ᠰᠦᠯᠵᠢᠶᠡᠨ ᠤ ᠲᠤᠭᠯᠠᠭᠠᠮ ᠢ ᠬᠢᠵᠠᠭᠠᠷᠯᠠᠨ᠎ᠠ | | ᠤᠯᠤᠰ ᠤᠨ ᠰᠤᠨᠢᠨ ᠮᠡᠳᠡᠭᠡ ᠬᠡᠪᠯᠡᠯ ᠤᠨ ᠬᠢᠨ ᠥᠨᠥᠬᠡᠨ ︽ᠨᠠᠰᠤᠨ ᠳᠤ ᠬᠦᠷᠦᠭᠡ ᠦᠬᠡᠢ ᠬᠦᠮᠦᠰ ᠤᠨ | ᠰᠦᠯᠵᠢᠶᠡᠨ ᠤ ᠲᠤᠭᠯᠠᠭᠠᠮ ᠳᠤ ᠰᠢᠨᠤᠬᠤ ᠠᠴᠠ ᠦᠨᠡᠨᠬᠦ ᠰᠡᠷᠭᠡᠶᠢᠯᠡᠵᠦ᠂ ᠰᠦᠯᠵᠢᠶᠡᠨ ᠤ ᠬᠠᠮᠢᠶᠠᠷᠤᠯᠳᠠ ᠶᠢ | ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠳᠡᠯᠡᠭᠰᠡᠨ ᠪᠠᠶᠢᠨ᠎ᠠ᠃ ᠮᠡᠳᠡᠭᠳᠡᠯ ᠳᠤ ᠱᠠᠭᠠᠷᠳᠠᠬᠤ ᠳᠠᠭᠠᠨ᠂ | ᠰᠦᠯᠵᠢᠶᠡᠨ ᠤ ᠲᠤᠭᠯᠠᠭᠠᠮ ᠤᠨ ᠠᠵᠦ ᠠᠬᠤᠶᠢᠯᠠᠯ᠂ ᠭᠠᠷᠠᠭ ᠤᠨ ᠲᠠᠪᠤᠨ᠂ ᠭᠠᠷᠠᠭ ᠤᠨ ᠵᠢᠷᠭᠤᠭᠠᠨ᠂ ᠭᠠᠷᠠᠭ ᠤᠨ | ᠡᠳᠤᠷ ᠪᠠ ᠬᠠᠤᠯᠢ ᠪᠠᠷ ᠲᠤᠭᠳᠠᠭᠠᠭᠰᠠᠨ ᠪᠠᠶᠠᠷ ᠲᠤᠷᠠᠰᠬᠠᠯ ᠤᠨ ᠠᠮᠠᠷᠠᠯᠳᠠ ᠶᠢᠨ ᠡᠳᠤᠷ ᠤᠨ 20 ᠴᠠᠭ ᠠᠴᠠ 21 | ᠴᠠᠭ ᠤᠨ ᠬᠤᠭᠤᠷᠤᠨᠳᠤ ᠨᠠᠰᠤᠨ ᠳᠤ ᠬᠦᠷᠦᠭᠡ ᠦᠬᠡᠢ ᠬᠦᠮᠦᠰ ᠲᠤ ᠬᠠᠨᠳᠤᠭᠤᠯᠤᠨ 1 ᠴᠠᠭ ᠤᠨ ᠦᠢᠯᠡᠴᠢᠯᠡᠭᠡ | ᠬᠠᠩᠭᠠᠵᠤ ᠪᠣᠯᠣᠨ᠎ᠠ᠂ ᠡᠬᠦᠨ ᠠᠴᠠ ᠪᠤᠰᠤᠳ ᠴᠠᠭ ᠲᠤ ᠨᠠᠰᠤᠨ ᠳᠤ ᠬᠦᠷᠦᠭᠡ ᠦᠬᠡᠢ ᠬᠦᠮᠦᠰ ᠲᠤ ᠶᠠᠮᠠᠷᠪᠠ | ᠬᠡᠯᠪᠡᠷᠢ ᠪᠠᠷ ᠰᠦᠯᠵᠢᠶᠡᠨ ᠤ ᠲᠤᠭᠯᠠᠭᠠᠮ ᠤᠨ ᠦᠢᠯᠡᠴᠢᠯᠡᠭᠡ ᠬᠠᠩᠭᠠᠵᠦ ᠪᠤᠯᠬᠤ ᠦᠬᠡᠢ᠃ ᠦᠨᠡᠨ ᠨᠡᠷ᠎ᠡ ᠪᠠᠷ ᠢᠶᠠᠨ | ᠲᠠᠩᠰᠠᠯᠠᠭᠤᠯᠤᠭᠰᠠᠨ ᠦᠬᠡᠢ ᠪᠤᠶᠤ ᠦᠨᠡᠨ ᠨᠡᠷ᠎ᠡ ᠪᠠᠷ ᠢᠶᠠᠨ ᠰᠦᠯᠵᠢᠶᠡᠨ ᠳᠤ ᠭᠠᠷᠤᠭ᠎ᠠ ᠦᠬᠡᠢ ᠬᠦᠮᠦᠰ ᠲᠤ ᠶᠠᠮᠠᠷᠪᠠ | ᠬᠡᠯᠪᠡᠷᠢ ᠪᠠᠷ ᠰᠦᠯᠵᠢᠶᠡᠨ ᠤ ᠲᠤᠭᠯᠠᠭᠠᠮ ᠤᠨ ᠦᠢᠯᠡᠴᠢᠯᠡᠭᠡ ᠬᠠᠩᠭᠠᠵᠦ ᠪᠤᠯᠬᠤ ᠦᠬᠡᠢ᠃ ᠡᠯ᠎ᠡ ᠱᠠᠳᠤᠨ ᠤ | ᠬᠡᠪᠯᠡᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠨᠠᠰᠤᠨ ᠳᠤ ᠬᠦᠷᠦᠭᠡ ᠦᠬᠡᠢ ᠬᠦᠮᠦᠰ ᠤᠨ ᠰᠦᠯᠵᠢᠶᠡᠨ ᠤ | ᠲᠤᠭᠯᠠᠭᠠᠮ ᠳᠤ ᠰᠢᠨᠤᠬᠤ ᠠᠴᠠ ᠰᠡᠷᠭᠡᠶᠢᠯᠡᠬᠦ ᠬᠠᠮᠢᠶᠠᠲᠠᠢ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠵᠦ ᠪᠠᠶᠢᠭ᠎ᠠ | ᠪᠠᠶᠢᠳᠠᠯ ᠢ ᠬᠢᠨᠠᠨ ᠱᠠᠭᠠᠷᠳᠠᠵᠦ ᠪᠠᠶᠢᠴᠠᠭᠠᠬᠤ ᠪᠠᠨ ᠴᠢᠩᠭᠠᠳᠬᠠᠵᠦ᠂ ᠬᠠᠮᠢᠶᠠᠲᠠᠢ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠭᠰᠠᠨ ᠦᠬᠡᠢ ᠰᠦᠯᠵᠢᠶᠡᠨ ᠤ ᠲᠤᠭᠯᠠᠭᠠᠮ ᠤᠨ ᠠᠵᠦ ᠠᠬᠤᠶᠢᠯᠠᠯ ᠠᠴᠠ ᠬᠠᠤᠯᠢ ᠶᠤᠰᠤᠭᠠᠷ | ᠬᠠᠷᠢᠭᠤᠴᠠᠯᠭ᠎ᠠ ᠴᠢᠩᠭ᠎ᠠ ᠨᠡᠬᠡᠮᠵᠢᠯᠡᠬᠦ ᠬᠡᠷᠡᠭᠲᠠᠢ᠃ ᠭᠡᠷ ᠪᠦᠯᠢ᠂ ᠰᠤᠷᠭᠠᠭᠤᠯᠢ ᠵᠡᠷᠭᠡ ᠨᠡᠶᠢᠬᠡᠮ ᠤᠨ ᠡᠯ᠎ᠡ ᠲᠠᠯ᠎ᠠ ᠶᠢ | ᠢᠳᠡᠪᠬᠢᠲᠠᠢ ᠵᠢᠯᠤᠭᠤᠳᠤᠨ ᠲᠠᠭᠠᠭᠤᠯᠵᠦ ᠪᠠᠶᠢᠭᠠᠳ ᠬᠠᠮᠳᠤ ᠪᠠᠷ ᠬᠠᠮᠢᠶᠠᠷᠤᠨ ᠬᠠᠮᠳᠤ ᠪᠠᠷ ᠵᠠᠰᠠᠵᠦ᠂ ᠨᠠᠰᠤᠨ ᠳᠤ | ᠬᠦᠷᠦᠭᠡ ᠦᠬᠡᠢ ᠬᠦᠮᠦᠰ ᠢ ᠠᠰᠠᠷᠠᠨ ᠬᠠᠷᠠᠭᠠᠯᠵᠠᠬᠤ ᠡᠬᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ | ᠬᠦᠢᠴᠡᠳᠭᠡᠵᠦ᠂ ᠨᠠᠰᠤᠨ ᠳᠤ ᠬᠦᠷᠦᠭᠡ ᠦᠬᠡᠢ ᠬᠦᠮᠦᠰ ᠤᠨ ᠡᠷᠡᠬᠦᠯ ᠢᠶᠠᠷ ᠦᠰᠦᠨ ᠪᠤᠶᠢᠵᠢᠬᠤ ᠳᠤ ᠰᠠᠶᠢᠨ | ᠰᠠᠶᠢᠬᠠᠨ ᠤᠷᠴᠢᠨ ᠨᠥᠬᠦᠴᠡᠯ ᠢ ᠪᠤᠢ ᠪᠤᠯᠭᠠᠵᠦ ᠦᠭᠬᠦ ᠬᠡᠷᠡᠭᠲᠠᠢ ᠭᠡᠵᠠᠢ᠃ | |