ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ | ︵28 ᠳ᠋ᠤᠭᠠᠷ︶ | | ᠮᠠᠨ ᠤ ᠬᠤᠰᠢᠭᠤᠨ ᠤ ᠲᠦᠷᠢᠶᠠᠰᠦᠨ ᠮᠠᠰᠢᠨ ᠲᠡᠷᠭᠡᠨ ᠤ ᠵᠢᠯᠣᠭᠤᠴᠢ ᠵᠣᠤ ᠣᠪᠣᠭᠲᠤ 11 ᠰᠠᠷ᠎ᠠ ᠶᠢᠨ | 25 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ ᠤᠨ ᠦᠶ᠎ᠡ ᠪᠠᠷ ᠨᠢᠬᠳᠠ ᠣᠶᠢᠷᠠᠲᠤᠭᠴᠢ ᠵᠠᠩ ᠣᠪᠣᠭᠲᠤ | ᠵᠡᠷᠭᠡ 4 ᠬᠥᠮᠦᠨ ᠢ ᠪᠤᠤᠴᠠᠩ ᠪᠠᠯᠭᠠᠰᠤᠨ ᠳᠤ ᠬᠦᠷᠭᠡᠪᠡ᠃ ᠲᠠᠶᠢᠹᠣᠰᠧ ᠬᠤᠰᠢᠭᠤᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠦᠷᠭᠡᠭᠰᠡᠨ ᠪᠠ ᠰᠢᠯᠤᠭᠤᠨ ᠬᠥᠪᠡᠭᠡᠲᠦ ᠴᠠᠭᠠᠨ ᠬᠤᠰᠢᠭᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠤᠳᠤᠯᠤᠨ ᠮᠠᠭᠠᠳᠯᠠᠭᠰᠠᠨ ᠢᠶᠠᠷ᠂ ᠵᠣᠣ | ᠣᠪᠣᠭᠲᠤ ᠶᠢ ᠳᠡᠳ᠋ ᠨᠢᠭᠲᠠ ᠣᠶᠢᠷᠠᠲᠤᠭᠰᠠᠳ ᠢᠶᠠᠷ ᠮᠠᠭᠠᠳᠯᠠᠨ ᠳᠣᠬᠳᠠᠭᠠᠪᠠ᠃ | ᠵᠣᠣ ᠣᠪᠣᠭᠲᠤ᠂ ᠡᠷᠡᠭᠲᠡᠶ᠂ ᠲᠡᠭᠦᠨ ᠤ ᠬᠡᠯᠡᠭᠰᠡᠨ ᠢᠶᠠᠷ᠂ 11 ᠰᠠᠷ᠎ᠠ ᠶᠢᠨ 25 ᠤ ᠡᠳᠦᠷ ᠠᠴᠠ | 28 ᠤ ᠡᠳᠦᠷ ᠪᠣᠯᠲᠠᠯ᠎ᠠ ᠮᠢᠩᠭᠠᠲᠤ ᠪᠠᠯᠭᠠᠰᠤ — ᠪᠣᠣᠴᠠᠩ ᠪᠠᠯᠭᠠᠰᠤᠨ ᠳᠤ 4 ᠤᠳᠠᠭ᠎ᠠ ᠢᠷᠡᠵᠦ ᠶᠠᠪᠣᠵᠦ᠂ | ᠡᠳᠦᠷ ᠪᠦᠷᠢ 1 ᠤᠳᠠᠭ᠎ᠠ ᠂ 29 ᠤ ᠡᠳᠦᠷ ᠲᠡᠷᠭᠡ ᠭᠠᠷᠤᠭᠰᠠᠨ ᠥᠬᠡᠶ᠃ ᠲᠡᠭᠦᠨ ᠤ ᠡᠬᠡᠨᠡᠷ ᠬᠠᠨ ᠣᠪᠣᠭᠲᠤ | ᠮᠢᠩᠭᠠᠲᠤ ᠪᠠᠯᠭᠠᠰᠤ ᠠᠴᠠ ᠭᠠᠷᠣᠬᠰᠠᠨ ᠦᠭᠡᠶ᠃ 11 ᠰᠠᠷ᠎ᠠ ᠶᠢᠨ 29 ᠤ ᠡᠳᠦᠷ ᠤᠨ 13 ᠴᠠᠭ 20 | ᠮᠢᠨᠦ᠋ᠲ ᠤᠨ ᠦᠶ᠎ᠡ ᠪᠠᠷ ᠵᠣᠣ ᠣᠪᠣᠭᠲᠤ᠂ ᠬᠠᠨ ᠣᠪᠣᠭᠲᠤ ᠶᠢ ᠲᠥᠪᠯᠡᠷᠡᠭᠦᠯᠦᠨ ᠲᠤᠰᠠᠭᠠᠷᠯᠠᠵᠤ᠂ 19 ᠴᠠᠭ 40 | ᠮᠢᠨᠦ᠋ᠲ ᠤᠨ ᠦᠶ᠎ᠡ ᠪᠠᠷ ᠵᠣᠣ ᠣᠪᠣᠭᠲᠤ᠂ ᠬᠠᠨ ᠣᠪᠣᠭᠲᠤ ᠶᠢᠨ ᠪᠥᠭᠡᠮ ᠬᠦᠴᠢᠯ ᠤᠨ ᠪᠠᠶᠢᠴᠠᠭᠠᠯᠳᠠ ᠨᠢ ᠪᠢᠯᠢᠭ | ᠴᠢᠨᠠᠷ ᠢᠯᠡᠷᠡᠪᠡ᠃ ᠣᠳᠣᠬᠠᠨ ᠳᠤ᠂ 2 ᠬᠥᠮᠦᠨ ᠤ ᠪᠡᠶ᠎ᠡ ᠨᠢ ᠬᠡᠪ ᠤᠨ ᠪᠤᠰᠤ ᠪᠠᠶᠢᠳᠠᠯ ᠥᠬᠡᠶ᠃ | ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ | ᠲᠤᠰᠠᠳᠠ᠂ ᠡᠳᠦᠭᠡ ᠬᠤᠯᠪᠣᠭᠳᠠᠯ ᠪᠥᠬᠦᠶ ᠶᠠᠪᠣᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ 11 ᠰᠠᠷ᠎ᠠ ᠶᠢᠨ 25 ᠤ ᠡᠳᠦᠷ 29 ᠤ ᠡᠳᠦᠷ ᠤᠨ ᠬᠤᠭᠤᠷᠣᠨᠳᠦ᠂ ᠲᠦᠷᠢᠶᠡᠰᠦᠨ ᠮᠠᠰᠢᠨ ︵ | ᠲᠡᠷᠭᠡᠨ ᠨᠣᠮᠧᠷ ᠨᠢ 蒙HY4875︶ ᠳᠤ ᠰᠠᠭᠤᠭᠰᠠᠨ ᠠᠶᠠᠨᠴᠢᠳ᠂ ᠡᠰᠡᠬᠦᠯ᠎ᠡ ᠵᠣᠣ ᠣᠪᠣᠭᠲᠤ᠂ ᠬᠠᠨ | ᠣᠪᠣᠭᠲᠤ ᠲᠠᠢ ᠣᠶᠢᠷᠠᠳᠴᠦ ᠥᠩᠭᠡᠷᠡᠭᠰᠡᠨ ᠪᠤᠶᠤ ᠬᠥᠳᠡᠯᠭᠡᠭᠡᠨ ᠤ ᠵᠠᠮ ᠮᠥᠷ ᠢᠶᠠᠷ ᠳᠠᠪᠬᠤᠴᠠᠭᠰᠠᠨ ᠬᠥᠮᠦᠰ᠂ | ᠬᠠᠮᠤᠭ ᠤᠨ ᠲᠡᠷᠢᠭᠦᠨ ᠳᠤ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠠᠭᠠᠨ | ᠮᠡᠳᠡᠭᠦᠯᠵᠦ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠰᠡᠨ ᠪᠠᠶᠢᠳᠠᠯ ᠳᠣᠤᠷ᠎ᠠ ᠪᠥᠭᠡᠮ ᠬᠦᠴᠢᠯ ᠤᠨ | ᠪᠠᠶᠢᠴᠠᠭᠠᠯᠳᠠ ᠬᠢᠬᠦ ᠶᠢᠨ ᠬᠠᠮᠲᠤ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠰᠠᠶᠢᠲᠤᠷ | ᠬᠢᠬᠦ ᠬᠡᠷᠡᠭᠲᠡᠶ᠃ ᠬᠡᠷᠪᠡ ᠨᠢᠭᠤᠵᠦ ᠳᠠᠷᠣᠬᠤ ᠪᠣᠶᠣ ᠣᠷᠣᠶᠢᠳᠠᠵᠦ ᠮᠡᠳᠡᠭᠦᠯᠦᠭᠰᠡᠨ ᠠᠴᠠ ᠪᠣᠯᠵᠣ ᠬᠢᠵᠢᠭ ᠤᠨ | ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠭᠠᠷᠭᠠᠪᠠᠯ᠂ ᠬᠠᠮᠢᠶ᠎ᠠ ᠪᠥᠬᠦᠶ | ᠬᠥᠮᠦᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ᠂ 11 ᠰᠠᠷ᠎ᠠ ᠶᠢᠨ 13 ᠤ ᠡᠳᠦᠷ ᠠᠴᠠ ᠨᠠᠰᠢ᠂ ᠳᠤᠮᠳᠠ ᠦᠨᠳᠦᠷ ᠵᠡᠷᠭᠡ ᠶᠢᠨ ᠠᠶᠣᠯ | ᠲᠦᠭᠰᠢᠭᠦᠷᠢᠲᠦ ᠣᠷᠣᠨ ᠪᠤᠶᠤ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠠᠴᠠ ᠰᠢᠯᠣᠭᠤᠨ ᠬᠦᠪᠡᠭᠡᠲᠦ ᠴᠠᠭᠠᠨ | ᠬᠤᠰᠢᠭᠤᠨ ᠳᠤ ᠢᠷᠡᠭᠰᠡᠨ ᠬᠥᠮᠦᠰ ᠪᠠ 11 ᠰᠠᠷ᠎ᠠ ᠶᠢᠨ 25 ᠤ ᠡᠳᠦᠷ ᠠᠴᠠ ᠨᠠᠰᠢ ᠲᠦᠩᠯᠢᠶᠣᠤ ᠬᠤᠲᠠ ᠠᠴᠠ | ᠮᠠᠨ ᠤ ᠬᠤᠰᠢᠭᠤᠨ ᠳᠤ ᠢᠷᠡᠭᠰᠡᠨ ᠬᠥᠮᠦᠰ ᠪᠦᠬᠦᠨ ᠡᠷᠬᠡᠪᠰᠢ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ᠂ | ᠭᠠᠴᠠᠭ᠎ᠠ ᠲᠣᠰᠬᠤᠨ᠂ ᠪᠠᠶᠢᠭᠤᠯᠭ᠎ᠠ ᠨᠢᠭᠡᠴᠡ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ ᠡᠯ᠎ᠡ | ᠲᠦᠷᠦᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠥᠷᠭᠡᠨ ᠣᠯᠠᠨ ᠰᠠᠭᠤᠭᠠᠯᠢ ᠠᠷᠠᠳ ᠬᠠᠤᠯᠢ ᠲᠦᠷᠢᠮ ᠢ ᠤᠬᠠᠮᠰᠠᠷ ᠠᠴᠠ ᠪᠠᠨ ᠵᠢᠷᠤᠮᠯᠠᠨ᠂ | ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠢ ᠢᠲᠡᠭᠡᠬᠦ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠢᠳᠡᠪᠬᠢᠲᠠᠢ ᠬᠠᠮᠵᠢᠯᠴᠠᠨ᠂ ᠰᠡᠷᠭᠡᠶᠢᠯᠡᠬᠦ ᠤᠬᠠᠮᠰᠠᠷ ᠢᠶᠠᠨ ᠤᠯᠠᠮ ᠳᠡᠭᠡᠭᠰᠢᠯᠡᠭᠦᠯᠦᠨ᠂ ᠬᠤᠪᠢ | ᠬᠥᠮᠦᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠂ ᠬᠡᠷᠪᠡ | ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ | ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠨ ᠡᠮᠨᠡᠭᠦᠯᠵᠦ᠂ | ᠡᠮᠨᠡᠭᠦᠯᠬᠦ ᠵᠠᠮ ᠳᠠᠭᠠᠨ ᠨᠡᠶᠢᠲᠡ ᠶᠢᠨ ᠮᠠᠰᠢᠨ ᠣᠨᠤᠭ᠎ᠠ ᠳᠤ ᠰᠠᠭᠤᠬᠤ ᠶᠢ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ | ᠃ | ᠳᠥᠷᠪᠡ᠂ ᠰᠢᠨ᠎ᠡ ᠳᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠪᠣᠯ ᠣᠳᠣᠬᠠᠨ ᠤ ᠰᠢᠨ᠎ᠡ | ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠳᠥᠭᠦᠮ | ᠳᠥᠲᠡ᠂ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠪᠣᠯᠣᠨ᠎ᠠ᠃ ᠥᠷᠭᠡᠨ ᠣᠯᠠᠨ ᠰᠠᠭᠤᠭᠠᠯᠢ ᠠᠷᠠᠳ ᠤᠯᠤᠰ ᠤᠨ | ᠰᠢᠨ᠎ᠡ ᠳᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢ ᠳᠠᠭᠠᠵᠤ᠂ ᠡᠷᠴᠢᠮᠵᠢᠭᠦᠯᠬᠦ | ᠲᠠᠷᠢᠯᠭ᠎ᠠ ︵ᠭᠤᠷᠪᠠᠳᠤᠭᠠᠷ ᠲᠠᠷᠢᠯᠭ᠎ᠠ︶ ᠪᠠ 3 — 11 ᠨᠠᠰᠤᠨ ᠤ ᠬᠡᠤᠬᠡᠳ ᠤᠨ ᠰᠢᠨ᠎ᠡ ᠳᠢᠳᠢᠮᠯᠢᠭ | ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠶᠢ ᠴᠢᠩᠭᠠᠳᠬᠠᠬᠤ ᠳᠤ ᠢᠳᠡᠪᠬᠢᠲᠡᠶ ᠬᠠᠮᠵᠢᠯᠴᠠᠨ᠂ ᠬᠤᠪᠢ | ᠬᠥᠮᠦᠨ ᠤ ᠡᠷᠡᠭᠦᠯ ᠮᠡᠨᠳᠦ ᠶᠢ ᠬᠠᠮᠠᠭᠠᠯᠠᠵᠤ᠂ ᠬᠠᠯᠳᠠᠪᠤᠷᠢᠯᠠᠬᠤ ᠪᠠ ᠡᠪᠡᠳᠴᠢᠨ ᠡᠭᠦᠰᠬᠦ ᠲᠦᠭᠰᠢᠭᠦᠷᠢ ᠶᠢ ᠪᠠᠭᠠᠰᠬᠠᠨ | ᠂ ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ᠃ | ᠲᠠᠪᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠮᠠᠪᠴᠢ ᠵᠡᠭᠦᠬᠦ᠂ ᠺᠣᠳ᠋ | ᠰᠢᠷᠪᠢᠵᠦ ᠳᠤᠯᠠᠭᠠᠨ ᠤ ᠬᠡᠮᠵᠢᠶ᠎ᠡ ᠶᠢ ᠬᠡᠮᠵᠢᠬᠦ᠂ ᠳᠡᠩᠰᠡᠯᠡᠵᠦ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠠᠵᠢᠯᠲᠠᠨ | ᠡᠷᠬᠡᠪᠰᠢ ᠴᠠᠭ ᠲᠤᠬᠠᠶ ᠳᠤᠨᠢ ᠡᠷᠴᠢᠮᠵᠢᠭᠦᠯᠬᠦ ᠲᠠᠷᠢᠯᠭ᠎ᠠ ᠶᠢ ᠳᠠᠷᠢᠬᠤ ᠬᠡᠷᠡᠭᠲᠡᠶ᠃ ᠬᠡᠷᠪᠡ ᠳᠡᠭᠡᠷ᠎ᠡ ᠳᠤᠷᠠᠳᠤᠭᠰᠠᠨ | ᠲᠣᠭᠲᠠᠭᠠᠯ ᠢ ᠵᠥᠷᠢᠴᠡᠪᠡᠯ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ | ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠤᠬᠢᠶᠠᠬᠤ᠂ ᠰᠠᠯᠬᠢ ᠨᠡᠪᠲᠡᠷᠡᠭᠦᠯᠬᠦ᠂ ︽ᠨᠢᠭᠡ ᠮᠧᠲᠷ ᠤᠨᠵᠠᠢ︾᠂ ᠴᠤᠭᠯᠠᠷᠠᠬᠤ ᠥᠬᠡᠶ ᠵᠡᠷᠭᠡ ᠡᠷᠡᠭᠦᠯ ᠪᠣᠯᠪᠠᠰᠤᠨ | ᠠᠮᠢᠳᠤᠷᠠᠯ ᠤᠨ ᠳᠠᠳᠬᠠᠯ ᠢ ᠦᠷᠭᠦᠯᠵᠢᠯᠡᠨ ᠪᠠᠷᠢᠮᠲᠠᠯᠠᠵᠤ᠂ ᠣᠶᠢᠷ᠎ᠠ ᠶᠢᠨ ᠬᠤᠭᠤᠴᠠᠭᠠᠨ ᠳᠤ ᠴᠢᠬᠤᠯᠨ ᠦᠭᠡᠢ ᠪᠣᠯ | ᠭᠠᠳᠠᠭᠰᠢ ᠭᠠᠷᠬᠤ ᠥᠬᠡᠶ ᠪᠠᠶᠢᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠦ᠂ | ᠬᠦᠮᠦᠨ ᠬᠠᠷ᠎ᠠ ᠣᠯᠠᠨ᠂ ᠰᠠᠯᠬᠢ ᠨᠡᠪᠳᠡᠷᠡᠭᠦ ᠪᠠᠷ ᠠᠨᠠᠢ ᠣᠯᠠᠨ ᠨᠡᠶᠢᠳᠡ ᠶᠢᠨ ᠲᠠᠯᠠᠪᠣᠷ ᠲᠤ ᠣᠴᠢᠬᠤ ᠠᠴᠠ | ᠵᠠᠶᠢᠯᠠᠰᠬᠢᠬᠦ ᠬᠡᠷᠡᠭᠲᠠᠢ᠃ | ᠬᠤᠰᠢᠭᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠰᠠᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479 — 6521530 | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 — | 6511982 | ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479 — | 6854969 | ᠬᠤᠰᠢᠭᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 — | 6522709 | ᠮᠢᠩᠭᠠᠲᠦ ᠪᠠᠯᠭᠠᠰᠦ᠄ 0479 —6522065 ᠂ 18604791912 | ᠰᠢᠩ ᠶᠣᠣ ᠪᠠᠯᠭᠠᠰᠣ᠄ 0479 —2438081 ᠂ 15148528669 | ᠣᠯᠠᠭᠠᠨᠴᠠᠪ ᠰᠣᠮᠣ᠄ 0479 —6519154 ᠂ 15247861098 | ᠶᠡᠬᠡᠨᠠᠭᠤᠷ ᠰᠣᠮᠣ᠄ 0479 —6519339 ᠂ 15624613818 | ᠪᠣᠯᠭᠠᠨᠳᠣᠬᠤᠢ ᠰᠣᠮᠣ᠄ 0479 —6528668 ᠂ 13947997477 | | ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠣᠷᠢᠯᠠᠬᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 11 ᠰᠠᠷ᠎ᠠ ᠶᠢᠨ 29 ᠤ ᠡᠳᠦᠷ |