ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠡᠷᠦᠬᠡ ᠶᠢᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2021/11/10
ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠮᠠᠯᠵᠢᠬᠤ ᠲᠠᠷᠢᠶᠠᠯᠠᠬᠤ ᠡᠷᠦᠬᠡ ᠶᠢᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢᠨ ᠠᠯᠪᠠᠨ ᠵᠠᠷᠮᠠᠯᠴᠢᠨ ᠲᠠᠷᠢᠶᠠᠴᠢᠨ ᠤ ᠠᠮᠤᠷ ᠲᠦᠪᠰᠢᠨ ᠳᠤᠯᠠᠭᠠᠨ ᠡᠪᠦᠯᠵᠢᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠵᠠᠷᠯᠠᠶ᠎ᠠ᠄ᠨᠢᠭᠡ᠂ ᠨᠡᠭᠦᠷᠡᠰᠦᠨ ᠤ ᠢᠷᠡᠯᠳᠡ᠂ ᠬᠠᠩᠭᠠᠯᠭ᠎ᠠ ᠶᠢᠨ ᠬᠡᠮᠵᠢᠶ᠎ᠡ ᠵᠢᠴᠢ ᠦᠨ᠎ᠡ ᠬᠠᠩᠰᠢᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠯᠴᠢᠨ ᠲᠠᠷᠢᠶᠠᠴᠢᠳ ᠤᠨ ᠳᠤᠯᠠᠭᠠᠯᠠᠯᠭ᠎ᠠ  ᠳᠤ ᠬᠡᠷᠡᠭᠯᠡᠬᠦ ᠨᠡᠭᠦᠷᠡᠰᠦ ᠶᠢ ᠵᠠᠷᠴᠢᠮ ᠳᠡᠭᠡᠷ᠎ᠡ ᠪᠠᠨ ᠡᠷᠥᠭᠡ ᠪᠦᠷᠢ ᠳᠤ 2 ᠲᠣᠨ ᠠᠴᠠ ᠳᠤᠲᠠᠭᠤ ᠥᠭᠡᠢ ᠪᠠᠶᠢᠯᠭᠠᠵᠤ ᠂ ᠮᠧᠩ ᠳ᠋ᠦᠩ ᠡᠨᠧᠷᠭᠢ ᠤᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ ︵ᠰᠢᠯᠢᠩᠬᠤᠲᠠ ᠶᠢᠨ ᠱᠧᠩ ᠯᠢ ᠪᠠᠷᠠᠭᠤᠨ ᠬᠤᠶᠠᠳᠤᠭᠠᠷ ᠠᠭᠤᠷᠬᠠᠶ︶ ᠠᠴᠠ ᠨᠡᠭᠦᠷᠡᠰᠦ ᠬᠠᠩᠭᠠᠬᠤ ᠶᠢ ᠬᠠᠷᠢᠭᠤᠴᠠᠨ᠎ᠠ᠃ ᠰᠢᠯᠢᠩᠬᠤᠲᠠ ᠠᠴᠠ ᠮᠠᠨ ᠤ ᠬᠤᠰᠢᠭᠤᠨ ᠤ ᠡᠯ᠎ᠡ ᠣᠷᠣᠯᠠᠨ ᠬᠠᠳᠠᠭᠠᠯᠠᠬᠤ ᠴᠡᠭ ᠲᠤ ᠲᠡᠭᠡᠭᠡᠪᠦᠷᠢᠯᠡᠨ ᠬᠦᠷᠭᠡᠬᠦ ᠦᠶ᠎ᠡ ᠶᠢᠨ ᠨᠡᠭᠦᠷᠡᠰᠦᠨ ᠤ ᠦᠨ᠎ᠡ ᠨᠢ 335 ᠲᠥᠭᠦᠷᠢᠭ \ ᠲᠣᠨ ︵ᠡᠭᠦᠨ ᠳᠤ ᠠᠭᠤᠷᠬᠠᠶ ᠠᠴᠠ ᠭᠠᠷᠬᠤ ᠨᠡᠭᠦᠷᠡᠰᠦᠨ ᠤ ᠦᠨ᠎ᠡ 212 ᠲᠥᠭᠦᠷᠢᠭ \ ᠲᠣᠨ᠂ ᠲᠡᠭᠡᠭᠡᠪᠦᠷᠢ ᠶᠢᠨ ᠵᠠᠷᠤᠳᠠᠯ᠂ ᠠᠴᠢᠶᠠᠯᠠᠵᠤ ᠪᠠᠭᠤᠯᠭᠠᠬᠤ ᠵᠠᠷᠤᠳᠠᠯ᠂ ᠨᠡᠭᠦᠷᠡᠰᠦᠨ ᠤ ᠬᠤᠬᠢᠷᠠᠯ ᠵᠡᠷᠭᠡ ᠨᠡᠶᠢᠲᠡ 123 ᠲᠥᠭᠦᠷᠢᠭ \ ᠲᠣᠨ︶ ᠪᠣᠯᠤᠨ᠎ᠠ᠃ᠬᠤᠶᠠᠷ᠂ ᠨᠡᠭᠦᠷᠡᠰᠦᠨ ᠤ ᠴᠢᠨᠠᠷ ᠬᠢᠭᠡᠳ ᠨᠡᠭᠦᠷᠡᠰᠦᠨ ᠤ ᠵᠦᠢᠯᠮᠧᠩ ᠳ᠋ᠦᠩ ᠡᠨᠧᠷᠭᠢ ᠤᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ ︵ᠰᠢᠯᠢᠩᠬᠤᠲᠠ ᠶᠢᠨ ᠱᠧᠩ ᠯᠢ ᠪᠠᠷᠠᠭᠤᠨ ᠬᠤᠶᠠᠳᠤᠭᠠᠷ ᠠᠭᠤᠷᠬᠠᠶ︶ ᠶᠢᠨ ᠮᠠᠯᠲᠠᠵᠤ ᠭᠠᠷᠭᠠᠭᠰᠠᠨ ᠲᠦᠭᠦᠬᠡᠶ ᠨᠡᠭᠦᠷᠡᠰᠦ ᠨᠢ ᠬᠦᠷᠡᠩ ᠨᠡᠭᠦᠷᠡᠰᠦ ᠪᠠᠶᠢᠵᠤ᠂ ᠢᠯᠴᠢ ᠶᠢᠨ ᠬᠡᠮᠵᠢᠭᠳᠡᠯ ᠨᠢ ᠪᠠᠷᠤᠭ 3000 ᠺᠠᠯᠣᠷᠢ ᠣᠷᠴᠢᠮ ᠪᠠᠶᠢᠳᠠᠭ᠃ ᠬᠦᠷᠡᠩ ᠨᠡᠭᠦᠷᠡᠰᠦ ᠶᠢᠨ ᠨᠡᠭᠦᠷᠡᠰᠦᠨ ᠤ ᠴᠢᠨᠠᠷ ᠨᠢ ᠨᠡᠯᠢᠶᠡᠳ ᠰᠡᠶᠢᠷᠡᠭ ᠪᠣᠯᠬᠤᠷ ᠲᠡᠷᠭᠡᠨ ᠳᠤ ᠠᠴᠢᠶᠠᠯᠠᠬᠤ᠂ ᠵᠥᠭᠡᠭᠡᠪᠦᠷᠢᠯᠡᠬᠦ᠂ ᠨᠡᠭᠦᠷᠡᠰᠦ ᠪᠠᠭᠤᠯᠭᠠᠬᠤ ᠶᠠᠪᠤᠴᠠ ᠳᠤ ᠬᠡᠰᠡᠭ ᠨᠡᠭᠦᠷᠡᠰᠦ ᠨᠢ ᠬᠡᠮᠬᠡᠷᠡᠵᠦ ᠪᠠᠯᠪᠠᠷᠠᠬᠤ ᠤᠴᠢᠷ ᠭᠠᠷᠳᠠᠭ᠃ ᠡᠭᠦᠨ ᠳᠤ ᠬᠡᠮᠬᠡᠳᠡᠭ ᠨᠡᠭᠦᠷᠡᠰᠦ ᠶᠢ ᠮᠢᠨ ᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠠᠴᠠ ᠦᠯᠡᠳᠡᠭᠡᠨ ᠬᠡᠷᠡᠭᠯᠡᠵᠦ᠂ ᠴᠢᠨᠠᠷ ᠰᠠᠶᠢᠲᠠᠶ ᠬᠡᠰᠡᠭᠲᠦ ᠨᠡᠭᠦᠷᠡᠰᠦ ᠶᠢ ᠮᠠᠯᠴᠢᠨ ᠲᠠᠷᠢᠶᠠᠴᠢᠳ ᠲᠤ ᠬᠤᠳᠠᠯᠳᠤᠨ ᠥᠭᠭᠦᠨ᠎ᠡ᠃ᠭᠤᠷᠪᠠ᠂ ᠬᠠᠩᠭᠠᠬᠤ ᠠᠷᠭ᠎ᠠ ᠮᠠᠶ᠋ᠢᠭᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠢᠨ ᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢ ᠵᠣᠬᠢᠴᠠᠭᠤᠯᠤᠨ ᠲᠡᠭᠡᠭᠡᠪᠦᠷᠢ ᠶᠢᠨ ᠬᠦᠴᠦᠨ ᠢ ᠵᠣᠬᠢᠶᠠᠨ ᠪᠠᠶᠢᠭᠤᠯᠵᠤ᠂ ᠡᠩ ᠤᠨ ᠦᠨ᠎ᠡ ᠶᠢᠨ ᠨᠡᠭᠦᠷᠡᠰᠦ ᠶᠢ ᠰᠢᠯᠢᠩᠬᠤᠲᠠ ᠠᠴᠠ ᠡᠯ᠎ᠡ ᠰᠤᠮᠤ ᠪᠠᠯᠭᠠᠰᠤ ᠶᠢᠨ ᠣᠷᠣᠯᠠᠨ ᠬᠠᠳᠠᠭᠠᠯᠠᠬᠤ ᠴᠡᠭ ᠲᠤ ᠬᠦᠷᠭᠡᠨ᠎ᠡ ︵ᠡᠯ᠎ᠡ ᠰᠤᠮᠤ ᠪᠠᠯᠭᠠᠰᠤ ᠶᠢᠨ ᠣᠷᠣᠯᠠᠨ ᠬᠠᠳᠠᠭᠠᠯᠠᠬᠤ ᠴᠡᠭ ᠢ ᠰᠤᠮᠤ ᠪᠠᠯᠭᠠᠰᠤ ᠠᠴᠠ ᠲᠣᠭᠲᠠᠭᠠᠭᠰᠠᠨ ᠤ ᠳᠠᠷᠠᠭ᠎ᠠ  ᠮᠡᠳᠡᠭᠳᠡᠨ᠎ᠡ︶᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠢᠶᠠᠨ ᠬᠠᠮᠢᠶᠡᠷᠠᠬᠤ ᠵᠠᠷᠴᠢᠮ ᠶᠣᠰᠣᠭᠠᠷ᠂ ᠭᠠᠴᠠᠭ᠎ᠠ ᠲᠣᠰᠬᠤᠨ ᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠦᠨᠳᠦᠰᠦᠯᠡᠨ᠂ ᠲᠣᠰ ᠰᠤᠮᠤ ᠪᠠᠯᠭᠠᠰᠤ ᠶᠢᠨ ᠳᠣᠲᠣᠷᠠᠬᠢ ᠬᠤᠪᠢᠶᠡᠵᠦ ᠳᠣᠭᠢᠷᠠᠭᠤᠯᠬᠤ᠂ ᠬᠠᠩᠭᠠᠬᠤ ᠠᠵᠢᠯ ᠢ ᠡᠮᠬᠢ ᠵᠢᠷᠤᠮ ᠲᠠᠢ ᠨᠢᠭᠡᠳᠦᠯᠲᠡᠶ ᠬᠢᠵᠦ᠂ ᠮᠢᠨ ᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠨᠢ ᠡᠯ᠎ᠡ ᠰᠤᠮᠤ ᠪᠠᠯᠭᠠᠰᠤ ᠶᠢᠨ ᠣᠷᠣᠯᠠᠨ ᠬᠠᠳᠠᠭᠠᠯᠠᠬᠤ ᠴᠡᠭ ᠲᠠᠢ ᠬᠠᠮᠵᠢᠯᠴᠠᠨ ᠨᠡᠭᠦᠷᠡᠰᠦ ᠶᠢ ᠢᠯᠭᠠᠨ ᠰᠣᠩᠭᠤᠬᠤ᠂ ᠪᠣᠷᠣᠯᠠᠭᠤᠯᠬᠤ ᠵᠢᠴᠢ ᠬᠡᠮᠬᠡᠳᠡᠭ ᠨᠡᠭᠦᠷᠡᠰᠦ ᠶᠢ ᠪᠤᠴᠠᠭᠠᠨ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ᠲᠣᠰ ᠤᠳᠠᠭᠠᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠢ 11 ᠰᠠᠷ᠎ᠠ ᠶᠢᠨ 10 ᠤ ᠡᠳᠦᠷ ᠠᠴᠠ ᠡᠬᠢᠯᠡᠨ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠶᠠᠪᠤᠭᠳᠠᠭᠤᠯᠤᠨ᠎ᠠ᠃ᠣᠨᠴᠠᠭᠠᠶᠢᠯᠠᠨ ᠵᠠᠷᠯᠠᠪᠠᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ2021 ᠣᠨ ᠤ 11 ᠰᠠᠷ᠎ᠠ ᠶᠢᠨ 9
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号