ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ
ᠨᠡᠶᠢᠲᠡᠯᠡᠭᠰᠡᠨ ᠴᠠᠭ᠄
2021/11/9
 ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ        ︵24  ᠳ᠋ᠣᠭᠡᠷ ᠨᠣᠮᠧᠷᠲᠦ︶   ᠣᠶᠢᠷ᠎ᠠ ᠳᠤ᠂ ᠡᠷᠢᠶᠡᠨ ᠬᠤᠲᠠ ᠳᠤ ᠮᠣᠩᠭᠤᠯ ᠤᠯᠤᠰ ᠤᠨ ᠣᠷᠣᠯᠠᠨ ᠬᠤᠳᠠᠯᠳᠤᠨ ᠠᠪᠤᠭᠰᠠᠨ ᠲᠠᠸᠠᠷ ᠢ ᠰᠢᠯᠭᠠᠨ ᠪᠠᠶᠢᠴᠠᠭᠠᠬᠰᠠᠨ ᠦᠷ᠎ᠡ ᠳ᠋ᠦᠩ ᠨᠢ ᠠᠷᠭ᠎ᠠ ᠴᠢᠨᠠᠷ ᠢᠯᠡᠷᠡᠪᠡ᠃ 11 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ︽ᠱᠢ ᠵᠢᠶᠠ ᠵᠤᠸᠠᠩ ᠤᠨ ᠶᠢᠨ ᠵᠧᠤ ᠬᠤᠲᠠ ᠶᠢᠨ ᠬᠤᠤ ᠾᠦᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠢᠵᠢᠭ ᠲᠤ ᠬᠤᠯᠪᠣᠭᠳᠠᠭᠰᠠᠨ ᠲᠦᠷᠭᠡᠨ ᠬᠦᠷᠭᠡᠯᠳᠡ ᠶᠢᠨ ᠵᠦᠢᠯ ᠢ ᠪᠠᠴᠢᠮ ᠰᠢᠢᠳᠪᠦᠷᠢᠯᠡᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠪᠥᠬᠦ ᠠᠶᠢᠮᠠᠭ ᠲᠤ ᠬᠢᠵᠢᠭ ᠲᠤ ᠬᠤᠯᠪᠣᠭᠳᠠᠭᠰᠠᠨ ᠲᠦᠷᠭᠡᠨ ᠬᠦᠷᠭᠡᠯᠳᠡ ᠶᠢᠨ ᠵᠦᠢᠯ ᠢ ᠨᠡᠶᠢᠲᠡ 20 ᠬᠤᠪᠢ  ᠰᠢᠢᠳᠪᠦᠷᠢᠯᠡᠪᠡ᠃ ᠣᠶᠢᠷ᠎ᠠ ᠳᠤ᠂ ︽11.11︾ ᠬᠦᠷᠴᠦ ᠢᠷᠡᠬᠦ ᠶᠢ ᠳᠠᠭᠠᠯᠳᠤᠨ᠂ ᠲᠦᠷᠭᠡᠨ ᠬᠦᠷᠭᠡᠯᠳᠡ ᠶᠢᠨ ᠵᠦᠢᠯ ᠤᠨ ᠬᠡᠮᠵᠢᠶ᠎ᠡ ᠲᠦᠷᠭᠡᠨ ᠢᠶᠠᠷ ᠨᠡᠮᠡᠭᠳᠡᠵᠦ᠂ ᠡᠯ᠎ᠡ ᠲᠦᠷᠭᠡᠨ ᠬᠦᠷᠭᠡᠬᠦ ᠥᠷᠲᠡᠭᠡ᠂ ᠲᠣᠤᠷ ᠴᠡᠭ ᠤᠨ ᠠᠵᠢᠯᠲᠠᠨ ᠤ ᠰᠢᠯᠵᠢᠯᠲᠡ ᠢᠯᠡᠳᠲᠡ ᠨᠡᠮᠡᠭᠳᠡᠬᠦ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠲᠤᠷ ᠬᠢᠵᠦ᠂ ᠲᠦᠷᠭᠡᠨ ᠬᠦᠷᠭᠡᠯᠳᠡ ᠶᠢᠨ ᠠᠵᠢᠯ ᠲᠥᠷᠥᠯ ᠤᠨ ᠬᠠᠮᠢᠶᠠᠷᠤᠯᠲᠠ ᠡᠵᠡᠮᠳᠡᠯ ᠢ ᠦᠨᠡᠨᠬᠦ ᠴᠢᠩᠭᠠᠳᠬᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠲᠦᠷᠭᠡᠨ ᠬᠦᠷᠭᠡᠯᠳᠡ ᠪᠠᠷᠠᠭᠠᠨ ᠭᠦᠢᠯᠭᠡᠭᠡᠨ ᠤ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠡᠯ᠎ᠡ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠬᠢᠯᠢ ᠶᠢᠨ ᠭᠠᠳᠠᠨᠠᠬᠢ ᠪᠣᠶᠣ ᠣᠯᠣᠰ ᠤᠨ ᠳᠣᠳᠣᠭᠠᠳᠣ ᠶᠢᠨ ᠳᠤᠮᠳᠠ ᠦᠨᠳᠦᠷ ᠲᠦᠭᠰᠢᠭᠦᠷᠢᠲᠦ ᠭᠠᠵᠠᠷ ᠣᠷᠣᠨ ᠤ ᠰᠢᠤᠳᠠᠨ ᠤ  ᠵᠦᠢᠯ ᠤᠨ ᠲᠦᠷᠭᠡᠨ ᠬᠦᠷᠭᠡᠯᠲᠡ ᠳᠤ ᠪᠠᠶᠢᠴᠠᠭᠠᠨ ᠬᠦᠯᠢᠶᠡᠬᠦ ᠲᠣᠭᠤᠷᠢᠭ ᠪᠠᠶᠢᠭᠤᠯᠵᠤ᠂ ᠣᠷᠣᠨ ᠬᠤᠪᠢᠶᠠᠨ ᠬᠠᠳᠠᠭᠠᠯᠠᠬᠤ ᠶᠢ ᠬᠡᠷᠡᠭᠵᠢᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠳ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠪᠠᠷᠠᠭᠠᠨ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠴᠢᠩᠭᠠᠳᠬᠠᠵᠤ᠂ ᠬᠢᠵᠢᠭ ᠤᠨ ᠬᠠᠯᠳᠠᠪᠤᠷᠢᠯᠠᠬᠤ ᠬᠡᠮ ᠰᠣᠭᠤᠭ ᠢ ᠠᠷᠢᠯᠭᠠᠬᠤ ᠬᠡᠷᠡᠭᠲᠡᠶ᠃     ᠬᠤᠶᠠᠷ᠂ ᠮᠠᠨ ᠤ ᠬᠤᠰᠢᠭᠤᠨ ᠳᠤ ᠣᠷᠣᠵᠤ ᠢᠷᠡᠭᠰᠡᠨ ᠬᠢᠯᠢ ᠶᠢᠨ ᠭᠠᠳᠠᠨ᠎ᠠ ᠪᠣᠶᠣ ᠣᠯᠣᠰ ᠤᠨ ᠳᠣᠳᠣᠭᠠᠳᠣ  ᠶᠢᠨ ᠳᠤᠮᠳᠠ ᠦᠨᠳᠦᠷ ᠲᠦᠭᠰᠢᠭᠦᠷᠢᠲᠦ ᠭᠠᠵᠠᠷ ᠣᠷᠣᠨ ᠤ ᠲᠦᠷᠭᠡᠨ ᠲᠦᠷᠭᠡᠨ ᠭᠤᠪᠢᠭᠤᠯᠭ᠎ᠠ ᠶᠢᠨ ᠪᠠᠷᠠᠭ᠎ᠠ ᠳᠤ ︽ᠤᠷᠢᠳᠠᠪᠠᠷ ᠠᠷᠢᠭᠤᠳᠬᠠᠵᠤ᠂ ᠳᠠᠷᠠᠭ᠎ᠠ ᠨᠢ ᠬᠤᠪᠢᠶᠠᠷᠢᠯᠠᠨ ᠲᠣᠮᠢᠯᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠤᠳ ᠲᠦᠷᠭᠡᠨ ᠬᠦᠷᠭᠡᠯᠲᠡ ᠶᠢ ᠰᠢᠢᠳᠪᠦᠷᠢᠯᠡᠬᠦ ᠲᠠᠯᠠᠪᠤᠷ᠂ ᠡᠵᠡᠩᠨᠡᠯᠲᠡ ᠶᠢᠨ ᠲᠠᠯᠠᠪᠤᠷ  ᠂ ᠲᠡᠭᠡᠭᠡᠪᠦᠷᠢ ᠶᠢᠨ ᠪᠠᠭᠠᠵᠢ ᠬᠡᠷᠡᠭᠰᠡᠯ᠂ ᠳᠣᠲᠣᠭᠠᠳᠤ ᠶᠢᠨ ᠠᠯᠪᠠᠨ ᠲᠠᠰᠤᠭ ᠤᠨ ᠠᠷᠢᠭᠤᠳᠬᠠᠬᠤ᠂ ᠰᠠᠯᠬᠢ ᠨᠡᠪᠲᠡᠷᠡᠭᠦᠯᠬᠦ ᠶᠢ ᠦᠨᠡᠨᠬᠦ ᠰᠠᠶᠢᠲᠤᠷ ᠬᠢᠵᠦ᠂ ᠠᠯᠢᠪᠠ ᠲᠦᠷᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠪᠠᠷᠠᠭ᠎ᠠ ᠶᠢ ᠴᠥᠮ ᠪᠥᠬᠦ ᠲᠠᠯ᠎ᠠ ᠪᠠᠷ ᠴᠢᠩᠭ᠎ᠠ ᠠᠷᠢᠭᠤᠳᠬᠠᠬᠤ ᠬᠡᠷᠡᠭᠲᠡᠶ᠃ ᠡᠯ᠎ᠡ ᠲᠦᠷᠭᠡᠨ ᠬᠦᠷᠭᠡᠯᠲᠡ ᠶᠢᠨ ᠳᠡᠯᠭᠡᠭᠦᠷ᠂ ᠲᠦᠷᠭᠡᠨ ᠬᠦᠷᠭᠡᠯᠲᠡ ᠶᠢᠨ ᠥᠷᠲᠡᠭᠡ᠂  ᠦᠢᠯᠡᠴᠢᠯᠡᠭᠡᠨ ᠤ  ᠴᠡᠭ ᠵᠡᠷᠭᠡ ᠨᠢ ᠠᠮᠠᠪᠴᠢ ᠵᠡᠭᠦᠬᠦ᠂ ᠺᠣᠳ᠋ ᠰᠢᠷᠪᠢᠬᠦ᠂ ᠳᠤᠯᠠᠭᠠᠨ ᠤ ᠬᠡᠮᠵᠢᠶ᠎ᠡ ᠶᠢ ᠬᠡᠮᠵᠢᠬᠦ ᠵᠡᠷᠭᠡ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ  ᠃ ᠭᠤᠷᠪᠠ᠂ ᠡᠯ᠎ᠡ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠲᠦᠷᠭᠡᠨ ᠬᠦᠷᠭᠡᠯᠲᠡ ᠶᠢᠨ ᠪᠠᠷᠠᠭᠠᠨ ᠤ  ᠭᠦᠢᠯᠭᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠥᠬᠦ ᠬᠡᠯᠬᠢᠶ᠎ᠡ᠂ ᠮᠥᠷᠳᠡᠵᠦ ᠪᠣᠯᠬᠤ᠂ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠮᠡᠳᠡᠭᠡ ᠵᠠᠩᠭᠢ᠂ ᠵᠢᠯᠣᠭᠤᠴᠢ ᠶᠢᠨ ᠮᠡᠳᠡᠭᠡ ᠵᠠᠩᠭᠢ ᠵᠢᠴᠢ ᠪᠠᠷᠠᠭᠠᠨ ᠤ ᠬᠠᠨᠳᠣᠰᠢ ᠶᠢ ᠳᠡᠮᠳᠡᠭᠯᠡᠬᠦ ᠬᠡᠷᠡᠭᠲᠠᠢ᠃       ᠳᠥᠷᠪᠡ᠂ ᠠᠵᠢᠯᠴᠢᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠡᠳᠦᠷ ᠪᠦᠷᠢ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠰᠢᠯᠭᠠᠬᠤ ᠪᠠ ᠳᠠᠩᠰᠠᠯᠠᠵᠤ᠂ ᠠᠵᠢᠯᠴᠢᠳ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠬᠢᠨᠠᠵᠦ᠂ ᠲᠦᠷᠭᠡᠨ ᠬᠦᠷᠭᠡᠯᠲᠡ ᠶᠢᠨ ᠠᠵᠢᠯᠳᠠᠨ ᠳᠤ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠬᠢᠵᠦ᠂ ᠲᠦᠷᠭᠡᠨ ᠬᠦᠷᠭᠡᠯᠲᠡ ᠶᠢᠨ ᠠᠵᠢᠯᠳᠠᠳ ᠲᠤ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠦ᠋ᠢᠬᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠣᠨᠣᠰᠢᠯᠠᠨ ᠵᠠᠰᠠᠵᠤ ᠵᠢᠭᠰᠠᠭᠠᠨ ᠪᠠᠶᠢᠴᠠᠭᠠᠵᠤ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ︵ᠬᠤᠳᠠᠯᠳᠤᠭᠠᠨ ᠤ ᠶᠠᠪᠤᠳᠠᠯ︶ ᠶᠢᠨ ᠲᠣᠪᠴᠢᠶ᠎ᠠ ᠨᠢ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠲᠦᠷᠭᠡᠨ ᠬᠦᠷᠭᠡᠯᠲᠡ ᠶᠢᠨ ᠠᠵᠢᠯᠳᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠰᠢᠤᠳᠠᠨ ᠲᠠᠢ ᠬᠤᠯᠪᠣᠭᠠᠯᠠᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃        ᠲᠠᠪᠤ᠂ ᠰᠠᠭᠤᠭᠠᠯᠢ ᠠᠷᠠᠳ ᠰᠢᠤᠳᠠᠨ ᠤ ᠵᠦᠢᠯ᠂ ᠲᠦᠷᠭᠡᠨ ᠬᠦᠷᠭᠡᠬᠦ ᠵᠦᠢᠯ ᠢ ᠬᠤᠷᠢᠶᠠᠨ ᠢᠯᠡᠭᠡᠬᠦ ᠳᠡᠭᠡᠨ ᠦᠨᠡᠨ ᠨᠡᠷ᠎ᠡ ᠪᠠᠷ ᠢᠶᠠᠨ ᠳᠡᠩᠰᠡᠯᠡᠨ ᠲᠡᠮᠳᠡᠭᠯᠡᠵᠦ᠂ ᠲᠦᠷᠭᠡᠨ ᠬᠦᠷᠭᠡᠬᠦ ᠡᠳ᠋ ᠪᠣᠳᠠᠰ ᠤᠨ ᠳᠣᠲᠣᠷ᠎ᠠ ᠭᠠᠳᠠᠨᠠᠬᠢ ᠪᠣᠭᠤᠳᠠᠯ ᠪᠠᠭᠯᠠᠭ᠎ᠠ ᠶᠢ ᠪᠥᠬᠦ ᠲᠠᠯ᠎ᠠ ᠪᠠᠷ ᠠᠷᠢᠭᠤᠳᠬᠠᠬᠤ ᠬᠡᠷᠡᠭᠲᠡᠶ᠃ ᠲᠦᠷᠭᠡᠨ ᠬᠦᠷᠭᠡᠬᠦ ᠬᠠᠶᠢᠷᠴᠠᠭ ᠵᠢᠴᠢ ᠪᠠᠷᠠᠭᠠᠨ ᠤ ᠭᠠᠳᠠᠷ ᠪᠣᠭᠤᠳᠠᠯ ᠵᠡᠷᠭᠡ ᠶᠢ ᠾᠯᠣᠷ ᠠᠭᠤᠯᠤᠭᠰᠠᠨ ᠠᠷᠢᠭᠤᠳᠬᠠᠬᠤ ᠰᠢᠩᠭᠡᠨ ᠢᠶᠠᠷ ᠰᠦᠷᠴᠢᠨ ᠠᠷᠢᠭᠤᠳᠬᠠᠵᠤ᠂ ᠬᠤᠭ ᠤᠨ ᠤᠭᠤᠲᠠᠨ ᠳᠤ ᠠᠰ ᠢᠶᠠᠷ ᠨᠢ ᠬᠠᠶᠠᠬᠤ ᠶᠢᠨ ᠬᠠᠮᠲᠤ ᠤᠭᠤᠲᠠ ᠶᠢᠨ ᠠᠮᠠᠰᠠᠷ ᠢ ᠨᠢ ᠴᠢᠩᠭ᠎ᠠ ᠤᠶᠠᠵᠤ ᠬᠠᠶᠠᠵᠤ᠂ ᠪᠤᠰᠤᠳ ᠬᠤᠭ ᠨᠣᠪᠰᠢ ᠲᠠᠢ ᠬᠤᠯᠢᠯᠳᠤᠭᠤᠯᠬᠤ ᠥᠬᠡᠶ ᠪᠠᠶᠢᠵᠤ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠭᠠᠷ ᠢᠶᠠᠨ ᠤᠬᠢᠶᠠᠬᠤ ᠠᠴᠠ ᠪᠠᠨ ᠡᠮᠦᠨ᠎ᠡ ︽ᠨᠢᠳᠦ᠂ ᠠᠮᠠ᠂ ᠬᠠᠮᠠᠷ︾ ᠲᠠᠢ ᠪᠢᠲᠡᠭᠡᠶ ᠬᠦᠷᠦᠯᠴᠡ︔ ᠬᠤᠶᠠᠷ ᠲᠤ᠂ ᠤᠷᠤᠰᠤᠮᠠᠯ ᠤᠰᠤ ᠪᠤᠶᠤ ᠭᠠᠷ  ᠠᠷᠢᠭᠤᠭᠬᠠᠬᠤ ᠰᠢᠩᠭᠡᠨ ᠢᠶᠠᠷ ᠭᠠᠷ ᠢᠶᠠᠨ ᠠᠷᠢᠭᠤᠭᠬᠠᠨ᠎ᠠ᠂ ᠭᠠᠷ ᠢᠶᠠᠨ ᠤᠬᠢᠶᠠᠬᠤ ᠦᠶ᠎ᠡ ᠳᠤ 20 ᠰᠧᠺᠦ᠋ᠨ᠋ᠳ᠋ ᠠᠴᠠ ᠢᠯᠡᠭᠦᠦ ᠨᠤᠬᠤᠯᠠᠨ᠎ᠠ᠃ ᠭᠤᠷᠪᠠ ᠳᠤ᠂ ᠲᠤᠯᠤᠭᠠᠨ ᠠᠯᠬᠤᠮ ᠤᠨ ᠭᠠᠷ ᠤᠬᠢᠶᠠᠬᠤ ᠠᠷᠭ᠎ᠠ ᠶᠢ ᠬᠡᠷᠡᠭᠯᠡᠨ᠂  ᠣᠷᠣᠰᠣᠮᠠᠯ ᠤᠰᠤᠨ ᠤ ᠳᠣᠤᠷ᠎ᠠ  ᠭᠠᠷ ᠢᠶᠠᠨ ᠣᠬᠢᠶᠠᠬᠰᠠᠨ ᠤ ᠳᠠᠷᠠᠭ᠎ᠠ᠂ ᠴᠡᠪᠡᠷ ᠠᠯᠴᠢᠭᠤᠷ ᠪᠤᠶᠤ ᠴᠠᠭᠠᠰᠤᠨ ᠠᠯᠴᠢᠭᠤᠷ ᠢᠶᠠᠷ ᠠᠷᠴᠢᠨ᠎ᠠ᠃ ᠳᠥᠷᠪᠡ ᠳᠤ᠂ ᠤᠷᠤᠰᠤᠮᠠᠯ ᠤᠰᠤ ᠪᠠᠷ ᠭᠠᠷ ᠢᠶᠠᠨ ᠤᠬᠢᠶᠠᠬᠤ ᠦᠶ᠎ᠡ ᠳᠤ᠂ ᠰᠠᠪᠤᠩ ᠪᠤᠶᠤ ᠭᠠᠷ ᠠᠷᠢᠭᠤᠭᠬᠠᠬᠤ ᠰᠢᠩᠭᠡᠨ ᠵᠡᠷᠭᠡ ᠠᠷᠢᠭᠤᠳᠬᠠᠬᠤ ᠡᠳ᠋ᠯᠡᠯ ᠢ ᠬᠠᠪᠰᠤᠷᠤᠭᠤᠯᠤᠨ᠎ᠠ᠃ ᠲᠠᠪᠤ ᠳᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠠᠪᠣᠩ ᠤᠨ ᠬᠠᠶᠢᠷᠴᠠᠭ ᠢ ᠤᠬᠢᠶᠠᠨ ᠴᠡᠪᠡᠷᠯᠡᠵᠦ᠂ ᠴᠢᠳᠠᠬᠤ ᠶᠢᠨ ᠳᠣᠲᠣᠷ᠎ᠠ ᠬᠠᠭᠤᠷᠠᠶ ᠪᠠᠶᠢᠬᠤ ᠶᠢ ᠪᠠᠲᠤᠯᠠᠨ᠎ᠠ᠃ ᠵᠢᠷᠭᠤᠭ᠎ᠠ᠂ ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠤᠳᠤᠯᠢᠶᠠᠨᠲᠠᠶ ᠪᠣᠯᠵᠣ᠂ ᠥᠷᠭᠡᠨ ᠣᠯᠠᠨ ᠲᠦᠮᠡᠨ ᠠᠯᠪᠠᠨ ᠤ ᠲᠠᠯ᠎ᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠬᠢᠯᠢ ᠶᠢᠨ ᠭᠠᠳᠠᠨᠠᠬᠢ ᠪᠤᠶᠤ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠲᠦᠭᠰᠢᠭᠦᠷᠢᠲᠦ ᠭᠠᠵᠠᠷ ᠣᠷᠣᠨ ᠳᠤ  ᠵᠢᠭᠤᠯᠴᠢᠯᠠᠬᠰᠠᠨ ᠦᠩᠭᠡᠷᠡᠯᠳᠡ ᠲᠠᠢ ᠬᠥᠮᠦᠰ ᠪᠤᠴᠠᠵᠤ ᠢᠷᠡᠬᠦ ᠠᠴᠠ ᠪᠠᠨ ᠡᠮᠦᠨ᠎ᠡ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠤᠯᠭ᠎ᠠ ᠨᠢᠭᠡᠴᠡ ᠳᠡᠭᠡᠨ ᠮᠡᠳᠡᠭᠦᠯᠬᠦ ᠶᠢᠨ ᠬᠠᠮᠲᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠵᠢᠴᠢ ᠵᠣᠴᠢᠳ ᠤᠨ ᠪᠠᠭᠤᠳᠠᠯ᠂ ᠬᠡᠷ ᠪᠠᠶᠢᠰᠢᠩ ᠲᠦᠷᠢᠶᠡᠰᠦᠯᠡᠭᠦᠯᠬᠦ ᠨᠢᠭᠡᠴᠡ ᠪᠤᠶᠤ ᠬᠤᠪᠢ ᠬᠥᠮᠦᠨ᠂ ᠬᠢᠯᠢ ᠶᠢᠨ ᠭᠠᠳᠠᠨᠠᠬᠢ ᠪᠤᠶᠤ ᠤᠯᠤᠰ ᠤᠨ ᠳᠣᠲᠣᠭᠠᠳᠤ ᠶᠢᠨ ᠳᠣᠮᠳᠠ ᠦᠨᠳᠦᠷ ᠲᠦᠭᠰᠢᠭᠦᠷᠢᠲᠦ ᠭᠠᠵᠠᠷ ᠣᠷᠣᠨ ᠤ ᠵᠢᠭᠤᠯᠴᠢᠯᠠᠬᠰᠠᠨ ᠦᠩᠭᠡᠷᠡᠯᠳᠡ ᠲᠠᠢ ᠬᠥᠮᠦᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠶᠢᠯᠠᠭᠠᠭᠰᠠᠨ ᠤ ᠳᠠᠷᠠᠭ᠎ᠠ᠂ ᠡᠷᠬᠡᠪᠰᠢ ᠬᠠᠮᠤᠭ ᠤᠨ ᠲᠡᠷᠢᠭᠦᠨ ᠳᠤ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠮᠡᠳᠡᠭᠦᠯᠬᠦ ᠬᠡᠷᠡᠭᠲᠡᠶ᠃ ᠤᠳᠠᠭᠠᠰᠢᠷᠠᠭᠤᠯᠤᠨ ᠮᠡᠳᠡᠭᠦᠯᠵᠦ᠂  ᠨᠢᠭᠤᠵᠦ ᠮᠡᠳᠡᠭᠦᠯᠬᠦ ᠦᠭᠡᠢ᠂ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃ ᠠᠷᠠᠳ ᠣᠯᠠᠨ ᠪᠣᠯ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠭᠤᠣᠯ ᠴᠣᠭᠴᠠ ᠶᠢᠨ ᠬᠦᠴᠦᠨ ᠮᠥᠨ᠂ ᠥᠷᠭᠡᠨ ᠣᠯᠠᠨ ᠲᠦᠮᠡᠨ ᠤ ᠬᠢᠯᠢ ᠶᠢᠨ ᠭᠠᠳᠠᠨᠠᠬᠢ᠂ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠠᠶᠤᠯ ᠲᠦᠭᠰᠢᠭᠦᠷᠢᠲᠦ ᠭᠠᠵᠠᠷ ᠣᠷᠣᠨ ᠤ ᠵᠢᠭᠤᠯᠴᠢᠯᠠᠬᠰᠠᠨ ᠦᠩᠭᠡᠷᠡᠯᠳᠡ ᠲᠠᠢ ᠬᠥᠮᠦᠰ ᠢ ᠵᠢᠭᠰᠠᠭᠠᠨ ᠪᠠᠶᠢᠴᠠᠭᠠᠬᠤ ᠵᠢᠴᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠳᠤ ᠬᠠᠮᠲᠤ ᠪᠠᠷ ᠣᠷᠣᠯᠴᠠᠬᠤ ᠶᠢ ᠰᠠᠨᠠᠭᠠᠴᠢᠯᠠᠵᠤ᠂ ᠬᠠᠮᠲᠤ ᠬᠤᠭᠤᠯᠠᠯᠠᠬᠤ ᠥᠬᠡᠶ᠂ ᠴᠤᠭᠯᠠᠬᠤ ᠥᠬᠡᠶ᠂ ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠠᠶᠢᠯᠴᠢᠯᠠᠬᠤ ᠥᠬᠡᠶ᠂ ᠴᠢᠬᠤᠯᠠ ᠥᠬᠡᠶ ᠪᠣᠯ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠬᠤ ᠥᠬᠡᠶ᠂ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠠᠶᠤᠯ ᠲᠦᠭᠰᠢᠭᠦᠷᠢᠲᠦ ᠭᠠᠵᠠᠷ ᠣᠷᠣᠨ ᠳᠤ ᠣᠴᠢᠵᠤ ᠵᠢᠭᠤᠯᠴᠢᠯᠠᠬᠤ ᠥᠬᠡᠶ᠂ ᠦᠨᠡᠬᠡᠷ ᠣᠴᠢᠬᠤ ᠴᠢᠬᠤᠯᠠ ᠲᠠᠢ ᠪᠣᠯ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂  ᠪᠠᠶᠢᠭᠤᠯᠣᠯᠭ᠎ᠠ ᠨᠢᠭᠡᠴᠡ ᠳᠤ ᠮᠡᠳᠡᠭᠦᠯᠦᠨ ᠳᠠᠩᠰᠠᠯᠠᠭᠤᠯᠵᠤ ᠵᠥᠪᠰᠢᠶᠡᠷᠡᠭᠦᠯᠬᠦ ᠶᠢᠨ ᠬᠠᠮᠲᠤ ᠬᠢᠵᠢᠭ  ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠳᠣ᠂ ᠲᠦᠷᠭᠡᠨ ᠬᠦᠷᠭᠡᠯᠲᠡ ᠳᠤ ᠪᠠᠰᠠ ᠵᠣᠬᠢᠬᠤ ᠬᠡᠮᠵᠢᠶᠡᠨ ᠤ ᠳᠠᠯᠳᠠ ᠠᠶᠤᠯ ᠲᠦᠭᠰᠢᠭᠦᠷᠢ ᠣᠷᠣᠰᠢᠵᠤ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ  ᠪᠠᠲᠤᠯᠠᠬᠤ ᠶᠢᠨ ᠲᠥᠯᠥᠭᠡ᠂ ᠠᠳᠡ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠠᠴᠢᠯᠠᠵᠤ ᠪᠠᠶᠢᠨ᠎ᠠ᠃  ᠲᠠᠨ ᠤ ᠬᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠦᠨᠳᠦᠷ ᠵᠡᠷᠭᠡ ᠶᠢᠨ ᠠᠶᠤᠯ  ᠲᠦᠭᠰᠢᠭᠦᠷᠢᠲᠦ ᠤᠯᠤᠰ ᠠᠴᠠ ᠶᠠᠮᠠᠷᠪᠠ ᠲᠠᠸᠠᠷ ᠢ ᠤᠯᠤᠰ ᠤᠨ ᠳᠣᠲᠣᠭᠠᠳᠤ ᠳᠤ ᠭᠤᠪᠢᠭᠤᠯᠭ᠎ᠠ  ᠪᠠᠷ ᠬᠤᠳᠠᠯᠳᠤᠨ ᠠᠪᠴᠤ ᠪᠣᠯᠬᠤ ᠥᠬᠡᠶ᠃       ᠳᠣᠯᠤᠭ᠎ᠠ᠂ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠥᠬᠦ ᠬᠤᠰᠢᠭᠤᠨ ᠤ ᠡᠯ᠎ᠡ ᠲᠥᠷᠥᠯ ᠤᠨ ᠬᠤᠳᠠᠯᠳᠤᠭᠠᠨ ᠤ ᠳᠡᠯᠭᠡᠭᠦᠷ  ᠂ ᠬᠡᠲᠦ ᠳᠡᠯᠭᠡᠭᠦᠷ᠂  ᠢᠳᠡᠭᠡᠨ ᠤᠮᠳᠠ ᠬᠤᠨᠤᠭ ᠪᠠᠭᠤᠳᠠᠯ᠂ ᠲᠠᠷᠢᠶᠠᠯᠠᠩ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠤᠳ ᠰᠠᠯᠬᠢ ᠨᠡᠪᠲᠡᠷᠡᠭᠦᠯᠦᠨ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠬᠤ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠥᠷᠭᠡᠨ ᠤᠯᠠᠨ ᠲᠦᠮᠡᠨ ᠥᠪᠡᠷ ᠢ ᠪᠠᠨ ᠬᠠᠮᠠᠭᠠᠯᠠᠬᠤ ᠪᠠᠨ ᠴᠢᠩᠭᠠᠳᠬᠠᠵᠤ᠂ ᠠᠮᠠᠪᠴᠢ ᠵᠡᠭᠦᠵᠦ ︵ᠢᠯᠠᠩᠭᠤᠶ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠤᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ ᠦᠶ᠎ᠡ ᠳᠤ︶᠂ ᠭᠠᠷ ᠢᠶᠠᠨ ᠰᠠᠶᠢᠲᠤᠷ ᠣᠬᠢᠶᠠᠵᠦ᠂ ᠠᠷᠢᠭᠤᠳᠬᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠨᠢᠭᠡ ᠮᠧᠲᠷ ᠤᠨ ᠵᠠᠢ ᠶᠢ ᠪᠠᠳᠣᠯᠠᠬᠤ ᠂ ᠨᠡᠶᠢᠲᠡ ᠶᠢᠨ ᠰᠠᠪᠬ᠎ᠠ ᠬᠡᠷᠡᠭᠯᠡᠬᠦ᠂  ᠠᠰ ᠠᠰ ᠢᠶᠠᠷ ᠢᠶᠠᠨ ᠬᠤᠭᠤᠯᠠᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠬᠥᠮᠦᠨ ᠤᠯᠠᠨ ᠴᠣᠬᠯᠠᠷᠠᠬᠰᠠᠨ᠂  ᠪᠢᠳᠡᠭᠦᠦ ᠣᠷᠴᠢᠨ ᠳᠣᠭᠤᠷᠢᠨ ᠪᠣᠶᠣ ᠰᠠᠯᠬᠢ ᠨᠡᠪᠲᠡᠷᠡᠬᠦ ᠪᠠᠷ ᠪᠠᠷᠤᠭᠲᠠᠶ ᠭᠠᠵᠠᠷ ᠲᠤ ᠣᠴᠢᠵᠤ ᠬᠥᠳᠡᠯᠭᠡᠭᠡᠨ ᠬᠢᠬᠦ ᠠᠴᠠ ᠵᠠᠶᠢᠯᠠᠰᠬᠢᠬᠦ ᠬᠡᠷᠡᠭᠲᠡᠶ᠃          ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂  ᠬᠡᠷᠪᠡ ᠲᠤᠰ ᠠᠯᠪᠠᠨ ᠵᠠᠷᠯᠠᠯ ᠢ ᠵᠥᠷᠢᠴᠡᠨ ᠬᠢᠵᠢᠭ  ᠢ ᠲᠠᠷᠬᠠᠭᠠᠨ ᠳᠡᠯᠭᠡᠷᠡᠭᠦᠯᠪᠡᠯ᠂ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃        ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479 — 6521530        ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — 6511982        ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — 6854969        ᠬᠤᠰᠢᠭᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 — 6522709            ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                 2021 ᠣᠨ ᠤ 11 ᠰᠠᠷ᠎ᠠ ᠶᠢᠨ5 ᠤ ᠡᠳᠦᠷ
 
ᠢᠷᠡᠯᠲᠡ᠄ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号