ᠰᠢᠯᠤᠭᠤᠨ ᠬᠥᠪᠡᠭᠡᠲᠦ ᠴᠠᠭᠠᠨ ᠬᠤᠰᠢᠭᠤ 2020 ᠣᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠣᠯᠪᠠᠰᠤᠷᠠᠯ ᠤᠨ ᠠᠩᠭᠢ ᠡᠷᠭᠢᠯᠡᠪᠡ᠃
ᠨᠡᠶᠢᠲᠡᠯᠡᠭᠰᠡᠨ ᠴᠠᠭ᠄
2021/1/6
   ᠰᠢᠯᠤᠭᠤᠨ ᠬᠥᠪᠡᠭᠡᠲᠦ ᠴᠠᠭᠠᠨ ᠬᠤᠰᠢᠭᠤ 2020 ᠣᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠣᠯᠪᠠᠰᠤᠷᠠᠯ ᠤᠨ ᠠᠩᠭᠢ ᠡᠷᠭᠢᠯᠡᠪᠡ᠃         ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠩᠬᠠᠨ ᠤ ᠡᠮᠴᠢᠯᠡᠭᠡᠨ ᠤ ᠡᠮᠴᠢ ᠬᠠᠷᠢᠭᠤᠴᠠᠬᠤ ᠲᠦᠷᠢᠮ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 12 ᠰᠠᠷ᠎ᠠ ᠶᠢᠨ 30 ᠤ ᠡᠳᠦᠷ᠂  ᠬᠤᠰᠢᠭᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠤ 2020 ᠣᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ  ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠮᠣᠩᠭᠤᠯ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠣᠯᠪᠠᠰᠤᠷᠠᠯ ᠤᠨ ᠠᠩᠭᠢ ᠡᠷᠭᠢᠯᠡᠪᠡ᠃     ᠲᠣᠰ ᠤᠳᠠᠭᠠᠨ ᠤ ᠪᠣᠯᠪᠠᠰᠣᠷᠠᠯ ᠲᠤ᠂ 《 ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ 》᠂ 《 ᠮᠣᠩᠭᠤᠯ ᠡᠮ ᠵᠢᠴᠢ ᠵᠡᠭᠦᠦ ᠲᠥᠭᠡᠨᠡᠯᠭᠡ ᠪᠠᠷ ᠬᠡᠷᠦᠭᠦ ᠴᠢᠨᠠᠷᠲᠠᠶ ᠦᠶ᠎ᠡ ᠭᠡᠰᠢᠭᠦᠦ ᠶᠢᠨ ᠡᠪᠡᠳᠴᠢᠨ ᠢ ᠵᠠᠰᠠᠭᠰᠠᠨ ᠲᠥᠷᠥᠭᠳᠡᠯ 》 ᠵᠢᠴᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠣᠩᠭᠤᠯ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠭᠰᠠᠨ ᠲᠡᠦᠬᠡ ᠵᠡᠷᠭᠡ ᠶᠢ ᠲᠠᠨᠢᠯᠴᠠᠭᠤᠯᠪᠠ᠃     ᠪᠣᠯᠪᠠᠰᠤᠷᠠᠯ ᠢᠶᠠᠷ ᠳᠡᠮᠵᠢᠨ᠂ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ  ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠬᠦᠴᠦᠷᠬᠡᠭ ᠶᠡᠭᠡ ᠰᠣᠶᠣᠯ ᠲᠡᠦᠬᠡ ᠶᠢ ᠣᠶᠢᠯᠠᠭᠠᠵᠤ᠂ ᠪᠥᠬᠦ ᠠᠵᠢᠯᠲᠠᠳ ᠤᠨ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠳᠤ ᠢᠳᠡᠪᠬᠢᠲᠡᠶ ᠦᠶᠯᠡᠳᠦᠯ ᠦᠵᠡᠭᠦᠯᠪᠡ᠃     ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ( ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ )᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠮᠣᠩᠭᠤᠯ ᠬᠢᠲᠠᠳ ᠡᠮ ᠡᠮᠨᠡᠯᠭᠡ ᠶᠢᠨ ᠠᠵᠢᠯᠲᠠᠨ ᠨᠡᠶᠢᠲᠡ 50 ᠬᠥᠮᠦᠨ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号