ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ
ᠨᠡᠶᠢᠲᠡᠯᠡᠭᠰᠡᠨ ᠴᠠᠭ᠄
2021/10/27
    ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ        ︵22 ᠳ᠋ᠤᠭᠠᠷ ᠨᠣᠮᠧᠷᠲᠦ︶   10 ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ 3 ᠡᠪᠡᠳᠴᠢᠨ ᠤ ᠵᠢᠱᠢᠶ᠎ᠡ ᠶᠢ ᠮᠡᠳᠡᠭᠦᠯᠪᠡ᠂  ᠳᠣᠰ ᠡᠳᠦᠷ ᠲᠤ ᠪᠡᠭᠡᠵᠢᠩ ᠤᠨ ᠴᠠᠩ ᠫᠢᠩ ᠲᠣᠭᠤᠷᠢᠭ ᠤᠨ ᠪᠸᠢ ᠴᠢ ᠵᠢᠶᠠ ᠪᠠᠯᠭᠠᠰᠤᠨ ᠤ ᠬᠤᠩ ᠹᠦ᠋ ᠶᠤᠸᠠᠨ ᠨᠡᠶᠢᠭᠡᠮ ᠲᠣᠭᠤᠷᠢᠭ ᠢ ᠳᠤᠮᠳᠠ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠠᠴᠠ ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠪᠣᠯᠭᠠᠨ ᠳᠣᠬᠳᠠᠭᠠᠪᠠ᠃ ᠣᠳᠣᠬᠠᠨ ᠳᠤ᠂ ᠪᠥᠬᠦ ᠣᠷᠣᠨ ᠳᠤ ᠨᠡᠶᠢᠲᠡ 1 ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ︵ᠡᠵᠡᠨ᠎ᠡ ᠬᠤᠰᠢᠭᠤᠨ ᠤ ᠳᠠᠯᠠᠶᠢᠭᠦᠪ ᠪᠠᠯᠭᠠᠰᠤ︶᠂ 4 ᠳᠤᠮᠳᠠ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ︵ᠡᠷᠢᠶᠡᠨ ᠬᠤᠲᠠ ᠶᠢᠨ ᠰᠢᠯᠢᠨ ᠨᠡᠶᠢᠭᠡᠮ ᠲᠣᠭᠤᠷᠢᠭ᠂ ᠰᠢ ᠴᠧᠩ ᠨᠡᠶᠢᠭᠡᠮ ᠲᠣᠭᠤᠷᠢᠭ᠂ ᠡᠷᠢᠶᠡᠨ ᠨᠡᠶᠢᠭᠡᠮ ᠲᠣᠭᠤᠷᠢᠭ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠰᠢᠨᠬᠤᠸᠠ ᠵᠡᠭᠡᠯᠢ ᠭᠤᠳᠤᠮᠵᠢ︶ ᠪᠠᠶᠢᠨ᠎ᠠ᠃ ᠮᠠᠨ ᠤ ᠬᠤᠰᠢᠭᠤ ᠨᠢ ᠬᠥᠬᠡᠬᠤᠲᠠ᠂ ᠪᠡᠭᠡᠵᠢᠩ ᠶᠢᠨ ᠬᠥᠮᠦᠰ ᠲᠠᠢ ᠶᠠᠪᠤᠯᠴᠠᠭ᠎ᠠ ᠣᠯᠠᠨ ᠪᠠᠶᠢᠵᠤ᠂ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠨ᠎ᠠ᠃ ᠬᠢᠵᠢᠭ ᠬᠠᠯᠳᠠᠪᠦᠷᠢᠯᠡᠨ ᠣᠷᠣᠬᠤ ᠶᠢ ᠴᠢᠩᠭ᠎ᠠ ᠰᠡᠷᠭᠡᠶᠢᠯᠡᠵᠦ᠂ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠪᠠᠷ ᠰᠡᠷᠭᠡᠶᠢᠯᠡᠨ ᠡᠵᠡᠮᠳᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ  ᠄ᠨᠢᠭᠡ᠂ ᠥᠷᠭᠡᠨ ᠤᠯᠠᠨ ᠰᠠᠭᠤᠭᠠᠯᠢ ᠠᠷᠠᠳ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ᠂ ᠪᠡᠭᠡᠵᠢᠩ ᠳᠤ ᠬᠦᠷᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠂ ᠢᠯᠠᠩᠭᠤᠶ᠎ᠠ ᠳᠤᠮᠳᠠ᠂ ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠪᠠ ᠲᠤᠰ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠪᠤᠰᠤᠳ ᠬᠤᠳᠠ ᠳᠤ ᠣᠴᠢᠬᠤ ᠦᠭᠡᠢ᠃ ᠬᠡᠷᠪᠡ ᠡᠷᠬᠡᠪᠰᠢ ᠣᠴᠢᠬᠤ ᠴᠢᠬᠤᠯᠠ ᠲᠠᠢ ᠪᠣᠯ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂  ᠪᠠᠶᠢᠭᠤᠯᠭ᠎ᠠ ᠨᠢᠭᠡᠴᠡ ᠳᠤ ᠤᠷᠢᠳᠴᠢᠯᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠥᠪᠡᠷ ᠤᠨ ᠶᠠᠪᠣᠵᠦ ᠰᠠᠭᠤᠬᠰᠠᠨ ᠵᠠᠮ ᠮᠥᠷ ᠢᠶᠠᠨ ᠣᠨᠣᠪᠴᠢᠲᠠᠶ ᠳᠠᠮᠳᠡᠭᠯᠡᠬᠦ ᠬᠡᠷᠡᠭᠲᠠᠢ᠃      ᠬᠤᠶᠠᠷ᠂ ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠣᠳᠠᠭᠠᠨ ᠤ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠴᠥᠮ ︽14 ᠡᠳᠦᠷ  ᠬᠡᠷ  ᠲᠡᠭᠡᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠬᠥᠮᠦᠰ ᠲᠤ ᠴᠥᠮ ᠲᠥᠪᠯᠡᠷᠡᠭᠦᠯᠦᠨ ᠲᠤᠰᠠᠭᠠᠷᠯᠠᠨ᠎ᠠ᠃  ᠳᠣᠮᠳᠠ᠂ ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠰᠢᠶᠠᠨ ᠲᠣᠭᠤᠷᠢᠭ ᠤᠨ ᠪᠤᠰᠤᠳ ᠭᠠᠵᠠᠷ ᠣᠷᠣᠨ ᠪᠠ ᠪᠤᠰᠤᠳ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠴᠥᠮ 48 ᠴᠠᠭ ᠤᠨ ᠳᠣᠳᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ ᠳᠠᠷᠤᠶ ᠲᠦᠷᠭᠡᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃       ᠭᠤᠷᠪᠠ᠂ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ᠂ ᠦᠨᠳᠦᠷ ᠵᠡᠷᠭᠡ ᠶᠢᠨ ᠠᠶᠤᠯ ᠲᠦᠭᠰᠢᠭᠦᠷᠢᠲᠦ ᠭᠠᠵᠠᠷ ᠣᠷᠣᠨ ᠳᠤ ᠬᠦᠷᠦᠭᠰᠡᠨ ᠵᠢᠴᠢ10 ᠰᠠᠷ᠎ᠠ ᠶᠢᠨ 16 ᠤ ᠡᠳᠦᠷ ᠠᠴᠠ ᠨᠠᠰᠢ ᠪᠡᠭᠡᠵᠢᠩ᠂ ᠬᠥᠬᠡᠬᠤᠲᠠ ᠳᠤ ᠵᠢᠭᠤᠯᠴᠢᠯᠠᠨ ᠰᠠᠭᠤᠬᠰᠠᠨ ᠲᠡᠤᠬᠡ ᠲᠠᠢ ᠬᠥᠮᠦᠰ ᠪᠤᠶᠤ ᠣᠨᠣᠰᠢᠯᠠᠭᠰᠠᠨ ︵ᠰᠡᠵᠢᠭᠲᠡᠶ︶ ᠡᠪᠡᠳᠴᠢᠨ ᠤ ᠵᠢᠱᠢᠶ᠎ᠡ ᠶᠢᠨ ᠠᠶᠠᠯᠠᠯ ᠲᠠᠢ ᠵᠠᠮ ᠨᠡᠶᠢᠯᠡᠭᠰᠡᠨ ᠬᠥᠮᠦᠰ ᠴᠠᠭ ᠲᠤᠬᠠᠶ ᠳᠠᠭᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂  ᠪᠠᠶᠢᠭᠤᠯᠭ᠎ᠠ ᠨᠢᠭᠡᠴᠡ ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠵᠦ᠂  ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠰᠡᠷᠭᠡᠶᠢᠯᠡᠬᠦ᠂ ᠡᠷᠡᠭᠦᠯ ᠮᠡᠨᠳᠦ ᠤᠨ ᠬᠢᠨᠠᠨ ᠪᠠᠶᠢᠴᠠᠭᠠᠯᠳᠠ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠪᠢ ᠬᠥᠮᠦᠨ ᠤ ᠬᠠᠮᠢᠶ᠎ᠠ ᠪᠥᠬᠦᠶ ᠪᠠᠶᠢᠳᠠᠯ ᠢᠶᠠᠨ ᠮᠡᠳᠡᠭᠦᠯᠬᠦ ᠥᠬᠡᠶ ᠨᠢᠭᠤᠭᠰᠠᠨ ᠂ ᠬᠤᠳᠠᠯ ᠢᠶᠠᠷ ᠮᠡᠳᠡᠭᠦᠯᠦᠭᠰᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠢ ᠵᠥᠷᠢᠴᠡᠭᠰᠡᠨ ᠪᠤᠶᠤ ᠬᠢᠵᠢᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠬᠥᠮᠦᠰ ᠠᠴᠠ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠲᠦᠷᠪᠡ᠂ ᠡᠨᠡ ᠡᠳᠦᠷ ᠠᠴᠠ ᠡᠬᠢᠯᠡᠨ᠂ ᠣᠷᠤᠭ ᠬᠤᠷᠢᠮ ᠤᠨ ᠶᠠᠪᠤᠳᠠᠯ ᠢ ᠴᠥᠮ ᠬᠤᠶᠢᠰᠢᠯᠠᠭᠤᠯᠵᠤ᠂ ᠴᠠᠭᠠᠨ ᠤ ᠶᠠᠪᠤᠳᠠᠯ ᠢ ᠲᠦᠭᠦᠮᠴᠢᠯᠡᠵᠦ ︵50 ᠬᠥᠮᠦᠨ ᠢᠶᠠᠷ ᠬᠢᠵᠠᠭᠠᠷᠯᠠᠨ᠎ᠠ︶᠂ ᠪᠠᠶᠠᠷ ᠤᠨ ᠶᠣᠰᠣᠯᠠᠯ ᠢ ᠴᠥᠮ ᠵᠣᠬᠰᠣᠭᠠᠨ᠎ᠠ᠃ ᠬᠠᠮᠲᠤ ᠶᠢᠨ ᠴᠤᠭᠯᠠᠭᠠᠨ ᠨᠠᠶᠢᠷ ᠤᠨ ᠰᠢᠷᠡᠭᠡ ᠶᠢ ᠴᠥᠭᠡᠳᠬᠡᠵᠦ᠂ ᠭᠡᠷ ᠪᠦᠯᠢ ᠶᠢᠨ ᠴᠤᠭᠯᠠᠭᠠᠨ ᠶᠢ 10 ᠬᠥᠮᠦᠨ ᠠᠴᠠ ᠳᠣᠭᠤᠭᠰᠢ ᠬᠢᠵᠠᠭᠠᠷᠯᠠᠨ᠎ᠠ᠃ ᠴᠢᠬᠤᠯᠠ ᠦᠭᠡᠢ ᠪᠣᠯ ᠡᠯ᠎ᠡ ᠲᠥᠷᠥᠯ ᠤᠨ ᠲᠣᠮᠣ ᠬᠡᠯᠪᠡᠷᠢ ᠶᠢᠨ ᠬᠤᠷᠠᠯ ᠴᠣᠬᠯᠠᠭᠠᠨ ᠢ ᠡᠷᠭᠢᠯᠡᠬᠦ ᠥᠬᠡᠶ᠂ ᠡᠷᠬᠡᠪᠰᠢ ᠡᠷᠭᠢᠯᠡᠬᠦ ᠴᠢᠬᠤᠯᠠ ᠲᠠᠢ ᠪᠣᠯ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠂ ᠡᠷᠭᠢᠯᠡᠭᠰᠡᠨ ᠨᠢᠭᠡᠴᠡ ᠨᠢ ᠬᠢᠵᠢᠭ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ᠂ ᠡᠯ᠎ᠡ  ᠵᠦᠢᠯ ᠤᠨ ᠬᠢᠵᠢᠭ  ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃      ᠲᠠᠪᠤ᠂ ᠡᠯ᠎ᠡ ᠲᠥᠷᠥᠯ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠵᠣᠬᠰᠣᠭᠠᠵᠦ᠂ ᠵᠢᠭᠤᠯᠴᠢᠯᠠᠯ ᠤᠨ ᠭᠠᠵᠠᠷ᠂ ᠦᠵᠡᠮᠵᠢ ᠶᠢᠨ ᠣᠷᠣᠨ᠂ ᠮᠠᠯᠴᠢᠨ ᠠᠶᠢᠯ᠂ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠰᠣᠶᠣᠯ ᠪᠡᠶ᠎ᠡ ᠲᠠᠮᠢᠷ ᠤᠨ ᠵᠢᠭᠤᠯᠴᠢᠯᠠᠯ ᠤᠨ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠬᠤᠳᠠᠯᠳᠤᠭ᠎ᠠ᠂ ᠢᠳᠡᠭᠡᠨ ᠣᠮᠳᠠᠭᠠᠨ ᠬᠤᠨᠤᠭ ᠪᠠᠭᠤᠳᠠᠯ᠂ ᠰᠣᠶᠣᠯ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ ᠲᠠᠯᠠᠪᠣᠷ᠂ ᠵᠠᠮ ᠬᠠᠷᠢᠯᠴᠠᠭᠠᠨ ᠤ ᠭᠦᠢᠰᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠥᠮᠦᠰ ᠤᠨ ᠴᠤᠭᠯᠠᠷᠠᠬᠤ ᠭᠠᠵᠠᠷ ᠲᠤ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ KTV᠂ ᠤᠬᠢᠶᠠᠯᠭ᠎ᠠ᠂ ᠪᠡᠶ᠎ᠡ ᠴᠢᠭᠢᠷᠠᠭᠵᠢᠭᠤᠯᠬᠤ  ᠭᠠᠵᠠᠷ᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ ᠲᠣᠭᠯᠠᠭᠠᠮ ᠤᠨ ᠲᠢᠩᠬᠢᠮ᠂ ᠨᠣᠮ ᠤᠨ ᠰᠠᠩ ᠵᠡᠷᠭᠡ ᠪᠢᠲᠡᠭᠦᠮᠵᠢᠯᠡᠭᠰᠡᠨ ᠲᠠᠯᠠᠪᠤᠷ ᠤᠨ ᠭᠥᠯᠢᠶᠡᠨ ᠠᠪᠬᠤ ᠬᠥᠮᠦᠨ ᠤ ᠲᠤᠭ᠎ᠠ ᠶᠢ ᠪᠠᠭᠲᠠᠭᠠᠮᠵᠢ ᠶᠢᠨ 75% ᠠᠴᠠ ᠬᠡᠲᠦᠷᠡᠭᠦᠯᠵᠦ ᠪᠣᠯᠬᠤ ᠥᠬᠡᠶ ᠪᠥᠭᠡᠳ ᠦᠨᠡᠨ ᠨᠡᠷ᠎ᠡ ᠪᠠᠷ ᠳᠠᠩᠰᠠᠯᠠᠬᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠵᠢᠯᠣᠭᠤᠴᠢ ᠵᠢᠴᠢ ᠠᠶᠠᠨᠴᠢᠳ ᠠᠮᠠᠪᠴᠢ ᠵᠡᠭᠦᠬᠦ ᠶᠢ ᠴᠢᠩᠭ᠎ᠠ ᠵᠢᠷᠤᠮᠵᠢᠭᠤᠯᠵᠤ᠂ ᠡᠷᠡᠭᠦᠯ ᠮᠡᠨᠳᠦ ᠶᠢᠨ ᠺᠣᠳ᠋ ︵ᠠᠶᠠᠯᠠᠯ ᠤᠨ ᠺᠣᠳ᠋︶ ᠢ ᠪᠠᠶᠢᠴᠠᠭᠠᠨ ᠰᠢᠯᠭᠠᠵᠤ᠂ ᠲᠡᠷᠭᠡᠨ ᠳᠤ ᠰᠠᠭᠤᠬᠤ ᠬᠥᠮᠦᠨ ᠤ ᠲᠤᠭ᠎ᠠ ᠶᠢ ᠬᠢᠵᠠᠭᠠᠷᠯᠠᠨ᠂ ᠵᠣᠬᠢᠬᠤ ᠵᠠᠶ ᠲᠠᠢ ᠪᠠᠶᠢᠯᠭᠠᠬᠤ ᠬᠡᠷᠡᠭᠲᠡᠶ᠃       ᠵᠢᠷᠭᠤᠭ᠎ᠠ᠂ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠵᠢᠭ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ ᠂ ᠴᠤᠤᠷᠬᠠᠯ ᠲᠠᠯᠪᠢᠬᠤ ᠥᠬᠡᠶ ᠪᠠᠶᠢᠵᠤ᠂ ᠢᠳᠡᠪᠬᠢᠲᠡᠶ ᠡᠷᠡᠭᠦᠯ ᠰᠡᠳᠬᠢᠴᠡ ᠲᠠᠢ ᠪᠠᠶᠢᠬᠤ ᠬᠡᠷᠡᠭᠲᠠᠢ᠃       ᠳᠣᠯᠤᠭ᠎ᠠ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠪᠣᠯ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠤᠨ᠎ᠠ᠃ ᠨᠥᠬᠦᠴᠡᠯ ᠳᠤ ᠨᠡᠶᠢᠴᠡᠬᠦ ᠪᠣᠯᠪᠠᠴᠤ ᠨᠢᠭᠡ᠂ ᠬᠤᠶᠠᠳᠤᠭᠠᠷ ᠸᠠᠺᠼᠢᠨ ᠤ ᠲᠠᠷᠢᠯᠭ᠎ᠠ ᠶᠢ ᠪᠡᠶᠡᠯᠡᠭᠦᠯᠦᠭᠡᠳᠦᠶ ᠰᠠᠭᠤᠭᠠᠯᠢ ᠠᠷᠠᠳ ᠸᠠᠺᠼᠢᠨ ᠤ ᠲᠠᠷᠢᠯᠭ᠎ᠠ ᠶᠢ ᠠᠯᠢ ᠲᠦᠷᠭᠡᠨ ᠢᠶᠠᠷ ᠲᠠᠷᠢᠭᠤᠯᠵᠦ᠂ ᠪᠥᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠨᠢᠭᠡᠨᠲᠡ ᠭᠤᠷᠪᠠᠳᠤᠭᠠᠷ ᠣᠳᠠᠭᠠᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵ᠴᠢᠩᠭᠠᠳᠬᠠᠬᠤ ᠵᠡᠭᠦᠦ︶ ᠤ ᠲᠠᠷᠢᠯᠭ᠎ᠠ ᠶᠢᠨ ᠠᠵᠢᠯ ᠢ ᠡᠬᠢᠯᠡᠭᠦᠯᠪᠡ᠃ ᠬᠤᠶᠠᠳᠣᠭᠠᠷ ᠣᠳᠠᠭᠠᠨ ᠤ ᠲᠠᠷᠢᠯᠭ᠎ᠠ ᠪᠠᠨ ᠲᠠᠷᠢᠭᠠᠳ 6 ᠰᠠᠷ᠎ᠠ ᠪᠣᠯᠣᠬᠰᠠᠳ ︵ᠸᠠᠺᠼᠢᠨ ᠤ ᠬᠤᠶᠠᠳᠤᠭᠠᠷ ᠲᠠᠷᠢᠯᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶  ᠣᠬᠠᠮᠰᠠᠷ ᠠᠴᠠ ᠪᠠᠨ ᠬᠠᠷᠢᠶᠠᠲᠤ ᠣᠷᠣᠨ ᠤ ᠪᠠᠨ ᠲᠠᠷᠢᠯᠭ᠎ᠠ ᠶᠢᠨ ᠴᠡᠭ ᠲᠤ ᠴᠢᠩᠭᠠᠳᠬᠠᠬᠤ ᠲᠠᠷᠢᠯᠭ᠎ᠠ ᠪᠠᠨ ᠲᠠᠷᠢᠭᠤᠯᠵᠦ᠂  ᠬᠠᠮᠤᠭ ᠤᠨ ᠰᠠᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠲᠠᠷᠢᠯᠭ᠎ᠠ ᠶᠢᠨ ᠴᠡᠭ ᠨᠢ ᠸᠠᠺᠼᠢᠨ ᠤ ᠲᠠᠷᠢᠯᠭ᠎ᠠ ᠲᠠᠷᠢᠬᠤ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃       ᠨᠠᠢᠮᠠ᠂ ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠴᠤᠭᠯᠠᠷᠠᠬᠤ ᠦᠭᠡᠢ ᠪᠠᠶᠢᠬᠤ᠂ 1 ᠮᠧᠲᠷ ᠠᠴᠠ ᠳᠡᠭᠡᠭᠰᠢ ᠵᠠᠢ ᠶᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠢ᠃ ᠬᠥᠮᠦᠨ ᠤᠯᠠᠨ ᠴᠤᠭᠯᠠᠷᠠᠵᠤ᠂ ᠠᠭᠠᠷ ᠨᠡᠪᠲᠡᠷᠡᠬᠦ ᠦᠭᠡᠢ ᠭᠠᠵᠠᠷ ᠲᠤ ᠠᠯᠢ ᠴᠢᠳᠠᠬᠤ ᠪᠠᠷ ᠣᠴᠢᠬᠤ ᠦᠭᠡᠢ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠨ ᠰᠠᠬᠢᠬᠤ ᠬᠡᠷᠡᠭᠲᠡᠶ᠃ ᠭᠠᠳᠠᠭᠰᠢ ᠭᠠᠷᠬᠤ ᠳᠠᠭᠠᠨ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠨ᠎ᠠ᠃           ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂  ᠬᠡᠷᠪᠡ ᠲᠤᠰ ᠠᠯᠪᠠᠨ ᠵᠠᠷᠯᠠᠯ ᠢ ᠵᠥᠷᠢᠴᠡᠨ ᠬᠢᠵᠢᠭ  ᠢ ᠲᠠᠷᠬᠠᠭᠠᠨ ᠳᠡᠯᠭᠡᠷᠡᠭᠦᠯᠪᠡᠯ᠂ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃        ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479 — 6521530        ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982        ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — 6854969        ᠬᠤᠰᠢᠭᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 — 6522709            ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ    2021 ᠣᠨ ᠤ 10 ᠰᠠᠷ᠎ᠠ ᠶᠢᠨ 24 ᠤ ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号