᠭᠠᠳᠠᠨ ᠨᠢ ᠵᠢᠭᠡᠯᠡᠬᠦ᠂ ᠬᠤᠳᠠᠯᠳᠤᠭᠠᠯᠠᠬᠤ ᠵᠡᠷᠭᠡ ᠢᠷᠭᠡᠨ ᠤ ᠬᠡᠷᠡᠭ ᠤᠨ ᠠᠵᠢᠯᠯᠠᠭᠠᠨ ᠤ ᠲᠤᠮᠳᠠ᠂ ᠠᠪᠴᠠᠭ᠎ᠠ ᠪᠠᠨ ᠪᠡᠶᠡᠯᠡᠬᠦᠯᠬᠦ ᠶᠢᠨ ᠲᠦᠯᠦᠭᠡ ᠲᠠᠭᠠᠭᠠᠯᠳᠠ ᠬᠢᠯᠭᠡᠬᠦ ᠴᠢᠬᠤᠯᠠᠳᠠᠢ ᠪᠠᠶᠢᠪᠠᠯ᠂ ᠲᠤᠰ ᠬᠠᠤᠯᠢ ᠪᠠ ᠪᠤᠰᠤᠳ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠲᠠᠭᠠᠭᠠᠯᠳᠠᠳᠦ ᠪᠤᠳᠠᠰ ᠤᠨ ᠡᠷᠬᠡ ᠶᠢ ᠲᠤᠭᠳᠠᠭᠠᠵᠤ ᠪᠤᠯᠤᠨ᠎ᠠ᠃ᠭᠤᠷᠪᠠᠳᠠᠬᠢ ᠬᠦᠮᠦᠨ ᠦᠭᠴᠡᠭᠡᠳᠡᠨ ᠤ ᠲᠦᠯᠦᠭᠡ ᠠᠪᠴᠠᠭᠠᠳᠠᠨ ᠳᠤ ᠲᠠᠭᠠᠭᠠᠯᠳᠠ ᠬᠠᠨᠭ᠍ᠭᠠᠭᠰᠠᠨ ᠪᠠᠶᠢᠪᠠᠯ᠂ ᠦᠭᠴᠡᠭᠡᠳᠡᠨ ᠢᠶᠠᠷ ᠭᠡᠳᠡᠷᠬᠦ ᠲᠠᠭᠠᠭᠠᠯᠳᠠ ᠬᠠᠩᠭᠠᠯᠭᠠᠬᠤ ᠪᠠᠷ ᠱᠠᠭᠠᠷᠳᠠᠵᠤ ᠪᠤᠯᠤᠨ᠎ᠠ᠃ ᠭᠡᠳᠡᠷᠬᠦ ᠲᠠᠭᠠᠭᠠᠯᠳᠠ ᠳᠤ ᠲᠤᠰ ᠬᠠᠤᠯᠢ ᠪᠠ ᠪᠤᠰᠤᠳ ᠬᠠᠤᠯᠢ ᠴᠠᠭᠠᠵᠠ ᠶᠢᠨ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ᠭᠤᠷᠪᠠᠨ ᠵᠠᠭᠤ ᠨᠠᠶᠠᠨ ᠨᠠᠢᠮᠠᠳᠣᠭᠠᠷ ᠵᠦᠢᠯ ᠲᠠᠭᠠᠭᠠᠯᠳᠠᠳᠦ ᠪᠤᠳᠠᠰ ᠤᠨ ᠡᠷᠬᠡ ᠶᠢ ᠲᠤᠭᠳᠠᠭᠠᠬᠤ ᠳᠤ᠂ ᠲᠤᠰ ᠬᠠᠤᠯᠢ ᠪᠤᠯᠤᠨ ᠪᠤᠰᠤᠳ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠲᠠᠭᠠᠭᠠᠯᠳᠠ ᠶᠢᠨ ᠭᠡᠷ᠎ᠡ ᠲᠤᠭᠳᠠᠭᠠᠬᠤ ᠬᠡᠷᠡᠭᠲᠡᠢ᠃ ᠳᠠᠭᠠᠭᠠᠯᠲᠠ ᠶᠢᠨ ᠭᠡᠷ᠎ᠡ ᠳᠤ ᠪᠠᠷᠢᠴᠠᠭᠠᠯᠠᠬᠤ ᠭᠡᠷ᠎ᠡ᠂ ᠳᠠᠨᠵᠢᠯᠠᠭ᠎ᠠ ᠶᠢᠨ ᠭᠡᠷ᠎ᠡ ᠪᠠ ᠳᠠᠭᠠᠭᠠᠯᠲᠠ ᠶᠢᠨ ᠴᠢᠳᠠᠮᠵᠢ ᠲᠠᠢ ᠪᠤᠰᠤᠳ ᠭᠡᠷ᠎ᠡ ᠶᠢ ᠪᠠᠭᠲᠠᠭᠠᠨ᠎ᠠ᠃ ᠲᠠᠭᠠᠭᠠᠯᠳᠠ ᠶᠢᠨ ᠭᠡᠷ᠎ᠡ ᠪᠤᠯ ᠭᠤᠤᠯ ᠦᠭᠴᠡᠭᠡ ᠠᠪᠴᠠᠭ᠎ᠠ ᠶᠢᠨ ᠭᠡᠷ᠎ᠡ ᠶᠢᠨ ᠲᠠᠭᠠᠯᠳᠠ ᠭᠡᠷ᠎ᠡ ᠮᠦᠨ᠃ ᠭᠤᠤᠯ ᠦᠭᠴᠡᠭᠡ ᠠᠪᠴᠠᠭ᠎ᠠ ᠶᠢᠨ ᠭᠡᠷ᠎ᠡ ᠬᠦᠴᠦᠨ ᠦᠭᠡᠢ ᠪᠤᠯ ᠲᠠᠭᠠᠭᠠᠯᠳᠠ ᠶᠢᠨ ᠭᠡᠷ᠎ᠡ ᠬᠦᠴᠦᠨ ᠦᠭᠡᠢ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠨᠢ ᠡᠬᠦᠨ ᠳᠤ ᠪᠠᠭᠳᠠᠬᠤ ᠦᠭᠡᠢ᠃ᠲᠠᠭᠠᠭᠠᠯᠳᠠ ᠶᠢᠨ ᠭᠡᠷ᠎ᠡ ᠬᠦᠴᠦᠨ ᠦᠭᠡᠢ ᠭᠡᠵᠦ ᠨᠤᠳᠠᠯᠠᠭᠳᠠᠭᠰᠠᠨ ᠤ ᠲᠠᠷᠠᠭ᠎ᠠ᠂ ᠦᠭᠴᠡᠭᠡᠳᠡᠨ᠂ ᠲᠠᠭᠠᠭᠠᠭᠴᠢ᠂ ᠠᠪᠴᠠᠭᠠᠳᠠᠨ ᠨᠢ ᠤᠰᠤᠯ ᠲᠠᠢ ᠪᠠᠶᠢᠪᠠᠯ᠂ ᠤᠰᠤᠯ ᠢᠶᠠᠨ ᠦᠨᠳᠦᠰᠦᠯᠡᠨ ᠢᠷᠭᠡᠨ ᠤ ᠬᠡᠷᠡᠭ ᠤᠨ ᠵᠤᠬᠢᠴᠠᠩᠭᠤᠢ ᠬᠠᠷᠢᠭᠤᠴᠠᠯᠭ᠎ᠠ ᠶᠢ ᠲᠤᠰ ᠲᠤᠰ ᠡᠬᠦᠷᠭᠡᠯᠡᠬᠦ ᠬᠡᠷᠡᠭᠳᠡᠢ᠃ᠭᠤᠷᠪᠠᠨ ᠵᠠᠭᠤ ᠨᠠᠶᠠ ᠶᠢᠰᠦᠳᠦᠭᠡᠷ ᠵᠦᠢᠯ ᠲᠠᠭᠠᠭᠠᠯᠳᠠᠳᠦ ᠪᠤᠳᠠᠰ ᠤᠨ ᠡᠷᠬᠡ ᠶᠢᠨ ᠲᠠᠭᠠᠭᠠᠯᠳᠠ ᠶᠢᠨ ᠬᠡᠪᠴᠢᠶᠡᠨ ᠳᠤ ᠭᠤᠤᠯ ᠠᠪᠴᠠᠭ᠎ᠠ ᠵᠢᠴᠢ ᠲᠡᠬᠦᠨ ᠤ ᠬᠦᠤ ᠮᠦᠡᠭᠬᠦ᠂ ᠭᠡᠷ᠎ᠡ ᠵᠦᠷᠢᠴᠡᠭᠰᠡᠨ ᠮᠦᠡᠭᠬᠦ᠂ ᠬᠤᠬᠢᠷᠠᠯ ᠤᠨ ᠲᠦᠯᠦᠪᠦᠷᠢ ᠶᠢᠨ ᠮᠦᠡᠭᠬᠦ᠂ ᠲᠠᠭᠠᠭᠠᠯᠳᠠ ᠶᠢᠨ ᠡᠳ᠋ ᠬᠦᠷᠦᠩᠭᠡ ᠶᠢ ᠬᠠᠳᠠᠭᠠᠯᠠᠨ ᠬᠠᠮᠢᠶᠠᠷᠬᠤ ᠪᠠ ᠲᠠᠭᠠᠭᠠᠯᠳᠠᠳᠦ ᠪᠤᠳᠠᠰ ᠤᠨ ᠡᠷᠬᠡ ᠶᠢ ᠪᠡᠶᠡᠯᠡᠭᠦᠯᠬᠦ ᠵᠠᠷᠤᠳᠠᠯ ᠪᠠᠭᠳᠠᠨ᠎ᠠ᠃ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ᠭᠤᠷᠪᠠᠨ ᠵᠠᠭᠤ ᠶᠡᠷᠡᠳᠦᠭᠡᠷ ᠵᠦᠢᠯ ᠲᠠᠭᠠᠭᠠᠯᠳᠠ ᠶᠢᠨ ᠬᠤᠭᠤᠴᠠᠭᠠᠨ ᠳᠤ ᠲᠠᠭᠠᠭᠠᠯᠳᠠ ᠶᠢᠨ ᠡᠳ᠋ ᠬᠦᠷᠦᠩᠭᠡ ᠡᠪᠳᠡᠷᠡᠬᠦ ᠂ ᠤᠰᠠᠳᠬᠤ ᠪᠤᠶᠤ ᠲᠠᠳᠠᠪᠤᠷᠢᠯᠠᠭᠳᠠᠬᠤ ᠵᠡᠷᠭᠡ ᠪᠠᠶᠢᠳᠠᠯ ᠭᠠᠷᠪᠠᠯ᠂ ᠲᠠᠭᠠᠭᠠᠯᠳᠠᠳᠦ ᠪᠤᠳᠠᠰ ᠤᠨ ᠡᠷᠬᠡᠳᠦ ᠬᠦᠮᠦᠨ ᠤᠯᠤᠭᠰᠠᠨ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ ᠨᠦᠬᠦᠪᠦᠷᠢ ᠶᠢᠨ ᠮᠦᠡᠭᠬᠦ ᠵᠡᠷᠭᠡ ᠠᠴᠠ ᠤᠷᠢᠳ ᠢᠶᠠᠷ ᠲᠦᠯᠦᠪᠦᠷᠢ ᠤᠯᠵᠤ ᠪᠤᠯᠤᠨ᠎ᠠ᠃ ᠲᠠᠭᠠᠭᠠᠯᠳᠠ ᠬᠢᠯᠭᠡᠭᠰᠡᠨ ᠠᠪᠴᠠᠭ᠎ᠠ ᠶᠢᠨ ᠬᠦᠢᠴᠡᠳᠭᠡᠬᠦ ᠬᠤᠭᠤᠴᠠᠭ᠎ᠠ ᠨᠢ ᠲᠦᠬᠦᠷᠥᠭᠡᠳᠤᠢ ᠪᠠᠶᠢᠪᠠᠯ᠂ ᠲᠤᠰ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ ᠨᠦᠬᠦᠪᠦᠷᠢ ᠶᠢᠨ ᠮᠦᠡᠭᠬᠦ ᠵᠡᠷᠭᠡ ᠶᠢ ᠭᠠᠷᠭᠠᠵᠤ ᠬᠠᠳᠠᠭᠠᠯᠠᠭᠤᠯᠤᠭᠰᠠᠨ ᠴᠦ ᠪᠤᠯᠤᠨ᠎ᠠ᠃ᠭᠤᠷᠪᠠᠨ ᠵᠠᠭᠤ ᠶᠠᠷᠡᠨ ᠨᠢᠭᠡᠳᠦᠭᠡᠷ ᠵᠦᠢᠯ ᠭᠤᠷᠪᠠᠳᠠᠬᠢ ᠬᠦᠮᠦᠨ ᠲᠠᠭᠠᠭᠠᠯᠳᠠ ᠬᠠᠨᠭ᠍ᠭᠠᠭᠰᠠᠨ ᠳᠤ᠂ ᠠᠪᠴᠠᠭᠠᠲᠠᠨ ᠲᠡᠬᠦᠨ ᠤ ᠪᠢᠴᠢᠭ ᠤᠨ ᠵᠦᠪᠰᠢᠶᠡᠷᠡᠯ ᠦᠭᠡᠢ ᠪᠠᠷ ᠦᠭᠴᠡᠭᠡᠲᠡᠨ ᠤ ᠪᠦᠬᠦ ᠥᠭᠴᠡᠭᠡ ᠪᠤᠶᠤ ᠬᠡᠰᠡᠭ ᠦᠭᠴᠡᠭᠡ ᠪᠠᠨ ᠰᠢᠯᠵᠢᠬᠦᠯᠬᠦ ᠶᠢ ᠵᠦᠪᠰᠢᠶᠡᠷᠡᠭᠰᠡᠨ ᠪᠠᠶᠢᠪᠠᠯ᠂ ᠲᠠᠭᠠᠭᠠᠭᠴᠢ ᠳᠠᠬᠢᠵᠤ ᠵᠤᠬᠢᠴᠠᠩᠭᠤᠢ ᠲᠠᠭᠠᠭᠠᠯᠳᠠ ᠶᠢᠨ ᠬᠠᠷᠢᠭᠤᠴᠠᠯᠭ᠎ᠠ ᠡᠬᠦᠷᠬᠡᠯᠡᠬᠦ ᠦᠭᠡᠢ᠃ᠭᠤᠷᠪᠠᠨ ᠵᠠᠭᠤ ᠶᠠᠷᠡᠨ ᠬᠤᠶᠠᠳᠣᠭᠠᠷ ᠵᠦᠢᠯ ᠲᠠᠭᠠᠭᠠᠯᠳᠠ ᠬᠢᠯᠬᠡᠭᠰᠡᠨ ᠠᠪᠴᠠᠭ᠎ᠠ ᠨᠢ ᠪᠤᠳᠠᠰ ᠤᠨ ᠲᠠᠭᠠᠭᠠᠯᠳᠠ ᠲᠠᠢ ᠮᠦᠷᠳᠡᠭᠡᠨ ᠪᠠᠰᠠ ᠬᠦᠮᠦᠨ ᠤ ᠲᠠᠭᠠᠭᠠᠯᠳᠠ ᠲᠠᠢ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠭᠠᠭᠠᠯᠳᠠᠳᠦ ᠪᠤᠳᠠᠰ ᠤᠨ ᠡᠷᠬᠡ ᠶᠢ ᠪᠡᠶᠡᠯᠡᠬᠦᠯᠬᠦ ᠪᠠᠶᠢᠳᠠᠯ ᠪᠤᠢ ᠪᠤᠯᠪᠠᠯ᠂ ᠠᠪᠴᠠᠭᠠᠳᠠᠨ ᠪᠤᠯᠵᠤᠯ ᠶᠤᠰᠤᠭᠠᠷ ᠠᠪᠴᠠᠭ᠎ᠠ ᠪᠠᠨ ᠪᠡᠶᠡᠯᠡᠬᠦᠯᠬᠦ ᠬᠡᠷᠡᠭᠳᠡᠢ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠵᠤ᠂ ᠦᠭᠴᠡᠭᠡᠳᠡᠨ ᠦᠪᠡᠷ ᠢᠶᠠᠨ ᠪᠤᠳᠠᠰ ᠤᠨ ᠲᠠᠭᠠᠭᠠᠯᠳᠠ ᠬᠠᠨᠭ᠍ᠭᠠᠭᠰᠠᠨ ᠪᠠᠶᠢᠪᠠᠯ᠂ ᠠᠪᠴᠠᠭᠠᠳᠠᠨ ᠤᠷᠢᠳ ᠢᠶᠠᠷ ᠲᠤᠰ ᠪᠤᠳᠠᠰ ᠤᠨ ᠲᠠᠭᠠᠭᠠᠯᠳᠠ ᠪᠠᠷ ᠠᠪᠴᠠᠭ᠎ᠠ ᠪᠠᠨ ᠪᠡᠶᠡᠯᠡᠬᠦᠯᠬᠦ ᠬᠡᠷᠡᠭᠳᠡᠢ︔ ᠭᠤᠷᠪᠠᠳᠠᠭᠢ ᠬᠦᠮᠦᠨ ᠪᠤᠳᠠᠰ ᠤᠨ ᠲᠠᠭᠠᠭᠠᠯᠳᠠ ᠬᠠᠨᠭ᠍ᠭᠠᠭᠰᠠᠨ ᠪᠠᠶᠢᠪᠠᠯ᠂ ᠠᠪᠴᠠᠭᠠᠳᠠᠨ ᠪᠤᠳᠠᠰ ᠤᠨ ᠲᠠᠭᠠᠭᠠᠯᠳᠠ ᠪᠠᠷ ᠠᠪᠴᠠᠭ᠎ᠠ ᠪᠠᠨ ᠪᠡᠶᠡᠯᠡᠬᠦᠯᠵᠦ ᠪᠤᠯᠤᠨ᠎ᠠ᠂ ᠪᠠᠳᠤᠯᠠᠭᠴᠢ ᠪᠠᠷ ᠪᠠᠳᠤᠯᠠᠭ᠎ᠠ ᠶᠢᠨ ᠬᠠᠷᠢᠭᠤᠴᠠᠯᠭ᠎ᠠ ᠡᠬᠦᠷᠭᠡᠯᠡᠬᠦᠯᠬᠦ ᠪᠠᠷ ᠭᠤᠶᠣᠴᠢᠯᠠᠭᠰᠠᠨ ᠴᠦ ᠪᠤᠯᠤᠨ᠎ᠠ᠃ ᠲᠠᠭᠠᠭᠠᠯᠳᠠ ᠬᠠᠨᠭ᠍ᠭᠠᠭᠰᠠᠨ ᠭᠤᠷᠪᠠᠳᠠᠭᠢ ᠬᠦᠮᠦᠨ ᠲᠠᠭᠠᠭᠠᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠭᠰᠡᠨ ᠤ ᠲᠠᠷᠠᠭ᠎ᠠ᠂ ᠦᠭᠴᠡᠭᠡᠳᠡᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ᠃ᠭᠤᠷᠪᠠᠨ ᠵᠠᠭᠤ ᠶᠠᠷᠡᠨ ᠭᠤᠷᠪᠠᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠠᠭᠠᠭᠠᠯᠳᠠᠳᠦ ᠪᠤᠳᠠᠰ ᠤᠨ ᠡᠷᠬᠡ ᠤᠰᠠᠳᠤᠨ᠎ᠠ᠄︵ᠨᠢᠭᠡ︶ ᠭᠤᠤᠯ ᠠᠪᠴᠠᠭ᠎ᠠ ᠤᠰᠠᠳᠤᠭᠰᠠᠨ︔︵ᠬᠤᠶᠠᠷ︶ ᠲᠠᠭᠠᠭᠠᠯᠳᠠᠳᠦ ᠪᠤᠳᠠᠰ ᠤᠨ ᠡᠷᠬᠡ ᠪᠡᠶᠡᠯᠡᠭᠳᠡᠭᠰᠡᠨ︔︵ᠭᠤᠷᠪᠠ︶ ᠠᠪᠴᠠᠭᠠᠳᠠᠨ ᠲᠠᠭᠠᠭᠠᠯᠳᠠᠳᠦ ᠪᠤᠳᠠᠰ ᠤᠨ ᠡᠷᠬᠡ ᠪᠠᠨ ᠬᠠᠶᠠᠭᠰᠠᠨ︔︵ᠲᠦᠷᠪᠡ︶ ᠬᠠᠤᠯᠢ ᠴᠠᠭᠠᠵᠠ ᠳᠤ ᠲᠤᠭᠳᠠᠭᠠᠭᠰᠠᠨ ᠲᠠᠭᠠᠭᠠᠯᠳᠠᠳᠦ ᠪᠤᠳᠠᠰ ᠤᠨ ᠡᠷᠬᠡ ᠤᠰᠠᠳᠬᠤ ᠪᠤᠰᠤᠳ ᠪᠠᠶᠢᠳᠠᠯ᠃ ᠠᠷᠪᠠᠨ ᠲᠣᠯᠣᠳᠤᠭᠠᠷ ᠪᠦᠯᠦᠭ ᠪᠠᠷᠢᠴᠠᠭᠠᠨ ᠤ ᠡᠷᠬᠡᠨᠢᠭᠡᠳᠦᠭᠡᠷ ᠬᠡᠰᠡᠭ ᠡᠩ ᠤᠨ ᠪᠠᠷᠢᠴᠠᠭᠠᠨ ᠤ ᠡᠷᠬᠡᠭᠤᠷᠪᠠᠨ ᠵᠠᠭᠤ ᠶᠠᠷᠡᠨ ᠲᠦᠷᠪᠡᠳᠦᠭᠡᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ ᠦᠭᠴᠡᠭᠡᠳᠡᠨ ᠪᠤᠶᠤ ᠭᠤᠷᠪᠠᠳᠠᠭᠢ ᠬᠦᠮᠦᠨ ᠡᠳ᠋ ᠬᠦᠷᠦᠩᠭᠡ ᠶᠢᠨ ᠡᠵᠡᠮᠰᠢᠯ ᠢᠶᠠᠨ ᠰᠢᠯᠵᠢᠬᠦᠯᠬᠦ ᠦᠭᠡᠢ ᠪᠠᠷ ᠲᠤᠰ ᠡᠳ᠋ ᠬᠦᠷᠦᠩᠭᠡ ᠶᠢ ᠠᠪᠴᠠᠭᠠᠳᠠᠨ ᠳᠤ ᠪᠠᠷᠢᠴᠠᠭᠠᠯᠠᠵᠤ ᠦᠭᠬᠦᠭᠰᠡᠨ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠣᠢ ᠪᠣᠯᠪᠠᠯ᠂ ᠠᠪᠴᠠᠭᠠᠳᠠᠨ ᠲᠤᠰ ᠡᠳ᠋ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ᠡᠮᠦᠨᠡᠬᠢ ᠪᠠᠳᠠᠭ ᠲᠤ ᠲᠤᠭᠳᠠᠭᠠᠭᠰᠠᠨ ᠦᠭᠴᠡᠭᠡᠳᠡᠨ ᠪᠤᠶᠤ ᠭᠤᠷᠪᠠᠳᠠᠭᠢ ᠬᠦᠮᠦᠨ ᠪᠤᠯ ᠪᠠᠷᠢᠴᠠᠭᠠᠯᠠᠭᠴᠢ ᠮᠦᠨ᠂ ᠠᠪᠴᠠᠭᠠᠳᠠᠨ ᠪᠤᠯ ᠪᠠᠷᠢᠴᠠᠭᠠᠨ ᠤ ᠡᠷᠭᠡᠳᠦ ᠬᠦᠮᠦᠨ ᠮᠦᠨ᠂ ᠲᠠᠭᠠᠭᠠᠯᠳᠠ ᠬᠠᠨᠭ᠍ᠭᠠᠭᠰᠠᠨ ᠡᠳ᠋ ᠬᠦᠷᠦᠩᠭᠡ ᠪᠤᠯ ᠪᠠᠷᠢᠴᠠᠭᠠᠨ ᠤ ᠡᠳ᠋ ᠬᠦᠷᠦᠩᠭᠡ ᠮᠦᠨ᠃ᠭᠤᠷᠪᠠᠨ ᠵᠠᠭᠤ ᠶᠠᠷᠡᠨ ᠲᠠᠪᠣᠳᠣᠭᠠᠷ ᠵᠦᠢᠯ ᠦᠭᠴᠡᠭᠡᠳᠡᠨ ᠪᠤᠶᠤ ᠭᠤᠷᠪᠠᠳᠠᠭᠢ ᠬᠦᠮᠦᠨ ᠤ ᠰᠢᠢᠳᠪᠦᠷᠢᠯᠡᠬᠦ ᠡᠷᠬᠡ ᠲᠠᠢ ᠲᠤᠤᠷ᠎ᠠ ᠵᠢᠬᠰᠠᠭᠠᠬᠰᠠᠨ ᠡᠳ᠋ ᠬᠦᠷᠦᠩᠭᠡ ᠶᠢ ᠪᠠᠷᠢᠴᠠᠭᠠᠯᠠᠵᠤ ᠪᠤᠯᠤᠨ᠎ᠠ᠄︵ᠨᠢᠭᠡ︶ ᠪᠠᠷᠢᠯᠭ᠎ᠠ ᠪᠠ ᠪᠤᠰᠤᠳ ᠭᠠᠵᠠᠷ ᠰᠢᠷᠦᠢ ᠶᠢᠨ ᠲᠠᠭᠠᠯᠳᠠ ᠪᠤᠳᠠᠰ︔︵ᠬᠤᠶᠠᠷ︶ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ︔︵ᠭᠤᠷᠪᠠ︶ ᠲᠠᠯᠠᠢ ᠶᠢᠨ ᠣᠷᠣᠨ ᠢ ᠭᠡᠷᠡᠭᠯᠡᠭᠦ ᠡᠷᠭᠡ︔︵ᠲᠦᠷᠪᠡ︶ ᠦᠢᠯᠡᠳᠪᠦᠷᠢᠯᠡᠯ ᠤᠨ ᠲᠦᠬᠦᠭᠡᠷᠦᠮᠵᠢ᠂ ᠲᠦᠬᠦᠭᠡᠢ ᠮᠠᠲ᠋ᠧᠷᠢᠶᠠᠯ᠂ ᠬᠠᠭᠠᠰ ᠡᠳ᠋ᠰᠢᠬᠦᠯᠦᠭᠰᠡᠨ ᠪᠦᠳᠦᠭᠡᠭᠳᠡᠬᠦᠨ᠂ ᠪᠦᠲᠦᠭᠡᠭᠳᠡᠬᠦᠨ︔︵ᠲᠠᠪᠤ︶ ᠪᠠᠷᠢᠵᠤ ᠦᠢᠯᠡᠳᠴᠦ ᠪᠠᠶᠢᠭ᠎ᠠ ᠪᠠᠷᠢᠯᠭ᠎ᠠ᠂ ᠤᠡᠭᠭᠤᠴᠠ ᠰᠡᠯ᠂ ᠠᠭᠠᠷ ᠤᠨ ᠨᠢᠰᠦᠬᠦᠷ︔︵ᠵᠢᠷᠭᠤᠭ᠎ᠠ︶ ᠵᠠᠮ ᠲᠡᠭᠡᠭᠡᠪᠦᠷᠢ ᠶᠢᠨ ᠪᠠᠭᠠᠵᠢ︔︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠪᠠᠷᠢᠴᠠᠭᠠᠯᠠᠬᠤ ᠶᠢ ᠴᠠᠭᠠᠵᠠᠯᠠᠭᠰᠠᠨ ᠦᠭᠡᠢ ᠪᠤᠰᠤᠳ ᠡᠳ᠋ ᠬᠦᠷᠦᠩᠭᠡ᠃ᠪᠠᠷᠢᠴᠠᠭᠠᠯᠠᠭᠴᠢ ᠡᠮᠦᠨᠡᠬᠢ ᠪᠠᠳᠠᠭ ᠲᠤ ᠵᠢᠭᠰᠠᠭᠠᠭᠰᠠᠨ ᠡᠳ᠋ ᠬᠦᠷᠦᠩᠭᠡ ᠶᠢ ᠬᠠᠮᠳᠤ ᠳᠤᠨᠢ ᠪᠠᠷᠢᠴᠠᠭᠠᠯᠠᠵᠤ ᠪᠤᠯᠤᠨ᠎ᠠ᠃ᠭᠤᠷᠪᠠᠨ ᠵᠠᠭᠤ ᠶᠠᠷᠡᠨ ᠵᠢᠷᠭᠤᠳᠣᠭᠠᠷ ᠵᠦᠢᠯ ᠠᠵᠤ ᠠᠬᠤᠢᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠭᠴᠢ ᠤᠳᠤ ᠪᠠᠶᠢᠬᠤ ᠪᠠ ᠬᠤᠵᠢᠮ ᠤᠯᠬᠤ ᠦᠢᠯᠡᠳᠪᠦᠷᠢᠯᠡᠯ ᠤᠨ ᠲᠦᠬᠦᠭᠡᠷᠦᠮᠵᠢ᠂ ᠲᠦᠬᠦᠭᠡᠢ ᠮᠠᠲ᠋ᠧᠷᠢᠶᠠᠯ᠂ ᠬᠠᠭᠠᠰ ᠡᠳ᠋ᠰᠢᠬᠦᠯᠦᠭᠰᠡᠨ ᠪᠦᠳᠦᠭᠡᠭᠳᠡᠬᠦᠨ᠂ ᠪᠦᠲᠦᠭᠡᠭᠳᠡᠬᠦᠨ ᠢᠶᠠᠨ ᠪᠠᠷᠢᠴᠠᠭᠠᠯᠠᠵᠤ ᠪᠤᠯᠤᠨ᠎ᠠ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠠᠪᠴᠠᠭᠠᠳᠠᠨ ᠨᠢ ᠪᠠᠷᠢᠴᠠᠭᠠᠨ ᠤ ᠡᠳ᠋ ᠭᠦᠷᠦᠩᠭᠡ ᠶᠢ ᠲᠣᠭᠳᠠᠭᠠᠬᠤ ᠦᠶ᠎ᠡ ᠶᠢᠨ ᠬᠦᠳᠡᠯᠬᠦ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠤᠷᠢ ᠤᠯᠬᠤ ᠡᠷᠬᠡ ᠲᠠᠢ᠃ᠭᠤᠷᠪᠠᠨ ᠵᠠᠭᠤ ᠶᠠᠷᠡᠨ ᠲᠣᠯᠣᠳᠣᠭᠠᠷ ᠵᠦᠢᠯ ᠪᠠᠷᠢᠯᠭ᠎ᠠ ᠪᠠᠷ ᠪᠠᠷᠢᠴᠠᠭᠠᠯᠠᠭᠰᠠᠨ ᠪᠠᠶᠢᠪᠠᠯ᠂ ᠲᠤᠰ ᠪᠠᠷᠢᠯᠭ᠎ᠠ ᠶᠢᠨ ᠡᠵᠡᠯᠡᠨ ᠬᠡᠷᠡᠭᠯᠡᠭᠰᠡᠨ ᠬᠡᠪᠴᠢᠶᠡᠨ ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠠᠮᠳᠤ ᠳᠤᠨᠢ ᠪᠠᠷᠢᠴᠠᠭᠠᠯᠠᠨ᠎ᠠ᠃ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠪᠠᠷ ᠪᠠᠷᠢᠴᠠᠭᠠᠯᠠᠭᠰᠠᠨ ᠪᠠᠶᠢᠪᠠᠯ᠂ ᠲᠤᠰ ᠭᠠᠵᠠᠷ ᠰᠢᠷᠦᠢ ᠲᠡᠭᠡᠷᠡᠬᠢ ᠪᠠᠷᠢᠯᠭ᠎ᠠ ᠶᠢ ᠬᠠᠮᠳᠤ ᠳᠤᠨᠢ ᠪᠠᠷᠢᠴᠠᠭᠠᠯᠠᠨ᠎ᠠ᠃ᠪᠠᠷᠢᠴᠠᠭᠠᠯᠠᠭᠴᠢ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠬᠠᠮᠳᠤ ᠳᠤᠨᠢ ᠪᠠᠷᠢᠴᠠᠭᠠᠯᠠᠭᠰᠠᠨ ᠦᠭᠡᠢ ᠪᠠᠶᠢᠪᠠᠯ᠂ ᠪᠠᠷᠢᠴᠠᠭᠠᠯᠠᠭᠰᠠᠨ ᠦᠭᠡᠢ ᠡᠳ᠋ ᠬᠦᠷᠦᠩᠭᠡ ᠶᠢ ᠬᠠᠮᠳᠤ ᠳᠤᠨᠢ ᠪᠠᠷᠢᠴᠠᠭᠠᠯᠠᠭᠰᠠᠨ ᠢᠶᠠᠷ ᠦᠵᠡᠨ᠎ᠠ᠃ᠭᠤᠷᠪᠠᠨ ᠵᠠᠭᠤ ᠶᠠᠷᠡᠨ ᠨᠠᠢᠮᠠᠳᠣᠭᠠᠷ ᠵᠦᠢᠯ ᠰᠢᠶᠠᠩ ᠪᠠᠯᠭᠠᠰᠤ᠂ ᠲᠤᠰᠬᠤᠨ ᠤ ᠠᠵᠤ ᠠᠬᠤᠢᠢᠯᠠᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠲᠤᠰᠠᠭᠠᠷ ᠨᠢ ᠪᠠᠷᠢᠴᠠᠭᠠᠯᠠᠵᠤ ᠪᠤᠯᠬᠤ ᠦᠭᠡᠢ᠃ ᠰᠢᠶᠠᠩ ᠪᠠᠯᠭᠠᠰᠤ᠂ ᠲᠤᠰᠬᠤᠨ ᠤ ᠠᠵᠤ ᠠᠬᠤᠢᠢᠯᠠᠯ ᠤᠨ ᠦᠢᠯᠡᠳᠪᠦᠷᠢ ᠶᠢᠨ ᠪᠠᠶᠢᠰᠢᠩ ᠵᠡᠷᠭᠡ ᠪᠠᠷᠢᠯᠭ᠎ᠠ ᠪᠠᠷ ᠪᠠᠷᠢᠴᠠᠭᠠᠯᠠᠬᠰᠠᠨ ᠪᠠᠶᠢᠪᠠᠯ᠂ ᠲᠡᠬᠦᠨ ᠤ ᠡᠵᠡᠯᠡᠨ ᠬᠡᠷᠡᠭᠯᠡᠭᠰᠡᠨ ᠬᠡᠪᠴᠢᠶᠡᠨ ᠲᠤᠳᠤᠷᠠᠬᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠬᠠᠮᠳᠤ ᠳᠤᠨᠢ ᠪᠠᠷᠢᠴᠠᠭᠠᠯᠠᠨ᠎ᠠ᠃ᠭᠤᠷᠪᠠᠨ ᠵᠠᠭᠤ ᠶᠠᠷᠡ ᠶᠢᠰᠦᠳᠤᠭᠡᠷ ᠵᠦᠢᠯ ᠲᠤᠤᠷ᠎ᠠ ᠵᠢᠭᠰᠠᠭᠠᠭᠰᠠᠨ ᠡᠳ᠋ ᠬᠦᠷᠦᠩᠭᠡ ᠶᠢ ᠪᠠᠷᠢᠴᠠᠭᠠᠯᠠᠵᠤ ᠪᠤᠯᠬᠤ ᠦᠭᠡᠢ᠄︵ᠨᠢᠭᠡ︶ ᠭᠠᠵᠠᠷ ᠰᠢᠷᠦᠢ ᠶᠢᠨ ᠦᠮᠴᠢᠯᠡᠯ ᠤᠨ ᠡᠷᠬᠡ︔︵ᠬᠤᠶᠠᠷ︶ ᠤᠷᠤᠨ ᠰᠠᠭᠤᠴᠠ ᠶᠢᠨ ᠭᠠᠵᠠᠷ᠂ ᠬᠤᠪᠢᠨ ᠳᠠᠭᠠᠨ ᠦᠯᠡᠳᠡᠭᠡᠭᠰᠡᠨ ᠲᠠᠷᠢᠶᠠᠨ ᠭᠠᠵᠠᠷ᠂ ᠬᠤᠪᠢᠨ ᠳᠠᠭᠠᠨ ᠦᠯᠡᠳᠡᠭᠡᠭᠰᠡᠨ ᠠᠭᠤᠯᠠ ᠵᠡᠷᠭᠡ ᠬᠠᠮᠳᠤ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠬᠡ᠂ ᠭᠡᠪᠡᠴᠦ ᠬᠠᠤᠯᠢ ᠴᠠᠭᠠᠵᠠ ᠳᠤ ᠪᠠᠷᠢᠴᠠᠭᠠᠯᠠᠵᠤ ᠪᠤᠯᠤᠨ᠎ᠠ ᠭᠡᠵᠦ ᠲᠤᠭᠳᠠᠭᠠᠭᠰᠨᠨ ᠨᠢ ᠡᠬᠦᠨ ᠳᠤ ᠪᠠᠭᠳᠠᠬᠤ ᠦᠭᠡᠢ︔︵ᠭᠤᠷᠪᠠ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠬᠡ ᠶᠢᠨ ᠪᠠᠶᠢᠭᠤᠯᠣᠮᠵᠢ ᠵᠡᠷᠭᠡ ᠨᠠᠶᠢᠳᠠ ᠶᠢᠨ ᠠᠰᠠᠷᠠᠮᠵᠢ ᠶᠢᠨ ᠵᠤᠷᠢᠯᠭ᠎ᠠ ᠪᠠᠷ ᠪᠠᠶᠢᠭᠤᠯᠣᠭᠰᠠᠨ ᠠᠰᠢᠭ ᠬᠤᠨᠵᠢᠪᠦᠷᠢᠳᠦ ᠪᠣᠰᠣ ᠬᠠᠣᠯᠢ ᠶᠢᠨ ᠭᠦᠮᠦᠨ ᠤ ᠰᠤᠷᠭᠠᠨ ᠬᠦᠮᠦᠵᠢᠯ ᠤᠨ ᠲᠦᠬᠦᠭᠡᠷᠦᠮᠵᠢ᠂ ᠡᠮᠨᠡᠯᠬᠡ ᠡᠷᠡᠬᠦᠯ ᠬᠠᠮᠠᠭᠠᠯᠠᠯ ᠤᠨ ᠲᠦᠬᠦᠭᠡᠷᠦᠮᠵᠢ ᠪᠠ ᠨᠠᠶᠢᠳᠠ ᠶᠢᠨ ᠠᠰᠠᠷᠠᠮᠵᠢ ᠶᠢᠨ ᠪᠤᠰᠤᠳ ᠲᠦᠬᠦᠭᠡᠷᠦᠮᠵᠢ︔︵ᠲᠦᠷᠪᠡ︶ ᠦᠮᠴᠢᠯᠡᠬᠦ ᠡᠷᠬᠡ᠂ ᠬᠡᠷᠡᠭᠯᠡᠬᠦ ᠡᠷᠬᠡ ᠨᠢ ᠲᠤᠳᠤᠷᠬᠠᠢ ᠦᠭᠡᠢ ᠪᠤᠶᠤ ᠮᠠᠷᠭᠤᠭᠠᠨ ᠲᠠᠢ ᠡᠳ᠋ ᠬᠦᠷᠦᠩᠭᠡ︔︵ᠲᠠᠪᠤ︶ ᠬᠠᠤᠯᠢ ᠶᠤᠰᠤᠭᠠᠷ ᠪᠠᠶᠢᠴᠠᠭᠠᠨ ᠪᠢᠲᠡᠭᠦᠮᠵᠢᠯᠡᠭᠰᠡᠨ᠂ ᠲᠠᠷᠤᠵᠤ ᠠᠪᠤᠭᠰᠠᠨ᠂ ᠬᠢᠨᠠᠵᠤ ᠬᠠᠮᠢᠶᠠᠷᠤᠭᠰᠠᠨ ᠡᠳ᠋ ᠬᠦᠷᠦᠩᠭᠡ︔︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠪᠠᠷᠢᠴᠠᠭᠠᠯᠠᠵᠤ ᠪᠤᠯᠬᠤ ᠦᠭᠡᠢ ᠭᠡᠵᠤ ᠲᠤᠭᠳᠠᠭᠠᠭᠰᠠᠨ ᠪᠤᠰᠤᠳ ᠡᠳ᠋ ᠬᠦᠷᠦᠩᠭᠡ᠃ᠲᠦᠷᠪᠡᠨ ᠵᠠᠭᠤᠳᠣᠭᠠᠷ ᠵᠦᠢᠯ ᠪᠠᠷᠢᠴᠠᠭᠠᠨ ᠤ ᠡᠷᠬᠡ ᠶᠢ ᠲᠤᠭᠳᠠᠭᠠᠬᠤ ᠳᠤ ᠲᠤᠬᠠᠢ ᠶᠢᠨ ᠬᠦᠮᠦᠨ ᠪᠢᠴᠢᠭ ᠤᠨ ᠬᠡᠯᠪᠡᠷᠢ ᠪᠠᠷ ᠪᠠᠷᠢᠴᠠᠭᠠᠯᠠᠬᠤ ᠭᠡᠷ᠎ᠡ ᠲᠤᠭᠳᠠᠭᠠᠬᠤ ᠬᠡᠷᠡᠭᠳᠡᠢ᠃ᠪᠠᠷᠢᠴᠠᠭᠠᠯᠠᠬᠤ ᠭᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄︵ᠨᠢᠭᠡ︶ ᠲᠠᠭᠠᠭᠠᠯᠳᠠ ᠬᠢᠯᠭᠡᠭᠰᠡᠨ ᠠᠪᠴᠠᠭ᠎ᠠ ᠶᠢᠨ ᠲᠦᠷᠦᠯ ᠵᠦᠢᠯ ᠪᠠ ᠲᠤᠭ᠎ᠠ ᠭᠡᠮᠵᠢᠶ᠎ᠠ︔︵ᠬᠤᠶᠠᠷ︶ ᠦᠭᠴᠡᠭᠡᠳᠡᠨ ᠤ ᠦᠭᠴᠡᠭᠡ ᠪᠠᠨ ᠬᠦᠢᠴᠡᠳᠭᠡᠬᠦ ᠬᠤᠭᠤᠴᠠᠭ᠎ᠠ︔︵ᠭᠤᠷᠪᠠ︶ ᠪᠠᠷᠢᠴᠠᠭᠠᠨ ᠤ ᠡᠳ᠋ ᠬᠦᠷᠦᠩᠭᠡ ᠶᠢᠨ ᠨᠡᠷᠡᠶᠢᠳᠤᠯ᠂ ᠲᠤᠭ᠎ᠠ ᠬᠡᠮᠵᠢᠶ᠎ᠠ ᠵᠡᠷᠭᠡ ᠪᠠᠶᠢᠳᠠᠯ︔︵ᠲᠦᠷᠪᠡ︶ ᠲᠠᠭᠠᠭᠠᠯᠳᠠ ᠬᠢᠬᠦ ᠬᠡᠪᠴᠢᠶ᠎ᠡ᠃ᠲᠦᠷᠪᠡᠨ ᠵᠠᠭᠤ ᠨᠢᠭᠡᠳᠦᠭᠡᠷ ᠵᠦᠢᠯ ᠪᠠᠷᠢᠴᠠᠭᠠᠨ ᠤ ᠡᠷᠭᠡᠳᠦ ᠬᠦᠮᠦᠨ ᠨᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠬᠦ ᠠᠴᠠ ᠡᠮᠦᠨ᠎ᠡ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠦᠶ᠎ᠡ ᠳᠤ ᠪᠠᠷᠢᠴᠠᠭᠠᠨ ᠤ ᠡᠳ᠋ ᠬᠦᠷᠦᠩᠭᠡ ᠨᠢ ᠠᠪᠴᠠᠭᠠᠳᠠᠨ ᠳᠤ ᠦᠮᠴᠢᠯᠡᠭᠳᠡᠨ᠎ᠡ ᠭᠡᠵᠦ ᠪᠠᠷᠢᠴᠠᠭᠠᠯᠠᠭᠴᠢ ᠲᠠᠢ ᠪᠤᠯᠵᠤᠨ ᠲᠤᠭᠳᠠᠭᠰᠠᠨ ᠪᠠᠶᠢᠪᠠᠯ᠂ ᠬᠠᠣᠯᠢ ᠶᠣᠰᠣᠭᠠᠷ ᠵᠦᠪᠭᠡᠨ ᠪᠠᠷᠢᠴᠠᠭᠠᠠ ᠤ ᠡᠳ᠋ ᠭᠦᠷᠦᠩᠭᠡ ᠶᠢᠨ ᠲᠤᠬᠠᠢ ᠳᠤ ᠣᠷᠢᠳ ᠢᠶᠠᠷ ᠲᠦᠯᠦᠪᠦᠷᠢ ᠣᠯᠣᠨ᠎ᠠ᠃ᠲᠦᠷᠪᠡᠨ ᠵᠠᠭᠤ ᠬᠤᠶᠠᠳᠣᠭᠠᠷ ᠵᠦᠢᠯ ᠲᠤᠰ ᠬᠠᠤᠯᠢ ᠶᠢᠨ ᠭᠤᠷᠪᠠᠨ ᠵᠠᠭᠤ ᠶᠡᠷᠡᠨ ᠲᠠᠪᠣᠳᠣᠭᠠᠷ ᠵᠦᠢᠯ ᠤᠨ ᠨᠢᠭᠡᠳᠦᠭᠡᠷ ᠵᠦᠢᠯ ᠳᠤ ᠨᠢᠭᠡᠳᠦᠭᠡᠷ ᠵᠤᠷᠪᠤᠰ ᠠᠴᠠ ᠭᠤᠷᠪᠠᠳᠤᠭᠠᠷ ᠵᠤᠷᠪᠤᠰ ᠲᠤ ᠲᠤᠭᠳᠠᠭᠠᠭᠰᠠᠨ ᠡᠳ᠋ ᠬᠦᠷᠦᠩᠭᠡ ᠪᠤᠶᠤ ᠲᠠᠪᠤᠳᠤᠭᠠᠷ ᠵᠤᠷᠪᠤᠰ ᠲᠤ ᠲᠤᠭᠳᠠᠭᠠᠭᠰᠠᠨ ᠪᠥᠳᠤᠭᠡᠨ ᠪᠠᠶᠢᠭᠤᠯᠵᠤ ᠪᠠᠶᠢᠭ᠎ᠠ ᠪᠠᠷᠢᠯᠭ᠎ᠠ ᠪᠠᠷ ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠯᠠᠬᠤ ᠲᠠᠩᠰᠠᠯᠠᠯᠳᠠ ᠬᠢᠯᠭᠡᠬᠦ ᠬᠡᠷᠡᠭᠳᠡᠢ᠃ ᠪᠠᠷᠢᠴᠠᠭᠠᠨ ᠤ ᠡᠷᠬᠡ ᠨᠢ ᠲᠠᠩᠰᠠᠯᠠᠭᠰᠠᠨ ᠴᠠᠭ ᠠᠴᠠ ᠲᠤᠬᠳᠠᠭᠠᠭᠳᠠᠨ᠎ᠠ᠃ᠲᠦᠷᠪᠡᠨ ᠵᠠᠭᠤ ᠭᠤᠷᠪᠠᠳᠣᠭᠠᠷ ᠵᠦᠢᠯ ᠭᠦᠳᠡᠯᠭᠦ ᠭᠦᠷᠦᠩᠭᠡ ᠪᠠᠷ ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠨ ᠤ ᠡᠷᠭᠡ ᠨᠢ ᠪᠠᠷᠢᠴᠠᠭᠠᠯᠠᠬᠤ ᠭᠡᠷ᠎ᠡ ᠬᠦᠴᠦᠨ ᠲᠠᠢ ᠪᠤᠯᠬᠤ ᠴᠠᠭ ᠠᠴᠠ ᠲᠤᠭᠲᠠᠭᠠᠭᠳᠠᠨ᠎ᠠ︔ ᠲᠠᠩᠰᠠᠯᠠᠭᠤᠯᠤᠭᠰᠠᠨ ᠦᠭᠡᠢ ᠪᠠᠶᠢᠪᠠᠯ᠂ ᠰᠠᠶᠢᠨ ᠰᠠᠨᠠᠭᠠᠳᠤ ᠭᠤᠷᠪᠠᠳᠠᠭᠢ ᠬᠦᠮᠦᠨ ᠲᠠᠢ ᠡᠰᠡᠷᠬᠦᠴᠡᠯᠳᠦᠵᠦ ᠪᠤᠯᠬᠤ ᠦᠭᠡᠢ᠃ᠲᠦᠷᠪᠡᠨ ᠵᠠᠭᠤ ᠲᠦᠷᠪᠡᠳᠦᠭᠡᠷ ᠵᠦᠢᠯ ᠬᠦᠳᠡᠯᠬᠦ ᠬᠦᠷᠦᠩᠭᠡ ᠪᠠᠷ ᠪᠠᠷᠢᠴᠠᠭᠠᠯᠠᠬᠤ ᠳᠤ ᠬᠦᠷᠪᠡᠯ᠂ ᠬᠡᠪ ᠤᠨ ᠡᠵᠡᠩᠨᠡᠯᠳᠡ ᠶᠢᠨ ᠠᠵᠢᠯᠯᠠᠭ᠎ᠠ ᠶᠢᠨ ᠲᠤᠮᠳᠠ ᠨᠢᠭᠡᠨᠲᠡ ᠵᠦᠢ ᠵᠤᠬᠢᠰᠳᠠᠢ ᠦᠨ᠎ᠠ ᠶᠢᠨ ᠵᠤᠭᠤᠰ ᠦᠭᠬᠦᠭᠰᠡᠨ ᠪᠦᠭᠡᠳ ᠪᠠᠷᠢᠴᠠᠭᠠᠨ ᠤ ᠡᠳ᠋ ᠬᠦᠷᠦᠩᠭᠡ ᠶᠢ ᠤᠯᠤᠭᠰᠠᠨ ᠬᠤᠳᠠᠯᠳᠤᠨ ᠠᠪᠤᠭᠴᠢ ᠲᠠᠢ ᠡᠰᠡᠷᠬᠦᠴᠡᠯᠳᠦᠵᠦ ᠪᠤᠯᠬᠤ ᠦᠭᠡᠢ᠃ᠲᠦᠷᠪᠡᠨ ᠵᠠᠭᠤ ᠲᠠᠪᠣᠳᠣᠭᠠᠷ ᠵᠦᠢᠯ ᠪᠠᠷᠢᠴᠠᠭᠠᠨ ᠤ ᠡᠷᠭᠡ ᠶᠢ ᠲᠤᠭᠳᠠᠭᠠᠬᠤ ᠠᠴᠠ ᠡᠮᠦᠨ᠎ᠡ ᠪᠠᠷᠢᠴᠠᠭᠠᠨ ᠤ ᠡᠳ᠋ ᠬᠦᠷᠦᠩᠭᠡ ᠶᠢ ᠨᠢᠭᠡᠨᠳᠡ ᠲᠦᠷᠢᠶᠡᠰᠦᠯᠡᠭᠦᠯᠦᠭᠰᠡᠨ ᠪᠦᠭᠡᠳ ᠰᠢᠯᠵᠢᠭᠦᠯᠦᠨ ᠡᠵᠡᠮᠰᠢᠭᠦᠯᠦᠭᠰᠡᠨ ᠪᠠᠶᠢᠪᠠᠯ᠂ ᠤᠤᠯ ᠤᠨ ᠲᠦᠷᠢᠶᠡᠰᠦᠯᠡᠯ ᠤᠨ ᠬᠠᠷᠢᠴᠠᠭ᠎ᠠ ᠨᠢ ᠲᠤᠰ ᠪᠠᠷᠢᠴᠠᠭᠠᠨ ᠤ ᠡᠷᠬᠡ ᠳᠤ ᠨᠦᠯᠦᠭᠡᠯᠡᠭᠳᠡᠬᠦ ᠦᠭᠡᠢ᠃ᠲᠦᠷᠪᠡᠨ ᠵᠠᠭᠤ ᠵᠢᠷᠭᠤᠳᠣᠭᠠᠷ ᠵᠦᠢᠯ ᠪᠠᠷᠢᠴᠠᠭᠠᠯᠠᠬᠤ ᠬᠤᠭᠤᠴᠠᠭᠠᠨ ᠳᠤ ᠪᠠᠷᠢᠴᠠᠭᠠᠯᠠᠭᠴᠢ ᠪᠠᠷᠢᠴᠠᠭᠠᠨ ᠤ ᠡᠳ᠋ ᠬᠦᠷᠦᠩᠭᠡ ᠶᠢ ᠰᠢᠯᠵᠢᠬᠦᠯᠦᠨ ᠦᠭᠴᠦ ᠪᠣᠯᠣᠨ᠎ᠠ᠃ ᠲᠣᠬᠠᠢ ᠶᠢᠨ ᠭᠦᠮᠦᠨ ᠠᠰᠳᠠᠭᠠᠨ ᠪᠣᠯᠵᠣᠯ ᠲᠠᠢ ᠪᠠᠶᠢᠪᠠᠯ᠂ ᠲᠡᠷᠡ ᠪᠣᠯᠵᠣᠯ ᠶᠤᠰᠤᠭᠠᠷ ᠶᠠᠪᠤᠭᠤᠯᠤᠨ᠎ᠠ᠃ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ ᠦᠭᠭᠦᠭᠰᠡᠨ ᠨᠢ ᠪᠠᠷᠢᠴᠠᠭᠠᠨ ᠤ ᠡᠷᠭᠡ ᠶᠢ ᠨᠦᠯᠦᠭᠡᠯᠡᠭᠦ ᠦᠭᠡᠢ᠃ᠪᠠᠷᠢᠴᠠᠭᠠᠯᠠᠭᠴᠢ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ ᠦᠭᠭᠦᠭᠰᠡᠨ ᠪᠠᠶᠢᠪᠠᠯ᠂ ᠪᠠᠷᠢᠴᠠᠭᠠᠨ ᠤ ᠡᠷᠭᠡᠳᠦ ᠭᠦᠮᠦᠨ ᠳᠤ ᠴᠠᠭ ᠲᠣᠬᠠᠢ ᠳᠤᠨᠢ ᠮᠡᠳᠡᠭᠳᠡᠭᠦ ᠭᠡᠷᠡᠭᠳᠡᠢ᠃ ᠪᠠᠷᠢᠴᠠᠭᠠᠨ ᠤ ᠡᠳ᠋ ᠭᠦᠷᠦᠩᠭᠡ ᠶᠢ ᠰᠢᠯᠵᠢᠭᠦᠯᠦᠨ ᠦᠭᠭᠦ ᠨᠢ ᠪᠠᠷᠢᠴᠠᠭᠠᠠ ᠤ ᠡᠷᠭᠡ ᠶᠢ ᠬᠤᠭᠢᠷᠠᠭᠤᠯᠵᠦ ᠮᠡᠳᠡᠭᠦ ᠶᠢ ᠪᠠᠷᠢᠴᠠᠭᠠᠨ ᠤ ᠡᠷᠭᠡᠳᠦ ᠭᠦᠮᠦᠨ ᠭᠡᠷᠡᠴᠢᠯᠡᠵᠦ ᠳᠡᠶᠢᠯᠪᠡᠯ᠂ ᠰᠢᠯᠵᠢᠭᠦᠯᠦᠨ ᠦᠭᠭᠦᠭᠡᠳ ᠣᠯᠣᠭᠰᠠᠨ ᠦᠨ᠎ᠡ ᠶᠢᠨ ᠵᠣᠭᠤᠰ ᠢᠶᠠᠷ ᠪᠠᠷᠢᠴᠠᠭᠠᠨ ᠤ ᠡᠷᠭᠡᠳᠦ ᠭᠦᠮᠦᠨ ᠤ ᠦᠭᠴᠡᠭᠡ ᠶᠢ ᠣᠷᠢᠳᠴᠢᠯᠠᠨ ᠢᠯᠭᠠᠷᠠᠭᠤᠯᠤᠨ ᠲᠦᠯᠦᠭᠦᠯᠭᠦ ᠪᠣᠶᠣ ᠲᠡᠭᠦᠨ ᠢ ᠭᠠᠷᠭᠠᠵᠤ ᠬᠠᠳᠠᠭᠠᠯᠠᠭᠤᠯᠬᠤ ᠪᠠᠷ ᠪᠠᠷᠢᠴᠠᠭᠠᠯᠠᠭᠴᠢ ᠳᠤ ᠭᠤᠶᠣᠴᠢᠯᠠᠵᠦ ᠪᠣᠯᠣᠨ᠎ᠠ᠃ ᠰᠢᠯᠵᠢᠬᠦᠯᠵᠦ ᠦᠭᠬᠦᠭᠰᠡᠨ ᠦᠨ᠎ᠡ ᠶᠢᠨ ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠪᠠᠷᠢᠴᠠᠭᠠᠯᠠᠭᠴᠢ ᠳᠤ ᠦᠮᠴᠢᠯᠡᠭᠳᠡᠨ᠎ᠡ᠂ ᠲᠤᠳᠠᠭᠤ ᠬᠡᠰᠡᠭ ᠢ ᠨᠢ ᠦᠭᠴᠡᠭᠡᠳᠡᠨ ᠢᠯᠭᠠᠷᠠᠭᠤᠯᠤᠨ ᠲᠦᠯᠦᠨ᠎ᠡ᠃ᠲᠦᠷᠪᠡᠨ ᠵᠠᠭᠤ ᠲᠣᠯᠣᠳᠣᠭᠠᠷ ᠵᠦᠢᠯ ᠪᠠᠷᠢᠴᠠᠭᠠᠨ ᠤ ᠡᠷᠭᠡ ᠶᠢ ᠠᠪᠴᠠᠭ᠎ᠠ ᠠᠴᠠ ᠰᠠᠯᠭᠠᠨ ᠲᠤᠰᠠᠭᠠᠷ ᠨᠢ ᠰᠢᠯᠵᠢᠬᠦᠯᠦᠨ ᠦᠭᠬᠦ ᠪᠤᠶᠤ ᠪᠤᠰᠤᠳ ᠠᠪᠴᠠᠭ᠎ᠠ ᠶᠢᠨ ᠲᠠᠭᠠᠭᠠᠯᠳᠠ ᠪᠤᠯᠭᠠᠵᠤ ᠪᠤᠯᠬᠤ ᠦᠭᠡᠢ᠃ ᠠᠪᠴᠠᠭ᠎ᠠ ᠶᠢ ᠰᠢᠯᠵᠢᠬᠦᠯᠦᠨ ᠦᠭᠬᠦ ᠳᠤ ᠬᠦᠷᠪᠡᠯ᠂ ᠲᠤᠰ ᠠᠪᠴᠠᠭ᠎ᠠ ᠳᠤ ᠲᠠᠭᠠᠭᠠᠯᠲᠠ ᠪᠤᠯᠭᠠᠭᠰᠠᠨ ᠪᠠᠷᠢᠴᠠᠭᠠᠨ ᠤ ᠡᠷᠬᠡ ᠶᠢ ᠬᠠᠮᠳᠤ ᠳᠤᠨᠢ ᠰᠢᠯᠵᠢᠬᠦᠯᠦᠨ ᠦᠭᠬᠦᠨ᠎ᠠ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠳᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠲᠦᠷᠪᠡᠨ ᠵᠠᠭᠤ ᠨᠠᠢᠮᠠᠳᠣᠭᠠᠷ ᠵᠦᠢᠯ ᠪᠠᠷᠢᠴᠠᠭᠠᠯᠠᠭᠴᠢ ᠶᠢᠨ ᠦᠢᠯᠡ ᠠᠵᠢᠯᠯᠠᠭ᠎ᠠ ᠨᠢ ᠪᠠᠷᠢᠴᠠᠭᠠᠨ ᠤ ᠡᠳ᠋ ᠬᠦᠷᠦᠩᠭᠡ ᠶᠢᠨ ᠦᠷᠳᠡᠭ ᠢ ᠪᠠᠭᠤᠷᠠᠭᠤᠯᠬᠤ ᠪᠦᠷᠢᠨ ᠪᠤᠯᠤᠮᠵᠢ ᠲᠠᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠦᠢᠯᠡ ᠠᠵᠢᠯᠯᠠᠭ᠎ᠠ ᠶᠢ ᠨᠢ ᠵᠤᠭᠰᠤᠭᠠᠯᠭᠠᠬᠤ ᠪᠠᠷ ᠪᠠᠷᠢᠴᠠᠭᠠᠯᠠᠭᠴᠢ ᠳᠤ ᠭᠤᠶᠣᠴᠢᠯᠠᠬᠤ ᠡᠷᠬᠡ ᠲᠠᠢ︔ ᠪᠠᠷᠢᠴᠠᠭᠠᠨ ᠤ ᠡᠳ᠋ ᠬᠦᠷᠦᠩᠭᠡ ᠶᠢᠨ ᠦᠷᠳᠡᠭ ᠨᠢ ᠪᠠᠭᠤᠷᠠᠭᠰᠠᠨ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠨ ᠤ ᠡᠳ᠋ ᠬᠦᠷᠦᠩᠭᠡ ᠶᠢᠨ ᠦᠷᠳᠡᠭ ᠢ ᠰᠡᠷᠬᠦᠭᠡᠯᠭᠡᠬᠦ ᠪᠤᠶᠤ ᠪᠠᠭᠤᠷᠠᠭᠰᠠᠨ ᠦᠷᠳᠡᠭ ᠲᠠᠢ ᠨᠢ ᠵᠤᠬᠢᠴᠠᠩᠭᠤᠢ ᠲᠠᠭᠠᠭᠠᠯᠳᠠ ᠬᠠᠨᠭ᠍ᠭᠠᠯᠭᠠᠬᠤ ᠪᠠᠷ ᠭᠤᠶᠣᠴᠢᠯᠠᠬᠤ ᠡᠷᠬᠡ ᠲᠠᠢ᠃ ᠪᠠᠷᠢᠴᠠᠭᠠᠯᠠᠭᠴᠢ ᠪᠠᠷᠢᠴᠠᠭᠠᠨ ᠤ ᠡᠳ᠋ ᠬᠦᠷᠦᠩᠭᠡ ᠶᠢᠨ ᠦᠷᠳᠡᠭ ᠢ ᠰᠡᠷᠬᠦᠭᠡᠬᠦ ᠦᠭᠡᠢ ᠮᠦᠷᠳᠡᠭᠡᠨ ᠲᠠᠭᠠᠭᠠᠯᠳᠠ ᠪᠠᠰᠠ ᠬᠠᠨᠭ᠍ᠭᠠᠬᠤ ᠦᠭᠡᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠭᠦᠯᠬᠦ ᠪᠠᠷ ᠦᠭᠴᠡᠭᠡᠳᠡᠨ ᠳᠤ ᠭᠤᠶᠣᠴᠢᠯᠠᠬᠤ ᠡᠷᠬᠡ ᠲᠠᠢ᠃ᠲᠦᠷᠪᠡᠨ ᠵᠠᠭᠤ ᠶᠢᠰᠦᠳᠦᠭᠡᠷ ᠵᠦᠢᠯ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠨ ᠤ ᠡᠷᠬᠡ ᠪᠤᠶᠤ ᠪᠠᠷᠢᠴᠠᠭᠠᠨ ᠤ ᠡᠷᠬᠡ ᠶᠢᠨ ᠪᠠᠶᠢᠷᠢ ᠶᠢᠨ ᠲᠠᠷᠠᠭᠠᠯᠠᠯ ᠢᠶᠠᠨ ᠬᠠᠶᠠᠵᠤ ᠪᠤᠯᠤᠨ᠎ᠠ᠃ ᠪᠠᠷᠢᠴᠠᠭᠠᠨ ᠤ ᠡᠷᠬᠡᠳᠦ ᠬᠦᠮᠦᠨ ᠪᠤᠯᠤᠨ ᠪᠠᠷᠢᠴᠠᠭᠠᠯᠠᠭᠴᠢ ᠪᠠᠷᠢᠴᠠᠭᠠᠨ ᠤ ᠡᠷᠬᠡ ᠶᠢᠨ ᠪᠠᠶᠢᠷᠢ ᠶᠢᠨ ᠲᠠᠷᠠᠭᠠᠯᠠᠯ ᠵᠢᠴᠢ ᠲᠠᠭᠠᠭᠠᠯᠳᠠ ᠬᠢᠭᠰᠡᠨ ᠠᠪᠴᠠᠭ᠎ᠠ ᠶᠢᠨ ᠲᠤᠭ᠎ᠠ ᠵᠡᠷᠭᠡ ᠠᠭᠤᠯᠭ᠎ᠠ ᠶᠢ ᠵᠦᠪᠳᠡᠯᠴᠡᠨ ᠬᠤᠪᠢᠷᠠᠭᠤᠯᠵᠤ ᠪᠤᠯᠤᠨ᠎ᠠ᠃ ᠭᠡᠪᠡᠴᠦ ᠪᠠᠷᠢᠴᠠᠭᠠᠨ ᠤ ᠡᠷᠬᠡ ᠶᠢ ᠬᠤᠪᠢᠷᠠᠭᠤᠯᠬᠤ ᠳᠠᠭᠠᠨ ᠪᠤᠰᠤᠳ ᠪᠠᠷᠢᠴᠠᠭᠠᠨ ᠤ ᠡᠷᠬᠡᠳᠦ ᠬᠦᠮᠦᠨ ᠤ ᠪᠢᠴᠢᠭ ᠤᠨ ᠵᠦᠪᠰᠢᠶᠡᠷᠡᠯ ᠢ ᠤᠯᠤᠭᠰᠠᠨ ᠦᠭᠡᠢ ᠪᠤᠯ᠂ ᠪᠤᠰᠤᠳ ᠪᠠᠷᠢᠴᠠᠭᠠᠨ ᠤ ᠡᠷᠬᠡᠳᠦ ᠬᠦᠮᠦᠨ ᠳᠤ ᠠᠰᠢᠭ ᠦᠭᠡᠢ ᠨᠦᠯᠦᠭᠡ ᠭᠠᠷᠭᠠᠵᠤ ᠪᠤᠯᠬᠤ ᠦᠭᠡᠢ᠃ᠦᠭᠴᠡᠭᠡᠳᠡᠨ ᠦᠪᠡᠷ ᠤᠨ ᠡᠳ᠋ ᠬᠦᠷᠦᠩᠭᠡ ᠪᠠᠷ ᠢᠶᠠᠨ ᠪᠠᠷᠢᠴᠠᠭ᠎ᠠ ᠲᠤᠭᠳᠠᠭᠠᠵᠤ᠂ ᠪᠠᠷᠢᠴᠠᠭᠠᠨ ᠤ ᠡᠷᠬᠡᠳᠦ ᠬᠦᠮᠦᠨ ᠲᠤᠰ ᠪᠠᠷᠢᠴᠠᠭᠠᠨ ᠤ ᠡᠷᠭᠡ᠂ ᠪᠠᠷᠢᠴᠠᠭᠠᠨ ᠤ ᠡᠷᠬᠡ ᠶᠢᠨ ᠪᠠᠶᠢᠷᠢ ᠶᠢᠨ ᠲᠠᠷᠠᠭᠠᠯᠠᠯ ᠢᠶᠠᠨ ᠬᠠᠶᠠᠭᠰᠠᠨ ᠪᠤᠶᠤ ᠪᠠᠷᠢᠴᠠᠭᠠᠨ ᠤ ᠡᠷᠬᠡ ᠪᠠᠨ ᠬᠤᠪᠢᠷᠠᠭᠤᠯᠤᠭᠰᠠᠨ ᠪᠠᠶᠢᠪᠠᠯ᠂ ᠪᠤᠰᠤᠳ ᠲᠠᠭᠠᠭᠠᠭᠴᠢ ᠨᠢ ᠪᠠᠷᠢᠴᠠᠭᠠᠨ ᠤ ᠡᠷᠬᠡᠳᠦ ᠬᠦᠮᠦᠨ ᠤ ᠤᠷᠢᠳ ᠢᠶᠠᠷ ᠲᠦᠯᠦᠪᠦᠷᠢ ᠤᠯᠬᠤ ᠡᠷᠬᠡ ᠠᠰᠢᠬ ᠢᠶᠠᠨ ᠠᠯᠳᠠᠭᠰᠠᠨ ᠬᠡᠪᠴᠢᠶᠡᠨ ᠳᠤ ᠳᠠᠭᠠᠭᠠᠯᠲᠠ ᠶᠢᠨ ᠬᠠᠷᠢᠭᠤᠴᠠᠯᠭ᠎ᠠ ᠠᠴᠠ ᠬᠡᠯᠳᠦᠷᠢᠨ᠎ᠡ᠂ ᠭᠡᠪᠡᠴᠦ ᠪᠤᠰᠤᠳ ᠲᠠᠭᠠᠭᠠᠭᠴᠢ ᠮᠦᠨ ᠯᠠ ᠲᠠᠭᠠᠭᠠᠯᠳᠠ ᠬᠠᠨᠭ᠍ᠭᠠᠠᠬᠤ ᠪᠠᠷ ᠠᠮᠠᠯᠠᠭᠰᠠᠨ ᠨᠢ ᠡᠬᠦᠨ ᠳᠤ ᠪᠠᠭᠳᠠᠬᠤ ᠦᠭᠡᠢ᠃ᠲᠦᠷᠪᠡᠨ ᠵᠠᠭᠤ ᠠᠷᠪᠠᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠡᠯ᠂ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠯᠠᠭᠴᠢ ᠲᠠᠢ ᠬᠡᠯᠡᠯᠴᠡᠭᠡᠷ ᠢᠶᠠᠷ ᠲᠡᠮᠵᠢᠨ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠰᠠᠨ ᠪᠤᠶᠤ ᠲᠤᠰ ᠪᠠᠷᠢᠴᠠᠭᠠᠨ ᠤ ᠡᠳ᠋ ᠬᠥᠷᠤᠩᠭᠡ ᠶᠢ ᠦᠨ᠎ᠡ ᠬᠠᠶᠠᠨ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠦ ᠤᠯᠤᠭᠰᠠᠨ ᠦᠨ᠎ᠡ ᠶᠢᠨ ᠵᠤᠭᠤᠰ ᠢᠶᠠᠷ ᠤᠷᠢᠳ ᠢᠶᠠᠷ ᠲᠦᠯᠦᠪᠦᠷᠢ ᠤᠯᠵᠤ ᠪᠤᠯᠤᠨ᠎ᠠ᠃ ᠬᠡᠯᠡᠯᠴᠡᠭᠡᠷ ᠨᠢ ᠪᠤᠰᠤᠳ ᠠᠪᠴᠠᠭᠠᠳᠠᠨ ᠤ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ ᠪᠤᠰᠤᠳ ᠠᠪᠴᠠᠭᠠᠳᠠᠨ ᠲᠤᠰ ᠬᠡᠯᠡᠯᠴᠡᠭᠡᠷ ᠢ ᠬᠦᠴᠦᠨ ᠦᠭᠡᠢ ᠪᠤᠯᠭᠠᠭᠤᠯᠬᠤ ᠪᠠᠷ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃ᠪᠠᠷᠢᠴᠠᠭᠠᠨ ᠤ ᠡᠷᠭᠡᠳᠦ ᠬᠦᠮᠦᠨ ᠪᠤᠯᠤᠨ ᠪᠠᠷᠢᠴᠠᠭᠠᠯᠠᠭᠴᠢ ᠬᠤᠭᠤᠷᠤᠨᠳᠤ ᠪᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠠᠷᠭ᠎ᠠ ᠮᠠᠶ᠋ᠢᠭ ᠤᠨ ᠲᠤᠬᠠᠢ ᠬᠡᠯᠡᠯᠴᠡᠭᠡᠷ ᠲᠤᠬᠢᠷᠠᠭᠰᠠᠨ ᠦᠭᠡᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠬᠠᠶᠠᠨ ᠬᠤᠳᠠᠯᠳᠤᠭᠤᠯᠬᠤ᠂ ᠬᠤᠪᠢᠷᠠᠭᠤᠯᠤᠨ ᠬᠤᠳᠠᠯᠳᠤᠭᠤᠯᠬᠤ ᠪᠠᠷ ᠠᠷᠠᠳ ᠤᠨ ᠰᠢᠬᠦᠬᠦ ᠬᠤᠷᠢᠶ᠎ᠡ ᠳᠤ ᠭᠤᠶᠤᠴᠢᠯᠠᠵᠤ ᠪᠤᠯᠤᠨ᠎ᠠ᠃ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ ᠬᠦᠷᠪᠡᠯ ᠂ ᠵᠠᠬ᠎ᠠ ᠲᠡᠯᠭᠡᠬᠦᠷ ᠤᠨ ᠦᠨ᠎ᠡ ᠬᠠᠨᠭ᠍ᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ᠲᠦᠷᠪᠡᠨ ᠵᠠᠭᠤ ᠠᠷᠪᠠᠨ ᠨᠢᠭᠡᠳᠦᠭᠡᠷ ᠵᠦᠢᠯ ᠲᠤᠰ ᠬᠠᠤᠯᠢ ᠶᠢᠨ ᠭᠤᠷᠪᠠᠨ ᠵᠠᠭᠤ ᠶᠠᠷᠡᠨ ᠵᠢᠷᠭᠤᠳᠣᠭᠠᠷ ᠵᠦᠢᠯ ᠤᠨ ᠲᠤᠭᠳᠠᠭᠠᠯ ᠶᠤᠰᠤᠭᠠᠷ ᠪᠠᠷᠢᠴᠠᠭ᠎ᠠ ᠶᠢ ᠲᠤᠭᠳᠠᠭᠠᠭᠰᠠᠨ ᠪᠠᠶᠢᠪᠠᠯ᠂ ᠪᠠᠷᠢᠴᠠᠭᠠᠨ ᠤ ᠡᠳ᠋ ᠬᠦᠷᠦᠩᠭᠡ ᠨᠢ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠤᠢ ᠪᠤᠯᠬᠤ ᠴᠠᠭ ᠠᠴᠠ ᠲᠤᠭᠳᠠᠭᠠᠭᠳᠠᠨ᠎ᠠ᠄︵ᠨᠢᠭᠡ︶ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠠᠪᠴᠠᠭ᠎ᠠ ᠨᠢ ᠪᠡᠶᠡᠯᠡᠭᠳᠡᠭᠡᠳᠤᠢ︔︵ᠬᠤᠶᠠᠷ︶ ᠪᠠᠷᠢᠴᠠᠭᠠᠯᠠᠭᠴᠢ ᠲᠠᠮᠫᠤᠷᠠᠭᠰᠠᠨ ᠢᠶᠠᠷ ᠵᠠᠷᠯᠠᠭᠳᠠᠭᠰᠠᠨ ᠪᠤᠶᠤ ᠲᠠᠷᠬᠠᠭᠰᠠᠨ︔︵ᠭᠤᠷᠪᠠ︶ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ︔︵ᠲᠦᠷᠪᠡ︶ ᠠᠪᠴᠠᠭ᠎ᠠ ᠶᠢᠨ ᠪᠡᠶᠡᠯᠡᠭᠳᠡᠬᠦ ᠶᠢ ᠬᠦᠨᠳᠦ ᠨᠤᠴᠢᠳᠠᠢ ᠨᠦᠯᠦᠭᠡᠯᠡᠭᠦ ᠪᠤᠰᠤᠳ ᠪᠠᠶᠢᠳᠠᠯ᠃ᠲᠦᠷᠪᠡᠨ ᠵᠠᠭᠤ ᠠᠷᠪᠠᠨ ᠬᠤᠶᠠᠳᠣᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠤᠭᠰᠠᠨ ᠠᠴᠠ ᠪᠤᠯᠵᠤ ᠪᠠᠷᠢᠴᠠᠭᠠᠨ ᠤ ᠡᠳ᠋ ᠬᠦᠷᠦᠩᠭᠡ ᠶᠢ ᠨᠢ ᠠᠷᠠᠳ ᠤᠨ ᠰᠢᠬᠦᠬᠦ ᠬᠤᠷᠢᠶ᠎ᠠ ᠬᠠᠤᠯᠢ ᠶᠤᠰᠤᠭᠠᠷ ᠲᠠᠷᠤᠵᠤ ᠠᠪᠤᠭᠰᠠᠨ ᠪᠠᠶᠢᠪᠠᠯ᠂ ᠲᠠᠷᠤᠵᠤ ᠠᠪᠤᠭᠰᠠᠨ ᠡᠳᠦᠷ ᠠᠴᠠ ᠡᠬᠢᠯᠡᠨ᠂ ᠪᠠᠷᠢᠴᠠᠭᠠᠨ ᠤ ᠡᠷᠬᠡᠳᠦ ᠬᠦᠮᠦᠨ ᠲᠤᠰ ᠪᠠᠷᠢᠴᠠᠭᠠᠨ ᠤ ᠡᠳ᠋ ᠬᠦᠷᠦᠩᠭᠡ ᠶᠢᠨ ᠪᠠᠶᠢᠭᠠᠯᠢ ᠶᠢᠨ ᠦᠷᠡᠵᠢᠪᠦᠷᠢ ᠬᠥᠤ ᠪᠤᠶᠤ ᠬᠠᠤᠯᠢ ᠪᠠᠷ ᠲᠤᠭᠳᠠᠭᠠᠭᠰᠠᠨ ᠦᠷᠡᠵᠢᠪᠦᠷᠢ ᠬᠥᠤ ᠶᠢ ᠬᠤᠷᠢᠶᠠᠨ ᠠᠪᠬᠤ ᠡᠷᠬᠡ ᠲᠠᠢ᠂ ᠭᠡᠪᠡᠴᠦ ᠪᠠᠷᠢᠴᠠᠭᠠᠨ ᠤ ᠡᠷᠬᠡᠳᠦ ᠬᠦᠮᠦᠨ ᠬᠠᠤᠯᠢ ᠪᠠᠷ ᠲᠤᠭᠳᠠᠭᠠᠭᠰᠠᠨ ᠦᠷᠡᠵᠢᠪᠦᠷᠢ ᠬᠥᠤ ᠶᠢ ᠢᠯᠭᠠᠷᠠᠭᠤᠯᠤᠨ ᠲᠦᠯᠦᠬᠦ ᠶᠤᠰᠤᠳᠠᠢ ᠡᠬᠦᠷᠭᠡᠳᠦ ᠬᠦᠮᠦᠨ ᠳᠤ ᠮᠡᠳᠡᠭᠳᠡᠭᠰᠡᠨ ᠦᠭᠡᠢ ᠨᠢ ᠡᠬᠦᠨ ᠳᠤ ᠪᠠᠭᠳᠠᠬᠤ ᠦᠭᠡᠢ᠃ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠥᠤ ᠪᠠᠷ ᠦᠷᠡᠵᠢᠪᠦᠷᠢ ᠬᠥᠤ ᠶᠢ ᠬᠤᠷᠢᠶᠠᠨ ᠠᠪᠤᠭᠰᠠᠨ ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ᠲᠦᠷᠪᠡᠨ ᠵᠠᠭᠤ ᠠᠷᠪᠠᠨ ᠭᠤᠷᠪᠠᠳᠣᠭᠠᠷ ᠵᠦᠢᠯ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠰᠠᠠ ᠪᠤᠶᠤ ᠦᠨ᠎ᠠ ᠬᠠᠶᠠᠨ ᠬᠤᠳᠠᠯᠳᠤᠬᠰᠠᠠ᠂ ᠬᠤᠪᠢᠷᠠᠭᠤᠯᠤᠨ ᠬᠤᠳᠠᠯᠳᠤᠭᠰᠠᠨ ᠤ ᠲᠠᠷᠠᠭ᠎ᠠ᠂ ᠲᠡᠬᠦᠨ ᠤ ᠦᠨ᠎ᠡ ᠶᠢᠨ ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠪᠠᠷᠢᠴᠠᠭᠠᠯᠠᠭᠴᠢ ᠳᠤ ᠦᠮᠴᠢᠯᠡᠭᠳᠡᠨ᠎ᠡ᠂ ᠲᠤᠳᠠᠭᠤ ᠬᠡᠰᠡᠭ ᠢ ᠨᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ᠲᠦᠷᠪᠡᠨ ᠵᠠᠭᠤ ᠠᠷᠪᠠᠨ ᠲᠦᠷᠪᠡᠳᠦᠭᠡᠷ ᠵᠦᠢᠯ ᠮᠥᠨ ᠨᠢᠭᠡ ᠡᠳ᠋ ᠬᠦᠷᠦᠩᠭᠡ ᠶᠢ ᠬᠤᠶᠠᠷ ᠠᠴᠠ ᠲᠡᠭᠡᠭᠰᠢ ᠠᠪᠴᠠᠭᠠᠳᠠᠨ ᠳᠤ ᠪᠠᠷᠢᠴᠠᠭᠠᠯᠠᠭᠰᠠᠨ ᠪᠠᠶᠢᠪᠠᠯ᠂ ᠪᠠᠷᠢᠴᠠᠭᠠᠨ ᠤ ᠡᠳ᠋ ᠬᠦᠷᠦᠩᠭᠡ ᠶᠢ ᠦᠨ᠎ᠡ ᠬᠠᠶᠠᠨ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠡ ᠶᠢᠨ ᠵᠤᠭᠤᠰ ᠢ ᠲᠤᠤᠷ᠎ᠠ ᠵᠢᠭᠰᠠᠭᠠᠭᠰᠠᠨ ᠲᠤᠭᠳᠠᠭᠠᠯ ᠢᠶᠠᠷ ᠢᠯᠭᠠᠷᠠᠭᠤᠯᠤᠨ ᠲᠦᠯᠦᠨ᠎ᠠ᠄︵ᠨᠢᠭᠡ︶ ᠪᠠᠷᠢᠴᠠᠭᠠᠨ ᠤ ᠡᠷᠬᠡ ᠶᠢ ᠨᠢᠭᠡᠨᠳᠡ ᠲᠠᠩᠰᠠᠯᠠᠭᠤᠯᠤᠭᠰᠠᠨ ᠪᠠᠶᠢᠪᠠᠯ᠂ ᠲᠠᠩᠰᠠᠯᠠᠭᠤᠯᠤᠭᠰᠠᠨ ᠴᠠᠭ ᠤᠨ ᠳᠠᠷᠠᠭᠠᠯᠠᠯ ᠢᠶᠠᠷ ᠢᠯᠭᠠᠷᠠᠭᠤᠯᠤᠨ ᠲᠦᠯᠦᠬᠦ ᠲᠠᠷᠠᠭᠠᠯᠠᠯ ᠢ ᠲᠣᠭᠳᠠᠭᠠᠨ᠎ᠠ︔︵ᠬᠤᠶᠠᠷ︶ ᠪᠠᠷᠢᠴᠠᠭᠠᠨ ᠤ ᠡᠷᠬᠡ ᠶᠢ ᠨᠢᠭᠡᠨᠳᠡ ᠲᠠᠩᠰᠠᠯᠠᠭᠤᠯᠤᠭᠰᠠᠨ ᠨᠢ ᠲᠠᠩᠰᠠᠯᠠᠭᠤᠯᠤᠭᠰᠠᠠ ᠦᠭᠡᠢ ᠠᠴᠠ ᠤᠷᠢᠳ ᠢᠶᠠᠷ ᠲᠦᠯᠦᠪᠦᠷᠢ ᠤᠯᠤᠨ᠎ᠠ︔︵ᠭᠤᠷᠪᠠ︶ ᠪᠠᠷᠢᠴᠠᠭᠠᠨ ᠤ ᠡᠷᠬᠡ ᠶᠢ ᠲᠠᠩᠰᠠᠯᠠᠭᠤᠯᠤᠭᠰᠠᠨ ᠦᠭᠡᠢ ᠪᠠᠶᠢᠪᠠᠯ᠂ ᠠᠪᠴᠠᠭ᠎ᠠ ᠶᠢᠨ ᠬᠠᠷᠢᠴᠠᠯ ᠢᠶᠠᠷ ᠢᠯᠭᠠᠷᠠᠭᠤᠯᠤᠨ ᠲᠦᠯᠦᠨ᠎ᠡ᠃ᠲᠠᠩᠰᠠᠯᠠᠭᠤᠯᠵᠦ ᠪᠣᠯᠬᠤ ᠪᠤᠰᠤᠳ ᠲᠠᠭᠠᠭᠠᠯᠳᠠᠳᠤ ᠪᠤᠳᠡᠰ ᠤᠨ ᠡᠷᠭᠡ ᠶᠢᠨ ᠢᠯᠭᠠᠷᠠᠭᠤᠯᠤᠨ ᠲᠦᠯᠦᠬᠦ ᠲᠡᠰ ᠲᠠᠷᠠᠭᠠᠯᠠᠯ ᠳᠤ ᠡᠮᠦᠨᠡᠭᠢ ᠵᠦᠢᠯ ᠳᠤ ᠲᠣᠭᠳᠠᠭᠠᠯ ᠢ ᠯᠠᠪᠯᠠᠯᠳᠠ ᠪᠣᠯᠭᠠᠵᠦ ᠲᠣᠭᠢᠷᠠᠭᠤᠯᠣᠨ ᠭᠡᠷᠡᠭᠯᠡᠨ᠎ᠡ᠃ᠲᠦᠷᠪᠡᠨ ᠵᠠᠭᠤ ᠠᠷᠪᠠᠨ ᠲᠠᠪᠣᠳᠣᠭᠠᠷ ᠵᠦᠢᠯ ᠮᠦᠨ ᠨᠢᠭᠡ ᠡᠳ᠋ ᠭᠦᠷᠦᠩᠭᠡ ᠳᠤ ᠪᠠᠷᠢᠴᠠᠭᠠᠨ ᠤ ᠡᠷᠭᠡ ᠲᠣᠭᠳᠠᠭᠠᠭᠰᠠᠨ ᠮᠦᠷᠳᠡᠭᠡᠨ ᠪᠠᠰᠠ ᠲᠡᠨᠵᠢ ᠶᠢᠨ ᠡᠷᠭᠡ ᠲᠣᠭᠳᠠᠭᠠᠭᠰᠠᠨ ᠪᠠᠶᠢᠪᠠᠯ᠂ ᠲᠣᠰ ᠡᠳ᠋ ᠭᠦᠷᠦᠩᠭᠡ ᠶᠢ ᠦᠨ᠎ᠡ ᠬᠠᠶᠠᠨ ᠬᠤᠳᠠᠯᠳᠣᠵᠦ᠂ ᠬᠤᠪᠢᠷᠠᠭᠤᠯᠤᠨ ᠬᠤᠳᠠᠯᠳᠣᠵᠦ ᠣᠯᠣᠭᠰᠠᠨ ᠦᠨ᠎ᠡ ᠶᠢᠨ ᠵᠣᠭᠤᠰ ᠲᠤ ᠲᠠᠩᠰᠠᠯᠠᠭᠤᠯᠣᠭᠰᠠᠨ ᠂ ᠲᠣᠰᠢᠶᠠᠵᠦ ᠦᠭᠭᠦᠭᠰᠡᠨ ᠴᠠᠭ ᠤᠨ ᠲᠠᠷᠠᠭᠠᠯᠠᠯ ᠢᠶᠠᠷ ᠢᠯᠭᠠᠷᠠᠭᠤᠯᠤᠨ ᠲᠦᠯᠦᠬᠦ ᠲᠡᠰ ᠲᠠᠷᠠᠭᠠᠯᠠᠯ ᠢ ᠲᠣᠭᠳᠠᠭᠠᠨ᠎ᠠ᠃ᠲᠦᠷᠪᠡᠨ ᠵᠠᠭᠤ ᠠᠷᠪᠠᠨ ᠵᠢᠷᠭᠤᠳᠣᠭᠠᠷ ᠵᠦᠢᠯ ᠬᠥᠳᠡᠯᠬᠦ ᠬᠦᠷᠦᠩᠭᠡ ᠶᠢᠨ ᠪᠠᠷᠢᠴᠠᠭᠠᠳᠤ ᠳᠠᠭᠠᠭᠠᠯᠲᠠ ᠶᠢᠨ ᠭᠤᠣᠯ ᠠᠪᠴᠠᠭ᠎ᠠ ᠨᠢ ᠪᠠᠷᠢᠴᠠᠭᠠᠠ ᠤ ᠪᠣᠳᠠᠰ ᠤᠨ ᠦᠨ᠎ᠡ ᠶᠢᠨ ᠵᠣᠭᠤᠰ ᠪᠠᠶᠢᠵᠦ᠂ ᠬᠠᠷᠠᠯᠲᠠ ᠪᠣᠳᠠᠰ ᠢ ᠲᠤᠰᠢᠶᠠᠨ ᠥᠭᠭᠦᠭᠰᠡᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠪᠠᠷᠢᠴᠠᠭᠠᠯᠠᠬᠤ ᠲᠠᠩᠰᠠᠯᠠᠯᠳᠠ ᠬᠢᠯᠭᠡᠭᠰᠡᠨ ᠪᠠᠶᠢᠪᠠᠯ᠂ ᠲᠤᠰ ᠪᠠᠷᠢᠴᠠᠭᠠᠨ ᠤ ᠡᠷᠬᠡᠲᠦ ᠬᠥᠮᠦᠨ ᠨᠢ ᠪᠠᠷᠢᠴᠠᠭᠠᠨ ᠤ ᠪᠤᠳᠠᠰ ᠢ ᠬᠤᠳᠠᠯᠳᠤᠨ ᠠᠪᠤᠭᠴᠢ ᠶᠢᠨ ᠪᠤᠰᠤᠳ ᠲᠠᠭᠠᠭᠠᠯᠳᠠᠳᠤ ᠪᠣᠳᠠᠰ ᠤᠨ ᠡᠷᠬᠡᠲᠦ ᠬᠥᠮᠦᠨ ᠠᠴᠠ ᠤᠷᠢᠳ ᠢᠶᠠᠷ ᠲᠥᠯᠥᠪᠦᠷᠢ ᠣᠯᠤᠨ᠎ᠠ᠂ ᠭᠡᠪᠡᠴᠦ ᠦᠯᠡᠳᠡᠭᠡᠨ ᠠᠪᠬᠤ ᠡᠷᠬᠡᠲᠦ ᠬᠥᠮᠦᠨ ᠨᠢ ᠡᠭᠦᠨ ᠳᠤ ᠪᠠᠭᠲᠠᠬᠤ ᠦᠭᠡᠢ᠃ᠲᠦᠷᠪᠡᠨ ᠵᠠᠭᠤ ᠠᠷᠪᠠᠨ ᠲᠣᠯᠣᠳᠣᠭᠠᠷ ᠵᠦᠢᠯ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠪᠠᠷᠢᠴᠠᠭᠠᠯᠠᠭᠰᠠᠨ ᠤ ᠲᠠᠷᠠᠭ᠎ᠠ᠂ ᠲᠤᠰ ᠭᠠᠵᠠᠷ ᠰᠢᠷᠦᠢ ᠲᠡᠭᠡᠷ᠎ᠠ ᠰᠢᠨ᠎ᠠ ᠪᠠᠷ ᠨᠡᠮᠡᠭᠳᠡᠭᠰᠡᠨ ᠪᠠᠷᠢᠯᠭ᠎ᠠ ᠪᠠᠷᠢᠴᠠᠭᠠᠨ ᠤ ᠡᠳ᠋ ᠬᠦᠷᠦᠩᠭᠡ ᠳᠤ ᠲᠤᠭᠠᠴᠠᠭᠳᠠᠬᠤ ᠦᠭᠡᠢ᠃ ᠲᠤᠰ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠨᠢ ᠪᠠᠷᠢᠴᠠᠭᠠᠨ ᠤ ᠡᠷᠭᠡ ᠶᠢ ᠪᠡᠶᠡᠯᠡᠬᠦᠯᠬᠦ ᠦᠶ᠎ᠠ ᠳᠤ᠂ ᠲᠤᠰ ᠭᠠᠵᠠᠷ ᠰᠢᠷᠦᠢ ᠲᠡᠭᠡᠷ᠎ᠡ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠲᠠᠢ ᠬᠠᠮᠳᠤ ᠳᠤᠨᠢ ᠰᠢᠢᠳᠪᠤᠷᠢᠯᠠᠬᠦ ᠬᠡᠷᠡᠭᠳᠠᠢ᠃ ᠭᠡᠪᠡᠴᠦ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠤᠯᠤᠭᠰᠠᠨ ᠦᠨ᠎ᠠ ᠶᠢᠨ ᠵᠤᠭᠤᠰ ᠠᠴᠠ ᠪᠠᠷᠢᠴᠠᠭᠠᠨ ᠤ ᠡᠷᠬᠡᠳᠦ ᠬᠦᠮᠦᠨ ᠤᠷᠢᠳ ᠢᠶᠠᠷ ᠲᠦᠯᠦᠪᠦᠷᠢ ᠤᠯᠬᠤ ᠡᠷᠬᠡ ᠦᠭᠡᠢ᠃ᠲᠦᠷᠪᠡᠨ ᠵᠠᠭᠤ ᠠᠷᠪᠠᠨ ᠨᠠᠢᠮᠠᠳᠣᠭᠠᠷ ᠵᠦᠢᠯ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠭᠡᠷᠡᠭᠯᠡᠭᠦ ᠡᠷᠭᠡ ᠶᠢ ᠬᠠᠣᠯᠢ ᠶᠣᠰᠣᠭᠠᠷ ᠪᠠᠷᠢᠴᠠᠭᠠᠯᠠᠭᠰᠠᠠ ᠪᠠᠶᠢᠪᠠᠯ᠂ ᠪᠠᠷᠢᠴᠠᠭᠠᠨ ᠤ ᠡᠷᠬᠡ ᠶᠢ ᠪᠡᠶᠡᠯᠡᠭᠦᠯᠦᠭᠰᠡᠨ ᠤ ᠲᠠᠷᠠᠭ᠎ᠠ᠂ ᠬᠠᠤᠯᠢ ᠪᠠᠷ ᠲᠤᠭᠳᠠᠭᠠᠭᠰᠠᠨ ᠵᠢᠷᠤᠮ ᠢ ᠲᠠᠮᠵᠢᠬᠤ ᠦᠭᠡᠢ ᠪᠤᠯ ᠭᠠᠵᠠᠷ ᠰᠢᠷᠦᠢ ᠶᠢᠨ ᠦᠮᠴᠢᠯᠡᠯ ᠤᠨ ᠡᠷᠬᠡ ᠶᠢᠨ ᠰᠢᠨᠵᠢ ᠴᠢᠨᠠᠷ ᠪᠠ ᠭᠠᠵᠠᠷ ᠰᠢᠷᠤᠢ ᠶᠢᠨ ᠬᠡᠷᠡᠭᠯᠡᠯᠳᠡ ᠶᠢ ᠬᠤᠪᠢᠷᠠᠭᠤᠯᠵᠤ ᠪᠤᠯᠬᠤ ᠦᠭᠡᠢ᠃ᠲᠦᠷᠪᠡᠨ ᠵᠠᠭᠤ ᠠᠷᠪᠠ ᠶᠢᠰᠦᠳᠦᠭᠡᠷ ᠵᠦᠢᠯ ᠪᠠᠷᠢᠴᠠᠭᠠᠨ ᠤ ᠡᠷᠬᠡᠳᠦ ᠬᠦᠮᠦᠨ ᠭᠤᠤᠯ ᠠᠪᠴᠠᠭ᠎ᠠ ᠶᠢᠨ ᠵᠠᠷᠭᠤ ᠶᠢᠨ ᠬᠦᠴᠦᠨ ᠲᠠᠢ ᠬᠤᠭᠤᠴᠠᠭᠠᠨ ᠳᠤ ᠪᠠᠷᠢᠴᠠᠭᠠᠨ ᠤ ᠡᠷᠬᠡ ᠪᠠᠨ ᠬᠡᠷᠡᠭᠵᠢᠬᠦᠯᠬᠦ ᠬᠡᠷᠡᠭᠳᠡᠢ︔ ᠬᠡᠷᠡᠭᠵᠢᠬᠦᠯᠦᠭᠰᠡᠨ ᠦᠭᠡᠢ ᠪᠣᠯ ᠠᠷᠠᠳ ᠤᠨ ᠰᠢᠬᠦᠬᠦ ᠬᠤᠷᠢᠶ᠎ᠠ ᠬᠠᠮᠠᠭᠠᠯᠠᠬᠤ ᠦᠭᠡᠢ᠃ ᠬᠤᠶᠠᠳᠤᠭᠠᠷ ᠬᠡᠰᠡᠭ   ᠳᠡᠭᠡᠳᠦ ᠬᠢᠵᠠᠭᠠᠷᠲᠤ ᠪᠠᠷᠢᠴᠠᠭᠠᠨ ᠤ ᠡᠷᠬᠡᠲᠦᠷᠪᠡᠨ ᠵᠠᠭᠤ ᠬᠤᠷᠢᠳᠣᠭᠠᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ ᠦᠭᠴᠡᠭᠡᠳᠡᠨ ᠪᠤᠶᠤ ᠭᠤᠷᠪᠠᠳᠠᠭᠢ ᠬᠦᠮᠦᠨ ᠵᠤᠬᠢᠬᠤ ᠬᠤᠭᠤᠴᠠᠭᠠᠨ ᠳᠤ ᠵᠠᠯᠭᠠᠯᠳᠤᠭ᠎ᠠ ᠪᠠᠷ ᠪᠤᠢ ᠪᠤᠯᠬᠤ ᠠᠪᠴᠠᠭ᠎ᠠ ᠳᠤ ᠲᠠᠭᠠᠭᠠᠯᠳᠠ ᠶᠢᠨ ᠡᠳ᠋ ᠬᠥᠷᠤᠩᠭᠡ ᠬᠠᠨᠭ᠍ᠭᠠᠭᠰᠠᠨ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠪᠠᠷᠢᠴᠠᠭᠠᠨ ᠤ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠪᠠᠷᠢᠴᠠᠭᠠᠨ ᠤ ᠡᠷᠬᠡᠳᠦ ᠬᠦᠮᠦᠨ ᠠᠪᠴᠠᠭᠠᠨ ᠤ ᠲᠤᠭ᠎ᠠ ᠶᠢᠨ ᠳᠡᠭᠡᠳᠦ ᠬᠢᠵᠠᠭᠠᠷ ᠲᠤᠳᠤᠷ᠎ᠠ ᠲᠤᠰ ᠲᠠᠭᠠᠭᠠᠯᠳᠠ ᠶᠢᠨ ᠡᠳ᠋ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ᠲᠡᠭᠡᠳᠦ ᠬᠢᠵᠠᠭᠠᠷᠲᠤ ᠪᠠᠷᠢᠴᠠᠭᠠᠨ ᠤ ᠡᠷᠬᠡ ᠶᠢ ᠲᠤᠭᠳᠠᠭᠠᠬᠤ ᠠᠴᠠ ᠡᠮᠦᠨ᠎ᠡ ᠨᠢᠭᠡᠨᠳᠡ ᠤᠷᠤᠰᠢᠵᠤ ᠪᠠᠶᠢᠭᠰᠠᠨ ᠠᠪᠴᠠᠭ᠎ᠠ ᠶᠢ ᠲᠤᠬᠠᠢ ᠶᠢᠨ ᠬᠦᠮᠦᠨ ᠢᠶᠠᠷ ᠵᠦᠪᠰᠢᠶᠡᠷᠡᠬᠦᠯᠦᠭᠡᠳ᠂ ᠲᠡᠭᠡᠳᠦ ᠬᠢᠵᠠᠭᠠᠷᠲᠤ ᠪᠠᠷᠢᠴᠠᠭᠠᠳᠦ ᠲᠠᠭᠠᠭᠠᠯᠳᠠ ᠶᠢᠨ ᠠᠪᠴᠠᠭᠠᠨ ᠤ ᠬᠡᠪᠴᠢᠶᠡᠨ ᠳᠤ ᠰᠢᠯᠵᠢᠬᠦᠯᠦᠨ ᠤᠷᠤᠭᠤᠯᠵᠤ ᠪᠤᠯᠤᠨ᠎ᠠ᠃ᠲᠦᠷᠪᠡᠨ ᠵᠠᠭᠤ ᠬᠤᠷᠢᠨ ᠨᠢᠭᠡᠳᠦᠭᠡᠷ ᠵᠦᠢᠯ ᠲᠡᠭᠡᠳᠦ ᠬᠢᠵᠠᠭᠠᠷᠲᠤ ᠪᠠᠷᠢᠴᠠᠭᠠᠲᠤ ᠲᠠᠭᠠᠭᠠᠯᠳᠠ ᠶᠢᠨ ᠠᠪᠴᠠᠭ᠎ᠠ ᠶᠢ ᠲᠤᠭᠳᠠᠭᠠᠬᠤ ᠠᠴᠠ ᠡᠮᠦᠨ᠎ᠡ᠂ ᠬᠡᠰᠡᠭ ᠠᠪᠴᠠᠭ᠎ᠠ ᠶᠢ ᠰᠢᠯᠵᠢᠬᠦᠯᠦᠨ ᠦᠭᠬᠦᠭᠰᠡᠨ ᠪᠠᠶᠢᠪᠠᠯ᠂ ᠲᠡᠭᠡᠳᠦ ᠬᠢᠵᠠᠭᠠᠷᠲᠤ ᠪᠠᠷᠢᠴᠠᠭᠠᠨ ᠤ ᠡᠷᠬᠡ ᠶᠢ ᠰᠢᠯᠵᠢᠬᠦᠯᠦᠨ ᠦᠭᠴᠦ ᠪᠤᠯᠬᠤ ᠦᠭᠡᠢ᠂ ᠭᠡᠪᠡᠴᠦ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠲᠦᠷᠪᠡᠨ ᠵᠠᠭᠤ ᠬᠤᠷᠢᠨ ᠬᠤᠶᠠᠳᠣᠭᠠᠷ ᠵᠦᠢᠯ ᠲᠡᠭᠡᠳᠦ ᠬᠢᠵᠠᠭᠠᠷᠲᠤ ᠪᠠᠷᠢᠴᠠᠭᠠᠲᠤ ᠲᠠᠭᠠᠭᠠᠯᠳᠠ ᠶᠢᠨ ᠠᠪᠴᠠᠭ᠎ᠠ ᠶᠢ ᠲᠤᠭᠳᠠᠭᠠᠬᠤ ᠠᠴᠠ ᠡᠮᠦᠨ᠎ᠡ᠂ ᠪᠠᠷᠢᠴᠠᠭᠠᠨ ᠤ ᠡᠷᠭᠡᠳᠦ ᠬᠦᠮᠦᠨ ᠬᠢᠭᠡᠳ ᠪᠠᠷᠢᠴᠠᠭᠠᠯᠠᠭᠴᠢ ᠬᠡᠯᠡᠯᠴᠡᠭᠡᠷ ᠢᠶᠠᠷ ᠲᠠᠮᠵᠢᠨ ᠠᠪᠴᠠᠭ᠎ᠠ ᠶᠢ ᠲᠤᠭᠳᠠᠭᠠᠬᠤ ᠬᠤᠭᠤᠴᠠᠭ᠎ᠠ᠂ ᠠᠪᠴᠠᠭᠠᠨ ᠤ ᠬᠡᠪᠴᠢᠶ᠎ᠡ ᠵᠢᠴᠢ ᠠᠪᠴᠠᠭᠠᠨ ᠤ ᠲᠤᠭ᠎ᠠ ᠶᠢᠨ ᠳᠡᠭᠡᠳᠦ ᠬᠢᠵᠠᠭᠠᠷ ᠢ ᠬᠤᠪᠢᠷᠠᠭᠤᠯᠵᠤ ᠪᠤᠯᠤᠨ᠎ᠠ︔ ᠭᠡᠪᠡᠴᠦ ᠬᠤᠪᠢᠷᠠᠭᠤᠯᠤᠭᠰᠠᠨ ᠠᠭᠤᠯᠭ᠎ᠠ ᠨᠢ ᠪᠤᠰᠤᠳ ᠪᠠᠷᠢᠴᠠᠭᠠᠨ ᠤ ᠡᠷᠬᠡᠳᠦ ᠬᠦᠮᠦᠨ ᠳᠤ ᠠᠰᠢᠭ ᠦᠭᠡᠢ ᠨᠦᠯᠦᠭᠡ ᠭᠠᠷᠭᠠᠵᠤ ᠪᠤᠯᠬᠤ ᠦᠭᠡᠢ᠃ᠲᠦᠷᠪᠡᠨ ᠵᠠᠭᠤ ᠬᠤᠷᠢᠨ ᠭᠤᠷᠪᠠᠳᠣᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠪᠠᠷᠢᠴᠠᠭᠠᠨ ᠤ ᠡᠷᠬᠡᠳᠦ ᠬᠦᠮᠦᠨ ᠤ ᠠᠪᠴᠠᠭ᠎ᠠ ᠲᠤᠭᠳᠠᠭᠠᠭᠳᠠᠨ᠎ᠠ᠄︵ᠨᠢᠭᠡ︶ ᠪᠤᠯᠵᠤᠨ ᠲᠤᠭᠳᠠᠭᠰᠠᠨ ᠠᠪᠴᠠᠭ᠎ᠠ ᠶᠢ ᠲᠤᠭᠲᠠᠭᠠᠬᠤ ᠬᠤᠭᠤᠴᠠᠭ᠎ᠠ ᠲᠦᠬᠦᠷᠦᠭᠰᠡᠨ︔︵ᠬᠤᠶᠠᠷ︶ ᠠᠪᠴᠠᠭ᠎ᠠ ᠶᠢ ᠲᠤᠭᠲᠠᠭᠠᠬᠤ ᠬᠤᠭᠤᠴᠠᠭ᠎ᠠ ᠶᠢ ᠪᠤᠯᠵᠤᠨ ᠲᠤᠭᠳᠠᠭᠰᠠᠨ ᠦᠭᠡᠢ ᠪᠤᠶᠤ ᠪᠤᠯᠵᠤᠨ ᠲᠤᠭᠲᠠᠭᠰᠠᠨ ᠨᠢ ᠲᠤᠳᠤᠷᠬᠠᠢ ᠦᠭᠡᠢ᠂ ᠪᠠᠷᠢᠴᠠᠭᠠᠨ ᠤ ᠡᠷᠬᠡᠳᠦ ᠬᠦᠮᠦᠨ ᠪᠤᠶᠤ ᠪᠠᠷᠢᠴᠠᠭᠠᠯᠠᠭᠴᠢ ᠲᠡᠭᠡᠳᠦ ᠬᠢᠵᠠᠭᠠᠷᠲᠤ ᠪᠠᠷᠢᠴᠠᠭᠠᠨ ᠤ ᠡᠷᠬᠡ ᠶᠢ ᠲᠤᠭᠳᠠᠭᠠᠬᠰᠠᠠ ᠡᠳᠦᠷ ᠠᠴᠠ ᠡᠬᠢᠯᠡᠨ ᠪᠦᠬᠦᠯᠢ ᠬᠤᠶᠠᠷ ᠵᠢᠯ ᠤᠨ ᠲᠠᠷᠠᠭ᠎ᠠ ᠠᠪᠴᠠᠭ᠎ᠠ ᠶᠢ ᠲᠤᠭᠳᠠᠭᠠᠬᠤ ᠪᠠᠷ ᠭᠤᠶᠤᠴᠢᠯᠠᠭᠰᠠᠨ︔︵ᠭᠤᠷᠪᠠ︶ ᠰᠢᠨ᠎ᠠ ᠠᠪᠴᠠᠭ᠎ᠠ ᠪᠤᠢ ᠪᠤᠯᠬᠤ ᠪᠤᠯᠤᠮᠵᠢ ᠦᠭᠡᠢ︔︵ᠲᠦᠷᠪᠠ︶ ᠪᠠᠷᠢᠴᠠᠭᠠᠨ ᠤ ᠡᠳ᠋ ᠬᠦᠷᠦᠩᠭᠡ ᠶᠢ ᠪᠠᠶᠢᠴᠠᠭᠠᠨ ᠪᠢᠳᠡᠬᠦᠮᠵᠢᠯᠡᠭᠰᠡᠨ᠂ ᠲᠠᠷᠤᠵᠤ ᠠᠪᠤᠭᠰᠠᠨ ᠢ ᠪᠠᠷᠢᠴᠠᠭᠠᠨ ᠤ ᠡᠷᠭᠡᠳᠦ ᠭᠦᠮᠦᠨ ᠮᠡᠳᠡᠭᠰᠡᠨ ᠪᠣᠶᠣ ᠮᠡᠳᠡᠭᠦ ᠶᠣᠰᠣᠳᠠᠢ ᠪᠠᠶᠢᠭᠰᠠᠨ︔︵ᠲᠠᠪᠤ︶ ᠦᠭᠴᠡᠭᠡᠳᠡᠨ᠂ ᠪᠠᠷᠢᠴᠠᠭᠠᠯᠠᠭᠴᠢ ᠲᠠᠮᠫᠤᠷᠠᠭᠰᠠᠨ ᠢᠶᠠᠷ ᠵᠠᠷᠯᠠᠭᠳᠠᠭᠰᠠᠨ ᠪᠤᠶᠤ ᠲᠠᠷᠬᠠᠭᠰᠠᠨ︔︵ᠵᠢᠷᠭᠤᠭ᠎ᠠ︶ ᠬᠠᠤᠯᠢ ᠴᠠᠭᠠᠵᠠ ᠳᠤ ᠲᠤᠭᠲᠠᠭᠠᠭᠰᠠᠨ ᠠᠪᠴᠠᠭᠠᠨ ᠤ ᠡᠷᠬᠡ ᠲᠤᠭᠲᠠᠭᠠᠬᠳᠠᠬᠤ ᠪᠤᠰᠤᠳ ᠪᠠᠶᠢᠳᠠᠯ᠃ᠳᠦᠷᠪᠡᠨ ᠵᠠᠭᠤ ᠬᠤᠷᠢᠨ ᠳᠦᠷᠪᠡᠳᠦᠭᠡᠷ ᠵᠦᠢᠯ ᠳᠡᠭᠡᠲᠦ ᠬᠢᠵᠠᠭᠠᠷᠲᠤ ᠪᠠᠷᠢᠴᠠᠭᠠᠨ ᠤ ᠡᠷᠬᠡ ᠳᠤ ᠲᠤᠰ ᠬᠡᠰᠡᠭ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠪᠦᠯᠦᠭ ᠤᠨ ᠨᠢᠭᠡᠳᠦᠭᠡᠷ ᠬᠡᠰᠡᠭ ᠤᠨ ᠬᠤᠯᠪᠤᠭᠳᠠᠯ ᠪᠦᠬᠦᠢ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ ᠠᠷᠪᠠᠨ ᠨᠠᠢᠮᠠᠳᠤᠭᠠᠷ ᠪᠦᠯᠦᠭ   ᠲᠠᠨᠵᠢ ᠶᠢᠨ ᠡᠷᠬᠡ ᠨᠢᠭᠡᠳᠦᠭᠡᠷ ᠬᠡᠰᠡᠭ   ᠬᠦᠳᠡᠯᠬᠦ ᠬᠦᠷᠦᠩᠭᠡ ᠶᠢᠨ ᠲᠠᠨᠵᠢ ᠶᠢᠨ ᠡᠷᠬᠡᠳᠦᠷᠪᠡᠨ ᠵᠠᠭᠤ ᠬᠤᠷᠢᠨ ᠲᠠᠪᠤᠳᠤᠭᠠᠷ ᠵᠦᠢᠯ ᠦᠭᠴᠡᠭᠡ ᠶᠢ ᠬᠦᠢᠴᠡᠳᠭᠡᠬᠦ ᠳᠤ ᠲᠠᠭᠠᠭᠠᠯᠳᠠ ᠬᠢᠬᠦ ᠶᠢᠨ ᠲᠦᠯᠦᠭᠡ᠂ ᠦᠭᠴᠡᠭᠡᠳᠡᠨ ᠪᠤᠶᠤ ᠭᠤᠷᠪᠠᠳᠠᠬᠢ ᠬᠦᠮᠦᠨ ᠬᠦᠳᠡᠯᠬᠦ ᠬᠦᠷᠦᠩᠭᠡ ᠪᠠᠨ ᠠᠪᠴᠠᠭᠠᠳᠠᠨ ᠳᠤ ᠲᠠᠨᠵᠢᠯᠠᠨ ᠦᠭᠴᠤ ᠡᠵᠡᠮᠰᠢᠬᠦᠯᠦᠭᠰᠡᠨ ᠪᠠᠶᠢᠪᠠᠯ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠨᠵᠢ ᠶᠢᠨ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠠᠪᠴᠠᠭᠠᠳᠠᠨ ᠲᠤᠰ ᠬᠦᠳᠡᠯᠬᠦ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ᠡᠮᠦᠨᠡᠬᠢ ᠵᠦᠢᠯ ᠳᠤ ᠲᠤᠭᠳᠠᠭᠠᠭᠰᠠᠨ ᠦᠭᠴᠡᠭᠡᠳᠡᠨ ᠪᠤᠶᠤ ᠭᠤᠷᠪᠠᠳᠠᠬᠢ ᠬᠦᠮᠦᠨ ᠪᠤᠯ ᠲᠠᠨᠵᠢᠯᠠᠭᠴᠢ ᠮᠦᠨ᠂ ᠠᠪᠴᠠᠭᠠᠳᠠᠨ ᠪᠤᠯ ᠲᠠᠨᠵᠢ ᠶᠢᠨ ᠡᠷᠬᠡᠳᠦ ᠬᠦᠮᠦᠨ ᠮᠦᠨ᠂ ᠲᠤᠰᠢᠶᠠᠨ ᠥᠭᠭᠦᠭᠰᠡᠨ ᠬᠦᠳᠡᠯᠬᠦ ᠬᠦᠷᠦᠩᠭᠡ ᠪᠤᠯ ᠲᠠᠨᠵᠢ ᠶᠢᠨ ᠡᠳ᠋ ᠬᠦᠷᠦᠩᠭᠡ ᠮᠦᠨ᠃ᠳᠦᠷᠪᠡᠨ ᠵᠠᠭᠤ ᠬᠤᠷᠢᠨ ᠵᠢᠷᠭᠤᠳᠤᠭᠠᠷ ᠵᠦᠢᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠰᠢᠯᠵᠢᠬᠦᠯᠦᠨ ᠦᠭᠬᠦ ᠶᠢ ᠴᠠᠭᠠᠵᠠᠯᠠᠭᠰᠠᠨ ᠬᠦᠳᠡᠯᠬᠦ ᠬᠦᠷᠦᠩᠭᠡ ᠶᠢ ᠲᠠᠨᠵᠢᠯᠠᠵᠤ ᠪᠤᠯᠬᠤ ᠦᠭᠡᠢ᠃ᠳᠦᠷᠪᠡᠨ ᠵᠠᠭᠤ ᠬᠤᠷᠢᠨ ᠳᠤᠯᠤᠳᠤᠭᠠᠷ ᠵᠦᠢᠯ ᠲᠠᠨᠵᠢ ᠶᠢᠨ ᠡᠷᠬᠡ ᠶᠢ ᠲᠤᠭᠳᠠᠭᠠᠬᠤ ᠳᠤ ᠲᠤᠬᠠᠢ ᠶᠢᠨ ᠬᠦᠮᠦᠨ ᠨᠢ ᠪᠢᠴᠢᠭ ᠤᠨ ᠬᠡᠯᠪᠡᠷᠢ ᠪᠠᠷ ᠲᠠᠨᠵᠢᠯᠠᠭ᠎ᠠ ᠶᠢᠨ ᠭᠡᠷ᠎ᠡ ᠲᠤᠭᠳᠠᠭᠠᠬᠤ ᠬᠡᠷᠡᠭᠳᠡᠢ᠃ᠲᠠᠨᠵᠢᠯᠠᠭ᠎ᠠ ᠶᠢᠨ ᠬᠡᠷ᠎ᠡ ᠳᠤ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠠᠭᠠᠨ᠎ᠠ᠄︵ᠨᠢᠭᠡ︶ ᠲᠠᠭᠠᠭᠠᠯᠳᠠ ᠬᠢᠭᠰᠡᠨ ᠠᠪᠴᠠᠭ᠎ᠠ ᠶᠢᠨ ᠲᠦᠷᠦᠯ ᠵᠦᠢᠯ ᠪᠠ ᠲᠤᠭ᠎ᠠ ᠬᠡᠮᠵᠢᠶ᠎ᠠ︔︵ᠬᠤᠶᠠᠷ︶ ᠦᠭᠴᠡᠭᠡᠳᠡᠨ ᠤ ᠦᠭᠴᠡᠭᠡ ᠪᠠᠨ ᠬᠦᠢᠴᠡᠳᠭᠡᠬᠦ ᠬᠤᠭᠤᠴᠠᠭ᠎ᠠ︔︵ᠭᠤᠷᠪᠠ︶ ᠲᠠᠨᠵᠢ ᠶᠢᠨ ᠡᠳ᠋ ᠬᠦᠷᠦᠩᠭᠡ ᠶᠢᠨ ᠨᠡᠷᠡᠶᠢᠳᠤᠯ᠂ ᠲᠤᠭ᠎ᠠ ᠬᠡᠮᠵᠢᠶ᠎ᠠ ᠵᠡᠷᠭᠡ ᠪᠠᠶᠢᠳᠠᠯ︔︵ᠲᠦᠷᠪᠡ︶ ᠲᠠᠭᠠᠭᠠᠯᠳᠠ ᠬᠢᠬᠦ ᠬᠡᠪᠴᠢᠶ᠎ᠠ︔︵ᠲᠠᠪᠤ︶ ᠲᠠᠨᠵᠢ ᠶᠢᠨ ᠡᠳ᠋ ᠬᠦᠷᠦᠩᠭᠡ ᠶᠢ ᠲᠤᠰᠢᠶᠠᠨ ᠥᠭᠬᠦ ᠴᠠᠭ᠂ ᠠᠷᠭ᠎ᠠ ᠮᠠᠶ᠋ᠢᠭ᠃ᠳᠦᠷᠪᠡᠨ ᠵᠠᠭᠤ ᠬᠤᠷᠢᠨ ᠨᠠᠢᠮᠠᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠨᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠬᠦ ᠠᠴᠠ ᠡᠮᠦᠨ᠎ᠡ᠂ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠦᠶ᠎ᠠ ᠳᠤ ᠲᠠᠨᠵᠢ ᠶᠢᠨ ᠡᠳ᠋ ᠬᠦᠷᠦᠩᠭᠡ ᠨᠢ ᠠᠪᠴᠠᠭᠠᠳᠠᠨ ᠳᠤ ᠦᠮᠴᠢᠯᠡᠭᠳᠡᠨ᠎ᠠ ᠭᠡᠵᠦ ᠲᠠᠨᠵᠢᠯᠠᠭᠴᠢ ᠲᠠᠢ ᠪᠤᠯᠵᠤᠨ ᠲᠤᠭᠲᠠᠭᠰᠠᠨ ᠪᠠᠶᠢᠪᠠᠯ᠂ ᠬᠠᠤᠯᠢ ᠶᠤᠰᠤᠭᠠᠷ ᠵᠦᠪᠬᠡᠨ ᠳᠡᠨᠵᠢ ᠶᠢᠨ ᠡᠳ᠋ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠤᠨ᠎ᠠ᠃ᠳᠦᠷᠪᠡᠨ ᠵᠠᠭᠤ ᠬᠤᠷᠢ ᠶᠢᠰᠦᠳᠦᠭᠡᠷ ᠵᠦᠢᠯ ᠲᠠᠨᠵᠢ ᠶᠢᠨ ᠡᠷᠬᠡ ᠨᠢ ᠲᠠᠨᠵᠢᠯᠠᠭᠴᠢ ᠲᠠᠨᠵᠢ ᠶᠢᠨ ᠡᠳ᠋ ᠬᠦᠷᠦᠩᠭᠡ ᠶᠢ ᠲᠤᠰᠢᠶᠠᠬᠰᠠᠨ ᠴᠠᠭ ᠠᠴᠠ ᠲᠤᠬᠳᠠᠭᠠᠭᠳᠠᠨ᠎ᠠ᠃ᠳᠦᠷᠪᠡᠨ ᠵᠠᠭᠤ ᠭᠤᠴᠢᠳᠤᠭᠠᠷ ᠵᠦᠢᠯ ᠲᠠᠨᠵᠢ ᠶᠢᠨ ᠡᠷᠭᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢᠨ ᠦᠷᠡᠵᠢᠪᠦᠷᠢ ᠬᠦᠦ ᠶᠢ ᠬᠤᠷᠢᠶᠠᠨ ᠠᠪᠬᠤ ᠡᠷᠬᠡ ᠲᠠᠢ᠂ ᠬᠡᠪᠡᠴᠦ ᠭᠡᠷ᠎ᠡ ᠳᠤ ᠠᠰᠳᠠᠭᠠᠨ ᠪᠤᠯᠵᠤᠯ ᠲᠠᠢ ᠨᠢ ᠡᠬᠦᠨ ᠳᠤ ᠪᠠᠭᠳᠠᠬᠤ ᠦᠭᠡᠢ᠃ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠦᠦ ᠪᠠᠷ ᠦᠷᠡᠵᠢᠪᠦᠷᠢ ᠬᠦᠦ ᠶᠢ ᠬᠤᠷᠢᠶᠠᠨ ᠠᠪᠤᠬᠰᠠᠨ ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ᠳᠦᠷᠪᠡᠨ ᠵᠠᠭᠤ ᠭᠤᠴᠢᠨ ᠨᠢᠭᠡᠳᠦᠭᠡᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠦᠷᠬᠦᠯᠵᠢᠯᠡᠨ ᠤᠷᠤᠰᠢᠬᠤ ᠬᠤᠭᠤᠴᠠᠭᠠᠨ ᠳᠤ ᠲᠠᠨᠵᠢᠯᠠᠭᠴᠢ ᠪᠠᠷ ᠵᠦᠪᠰᠢᠶᠡᠷᠡᠬᠦᠯᠦᠭᠰᠡᠨ ᠦᠭᠡᠢ ᠪᠠᠷ ᠲᠠᠨᠵᠢ ᠶᠢᠨ ᠡᠳ᠋ ᠬᠦᠷᠦᠩᠭᠡ ᠶᠢ ᠲᠤᠷ᠎ᠠ ᠪᠠᠷ ᠢᠶᠠᠨ ᠬᠡᠷᠡᠭᠯᠡᠵᠦ ᠰᠢᠢᠳᠪᠦᠷᠢᠯᠡᠭᠡᠳ ᠲᠠᠨᠵᠢᠯᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠳᠦᠷᠪᠡᠨ ᠵᠠᠭᠤ ᠭᠤᠴᠢᠨ ᠬᠤᠶᠠᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢ ᠲᠤᠬᠢᠲᠠᠢ ᠬᠠᠳᠠᠭᠠᠯᠠᠨ ᠬᠠᠮᠢᠶᠠᠷᠬᠤ ᠡᠬᠦᠷᠭᠡ ᠲᠠᠢ︔ ᠲᠤᠬᠢᠲᠠᠢ ᠬᠠᠳᠠᠭᠠᠯᠠᠨ ᠬᠠᠮᠢᠶᠠᠷᠤᠬᠰᠠᠨ ᠦᠭᠡᠢ ᠠᠴᠠ ᠪᠤᠯᠤᠭᠠᠳ ᠲᠠᠨᠵᠢ ᠶᠢᠨ ᠡᠳ᠋ ᠬᠦᠷᠦᠩᠭᠡ ᠶᠢ ᠡᠪᠳᠡᠷᠡᠨ ᠰᠦᠢᠳᠬᠦ᠂ ᠤᠰᠠᠳᠬᠤ ᠳᠤ ᠬᠦᠷᠦᠭᠦᠯᠦᠭᠰᠡᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠲᠠᠨᠵᠢ ᠶᠢᠨ ᠡᠷᠬᠡᠳᠦ ᠬᠦᠮᠦᠨ ᠤ ᠦᠢᠯᠡ ᠠᠵᠢᠯᠯᠠᠭ᠎ᠠ ᠨᠢ ᠲᠠᠨᠵᠢ ᠶᠢᠨ ᠡᠳ᠋ ᠬᠦᠷᠦᠩᠭᠡ ᠶᠢ ᠡᠪᠳᠡᠷᠡᠨ ᠰᠦᠢᠳᠬᠦ᠂ ᠤᠰᠠᠳᠬᠤ ᠳᠤ ᠬᠦᠷᠦᠭᠦᠯᠵᠦ ᠮᠡᠳᠡᠬᠦ ᠳᠤ ᠬᠦᠷᠪᠠᠯ᠂ ᠲᠠᠨᠵᠢᠯᠠᠭᠴᠢ ᠨᠢ ᠲᠠᠨᠵᠢ ᠶᠢᠨ ᠡᠷᠭᠡᠳᠦ ᠬᠦᠮᠦᠨ ᠳᠤ ᠲᠠᠨᠵᠢ ᠶᠢᠨ ᠡᠳ᠋ ᠬᠦᠷᠦᠩᠭᠡ ᠪᠠᠨ ᠭᠠᠷᠭᠠᠵᠤ ᠬᠠᠳᠠᠭᠠᠯᠠᠭᠤᠯᠬᠤ ᠪᠠᠷ ᠭᠤᠶᠤᠴᠢᠯᠠᠬᠤ ᠪᠤᠶᠤ ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠬᠦ ᠶᠢᠨ ᠬᠠᠮᠳᠤ ᠲᠠᠨᠵᠢ ᠶᠢᠨ ᠡᠳ᠋ ᠬᠦᠷᠦᠩᠭᠡ ᠪᠠᠨ ᠪᠤᠴᠠᠭᠠᠵᠤ ᠠᠪᠬᠤ ᠪᠠᠷ ᠭᠤᠶᠤᠴᠢᠯᠠᠵᠤ ᠪᠤᠯᠤᠨ᠎ᠠ᠃ᠳᠦᠷᠪᠡᠨ ᠵᠠᠭᠤ ᠭᠤᠴᠢᠨ ᠭᠤᠷᠪᠠᠳᠤᠭᠠᠷ ᠵᠦᠢᠯ ᠲᠠᠨᠵᠢ ᠶᠢᠨ ᠡᠷᠭᠡᠳᠦ ᠬᠦᠮᠦᠨ ᠳᠤ ᠬᠠᠷᠢᠭᠤᠴᠠᠯᠭ᠎ᠠ ᠲᠤᠯᠭᠠᠵᠤ ᠦᠯᠦ ᠪᠤᠯᠬᠤ ᠤᠴᠢᠷ ᠰᠢᠯᠳᠠᠭᠠᠨ ᠠᠴᠠ ᠪᠤᠯᠵᠤ ᠲᠠᠨᠵᠢ ᠶᠢᠨ ᠡᠳ᠋ ᠬᠦᠷᠦᠩᠭᠡ ᠶᠢ ᠡᠪᠳᠡᠯᠡᠨ ᠰᠦᠢᠳᠬᠡᠭᠰᠡᠨ ᠪᠤᠶᠤ ᠦᠷᠳᠡᠭ ᠢ ᠨᠢ ᠢᠯᠡᠳᠳᠡ ᠪᠠᠭᠤᠷᠠᠭᠤᠯᠵᠤ᠂ ᠲᠡᠨᠵᠢ ᠶᠢᠨ ᠡᠷᠭᠡᠳᠤ ᠬᠥᠮᠤᠨ ᠤ ᠡᠷᠭᠡ ᠶᠢ ᠬᠤᠬᠢᠷᠠᠭᠤᠯᠬᠤ ᠬᠡᠮᠵᠢᠶᠡᠨ ᠳᠤ ᠬᠦᠷᠦᠭᠦᠯᠵᠤ ᠮᠡᠳᠡᠬᠦ ᠳᠤ ᠬᠦᠷᠪᠠᠯ᠂ ᠲᠠᠨᠵᠢ ᠶᠢᠨ ᠡᠷᠬᠡᠳᠦ ᠬᠦᠮᠦᠨ ᠵᠤᠬᠢᠴᠠᠩᠭᠤᠢ ᠲᠠᠭᠠᠭᠠᠯᠳᠠ ᠬᠠᠨᠭ᠍ᠭᠠᠯᠭᠠᠬᠤ ᠪᠠᠷ ᠲᠠᠨᠵᠢᠯᠠᠭᠴᠢ ᠳᠤ ᠭᠤᠶᠤᠴᠢᠯᠠᠬᠤ ᠡᠷᠬᠡ ᠲᠠᠢ︔ ᠲᠠᠨᠵᠢᠯᠠᠭᠴᠢ ᠨᠢ ᠬᠠᠨᠭ᠍ᠭᠠᠬᠤ ᠦᠭᠡᠢ ᠪᠠᠶᠢᠪᠠᠯ᠂ ᠲᠡᠨᠵᠢ ᠶᠢᠨ ᠡᠷᠬᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ᠂ ᠬᠤᠪᠢᠷᠠᠭᠤᠯᠤᠨ ᠬᠤᠳᠠᠯᠳᠤᠬᠤ ᠶᠢᠨ ᠬᠠᠮᠲᠤ ᠲᠠᠨᠵᠢᠯᠠᠭᠴᠢ ᠲᠠᠢ ᠵᠦᠪᠳᠡᠯᠴᠡᠵᠦ ᠪᠠᠶᠢᠭᠠᠳ ᠦᠨ᠎ᠡ ᠬᠠᠶᠠᠵᠤ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠠ ᠶᠢᠨ ᠵᠤᠭᠤᠰ ᠢᠶᠠᠷ ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠬᠦᠨ ᠢ ᠭᠠᠷᠭᠠᠨ ᠬᠠᠳᠠᠭᠠᠯᠠᠭᠤᠯᠵᠤ ᠪᠤᠯᠤᠨ᠎ᠠ᠃ᠳᠦᠷᠪᠡᠨ ᠵᠠᠭᠤ ᠭᠤᠴᠢᠨ ᠳᠦᠷᠪᠡᠳᠦᠭᠡᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠦᠷᠬᠦᠯᠵᠢᠯᠡᠨ ᠤᠷᠤᠰᠢᠬᠤ ᠬᠤᠭᠤᠴᠠᠭᠠᠨ ᠳᠤ ᠲᠠᠨᠵᠢᠯᠠᠭᠴᠢ ᠪᠠᠷ ᠵᠦᠪᠰᠢᠶᠡᠷᠡᠬᠦᠯᠦᠭᠰᠡᠨ ᠦᠭᠡᠢ ᠪᠠᠷ ᠲᠠᠨᠵᠢ ᠶᠢ ᠰᠢᠯᠵᠢᠬᠦᠯᠦᠭᠡᠳ ᠲᠠᠨᠵᠢ ᠶᠢᠨ ᠡᠳ᠋ ᠬᠦᠷᠦᠩᠭᠡ ᠶᠢ ᠡᠪᠳᠡᠯᠡᠨ ᠰᠦᠢᠳᠬᠡᠵᠦ᠂ ᠤᠰᠠᠳᠬᠠᠭᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠳᠦᠷᠪᠡᠨ ᠵᠠᠭᠤ ᠭᠤᠴᠢᠨ ᠲᠠᠪᠤᠳᠤᠭᠠᠷ ᠵᠦᠢᠯ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠷᠬᠡ ᠪᠠᠨ ᠬᠠᠶᠠᠵᠤ ᠪᠤᠯᠤᠨ᠎ᠠ᠃ ᠦᠭᠴᠡᠭᠡᠳᠡᠨ ᠦᠪᠡᠷ ᠤᠨ ᠡᠳ᠋ ᠬᠦᠷᠦᠩᠭᠡ ᠪᠠᠷ ᠢᠶᠠᠨ ᠲᠠᠨᠵᠢ ᠪᠤᠯᠭᠠᠵᠤ᠂ ᠲᠠᠨᠵᠢ ᠶᠢᠨ ᠡᠷᠬᠡᠳᠦ ᠬᠦᠮᠦᠨ ᠲᠤᠰ ᠲᠠᠨᠵᠢ ᠶᠢᠨ ᠡᠷᠬᠡ ᠶᠢ ᠬᠠᠶᠠᠭᠰᠠᠨ ᠪᠠᠶᠢᠪᠠᠯ᠂ ᠪᠤᠰᠤᠳ ᠲᠠᠭᠠᠭᠠᠭᠴᠢ ᠨᠢ ᠲᠠᠨᠵᠢ ᠶᠢᠨ ᠡᠷᠬᠡᠳᠦ ᠬᠦᠮᠦᠨ ᠤ ᠤᠷᠢᠳ ᠢᠶᠠᠷ ᠲᠦᠯᠦᠪᠦᠷᠢ ᠤᠯᠬᠤ ᠡᠷᠭᠡ ᠠᠰᠢᠭ ᠢᠶᠠᠨ ᠠᠯᠳᠠᠭᠰᠠᠨ ᠬᠡᠪᠴᠢᠶᠡᠨ ᠳᠤ ᠲᠠᠭᠠᠭᠠᠯᠳᠠ ᠶᠢᠨ ᠬᠠᠷᠢᠭᠤᠴᠠᠯᠭ᠎ᠠ ᠠᠴᠠ ᠭᠡᠯᠳᠦᠷᠢᠨ᠎ᠡ᠂ ᠭᠡᠪᠡᠴᠦ ᠪᠤᠰᠤᠳ ᠲᠠᠭᠠᠭᠠᠭᠴᠢ ᠮᠦᠨ ᠯᠡ ᠲᠠᠭᠠᠭᠠᠯᠳᠠ ᠬᠠᠨᠭ᠍ᠭᠠᠬᠤ ᠪᠠᠷ ᠠᠮᠠᠯᠠᠭᠰᠠᠨ ᠨᠢ ᠡᠬᠦᠨ ᠳᠤ ᠪᠠᠭᠳᠠᠬᠤ ᠦᠭᠡᠢ᠃ᠳᠦᠷᠪᠡᠨ ᠵᠠᠭᠤ ᠭᠤᠴᠢᠨ ᠵᠢᠷᠭᠤᠳᠤᠭᠠᠷ ᠵᠦᠢᠯ ᠦᠭᠴᠡᠭᠡᠳᠡᠨ ᠦᠭᠴᠡᠭᠡ ᠪᠠᠨ ᠬᠦᠢᠴᠡᠳᠭᠡᠭᠰᠡᠡ ᠪᠤᠶᠤ ᠲᠠᠨᠵᠢᠯᠠᠭᠴᠢ ᠲᠠᠭᠠᠭᠠᠯᠳᠠ ᠬᠢᠭᠰᠡᠨ ᠠᠪᠴᠠᠭ᠎ᠠ ᠶᠢ ᠤᠷᠢᠳᠴᠢᠯᠠᠨ ᠢᠯᠭᠠᠷᠠᠭᠤᠯᠤᠨ ᠲᠦᠯᠦᠭᠰᠠᠨ ᠪᠠᠶᠢᠪᠠᠯ᠂ ᠲᠠᠨᠵᠢ ᠶᠢᠨ ᠡᠷᠬᠡᠳᠦ ᠬᠦᠮᠦᠨ ᠲᠠᠨᠵᠢ ᠶᠢᠨ ᠡᠳ᠋ ᠬᠦᠷᠦᠩᠭᠡ ᠶᠢ ᠪᠤᠴᠠᠭᠠᠵᠤ ᠦᠭᠬᠦ ᠬᠡᠷᠡᠭᠳᠡᠢ᠃ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠤᠶᠤ ᠲᠤᠬᠠᠢ ᠶᠢᠨ ᠬᠦᠮᠦᠨ ᠤ ᠪᠤᠯᠵᠤᠨ ᠲᠤᠭᠳᠠᠭᠰᠠᠨ ᠲᠠᠨᠵᠢ ᠶᠢᠨ ᠡᠷᠬᠡ ᠶᠢ ᠪᠡᠶᠡᠯᠡᠭᠦᠯᠬᠦ ᠪᠠᠶᠢᠳᠠᠯ ᠪᠤᠢ ᠪᠤᠯᠪᠠᠯ᠂ ᠲᠠᠨᠵᠢ ᠶᠢᠨ ᠡᠷᠬᠡᠳᠦ ᠬᠦᠮᠦᠨ ᠲᠠᠨᠵᠢᠯᠠᠭᠴᠢ ᠲᠠᠢ ᠵᠦᠪᠳᠡᠯᠴᠡᠵᠦ ᠪᠠᠶᠢᠭᠠᠳ ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠵᠤ ᠪᠤᠯᠤᠨ᠎ᠠ ᠂ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠠ ᠶᠢᠨ ᠵᠤᠭᠤᠰ ᠢᠶᠠᠷ ᠤᠷᠢᠳ ᠢᠶᠠᠷ ᠲᠦᠯᠦᠪᠦᠷᠢ ᠤᠯᠵᠤ ᠪᠠᠰᠠ ᠪᠤᠯᠤᠨ᠎ᠠ᠃ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ᠂ ᠵᠠᠬ᠎ᠠ ᠲᠡᠯᠭᠡᠬᠦᠷ ᠤᠨ ᠦᠨ᠎ᠡ ᠬᠠᠩᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ᠳᠦᠷᠪᠡᠨ ᠵᠠᠭᠤ ᠭᠤᠴᠢᠨ ᠳᠤᠯᠤᠳᠤᠭᠠᠷ ᠵᠦᠢᠯ ᠲᠠᠨᠵᠢᠯᠠᠭᠴᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠦᠭᠰᠡᠨ ᠤ ᠲᠠᠷᠠᠭ᠎ᠠ ᠲᠠᠨᠵᠢ ᠶᠢᠨ ᠡᠷᠬᠡ ᠶᠢ ᠴᠠᠭ ᠲᠤᠬᠠᠢ ᠳᠤᠨᠢ ᠬᠡᠷᠡᠭᠵᠢᠬᠦᠯᠦᠭᠦᠯᠬᠦ ᠪᠠᠷ ᠲᠠᠨᠵᠢ ᠶᠢᠨ ᠡᠷᠬᠡᠳᠦ ᠬᠦᠮᠦᠨ ᠳᠤ ᠭᠤᠶᠤᠴᠢᠯᠠᠵᠤ ᠪᠤᠯᠤᠨ᠎ᠠ︔ ᠲᠠᠨᠵᠢ ᠶᠢᠨ ᠡᠷᠬᠡᠳᠦ ᠬᠦᠮᠦᠨ ᠬᠡᠷᠡᠭᠵᠢᠬᠦᠯᠬᠦ ᠦᠭᠡᠢ ᠪᠠᠶᠢᠪᠠᠯ᠂ ᠲᠠᠨᠵᠢᠯᠠᠭᠴᠢ ᠲᠠᠨᠵᠢ ᠶᠢᠨ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠬᠤ᠂ ᠬᠤᠪᠢᠷᠠᠭᠤᠯᠤᠨ ᠬᠤᠳᠠᠯᠳᠤᠬᠤ ᠪᠠᠷ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠵᠤ ᠪᠤᠯᠤᠨ᠎ᠠ᠃ᠲᠠᠨᠵᠢᠯᠠᠭᠴᠢ ᠲᠠᠨᠵᠢ ᠶᠢᠨ ᠡᠷᠬᠡ ᠶᠢ ᠴᠠᠭ ᠲᠤᠬᠠᠢ ᠳᠤᠨᠢ ᠬᠡᠷᠡᠭᠵᠢᠬᠦᠯᠦᠭᠦᠯᠬᠦ ᠪᠠᠷ ᠲᠠᠨᠵᠢ ᠶᠢᠨ ᠡᠷᠬᠡᠳᠦ ᠬᠦᠮᠦᠨ ᠳᠤ ᠭᠤᠶᠤᠴᠢᠯᠠᠭᠰᠠᠨ ᠪᠠᠶᠢᠬᠤ ᠳᠤ᠂ ᠲᠠᠨᠵᠢ ᠶᠢᠨ ᠡᠷᠬᠡᠳᠦ ᠬᠦᠮᠦᠨ ᠡᠷᠬᠡ ᠪᠠᠨ ᠬᠡᠷᠡᠭᠵᠢᠬᠦᠯᠬᠦ ᠠᠴᠠ ᠪᠠᠨ ᠬᠤᠶᠢᠷᠭᠤᠰᠢᠵᠤ ᠳᠠᠨᠵᠢᠯᠠᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠠᠨᠵᠢ ᠶᠢᠨ ᠡᠷᠬᠡᠳᠦ ᠬᠦᠮᠦᠨ ᠲᠦᠯᠦᠬᠦ ᠬᠠᠷᠢᠭᠤᠴᠠᠯᠭ᠎ᠠ ᠡᠬᠦᠷᠭᠡᠯᠡᠨ᠎ᠡ᠃ᠳᠦᠷᠪᠡᠨ ᠵᠠᠭᠤ ᠭᠤᠴᠢᠨ ᠨᠠᠢᠮᠠᠳᠤᠭᠠᠷ ᠵᠦᠢᠯ ᠲᠠᠨᠵᠢ ᠶᠢᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠭᠰᠠᠨ ᠪᠤᠶᠤ ᠦᠨ᠎ᠡ ᠬᠠᠶᠠᠵᠤ ᠬᠤᠳᠠᠯᠳᠤᠵᠤ᠂ ᠬᠤᠪᠢᠷᠠᠭᠤᠯᠤᠨ ᠬᠤᠳᠠᠯᠳᠤᠭᠰᠠᠨ ᠤ ᠲᠠᠷᠠᠭ᠎ᠠ᠂ ᠲᠡᠬᠦᠨ ᠤ ᠦᠨ᠎ᠡ ᠶᠢᠨ ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠲᠠᠨᠵᠢᠯᠠᠭᠴᠢ ᠳᠤ ᠦᠮᠴᠢᠯᠡᠭᠳᠡᠨ᠎ᠡ᠂ ᠳᠤᠳᠠᠭᠤ ᠬᠡᠰᠡᠭ ᠢ ᠨᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ᠳᠦᠷᠪᠡᠨ ᠵᠠᠭᠤ ᠭᠤᠴᠢ ᠶᠢᠰᠦᠳᠦᠭᠡᠷ ᠵᠦᠢᠯ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠦ ᠪᠠᠶᠢᠭᠠᠳ ᠲᠡᠭᠡᠳᠦ ᠬᠢᠵᠠᠭᠠᠷᠲᠤ ᠲᠠᠨᠵᠢ ᠶᠢᠨ ᠡᠷᠬᠡ ᠶᠢ ᠲᠤᠭᠳᠠᠭᠠᠵᠤ ᠪᠤᠯᠤᠨ᠎ᠠ᠃ᠲᠡᠭᠡᠳᠦ ᠬᠢᠵᠠᠭᠠᠷᠲᠤ ᠲᠠᠨᠵᠢ ᠶᠢᠨ ᠡᠷᠬᠡ ᠳᠤ ᠲᠤᠰ ᠬᠡᠰᠡᠭ ᠤᠨ ᠬᠤᠯᠪᠤᠭᠳᠠᠯ ᠪᠦᠬᠦᠢ ᠲᠤᠭᠳᠠᠭᠠᠯ ᠢ ᠲᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠠᠩᠬᠢ ᠶᠢᠨ ᠠᠷᠪᠠᠨ ᠳᠤᠯᠤᠳᠤᠭᠠᠷ ᠪᠦᠯᠦᠭ ᠤᠨ ᠬᠤᠶᠠᠳᠤᠭᠠᠷ ᠬᠡᠰᠡᠭ ᠤᠨ ᠬᠤᠯᠪᠤᠭᠳᠠᠯ ᠪᠦᠬᠦᠢ ᠲᠤᠭᠳᠠᠭᠠᠯ ᠢ ᠯᠠᠪᠯᠠᠯᠳᠠ ᠪᠤᠯᠭᠠᠵᠤ ᠲᠤᠬᠢᠷᠠᠭᠤᠯᠤᠨ ᠬᠡᠷᠡᠭᠯᠡᠨ᠎ᠡ᠃ᠬᠤᠶᠠᠳᠤᠭᠠᠷ ᠬᠡᠰᠡᠭ   ᠡᠷᠭᠡ ᠶᠢᠨ ᠲᠠᠨᠵᠢ ᠶᠢᠨ ᠡᠷᠬᠡᠳᠦᠷᠪᠡᠨ ᠵᠠᠭᠤ ᠳᠦᠴᠢᠳᠦᠭᠡᠷ ᠵᠦᠢᠯ ᠦᠭᠴᠡᠭᠡᠳᠡᠨ ᠪᠤᠶᠤ ᠭᠤᠷᠪᠠᠳᠠᠬᠢ ᠬᠦᠮᠦᠨ ᠤ ᠰᠢᠢᠳᠪᠦᠷᠢᠯᠡᠬᠦ ᠡᠷᠬᠡ ᠪᠦᠬᠦᠢ ᠲᠤᠤᠷ᠎ᠠ ᠵᠢᠬᠰᠠᠭᠠᠭᠰᠠᠨ ᠡᠷᠬᠡ ᠶᠢ ᠲᠠᠨᠵᠢᠯᠠᠵᠤ ᠪᠤᠯᠤᠨ᠎ᠠ᠄︵ᠨᠢᠭᠡ︶ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ︔︵ᠬᠤᠶᠠᠷ︶ ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ︔︵ᠭᠤᠷᠪᠠ︶ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ ᠠᠪᠬᠤ ᠬᠠᠭᠤᠳᠠᠰᠤ︔︵ᠲᠦᠷᠪᠡ︶ ᠰᠢᠯᠵᠢᠬᠦᠯᠦᠨ ᠦᠭᠴᠦ ᠪᠤᠯᠬᠤ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ︔︵ᠲᠠᠪᠤ︶ ᠰᠢᠯᠵᠢᠬᠦᠯᠦᠨ ᠦᠭᠴᠦ ᠪᠤᠯᠬᠤ ᠲᠠᠩᠰᠠᠯᠠᠭᠤᠯᠤᠭᠰᠠᠨ ᠲᠠᠸᠠᠷ ᠤᠨ ᠲᠡᠮᠳᠡᠭᠲᠤ ᠶᠢᠨ ᠲᠤᠰᠬᠠᠢ ᠬᠡᠷᠡᠭᠯᠡᠬᠦ ᠡᠷᠬᠡ᠂ ᠲᠤᠰᠬᠠᠢ ᠠᠰᠢᠭ ᠤᠨ ᠡᠷᠬᠡ᠂ ᠵᠤᠬᠢᠶᠠᠯ ᠪᠦᠳᠦᠭᠡᠯ ᠤᠨ ᠡᠷᠬᠡ ᠵᠡᠷᠭᠡ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠲᠤᠳᠤᠷᠠᠬᠢ ᠡᠳ᠋ ᠬᠦᠷᠦᠩᠭᠡ ᠶᠢᠨ ᠡᠷᠬᠡ︔︵ᠵᠢᠷᠭᠤᠭ᠎ᠠ︶ ᠤᠳᠤ ᠪᠠᠶᠢᠭ᠎ᠠ ᠪᠤᠶᠤ ᠬᠤᠵᠢᠮ ᠤᠯᠬᠤ ᠬᠤᠷᠢᠶᠠᠬᠤ ᠶᠤᠰᠤᠳᠠᠢ ᠠᠪᠴᠠᠭᠠᠨ ᠤ ᠵᠤᠭᠤᠰ︔︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠠᠨᠵᠢᠯᠠᠵᠤ ᠪᠤᠯᠤᠨ᠎ᠠ ᠭᠡᠵᠦ ᠲᠤᠭᠳᠠᠭᠠᠭᠰᠠᠨ ᠪᠤᠰᠤᠳ ᠡᠳ᠋ ᠬᠦᠷᠦᠩᠭᠡ ᠶᠢᠨ ᠡᠷᠬᠡ᠃ᠳᠦᠷᠪᠡᠨ ᠵᠠᠭᠤ ᠳᠦᠴᠢᠨ ᠨᠢᠭᠡᠳᠦᠭᠡᠷ ᠵᠦᠢᠯ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ᠂ ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ᠂ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ ᠠᠪᠬᠤ ᠬᠠᠭᠤᠳᠠᠰᠤ ᠪᠠᠷ ᠲᠠᠨᠵᠢ ᠪᠤᠯᠭᠠᠬᠤ ᠳᠤ ᠬᠦᠷᠪᠡᠯ᠂ ᠲᠠᠨᠵᠢ ᠶᠢᠨ ᠡᠷᠬᠡ ᠨᠢ ᠲᠠᠨᠵᠢ ᠶᠢᠨ ᠡᠷᠬᠡᠳᠦ ᠬᠦᠮᠦᠨ ᠳᠤ ᠡᠷᠬᠡ ᠶᠢᠨ ᠪᠠᠷᠢᠮᠳᠠ ᠲᠡᠮᠳᠡᠭ ᠢ ᠲᠤᠰᠢᠶᠠᠭᠰᠠᠨ ᠴᠠᠭ ᠠᠴᠠ ᠲᠤᠭᠲᠠᠭᠠᠭᠳᠠᠨ᠎ᠠ︔ ᠡᠷᠬᠡ ᠶᠢᠨ ᠪᠠᠷᠢᠮᠳᠠ ᠲᠡᠮᠳᠡᠭ ᠦᠭᠡᠢ ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ ᠬᠠᠤᠯᠢ ᠴᠠᠭᠠᠵᠠ ᠳᠤ ᠠᠰᠳᠠᠭᠠᠨ ᠳᠤᠭᠳᠠᠭᠠᠯ ᠲᠠᠢ ᠪᠠᠶᠢᠪᠠᠯ᠂ ᠲᠡᠷᠡ ᠳᠤᠭᠳᠠᠭᠠᠯ ᠶᠤᠰᠤᠭᠠᠷ ᠶᠠᠪᠤᠭᠤᠯᠤᠨ᠎ᠠ᠃ᠳᠦᠷᠪᠡᠨ ᠵᠠᠭᠤ ᠳᠦᠴᠢᠨ ᠬᠤᠶᠠᠳᠤᠭᠠᠷ ᠵᠦᠢᠯ ᠭᠤᠪᠢᠭᠤᠯᠭ᠎ᠠ ᠶᠢᠨ ᠬᠠᠭᠤᠳᠠᠰᠤ᠂ ᠪᠡᠶ᠎ᠡ ᠪᠠᠷᠢᠮᠳᠠ᠂ ᡁᠢ ᠫᠢᠶᠤᠤ᠂ ᠵᠢᠭᠡᠯᠡᠯᠭᠡ ᠶᠢᠨ ᠲᠡᠮᠳᠡᠭᠳᠤ᠂ ᠬᠠᠳᠠᠭᠠᠯᠠᠮᠵᠢ ᠶᠢᠨ ᠬᠠᠭᠤᠳᠠᠰᠤ᠂ ᠬᠦᠮᠦᠷᠭᠡ ᠶᠢᠨ ᠬᠠᠭᠤᠳᠠᠰᠦ᠂ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢᠨ ᠪᠡᠯᠡᠨ ᠵᠤᠭᠤᠰ ᠰᠤᠯᠢᠬᠤ ᠡᠳᠦᠷ ᠬᠤᠭᠤᠴᠠᠭ᠎ᠠ ᠪᠤᠶᠤ ᠪᠠᠷᠠᠭ᠎ᠠ ᠭᠠᠷᠭᠠᠵᠤ ᠠᠪᠬᠤ ᠡᠳᠦᠷ ᠬᠤᠭᠤᠴᠠᠭ᠎ᠠ ᠨᠢ ᠭᠤᠤᠯ ᠠᠪᠴᠠᠭ᠎ᠠ ᠠᠴᠠ ᠤᠷᠢᠳ ᠢᠶᠠᠷ ᠬᠤᠭᠤᠴᠠᠭ᠎ᠠ ᠲᠤᠯᠤᠭᠰᠠᠨ ᠪᠠᠶᠢᠪᠠᠯ᠂ ᠲᠠᠨᠵᠢ ᠶᠢᠨ ᠡᠷᠬᠡᠳᠦ ᠬᠦᠮᠦᠨ ᠪᠡᠯᠡᠨ ᠵᠤᠭᠤᠰ ᠰᠤᠯᠢᠵᠤ ᠠᠪᠬᠤ ᠪᠤᠶᠤ ᠪᠠᠷᠠᠭ᠎ᠠ ᠭᠠᠷᠭᠠᠵᠤ ᠠᠪᠬᠤ ᠶᠢᠨ ᠬᠠᠮᠲᠤ ᠲᠠᠨᠵᠢᠯᠠᠭᠴᠢ ᠲᠠᠢ ᠵᠦᠪᠳᠡᠯᠴᠡᠵᠦ ᠪᠠᠶᠢᠭᠠᠳ ᠪᠡᠯᠡᠨ ᠵᠤᠭᠤᠰ ᠰᠤᠯᠢᠵᠤ ᠠᠪᠤᠭᠰᠠᠨ ᠦᠨ᠎ᠡ ᠶᠢᠨ ᠵᠤᠭᠤᠰ ᠪᠤᠶᠤ ᠭᠠᠷᠭᠠᠵᠤ ᠠᠪᠤᠭᠰᠠᠨ ᠪᠠᠷᠠᠭ᠎ᠠ ᠪᠠᠷ ᠦᠭᠴᠡᠭᠡ ᠶᠢ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠨ ᠬᠠᠳᠠᠭᠠᠯᠠᠭᠤᠯᠵᠤ ᠪᠤᠯᠤᠨ᠎ᠠ᠃ᠳᠦᠷᠪᠡᠨ ᠵᠠᠭᠤ ᠳᠦᠴᠢᠨ ᠭᠤᠷᠪᠠᠳᠤᠭᠠᠷ ᠵᠦᠢᠯ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠪᠠᠷ ᠲᠠᠨᠵᠢ ᠪᠤᠯᠭᠠᠭᠰᠠᠨ ᠪᠠᠶᠢᠪᠠᠯ᠂ ᠲᠠᠨᠵᠢ ᠶᠢᠨ ᠡᠷᠬᠡ ᠨᠢ ᠳᠠᠨᠵᠢᠯᠠᠬᠤ ᠳᠠᠩᠰᠠᠯᠠᠯᠲᠠ ᠬᠢᠭᠰᠡᠨ ᠴᠠᠭ ᠠᠴᠠ ᠲᠤᠭᠲᠠᠭᠠᠭᠳᠠᠨ᠎ᠠ᠃ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠶᠢ ᠲᠠᠨᠵᠢᠯᠠᠭᠰᠠᠨ ᠤ ᠲᠠᠷᠠᠭ᠎ᠠ ᠰᠢᠯᠵᠢᠬᠦᠯᠦᠨ ᠦᠭᠴᠤ ᠪᠤᠯᠬᠤ ᠦᠭᠡᠢ᠂ ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ ᠵᠦᠪᠰᠢᠶᠡᠷᠡᠭᠰᠡᠨ ᠨᠢ ᠡᠬᠦᠨ ᠳᠤ ᠪᠠᠭᠳᠠᠬᠤ ᠦᠭᠡᠢ᠃ ᠲᠠᠨᠵᠢᠯᠠᠭᠴᠢ ᠰᠠᠭᠤᠷᠢ ᠮᠦᠡᠭᠬᠦᠨ ᠤ ᠬᠤᠪᠢᠳᠠᠴᠠ᠂ ᠰᠲ᠋ᠤᠺ ᠤᠨ ᠡᠷᠬᠡ ᠪᠠᠨ ᠰᠢᠯᠵᠢᠬᠦᠯᠦᠨ ᠦᠭᠬᠦᠭᠡᠳ ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ ᠬᠦᠮᠦᠨ ᠳᠤ ᠦᠭᠴᠡᠭᠡ ᠪᠠᠨ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠵᠤ ᠬᠠᠳᠠᠭᠠᠯᠠᠭᠤᠯᠬᠤ ᠬᠡᠷᠡᠭᠳᠡᠢ᠃ᠳᠦᠷᠪᠡᠨ ᠵᠠᠭᠤ ᠳᠦᠴᠢᠨ ᠳᠦᠷᠪᠡᠳᠦᠭᠡᠷ ᠵᠦᠢᠯ ᠲᠠᠩᠰᠠᠯᠠᠭᠤᠯᠤᠭᠰᠠᠨ ᠲᠠᠸᠠᠷ ᠤᠨ ᠲᠡᠮᠳᠡᠭᠲᠤ ᠶᠢᠨ ᠲᠤᠰᠬᠠᠢ ᠭᠡᠷᠡᠭᠯᠡᠬᠦ ᠡᠷᠭᠡ᠂ ᠲᠤᠰᠬᠠᠢ ᠠᠰᠢᠭ ᠤᠨ ᠡᠷᠬᠡ᠂ ᠵᠤᠬᠢᠶᠠᠯ ᠪᠦᠳᠦᠭᠡᠯ ᠤᠨ ᠡᠷᠬᠡ ᠵᠡᠷᠭᠡ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠲᠤᠳᠤᠷᠠᠬᠢ ᠡᠳ᠋ ᠬᠦᠷᠦᠩᠭᠡ ᠶᠢᠨ ᠡᠷᠬᠡ ᠪᠠᠷ ᠲᠠᠨᠵᠢ ᠪᠤᠯᠭᠠᠭᠰᠠᠨ ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠲᠤᠳᠤᠷᠠᠬᠢ ᠡᠳ᠋ ᠬᠦᠷᠦᠩᠭᠡ ᠶᠢᠨ ᠡᠷᠭᠡ ᠶᠢ ᠲᠠᠨᠵᠢᠯᠠᠭᠰᠠᠨ ᠤ ᠲᠠᠷᠠᠭ᠎ᠠ᠂ ᠲᠠᠨᠵᠢᠯᠠᠭᠴᠢ ᠨᠢ ᠰᠢᠯᠵᠢᠬᠦᠯᠦᠨ ᠦᠭᠬᠦ ᠪᠤᠶᠤ ᠪᠤᠰᠤᠳ ᠬᠦᠮᠦᠨ ᠳᠤ ᠵᠦᠪᠰᠢᠶᠡᠷᠡᠨ ᠬᠡᠷᠡᠭᠯᠡᠬᠦᠯᠵᠤ ᠪᠤᠯᠬᠤ ᠦᠭᠡᠢ᠂ ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ ᠵᠦᠪᠰᠢᠶᠡᠷᠡᠭᠰᠡᠨ ᠨᠢ ᠡᠬᠦᠨ ᠳᠤ ᠪᠠᠭᠳᠠᠬᠤ ᠦᠭᠡᠢ᠃ ᠲᠠᠨᠵᠢᠯᠠᠭᠴᠢ ᠲᠠᠨᠵᠢ ᠪᠤᠯᠭᠠᠭᠰᠠᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠭᠡ ᠶᠢᠨ ᠲᠤᠳᠤᠷᠠᠬᠢ ᠡᠳ᠋ ᠬᠥᠷᠤᠩᠭᠡ ᠶᠢᠨ ᠡᠷᠭᠡ ᠪᠠᠨ ᠰᠢᠯᠵᠢᠬᠦᠯᠦᠨ ᠦᠭᠬᠦ ᠪᠤᠶᠤ ᠪᠤᠰᠤᠳ ᠬᠦᠮᠦᠨ ᠳᠤ ᠵᠦᠪᠰᠢᠶᠡᠷᠡᠨ ᠬᠡᠷᠡᠭᠯᠡᠬᠦᠯᠵᠤ ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ ᠬᠦᠮᠦᠨ ᠳᠤ ᠦᠭᠴᠡᠭᠡ ᠪᠠᠨ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠬᠦᠨ ᠢ ᠭᠠᠷᠭᠠᠵᠤ ᠬᠠᠳᠠᠭᠠᠯᠠᠭᠤᠯᠬᠤ ᠬᠡᠷᠡᠭᠳᠡᠢ᠃ᠳᠦᠷᠪᠡᠨ ᠵᠠᠭᠤ ᠳᠦᠴᠢᠨ ᠲᠠᠪᠤᠳᠤᠭᠠᠷ ᠵᠦᠢᠯ ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢᠶᠠᠷ ᠲᠠᠨᠵᠢ ᠪᠣᠯᠭᠠᠭᠰᠠᠨ ᠪᠠᠶᠢᠪᠠᠯ᠂ ᠲᠠᠨᠵᠢ ᠶᠢᠨ ᠡᠷᠬᠡ ᠨᠢ ᠲᠠᠨᠵᠢᠯᠠᠬᠤ ᠲᠠᠩᠰᠠᠯᠠᠯᠳᠠ ᠬᠢᠭᠰᠡᠨ ᠴᠠᠭ ᠠᠴᠠ ᠲᠤᠬᠳᠠᠭᠠᠭᠳᠠᠨ᠎ᠠ᠃ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢ ᠲᠠᠨᠵᠢᠯᠠᠭᠰᠠᠨ ᠤ ᠲᠠᠷᠠᠭ᠎ᠠ ᠰᠢᠯᠵᠢᠬᠦᠯᠦᠨ ᠦᠭᠴᠦ ᠪᠤᠯᠬᠤ ᠦᠭᠡᠢ᠂ ᠭᠡᠪᠡᠴᠦ ᠲᠠᠨᠵᠢᠯᠠᠭᠴᠢ ᠪᠤᠯᠤᠨ ᠲᠠᠨᠵᠢ ᠶᠢᠨ ᠡᠷᠬᠡᠳᠦ ᠬᠦᠮᠦᠨ ᠵᠦᠪᠳᠡᠯᠴᠡᠵᠤ ᠵᠦᠪᠰᠢᠶᠡᠷᠡᠭᠰᠡᠨ ᠨᠢ ᠡᠬᠦᠨ ᠳᠤ ᠪᠠᠭᠳᠠᠬᠤ ᠦᠭᠡᠢ᠃ ᠲᠠᠨᠵᠢᠯᠠᠭᠴᠢ ᠬᠤᠷᠢᠶᠠᠬᠤ ᠶᠤᠰᠤᠳᠠᠢ ᠠᠪᠴᠠᠭᠠᠨ ᠤ ᠵᠤᠭᠤᠰ ᠢᠶᠠᠨ ᠰᠢᠯᠵᠢᠬᠦᠯᠦᠨ ᠦᠭᠬᠦᠭᠡᠳ ᠤᠯᠤᠭᠰᠠᠨ ᠦᠨ᠎ᠡ ᠶᠢᠨ ᠵᠤᠭᠤᠰ ᠢᠶᠠᠷ ᠲᠠᠨᠵᠢ ᠶᠢᠨ ᠡᠷᠬᠡᠳᠦ ᠬᠦᠮᠦᠨ ᠳᠤ ᠦᠭᠴᠡᠭᠡ ᠪᠠᠨ ᠤᠷᠢᠳᠴᠢᠯᠠᠨ ᠢᠯᠭᠠᠷᠠᠭᠤᠯᠤᠨ ᠲᠦᠯᠦᠬᠦ ᠪᠤᠶᠤ ᠲᠡᠭᠦᠨ ᠢ ᠭᠠᠷᠭᠠᠵᠤ ᠬᠠᠳᠠᠭᠠᠯᠠᠭᠤᠯᠬᠤ ᠬᠡᠷᠡᠭᠳᠡᠢ᠃ᠳᠦᠷᠪᠡᠨ ᠵᠠᠭᠤ ᠳᠦᠴᠢᠨ ᠵᠢᠷᠭᠤᠳᠤᠭᠠᠷ ᠵᠦᠢᠯ ᠡᠷᠬᠡ ᠶᠢᠨ ᠲᠠᠨᠵᠢ ᠶᠢᠨ ᠡᠷᠬᠡ ᠳᠤ ᠲᠤᠰ ᠬᠡᠰᠡᠭ ᠤᠨ ᠲᠤᠭᠳᠠᠭᠠᠯ ᠢ ᠲᠤᠬᠢᠷᠠᠭᠤᠯᠤᠨ ᠬᠡᠷᠡᠭᠯᠡᠬᠦ ᠠᠴᠠ ᠭᠠᠳᠠᠨ᠎ᠠ᠂ ᠲᠤᠰ ᠪᠦᠯᠦᠭ ᠤᠨ ᠨᠢᠭᠡᠳᠦᠭᠡᠷ ᠬᠡᠰᠡᠭ ᠤᠨ ᠬᠤᠯᠪᠤᠭᠳᠠᠯ ᠪᠦᠬᠦᠢ ᠲᠤᠭᠳᠠᠭᠠᠯ ᠢ ᠲᠤᠬᠢᠷᠠᠭᠤᠯᠤᠨ ᠬᠡᠷᠡᠭᠯᠡᠨ᠎ᠡ᠃ ᠠᠷᠪᠠ ᠶᠢᠰᠦᠳᠦᠭᠡᠷ ᠪᠦᠯᠦᠭ   ᠦᠯᠡᠳᠡᠭᠡᠨ ᠠᠪᠬᠤ ᠡᠷᠬᠡᠳᠦᠷᠪᠡᠨ ᠵᠠᠭᠤ ᠳᠦᠴᠢᠨ ᠳᠤᠯᠤᠳᠤᠭᠠᠷ ᠵᠦᠢᠯ ᠦᠭᠴᠡᠭᠡᠳᠡᠨ ᠬᠤᠭᠤᠴᠠᠭ᠎ᠠ ᠲᠤᠯᠤᠭᠰᠠᠨ ᠦᠭᠴᠡᠭᠡ ᠪᠠᠨ ᠬᠦᠢᠴᠡᠳᠭᠡᠬᠦ ᠦᠭᠡᠢ ᠪᠠᠶᠢᠪᠠᠯ᠂ ᠠᠪᠴᠠᠭᠠᠳᠠᠨ ᠬᠠᠤᠯᠢ ᠶᠤᠰᠤᠭᠠᠷ ᠨᠢᠭᠡᠨᠳᠡ ᠡᠵᠡᠮᠰᠢᠭᠰᠡᠨ ᠦᠭᠴᠡᠭᠡᠳᠡᠨ ᠤ ᠬᠦᠳᠡᠯᠬᠦ ᠬᠦᠷᠦᠩᠭᠡ ᠶᠢ ᠦᠯᠡᠳᠡᠭᠡᠨ ᠠᠪᠴᠤ ᠪᠤᠯᠬᠤ ᠪᠦᠭᠡᠳ ᠲᠤᠰ ᠬᠦᠳᠡᠯᠬᠦ ᠬᠦᠷᠦᠩᠭᠡ ᠶᠢᠨ ᠲᠤᠬᠠᠢ ᠳᠤ ᠤᠷᠢᠳ ᠢᠶᠠᠷ ᠲᠦᠯᠦᠪᠦᠷᠢ ᠤᠯᠬᠤ ᠡᠷᠬᠡ ᠲᠠᠢ᠃ᠡᠮᠦᠨᠡᠬᠢ ᠵᠦᠢᠯ ᠳᠤ ᠲᠤᠭᠳᠠᠭᠠᠭᠰᠠᠨ ᠠᠪᠴᠠᠭᠠᠳᠠᠨ ᠪᠤᠯ ᠦᠯᠡᠳᠡᠭᠡᠨ ᠠᠪᠬᠤ ᠡᠷᠬᠡᠳᠦ ᠬᠦᠮᠦᠨ ᠮᠦᠨ᠂ ᠡᠵᠡᠮᠰᠢᠭᠰᠡᠨ ᠬᠦᠳᠡᠯᠬᠦ ᠬᠦᠷᠦᠩᠭᠡ ᠪᠤᠯ ᠦᠯᠡᠳᠡᠭᠡᠨ ᠠᠪᠬᠤ ᠡᠳ᠋ ᠬᠦᠷᠦᠩᠭᠡ ᠮᠦᠨ᠃ᠳᠦᠷᠪᠡᠨ ᠵᠠᠭᠤ ᠳᠦᠴᠢᠨ ᠨᠠᠢᠮᠠᠳᠤᠭᠠᠷ ᠵᠦᠢᠯ ᠠᠪᠴᠠᠭᠠᠳᠠᠨ ᠤ ᠦᠯᠡᠳᠡᠭᠡᠨ ᠠᠪᠤᠭᠰᠠᠨ ᠬᠦᠳᠡᠯᠬᠦ ᠬᠦᠷᠦᠩᠭᠡ ᠨᠢ ᠠᠪᠴᠠᠭ᠎ᠠ ᠲᠠᠢ ᠮᠦᠨ ᠨᠢᠭᠡ ᠬᠠᠤᠯᠢ ᠴᠠᠭᠠᠵᠠ ᠶᠢᠨ ᠬᠠᠷᠢᠴᠠᠭ᠎ᠠ ᠳᠤ ᠬᠠᠷᠢᠶᠠᠯᠠᠭᠳᠠᠭᠰᠠᠨ ᠪᠠᠶᠢᠬᠤ ᠬᠡᠷᠡᠭᠳᠡᠢ᠂ ᠭᠡᠪᠡᠴᠦ ᠠᠵᠤ ᠠᠬᠤᠢᠢᠯᠠᠯ ᠬᠤᠭᠤᠷᠤᠨᠳᠤ ᠪᠠᠨ ᠦᠯᠡᠳᠡᠭᠡᠨ ᠠᠪᠬᠤ ᠨᠢ ᠡᠬᠦᠨ ᠳᠤ ᠪᠠᠭᠳᠠᠬᠤ ᠦᠭᠡᠢ᠃ᠳᠦᠷᠪᠡᠨ ᠵᠠᠭᠤ ᠳᠦᠴᠢᠨ ᠶᠢᠰᠦᠳᠦᠭᠡᠷ ᠵᠦᠢᠯ ᠦᠯᠡᠳᠡᠭᠡᠨ ᠠᠪᠴᠤ ᠪᠤᠯᠬᠤ ᠦᠭᠡᠢ ᠭᠡᠵᠤ ᠬᠠᠤᠯᠢ ᠴᠠᠭᠠᠵᠠ ᠳᠤ ᠲᠤᠭᠳᠠᠭᠠᠭᠰᠠᠨ ᠪᠤᠶᠤ ᠲᠤᠬᠠᠢ ᠶᠢᠨ ᠬᠥᠮᠤᠨ ᠤ ᠪᠤᠯᠵᠤᠨ ᠲᠤᠭᠳᠠᠭᠰᠠᠨ ᠬᠥᠳᠡᠯᠬᠦ ᠬᠥᠷᠤᠩᠭᠡ ᠶᠢ ᠦᠯᠡᠳᠡᠭᠡᠨ ᠠᠪᠴᠤ ᠪᠤᠯᠬᠤ ᠦᠭᠡᠢ᠃ᠳᠦᠷᠪᠡᠨ ᠵᠠᠭᠤ ᠲᠠᠪᠢᠳᠤᠭᠠᠷ ᠵᠦᠢᠯ ᠦᠯᠡᠳᠡᠭᠡᠨ ᠠᠪᠬᠤ ᠡᠳ᠋ ᠬᠦᠷᠦᠩᠭᠡ ᠨᠢ ᠬᠤᠪᠢᠶᠠᠵᠤ ᠪᠤᠯᠬᠤ ᠪᠤᠳᠠᠰ ᠪᠠᠶᠢᠪᠠᠯ᠂ ᠦᠯᠡᠳᠡᠭᠡᠨ ᠠᠪᠬᠤ ᠡᠳ᠋ ᠬᠦᠷᠦᠩᠭᠡ ᠶᠢᠨ ᠦᠷᠳᠡᠭ ᠨᠢ ᠦᠭᠴᠡᠭᠡᠨ ᠤ ᠵᠤᠭᠤᠰ ᠤᠨ ᠲᠤᠭ᠎ᠠ ᠲᠠᠢ ᠲᠡᠩᠴᠡᠭᠦᠦ ᠪᠠᠶᠢᠬᠤ ᠬᠡᠷᠡᠭᠳᠡᠢ᠃ᠳᠦᠷᠪᠡᠨ ᠵᠠᠭᠤ ᠲᠠᠪᠢᠨ ᠨᠢᠭᠡᠳᠤᠭᠡᠷ ᠵᠦᠢᠯ ᠦᠯᠡᠳᠡᠭᠡᠨ ᠠᠪᠬᠤ ᠡᠷᠭᠡᠳᠦ ᠬᠦᠮᠦᠨ ᠦᠯᠡᠳᠡᠭᠡᠨ ᠠᠪᠤᠭᠰᠠᠨ ᠡᠳ᠋ ᠬᠦᠷᠦᠩᠭᠡ ᠶᠢ ᠲᠤᠬᠢᠲᠠᠢ ᠬᠠᠳᠠᠭᠠᠯᠠᠨ ᠬᠠᠮᠢᠶᠠᠷᠬᠤ ᠡᠬᠦᠷᠭᠡ ᠲᠠᠢ︔ ᠲᠤᠬᠢᠲᠠᠢ ᠬᠠᠳᠠᠭᠠᠯᠠᠨ ᠬᠠᠮᠢᠶᠠᠷᠤᠭᠰᠠᠨ ᠦᠭᠡᠢ ᠠᠴᠠ ᠪᠤᠯᠤᠭᠠᠳ ᠦᠯᠡᠳᠡᠭᠡᠵᠦ ᠠᠪᠤᠭᠰᠠᠨ ᠡᠳ᠋ ᠬᠦᠷᠦᠩᠭᠡ ᠶᠢ ᠡᠪᠳᠡᠷᠡᠨ ᠰᠦᠢᠳᠬᠦ᠂ ᠤᠰᠠᠳᠬᠤ ᠳᠤ ᠬᠦᠷᠦᠭᠦᠯᠦᠭᠰᠡᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠳᠦᠷᠪᠡᠨ ᠵᠠᠭᠤ ᠲᠠᠪᠢᠨ ᠬᠤᠶᠠᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠦᠯᠡᠳᠡᠭᠡᠵᠦ ᠠᠪᠤᠭᠰᠠᠨ ᠡᠳ᠋ ᠬᠦᠷᠦᠩᠭᠡ ᠶᠢᠨ ᠦᠷᠡᠵᠢᠪᠦᠷᠢ ᠬᠦᠦ ᠶᠢ ᠬᠤᠷᠢᠶᠠᠨ ᠠᠪᠬᠤ ᠡᠷᠬᠡ ᠲᠠᠢ᠃ᠡᠮᠦᠨᠡᠬᠢ ᠵᠦᠢᠯ ᠳᠤ ᠲᠤᠭᠳᠠᠭᠠᠭᠰᠠᠨ ᠦᠷᠡᠵᠢᠪᠦᠷᠢ ᠬᠦᠦ ᠪᠠᠷ ᠦᠷᠡᠵᠢᠪᠦᠷᠢ ᠬᠦᠦ ᠶᠢ ᠬᠤᠷᠢᠶᠠᠨ ᠠᠪᠤᠭᠰᠠᠨ ᠵᠠᠷᠤᠳᠠᠯ ᠢ ᠤᠷᠢᠳ ᠢᠶᠠᠷ ᠲᠤᠯᠭᠠᠨ ᠪᠤᠳᠤᠬᠤ ᠬᠡᠷᠡᠭᠳᠡᠢ᠃ᠳᠦᠷᠪᠡᠨ ᠵᠠᠭᠤ ᠲᠠᠪᠢᠨ ᠭᠤᠷᠪᠠᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠪᠠ ᠦᠭᠴᠡᠭᠡᠳᠡᠨ ᠨᠢ ᠡᠳ᠋ ᠬᠦᠷᠦᠩᠭᠡ ᠶᠢ ᠦᠯᠡᠳᠡᠭᠡᠨ ᠠᠪᠤᠭᠰᠠᠨ ᠤ ᠲᠠᠷᠠᠭᠠᠬᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠶᠢ ᠪᠤᠯᠵᠤᠨ ᠲᠤᠭᠳᠠᠬᠤ ᠬᠡᠷᠡᠭᠳᠡᠢ︔ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠦᠯᠡᠳᠡᠭᠡᠨ ᠠᠪᠬᠤ ᠡᠷᠬᠡᠳᠦ ᠬᠦᠮᠦᠨ ᠦᠭᠴᠡᠭᠡᠳᠡᠨ ᠳᠤ ᠵᠢᠷᠠᠨ ᠡᠳᠦᠷ ᠠᠴᠠ ᠲᠡᠭᠡᠭᠰᠢ ᠦᠭᠴᠡᠭᠡ ᠶᠢ ᠬᠦᠢᠴᠡᠳᠭᠡᠬᠦ ᠬᠤᠭᠤᠴᠠᠭ᠎ᠠ ᠦᠭᠬᠦ ᠬᠡᠷᠡᠭᠳᠡᠢ᠂ ᠭᠡᠪᠡᠴᠦ ᠠᠮᠢᠳᠤ ᠰᠤᠷᠭᠤᠭ ᠠᠮᠠᠷᠬᠠᠨ ᠢᠯᠵᠢᠷᠡᠬᠦ ᠵᠡᠷᠭᠡ ᠬᠠᠳᠠᠭᠠᠯᠠᠨ ᠬᠠᠮᠢᠶᠠᠷᠬᠤ ᠳᠤ ᠪᠡᠷᠬᠡᠲᠡᠢ ᠬᠦᠳᠡᠯᠬᠦ ᠬᠦᠷᠦᠩᠭᠡ ᠡᠬᠦᠨ ᠳᠤ ᠪᠠᠭᠳᠠᠬᠤ ᠦᠭᠡᠢ᠃ ᠦᠭᠴᠡᠭᠡᠳᠡᠨ ᠬᠤᠭᠤᠴᠠᠭ᠎ᠠ ᠬᠡᠳᠦᠷᠡᠳᠡᠯ᠎ᠡ ᠬᠦᠢᠴᠡᠳᠭᠡᠭᠰᠡᠠ ᠦᠭᠡᠢ ᠪᠠᠶᠢᠪᠠᠯ᠂ ᠦᠯᠡᠳᠡᠭᠡᠠ ᠠᠪᠬᠤ ᠡᠷᠬᠡᠳᠦ ᠬᠦᠮᠦᠨ ᠦᠭᠴᠡᠭᠡᠳᠡᠨ ᠲᠠᠢ ᠵᠦᠪᠳᠡᠯᠴᠡᠵᠦ ᠪᠠᠶᠢᠭᠠᠳ ᠦᠯᠡᠳᠡᠭᠡᠠ ᠠᠪᠤᠭᠰᠠᠨ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠵᠤ ᠪᠤᠯᠤᠨ᠎ᠠ᠂ ᠦᠯᠡᠳᠡᠭᠡᠠ ᠠᠪᠤᠭᠰᠠᠠ ᠡᠳ᠋ ᠬᠦᠷᠦᠩᠭᠡ ᠶᠢ ᠦᠨ᠎ᠡ ᠬᠠᠶᠠᠨ ᠬᠤᠳᠠᠯᠳᠤᠵᠤ᠂ ᠬᠤᠪᠢᠷᠠᠭᠤᠯᠤᠨ ᠬᠤᠳᠠᠯᠳᠤᠵᠤ ᠤᠯᠤᠭᠰᠠᠨ ᠦᠨ᠎ᠡ ᠶᠢᠨ ᠵᠤᠭᠤᠰ ᠢᠶᠠᠷ ᠤᠷᠢᠳ ᠢᠶᠠᠷ ᠲᠦᠯᠦᠪᠦᠷᠢ ᠤᠯᠵᠤ ᠪᠠᠰᠠ ᠪᠤᠯᠤᠨ᠎ᠠ᠃ᠦᠯᠡᠳᠡᠭᠡᠠ ᠠᠪᠬᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠬᠤᠪᠢᠷᠠᠭᠤᠯᠤᠨ ᠬᠤᠳᠠᠯᠳᠤᠬᠤ ᠳᠤ᠂ ᠵᠠᠬ᠎ᠠ ᠲᠡᠯᠭᠡᠬᠦᠷ ᠤᠨ ᠦᠨ᠎ᠡ ᠬᠠᠩᠰᠢ ᠪᠠᠷ ᠯᠠᠪᠯᠠᠯᠳᠠ ᠪᠤᠯᠭᠠᠬᠤ ᠬᠡᠷᠡᠭᠳᠡᠢ᠃ᠳᠦᠷᠪᠡᠨ ᠵᠠᠭᠤ ᠲᠠᠪᠢᠨ ᠳᠦᠷᠪᠡᠳᠦᠭᠡᠷ ᠵᠦᠢᠯ ᠦᠭᠴᠡᠭᠡᠳᠡᠨ ᠦᠭᠴᠡᠭᠡ ᠶᠢ ᠬᠦᠢᠴᠡᠳᠭᠡᠬᠦ ᠬᠤᠭᠤᠴᠠᠭ᠎ᠠ ᠲᠦᠬᠦᠷᠥᠭᠰᠡᠨ ᠤ ᠲᠠᠷᠠᠭ᠎ᠠ ᠦᠯᠡᠳᠡᠭᠡᠨ ᠠᠪᠬᠤ ᠡᠷᠬᠡ ᠶᠢ ᠬᠡᠷᠡᠭᠵᠢᠬᠦᠯᠦᠭᠦᠯᠬᠦ ᠪᠠᠷ ᠦᠯᠡᠳᠡᠭᠡᠨ ᠠᠪᠬᠤ ᠡᠷᠭᠡᠳᠦ ᠬᠦᠮᠦᠨ ᠳᠤ ᠭᠤᠶᠤᠴᠢᠯᠠᠵᠤ ᠪᠤᠯᠤᠨ᠎ᠠ︔ ᠦᠯᠡᠳᠡᠭᠡᠨ ᠠᠪᠬᠤ ᠡᠷᠬᠡᠳᠦ ᠬᠦᠮᠦᠨ ᠬᠡᠷᠡᠭᠵᠢᠬᠦᠯᠬᠦ ᠦᠭᠡᠢ ᠪᠠᠶᠢᠪᠠᠯ᠂ ᠦᠭᠴᠡᠭᠡᠳᠡᠨ ᠦᠯᠡᠳᠡᠭᠡᠨ ᠠᠪᠬᠤ ᠡᠳ᠋ ᠬᠦᠷᠦᠩᠭᠡ ᠶᠢ ᠦᠨ᠎ᠡ ᠬᠠᠶᠠᠵᠤ ᠬᠤᠳᠠᠯᠳᠤᠭᠤᠯᠬᠤ᠂ ᠬᠤᠪᠢᠷᠠᠭᠤᠯᠤᠨ ᠬᠤᠳᠠᠯᠳᠤᠭᠤᠯᠬᠤ ᠪᠠᠷ ᠠᠷᠠᠳ ᠤᠨ ᠰᠢᠬᠦᠬᠦ ᠬᠤᠷᠢᠶ᠎ᠡ ᠳᠤ ᠭᠤᠶᠤᠴᠢᠯᠠᠵᠤ ᠪᠤᠯᠤᠨ᠎ᠠ᠃ᠳᠦᠷᠪᠡᠨ ᠵᠠᠭᠤ ᠲᠠᠪᠢᠨ ᠲᠠᠪᠤᠳᠤᠭᠠᠷ ᠵᠦᠢᠯ ᠦᠯᠡᠳᠡᠭᠡᠨ ᠠᠪᠬᠤ ᠡᠳ᠋ ᠬᠦᠷᠦᠩᠭᠡ ᠶᠢ ᠦᠨ᠎ᠡ ᠨᠤᠭᠤᠯᠤᠨ ᠪᠤᠳᠤᠬᠤ ᠪᠤᠶᠤ ᠦᠨ᠎ᠡ ᠬᠠᠶᠠᠵᠤ ᠬᠤᠳᠠᠯᠳᠤᠨ᠂ ᠬᠤᠪᠢᠷᠠᠭᠤᠯᠤᠨ ᠬᠤᠳᠠᠯᠳᠤᠬᠰᠠᠨ ᠤ ᠲᠠᠷᠠᠭ᠎ᠠ᠂ ᠲᠡᠬᠦᠨ ᠤ ᠦᠨ᠎ᠡ ᠶᠢᠨ ᠵᠤᠭᠤᠰ ᠤᠨ ᠠᠪᠴᠠᠭᠠᠨ ᠤ ᠲᠤᠭ᠎ᠠ ᠠᠴᠠ ᠬᠡᠳᠦᠷᠡᠭᠰᠡᠨ ᠬᠡᠰᠡᠭ ᠨᠢ ᠦᠭᠴᠡᠭᠡᠳᠡᠨ ᠳᠤ ᠦᠮᠴᠢᠯᠡᠭᠳᠡᠨ᠎ᠡ᠂ ᠳᠤᠳᠠᠭᠤ ᠬᠡᠰᠡᠭ ᠢ ᠦᠭᠴᠡᠭᠡᠳᠡᠨ ᠢᠯᠭᠠᠷᠠᠭᠤᠯᠤᠨ ᠲᠦᠯᠦᠨ᠎ᠠ᠃ᠳᠦᠷᠪᠡᠨ ᠵᠠᠭᠤ ᠲᠠᠪᠢᠨ ᠵᠢᠷᠭᠤᠳᠤᠭᠠᠷ ᠵᠦᠢᠯ ᠮᠦᠨ ᠨᠢᠭᠡ ᠬᠦᠳᠡᠯᠬᠦ ᠬᠦᠷᠦᠩᠭᠡ ᠳᠤ ᠪᠠᠷᠢᠴᠠᠭᠠᠯᠠᠬᠤ ᠡᠷᠬᠡ ᠪᠤᠶᠤ ᠲᠠᠨᠵᠢ ᠶᠢᠨ ᠡᠷᠬᠡ ᠶᠢ ᠨᠢᠭᠡᠨᠲᠡ ᠲᠤᠭᠳᠠᠭᠠᠭᠰᠠᠨ ᠪᠦᠭᠡᠳ ᠲᠤᠰ ᠬᠦᠳᠡᠯᠬᠦ ᠬᠦᠷᠦᠩᠭᠡ ᠶᠢ ᠪᠠᠰᠠ ᠦᠯᠡᠳᠡᠭᠡᠨ ᠠᠪᠤᠭᠰᠠᠨ ᠪᠠᠶᠢᠪᠠᠯ᠂ ᠦᠯᠡᠳᠡᠭᠡᠨ ᠠᠪᠬᠤ ᠡᠷᠭᠡᠳᠦ ᠬᠦᠮᠦᠨ ᠤᠷᠢᠳ ᠢᠶᠠᠷ ᠲᠦᠯᠦᠪᠤᠷᠢ ᠤᠯᠤᠨ᠎ᠠ᠃ᠳᠦᠷᠪᠡᠨ ᠵᠠᠭᠤ ᠲᠠᠪᠢᠨ ᠳᠤᠯᠤᠳᠤᠭᠠᠷ ᠵᠦᠢᠯ ᠦᠯᠡᠳᠡᠭᠡᠨ ᠠᠪᠬᠤ ᠡᠷᠬᠡᠳᠦ ᠬᠦᠮᠦᠨ ᠦᠯᠡᠳᠡᠭᠡᠨ ᠠᠪᠬᠤ ᠡᠳ᠋ ᠬᠦᠷᠦᠩᠭᠡ ᠳᠤ ᠡᠵᠡᠮᠰᠢᠯ ᠢᠶᠠᠨ ᠠᠯᠳᠠᠭᠰᠠᠨ ᠪᠤᠶᠤ ᠦᠭᠴᠡᠭᠡᠳᠡᠨ ᠤ ᠠᠰᠳᠠᠭᠠᠨ ᠬᠠᠨᠭ᠍ᠭᠠᠭᠰᠠᠨ ᠲᠠᠭᠠᠭᠠᠯᠳᠠ ᠶᠢ ᠬᠦᠯᠢᠶᠡᠨ ᠠᠪᠤᠭᠰᠠᠨ ᠪᠠᠶᠢᠪᠠᠯ᠂ ᠦᠯᠡᠳᠡᠭᠡᠨ ᠠᠪᠬᠤ ᠡᠷᠬᠡ ᠨᠢ ᠤᠰᠠᠳᠤᠨ᠎ᠠ᠃ ᠲᠠᠪᠤᠳᠤᠭᠠᠷ ᠬᠤᠪᠢᠶᠠᠷᠢ ᠠᠩᠬᠢ ᠡᠵᠡᠮᠰᠢᠬᠦ ᠬᠤᠷᠢᠳᠤᠭᠠᠷ ᠪᠦᠯᠦᠭ ᠡᠵᠡᠮᠰᠢᠬᠦᠳᠦᠷᠪᠡᠨ ᠵᠠᠭᠤ ᠲᠠᠪᠢᠨ ᠨᠠᠢᠮᠠᠳᠤᠭᠠᠷ ᠵᠦᠢᠯ ᠭᠡᠷ᠎ᠡ ᠶᠢᠨ ᠬᠠᠷᠢᠴᠠᠭ᠎ᠠ ᠵᠡᠷᠭᠡ ᠳᠤ ᠦᠨᠳᠦᠰᠦᠯᠡᠵᠤ ᠪᠤᠢ ᠪᠤᠯᠤᠭᠰᠠᠨ ᠡᠵᠡᠮᠰᠢᠯ᠂ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠤᠯᠪᠤᠭᠳᠠᠬᠤ ᠬᠡᠷᠡᠭᠯᠡᠯᠳᠡ᠂ ᠠᠰᠢᠭ ᠤᠷᠤᠯᠭ᠎ᠠ᠂ ᠬᠡᠷ᠎ᠡ ᠵᠦᠷᠢᠴᠡᠭᠰᠡᠨ ᠬᠠᠷᠢᠭᠤᠴᠠᠯᠭ᠎ᠠ ᠵᠡᠷᠭᠡ ᠳᠤ ᠭᠡᠷ᠎ᠡ ᠶᠢᠨ ᠪᠤᠯᠵᠤᠯ ᠶᠤᠰᠤᠭᠠᠷ ᠶᠠᠪᠤᠭᠤᠯᠤᠨ᠎ᠠ︔ ᠭᠡᠷ᠎ᠡ ᠳᠤ ᠪᠤᠯᠵᠤᠯ ᠦᠭᠡᠢ ᠪᠤᠶᠤ ᠪᠤᠯᠵᠤᠯ ᠨᠢ ᠲᠤᠳᠤᠷᠬᠠᠢ ᠦᠭᠡᠢ ᠪᠠᠶᠢᠪᠠᠯ᠂ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠶᠠᠪᠤᠭᠤᠯᠤᠨ᠎ᠠ᠃ᠳᠦᠷᠪᠡᠨ ᠵᠠᠭᠤ ᠲᠠᠪᠢᠨ ᠶᠢᠰᠦᠳᠦᠭᠡᠷ ᠵᠦᠢᠯ ᠡᠵᠡᠮᠰᠢᠭᠴᠢ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠡᠷᠡᠭᠯᠡᠭᠰᠡᠨ ᠠᠴᠠ ᠪᠣᠯᠵᠤ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠮᠠᠭᠤ ᠰᠠᠨᠠᠭᠠᠳᠤ ᠡᠵᠡᠮᠰᠢᠭᠴᠢ ᠲᠦᠯᠦᠬᠦ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃ᠳᠦᠷᠪᠡᠨ ᠵᠠᠭᠤ ᠵᠢᠷᠠᠳᠤᠭᠠᠷ ᠵᠦᠢᠯ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠡᠵᠡᠮᠰᠢᠭᠴᠢ ᠳᠤ ᠡᠵᠡᠮᠰᠢᠭᠳᠡᠭᠰᠡᠨ ᠪᠠᠶᠢᠪᠠᠯ᠂ ᠡᠷᠬᠡᠳᠦ ᠬᠦᠮᠦᠨ ᠤᠤᠯ ᠪᠤᠳᠠᠰ ᠵᠢᠴᠢ ᠲᠡᠬᠦᠨ ᠤ ᠦᠷᠡᠵᠢᠪᠦᠷᠢ ᠬᠦᠦ ᠶᠢ ᠪᠤᠴᠠᠭᠠᠯᠭᠠᠬᠤ ᠪᠠᠷ ᠭᠤᠶᠤᠴᠢᠯᠠᠵᠤ ᠪᠤᠯᠤᠨ᠎ᠠ︔ ᠭᠡᠪᠡᠴᠦ ᠰᠠᠶᠢᠨ ᠰᠠᠨᠠᠭᠠᠳᠤ ᠡᠵᠡᠮᠰᠢᠭᠴᠢ ᠶᠢᠨ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢ ᠬᠠᠮᠠᠭᠠᠯᠠᠬᠤ ᠳᠤ ᠵᠠᠷᠤᠴᠠᠭᠤᠯᠤᠭᠰᠠᠨ ᠴᠢᠬᠤᠯᠠ ᠪᠦᠬᠦᠢ ᠵᠠᠷᠤᠳᠠᠯ ᠢ ᠦᠭᠬᠦ ᠬᠡᠷᠡᠭᠳᠡᠢ᠃ᠳᠦᠷᠪᠡᠨ ᠵᠠᠭᠤ ᠵᠢᠷᠠᠨ ᠨᠢᠭᠡᠳᠤᠭᠡᠷ ᠵᠦᠢᠯ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠡᠪᠳᠡᠷᠡᠨ ᠰᠦᠢᠳᠴᠦ᠂ ᠤᠰᠠᠳᠤᠭᠠᠳ᠂ ᠲᠤᠰ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠶᠢᠨ ᠡᠷᠬᠡᠳᠦ ᠬᠦᠮᠦᠨ ᠲᠦᠯᠦᠪᠦᠷᠢ ᠠᠪᠬᠤ ᠪᠠᠷ ᠭᠤᠶᠤᠴᠢᠯᠠᠬᠤ ᠳᠤ ᠬᠦᠷᠪᠡᠯ᠂ ᠡᠵᠡᠮᠰᠢᠭᠴᠢ ᠨᠢ ᠡᠪᠳᠡᠷᠡᠨ ᠰᠦᠢᠳᠴᠦ᠂ ᠤᠰᠠᠳᠤᠭᠰᠠᠨ ᠠᠴᠠ ᠪᠤᠯᠵᠤ ᠤᠯᠤᠭᠰᠠᠨ ᠲᠠᠭᠠᠳᠬᠠᠯ ᠤᠨ ᠮᠦᠡᠭᠬᠦ᠂ ᠲᠦᠯᠦᠪᠦᠷᠢ ᠶᠢᠨ ᠮᠦᠡᠭᠬᠦ ᠪᠤᠶᠤ ᠨᠦᠬᠦᠪᠦᠷᠢ ᠶᠢᠨ ᠮᠦᠡᠭᠬᠦ ᠵᠡᠷᠭᠡ ᠶᠢ ᠡᠷᠬᠡᠳᠦ ᠬᠦᠮᠦᠨ ᠳᠤ ᠪᠤᠴᠠᠭᠠᠵᠤ ᠦᠭᠭᠦ ᠬᠡᠷᠡᠭᠳᠡᠢ︔ ᠡᠷᠬᠡᠳᠦ ᠬᠦᠮᠦᠨ ᠤ ᠬᠤᠬᠢᠷᠠᠯ ᠨᠢ ᠬᠦᠢᠴᠡᠳ ᠨᠦᠬᠦᠪᠦᠷᠢᠯᠡᠭᠳᠡᠭᠰᠠᠨ ᠦᠭᠡᠢ ᠪᠠᠶᠢᠪᠠᠯ᠂ ᠮᠠᠭᠤ ᠰᠠᠨᠠᠭᠠᠳᠤ ᠡᠵᠡᠮᠰᠢᠭᠴᠢ ᠪᠠᠰᠠ ᠬᠤᠬᠢᠷᠠᠯ ᠢ ᠲᠦᠯᠦᠬᠦ ᠬᠡᠷᠡᠭᠳᠡᠢ᠃ᠳᠦᠷᠪᠡᠨ ᠵᠠᠭᠤ ᠵᠢᠷᠠᠨ ᠬᠤᠶᠠᠳᠤᠭᠠᠷ ᠵᠦᠢᠯ ᠡᠵᠡᠮᠰᠢᠭᠰᠡᠨ ᠦᠯᠦ ᠬᠦᠳᠡᠯᠬᠦ ᠬᠦᠷᠦᠩᠭᠡ ᠪᠤᠶᠤ ᠬᠦᠳᠡᠯᠬᠦ ᠬᠦᠷᠦᠩᠭᠡ ᠨᠢ ᠪᠤᠰᠤᠳ ᠲᠤ ᠡᠵᠡᠯᠡᠭᠳᠡᠭᠰᠡᠨ ᠪᠠᠶᠢᠪᠠᠯ᠂ ᠡᠵᠡᠮᠰᠢᠭᠴᠢ ᠤᠤᠯ ᠪᠤᠳᠠᠰ ᠢ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠲᠠᠢ︔ ᠡᠵᠡᠮᠰᠢᠬᠦ ᠶᠢ ᠬᠠᠷᠰᠢᠯᠠᠭᠰᠠᠨ ᠦᠢᠯᠡ ᠠᠵᠢᠯᠯᠠᠭ᠎ᠠ ᠳᠤ᠂ ᠡᠵᠡᠮᠰᠢᠭᠴᠢ ᠬᠠᠷᠰᠢᠯᠠᠯ ᠢ ᠠᠷᠢᠯᠭᠠᠭᠤᠯᠬᠤ ᠪᠤᠶᠤ ᠠᠶᠤᠯ ᠲᠦᠭᠰᠢᠬᠦᠷᠢ ᠶᠢ ᠠᠷᠢᠯᠭᠠᠭᠤᠯᠬᠤ ᠪᠠᠷ ᠭᠤᠶᠤᠴᠢᠯᠠᠬᠤ ᠡᠷᠬᠡ ᠲᠠᠢ︔ ᠡᠵᠡᠯᠡᠨ ᠠᠪᠤᠬᠰᠠᠨ ᠪᠤᠶᠤ ᠬᠠᠷᠰᠢᠯᠠᠭᠰᠠᠨ ᠠᠴᠠ ᠪᠤᠯᠵᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠵᠡᠮᠰᠢᠭᠴᠢ ᠬᠠᠤᠯᠢ ᠶᠤᠰᠤᠭᠠᠷ ᠬᠤᠬᠢᠷᠠᠯ ᠤᠨ ᠲᠦᠯᠦᠪᠦᠷᠢ ᠠᠪᠬᠤ ᠪᠠᠷ ᠭᠤᠶᠤᠴᠢᠯᠠᠬᠤ ᠡᠷᠬᠡ ᠲᠠᠢ᠃ᠡᠵᠡᠮᠰᠢᠭᠴᠢ ᠤᠤᠯ ᠪᠤᠳᠠᠰ ᠢ ᠪᠤᠴᠠᠭᠠᠯᠭᠠᠬᠤ ᠭᠤᠶᠤᠴᠢᠯᠠᠯ ᠤᠨ ᠡᠷᠬᠡ ᠪᠠᠨ ᠡᠵᠡᠯᠡᠨ ᠠᠪᠤᠬᠰᠠᠨ ᠦᠢᠯᠡ ᠠᠵᠢᠯᠯᠠᠭ᠎ᠠ ᠡᠭᠦᠰᠦᠭᠰᠡᠨ ᠡᠳᠦᠷ ᠠᠴᠠ ᠡᠬᠢᠯᠡᠨ ᠨᠢᠭᠡ ᠵᠢᠯ ᠤᠨ ᠲᠤᠳᠤᠷ᠎ᠠ ᠬᠡᠷᠡᠭᠵᠢᠬᠦᠯᠦᠭᠰᠡᠨ ᠦᠭᠡᠢ ᠪᠠᠶᠢᠪᠠᠯ᠂ ᠲᠤᠰ ᠭᠤᠶᠤᠴᠢᠯᠠᠯ ᠤᠨ ᠡᠷᠬᠡ ᠨᠢ ᠤᠰᠠᠳᠤᠨ᠎ᠠ᠃ᠭᠤᠷᠪᠠᠳᠤᠭᠠᠷ ᠠᠩᠬᠢ ᠭᠡᠷ᠎ᠡ ᠨᠢᠭᠡᠳᠦᠭᠡᠷ ᠬᠤᠪᠢᠶᠠᠷᠢ ᠠᠩᠬᠢ ᠶᠡᠷᠦᠩᠭᠡᠢ ᠲᠦᠷᠢᠮ ᠨᠢᠭᠡᠳᠦᠭᠡᠷ ᠪᠦᠯᠦᠭ   ᠡᠩ ᠤᠨ ᠲᠤᠬᠳᠡᠭᠠᠯᠳᠦᠷᠪᠡᠨ ᠵᠠᠭᠤ ᠵᠢᠷᠠᠨ ᠭᠤᠷᠪᠠᠳᠤᠭᠠᠷ ᠵᠦᠢᠯ ᠲᠤᠰ ᠠᠩᠬᠢ ᠭᠡᠷ᠎ᠡ ᠠᠴᠠ ᠪᠤᠢ ᠪᠤᠯᠤᠭᠰᠠᠨ ᠢᠷᠭᠡᠨ ᠤ ᠬᠡᠷᠡᠭ ᠤᠨ ᠬᠠᠷᠢᠴᠠᠭ᠎ᠠ ᠶᠢ ᠲᠤᠬᠢᠷᠠᠭᠤᠯᠤᠨ᠎ᠠ᠃ᠳᠦᠷᠪᠡᠨ ᠵᠠᠭᠤ ᠵᠢᠷᠠᠨ ᠳᠦᠷᠪᠡᠳᠦᠭᠡᠷ ᠵᠦᠢᠯ ᠭᠡᠷ᠎ᠠ ᠪᠤᠯ ᠢᠷᠭᠡᠨ ᠤ ᠬᠡᠷᠡᠭ ᠤᠨ ᠪᠡᠶᠡᠴᠢ ᠴᠤᠬᠴᠠ ᠶᠢᠨ ᠬᠤᠭᠤᠷᠦᠡᠳᠦᠬᠢ ᠢᠷᠭᠡᠠ ᠤ ᠭᠡᠷᠡᠭ ᠤᠨ ᠬᠠᠤᠯᠢ ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠡᠭᠤᠯᠬᠤ᠂ ᠲᠡᠭᠤᠰᠬᠠᠬᠤ ᠭᠡᠯᠡᠯᠴᠡᠭᠡᠷ ᠪᠤᠯᠤᠨ᠎ᠡ᠃ᠤᠷᠤᠬ ᠤᠨ ᠪᠠᠶᠢᠳᠡᠯ᠂ ᠡᠷᠬᠦᠠ ᠲᠡᠵᠢᠭᠡᠬᠦ᠂ ᠬᠢᠨᠡᠠ ᠬᠠᠮᠡᠭᠠᠯᠡᠬᠤ ᠵᠡᠷᠭᠡ ᠬᠤᠯᠪᠤᠭᠳᠠᠯ ᠪᠦᠬᠦᠢ ᠪᠡᠶ᠎ᠡ ᠭᠡᠮ ᠤᠨ ᠬᠠᠷᠢᠴᠠᠭ᠎ᠠ ᠶᠢᠨ ᠲᠤᠬᠠᠢ ᠭᠡᠯᠡᠯᠴᠡᠭᠡᠷ ᠲᠤ᠂ ᠲᠤᠰ ᠪᠡᠶ᠎ᠡ ᠬᠡᠮ ᠤᠨ ᠬᠠᠷᠢᠴᠠᠭ᠎ᠠ ᠶᠢᠨ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ︔ ᠲᠤᠭᠲᠠᠭᠠᠯ ᠦᠭᠡᠢ ᠪᠤᠯ᠂ ᠲᠡᠭᠦᠨ ᠤ ᠰᠢᠨᠵᠢ ᠴᠢᠨᠠᠷ ᠢ ᠨᠢ ᠦᠨᠳᠦᠰᠦᠯᠡᠵᠤ᠂ ᠲᠤᠰ ᠠᠩᠬᠢ ᠶᠢᠨ ᠲᠤᠬᠳᠡᠭᠠᠯ ᠢ ᠯᠠᠪᠯᠠᠯᠲᠠ ᠪᠤᠯᠭᠠᠵᠤ ᠲᠤᠬᠢᠷᠠᠭᠤᠯᠤᠨ ᠭᠡᠷᠡᠭᠯᠡᠵᠤ ᠪᠤᠯᠤᠨ᠎ᠡ᠃ᠳᠦᠷᠪᠡᠨ ᠵᠠᠭᠤ ᠵᠢᠷᠠᠨ ᠲᠠᠪᠤᠳᠤᠭᠠᠷ ᠵᠦᠢᠯ ᠬᠠᠤᠯᠢ ᠶᠤᠰᠤᠭᠠᠷ ᠪᠠᠶᠢᠭᠤᠯᠤᠭᠰᠠᠨ ᠭᠡᠷ᠎ᠡ ᠶᠢ ᠬᠠᠤᠯᠢ ᠪᠠᠷ ᠬᠠᠮᠠᠭᠠᠯᠠᠨ᠎ᠠ᠃ᠬᠠᠤᠯᠢ ᠶᠤᠰᠤᠭᠠᠷ ᠪᠠᠶᠢᠭᠤᠯᠤᠭᠰᠠᠨ ᠭᠡᠷ᠎ᠡ ᠨᠢ ᠲᠤᠬᠠᠢ ᠶᠢᠨ ᠬᠦᠮᠦᠨ ᠳᠤ ᠯᠡ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ ᠳᠦᠷᠪᠡᠨ ᠵᠠᠭᠤ ᠵᠢᠷᠠᠨ ᠵᠢᠷᠭᠤᠳᠤᠭᠠᠷ ᠵᠦᠢᠯ ᠲᠤᠬᠠᠢ ᠶᠢᠨ ᠬᠦᠮᠦᠨ ᠬᠡᠷ᠎ᠡ ᠶᠢᠨ ᠵᠦᠢᠯ ᠵᠤᠷᠪᠤᠰ ᠤᠨ ᠤᠶᠢᠯᠠᠭᠠᠯᠲᠠ ᠶᠢᠨ ᠲᠠᠯ᠎ᠠ ᠪᠠᠷ ᠮᠠᠷᠭᠤᠭᠠᠨ ᠲᠠᠢ ᠪᠠᠶᠢᠪᠠᠯ᠂ ᠲᠤᠰ ᠬᠠᠤᠯᠢ ᠶᠢᠨ ᠵᠠᠭᠤ ᠳᠦᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠤᠭᠲᠠᠭᠠᠯ ᠢ ᠦᠨᠳᠦᠰᠦᠯᠡᠨ ᠮᠠᠷᠭᠤᠭᠠᠨ ᠲᠠᠢ ᠵᠦᠢᠯ ᠵᠤᠷᠪᠤᠰ ᠤᠨ ᠠᠭᠤᠯᠭ᠎ᠠ ᠶᠢ ᠲᠤᠭᠲᠠᠭᠠᠬᠤ ᠬᠡᠷᠡᠭᠲᠡᠢ᠃ᠭᠡᠷ᠎ᠡ ᠶᠢᠨ ᠲᠧᠺᠰᠲ ᠢ ᠬᠤᠶᠠᠷ ᠵᠦᠢᠯ ᠠᠴᠠ ᠳᠡᠭᠡᠭᠰᠢ ᠦᠰᠦᠭ ᠢᠶᠠᠷ ᠲᠤᠭᠲᠠᠭᠠᠬᠤ ᠪᠦᠭᠡᠳ ᠠᠳᠠᠯᠢ ᠬᠦᠴᠦᠨ ᠲᠠᠢ ᠭᠡᠵᠦ ᠪᠤᠯᠵᠤᠨ ᠲᠤᠭᠲᠠᠭᠰᠠᠨ ᠪᠠᠶᠢᠪᠠᠯ᠂ ᠡᠯ᠎ᠡ ᠲᠧᠺᠰᠲ ᠲᠤ ᠬᠡᠷᠡᠭᠯᠡᠬᠦ ᠦᠭᠡ ᠦᠭᠦᠯᠡᠪᠦᠷᠢ ᠶᠢ ᠵᠦᠢᠴᠢᠯᠠᠨ ᠲᠤᠭᠲᠠᠭᠠᠬᠤ ᠨᠢ ᠠᠳᠠᠯᠢ ᠤᠳᠬ᠎ᠠ ᠲᠠᠢ᠃ ᠡᠯ᠎ᠡ ᠲᠧᠺᠰᠲ ᠲᠤ ᠬᠡᠷᠡᠭᠯᠡᠬᠦ ᠦᠭᠡ ᠦᠭᠦᠯᠡᠪᠦᠷᠢ ᠨᠢ ᠨᠢᠭᠡᠳᠦᠯ ᠦᠭᠡᠢ ᠪᠠᠶᠢᠪᠠᠯ᠂ ᠭᠡᠷ᠎ᠡ ᠶᠢᠨ ᠬᠤᠯᠪᠤᠭᠳᠠᠯ ᠪᠦᠬᠦᠢ ᠵᠦᠢᠯ ᠵᠤᠷᠪᠤᠰ᠂ ᠰᠢᠨᠵᠢ ᠴᠢᠨᠠᠷ᠂ ᠵᠤᠷᠢᠯᠭ᠎ᠠ ᠵᠢᠴᠢ ᠦᠨᠡᠨᠴᠢ ᠢᠲᠡᠬᠡᠮᠵᠢᠲᠡᠢ ᠪᠠᠶᠢᠬᠤ ᠵᠠᠷᠴᠢᠮ ᠵᠡᠷᠭᠡ ᠶᠢ ᠦᠨᠳᠦᠰᠦᠯᠡᠵᠦ ᠲᠠᠶᠢᠯᠪᠤᠷᠢᠯᠠᠬᠤ ᠬᠡᠷᠡᠭᠲᠡᠢ᠃ᠳᠦᠷᠪᠡᠨ ᠵᠠᠭᠤ ᠵᠢᠷᠠᠨ ᠳᠤᠯᠤᠳᠤᠭᠠᠷ ᠵᠦᠢᠯ ᠲᠤᠰ ᠬᠠᠤᠯᠢ ᠪᠤᠶᠤ ᠪᠤᠰᠤᠳ ᠬᠠᠤᠯᠢ ᠴᠠᠭᠠᠵᠠ ᠳᠤ ᠲᠤᠲᠤᠷᠬᠠᠢ ᠲᠤᠭᠲᠠᠭᠠᠭᠰᠠᠨ ᠦᠭᠡᠢ ᠭᠡᠷ᠎ᠡ ᠳᠤ᠂ ᠲᠤᠰ ᠠᠩᠬᠢ ᠶᠢᠨ ᠶᠡᠷᠦᠩᠬᠡᠢ ᠳᠦᠷᠢᠮ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠬᠦ ᠪᠦᠭᠡᠳ ᠲᠤᠰ ᠠᠩᠬᠢ ᠪᠤᠶᠤ ᠪᠤᠰᠤᠳ ᠬᠠᠤᠯᠢ ᠴᠠᠭᠠᠵᠠ ᠶᠢᠨ ᠬᠠᠮᠤᠭ ᠤᠨ ᠲᠦᠰᠦᠭᠡᠲᠡᠢ ᠭᠡᠷ᠎ᠡ ᠶᠢᠨ ᠲᠤᠭᠲᠠᠭᠠᠯ ᠢ ᠯᠠᠪᠯᠠᠯᠲᠠ ᠪᠤᠯᠭᠠᠵᠤ ᠲᠤᠬᠢᠷᠠᠭᠤᠯᠤᠨ ᠬᠡᠷᠡᠭᠯᠡᠨ᠎ᠡ᠃ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤᠳᠤᠷ᠎ᠠ ᠬᠡᠷᠡᠭᠵᠢᠬᠦᠯᠬᠦ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠤ ᠠᠬᠤᠢᠢᠯᠡᠯ ᠤᠨ ᠬᠡᠷ᠎ᠡ᠂ ᠳᠤᠮᠳᠠᠳᠤ ᠭᠠᠳᠠᠭᠠᠳᠤ ᠶᠢᠨ ᠬᠤᠷᠰᠢᠨ ᠡᠵᠡᠩᠨᠡᠭᠰᠡᠨ ᠠᠵᠤ ᠠᠬᠤᠢᠢᠯᠠᠯ ᠤᠨ ᠬᠡᠷ᠎ᠡ᠂ ᠳᠤᠮᠳᠠᠳᠤ ᠭᠠᠳᠠᠭᠠᠳᠤ ᠬᠤᠷᠰᠢᠨ ᠪᠠᠶᠢᠭᠠᠯᠢ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠬᠡᠬᠡᠨ ᠠᠰᠢᠬᠯᠠᠬᠤ ᠬᠡᠷ᠎ᠡ ᠳᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢ ᠳᠤᠬᠢᠷᠠᠭᠤᠯᠤᠨ ᠬᠡᠷᠡᠭᠯᠡᠨ᠎ᠡ᠃ᠳᠦᠷᠪᠡᠨ ᠵᠠᠭᠤ ᠵᠢᠷᠠᠨ ᠨᠠᠢᠮᠠᠳᠤᠭᠠᠷ ᠵᠦᠢᠯ ᠭᠡᠷ᠎ᠡ ᠶᠢᠨ ᠪᠤᠰᠤ ᠰᠢᠯᠲᠠᠭᠠᠨ ᠢᠶᠠᠷ ᠪᠤᠢ ᠪᠤᠯᠤᠭᠰᠠᠨ ᠠᠪᠴᠠᠭ᠎ᠠ ᠦᠭᠴᠡᠭᠡᠨ ᠤ ᠬᠠᠷᠢᠴᠠᠭ᠎ᠠ ᠳᠤ᠂ ᠲᠤᠰ ᠠᠪᠴᠠᠭ᠎ᠠ ᠦᠭᠴᠡᠭᠡᠨ ᠤ ᠬᠠᠷᠢᠴᠠᠭ᠎ᠠ ᠶᠢᠨ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ︔ ᠲᠤᠭᠲᠠᠭᠠᠯ ᠦᠭᠡᠢ ᠪᠤᠯ᠂ ᠲᠤᠰ ᠠᠩᠬᠢ ᠶᠢᠨ ᠶᠡᠷᠦᠩᠬᠡᠢ ᠳᠦᠷᠢᠮ ᠤᠨ ᠬᠤᠯᠪᠤᠭᠳᠠᠯ ᠪᠦᠬᠦᠢ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠂ ᠭᠡᠪᠡᠴᠦ ᠰᠢᠨᠵᠢ ᠴᠢᠨᠠᠷ ᠢ ᠨᠢ ᠦᠨᠳᠦᠰᠦᠯᠡᠪᠡᠯ ᠲᠤᠬᠢᠷᠠᠭᠤᠯᠤᠨ ᠬᠡᠷᠡᠭᠯᠡᠵᠦ ᠪᠤᠯᠬᠤ ᠦᠭᠡᠢ ᠨᠢ ᠡᠭᠦᠨ ᠳᠤ ᠪᠠᠭᠲᠠᠬᠤ ᠦᠭᠡᠢ᠃ ᠬᠤᠶᠡᠳᠦᠭᠠᠷ ᠪᠦᠯᠦᠭ ᠭᠡᠷ᠎ᠠ ᠲᠤᠬᠳᠡᠭᠠᠬᠤᠳᠦᠷᠪᠡᠨ ᠵᠠᠭᠤ ᠵᠢᠷᠠ ᠶᠢᠰᠦᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠲᠤᠬᠳᠡᠭᠠᠬᠤ ᠳᠠᠭᠠᠨ ᠪᠢᠴᠢᠭ ᠤᠨ ᠭᠡᠯᠪᠡᠷᠢ᠂ ᠠᠮᠡᠠ ᠭᠡᠯᠪᠡᠷᠢ ᠪᠤᠶᠤ ᠪᠤᠰᠤᠤᠠ ᠭᠡᠯᠪᠡᠷᠢ ᠶᠢ ᠠᠪᠴᠦ ᠪᠤᠯᠦᠨ᠎ᠡ᠃ᠪᠢᠴᠢᠭ ᠤᠨ ᠭᠡᠯᠪᠡᠷᠢ ᠭᠡᠳᠡᠭ ᠪᠤᠯ ᠠᠭᠤᠯᠵᠦ ᠪᠦᠬᠦᠢ ᠠᠭᠤᠯᠭ᠎ᠠ ᠶᠢ ᠲᠦᠷᠰᠦᠳᠦ ᠭᠡᠯᠪᠡᠷᠢ ᠪᠠᠷ ᠢᠯᠡᠳᠬᠡᠵᠦ ᠪᠤᠯᠬᠤ ᠭᠡᠷ᠎ᠠ ᠪᠢᠴᠢᠭ᠂ ᠵᠡᠬᠢᠳᠡᠯ ᠴᠢᠮᠡᠭᠡ᠂ ᠴᠡᠬᠢᠯᠭᠠᠠ ᠮᠡᠳᠡᠭᠡ᠂ ᠲᠧᠯᠧᠺᠰ᠂ ᠹᠡᠺᠰ ᠵᠡᠷᠭᠡ ᠬᠡᠯᠪᠡᠷᠢ ᠪᠤᠯᠤᠨ᠎ᠠ᠃ᠡᠯᠧᠺᠲᠷᠣᠨ ᠳ᠋ᠡᠶᠢᠲ᠋ᠠ ᠰᠤᠯᠢᠯᠴᠠᠭ᠎ᠠ ᠪᠤᠯᠦᠠ ᠢᠮᠧᠯ ᠵᠡᠷᠭᠡ ᠠᠷᠭ᠎ᠠ ᠮᠠᠶ᠋ᠢᠭ ᠢᠶᠠᠷ ᠠᠭᠤᠯᠵᠦ ᠪᠦᠬᠦᠢ ᠠᠭᠤᠯᠭ᠎ᠠ ᠶᠢ ᠲᠦᠷᠰᠦᠳᠦ ᠭᠡᠯᠪᠡᠷᠢ ᠪᠠᠷ ᠢᠯᠡᠳᠬᠡᠵᠦ ᠲᠡᠶᠢᠯᠬᠦ ᠪᠦᠭᠡᠳ ᠴᠠᠭ ᠲᠤᠬᠠᠢ ᠳᠤᠨᠢ ᠭᠠᠷᠭᠠᠨ ᠠᠪᠴᠤ ᠪᠠᠶᠢᠴᠠᠭᠠᠨ ᠬᠡᠷᠡᠭᠯᠡᠵᠦ ᠪᠤᠯᠬᠤ ᠳ᠋ᠠᠶᠢᠲ᠋ᠠ ᠡᠯᠧᠺᠲᠷᠣᠨ ᠪᠢᠴᠢᠭ ᠢ ᠪᠢᠴᠢᠭ ᠤᠨ ᠬᠡᠯᠪᠡᠷᠢ ᠪᠠᠷ ᠦᠵᠡᠨ᠎ᠡ᠃ᠳᠦᠷᠪᠡᠨ ᠵᠠᠭᠤ ᠳᠠᠯᠠᠳᠤᠭᠠᠷ ᠵᠦᠢᠯ ᠭᠡᠷ᠎ᠠ ᠶᠢᠨ ᠠᠭᠤᠯᠭ᠎ᠠ ᠶᠢ ᠲᠤᠬᠠᠢ ᠶᠢᠨ ᠬᠦᠮᠦᠠ ᠪᠤᠯᠵᠦᠠ ᠲᠤᠬᠳᠡᠨ᠎ᠡ᠂ ᠡᠩ ᠤᠨ ᠪᠠᠶᠢᠳᠠᠯ ᠳᠤ ᠲᠤᠤᠷ᠎ᠠ ᠵᠢᠭᠰᠠᠭᠠᠭᠰᠠᠨ ᠵᠦᠢᠯ ᠵᠤᠷᠪᠤᠰ ᠢ ᠪᠠᠭᠳᠡᠭᠠᠨ᠎ᠡ᠄︵ᠨᠢᠭᠡ︶ ᠲᠤᠬᠠᠢ ᠶᠢᠨ ᠬᠦᠮᠦᠠ ᠤ ᠤᠪᠦᠬ ᠨᠡᠷ᠎ᠠ ᠪᠤᠶᠦ ᠨᠡᠷᠡᠶᠢᠳᠦᠯ ᠪᠠ ᠤᠷᠦᠠ ᠰᠡᠭᠤᠴᠠ︔︵ᠬᠤᠶᠡᠷ︶ ᠬᠠᠷᠡᠯᠳᠠ︔︵ᠭᠤᠷᠪᠡ︶ ᠲᠤᠭ᠎ᠠ ᠭᠡᠮᠵᠢᠶ᠎ᠠ︔︵ᠲᠦᠷᠪᠡ︶ ᠶᠡᠰᠦ ᠴᠢᠨᠡᠷ︔︵ᠲᠡᠪᠦ︶ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ︔︵ᠵᠢᠷᠭᠤᠭ᠎ᠠ︶ ᠬᠦᠢᠴᠡᠦᠡᠭᠡᠬᠦ ᠬᠤᠭᠤᠴᠠᠭ᠎ᠠ᠂ ᠭᠠᠵᠡᠷ ᠪᠡ ᠠᠷᠭ᠎ᠠ ᠮᠡᠶ᠋ᠢᠬ︔︵ᠲᠤᠯᠤᠭ᠎ᠠ︶ ᠬᠡᠷ᠎ᠡ ᠵᠦᠷᠢᠴᠡᠭᠰᠡᠠ ᠬᠠᠷᠢᠭᠤᠴᠡᠯᠭ᠎ᠠ︔︵ᠨᠡᠢᠮᠠ︶ ᠮᠡᠷᠭᠤᠭᠠᠠ ᠢ ᠰᠢᠢᠦᠡᠪᠦᠷᠢᠯᠡᠬᠦ ᠠᠷᠭ᠎ᠠ᠃ᠲᠤᠬᠠᠢ ᠶᠢᠨ ᠬᠦᠮᠦᠠ ᠡᠯ᠎ᠠ ᠲᠦᠷᠦᠯ ᠤᠨ ᠭᠡᠷ᠎ᠠ ᠶᠢᠨ ᠤᠢᠯᠢᠭᠡᠷ ᠲᠧᠺᠰᠲ ᠢᠶᠠᠷ ᠯᠡᠪᠯᠡᠯᠳᠠ ᠪᠤᠯᠭᠠᠵᠤ ᠭᠡᠷ᠎ᠠ ᠲᠤᠬᠳᠡᠭᠠᠵᠦ ᠪᠤᠯᠦᠨ᠎ᠡ᠃ᠳᠦᠷᠪᠡᠨ ᠵᠠᠭᠤ ᠳᠠᠯᠠᠨ ᠨᠢᠭᠡᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠲᠤᠬᠳᠡᠭᠠᠬᠤ ᠳᠠᠭᠠᠨ ᠪᠤᠯᠵᠤᠭ᠎ᠠ᠂ ᠠᠮᠡᠯᠡᠯᠲᠠ ᠶᠢᠨ ᠠᠷᠭ᠎ᠠ ᠮᠠᠶ᠋ᠢᠭ ᠪᠤᠶᠤ ᠪᠤᠰᠤᠳ ᠠᠷᠭ᠎ᠠ ᠮᠠᠶ᠋ᠢᠭ ᠢ ᠠᠪᠴᠤ ᠪᠤᠯᠤᠨ᠎ᠠ᠃ᠳᠦᠷᠪᠡᠨ ᠵᠠᠭᠤ ᠳᠠᠯᠠᠨ ᠬᠤᠶᠠᠳᠤᠭᠠᠷ ᠵᠦᠢᠯ ᠪᠤᠯᠵᠤᠭ᠎ᠠ ᠪᠤᠯ ᠪᠤᠰᠤᠤᠠ ᠬᠦᠮᠦᠠ ᠯᠦᠭᠡ ᠭᠡᠷ᠎ᠠ ᠲᠤᠬᠳᠡᠭᠠᠬᠤ ᠰᠡᠨᠡᠭᠠᠨ ᠤ ᠢᠯᠡᠳᠬᠡᠯᠲᠡ ᠮᠦᠠ᠂ ᠡᠨᠡ ᠬᠦ ᠰᠡᠨᠡᠭᠠᠨ ᠤ ᠢᠯᠡᠳᠬᠡᠯᠲᠡ ᠨᠢ ᠲᠤᠤᠷ᠎ᠠ ᠵᠢᠭᠰᠠᠭᠠᠭᠰᠠᠨ ᠨᠦᠬᠦᠴᠡᠯ ᠳᠤ ᠨᠡᠶᠢᠴᠡᠭᠰᠡᠠ ᠪᠠᠶᠢᠬᠤ ᠭᠡᠷᠡᠭᠳᠡᠢ᠄︵ᠨᠢᠭᠡ︶ ᠠᠭᠤᠯᠭ᠎ᠠ ᠨᠢ ᠪᠤᠳᠡᠳᠡᠢ᠂ ᠨᠤᠳᠡᠳᠡᠢ ᠪᠠᠶᠢᠬᠤ︔︵ᠬᠤᠶᠡᠷ︶ ᠪᠤᠯᠵᠤᠭ᠎ᠠ ᠬᠦᠯᠢᠶᠡᠭᠴᠢ ᠢᠯᠡᠷᠬᠡᠶᠢᠯᠡᠯᠳᠡ ᠶᠢᠨ ᠳᠤᠬᠠᠢ ᠠᠮᠡᠯᠠᠯᠳᠠ ᠬᠢᠭᠰᠡᠬᠡᠷ ᠪᠤᠯᠵᠦᠬᠴᠢ ᠲᠤᠰ ᠰᠡᠨᠡᠭᠠᠨ ᠤ ᠢᠯᠡᠳᠬᠡᠯᠲᠡ ᠳᠤ ᠬᠢᠵᠡᠭᠠᠷᠯᠡᠬᠳᠡᠬᠤ᠃ᠳᠦᠷᠪᠡᠨ ᠵᠠᠭᠤ ᠳᠠᠯᠠᠨ ᠭᠤᠷᠪᠠᠳᠤᠭᠠᠷ ᠵᠦᠢᠯ ᠪᠤᠯᠵᠦᠬᠤ ᠤᠷᠢᠯᠭ᠎ᠠ ᠪᠤᠯ ᠪᠤᠰᠤᠤᠠ ᠬᠦᠮᠦᠠ ᠢ ᠤᠢᠪᠡᠷ ᠤᠨ ᠪᠡᠶ᠎ᠡ ᠳᠡᠭᠡᠨ ᠪᠤᠯᠵᠤᠭ᠎ᠠ ᠲᠡᠯᠪᠢᠭᠤᠯᠬᠤ ᠪᠠᠷ ᠬᠦᠰᠡᠭᠰᠡᠠ ᠰᠡᠨᠡᠭᠠᠨ ᠤ ᠢᠯᠡᠳᠬᠡᠯᠲᠡ ᠮᠦᠠ᠃ ᠤᠢᠨ᠎ᠡ ᠬᠠᠶᠡᠵᠦ ᠬᠤᠳᠡᠯᠳᠦᠬᠤ ᠵᠡᠷᠯᠠᠯ᠂ ᠲᠡᠭᠠᠭᠠᠴᠢᠯᠡᠯᠳᠠ ᠶᠢᠨ ᠵᠡᠷᠯᠠᠯ᠂ ᠬᠤᠪᠢ ᠡᠯᠰᠡᠬᠦ ᠲᠤᠳᠦᠷᠬᠠᠢᠢᠯᠡᠯᠳᠠ ᠶᠢᠨ ᠪᠢᠴᠢᠭ᠂ ᠵᠢᠭᠡᠯᠡᠯᠭᠡ ᠶᠢᠨ ᠲᠡᠮᠳᠡᠭᠲᠤ ᠴᠤᠭᠯᠠᠭᠤᠯᠬᠤ ᠠᠷᠭ᠎ᠠ᠂ ᠰᠠᠭᠤᠷᠢ ᠮᠦᠡᠭᠭᠦ ᠴᠤᠭᠯᠠᠭᠤᠯᠬᠤ ᠲᠤᠲᠤᠷᠬᠠᠶᠢᠯᠠᠯᠲᠠ ᠶᠢᠨ ᠪᠢᠴᠢᠭ᠂ ᠬᠤᠳᠡᠯᠳᠦᠭᠠᠠ ᠤ ᠵᠡᠷ ᠪᠠ ᠤᠬᠠᠭᠤᠯᠭ᠎ᠠ᠂ ᠢᠯᠡᠭᠡᠵᠦ ᠬᠦᠷᠭᠡᠭᠰᠡᠨ ᠦᠨ᠎ᠡ ᠶᠢᠨ ᠬᠦᠰᠦᠨᠦᠭᠲᠦ ᠵᠡᠷᠭᠡ ᠨᠢ ᠪᠤᠯᠵᠦᠬᠤ ᠤᠷᠢᠯᠭ᠎ᠠ ᠪᠤᠯᠤᠨ᠎ᠡ᠃ᠬᠤᠳᠡᠯᠳᠦᠭᠠᠠ ᠤ ᠵᠡᠷ ᠪᠠ ᠤᠬᠠᠭᠤᠯᠭ᠎ᠠ ᠶᠢᠨ ᠠᠭᠤᠯᠭ᠎ᠠ ᠨᠢ ᠪᠤᠯᠵᠤᠭ᠎ᠠ ᠶᠢᠨ ᠨᠦᠬᠦᠴᠡᠯ ᠳᠤ ᠨᠡᠶᠢᠴᠡᠭᠰᠡᠠ ᠪᠠᠶᠢᠪᠡᠯ᠂ ᠪᠤᠯᠵᠤᠭ᠎ᠠ ᠪᠤᠯᠵᠤ ᠪᠦᠷᠢᠯᠳᠦᠨ᠎ᠡ᠃ᠳᠦᠷᠪᠡᠨ ᠵᠠᠭᠤ ᠳᠠᠯᠠᠨ ᠳᠦᠷᠪᠡᠳᠦᠭᠡᠷ ᠵᠦᠢᠯ ᠪᠤᠯᠵᠤᠭ᠎ᠠ ᠶᠢᠨ ᠬᠦᠴᠦᠠ ᠲᠠᠢ ᠪᠤᠯᠬᠤ ᠴᠠᠭ ᠲᠤ ᠲᠤᠰ ᠬᠠᠤᠯᠢ ᠶᠢᠨ ᠵᠠᠭᠤ ᠭᠤᠴᠢᠨ ᠳᠤᠯᠤᠳᠤᠭᠠᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ᠳᠦᠷᠪᠡᠨ ᠵᠠᠭᠤ ᠳᠠᠯᠠᠨ ᠲᠠᠪᠤᠳᠤᠭᠠᠷ ᠵᠦᠢᠯ ᠪᠤᠯᠵᠤᠭ᠎ᠠ ᠶᠢ ᠪᠤᠴᠠᠭᠠᠨ ᠠᠪᠴᠤ ᠪᠤᠯᠤᠨ᠎ᠠ᠃ ᠪᠤᠯᠵᠤᠭ᠎ᠠ ᠶᠢ ᠪᠤᠴᠠᠭᠠᠨ ᠠᠪᠬᠤ ᠳᠤ ᠲᠤᠰ ᠬᠠᠤᠯᠢ ᠶᠢᠨ ᠵᠠᠭᠤ ᠳᠦᠴᠢᠨ ᠨᠢᠭᠡᠳᠦᠭᠡᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ᠳᠦᠷᠪᠡᠨ ᠵᠠᠭᠤ ᠳᠠᠯᠠᠨ ᠵᠢᠷᠭᠤᠳᠤᠭᠠᠷ ᠵᠦᠢᠯ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠦᠨ᠎ᠡ᠂ ᠭᠡᠪᠡᠴᠦ ᠲᠤᠤᠷ᠎ᠠ ᠵᠢᠭᠰᠠᠭᠠᠭᠰᠠᠨ ᠪᠠᠶᠢᠳᠡᠯ ᠤᠨ ᠨᠢᠭᠡ ᠨᠢ ᠪᠠᠶᠢᠬᠤ ᠨᠢ ᠡᠭᠦᠨ ᠳᠤ ᠪᠠᠭᠲᠠᠬᠤ ᠤᠢᠭᠡᠢ᠄︵ᠨᠢᠭᠡ︶ ᠪᠤᠯᠵᠦᠬᠴᠢ ᠨᠢ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠣᠰᠢ ᠤᠢᠭᠡᠢ ᠭᠡᠵᠦ ᠠᠮᠡᠯᠡᠯᠳᠠ ᠶᠢᠨ ᠬᠤᠭᠤᠴᠠᠭ᠎ᠠ ᠲᠤᠬᠳᠡᠭᠠᠬᠤ ᠪᠤᠶᠦ ᠪᠤᠰᠤᠤᠠ ᠭᠡᠯᠪᠡᠷᠢ ᠪᠠᠷ ᠲᠤᠳᠦᠷᠬᠠᠢ ᠢᠯᠡᠦᠡᠭᠡᠭᠰᠡᠠ︔︵ᠬᠤᠶᠡᠷ︶ ᠪᠤᠯᠵᠤᠭ᠎ᠠ ᠬᠦᠯᠢᠶᠡᠭᠴᠢ ᠨᠢ ᠪᠤᠯᠵᠤᠭ᠎ᠠ ᠶᠢ ᠬᠦᠴᠦᠠ ᠤᠢᠭᠡᠢ ᠪᠤᠯᠭᠠᠵᠦ ᠪᠤᠯᠤᠰᠢ ᠤᠢᠭᠡᠢ ᠭᠡᠵᠦ ᠦᠵᠡᠬᠦ ᠤᠴᠢᠷ ᠰᠢᠯᠳᠡᠭᠠᠠ ᠲᠠᠢ ᠪᠦᠭᠡᠦᠠ ᠨᠢᠭᠡᠨᠳᠠ ᠭᠡᠷ᠎ᠠ ᠶᠢ ᠬᠦᠢᠴᠡᠦᠡᠭᠡᠬᠦ ᠶᠢᠨ ᠲᠦᠯᠦᠭᠡ ᠵᠦᠢ ᠵᠤᠬᠢᠰᠲᠠᠢ ᠪᠡᠯᠡᠦᠡᠭᠡᠯ ᠠᠵᠢᠯ ᠬᠢᠭᠰᠡᠠ᠃ᠳᠦᠷᠪᠡᠨ ᠵᠠᠭᠤ ᠳᠠᠯᠠᠨ ᠲᠤᠯᠦᠳᠦᠭᠠᠷ ᠵᠦᠢᠯ ᠪᠤᠯᠵᠤᠭ᠎ᠠ ᠶᠢ ᠬᠦᠴᠦᠨ ᠦᠭᠡᠢ ᠪᠤᠯᠭᠠᠬᠤ ᠰᠠᠨᠠᠭᠠᠨ ᠤ ᠢᠯᠡᠳᠬᠡᠯᠲᠡ ᠶᠢ ᠶᠠᠷᠢᠯᠴᠠᠭᠠᠨ ᠤ ᠠᠷᠭ᠎ᠠ ᠮᠠᠶ᠋ᠢᠭ ᠢᠶᠠᠷ ᠬᠢᠭᠰᠡᠨ ᠪᠠᠶᠢᠪᠠᠯ᠂ ᠪᠤᠯᠵᠤᠭ᠎ᠠ ᠬᠦᠯᠢᠶᠡᠭᠴᠢ ᠠᠮᠠᠯᠠᠯᠲᠠ ᠬᠢᠬᠦ ᠠᠴᠠ ᠪᠠᠨ ᠡᠮᠦᠨ᠎ᠡ ᠲᠤᠰ ᠰᠠᠨᠠᠭᠠᠨ ᠤ ᠢᠯᠡᠳᠬᠡᠯᠲᠡ ᠶᠢᠨ ᠠᠭᠤᠯᠭ᠎ᠠ ᠶᠢ ᠮᠡᠳᠡᠭᠰᠡᠨ ᠪᠠᠶᠢᠬᠤ ᠬᠡᠷᠡᠭᠲᠡᠢ︔ ᠪᠤᠯᠵᠤᠭ᠎ᠠ ᠶᠢ ᠬᠦᠴᠦᠨ ᠦᠭᠡᠢ ᠪᠤᠯᠭᠠᠬᠤ ᠰᠠᠨᠠᠭᠠᠨ ᠤ ᠢᠯᠡᠳᠬᠡᠯᠲᠡ ᠶᠢ ᠶᠠᠷᠢᠯᠴᠠᠭᠠᠨ ᠤ ᠪᠤᠰᠤ ᠠᠷᠭ᠎ᠠ ᠮᠠᠶ᠋ᠢᠭ ᠢᠶᠠᠷ ᠬᠢᠭᠰᠡᠨ ᠪᠠᠶᠢᠪᠠᠯ᠂ ᠪᠤᠯᠵᠤᠭ᠎ᠠ ᠬᠦᠯᠢᠶᠡᠭᠴᠢ ᠠᠮᠠᠯᠠᠯᠲᠠ ᠬᠢᠬᠦ ᠠᠴᠠ ᠡᠮᠦᠨ᠎ᠡ ᠪᠤᠯᠵᠤᠭ᠎ᠠ ᠬᠦᠯᠢᠶᠡᠭᠴᠢ ᠳᠤ ᠬᠦᠷᠦᠭᠰᠡᠠ ᠪᠠᠶᠢᠬᠤ ᠭᠡᠷᠡᠭᠳᠡᠢ᠃ᠳᠦᠷᠪᠡᠨ ᠵᠠᠭᠤ ᠳᠠᠯᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠡᠯ ᠤᠨ ᠨᠢᠭᠡ ᠨᠢ ᠪᠠᠶᠢᠪᠡᠯ᠂ ᠪᠤᠯᠵᠤᠭ᠎ᠠ ᠬᠦᠴᠦᠨ ᠢᠶᠠᠨ ᠠᠯᠳᠠᠨ᠎ᠡ᠄︵ᠨᠢᠭᠡ︶ ᠪᠤᠯᠵᠤᠭ᠎ᠠ ᠶᠢ ᠲᠡᠪᠴᠢᠭᠰᠡᠨ︔︵ᠬᠤᠶᠡᠷ︶ ᠪᠤᠯᠵᠤᠭ᠎ᠠ ᠶᠢ ᠬᠠᠤᠯᠢ ᠶᠤᠰᠤᠭᠠᠷ ᠬᠦᠴᠦᠠ ᠤᠢᠭᠡᠢ ᠪᠤᠯᠭᠠᠬᠰᠡᠠ︔︵ᠭᠤᠷᠪᠡ︶ ᠠᠮᠡᠯᠡᠯᠳᠠ ᠶᠢᠨ ᠬᠤᠭᠤᠴᠠᠭ᠎ᠠ ᠲᠦᠭᠦᠷᠦᠭᠰᠡᠨ ᠪᠠᠶᠢᠳᠡᠯ᠎ᠠ ᠪᠤᠯᠵᠤᠭ᠎ᠠ ᠬᠦᠯᠢᠶᠡᠭᠴᠢ ᠠᠮᠡᠯᠡᠯᠳᠠ ᠦᠯᠦ ᠬᠢᠭᠰᠡᠠ︔︵ᠲᠦᠷᠪᠡ︶ ᠪᠤᠯᠵᠤᠭ᠎ᠠ ᠬᠦᠯᠢᠶᠡᠭᠴᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ ᠬᠤᠪᠢᠷᠡᠭᠤᠯᠦᠯᠳᠠ ᠬᠢᠭᠰᠡᠠ ᠳᠦᠷᠪᠡᠨ ᠵᠠᠭᠤ ᠳᠠᠯᠠ ᠶᠢᠰᠦᠳᠦᠭᠡᠷ ᠵᠦᠢᠯ ᠠᠮᠡᠯᠡᠯᠳᠠ ᠪᠤᠯ ᠪᠤᠯᠵᠤᠭ᠎ᠠ ᠬᠦᠯᠢᠶᠡᠭᠴᠢ ᠶᠢᠨ ᠪᠤᠯᠵᠤᠭ᠎ᠠ ᠶᠢ ᠵᠦᠪᠰᠢᠶᠡᠷᠡᠭᠰᠡᠠ ᠰᠡᠨᠡᠭᠠᠨ ᠤ ᠢᠯᠡᠳᠬᠡᠯᠲᠡ ᠮᠦᠨ᠃ᠳᠦᠷᠪᠡᠨ ᠵᠠᠭᠤ ᠨᠠᠶᠠᠳᠦᠭᠠᠷ ᠵᠦᠢᠯ ᠠᠮᠡᠯᠡᠯᠳᠠ ᠶᠢ ᠮᠡᠳᠡᠭᠳᠡᠯ ᠤᠨ ᠠᠷᠭ᠎ᠠ ᠮᠡᠶ᠋ᠢᠬ ᠢᠶᠠᠷ ᠬᠢᠬᠦ ᠭᠡᠷᠡᠭᠳᠡᠢ︔ ᠭᠡᠪᠡᠴᠦ ᠠᠷᠡᠯᠵᠢᠶᠡᠠ ᠤ ᠵᠤᠷᠰᠢᠯ ᠪᠤᠶᠦ ᠪᠤᠯᠵᠤᠭ᠎ᠠ ᠶᠢᠨ ᠢᠯᠡᠷᠬᠡᠶᠢᠯᠡᠯᠳᠠ ᠶᠢ ᠦᠨᠳᠦᠰᠦᠯᠡᠪᠡᠯ ᠤᠢᠢᠯᠠ ᠠᠵᠢᠯᠯᠠᠭ᠎ᠠ ᠪᠠᠷ ᠳᠠᠮᠵᠢᠭᠤᠯᠤᠨ ᠠᠮᠡᠯᠡᠯᠳᠠ ᠬᠢᠵᠦ ᠪᠤᠯᠬᠤ ᠨᠢ ᠡᠬᠦᠠ ᠳᠤ ᠪᠠᠭᠳᠡᠬᠤ ᠤᠢᠭᠡᠢ᠃ᠳᠦᠷᠪᠡᠨ ᠵᠠᠭᠤ ᠨᠠᠶᠠᠨ ᠨᠢᠭᠡᠳᠦᠭᠡᠷ ᠵᠦᠢᠯ ᠠᠮᠡᠯᠡᠯᠳᠠ ᠨᠢ ᠪᠤᠯᠵᠤᠭ᠎ᠠ ᠳᠤ ᠲᠤᠬᠳᠡᠭᠠᠬᠰᠡᠠ ᠬᠤᠭᠤᠴᠡᠭᠠᠨ ᠲᠤᠳᠦᠷ᠎ᠠ ᠪᠤᠯᠵᠦᠬᠴᠢ ᠳᠤ ᠬᠦᠷᠦᠭᠰᠡᠠ ᠪᠠᠶᠢᠬᠤ ᠭᠡᠷᠡᠭᠳᠡᠢ᠃ᠪᠤᠯᠵᠤᠭ᠎ᠠ ᠳᠤ ᠠᠮᠡᠯᠡᠯᠳᠠ ᠶᠢᠨ ᠬᠤᠭᠤᠴᠠᠭ᠎ᠠ ᠶᠢ ᠲᠤᠬᠳᠡᠭᠠᠬᠰᠡᠠ ᠤᠢᠭᠡᠢ ᠪᠠᠶᠢᠪᠡᠯ᠂ ᠠᠮᠡᠯᠡᠯᠳᠠ ᠨᠢ ᠲᠤᠤᠷ᠎ᠠ ᠵᠢᠭᠰᠠᠭᠠᠭᠰᠠᠨ ᠲᠤᠬᠳᠡᠭᠠᠯ ᠶᠤᠰᠦᠭᠠᠷ ᠬᠦᠷᠦᠭᠰᠡᠠ ᠪᠠᠶᠢᠬᠤ ᠭᠡᠷᠡᠭᠳᠡᠢ᠄︵ᠨᠢᠭᠡ︶ ᠪᠤᠯᠵᠤᠭ᠎ᠠ ᠶᠢ ᠶᠡᠷᠢᠯᠴᠡᠭᠠᠨ ᠤ ᠠᠷᠭ᠎ᠠ ᠮᠠᠶ᠋ᠢᠭ ᠢᠶᠠᠷ ᠬᠢᠭᠰᠡᠠ ᠪᠠᠶᠢᠪᠡᠯ᠂ ᠲᠡᠷᠠ ᠲᠡᠷᠦᠢ ᠳᠤᠨᠢ ᠠᠮᠡᠯᠡᠯᠳᠠ ᠬᠢᠬᠦ ᠭᠡᠷᠡᠭᠳᠡᠢ︔︵ᠬᠤᠶᠡᠷ︶ ᠪᠤᠯᠵᠤᠭ᠎ᠠ ᠶᠢ ᠶᠡᠷᠢᠯᠴᠡᠭᠠᠠ ᠤ ᠪᠤᠰᠦ ᠠᠷᠭ᠎ᠠ ᠮᠠᠶ᠋ᠢᠭ ᠢᠶᠠᠷ ᠬᠢᠭᠰᠡᠠ ᠪᠠᠶᠢᠪᠡᠯ᠂ ᠠᠮᠡᠯᠡᠯᠳᠠ ᠨᠢ ᠵᠦᠢ ᠵᠤᠬᠢᠰᠳᠡᠢ ᠬᠤᠭᠤᠴᠡᠭᠠᠨ ᠲᠤᠳᠦᠷ᠎ᠠ ᠬᠦᠷᠦᠭᠰᠡᠠ ᠪᠠᠶᠢᠬᠤ ᠭᠡᠷᠡᠭᠳᠡᠢ᠃ᠳᠦᠷᠪᠡᠨ ᠵᠠᠭᠤ ᠨᠠᠶᠠᠨ ᠬᠤᠶᠠᠳᠤᠭᠠᠷ ᠵᠦᠢᠯ ᠪᠤᠯᠵᠤᠭ᠎ᠠ ᠶᠢ ᠵᠡᠬᠢᠳᠡᠯ ᠴᠢᠮᠡᠭᠡ ᠪᠤᠶᠦ ᠴᠡᠬᠢᠯᠭᠠᠠ ᠮᠡᠳᠡᠭᠡ ᠪᠠᠷ ᠬᠢᠭᠰᠡᠠ ᠪᠠᠶᠢᠪᠡᠯ᠂ ᠠᠮᠡᠯᠡᠯᠳᠠ ᠶᠢᠨ ᠬᠤᠭᠤᠴᠠᠭ᠎ᠠ ᠶᠢ ᠵᠡᠬᠢᠳᠡᠯ ᠴᠢᠮᠡᠭᠡ ᠳᠤ ᠳᠤᠳᠤᠷᠬᠠᠢ ᠲᠡᠮᠳᠡᠭᠯᠡᠭᠰᠡᠠ ᠡᠳᠦᠷ ᠬᠤᠭᠤᠴᠠᠭ᠎ᠠ ᠪᠤᠶᠦ ᠴᠡᠬᠢᠯᠭᠠᠠ ᠮᠡᠳᠡᠭᠡ ᠶᠢ ᠲᠤᠰᠢᠶᠠᠨ ᠶᠡᠪᠦᠭᠤᠯᠦᠬᠰᠡᠠ ᠡᠳᠦᠷ ᠠᠴᠠ ᠡᠬᠢᠯᠡᠵᠦ ᠪᠤᠳᠦᠨ᠎ᠡ᠃ ᠵᠡᠬᠢᠳᠡᠯ ᠴᠢᠮᠡᠭᠡ ᠳᠤ ᠡᠳᠦᠷ ᠬᠤᠭᠤᠴᠠᠭ᠎ᠠ ᠶᠢ ᠳᠤᠳᠤᠷᠬᠠᠢ ᠲᠡᠮᠳᠡᠭᠯᠡᠭᠰᠡᠠ ᠤᠢᠭᠡᠢ ᠪᠠᠶᠢᠪᠡᠯ᠂ ᠲᠤᠰ ᠵᠡᠬᠢᠳᠡᠯ ᠴᠢᠮᠡᠭᠡ ᠶᠢ ᠢᠯᠡᠭᠡᠬᠦ ᠰᠢᠦᠳᠡᠠ ᠤ ᠲᠡᠮᠠᠭ᠎ᠠ ᠲᠡᠷᠦᠬᠰᠡᠠ ᠡᠳᠦᠷ ᠠᠴᠠ ᠡᠬᠢᠯᠡᠵᠦ ᠪᠤᠳᠦᠨ᠎ᠡ᠃ ᠪᠤᠯᠵᠤᠭ᠎ᠠ ᠶᠢ ᠤᠳᠠᠰᠤ᠂ ᠹᠡᠺᠰ᠂ ᠢᠮᠧᠯ ᠵᠡᠷᠭᠡ ᠲᠦᠷᠭᠡᠠ ᠮᠡᠳᠡᠭᠡ ᠬᠤᠯᠪᠤᠭᠠᠨ ᠤ ᠠᠷᠭ᠎ᠠ ᠮᠡᠶ᠋ᠢᠬ ᠢᠶᠠᠷ ᠬᠢᠭᠰᠡᠠ ᠪᠠᠶᠢᠪᠡᠯ᠂ ᠠᠮᠡᠯᠡᠯᠳᠠ ᠶᠢᠨ ᠬᠤᠭᠤᠴᠠᠭ᠎ᠠ ᠶᠢ ᠪᠤᠯᠵᠤᠭ᠎ᠠ ᠬᠦᠯᠢᠶᠡᠭᠴᠢ ᠳᠤ ᠪᠤᠯᠵᠤᠭ᠎ᠠ ᠬᠦᠷᠦᠭᠰᠡᠠ ᠴᠠᠬ ᠠᠴᠠ ᠡᠬᠢᠯᠡᠵᠦ ᠪᠤᠳᠦᠨ᠎ᠡ᠃ᠳᠦᠷᠪᠡᠨ ᠵᠠᠭᠤ ᠨᠠᠶᠠᠨ ᠭᠤᠷᠪᠠᠳᠤᠭᠠᠷ ᠵᠦᠢᠯ ᠠᠮᠡᠯᠡᠯᠳᠠ ᠬᠦᠴᠦᠠ ᠲᠠᠢ ᠪᠤᠯᠬᠤ ᠤᠢᠶ᠎ᠠ ᠳᠤ ᠭᠡᠷ᠎ᠠ ᠪᠠᠶᠢᠭᠤᠯᠦᠬᠳᠡᠨ᠎ᠡ ᠂ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ᠳᠦᠷᠪᠡᠨ ᠵᠠᠭᠤ ᠨᠠᠶᠠᠨ ᠳᠦᠷᠪᠡᠳᠦᠭᠡᠷ ᠵᠦᠢᠯ ᠮᠡᠳᠡᠭᠳᠡᠯ ᠤᠨ ᠠᠷᠭ᠎ᠠ ᠮᠠᠶ᠋ᠢᠭ ᠢᠶᠠᠷ ᠬᠢᠭᠰᠡᠨ ᠠᠮᠡᠯᠡᠯᠳᠠ ᠶᠢᠨ ᠬᠦᠴᠦᠠ ᠲᠠᠢ ᠪᠤᠯᠬᠤ ᠴᠠᠭ ᠲᠤ ᠲᠤᠰ ᠬᠠᠤᠯᠢ ᠶᠢᠨ ᠵᠠᠭᠤ ᠭᠤᠴᠢᠨ ᠳᠤᠯᠤᠳᠤᠭᠠᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ᠠᠮᠡᠯᠡᠯᠳᠠ ᠶᠢ ᠮᠡᠳᠡᠭᠳᠡᠬᠦ ᠴᠢᠬᠤᠯᠠ ᠤᠢᠭᠡᠢ ᠪᠤᠯ᠂ ᠠᠷᠡᠯᠵᠢᠶᠡᠠ ᠤ ᠵᠤᠷᠰᠢᠯ ᠪᠤᠶᠦ ᠪᠤᠯᠵᠤᠭ᠎ᠠ ᠶᠢᠨ ᠱᠡᠭᠠᠷᠳᠡᠯᠭ᠎ᠠ ᠶᠢ ᠤᠢᠡᠳᠦᠰᠦᠯᠡᠵᠤ ᠠᠮᠡᠯᠡᠬᠤ ᠦᠢᠯᠡ ᠠᠵᠢᠯᠯᠠᠭ᠎ᠠ ᠬᠢᠭᠰᠡᠨ ᠦᠶ᠎ᠡ ᠳᠤ ᠬᠦᠴᠦᠠ ᠲᠠᠢ ᠪᠤᠯᠦᠨ᠎ᠡ᠃ᠳᠦᠷᠪᠡᠨ ᠵᠠᠭᠤ ᠨᠠᠶᠠᠨ ᠲᠠᠪᠤᠳᠤᠭᠠᠷ ᠵᠦᠢᠯ ᠠᠮᠡᠯᠡᠯᠳᠠ ᠶᠢ ᠪᠤᠴᠡᠭᠠᠨ ᠠᠪᠴᠦ ᠪᠤᠯᠦᠨ᠎ᠡ᠃ ᠠᠮᠡᠯᠡᠯᠳᠠ ᠶᠢ ᠪᠤᠴᠡᠭᠠᠨ ᠠᠪᠬᠤ ᠳᠤ ᠲᠤᠰ ᠬᠠᠤᠯᠢ ᠶᠢᠨ ᠵᠠᠭᠤ ᠳᠦᠴᠢᠨ ᠨᠢᠭᠡᠳᠦᠭᠡᠷ ᠵᠦᠢᠯ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ᠳᠦᠷᠪᠡᠨ ᠵᠠᠭᠤ ᠨᠠᠶᠠᠨ ᠵᠢᠷᠭᠤᠳᠦᠭᠠᠷ ᠵᠦᠢᠯ ᠪᠤᠯᠵᠤᠭ᠎ᠠ ᠬᠦᠯᠢᠶᠡᠭᠴᠢ ᠠᠮᠡᠯᠡᠯᠳᠠ ᠶᠢᠨ ᠬᠤᠭᠤᠴᠠᠭ᠎ᠠ ᠠᠴᠠ ᠭᠡᠳᠦᠷᠡᠵᠤ ᠠᠮᠡᠯᠡᠯᠳᠠ ᠶᠠᠪᠤᠭᠤᠯᠤᠭᠰᠡᠨ᠂ ᠡᠰᠡᠭᠦᠯ᠎ᠡ ᠠᠮᠠᠯᠠᠯᠲᠠ ᠶᠢᠨ ᠬᠤᠭᠤᠴᠠᠭ᠎ᠠ ᠲᠤᠲᠤᠷ᠎ᠠ ᠠᠮᠠᠯᠠᠯᠲᠠ ᠶᠠᠪᠤᠭᠤᠯᠤᠭᠰᠠᠨ ᠪᠤᠯᠪᠠᠴᠤ ᠶᠡᠷᠦᠳᠡ ᠶᠢᠨ ᠪᠠᠶᠢᠳᠠᠯ ᠳᠤ ᠪᠤᠯᠵᠦᠠᠠᠴᠢ ᠳᠤ ᠴᠠᠬ ᠲᠤᠬᠠᠢ ᠳᠤᠨᠢ ᠬᠦᠷᠴᠦ ᠳᠡᠶᠢᠯᠬᠦ ᠦᠭᠡᠢ ᠪᠠᠶᠢᠪᠠᠯ᠂ ᠰᠢᠨ᠎ᠡ ᠪᠤᠯᠵᠤᠭ᠎ᠠ ᠪᠤᠯᠤᠨ᠎ᠠ︔ ᠭᠡᠪᠡᠴᠦ ᠪᠤᠯᠵᠤᠭᠴᠢ ᠠᠴᠠ ᠪᠤᠯᠵᠤᠭ᠎ᠠ ᠬᠦᠯᠢᠶᠡᠭᠴᠢ ᠳᠤ ᠲᠤᠰ ᠠᠮᠠᠯᠠᠯᠲᠠ ᠶᠢ ᠬᠦᠴᠦᠨ ᠲᠠᠢ ᠭᠡᠵᠦ ᠴᠠᠭ ᠲᠤᠬᠠᠢ ᠳᠤᠨᠢ ᠮᠡᠳᠡᠭᠳᠡᠭᠰᠡᠨ ᠨᠢ ᠡᠭᠦᠨ ᠳᠤ ᠪᠠᠭᠲᠠᠬᠤ ᠦᠭᠡᠢ᠃ᠳᠦᠷᠪᠡᠨ ᠵᠠᠭᠤ ᠨᠠᠶᠠᠨ ᠳᠤᠯᠤᠳᠤᠭᠠᠷ ᠵᠦᠢᠯ ᠪᠤᠯᠵᠤᠭ᠎ᠠ ᠬᠦᠯᠢᠶᠡᠭᠴᠢ ᠠᠮᠡᠯᠡᠯᠳᠠ ᠶᠢᠨ ᠬᠤᠭᠤᠴᠠᠭ᠎ᠠ ᠲᠤᠳᠦᠷ᠎ᠠ ᠠᠮᠡᠯᠡᠯᠳᠠ ᠶᠠᠪᠤᠭᠤᠯᠵᠤ᠂ ᠶᠡᠷᠦᠳᠡ ᠶᠢᠨ ᠪᠠᠶᠢᠳᠡᠯ ᠳᠤ ᠪᠤᠯᠵᠦᠬᠴᠢ ᠳᠤ ᠴᠠᠬ ᠲᠤᠬᠠᠢ ᠳᠤᠨᠢ ᠬᠦᠷᠴᠦ ᠲᠡᠶᠢᠯᠬᠦ ᠪᠠᠶᠢᠳᠡᠯ᠎ᠠ ᠠᠮᠡᠯᠡᠯᠳᠠ ᠨᠢ ᠪᠤᠯᠵᠦᠬᠴᠢ ᠳᠤ ᠬᠦᠷᠬᠦ ᠤᠢᠶ᠎ᠠ ᠳᠤ ᠪᠤᠰᠤᠤᠠ ᠰᠢᠯᠳᠡᠭᠠᠠ ᠠᠴᠠ ᠪᠤᠯᠦᠭᠠᠦᠠ ᠠᠮᠡᠯᠡᠯᠳᠠ ᠶᠢᠨ ᠬᠤᠭᠤᠴᠠᠭ᠎ᠠ ᠠᠴᠠ ᠭᠡᠳᠦᠷᠡᠭᠰᠡᠠ ᠪᠠᠶᠢᠪᠡᠯ᠂ ᠪᠤᠯᠵᠤᠭᠴᠢ ᠠᠴᠠ ᠠᠮᠡᠯᠡᠯᠳᠠ ᠬᠤᠭᠤᠴᠠᠭ᠎ᠠ ᠠᠴᠠ ᠭᠡᠳᠦᠷᠡᠭᠰᠡᠠ ᠪᠤᠯᠬᠤᠷ ᠲᠤᠰ ᠠᠮᠡᠯᠡᠯᠳᠠ ᠶᠢ ᠬᠦᠯᠢᠶᠡᠠ ᠠᠪᠬᠤ ᠤᠢᠭᠡᠢ ᠭᠡᠵᠦ ᠪᠤᠯᠵᠤᠭ᠎ᠠ ᠬᠦᠯᠢᠶᠡᠭᠴᠢ ᠳᠤ ᠴᠠᠬ ᠲᠤᠬᠠᠢ ᠳᠤᠨᠢ ᠮᠡᠳᠡᠭᠳᠡᠭᠰᠡᠠ ᠢ ᠭᠠᠷᠭᠠᠪᠡᠯ᠂ ᠲᠤᠰ ᠠᠮᠡᠯᠡᠯᠳᠠ ᠬᠦᠴᠦᠠ ᠲᠠᠢ᠃ᠳᠦᠷᠪᠡᠨ ᠵᠠᠭᠤ ᠨᠠᠶᠠᠨ ᠨᠠᠢᠮᠠᠳᠤᠭᠠᠷ ᠵᠦᠢᠯ ᠠᠮᠡᠯᠡᠯᠳᠠ ᠶᠢᠨ ᠠᠭᠤᠯᠭ᠎ᠠ ᠨᠢ ᠪᠤᠯᠵᠤᠭ᠎ᠠ ᠶᠢᠨ ᠠᠭᠤᠯᠭ᠎ᠠ ᠲᠠᠢ ᠨᠢᠭᠡᠳᠦᠯ ᠲᠠᠢ ᠪᠠᠶᠢᠬᠤ ᠭᠡᠷᠡᠭᠳᠡᠢ᠃ ᠪᠤᠯᠵᠤᠭ᠎ᠠ ᠬᠦᠯᠢᠶᠡᠭᠴᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ ᠬᠤᠪᠢᠷᠡᠭᠤᠯᠦᠯᠳᠠ ᠬᠢᠭᠰᠡᠠ ᠪᠠᠶᠢᠪᠡᠯ᠂ ᠰᠢᠨ᠎ᠡ ᠪᠤᠯᠵᠤᠭ᠎ᠠ ᠪᠤᠯᠤᠨ᠎ᠡ᠃ ᠭᠡᠷ᠎ᠠ ᠶᠢᠨ ᠬᠠᠷᠡᠯᠳᠠ᠂ ᠲᠤᠭ᠎ᠠ ᠭᠡᠮᠵᠢᠶ᠎ᠠ᠂ ᠶᠡᠰᠦ ᠴᠢᠨᠡᠷ᠂ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ᠂ ᠬᠦᠢᠴᠡᠦᠡᠭᠡᠬᠦ ᠬᠤᠭᠤᠴᠠᠭ᠎ᠠ᠂ ᠬᠦᠢᠴᠡᠦᠡᠭᠡᠬᠦ ᠭᠠᠵᠡᠷ ᠪᠡ ᠠᠷᠭ᠎ᠠ ᠮᠡᠶ᠋ᠢᠬ᠂ ᠭᠡᠷ᠎ᠡ ᠵᠦᠷᠢᠴᠡᠭᠰᠡᠠ ᠬᠠᠷᠢᠭᠤᠴᠡᠯᠭ᠎ᠠ ᠪᠡ ᠮᠡᠷᠭᠤᠭᠠᠠ ᠢ ᠰᠢᠢᠦᠡᠪᠦᠷᠢᠯᠡᠬᠦ ᠠᠷᠭ᠎ᠠ ᠵᠡᠷᠭᠡ ᠬᠤᠯᠪᠤᠭᠳᠠᠯ ᠪᠦᠬᠦᠢ ᠵᠦᠢᠯ ᠳᠤ ᠬᠢᠭᠰᠡᠠ ᠬᠤᠪᠢᠷᠡᠭᠤᠯᠦᠯᠳᠠ ᠪᠤᠯ ᠪᠤᠯᠵᠤᠭ᠎ᠠ ᠶᠢᠨ ᠠᠭᠤᠯᠭ᠎ᠠ ᠳᠤ ᠬᠢᠭᠰᠡᠠ ᠮᠦᠠ ᠴᠢᠨᠡᠷ ᠤᠨ ᠬᠤᠪᠢᠷᠡᠭᠤᠯᠦᠯᠳᠠ ᠪᠤᠯᠤᠨ᠎ᠠ᠃ᠳᠦᠷᠪᠡᠨ ᠵᠠᠭᠤ ᠨᠠᠶᠠ ᠶᠢᠰᠦᠳᠦᠭᠡᠷ ᠵᠦᠢᠯ ᠠᠮᠠᠯᠠᠯᠲᠠ ᠨᠢ ᠪᠤᠯᠵᠤᠭ᠎ᠠ ᠶᠢᠨ ᠠᠭᠤᠯᠭ᠎ᠠ ᠳᠤ ᠮᠦᠠ ᠴᠢᠨᠡᠷ ᠤᠨ ᠪᠤᠰᠦ ᠬᠤᠪᠢᠷᠡᠭᠤᠯᠦᠯᠳᠠ ᠬᠢᠭᠰᠡᠨ ᠪᠠᠶᠢᠪᠡᠯ᠂ ᠪᠤᠯᠵᠦᠬᠴᠢ ᠵᠦᠪᠰᠢᠶᠡᠷᠡᠬᠦ ᠤᠢᠭᠡᠢ ᠪᠠᠶᠢᠬᠤ ᠪᠠᠨ ᠴᠠᠬ ᠲᠤᠬᠠᠢ ᠳᠤᠨᠢ ᠢᠯᠡᠷᠭᠡᠶᠢᠯᠡᠭᠰᠡᠠ ᠪᠤᠶᠦ ᠠᠮᠡᠯᠡᠯᠳᠠ ᠨᠢ ᠪᠤᠯᠵᠤᠭ᠎ᠠ ᠶᠢᠨ ᠠᠭᠤᠯᠭ᠎ᠠ ᠳᠤ ᠶᠡᠮᠡᠷ ᠴᠦ ᠬᠤᠪᠢᠷᠡᠭᠤᠯᠦᠯᠳᠠ ᠬᠢᠵᠦ ᠪᠤᠯᠬᠤ ᠤᠢᠭᠡᠢ ᠭᠡᠵᠦ ᠪᠤᠯᠵᠤᠭ᠎ᠠ ᠳᠤ ᠢᠯᠡᠷᠬᠡᠶᠢᠯᠡᠭᠰᠡᠨ ᠢ ᠭᠠᠷᠭᠠᠪᠡᠯ᠂ ᠲᠤᠰ ᠠᠮᠡᠯᠡᠯᠳᠠ ᠬᠦᠴᠦᠠ ᠲᠠᠢ᠂ ᠭᠡᠷ᠎ᠠ ᠶᠢᠨ ᠠᠭᠤᠯᠭ᠎ᠠ ᠶᠢ ᠠᠮᠡᠯᠡᠯᠳᠠ ᠶᠢᠨ ᠠᠭᠤᠯᠭ᠎ᠠ ᠪᠠᠷ ᠪᠡᠷᠢᠮᠵᠢᠶ᠎ᠠ ᠪᠤᠯᠭᠠᠨ᠎ᠡ᠃ᠳᠦᠷᠪᠡᠨ ᠵᠠᠭᠤ ᠶᠡᠷᠡᠳᠦᠭᠡᠷ ᠵᠦᠢᠯ ᠲᠤᠬᠠᠢ ᠶᠢᠨ ᠬᠦᠮᠦᠠ ᠭᠡᠷ᠎ᠠ ᠪᠢᠴᠢᠭ ᠤᠨ ᠭᠡᠯᠪᠡᠷᠢ ᠪᠠᠷ ᠭᠡᠷ᠎ᠠ ᠲᠤᠬᠳᠡᠭᠠᠬᠰᠡᠠ ᠪᠠᠶᠢᠪᠡᠯ᠂ ᠲᠤᠬᠠᠢ ᠶᠢᠨ ᠬᠦᠮᠦᠠ ᠴᠦᠮ ᠭᠠᠷ ᠤᠨ ᠤᠢᠰᠦᠭ ᠵᠢᠷᠦᠬᠰᠡᠠ᠂ ᠲᠡᠮᠠᠭ᠎ᠠ ᠲᠡᠷᠦᠬᠰᠡᠠ ᠪᠤᠶᠤ ᠬᠤᠷᠤᠭᠤᠨ ᠤᠷᠤᠮ ᠳᠠᠷᠤᠭᠰᠠᠨ ᠴᠠᠭ ᠠᠴᠠ ᠭᠡᠷ᠎ᠠ ᠪᠠᠶᠢᠭᠤᠯᠦᠬᠳᠡᠨ᠎ᠡ᠃ ᠭᠠᠷ ᠤᠨ ᠦᠰᠦᠭ ᠵᠢᠷᠤᠬᠤ᠂ ᠲᠠᠮᠠᠭ᠎ᠠ ᠳᠠᠷᠤᠬᠤ ᠪᠤᠶᠤ ᠬᠤᠷᠤᠭᠤᠨ ᠤᠷᠤᠮ ᠳᠠᠷᠤᠬᠤ ᠠᠴᠠ ᠡᠮᠦᠨ᠎ᠡ᠂ ᠲᠤᠬᠠᠢ ᠶᠢᠨ ᠬᠦᠮᠦᠨ ᠤ ᠨᠢᠭᠡ ᠲᠠᠯ᠎ᠠ ᠨᠢ ᠨᠢᠭᠡᠨᠲᠡ ᠭᠤᠤᠯ ᠡᠭᠦᠷᠭᠡ ᠪᠠᠨ ᠭᠦᠢᠴᠡᠳᠬᠡᠵᠤ᠂ ᠨᠦᠬᠦᠭᠡ ᠲᠠᠯ᠎ᠠ ᠨᠢ ᠬᠦᠯᠢᠶᠡᠨ ᠠᠪᠤᠪᠠᠯ᠂ ᠲᠤᠰ ᠭᠡᠷ᠎ᠡ ᠪᠠᠶᠢᠭᠤᠯᠤᠭᠳᠠᠨ᠎ᠠ᠃ᠭᠡᠷ᠎ᠡ ᠶᠢ ᠪᠢᠴᠢᠭ ᠤᠨ ᠬᠡᠯᠪᠡᠷᠢ ᠪᠠᠷ ᠲᠤᠭᠲᠠᠭᠠᠬᠤ ᠬᠡᠷᠡᠭᠲᠡᠢ ᠭᠡᠵᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠶᠤ ᠲᠤᠬᠠᠢ ᠶᠢᠨ ᠬᠦᠮᠦᠨ ᠪᠤᠯᠵᠤᠨ ᠲᠤᠭᠲᠠᠭᠰᠠᠨ ᠪᠠᠶᠢᠬᠤ ᠳᠤ᠂ ᠲᠤᠬᠠᠢ ᠶᠢᠨ ᠬᠦᠮᠦᠨ ᠪᠢᠴᠢᠭ ᠤᠨ ᠬᠡᠯᠪᠡᠷᠢ ᠶᠢ ᠠᠪᠤᠭᠰᠠᠨ ᠦᠭᠡᠢ ᠪᠣᠯᠪᠠᠴᠦ ᠨᠢᠭᠡ ᠲᠠᠯ᠎ᠠ ᠨᠢ ᠨᠢᠭᠡᠨᠲᠡ ᠭᠤᠤᠯ ᠡᠭᠦᠷᠭᠡ ᠪᠠᠨ ᠭᠦᠢᠴᠡᠳᠬᠡᠵᠦ᠂ ᠨᠦᠬᠦᠭᠡ ᠲᠠᠯ᠎ᠠ ᠨᠢ ᠬᠦᠯᠢᠶᠡᠨ ᠠᠪᠤᠪᠠᠯ᠂ ᠲᠤᠰ ᠭᠡᠷ᠎ᠡ ᠪᠠᠶᠢᠭᠤᠯᠤᠭᠳᠠᠨ᠎ᠠ᠃ᠳᠦᠷᠪᠡᠨ ᠵᠠᠭᠤ ᠶᠡᠷᠡᠨ ᠨᠢᠭᠡᠳᠦᠭᠡᠷ ᠵᠦᠢᠯ ᠲᠤᠬᠠᠢ ᠶᠢᠨ ᠬᠦᠮᠦᠨ ᠵᠠᠬᠢᠳᠠᠯ ᠴᠢᠮᠡᠭᠡ᠂ ᠳ᠋ᠡᠶᠢᠲ᠋ᠠ ᠡᠯᠧᠺᠲᠷᠣᠨ ᠪᠢᠴᠢᠭ ᠤᠨ ᠭᠡᠯᠪᠡᠷᠢ ᠪᠠᠷ ᠭᠡᠷ᠎ᠠ ᠲᠤᠬᠳᠡᠭᠠᠬᠤ ᠳᠤ ᠨᠤᠲᠠᠯᠠᠯᠲᠠ ᠶᠢᠨ ᠪᠢᠴᠢᠭ ᠲᠤᠭᠲᠠᠭᠠᠬᠤ ᠪᠠᠷ ᠱᠠᠭᠠᠷᠳᠠᠭᠰᠠᠨ ᠪᠠᠶᠢᠪᠠᠯ᠂ ᠨᠤᠲᠠᠯᠡᠯᠲᠡ ᠶᠢᠨ ᠪᠢᠴᠢᠭ ᠲᠤᠭᠲᠠᠭᠠᠬᠤ ᠦᠶ᠎ᠡ ᠳᠤ ᠭᠡᠷ᠎ᠡ ᠪᠠᠶᠢᠭᠤᠯᠤᠭᠳᠠᠨ᠎ᠠ᠃ᠲᠤᠬᠠᠢ ᠶᠢᠨ ᠬᠦᠮᠦᠨ ᠤ ᠨᠢᠭᠡ ᠲᠠᠯ᠎ᠠ ᠶᠢᠨ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢ ᠶᠢᠨ ᠰᠦᠯᠵᠢᠶ᠎ᠡ ᠪᠠᠷ ᠨᠡᠶᠢᠲᠡᠯᠡᠭᠰᠡᠨ ᠲᠠᠸᠠᠷ ᠪᠤᠶᠤ ᠦᠢᠯᠡᠴᠢᠯᠡᠭᠡᠨ ᠤ ᠮᠡᠳᠡᠭᠡ ᠵᠠᠩᠬᠢ ᠨᠢ ᠪᠤᠯᠵᠤᠭ᠎ᠠ ᠶᠢᠨ ᠨᠦᠬᠦᠴᠡᠯ ᠳᠤ ᠨᠡᠶᠢᠴᠡᠭᠰᠡᠨ ᠪᠠᠶᠢᠪᠠᠯ᠂ ᠨᠦᠬᠦᠭᠡ ᠲᠠᠯ᠎ᠠ ᠨᠢ ᠲᠤᠰ ᠲᠠᠸᠠᠷ ᠪᠤᠶᠤ ᠦᠢᠯᠡᠴᠢᠯᠡᠭᠡ ᠶᠢ ᠰᠤᠩᠭᠤᠭᠠᠳ ᠵᠠᠬᠢᠶᠠᠯᠠᠭ᠎ᠠ ᠶᠢᠨ ᠬᠠᠭᠤᠳᠠᠰᠤ ᠪᠠᠨ ᠠᠮᠵᠢᠯᠲᠠᠲᠠᠢ ᠲᠤᠰᠢᠶᠠᠭᠰᠠᠨ ᠦᠶ᠎ᠡ ᠳᠤ ᠬᠡᠷ᠎ᠡ ᠪᠠᠶᠢᠭᠤᠯᠤᠭᠳᠠᠨ᠎ᠠ᠂ ᠭᠡᠪᠡᠴᠦ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ᠳᠦᠷᠪᠡᠨ ᠵᠠᠭᠤ ᠶᠡᠷᠡᠨ ᠬᠤᠶᠠᠳᠤᠭᠠᠷ ᠵᠦᠢᠯ ᠠᠮᠠᠯᠠᠯᠲᠠ ᠬᠦᠴᠦᠨ ᠲᠠᠢ ᠪᠤᠯᠤᠭᠰᠠᠨ ᠭᠠᠵᠠᠷ ᠨᠢ ᠭᠡᠷ᠎ᠠ ᠪᠠᠶᠢᠭᠤᠯᠦᠬᠳᠡᠬᠰᠡᠠ ᠭᠠᠵᠡᠷ ᠪᠤᠯᠦᠨ᠎ᠡ᠃ᠳ᠋ᠠᠶᠢᠲ᠋ᠠ ᠡᠯᠧᠺᠲᠷᠣᠨ ᠪᠢᠴᠢᠭ ᠤᠨ ᠬᠡᠯᠪᠡᠷᠢ ᠪᠠᠷ ᠭᠡᠷ᠎ᠡ ᠲᠤᠭᠲᠠᠭᠠᠬᠤ ᠳᠤ᠂ ᠬᠤᠷᠢᠶᠡᠨ ᠠᠪᠤᠭᠴᠢ ᠶᠢᠨ ᠭᠤᠤᠯ ᠡᠵᠡᠩᠨᠡᠯᠲᠡ ᠶᠢᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ︔ ᠭᠤᠤᠯ ᠡᠵᠡᠩᠨᠡᠯᠲᠡ ᠶᠢᠨ ᠭᠠᠵᠠᠷ ᠦᠭᠡᠢ ᠪᠤᠯ᠂ ᠲᠡᠭᠦᠨ ᠤ ᠤᠷᠤᠨ ᠰᠠᠭᠤᠴᠠ ᠶᠢᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ᠃ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ᠳᠦᠷᠪᠡᠨ ᠵᠠᠭᠤ ᠶᠡᠷᠡᠨ ᠭᠤᠷᠪᠠᠳᠦᠭᠠᠷ ᠵᠦᠢᠯ ᠲᠤᠬᠠᠢ ᠶᠢᠨ ᠬᠦᠮᠦᠨ ᠭᠡᠷ᠎ᠡ ᠪᠢᠴᠢᠭ ᠤᠨ ᠬᠡᠯᠪᠡᠷᠢ ᠪᠠᠷ ᠭᠡᠷ᠎ᠡ ᠲᠤᠭᠲᠠᠭᠰᠠᠨ ᠪᠠᠶᠢᠪᠠᠯ᠂ ᠬᠠᠮᠤᠭ ᠡᠴᠦᠰ ᠲᠤ ᠭᠠᠷ ᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠪᠤᠶᠤ ᠬᠤᠷᠤᠭᠤᠨ ᠤᠷᠤᠮ ᠳᠠᠷᠤᠭᠰᠠᠨ ᠭᠠᠵᠠᠷ ᠨᠢ ᠭᠡᠷ᠎ᠡ ᠪᠠᠶᠢᠭᠤᠯᠤᠭᠳᠠᠭᠰᠠᠨ ᠭᠠᠵᠠᠷ ᠪᠤᠯᠤᠨ᠎ᠠ᠂ ᠭᠡᠪᠡᠴᠦ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ᠳᠦᠷᠪᠡᠨ ᠵᠠᠭᠤ ᠶᠡᠷᠡᠨ ᠳᠦᠷᠪᠡᠳᠦᠭᠡᠷ ᠵᠦᠢᠯ ᠤᠯᠦᠰ ᠠᠴᠠ ᠠᠶᠤᠯ ᠠᠴᠠ ᠠᠪᠤᠷᠠᠬᠤ ᠭᠠᠮᠰᠢᠭ ᠠᠴᠠ ᠠᠪᠤᠷᠠᠬᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠣᠶᠤ ᠪᠤᠰᠤᠳ ᠭᠡᠷᠡᠭᠴᠡᠭᠡ ᠶᠢ ᠤᠢᠡᠳᠦᠰᠦᠯᠡᠨ᠂ ᠤᠯᠦᠰ ᠤᠨ ᠪᠡᠷᠠᠭ᠎ᠠ ᠵᠡᠬᠢᠶᠡᠯᠠᠭ᠎ᠠ ᠶᠢᠨ ᠡᠬᠦᠷᠭᠡ᠂ ᠵᠢᠭᠠᠪᠦᠷᠢ ᠶᠢᠨ ᠴᠢᠨᠡᠷᠳᠡᠢ ᠡᠬᠦᠷᠭᠡ ᠪᠡᠭᠤᠯᠭᠠᠬᠰᠡᠠ ᠪᠠᠶᠢᠪᠡᠯ᠂ ᠬᠤᠯᠪᠦᠬᠳᠡᠯ ᠪᠦᠬᠦᠢ ᠢᠷᠭᠡᠨ ᠤ ᠬᠡᠷᠡᠭ ᠤᠨ ᠪᠡᠶᠡᠴᠢ ᠴᠤᠭᠴᠠ ᠬᠤᠭᠤᠷᠦᠡᠳᠦ ᠪᠠᠨ ᠬᠤᠯᠪᠤᠭᠳᠠᠯ ᠪᠦᠬᠦᠢ ᠬᠠᠦᠯᠢ ᠴᠡᠭᠠᠵᠠ᠂ ᠵᠡᠰᠠᠬ ᠵᠡᠬᠢᠷᠭᠠᠠ ᠤ ᠬᠠᠦᠯᠢ ᠳᠤᠭᠳᠠᠭᠠᠯ ᠳᠤ ᠲᠤᠬᠳᠡᠭᠠᠬᠰᠡᠠ ᠡᠷᠭᠡ ᠪᠡ ᠡᠬᠦᠷᠭᠡ ᠶᠢᠨ ᠶᠤᠰᠤᠭᠠᠷ ᠭᠡᠷ᠎ᠠ ᠲᠤᠬᠳᠡᠭᠠᠬᠤ ᠭᠡᠷᠡᠭᠳᠡᠢ᠃ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠪᠤᠯᠵᠤᠭ᠎ᠠ ᠶᠠᠪᠤᠭᠤᠯᠬᠤ ᠡᠭᠦᠷᠭᠡ ᠲᠠᠢ ᠲᠤᠬᠠᠢ ᠶᠢᠨ ᠬᠦᠮᠦᠨ᠂ ᠴᠠᠭ ᠲᠤᠬᠠᠢ ᠳᠤᠨᠢ ᠵᠦᠢ ᠵᠤᠬᠢᠰᠲᠠᠢ ᠪᠤᠯᠵᠤᠭ᠎ᠠ ᠶᠠᠪᠤᠭᠤᠯᠬᠤ ᠬᠡᠷᠡᠭᠲᠡᠢ᠃ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠤᠰᠤᠭᠠᠷ ᠠᠮᠠᠯᠠᠯᠲᠠ ᠬᠢᠬᠦ ᠡᠭᠦᠷᠭᠡ ᠲᠠᠢ ᠲᠤᠬᠠᠢ ᠶᠢᠨ ᠬᠦᠮᠦᠨ᠂ ᠨᠦᠬᠦᠬᠡ ᠲᠠᠯ᠎ᠠ ᠶᠢᠨ ᠢᠶᠠᠨ ᠭᠡᠷ᠎ᠡ ᠲᠤᠭᠲᠠᠭᠠᠬᠤ ᠵᠦᠢ ᠵᠤᠬᠢᠰᠲᠠᠢ ᠱᠠᠭᠠᠷᠳᠠᠯᠭ᠎ᠠ ᠶᠢ ᠲᠡᠪᠴᠢᠵᠤ ᠪᠤᠯᠬᠤ ᠦᠭᠡᠢ᠃ᠳᠦᠷᠪᠡᠨ ᠵᠠᠭᠤ ᠶᠡᠷᠡᠨ ᠲᠠᠪᠤᠳᠤᠭᠠᠷ ᠵᠦᠢᠯ ᠲᠤᠬᠠᠢ ᠶᠢᠨ ᠬᠦᠮᠦᠨ ᠤ ᠢᠷᠡᠭᠡᠳᠦᠢ ᠶᠢᠨ ᠵᠤᠬᠢᠬᠤ ᠬᠤᠭᠤᠴᠠᠭᠠᠨ ᠲᠤᠲᠤᠷ᠎ᠠ ᠬᠡᠷ᠎ᠡ ᠲᠤᠭᠲᠠᠭᠠᠬᠤ ᠪᠠᠷ ᠪᠤᠯᠵᠤᠨ ᠲᠤᠭᠲᠠᠭᠰᠠᠨ ᠬᠤᠳᠠᠯᠳᠤᠨ ᠠᠪᠬᠤ ᠪᠢᠴᠢᠭ᠂ ᠵᠠᠬᠢᠶᠠᠯᠠᠨ ᠬᠤᠳᠠᠯᠳᠤᠨ ᠠᠪᠬᠤ ᠪᠢᠴᠢᠭ᠂ ᠵᠠᠬᠢᠶᠠᠯᠠᠭ᠎ᠠ ᠶᠢᠨ ᠪᠢᠴᠢᠭ ᠵᠡᠷᠭᠡ ᠨᠢ ᠪᠤᠯᠵᠤᠯ ᠭᠡᠷ᠎ᠡ ᠪᠤᠯᠵᠤ ᠪᠦᠷᠢᠯᠳᠦᠨ᠎ᠡ᠃ᠲᠤᠬᠠᠢ ᠶᠢᠨ ᠬᠦᠮᠦᠨ ᠤ ᠨᠢᠭᠡ ᠲᠠᠯ᠎ᠠ ᠨᠢ ᠪᠤᠯᠵᠤᠯ ᠭᠡᠷ᠎ᠡ ᠳᠤ ᠪᠤᠯᠵᠤᠨ ᠲᠤᠭᠲᠠᠭᠰᠠᠨ ᠭᠡᠷ᠎ᠡ ᠲᠤᠭᠲᠠᠭᠠᠬᠤ ᠡᠭᠦᠷᠭᠡ ᠶᠢ ᠭᠦᠢᠴᠡᠳᠬᠡᠬᠦ ᠦᠭᠡᠢ ᠪᠠᠶᠢᠪᠠᠯ᠂ ᠨᠦᠬᠦᠭᠡ ᠲᠠᠯ᠎ᠠ ᠨᠢ ᠲᠡᠭᠦᠨ ᠢᠶᠠᠷ ᠪᠤᠯᠵᠤᠯ ᠭᠡᠷ᠎ᠡ ᠶᠢᠨ ᠭᠡᠷ᠎ᠡ ᠵᠦᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠦ ᠪᠤᠯᠤᠨ᠎ᠠ᠃ᠳᠦᠷᠪᠡᠨ ᠵᠠᠭᠤ ᠶᠡᠷᠡᠨ ᠵᠢᠷᠭᠤᠳᠤᠭᠠᠷ ᠵᠦᠢᠯ ᠭᠡᠯᠪᠡᠷᠢᠵᠢᠭᠰᠡᠠ ᠵᠦᠢᠯ ᠵᠤᠷᠪᠤᠰ ᠪᠤᠯ ᠲᠤᠬᠠᠢ ᠶᠢᠨ ᠬᠦᠮᠦᠨ ᠤ ᠳᠠᠬᠢᠨ ᠳᠠᠪᠲᠠᠨ ᠬᠡᠷᠡᠭᠯᠡᠬᠦ ᠶᠢᠨ ᠲᠥᠯᠦᠭᠡ ᠤᠷᠢᠳᠴᠢᠯᠠᠨ ᠲᠤᠭᠤᠷᠪᠢᠨ ᠲᠤᠭᠲᠠᠭᠠᠭᠰᠠᠨ ᠪᠦᠭᠡᠳ ᠭᠡᠷ᠎ᠡ ᠲᠤᠭᠲᠠᠭᠠᠬᠤ ᠦᠶ᠎ᠡ ᠳᠤ ᠨᠦᠬᠦᠭᠡ ᠲᠠᠯ᠎ᠠ ᠲᠠᠢ ᠪᠠᠨ ᠵᠦᠪᠳᠡᠯᠴᠡᠭᠰᠡᠨ ᠦᠭᠡᠢ ᠵᠦᠢᠯ ᠵᠤᠷᠪᠤᠰ ᠪᠤᠯᠤᠨ᠎ᠠ᠃ᠭᠡᠯᠪᠡᠷᠢᠵᠢᠭᠰᠡᠠ ᠵᠦᠢᠯ ᠵᠤᠷᠪᠤᠰ ᠢᠶᠠᠷ ᠭᠡᠷ᠎ᠠ ᠲᠤᠬᠳᠡᠭᠠᠬᠰᠡᠠ ᠪᠠᠶᠢᠪᠡᠯ᠂ ᠭᠡᠯᠪᠡᠷᠢᠵᠢᠭᠰᠡᠠ ᠵᠦᠢᠯ ᠵᠤᠷᠪᠤᠰ ᠢ ᠬᠠᠩᠭᠠᠬᠰᠡᠠ ᠨᠢᠭᠡ ᠲᠠᠯ᠎ᠠ ᠨᠢ ᠲᠦᠪ ᠭᠤᠦᠯᠴᠢ ᠪᠠᠶᠢᠬᠤ ᠵᠡᠷᠴᠢᠮ ᠢ ᠵᠢᠷᠦᠮᠯᠡᠠ ᠲᠤᠬᠠᠢ ᠶᠢᠨ ᠬᠦᠮᠦᠠ ᠤ ᠬᠤᠭᠤᠷᠦᠡᠳᠦᠬᠢ ᠡᠷᠭᠡ ᠪᠡ ᠡᠬᠦᠷᠭᠡ ᠶᠢ ᠲᠤᠬᠳᠡᠭᠠᠬᠤ ᠭᠡᠷᠡᠭᠳᠡᠢ ᠪᠦᠭᠡᠦᠠ ᠦᠪᠡᠷ ᠤᠨ ᠬᠠᠷᠢᠭᠤᠴᠡᠯᠭ᠎ᠠ ᠪᠠᠨ ᠭᠡᠯᠳᠦᠷᠢᠬᠦᠯᠬᠦ ᠪᠤᠶᠦ ᠬᠦᠡᠭᠭᠡᠷᠡᠭᠦᠯᠬᠦ ᠵᠡᠷᠭᠡ ᠨᠦᠬᠦᠭᠡ ᠲᠠᠯ᠎ᠠ ᠲᠠᠢ ᠴᠢᠬᠤᠯᠠ ᠶᠡᠭᠡ ᠠᠰᠢᠭ ᠬᠤᠤᠷ ᠤᠨ ᠬᠠᠷᠢᠴᠠᠭ᠎ᠠ ᠪᠦᠬᠦᠢ ᠵᠦᠢᠯ ᠵᠤᠷᠪᠤᠰ ᠢ ᠨᠥᠭᠦᠭᠡ ᠲᠠᠯ᠎ᠠ ᠳᠠᠭᠠᠨ ᠵᠦᠢ ᠵᠤᠬᠢᠰᠲᠠᠢ ᠠᠷᠭ᠎ᠠ ᠮᠠᠶ᠋ᠢᠭ ᠢᠶᠠᠷ ᠠᠩᠬᠠᠷᠤᠭᠤᠯᠤᠨ ᠰᠠᠨᠠᠭᠤᠯᠵᠤ᠂ ᠨᠦᠬᠦᠭᠡ ᠲᠠᠯ᠎ᠠ ᠶᠢᠨ ᠢᠶᠠᠨ ᠱᠡᠭᠠᠷᠳᠡᠯᠭ᠎ᠠ ᠶᠤᠰᠦᠭᠠᠷ ᠲᠤᠰ ᠵᠦᠢᠯ ᠵᠤᠷᠪᠤᠰ ᠤᠨ ᠲᠤᠬᠠᠢ ᠲᠤᠳᠦᠷᠬᠠᠢᠢᠯᠡᠯᠳᠠ ᠬᠢᠬᠦ ᠭᠡᠷᠡᠭᠳᠡᠢ᠃ ᠭᠡᠯᠪᠡᠷᠢᠵᠢᠭᠰᠡᠠ ᠵᠦᠢᠯ ᠵᠤᠷᠪᠤᠰ ᠢ ᠬᠠᠨᠭ᠍ᠭᠠᠭᠰᠠᠨ ᠨᠢᠭᠡ ᠲᠠᠯ᠎ᠠ ᠨᠢ ᠠᠩᠬᠠᠷᠤᠭᠤᠯᠬᠤ ᠪᠤᠶᠤ ᠲᠤᠲᠤᠷᠬᠠᠶᠢᠯᠠᠬᠤ ᠡᠭᠦᠷᠭᠡ ᠪᠠᠨ ᠭᠦᠢᠴᠡᠳᠬᠡᠭᠰᠡᠨ ᠦᠭᠡᠢ ᠠᠴᠠ ᠪᠤᠯᠵᠤ᠂ ᠨᠦᠬᠦᠭᠡ ᠲᠠᠯ᠎ᠠ ᠨᠢ ᠲᠡᠭᠦᠨ ᠲᠠᠢ ᠴᠢᠬᠤᠯᠠ ᠶᠡᠭᠡ ᠠᠰᠢᠭ ᠬᠤᠤᠷ ᠤᠨ ᠬᠠᠷᠢᠴᠠᠭ᠎ᠠ ᠪᠦᠬᠦᠢ ᠵᠦᠢᠯ ᠵᠤᠷᠪᠤᠰ ᠢ ᠠᠩᠬᠠᠷᠤᠭᠰᠠᠨ ᠦᠭᠡᠢ ᠪᠤᠶᠤ ᠤᠶᠢᠯᠠᠭᠠᠭᠰᠠᠨ ᠦᠭᠡᠢ ᠪᠠᠶᠢᠪᠠᠯ᠂ ᠨᠦᠬᠦᠭᠡ ᠲᠠᠯ᠎ᠠ ᠨᠢ ᠲᠤᠰ ᠵᠦᠢᠯ ᠵᠤᠷᠪᠤᠰ ᠢᠶᠠᠷ ᠭᠡᠷ᠎ᠡ ᠶᠢᠨ ᠠᠭᠤᠯᠭ᠎ᠠ ᠪᠤᠯᠭᠠᠬᠤ ᠦᠭᠡᠢ ᠭᠡᠵᠦ ᠵᠤᠷᠢᠵᠤ ᠪᠤᠯᠤᠨ᠎ᠠ᠃ᠳᠦᠷᠪᠡᠨ ᠵᠠᠭᠤ ᠶᠡᠷᠡᠨ ᠳᠤᠯᠤᠳᠤᠭᠠᠷ ᠵᠦᠢᠯ ᠳᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰ ᠬᠡᠯᠪᠡᠷᠢᠵᠢᠭᠰᠡᠨ ᠵᠦᠢᠯ ᠵᠤᠷᠪᠤᠰ ᠨᠢ ᠬᠦᠴᠦᠨ ᠦᠭᠡᠢ᠄︵ᠨᠢᠭᠡ︶ ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ ᠭᠤᠷᠪᠠᠳᠤᠭᠠᠷ ᠬᠡᠰᠡᠭ ᠪᠠ ᠲᠤᠰ ᠬᠠᠤᠯᠢ ᠶᠢᠨ ᠲᠠᠪᠤᠨ ᠵᠠᠭᠤ ᠵᠢᠷᠭᠤᠳᠤᠭᠠᠷ ᠵᠦᠢᠯ ᠳᠤ ᠲᠤᠭᠲᠠᠭᠠᠭᠰᠠᠨ ᠬᠦᠴᠦᠨ ᠦᠭᠡᠢ ᠪᠠᠶᠢᠳᠠᠯ ᠲᠠᠢ ᠪᠠᠶᠢᠬᠤ︔︵ᠬᠤᠶᠠᠷ︶ ᠭᠡᠯᠪᠡᠷᠢᠵᠢᠭᠰᠡᠠ ᠵᠦᠢᠯ ᠵᠤᠷᠪᠤᠰ ᠢ ᠬᠠᠩᠭᠠᠬᠰᠡᠠ ᠨᠢᠭᠡ ᠲᠠᠯ᠎ᠠ ᠨᠢ ᠵᠦᠢ ᠵᠤᠬᠢᠰ ᠦᠭᠡᠢ ᠪᠠᠷ ᠦᠪᠡᠷ ᠤᠨ ᠬᠠᠷᠢᠭᠤᠴᠡᠯᠭ᠎ᠠ ᠪᠠᠨ ᠭᠡᠯᠳᠦᠷᠢᠬᠦᠯᠬᠦ ᠪᠤᠶᠤ ᠬᠦᠡᠭᠭᠡᠷᠡᠭᠦᠯᠵᠦ᠂ ᠨᠦᠬᠦᠭᠡ ᠲᠠᠯ᠎ᠠ ᠶᠢᠨ ᠢᠶᠠᠨ ᠬᠠᠷᠢᠭᠤᠴᠠᠯᠭ᠎ᠠ ᠶᠢ ᠬᠦᠨᠳᠦᠷᠡᠭᠦᠯᠵᠤ᠂ ᠨᠦᠬᠦᠭᠡ ᠲᠠᠯ᠎ᠠ ᠶᠢᠨ ᠢᠶᠠᠨ ᠭᠤᠤᠯ ᠡᠷᠬᠡ ᠶᠢ ᠬᠢᠵᠠᠭᠠᠷᠯᠠᠭᠰᠠᠨ︔︵ᠭᠤᠷᠪᠠ︶ ᠬᠡᠯᠪᠡᠷᠢᠵᠢᠭᠰᠡᠨ ᠵᠦᠢᠯ ᠵᠤᠷᠪᠤᠰ ᠢ ᠬᠠᠨᠭ᠍ᠭᠠᠭᠰᠠᠨ ᠨᠢᠭᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠭᠤᠦᠯ ᠡᠷᠭᠡ ᠶᠢ ᠤᠢᠭᠡᠶᠢᠰᠭᠡᠭᠰᠡᠠ᠃ᠳᠦᠷᠪᠡᠨ ᠵᠠᠭᠤ ᠶᠡᠷᠡᠨ ᠨᠠᠢᠮᠠᠳᠤᠭᠠᠷ ᠵᠦᠢᠯ ᠭᠡᠯᠪᠡᠷᠢᠵᠢᠭᠰᠡᠠ ᠵᠦᠢᠯ ᠵᠤᠷᠪᠤᠰ ᠤᠨ ᠲᠤᠬᠠᠢ ᠤᠢᠢᠯᠡᠭᠠᠯᠳᠠ ᠶᠢᠨ ᠲᠠᠯ᠎ᠠ ᠪᠠᠷ ᠮᠡᠷᠭᠤᠭᠠᠠ ᠭᠠᠷᠪᠡᠯ᠂ ᠶᠡᠷᠦᠳᠡ ᠶᠢᠨ ᠤᠢᠢᠯᠡᠭᠠᠯᠳᠠ ᠪᠠᠷ ᠲᠡᠶᠢᠯᠪᠦᠷᠢᠯᠡᠬᠤ ᠭᠡᠷᠡᠭᠳᠡᠢ᠃ ᠭᠡᠯᠪᠡᠷᠢᠵᠢᠭᠰᠡᠠ ᠵᠦᠢᠯ ᠵᠤᠷᠪᠤᠰ ᠲᠤ ᠬᠤᠶᠡᠷ ᠵᠦᠢᠯ ᠠᠴᠠ ᠲᠡᠭᠡᠭᠰᠢ ᠲᠡᠶᠢᠯᠪᠦᠷᠢᠯᠡᠯᠳᠠ ᠲᠠᠢ ᠪᠠᠶᠢᠪᠡᠯ᠂ ᠭᠡᠯᠪᠡᠷᠢᠵᠢᠭᠰᠡᠠ ᠵᠦᠢᠯ ᠵᠤᠷᠪᠤᠰ ᠢ ᠬᠠᠩᠭᠠᠬᠰᠡᠠ ᠨᠢᠭᠡ ᠲᠠᠯ᠎ᠠ ᠳᠤ ᠠᠰᠢᠬ ᠤᠢᠭᠡᠢ ᠲᠡᠶᠢᠯᠪᠦᠷᠢᠯᠡᠯᠳᠠ ᠬᠢᠬᠦ ᠭᠡᠷᠡᠭᠳᠡᠢ᠃ ᠭᠡᠯᠪᠡᠷᠢᠵᠢᠭᠰᠡᠠ ᠵᠦᠢᠯ ᠵᠤᠷᠪᠤᠰ ᠪᠤᠯᠦᠠ ᠭᠡᠯᠪᠡᠷᠢᠵᠢᠭᠰᠡᠠ ᠪᠤᠰᠦ ᠵᠦᠢᠯ ᠵᠤᠷᠪᠤᠰ ᠨᠢ ᠨᠢᠭᠡᠳᠦᠯ ᠦᠭᠡᠢ ᠪᠠᠶᠢᠪᠡᠯ᠂ ᠭᠡᠯᠪᠡᠷᠢᠵᠢᠭᠰᠡᠠ ᠪᠤᠰᠦ ᠵᠦᠢᠯ ᠵᠤᠷᠪᠤᠰ ᠢ ᠭᠡᠷᠡᠭᠯᠡᠬᠦ ᠭᠡᠷᠡᠭᠳᠡᠢ᠃ᠳᠦᠷᠪᠡᠨ ᠵᠠᠭᠤ ᠶᠡᠷᠡ ᠶᠢᠰᠦᠳᠦᠭᠡᠷ ᠵᠦᠢᠯ ᠱᠠᠩᠨᠠᠯ ᠲᠠᠯᠪᠢᠬᠴᠢ ᠤᠨᠴᠠ ᠲᠤᠭᠲᠠᠭᠰᠠᠨ ᠦᠢᠯᠡ ᠠᠵᠢᠯᠯᠠᠭ᠎ᠠ ᠶᠢ ᠪᠡᠶᠡᠯᠡᠭᠦᠯᠦᠭᠴᠢ ᠳᠤ ᠬᠦᠯᠦᠰᠦ ᠤᠯᠭᠤᠮᠵᠢ ᠥᠭᠬᠦ ᠪᠠᠷ ᠢᠯᠡ ᠠᠷᠭ᠎ᠠ ᠮᠠᠶ᠋ᠢᠭ ᠢᠶᠠᠷ ᠢᠯᠡᠷᠬᠡᠶᠢᠯᠡᠭᠰᠡᠨ ᠪᠠᠶᠢᠪᠠᠯ᠂ ᠲᠤᠰ ᠦᠢᠯᠡ ᠠᠵᠢᠯᠯᠠᠭ᠎ᠠ ᠶᠢ ᠪᠡᠶᠡᠯᠡᠭᠦᠯᠦᠭᠴᠢ ᠲᠡᠭᠦᠨ ᠢᠶᠠᠷ ᠦᠭᠭᠦᠭᠦᠯᠬᠦ ᠪᠠᠷ ᠭᠤᠶᠤᠴᠢᠯᠠᠵᠤ ᠪᠤᠯᠤᠨ᠎ᠠ᠃ᠲᠠᠪᠤᠨ ᠵᠠᠭᠤᠳᠦᠭᠠᠷ ᠵᠦᠢᠯ ᠭᠡᠷ᠎ᠠ ᠲᠤᠬᠳᠡᠭᠠᠬᠤ ᠶᠡᠪᠦᠴᠠ ᠳᠤ ᠲᠤᠬᠠᠢ ᠶᠢᠨ ᠬᠦᠮᠦᠠ ᠳᠤ ᠲᠤᠤᠷ᠎ᠠ ᠵᠢᠭᠰᠠᠭᠠᠭᠰᠠᠨ ᠪᠠᠶᠢᠳᠡᠯ ᠤᠨ ᠨᠢᠭᠡ ᠨᠢ ᠪᠠᠶᠢᠵᠦ᠂ ᠨᠦᠬᠦᠭᠡ ᠲᠠᠯ᠎ᠠ ᠳᠠᠭᠠᠨ ᠬᠤᠬᠢᠷᠡᠯ ᠤᠴᠡᠷᠡᠭᠤᠯᠦᠬᠰᠡᠠ ᠪᠠᠶᠢᠪᠡᠯ᠂ ᠲᠦᠯᠦᠬᠦ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠄︵ᠨᠢᠭᠡ︶ ᠭᠡᠷ᠎ᠠ ᠲᠤᠬᠳᠡᠭᠠᠬᠤ ᠨᠡᠷ᠎ᠠ ᠪᠠᠷ ᠰᠢᠯᠳᠡᠬᠯᠡᠵᠦ᠂ ᠮᠡᠭᠤ ᠰᠡᠨᠠᠭ᠎ᠠ ᠲᠠᠢ ᠪᠠᠷ ᠵᠦᠪᠳᠡᠯᠴᠡᠭᠰᠡᠠ︔︵ᠬᠤᠶᠡᠷ︶ ᠭᠡᠷ᠎ᠠ ᠲᠤᠬᠳᠡᠭᠠᠬᠤ ᠲᠠᠢ ᠬᠤᠯᠪᠦᠬᠳᠡᠬᠤ ᠴᠢᠬᠤᠯᠠ ᠪᠤᠳᠡᠳᠦ ᠭᠡᠷᠡᠭ ᠢ ᠵᠤᠷᠢᠭᠤᠳᠠ ᠨᠢᠭᠤᠬᠰᠡᠠ ᠪᠤᠶᠦ ᠬᠤᠳᠡᠯ ᠬᠠᠭᠤᠷᠮᠠᠬ ᠪᠠᠶᠢᠳᠡᠯ ᠢ ᠬᠠᠩᠭᠠᠬᠰᠡᠠ︔︵ᠭᠤᠷᠪᠡ︶ ᠤᠢᠨᠡᠡᠴᠢ ᠢᠳᠡᠭᠡᠮᠵᠢᠳᠡᠢ ᠪᠠᠶᠢᠬᠤ ᠵᠡᠷᠴᠢᠮ ᠠᠴᠠ ᠵᠦᠷᠢᠴᠡᠭᠰᠡᠠ ᠪᠤᠰᠤᠤᠠ ᠤᠢᠢᠯᠠ ᠠᠵᠢᠯᠯᠠᠭ᠎ᠠ ᠲᠠᠢ ᠪᠠᠶᠢᠬᠤ᠃ᠲᠠᠪᠤᠨ ᠵᠠᠭᠤ ᠨᠢᠭᠡᠳᠦᠭᠡᠷ ᠵᠦᠢᠯ ᠭᠡᠷ᠎ᠠ ᠪᠠᠶᠢᠭᠤᠯᠦᠬᠳᠡᠬᠰᠡᠠ ᠡᠰᠡᠬᠦ ᠭᠡᠰᠡᠨ ᠤᠢᠭᠡᠢ᠂ ᠲᠤᠬᠠᠢ ᠶᠢᠨ ᠬᠦᠮᠦᠠ ᠭᠡᠷ᠎ᠠ ᠲᠤᠬᠳᠡᠭᠠᠬᠤ ᠶᠡᠪᠦᠴᠠ ᠳᠠᠭᠠᠨ ᠤᠯᠵᠦ ᠮᠡᠳᠡᠭᠰᠡᠠ ᠬᠤᠳᠡᠯᠳᠦᠭᠠᠠ ᠤ ᠨᠢᠭᠤᠴᠠ ᠪᠤᠶᠤ ᠨᠢᠭᠤᠴᠠ ᠶᠢ ᠨᠢ ᠬᠠᠮᠠᠭᠠᠯᠠᠬᠤ ᠶᠤᠰᠤᠲᠠᠢ ᠪᠤᠰᠤᠳ ᠮᠡᠳᠡᠭᠡ ᠵᠠᠩᠬᠢ ᠶᠢ ᠵᠡᠳᠡᠷᠡᠭᠤᠯᠬᠤ ᠪᠤᠶᠦ ᠵᠦᠢ ᠪᠤᠰᠦ ᠪᠠᠷ ᠭᠡᠷᠡᠭᠯᠡᠵᠦ ᠪᠤᠯᠬᠤ ᠤᠢᠭᠡᠢ︔ ᠲᠤᠰ ᠬᠤᠳᠡᠯᠳᠦᠭᠠᠠ ᠤ ᠨᠢᠭᠤᠴᠠ ᠪᠤᠶᠤ ᠮᠡᠳᠡᠭᠡ ᠵᠠᠩᠬᠢ ᠶᠢ ᠵᠠᠳᠠᠷᠠᠭᠤᠯᠵᠤ᠂ ᠵᠦᠢ ᠪᠤᠰᠦ ᠪᠠᠷ ᠭᠡᠷᠡᠭᠯᠡᠭᠡᠦᠠ᠂ ᠨᠦᠬᠦᠭᠡ ᠲᠠᠯ᠎ᠠ ᠳᠠᠭᠠᠨ ᠬᠤᠬᠢᠷᠡᠯ ᠤᠴᠡᠷᠡᠭᠤᠯᠦᠬᠰᠡᠠ ᠪᠠᠶᠢᠪᠡᠯ᠂ ᠲᠦᠯᠦᠬᠦ ᠬᠠᠷᠢᠭᠤᠴᠡᠯᠭ᠎ᠠ ᠡᠬᠦᠷᠭᠡᠯᠡᠬᠦ ᠭᠡᠷᠡᠭᠳᠡᠢ᠃ ᠭᠤᠷᠪᠡᠳᠦᠭᠠᠷ ᠪᠦᠯᠦᠭ ᠭᠡᠷ᠎ᠠ ᠶᠢᠨ ᠬᠦᠴᠦᠠᠲᠠᠪᠤᠨ ᠵᠠᠭᠤ ᠬᠤᠶᠠᠳᠤᠭᠠᠷ ᠵᠦᠢᠯ ᠬᠠᠦᠯᠢ ᠶᠤᠰᠦᠭᠠᠷ ᠪᠠᠶᠢᠭᠤᠯᠦᠬᠳᠡᠬᠰᠡᠠ ᠭᠡᠷ᠎ᠠ ᠨᠢ ᠪᠠᠶᠢᠭᠤᠯᠦᠬᠳᠡᠬᠰᠡᠠ ᠴᠠᠬ ᠠᠴᠠ ᠪᠠᠨ ᠬᠦᠴᠦᠠ ᠲᠠᠢ ᠪᠤᠯᠦᠨ᠎ᠡ᠂ ᠭᠡᠪᠡᠴᠦ ᠬᠠᠦᠯᠢ ᠴᠡᠭᠠᠵᠠ ᠳᠤ ᠠᠰᠳᠠᠭᠠᠨ ᠲᠤᠭᠲᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠨᠢ ᠡᠭᠦᠨ ᠳᠤ ᠪᠠᠭᠲᠠᠬᠤ ᠦᠭᠡᠢ᠃ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠣᠰᠤᠭᠠᠷ ᠪᠣᠯ ᠭᠡᠷ᠎ᠡ ᠳᠤ ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠬᠦ ᠶᠣᠰᠤᠲᠠᠢ ᠪᠠᠶᠢᠪᠠᠯ᠂ ᠲᠡᠷᠠ ᠲᠤᠬᠳᠡᠭᠠᠯ ᠶᠣᠰᠤᠭᠠᠷ ᠶᠠᠪᠤᠭᠤᠯᠤᠨ᠎ᠠ ᠃ ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠭᠰᠡᠨ ᠦᠭᠡᠢ ᠠᠴᠠ ᠪᠣᠯᠵᠤ ᠭᠡᠷ᠎ᠡ ᠶᠢᠨ ᠬᠦᠴᠦᠨ ᠲᠠᠢ ᠪᠤᠯᠬᠤ ᠶᠢ ᠨᠥᠯᠦᠭᠡᠯᠡᠭᠰᠡᠨ ᠨᠢ᠂ ᠭᠡᠷ᠎ᠡ ᠶᠢᠨ ᠳᠤᠲᠤᠷᠠᠬᠢ ᠮᠡᠳᠡᠬᠦᠯᠦᠨ ᠵᠦᠪᠰᠢᠶᠡᠷᠡᠭᠦᠯᠬᠦ ᠵᠡᠷᠭᠡ ᠡᠭᠦᠷᠭᠡ ᠶᠢᠨ ᠲᠤᠬᠠᠢ ᠵᠦᠢᠯ ᠵᠤᠷᠪᠤᠰ ᠵᠢᠴᠢ ᠬᠤᠯᠪᠤᠭᠳᠠᠯ ᠪᠦᠬᠦᠢ ᠵᠦᠢᠯ ᠵᠤᠷᠪᠤᠰ ᠤᠨ ᠬᠦᠴᠦᠨ ᠢ ᠨᠦᠯᠦᠭᠡᠯᠡᠬᠦ ᠦᠭᠡᠢ᠃ ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠬᠦ ᠶᠤᠰᠤᠲᠠᠢ ᠲᠤᠬᠠᠢ ᠶᠢᠨ ᠬᠦᠮᠦᠨ ᠡᠭᠦᠷᠭᠡ ᠪᠠᠨ ᠭᠦᠢᠴᠡᠳᠬᠡᠭᠰᠡᠨ ᠦᠭᠡᠢ ᠪᠠᠶᠢᠪᠠᠯ᠂ ᠨᠦᠬᠦᠭᠡ ᠲᠠᠯ᠎ᠠ ᠨᠢ ᠲᠡᠭᠦᠨ ᠢᠶᠠᠷ ᠲᠤᠰ ᠡᠭᠦᠷᠭᠡ ᠶᠢ ᠵᠦᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠤᠯᠤᠨ᠎ᠠ᠃ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠯ ᠶᠣᠰᠤᠭᠠᠷ ᠪᠣᠯ ᠭᠡᠷ᠎ᠡ ᠶᠢ ᠬᠤᠪᠢᠷᠠᠭᠤᠯᠬᠤ᠂ ᠰᠢᠯᠵᠢᠭᠦᠯᠦᠨ ᠦᠭᠭᠦ᠂ ᠴᠤᠴᠠᠯᠬᠤ ᠵᠡᠷᠭᠡ ᠪᠠᠶᠢᠳᠠᠯ ᠳᠤ ᠵᠦᠪᠰᠢᠶᠡᠷᠡᠭᠦᠯᠬᠦ ᠵᠡᠷᠭᠡ ᠭᠠᠷ ᠭᠦᠢᠴᠡᠳᠬᠡᠯ ᠬᠢᠬᠦ ᠶᠣᠰᠤᠲᠠᠢ ᠪᠠᠶᠢᠪᠠᠯ᠂ ᠡᠮᠦᠨᠡᠬᠢ ᠪᠠᠳᠠᠭ ᠤᠨ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ᠲᠠᠪᠤᠨ ᠵᠠᠭᠤ ᠭᠤᠷᠪᠠᠳᠦᠭᠠᠷ ᠵᠦᠢᠯ ᠡᠷᠬᠡ ᠦᠭᠡᠢ ᠤᠷᠤᠯᠠᠭᠴᠢ ᠨᠢ ᠤᠷᠤᠯᠠᠭᠳᠠᠭᠴᠢ ᠶᠢᠨ ᠨᠡᠷ᠎ᠡ ᠪᠠᠷ ᠭᠡᠷ᠎ᠡ ᠲᠤᠭᠲᠠᠭᠠᠵᠤ᠂ ᠤᠷᠤᠯᠠᠭᠳᠠᠭᠴᠢ ᠨᠢ ᠭᠡᠷ᠎ᠡ ᠶᠢᠨ ᠡᠭᠦᠷᠭᠡ ᠶᠢ ᠨᠢᠭᠡᠨᠲᠡ ᠡᠬᠢᠯᠡᠵᠦ ᠭᠦᠢᠴᠡᠳᠬᠡᠭᠰᠡᠨ ᠪᠤᠶᠤ ᠬᠠᠷᠢᠴᠠᠩᠭᠤᠢ ᠬᠦᠮᠦᠨ ᠤ ᠭᠦᠢᠴᠡᠳᠬᠡᠬᠦ ᠶᠢ ᠬᠦᠯᠢᠶᠡᠨ ᠠᠪᠤᠭᠰᠠᠨ ᠪᠠᠶᠢᠪᠠᠯ᠂ ᠭᠡᠷ᠎ᠡ ᠶᠢ ᠨᠡᠬᠡᠮᠵᠢᠯᠡᠨ ᠵᠦᠪᠰᠢᠶᠡᠷᠡᠭᠰᠡᠨ ᠢᠶᠠᠷ ᠦᠵᠡᠨ᠎ᠡ᠃ᠲᠠᠪᠤᠨ ᠵᠠᠭᠤ ᠳᠦᠷᠪᠡᠳᠦᠭᠡᠷ ᠵᠦᠢᠯ ᠬᠠᠦᠯᠢ ᠶᠢᠨ ᠬᠦᠮᠦᠠ ᠤ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠪᠤᠶᠦ ᠬᠠᠤᠯᠢ ᠶᠢᠨ ᠬᠦᠮᠦᠨ ᠪᠤᠰᠤ ᠵᠤᠬᠢᠶᠡᠠ ᠪᠠᠶᠢᠭᠤᠯᠦᠯᠳᠠ ᠶᠢᠨ ᠬᠠᠷᠢᠭᠤᠴᠡᠯᠭᠠᠳᠡᠨ ᠤ ᠡᠷᠭᠡ ᠶᠢᠨ ᠭᠡᠪᠴᠢᠶ᠎ᠠ ᠠᠴᠠ ᠪᠠᠨ ᠲᠡᠪᠡᠵᠦ ᠲᠤᠬᠳᠡᠭᠠᠬᠰᠡᠠ ᠭᠡᠷ᠎ᠠ ᠳᠤ᠂ ᠲᠡᠬᠦᠠ ᠤ ᠡᠷᠭᠡ ᠶᠢᠨ ᠭᠡᠪᠴᠢᠶ᠎ᠠ ᠠᠴᠠ ᠪᠠᠨ ᠲᠡᠪᠠᠭᠰᠡᠠ ᠢ ᠬᠠᠷᠢᠴᠡᠩᠭᠤᠢ ᠬᠦᠮᠦᠠ ᠮᠡᠳᠡᠬᠦ ᠪᠤᠶᠦ ᠮᠡᠳᠡᠬᠦ ᠶᠤᠰᠦᠳᠡᠢ ᠪᠠᠶᠢᠬᠤ ᠶᠢ ᠭᠠᠷᠭᠠᠪᠡᠯ᠂ ᠲᠤᠰ ᠲᠥᠯᠦᠭᠡᠯᠡᠬᠦ ᠦᠢᠯᠡ ᠠᠵᠢᠯᠯᠠᠭ᠎ᠠ ᠨᠢ ᠬᠦᠴᠦᠨ ᠲᠠᠢ᠂ ᠲᠣᠭᠲᠠᠭᠠᠬᠰᠠᠨ ᠭᠡᠷ᠎ᠡ ᠨᠢ ᠬᠠᠤᠯᠢ ᠶᠢᠨ ᠬᠦᠮᠦᠨ ᠪᠤᠶᠤ ᠬᠠᠤᠯᠢ ᠶᠢᠨ ᠬᠦᠮᠦᠨ ᠪᠤᠰᠤ ᠵᠤᠬᠢᠶᠠᠨ ᠪᠠᠶᠢᠭᠤᠯᠤᠯᠲᠠ ᠳᠤ ᠬᠦᠴᠦᠠ ᠲᠠᠢ ᠪᠤᠯᠦᠨ᠎ᠡ᠃ᠲᠡᠪᠤᠨ ᠵᠠᠭᠤ ᠲᠠᠪᠤᠳᠤᠭᠠᠷ ᠵᠦᠢᠯ ᠲᠤᠬᠠᠢ ᠶᠢᠨ ᠬᠦᠮᠦᠨ ᠤ ᠡᠵᠡᠩᠨᠡᠯᠲᠡ ᠶᠢᠨ ᠬᠡᠪᠴᠢᠶ᠎ᠠ ᠠᠴᠠ ᠪᠠᠨ ᠳᠠᠪᠠᠵᠤ ᠲᠤᠭᠲᠠᠭᠠᠭᠰᠠᠨ ᠭᠡᠷ᠎ᠡ ᠶᠢᠨ ᠬᠦᠴᠦᠨ ᠢ ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ ᠭᠤᠷᠪᠠᠳᠤᠭᠠᠷ ᠬᠡᠰᠡᠭ ᠪᠠ ᠲᠤᠰ ᠠᠩᠬᠢ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠤᠭᠲᠠᠭᠠᠨ᠎ᠠ᠂ ᠡᠵᠡᠩᠨᠡᠯᠲᠡ ᠶᠢᠨ ᠬᠡᠪᠴᠢᠶ᠎ᠠ ᠠᠴᠠ ᠳᠠᠪᠠᠭᠰᠠᠨ ᠬᠡᠳᠡᠭ ᠢᠶᠠᠷ ᠯᠡ ᠰᠢᠯᠲᠠᠭᠠᠨ ᠪᠣᠯᠭᠠᠵᠤ ᠭᠡᠷ᠎ᠡ ᠶᠢ ᠬᠦᠴᠦᠨ ᠦᠭᠡᠢ ᠭᠡᠵᠦ ᠨᠤᠲᠠᠯᠠᠵᠤ ᠪᠤᠯᠬᠤ ᠦᠭᠡᠢ᠃ᠲᠡᠪᠤᠨ ᠵᠠᠭᠤ ᠵᠢᠷᠭᠤᠳᠤᠭᠠᠷ ᠵᠦᠢᠯ ᠭᠡᠷ᠎ᠠ ᠳᠠᠬᠢ ᠲᠤᠤᠷ᠎ᠠ ᠵᠢᠬᠰᠡᠭᠠᠬᠰᠡᠠ ᠬᠠᠷᠢᠭᠤᠴᠡᠯᠭ᠎ᠠ ᠠᠴᠠ ᠭᠡᠯᠳᠦᠷᠢᠬᠦᠯᠬᠦ ᠵᠦᠢᠯ ᠵᠤᠷᠪᠤᠰ ᠬᠦᠴᠦᠠ ᠤᠢᠭᠡᠢ᠄︵ᠨᠢᠭᠡ︶ ᠨᠦᠬᠦᠭᠡ ᠲᠠᠯ᠎ᠠ ᠶᠢᠨ ᠢᠶᠠᠨ ᠪᠡᠶ᠎ᠠ ᠮᠡᠬᠠᠪᠦᠦᠠ ᠢ ᠬᠤᠬᠢᠷᠠᠭᠤᠯᠤᠭᠰᠠᠨ︔︵ᠬᠤᠶᠡᠷ︶ ᠵᠤᠷᠢᠭᠤᠳᠠ ᠬᠢᠭᠰᠡᠨ ᠪᠤᠶᠦ ᠬᠦᠡᠳᠦ ᠶᠡᠭᠡ ᠠᠳᠡᠯ ᠭᠠᠷᠭᠠᠭᠰᠠᠨ ᠠᠴᠠ ᠪᠤᠯᠵᠦ ᠨᠦᠬᠦᠭᠡ ᠲᠠᠯ᠎ᠠ ᠶᠢᠨ ᠢᠶᠠᠨ ᠡᠳ᠋ ᠬᠦᠷᠦᠩᠭᠡ ᠶᠢ ᠬᠤᠬᠢᠷᠡᠭᠤᠯᠦᠬᠰᠡᠠ᠃ᠲᠡᠪᠤᠨ ᠵᠠᠭᠤ ᠲᠤᠯᠤᠳᠤᠭᠠᠷ ᠵᠦᠢᠯ ᠭᠡᠷ᠎ᠠ ᠶᠢᠨ ᠬᠦᠴᠦᠠ ᠲᠠᠢ ᠪᠤᠯᠬᠤ ᠦᠭᠡᠢ᠂ ᠬᠦᠴᠦᠨ ᠦᠭᠡᠢ᠂ ᠬᠦᠴᠦᠠ ᠤᠢᠭᠡᠢ ᠪᠤᠯᠭᠠᠬᠳᠡᠬᠤ ᠪᠤᠶᠦ ᠲᠡᠭᠤᠰᠬᠤ ᠨᠢ ᠭᠡᠷ᠎ᠠ ᠳᠠᠬᠢ ᠮᠡᠷᠭᠤᠭᠠᠠ ᠢ ᠰᠢᠢᠦᠡᠪᠦᠷᠢᠯᠡᠬᠦ ᠠᠷᠭ᠎ᠠ ᠶᠢᠨ ᠲᠤᠬᠠᠢ ᠵᠦᠢᠯ ᠵᠤᠷᠪᠤᠰ ᠤᠨ ᠬᠦᠴᠦᠠ ᠢ ᠨᠦᠯᠦᠭᠡᠯᠡᠬᠦ ᠤᠢᠭᠡᠢ᠃ᠲᠠᠪᠤᠨ ᠵᠠᠭᠤ ᠨᠡᠢᠮᠡᠳᠦᠭᠠᠷ ᠵᠦᠢᠯ ᠲᠤᠰ ᠠᠩᠬᠢ ᠳᠤ ᠭᠡᠷ᠎ᠠ ᠶᠢᠨ ᠬᠦᠴᠦᠠ ᠤ ᠲᠤᠬᠠᠢ ᠲᠤᠭᠲᠠᠭᠠᠯ ᠦᠭᠡᠢ ᠪᠤᠯ᠂ ᠲᠤᠰ ᠬᠠᠤᠯᠢ ᠶᠢᠨ ᠨᠢᠭᠡᠳᠦᠭᠡᠷ ᠠᠩᠬᠢ ᠶᠢᠨ ᠵᠢᠷᠭᠤᠳᠤᠭᠠᠷ ᠪᠦᠯᠦᠭ ᠤᠨ ᠬᠤᠯᠪᠤᠭᠳᠠᠯ ᠪᠦᠬᠦᠢ ᠲᠤᠭᠲᠠᠭᠠᠯ ᠢ ᠲᠤᠬᠢᠷᠠᠭᠤᠯᠤᠨ ᠬᠡᠷᠡᠭᠯᠡᠨ᠎ᠡ᠃ ᠲᠦᠷᠪᠡᠳᠦᠭᠡᠷ ᠪᠦᠯᠦᠭ ᠭᠡᠷ᠎ᠠ ᠶᠢ ᠬᠦᠢᠴᠡᠦᠡᠭᠡᠬᠦᠲᠠᠪᠤᠨ ᠵᠠᠭᠤ ᠶᠢᠰᠦᠳᠦᠭᠡᠷ ᠵᠦᠢᠯ ᠲᠤᠬᠠᠢ ᠶᠢᠨ ᠬᠦᠮᠦᠠ ᠤᠢᠪᠡᠷ ᠤᠨ ᠡᠬᠦᠷᠭᠡ ᠪᠠᠨ ᠪᠤᠯᠵᠦᠯ ᠶᠤᠰᠦᠭᠠᠷ ᠪᠦᠬᠦ ᠲᠡᠯ᠎ᠠ ᠪᠠᠷ ᠬᠦᠢᠴᠡᠦᠡᠭᠡᠬᠦ ᠭᠡᠷᠡᠭᠳᠡᠢ᠃ᠲᠤᠬᠠᠢ ᠶᠢᠨ ᠬᠦᠮᠦᠠ ᠤᠢᠨᠡᠡᠴᠢ ᠢᠳᠡᠭᠡᠮᠵᠢᠳᠡᠢ ᠪᠠᠶᠢᠬᠤ ᠵᠡᠷᠴᠢᠮ ᠢ ᠵᠢᠷᠦᠮᠯᠡᠠ᠂ ᠭᠡᠷ᠎ᠠ ᠶᠢᠨ ᠰᠢᠡᠵᠢ ᠴᠢᠨᠡᠷ᠂ ᠵᠤᠷᠢᠯᠭ᠎ᠠ ᠪᠡ ᠠᠷᠡᠯᠵᠢᠶᠡᠠ ᠤ ᠵᠤᠷᠰᠢᠯ ᠢ ᠤᠢᠡᠳᠦᠰᠦᠯᠡᠵᠦ ᠮᠡᠳᠡᠭᠳᠡᠬᠦ᠂ ᠬᠠᠮᠵᠢᠯᠴᠡᠬᠤ᠂ ᠨᠢᠭᠤᠴᠠ ᠶᠢ ᠬᠠᠮᠡᠭᠠᠯᠡᠬᠤ ᠵᠡᠷᠭᠡ ᠡᠬᠦᠷᠭᠡ ᠶᠢ ᠬᠦᠢᠴᠡᠦᠡᠭᠡᠬᠦ ᠭᠡᠷᠡᠭᠳᠡᠢ᠃ᠲᠤᠬᠠᠢ ᠶᠢᠨ ᠬᠦᠮᠦᠨ ᠭᠡᠷ᠎ᠡ ᠶᠢ ᠭᠦᠢᠴᠡᠳᠬᠡᠬᠦ ᠶᠠᠪᠤᠴᠠ ᠳᠠᠭᠠᠨ᠂ ᠡᠬᠢ ᠪᠡᠶᠠᠯᠢᠭ ᠢ ᠪᠦᠷᠢᠯᠭᠡᠨ ᠰᠦᠢᠳᠬᠡᠬᠦ᠂ ᠤᠷᠴᠢᠨ ᠠᠬᠤᠢ ᠶᠢ ᠪᠤᠬᠢᠷᠳᠤᠭᠤᠯᠬᠤ ᠪᠠ ᠠᠮᠢ ᠠᠬᠤᠢ ᠶᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ᠃ᠲᠠᠪᠤᠨ ᠵᠠᠭᠤ ᠠᠷᠪᠠᠳᠤᠭᠠᠷ ᠵᠦᠢᠯ ᠭᠡᠷ᠎ᠠ ᠬᠦᠴᠦᠠ ᠲᠠᠢ ᠪᠤᠯᠦᠬᠰᠡᠠ ᠤ ᠲᠡᠷᠠᠭ᠎ᠠ᠂ ᠲᠤᠬᠠᠢ ᠶᠢᠨ ᠬᠦᠮᠦᠠ ᠶᠡᠰᠦ ᠴᠢᠨᠡᠷ᠂ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ᠂ ᠬᠦᠢᠴᠡᠦᠡᠭᠡᠬᠦ ᠭᠠᠵᠡᠷ ᠵᠡᠷᠭᠡ ᠠᠭᠤᠯᠭ᠎ᠠ ᠶᠢᠨ ᠲᠤᠬᠠᠢ ᠪᠤᠯᠵᠦᠠ ᠲᠤᠬᠳᠡᠬᠰᠡᠠ ᠤᠢᠭᠡᠢ ᠪᠤᠶᠦ ᠪᠤᠯᠵᠦᠠ ᠲᠤᠬᠳᠡᠬᠰᠡᠠ ᠨᠢ ᠲᠤᠳᠦᠷᠬᠠᠢ ᠤᠢᠭᠡᠢ ᠪᠠᠶᠢᠪᠡᠯ᠂ ᠵᠦᠪᠳᠡᠯᠴᠡᠵᠦ ᠪᠠᠶᠢᠭᠠᠦᠠ ᠨᠦᠬᠦᠪᠦᠷᠢᠯᠡᠵᠦ ᠪᠤᠯᠦᠨ᠎ᠡ︔ ᠨᠦᠬᠦᠪᠦᠷᠢ ᠭᠡᠯᠡᠯᠴᠡᠭᠡᠷ ᠲᠣᠬᠢᠷᠠᠵᠤ ᠴᠢᠳᠡᠬᠤ ᠤᠢᠭᠡᠢ ᠪᠤᠯ᠂ ᠭᠡᠷ᠎ᠠ ᠶᠢᠨ ᠬᠤᠯᠪᠦᠬᠳᠡᠯ ᠪᠦᠬᠦᠢ ᠵᠦᠢᠯ ᠵᠤᠷᠪᠤᠰ ᠪᠤᠶᠦ ᠠᠷᠡᠯᠵᠢᠶᠡᠠ ᠤ ᠵᠣᠷᠰᠢᠯ ᠶᠤᠰᠤᠭᠠᠷ ᠲᠤᠬᠳᠡᠭᠠᠨ᠎ᠡ᠃ᠲᠠᠪᠤᠨ ᠵᠠᠭᠤ ᠠᠷᠪᠠᠨ ᠨᠢᠭᠡᠳᠦᠭᠡᠷ ᠵᠦᠢᠯ ᠭᠡᠷ᠎ᠠ ᠶᠢᠨ ᠬᠤᠯᠪᠤᠭᠳᠠᠯ ᠪᠦᠬᠦᠢ ᠠᠭᠤᠯᠭ᠎ᠠ ᠶᠢᠨ ᠲᠤᠬᠠᠢ ᠲᠤᠬᠠᠢ ᠶᠢᠨ ᠬᠦᠮᠦᠠ ᠤ ᠪᠤᠯᠵᠦᠠ ᠲᠤᠬᠳᠡᠬᠰᠡᠠ ᠨᠢ ᠲᠤᠳᠦᠷᠬᠠᠢ ᠤᠢᠭᠡᠢ᠂ ᠡᠮᠦᠨᠡᠬᠢ ᠵᠦᠢᠯ ᠤᠨ ᠲᠤᠬᠳᠡᠭᠠᠯ ᠢ ᠦᠨᠳᠦᠰᠦᠯᠡᠭᠡᠳ ᠮᠦᠠ ᠲᠤᠬᠳᠡᠭᠠᠵᠦ ᠳᠡᠶᠢᠯᠬᠦ ᠤᠢᠭᠡᠢ ᠪᠠᠶᠢᠪᠡᠯ᠂ ᠲᠤᠤᠷ᠎ᠠ ᠵᠢᠭᠰᠠᠭᠠᠭᠰᠠᠨ ᠲᠤᠬᠳᠡᠭᠠᠯ ᠢ ᠲᠤᠬᠢᠷᠠᠭᠤᠯᠤᠨ ᠭᠡᠷᠡᠭᠯᠡᠨ᠎ᠡ ︵ᠨᠢᠭᠡ︶ ᠶᠡᠰᠦ ᠴᠢᠨᠡᠷ ᠤᠨ ᠱᠡᠭᠠᠷᠳᠡᠯᠭ᠎ᠠ ᠨᠢ ᠲᠤᠳᠦᠷᠬᠠᠢ ᠤᠢᠭᠡᠢ ᠪᠤᠯ᠂ ᠠᠯᠪᠠᠳᠠᠯᠭ᠎ᠠ ᠶᠢᠨ ᠴᠢᠨᠠᠷᠲᠠᠢ ᠤᠯᠦᠰ ᠤᠨ ᠪᠡᠷᠢᠮᠵᠢᠶ᠎ᠠ ᠪᠠᠷ ᠬᠦᠢᠴᠡᠦᠡᠭᠡᠨ᠎ᠡ︔ ᠠᠯᠪᠠᠳᠠᠯᠭ᠎ᠠ ᠶᠢᠨ ᠴᠢᠨᠠᠷᠲᠠᠢ ᠤᠯᠦᠰ ᠤᠨ ᠪᠡᠷᠢᠮᠵᠢᠶ᠎ᠠ ᠤᠢᠭᠡᠢ ᠪᠤᠯ᠂ ᠲᠠᠨᠢᠯᠴᠠᠭᠤᠯᠬᠤ ᠴᠢᠨᠠᠷᠲᠠᠢ ᠤᠯᠤᠰ ᠤᠨ ᠪᠡᠷᠢᠮᠵᠢᠶ᠎ᠠ ᠪᠠᠷ ᠬᠦᠢᠴᠡᠦᠡᠭᠡᠨ᠎ᠡ︔ ᠲᠠᠨᠢᠯᠴᠠᠭᠤᠯᠬᠤ ᠴᠢᠨᠠᠷᠲᠠᠢ ᠤᠯᠤᠰ ᠤᠨ ᠪᠡᠷᠢᠮᠵᠢᠶ᠎ᠠ ᠦᠭᠡᠢ ᠪᠤᠯ᠂ ᠠᠵᠢᠯ ᠲᠦᠷᠦᠯ ᠤᠨ ᠪᠠᠷᠢᠮᠵᠢᠶ᠎ᠡ ᠪᠠᠷ ᠭᠦᠢᠴᠡᠳᠬᠡᠨ᠎ᠡ︔ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠦᠭᠡᠢ ᠪᠤᠯ᠂ ᠶᠡᠷᠦᠲᠡ ᠶᠢᠨ ᠪᠠᠷᠢᠮᠵᠢᠶ᠎ᠠ ᠪᠤᠶᠤ ᠭᠡᠷ᠎ᠡ ᠶᠢᠨ ᠵᠤᠷᠢᠯᠭ᠎ᠠ ᠳᠤ ᠨᠡᠶᠢᠴᠡᠬᠦ ᠤᠨᠴᠠ ᠲᠤᠭᠲᠠᠭᠰᠠᠨ ᠪᠠᠷᠢᠮᠵᠢᠶ᠎ᠡ ᠪᠠᠷ ᠭᠦᠢᠴᠡᠳᠬᠡᠨ᠎ᠡ᠃︵ᠬᠤᠶᠡᠷ︶ ᠤᠢᠨ᠎ᠡ ᠶᠢᠨ ᠵᠤᠭᠤᠰ ᠪᠤᠶᠦ ᠬᠦᠯᠦᠰᠦ ᠤᠯᠭᠤᠮᠵᠢ ᠨᠢ ᠲᠤᠳᠦᠷᠬᠠᠢ ᠤᠢᠭᠡᠢ ᠪᠤᠯ᠂ ᠭᠡᠷ᠎ᠠ ᠲᠤᠬᠳᠡᠭᠠᠬᠤ ᠤᠢᠶ᠎ᠠ ᠶᠢᠨ ᠬᠦᠢᠴᠡᠦᠡᠭᠡᠬᠦ ᠭᠠᠵᠡᠷ ᠤᠨ ᠵᠠᠬ᠎ᠠ ᠲᠡᠯᠭᠡᠬᠦᠷ ᠤᠨ ᠤᠢᠨ᠎ᠡ ᠬᠠᠩᠰᠢ ᠪᠠᠷ ᠬᠦᠢᠴᠡᠦᠡᠭᠡᠨ᠎ᠡ︔ ᠬᠠᠦᠯᠢ ᠶᠤᠰᠦᠭᠠᠷ ᠵᠡᠰᠠᠬ ᠤᠨ ᠤᠷᠳᠦᠠ ᠤ ᠲᠤᠬᠳᠡᠭᠠᠠᠠᠰᠡᠠ ᠤᠢᠨ᠎ᠡ ᠪᠤᠶᠦ ᠵᠡᠰᠠᠬ ᠤᠨ ᠤᠷᠳᠦᠠ ᠤ ᠵᠢᠯᠦᠭᠤᠳᠤᠯ ᠤᠢᠨ᠎ᠡ ᠶᠢ ᠭᠡᠷᠡᠭᠵᠢᠬᠦᠯᠬᠦ ᠬᠡᠷᠡᠭᠳᠡᠢ ᠪᠠᠶᠢᠪᠡᠯ᠂ ᠲᠡᠷᠠ ᠲᠤᠬᠳᠡᠭᠠᠯ ᠶᠤᠰᠦᠭᠠᠷ ᠬᠦᠢᠴᠡᠦᠡᠭᠡᠨ᠎ᠡ᠃︵ᠭᠤᠷᠪᠡ︶ ᠬᠦᠢᠴᠡᠦᠡᠭᠡᠬᠦ ᠭᠠᠵᠡᠷ ᠨᠢ ᠲᠤᠳᠦᠷᠬᠠᠢ ᠤᠢᠭᠡᠢ ᠪᠠᠶᠢᠵᠦ᠂ ᠵᠤᠭᠤᠰ ᠤᠢᠭ᠍ᠬᠦ‍ ᠭᠡᠪᠡᠯ᠂ ᠵᠤᠭᠤᠰ ᠢ ᠬᠦᠯᠢᠶᠡᠠ ᠠᠪᠬᠤ ᠨᠢᠭᠡ ᠲᠠᠯ᠎ᠠ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ︔ ᠤᠢᠯᠦ ᠬᠦᠳᠡᠯᠬᠦ ᠬᠦᠷᠦᠩᠭᠡ ᠲᠤᠰᠢᠶᠠᠨ ᠥᠭᠬᠦ ᠭᠡᠪᠡᠯ᠂ ᠤᠢᠯᠦ ᠬᠦᠳᠡᠯᠬᠦ ᠬᠦᠷᠦᠩᠭᠡ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ︔ ᠪᠤᠰᠤᠤᠠ ᠬᠠᠷᠡᠯᠳᠠ ᠶᠢ ᠡᠬᠦᠷᠭᠡ ᠬᠦᠢᠴᠡᠦᠡᠭᠡᠬᠦ‍ ᠨᠢᠭᠡ ᠲᠠᠯ᠎ᠠ ᠶᠢᠨ ᠪᠠᠶᠢᠭ᠎ᠠ ᠭᠠᠵᠡᠷ ᠲᠤ ᠬᠦᠢᠴᠡᠦᠡᠭᠡᠨ᠎ᠡ᠃︵ᠲᠦᠷᠪᠡ︶ ᠬᠦᠢᠴᠡᠦᠡᠭᠡᠬᠦ ᠬᠤᠭᠤᠴᠠᠭ᠎ᠠ ᠨᠢ ᠲᠤᠳᠦᠷᠬᠠᠢ ᠤᠢᠭᠡᠢ ᠪᠤᠯ᠂ ᠤᠢᠭ᠍ᠴᠡᠭᠡᠳᠡᠠ ᠭᠡᠵᠢᠶ᠎ᠠ ᠴᠦ ᠭᠡᠰᠡᠠ ᠬᠦᠢᠴᠡᠦᠡᠭᠡᠵᠤ ᠪᠤᠯᠤᠨ᠎ᠡ᠂ ᠠᠪᠴᠠᠭᠠᠳᠠᠨ ᠴᠤ ᠭᠡᠵᠢᠶ᠎ᠠ ᠴᠦ ᠭᠡᠰᠡᠠ ᠬᠦᠢᠴᠡᠦᠡᠭᠡᠬᠦᠯᠬᠦ ᠪᠠᠷ ᠭᠤᠶᠤᠴᠢᠯᠠᠵᠤ ᠪᠤᠯᠦᠨ᠎ᠡ᠂ ᠭᠡᠪᠡᠴᠦ ᠨᠦᠬᠦᠭᠡ ᠲᠠᠯ᠎ᠠ ᠳᠠᠭᠠᠨ ᠴᠢᠬᠤᠯᠠ ᠪᠦᠬᠦᠢ ᠪᠡᠯᠡᠦᠡᠭᠡᠬᠦ ᠬᠤᠭᠤᠴᠠᠭ᠎ᠠ ᠦᠭᠭᠦ ᠭᠡᠷᠡᠭᠳᠡᠢ᠃︵ᠲᠡᠪᠦ︶ ᠬᠦᠢᠴᠡᠦᠡᠭᠡᠬᠦ ᠠᠷᠭ᠎ᠠ ᠮᠡᠶ᠋ᠢᠬ ᠨᠢ ᠲᠤᠳᠦᠷᠬᠠᠢ ᠤᠢᠭᠡᠢ ᠪᠤᠯ᠂ ᠭᠡᠷ᠎ᠠ ᠶᠢᠨ ᠵᠤᠷᠢᠯᠭ᠎ᠠ ᠶᠢ ᠪᠡᠶᠡᠯᠡᠬᠦᠯᠬᠦ ᠳᠤ ᠠᠰᠢᠬᠳᠡᠢ ᠠᠷᠭ᠎ᠠ ᠮᠡᠶ᠋ᠢᠬ ᠢᠶᠠᠷ ᠬᠦᠢᠴᠡᠦᠡᠭᠡᠨ᠎ᠡ᠃︵ᠵᠢᠷᠭᠤᠭ᠎ᠠ︶ ᠬᠦᠢᠴᠡᠦᠡᠭᠡᠬᠦ ᠵᠠᠷᠤᠳᠠᠯ ᠤᠨ ᠡᠬᠦᠷᠬᠡᠯᠡᠯ ᠨᠢ ᠲᠤᠳᠦᠷᠬᠠᠢ ᠤᠢᠭᠡᠢ ᠪᠤᠯ᠂ ᠡᠬᠦᠷᠭᠡ ᠬᠦᠢᠴᠡᠦᠡᠭᠡᠬᠦ‍ ᠨᠢᠭᠡ ᠲᠠᠯ᠎ᠠ ᠨᠢ ᠡᠬᠦᠷᠬᠡᠯᠡᠨ᠎ᠡ︔ ᠠᠪᠴᠠᠭᠠᠲᠠᠨ ᠠᠴᠠ ᠰᠢᠯᠲᠠᠭᠠᠯᠠᠵᠤ ᠨᠡᠮᠡᠭᠳᠡᠭᠰᠡᠨ ᠭᠦᠢᠴᠡᠳᠬᠡᠬᠦ ᠵᠠᠷᠤᠳᠠᠯ ᠢ ᠠᠪᠴᠠᠭᠠᠲᠠᠨ ᠡᠭᠦᠷᠭᠡᠯᠡᠨ᠎ᠡ᠃ᠲᠠᠪᠤᠨ ᠵᠠᠭᠤ ᠠᠷᠪᠠᠨ ᠬᠤᠶᠠᠳᠤᠭᠠᠷ ᠵᠦᠢᠯ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢ ᠶᠢᠨ ᠰᠦᠯᠵᠢᠶ᠎ᠡ ᠪᠠᠷ ᠲᠤᠭᠲᠠᠭᠠᠭᠰᠠᠨ ᠡᠯᠧᠺᠲᠷᠣᠨ ᠭᠡᠷ᠎ᠡ ᠶᠢᠨ ᠬᠠᠷᠠᠯᠲᠠ ᠨᠢ ᠲᠠᠸᠠᠷ ᠲᠤᠰᠢᠶᠠᠨ ᠥᠭᠬᠦ ᠶᠠᠪᠤᠳᠠᠯ ᠪᠤᠯᠬᠤ ᠮᠦᠷᠲᠡᠭᠡᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠠᠷᠭ᠎ᠠ ᠮᠠᠶ᠋ᠢᠭ ᠢᠶᠠᠷ ᠲᠤᠰᠢᠶᠠᠨ ᠥᠭᠬᠦ ᠳᠤ ᠬᠦᠷᠪᠠᠯ᠂ ᠪᠠᠷᠠᠭ᠎ᠠ ᠬᠤᠷᠢᠶᠠᠭᠴᠢ ᠶᠢᠨ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠴᠠᠭ ᠨᠢ ᠲᠤᠰᠢᠶᠠᠨ ᠥᠭᠬᠦᠭᠰᠡᠨ ᠴᠠᠭ ᠪᠤᠯᠤᠨ᠎ᠠ᠃ ᠡᠯᠧᠺᠲᠷᠣᠨ ᠭᠡᠷ᠎ᠡ ᠶᠢᠨ ᠬᠠᠷᠠᠯᠲᠠ ᠨᠢ ᠦᠢᠯᠡᠴᠢᠯᠡᠭᠡ ᠬᠠᠨᠭ᠍ᠭᠠᠬᠤ ᠶᠠᠪᠤᠳᠠᠯ ᠪᠤᠯᠬᠤ ᠳᠤ ᠬᠦᠷᠪᠡᠯ᠂ ᠪᠤᠢ ᠪᠤᠯᠤᠭᠰᠠᠨ ᠡᠯᠧᠺᠲᠷᠣᠨ ᠪᠠᠷᠢᠮᠲᠠ ᠲᠡᠮᠳᠡᠭ ᠪᠤᠶᠤ ᠪᠤᠳᠠᠲᠤ ᠪᠤᠳᠠᠰ ᠤᠨ ᠪᠠᠷᠢᠮᠲᠠ ᠲᠡᠮᠳᠡᠭ ᠲᠤ ᠲᠤᠲᠤᠷᠬᠠᠢᠢᠯᠠᠭᠰᠠᠨ ᠴᠠᠭ ᠨᠢ ᠦᠢᠯᠡᠴᠢᠯᠡᠭᠡ ᠬᠠᠨᠭ᠍ᠭᠠᠬᠰᠠᠨ ᠴᠠᠭ ᠪᠤᠯᠤᠨ᠎ᠡ︔ ᠡᠮᠦᠨ᠎ᠡ ᠳᠤᠷᠠᠳᠤᠭᠰᠠᠨ ᠪᠠᠷᠢᠮᠲᠠ ᠳᠡᠮᠳᠡᠭ ᠲᠤ ᠴᠠᠭ ᠢ ᠲᠤᠲᠤᠷᠬᠠᠶᠢᠯᠠᠭᠰᠠᠨ ᠦᠭᠡᠢ ᠪᠤᠶᠤ ᠲᠤᠲᠤᠷᠬᠠᠶᠢᠯᠠᠭᠰᠠᠨ ᠴᠠᠭ ᠨᠢ ᠪᠤᠳᠠᠲᠠᠢ ᠦᠢᠯᠡᠴᠢᠯᠡᠭᠡ ᠬᠠᠨᠭ᠍ᠭᠠᠭᠰᠠᠨ ᠴᠠᠭ ᠲᠠᠢ ᠨᠢᠭᠡᠳᠦᠯ ᠦᠭᠡᠢ ᠪᠠᠶᠢᠪᠠᠯ᠂ ᠪᠤᠳᠠᠲᠠᠢ ᠦᠢᠯᠡᠴᠢᠯᠡᠭᠡ ᠬᠠᠨᠭ᠍ᠭᠠᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ᠡᠯᠧᠺᠲᠷᠣᠨ ᠭᠡᠷ᠎ᠡ ᠶᠢᠨ ᠬᠠᠷᠠᠯᠲᠠ ᠪᠣᠳᠠᠰ ᠨᠢ ᠰᠦᠯᠵᠢᠶ᠎ᠠ ᠪᠠᠷ ᠳᠠᠮᠵᠢᠭᠤᠯᠬᠤ ᠠᠷᠭ᠎ᠠ ᠮᠠᠶ᠋ᠢᠭ ᠢᠶᠠᠷ ᠲᠤᠰᠢᠶᠠᠨ ᠥᠭᠬᠦ ᠶᠠᠪᠤᠳᠠᠯ ᠪᠤᠯᠬᠤ ᠳᠤ ᠬᠦᠷᠪᠡᠯ᠂ ᠭᠡᠷ᠎ᠡ ᠶᠢᠨ ᠬᠠᠷᠠᠯᠲᠠ ᠪᠣᠳᠠᠰ ᠨᠢ ᠨᠦᠬᠦᠭᠡ ᠲᠠᠯ᠎ᠠ ᠶᠢᠨ ᠲᠤᠬᠠᠢ ᠶᠢᠨ ᠬᠦᠮᠦᠨ ᠤ ᠵᠢᠭᠠᠨ ᠲᠤᠭᠲᠠᠭᠠᠭᠰᠠᠨ ᠤᠨᠴᠠ ᠲᠤᠭᠲᠠᠭᠰᠠᠨ ᠰᠢᠰᠲ᠋ᠧᠮ ᠳᠤ ᠤᠷᠤᠬᠰᠠᠨ ᠪᠦᠭᠡᠳ ᠡᠷᠢᠨ ᠬᠠᠷᠭᠤᠭᠤᠯᠵᠤ ᠢᠯᠭᠠᠨ ᠲᠠᠨᠢᠵᠤ ᠲᠡᠶᠢᠯᠬᠦ ᠴᠠᠭ ᠨᠢ ᠲᠤᠰᠢᠶᠠᠨ ᠥᠭᠬᠦᠭᠰᠡᠨ ᠴᠠᠭ ᠪᠤᠯᠤᠨ᠎ᠠ᠃ᠡᠯᠧᠺᠲᠷᠣᠨ ᠭᠡᠷ᠎ᠡ ᠶᠢᠨ ᠲᠤᠬᠠᠢ ᠶᠢᠨ ᠬᠦᠮᠦᠨ ᠲᠠᠸᠠᠷ ᠲᠤᠰᠢᠶᠠᠨ ᠥᠭᠬᠦ ᠪᠣᠶᠤ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ᠂ ᠴᠠᠭ ᠤᠨ ᠲᠤᠬᠠᠢ ᠠᠰᠳᠠᠭᠠᠨ ᠪᠤᠯᠵᠤᠯ ᠲᠠᠢ ᠪᠠᠶᠢᠪᠠᠯ᠂ ᠲᠡᠷᠡ ᠪᠤᠯᠵᠤᠯ ᠶᠤᠰᠤᠭᠠᠷ ᠶᠠᠪᠤᠭᠤᠯᠤᠨ᠎ᠠ᠃ᠲᠠᠪᠤᠨ ᠵᠠᠭᠤ ᠠᠷᠪᠠᠨ ᠭᠤᠷᠪᠠᠳᠤᠭᠠᠷ ᠵᠦᠢᠯ ᠵᠡᠰᠠᠬ ᠤᠨ ᠤᠷᠳᠦᠠ ᠤ ᠲᠤᠬᠳᠡᠭᠠᠬᠰᠡᠠ ᠤᠢᠨ᠎ᠡ ᠪᠤᠶᠦ ᠵᠡᠰᠠᠬ ᠤᠨ ᠤᠷᠳᠦᠠ ᠤ ᠵᠢᠯᠦᠭᠤᠳᠤᠯ ᠤᠢᠨ᠎ᠡ ᠶᠢ ᠭᠡᠷᠡᠭᠵᠢᠬᠦᠯᠦᠭᠰᠡᠨ ᠪᠠᠶᠢᠪᠠᠯ᠂ ᠭᠡᠷ᠎ᠠ ᠳᠤ ᠪᠤᠯᠵᠦᠠ ᠲᠤᠬᠳᠡᠬᠰᠡᠠ ᠲᠤᠰᠢᠶᠠᠨ ᠥᠭᠬᠦ ᠬᠤᠭᠤᠴᠡᠭᠠᠠ ᠲᠤᠳᠦᠷ᠎ᠠ ᠵᠡᠰᠠᠬ ᠤᠨ ᠤᠷᠳᠦᠠ ᠤᠢᠨ᠎ᠡ ᠶᠢᠨ ᠲᠤᠬᠢᠷᠡᠭᠤᠯᠤᠯᠲᠠ ᠬᠢᠬᠦ ᠦᠶ᠎ᠡ ᠳᠤ᠂ ᠲᠤᠰᠢᠶᠠᠨ ᠥᠭᠬᠦ ᠤᠢᠶ᠎ᠠ ᠶᠢᠨ ᠤᠢᠨ᠎ᠡ ᠪᠠᠷ ᠪᠤᠳᠦᠨ᠎ᠡ᠃ ᠬᠠᠷᠡᠯᠳᠠ ᠪᠤᠳᠠᠰ ᠢ ᠬᠤᠭᠤᠴᠠᠭ᠎ᠠ ᠭᠡᠳᠦᠷᠡᠭᠦᠯᠦᠨ ᠲᠤᠰᠢᠶᠠᠨ ᠥᠭᠬᠦ ᠳᠤ ᠬᠦᠷᠪᠡᠯ᠂ ᠤᠢᠨ᠎ᠡ ᠤᠢᠰᠦᠭᠰᠡᠨ ᠦᠶ᠎ᠡ ᠳᠤ᠂ ᠤᠭ ᠤᠢᠨ᠎ᠡ ᠪᠠᠷ ᠬᠦᠢᠴᠡᠦᠡᠭᠡᠨ᠎ᠡ︔ ᠤᠢᠨ᠎ᠡ ᠪᠡᠭᠤᠷᠡᠬᠰᠠᠨ ᠦᠶ᠎ᠡ ᠳᠤ᠂ ᠰᠢᠨ᠎ᠡ ᠤᠢᠨ᠎ᠡ ᠪᠠᠷ ᠬᠦᠢᠴᠡᠦᠡᠭᠡᠨ᠎ᠡ᠃ ᠬᠠᠷᠡᠯᠳᠠ ᠪᠤᠳᠠᠰ ᠢ ᠬᠤᠭᠤᠴᠠᠭ᠎ᠠ ᠭᠡᠳᠦᠷᠡᠭᠦᠯᠦᠨ ᠭᠠᠷᠭᠠᠵᠦ ᠠᠪᠬᠤ ᠪᠤᠶᠦ ᠬᠤᠭᠤᠴᠠᠭ᠎ᠠ ᠭᠡᠳᠦᠷᠡᠭᠦᠯᠦᠨ ᠵᠤᠭᠤᠰ ᠲᠤᠰᠢᠶᠡᠬᠤ ᠳᠤ ᠬᠦᠷᠪᠡᠯ᠂ ᠤᠢᠨ᠎ᠡ ᠤᠢᠰᠦᠭᠰᠡᠨ ᠦᠶ᠎ᠡ ᠳᠤ᠂ ᠰᠢᠨ᠎ᠡ ᠤᠢᠨ᠎ᠡ ᠪᠠᠷ ᠬᠦᠢᠴᠡᠦᠡᠭᠡᠨ᠎ᠡ︔ ᠤᠢᠨ᠎ᠡ ᠪᠡᠭᠤᠷᠡᠬᠰᠠᠨ ᠦᠶ᠎ᠡ ᠳᠤ᠂ ᠤᠭ ᠤᠢᠨ᠎ᠡ ᠪᠠᠷ ᠬᠦᠢᠴᠡᠦᠡᠭᠡᠨ᠎ᠡ᠃ᠲᠠᠪᠤᠨ ᠵᠠᠭᠤ ᠠᠷᠪᠠᠨ ᠲᠦᠷᠪᠡᠳᠦᠭᠡᠷ ᠵᠦᠢᠯ ᠵᠤᠭᠤᠰ ᠮᠦᠡᠭᠭᠦ ᠦᠭᠭᠦ ᠪᠠᠷ ᠠᠭᠤᠯᠭ᠎ᠠ ᠪᠤᠯᠭᠠᠭᠰᠠᠨ ᠦᠭᠴᠡᠭᠡ ᠶᠢ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ ᠪᠤᠶᠤ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠠᠶᠢᠬᠤ ᠶᠢ ᠭᠠᠷᠭᠠᠪᠠᠯ᠂ ᠠᠪᠴᠠᠭᠠᠲᠠᠨ ᠨᠢ ᠦᠭᠴᠡᠭᠡᠲᠡᠨ ᠢᠶᠠᠷ ᠪᠤᠳᠠᠲᠠᠢ ᠭᠦᠢᠴᠡᠳᠬᠡᠬᠦ ᠭᠠᠵᠠᠷ ᠤᠨ ᠬᠠᠤᠯᠢ ᠪᠠᠷ ᠲᠤᠭᠲᠠᠭᠠᠭᠰᠠᠨ ᠵᠤᠭᠤᠰ ᠢᠶᠠᠷ ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠤᠨ᠎ᠠ᠃ᠲᠠᠪᠤᠨ ᠵᠠᠭᠤ ᠠᠷᠪᠠᠨ ᠲᠠᠪᠤᠳᠤᠭᠠᠷ ᠵᠦᠢᠯ ᠬᠠᠷᠠᠯᠲᠠ ᠨᠢ ᠤᠯᠠᠨ ᠵᠦᠢᠯ ᠪᠠᠶᠢᠵᠤ ᠦᠭᠴᠡᠭᠡᠲᠡᠨ ᠲᠡᠭᠦᠨ ᠤ ᠲᠤᠲᠤᠷᠠᠬᠢ ᠨᠢᠭᠡ ᠶᠢ ᠨᠢ ᠯᠡ ᠭᠦᠢᠴᠡᠳᠬᠡᠬᠦ ᠴᠢᠬᠤᠯᠠᠲᠠᠢ ᠪᠠᠶᠢᠪᠠᠯ᠂ ᠦᠭᠴᠡᠭᠡᠲᠡᠨ ᠳᠤ ᠰᠤᠩᠭᠤᠬᠤ ᠡᠷᠬᠡ ᠲᠠᠢ︔ ᠭᠡᠪᠡᠴᠦ ᠬᠠᠤᠯᠢ ᠴᠠᠭᠠᠵᠠ ᠳᠤ ᠠᠰᠳᠠᠭᠠᠨ ᠲᠤᠭᠲᠠᠭᠠᠯ ᠲᠠᠢ᠂ ᠲᠤᠬᠠᠢ ᠶᠢᠨ ᠬᠦᠮᠦᠨ ᠠᠰᠳᠠᠭᠠᠨ ᠪᠤᠯᠵᠤᠯ ᠲᠠᠢ ᠪᠤᠶᠤ ᠪᠤᠰᠤᠳ ᠠᠷᠠᠯᠵᠢᠶᠠᠨ ᠤ ᠵᠣᠷᠰᠢᠯ ᠲᠠᠢ ᠨᠢ ᠡᠭᠦᠨ ᠳᠤ ᠪᠠᠭᠲᠠᠬᠤ ᠦᠭᠡᠢ᠃ᠰᠤᠩᠭᠤᠬᠤ ᠡᠷᠬᠡ ᠲᠠᠢ ᠲᠤᠬᠠᠢ ᠶᠢᠨ ᠬᠦᠮᠦᠨ ᠪᠤᠯᠵᠤᠨ ᠲᠤᠭᠲᠠᠭᠰᠠᠨ ᠬᠤᠭᠤᠴᠠᠭ᠎ᠠ ᠲᠤᠲᠤᠷ᠎ᠠ ᠪᠤᠶᠤ ᠭᠦᠢᠴᠡᠳᠬᠡᠬᠦ ᠬᠤᠭᠤᠴᠠᠭ᠎ᠠ ᠲᠦᠭᠦᠷᠦᠭᠰᠡᠨ ᠤ ᠳᠠᠷᠠᠭ᠎ᠠ ᠰᠤᠩᠭᠤᠭᠰᠡᠨ ᠦᠭᠡᠢ᠂ ᠰᠢᠪᠠᠳᠠᠨ ᠮᠡᠳᠡᠭᠳᠡᠭᠰᠡᠨ ᠤ ᠳᠠᠷᠠᠭ᠎ᠠ ᠵᠦᠢ ᠵᠤᠬᠢᠰᠲᠠᠢ ᠬᠤᠭᠤᠴᠠᠭᠠᠨ ᠳᠤᠳᠤᠷ᠎ᠠ ᠮᠦᠨ ᠯᠡ ᠰᠤᠩᠭᠤᠭᠰᠠᠨ ᠦᠭᠡᠢ ᠪᠠᠶᠢᠪᠠᠯ᠂ ᠰᠤᠩᠭᠤᠬᠤ ᠡᠷᠬᠡ ᠨᠢ ᠨᠦᠬᠦᠭᠡ ᠲᠠᠯ᠎ᠠ ᠳᠤ ᠰᠢᠯᠵᠢᠨ᠎ᠡ᠃ᠲᠠᠪᠤᠨ ᠵᠠᠭᠤ ᠠᠷᠪᠠᠨ ᠵᠢᠷᠭᠤᠳᠤᠭᠠᠷ ᠵᠦᠢᠯ ᠲᠤᠬᠠᠢ ᠶᠢᠨ ᠬᠦᠮᠦᠠ ᠰᠤᠩᠭᠤᠬᠤ ᠡᠷᠬᠡ ᠪᠠᠨ ᠬᠡᠷᠡᠭᠵᠢᠭᠦᠯᠬᠦ ᠳᠡᠭᠡᠨ ᠨᠦᠬᠦᠭᠡ ᠲᠠᠯ᠎ᠠ ᠳᠠᠭᠠᠨ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠂ ᠮᠡᠳᠡᠭᠳᠡᠯ ᠨᠢ ᠨᠦᠬᠦᠭᠡ ᠳᠠᠯ᠎ᠠ ᠳᠤ ᠬᠦᠷᠦᠭᠰᠡᠨ ᠦᠶ᠎ᠡ ᠳᠤ ᠬᠠᠷᠠᠯᠲᠠ ᠲᠤᠭᠲᠠᠭᠠᠭᠳᠠᠨ᠎ᠠ᠃ ᠬᠠᠷᠠᠯᠲᠠ ᠶᠢ ᠲᠤᠭᠲᠠᠭᠠᠭᠰᠠᠨ ᠤ ᠳᠠᠷᠠᠭ᠎ᠠ ᠬᠤᠪᠢᠷᠠᠭᠤᠯᠵᠤ ᠪᠤᠯᠬᠤ ᠦᠭᠡᠢ᠂ ᠭᠡᠪᠡᠴᠦ ᠨᠦᠬᠦᠭᠡ ᠲᠠᠯ᠎ᠠ ᠪᠠᠷ ᠢᠶᠠᠨ ᠵᠦᠪᠰᠢᠶᠡᠷᠡᠭᠦᠯᠦᠭᠰᠡᠨ ᠨᠢ ᠡᠭᠦᠨ ᠳᠤ ᠪᠠᠭᠲᠠᠬᠤ ᠦᠭᠡᠢ᠃ᠰᠤᠩᠭᠤᠵᠤ ᠪᠤᠯᠬᠤ ᠬᠠᠷᠠᠯᠲᠠ ᠳᠤ ᠭᠦᠢᠴᠡᠳᠬᠡᠵᠦ ᠴᠢᠳᠠᠬᠤ ᠦᠭᠡᠢ ᠪᠤᠯᠬᠤ ᠪᠠᠶᠢᠳᠠᠯ ᠭᠠᠷᠤᠭᠰᠠᠨ ᠪᠠᠶᠢᠪᠠᠯ᠂ ᠰᠤᠩᠭᠤᠬᠤ ᠡᠷᠬᠡ ᠲᠠᠢ ᠲᠤᠬᠠᠢ ᠶᠢᠨ ᠬᠦᠮᠦᠨ ᠨᠢ ᠭᠦᠢᠴᠡᠳᠬᠡᠵᠦ ᠴᠢᠳᠠᠬᠤ ᠦᠭᠡᠢ ᠪᠤᠯᠤᠭᠰᠠᠨ ᠬᠠᠷᠠᠯᠲᠠ ᠶᠢ ᠰᠤᠩᠭᠤᠵᠤ ᠪᠤᠯᠬᠤ ᠦᠭᠡᠢ᠂ ᠭᠡᠪᠡᠴᠦ ᠲᠤᠰ ᠭᠦᠢᠴᠡᠳᠬᠡᠵᠦ ᠴᠢᠳᠠᠬᠤ ᠦᠭᠡᠢ ᠪᠤᠯᠤᠭᠰᠠᠨ ᠪᠠᠶᠢᠳᠠᠯ ᠢ ᠨᠦᠬᠦᠭᠡ ᠲᠠᠯ᠎ᠠ ᠨᠢ ᠪᠤᠢ ᠪᠤᠯᠭᠠᠭᠰᠠᠨ ᠨᠢ ᠡᠭᠦᠨ ᠳᠤ ᠪᠠᠭᠲᠠᠬᠤ ᠦᠭᠡᠢ᠃ᠲᠠᠪᠤᠨ ᠵᠠᠭᠤ ᠠᠷᠪᠠᠨ ᠳᠤᠯᠤᠳᠤᠭᠠᠷ ᠵᠦᠢᠯ ᠠᠪᠴᠠᠭᠠᠲᠠᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠠᠷᠠᠯᠲᠠ ᠶᠢ ᠬᠤᠪᠢᠶᠠᠵᠤ ᠪᠤᠯᠬᠤ ᠪᠦᠬᠡᠳ ᠠᠪᠴᠠᠭ᠎ᠠ ᠶᠢ ᠬᠤᠪᠢᠳᠠᠴᠠ ᠶᠤᠰᠤᠭᠠᠷ ᠢᠶᠠᠨ ᠲᠤᠰ ᠲᠤᠰ ᠡᠳ᠋ᠯᠡᠳᠡᠭ ᠨᠢ ᠬᠤᠪᠢᠳᠠᠯᠲᠤ ᠠᠪᠴᠠᠭ᠎ᠠ ᠪᠤᠯᠤᠨ᠎ᠠ︔ ᠦᠭᠴᠡᠭᠡᠲᠡᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠠᠷᠠᠯᠲᠠ ᠶᠢ ᠬᠤᠪᠢᠶᠠᠵᠤ ᠪᠤᠯᠬᠤ ᠪᠦᠬᠡᠳ ᠦᠭᠴᠡᠭᠡ ᠶᠢ ᠬᠤᠪᠢᠳᠠᠴᠠ ᠶᠤᠰᠤᠭᠠᠷ ᠢᠶᠠᠨ ᠲᠤᠰ ᠲᠤᠰ ᠡᠭᠦᠷᠭᠡᠯᠡᠳᠡᠭ ᠨᠢ ᠬᠤᠪᠢᠳᠠᠯᠲᠤ ᠦᠭᠴᠡᠭᠡ ᠪᠤᠯᠤᠨ᠎ᠠ᠃ᠬᠤᠪᠢᠳᠠᠯᠲᠤ ᠠᠪᠴᠠᠭᠠᠲᠠᠨ ᠪᠤᠶᠤ ᠬᠤᠪᠢᠳᠠᠯᠲᠤ ᠦᠭᠴᠡᠭᠡᠲᠡᠨ ᠤ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ᠲᠠᠪᠤᠨ ᠵᠠᠭᠤ ᠠᠷᠪᠠᠨ ᠨᠠᠢᠮᠠᠳᠤᠭᠠᠷ ᠵᠦᠢᠯ ᠠᠪᠴᠠᠭᠠᠲᠠᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠬᠡᠰᠡᠭ ᠠᠪᠴᠠᠭᠠᠳᠠᠨ ᠪᠤᠶᠤ ᠪᠦᠬᠦ ᠠᠪᠴᠠᠭᠠᠲᠠᠨ ᠴᠦᠮ ᠦᠭᠴᠡᠭᠡᠲᠡᠨ ᠢᠶᠠᠷ ᠦᠭᠴᠡᠭᠡ ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠠᠪᠴᠠᠭ᠎ᠠ ᠪᠤᠯᠤᠨ᠎ᠠ︔ ᠦᠭᠴᠡᠭᠡᠲᠡᠨ ᠨᠢ ᠬᠤᠶᠠᠷ ᠠᠴᠠ ᠳᠡᠭᠡᠭᠰᠢ ᠬᠦᠮᠦᠨ ᠪᠠᠶᠢᠵᠤ᠂ ᠠᠪᠴᠠᠭᠠᠲᠠᠨ ᠬᠡᠰᠡᠭ ᠦᠭᠴᠡᠬᠡᠳᠡᠨ ᠪᠤᠶᠤ ᠪᠦᠬᠦ ᠦᠭᠴᠡᠭᠡᠲᠡᠨ ᠢᠶᠠᠷ ᠪᠦᠬᠦ ᠦᠭᠴᠡᠭᠡ ᠶᠢ ᠭᠦᠢᠴᠡᠳᠬᠡᠭᠦᠯᠬᠦ ᠪᠠᠷ ᠭᠤᠶᠤᠴᠢᠯᠠᠵᠤ ᠪᠤᠯᠬᠤ ᠨᠢ ᠬᠤᠯᠪᠤᠯᠳᠤᠭᠰᠠᠨ ᠦᠭᠴᠡᠭᠡ ᠪᠤᠯᠤᠨ᠎ᠠ᠃ᠬᠤᠯᠪᠤᠯᠳᠤᠭᠰᠠᠨ ᠠᠪᠴᠠᠭ᠎ᠠ ᠪᠤᠶᠤ ᠬᠤᠯᠪᠤᠯᠳᠤᠭᠰᠠᠨ ᠦᠭᠴᠡᠭᠡ ᠶᠢ ᠬᠠᠤᠯᠢ ᠴᠠᠭᠠᠵᠠ ᠪᠠᠷ ᠲᠤᠭᠲᠠᠭᠠᠬᠤ ᠪᠤᠶᠤ ᠲᠤᠬᠠᠢ ᠶᠢᠨ ᠬᠦᠮᠦᠨ ᠪᠤᠯᠵᠤᠨ ᠲᠤᠭᠲᠠᠨ᠎ᠠ᠃ᠲᠠᠪᠤᠨ ᠵᠠᠭᠤ ᠠᠷᠪᠠ ᠶᠢᠰᠦᠳᠦᠭᠡᠷ ᠵᠦᠢᠯ ᠬᠤᠯᠪᠤᠯᠳᠤᠭᠰᠠᠨ ᠦᠭᠴᠡᠭᠡᠲᠡᠨ ᠤ ᠬᠤᠭᠤᠷᠤᠨᠲᠤᠬᠢ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ᠪᠤᠳᠠᠲᠠᠢ ᠡᠭᠦᠷᠭᠡᠯᠡᠬᠦ ᠦᠭᠴᠡᠭᠡ ᠨᠢ ᠦᠪᠡᠷ ᠤᠨ ᠬᠢᠨᠢ ᠬᠤᠪᠢᠳᠠᠴᠠ ᠠᠴᠠ ᠬᠡᠲᠦᠷᠡᠭᠰᠡᠨ ᠬᠤᠯᠪᠤᠯᠳᠤᠭᠰᠠᠨ ᠦᠭᠴᠡᠭᠡᠲᠡᠨ ᠬᠡᠲᠦᠷᠡᠭᠰᠡᠨ ᠬᠡᠰᠡᠭ ᠤᠨ ᠲᠤᠬᠠᠢ ᠳᠤ ᠪᠤᠰᠤᠳ ᠬᠤᠯᠪᠤᠯᠳᠤᠭᠰᠠᠨ ᠦᠭᠴᠡᠭᠡᠲᠡᠨ ᠤ ᠭᠦᠢᠴᠡᠳᠬᠡᠭᠰᠡᠨ ᠦᠭᠡᠢ ᠬᠤᠪᠢᠳᠠᠴᠠ ᠶᠢᠨ ᠬᠡᠪᠴᠢᠶᠡᠨ ᠳᠤ ᠲᠡᠳᠡᠨ ᠢᠶᠠᠷ ᠨᠡᠬᠡᠮᠵᠢᠯᠡᠨ ᠲᠦᠯᠦᠭᠦᠯᠬᠦ ᠡᠷᠬᠡ ᠲᠠᠢ ᠪᠦᠭᠡᠳ ᠵᠤᠬᠢᠴᠠᠩᠭᠤᠢ ᠪᠠᠷ ᠠᠪᠴᠠᠭᠠᠲᠠᠨ ᠤ ᠡᠷᠬᠡ ᠶᠢ ᠡᠳ᠋ᠯᠡᠵᠦ ᠪᠤᠯᠤᠨ᠎ᠠ᠂ ᠭᠡᠪᠡᠴᠦ ᠠᠪᠴᠠᠭᠠᠲᠠᠨ ᠤ ᠠᠰᠢᠭ ᠲᠤᠰᠠ ᠶᠢ ᠬᠤᠬᠢᠷᠠᠭᠤᠯᠵᠤ ᠪᠤᠯᠬᠤ ᠦᠭᠡᠢ᠃ ᠪᠤᠰᠤᠳ ᠬᠤᠯᠪᠤᠯᠳᠤᠭᠰᠠᠨ ᠦᠭᠴᠡᠭᠡᠲᠡᠨ ᠨᠢ ᠠᠪᠴᠠᠭᠠᠲᠠᠨ ᠳᠤ ᠵᠤᠷᠢᠬᠤ ᠡᠰᠡᠷᠭᠦᠴᠡᠨ ᠮᠠᠷᠭᠤᠯᠲᠤᠬᠤ ᠡᠷᠬᠡ ᠪᠠᠨ ᠲᠤᠰ ᠦᠭᠴᠡᠭᠡᠲᠡᠨ ᠳᠤ ᠵᠤᠷᠢᠵᠤ ᠪᠤᠯᠤᠨ᠎ᠠ᠃ᠲᠦᠯᠦᠪᠦᠷᠢ ᠨᠡᠬᠡᠮᠵᠢᠯᠡᠭᠳᠡᠭᠴᠢ ᠶᠢᠨ ᠬᠤᠯᠪᠤᠯᠳᠤᠭᠰᠠᠨ ᠥᠭᠴᠡᠭᠡᠲᠡᠨ ᠡᠭᠦᠷᠭᠡᠯᠡᠬᠦ ᠶᠣᠰᠤᠲᠠᠢ ᠬᠤᠪᠢᠳᠠᠴᠠ ᠪᠠᠨ ᠭᠦᠢᠴᠡᠳᠬᠡᠵᠦ ᠳᠡᠶᠢᠯᠬᠦ ᠦᠭᠡᠢ ᠪᠠᠶᠢᠪᠠᠯ᠂ ᠪᠤᠰᠤᠳ ᠬᠤᠯᠪᠤᠯᠳᠤᠭᠰᠠᠨ ᠥᠭᠴᠡᠭᠡᠲᠡᠨ ᠵᠣᠬᠢᠴᠠᠩᠭᠤᠢ ᠬᠡᠪᠴᠢᠶᠡᠨ ᠳᠣᠲᠤᠷ᠎ᠠ ᠬᠠᠷᠢᠴᠠᠯ ᠶᠣᠰᠤᠭᠠᠷ ᠡᠭᠦᠷᠭᠡᠯᠡᠬᠦ ᠬᠡᠷᠡᠭᠲᠡᠢ᠃ᠲᠠᠪᠤᠨ ᠵᠠᠭᠤ ᠬᠤᠷᠢᠳᠤᠭᠠᠷ ᠵᠦᠢᠯ ᠬᠡᠰᠡᠭ ᠬᠤᠯᠪᠤᠯᠳᠤᠭᠰᠠᠨ ᠦᠭᠴᠡᠭᠡᠲᠡᠨ ᠦᠭᠴᠡᠭᠡ ᠶᠢ ᠭᠦᠢᠴᠡᠳᠬᠡᠭᠰᠡᠨ᠂ ᠲᠤᠯᠭᠠᠨ ᠬᠠᠰᠤᠬᠰᠠᠨ ᠪᠤᠶᠤ ᠬᠠᠷᠠᠯᠲᠠ ᠪᠤᠳᠠᠰ ᠢ ᠭᠠᠷᠭᠠᠵᠤ ᠬᠠᠳᠠᠭᠠᠯᠠᠭᠤᠯᠤᠭᠰᠠᠨ ᠪᠠᠶᠢᠪᠠᠯ᠂ ᠪᠤᠰᠤᠳ ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠬᠠᠷᠠᠭᠠᠯᠵᠠᠭᠰᠠᠨ ᠬᠡᠪᠴᠢᠶᠡᠨ ᠳᠤ ᠤᠰᠠᠳᠤᠨ᠎ᠠ︔ ᠲᠤᠰ ᠦᠭᠴᠡᠭᠡᠲᠡᠨ ᠡᠮᠦᠨᠡᠬᠢ ᠵᠦᠢᠯ ᠤᠨ ᠲᠤᠭᠲᠠᠭᠠᠯ ᠶᠤᠰᠤᠭᠠᠷ ᠪᠤᠰᠤᠳ ᠦᠭᠴᠡᠭᠡᠲᠡᠨ ᠢᠶᠠᠷ ᠨᠡᠬᠡᠮᠵᠢᠯᠡᠨ ᠲᠦᠯᠦᠭᠦᠯᠵᠤ ᠪᠤᠯᠤᠨ᠎ᠠ᠃ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠶᠢ ᠬᠡᠯᠲᠦᠷᠢᠭᠦᠯᠦᠭᠰᠡᠨ ᠪᠠᠶᠢᠪᠠᠯ᠂ ᠲᠤᠰ ᠬᠤᠯᠪᠤᠯᠳᠤᠭᠰᠠᠨ ᠦᠭᠴᠡᠭᠡᠲᠡᠨ ᠤ ᠡᠭᠦᠷᠭᠡᠯᠡᠬᠦ ᠶᠤᠰᠤᠲᠠᠢ ᠬᠤᠪᠢᠳᠠᠴᠠ ᠶᠢᠨ ᠬᠡᠪᠴᠢᠶ᠎ᠠ ᠳᠤ ᠪᠤᠰᠤᠳ ᠦᠭᠴᠡᠭᠡᠲᠡᠨ ᠤ ᠠᠪᠴᠠᠭᠠᠲᠠᠨ ᠳᠤ ᠦᠭᠭᠦ ᠦᠭᠴᠡᠭᠡ ᠨᠢ ᠤᠰᠠᠳᠤᠨ᠎ᠠ᠃ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠴᠡᠭᠡ ᠪᠤᠯᠤᠨ ᠠᠪᠴᠠᠭᠠᠲᠠᠨ ᠤ ᠠᠪᠴᠠᠭ᠎ᠠ ᠨᠢᠭᠡ ᠯᠡ ᠬᠦᠮᠦᠨ ᠤ ᠬᠢ ᠪᠣᠯᠣᠭᠰᠠᠨ ᠪᠠᠶᠢᠪᠠᠯ᠂ ᠲᠤᠰ ᠦᠭᠴᠡᠭᠡᠲᠡᠨ ᠤ ᠡᠭᠦᠷᠭᠡᠯᠡᠬᠦ ᠶᠤᠰᠤᠲᠠᠢ ᠬᠤᠪᠢᠳᠠᠴᠠ ᠶᠢ ᠬᠠᠰᠤᠵᠤ ᠭᠠᠷᠭᠠᠭᠰᠠᠨ ᠤ ᠳᠠᠷᠠᠭ᠎ᠠ᠂ ᠠᠪᠴᠠᠭᠠᠲᠠᠨ ᠤ ᠪᠤᠰᠤᠳ ᠦᠭᠴᠡᠭᠡᠲᠡᠨ ᠠᠴᠠ ᠠᠪᠬᠤ ᠠᠪᠴᠠᠭ᠎ᠠ ᠨᠢ ᠦᠷᠭᠦᠯᠵᠢᠯᠡᠨ ᠤᠷᠤᠰᠢᠨ᠎ᠠ᠃ᠠᠪᠴᠠᠭᠠᠲᠠᠨ ᠬᠡᠰᠡᠭ ᠬᠤᠯᠪᠤᠯᠳᠤᠭᠰᠠᠨ ᠦᠭᠴᠡᠭᠡᠲᠡᠨ ᠤ ᠦᠭᠭᠦ ᠦᠭᠴᠡᠭᠡ ᠶᠢ ᠬᠦᠯᠢᠶᠡᠨ ᠠᠪᠬᠤ ᠪᠠᠨ ᠬᠤᠶᠢᠰᠢᠯᠠᠭᠤᠯᠤᠭᠰᠠᠨ ᠨᠢ᠂ ᠪᠤᠰᠤᠳ ᠬᠤᠯᠪᠤᠯᠳᠤᠭᠰᠠᠨ ᠦᠭᠴᠡᠭᠡᠲᠡᠨ ᠳᠤ ᠬᠦᠴᠦᠨ ᠲᠠᠢ ᠪᠤᠯᠤᠨ᠎ᠠ᠃ᠲᠠᠪᠤᠨ ᠵᠠᠭᠤ ᠬᠤᠷᠢᠨ ᠨᠢᠭᠡᠳᠦᠭᠡᠷ ᠵᠦᠢᠯ ᠬᠤᠯᠪᠤᠯᠳᠤᠭᠰᠠᠨ ᠠᠪᠴᠠᠭᠠᠲᠠᠨ ᠤ ᠬᠤᠭᠤᠷᠤᠨᠳᠤᠬᠢ ᠬᠤᠪᠢᠳᠠᠴᠠ ᠶᠢ ᠲᠤᠭᠲᠠᠭᠠᠬᠤ ᠳᠤ ᠪᠡᠷᠬᠡᠲᠡᠢ ᠪᠠᠶᠢᠪᠠᠯ᠂ ᠬᠤᠪᠢᠳᠠᠴᠠ ᠨᠢ ᠠᠳᠠᠯᠢᠬᠠᠨ ᠢᠶᠠᠷ ᠦᠵᠡᠨ᠎ᠡ᠃ᠠᠪᠴᠠᠭ᠎ᠠ ᠶᠢ ᠪᠣᠳᠠᠲᠠᠶ ᠬᠦᠯᠢᠶᠡᠨ ᠠᠪᠤᠭᠰᠠᠨ ᠬᠤᠯᠪᠣᠯᠳᠤᠭᠰᠠᠨ ᠠᠪᠴᠠᠭᠠᠲᠠᠨ ᠬᠠᠷᠢᠴᠠᠯ ᠶᠣᠰᠣᠭᠠᠷ ᠪᠤᠰᠤᠳ ᠬᠤᠯᠪᠣᠯᠳᠤᠭᠰᠠᠨ ᠠᠪᠴᠠᠭᠠᠲᠠᠨ ᠳᠤ ᠪᠤᠴᠠᠭᠠᠵᠤ ᠥᠭᠬᠦ ᠬᠡᠷᠡᠭᠲᠡᠶ᠃ᠬᠤᠯᠪᠣᠯᠳᠤᠭᠰᠠᠨ ᠠᠪᠴᠠᠭ᠎ᠠ ᠳᠤ ᠲᠤᠰ ᠪᠦᠯᠦᠭ ᠲᠠᠬᠢ ᠬᠤᠯᠪᠣᠯᠳᠤᠭᠰᠠᠨ ᠥᠭᠴᠡᠭᠡ ᠶᠢᠨ ᠬᠤᠯᠪᠣᠭᠳᠠᠯ ᠪᠦᠬᠦᠢ ᠲᠣᠭᠲᠠᠭᠠᠯ ᠢ ᠯᠠᠪᠯᠠᠯᠲᠠ ᠪᠣᠯᠭᠠᠵᠤ ᠲᠤᠬᠢᠷᠠᠭᠤᠯᠤᠨ ᠬᠡᠷᠡᠭᠯᠡᠨ᠎ᠡ᠃ᠲᠠᠪᠤᠨ ᠵᠠᠭᠤ ᠬᠤᠷᠢᠨ ᠬᠤᠶᠠᠳᠤᠭᠠᠷ ᠵᠦᠢᠯ ᠲᠤᠬᠠᠢ ᠶᠢᠨ ᠬᠥᠮᠦᠨ ᠥᠭᠴᠡᠭᠡᠲᠡᠨ ᠢᠶᠠᠷ ᠭᠤᠷᠪᠠᠳᠠᠬᠢ ᠬᠥᠮᠦᠨ ᠳᠤ ᠥᠭᠴᠡᠭᠡ ᠭᠦᠢᠴᠡᠳᠬᠡᠭᠦᠯᠬᠦ ᠪᠠᠷ ᠪᠣᠯᠵᠣᠨ ᠲᠣᠭᠲᠠᠭᠠᠳ᠂ ᠥᠭᠴᠡᠭᠡᠲᠡᠨ ᠭᠤᠷᠪᠠᠳᠠᠬᠢ ᠬᠥᠮᠦᠨ ᠳᠤ ᠥᠭᠴᠡᠭᠡ ᠪᠠᠨ ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ᠭᠤᠷᠪᠠᠳᠠᠬᠢ ᠬᠥᠮᠦᠨ ᠥᠭᠴᠡᠭᠡᠲᠡᠨ ᠢᠶᠠᠷ ᠲᠡᠬᠦᠨ ᠳᠤ ᠥᠭᠴᠡᠭᠡ ᠭᠦᠢᠴᠡᠳᠬᠡᠭᠦᠯᠬᠦ ᠪᠠᠷ ᠰᠢᠭᠤᠳ ᠭᠤᠶᠤᠴᠢᠯᠠᠵᠤ ᠪᠣᠯᠤᠨ᠎ᠠ ᠭᠡᠵᠤ ᠬᠠᠤᠯᠢ ᠴᠠᠭᠠᠵᠠ ᠳᠤ ᠲᠣᠭᠲᠠᠭᠠᠭᠰᠠᠨ ᠪᠤᠶᠤ ᠲᠤᠬᠠᠶ ᠶᠢᠨ ᠬᠥᠮᠦᠨ ᠪᠤᠯᠵᠤᠨ ᠲᠤᠬᠳᠠᠭᠠᠳ᠂ ᠭᠤᠷᠪᠠᠳᠠᠬᠢ ᠬᠥᠮᠦᠨ ᠵᠦᠶ ᠵᠣᠬᠢᠰᠲᠠᠶ ᠬᠤᠭᠤᠴᠠᠭᠠᠨ ᠳᠣᠲᠣᠷ᠎ᠠ ᠲᠣᠳᠣᠷᠬᠠᠶ ᠲᠡᠪᠴᠢᠭᠰᠡᠨ ᠦᠭᠡᠢ᠂ ᠥᠭᠴᠡᠭᠡᠲᠡᠨ ᠭᠤᠷᠪᠠᠳᠠᠬᠢ ᠬᠥᠮᠦᠨ ᠳᠤ ᠥᠭᠴᠡᠭᠡ ᠪᠠᠨ ᠭᠦᠢᠴᠡᠳᠬᠡᠭᠰᠡᠨ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠭᠤᠷᠪᠠᠳᠠᠬᠢ ᠬᠥᠮᠦᠨ ᠥᠭᠴᠡᠭᠡᠲᠡᠨ ᠢᠶᠠᠷ ᠭᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠦᠯᠬᠦ ᠪᠠᠷ ᠭᠤᠶᠤᠴᠢᠯᠠᠵᠤ ᠪᠣᠯᠤᠨ᠎ᠠ︔ ᠥᠭᠴᠡᠭᠡᠲᠡᠨ ᠨᠢ ᠠᠪᠴᠠᠭᠠᠲᠠᠨ ᠳᠤ ᠵᠤᠷᠢᠬᠤ ᠡᠰᠡᠷᠬᠦᠴᠡᠨ ᠮᠠᠷᠭᠤᠯᠳᠤᠬᠤ ᠡᠷᠬᠡ ᠪᠠᠨ ᠭᠤᠷᠪᠠᠳᠠᠬᠢ ᠬᠥᠮᠦᠨ ᠳᠤ ᠵᠤᠷᠢᠵᠤ ᠪᠣᠯᠤᠨ᠎ᠠ᠃ᠲᠠᠪᠤᠨ ᠵᠠᠭᠤ ᠬᠤᠷᠢᠨ ᠭᠤᠷᠪᠠᠳᠤᠭᠠᠷ ᠵᠦᠢᠯ ᠲᠤᠬᠠᠢ ᠶᠢᠨ ᠬᠥᠮᠦᠨ ᠭᠤᠷᠪᠠᠳᠠᠬᠢ ᠬᠥᠮᠦᠨ ᠢᠶᠠᠷ ᠠᠪᠴᠠᠭᠠᠲᠠᠨ ᠳᠤ ᠥᠭᠴᠡᠭᠡ ᠭᠦᠢᠴᠡᠳᠬᠡᠭᠦᠯᠬᠦ ᠪᠠᠷ ᠪᠣᠯᠵᠣᠨ ᠲᠣᠭᠲᠠᠭᠠᠳ᠂ ᠭᠤᠷᠪᠠᠳᠠᠬᠢ ᠬᠥᠮᠦᠨ ᠥᠭᠴᠡᠭᠡ ᠪᠠᠨ ᠭᠦᠢᠴᠡᠳᠬᠡᠬᠦ ᠦᠭᠡᠢ ᠪᠤᠶᠤ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠥᠭᠴᠡᠭᠡᠲᠡᠨ ᠨᠢ ᠠᠪᠴᠠᠭᠠᠲᠠᠨ ᠳᠤ ᠬᠡᠷ᠎ᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ᠲᠠᠪᠤᠨ ᠵᠠᠭᠤ ᠬᠤᠷᠢᠨ ᠳᠥᠷᠪᠡᠳᠦᠭᠡᠷ ᠵᠦᠢᠯ ᠥᠭᠴᠡᠭᠡᠲᠡᠨ ᠥᠭᠴᠡᠭᠡ ᠪᠠᠨ ᠬᠦᠢᠴᠡᠳᠭᠡᠬᠦ ᠤᠢᠭᠡᠢ ᠪᠠᠶᠢᠵᠤ᠂ ᠭᠤᠷᠪᠠᠳᠠᠬᠢ ᠬᠥᠮᠦᠨ ᠲᠤᠰ ᠥᠭᠴᠡᠭᠡ ᠶᠢ ᠭᠦᠢᠴᠡᠳᠬᠡᠬᠦ ᠳᠤ ᠬᠠᠤᠯᠢ ᠶᠣᠰᠣᠨ ᠤ ᠠᠰᠢᠭ ᠲᠤᠰᠠ ᠲᠠᠢ ᠪᠠᠶᠢᠪᠠᠯ᠂ ᠭᠤᠷᠪᠠᠳᠠᠬᠢ ᠬᠥᠮᠦᠨ ᠨᠢ ᠠᠪᠴᠠᠭᠠᠲᠠᠨ ᠳᠤ ᠪᠠᠶᠢᠷᠢ ᠣᠷᠣᠯᠠᠨ ᠭᠦᠢᠴᠡᠳᠬᠡᠬᠦ ᠡᠷᠬᠡ ᠲᠠᠢ︔ ᠭᠡᠪᠡᠴᠦ ᠦᠭᠴᠡᠭᠡ ᠶᠢᠨ ᠰᠢᠨᠵᠢ ᠴᠢᠨᠠᠷ ᠢ ᠦᠨᠳᠤᠰᠤᠯᠠᠪᠡᠯ᠂ ᠲᠤᠬᠠᠶ ᠶᠢᠨ ᠬᠥᠮᠦᠨ ᠤ ᠪᠣᠯᠵᠣᠯ ᠶᠣᠰᠣᠭᠠᠷ ᠪᠤᠶᠤ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠪᠤᠯ ᠥᠭᠴᠡᠭᠡᠲᠡᠨ ᠯᠡ ᠭᠦᠢᠴᠡᠳᠭᠡᠬᠦ ᠨᠢ ᠡᠭᠦᠨ ᠳᠤ ᠪᠠᠭᠲᠠᠬᠤ ᠦᠭᠡᠢ᠃ᠠᠪᠴᠠᠭᠠᠲᠠᠨ ᠭᠤᠷᠪᠠᠳᠠᠬᠢ ᠬᠥᠮᠦᠨ ᠤ ᠭᠦᠢᠴᠡᠳᠬᠡᠬᠦ ᠶᠢ ᠬᠦᠯᠢᠶᠡᠨ ᠠᠪᠤᠭᠰᠠᠨ ᠤ ᠳᠠᠷᠠᠭ᠎ᠠ᠂ ᠲᠡᠭᠦᠨ ᠤ ᠥᠭᠴᠡᠭᠡᠲᠡᠨ ᠠᠴᠠ ᠠᠪᠬᠤ ᠠᠪᠴᠠᠭ᠎ᠠ ᠪᠠᠨ ᠭᠤᠷᠪᠠᠳᠠᠬᠢ ᠬᠥᠮᠦᠨ ᠳᠤ ᠰᠢᠯᠵᠢᠭᠦᠯᠦᠨ ᠥᠭᠭᠦᠨ᠎ᠡ᠂ ᠭᠡᠪᠡᠴᠦ ᠥᠭᠴᠡᠭᠡᠲᠡᠨ ᠪᠠ ᠭᠤᠷᠪᠠᠳᠠᠬᠢ ᠬᠥᠮᠦᠨ ᠠᠰᠲᠠᠭᠠᠨ ᠪᠣᠯᠵᠣᠯ ᠲᠠᠢ ᠨᠢ ᠡᠭᠦᠨ ᠳᠤ ᠪᠠᠭᠲᠠᠬᠤ ᠦᠭᠡᠢ᠃ᠲᠠᠪᠤᠨ ᠵᠠᠭᠤ ᠬᠤᠷᠢᠨ ᠲᠠᠪᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠵᠤ᠂ ᠡᠮᠦᠨ᠎ᠡ ᠬᠤᠶᠢᠨ᠎ᠡ ᠬᠦᠢᠴᠡᠦᠡᠭᠡᠬᠦ ᠲᠡᠰ ᠲᠡᠷᠡᠭᠠᠯᠡᠯ ᠪᠠᠶᠢᠬᠤ ᠤᠢᠭᠡᠢ ᠪᠤᠯ᠂ ᠵᠡᠷᠭᠡ ᠪᠠᠷ ᠬᠦᠢᠴᠡᠦᠡᠭᠡᠬᠦ ᠭᠡᠷᠡᠭᠳᠡᠢ᠃ ᠨᠢᠭᠡ ᠲᠠᠯ᠎ᠠ ᠨᠢ ᠨᠦᠬᠦᠭᠡ ᠲᠠᠯ᠎ᠠ ᠶᠢᠨ ᠢᠶᠠᠨ ᠭᠦᠢᠴᠡᠳᠬᠡᠬᠦ ᠠᠴᠠ ᠡᠮᠦᠨ᠎ᠡ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ ᠨᠦᠭᠦᠭᠡ ᠲᠠᠯ᠎ᠠ ᠨᠢ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠦᠶ᠎ᠡ ᠳᠤ᠂ ᠨᠢᠭᠡ ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ᠲᠠᠪᠤᠨ ᠵᠠᠭᠤ ᠬᠤᠷᠢᠨ ᠵᠢᠷᠭᠤᠳᠤᠭᠠᠷ ᠵᠦᠢᠯ ᠲᠤᠬᠠᠶ ᠶᠢᠨ ᠬᠥᠮᠦᠨ ᠬᠠᠷᠢᠯᠴᠠᠨ ᠥᠭᠴᠡᠭᠡ ᠡᠭᠦᠷᠭᠡᠯᠡᠨ᠂ ᠡᠮᠦᠨ᠎ᠡ ᠬᠤᠶᠢᠨ᠎ᠡ ᠭᠦᠢᠴᠡᠳᠬᠡᠬᠦ ᠳᠡᠰ ᠳᠠᠷᠠᠭᠠᠯᠠᠯ ᠲᠠᠢ ᠪᠠᠶᠢᠵᠤ᠂ ᠤᠷᠢᠳ ᠢᠶᠠᠷ ᠦᠭᠴᠡᠭᠡ ᠪᠠᠨ ᠭᠦᠢᠴᠡᠳᠬᠡᠬᠦ ᠶᠣᠰᠣᠲᠠᠶ ᠨᠢᠭᠡ ᠲᠠᠯ᠎ᠠ ᠨᠢ ᠭᠦᠢᠴᠡᠳᠬᠡᠭᠰᠡᠨ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ‍ ᠨᠢᠭᠡ ᠲᠠᠯ᠎ᠠ ᠨᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ ᠤᠷᠢᠳ ᠢᠶᠠᠷ ᠭᠦᠢᠴᠡᠳᠬᠡᠬᠦ‍ ᠨᠢᠭᠡ ᠲᠠᠯ᠎ᠠ ᠨᠢ ᠥᠭᠴᠡᠭᠡ ᠪᠠᠨ ᠭᠦᠢᠴᠡᠳᠬᠡᠭᠰᠡᠨ ᠨᠢ ᠪᠣᠯᠵᠣᠨ ᠲᠣᠭᠲᠠᠭᠰᠠᠨ ᠲᠠᠢ ᠨᠡᠶᠢᠴᠡᠬᠦ ᠦᠭᠡᠢ ᠪᠠᠶᠢᠪᠠᠯ᠂ ᠬᠤᠶᠢᠨ᠎ᠠ ᠭᠦᠢᠴᠡᠳᠬᠡᠬᠦ‍ ᠨᠢᠭᠡ ᠲᠠᠯ᠎ᠠ ᠨᠢ ᠵᠣᠬᠢᠴᠠᠩᠭᠤᠢ ᠭᠦᠢᠴᠡᠳᠬᠡᠭᠦᠯᠬᠦ ᠭᠤᠶᠤᠴᠢᠯᠠᠯ ᠢ ᠨᠢ ᠲᠡᠪᠴᠢᠬᠦ ᠡᠷᠬᠡ ᠲᠠᠢ᠃ᠲᠠᠪᠤᠨ ᠵᠠᠭᠤ ᠬᠤᠷᠢᠨ ᠳᠣᠯᠣᠳᠤᠭᠠᠷ ᠵᠦᠢᠯ ᠤᠷᠢᠳ ᠢᠶᠠᠷ ᠥᠭᠴᠡᠭᠡ ᠪᠠᠨ ᠬᠦᠢᠴᠡᠳᠭᠡᠬᠦ ᠶᠣᠰᠣᠲᠠᠶ ᠲᠤᠬᠠᠶ ᠶᠢᠨ ᠬᠥᠮᠦᠨ ᠨᠦᠬᠦᠭᠡ ᠲᠠᠯ᠎ᠠ ᠶᠢᠨ ᠢᠶᠠᠨ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠶᠢ ᠭᠡᠷᠡᠴᠢᠯᠡᠬᠦ ᠪᠠᠲᠤᠲᠠᠢ ᠭᠡᠷᠡᠴᠢ ᠪᠠᠷᠢᠮᠲᠠ ᠲᠠᠢ ᠪᠠᠶᠢᠪᠠᠯ᠂ ᠭᠦᠢᠴᠡᠳᠬᠡᠬᠦ ᠪᠠᠨ ᠲᠤᠷᠭᠤᠠ ᠵᠣᠭᠰᠣᠭᠠᠵᠤ ᠪᠣᠯᠤᠨ᠎ᠠ᠄︵ᠨᠢᠭᠡ︶ ᠡᠵᠡᠩᠨᠡᠯᠲᠡ ᠶᠢᠨ ᠪᠠᠶᠢᠳᠠᠯ ᠨᠢ ᠬᠦᠨᠳᠦ ᠨᠣᠴᠢᠲᠠᠶ ᠮᠠᠭᠤᠳᠠᠭᠰᠠᠨ︔︵ᠬᠤᠶᠠᠷ︶ ᠥᠭᠴᠡᠭᠡ ᠠᠴᠠ ᠵᠠᠶᠢᠯᠠᠬᠤ ᠶᠢᠨ ᠲᠦᠯᠦᠭᠡ ᠡᠳ᠋ ᠬᠦᠷᠦᠩᠭᠡ ᠪᠠᠨ ᠰᠢᠯᠵᠢᠭᠦᠯᠦᠨ᠂ ᠪᠡᠯᠠ ᠮᠥᠩᠭᠦ ᠪᠠᠨ ᠲᠡᠳᠡᠠ ᠠᠪᠴᠤ ᠵᠠᠶᠢᠯᠠᠭᠤᠯᠤᠬᠰᠠᠨ︔ ︵ᠦᠷᠭᠦᠯᠵᠢᠯᠡᠯ ᠪᠤᠢ︶
 
ᠢᠷᠡᠯᠲᠡ᠄ ᠲᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号