ᠪᠣᠣ ᠯᠢ ᠬᠤᠸᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ  ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃
ᠨᠡᠶᠢᠲᠡᠯᠡᠭᠰᠡᠨ ᠴᠠᠭ᠄
2021/1/8
  ᠪᠣᠣ ᠯᠢ ᠬᠤᠸᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ  ᠤᠨ 《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ  ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      1 ᠰᠠᠷ᠎ᠠ ᠶᠢᠨ 5   ᠤ ᠡᠳᠦᠷ᠂  ᠬᠤᠰᠢᠭᠤ  ᠨᠠᠮ ᠤᠨ ᠬᠤᠷᠢᠶᠠᠨ ᠤ ᠱᠦᠵᠢ᠂  ᠬᠤᠰᠢᠭᠤ  ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ  ᠪᠣᠣ ᠯᠢ ᠬᠤᠸᠠ ᠪᠥᠬᠦ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》   ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠪᠠ  ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠡᠷᠳᠡᠨᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠡᠷᠳᠡᠨᠢᠪᠠᠭᠠᠲᠤᠷ᠂ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠬᠠᠶ ᠯᠢᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠺᠠᠶ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ ᠯᠢ ᠮᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠮᠡᠭ᠂ ᠤᠯᠤᠰ ᠲᠥᠷᠥ ᠶᠢᠨ ᠵᠥᠪᠯᠡᠯᠭᠡᠨ  ᠤ ᠳᠡᠳ᠋ ᠲᠡᠷᠢᠭᠦᠯᠡᠭᠴᠢ᠂ ᠪᠤᠯᠠᠭᠠᠨᠲᠣᠬᠤᠶ  ᠰᠣᠮᠣᠨ ᠤ ᠨᠠᠮ ᠤᠨ ᠬᠤᠷᠢᠶᠠᠨ ᠤ ᠱᠦᠵᠢ ᠨᠠᠰᠤᠨ᠋ᠤ᠋ᠷᠲᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠴᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ  ᠲᠦᠯᠦᠪᠯᠡᠭᠡ ᠶᠢᠨ ᠲᠣᠭᠤᠷᠢᠨ  ᠳᠤ ᠬᠠᠷᠢᠭᠤ ᠮᠡᠳᠡᠭᠦᠯᠦᠯᠲᠡ ᠬᠢᠵᠦ᠂ ᠡᠯ᠎ᠡ ᠵᠢᠯᠣᠭᠤᠳᠬᠤ ᠳᠤᠭᠤᠶᠢᠯᠠᠩ ᠤᠨ ᠳᠠᠷᠤᠭ᠎ᠠ ᠨᠠᠷ ᠠᠴᠠ ᠠᠵᠢᠯ ᠢᠶᠠᠨ ᠥᠷᠨᠢᠭᠦᠯᠦᠭᠰᠡᠨ ᠪᠠᠶᠢᠳᠠᠯ   ᠢᠶᠠᠨ ᠬᠠᠷᠢᠭᠤ ᠮᠡᠳᠡᠭᠦᠯᠪᠡ᠃       ᠪᠣᠣ ᠯᠢ ᠬᠤᠸᠠ ᠠᠴᠠ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠰᠤᠮᠤ ᠪᠠᠯᠭᠠᠰᠤ᠂ ᠡᠯ᠎ᠡ ᠵᠢᠯᠣᠭᠤᠳᠬᠤ ᠳᠤᠭᠤᠶᠢᠯᠠᠩ ᠬᠤᠭᠤᠴᠠᠭ᠎ᠠ ᠰᠣᠯᠢᠬᠤ ᠠᠵᠢᠯ ᠤᠨ ᠲᠥᠰᠦᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠭᠤᠴᠠᠭ᠎ᠠ ᠰᠣᠯᠢᠬᠤ ᠠᠵᠢᠯ ᠢ ᠭᠦᠨᠵᠡᠭᠡᠶ ᠨᠠᠷᠢᠯᠢᠭ ᠠᠬᠢᠭᠤᠯᠵᠤ᠂ ᠣᠳᠣᠬᠠᠨ ᠳᠤ ᠬᠤᠭᠤᠴᠠᠭ᠎ᠠ ᠰᠣᠯᠢᠬᠤ ᠠᠵᠢᠯ ᠤᠨ ᠠᠬᠢᠴᠠ ᠡᠮᠬᠢ ᠵᠢᠷᠤᠮ ᠲᠠᠢ᠂  ᠪᠠᠶᠢᠳᠠᠯ ᠰᠠᠶᠢᠨ ᠭᠡᠵᠦ  ᠵᠢᠭᠠᠵᠦ ᠭᠠᠷᠭᠠᠪᠠ᠃       ᠪᠣᠣ ᠯᠢ ᠬᠤᠸᠠ ᠪᠠᠰᠠ᠂ ᠣᠳᠣᠬᠠᠨ ᠳᠤ᠂ ᠮᠠᠨ ᠤ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》 ᠤᠨ ᠬᠤᠭᠤᠴᠠᠭ᠎ᠠ ᠰᠣᠯᠢᠬᠤ ᠠᠵᠢᠯ ᠪᠥᠬᠦ ᠲᠠᠯ᠎ᠠ ᠪᠠᠷ ᠦᠷᠨᠢᠬᠦ ᠵᠠᠩᠭᠢᠯᠠᠭ᠎ᠠ ᠶᠢᠨ ᠦᠶ᠎ᠡ᠂ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠃ ᠨᠢᠭᠡ ᠳᠤ ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠯᠠᠨ ᠲᠦᠮᠡᠨ ᠤ ᠠᠷᠠᠳᠴᠢᠯᠠᠯ ᠤᠨ ᠡᠷᠬᠡ  ᠶᠢ ᠪᠠᠲᠤᠯᠠᠵᠤ᠂ ᠨᠠᠮ ᠤᠨ ᠭᠡᠰᠢᠭᠦᠨ ᠢ ᠳᠠᠶᠢᠴᠢᠯᠠᠬᠤ ᠪᠠ ᠰᠣᠩᠭᠤᠭᠤᠯᠢ ᠶᠢᠨ ᠠᠷᠠᠳ ᠢ ᠳᠠᠩᠰᠠᠯᠠᠬᠤ ᠠᠵᠢᠯ ᠢ ᠯᠠᠪᠳᠠᠭᠤᠨ ᠪᠠᠲᠤᠲᠠᠢ  ᠬᠢᠵᠦ᠂ ᠨᠠᠮ ᠤᠨ ᠭᠡᠰᠢᠭᠦᠨ ᠪᠠ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠭᠤᠯᠢ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠥᠭᠵᠢᠭᠡᠬᠦ ᠬᠡᠷᠡᠭᠲᠡᠢ.. ᠬᠤᠶᠠᠷ ᠲᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》   ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠦᠨᠳᠦᠰᠦᠨ ᠵᠠᠷᠴᠢᠮ᠂ ᠲᠥᠷᠥ ᠶᠢᠨ ᠪᠣᠳᠣᠯᠭ᠎ᠠ ᠲᠦᠷᠢᠮ ᠲᠣᠭᠲᠠᠭᠠᠯ ᠪᠣᠯᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠰᠠᠶᠢᠲᠤᠷ ᠡᠵᠡᠮᠰᠢᠵᠦ᠂ ᠭᠤᠣᠯᠳᠠᠯᠭ᠎ᠠ ᠲᠠᠢ ᠶᠠᠪᠣᠴᠠ ᠶᠢ ᠡᠵᠡᠮᠰᠢᠨ᠂ ᠳᠡᠰ ᠳᠠᠷᠠᠭᠠᠯᠠᠯ ᠢ  ᠪᠦᠷᠢᠨ ᠭᠦᠢᠴᠡᠳᠭᠡᠵᠦ᠂ ᠠᠯᠬᠤᠮ ᠳᠠᠷᠠᠭ᠎ᠠ ᠶᠢ ᠲᠦᠭᠦᠮᠴᠢᠯᠡᠬᠦ ᠦᠭᠡᠶ  ᠂ ᠬᠠᠤᠯᠢ ᠴᠠᠭᠠᠵᠠ ᠶᠢ ᠡᠷᠡᠰ ᠬᠡᠷᠡᠭᠵᠢᠭᠦᠯᠦᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠤᠯᠢ ᠳᠤ ᠨᠡᠶᠢᠴᠡᠬᠦ ᠶᠢ ᠪᠠᠳᠣᠯᠠᠵᠦ᠂ ᠶᠠᠪᠤᠴᠠ ᠨᠢ ᠢᠯᠡ᠂  ᠳ᠋ᠦᠩ ᠨᠢ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠣᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠵᠡᠷᠭᠡ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠷᠢᠨ ᠨᠢᠭᠲᠠ ᠲᠣᠬᠢᠷᠠᠭᠤᠯᠵᠤ᠂ ᠲᠥᠪ ᠴᠢᠬᠡᠴᠢ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠣᠶ ᠪᠣᠯᠭᠠᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》   ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠷᠤᠭᠰᠢᠲᠠᠶ ᠶᠠᠪᠤᠭᠳᠠᠬᠤ  ᠶᠢ ᠦᠨᠡᠨᠬᠦ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃       ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠡᠯ᠎ᠡ ᠵᠢᠯᠣᠭᠤᠳᠬᠤ ᠳᠤᠭᠤᠢᠯᠠᠩ ᠤᠨ ᠳᠠᠷᠤᠭ᠎ᠠ᠂ ᠳᠡᠳ᠋ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号