ᠰᠢᠯᠵᠢᠯᠲᠡ ᠶᠢᠨ ᠬᠤᠭᠤᠴᠠᠭᠠᠨ ᠳᠠᠬᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ | ᠳᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ | | —— ᠶᠠᠭᠤ ᠶᠢ ᠰᠢᠯᠵᠢᠯᠲᠡ ᠶᠢᠨ ᠬᠤᠭᠤᠴᠠᠭᠠᠨ ᠤ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠪᠠᠭ᠎ᠠ ᠳᠣᠭᠠᠨ ᠤ ᠢᠲᠡᠭᠡᠮᠵᠢᠲᠦ ᠵᠢᠭᠡᠯᠡᠯᠭᠡ ᠭᠡᠳᠡᠭ ᠪᠣᠢ︖ | 2021 ᠣᠨ ᠤ 3 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ᠂ ᠶᠠᠳᠠᠭᠤ ᠶᠢ | ᠲᠡᠳᠬᠦᠬᠦ ᠠᠯᠪᠠᠨ ᠬᠡᠷ ᠠᠴᠠ ︽ᠰᠢᠯᠵᠢᠯᠲᠡ ᠶᠢᠨ ᠬᠤᠭᠤᠴᠠᠭᠠᠨ ᠳᠠᠬᠢ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠭᠦᠨᠵᠡᠭᠡᠶ ᠯᠠᠪᠳᠠᠭᠤᠨ ᠪᠠᠲᠤᠲᠠᠶ ᠬᠢᠬᠦ ᠲᠤᠬᠠᠶ | ᠮᠡᠳᠡᠭᠳᠡᠯ︾ ︵ᠥᠪᠥᠷ ᠪᠠᠩᠬᠢ ᠪᠠ ᠳᠠᠭᠠᠳᠬᠠᠯ ᠤᠨ ᠬᠢᠨᠠᠯᠲᠠ ᠲᠠᠷᠬᠠᠭᠠᠭᠰᠠᠨ ﹇2021﹈ 4 ᠳ᠋ᠣᠭᠡᠷ ᠲᠣᠭᠠᠲᠤ︶ | ᠢ ᠤᠯᠠᠮᠵᠢᠯᠠᠨ ᠲᠠᠷᠬᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠣᠬᠰᠠᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠶᠠᠳᠠᠭᠤ ᠶᠢ ᠲᠡᠳᠬᠦᠬᠦ ᠪᠠᠭ᠎ᠠ | ᠳᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠰᠢᠯᠵᠢᠯᠲᠡ ᠶᠢᠨ ᠬᠤᠭᠤᠴᠠᠭᠠᠨ ᠳᠤ | ᠦᠷᠭᠦᠯᠵᠢᠯᠡᠨ ᠪᠠᠷᠢᠮᠲᠠᠯᠠᠬᠤ ᠶᠢᠨ ᠬᠠᠮᠲᠤ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠳᠣᠭᠠᠨ ᠤ ᠢᠲᠡᠭᠡᠮᠵᠢᠲᠦ ᠵᠢᠭᠡᠯᠡᠯᠭᠡ ᠭᠡᠵᠦ ᠨᠡᠷᠡᠶᠢᠳᠬᠦ ᠶᠢᠨ ᠬᠠᠮᠳᠣ | ᠵᠢᠭᠡᠯᠡᠯᠭᠡ ᠶᠢᠨ ᠬᠡᠷᠡᠭᠴᠡᠭᠡ ᠶᠢ ᠦᠨᠡᠨᠬᠦ ᠬᠠᠩᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠦᠢᠯᠡᠳᠪᠦᠷᠢᠯᠡᠯ ᠢᠶᠠᠨ ᠬᠥᠭᠵᠢᠭᠦᠯᠵᠦ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠳᠡᠮᠵᠢᠨ᠎ᠡ᠃ | —— ᠶᠠᠮᠠᠷ ᠬᠥᠮᠦᠰ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠳᠣᠭᠠᠨ ᠤ | ᠢᠲᠡᠭᠡᠮᠵᠢᠲᠦ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠬᠦᠷᠳᠡᠬᠦ ᠪᠤᠢ︖ | ᠨᠢᠭᠡ ᠳᠤ᠂ ᠳᠠᠩᠰᠠ ᠡᠪᠬᠡᠮᠡᠯ ᠪᠠᠶᠢᠭᠤᠯᠵᠦ ᠪᠦᠷᠢᠳᠭᠡᠭᠦᠯᠦᠭᠰᠡᠨ ᠶᠠᠳᠠᠭᠤ ᠠᠴᠠ ᠠᠩᠭᠢᠵᠢᠷᠠᠭᠰᠠᠨ | ᠡᠷᠦᠬᠡ ︵ᠲᠥᠷᠥ ᠶᠢᠨ ᠪᠣᠳᠣᠯᠭ᠎ᠠ ᠬᠦᠷᠳᠡᠵᠦ ᠪᠠᠶᠢᠭ᠎ᠠ︶ | ᠬᠤᠶᠠᠷ ᠲᠤ᠂ ᠠᠮᠠᠷᠬᠠᠨ ᠶᠠᠳᠠᠭᠤᠷᠠᠬᠤ ᠪᠣᠯᠣᠮᠵᠢ ᠲᠠᠢ ᠭᠡᠵᠦ ᠳᠣᠳᠣᠯᠠᠬᠰᠠᠨ ᠡᠷᠦᠭᠡ᠃ | —— ᠵᠢᠭᠡᠯᠡᠯᠭᠡ ᠭᠤᠶᠣᠴᠢᠯᠠᠬᠰᠠᠨ ᠬᠦᠮᠦᠨ ᠨᠢ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ | ᠴᠢᠬᠤᠯᠠᠲᠠᠶ ᠪᠤᠢ︖ | ᠵᠢᠭᠡᠯᠡᠯᠭᠡ ᠭᠤᠶᠣᠴᠢᠯᠠᠬᠰᠠᠨ ᠬᠦᠮᠦᠨ ᠡᠷᠬᠡᠪᠰᠢ ᠬᠠᠤᠯᠢ ᠶᠢ ᠵᠢᠷᠦᠮᠯᠠᠨ ᠰᠠᠬᠢᠵᠦ᠂ ᠦᠨᠡᠨᠴᠢ ᠢᠲᠡᠭᠡᠮᠵᠢᠲᠡᠶ | ᠪᠠᠶᠢᠵᠤ᠂ ᠬᠦᠨᠳᠦ ᠶᠡᠭᠡ ᠢᠲᠡᠭᠡᠮᠵᠢ ᠠᠯᠳᠠᠬᠰᠠᠨ ᠲᠡᠮᠳᠡᠭᠯᠡᠯ ᠦᠭᠡᠢ ᠪᠥᠭᠡᠳ ᠢᠷᠭᠡᠨ ᠤ ᠬᠡᠷᠡᠭ ᠤᠨ ᠠᠵᠢᠯᠯᠠᠭ᠎ᠠ ᠶᠢᠨ | ᠴᠢᠳᠠᠪᠤᠷᠢ ᠲᠠᠢ ᠡᠷᠭᠡᠳᠦ ᠠᠷᠠᠳ ᠪᠠᠶᠢᠬᠤ ᠬᠡᠷᠡᠭᠲᠡᠶ︔ ᠡᠷᠬᠡᠪᠰᠢ ᠪᠠᠩᠬᠢ ᠶᠢᠨ ᠲᠡᠰ ᠦᠨᠡᠯᠡᠨ ᠢᠲᠡᠭᠡᠮᠵᠢ ᠣᠯᠭᠤᠬᠤ | ᠶᠢ ᠦᠩᠭᠡᠷᠡᠭᠡᠵᠦ ᠂ ᠵᠢᠭᠡᠯᠡᠯᠭᠡ ᠠᠪᠬᠤ ᠬᠦᠰᠡᠯ ᠲᠠᠢ᠂ ᠬᠤᠯᠪᠣᠬᠳᠠᠯ ᠪᠦᠬᠦᠢ ᠬᠥᠳᠡᠯᠮᠦᠷᠢ ᠦᠢᠯᠡᠳᠪᠦᠷᠢᠯᠡᠯ ᠤᠨ | ᠤᠷ᠎ᠠ ᠴᠢᠳᠠᠪᠤᠷᠢ ᠪᠠ ᠵᠣᠬᠢᠬᠤ ᠬᠡᠮᠵᠢᠶᠡᠨ ᠤ ᠵᠣᠭᠤᠰ ᠪᠤᠴᠠᠭᠠᠬᠤ ᠴᠢᠳᠠᠪᠤᠷᠢ ᠲᠠᠢ ᠪᠠᠶᠢᠬᠤ ᠬᠡᠷᠡᠭᠲᠡᠶ︔ | ᠵᠢᠭᠡᠯᠡᠯᠭᠡ ᠶᠢᠨ ᠪᠡᠯᠡ ᠮᠥᠩᠭᠦ ᠶᠢ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠬᠦ ᠦᠭᠡᠢ ᠬᠦᠭᠵᠢᠯᠳᠡ | ᠶᠢᠨ ᠬᠠᠨᠳᠣᠰᠢ ᠲᠠᠢ ᠠᠵᠤ ᠦᠢᠯᠡᠰ ᠪᠠ ᠲᠦᠷᠦᠯ ᠵᠦᠢᠯ ᠳᠤ ᠬᠡᠷᠡᠭᠯᠡᠬᠦ ᠬᠡᠷᠡᠭᠲᠡᠶ︔ ᠵᠢᠭᠡᠯᠡᠯᠭᠡ ᠭᠤᠶᠣᠴᠢᠯᠠᠬᠤ | ᠬᠦᠮᠦᠨ ᠨᠢ ᠪᠦᠬᠦᠯᠢ 18 ᠨᠠᠰᠤᠨ ︵ᠪᠠᠭᠳᠠᠭᠠᠨ᠎ᠠ︶ ᠠᠴᠠ ᠪᠦᠬᠦᠯᠢ 65 ᠨᠠᠰᠤᠨ ︵ᠪᠠᠭᠳᠠᠭᠠᠨ᠎ᠠ︶ ᠤ | ᠬᠤᠭᠤᠷᠣᠨᠳᠣ ᠪᠠᠶᠢᠬᠤ ᠬᠡᠷᠡᠭᠲᠠᠢ᠃ | —— ᠵᠢᠭᠡᠯᠡᠯᠭᠡ ᠶᠢᠨ ᠵᠣᠭᠤᠰ ᠤᠨ ᠲᠤᠭ᠎ᠠ ᠨᠢ ᠬᠡᠳᠦᠶ ᠪᠤᠢ︖ ᠵᠢᠭᠡᠯᠡᠯᠭᠡ ᠶᠢᠨ ᠬᠤᠭᠤᠴᠠᠭ᠎ᠠ ᠪᠠ | ᠬᠦᠦ ᠨᠤᠷᠮ᠎ᠠ ᠶᠢ ᠬᠡᠷᠬᠢᠨ ᠲᠣᠭᠲᠠᠭᠠᠭᠰᠠᠨ ᠪᠤᠢ︖ | ᠵᠢᠭᠡᠯᠡᠯᠭᠡ ᠶᠢᠨ ᠵᠣᠭᠤᠰ ᠤᠨ ᠲᠤᠭ᠎ᠠ ᠨᠢ ᠵᠠᠷᠴᠢᠮ ᠳᠡᠭᠡᠷ᠎ᠡ ᠪᠠᠨ 5 ᠲᠦᠮᠡᠨ ︵ᠪᠠᠭᠳᠠᠭᠠᠨ᠎ᠠ︶ ᠲᠥᠭᠦᠷᠢᠭ | ᠠᠴᠠ ᠳᠣᠷᠣᠭᠰᠢ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢ ᠭᠦᠢᠴᠡᠳᠭᠡᠭᠰᠡᠨ ᠤ ᠳᠠᠷᠠᠭ᠎ᠠ᠂ ᠣᠨᠴᠠ ᠵᠠᠷᠢᠮ ᠦᠨᠡᠨᠬᠦ ᠬᠡᠷᠡᠭᠴᠡᠭᠡ ᠲᠠᠢ ᠮᠥᠷᠲᠡᠭᠡᠨ ᠵᠣᠭᠤᠰ | ᠪᠤᠴᠠᠭᠠᠬᠤ ᠴᠢᠳᠠᠪᠤᠷᠢ ᠲᠠᠢ ᠪᠠᠶᠢᠪᠠᠯ᠂ ᠵᠢᠭᠡᠯᠡᠯᠭᠡ ᠶᠢᠨ ᠨᠡᠮᠡᠭᠳᠡᠯ ᠳᠡᠮᠵᠢᠯᠭᠡ ᠥᠭᠴᠦ ᠪᠣᠯᠤᠨ᠎ᠠ᠃ ᠵᠢᠭᠡᠯᠡᠯᠭᠡ ᠶᠢ | ᠨᠡᠮᠡᠭᠰᠡᠨ ᠤ ᠳᠠᠷᠠᠭ᠎ᠠ᠂ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠨᠢ 10 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ᠃ ᠵᠢᠭᠡᠯᠡᠯᠭᠡ ᠶᠢᠨ | ᠬᠤᠭᠤᠴᠠᠭ᠎ᠠ ᠨᠢ 3 ᠵᠢᠯ ︵ᠪᠠᠭᠳᠠᠭᠠᠨ᠎ᠠ︶ ᠤᠨ ᠳᠣᠲᠣᠷ᠎ᠠ ᠪᠣᠯ ᠂ LPR ᠬᠦᠤ ᠨᠣᠷᠮ᠎ᠠ ᠶᠢ ᠬᠡᠷᠡᠭᠵᠢᠭᠦᠯᠦᠨ᠎ᠡ᠃ | | —— ᠵᠢᠭᠡᠯᠡᠯᠭᠡ ᠶᠢᠨ ᠬᠦᠦ ᠮᠦᠩᠭᠦ ᠶᠢ ᠨᠦᠬᠦᠪᠦᠷᠢᠯᠡᠵᠦ ᠦᠭᠭᠦᠨ᠎ᠡ ᠦᠦ︖ | 5 ᠲᠦᠮᠡᠨ ᠲᠥᠭᠦᠷᠢᠭ ᠠᠴᠠ ︵5 ᠲᠦᠮᠡᠨ ᠲᠥᠭᠦᠷᠢᠭ ᠢ ᠪᠠᠭᠳᠠᠭᠠᠨ᠎ᠠ︶ ᠳᠣᠷᠣᠬᠰᠢᠬᠢ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠳᠤ ᠡᠳ᠋ ᠤᠨ ᠵᠠᠰᠠᠭ ᠤᠨ ᠪᠠᠯᠠ | ᠮᠥᠩᠭᠦ ᠠᠴᠠ ᠪᠥᠬᠦ ᠬᠦᠦ ᠮᠦᠩᠭᠦ ᠶᠢ ᠨᠦᠬᠦᠪᠦᠷᠢᠯᠡᠵᠦ ᠥᠭᠭᠦᠨ᠎ᠡ᠃ 5 ᠲᠦᠮᠡᠨ ᠲᠥᠭᠦᠷᠢᠭ ᠠᠴᠠ ᠳᠡᠭᠡᠭᠰᠢᠬᠢ | ᠬᠡᠰᠡᠭ ᠤᠨ ᠵᠢᠭᠡᠯᠡᠯᠭᠡ ᠳᠤ ᠬᠦᠦ ᠮᠦᠩᠭᠦ ᠨᠦᠬᠦᠪᠦᠷᠢᠯᠡᠵᠦ ᠥᠭᠬᠦ ᠦᠭᠡᠶ ᠪᠥᠭᠡᠳ ᠠᠶᠤᠯ ᠲᠦᠭᠰᠢᠭᠦᠷᠢ ᠶᠢᠨ | ᠨᠥᠬᠦᠪᠥᠷᠢ ᠥᠭᠬᠦ ᠬᠡᠪᠴᠢᠶᠡᠨ ᠳᠤ ᠣᠷᠣᠭᠤᠯᠬᠤ ᠦᠭᠡᠶ᠃ | —— ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠨᠢ ᠶᠠᠮᠠᠷ ᠬᠡᠷᠡᠭᠴᠡᠭᠡ ᠲᠠᠢ ᠪᠤᠢ︖ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ | ᠡᠷᠦᠬᠡ ᠵᠢᠭᠡᠯᠡᠬᠦ᠂ ᠡᠷᠦᠬᠡ ᠬᠡᠷᠡᠭᠯᠡᠬᠦ᠂ ᠡᠷᠦᠬᠡ ᠪᠤᠴᠠᠭᠠᠬᠤ ᠶᠢ ᠪᠠᠷᠢᠮᠲᠠᠯᠠᠵᠤ᠂ ᠵᠢᠭᠡᠯᠡᠯᠭᠡ ᠭᠤᠶᠣᠴᠢᠯᠠᠬᠰᠠᠨ | ᠡᠷᠦᠬᠡ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ ᠪᠠ ᠡᠵᠡᠩᠨᠡᠯᠲᠡ ᠥᠷᠨᠢᠭᠦᠯᠬᠦ ᠳᠤ ᠣᠨᠣᠪᠴᠢᠲᠠᠢ ᠪᠠᠷ ᠬᠡᠷᠡᠭᠯᠡᠵᠦ᠂ | ᠤᠷᠤᠭᠯᠠᠬᠤ᠂ ᠬᠡᠷ ᠪᠠᠷᠢᠬᠤ᠂ ᠡᠳ᠋ ᠤᠨ ᠶᠠᠪᠤᠳᠠᠯ ᠢ ᠬᠠᠮᠢᠶᠠᠷᠬᠤ᠂ ᠬᠡᠷ ᠪᠦᠯᠢ ᠶᠢᠨ ᠬᠡᠷᠡᠭᠰᠡᠯ ᠬᠤᠳᠠᠯᠳᠤᠨ ᠠᠪᠬᠤ | ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠶ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ ᠮᠦᠷᠳᠡᠭᠡᠨ ᠬᠤᠪᠢ | ᠣᠷᠣᠭᠤᠯᠵᠤ ᠠᠰᠢᠭ ᠬᠤᠪᠢᠶᠠᠬᠤ᠂ ᠰᠢᠯᠵᠢᠭᠦᠯᠦᠨ ᠵᠢᠭᠡᠯᠡᠭᠦᠯᠬᠦ᠂ ᠭᠦᠢᠴᠡᠳᠭᠡᠯ ᠲᠤᠭ᠎ᠠ ᠶᠢ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠲᠤᠰᠢᠶᠠᠨ ᠬᠡᠷᠡᠭᠯᠡᠭᠦᠯᠵᠦ | ᠪᠣᠯᠬᠤ ᠥᠬᠡᠶ᠃ | —— ᠵᠢᠭᠡᠯᠡᠯᠭᠡ ᠶᠢ ᠦᠷᠭᠦᠯᠵᠢᠯᠡᠭᠦᠯᠬᠦ ᠪᠤᠶᠤ ᠬᠤᠭᠤᠴᠠᠭ᠎ᠠ ᠶᠢ ᠤᠷᠲᠤᠳᠬᠠᠵᠤ ᠪᠣᠯᠤᠨ᠎ᠠ ᠦᠦ︖ | ᠶᠠᠳᠠᠭᠤ ᠠᠴᠠ ᠠᠩᠭᠢᠵᠢᠷᠠᠭᠰᠠᠨ ᠬᠦᠮᠦᠰ ᠣᠯᠠᠨ ᠤᠳᠠᠭ᠎ᠠ ᠵᠢᠭᠡᠯᠡᠯᠭᠡ ᠭᠤᠶᠤᠴᠢᠯᠠᠵᠤ ᠪᠣᠯᠤᠨ᠎ᠠ ᠦᠦ︖ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠨᠢᠭᠡ | ᠤᠳᠠᠭ᠎ᠠ ᠦᠷᠭᠦᠯᠵᠢᠯᠡᠨ ᠵᠢᠭᠡᠯᠡᠭᠦᠯᠬᠦ ᠪᠤᠶᠤ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠂ ᠦᠷᠭᠦᠯᠵᠢᠯᠡᠨ ᠵᠢᠭᠡᠯᠡᠭᠦᠯᠬᠦ | ᠪᠤᠶᠤ ᠬᠤᠭᠤᠴᠠᠭ᠎ᠠ ᠶᠢ ᠤᠷᠲᠤᠳᠬᠠᠬᠤ ᠬᠤᠭᠤᠴᠠᠭᠠᠨ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠬᠤᠪᠢᠷᠠᠭᠤᠯᠬᠤ ᠥᠬᠡᠶ᠃ ᠨᠢᠭᠡᠨᠲᠡ ᠵᠢᠭᠡᠯᠡᠯᠭᠡ ᠪᠠᠨ ᠪᠤᠴᠠᠭᠠᠭᠰᠠᠨ ᠮᠥᠷᠲᠡᠭᠡᠨ ᠵᠢᠭᠡᠯᠡᠯᠭᠡ ᠶᠢᠨ ᠨᠥᠬᠦᠴᠡᠯ ᠳᠤ | ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠬᠦᠮᠦᠰ ᠣᠯᠠᠨ ᠤᠳᠠᠭ᠎ᠠ ᠵᠢᠭᠡᠯᠡᠯᠭᠡ ᠭᠤᠶᠤᠴᠢᠯᠠᠵᠤ ᠪᠣᠯᠤᠨ᠎ᠠ᠃ | —— ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢ ᠤᠯᠬᠤ ᠪᠠᠷ ᠭᠤᠶᠤᠴᠢᠯᠠᠬᠤ ᠶᠠᠪᠤᠴᠠ ᠨᠢ ᠶᠠᠭᠤ ᠪᠤᠢ︖ | ᠲᠠᠪᠤᠨ ᠠᠯᠬᠤᠮ ᠤᠨ ᠠᠷᠭ᠎ᠠ᠄ ᠡᠷᠦᠬᠡ ᠭᠤᠶᠤᠴᠢᠯᠠᠬᠤ — ᠭᠠᠴᠠᠭ᠎ᠠ ᠲᠣᠰᠬᠤᠨ ᠤ ᠠᠩᠬᠠᠨ ᠤ ᠬᠢᠨᠠᠯᠲᠠ | — ᠰᠤᠮᠤ ᠰᠢᠶᠠᠩ ᠪᠠᠯᠭᠠᠰᠣᠨ ᠤ ᠬᠢᠨᠠᠨ ᠬᠠᠷᠭᠤᠭᠤᠯᠤᠯᠲᠠ — ᠬᠤᠰᠢᠭᠤ ᠰᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠳᠠᠬᠢᠨ ᠬᠢᠨᠠᠵᠤ ᠲᠠᠨᠢᠯᠴᠠᠭᠤᠯᠬᠤ — ᠳᠠᠭᠠᠭᠠᠨ | ᠭᠦᠢᠴᠡᠳᠭᠡᠬᠦ ᠪᠠᠩᠬᠢ ᠬᠢᠨᠠᠨ ᠲᠣᠭᠲᠠᠭᠠᠵᠤ ᠵᠢᠭᠡᠯᠡᠯᠭᠡ ᠲᠠᠯᠪᠢᠨ᠎ᠠ᠃ | —— ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ︖ | 2021 ᠣᠨ ᠤ 3 ᠰᠠᠷ᠎ᠠ ᠶᠢᠨ 10 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ | ᠬᠦᠷᠳᠡᠯ᠎ᠡ᠃ | | | | ᠰᠢᠯᠣᠭᠤᠨ ᠬᠦᠪᠡᠭᠡᠲᠦ ᠴᠠᠭᠠᠨ | ᠬᠤᠰᠢᠭᠤᠨ ᠤ ᠮᠥᠩᠭᠦᠨ ᠭᠦᠢᠯᠭᠡᠭᠡᠨ ᠤ ᠠᠯᠪᠠᠨ ᠭᠡᠷ | ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠬᠥᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ | ᠳᠣᠪᠴᠢᠶ᠎ᠠ | |