ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠵᠥᠪᠯᠡᠯ ᠤᠨ ᠵᠢᠱᠢᠭᠳᠡᠭᠰᠡᠳ ᠤᠨ ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠬᠤ ᠠᠵᠢᠯ ᠢ ᠤᠷᠤᠭᠰᠢᠲᠠᠶ ᠪᠡᠶᠡᠯᠡᠭᠦᠯᠪᠡ᠃  1 ᠰᠠᠷ᠎ᠠ ᠶᠢᠨ 7  ᠤ ᠡᠳᠦᠷ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠦᠬᠦᠨ ᠢᠶᠠᠷ ᠢᠶᠠᠨ ᠨᠠᠮ ᠤᠨ ᠡᠭᠦᠷ ᠤᠨ ᠵᠥᠪᠯᠡᠯ ᠤᠨ ᠵᠢᠱᠢᠭᠳᠡᠭᠰᠡᠳ ‍ᠦᠨ‌ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠨ ᠳᠡᠪᠰᠢᠭᠦᠯᠬᠦ ᠬᠤᠷᠠᠯ ᠬᠢᠵᠦ᠂ 77 ᠭᠠᠴᠠᠭ᠎ᠠ ᠲᠣᠰᠬᠤᠨ᠂ 7 ᠨᠡᠶᠢᠭᠡᠮ ᠲᠣᠭᠤᠷᠢᠭ ᠠᠴᠠ ᠨᠠᠮ ᠤᠨ ᠡᠭᠦᠷ ᠤᠨ ᠵᠥᠪᠯᠡᠯ ᠤᠨ ᠠᠩᠬ᠎ᠠ ᠠᠯᠬᠤᠮ ᠤᠨ ᠵᠢᠱᠢᠭᠳᠡᠭᠴᠢ ᠶᠢ 447 ᠬᠥᠮᠦᠨ ᠢ ᠰᠣᠩᠭᠤᠨ ᠲᠠᠨᠢᠯᠴᠠᠭᠤᠯᠵᠠᠶ᠃     ᠰᠣᠩᠭᠤᠨ ᠳᠡᠪᠰᠢᠭᠦᠯᠬᠦ ᠶᠠᠪᠤᠴᠠ ᠳᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ 《 ᠬᠤᠤᠰ ᠰᠠᠶᠢᠨ ᠬᠤᠤᠰ ᠬᠦᠴᠦᠷᠬᠡᠭ 》  ᠢ ᠰᠣᠩᠭᠤᠨ ᠳᠡᠪᠰᠢᠭᠦᠯᠬᠦ ᠪᠠᠷᠢᠮᠵᠢᠶ᠎ᠠ ᠪᠠ 《 ᠰᠣᠩᠭᠤᠭᠤᠯᠢ  ᠳᠤ ᠣᠷᠣᠯᠴᠠᠭᠴᠢ ᠪᠠᠷ ᠲᠣᠭᠲᠠᠭᠠᠵᠤ ᠥᠯᠥ ᠪᠣᠯᠬᠤ 17 ᠵᠦᠶᠯ ᠤᠨ ᠪᠠᠶᠢᠳᠠᠯ 》 ᠶᠣᠰᠣᠭᠠᠷ᠂ 《 ᠠᠷᠪᠠ ᠶᠢ ᠴᠢᠩᠭ᠎ᠠ ᠴᠠᠭᠠᠵᠠᠯᠠᠬᠤ 》 ᠵᠡᠷᠭᠡ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠦᠰᠦᠨ ᠱᠠᠲᠤᠨ ᠤ ᠠᠷᠠᠳᠴᠢᠯᠠᠯ ᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠥᠷᠭᠡᠨ ᠢᠶᠠᠷ ᠣᠷᠣᠯᠴᠠᠬᠤ  ᠶᠢ ᠪᠠᠲᠤᠯᠠᠪᠠ᠃ ᠰᠣᠩᠭᠤᠨ ᠭᠠᠷᠭᠠᠬᠤ  ᠶᠠᠪᠣᠴᠠ ᠨᠢ ᠬᠠᠤᠯᠢ ᠳᠤ ᠨᠡᠶᠢᠴᠡᠵᠦ᠂ ᠢᠯᠡ ᠪᠣᠯᠭᠠᠵᠤ᠂ ᠨᠠᠮ  ᠤᠨ ᠡᠭᠦᠷ ᠤᠨ ᠭᠡᠰᠢᠭᠦᠨ ᠤ ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠨ ᠭᠠᠷᠭᠠᠬᠤ ᠶᠢᠨ ᠬᠠᠮᠲᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠭᠤᠯᠢ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ  ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠦᠷᠭᠦᠯᠵᠢᠯᠡᠨ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》  ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠪᠠᠷ ᠠᠵᠢᠯ ᠤᠨ ᠪᠠᠶᠢᠷᠢ ᠬᠤᠪᠢᠶᠠᠨ ᠨᠡᠷ᠎ᠡ ᠮᠡᠳᠡᠭᠦᠯᠬᠦ᠂ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠶᠯ ᠤᠨ ᠠᠵᠢᠯ ᠢ ᠯᠠᠪᠳᠠᠭᠤᠨ
ᠨᠡᠶᠢᠲᠡᠯᠡᠭᠰᠡᠨ ᠴᠠᠭ᠄
2021/1/8
 ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠵᠥᠪᠯᠡᠯ ᠤᠨ ᠵᠢᠱᠢᠭᠳᠡᠭᠰᠡᠳ ᠤᠨ ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠬᠤ ᠠᠵᠢᠯ ᠢ ᠤᠷᠤᠭᠰᠢᠲᠠᠶ ᠪᠡᠶᠡᠯᠡᠭᠦᠯᠪᠡ᠃     1 ᠰᠠᠷ᠎ᠠ ᠶᠢᠨ 7   ᠤ ᠡᠳᠦᠷ ᠪᠣᠯᠲᠠᠯ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠦᠬᠦᠨ ᠢᠶᠠᠷ ᠢᠶᠠᠨ ᠨᠠᠮ ᠤᠨ ᠡᠭᠦᠷ ᠤᠨ ᠵᠥᠪᠯᠡᠯ ᠤᠨ ᠵᠢᠱᠢᠭᠳᠡᠭᠰᠡᠳ ‍ᠦᠨ‌ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠨ ᠳᠡᠪᠰᠢᠭᠦᠯᠬᠦ ᠬᠤᠷᠠᠯ ᠬᠢᠵᠦ᠂ 77 ᠭᠠᠴᠠᠭ᠎ᠠ ᠲᠣᠰᠬᠤᠨ᠂ 7 ᠨᠡᠶᠢᠭᠡᠮ ᠲᠣᠭᠤᠷᠢᠭ ᠠᠴᠠ ᠨᠠᠮ ᠤᠨ ᠡᠭᠦᠷ ᠤᠨ ᠵᠥᠪᠯᠡᠯ ᠤᠨ ᠠᠩᠬ᠎ᠠ ᠠᠯᠬᠤᠮ ᠤᠨ ᠵᠢᠱᠢᠭᠳᠡᠭᠴᠢ ᠶᠢ 447 ᠬᠥᠮᠦᠨ ᠢ ᠰᠣᠩᠭᠤᠨ ᠲᠠᠨᠢᠯᠴᠠᠭᠤᠯᠵᠠᠶ᠃    ᠰᠣᠩᠭᠤᠨ ᠳᠡᠪᠰᠢᠭᠦᠯᠬᠦ ᠶᠠᠪᠤᠴᠠ ᠳᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ 《 ᠬᠤᠤᠰ ᠰᠠᠶᠢᠨ ᠬᠤᠤᠰ ᠬᠦᠴᠦᠷᠬᠡᠭ 》   ᠢ ᠰᠣᠩᠭᠤᠨ ᠳᠡᠪᠰᠢᠭᠦᠯᠬᠦ ᠪᠠᠷᠢᠮᠵᠢᠶ᠎ᠠ ᠪᠠ 《 ᠰᠣᠩᠭᠤᠭᠤᠯᠢ ᠳᠤ ᠣᠷᠣᠯᠴᠠᠭᠴᠢ ᠪᠠᠷ ᠲᠣᠭᠲᠠᠭᠠᠵᠤ ᠥᠯᠥ ᠪᠣᠯᠬᠤ 17 ᠵᠦᠶᠯ ᠤᠨ ᠪᠠᠶᠢᠳᠠᠯ 》 ᠶᠣᠰᠣᠭᠠᠷ᠂ 《 ᠠᠷᠪᠠ ᠶᠢ ᠴᠢᠩᠭ᠎ᠠ ᠴᠠᠭᠠᠵᠠᠯᠠᠬᠤ 》 ᠵᠡᠷᠭᠡ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠳᠦᠰᠦᠨ ᠱᠠᠲᠤᠨ ᠤ ᠠᠷᠠᠳᠴᠢᠯᠠᠯ ᠢ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠥᠷᠭᠡᠨ ᠢᠶᠠᠷ ᠣᠷᠣᠯᠴᠠᠬᠤ ᠶᠢ ᠪᠠᠲᠤᠯᠠᠪᠠ᠃ ᠰᠣᠩᠭᠤᠨ ᠭᠠᠷᠭᠠᠬᠤ  ᠶᠠᠪᠣᠴᠠ ᠨᠢ ᠬᠠᠤᠯᠢ ᠳᠤ ᠨᠡᠶᠢᠴᠡᠵᠦ᠂ ᠢᠯᠡ ᠪᠣᠯᠭᠠᠵᠤ᠂ ᠨᠠᠮ ᠤᠨ ᠡᠭᠦᠷ ᠤᠨ ᠭᠡᠰᠢᠭᠦᠨ ᠤ ᠠᠩᠬ᠎ᠠ ᠠᠯᠬᠤᠮ ᠤᠨ ᠵᠢᠱᠢᠭᠳᠡᠭᠴᠢ ᠶᠢ ᠰᠣᠩᠭᠤᠨ ᠭᠠᠷᠭᠠᠬᠤ ᠶᠢᠨ ᠬᠠᠮᠲᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠰᠣᠩᠭᠤᠭᠤᠯᠢ ᠶᠢᠨ ᠡᠷᠬᠡ᠂ ᠬᠢᠨᠠᠯᠲᠠ ᠲᠠᠯᠪᠢᠬᠤ ᠡᠷᠬᠡ ᠶᠢ  ᠪᠠᠲᠤᠯᠠᠪᠠ᠃     ᠲᠠᠷᠠᠭᠠᠴᠢ ᠶᠢᠨ ᠠᠯᠬᠤᠮ ᠳᠤ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠦᠷᠭᠦᠯᠵᠢᠯᠡᠨ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》   ᠤᠨ ᠬᠤᠭᠤᠴᠠᠭ᠎ᠠ ᠰᠣᠯᠢᠬᠤ ᠠᠵᠢᠯ  ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠪᠠᠷ ᠠᠵᠢᠯ ᠤᠨ ᠪᠠᠶᠢᠷᠢ ᠬᠤᠪᠢᠶᠠᠨ ᠨᠡᠷ᠎ᠡ ᠮᠡᠳᠡᠭᠦᠯᠬᠦ᠂ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠶᠯ  ᠤᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号